ᠨᠠᠢᠮᠠᠳᠣᠭᠠᠷ ᠬᠤᠭᠤᠴᠠᠭᠠᠨ ᠤ ᠠᠯᠠᠱᠠ ᠶᠢᠨ ᠺᠠᠳ᠋ᠷᠴᠤᠳ ᠤᠨ ᠶᠠᠷᠢᠶᠠᠨ ᠤ ᠲᠠᠩᠬᠢᠮ ᠪᠣᠯᠪᠠ
ᠨᠡᠶᠢᠲᠡᠯᠡᠭᠰᠡᠨ ᠴᠠᠭ᠄
2022/7/19
      7 ᠰᠠᠷ᠎ᠠ ᠶᠢᠨ 15 ᠤ ᠡᠳᠦᠷ᠂ ᠮᠠᠨ ᠤ ᠠᠶᠢᠮᠠᠭ 2022 ᠣᠨ ᠤ ᠨᠠᠢᠮᠠᠳᠣᠭᠠᠷ ᠬᠤᠭᠤᠴᠠᠭᠠᠨ ᠤ ︽ᠠᠯᠠᠱᠠ ᠶᠢᠨ ᠺᠠᠳ᠋ᠷᠴᠤᠳ ᠤᠨ ᠶᠠᠷᠢᠶᠠᠨ ᠤ ᠲᠠᠩᠬᠢᠮ︾ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢᠨ ᠣᠨᠴᠠ ᠤᠷᠢᠭᠰᠠᠨ ᠲᠤᠰᠬᠠᠶ ᠮᠡᠷᠭᠡᠵᠢᠯᠲᠡᠨ ᠢ ᠤᠷᠢᠵᠤ ᠲᠤᠰᠬᠠᠶ ᠰᠡᠳᠦᠪᠲᠦ ᠲᠠᠶᠢᠯᠤᠮᠵᠢ ᠬᠢᠯᠭᠡᠵᠦ᠂ ᠸᠠᠩ ᠸᠧᠶ ᠳ᠋ᠦᠩ᠂ ᠯᠢᠦ ᠬᠠᠶ ᠲᠤᠤ᠂ ᠵᠠᠩ ᠰᠢᠶᠤᠤ ᠹᠧᠩ᠂ ᠯᠢᠦ ᡁᠢ ᠴᠢᠶᠠᠩ ᠵᠡᠷᠭᠡ ᠠᠶᠢᠮᠠᠭ ᠤᠨ ᠤᠳᠤᠷᠢᠳᠤᠯᠭ᠎ᠠ ᠣᠷᠣᠯᠴᠠᠪᠠ᠃
       ᠲᠠᠶᠢᠯᠤᠮᠵᠢ ᠨᠢ ︽ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠵᠤ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠴᠢᠬᠤᠯᠠ ᠪᠠᠲᠤᠯᠠᠭ᠎ᠠ︾ ᠪᠠᠷ ᠭᠤᠤᠯ ᠰᠡᠳᠦᠪ ᠪᠣᠯᠭᠠᠵᠤ᠂ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢᠨ ᠲᠡᠦᠬᠡ ᠶᠢᠨ ᠡᠬᠢ ᠰᠤᠷᠪᠤᠯᠵᠢ ᠶᠢ ᠮᠥᠷᠳᠡᠬᠦ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠡᠷᠡᠯ ᠰᠠᠴᠤᠷᠠᠩᠭᠤᠶ ᠥᠩᠭᠡᠷᠡᠯᠲᠡ ᠵᠢᠴᠢ ᠤᠯᠤᠰ ᠤᠨ ᠠᠮᠤᠷ ᠲᠦᠪᠰᠢᠨ ᠤ ᠴᠠᠭ ᠦᠶ᠎ᠡ ᠶᠢᠨ ᠤᠷᠢᠶᠠᠯᠠᠭ᠎ᠠ᠂ ᠦᠨᠳᠦᠰᠦᠨ ᠵᠢᠷᠤᠮᠯᠠᠯ ᠪᠠ ᠴᠢᠬᠤᠯᠠ ᠪᠠᠲᠤᠯᠠᠭ᠎ᠠ ᠵᠡᠷᠭᠡ ᠲᠠᠯ᠎ᠠ ᠠᠴᠠ ᠰᠢᠰᠲ᠋ᠧᠮ ᠲᠠᠢ ᠭᠦᠨᠵᠡᠭᠡᠶ᠂ ᠪᠥᠬᠦ ᠲᠠᠯ᠎ᠠ ᠶᠢᠨ ᠨᠠᠷᠢᠯᠢᠭ ᠰᠠᠶᠢᠬᠠᠨ ᠬᠠᠪᠰᠤᠷᠤᠨ ᠵᠢᠯᠣᠭᠤᠳᠣᠯᠭ᠎ᠠ ᠬᠢᠵᠦ᠂ ᠣᠯᠠᠨ ᠢᠶᠠᠷ ᠢᠶᠠᠨ ᠮᠠᠰᠢ ᠶᠡᠭᠡ ᠠᠰᠢᠭ ᠭᠥᠷᠳᠡᠭᠰᠡᠨ ᠪᠠᠶᠢᠨ᠎ᠠ᠃
       ᠬᠤᠷᠠᠯ ᠠᠴᠠ᠂ ᠡᠯ᠎ᠡ ᠬᠤᠰᠢᠭᠤ ︵ᠣᠷᠣᠨ︶ ᠡᠯ᠎ᠡ ᠰᠠᠯᠠᠭ᠎ᠠ ᠮᠥᠴᠢᠷ ᠰᠢᠨ᠎ᠡ ᠴᠠᠭ ᠦᠶ᠎ᠡ ᠶᠢᠨ ᠤᠯᠤᠰ ᠤᠨ ᠠᠮᠤᠷ ᠲᠦᠪᠰᠢᠨ ᠤ ᠪᠠᠶᠢᠳᠠᠯ ᠤᠨ ᠬᠤᠪᠢᠷᠠᠯᠲᠠ ᠰᠢᠨ᠎ᠡ ᠪᠠᠶᠢᠳᠠᠯ ᠰᠢᠨ᠎ᠡ ᠣᠨᠴᠠᠯᠢᠭ ᠢ ᠭᠦᠨᠵᠡᠭᠡᠶ ᠳᠠᠨᠢᠵᠦ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠤᠮᠳᠠᠬᠢ ᠠᠯᠠᠱᠠ ᠶᠢᠨ ᠴᠢᠬᠤᠯᠠ ᠪᠠᠶᠢᠷᠢ ᠰᠠᠭᠤᠷᠢ ᠶᠢ ᠣᠨᠣᠪᠴᠢᠲᠠᠶ  ᠡᠵᠡᠮᠰᠢᠵᠦ᠂ ᠤᠯᠤᠰ ᠤᠨ ᠠᠮᠤᠷ ᠲᠦᠪᠰᠢᠨ ᠤ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ  ᠳᠣᠣᠱᠯᠠᠭᠤᠯᠣᠨ ᠨᠠᠶᠢᠳᠠᠪᠣᠷᠢᠵᠢᠭᠤᠯᠵᠦ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠤᠳᠤᠷᠢᠳᠬᠤ ᠬᠠᠷᠢᠭᠤᠴᠠᠯᠭ᠎ᠠ ᠶᠢ ᠲᠠᠰᠤᠷᠠᠯᠲᠠ ᠦᠭᠡᠢ ᠴᠢᠩᠭᠠᠳᠬᠠᠨ ᠨᠠᠶᠢᠳᠠᠪᠣᠷᠢᠵᠢᠭᠤᠯᠵᠦ᠂ ᠲᠤᠰ ᠭᠠᠵᠠᠷ ᠣᠷᠣᠨ᠂ ᠲᠣᠰ ᠬᠦᠷᠢᠶᠡᠨ ᠳᠠᠬᠢ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠡᠭᠦᠷᠭᠡᠲᠦ ᠤᠬᠠᠮᠰᠠᠷ᠂ ᠰᠠᠨᠠᠭᠠᠰᠢᠷᠠᠬᠤ ᠤᠬᠠᠮᠰᠠᠷ ᠪᠠ ᠰᠢᠨ᠎ᠡ ᠶᠢ ᠡᠭᠦᠳᠬᠦ ᠤᠬᠠᠮᠰᠠᠷ ᠢᠶᠠᠨ ᠦᠨᠡᠨᠬᠦ ᠴᠢᠩᠭᠠᠷᠠᠭᠤᠯᠵᠦ᠂ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠬᠦᠴᠦᠯᠡᠨ ᠴᠢᠩᠭᠠᠳᠬᠠᠵᠦ᠂ ᠥᠷᠭᠡᠨ ᠣᠯᠠᠨ ᠺᠠᠳ᠋ᠷ ᠣᠯᠠᠨ ᠲᠦᠮᠡᠨ ᠤ ᠤᠯᠤᠰ ᠤᠨ ᠠᠮᠤᠷ ᠲᠦᠪᠰᠢᠨ ᠢ ᠢᠳᠡᠪᠬᠢᠲᠡᠶ ᠬᠠᠮᠠᠭᠠᠯᠠᠬᠤ ᠶᠢ ᠠᠬᠢᠭᠤᠯᠣᠨ᠂ ᠥᠪᠡᠷᠲᠡᠭᠡᠨ ᠵᠠᠰᠠᠬᠤ ᠣᠷᠣᠨ ᠤ ︽ᠪᠠᠷᠠᠭᠤᠨ ᠶᠡᠭᠡ ᠡᠭᠦᠳᠡ︾ ᠶᠢ ᠡᠷᠡᠰ ᠰᠠᠬᠢᠨ ᠬᠠᠮᠠᠭᠠᠯᠠᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠦᠵᠡᠭᠦᠯᠪᠡᠰᠦ ᠵᠣᠬᠢᠬᠤ ᠬᠦᠴᠦᠨ ᠴᠢᠳᠠᠯ ᠢᠶᠠᠨ ᠡᠷᠬᠦᠨ᠂ ᠰᠢᠯᠢᠳᠡᠭ ᠬᠢᠷᠢ ᠪᠦᠲᠦᠮᠵᠢ ᠪᠠᠷ ᠨᠠᠮ ᠤᠨ ᠬᠤᠷᠢᠳᠣᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠣᠭᠳᠣᠬᠤ ᠬᠡᠷᠡᠭᠳᠡᠢ ᠬᠡᠵᠦ ᠱᠠᠭᠠᠷᠳᠠᠪᠠ᠃
 
ᠢᠷᠡᠯᠲᠡ᠄ ᠦᠨᠦᠳᠦᠷ ᠤᠨ ᠠᠯᠠᠱᠠ ᠬᠢᠳᠠᠳ ᠸᠢᠴᠠᠲ ᠳᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号