7 ᠰᠠᠷ᠎ᠠ ᠶᠢᠨ 29 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠪᠥᠬᠦ ᠠᠷᠠᠳ ᠤᠨ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠤᠳᠤᠷᠢᠳᠬᠤ ᠳᠤᠭᠤᠶᠢᠯᠠᠩ ︽ᠬᠤᠷᠢᠳᠤᠭᠠᠷ ᠶᠡᠭᠡ ᠬᠤᠷᠠᠯ ᠢ | ᠪᠠᠶᠠᠷᠯᠠᠨ ᠤᠭᠲᠤᠵᠤ ᠴᠡᠷᠢᠭ ᠢ ᠬᠦᠴᠦᠷᠬᠡᠭᠵᠢᠭᠦᠯᠬᠦ ᠬᠦᠰᠡᠯ ᠢ ᠬᠠᠮᠲᠤ ᠪᠠᠷ ᠴᠣᠭᠴᠠᠯᠠᠶ᠎ᠠ︾ ᠨᠠᠮ ᠵᠠᠰᠠᠭ ᠴᠡᠷᠢᠭ ᠤᠨ | ︽8.1︾ ᠤ ᠴᠡᠷᠢᠭ ᠤᠨ ᠶᠠᠪᠤᠳᠠᠯ ᠤᠨ ᠡᠳᠦᠷ ᠤᠨ ᠠᠵᠢᠯᠯᠠᠭ᠎ᠠ ᠵᠢᠴᠢ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠬᠥᠮᠦᠵᠢᠯ ᠤᠨ ᠲᠤᠰᠬᠠᠶ ᠰᠡᠳᠦᠪᠲᠦ ᠲᠠᠶᠢᠯᠤᠮᠵᠢ ᠬᠢᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ᠂ | ᠠᠶᠢᠮᠠᠭ ᠤᠨ ᠣᠯᠣᠰ ᠤᠨ ᠪᠠᠳᠣᠯᠠᠨ ᠬᠠᠮᠠᠭᠠᠯᠠᠯᠳᠠ ᠶᠢᠨ ᠳᠠᠶᠢᠴᠢᠯᠠᠯᠳᠠ ᠶᠢᠨ ᠵᠦᠪᠯᠡᠯ ᠤᠨ ᠨᠢᠬᠡᠳᠦᠭᠡᠷ ᠡᠷᠬᠢᠯᠡᠭᠴᠢ᠂ | ᠠᠯᠠᠱᠠ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠳᠠᠶᠢᠴᠢᠨ᠂ | ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠦ ᠯᠢ | ᠮᠢᠩ ᠲᠠᠶᠢᠯᠤᠮᠵᠢ ᠳᠤ ᠣᠷᠣᠯᠴᠠᠵᠤ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠯᠠᠱᠠ ᠶᠢᠨ ᠴᠡᠷᠢᠭ ᠤᠨ | ᠬᠤᠪᠢᠶᠠᠷᠢ ᠲᠣᠭᠤᠷᠢᠭ ᠤᠨ ᠺᠣᠮᠢᠰᠰᠠᠷ ᠸᠠᠩ ᠸᠧᠶ ᠲᠠᠶᠢᠯᠤᠮᠵᠢ ᠶᠢ ᠡᠷᠭᠢᠯᠡᠪᠡ᠃ | | | | | | | | | | | | ᠲᠠᠶᠢᠯᠤᠮᠵᠢ ᠳᠤ ᠵᠢᠦᠴᠢᠦᠸᠠᠨ ᠤ ᠳᠠᠭᠠᠭᠤᠯᠢ ᠤᠳᠤ ᠬᠠᠷᠪᠤᠬᠤ ᠲᠥᠪ ᠤᠨ ᠰᠤᠳᠤᠯᠤᠭᠴᠢ ᠪᠢᠶᠠᠨ ᠬᠠᠨ | ᠴᠧᠩ᠂ ᠳᠡᠭᠡᠳᠦ ᠵᠡᠷᠭᠡ ᠶᠢᠨ ᠢᠨᠵᠧᠨᠧᠷ ᠲᠠᠨ ᠬᠤᠩ ᠢ ᠶᠢ ᠤᠷᠢᠵᠤ ᠲᠤᠰ ᠲᠤᠰ ︽ᠰᠠᠨᠰᠠᠷ ᠤᠨ ᠠᠶᠠᠯᠠᠯ ᠤᠨ | ᠡᠷᠢᠵᠦ ᠠᠪᠤᠷᠠᠬᠤ ᠰᠢᠰᠲ᠋ᠧᠮ ᠤᠨ ᠥᠩᠭᠡᠷᠡᠭᠰᠡᠨ᠂ ᠤᠳᠤ᠂ ᠢᠷᠡᠭᠡᠳᠦᠢ︾ ᠪᠣᠯᠤᠨ ︽ᠬᠥᠮᠦᠨ ᠰᠠᠭᠤᠯᠭᠠᠭᠰᠠᠨ | ᠰᠠᠨᠰᠠᠷ ᠤᠨ ᠠᠶᠠᠯᠠᠯ︾ ᠤᠨ ᠲᠣᠭᠤᠷᠢᠨ ᠳᠤ ᠲᠤᠰᠬᠠᠢ ᠰᠡᠳᠦᠪᠲᠦ ᠲᠠᠶᠢᠯᠤᠮᠵᠢ ᠬᠢᠯᠭᠡᠪᠡ᠃ ᠲᠠᠶᠢᠯᠤᠮᠵᠢ ᠨᠢ ᠮᠠᠨ ᠤ | ᠤᠯᠤᠰ ᠤᠨ ᠬᠥᠮᠦᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠦᠢᠯᠡᠰ ᠤᠨ ᠬᠥᠭᠵᠢᠯᠲᠡ ᠶᠢᠨ ᠶᠠᠪᠤᠴᠠ ᠶᠢ ᠪᠦᠬᠦ | ᠲᠠᠯ᠎ᠠ ᠪᠠᠷ ᠰᠢᠰᠲ᠋ᠧᠮ ᠲᠠᠢ ᠡᠷᠭᠢᠴᠡᠭᠦᠯᠵᠦ᠂ ᠮᠠᠨ ᠤ ᠤᠯᠤᠰ ᠤᠨ ᠬᠥᠮᠦᠨ ᠰᠠᠭᠤᠯᠭᠠᠭᠰᠠᠨ ᠰᠠᠨᠰᠠᠷ ᠤᠨ ᠠᠶᠠᠯᠠᠯ ᠤᠨ | ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ ᠢ ᠠᠮᠢᠳᠤᠯᠢᠭ ᠢᠶᠠᠷ ᠨᠠᠷᠢᠨ ᠲᠠᠨᠢᠯᠴᠠᠭᠤᠯᠵᠤ᠂ ᠮᠠᠨ ᠤ | ᠤᠯᠤᠰ ᠤᠨ ᠬᠥᠮᠦᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠦᠢᠯᠡᠰ ᠤᠨ ᠬᠥᠭᠵᠢᠯᠲᠡ ᠶᠢᠨ ᠢᠷᠡᠭᠡᠳᠦᠢ ᠶᠢ | ᠪᠠᠷᠠᠯᠠᠵᠠᠢ᠃ | ᠴᠡᠷᠢᠭ ᠳᠠᠶᠢᠨ ᠤ ᠡᠳᠦᠷ ᠢ ᠲᠥᠪᠯᠡᠷᠡᠭᠦᠯᠦᠨ ᠥᠩᠭᠡᠷᠡᠭᠦᠯᠬᠦ ᠪᠣᠯ ᠨᠠᠮ ᠠᠴᠠ ᠵᠡᠪᠰᠡᠭᠲᠦ ᠬᠦᠴᠦᠨ ᠢ | ᠬᠠᠮᠢᠶᠠᠷᠬᠤ ᠦᠨᠳᠦᠰᠦᠨ ᠵᠠᠷᠴᠢᠮ ᠢ ᠨᠠᠶᠢᠳᠠᠪᠤᠷᠢᠵᠢᠭᠤᠯᠬᠤ ᠶᠢᠨ ᠴᠢᠬᠤᠯᠠ ᠠᠭᠤᠯᠭ᠎ᠠ ᠮᠥᠨ᠃ ᠪᠦᠬᠦ ᠠᠷᠠᠳ ᠤᠨ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠪᠠᠶᠢᠭᠤᠯᠭ᠎ᠠ ᠳᠤ ᠣᠷᠣᠭᠤᠯᠬᠤ ᠠᠵᠢᠯᠯᠠᠭ᠎ᠠ ᠶᠢ ᠥᠷᠨᠢᠭᠦᠯᠬᠦ᠂ | ᠴᠡᠷᠢᠭ ᠤᠨ ᠶᠠᠪᠤᠳᠠᠯ ᠤᠨ ᠮᠡᠳᠡᠯᠭᠡ ᠶᠢ ᠰᠤᠷᠤᠯᠴᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠶᠢ | ᠴᠢᠩᠭᠠᠳᠬᠠᠬᠤ᠂ ᠴᠡᠷᠢᠭ ᠠᠩᠭᠢ ᠪᠠ ᠣᠷᠣᠨ ᠨᠤᠲᠤᠭ ᠤᠨ ᠰᠣᠯᠢᠯᠴᠠᠭ᠎ᠠ ᠶᠢ ᠭᠦᠨᠵᠡᠭᠡᠶᠢᠷᠡᠭᠦᠯᠬᠦ᠂ ᠴᠡᠷᠢᠭ | ᠠᠷᠠᠳ ᠤᠨ ᠪᠦᠯᠬᠦᠮᠳᠡᠯ ᠢ ᠴᠢᠩᠭᠠᠳᠬᠠᠬᠤ ᠪᠠᠷ ᠳᠠᠮᠵᠢᠭᠤᠯᠤᠨ᠂ ᠨᠡᠶᠢᠭᠡᠮ ᠳᠠᠶᠠᠭᠠᠷ ᠲᠤ ᠴᠡᠷᠢᠭ ᠢ ᠳᠡᠭᠡᠳᠦᠯᠡᠨ | ᠴᠡᠷᠢᠭ ᠢ ᠡᠷᠬᠢᠮᠯᠡᠬᠦ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠭᠤᠨ ᠢᠶᠠᠷ ᠬᠠᠯᠠᠮᠵᠢᠯᠠᠨ ᠳᠡᠮᠵᠢᠬᠦ ᠰᠠᠶᠢᠨ | ᠰᠠᠶᠢᠬᠠᠨ ᠬᠡᠪ ᠰᠤᠷᠲᠠᠯ ᠢ ᠪᠤᠢ ᠪᠣᠯᠭᠠᠵᠤ᠂ ᠨᠠᠮ ᠤᠨ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ | ᠬᠠᠷᠠᠯᠲᠠ ᠶᠢ ᠪᠡᠶᠡᠯᠡᠭᠦᠯᠬᠦ ᠳᠤ ᠬᠦᠴᠦᠷᠬᠡᠭ ᠶᠡᠭᠡ ᠬᠦᠴᠦᠨ ᠴᠢᠳᠠᠯ ᠢ ᠨᠢᠭᠲᠠᠷᠠᠭᠤᠯᠤᠨ᠎ᠠ᠃ | ᠠᠯᠠᠱᠠ ᠪᠣᠯ ᠪᠠᠭᠠᠲᠤᠷ ᠤᠨ ᠦᠯᠦᠬᠡᠢ᠂ ︽ᠬᠤᠪᠢᠯᠭᠠᠨ ᠣᠩᠭᠤᠴᠠ︾ ᠶᠢᠨ ᠠᠶᠠᠯᠠᠯ ᠡᠬᠢᠯᠡᠭᠰᠡᠨ ᠭᠠᠵᠠᠷ᠂ | ᠨᠡᠩ ᠴᠤ ᠤᠯᠤᠰ ᠢᠶᠠᠨ ᠬᠠᠶᠢᠷᠠᠯᠠᠵᠤ ᠴᠡᠷᠢᠭ ᠢᠶᠠᠨ ᠬᠦᠷᠢᠶᠡᠯᠡᠬᠦ ᠰᠡᠳᠬᠢᠯᠭᠡ ᠶᠢ ᠨᠢᠭᠲᠠᠷᠠᠭᠤᠯᠤᠭᠰᠠᠨ ᠬᠠᠯᠠᠭᠤᠨ | ᠬᠥᠷᠥᠰᠥ ᠪᠣᠯᠤᠨ᠎ᠠ᠃ ᠣᠶᠢᠷ᠎ᠠ ᠶᠢᠨ ᠵᠢᠯ ᠠᠴᠠ ᠨᠠᠰᠢ᠂ ᠠᠶᠢᠮᠠᠭ ᠲᠤ ᠰᠠᠭᠤᠭ᠎ᠠ ᠴᠡᠷᠢᠭ ᠴᠠᠭᠳᠠᠭ᠎ᠠ ᠶᠢᠨ ᠴᠡᠷᠢᠭ | ᠠᠩᠭᠢ ᠶᠢᠨ ᠪᠥᠬᠦ ᠳᠠᠷᠤᠭ᠎ᠠ ᠪᠠᠶᠢᠯᠳᠤᠭᠴᠢ᠂ ᠪᠢᠴᠢᠭ ᠤᠨ ᠲᠤᠰᠢᠶᠠᠯᠲᠠᠨ ᠪᠣᠯᠤᠨ ᠥᠷᠭᠡᠨ ᠣᠯᠠᠨ ᠡᠷᠦᠬᠡ ᠶᠢᠨ | ᠴᠡᠷᠢᠭ ᠨᠠᠮ ᠪᠣᠯᠤᠨ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠴᠡᠷᠢᠭ ᠢ | ᠬᠦᠴᠦᠷᠬᠡᠭᠵᠢᠭᠦᠯᠬᠦ ᠬᠠᠷᠠᠯᠲᠠ ᠶᠢᠨ ᠵᠢᠯᠣᠭᠤᠳᠣᠯᠭ᠎ᠠ ᠳᠤᠤᠷ᠎ᠠ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠪᠣᠯᠤᠨ | ᠪᠥᠬᠦ ᠠᠶᠢᠮᠠᠭ ᠤᠨ ᠠᠷᠠᠳ ᠲᠦᠮᠡᠨ ᠤ ᠬᠠᠶᠢᠷ᠎ᠠ ᠬᠠᠯᠠᠮᠵᠢ ᠶᠢ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ | ᠬᠤᠪᠢᠷᠠᠭᠤᠯᠵᠤ᠂ ᠡᠯ᠎ᠡ ᠵᠦᠢᠯ ᠤᠨ ᠡᠭᠦᠷᠭᠡ ᠪᠠᠨ ᠡᠷᠡᠰ ᠠᠮᠵᠢᠯᠲᠠ ᠲᠠᠢ ᠪᠡᠶᠡᠯᠡᠭᠦᠯᠵᠦ᠂ ᠠᠯᠠᠱᠠ ᠶᠢᠨ ᠠᠵᠤ ᠠᠬᠤᠶ | ᠨᠡᠶᠢᠭᠡᠮ ᠤᠨ ᠬᠥᠭᠵᠢᠯᠲᠡ ᠶᠢ ᠢᠳᠡᠪᠬᠢᠲᠡᠶ ᠳᠡᠮᠵᠢᠵᠦ᠂ ᠬᠢᠯᠢ ᠬᠢᠵᠠᠭᠠᠷ ᠤᠨ ᠠᠮᠤᠷ ᠲᠣᠭᠲᠠᠭᠤᠨ ᠪᠠ ᠨᠡᠶᠢᠭᠡᠮ ᠤᠨ | ᠲᠣᠭᠲᠠᠭᠤᠨ ᠢ ᠬᠠᠮᠠᠭᠠᠯᠠᠵᠤ᠂ ᠦᠵᠡᠰᠬᠦᠯᠡᠩᠲᠦ ᠰᠠᠶᠢᠬᠠᠨ᠂ ᠡᠶ᠎ᠡ ᠵᠣᠬᠢᠴᠠᠩᠭᠤᠶ᠂ ᠪᠠᠶᠠᠨ ᠲᠠᠩᠰᠤᠭ ᠠᠯᠠᠱᠠ ᠶᠢ | ᠪᠥᠲᠥᠭᠡᠨ ᠪᠠᠶᠢᠭᠤᠯᠬᠤ ᠳᠤ ᠬᠦᠴᠦᠲᠡᠶ ᠳᠡᠮᠵᠢᠯᠭᠡ ᠬᠠᠩᠭᠠᠵᠤ᠂ ᠠᠭᠤᠤ ᠶᠡᠭᠡ ᠳᠤᠮᠳᠠᠳᠤ ᠶᠢᠨ ᠬᠦᠰᠡᠯ᠂ ᠴᠡᠷᠢᠭ ᠢ | ᠬᠦᠴᠦᠷᠬᠡᠭᠵᠢᠭᠦᠯᠬᠦ ᠬᠦᠰᠡᠯ ᠢ ᠪᠡᠶᠡᠯᠡᠬᠦᠯᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠪᠡ᠃ | | | | | | | | | | | | ᠯᠢᠦ ᠬᠠᠶ ᠲᠤᠤ᠂ ᠵᠠᠩ ᠪᠦᠦ ᠴᠧᠩ᠂ ᠶᠠᠩ ᠬᠠᠶ᠂ ᠯᠢᠦ ᡁᠢ ᠴᠢᠶᠠᠩ᠂ ᠸᠧᠶ ᡁᠢ ᠭᠦᠸᠧ ᠵᠢᠴᠢ | ᠠᠶᠢᠮᠠᠭ ᠤᠨ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠰᠢᠭᠦᠬᠦ ᠬᠤᠷᠢᠶ᠎ᠠ ᠪᠠᠶᠢᠴᠠᠭᠠᠬᠤ | ᠬᠤᠷᠢᠶ᠎ᠠ ᠶᠢᠨ ᠳᠠᠷᠤᠭ᠎ᠠ᠂ ᠠᠯᠠᠱᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠠᠶᠢᠮᠠᠭ ᠤᠨ ᠰᠢᠭᠤᠳ ᠬᠠᠷᠢᠶ᠎ᠠ | ᠡᠯ᠎ᠡ ᠰᠠᠯᠠᠭ᠎ᠠ ᠮᠥᠴᠢᠷ᠂ ᠲᠥᠪ᠂ ᠥᠪᠡᠷᠲᠡᠭᠡᠨ ᠵᠠᠰᠠᠬᠤ ᠣᠷᠣᠨ ᠤ ᠠᠶᠢᠮᠠᠭ ᠲᠤ ᠰᠠᠭᠤᠭ᠎ᠠ ᠨᠢᠭᠡᠴᠡ ᠶᠢᠨ ᠭᠤᠤᠯ | ᠬᠠᠷᠢᠭᠤᠴᠠᠯᠭᠠᠲᠠᠨ ᠨᠥᠬᠦᠳ ᠰᠤᠷᠤᠯᠴᠠᠯᠭ᠎ᠠ ᠳᠤ ᠣᠷᠣᠯᠴᠠᠵᠠᠶ᠃ | | | | | | |