ᠯᠢ ᠵᠦᠩ ᠽᠧᠩ ᠪᠦᠯᠬᠦᠮ ᠳᠠᠭᠠᠭᠤᠯᠤᠨ ᠵᠢᠶᠠᠩᠰᠦ ᠱᠠᠩᠬᠠᠢ ᠳᠤ ᠬᠦᠷᠴᠦ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2022/8/2
     7 ᠰᠠᠷ᠎ᠠ ᠶᠢᠨ 28 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠢ ᠵᠥᠩ ᠽᠧᠩ ᠪᠦᠯᠬᠦᠮ ᠳᠠᠭᠠᠭᠤᠯᠤᠨ ᠰᠦᠵᠧᠦ ᠬᠤᠲᠠ᠂ ᠱᠠᠩᠬᠠᠶ ᠬᠤᠲᠠ ᠳᠤ ᠬᠦᠷᠴᠦ᠂ ᠲᠦᠩ ᠴᠧᠩ ᠪᠦᠯᠦᠭᠯᠡᠯ ᠪᠣᠯᠤᠨ ᠵᠢᠩ ᠢᠦᠶ ᠯᠢᠣᠢ ᠮᠠ ᠮᠠ ᠪᠦᠯᠦᠭᠯᠡᠯ ᠢ ᠰᠢᠨᠵᠢᠯᠡᠨ ᠪᠠᠶᠢᠴᠠᠭᠠᠵᠤ᠂ ᠲᠦᠩ ᠴᠧᠩ ᠪᠦᠯᠦᠭᠯᠡᠯ ᠤᠨ ᠳᠡᠳ᠋ ᠶᠡᠷᠦᠩᠬᠡᠶ ᠵᠠᠬᠢᠷᠤᠯ ᠯᠢ ᠮᠢᠩ ᠬᠤᠤ ᠪᠣᠯᠤᠨ ᠵᠢᠩ ᠢᠦᠶ ᠯᠢᠣᠢ ᠮᠠ ᠮᠠ ᠶᠢᠨ ᠡᠭᠦᠰᠭᠡᠨ ᠪᠠᠶᠢᠭᠤᠯᠤᠭᠴᠢ ᠬᠤᠩ ᠴᠢᠩ ᠬᠤᠸᠠ ᠲᠠᠢ ᠲᠣᠰ ᠲᠣᠰ ᠭᠦᠨᠵᠡᠭᠡᠶ ᠶᠠᠷᠢᠯᠴᠠᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠠᠷᠭ᠎ᠠ ᠵᠠᠮ ᠢ ᠬᠠᠮᠲᠤ ᠪᠠᠷ ᠵᠥᠪᠳᠡᠯᠴᠡᠪᠡ᠃ ᠠᠶᠢᠮᠠᠭ ᠤᠨ ᠳᠡᠳ᠋ ᠳᠠᠷᠤᠭ᠎ᠠ ᠯᠸᠢ ᠬᠠᠶ ᠠᠵᠢᠯᠯᠠᠭ᠎ᠠ ᠳᠤ ᠣᠷᠣᠯᠴᠠᠵᠠᠶ᠃
      ᠲᠦᠩ ᠴᠧᠩ ᠪᠦᠯᠦᠭᠯᠡᠯ ᠪᠣᠯᠤᠨ ᠵᠢᠩ ᠢᠦᠢ ᠯᠢᠦᠶ ᠮᠠ ᠮᠠ ᠪᠦᠯᠦᠭᠯᠡᠯ ᠳᠤ᠂ ᠯᠢ ᠵᠦᠩ ᠽᠧᠩ ᠠᠵᠤ ᠠᠬᠤᠶᠢᠯᠠᠯ ᠤᠨ ᠡᠷᠭᠢᠯᠲᠡ᠂ ᠵᠢᠭᠤᠯᠴᠢᠯᠠᠯ ᠤᠨ ᠦᠢᠯᠡᠳᠬᠦᠨ ᠤ ᠪᠣᠷᠣᠯᠠᠭᠤᠯᠭ᠎ᠠ᠂ ᠰᠣᠶᠣᠯ ᠤᠨ ᠡᠭᠦᠳᠦᠯᠲᠡ ᠶᠢᠨ ᠦᠢᠯᠡᠳᠬᠦᠨ ᠤ ᠵᠢᠷᠤᠭ ᠲᠥᠯᠥᠪᠯᠡᠭᠡ᠂ ᠵᠢᠭᠤᠯᠴᠢᠯᠠᠯ ᠤᠨ ᠮᠡᠳᠡᠭᠡ ᠵᠠᠩᠭᠢ ᠶᠢᠨ ᠦᠢᠯᠡᠴᠢᠯᠡᠭᠡ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠬᠤᠶᠠᠷ ᠠᠵᠤ ᠠᠬᠤᠶᠢᠯᠠᠯ ᠤᠨ ᠵᠢᠭᠤᠯᠴᠢᠯᠠᠯ᠂ ᠠᠮᠢᠵᠢᠷᠠᠯ ᠤᠨ ᠬᠦᠴᠦᠨ ᠤ ᠤᠷᠤᠭᠰᠢᠯᠠᠯᠲᠠ ᠳᠤ ᠭᠦᠨ ᠰᠠᠭᠤᠭᠳᠠᠯ ᠥᠭᠴᠡᠢ᠃ ᠯᠢ ᠵᠦᠩ ᠽᠧᠩ᠂ ᠬᠤᠶᠠᠷ ᠠᠵᠤ ᠠᠬᠤᠶᠢᠯᠠᠯ ᠬᠠᠶᠢᠷ᠎ᠠ ᠰᠡᠳᠬᠢᠯᠭᠡ ᠲᠠᠢ᠂ ᠵᠤᠭᠠᠴᠠᠯ ᠢ ᠣᠶᠢᠯᠠᠭᠠᠳᠠᠭ᠂ ᠲᠤᠰ ᠪᠡᠶ᠎ᠡ ᠶᠢᠨ ᠬᠦᠷᠢᠶᠡᠨ ᠳᠤ ᠲᠤᠰ ᠲᠤᠰ ᠤᠨ ᠳᠠᠪᠠᠭᠤᠯᠢᠭ ᠲᠠᠯ᠎ᠠ ᠲᠠᠢ᠃ ᠣᠳᠣᠬᠠᠨ ᠳᠤ᠂ ᠮᠠᠨ ᠤ ᠠᠶᠢᠮᠠᠭ ᠬᠦᠴᠦᠨ ᠢᠶᠠᠨ ᠲᠥᠪᠯᠡᠷᠡᠭᠦᠯᠦᠨ ᠣᠯᠠᠨ ᠤᠯᠤᠰ ᠤᠨ ᠨᠠᠷᠠᠲᠤ ᠵᠢᠭᠤᠯᠴᠢᠯᠠᠯ ᠤᠨ ᠵᠣᠷᠢᠭᠰᠠᠨ ᠭᠠᠵᠠᠷ᠂ ᠤᠯᠤᠰ ᠠᠷᠠᠳ ᠤᠨ ᠵᠢᠭᠤᠯᠴᠢᠯᠠᠯ ᠤᠨ ᠵᠠᠪᠠᠯ ᠢᠷᠡᠬᠦ ᠭᠠᠵᠠᠷ᠂ ᠳᠡᠯᠡᠬᠡᠶ ᠶᠢᠨ ᠲᠠᠰ ᠤᠨ ᠵᠢᠷᠤᠭ ᠠᠪᠬᠤ ᠰᠠᠭᠤᠷᠢᠨ ᠭᠠᠵᠠᠷ᠂ ᠳᠡᠭᠡᠳᠦ ᠲᠡᠰ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠡᠷᠬᠢᠯᠡᠬᠦ ᠭᠠᠵᠠᠷ ᠪᠠ ᠣᠨᠴᠠᠯᠢᠭᠲᠤ ᠢᠷᠭᠡᠨ ᠤ ᠪᠠᠭᠤᠳᠠᠯ ᠢ ᠪᠠᠶᠢᠭᠤᠯᠵᠦ᠂ ᠠᠵᠤ ᠠᠬᠤᠶᠢᠯᠠᠯ ᠲᠠᠢ ᠪᠦᠬᠦ ᠲᠠᠯ᠎ᠠ ᠪᠠᠷ ᠬᠤᠷᠰᠢᠯᠴᠠᠨ᠂ ᠤᠷᠳᠦ ᠬᠤᠭᠤᠴᠠᠭ᠎ᠠ᠂ ᠲᠣᠭᠲᠠᠭᠤᠨ᠂ ᠪᠠᠶᠢᠯᠳᠤᠬᠤ ᠪᠣᠳᠣᠯᠭ᠎ᠠ ᠶᠢᠨ ᠬᠠᠮᠲᠤᠷᠠᠨ ᠠᠵᠢᠯᠯᠠᠬᠤ ᠬᠠᠷᠢᠴᠠᠭ᠎ᠠ᠂ ᠣᠷᠣᠭᠤᠯᠵᠤ ᠭᠠᠷᠭᠠᠬᠤ ᠬᠠᠮᠵᠢᠯᠴᠠᠭ᠎ᠠ ᠪᠠᠨ ᠴᠢᠩᠭᠠᠳᠬᠠᠵᠦ᠂ ᠦᠵᠡᠮᠵᠢ ᠶᠢᠨ ᠣᠷᠣᠨ ᠤ ᠬᠠᠮᠲᠤᠷᠠᠯᠴᠠᠭ᠎ᠠ᠂ ᠠᠵᠢᠯᠯᠠᠭᠠᠨ ᠤ ᠬᠠᠮᠲᠤᠷᠠᠯᠴᠠᠭ᠎ᠠ᠂ ᠨᠡᠪᠲᠡᠷᠬᠡᠶ ᠬᠠᠮᠲᠤᠷᠠᠯᠴᠠᠭ᠎ᠠ᠂ ᠰᠦᠯᠵᠢᠶᠡᠨ ᠤ ᠮᠡᠳᠡᠭᠡ ᠵᠠᠩᠭᠢᠵᠢᠯᠲᠠ ᠶᠢᠨ ᠬᠠᠮᠲᠤᠷᠠᠯᠴᠠᠭ᠎ᠠ᠂ ᠦᠢᠯᠡᠳᠬᠦᠨ ᠢ ᠰᠤᠳᠤᠯᠤᠨ ᠨᠡᠭᠡᠭᠡᠬᠦ ᠳᠡᠯᠭᠡᠷᠡᠭᠦᠯᠬᠦ ᠬᠠᠮᠲᠤᠷᠠᠯᠴᠠᠭ᠎ᠠ ᠶᠢ ᠪᠣᠢ ᠪᠣᠯᠭᠠᠵᠦ᠂ ᠮᠠᠨ ᠤ ᠠᠶᠢᠮᠠᠭ ᠤᠨ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠲᠦᠭᠵᠢᠷᠡᠯ ᠬᠦᠴᠢᠷ ᠠᠰᠠᠭᠤᠳᠠᠯ ᠢ ᠪᠥᠬᠦ ᠲᠠᠯ᠎ᠠ ᠪᠠᠷ ᠰᠢᠢᠳᠪᠦᠷᠢᠯᠡᠨ᠂ ᠡᠯᠡᠰᠦᠨ ᠴᠦᠯ ᠤᠨ ᠵᠢᠭᠤᠯᠴᠢᠯᠠᠯ ᠤᠨ ᠠᠵᠢᠯ ᠢ ᠨᠠᠷᠢᠯᠢᠭ ᠭᠦᠨᠵᠡᠭᠡᠢ ᠬᠢᠵᠦ᠂ ᠰᠣᠶᠣᠯ ᠵᠢᠭᠤᠯᠴᠢᠯᠠᠯ ᠤᠨ ᠡᠭᠦᠳᠦᠨ ᠪᠦᠲᠦᠭᠡᠬᠦ ᠴᠢᠳᠠᠮᠵᠢ ᠶᠢ ᠳᠡᠭᠡᠭᠰᠢᠯᠡᠬᠦᠯᠦᠨ᠂ ᠡᠬᠢ ᠪᠠᠶᠠᠯᠢᠭ ᠤᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠤᠨ᠎ᠠ ᠭᠡᠪᠡ᠃
     ᠯᠢ ᠮᠢᠩ ᠬᠤᠤ ᠪᠣᠯᠤᠨ ᠬᠤᠩ ᠴᠢᠩ ᠬᠤᠸᠠ᠂ ᠳᠤᠷᠠᠲᠠᠶ᠎ᠠ ᠠᠯᠠᠱᠠ ᠲᠠᠢ ᠭᠦᠨᠵᠡᠭᠡᠢ ᠬᠠᠮᠲᠤᠷᠠᠯᠴᠠᠵᠤ᠂ ᠣᠨᠣᠪᠴᠢᠳᠠᠢ ᠪᠠᠷ ᠵᠣᠯᠭᠠᠭᠤᠯᠵᠤ᠂ ᠠᠵᠤ ᠠᠬᠤᠶᠢᠯᠠᠯ ᠤᠨ ᠲᠠᠪᠴᠠᠩ᠂ ᠠᠷᠭ᠎ᠠ ᠵᠠᠮ᠂ ᠲᠤᠭ᠎ᠠ ᠪᠠᠷᠢᠮᠲᠠ᠂ ᠦᠢᠯᠡᠳᠬᠦᠨ ᠵᠡᠷᠭᠡ ᠪᠠᠷ ᠠᠯᠠᠱᠠ ᠳᠤ ᠡᠨᠧᠷᠭᠢ ᠨᠡᠮᠡᠷᠢᠯᠡᠵᠦ᠂ ᠡᠯᠡᠰᠦᠨ ᠴᠦᠯ ᠤᠨ ᠵᠢᠭᠤᠯᠴᠢᠯᠠᠯ ᠤᠨ ᠰᠢᠨ᠎ᠡ ᠠᠮᠢᠵᠢᠷᠠᠯ ᠤᠨ ᠴᠡᠭ ᠢ ᠤᠯᠠᠮ ᠴᠢᠨᠠᠭᠰᠢᠳᠠ ᠪᠤᠢ ᠪᠣᠯᠭᠠᠵᠤ᠂ ᠡᠯᠡᠰᠦᠨ ᠴᠦᠯ ᠤᠨ ᠵᠢᠭᠤᠯᠴᠢᠯᠠᠯ ᠤᠨ ᠰᠢᠨ᠎ᠡ ᠥᠷᠨᠢᠯᠲᠡ ᠶᠢ ᠬᠦᠳᠦᠯᠦᠨ ᠳᠠᠭᠠᠭᠤᠯᠵᠤ᠂ ᠠᠯᠠᠱᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠤᠵᠠᠭᠠᠶᠢᠷᠠᠨ ᠬᠦᠴᠦᠷᠬᠡᠭᠵᠢᠬᠦ ᠶᠢ ᠠᠬᠢᠭᠤᠯᠤᠨ᠎ᠠ ᠭᠡᠪᠡ᠃
      ᠡᠨᠡ ᠬᠤᠭᠤᠴᠠᠭᠠᠨ ᠳᠤ᠂ ᠠᠶᠢᠮᠠᠭ ᠤᠨ ᠵᠠᠬᠢᠷᠭ᠎ᠠ ᠪᠠᠰᠠ ᠲᠦᠩ ᠴᠧᠩ ᠪᠦᠯᠦᠭᠯᠡᠯ ᠲᠠᠢ ᠬᠠᠮᠲᠤ ᠪᠠᠷ ᠠᠯᠠᠱᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠬᠤᠳᠠᠯᠳᠤᠭᠠᠴᠢᠨ ᠤᠷᠢᠬᠤ ᠬᠡᠷᠡᠭ ᠡᠷᠬᠢᠯᠡᠬᠦ ᠭᠠᠵᠠᠷ ᠢ ᠪᠠᠶᠢᠭᠤᠯᠵᠤ᠂ ᠠᠶᠢᠮᠠᠭ ᠤᠨ ᠰᠣᠶᠣᠯ ᠵᠢᠭᠤᠯᠴᠢᠯᠠᠯ ᠤᠨ ᠪᠠᠯᠠ ᠣᠷᠣᠭᠤᠯᠤᠯᠲᠠ ᠨᠡᠭᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠤᠨ ᠲᠦᠩ ᠴᠧᠩ ᠪᠦᠯᠦᠭᠯᠡᠯ ︽ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ︾ ᠲᠤ ᠭᠠᠷ ᠤᠨ ᠥᠰᠥᠭ ᠵᠢᠷᠤᠵᠤ᠂ ᠨᠠᠩ ᠣᠯᠠᠨ ᠠᠵᠤ ᠠᠬᠤᠶᠢᠯᠠᠯ ᠢ ᠲᠠᠲᠠᠵᠤ ᠪᠠᠯᠠ ᠣᠷᠣᠭᠤᠯᠤᠨ ᠦᠢᠯᠡᠰ ᠪᠤᠰᠬᠠᠵᠤ᠂ ᠰᠣᠶᠣᠯ ᠵᠢᠭᠤᠯᠴᠢᠯᠠᠯ ᠤᠨ ᠠᠵᠤ  ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠪᠠᠶᠢᠨ᠎ᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号