ᠳᠠᠶᠢᠴᠢᠨ ᠯᠢ ᠵᠥᠩ ᠽᠧᠩ ᠠᠶᠢᠮᠠᠭ ᠲᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2022/7/27
     ︽8.1︾ ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠳᠠᠶᠢᠴᠢᠨ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠢ ᠵᠥᠩ ᠽᠧᠩ ᠲᠣᠰ ᠲᠣᠰ ᠠᠶᠢᠮᠠᠭ ᠲᠤ ᠰᠠᠭᠤᠭ᠎ᠠ ᠲᠡᠶᠢᠷᠦᠯᠲᠦ ᠰᠤᠮᠤ ᠶᠢᠨ ᠨᠢᠭᠡᠨ ᠴᠡᠷᠢᠭ ᠠᠩᠭᠢ᠂ ᠵᠡᠪᠰᠡᠭᠲᠦ ᠴᠠᠭᠳᠠᠭ᠎ᠠ ᠶᠢᠨ ᠠᠯᠠᠱᠠ ᠶᠢᠨ ᠰᠠᠯᠪᠤᠷᠢ ᠠᠩᠭᠢ ᠳᠤ ᠬᠦᠷᠴᠦ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠡᠮᠦᠨ᠎ᠡ ᠠᠴᠠ ᠠᠶᠢᠮᠠᠭ ᠲᠤ ᠰᠠᠭᠤᠭ᠎ᠠ ᠠᠷᠠᠳ ᠤᠨ ᠴᠢᠯᠥᠭᠡᠯᠡᠬᠦ ᠴᠡᠷᠢᠭ ᠤᠨ ᠵᠢᠯᠣᠭᠤᠳᠣᠭᠴᠢ ᠪᠠᠶᠢᠯᠳᠤᠭᠴᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢ᠂ ᠡᠷᠦᠬᠡ ᠶᠢᠨ ᠴᠡᠷᠢᠭ ᠤᠨ ᠪᠡᠯᠡᠳᠬᠡᠯ ᠠᠯᠪᠠᠨ ᠤ ᠬᠥᠮᠦᠰ᠂ ᠴᠡᠷᠢᠭ ᠠᠴᠠ ᠬᠠᠯᠠᠭᠳᠠᠭᠰᠠᠳ ᠪᠠ ᠪᠤᠰᠤᠳ ᠬᠠᠷᠠᠭᠠᠯᠵᠠᠬᠤ ᠡᠲᠡᠭᠡᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠳᠣᠲᠣᠨᠣ ᠲᠣᠬᠤᠨᠢᠭᠤᠯᠤᠯ ᠬᠦᠷᠭᠡᠵᠦ᠂ ᠲᠡᠳᠡᠨ ᠤ ᠣᠷᠳᠣ ᠬᠤᠭᠤᠴᠠᠭᠠᠨ ᠤ ᠲᠤᠷᠰᠢ ᠠᠯᠠᠱᠠ ᠶᠢᠨ ᠪᠥᠲᠥᠭᠡᠨ ᠪᠠᠶᠢᠭᠤᠯᠤᠯᠲᠠ ᠬᠥᠭᠵᠢᠯᠲᠡ ᠶᠢ ᠬᠠᠯᠠᠮᠵᠢᠯᠠᠵᠤ᠂ ᠳᠡᠮᠵᠢᠭᠰᠡᠨ ᠪᠠ ᠣᠷᠣᠯᠴᠠᠭᠰᠠᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠵᠠᠩ ᠰᠢᠶᠣᠤ ᠹᠧᠩ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠸᠧᠶ ᡁᠢ ᠭᠦᠸᠧ ᠬᠠᠮᠲᠤ ᠪᠠᠷ ᠲᠣᠬᠤᠨᠢᠭᠤᠯᠪᠠ᠃
      ᠲᠠᠶᠢᠷᠤᠯᠳᠤ ᠰᠤᠮᠤ ᠶᠢᠨ ᠨᠢᠭᠡᠨ ᠴᠡᠷᠢᠭ ᠠᠩᠬᠢ ᠳᠤ᠂ ᠳᠠᠶᠢᠴᠢᠨ ᠴᠡᠷᠢᠭ ᠠᠩᠬᠢ ᠶᠢᠨ ᠪᠣᠯᠪᠠᠰᠤᠷᠠᠯ ᠤᠨ ᠲᠠᠯᠠᠪᠤᠷ ᠪᠣᠯᠤᠨ ᠰᠢᠨ᠎ᠡ ᠬᠤᠸᠠᠷᠠᠨ ᠤ ᠵᠢᠯᠣᠭᠤᠳᠬᠤ ᠭᠠᠵᠠᠷ᠂ ᠪᠣᠯᠪᠠᠰᠤᠷᠠᠯ ᠤᠨ ᠲᠠᠰᠤᠭ᠂ ᠭᠡᠷᠡᠯ ᠴᠡᠨᠡᠭ ᠢᠶᠠᠷ ᠴᠠᠬᠢᠯᠭᠠᠨ ᠬᠠᠩᠭᠠᠬᠤ ᠲᠦᠷᠦᠯ ᠵᠦᠢᠯ ᠤᠨ ᠲᠣᠭᠤᠷᠢᠭ ᠢᠶᠠᠷ ᠲᠣᠭᠤᠷᠢᠨ ᠦᠵᠡᠵᠦ᠂ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢᠳ ᠲᠤ ᠨᠣᠮ ᠪᠡᠯᠡᠭᠯᠡᠪᠡ᠃ ᠳᠠᠶᠢᠴᠢᠨ᠂ ᠤᠷᠳᠤ ᠬᠤᠭᠤᠴᠠᠭᠠᠨ ᠤ ᠲᠤᠷᠰᠢ᠂ ᠴᠡᠷᠢᠭ ᠠᠩᠬᠢ ᠶᠢᠨ ᠥᠷᠭᠡᠨ ᠤᠯᠠᠨ ᠳᠠᠷᠤᠭ᠎ᠠ ᠪᠠᠶᠢᠯᠳᠤᠭᠴᠢᠳ ᠢᠮᠠᠭᠲᠠ ᠦᠨᠳᠦᠰᠦᠲᠡᠨ ᠨᠦᠭᠦᠳ ᠤᠨ ᠤᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠡᠯ᠎ᠡ ᠵᠦᠢᠯ ᠤᠨ ᠴᠡᠷᠢᠭ ᠤᠨ ᠶᠠᠪᠤᠳᠠᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢᠨ ᠬᠠᠮᠲᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠡᠮᠵᠢᠬᠦ ᠡᠯ᠎ᠡ ᠵᠦᠢᠯ ᠤᠨ ᠠᠵᠢᠯ ᠳᠤ ᠢᠳᠡᠪᠬᠢᠲᠡᠢ ᠣᠷᠣᠯᠴᠠᠵᠤ᠂ ᠶᠡᠭᠡ ᠬᠡᠮᠵᠢᠶᠡᠨ ᠤ ᠠᠵᠢᠯ ᠬᠢᠵᠦ᠂ ᠰᠢᠷᠭᠠᠭᠤ ᠬᠥᠳᠡᠯᠮᠦᠷᠢ ᠪᠠᠨ ᠵᠠᠷᠤᠴᠠᠭᠤᠯᠵᠠᠢ᠃ ᠥᠷᠭᠡᠨ ᠣᠯᠠᠨ ᠳᠠᠷᠤᠭ᠎ᠠ ᠪᠠᠶᠢᠯᠳᠤᠭᠴᠢᠳ ᠥᠩᠭᠡᠷᠡᠭᠰᠡᠨ ᠲᠠᠢ ᠪᠠᠨ ᠠᠳᠠᠯᠢ ᠪᠠᠷ ᠠᠯᠠᠱᠠ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠵᠦ᠂ ᠴᠡᠷᠢᠭ ᠠᠩᠭᠢ ᠪᠠ ᠣᠷᠣᠨ ᠨᠤᠲᠤᠭ ᠤᠨ ᠪᠦᠯᠬᠦᠮᠳᠡᠯ ᠬᠠᠮᠲᠤᠷᠠᠯᠴᠠᠭ᠎ᠠ ᠶᠢ ᠲᠠᠰᠤᠷᠠᠯᠲᠠ ᠥᠬᠡᠶ ᠴᠢᠩᠭᠠᠳᠬᠠᠵᠤ᠂ ᠬᠤᠶᠠᠷ ᠢ ᠬᠦᠷᠢᠶᠡᠯᠡᠵᠦ ᠬᠠᠮᠲᠤ ᠪᠠᠷ ᠪᠥᠲᠥᠭᠡᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠭᠦᠨᠵᠡᠭᠡᠶ ᠬᠥᠭᠵᠢᠭᠦᠯᠬᠦ ᠶᠢ ᠠᠬᠢᠭᠤᠯᠵᠤ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ ᠶᠢ ᠬᠦᠰᠡᠵᠦ ᠪᠠᠶᠢᠨ᠎ᠠ᠃ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠠᠴᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠳᠠᠮᠵᠢᠵᠤ᠂ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠵᠦ᠂ ᠨᠠᠩ ᠰᠠᠶᠢᠨ ᠦᠢᠯᠡᠴᠢᠯᠡᠭᠡ ᠬᠠᠩᠭᠠᠵᠤ᠂ ᠠᠷᠠᠳ ᠤᠨ ᠴᠡᠷᠢᠭ ᠠᠩᠬᠢ ᠳᠤ ᠪᠠᠲᠤ ᠴᠢᠩᠭ᠎ᠠ ᠲᠦᠰᠢᠭ ᠪᠣᠯᠤᠨ᠎ᠠ ᠭᠡᠪᠠ᠃
      ᠵᠡᠪᠰᠡᠭᠲᠦ ᠴᠠᠭᠳᠠᠭ᠎ᠠ ᠶᠢᠨ ᠠᠯᠠᠱᠠ ᠶᠢᠨ ᠰᠠᠯᠪᠤᠷᠢ ᠠᠩᠭᠢ ᠳᠤ᠂ ᠯᠢ ᠵᠥᠩ ᠽᠧᠩ ᠰᠠᠯᠪᠤᠷᠢ ᠠᠩᠭᠢ ᠶᠢᠨ ᠲᠡᠦᠬᠡ ᠶᠢᠨ ᠤᠯᠠᠷᠢᠯ ᠬᠤᠪᠢᠰᠤᠯ᠂ ᠵᠢᠯᠣᠭᠤᠳᠤᠨ ᠲᠣᠬᠢᠷᠠᠭᠤᠯᠬᠤ ᠪᠠ ᠡᠳᠦᠷ ᠲᠤᠲᠤᠮ ᠤᠨ ᠪᠣᠯᠪᠠᠰᠤᠷᠠᠯ᠂ ᠠᠵᠢᠯ᠂ ᠠᠮᠢᠳᠤᠷᠠᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠯᠢ ᠵᠥᠩ ᠽᠧᠩ᠂ ᠠᠯᠠᠱᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠨᠢ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢ ᠨᠢᠭᠡᠪᠦᠷᠢ ᠶᠢᠨ ᠰᠢᠷᠭᠠᠭᠤ ᠴᠢᠷᠮᠠᠶᠢᠯᠭ᠎ᠠ ᠪᠠ ᠴᠥᠬᠦᠷᠡᠰᠢ ᠥᠬᠡᠶ ᠴᠢᠷᠮᠠᠶᠢᠯᠭ᠎ᠠ ᠠᠴᠠ ᠰᠠᠯᠵᠤ ᠴᠢᠳᠠᠬᠤ ᠥᠬᠡᠶ ᠶᠤᠮ᠂ ᠣᠯᠠᠨ ᠢᠶᠠᠷ ᠢᠶᠠᠨ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠠᠯᠠᠱᠠ ᠶᠢᠨ ᠠᠵᠤ ᠠᠬᠤᠶ ᠶᠢᠨ ᠬᠥᠭᠵᠢᠯᠲᠡ ᠪᠠ ᠡᠯ᠎ᠡ ᠵᠦᠢᠯ ᠤᠨ ᠨᠡᠶᠢᠭᠡᠮ ᠤᠨ ᠦᠢᠯᠡᠰ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠬᠠᠯᠠᠮᠵᠢᠯᠠᠨ ᠳᠡᠮᠵᠢᠵᠦ᠂ ᠠᠯᠠᠱᠠ ᠶᠢᠨ ᠴᠢᠨᠠᠷ ᠰᠠᠶᠢᠲᠠᠶ ᠬᠥᠭᠵᠢᠯᠲᠡ ᠪᠠ ᠨᠡᠶᠢᠭᠡᠮ ᠤᠨ ᠠᠮᠤᠷ ᠲᠣᠭᠲᠠᠭᠤᠨ ᠤ ᠪᠠᠲᠤᠯᠠᠭ᠎ᠠ᠂ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ᠃ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠥᠩᠭᠡᠷᠡᠭᠰᠡᠨ ᠲᠠᠢ ᠪᠠᠨ ᠠᠳᠠᠯᠢ ᠪᠠᠷ ᠰᠠᠯᠪᠤᠷᠢ ᠠᠩᠭᠢ ᠶᠢᠨ ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠨ ᠳᠠᠮᠵᠢᠵᠤ᠂ ᠳᠠᠷᠤᠭ᠎ᠠ ᠪᠠᠶᠢᠯᠳᠤᠭᠴᠢᠳ ᠢ ᠬᠠᠪᠰᠤᠷᠤᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠨ ᠥᠭᠴᠦ᠂ ᠴᠡᠷᠢᠭ ᠢᠶᠠᠨ ᠬᠦᠷᠢᠶᠡᠯᠡᠨ ᠴᠡᠷᠢᠭ ᠢᠶᠠᠨ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠢ ᠪᠤᠢ ᠪᠣᠯᠭᠠᠨ᠎ᠠ ᠭᠡᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号