ᠯᠢ ᠵᠥᠩ ᠽᠧᠩ ᠪᠦᠯᠬᠦᠮ ᠳᠠᠭᠠᠭᠤᠯᠤᠨ ᠵᠧᠵᠢᠶᠠᠩ ᠳᠤ ᠬᠦᠷᠴᠦ ᠬᠤᠳᠠᠯᠳᠤᠭᠠᠴᠢᠨ ᠤᠷᠢᠵᠦ ᠪᠡᠯᠡ ᠤᠷᠤᠭᠤᠯᠪᠠ
ᠨᠡᠶᠢᠲᠡᠯᠡᠭᠰᠡᠨ ᠴᠠᠭ᠄
2022/8/2
      7 ᠰᠠᠷ᠎ᠠ ᠶᠢᠨ 30 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠢ ᠵᠥᠩ ᠽᠧᠩ ᠨᠠᠷ ᠵᠧᠵᠢᠶᠠᠩ ᠮᠤᠵᠢ ᠶᠢᠨ ᠱᠣᠤᠰᠢᠩ ᠬᠤᠲᠠ᠂ ᠬᠠᠩᠵᠧᠦ ᠬᠤᠲᠠ ᠳᠤ ᠬᠦᠷᠴᠦ ᠬᠤᠳᠠᠯᠳᠤᠭᠠᠴᠢᠨ ᠤᠷᠢᠵᠤ ᠪᠠᠯᠠ ᠣᠷᠣᠭᠤᠯᠵᠤ᠂ ᠷᠦᠨ ᠲᠥ᠋ ᠬᠤᠪᠢ ᠡᠵᠡᠮᠳᠡᠭᠰᠡᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢ᠂ ᠳᠡᠳ᠋ ᠶᠡᠷᠦᠩᠬᠡᠶ ᠵᠠᠬᠢᠷᠤᠯ ᠷᠦ ᠾᠧᠩ᠂ ᠵᠧᠵᠢᠶᠠᠩ ᠤᠨ ᠶᠦᠨ ᠳ᠋ᠠ ᠰᠠᠯᠬᠢᠨ ᠬᠦᠴᠦᠨ ᠤ ᠴᠠᠬᠢᠯᠭᠠᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠭᠤᠤ ᠯᠢᠩ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠤᠸᠠ ᠳ᠋ᠦᠩ ᠤᠨ ᠬᠠᠶᠢᠨ ᠬᠡᠮᠵᠢᠯᠲᠡ ᠵᠢᠷᠤᠭ ᠲᠥᠯᠥᠪᠯᠡᠭᠡᠨ ᠤ ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠶ ᠳᠠᠭᠠᠭᠠᠮᠠᠯ ᠱᠢ ᠯᠸᠢ ᠮᠢᠩ ᠲᠠᠢ ᠲᠣᠰ ᠲᠣᠰ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠠᠶᠢᠮᠠᠭ ᠤᠨ ᠳᠡᠳ᠋ ᠳᠠᠷᠤᠭ᠎ᠠ ᠯᠸᠢ ᠬᠠᠶ᠂  ᠺᠦᠩ ᠳ᠋ᠧ ᠭᠦᠢ ᠠᠵᠢᠯᠯᠠᠭ᠎ᠠ ᠳᠤ ᠣᠷᠣᠯᠴᠠᠵᠠᠶ᠃
     ᠯᠢ ᠵᠥᠩ ᠽᠧᠩ ᠠᠵᠤ ᠠᠬᠤᠶᠢᠯᠠᠯ ᠢᠶᠠᠷ ᠣᠷᠣᠵᠤ᠂ ᠦᠢᠯᠡᠪᠦᠷᠢ ᠶᠢᠨ ᠲᠠᠰᠤᠭ ᠢᠶᠠᠷ ᠲᠤᠭᠤᠷᠢᠵᠦ᠂ ᠠᠵᠤ ᠠᠬᠤᠶᠢᠯᠠᠯ ᠤᠨ ᠬᠥᠭᠵᠢᠯᠲᠡ᠂  ᠦᠢᠯᠡᠳᠬᠦᠨ ᠤ ᠰᠤᠳᠤᠯᠤᠨ ᠨᠡᠭᠡᠭᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠮᠠᠨ ᠤ ᠠᠶᠢᠮᠠᠭ ᠤᠨ ᠨᠠᠷᠢᠯᠢᠭ ᠬᠢᠮᠢ ᠶᠢᠨ ᠠᠵᠤ ᠦᠢᠯᠡᠳᠪᠦᠷᠢ᠂ ᠴᠡᠪᠡᠷ ᠡᠨᠧᠷᠭᠢ ᠶᠢᠨ ᠠᠵᠤ ᠦᠢᠯᠡᠰ ᠨᠢ ᠰᠠᠶᠢᠨ ᠰᠠᠶᠢᠬᠠᠨ ᠰᠠᠭᠤᠷᠢ ᠪᠠ ᠬᠡᠪᠴᠢᠶ᠎ᠡ ᠲᠠᠢ ᠪᠠᠶᠢᠵᠤ᠂ ᠢᠷᠡᠭᠡᠳᠦᠶ ᠶᠢᠨ ᠬᠥᠭᠵᠢᠯᠲᠡ ᠶᠢᠨ ᠣᠷᠣᠨ ᠵᠠᠶ ᠶᠢᠨ ᠳᠠᠯᠳᠠ ᠬᠦᠴᠦᠨ ᠯᠤᠲᠤ ᠶᠡᠭᠡ ᠪᠠᠶᠢᠨ᠎ᠠ᠃ ᠪᠢᠳᠠ ᠤᠨᠤᠪᠴᠢᠲᠠᠢ ᠪᠠᠷ ᠠᠷᠠᠯᠵᠢᠶᠠᠴᠢᠨ ᠤᠷᠢᠵᠤ᠂ ᠬᠠᠨᠳᠤᠯᠭ᠎ᠠ ᠲᠠᠢ ᠪᠠᠷ ᠪᠡᠯᠡ ᠮᠥᠩᠭᠦ ᠣᠷᠣᠭᠤᠯᠤᠨ ᠠᠪᠴᠢᠷᠠᠵᠤ᠂ ᠠᠵᠢᠯ ᠲᠦᠷᠦᠯ ᠤᠨ ᠲᠠᠭᠠᠭᠤᠯᠤᠬᠴᠢ ᠠᠵᠤ ᠠᠬᠤᠶᠢᠯᠠᠯ᠂ ᠲᠤᠮᠤ ᠬᠡᠯᠪᠡᠷᠢ ᠶᠢᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠲᠠᠢ ᠭᠦᠨᠵᠡᠭᠡᠢ ᠬᠠᠮᠲᠤᠷᠠᠯᠴᠠᠵᠤ᠂ ᠲᠦᠷᠦᠯ ᠵᠦᠢᠯ ᠢ ᠪᠠᠶᠢᠭᠤᠯᠵᠤ᠂ ᠬᠡᠯᠬᠢᠶ᠎ᠡ ᠶᠢ ᠬᠤᠯᠪᠣᠵᠤ᠂ ᠠᠵᠤ ᠦᠢᠯᠡᠰ ᠢ ᠠᠭᠤᠰᠤᠯᠴᠠᠭᠤᠯᠵᠤ᠂ ᠶᠠᠰᠤ ᠴᠢᠨᠠᠷ ᠢ ᠳᠡᠭᠡᠭᠰᠢᠯᠡᠬᠦᠯᠦᠨ᠂ ︽ᠴᠡᠪᠡᠷ ᠡᠨᠧᠷᠭᠢ +︾ ᠳᠤ ᠰᠠᠭᠤᠷᠢᠯᠠᠨ ᠴᠡᠪᠡᠷ ᠡᠨᠧᠷᠭᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠵᠤ᠂ ︽+ ᠴᠡᠪᠡᠷ ᠡᠨᠧᠷᠭᠢ︾ ᠳᠤ ᠠᠩᠬᠠᠷᠤᠯ ᠢᠶᠠᠨ ᠲᠥᠪᠯᠡᠷᠡᠭᠦᠯᠦᠨ ᠤᠯᠠᠮᠵᠢᠯᠠᠯᠲᠤ ᠠᠵᠤ ᠦᠢᠯᠡᠰ ᠢ ᠪᠣᠬᠢᠷᠲᠤᠯ ᠦᠭᠡᠢ ᠡᠨᠧᠷᠭᠢ ᠪᠠᠷ ᠣᠷᠣᠯᠠᠭᠤᠯᠬᠤ᠂ ᠲᠡᠰ ᠳᠡᠪᠰᠢᠭᠦᠯᠬᠦ ᠶᠢ ᠠᠬᠢᠭᠤᠯᠵᠤ᠂ ᠠᠯᠠᠱᠠ ᠶᠢᠨ ᠴᠢᠨᠠᠷ ᠰᠠᠶᠢᠲᠠᠢ ᠬᠥᠭᠵᠢᠯᠲᠡ ᠶᠢᠨ ᠵᠠᠩ ᠴᠢᠨᠠᠷ ᠪᠣᠯᠤᠨ ᠲᠦᠷᠢ ᠲᠥᠷᠬᠦ ᠶᠢ ᠨᠡᠩ ᠢᠯᠡ ᠲᠣᠳᠣ ᠪᠤᠢ ᠪᠣᠯᠭᠠᠬᠤ ᠶᠢ ᠬᠦᠰᠡᠵᠦ ᠪᠠᠶᠢᠨ᠎ᠠ ᠭᠡᠪᠡ  ᠃
      ᠠᠵᠦ ᠠᠬᠤᠶᠢᠯᠠᠯ ᠤᠨ ᠬᠠᠷᠢᠭᠤᠴᠠᠯᠭᠠᠲᠠᠨ᠂ ᠠᠯᠠᠱᠠ ᠪᠣᠯ ᠪᠡᠯᠡ ᠣᠷᠣᠭᠤᠯᠵᠤ ᠦᠢᠯᠡᠰ ᠬᠥᠭᠵᠢᠭᠦᠯᠬᠦ ᠰᠢᠮᠡᠳᠦ ᠬᠥᠷᠥᠰᠥ ᠮᠥᠨ᠂ ᠠᠯᠠᠱᠠ ᠶᠢ ᠨᠡᠩ ᠢᠯᠡᠭᠦᠦ ᠠᠩᠬᠠᠷᠤᠨ ᠣᠶᠢᠯᠠᠭᠠᠵᠤ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠨᠡᠶᠢᠯᠡᠯ ᠴᠡᠭ ᠢ ᠡᠷᠢᠯᠬᠢᠯᠡᠵᠦ᠂ ᠠᠵᠤ ᠦᠢᠯᠡᠰ ᠤᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠲᠥᠯᠥᠪᠵᠢᠭᠦᠯᠦᠨ ᠠᠬᠢᠭᠤᠯᠵᠤ᠂ ᠣᠷᠣᠨ ᠨᠤᠲᠤᠭ ᠤᠨ ᠬᠥᠭᠵᠢᠯᠲᠡ᠂ ᠣᠷᠣᠨ ᠨᠤᠲᠤᠭ ᠪᠠ ᠠᠵᠤ ᠠᠬᠤᠶᠢᠯᠠᠯ ᠤᠨ ᠬᠠᠮᠲᠤ ᠪᠠᠷ ᠠᠰᠢᠭ ᠬᠦᠷᠳᠡᠬᠦ ᠶᠢ ᠠᠬᠢᠭᠤᠯᠤᠨ᠎ᠠ ᠭᠡᠵᠦ ᠰᠠᠨᠠᠯ ᠨᠢᠭᠡᠲᠡᠢ ᠢᠯᠡᠳᠬᠡᠪᠡ᠃
      ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠬᠤᠶᠠᠷᠬᠤᠳᠳᠤᠭ ᠤᠨ ᠬᠦᠳᠡᠭᠡ ᠶᠢᠨ ᠠᠮᠢ ᠠᠬᠤᠢ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠪᠣᠯᠤᠨ ᠷᠦᠨ ᠲᠦ᠋ ᠬᠤᠪᠢ ᠡᠵᠡᠮᠳᠡᠭᠰᠡᠨ ᠪᠦᠯᠦᠭᠯᠡᠯ ᠴᠢᠬᠤᠯᠠ ᠶᠡᠭᠡ ᠪᠦᠬᠦ ᠠᠵᠤ ᠦᠢᠯᠡᠰ ᠤᠨ ᠬᠡᠯᠬᠢᠶ᠎ᠠ ᠶᠢᠨ ᠳᠡᠭᠡᠳᠦ ᠴᠢᠳᠠᠪᠬᠢᠳᠤ ᠰᠢᠷᠬᠡᠭᠯᠢᠭ ᠮᠠᠲ᠋ᠧᠷᠢᠶᠠᠯ ᠤᠨ ᠲᠦᠷᠦᠯ ᠵᠦᠢᠯ ᠤᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠬᠤᠶᠠᠷ ᠲᠠᠯ᠎ᠠ ᠶᠢᠨ ᠲᠤᠬᠠᠢ ᠶᠢᠨ ᠲᠠᠯᠠᠪᠠᠢ ᠳᠤ ᠪᠠᠶᠢᠭ᠎ᠠ ᠤᠳᠤᠷᠢᠳᠤᠯᠭ᠎ᠠ ᠵᠥᠪᠯᠡᠯᠴᠡᠭᠡᠷ ᠲᠣᠭᠲᠠᠭᠰᠠᠨ ᠢ ᠭᠡᠷᠡᠴᠢᠯᠡᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号