ᠡᠨᠡ ᠵᠢᠯ ᠠᠴᠠ ᠨᠠᠰᠢ᠂ ᠡᠵᠡᠨ᠎ᠡ ᠬᠤᠰᠢᠭᠤ ᠭᠤᠤᠯᠳᠠᠯᠭ᠎ᠠ ᠲᠠᠢ ᠲᠥᠷᠥᠯ ᠵᠦᠢᠯ ᠤᠨ ᠠᠵᠢᠯ ᠢᠶᠠᠨ | ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠢᠳᠡᠪᠬᠢᠲᠡᠶ ᠠᠬᠢᠭᠤᠯᠵᠤ᠂ ᠪᠠᠯᠠ ᠣᠷᠣᠭᠤᠯᠤᠯᠲᠠ ᠶᠢᠨ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠬᠡᠨ ᠠᠬᠢᠭᠤᠯᠵᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ | ᠪᠠᠯᠠ ᠣᠷᠣᠭᠤᠯᠤᠯᠲᠠ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠪᠠ᠃ ᠲᠦᠷᠦᠭᠦᠦ ᠬᠠᠭᠠᠰ ᠵᠢᠯ ᠳᠤ᠂ ᠡᠵᠡᠨ᠎ᠡ | ᠬᠤᠰᠢᠭᠤᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 70 . 2 | % ᠢᠶᠠᠷ ᠨᠡᠮᠡᠭᠳᠡᠵᠦ᠂ ᠪᠥᠬᠦ ᠠᠶᠢᠮᠠᠭ ᠤᠨ 38 . 1 ᠵᠠᠭᠤᠨ ᠤ ᠴᠡᠭ ᠠᠴᠠ ᠥᠨᠳᠥᠷ ᠪᠣᠯᠪᠠ᠃ | ᠡᠭᠦᠨ ᠳᠤ᠂ ᠠᠵᠤ ᠦᠢᠯᠡᠰ ᠢᠶᠠᠷ ᠬᠤᠪᠢᠶᠠᠵᠤ ᠦᠵᠡᠪᠡᠯ᠄ ᠨᠢᠭᠡᠳᠦᠭᠡᠷ ᠠᠵᠤ ᠦᠢᠯᠡᠰ ᠲᠤ ᠪᠦᠲᠦᠮᠵᠢᠲᠡᠶ | ᠪᠠᠯᠠ ᠣᠷᠣᠭᠤᠯᠤᠯᠲᠠ ᠪᠦᠷᠢᠯᠳᠦᠭᠰᠡᠨ ᠥᠬᠡᠶ᠂ ᠬᠤᠶᠠᠳᠤᠭᠠᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ | 72 . 7 % ᠪᠠᠷ ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 70 % ᠪᠠᠷ | ᠨᠡᠮᠡᠭᠳᠡᠪᠡ᠃ ᠪᠦᠷᠢᠯᠳᠦᠴᠡ ᠠᠴᠠ ᠦᠵᠡᠪᠡᠯ᠄ ᠪᠦᠳᠦᠭᠡᠨ ᠪᠠᠶᠢᠭᠤᠯᠣᠯᠳᠠ ᠶᠢᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 72 . 6 % ᠪᠠᠷ ᠨᠡᠮᠡᠭᠳᠡᠵᠦ᠂ ᠲᠥᠬᠦᠭᠡᠷᠦᠮᠵᠢ ᠪᠠᠭᠠᠵᠢ ᠬᠡᠷᠡᠭᠰᠡᠯ ᠬᠤᠳᠠᠯᠳᠤᠨ | ᠠᠪᠤᠭᠰᠠᠨ ᠨᠢ ᠠᠳᠠᠯᠢ ᠬᠤᠭᠤᠴᠠᠭᠠᠨ ᠤ ᠬᠢ ᠠᠴᠠ 109 . 6 % ᠪᠠᠷ ᠨᠡᠮᠡᠭᠳᠡᠵᠦ᠂ ᠪᠤᠰᠤᠳ ᠵᠠᠷᠤᠳᠠᠯ ᠨᠢ | ᠠᠳᠠᠯᠢ ᠬᠤᠭᠤᠴᠠᠭᠠᠨ ᠤ ᠬᠢ ᠠᠴᠠ 47 . 7 % ᠪᠠᠷ ᠨᠡᠮᠡᠭᠳᠡᠪᠡ᠃ |