ᠳᠠᠶᠢᠴᠢᠨ᠄ ᠬᠥᠮᠦᠨ ᠰᠣᠩᠭᠤᠵᠤ ᠬᠥᠮᠦᠨ ᠬᠡᠷᠡᠭᠯᠡᠬᠦ ᠢᠯᠡ ᠲᠣᠳᠣ ᠤᠳᠤᠷᠢᠳᠤᠮᠵᠢ ᠶᠢ ᠪᠣᠶ ᠪᠣᠯᠭᠠᠨ ᠰᠠᠶᠢᠨ ᠰᠤᠷᠲᠠᠯ ᠢᠶᠠᠷ ᠥᠨᠳᠥᠷ ᠪᠦᠲᠦᠮᠵᠢᠲᠡᠶ ᠠᠯᠠᠱᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠣᠨ᠎ᠠ
ᠨᠡᠶᠢᠲᠡᠯᠡᠭᠰᠡᠨ ᠴᠠᠭ᠄
2022/8/16
    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠴᠠᠭ ᠢ ᠦᠵᠡᠨ ᠪᠠᠶᠢᠳᠠᠯ ᠢ ᠰᠢᠨᠵᠢᠵᠦ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠠᠷᠪᠠᠨ ᠬᠤᠶᠠᠷ ᠵᠦᠢᠯ ᠤᠨ ᠠᠷᠭ᠎ᠠ ᠬᠡᠮᠵᠢᠶ᠎ᠡ ᠲᠣᠭᠲᠠᠭᠠᠵᠤ᠂ ᠴᠢᠳᠠᠪᠤᠷᠢ ᠲᠠᠢ ᠶᠢ ᠨᠢ ᠳᠡᠪᠰᠢᠭᠦᠯᠬᠦ᠂ ᠰᠢᠯᠢᠳᠡᠭ ᠢ ᠨᠢ ᠱᠠᠩᠨᠠᠬᠤ᠂ ᠴᠢᠳᠠᠪᠤᠷᠢ ᠦᠭᠡᠢ ᠶᠢ ᠨᠢ ᠪᠠᠭᠤᠯᠭᠠᠬᠤ᠂ ᠰᠢᠭᠠᠷᠤ ᠶᠢ ᠨᠢ ᠰᠢᠭᠰᠢᠭᠳᠡᠭᠦᠯᠬᠦ ᠬᠥᠮᠦᠨ ᠬᠡᠷᠡᠭᠯᠡᠬᠦ ᠤᠳᠤᠷᠢᠳᠤᠮᠵᠢ ᠶᠢ ᠢᠯᠡ ᠲᠣᠳᠣᠷᠬᠠᠢ ᠪᠤᠢ ᠪᠣᠯᠭᠠᠭᠰᠠᠨ ᠨᠢ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠠᠵᠢᠯ ᠬᠢᠵᠦ ᠦᠢᠯᠡᠰ ᠪᠤᠰᠬᠠᠬᠤ᠂ ᠥᠪᠥᠷ ᠮᠣᠩᠭᠤᠯ ᠤᠨ ᠰᠠᠶᠢᠨ ᠰᠠᠶᠢᠬᠠᠨ ᠲᠦᠷᠢ ᠲᠥᠷᠬᠦ ᠶᠢ ᠪᠤᠢ ᠪᠣᠯᠭᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠠᠯᠠᠱᠠ ᠠᠶᠢᠮᠠᠭ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠪᠥᠬᠦ ᠲᠠᠯ᠎ᠠ ᠪᠠᠷ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠦᠵᠡᠬᠦ᠂ ᠪᠣᠳᠠᠲᠠᠶ ᠠᠵᠢᠯᠯᠠᠵᠤ ᠪᠣᠳᠠᠲᠤ ᠦᠷ᠎ᠡ ᠪᠦᠲᠦᠮᠵᠢ ᠭᠠᠷᠭᠠᠬᠤ ᠶᠢ ᠴᠢᠬᠤᠯᠠᠴᠢᠯᠠᠬᠤ ᠢᠯᠡ ᠲᠣᠳᠣ ᠤᠳᠤᠷᠢᠳᠤᠮᠵᠢ ᠶᠢ ᠺᠠᠳ᠋ᠷ ᠢ ᠰᠣᠩᠭᠤᠨ ᠬᠥᠮᠦᠵᠢᠭᠦᠯᠵᠦ ᠪᠦᠲᠦᠮᠵᠢᠲᠡᠶ ᠬᠡᠷᠡᠭᠯᠡᠬᠦ ᠪᠥᠬᠦ ᠶᠠᠪᠤᠴᠠ ᠳᠤ ᠦᠨᠡᠨ ᠬᠦ ᠳᠣᠣᠱᠯᠠᠭᠤᠯᠵᠦ᠂ ᠺᠠᠳ᠋ᠷᠴᠤᠳ ᠤᠨ ᠠᠯᠠᠱᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤᠮᠳᠠ ᠰᠤᠷᠲᠠᠯ ᠢᠶᠠᠨ ᠰᠠᠶᠢᠵᠢᠷᠠᠭᠤᠯᠬᠤ᠂ ᠡᠭᠦᠷᠭᠡᠯᠡᠯ ᠢᠶᠠᠨ ᠢᠯᠡᠷᠡᠭᠦᠯᠬᠦ ᠶᠢ ᠬᠥᠲᠥᠯᠥᠨ ᠵᠢᠯᠣᠭᠤᠳᠴᠤ᠂ ᠥᠪᠥᠷ ᠮᠣᠩᠭᠤᠯ ᠤᠨ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠬᠤ ᠳᠤ ᠬᠡᠷᠡᠯ ᠭᠢᠯᠪᠠᠭ᠎ᠠ ᠨᠡᠮᠡᠷᠢᠯᠡᠪᠡ᠃     ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠢᠯᠡ ᠲᠣᠳᠣ ᠤᠳᠤᠷᠢᠳᠤᠮᠵᠢ ᠶᠢ ᠪᠤᠢ ᠪᠣᠯᠭᠠᠨ᠎ᠠ᠃ ᠰᠢᠨ᠎ᠡ ᠴᠠᠭ ᠦᠶ᠎ᠡ ᠶᠢᠨ ᠰᠠᠶᠢᠨ ᠺᠠᠳ᠋ᠷ ᠤᠨ ᠪᠠᠷᠢᠮᠵᠢᠶ᠎ᠠ ᠶᠢ ᠨᠠᠷᠢᠨ ᠬᠢᠨᠠᠮᠠᠭᠠᠶ ᠦᠢᠯᠡᠳᠦᠯᠬᠡᠵᠢᠬᠦᠯᠵᠦ᠂ ᠵᠢᠳᠬᠦᠯ ᠴᠢᠷᠮᠠᠶᠢᠯᠭ᠎ᠠ ᠲᠠᠢ᠂ ᠳᠠᠪᠰᠢᠵᠤ ᠪᠠᠭᠤᠵᠤ ᠪᠦᠷ ᠪᠣᠯᠬᠤ ᠬᠥᠮᠦᠨ ᠬᠡᠷᠡᠭᠯᠡᠬᠦ ᠲᠣᠭᠲᠠᠴᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠪᠠᠷᠢᠮᠵᠢᠶ᠎ᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠮᠣᠷᠠᠯ ᠴᠢᠳᠠᠪᠤᠷᠢ ᠶᠢᠨ ᠪᠠᠷᠢᠮᠵᠢᠶ᠎ᠠ ᠪᠠᠷ ᠬᠥᠮᠦᠨ ᠢ ᠲᠠᠨᠢᠵᠤ᠂ ᠠᠵᠢᠯ ᠦᠢᠯᠡᠰ ᠢᠶᠠᠨ ᠳᠡᠭᠡᠳᠦᠯᠡᠨ ᠬᠥᠮᠦᠨ ᠰᠣᠩᠭᠤᠵᠤ᠂ ᠤᠯᠤᠰ ᠲᠥᠷᠥ ᠶᠢᠨ ᠬᠡᠪ ᠪᠣᠯᠪᠠᠰᠤᠷᠠᠯ ᠴᠢᠩᠭ᠎ᠠ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠠᠵᠢᠯ ᠤᠨ ᠪᠣᠳᠠᠲᠤ ᠪᠦᠲᠦᠮᠵᠢ ᠲᠣᠪᠤᠶᠢᠮ᠎ᠠ᠂ ᠥᠭᠡᠷᠡᠴᠢᠯᠡᠯᠲᠡ ᠶᠢ ᠠᠳᠬᠤᠬᠤ᠂ ᠬᠥᠭᠵᠢᠯᠲᠡ ᠶᠢ ᠠᠬᠢᠭᠤᠯᠬᠤ᠂ ᠲᠣᠭᠲᠠᠭᠤᠨ ᠢ ᠪᠠᠲᠤᠯᠠᠬᠤ ᠳᠠᠭᠠᠨ ᠴᠢᠳᠠᠮᠠᠭᠠᠶ ᠰᠢᠯᠢᠳᠡᠭ ᠺᠠᠳ᠋ᠷ ᠢ ᠶᠡᠭᠡ ᠪᠠᠷ ᠰᠣᠩᠭᠤᠨ ᠬᠡᠷᠡᠭᠯᠡᠵᠦ᠂ ᠬᠦᠴᠢᠷ ᠠᠴᠠ ᠠᠶᠤᠬᠤ ᠥᠬᠡᠶ ᠬᠥᠮᠦᠰ ᠢ ᠡᠩ ᠲᠡᠷᠢᠬᠦᠨ ᠳᠤ ᠬᠠᠷᠠᠭᠠᠯᠵᠠᠵᠤ᠂ ᠰᠢᠯᠢᠳᠡᠭ ᠢ ᠨᠢ ᠡᠩ ᠲᠡᠷᠢᠬᠦᠨ ᠳᠤ ᠪᠣᠳᠣᠯᠬᠢᠯᠠᠵᠤ᠂ ᠵᠢᠳᠬᠦᠯ ᠴᠢᠷᠮᠠᠶᠢᠯᠭ᠎ᠠ ᠲᠠᠢ ᠬᠥᠮᠦᠰ ᠢ ᠣᠷᠣᠨ ᠪᠠᠶᠢᠷᠢ ᠲᠠᠢ ᠪᠠᠶᠢᠯᠭᠠᠵᠤ᠂ ᠬᠥᠮᠦᠨ ᠰᠣᠩᠭᠤᠵᠤ ᠬᠥᠮᠦᠨ ᠬᠡᠷᠡᠭᠯᠡᠬᠦ ᠵᠥᠪ ᠤᠳᠤᠷᠢᠳᠤᠮᠵᠢ ᠪᠠᠷ ᠠᠵᠢᠯ ᠬᠢᠵᠦ  ᠦᠢᠯᠡᠰ ᠪᠤᠰᠬᠠᠬᠤ ᠤᠳᠤᠷᠢᠳᠤᠮᠵᠢ ᠶᠢ ᠦᠨᠡᠨ ᠬᠦ ᠢᠯᠡᠷᠡᠬᠦᠯᠦᠨ᠎ᠡ᠃     ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠨ᠎ᠡ᠃ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠂ ᠨᠡᠶᠢᠭᠡᠮ ᠤᠨ ᠵᠠᠰᠠᠯᠲᠠ᠂ ᠨᠠᠮ ᠤᠨ ᠪᠠᠶᠢᠭᠤᠯᠤᠯᠲᠠ ᠵᠡᠷᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠺᠠᠳ᠋ᠷ ᠤᠨ ᠶᠣᠰᠣ ᠰᠤᠷᠲᠠᠬᠤᠨ ᠬᠡᠪ ᠰᠤᠷᠲᠠᠯ᠂ ᠠᠵᠢᠯ ᠢ ᠠᠬᠢᠭᠤᠯᠬᠤ ᠡᠷᠴᠢᠮ᠂ ᠤᠯᠠᠨ ᠲᠦᠮᠡᠨ ᠤ ᠦᠨᠡᠯᠡᠯᠲᠡ ᠬᠠᠷᠢᠭᠤ ᠲᠤᠰᠬᠠᠯ ᠢ ᠰᠢᠯᠭᠠᠨ ᠦᠨᠡᠯᠡᠬᠦ ᠭᠤᠣᠯᠳᠠᠯᠭ᠎ᠠ ᠲᠠᠢ ᠠᠭᠤᠯᠭ᠎ᠠ ᠪᠣᠯᠭᠠᠵᠤ᠂ ᠤᠯᠤᠰ ᠲᠦᠷᠦ ᠶᠢᠨ ᠬᠡᠪ ᠪᠣᠯᠪᠠᠰᠤᠷᠠᠯ ᠢ ᠰᠢᠯᠭᠠᠨ ᠪᠠᠶᠢᠴᠠᠭᠠᠬᠤ ᠪᠠ ᠺᠠᠳ᠋ᠷ ᠢ ᠰᠢᠯᠭᠠᠨ ᠦᠨᠡᠯᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠺᠠᠳ᠋ᠷ ᠤᠨ ᠡᠩ ᠤᠨ ᠦᠶ᠎ᠡ ᠶᠢᠨ ᠬᠢᠨᠠᠨ ᠰᠢᠯᠭᠠᠯᠲᠠ᠂ ᠣᠨ ᠤ ᠬᠢᠨᠠᠨ ᠰᠢᠯᠭᠠᠯᠲᠠ᠂ ᠲᠤᠰᠬᠠᠢ ᠲᠦᠷᠦᠯ ᠤᠨ ᠬᠢᠨᠠᠨ ᠰᠢᠯᠭᠠᠯᠲᠠ᠂ ᠲᠤᠰᠢᠶᠠᠯ ᠤᠨ ᠬᠤᠭᠤᠴᠠᠭᠠᠨ ᠤ ᠬᠢᠨᠠᠨ ᠰᠢᠯᠭᠠᠯᠲᠠ ᠶᠢ ᠪᠣᠳᠠᠲᠠᠶᠢᠵᠢᠭᠤᠯᠵᠤ᠂ ᠵᠣᠷᠢᠭᠲᠠᠢ ᠡᠭᠦᠷᠭᠡᠯᠡᠵᠦ ᠴᠢᠳᠠᠮᠠᠭᠠᠢ ᠵᠢᠳᠬᠦᠯ ᠴᠢᠷᠮᠠᠶᠢᠯᠭ᠎ᠠ ᠭᠠᠷᠭᠠᠳᠠᠭ ᠺᠠᠳ᠋ᠷ ᠢ ᠢᠯᠭᠠᠨ ᠲᠠᠨᠢᠵᠤ᠂ ᠬᠡᠷᠡᠭᠯᠡᠵᠦ᠂ ᠺᠠᠳ᠋ᠷ ᠤᠨ ᠡᠩᠨᠡᠭᠡᠨ ᠤ ᠠᠵᠢᠯ ᠬᠢᠵᠦ ᠦᠢᠯᠡᠰ ᠪᠤᠰᠬᠠᠬᠤ ᠳᠣᠲᠣᠭᠠᠳᠤ ᠬᠥᠳᠡᠯᠭᠡᠬᠦ ᠬᠦᠴᠦᠨ ᠢ ᠪᠦᠲᠦᠮᠵᠢᠲᠡᠢ ᠬᠥᠭᠵᠢᠭᠡᠨ᠎ᠡ᠃     ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠴᠢᠳᠠᠪᠤᠷᠢ ᠶᠢᠨ ᠲᠤᠯᠭᠠᠭᠤᠷᠢᠯᠠᠯ ᠢ ᠪᠠᠬᠢᠵᠢᠭᠦᠯᠦᠨ᠎ᠡ᠃ ᠺᠠᠳ᠋ᠷ ᠤᠨ ᠲᠤᠰᠬᠠᠶᠢᠵᠢᠭᠰᠠᠨ ᠴᠢᠳᠠᠪᠤᠷᠢ ᠶᠢ ᠳᠡᠭᠡᠭᠰᠢᠯᠡᠭᠦᠯᠬᠦ ᠲᠥᠯᠥᠪᠯᠡᠭᠡ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ᠠᠵᠢᠯ ᠤᠨ ᠳᠤᠲᠠᠭᠤᠳᠠᠯ ᠪᠠᠭᠤᠷᠠᠢ ᠲᠠᠯ᠎ᠠ ᠪᠣᠯᠤᠨ ᠺᠠᠳ᠋ᠷ ᠤᠨ ᠴᠢᠳᠠᠮᠠᠭᠠᠢ ᠪᠤᠰᠤ ᠪᠠᠶᠢᠬᠤ ᠳᠤ ᠠᠩᠬᠠᠷᠤᠯ ᠢᠶᠠᠨ ᠲᠥᠪᠯᠡᠷᠡᠭᠦᠯᠵᠦ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠵᠤ᠂ ︽ᠬᠠᠷᠠᠯᠲᠠ ᠲᠠᠢ ᠪᠠᠶᠢᠬᠤ︾ ᠪᠣᠯᠪᠠᠰᠤᠷᠠᠯ ᠢ ᠣᠨᠣᠪᠴᠢᠲᠠᠢ ᠥᠷᠨᠢᠭᠦᠯᠵᠦ᠂ ᠺᠠᠳ᠋ᠷ ᠢ ᠬᠠᠪᠰᠤᠷᠤᠨ ᠮᠡᠳᠡᠯᠭᠡ ᠶᠢᠨ ᠪᠠᠭᠤᠷᠠᠢ ᠲᠠᠯ᠎ᠠ ᠪᠣᠯᠤᠨ ᠴᠢᠳᠠᠪᠤᠷᠢ ᠶᠢᠨ ᠳᠤᠲᠠᠭᠤᠳᠠᠯ ᠢ ᠨᠥᠬᠦᠪᠥᠷᠢᠯᠡᠵᠦ᠂ ᠺᠠᠳ᠋ᠷ ᠤᠨ ᠰᠢᠨ᠎ᠡ ᠴᠠᠭ ᠦᠶ᠎ᠡ ᠳᠤ ᠵᠣᠬᠢᠴᠠᠬᠤ᠂ ᠰᠢᠨ᠎ᠡ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ᠂ ᠰᠢᠨ᠎ᠡ ᠬᠠᠷᠠᠯᠲᠠ ᠶᠢ ᠪᠡᠶᠡᠯᠡᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠠᠵᠢᠯ ᠲᠥᠷᠥᠯ ᠤᠨ ᠵᠠᠯᠠᠭᠤ ᠺᠠᠳ᠋ᠷ ᠢ ᠰᠣᠩᠭᠤᠨ ᠲᠣᠮᠢᠯᠠᠵᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ᠂ ᠦᠨᠳᠦᠰᠦᠨ ᠱᠠᠲᠤᠨ ᠤ ᠡᠮᠦᠨ᠎ᠡ ᠹᠷᠣᠨᠲ᠂ ᠪᠠᠴᠢᠮ ᠬᠦᠴᠢᠷ ᠠᠶᠤᠯ ᠲᠠᠢ ᠬᠦᠨᠳᠦ ᠠᠵᠢᠯ ᠤᠨ ᠪᠠᠶᠢᠷᠢ ᠳᠤ ᠲᠤᠰᠢᠶᠠᠯ ᠡᠭᠦᠷᠭᠡᠯᠡᠭᠦᠯᠦᠨ ᠪᠣᠯᠪᠠᠰᠤᠷᠠᠭᠤᠯᠵᠤ᠂ ᠠᠩᠭᠢ ᠳᠠᠭᠠᠵᠤ ᠰᠤᠷᠤᠯᠴᠠᠵᠤ᠂ ᠶᠡᠭᠡ ᠬᠡᠷᠡᠭᠴᠡᠭᠡ ᠲᠠᠢ ᠂ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠨᠢᠷᠤᠭᠤ ᠲᠤᠯᠭᠠᠭᠤᠷᠢ ᠪᠣᠯᠬᠤ ᠴᠢᠳᠠᠪᠤᠷᠢᠲᠠᠨ ᠢ ᠴᠢᠷᠮᠠᠶᠢᠨ ᠳᠠᠪᠲᠠᠨ ᠪᠣᠯᠪᠠᠰᠣᠷᠠᠭᠤᠯᠣᠨ᠎ᠠ᠃     ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠺᠠᠳ᠋ᠷ ᠢ ᠬᠠᠯᠠᠮᠵᠢᠯᠠᠨ ᠬᠠᠶᠢᠷᠠᠯᠠᠬᠤ ᠶᠢ ᠴᠢᠩᠭᠠᠳᠬᠠᠵᠤ᠂ ᠺᠠᠳ᠋ᠷ ᠤᠨ ᠣᠯᠭᠤᠮᠵᠢ ᠶᠢᠨ ᠪᠠᠲᠤᠯᠠᠭ᠎ᠠ ᠶᠢᠨ ᠲᠦᠷᠢᠮ ᠢ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠬᠠᠮᠢᠶ᠎ᠠ ᠪᠥᠬᠦᠶ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠠᠯᠳᠠᠭ᠎ᠠ ᠪᠤᠷᠤᠭᠤ ᠶᠢ ᠵᠠᠯᠠᠷᠠᠭᠤᠯᠬᠤ ᠡᠯ᠎ᠡ ᠵᠦᠢᠯ ᠤᠨ ᠲᠣᠭᠲᠠᠭᠠᠯ ᠢ ᠨᠠᠶᠢᠳᠠᠪᠤᠷᠢᠵᠢᠭᠤᠯᠬᠤ ᠶᠢ ᠶᠡᠭᠡ ᠪᠠᠷ ᠠᠬᠢᠭᠤᠯᠵᠤ᠂ ᠺᠠᠳ᠋ᠷ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠤᠮᠳᠠᠬᠢ ᠠᠯᠳᠠᠰᠢ ᠠᠯᠳᠠᠭ᠎ᠠ ᠳᠤ ᠪᠤᠰᠤᠳᠴᠢ ᠪᠠᠷ ᠲᠥᠪ ᠭᠤᠤᠯᠴᠢ ᠪᠠᠷ ᠬᠠᠨᠳᠤᠵᠤ᠂ ᠦᠨᠡᠨ ᠪᠣᠳᠠᠲᠠᠶ ᠪᠤᠰᠤ ᠢᠯᠡᠴᠢᠯᠡᠭᠳᠡᠭᠰᠡᠨ ᠺᠠᠳ᠋ᠷ ᠤᠨ ᠨᠡᠷ᠎ᠡ ᠲᠥᠷᠥ ᠶᠢ ᠴᠠᠭ ᠲᠤᠬᠠᠶ ᠳᠤᠨᠢ ᠢᠯᠭᠠᠷᠠᠭᠤᠯᠵᠤ᠂ ᠬᠠᠷᠢᠭᠤᠴᠠᠯᠭ᠎ᠠ ᠨᠡᠬᠡᠮᠵᠢᠯᠡᠭᠳᠡᠭᠰᠡᠨ ᠺᠠᠳ᠋ᠷ ᠤᠨ ᠡᠳᠦᠷ ᠲᠤᠲᠤᠮ ᠤᠨ ᠬᠠᠮᠢᠶᠠᠷᠤᠯᠲᠠ ᠪᠠ ᠬᠥᠮᠦᠵᠢᠯ ᠵᠢᠯᠣᠭᠤᠳᠣᠯᠭ᠎ᠠ ᠶᠢ ᠰᠠᠶᠢᠲᠤᠷ ᠬᠢᠵᠦ᠂ ᠤᠯᠤᠰ ᠲᠥᠷᠥ ᠶᠢᠨ ᠲᠠᠯ᠎ᠠ ᠪᠠᠷ ᠤᠷᠮᠠᠰᠢᠭᠤᠯᠬᠤ᠂ ᠠᠵᠢᠯ ᠤᠨ ᠲᠠᠯ᠎ᠠ ᠪᠠᠷ ᠳᠡᠮᠵᠢᠬᠦ᠂ ᠣᠯᠭᠤᠮᠵᠢ ᠶᠢᠨ ᠲᠠᠯ᠎ᠠ ᠪᠠᠷ ᠪᠠᠲᠤᠯᠠᠬᠤ᠂ ᠰᠡᠳᠬᠢᠴᠡ ᠶᠢᠨ ᠲᠠᠯ᠎ᠠ ᠪᠠᠷ ᠬᠠᠯᠠᠮᠵᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢ ᠠᠬᠢᠭᠤᠯᠤᠨ᠎ᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号