︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠠᠩᠬᠠᠳᠤᠭᠠᠷ ᠲᠠᠪᠤᠨ ᠵᠢᠯ ᠮᠥᠨ᠂ | ᠪᠠᠰᠠ ᠴᠤ ᠡᠷᠡᠭᠦᠯ ᠡᠩᠬᠡ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ | ᠴᠢᠬᠤᠯᠠ ᠠᠵᠠ ᠲᠣᠬᠢᠶᠠᠯᠳᠤ ᠬᠤᠭᠤᠴᠠᠭ᠎ᠠ ᠮᠥᠨ᠃ ᠪᠥᠬᠦ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠦᠢᠯᠡᠰ ᠤᠨ ᠬᠥᠭᠵᠢᠯᠲᠡ ᠶᠢ ᠴᠢᠨᠠᠷ ᠰᠠᠶᠢᠲᠠᠶ ᠠᠬᠢᠭᠤᠯᠵᠤ᠂ ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠨ᠂ | ᠠᠵᠤ ᠠᠬᠤᠶ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠶᠢᠨ ᠲᠥᠯᠥᠭᠡ᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢᠨ | ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠪᠣᠯᠤᠨ ︽ᠠᠯᠠᠱᠠ ᠠᠶᠢᠮᠠᠭ ᠤᠨ ᠤᠯᠤᠰ ᠠᠷᠠᠳ ᠤᠨ ᠠᠵᠤ | ᠠᠬᠤᠶ ᠪᠠ ᠨᠡᠶᠢᠭᠡᠮ ᠤᠨ ᠬᠥᠭᠵᠢᠯᠲᠡ ᠶᠢᠨ ︿ᠠᠷᠪᠠᠨ ᠳᠥᠷᠪᠡᠳᠦᠭᠡᠷ ᠲᠠᠪᠤᠨ ᠵᠢᠯ ﹀ ᠤᠨ ᠲᠥᠯᠥᠪᠵᠢᠭᠦᠯᠭᠡ ᠪᠣᠯᠤᠨ | 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ᠶᠢ ᠦᠨᠳᠦᠰᠦᠯᠡᠨ᠂ ᠲᠣᠰ ᠲᠥᠯᠥᠪᠵᠢᠭᠦᠯᠭᠡ ᠶᠢ | ᠲᠣᠭᠲᠠᠭᠠᠪᠠ᠃ | ᠨᠢᠭᠡ᠂ ᠬᠥᠭᠵᠢᠯᠲᠡ ᠶᠢᠨ ᠰᠠᠭᠤᠷᠢ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠠᠯᠠᠱᠠ ᠠᠶᠢᠮᠠᠭ ᠡᠷᠡᠭᠦᠯ ᠮᠡᠨᠳᠦ ᠶᠢ | ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠨ᠂ ︽ᠡᠷᠡᠭᠦᠯ ᠡᠩᠬᠡ ᠠᠯᠠᠱᠠ︾ ᠶᠢᠨ | ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ 17 ᠲᠤᠰᠬᠠᠶ ᠠᠵᠢᠯᠯᠠᠭ᠎ᠠ ᠶᠢ ᠭᠤᠤᠯᠳᠠᠯᠭ᠎ᠠ ᠲᠠᠢ ᠲᠣᠭᠲᠠᠭᠠᠨ᠂ | ᠠᠷᠠᠳ ᠲᠦᠮᠡᠨ ᠤ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠥᠬᠦ ᠲᠠᠯ᠎ᠠ ᠪᠠᠷ ᠪᠥᠬᠦ ᠦᠶᠡᠯᠡᠯ ᠢᠶᠠᠷ | ᠪᠠᠲᠤᠯᠠᠪᠠ᠃ ᠠᠷᠠᠳ ᠣᠯᠠᠨ ᠤ ᠡᠷᠡᠭᠦᠯ ᠴᠢᠭᠢᠷᠠᠭ ᠤᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠰᠠᠭᠤᠭᠠᠯᠢ ᠠᠷᠠᠳ ᠤᠨ ᠡᠷᠡᠭᠦᠯ ᠴᠢᠭᠢᠷᠠᠭ ᠤᠨ ᠬᠡᠪ ᠪᠣᠯᠪᠠᠰᠤᠷᠠᠯ ᠤᠨ ᠬᠢᠷᠢ ᠬᠡᠮᠵᠢᠶ᠎ᠡ ᠶᠢ 20 . 4 % ᠳᠤ | ᠬᠦᠷᠦᠭᠦᠯᠵᠦ᠂ ᠬᠥᠮᠦᠨ ᠪᠦᠷᠢ ᠶᠢᠨ ᠳᠤᠮᠳᠠᠴᠢ ᠵᠢᠱᠢᠭᠰᠡᠨ ᠨᠠᠰᠤᠨ ᠬᠤᠲᠤᠭ ᠢ 77 . 1 ᠨᠠᠰᠤ ︵ᠥᠪᠡᠷᠲᠡᠭᠡᠨ | ᠵᠠᠰᠠᠬᠤ ᠣᠷᠣᠨ ᠤ ᠳᠤᠮᠳᠠᠴᠢ ᠬᠢᠷᠢ ᠬᠡᠮᠵᠢᠶ᠎ᠡ ᠪᠠᠷ ᠯᠠᠪᠯᠠᠯᠲᠠ ᠪᠣᠯᠭᠠᠨ᠎ᠠ︶ ᠳᠤ ᠬᠦᠷᠦᠭᠦᠯᠵᠦ᠂ ᠵᠢᠷᠮᠦᠰᠦᠯᠡᠵᠦ | ᠬᠥᠩᠭᠡᠵᠢᠬᠦ ᠶᠢᠨ ᠦᠬᠦᠯᠲᠡ ᠶᠢ ᠠᠷᠪᠠᠨ ᠬᠤᠶᠠᠷ ᠵᠢᠯ ᠳᠠᠷᠠᠭᠠᠯᠠᠨ ᠲᠡᠭ ᠢᠶᠠᠷ ᠪᠠᠲᠤᠯᠠᠵᠤ᠂ ᠨᠢᠯᠬ᠎ᠠ ᠬᠡᠦᠬᠡᠳ ᠤᠨ | ᠦᠬᠦᠯᠲᠡ ᠶᠢᠨ ᠨᠣᠷᠮ᠎ᠠ ᠶᠢ 3 . 88 ‰ ᠳᠤ ᠬᠦᠷᠦᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠦᠢᠯᠡᠰ ᠲᠤ ᠴᠢᠬᠤᠯᠠ ᠶᠡᠭᠡ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠣᠯᠪᠠ᠃ | ︵ᠨᠢᠭᠡ︶ ᠡᠮ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠲᠣᠭᠲᠠᠭᠤᠨ ᠢᠶᠠᠷ ᠨᠡᠮᠡᠭᠳᠡᠪᠡ᠃ 2020 | ᠣᠨ ᠤ ᠡᠴᠦᠰ ᠪᠣᠯᠲᠠᠯ᠎ᠠ᠂ ᠪᠥᠬᠦ ᠠᠶᠢᠮᠠᠭ ᠤᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠶᠡᠷᠦᠩᠬᠡᠶ ᠬᠥᠷᠥᠩᠭᠡ᠂ | ᠲᠣᠭᠲᠠᠮᠠᠯ ᠬᠥᠷᠥᠩᠭᠡ᠂ ᠬᠡᠷ ᠪᠠᠶᠢᠰᠢᠩ ᠤᠨ ᠪᠠᠷᠢᠯᠭ᠎ᠠ ᠶᠢᠨ ᠲᠠᠯᠠᠪᠠᠶ᠂ ᠲᠦᠮᠡᠨ ᠲᠥᠭᠦᠷᠢᠭ ᠠᠴᠠ ᠳᠡᠭᠡᠭᠰᠢᠬᠢ | ᠲᠥᠬᠦᠭᠡᠷᠦᠮᠵᠢ ᠶᠢᠨ ᠪᠥᠬᠦ ᠥᠷᠲᠡᠭ ᠨᠢ 2015 ᠣᠨ ᠤ ᠬᠢ ᠠᠴᠠ ᠲᠣᠰ ᠲᠣᠰ 1 . 53 ᠳᠠᠬᠢᠨ᠂ 3 . 06 | ᠳᠠᠬᠢᠨ᠂ 1 . 15 ᠳᠠᠬᠢᠨ᠂ 2 . 47 ᠳᠠᠬᠢᠨ ᠨᠡᠮᠡᠭᠳᠡᠪᠡ᠃ ᠪᠥᠬᠦ ᠠᠶᠢᠮᠠᠭ ᠤᠨ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠣᠷᠣ ᠶᠢᠨ ᠲᠤᠭ᠎ᠠ᠂ ᠡᠷᠡᠭᠦᠯ ᠬᠠᠮᠠᠭᠠᠯᠠᠯ ᠤᠨ ᠮᠡᠷᠭᠡᠵᠢᠯ ᠤᠨ ᠠᠵᠢᠯᠲᠠᠨ ᠤ | ᠲᠤᠭ᠎ᠠ᠂ ᠠᠵᠢᠯ ᠡᠷᠭᠢᠯᠡᠬᠦ ᠡᠮᠴᠢ ᠶᠢᠨ ᠲᠤᠭ᠎ᠠ᠂ ᠳᠠᠩᠰᠠᠯᠠᠭᠤᠯᠤᠭᠰᠠᠨ ᠰᠤᠪᠢᠯᠠᠭᠴᠢ ᠶᠢᠨ ᠲᠤᠭ᠎ᠠ ᠶᠢ 2015 | ᠣᠨ ᠤ ᠬᠢ ᠠᠴᠠ ᠲᠣᠰ ᠲᠣᠰ 333᠂ 320᠂ 99᠂ 168 ᠬᠥᠮᠦᠨ ᠨᠡᠮᠡᠭᠳᠡᠭᠦᠯᠪᠡ᠃ ᠪᠥᠬᠦ ᠠᠶᠢᠮᠠᠭ ᠤᠨ | ᠮᠢᠩᠭᠠᠨ ᠬᠥᠮᠦᠨ ᠤ ᠣᠷᠣ ᠶᠢᠨ ᠲᠤᠭ᠎ᠠ᠂ ᠡᠷᠡᠭᠦᠯ ᠬᠠᠮᠠᠭᠠᠯᠠᠯ ᠤᠨ ᠮᠡᠷᠭᠡᠵᠢᠯ ᠤᠨ ᠠᠵᠢᠯᠲᠠᠨ ᠤ ᠲᠤᠭ᠎ᠠ᠂ ᠠᠵᠢᠯ | ᠡᠷᠭᠢᠯᠡᠬᠦ ︵ᠲᠤᠰᠠᠯᠠᠭᠴᠢ︶ ᠡᠮᠴᠢ ᠪᠠ ᠳᠠᠩᠰᠠᠯᠠᠭᠤᠯᠤᠭᠰᠠᠨ ᠰᠤᠪᠢᠯᠠᠭᠴᠢ ᠶᠢ ᠲᠣᠰ ᠲᠣᠰ 2015 ᠣᠨ ᠳᠤ 4 . | 57᠂ 8 . 85 ᠬᠥᠮᠦᠨ᠂ 3 . 91 ᠬᠥᠮᠦᠨ ᠪᠠ 2 . 96 ᠬᠥᠮᠦᠨ ᠪᠠᠶᠢᠭᠰᠠᠨ ᠠᠴᠠ 2020 ᠣᠨ | ᠪᠣᠯᠬᠤ ᠳᠤ 5 . 46᠂ 9 . 62 ᠬᠥᠮᠦᠨ᠂ 3 . 96 ᠬᠥᠮᠦᠨ ᠪᠠ 3 . 38 ᠬᠥᠮᠦᠨ ᠪᠣᠯᠭᠠᠨ ᠨᠡᠮᠡᠭᠳᠡᠬᠦᠯᠪᠡ᠃ | ᠡᠮᠴᠢᠯᠡᠵᠦ ᠰᠤᠪᠢᠯᠠᠬᠤ ᠬᠠᠷᠢᠴᠠᠯ ᠢ 2015 ᠣᠨ ᠳᠤ 1᠄ 0 . 77 ᠪᠠᠶᠢᠭᠰᠠᠨ ᠠᠴᠠ 2020 ᠣᠨ | ᠪᠣᠯᠬᠤ ᠳᠤ 1᠄ 0 . 85 ᠪᠣᠯᠭᠠᠪᠠ᠃ | ︵ᠬᠤᠶᠠᠷ︶ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠲᠠᠰᠤᠷᠠᠯᠲᠠ ᠦᠭᠡᠢ | ᠲᠡᠭᠦᠯᠳᠡᠷᠵᠢᠪᠡ᠃ 2020 ᠣᠨ ᠪᠣᠯᠲᠠᠯ᠎ᠠ᠂ ᠪᠥᠬᠦ ᠠᠶᠢᠮᠠᠭ ᠲᠤ ᠨᠡᠶᠢᠲᠡ ᠠᠯᠪᠠᠨ ᠠᠴᠠ ᠪᠠᠶᠢᠭᠤᠯᠤᠭᠰᠠᠨ | ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ 5᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠬᠤᠷᠢᠶ᠎ᠠ 4᠂ | ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ 4᠂ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ | ᠪᠠᠶᠢᠭᠤᠯᠤᠮᠵᠢ 4᠂ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠪᠠᠶᠢᠭᠤᠯᠤᠮᠵᠢ 4᠂ ᠴᠢᠰᠤᠨ ᠤ ᠭᠤᠤᠯ ᠥᠷᠲᠡᠭᠡ | 1᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠲᠥᠪ ︵ᠥᠷᠲᠡᠭᠡ︶ 18᠂ ᠰᠤᠮᠤ | ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ 39᠂ ᠭᠠᠴᠠᠭ᠎ᠠ ︵ᠲᠣᠰᠬᠤᠨ︶ ᠶᠢᠨ ᠡᠷᠡᠭᠦᠯ ᠬᠠᠮᠠᠭᠠᠯᠠᠯ ᠤᠨ | ᠲᠠᠰᠤᠭ 170᠂ ᠡᠭᠦᠳᠡᠨ ᠡᠮᠨᠡᠯᠭᠡ ᠶᠢᠨ ᠭᠠᠵᠠᠷ ︵ᠬᠤᠪᠢ ᠶᠢᠨ ᠡᠮᠴᠢᠯᠡᠭᠡᠨ ᠤ ᠭᠠᠵᠠᠷ︶ 85 ᠪᠠᠶᠢᠵᠤ᠂ | ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ ᠭᠤᠷᠪᠠᠳᠤᠭᠠᠷ ᠳᠡᠰ ᠤᠨ ᠳᠡᠷᠢᠬᠦᠨ ᠵᠡᠷᠭᠡ ᠶᠢᠨ ᠦᠨᠳᠦᠰᠦᠲᠡᠨ ᠤ | ᠡᠮᠨᠡᠯᠭᠡ ᠶᠢᠨ ᠬᠤᠷᠢᠶ᠎ᠠ ᠶᠢᠨ ᠬᠢᠨᠠᠨ ᠲᠣᠭᠲᠠᠭᠠᠯᠲᠠ ᠶᠢ ᠥᠩᠭᠡᠷᠡᠭᠡᠪᠡ᠃ | ︵ᠭᠤᠷᠪᠠ︶ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠴᠢᠳᠠᠪᠤᠷᠢ ᠶᠢ ᠪᠦᠲᠦᠮᠵᠢᠲᠡᠶ | ᠳᠡᠭᠡᠭᠰᠢᠯᠡᠬᠦᠯᠪᠡ᠃ 2020 ᠣᠨ ᠪᠣᠯᠲᠠᠯ᠎ᠠ᠂ ᠪᠥᠬᠦ ᠠᠶᠢᠮᠠᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠣᠨᠣᠰᠢᠯᠠᠨ ᠡᠮᠨᠡᠭᠰᠡᠨ ᠶᠡᠷᠦᠩᠬᠡᠶ ᠬᠥᠮᠦᠨ ᠤᠳᠠᠭ᠎ᠠ᠂ ᠡᠮᠨᠡᠯᠭᠡ ᠠᠴᠠ ᠭᠠᠷᠤᠭᠰᠠᠨ ᠬᠥᠮᠦᠨ ᠤ | ᠲᠤᠭ᠎ᠠ ᠲᠣᠰ ᠲᠣᠰ 96 . 14 ᠲᠦᠮᠡᠨ ᠬᠥᠮᠦᠨ ᠤᠳᠠᠭ᠎ᠠ᠂ 1 . 68 ᠲᠦᠮᠡᠨ ᠬᠥᠮᠦᠨ ᠳᠤ ᠬᠦᠷᠴᠦ᠂ | 2015 ᠣᠨ ᠤ ᠬᠢ ᠠᠴᠠ ᠲᠣᠰ ᠲᠣᠰ 10 . 22 ᠲᠦᠮᠡᠨ ᠬᠥᠮᠦᠨ ᠤᠳᠠᠭ᠎ᠠ᠂ 0 . 39 ᠲᠦᠮᠡᠨ ᠬᠥᠮᠦᠨ | ᠨᠡᠮᠡᠭᠳᠡᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠬᠠᠩᠭᠠᠯᠭ᠎ᠠ ᠶᠢᠨ ᠬᠢᠷᠢ ᠲᠦᠪᠰᠢᠨ ᠤᠯᠠᠮ | ᠨᠢᠭᠡ ᠠᠯᠬᠤᠮ ᠴᠢᠩᠭᠠᠷᠠᠪᠠ︔ ᠪᠥᠬᠦ ᠠᠶᠢᠮᠠᠭ ᠤᠨ ᠵᠢᠷᠤᠮᠵᠢᠭᠰᠠᠨ ᠡᠷᠡᠭᠦᠯ ᠮᠡᠨᠳᠦ ᠶᠢᠨ ᠡᠯᠧᠺᠲᠷᠣᠨ ᠲᠠᠩᠰᠠ | ᠡᠪᠬᠡᠮᠡᠯ ᠪᠠᠶᠢᠭᠤᠯᠤᠭᠰᠠᠨ ᠨᠣᠷᠮ᠎ᠠ᠂ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠡᠷᠡᠭᠦᠯ ᠮᠡᠨᠳᠦ ᠶᠢᠨ | ᠬᠠᠮᠢᠶᠠᠷᠤᠯᠲᠠ ᠶᠢᠨ ᠨᠣᠷᠮ᠎ᠠ᠂ ᠴᠢᠰᠤᠨ ᠳᠠᠷᠤᠯᠲᠠ ᠥᠨᠳᠥᠷ ᠡᠪᠡᠳᠴᠢᠲᠡᠨ ᠪᠠ ᠰᠢᠬᠢᠷ ᠰᠢᠵᠢᠩ ᠡᠪᠡᠳᠴᠢᠲᠡᠨ ᠢ | ᠵᠢᠷᠤᠮᠵᠢᠭᠤᠯᠤᠨ ᠬᠠᠮᠢᠶᠠᠷᠬᠤ ᠨᠣᠷᠮ᠎ᠠ᠂ ᠰᠠᠪᠠ ᠶᠢᠨ ᠬᠦᠵᠦᠭᠦᠨ ᠤ ᠥᠮᠡᠨ ᠪᠠ ᠬᠥᠬᠦᠨ ᠪᠤᠯᠴᠢᠷᠬᠠᠶ ᠶᠢᠨ ᠥᠮᠡᠨ ᠢ | ᠰᠦᠢᠳᠬᠡᠯ ᠬᠤᠷᠢᠶᠠᠬᠤ ᠥᠬᠡᠶ ᠪᠠᠷ ᠪᠠᠶᠢᠴᠠᠭᠠᠵᠤ ᠪᠡᠶᠡᠯᠡᠭᠦᠯᠦᠭᠰᠡᠨ ᠨᠣᠷᠮ᠎ᠠ ᠵᠡᠷᠭᠡ ᠨᠢ ᠴᠥᠮ ᠥᠪᠡᠷᠲᠡᠭᠡᠨ ᠵᠠᠰᠠᠬᠤ | ᠣᠷᠣᠨ ᠤ ᠬᠦᠢᠴᠡᠳᠭᠡᠯ ᠲᠤᠭ᠎ᠠ ᠳᠤ ᠬᠦᠷᠦᠭᠰᠡᠨ ᠪᠤᠶᠤ ᠲᠡᠭᠦᠨ ᠠᠴᠠ ᠳᠠᠪᠠᠵᠤ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠢᠯᠡᠴᠢᠯᠡᠬᠡᠨ ᠤ ᠴᠢᠳᠠᠪᠤᠷᠢ ᠨᠢ ᠤᠯᠠᠮ ᠨᠢᠭᠡ ᠠᠯᠬᠤᠮ ᠳᠡᠭᠡᠭᠰᠢᠯᠡᠪᠡ᠃ | ︵ᠳᠥᠷᠪᠡ︶ ᠡᠮᠴᠢᠯᠡᠭᠡ ᠡᠷᠡᠭᠦᠯ ᠬᠠᠮᠠᠭᠠᠯᠠᠯ ᠤᠨ ᠳᠦᠷᠢᠮ ᠢ ᠦᠷᠭᠦᠯᠵᠢᠯᠡᠨ ᠪᠦᠷᠢᠨᠰᠢᠭᠦᠯᠪᠡ᠃ ᠡᠮ ᠡᠮᠨᠡᠯᠭᠡ | ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠡᠯ᠎ᠡ ᠵᠦᠢᠯ ᠤᠨ ᠠᠵᠢᠯ ᠤᠨ | ᠡᠭᠦᠷᠭᠡ ᠶᠢ ᠢᠳᠡᠪᠬᠢᠲᠡᠶ ᠨᠠᠶᠢᠳᠠᠪᠤᠷᠢᠵᠢᠭᠤᠯᠤᠨ᠂ ᠣᠲᠣ ᠦᠶ᠎ᠡ ᠶᠢᠨ ᠡᠮᠨᠡᠯᠭᠡ ᠶᠢᠨ ᠬᠤᠷᠢᠶ᠎ᠠ ᠶᠢᠨ ᠵᠠᠰᠠᠯᠲᠠ ᠶᠢᠨ | ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠣᠲᠣ ᠦᠶ᠎ᠡ ᠶᠢᠨ ᠡᠮᠨᠡᠯᠭᠡ ᠶᠢᠨ ᠬᠤᠷᠢᠶ᠎ᠠ ᠶᠢᠨ | ᠬᠠᠮᠢᠶᠠᠷᠤᠯᠲᠠ ᠶᠢᠨ ᠲᠦᠷᠢᠮ ᠤᠨ ᠲᠤᠷᠰᠢᠯᠲᠠ ᠶᠢᠨ ᠴᠡᠭ ᠢ ᠠᠬᠢᠭᠤᠯᠤᠨ᠂ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠲᠣᠭᠲᠠᠴᠠ ᠶᠢ ᠪᠠᠶᠢᠭᠤᠯᠤᠨ | ᠪᠦᠷᠢᠨᠰᠢᠬᠦᠯᠪᠡ︔ ︽ᠡᠮᠴᠢᠯᠡᠭᠡᠨ ᠤ ᠬᠤᠯᠪᠣᠭᠠᠲᠤ ᠴᠣᠭᠴᠠ︾ ᠶᠢᠨ ᠪᠠᠶᠢᠭᠤᠯᠤᠯᠲᠠ ᠶᠢ ᠠᠬᠢᠴᠠ ᠲᠠᠢ ᠪᠣᠯᠭᠠᠵᠤ᠂ | 2 ᠡᠮᠴᠢᠯᠡᠭᠡᠨ ᠤ ᠪᠦᠯᠦᠭᠯᠡᠯ ᠪᠠ 5 ᠡᠮᠴᠢᠯᠡᠭᠡᠨ ᠤ ᠬᠠᠮᠲᠤ ᠶᠢᠨ ᠴᠣᠭᠴᠠ ᠶᠢ ᠪᠠᠶᠢᠭᠤᠯᠤᠨ᠂ ᠱᠠᠲᠤ ᠬᠤᠪᠢᠶᠠᠨ | ᠣᠨᠣᠰᠢᠯᠠᠨ ᠡᠮᠨᠡᠬᠦ ᠳᠦᠷᠢᠮ ᠢ ᠡᠮᠬᠢ ᠵᠢᠷᠤᠮ ᠲᠠᠢ ᠠᠬᠢᠭᠤᠯᠪᠠ︔ ︽ᠡᠮ ᠢᠶᠠᠷ ᠡᠮᠨᠡᠯᠭᠡ ᠶᠢᠨ ᠬᠤᠷᠢᠶ᠎ᠠ ᠶᠢ ᠲᠡᠵᠢᠭᠡᠬᠦ | ︾ ᠲᠣᠭᠲᠠᠴᠠ ᠶᠢ ᠲᠦᠢᠯᠪᠤᠷᠢᠲᠠᠢ ᠡᠪᠳᠡᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠢ ᠪᠦᠷᠬᠦᠭᠰᠡᠨ ᠤᠯᠠᠨ | ᠲᠡᠰ ᠳᠠᠪᠬᠤᠷᠭ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠢ ᠦᠨᠳᠦᠰᠦᠨ ᠳᠡᠭᠡᠨ ᠲᠣᠭᠲᠠᠭᠠᠵᠤ᠂ ᠡᠮ ᠤᠨ | ᠵᠦᠢᠯᠡᠰ ᠤᠨ ᠬᠠᠩᠭᠠᠯᠭ᠎ᠠ ᠶᠢᠨ ᠪᠠᠲᠤᠯᠠᠭ᠎ᠠ ᠶᠢᠨ ᠲᠦᠷᠢᠮ ᠢ ᠡᠳᠦᠷ ᠢᠷᠡᠬᠦᠶ᠎ᠡ ᠲᠡᠭᠦᠯᠳᠡᠷᠵᠢᠭᠦᠯᠵᠦ᠂ ᠤᠯᠠᠨ | ᠡᠰᠢᠵᠢᠭᠰᠡᠨ ᠭᠤᠣᠯ ᠴᠣᠭᠴᠠ ᠶᠢᠨ ᠬᠠᠮᠵᠢᠯᠴᠠᠨ ᠬᠢᠨᠠᠨ ᠬᠠᠮᠢᠶᠠᠷᠬᠤ ᠪᠠᠶᠢᠳᠠᠯ ᠢ ᠠᠩᠬ᠎ᠠ ᠠᠯᠬᠤᠮ ᠪᠦᠷᠢᠯᠳᠦᠭᠦᠯᠵᠦ | ᠂ ᠪᠦᠬᠦ ᠶᠠᠪᠤᠴᠠ ᠪᠦᠬᠦ ᠬᠦᠷᠢᠶᠡᠨ ᠤ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠤᠯᠠᠮ ᠴᠢᠨᠠᠭᠰᠢᠳᠠ | ᠴᠢᠩᠭᠠᠳᠬᠠᠪᠠ᠃ | ︵ᠲᠠᠪᠤ︶ ᠡᠮᠴᠢᠯᠡᠭᠡ ᠡᠷᠡᠭᠦᠯ ᠬᠠᠮᠠᠭᠠᠯᠠᠯ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ | ᠠᠯᠬᠤᠮ ᠬᠦᠭᠵᠢᠬᠡᠪᠡ᠃ ᠡᠮᠴᠢᠯᠡᠭᠡᠨ ᠤ ᠦᠢᠯᠡᠴᠢᠯᠡᠭᠡ ᠶᠢ ᠰᠠᠶᠢᠵᠢᠷᠠᠭᠤᠯᠬᠤ ᠠᠵᠢᠯᠯᠠᠭᠠᠨ ᠤ ᠲᠥᠯᠥᠪᠯᠡᠭᠡ ᠶᠢ | ᠦᠷᠭᠦᠯᠵᠢᠯᠡᠨ ᠠᠬᠢᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ ᠳᠠᠬᠢ ᠠᠷᠠᠳ ᠲᠤ ᠲᠥᠬᠦᠮ | ᠦᠵᠡᠭᠦᠯᠵᠦ ᠠᠷᠠᠳ ᠲᠤ ᠠᠰᠢᠭ ᠬᠦᠷᠲᠡᠭᠡᠬᠦ ᠦᠢᠯᠡᠴᠢᠯᠡᠬᠡᠨ ᠤ ᠰᠣᠶᠣᠯ ᠢ ᠢᠳᠡᠪᠬᠢᠲᠡᠶ ᠪᠣᠶᠢᠵᠢᠭᠤᠯᠪᠠ︔ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠵᠦ᠂ ᠡᠷᠡᠭᠦᠯ ᠬᠠᠮᠠᠭᠠᠯᠠᠯ ᠤᠨ | ᠬᠦᠷᠢᠶᠡᠨ ᠳᠠᠬᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠭᠡᠷᠡᠴᠢ | ᠦᠨᠡᠮᠯᠡᠯ ᠢ ᠰᠠᠯᠭᠠᠬᠤ ᠥᠭᠡᠷᠡᠴᠢᠯᠡᠯᠲᠡ ᠶᠢ ᠳᠡᠯᠭᠡᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠵᠦᠢᠯᠡᠰ ᠢ | ︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠭᠡᠬᠦ︾᠂ ︽ᠮᠤᠵᠢ ᠠᠯᠤᠰᠯᠠᠨ ᠨᠡᠶᠢᠳᠡᠮ ᠬᠦᠢᠴᠡᠳᠭᠡᠬᠦ︾᠂ ︽ | ᠠᠶᠢᠮᠠᠭ ᠤᠨ ᠬᠡᠪᠴᠢᠶᠡᠨ ᠳᠤ ᠨᠡᠶᠢᠳᠡᠮ ᠬᠦᠢᠴᠡᠳᠭᠡᠬᠦ︾ ᠶᠢ ᠭᠡᠷᠡᠭᠵᠢᠬᠦᠯᠪᠡ︔ ᠪᠥᠬᠦ ᠠᠷᠠᠳ ᠤᠨ ᠡᠷᠡᠭᠦᠯ | ᠮᠡᠨᠳᠦ ᠶᠢᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ ︽ᠪᠥᠬᠦ ᠬᠥᠮᠦᠨ ᠠᠮᠠ ᠶᠢᠨ ᠳ᠋ᠠᠶᠢᠲ᠋ᠠ ᠬᠥᠮᠥᠷᠭᠡ᠂ | ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠲᠠᠩᠰᠠ ᠡᠪᠬᠡᠮᠡᠯ ᠤᠨ ᠳ᠋ᠠᠶᠢᠲ᠋ᠠ ᠬᠥᠮᠥᠷᠭᠡ ᠪᠠ ᠡᠪᠡᠳᠴᠢᠨ ᠤ | ᠡᠯᠧᠺᠲᠷᠣᠨ ᠲᠠᠩᠰᠠ ᠡᠪᠬᠡᠮᠡᠯ ᠤᠨ ᠳ᠋ᠠᠶᠢᠲ᠋ᠠ ᠬᠥᠮᠥᠷᠭᠡ︾ ᠭᠤᠷᠪᠠᠨ ᠶᠡᠭᠡ ᠰᠠᠭᠤᠷᠢ ᠳ᠋ᠠᠶᠢᠲ᠋ᠠ ᠬᠥᠮᠥᠷᠭᠡ ᠶᠢ | ᠪᠠᠶᠢᠭᠤᠯᠵᠤ᠂ ᠡᠷᠡᠭᠦᠯ ᠮᠡᠨᠳᠦ ᠶᠢᠨ ᠡᠯᠧᠺᠲᠷᠣᠨ ᠺᠠᠷᠲ ᠤᠨ ᠬᠡᠷᠡᠭᠯᠡᠯᠲᠡ ᠶᠢ ᠪᠥᠬᠦ ᠲᠠᠯ᠎ᠠ ᠪᠠᠷ ᠠᠬᠢᠭᠤᠯᠤᠨ᠂ ᠪᠣᠶ | ᠪᠥᠬᠦᠶ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ︽ᠪᠣᠳᠠᠲᠤ ᠴᠣᠭᠴᠠ ᠶᠢᠨ ᠺᠠᠷᠲ︾ ᠢᠶᠠᠷ | ᠡᠪᠡᠳᠴᠢᠨ ᠦᠵᠡᠭᠦᠯᠬᠦ ᠶᠢ ᠬᠦᠴᠦᠨ ᠥᠬᠡᠶ ᠪᠣᠯᠭᠠᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠳ᠋ᠠᠶᠢᠲ᠋ᠠ ᠶᠢᠨ | ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠬᠦᠯᠪᠡ᠃ | ︵ᠵᠢᠷᠭᠤᠭ᠎ᠠ︶ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ | ᠱᠤᠭᠤᠮ ᠲᠠᠰᠤᠷᠠᠯᠲᠠ ᠥᠬᠡᠶ ᠪᠠᠬᠢᠵᠢᠪᠡ᠃ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠠᠶᠢᠭᠤᠯᠤᠮᠵᠢ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ | ᠡᠵᠡᠮᠳᠡᠬᠦ᠂ ᠬᠥᠳᠡᠯᠦᠩᠭᠦᠶ ᠪᠠᠷ ᠰᠡᠷᠭᠡᠶᠢᠯᠡᠨ ᠡᠵᠡᠮᠳᠡᠬᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ | ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ | ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ ᠶᠢ ᠪᠠᠷᠢᠮᠲᠠᠯᠠᠵᠤ᠂ ᠴᠠᠭ ᠪᠠ ᠪᠠᠶᠢᠳᠠᠯ ᠢ | ᠦᠨᠳᠦᠰᠦᠯᠡᠨ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠳᠤ ᠲᠣᠬᠢᠷᠠᠭᠤᠯᠤᠯᠲᠠ ᠬᠢᠵᠦ᠂ ᠰᠡᠷᠭᠡᠶᠢᠯᠡᠨ ᠡᠵᠡᠮᠳᠡᠬᠦ ᠶᠢ | ᠪᠠᠶᠢᠩᠭᠤᠵᠢᠭᠤᠯᠬᠤ ᠲᠣᠭᠲᠠᠴᠠ ᠶᠢ ᠳᠡᠭᠦᠯᠳᠡᠷᠵᠢᠬᠦᠯᠪᠡ᠃ ᠣᠯᠠᠨ ᠡᠮᠨᠡᠯᠭᠡ ᠶᠢᠨ ᠠᠵᠢᠯᠲᠠᠨ ᠦᠬᠠᠨ᠂ | ᠬᠥᠬᠡᠬᠤᠲᠠ ᠶᠢᠨ ᠴᠠᠭᠠᠨ ᠰᠤᠪᠤᠷᠭ᠎ᠠ ᠨᠢᠰᠬᠡᠯ ᠤᠨ ᠪᠠᠭᠤᠳᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠭᠤᠤᠯ ᠲᠡᠶᠢᠨ ᠤ ᠲᠠᠯᠠᠪᠤᠷ ᠢ ᠲᠤᠰᠠᠯᠠᠪᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠤᠨ ︽ᠶᠡᠭᠡ ᠰᠢᠯᠭᠠᠯᠲᠠ︾ ᠶᠢᠨ ᠡᠮᠦᠨ᠎ᠡ᠂ ᠪᠦᠬᠦ ᠠᠶᠢᠮᠠᠭ ᠤᠨ ᠬᠦᠨᠳᠦ ᠶᠡᠭᠡ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠲᠣᠭᠲᠠᠴᠠ ᠪᠣᠯᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠰᠢᠰᠲ᠋ᠧᠮ ᠶᠡᠷᠦᠩᠬᠡᠢ ᠳᠡᠭᠡᠨ ᠰᠢᠯᠭᠠᠯᠲᠠ ᠶᠢ ᠳᠠᠭᠠᠭᠠᠵᠤ᠂ ᠳᠠᠪᠲᠠᠭᠳᠠᠨ ᠪᠣᠯᠪᠠᠰᠤᠷᠠᠪᠠ᠃ | ᠬᠤᠶᠠᠷ᠂ ᠲᠤᠯᠭᠠᠷᠠᠵᠤ ᠪᠠᠶᠢᠭ᠎ᠠ ᠪᠠᠶᠢᠳᠠᠯ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠮᠠᠨ ᠤ ᠤᠯᠤᠰ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ | ᠪᠡᠶᠡᠯᠡᠭᠦᠯᠦᠭᠰᠡᠨ ᠤ ᠳᠠᠷᠠᠭ᠎ᠠ᠂ ᠢᠯᠠᠯᠲᠠ ᠶᠢᠨ ᠡᠷᠴᠢᠨ ᠳᠡᠭᠡᠷ᠎ᠡ ᠪᠠᠨ ᠨᠡᠶᠢᠭᠡᠮ ᠵᠢᠷᠤᠮᠲᠤ ᠣᠳᠣᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠯᠠᠯ ᠢᠶᠠᠨ ᠡᠬᠢᠯᠡᠭᠦᠯᠵᠦ᠂ ᠬᠤᠶᠠᠳᠤᠭᠠᠷ ᠵᠠᠭᠤᠨ | ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠠᠩᠬᠠᠳᠤᠭᠠᠷ ᠲᠠᠪᠤᠨ ᠵᠢᠯ ᠪᠣᠯᠤᠨ᠎ᠠ᠂ ᠮᠥᠨ ᠴᠦ ᠠᠯᠠᠱᠠ | ᠠᠶᠢᠮᠠᠭ ᠤᠨ ᠬᠥᠭᠵᠢᠯᠲᠡ ᠶᠢᠨ ᠠᠷᠭ᠎ᠠ ᠬᠡᠯᠪᠡᠷᠢ ᠪᠠᠨ ᠲᠦᠷᠬᠡᠨ ᠬᠤᠪᠢᠷᠠᠭᠤᠯᠬᠤ ᠵᠠᠩᠭᠢᠯᠠᠭ᠎ᠠ ᠶᠢᠨ ᠲᠠᠪᠤᠨ ᠵᠢᠯ | ᠪᠣᠯᠤᠨ᠎ᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠷᠠᠳ ᠲᠦᠮᠡᠨ ᠤ ᠡᠷᠡᠭᠦᠯ | ᠮᠡᠨᠳᠦ ᠶᠢ ᠡᠩ ᠲᠡᠷᠢᠬᠦᠨ ᠳᠤ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠵᠤ᠂ ︽ᠶᠡᠭᠡ | ᠡᠷᠡᠭᠦᠯ ᠮᠡᠨᠳᠦ︾ ᠶᠢᠨ ᠵᠠᠰᠠᠯᠲᠠ ᠶᠢᠨ ᠪᠠᠶᠢᠷᠢᠰᠢᠯ ᠢ ᠪᠠᠶᠢᠭᠤᠯᠵᠤ᠂ ᠠᠮᠢ ᠨᠠᠰᠤᠨ ᠤ ᠪᠥᠬᠦ ᠦᠶᠡᠯᠡᠯ ᠤᠨ | ᠬᠤᠭᠤᠴᠠᠭ᠎ᠠ᠂ ᠪᠥᠬᠦ ᠠᠵᠢᠯ ᠲᠥᠷᠥᠯ ᠤᠨ ᠬᠠᠮᠢᠶᠠᠷᠤᠯᠲᠠ ᠶᠢ ᠴᠢᠩᠭᠠᠳᠬᠠᠵᠤ᠂ ᠡᠷᠡᠭᠦᠯ ᠡᠩᠬᠡ ᠳᠤᠮᠳᠠᠳᠤ | ᠤᠯᠤᠰ ᠤᠨ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠠᠬᠢᠭᠤᠯᠤᠨ ᠬᠡᠷᠡᠭᠵᠢᠭᠦᠯᠪᠡ᠃ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠨᠢ ᠨᠡᠶᠢᠭᠡᠮ ᠤᠨ ᠬᠥᠲᠥᠯᠥᠨ ᠳᠠᠭᠠᠭᠤᠯᠬᠤ ᠪᠠ ᠲᠤᠯᠭᠠᠭᠤᠷᠢᠯᠠᠬᠤ | ᠴᠢᠬᠤᠯᠠ ᠦᠢᠯᠡᠳᠦᠯ ᠢ ᠪᠠᠳᠠᠷᠠᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠱᠠᠲᠤᠨ ᠳᠤ ᠣᠷᠣᠬᠤ ᠪᠣᠯᠤᠨ᠎ᠠ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠮᠠᠨ ᠤ ᠠᠶᠢᠮᠠᠭ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠳᠤ ᠰᠢᠨ᠎ᠡ ᠥᠷᠢᠰᠥᠯᠳᠦᠭᠡᠨ ᠲᠤᠯᠭᠠᠷᠠᠪᠠ᠃ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠵᠡᠷᠭᠡ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠶᠢ | ᠪᠠᠶᠢᠩᠭᠤᠵᠢᠭᠤᠯᠵᠤ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ | ᠳᠠᠬᠢᠨ ᠡᠭᠦᠰᠬᠦ ᠶᠢ ᠰᠡᠷᠭᠡᠶᠢᠯᠡᠬᠦ ᠳᠠᠷᠤᠯᠲᠠ ᠮᠥᠨ ᠬᠦ ᠮᠠᠰᠢ ᠶᠡᠭᠡ ᠪᠠᠶᠢᠵᠤ᠂ ᠪᠥᠬᠦ ᠠᠶᠢᠮᠠᠭ ᠤᠨ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠤᠨ ᠪᠠᠶᠢᠭᠤᠯᠤᠯᠲᠠ ᠶᠢᠨ ᠳᠤᠲᠠᠭᠤᠳᠠᠯ ᠪᠠ ᠪᠠᠭᠤᠷᠠᠶ ᠲᠠᠯ᠎ᠠ ᠮᠥᠨ | ᠬᠦ ᠲᠣᠪᠤᠶᠢᠮ᠎ᠠ ᠪᠠᠶᠢᠨ᠎ᠠ᠃ ᠬᠥᠮᠦᠨ ᠠᠮᠠ ᠶᠢᠨ ᠨᠠᠰᠤᠵᠢᠯᠲᠠ ᠶᠢᠨ ᠠᠬᠢᠴᠠ ᠶᠢᠨ ᠲᠦᠷᠭᠡᠳᠬᠦ ᠶᠢ ᠳᠠᠭᠠᠯᠳᠤᠨ᠂ | ᠰᠠᠭᠤᠭᠠᠯᠢ ᠠᠷᠠᠳ ᠤᠨ ᠡᠪᠡᠳᠴᠢᠨ ᠡᠮᠭᠡᠭ ᠤᠨ ᠵᠢᠭᠰᠠᠯ ᠳᠤ ᠬᠤᠪᠢᠷᠠᠯᠲᠠ ᠭᠠᠷᠴᠤ᠂ ︽ᠨᠢᠭᠡ ᠨᠠᠰᠤᠲᠠᠨ ᠨᠢᠭᠡ | ᠨᠢᠯᠬ᠎ᠠ︾ ᠵᠡᠷᠭᠡ ᠭᠤᠤᠯᠳᠠᠯᠭ᠎ᠠ ᠲᠠᠢ ᠬᠥᠮᠦᠰ ᠤᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠬᠠᠩᠭᠠᠯᠭ᠎ᠠ | ᠂ ᠡᠮᠡᠭᠲᠡᠶᠢᠴᠦᠳ ᠬᠡᠦᠬᠡᠳ ᠤᠨ ᠡᠷᠡᠭᠦᠯ ᠮᠡᠨᠳᠦ ᠡᠷᠡᠭᠦᠯᠵᠢᠯ ᠪᠠ ᠡᠮᠴᠢᠯᠡᠭᠡᠨ ᠤ ᠦᠢᠯᠡᠴᠢᠯᠡᠭᠡ ᠶᠢᠨ ᠬᠡᠷᠡᠭᠴᠡᠭᠡ | ᠱᠠᠭᠠᠷᠳᠠᠯᠭ᠎ᠠ ᠲᠠᠰᠤᠷᠠᠯᠲᠠ ᠥᠬᠡᠶ ᠨᠡᠮᠡᠭᠳᠡᠵᠦ᠂ ᠬᠥᠮᠦᠨ ᠠᠮᠠ ᠶᠢᠨ ᠣᠷᠳᠣ ᠬᠤᠭᠤᠴᠠᠭ᠎ᠠ ᠪᠠᠷ ᠲᠡᠩᠴᠡᠭᠦᠷᠢᠲᠡᠶ | ᠬᠥᠭᠵᠢᠬᠦ ᠶᠢ ᠠᠬᠢᠭᠤᠯᠬᠤ ᠡᠭᠦᠷᠭᠡ ᠨᠡᠮᠡᠭᠳᠡᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠬᠡᠨ ᠤ ᠶᠡᠷᠦᠩᠬᠡᠶ | ᠬᠡᠷᠡᠭᠴᠡᠭᠡ ᠱᠠᠭᠠᠷᠳᠠᠯᠭ᠎ᠠ ᠪᠠ ᠥᠪᠡᠷᠮᠢᠴᠡ ᠬᠡᠷᠡᠭᠴᠡᠭᠡ ᠱᠠᠭᠠᠷᠳᠠᠯᠭ᠎ᠠ ᠨᠡᠮᠡᠭᠳᠡᠪᠡ᠃ ᠮᠡᠳᠡᠭᠡ ᠵᠠᠩᠭᠢᠵᠢᠯᠲᠠ ᠬᠢᠭᠡᠳ | ᠣᠶᠤᠨᠴᠢᠯᠠᠭᠰᠠᠨ ᠴᠠᠭ ᠦᠶ᠎ᠡ ᠶᠢᠨ ︽ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ︾ ᠶᠢᠨ ᠦᠢᠯᠡᠴᠢᠯᠡᠭᠡ | ᠰᠢᠨ᠎ᠡ ᠵᠠᠭᠪᠤᠷ ᠲᠤ ᠣᠷᠣᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡ ᠨᠢ ᠬᠠᠮᠢᠶᠠᠷᠤᠯᠲᠠ ᠶᠢᠨ | ᠠᠷᠭ᠎ᠠ ᠮᠠᠶ᠋ᠢᠭ᠂ ᠡᠵᠡᠩᠨᠡᠯᠲᠡ ᠶᠢᠨ ᠵᠠᠭᠪᠤᠷ᠂ ᠦᠢᠯᠡᠴᠢᠯᠡᠬᠡᠨ ᠤ ᠴᠤᠪᠤᠷᠠᠯ ᠤᠨ ᠴᠤ᠋ ᠰᠢᠨ᠎ᠡ ᠬᠤᠪᠢᠰᠤᠯᠲᠠ ᠶᠢ | ᠤᠭᠲᠤᠨ ᠠᠪᠴᠢᠷᠠᠬᠤ ᠪᠣᠯᠤᠨ᠎ᠠ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠮᠠᠨ ᠤ ᠠᠶᠢᠮᠠᠭ ᠠᠷᠠᠳ ᠲᠦᠮᠡᠨ ᠤ | ᠡᠷᠡᠭᠦᠯ ᠮᠡᠨᠳᠦ ᠶᠢ ᠪᠠᠲᠤᠯᠠᠬᠤ ᠶᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ | ᠲᠠᠯᠪᠢᠵᠤ᠂ ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ ᠴᠢᠭᠯᠡᠯᠲᠡ ᠶᠢ ᠪᠠᠷᠢᠮᠲᠠᠯᠠᠨ᠂ ᠡᠷᠡᠭᠦᠯ ᠡᠩᠬᠡ | ᠠᠯᠠᠱᠠ ᠶᠢᠨ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠦᠢᠯᠡᠴᠢᠯᠡᠬᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠪᠠ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠴᠢᠯᠡᠬᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠶᠢ ᠠᠬᠢᠭᠤᠯᠵᠤ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠰᠢᠨ᠎ᠡ ᠬᠥᠭᠵᠢᠯᠲᠡ ᠶᠢᠨ ᠠᠵᠠ ᠲᠣᠬᠢᠶᠠᠯ ᠢ ᠤᠭᠲᠤᠨ ᠠᠪᠴᠢᠷᠠᠬᠤ | ᠪᠣᠯᠤᠨ᠎ᠠ᠃ ᠡᠭᠦᠨ ᠤ ᠬᠠᠮᠲᠤ᠂ ᠮᠠᠨ ᠤ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ | ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠠᠰᠠᠭᠤᠳᠠᠯ ᠮᠥᠨ ᠬᠦ ᠣᠷᠣᠰᠢᠵᠤ ᠪᠠᠶᠢᠬᠤ ᠶᠢ ᠣᠯᠵᠤ ᠬᠠᠷᠠᠬᠤ ᠬᠡᠷᠡᠭᠲᠡᠶ᠃ | ᠨᠢᠭᠡ ᠳᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠬᠠᠷᠠᠬᠠᠨ ᠲᠦᠢᠯᠪᠤᠷᠢᠲᠠᠢ ᠪᠢᠰᠢ | ᠪᠠᠶᠢᠨ᠎ᠠ᠃ ᠡᠮ ᠡᠮᠨᠡᠯᠭᠡ᠂ ᠡᠮᠴᠢᠯᠡᠭᠡ ᠪᠠ ᠡᠮᠴᠢᠯᠡᠭᠡᠨ ᠤ ᠳᠠᠭᠠᠳᠬᠠᠯ ᠤᠨ ᠬᠤᠯᠪᠣᠭᠠᠯᠠᠨ ᠬᠥᠳᠡᠯᠦᠯᠴᠡᠬᠦ ᠪᠦᠬᠦᠯᠢ | ᠴᠣᠭᠴᠠᠲᠤ ᠴᠢᠨᠠᠷ᠂ ᠰᠢᠰᠲ᠋ᠧᠮᠲᠦ ᠴᠢᠨᠠᠷ ᠪᠠ ᠵᠣᠬᠢᠴᠠᠯᠳᠤ ᠴᠢᠨᠠᠷ ᠢ ᠮᠥᠨ ᠬᠦ ᠲᠠᠰᠤᠷᠠᠯᠲᠠ ᠥᠬᠡᠶ | ᠭᠦᠨᠵᠡᠭᠡᠶᠢᠷᠡᠭᠦᠯᠬᠦ ᠴᠢᠬᠤᠯᠠᠲᠠᠶ᠂ ᠵᠣᠬᠢᠴᠠᠭᠤᠯᠤᠨ ᠠᠬᠢᠭᠤᠯᠬᠤ ᠲᠣᠭᠲᠠᠴᠠ ᠮᠥᠨ ᠬᠦ ᠪᠦᠷᠢᠨᠰᠢᠭᠡᠳᠦᠢ᠂ | ᠵᠠᠰᠠᠯᠲᠠ ᠶᠢᠨ ᠦᠷ᠎ᠡ ᠪᠦᠲᠦᠮᠵᠢ ᠶᠢ ᠪᠠᠰᠠ ᠦᠷᠭᠦᠯᠵᠢᠯᠡᠨ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠲᠡᠶᠢᠮᠦ | ᠥᠨᠳᠥᠷ ᠪᠢᠰᠢ᠂ ᠳᠣᠲᠣᠭᠠᠳᠤ ᠶᠢᠨ ᠬᠠᠮᠢᠶᠠᠷᠤᠯᠲᠠ ᠶᠢ ᠪᠠᠰᠠ ᠰᠢᠯᠢᠳᠡᠭᠵᠢᠭᠦᠯᠦᠨ ᠲᠡᠭᠦᠯᠳᠡᠷᠵᠢᠭᠦᠯᠬᠦ ᠴᠢᠬᠤᠯᠠᠲᠠᠶ | ᠪᠠᠶᠢᠨ᠎ᠠ᠃ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠬᠥᠭᠵᠢᠯᠲᠡ ᠬᠠᠷᠢᠴᠠᠩᠭᠤᠶ ᠬᠤᠴᠣᠷᠤᠩᠭᠤᠶ | ᠂ ᠴᠢᠨᠠᠷ ᠰᠠᠶᠢᠲᠠᠶ ᠦᠢᠯᠡᠴᠢᠯᠡᠭᠡ ᠬᠠᠩᠭᠠᠬᠤ ᠴᠢᠳᠠᠪᠤᠷᠢ ᠨᠡᠯᠢᠶᠡᠳ ᠪᠠᠭᠤᠷᠠᠶ᠂ ᠱᠠᠲᠤ ᠬᠤᠪᠢᠶᠠᠨ ᠣᠨᠣᠰᠢᠯᠠᠨ ᠡᠮᠨᠡᠬᠦ | ᠦᠷ᠎ᠡ ᠪᠦᠲᠦᠮᠵᠢ ᠢᠯᠡᠷᠬᠡᠶ ᠪᠤᠰᠤ ᠪᠠᠶᠢᠨ᠎ᠠ᠃ ᠬᠤᠶᠠᠷ ᠲᠤ ᠡᠮ ᠡᠮᠨᠡᠯᠭᠡ ᠶᠢᠨ ᠦᠢᠯᠡᠴᠢᠯᠡᠭᠡᠨ ᠤ ᠰᠢᠰᠲ᠋ᠧᠮ ᠤᠨ | ᠪᠠᠶᠢᠭᠤᠯᠤᠯᠲᠠ ᠬᠠᠷᠠᠬᠠᠨ ᠲᠡᠭᠦᠯᠳᠡᠷᠵᠢᠭᠡᠳᠦᠢ ᠪᠠᠶᠢᠨ᠎ᠠ᠃ ᠰᠢᠯᠢᠳᠡᠭ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ | ᠬᠦᠷᠦᠯᠴᠡᠬᠦ ᠦᠭᠡᠢ᠂ ᠪᠠᠶᠢᠷᠢᠯᠠᠭᠤᠯᠤᠯᠲᠠ ᠲᠡᠩᠴᠡᠭᠦᠷᠢ ᠦᠭᠡᠢ᠃ ᠡᠮᠴᠢᠯᠡᠭᠡᠨ ᠤ ᠪᠠᠶᠢᠭᠤᠯᠤᠮᠵᠢ ᠨᠢ ᠣᠨᠣᠰᠢᠯᠠᠨ | ᠡᠮᠨᠡᠬᠦ ᠲᠥᠷᠥᠯ ᠵᠦᠢᠯ ᠬᠡᠲᠦ ᠴᠥᠭᠡᠨ ᠪᠠᠶᠢᠵᠤ᠂ ᠠᠶᠢᠮᠠᠭ ᠬᠤᠲᠠ ᠵᠢᠴᠢ ᠲᠡᠭᠦᠨ ᠠᠴᠠ ᠳᠡᠭᠡᠭᠰᠢᠬᠢ ᠲᠠᠰ ᠤᠨ | ᠡᠮᠴᠢᠯᠡᠭᠡᠨ ᠤ ᠭᠤᠤᠯᠳᠠᠯᠭ᠎ᠠ ᠲᠠᠢ ᠰᠢᠨᠵᠢᠯᠡᠭᠡᠨ ︵ᠲᠤᠷᠰᠢᠯᠲᠠ ᠶᠢᠨ ᠲᠠᠰᠤᠭ︶ ᠥᠬᠡᠶ︔ ᠣᠷᠣᠨ ᠪᠦᠰᠡ ᠶᠢᠨ | ᠴᠢᠨᠠᠷᠲᠠᠶ ᠡᠮᠴᠢᠯᠡᠭᠡᠨ ᠤ ᠲᠥᠪ ᠤᠨ ᠴᠢᠳᠠᠪᠤᠷᠢ ᠶᠢᠨ ᠲᠠᠰ ᠢ ᠳᠡᠭᠡᠭᠰᠢᠯᠡᠭᠦᠯᠬᠦ ᠴᠢᠬᠤᠯᠠᠲᠠᠶ ᠪᠠᠶᠢᠵᠤ᠂ ᠦᠨᠳᠦᠰᠦᠨ | ᠱᠠᠲᠤᠨ ᠤ ᠦᠢᠯᠡᠴᠢᠯᠡᠬᠡᠨ ᠤ ᠴᠢᠨᠠᠷ ᠴᠢᠨᠰᠠᠭ᠎ᠠ ᠶᠢ ᠮᠥᠨ ᠬᠦ ᠴᠢᠩᠭᠠᠳᠬᠠᠬᠤ ᠴᠢᠬᠤᠯᠠᠲᠠᠶ ᠪᠠᠶᠢᠨ᠎ᠠ︔ ᠬᠢᠲᠠᠳ ᠡᠮ | ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠥᠭᠵᠢᠯᠲᠡ ᠶᠢᠨ ᠰᠢᠨ᠎ᠡ ᠶᠢ ᠡᠭᠦᠳᠬᠦ ᠲᠠᠯ᠎ᠠ ᠪᠠᠷ ᠬᠦᠷᠦᠯᠴᠡᠬᠦ ᠥᠬᠡᠶ᠂ | ᠤᠯᠠᠮᠵᠢᠯᠠᠨ ᠵᠠᠯᠭᠠᠮᠵᠢᠯᠠᠬᠤ ᠲᠠᠯ᠎ᠠ ᠪᠠᠷ ᠬᠦᠷᠦᠯᠴᠡᠬᠦ ᠥᠬᠡᠶ ᠪᠠᠶᠢᠵᠤ᠂ ᠣᠯᠠᠨ ᠡᠰᠢᠵᠢᠭᠰᠡᠨ ᠡᠷᠡᠭᠦᠯ ᠮᠡᠨᠳᠦ ᠶᠢᠨ | ᠦᠢᠯᠡᠴᠢᠯᠡᠬᠡᠨ ᠤ ᠰᠢᠰᠲ᠋ᠧᠮᠵᠢ ᠶᠢ ᠪᠤᠶᠢᠵᠢᠭᠤᠯᠬᠤ ᠴᠢᠬᠤᠯᠠᠲᠠᠶ ᠪᠠᠶᠢᠨ᠎ᠠ︔ ᠡᠷᠡᠭᠦᠯ ᠬᠠᠮᠠᠭᠠᠯᠠᠯ ᠤᠨ ᠲᠤᠰᠬᠠᠶ | ᠮᠡᠷᠭᠡᠵᠢᠯ ᠤᠨ ᠴᠢᠳᠠᠪᠤᠷᠢᠲᠠᠨ ᠳᠤᠲᠠᠭᠳᠠᠬᠤ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠬᠦᠷᠦᠯᠴᠡᠬᠦ ᠦᠭᠡᠶ ᠪᠠᠶᠢᠬᠤ | ᠶᠠᠪᠤᠳᠠᠯ ᠵᠡᠷᠭᠡᠪᠡᠷ ᠣᠷᠣᠰᠢᠵᠤ ᠪᠠᠶᠢᠨ᠎ᠠ᠃ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠠᠪᠤᠷᠠᠨ ᠵᠠᠰᠠᠬᠤ | ᠴᠢᠳᠠᠪᠤᠷᠢ ᠶᠢᠨ ᠰᠠᠭᠤᠷᠢ ᠪᠠᠭᠤᠷᠠᠶ᠃ ᠭᠤᠷᠪᠠ ᠳᠤ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠤᠨ | ᠪᠠᠶᠢᠭᠤᠯᠤᠯᠲᠠ ᠶᠢᠨ ᠳᠤᠲᠠᠭᠤᠳᠠᠯ ᠢᠯᠡᠷᠬᠡᠢ ᠪᠠᠶᠢᠨ᠎ᠠ᠃ ᠨᠢᠭᠡᠳᠦᠯᠲᠡᠶ ᠤᠳᠤᠷᠢᠳᠤᠭᠰᠠᠨ᠂ ᠡᠷᠬᠡ ᠬᠠᠷᠢᠭᠤᠴᠠᠯᠭ᠎ᠠ | ᠵᠣᠬᠢᠴᠠᠯᠳᠤᠭᠰᠠᠨ᠂ ᠨᠠᠶᠢᠳᠠᠪᠣᠷᠢᠳᠠᠢ ᠪᠥᠭᠡᠳ ᠥᠨᠳᠥᠷ ᠪᠦᠲᠦᠮᠵᠢᠲᠡᠶ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠬᠦ ᠴᠢᠬᠤᠯᠠᠲᠠᠶ | ᠪᠠᠶᠢᠵᠤ᠂ ᠡᠮᠴᠢᠯᠡᠭᠡ ᠰᠡᠷᠭᠡᠶᠢᠯᠡᠯᠲᠡ ᠶᠢ ᠬᠠᠮᠵᠢᠯᠴᠠᠭᠤᠯᠤᠭᠰᠠᠨ ᠢᠶᠠᠷ ᠬᠦᠢᠴᠡᠳ ᠪᠤᠰᠤ᠂ ᠡᠩᠬᠡ ᠲᠠᠶᠢᠪᠤᠩ ᠪᠠᠴᠢᠮ | ᠪᠠᠶᠢᠳᠠᠯ ᠢ ᠤᠶᠠᠯᠳᠤᠭᠤᠯᠤᠭᠰᠠᠨ ᠢᠶᠠᠷ ᠨᠢᠭᠲᠠ ᠪᠤᠰᠤ ᠪᠠᠶᠢᠨ᠎ᠠ︔ ᠠᠶᠢᠮᠠᠭ ᠬᠤᠰᠢᠭᠤ ᠬᠤᠶᠠᠷ ᠱᠠᠲᠤᠨ ᠤ | ᠬᠠᠯᠳᠠᠪᠤᠷᠢᠲᠤ ᠡᠪᠡᠳᠴᠢᠨ ᠤ ᠲᠤᠰᠬᠠᠶ ᠠᠪᠤᠷᠠᠨ ᠵᠠᠰᠠᠬᠤ ᠪᠠᠶᠢᠭᠤᠯᠤᠮᠵᠢ᠂ ᠡᠬᠡ ᠨᠢᠯᠬᠠᠰ ᠤᠨ ᠡᠷᠡᠭᠦᠯ ᠮᠡᠨᠳᠦ ᠶᠢ | ᠬᠠᠮᠠᠭᠠᠯᠠᠬᠤ ᠪᠠᠶᠢᠭᠤᠯᠤᠮᠵᠢ᠂ ᠮᠡᠳᠡᠷᠡᠯ ᠤᠨ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠪᠠᠶᠢᠭᠤᠯᠤᠮᠵᠢ᠂ ᠴᠢᠰᠤ | ᠠᠪᠬᠤ ᠬᠠᠩᠭᠠᠬᠤ ᠪᠠᠶᠢᠭᠤᠯᠤᠮᠵᠢ ᠶᠢᠨ ᠪᠠᠶᠢᠭᠤᠯᠤᠯᠲᠠ ᠬᠢᠭᠡᠳ ᠪᠠᠶᠢᠷᠢᠯᠠᠭᠤᠯᠤᠯᠲᠠ ᠪᠦᠷᠢᠨ ᠪᠤᠰᠤ ᠪᠠᠶᠢᠨ᠎ᠠ︔ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠵᠢᠯ ᠡᠷᠬᠢᠯᠡᠬᠦ ᠡᠮᠴᠢ ᠵᠡᠷᠭᠡ ᠲᠤᠰᠬᠠᠶ ᠮᠡᠷᠭᠡᠵᠢᠯ ᠤᠨ ᠠᠵᠢᠯᠲᠠᠨ | ᠳᠤᠲᠠᠭᠳᠠᠵᠤ᠂ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠪᠠᠶᠢᠴᠠᠭᠠᠨ ᠬᠡᠮᠵᠢᠬᠦ ᠴᠢᠳᠠᠪᠤᠷᠢ ᠬᠦᠷᠦᠯᠴᠡᠬᠦ ᠦᠭᠡᠶ | ᠪᠠᠶᠢᠨ᠎ᠠ︔ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠡᠮᠴᠢᠯᠡᠭᠡᠨ ᠤ ᠡᠳ᠋ ᠪᠣᠳᠠᠰ ᠤᠨ | ᠨᠥᠭᠡᠴᠡᠯᠡᠯᠲᠡ ᠶᠢᠨ ᠰᠠᠭᠤᠷᠢ ᠪᠠᠭᠤᠷᠠᠶ ᠪᠠᠶᠢᠵᠤ᠂ ᠲᠣᠬᠢᠷᠠᠭᠤᠯᠬᠤ ᠪᠠ ᠡᠭᠡᠯᠵᠢᠯᠡᠨ ᠬᠡᠷᠡᠭᠯᠡᠬᠦ ᠶᠢ ᠨᠢᠭᠡᠳᠦᠯᠲᠡᠶ | ᠲᠥᠯᠥᠪᠵᠢᠭᠦᠯᠦᠨ ᠲᠣᠬᠢᠷᠠᠭᠤᠯᠬᠤ ᠲᠣᠭᠲᠠᠴᠠ ᠲᠡᠭᠦᠯᠳᠡᠷᠵᠢᠭᠡᠳᠦᠶ ᠪᠠᠶᠢᠨ᠎ᠠ︔ ᠣᠯᠠᠨ ᠭᠠᠵᠠᠷ ᠤᠨ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠦᠢᠯᠡᠳᠦᠯ ᠢᠶᠠᠨ ᠪᠠᠳᠠᠷᠠᠭᠤᠯᠬᠤ ᠲᠠᠯ᠎ᠠ ᠪᠠᠷ ᠨᠠᠷᠢᠯᠢᠭ ᠣᠨᠣᠪᠴᠢᠳᠠᠢ | ᠪᠥᠬᠦ ᠲᠠᠯ᠎ᠠ ᠶᠢᠨ ᠪᠢᠰᠢ᠃ ᠳᠥᠷᠪᠡ ᠳᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ ᠬᠠᠷᠠᠬᠠᠨ ᠲᠡᠭᠦᠯᠳᠡᠷᠵᠢᠭᠡᠳᠦᠶ ᠪᠠᠶᠢᠨ᠎ᠠ᠃ ᠠᠶᠢᠮᠠᠭ ᠤᠨ ᠱᠠᠲᠤᠨ ᠤ ᠪᠥᠬᠦ ᠠᠷᠠᠳ ᠤᠨ ᠡᠷᠡᠭᠦᠯ | ᠮᠡᠨᠳᠦ ᠶᠢᠨ ᠮᠡᠳᠡᠭᠡ ᠵᠠᠩᠭᠢᠵᠢᠯᠲᠠ ᠶᠢᠨ ᠲᠠᠪᠴᠠᠩ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠪᠣᠯᠤᠨ ᠲᠤᠭ᠎ᠠ | ᠪᠠᠷᠢᠮᠲᠠ ᠶᠢᠨ ᠬᠡᠷᠡᠭᠯᠡᠭᠡᠨ ᠤ ᠦᠷ᠎ᠡ ᠪᠦᠲᠦᠮᠵᠢ ᠶᠢ ᠪᠠᠰᠠ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠤᠭ᠎ᠠ | ᠪᠠᠷᠢᠮᠲᠠ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠬᠢᠷᠢ ᠲᠦᠪᠰᠢᠨ ᠢ ᠪᠠᠰᠠ ᠳᠡᠭᠡᠭᠰᠢᠯᠡᠭᠦᠯᠬᠦ | ᠴᠢᠬᠤᠯᠠᠲᠠᠶ ᠪᠠᠶᠢᠨ᠎ᠠ᠃ | ᠭᠤᠷᠪᠠ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠠᠭᠤᠤ ᠶᠡᠭᠡ ᠲᠤᠭ ᠢ ᠥᠨᠳᠥᠷ ᠮᠠᠨᠳᠣᠭᠤᠯᠣᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠬᠦᠨᠵᠡᠬᠡᠢ ᠳᠣᠣᠱᠯᠠᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ | ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠦ᠂ ᠰᠢᠨ᠎ᠡ | ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠳᠣᠣᠱᠯᠠᠭᠤᠯᠵᠦ᠂ | ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠨ ᠦᠢᠯᠡᠴᠢᠯᠡᠵᠦ᠂ ᠠᠷᠠᠳ ᠲᠦᠮᠡᠨ ᠤ ᠡᠷᠡᠭᠦᠯ ᠮᠡᠨᠳᠦ ᠪᠠᠷ | ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠳᠠᠯᠠᠨ᠂ ᠰᠢᠨ᠎ᠡ ᠴᠠᠭ ᠦᠶ᠎ᠡ ᠶᠢᠨ ᠡᠷᠡᠭᠦᠯ ᠬᠠᠮᠠᠭᠠᠯᠠᠯ | ᠬᠢᠭᠡᠳ ᠡᠷᠡᠭᠦᠯ ᠮᠡᠨᠳᠦ ᠶᠢᠨ ᠠᠵᠢᠯ ᠤᠨ ᠴᠢᠭᠯᠡᠯᠲᠡ ᠶᠢ ᠪᠠᠷᠢᠮᠳᠠᠯᠠᠨ᠂ ᠠᠷᠠᠳ ᠣᠯᠠᠨ ᠤ ᠡᠷᠡᠭᠦᠯ ᠮᠡᠨᠳᠦ ᠶᠢᠨ ᠡᠷᠬᠡ | ᠠᠰᠢᠭ ᠢ ᠬᠠᠮᠠᠭᠠᠯᠠᠬᠤ ᠪᠠᠷ ᠵᠣᠷᠢᠯᠲᠠ ᠪᠣᠯᠭᠠᠨ᠂ ᠬᠥᠮᠦᠨ ᠪᠦᠬᠦᠨ ᠦᠨᠳᠦᠰᠦᠨ ᠡᠮ ᠡᠮᠨᠡᠯᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡ ᠶᠢ ᠡᠳ᠋ᠯᠡᠬᠦ ᠪᠠᠷ ᠬᠠᠷᠠᠯᠲᠠ ᠪᠣᠯᠭᠠᠨ᠂ ᠦᠢᠯᠡᠴᠢᠯᠡᠬᠡᠨ ᠤ ᠴᠢᠳᠠᠪᠤᠷᠢ ᠶᠢ | ᠳᠡᠭᠡᠭᠰᠢᠯᠡᠭᠦᠯᠬᠦ ᠪᠠᠷ ᠭᠤᠤᠯ ᠪᠣᠯᠭᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ | ᠪᠣᠯᠭᠠᠵᠦ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠦ᠂ ᠡᠷᠡᠭᠦᠯ ᠮᠡᠨᠳᠦ ᠶᠢ ᠠᠬᠢᠭᠤᠯᠬᠤ ᠪᠠ ᠴᠢᠨᠠᠷ ᠰᠠᠶᠢᠲᠠᠶ | ᠡᠷᠡᠭᠦᠯ ᠮᠡᠨᠳᠦ ᠶᠢᠨ ᠦᠢᠯᠡᠴᠢᠯᠡᠬᠡᠨ ᠤ ᠬᠠᠩᠭᠠᠯᠭ᠎ᠠ ᠶᠢ ᠨᠠᠩ ᠲᠣᠪᠤᠶᠢᠮ᠎ᠠ ᠪᠠᠶᠢᠷᠢᠨ ᠳᠤ ᠲᠠᠯᠪᠢᠨ᠎ᠠ᠃ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠪᠠ ᠡᠮᠴᠢᠯᠡᠭᠡᠨ ᠤ ᠦᠢᠯᠡᠴᠢᠯᠡᠭᠡ ᠶᠢᠨ ᠰᠢᠰᠲ᠋ᠧᠮᠵᠢ ᠶᠢ ᠦᠷᠭᠦᠯᠵᠢᠯᠡᠨ | ᠲᠡᠭᠦᠯᠳᠡᠷᠵᠢᠭᠦᠯᠦᠭᠰᠡᠨ ᠰᠠᠭᠤᠷᠢᠨ ᠳᠡᠭᠡᠷ᠎ᠡ᠂ ᠡᠷᠡᠭᠦᠯ ᠡᠩᠬᠡ ᠠᠯᠠᠱᠠ ᠶᠢᠨ ᠠᠵᠢᠯᠯᠠᠭ᠎ᠠ ᠪᠠ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠡᠭᠦᠷᠭᠡ ᠶᠢ ᠨᠢᠭᠡᠳᠦᠯᠲᠡᠶ ᠲᠥᠯᠥᠪᠯᠡᠨ | ᠠᠬᠢᠭᠤᠯᠵᠤ᠂ ᠨᠠᠩ ᠶᠡᠭᠡ ᠡᠷᠴᠢᠮ ᠢᠶᠠᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠦᠢᠯᠡᠰ ᠤᠨ ᠨᠠᠩ ᠴᠢᠨᠠᠷ ᠰᠠᠶᠢᠲᠠᠶ᠂ ᠨᠠᠩ ᠦᠷ᠎ᠡ ᠪᠦᠲᠦᠮᠵᠢᠲᠡᠶ᠂ ᠨᠠᠩ ᠲᠥᠪ ᠭᠤᠤᠯᠴᠢ᠂ ᠨᠠᠩ | ᠦᠷᠭᠦᠯᠵᠢᠯᠡᠬᠦ ᠬᠥᠭᠵᠢᠯᠲᠡ ᠶᠢ ᠠᠬᠢᠭᠤᠯᠤᠨ᠎ᠠ᠃ | ︵ᠬᠤᠶᠠᠷ︶ ᠦᠨᠳᠦᠰᠦᠨ ᠵᠠᠷᠴᠢᠮ | ᠠᠷᠠᠳ ᠲᠦᠮᠡᠨ ᠢ ᠳᠡᠭᠡᠳᠦᠯᠡᠵᠦ᠂ ᠡᠷᠡᠭᠦᠯ ᠮᠡᠨᠳᠦ ᠶᠢ ᠲᠡᠷᠢᠭᠦᠨ ᠳᠤ ᠳᠠᠯᠪᠢᠨ᠎ᠠ᠃ ᠠᠷᠠᠳ ᠣᠯᠠᠨ ᠤ ᠡᠷᠡᠭᠦᠯ | ᠮᠡᠨᠳᠦ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠪᠠᠷᠢᠮᠲᠠᠯᠠᠵᠤ᠂ ᠠᠯᠢᠪᠠ ᠪᠦᠬᠦᠨ ᠳᠤ ᠠᠷᠠᠳ ᠣᠯᠠᠨ ᠤ ᠡᠷᠡᠭᠦᠯ | ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠠᠴᠠ ᠡᠭᠦᠰᠴᠦ᠂ ᠠᠯᠢᠪᠠ ᠪᠦᠬᠦᠨ ᠳᠤ ᠠᠷᠠᠳ ᠣᠯᠠᠨ ᠤ | ᠭᠤᠤᠯ ᠪᠣᠯᠬᠤ ᠡᠷᠡᠭᠦᠯ ᠮᠡᠨᠳᠦ ᠶᠢᠨ ᠠᠰᠠᠭᠤᠳᠠᠯ ᠢ ᠰᠢᠢᠳᠪᠦᠷᠢᠯᠡᠬᠦ ᠪᠠᠷ ᠤᠳᠤᠷᠢᠳᠤᠮᠵᠢ ᠪᠣᠯᠭᠠᠵᠤ᠂ ᠠᠷᠠᠳ | ᠣᠯᠠᠨ ᠤ ᠡᠪᠡᠳᠴᠢᠯᠡᠪᠡᠯ ᠦᠵᠡᠭᠦᠯᠬᠦ ᠡᠮᠨᠡᠯᠭᠡ ᠲᠠᠢ ᠪᠠᠶᠢᠬᠤ ᠶᠢ ᠴᠢᠷᠮᠠᠶᠢᠨ ᠪᠡᠶᠡᠯᠡᠭᠦᠯᠵᠦ᠂ ᠠᠷᠠᠳ ᠣᠯᠠᠨ ᠤ | ᠬᠠᠮᠲᠤᠪᠠᠷ ᠭᠥᠷᠳᠡᠬᠦ ᠬᠥᠭᠵᠢᠯᠲᠡ ᠶᠢᠨ ᠳᠤᠮᠳᠠ ᠨᠠᠩ ᠣᠯᠠᠨ ᠡᠷᠡᠭᠦᠯ ᠮᠡᠨᠳᠦ ᠶᠢᠨ ᠬᠦᠷᠲᠡᠮᠵᠢ ᠶᠢᠨ ᠲᠥᠷᠥᠭᠳᠡᠯ ᠲᠠᠢ | ᠪᠣᠯᠭᠠᠨ᠎ᠠ᠃ | ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ᠂ ᠭᠤᠣᠯᠳᠠᠯᠭ᠎ᠠ ᠶᠢ ᠲᠣᠪᠤᠶᠢᠯᠭᠠᠨ᠎ᠠ᠃ ᠠᠵᠤ ᠠᠬᠤᠶ | ᠨᠡᠶᠢᠭᠡᠮ ᠤᠨ ᠬᠥᠭᠵᠢᠯᠲᠡ ᠬᠢᠭᠡᠳ ᠠᠷᠠᠳ ᠣᠯᠠᠨ ᠤ ᠡᠷᠡᠭᠦᠯ ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠶᠢ ᠨᠢᠭᠡᠳᠦᠯᠲᠡᠶ | ᠲᠥᠯᠥᠪᠯᠡᠵᠦ᠂ ᠤᠷᠢᠳᠴᠢᠯᠠᠨ ᠰᠡᠷᠭᠡᠶᠢᠯᠡᠬᠦ᠂ ᠡᠮᠴᠢᠯᠡᠭᠡ ᠪᠠ ᠡᠷᠡᠭᠦᠯᠵᠢᠯ ᠢ ᠨᠢᠭᠡᠳᠦᠯᠲᠡᠶ ᠲᠥᠯᠥᠪᠯᠡᠨ᠂ ᠡᠩ ᠤᠨ | ᠦᠶ᠎ᠡ ᠪᠠ ᠲᠡᠶᠢᠨ ᠤ ᠦᠶ᠎ᠡ ᠶᠢᠨ ᠬᠢ ᠶᠢ ᠨᠢᠭᠡᠳᠦᠯᠲᠡᠶ ᠲᠥᠯᠥᠪᠯᠡᠨ ᠤᠶᠠᠯᠳᠤᠭᠤᠯᠵᠤ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠦᠢᠯᠡᠰ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠪᠠᠴᠢᠮ ᠪᠠᠶᠢᠳᠠᠯ ᠢ ᠠᠷᠭᠠᠴᠠᠬᠤ | ᠰᠢᠰᠲ᠋ᠧᠮᠵᠢ ᠶᠢᠨ ᠪᠠᠶᠢᠭᠤᠯᠤᠯᠲᠠ ᠶᠢ ᠶᠡᠬᠡᠪᠡᠷ ᠴᠢᠩᠭᠠᠳᠬᠠᠨ᠂ ᠱᠠᠲᠤ ᠬᠤᠪᠢᠶᠠᠨ ᠣᠨᠣᠰᠢᠯᠠᠨ ᠡᠮᠨᠡᠬᠦ ᠲᠦᠷᠢᠮ ᠤᠨ | ᠥᠭᠡᠷᠡᠴᠢᠯᠡᠯᠲᠡ ᠶᠢ ᠲᠦᠷᠬᠡᠨ ᠠᠬᠢᠭᠤᠯᠵᠤ᠂ ᠬᠥᠭᠵᠢᠯᠲᠡ ᠶᠢᠨ ︽ᠳᠤᠲᠠᠭᠤᠳᠠᠯ︾ ︽ᠪᠠᠭᠤᠷᠠᠶ ᠲᠠᠯ᠎ᠠ︾ ᠶᠢ | ᠨᠥᠬᠦᠪᠥᠷᠢᠯᠡᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠤᠨ᠎ᠠ᠃ | ᠣᠯᠠᠨ ᠲᠠᠯ᠎ᠠ ᠪᠠᠷ ᠬᠤᠯᠪᠣᠭᠠᠯᠠᠨ ᠬᠥᠳᠡᠯᠦᠯᠴᠡᠵᠦ᠂ ᠬᠠᠮᠵᠢᠯᠴᠠᠨ ᠬᠠᠮᠲᠤ ᠪᠠᠷ ᠪᠦᠲᠦᠭᠡᠨ ᠪᠠᠶᠢᠭᠤᠯᠣᠨ᠎ᠠ᠃ | ︽ᠭᠤᠷᠪᠠᠨ ᠡᠮᠨᠡᠯᠭᠡ ᠬᠤᠯᠪᠣᠭᠠᠯᠠᠨ ᠬᠥᠳᠡᠯᠦᠯᠴᠡᠬᠦ᠂ ᠳᠣᠲᠣᠭᠠᠳᠤ ᠭᠠᠳᠠᠭᠠᠳᠤ ᠬᠤᠯᠪᠣᠭᠠᠯᠠᠨ ᠬᠥᠳᠡᠯᠦᠯᠴᠡᠬᠦ᠂ | ᠵᠠᠰᠠᠭ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠬᠤᠯᠪᠣᠭᠠᠯᠠᠨ ᠬᠥᠳᠡᠯᠦᠯᠴᠡᠬᠦ︾ ᠶᠢ ᠪᠠᠷᠢᠮᠲᠠᠯᠠᠵᠤ᠂ ᠡᠯ᠎ᠡ | ᠰᠠᠯᠠᠭ᠎ᠠ ᠮᠥᠴᠢᠷ᠂ ᠡᠯ᠎ᠡ ᠲᠠᠯ᠎ᠠ ᠶᠢᠨ ᠬᠠᠮᠵᠢᠯᠴᠠᠬᠤ ᠠᠵᠢᠯ ᠤᠨ ᠲᠣᠭᠲᠠᠴᠠ ᠶᠢ ᠪᠠᠶᠢᠭᠤᠯᠤᠨ᠂ ᠡᠷᠡᠭᠦᠯ ᠮᠡᠨᠳᠦ ᠶᠢ | ᠪᠣᠶ ᠪᠥᠬᠦᠶ ᠲᠥᠷᠥ ᠶᠢᠨ ᠪᠣᠳᠣᠯᠭ᠎ᠠ ᠳᠤ ᠠᠭᠤᠰᠤᠯᠴᠠᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ | ᠦᠢᠯᠡᠳᠦᠯ ᠢ ᠬᠦᠢᠴᠡᠳ ᠪᠠᠳᠠᠷᠠᠭᠤᠯᠤᠨ᠂ ᠬᠤᠪᠢ ᠬᠥᠮᠦᠨ ᠤ ᠡᠷᠡᠭᠦᠯ ᠮᠡᠨᠳᠦ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠰᠢᠰᠲ᠋ᠧᠮᠲᠦ | ᠴᠢᠨᠠᠷ᠂ ᠪᠦᠬᠦᠯᠢ ᠴᠣᠭᠴᠠᠲᠤ ᠴᠢᠨᠠᠷ ᠪᠠ ᠬᠠᠮᠵᠢᠯᠴᠠᠬᠤ ᠴᠢᠨᠠᠷ ᠢ ᠴᠢᠩᠭᠠᠳᠬᠠᠨ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦ ᠪᠠᠨ ᠬᠠᠮᠲᠤᠳᠬᠠᠨ ᠠᠬᠢᠭᠤᠯᠤᠨ᠎ᠠ᠃ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠲᠥᠷᠥ ᠶᠢᠨ ᠪᠣᠳᠣᠯᠭ᠎ᠠ ᠶᠢ ᠤᠷᠢᠳᠠᠪᠠᠷ ᠬᠡᠷᠡᠭᠵᠢᠭᠦᠯᠦᠨ᠎ᠡ᠃ | ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠦᠨᠳᠦᠰᠦᠨ ᠴᠢᠭᠯᠡᠯ ᠢ ᠪᠠᠷᠢᠮᠲᠠᠯᠠᠵᠤ᠂ ᠲᠥᠷᠥ ᠶᠢᠨ | ᠪᠣᠳᠣᠯᠭ᠎ᠠ ᠶᠢᠨ ᠰᠢᠨ᠎ᠡ ᠡᠭᠦᠳᠦᠯᠲᠡ ᠶᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢ | ᠬᠥᠲᠥᠯᠥᠨ ᠳᠠᠭᠠᠭᠤᠯᠬᠤ ᠨᠢᠭᠡᠳᠦᠭᠡᠷ ᠬᠥᠳᠡᠯᠭᠡᠬᠦ ᠬᠦᠴᠦᠨ ᠪᠣᠯᠭᠠᠨ᠎ᠠ᠃ ᠰᠢᠨᠵᠢᠯᠡᠬᠦ ᠤᠬᠠᠭᠠᠨᠴᠢ ᠥᠭᠡᠷᠡᠴᠢᠯᠡᠯᠲᠡ | ᠬᠥᠭᠵᠢᠯᠲᠡ ᠶᠢᠨ ᠣᠨᠣᠯᠵᠢᠬᠤᠨ ᠢ ᠪᠣᠶ ᠪᠣᠯᠭᠠᠵᠤ᠂ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢᠨ ᠪᠠᠶᠢᠭᠤᠯᠤᠯ | ᠲᠣᠭᠲᠠᠴᠠ ᠶᠢ ᠪᠦᠷᠢᠨᠰᠢᠭᠦᠯᠦᠨ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠦᠲᠦᠮᠵᠢᠲᠡᠶ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠵᠦ᠂ ᠡᠷᠡᠭᠦᠯ ᠬᠠᠮᠠᠭᠠᠯᠠᠯ ᠤᠨ ᠡᠷᠡᠭᠦᠯ ᠢᠶᠠᠷ ᠬᠥᠭᠵᠢᠬᠦ ᠠᠷᠭ᠎ᠠ ᠮᠠᠶ᠋ᠢᠭ ᠢ ︽ᠡᠷᠡᠭᠦᠯ | ᠮᠡᠨᠳᠦ ᠪᠠᠷ ᠭᠤᠣᠯ ᠪᠣᠯᠭᠠᠬᠤ︾ ᠲᠡᠰᠢ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠠᠭᠤᠯᠤᠭᠳᠠᠬᠤᠨ ᠮᠠᠶ᠋ᠢᠭ ᠤᠨ | ᠬᠥᠭᠵᠢᠯᠲᠡ ᠶᠢ ᠪᠡᠶᠡᠯᠡᠭᠦᠯᠦᠨ᠎ᠡ᠃ | ᠡᠷᠬᠡ ᠲᠡᠭᠰᠢ ᠲᠥᠪ ᠭᠤᠤᠯᠴᠢ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠨ᠎ᠡ᠃ ᠵᠠᠰᠠᠭ ᠤᠨ ᠣᠷᠳᠣᠨ ᠤ | ᠵᠣᠬᠢᠶᠠᠨ ᠪᠠᠶᠢᠭᠤᠯᠵᠤ ᠬᠥᠲᠥᠯᠥᠨ ᠵᠢᠯᠣᠭᠤᠳᠬᠤ ᠦᠢᠯᠡᠳᠦᠯ ᠢ ᠴᠢᠩᠭᠠᠷᠠᠭᠤᠯᠵᠤ᠂ ᠪᠥᠬᠦ ᠨᠡᠶᠢᠭᠡᠮ ᠢ ᠳᠠᠶᠢᠴᠢᠯᠠᠨ | ᠢᠳᠡᠪᠬᠢᠲᠡᠶ ᠣᠷᠣᠯᠴᠠᠭᠤᠯᠵᠤ᠂ ᠬᠥᠮᠦᠨ ᠪᠦᠬᠦᠨ ᠢ ᠬᠥᠲᠥᠯᠥᠨ ᠵᠢᠯᠣᠭᠤᠳᠴᠤ ᠪᠠᠶᠢᠭᠠᠳ ᠥᠪᠡᠷ ᠤᠨ ᠡᠷᠡᠭᠦᠯ | ᠡᠩᠬᠡ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ | ᠨᠡᠶᠢᠲᠡ ᠶᠢᠨ ᠠᠰᠠᠷᠠᠮᠵᠢ ᠶᠢᠨ ᠴᠢᠨᠠᠷ ᠢ ᠪᠠᠷᠢᠮᠲᠠᠯᠠᠵᠤ᠂ ᠬᠤᠲᠠ ᠬᠥᠳᠡᠭᠡ᠂ ᠭᠠᠵᠠᠷ ᠣᠷᠣᠨ᠂ ᠬᠥᠮᠦᠰ ᠤᠨ | ᠬᠤᠭᠤᠷᠣᠨᠳᠣᠬᠢ ᠦᠨᠳᠦᠰᠦᠨ ᠡᠷᠡᠭᠦᠯ ᠡᠩᠬᠡ ᠶᠢᠨ ᠦᠢᠯᠡᠴᠢᠯᠡᠬᠡᠨ ᠪᠠ ᠡᠷᠡᠭᠦᠯ ᠡᠩᠬᠡ ᠶᠢᠨ ᠬᠢᠷᠢ ᠬᠡᠮᠵᠢᠶ᠎ᠡ ᠶᠢᠨ | ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠨ᠂ ᠡᠷᠡᠭᠦᠯ ᠡᠩᠬᠡ ᠶᠢᠨ ᠬᠦᠷᠢᠶ᠎ᠡ ᠴᠠᠷᠠᠭ᠎ᠠ ᠶᠢᠨ ᠦᠨᠳᠦᠰᠦᠨ ᠣᠯᠠᠨ | ᠨᠡᠶᠢᠲᠡ ᠶᠢᠨ ᠦᠢᠯᠡᠴᠢᠯᠡᠬᠡᠨ ᠢ ᠲᠡᠩᠴᠡᠭᠦᠷᠢᠰᠢᠭᠦᠯᠬᠦ ᠶᠢ ᠠᠬᠢᠭᠤᠯᠵᠤ᠂ ᠡᠷᠡᠭᠦᠯ ᠡᠩᠬᠡ ᠶᠢᠨ ᠦᠢᠯᠡᠴᠢᠯᠡᠬᠡᠨ ᠢ ᠡᠷᠬᠡ | ᠲᠡᠭᠰᠢ ᠪᠥᠭᠡᠳ ᠬᠦᠷᠦᠯᠴᠡᠬᠦ᠋ᠢᠴᠡ ᠪᠠᠶᠢᠯᠭᠠᠬᠤ ᠶᠢ ᠠᠬᠢᠭᠤᠯᠤᠨ᠎ᠠ᠃ | ︵ᠭᠤᠷᠪᠠ︶ ᠬᠥᠭᠵᠢᠯᠲᠡ ᠶᠢᠨ ᠬᠠᠷᠠᠯᠲᠠ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠮᠠᠨ ᠤ | ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢᠨ ᠠᠷᠭ᠎ᠠ ᠬᠡᠯᠪᠡᠷᠢ ᠶᠢ | ᠡᠪᠡᠳᠴᠢᠨ ᠵᠠᠰᠠᠬᠤ ᠪᠠᠷ ᠭᠤᠤᠯ ᠪᠣᠯᠭᠠᠵᠤ ᠪᠠᠶᠢᠭᠰᠠᠨ ᠠᠴᠠ ᠠᠷᠠᠳ ᠲᠦᠮᠡᠨ ᠤ ᠡᠷᠡᠭᠦᠯ ᠮᠡᠨᠳᠦ ᠪᠠᠷ ᠭᠤᠤᠯ | ᠪᠣᠯᠭᠠᠬᠤ ᠲᠡᠰᠢ ᠬᠤᠪᠢᠷᠠᠭᠤᠯᠬᠤ ᠶᠢ ᠠᠬᠢᠭᠤᠯᠵᠤ᠂ ᠬᠥᠭᠵᠢᠯᠲᠡ ᠶᠢᠨ ᠠᠷᠭ᠎ᠠ ᠪᠣᠳᠣᠯᠭ᠎ᠠ ᠶᠢ ︽ᠡᠪᠡᠳᠴᠢᠨ ᠢᠶᠠᠨ | ᠵᠠᠰᠠᠬᠤ ︾ ᠶᠢ ᠴᠢᠬᠤᠯᠠᠴᠢᠯᠠᠵᠤ ᠪᠠᠶᠢᠭᠰᠠᠨ ᠠᠴᠠ ︽ᠡᠪᠡᠳᠴᠢᠯᠡᠬᠦ ᠠᠴᠠ ᠡᠮᠦᠨ᠎ᠡ ᠵᠠᠰᠠᠬᠤ ᠶᠢ ᠴᠢᠬᠤᠯᠠᠴᠢᠯᠠᠬᠤ︾ | ᠲᠡᠰᠢ ᠬᠤᠪᠢᠷᠠᠭᠤᠯᠵᠤ᠂ ᠬᠥᠭᠵᠢᠯᠲᠡ ᠶᠢᠨ ᠭᠤᠤᠯ ᠴᠣᠭᠴᠠ ᠶᠢ ᠭᠤᠤᠯᠳᠠᠭᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠰᠢᠰᠲ᠋ᠧᠮ ᠳᠤ ᠲᠦᠰᠢᠭᠯᠡᠵᠦ ᠪᠠᠶᠢᠭᠰᠠᠨ ᠠᠴᠠ ᠨᠡᠶᠢᠭᠡᠮ ᠤᠨ ᠪᠦᠬᠦᠯᠢ ᠴᠣᠭᠴᠠ ᠬᠤᠯᠪᠣᠭᠠᠯᠠᠨ | ᠬᠥᠳᠡᠯᠦᠯᠴᠡᠬᠦ ᠲᠡᠰᠢ ᠬᠤᠪᠢᠷᠠᠭᠤᠯᠤᠨ᠎ᠠ᠃ 2025 ᠣᠨ ᠪᠣᠯᠬᠤ ᠳᠤ᠂ ᠪᠥᠬᠦ ᠠᠶᠢᠮᠠᠭ ᠤᠨ ᠠᠵᠤ ᠠᠬᠤᠶ | ᠨᠡᠶᠢᠭᠡᠮ ᠤᠨ ᠬᠥᠭᠵᠢᠯᠲᠡ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢᠨ ᠪᠣᠳᠠᠲᠤ | ᠪᠠᠶᠢᠳᠠᠯ ᠳᠤ ᠨᠡᠶᠢᠴᠡᠭᠰᠡᠨ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠥᠭᠡᠷᠡᠴᠢᠯᠡᠯᠲᠡ ᠬᠥᠭᠵᠢᠯᠲᠡ ᠶᠢᠨ ᠱᠠᠭᠠᠷᠳᠠᠯᠭ᠎ᠠ ᠶᠢ ᠲᠤᠰᠬᠠᠭᠰᠠᠨ ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠤᠨ | ᠲᠦᠷᠢᠮ ᠪᠠ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠵᠤ | ᠂ ᠬᠥᠮᠦᠨ ᠪᠦᠬᠦᠨ ᠳᠤ ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠦᠷᠲᠡᠭᠡᠬᠦ ᠬᠠᠷᠠᠯᠲᠠ ᠶᠢ | ᠴᠢᠨᠠᠷ ᠰᠠᠶᠢᠲᠠᠶ ᠪᠡᠶᠡᠯᠡᠭᠦᠯᠦᠨ᠎ᠡ᠃ | ᠡᠬᠢ ᠪᠠᠶᠠᠯᠢᠭ ᠤᠨ ᠲᠣᠬᠢᠷᠠᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠬᠦᠯᠦᠨ᠎ᠡ᠃ ᠭᠤᠣᠯ ᠪᠣᠯᠬᠤ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠨᠢ ᠥᠪᠡᠷᠲᠡᠭᠡᠨ ᠵᠠᠰᠠᠬᠤ ᠣᠷᠣᠨ ᠤ | ᠪᠠᠷᠢᠮᠵᠢᠶ᠎ᠠ ᠳᠤ ᠬᠦᠷᠬᠦ ᠪᠤᠶᠤ ᠣᠶᠢᠷᠠᠲᠤᠵᠤ᠂ ᠠᠯᠠᠱᠠ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠯᠦᠭᠡ | ᠲᠣᠬᠢᠷᠠᠯᠴᠠᠬᠤ᠂ ᠬᠠᠷᠢᠶ᠎ᠠ ᠣᠷᠣᠨ ᠤ ᠬᠥᠮᠦᠨ ᠠᠮᠠ ᠶᠢᠨ ᠬᠠᠷᠢᠴᠠᠯ ᠯᠤᠭ᠎ᠠ ᠲᠣᠬᠢᠷᠠᠯᠴᠠᠬᠤ᠂ ᠠᠳᠠᠯᠢ ᠪᠤᠰᠤ ᠳᠡᠰ | ᠳᠠᠪᠬᠤᠷᠭ᠎ᠠ ᠶᠢᠨ ᠲᠥᠷᠥᠯ ᠢᠯᠭᠠᠯ ᠤᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠴᠢᠳᠠᠮᠵᠢ ᠯᠤᠭ᠎ᠠ ᠲᠣᠬᠢᠷᠠᠯᠴᠠᠬᠤ | ᠂ ︽ᠰᠡᠷᠭᠡᠶᠢᠯᠡᠬᠦ ᠪᠠᠷ ᠭᠤᠣᠯ ᠪᠣᠯᠭᠠᠬᠤ᠂ ᠦᠨᠳᠦᠰᠦᠨ ᠱᠠᠲᠤ ᠪᠠᠷ ᠭᠤᠣᠯᠳᠠᠯᠭ᠎ᠠ ᠪᠣᠯᠭᠠᠬᠤ᠂ ᠬᠢᠲᠠᠳ ︵ᠮᠣᠩᠭᠤᠯ︶ | ᠧᠦ᠋ᠷᠣᠫᠠ ᠡᠮᠨᠡᠯᠭᠡ ᠶᠢ ᠵᠡᠷᠭᠡ ᠳᠤᠨᠢ ᠴᠢᠬᠤᠯᠠᠴᠢᠯᠠᠬᠤ᠂ ᠡᠩ ᠤᠨ ᠦᠶ᠎ᠡ ᠪᠠ ᠳᠠᠶᠢᠨ ᠤ ᠦᠶ᠎ᠡ ᠶᠢ ᠤᠶᠠᠯᠳᠤᠭᠤᠯᠬᠤ | ︾ ᠡᠷᠡᠭᠦᠯ ᠬᠠᠮᠠᠭᠠᠯᠠᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠪᠠᠶᠢᠷᠢᠰᠢᠯ ᠢ ᠦᠨᠳᠦᠰᠦᠨ ᠳᠡᠭᠡᠨ ᠪᠤᠶ | ᠪᠣᠯᠭᠠᠨ᠎ᠠ᠃ | ᠦᠢᠯᠡᠴᠢᠯᠡᠭᠡᠨ ᠤ ᠰᠢᠰᠲ᠋ᠧᠮ ᠢ ᠤᠯᠠᠮ ᠨᠢᠭᠡ ᠠᠯᠬᠤᠮ ᠳᠡᠬᠦᠯᠳᠡᠷᠵᠢᠬᠦᠯᠦᠨ᠎ᠡ᠃ ︽ᠡᠮᠨᠡᠬᠦ ᠪᠠ | ᠰᠡᠷᠭᠡᠶᠢᠯᠡᠬᠦ ᠶᠢ ᠠᠭᠤᠰᠤᠯᠴᠠᠭᠤᠯᠬᠤ᠂ ᠡᠮᠨᠡᠬᠦ ᠪᠠ ᠠᠰᠠᠷᠠᠬᠤ ᠶᠢ ᠤᠶᠠᠯᠳᠤᠭᠤᠯᠬᠤ᠂ ᠡᠩ ᠤᠨ ᠦᠶ᠎ᠡ ᠪᠠ ᠳᠠᠶᠢᠨ ᠤ | ᠦᠶ᠎ᠡ ᠶᠢᠨ ᠬᠢ ᠶᠢ ᠤᠶᠠᠯᠳᠤᠭᠤᠯᠬᠤ᠂ ᠬᠢᠲᠠᠳ ᠪᠠ ᠥᠷᠥᠨᠡᠳᠠᠬᠢᠨ ᠤ ᠬᠢ ᠶᠢ ᠵᠡᠷᠭᠡ ᠳᠤᠨᠢ ᠴᠢᠬᠤᠯᠠᠴᠢᠯᠠᠬᠤ᠂ | ᠳᠡᠭᠡᠳᠦ ᠳᠣᠣᠷᠠᠳᠤ ᠱᠠᠲᠤ ᠬᠠᠮᠲᠤᠷᠠᠨ ᠬᠥᠳᠡᠯᠦᠯᠴᠡᠬᠦ᠂ ᠱᠠᠲᠤ ᠬᠤᠪᠢᠶᠠᠨ ᠰᠡᠷᠭᠡᠶᠢᠯᠡᠨ ᠵᠠᠰᠠᠬᠤ᠂ ᠨᠡᠩ ᠢᠯᠡᠭᠦᠦ | ᠲᠡᠭᠦᠯᠳᠡᠷᠵᠢᠭᠦᠯᠬᠦ︾ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ᠂ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮᠵᠢ᠂ ᠡᠮᠴᠢᠯᠡᠭᠡᠨ ᠤ | ᠪᠠᠲᠤᠯᠠᠭ᠎ᠠ ᠶᠢᠨ ᠰᠢᠰᠲ᠋ᠧᠮᠵᠢ᠂ ᠡᠮ ᠤᠨ ᠵᠦᠢᠯ ᠤᠨ ᠬᠠᠩᠭᠠᠯᠭ᠎ᠠ ᠶᠢ ᠪᠠᠲᠤᠯᠠᠬᠤ ᠰᠢᠰᠲ᠋ᠧᠮᠵᠢ ᠪᠣᠯᠤᠨ | ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠦᠨᠳᠦᠰᠦᠨ ᠳᠤᠨᠢ ᠪᠠᠶᠢᠭᠤᠯᠵᠤ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮᠵᠢ ᠶᠢᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠣᠨ᠎ᠠ᠃ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠬᠤᠭᠤᠴᠠᠭᠠᠨ ᠳᠤ᠂ ᠪᠥᠬᠦ ᠠᠶᠢᠮᠠᠭ ᠤᠨ ᠬᠤᠶᠠᠳᠤᠭᠠᠷ ᠳᠡᠰ ᠠᠴᠠ ᠳᠡᠭᠡᠭᠰᠢᠬᠢ ᠡᠮᠨᠡᠯᠭᠡ ᠶᠢᠨ | ᠬᠤᠷᠢᠶ᠎ᠠ ᠵᠢᠯ ᠪᠦᠷᠢ ᠰᠢᠨ᠎ᠡ ᠮᠡᠷᠭᠡᠵᠢᠯ᠂ ᠰᠢᠨ᠎ᠡ ᠲᠥᠷᠥᠯ ᠵᠦᠢᠯ ᠢ 35 ᠵᠦᠢᠯ ᠥᠷᠨᠢᠭᠦᠯᠵᠦ᠂ ᠬᠤᠰᠢᠭᠤᠨ ︵ | ᠣᠷᠣᠨ︶ ᠤ ᠱᠠᠲᠤᠨ ᠤ ᠡᠮᠴᠢᠯᠡᠭᠡᠨ ᠤ ᠪᠠᠶᠢᠭᠤᠯᠤᠮᠵᠢ ᠵᠢᠯ ᠪᠦᠷᠢ 1 ᠠᠴᠠ ᠳᠡᠭᠡᠭᠰᠢ ᠡᠮᠨᠡᠯᠭᠡ ᠳᠤ ᠰᠠᠭᠤᠬᠤ | ᠡᠪᠡᠳᠴᠢᠨ ᠤ ᠲᠥᠷᠥᠯ ᠢ ᠰᠢᠨ᠎ᠡ ᠪᠠᠷ ᠨᠡᠮᠡᠭᠳᠡᠭᠦᠯᠵᠦ᠂ ᠠᠶᠢᠮᠠᠭ ᠤᠨ ᠰᠢᠭᠤᠳ ᠬᠠᠷᠢᠶ᠎ᠠ ᠬᠤᠶᠠᠷ ᠡᠮᠨᠡᠯᠭᠡ ᠶᠢᠨ | ᠬᠤᠷᠢᠶ᠎ᠠ ᠵᠢᠯ ᠪᠦᠷᠢ 2 ᠠᠴᠠ ᠳᠡᠭᠡᠭᠰᠢ ᠡᠮᠨᠡᠯᠭᠡ ᠳᠤ ᠰᠠᠭᠤᠬᠤ ᠡᠪᠡᠳᠴᠢᠨ ᠤ ᠲᠥᠷᠥᠯ ᠢ ᠰᠢᠨ᠎ᠡ ᠪᠠᠷ | ᠨᠡᠮᠡᠭᠳᠡᠭᠦᠯᠦᠨ᠎ᠡ᠃ ᠪᠦᠬᠦ ᠠᠶᠢᠮᠠᠭ ᠤᠨ ᠬᠤᠶᠠᠳᠤᠭᠠᠷ ᠳᠡᠰ ᠠᠴᠠ ᠳᠡᠭᠡᠭᠰᠢᠬᠢ ᠡᠮᠨᠡᠯᠭᠡ ᠶᠢᠨ ᠬᠤᠷᠢᠶᠠᠨ ᠤ ᠵᠢᠯ ᠤᠨ | ᠭᠠᠳᠠᠭᠰᠢ ᠰᠢᠯᠵᠢᠭᠰᠡᠨ ᠡᠪᠡᠳᠴᠢᠲᠡᠨ ᠤ ᠬᠥᠮᠦᠨ ᠤᠳᠠᠭ᠎ᠠ ᠶᠢᠨ ᠡᠮᠨᠡᠯᠭᠡ ᠶᠢᠨ ᠬᠤᠷᠢᠶᠠᠨ ᠤ ᠡᠮᠨᠡᠯᠭᠡ ᠳᠤ | ᠰᠠᠭᠤᠭᠰᠠᠨ ᠶᠡᠷᠦᠩᠬᠡᠶ ᠬᠥᠮᠦᠨ ᠤᠳᠠᠭ᠎ᠠ ᠶᠢᠨ ᠳᠣᠲᠣᠷ᠎ᠠ ᠡᠵᠡᠯᠡᠬᠦ ᠬᠠᠷᠢᠴᠠᠯ ᠨᠢ ᠵᠢᠯ ᠳᠠᠷᠠᠭᠠᠯᠠᠨ ᠪᠠᠭᠤᠷᠠᠭᠰᠠᠨ | ᠪᠥᠭᠡᠳ ᠵᠦᠶ ᠵᠣᠬᠢᠰᠲᠠᠶ ᠣᠷᠣᠨ ᠵᠠᠶ ᠳᠤ ᠪᠠᠶᠢᠬᠤ ᠶᠢ ᠪᠠᠳᠣᠯᠠᠨ᠎ᠠ᠃ | ᠡᠷᠡᠭᠦᠯ ᠬᠠᠮᠠᠭᠠᠯᠠᠯ ᠤᠨ ᠳᠦᠷᠢᠮ ᠢ ᠤᠯᠠᠮ ᠨᠢᠭᠡ ᠠᠯᠬᠤᠮ ᠳᠡᠭᠦᠯᠳᠡᠷᠵᠢᠬᠦᠯᠦᠨ᠎ᠡ᠃ ᠪᠠᠶᠢᠭᠤᠯᠤᠯ | ᠲᠣᠭᠲᠠᠴᠠ ᠶᠢᠨ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠱᠠᠲᠤ ᠬᠤᠪᠢᠶᠠᠨ ᠣᠨᠣᠰᠢᠯᠠᠨ | ᠡᠮᠨᠡᠬᠦ ᠲᠦᠷᠢᠮ ᠢ ᠪᠣᠳᠠᠲᠠᠶ ᠪᠥᠭᠡᠳ ᠨᠠᠷᠢᠯᠢᠭ ᠬᠢᠵᠦ᠂ ᠣᠲᠣ ᠦᠶ᠎ᠡ ᠶᠢᠨ ᠡᠮᠨᠡᠯᠭᠡ ᠶᠢᠨ ᠬᠤᠷᠢᠶᠠᠨ ᠤ | ᠬᠠᠮᠢᠶᠠᠷᠤᠯᠲᠠ ᠶᠢᠨ ᠲᠦᠷᠢᠮ ᠢ ᠦᠨᠳᠦᠰᠦᠨ ᠳᠡᠭᠡᠨ ᠪᠦᠷᠢᠯᠳᠦᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠲᠦᠷᠢᠮ᠂ | ᠡᠮ ᠤᠨ ᠵᠦᠢᠯ ᠤᠨ ᠬᠠᠩᠭᠠᠯᠭ᠎ᠠ ᠶᠢᠨ ᠪᠠᠲᠤᠯᠠᠭ᠎ᠠ ᠶᠢᠨ ᠲᠦᠷᠢᠮ ᠪᠠ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ | ᠲᠦᠷᠢᠮ ᠤᠨ ᠥᠭᠡᠷᠡᠴᠢᠯᠡᠯᠲᠡ ᠶᠢ ᠵᠡᠷᠭᠡ ᠪᠠᠷ ᠠᠬᠢᠭᠤᠯᠤᠨ ᠤᠯᠠᠮ ᠨᠢᠭᠡ ᠠᠯᠬᠤᠮ ᠪᠠᠬᠢᠵᠢᠭᠦᠯᠦᠨ ᠲᠡᠭᠦᠯᠳᠡᠷᠵᠢᠭᠦᠯᠵᠦ | ᠂ ᠡᠷᠡᠭᠦᠯ ᠮᠡᠨᠳᠦ ᠶᠢᠨ ᠬᠦᠷᠢᠶᠡᠨ ᠳᠠᠬᠢ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢ ᠨᠠᠩ | ᠣᠳᠣᠬᠢᠴᠢᠯᠠᠨᠠ᠃ | ᠡᠷᠡᠭᠦᠯ ᠮᠡᠨᠳᠦ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠬᠦᠯᠦᠨ᠎ᠡ᠃ ᠡᠷᠡᠭᠦᠯ ᠮᠡᠨᠳᠦ ᠶᠢᠨ | ᠭᠤᠤᠯ ᠪᠣᠯᠬᠤ ᠲᠦᠭᠰᠢᠭᠦᠷᠢ ᠶᠢᠨ ᠬᠦᠴᠦᠨ ᠵᠦᠢᠯ ᠢ ᠪᠦᠲᠦᠮᠵᠢᠲᠡᠶ ᠬᠢᠵᠠᠭᠠᠷᠯᠠᠵᠤ᠂ ᠰᠠᠭᠤᠭᠠᠯᠢ ᠠᠷᠠᠳ ᠤᠨ ᠡᠷᠡᠭᠦᠯ | ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠬᠡᠮᠵᠢᠶ᠎ᠡ᠂ ᠨᠢᠯᠬ᠎ᠠ ᠬᠡᠦᠬᠡᠳ ᠤᠨ ᠦᠬᠦᠯᠲᠡ ᠶᠢᠨ ᠨᠣᠷᠮ᠎ᠠ᠂ ᠲᠠᠪᠤᠨ | ᠨᠠᠰᠤᠨ ᠠᠴᠠ ᠳᠣᠷᠣᠭᠰᠢᠬᠢ ᠬᠡᠦᠬᠡᠳ ᠤᠨ ᠦᠬᠦᠯᠲᠡ ᠶᠢᠨ ᠨᠣᠷᠮ᠎ᠠ᠂ ᠵᠢᠷᠮᠦᠰᠦᠨ ᠡᠮᠡᠭᠲᠡᠶ ᠶᠢᠨ ᠦᠬᠦᠯᠲᠡ ᠶᠢᠨ | ᠨᠣᠷᠮ᠎ᠠ᠂ ᠬᠦᠨᠳᠦ ᠶᠡᠭᠡ ᠤᠵᠢᠭ ᠡᠪᠡᠳᠴᠢᠨ ᠢᠶᠠᠷ ᠬᠡᠲᠦ ᠡᠷᠲᠡ ᠦᠬᠦᠯᠲᠡ ᠶᠢᠨ ᠨᠣᠷᠮ᠎ᠠ᠂ ᠰᠠᠭᠤᠭᠠᠯᠢ ᠠᠷᠠᠳ ᠤᠨ | ᠬᠥᠮᠦᠨ ᠪᠦᠷᠢ ᠶᠢᠨ ᠳᠤᠮᠳᠠᠴᠢ ᠵᠢᠱᠢᠭᠰᠡᠨ ᠨᠠᠰᠤᠨ ᠬᠤᠲᠤᠭ ᠵᠡᠷᠭᠡ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ | ᠬᠦᠢᠴᠡᠳᠭᠡᠬᠦ ᠲᠤᠭ᠎ᠠ ᠶᠢ ᠤᠯᠤᠰ᠂ ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠳᠤ ᠬᠦᠷᠦᠭᠦᠯᠦᠨ᠎ᠡ᠃ | ᠳᠥᠷᠪᠡ᠂ ᠭᠤᠤᠯᠳᠠᠯᠭ᠎ᠠ ᠲᠠᠢ ᠡᠭᠦᠷᠭᠡ | ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠪᠠᠷᠢᠮᠲᠠᠯᠠᠵᠤ᠂ ᠵᠠᠰᠠᠭ ᠤᠨ ᠣᠷᠳᠣᠨ᠂ ᠨᠡᠶᠢᠭᠡᠮ ᠪᠠ ᠬᠤᠪᠢ ᠬᠥᠮᠦᠨ ᠤ ᠡᠷᠡᠭᠦᠯ ᠮᠡᠨᠳᠦ ᠶᠢᠨ ᠬᠠᠷᠢᠭᠤᠴᠠᠯᠭ᠎ᠠ ᠶᠢ | ᠴᠢᠩᠭᠠᠳᠬᠠᠵᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠭᠰᠠᠨ ᠳᠦᠷᠢᠮ ᠤᠨ ᠰᠢᠰᠲ᠋ᠧᠮᠵᠢ ᠶᠢ | ᠪᠦᠷᠢᠨᠰᠢᠭᠦᠯᠵᠦ᠂ ᠡᠷᠡᠭᠦᠯ ᠮᠡᠨᠳᠦ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠡᠷᠡᠭᠦᠯ | ᠮᠡᠨᠳᠦ ᠶᠢ ᠨᠥᠯᠥᠭᠡᠯᠡᠬᠦ ᠬᠦᠴᠦᠨ ᠵᠦᠢᠯ ᠢ ᠪᠦᠬᠦ ᠲᠠᠯ᠎ᠠ ᠪᠠᠷ ᠨᠥᠯᠥᠭᠡᠯᠡᠵᠦ᠂ ᠬᠥᠭᠵᠢᠯᠲᠡ ᠶᠢᠨ ᠠᠷᠭ᠎ᠠ ᠮᠠᠶ᠋ᠢᠭ ᠢ | ᠡᠪᠡᠳᠴᠢᠨ ᠵᠠᠰᠠᠬᠤ ᠪᠠᠷ ᠭᠤᠣᠯ ᠪᠣᠯᠭᠠᠵᠤ ᠪᠠᠶᠢᠭᠰᠠᠨ ᠠᠴᠠ ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯ | ᠪᠣᠯᠭᠠᠬᠤ ᠲᠡᠰᠢ ᠬᠤᠪᠢᠷᠠᠭᠤᠯᠬᠤ ᠶᠢ ᠠᠬᠢᠭᠤᠯᠤᠨ᠎ᠠ᠃ | ︵ᠨᠢᠭᠡ︶ ᠣᠯᠠᠨ ᠲᠠᠯ᠎ᠠ ᠪᠠᠷ ᠬᠤᠯᠪᠣᠭᠠᠯᠠᠨ ᠬᠥᠳᠡᠯᠦᠯᠴᠡᠬᠦ ᠶᠢ ᠠᠬᠢᠭᠤᠯᠵᠤ᠂ ᠨᠡᠶᠢᠭᠡᠮ ᠤᠨ ᠡᠷᠡᠭᠦᠯ | ᠮᠡᠨᠳᠦ ᠶᠢ ᠠᠬᠢᠭᠤᠯᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠰᠠᠯᠠᠭ᠎ᠠ ᠮᠥᠴᠢᠷ ᠬᠢᠭᠡᠳ ᠪᠤᠰᠤᠳ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠡᠷᠡᠭᠦᠯ ᠮᠡᠨᠳᠦ ᠶᠢ | ᠠᠬᠢᠭᠤᠯᠬᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ︽ᠡᠷᠡᠭᠦᠯ ᠡᠩᠬᠡ ᠳᠤᠮᠳᠠᠳᠤ ᠤᠯᠤᠰ︾ | ᠤᠨ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠡᠷᠡᠭᠦᠯ ᠡᠩᠬᠡ ᠠᠯᠠᠱᠠ ᠶᠢᠨ | ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠡᠷᠡᠭᠦᠯ ᠡᠩᠬᠡ ᠶᠢ ᠪᠣᠶ ᠪᠥᠬᠦᠶ ᠲᠥᠷᠥ ᠶᠢᠨ ᠪᠣᠳᠣᠯᠭ᠎ᠠ ᠳᠤ | ᠠᠭᠤᠰᠤᠯᠴᠠᠭᠤᠯᠤᠨ᠂ ᠡᠷᠡᠭᠦᠯ ᠡᠩᠬᠡ ᠠᠮᠢᠳᠤᠷᠠᠯ ᠢ ᠲᠦᠭᠡᠮᠡᠯᠵᠢᠭᠦᠯᠦᠨ᠂ ᠡᠷᠡᠭᠦᠯ ᠡᠩᠬᠡ ᠶᠢ ᠠᠬᠢᠭᠤᠯᠵᠤ ᠵᠢᠱᠢᠶ᠎ᠡ | ᠦᠵᠡᠭᠦᠯᠬᠦ ᠭᠠᠵᠠᠷ ᠣᠷᠣᠨ ᠤ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠎ᠠ᠃ | 1 . ᠡᠷᠡᠭᠦᠯ ᠡᠩᠬᠡ ᠶᠢᠨ ᠬᠥᠮᠦᠵᠢᠯ ᠢ ᠠᠬᠢᠭᠤᠯᠤᠨ᠎ᠠ᠃ ᠪᠦᠬᠦ ᠲᠠᠯ᠎ᠠ ᠶᠢ ᠬᠠᠮᠤᠷᠤᠭᠰᠠᠨ᠂ ᠠᠵᠢᠯ ᠤᠨ | ᠬᠤᠪᠢᠶᠠᠷᠢᠯᠠᠯ ᠨᠢ ᠲᠣᠳᠣᠷᠬᠠᠶ᠂ ᠴᠢᠳᠠᠮᠵᠢ ᠨᠢ ᠪᠦᠷᠢᠨ ᠲᠡᠭᠦᠯᠳᠡᠷ᠂ ᠠᠵᠢᠯᠯᠠᠭᠠᠨ ᠨᠢ ᠥᠨᠳᠥᠷ ᠪᠦᠲᠦᠮᠵᠢᠲᠡᠶ | ᠡᠷᠡᠭᠦᠯ ᠮᠡᠨᠳᠦ ᠶᠢ ᠠᠬᠢᠭᠤᠯᠬᠤ ᠬᠢᠭᠡᠳ ᠰᠤᠷᠭᠠᠨ ᠬᠥᠮᠦᠵᠢᠯ ᠤᠨ ᠰᠢᠰᠲ᠋ᠧᠮᠵᠢ ᠶᠢ ᠪᠠᠶᠢᠭᠤᠯᠵᠤ᠂ ᠰᠤᠷᠭᠠᠨ | ᠬᠥᠮᠦᠵᠢᠯ ᠤᠨ ᠪᠠᠶᠢᠭᠤᠯᠤᠮᠵᠢ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠶᠢᠭᠤᠯᠤᠮᠵᠢ᠂ ᠤᠬᠠᠭᠤᠯᠬᠤ | ᠪᠠᠶᠢᠭᠤᠯᠤᠮᠵᠢ ᠶᠢ ᠡᠷᠡᠭᠦᠯ ᠮᠡᠨᠳᠦ ᠶᠢᠨ ᠰᠤᠷᠭᠠᠨ ᠬᠥᠮᠦᠵᠢᠯ ᠤᠨ ᠭᠤᠤᠯ ᠠᠷᠭ᠎ᠠ ᠵᠠᠮ᠂ ᠭᠤᠤᠯ ᠵᠢᠭᠰᠠᠭᠠᠯ ᠤᠨ | ᠭᠠᠵᠠᠷ ᠪᠣᠯᠭᠠᠬᠤ ᠬᠡᠷᠡᠭᠲᠡᠶ᠃ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠣᠶᠢᠯᠠᠭᠠᠭᠳᠠᠬᠤᠨ ᠤ ᠠᠭᠤᠰᠤᠯᠴᠠᠯ ᠢ | ᠠᠬᠢᠭᠤᠯᠵᠤ᠂ ︽ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢᠶᠠᠷ ︿ᠡᠪᠡᠳᠴᠢᠯᠡᠬᠦ ᠠᠴᠠ ᠡᠮᠦᠨ᠎ᠡ ᠰᠡᠷᠭᠡᠶᠢᠯᠡᠨ ᠵᠠᠰᠠᠬᠤ﹀ | ︾᠂ ︽ᠬᠥᠳᠡᠯᠭᠡᠭᠡᠨ ᠪᠣᠯ ᠰᠠᠶᠢᠨ ᠡᠮᠴᠢ︾ ᠵᠡᠷᠭᠡ ᠣᠶᠢᠯᠠᠭᠠᠭᠳᠠᠬᠤᠨ ᠢ ᠡᠯ᠎ᠡ ᠬᠤᠰᠢᠭᠤ ︵ᠣᠷᠣᠨ︶ ᠡᠯ᠎ᠡ | ᠨᠢᠭᠡᠴᠡ ᠶᠢᠨ ᠨᠡᠶᠢᠭᠡᠮ ᠵᠢᠷᠤᠮ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠳᠤ ᠠᠭᠤᠰᠤᠯᠴᠠᠭᠤᠯᠵᠤ᠂ ᠡᠷᠡᠭᠦᠯ | ᠬᠠᠮᠠᠭᠠᠯᠠᠯ ᠡᠷᠡᠭᠦᠯ ᠮᠡᠨᠳᠦ ᠪᠠ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠨ ᠡᠷᠡᠭᠦᠯ | ᠮᠡᠨᠳᠦ ᠶᠢᠨ ᠬᠥᠮᠦᠵᠢᠯ ᠤᠨ ᠰᠢᠰᠲ᠋ᠧᠮᠵᠢ ᠳᠤ ᠣᠷᠣᠭᠤᠯᠤᠨ᠎ᠠ᠃ ᠡᠷᠡᠭᠦᠯ ᠡᠩᠬᠡ ᠶᠢᠨ ᠬᠥᠮᠦᠵᠢᠯ ᠤᠨ ᠲᠤᠰᠬᠠᠶ | ᠪᠠᠶᠢᠭᠤᠯᠤᠮᠵᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠡᠷᠡᠭᠦᠯ ᠡᠩᠬᠡ ᠶᠢᠨ ᠬᠥᠮᠦᠵᠢᠯ ᠤᠨ | ᠡᠩᠨᠡᠭᠡ ᠶᠢᠨ ᠦᠢᠯᠡᠴᠢᠯᠡᠬᠡᠨ ᠤ ᠴᠢᠳᠠᠪᠤᠷᠢ ᠶᠢ ᠴᠢᠩᠭᠠᠳᠬᠠᠨ᠂ ᠡᠷᠡᠭᠦᠯ ᠡᠩᠬᠡ ᠶᠢᠨ ᠬᠥᠮᠦᠵᠢᠯ ᠤᠨ ᠠᠵᠢᠯ ᠤᠨ | ᠲᠣᠭᠲᠠᠴᠠ ᠶᠢ ᠲᠡᠭᠦᠯᠳᠡᠷᠵᠢᠭᠦᠯᠵᠦ᠂ ᠡᠷᠡᠭᠦᠯ ᠡᠩᠬᠡ ᠶᠢ ᠨᠥᠯᠥᠭᠡᠯᠡᠬᠦ ᠬᠦᠴᠦᠨ ᠵᠦᠢᠯ ᠢ ᠬᠢᠨᠠᠨ ᠰᠢᠨᠵᠢᠬᠦ ᠪᠠ | ᠦᠨᠡᠯᠡᠬᠦ ᠰᠢᠰᠲ᠋ᠧᠮᠵᠢ ᠶᠢ ᠪᠦᠷᠢᠨᠰᠢᠭᠦᠯᠦᠨ᠎ᠡ᠃ ᠡᠷᠡᠭᠦᠯ ᠡᠩᠬᠡ ᠶᠢᠨ ᠬᠥᠮᠦᠵᠢᠯ ᠤᠨ ᠠᠷᠭ᠎ᠠ ᠮᠠᠶ᠋ᠢᠭ ᠪᠠ | ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠨᠢᠭᠡ ᠪᠦᠯᠦᠭ ᠡᠷᠡᠭᠦᠯ ᠡᠩᠬᠡ ᠶᠢᠨ ᠬᠥᠮᠦᠵᠢᠯ ᠤᠨ ᠨᠠᠷᠠᠲᠤ ᠲᠥᠷᠥᠯ | ᠲᠡᠮᠳᠡᠭᠲᠦ ᠶᠢ ᠪᠣᠶ ᠪᠣᠯᠭᠠᠨ᠂ ᠡᠷᠡᠭᠦᠯ ᠡᠩᠬᠡ ᠶᠢᠨ ᠮᠡᠳᠡᠯᠭᠡ ᠶᠢ ᠰᠢᠨᠵᠢᠯᠡᠬᠦ ᠤᠬᠠᠭᠠᠨᠴᠢ ᠪᠠᠷ ᠲᠦᠭᠡᠮᠡᠯᠵᠢᠭᠦᠯᠵᠦ᠂ | ᠡᠷᠡᠭᠦᠯ ᠡᠩᠬᠡ ᠶᠢᠨ ᠮᠡᠳᠡᠭᠡ ᠵᠠᠩᠭᠢ ᠨᠡᠶᠢᠲᠡᠯᠡᠬᠦ ᠶᠢ ᠰᠠᠶᠢᠲᠤᠷ ᠬᠢᠵᠦ᠂ ᠡᠷᠡᠭᠦᠯ ᠡᠩᠬᠡ ᠶᠢᠨ ᠬᠥᠮᠦᠵᠢᠯ ᠤᠨ | ᠬᠠᠨᠳᠤᠯᠭᠠᠲᠤ ᠴᠢᠨᠠᠷ᠂ ᠲᠦᠢᠯ ᠤᠨ ᠣᠨᠣᠪᠴᠢᠲᠤ ᠴᠢᠨᠠᠷ ᠪᠠ ᠪᠣᠳᠠᠲᠤ ᠦᠷ᠎ᠡ ᠪᠦᠳᠦᠮᠵᠢᠳᠦ ᠴᠢᠨᠠᠷ ᠢ | ᠳᠡᠭᠡᠭᠰᠢᠯᠡᠭᠦᠯᠦᠨ᠂ ᠡᠷᠡᠭᠦᠯ ᠡᠩᠬᠡ ᠶᠢᠨ ᠬᠥᠮᠦᠵᠢᠯ ᠤᠨ ᠠᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | 2 . ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠴᠢᠭᠢᠷᠠᠭ ᠤᠨ ᠭᠦᠨᠵᠡᠭᠡᠶ | ᠠᠭᠤᠰᠤᠯᠴᠠᠬᠤ ᠶᠢ ᠠᠬᠢᠭᠤᠯᠤᠨ᠎ᠠ᠃ ᠪᠡᠶ᠎ᠡ ᠴᠢᠭᠢᠷᠠᠭᠵᠢᠭᠤᠯᠬᠤ ᠪᠠ ᠡᠷᠡᠭᠦᠯ ᠮᠡᠨᠳᠦ ᠶᠢᠨ ᠦᠢᠯᠡᠴᠢᠯᠡᠭᠡ ᠶᠢ ᠨᠢᠭᠡ | ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠪᠥᠬᠦ ᠠᠶᠢᠮᠠᠭ ᠤᠨ ᠡᠯ᠎ᠡ ᠱᠠᠲᠤᠨ ᠤ ᠪᠡᠶ᠎ᠡ ᠶᠢᠨ ᠲᠠᠮᠢᠷ ᠪᠠ | ᠡᠮ ᠡᠮᠨᠡᠯᠭᠡ ᠶᠢ ᠤᠶᠠᠯᠳᠤᠭᠤᠯᠤᠭᠰᠠᠨ ᠡᠷᠡᠭᠦᠯ ᠮᠡᠨᠳᠦ ᠶᠢᠨ ᠦᠢᠯᠡᠴᠢᠯᠡᠬᠡᠨ ᠤ ᠲᠤᠤᠷ ᠰᠦᠯᠵᠢᠶ᠎ᠡ ᠶᠢ ᠪᠠᠶᠢᠭᠤᠯᠤᠨ | ᠪᠦᠷᠢᠨᠰᠢᠭᠦᠯᠵᠦ᠂ ᠤᠯᠤᠰ ᠠᠷᠠᠳ ᠤᠨ ᠪᠡᠶ᠎ᠡ ᠮᠠᠬᠠᠪᠣᠳ ᠤᠨ ᠬᠢᠨᠠᠨ ᠬᠡᠮᠵᠢᠯᠲᠡ ᠳᠠᠬᠢ ︽ᠡᠷᠡᠭᠦᠯ ᠮᠡᠨᠳᠦ ᠶᠢᠨ | ᠪᠡᠶ᠎ᠡ ᠶᠢᠨ ᠪᠠᠶᠢᠴᠠᠭᠠᠯᠲᠠ ᠶᠢᠨ ᠦᠨᠳᠦᠰᠦᠨ ᠲᠥᠷᠥᠯ ᠵᠦᠢᠯ ᠤᠨ ᠭᠠᠷᠴᠠᠭ︾ ᠲᠤ ᠨᠡᠶᠢᠴᠡᠬᠦ ᠲᠥᠷᠥᠯ ᠵᠦᠢᠯ ᠢ ᠡᠯ᠎ᠡ | ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢᠨ ᠲᠥᠷᠥᠯ | ᠵᠦᠢᠯ ᠳᠤ ᠠᠯᠬᠤᠮ ᠠᠯᠬᠤᠮ ᠢᠶᠠᠷ ᠣᠷᠣᠭᠤᠯᠵᠤ᠂ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ ᠨᠡᠪᠲᠡᠷᠡᠯᠴᠡᠭᠡ ᠶᠢ | ᠴᠢᠩᠭᠠᠳᠬᠠᠨ᠂ ᠤᠯᠤᠰ ᠠᠷᠠᠳ ᠤᠨ ᠪᠡᠶ᠎ᠡ ᠮᠠᠬᠠᠪᠣᠳ ᠤᠨ ᠬᠢᠨᠠᠨ ᠬᠡᠮᠵᠢᠯᠲᠡ ᠶᠢᠨ ᠲᠥᠪ ᠤᠨ ᠦᠢᠯᠡᠴᠢᠯᠡᠬᠡᠨ ᠤ | ᠴᠢᠳᠠᠮᠵᠢ ᠶᠢ ᠪᠦᠷᠢᠨᠰᠢᠭᠦᠯᠦᠨ᠎ᠡ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠦᠬᠦ ᠠᠷᠠᠳ ᠤᠨ ᠡᠷᠡᠭᠦᠯ | ᠮᠡᠨᠳᠦ ᠶᠢᠨ ᠴᠢᠳᠠᠪᠤᠷᠢᠲᠠᠨ ᠤ ᠠᠭᠤᠰᠤᠯᠴᠠᠯ ᠢ ᠠᠬᠢᠭᠤᠯᠵᠤ᠂ ᠪᠡᠶ᠎ᠡ ᠶᠢᠨ ᠲᠠᠮᠢᠷ ᠡᠮᠨᠡᠯᠭᠡ ᠶᠢ ᠤᠶᠠᠯᠳᠤᠭᠤᠯᠤᠭᠰᠠᠨ | ᠬᠠᠮ ᠴᠢᠳᠠᠪᠤᠷᠢᠲᠠᠨ ᠤ ᠡᠩᠨᠡᠭᠡ ᠶᠢ ᠬᠦᠴᠦᠯᠡᠨ ᠪᠠᠶᠢᠭᠤᠯᠤᠨ᠎ᠠ᠃ ᠰᠢᠨᠵᠢᠯᠡᠬᠦ ᠤᠬᠠᠭᠠᠨᠴᠢ ᠪᠠᠷ ᠪᠡᠶ᠎ᠡ | ᠴᠢᠭᠢᠷᠠᠭᠵᠢᠭᠤᠯᠬᠤ ᠶᠢᠨ ᠵᠢᠯᠣᠭᠤᠳᠬᠤ ᠦᠢᠯᠡᠴᠢᠯᠡᠬᠡᠨ ᠤ ᠥᠷᠲᠡᠭᠡ ᠴᠡᠭ ᠢ ᠡᠷᠡᠭᠦᠯ ᠡᠩᠬᠡ ᠶᠢᠨ | ᠵᠢᠯᠣᠭᠤᠳᠬᠤ ᠦᠢᠯᠡᠴᠢᠯᠡᠬᠡᠨ ᠤ ᠥᠷᠲᠡᠭᠡ ᠴᠡᠭ ᠳᠠᠰᠢ ᠬᠤᠪᠢᠷᠠᠭᠤᠯᠬᠤ᠂ ᠤᠯᠤᠰ ᠠᠷᠠᠳ ᠤᠨ ᠪᠡᠶ᠎ᠡ ᠮᠠᠬᠠᠪᠣᠳ ᠤᠨ | ᠬᠢᠨᠠᠨ ᠰᠢᠨᠵᠢᠬᠦ ᠥᠷᠲᠡᠭᠡ ᠴᠡᠭ ᠢ ᠡᠷᠡᠭᠦᠯ ᠡᠩᠬᠡ ᠶᠢᠨ ᠬᠢᠨᠠᠨ ᠰᠢᠨᠵᠢᠬᠦ ᠥᠷᠲᠡᠭᠡ ᠴᠢᠬ ᠳᠠᠰᠢ ᠬᠤᠪᠢᠷᠠᠭᠤᠯᠬᠤ ᠶᠢ | ᠠᠬᠢᠭᠤᠯᠵᠤ᠂ ᠲᠠᠮᠢᠷ ᠤᠨ ᠬᠥᠳᠡᠯᠭᠡᠭᠡᠨ ᠤ ᠪᠠᠶᠢᠴᠠᠭᠠᠨ ᠰᠢᠨᠵᠢᠬᠦ ᠪᠠ ᠡᠮᠴᠢᠯᠡᠭᠡᠨ ᠤ ᠪᠡᠶ᠎ᠡ ᠶᠢᠨ ᠪᠠᠶᠢᠴᠠᠭᠠᠯᠲᠠ ᠶᠢ | ᠨᠡᠶᠢᠯᠡᠭᠦᠯᠬᠦ ᠶᠢ ᠰᠦᠪᠡᠭᠴᠢᠯᠡᠨ᠎ᠡ᠃ ᠨᠢᠭᠡ ᠪᠦᠯᠦᠭ ᠪᠡᠶ᠎ᠡ ᠴᠢᠭᠢᠷᠠᠭᠵᠢᠭᠤᠯᠬᠤ ᠪᠠ ᠡᠷᠡᠭᠦᠯ ᠴᠢᠭᠢᠷᠠᠭ ᠤᠨ | ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ ᠶᠢ ᠪᠤᠶᠢᠵᠢᠭᠤᠯᠵᠤ᠂ ᠨᠡᠶᠢᠭᠡᠮ ᠤᠨ ᠬᠦᠴᠦᠨ ᠢ ᠳᠡᠮᠵᠢᠵᠦ | ᠪᠠᠶᠢᠭᠠᠳ ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠬᠦ᠂ ᠠᠷᠠᠳ ᠠᠴᠠ ᠡᠷᠬᠢᠯᠡᠵᠦ ᠠᠯᠪᠠᠨ ᠠᠴᠠ ᠲᠤᠰᠠᠯᠠᠬᠤ | ᠵᠡᠷᠭᠡ ᠵᠠᠭᠪᠤᠷ ᠢ ᠬᠡᠷᠡᠭᠯᠡᠨ᠂ ᠠᠰᠢᠭ ᠣᠯᠵᠠᠪᠤᠷᠢ ᠶᠢᠨ ᠪᠤᠰᠤ ᠴᠢᠨᠠᠷᠲᠠᠶ ᠪᠡᠶ᠎ᠡ ᠴᠢᠭᠢᠷᠠᠭᠵᠢᠭᠤᠯᠬᠤ᠂ ᠡᠷᠡᠭᠦᠯ | ᠴᠢᠭᠢᠷᠠᠭ ᠤᠨ ᠬᠡᠮᠵᠢᠨ ᠲᠣᠭᠲᠠᠭᠠᠬᠤ ᠪᠠ ᠬᠥᠳᠡᠯᠭᠡᠭᠡᠨ ᠢᠶᠠᠷ ᠡᠷᠡᠭᠦᠯᠵᠢᠭᠦᠯᠬᠦ ᠵᠡᠷᠭᠡ ᠪᠡᠶ᠎ᠡ ᠴᠢᠭᠢᠷᠠᠭᠵᠢᠭᠤᠯᠬᠤ ᠪᠠ | ᠡᠷᠡᠭᠦᠯ ᠴᠢᠭᠢᠷᠠᠭ ᠤᠨ ᠦᠢᠯᠡᠴᠢᠯᠡᠭᠡᠨ ᠤ ᠪᠠᠶᠢᠭᠤᠯᠤᠮᠵᠢ ᠶᠢ ᠨᠡᠭᠡᠭᠡᠨ ᠡᠷᠭᠢᠯᠡᠭᠦᠯᠦᠨ᠎ᠡ᠃ ᠰᠤᠮᠤ ᠪᠠᠯᠭᠠᠰᠤᠨ ᠤ | ᠡᠷᠡᠭᠦᠯ ᠬᠠᠮᠠᠭᠠᠯᠠᠯ ᠤᠨ ᠬᠤᠷᠢᠶ᠎ᠠ᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ᠂ ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠲᠥᠪ ᠵᠡᠷᠭᠡ ᠡᠬᠢ ᠪᠠᠶᠠᠯᠢᠭ ᠲᠤ ᠲᠦᠰᠢᠭᠯᠡᠨ᠂ ᠡᠯ᠎ᠡ | ᠬᠤᠰᠢᠭᠤ ︵ᠣᠷᠣᠨ︶ ᠨᠠᠭᠠᠳᠤ ᠵᠠᠬ᠎ᠠ ᠳᠠᠭᠠᠨ ᠦᠨᠳᠦᠰᠦᠨ ᠱᠠᠲᠤᠨ ᠤ ᠪᠡᠶ᠎ᠡ ᠶᠢᠨ ᠲᠠᠮᠢᠷ ᠪᠠ ᠡᠮ ᠡᠮᠨᠡᠯᠭᠡ ᠶᠢ | ᠤᠶᠠᠯᠳᠤᠭᠤᠯᠤᠭᠰᠠᠨ ᠡᠷᠡᠭᠦᠯ ᠮᠡᠨᠳᠦ ᠶᠢ ᠠᠬᠢᠭᠤᠯᠬᠤ ᠦᠢᠯᠡᠴᠢᠯᠡᠬᠡᠨ ᠤ ᠲᠥᠪ ᠢ 1 ᠪᠠᠶᠢᠭᠤᠯᠤᠨ᠎ᠠ᠃ | 3 . ᠢᠳᠡᠭᠡᠨ ᠤ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠨ᠎ᠠ᠃ ᠢᠳᠡᠭᠡᠨ ᠤ ᠠᠮᠤᠷ ᠲᠦᠪᠰᠢᠨ ᠤ | ᠬᠠᠤᠯᠢ ᠲᠣᠭᠲᠠᠭᠠᠯ ᠲᠦᠷᠢᠮ ᠪᠠ ᠢᠳᠡᠭᠡᠨ ᠤ ᠠᠮᠤᠷ ᠲᠦᠪᠰᠢᠨ ᠤ ᠪᠠᠷᠢᠮᠵᠢᠶ᠎ᠠ ᠶᠢᠨ ᠬᠠᠮᠢᠶᠠᠷᠤᠯᠲᠠ ᠶᠢᠨ ᠲᠦᠷᠢᠮ ᠢ | ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠰᠢᠨᠵᠢᠬᠦ ᠪᠠ ᠦᠨᠡᠯᠡᠨ ᠵᠢᠱᠢᠬᠦ | ᠠᠵᠢᠯ ᠤᠨ ᠲᠤᠤᠷ ᠰᠦᠯᠵᠢᠶ᠎ᠡ ᠶᠢ ᠲᠡᠭᠦᠯᠳᠡᠷᠵᠢᠭᠦᠯᠦᠨ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ | ᠰᠢᠨᠵᠢᠵᠦ ᠦᠨᠡᠯᠡᠨ ᠵᠢᠱᠢᠬᠦ ᠠᠵᠢᠯ ᠤᠨ ᠲᠦᠷᠢᠮ ᠢ ᠪᠦᠷᠢᠨᠰᠢᠭᠦᠯᠦᠨ᠎ᠡ᠃ ᠢᠳᠡᠭᠡᠨ ᠤ ᠠᠮᠤᠷ ᠲᠦᠪᠰᠢᠨ ᠤ | ᠲᠦᠭᠰᠢᠭᠦᠷᠢ ᠶᠢ ᠬᠢᠨᠠᠨ ᠰᠢᠨᠵᠢᠬᠦ ᠴᠢᠳᠠᠪᠤᠷᠢ ᠶᠢ ᠳᠡᠭᠡᠭᠰᠢᠯᠡᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠢᠳᠡᠭᠡᠨ ᠤ | ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠰᠢᠨᠵᠢᠬᠦ ᠶᠢ ᠦᠷᠭᠦᠯᠵᠢᠯᠡᠨ ᠥᠷᠨᠢᠭᠦᠯᠵᠦ᠂ ᠢᠳᠡᠭᠡᠨ ᠤ ᠠᠮᠤᠷ | ᠲᠦᠪᠰᠢᠨ ᠤ ᠲᠦᠭᠰᠢᠭᠦᠷᠢ ᠶᠢ ᠬᠢᠨᠠᠨ ᠰᠢᠨᠵᠢᠬᠦ ᠪᠠ ᠢᠳᠡᠭᠡᠨ ᠠᠴᠠ ᠢᠷᠡᠯᠲᠡ ᠲᠠᠢ ᠡᠪᠡᠳᠴᠢᠨ ᠡᠮᠭᠡᠭ ᠤᠨ | ᠮᠡᠳᠡᠭᠦᠯᠦᠯᠲᠡ ᠶᠢᠨ ᠲᠤᠤᠷ ᠰᠦᠯᠵᠢᠶ᠎ᠡ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ | 4 . ᠡᠷᠡᠭᠦᠯ ᠡᠩᠬᠡ ᠶᠢᠨ ᠠᠵᠢᠯᠯᠠᠭ᠎ᠠ ᠶᠢ ᠪᠣᠶ ᠪᠣᠯᠭᠠᠬᠤ ᠶᠢ ᠴᠢᠩᠭᠠᠷᠠᠭᠤᠯᠤᠨ᠎ᠠ᠃ ᠰᠠᠭᠤᠭᠠᠯᠢ ᠠᠷᠠᠳ ᠤᠨ | ᠬᠤᠪᠢ ᠬᠥᠮᠦᠨ ᠤ ᠲᠣᠰ ᠪᠡᠶ᠎ᠡ ᠶᠢᠨ ᠡᠷᠡᠭᠦᠯ ᠮᠡᠨᠳᠦ ᠶᠢᠨ ︽ᠨᠢᠭᠡᠳᠦᠭᠡᠷ ᠬᠠᠷᠢᠭᠤᠴᠠᠯᠭᠠᠲᠠᠨ︾ ᠪᠣᠯᠬᠤ | ᠦᠢᠯᠡᠳᠦᠯ ᠢ ᠳᠠᠶᠢᠴᠢᠯᠠᠨ ᠪᠠᠳᠠᠷᠠᠭᠤᠯᠵᠤ᠂ ᠪᠥᠬᠦ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠠᠬᠢᠭᠤᠯᠬᠤ | ᠠᠵᠢᠯᠯᠠᠭ᠎ᠠ ᠪᠠ ︽ᠡᠷᠡᠭᠦᠯ ᠡᠩᠬᠡ ᠳᠤᠮᠳᠠᠳᠤ ᠤᠯᠤᠰ ᠤᠨ ᠠᠶᠠᠯᠠᠯ︾ ᠵᠡᠷᠭᠡ ᠠᠵᠢᠯᠯᠠᠭ᠎ᠠ ᠶᠢ ᠥᠷᠭᠡᠨ ᠢᠶᠠᠷ | ᠥᠷᠨᠢᠭᠦᠯᠵᠦ᠂ ᠡᠷᠡᠭᠦᠯ ᠮᠡᠨᠳᠦ ᠶᠢᠨ ᠮᠡᠳᠡᠯᠭᠡ ᠪᠠ ᠭᠠᠶ ᠭᠠᠮᠰᠢᠭ ᠠᠴᠠ ᠥᠪᠡᠷ ᠢ ᠪᠠᠨ ᠠᠪᠤᠷᠬᠠᠤ ᠬᠠᠷᠢᠯᠴᠠᠨ | ᠠᠪᠤᠷᠬᠠᠤ ᠵᠡᠷᠭᠡ ᠮᠡᠳᠡᠯᠭᠡ ᠶᠢ ᠲᠦᠭᠡᠮᠡᠯᠵᠢᠭᠦᠯᠵᠦ᠂ ᠪᠥᠬᠦ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ | ᠳᠡᠭᠡᠭᠰᠢᠯᠡᠭᠦᠯᠦᠨ᠎ᠡ᠃ ᠡᠷᠡᠭᠦᠯ ᠰᠠᠷᠠᠭᠤᠯ ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ ᠰᠡᠳᠦᠵᠦ᠂ | ᠠᠷᠠᠳ ᠢᠷᠭᠡᠳ ᠤᠨ ᠰᠢᠮ᠎ᠡ ᠲᠡᠵᠢᠭᠡᠯ ᠤᠨ ᠲᠥᠯᠥᠪᠯᠡᠭᠡ ᠪᠠ ᠵᠦᠶ ᠵᠣᠬᠢᠰᠲᠠᠶ ᠬᠤᠭᠤᠯᠠ ᠤᠮᠳᠠ ᠶᠢᠨ | ᠠᠵᠢᠯᠯᠠᠭ᠎ᠠ ᠶᠢ ᠬᠡᠷᠡᠭᠵᠢᠭᠦᠯᠦᠨ᠂ ︽ᠭᠤᠷᠪᠠ ᠶᠢ ᠬᠠᠰᠤᠵᠤ ᠭᠤᠷᠪᠠ ᠶᠢ ᠪᠦᠷᠢᠨᠰᠢᠭᠦᠯᠬᠦ︾ ᠵᠡᠷᠭᠡ ᠲᠤᠰᠬᠠᠶ | ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠬᠡᠷ ᠪᠦᠯᠢ ᠪᠠ ᠠᠶᠤᠯ ᠶᠡᠬᠡᠲᠡᠶ ᠪᠣᠳᠠᠭᠠᠯᠢ ᠪᠡᠶ᠎ᠡ ᠶᠢᠨ ᠡᠷᠡᠭᠦᠯ ᠰᠠᠷᠠᠭᠤᠯ | ᠠᠮᠢᠳᠤᠷᠠᠯ ᠤᠨ ᠠᠷᠭ᠎ᠠ ᠮᠠᠶ᠋ᠢᠭ ᠲᠤ ᠵᠢᠯᠣᠭᠤᠳᠣᠯᠭ᠎ᠠ ᠪᠠ ᠭᠠᠷ ᠲᠦᠷᠦᠭᠦ ᠶᠢ ᠴᠢᠩᠭᠠᠷᠠᠭᠤᠯᠤᠨ᠂ ᠣᠯᠠᠨ ᠲᠦᠮᠡᠨ | ᠢ ᠬᠥᠲᠥᠯᠦᠨ ᠵᠢᠯᠣᠭᠤᠳᠴᠤ ᠪᠠᠶᠢᠭᠠᠳ ᠥᠪᠡᠷ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ | ᠲᠠᠮᠠᠬᠢ ᠲᠠᠲᠠᠬᠤ ᠶᠢ ᠬᠢᠵᠠᠭᠠᠷᠯᠠᠬᠤ ᠭᠡᠷ᠎ᠡ ᠪᠠᠨ ᠬᠦᠢᠴᠡᠳᠭᠡᠬᠦ ᠠᠵᠢᠯ ᠢ ᠪᠦᠬᠦ ᠲᠠᠯ᠎ᠠ ᠪᠠᠷ ᠲᠦᠯᠬᠢᠨ | ᠠᠬᠢᠭᠤᠯᠵᠤ᠂ ᠲᠠᠮᠠᠬᠢ ᠲᠠᠲᠠᠬᠤ ᠦᠭᠡᠶ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠶᠡᠬᠡᠪᠡᠷ | ᠥᠷᠨᠢᠭᠦᠯᠬᠦ ᠬᠡᠷᠡᠭᠲᠡᠶ᠃ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠪᠠᠶᠢᠳᠠᠯ ᠤᠨ ᠪᠠᠶᠢᠴᠠᠭᠠᠯᠲᠠ ᠶᠢ | ᠵᠣᠬᠢᠶᠠᠨ ᠪᠠᠶᠢᠭᠤᠯᠤᠨ ᠥᠷᠨᠢᠭᠦᠯᠦᠨ᠎ᠡ᠃ | 5 . ᠬᠦᠨᠳᠦ ᠶᠡᠭᠡ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠶᠢ ᠰᠢᠯᠢᠳᠡᠭᠵᠢᠭᠦᠯᠦᠨ᠎ᠡ᠃ ᠵᠢᠷᠦᠬᠡ ᠲᠠᠷᠢᠬᠢ | ᠴᠢᠰᠤᠨ ᠰᠤᠳᠠᠯ ᠤᠨ ᠡᠪᠡᠳᠴᠢᠨ᠂ ᠥᠮᠡᠨ ᠡᠪᠡᠳᠴᠢᠨ᠂ ᠤᠳᠠᠭᠠᠨ ᠴᠢᠨᠠᠷᠲᠠᠶ ᠠᠮᠢᠰᠬᠤᠯ ᠤᠨ ᠰᠢᠰᠲ᠋ᠧᠮ ᠤᠨ | ᠡᠪᠡᠳᠴᠢᠨ᠂ ᠰᠢᠬᠢᠷ ᠰᠢᠵᠢᠩ ᠡᠪᠡᠳᠴᠢᠨ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ | ᠤᠳᠠᠭᠠᠨ ᠴᠢᠨᠠᠷᠲᠠᠶ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠪᠥᠬᠦ ᠲᠠᠯ᠎ᠠ ᠪᠠᠷ | ᠬᠡᠷᠡᠭᠵᠢᠭᠦᠯᠵᠦ᠂ ᠤᠯᠤᠰ ᠤᠨ ᠲᠠᠰ ᠤᠨ ᠤᠳᠠᠭᠠᠨ ᠴᠢᠨᠠᠷᠲᠠᠶ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ | ᠵᠢᠱᠢᠶ᠎ᠡ ᠦᠵᠡᠭᠦᠯᠬᠦ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠤᠨ᠎ᠠ᠃ ᠤᠵᠢᠭ ᠴᠢᠨᠠᠷᠲᠠᠶ | ᠡᠪᠡᠳᠴᠢᠨ ᠤ ᠠᠶᠤᠯ ᠶᠡᠬᠡᠲᠡᠶ ᠬᠥᠮᠦᠰ ᠢ ᠡᠷᠲᠡ ᠢᠯᠡᠷᠡᠭᠦᠯᠬᠦ ᠪᠠ ᠤᠷᠢᠳᠴᠢᠯᠠᠨ ᠰᠡᠷᠭᠡᠶᠢᠯᠡᠬᠦ ᠴᠢᠨᠠᠷᠲᠠᠶ | ᠬᠠᠮᠢᠶᠠᠷᠬᠤ ᠶᠢ ᠴᠢᠩᠭᠠᠳᠬᠠᠵᠤ᠂ ᠤᠵᠢᠭ ᠴᠢᠨᠠᠷᠲᠠᠶ ᠡᠪᠡᠳᠴᠢᠨ ᠢ ᠡᠷᠲᠡ ᠣᠨᠣᠰᠢᠯᠠᠬᠤ ᠨᠣᠷᠮ᠎ᠠ ᠪᠠ | ᠬᠠᠮᠢᠶᠠᠷᠤᠯᠲᠠ ᠶᠢᠨ ᠨᠣᠷᠮ᠎ᠠ ᠶᠢ ᠳᠡᠭᠡᠭᠰᠢᠯᠡᠭᠦᠯᠦᠨ᠂ ᠥᠭᠦᠭᠰᠡᠨ ᠰᠢᠯᠲᠠᠭᠠᠨ ᠢ ᠬᠢᠨᠠᠨ ᠰᠢᠨᠵᠢᠬᠦ᠂ ᠬᠠᠪᠤᠳᠠᠷ ᠢ | ᠳᠡᠩᠰᠡᠯᠡᠨ ᠮᠡᠳᠡᠭᠦᠯᠬᠦ ᠪᠠ ᠤᠵᠢᠭ ᠴᠢᠨᠠᠷᠲᠠᠶ ᠡᠪᠡᠳᠴᠢᠨ ᠢ ᠬᠢᠨᠠᠨ ᠰᠢᠨᠵᠢᠬᠦ ᠲᠦᠷᠢᠮ ᠢ ᠪᠠᠶᠢᠭᠤᠯᠵᠤ᠂ ᠤᠵᠢᠭ | ᠴᠢᠨᠠᠷᠲᠠᠶ ᠡᠪᠡᠳᠴᠢᠨ ᠢᠶᠠᠷ ᠬᠡᠲᠦ ᠡᠷᠲᠡ ᠥᠭᠦᠬᠦ ᠨᠣᠷᠮ᠎ᠠ ᠶᠢ ᠪᠠᠭᠤᠷᠠᠭᠤᠯᠤᠨ᠂ 2025 ᠣᠨ ᠪᠣᠯᠬᠤ ᠳᠤ᠂ ᠡᠯ᠎ᠡ | ᠵᠦᠢᠯ ᠤᠨ ᠬᠦᠢᠴᠡᠳᠬᠡᠯ ᠲᠤᠭ᠎ᠠ ᠶᠢ ᠴᠥᠮ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ | ᠱᠠᠭᠠᠷᠳᠠᠯᠭ᠎ᠠ ᠳᠤ ᠬᠦᠷᠦᠭᠦᠯᠦᠨ᠎ᠡ᠃ ᠬᠦᠨᠳᠦ ᠶᠡᠭᠡ ᠬᠠᠯᠳᠠᠪᠤᠷᠢᠲᠤ ᠡᠪᠡᠳᠴᠢᠨ᠂ ᠣᠷᠣᠨ ᠨᠤᠲᠤᠭ ᠤᠨ | ᠡᠪᠡᠳᠴᠢᠨ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠬᠦᠨᠳᠦ ᠶᠡᠭᠡ ᠬᠠᠯᠳᠠᠪᠤᠷᠢᠲᠤ | ᠡᠪᠡᠳᠴᠢᠨ ᠢ ᠰᠡᠷᠭᠡᠶᠢᠯᠡᠨ ᠵᠠᠰᠠᠬᠤ ᠪᠠ ᠬᠠᠮᠲᠤᠷᠠᠨ ᠰᠡᠷᠭᠡᠶᠢᠯᠡᠵᠦ ᠬᠠᠮᠲᠤᠷᠠᠨ ᠬᠢᠵᠠᠭᠠᠷᠯᠠᠬᠤ ᠠᠵᠢᠯ ᠤᠨ | ᠲᠣᠭᠲᠠᠴᠠ ᠶᠢ ᠲᠡᠭᠦᠯᠳᠡᠷᠵᠢᠭᠦᠯᠦᠨ᠂ ᠬᠢᠨᠠᠨ ᠬᠡᠮᠵᠢᠵᠦ ᠰᠡᠷᠡᠮᠵᠢᠯᠡᠭᠦᠯᠬᠦ᠂ ᠪᠠᠶᠢᠴᠠᠭᠠᠨ ᠬᠡᠮᠵᠢᠬᠦ ᠪᠠ ᠬᠢᠨᠠᠨ | ᠬᠠᠮᠢᠶᠠᠷᠬᠤ ᠶᠢ ᠴᠢᠩᠭᠠᠳᠬᠠᠵᠤ᠂ ᠬᠦᠨᠳᠦ ᠶᠡᠭᠡ ᠡᠪᠡᠳᠴᠢᠨ ᠡᠮᠭᠡᠭ ᠢ ᠰᠢᠭᠰᠢᠨ ᠪᠠᠶᠢᠴᠠᠭᠠᠬᠤ ᠪᠠ ᠵᠢᠷᠤᠮᠵᠢᠭᠤᠯᠤᠨ | ᠵᠠᠰᠠᠬᠤ ᠨᠣᠷᠮ᠎ᠠ ᠶᠢ ᠳᠡᠭᠡᠭᠰᠢᠯᠡᠭᠦᠯᠦᠨ᠂ ᠬᠠᠯᠳᠠᠪᠤᠷᠢᠲᠤ ᠡᠪᠡᠳᠴᠢᠨ ᠤ ᠳᠡᠯᠭᠡᠷᠡᠬᠦ ᠬᠢᠷᠢ ᠬᠡᠮᠵᠢᠶ᠎ᠡ ᠶᠢ ᠬᠢᠵᠠᠭᠠᠷᠯᠠᠵᠤ᠂ | ᠭᠤᠣᠯᠳᠠᠯᠭ᠎ᠠ ᠲᠠᠢ ᠣᠷᠣᠨ ᠨᠤᠲᠤᠭ ᠤᠨ ᠡᠪᠡᠳᠴᠢᠨ ᠢ ᠬᠢᠨᠠᠨ ᠬᠡᠮᠵᠢᠬᠦ ᠰᠢᠰᠲ᠋ᠧᠮᠵᠢ ᠶᠢᠨ ᠪᠠᠶᠢᠭᠤᠯᠤᠯᠲᠠ ᠶᠢ | ᠲᠡᠭᠦᠯᠳᠡᠷᠵᠢᠭᠦᠯᠦᠨ᠂ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠢᠣᠳ᠋ ᠳᠤᠲᠠᠭᠳᠠᠬᠤ | ᠡᠪᠡᠳᠴᠢᠨ ᠤ ᠬᠤᠣᠷ ᠬᠥᠨᠥᠭᠡᠯ ᠢ ᠦᠷᠭᠦᠯᠵᠢᠯᠡᠨ ᠠᠷᠢᠯᠭᠠᠬᠤ ᠶᠢ ᠦᠨᠡᠨᠬᠦ ᠪᠠᠲᠤᠯᠠᠨ᠂ ᠤᠤᠭᠤᠬᠤ ᠤᠰᠤᠨ ᠤ | ᠬᠡᠯᠪᠡᠷᠢ ᠶᠢᠨ ᠹᠯᠣᠷ ᠠᠷᠰᠧᠨ ᠳᠤ ᠬᠤᠣᠷᠳᠠᠭᠳᠠᠬᠤ᠂ ᠴᠠᠶ ᠤᠤᠭᠤᠬᠤ ᠬᠡᠯᠪᠡᠷᠢ ᠶᠢᠨ ᠭᠠᠵᠠᠷ ᠤᠨ ᠹᠯᠣᠷ ᠤᠨ | ᠡᠪᠡᠳᠴᠢᠨ ᠤ ᠬᠤᠣᠷ ᠬᠥᠨᠥᠭᠡᠯ ᠢ ᠪᠦᠲᠦᠮᠵᠢᠲᠡᠶ ᠬᠢᠵᠠᠭᠠᠷᠯᠠᠨ᠎ᠠ᠃ ᠦᠯᠦ ᠬᠠᠯᠳᠠᠭᠠᠯᠲᠠ ᠶᠢᠨ ᠲᠥᠯᠥᠪᠵᠢᠭᠦᠯᠭᠡ ᠶᠢᠨ | ᠠᠵᠢᠯ ᠢ ᠴᠢᠩᠭᠠᠳᠬᠠᠨ᠂ 2022 ᠣᠨ ᠤ ᠡᠴᠦᠰ ᠪᠣᠯᠬᠤ ᠳᠤ᠂ ᠦᠯᠦ ᠬᠠᠯᠳᠠᠭᠠᠯᠲᠠ ᠶᠢᠨ ᠲᠥᠯᠥᠪᠵᠢᠭᠦᠯᠭᠡ ᠶᠢᠨ | ᠵᠢᠷᠤᠮᠵᠢᠭᠰᠠᠨ ᠡᠭᠦᠳᠡᠨ ᠡᠮᠨᠡᠯᠭᠡ ᠪᠠᠶᠢᠭᠤᠯᠬᠤ ᠨᠣᠷᠮ᠎ᠠ ᠶᠢ 60 % ᠳᠤ ᠬᠦᠷᠦᠭᠦᠯᠦᠨ᠎ᠡ᠃ ᠬᠦᠢᠳᠡᠨ ᠬᠡᠯᠬᠢᠶᠡᠲᠦ | ᠲᠥᠬᠦᠭᠡᠷᠦᠮᠵᠢ ᠶᠢ ᠴᠠᠭ ᠲᠤᠬᠠᠶ ᠳᠤᠨᠢ ᠨᠥᠬᠦᠪᠥᠷᠢᠯᠡᠨ ᠰᠢᠨᠡᠳᠬᠡᠵᠦ᠂ ᠸᠠᠺᠼᠢᠨ ᠤ ᠡᠩ ᠤᠨ ᠲᠠᠷᠢᠯᠭ᠎ᠠ ᠬᠢᠬᠦ | ᠨᠣᠷᠮ᠎ᠠ ᠪᠠ ᠲᠠᠷᠢᠯᠭ᠎ᠠ ᠬᠢᠬᠦ ᠶᠠᠰᠤ ᠴᠢᠨᠠᠷ ᠢ ᠳᠡᠭᠡᠭᠰᠢᠯᠡᠭᠦᠯᠦᠨ᠂ ᠥᠨᠳᠥᠷ ᠬᠢᠷᠢ ᠲᠦᠪᠰᠢᠨ ᠪᠥᠬᠦᠶ ᠬᠥᠮᠦᠰ ᠤᠨ | ᠡᠭᠡᠯᠢᠯᠡᠭᠡ ᠶᠢᠨ ᠬᠠᠯᠬᠠᠪᠴᠢ ᠶᠢ ᠪᠠᠲᠤᠯᠠᠵᠤ᠂ 2025 ᠣᠨ ᠪᠣᠯᠬᠤ ᠳᠤ᠂ ᠬᠥᠮᠦᠨ ᠠᠮᠠ ᠲᠥᠪᠯᠡᠷᠡᠭᠰᠡᠨ ᠭᠠᠵᠠᠷ | ᠣᠷᠣᠨ ᠤ ᠡᠭᠡᠯᠢᠯᠡᠭᠡ ᠶᠢᠨ ᠲᠥᠯᠥᠪᠵᠢᠭᠦᠯᠭᠡ ᠶᠢᠨ ᠵᠢᠷᠤᠮᠵᠢᠭᠰᠠᠨ ᠡᠭᠦᠳᠡᠨ ᠡᠮᠨᠡᠯᠭᠡ ᠪᠠᠶᠢᠭᠤᠯᠬᠤ ᠨᠣᠷᠮ᠎ᠠ ᠶᠢ 100 | % ᠳᠤ ᠬᠦᠷᠦᠭᠦᠯᠵᠦ᠂ ᠰᠤᠮᠤ ᠪᠠᠯᠭᠠᠰᠤ ︵ᠵᠡᠭᠡᠯᠢ ᠭᠤᠳᠤᠮᠵᠢ︶ ᠪᠠᠷ ᠨᠢᠭᠡᠴᠡ ᠪᠣᠯᠭᠠᠨ᠂ ᠰᠤᠷᠬᠤ ᠨᠠᠰᠤᠨ ᠤ | ᠬᠡᠦᠬᠡᠳ ᠤᠨ ᠡᠭᠡᠯᠢᠯᠡᠭᠡ ᠶᠢᠨ ᠲᠥᠯᠥᠪᠵᠢᠭᠦᠯᠭᠡ ᠶᠢᠨ ᠸᠠᠺᠼᠢᠨ ᠤ ᠲᠠᠷᠢᠯᠭ᠎ᠠ ᠬᠢᠬᠦ ᠨᠣᠷᠮ᠎ᠠ ᠶᠢ 95 % ᠠᠴᠠ | ᠳᠡᠭᠡᠭᠰᠢ ᠪᠠᠶᠢᠯᠭᠠᠬᠤ ᠶᠢ ᠪᠠᠲᠤᠯᠠᠨ᠎ᠠ᠃ | 6 . ᠭᠤᠤᠯᠳᠠᠯᠭ᠎ᠠ ᠲᠠᠢ ᠬᠥᠮᠦᠰ ᠤᠨ ᠡᠷᠡᠭᠦᠯ ᠮᠡᠨᠳᠦ ᠶᠢ ᠬᠠᠮᠠᠭᠠᠯᠠᠨ᠎ᠠ᠃ ᠡᠮᠡᠭᠲᠡᠶᠢᠴᠦᠳ᠂ ᠬᠡᠦᠬᠡᠳ ᠤᠨ | ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠡᠷᠡᠭᠦᠯ ᠮᠡᠨᠳᠦ ᠶᠢᠨ ᠬᠠᠮᠢᠶᠠᠷᠤᠯᠲᠠ ᠶᠢ | ᠴᠢᠩᠭᠠᠳᠬᠠᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢ | ᠬᠡᠷᠡᠭᠵᠢᠭᠦᠯᠵᠦ᠂ ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠶᠢᠨ ᠬᠢᠴᠢᠶᠡᠯ ᠢ ᠪᠦᠷᠢᠨ ᠨᠡᠭᠡᠭᠡᠵᠦ᠂ ᠰᠤᠷᠤᠭᠴᠢᠳ ᠤᠨ | ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠶᠢᠳᠠᠯ ᠢ ᠰᠤᠷᠭᠠᠭᠤᠯᠢ ᠶᠢᠨ ᠠᠵᠢᠯ ᠤᠨ ᠠᠮᠵᠢᠯᠲᠠ ᠪᠦᠲᠦᠮᠵᠢ ᠶᠢ | ᠰᠢᠯᠭᠠᠨ ᠬᠢᠨᠠᠬᠤ ᠳᠤ ᠣᠷᠣᠭᠤᠯᠵᠤ᠂ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠪᠠᠭ᠎ᠠ ᠠᠴᠠ ᠪᠠᠨ | ᠡᠷᠡᠭᠦᠯ ᠰᠠᠷᠠᠭᠤᠯ ᠠᠮᠢᠳᠤᠷᠠᠯ ᠤᠨ ᠳᠠᠳᠬᠠᠯ ᠲᠠᠢ ᠪᠣᠯᠭᠠᠵᠤ᠂ ᠡᠷᠡᠭᠦᠯ ᠴᠢᠭᠢᠷᠠᠭ ᠪᠡᠶ᠎ᠡ ᠮᠠᠬᠠᠪᠣᠳ ᠲᠠᠢ ᠪᠣᠯᠭᠠᠵᠤ᠂ | ᠣᠶᠢᠷ᠎ᠠ ᠬᠠᠷᠠᠭ᠎ᠠ᠂ ᠮᠠᠷᠢᠶᠠᠯᠠᠬᠤ ᠵᠡᠷᠭᠡ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠨ᠎ᠡ᠃ ᠨᠠᠰᠤᠲᠠᠶᠢᠴᠤᠳ ᠤᠨ | ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠡᠷᠡᠭᠦᠯ ᠮᠡᠨᠳᠦ ᠶᠢᠨ ᠬᠥᠮᠦᠵᠢᠯ᠂ ᠤᠷᠢᠳᠴᠢᠯᠠᠨ | ᠰᠡᠷᠭᠡᠶᠢᠯᠡᠬᠦ ᠡᠷᠡᠭᠦᠯᠵᠢᠯ᠂ ᠡᠪᠡᠳᠴᠢᠨ ᠡᠮᠭᠡᠭ ᠢ ᠣᠨᠣᠰᠢᠯᠠᠨ ᠵᠠᠰᠠᠬᠤ᠂ ᠡᠷᠡᠭᠦᠯᠵᠢᠭᠦᠯᠬᠦ ᠰᠤᠪᠢᠯᠠᠯᠲᠠ᠂ ᠣᠷᠳᠣ | ᠬᠤᠭᠤᠴᠠᠭ᠎ᠠ ᠪᠠᠷ ᠬᠠᠷᠠᠭᠠᠯᠵᠠᠨ ᠠᠰᠠᠷᠠᠬᠤ᠂ ᠠᠮᠤᠷ ᠲᠠᠶᠢᠪᠤᠩ ᠰᠤᠪᠢᠯᠠᠯᠲᠠ ᠶᠢ ᠬᠠᠮᠤᠷᠤᠭᠰᠠᠨ᠂ ᠬᠡᠷ ᠪᠦᠯᠢ᠂ | ᠨᠡᠶᠢᠭᠡᠮ ᠲᠣᠭᠤᠷᠢᠭ᠂ ᠪᠠᠶᠢᠭᠤᠯᠤᠮᠵᠢ ᠶᠢ ᠬᠠᠮᠤᠷᠤᠭᠰᠠᠨ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ | ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠬᠡᠨ ᠤ ᠰᠢᠰᠲ᠋ᠧᠮᠵᠢ ᠶᠢ ᠪᠠᠶᠢᠭᠤᠯᠵᠤ᠂ ᠨᠠᠰᠤᠲᠠᠶᠢᠴᠤᠳ ᠲᠤ | ᠦᠷᠭᠦᠯᠵᠢᠯᠡᠭᠰᠡᠨ ᠴᠢᠨᠠᠷᠲᠠᠶ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠵᠤ᠂ ᠨᠠᠰᠤᠲᠠᠶᠢᠴᠤᠳ ᠤᠨ ᠡᠷᠡᠭᠦᠯ | ᠮᠡᠨᠳᠦ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠪᠡᠳᠴᠢᠨ ᠠᠴᠠ ᠪᠣᠯᠵᠣ ᠳᠠᠬᠢᠨ ᠶᠠᠳᠠᠭᠤᠷᠠᠬᠤ ᠪᠠ | ᠶᠠᠳᠠᠭᠤᠷᠠᠬᠤ ᠶᠢ ᠬᠥᠳᠡᠯᠦᠩᠭᠦᠶ ᠬᠢᠨᠠᠨ ᠰᠢᠨᠵᠢᠬᠦ ᠪᠠ ᠲᠦᠢᠯ ᠤᠨ ᠣᠨᠣᠪᠴᠢᠲᠠᠶ ᠪᠠᠷ ᠬᠠᠪᠰᠤᠷᠤᠨ ᠲᠡᠳᠬᠦᠬᠦ | ᠬᠡᠪᠰᠢᠭᠰᠡᠨ ᠲᠣᠭᠲᠠᠴᠠ ᠶᠢ ᠪᠦᠷᠢᠨᠰᠢᠬᠦᠯᠵᠦ᠂ ᠣᠷᠣᠯᠭ᠎ᠠ ᠪᠠᠭᠠᠲᠠᠶ ᠬᠥᠮᠦᠰ ᠤᠨ ᠡᠷᠡᠭᠦᠯ ᠮᠡᠨᠳᠦ ᠶᠢ ᠪᠠᠲᠤᠯᠠᠨ᠎ᠠ᠃ | ᠪᠦᠬᠦ ᠬᠥᠮᠦᠰ᠂ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠵᠡᠮᠳᠡᠭ ᠪᠣᠯᠬᠤ ᠶᠢ ᠤᠷᠢᠳᠴᠢᠯᠠᠨ | ᠰᠡᠷᠭᠡᠶᠢᠯᠡᠬᠦ ᠠᠵᠢᠯ ᠢ ᠥᠷᠨᠢᠭᠦᠯᠵᠦ᠂ ᠵᠡᠮᠳᠡᠭᠴᠦᠳ ᠤᠨ ᠡᠷᠡᠭᠦᠯᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢ | ᠲᠡᠭᠦᠯᠳᠡᠷᠵᠢᠭᠦᠯᠦᠨ᠂ ᠵᠡᠮᠳᠡᠭᠴᠦᠳ ᠤᠨ ᠡᠷᠡᠭᠦᠯ ᠮᠡᠨᠳᠦ ᠶᠢ ᠠᠬᠢᠭᠤᠯᠤᠨ᠎ᠠ᠃ | 7 . ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶᠢᠷᠡᠭᠦᠯᠦᠨ᠎ᠡ᠃ ᠠᠷᠭ᠎ᠠ | ᠬᠡᠯᠪᠡᠷᠢ ᠶᠢᠨ ᠰᠢᠨ᠎ᠡ ᠶᠢ ᠡᠭᠦᠳᠴᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠡᠷᠡᠭᠦᠯ | ᠬᠠᠮᠠᠭᠠᠯᠠᠯ ᠤᠨ ᠣᠷᠴᠢᠨ ᠲᠣᠭᠤᠷᠢᠨ ᠢ ᠴᠡᠭᠴᠡᠯᠡᠨ ᠵᠠᠰᠠᠵᠤ ᠪᠠᠶᠢᠭᠰᠠᠨ ᠠᠴᠠ ᠪᠦᠬᠦ ᠲᠠᠯ᠎ᠠ ᠶᠢᠨ ᠡᠷᠡᠭᠦᠯ ᠮᠡᠨᠳᠦ ᠶᠢ | ᠠᠬᠢᠭᠤᠯᠬᠤ ᠲᠡᠰᠢ ᠬᠤᠪᠢᠷᠠᠭᠤᠯᠬᠤ ᠶᠢ ᠠᠬᠢᠭᠤᠯᠵᠤ᠂ ︽ᠡᠷᠡᠭᠦᠯ ᠬᠠᠮᠠᠭᠠᠯᠠᠯ ᠤᠨ ᠬᠤᠳᠠ︾ ᠠᠴᠠ ︽ᠡᠷᠡᠭᠦᠯ | ᠡᠩᠬᠡ ᠬᠤᠳᠠ︾ ᠲᠡᠰᠢ ᠳᠠᠪᠰᠢᠬᠤ ᠶᠢ ᠠᠬᠢᠭᠤᠯᠤᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠬᠥᠳᠡᠯᠭᠡᠭᠡᠨ ᠢ ︽ᠡᠷᠡᠭᠦᠯ ᠡᠩᠬᠡ ᠠᠯᠠᠱᠠ︾ ᠶᠢᠨ ᠪᠠᠶᠢᠭᠤᠯᠤᠯᠲᠠ ᠯᠤᠭ᠎ᠠ ᠨᠢᠭᠲᠠ ᠵᠣᠯᠭᠠᠭᠤᠯᠵᠤ᠂ ᠡᠷᠡᠭᠦᠯ ᠡᠩᠬᠡ | ᠲᠣᠰᠬᠤᠨ ᠪᠠᠯᠭᠠᠰᠤ᠂ ᠡᠷᠡᠭᠦᠯ ᠡᠩᠬᠡ ᠨᠡᠶᠢᠭᠡᠮ ᠲᠣᠭᠤᠷᠢᠭ᠂ ᠡᠷᠡᠭᠦᠯ ᠡᠩᠬᠡ ᠨᠢᠭᠡᠴᠡ ︵ᠠᠵᠤ ᠠᠬᠤᠶᠢᠯᠠᠯ︶᠂ | ᠡᠷᠡᠭᠦᠯ ᠡᠩᠬᠡ ᠰᠤᠷᠭᠠᠭᠤᠯᠢ᠂ ᠡᠷᠡᠭᠦᠯ ᠡᠩᠬᠡ ᠬᠡᠷ ᠪᠦᠯᠢ ᠵᠡᠷᠭᠡ ᠡᠷᠡᠭᠦᠯ ᠡᠩᠬᠡ ᠶᠢᠨ ︽ᠡᠰ︾ ᠤᠨ | ᠪᠠᠶᠢᠭᠤᠯᠤᠯᠲᠠ ᠶᠢ ᠶᠡᠬᠡᠪᠡᠷ ᠠᠬᠢᠭᠤᠯᠤᠨ᠂ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠨᠡᠯᠡᠬᠦ ᠶᠢ | ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠲᠡᠯᠢᠭ ᠲᠤᠷᠰᠢᠯᠭ᠎ᠠ ᠶᠢ ᠪᠣᠶ ᠪᠣᠯᠭᠠᠨ ᠳᠡᠯᠭᠡᠷᠡᠭᠦᠯᠦᠨ᠂ ᠤᠯᠤᠰ ᠤᠨ | ᠡᠷᠡᠭᠦᠯ ᠡᠩᠬᠡ ᠶᠢ ᠠᠬᠢᠭᠤᠯᠵᠤ ᠵᠢᠱᠢᠶ᠎ᠡ ᠦᠵᠡᠭᠦᠯᠬᠦ ᠭᠠᠵᠠᠷ ᠣᠷᠣᠨ ᠢ ᠴᠢᠷᠮᠠᠶᠢᠨ ᠡᠭᠦᠳᠴᠦ᠂ ᠪᠥᠬᠦ ᠠᠮᠢ | ᠨᠠᠰᠤᠨ ᠤ ᠦᠶᠡᠯᠡᠯ ᠤᠨ ᠬᠤᠭᠤᠴᠠᠭᠠᠨ ᠤ ᠡᠷᠡᠭᠦᠯ ᠡᠩᠬᠡ ᠶᠢᠨ ᠬᠠᠮᠢᠶᠠᠷᠤᠯᠲᠠ ᠶᠢᠨ ᠣᠨᠣᠯᠵᠢᠬᠤᠨ ᠢ ᠬᠤᠲᠠ ᠶᠢᠨ | ᠲᠥᠯᠥᠪᠵᠢᠭᠦᠯᠭᠡ᠂ ᠪᠥᠲᠥᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠪᠥᠬᠦ ᠶᠠᠪᠤᠴᠠ ᠡᠯ᠎ᠡ ᠭᠤᠭᠴᠤᠭ᠎ᠠ ᠳᠤ | ᠲᠤᠤᠱᠯᠠᠭᠤᠯᠤᠨ᠎ᠠ᠃ 2025 ᠣᠨ ᠳᠤ᠂ ᠡᠷᠡᠭᠦᠯ ᠮᠡᠨᠳᠦ ᠶᠢ ᠠᠬᠢᠭᠤᠯᠬᠤ ᠬᠤᠰᠢᠭᠤ ᠰᠢᠶᠠᠨ ᠤ ᠪᠥᠲᠥᠭᠡᠨ | ᠪᠠᠶᠢᠭᠤᠯᠤᠯᠲᠠ ᠶᠢᠨ ᠬᠤᠰᠢᠭᠤ ᠰᠢᠶᠠᠨ ᠤ ᠶᠡᠷᠦᠩᠬᠡᠶ ᠲᠣᠭᠠᠨ ᠤ 1 / 3 ᠶᠢ ᠬᠠᠮᠤᠷᠤᠨ᠎ᠠ᠃ | ︵ᠬᠤᠶᠠᠷ︶ ᠡᠮᠴᠢᠯᠡᠭᠡ ᠰᠡᠷᠭᠡᠶᠢᠯᠡᠯᠲᠡ ᠶᠢ ᠬᠠᠮᠵᠢᠯᠴᠠᠭᠤᠯᠬᠤ ᠶᠢ ᠠᠬᠢᠭᠤᠯᠵᠤ᠂ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠡᠪᠡᠳᠴᠢᠨ | ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠶᠢᠨ ᠴᠢᠳᠠᠪᠤᠷᠢ᠂ ᠡᠮᠴᠢᠯᠡᠭᠡᠨ ᠤ ᠪᠠᠶᠢᠭᠤᠯᠤᠮᠵᠢ ᠶᠢᠨ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠴᠢᠳᠠᠪᠤᠷᠢ ᠪᠠ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ | ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠮᠨᠡᠬᠦ ᠰᠡᠷᠭᠡᠶᠢᠯᠡᠬᠦ ᠶᠢ ᠬᠠᠮᠵᠢᠯᠴᠠᠭᠤᠯᠬᠤ ᠠᠵᠢᠯ ᠤᠨ | ᠲᠣᠭᠲᠠᠴᠠ ᠶᠢ ᠪᠦᠷᠢᠨᠰᠢᠬᠦᠯᠥᠨ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠪᠠ ᠡᠯ᠎ᠡ | ᠲᠥᠷᠥᠯ ᠤᠨ ᠲᠤᠰᠬᠠᠶ ᠰᠠᠯᠠᠭᠠᠨ ᠤ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠪᠠᠶᠢᠭᠤᠯᠤᠮᠵᠢ ᠪᠠᠷ ᠨᠢᠷᠤᠭᠤᠪᠴᠢ | ᠬᠦᠴᠦᠨ ᠪᠣᠯᠭᠠᠭᠰᠠᠨ᠂ ᠶᠡᠷᠦᠩᠬᠡᠶᠢᠯᠡᠭᠰᠡᠨ ᠴᠢᠨᠠᠷᠲᠠᠶ ᠡᠮᠴᠢᠯᠡᠭᠡᠨ ᠤ ᠪᠠᠶᠢᠭᠤᠯᠤᠮᠵᠢ ᠪᠠᠷ ᠲᠦᠰᠢᠭ ᠪᠣᠯᠭᠠᠭᠰᠠᠨ᠂ | ᠦᠨᠳᠦᠰᠦᠨ ᠱᠠᠲᠤᠨ ᠤ ᠡᠮᠴᠢᠯᠡᠭᠡᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠᠷ ᠰᠠᠭᠤᠷᠢ ᠪᠣᠯᠭᠠᠭᠰᠠᠨ᠂ | ᠰᠡᠷᠭᠡᠶᠢᠯᠡᠨ ᠵᠠᠰᠠᠬᠤ ᠶᠢ ᠤᠶᠠᠯᠳᠤᠭᠤᠯᠤᠭᠰᠠᠨ ᠬᠦᠴᠦᠷᠬᠡᠭ ᠶᠡᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠰᠢᠰᠲ᠋ᠧᠮᠵᠢ ᠶᠢ ᠪᠦᠷᠢᠨᠰᠢᠬᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠴᠢᠳᠠᠪᠤᠷᠢ ᠶᠢ | ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | 8 . ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠶᠢᠨ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠠᠶᠢᠮᠠᠭ᠂ ᠬᠤᠰᠢᠭᠤ ᠬᠤᠶᠠᠷ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ | ᠲᠥᠪ ᠤᠨ ᠪᠠᠷᠢᠮᠵᠢᠶ᠎ᠠ ᠳᠤ ᠬᠦᠷᠦᠭᠦᠯᠬᠦ ᠪᠥᠲᠥᠭᠡᠨ ᠪᠠᠶᠢᠭᠤᠯᠤᠯᠲᠠ ᠪᠠ ᠴᠢᠳᠠᠪᠤᠷᠢ ᠶᠢ ᠳᠡᠭᠡᠭᠰᠢᠯᠡᠭᠦᠯᠬᠦ | ᠢᠨᠵᠧᠨᠧᠷᠢᠩ ᠢ ᠬᠡᠷᠡᠭᠵᠢᠭᠦᠯᠵᠦ᠂ 2025 ᠣᠨ ᠪᠣᠯᠬᠤ ᠳᠤ ᠬᠤᠶᠠᠷ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ | ᠬᠢᠵᠠᠭᠠᠷᠯᠠᠬᠤ ᠲᠥᠪ ᠤᠨ ᠰᠠᠭᠤᠷᠢ ᠪᠡᠯᠡᠳᠬᠡᠮᠵᠢ ᠶᠢ 100 % ᠪᠠᠷ ᠪᠠᠷᠢᠮᠵᠢᠶ᠎ᠠ ᠳᠤ ᠬᠦᠷᠦᠭᠦᠯᠦᠨ᠎ᠡ᠃ ᠠᠶᠢᠮᠠᠭ ᠤᠨ | ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠲᠤ ᠠᠮᠢᠳᠤ ᠪᠣᠳᠠᠰ ᠤᠨ ᠠᠮᠤᠷ ᠲᠦᠪᠰᠢᠨ ᠤ ᠬᠤᠶᠠᠳᠤᠭᠠᠷ | ᠳᠡᠰ ︵P 2︶ ᠤᠨ ᠬᠢᠷᠢ ᠲᠦᠪᠰᠢᠨ ᠳᠤ ᠬᠦᠷᠦᠭᠰᠡᠨ ᠲᠤᠷᠰᠢᠯᠲᠠ ᠶᠢᠨ ᠲᠠᠰᠤᠭ ᠲᠠᠢ ᠪᠠᠶᠢᠵᠤ᠂ ᠬᠠᠯᠳᠠᠪᠤᠷᠢᠲᠤ | ᠡᠪᠡᠳᠴᠢᠨ ᠤ ᠡᠪᠡᠳᠴᠢᠨ ᠡᠭᠦᠰᠭᠡᠭᠴᠢ᠂ ᠡᠷᠡᠭᠦᠯ ᠮᠡᠨᠳᠦ ᠶᠢᠨ ᠬᠤᠤᠷ ᠬᠥᠨᠥᠭᠡᠯᠲᠦ ᠬᠦᠴᠦᠨ ᠵᠦᠢᠯ ᠢ ᠪᠠᠶᠢᠴᠠᠭᠠᠨ | ᠬᠡᠮᠵᠢᠬᠦ ᠴᠢᠳᠠᠪᠤᠷᠢ ᠪᠠ ᠬᠦᠨᠳᠦ ᠣᠨᠴᠠ ᠶᠡᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ | ᠰᠢᠢᠳᠪᠦᠷᠢᠯᠡᠬᠦ ᠴᠢᠳᠠᠪᠤᠷᠢ ᠲᠠᠢ ᠪᠠᠶᠢᠳᠠᠭ︔ ᠬᠤᠰᠢᠭᠤᠨ ︵ᠣᠷᠣᠨ︶ ᠤ ᠡᠪᠡᠳᠴᠢᠨ ᠡᠮᠭᠡᠭ ᠢ ᠰᠡᠷᠭᠡᠶᠢᠯᠡᠨ | ᠬᠢᠵᠠᠭᠠᠷᠯᠠᠬᠤ ᠲᠥᠪ ᠲᠤᠬᠠᠶ ᠶᠢᠨ ᠲᠠᠯᠠᠪᠠᠶ ᠳᠤ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ᠂ ᠲᠠᠬᠤᠯ ᠡᠪᠡᠳᠴᠢᠨ ᠤ | ᠤᠬᠠᠭᠠᠨ ᠤ ᠪᠠᠶᠢᠴᠠᠭᠠᠯᠲᠠ ᠬᠢᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠴᠢᠳᠠᠪᠤᠷᠢ ᠪᠠᠨ ᠲᠦᠷᠭᠡᠨ | ᠳᠡᠭᠡᠭᠰᠢᠯᠡᠭᠦᠯᠵᠦ ᠪᠠᠶᠢᠨ᠎ᠠ᠃ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠵᠦ ᠡᠵᠡᠮᠳᠡᠬᠦ ᠮᠡᠳᠡᠭᠡ | ᠵᠠᠩᠭᠢᠵᠢᠯᠲᠠ ᠶᠢᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠣᠯᠠᠨ ᠰᠠᠯᠠᠭ᠎ᠠ ᠮᠥᠴᠢᠷ ᠤᠨ ᠲᠤᠬᠠᠶᠢᠯᠠᠭᠰᠠᠨ | ᠠᠵᠢᠯ ᠤᠨ ᠬᠠᠮᠵᠢᠯᠴᠠᠭ᠎ᠠ ᠪᠠ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠲᠣᠮᠣ ᠳ᠋ᠠᠶᠢᠲ᠋ᠠ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠦᠷᠢᠶᠡᠨ ᠳᠠᠬᠢ | ᠬᠡᠷᠡᠭᠯᠡᠯᠲᠡ ᠶᠢ ᠠᠬᠢᠭᠤᠯᠤᠨ᠎ᠠ᠃ ᠲᠩᠷᠢ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠣᠷᠣᠨ ︵ | ᠬᠤᠶᠠᠷᠬᠤᠳᠳᠤᠭ ᠤᠨ ᠬᠦᠳᠡᠭᠡ ᠠᠮᠢ ᠠᠬᠤᠶ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ︶ ᠤ ᠡᠪᠡᠳᠴᠢᠨ | ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠠᠰᠠᠷ ᠢ | ᠠᠰᠢᠭᠯᠠᠯᠲᠠ ᠳᠤ ᠣᠷᠣᠭᠤᠯᠬᠤ ᠶᠢ ᠲᠦᠷᠭᠡᠳᠬᠡᠨ ᠠᠬᠢᠭᠤᠯᠤᠨ᠎ᠠ᠃ | 9 . ᠣᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ | ᠲᠦᠷᠭᠡᠳᠬᠡᠨ᠎ᠡ᠃ ᠣᠶᠣᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠬᠢᠭᠡᠳ ᠴᠢᠳᠠᠪᠤᠷᠢᠲᠠᠨ ᠤ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠠᠯᠠᠱᠠ ᠠᠶᠢᠮᠠᠭ ᠤᠨ ᠳᠦᠪ ᠡᠮᠨᠡᠯᠭᠡ ᠶᠢᠨ ᠬᠤᠷᠢᠶ᠎ᠠ ᠨᠢ | ᠮᠡᠳᠡᠷᠡᠯ ᠤᠨ ᠡᠷᠡᠭᠦᠯ ᠬᠠᠮᠠᠭᠠᠯᠠᠯ ᠤᠨ ᠰᠠᠯᠠᠭ᠎ᠠ ᠶᠢᠨ ᠡᠪᠡᠳᠴᠢᠲᠡᠨ ᠤ ᠲᠣᠭᠤᠷᠢᠭ ᠢ ᠪᠠᠶᠢᠭᠤᠯᠵᠤ᠂ ᠡᠯ᠎ᠡ ᠬᠤᠰᠢᠭᠤ ︵ | ᠣᠷᠣᠨ︶ ᠳᠤ ᠠᠳᠠᠭ ᠲᠠᠭᠠᠨ 1 ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠨᠢ ᠮᠡᠳᠡᠷᠡᠯ ᠤᠨ ᠰᠡᠳᠬᠢᠴᠡ ᠶᠢᠨ | ᠰᠠᠯᠠᠭ᠎ᠠ ︵ᠡᠭᠦᠳᠡᠨ ᠡᠮᠨᠡᠯᠭᠡ︶᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ | ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠨᠢ ᠮᠡᠳᠡᠷᠡᠯ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠴᠢᠳᠠᠪᠤᠷᠢ ᠪᠠᠨ ᠳᠡᠭᠡᠭᠰᠢᠯᠡᠭᠦᠯᠵᠦ᠂ ᠡᠮᠨᠡᠯᠭᠡ ᠶᠢᠨ ᠬᠤᠷᠢᠶ᠎ᠠ - ᠨᠡᠶᠢᠭᠡᠮ ᠲᠣᠭᠤᠷᠢᠭ ᠬᠠᠷᠢᠯᠴᠠᠨ ᠵᠣᠯᠭᠠᠯᠳᠤᠭᠰᠠᠨ | ᠮᠡᠳᠡᠷᠡᠯ ᠤᠨ ᠡᠷᠡᠭᠦᠯ ᠬᠠᠮᠠᠭᠠᠯᠠᠯ ᠤᠨ ᠡᠷᠡᠭᠦᠯᠵᠢᠯ ᠤᠨ ᠦᠢᠯᠡᠴᠢᠯᠡᠭᠡᠨ ᠤ ᠵᠠᠭᠪᠤᠷ ᠢ ᠪᠠᠶᠢᠭᠤᠯᠵᠤ᠂ ᠬᠦᠨᠳᠦ ᠨᠣᠴᠢᠲᠠᠶ | ᠣᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ ᠢ ᠬᠠᠮᠢᠶᠠᠷᠬᠤ ᠪᠠ ᠡᠮᠨᠡᠨ ᠵᠠᠰᠠᠬᠤ ᠶᠢ ᠴᠢᠩᠭᠠᠳᠬᠠᠨ᠎ᠠ᠃ | ᠰᠡᠳᠬᠢᠴᠡ ᠶᠢᠨ ᠡᠷᠡᠭᠦᠯ ᠡᠩᠬᠡ ᠶᠢᠨ ᠬᠥᠮᠦᠵᠢᠯ ᠤᠨ ᠤᠲᠠᠰᠤᠨ ᠤ ᠦᠢᠯᠡᠴᠢᠯᠡᠭᠡ᠂ ᠰᠡᠳᠬᠢᠴᠡ ᠶᠢᠨ ᠦᠨᠡᠯᠡᠨ | ᠵᠢᠱᠢᠯᠲᠡ᠂ ᠰᠡᠳᠬᠢᠴᠡ ᠶᠢᠨ ᠡᠮᠴᠢᠯᠡᠭᠡ᠂ ᠣᠶᠤᠨ ᠮᠡᠳᠡᠷᠡᠯ ᠤᠨ ᠰᠠᠯᠠᠭ᠎ᠠ ᠶᠢᠨ ᠡᠮᠴᠢᠯᠡᠭᠡ ᠵᠡᠷᠭᠡ ᠵᠣᠯᠭᠠᠭᠤᠯᠤᠨ | ᠬᠠᠮᠲᠤᠷᠠᠯᠴᠠᠭᠰᠠᠨ ᠬᠠᠮᠢᠶᠠᠷᠬᠤ ᠪᠠ ᠲᠤᠰᠠᠯᠠᠵᠤ ᠦᠢᠯᠡᠴᠢᠯᠡᠬᠦ ᠵᠠᠭᠪᠤᠷ ᠢ ᠪᠠᠶᠢᠭᠤᠯᠤᠨ ᠲᠡᠭᠦᠯᠳᠡᠷᠵᠢᠭᠦᠯᠦᠨ᠎ᠡ᠃ | ᠰᠡᠳᠬᠢᠴᠡ ᠶᠢᠨ ᠡᠮᠴᠢᠯᠡᠭᠡ ᠵᠢᠴᠢ ᠰᠡᠳᠬᠢᠴᠡ ᠶᠢᠨ ᠵᠥᠪᠯᠡᠯᠭᠡ ᠥᠭᠬᠦ ᠦᠢᠯᠡᠴᠢᠯᠡᠭᠡᠨ ᠤ ᠬᠢᠷᠢ ᠲᠦᠪᠰᠢᠨ ᠢ | ᠳᠡᠭᠡᠭᠰᠢᠯᠡᠭᠦᠯᠵᠦ᠂ ᠪᠠᠶᠢᠩᠭᠤ ᠲᠣᠬᠢᠶᠠᠯᠳᠤᠳᠠᠭ ᠣᠶᠤᠨ ᠮᠡᠳᠡᠷᠡᠯ ᠤᠨ ᠰᠠᠭᠠᠳ ᠢ ᠰᠡᠷᠭᠡᠶᠢᠯᠡᠨ ᠵᠠᠰᠠᠬᠤ ᠮᠡᠳᠡᠯᠭᠡ ᠶᠢ | ᠲᠦᠭᠡᠮᠡᠯᠵᠢᠭᠦᠯᠦᠨ᠂ ᠬᠥᠮᠦᠰ ᠤᠨ ᠭᠠᠩᠰᠠᠷᠠᠬᠤ᠂ ᠵᠣᠪᠠᠨᠢᠬᠤ ᠵᠡᠷᠭᠡ ᠰᠡᠳᠬᠢᠴᠡ ᠶᠢᠨ ᠠᠰᠠᠭᠤᠳᠠᠯ ᠤᠨ ᠲᠤᠬᠠᠶ | ᠥᠪᠡᠷ ᠢ ᠪᠠᠨ ᠢᠯᠭᠠᠨ ᠲᠠᠨᠢᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠶᠢᠮᠠᠭ᠂ ᠬᠤᠰᠢᠭᠤ ︵ᠣᠷᠣᠨ︶ ᠬᠤᠶᠠᠷ | ᠱᠠᠲᠤᠨ ᠤ ᠰᠡᠳᠬᠢᠴᠡ ᠶᠢᠨ ᠬᠢᠮᠤᠷᠠᠯ ᠳᠤ ᠭᠠᠷ ᠲᠦᠷᠦᠭᠦ ᠡᠩᠨᠡᠭᠡ ᠶᠢ ᠪᠠᠶᠢᠭᠤᠯᠤᠨ ᠲᠡᠭᠦᠯᠳᠡᠷᠵᠢᠭᠦᠯᠵᠦ᠂ | ᠪᠠᠶᠢᠭᠠᠯᠢ ᠶᠢᠨ ᠭᠠᠶ ᠭᠠᠮᠰᠢᠭ᠂ ᠠᠳᠠᠯ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠪᠠ ᠨᠡᠶᠢᠭᠡᠮ ᠤᠨ | ᠠᠮᠤᠷ ᠲᠦᠪᠰᠢᠨ ᠤ ᠬᠡᠷᠡᠭ ᠢ ᠰᠢᠢᠳᠪᠦᠷᠢᠯᠡᠬᠦ ᠰᠡᠳᠬᠢᠴᠡ ᠶᠢᠨ ᠲᠤᠰᠠᠯᠠᠮᠵᠢ ᠬᠢᠭᠡᠳ ᠰᠡᠳᠬᠢᠴᠡ ᠶᠢᠨ ᠬᠢᠮᠤᠷᠠᠯ ᠳᠤ | ᠭᠠᠷ ᠲᠦᠷᠦᠭᠦ ᠠᠵᠢᠯ ᠤᠨ ᠲᠣᠭᠲᠠᠴᠠ ᠶᠢ ᠪᠦᠷᠢᠨᠰᠢᠬᠦᠯᠥᠨ᠂ ᠰᠡᠳᠬᠢᠴᠡ ᠶᠢᠨ ᠬᠢᠮᠤᠷᠠᠯ ᠳᠤ ᠭᠠᠷ ᠲᠦᠷᠦᠭᠦ | ᠡᠩᠨᠡᠭᠡ ᠶᠢ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠪᠠ | ᠮᠡᠷᠭᠡᠵᠢᠯ ᠤᠨ ᠲᠥᠰᠦᠯ ᠳᠤ ᠣᠷᠣᠭᠤᠯᠤᠨ᠎ᠠ᠃ ᠬᠢᠷᠢ ᠴᠢᠳᠠᠮᠵᠢ ᠲᠠᠢ ᠨᠡᠶᠢᠭᠡᠮ ᠤᠨ ᠬᠦᠴᠦᠨ ᠤ ᠦᠨᠳᠦᠰᠦᠨ | ᠱᠠᠲᠤᠨ ᠳᠤ ᠬᠠᠨᠳᠤᠭᠤᠯᠤᠨ ᠰᠡᠳᠬᠢᠴᠡ ᠪᠠ ᠡᠷᠡᠭᠦᠯᠵᠢᠯ ᠤᠨ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠎ᠠ᠃ | ᠠᠶᠢᠮᠠᠭ ᠤᠨ ᠳᠦᠪ ᠡᠮᠨᠡᠯᠭᠡ ᠶᠢᠨ ᠬᠤᠷᠢᠶᠠᠨ ᠤ ᠮᠡᠳᠡᠷᠡᠯ ᠤᠨ ᠡᠷᠡᠭᠦᠯ ᠬᠠᠮᠠᠭᠠᠯᠠᠯ ᠤᠨ ᠰᠠᠯᠠᠭᠠᠨ ᠤ ᠡᠪᠡᠳᠴᠢᠲᠡᠨ ᠤ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠢᠳᠡᠪᠬᠢᠲᠡᠢ ᠲᠦᠯᠬᠢᠨ ᠠᠬᠢᠭᠤᠯᠤᠨ᠎ᠠ᠃ | 10 . ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠣᠷᠣᠨ ᠪᠦᠰᠡ ᠪᠠᠷ ᠪᠦᠷᠬᠦᠭᠦᠯᠬᠦ᠂ ᠰᠢᠯᠢᠳᠡᠭᠵᠢᠭᠦᠯᠦᠨ ᠲᠣᠬᠢᠷᠠᠭᠤᠯᠬᠤ᠂ ᠪᠠᠶᠢᠷᠢᠯᠠᠭᠤᠯᠤᠯᠲᠠ ᠨᠢ | ᠵᠦᠶ ᠵᠣᠬᠢᠰᠲᠠᠶ᠂ ᠴᠢᠳᠠᠮᠵᠢ ᠨᠢ ᠪᠦᠷᠢᠨ ᠬᠦᠢᠴᠡᠳ ᠪᠠᠶᠢᠬᠤ ᠵᠠᠷᠴᠢᠮ ᠶᠣᠰᠣᠭᠠᠷ᠂ ᠠᠵᠢᠯ ᠤᠨ ᠨᠥᠯᠥᠭᠡᠨ ᠤ | ᠡᠪᠡᠳᠴᠢᠨ ᠢ ᠰᠡᠷᠭᠡᠶᠢᠯᠡᠨ ᠵᠠᠰᠠᠬᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠶᠢᠮᠠᠭ ᠤᠨ | ᠱᠠᠲᠤᠨ ᠳᠤ ᠨᠠᠭᠠᠳᠤ ᠵᠠᠬ᠎ᠠ ᠳᠠᠭᠠᠨ 1 ᠡᠮᠨᠡᠯᠭᠡ ᠶᠢᠨ ᠬᠤᠷᠢᠶ᠎ᠠ ᠨᠢ ᠠᠵᠢᠯ ᠤᠨ ᠨᠥᠯᠥᠭᠡᠨ ᠤ ᠡᠪᠡᠳᠴᠢᠨ ᠢ | ᠣᠨᠣᠰᠢᠯᠠᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠡᠯ᠎ᠡ ᠬᠤᠰᠢᠭᠤ ᠣᠷᠣᠨ ᠳᠤ ᠨᠠᠭᠠᠳᠤ ᠵᠠᠬ᠎ᠠ ᠳᠠᠭᠠᠨ 1 | ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠪᠠᠶᠢᠴᠠᠭᠠᠯᠲᠠ ᠶᠢ | ᠡᠭᠦᠷᠭᠡᠯᠡᠬᠦ ᠬᠡᠷᠡᠭᠲᠡᠶ᠃ ᠠᠵᠢᠯ ᠤᠨ ᠨᠥᠯᠥᠭᠡᠨ ᠤ ᠡᠪᠡᠳᠴᠢᠨ ᠤ ᠬᠤᠣᠷ ᠬᠥᠨᠥᠭᠡᠯ ᠢ ᠰᠡᠷᠭᠡᠶᠢᠯᠡᠨ ᠵᠠᠰᠠᠬᠤ | ᠮᠡᠷᠭᠡᠵᠢᠯ ᠤᠨ ᠲᠤᠯᠭᠠᠭᠤᠷᠢᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠠᠵᠢᠯ ᠤᠨ ᠨᠥᠯᠥᠭᠡᠨ ᠤ ᠡᠪᠡᠳᠴᠢᠨ ᠢ | ᠰᠡᠷᠭᠡᠶᠢᠯᠡᠨ ᠵᠠᠰᠠᠬᠤ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠵᠦ᠂ ᠬᠥᠳᠡᠯᠮᠦᠷᠢᠴᠢᠳ ᠤᠨ ᠠᠵᠢᠯ ᠮᠡᠷᠭᠡᠵᠢᠯ ᠤᠨ | ᠡᠷᠡᠭᠦᠯ ᠮᠡᠨᠳᠦ ᠶᠢ ᠦᠨᠡᠨ ᠬᠦ ᠪᠠᠲᠤᠯᠠᠨ᠎ᠠ᠃ ᠨᠠᠷᠢᠨ ᠲᠣᠭᠤᠰᠣ᠂ ᠬᠤᠤᠷᠲᠤ ᠪᠣᠳᠠᠰ᠂ ᠱᠤᠤᠬᠢᠶᠠᠨ᠂ ᠢᠶᠣᠨᠵᠢᠯ | ᠵᠡᠷᠭᠡ ᠠᠵᠢᠯ ᠮᠡᠷᠭᠡᠵᠢᠯ ᠤᠨ ᠬᠤᠤᠷ ᠬᠥᠨᠥᠭᠡᠯ ᠢ ᠰᠡᠷᠭᠡᠶᠢᠯᠡᠨ ᠵᠠᠰᠠᠬᠤ ᠪᠠᠷ ᠭᠤᠤᠯᠳᠠᠯᠭ᠎ᠠ ᠪᠣᠯᠭᠠᠵᠤ᠂ ᠠᠵᠢᠯ ᠤᠨ | ᠨᠥᠯᠥᠭᠡᠨ ᠤ ᠡᠪᠡᠳᠴᠢᠨ ᠤ ᠬᠤᠤᠷ ᠬᠥᠨᠥᠭᠡᠯ ᠢ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠴᠢᠳᠠᠪᠤᠷᠢ ᠶᠢ | ᠴᠢᠩᠭᠠᠳᠬᠠᠨ᠂ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠬᠢᠨᠠᠯᠲᠠ ᠬᠠᠮᠢᠶᠠᠷᠤᠯᠲᠠ ᠬᠢᠭᠡᠳ ᠠᠵᠢᠯ ᠮᠡᠷᠭᠡᠵᠢᠯ ᠤᠨ | ᠠᠨᠠᠭᠠᠬᠤ ᠤᠬᠠᠭᠠᠨ ᠤ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠵᠤ᠂ ᠠᠵᠢᠯ ᠤᠨ ᠨᠥᠯᠥᠭᠡᠨ ᠤ ᠡᠪᠡᠳᠴᠢᠨ ᠤ | ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠬᠠᠮᠤᠷᠬᠤ ᠬᠡᠪᠴᠢᠶ᠎ᠡ ᠪᠠ ᠤᠳᠠᠭ᠎ᠠ ᠶᠢ ᠥᠷᠭᠡᠳᠬᠡᠨ᠂ ᠠᠵᠢᠯ ᠮᠡᠷᠭᠡᠵᠢᠯ ᠤᠨ | ᠡᠷᠡᠭᠦᠯ ᠮᠡᠨᠳᠦ ᠶᠢᠨ ᠲᠦᠭᠰᠢᠭᠦᠷᠢ ᠶᠢᠨ ᠦᠨᠡᠯᠡᠨ ᠵᠢᠱᠢᠯᠲᠡ ᠶᠢ ᠥᠷᠨᠢᠭᠦᠯᠦᠨ᠎ᠡ᠃ | 11 . ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠠᠶᠢᠮᠠᠭ ᠬᠤᠰᠢᠭᠤ ︵ᠣᠷᠣᠨ︶ ᠶᠢᠨ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠪᠠᠶᠢᠭᠤᠯᠤᠮᠵᠢ ᠶᠢᠨ | ᠵᠢᠷᠤᠮᠵᠢᠭᠰᠠᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠪᠠᠶᠢᠭᠤᠯᠤᠮᠵᠢ ᠶᠢᠨ ᠡᠭᠦᠷᠭᠡ | ᠴᠢᠳᠠᠪᠤᠷᠢ ᠶᠢ ᠲᠣᠳᠣᠷᠬᠠᠶᠢᠯᠠᠨ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ | ᠠᠵᠢᠯᠲᠠᠨ ᠢ ᠲᠣᠬᠢᠷᠠᠭᠤᠯᠬᠤ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ | ᠪᠠᠶᠢᠭᠤᠯᠤᠮᠵᠢ ᠶᠢᠨ ᠠᠵᠢᠯᠲᠠᠨ ᠤ ᠲᠣᠬᠢᠷᠠᠭᠤᠯᠤᠯᠲᠠ ᠶᠢ ᠴᠢᠩᠭᠠᠳᠬᠠᠨ᠂ ᠠᠵᠢᠯᠲᠠᠨ ᠤ ᠠᠵᠢᠯ ᠤᠨ ᠪᠠᠶᠢᠷᠢ ᠳᠠᠭᠠᠨ | ᠪᠠᠶᠢᠬᠤ ᠨᠣᠷᠮ᠎ᠠ ᠶᠢ 90 % ᠠᠴᠠ ᠳᠣᠣᠷ᠎ᠠ ᠪᠠᠶᠢᠯᠭᠠᠵᠤ ᠪᠣᠯᠬᠤ ᠦᠭᠡᠶ᠃ ᠡᠷᠡᠭᠦᠯ ᠬᠠᠮᠠᠭᠠᠯᠠᠯ ᠤᠨ ᠬᠢᠨᠠᠯᠲᠠ | ᠲᠠᠯᠪᠢᠬᠤ ᠪᠡᠯᠡᠳᠬᠡᠮᠵᠢ ᠲᠥᠬᠦᠭᠡᠷᠦᠮᠵᠢ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠮᠡᠷᠭᠡᠵᠢᠯ ᠤᠨ | ᠲᠤᠯᠭᠠᠭᠤᠷᠢᠯᠠᠯ ᠢ ᠴᠢᠩᠭᠠᠷᠠᠭᠤᠯᠤᠨ᠂ ᠲᠤᠬᠠᠶ ᠶᠢᠨ ᠲᠠᠯᠠᠪᠠᠶ ᠳᠤ ᠭᠡᠷᠡᠴᠢ ᠠᠪᠬᠤ ᠪᠠ ᠬᠠᠤᠯᠢ ᠬᠡᠷᠡᠭᠵᠢᠭᠦᠯᠵᠦ | ᠬᠢᠨᠠᠯᠲᠠ ᠲᠠᠯᠪᠢᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠶᠢᠮᠠᠭ ᠤᠨ ᠱᠠᠲᠤᠨ ᠤ ᠪᠥᠬᠦ ᠠᠷᠠᠳ ᠤᠨ ᠡᠷᠡᠭᠦᠯ | ᠮᠡᠨᠳᠦ ᠶᠢᠨ ᠮᠡᠳᠡᠭᠡ ᠵᠠᠩᠭᠢ ᠶᠢᠨ ᠲᠠᠪᠴᠠᠩ ᠢ ᠥᠪᠡᠷᠲᠡᠭᠡᠨ ᠵᠠᠰᠠᠬᠤ ᠣᠷᠣᠨ ᠤ ︽ᠣᠶᠤᠨᠴᠢ ᠡᠷᠡᠭᠦᠯ | ᠬᠠᠮᠠᠭᠠᠯᠠᠯ ᠤᠨ ᠬᠢᠨᠠᠯᠲᠠ ᠬᠠᠮᠢᠶᠠᠷᠤᠯᠲᠠ︾ ᠶᠢᠨ ᠲᠥᠷᠥᠯ ᠵᠦᠢᠯ ᠲᠠᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠵᠤ᠂ | ᠣᠶᠤᠨᠴᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ︽ᠢᠲᠡᠭᠡᠮᠵᠢ + ᠶᠡᠷᠦᠩᠬᠡᠶᠢᠯᠡᠭᠰᠡᠨ ᠬᠢᠨᠠᠯᠲᠠ | ᠬᠠᠮᠢᠶᠠᠷᠤᠯᠲᠠ︾ ᠵᠡᠷᠭᠡ ᠰᠢᠨ᠎ᠡ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠶᠢ | ᠠᠬᠢᠭᠤᠯᠵᠤ᠂ ᠬᠤᠯᠪᠣᠭᠠᠯᠠᠨ ᠵᠠᠯᠬᠠᠭᠠᠬᠤ ᠲᠣᠭᠲᠠᠴᠠ ᠶᠢ ᠪᠦᠷᠢᠨᠰᠢᠭᠦᠯᠦᠨ᠎ᠡ᠃ 2025 ᠣᠨ ᠪᠣᠯᠬᠤ ᠳᠤ᠂ ᠠᠶᠢᠮᠠᠭ | ᠂ ᠬᠤᠰᠢᠭᠤ ︵ᠣᠷᠣᠨ︶ ᠬᠤᠶᠠᠷ ᠱᠠᠲᠤᠨ ᠳᠤ ︽ᠰᠢᠨᠵᠢᠯᠡᠬᠦ ᠤᠬᠠᠭᠠᠨᠴᠢ᠂ ᠪᠦᠷᠢᠨ ᠲᠡᠭᠦᠯᠳᠡᠷ ᠴᠢᠳᠠᠪᠬᠢ ᠲᠠᠢ᠂ | ᠪᠦᠷᠢᠨ ᠲᠡᠭᠦᠯᠳᠡᠷ ᠲᠦᠷᠢᠮ ᠲᠠᠢ᠂ ᠵᠢᠷᠤᠮᠵᠢᠭᠤᠨ ᠬᠠᠮᠢᠶᠠᠷᠤᠯᠲᠠ ᠲᠠᠢ᠂ ᠬᠦᠴᠦᠲᠡᠶ ᠪᠠᠲᠤᠯᠠᠭ᠎ᠠ ᠲᠠᠢ᠂ ᠥᠨᠳᠥᠷ | ᠪᠦᠲᠦᠮᠵᠢᠲᠡᠶ ᠠᠵᠢᠯᠯᠠᠭᠠᠨ ᠲᠠᠢ︾ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ | ᠪᠠᠶᠢᠭᠤᠯᠤᠮᠵᠢ ᠶᠢ ᠪᠠᠶᠢᠭᠤᠯᠤᠨ᠎ᠠ᠃ | 12 . ᠡᠮᠴᠢᠯᠡᠭᠡᠨ ᠤ ᠪᠠᠶᠢᠭᠤᠯᠤᠮᠵᠢ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠡᠭᠦᠷᠭᠡ ᠴᠢᠳᠠᠪᠤᠷᠢ᠂ ᠡᠮᠴᠢᠯᠡᠭᠡᠨ ᠤ ᠠᠵᠢᠯᠲᠠᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ 2025 ᠣᠨ ᠪᠣᠯᠲᠠᠯ᠎ᠠ᠂ ᠡᠮᠴᠢᠯᠡᠭᠡᠨ ᠤ ᠪᠠᠶᠢᠭᠤᠯᠤᠮᠵᠢ ᠶᠢᠨ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠠᠯᠠᠭ᠎ᠠ ᠲᠠᠰᠤᠭ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠠᠵᠢᠯᠲᠠᠨ ᠤ ᠲᠣᠬᠢᠷᠠᠭᠤᠯᠤᠯᠲᠠ ᠶᠢ 100 % ᠪᠠᠷ ᠪᠠᠷᠢᠮᠵᠢᠶ᠎ᠠ ᠳᠤ ᠬᠦᠷᠦᠭᠦᠯᠦᠨ᠎ᠡ᠃ ᠡᠮᠴᠢᠯᠡᠭᠡᠨ ᠤ ᠪᠠᠶᠢᠭᠤᠯᠤᠮᠵᠢ | ᠪᠣᠯᠤᠨ ᠡᠮᠨᠡᠯᠭᠡ ᠶᠢᠨ ᠠᠵᠢᠯᠲᠠᠳ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤᠮᠳᠠᠬᠢ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠠᠵᠢᠯ ᠤᠨ ᠡᠷᠬᠡ ᠬᠦᠨᠳᠦ ᠶᠢ ᠳᠡᠭᠡᠭᠰᠢᠯᠡᠭᠦᠯᠵᠦ᠂ ᠡᠮᠴᠢᠯᠡᠭᠡᠨ ᠤ | ᠪᠠᠶᠢᠭᠤᠯᠤᠮᠵᠢ ᠳᠠᠬᠢ ᠲᠤᠰᠬᠠᠶ ᠮᠡᠷᠭᠡᠵᠢᠯ ᠤᠨ ᠵᠢᠯᠣᠭᠤᠳᠣᠯᠭ᠎ᠠ ᠪᠠ ᠰᠢᠯᠭᠠᠨ ᠬᠢᠨᠠᠵᠤ ᠪᠠᠶᠢᠴᠠᠭᠠᠬᠤ ᠶᠢ | ᠴᠢᠩᠭᠠᠷᠠᠭᠤᠯᠤᠨ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠦᠷ᠎ᠡ ᠳ᠋ᠦᠩ ᠯᠦᠭᠡ ᠬᠤᠯᠪᠣᠭᠳᠠᠭᠤᠯᠤᠭᠰᠠᠨ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠮᠨᠡᠯᠭᠡ ᠶᠢᠨ ᠬᠤᠷᠢᠶᠠᠨ ᠤ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠡᠭᠦᠷᠭᠡ ᠶᠢ ᠡᠭᠦᠷᠭᠡᠯᠡᠭᠰᠡᠨ ᠤ ᠨᠥᠬᠦᠪᠥᠷᠢᠯᠡᠬᠦ ᠲᠣᠭᠲᠠᠴᠠ ᠶᠢ ᠪᠠᠶᠢᠭᠤᠯᠤᠨ᠂ ᠡᠮᠨᠡᠯᠭᠡ ᠶᠢᠨ | ᠬᠤᠷᠢᠶᠠᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠵᠢᠯ ᠥᠷᠨᠢᠭᠦᠯᠬᠦ ᠳᠣᠲᠣᠭᠠᠳᠤ ᠬᠥᠳᠡᠯᠭᠡᠬᠦ ᠬᠦᠴᠦᠨ ᠢ | ᠳᠡᠭᠡᠭᠰᠢᠯᠡᠭᠦᠯᠦᠨ᠎ᠡ᠃ ᠡᠮᠴᠢᠯᠡᠭᠡᠨ ᠤ ᠪᠠᠶᠢᠭᠤᠯᠤᠮᠵᠢ ᠬᠢᠭᠡᠳ ᠲᠤᠰᠬᠠᠶ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠬᠠᠮᠵᠢᠯᠴᠠᠬᠤ ᠲᠣᠭᠲᠠᠴᠠ ᠶᠢ ᠪᠦᠷᠢᠨᠰᠢᠭᠦᠯᠵᠦ᠂ ᠠᠵᠢᠯᠲᠠᠨ ᠠᠵᠢᠯᠴᠢᠨ ᠨᠡᠪᠲᠡᠷᠡᠬᠦ᠂ ᠮᠡᠳᠡᠭᠡ | ᠵᠠᠩᠭᠢ ᠨᠡᠪᠲᠡᠷᠡᠬᠦ᠂ ᠡᠬᠢ ᠪᠠᠶᠠᠯᠢᠭ ᠨᠡᠪᠲᠡᠷᠡᠬᠦ᠂ ᠠᠵᠢᠯ ᠨᠡᠪᠲᠡᠷᠡᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠠᠵᠢᠯ ᠤᠨ ᠪᠠᠶᠢᠷᠢᠰᠢᠯ ᠢ ᠪᠠᠶᠢᠭᠤᠯᠵᠤ᠂ ᠡᠪᠡᠳᠴᠢᠨ ᠡᠮᠭᠡᠭ ᠢ ᠭᠤᠷᠪᠠᠨ ᠱᠠᠲᠤ ᠪᠠᠷ ᠰᠡᠷᠭᠡᠶᠢᠯᠡᠬᠦ ᠪᠠ ᠦᠷᠭᠦᠯᠵᠢᠯᠡᠨ | ᠬᠠᠮᠢᠶᠠᠷᠬᠤ ᠶᠢ ᠠᠬᠢᠭᠤᠯᠬᠤ ᠬᠡᠷᠡᠭᠲᠡᠶ᠃ | 13 . ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠎ᠡ᠃ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠣᠷᠣᠭᠤᠯᠤᠯᠲᠠ ᠶᠢᠨ ᠨᠥᠬᠦᠪᠥᠷᠢᠯᠡᠬᠦ ᠲᠣᠭᠲᠠᠴᠠ ᠶᠢ | ᠲᠡᠭᠦᠯᠳᠡᠷᠵᠢᠭᠦᠯᠦᠨ᠂ ᠡᠯ᠎ᠡ ᠱᠠᠲᠤᠨ ᠤ ᠵᠠᠰᠠᠭ ᠤᠨ ᠣᠷᠳᠣᠨ ᠤ ᠣᠷᠣᠭᠤᠯᠤᠯᠲᠠ ᠶᠢᠨ ᠨᠥᠬᠦᠪᠥᠷᠢᠯᠡᠬᠦ ᠬᠠᠷᠢᠴᠠᠯ ᠢ | ᠵᠦᠢ ᠵᠣᠬᠢᠰᠲᠠᠶ ᠬᠤᠪᠢᠶᠠᠷᠢᠯᠠᠵᠤ᠂ ᠡᠯ᠎ᠡ ᠱᠠᠲᠤᠨ ᠤ ᠵᠠᠰᠠᠭ ᠤᠨ ᠣᠷᠳᠣᠨ ᠤ ᠣᠷᠣᠭᠤᠯᠤᠯᠲᠠ ᠶᠢᠨ ᠨᠥᠬᠦᠪᠥᠷᠢᠯᠡᠬᠦ | ᠲᠤᠭ᠎ᠠ ᠬᠡᠮᠵᠢᠶ᠎ᠡ ᠶᠢ ᠨᠡᠮᠡᠭᠳᠡᠭᠦᠯᠦᠨ᠂ ᠵᠠᠰᠠᠭ ᠤᠨ ᠣᠷᠳᠣᠨ ᠤ ᠪᠦᠬᠦ ᠲᠤᠭ᠎ᠠ ᠪᠠᠷ ᠣᠷᠣᠭᠤᠯᠤᠯᠲᠠ ᠣᠷᠣᠭᠤᠯᠬᠤ ᠶᠢᠨ | ᠨᠥᠬᠦᠪᠥᠷᠢᠯᠡᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠢᠯ ᠢ ᠡᠮᠬᠢᠯᠡᠨ ᠨᠡᠶᠢᠯᠡᠭᠦᠯᠵᠦ᠂ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠲᠥᠷᠥᠯ ᠵᠦᠢᠯ ᠤᠨ ᠬᠠᠮᠢᠶᠠᠷᠤᠯᠲᠠ ᠶᠢ ᠲᠡᠭᠦᠯᠳᠡᠷᠵᠢᠭᠦᠯᠦᠨ᠎ᠡ᠃ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠠᠵᠢᠯᠲᠠᠨ ᠤ ᠣᠷᠣᠨ ᠲᠤᠭ᠎ᠠ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ | ᠤᠯᠤᠰ ᠪᠠ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠵᠢᠯᠲᠠᠨ ᠤ ᠣᠷᠣᠨ | ᠲᠤᠭ᠎ᠠ ᠶᠢᠨ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠠᠵᠢᠯᠲᠠᠨ ᠤ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠪᠠ ᠤᠷᠢᠨ ᠬᠡᠷᠡᠭᠯᠡᠬᠦ ᠲᠥᠷᠥ ᠶᠢᠨ | ᠪᠣᠳᠣᠯᠭ᠎ᠠ ᠳᠤ ᠲᠣᠬᠢᠷᠠᠭᠤᠯᠤᠯᠲᠠ ᠬᠢᠵᠦ᠂ ᠬᠥᠮᠦᠨ ᠬᠡᠷᠡᠭᠯᠡᠬᠦ ᠨᠢᠭᠡᠴᠡ ᠶᠢᠨ ᠣᠷᠣᠨ ᠲᠤᠭ᠎ᠠ ᠶᠢᠨ ᠬᠡᠪᠴᠢᠶᠡᠨ ᠳᠠᠬᠢ | ᠬᠥᠮᠦᠨ ᠬᠡᠷᠡᠭᠯᠡᠬᠦ ᠡᠵᠡᠨ ᠮᠡᠳᠡᠬᠦ ᠡᠷᠬᠡ ᠶᠢ ᠴᠢᠩᠭᠠᠷᠠᠭᠤᠯᠤᠨ᠎ᠠ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠠᠵᠢᠯᠲᠠᠨ ᠤ ᠮᠡᠷᠭᠡᠵᠢᠯ ᠤᠨ ᠴᠣᠯᠠ ᠲᠣᠭᠲᠠᠭᠠᠨ ᠤᠷᠢᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠠᠵᠢᠯᠲᠠᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠪᠠ | ᠬᠤᠪᠢᠶᠠᠷᠢᠯᠠᠬᠤ ᠲᠦᠷᠢᠮ ᠢ ᠲᠡᠭᠦᠯᠳᠡᠷᠵᠢᠭᠦᠯᠦᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠵᠠᠷᠤᠳᠠᠯ ᠢ ᠬᠡᠷᠡᠭᠯᠡᠬᠦ ᠠᠷᠭ᠎ᠠ ᠶᠢ ᠰᠦᠪᠡᠭᠴᠢᠯᠡᠨ ᠥᠭᠡᠷᠡᠴᠢᠯᠡᠨ᠎ᠡ᠃ | ︵ᠭᠤᠷᠪᠠ︶ ︽ᠡᠩ ᠤᠨ ᠪᠠ ᠪᠠᠴᠢᠮ ᠪᠠᠶᠢᠳᠠᠯ ᠢ ᠤᠶᠠᠯᠳᠤᠭᠤᠯᠬᠤ ︾ ᠶᠢ ᠠᠬᠢᠭᠤᠯᠵᠤ᠂ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠳᠤ ᠢᠯᠡᠷᠡᠭᠰᠡᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠨᠳᠦ ᠶᠡᠭᠡ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠬᠦᠯᠵᠥ᠂ 2025 | ᠣᠨ ᠪᠣᠯᠬᠤ ᠳᠤ᠂ ᠬᠢᠵᠢᠭ ᠤᠨ ᠪᠠᠶᠢᠳᠠᠯ ᠢ ᠬᠢᠨᠠᠨ ᠬᠡᠮᠵᠢᠬᠦ᠂ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ᠂ | ᠡᠮᠴᠢᠯᠡᠭᠡᠨ ᠤ ᠠᠪᠤᠷᠠᠨ ᠵᠠᠰᠠᠬᠤ᠂ ᠡᠳ᠋ ᠪᠣᠳᠠᠰ ᠤᠨ ᠪᠠᠲᠤᠯᠠᠭ᠎ᠠ ᠵᠡᠷᠭᠡ ᠭᠡᠨᠡᠳᠲᠡ ᠡᠭᠦᠰᠬᠦ ᠤᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠬᠡᠷᠡᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ | ᠨᠢᠭᠡᠳᠦᠯᠲᠡᠢ ᠥᠨᠳᠥᠷ ᠪᠦᠲᠦᠮᠵᠢᠲᠡᠢ᠂ ᠲᠦᠷᠭᠡᠨ᠂ ᠰᠢᠨᠵᠢᠯᠡᠬᠦ ᠤᠬᠠᠭᠠᠨᠴᠢ ᠣᠨᠣᠪᠴᠢᠳᠠᠢ᠂ ᠬᠤᠯᠪᠣᠭᠠᠯᠠᠨ | ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠤᠯᠠᠨ ᠡᠰᠢᠴᠢᠯᠡᠨ ᠣᠷᠣᠯᠴᠠᠭᠰᠠᠨ ᠤᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠬᠡᠷᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠲᠣᠭᠲᠠᠴᠠ ᠪᠣᠯᠤᠨ ᠤᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠢ ᠪᠦᠬᠦ ᠲᠠᠯ᠎ᠠ ᠪᠠᠷ | ᠪᠠᠶᠢᠭᠤᠯᠤᠨ᠎ᠠ᠃ | 14 . ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠢᠨᠠᠨ ᠰᠢᠨᠵᠢᠵᠦ ᠰᠡᠷᠡᠮᠵᠢᠯᠡᠭᠦᠯᠬᠦ ᠲᠣᠭᠲᠠᠴᠠ ᠶᠢ | ᠲᠡᠭᠦᠯᠳᠡᠷᠵᠢᠭᠦᠯᠦᠨ᠎ᠡ᠃ ᠰᠢᠨ᠎ᠡ ᠪᠠᠷ ᠡᠭᠦᠰᠬᠦ ᠭᠡᠨᠡᠳᠲᠡ ᠡᠭᠦᠰᠬᠦ ᠬᠠᠯᠳᠠᠪᠤᠷᠢᠲᠤ ᠡᠪᠡᠳᠴᠢᠨ᠂ ᠰᠢᠯᠲᠠᠭᠠᠨ ᠨᠢ | ᠲᠣᠳᠣᠷᠬᠠᠶ ᠦᠭᠡᠶ ᠬᠠᠯᠳᠠᠪᠤᠷᠢᠲᠤ ᠡᠪᠡᠳᠴᠢᠨ ᠢᠶᠠᠷ ᠭᠤᠣᠯᠳᠠᠯᠭ᠎ᠠ ᠪᠣᠯᠭᠠᠨ᠂ ᠬᠢᠨᠠᠨ ᠬᠡᠮᠵᠢᠬᠦ ᠬᠠᠷᠠᠭᠤᠯ ᠤᠨ | ᠪᠠᠶᠢᠷᠢᠰᠢᠭᠤᠯᠤᠯ ᠪᠣᠯᠤᠨ ᠬᠢᠨᠠᠨ ᠬᠡᠮᠵᠢᠬᠦ ᠰᠢᠰᠲ᠋ᠧᠮ ᠢ ᠲᠡᠭᠦᠯᠳᠡᠷᠵᠢᠭᠦᠯᠵᠦ᠂ ᠡᠪᠡᠳᠴᠢᠨ ᠤ ᠢᠯᠡᠷᠡᠯ᠂ ᠰᠡᠵᠢᠭᠯᠡᠯᠲᠡᠶ | ᠬᠦᠴᠦᠨ ᠵᠦᠢᠯ ᠪᠣᠯᠤᠨ ᠰᠡᠵᠢᠭᠯᠡᠯᠲᠡᠶ ᠬᠡᠷᠡᠭ ᠢ ᠬᠢᠨᠠᠨ ᠬᠡᠮᠵᠢᠬᠦ᠂ ᠢᠯᠭᠠᠨ ᠲᠠᠨᠢᠬᠤ ᠪᠠ ᠵᠠᠳᠠᠯᠬᠤ ᠶᠢ | ᠴᠢᠩᠭᠠᠷᠠᠭᠤᠯᠤᠨ᠎ᠠ᠃ ᠬᠤᠶᠠᠳᠤᠭᠠᠷ ᠳᠡᠰ ᠠᠴᠠ ᠳᠡᠭᠡᠭᠰᠢᠬᠢ ᠠᠯᠪᠠᠨ ᠠᠴᠠ ᠪᠠᠶᠢᠭᠤᠯᠤᠭᠰᠠᠨ ᠶᠡᠷᠦᠩᠬᠡᠶᠢᠯᠡᠭᠰᠡᠨ | ᠡᠮᠨᠡᠯᠭᠡ ᠶᠢᠨ ᠬᠤᠷᠢᠶ᠎ᠠ ᠶᠢᠨ ᠬᠠᠯᠠᠭᠤᠷᠠᠯ ᠤᠨ ᠡᠭᠦᠳᠡᠨ ᠡᠮᠨᠡᠯᠭᠡ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ | ᠠᠬᠢᠭᠤᠯᠵᠤ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠠᠯᠠᠭᠤᠷᠠᠯ ᠢ | ᠣᠨᠣᠰᠢᠯᠠᠬᠤ ᠲᠠᠰᠤᠭ ᠤᠨ ᠴᠢᠳᠠᠪᠤᠷᠢ ᠶᠢ ᠴᠢᠩᠭᠠᠳᠬᠠᠨ᠂ ᠤᠷᠢᠳᠴᠢᠯᠠᠨ ᠪᠠᠶᠢᠴᠠᠭᠠᠵᠤ ᠬᠤᠪᠢᠶᠠᠷᠢᠯᠠᠨ ᠣᠨᠣᠰᠢᠯᠠᠬᠤ | ᠴᠢᠳᠠᠪᠤᠷᠢ ᠶᠢ ᠴᠢᠩᠭᠠᠷᠠᠭᠤᠯᠤᠨ᠎ᠠ᠃ ᠪᠣᠭᠤᠮᠲᠠ᠂ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠥᠷᠲᠡᠭᠡ᠂ ᠮᠠᠰᠢᠨ | ᠲᠡᠷᠭᠡᠨ ᠤ ᠥᠷᠲᠡᠭᠡ᠂ ᠰᠤᠷᠭᠠᠭᠤᠯᠢ᠂ ᠡᠮᠴᠢᠯᠡᠭᠡᠨ ᠤ ᠪᠠᠶᠢᠭᠤᠯᠤᠮᠵᠢ᠂ ᠡᠮ ᠤᠨ ᠳᠡᠯᠭᠡᠭᠦᠷ᠂ ᠨᠡᠶᠢᠭᠡᠮ ᠲᠣᠭᠤᠷᠢᠭ᠂ | ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠵᠡᠷᠭᠡ ᠲᠠᠯᠠᠪᠤᠷ ᠭᠠᠵᠠᠷ ᠲᠤ ᠬᠢᠨᠠᠨ ᠰᠢᠨᠵᠢᠬᠦ | ᠬᠠᠷᠠᠭᠤᠯ ᠤᠨ ᠴᠡᠭ ᠢ ᠪᠠᠶᠢᠭᠤᠯᠤᠨ ᠲᠡᠭᠦᠯᠳᠡᠷᠵᠢᠭᠦᠯᠵᠦ᠂ ᠡᠷᠲᠡ ᠦᠶ᠎ᠡ ᠶᠢᠨ ᠬᠢᠨᠠᠨ ᠰᠢᠨᠵᠢᠬᠦ ᠶᠢᠨ ᠬᠤᠭᠤᠴᠠᠭᠠᠲᠤ | ᠴᠢᠨᠠᠷ᠂ ᠰᠡᠷᠭᠡᠭ ᠴᠢᠨᠠᠷ ᠢ ᠳᠡᠭᠡᠭᠰᠢᠯᠡᠭᠦᠯᠦᠨ᠎ᠡ᠃ ᠲᠣᠮᠣ ᠳ᠋ᠠᠶᠢᠲ᠋ᠠ ᠪᠠ ᠵᠣᠬᠢᠶᠠᠮᠠᠯ ᠣᠶᠤᠨ ᠴᠢᠳᠠᠪᠤᠷᠢ ᠶᠢᠨ | ᠮᠡᠷᠭᠡᠵᠢᠯ ᠢ ᠠᠰᠢᠭᠯᠠᠨ᠂ ᠮᠡᠳᠡᠭᠡ ᠵᠠᠩᠭᠢᠵᠢᠯᠲᠠ ᠪᠠᠷ ᠲᠤᠯᠭᠠᠭᠤᠷᠢᠯᠠᠯ ᠪᠣᠯᠭᠠᠭᠰᠠᠨ ᠣᠳᠣᠬᠢᠴᠢᠯᠠᠭᠰᠠᠨ ᠬᠢᠵᠢᠭ ᠤᠨ | ᠪᠠᠶᠢᠳᠠᠯ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠡᠮᠵᠢᠯᠡᠭᠦᠯᠵᠦ | ᠬᠢᠨᠠᠨ ᠰᠢᠨᠵᠢᠬᠦ ᠲᠤᠤᠷ ᠰᠦᠯᠵᠢᠶ᠎ᠡ ᠶᠢ ᠪᠠᠶᠢᠭᠤᠯᠵᠤ᠂ ᠣᠨᠴᠠ ᠲᠣᠭᠲᠠᠭᠰᠠᠨ ᠲᠠᠯᠠᠪᠤᠷ ᠭᠠᠵᠠᠷ᠂ ᠳᠠᠮᠵᠢᠭᠤᠯᠭ᠎ᠠ ᠶᠢᠨ | ᠬᠡᠯᠬᠢᠶ᠎ᠡ ᠳᠤ ᠮᠥᠷᠳᠡᠨ ᠵᠠᠳᠠᠯᠤᠯᠲᠠ ᠬᠢᠵᠦ᠂ ᠣᠯᠠᠨ ᠲᠠᠯ᠎ᠠ ᠠᠴᠠ ᠤᠷᠢᠳᠴᠢᠯᠠᠨ ᠰᠡᠷᠡᠮᠵᠢᠯᠡᠭᠦᠯᠬᠦ ᠣᠶᠤᠨᠴᠢᠯᠠᠭᠰᠠᠨ | ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠡᠯ᠎ᠡ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠲᠤᠷᠰᠢᠯᠲᠠ ᠶᠢᠨ ᠲᠠᠰᠤᠭ ᠤᠨ ᠰᠢᠯᠭᠠᠨ ᠪᠠᠶᠢᠴᠠᠭᠠᠬᠤ ᠴᠢᠳᠠᠪᠤᠷᠢ ︵PCR ᠲᠤᠷᠰᠢᠯᠲᠠ ᠶᠢᠨ | ᠲᠠᠰᠤᠭ ᠤᠨ ᠴᠢᠳᠠᠪᠤᠷᠢ ᠶᠢᠨ ᠪᠠᠶᠢᠭᠤᠯᠤᠯᠲᠠ ᠪᠠᠭᠲᠠᠨ᠎ᠠ︶ ᠶᠢ ᠪᠥᠬᠦ ᠲᠠᠯ᠎ᠠ ᠪᠠᠷ ᠴᠢᠩᠭᠠᠳᠬᠠᠵᠤ᠂ 2022 ᠣᠨ ᠤ | ᠡᠴᠦᠰ ᠪᠣᠯᠬᠤ ᠳᠤ᠂ ᠡᠯ᠎ᠡ ᠬᠤᠰᠢᠭᠤ ︵ᠣᠷᠣᠨ︶ 24 ᠴᠠᠭ ᠤᠨ ᠳᠣᠲᠣᠷ᠎ᠠ ᠨᠢᠭᠡ ᠡᠭᠡᠯᠵᠢ ᠶᠢᠨ ᠬᠠᠷᠢᠶ᠎ᠠ | ᠣᠷᠣᠨ ᠤ ᠳᠣᠲᠣᠷᠠᠬᠢ ᠪᠥᠬᠦ ᠠᠵᠢᠯᠲᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠪᠡᠶ᠎ᠡ ᠪᠠᠨ ᠳᠠᠭᠠᠭᠠᠨ | ᠪᠡᠶᠡᠯᠡᠭᠦᠯᠬᠦ ᠴᠢᠳᠠᠪᠤᠷᠢ ᠲᠠᠢ ᠪᠣᠯᠤᠨ᠎ᠠ᠃ ᠴᠡᠭᠡ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠦᠷᠦᠯ ᠵᠦᠢᠯ ᠢ ᠬᠡᠷᠡᠭᠵᠢᠭᠦᠯᠬᠦ ᠶᠢ | ᠠᠬᠢᠭᠤᠯᠤᠨ᠎ᠠ᠃ | 15 . ᠬᠦᠨᠳᠦ ᠶᠡᠭᠡ ᠬᠢᠵᠢᠭ ᠤᠨ ᠪᠠᠶᠢᠳᠠᠯ ᠤᠨ ᠠᠪᠤᠷᠠᠨ ᠵᠠᠰᠠᠬᠤ ᠰᠢᠰᠲ᠋ᠧᠮᠵᠢ ᠶᠢ ᠪᠠᠶᠢᠭᠤᠯᠣᠨ᠎ᠠ᠃ | ᠡᠮᠴᠢᠯᠡᠭᠡᠨ ᠤ ᠪᠠᠶᠢᠭᠤᠯᠤᠮᠵᠢ ᠶᠢᠨ ᠬᠦᠨᠳᠦ ᠶᠡᠭᠡ ᠬᠢᠵᠢᠭ ᠤᠨ ᠪᠠᠶᠢᠳᠠᠯ ᠢ ᠠᠪᠤᠷᠠᠨ ᠵᠠᠰᠠᠬᠤ ᠲᠤᠰᠢᠶᠠᠯ | ᠬᠠᠷᠢᠭᠤᠴᠠᠯᠭ᠎ᠠ ᠪᠠ ᠴᠢᠳᠠᠮᠵᠢ ᠶᠢ ᠲᠣᠳᠣᠷᠬᠠᠶᠢᠯᠠᠨ ᠨᠠᠶᠢᠳᠠᠪᠤᠷᠢᠵᠢᠭᠤᠯᠵᠤ᠂ ᠬᠦᠨᠳᠦ ᠶᠡᠭᠡ ᠬᠠᠯᠳᠠᠪᠤᠷᠢᠲᠤ | ᠡᠪᠡᠳᠴᠢᠨ ᠢ ᠠᠪᠤᠷᠠᠨ ᠵᠠᠰᠠᠬᠤ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶᠠᠨ ᠤ ᠪᠠᠶᠢᠷᠢᠯᠠᠭᠤᠯᠤᠯᠲᠠ ᠶᠢ ᠤᠯᠠᠮ | ᠨᠢᠭᠡ ᠠᠯᠬᠤᠮ ᠰᠢᠯᠢᠳᠡᠭᠵᠢᠭᠦᠯᠦᠨ ᠪᠠᠶᠢᠷᠢᠯᠠᠭᠤᠯᠵᠤ᠂ ᠬᠦᠨᠳᠦ ᠶᠡᠭᠡ ᠬᠠᠯᠳᠠᠪᠤᠷᠢᠲᠤ ᠡᠪᠡᠳᠴᠢᠨ ᠤ ᠬᠢᠵᠢᠭ ᠤᠨ | ᠪᠠᠶᠢᠳᠠᠯ ᠢ ᠠᠪᠤᠷᠠᠨ ᠵᠠᠰᠠᠬᠤ ᠴᠢᠳᠠᠪᠤᠷᠢ ᠶᠢᠨ ︽ᠪᠠᠷᠢᠮᠵᠢᠶᠠᠵᠢᠭᠤᠯᠤᠯᠲᠠ︾ ᠶᠢᠨ ᠪᠠᠶᠢᠭᠤᠯᠤᠯᠲᠠ ᠶᠢᠨ | ᠢᠨᠵᠧᠨᠧᠷᠢᠩ ᠢ ᠬᠡᠷᠡᠭᠵᠢᠭᠦᠯᠵᠦ᠂ ᠱᠠᠳᠤ ᠳᠠᠪᠬᠤᠷᠭ᠎ᠠ ᠬᠤᠪᠢᠶᠠᠭᠰᠠᠨ᠂ ᠣᠷᠣᠨ ᠪᠦᠰᠡ ᠬᠤᠪᠢᠶᠠᠭᠰᠠᠨ ᠪᠠᠴᠢᠮ | ᠪᠠᠶᠢᠳᠠᠯ ᠢ ᠠᠷᠭᠠᠴᠠᠬᠤ ᠡᠮᠴᠢᠯᠡᠭᠡᠨ ᠤ ᠠᠪᠤᠷᠠᠨ ᠵᠠᠰᠠᠬᠤ ᠰᠢᠰᠲ᠋ᠧᠮ ᠢ ᠪᠠᠶᠢᠭᠤᠯᠤᠨ᠎ᠠ᠃ ᠠᠶᠢᠮᠠᠭ᠂ ᠬᠤᠰᠢᠭᠤ ︵ | ᠣᠷᠣᠨ︶ ᠶᠢᠨ ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ ᠬᠤᠷᠢᠶ᠎ᠠ ᠪᠤᠶᠤ ᠬᠠᠯᠳᠠᠪᠤᠷᠢᠲᠤ ᠡᠪᠡᠳᠴᠢᠨ ᠤ | ᠡᠪᠡᠳᠴᠢᠲᠡᠨ ᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠶᠠᠳᠤᠭᠠᠷ ᠳᠡᠰ ᠠᠴᠠ ᠳᠡᠭᠡᠭᠰᠢᠬᠢ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ | ᠪᠠ ᠲᠥᠬᠦᠭᠡᠷᠦᠮᠵᠢ ᠶᠢᠨ ᠳᠡᠰ ᠳᠡᠪᠰᠢᠬᠦ ᠶᠢ ᠴᠢᠩᠭᠠᠳᠬᠠᠨ᠂ ᠬᠠᠯᠳᠠᠪᠤᠷᠢᠲᠤ ᠡᠪᠡᠳᠴᠢᠨ ᠢ ᠪᠠᠴᠢᠮ ᠠᠷᠭᠠᠴᠠᠬᠤ ᠳᠤ | ᠬᠡᠷᠡᠭᠯᠡᠵᠦ ᠪᠣᠯᠬᠤ ᠡᠪᠡᠳᠴᠢᠲᠡᠨ ᠤ ᠥᠷᠥᠭᠡ ᠶᠢᠨ ᠠᠰᠠᠷ ᠪᠤᠶᠤ ᠲᠤᠰᠠᠭᠠᠷ ᠡᠪᠡᠳᠴᠢᠲᠡᠨ ᠤ ᠲᠣᠭᠤᠷᠢᠭ ᠢ | ᠪᠠᠶᠢᠭᠤᠯᠵᠤ᠂ ᠬᠦᠨᠳᠦ ᠡᠪᠡᠳᠴᠢᠲᠡᠨ ᠢ ᠬᠠᠷᠠᠭᠠᠯᠵᠠᠨ ᠬᠠᠮᠠᠭᠠᠯᠠᠬᠤ ᠡᠪᠡᠳᠴᠢᠲᠡᠨ ᠤ ᠲᠣᠭᠤᠷᠢᠭ ︵ICU︶ ᠤᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠣᠷᠣᠨ ᠲᠤᠭ᠎ᠠ ᠶᠢᠨ ᠣᠷᠣ ᠶᠢᠨ 25 % ᠪᠠᠷ ᠬᠦᠨᠳᠦ | ᠡᠪᠡᠳᠴᠢᠲᠡᠨ ᠢ ᠬᠠᠷᠠᠭᠠᠯᠵᠠᠨ ᠬᠠᠮᠠᠭᠠᠯᠠᠬᠤ ᠡᠪᠡᠳᠴᠢᠲᠡᠨ ᠤ ᠣᠷᠣ ᠲᠣᠬᠢᠷᠠᠭᠤᠯᠵᠤ᠂ ᠠᠮᠢᠳᠤ ᠪᠣᠳᠠᠰ ᠤᠨ ᠠᠮᠤᠷ | ᠲᠦᠪᠰᠢᠨ ᠤ ᠬᠤᠶᠠᠳᠤᠭᠠᠷ ᠳᠡᠰ ︵P 2︶ ᠤᠨ ᠬᠢᠷᠢ ᠬᠡᠮᠵᠢᠶ᠎ᠡ ᠳᠤ ᠬᠦᠷᠦᠭᠰᠡᠨ ᠲᠤᠷᠰᠢᠯᠲᠠ ᠶᠢᠨ ᠲᠠᠰᠤᠭ ᠢ | ᠪᠠᠶᠢᠭᠤᠯᠬᠤ ᠬᠡᠷᠡᠭᠲᠡᠶ᠃ ᠪᠦᠬᠦ ᠠᠶᠢᠮᠠᠭ ᠤᠨ ᠬᠤᠶᠠᠳᠤᠭᠠᠷ ᠳᠡᠰ ᠠᠴᠠ ᠳᠡᠭᠡᠭᠰᠢᠬᠢ ᠡᠮᠴᠢᠯᠡᠭᠡᠨ ᠤ | ᠪᠠᠶᠢᠭᠤᠯᠤᠮᠵᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ᠪᠠ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠬᠠᠯᠠᠭᠤᠷᠠᠯ ᠤᠨ ᠡᠮᠴᠢᠯᠡᠭᠡᠨ ᠤ ᠲᠠᠰᠤᠭ᠂ ᠦᠯᠡᠳᠡᠭᠡᠨ ᠠᠵᠢᠭᠯᠠᠬᠤ ᠲᠠᠰᠤᠭ᠂ ᠳᠠᠮᠵᠢᠭᠤᠯᠤᠨ | ᠲᠡᠭᠡᠭᠡᠪᠦᠷᠢᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ 100 % ᠪᠠᠷ | ᠪᠠᠷᠢᠮᠵᠢᠶ᠎ᠠ ᠳᠤ ᠬᠦᠷᠦᠭᠦᠯᠬᠦ ᠶᠢ ᠪᠡᠶᠡᠯᠡᠭᠦᠯᠦᠨ᠎ᠡ᠃ ᠪᠡᠯᠡᠳᠬᠡᠯ ᠲᠣᠭᠲᠠᠭᠰᠠᠨ ᠡᠮᠨᠡᠯᠭᠡ ᠶᠢᠨ ᠬᠤᠷᠢᠶ᠎ᠠ ᠶᠢᠨ ᠪᠦᠬᠦᠯᠢ | ᠴᠣᠭᠴᠠ ᠪᠠᠷ ᠬᠤᠪᠢᠷᠠᠭᠤᠯᠬᠤ ᠲᠣᠭᠲᠠᠴᠠ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠵᠠᠰᠠᠬᠤ ︽ᠪᠡᠯᠡᠳᠬᠡᠯ | ᠠᠯᠪᠠ︾ ᠶᠢᠨ ᠳᠦᠷᠢᠮ ᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠪᠠᠶᠢᠳᠠᠯ ᠳᠣᠣᠷᠠᠬᠢ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢ ᠳᠠᠶᠢᠴᠢᠯᠠᠨ ᠳᠠᠭᠠᠬᠤ᠂ ᠠᠵᠢᠯᠲᠠᠨ ᠢ ᠰᠢᠯᠵᠢᠭᠦᠯᠦᠨ ᠴᠤᠭᠯᠠᠭᠤᠯᠬᠤ᠂ | ᠲᠠᠲᠠᠪᠤᠷᠢᠯᠠᠨ ᠬᠡᠷᠡᠭᠯᠡᠵᠦ ᠰᠤᠯᠠᠯᠠᠭᠤᠯᠬᠤ ᠪᠠ ᠣᠷᠣᠨ ᠪᠦᠰᠡ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ | ᠲᠡᠭᠦᠯᠳᠡᠷᠵᠢᠭᠦᠯᠬᠦ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠬᠤ ᠪᠠᠶᠢᠳᠠᠯ ᠳᠣᠣᠷ᠎ᠠ ᠡᠮ ᠡᠮᠨᠡᠯᠭᠡ ᠡᠷᠡᠭᠦᠯ | ᠬᠠᠮᠠᠭᠠᠯᠠᠯ ᠤᠨ ᠦᠨᠳᠦᠰᠦᠨ ᠦᠢᠯᠡᠴᠢᠯᠡᠭᠡ ᠶᠢ ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠭᠠᠷ ᠪᠠ | ᠭᠠᠵᠠᠷ ᠣᠷᠣᠨ ᠢ ᠨᠢᠭᠡ ᠴᠣᠭᠴᠠᠵᠢᠭᠤᠯᠤᠭᠰᠠᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ | ᠰᠢᠰᠲ᠋ᠧᠮᠵᠢ ᠶᠢ ᠰᠦᠪᠡᠭᠴᠢᠯᠡᠨ ᠪᠠᠶᠢᠭᠤᠯᠵᠤ᠂ ︽1 ᠴᠠᠭ ᠤᠨ ᠠᠪᠤᠷᠠᠨ ᠲᠤᠰᠠᠯᠠᠬᠤ ᠲᠣᠭᠤᠷᠢᠭ︾ ᠢ ᠪᠣᠶ ᠪᠣᠯᠭᠠᠨ᠎ᠠ | ᠃ ᠪᠣᠭᠤᠮᠲᠠ ᠶᠢᠨ ᠡᠮᠴᠢᠯᠡᠭᠡᠨ ᠤ ᠦᠢᠯᠡᠴᠢᠯᠡᠭᠡ ᠶᠢᠨ ᠪᠡᠯᠡᠳᠬᠡᠮᠵᠢ ᠶᠢ ᠪᠦᠷᠢᠨᠰᠢᠬᠦᠯᠵᠦ᠂ ᠪᠣᠭᠤᠮᠲᠠ ᠶᠢᠨ | ᠡᠮᠴᠢᠯᠡᠭᠡᠨ ᠤ ᠡᠪᠡᠳᠴᠢᠨ ᠦᠵᠡᠭᠦᠯᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠪᠠᠴᠢᠮ ᠪᠠᠶᠢᠳᠠᠯ ᠢ | ᠠᠷᠭᠠᠴᠠᠵᠤ ᠪᠠᠴᠢᠮ ᠠᠪᠤᠷᠬᠠᠤ ᠵᠡᠷᠭᠡ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠦᠨ᠎ᠡ᠃ ᠠᠶᠢᠮᠠᠭ ᠤᠨ ᠲᠥᠪ | ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠲᠣᠭᠤᠷᠢᠭ ᠤᠨ ᠶᠡᠷᠦᠩᠬᠡᠶᠢᠯᠡᠭᠰᠡᠨ ᠠᠰᠠᠷ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠪᠠ ᠠᠯᠠᠱᠠ ᠪᠠᠷᠠᠭᠤᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠂ | ᠡᠵᠡᠨ᠎ᠡ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠨᠡᠭᠡᠭᠡᠯᠲᠡ ᠶᠢᠨ ᠣᠷᠣᠨ ᠤ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠠᠯᠠᠱᠠ ᠵᠡᠭᠦᠨ ᠬᠤᠰᠢᠭᠤᠨ ᠤ | ᠵᠢᠷᠠᠨᠲᠠᠶ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠲᠣᠭᠤᠷᠢᠭ ᠢ ᠥᠭᠡᠷᠡᠴᠢᠯᠡᠵᠦ ᠥᠷᠭᠡᠳᠬᠡᠨ | ᠪᠠᠶᠢᠭᠤᠯᠬᠤ ᠲᠥᠷᠥᠯ ᠵᠦᠢᠯ ᠢ ᠠᠬᠢᠭᠤᠯᠤᠨ ᠬᠡᠷᠡᠭᠵᠢᠭᠦᠯᠵᠦ᠂ ᠲᠩᠷᠢ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ | ᠣᠷᠣᠨ ︵ᠬᠤᠶᠠᠷᠬᠤᠳᠳᠤᠭ ᠤᠨ ᠬᠦᠳᠡᠭᠡ ᠠᠮᠢ ᠠᠬᠤᠶ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ︶ ᠤᠨ | ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠲᠣᠭᠤᠷᠢᠭ ᠢ ᠲᠦᠷᠭᠡᠬᠡᠨ | ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠂ ᠴᠡᠭᠡ ᠪᠣᠭᠤᠮᠲᠠ ᠶᠢᠨ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠰᠡᠷᠭᠡᠶᠢᠯᠡᠨ ᠡᠵᠡᠮᠳᠡᠵᠦ ᠠᠪᠤᠷᠠᠨ ᠵᠠᠰᠠᠬᠤ ᠴᠢᠳᠠᠪᠤᠷᠢ ᠶᠢᠨ ᠶᠡᠷᠦᠩᠬᠡᠶᠢᠯᠡᠭᠰᠡᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠤᠨ᠎ᠠ᠃ | 16 . ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ | ᠰᠢᠰᠲ᠋ᠧᠮᠵᠢ ᠶᠢ ᠪᠦᠷᠢᠨᠰᠢᠭᠦᠯᠦᠨ᠎ᠡ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠡᠷᠡᠭᠦᠯ ᠬᠠᠮᠠᠭᠠᠯᠠᠯ ᠤᠨ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠠᠯ᠎ᠠ ᠪᠠᠷ ᠬᠢ ᠡᠷᠬᠡ ᠬᠠᠷᠢᠭᠤᠴᠠᠯᠭ᠎ᠠ ᠶᠢᠨ ᠬᠠᠷᠢᠴᠠᠭ᠎ᠠ ᠶᠢ | ᠰᠢᠯᠢᠳᠡᠭᠵᠢᠭᠦᠯᠵᠦ᠂ ᠨᠢᠭᠡᠳᠦᠯᠲᠡᠶ ᠤᠳᠤᠷᠢᠳᠤᠭᠰᠠᠨ᠂ ᠡᠷᠬᠡ ᠬᠠᠷᠢᠭᠤᠴᠠᠯᠭ᠎ᠠ ᠵᠣᠬᠢᠴᠠᠯᠳᠤᠭᠰᠠᠨ᠂ ᠨᠠᠶᠢᠳᠠᠪᠣᠷᠢᠳᠠᠢ | ᠥᠨᠳᠥᠷ ᠪᠦᠲᠦᠮᠵᠢᠲᠡᠶ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠪᠠᠶᠢᠷᠢᠰᠢᠯ ᠢ ᠪᠠᠶᠢᠭᠤᠯᠤᠨ᠎ᠠ᠃ ᠲᠥᠪᠯᠡᠷᠡᠩᠭᠦᠶ ᠨᠢᠭᠡᠳᠦᠯᠲᠡᠶ ᠥᠨᠳᠥᠷ ᠪᠦᠲᠦᠮᠵᠢᠲᠡᠶ᠂ ᠡᠩ ᠤᠨ | ᠦᠶ᠎ᠡ ᠪᠠ ᠲᠡᠶᠢᠨ ᠤ ᠦᠶ᠎ᠡ ᠶᠢ ᠤᠶᠠᠯᠳᠤᠭᠤᠯᠤᠭᠰᠠᠨ ᠤᠳᠤᠷᠢᠳᠤᠨ ᠵᠢᠯᠣᠭᠤᠳᠬᠤ ᠰᠢᠰᠲ᠋ᠧᠮ ᠪᠣᠯᠤᠨ ᠬᠤᠯᠪᠣᠭᠠᠯᠠᠨ | ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ ᠪᠠᠶᠢᠭᠤᠯᠵᠤ᠂ ᠬᠦᠨᠳᠦ ᠶᠡᠭᠡ ᠬᠢᠵᠢᠭ ᠤᠨ ᠪᠠᠶᠢᠳᠠᠯ ᠢ ᠪᠠᠴᠢᠮ | ᠠᠷᠭᠠᠴᠠᠭᠠᠬᠤ ᠠᠵᠢᠯᠯᠠᠭ᠎ᠠ ᠶᠢᠨ ᠲᠠᠪᠴᠠᠩ ᠢ ᠪᠠᠶᠢᠭᠤᠯᠵᠤ᠂ ᠣᠯᠠᠨ ᠳ᠋ᠠᠶᠢᠲ᠋ᠠ᠂ ᠪᠥᠬᠦ ᠲᠠᠯ᠎ᠠ ᠶᠢᠨ᠂ ᠥᠷᠭᠡᠨ | ᠪᠦᠷᠬᠦᠴᠡ ᠲᠠᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ | ᠮᠡᠳᠡᠭᠡ ᠵᠠᠩᠭᠢ ᠶᠢᠨ ᠰᠢᠰᠲ᠋ᠧᠮ ᠢ ᠰᠦᠪᠡᠭᠴᠢᠯᠡᠨ ᠪᠠᠶᠢᠭᠤᠯᠵᠤ᠂ ᠣᠳᠣᠬᠠᠨ ᠤ ᠪᠠᠶᠢᠳᠠᠯ ᠢ ᠪᠥᠬᠦ ᠲᠠᠯ᠎ᠠ ᠪᠠᠷ ᠮᠡᠳᠡᠷᠡᠬᠦ | ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠬᠤ᠂ | ᠴᠢᠬᠤᠯᠠ ᠶᠡᠭᠡ ᠮᠡᠳᠡᠭᠡ ᠵᠠᠩᠭᠢ ᠶᠢ ᠨᠢᠭᠡᠳᠦᠯᠲᠡᠶ ᠨᠡᠶᠢᠲᠡᠯᠡᠬᠦ᠂ ᠵᠠᠩᠭᠢᠯᠠᠭ᠎ᠠ ᠶᠢᠨ ᠵᠠᠷᠯᠢᠭ ᠢ ᠴᠠᠭ ᠲᠤᠬᠠᠶ ᠳᠤᠨᠢ | ᠪᠠᠭᠤᠯᠭᠠᠬᠤ᠂ ᠣᠯᠠᠨ ᠱᠠᠲᠤᠨ ᠤ ᠵᠣᠬᠢᠶᠠᠨ ᠪᠠᠶᠢᠭᠤᠯᠤᠯᠲᠠ ᠬᠠᠮᠵᠢᠯᠴᠠᠭᠰᠠᠨ ᠬᠦᠨᠳᠦ ᠶᠡᠭᠡ ᠬᠢᠵᠢᠭ ᠤᠨ ᠪᠠᠶᠢᠳᠠᠯ ᠢ | ᠪᠠᠴᠢᠮ ᠠᠷᠭᠠᠴᠠᠭᠠᠬᠤ ᠠᠵᠢᠯᠯᠠᠭ᠎ᠠ ᠶᠢᠨ ᠪᠠᠶᠢᠷᠢᠰᠢᠯ ᠢ ᠪᠡᠶᠡᠯᠡᠭᠦᠯᠦᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠪᠠᠶᠢᠳᠠᠯ | ᠳᠣᠣᠷᠠᠬᠢ ᠲᠣᠣᠷᠵᠢᠭᠰᠠᠨ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ | ᠣᠷᠣᠯᠴᠠᠬᠤ ᠠᠷᠭ᠎ᠠ ᠵᠠᠮ᠂ ᠠᠷᠭ᠎ᠠ ᠬᠡᠯᠪᠡᠷᠢ ᠪᠣᠯᠤᠨ ᠲᠣᠭᠲᠠᠴᠠ ᠶᠢ ᠰᠢᠯᠢᠳᠡᠭᠵᠢᠭᠦᠯᠵᠦ᠂ ᠪᠦᠬᠦ ᠨᠡᠶᠢᠭᠡᠮ ᠤᠨ | ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ ᠢᠳᠡᠪᠬᠢᠵᠢᠯ ᠢ ᠲᠠᠶᠢᠴᠢᠯᠠᠵᠤ᠂ ᠪᠦᠬᠦ ᠨᠡᠶᠢᠭᠡᠮ ᠤᠨ | ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ ᠪᠠᠶᠢᠷᠢᠰᠢᠯ ᠢ ᠪᠠᠶᠢᠭᠤᠯᠬᠤ ᠬᠡᠷᠡᠭᠲᠡᠢ᠃ | 17 . ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠪᠠᠲᠤᠯᠠᠭ᠎ᠠ ᠶᠢᠨ | ᠰᠢᠰᠲ᠋ᠧᠮ ᠢ ᠪᠠᠶᠢᠭᠤᠯᠤᠨ᠎ᠠ᠃ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ | ᠨᠥᠭᠡᠴᠡᠯᠡᠯᠲᠡ ᠪᠠ ᠬᠠᠩᠭᠠᠯᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠪᠠᠴᠢᠮ | ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡᠯᠡᠯᠲᠡ ᠪᠠᠷ ᠲᠤᠯᠭᠠᠭᠤᠷᠢᠯᠠᠯ ᠪᠣᠯᠭᠠᠵᠤ᠂ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡᠯᠡᠯᠲᠡ ᠪᠠᠷ ᠰᠠᠭᠤᠷᠢ | ᠪᠣᠯᠭᠠᠵᠤ᠂ ᠨᠡᠶᠢᠭᠡᠮ ᠤᠨ ᠬᠠᠨᠳᠢᠪᠯᠠᠨ ᠬᠦᠷᠭᠡᠭᠰᠡᠨ ᠪᠠ ᠬᠡᠷ ᠪᠦᠯᠢ ᠶᠢᠨ ᠨᠥᠭᠡᠴᠡᠯᠡᠯᠲᠡ ᠪᠠᠷ ᠨᠥᠬᠦᠪᠥᠷᠢ ᠪᠣᠯᠭᠠᠵᠤ᠂ | ᠬᠡᠪᠴᠢᠶ᠎ᠡ ᠵᠣᠬᠢᠰᠲᠠᠶ᠂ ᠪᠦᠲᠦᠴᠡ ᠵᠣᠬᠢᠰᠲᠠᠶ᠂ ᠬᠠᠮᠢᠶᠠᠷᠤᠯᠲᠠ ᠰᠢᠨᠵᠢᠯᠡᠬᠦ ᠤᠬᠠᠭᠠᠨᠴᠢ᠂ ᠠᠵᠢᠯᠯᠠᠭᠠᠨ ᠥᠨᠳᠥᠷ | ᠪᠦᠲᠦᠮᠵᠢᠲᠡᠶ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠵᠤ᠂ | ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡᠯᠡᠯᠲᠡ ᠶᠢ ᠱᠠᠲᠤ ᠲᠥᠷᠥᠯ ᠬᠤᠪᠢᠶᠠᠨ ᠵᠣᠬᠢᠶᠠᠨ | ᠪᠠᠶᠢᠭᠤᠯᠵᠤ᠂ ᠡᠯ᠎ᠡ ᠱᠠᠲᠤᠨ ᠤ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠴᠠᠭ | ᠲᠤᠬᠠᠶ ᠳᠤᠨᠢ ᠬᠠᠩᠭᠠᠬᠤ ᠶᠢ ᠪᠠᠲᠤᠯᠠᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠨᠥᠭᠡᠴᠡᠯᠡᠬᠦ | ᠪᠡᠯᠡᠳᠬᠡᠯ ᠲᠥᠰᠦᠯ ᠢ ᠪᠦᠷᠢᠨᠰᠢᠬᠦᠯᠵᠤ᠂ ᠨᠥᠭᠡᠴᠡᠯᠡᠭᠰᠡᠨ ᠡᠳ᠋ ᠤᠨ ᠲᠦᠷᠦᠯ᠂ ᠬᠡᠪᠴᠢᠶ᠎ᠡ ᠪᠠ ᠪᠦᠲᠦᠴᠡ ᠶᠢ | ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠤ᠂ ᠡᠮᠴᠢᠯᠡᠭᠡᠨ ᠳᠤ ᠬᠡᠷᠡᠭᠯᠡᠬᠦ ᠰᠡᠷᠭᠡᠶᠢᠯᠡᠨ ᠬᠠᠮᠠᠭᠠᠯᠠᠬᠤ ᠡᠳ᠋ ᠪᠣᠳᠠᠰ᠂ | ᠡᠮ ᠤᠨ ᠵᠦᠢᠯ᠂ ᠲᠤᠷᠰᠢᠯᠲᠠ ᠶᠢᠨ ᠡᠮ ᠪᠠ ᠸᠠᠺᠼᠢᠨ ᠵᠡᠷᠭᠡ ᠶᠢᠨ ᠨᠥᠭᠡᠴᠡ ᠶᠢ ᠴᠢᠩᠭᠠᠳᠬᠠᠨ᠎ᠠ᠃ ᠰᠢᠨ᠎ᠡ ᠪᠠᠷ | ᠪᠠᠶᠢᠭᠤᠯᠬᠤ ᠲᠣᠮᠣ ᠬᠡᠯᠪᠡᠷᠢ ᠶᠢᠨ ᠪᠠᠷᠢᠯᠭ᠎ᠠ ᠳᠤ ᠪᠠᠴᠢᠮ ᠪᠠᠶᠢᠳᠠᠯ ᠢ ᠠᠷᠭᠠᠴᠠᠬᠤ ᠬᠡᠷᠡᠭᠴᠡᠭᠡ ᠱᠠᠭᠠᠷᠳᠠᠯᠭ᠎ᠠ ᠶᠢ | ᠬᠠᠮᠲᠤ ᠳᠤᠨᠢ ᠬᠠᠷᠠᠭᠠᠯᠵᠠᠨ᠂ ᠰᠢᠯᠵᠢᠭᠦᠯᠦᠨ ᠵᠠᠯᠭᠠᠬᠤ ᠶᠢ ᠤᠷᠢᠳᠴᠢᠯᠠᠨ ᠦᠯᠡᠳᠡᠭᠡᠵᠦ᠂ ᠲᠣᠮᠣ ᠬᠡᠯᠪᠡᠷᠢ ᠶᠢᠨ ᠣᠯᠠᠨ | ᠨᠡᠶᠢᠲᠡ ᠶᠢᠨ ᠪᠡᠯᠡᠳᠬᠡᠮᠵᠢ ᠶᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠵᠠᠰᠠᠬᠤ ᠪᠡᠯᠡᠳᠬᠡᠮᠵᠢ ᠪᠣᠯᠭᠠᠨ | ᠬᠤᠪᠢᠷᠠᠭᠤᠯᠬᠤ ᠪᠡᠯᠡᠳᠬᠡᠯ ᠲᠥᠰᠦᠯ ᠢ ᠲᠣᠭᠲᠠᠭᠠᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ | ᠪᠠᠴᠢᠮ ᠪᠠᠶᠢᠳᠠᠯ ᠢ ᠠᠷᠭᠠᠴᠠᠵᠤ ᠠᠪᠤᠷᠠᠨ ᠵᠠᠰᠠᠬᠤ ᠭᠠᠵᠠᠷ ᠲᠠᠯᠠᠪᠤᠷ ᠤᠨ ︽ᠪᠡᠯᠡᠳᠬᠡᠯ ᠠᠯᠪᠠ︾ ᠶᠢᠨ ᠳᠦᠷᠢᠮ ᠢ | ᠪᠠᠶᠢᠭᠤᠯᠤᠨ᠎ᠠ᠃ ᠡᠳ᠋ ᠪᠣᠳᠠᠰ ᠨᠥᠭᠡᠴᠡᠯᠡᠬᠦ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂ | ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠡᠳ᠋ ᠪᠣᠳᠠᠰ ᠤᠨ ᠪᠠᠲᠤᠯᠠᠭ᠎ᠠ ᠶᠢᠨ ᠡᠬᠢ ᠪᠠᠶᠠᠯᠢᠭ ᠢ ᠨᠢᠭᠡᠳᠦᠯᠲᠡᠢ | ᠲᠥᠯᠥᠪᠯᠡᠨ᠂ ᠡᠳ᠋ ᠪᠣᠳᠠᠰ ᠤᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | 18 . ᠭᠡᠨᠡᠳᠲᠡ ᠶᠢᠨ ᠬᠡᠷᠡᠭ ᠪᠠᠴᠢᠮ ᠪᠠᠶᠢᠳᠠᠯ ᠢ ᠠᠷᠭᠠᠴᠠᠬᠤ ᠲᠥᠰᠦᠯ ᠤᠨ ᠰᠢᠰᠲ᠋ᠧᠮᠵᠢ ᠶᠢ | ᠳᠡᠬᠦᠯᠳᠡᠷᠵᠢᠬᠦᠯᠦᠨ᠎ᠡ᠃ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠭᠰᠡᠨ ᠲᠤᠷᠰᠢᠯᠭ᠎ᠠ ᠶᠢ ᠳ᠋ᠦᠩᠨᠡᠵᠦ᠂ ᠡᠯ᠎ᠡ ᠱᠠᠲᠤᠨ ᠤ ᠡᠯ᠎ᠡ ᠲᠥᠷᠥᠯ ᠤᠨ ︿ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠭᠡᠨᠡᠳᠲᠡ ᠶᠢᠨ ᠬᠡᠷᠡᠭ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ﹀ ᠳᠤ ᠪᠥᠬᠦ | ᠲᠠᠯ᠎ᠠ ᠪᠠᠷ ᠵᠠᠰᠠᠪᠤᠷᠢ ᠣᠷᠣᠭᠤᠯᠵᠤ᠂ ᠲᠡᠭᠦᠨ ᠤ ᠴᠢᠭᠯᠡᠯᠲᠦ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ | ᠳᠡᠭᠡᠭᠰᠢᠯᠡᠭᠦᠯᠵᠦ᠂ ᠶᠡᠷᠦᠩᠬᠡᠶ ᠪᠡᠯᠡᠳᠬᠡᠯ ᠲᠥᠰᠦᠯ᠂ ᠲᠤᠰᠬᠠᠶ ᠪᠡᠯᠡᠳᠬᠡᠯ ᠲᠥᠰᠦᠯ᠂ ᠰᠠᠯᠠᠭ᠎ᠠ ᠮᠥᠴᠢᠷ ᠤᠨ | ᠪᠡᠯᠡᠳᠬᠡᠯ ᠲᠥᠰᠦᠯ᠂ ᠣᠷᠣᠨ ᠨᠤᠲᠤᠭ ᠤᠨ ᠪᠡᠯᠡᠳᠬᠡᠯ ᠲᠥᠰᠦᠯ᠂ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ ᠶᠢᠨ ᠪᠡᠯᠡᠳᠬᠡᠯ ᠲᠥᠰᠦᠯ ᠵᠢᠴᠢ ᠲᠣᠮᠣ ᠬᠡᠯᠪᠡᠷᠢ ᠶᠢᠨ ᠴᠤᠭᠯᠠᠭᠠᠨ ᠬᠢᠬᠦ ᠪᠡᠯᠡᠳᠬᠡᠯ ᠲᠥᠰᠦᠯ ᠢᠶᠠᠷ | ᠪᠦᠷᠢᠯᠳᠦᠭᠰᠡᠨ ︿ᠭᠤᠯᠳᠤ ᠪᠠᠷ ᠡᠴᠦᠰ ᠲᠤᠨᠢ ᠲᠤᠯᠲᠠᠯ᠎ᠠ᠂ ᠬᠥᠨᠳᠡᠯᠡᠨ ᠢᠶᠠᠷ ᠬᠥᠪᠡᠭᠡ ᠵᠠᠬ᠎ᠠ ᠳᠤᠨᠢ ᠬᠦᠷᠦᠭᠦᠯᠬᠦ﹀ | ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ︾᠃ ︽ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ | ᠲᠥᠰᠦᠯ︾ ᠢ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠬᠡᠬᠦ ᠲᠦᠷᠢᠮ ᠪᠠ ᠰᠤᠷᠤᠯᠴᠠᠬᠤ ᠲᠦᠷᠢᠮ ᠢ ᠪᠠᠶᠢᠭᠤᠯᠵᠤ᠂ | ᠲᠡᠭᠦᠨ ᠢ ᠰᠠᠭᠤᠭᠠᠯᠢ ᠠᠷᠠᠳ ᠤᠨ ᠣᠨ ᠤ ᠡᠷᠡᠭᠦᠯ ᠮᠡᠨᠳᠦ ᠶᠢᠨ ᠬᠥᠮᠦᠵᠢᠯ ᠪᠠ ᠺᠠᠳ᠋ᠷ ᠤᠨ ᠰᠤᠷᠤᠯᠴᠠᠯᠭ᠎ᠠ ᠳᠤ | ᠣᠷᠣᠭᠤᠯᠵᠤ᠂ ᠡᠯ᠎ᠡ ᠱᠠᠲᠤᠨ ᠤ ᠡᠯ᠎ᠡ ᠲᠥᠷᠥᠯ ᠤᠨ ᠬᠥᠮᠦᠰ ᠤᠨ ᠬᠦᠨᠳᠦ ᠶᠡᠭᠡ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠤᠬᠠᠮᠰᠠᠷ ᠢ ᠨᠢ ᠳᠡᠭᠡᠭᠰᠢᠯᠡᠭᠦᠯᠵᠦ᠂ | ᠲᠡᠳᠡᠨ ᠤ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠮᠡᠳᠡᠯᠭᠡ ᠶᠢ ᠨᠢ ᠪᠠᠲᠤᠳᠬᠠᠨ᠎ᠠ᠃ ︽ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠭᠡᠨᠡᠳᠲᠡ ᠶᠢᠨ ᠬᠡᠷᠡᠭ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠢ ᠲᠣᠭᠲᠠᠮᠠᠯ ᠬᠤᠭᠤᠴᠠᠭ᠎ᠠ ᠲᠠᠢ ᠪᠠᠷ | ᠰᠣᠷᠢᠯᠲᠠ ᠬᠢᠬᠦ ᠲᠦᠷᠢᠮ ᠢ ᠨᠠᠶᠢᠳᠠᠪᠤᠷᠢᠵᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠣᠷᠢᠯᠲᠠ ᠬᠢᠬᠦ ᠴᠠᠭ ᠤᠨ | ᠬᠢᠵᠠᠭᠠᠷ᠂ ᠬᠡᠪᠴᠢᠶ᠎ᠡ ᠪᠠ ᠠᠷᠭ᠎ᠠ ᠮᠠᠶ᠋ᠢᠭ ᠢ ᠲᠣᠳᠣᠷᠬᠠᠶ ᠲᠣᠭᠲᠠᠭᠠᠵᠤ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠡᠯᠡᠳᠬᠡᠯ ᠲᠥᠰᠦᠯ ᠤᠨ ᠰᠢᠰᠲ᠋ᠧᠮᠵᠢ ᠶᠢᠨ ᠰᠡᠷᠭᠡᠶᠢᠯᠡᠨ ᠡᠵᠡᠮᠳᠡᠬᠦ | ᠦᠢᠯᠡᠳᠦᠯ ᠢ ᠨᠠᠩ ᠰᠠᠶᠢᠨ ᠪᠠᠳᠠᠷᠠᠭᠤᠯᠤᠨ᠎ᠠ᠃ | ︵ᠳᠦᠷᠪᠡ︶ ᠰᠢᠰᠲ᠋ᠧᠮ ᠢ ᠡᠮᠬᠢᠯᠡᠨ ᠨᠡᠶᠢᠯᠡᠭᠦᠯᠬᠦ ᠶᠢ ᠠᠬᠢᠭᠤᠯᠵᠤ᠂ ᠡᠮᠴᠢᠯᠡᠭᠡ ᠡᠷᠡᠭᠦᠯ ᠬᠠᠮᠠᠭᠠᠯᠠᠯ ᠤᠨ | ᠦᠢᠯᠡᠴᠢᠯᠡᠬᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠡᠯ᠎ᠡ ᠱᠠᠲᠤᠨ ᠤ ᠡᠯ᠎ᠡ ᠲᠥᠷᠥᠯ ᠤᠨ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠣᠰᠣᠭᠠᠷ᠂ ᠡᠯ᠎ᠡ | ᠱᠠᠲᠤᠨ ᠤ ᠡᠯ᠎ᠡ ᠲᠥᠷᠥᠯ ᠤᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠢᠯᠡᠴᠢᠯᠡᠬᠡᠨ ᠤ | ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠴᠢᠨᠠᠷ ᠰᠠᠶᠢᠲᠠᠶ ᠡᠮᠴᠢᠯᠡᠭᠡ ᠡᠷᠡᠭᠦᠯ ᠬᠠᠮᠠᠭᠠᠯᠠᠯ ᠤᠨ ᠡᠬᠢ | ᠪᠠᠶᠠᠯᠢᠭ ᠢ ᠥᠷᠭᠡᠳᠬᠡᠨ ᠳᠣᠷᠣᠭᠰᠢ ᠪᠠᠭᠤᠯᠭᠠᠬᠤ ᠶᠢ ᠠᠬᠢᠭᠤᠯᠤᠨ᠂ ᠡᠮᠬᠢᠯᠡᠨ ᠨᠡᠶᠢᠯᠡᠭᠦᠯᠦᠭᠰᠡᠨ ᠬᠡᠯᠪᠡᠷᠢ ᠶᠢᠨ | ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠵᠤ᠂ ᠰᠠᠭᠤᠭᠠᠯᠢ | ᠠᠷᠠᠳ ᠤᠨ ᠡᠪᠡᠳᠴᠢᠨ ᠦᠵᠡᠭᠦᠯᠵᠦ ᠭᠠᠳᠠᠭᠰᠢ ᠰᠢᠯᠵᠢᠬᠦ ᠨᠣᠷᠮ᠎ᠠ ᠶᠢ ᠪᠠᠭᠤᠷᠠᠭᠤᠯᠤᠨ᠎ᠠ᠃ | 19 . ᠠᠶᠢᠮᠠᠭ ᠤᠨ ᠱᠠᠲᠤᠨ ᠤ ᠡᠮᠨᠡᠯᠭᠡ ᠶᠢᠨ ᠬᠤᠷᠢᠶᠠᠨ ᠤ ︽ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ︾ | ᠢᠨᠵᠧᠨᠧᠷᠢᠩ ᠢ ᠬᠡᠷᠡᠭᠵᠢᠭᠦᠯᠦᠨ᠎ᠡ᠃ ︽ᠣᠷᠣᠨ ᠪᠦᠰᠡ ᠶᠢᠨ ᠡᠮᠴᠢᠯᠡᠭᠡᠨ ᠤ ᠲᠥᠪ︾ ᠪᠠ ︽ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠵᠠᠰᠠᠬᠤ ᠲᠥᠪ︾ ᠤᠨ ᠬᠠᠷᠠᠯᠲᠠ ᠶᠣᠰᠣᠭᠠᠷ᠂ | ᠠᠯᠠᠱᠠ ᠠᠶᠢᠮᠠᠭ ᠤᠨ ᠲᠥᠪ ᠡᠮᠨᠡᠯᠭᠡ ᠶᠢᠨ ᠬᠤᠷᠢᠶ᠎ᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠰᠢᠨᠵᠢᠯᠡᠭᠡᠨ ᠤ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠵᠤ᠂ ᠮᠡᠷᠭᠡᠵᠢᠯ ᠤᠨ ᠴᠢᠳᠠᠪᠤᠷᠢ ᠪᠠ | ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠡᠮᠨᠡᠯᠭᠡ ᠶᠢᠨ ᠬᠤᠷᠢᠶ᠎ᠠ ᠶᠢᠨ | ︽ᠡᠮᠨᠡᠬᠦ᠂ ᠵᠢᠭᠠᠬᠤ᠂ ᠰᠤᠳᠤᠯᠬᠤ︾ ᠶᠢ ᠠᠭᠤᠰᠣᠯᠴᠠᠭᠤᠯᠥᠨ ᠬᠥᠭᠵᠢᠭᠦᠯᠬᠦ ᠴᠢᠭᠯᠡᠯ ᠳᠠᠰᠢ ᠬᠡᠯᠪᠡᠷᠢ ᠪᠠᠨ | ᠬᠤᠪᠢᠷᠠᠭᠤᠯᠬᠤ ᠶᠢ ᠵᠣᠷᠢᠭᠵᠢᠭᠤᠯᠵᠤ᠂ ᠭᠤᠤᠯᠳᠠᠯᠭ᠎ᠠ ᠲᠠᠢ ᠰᠢᠨᠵᠢᠯᠡᠭᠡᠨ᠂ ᠲᠤᠰᠬᠠᠶ ᠰᠠᠯᠠᠭ᠎ᠠ ᠪᠠᠶᠢᠭᠤᠯᠬᠤ | ᠵᠠᠷᠤᠳᠠᠯ ᠢ ᠤᠯᠬᠤ ᠪᠠᠷ ᠢᠳᠡᠪᠬᠢᠲᠡᠶ ᠴᠢᠷᠮᠠᠶᠢᠵᠤ᠂ ᠰᠢᠩᠭᠡᠭᠡᠯᠲᠡ ᠶᠢᠨ ᠳᠣᠲᠣᠷ ᠰᠠᠯᠠᠭ᠎ᠠ᠂ ᠬᠠᠪᠤᠳᠠᠷ᠂ ᠶᠠᠰᠤᠨ ᠤ | ᠰᠠᠯᠠᠭ᠎ᠠ᠂ ᠬᠠᠯᠳᠠᠪᠤᠷᠢᠲᠤ ᠡᠪᠡᠳᠴᠢᠨ᠂ ᠵᠢᠷᠦᠬᠡ ᠴᠢᠰᠤᠨ ᠰᠤᠳᠠᠯ ᠤᠨ ᠡᠪᠡᠳᠴᠢᠨ᠂ ᠬᠡᠦᠬᠡᠳ ᠤᠨ ᠰᠠᠯᠠᠭ᠎ᠠ᠂ | ᠣᠶᠤᠨ ᠮᠡᠳᠡᠷᠡᠯ ᠤᠨ ᠡᠪᠡᠳᠴᠢᠨ᠂ ᠴᠢᠰᠤ ᠶᠢ ᠨᠡᠪᠴᠢᠭᠦᠯᠦᠨ ᠢᠯᠭᠠᠷᠠᠭᠤᠯᠬᠤ ᠵᠡᠷᠭᠡ ᠰᠢᠨᠵᠢᠯᠡᠭᠡᠨ ᠢ ᠬᠦᠴᠦᠯᠡᠨ ᠪᠣᠶ | ᠪᠣᠯᠭᠠᠵᠤ᠂ ᠭᠤᠷᠪᠠ᠂ ᠳᠥᠷᠪᠡᠳᠦᠭᠡᠷ ᠳᠡᠰ ᠤᠨ ᠮᠡᠰᠡ ᠵᠠᠰᠠᠯ ᠥᠷᠨᠢᠭᠦᠯᠬᠦ ᠨᠣᠷᠮ᠎ᠠ ᠶᠢ ᠬᠦᠴᠦᠯᠡᠨ ᠳᠡᠭᠡᠭᠰᠢᠯᠡᠭᠦᠯᠵᠦ | ᠂ ᠡᠮᠨᠡᠯᠭᠡ ᠶᠢᠨ ᠬᠤᠷᠢᠶ᠎ᠠ ᠶᠢᠨ ᠣᠯᠠᠨ ᠡᠭᠦᠰᠬᠦ ᠪᠠᠶᠢᠩᠭᠤ ᠲᠣᠬᠢᠶᠠᠯᠳᠤᠳᠠᠭ ᠡᠪᠡᠳᠴᠢᠨ ᠢ ᠣᠨᠣᠰᠢᠯᠠᠨ ᠵᠠᠰᠠᠬᠤ ᠪᠠᠷ | ᠭᠤᠤᠯ ᠪᠣᠯᠭᠠᠵᠤ ᠪᠠᠶᠢᠭᠰᠠᠨ ᠠᠴᠠ ᠬᠦᠨᠳᠦ ᠡᠪᠡᠳᠴᠢᠨ ᠤ ᠬᠦᠴᠢᠷ ᠲᠦᠪᠡᠭᠲᠡᠶ ᠡᠯᠳᠡᠪ ᠡᠪᠡᠳᠴᠢᠨ ᠢ ᠣᠨᠣᠰᠢᠯᠠᠨ | ᠵᠠᠰᠠᠬᠤ ᠪᠠᠷ ᠭᠤᠤᠯ ᠪᠣᠯᠭᠠᠬᠤ ᠳᠠᠰᠢ ᠬᠤᠪᠢᠷᠠᠭᠤᠯᠬᠤ ᠶᠢ ᠠᠬᠢᠭᠤᠯᠤᠨ᠎ᠠ᠃ ᠠᠶᠢᠮᠠᠭ ᠤᠨ ᠭᠠᠳᠠᠨᠠᠬᠢ ᠲᠣᠮᠣ | ᠬᠡᠯᠪᠡᠷᠢ ᠶᠢᠨ ᠡᠮᠨᠡᠯᠭᠡ ᠶᠢᠨ ᠬᠤᠷᠢᠶᠠᠨ ᠤ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠮᠡᠷᠭᠡᠵᠢᠯ ᠤᠨ ᠴᠢᠳᠠᠪᠤᠷᠢ ᠪᠠ | ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠨ᠂ ᠴᠢᠳᠠᠪᠤᠷᠢᠲᠠᠨ ᠢ ᠣᠷᠣᠭᠤᠯᠤᠨ | ᠠᠪᠴᠢᠷᠠᠬᠤ ᠪᠠᠷ ᠠᠴᠢᠶᠠᠯᠠᠪᠤᠷᠢ ᠪᠣᠯᠭᠠᠵᠤ᠂ ᠨᠠᠩ ᠶᠡᠭᠡ ᠲᠠᠲᠠᠬᠤ ᠬᠦᠴᠦᠨ ᠲᠠᠢ ᠣᠯᠠᠨ ᠠᠵᠢᠯ ᠡᠷᠬᠢᠯᠡᠬᠦ ᠣᠷᠴᠢᠨ | ᠲᠣᠭᠤᠷᠢᠨ ᠢ ᠪᠣᠢ ᠪᠣᠯᠭᠠᠵᠦ᠂ ᠬᠦᠨᠳᠦ ᠡᠪᠡᠳᠴᠢᠨ ᠡᠮᠭᠡᠭ ᠢ ᠠᠪᠤᠷᠠᠨ ᠵᠠᠰᠠᠬᠤ ᠴᠢᠳᠠᠪᠤᠷᠢ ᠶᠢ ᠦᠨᠡᠨᠬᠦ | ᠳᠡᠭᠡᠭᠰᠢᠯᠡᠭᠦᠯᠦᠨ᠎ᠡ᠃ | 20 . ᠬᠤᠰᠢᠭᠤ ︵ᠣᠷᠣᠨ︶ ᠶᠢᠨ ᠡᠮᠨᠡᠯᠭᠡ ᠶᠢᠨ ᠬᠤᠷᠢᠶᠠᠨ ᠤ ︽ᠪᠡᠶ᠎ᠡ ᠪᠠᠨ ᠴᠢᠭᠢᠷᠠᠭᠵᠢᠭᠤᠯᠵᠤ | ᠴᠢᠳᠠᠪᠤᠷᠢ ᠪᠠᠨ ᠨᠡᠮᠡᠭᠳᠡᠭᠦᠯᠬᠦ︾ ᠢᠨᠵᠧᠨᠧᠷᠢᠩ ᠢ ᠬᠡᠷᠡᠭᠵᠢᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ | ᠰᠢᠶᠠᠨ ᠤ ᠱᠠᠲᠤᠨ ᠤ ᠡᠮᠨᠡᠯᠭᠡ ᠶᠢᠨ ᠬᠤᠷᠢᠶᠠᠨ ᠤ ᠴᠢᠳᠠᠪᠤᠷᠢ ᠶᠢᠨ ᠪᠠᠶᠢᠭᠤᠯᠤᠯᠲᠠ ᠶᠢᠨ ᠲᠥᠷᠥᠯ ᠵᠦᠢᠯ ᠳᠤ | ᠲᠦᠰᠢᠭᠯᠡᠨ᠂ ︽ᠣᠯᠠᠨ ᠡᠭᠦᠰᠬᠦ ᠡᠪᠡᠳᠴᠢᠨ᠂ ᠪᠠᠶᠢᠩᠭᠤ ᠲᠣᠬᠢᠶᠠᠯᠳᠤᠳᠠᠭ ᠡᠪᠡᠳᠴᠢᠨ ᠢ ᠣᠨᠣᠰᠢᠯᠠᠨ ᠡᠮᠨᠡᠬᠦ ᠲᠥᠪ | ︾ ᠪᠣᠯᠤᠨ ︽ᠪᠠᠴᠢᠮ ᠠᠶᠤᠯᠲᠠᠶ ᠬᠦᠨᠳᠦ ᠡᠪᠡᠳᠴᠢᠨ ᠢ ᠲᠦᠷᠭᠡᠨ ᠠᠪᠤᠷᠬᠠᠤ ᠪᠠ ᠬᠦᠴᠢᠷ ᠲᠦᠪᠡᠭᠲᠡᠶ ᠡᠪᠡᠳᠴᠢᠨ ᠢ | ᠰᠢᠯᠵᠢᠭᠦᠯᠦᠨ ᠡᠮᠨᠡᠬᠦ ᠲᠥᠪ︾ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠬᠥᠭᠵᠢᠯᠲᠡ ᠶᠢᠨ ᠬᠠᠷᠠᠯᠲᠠ | ᠶᠣᠰᠣᠭᠠᠷ᠂ ᠬᠤᠰᠢᠭᠤ ︵ᠣᠷᠣᠨ︶ ᠶᠢᠨ ᠱᠠᠲᠤᠨ ᠤ ᠡᠮᠨᠡᠯᠭᠡ ᠶᠢᠨ ᠬᠤᠷᠢᠶᠠᠨ ᠤ ᠰᠢᠨᠵᠢᠯᠡᠭᠡᠨ ᠤ ᠰᠠᠯᠠᠭ᠎ᠠ ᠶᠢᠨ | ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠵᠤ᠂ ᠬᠤᠰᠢᠭᠤ ︵ᠣᠷᠣᠨ︶ ᠶᠢᠨ ᠱᠠᠲᠤᠨ ᠤ ᠡᠮᠨᠡᠯᠭᠡ ᠶᠢᠨ | ᠬᠤᠷᠢᠶᠠᠨ ᠤ ᠭᠤᠤᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ ᠪᠠ ᠭᠤᠤᠯᠳᠠᠯᠭ᠎ᠠ ᠲᠠᠢ ᠲᠤᠰᠬᠠᠶ ᠰᠠᠯᠠᠭ᠎ᠠ ᠶᠢ ᠨᠢᠭᠡᠳᠦᠯᠲᠡᠶ | ᠲᠥᠯᠥᠪᠵᠢᠭᠦᠯᠬᠦ ᠪᠠ ᠪᠥᠲᠥᠭᠡᠨ ᠪᠠᠶᠢᠭᠤᠯᠵᠤ᠂ ᠬᠤᠰᠢᠭᠤ ︵ᠣᠷᠣᠨ︶ ᠶᠢᠨ ᠱᠠᠲᠤᠨ ᠤ ᠡᠮᠨᠡᠯᠭᠡ ᠶᠢᠨ ᠬᠤᠷᠢᠶᠠᠨ ᠤ | ᠣᠯᠠᠨ ᠡᠭᠦᠰᠬᠦ ᠪᠠᠶᠢᠩᠭᠤ ᠲᠣᠬᠢᠶᠠᠯᠳᠤᠳᠠᠭ ᠡᠪᠡᠳᠴᠢᠨ ᠢ ᠣᠨᠣᠰᠢᠯᠠᠨ ᠡᠮᠨᠡᠬᠦ ᠴᠢᠳᠠᠪᠤᠷᠢ ᠪᠠ ᠡᠮᠨᠡᠯᠭᠡ ᠶᠢᠨ | ᠬᠤᠷᠢᠶᠠᠨ ᠳᠤ ᠣᠷᠣᠬᠤ ᠠᠴᠠ ᠡᠮᠦᠨᠡᠬᠢ ᠡᠮᠴᠢᠯᠡᠭᠡᠨ ᠤ ᠲᠦᠷᠭᠡᠨ ᠠᠪᠤᠷᠬᠠᠤ ᠦᠢᠯᠡᠴᠢᠯᠡᠬᠡᠨ ᠤ ᠴᠢᠳᠠᠪᠤᠷᠢ ᠶᠢ | ᠳᠡᠭᠡᠭᠰᠢᠯᠡᠭᠦᠯᠦᠨ᠂ ᠠᠶᠢᠮᠠᠭ ᠤᠨ ᠭᠠᠳᠠᠨ᠎ᠠ ᠰᠢᠯᠵᠢᠭᠦᠯᠦᠨ ᠡᠮᠨᠡᠬᠦ ᠨᠣᠷᠮ᠎ᠠ ᠶᠢ ᠪᠠᠭᠤᠷᠠᠭᠤᠯᠣᠨ᠎ᠠ᠃ ᠠᠶᠢᠮᠠᠭ ᠤᠨ | ᠳᠣᠲᠣᠨ᠎ᠠ ᠭᠠᠳᠠᠨᠠᠬᠢ ᠲᠣᠮᠣ ᠬᠡᠯᠪᠡᠷᠢ ᠶᠢᠨ ᠡᠮᠨᠡᠯᠭᠡ ᠶᠢᠨ ᠬᠤᠷᠢᠶ᠎ᠠ ᠶᠢᠨ ︽ᠠᠵᠢᠯ ᠲᠥᠷᠥᠯ ᠢᠶᠠᠷ ᠬᠠᠪᠰᠤᠷᠤᠨ | ᠲᠡᠳᠬᠦᠬᠦ︾ ᠬᠤᠰᠢᠭᠤ ︵ᠣᠷᠣᠨ︶ ᠶᠢᠨ ᠲᠡᠰ ᠤᠨ ᠡᠮᠨᠡᠯᠭᠡ ᠶᠢᠨ ᠬᠤᠷᠢᠶ᠎ᠠ ᠶᠢᠨ ᠬᠥᠭᠵᠢᠯᠲᠡ ᠶᠢᠨ ᠲᠥᠷᠦ ᠶᠢᠨ | ᠪᠣᠳᠣᠯᠭ᠎ᠠ ᠶᠢ ᠲᠡᠭᠦᠯᠳᠡᠷᠵᠢᠭᠦᠯᠵᠦ᠂ ᠮᠡᠷᠭᠡᠵᠢᠯ ᠤᠨ ᠴᠢᠳᠠᠪᠤᠷᠢ ᠪᠠ ᠬᠠᠮᠢᠶᠠᠷᠤᠯᠲᠠ ᠶᠢᠨ ᠴᠢᠳᠠᠪᠤᠷᠢ ᠶᠢ | ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠨ᠂ ᠰᠢᠨ᠎ᠡ ᠦᠢᠯᠡᠴᠢᠯᠡᠭᠡᠨ ᠤ ᠲᠥᠷᠥᠯ ᠵᠦᠢᠯ ᠪᠠ ᠬᠠᠮᠢᠶᠠᠷᠤᠯᠲᠠ ᠶᠢᠨ | ᠲᠥᠷᠥᠯ ᠵᠦᠢᠯ ᠢ ᠪᠡᠶ᠎ᠡ ᠪᠠᠨ ᠳᠠᠭᠠᠭᠠᠵᠤ ᠥᠷᠨᠢᠭᠦᠯᠬᠦ ᠪᠠᠷ ᠰᠢᠯᠭᠠᠨ ᠬᠢᠨᠠᠬᠤ ᠪᠠᠷᠢᠮᠵᠢᠶ᠎ᠠ ᠪᠣᠯᠭᠠᠵᠤ᠂ ᠳᠠᠪᠠᠭᠤᠯᠢᠭ | ᠡᠮᠴᠢᠯᠡᠭᠡᠨ ᠤ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠠᠬᠢᠭᠤᠯᠤᠨ᠎ᠠ᠃ | 21 . ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ︽ᠡᠭᠦᠷ ᠪᠠᠷᠢᠵᠤ ᠭᠠᠷᠤᠳᠢ ᠤᠷᠢᠬᠤ︾ | ᠢᠨᠵᠧᠨᠧᠷᠢᠩ ᠢ ᠬᠡᠷᠡᠭᠵᠢᠭᠦᠯᠦᠨ᠎ᠡ᠃ ︽ᠤᠷᠢᠳᠴᠢᠯᠠᠨ ᠰᠡᠷᠭᠡᠶᠢᠯᠡᠬᠦ ᠶᠢ ᠠᠭᠤᠰᠣᠯᠴᠠᠭᠤᠯᠬᠤ᠂ ᠡᠩᠬᠡ ᠲᠠᠶᠢᠪᠤᠩ | ᠪᠠᠴᠢᠮ ᠪᠠᠶᠢᠳᠠᠯ ᠢ ᠤᠶᠠᠯᠳᠤᠭᠤᠯᠬᠤ︾ ᠱᠠᠭᠠᠷᠳᠠᠯᠭ᠎ᠠ ᠶᠣᠰᠣᠭᠠᠷ᠂ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ | ᠬᠤᠷᠢᠶ᠎ᠠ ᠪᠣᠯᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠲᠥᠪ ᠤᠨ ᠪᠠᠷᠢᠮᠵᠢᠶᠠᠵᠢᠭᠰᠠᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠡᠷᠡᠭᠦᠯ ᠬᠠᠮᠠᠭᠠᠯᠠᠯ ᠤᠨ ᠴᠢᠨᠠᠷ ᠰᠠᠶᠢᠲᠠᠶ | ᠬᠥᠮᠦᠨ ᠤ ᠬᠦᠴᠦᠨ ᠤ ᠡᠬᠢ ᠪᠠᠶᠠᠯᠢᠭ ᠢ ︽ᠳᠣᠷᠣᠭᠰᠢ ᠪᠠᠭᠤᠯᠭᠠᠬᠤ︾ ᠠᠵᠢᠯ ᠡᠷᠭᠢᠯᠡᠬᠦ ᠳᠤ ︽ᠡᠭᠦᠷ︾ ᠢ | ᠰᠠᠶᠢᠲᠤᠷ ᠪᠠᠶᠢᠭᠤᠯᠤᠨ᠎ᠠ᠃ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠮᠴᠢᠯᠡᠭᠡ ᠡᠷᠡᠭᠦᠯ | ᠬᠠᠮᠠᠭᠠᠯᠠᠯ ᠤᠨ ᠮᠡᠷᠭᠡᠵᠢᠯ ᠤᠨ ᠦᠢᠯᠡᠴᠢᠯᠡᠬᠡᠨ ᠤ ᠴᠢᠳᠠᠪᠤᠷᠢ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠬᠠᠮᠢᠶᠠᠷᠤᠯᠲᠠ ᠶᠢᠨ ᠴᠢᠳᠠᠪᠤᠷᠢ ᠶᠢᠨ ︽ᠪᠠᠷᠢᠮᠵᠢᠶᠠᠵᠢᠭᠤᠯᠬᠤ︾ ᠪᠠᠶᠢᠭᠤᠯᠤᠯᠲᠠ ᠶᠢᠨ ᠢᠨᠵᠧᠨᠧᠷᠢᠩ ᠢ | ᠬᠡᠷᠡᠭᠵᠢᠭᠦᠯᠦᠨ᠎ᠡ᠂ ᠲᠤᠬᠠᠶ ᠶᠢᠨ ᠭᠠᠵᠠᠷ ᠤᠨ ᠦᠷᠭᠦᠯᠵᠢ ᠲᠣᠬᠢᠶᠠᠯᠳᠤᠳᠠᠭ ᠡᠪᠡᠳᠴᠢᠨ ᠢ ᠬᠠᠩᠭᠠᠬᠤ ᠶᠢᠨ ᠲᠥᠯᠥᠭᠡ᠂ | ᠣᠯᠠᠨ ᠡᠭᠦᠰᠳᠡᠭ ᠡᠪᠡᠳᠴᠢᠨ ᠢ ᠣᠨᠣᠰᠢᠯᠠᠨ ᠵᠠᠰᠠᠬᠤ ᠬᠡᠷᠡᠭᠴᠡᠭᠡ ᠪᠠᠷ ᠪᠠᠷᠢᠮᠵᠢᠶ᠎ᠠ ᠪᠣᠯᠭᠠᠨ᠎ᠠ᠂ ᠲᠦᠷᠭᠡᠨ ᠡᠮᠨᠡᠬᠦ | ᠲᠦᠷᠭᠡᠨ ᠠᠪᠤᠷᠠᠬᠤ᠂ ᠶᠡᠷᠦᠩᠬᠡᠶ ᠰᠠᠯᠠᠭᠠᠨ ᠤ ᠡᠮᠴᠢᠯᠡᠭᠡ᠂ ᠬᠡᠦᠬᠡᠳ ᠤᠨ ᠡᠮᠨᠡᠯᠭᠡ᠂ ᠡᠷᠡᠭᠦᠯᠵᠢᠬᠦ᠂ ᠰᠤᠪᠢᠯᠠᠬᠤ ᠪᠠ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠬᠡᠨ ᠢᠶᠠᠷ ᠭᠤᠤᠯᠳᠠᠯᠭ᠎ᠠ ᠪᠣᠯᠭᠠᠵᠦ᠂ | ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠬᠦᠯᠵᠦ᠂ ︽ᠲᠣᠭᠲᠠᠮᠠᠯ | + ᠨᠡᠭᠦᠳᠡᠯ︾ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠵᠠᠭᠪᠤᠷ ᠢ ᠪᠠᠷᠢᠮᠳᠠᠯᠠᠵᠦ᠂ | ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠰᠢᠨᠵᠢᠯᠡᠬᠦ ᠤᠬᠠᠭᠠᠨᠴᠢ ᠲᠣᠭᠲᠠᠴᠠ ᠶᠢ ᠪᠠᠶᠢᠭᠤᠯᠣᠨ᠂ | ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠠᠵᠢᠯᠲᠠᠨ ᠤ ᠢᠳᠡᠪᠬᠢᠵᠢᠯ ᠢ ᠳᠠᠶᠢᠴᠢᠯᠠᠵᠦ᠂ ᠴᠢᠨᠠᠷ ᠰᠠᠶᠢᠲᠠᠶ | ᠡᠷᠡᠭᠦᠯ ᠬᠠᠮᠠᠭᠠᠯᠠᠯ ᠤᠨ ᠴᠢᠳᠠᠪᠤᠷᠢᠲᠠᠨ ︵ᠭᠠᠷᠤᠳᠢ ᠶᠢ ᠲᠡᠳᠡᠨ ᠣᠷᠣᠭᠤᠯᠬᠤ︶ ᠢ ᠦᠨᠳᠦᠰᠦᠨ ᠱᠠᠲᠤᠨ ᠳᠤ | ᠪᠠᠭᠤᠯᠭᠠᠬᠤ ᠶᠢ ᠠᠬᠢᠭᠤᠯᠵᠦ᠂ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠦᠨᠳᠦᠰᠦᠨ ᠡᠮᠨᠡᠯᠭᠡ | ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ᠎ᠠ᠃ | ︵ᠲᠠᠪᠤ︶ ᠳᠠᠪᠠᠭᠤᠯᠢᠭ ᠢᠶᠠᠨ ᠪᠠᠳᠠᠷᠠᠭᠤᠯᠬᠤ ᠶᠢ ᠠᠬᠢᠭᠤᠯᠵᠤ᠂ ᠬᠢᠲᠠᠳ ᠮᠣᠩᠭᠤᠯ ᠡᠮ ᠡᠮᠨᠡᠯᠭᠡ ᠶᠢᠨ | ᠦᠢᠯᠡᠴᠢᠯᠡᠬᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ︽ᠣᠭ ᠴᠢᠨᠠᠷ ᠢᠶᠠᠨ ᠪᠠᠲᠤᠯᠠᠬᠤ᠂ | ᠣᠨᠴᠠᠯᠢᠭ ᠢᠶᠠᠨ ᠳᠣᠪᠤᠶᠢᠯᠭᠠᠬᠤ᠂ ᠦᠷᠭᠦᠯᠵᠢᠯᠡᠨ ᠪᠠᠶᠢᠭᠤᠯᠬᠤ︾ ᠦᠨᠳᠦᠰᠦᠨ ᠰᠡᠳᠬᠢᠮᠵᠢ ᠶᠢ ᠪᠠᠷᠢᠮᠲᠠᠯᠠᠵᠤ᠂ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠶᠢ | ᠲᠦᠷᠭᠡᠳᠬᠡᠨ ᠠᠬᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠤᠨ᠎ᠠ᠃ 2025 ᠣᠨ ᠪᠣᠯᠬᠤ ᠳᠤ᠂ ᠬᠥᠮᠦᠨ ᠪᠦᠬᠦᠨ ᠳᠤ ᠬᠢᠲᠠᠳ ᠡᠮ ᠡᠮᠨᠡᠯᠭᠡ ︵ | ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡ ᠬᠦᠷᠲᠡᠭᠡᠬᠦ ᠶᠢ ᠪᠡᠶᠡᠯᠡᠭᠦᠯᠵᠦ᠂ ᠬᠢᠲᠠᠳ ᠡᠮ ᠡᠮᠨᠡᠯᠭᠡ ︵ᠮᠣᠩᠭᠤᠯ | ᠡᠮ ᠡᠮᠨᠡᠯᠭᠡ︶ ᠶᠢᠨ ︽ᠡᠪᠡᠳᠴᠢᠯᠡᠬᠦ ᠠᠴᠠ ᠡᠮᠦᠨ᠎ᠡ ᠵᠠᠰᠠᠬᠤ︾᠂ ᠡᠮᠨᠡᠨ ᠵᠠᠰᠠᠬᠤ᠂ ᠡᠷᠡᠭᠦᠯᠵᠢᠭᠦᠯᠬᠦ᠂ ᠡᠷᠡᠭᠦᠯᠵᠢᠯ | ᠨᠠᠰᠤᠵᠢᠯ ᠤᠨ ᠪᠥᠬᠦ ᠬᠡᠯᠬᠢᠶᠡᠰᠦ ᠶᠢᠨ ᠦᠢᠯᠡᠴᠢᠯᠡᠬᠡᠨ ᠤ ᠰᠢᠰᠲ᠋ᠧᠮᠵᠢ ᠶᠢ ᠪᠠᠶᠢᠭᠤᠯᠤᠨ᠎ᠠ᠃ ᠬᠢᠲᠠᠳ ᠡᠮ ᠡᠮᠨᠡᠯᠭᠡ ︵ | ᠮᠣᠩᠭᠤᠯ ᠡᠮ ᠡᠮᠨᠡᠯᠭᠡ︶ ᠶᠢᠨ ᠡᠷᠡᠭᠦᠯ ᠮᠡᠨᠳᠦ ᠶᠢᠨ ᠰᠣᠶᠣᠯ ᠢ ᠰᠢᠨᠵᠢᠯᠡᠬᠦ ᠤᠬᠠᠭᠠᠨᠴᠢ ᠪᠠᠷ ᠲᠦᠭᠡᠮᠡᠯᠵᠢᠭᠦᠯᠬᠦ | ᠨᠣᠷᠮ᠎ᠠ ᠶᠢ 95 % ᠳᠤ ᠬᠦᠷᠦᠭᠦᠯᠦᠨ᠎ᠡ᠃ ᠠᠯᠪᠠᠨ ᠠᠴᠠ ᠪᠠᠶᠢᠭᠤᠯᠤᠭᠰᠠᠨ ᠮᠢᠩᠭᠠᠨ ᠬᠥᠮᠦᠨ ᠠᠮᠠ ᠨᠢᠭᠡᠪᠦᠷᠢ ᠳᠤ | ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠬᠤᠷᠢᠶ᠎ᠠ ᠶᠢᠨ ᠡᠪᠡᠳᠴᠢᠲᠡᠨ ᠤ ᠣᠷᠣ ᠶᠢᠨ ᠲᠤᠭ᠎ᠠ ᠶᠢ 1 . 3 ᠳᠤ | ᠬᠦᠷᠦᠭᠦᠯᠦᠨ᠎ᠡ᠃ | 22 . ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠬᠡᠨ ᠤ ᠰᠢᠰᠲ᠋ᠧᠮᠵᠢ ᠶᠢ | ᠪᠦᠷᠢᠨᠰᠢᠭᠦᠯᠦᠨ᠎ᠡ᠃ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠶᠢᠨ | ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠴᠢᠩᠭᠠᠳᠬᠠᠵᠤ᠂ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ ᠪᠠᠷ | ᠬᠥᠲᠥᠴᠢ ᠪᠣᠯᠭᠠᠨ᠂ ᠡᠯ᠎ᠡ ᠬᠤᠰᠢᠭᠤᠨ ᠤ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠬᠤᠷᠢᠶ᠎ᠠ ᠪᠠᠷ | ᠭᠤᠤᠯᠯᠠᠭᠴᠢ ᠪᠣᠯᠭᠠᠵᠤ᠂ ᠪᠤᠰᠤᠳ ᠡᠮᠴᠢᠯᠡᠭᠡᠨ ᠤ ᠪᠠᠶᠢᠭᠤᠯᠤᠮᠵᠢ ᠶᠢᠨ ᠬᠢᠲᠠᠳ ᠡᠮᠨᠡᠯᠭᠡ ︵ᠮᠣᠩᠭᠤᠯ ᠡᠮᠨᠡᠯᠭᠡ︶ | ᠶᠢᠨ ᠰᠠᠯᠠᠭ᠎ᠠ ᠲᠠᠰᠤᠭ ᠢᠶᠠᠷ ᠬᠠᠮᠵᠢᠯᠴᠠᠬᠤ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠪᠠᠷ ᠰᠠᠭᠤᠷᠢ ᠪᠣᠯᠭᠠᠭᠰᠠᠨ ᠦᠢᠯᠡᠴᠢᠯᠡᠬᠡᠨ ᠤ | ᠰᠢᠰᠲ᠋ᠧᠮᠵᠢ ᠶᠢ ᠪᠦᠷᠢᠨᠰᠢᠭᠦᠯᠦᠨ᠎ᠡ᠃ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠬᠢ ᠪᠠᠶᠠᠯᠢᠭ ᠢ | ᠰᠢᠯᠢᠳᠡᠭᠵᠢᠭᠦᠯᠦᠨ ᠲᠣᠬᠢᠷᠠᠭᠤᠯᠵᠤ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ | ᠨᠡᠮᠡᠭᠳᠡᠭᠦᠯᠦᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠢᠨᠵᠢᠯᠡᠭᠡᠨ ᠤ ᠪᠠᠶᠢᠷᠢᠰᠢᠭᠤᠯᠤᠯ ᠢ | ᠰᠢᠯᠢᠳᠡᠭᠵᠢᠭᠦᠯᠵᠦ᠂ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ | ᠪᠠᠶᠢᠭᠤᠯᠤᠮᠵᠢ ᠶᠢᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠰᠠᠯᠠᠭ᠎ᠠ ᠲᠠᠰᠤᠭ᠂ ᠬᠢᠲᠠᠳ ᠡᠮ ︵ᠮᠣᠩᠭᠤᠯ | ᠡᠮ︶ ᠤᠨ ᠭᠡᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠤᠨ᠎ᠠ᠃ ᠦᠨᠳᠦᠰᠦᠨ ᠱᠠᠲᠤᠨ ᠤ ᠡᠮ ᠡᠮᠨᠡᠯᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠦᠢᠯᠡᠴᠢᠯᠡᠬᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠬᠤᠰᠢᠭᠤᠨ ᠤ ᠬᠡᠪᠴᠢᠶᠡᠨ ᠳᠠᠬᠢ ᠬᠢᠲᠠᠳ ᠡᠮᠨᠡᠯᠭᠡ ︵ | ᠮᠣᠩᠭᠤᠯ ᠡᠮᠨᠡᠯᠭᠡ︶ ᠶᠢᠨ ᠡᠮᠴᠢᠯᠡᠭᠡᠨ ᠤ ᠬᠤᠯᠪᠣᠭᠠᠲᠤ ᠴᠣᠭᠴᠠ ᠶᠢ ᠪᠠᠶᠢᠭᠤᠯᠬᠤ ᠶᠢ ᠳᠡᠮᠵᠢᠨ᠎ᠡ᠃ ᠠᠯᠠᠱᠠ ᠵᠡᠭᠦᠨ | ᠬᠤᠰᠢᠭᠤᠨ ᠤ ᠬᠢᠲᠠᠳ ᠡᠮᠨᠡᠯᠭᠡ ᠶᠢᠨ ᠬᠤᠷᠢᠶ᠎ᠠ ᠶᠢᠨ ᠥᠯᠵᠡᠶ ᠬᠤᠪᠢᠶᠠᠷᠢ ᠬᠤᠷᠢᠶ᠎ᠠ᠂ ᠡᠵᠡᠨ᠎ᠡ ᠬᠤᠰᠢᠭᠤᠨ ᠤ | ᠮᠣᠩᠭᠤᠯ ᠡᠮᠨᠡᠯᠭᠡ ᠶᠢᠨ ᠬᠤᠷᠢᠶ᠎ᠠ ᠶᠢᠨ ᠰᠢᠨ᠎ᠡ ᠪᠠᠷ ᠪᠠᠶᠢᠭᠤᠯᠤᠭᠰᠠᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ | ᠲᠣᠮᠣ ᠠᠰᠠᠷ ᠤᠨ ᠳᠠᠭᠠᠯᠲᠠ ᠪᠡᠯᠡᠳᠬᠡᠮᠵᠢ ᠶᠢᠨ ᠢᠵᠢ ᠪᠦᠷᠢᠳᠦᠭᠦᠯᠬᠦ ᠲᠥᠷᠥᠯ ᠵᠦᠢᠯ ᠢ ᠠᠬᠢᠭᠤᠯᠤᠨ | ᠬᠡᠷᠡᠭᠵᠢᠭᠦᠯᠦᠨ᠎ᠡ᠃ | 23 . ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠬᠡᠨ ᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠨᠡᠷᠡᠲᠦ ᠡᠮᠴᠢ ᠬᠥᠮᠦᠵᠢᠭᠦᠯᠬᠦ᠂ ᠨᠡᠷᠡᠲᠦ ᠰᠠᠯᠠᠭ᠎ᠠ ᠶᠢ ᠡᠭᠦᠳᠦᠨ ᠪᠠᠶᠢᠭᠤᠯᠬᠤ᠂ ᠨᠡᠷᠡᠲᠦ | ᠡᠮᠨᠡᠯᠭᠡ ᠶᠢᠨ ᠬᠤᠷᠢᠶ᠎ᠠ ᠶᠢ ᠪᠠᠶᠢᠭᠤᠯᠬᠤ ︽ᠭᠤᠷᠪᠠᠨ ᠨᠡᠷ᠎ᠡ︾ ᠶᠢᠨ ᠢᠨᠵᠧᠨᠧᠷᠢᠩ ᠢ ᠬᠡᠷᠡᠭᠵᠢᠭᠦᠯᠵᠦ᠂ | ᠭᠤᠣᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ᠂ ᠡᠮᠴᠢᠯᠡᠭᠡᠨ ᠤ ᠲᠤᠰᠬᠠᠶ ᠰᠠᠯᠠᠭ᠎ᠠ᠂ ᠣᠨᠴᠠᠯᠢᠭᠲᠤ ᠲᠤᠰᠬᠠᠶ ᠰᠠᠯᠠᠭ᠎ᠠ | ᠪᠣᠯᠤᠨ ᠨᠡᠷᠡᠲᠦ ᠡᠮᠴᠢ ᠶᠢᠨ ᠠᠵᠢᠯᠯᠠᠬᠤ ᠭᠡᠷ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠠᠯᠠᠱᠠ ᠠᠶᠢᠮᠠᠭ ᠤᠨ | ᠮᠣᠩᠭᠤᠯ ᠡᠮᠨᠡᠯᠭᠡ ᠶᠢᠨ ᠬᠤᠷᠢᠶ᠎ᠠ ᠶᠢ ᠢᠯᠡ ᠲᠣᠳᠣ ᠣᠨᠴᠠᠯᠢᠭ ᠲᠠᠢ᠂ ᠲᠣᠪᠤᠶᠢᠮ᠎ᠠ ᠳᠠᠪᠠᠭᠤᠯᠢᠭ ᠲᠠᠢ᠂ ᠡᠷᠬᠢᠨ | ᠲᠣᠭᠤᠷᠢᠨ ᠢ ᠬᠠᠮᠤᠷᠤᠭᠰᠠᠨ ᠮᠣᠩᠭᠤᠯ ᠡᠮᠨᠡᠯᠭᠡ ᠶᠢᠨ ᠣᠨᠣᠰᠢᠯᠠᠨ ᠡᠮᠨᠡᠬᠦ ᠲᠥᠪ ᠪᠠ ᠡᠮ ᠨᠠᠶᠢᠷᠠᠬᠤ ᠲᠥᠪ ᠪᠣᠯᠭᠠᠨ | ᠪᠥᠲᠥᠭᠡᠨ ᠪᠠᠶᠢᠭᠤᠯᠤᠨ᠎ᠠ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠮᠡᠳᠡᠭᠡ ᠵᠠᠩᠭᠢ ᠶᠢᠨ | ᠰᠢᠰᠲ᠋ᠧᠮ ᠤᠨ ᠪᠠᠶᠢᠭᠤᠯᠤᠯᠲᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ︽ᠣᠶᠤᠨᠴᠢ ᠬᠢᠲᠠᠳ ᠡᠮᠨᠡᠯᠭᠡ ︵ | ᠮᠣᠩᠭᠤᠯ ᠡᠮᠨᠡᠯᠭᠡ︶ ᠶᠢᠨ ᠬᠤᠷᠢᠶ᠎ᠠ︾ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠬᠢᠲᠠᠳ ᠡᠮᠨᠡᠯᠭᠡ ︵ᠮᠣᠩᠭᠤᠯ | ᠡᠮᠨᠡᠯᠭᠡ︶ ᠶᠢᠨ ᠬᠤᠷᠢᠶ᠎ᠠ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠳᠤ ᠣᠷᠣᠯᠴᠠᠬᠤ ᠠᠵᠢᠯ ᠤᠨ ᠲᠣᠭᠲᠠᠴᠠ ᠶᠢ | ᠪᠠᠶᠢᠭᠤᠯᠬᠤ ᠶᠢ ᠴᠢᠩᠭᠠᠳᠬᠠᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠡᠷᠭᠡᠶᠢᠯᠡᠨ ᠵᠠᠰᠠᠬᠤ | ᠠᠷᠭ᠎ᠠ ᠬᠡᠮᠵᠢᠶ᠎ᠡ ᠶᠢ ᠪᠠᠴᠢᠮ ᠪᠠᠶᠢᠳᠠᠯ ᠢ ᠠᠷᠭᠠᠴᠠᠬᠤ ᠲᠥᠰᠦᠯ ᠪᠠ ᠮᠡᠷᠭᠡᠵᠢᠯ ᠤᠨ ᠲᠥᠰᠦᠯ ᠳᠤ ᠣᠷᠣᠭᠤᠯᠵᠤ᠂ | ᠡᠯ᠎ᠡ ᠱᠠᠲᠤᠨ ᠤ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠬᠤᠷᠢᠶ᠎ᠠ ᠶᠢᠨ ᠲᠦᠷᠭᠡᠨ ᠡᠮᠴᠢᠯᠡᠭᠡ᠂ ᠬᠦᠨᠳᠦ | ᠡᠪᠡᠳᠴᠢᠲᠡᠨ᠂ ᠠᠮᠢᠰᠬᠤᠯ᠂ ᠬᠠᠯᠳᠠᠪᠤᠷᠢᠯᠠᠯ ᠵᠡᠷᠭᠡ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠵᠠᠰᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠠᠶᠢᠮᠠᠭ ᠤᠨ ᠮᠣᠩᠭᠤᠯ | ᠡᠮᠨᠡᠯᠭᠡ ᠶᠢᠨ ᠬᠤᠷᠢᠶ᠎ᠠ ᠶᠢᠨ ᠡᠩ ᠤᠨ ᠪᠠ ᠪᠠᠴᠢᠮ ᠪᠠᠶᠢᠳᠠᠯ ᠢ ᠤᠶᠠᠯᠳᠤᠭᠤᠯᠬᠤ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠡᠷᠡᠭᠦᠯᠵᠢᠯ ᠤᠨ ᠲᠥᠪ ᠤᠨ ᠴᠢᠳᠠᠪᠤᠷᠢ ᠶᠢᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠶᠢ | ᠠᠬᠢᠭᠤᠯᠤᠨ᠎ᠠ᠃ | 24 . ᠬᠢᠲᠠᠳ ︵ᠮᠣᠩᠭᠤᠯ︶ ᠡᠮ ᠡᠮᠨᠡᠯᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠬᠢᠲᠠᠳ | ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡ ᠪᠠ ᠤᠷᠢᠳᠴᠢᠯᠠᠨ ᠰᠡᠷᠭᠡᠶᠢᠯᠡᠬᠦ ᠡᠷᠡᠭᠦᠯᠵᠢᠯ ᠢ᠂ | ᠡᠷᠡᠭᠦᠯᠵᠢᠭᠦᠯᠬᠦ ᠠᠨᠠᠭᠠᠬᠤ ᠤᠬᠠᠭᠠᠨ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡ ᠶᠢ ᠣᠷᠭᠠᠨᠢᠭ ᠢᠶᠠᠷ | ᠠᠭᠤᠰᠣᠯᠴᠠᠭᠤᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠡᠷᠭᠡᠶᠢᠯᠡᠵᠦ ᠡᠷᠡᠭᠦᠯᠵᠢᠭᠦᠯᠬᠦ | ᠮᠡᠷᠭᠡᠵᠢᠯ ᠪᠠ ᠠᠷᠭ᠎ᠠ ᠶᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠳᠤ ᠣᠷᠣᠭᠤᠯᠣᠨ᠂ ᠡᠷᠡᠭᠦᠯᠵᠢᠬᠦ᠂ | ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ︽ | ᠡᠪᠡᠳᠴᠢᠯᠡᠬᠦ ᠠᠴᠠ ᠤᠷᠢᠲᠠ ᠰᠡᠷᠭᠡᠶᠢᠯᠡᠨ ᠵᠠᠰᠠᠬᠤ︾ ᠦᠢᠯᠡᠳᠦᠯ ᠪᠠ ᠤᠷᠢᠳᠴᠢᠯᠠᠨ ᠰᠡᠷᠭᠡᠶᠢᠯᠡᠵᠦ ᠡᠷᠡᠭᠦᠯᠵᠢᠭᠦᠯᠬᠦ | ᠴᠢᠳᠠᠮᠵᠢ ᠶᠢ ᠬᠦᠢᠴᠡᠳ ᠪᠠᠳᠠᠷᠠᠭᠤᠯᠣᠨ᠂ ᠣᠨᠴᠠᠯᠢᠭᠲᠤ ᠡᠷᠡᠭᠦᠯᠵᠢᠯ ᠪᠠ ᠰᠤᠪᠢᠯᠠᠯᠲᠠ ᠶᠢᠨ ᠦᠢᠯᠡᠴᠢᠯᠡᠭᠡ ᠶᠢ | ᠢᠳᠡᠪᠬᠢᠲᠡᠶ ᠦᠷᠨᠢᠬᠦᠯᠦᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡ ᠶᠢᠨ | ᠣᠨᠴᠠᠯᠢᠭ ᠢᠶᠠᠷ ᠪᠠᠶᠠᠯᠢᠭ ︽ᠡᠮᠴᠢᠯᠡᠭᠡ ᠨᠠᠰᠤᠵᠢᠯ ᠢ ᠤᠶᠠᠯᠳᠤᠭᠤᠯᠬᠤ ᠦᠢᠯᠡᠴᠢᠯᠡᠭᠡ︾ ᠶᠢᠨ ᠵᠠᠭᠪᠤᠷ ᠢ | ᠰᠦᠪᠡᠭᠴᠢᠯᠡᠨ᠂ ᠰᠡᠷᠭᠡᠶᠢᠯᠡᠨ ᠡᠷᠡᠭᠦᠯᠵᠢᠭᠦᠯᠬᠦ ᠶᠢ ᠪᠠᠶᠢᠭᠤᠯᠤᠨ ᠳᠡᠬᠦᠯᠳᠡᠷᠵᠢᠬᠦᠯᠵᠦ᠂ ᠡᠮᠨᠡᠬᠦ᠂ ᠡᠷᠡᠭᠦᠯᠵᠢᠬᠦ᠂ | ᠨᠠᠰᠤᠵᠢᠯ ᠤᠨ ᠦᠢᠯᠡᠴᠢᠯᠡᠭᠡ ᠶᠢ ᠨᠢᠭᠡ ᠴᠣᠭᠴᠠᠵᠢᠭᠤᠯᠤᠭᠰᠠᠨ ᠠᠭᠤᠰᠤᠯᠴᠠᠭᠤᠯᠤᠨ ᠬᠥᠭᠵᠢᠭᠦᠯᠬᠦ ᠦᠢᠯᠡᠴᠢᠯᠡᠬᠡᠨ ᠤ | ᠵᠠᠭᠪᠤᠷ ᠢ ᠪᠣᠢ ᠪᠣᠯᠭᠠᠨ᠎ᠠ᠃ 2025 ᠣᠨ ᠪᠣᠯᠬᠤ ᠳᠤ᠂ ᠪᠥᠬᠦ ᠠᠶᠢᠮᠠᠭ ᠲᠤ ᠬᠢᠲᠠᠳ ︵ᠮᠣᠩᠭᠤᠯ︶ ᠡᠮᠨᠡᠯᠭᠡ ᠶᠢᠨ | ᠤᠨᠴᠠᠯᠢᠬᠳᠤ ᠡᠷᠡᠭᠦᠯᠵᠢᠯ ᠤᠨ ᠵᠢᠱᠢᠶ᠎ᠡ ᠦᠵᠡᠭᠦᠯᠬᠦ ᠲᠥᠪ ᠪᠠ ᠮᠡᠷᠭᠡᠵᠢᠯ ᠳᠡᠯᠭᠡᠷᠡᠭᠦᠯᠬᠦ ᠲᠥᠪ ᠢ 12 ᠪᠠᠶᠢᠭᠤᠯᠵᠤ᠂ | ᠡᠷᠡᠭᠦᠯᠵᠢᠯ ᠤᠨ ᠮᠡᠷᠭᠡᠵᠢᠯ ᠢ ᠳᠡᠯᠭᠡᠷᠡᠭᠦᠯᠬᠦ ᠠᠵᠢᠯ ᠢ ᠥᠷᠨᠢᠭᠦᠯᠦᠨ᠎ᠡ᠃ 1 - 2 ᠬᠢᠲᠠᠳ ︵ᠮᠣᠩᠭᠤᠯ︶ | ᠡᠮᠨᠡᠯᠭᠡ ᠶᠢᠨ ᠬᠤᠷᠢᠶ᠎ᠠ ᠬᠢᠭᠡᠳ ᠵᠡᠮᠳᠡᠭᠴᠦᠳ ᠤᠨ ᠡᠷᠡᠭᠦᠯᠵᠢᠯ ᠤᠨ ᠲᠥᠪ᠂ ᠨᠠᠰᠤᠲᠠᠶᠢᠴᠤᠳ ᠤᠨ ᠡᠷᠡᠭᠦᠯᠵᠢᠯ ᠤᠨ | ᠲᠥᠪ ᠵᠡᠷᠭᠡ ᠪᠠᠶᠢᠭᠤᠯᠤᠮᠵᠢ ᠶᠢ ᠰᠣᠩᠭᠤᠨ ᠬᠠᠮᠲᠤᠷᠠᠯᠴᠠᠵᠤ᠂ ᠬᠢᠲᠠᠳ ︵ᠮᠣᠩᠭᠤᠯ︶ ᠡᠮᠨᠡᠯᠭᠡ ᠶᠢᠨ ᠣᠨᠴᠠᠯᠢᠭᠲᠤ | ᠡᠷᠡᠭᠦᠯᠵᠢᠯ ᠤᠨ ᠦᠢᠯᠡᠴᠢᠯᠡᠭᠡ ᠬᠠᠩᠭᠠᠨ᠎ᠠ᠃ ᠠᠯᠠᠱᠠ ᠪᠠᠷᠠᠭᠤᠨ ᠬᠤᠰᠢᠭᠤᠨ ᠤ ᠮᠣᠩᠭᠤᠯ ᠡᠮᠨᠡᠯᠭᠡ ᠶᠢᠨ | ᠬᠤᠷᠢᠶᠠᠨ ᠤ ᠡᠷᠡᠭᠦᠯ ᠮᠡᠨᠳᠦ ᠶᠢᠨ ᠵᠢᠭᠤᠯᠴᠢᠯᠠᠯ ᠤᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ | ᠠᠯᠠᠱᠠ ᠵᠡᠭᠦᠨ ᠬᠤᠰᠢᠭᠤᠨ ᠤ ᠵᠢᠷᠠᠨᠲᠠᠶ ᠮᠣᠩᠭᠤᠯ ᠡᠮᠨᠡᠯᠭᠡ ᠶᠢᠨ ᠲᠥᠪ ᠡᠷᠡᠭᠦᠯ ᠬᠠᠮᠠᠭᠠᠯᠠᠯ ᠤᠨ ᠬᠤᠷᠢᠶ᠎ᠠ᠂ | ᠴᠣᠭᠳᠣᠬᠦ᠋ᠷᠢᠶ᠎ᠡ ᠮᠣᠩᠭᠤᠯ ᠡᠮᠨᠡᠯᠭᠡ ᠶᠢᠨ ᠬᠤᠷᠢᠶᠠᠨ ᠤ ᠳᠠᠪᠤᠰᠤᠨ ᠤᠬᠢᠶᠠᠯᠭ᠎ᠠ ︵ᠡᠮᠲᠦ ᠤᠬᠢᠶᠠᠯᠭ᠎ᠠ︶ ᠶᠢᠨ | ᠡᠷᠡᠭᠦᠯᠵᠢᠯ ᠰᠤᠪᠢᠯᠠᠯᠲᠠ ᠶᠢᠨ ᠦᠢᠯᠡᠴᠢᠯᠡᠭᠡ ᠶᠢᠨ ᠲᠥᠪ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠠᠬᠢᠭᠤᠯᠤᠨ ᠬᠡᠷᠡᠭᠵᠢᠭᠦᠯᠦᠨ᠎ᠡ᠃ | 25 . ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ | ᠡᠭᠦᠳᠬᠦ ᠶᠢ ᠴᠢᠩᠭᠠᠷᠠᠭᠤᠯᠤᠨ᠎ᠠ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠤᠯᠠᠮᠵᠢᠯᠠᠯᠲᠤ | ᠮᠡᠳᠡᠯᠭᠡ ᠶᠢ ᠤᠯᠠᠮᠵᠢᠯᠠᠨ ᠵᠠᠯᠭᠠᠮᠵᠢᠯᠠᠵᠤ ᠬᠠᠮᠠᠭᠠᠯᠠᠬᠤ ᠶᠢ ᠴᠢᠩᠭᠠᠳᠬᠠᠨ᠂ ᠬᠢᠲᠠᠳ ᠡᠮᠨᠡᠯᠭᠡ ︵ᠮᠣᠩᠭᠤᠯ ᠡᠮᠨᠡᠯᠭᠡ︶ | ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠠᠬᠢᠭᠤᠯᠤᠨ᠎ᠠ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ | ᠶᠢᠨ ᠤᠯᠠᠮᠵᠢᠯᠠᠯᠲᠤ ᠮᠡᠳᠡᠯᠭᠡ ᠶᠢᠨ ᠪᠠᠶᠢᠴᠠᠭᠠᠯᠲᠠ ᠶᠢ ᠥᠷᠨᠢᠭᠦᠯᠦᠨ᠎ᠡ᠃ ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠶᠢᠨ ᠣᠨᠴᠠᠯᠢᠭ ᠲᠠᠢ ᠤᠯᠠᠮᠵᠢᠯᠠᠯᠲᠤ ᠡᠮᠴᠢᠯᠡᠭᠡᠨ ᠤ ᠠᠷᠭ᠎ᠠ᠂ ᠢᠯᠡ ᠲᠣᠳᠣ ᠣᠷᠣᠨ ᠪᠦᠰᠡ ᠶᠢᠨ | ᠣᠨᠴᠠᠯᠢᠭ ᠲᠠᠢ ᠠᠷᠠᠳ ᠤᠨ ᠳᠤᠮᠳᠠᠬᠢ ᠣᠨᠴᠠᠯᠢᠭ ᠲᠠᠢ ᠤᠯᠠᠮᠵᠢᠯᠠᠯᠲᠤ ᠡᠮᠴᠢᠯᠡᠭᠡᠨ ᠤ ᠠᠷᠭ᠎ᠠ ᠶᠢ ᠠᠭᠤᠳᠠᠯᠬᠤ᠂ | ᠡᠮᠬᠢᠯᠡᠬᠦ ᠪᠠ ᠬᠠᠮᠠᠭᠠᠯᠠᠬᠤ ᠶᠢ ᠴᠢᠩᠭᠠᠳᠬᠠᠨ᠎ᠠ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠪᠠᠷᠢᠮᠵᠢᠶ᠎ᠠ ᠪᠠ ᠲᠣᠬᠢᠷᠠᠬᠤ ᠮᠡᠷᠭᠡᠵᠢᠯ ᠢ ᠳᠡᠯᠭᠡᠷᠡᠭᠦᠯᠦᠨ᠎ᠡ᠃ ᠡᠯ᠎ᠡ ᠲᠥᠷᠥᠯ ᠤᠨ ᠡᠯ᠎ᠡ ᠳᠡᠰ ᠳᠠᠪᠬᠤᠷᠭ᠎ᠠ ᠶᠢᠨ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠨ᠎ᠠ᠃ | ᠵᠢᠩᠬᠢᠨᠢ ᠡᠮ ᠤᠨ ᠮᠠᠲ᠋ᠧᠷᠢᠶᠠᠯ ᠤᠨ ᠲᠠᠷᠢᠮᠠᠯ ᠤᠨ ᠡᠬᠢ ᠪᠠᠶᠠᠯᠢᠭ ᠪᠠ ᠤᠤᠯ ᠭᠠᠷᠤᠯᠲᠠ ᠶᠢᠨ ᠣᠷᠣᠨ ᠤ | ᠬᠠᠮᠠᠭᠠᠯᠠᠯᠲᠠ ᠶᠢ ᠴᠢᠩᠭᠠᠳᠬᠠᠵᠤ᠂ ᠠᠯᠠᠱᠠ ᠶᠢᠨ ᠵᠢᠩᠬᠢᠨᠢ ᠭᠠᠵᠠᠷ ᠪᠠ ᠡᠮ ᠤᠨ ᠮᠠᠲ᠋ᠧᠷᠢᠶᠠᠯ ᠤᠨ ᠭᠠᠷᠴᠠᠭ ᠢ | ᠡᠮᠬᠢᠯᠡᠵᠦ᠂ ᠮᠣᠩᠭᠤᠯ ᠬᠤᠨᠴᠢᠷ᠂ ᠴᠠᠭᠠᠨ ᠭᠤᠶᠣᠣ ᠵᠡᠷᠭᠡ ᠵᠢᠩᠬᠢᠨᠢ ᠬᠢᠲᠠᠳ ᠡᠮ ᠤᠨ ᠮᠠᠲ᠋ᠧᠷᠢᠶᠠᠯ ᠤᠨ ᠨᠠᠷᠠᠲᠤ | ᠲᠥᠷᠥᠯ ᠲᠡᠮᠳᠡᠭᠲᠦ ᠶᠢ ᠪᠤᠶᠢᠵᠢᠭᠤᠯᠤᠨ ᠬᠠᠮᠠᠭᠠᠯᠠᠬᠤ ᠪᠠ ᠳᠡᠯᠭᠡᠷᠡᠭᠦᠯᠦᠨ᠎ᠡ᠃ ᠡᠯ᠎ᠡ ᠲᠥᠷᠥᠯ ᠤᠨ ᠬᠢᠲᠠᠳ ︵ | ᠮᠣᠩᠭᠤᠯ︶ ᠡᠮ ᠡᠮᠨᠡᠯᠭᠡ ᠶᠢᠨ ᠦᠢᠯᠡᠴᠢᠯᠡᠭᠡᠨ ᠤ ᠮᠡᠷᠭᠡᠵᠢᠯ ᠤᠨ ᠪᠠᠷᠢᠮᠵᠢᠶ᠎ᠠ ᠪᠠ ᠬᠠᠮᠢᠶᠠᠷᠤᠯᠲᠠ ᠶᠢᠨ ᠪᠠᠷᠢᠮᠵᠢᠶ᠎ᠠ ᠶᠢ | ᠵᠢᠷᠤᠮᠵᠢᠭᠤᠯᠤᠨ ᠬᠡᠷᠡᠭᠵᠢᠭᠦᠯᠵᠦ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠰᠦᠪᠡᠭᠴᠢᠯᠡᠨ ᠬᠡᠷᠡᠭᠯᠡᠵᠦ ᠪᠠᠶᠢᠭᠠᠳ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠪᠦᠬᠦ ᠬᠡᠯᠬᠢᠶᠡᠨ ᠤ ᠶᠠᠰᠤ ᠴᠢᠨᠠᠷ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠎ᠠ᠃ | ︵ᠵᠢᠷᠭᠤᠭ᠎ᠠ︶ ᠡᠮᠴᠢᠯᠡᠭᠡ ᠬᠥᠮᠦᠵᠢᠯ ᠢ ᠤᠶᠠᠯᠳᠤᠭᠤᠯᠬᠤ ᠶᠢ ᠠᠬᠢᠭᠤᠯᠵᠤ᠂ ᠡᠬᠡ ᠨᠢᠯᠬᠠᠰ ᠤᠨ ᠡᠷᠡᠭᠦᠯ | ᠮᠡᠨᠳᠦ ᠶᠢᠨ ᠦᠢᠯᠡᠴᠢᠯᠡᠬᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠥᠮᠦᠨ ᠠᠮᠠ ᠶᠢᠨ | ᠬᠥᠭᠵᠢᠯᠲᠡ ᠶᠢᠨ ᠬᠠᠨᠳᠤᠰᠢ ᠳᠤ ᠵᠣᠬᠢᠴᠠᠭᠤᠯᠤᠨ᠂ ᠦᠷᠡᠵᠢᠯ ᠤᠨ ᠳᠡᠮᠵᠢᠯᠭᠡ ᠬᠢᠭᠡᠳ ᠬᠠᠮᠢᠶ᠎ᠠ ᠪᠥᠬᠦᠶ ᠠᠵᠤ ᠠᠬᠤᠶ | ᠨᠡᠶᠢᠭᠡᠮ ᠤᠨ ᠲᠥᠷᠥ ᠶᠢᠨ ᠪᠣᠳᠣᠯᠭ᠎ᠠ ᠶᠢ ᠲᠥᠬᠦᠷᠵᠢᠭᠦᠯᠦᠨ ᠵᠣᠯᠭᠠᠭᠤᠯᠬᠤ ᠶᠢ ᠠᠬᠢᠭᠤᠯᠤᠨ ᠲᠡᠭᠦᠯᠳᠡᠷᠵᠢᠭᠦᠯᠵᠦ᠂ | ᠦᠷᠡᠵᠢᠯ ᠤᠨ ᠦᠢᠯᠡᠴᠢᠯᠡᠭᠡ ᠪᠠ ᠬᠡᠷ ᠪᠦᠯᠢ ᠶᠢᠨ ᠬᠥᠭᠵᠢᠯᠲᠡ ᠶᠢ ᠳᠡᠮᠵᠢᠬᠦ ᠰᠢᠰᠲ᠋ᠧᠮᠵᠢ ᠶᠢᠨ ᠪᠠᠶᠢᠭᠤᠯᠤᠯᠲᠠ ᠶᠢ | ᠴᠢᠩᠭᠠᠳᠬᠠᠨ᠂ ᠣᠯᠠᠨ ᠨᠡᠶᠢᠲᠡ ᠶᠢᠨ ᠦᠢᠯᠡᠴᠢᠯᠡᠬᠡᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ | ᠰᠢᠯᠢᠳᠡᠭᠵᠢᠭᠦᠯᠵᠦ᠂ ᠡᠬᠡ ᠨᠢᠯᠬᠠᠰ ᠤᠨ ᠡᠷᠡᠭᠦᠯ ᠮᠡᠨᠳᠦ ᠪᠠ ᠦᠷᠡᠵᠢᠯ ᠤᠨ ᠦᠢᠯᠡᠴᠢᠯᠡᠬᠡᠨ ᠤ ᠴᠢᠳᠠᠪᠤᠷᠢ ᠶᠢ | ᠴᠢᠩᠭᠠᠷᠠᠭᠤᠯᠤᠨ᠂ ᠵᠡᠷᠡᠮᠳᠡᠭ ᠬᠡᠦᠬᠡᠳ ᠲᠦᠷᠦᠭᠦ ᠶᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠰᠢᠰᠲ᠋ᠧᠮᠵᠢ ᠶᠢ | ᠲᠡᠭᠦᠯᠳᠡᠷᠵᠢᠭᠦᠯᠵᠦ᠂ ᠴᠢᠭᠢᠷᠠᠭ ᠳᠦᠷᠦᠵᠦ ᠲᠣᠷᠨᠢᠭᠤᠨ ᠥᠰᠬᠡᠬᠦ ᠦᠢᠯᠡᠴᠢᠯᠡᠬᠡᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠂ ᠦᠷᠡᠵᠢᠯ ᠤᠨ ᠨᠥᠬᠦᠷᠰᠡᠭ ᠬᠡᠯᠪᠡᠷᠢ ᠶᠢᠨ ᠨᠡᠶᠢᠭᠡᠮ ᠢ ᠴᠢᠷᠮᠠᠶᠢᠨ ᠪᠠᠶᠢᠭᠤᠯᠵᠤ ᠪᠠᠶᠢᠭᠠᠳ ᠵᠣᠬᠢᠬᠤ | ᠦᠷᠡᠵᠢᠯ ᠤᠨ ᠬᠢᠷᠢ ᠬᠡᠮᠵᠢᠶ᠎ᠡ ᠶᠢ ᠪᠡᠶᠡᠯᠡᠭᠦᠯᠬᠦ ᠶᠢ ᠠᠬᠢᠭᠤᠯᠤᠨ᠎ᠠ᠃ | 26 . ᠨᠠᠶᠢᠳᠠᠵᠤ ᠰᠠᠭᠠᠲᠠᠭᠤᠯᠤᠨ ᠬᠥᠮᠦᠵᠢᠭᠦᠯᠬᠦ ᠦᠢᠯᠡᠴᠢᠯᠡᠬᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠨᠢᠷᠠᠶ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠬᠡᠨ ᠤ ᠬᠥᠭᠵᠢᠯᠲᠡ ᠶᠢ | ᠠᠬᠢᠭᠤᠯᠬᠤ ᠲᠥᠷᠥ ᠶᠢᠨ ᠪᠣᠳᠣᠯᠭ᠎ᠠ ᠲᠦᠷᠢᠮ ᠤᠨ ᠰᠢᠰᠲ᠋ᠧᠮᠵᠢ ᠪᠠ ᠪᠠᠷᠢᠮᠵᠢᠶ᠎ᠠ ᠵᠢᠷᠤᠮᠵᠢᠯ ᠢ ᠪᠠᠶᠢᠭᠤᠯᠵᠤ᠂ ᠨᠢᠷᠠᠶ | ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠬᠡᠨ ᠤ ᠬᠠᠩᠭᠠᠯᠭ᠎ᠠ ᠶᠢ ᠠᠯᠬᠤᠮ ᠠᠯᠬᠤᠮ ᠢᠶᠠᠷ | ᠳᠡᠭᠡᠭᠰᠢᠯᠡᠭᠦᠯᠦᠨ᠂ ᠨᠢᠷᠠᠶ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠬᠡᠨ ᠤ ᠵᠢᠱᠢᠶ᠎ᠡ ᠦᠵᠡᠭᠦᠯᠬᠦ | ᠪᠠᠶᠢᠭᠤᠯᠤᠮᠵᠢ ᠶᠢᠨ ᠪᠠᠶᠢᠭᠤᠯᠤᠯᠲᠠ ᠶᠢ ᠥᠷᠨᠢᠭᠦᠯᠦᠨ᠎ᠡ᠃ 2025 ᠣᠨ ᠪᠣᠯᠬᠤ ᠳᠤ᠂ ᠬᠤᠲᠠ ᠪᠠᠯᠭᠠᠰᠤ ᠶᠢᠨ | ᠨᠡᠶᠢᠭᠡᠮ ᠲᠣᠭᠤᠷᠢᠭ ᠤᠨ ᠨᠢᠷᠠᠶ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠬᠡᠨ ᠤ ᠪᠠᠶᠢᠭᠤᠯᠤᠮᠵᠢ ᠶᠢᠨ | ᠪᠦᠷᠬᠦᠴᠡ ᠶᠢᠨ ᠨᠣᠷᠮ᠎ᠠ᠂ ᠨᠢᠷᠠᠶ ᠨᠢᠯᠬ᠎ᠠ ᠬᠡᠦᠬᠡᠳ ᠤᠨ ᠴᠡᠴᠡᠷᠯᠢᠭ ᠲᠤ ᠣᠷᠣᠬᠤ ᠨᠣᠷᠮ᠎ᠠ ᠶᠢ ᠳᠡᠭᠡᠭᠰᠢᠯᠡᠭᠦᠯᠵᠦ᠂ | ᠥᠷᠭᠡᠨ ᠣᠯᠠᠨ ᠬᠡᠷ ᠪᠦᠯᠢ ᠶᠢᠨ ᠨᠢᠷᠠᠶ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠬᠡᠨ ᠤ ᠬᠡᠷᠡᠭᠴᠡᠭᠡ | ᠱᠠᠭᠠᠷᠳᠠᠯᠭ᠎ᠠ ᠶᠢ ᠦᠨᠳᠦᠰᠦᠨ ᠳᠡᠭᠡᠨ ᠬᠠᠩᠭᠠᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠰᠠᠭᠠᠲᠠᠭᠤᠯᠤᠨ ᠠᠰᠠᠷᠠᠬᠤ | ᠦᠢᠯᠡᠴᠢᠯᠡᠬᠡᠨ ᠤ ᠪᠦᠷᠬᠦᠴᠡ ᠶᠢ ᠤᠯᠠᠮ ᠨᠢᠭᠡ ᠠᠯᠬᠤᠮ ᠥᠷᠭᠡᠳᠬᠡᠵᠦ᠂ ᠨᠢᠷᠠᠶ ᠨᠢᠯᠬ᠎ᠠ ᠬᠡᠦᠬᠡᠳ ᠢ ᠰᠠᠭᠠᠲᠠᠭᠤᠯᠤᠨ | ᠠᠰᠠᠷᠠᠬᠤ ᠦᠢᠯᠡᠴᠢᠯᠡᠬᠡᠨ ᠤ ᠨᠡᠶᠢᠭᠡᠮ ᠤᠨ ᠣᠷᠴᠢᠨ ᠲᠣᠭᠤᠷᠢᠨ ᠪᠠ ᠦᠢᠯᠡᠴᠢᠯᠡᠬᠡᠨ ᠤ ᠰᠢᠰᠲ᠋ᠧᠮᠵᠢ ᠶᠢ ᠲᠠᠰᠤᠷᠠᠯᠲᠠ | ᠥᠬᠡᠶ ᠰᠢᠯᠢᠳᠡᠭᠵᠢᠭᠦᠯᠦᠨ ᠵᠢᠷᠤᠮᠵᠢᠭᠤᠯᠵᠤ᠂ ᠣᠯᠠᠨ ᠲᠠᠰ ᠳᠠᠪᠬᠤᠷᠭ᠎ᠠ᠂ ᠣᠯᠠᠨ ᠶᠠᠩᠵᠤ ᠶᠢᠨ᠂ ᠰᠣᠩᠭᠤᠵᠤ | ᠪᠣᠯᠬᠤ᠂ ᠬᠤᠲᠠ ᠬᠥᠳᠡᠭᠡ ᠶᠢ ᠬᠠᠮᠤᠷᠤᠭᠰᠠᠨ ᠨᠢᠷᠠᠶ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ | ᠦᠢᠯᠡᠴᠢᠯᠡᠬᠡᠨ ᠤ ᠰᠢᠰᠲ᠋ᠧᠮᠵᠢ ᠶᠢ ᠦᠨᠳᠦᠰᠦᠨ ᠳᠡᠭᠡᠨ ᠪᠦᠷᠢᠯᠳᠦᠭᠦᠯᠵᠦ᠂ ᠨᠢᠷᠠᠶ ᠨᠢᠯᠬ᠎ᠠ ᠬᠡᠦᠬᠡᠳ ᠢ ᠰᠠᠭᠠᠲᠠᠭᠤᠯᠤᠨ | ᠠᠰᠠᠷᠠᠬᠤ ᠦᠢᠯᠡᠴᠢᠯᠡᠬᠡᠨ ᠤ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠠᠷᠠᠳ ᠣᠯᠠᠨ ᠤ ᠨᠢᠷᠠᠶ ᠨᠢᠯᠬ᠎ᠠ | ᠬᠡᠦᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠬᠡᠨ ᠤ ᠬᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ | ᠬᠠᠩᠭᠠᠨ᠎ᠠ᠃ ᠮᠢᠩᠭᠠᠨ ᠬᠥᠮᠦᠨ ᠠᠮᠠ ᠪᠦᠷᠢ ᠳᠤ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠤᠨ ᠣᠷᠣᠨ | ᠲᠣᠭᠲᠠᠭᠠᠬᠤ ᠲᠤᠭ᠎ᠠ ᠶᠢ 4 . 5 ᠪᠣᠯᠭᠠᠨ᠎ᠠ᠃ ᠨᠠᠶᠢᠳᠠᠵᠤ ᠰᠠᠭᠠᠲᠠᠭᠤᠯᠤᠨ ᠬᠥᠮᠦᠵᠢᠭᠦᠯᠬᠦ ᠪᠠᠶᠢᠭᠤᠯᠤᠮᠵᠢ ᠶᠢᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠬᠡᠨ ᠤ ᠬᠠᠮᠢᠶᠠᠷᠤᠯᠲᠠ ᠶᠢ ᠡᠬᠡ ᠨᠢᠯᠬ᠎ᠠ᠂ ᠡᠪᠡᠳᠴᠢᠨ ᠡᠮᠭᠡᠭ ᠢ | ᠰᠡᠷᠭᠡᠶᠢᠯᠡᠨ ᠡᠵᠡᠮᠳᠡᠬᠦ᠂ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠵᠡᠷᠭᠡ ᠠᠵᠢᠯ ᠳᠤ ᠠᠭᠤᠰᠬᠠᠨ ᠣᠷᠣᠭᠤᠯᠵᠤ᠂ | ︽ᠡᠮᠴᠢᠯᠡᠭᠡ ᠬᠥᠮᠦᠵᠢᠭᠦᠯᠦᠯ ᠢ ᠤᠶᠠᠯᠳᠤᠭᠤᠯᠬᠤ︾ ᠬᠥᠭᠵᠢᠯᠲᠡ ᠶᠢ ᠴᠢᠩᠭᠠᠷᠠᠭᠤᠯᠤᠨ᠎ᠠ᠃ | 27 . ᠡᠬᠡ ᠨᠢᠯᠬᠠᠰ ᠤᠨ ᠡᠷᠡᠭᠦᠯ ᠡᠩᠬᠡ ᠶᠢᠨ ᠦᠢᠯᠡᠴᠢᠯᠡᠬᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠬᠡᠨ ᠤ ᠪᠠᠶᠢᠭᠤᠯᠤᠮᠵᠢ ᠶᠢᠨ ᠪᠠᠶᠢᠭᠤᠯᠤᠯᠲᠠ ᠪᠠ | ᠲᠣᠬᠢᠷᠠᠭᠤᠯᠤᠯᠲᠠ ᠶᠢᠨ ᠳᠤᠲᠠᠭᠤᠳᠠᠯ ᠢ ᠨᠥᠬᠦᠪᠥᠷᠢᠯᠡᠵᠦ᠂ ᠠᠶᠢᠮᠠᠭ ᠬᠤᠰᠢᠭᠤ ︵ᠣᠷᠣᠨ︶ ᠶᠢᠨ ᠶᠡᠷᠦᠩᠬᠡᠶᠢᠯᠡᠭᠰᠡᠨ | ᠡᠮᠨᠡᠯᠭᠡ ᠶᠢᠨ ᠬᠤᠷᠢᠶᠠᠨ ᠤ ᠬᠥᠩᠭᠡᠵᠢᠭᠦᠯᠬᠦ ᠰᠠᠯᠠᠭ᠎ᠠ᠂ ᠬᠡᠦᠬᠡᠳ ᠤᠨ ᠰᠠᠯᠠᠭᠠᠨ ᠤ ᠰᠠᠭᠤᠷᠢ ᠲᠥᠬᠦᠭᠡᠷᠦᠮᠵᠢ ᠶᠢᠨ | ᠨᠥᠬᠦᠴᠡᠯ ᠢ ᠪᠥᠬᠦ ᠲᠠᠯ᠎ᠠ ᠪᠠᠷ ᠰᠠᠶᠢᠵᠢᠷᠠᠭᠤᠯᠵᠤ᠂ ᠬᠥᠩᠭᠡᠵᠢᠭᠦᠯᠬᠦ ᠰᠠᠯᠠᠭ᠎ᠠ᠂ ᠬᠡᠦᠬᠡᠳ ᠤᠨ ᠰᠠᠯᠠᠭᠠᠨ ᠤ | ᠦᠢᠯᠡᠴᠢᠯᠡᠬᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠬᠡᠦᠬᠡᠳ ᠤᠨ ᠰᠠᠯᠠᠭᠠᠨ ᠤ ᠬᠦᠴᠢᠷ | ᠲᠦᠪᠡᠭᠲᠡᠶ ᠡᠪᠡᠳᠴᠢᠨ ᠡᠮᠭᠡᠭ ᠤᠨ ᠦᠢᠯᠡᠴᠢᠯᠡᠬᠡᠨ ᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠵᠢᠷᠮᠦᠰᠦᠨ | ᠡᠮᠡᠭᠲᠡᠶ ᠪᠠ ᠬᠡᠦᠬᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠬᠡᠨ ᠤ ᠴᠢᠳᠠᠪᠤᠷᠢ ᠶᠢ ᠢᠯᠡᠳᠲᠡ | ᠳᠡᠭᠡᠭᠰᠢᠯᠡᠭᠦᠯᠬᠦ ᠪᠠᠷ ᠭᠤᠤᠯ ᠪᠣᠯᠭᠠᠵᠤ᠂ ᠴᠢᠨᠠᠷ ᠰᠠᠶᠢᠲᠠᠶ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠥᠩᠭᠡᠵᠢᠭᠦᠯᠬᠦ | ᠣᠷᠣ ᠪᠠ ᠬᠡᠦᠬᠡᠳ ᠤᠨ ᠰᠠᠯᠠᠭᠠᠨ ᠤ ᠣᠷᠣ ᠶᠢ ᠲᠠᠰ ᠳᠡᠪᠰᠢᠭᠦᠯᠦᠨ ᠥᠭᠡᠷᠡᠴᠢᠯᠡᠵᠦ᠂ ᠡᠪᠡᠳᠴᠢᠳᠡᠨ ︵ | ᠬᠥᠩᠭᠡᠵᠢᠭᠦᠯᠬᠦ︶ ᠤ ᠥᠷᠥᠭᠡ᠂ ᠨᠢᠯᠬ᠎ᠠ ᠬᠡᠦᠬᠡᠳ ᠤᠨ ᠥᠷᠥᠭᠡ ᠵᠡᠷᠭᠡ ᠣᠨᠣᠰᠢᠯᠠᠨ ᠡᠮᠨᠡᠬᠦ ᠣᠷᠴᠢᠨ ᠲᠣᠭᠤᠷᠢᠨ ᠪᠠ | ᠲᠣᠨᠤᠭ ᠲᠥᠬᠦᠭᠡᠷᠦᠮᠵᠢ ᠶᠢᠨ ᠨᠥᠬᠦᠴᠡᠯ ᠢ ᠰᠠᠶᠢᠵᠢᠷᠠᠭᠤᠯᠵᠤ᠂ ᠡᠮᠡᠭᠲᠡᠶ᠂ ᠬᠡᠦᠬᠡᠳ ᠤᠨ ᠰᠠᠯᠠᠭᠠᠨ ᠤ ᠡᠮᠨᠡᠯᠭᠡ ᠶᠢᠨ | ᠠᠵᠢᠯᠲᠠᠨ ᠢ ᠪᠣᠯᠪᠠᠰᠤᠷᠠᠭᠤᠯᠬᠤ ᠡᠷᠴᠢᠮ ᠪᠠ ᠬᠥᠮᠦᠵᠢᠭᠦᠯᠬᠦ ᠡᠷᠴᠢᠮ ᠢ ᠴᠢᠩᠭᠠᠷᠠᠭᠤᠯᠵᠤ᠂ ᠥᠨᠳᠥᠷ ᠬᠡᠪ | ᠪᠣᠯᠪᠠᠰᠤᠷᠠᠯ ᠲᠠᠢ ᠴᠢᠳᠠᠪᠤᠷᠢᠲᠠᠨ᠂ ᠬᠠᠮ ᠴᠢᠳᠠᠪᠤᠷᠢᠲᠠᠨ ᠪᠠ ᠰᠢᠨᠵᠢᠯᠡᠭᠡᠨ ᠤ ᠰᠠᠯᠠᠭᠠᠨ ᠤ ᠳᠠᠭᠠᠭᠤᠯᠤᠭᠴᠢ ᠶᠢ | ᠣᠷᠣᠭᠤᠯᠤᠨ ᠠᠪᠴᠢᠷᠠᠬᠤ ᠶᠢ ᠲᠦᠷᠭᠡᠳᠬᠡᠵᠦ᠂ ᠬᠡᠦᠬᠡᠳ ᠤᠨ ᠰᠠᠯᠠᠭ᠎ᠠ᠂ ᠬᠥᠩᠭᠡᠵᠢᠭᠦᠯᠬᠦ ᠰᠠᠯᠠᠭᠠᠨ ᠤ ᠡᠮᠴᠢᠯᠡᠭᠡᠨ ᠤ | ᠦᠢᠯᠡᠴᠢᠯᠡᠭᠡ ᠶᠢᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠪᠠ ᠨᠥᠬᠦᠪᠥᠷᠢ ᠶᠢᠨ ᠠᠵᠢᠯᠯᠠᠭᠠᠨ ᠤ | ᠲᠣᠭᠲᠠᠴᠠ ᠶᠢ ᠥᠭᠡᠷᠡᠴᠢᠯᠡᠨ᠎ᠡ᠃ 2025 ᠣᠨ ᠪᠣᠯᠬᠤ ᠳᠤ᠂ ᠪᠥᠬᠦ ᠠᠶᠢᠮᠠᠭ ᠤᠨ ᠬᠤᠶᠠᠳᠤᠭᠠᠷ ᠳᠡᠰ ᠵᠢᠴᠢ | ᠲᠡᠭᠦᠨ ᠠᠴᠠ ᠳᠡᠭᠡᠭᠰᠢᠬᠢ ᠬᠥᠩᠭᠡᠵᠢᠭᠦᠯᠬᠦ ᠦᠢᠯᠡᠴᠢᠯᠡᠭᠡ ᠥᠷᠨᠢᠭᠦᠯᠵᠦ ᠪᠠᠶᠢᠭ᠎ᠠ ᠡᠮᠴᠢᠯᠡᠭᠡᠨ ᠤ ᠪᠠᠶᠢᠭᠤᠯᠤᠮᠵᠢ ᠨᠢ | ᠨᠥᠬᠦᠴᠡᠯ ᠪᠦᠷᠢᠯᠳᠦᠭᠦᠯᠵᠦ ᠪᠠᠶᠢᠭᠠᠳ ᠰᠠᠶ᠋ᠢ ᠲᠥᠷᠥᠭᠰᠡᠨ ᠬᠡᠦᠬᠡᠳ ᠤᠨ ᠰᠠᠯᠠᠭ᠎ᠠ ︵ᠲᠠᠰᠤᠭ︶ ᠶᠢ ᠳᠣᠭᠢᠷᠠᠭᠤᠯᠵᠤ᠂ | ᠡᠯ᠎ᠡ ᠬᠤᠰᠢᠭᠤᠨ ︵ᠣᠷᠣᠨ︶ ᠤ ᠠᠯᠪᠠᠨ ᠠᠴᠠ ᠪᠠᠶᠢᠭᠤᠯᠤᠭᠰᠠᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠳᠤ | ᠴᠥᠮ ᠡᠪᠡᠳᠴᠢᠲᠡᠨ ᠤ ᠥᠷᠥᠭᠡ ᠲᠠᠢ ᠬᠡᠦᠬᠡᠳ ᠤᠨ ᠰᠠᠯᠠᠭ᠎ᠠ ᠶᠢ ᠳᠣᠭᠢᠷᠠᠭᠤᠯᠵᠤ᠂ ᠨᠥᠬᠦᠴᠡᠯ ᠲᠠᠢ ᠬᠤᠰᠢᠭᠤᠨ ᠤ | ᠱᠠᠲᠤᠨ ᠤ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠪᠠᠶᠢᠭᠤᠯᠤᠮᠵᠢ ᠳᠤ ᠴᠥᠮ ᠬᠥᠩᠭᠡᠵᠢᠭᠦᠯᠬᠦ ᠰᠠᠯᠠᠭ᠎ᠠ᠂ | ᠬᠡᠦᠬᠡᠳ ᠤᠨ ᠰᠠᠯᠠᠭ᠎ᠠ ᠭᠠᠷᠭᠠᠵᠤ᠂ ᠮᠢᠩᠭᠠᠨ ᠬᠤᠪᠢ ᠪᠦᠷᠢ ᠶᠢᠨ ᠬᠥᠩᠭᠡᠵᠢᠭᠦᠯᠬᠦ ᠬᠡᠮᠵᠢᠶ᠎ᠡ ᠶᠢᠨ ᠰᠠᠯᠠᠭ᠎ᠠ ᠶᠢᠨ | ᠡᠪᠡᠳᠴᠢᠲᠡᠨ ᠤ ᠣᠷᠣ ᠶᠢ 17 ᠳᠤ ᠬᠦᠷᠦᠭᠦᠯᠵᠦ᠂ ᠮᠢᠩᠭᠠᠨ ᠬᠡᠦᠬᠡᠳ ᠪᠦᠷᠢ ᠳᠤ 2 . 2 ᠳᠤ ᠬᠦᠷᠦᠭᠦᠯᠦᠨ᠎ᠡ᠃ | ᠬᠤᠲᠠ ᠬᠥᠳᠡᠭᠡ ᠶᠢ ᠬᠠᠮᠤᠷᠴᠤ᠂ ᠤᠷᠤᠭᠯᠠᠬᠤ ᠠᠴᠠ ᠡᠮᠦᠨᠡᠬᠢ᠂ ᠵᠢᠷᠮᠦᠰᠦᠯᠡᠬᠦ ᠠᠴᠠ ᠡᠮᠦᠨᠡᠬᠢ᠂ ᠵᠢᠷᠮᠦᠰᠦᠨ | ᠬᠤᠭᠤᠴᠠᠭ᠎ᠠ᠂ ᠨᠢᠯᠬ᠎ᠠ ᠬᠡᠦᠬᠡᠳ ᠪᠠ ᠬᠡᠦᠬᠡᠳ ᠤᠨ ᠡᠯ᠎ᠡ ᠱᠠᠲᠤ ᠦᠶ᠎ᠡ ᠶᠢᠨ ᠡᠬᠡ ᠨᠢᠯᠬᠠᠰ ᠤᠨ ᠡᠷᠡᠭᠦᠯ ᠮᠡᠨᠳᠦ ᠶᠢᠨ | ᠦᠢᠯᠡᠴᠢᠯᠡᠬᠡᠨ ᠤ ᠰᠢᠰᠲ᠋ᠧᠮᠵᠢ ᠶᠢ ᠦᠨᠳᠦᠰᠦᠨ ᠳᠡᠭᠡᠨ ᠪᠦᠷᠢᠯᠳᠦᠭᠦᠯᠦᠨ᠎ᠡ᠃ ᠠᠯᠠᠱᠠ ᠵᠡᠭᠦᠨ ᠬᠤᠰᠢᠭᠤᠨ ᠤ ᠡᠬᠡ | ᠨᠢᠯᠬᠠᠰ ᠤᠨ ᠡᠷᠡᠭᠦᠯᠵᠢᠯ ᠤᠨ ᠬᠤᠷᠢᠶ᠎ᠠ ᠶᠢᠨ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ᠂ ᠡᠵᠡᠨ᠎ᠡ | ᠬᠤᠰᠢᠭᠤᠨ ᠤ ᠡᠬᠡ ᠨᠢᠯᠬᠠᠰ ᠤᠨ ᠲᠥᠯᠥᠪᠯᠡᠭᠡᠲᠦ ᠦᠷᠡᠵᠢᠯ ᠤᠨ ᠦᠢᠯᠡᠴᠢᠯᠡᠬᠡᠨ ᠤ ᠲᠥᠪ ᠤᠨ ᠶᠡᠷᠦᠩᠬᠡᠶᠢᠯᠡᠭᠰᠡᠨ | ᠲᠤᠬᠠᠶᠢᠯᠠᠭᠰᠠᠨ ᠠᠵᠢᠯ ᠤᠨ ᠠᠰᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠶᠢ | ᠠᠬᠢᠭᠤᠯᠤᠨ᠎ᠠ᠃ | 28 . ᠨᠢᠷᠠᠶ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠬᠡᠨ ᠤ ᠰᠢᠰᠲ᠋ᠧᠮᠵᠢ ᠶᠢᠨ | ᠪᠠᠶᠢᠭᠤᠯᠤᠯᠲᠠ ᠶᠢ ᠴᠢᠩᠭᠠᠳᠬᠠᠨ᠎ᠠ᠃ ᠲᠤᠰᠠᠭᠠᠷ ᠭᠠᠵᠠᠷ ᠡᠵᠡᠯᠡᠬᠦ ᠴᠢᠬᠤᠯᠠᠲᠠᠶ ᠨᠢᠷᠠᠶ ᠨᠢᠯᠬ᠎ᠠ ᠬᠡᠦᠬᠡᠳ ᠢ | ᠰᠠᠭᠠᠲᠠᠭᠤᠯᠤᠨ ᠠᠰᠠᠷᠠᠬᠤ ᠦᠢᠯᠡᠴᠢᠯᠡᠬᠡᠨ ᠤ ᠪᠡᠯᠡᠳᠬᠡᠮᠵᠢ ᠪᠠ ᠲᠠᠯᠠᠪᠤᠷ ᠭᠠᠵᠠᠷ ᠤᠨ ᠪᠥᠲᠥᠭᠡᠨ ᠪᠠᠶᠢᠭᠤᠯᠤᠯᠲᠠ ᠶᠢᠨ | ᠪᠠᠶᠢᠷᠢᠰᠢᠭᠤᠯᠤᠯᠲᠠ ᠶᠢ ᠬᠠᠮᠢᠶ᠎ᠠ ᠪᠥᠬᠦᠶ ᠲᠥᠯᠥᠪᠵᠢᠭᠦᠯᠭᠡ ᠳᠤ ᠣᠷᠣᠭᠤᠯᠵᠤ᠂ ᠨᠢᠷᠠᠶ ᠨᠢᠯᠬ᠎ᠠ ᠬᠡᠦᠬᠡᠳ ᠢ | ᠰᠠᠭᠠᠲᠠᠭᠤᠯᠤᠨ ᠠᠰᠠᠷᠠᠬᠤ ᠨᠢᠭᠡ ᠪᠦᠯᠦᠭ ᠦᠢᠯᠡᠴᠢᠯᠡᠬᠡᠨ ᠤ ᠪᠠᠶᠢᠭᠤᠯᠤᠮᠵᠢ ᠪᠠ ᠪᠡᠯᠡᠳᠬᠡᠮᠵᠢ ᠶᠢ ᠰᠢᠨ᠎ᠡ ᠪᠠᠷ | ᠪᠠᠶᠢᠭᠤᠯᠬᠤ᠂ ᠥᠷᠭᠡᠳᠬᠡᠨ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠬᠡᠷᠡᠭᠲᠡᠶ︔ ᠨᠡᠶᠢᠭᠡᠮ ᠲᠣᠭᠤᠷᠢᠭ ᠤᠨ ᠨᠢᠷᠠᠶ | ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠬᠡᠨ ᠤ ᠪᠡᠯᠡᠳᠬᠡᠮᠵᠢ ᠬᠢᠭᠡᠳ ᠨᠡᠶᠢᠭᠡᠮ ᠲᠣᠭᠤᠷᠢᠭ ᠤᠨ | ᠦᠢᠯᠡᠴᠢᠯᠡᠬᠡᠨ ᠤ ᠲᠥᠪ ︵ᠥᠷᠲᠡᠭᠡ︶ ᠵᠢᠴᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ᠂ ᠰᠣᠶᠣᠯ᠂ ᠪᠡᠶ᠎ᠡ ᠶᠢᠨ | ᠲᠠᠮᠢᠷ ᠵᠡᠷᠭᠡ ᠪᠡᠯᠡᠳᠬᠡᠮᠵᠢ ᠶᠢᠨ ᠴᠢᠳᠠᠮᠵᠢ ᠶᠢ ᠵᠣᠯᠭᠠᠭᠤᠯᠬᠤ ᠶᠢ ᠴᠢᠩᠭᠠᠳᠬᠠᠵᠤ᠂ ᠶᠡᠷᠦᠩᠬᠡᠶᠢᠯᠡᠭᠰᠡᠨ ᠦᠷ᠎ᠡ | ᠠᠰᠢᠭ ᠢ ᠪᠠᠳᠠᠷᠠᠭᠤᠯᠤᠨ᠎ᠠ︔ ᠨᠡᠶᠢᠭᠡᠮ ᠤᠨ ᠬᠦᠴᠦᠨ ᠤ ᠠᠯᠪᠠᠨ ᠠᠴᠠ ᠡᠷᠬᠢᠯᠡᠵᠦ ᠠᠷᠠᠳ ᠠᠴᠠ ᠡᠵᠡᠩᠨᠡᠬᠦ᠂ | ᠠᠷᠠᠳ ᠠᠴᠠ ᠡᠷᠬᠢᠯᠡᠵᠦ ᠠᠯᠪᠠᠨ ᠠᠴᠠ ᠲᠤᠰᠠᠯᠠᠬᠤ ᠵᠡᠷᠭᠡ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠠᠵᠢᠯ ᠣᠯᠬᠤ ᠬᠥᠮᠦᠰ ᠨᠢᠭᠲᠠᠷᠠᠭᠰᠠᠨ ᠠᠵᠤ ᠦᠢᠯᠡᠰ ᠤᠨ ᠪᠥᠭᠡᠮᠨᠡᠷᠡᠯ ᠤᠨ ᠣᠷᠣᠨ ᠪᠦᠰᠡ ᠪᠠ | ᠬᠥᠮᠦᠨ ᠬᠡᠷᠡᠭᠯᠡᠬᠦ ᠨᠢᠭᠡᠴᠡ ᠳᠤ ᠨᠢᠷᠠᠶ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠬᠡᠨ ᠤ | ᠪᠡᠯᠡᠳᠬᠡᠮᠵᠢ ᠶᠢ ᠲᠡᠭᠦᠯᠳᠡᠷᠵᠢᠭᠦᠯᠵᠦ᠂ ᠨᠢᠷᠠᠶ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠬᠡᠨ | ᠬᠠᠩᠭᠠᠬᠤ ᠶᠢ ᠳᠠᠮᠵᠢᠨ᠎ᠠ︔ ᠨᠢᠷᠠᠶ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠬᠡᠨ ᠤ | ᠪᠠᠶᠢᠭᠤᠯᠤᠮᠵᠢ ᠨᠢ ᠠᠳᠠᠯᠢ ᠪᠤᠰᠤ ᠬᠡᠷ ᠪᠦᠯᠢ ᠶᠢᠨ ᠪᠣᠳᠠᠲᠠᠶ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠪᠦᠬᠦᠯᠢ | ᠡᠳᠦᠷ ᠢᠶᠠᠷ ᠨᠠᠶᠢᠳᠠᠬᠤ᠂ ᠬᠠᠭᠠᠰ ᠡᠳᠦᠷ ᠢᠶᠠᠷ ᠨᠠᠶᠢᠳᠠᠬᠤ᠂ ᠴᠠᠭ ᠢᠶᠠᠷ ᠪᠤᠳᠤᠬᠤ ᠨᠠᠶᠢᠳᠠᠬᠤ᠂ ᠲᠦᠷ ᠴᠠᠭ ᠢᠶᠠᠷ | ᠨᠠᠶᠢᠳᠠᠬᠤ ᠵᠡᠷᠭᠡ ᠣᠯᠠᠨ ᠶᠠᠩᠵᠤ ᠶᠢᠨ ᠪᠠ ᠣᠯᠠᠨ ᠲᠠᠰ ᠳᠠᠪᠬᠤᠷᠭ᠎ᠠ ᠶᠢᠨ ᠨᠢᠷᠠᠶ ᠨᠢᠯᠬ᠎ᠠ ᠬᠡᠦᠬᠡᠳ ᠢ ᠰᠠᠭᠠᠲᠠᠭᠤᠯᠤᠨ | ᠠᠰᠠᠷᠠᠬᠤ ᠦᠢᠯᠡᠴᠢᠯᠡᠭᠡ ᠬᠠᠩᠭᠠᠬᠤ ᠶᠢ ᠳᠡᠮᠵᠢᠨ᠎ᠡ᠃ 2025 ᠣᠨ ᠪᠣᠯᠬᠤ ᠳᠤ᠂ ᠣᠯᠠᠨ ᠡᠰᠢᠵᠢᠭᠰᠡᠨ᠂ ᠣᠯᠠᠨ | ᠶᠠᠩᠵᠤ ᠶᠢᠨ᠂ ᠬᠤᠲᠠ ᠬᠥᠳᠡᠭᠡ ᠶᠢ ᠬᠠᠮᠤᠷᠤᠭᠰᠠᠨ ᠨᠢᠷᠠᠶ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ | ᠦᠢᠯᠡᠴᠢᠯᠡᠬᠡᠨ ᠤ ᠰᠢᠰᠲ᠋ᠧᠮᠵᠢ ᠶᠢ ᠦᠨᠳᠦᠰᠦᠨ ᠳᠡᠭᠡᠨ ᠪᠦᠷᠢᠯᠳᠦᠭᠦᠯᠵᠦ᠂ ᠨᠢᠷᠠᠶ ᠨᠢᠯᠬ᠎ᠠ ᠬᠡᠦᠬᠡᠳ ᠢ ᠰᠠᠭᠠᠲᠠᠭᠤᠯᠤᠨ | ᠠᠰᠠᠷᠠᠬᠤ ᠦᠢᠯᠡᠴᠢᠯᠡᠬᠡᠨ ᠤ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠦᠨ᠂ ᠠᠷᠠᠳ ᠣᠯᠠᠨ ᠤ ᠨᠢᠷᠠᠶ ᠨᠢᠯᠬ᠎ᠠ | ᠬᠡᠦᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠬᠡᠨ ᠤ ᠬᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ | ᠬᠠᠩᠭᠠᠨ᠎ᠠ᠃ | ︵ᠳᠣᠯᠤᠭ᠎ᠠ︶ ᠡᠮᠴᠢᠯᠡᠭᠡ ᠨᠠᠰᠤᠵᠢᠯ ᠢ ᠤᠶᠠᠯᠳᠤᠭᠤᠯᠬᠤ ᠶᠢ ᠠᠬᠢᠭᠤᠯᠵᠤ᠂ ᠨᠠᠰᠤᠲᠠᠶᠢᠴᠤᠳ ᠤᠨ ᠡᠷᠡᠭᠦᠯ | ᠡᠩᠬᠡ ᠶᠢᠨ ᠦᠢᠯᠡᠴᠢᠯᠡᠬᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠨᠠᠰᠤᠲᠠᠶᠢᠴᠤᠳ ᠤᠨ | ᠨᠥᠬᠦᠷᠰᠡᠭ ᠬᠡᠯᠪᠡᠷᠢ ᠶᠢᠨ ᠨᠡᠶᠢᠭᠡᠮ ᠢᠶᠠᠷ ᠬᠠᠷᠠᠯᠲᠠ ᠪᠣᠯᠭᠠᠵᠤ᠂ ᠬᠥᠮᠦᠨ ᠠᠮᠠ ᠶᠢᠨ ᠨᠠᠰᠤᠵᠢᠯ ᠢ ᠢᠳᠡᠪᠬᠢᠲᠡᠶ | ᠠᠷᠭᠠᠴᠠᠵᠤ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠬᠡᠨ ᠤ ᠰᠢᠰᠲ᠋ᠧᠮᠵᠢ ᠶᠢ ᠲᠦᠷᠭᠡᠳᠬᠡᠨ | ᠪᠠᠶᠢᠭᠤᠯᠵᠤ᠂ 2025 ᠣᠨ ᠪᠣᠯᠬᠤ ᠳᠤ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠬᠡᠨ ᠤ | ᠪᠠᠶᠢᠭᠤᠯᠤᠮᠵᠢ ᠶᠢᠨ ᠲᠤᠭ᠎ᠠ ᠬᠡᠮᠵᠢᠶ᠎ᠡ ᠶᠢ ᠢᠯᠡᠳᠲᠡ ᠨᠡᠮᠡᠭᠳᠡᠭᠦᠯᠵᠦ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ | ᠦᠢᠯᠡᠴᠢᠯᠡᠬᠡᠨ ᠤ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠵᠤ᠂ ᠨᠠᠰᠤᠲᠠᠶᠢᠴᠤᠳ ᠤᠨ ᠡᠷᠡᠭᠦᠯ ᠮᠡᠨᠳᠦ | ᠶᠢᠨ ᠦᠢᠯᠡᠴᠢᠯᠡᠬᠡᠨ ᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠨ ᠳᠡᠭᠡᠨ ᠬᠠᠩᠭᠠᠨ᠎ᠠ᠃ | 29 . ᠡᠮᠨᠡᠯᠭᠡ ᠶᠢᠨ ᠬᠤᠷᠢᠶ᠎ᠠ ᠶᠢᠨ ᠨᠠᠰᠤᠲᠠᠶᠢᠴᠤᠳ ᠤᠨ ᠡᠷᠡᠭᠦᠯ ᠡᠩᠬᠡ ᠶᠢᠨ ᠦᠢᠯᠡᠴᠢᠯᠡᠬᠡᠨ ᠤ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠠᠶᠢᠮᠠᠭ᠂ ᠬᠤᠰᠢᠭᠤᠨ ︵ᠣᠷᠣᠨ︶ ᠤ ᠠᠯᠪᠠᠨ ᠠᠴᠠ | ᠪᠠᠶᠢᠭᠤᠯᠤᠭᠰᠠᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠳᠤ ᠨᠠᠰᠤᠲᠠᠶᠢᠴᠤᠳ ᠤᠨ ᠡᠪᠡᠳᠴᠢᠨ ᠤ ᠰᠠᠯᠠᠭ᠎ᠠ ᠶᠢ | ᠪᠠᠶᠢᠭᠤᠯᠵᠤ᠂ ᠨᠠᠰᠤᠲᠠᠶᠢᠴᠤᠳ ᠤᠨ ᠡᠪᠡᠳᠴᠢᠨ ᠤ ᠰᠠᠯᠠᠭ᠎ᠠ᠂ ᠡᠷᠡᠭᠦᠯᠵᠢᠯ ᠤᠨ ᠰᠠᠯᠠᠭ᠎ᠠ᠂ ᠰᠤᠪᠢᠯᠠᠯᠲᠠ ᠶᠢᠨ | ᠲᠥᠪ ᠢ ᠭᠤᠤᠯᠳᠠᠯᠭ᠎ᠠ ᠲᠠᠢ ᠳᠡᠮᠵᠢᠵᠦ᠂ ᠨᠠᠰᠤᠲᠠᠶᠢᠴᠤᠳ ᠲᠤ ᠬᠤᠯᠪᠣᠭᠳᠠᠭᠰᠠᠨ ᠰᠠᠯᠠᠭ᠎ᠠ ᠲᠠᠰᠤᠭ ᠤᠨ | ᠦᠢᠯᠡᠴᠢᠯᠡᠬᠡᠨ ᠤ ᠴᠢᠳᠠᠪᠤᠷᠢ ᠪᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ | ᠃ 2025 ᠣᠨ ᠪᠣᠯᠬᠤ ᠳᠤ᠂ ᠬᠤᠶᠠᠳᠤᠭᠠᠷ ᠳᠡᠰ ᠠᠴᠠ ᠳᠡᠭᠡᠭᠰᠢᠬᠢ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠳᠤ | ᠨᠠᠰᠤᠲᠠᠶᠢᠴᠤᠳ ᠤᠨ ᠠᠨᠠᠭᠠᠬᠤ ᠤᠬᠠᠭᠠᠨ ᠤ ᠰᠠᠯᠠᠭ᠎ᠠ ᠲᠣᠬᠢᠷᠠᠭᠤᠯᠬᠤ ᠬᠠᠷᠢᠴᠠᠯ ᠢ 50 % ᠳᠤ ᠬᠦᠷᠦᠭᠦᠯᠦᠨ᠎ᠡ᠃ | ᠤᠯᠠᠨ ᠲᠡᠰ ᠳᠠᠪᠬᠤᠷᠭ᠎ᠠ ᠶᠢᠨ ᠠᠮᠤᠷ ᠲᠠᠶᠢᠪᠤᠩ ᠰᠤᠪᠢᠯᠠᠯᠲᠠ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ | ᠪᠦᠬᠦ ᠦᠶᠡᠯᠡᠯ ᠤᠨ ᠬᠤᠭᠤᠴᠠᠭᠠᠨ ᠤ ᠠᠮᠢ ᠨᠠᠰᠤᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ︽ᠣᠶᠤᠨᠴᠢ ᠪᠠᠷ | ᠨᠠᠰᠤᠲᠠᠳ ᠢ ᠲᠤᠰᠠᠯᠠᠬᠤ︾ ᠠᠵᠢᠯᠯᠠᠭ᠎ᠠ ᠶᠢ ᠬᠡᠷᠡᠭᠵᠢᠭᠦᠯᠵᠦ᠂ ᠨᠠᠰᠤᠲᠠᠶᠢᠴᠤᠳ ᠤᠨ ᠣᠶᠤᠨᠴᠢ ᠮᠡᠷᠭᠡᠵᠢᠯ ᠢᠶᠠᠷ | ᠬᠦᠴᠢᠷᠳᠡᠵᠦ ᠪᠠᠶᠢᠭ᠎ᠠ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ | 30 . ᠦᠨᠳᠦᠰᠦᠨ ᠱᠠᠲᠤᠨ ᠤ ᠨᠠᠰᠤᠲᠠᠶᠢᠴᠤᠳ ᠤᠨ ᠡᠷᠡᠭᠦᠯ ᠡᠩᠬᠡ ᠶᠢᠨ ᠦᠢᠯᠡᠴᠢᠯᠡᠬᠡᠨ ᠤ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠬᠡᠨ ᠤ | ᠪᠡᠯᠡᠳᠬᠡᠮᠵᠢ ᠶᠢ ᠬᠤᠲᠠ ᠪᠠᠯᠭᠠᠰᠤ ᠶᠢᠨ ᠨᠡᠶᠢᠭᠡᠮ ᠲᠣᠭᠤᠷᠢᠭ᠂ ᠮᠠᠯᠵᠢᠬᠤ ᠲᠠᠷᠢᠶᠠᠯᠠᠬᠤ ᠣᠷᠣᠨ ᠲᠡᠰᠢ ᠬᠡᠯᠪᠠᠶᠢᠯᠭᠡᠬᠦ | ᠲᠥᠷᠥ ᠶᠢᠨ ᠪᠣᠳᠣᠯᠭ᠎ᠠ ᠶᠢ ᠨᠠᠢᠳᠠᠪᠤᠷᠢᠵᠢᠭᠤᠯᠬᠤ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠬᠡᠨ ᠤ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠂ ᠨᠠᠰᠤᠲᠠᠶᠢᠴᠤᠳ ᠤᠨ ᠡᠷᠡᠭᠦᠯ | ᠮᠡᠨᠳᠦ ᠶᠢᠨ ᠦᠢᠯᠡᠴᠢᠯᠡᠬᠡᠨ ᠤ ᠪᠡᠯᠡᠳᠬᠡᠮᠵᠢ ᠶᠢ ᠲᠣᠬᠢᠷᠠᠭᠤᠯᠬᠤ ᠬᠢᠷᠢ ᠬᠡᠮᠵᠢᠶ᠎ᠡ ᠪᠠ ᠬᠠᠮᠤᠷᠬᠤ ᠨᠣᠷᠮ᠎ᠠ ᠶᠢᠨ | ᠳᠡᠭᠡᠭᠰᠢᠯᠡᠭᠦᠯᠦᠨ᠎ᠡ᠃ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠰᠤᠪᠢᠯᠠᠯᠲᠠ᠂ | ᠡᠷᠡᠭᠦᠯᠵᠢᠯ ᠤᠨ ᠣᠷᠣ ᠶᠢᠨ ᠬᠠᠷᠢᠴᠠᠯ ᠢ ᠨᠡᠮᠡᠭᠳᠡᠭᠦᠯᠵᠦ᠂ ᠨᠠᠰᠤ ᠡᠴᠦᠰᠯᠡᠬᠦ ᠶᠢ ᠬᠠᠯᠠᠮᠵᠢᠯᠠᠬᠤ᠂ ᠨᠠᠰᠤᠲᠠᠶᠢᠴᠤᠳ ᠢ | ᠠᠰᠠᠷᠠᠨ ᠰᠤᠪᠢᠯᠠᠬᠤ ᠡᠪᠡᠳᠴᠢᠲᠡᠨ ᠤ ᠣᠷᠣ ᠭᠠᠷᠭᠠᠵᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠬᠤ ᠭᠤᠤᠯ ᠴᠣᠭᠴᠠ ᠪᠣᠯᠭᠠᠨ | ᠪᠠᠶᠢᠭᠤᠯᠬᠤ ᠪᠠᠷ ᠴᠢᠷᠮᠠᠶᠢᠨ᠎ᠠ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠵᠤ ᠦᠢᠯᠡᠴᠢᠯᠡᠬᠦ ᠪᠠᠷ ᠠᠴᠢᠶᠠᠯᠠᠪᠤᠷᠢ ᠪᠣᠯᠭᠠᠬᠤ ᠶᠢ ᠠᠬᠢᠭᠤᠯᠵᠤ᠂ | ᠨᠠᠰᠤᠲᠠᠶᠢᠴᠤᠳ ᠤᠨ ᠡᠷᠡᠭᠦᠯ ᠡᠩᠬᠡ ᠶᠢᠨ ᠬᠥᠮᠦᠵᠢᠯ᠂ ᠤᠷᠢᠳᠴᠢᠯᠠᠨ ᠰᠡᠷᠭᠡᠶᠢᠯᠡᠵᠦ ᠡᠷᠡᠭᠦᠯᠵᠢᠯ᠂ ᠡᠮᠴᠢᠯᠡᠭᠡ ᠪᠠᠷ | ᠠᠪᠤᠷᠠᠨ ᠵᠠᠰᠠᠬᠤ᠂ ᠡᠷᠡᠭᠦᠯᠵᠢᠯ ᠰᠤᠪᠢᠯᠠᠯᠲᠠ᠂ ᠠᠮᠤᠷ ᠲᠠᠶᠢᠪᠤᠩ ᠬᠠᠷᠠᠭᠠᠯᠵᠠᠨ ᠠᠰᠠᠷᠠᠬᠤ᠂ ᠬᠡᠷ ᠪᠦᠯᠢ ᠶᠢᠨ | ᠡᠪᠡᠳᠴᠢᠲᠡᠨ ᠤ ᠣᠷᠣ ᠵᠡᠷᠭᠡ ᠦᠢᠯᠡᠴᠢᠯᠡᠭᠡ ᠶᠢ ᠥᠷᠨᠢᠭᠦᠯᠵᠦ᠂ ᠨᠠᠰᠤᠲᠠᠶᠢᠴᠤᠳ ᠤᠨ ᠡᠷᠡᠭᠦᠯ ᠡᠩᠬᠡ ᠶᠢᠨ | ᠦᠢᠯᠡᠴᠢᠯᠡᠬᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | 31 . ᠨᠠᠰᠤᠵᠢᠯ ᠤᠨ ᠪᠠᠶᠢᠭᠤᠯᠤᠮᠵᠢ ᠶᠢᠨ ᠨᠠᠰᠤᠲᠠᠶᠢᠴᠤᠳ ᠤᠨ ᠡᠷᠡᠭᠦᠯ ᠡᠩᠬᠡ ᠶᠢᠨ ᠦᠢᠯᠡᠴᠢᠯᠡᠬᠡᠨ ᠤ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ︽ᠨᠠᠰᠤᠵᠢᠯ ᠤᠨ ᠪᠠᠶᠢᠭᠤᠯᠤᠮᠵᠢ ᠪᠦᠬᠦᠨ ᠴᠥᠮ | ᠡᠮᠴᠢᠯᠡᠭᠡᠨ ᠤ ᠦᠢᠯᠡᠴᠢᠯᠡᠭᠡ ᠬᠠᠩᠭᠠᠵᠤ ᠴᠢᠳᠠᠬᠤ︾ ᠲᠥᠷᠥ ᠶᠢᠨ ᠪᠣᠳᠣᠯᠭ᠎ᠠ ᠶᠢᠨ ᠬᠠᠷᠠᠯᠲᠠ ᠪᠠ ᠠᠳᠠᠯᠢ ᠪᠤᠰᠤ | ᠲᠡᠰ ᠤᠨ ᠨᠠᠰᠤᠵᠢᠯ ᠤᠨ ᠪᠠᠶᠢᠭᠤᠯᠤᠮᠵᠢ ᠨᠢ ᠠᠳᠠᠯᠢ ᠪᠤᠰᠤ ᠠᠷᠭ᠎ᠠ ᠮᠠᠶ᠋ᠢᠭ ᠢᠶᠠᠷ ᠡᠮᠴᠢᠯᠡᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡ ᠬᠠᠩᠭᠠᠬᠤ ᠱᠠᠭᠠᠷᠳᠠᠯᠭ᠎ᠠ ᠶᠣᠰᠣᠭᠠᠷ᠂ 50150 ᠣᠷᠣ ᠲᠠᠢ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠪᠠᠶᠢᠭᠤᠯᠤᠮᠵᠢ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ ᠡᠮᠨᠡᠯᠭᠡ ᠶᠢᠨ ᠲᠠᠰᠤᠭ ᠪᠤᠶᠤ | ᠰᠤᠪᠢᠯᠠᠬᠤ ᠥᠷᠲᠡᠭᠡ ᠪᠠᠶᠢᠭᠤᠯᠬᠤ ᠶᠢ ᠳᠡᠮᠵᠢᠨ᠎ᠡ᠂ 150 ᠠᠴᠠ ᠳᠡᠭᠡᠭᠰᠢ ᠣᠷᠣ ᠲᠠᠢ ᠨᠠᠰᠤᠵᠢᠯ ᠤᠨ | ᠠᠰᠠᠷᠠᠮᠵᠢ ᠶᠢᠨ ᠪᠠᠶᠢᠭᠤᠯᠤᠮᠵᠢ ᠶᠢᠨ ᠡᠷᠡᠭᠦᠯᠵᠢᠯ ᠬᠢᠬᠦ ᠂ ᠰᠤᠪᠢᠯᠠᠬᠤ᠂ ᠠᠮᠤᠷ ᠲᠠᠶᠢᠪᠤᠩ ᠰᠤᠪᠢᠯᠠᠯᠲᠠ ᠶᠢ ᠳᠡᠮᠵᠢᠵᠦ᠂ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠮᠴᠢ ᠰᠤᠪᠢᠯᠠᠭᠴᠢ ᠶᠢᠨ ᠣᠯᠠᠨ ᠠᠵᠢᠯ ᠡᠷᠭᠢᠯᠡᠬᠦ ᠶᠢ | ᠭᠡᠷᠡᠭᠵᠢᠬᠦᠯᠵᠦ᠂ ᠡᠮᠴᠢᠯᠡᠭᠡᠨ ᠤ ᠪᠠᠶᠢᠭᠤᠯᠤᠮᠵᠢ ᠶᠢᠨ ᠬᠠᠮᠵᠢᠯᠴᠠᠨ ᠲᠤᠰᠠᠯᠠᠬᠤ ᠵᠡᠷᠭᠡ ᠠᠷᠭ᠎ᠠ ᠪᠠᠷ ᠡᠯ᠎ᠡ ᠵᠦᠢᠯ ᠤᠨ | ᠰᠠᠭᠤᠷᠢ ᠪᠡᠯᠡᠳᠬᠡᠮᠵᠢ ᠦᠨᠳᠦᠰᠦᠨ ᠲᠥᠬᠦᠭᠡᠷᠦᠮᠵᠢ ᠶᠢ ᠬᠦᠢᠴᠡᠳ ᠳᠣᠬᠢᠷᠠᠭᠤᠯᠵᠦ᠂ ᠡᠯ᠎ᠡ ᠲᠥᠷᠥᠯ ᠤᠨ ᠡᠮᠴᠢ | ᠰᠤᠪᠢᠯᠠᠭᠴᠢ ᠶᠢ ᠬᠦᠢᠴᠡᠳ ᠳᠣᠬᠢᠷᠠᠭᠤᠯᠣᠨ᠂ ᠡᠮᠴᠢᠯᠡᠭᠡ ᠨᠠᠰᠤᠵᠢᠯ ᠢ ᠤᠶᠠᠯᠳᠤᠭᠤᠯᠬᠤ ᠡᠯ᠎ᠡ ᠵᠦᠢᠯ ᠤᠨ | ᠦᠢᠯᠡᠴᠢᠯᠡᠬᠡᠨ ᠤ ᠲᠥᠷᠥᠯ ᠵᠦᠢᠯ ᠢ ᠦᠷᠨᠢᠬᠦᠯᠵᠦ᠂ ᠨᠠᠰᠤᠵᠢᠯ ᠤᠨ ᠪᠠᠶᠢᠭᠤᠯᠤᠮᠵᠢ ᠶᠢᠨ ᠳᠣᠲᠣᠭᠠᠳᠤ ᠡᠮᠴᠢᠯᠡᠭᠡᠨ ᠤ | ᠪᠠᠶᠢᠭᠤᠯᠤᠮᠵᠢ ᠶᠢᠨ ᠦᠢᠯᠡᠴᠢᠯᠡᠬᠡᠨ ᠤ ᠴᠢᠳᠠᠪᠤᠷᠢ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ | 32 . ᠨᠠᠰᠤᠲᠠᠶᠢᠴᠤᠳ ᠤᠨ ᠡᠮᠴᠢᠯᠡᠭᠡᠨ ᠤ ᠦᠢᠯᠡᠴᠢᠯᠡᠭᠡ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠡᠮᠴᠢᠯᠡᠭᠡᠨ ᠤ ᠪᠠᠶᠢᠭᠤᠯᠤᠮᠵᠢ ᠨᠢ ᠨᠠᠰᠤᠲᠠᠶᠢᠴᠤᠳ ᠤᠨ ᠳ᠋ᠤᠭᠠᠷᠯᠠᠬᠤ᠂ | ᠡᠪᠡᠳᠴᠢᠨ ᠦᠵᠡᠭᠦᠯᠬᠦ ᠰᠠᠭᠠᠳ ᠥᠬᠡᠶ ᠨᠡᠪᠲᠡᠷᠡᠬᠦ ᠵᠠᠮ ᠢ ᠨᠡᠶᠢᠳᠡᠮ ᠪᠠᠶᠢᠭᠤᠯᠵᠤ᠂ ᠨᠠᠰᠤᠲᠠᠶᠢᠴᠤᠳ ᠤᠨ ᠡᠪᠡᠳᠴᠢᠨ | ᠦᠵᠡᠭᠦᠯᠬᠦ ᠴᠤᠪᠤᠷᠠᠯ ᠢ ᠰᠢᠯᠢᠳᠡᠭᠵᠢᠭᠦᠯᠦᠨ᠂ ᠨᠠᠰᠤᠲᠠᠶᠢᠴᠤᠳ ᠤᠨ ᠡᠪᠡᠳᠴᠢᠨ ᠦᠵᠡᠭᠦᠯᠬᠦ ᠳᠤ ᠳᠥᠭᠦᠮ ᠳᠥᠲᠡ | ᠦᠢᠯᠡᠴᠢᠯᠡᠬᠡᠨ ᠬᠠᠩᠭᠠᠨ᠎ᠠ᠃ ᠨᠠᠰᠤᠲᠠᠶᠢᠴᠤᠳ ᠤᠨ ᠨᠥᠬᠦᠷᠰᠡᠭ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠥᠲᠡᠯᠬᠦ ᠳᠤ ᠳᠣᠭᠢᠷᠠᠬᠤ ᠪᠣᠯᠭᠠᠨ ᠥᠭᠡᠷᠡᠴᠢᠯᠡᠬᠦ ᠶᠢ ᠠᠬᠢᠭᠤᠯᠤᠨ᠂ ᠨᠠᠰᠤᠲᠠᠶᠢᠴᠤᠳ ᠤᠨ | ᠨᠥᠬᠦᠷᠰᠡᠭ ᠦᠢᠯᠡᠴᠢᠯᠡᠭᠡ ᠶᠢ ᠥᠷᠨᠢᠭᠦᠯᠦᠨ᠎ᠡ᠃ 2025 ᠣᠨ ᠪᠣᠯᠬᠤ ᠳᠤ᠂ 90 % ᠶᠢᠨ ᠶᠡᠷᠦᠩᠬᠡᠶᠢᠯᠡᠭᠰᠡᠨ | ᠴᠢᠨᠠᠷᠲᠠᠶ ᠡᠮᠨᠡᠯᠭᠡ ᠶᠢᠨ ᠬᠤᠷᠢᠶ᠎ᠠ᠂ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ᠂ ᠰᠤᠪᠢᠯᠠᠯᠲᠠ ᠶᠢᠨ ᠬᠦᠷᠢᠶᠡᠯᠡᠩ ᠪᠠ | ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠨᠠᠰᠤᠲᠠᠶᠢᠴᠤᠳ ᠤᠨ ᠨᠥᠬᠦᠷᠰᠡᠭ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠣᠯᠭᠠᠨ᠎ᠠ᠃ | ︵ᠨᠠᠢᠮᠠ︶ ᠲᠥᠷᠥ ᠶᠢᠨ ᠪᠣᠳᠣᠯᠭ᠎ᠠ ᠶᠢᠨ ᠰᠢᠨ᠎ᠡ ᠶᠢ ᠡᠭᠦᠳᠬᠦ ᠶᠢ ᠠᠬᠢᠭᠤᠯᠵᠤ᠂ ᠡᠷᠡᠭᠦᠯ ᠮᠡᠨᠳᠦ ᠶᠢᠨ ᠠᠵᠤ | ᠦᠢᠯᠡᠰ ᠤᠨ ᠬᠥᠭᠵᠢᠯᠲᠡ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠬᠦᠯᠦᠨ᠎ᠡ | 33 . ᠨᠡᠶᠢᠭᠡᠮ ᠤᠨ ᠬᠢᠨ ᠤ ᠡᠷᠭᠢᠯᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠤᠨ᠎ᠠ᠃ ᠨᠡᠶᠢᠭᠡᠮ ᠤᠨ ᠬᠦᠴᠦᠨ ᠤ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ᠂ ᠰᠤᠪᠢᠯᠠᠯᠲᠠ ᠶᠢᠨ | ᠬᠦᠷᠢᠶᠡᠯᠡᠩ ︵ᠥᠷᠲᠡᠭᠡ︶ ᠵᠢᠴᠢ ᠠᠮᠠᠨ ᠬᠥᠨᠳᠡᠶ ᠶᠢᠨ ᠡᠪᠡᠳᠴᠢᠨ᠂ ᠨᠠᠰᠤᠲᠠᠶᠢᠴᠤᠳ ᠤᠨ ᠡᠪᠡᠳᠴᠢᠨ ᠪᠠ ᠤᠵᠢᠭ | ᠡᠪᠡᠳᠴᠢᠨ ᠵᠡᠷᠭᠡ ᠶᠢ ᠣᠨᠣᠰᠢᠯᠠᠨ ᠡᠮᠨᠡᠬᠦ ᠪᠠᠶᠢᠭᠤᠯᠤᠮᠵᠢ ᠡᠷᠭᠢᠯᠡᠬᠦ ᠶᠢ ᠳᠡᠮᠵᠢᠨ᠎ᠡ︔ ᠬᠢᠷᠢ ᠬᠡᠮ ᠲᠠᠢ ᠬᠢᠲᠠᠳ | ᠡᠮᠨᠡᠯᠭᠡ ︵ᠮᠣᠩᠭᠤᠯ ᠡᠮᠨᠡᠯᠭᠡ︶ ᠶᠢᠨ ᠲᠤᠰᠬᠠᠶ ᠮᠡᠷᠭᠡᠵᠢᠯ ᠤᠨ ᠠᠵᠢᠯᠲᠠᠨ ᠢᠯᠠᠩᠭᠤᠶ᠎ᠠ ᠨᠡᠷᠡᠲᠦ ᠠᠬᠠᠮᠠᠳ ᠬᠢᠲᠠᠳ | ᠮᠣᠩᠭᠤᠯ ᠡᠮᠨᠡᠯᠭᠡ ᠶᠢᠨ ᠡᠮᠴᠢᠯᠡᠭᠡᠨ ᠤ ᠭᠠᠵᠠᠷ ᠡᠷᠬᠢᠯᠡᠬᠦ ᠶᠢ ᠵᠣᠷᠢᠭᠵᠢᠭᠤᠯᠤᠨ᠎ᠠ︔ ᠨᠡᠶᠢᠭᠡᠮ ᠠᠴᠠ ᠡᠷᠬᠢᠯᠡᠭᠰᠡᠨ | ᠠᠰᠢᠭ ᠣᠯᠵᠠᠪᠤᠷᠢ ᠶᠢᠨ ᠪᠤᠰᠤ ᠴᠢᠨᠠᠷᠲᠠᠶ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠨᠳᠦᠰᠦᠨ | ᠡᠮᠴᠢᠯᠡᠭᠡᠨ ᠤ ᠳᠠᠭᠠᠳᠬᠠᠯ ᠤᠨ ᠲᠣᠭᠲᠠᠭᠰᠠᠨ ᠴᠡᠭ᠂ ᠭᠤᠣᠯᠳᠠᠯᠭ᠎ᠠ ᠲᠠᠢ ᠲᠤᠰᠬᠠᠶ ᠰᠠᠯᠠᠭᠠᠨ ᠤ ᠪᠠᠶᠢᠭᠤᠯᠤᠯᠲᠠ᠂ | ᠵᠡᠷᠭᠡ ᠳᠡᠰ ᠢ ᠬᠢᠨᠠᠨ ᠲᠣᠭᠲᠠᠭᠠᠬᠤ᠂ ᠣᠨᠴᠠ ᠲᠣᠭᠲᠠᠭᠰᠠᠨ ᠡᠮᠴᠢᠯᠡᠭᠡᠨ ᠤ ᠮᠡᠷᠭᠡᠵᠢᠯ ᠢ ᠵᠥᠪᠰᠢᠶᠡᠷᠡᠨ ᠣᠷᠣᠭᠤᠯᠬᠤ | ᠂ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯᠲᠠᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ᠂ ᠭᠠᠶᠢᠯᠢ | ᠲᠠᠲᠠᠪᠤᠷᠢ᠂ ᠡᠳ᠋ ᠤᠨ ᠵᠠᠰᠠᠭ ᠤᠨ ᠨᠥᠬᠦᠪᠥᠷᠢ᠂ ᠭᠠᠵᠠᠷ ᠬᠡᠷᠡᠭᠯᠡᠬᠦ᠂ ᠤᠰᠤ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠬᠡᠢ | ᠬᠡᠷᠡᠭᠯᠡᠬᠦ᠂ ᠢᠯᠴᠢ ᠬᠡᠷᠡᠭᠯᠡᠬᠦ ᠵᠡᠷᠭᠡ ᠲᠠᠯ᠎ᠠ ᠪᠠᠷ ᠵᠠᠰᠠᠭ ᠤᠨ ᠣᠷᠳᠣᠨ ᠠᠴᠠ ᠡᠷᠬᠢᠯᠡᠭᠰᠡᠨ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠡᠵᠡᠩᠨᠡᠯᠲᠡ ᠯᠦᠭᠡ ᠠᠳᠠᠯᠢ ᠲᠡᠭᠰᠢ ᠲᠥᠷᠥ ᠶᠢᠨ ᠪᠣᠳᠣᠯᠭ᠎ᠠ ᠬᠦᠷᠲᠡᠬᠦ ᠡᠷᠬᠡ ᠶᠢ | ᠨᠠᠶᠢᠳᠠᠪᠤᠷᠢᠵᠢᠭᠤᠯᠵᠤ᠂ ᠨᠡᠶᠢᠲᠡ ᠶᠢᠨ ᠥᠮᠴᠢᠯᠡᠯ ᠤᠨ ᠪᠤᠰᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠡᠵᠡᠩᠨᠡᠯᠲᠡ ᠳᠤ ᠡᠷᠬᠡ ᠲᠡᠭᠰᠢ ᠪᠠᠷ ᠥᠷᠢᠰᠥᠯᠳᠦᠬᠦ ᠣᠷᠴᠢᠨ ᠲᠣᠭᠤᠷᠢᠨ ᠢ ᠡᠭᠦᠳᠴᠦ ᠥᠭᠬᠦ ᠬᠡᠷᠡᠭᠲᠡᠶ︔ ᠬᠢᠨᠠᠯᠲᠠ | ᠬᠠᠮᠢᠶᠠᠷᠤᠯᠲᠠ ᠪᠠᠨ ᠴᠢᠩᠭᠠᠳᠬᠠᠨ᠂ ᠠᠳᠠᠯᠢ ᠪᠤᠰᠤ ᠥᠮᠴᠢᠯᠡᠯ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠬᠠᠷᠢᠯᠴᠠᠨ ᠬᠤᠷᠰᠢᠯᠴᠠᠬᠤ ᠪᠠ ᠡᠮᠬᠢ ᠵᠢᠷᠤᠮ ᠲᠠᠢ ᠪᠠᠷ ᠥᠷᠢᠰᠥᠯᠳᠦᠬᠦ ᠶᠢ ᠠᠬᠢᠭᠤᠯᠵᠤ᠂ ᠡᠮ | ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠤᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ | ᠂ ᠣᠯᠠᠨ ᠲᠦᠮᠡᠨ ᠤ ᠣᠯᠠᠨ ᠳᠡᠰ ᠳᠠᠪᠬᠤᠷᠭ᠎ᠠ ᠶᠢᠨ ᠡᠮ ᠡᠮᠨᠡᠯᠭᠡ ᠶᠢᠨ ᠦᠢᠯᠡᠴᠢᠯᠡᠭᠡᠨ ᠤ ᠬᠡᠷᠡᠭᠴᠡᠭᠡ | ᠱᠠᠭᠠᠷᠳᠠᠯᠭ᠎ᠠ ᠶᠢ ᠬᠠᠩᠭᠠᠨ᠎ᠠ᠃ | 34 . ᠡᠷᠡᠭᠦᠯ ᠮᠡᠨᠳᠦ ᠶᠢᠨ ᠦᠢᠯᠡᠴᠢᠯᠡᠬᠡᠨ ᠤ ᠰᠢᠨ᠎ᠡ ᠡᠵᠡᠩᠨᠡᠯᠲᠡ ᠶᠢᠨ ᠪᠠᠶᠢᠳᠠᠯ ᠢ ᠬᠥᠭᠵᠢᠭᠦᠯᠦᠨ᠎ᠡ᠃ | ᠡᠷᠡᠭᠦᠯ ᠡᠩᠬᠡ ᠬᠢᠭᠡᠳ ᠨᠠᠰᠤᠵᠢᠯ᠂ ᠵᠢᠭᠤᠯᠴᠢᠯᠠᠯ᠂ ᠢᠨᠲ᠋ᠧᠷ ᠰᠦᠯᠵᠢᠶ᠎ᠡ᠂ ᠪᠡᠶ᠎ᠡ ᠴᠢᠭᠢᠷᠠᠭᠵᠢᠭᠤᠯᠬᠤ ᠰᠡᠯᠡᠭᠦᠴᠡᠯ᠂ | ᠢᠳᠡᠭᠡᠨ ᠤ ᠠᠭᠤᠰᠤᠯᠴᠠᠯ ᠢ ᠢᠳᠡᠪᠬᠢᠲᠡᠶ ᠠᠬᠢᠭᠤᠯᠵᠤ᠂ ᠡᠷᠡᠭᠦᠯ ᠡᠩᠬᠡ ᠰᠢᠨ᠎ᠡ ᠠᠵᠤ ᠦᠢᠯᠡᠰ᠂ ᠰᠢᠨ᠎ᠡ | ᠡᠵᠡᠩᠨᠡᠯᠲᠡ ᠶᠢᠨ ᠪᠠᠶᠢᠳᠠᠯ᠂ ᠰᠢᠨ᠎ᠡ ᠵᠠᠭᠪᠤᠷ ᠢ ᠪᠣᠶ ᠪᠣᠯᠭᠠᠨ᠎ᠠ᠃ ᠨᠡᠶᠢᠭᠡᠮ ᠤᠨ ᠬᠥᠷᠥᠩᠭᠡ ᠪᠠᠯᠠ ᠣᠷᠣᠭᠤᠯᠤᠨ | ᠨᠠᠰᠤᠲᠠᠶᠢᠴᠤᠳ ᠤᠨ ᠨᠡᠶᠢᠲᠡ ᠶᠢᠨ ᠪᠠᠶᠢᠷᠢ᠂ ᠨᠠᠰᠤᠲᠠᠶᠢᠴᠤᠳ ᠲᠤ ᠬᠤᠯᠪᠣᠭᠳᠠᠭᠰᠠᠨ ᠡᠷᠡᠭᠦᠯᠵᠢᠯ ᠰᠤᠪᠢᠯᠠᠯᠲᠠ᠂ | ᠨᠠᠰᠤ ᠨᠥᠭᠴᠢᠬᠦ ᠦᠶ᠎ᠡ ᠶᠢᠨ ᠬᠠᠯᠠᠮᠵᠢᠯᠠᠯ ᠵᠡᠷᠭᠡ ᠪᠠᠷ ᠭᠤᠤᠯ ᠠᠭᠤᠯᠭ᠎ᠠ ᠪᠣᠯᠭᠠᠭᠰᠠᠨ ᠡᠮᠴᠢᠯᠡᠭᠡ ᠨᠠᠰᠤᠵᠢᠯ ᠢ | ᠤᠶᠠᠯᠳᠤᠭᠤᠯᠬᠤ ᠦᠢᠯᠡᠴᠢᠯᠡᠬᠡᠨ ᠤ ᠶᠡᠷᠦᠩᠬᠡᠶᠢᠯᠡᠭᠰᠡᠨ ᠴᠣᠭᠴᠠ ᠶᠢ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠤᠨ᠎ᠠ︔ | ᠬᠡᠷ ᠲᠡᠭᠡᠨ ᠰᠠᠭᠤᠵᠤ ᠪᠠᠶᠢᠭ᠎ᠠ ᠡᠮᠴᠢᠯᠡᠭᠡ ᠨᠠᠰᠤᠵᠢᠯ ᠢ ᠤᠶᠠᠯᠳᠤᠭᠤᠯᠬᠤ ᠦᠢᠯᠡᠴᠢᠯᠡᠭᠡ ᠳᠤ ᠨᠡᠶᠢᠭᠡᠮ ᠤᠨ | ᠬᠥᠷᠥᠩᠭᠡ ᠶᠢᠨ ᠣᠷᠣᠯᠴᠠᠬᠤ ᠶᠢ ᠳᠡᠮᠵᠢᠨ᠎ᠡ᠃ ᠢᠨᠲ᠋ᠧᠷ ᠰᠦᠯᠵᠢᠶ᠎ᠡ ᠳᠤ ᠰᠠᠭᠤᠷᠢᠯᠠᠭᠰᠠᠨ ᠡᠷᠡᠭᠦᠯ ᠮᠡᠨᠳᠦ ᠶᠢᠨ | ᠦᠢᠯᠡᠴᠢᠯᠡᠭᠡ ᠶᠢ ᠢᠳᠡᠪᠬᠢᠲᠡᠶ ᠬᠥᠭᠵᠢᠭᠦᠯᠵᠦ᠂ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ᠂ ᠯᠠᠪᠯᠠᠯᠭ᠎ᠠ ᠵᠡᠷᠭᠡ | ᠡᠷᠡᠭᠦᠯ ᠮᠡᠨᠳᠦ ᠶᠢᠨ ᠦᠢᠯᠡᠴᠢᠯᠡᠭᠡ ᠶᠢ ᠵᠣᠷᠢᠭᠵᠢᠭᠤᠯᠤᠨ ᠬᠥᠭᠵᠢᠭᠦᠯᠵᠦ᠂ ᠡᠷᠡᠭᠦᠯ ᠮᠡᠨᠳᠦ ᠶᠢᠨ ᠬᠠᠮᠢᠶᠠᠷᠤᠯᠲᠠ ᠶᠢᠨ | ᠥᠪᠡᠷᠮᠢᠴᠡ ᠦᠢᠯᠡᠴᠢᠯᠡᠬᠡᠨ ᠤ ᠬᠥᠭᠵᠢᠯᠲᠡ ᠶᠢ ᠠᠬᠢᠭᠤᠯᠤᠨ᠂ ᠡᠷᠡᠭᠦᠯ ᠮᠡᠨᠳᠦ ᠶᠢᠨ ᠬᠠᠮᠢᠶᠠᠷᠤᠯᠲᠠ ᠶᠢᠨ | ᠦᠢᠯᠡᠴᠢᠯᠡᠬᠡᠨ ᠤ ᠨᠢᠭᠡ ᠪᠦᠯᠦᠭ ᠣᠨᠴᠠᠯᠢᠭᠲᠤ ᠠᠵᠤ ᠦᠢᠯᠡᠰ ᠢ ᠪᠤᠶᠢᠵᠢᠭᠤᠯᠵᠤ᠂ ᠡᠮᠦᠰᠴᠦ ᠵᠡᠭᠦᠵᠦ ᠪᠣᠯᠬᠤ | ᠲᠥᠬᠦᠭᠡᠷᠦᠮᠵᠢ᠂ ᠡᠷᠡᠭᠦᠯ ᠮᠡᠨᠳᠦ ᠶᠢᠨ ᠣᠶᠤᠨᠴᠢ ᠡᠯᠧᠺᠲᠷᠣᠨ ᠦᠢᠯᠡᠳᠬᠦᠨ ᠪᠠ ᠡᠷᠡᠭᠦᠯ ᠮᠡᠨᠳᠦ ᠶᠢᠨ ᠡᠮᠴᠢᠯᠡᠭᠡᠨ ᠤ | ᠰᠢᠯᠵᠢᠮᠡᠯ ᠬᠡᠷᠡᠭᠯᠡᠭᠡᠨ ᠤ ᠦᠢᠯᠡᠴᠢᠯᠡᠭᠡ ᠵᠡᠷᠭᠡ ᠶᠢᠨ ᠬᠥᠭᠵᠢᠯᠲᠡ ᠶᠢ ᠰᠦᠪᠡᠭᠴᠢᠯᠡᠨ ᠠᠬᠢᠭᠤᠯᠬᠤ ᠬᠡᠷᠡᠭᠲᠡᠶ᠃ ᠪᠡᠶ᠎ᠡ | ᠴᠢᠭᠢᠷᠠᠭᠵᠢᠭᠤᠯᠬᠤ ᠰᠡᠯᠡᠭᠦᠴᠡᠯ ᠤᠨ ᠬᠥᠳᠡᠯᠭᠡᠭᠡᠨ ᠤ ᠠᠵᠤ ᠦᠢᠯᠡᠰ ᠢ ᠢᠳᠡᠪᠬᠢᠲᠡᠶ ᠬᠥᠭᠵᠢᠭᠦᠯᠵᠦ᠂ ᠵᠠᠬ᠎ᠠ | ᠳᠡᠯᠭᠡᠭᠦᠷ ᠤᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠣᠯᠠᠨ ᠡᠰᠢᠲᠦ ᠭᠤᠣᠯ | ᠴᠣᠭᠴᠠ ᠶᠢ ᠪᠤᠶᠢᠵᠢᠭᠤᠯᠵᠤ᠂ ᠨᠡᠶᠢᠭᠡᠮ ᠤᠨ ᠬᠦᠴᠦᠨ ᠢ ᠬᠥᠲᠥᠯᠥᠨ ᠵᠢᠯᠣᠭᠤᠳᠴᠤ ᠪᠠᠶᠢᠭᠠᠳ ᠪᠡᠶ᠎ᠡ | ᠴᠢᠭᠢᠷᠠᠭᠵᠢᠭᠤᠯᠬᠤ ᠰᠡᠯᠡᠭᠦᠴᠡᠯ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠵᠡᠩᠨᠡᠯᠲᠡ ᠳᠤ | ᠣᠷᠣᠯᠴᠠᠭᠤᠯᠤᠨ᠎ᠠ᠃ ᠣᠯᠠᠨ ᠵᠦᠢᠯ ᠤᠨ ᠬᠡᠯᠪᠡᠷᠢ ᠶᠢᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠺᠯᠦ᠋ᠪ ᠢ | ᠵᠣᠷᠢᠭᠵᠢᠭᠤᠯᠤᠨ ᠬᠥᠭᠵᠢᠭᠦᠯᠵᠦ᠂ ᠠᠵᠢᠯ ᠤᠨ ᠴᠢᠯᠥᠭᠡᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠢ | ᠪᠠᠶᠠᠯᠢᠭᠵᠢᠭᠤᠯᠤᠨ᠂ ᠡᠯᠡᠰᠦ ᠮᠠᠩᠬ᠎ᠠ ᠵᠡᠷᠭᠡ ᠬᠡᠷᠡᠭᠯᠡᠭᠡ ᠶᠢᠨ ᠬᠥᠲᠥᠯᠥᠨ ᠳᠠᠭᠠᠭᠤᠯᠬᠤ ᠣᠨᠴᠠᠯᠢᠭ ᠲᠠᠢ ᠴᠠᠭ | ᠦᠶ᠎ᠡ ᠶᠢᠨ ᠰᠡᠯᠡᠭᠦᠴᠡᠯ ᠤᠨ ᠬᠥᠳᠡᠯᠭᠡᠭᠡᠨ ᠤ ᠲᠥᠷᠥᠯ ᠵᠦᠢᠯ ᠢ ᠢᠳᠡᠪᠬᠢᠲᠡᠶ ᠪᠤᠶᠢᠵᠢᠭᠤᠯᠵᠤ᠂ ᠪᠡᠶ᠎ᠡ | ᠴᠢᠭᠢᠷᠠᠭᠵᠢᠭᠤᠯᠬᠤ ᠰᠡᠯᠡᠭᠦᠴᠡᠯ᠂ ᠮᠣᠩᠭᠤᠯ ᠬᠢᠲᠠᠳ ᠡᠮᠨᠡᠯᠭᠡ ᠶᠢᠨ ᠡᠷᠡᠭᠦᠯᠵᠢᠯ᠂ ᠡᠷᠡᠭᠦᠯᠵᠢᠯ ᠰᠤᠪᠢᠯᠠᠯᠲᠠ ᠪᠠᠷ | ᠣᠨᠴᠠᠯᠢᠭ ᠪᠣᠯᠭᠠᠭᠰᠠᠨ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠠᠵᠤ ᠦᠢᠯᠡᠰ ᠤᠨ ᠰᠠᠭᠤᠷᠢᠨ ᠭᠠᠵᠠᠷ ᠢ | ᠪᠠᠶᠢᠭᠤᠯᠬᠤ ᠶᠢ ᠵᠣᠷᠢᠭᠵᠢᠭᠤᠯᠤᠨ᠂ ᠣᠷᠣᠨ ᠪᠦᠰᠡ ᠶᠢᠨ ᠣᠨᠴᠠᠯᠢᠭ ᠲᠠᠢ ᠪᠡᠶ᠎ᠡ ᠴᠢᠭᠢᠷᠠᠭᠵᠢᠭᠤᠯᠬᠤ ᠰᠡᠯᠡᠭᠦᠴᠡᠯ ᠤᠨ | ᠵᠢᠱᠢᠶ᠎ᠡ ᠦᠵᠡᠭᠦᠯᠬᠦ ᠲᠣᠭᠤᠷᠢᠭ᠂ ᠪᠡᠶ᠎ᠡ ᠴᠢᠭᠢᠷᠠᠭᠵᠢᠭᠤᠯᠬᠤ ᠰᠡᠯᠡᠭᠦᠴᠡᠯ ᠤᠨ ᠠᠵᠤ ᠦᠢᠯᠡᠰ ᠤᠨ ᠪᠦᠰᠡ ᠶᠢ | ᠪᠠᠶᠢᠭᠤᠯᠤᠨ᠎ᠠ᠃ ᠪᠡᠶ᠎ᠡ ᠶᠢᠨ ᠲᠠᠮᠢᠷ ᠤᠨ ᠠᠵᠤ ᠦᠢᠯᠡᠰ ᠬᠢᠭᠡᠳ ᠡᠷᠡᠭᠦᠯ ᠮᠡᠨᠳᠦ ᠶᠢᠨ ᠠᠵᠤ ᠦᠢᠯᠡᠰ ᠤᠨ | ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ | 35 . ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠢ ᠶᠡᠬᠡᠪᠡᠷ ᠳᠡᠯᠭᠡᠷᠡᠭᠦᠯᠦᠨ᠎ᠡ᠃ ᠬᠤᠳᠠᠯᠳᠤᠭᠠᠨ ᠤ | ᠳᠠᠭᠠᠳᠬᠠᠯ ᠤᠨ ᠺᠣᠮᠫᠠᠨᠢ ᠪᠣᠯᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠥᠷᠥ ᠶᠢᠨ | ᠪᠣᠳᠣᠯᠭ᠎ᠠ ᠶᠢ ᠵᠣᠯᠭᠠᠭᠤᠯᠬᠤ ᠪᠠ ᠨᠡᠪᠲᠡᠷᠡᠯᠴᠡᠭᠦᠯᠦᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ | ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ᠂ ᠦᠨᠳᠦᠰᠦᠨ ᠡᠮ ᠡᠮᠨᠡᠯᠭᠡ ᠶᠢᠨ ᠪᠠᠲᠤᠯᠠᠭ᠎ᠠ ᠶᠢᠨ | ᠬᠠᠮᠢᠶᠠᠷᠤᠯᠲᠠ ᠶᠢᠨ ᠰᠠᠯᠠᠭ᠎ᠠ ᠮᠥᠴᠢᠷ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠣᠯᠤᠨ ᠨᠡᠶᠢᠭᠡᠮ ᠤᠨ | ᠵᠣᠬᠢᠶᠠᠨ ᠪᠠᠶᠢᠭᠤᠯᠤᠯᠲᠠ ᠵᠡᠷᠭᠡ ᠶᠢᠨ ᠲᠤᠰ ᠲᠤᠰ ᠤᠨ ᠡᠭᠦᠷᠭᠡᠯᠡᠬᠦ ᠡᠭᠦᠷᠭᠡ ᠬᠠᠷᠢᠭᠤᠴᠠᠯᠭ᠎ᠠ ᠪᠣᠯᠤᠨ ᠡᠷᠬᠡ ᠶᠢ | ᠲᠣᠳᠣᠷᠬᠠᠶᠢᠯᠠᠵᠤ᠂ ᠬᠤᠳᠠᠯᠳᠤᠭᠠᠨ ᠤ ᠳᠠᠭᠠᠳᠬᠠᠯ ᠤᠨ ᠨᠡᠶᠢᠭᠡᠮ ᠤᠨ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠬᠤ ᠬᠠᠤᠯᠢ ᠴᠠᠭᠠᠵᠠ ᠶᠢᠨ ᠪᠠᠶᠢᠷᠢ ᠰᠠᠭᠤᠷᠢ ᠶᠢ ᠲᠣᠭᠲᠠᠭᠠᠵᠤ᠂ ᠬᠤᠳᠠᠯᠳᠤᠭᠠᠨ ᠤ ᠳᠠᠭᠠᠳᠬᠠᠯ ᠤᠨ | ᠺᠣᠮᠫᠠᠨᠢ ᠳᠤ ᠵᠣᠬᠢᠬᠤ ᠡᠷᠬᠡ ᠮᠡᠳᠡᠯ ᠣᠯᠭᠤᠵᠤ᠂ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠢ | ᠳᠡᠯᠭᠡᠷᠡᠭᠦᠯᠦᠨ᠎ᠡ᠃ ᠨᠡᠶᠢᠭᠡᠮ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠬᠤᠳᠠᠯᠳᠤᠭᠠᠨ ᠤ ᠳᠠᠭᠠᠳᠬᠠᠯ ᠤᠨ | ᠺᠣᠮᠫᠠᠨᠢ ᠳᠤ ᠡᠮᠴᠢᠯᠡᠭᠡᠨ ᠤ ᠬᠠᠷᠢᠭᠤᠴᠠᠯᠭ᠎ᠠ ᠶᠢᠨ ᠳᠠᠭᠠᠳᠬᠠᠯ ᠤᠨ ᠲᠥᠷᠥᠯ ᠵᠦᠢᠯ ᠤᠨ ᠭᠠᠶᠢᠯᠢ ᠲᠠᠲᠠᠪᠤᠷᠢ ᠶᠢ | ᠬᠠᠰᠤᠵᠤ ᠭᠡᠯᠳᠦᠷᠢᠭᠦᠯᠬᠦ ᠪᠤᠶᠤ ᠪᠤᠴᠠᠭᠠᠬᠤ᠂ ᠳᠠᠪᠠᠭᠤᠯᠤᠨ ᠳᠥᠯᠥᠭᠦᠯᠬᠦ ᠳᠤ ᠡᠳ᠋ ᠤᠨ ᠵᠠᠰᠠᠭ ᠤᠨ ᠦᠨᠳᠦᠰᠦᠨ | ᠵᠦᠢᠯ ᠢ ᠪᠠᠲᠤᠯᠠᠬᠤ᠂ ᠬᠢᠨᠠᠯᠲᠠ ᠬᠠᠮᠢᠶᠠᠷᠤᠯᠲᠠ ᠶᠢᠨ ᠰᠦᠢᠳᠬᠡᠯ ᠤᠨ ᠪᠠᠷᠢᠮᠵᠢᠶ᠎ᠠ ᠶᠢ ᠵᠣᠬᠢᠰᠲᠠᠶ ᠪᠠᠭᠤᠷᠠᠭᠤᠯᠬᠤ | ᠵᠡᠷᠭᠡ ᠳᠡᠮᠵᠢᠯᠭᠡ ᠶᠢᠨ ᠲᠥᠷᠥ ᠶᠢᠨ ᠪᠣᠳᠣᠯᠭ᠎ᠠ ᠣᠯᠭᠤᠵᠤ᠂ ᠳᠠᠭᠠᠳᠬᠠᠯ ᠤᠨ ᠪᠠᠶᠢᠭᠤᠯᠤᠮᠵᠢ ᠶᠢᠨ ᠳᠠᠭᠠᠭᠠᠨ | ᠡᠷᠭᠢᠯᠡᠬᠦ ᠢᠳᠡᠪᠬᠢᠵᠢᠯ ᠢ ᠬᠥᠭᠵᠢᠭᠡᠨ᠎ᠡ᠃ | ︵ᠶᠢᠰᠦ︶ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠠᠬᠢᠭᠤᠯᠵᠤ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠮᠡᠳᠡᠭᠡ ᠵᠠᠩᠭᠢ ᠶᠢᠨ ᠬᠡᠷᠡᠭᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠡᠷᠡᠭᠦᠯ | ᠬᠠᠮᠠᠭᠠᠯᠠᠯ ᠤᠨ ᠮᠡᠳᠡᠭᠡ ᠵᠠᠩᠭᠢ ᠶᠢᠨ ᠬᠡᠷᠡᠭᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠡᠷᠡᠭᠦᠯ ᠬᠠᠮᠠᠭᠠᠯᠠᠯ ᠤᠨ | ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠳᠡᠭᠡᠳᠦ ᠬᠡᠮᠵᠢᠶᠡᠨ ᠠᠴᠠ | ᠬᠠᠨᠳᠤᠵᠤ᠂ ︽ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ︾ ᠶᠢᠨ ᠭᠦᠨᠵᠡᠭᠡᠶᠢᠷᠡᠨ ᠬᠥᠭᠵᠢᠬᠦ ᠶᠢ | ᠠᠬᠢᠭᠤᠯᠤᠨ᠂ ᠲᠤᠯᠭᠠᠭᠤᠷᠢᠯᠠᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠦᠢᠯᠡᠴᠢᠯᠡᠬᠡᠨ ᠤ ᠰᠢᠰᠲ᠋ᠧᠮᠵᠢ ᠶᠢ | ᠪᠦᠷᠢᠨᠰᠢᠭᠦᠯᠦᠨ᠂ ᠠᠮᠤᠷ ᠲᠦᠪᠰᠢᠨ ᠠᠵᠢᠯᠯᠠᠭᠠᠨ ᠢ ᠪᠠᠲᠤᠯᠠᠵᠤ᠂ ᠲᠤᠭ᠎ᠠ ᠪᠠᠷᠢᠮᠲᠠ ᠶᠢᠨ ᠬᠡᠷᠡᠭᠯᠡᠭᠡᠨ ᠤ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠯᠲᠠ ᠶᠢᠨ ᠰᠢᠰᠲ᠋ᠧᠮᠵᠢ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ︽ᠢᠨᠲ᠋ᠧᠷ ᠰᠦᠯᠵᠢᠶ᠎ᠡ ᠡᠮᠴᠢᠯᠡᠭᠡ ᠡᠷᠡᠭᠦᠯ ᠮᠡᠨᠳᠦ︾ ᠶᠢᠨ | ᠲᠡᠷᠢᠭᠦᠨ ᠤ ᠭᠠᠵᠠᠷ ᠣᠷᠣᠨ ᠳᠠᠰᠢ ᠴᠢᠷᠮᠠᠶᠢᠨ ᠤᠷᠤᠭᠰᠢᠯᠠᠨ᠎ᠠ᠃ | 36 . ︽ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ︾ ᠶᠢᠨ ᠲᠤᠯᠭᠠᠭᠤᠷᠢᠯᠠᠬᠤ ᠰᠢᠰᠲ᠋ᠧᠮᠵᠢ ᠶᠢ | ᠲᠡᠭᠦᠯᠳᠡᠷᠵᠢᠭᠦᠯᠦᠨ᠎ᠡ᠃ ︽ᠣᠶᠤᠨᠴᠢ ᠡᠷᠡᠭᠦᠯ ᠡᠩᠬᠡ ᠠᠯᠠᠱᠠ︾ ᠮᠡᠳᠡᠭᠡ ᠵᠠᠩᠭᠢᠵᠢᠯᠲᠠ ᠶᠢᠨ ᠲᠠᠪᠴᠠᠩ ᠤᠨ | ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠨᠢᠭᠡᠳᠦᠯᠲᠡᠶ ᠨᠠᠶᠢᠳᠠᠪᠣᠷᠢᠳᠠᠢ᠂ ᠬᠠᠷᠢᠯᠴᠠᠨ ᠬᠤᠯᠪᠣᠭᠠᠯᠠᠵᠤ | ᠬᠠᠷᠢᠯᠴᠠᠨ ᠨᠡᠪᠲᠡᠷᠡᠯᠴᠡᠭᠰᠡᠨ ᠪᠥᠬᠦ ᠠᠷᠠᠳ ᠤᠨ ᠡᠷᠡᠭᠦᠯ ᠡᠩᠬᠡ ᠶᠢᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ | ᠤᠯᠤᠰ᠂ ᠥᠪᠡᠷᠲᠡᠭᠡᠨ ᠵᠠᠰᠠᠬᠤ ᠣᠷᠣᠨ ᠤ ᠪᠥᠬᠦ ᠠᠷᠠᠳ ᠤᠨ ᠡᠷᠡᠭᠦᠯ ᠡᠩᠬᠡ ᠶᠢᠨ ᠮᠡᠳᠡᠭᠡ ᠵᠠᠩᠭᠢ ᠶᠢᠨ | ᠲᠠᠪᠴᠠᠩ ᠯᠤᠭ᠎ᠠ ᠨᠠᠩ ᠪᠥᠬᠦ ᠲᠠᠯ᠎ᠠ ᠪᠠᠷ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠦᠨ᠎ᠡ᠃ | ᠰᠠᠭᠤᠷᠢ ᠡᠬᠢ ᠪᠠᠶᠠᠯᠢᠭ ᠤᠨ ᠮᠡᠳᠡᠭᠡ ᠵᠠᠩᠭᠢ ᠶᠢᠨ ᠳ᠋ᠠᠶᠢᠲ᠋ᠠ ᠬᠥᠮᠥᠷᠭᠡ ᠶᠢᠨ ᠪᠠᠶᠢᠭᠤᠯᠤᠯᠲᠠ ᠶᠢ ᠰᠢᠯᠢᠳᠡᠭᠵᠢᠭᠦᠯᠵᠦ᠂ | ᠳ᠋ᠠᠶᠢᠲ᠋ᠠ ᠴᠤᠭᠯᠠᠭᠤᠯᠬᠤ ᠬᠢᠭᠡᠳ ᠳ᠋ᠠᠶᠢᠲ᠋ᠠ ᠪᠠᠷ ᠵᠠᠰᠠᠬᠤ ᠶᠢ ᠴᠢᠩᠭᠠᠷᠠᠭᠤᠯᠤᠨ᠂ ᠰᠠᠯᠠᠭ᠎ᠠ ᠮᠥᠴᠢᠷ᠂ ᠣᠷᠣᠨ ᠪᠦᠰᠡ᠂ | ᠠᠵᠢᠯ ᠲᠥᠷᠥᠯ ᠤᠨ ᠬᠤᠭᠤᠷᠣᠨᠳᠣᠬᠢ ᠳ᠋ᠠᠶᠢᠲ᠋ᠠ ᠶᠢ ᠬᠠᠮᠲᠤᠪᠠᠷ ᠭᠥᠷᠳᠡᠬᠦ ᠨᠡᠪᠲᠡᠷᠡᠯ ᠵᠠᠮ ᠢ ᠰᠢᠯᠤᠭᠤᠳᠬᠠᠵᠤ᠂ | ᠪᠥᠬᠦ ᠠᠷᠠᠳ ᠤᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢ ᠬᠠᠮᠲᠤᠪᠠᠷ ᠭᠥᠷᠳᠡᠵᠦ ᠬᠡᠷᠡᠭᠯᠡᠬᠦ ᠶᠢ ᠠᠬᠢᠭᠤᠯᠤᠨ᠎ᠠ᠃ | ᠡᠯ᠎ᠡ ᠱᠠᠲᠤᠨ ᠤ ᠡᠯ᠎ᠡ ᠲᠥᠷᠥᠯ ᠤᠨ ᠡᠮᠨᠡᠯᠭᠡ ᠶᠢᠨ ᠬᠤᠷᠢᠶ᠎ᠠ ᠶᠢᠨ ᠡᠷᠡᠭᠦᠯ ᠮᠡᠨᠳᠦ ᠶᠢᠨ ᠡᠯᠧᠺᠲᠷᠣᠨ ᠲᠠᠩᠰᠠ | ᠡᠪᠬᠡᠮᠡᠯ᠂ ᠡᠪᠡᠳᠴᠢᠨ ᠤ ᠡᠯᠧᠺᠲᠷᠣᠨ ᠲᠡᠦᠬᠡ᠂ ᠰᠢᠯᠭᠠᠨ ᠪᠠᠶᠢᠴᠠᠭᠠᠵᠤ ᠪᠠᠶᠢᠴᠠᠭᠠᠭᠰᠠᠨ ᠦᠷ᠎ᠡ ᠳ᠋ᠦᠩ ᠢ ᠬᠠᠮᠲᠤᠪᠠᠷ | ᠭᠥᠷᠳᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠬᠦ ᠵᠢᠴᠢ ᠠᠳᠠᠯᠢ ᠪᠤᠰᠤ ᠱᠠᠲᠤ ᠲᠠᠰ ᠤᠨ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠬᠤᠭᠤᠷᠣᠨᠳᠣ ᠡᠷᠬᠡ ᠣᠯᠭᠤᠵᠤ ᠬᠡᠷᠡᠭᠯᠡᠬᠦ ᠶᠢ ᠠᠬᠢᠭᠤᠯᠬᠤ ᠬᠡᠷᠡᠭᠲᠡᠶ᠃ | ᠡᠯᠧᠺᠲᠷᠣᠨ ᠡᠪᠡᠳᠴᠢᠨ ᠤ ᠬᠡᠷᠡᠭ ᠤᠨ ᠲᠦᠷᠦᠭᠦᠦ ᠨᠢᠭᠤᠷ ᠤᠨ ᠪᠢᠴᠢᠯᠭᠡ ᠶᠢ ᠵᠢᠷᠤᠮᠵᠢᠭᠤᠯᠬᠤ᠂ ᠡᠪᠡᠳᠴᠢᠨ | ᠡᠮᠭᠡᠭ ᠢ ᠲᠥᠷᠥᠯ ᠬᠤᠪᠢᠶᠠᠬᠤ ᠪᠠ ᠣᠷᠣᠯᠠᠬᠤ ᠨᠣᠮᠧᠷ᠂ ᠮᠡᠰᠡ ᠵᠠᠰᠠᠯ ᠢ ᠲᠥᠷᠥᠯ ᠬᠤᠪᠢᠶᠠᠬᠤ ᠪᠠ ᠣᠷᠣᠯᠠᠬᠤ | ᠨᠣᠮᠧᠷ᠂ ᠠᠨᠠᠭᠠᠬᠤ ᠤᠬᠠᠭᠠᠨ ᠤ ᠨᠡᠷ᠎ᠡ ᠲᠣᠮᠢᠶ᠎ᠠ ᠶᠢᠨ ︽ᠳᠥᠷᠪᠡ ᠶᠢ ᠨᠢᠭᠡᠳᠬᠡᠬᠦ︾ ᠶᠢ ᠪᠥᠬᠦ ᠲᠠᠯ᠎ᠠ ᠪᠠᠷ | ᠬᠡᠷᠡᠭᠵᠢᠭᠦᠯᠦᠨ᠎ᠡ᠃ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠪᠠᠷ ᠰᠠᠭᠤᠷᠢ ᠪᠣᠯᠭᠠᠨ ᠳᠡᠭᠡᠳᠦ | ᠬᠤᠷᠳᠤ ᠶᠢᠨ ᠥᠷᠭᠡᠨ ᠪᠦᠰᠡᠲᠦ ᠰᠦᠯᠵᠢᠶ᠎ᠡ ᠶᠢᠨ ᠬᠤᠲᠠ ᠬᠥᠳᠡᠭᠡ ᠶᠢᠨ ᠡᠯ᠎ᠡ ᠱᠠᠲᠤᠨ ᠤ ᠡᠮᠴᠢᠯᠡᠭᠡᠨ ᠤ | ᠪᠠᠶᠢᠭᠤᠯᠤᠮᠵᠢ ᠶᠢ ᠪᠦᠷᠢᠨ ᠪᠦᠷᠬᠦᠭᠦᠯᠬᠦ ᠶᠢ ᠠᠬᠢᠭᠤᠯᠤᠨ᠎ᠠ᠃ ᠶᠡᠭᠡ ᠡᠮᠴᠢ ᠶᠢᠨ ᠣᠯᠠᠨ ᠠᠵᠢᠯ ᠡᠷᠭᠢᠯᠡᠬᠦ ᠲᠥᠷᠥ ᠶᠢᠨ | ᠪᠣᠳᠣᠯᠭ᠎ᠠ ᠶᠢ ᠲᠡᠭᠦᠯᠳᠡᠷᠵᠢᠭᠦᠯᠵᠦ᠂ ᠠᠵᠢᠯ ᠡᠷᠭᠢᠯᠡᠬᠦ ᠶᠡᠭᠡ ᠡᠮᠴᠢ ᠶᠢᠨ ︽ᠢᠨᠲ᠋ᠧᠷ ᠰᠦᠯᠵᠢᠶ᠎ᠡ + ᠡᠮᠴᠢᠯᠡᠭᠡ | ᠡᠷᠡᠭᠦᠯ ᠮᠡᠨᠳᠦ︾ ᠶᠢᠨ ᠦᠢᠯᠡᠴᠢᠯᠡᠭᠡ ᠥᠷᠨᠢᠭᠦᠯᠬᠦ ᠶᠢ ᠵᠣᠷᠢᠭᠵᠢᠭᠤᠯᠤᠨ᠎ᠠ᠃ ︽ᠢᠨᠲ᠋ᠧᠷ ᠰᠦᠯᠵᠢᠶ᠎ᠡ +︾ | ᠡᠮᠴᠢᠯᠡᠭᠡᠨ ᠤ ᠪᠠᠲᠤᠯᠠᠭ᠎ᠠ ᠶᠢᠨ ᠳ᠋ᠦᠩᠨᠡᠨ ᠪᠤᠳᠤᠬᠤ ᠦᠢᠯᠡᠴᠢᠯᠡᠭᠡ ᠶᠢ ᠠᠬᠢᠭᠤᠯᠵᠤ᠂ ᠢᠨᠲ᠋ᠧᠷ ᠰᠦᠯᠵᠢᠶ᠎ᠡ ᠶᠢᠨ | ᠡᠮᠴᠢᠯᠡᠭᠡᠨ ᠤ ᠦᠢᠯᠡᠴᠢᠯᠡᠭᠡ ᠶᠢᠨ ᠦᠷᠭᠦᠯᠵᠢᠯᠡᠨ ᠬᠥᠭᠵᠢᠬᠦ ᠶᠢ ᠳᠡᠮᠵᠢᠨ᠎ᠡ᠃ 2025 ᠣᠨ ᠪᠣᠯᠬᠤ ᠳᠤ᠂ ᠠᠯᠠᠱᠠ | ᠠᠶᠢᠮᠠᠭ ᠤᠨ ᠪᠥᠬᠦ ᠠᠷᠠᠳ ᠤᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠲᠠᠪᠴᠠᠩ ᠢ ᠤᠯᠤᠰ ᠤᠨ ᠡᠮ ᠡᠮᠨᠡᠯᠭᠡ | ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠠᠷᠢᠮᠵᠢᠶᠠᠵᠢᠭᠰᠠᠨ | ᠪᠣᠯᠪᠠᠰᠤᠷᠠᠩᠭᠤᠶ ᠪᠣᠯᠤᠭᠰᠠᠨ ᠬᠡᠮᠵᠢᠶ᠎ᠡ ᠶᠢᠨ ᠳᠥᠷᠪᠡᠳᠦᠭᠡᠷ ᠳᠡᠰ ᠤᠨ ᠬᠥᠬᠡ ᠲᠠᠰ ᠤᠨ ᠬᠢᠷᠢ ᠲᠦᠪᠰᠢᠨ ᠳᠤ | ᠬᠦᠷᠦᠭᠦᠯᠦᠨ᠎ᠡ᠃ | 37 . ︽ᠢᠨᠲ᠋ᠧᠷ ᠰᠦᠯᠵᠢᠶ᠎ᠡ + ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ︾ ᠶᠢᠨ | ᠰᠢᠨ᠎ᠡ ᠶᠢ ᠡᠭᠦᠳᠦᠨ᠎ᠡ᠃ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠡᠯᠧᠺᠲᠷᠣᠨ ᠲᠠᠩᠰᠠ ᠡᠪᠬᠡᠮᠡᠯ ᠢ | ᠰᠦᠯᠵᠢᠶᠡᠨ ᠳᠡᠭᠡᠷ᠎ᠡ ᠪᠠᠶᠢᠴᠠᠭᠠᠨ ᠯᠠᠪᠯᠠᠬᠤ ᠪᠠ ᠵᠢᠷᠤᠮᠵᠢᠭᠤᠯᠤᠨ ᠬᠡᠷᠡᠭᠯᠡᠬᠦ ᠶᠢ ᠠᠬᠢᠭᠤᠯᠤᠨ᠎ᠠ᠃ ᠴᠢᠰᠤᠨ ᠳᠠᠷᠤᠯᠲᠠ | ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ ᠵᠡᠷᠭᠡ ᠪᠠᠷ ᠭᠤᠤᠯᠳᠠᠯᠭ᠎ᠠ ᠪᠣᠯᠭᠠᠵᠤ᠂ ᠨᠠᠰᠤᠲᠠᠶᠢᠴᠤᠳ ᠤᠨ | ᠤᠵᠢᠭ ᠡᠪᠡᠳᠴᠢᠨ ᠢ ᠰᠦᠯᠵᠢᠶ᠎ᠡ ᠪᠠᠷ ᠦᠢᠯᠡᠴᠢᠯᠡᠵᠦ ᠬᠠᠮᠢᠶᠠᠷᠬᠤ ᠶᠢ ᠴᠢᠩᠭᠠᠳᠬᠠᠨ᠎ᠠ᠃ ᠤᠯᠤᠰ ᠤᠨ | ᠡᠭᠡᠯᠢᠯᠡᠭᠡ ᠶᠢᠨ ᠲᠥᠯᠥᠪᠵᠢᠭᠦᠯᠭᠡ ᠳᠤ ᠣᠷᠣᠭᠤᠯᠤᠭᠰᠠᠨ ᠬᠡᠦᠬᠡᠳ ᠢᠶᠠᠷ ᠭᠤᠣᠯᠳᠠᠯᠭ᠎ᠠ ᠲᠠᠢ ᠦᠢᠯᠡᠴᠢᠯᠡᠬᠦ ᠡᠲᠡᠭᠡᠳ | ᠪᠣᠯᠭᠠᠵᠤ᠂ ᠠᠶᠢᠮᠠᠭ ᠤᠨ ᠱᠠᠲᠤᠨ ᠤ ᠲᠠᠪᠴᠠᠩ ᠢ ᠥᠪᠡᠷᠲᠡᠭᠡᠨ ᠵᠠᠰᠠᠬᠤ ᠣᠷᠣᠨ ᠤ ᠤᠷᠢᠳᠴᠢᠯᠠᠨ ᠰᠡᠷᠭᠡᠶᠢᠯᠡᠬᠦ | ᠲᠠᠷᠢᠯᠭ᠎ᠠ ᠶᠢᠨ ᠮᠡᠳᠡᠭᠡ ᠵᠠᠩᠭᠢ ᠶᠢᠨ ᠲᠠᠪᠴᠠᠩ ᠯᠤᠭ᠎ᠠ ᠵᠣᠯᠭᠠᠭᠤᠯᠬᠤ ᠶᠢ ᠲᠦᠷᠭᠡᠳᠬᠡᠨ ᠠᠬᠢᠭᠤᠯᠵᠤ᠂ ᠤᠷᠢᠳᠴᠢᠯᠠᠨ | ᠰᠡᠷᠭᠡᠶᠢᠯᠡᠬᠦ ᠲᠠᠷᠢᠯᠭ᠎ᠠ ᠶᠢᠨ ᠲᠤᠭ᠎ᠠ ᠪᠠᠷᠢᠮᠲᠠ ᠶᠢᠨ ᠠᠰᠢᠭᠯᠠᠯᠲᠠ ᠶᠢ ᠰᠢᠯᠢᠳᠡᠭᠵᠢᠭᠦᠯᠦᠨ᠎ᠡ᠃ ᠡᠮᠦᠰᠴᠦ ᠵᠡᠭᠦᠵᠦ | ᠪᠣᠯᠬᠤ ᠲᠥᠬᠦᠭᠡᠷᠦᠮᠵᠢ ᠶᠢ ᠠᠰᠢᠭᠯᠠ ᠠᠮᠢ ᠨᠠᠰᠤᠨ ᠤ ᠪᠡᠶ᠎ᠡ ᠶᠢᠨ ᠢᠯᠡᠷᠡᠯ ᠤᠨ ᠲᠤᠭ᠎ᠠ ᠪᠠᠷᠢᠮᠲᠠ ᠣᠯᠬᠤ ᠶᠢ | ᠵᠣᠷᠢᠭᠵᠢᠭᠤᠯᠵᠤ᠂ ᠵᠢᠷᠮᠦᠰᠦᠨ ᠡᠮᠡᠭᠲᠡᠢ ᠬᠥᠩᠭᠡᠵᠢᠭᠰᠡᠨ ᠡᠮᠡᠭᠲᠡᠢ᠂ ᠠᠷᠬᠠᠭ ᠡᠪᠡᠳᠴᠢᠲᠡᠨ ᠵᠡᠷᠭᠡ ᠬᠥᠮᠦᠰ ᠲᠤ | ᠡᠷᠡᠭᠦᠯ ᠡᠩᠬᠡ ᠶᠢᠨ ᠬᠢᠨᠠᠨ ᠰᠢᠨᠵᠢᠬᠦ ᠪᠠ ᠬᠠᠮᠢᠶᠠᠷᠤᠯᠲᠠ ᠬᠠᠩᠭᠠᠨ᠎ᠠ᠃ ᠬᠦᠨᠳᠦ ᠨᠣᠴᠢᠲᠠᠶ ᠣᠶᠤᠨ ᠮᠡᠳᠡᠷᠡᠯ ᠤᠨ | ᠰᠠᠭᠠᠳ ᠲᠠᠢ ᠡᠪᠡᠳᠴᠢᠲᠡᠨ ᠤ ᠮᠡᠳᠡᠭᠡ ᠵᠠᠩᠭᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠮᠥᠷᠳᠡᠨ ᠪᠠᠶᠢᠴᠠᠭᠠᠵᠤ | ᠦᠨᠡᠯᠡᠨ ᠵᠢᠱᠢᠬᠦ ᠪᠠ ᠲᠥᠷᠥᠯ ᠬᠤᠪᠢᠶᠠᠨ ᠬᠠᠮᠢᠶᠠᠷᠤᠨ᠎ᠠ᠃ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ | ᠬᠢᠭᠡᠳ ᠢᠨᠲ᠋ᠧᠷ ᠰᠦᠯᠵᠢᠶᠡᠨ ᠤ ᠠᠵᠤ ᠠᠬᠤᠶᠢᠯᠠᠯ ᠤᠨ ᠬᠠᠮᠲᠤᠷᠠᠯᠴᠠᠬᠤ ᠶᠢ ᠵᠣᠷᠢᠭᠵᠢᠭᠤᠯᠵᠤ᠂ ᠣᠷᠣᠨ ᠪᠦᠰᠡ ᠶᠢᠨ | ᠡᠮᠴᠢᠯᠡᠭᠡ ᠡᠷᠡᠭᠦᠯ ᠬᠠᠮᠠᠭᠠᠯᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠴᠢᠩᠭᠠᠳᠬᠠᠨ᠂ | ᠲᠣᠮᠣ ᠳ᠋ᠠᠶᠢᠲ᠋ᠠ ᠶᠢᠨ ᠮᠡᠷᠭᠡᠵᠢᠯ ᠤᠨ ᠵᠠᠳᠠᠯᠤᠯᠲᠠ ᠶᠢᠨ ᠠᠷᠭ᠎ᠠ ᠪᠠᠷᠢᠯ ᠢ ᠰᠦᠪᠡᠭᠴᠢᠯᠡᠨ ᠬᠡᠷᠡᠭᠯᠡᠵᠦ᠂ ᠡᠪᠡᠳᠴᠢᠨ | ᠡᠮᠭᠡᠭ ᠳᠡᠯᠭᠡᠷᠡᠬᠦ ᠬᠠᠨᠳᠤᠰᠢ ᠶᠢ ᠤᠷᠢᠳᠴᠢᠯᠠᠨ ᠲᠥᠰᠦᠭᠡᠯᠡᠵᠦ᠂ ᠬᠠᠯᠳᠠᠪᠤᠷᠢᠲᠤ ᠡᠪᠡᠳᠴᠢᠨ ᠵᠡᠷᠭᠡ ᠡᠪᠡᠳᠴᠢᠨ | ᠡᠮᠭᠡᠭ ᠢ ᠣᠶᠤᠨᠴᠢ ᠪᠠᠷ ᠬᠢᠨᠠᠨ ᠰᠢᠨᠵᠢᠬᠦ ᠶᠢ ᠴᠢᠩᠭᠠᠳᠬᠠᠨ᠂ ᠬᠦᠨᠳᠦ ᠶᠡᠭᠡ ᠡᠪᠡᠳᠴᠢᠨ ᠡᠮᠭᠡᠭ ᠢ ᠰᠡᠷᠭᠡᠶᠢᠯᠡᠨ | ᠡᠵᠡᠮᠳᠡᠬᠦ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ | 38 . ︽ᠢᠨᠲ᠋ᠧᠷ ᠰᠦᠯᠵᠢᠶ᠎ᠡ + ᠡᠮᠴᠢᠯᠡᠭᠡᠨ ᠤ ᠦᠢᠯᠡᠴᠢᠯᠡᠭᠡ︾ ᠶᠢ ᠬᠥᠭᠵᠢᠭᠦᠯᠦᠨ᠎ᠡ᠃ ᠨᠥᠬᠦᠴᠡᠯ | ᠪᠦᠷᠢᠯᠳᠦᠭᠦᠯᠦᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ᠶᠢ | ᠬᠥᠭᠵᠢᠭᠦᠯᠬᠦ ᠶᠢ ᠵᠣᠷᠢᠭᠵᠢᠭᠤᠯᠵᠤ᠂ ᠬᠡᠰᠡᠭ ᠪᠠᠶᠢᠩᠭᠤ ᠲᠣᠬᠢᠶᠠᠯᠳᠤᠳᠠᠭ ᠡᠪᠡᠳᠴᠢᠨ᠂ ᠤᠵᠢᠭ ᠡᠪᠡᠳᠴᠢᠨ ᠢ ᠳᠠᠬᠢᠨ | ᠡᠮᠨᠡᠭᠦᠯᠬᠦ ᠶᠢ ᠰᠦᠯᠵᠢᠶᠡᠨ ᠳᠡᠭᠡᠷ᠎ᠡ ᠥᠷᠨᠢᠭᠦᠯᠵᠦ᠂ ᠢᠨᠲ᠋ᠧᠷ ᠰᠦᠯᠵᠢᠶᠡᠨ ᠤ ᠮᠡᠷᠭᠡᠵᠢᠯ ᠢ ᠬᠡᠷᠡᠭᠯᠡᠨ ᠠᠮᠤᠷ ᠲᠦᠪᠰᠢᠨ | ᠪᠥᠭᠡᠳ ᠲᠣᠬᠢᠷᠠᠮᠵᠢᠲᠠᠶ ᠡᠮᠴᠢᠯᠡᠭᠡᠨ ᠤ ᠦᠢᠯᠡᠴᠢᠯᠡᠭᠡ ᠬᠠᠩᠭᠠᠨ᠎ᠠ᠃ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ᠂ ᠨᠥᠬᠦᠴᠡᠯ ᠳᠤ ᠨᠡᠶᠢᠴᠡᠬᠦ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢᠨ ᠢᠨᠲ᠋ᠧᠷ ᠰᠦᠯᠵᠢᠶᠡᠨ ᠤ | ᠮᠡᠳᠡᠭᠡ ᠵᠠᠩᠭᠢ ᠶᠢᠨ ᠲᠠᠪᠴᠠᠩ ᠪᠠᠶᠢᠭᠤᠯᠬᠤ ᠶᠢ ᠳᠠᠮᠵᠢᠨ᠎ᠠ᠃ ᠨᠥᠬᠦᠴᠡᠯ ᠲᠠᠢ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠰᠢᠯᠵᠢᠭᠡ ᠰᠤᠪᠢᠯᠠᠯᠲᠠ᠂ ᠠᠮᠢ ᠨᠠᠰᠤᠨ ᠤ ᠪᠡᠶ᠎ᠡ ᠶᠢᠨ ᠢᠯᠡᠷᠡᠯ ᠢ ᠰᠦᠯᠵᠢᠶ᠎ᠡ ᠪᠠᠷ ᠬᠢᠨᠠᠨ ᠰᠢᠨᠵᠢᠬᠦ | ᠂ ᠠᠨᠠᠭᠠᠬᠤ ᠤᠬᠠᠭᠠᠨ ᠤ ᠰᠡᠭᠦᠳᠡᠷ ᠳᠦᠷᠰᠦ ᠶᠢ ᠣᠶᠤᠨᠴᠢ ᠪᠠᠷ ᠢᠯᠭᠠᠨ ᠲᠠᠨᠢᠬᠤ᠂ ᠬᠡᠷ ᠪᠦᠯᠢ ᠶᠢ ᠬᠢᠨᠠᠨ ᠰᠢᠨᠵᠢᠬᠦ | ᠵᠡᠷᠭᠡ ᠦᠢᠯᠡᠴᠢᠯᠡᠬᠡᠨ ᠥᠷᠨᠢᠭᠦᠯᠬᠦ ᠶᠢ ᠠᠬᠢᠭᠤᠯᠤᠨ᠎ᠠ᠃ ᠠᠯᠤᠰ ᠡᠵᠡᠮᠰᠢᠯᠲᠦ ᠡᠮᠴᠢᠯᠡᠭᠡᠨ ᠤ ᠦᠢᠯᠡᠴᠢᠯᠡᠭᠡ ᠶᠢ | ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠪᠠᠶᠢᠭᠤᠯᠤᠮᠵᠢ᠂ ᠰᠤᠮᠤ ︵ᠪᠠᠯᠭᠠᠰᠤ︶ ᠶᠢᠨ | ᠡᠷᠡᠭᠦᠯ ᠬᠠᠮᠠᠭᠠᠯᠠᠯ ᠤᠨ ᠬᠤᠷᠢᠶ᠎ᠠ ᠪᠣᠯᠤᠨ ᠭᠠᠴᠠᠭ᠎ᠠ ︵ᠲᠣᠰᠬᠤᠨ︶ ᠶᠢᠨ ᠡᠷᠡᠭᠦᠯ ᠬᠠᠮᠠᠭᠠᠯᠠᠯ ᠤᠨ ᠲᠠᠰᠤᠭ ᠳᠠᠰᠢ | ᠤᠷᠲᠤᠳᠬᠠᠬᠤ ᠶᠢ ᠠᠬᠢᠭᠤᠯᠤᠨ᠎ᠠ᠃ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠬᠡᠨ ᠤ | ᠣᠶᠤᠨᠴᠢᠯᠠᠭᠰᠠᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠪᠠ ᠬᠡᠷᠡᠭᠯᠡᠯᠲᠡ ᠶᠢ ᠰᠢᠯᠢᠳᠡᠭᠵᠢᠭᠦᠯᠵᠦ᠂ | ᠰᠦᠯᠵᠢᠶᠡᠨ ᠳᠡᠭᠡᠷᠡᠬᠢ ᠦᠢᠯᠡᠴᠢᠯᠡᠬᠡᠨ ᠤ ᠠᠭᠤᠯᠭ᠎ᠠ ᠶᠢ ᠥᠷᠭᠡᠳᠬᠡᠨ᠎ᠡ᠃ | 39 . ︽ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ︾ ᠶᠢᠨ ᠠᠮᠤᠷ ᠲᠦᠪᠰᠢᠨ ᠢ ᠪᠠᠲᠤᠯᠠᠨ᠎ᠠ᠃ ︽ | ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ︾ ᠶᠢᠨ ᠦᠢᠯᠡᠴᠢᠯᠡᠭᠡ ᠠᠴᠠ ᠡᠭᠦᠰᠦᠭᠰᠡᠨ ᠲᠤᠭ᠎ᠠ ᠪᠠᠷᠢᠮᠲᠠ ᠳᠤ | ᠪᠥᠬᠦ ᠶᠠᠪᠤᠴᠠ ᠳᠤ ᠣᠷᠣᠮ ᠦᠯᠡᠳᠡᠭᠡᠬᠦ᠂ ᠪᠠᠶᠢᠴᠠᠭᠠᠨ ᠯᠠᠪᠯᠠᠵᠤ ᠪᠣᠯᠬᠤ᠂ ᠮᠥᠷᠳᠡᠨ ᠤᠬᠤᠴᠢᠯᠠᠵᠤ ᠪᠣᠯᠬᠤ | ᠬᠠᠮᠢᠶᠠᠷᠤᠯᠲᠠ ᠶᠢ ᠬᠡᠷᠡᠭᠵᠢᠭᠦᠯᠵᠦ᠂ ᠢᠨᠲ᠋ᠧᠷ ᠰᠦᠯᠵᠢᠶ᠎ᠡ ᠪᠠᠷ ᠣᠨᠣᠰᠢᠯᠠᠨ ᠡᠮᠨᠡᠬᠦ ᠦᠢᠯᠡ ᠠᠵᠢᠯᠯᠠᠭ᠎ᠠ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠎ᠠ᠃ ᠮᠡᠳᠡᠭᠡ ᠵᠠᠩᠭᠢ ᠶᠢᠨ ᠠᠮᠤᠷ ᠲᠦᠪᠰᠢᠨ ᠪᠠ ᠡᠷᠡᠭᠦᠯ ᠮᠡᠨᠳᠦ ᠡᠮᠴᠢᠯᠡᠭᠡᠨ ᠤ | ᠲᠤᠭ᠎ᠠ ᠪᠠᠷᠢᠮᠲᠠ ᠶᠢᠨ ᠨᠢᠭᠤᠴᠠ ᠶᠢ ᠬᠠᠮᠠᠭᠠᠯᠠᠬᠤ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠬᠤᠪᠢ ᠬᠥᠮᠦᠨ ᠤ | ᠨᠢᠭᠤᠴᠠ ᠶᠢ ᠬᠠᠮᠠᠭᠠᠯᠠᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠤᠭ᠎ᠠ ᠪᠠᠷᠢᠮᠲᠠ ᠶᠢᠨ ᠮᠡᠳᠡᠭᠡ | ᠵᠠᠩᠭᠢ ᠶᠢᠨ ᠠᠮᠤᠷ ᠲᠦᠪᠰᠢᠨ ᠢ ᠪᠠᠲᠤᠯᠠᠨ᠎ᠠ᠃ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠢᠨᠲ᠋ᠧᠷ | ᠰᠦᠯᠵᠢᠶ᠎ᠡ ᠶᠢᠨ ᠡᠮᠴᠢᠯᠡᠭᠡ ᠡᠷᠡᠭᠦᠯ ᠮᠡᠨᠳᠦ ᠶᠢᠨ ᠦᠢᠯᠡᠴᠢᠯᠡᠬᠡᠨ ᠤ ᠲᠠᠪᠴᠠᠩ᠂ ᠣᠶᠤᠨᠴᠢ ᠡᠮᠴᠢᠯᠡᠭᠡᠨ ᠤ | ᠲᠥᠬᠦᠭᠡᠷᠦᠮᠵᠢ ᠵᠢᠴᠢ ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ᠂ ᠲᠤᠭ᠎ᠠ ᠪᠠᠷᠢᠮᠲᠠ ᠶᠢᠨ | ᠬᠡᠷᠡᠭᠯᠡᠭᠡᠨ ᠤ ᠦᠢᠯᠡᠴᠢᠯᠡᠬᠡᠨ ᠤ ᠮᠡᠳᠡᠭᠡ ᠵᠠᠩᠭᠢ ᠶᠢᠨ ᠰᠡᠷᠭᠡᠶᠢᠯᠡᠯᠲᠡ ᠬᠠᠮᠠᠭᠠᠯᠠᠯᠲᠠ ᠶᠢ ᠴᠢᠩᠭᠠᠳᠬᠠᠵᠤ᠂ ᠮᠡᠳᠡᠭᠡ | ᠵᠠᠩᠭᠢ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ᠂ ᠬᠢᠨᠠᠨ ᠰᠢᠨᠵᠢᠬᠦ ᠪᠠ ᠤᠷᠢᠳᠴᠢᠯᠠᠨ | ᠰᠡᠷᠡᠮᠵᠢᠯᠡᠭᠦᠯᠬᠦ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠠᠮᠤᠷ ᠲᠦᠪᠰᠢᠨ ᠤ ᠦᠨᠡᠯᠡᠨ ᠵᠢᠱᠢᠯᠲᠡ ᠶᠢ | ᠲᠣᠭᠲᠠᠮᠠᠯ ᠬᠤᠭᠤᠴᠠᠭ᠎ᠠ ᠲᠠᠢ ᠪᠠᠷ ᠬᠢᠬᠦ ᠬᠡᠷᠡᠭᠲᠡᠶ᠃ ᠲᠤᠰᠬᠠᠶ ᠮᠡᠷᠭᠡᠵᠢᠯ ᠤᠨ ᠭᠤᠷᠪᠠᠳᠠᠬᠢ ᠡᠲᠡᠭᠡᠳ ᠤᠨ ᠠᠮᠤᠷ | ᠲᠦᠪᠰᠢᠨ ᠤ ᠦᠢᠯᠡᠴᠢᠯᠡᠬᠡᠨ ᠤ ᠪᠠᠲᠤᠯᠠᠭ᠎ᠠ ᠶᠢᠨ ᠪᠠᠶᠢᠭᠤᠯᠤᠮᠵᠢ ᠶᠢ ᠣᠷᠣᠭᠤᠯᠤᠨ ᠠᠪᠴᠢᠷᠠᠵᠤ ᠬᠠᠮᠢᠶᠠᠷᠤᠯᠲᠠ ᠶᠢᠨ | ᠠᠵᠢᠯᠯᠠᠭᠠᠨ ᠳᠤ ᠣᠷᠣᠯᠴᠠᠭᠤᠯᠬᠤ ᠶᠢ ᠰᠦᠪᠡᠭᠴᠢᠯᠡᠨ᠎ᠡ᠃ | ︵ᠠᠷᠪᠠ︶ ᠴᠢᠳᠠᠪᠤᠷᠢᠲᠠᠨ ᠢ ᠡᠩ ᠲᠡᠷᠢᠬᠦᠨ ᠳᠤ ᠪᠣᠳᠣᠯᠬᠢᠯᠠᠬᠤ ᠶᠢ ᠠᠬᠢᠭᠤᠯᠵᠤ᠂ ᠴᠢᠳᠠᠪᠤᠷᠢᠲᠠᠨ ᠤ | ᠡᠩᠨᠡᠭᠡ ᠶᠢᠨ ᠴᠢᠳᠠᠪᠤᠷᠢ ᠪᠠ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ︽ᠴᠢᠳᠠᠪᠤᠷᠢᠲᠠᠨ ᠢᠶᠠᠷ ᠡᠷᠡᠭᠦᠯ | ᠬᠠᠮᠠᠭᠠᠯᠠᠯ ᠢ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ︾ ᠶᠢ ᠨᠠᠶᠢᠳᠠᠪᠤᠷᠢᠵᠢᠭᠤᠯᠵᠤ᠂ ︽ᠬᠡᠷᠡᠭᠯᠡᠬᠦ ᠪᠠᠷ | ᠦᠨᠳᠦᠰᠦ ᠪᠣᠯᠭᠠᠬᠤ︾ ᠵᠠᠷᠴᠢᠮ ᠢ ᠪᠠᠷᠢᠮᠲᠠᠯᠠᠨ᠂ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠢ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠦᠢᠯᠡᠰ ᠤᠨ ᠥᠭᠡᠷᠡᠴᠢᠯᠡᠯᠲᠡ ᠬᠥᠭᠵᠢᠯᠲᠡ ᠶᠢᠨ ︽ᠨᠢᠭᠡᠳᠦᠭᠡᠷ ᠡᠬᠢ ᠪᠠᠶᠠᠯᠢᠭ︾ ᠪᠣᠯᠭᠠᠵᠤ᠂ | ᠴᠢᠳᠠᠪᠤᠷᠢᠲᠠᠨ ᠢ ᠬᠡᠷᠡᠭᠯᠡᠬᠦ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠴᠢᠳᠠᠪᠤᠷᠢᠲᠠᠨ ᠤ | ᠬᠠᠮᠢᠶᠠᠷᠤᠯᠲᠠ ᠶᠢᠨ ᠠᠷᠭ᠎ᠠ ᠬᠡᠯᠪᠡᠷᠢ ᠳᠤ ᠰᠢᠨ᠎ᠡ ᠶᠢ ᠡᠭᠦᠳᠴᠦ᠂ ᠴᠢᠳᠠᠪᠤᠷᠢᠲᠠᠨ ᠤ ᠪᠠᠲᠤᠯᠠᠭ᠎ᠠ ᠶᠢᠨ ᠲᠥᠷᠥ ᠶᠢᠨ | ᠪᠣᠳᠣᠯᠭ᠎ᠠ ᠶᠢ ᠲᠡᠭᠦᠯᠳᠡᠷᠵᠢᠭᠦᠯᠦᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠳᠤ ᠣᠶᠤᠨ ᠰᠠᠨᠠᠭᠠᠨ ᠤ ᠬᠥᠳᠡᠯᠭᠡᠬᠦ ᠬᠦᠴᠦᠨ ᠪᠠ ᠣᠶᠤᠨ ᠤ ᠪᠠᠲᠤᠯᠠᠭ᠎ᠠ ᠬᠠᠩᠭᠠᠨ᠎ᠠ᠃ | 40 . ᠡᠮᠴᠢᠯᠡᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠷᠠᠭᠤᠯᠤᠨ᠎ᠠ᠃ ᠥᠨᠳᠥᠷ | ᠬᠢᠷᠢ ᠲᠦᠪᠰᠢᠨ ᠪᠥᠬᠦᠶ ᠠᠨᠠᠭᠠᠬᠤ ᠤᠬᠠᠭᠠᠨ ᠤ ᠶᠡᠭᠡ ᠳᠡᠭᠡᠳᠦ ᠰᠤᠷᠭᠠᠭᠤᠯᠢ ᠪᠠ ᠲᠣᠮᠣ ᠬᠡᠯᠪᠡᠷᠢ ᠶᠢᠨ ᠡᠮᠨᠡᠯᠭᠡ ᠶᠢᠨ | ᠬᠤᠷᠢᠶ᠎ᠠ ᠶᠢᠨ ᠳᠠᠪᠲᠠᠨ ᠪᠣᠯᠪᠠᠰᠤᠷᠠᠵᠤ ᠰᠤᠳᠤᠯᠤᠨ ᠰᠤᠷᠤᠯᠴᠠᠬᠤ ᠲᠣᠭᠲᠠᠴᠠ ᠶᠢ ᠪᠠᠶᠢᠭᠤᠯᠵᠤ᠂ ᠲᠣᠰ ᠭᠠᠵᠠᠷ | ᠣᠷᠣᠨ ᠤ ᠪᠠᠴᠢᠮ ᠬᠡᠷᠡᠭᠴᠡᠭᠡ ᠲᠠᠢ ᠳᠡᠭᠡᠳᠦ ᠲᠠᠰ ᠳᠠᠪᠬᠤᠷᠭ᠎ᠠ ᠶᠢᠨ ᠡᠮᠴᠢᠯᠡᠭᠡ ᠡᠷᠡᠭᠦᠯ ᠬᠠᠮᠠᠭᠠᠯᠠᠯ ᠤᠨ | ᠴᠢᠳᠠᠪᠤᠷᠢᠲᠠᠨ ᠢ ᠬᠥᠮᠦᠵᠢᠭᠦᠯᠦᠨ᠎ᠡ᠃ ᠡᠷᠡᠭᠦᠯ ᠮᠡᠨᠳᠦ ᠶᠢᠨ ᠡᠮᠴᠢᠯᠡᠭᠡᠨ ᠤ ᠬᠥᠮᠦᠵᠢᠯ ᠪᠣᠯᠪᠠᠰᠤᠷᠠᠭᠤᠯᠤᠯ ᠤᠨ ᠡᠭᠦᠯᠡᠨ | ᠲᠠᠪᠴᠠᠩ ᠤᠨ ᠦᠢᠯᠡᠳᠦᠯ ᠢ ᠪᠠᠳᠠᠷᠠᠭᠤᠯᠵᠤ᠂ ᠡᠮᠨᠡᠯᠭᠡ ᠶᠢᠨ ᠠᠵᠢᠯᠲᠠᠳ ᠲᠤ ᠳᠥᠭᠦᠮ ᠳᠥᠲᠡ ᠨᠠᠰᠤᠨ | ᠲᠤᠷᠰᠢᠳᠠ ᠶᠢᠨ ᠰᠤᠷᠭᠠᠨ ᠬᠥᠮᠦᠵᠢᠯ ᠤᠨ ᠰᠢᠰᠲ᠋ᠧᠮᠵᠢ ᠶᠢ ᠬᠠᠩᠭᠠᠨ᠎ᠠ᠃ ᠠᠨᠠᠭᠠᠬᠤ ᠤᠬᠠᠭᠠᠨ ᠰᠤᠷᠭᠠᠨ | ᠬᠥᠮᠦᠵᠢᠯ ᠤᠨ ᠠᠭᠤᠰᠤᠯᠴᠠᠨ ᠬᠥᠭᠵᠢᠬᠦ ᠶᠢ ᠰᠦᠪᠡᠭᠴᠢᠯᠡᠨ ᠠᠬᠢᠭᠤᠯᠵᠤ᠂ ᠠᠯᠠᠱᠠ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢ ᠵᠣᠷᠢᠭᠵᠢᠭᠤᠯᠵᠤ ᠪᠠᠶᠢᠭᠠᠳ ᠲᠣᠰ ᠭᠠᠵᠠᠷ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠠᠵᠢᠯ ᠲᠥᠷᠥᠯ ᠤᠨ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ ᠳᠤ ᠳᠣᠭᠢᠷᠠᠬᠤ ᠲᠤᠰᠬᠠᠶ ᠮᠡᠷᠭᠡᠵᠢᠯ ᠢ ᠨᠡᠭᠡᠭᠡᠨ | ᠡᠷᠭᠢᠯᠡᠭᠦᠯᠵᠦ᠂ ᠬᠡᠷᠡᠭᠯᠡᠭᠡᠨ ᠤ ᠴᠢᠨᠠᠷᠲᠠᠶ ᠴᠢᠳᠠᠪᠤᠷᠢᠲᠠᠨ ᠢ ᠬᠥᠮᠦᠵᠢᠭᠦᠯᠦᠨ᠎ᠡ᠃ ᠶᠡᠷᠦᠩᠬᠡᠢ ᠰᠠᠯᠠᠭᠠᠨ ᠤ ᠡᠮᠴᠢ ᠪᠠᠷ | ᠭᠤᠣᠯᠳᠠᠯᠭ᠎ᠠ ᠪᠣᠯᠭᠠᠭᠰᠠᠨ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠮᠡᠷᠭᠡᠵᠢᠯ ᠤᠨ ᠠᠵᠢᠯᠳᠠᠨ ᠢ | ᠬᠥᠮᠦᠵᠢᠭᠦᠯᠦᠨ ᠪᠣᠯᠪᠠᠰᠤᠷᠠᠭᠤᠯᠬᠤ ᠢᠨᠵᠧᠨᠧᠷᠢᠩ ᠢ ᠬᠡᠷᠡᠭᠵᠢᠭᠦᠯᠵᠦ᠂ ᠪᠠᠭ᠎ᠠ ᠡᠪᠡᠳᠴᠢᠨ ᠢ ᠴᠢᠳᠠᠮᠠᠭᠠᠢ ᠪᠠᠷ ᠵᠠᠰᠠᠬᠤ | ᠂ ᠬᠦᠨᠳᠦ ᠡᠪᠡᠳᠴᠢᠨ ᠢ ᠴᠢᠳᠠᠮᠠᠭᠠᠢ ᠪᠠᠷ ᠣᠶᠢᠯᠠᠭᠠᠬᠤ᠂ ᠬᠦᠨᠳᠦ ᠡᠪᠡᠳᠴᠢᠨ ᠢ ᠴᠢᠳᠠᠮᠠᠭᠠᠢ ᠪᠠᠷ ᠬᠤᠪᠢᠷᠠᠭᠤᠯᠬᠤ᠂ | ᠤᠳᠠᠭᠠᠨ ᠴᠢᠨᠠᠷᠲᠠᠢ ᠡᠪᠡᠳᠴᠢᠨ ᠢ ᠴᠢᠳᠠᠮᠠᠭᠠᠢ ᠪᠠᠷ ᠬᠠᠮᠢᠶᠠᠷᠬᠤ ᠶᠢ ᠤᠶᠠᠯᠳᠤᠭᠤᠯᠤᠭᠰᠠᠨ ᠦᠨᠳᠦᠰᠦᠨ ᠱᠠᠲᠤᠨ ᠤ | ᠶᠡᠷᠦᠩᠬᠡᠢ ᠰᠠᠯᠠᠭᠠᠨ ᠤ ᠠᠨᠠᠭᠠᠬᠤ ᠤᠬᠠᠭᠠᠨ ᠤ ᠴᠢᠳᠠᠪᠤᠷᠢᠲᠠᠨ ᠢ ᠲᠦᠷᠬᠡᠨ ᠬᠥᠮᠦᠵᠢᠭᠦᠯᠵᠦ᠂ 2025 ᠣᠨ | ᠪᠣᠯᠬᠤ ᠳᠤ᠂ ᠲᠦᠮᠡᠨ ᠬᠥᠮᠦᠨ ᠠᠮᠠ ᠨᠢᠭᠡᠪᠦᠷᠢ ᠳᠤ ᠶᠡᠷᠦᠩᠬᠡᠢ ᠰᠠᠯᠠᠭᠠᠨ ᠤ ᠡᠮᠴᠢ ᠶᠢ 8 ᠠᠴᠠ ᠳᠡᠭᠡᠭᠰᠢ ᠳᠤ | ᠬᠥᠷᠥᠬᠦᠯᠥᠨ᠎ᠡ᠃ | 41 . ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠥᠷᠥ ᠶᠢᠨ | ᠪᠣᠳᠣᠯᠭ᠎ᠠ ᠶᠢ ᠰᠢᠯᠢᠳᠡᠭᠵᠢᠭᠦᠯᠦᠨ᠎ᠡ᠃ ︽ᠬᠡᠷᠡᠭᠯᠡᠬᠦ ᠪᠠᠷ ᠦᠨᠳᠦᠰᠦ ᠪᠣᠯᠭᠠᠬᠤ︾ ᠶᠢ ᠪᠠᠷᠢᠮᠲᠠᠯᠠᠵᠤ᠂ ︽ᠬᠠᠲᠠᠭᠤ | ᠴᠢᠨᠠᠷᠲᠠᠶ ᠪᠠᠷ ᠣᠷᠣᠭᠤᠯᠤᠨ ᠠᠪᠴᠢᠷᠠᠬᠤ︾ ᠶᠢ ᠴᠢᠩᠭᠠᠳᠬᠠᠬᠤ ᠶᠢᠨ ᠬᠠᠮᠲᠤ᠂ ︽ᠤᠶᠠᠨ ᠴᠢᠨᠠᠷᠲᠠᠶ ᠪᠠᠷ | ᠣᠷᠣᠭᠤᠯᠤᠨ ᠠᠪᠴᠢᠷᠠᠬᠤ︾ ᠡᠷᠴᠢᠮ ᠢ ᠴᠢᠩᠭᠠᠷᠠᠭᠤᠯᠤᠨ᠎ᠠ᠃ ᠣᠷᠣᠨ ᠤ ᠳᠣᠲᠣᠷ᠎ᠠ ᠭᠠᠳᠠᠨᠠᠬᠢ ᠥᠨᠳᠥᠷ ᠬᠢᠷᠢ | ᠲᠦᠪᠰᠢᠨ ᠲᠠᠢ ᠡᠮᠨᠡᠯᠭᠡ ᠶᠢᠨ ᠬᠤᠷᠢᠶ᠎ᠠ ᠬᠢᠭᠡᠳ ᠠᠶᠢᠮᠠᠭ᠂ ᠬᠤᠰᠢᠭᠤ ︵ᠣᠷᠣᠨ︶ ᠬᠤᠶᠠᠷ ᠱᠠᠲᠤᠨ ᠤ | ᠡᠮᠨᠡᠯᠭᠡ ᠶᠢᠨ ᠬᠤᠷᠢᠶ᠎ᠠ ᠯᠤᠭ᠎ᠠ ︽ᠲᠤᠰᠬᠠᠶ ᠰᠠᠯᠠᠭ᠎ᠠ ᠶᠢ ᠬᠠᠮᠲᠤᠪᠠᠷ ᠪᠠᠶᠢᠭᠤᠯᠬᠤ︾ ᠪᠤᠶᠤ ︽ᠰᠠᠯᠠᠭ᠎ᠠ ᠲᠠᠰᠤᠭ ᠢ | ᠨᠠᠶᠢᠳᠠᠨ ᠬᠠᠮᠢᠶᠠᠷᠤᠭᠤᠯᠬᠤ︾ ᠠᠵᠢᠯ ᠥᠷᠨᠢᠭᠦᠯᠬᠦ ᠶᠢ ᠰᠦᠪᠡᠭᠴᠢᠯᠡᠨ᠎ᠡ᠃ ᠣᠷᠣᠨ ᠤ ᠳᠣᠲᠣᠷ᠎ᠠ ᠭᠠᠳᠠᠨᠠᠬᠢ ᠬᠡᠰᠡᠭ | ᠳᠤᠲᠠᠭᠳᠠᠵᠤ ᠪᠠᠶᠢᠭ᠎ᠠ ᠪᠤᠶᠤ ᠲᠤᠰᠬᠠᠶ ᠮᠡᠷᠭᠡᠵᠢᠯ ᠪᠠᠴᠢᠮ ᠬᠡᠷᠡᠭᠰᠡᠬᠦ ᠳᠡᠭᠡᠳᠦ ᠳᠡᠰ ᠳᠠᠪᠬᠤᠷᠭ᠎ᠠ ᠶᠢᠨ | ᠴᠢᠳᠠᠪᠤᠷᠢᠲᠠᠨ ᠤ ᠠᠶᠢᠮᠠᠭ ᠤᠨ ᠳᠣᠲᠣᠷᠠᠬᠢ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠣᠴᠢᠵᠤ ︽ᠣᠯᠠᠨ | ᠴᠡᠭ ᠲᠤ ᠠᠵᠢᠯ ᠡᠷᠬᠢᠯᠡᠬᠦ︾ ᠶᠢ ᠵᠣᠷᠢᠭᠵᠢᠭᠤᠯᠤᠨ᠎ᠠ᠃ ᠳᠤᠲᠠᠭᠳᠠᠵᠤ ᠪᠠᠶᠢᠭ᠎ᠠ ᠪᠤᠶᠤ ᠪᠠᠴᠢᠮ ᠬᠡᠷᠡᠭᠰᠡᠬᠦ ᠬᠡᠰᠡᠭ | ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠳᠤ ᠵᠥᠪᠰᠢᠶᠡᠷᠡᠭᠦᠯᠦᠭᠡᠳ ᠵᠥᠪᠯᠡᠯᠴᠡᠭᠡᠷ ᠤᠨ ᠴᠠᠯᠢᠩ᠂ ᠲᠥᠷᠥᠯ | ᠵᠦᠢᠯ ᠤᠨ ᠴᠠᠯᠢᠩ ᠵᠡᠷᠭᠡ ᠬᠤᠪᠢᠶᠠᠷᠢᠯᠠᠬᠤ ᠠᠷᠭ᠎ᠠ ᠶᠢ ᠬᠡᠷᠡᠭᠵᠢᠭᠦᠯᠬᠦ ᠶᠢ ᠰᠦᠪᠡᠭᠴᠢᠯᠡᠨ᠎ᠡ᠃ | 42 . ᠡᠷᠡᠭᠦᠯ ᠬᠠᠮᠠᠭᠠᠯᠠᠯ ᠤᠨ ᠴᠢᠳᠠᠪᠤᠷᠢᠲᠠᠨ ᠢ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠡᠯ᠎ᠡ | ᠲᠥᠷᠥᠯ ᠤᠨ ᠡᠷᠡᠭᠦᠯ ᠬᠠᠮᠠᠭᠠᠯᠠᠯ ᠤᠨ ᠠᠵᠢᠯᠲᠠᠨ ᠤ ᠠᠵᠢᠯ ᠤᠨ ᠪᠠᠶᠢᠷᠢ ᠶᠢᠨ ᠠᠵᠢᠯ ᠤᠨ ᠠᠮᠵᠢᠯᠲᠠ ᠪᠦᠲᠦᠮᠵᠢ ᠶᠢᠨ | ᠴᠠᠯᠢᠩ ᠤᠨ ᠲᠦᠷᠢᠮ ᠢ ᠰᠢᠯᠢᠳᠡᠭᠵᠢᠭᠦᠯᠵᠦ᠂ ᠤᠯᠤᠰ ᠤᠨ ᠪᠠᠶᠢᠷᠢᠯᠠᠭᠤᠯᠤᠯᠲᠠ ᠶᠣᠰᠣᠭᠠᠷ᠂ ︽ᠬᠤᠶᠠᠷ ᠢ | ᠵᠥᠪᠰᠢᠶᠡᠷᠡᠬᠦ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠴᠢᠳᠠᠪᠤᠷᠢᠲᠠᠨ ᠤ ᠠᠵᠢᠯ ᠮᠡᠷᠭᠡᠵᠢᠯ ᠤᠨ ᠣᠨᠴᠠᠯᠢᠭ ᠲᠤ ᠨᠡᠶᠢᠴᠡᠭᠰᠡᠨ ᠴᠠᠯᠢᠩ ᠬᠥᠯᠥᠰᠥ ᠶᠢᠨ ᠲᠦᠷᠢᠮ ᠤᠨ | ᠰᠢᠰᠲ᠋ᠧᠮᠵᠢ ᠶᠢ ᠲᠦᠷᠬᠡᠨ ᠪᠠᠶᠢᠭᠤᠯᠤᠨ᠎ᠠ᠃ ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ ᠬᠤᠷᠢᠶ᠎ᠠ᠂ ᠬᠢᠵᠢᠭ ᠢ | ᠰᠡᠷᠭᠡᠶᠢᠯᠡᠬᠦ ᠪᠠᠶᠢᠭᠤᠯᠤᠮᠵᠢ ᠪᠣᠯᠤᠨ ᠪᠤᠰᠤᠳ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠶᠢᠨ | ᠲᠦᠭᠰᠢᠭᠦᠷᠢ ᠶᠡᠬᠡᠲᠡᠶ ᠠᠵᠢᠯ ᠤᠨ ᠪᠠᠶᠢᠷᠢ ᠶᠢᠨ ᠠᠵᠢᠯᠲᠠᠨ ᠤ ᠣᠯᠭᠤᠮᠵᠢ ᠶᠢ ᠨᠠᠶᠢᠳᠠᠪᠤᠷᠢᠵᠢᠭᠤᠯᠤᠨ᠎ᠠ︔ ᠰᠢᠯᠢᠳᠡᠭ | ᠴᠢᠳᠠᠪᠤᠷᠢᠲᠠᠨ ᠤ ᠦᠨᠳᠦᠰᠦᠨ ᠱᠠᠳᠤ ᠪᠠ ᠪᠡᠷᠬᠡ ᠬᠠᠲᠠᠭᠤᠵᠢᠯᠲᠠᠢ ᠵᠠᠬ᠎ᠠ ᠬᠢᠵᠠᠭᠠᠷ ᠣᠷᠣᠨ ᠳᠤ ᠣᠴᠢᠵᠤ | ᠠᠵᠢᠯᠯᠠᠬᠤ ᠴᠠᠯᠢᠩ ᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ︔ ᠦᠨᠳᠦᠰᠦᠨ | ᠱᠠᠲᠤᠨ ᠤ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ ᠬᠢᠷᠢ ᠬᠡᠮ ᠤᠨ ᠰᠢᠯᠭᠠᠯᠲᠠ᠂ ᠮᠡᠷᠭᠡᠵᠢᠯ ᠤᠨ ᠴᠣᠯᠠ | ᠲᠣᠭᠲᠠᠭᠠᠵᠤ ᠤᠷᠢᠬᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ᠂ ᠱᠠᠩᠨᠠᠯ ᠲᠣᠭᠲᠠᠭᠠᠵᠤ ᠰᠢᠯᠢᠳᠡᠭ ᠢ | ᠰᠢᠯᠭᠠᠷᠠᠭᠤᠯᠬᠤ ᠵᠡᠷᠭᠡ ᠡᠯ᠎ᠡ ᠲᠠᠯ᠎ᠠ ᠪᠠᠷ ᠬᠦᠷᠲᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠠᠵᠢᠯ ᠤᠨ ᠦᠨᠳᠦᠰᠦᠨ ᠱᠠᠲᠤᠨ ᠤ | ᠡᠷᠡᠭᠦᠯ ᠬᠠᠮᠠᠭᠠᠯᠠᠯ ᠤᠨ ᠠᠵᠢᠯᠲᠠᠨ ᠢ ᠲᠠᠲᠠᠬᠤ ᠬᠦᠴᠦᠨ ᠢ ᠳᠡᠭᠡᠭᠰᠢᠯᠡᠭᠦᠯᠬᠦ ᠬᠡᠷᠡᠭᠲᠡᠶ᠃ | ︵ᠠᠷᠪᠠᠨ ᠨᠢᠭᠡ︶ ᠲᠦᠷᠢᠮ ᠢ ᠲᠡᠭᠦᠯᠳᠡᠷᠵᠢᠭᠦᠯᠬᠦ ᠶᠢ ᠠᠬᠢᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠠᠰᠠᠯᠲᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠨᠳᠦᠰᠦᠨ ᠡᠮ ᠡᠮᠨᠡᠯᠭᠡ ᠡᠷᠡᠭᠦᠯ | ᠬᠠᠮᠠᠭᠠᠯᠠᠯ ᠤᠨ ᠲᠦᠷᠢᠮ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠬᠦᠴᠦᠯᠡᠨ ᠠᠬᠢᠭᠤᠯᠵᠤ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠲᠠᠰᠤᠷᠠᠯᠲᠠ ᠥᠬᠡᠶ ᠰᠢᠨ᠎ᠡ | ᠬᠥᠳᠡᠯᠭᠡᠬᠦ ᠬᠦᠴᠦᠨ ᠨᠡᠮᠡᠷᠢᠯᠡᠨ᠎ᠡ᠃ | 43 . ᠱᠠᠲᠤ ᠬᠤᠪᠢᠶᠠᠨ ᠣᠨᠣᠰᠢᠯᠠᠨ ᠡᠮᠨᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ | ᠬᠤᠰᠢᠭᠤᠨ ᠤ ︽ᠡᠮᠴᠢᠯᠡᠭᠡᠨ ᠤ ᠬᠠᠮᠲᠤ ᠶᠢᠨ ᠴᠣᠭᠴᠠ︾ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ | ᠰᠢᠯᠢᠳᠡᠭᠵᠢᠭᠦᠯᠵᠦ᠂ ᠬᠤᠰᠢᠭᠤᠨ ᠤ ᠡᠮᠨᠡᠯᠭᠡ ᠶᠢᠨ ᠬᠤᠷᠢᠶᠠᠨ ᠤ ᠭᠤᠤᠯᠳᠠᠯᠭ᠎ᠠ ᠲᠠᠢ ᠲᠤᠰᠬᠠᠶ ᠰᠠᠯᠠᠭ᠎ᠠ᠂ ᠰᠢᠯᠭᠠᠨ | ᠪᠠᠶᠢᠴᠠᠭᠠᠬᠤ ᠲᠥᠪ᠂ ᠵᠢᠷᠤᠭ ᠳᠦᠷᠰᠦ ᠶᠢᠨ ᠲᠥᠪ᠂ ᠠᠷᠢᠭᠤᠳᠬᠠᠬᠤ ᠲᠥᠪ᠂ ᠪᠠᠴᠢᠮ ᠪᠠᠶᠢᠳᠠᠯ ᠢ ᠠᠷᠭᠠᠴᠠᠵᠤ | ᠠᠪᠤᠷᠠᠨ ᠵᠠᠰᠠᠬᠤ ᠡᠳ᠋ ᠪᠣᠳᠠᠰ ᠨᠥᠭᠡᠴᠡᠯᠡᠬᠦ ᠲᠥᠪ ᠤᠨ ᠪᠠᠶᠢᠭᠤᠯᠤᠯᠲᠠ ᠶᠢ ᠴᠢᠩᠭᠠᠳᠬᠠᠵᠤ᠂ ᠰᠢᠯᠢᠳᠡᠭ ᠡᠮ ᠡᠮᠨᠡᠯᠭᠡ | ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠪᠠ ᠰᠢᠯᠭᠠᠨ ᠪᠠᠶᠢᠴᠠᠭᠠᠵᠤ ᠪᠠᠶᠢᠴᠠᠭᠠᠭᠰᠠᠨ ᠦᠷ᠎ᠡ | ᠳ᠋ᠦᠩ ᠢ ᠬᠠᠷᠢᠯᠴᠠᠨ ᠮᠡᠳᠡᠷᠡᠬᠦ ᠶᠢ ᠨᠢᠭᠡᠳᠦᠯᠲᠡᠶ ᠠᠬᠢᠭᠤᠯᠤᠨ᠎ᠠ᠃ ᠪᠠᠶᠢᠷᠢ ᠲᠣᠭᠲᠠᠭᠠᠯᠲᠠ ᠨᠢ ᠲᠣᠳᠣᠷᠬᠠᠶ᠂ | ᠪᠦᠲᠦᠴᠡ ᠨᠢ ᠵᠦᠶ ᠵᠣᠬᠢᠰᠲᠠᠶ᠂ ᠠᠵᠢᠯ ᠤᠨ ᠬᠤᠪᠢᠶᠠᠷᠢᠯᠠᠯ ᠨᠢ ᠲᠣᠳᠣᠷᠬᠠᠶ᠂ ᠠᠵᠢᠯᠯᠠᠭᠠᠨ ᠨᠢ ᠥᠨᠳᠥᠷ | ᠪᠦᠲᠦᠮᠵᠢᠲᠡᠶ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠬᠤᠰᠢᠭᠤᠨ ᠤ ᠬᠡᠪᠴᠢᠶᠡᠨ ᠤ ᠡᠮ ᠡᠮᠨᠡᠯᠭᠡ ᠡᠷᠡᠭᠦᠯ | ᠬᠠᠮᠠᠭᠠᠯᠠᠯ ᠤᠨ ᠰᠢᠰᠲ᠋ᠧᠮ ᠢ ᠰᠦᠪᠡᠭᠴᠢᠯᠡᠨ ᠪᠠᠶᠢᠭᠤᠯᠵᠤ᠂ ᠬᠤᠰᠢᠭᠤ᠂ ᠰᠤᠮᠤ ︵ᠪᠠᠯᠭᠠᠰᠤ︶᠂ ᠭᠠᠴᠠᠭ᠎ᠠ ︵ | ᠲᠣᠰᠬᠤᠨ︶ ᠶᠢ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠦᠨ᠎ᠡ᠃ 2025 ᠣᠨ | ᠪᠣᠯᠬᠤ ᠳᠤ᠂ ︽ᠦᠨᠳᠦᠰᠦᠨ ᠱᠠᠲᠤᠨ ᠳᠤ ᠠᠩᠬ᠎ᠠ ᠣᠨᠣᠰᠢᠯᠠᠬᠤ᠂ ᠬᠤᠤᠰ ᠴᠢᠭᠯᠡᠯ ᠢᠶᠠᠷ ᠰᠢᠯᠵᠢᠭᠦᠯᠦᠨ | ᠣᠨᠣᠰᠢᠯᠠᠬᠤ᠂ ᠳᠡᠭᠡᠳᠦ ᠳᠤᠤᠷᠠᠳᠤ ᠱᠠᠲᠤ ᠬᠠᠮᠲᠤᠷᠠᠨ ᠬᠥᠳᠡᠯᠦᠯᠴᠡᠬᠦ᠂ ᠲᠦᠷᠭᠡᠨ ᠠᠷᠬᠠᠭ ᠢ ᠰᠠᠯᠭᠠᠨ ᠡᠮᠨᠡᠬᠦ︾ | ᠱᠠᠲᠤ ᠬᠤᠪᠢᠶᠠᠨ ᠣᠨᠣᠰᠢᠯᠠᠨ ᠡᠮᠨᠡᠬᠦ ᠲᠦᠷᠢᠮ ᠢ ᠦᠨᠳᠦᠰᠦᠨ ᠳᠡᠭᠡᠨ ᠪᠠᠶᠢᠭᠤᠯᠤᠨ᠎ᠠ᠃ | 44 . ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ᠃ ᠵᠠᠰᠠᠭ ᠤᠨ ᠣᠷᠳᠣᠨ ᠤ ᠡᠮᠨᠡᠯᠭᠡ ᠡᠷᠬᠢᠯᠡᠬᠦ ᠬᠠᠷᠢᠭᠤᠴᠠᠯᠭ᠎ᠠ ᠶᠢ ᠴᠢᠩᠭᠠᠷᠠᠭᠤᠯᠤᠨ᠂ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠳᠠᠬᠢ ᠵᠠᠰᠠᠭ ᠤᠨ ᠣᠷᠳᠣᠨ ᠤ ︽ᠵᠢᠷᠭᠤᠭᠠᠨ ᠵᠦᠢᠯ ᠤᠨ | ᠣᠷᠣᠭᠤᠯᠤᠯᠲᠠ︾ ᠶᠢ ᠭᠦᠢᠴᠡᠳ ᠨᠠᠶᠢᠳᠠᠪᠤᠷᠢᠵᠢᠭᠤᠯᠤᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠶᠢᠨ ᠡᠵᠡᠩᠨᠡᠯᠲᠡ ᠬᠠᠮᠢᠶᠠᠷᠤᠯᠲᠠ ᠶᠢᠨ ᠡᠵᠡᠨ ᠮᠡᠳᠡᠬᠦ ᠡᠷᠬᠡ ᠶᠢ ᠨᠠᠶᠢᠳᠠᠪᠤᠷᠢᠵᠢᠭᠤᠯᠵᠤ᠂ ᠡᠮᠨᠡᠯᠭᠡ ᠶᠢᠨ | ᠬᠤᠷᠢᠶ᠎ᠠ ᠶᠢᠨ ᠳᠣᠲᠣᠭᠠᠳᠤ ᠶᠢᠨ ᠵᠠᠰᠠᠬᠤ ᠪᠦᠲᠦᠴᠡ ᠪᠠ ᠡᠷᠬᠡ ᠶᠢᠨ ᠠᠵᠢᠯᠯᠠᠭᠠᠨ ᠤ ᠳᠦᠷᠢᠮ ᠢ ᠵᠢᠷᠤᠮᠵᠢᠭᠤᠯᠬᠤ | ᠬᠡᠷᠡᠭᠲᠡᠶ᠃ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷᠠᠬᠢ ᠬᠤᠷᠢᠶᠠᠨ ᠳᠠᠷᠤᠭ᠎ᠠ ᠬᠠᠷᠢᠭᠤᠴᠠᠬᠤ ᠲᠦᠷᠢᠮ ᠢ | ᠨᠠᠶᠢᠳᠠᠪᠤᠷᠢᠵᠢᠭᠤᠯᠤᠨ᠎ᠠ᠃ ᠠᠵᠢᠯᠲᠠᠨ ᠤ ᠣᠷᠣᠨ ᠲᠤᠭ᠎ᠠ ᠶᠢ ᠬᠥᠳᠡᠯᠦᠩᠭᠦᠶ ᠪᠠᠷ ᠬᠠᠷᠭᠤᠭᠤᠯᠤᠨ ᠨᠡᠮᠡᠭᠳᠡᠭᠦᠯᠬᠦ | ᠲᠣᠭᠲᠠᠴᠠ ᠶᠢ ᠪᠠᠶᠢᠭᠤᠯᠵᠤ᠂ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠤᠨ᠂ | ᠥᠷᠢᠰᠥᠯᠳᠦᠨ ᠤᠷᠢᠵᠤ ᠠᠵᠢᠯ ᠤᠨ ᠪᠠᠶᠢᠷᠢ ᠳᠤ ᠭᠠᠷᠭᠠᠬᠤ ᠪᠠ ᠭᠡᠷ᠎ᠡ ᠪᠠᠷ ᠬᠠᠮᠢᠶᠠᠷᠬᠤ ᠶᠢ ᠬᠡᠷᠡᠭᠵᠢᠭᠦᠯᠦᠨ᠎ᠡ᠃ ︽ | ᠬᠤᠶᠠᠷ ᠢ ᠵᠥᠪᠰᠢᠶᠡᠷᠡᠬᠦ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠮᠨᠡᠯᠭᠡ ᠶᠢᠨ ᠠᠵᠢᠯᠲᠠᠨ ᠤ ᠴᠠᠯᠢᠩ | ᠬᠥᠯᠥᠰᠥ ᠶᠢᠨ ᠬᠢᠷᠢ ᠬᠡᠮᠵᠢᠶ᠎ᠡ ᠶᠢ ᠵᠦᠶ ᠵᠣᠬᠢᠰᠲᠠᠶ ᠲᠣᠭᠲᠠᠭᠠᠨ᠂ ᠬᠥᠳᠡᠯᠦᠩᠭᠦᠶ ᠪᠠᠷ ᠲᠣᠬᠢᠷᠠᠭᠤᠯᠵᠤ᠂ ᠭᠤᠤᠯᠳᠠᠭᠤ | ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠ ᠮᠡᠳᠡᠯᠭᠡ ᠶᠢᠨ ᠥᠷᠲᠡᠭ ᠢ ᠢᠯᠡᠷᠡᠭᠦᠯᠬᠦ ᠴᠠᠯᠢᠩ ᠬᠥᠯᠥᠰᠥ ᠶᠢᠨ | ᠰᠢᠰᠲ᠋ᠧᠮᠵᠢ ᠶᠢ ᠪᠠᠶᠢᠭᠤᠯᠤᠨ᠂ ᠠᠵᠢᠯ ᠤᠨ ᠪᠠᠶᠢᠷᠢ ᠪᠠᠷ ᠬᠠᠷᠢᠭᠤᠴᠠᠯᠭ᠎ᠠ ᠶᠢ ᠲᠣᠭᠲᠠᠭᠠᠬᠤ᠂ ᠠᠵᠢᠯ ᠤᠨ ᠪᠠᠶᠢᠷᠢ ᠪᠠᠷ | ᠴᠠᠯᠢᠩ ᠢ ᠲᠣᠭᠲᠠᠭᠠᠬᠤ᠂ ᠬᠠᠷᠢᠭᠤᠴᠠᠯᠭ᠎ᠠ ᠴᠠᠯᠢᠩ ᠢ ᠬᠠᠷᠢᠯᠴᠠᠨ ᠲᠣᠬᠢᠷᠠᠭᠤᠯᠬᠤ᠂ ᠰᠢᠯᠭᠠᠨ ᠬᠢᠨᠠᠵᠤ | ᠪᠣᠳᠠᠲᠠᠶᠢᠵᠢᠭᠤᠯᠬᠤ ᠶᠢ ᠬᠡᠷᠡᠭᠵᠢᠭᠦᠯᠵᠦ᠂ ᠴᠢᠳᠠᠪᠤᠷᠢᠲᠠᠨ ᠢ ᠦᠨᠡᠯᠡᠬᠦ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ | ᠪᠦᠬᠦ ᠲᠠᠯ᠎ᠠ ᠶᠢᠨ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠵᠤ᠂ ᠲᠥᠰᠦᠪ ᠤᠨ ᠬᠢᠵᠠᠭᠠᠷᠯᠠᠯ ᠢ ᠴᠢᠩᠭᠠᠳᠬᠠᠵᠤ᠂ | ᠡᠬᠢ ᠪᠠᠶᠠᠯᠢᠭ ᠢ ᠪᠦᠲᠦᠮᠵᠢᠲᠡᠢ ᠠᠰᠢᠭᠯᠠᠬᠤ ᠶᠢ ᠠᠬᠢᠭᠤᠯᠤᠨ᠎ᠠ᠃ ᠳᠣᠲᠣᠭᠠᠳᠤ ᠶᠢᠨ ᠬᠢᠵᠠᠭᠠᠷᠯᠠᠬᠤ ᠲᠦᠷᠢᠮ ᠢ | ᠲᠡᠭᠦᠯᠳᠡᠷᠵᠢᠭᠦᠯᠵᠦ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠥᠷᠨᠢᠭᠦᠯᠵᠦ᠂ ᠥᠪᠡᠷ ᠤᠨ ᠦᠷᠳᠡᠭ ᠤᠨ | ᠬᠤᠷᠣᠭᠳᠠᠯ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠲᠣᠭᠲᠠᠴᠠ ᠶᠢ ᠲᠡᠭᠦᠯᠳᠡᠷᠵᠢᠭᠦᠯᠵᠦ᠂ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢ ᠪᠥᠬᠦ | ᠲᠠᠯ᠎ᠠ ᠪᠠᠷ ᠥᠷᠨᠢᠭᠦᠯᠬᠦ ᠬᠡᠷᠡᠭᠲᠡᠶ᠃ | 45 . ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ ᠲᠤᠰᠠᠯᠠᠯᠴᠠᠬᠤ ᠪᠠᠲᠤᠯᠠᠭ᠎ᠠ ᠶᠢᠨ | ᠲᠣᠭᠲᠠᠴᠠ ᠶᠢ ᠲᠡᠭᠦᠯᠳᠡᠷᠵᠢᠭᠦᠯᠵᠦ᠂ ᠬᠦᠨᠳᠦ ᠡᠪᠡᠳᠴᠢᠨ ᠤ ᠡᠮ ᠡᠮᠨᠡᠯᠭᠡ ᠶᠢᠨ ᠳᠠᠭᠠᠳᠬᠠᠯ ᠪᠠ ᠠᠪᠤᠷᠠᠨ | ᠲᠤᠰᠠᠯᠠᠬᠤ ᠳᠦᠷᠢᠮ ᠢ ᠲᠡᠭᠦᠯᠳᠡᠷᠵᠢᠭᠦᠯᠦᠨ᠎ᠡ᠃ ᠡᠮᠴᠢᠯᠡᠭᠡᠨ ᠤ ᠳᠠᠭᠠᠳᠬᠠᠯ ᠤᠨ ᠭᠠᠷᠴᠠᠭ ᠤᠨ ᠬᠥᠳᠡᠯᠦᠩᠭᠦᠶ | ᠲᠣᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠪᠡᠳᠴᠢᠨ ᠤ ᠲᠥᠷᠥᠯ ᠢᠶᠠᠷ ᠵᠠᠷᠤᠳᠠᠯ ᠲᠤᠰᠢᠶᠠᠬᠤ ᠪᠠᠷ | ᠭᠤᠤᠯ ᠪᠣᠯᠭᠠᠭᠰᠠᠨ ᠣᠯᠠᠨ ᠡᠰᠢᠲᠦ ᠨᠡᠶᠢᠯᠡᠮᠡᠯ ᠮᠠᠶ᠋ᠢᠭ ᠤᠨ ᠡᠮᠴᠢᠯᠡᠭᠡᠨ ᠤ ᠳᠠᠭᠠᠳᠬᠠᠯ ᠤᠨ ᠵᠠᠷᠤᠳᠠᠯ ᠲᠤᠰᠢᠶᠠᠬᠤ | ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠡᠮᠴᠢᠯᠡᠭᠡᠨ ᠤ ᠡᠷᠡᠭᠦᠯᠵᠢᠯ᠂ ᠤᠳᠠᠭᠠᠨ ᠴᠢᠨᠠᠷᠲᠠᠶ ᠣᠶᠤᠨ | ᠮᠡᠳᠡᠷᠡᠯ ᠤᠨ ᠡᠪᠡᠳᠴᠢᠨ ᠵᠡᠷᠭᠡ ᠣᠷᠳᠣ ᠬᠤᠭᠤᠴᠠᠭ᠎ᠠ ᠪᠠᠷ ᠡᠮᠨᠡᠯᠭᠡ ᠳᠤ ᠰᠠᠭᠤᠪᠠᠯ ᠣᠷᠣ ᠶᠢᠨ ᠡᠳᠦᠷ ᠤᠨ ᠵᠠᠷᠤᠳᠠᠯ᠂ | ᠡᠭᠦᠳᠡᠨ ᠡᠮᠨᠡᠯᠭᠡ ᠶᠢᠨ ᠣᠨᠴᠣᠭᠤᠶ ᠤᠳᠠᠭᠠᠨ ᠴᠢᠨᠠᠷᠲᠠᠶ ᠡᠪᠡᠳᠴᠢᠨ ᠳᠤ ᠬᠥᠮᠦᠨ ᠤ ᠲᠤᠭ᠎ᠠ ᠪᠠᠷ ᠵᠠᠷᠤᠳᠠᠯ | ᠲᠤᠰᠢᠶᠠᠬᠤ᠂ ᠡᠪᠡᠳᠴᠢᠨ ᠤ ᠲᠥᠷᠥᠯ ᠢᠶᠠᠷ ᠥᠷᠲᠡᠭ ᠬᠤᠪᠢᠶᠠᠨ ᠵᠠᠷᠤᠳᠠᠯ ᠲᠤᠰᠢᠶᠠᠬᠤ ᠲᠤᠷᠰᠢᠯᠲᠠ ᠶᠢᠨ | ᠥᠭᠡᠷᠡᠴᠢᠯᠡᠯᠲᠡ ᠶᠢ ᠥᠷᠨᠢᠭᠦᠯᠦᠨ᠎ᠡ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠴᠠᠯᠢᠭ ᠲᠤ | ᠲᠣᠬᠢᠷᠠᠭᠰᠠᠨ ᠡᠮᠴᠢᠯᠡᠭᠡᠨ ᠤ ᠳᠠᠭᠠᠳᠬᠠᠯ ᠤᠨ ᠮᠥᠩᠭᠦ ᠣᠯᠭᠤᠬᠤ ᠠᠷᠭ᠎ᠠ ᠮᠠᠶ᠋ᠢᠭ ᠢ ᠰᠦᠪᠡᠭᠴᠢᠯᠡᠨ ᠪᠠᠶᠢᠭᠤᠯᠵᠤ᠂ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠥᠭᠵᠢᠯᠲᠡ ᠶᠢ ᠳᠠᠮᠵᠢᠨ᠎ᠠ᠃ ︽ᠡᠮᠴᠢᠯᠡᠭᠡᠨ ᠤ | ᠬᠠᠮᠲᠤ ᠶᠢᠨ ᠴᠣᠭᠴᠠ︾ ᠪᠠᠷ ᠨᠢᠭᠡᠴᠢ ᠪᠣᠯᠭᠠᠭᠰᠠᠨ ᠶᠡᠷᠦᠩᠬᠡᠶ ᠲᠤᠭ᠎ᠠ ᠶᠢ ᠤᠷᠢᠳᠴᠢᠯᠠᠨ ᠥᠭᠬᠦ ᠲᠦᠷᠢᠮ ᠤᠨ | ᠥᠭᠡᠷᠡᠴᠢᠯᠡᠯᠲᠡ ᠶᠢ ᠰᠦᠪᠡᠭᠴᠢᠯᠡᠨ᠎ᠡ᠃ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠦᠷᠢᠮ ᠢ | ᠰᠦᠪᠡᠭᠴᠢᠯᠡᠨ ᠪᠠᠶᠢᠭᠤᠯᠵᠤ᠂ ᠴᠢᠳᠠᠯ ᠲᠡᠩᠬᠡᠭᠡ ᠪᠠᠨ ᠠᠯᠳᠠᠭᠰᠠᠨ ᠪᠠ ᠬᠠᠭᠠᠰ ᠠᠯᠳᠠᠭᠰᠠᠨ ᠨᠠᠰᠤᠲᠠᠶᠢᠴᠤᠳ ᠤᠨ | ᠣᠷᠳᠣ ᠬᠤᠭᠤᠴᠠᠭᠠᠨ ᠤ ᠰᠤᠪᠢᠯᠠᠯᠲᠠ ᠶᠢᠨ ᠪᠠᠲᠤᠯᠠᠭ᠎ᠠ ᠶᠢᠨ ᠠᠰᠠᠭᠤᠳᠠᠯ ᠢ ᠰᠢᠢᠳᠪᠦᠷᠢᠯᠡᠨ᠎ᠡ᠃ ᠡᠮᠴᠢᠯᠡᠭᠡᠨ ᠤ | ᠪᠠᠲᠤᠯᠠᠭ᠎ᠠ ᠶᠢᠨ ᠭᠠᠷᠲᠠᠨ ᠬᠦᠢᠴᠡᠳᠭᠡᠬᠦ ᠪᠠᠶᠢᠭᠤᠯᠤᠮᠵᠢ ᠬᠢᠭᠡᠳ ᠡᠮᠴᠢᠯᠡᠭᠡᠨ ᠤ ᠪᠠᠶᠢᠭᠤᠯᠤᠮᠵᠢ ᠶᠢᠨ ᠬᠤᠭᠤᠷᠣᠨᠳᠣᠬᠢ | ᠵᠥᠪᠳᠡᠯᠴᠡᠨ ᠬᠡᠯᠡᠯᠴᠡᠬᠦ ᠲᠣᠭᠲᠠᠴᠠ ᠶᠢ ᠪᠦᠷᠢᠨᠰᠢᠬᠦᠯᠵᠦ᠂ ᠶᠡᠷᠦᠩᠬᠡᠶ ᠲᠤᠭ᠎ᠠ ᠶᠢᠨ ᠲᠥᠰᠦᠪ ᠢ ᠰᠢᠨᠵᠢᠯᠡᠬᠦ | ᠤᠬᠠᠭᠠᠨᠴᠢ ᠪᠠᠷ ᠲᠣᠭᠲᠠᠭᠠᠨ᠎ᠠ᠃ | 46 . ᠡᠮ ᠤᠨ ᠵᠦᠢᠯ ᠤᠨ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ | ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠣᠭᠲᠠᠭᠠᠵᠤ | ᠬᠤᠳᠠᠯᠳᠤᠨ ᠠᠪᠬᠤ ᠶᠢ ᠪᠠᠶᠢᠩᠭᠤᠵᠢᠭᠤᠯᠤᠨ ᠳᠦᠷᠢᠮᠵᠢᠭᠦᠯᠬᠦ ᠶᠢ ᠠᠬᠢᠭᠤᠯᠵᠤ᠂ ᠡᠮ ᠤᠨ ᠵᠦᠢᠯ ᠪᠠ ᠡᠮᠴᠢᠯᠡᠭᠡᠨ ᠳᠤ | ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠣᠭᠲᠠᠭᠠᠵᠤ ᠬᠤᠳᠠᠯᠳᠤᠨ ᠠᠪᠬᠤ ᠬᠡᠪᠴᠢᠶ᠎ᠡ ᠶᠢ | ᠥᠷᠭᠡᠳᠬᠡᠨ᠎ᠡ᠃ ᠲᠥᠪᠯᠡᠷᠡᠭᠦᠯᠦᠨ ᠬᠡᠮᠵᠢᠶ᠎ᠡ ᠲᠣᠭᠲᠠᠭᠠᠵᠤ ᠬᠤᠳᠠᠯᠳᠤᠨ ᠠᠪᠬᠤ ᠯᠤᠭ᠎ᠠ ᠢᠵᠢ ᠪᠦᠷᠢᠳᠦᠭᠰᠡᠨ | ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠡᠮᠴᠢᠯᠡᠭᠡᠨ ᠤ ᠳᠠᠭᠠᠳᠬᠠᠯ ᠤᠨ ᠪᠠᠯᠠ | ᠮᠥᠩᠭᠦ ᠶᠢᠨ ᠦᠯᠡᠳᠡᠪᠦᠷᠢ ᠶᠢ ᠦᠯᠡᠳᠡᠭᠡᠨ ᠬᠡᠷᠡᠭᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ | ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ | ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠬᠤ ᠦᠨ᠎ᠡ ᠬᠠᠩᠰᠢ ᠶᠢᠨ ᠮᠡᠳᠡᠭᠡ ᠵᠠᠩᠭᠢ ᠶᠢ ᠬᠢᠨᠠᠨ ᠰᠢᠨᠵᠢᠬᠦ | ᠲᠣᠭᠲᠠᠴᠠ᠂ ᠠᠷᠠᠯᠵᠢᠶᠠᠯᠠᠬᠤ ᠦᠨ᠎ᠡ ᠬᠠᠩᠰᠢ ᠶᠢᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠣᠭᠲᠠᠴᠠ ᠶᠢ | ᠪᠠᠶᠢᠭᠤᠯᠵᠤ᠂ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ | ᠬᠡᠪ ᠤᠨ ᠪᠤᠰᠤ ᠬᠤᠪᠢᠷᠠᠯᠲᠠ ᠶᠢ ᠵᠠᠳᠠᠯᠤᠨ ᠰᠢᠨᠵᠢᠵᠦ ᠤᠷᠢᠳᠴᠢᠯᠠᠨ ᠰᠡᠷᠡᠮᠵᠢᠯᠡᠭᠦᠯᠵᠦ ᠠᠷᠭᠠᠴᠠᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠦᠨ᠎ᠡ ᠬᠠᠩᠰᠢ ᠶᠢ ᠬᠢᠨᠠᠨ | ᠰᠢᠨᠵᠢᠬᠦ ᠶᠢ ᠲᠡᠭᠦᠯᠳᠡᠷᠵᠢᠭᠦᠯᠵᠦ᠂ ᠡᠮᠴᠢᠯᠡᠭᠡᠨ ᠤ ᠪᠠᠶᠢᠭᠤᠯᠤᠮᠵᠢ ᠨᠢ ᠭᠦᠢᠴᠡᠳ ᠣᠷᠣᠯᠴᠠᠭᠰᠠᠨ᠂ ᠮᠡᠷᠭᠡᠵᠢᠯ ᠤᠨ | ᠬᠥᠳᠡᠯᠮᠦᠷᠢ ᠦᠢᠯᠡᠴᠢᠯᠡᠭᠡᠨ ᠤ ᠦᠨ᠎ᠡ ᠥᠷᠲᠡᠭ ᠢ ᠬᠠᠷᠠᠭᠤᠯᠤᠭᠰᠠᠨ ᠡᠮᠴᠢᠯᠡᠭᠡᠨ ᠤ ᠦᠢᠯᠡᠴᠢᠯᠡᠭᠡᠨ ᠤ ᠦᠨ᠎ᠡ | ᠬᠠᠩᠰᠢ ᠶᠢᠨ ᠪᠦᠷᠢᠯᠳᠦᠬᠦ ᠲᠣᠭᠲᠠᠴᠠ ᠪᠠ ᠬᠥᠳᠡᠯᠦᠩᠭᠦᠶ ᠲᠣᠬᠢᠷᠠᠭᠤᠯᠬᠤ ᠲᠣᠭᠲᠠᠴᠠ ᠶᠢ ᠰᠦᠪᠡᠭᠴᠢᠯᠡᠨ | ᠪᠠᠶᠢᠭᠤᠯᠵᠤ᠂ ᠦᠨ᠎ᠡ ᠬᠠᠩᠰᠢ ᠶᠢᠨ ᠵᠦᠢ ᠵᠣᠬᠢᠰᠲᠠᠶ ᠨᠥᠬᠦᠪᠥᠷᠢᠯᠡᠬᠦ ᠴᠢᠳᠠᠮᠵᠢ ᠶᠢ ᠪᠠᠳᠠᠷᠠᠭᠤᠯᠤᠨ᠎ᠠ᠃ ᠦᠨᠳᠦᠰᠦᠨ | ᠡᠮ ᠤᠨ ᠲᠥᠷᠢᠮ ᠢ ᠨᠠᠶᠢᠳᠠᠪᠤᠷᠢᠵᠢᠭᠤᠯᠤᠨ᠂ ᠦᠨᠳᠦᠰᠦᠨ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠨᠤᠭᠤᠳ ᠤᠨ ᠴᠢᠳᠠᠮᠵᠢ ᠶᠢᠨ ᠣᠷᠣᠨ ᠪᠠᠶᠢᠷᠢ ᠶᠢᠨ ᠲᠣᠭᠲᠠᠭᠠᠯᠲᠠ ᠲᠠᠢ ᠪᠠᠨ ᠬᠠᠷᠢᠯᠴᠠᠨ | ᠲᠤᠬᠢᠷᠠᠯᠴᠠᠭᠰᠠᠨ ᠦᠨᠳᠦᠰᠦᠨ ᠪᠤᠰᠤ ᠡᠮ ᠢ ᠵᠣᠬᠢᠬᠤ ᠬᠡᠮᠵᠢᠶ᠎ᠡ ᠪᠠᠷ ᠲᠤᠬᠢᠷᠠᠭᠤᠯᠬᠤ ᠶᠢ ᠵᠥᠪᠰᠢᠶᠡᠷᠡᠵᠦ᠂ | ᠳᠤᠲᠠᠭᠳᠠᠵᠤ ᠪᠠᠶᠢᠭ᠎ᠠ ᠡᠮ ᠤᠨ ᠵᠦᠢᠯ ᠤᠨ ᠬᠠᠩᠭᠠᠯᠭ᠎ᠠ ᠶᠢ ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠦᠨ᠂ | ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠮ ᠬᠡᠷᠡᠭᠯᠡᠬᠦ ᠬᠡᠷᠡᠭᠴᠡᠭᠡ ᠶᠢ ᠪᠠᠲᠤᠯᠠᠨ᠎ᠠ᠃ | 47 . ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠲᠥᠷᠥᠯ ᠤᠨ ᠶᠡᠷᠦᠩᠬᠡᠶᠢᠯᠡᠭᠰᠡᠨ ᠬᠢᠨᠠᠯᠲᠠ | ᠬᠠᠮᠢᠶᠠᠷᠤᠯᠲᠠ ᠶᠢ ᠬᠠᠤᠯᠢᠵᠢᠭᠤᠯᠬᠤ᠂ ᠵᠢᠷᠤᠮᠵᠢᠭᠤᠯᠬᠤ ᠪᠠ ᠪᠠᠶᠢᠩᠭᠤᠵᠢᠭᠤᠯᠬᠤ ᠪᠠᠶᠢᠭᠤᠯᠤᠯᠲᠠ ᠶᠢ ᠠᠬᠢᠭᠤᠯᠤᠨ᠎ᠠ᠃ | ᠵᠠᠰᠠᠭ ᠤᠨ ᠣᠷᠳᠣᠨ ᠢᠶᠠᠷ ᠭᠤᠣᠯᠯᠠᠭᠤᠯᠬᠤ ᠶᠢ ᠴᠢᠩᠭᠠᠷᠠᠭᠤᠯᠤᠨ᠂ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠥᠪᠡᠷ ᠲᠡᠭᠡᠨ ᠬᠠᠮᠢᠶᠠᠷᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠡᠭᠦᠷᠭᠡ ᠬᠠᠷᠢᠭᠤᠴᠠᠯᠭ᠎ᠠ ᠨᠢ ᠲᠣᠳᠣᠷᠬᠠᠶ᠂ ᠠᠵᠢᠯ ᠢᠶᠠᠨ ᠬᠤᠪᠢᠳᠠᠨ ᠬᠠᠮᠵᠢᠯᠴᠠᠭᠰᠠᠨ᠂ ᠠᠵᠢᠯᠯᠠᠭᠠᠨ ᠨᠢ | ᠵᠢᠷᠤᠮᠵᠢᠯ ᠲᠠᠢ᠂ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠶ᠂ ᠢᠯᠡ ᠲᠣᠳᠣᠷᠬᠠᠶ᠂ ᠲᠦᠭᠰᠢᠭᠦᠷᠢ ᠶᠢ ᠡᠵᠡᠮᠳᠡᠵᠦ | ᠪᠣᠯᠬᠤ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠤᠷᠲᠤ ᠬᠤᠭᠤᠴᠠᠭᠠᠨ ᠤ ᠦᠷ᠎ᠡ ᠪᠦᠲᠦᠮᠵᠢᠲᠡᠶ | ᠲᠣᠭᠲᠠᠴᠠ ᠶᠢ ᠪᠠᠶᠢᠭᠤᠯᠤᠨ᠎ᠠ᠃ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ | ᠬᠠᠮᠢᠶᠠᠷᠤᠯᠲᠠ ᠪᠠ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠪᠠᠷ ᠦᠨᠳᠦᠰᠦᠨ ᠠᠷᠭ᠎ᠠ ᠪᠠᠷᠢᠯ ᠪᠣᠯᠭᠠᠨ | ᠂ ᠭᠤᠤᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠪᠠᠷ ᠨᠥᠬᠦᠪᠥᠷᠢ ᠪᠣᠯᠭᠠᠵᠤ᠂ ᠢᠲᠡᠭᠡᠮᠵᠢ ᠶᠢᠨ ᠬᠢᠨᠠᠯᠲᠠ | ᠬᠠᠮᠢᠶᠠᠷᠤᠯᠲᠠ ᠪᠠᠷ ᠰᠠᠭᠤᠷᠢ ᠪᠣᠯᠭᠠᠭᠰᠠᠨ ᠰᠢᠨ᠎ᠡ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ | ᠪᠦᠷᠢᠨᠰᠢᠬᠦᠯᠵᠦ᠂ ᠠᠵᠢᠯ ᠬᠡᠷᠡᠭ ᠤᠨ ᠳᠤᠮᠳᠠᠬᠢ ᠪᠠ ᠠᠵᠢᠯ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠂ ︽ᠬᠤᠶᠠᠷ ᠪᠤᠰᠤ︾ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠨᠢᠭᠡ ᠴᠣᠠᠠᠴᠠᠵᠢᠭᠤᠯᠥᠠᠠᠰᠠᠨ ᠬᠢᠨᠠᠯᠲᠠ | ᠬᠠᠮᠢᠶᠠᠷᠤᠯᠲᠠ ᠶᠢ ᠠᠬᠢᠭᠤᠯᠤᠨ᠂ ᠪᠥᠬᠦ ᠬᠦᠷᠢᠶ᠎ᠡ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠠᠬᠢᠭᠤᠯᠤᠨ᠎ᠠ᠃ | 48 . ᠡᠷᠡᠭᠦᠯ ᠬᠠᠮᠠᠭᠠᠯᠠᠯ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠨ᠎ᠠ᠃ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ ᠳᠠᠬᠢ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠯ᠎ᠡ | ᠵᠦᠢᠯ ᠤᠨ ᠡᠭᠦᠷᠭᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ | ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠨᠠᠵᠠᠭᠠᠶ ᠲᠠᠯ᠎ᠠ ᠶᠢᠨ ᠨᠠᠷᠢᠨ ᠲᠠᠩᠰᠠ ᠶᠢᠨ ᠲᠦᠷᠢᠮ᠂ ᠲᠥᠪ | ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠲᠦᠷᠢᠮ ᠢ ᠨᠠᠶᠢᠳᠠᠪᠤᠷᠢᠵᠢᠭᠤᠯᠤᠨ᠂ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ︽ᠨᠢᠭᠡ ᠰᠦᠯᠵᠢᠶ᠎ᠡ ᠪᠠᠷ ᠬᠦᠢᠴᠡᠳᠭᠡᠬᠦ︾᠂ ︽ᠭᠠᠷ ᠣᠳᠠᠰᠣ ᠪᠠᠷ ᠬᠦᠢᠴᠡᠳᠭᠡᠬᠦ︾᠂ ︽ᠨᠢᠭᠡ | ᠯᠡ ᠤᠳᠠᠭ᠎ᠠ ᠳᠤ ᠬᠦᠢᠴᠡᠳᠭᠡᠬᠦ︾ ᠵᠡᠷᠭᠡ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠠᠬᠢᠭᠤᠯᠵᠤ᠂ ᠲᠣᠰ | ᠬᠦᠷᠢᠶᠡᠨ ᠳᠠᠬᠢ ᠡᠯᠧᠺᠲᠷᠣᠨ ᠭᠡᠷᠡᠴᠢ ᠦᠨᠡᠮᠯᠡᠯ ᠢ ᠵᠣᠯᠭᠠᠭᠤᠯᠤᠨ ᠬᠡᠷᠡᠭᠯᠡᠬᠦ᠂ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠲᠤᠭ᠎ᠠ ᠪᠠᠷᠢᠮᠲᠠ ᠶᠢ ᠬᠠᠮᠲᠤ ᠪᠠᠷ ᠭᠥᠷᠳᠡᠬᠦ ᠪᠠ ︽ᠮᠤᠵᠢ ᠠᠯᠤᠰᠯᠠᠨ ᠨᠡᠶᠢᠳᠡᠮ ᠬᠦᠢᠴᠡᠳᠭᠡᠬᠦ︾᠂ | ︽ᠠᠶᠢᠮᠠᠭ ᠤᠨ ᠬᠡᠪᠴᠢᠶᠡᠨ ᠳᠤ ᠨᠡᠶᠢᠳᠡᠮ ᠬᠦᠢᠴᠡᠳᠭᠡᠬᠦ︾ ᠶᠢ ᠠᠬᠢᠭᠤᠯᠤᠨ᠎ᠠ᠃ | ︵ᠠᠷᠪᠠᠨ ᠬᠤᠶᠠᠷ︶ ᠠᠵᠢᠯ ᠲᠥᠷᠥᠯ ᠤᠨ ᠨᠠᠮ ᠤᠨ ᠪᠠᠶᠢᠭᠤᠯᠤᠯᠲᠠ ᠶᠢ ᠠᠬᠢᠭᠤᠯᠵᠤ᠂ ᠨᠠᠮ ᠤᠨ | ᠪᠠᠶᠢᠭᠤᠯᠤᠯᠲᠠ ᠶᠢᠨ ᠤᠯᠤᠰ ᠲᠥᠷᠥ ᠶᠢᠨ ᠬᠥᠲᠥᠯᠥᠨ ᠳᠠᠭᠠᠭᠤᠯᠬᠤ ᠴᠢᠳᠠᠪᠤᠷᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠤᠯᠤᠰ | ᠲᠥᠷᠥ ᠶᠢᠨ ᠪᠠᠶᠢᠭᠤᠯᠭ᠎ᠠ ᠶᠢᠨ ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠳᠬᠠᠵᠤ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠢᠯᠠᠩᠭᠤᠶ᠎ᠠ | ᠶᠡᠷᠦᠩᠬᠡᠶ ᠱᠦᠵᠢ ᠰᠢ ᠶᠢᠨ ᠫᠢᠩ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠪᠠ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠦᠷᠭᠦᠯᠵᠢᠯᠡᠨ ᠭᠦᠨᠵᠡᠭᠡᠶ ᠰᠤᠷᠤᠯᠴᠠᠨ ᠳᠣᠣᠱᠯᠠᠭᠤᠯᠵᠦ᠂ | ᠨᠠᠮ ᠤᠨ ᠰᠢᠨ᠎ᠡ ᠶᠢ ᠡᠭᠦᠳᠦᠭᠰᠡᠨ ᠣᠨᠣᠯ ᠢᠶᠠᠷ ᠲᠠᠷᠢᠬᠢ ᠲᠣᠯᠣᠭᠠᠶ ᠪᠠᠨ ᠵᠡᠪᠰᠡᠭᠯᠡᠬᠦ᠂ ᠦᠢᠯᠡᠳᠦᠯᠬᠡ ᠪᠠᠨ | ᠵᠢᠯᠣᠭᠤᠳᠣᠭᠤᠯᠬᠤ᠂ ᠠᠵᠢᠯ ᠢᠶᠠᠨ ᠠᠬᠢᠭᠤᠯᠬᠤ ᠶᠢ ᠪᠠᠷᠢᠮᠲᠠᠯᠠᠬᠤ ᠬᠡᠷᠡᠭᠲᠡᠶ᠃ | 49 . ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠨᠠᠮ ᠢ | ᠬᠠᠮᠢᠶᠠᠷᠴᠤ ᠨᠠᠮ ᠢ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠨᠠᠮ ᠤᠨ | ᠪᠠᠶᠢᠭᠤᠯᠤᠯᠲᠠ ᠪᠠᠷ ᠡᠷᠡᠭᠦᠯ ᠡᠩᠬᠡ ᠶᠢ ᠠᠭᠤᠰᠤᠯᠴᠠᠭᠤᠯᠬᠤ᠂ ᠡᠷᠡᠭᠦᠯ ᠡᠩᠬᠡ ᠪᠠᠷ ᠨᠠᠮ ᠤᠨ ᠪᠠᠶᠢᠭᠤᠯᠤᠯᠲᠠ ᠶᠢ | ᠢᠯᠡᠷᠡᠭᠦᠯᠬᠦ ᠠᠭᠤᠰᠤᠯᠴᠠᠭᠤᠯᠬᠤ ᠮᠠᠶ᠋ᠢᠭ ᠤᠨ ᠨᠠᠮ ᠤᠨ ᠪᠠᠶᠢᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠳᠤᠤᠷᠠᠬᠢ | ᠬᠤᠷᠢᠶᠠᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ | ᠡᠮᠨᠡᠯᠭᠡ ᠶᠢᠨ ᠬᠤᠷᠢᠶ᠎ᠠ ᠶᠢᠨ ᠲᠠᠰ ᠤᠨ ᠨᠠᠮ ᠤᠨ ᠵᠣᠬᠢᠶᠠᠨ ᠪᠠᠶᠢᠭᠤᠯᠤᠯᠲᠠ ᠨᠢ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ | ᠡᠭᠦᠷᠭᠡᠯᠡᠵᠦ᠂ ᠱᠦᠵᠢ ᠨᠢ ᠨᠠᠮ ᠤᠨ ᠪᠠᠶᠢᠭᠤᠯᠤᠯᠲᠠ ᠶᠢᠨ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠪᠠᠶᠢᠵᠤ᠂ | ᠡᠮᠨᠡᠯᠭᠡ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠨᠢ ︽ᠨᠢᠭᠡ ᠠᠵᠢᠯ ᠤᠨ ᠪᠠᠶᠢᠷᠢ ᠳᠤ ᠬᠤᠤᠰ | ᠬᠠᠷᠢᠭᠤᠴᠠᠯᠭ᠎ᠠ ᠡᠭᠦᠷᠭᠡᠯᠡᠬᠦ︾ ᠶᠢ ᠴᠢᠩᠭ᠎ᠠ ᠨᠠᠶᠢᠳᠠᠪᠤᠷᠢᠵᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠲᠠᠯ᠎ᠠ ᠳᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠦᠨᠡᠨᠬᠦ ᠴᠢᠩᠭᠠᠳᠬᠠᠬᠤ ᠬᠡᠷᠡᠭᠲᠡᠶ᠃ ᠰᠤᠷᠲᠠᠯ ᠢ | ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠰᠢᠨᠲᠠᠷᠠᠰᠢ ᠦᠭᠡᠢ ᠪᠠᠷᠢᠮᠲᠠᠯᠠᠵᠤ᠂ | ᠤᠯᠤᠰ ᠲᠦᠷᠦ ᠶᠢᠨ ᠴᠢᠨᠠᠷᠲᠠᠢ ᠰᠡᠷᠡᠮᠵᠢᠯᠡᠭᠦᠯᠬᠦ ᠬᠥᠮᠦᠵᠢᠯ ᠢ ᠴᠢᠬᠤᠯᠠ ᠡᠭᠦᠷᠭᠡ ᠪᠠ ᠬᠡᠪ ᠤᠨ ᠠᠷᠭ᠎ᠠ ᠬᠡᠮᠵᠢᠶ᠎ᠡ | ᠪᠣᠯᠭᠠᠵᠤ᠂ ᠬᠢᠨᠠᠯᠲᠠ ᠲᠠᠯᠪᠢᠬᠤ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠶᠢ | ᠴᠢᠩᠭᠠᠳᠬᠠᠨ᠎ᠠ᠃ | 50 . ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ | ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ︽ᠨᠠᠮ ᠤᠨ ᠬᠤᠷᠢᠶ᠎ᠠ ︵ᠨᠠᠮ ᠤᠨ | ᠳᠤᠭᠤᠶᠢᠯᠠᠩ︶ ᠶᠢᠨ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠲᠣᠭᠲᠠᠭᠠᠯ︾ ᠢ ᠴᠢᠩᠭ᠎ᠠ ᠳᠣᠣᠱᠯᠠᠭᠤᠯᠣᠨ ᠬᠡᠷᠡᠭᠵᠢᠭᠦᠯᠵᠦ᠂ ᠭᠤᠤᠯ ᠬᠠᠷᠢᠭᠤᠴᠠᠯᠭ᠎ᠠ ᠭᠤᠤᠯ | ᠠᠵᠢᠯ ᠤᠨ ᠤᠬᠠᠮᠰᠠᠷ ᠢ ᠳᠣᠪᠤᠶᠢᠯᠭᠠᠨ᠂ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠪᠠ | ᠰᠢᠮᠳᠠᠭᠤᠯᠤᠨ ᠬᠦᠢᠴᠡᠳᠭᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠨᠠᠮ ᠤᠨ ᠵᠣᠬᠢᠶᠠᠨ ᠪᠠᠶᠢᠭᠤᠯᠤᠯᠲᠠ ᠶᠢᠨ | ᠱᠦᠵᠢ ︽ᠨᠢᠭᠡᠳᠦᠭᠡᠷ ᠬᠠᠷᠢᠭᠤᠴᠠᠯᠭᠠᠲᠠᠨ︾ ᠤ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ | ᠪᠠᠭ ᠢᠶᠠᠨ ᠰᠠᠶᠢᠲᠤᠷ ᠬᠠᠮᠢᠶᠠᠷᠬᠤ᠂ ᠡᠩᠨᠡᠭᠡ ᠪᠠᠨ ᠰᠠᠶᠢᠲᠤᠷ ᠳᠠᠭᠠᠭᠤᠯᠬᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ | ᠠᠳᠬᠤᠬᠤ ᠶᠢ ᠪᠠᠷᠢᠮᠲᠠᠯᠠᠵᠤ᠂ ︽ᠲᠦᠷᠪᠡ ᠶᠢ ᠪᠡᠶ᠎ᠡ ᠪᠠᠷ ᠢᠶᠠᠨ ᠠᠳᠬᠤᠬᠤ︾ ᠶᠢ ᠪᠡᠶᠡᠯᠡᠭᠦᠯᠬᠦ ᠬᠡᠷᠡᠭᠲᠡᠢ︔ | ᠤᠳᠤᠷᠢᠳᠬᠤ ᠪᠠᠭ ᠤᠨ ᠪᠦᠷᠢᠯᠳᠦᠬᠦᠨ ︽ᠨᠢᠭᠡ ᠠᠵᠢᠯ ᠤᠨ ᠪᠠᠶᠢᠷᠢ ᠶᠢᠨ ᠬᠤᠣᠰ ᠬᠠᠷᠢᠭᠤᠴᠠᠯᠭ᠎ᠠ︾ ᠶᠢ ᠴᠢᠩᠭ᠎ᠠ | ᠨᠠᠶᠢᠳᠠᠪᠤᠷᠢᠵᠢᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠬᠡᠪᠴᠢᠶᠡᠨ ᠳᠠᠬᠢ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢᠨ ᠠᠵᠢᠯ ᠳᠠᠬᠢ ᠤᠳᠤᠷᠢᠳᠤᠯᠭ᠎ᠠ ᠪᠠᠨ ᠰᠠᠶᠢᠲᠤᠷ ᠬᠢᠵᠦ᠂ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠪᠠᠶᠢᠴᠠᠭᠠᠵᠤ ᠱᠠᠯᠠᠪᠳᠠᠭᠤᠯᠤᠨ ᠱᠠᠭᠠᠷᠳᠠᠵᠤ ᠨᠠᠶᠢᠳᠠᠪᠤᠷᠢᠵᠢᠭᠤᠯᠬᠤ ᠬᠡᠷᠡᠭᠲᠡᠢ | ᠃ ︽ᠳᠥᠷᠪᠡᠨ ᠰᠤᠷᠲᠠᠯ︾ ᠤᠨ ᠠᠰᠠᠭᠤᠳᠠᠯ ᠢ ᠦᠷᠭᠦᠯᠵᠢᠯᠡᠨ ᠵᠠᠯᠠᠷᠠᠭᠤᠯᠵᠤ᠂ ᠠᠵᠢᠯ ᠲᠥᠷᠥᠯ ᠤᠨ ᠲᠥᠪ ᠪᠤᠰᠤ | ᠰᠤᠷᠲᠠᠯ ᠢ ᠡᠷᠡᠰ ᠴᠡᠭᠴᠡᠯᠡᠨ ᠵᠠᠰᠠᠬᠤ ᠬᠡᠷᠡᠭᠲᠡᠶ᠃ ᠡᠷᠬᠡ ᠶᠢᠨ ᠠᠵᠢᠯᠯᠠᠭᠠᠨ ᠤ ᠲᠣᠭᠲᠠᠴᠠ ᠶᠢ ᠵᠢᠷᠤᠮᠵᠢᠭᠤᠯᠵᠤ᠂ | ᠲᠤᠰᠬᠠᠢ ᠵᠠᠰᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠢᠬᠡᠴᠢ ᠵᠠᠰᠠᠭ ᠤᠨ ᠬᠥᠮᠦᠵᠢᠯ ᠢ ᠴᠢᠩᠭᠠᠳᠬᠠᠵᠤ᠂ | ᠤᠯᠤᠰ ᠲᠦᠷᠦ ᠶᠢᠨ ᠠᠮᠢ ᠠᠬᠤᠢ ᠶᠢ ᠡᠷᠡᠰ ᠭᠤᠶᠢᠪᠢᠰᠢ ᠦᠭᠡᠢ ᠴᠡᠪᠡᠷᠰᠢᠭᠦᠯᠦᠨ᠎ᠡ᠃ | 51 . ᠡᠮᠴᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠪᠠᠶᠢᠡᠭᠭᠤᠵᠢᠬᠰᠡᠨ ᠤᠯᠤᠰ | ᠲᠦᠷᠦ ᠶᠢᠨ ᠤᠨᠤᠯ ᠰᠤᠷᠤᠯᠴᠠᠬᠤ ᠲᠦᠷᠢᠮ ᠢ ᠪᠠᠶᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠤᠬᠠᠭᠤᠯᠭ᠎ᠠ ᠬᠥᠮᠦᠵᠢᠯ ᠢ | ᠭᠦᠨᠵᠡᠭᠡᠢ ᠥᠷᠨᠢᠭᠦᠯᠵᠦ᠂ ᠡᠳᠦᠷ ᠲᠤᠳᠤᠮ ᠤᠨ ᠠᠵᠢᠯ ᠠᠮᠢᠳᠤᠷᠠᠯ ᠳᠤᠮᠳᠠ ᠪᠡᠶ᠎ᠡ ᠶᠢᠨ ᠭᠠᠷᠤᠯ ᠢᠶᠠᠨ ᠢᠯᠡᠷᠡᠭᠦᠯᠵᠦ᠂ | ᠲᠦᠷᠢ ᠲᠥᠷᠬᠦ ᠶᠢ ᠱᠤᠭᠤᠵᠤ᠂ ᠤᠬᠠᠮᠰᠠᠷ ᠠᠴᠠ ᠪᠠᠨ ᠵᠣᠷᠢᠭᠲᠠᠢ ᠡᠭᠦᠷᠭᠡᠯᠡᠬᠦ ᠦᠯᠢᠭᠡᠷ ᠳᠠᠭᠤᠷᠢᠶᠠᠯ ᠪᠣᠯᠬᠤ | ᠬᠡᠷᠡᠭᠲᠡᠢ᠃ ︽ᠬᠤᠶᠠᠷ ᠢ ᠬᠥᠮᠦᠵᠢᠭᠦᠯᠬᠦ︾ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠤᠬᠠᠶᠢᠯᠠᠭᠰᠠᠨ | ᠠᠵᠢᠯ ᠤᠨ ᠭᠤᠣᠯᠯᠠᠭᠴᠢ ᠬᠦᠴᠦᠨ ᠢ ᠨᠠᠮ ᠤᠨ ᠭᠡᠰᠢᠭᠦᠨ ᠪᠣᠯᠭᠠᠨ ᠬᠥᠮᠦᠵᠢᠭᠦᠯᠵᠦ᠂ ᠨᠠᠮ ᠤᠨ ᠭᠡᠰᠢᠭᠦᠨ ᠢ | ᠲᠤᠬᠠᠶᠢᠯᠠᠭᠰᠠᠨ ᠠᠵᠢᠯ ᠤᠨ ᠭᠤᠣᠯᠯᠠᠭᠴᠢ ᠪᠣᠯᠭᠠᠨ ᠬᠥᠮᠦᠵᠢᠭᠦᠯᠵᠦ᠂ ᠨᠠᠮ ᠤᠨ ᠭᠡᠰᠢᠭᠦᠨ ᠤ ᠠᠵᠢᠯ ᠤᠨ | ᠪᠠᠶᠢᠷᠢ ᠳᠠᠭᠠᠨ ᠰᠠᠭᠤᠷᠢᠯᠠᠨ ᠬᠤᠰᠢᠭᠤᠴᠢ ᠵᠢᠱᠢᠶᠡᠴᠢ ᠦᠢᠯᠡᠳᠦᠯ ᠢᠶᠠᠨ ᠪᠠᠳᠠᠷᠠᠭᠤᠯᠬᠤ ᠶᠢ ᠬᠦᠳᠦᠯᠦᠨ | ᠵᠢᠯᠣᠭᠤᠳᠤᠨ᠎ᠠ᠃ ᠪᠣᠯᠪᠠᠰᠤᠨ ᠨᠢᠭᠡᠴᠡ᠂ ᠪᠣᠯᠪᠠᠰᠤᠨ ᠦᠢᠯᠡᠴᠢᠯᠡᠬᠡᠨ ᠤ ᠴᠤᠩᠬᠤᠪᠴᠢ᠂ ᠵᠠᠯᠠᠭᠤᠴᠤᠳ ᠤᠨ | ᠪᠣᠯᠪᠠᠰᠤᠨ ᠤ ᠳ᠋ᠤᠭᠠᠷ᠂ ᠨᠠᠮ ᠤᠨ ᠭᠡᠰᠢᠭᠦᠨ ᠤ ᠬᠤᠰᠢᠭᠤᠴᠢ ᠠᠵᠢᠯ ᠤᠨ ᠪᠠᠶᠢᠷᠢ᠂ ᠠᠵᠢᠯ ᠮᠡᠷᠭᠡᠵᠢᠯ ᠤᠨ ᠶᠣᠰᠣ | ᠮᠣᠷᠠᠯ ᠤᠨ ᠵᠢᠱᠢᠶᠡᠴᠢ᠂ ᠡᠮᠴᠢ ᠶᠢᠨ ᠶᠣᠰᠣ ᠮᠣᠷᠠᠯ ᠤᠨ ᠵᠢᠱᠢᠶᠡᠴᠢ ᠵᠡᠷᠭᠡ ᠡᠭᠦᠳᠦᠨ ᠪᠠᠶᠢᠭᠤᠯᠬᠤ ᠠᠵᠢᠯᠯᠠᠭ᠎ᠠ ᠶᠢ | ᠥᠷᠨᠢᠭᠦᠯᠵᠦ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠴᠢᠶᠠᠯᠠᠪᠤᠷᠢ ᠶᠢ ᠪᠠᠶᠠᠯᠢᠭᠵᠢᠭᠤᠯᠤᠨ᠎ᠠ᠃ | 52 . ᠨᠠᠮ ᠤᠨ ᠪᠠᠶᠢᠭᠤᠯᠤᠯᠲᠠ ᠶᠢ ᠴᠢᠩᠭᠠᠳᠬᠠᠵᠤ ᠡᠮᠨᠡᠯᠭᠡ ᠶᠢᠨ ᠬᠤᠷᠢᠶᠠᠨ ᠤ ᠰᠣᠶᠣᠯ ᠤᠨ | ᠪᠠᠶᠢᠭᠤᠯᠤᠯᠲᠠ ᠶᠢ ᠬᠥᠲᠥᠯᠥᠨ ᠳᠠᠭᠠᠭᠤᠯᠤᠨ᠎ᠠ᠃ ︽ᠠᠮᠢ ᠨᠠᠰᠤ ᠶᠢ ᠬᠦᠨᠳᠦᠳᠬᠡᠨ ᠢᠪᠡᠭᠡᠬᠦ᠂ ᠦᠬᠦᠯ ᠠᠴᠠ | ᠠᠪᠤᠷᠠᠨ ᠰᠢᠷᠬᠠᠲᠤᠭᠰᠠᠳ ᠢ ᠲᠡᠩᠬᠡᠷᠡᠭᠦᠯᠬᠦ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ᠂ ᠦᠯᠡᠮᠵᠢ ᠶᠢᠨ ᠬᠠᠶᠢᠷ᠎ᠠ | ᠬᠢᠵᠠᠭᠠᠷ ᠦᠭᠡᠢ ᠪᠠᠶᠢᠬᠤ︾ ᠡᠷᠬᠢᠮ ᠳᠡᠭᠡᠳᠦ ᠠᠵᠢᠯ ᠮᠡᠷᠭᠡᠵᠢᠯ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ | ᠦᠢᠯᠡᠳᠦᠯᠭᠡᠵᠢᠭᠦᠯᠵᠦ᠂ ᠡᠮᠴᠢᠯᠡᠭᠡᠨ ᠤ ᠮᠡᠷᠭᠡᠵᠢᠯ ᠰᠠᠶᠢᠨ᠂ ᠡᠮᠴᠢ ᠶᠢᠨ ᠮᠣᠷᠠᠯ ᠡᠷᠬᠢᠮ ᠳᠡᠭᠡᠳᠦ ᠠᠵᠢᠯ ᠲᠦᠷᠦᠯ ᠤᠨ | ᠬᠡᠪ ᠰᠤᠷᠲᠠᠯ ᠢ ᠪᠤᠢ ᠪᠣᠯᠭᠠᠵᠤ᠂ ᠡᠮᠨᠡᠯᠭᠡ ᠶᠢᠨ ᠠᠵᠢᠯᠲᠠᠳ ᠤᠨ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ | ᠲᠦᠮᠡᠨ ᠤ ᠡᠷᠡᠭᠦᠯ ᠮᠡᠨᠳᠦ ᠳᠤ ᠦᠢᠯᠡᠴᠢᠯᠡᠬᠦ ᠶᠢ ᠬᠦᠳᠦᠯᠦᠨ ᠵᠢᠯᠣᠭᠤᠳᠤᠨ᠎ᠠ᠃ ᠨᠠᠮ ᠤᠨ ᠪᠠᠶᠢᠭᠤᠯᠤᠯᠲᠠ ᠶᠢᠨ | ᠬᠥᠲᠥᠯᠥᠨ ᠳᠠᠭᠠᠭᠤᠯᠬᠤ ᠦᠢᠯᠡᠳᠦᠯ ᠢ ᠬᠦᠢᠴᠡᠳ ᠪᠠᠳᠠᠷᠠᠭᠤᠯᠵᠤ᠂ ᠡᠮᠨᠡᠯᠭᠡ ᠶᠢᠨ ᠬᠤᠷᠢᠶᠠᠨ ᠤ ᠰᠣᠶᠣᠯ ᠬᠢᠭᠡᠳ | ᠲᠦᠷᠢᠮ ᠤᠨ ᠴᠤᠪᠤᠷᠠᠯ᠂ ᠦᠢᠯᠡ ᠠᠵᠢᠯᠯᠠᠭ᠎ᠠ ᠶᠢᠨ ᠵᠢᠷᠤᠮᠵᠢᠯ ᠢ ᠠᠭᠤᠰᠤᠯᠴᠠᠭᠤᠯᠤᠨ᠂ ᠡᠮᠨᠡᠯᠭᠡ ᠶᠢᠨ ᠬᠤᠷᠢᠶᠠᠨ ᠤ | ᠰᠣᠶᠣᠯ ᠤᠨ ᠬᠦᠴᠦᠨ ᠢ ᠨᠢᠭᠲᠠᠷᠠᠭᠤᠯᠵᠤ᠂ ᠰᠣᠶᠣᠯ ᠤᠨ ᠠᠭᠤᠯᠤᠭᠳᠠᠬᠤᠨ ᠢ ᠳᠡᠯᠭᠡᠨ ᠦᠵᠡᠭᠦᠯᠵᠦ᠂ ᠡᠮᠨᠡᠯᠭᠡ ᠶᠢᠨ | ᠬᠤᠷᠢᠶᠠᠨ ᠤ ᠰᠣᠶᠣᠯ ᠢ ᠡᠮᠨᠡᠯᠭᠡ ᠶᠢᠨ ᠬᠤᠷᠢᠶᠠᠨ ᠤ ᠭᠤᠤᠯᠯᠠᠬᠤ ᠥᠷᠢᠰᠥᠯᠳᠦᠬᠦ ᠬᠦᠴᠦᠨ ᠪᠣᠯᠭᠠᠨ ᠪᠤᠶᠢᠵᠢᠭᠤᠯᠤᠨ᠎ᠠ | ᠃ ᠡᠯ᠎ᠡ ᠲᠥᠷᠥᠯ ᠤᠨ ᠦᠵᠡᠯ ᠰᠠᠨᠠᠭ᠎ᠠ ᠰᠣᠶᠣᠯ ᠤᠨ ᠵᠢᠭᠰᠠᠭᠠᠯ ᠤᠨ ᠭᠠᠵᠠᠷ ᠢ ᠠᠰᠢᠭᠯᠠᠨ ᠠᠨᠠᠭᠠᠬᠤ ᠤᠬᠠᠭᠠᠨ ᠤ | ᠰᠣᠶᠣᠯ ᠢᠷᠭᠡᠨᠰᠢᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠵᠢᠯ ᠲᠥᠷᠥᠯ ᠤᠨ ᠬᠡᠪ ᠨᠠᠮᠪᠠ ᠶᠢ ᠪᠣᠶ ᠪᠣᠯᠭᠠᠵᠤ᠂ | ᠠᠵᠢᠯ ᠮᠡᠷᠭᠡᠵᠢᠯ ᠤᠨ ᠢᠷᠠᠭᠤ ᠠᠯᠳᠠᠷᠲᠤ ᠰᠡᠳᠬᠢᠯᠭᠡ᠂ ᠡᠭᠦᠷᠭᠡᠲᠦ ᠰᠡᠳᠬᠢᠯᠭᠡ ᠶᠢ ᠨᠡᠮᠡᠭᠳᠡᠭᠦᠯᠦᠨ᠎ᠡ᠃ | 53 . ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠷᠢᠮᠵᠢᠶᠠᠵᠢᠭᠤᠯᠤᠯᠲᠠ | ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠪᠠᠶᠢᠭᠤᠯᠬᠤ ᠶᠣᠰᠣᠲᠠᠢ ᠶᠢ ᠨᠢ ᠠᠯᠢ | ᠴᠢᠳᠠᠬᠤ ᠪᠠᠷ ᠪᠠᠶᠢᠭᠤᠯᠬᠤ ᠪᠠ ︽ᠨᠠᠮ ᠤᠨ ᠡᠭᠦᠷ ᠢ ᠰᠠᠯᠠᠭ᠎ᠠ ᠲᠠᠰᠤᠭ ᠲᠤ ᠪᠠᠶᠢᠭᠤᠯᠬᠤ︾ ᠵᠠᠷᠴᠢᠮ ᠢ ᠪᠠᠷᠢᠮᠲᠠᠯᠠᠵᠤ᠂ | ᠨᠠᠮ ᠤᠨ ᠵᠣᠬᠢᠶᠠᠨ ᠪᠠᠶᠢᠭᠤᠯᠤᠯᠲᠠ ᠠᠴᠠ ᠡᠮᠨᠡᠯᠭᠡ ᠶᠢᠨ ᠬᠤᠷᠢᠶᠠᠨ ᠤ ᠡᠯ᠎ᠡ ᠳᠣᠲᠣᠭᠠᠳᠤ ᠪᠠᠶᠢᠭᠤᠯᠤᠮᠵᠢ ᠵᠢᠴᠢ | ᠬᠠᠷᠢᠶ᠎ᠠ ᠡᠯ᠎ᠡ ᠨᠢᠭᠡᠴᠡ ᠶᠢ ᠪᠦᠬᠦ ᠲᠠᠯ᠎ᠠ ᠪᠠᠷ ᠬᠠᠮᠤᠷᠴᠤ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢ ᠬᠦᠲᠦᠯᠦᠨ ᠵᠢᠯᠣᠭᠤᠳᠴᠤ ᠪᠠᠶᠢᠭᠠᠳ ᠡᠮᠨᠡᠯᠭᠡ ᠶᠢᠨ ᠬᠤᠷᠢᠶᠠᠨ ᠤ ᠬᠥᠭᠵᠢᠯᠲᠡ ᠶᠢᠨ | ᠲᠣᠭᠤᠷᠢᠨ ᠳᠤ᠂ ᠡᠮᠴᠢ ᠡᠪᠡᠳᠴᠢᠲᠡᠨ ᠤ ᠬᠡᠷᠡᠭᠴᠡᠭᠡ ᠳᠤ ᠤᠢᠢᠷᠠᠲᠤᠭᠤᠯᠤᠨ ᠨᠠᠮ ᠤᠨ ᠠᠵᠢᠯᠯᠠᠭ᠎ᠠ ᠶᠢ ᠥᠷᠨᠢᠭᠦᠯᠵᠦ᠂ | ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠨᠳᠤᠯᠭᠠᠲᠤ ᠴᠢᠨᠠᠷ᠂ ᠪᠣᠳᠠᠲᠤ ᠪᠦᠲᠦᠮᠵᠢᠲᠦ ᠴᠢᠨᠠᠷ ᠢ ᠴᠢᠩᠭᠠᠳᠬᠠᠨ᠎ᠠ | ᠃ ᠨᠠᠮ ᠤᠨ ᠭᠡᠰᠢᠭᠦᠨ ᠪᠠ ᠢᠳᠡᠪᠬᠢᠲᠡᠨ ᠢ ᠵᠣᠬᠢᠶᠠᠨ ᠪᠠᠶᠢᠭᠤᠯᠤᠨ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠵᠦ᠂ | ᠰᠠᠶᠢᠨ ᠳᠤᠷ᠎ᠠ ᠶᠢᠨ ᠠᠵᠢᠯᠯᠠᠭ᠎ᠠ ᠶᠢᠨ ᠵᠦᠢᠯᠡᠰ ᠢ ᠪᠤᠶᠢᠵᠢᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠠᠮ ᠤᠨ ᠪᠠᠶᠢᠭᠤᠯᠤᠯᠲᠠ ᠪᠠᠷ ᠣᠯᠠᠨ ᠲᠦᠮᠡᠨ ᠤ ᠪᠠᠶᠢᠭᠤᠯᠤᠯᠲᠠ ᠶᠢ | ᠳᠠᠶᠢᠴᠢᠯᠠᠬᠤ ᠶᠢ ᠪᠠᠷᠢᠮᠲᠠᠯᠠᠵᠤ᠂ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢ ᠨᠡᠶᠢᠳᠡᠮ | ᠪᠦᠷᠬᠦᠭᠦᠯᠬᠦ ᠶᠢ ᠪᠡᠶᠡᠯᠡᠭᠦᠯᠦᠨ᠎ᠡ᠃ | ᠲᠠᠪᠤ᠂ ᠲᠥᠯᠥᠪᠵᠢᠭᠦᠯᠭᠡ ᠶᠢ ᠬᠡᠷᠡᠭᠵᠢᠭᠦᠯᠬᠦ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠠᠷᠠᠳ ᠲᠦᠮᠡᠨ ᠤ | ᠡᠷᠡᠭᠦᠯ ᠮᠡᠨᠳᠦ ᠶᠢ ᠪᠠᠲᠤᠯᠠᠬᠤ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠴᠢᠬᠤᠯᠠ ᠬᠠᠷᠠᠯᠲᠠ ᠡᠭᠦᠷᠭᠡ | ᠪᠣᠯᠭᠠᠵᠤ᠂ ︽ᠡᠷᠡᠭᠦᠯ ᠮᠡᠨᠳᠦ ᠶᠢ ᠠᠯᠢᠪᠠ ᠲᠥᠷᠥ ᠶᠢᠨ ᠪᠣᠳᠣᠯᠭ᠎ᠠ ᠳᠤ ᠠᠭᠤᠰᠤᠯᠴᠠᠭᠤᠯᠬᠤ︾ ᠶᠢ ᠢᠳᠡᠪᠬᠢᠲᠡᠶ | ᠠᠬᠢᠭᠤᠯᠵᠤ᠂ ᠡᠷᠡᠭᠦᠯ ᠡᠩᠬᠡ ᠠᠯᠠᠱᠠ ᠶᠢᠨ ᠠᠵᠢᠯᠯᠠᠭ᠎ᠠ ᠶᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ | ᠣᠷᠣᠭᠤᠯᠵᠤ᠂ ᠨᠠᠮ ᠤᠨ ᠬᠤᠷᠢᠶ᠎ᠠ ᠠᠴᠠ ᠨᠢᠭᠡᠳᠦᠯᠲᠡᠶ ᠤᠳᠤᠷᠢᠳᠤᠭᠰᠠᠨ᠂ ᠵᠠᠰᠠᠭ ᠤᠨ ᠣᠷᠳᠣᠨ ᠠᠴᠠ ᠨᠢᠭᠡᠳᠦᠯᠲᠡᠶ | ᠲᠥᠯᠥᠪᠵᠢᠭᠦᠯᠦᠨ ᠵᠣᠬᠢᠴᠠᠭᠤᠯᠤᠭᠰᠠᠨ᠂ ᠨᠠᠮ ᠵᠠᠰᠠᠭ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠤᠭᠰᠠᠨ | ᠠᠵᠢᠯ ᠤᠨ ᠪᠠᠶᠢᠷᠢᠰᠢᠯ ᠢ ᠪᠠᠶᠢᠭᠤᠯᠤᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠬᠢᠨ | ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠲᠥᠯᠥᠪᠵᠢᠭᠦᠯᠭᠡ ᠲᠣᠭᠲᠠᠭᠠᠬᠤ᠂ ᠬᠡᠷᠡᠭᠵᠢᠭᠦᠯᠬᠦ᠂ ᠬᠢᠨᠠᠨ | ᠬᠡᠮᠵᠢᠬᠦ ᠪᠠ ᠦᠨᠡᠯᠡᠨ ᠵᠢᠱᠢᠬᠦ ᠬᠠᠷᠢᠭᠤᠴᠠᠯᠭ᠎ᠠ ᠶᠢᠨ ᠭᠤᠤᠯ ᠴᠣᠭᠴᠠ ᠶᠢᠨ ᠦᠢᠯᠡᠳᠦᠯ ᠢᠶᠠᠨ ᠪᠠᠳᠠᠷᠠᠭᠤᠯᠵᠤ᠂ | ᠠᠵᠢᠯ ᠤᠨ ᠲᠣᠭᠲᠠᠴᠠ ᠪᠠᠨ ᠪᠦᠷᠢᠨᠰᠢᠬᠦᠯᠵᠦ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠰᠢᠢᠳᠪᠦᠷᠢᠳᠦ | ᠪᠣᠳᠣᠯᠭ᠎ᠠ ᠲᠣᠭᠲᠠᠭᠠᠬᠤ᠂ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠢ ᠬᠢᠨᠠᠨ ᠵᠥᠪᠯᠡᠵᠦ ᠰᠤᠳᠤᠯᠬᠤ ᠶᠢ | ᠭᠤᠤᠯᠳᠠᠯᠭ᠎ᠠ ᠲᠠᠢ ᠰᠠᠶᠢᠲᠤᠷ ᠡᠵᠡᠮᠳᠡᠵᠦ᠂ ᠲᠥᠯᠥᠪᠵᠢᠭᠦᠯᠭᠡ ᠶᠢᠨ ᠡᠯ᠎ᠡ ᠵᠦᠢᠯ ᠤᠨ ᠠᠵᠢᠯ ᠤᠨ ᠡᠭᠦᠷᠭᠡ ᠶᠢ | ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠬᠡᠷᠡᠭᠲᠡᠶ᠃ | ︵ᠬᠤᠶᠠᠷ︶ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠭᠦᠷᠭᠡ ᠬᠠᠷᠢᠭᠤᠴᠠᠯᠭ᠎ᠠ ᠨᠢ | ᠲᠣᠳᠣᠷᠬᠠᠶ᠂ ᠱᠠᠲᠤ ᠬᠤᠪᠢᠶᠠᠨ ᠬᠠᠷᠢᠭᠤᠴᠠᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠡᠳ᠋ ᠤᠨ ᠵᠠᠰᠠᠭ ᠤᠨ | ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠨᠠᠩ | ᠶᠡᠭᠡ ᠳᠡᠮᠵᠢᠯᠭᠡ ᠶᠢ ᠴᠢᠷᠮᠠᠶᠢᠨ ᠣᠯᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠠᠵᠢᠯ ᠡᠷᠬᠡ ᠪᠠ | ᠵᠠᠷᠤᠯᠭ᠎ᠠ ᠶᠢᠨ ᠬᠠᠷᠢᠭᠤᠴᠠᠯᠭ᠎ᠠ ᠶᠣᠰᠣᠭᠠᠷ᠂ ᠡᠯ᠎ᠡ ᠱᠠᠲᠤᠨ ᠤ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠦᠢᠯᠡᠰ ᠲᠠᠬᠢ ᠣᠷᠣᠭᠤᠯᠤᠯᠲᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠵᠤ᠂ ᠪᠠᠶᠢᠩᠭᠤ ᠶᠢᠨ ᠴᠢᠨᠠᠷᠲᠠᠶ | ᠡᠳ᠋ ᠤᠨ ᠵᠠᠰᠠᠭ ᠤᠨ ᠵᠠᠷᠤᠯᠭ᠎ᠠ ᠳᠠᠬᠢ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠤᠨ ᠣᠷᠣᠭᠤᠯᠤᠯᠲᠠ ᠶᠢᠨ ᠡᠵᠡᠯᠡᠬᠦ | ᠬᠤᠪᠢ ᠶᠢᠨ ᠵᠢᠩ ᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠦᠢᠯᠡᠰ ᠤᠨ ᠥᠭᠡᠷᠡᠴᠢᠯᠡᠯᠲᠡ ᠬᠥᠭᠵᠢᠯᠲᠡ ᠳᠤ ᠦᠷᠭᠦᠯᠵᠢᠯᠡᠨ ᠲᠣᠭᠲᠠᠭᠤᠨ ᠪᠠᠶᠢᠬᠤ ᠡᠳ᠋ ᠤᠨ ᠵᠠᠰᠠᠭ ᠤᠨ | ᠪᠠᠲᠤᠯᠠᠭ᠎ᠠ ᠶᠢ ᠬᠠᠩᠭᠠᠨ᠎ᠠ᠃ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠴᠢᠳᠠᠪᠤᠷᠢ ᠶᠢ ᠳᠡᠭᠡᠭᠰᠢᠯᠡᠭᠦᠯᠬᠦ᠂ ᠡᠮᠴᠢᠯᠡᠭᠡᠨ ᠤ ᠡᠬᠢ ᠪᠠᠶᠠᠯᠢᠭ ᠢ | ᠲᠡᠩᠴᠡᠭᠦᠷᠢᠲᠡᠶ ᠪᠠᠶᠢᠷᠢᠯᠠᠭᠤᠯᠬᠤ᠂ ᠬᠢᠲᠠᠳ ︵ᠮᠣᠩᠭᠤᠯ︶ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ | ᠡᠭᠦᠳᠬᠦ᠂ ᠡᠮᠴᠢᠯᠡᠭᠡᠨ ᠤ ᠰᠤᠳᠤᠯᠭᠠᠨ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ | ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ᠂ ᠴᠢᠳᠠᠪᠤᠷᠢᠲᠠᠨ ᠢ ᠬᠥᠮᠦᠵᠢᠭᠦᠯᠬᠦ ᠪᠠ ᠡᠷᠡᠭᠦᠯ ᠮᠡᠨᠳᠦ ᠶᠢᠨ ᠣᠶᠤᠨᠴᠢ | ᠦᠢᠯᠡᠴᠢᠯᠡᠬᠡᠨ ᠤ ᠰᠢᠰᠲ᠋ᠧᠮᠵᠢ ᠶᠢᠨ ᠪᠠᠶᠢᠭᠤᠯᠤᠯᠲᠠ ᠵᠡᠷᠭᠡ ᠲᠠᠯ᠎ᠠ ᠳᠠᠰᠢ ᠭᠤᠤᠯᠳᠠᠯᠭ᠎ᠠ ᠲᠠᠢ ᠬᠡᠯᠪᠠᠶᠢᠯᠭᠡᠨ᠎ᠡ᠃ | ᠵᠠᠰᠠᠭ ᠤᠨ ᠣᠷᠳᠣᠨ ᠢᠶᠠᠷ ᠭᠤᠤᠯ ᠤᠳᠤᠷᠢᠳᠤᠮᠵᠢ ᠪᠣᠯᠭᠠᠭᠰᠠᠨ᠂ ᠪᠥᠬᠦ ᠨᠡᠶᠢᠭᠡᠮ ᠢᠶᠠᠷ ᠢᠶᠠᠨ ᠣᠷᠣᠯᠴᠠᠭᠰᠠᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠣᠯᠠᠨ ᠡᠰᠢᠵᠢᠭᠰᠡᠨ ᠪᠠᠯᠠ ᠴᠤᠭᠯᠠᠭᠤᠯᠬᠤ ᠪᠠ ᠪᠠᠯᠠ ᠣᠷᠣᠭᠤᠯᠬᠤ ᠲᠣᠭᠲᠠᠴᠠ ᠶᠢ | ᠲᠡᠭᠦᠯᠳᠡᠷᠵᠢᠭᠦᠯᠵᠦ᠂ ᠨᠡᠶᠢᠭᠡᠮ ᠤᠨ ᠬᠢᠨ ᠢ ᠳᠠᠶᠢᠴᠢᠯᠠᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠰ ᠤᠨ | ᠬᠥᠭᠵᠢᠯᠲᠡ ᠶᠢ ᠳᠡᠮᠵᠢᠵᠦ᠂ ᠨᠢᠭᠦᠯᠡᠰᠦᠩᠭᠦᠶ ᠶᠢᠨ ᠦᠢᠯᠡᠰ ᠢ ᠶᠡᠬᠡᠪᠡᠷ ᠬᠥᠭᠵᠢᠭᠦᠯᠦᠨ᠂ ᠨᠡᠶᠢᠭᠡᠮ ᠤᠨ ᠵᠣᠬᠢᠶᠠᠨ | ᠪᠠᠶᠢᠭᠤᠯᠤᠯᠲᠠ ᠪᠠ ᠠᠵᠤ ᠠᠬᠤᠶᠢᠯᠠᠯ ᠤᠨ ᠡᠷᠡᠭᠦᠯ ᠮᠡᠨᠳᠦ ᠶᠢᠨ ᠬᠦᠷᠢᠶᠡᠨ ᠳᠤ ᠪᠠᠯᠠ ᠣᠷᠣᠭᠤᠯᠬᠤ ᠶᠢ | ᠵᠣᠷᠢᠭᠵᠢᠭᠤᠯᠵᠤ᠂ ᠣᠯᠠᠨ ᠡᠰᠢᠵᠢᠭᠰᠡᠨ ᠬᠢᠷᠢ ᠬᠡᠮ ᠴᠤᠭᠯᠠᠭᠤᠯᠬᠤ ᠶᠢ ᠪᠦᠷᠢᠯᠳᠦᠭᠦᠯᠦᠨ᠎ᠡ᠃ | ︵ᠭᠤᠷᠪᠠ︶ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢ ᠴᠢᠩᠭᠠᠷᠠᠭᠤᠯᠤᠨ᠎ᠠ᠃ ᠲᠥᠯᠥᠪᠵᠢᠭᠦᠯᠭᠡ ᠶᠢᠨ | ᠬᠡᠷᠡᠭᠵᠢᠭᠦᠯᠦᠯᠲᠡ ᠶᠢ ᠲᠥᠷᠥᠯ ᠵᠦᠢᠯᠵᠢᠭᠦᠯᠬᠦ᠂ ᠨᠠᠷᠢᠨ ᠬᠠᠭᠤᠳᠠᠰᠤᠵᠢᠭᠤᠯᠬᠤ᠂ ᠬᠠᠷᠢᠭᠤᠴᠠᠯᠭ᠎ᠠ ᠡᠭᠦᠷᠭᠡᠯᠡᠬᠦ ᠶᠢ | ᠠᠬᠢᠭᠤᠯᠬᠤ ᠲᠣᠭᠲᠠᠴᠠ ᠶᠢ ᠪᠠᠶᠢᠭᠤᠯᠵᠤ᠂ ᠣᠨ ᠤ ᠬᠡᠷᠡᠭᠵᠢᠭᠦᠯᠬᠦ ᠲᠥᠯᠥᠪᠯᠡᠭᠡ ᠶᠢ ᠲᠣᠭᠲᠠᠭᠠᠨ᠂ ᠬᠠᠷᠠᠯᠲᠠ | ᠡᠭᠦᠷᠭᠡ ᠶᠢ ᠵᠠᠳᠠᠯᠵᠤ᠂ ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠳᠣᠷᠬᠠᠶᠢᠯᠠᠨ᠂ ᠠᠵᠢᠯ ᠤᠨ ᠠᠷᠭ᠎ᠠ | ᠬᠡᠮᠵᠢᠶ᠎ᠡ ᠶᠢ ᠨᠠᠷᠢᠯᠢᠭᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠱᠠᠲᠤ ᠱᠠᠲᠤ ᠪᠠᠷ ᠰᠠᠶᠢᠲᠤᠷ ᠠᠳᠬᠤᠨ᠎ᠠ᠃ ᠶᠠᠷᠢᠶ᠎ᠠ | ᠬᠡᠯᠡᠯᠴᠡᠭᠡᠨ ᠤ ᠤᠳᠤᠷᠢᠳᠤᠮᠵᠢ ᠶᠢ ᠴᠢᠬᠤᠯᠠᠴᠢᠯᠠᠵᠤ᠂ ᠠᠷᠠᠳ ᠤᠨ ᠠᠮᠢᠳᠤᠷᠠᠯ ᠤᠨ ᠠᠩᠬᠠᠷᠤᠯ ᠲᠠᠯᠪᠢᠵᠤ ᠪᠠᠶᠢᠭ᠎ᠠ | ᠠᠰᠠᠭᠤᠳᠠᠯ ᠪᠠ ᠨᠡᠶᠢᠭᠡᠮ ᠤᠨ ᠬᠠᠯᠠᠭᠤᠨ ᠴᠡᠭ ᠤᠨ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠭᠦᠨ᠎ᠡ᠃ | ᠵᠠᠩᠭᠢᠯᠠᠭ᠎ᠠ ᠶᠢᠨ ᠥᠭᠡᠷᠡᠴᠢᠯᠡᠯᠲᠡ᠂ ᠭᠤᠣᠯᠳᠠᠯᠭ᠎ᠠ ᠲᠠᠢ ᠲᠥᠷᠥᠯ ᠵᠦᠢᠯ᠂ ᠴᠢᠬᠤᠯᠠ ᠲᠠᠪᠴᠠᠩ ᠤᠨ ᠬᠥᠲᠥᠯᠥᠨ | ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠦᠴᠦᠨ ᠢᠶᠠᠨ ᠲᠥᠪᠯᠡᠷᠡᠭᠦᠯᠦᠨ ᠶᠡᠭᠡ ᠶᠠᠪᠤᠳᠠᠯ ᠢ ᠬᠢᠵᠦ᠂ | ᠣᠶᠤᠨ ᠴᠢᠳᠠᠯ ᠢᠶᠠᠨ ᠲᠥᠪᠯᠡᠷᠡᠭᠦᠯᠦᠨ ᠵᠠᠩᠭᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠵᠦ᠂ ᠲᠥᠯᠥᠪᠵᠢᠭᠦᠯᠭᠡ ᠶᠢ | ᠪᠣᠳᠠᠲᠠᠶᠢᠵᠢᠭᠤᠯᠤᠨ ᠬᠡᠷᠡᠭᠵᠢᠭᠦᠯᠬᠦ ᠶᠢ ᠪᠦᠲᠦᠮᠵᠢᠲᠡᠢ ᠳᠠᠶᠢᠴᠢᠯᠠᠨ᠎ᠠ᠃ | ︵ᠳᠥᠷᠪᠡ︶ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠳᠬᠠᠨ᠎ᠠ᠃ ᠲᠥᠯᠥᠪᠵᠢᠭᠦᠯᠭᠡ ᠶᠢᠨ | ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠦᠨᠡᠯᠡᠨ ᠵᠢᠱᠢᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ | ᠴᠢᠩᠭᠠᠳᠬᠠᠵᠤ᠂ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠥᠯᠥᠪᠵᠢᠭᠦᠯᠭᠡ ᠶᠢᠨ | ᠬᠠᠷᠠᠯᠲᠠ ᠪᠣᠯᠤᠨ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠳᠬᠤᠵᠤ᠂ ᠦᠨᠡᠯᠡᠨ ᠵᠢᠱᠢᠬᠦ ᠭᠤᠣᠯ ᠴᠣᠭᠴᠠ᠂ | ᠭᠦᠢᠴᠡᠳᠬᠡᠬᠦ ᠲᠤᠭ᠎ᠠ ᠶᠢᠨ ᠰᠢᠰᠲ᠋ᠧᠮᠵᠢ᠂ ᠬᠢᠨᠠᠨ ᠬᠡᠮᠵᠢᠬᠦ ᠠᠷᠭ᠎ᠠ᠂ ᠦᠷ᠎ᠡ ᠳ᠋ᠦᠩ ᠢ ᠵᠠᠳᠠᠯᠬᠤ ᠪᠠ ᠲᠣᠬᠢᠷᠠᠭᠤᠯᠤᠨ | ᠰᠢᠯᠢᠳᠡᠭᠵᠢᠭᠦᠯᠬᠦ ᠵᠡᠷᠭᠡ ᠲᠠᠯ᠎ᠠ ᠪᠠᠷ ᠬᠢᠨᠠᠯᠲᠠ ᠲᠠᠯᠪᠢᠵᠤ ᠦᠨᠡᠯᠡᠨ ᠵᠢᠱᠢᠬᠦ ᠠᠵᠢᠯ ᠤᠨ ᠲᠥᠰᠦᠯ ᠢ ᠰᠢᠨᠵᠢᠯᠡᠬᠦ | ᠤᠬᠠᠭᠠᠨᠴᠢ ᠪᠠᠷ ᠲᠣᠭᠲᠠᠭᠠᠬᠤ ᠬᠡᠷᠡᠭᠲᠡᠶ᠃ ᠲᠥᠯᠥᠪᠵᠢᠭᠦᠯᠭᠡ ᠶᠢᠨ ᠣᠨ ᠤ ᠬᠢᠨᠠᠨ ᠬᠡᠮᠵᠢᠬᠦ᠂ ᠳᠤᠮᠳᠠ | ᠬᠤᠭᠤᠴᠠᠭᠠᠨ ᠤ ᠦᠨᠡᠯᠡᠨ ᠵᠢᠱᠢᠬᠦ ᠪᠠ ᠰᠡᠭᠦᠯᠴᠢ ᠶᠢᠨ ᠬᠤᠭᠤᠴᠠᠭᠠᠨ ᠤ ᠳ᠋ᠦᠩᠨᠡᠯᠳᠡ ᠶᠢᠨ ᠠᠵᠢᠯ ᠢ ᠰᠠᠶᠢᠲᠤᠷ ᠬᠢᠵᠦ | ᠂ ᠦᠨᠡᠯᠡᠨ ᠵᠢᠱᠢᠬᠦ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ᠃ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠷᠠᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ | ᠲᠣᠬᠢᠷᠠᠭᠤᠯᠤᠯᠲᠠ ᠲᠠᠢ ᠬᠠᠮᠵᠢᠯᠴᠠᠨ᠂ ᠲᠤᠰᠬᠠᠶ ᠵᠦᠢᠯ ᠢᠶᠠᠷ ᠰᠢᠯᠭᠠᠨ ᠬᠢᠨᠠᠵᠤ ᠰᠢᠮᠳᠠᠭᠤᠯᠤᠨ ᠵᠢᠯᠣᠭᠤᠳᠬᠤ ᠶᠢ | ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠬᠦ ᠬᠡᠷᠡᠭᠲᠡᠶ᠃ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ | ᠬᠢᠨᠠᠬᠤ ᠶᠢ ᠨᠠᠶᠢᠳᠠᠪᠤᠷᠢᠵᠢᠭᠤᠯᠬᠤ ᠶᠢᠨ ᠬᠠᠮᠲᠤ ᠰᠢᠯᠭᠠᠨ ᠬᠢᠨᠠᠭᠰᠠᠨ ᠦᠷ᠎ᠡ ᠳ᠋ᠦᠩ ᠢ ᠡᠯ᠎ᠡ ᠭᠠᠵᠠᠷ ᠣᠷᠣᠨ ᠤ | ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢᠨ ᠴᠢᠬᠤᠯᠠ ᠦᠨᠳᠦᠰᠦᠯᠡᠯ ᠪᠣᠯᠭᠠᠨ᠎ᠠ᠃ |