ᠠᠶᠢᠮᠠᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2022 ᠣᠨ ᠤ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠢᠵᠦ ᠰᠢ ᠶᠢᠨ ᠫᠢᠩ ᠤᠨ ᠠᠵᠤ ᠠᠬᠤᠶ ᠶᠢᠨ ᠦᠵᠡᠯ ᠰᠠᠨᠠᠭ᠎ᠠ ᠶᠢ ᠰᠤᠷᠤᠯᠴᠠᠨ ᠳᠣᠣᠱᠯᠠᠭᠤᠯᠬᠤ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ
ᠨᠡᠶᠢᠲᠡᠯᠡᠭᠰᠡᠨ ᠴᠠᠭ᠄
2022/7/28
     7 ᠰᠠᠷ᠎ᠠ ᠶᠢᠨ 27 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2022 ᠣᠨ ᠤ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠢᠵᠦ᠂ ᠰᠢ ᠶᠢᠨ ᠫᠢᠩ ᠤᠨ ᠠᠵᠤ ᠠᠬᠤᠶ ᠶᠢᠨ ᠦᠵᠡᠯ ᠰᠠᠨᠠᠭ᠎ᠠ ᠶᠢ ᠰᠤᠷᠤᠯᠴᠠᠨ ᠳᠣᠣᠱᠯᠠᠭᠤᠯᠬᠤ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠳᠠᠶᠢᠴᠢᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃      ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠠᠴᠠ ᠡᠮᠦᠨ᠎ᠡ᠂ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠪᠦᠷᠢᠯᠳᠦᠬᠦᠨ ᠨᠡᠷ ︽ᠰᠢ ᠶᠢᠨ ᠫᠢᠩ ᠲᠥᠷᠥ ᠶᠢ ᠵᠠᠰᠠᠵᠤ ᠵᠠᠰᠠᠭ ᠢ ᠡᠷᠭᠢᠯᠡᠬᠦ ᠲᠤᠬᠠᠶ ᠶᠠᠷᠢᠭᠰᠠᠨ ᠨᠢ︾ ᠭᠡᠬᠦ ᠨᠣᠮ ᠤᠨ ᠳᠥᠷᠪᠡᠳᠦᠭᠡᠷ ᠪᠣᠲᠢ᠂ ︽ᠰᠢ ᠶᠢᠨ ᠫᠢᠩ ᠤᠨ ᠠᠵᠤ ᠠᠬᠤᠶ ᠶᠢᠨ ᠦᠵᠡᠯ ᠰᠠᠨᠠᠭ᠎ᠠ ᠶᠢᠨ ᠰᠤᠷᠤᠯᠴᠠᠯᠭ᠎ᠠ ᠶᠢᠨ ᠬᠥᠲᠥᠯᠪᠦᠷᠢ︾ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠠᠵᠤ ᠠᠬᠤᠶ ᠶᠢᠨ ᠠᠵᠢᠯ ᠤᠨ ᠲᠤᠬᠠᠶ ᠴᠢᠬᠤᠯᠠ ᠶᠠᠷᠢᠶ᠎ᠠ ᠪᠣᠯᠤᠨ ᠴᠢᠬᠤᠯᠠ ᠵᠣᠬᠢᠶᠠᠯ ᠢ ᠨᠠᠷᠢᠨ ᠬᠢᠨᠠᠮᠠᠭᠠᠶ ᠰᠤᠷᠤᠯᠴᠠᠵᠤ᠂ ᠰᠤᠳᠤᠯᠤᠨ ᠶᠠᠷᠢᠯᠴᠠᠵᠤ ᠰᠣᠯᠢᠯᠴᠠᠬᠤ ᠮᠠᠲ᠋ᠧᠷᠢᠶᠠᠯ ᠪᠢᠴᠢᠪᠡ᠃ ᠬᠤᠷᠠᠯ ᠳᠡᠭᠡᠷ᠎ᠡ᠂ ᠳᠠᠶᠢᠴᠢᠨ᠂ ᠴᠢᠨ ᠶᠠᠨ᠂ ᠵᠠᠩ ᠰᠢᠶᠤᠤ ᠹᠧᠩ᠂ ᠵᠠᠩ ᠪᠦᠦ ᠴᠧᠩ᠂ ᠸᠧᠶ ᡁᠢ ᠭᠦᠸᠧ᠂ ᠸᠧᠶ ᠴᠢᠶᠣᠤ ᠯᠢᠩ᠂ ᠬᠠᠰᠪᠠᠭᠠᠨ᠎ᠠ ᠰᠠᠨᠠᠯ ᠢᠶᠠᠨ ᠰᠣᠯᠢᠯᠴᠠᠬᠤ ᠦᠭᠡ ᠬᠡᠯᠡᠵᠦ᠂ ᠭᠤᠤᠯ ᠳᠤᠭᠤᠶᠢᠯᠠᠩ ᠤᠨ ᠪᠤᠰᠤᠳ ᠪᠦᠷᠢᠯᠳᠦᠬᠦᠨ ᠪᠢᠴᠢᠭ ᠤᠨ ᠮᠠᠲ᠋ᠧᠷᠢᠶᠠᠯ ᠳᠡᠪᠰᠢᠭᠦᠯᠪᠡ᠃ ᠤᠯᠠᠨ ᠢᠶᠠᠷ ᠢᠶᠠᠨ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠶᠢ ᠰᠤᠷᠤᠯᠴᠠᠨ ᠳᠣᠣᠱᠯᠠᠭᠤᠯᠬᠤ ᠲᠣᠭᠤᠷᠢᠨ ᠳᠤ᠂ ᠲᠤᠰ ᠲᠤᠰ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠠᠨᠢᠯᠲᠠ ᠪᠠᠨ ᠶᠠᠷᠢᠵᠤ᠂ ᠰᠡᠳᠬᠢᠴᠡ ᠪᠠᠨ ᠶᠠᠷᠢᠵᠤ᠂ ᠠᠷᠭ᠎ᠠ ᠬᠡᠮᠵᠢᠶ᠎ᠡ ᠪᠠᠨ ᠶᠠᠷᠢᠵᠤ᠂ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠰᠢᠰᠲ᠋ᠧᠮ ᠪᠣᠯᠤᠨ ᠭᠤᠣᠯ ᠠᠭᠤᠯᠭ᠎ᠠ ᠶᠢ ᠭᠦᠨᠵᠡᠭᠡᠢ ᠤᠢᠢᠯᠠᠭᠠᠨ ᠣᠨᠣᠪᠴᠢᠲᠠᠢ ᠡᠵᠡᠮᠰᠢᠵᠦ᠂ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠵᠢᠮ᠎ᠡ ᠶᠣᠰᠣᠴᠢ ᠴᠢᠨᠠᠷᠲᠠᠢ ᠲᠠᠨᠢᠯᠲᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ ᠠᠬᠤᠢ ᠶᠢᠨ ᠠᠵᠢᠯ ᠢ ᠡᠵᠡᠮᠳᠡᠬᠦ ᠴᠢᠳᠠᠪᠤᠷᠢ ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠵᠦᠢᠯ ᠤᠨ ᠠᠵᠢᠯ ᠢ ᠬᠦᠴᠦᠯᠡᠨ ᠠᠬᠢᠭᠤᠯᠵᠤ᠂ ᠠᠯᠠᠱᠠ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ ᠭᠡᠵᠦ ᠢᠯᠡᠳᠬᠡᠵᠡᠭᠡᠪᠡ᠃      ᠬᠤᠷᠠᠯ ᠠᠴᠠ᠂ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠪᠣᠯ ᠮᠠᠨ ᠤ ᠤᠯᠤᠰ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠵᠢᠯᠣᠭᠤᠳᠬᠤ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠮᠥᠨ᠂ ᠰᠢᠨ᠎ᠡ ᠴᠠᠭ ᠦᠶ᠎ᠡ ᠶᠢᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠶᠢᠨ ᠦᠨᠳᠦᠰᠦᠨ ᠵᠢᠷᠤᠮᠯᠠᠯ ᠮᠥᠨ᠃ ᠰᠢ ᠶᠢᠨ ᠫᠢᠩ ᠤᠨ ᠠᠵᠤ ᠠᠬᠤᠶ ᠶᠢᠨ ᠦᠵᠡᠯ ᠰᠠᠨᠠᠭᠠᠨ ᠤ ᠢᠯᠡ ᠲᠣᠳᠣ ᠤᠯᠤᠰ ᠲᠥᠷᠥ ᠶᠢᠨ ᠤᠳᠤᠷᠢᠳᠤᠮᠵᠢ ᠶᠢ ᠭᠦᠨᠵᠡᠭᠡᠶ ᠣᠶᠢᠯᠠᠭᠠᠵᠤ᠂ ᠠᠵᠤ ᠠᠬᠤᠶ ᠶᠢᠨ ᠠᠵᠢᠯ ᠳᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠰᠢ ᠶᠢᠨ ᠫᠢᠩ ᠤᠨ ᠠᠵᠤ ᠠᠬᠤᠶ ᠶᠢᠨ ᠦᠵᠡᠯ ᠰᠠᠨᠠᠭ᠎ᠠ ᠶᠢ ᠤᠬᠠᠮᠰᠠᠷ ᠠᠴᠠ ᠪᠠᠨ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠡᠯ᠎ᠡ ᠬᠦᠷᠢᠶ᠎ᠡ ᠡᠯ᠎ᠡ ᠲᠠᠯ᠎ᠠ ᠳᠤ ᠳᠣᠣᠱᠯᠠᠭᠤᠯᠬᠤ᠂ ᠮᠠᠨ ᠤ ᠠᠶᠢᠮᠠᠭ ᠤᠨ ᠠᠵᠤ ᠠᠬᠤᠶ ᠶᠢᠨ ᠠᠵᠢᠯ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠶ᠃ ᠰᠢ ᠶᠢᠨ ᠫᠢᠩ ᠤᠨ ᠠᠵᠤ ᠠᠬᠤᠶ ᠶᠢᠨ ᠦᠵᠡᠯ ᠰᠠᠨᠠᠭᠠᠨ ᠤ ᠠᠯᠤᠰ ᠬᠡᠲᠦ ᠶᠢᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢ ᠭᠦᠨᠵᠡᠭᠡᠶ ᠣᠶᠢᠯᠠᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠳᠠᠯᠪᠢᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠯᠠᠱᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠬᠤᠤᠰ ᠨᠡᠭᠦᠷᠡᠰᠦᠲᠥ᠋ᠷᠥᠭᠴᠢ︾ ᠶᠢᠨ ᠪᠠᠶᠢᠯᠳᠤᠬᠤ ᠪᠣᠳᠣᠯᠭ᠎ᠠ ᠳᠤᠤᠷᠠᠬᠢ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠴᠤᠩᠬᠤᠪᠴᠢ ᠶᠢᠨ ᠬᠤᠭᠤᠴᠠᠭ᠎ᠠ ᠶᠢ ᠵᠠᠪᠳᠤᠨ ᠠᠳᠬᠤᠵᠤ᠂ ᠮᠠᠨ ᠤ ᠠᠶᠢᠮᠠᠭ ᠤᠨ ᠴᠡᠪᠡᠷ ᠡᠨᠧᠷᠭᠢ ᠶᠢᠨ ᠳᠠᠪᠠᠭᠤᠯᠢᠭ ᠢ ᠬᠦᠢᠴᠡᠳ ᠪᠠᠳᠠᠷᠠᠭᠤᠯᠤᠨ᠂ ᠠᠵᠤ ᠦᠢᠯᠡᠰ ᠤᠨ ᠬᠥᠭᠵᠢᠯᠲᠡ ᠶᠢᠨ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠢ ᠦᠷᠭᠦᠯᠵᠢᠯᠡᠨ ᠥᠷᠭᠡᠳᠬᠡᠨ᠂ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠵᠦ᠂ ᠠᠵᠤ ᠠᠬᠤᠶ ᠶᠢᠨ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠤᠨ ᠬᠥᠭᠵᠢᠬᠦ᠂ ᠴᠢᠨᠠᠷ ᠰᠠᠶᠢᠲᠠᠶ ᠬᠥᠭᠵᠢᠬᠦ ᠶᠢ ᠠᠬᠢᠭᠤᠯᠬᠤ ᠬᠡᠷᠡᠭᠲᠡᠶ᠃ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠤᠨᠤᠯ ᠤᠨ ᠰᠢᠨ᠎ᠡ ᠡᠭᠦᠳᠦᠯᠲᠡ ᠶᠢ ᠭᠦᠨᠵᠡᠭᠡᠢ ᠣᠶᠢᠯᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠲᠣᠭᠲᠠᠭᠤᠨ ᠡᠷᠡᠭᠦᠯ ᠠᠵᠤ ᠠᠬᠤᠢ ᠶᠢᠨ ᠣᠷᠴᠢᠨ ᠲᠣᠭᠤᠷᠢᠨ᠂ ᠲᠦᠷᠦ ᠲᠦᠪᠰᠢᠨ ᠠᠷᠠᠳ ᠠᠮᠤᠭᠤᠯᠠᠩ ᠨᠡᠶᠢᠭᠡᠮ ᠤᠨ ᠣᠷᠴᠢᠨ ᠲᠣᠭᠤᠷᠢᠨ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠣᠷᠴᠢᠨ ᠲᠣᠭᠤᠷᠢᠨ ᠢ ᠪᠦᠬᠦ ᠬᠦᠴᠦ ᠪᠠᠷ ᠢᠶᠠᠨ ᠪᠠᠲᠤᠯᠠᠬᠤ ᠬᠡᠷᠡᠭᠲᠡᠢ᠃ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭᠠᠨ ᠤ ᠴᠢᠩ ᠦᠨᠡᠨᠴᠢ ᠠᠷᠠᠳ ᠲᠦᠮᠡᠨ ᠤ ᠬᠠᠶᠢᠷ᠎ᠠ ᠰᠡᠳᠬᠢᠯᠭᠡ ᠶᠢ ᠭᠦᠨᠵᠡᠭᠡᠢ ᠣᠶᠢᠯᠠᠭᠠᠵᠤ᠂ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠦᠨᠡᠨ ᠬᠦ ᠰᠠᠶᠢᠲᠤᠷ ᠰᠢᠢᠳᠪᠦᠷᠢᠯᠡᠵᠦ᠂ ᠬᠥᠭᠵᠢᠯᠲᠡ ᠶᠢᠨ ᠪᠣᠳᠠᠲᠤ ᠠᠮᠵᠢᠯᠲᠠ ᠶᠢ ᠨᠡᠩ ︽ᠬᠠᠯᠠᠭᠤᠨ ᠳᠤᠯᠠᠭᠠᠨ︾ ᠪᠣᠯᠭᠠᠵᠤ᠂ ᠤᠯᠠᠨ ᠲᠦᠮᠡᠨ ᠤ ᠵᠣᠯ ᠵᠢᠷᠭᠠᠯ ᠢ ᠨᠡᠩ ︽ᠦᠨᠡᠨ ᠪᠣᠳᠠᠲᠠᠢ︾ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭᠠᠨ ᠤ ᠵᠥᠪ ᠠᠷᠭ᠎ᠠ ᠪᠤᠳᠤᠯᠭ᠎ᠠ ᠶᠢ ᠭᠦᠨᠵᠡᠭᠡᠢ ᠣᠶᠢᠯᠠᠭᠠᠵᠤ᠂ ᠦᠵᠡᠯ ᠰᠠᠨᠠᠭ᠎ᠠ ᠪᠠᠨ ᠴᠢᠯᠥᠭᠡᠯᠡᠬᠦ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠬᠥᠭᠵᠢᠯᠲᠡ ᠭᠡᠬᠦ ᠲᠡᠷᠢᠭᠦᠨ ᠴᠢᠬᠤᠯᠠ ᠡᠭᠦᠷᠭᠡ ᠶᠢ ᠭᠤᠶᠢᠪᠢᠰᠢ ᠦᠭᠡᠢ ᠴᠢᠩᠭ᠎ᠠ ᠠᠳᠬᠤᠵᠤ᠂ ᠲᠦᠷᠦ ᠶᠢᠨ ᠪᠤᠳᠤᠯᠭ᠎ᠠ ᠶᠢ ᠨᠡᠪᠲᠡᠷᠬᠡᠢ ᠰᠤᠳᠤᠯᠵᠤ᠂ ᠠᠶᠢᠮᠠᠭ ᠤᠨ ᠪᠠᠶᠢᠳᠠᠯ ᠢ ᠲᠣᠳᠣᠷᠬᠠᠢ ᠣᠶᠢᠯᠠᠭᠠᠵᠤ᠂ ᠠᠷᠭ᠎ᠠ ᠵᠠᠮ ᠢ ᠣᠨᠣᠪᠴᠢᠲᠠᠢ ᠡᠷᠢᠵᠦ᠂ ᠠᠵᠤ ᠠᠬᠤᠢ ᠶᠢᠨ ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ ᠬᠢᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号