ᠯᠢ ᠵᠦᠩ ᠽᠧᠩ ᠪᠦᠯᠬᠦᠮ ᠳᠠᠭᠠᠭᠤᠯᠤᠨ ᠵᠦᠩ ᠱᠠᠨ ᠬᠤᠲᠠ ᠳᠤ ᠬᠦᠷᠴᠦ ᠮᠢᠩ ᠶᠠᠩ ᠣᠶᠤᠨᠴᠢ ᠡᠨᠧᠷᠭᠢ ᠶᠢᠨ ᠪᠦᠯᠦᠭᠯᠡᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2022/8/1
      7 ᠰᠠᠷ᠎ᠠ ᠶᠢᠨ 27 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠢ ᠵᠥᠩ ᠽᠧᠩ ᠪᠦᠯᠬᠦᠮ ᠳᠠᠭᠠᠭᠤᠯᠤᠨ ᠵᠥᠩ ᠱᠠᠨ ᠬᠤᠲᠠ ᠶᠢᠨ ᠮᠢᠩ ᠶᠠᠩ ᠣᠶᠤᠨᠴᠢ ᠡᠨᠧᠷᠭᠢ ᠶᠢᠨ ᠪᠦᠯᠦᠭᠯᠡᠯ ᠤᠨ ᠶᠡᠷᠦᠩᠬᠡᠶ ᠭᠡᠯᠳᠡᠰ ᠲᠤ ᠬᠦᠷᠴᠦ᠂ ᠴᠡᠪᠡᠷ ᠡᠨᠧᠷᠭᠢ ᠶᠢᠨ ᠬᠠᠮᠲᠤᠷᠠᠯᠴᠠᠭᠠᠨ ᠤ ᠶᠠᠪᠤᠳᠠᠯ ᠢ ᠰᠢᠨᠵᠢᠯᠡᠨ ᠪᠠᠶᠢᠴᠠᠭᠠᠪᠠ᠃ ᠠᠶᠢᠮᠠᠭ ᠤᠨ ᠳᠡᠳ᠋ ᠳᠠᠷᠤᠭ᠎ᠠ ᠺᠦᠩ ᠳ᠋ᠧ ᠬᠦᠶ ᠠᠵᠢᠯᠯᠠᠭ᠎ᠠ ᠳᠤ ᠣᠷᠣᠯᠴᠠᠵᠠᠶ᠃
     ᠯᠢ ᠵᠥᠩ ᠽᠧᠩ ᠨᠠᠷ ᠤᠷᠢᠳ ᠬᠤᠵᠢᠳ ᠮᠢᠩ ᠶᠠᠩ ᠪᠦᠯᠦᠭᠯᠡᠯ ᠤᠨ ᠨᠡᠭᠡᠭᠡᠯᠭᠡ ᠶᠢᠨ ᠣᠭᠰᠠᠷᠠᠮᠵᠢ᠂ ᠬᠦᠴᠦᠳᠡᠯ ᠥᠭᠡᠷᠡᠴᠢᠯᠡᠭᠴᠢ᠂ ᠺᠠᠳ᠋ᠮᠢ ᠦᠢᠯᠡᠳᠪᠦᠷᠢᠯᠡᠬᠦ ᠲᠠᠰᠤᠭ ᠪᠠ ᠴᠢᠫ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠳᠤ ᠬᠦᠷᠴᠦ᠂ ᠠᠵᠤ ᠠᠬᠤᠶᠢᠯᠠᠯ ᠤᠨ ᠡᠵᠡᠩᠨᠡᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ᠂  ᠦᠢᠯᠡᠳᠬᠦᠨ ᠤ ᠤᠷᠠᠯᠠᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠳᠠᠷᠠᠭ᠎ᠠ ᠨᠢ ᠮᠢᠩ ᠶᠠᠩ ᠪᠦᠯᠦᠭᠯᠡᠯ ᠤᠨ ᠶᠡᠷᠦᠩᠬᠡᠶ ᠵᠠᠬᠢᠷᠤᠭᠴᠢ᠂ ᠲᠡᠷᠢᠭᠦᠨ ᠮᠡᠷᠭᠡᠵᠢᠯ ᠤᠨ ᠲᠤᠰᠢᠶᠠᠯᠲᠠᠨ ᠵᠠᠩ ᠴᠢ ᠶᠢᠩ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠯᠢ ᠵᠥᠩ ᠽᠧᠩ ᠮᠠᠨ ᠤ ᠠᠶᠢᠮᠠᠭ ᠤᠨ ᠴᠡᠪᠡᠷ ᠡᠨᠧᠷᠭᠢ ᠶᠢ ᠬᠥᠭᠵᠢᠭᠦᠯᠬᠦ ᠬᠠᠷᠢᠴᠠᠭᠤᠯᠤᠭᠰᠠᠨ ᠳᠠᠪᠠᠭᠤᠯᠢᠭ ᠪᠠ ᠰᠡᠳᠬᠢᠮᠵᠢ ᠪᠠᠨ ᠨᠠᠷᠢᠨ ᠲᠠᠨᠢᠯᠴᠠᠭᠤᠯᠪᠠ᠃ ᠲᠡᠷᠡ᠂ ᠮᠠᠨ ᠤ ᠠᠶᠢᠮᠠᠭ ᠤᠨ ᠴᠡᠪᠡᠷ ᠡᠨᠧᠷᠭᠢ ᠶᠢᠨ ᠬᠥᠭᠵᠢᠯᠲᠡ ᠰᠢᠨ᠎ᠡ ᠲᠡᠦᠬᠡᠨ ᠠᠵᠠ ᠲᠣᠬᠢᠶᠠᠯ ᠢ ᠤᠭᠲᠤᠨ ᠠᠪᠴᠢᠷᠠᠪᠠ᠂ ᠮᠢᠩ ᠶᠠᠩ ᠪᠦᠯᠦᠭᠯᠡᠯ ᠪᠣᠯ ᠴᠡᠪᠡᠷ ᠡᠨᠧᠷᠭᠢ ᠶᠢᠨ ᠳᠠᠭᠠᠭᠤᠯᠤᠭᠴᠢ ᠠᠵᠤ ᠠᠬᠤᠶᠢᠯᠠᠯ ᠪᠣᠯᠤᠨ᠎ᠠ᠂ ᠠᠵᠤ ᠠᠬᠤᠶᠢᠯᠠᠯ ᠤᠨ ᠰᠡᠳᠬᠢᠮᠵᠢ ᠨᠡᠭᠡᠭᠡᠯᠲᠡ ᠲᠠᠢ᠂ ᠬᠠᠷᠠᠭ᠎ᠠ ᠥᠷᠭᠡᠨ᠂ ᠪᠠᠶᠢᠷᠢᠰᠢᠯ ᠶᠡᠭᠡ ᠪᠠᠶᠢᠵᠤ᠂ ᠬᠤᠶᠠᠷ ᠲᠠᠯ᠎ᠠ ᠪᠠᠷ ᠢᠶᠠᠨ ᠣᠷᠳᠣ ᠬᠤᠭᠤᠴᠠᠭᠠᠨ ᠤ ᠲᠣᠭᠲᠠᠭᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠶᠢᠭᠤᠯᠵᠤ᠂ ᠨᠢᠭᠡ ᠪᠦᠯᠦᠭ ᠰᠠᠶᠢᠨ ᠲᠥᠷᠥᠯ  ᠵᠦᠢᠯ ᠢ ᠲᠦᠷᠭᠡᠬᠡᠨ ᠲᠥᠯᠥᠪᠵᠢᠭᠦᠯᠦᠨ ᠨᠠᠶᠢᠳᠠᠪᠤᠷᠢᠵᠢᠭᠤᠯᠵᠤ᠂ ᠴᠡᠪᠡᠷ ᠡᠨᠧᠷᠭᠢ ᠶᠢᠨ ︽ᠪᠥᠬᠦ ᠬᠡᠯᠬᠢᠶ᠎ᠡ︾᠂ ︽ᠪᠥᠬᠦ ᠠᠮᠢ ᠠᠬᠤᠶ︾ ᠶᠢ ᠴᠣᠭᠴᠠᠯᠠᠵᠤ᠂ ᠮᠠᠨ ᠤ ᠠᠶᠢᠮᠠᠭ ᠤᠨ ᠴᠡᠪᠡᠷ ᠡᠨᠧᠷᠭᠢ ᠶᠢᠨ ᠠᠵᠤ ᠦᠢᠯᠡᠰ ᠤᠨ ︽ᠴᠠᠬᠢᠯᠭᠠᠨ ᠭᠠᠷᠭᠠᠬᠤ ᠬᠡᠪᠴᠢᠶ᠎ᠡ ᠪᠠᠷ ᠬᠠᠮᠤᠭ ᠤᠨ ᠶᠡᠭᠡ᠂ ᠪᠠᠲᠤᠯᠠᠭ᠎ᠠ ᠶᠢᠨ ᠴᠢᠳᠠᠪᠤᠷᠢ ᠪᠠᠷ ᠬᠠᠮᠤᠭ ᠤᠨ ᠴᠢᠩᠭ᠎ᠠ᠂ ᠠᠵᠤ  ᠦᠢᠯᠡᠰ ᠤᠨ ᠬᠢᠷᠢ ᠲᠦᠪᠰᠢᠨ ᠢᠶᠠᠷ ᠬᠠᠮᠤᠭ ᠤᠨ ᠥᠨᠳᠥᠷ᠂ ᠶᠡᠷᠦᠩᠬᠡᠶᠢᠯᠡᠭᠰᠡᠨ ᠥᠪᠡᠷ ᠤᠨ ᠥᠷᠲᠡᠭ ᠢᠶᠠᠷ ᠬᠠᠮᠤᠭ ᠤᠨ ᠳᠤᠤᠷ᠎ᠠ᠂ ᠠᠮᠢ ᠠᠬᠤᠶ ᠶᠢᠨ ᠦᠨ᠎ᠡ ᠥᠷᠲᠡᠭ ᠢᠶᠠᠷ ᠬᠠᠮᠤᠭ ᠤᠨ ᠪᠠᠭ᠎ᠠ︾ ᠴᠢᠭᠯᠡᠯ ᠢᠶᠠᠷ ᠲᠠᠰᠤᠷᠠᠯᠲᠠ ᠥᠬᠡᠶ ᠤᠷᠤᠭᠰᠢᠯᠠᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠪᠠ᠃
      ᠵᠠᠩ ᠴᠢ ᠶᠢᠩ ᠯᠢ ᠵᠥᠩ ᠽᠧᠩ ᠨᠠᠷ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ᠂ ᠠᠯᠠᠱᠠ ᠯᠤᠭ᠎ᠠ ᠭᠦᠨᠵᠡᠭᠡᠶ ᠬᠠᠮᠲᠤᠷᠠᠯᠴᠠᠭ᠎ᠠ ᠥᠷᠨᠢᠭᠦᠯᠵᠦ᠂ ᠣᠷᠣᠨ ᠨᠤᠲᠤᠭ ᠤᠨ ᠳᠠᠪᠠᠭᠤᠯᠢᠭ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠲᠣᠰ ᠪᠡᠶ᠎ᠡ ᠶᠢᠨ ᠮᠡᠷᠭᠡᠵᠢᠯ ᠤᠨ ᠪᠣᠳᠠᠲᠤ ᠬᠦᠴᠦᠨ ᠢᠶᠠᠨ ᠪᠠᠳᠠᠷᠠᠭᠤᠯᠵᠤ᠂ ᠲᠥᠷᠥᠯ ᠵᠦᠢᠯ ᠢᠶᠠᠷ ᠰᠢᠪᠲᠤᠯᠤᠯᠲᠠ ᠶᠢᠨ ᠴᠡᠭ ᠪᠣᠯᠭᠠᠵᠤ᠂ ᠴᠡᠪᠡᠷ ᠡᠨᠧᠷᠭᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠠᠯᠢ ᠲᠦᠷᠭᠡᠨ ᠢᠶᠠᠷ ᠦᠷ᠎ᠡ ᠪᠦᠲᠦᠭᠡᠯ ᠤᠯᠬᠤ ᠶᠢ ᠬᠦᠰᠡᠵᠦ ᠪᠠᠶᠢᠨ᠎ᠠ ᠭᠡᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号