ᠠᠶᠢᠮᠠᠭ ᠤᠨ ᠵᠠᠬᠢᠷᠭ᠎ᠠ ᠶᠢᠨ ᠨᠠᠮ ᠤᠨ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠨᠠᠢᠮᠠᠳᠣᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠬᠢᠪᠡ
ᠨᠡᠶᠢᠲᠡᠯᠡᠭᠰᠡᠨ ᠴᠠᠭ᠄
2022/7/20
     7 ᠰᠠᠷ᠎ᠠ ᠶᠢᠨ 19 ᠤ ᠡᠳᠦᠷ᠂ ᠠᠶᠢᠮᠠᠭ ᠤᠨ ᠵᠠᠬᠢᠷᠭ᠎ᠠ ᠶᠢᠨ ᠨᠠᠮ ᠤᠨ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ 2022 ᠣᠨ ᠤ ᠨᠠᠢᠮᠠᠳᠣᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠦ ᠂ ︽ᠰᠢ ᠶᠢᠨ ᠫᠢᠩ ᠲᠥᠷᠥ ᠶᠢ ᠵᠠᠰᠠᠵᠤ ᠵᠠᠰᠠᠭ ᠢ ᠡᠷᠭᠢᠯᠡᠬᠦ ᠲᠤᠬᠠᠶ ᠶᠠᠷᠢᠭᠰᠠᠨ ᠨᠢ︾ ᠭᠡᠬᠦ ᠨᠣᠮ ᠤᠨ ᠳᠥᠷᠪᠡᠳᠦᠭᠡᠷ ᠪᠣᠲᠢ ᠵᠢᠴᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ᠂ ᠠᠶᠢᠮᠠᠭ ᠤᠨ ᠵᠠᠬᠢᠷᠭ᠎ᠠ ᠶᠢᠨ ᠨᠠᠮ ᠤᠨ ᠳᠤᠭᠤᠶᠢᠯᠠᠩ ᠤᠨ ᠱᠦᠵᠢ ᠯᠢ ᠵᠥᠩ ᠽᠧᠩ ᠰᠤᠷᠤᠯᠴᠠᠯᠭ᠎ᠠ ᠶᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃      ᠯᠢ ᠵᠦᠩ ᠽᠧᠩ ᠠᠴᠠ᠂ ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ︾ ᠭᠡᠬᠦ ᠨᠣᠮ ᠤᠨ ᠳᠥᠷᠪᠡᠳᠦᠭᠡᠷ ᠪᠤᠳᠢ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠬᠠᠮᠤᠭ ᠤᠨ ᠰᠢᠨ᠎ᠡ ᠦᠷ᠎ᠡ ᠪᠦᠲᠦᠭᠡᠯ ᠢ ᠲᠥᠪᠯᠡᠷᠡᠭᠦᠯᠦᠨ ᠳᠡᠯᠭᠡᠨ ᠦᠵᠡᠭᠦᠯᠵᠡᠢ᠂ ᠡᠨᠡ ᠪᠣᠯ ᠪᠢᠳᠡᠨ ᠤ ᠰᠢᠨ᠎ᠡ ᠰᠢᠯᠭᠠᠯᠲᠠ ᠶᠢ ᠤᠭᠲᠤᠬᠤ ᠵᠠᠮ ᠢᠶᠠᠷ ᠰᠠᠶᠢᠲᠤᠷ ᠵᠠᠮᠨᠠᠬᠤ ᠦᠵᠡᠯ ᠰᠠᠨᠠᠭᠠᠨ ᠤ ᠲᠤᠭ᠂ ᠬᠥᠳᠡᠯᠭᠡᠬᠦ ᠬᠦᠴᠦᠨ ᠤ ᠡᠬᠢ ᠰᠤᠷᠪᠤᠯᠵᠢ ᠮᠥᠨ᠃ ︽ᠰᠢ ᠶᠢᠨ ᠫᠢᠩ ᠲᠥᠷᠥ ᠶᠢ ᠵᠠᠰᠠᠵᠤ ᠵᠠᠰᠠᠭ ᠢ ᠡᠷᠭᠢᠯᠡᠬᠦ ᠲᠤᠬᠠᠶ ᠶᠠᠷᠢᠭᠰᠠᠨ ᠨᠢ︾ ᠭᠡᠬᠦ ᠨᠣᠮ ᠤᠨ ᠳᠥᠷᠪᠡᠳᠦᠭᠡᠷ ᠪᠣᠲᠢ ᠶᠢ ᠰᠤᠷᠤᠯᠴᠠᠬᠤ ᠶᠢ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠪᠣᠯᠭᠠᠵᠤ᠂ ᠰᠤᠷᠤᠯᠴᠠᠬᠤ ᠳᠣᠮᠳᠠ ᠨᠢᠭᠡᠳᠦᠭᠡᠷ ᠪᠣᠲᠢ᠂ ᠬᠤᠶᠠᠳᠤᠭᠠᠷ ᠪᠣᠲᠢ᠂ ᠭᠤᠷᠪᠠᠳᠤᠭᠠᠷ ᠪᠣᠲᠢ ᠲᠠᠢ ᠨᠡᠪᠲᠡᠷᠡᠯᠴᠡᠭᠦᠯᠬᠦ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠬᠤ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠣᠳᠣᠬᠠᠨ ᠤ ᠬᠢᠵᠦ ᠪᠠᠶᠢᠭ᠎ᠠ ᠠᠵᠢᠯ ᠲᠠᠢ ᠪᠠᠨ ᠵᠣᠯᠭᠠᠭᠤᠯᠬᠤ ᠶᠢ ᠪᠠᠷᠢᠮᠲᠠᠯᠠᠵᠤ᠂ ᠦᠨᠡᠨ ᠬᠦ ᠰᠤᠷᠤᠯᠴᠠᠵᠤ ᠦᠨᠡᠨ ᠬᠦ ᠣᠶᠢᠯᠠᠭᠠᠵᠤ ᠦᠨᠡᠨ ᠬᠦ ᠢᠲᠡᠭᠡᠵᠦ ᠦᠨᠡᠨ ᠬᠦ ᠬᠡᠷᠡᠭᠯᠡᠵᠦ᠂ ᠰᠢᠨ᠎ᠡ ᠴᠠᠭ ᠦᠶ᠎ᠡ ᠶᠢᠨ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠠᠯᠠᠱᠠ ᠶᠢᠨ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠬᠤ ᠬᠡᠷᠡᠭᠲᠡᠶ ᠭᠡᠪᠡ᠃      ᠯᠢ ᠵᠥᠩ ᠽᠧᠩ ᠠᠴᠠ᠂ ︽ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠣᠭᠤᠳᠬᠤ ᠰᠠᠨᠠᠯ︾ ᠢ ᠭᠦᠨᠵᠡᠭᠡᠶ ᠰᠤᠷᠤᠯᠴᠠᠨ ᠳᠣᠣᠱᠯᠠᠭᠤᠯᠵᠦ ᠂ ᠰᠡᠳᠬᠢᠬᠦᠶ ᠪᠠᠨ ᠬᠤᠪᠢᠷᠠᠭᠤᠯᠤᠨ᠂ ᠳᠤᠲᠠᠭᠤᠳᠠᠯ ᠳᠠᠭᠠᠨ ᠵᠥᠪ ᠢᠶᠠᠷ ᠬᠠᠨᠳᠤᠵᠤ᠂ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠪᠥᠬᠦ ᠠᠶᠢᠮᠠᠭ ᠤᠨ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠲᠣᠭᠠᠴᠢᠯᠠᠬᠤ᠂ ᠤᠶᠤᠨᠴᠢᠯᠠᠬᠤ ᠲᠦᠪᠰᠢᠨ ᠢ ᠳᠡᠭᠡᠭᠰᠢᠯᠡᠭᠦᠯᠵᠦ᠂ ᠤᠯᠠᠨ ᠲᠦᠮᠡᠨ ᠪᠠ ᠠᠵᠤ ᠠᠬᠤᠶᠢᠯᠠᠯ ᠤᠨ ᠰᠢᠨ᠎ᠡ ᠬᠦᠰᠡᠯ ᠰᠢᠨ᠎ᠡ ᠱᠠᠭᠠᠷᠳᠠᠯᠭ᠎ᠠ ᠶᠢ ᠰᠠᠶᠢᠲᠤᠷ ᠬᠠᠩᠭᠠᠵᠤ᠂ ᠲᠣᠭᠠᠴᠢᠯᠠᠯᠲᠠ ᠪᠠᠷ ᠠᠷᠠᠳ ᠤᠯᠠᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠬᠤ ᠬᠡᠷᠡᠭᠲᠡᠢ᠃ ᠳᠡᠭᠡᠳᠦ ᠳᠡᠰ ᠤᠨ ᠲᠥᠯᠥᠪᠯᠡᠭᠡ ᠶᠢ ᠴᠢᠩᠭᠠᠳᠬᠠᠵᠤ᠂ ᠰᠢᠰᠲ᠋ᠧᠮ ᠤᠨ ᠲᠥᠪᠯᠡᠷᠡᠯ ᠢ ᠪᠠᠷᠢᠮᠲᠠᠯᠠᠵᠤ᠂ ᠠᠭᠤᠰᠤᠯᠴᠠᠨ ᠰᠢᠨ᠎ᠡ ᠶᠢ ᠡᠭᠦᠳᠬᠦ ᠶᠢ ᠴᠢᠬᠤᠯᠠᠴᠢᠯᠠᠵᠤ᠂ ᠥᠪᠡᠷ ᠥᠪᠡᠷ ᠤᠨ ᠬᠢ ᠪᠠᠨ ᠬᠢᠬᠦ᠂ ᠳᠠᠪᠬᠤᠷᠳᠠᠭᠤᠯᠤᠨ ᠪᠦᠲᠦᠭᠡᠨ ᠪᠠᠶᠢᠭᠤᠯᠬᠤ ᠠᠴᠠ ᠵᠠᠶᠢᠯᠠᠰᠬᠢᠵᠦ᠂ ᠬᠠᠮᠤᠭ ᠤᠨ ᠪᠠᠭ᠎ᠠ ᠣᠷᠣᠭᠤᠯᠤᠯᠲᠠ ᠪᠠᠷ ᠵᠠᠰᠠᠭ ᠤᠨ ᠣᠷᠳᠣᠨ ᠤ ᠰᠢᠢᠳᠪᠦᠷᠢᠳᠦ ᠪᠣᠳᠣᠯᠭ᠎ᠠ ᠲᠣᠭᠲᠠᠭᠠᠬᠤ ᠶᠢ ᠰᠢᠨᠵᠢᠯᠡᠬᠦ ᠤᠬᠠᠭᠠᠨᠴᠢᠯᠠᠬᠤ᠂ ᠨᠡᠶᠢᠭᠡᠮ ᠤᠨ ᠵᠠᠰᠠᠯᠲᠠ ᠶᠢ ᠨᠠᠷᠢᠯᠢᠭᠵᠢᠭᠤᠯᠬᠤ᠂ ᠣᠯᠠᠨ ᠨᠡᠶᠢᠲᠡ ᠶᠢᠨ ᠦᠢᠯᠡᠴᠢᠯᠡᠭᠡ ᠶᠢ ᠥᠨᠳᠥᠷ ᠪᠦᠲᠦᠮᠵᠢᠲᠡᠶ ᠪᠣᠯᠭᠠᠬᠤ ᠶᠢ ᠪᠡᠶᠡᠯᠡᠭᠦᠯᠬᠦ ᠬᠡᠷᠡᠭᠲᠡᠶ᠃ ᠠᠮᠤᠷ ᠲᠦᠪᠰᠢᠨ ᠢ ᠡᠵᠡᠮᠳᠡᠬᠦ ᠠᠵᠢᠯ ᠢ ᠲᠣᠪᠤᠶᠢᠮ᠎ᠠ ᠪᠠᠶᠢᠷᠢᠨ ᠳᠤ ᠲᠠᠯᠪᠢᠵᠤ᠂ ︽ᠮᠡᠷᠭᠡᠵᠢᠯ ᠢᠶᠠᠷ ᠰᠡᠷᠭᠡᠶᠢᠯᠡᠬᠦ᠂ ᠬᠥᠮᠦᠨ ᠢᠶᠠᠷ ᠰᠡᠷᠭᠡᠶᠢᠯᠡᠬᠦ᠂ ᠰᠡᠷᠭᠡᠶᠢᠯᠡᠨ ᠬᠤᠷᠢᠭᠯᠠᠬᠤ︾ ᠶᠢ ᠬᠠᠮᠵᠢᠯᠴᠠᠨ ᠬᠦᠴᠦᠯᠡᠬᠦ ᠶᠢ ᠪᠠᠷᠢᠮᠲᠠᠯᠠᠵᠤ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠥᠲᠥᠭᠡᠨ ᠪᠠᠶᠢᠭᠤᠯᠤᠯᠲᠠ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠯᠢ ᠵᠥᠩ ᠽᠧᠩ ᠠᠴᠠ᠂ ︽ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠬᠤᠶᠠᠷ ᠵᠤᠷᠪᠤᠰ ᠠᠷᠭ᠎ᠠ ᠬᠡᠮᠵᠢᠶ᠎ᠡ︾ ᠶᠢ ᠨᠠᠷᠢᠨ ᠬᠢᠨᠠᠮᠠᠭᠠᠶ ᠰᠤᠷᠤᠯᠴᠠᠨ ᠳᠣᠣᠱᠯᠠᠭᠤᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠠᠶᠢᠷ᠎ᠠ ᠬᠠᠯᠠᠮᠵᠢᠯᠠᠯ ᠢ ᠦᠨᠡᠨ ᠬᠦ ᠠᠵᠢᠯ ᠬᠢᠵᠦ ᠦᠢᠯᠡᠰ ᠪᠤᠰᠬᠠᠬᠤ᠂ ᠬᠠᠷᠢᠭᠤᠴᠠᠯᠭ᠎ᠠ ᠡᠭᠦᠷᠭᠡᠯᠡᠵᠦ ᠬᠠᠷᠢᠭᠤᠴᠠᠯᠭ᠎ᠠ ᠪᠠᠨ ᠬᠦᠢᠴᠡᠳᠬᠡᠬᠦ ᠵᠣᠷᠢᠭ ᠰᠠᠨᠠᠭᠠᠨ ᠤ ᠬᠥᠳᠡᠯᠭᠡᠬᠦ ᠬᠦᠴᠦᠨ ᠪᠠ ᠪᠣᠳᠠᠲᠠᠶ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠨᠢᠭᠡ ᠰᠡᠳᠬᠢᠯ ᠨᠢᠭᠡ ᠵᠣᠷᠢᠭ ᠢᠶᠠᠷ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠪᠤᠰᠢᠭᠤ ᠱᠠᠯᠠᠮᠠᠭᠠᠶ ᠠᠵᠢᠯᠯᠠᠵᠤ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠲᠦᠷᠦᠭᠦᠯᠡᠨ ᠠᠯᠠᠱᠠ ᠶᠢᠨ ᠺᠠᠳ᠋ᠷ ᠤᠨ ᠡᠩᠨᠡᠭᠡ ᠶᠢᠨ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号