ᠠᠶᠢᠮᠠᠭ ᠤᠨ ᠵᠠᠬᠢᠷᠭ᠎ᠠ ᠶᠢᠨ ᠨᠠᠮ ᠤᠨ ᠳᠤᠭᠤᠶᠢᠯᠠᠩ 2022 ᠣᠨ ᠤ ᠨᠠᠢᠮᠠᠳᠣᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/7/20
     7 ᠰᠠᠷ᠎ᠠ ᠶᠢᠨ 19 ᠤ ᠡᠳᠦᠷ᠂ ᠠᠶᠢᠮᠠᠭ ᠤᠨ ᠵᠠᠬᠢᠷᠭ᠎ᠠ ᠶᠢᠨ ᠨᠠᠮ ᠤᠨ ᠳᠤᠭᠤᠶᠢᠯᠠᠩ 2022 ᠣᠨ ᠤ ᠨᠠᠢᠮᠠᠳᠣᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠶ ᠰᠠᠶᠢᠳ ᠯᠢ ᠺᠧ ᠴᠢᠶᠠᠩ ᠤᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠬᠤᠯᠪᠣᠭᠳᠠᠯ ᠪᠥᠬᠦᠶ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ᠂ ᠠᠶᠢᠮᠠᠭ ᠤᠨ ᠵᠠᠬᠢᠷᠭ᠎ᠠ ᠶᠢᠨ ᠨᠠᠮ ᠤᠨ ᠳᠤᠭᠤᠶᠢᠯᠠᠩ ᠤᠨ ᠱᠦᠵᠢ ᠯᠢ ᠵᠥᠩ ᠽᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠰᠧᠴᠣᠸᠠᠨ᠂ ᠬᠤᠪᠸᠢ ᠶᠢᠨ ᠦᠬᠠᠨ᠂ ᠰᠢᠨᠵᠢᠶᠠᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠶᠡᠷᠦᠩᠬᠡᠢ ᠰᠠᠶᠢᠳ ᠯᠢ ᠺᠧ ᠴᠢᠶᠠᠩ ᠤᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠳᠣᠣᠱᠯᠠᠭᠤᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠶᠢ ᠶᠡᠭᠡ ᠪᠠᠷ ᠠᠬᠢᠭᠤᠯᠵᠤ᠂ ᠬᠠᠲᠠᠭᠤ ᠲᠠᠢ ᠨᠢ ᠬᠠᠯᠳᠠᠵᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠠᠬᠢᠴᠠ ᠶᠢ ᠠᠩᠬᠠᠷᠴᠤ᠂ ᠲᠤᠭ᠎ᠠ ᠬᠡᠮᠵᠢᠶ᠎ᠡ ᠶᠢ ᠠᠳᠬᠤᠵᠤ ᠂ ᠶᠠᠰᠤ ᠴᠢᠨᠠᠷ ᠢ ᠪᠠᠲᠤᠯᠠᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠶᠢᠨ ᠬᠥᠭᠵᠢᠯᠲᠡ ᠶᠢ ᠵᠡᠷᠭᠡ ᠪᠠᠷ ᠠᠳᠬᠤᠬᠤ᠂ ᠵᠡᠷᠭᠡ ᠪᠠᠷ ᠴᠢᠩᠭ᠎ᠠ ᠠᠳᠬᠤᠬᠤ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠶᠢ ᠪᠠᠷᠢᠮᠲᠠᠯᠠᠵᠤ᠂ ᠠᠷᠭ᠎ᠠ ᠬᠡᠮᠵᠢᠶ᠎ᠡ ᠪᠠᠨ ᠴᠢᠩᠭᠠᠳᠬᠠᠨ ᠪᠣᠭᠤᠮᠲᠠ ᠰᠢᠪᠲᠤᠯᠬᠤ ᠪᠠᠷ ᠬᠦᠴᠦᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠥᠴᠦᠬᠡᠨ ᠴᠦ ᠠᠯᠳᠠᠰᠢ ᠭᠠᠷᠭᠠᠬᠤ ᠥᠬᠡᠶ᠂ ᠠᠵᠤ ᠠᠬᠤᠶ ᠶᠢᠨ ᠡᠷᠭᠢᠯᠲᠡ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠠᠲᠤᠯᠠᠬᠤ ᠬᠡᠷᠡᠭᠲᠡᠶ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠭᠦᠨᠵᠡᠭᠡᠶ ᠠᠬᠢᠭᠤᠯᠤᠨ ᠪᠣᠳᠠᠲᠠᠶᠢᠵᠢᠭᠤᠯᠵᠤ᠂ ᠠᠵᠤ ᠦᠢᠯᠡᠰ ᠤᠨ ᠬᠡᠯᠬᠢᠶ᠎ᠡ ᠲᠠᠢ ᠨᠢᠭᠲᠠ ᠤᠶᠠᠯᠳᠤᠭᠤᠯᠤᠨ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠵᠤ᠂ ᠠᠵᠤ  ᠦᠢᠯᠡᠰ ᠤᠨ ︽ᠳᠤᠮᠳᠠᠴᠢ ᠦᠷ᠎ᠡ ᠠᠰᠢᠭ︾ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠢᠵᠢᠮ ᠢ ᠪᠠᠲᠤ ᠴᠣᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠲᠡᠨ ᠤ ᠠᠵᠢᠯ ᠢ ᠴᠥᠬᠦᠷᠡᠰᠢ ᠦᠭᠡᠢ ᠪᠣᠳᠠᠲᠠᠢ ᠠᠳᠬᠤᠵᠤ ᠨᠠᠷᠢᠯᠢᠭ ᠬᠢᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ ᠬᠡᠵᠦ ᠴᠢᠬᠤᠯᠠᠴᠢᠯᠠᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠭᠤᠴᠢ ᠶᠢᠰᠦᠳᠦᠭᠡᠷ᠂ ᠳᠥᠴᠢᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠪᠣᠯᠤᠨ ᠲᠥᠪ ᠤᠨ ᠬᠢᠨᠠᠨ ᠪᠤᠳᠤᠬᠤ ᠵᠥᠪᠯᠡᠯ ᠤᠨ ᠲᠠᠪᠤᠳᠤᠭᠠᠷ ᠤᠳᠠᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠳᠣᠣᠱᠯᠠᠭᠤᠯᠵᠦ᠂ ᠰᠣᠶᠣᠯ ᠢᠶᠠᠷ ᠬᠥᠮᠦᠨ ᠢ ᠤᠬᠠᠭᠠᠷᠠᠭᠤᠯᠬᠤ᠂ ᠲᠡᠦᠬᠡ ᠪᠠᠷ ᠬᠥᠮᠦᠨ ᠢ ᠬᠥᠮᠦᠵᠢᠭᠦᠯᠬᠦ ᠶᠢ ᠪᠠᠷᠢᠮᠲᠠᠯᠠᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠥᠪ ᠢ ᠬᠠᠮᠠᠭᠠᠯᠠᠵᠤ ᠠᠭᠤᠳᠠᠯᠬᠤ ᠶᠢ ᠴᠢᠩᠭᠠᠳᠬᠠᠵᠤ᠂ ᠪᠣᠳᠠᠰ ᠤᠨ ᠪᠤᠰᠤ ᠰᠣᠶᠣᠯ ᠤᠨ ᠥᠪ ᠢ ᠰᠠᠶᠢᠲᠤᠷ ᠤᠯᠠᠮᠵᠢᠯᠠᠨ ᠰᠠᠶᠢᠲᠤᠷ ᠠᠰᠢᠭᠯᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ᠂ ᠠᠯᠠᠱᠠ ᠶᠢᠨ ᠰᠣᠶᠣᠯ ᠤᠨ ᠵᠥᠭᠡᠯᠡᠨ ᠪᠣᠳᠠᠲᠤ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠨᠢᠭᠡ ᠲᠠᠯ᠎ᠠ ᠪᠠᠷ ᠲᠤᠬᠠᠶᠢᠯᠠᠭᠰᠠᠨ ᠠᠵᠢᠯ ᠢ ᠠᠳᠬᠤᠵᠤ᠂ ᠨᠢᠭᠡ ᠲᠠᠯ᠎ᠠ ᠪᠠᠷ ᠰᠠᠬᠢᠯᠭ᠎ᠠ ᠪᠠᠲᠤ ᠶᠢ ᠠᠳᠬᠤᠵᠤ᠂ ᠰᠠᠬᠢᠯᠭ᠎ᠠ ᠪᠠᠲᠤ ᠶᠢᠨ ᠪᠣᠭᠤᠮᠲᠠ ᠶᠢ ᠴᠢᠩᠭ᠎ᠠ ᠰᠠᠬᠢᠵᠤ᠂ ᠡᠷᠬᠡ ᠪᠠᠷ ᠢᠶᠠᠨ ᠠᠰᠢᠭ ᠤᠯᠬᠤ ᠶᠢ ᠴᠢᠩᠭ᠎ᠠ ᠴᠠᠭᠠᠵᠠᠯᠠᠵᠤ᠂ ᠭᠡᠷ ᠤᠨ ᠰᠤᠷᠲᠠᠯ ᠭᠡᠷ ᠤᠨ ᠰᠤᠷᠭᠠᠯ ᠢ ᠴᠢᠩᠳᠠᠯᠠᠵᠤ᠂ ︽ᠡᠪᠳᠡᠷᠬᠡᠢ ᠴᠣᠩᠬᠤ ᠶᠢᠨ ᠦᠢᠯᠡᠳᠦᠯ︾ ᠢ ᠴᠢᠩᠭ᠎ᠠ ᠰᠡᠷᠭᠡᠶᠢᠯᠡᠵᠦ᠂ ᠤᠯᠤᠰ ᠲᠦᠷᠦ ᠶᠢᠨ ᠠᠮᠢ ᠠᠬᠤᠢ ᠶᠢᠨ ︽ᠬᠠᠮᠠᠭᠠᠯᠠᠭᠴᠢ︾ ᠪᠣᠯᠬᠤ ᠬᠡᠷᠡᠭᠲᠡᠢ᠃ ᠬᠢᠨᠠᠨ ᠪᠤᠳᠤᠯᠲᠠ ᠶᠢᠨ ︽ᠨᠢᠭᠡᠨᠲᠡ ᠡᠪᠡᠳᠴᠢᠯᠡᠭᠰᠡᠨ ᠢ ᠨᠢ ᠵᠠᠰᠠᠵᠤ᠂ ᠡᠪᠡᠳᠴᠢᠨ ᠡᠭᠦᠰᠬᠦ ᠠᠴᠠ ᠨᠢ ᠡᠮᠦᠨ᠎ᠡ ᠰᠡᠷᠭᠡᠶᠢᠯᠡᠬᠦ︾ ᠴᠢᠬᠤᠯᠠ ᠦᠢᠯᠡᠳᠦᠯ ᠢ ᠬᠦᠢᠴᠡᠳ ᠪᠠᠳᠠᠷᠠᠭᠤᠯᠵᠤ᠂ ᠬᠢᠨᠠᠨ ᠪᠤᠳᠤᠬᠤ ᠶᠣᠰᠣᠲᠠᠶ ᠪᠦᠬᠦᠨ ᠢ ᠬᠢᠨᠠᠨ ᠪᠤᠳᠤᠵᠤ᠂ ᠬᠢᠨᠠᠨ ᠪᠤᠳᠤᠬᠤ ᠪᠣᠯᠭᠠᠨ ᠢ ᠴᠢᠩᠭ᠎ᠠ ᠠᠳᠬᠤᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠪᠠᠶᠢᠩᠭᠤᠵᠢᠭᠤᠯᠤᠨ ᠳᠠᠷᠣᠯᠳᠠ ᠦᠭᠭᠦ ᠪᠠ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠯᠳᠦᠭᠦᠯᠬᠦ ᠬᠡᠷᠡᠭᠲᠡᠶ ᠬᠡᠵᠦ ᠴᠢᠬᠤᠯᠠᠴᠢᠯᠠᠪᠠ᠃      ᠬᠤᠷᠠᠯ ᠠᠴᠠ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠲᠦᠷᠢᠮ︾ ᠢ ᠰᠤᠷᠤᠯᠴᠠᠨ ᠳᠣᠣᠱᠯᠠᠭᠤᠯᠬᠤ ᠶᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠵᠣᠷᠢᠭ ᠰᠠᠨᠠᠭᠠᠨ ᠤ ᠮᠥᠨ ᠴᠢᠨᠠᠷ ᠢ ᠡᠵᠡᠮᠳᠡᠨ᠂ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠢᠳᠡᠪᠬᠢᠲᠡᠶ ᠳᠡᠮᠵᠢᠨ᠂ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠭᠰᠠᠨ ᠦᠨᠡᠨ ᠮᠡᠳᠡᠯᠭᠡ ᠨᠡᠪᠲᠡᠷᠬᠡᠶ ᠦᠵᠡᠯᠲᠡ ᠶᠢ ᠨᠠᠷᠢᠨ ᠬᠢᠨᠠᠮᠠᠭᠠᠶ ᠰᠣᠨᠣᠰᠤᠨ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠰᠡᠳᠬᠢᠯ ᠳᠡᠯᠪᠢᠨ ᠰᠠᠶᠢᠲᠤᠷ ᠬᠢᠵᠦ᠂ ᠶᠠᠰᠤ ᠴᠢᠨᠠᠷ ᠦᠷ᠎ᠡ ᠪᠦᠲᠦᠮᠵᠢ ᠶᠢᠨ ᠪᠣᠭᠤᠮᠲᠠ ᠶᠢ ᠴᠢᠩᠭ᠎ᠠ ᠡᠵᠡᠮᠳᠡᠨ᠂ ︽ᠲᠦᠷᠢᠮ︾ ᠢ ᠵᠠᠰᠠᠭ ᠤᠨ ᠣᠷᠳᠣᠨ ᠤ ᠰᠢᠰᠲ᠋ᠧᠮ ᠳᠤ ᠪᠣᠳᠠᠲᠠᠶ ᠬᠡᠷᠡᠭᠵᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠳᠤ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号