ᠥᠪᠡᠷᠲᠡᠭᠡᠨ ᠵᠠᠰᠠᠬᠤ ᠣᠷᠣᠨ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠢᠩᠬᠢᠮ ᠤᠨ ᠬᠤᠭᠤᠷᠣᠨᠳᠣᠭᠢ ᠬᠠᠮᠲᠤᠷᠠᠭᠰᠠᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/6/9
     6 ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠢᠩᠬᠢᠮ ᠤᠨ ᠬᠤᠭᠤᠷᠣᠨᠳᠣᠭᠢ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ  ᠤ ᠨᠠᠮ  ᠤᠨ ᠬᠤᠷᠢᠶ᠎ᠠ ᠪᠣᠯᠣᠨ ᠵᠠᠰᠠᠭ  ᠤᠨ ᠣᠷᠳᠣᠨ  ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠢᠰᠦᠨ ᠵᠦᠢᠯ  ᠤᠨ ᠲᠦᠷᠦ  ᠶᠢᠨ ᠪᠣᠳᠣᠯᠭ᠎ᠠ ᠠᠷᠭ᠎ᠠ ᠬᠡᠮᠵᠢᠶ᠎ᠡ  ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠡᠳᠡᠭᠳᠡᠵᠦ᠂ ᠬᠤᠯᠪᠣᠭᠳᠠᠯ ᠪᠦᠬᠦᠢ ᠠᠶᠢᠮᠠᠭ ᠬᠤᠳᠠ ᠪᠣᠯᠣᠨ ᠰᠠᠯᠠᠭ᠎ᠠ ᠮᠥᠴᠢᠷ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ  ᠶᠢᠨ ᠠᠯᠬᠤᠮ  ᠤᠨ ᠭᠤᠣᠯᠳᠠᠯᠭ᠎ᠠ ᠲᠠᠢ ᠡᠭᠦᠷᠭᠡ  ᠶᠢ ᠲᠣᠬᠢᠷᠠᠭᠤᠯᠤᠨ ᠪᠠᠶᠢᠷᠢᠯᠠᠭᠤᠯᠪᠠ᠃      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ  ᠤᠨ ᠤᠳᠤᠷᠢᠳᠬᠤ ᠳᠤᠭᠤᠶᠢᠯᠠᠩ  ᠤᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ  ᠤ ᠳᠡᠳ᠋ ᠲᠡᠷᠢᠭᠦᠯᠡᠭᠴᠢ ᠵᠠᠩ ᠱᠤᠤ ᠴᠦᠨ ᠬᠤᠷᠠᠯ  ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠠᠭᠠᠯᠢ ᠶᠢᠨ ᠦᠨᠢᠶ᠎ᠡ ᠶᠢᠨ ᠢᠷᠡᠯᠲᠡ᠂ ᠴᠢᠨᠠᠷ ᠰᠠᠶᠢᠲᠠᠢ ᠪᠡᠯᠴᠢᠭᠡᠷ ᠡᠪᠡᠰᠦ᠂ ᠲᠡᠵᠢᠭᠡᠯ ᠡᠪᠡᠰᠦ ᠳᠠᠷᠢᠬᠤ ᠢᠵᠢ ᠪᠦᠷᠢᠳᠦᠭᠦᠯᠬᠦ ᠭᠠᠵᠠᠷ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠦᠨᠡᠨ ᠬᠦ ᠰᠤᠳᠤᠯᠤᠨ ᠰᠢᠢᠳᠪᠦᠷᠢᠯᠡᠵᠦ᠂ ᠬᠡᠪᠴᠢᠶᠡᠵᠢᠭᠰᠡᠨ ᠲᠡᠵᠢᠭᠡᠨ ᠦᠷᠡᠵᠢᠭᠦᠯᠭᠦ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃ ᠰᠢᠨᠵᠢᠯᠡᠬᠦ ᠤᠬᠠᠭᠠᠨ ᠤ ᠰᠤᠳᠤᠯᠭᠠᠨ ᠤ ᠲᠣᠭᠲᠠᠴᠠ  ᠶᠢᠨ ᠰᠢᠨ᠎ᠡ ᠶᠢ ᠡᠭᠦᠳᠭᠦ ᠵᠡᠷᠭᠡ ᠭᠤᠣᠯᠳᠠᠯᠭ᠎ᠠ ᠲᠠᠢ ᠠᠵᠢᠯ  ᠢ ᠲᠦᠷᠭᠡᠳᠬᠡᠨ ᠠᠬᠢᠭᠤᠯᠵᠤ᠂ ᠪᠦᠭᠦ ᠣᠷᠣᠨ ᠤ ᠰᠦ  ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ  ᠶᠢ ᠠᠬᠢᠭᠤᠯᠬᠤ ᠲᠤᠬᠠᠢ  ᠶᠢᠨ ᠭᠠᠵᠠᠷ ᠤᠨ ᠬᠤᠷᠠᠯ  ᠢ ᠰᠠᠶᠢᠲᠤᠷ ᠪᠡᠯᠡᠳᠬᠡᠵᠦ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ  ᠶᠢ ᠠᠬᠢᠭᠤᠯᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ  ᠶᠢ ᠴᠢᠩᠭᠠᠳᠬᠠᠨ ᠪᠣᠳᠠᠲᠠᠶᠢᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠨ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠲᠣᠬᠢᠷᠠᠭᠤᠯᠤᠨ ᠱᠠᠯᠠᠪᠳᠠᠭᠤᠯᠤᠨ ᠭᠦᠢᠴᠡᠳᠬᠡᠬᠦ ᠪᠠᠨ ᠴᠢᠩᠭᠠᠳᠬᠠᠨ᠂ ᠶᠢᠰᠦᠨ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ  ᠶᠢᠨ ᠨᠠᠩ ᠶᠡᠭᠡ ᠦᠢᠯᠡᠳᠦᠯ ᠪᠠᠳᠠᠷᠠᠭᠤᠯᠬᠤ  ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号