ᠯᠢ ᠵᠥᠩ ᠽᠧᠩ ᠪᠦᠯᠬᠦᠮ ᠳᠠᠭᠠᠭᠤᠯᠤᠨ ᠱᠧᠨ᠋ᠵᠧᠨ ᠳᠤ ᠬᠦᠷᠴᠦ ᠨᠠᠷᠢᠯᠢᠭ ᠣᠨᠣᠪᠴᠢᠳᠠᠢ ᠪᠠᠷ ᠬᠤᠳᠠᠯᠳᠤᠭᠠᠴᠢᠨ ᠤᠷᠢᠵᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2022/7/28
      ᠱᠧᠨ᠋ᠵᠧᠨ ᠬᠤᠲᠠ ᠪᠣᠯ ᠰᠢᠨ᠎ᠡ ᠶᠢ ᠡᠭᠦᠳᠬᠦ ᠭᠠᠵᠠᠷ᠂ ᠠᠮᠢᠵᠢᠷᠠᠯ ᠤᠨ ᠬᠦᠴᠦᠨ ᠲᠠᠢ ᠬᠤᠲᠠ ᠮᠥᠨ᠃ 7 ᠳ᠋ᠤᠭᠠᠷ ᠰᠠᠷ᠎ᠠ ᠶᠢᠨ 26 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠯᠢ ᠵᠥᠩ ᠽᠧᠩ ᠪᠦᠯᠬᠦᠮ ᠳᠠᠭᠠᠭᠤᠯᠤᠨ ᠱᠧᠨ᠋ᠵᠧᠨ ᠳᠤ ᠬᠦᠷᠴᠦ ᠬᠤᠳᠠᠯᠳᠤᠭᠠᠴᠢᠨ ᠤᠷᠢᠵᠤ ᠪᠠᠯᠠ ᠣᠷᠣᠭᠤᠯᠤᠨ᠂  ᠬᠤᠸᠠ ᠴᠢᠶᠣᠣ ᠴᠧᠩ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠬᠠᠮᠢᠶᠠᠷᠤᠯᠲᠠ ᠶᠢᠨ ᠪᠦᠯᠦᠭᠯᠡᠯ ᠤᠨ ᠶᠡᠷᠦᠩᠬᠡᠶ ᠵᠠᠬᠢᠷᠤᠯ ᠵᠠᠩ ᠱᠤ᠋ ᠮᠢᠨ᠂ ᠬᠤᠸᠠ ᠷᠦᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠸᠠᠩ ᠴᠤᠸᠠᠨ ᠳ᠋ᠦᠩ ᠲᠠᠢ ᠭᠦᠨᠵᠡᠭᠡᠶ ᠵᠥᠪᠳᠡᠯᠴᠡᠨ ᠵᠣᠯᠭᠠᠭᠤᠯᠵᠤ᠂ ᠠᠶᠢᠮᠠᠭ ᠤᠨ ᠳᠡᠳ᠋ ᠳᠠᠷᠤᠭ᠎ᠠ ᠯᠸᠢ ᠬᠠᠶ᠂ ᠺᠦᠩ ᠳ᠋ᠧ ᠬᠦᠶ ᠠᠵᠢᠯᠯᠠᠭ᠎ᠠ ᠳᠤ ᠣᠷᠣᠯᠴᠠᠪᠠ᠃
     ᠬᠤᠸᠠ ᠴᠢᠶᠣᠣ ᠴᠧᠩ ᠪᠦᠯᠦᠭᠯᠡᠯ ᠳᠤ᠂ ᠯᠢ ᠵᠦᠩ ᠽᠧᠩ ᠨᠠᠷ ᠠᠵᠤ ᠠᠬᠤᠶᠢᠯᠠᠯ ᠤᠨ ᠶᠡᠷᠦᠩᠬᠡᠢ ᠬᠡᠯᠳᠡᠰ  ᠲᠤ ᠰᠢᠨᠵᠢᠯᠡᠨ ᠪᠠᠶᠢᠴᠠᠭᠠᠵᠤ᠂ ᠲᠤᠰᠬᠠᠢ ᠮᠡᠷᠭᠡᠵᠢᠯ ᠤᠨ ᠪᠦᠯᠬᠦᠮ ᠲᠠᠢ ᠦᠵᠡᠯ ᠪᠣᠳᠣᠯ ᠢᠶᠠᠨ ᠰᠣᠯᠢᠯᠴᠠᠪᠠ᠃ ᠲᠡᠷᠡ ᠂ ᠬᠤᠸᠠ ᠴᠢᠶᠣᠣ ᠴᠧᠩ ᠪᠦᠯᠦᠭᠯᠡᠯ ᠪᠣᠯ ᠰᠣᠶᠣᠯ ᠵᠢᠭᠤᠯᠴᠢᠯᠠᠯ ᠤᠨ ᠦᠢᠯᠡᠰ ᠤᠨ ᠲᠠᠭᠠᠭᠤᠯᠤᠬᠴᠢ ᠠᠵᠤ ᠠᠬᠤᠶᠢᠯᠠᠯ ᠪᠣᠯᠤᠨ᠎ᠠ᠂ ᠠᠯᠠᠱᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠣᠨᠴᠠᠯᠢᠭ ᠢᠯᠡ ᠲᠣᠳᠣ᠂ ᠳᠠᠪᠠᠭᠤᠯᠢᠭ ᠲᠤᠪᠤᠶᠢᠮ᠎ᠠ᠂ ᠳᠤᠲᠠᠭᠤᠳᠠᠯ ᠪᠣᠭᠤᠮᠢ ᠴᠤ ᠮᠠᠰᠢ ᠢᠯᠡᠷᠬᠡᠢ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠣᠷᠣᠨ ᠵᠠᠢ ᠲᠠᠢ᠂ ᠠᠯᠤᠰ ᠢᠷᠡᠭᠡᠳᠦᠢ ᠲᠠᠢ ᠶᠤᠮ᠃ ᠠᠯᠠᠱᠠ ᠶᠢᠨ ᠪᠠᠭᠠᠲᠤᠷᠴᠤᠳ ᠤᠨ ᠴᠣᠭᠯᠠᠭᠠᠨ ᠤ ᠪᠠᠶᠢᠩᠭᠤᠵᠢᠭᠰᠠᠨ ᠡᠵᠡᠩᠨᠡᠯᠲᠡ᠂ ᠲᠦᠷᠦᠯ ᠳᠡᠮᠳᠡᠭᠵᠢᠭᠰᠡᠨ ᠴᠣᠭᠴᠠᠯᠠᠯᠲᠠ᠂ ᠳᠡᠭᠡᠳᠦ ᠲᠡᠰ ᠤᠨ ᠳᠡᠭᠡᠭᠰᠢᠯᠡᠯᠲᠡ ᠪᠠᠷ ᠭᠠᠷᠳᠠᠴᠠ ᠪᠣᠯᠭᠠᠵᠤ᠂ ᠡᠬᠢ ᠪᠠᠶᠠᠯᠢᠭ ᠤᠨ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠰᠢᠨ᠎ᠡ ᠨᠠᠭᠠᠳᠬᠤ ᠠᠷᠭ᠎ᠠ ᠶᠢ ᠣᠷᠣᠭᠤᠯᠤᠨ ᠠᠪᠴᠢᠷᠠᠵᠤ᠂ ᠡᠯᠡᠰᠦᠨ ᠴᠦᠯ ᠤᠨ ᠵᠢᠭᠤᠯᠴᠢᠯᠠᠯ ᠤᠨ ᠰᠢᠨ᠎ᠡ ︽ᠠᠮᠢᠵᠢᠷᠠᠯ ᠤᠨ ᠴᠡᠭ︾ ᠢ ᠦᠳᠲᠡᠷ ᠲᠦᠷᠭᠡᠨ ᠪᠦᠷᠢᠯᠳᠦᠭᠦᠯᠬᠦ ᠬᠡᠷᠡᠭᠲᠡᠢ᠃ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠤᠯᠠᠨ ᠲᠠᠯ᠎ᠠ᠂ ᠠᠯᠤᠰ ᠬᠡᠳᠤ ᠶᠢᠨ ᠬᠠᠷᠠᠴᠠ ᠪᠠᠷ ᠬᠥᠭᠵᠢᠯᠲᠡ ᠶᠢ ᠲᠥᠯᠥᠪᠵᠢᠭᠦᠯᠵᠦ᠂ ᠠᠯᠠᠱᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠡᠰ ᠲᠡᠪᠰᠢᠯᠳᠡ᠂ ᠣᠷᠣᠯᠭ᠎ᠠ ᠶᠢ ᠨᠡᠮᠡᠭᠳᠡᠭᠦᠯᠦᠨ ᠠᠷᠠᠳ ᠢ ᠪᠠᠶᠠᠵᠢᠭᠤᠯᠬᠤ ᠶᠢ ᠠᠬᠢᠭᠤᠯᠤᠶ᠎ᠠ ᠭᠡᠪᠡ᠃
     ᠵᠠᠩ ᠱᠣ᠋ ᠮᠢᠨ᠂ ᠠᠯᠠᠱᠠ ᠰᠢᠯᠢᠳᠡᠭ ᠬᠠᠮᠲᠤᠷᠠᠯᠴᠠᠭᠠᠨ ᠤ ᠬᠠᠨᠢᠲᠠᠨ ᠪᠣᠯᠬᠤ ᠳᠠᠯᠳᠠ ᠬᠦᠴᠦᠨ ᠲᠠᠢ᠂ ᠰᠢᠨᠵᠢᠯᠡᠨ ᠪᠠᠶᠢᠴᠠᠭᠠᠵᠤ ᠰᠣᠯᠢᠯᠴᠠᠬᠤ ᠪᠠᠨ ᠤᠯᠠᠮ ᠴᠢᠨᠠᠭᠰᠢᠳᠠ ᠴᠢᠩᠭᠠᠳᠬᠠᠵᠤ᠂ ᠬᠠᠮᠲᠤᠷᠠᠯᠴᠠᠭᠠᠨ ᠤ ᠵᠥᠪᠯᠡᠯᠴᠡᠭᠡᠷ ᠲᠤ ᠳᠠᠷᠤᠢ ᠲᠦᠷᠭᠡᠨ ᠭᠠᠷ ᠤᠨ ᠦᠰᠦᠭ ᠵᠢᠷᠤᠵᠤ᠂ ᠠᠯᠠᠱᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠪᠡ᠃
     ᠬᠤᠸᠠ ᠷᠦᠨ ᠪᠦᠯᠦᠭᠯᠡᠯ ᠤᠨ ᠱᠧᠨ᠋ᠵᠧᠨ ᠤ ᠶᠡᠷᠦᠩᠬᠡᠢ ᠬᠡᠯᠲᠡᠰ ᠲᠤ᠂ ᠯᠢ ᠵᠦᠩ ᠽᠧᠩ ᠨᠠᠷ ᠠᠵᠤ ᠠᠬᠤᠶᠢᠯᠠᠯ ᠤᠨ ᠰᠣᠶᠣᠯ ᠤᠨ ᠦᠵᠡᠬᠦᠯᠦᠯᠬᠡ ᠶᠢᠨ ᠲᠢᠩᠬᠢᠮ ᠢᠶᠠᠷ ᠰᠢᠨᠵᠢᠯᠡᠨ ᠪᠠᠶᠢᠴᠠᠭᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠶᠢ ᠨᠠᠷᠢᠨ ᠣᠶᠢᠯᠠᠭᠠᠪᠠ᠃ ᠲᠡᠷᠡ᠂ ᠬᠤᠸᠠ ᠷᠦᠨ ᠪᠦᠯᠦᠭᠯᠡᠯ ᠲᠠᠢ ᠴᠡᠪᠡᠷ ᠡᠨᠧᠷᠭᠢ᠂ ᠡᠯᠡᠰᠦᠨ ᠤ ᠠᠮᠢ ᠠᠬᠤᠢ ᠶᠢᠨ ᠠᠵᠤ ᠦᠢᠯᠡᠰ ᠵᠢᠴᠢ ᠳᠡᠭᠡᠳᠦ ᠲᠡᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠲᠥᠰᠦᠪᠯᠡᠬᠦ᠂ ᠲᠦᠷᠦᠯ ᠲᠡᠮᠳᠡᠭ ᠤᠨ ᠠᠵᠢᠯᠯᠠᠭᠠᠨ᠂ ᠡᠵᠡᠩᠨᠡᠯᠲᠡ ᠪᠣᠷᠣᠯᠠᠭᠤᠯᠭ᠎ᠠ ᠵᠡᠷᠭᠡ ᠲᠠᠯ᠎ᠠ ᠪᠠᠷ ᠨᠡᠩ ᠤᠯᠠᠨ ᠬᠠᠮᠲᠤᠷᠠᠯᠴᠠᠭᠠᠨ ᠤ ᠵᠠᠭᠪᠤᠷ ᠢ ᠰᠦᠪᠡᠭᠴᠢᠯᠡᠵᠦ᠂ ᠬᠦᠴᠦᠷᠬᠡᠭ ᠨᠢ ᠬᠦᠴᠦᠷᠬᠡᠭ ᠲᠠᠢ ᠪᠠᠨ ᠬᠤᠯᠪᠣᠭᠠᠯᠠᠬᠤ ᠶᠢ ᠪᠡᠶᠡᠯᠡᠭᠦᠯᠵᠦ᠂ ᠴᠡᠪᠡᠷ ᠡᠨᠧᠷᠭᠢ ᠶᠢᠨ ᠠᠵᠤ ᠦᠢᠯᠡᠰ ᠤᠨ ᠶᠡᠭᠡ ᠬᠥᠭᠵᠢᠯᠲᠡ ᠶᠢ ᠬᠠᠮᠲᠤ ᠪᠠᠷ ᠠᠬᠢᠭᠤᠯᠬᠤ ᠶᠢᠨ ᠬᠠᠮᠲᠤ ᠠᠵᠤ ᠠᠬᠤᠶᠢᠯᠠᠯ ᠤᠨ ᠰᠢᠯᠢᠳᠡᠭ ᠠᠷᠭ᠎ᠠ ᠵᠠᠮ ᠪᠣᠯᠤᠨ ᠲᠠᠪᠴᠠᠩ ᠢ ᠠᠰᠢᠭᠯᠠᠵᠤ᠂ ᠲᠡᠮᠡᠭᠡᠨ ᠤ ᠰᠢᠷᠢᠰ ᠪᠦᠲᠦᠭᠡᠭᠳᠡᠬᠦᠨ᠂ ᠴᠠᠭᠠᠨ ᠭᠤᠶᠣᠣ᠂ ᠤᠯᠠᠭᠠᠨ ᠭᠤᠶᠣᠣ ᠵᠡᠷᠭᠡ ᠳᠠᠪᠠᠭᠤᠯᠢᠭ ᠤᠨᠴᠠᠯᠢᠬᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠳᠡᠭᠡᠳᠦ ᠲᠡᠰ ᠤᠨ ᠵᠠᠬ᠎ᠠ ᠳᠡᠯᠭᠡᠭᠦᠷ ᠲᠤ ᠣᠷᠣᠭᠤᠯᠵᠤ᠂ ᠠᠯᠠᠱᠠ ᠶᠢᠨ ᠰᠢᠯᠢᠳᠡᠭ ᠪᠦᠳᠦᠭᠡᠭᠳᠡᠬᠦᠨ ᠢ ᠦᠨᠡᠨ ᠬᠦ ᠰᠠᠶᠢᠨ ᠦᠨ᠎ᠡ ᠪᠠᠷ ᠬᠤᠳᠠᠯᠳᠤᠬᠤ ᠶᠢ ᠬᠦᠰᠡᠵᠦ ᠪᠠᠶᠢᠨ᠎ᠠ ᠭᠡᠪᠡ᠃
      ᠸᠠᠩ ᠴᠤᠸᠠᠨ ᠳ᠋ᠦᠩ᠂ ᠬᠤᠸᠠ ᠷᠦᠨ ᠪᠦᠯᠦᠭᠯᠡᠯ ᠤᠯᠤᠰ ᠭᠡᠷ ᠤᠨ ᠬᠠᠶᠢᠷ᠎ᠠ ᠰᠡᠳᠬᠢᠯᠭᠡ᠂ ᠠᠵᠤ ᠠᠬᠤᠶᠢᠯᠠᠯ ᠤᠨ ᠵᠣᠷᠢᠭ ᠰᠠᠨᠠᠭ᠎ᠠ ᠶᠢ ᠵᠠᠯᠭᠠᠮᠵᠢᠯᠠᠵᠤ᠂ ᠣᠷᠣᠨ ᠨᠤᠲᠤᠭ ᠪᠠ ᠠᠵᠤ ᠠᠬᠤᠶᠢᠯᠠᠯ ᠬᠤᠶᠠᠷ ᠲᠠᠯ᠎ᠠ ᠶᠢᠨ ᠬᠡᠷᠡᠭᠴᠡᠭᠡ ᠶᠢ ᠣᠨᠣᠪᠴᠢᠲᠠᠢ ᠵᠣᠯᠭᠠᠭᠤᠯᠵᠤ᠂ ᠲᠤᠰ ᠪᠡᠶ᠎ᠡ ᠶᠢᠨ ᠲᠦᠷᠦᠯ ᠲᠡᠮᠳᠡᠭ ᠤᠨ ᠳᠠᠪᠠᠭᠤᠯᠢᠭ ᠪᠣᠯᠤᠨ ᠤᠯᠠᠨ ᠡᠰᠢᠵᠢᠭᠰᠡᠨ ᠡᠵᠡᠩᠨᠡᠯᠲᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠯᠠᠪᠳᠠᠭᠤᠨ ᠪᠠᠲᠤᠲᠠᠢ ᠪᠠᠷ ᠲᠦᠷᠦᠯ ᠵᠦᠢᠯ ᠢ ᠬᠢᠵᠦ᠂ ᠠᠯᠠᠱᠠ ᠯᠤᠭ᠎ᠠ ᠨᠡᠩ ᠤᠯᠠᠨ ᠬᠦᠷᠢᠶᠡᠨ ᠤ ᠬᠠᠮᠲᠤᠷᠠᠯᠴᠠᠭ᠎ᠠ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ ᠭᠡᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号