ᠡᠮᠦᠨᠡᠬᠢ ᠦᠭᠡ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ | ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ᠂ ᠬᠤᠶᠠᠳᠤᠭᠠᠷ ᠵᠠᠭᠤᠨ ᠵᠢᠯ ᠤᠨ | ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠠᠩᠬᠠᠳᠤᠭᠠᠷ ᠲᠠᠪᠤᠨ ᠵᠢᠯ ᠪᠣᠯᠤᠨ᠎ᠠ᠂ ᠮᠥᠨ ᠴᠦ ᠠᠯᠠᠱᠠ ᠠᠶᠢᠮᠠᠭ ᠤᠨ | ᠠᠮᠢ ᠠᠬᠤᠶ ᠶᠢ ᠳᠡᠷᠢᠬᠦᠨ ᠳᠤ ᠳᠠᠯᠪᠢᠵᠦ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠵᠦ᠂ ᠨᠠᠩ ᠶᠡᠭᠡ ᠰᠢᠨ᠎ᠡ ᠬᠥᠭᠵᠢᠯᠲᠡ ᠶᠢ ᠪᠡᠶᠡᠯᠡᠭᠦᠯᠬᠦ | ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠃ | ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠶ ᠳᠣᠣᠱᠯᠠᠭᠤᠯᠵᠦ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠ ᠠᠮᠢ | ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠲᠤᠬᠠᠶ ᠵᠠᠰᠠᠭ ᠤᠨ ᠣᠷᠳᠣᠨ ᠤ ᠴᠢᠬᠤᠯᠠ | ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠣᠷᠢᠵᠢᠭᠤᠯᠵᠦ᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ︿ᠠᠷᠪᠠᠨ ᠳᠥᠷᠪᠡᠳᠦᠭᠡᠷ | ᠲᠠᠪᠤᠨ ᠵᠢᠯ ﹀ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ︽ᠠᠯᠠᠱᠠ | ᠠᠶᠢᠮᠠᠭ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ︿ᠠᠷᠪᠠᠨ ᠳᠥᠷᠪᠡᠳᠦᠭᠡᠷ | ᠲᠠᠪᠤᠨ ᠵᠢᠯ ﹀ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠮᠢ ᠠᠬᠤᠶ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠯᠥᠪᠵᠢᠭᠦᠯᠭᠡ︾ ᠶᠢ ᠦᠨᠳᠦᠰᠦᠯᠡᠵᠦ᠂ ︽ᠠᠯᠠᠱᠠ ᠠᠶᠢᠮᠠᠭ ᠤᠨ ︿ | ᠠᠷᠪᠠᠨ ᠳᠥᠷᠪᠡᠳᠦᠭᠡᠷ ᠲᠠᠪᠤᠨ ᠵᠢᠯ﹀ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠲᠥᠯᠥᠪᠵᠢᠭᠦᠯᠭᠡ︾ ︵ᠳᠣᠷᠣᠭᠰᠢ ︽ᠲᠥᠯᠥᠪᠵᠢᠭᠦᠯᠭᠡ︾ ᠭᠡᠵᠦ ᠲᠣᠪᠴᠢᠯᠠᠨ᠎ᠠ︶ ᠶᠢ ᠳᠣᠭᠳᠠᠭᠠᠪᠠ᠃ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠬᠠᠷᠠᠯᠲᠠ ᠶᠢ | ᠲᠥᠯᠥᠪᠵᠢᠭᠦᠯᠦᠨ ᠲᠥᠰᠦᠪᠯᠡᠵᠦ᠂ ᠭᠤᠤᠯᠳᠠᠯᠭ᠎ᠠ ᠲᠠᠢ ᠠᠵᠢᠯ ᠤᠨ ᠴᠢᠭᠯᠡᠯ ᠢ ᠲᠣᠭᠲᠠᠭᠠᠨ᠂ ᠪᠥᠬᠦ ᠠᠶᠢᠮᠠᠭ ᠤᠨ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ | ᠠᠵᠢᠯ ᠤᠨ ᠠᠵᠢᠯᠯᠠᠭᠠᠨ ᠤ ᠬᠥᠲᠥᠯᠪᠦᠷᠢ ᠪᠣᠯᠭᠠᠪᠠ᠃ | ᠲᠥᠯᠥᠪᠵᠢᠭᠦᠯᠭᠡ ᠶᠢᠨ ᠬᠦᠷᠢᠶ᠎ᠡ ᠬᠡᠪᠴᠢᠶ᠎ᠡ ᠨᠢ ᠪᠦᠬᠦ ᠠᠶᠢᠮᠠᠭ ᠤᠨ ᠬᠠᠷᠢᠶ᠎ᠠ ᠣᠷᠣᠨ ᠤ ᠬᠦᠷᠢᠶ᠎ᠡ | ᠬᠡᠪᠴᠢᠶ᠎ᠡ ᠪᠣᠯᠤᠨ᠎ᠠ᠃ ᠲᠥᠯᠥᠪᠵᠢᠭᠦᠯᠭᠡ ᠶᠢᠨ ᠬᠤᠭᠤᠴᠠᠭ᠎ᠠ ᠨᠢ 2021 ᠣᠨ ᠠᠴᠠ 2025 ᠣᠨ᠂ | ᠪᠠᠷᠢᠮᠵᠢᠶᠠᠲᠤ ᠣᠨ ᠨᠢ 2020 ᠣᠨ᠂ ᠬᠠᠷᠠᠯᠲᠠ ᠵᠢᠯ ᠨᠢ 2025 ᠣᠨ᠂ ᠠᠯᠤᠰ ᠤᠨ ᠲᠥᠯᠥᠪ ᠨᠢ 2035 | ᠣᠨ ᠪᠣᠯᠤᠨ᠎ᠠ᠃ | ᠨᠢᠭᠡᠳᠦᠭᠡᠷ ᠪᠦᠯᠦᠭ ᠠᠮᠢ ᠠᠬᠤᠢ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠠᠵᠢᠯ ᠤᠨ ᠦᠷ᠎ᠡ ᠪᠦᠲᠦᠮᠵᠢ | ᠬᠢᠭᠡᠳ ᠪᠠᠶᠢᠳᠠᠯ | ᠨᠢᠭᠡᠳᠦᠭᠡᠷ ᠬᠡᠰᠡᠭ ᠠᠮᠢ ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠬᠤ ᠠᠵᠢᠯ ᠰᠢᠨ᠎ᠡ ᠦᠷ᠎ᠡ ᠪᠦᠲᠦᠮᠵᠢ | ᠤᠯᠪᠠ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠪᠦᠬᠦ ᠠᠶᠢᠮᠠᠭ ᠤᠨ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠳᠣᠣᠱᠯᠠᠭᠤᠯᠣᠭᠰᠠᠨ ᠲᠠᠪᠤᠨ | ᠵᠢᠯ᠂ ᠪᠦᠬᠦ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠢᠯᠡᠰ ᠨᠠᠮ ᠤᠨ ᠠᠷᠪᠠᠨ | ᠨᠠᠢᠮᠠᠳᠣᠭᠠᠷ ᠶᠡᠭᠡ ᠬᠤᠷᠠᠯ᠂ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭᠠᠨ ᠤ ᠵᠢᠯᠣᠭᠤᠳᠤᠯᠭ᠎ᠠ ᠳᠣᠣᠷ᠎ᠠ | ᠡᠯᠪᠡᠭ ᠦᠷ᠎ᠡ ᠪᠦᠲᠦᠭᠡᠯ ᠣᠯᠤᠭᠰᠠᠨ ᠲᠠᠪᠤᠨ ᠵᠢᠯ᠂ ᠪᠦᠬᠦ ᠠᠶᠢᠮᠠᠭ ᠤᠨ ᠠᠮᠢ ᠠᠬᠤᠢ ᠶᠢᠨ ᠪᠣᠯᠪᠠᠰᠤᠨ ᠤ | ᠳᠦᠷᠢᠮ ᠤᠨ ᠰᠢᠨ᠎ᠡ ᠶᠢ ᠡᠭᠦᠳᠦᠭᠰᠡᠨ ᠡᠷᠴᠢᠮ ᠢᠶᠠᠷ ᠬᠠᠮᠤᠭ ᠤᠨ ᠴᠢᠩᠭ᠎ᠠ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠬᠠᠮᠤᠭ ᠤᠨ ᠡᠯᠪᠡᠭ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠠᠮᠢ ᠠᠬᠤᠢ ᠶᠢᠨ ᠪᠦᠲᠦᠭᠡᠭᠳᠡᠬᠦᠨ ᠢ ᠬᠠᠮᠤᠭ ᠤᠨ ᠣᠯᠠᠨ ᠡᠳ᠋ᠯᠡᠭᠰᠡᠨ ᠲᠠᠪᠤᠨ | ᠵᠢᠯ ᠪᠣᠯᠤᠨ᠎ᠠ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠠᠯᠠᠱᠠ ᠠᠶᠢᠮᠠᠭ | ᠡᠷᠡᠰ ᠭᠤᠶᠢᠪᠢᠰᠢ ᠥᠬᠡᠶ ᠪᠠᠷ ︽ᠰᠢᠨ᠎ᠡ ᠶᠢ ᠡᠭᠦᠳᠬᠦ᠂ ᠵᠣᠬᠢᠴᠠᠩᠭᠤᠶ᠂ ᠪᠣᠬᠢᠷᠲᠤᠯ ᠥᠬᠡᠶ᠂ ᠨᠡᠭᠡᠭᠡᠯᠲᠡᠲᠦ᠂ | ᠬᠠᠮᠲᠤ ᠪᠠᠷ ᠡᠳ᠋ᠯᠡᠬᠦ︾ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠶᠡᠷᠦᠩᠬᠡᠶ ᠵᠢᠯᠣᠭᠤᠳᠤᠮᠵᠢ ᠪᠣᠯᠭᠠᠵᠤ᠂ | ᠠᠮᠢ ᠠᠬᠤᠶ ᠣᠷᠴᠢᠨ ᠲᠣᠭᠤᠷᠢᠨ ᠬᠢᠭᠡᠳ ᠠᠵᠤ ᠠᠬᠤᠶ ᠶᠢᠨ ᠬᠥᠭᠵᠢᠯᠲᠡ ᠶᠢ ᠬᠠᠷᠢᠯᠴᠠᠨ ᠵᠣᠬᠢᠴᠠᠭᠤᠯᠬᠤ᠂ ᠠᠮᠢ | ᠠᠬᠤᠶ ᠶᠢᠨ ᠬᠠᠮᠠᠭᠠᠯᠠᠯᠲᠠ ᠬᠢᠭᠡᠳ ᠣᠷᠣᠨ ᠪᠦᠰᠡ ᠶᠢᠨ ᠪᠥᠲᠥᠭᠡᠨ ᠪᠠᠶᠢᠭᠤᠯᠤᠯᠲᠠ ᠶᠢ ᠵᠡᠷᠭᠡ ᠪᠠᠷ | ᠴᠢᠬᠤᠯᠠᠴᠢᠯᠠᠬᠤ ᠶᠢ ᠪᠠᠷᠢᠮᠲᠠᠯᠠᠵᠤ᠂ ᠤᠯᠤᠰ ᠤᠨ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢ ᠶᠢᠨ ᠣᠷᠣᠨ ᠤ | ᠪᠥᠲᠥᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ | ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠬᠦᠴᠦᠯᠡᠨ ᠪᠠᠶᠢᠭᠤᠯᠵᠤ᠂ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠦᠢᠯᠡᠰ ᠲᠦᠷᠭᠡᠨ ᠬᠥᠭᠵᠢᠯᠲᠡ ᠪᠠ ᠳᠠᠪᠰᠢᠯᠲᠠ ᠲᠠᠢ ᠪᠣᠯᠪᠠ᠃ | ᠨᠢᠭᠡ᠂ ᠠᠮᠢ ᠠᠬᠤᠶ ᠶᠢᠨ ᠪᠣᠯᠪᠠᠰᠤᠨ ᠤ ᠲᠦᠷᠢᠮ ᠤᠨ ᠰᠢᠰᠲ᠋ᠧᠮ ᠲᠠᠰᠤᠷᠠᠯᠲᠠ ᠥᠬᠡᠶ ᠲᠡᠭᠦᠯᠳᠡᠷᠵᠢᠪᠡ | ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠵᠤ᠂ ︽ | ᠠᠯᠠᠱᠠ ᠠᠶᠢᠮᠠᠭ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠯᠭᠠᠨ ᠬᠢᠨᠠᠬᠤ ᠰᠢᠰᠲ᠋ᠧᠮᠵᠢ ᠶᠢᠨ | ᠬᠦᠰᠦᠨᠦᠭᠲᠦ︾ ᠶᠢ ᠳᠠᠷᠤᠮᠠᠯᠯᠠᠨ ᠲᠠᠷᠬᠠᠭᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠣᠨ ᠤ | ᠦᠨᠡᠯᠡᠯᠲᠡ ᠶᠢ ᠥᠷᠨᠢᠭᠦᠯᠵᠦ᠂ ︽ᠠᠯᠠᠱᠠ ᠠᠶᠢᠮᠠᠭ ᠤᠨ ᠨᠠᠮ ᠤᠨ ᠬᠤᠷᠢᠶ᠎ᠠ ᠪᠣᠯᠤᠨ ᠵᠠᠬᠢᠷᠭ᠎ᠠ ᠶᠢᠨ ᠬᠤᠯᠪᠣᠭᠳᠠᠯ | ᠪᠥᠬᠦᠶ ᠰᠠᠯᠠᠭ᠎ᠠ ᠮᠥᠴᠢᠷ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢᠨ ᠨᠠᠷᠢᠨ | ᠲᠠᠩᠰᠠ︾ ᠶᠢ ᠳᠠᠷᠤᠮᠠᠯᠯᠠᠨ ᠲᠠᠷᠬᠠᠭᠠᠵᠤ᠂ ᠠᠶᠢᠮᠠᠭ ᠬᠤᠰᠢᠭᠤ ᠬᠤᠶᠠᠷ ᠱᠠᠲᠤᠨ ᠤ ᠠᠮᠢ ᠠᠬᠤᠶ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠢ ᠪᠠᠶᠢᠭᠤᠯᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ | ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ | ︾ ᠠᠵᠢᠯ ᠤᠨ ᠪᠠᠶᠢᠷᠢᠰᠢᠯ ᠢ ᠪᠥᠬᠦ ᠲᠠᠯ᠎ᠠ ᠪᠠᠷ ᠪᠦᠷᠢᠯᠳᠦᠭᠦᠯᠪᠡ᠃ ᠨᠠᠮ ᠵᠠᠰᠠᠭ ᠤᠨ ᠤᠳᠤᠷᠢᠳᠬᠤ ᠺᠠᠳ᠋ᠷ ᠠᠴᠠ ᠠᠮᠢ | ᠠᠬᠤᠶ ᠣᠷᠴᠢᠨ ᠲᠣᠭᠤᠷᠢᠨ ᠢ ᠬᠤᠬᠢᠷᠠᠭᠤᠯᠤᠭᠰᠠᠨ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠥᠪᠡᠷᠲᠡᠭᠡᠨ | ᠵᠠᠰᠠᠬᠤ ᠣᠷᠣᠨ ᠤ ︽ᠨᠠᠮ ᠵᠠᠰᠠᠭ ᠤᠨ ᠤᠳᠤᠷᠢᠳᠬᠤ ᠺᠠᠳ᠋ᠷ ᠠᠴᠠ ᠠᠮᠢ ᠠᠬᠤᠶ ᠣᠷᠴᠢᠨ ᠲᠣᠭᠤᠷᠢᠨ ᠢ | ᠬᠤᠬᠢᠷᠠᠭᠤᠯᠤᠭᠰᠠᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠵᠢᠭᠦᠯᠬᠦ ᠨᠠᠷᠢᠨ ᠲᠦᠷᠢᠮ ︵ᠲᠤᠷᠰᠢᠨ ᠬᠡᠷᠡᠭᠵᠢᠭᠦᠯᠬᠦ︶︾ ᠢ | ᠳᠣᠣᠱᠯᠠᠭᠤᠯᠣᠨ ᠨᠠᠶᠢᠳᠠᠪᠤᠷᠢᠵᠢᠭᠤᠯᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠ ᠣᠷᠴᠢᠨ | ᠲᠣᠭᠤᠷᠢᠨ ᠤ ᠬᠠᠮᠠᠭᠠᠯᠠᠯᠲᠠ ᠶᠢ ᠰᠢᠯᠭᠠᠨ ᠬᠢᠨᠠᠬᠤ ᠬᠦᠢᠴᠡᠳᠭᠡᠯ ᠲᠤᠭ᠎ᠠ ᠶᠢᠨ ᠰᠢᠰᠲ᠋ᠧᠮᠵᠢ ᠳᠤ ᠣᠷᠣᠭᠤᠯᠪᠠ᠃ ᠨᠠᠮ | ᠵᠠᠰᠠᠭ ᠤᠨ ᠭᠤᠤᠯ ᠤᠳᠤᠷᠢᠳᠤᠯᠭ᠎ᠠ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠬᠢᠨᠠᠨ ᠪᠤᠳᠤᠬᠤ ᠠᠵᠢᠯ | ᠪᠠ ᠠᠯᠠᠱᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠣᠢ ᠰᠢᠭᠤᠶ ᠶᠢᠨ ᠡᠬᠢ ᠪᠠᠶᠠᠯᠢᠭ ᠡᠳ᠋ | ᠬᠥᠷᠥᠩᠭᠡ ᠶᠢᠨ ᠥᠷᠢ ᠥᠭᠴᠡᠭᠡ ᠶᠢᠨ ᠬᠦᠰᠦᠨᠦᠭᠲᠦ ᠶᠢ ᠨᠠᠶᠢᠷᠠᠭᠤᠯᠤᠨ ᠵᠣᠬᠢᠶᠠᠬᠤ ᠲᠤᠷᠰᠢᠯᠲᠠ ᠶᠢ ᠥᠷᠨᠢᠭᠦᠯᠪᠡ᠃ | ︽ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠤᠤᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠤ ᠣᠷᠣᠨ ᠤ | ᠠᠵᠤ ᠦᠢᠯᠡᠰ ᠢ ᠵᠥᠪᠰᠢᠶᠡᠷᠡᠨ ᠣᠷᠣᠭᠤᠯᠬᠤ ᠬᠤᠷᠢᠭ᠎ᠠ ᠲᠠᠢ ᠵᠦᠢᠯᠡᠰ ᠤᠨ ᠨᠠᠷᠢᠨ ᠬᠠᠭᠤᠳᠠᠰᠤ ︵ᠲᠤᠷᠰᠢᠨ | ᠬᠡᠷᠡᠭᠵᠢᠭᠦᠯᠬᠦ︶ ᠶᠢᠨ ᠮᠡᠳᠡᠭᠳᠡᠯ︾ ᠢ ᠬᠢᠨᠠᠮᠠᠭᠠᠶ ᠨᠠᠶᠢᠳᠠᠪᠣᠷᠢᠵᠢᠭᠤᠯᠬᠤ᠂ ᠪᠠᠯᠠ ᠣᠷᠣᠭᠤᠯᠤᠯᠲᠠ ᠶᠢᠨ ᠲᠥᠷᠥᠯ | ᠵᠦᠢᠯ ᠢ ᠬᠢᠨᠠᠨ ᠵᠥᠪᠰᠢᠶᠡᠷᠡᠬᠦ ᠪᠠ ᠬᠠᠮᠢᠶᠠᠷᠬᠤ ᠶᠢ ᠴᠢᠩᠭᠠᠳᠬᠠᠪᠠ᠃ ᠪᠥᠬᠦ ᠠᠶᠢᠮᠠᠭ ᠤᠨ ᠭᠤᠷᠪᠠᠨ ᠬᠤᠰᠢᠭᠤ ᠶᠢ | ᠤᠯᠤᠰ ᠤᠨ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢ ᠶᠢᠨ ᠣᠷᠣᠨ ᠳᠤ ᠣᠷᠣᠭᠤᠯᠬᠤ ᠪᠠᠷ ᠠᠵᠠ ᠲᠣᠬᠢᠶᠠᠯ | ᠪᠣᠯᠭᠠᠵᠤ᠂ ᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠢᠯᠭᠠᠨ ᠦᠨᠡᠯᠡᠬᠦ ᠶᠢ ᠴᠢᠩᠭ᠎ᠠ | ᠬᠡᠷᠡᠭᠵᠢᠭᠦᠯᠵᠦ᠂ ᠠᠮᠢ ᠠᠬᠤᠶ ᠶᠢᠨ ᠴᠢᠳᠠᠮᠵᠢ ᠶᠢᠨ ᠣᠷᠣᠨ ᠳᠤ ᠰᠢᠯᠵᠢᠭᠦᠯᠦᠨ ᠥᠭᠬᠦ ᠪᠠᠯᠠ ᠮᠥᠩᠭᠦ ᠶᠢᠨ ᠲᠦᠷᠢᠮ ᠢ | ᠨᠠᠶᠢᠳᠠᠪᠤᠷᠢᠵᠢᠭᠤᠯᠵᠤ᠂ ︽ᠠᠯᠠᠱᠠ ᠠᠶᠢᠮᠠᠭ ᠤᠨ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ | ᠳᠠᠶᠢᠯᠠᠯᠳᠤᠭᠠᠨ ᠤ ᠬᠡᠷᠡᠭᠵᠢᠭᠦᠯᠬᠦ ᠲᠥᠰᠦᠯ ︵2018—2020︶︾᠂ ︽ᠠᠯᠠᠱᠠ ᠠᠶᠢᠮᠠᠭ ᠤᠨ ᠭᠤᠤᠯ ᠮᠥᠷᠡᠨ | ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠪᠠ ᠤᠰᠤᠨ ᠠᠰᠢᠭᠯᠠᠯᠲᠠ ᠶᠢᠨ ᠢᠨᠵᠧᠨᠧᠷᠢᠩ ᠤᠨ | ᠬᠠᠮᠢᠶᠠᠷᠤᠯᠲᠠ ᠬᠢᠭᠡᠳ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠶᠢ ᠢᠯᠭᠠᠨ ᠲᠣᠭᠲᠠᠭᠠᠬᠤ ᠠᠵᠢᠯ ᠤᠨ ᠵᠢᠯᠣᠭᠤᠳᠬᠤ | ᠰᠠᠨᠠᠯ︾᠂ ︽ᠠᠯᠠᠱᠠ ᠠᠶᠢᠮᠠᠭ ᠤᠨ ᠬᠠᠯᠬᠠᠪᠴᠢ ᠣᠶ ᠪᠠᠶᠢᠭᠤᠯᠬᠤ ᠳᠤ ᠨᠥᠬᠦᠪᠥᠷᠢ ᠥᠭᠬᠦ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠬᠦ ᠠᠷᠭ᠎ᠠ︾ ᠵᠡᠷᠭᠡ ᠠᠯᠢ ᠣᠯᠠᠨ ᠲᠦᠷᠢᠮ ᠤᠨ ᠪᠢᠴᠢᠭ ᠮᠠᠲ᠋ᠧᠷᠢᠶᠠᠯ ᠢ ᠪᠡᠶᠡᠯᠡᠭᠦᠯᠵᠦ᠂ | ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠬᠤ ᠶᠢ ᠪᠦᠲᠦᠮᠵᠢᠲᠡᠶ ᠠᠬᠢᠭᠤᠯᠪᠠ᠃ | ᠬᠤᠶᠠᠷ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠰᠢᠰᠲ᠋ᠧᠮ ᠲᠠᠰᠤᠷᠠᠯᠲᠠ ᠦᠭᠡᠢ | ᠰᠢᠯᠢᠳᠡᠭᠵᠢᠪᠡ | ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠶᠢ | ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠬᠠᠮᠠᠭᠠᠯᠠᠬᠤ ᠶᠢ ᠬᠠᠮᠤᠭ ᠤᠨ ᠶᠡᠭᠡ ᠪᠦᠳᠦᠭᠡᠨ | ᠪᠠᠶᠢᠭᠤᠯᠤᠯᠲᠠ ᠪᠣᠯᠭᠠᠵᠤ᠂ ᠪᠠᠶᠢᠭᠠᠯᠢ ᠶᠢᠨ ᠤᠢ ᠶᠢ ᠬᠠᠮᠠᠭᠠᠯᠠᠬᠤ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠢ ᠶᠢ | ᠰᠡᠷᠭᠦᠭᠡᠬᠦ᠂ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ᠂ ᠨᠡᠶᠢᠲᠡ ᠶᠢᠨ ᠠᠰᠠᠷᠠᠮᠵᠢ ᠶᠢᠨ ᠤᠢ ᠶᠢ | ᠬᠠᠮᠠᠭᠠᠯᠠᠬᠤ᠂ ᠬᠠᠷ᠎ᠠ ᠭᠤᠣᠯ ᠤᠨ ᠳᠤᠤᠷᠠᠳᠤ ᠤᠷᠤᠰᠬᠠᠯ ᠤᠨ ᠡᠵᠡᠨ᠎ᠡ ᠶᠢᠨ ᠨᠣᠭᠤᠭᠠᠨ ᠪᠦᠷᠢᠳᠦ ᠶᠢ ᠲᠦᠷᠭᠡᠨ | ᠠᠪᠤᠷᠠᠵᠤ ᠬᠠᠮᠠᠭᠠᠯᠠᠬᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠦᠳᠦᠭᠡᠨ ᠪᠠᠶᠢᠭᠤᠯᠤᠯᠲᠠ ᠵᠡᠷᠭᠡ ᠴᠢᠬᠤᠯᠠ | ᠶᠡᠭᠡ ᠠᠮᠢ ᠠᠬᠤᠢ ᠶᠢᠨ ᠢᠨᠵᠧᠨᠧᠷᠢᠩ ᠢ ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ ᠠᠬᠢᠭᠤᠯᠪᠠ᠃ 2 . | 8 ᠳ᠋ᠦᠩᠰᠢᠭᠤᠷ ᠮᠦ ᠪᠠᠶᠢᠭᠠᠯᠢ ᠶᠢᠨ ᠬᠠᠳᠤᠯᠠᠩ ᠪᠡᠯᠴᠢᠭᠡᠷ ᠢ ᠪᠦᠬᠦ ᠲᠠᠯ᠎ᠠ ᠪᠠᠷ ᠰᠡᠷᠭᠦᠭᠡᠵᠦ᠂ ᠪᠡᠯᠴᠢᠭᠡᠷᠯᠡᠭᠦᠯᠬᠦ ᠶᠢ | ᠴᠠᠭᠠᠵᠠᠯᠠᠬᠤ ᠰᠡᠯᠭᠦᠨ ᠮᠠᠯᠵᠢᠬᠤ ᠬᠠᠳᠤᠯᠠᠩ ᠪᠡᠯᠴᠢᠭᠡᠷ ᠤᠨ ᠲᠠᠯᠠᠪᠠᠶ ᠶᠢ 2 . 56 ᠳ᠋ᠦᠩᠰᠢᠭᠤᠷ ᠮᠦ ᠳᠤ | ᠬᠦᠷᠦᠭᠦᠯᠵᠦ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢ 23 . 2 % ᠬᠦᠷᠲᠡᠯ᠎ᠡ | ᠳᠡᠭᠡᠭᠰᠢᠯᠡᠭᠦᠯᠵᠦ᠂ ᠨᠡᠯᠢᠶᠡᠳ ᠰᠠᠶᠢᠨ ᠰᠡᠷᠭᠦᠭᠰᠡᠨ ᠭᠠᠵᠠᠷ ᠣᠷᠣᠨ ᠢ 45 % ᠠᠴᠠ ᠳᠡᠭᠡᠭᠰᠢ ᠳᠤ ᠬᠦᠷᠦᠭᠦᠯᠵᠦ᠂ | ᠨᠤᠲᠤᠭ ᠪᠡᠯᠴᠢᠭᠡᠷ ᠪᠣᠯᠤᠨ ᠣᠶ ᠰᠢᠭᠤᠶ ᠶᠢᠨ ᠡᠬᠢ ᠪᠠᠶᠠᠯᠢᠭ ᠤᠨ ᠶᠡᠷᠦᠩᠬᠡᠶ ᠲᠠᠯᠠᠪᠠᠶ ᠶᠢ ᠲᠤᠰ ᠲᠤᠰ 28005 . | 67 ᠲᠦᠮᠡᠨ ᠮᠦ ᠪᠠ 3238 . 5 ᠲᠦᠮᠡᠨ ᠮᠦ ᠳᠤ ᠬᠦᠷᠭᠡᠪᠡ᠃ ᠪᠥᠬᠦ ᠠᠶᠢᠮᠠᠭ ᠨᠡᠶᠢᠲᠡ 8670 . 13 | ᠲᠦᠮᠡᠨ ᠮᠥ ᠴᠦᠯᠯᠡᠷᠭᠡᠭᠵᠢᠯ ᠢ ᠵᠠᠰᠠᠬᠤ ᠡᠭᠦᠷᠭᠡ ᠶᠢ ᠪᠡᠶᠡᠯᠡᠭᠦᠯᠵᠦ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠶᠢ | 8 . 85 % ᠬᠦᠷᠲᠡᠯ᠎ᠡ ᠳᠡᠭᠡᠭᠰᠢᠯᠡᠭᠦᠯᠪᠡ᠃ ᠪᠦᠬᠦ ᠠᠶᠢᠮᠠᠭ ᠲᠤ ᠨᠡᠶᠢᠲᠡ 9 ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ᠂ 290 . 9 ᠲᠦᠮᠡᠨ ᠾᠧᠺᠲ᠋ᠠᠷ ᠬᠠᠮᠠᠭᠠᠯᠠᠯᠲᠠ ᠶᠢᠨ ᠣᠷᠣᠨ ᠲᠠᠢ᠃ ᠠᠯᠠᠱᠠ ᠶᠢᠨ 6 ᠲᠦᠮᠡᠨ ᠮᠦ ᠲᠠᠯ᠎ᠠ | ᠨᠤᠲᠤᠭ ᠢ ᠵᠠᠰᠠᠨ ᠰᠡᠷᠭᠦᠭᠡᠬᠦ ᠢᠨᠵᠧᠨᠧᠷᠢᠩ ᠢ ᠪᠠᠶᠢᠭᠤᠯᠵᠤ᠂ 6000 ᠮᠦ ᠠᠮᠢ ᠠᠬᠤᠢ ᠶᠢᠨ ᠴᠡᠴᠡᠷᠯᠢᠭ 4᠂ | 1500 ᠮᠦ ᠡᠯᠡᠰᠦᠨ ᠴᠦᠯ ᠤᠨ ᠤᠷᠭᠤᠮᠠᠯ ᠤᠨ ᠬᠦᠷᠢᠶᠡᠯᠡᠩ 4᠂ ᠬᠤᠲᠠ ᠶᠢᠨ ᠴᠡᠴᠡᠷᠯᠢᠭ 4 ᠶᠢ ᠪᠠᠶᠢᠭᠤᠯᠪᠠ᠃ | ᠪᠠᠳᠠᠢ ᠶᠢᠨ ᠵᠢᠷᠠᠨ ᠡᠯᠡᠰᠦᠨ ᠴᠥᠯ ᠢ ᠳᠡᠯᠡᠬᠡᠶ ᠶᠢᠨ ᠪᠠᠶᠢᠭᠠᠯᠢ ᠶᠢᠨ ᠥᠪ ᠢᠶᠠᠷ ᠭᠤᠶᠤᠴᠢᠯᠠᠨ ᠮᠡᠳᠡᠭᠦᠯᠬᠦ ᠠᠵᠢᠯ ᠢ | ᠡᠬᠢᠯᠡᠭᠦᠯᠵᠦ᠂ ᠡᠵᠡᠨ᠎ᠡ ᠬᠤᠰᠢᠭᠤ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ | ᠦᠵᠡᠭᠦᠯᠬᠦ ᠬᠤᠰᠢᠭᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠪᠡ᠃ ᠠᠮᠢ ᠠᠬᠤᠢ | ᠮᠠᠭᠤᠳᠠᠬᠤ ᠬᠠᠨᠳᠤᠰᠢ ᠶᠡᠷᠦᠩᠬᠡᠢ ᠳᠡᠭᠡᠨ ᠬᠤᠷᠢᠭᠯᠠᠭᠳᠠᠵᠤ᠂ ᠬᠡᠰᠡᠭ ᠲᠠᠯ᠎ᠠ ᠢᠯᠡᠳᠲᠡ ᠰᠠᠶᠢᠵᠢᠷᠠᠪᠠ᠃ | ᠭᠤᠷᠪᠠ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠦᠷᠭᠦᠯᠵᠢᠯᠡᠨ ᠰᠠᠶᠢᠵᠢᠷᠠᠪᠠ | ᠬᠥᠬᠡ ᠣᠭᠲᠠᠷᠭᠤᠶ ᠶᠢ ᠬᠠᠮᠠᠭᠠᠯᠠᠬᠤ ᠠᠵᠢᠯ ᠤᠨ ᠲᠠᠯ᠎ᠠ ᠪᠠᠷ᠃ ᠦᠬᠠᠢ ᠵᠢᠴᠢ ᠡᠷᠬᠢᠨ ᠲᠣᠭᠤᠷᠢᠨ ᠤ | ᠭᠠᠵᠠᠷ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠵᠤ | ᠂ ᠢᠷᠭᠠᠢ᠂ ᠱᠢ ᠽᠦᠢ ᠱᠠᠨ᠂ ᠳᠡᠷᠡᠰᠦᠨ ᠬᠤᠳᠠ ᠭᠤᠷᠪᠠᠨ ᠭᠠᠵᠠᠷ ᠲᠠᠢ ᠣᠷᠣᠨ ᠪᠦᠰᠡ ᠶᠢᠨ ᠣᠷᠴᠢᠨ | ᠲᠣᠭᠤᠷᠢᠨ ᠤ ᠪᠣᠬᠢᠷᠲᠤᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠬᠠᠮᠲᠤᠷᠠᠯᠴᠠᠭᠠᠨ ᠤ ᠵᠥᠪᠯᠡᠯᠴᠡᠭᠡᠷ | ᠲᠣᠭᠲᠠᠪᠠ᠃ ᠭᠤᠷᠪᠠᠨ ᠬᠤᠰᠢᠭᠤᠨ ᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ ᠬᠤᠲᠠ ᠪᠠᠯᠭᠠᠰᠤᠨ ᠤ | ᠪᠠᠶᠢᠭᠤᠯᠤᠭᠰᠠᠨ ᠲᠣᠭᠤᠷᠢᠭ ᠪᠠ ᠳᠡᠭᠡᠳᠦ ᠰᠢᠨ᠎ᠡ ᠮᠡᠷᠭᠡᠵᠢᠯ ᠤᠨ ᠣᠷᠣᠨ᠂ ᠲᠩᠷᠢ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠨᠢ 10 ᠲᠣᠨ ᠠᠭᠤᠷ / ᠴᠠᠭ ᠵᠢᠴᠢ ᠲᠡᠭᠦᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ | ᠵᠤᠤᠬ᠎ᠠ ᠶᠢ ᠰᠢᠭᠰᠢᠭᠳᠡᠭᠦᠯᠬᠦ ᠠᠵᠢᠯ ᠢ ᠪᠦᠬᠦᠨ ᠢ ᠪᠡᠶᠡᠯᠡᠭᠦᠯᠵᠦ᠂ 2016 ᠣᠨ ᠠᠴᠠ ᠨᠠᠰᠢ᠂ 10 ᠲᠣᠨ ᠠᠭᠤᠷ / | ᠴᠠᠭ ᠵᠢᠴᠢ ᠲᠡᠭᠦᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠵᠤᠤᠬ᠎ᠠ ᠶᠢ 191 ᠰᠢᠭᠰᠢᠭᠳᠡᠭᠦᠯᠪᠡ᠃ | ᠭᠤᠤᠯᠳᠠᠯᠭ᠎ᠠ ᠲᠠᠢ ᠠᠵᠢᠯ ᠲᠥᠷᠥᠯ ᠤᠨ ᠪᠣᠬᠢᠷᠲᠤᠯ ᠤᠨ ᠡᠬᠢ ᠶᠢ ᠵᠠᠰᠠᠬᠤ᠂ ᠵᠣᠬᠢᠶᠠᠨ ᠪᠠᠶᠢᠭᠤᠯᠤᠯᠲᠠ ᠥᠬᠡᠶ ᠪᠠᠷ | ᠭᠠᠳᠠᠭᠰᠢᠯᠠᠭᠤᠯᠬᠤ ᠶᠢ ᠬᠠᠮᠢᠶᠠᠷᠬᠤ᠂ ᠳᠡᠭᠳᠡᠮᠡᠬᠡᠶ ᠴᠢᠨᠠᠷ ᠲᠠᠢ ᠣᠷᠭᠠᠨᠢᠭ ᠪᠣᠳᠠᠰ ᠢ ᠵᠠᠰᠠᠬᠤ᠂ ︽ᠲᠠᠷᠠᠬᠠᠶ ᠪᠤᠲᠠᠷᠬᠠᠶ᠂ | ᠡᠮᠬᠢ ᠵᠠᠮᠪᠠᠷᠠᠭ᠎ᠠ ᠥᠬᠡᠶ᠂ ᠪᠣᠬᠢᠷᠲᠤᠯ ᠶᠡᠬᠡᠲᠡᠶ︾ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠵᠠᠰᠠᠬᠤ ᠪᠠ | ᠠᠵᠤ ᠦᠢᠯᠡᠳᠪᠦᠷᠢ ᠶᠢᠨ ᠵᠤᠤᠬ᠎ᠠ ᠶᠢ ᠶᠡᠷᠦᠩᠬᠡᠶᠢᠯᠡᠨ ᠵᠠᠰᠠᠬᠤ ᠶᠢ ᠶᠡᠬᠡᠪᠡᠷ ᠠᠬᠢᠭᠤᠯᠵᠤ᠂ ︽ᠲᠠᠷᠠᠬᠠᠶ ᠪᠤᠲᠠᠷᠬᠠᠶ᠂ | ᠡᠮᠬᠢ ᠵᠠᠮᠪᠠᠷᠠᠭ᠎ᠠ ᠥᠬᠡᠶ᠂ ᠪᠣᠬᠢᠷᠲᠤᠯ ᠶᠡᠬᠡᠲᠡᠶ︾ ᠠᠵᠤ ᠠᠬᠤᠶᠢᠯᠠᠯ ᠢ ᠶᠡᠷᠦᠩᠬᠡᠶᠢᠯᠡᠨ ᠵᠠᠰᠠᠬᠤ 5᠂ ᠠᠵᠤ | ᠦᠢᠯᠡᠳᠪᠦᠷᠢ ᠶᠢᠨ ᠵᠤᠤᠬ᠎ᠠ ᠶᠢ ᠶᠡᠷᠦᠩᠬᠡᠶᠢᠯᠡᠨ ᠵᠠᠰᠠᠬᠤ 9᠂ ᠨᠡᠭᠦᠷᠡᠰᠦ ᠰᠢᠲᠠᠭᠠᠬᠤ ᠮᠠᠰᠢᠨ ᠴᠣᠭᠴᠠᠯᠠᠪᠤᠷᠢ ᠶᠢᠨ | ᠬᠡᠲᠦ ᠳᠤᠤᠷ᠎ᠠ ᠭᠠᠳᠠᠭᠰᠢᠯᠠᠭᠤᠯᠬᠤ ᠥᠭᠡᠷᠡᠴᠢᠯᠡᠯᠲᠡ ᠶᠢ 160 . 8 ᠲᠦᠮᠡᠨ ᠺᠢᠯᠣᠸᠠᠲ᠂ ᠳᠡᠭᠳᠡᠮᠡᠬᠡᠶ ᠴᠢᠨᠠᠷ ᠲᠠᠢ | ᠣᠷᠭᠠᠨᠢᠭ ᠪᠣᠳᠠᠰ ᠢ ᠵᠠᠰᠠᠬᠤ ᠲᠥᠷᠥᠯ ᠵᠦᠢᠯ 37᠂ ᠨᠤᠨᠲᠠᠭ ᠣᠪᠣᠭᠠᠯᠠᠬᠤ 25 ᠲᠠᠯᠠᠪᠤᠷ ᠢ ᠪᠦᠬᠦᠨ ᠢ | ᠪᠢᠲᠡᠭᠦᠮᠵᠢᠯᠡᠨ ᠥᠭᠡᠷᠡᠴᠢᠯᠡᠬᠦ ᠶᠢ ᠪᠡᠶᠡᠯᠡᠭᠦᠯᠪᠡ᠃ ᠪᠠᠷᠢᠯᠭ᠎ᠠ ᠶᠢᠨ ᠭᠠᠵᠠᠷ ᠲᠤ ︽ᠵᠢᠷᠭᠤᠭ᠎ᠠ ᠶᠢ ᠵᠠᠭᠤᠨ ᠤ ᠵᠠᠭᠤ ᠪᠠᠷ | ︾ ᠰᠡᠷᠭᠡᠶᠢᠯᠡᠨ ᠵᠠᠰᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠣᠷᠢᠵᠢᠭᠤᠯᠵᠦ᠂ ᠵᠠᠮ ᠢ ᠮᠠᠰᠢᠨᠴᠢᠯᠠᠨ ᠴᠡᠪᠡᠷᠯᠡᠬᠦ | ᠠᠵᠢᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠂ ᠪᠦᠬᠦ ᠠᠶᠢᠮᠠᠭ ᠤᠨ ᠬᠤᠲᠠ ᠪᠠᠯᠭᠠᠰᠤᠨ ᠤ ᠵᠠᠮ ᠢ ᠮᠠᠰᠢᠨᠴᠢᠯᠠᠨ | ᠴᠡᠪᠡᠷᠯᠡᠬᠦ ᠨᠣᠷᠮ᠎ᠠ ᠶᠢ 69 % ᠳᠤ ᠬᠦᠷᠭᠡᠪᠡ᠃ 2020 ᠣᠨ ᠳᠤ ᠪᠠᠶᠠᠨᠬᠤᠲᠠ ᠶᠢᠨ ᠠᠭᠠᠷ ᠤᠨ ᠶᠠᠰᠤ ᠴᠢᠨᠠᠷ | ᠰᠢᠯᠢᠳᠡᠭ ᠰᠠᠶᠢᠨ ᠡᠳᠦᠷ ᠤᠨ ᠲᠤᠭ᠎ᠠ 346 ᠡᠳᠦᠷ᠂ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ 94 . | 8 % ᠪᠠᠶᠢᠵᠤ᠂ 2015 ᠣᠨ ᠤ ᠬᠢ ᠠᠴᠠ 3 . 6 ᠵᠠᠭᠤᠨ ᠤ ᠬᠤᠪᠢ ᠶᠢᠨ ᠴᠡᠭ ᠳᠡᠭᠡᠭᠰᠢᠯᠡᠪᠡ︔ ᠵᠢᠵᠢᠭ | ᠮᠥᠬᠦᠯᠢᠭᠲᠦ ᠪᠣᠳᠠᠰ ᠤᠨ ᠳᠤᠮᠳᠠᠴᠢ ᠥᠳᠬᠡᠴᠡ ᠨᠢ 23 ᠮᠢᠺᠷᠥᠭᠷᠠᠮ / ᠺᠦᠪ ᠮᠧᠲᠷ ᠪᠠᠶᠢᠵᠤ᠂ 2015 | ᠣᠨ ᠤ ᠬᠢ ᠠᠴᠠ 25 . 8 % ᠪᠠᠷ ᠪᠠᠭᠤᠷᠠᠪᠠ᠃ 2019 ᠣᠨ ᠤ ᠡᠴᠦᠰ ᠪᠣᠯᠲᠠᠯ᠎ᠠ᠂ ᠬᠦᠬᠦᠷ ᠤᠨ ᠳᠠᠪᠬᠤᠷ | ᠢᠰᠦᠯ ᠪᠣᠯᠤᠨ ᠠᠽᠣᠲ ᠤᠨ ᠢᠰᠦᠮᠡᠭ ᠭᠠᠳᠠᠭᠰᠢᠯᠠᠭᠤᠯᠬᠤ ᠬᠡᠮᠵᠢᠶ᠎ᠡ ᠶᠢ 2015 ᠣᠨ ᠤ ᠬᠢ ᠠᠴᠠ ᠲᠣᠰ ᠲᠣᠰ | 11093 . 15 ᠲᠣᠨ ᠪᠠ 5504 . 9 ᠲᠣᠨ ᠪᠠᠭᠠᠰᠬᠠᠵᠤ᠂ 2015 ᠣᠨ ᠤ ᠬᠢ ᠠᠴᠠ ᠲᠣᠰ ᠲᠣᠰ 19 . | 24 %᠂ 14 . 60 % ᠪᠠᠷ ᠪᠠᠭᠤᠷᠠᠭᠤᠯᠵᠤ᠂ ︽ᠠᠷᠪᠠᠨ ᠭᠤᠷᠪᠠᠳᠣᠭᠠᠷ ᠳᠠᠪᠣᠨ ᠵᠢᠯ︾ ᠤᠨ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠭᠦᠷᠭᠡ ᠶᠢᠨ 222 %᠂ 111 % ᠶᠢ ᠲᠣᠰ ᠲᠣᠰ ᠪᠡᠶᠡᠯᠡᠭᠦᠯᠪᠡ᠃ | ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠰᠢᠯᠢᠳᠡᠭ ᠡᠳᠦᠷ ᠤᠨ | ᠲᠤᠭ᠎ᠠ ᠶᠢᠨ ᠪᠠᠷᠢᠮᠵᠢᠶ᠎ᠠ ᠳᠤ ᠭᠦᠷᠦᠭᠰᠡᠨ ᠨᠣᠷᠮ᠎ᠠ 79 . 5 % ᠪᠠᠶᠢᠵᠤ᠂ ᠥᠪᠡᠷᠲᠡᠭᠡᠨ ᠵᠠᠰᠠᠬᠤ ᠣᠷᠣᠨ ᠠᠴᠠ | ᠪᠠᠭᠤᠯᠭᠠᠭᠰᠠᠨ ᠬᠠᠷᠠᠯᠲᠠ ᠡᠭᠦᠷᠭᠡ ᠶᠢᠨ ᠱᠠᠭᠠᠷᠳᠠᠯᠭ᠎ᠠ ᠶᠢ ᠪᠡᠶᠡᠯᠡᠭᠦᠯᠪᠡ᠃ | ᠴᠡᠩᠭᠡᠭ ᠤᠰᠤ ᠶᠢ ᠬᠠᠮᠠᠭᠠᠯᠠᠬᠤ ᠠᠵᠢᠯ ᠤᠨ ᠲᠠᠯ᠎ᠠ ᠪᠠᠷ᠃ ᠭᠤᠣᠯ ᠮᠥᠷᠡᠨ ᠨᠠᠭᠤᠷ ᠴᠥᠭᠦᠷᠥᠮ ᠤᠨ | ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠠᠷᠪᠠᠨ ᠶᠡᠭᠡ︾ ᠠᠵᠢᠯ ᠲᠥᠷᠥᠯ ᠤᠨ ᠬᠠᠶᠠᠭᠳᠠᠮᠠᠯ | ᠤᠰᠤ ᠶᠢ ᠵᠢᠭᠰᠠᠭᠠᠨ ᠪᠠᠶᠢᠴᠠᠭᠠᠵᠤ ᠵᠠᠰᠠᠬᠤ ᠶᠢ ᠪᠡᠶᠡᠯᠡᠭᠦᠯᠵᠦ᠂ ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ | 3 ᠦᠢᠯᠡᠳᠪᠦᠷᠢ ᠶᠢᠨ ᠭᠠᠷᠭᠠᠭᠰᠠᠨ ᠤᠰᠤᠨ ᠤ ᠴᠢᠨᠠᠷ ᠨᠢ ᠴᠥᠮ ᠨᠢᠭᠡᠳᠦᠭᠡᠷ ᠳᠡᠰ ᠤᠨ A ᠪᠠᠷᠢᠮᠵᠢᠶ᠎ᠠ ᠪᠣᠯᠵᠤ᠂ | ᠬᠤᠲᠠ ᠲᠣᠭᠤᠷᠢᠭ ᠲᠤ ᠪᠣᠬᠢᠷ ᠤᠰᠤᠨ ᠤ ᠬᠤᠭᠤᠯᠠᠢ ᠶᠢ 355 . 88 ᠺᠢᠯᠣᠮᠧᠲᠷ᠂ ᠤᠰᠤ ᠭᠠᠳᠠᠭᠰᠢᠯᠠᠭᠤᠯᠬᠤ | ᠬᠤᠭᠤᠯᠠᠢ ᠶᠢ ᠦᠨᠳᠦᠰᠦᠨ ᠳᠡᠭᠡᠨ ᠪᠦᠷᠬᠦᠭᠦᠯᠵᠦ᠂ ᠬᠤᠲᠠ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ | ᠰᠢᠢᠳᠪᠦᠷᠢᠯᠡᠭᠰᠡᠨ ᠨᠣᠷᠮ᠎ᠠ ᠨᠢ 93 . 6 % ᠪᠣᠯᠪᠠ᠃ 2020 ᠣᠨ ᠳᠤ᠂ ᠭᠠᠵᠠᠷ ᠳᠡᠭᠡᠷᠡᠬᠢ ᠤᠰᠤᠨ ᠤ | ᠬᠠᠲᠤᠨ ᠭᠤᠤᠯ ᠤᠨ ᠠᠯᠠᠱᠨ ᠬᠡᠰᠡᠭ ᠪᠠ ᠡᠵᠡᠨ᠎ᠡ ᠭᠤᠤᠯ ᠤᠨ ᠡᠯ᠎ᠡ ᠣᠭᠲᠣᠯᠤᠭᠠᠰᠤ ᠶᠢᠨ ᠤᠰᠤᠨ ᠤ ᠴᠢᠨᠠᠷ ᠢ | ᠴᠥᠮ V ᠲᠥᠷᠥᠯ ᠤᠨ ᠪᠠᠷᠢᠮᠵᠢᠶ᠎ᠠ ᠳᠤ ᠲᠣᠭᠲᠠᠭᠤᠨ ᠪᠠᠶᠢᠯᠭᠠᠵᠤ᠂ ᠴᠢᠨᠠᠷ ᠮᠠᠭᠤᠲᠠᠶ V ᠲᠥᠷᠥᠯ ᠤᠨ ᠤᠰᠤᠨ | ᠴᠣᠭᠴᠠ ᠪᠠ ᠪᠣᠬᠢᠷ ᠦᠮᠡᠬᠡᠶ ᠤᠰᠤᠨ ᠴᠣᠭᠴᠠ᠂ ᠠᠯᠠᠱᠠ ᠵᠡᠭᠦᠨ ᠬᠤᠰᠢᠭᠤᠨ ᠤ ᠬᠠᠷ᠎ᠠ ᠭᠤᠣ ᠤᠰᠤᠨ ᠴᠥᠭᠦᠷᠥᠮ | ᠵᠡᠷᠭᠡ 5 ᠬᠤᠲᠠ ᠪᠠᠯᠭᠠᠰᠤ ᠶᠢᠨ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ | ᠤᠰᠤᠨ ᠤ ᠴᠢᠨᠠᠷ ᠢ ᠴᠥᠮ V ᠲᠥᠷᠥᠯ ᠳᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠯᠭᠠᠨ ᠬᠢᠨᠠᠬᠤ | ᠬᠠᠷᠠᠯᠲᠠ ᠳᠤ ᠬᠦᠷᠭᠡᠪᠡ᠃ 2019 ᠣᠨ ᠤ ᠡᠴᠦᠰ ᠪᠣᠯᠲᠠᠯ᠎ᠠ᠂ ᠬᠢᠮᠢ ᠶᠢᠨ ᠬᠦᠴᠢᠯᠲᠥ᠋ᠷᠥᠭᠴᠢ ᠬᠡᠷᠡᠭᠰᠡᠬᠦ ᠬᠡᠮᠵᠢᠶ᠎ᠡ | ᠪᠠ ᠰᠢᠪᠲᠦᠷᠲᠦ ᠠᠽᠣᠲ ᠭᠠᠳᠠᠭᠰᠢᠯᠠᠭᠤᠯᠬᠤ ᠬᠡᠮᠵᠢᠶ᠎ᠡ ᠶᠢ 2015 ᠣᠨ ᠤ ᠬᠢ ᠠᠴᠠ ᠲᠣᠰ ᠲᠣᠰ 903 ᠲᠣᠨ | ᠪᠠ 89 ᠲᠣᠨ ᠪᠠᠭᠠᠰᠬᠠᠵᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ 723 ᠲᠣᠨ ᠪᠠ 56 ᠲᠣᠨ | ᠪᠠᠭᠠᠰᠬᠠᠬᠤ ᠬᠠᠷᠠᠯᠲᠠᠲᠤ ᠡᠭᠦᠷᠭᠡ ᠶᠢᠨ 125 % ᠪᠠ 159 % ᠶᠢ ᠪᠡᠶᠡᠯᠡᠭᠦᠯᠪᠡ᠃ | ᠴᠡᠪᠡᠷ ᠬᠥᠷᠥᠰᠥ ᠶᠢ ᠬᠠᠮᠠᠭᠠᠯᠠᠬᠤ ᠠᠵᠢᠯ ᠤᠨ ᠲᠠᠯ᠎ᠠ ᠪᠠᠷ᠃ ᠪᠥᠬᠦ ᠠᠶᠢᠮᠠᠭ ᠤᠨ ᠲᠠᠷᠢᠶᠠᠯᠠᠩ ᠳᠤ ᠬᠡᠷᠡᠭᠯᠡᠬᠦ | ᠭᠠᠵᠠᠷ ᠤᠨ ᠬᠥᠷᠥᠰᠥ ᠰᠢᠷᠣᠶ ᠶᠢᠨ ᠪᠣᠬᠢᠷᠲᠤᠯ ᠤᠨ ᠪᠠᠶᠢᠳᠠᠯ ᠢ ᠨᠠᠷᠢᠨ ᠪᠠᠶᠢᠴᠠᠭᠠᠬᠤ ᠠᠵᠢᠯ ᠢ ᠪᠡᠶᠡᠯᠡᠭᠦᠯᠵᠦ᠂ | ᠬᠥᠷᠥᠰᠥ ᠰᠢᠷᠣᠶ ᠶᠢᠨ ᠥᠯᠢᠭᠡᠷ ᠡᠳ᠋ ᠢ ᠴᠤᠭᠯᠠᠭᠤᠯᠬᠤ 107 ᠴᠡᠭ ᠢ ᠪᠡᠶᠡᠯᠡᠭᠦᠯᠵᠦ᠂ ᠬᠥᠷᠥᠰᠥ ᠰᠢᠷᠣᠶ ᠶᠢᠨ | ᠥᠯᠢᠭᠡᠷ ᠡᠳ᠋ ᠢ 1942 ᠬᠤᠪᠢ ᠲᠤᠷᠰᠢᠪᠠ᠃ ᠪᠦᠬᠦ ᠠᠶᠢᠮᠠᠭ ᠤᠨ ᠭᠤᠣᠯᠳᠠᠯᠭ᠎ᠠ ᠲᠠᠢ ᠠᠵᠢᠯ ᠲᠥᠷᠥᠯ ᠤᠨ ᠠᠵᠤ | ᠠᠬᠤᠶᠢᠯᠠᠯ ᠤᠨ ᠭᠠᠵᠠᠷ ᠬᠡᠷᠡᠭᠯᠡᠬᠦ ᠰᠠᠭᠤᠷᠢ ᠰᠤᠷᠠᠭ ᠵᠠᠩᠭᠢ ᠶᠢ ᠬᠢᠨᠠᠨ ᠬᠠᠷᠭᠤᠭᠤᠯᠬᠤ ᠠᠵᠢᠯ ᠢ ᠪᠡᠶᠡᠯᠡᠭᠦᠯᠵᠦ᠂ | 128 ᠡᠷᠦᠬᠡ ᠶᠢ ᠴᠤᠭᠯᠠᠭᠤᠯᠤᠨ᠂ ᠬᠥᠷᠥᠰᠥ ᠰᠢᠷᠣᠢ ᠶᠢᠨ ᠤᠯᠤᠰ ᠤᠨ ᠡᠵᠡᠮᠰᠢᠯᠲᠦ ᠬᠢᠨᠠᠨ ᠬᠡᠮᠵᠢᠯᠲᠡ ᠶᠢᠨ ᠴᠡᠭ | ᠢ ᠨᠡᠶᠢᠲᠡ 38 ᠲᠣᠬᠢᠷᠠᠭᠤᠯᠵᠤ᠂ ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠬᠦ | ᠰᠢᠰᠲ᠋ᠧᠮ ᠢ ᠦᠨᠳᠦᠰᠦᠨ ᠳᠡᠭᠡᠨ ᠪᠦᠷᠢᠯᠳᠦᠭᠦᠯᠵᠦ᠂ ᠪᠣᠬᠢᠷᠲᠤᠭᠰᠠᠨ ᠭᠠᠵᠠᠷ ᠤᠨ ᠨᠡᠷᠡᠰ ᠪᠠ ᠳᠠᠬᠢᠨ ᠨᠡᠭᠡᠭᠡᠨ | ᠠᠰᠢᠭᠯᠠᠬᠤ ᠨᠠᠵᠠᠭᠠᠢ ᠲᠠᠯ᠎ᠠ ᠶᠢᠨ ᠨᠠᠷᠢᠨ ᠳᠠᠩᠰᠠ ᠶᠢ ᠪᠦᠬᠦ ᠲᠠᠯ᠎ᠠ ᠪᠠᠷ ᠪᠠᠶᠢᠭᠤᠯᠪᠠ᠃ ᠬᠥᠷᠥᠰᠥ ᠰᠢᠷᠣᠢ ᠶᠢᠨ | ᠪᠣᠬᠢᠷᠲᠤᠯ ᠪᠠ ᠭᠤᠣᠯᠳᠠᠯᠭ᠎ᠠ ᠲᠠᠢ ᠠᠵᠢᠯ ᠲᠦᠷᠦᠯ ᠤᠨ 124 ᠠᠵᠤ ᠠᠬᠤᠶᠢᠯᠠᠯ ᠤᠨ ᠪᠣᠬᠢᠷᠲᠤᠯ ᠤᠨ | ᠪᠠᠶᠢᠴᠠᠭᠠᠯᠲᠠ ᠶᠢ ᠪᠡᠶᠡᠯᠡᠭᠦᠯᠵᠦ᠂ ᠬᠥᠷᠥᠰᠥ ᠰᠢᠷᠣᠢ ᠶᠢᠨ ᠣᠷᠴᠢᠨ ᠠᠬᠤᠢ ᠶᠢᠨ ᠰᠠᠭᠤᠷᠢ ᠳ᠋ᠠᠶᠢᠲ᠋ᠠ ᠬᠥᠮᠥᠷᠭᠡ ᠶᠢ | ᠪᠠᠶᠢᠭᠤᠯᠪᠠ᠃ ᠡᠳᠦᠷ ᠲᠤ 7 ᠲᠣᠨ ᠡᠮᠴᠢᠯᠡᠭᠡᠨ ᠤ ᠬᠠᠶᠠᠭᠳᠠᠮᠠᠯ ᠪᠣᠳᠠᠰ ᠢ ᠬᠤᠷᠢᠶᠠᠨ ᠴᠤᠭᠯᠠᠭᠤᠯᠬᠤ᠂ | ᠰᠢᠯᠵᠢᠭᠦᠯᠦᠨ ᠲᠡᠭᠡᠭᠡᠪᠦᠷᠢᠯᠡᠬᠦ ᠪᠠ ᠰᠢᠢᠳᠪᠣᠷᠢᠯᠡᠬᠦ ᠰᠢᠰᠲ᠋ᠧᠮ ᠢ ᠪᠠᠶᠢᠭᠤᠯᠵᠤ᠂ ᠵᠢᠯ ᠳᠤ 8 ᠲᠦᠮᠡᠨ ᠲᠣᠨ | ᠶᠡᠷᠦᠩᠬᠡᠶᠢᠯᠡᠨ ᠰᠢᠢᠳᠪᠣᠷᠢᠯᠡᠬᠦ ᠰᠢᠨ᠎ᠡ ᠠᠶᠤᠯᠲᠠᠶ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠰᠢᠢᠳᠪᠣᠷᠢᠯᠡᠬᠦ ᠲᠥᠪ ᠢ | ᠪᠠᠶᠢᠭᠤᠯᠵᠤ᠂ 3 ᠰᠠᠭᠤᠷᠢ ᠶᠡᠷᠦᠩᠬᠡᠶ ᠴᠥᠭᠦᠷᠥᠮ ᠤᠨ ᠪᠠᠭᠲᠠᠭᠠᠮᠵᠢ ᠨᠢ 1580 ᠲᠦᠮᠡᠨ ᠪᠣᠰᠤᠭ᠎ᠠ ᠳᠥᠷᠪᠡᠯᠵᠢᠨ | ᠮᠧᠲᠷ ᠪᠣᠯᠬᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠪᠤᠯᠠᠬᠤ ᠲᠠᠯᠠᠪᠠᠶ ᠶᠢ ᠪᠠᠶᠢᠭᠤᠯᠪᠠ᠃ ᠬᠤᠲᠠ ᠪᠠᠯᠭᠠᠰᠤᠨ ᠤ | ᠠᠮᠢᠳᠤᠷᠠᠯ ᠤᠨ ᠬᠤᠭ ᠨᠣᠪᠰᠢ ᠶᠢ ᠬᠤᠣᠷ ᠦᠬᠡᠶᠢᠳᠡᠬᠦᠯᠦᠨ ᠰᠢᠢᠳᠪᠦᠷᠢᠯᠡᠬᠦ ᠨᠣᠷᠮ᠎ᠠ 98 . 8 % ᠳᠤ ᠬᠦᠷᠴᠦ᠂ | ᠪᠠᠶᠠᠨᠬᠤᠲᠠ ᠶᠢᠨ ᠬᠤᠭᠤᠯᠠᠨ ᠲᠢᠩᠬᠢᠮ ᠲᠣᠭᠤᠭᠠᠨ ᠭᠡᠷ ᠤᠨ ᠬᠤᠭ ᠨᠣᠪᠰᠢ ᠶᠢ ᠰᠢᠢᠳᠪᠦᠷᠢᠯᠡᠬᠦ ᠦᠢᠯᠡᠳᠪᠦᠷᠢ ᠶᠢ | ᠪᠠᠶᠢᠭᠤᠯᠤᠨ ᠠᠰᠢᠭᠯᠠᠯᠲᠠ ᠳᠤ ᠣᠷᠣᠭᠤᠯᠪᠠ᠃ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠶᠡᠷᠦᠩᠬᠡᠶᠢᠯᠡᠨ | ᠴᠡᠭᠴᠡᠯᠡᠨ ᠵᠠᠰᠠᠬᠤ ᠶᠢ ᠪᠥᠬᠦ ᠲᠠᠯ᠎ᠠ ᠪᠠᠷ ᠥᠷᠨᠢᠭᠦᠯᠵᠦ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ | ᠲᠡᠭᠡᠭᠡᠪᠦᠷᠢᠯᠡᠬᠦ ᠰᠢᠰᠲ᠋ᠧᠮᠵᠢ ᠶᠢ ᠨᠢᠭᠡᠨᠲᠡ ᠪᠠᠶᠢᠭᠤᠯᠤᠭᠰᠠᠨ ᠭᠠᠴᠠᠭ᠎ᠠ ᠲᠣᠰᠬᠤᠨ ᠢ 91 . 5 % ᠠᠴᠠ | ᠳᠡᠭᠡᠭᠰᠢ ᠳᠤ ᠭᠦᠷᠭᠡᠪᠡ᠃ | ᠳᠥᠷᠪᠡ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠪᠠ | ᠠᠮᠢ ᠠᠬᠤᠶ ᠶᠢ ᠳᠡᠷᠢᠬᠦᠨ ᠳᠤ ᠳᠠᠯᠪᠢᠵᠦ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ | ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠵᠤ᠂ ᠠᠵᠤ ᠦᠢᠯᠡᠳᠪᠦᠷᠢ ᠶᠢ | ᠲᠥᠪᠯᠡᠷᠡᠭᠦᠯᠦᠨ ᠬᠥᠭᠵᠢᠭᠦᠯᠬᠦ᠂ ᠲᠠᠷᠢᠶᠠᠯᠠᠩ ᠢ ᠪᠠᠭᠠᠰᠬᠠᠨ ᠬᠥᠭᠵᠢᠭᠦᠯᠬᠦ᠂ ᠮᠠᠯ ᠠᠵᠤ ᠠᠬᠤᠶ ᠶᠢ ᠵᠣᠬᠢᠰᠲᠠᠶ | ᠬᠥᠭᠵᠢᠭᠦᠯᠬᠦ᠂ ᠵᠢᠭᠤᠯᠴᠢᠯᠠᠯ ᠤᠨ ᠦᠢᠯᠡᠰ ᠢ ᠲᠦᠷᠬᠡᠨ ᠬᠥᠭᠵᠢᠭᠦᠯᠬᠦ᠂ ᠡᠯᠡᠰᠦᠨ ᠤ ᠠᠵᠤ ᠦᠢᠯᠡᠰ ᠢ | ᠬᠡᠪᠴᠢᠶᠡᠵᠢᠭᠦᠯᠦᠨ ᠬᠥᠭᠵᠢᠭᠦᠯᠬᠦ᠂ ᠴᠡᠪᠡᠷ ᠡᠨᠧᠷᠭᠢ ᠶᠢᠨ ᠠᠵᠤ ᠦᠢᠯᠡᠰ ᠢ ᠣᠶᠤᠨᠴᠢ ᠪᠠᠷ ᠬᠥᠭᠵᠢᠭᠦᠯᠬᠦ ᠪᠠᠶᠢᠯᠳᠤᠬᠤ | ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠬᠦᠴᠦᠯᠡᠨ ᠠᠬᠢᠭᠤᠯᠵᠤ᠂ | ᠠᠵᠤ ᠠᠬᠤᠶ ᠶᠢᠨ ᠪᠦᠲᠦᠴᠡ ᠶᠢ ᠨᠠᠩ ᠰᠢᠯᠢᠳᠡᠭᠵᠢᠭᠦᠯᠵᠦ᠂ ᠠᠵᠤ ᠦᠢᠯᠡᠰ ᠤᠨ ᠲᠠᠰ ᠳᠠᠪᠬᠤᠷᠭ᠎ᠠ ᠶᠢ ᠶᠡᠭᠡ ᠪᠠᠷ | ᠳᠡᠭᠡᠭᠰᠢᠯᠡᠬᠦᠯᠪᠡ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ ᠢ | ᠬᠡᠷᠡᠭᠵᠢᠭᠦᠯᠵᠦ᠂ ᠥᠨᠳᠥᠷ ᠪᠦᠲᠦᠮᠵᠢᠲᠡᠶ ᠤᠰᠤ ᠠᠷᠪᠢᠯᠠᠬᠤ ᠣᠨᠴᠠᠯᠢᠭᠲᠤ ᠲᠠᠷᠢᠶᠠᠯᠠᠩ ᠢ ᠶᠡᠭᠡ ᠪᠠᠷ ᠬᠥᠭᠵᠢᠭᠦᠯᠵᠦ᠂ | ᠲᠠᠷᠢᠶᠠᠯᠠᠩ ᠳᠤ ᠬᠡᠷᠡᠭᠯᠡᠬᠦ ᠤᠰᠤ ᠶᠢ ᠢᠯᠡᠳᠲᠡ ᠪᠠᠭᠤᠷᠠᠭᠤᠯᠵᠤ᠂ ᠠᠵᠤ ᠦᠢᠯᠡᠳᠪᠦᠷᠢ ᠶᠢᠨ ᠤᠰᠤ ᠠᠷᠪᠢᠯᠠᠬᠤ ᠶᠢ | ᠶᠡᠭᠡ ᠪᠠᠷ ᠬᠡᠷᠡᠭᠵᠢᠭᠦᠯᠵᠦ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠤᠰᠤ | ᠬᠡᠷᠡᠭᠯᠡᠬᠦ ᠬᠡᠮᠵᠢᠶ᠎ᠡ ᠶᠢ 2015 ᠣᠨ ᠤ ᠬᠢ ᠠᠴᠠ 61 . 7 % ᠪᠠᠭᠤᠷᠠᠭᠤᠯᠪᠠ᠃ ᠪᠠᠳᠠᠶ ᠶᠢᠨ ᠵᠢᠷᠠᠨ᠂ ᠲᠩᠷᠢ᠂ | ᠳᠣᠣᠷᠠᠢ ᠪᠣᠯᠤᠨ ᠠᠯᠠᠱᠠ ᠠᠭᠤᠯᠠ ᠶᠢᠨ ᠦᠵᠡᠮᠵᠢ ᠶᠢᠨ ᠣᠷᠣᠨ ᠢ ᠪᠥᠬᠦ ᠤᠯᠤᠰ ᠤᠨ ᠠᠮᠢ ᠠᠬᠤᠶ ᠶᠢᠨ | ᠵᠢᠭᠤᠯᠴᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠬᠡᠭᠡᠷᠡᠯᠡᠬᠦ e ᠠᠩᠬᠢ ᠶᠢᠨ ᠠᠯᠠᠱᠠ ᠶᠢᠨ | ᠬᠦᠰᠡᠯᠡᠩᠳᠦ ᠡᠯᠡᠰᠦᠨ ᠴᠥᠯ ᠤᠨ ᠠᠭᠠᠷ ᠤᠨ ᠠᠶᠠᠯᠠᠯ ᠤᠨ ᠰᠣᠶᠣᠯ ᠤᠨ ᠭᠤᠤᠯ ᠰᠡᠳᠦᠪᠲᠦ ᠴᠡᠴᠡᠷᠯᠢᠭ ᠢ | ᠤᠯᠤᠰ ᠤᠨ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠭᠦᠳᠦᠨ | ᠪᠠᠶᠢᠭᠤᠯᠬᠤ ᠨᠢᠭᠡᠴᠡ ᠪᠠᠷ ᠮᠠᠭᠠᠳᠯᠠᠨ ᠲᠣᠭᠲᠠᠭᠠᠪᠠ᠃ ᠠᠮᠢ ᠠᠬᠤᠢ ᠶᠢᠨ ᠰᠠᠭᠤᠷᠢ ᠶᠢ ᠲᠠᠯᠪᠢᠵᠤ᠂ ᠠᠵᠤ ᠦᠢᠯᠡᠰ | ᠪᠠ ᠲᠣᠰᠬᠤᠨ ᠢ ᠠᠭᠤᠰᠤᠯᠴᠠᠭᠤᠯᠤᠨ᠂ ᠡᠯᠡᠰᠦᠨ ᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠴᠠᠭᠠᠨ ᠭᠤᠶᠣᠣ | ᠲᠠᠷᠢᠬᠤ ᠲᠠᠯᠠᠪᠠᠢ ᠶᠢ 93 . 89 ᠲᠦᠮᠡᠨ ᠮᠦ ᠳᠤ ᠬᠦᠷᠭᠡᠪᠡ᠃ ᠪᠦᠬᠦ ᠠᠶᠢᠮᠠᠭ ᠲᠤ ᠬᠤᠴᠣᠷᠤᠩᠭᠤᠢ | ᠦᠢᠯᠡᠳᠪᠦᠷᠢᠯᠡᠯ ᠤᠨ ᠴᠢᠳᠠᠪᠤᠷᠢ᠂ ᠪᠣᠬᠢᠷᠲᠤᠯ ᠬᠦᠨᠳᠦ ᠨᠣᠴᠢᠲᠠᠢ ᠠᠵᠤ ᠠᠬᠤᠶᠢᠯᠠᠯ ᠢ ᠨᠡᠶᠢᠲᠡ 188 ᠬᠠᠭᠠᠵᠤ | ᠵᠣᠭᠰᠣᠭᠠᠨ᠂ 150 ᠲᠦᠮᠡᠨ ᠲᠣᠨ ᠨᠡᠭᠦᠷᠡᠰᠦᠨ ᠤ ᠦᠢᠯᠡᠳᠪᠦᠷᠢᠯᠡᠯ ᠤᠨ ᠴᠢᠳᠠᠪᠤᠷᠢ ᠶᠢ ᠪᠤᠴᠠᠭᠠᠨ ᠭᠠᠷᠭᠠᠵᠤ᠂ | 34 ᠭᠤᠣᠯᠳᠠᠯᠭ᠎ᠠ ᠲᠠᠢ ᠠᠵᠤ ᠠᠬᠤᠶᠢᠯᠠᠯ ᠢ ᠨᠡᠶᠢᠯᠡᠭᠦᠯᠦᠨ ᠳᠠᠬᠢᠨ ᠪᠠᠶᠢᠭᠤᠯᠵᠤ᠂ ᠳᠡᠭᠡᠳᠦ ᠳᠣᠣᠷᠠᠳᠤ ᠬᠡᠯᠬᠢᠶ᠎ᠡ ᠶᠢ | ᠬᠠᠮᠲᠤᠷᠠᠨ ᠬᠥᠭᠵᠢᠭᠦᠯᠬᠦ ᠶᠢ ᠠᠬᠢᠭᠤᠯᠪᠠ᠃ ᠡᠨᠧᠷᠭᠢ ᠶᠢᠨ ᠰᠤᠷᠪᠤᠯᠵᠢ ᠡᠬᠢ ᠪᠠᠶᠠᠯᠢᠭ ᠢ ᠠᠷᠪᠢᠯᠠᠬᠤ ᠪᠠ ᠥᠨᠳᠥᠷ | ᠪᠦᠲᠦᠮᠵᠢᠲᠡᠢ ᠪᠠᠷ ᠣᠷᠴᠢᠯᠳᠤᠭᠤᠯᠤᠨ ᠠᠰᠢᠭᠯᠠᠬᠤ ᠶᠢ ᠴᠢᠩᠭᠠᠳᠬᠠᠵᠤ᠂ ᠡᠨᠧᠷᠭᠢ ᠶᠢᠨ ᠬᠤᠷᠣᠭᠳᠠᠭᠤᠯᠤᠯ ᠤᠨ ︽ | ᠬᠤᠣᠰ ᠡᠵᠡᠮᠳᠡᠯ︾ ᠢ ᠴᠢᠩᠭᠠᠳᠬᠠᠪᠠ᠃ | ᠲᠠᠪᠤ᠂ ᠠᠮᠢ ᠠᠬᠤᠢ ᠣᠷᠴᠢᠨ ᠲᠣᠭᠤᠷᠢᠨ ᠤ ᠲᠤᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ | ᠪᠣᠳᠠᠲᠠᠢ ᠦᠷ᠎ᠡ ᠪᠦᠲᠦᠮᠵᠢ ᠭᠠᠷᠭᠠᠪᠠ | 2016 ᠣᠨ ᠤ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠪᠠ 2018 | ᠣᠨ ᠤ ︽ᠡᠷᠭᠢᠵᠦ ᠪᠠᠶᠢᠴᠠᠭᠠᠬᠤ︾ ᠠᠵᠢᠯ ᠤᠨ ᠬᠠᠷᠢᠭᠤ ᠲᠤᠰᠬᠠᠭᠰᠠᠨ 30 ᠵᠦᠢᠯ ᠤᠨ ᠠᠰᠠᠭᠤᠳᠠᠯ ᠢ ᠴᠥᠮ | ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠪᠠ᠃ ᠲᠩᠷᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠣᠷᠴᠢᠨ ᠲᠣᠭᠤᠷᠢᠨ ᠤ ᠠᠰᠠᠭᠤᠳᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠡᠮᠬᠢ ᠵᠢᠷᠤᠮ ᠲᠠᠢ | ᠨᠠᠶᠢᠳᠠᠪᠤᠷᠢᠵᠢᠭᠤᠯᠵᠤ᠂ ᠤᠤᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠠᠮᠤᠨ ᠤ ᠫᠠᠶᠢᠰᠠ ᠡᠯᠭᠦᠭᠰᠡᠨ 22 | ᠠᠵᠤ ᠠᠬᠤᠶᠢᠯᠠᠯ ᠤᠨ 32 ᠣᠷᠴᠢᠨ ᠲᠣᠭᠤᠷᠢᠨ ᠤ ᠠᠰᠠᠭᠤᠳᠠᠯ ᠵᠢᠴᠢ ᠪᠣᠯᠵᠣᠨ ᠶᠠᠷᠢᠯᠴᠠᠭᠰᠠᠨ 24 ᠠᠵᠤ | ᠠᠬᠤᠶᠢᠯᠠᠯ ᠤᠨ 42 ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ᠂ ᠲᠩᠷᠢ | ᠬᠠᠭᠤᠴᠢᠨ ᠠᠵᠤ ᠦᠢᠯᠡᠳᠪᠦᠷᠢ ᠶᠢᠨ ᠬᠠᠶᠠᠭᠳᠠᠮᠠᠯ ᠭᠠᠵᠠᠷ ᠵᠢᠴᠢ ᠮᠠᠩᠰᠢᠶᠣᠣ ᠨᠠᠭᠤᠷ ᠢ ᠵᠠᠰᠠᠨ ᠰᠡᠷᠭᠦᠭᠡᠬᠦ ᠶᠢ ᠡᠮᠬᠢ | ᠵᠢᠷᠤᠮ ᠲᠠᠢ ᠠᠬᠢᠭᠤᠯᠪᠠ᠃ ᠤᠯᠤᠰ ᠤᠨ ︽ᠨᠣᠭᠤᠭᠠᠨ ᠪᠠᠮᠪᠠᠶ︾ ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ | ᠥᠷᠨᠢᠭᠦᠯᠵᠦ᠂ ᠠᠯᠠᠱᠠ ᠠᠭᠤᠯᠠ ᠶᠢᠨ ᠭᠠᠵᠠᠷ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ | ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ 57 ᠨᠡᠭᠦᠷᠡᠰᠦ ᠤᠬᠢᠶᠠᠬᠤ ᠦᠢᠯᠡᠳᠪᠦᠷᠢ ᠶᠢ ᠨᠤᠷᠠᠭᠠᠵᠤ᠂ 1150 | ᠲᠦᠮᠡᠨ ᠲᠡᠭᠰᠢ ᠳᠥᠷᠪᠡᠯᠵᠢᠨ ᠮᠧᠲᠷ ᠠᠭᠤᠷᠬᠠᠶ ᠶᠢᠨ ᠣᠷᠣᠨ ᠤ ᠰᠢᠭᠠᠷᠤ ᠶᠢᠨ ᠲᠠᠶᠢᠰᠠ ᠶᠢ ᠵᠠᠰᠠᠵᠤ᠂ 946 | ᠲᠦᠮᠡᠨ ᠲᠡᠭᠰᠢ ᠳᠥᠷᠪᠡᠯᠵᠢᠨ ᠮᠧᠲᠷ ᠭᠠᠵᠠᠷ ᠢ ᠨᠣᠭᠤᠭᠠᠷᠠᠭᠤᠯᠵᠤ᠂ ᠬᠠᠮᠠᠭᠠᠯᠠᠯᠲᠠ ᠶᠢᠨ ᠣᠷᠣᠨ ᠤ ᠭᠠᠳᠠᠨᠠᠬᠢ 70 | % ᠶᠢᠨ ᠰᠢᠭᠠᠷᠤ ᠶᠢᠨ ᠲᠠᠶᠢᠰᠠ ᠶᠢ ᠵᠠᠰᠠᠵᠤ᠂ ᠲᠤᠤᠷᠠᠶ ᠶᠢᠨ ᠣᠶ ᠶᠢᠨ ᠤᠯᠤᠰ ᠤᠨ ᠲᠠᠰ ᠤᠨ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠤ ᠳᠣᠲᠣᠷᠠᠬᠢ 9885 ᠮᠥ ᠲᠠᠷᠢᠶᠠᠨ ᠭᠠᠵᠠᠷ ᠢ ᠪᠤᠴᠠᠭᠠᠪᠠ᠃ ᠪᠠᠶᠢᠭᠠᠯᠢ ᠶᠢᠨ | ᠬᠠᠮᠠᠭᠠᠯᠠᠯᠲᠠ ᠶᠢᠨ ᠭᠠᠵᠠᠷ᠂ ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ | ᠪᠣᠬᠢᠷᠲᠤᠯ ᠢ ᠰᠡᠷᠭᠡᠶᠢᠯᠡᠨ ᠵᠠᠰᠠᠬᠤ᠂ ᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠠᠷ ᠢ ᠬᠠᠮᠠᠭᠠᠯᠠᠬᠤ᠂ | ᠭᠠᠵᠠᠷ ᠳᠤᠤᠷᠠᠬᠢ ᠤᠰᠤ ᠶᠢ ᠬᠠᠮᠠᠭᠠᠯᠠᠬᠤ ᠵᠡᠷᠭᠡ ᠲᠤᠰᠬᠠᠶ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠪᠡ᠃ | ᠵᠢᠷᠠᠨᠲᠠᠢ᠂ ᠪᠠᠶᠠᠠᠨᠢᠷᠣᠭᠤᠨ ᠵᠡᠷᠭᠡ ᠭᠠᠵᠠᠷ ᠣᠷᠣᠨ ᠤ 13 ᠭᠤᠣᠯᠳᠠᠯᠭ᠎ᠠ ᠲᠠᠢ ᠠᠭᠤᠷᠬᠠᠢ ᠶᠢᠨ ᠣᠷᠣᠨ ᠤ | ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠪᠠ᠃ ᠪᠣᠬᠢᠷᠲᠤᠯ ᠥᠬᠡᠶ ᠠᠭᠤᠷᠬᠠᠶ ᠶᠢᠨ | ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ 3 ᠠᠭᠤᠷᠬᠠᠶ ᠶᠢ ᠤᠯᠤᠰ ᠤᠨ ᠪᠣᠬᠢᠷᠲᠤᠯ ᠥᠬᠡᠶ | ᠠᠭᠤᠷᠬᠠᠶ ᠶᠢᠨ ᠨᠡᠷᠡᠰ ᠲᠤ ᠵᠢᠭᠰᠠᠭᠠᠨ ᠣᠷᠣᠭᠤᠯᠵᠤ᠂ 13 ᠠᠭᠤᠷᠬᠠᠶ ᠶᠢ ᠥᠪᠡᠷᠲᠡᠭᠡᠨ ᠵᠠᠰᠠᠬᠤ ᠣᠷᠣᠨ ᠤ | ᠪᠣᠬᠢᠷᠲᠤᠯ ᠥᠬᠡᠶ ᠠᠭᠤᠷᠬᠠᠶ ᠶᠢᠨ ᠨᠡᠷᠡᠰ ᠲᠤ ᠵᠢᠭᠰᠠᠭᠠᠨ ᠣᠷᠣᠭᠤᠯᠪᠠ᠃ | ᠵᠢᠷᠭᠤᠭ᠎ᠠ᠂ ᠠᠮᠢ ᠠᠬᠤᠶ ᠣᠷᠴᠢᠨ ᠲᠣᠭᠤᠷᠢᠨ ᠢ ᠬᠢᠨᠠᠨ ᠬᠠᠮᠢᠶᠠᠷᠬᠤ ᠴᠢᠳᠠᠪᠤᠷᠢ ᠶᠢ ᠲᠠᠰᠤᠷᠠᠯᠲᠠ ᠥᠬᠡᠶ | ᠳᠡᠭᠡᠭᠰᠢᠯᠡᠬᠦᠯᠪᠡ | ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠰᠢᠢᠳᠪᠦᠷᠢᠳᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠪᠠᠶᠢᠭᠤᠯᠤᠮᠵᠢ ᠶᠢᠨ | ᠪᠠᠶᠢᠷᠢᠯᠠᠭᠤᠯᠤᠯᠲᠠ ᠪᠠ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ ᠶᠢ ᠰᠢᠯᠢᠳᠡᠭᠵᠢᠬᠦᠯᠪᠡ᠃ ᠠᠮᠢ ᠠᠬᠤᠶ ᠣᠷᠴᠢᠨ | ᠲᠣᠭᠤᠷᠢᠨ ᠤ ᠪᠠᠶᠢᠭᠤᠯᠤᠮᠵᠢ ᠶᠢᠨ ᠬᠢᠨᠠᠨ ᠬᠡᠮᠵᠢᠯᠲᠡ ᠬᠢᠨᠠᠨ ᠪᠠᠶᠢᠴᠠᠭᠠᠯᠲᠠ ᠬᠠᠤᠯᠢ ᠬᠡᠷᠡᠭᠵᠢᠭᠦᠯᠦᠯᠲᠡ ᠶᠢ ᠰᠢᠭᠤᠳ | ᠬᠠᠮᠢᠶᠠᠷᠬᠤ ᠲᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠥᠷᠨᠢᠭᠦᠯᠵᠦ᠂ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠡᠮᠬᠢ ᠵᠢᠷᠤᠮ ᠲᠠᠢ ᠠᠬᠢᠭᠤᠯᠪᠠ᠃ ᠰᠠᠯᠠᠭ᠎ᠠ ᠮᠥᠴᠢᠷ ᠤᠨ | ᠬᠤᠭᠤᠷᠣᠨᠳᠣᠬᠢ ᠠᠮᠢ ᠠᠬᠤᠢ ᠣᠷᠴᠢᠨ ᠨᠥᠬᠦᠴᠡᠯ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠠᠶᠤᠯᠲᠠᠢ | ᠬᠠᠶᠠᠭᠳᠠᠮᠠᠯ ᠪᠣᠳᠠᠰ ᠲᠤ ᠬᠤᠯᠪᠣᠭᠳᠠᠬᠤ ᠣᠷᠴᠢᠨ ᠨᠥᠬᠦᠴᠡᠯ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ | ᠴᠣᠬᠢᠯᠲᠠ ᠥᠭᠬᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠠᠪᠤᠳᠠᠯ ᠤᠨ ᠳᠤᠮᠳᠠᠬᠢ | ᠪᠠ ᠳᠠᠷᠠᠭᠠᠬᠢ ᠬᠢᠨᠠᠯᠲᠠ ᠬᠠᠮᠢᠶᠠᠷᠤᠯᠲᠠ ᠬᠢᠬᠦ ᠵᠡᠷᠭᠡ ᠠᠵᠢᠯ ᠤᠨ ᠲᠣᠭᠲᠠᠴᠠ ᠶᠢ ᠪᠠᠶᠢᠭᠤᠯᠪᠠ᠃ ᠬᠠᠤᠯᠢ | ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ 2016 ᠣᠨ ᠠᠴᠠ 2020 ᠣᠨ ᠪᠣᠯᠲᠠᠯ᠎ᠠ᠂ ᠪᠥᠬᠦ | ᠠᠶᠢᠮᠠᠭ ᠲᠤ ᠣᠷᠴᠢᠨ ᠲᠣᠭᠤᠷᠢᠨ ᠤ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠬᠡᠷᠡᠭ ᠢ ᠨᠡᠶᠢᠲᠡ 409 | ᠰᠢᠢᠳᠪᠦᠷᠢᠯᠡᠵᠦ᠂ 5343 ᠲᠦᠮᠡᠨ ᠲᠥᠭᠦᠷᠢᠭ ᠵᠣᠭᠤᠰ ᠢᠶᠠᠷ ᠲᠣᠷᠭᠠᠪᠠ᠃ ᠣᠷᠴᠢᠨ ᠲᠣᠭᠤᠷᠢᠨ ᠤ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠴᠢᠩᠭᠠᠳᠬᠠᠨ᠂ ᠣᠷᠴᠢᠨ ᠲᠣᠭᠤᠷᠢᠨ ᠤ ᠲᠦᠭᠰᠢᠭᠦᠷᠢ ᠶᠢᠨ ᠳᠠᠯᠳᠠ | ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠶ ᠥᠷᠨᠢᠭᠦᠯᠵᠦ᠂ ᠬᠦᠨᠳᠦ ᠶᠡᠭᠡ ᠵᠢᠴᠢ | ᠲᠡᠭᠦᠨ ᠠᠴᠠ ᠳᠡᠭᠡᠭᠰᠢᠬᠢ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠭᠠᠷᠤᠭᠰᠠᠨ ᠦᠭᠡᠶ᠃ ᠰᠦᠯᠵᠢᠶᠡᠨ ᠤ | ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠬᠤ ᠶᠢ ᠴᠢᠩᠭᠠᠳᠬᠠᠵᠤ᠂ ᠰᠦᠯᠵᠢᠶᠡᠨ ᠤ ᠣᠷᠴᠢᠨ ᠲᠣᠭᠤᠷᠢᠨ ᠤ ᠶᠠᠷᠢᠶ᠎ᠠ | ᠬᠡᠯᠡᠯᠴᠡᠭᠡᠨ ᠤ ᠪᠠᠶᠢᠳᠠᠯ ᠢ ᠰᠢᠢᠳᠪᠦᠷᠢᠯᠡᠭᠰᠡᠨ ᠨᠣᠷᠮ᠎ᠠ 100 % ᠳᠤ ᠬᠥᠷᠪᠡ᠃ ᠬᠢᠨᠠᠨ ᠬᠡᠮᠵᠢᠬᠦ ᠲᠤᠤᠷ | ᠰᠦᠯᠵᠢᠶᠡᠨ ᠤ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ 2020 ᠣᠨ ᠤ ᠡᠴᠦᠰ ᠪᠣᠯᠲᠠᠯ᠎ᠠ᠂ ᠣᠷᠴᠢᠨ | ᠲᠣᠭᠤᠷᠢᠨ ᠤ ᠠᠭᠠᠷ ᠤᠨ ᠶᠠᠰᠤ ᠴᠢᠨᠠᠷ ᠢ ᠬᠢᠨᠠᠨ ᠬᠡᠮᠵᠢᠬᠦ ᠴᠡᠭ 10᠂ ᠭᠠᠵᠠᠷ ᠳᠡᠭᠡᠷᠡᠬᠢ ᠤᠰᠤ ᠶᠢ ᠬᠢᠨᠠᠨ ᠬᠡᠮᠵᠢᠬᠦ | ᠣᠭᠲᠣᠯᠤᠭᠠᠰᠤ ︵ᠴᠡᠭ︶ 5᠂ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠤᠰᠤᠨ ᠰᠤᠷᠪᠤᠯᠵᠢ ᠶᠢᠨ | ᠭᠠᠵᠠᠷ ᠤᠨ ᠬᠢᠨᠠᠨ ᠬᠡᠮᠵᠢᠬᠦ ᠴᠡᠭ 7᠂ ᠤᠯᠤᠰ ᠠᠴᠠ ᠡᠵᠡᠮᠳᠡᠵᠦ ᠪᠠᠶᠢᠭ᠎ᠠ ᠬᠥᠷᠥᠰᠥ ᠰᠢᠷᠣᠶ ᠶᠢ ᠬᠢᠨᠠᠨ ᠬᠡᠮᠵᠢᠬᠦ | ᠰᠠᠭᠤᠷᠢ ᠴᠡᠭ 32 ᠢ ᠪᠠᠶᠢᠭᠤᠯᠵᠤ᠂ 61 ᠠᠵᠤ ᠠᠬᠤᠶᠢᠯᠠᠯ ᠨᠢ ᠪᠣᠬᠢᠷᠲᠤᠯ ᠪᠣᠳᠠᠰ ᠢ ᠰᠦᠯᠵᠢᠶ᠎ᠡ ᠪᠠᠷ ᠬᠢᠨᠠᠨ | ᠬᠡᠮᠵᠢᠬᠦ ᠶᠢ ᠬᠡᠷᠡᠭᠵᠢᠭᠦᠯᠵᠦ᠂ ᠠᠦ᠋ᠲ᠋ᠣ᠋ ᠪᠠᠷ ᠬᠢᠨᠠᠨ ᠡᠵᠡᠮᠳᠡᠬᠦ ᠲᠥᠬᠦᠭᠡᠷᠦᠮᠵᠢ ᠶᠢ 163 ᠤᠭᠰᠠᠷᠠᠪᠠ᠃ | ᠬᠤᠶᠠᠳᠤᠭᠠᠷ ᠬᠡᠰᠡᠭ ᠠᠮᠢ ᠠᠬᠤᠢ ᠣᠷᠴᠢᠨ ᠨᠥᠬᠦᠴᠡᠯ ᠢ ᠬᠠᠮᠠᠭᠠᠯᠠᠬᠤ ᠠᠵᠢᠯ ᠰᠢᠨ᠎ᠡ ᠱᠠᠲᠤᠨ ᠳᠤ | ᠣᠷᠣᠪᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠰᠢ᠂ ᠮᠠᠨ ᠤ ᠤᠯᠤᠰ ᠤᠨ ᠠᠮᠢ ᠠᠬᠤᠶ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠶᠢᠨ ᠥᠭᠡᠷᠡᠴᠢᠯᠡᠯᠲᠡ ᠰᠢᠨᠡᠴᠢᠯᠡᠯᠲᠡ ᠲᠦᠷᠭᠡᠳᠴᠦ᠂ ᠠᠮᠢ | ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠤᠨ ᠪᠠᠶᠢᠭᠤᠯᠤᠯᠲᠠ | ᠴᠢᠬᠤᠯᠠ ᠶᠡᠭᠡ ᠠᠬᠢᠴᠠ ᠲᠠᠢ ᠪᠣᠯᠵᠣ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ᠂ ᠦᠵᠡᠰᠬᠦᠯᠡᠩᠲᠦ | ᠰᠠᠶᠢᠬᠠᠨ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠬᠤ ᠳᠤ ᠴᠢᠬᠤᠯᠠ ᠬᠥᠳᠡᠯᠭᠡᠬᠦ | ᠬᠦᠴᠦᠨ ᠤ ᠲᠣᠭᠲᠠᠴᠠ ᠬᠠᠩᠭᠠᠪᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠠᠶᠢᠮᠠᠭ ᠤᠨ ᠨᠠᠮ ᠤᠨ ᠬᠤᠷᠢᠶ᠎ᠠ᠂ | ᠵᠠᠬᠢᠷᠭ᠎ᠠ ᠶᠢᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠲᠤᠬᠠᠶ ᠲᠠᠨᠢᠯᠲᠠ᠂ ᠠᠬᠢᠭᠤᠯᠬᠤ ᠡᠷᠴᠢᠮ᠂ ᠦᠢᠯᠡᠳᠦᠯᠬᠡ ᠶᠢᠨ ᠭᠦᠨᠴᠡ ᠤᠷᠢᠳ ᠡᠮᠦᠨ᠎ᠡ ᠪᠠᠶᠢᠭ᠎ᠠ ᠥᠬᠡᠶ ᠪᠠᠶᠢᠵᠤ᠂ | ᠠᠮᠢ ᠠᠬᠤᠶ ᠶᠢᠨ ᠪᠣᠯᠪᠠᠰᠤᠨ ᠪᠠ ᠪᠣᠬᠢᠷᠲᠤᠯ ᠥᠬᠡᠶ ᠬᠥᠭᠵᠢᠯᠲᠡ ᠨᠢ ᠨᠢᠭᠡᠨᠲᠡ ᠪᠥᠬᠦ ᠨᠡᠶᠢᠭᠡᠮ ᠤᠨ ᠬᠥᠭᠵᠢᠯᠲᠡ ᠶᠢ | ᠬᠥᠲᠥᠯᠥᠨ ᠳᠠᠭᠠᠭᠤᠯᠬᠤ ᠴᠢᠬᠤᠯᠠ ᠣᠶᠢᠯᠠᠭᠠᠭᠳᠠᠬᠤᠨ ᠪᠠ ᠠᠵᠢᠯᠯᠠᠭ᠎ᠠ ᠪᠣᠯᠤᠭᠰᠠᠨ ᠪᠠᠶᠢᠨ᠎ᠠ᠃ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠪᠥᠬᠦ ᠠᠶᠢᠮᠠᠭ ᠤᠨ ᠠᠮᠢ ᠠᠬᠤᠶ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠮᠥᠨ ᠬᠦ ᠰᠢᠨ᠎ᠡ ᠪᠠᠶᠢᠳᠠᠯ ᠪᠠ ᠰᠢᠨ᠎ᠡ ᠥᠷᠢᠰᠥᠯᠳᠦᠭᠡᠨ ᠳᠤ | ᠲᠤᠯᠭᠠᠷᠠᠵᠤ ᠪᠠᠶᠢᠨ᠎ᠠ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠡᠷᠡᠰ | ᠳᠣᠣᠱᠯᠠᠭᠤᠯᠣᠨ ᠨᠠᠶᠢᠳᠠᠪᠤᠷᠢᠵᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠷᠦ ᠶᠢᠨ | ᠪᠤᠳᠤᠯᠭ᠎ᠠ ᠶᠢᠨ ᠥᠭᠡᠷᠡᠴᠢᠯᠡᠯᠲᠡ ᠪᠠ ᠰᠢᠨ᠎ᠡ ᠡᠭᠦᠳᠦᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠮᠢ ᠠᠬᠤᠢ | ᠣᠷᠴᠢᠨ ᠲᠣᠭᠤᠷᠢᠨ ᠤ ᠵᠠᠰᠠᠯᠲᠠ ᠶᠢᠨ ᠴᠢᠳᠠᠪᠤᠷᠢ ᠪᠠ ᠰᠢᠰᠲ᠋ᠧᠮ ᠤᠨ ᠣᠳᠣᠬᠢᠴᠢᠯᠠᠯᠲᠠ ᠶᠢ ᠠᠬᠢᠭᠤᠯᠵᠤ᠂ ᠨᠡᠩ | ᠤᠯᠠᠨ ᠴᠢᠨᠠᠷ ᠰᠠᠶᠢᠲᠠᠢ ᠠᠮᠢ ᠠᠬᠤᠢ ᠶᠢᠨ ᠦᠢᠯᠡᠳᠬᠦᠨ ᠢ ᠬᠠᠩᠭᠠᠵᠤ ᠠᠷᠠᠳ ᠤᠯᠠᠨ ᠤ ᠡᠳᠦᠷ ᠢᠷᠡᠬᠦᠶ᠎ᠡ | ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠵᠤ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠠᠵᠢᠯ ᠳᠤ ᠣᠯᠳᠠᠬᠤᠶ᠎ᠠ ᠪᠡᠷᠬᠡ ᠲᠡᠦᠬᠡ ᠶᠢᠨ ᠠᠵᠠ ᠲᠣᠬᠢᠶᠠᠯ ᠬᠠᠩᠭᠠᠬᠤ ᠶᠢᠨ ᠬᠠᠮᠲᠤ ᠬᠦᠨᠳᠦ | ᠨᠣᠴᠢᠲᠠᠢ ᠥᠷᠢᠰᠥᠯᠳᠦᠭᠡᠨ ᠳᠤ ᠳᠣᠯᠭᠠᠷᠠᠪᠠ᠃ | ᠨᠢᠭᠡ ᠳᠤ ᠠᠵᠤ ᠦᠢᠯᠡᠰ ᠤᠨ ᠪᠦᠲᠦᠴᠡ ᠴᠢᠨᠠᠷ ᠰᠠᠶᠢᠲᠠᠢ ᠬᠥᠭᠵᠢᠯᠲᠡ ᠠᠴᠠ ᠮᠥᠨ ᠯᠡ ᠵᠦᠷᠢᠶ᠎ᠡ ᠲᠠᠢ | ᠪᠠᠶᠢᠨ᠎ᠠ᠃ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠳᠠᠪᠣᠰᠣ ᠬᠢᠮᠢ ᠶᠢᠨ ᠠᠵᠤ ᠦᠢᠯᠡᠳᠪᠦᠷᠢ ᠪᠠᠷ | ᠲᠥᠯᠥᠭᠡᠯᠡᠭᠦᠯᠦᠭᠰᠡᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠪᠣᠯ ᠪᠥᠬᠦ ᠠᠶᠢᠮᠠᠭ ᠤᠨ ᠲᠤᠯᠭᠠᠭᠤᠷᠢ | ᠬᠡᠯᠪᠡᠷᠢ ᠶᠢᠨ ᠠᠵᠤ ᠦᠢᠯᠡᠰ ᠮᠥᠨ᠂ ︽ᠬᠢᠮᠢ ᠶᠢᠨ ᠠᠵᠤ ᠦᠢᠯᠡᠳᠪᠦᠷᠢ ᠲᠤᠰᠠᠭᠠᠷ ᠲᠣᠮᠣ︾ ᠠᠵᠤ | ᠦᠢᠯᠡᠳᠪᠦᠷᠢ ᠶᠢᠨ ᠠᠵᠤ ᠠᠬᠤᠶ ᠶᠢᠨ ᠪᠦᠲᠦᠴᠡ ᠨᠢ ᠣᠬᠤᠷᠬᠠᠨ ᠬᠤᠭᠤᠴᠠᠭᠠᠨ ᠳᠤ ᠦᠨᠳᠦᠰᠦᠨ ᠬᠤᠪᠢᠷᠠᠯᠲᠠ ᠶᠢ | ᠪᠡᠶᠡᠯᠡᠭᠦᠯᠬᠦ ᠳᠤ ᠪᠡᠷᠬᠡ ᠶᠤᠮ᠃ ᠠᠵᠤ ᠦᠢᠯᠡᠳᠪᠦᠷᠢ ᠶᠢᠨ ᠠᠵᠤ ᠦᠢᠯᠡᠰ ᠨᠢ ᠭᠤᠣᠯᠳᠠᠭᠤ ᠠᠩᠬᠠᠨ ᠤ | ᠦᠢᠯᠡᠳᠬᠦᠨ ᠢᠶᠠᠷ ᠭᠤᠣᠯ ᠪᠣᠯᠭᠠᠵᠤ᠂ ᠡᠬᠢ ᠪᠠᠶᠠᠯᠢᠭ ᠲᠤ ᠲᠦᠰᠢᠭᠯᠡᠬᠦ ᠴᠢᠨᠠᠷ ᠢᠶᠠᠷ ᠴᠢᠩᠭ᠎ᠠ᠂ ᠡᠨᠧᠷᠭᠢ ᠶᠢᠨ | ᠬᠤᠷᠣᠭᠳᠠᠭᠤᠯᠭ᠎ᠠ ᠪᠠᠷ ᠥᠨᠳᠥᠷ᠂ ᠨᠡᠮᠡᠯᠲᠡ ᠥᠷᠲᠡᠭ ᠢᠶᠠᠷ ᠳᠣᠣᠷ᠎ᠠ᠂ ᠠᠵᠤ ᠦᠢᠯᠡᠰ ᠤᠨ ᠬᠡᠯᠬᠢᠶ᠎ᠡ ᠪᠠᠷ ᠣᠬᠤᠷ᠂ | ᠳᠣᠲᠣᠭᠠᠳᠤ ᠠᠴᠠ ᠡᠭᠦᠰᠬᠦ ᠨᠡᠮᠡᠭᠳᠡᠯ ᠤᠨ ᠬᠥᠳᠡᠯᠭᠡᠬᠦ ᠬᠦᠴᠦᠨ ᠬᠦᠷᠦᠯᠴᠡᠬᠦ ᠦᠭᠡᠶ ᠪᠠᠶᠢᠨ᠎ᠠ᠃ ᠪᠦᠲᠦᠴᠡ ᠶᠢᠨ | ᠴᠢᠨᠠᠷᠲᠠᠶ ᠪᠣᠬᠢᠷᠲᠤᠯ ᠮᠥᠨ ᠬᠦ ᠲᠣᠪᠤᠶᠢᠮ᠎ᠠ ᠪᠠᠶᠢᠵᠤ᠂ ᠬᠦᠨᠳᠦ ᠠᠵᠤ ᠦᠢᠯᠡᠳᠪᠦᠷᠢ ᠪᠠᠷ ᠭᠤᠤᠯ ᠪᠣᠯᠭᠠᠭᠰᠠᠨ ᠠᠵᠤ | ᠦᠢᠯᠡᠰ ᠤᠨ ᠪᠦᠲᠦᠴᠡ᠂ ᠨᠡᠭᠦᠷᠡᠰᠦ ᠪᠠᠷ ᠭᠤᠤᠯ ᠪᠣᠯᠭᠠᠭᠰᠠᠨ ᠡᠨᠧᠷᠭᠢ ᠶᠢᠨ ᠪᠦᠲᠦᠴᠡ᠂ ᠮᠠᠰᠢᠨ ᠲᠡᠷᠭᠡᠨ ᠤ | ᠲᠡᠭᠡᠭᠡᠪᠦᠷᠢ ᠪᠠᠷ ᠭᠤᠤᠯ ᠪᠣᠯᠭᠠᠭᠰᠠᠨ ᠲᠡᠭᠡᠭᠡᠪᠦᠷᠢ ᠶᠢᠨ ᠪᠦᠲᠦᠴᠡ ᠬᠠᠷᠠᠬᠠᠨ ᠬᠤᠪᠢᠷᠠᠭᠠᠳᠤᠶ᠂ ᠨᠡᠭᠦᠷᠡᠰᠦ ᠳᠤ | ᠲᠦᠰᠢᠭᠯᠡᠬᠦ ᠬᠡᠮᠵᠢᠶ᠎ᠡ ᠪᠠᠷ ᠨᠡᠯᠢᠶᠡᠳ ᠥᠨᠳᠥᠷ ᠪᠠᠶᠢᠭ᠎ᠠ ᠬᠠᠨᠳᠤᠰᠢ ᠶᠢ ᠣᠬᠤᠷ ᠬᠤᠭᠤᠴᠠᠭᠠᠨ ᠤ ᠳᠣᠲᠣᠷ᠎ᠠ | ᠬᠤᠪᠢᠷᠠᠭᠤᠯᠬᠤ ᠳᠤ ᠪᠡᠷᠬᠡᠲᠡᠶ ᠪᠠᠶᠢᠨ᠎ᠠ᠃ | ᠬᠤᠶᠠᠷ ᠲᠤ ᠠᠮᠢ ᠠᠬᠤᠢ ᠣᠷᠴᠢᠨ ᠨᠥᠬᠦᠴᠡᠯ ᠤᠨ ᠵᠠᠰᠠᠯᠲᠠ ᠳᠤ ᠮᠥᠨ ᠯᠡ ᠳᠤᠲᠠᠭᠤᠳᠠᠯ ᠪᠠ ᠪᠠᠭᠤᠷᠠᠢ | ᠭᠤᠭᠴᠤᠭ᠎ᠠ ᠣᠷᠣᠰᠢᠵᠤ ᠪᠠᠶᠢᠨ᠎ᠠ᠃ ᠪᠦᠬᠦ ᠠᠶᠢᠮᠠᠭ ᠤᠨ 27 ᠲᠦᠮᠡᠨ ᠲᠡᠭᠰᠢ ᠳᠥᠷᠪᠡᠯᠵᠢᠨ ᠺᠢᠯᠣᠮᠧᠲᠷ ᠭᠠᠵᠠᠷ | ᠰᠢᠷᠣᠢ᠂ ᠠᠮᠢ ᠠᠬᠤᠢ ᠶᠢᠨ ᠬᠡᠪᠡᠷᠡᠭ ᠣᠷᠣᠨ ᠨᠢ ᠪᠦᠬᠦ᠋ᠢᠯᠡ ᠲᠠᠯᠠᠪᠠᠢ ᠶᠢᠨ 94 % ᠶᠢ ᠡᠵᠡᠯᠡᠨ᠎ᠡ᠃ ᠠᠯᠠᠱᠠ | ᠠᠭᠤᠯᠠ ᠶᠢᠨ ᠠᠮᠢ ᠠᠬᠤᠢ ᠶᠢᠨ ᠬᠠᠯᠬᠠᠪᠴᠢ ᠳᠤ ᠲᠠᠰᠤᠷᠬᠠᠶ ᠪᠦᠰᠡ᠂ ᠪᠠᠳᠠᠢ ᠶᠢᠨ ᠵᠢᠷᠠᠨ ᠤ ᠡᠯᠡᠰᠦ᠂ ᠲᠩᠷᠢ | ᠡᠯᠡᠰᠦᠨ ᠴᠦᠯ ᠪᠠ ᠤᠯᠠᠭᠠᠨᠪᠤᠬ᠎ᠠ ᠡᠯᠡᠰᠦᠨ ᠴᠦᠯ ᠳᠤ ︽ᠭᠠᠷ ᠠᠳᠬᠤᠨ ᠴᠡᠷᠢᠭ ᠨᠡᠶᠢᠯᠡᠬᠦ︾ ᠪᠠᠶᠢᠳᠠᠯ ᠲᠠᠢ | ᠪᠠᠶᠢᠵᠤ᠂ ᠴᠦᠯᠯᠡᠷᠭᠡᠭᠵᠢᠯ ᠢ ᠶᠡᠷᠦᠩᠬᠡᠶᠢᠯᠡᠨ ᠵᠠᠰᠠᠬᠤ ᠡᠭᠦᠷᠭᠡ ᠬᠦᠨᠳᠦ ᠵᠠᠮ ᠪᠡᠷᠬᠡ ᠪᠠᠶᠢᠨ᠎ᠠ᠃ ᠠᠮᠢᠳᠤ ᠪᠣᠳᠠᠰ ᠤᠨ | ᠣᠯᠠᠨ ᠶᠠᠩᠵᠤᠲᠤ ᠴᠢᠨᠠᠷ ᠢ ᠬᠠᠮᠠᠭᠠᠯᠠᠬᠤ ᠡᠭᠦᠷᠭᠡ ᠨᠦᠰᠡᠷ ᠬᠦᠨᠳᠦ ᠪᠠᠶᠢᠵᠤ᠂ ᠠᠮᠢᠳᠤ ᠪᠣᠳᠠᠰ ᠤᠨ ᠡᠬᠢ | ᠪᠠᠶᠠᠯᠢᠭ ᠤᠨ ᠰᠠᠭᠤᠷᠢ ᠲᠤᠭ᠎ᠠ ᠲᠣᠳᠣᠷᠬᠠᠶ ᠦᠭᠡᠶ᠂ ᠬᠢᠨᠠᠨ ᠬᠡᠮᠵᠢᠵᠦ ᠬᠢᠨᠠᠨ ᠬᠠᠮᠢᠶᠠᠷᠬᠤ ᠴᠢᠳᠠᠪᠤᠷᠢ ᠬᠦᠷᠦᠯᠴᠡᠬᠦ | ᠦᠭᠡᠶ᠂ ᠰᠠᠭᠤᠷᠢ ᠰᠢᠨᠵᠢᠯᠡᠬᠦ ᠤᠬᠠᠭᠠᠨ ᠤ ᠰᠤᠳᠤᠯᠤᠯ ᠤᠨ ᠴᠢᠳᠠᠪᠤᠷᠢ ᠨᠡᠯᠢᠶᠡᠳ ᠪᠠᠭᠤᠷᠠᠶ ᠪᠠᠶᠢᠨ᠎ᠠ᠃ ᠪᠣᠬᠢᠷᠲᠤᠯ | ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠬᠠᠷᠢᠴᠠᠩᠭᠤᠶ ᠪᠠᠷ ᠬᠤᠴᠣᠷᠴᠤ᠂ ᠪᠥᠬᠦ ᠠᠶᠢᠮᠠᠭ ᠤᠨ ᠪᠣᠬᠢᠷᠲᠤᠯ | ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠨᠢᠭᠡᠴᠢ ᠶᠢᠨ ᠡᠵᠡᠯᠡᠬᠦ ᠬᠠᠷᠢᠴᠠᠯ ᠵᠥᠪᠬᠡᠨ 6 . 8 % ᠳᠤ | ᠬᠦᠷᠴᠦ ᠪᠠᠶᠢᠨ᠎ᠠ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ | ᠮᠠᠩᠬ᠎ᠠ ᠶᠢ ᠰᠢᠰᠲ᠋ᠧᠮ ᠲᠠᠢ ᠵᠠᠰᠠᠬᠤ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠦᠨ ᠬᠡᠷᠡᠭᠯᠡᠬᠦ᠂ ᠬᠠᠮᠲᠤᠷᠠᠨ | ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ᠂ ᠬᠠᠮᠲᠤ ᠪᠠᠷ ᠵᠣᠬᠢᠴᠠᠭᠤᠯᠤᠨ ᠠᠬᠢᠭᠤᠯᠬᠤ ᠪᠠᠶᠢᠭᠤᠯᠤᠮᠵᠢ ᠲᠣᠭᠲᠠᠴᠠ | ᠬᠠᠷᠠᠬᠠᠨ ᠲᠡᠭᠦᠯᠳᠡᠷᠵᠢᠭᠡᠳᠦᠢ᠃ ᠣᠷᠣᠨ ᠨᠤᠲᠤᠭ ᠤᠨ ᠡᠳ᠋ ᠤᠨ ᠵᠠᠰᠠᠭ ᠤᠨ ᠣᠷᠴᠢᠨ ᠠᠬᠤᠢ ᠶᠢᠨ ᠪᠣᠬᠢᠷᠲᠤᠯ ᠢ | ᠵᠠᠰᠠᠬᠤ ᠣᠷᠣᠭᠤᠯᠤᠯᠲᠠ ᠨᠢ ᠠᠵᠢᠯ ᠤᠨ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠢ ᠪᠠᠶᠢᠨ᠎ᠠ᠃ ᠡᠯ᠎ᠡ ᠱᠠᠲᠤᠨ ᠤ | ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠥᠴᠢᠷ ᠤᠨ ᠣᠷᠣᠨ ᠲᠤᠭ᠎ᠠ ᠶᠢᠨ ᠶᠡᠷᠦᠩᠬᠡᠶ ᠬᠡᠮᠵᠢᠶ᠎ᠡ | ᠨᠡᠶᠢᠳᠡᠮ ᠳᠡᠭᠡᠨ ᠴᠥᠭᠡᠨ ᠪᠠᠶᠢᠵᠤ᠂ ᠦᠨᠳᠦᠰᠦᠨ ᠱᠠᠲᠤᠨ ᠤ ᠠᠵᠢᠯᠲᠠᠨ ᠬᠦᠨᠳᠦ ᠨᠣᠴᠢᠲᠠᠶ ᠬᠦᠷᠦᠯᠴᠡᠬᠦ ᠥᠬᠡᠶ | ᠪᠠᠶᠢᠬᠤ ᠦᠵᠡᠭᠳᠡᠯ ᠨᠠᠩ ᠲᠣᠪᠤᠶᠢᠮ᠎ᠠ ᠪᠠᠶᠢᠵᠤ᠂ ︽ᠬᠢᠷᠢ ᠠᠴᠠ ᠪᠠᠨ ᠳᠠᠪᠠᠭᠰᠠᠨ︾ ᠪᠠᠶᠢᠳᠠᠯ ᠨᠡᠶᠢᠳᠡᠮ ᠣᠷᠣᠰᠢᠵᠤ᠂ | ᠲᠤᠰᠬᠠᠶ ᠮᠡᠷᠭᠡᠵᠢᠯ ᠤᠨ ᠠᠵᠢᠯᠲᠠᠨ ᠬᠦᠷᠦᠯᠴᠡᠬᠦ ᠥᠬᠡᠶ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ ᠬᠦᠴᠢᠷ | ᠂ ᠬᠥᠮᠦᠵᠢᠭᠦᠯᠬᠦ ᠳᠤ ᠬᠦᠴᠢᠷ ᠪᠠᠶᠢᠬᠤ ᠠᠰᠠᠭᠤᠳᠠᠯ ᠲᠣᠪᠤᠶᠢᠮ᠎ᠠ ᠪᠠᠶᠢᠨ᠎ᠠ᠃ | ᠭᠤᠷᠪᠠ ᠳᠤ ᠠᠮᠢ ᠠᠬᠤᠢ ᠣᠷᠴᠢᠨ ᠨᠥᠬᠦᠴᠡᠯ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ | ᠳᠠᠷᠤᠯᠲᠠ ᠨᠡᠯᠢᠶᠡᠳ ᠶᠡᠭᠡ ᠪᠠᠶᠢᠨ᠎ᠠ᠃ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠤᠨ ᠲᠠᠯ᠎ᠠ ᠪᠠᠷ᠂ | ᠭᠤᠣᠯᠳᠠᠯᠭ᠎ᠠ ᠲᠠᠢ ᠠᠵᠢᠯ ᠲᠥᠷᠥᠯ ᠤᠨ VOCs ᠢ ᠡᠵᠡᠮᠳᠡᠬᠦ ᠡᠷᠴᠢᠮ ᠬᠦᠷᠦᠯᠴᠡᠬᠦ ᠦᠭᠡᠶ᠂ VOCs ᠢ ᠬᠢᠨᠠᠨ | ᠬᠡᠮᠵᠢᠵᠦ ᠬᠢᠨᠠᠨ ᠡᠵᠡᠮᠳᠡᠬᠦ ᠨᠢ ᠬᠦᠷᠦᠯᠴᠡᠬᠦ ᠦᠭᠡᠶ ᠪᠠᠶᠢᠨ᠎ᠠ︔ ᠬᠡᠰᠡᠭ ᠪᠣᠬᠢᠷᠲᠤᠯ ᠤᠨ ᠡᠬᠢ ᠶᠢ ᠵᠠᠰᠠᠬᠤ ᠶᠢ ᠮᠥᠨ | ᠬᠦ ᠦᠷᠭᠦᠯᠵᠢᠯᠡᠨ ᠠᠬᠢᠭᠤᠯᠬᠤ ᠴᠢᠬᠤᠯᠠᠲᠠᠶ ᠪᠠᠶᠢᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠵᠣᠬᠢᠶᠠᠨ | ᠪᠠᠶᠢᠭᠤᠯᠤᠯᠲᠠ ᠥᠬᠡᠶ ᠪᠠᠷ ᠭᠠᠳᠠᠭᠰᠢᠯᠠᠭᠤᠯᠬᠤ ᠶᠢ ᠭᠦᠨᠵᠡᠭᠡᠶ ᠵᠠᠰᠠᠬᠤ ᠲᠠᠯ᠎ᠠ ᠪᠠᠷ ᠬᠦᠷᠦᠯᠴᠡᠬᠦ ᠥᠬᠡᠶ ᠪᠠᠶᠢᠨ᠎ᠠ︔ | ᠤᠯᠠᠷᠢᠯ ᠤᠨ ᠴᠢᠨᠠᠷᠲᠠᠶ ᠪᠣᠬᠢᠷᠲᠤᠯ ᠤᠨ ᠠᠰᠠᠭᠤᠳᠠᠯ ᠲᠣᠪᠤᠶᠢᠮ᠎ᠠ ᠪᠠᠶᠢᠵᠤ᠂ ᠵᠣᠨ ᠨᠠᠮᠤᠷ ᠤᠨ ᠤᠯᠠᠷᠢᠯ ᠤᠨ O | 3 ᠶᠢᠨ ᠪᠣᠬᠢᠷᠲᠤᠯ ᠲᠣᠪᠤᠶᠢᠮ᠎ᠠ ᠪᠠᠶᠢᠵᠤ᠂ PM 2 . 5 ᠪᠣᠯᠤᠨ O 3 ᠶᠢ ᠬᠠᠮᠵᠢᠯᠴᠠᠭᠤᠯᠤᠨ ᠬᠢᠵᠠᠭᠠᠷᠯᠠᠬᠤ ᠶᠢ | ᠴᠢᠩᠭᠠᠳᠬᠠᠬᠤ ᠴᠢᠬᠤᠯᠠᠲᠠᠶ ᠪᠠᠶᠢᠨ᠎ᠠ︔ ᠴᠠᠶᠢᠶ᠋ᠢᠦ ᠲᠣᠰᠣ ᠰᠢᠲᠠᠭᠠᠬᠤ ᠠᠴᠢᠶᠠᠨ ᠤ ᠲᠡᠷᠭᠡ ᠶᠢ ᠵᠠᠰᠠᠬᠤ ᠠᠵᠢᠯ ᠤᠨ | ᠠᠬᠢᠴᠠ ᠤᠳᠠᠭᠠᠨ᠂ ᠵᠠᠮ ᠬᠠᠷᠢᠯᠴᠠᠭᠠᠨ ᠤ ᠪᠤᠰᠤ ᠰᠢᠯᠵᠢᠮᠡᠯ ᠮᠧᠬᠠᠨᠢᠭ ᠤᠨ ᠰᠠᠭᠤᠷᠢ ᠲᠤᠭ᠎ᠠ ᠲᠣᠳᠣᠷᠬᠠᠶ ᠥᠬᠡᠶ᠂ I | / M ᠲᠦᠷᠢᠮ ᠲᠡᠭᠦᠯᠳᠡᠷ ᠪᠤᠰᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠤᠰᠤᠨ ᠤ ᠠᠮᠢ ᠠᠬᠤᠶ ᠣᠷᠴᠢᠨ | ᠲᠣᠭᠤᠷᠢᠨ ᠤ ᠲᠠᠯ᠎ᠠ ᠪᠠᠷ᠂ 2014 ᠣᠨ ᠠᠴᠠ 2019 ᠣᠨ ᠪᠣᠯᠲᠠᠯ᠎ᠠ᠂ ᠰᠤᠪᠨᠠᠭᠤᠷ ᠤᠨ ᠤᠰᠤᠨ ᠤ ᠴᠢᠨᠠᠷ ᠨᠢ | ᠶᠡᠷᠦ ᠠᠴᠠ I ᠲᠥᠷᠥᠯ ᠤᠨ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠰᠢᠯᠭᠠᠨ ᠬᠢᠨᠠᠬᠤ ᠱᠠᠭᠠᠷᠳᠠᠯᠭ᠎ᠠ ᠳᠤ | ᠬᠥᠷᠬᠦ ᠳᠤ ᠬᠦᠴᠢᠷᠲᠡᠶ ᠪᠠᠶᠢᠵᠤ᠂ ᠤᠰᠤᠨ ᠤ ᠴᠢᠨᠠᠷ ᠢ ᠰᠠᠶᠢᠵᠢᠷᠠᠭᠤᠯᠬᠤ ᠳᠤ ᠲᠦᠢᠯ ᠤᠨ ᠬᠦᠴᠢᠷᠲᠡᠶ ᠪᠠᠶᠢᠪᠠ︔ | ᠤᠰᠤᠨ ᠤ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠨᠡᠯᠢᠶᠡᠳ ᠶᠡᠭᠡ ᠪᠠᠶᠢᠵᠤ᠂ ᠠᠯᠠᠱᠠ | ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠤᠷᠤᠨ ᠨᠢ ᠬᠠᠲᠤᠨ ᠭᠤᠤᠯ ᠤᠨ ᠡᠷᠭᠢ ᠶᠢᠨ | ᠱᠤᠭᠤᠮ ᠲᠠᠢ ᠬᠥᠷᠰᠢᠯᠡᠵᠦ᠂ ᠪᠣᠬᠢᠷᠲᠤᠯ ᠭᠠᠳᠠᠭᠰᠢᠯᠠᠭᠤᠯᠬᠤ ᠠᠮᠠ ᠥᠬᠡᠶ᠂ ᠭᠡᠨᠡᠳᠲᠡ ᠶᠢᠨ ᠠᠳᠡᠯ ᠭᠠᠷᠤᠭᠰᠠᠨ | ᠬᠠᠶᠠᠭᠳᠠᠮᠠᠯ ᠤᠰᠤ ᠶᠢ ᠭᠠᠳᠠᠭᠰᠢᠯᠠᠭᠤᠯᠤᠭᠰᠠᠨ ᠵᠡᠷᠭᠡ ᠠᠴᠠ ᠪᠣᠯᠵᠣ ᠤᠰᠤᠨ ᠤ ᠣᠷᠴᠢᠨ ᠲᠣᠭᠤᠷᠢᠨ ᠳᠤ ᠨᠡᠯᠢᠶᠡᠳ | ᠶᠡᠭᠡ ᠠᠶᠤᠯ ᠲᠦᠭᠰᠢᠭᠦᠷᠢ ᠠᠪᠴᠢᠷᠠᠪᠠ︔ ᠬᠡᠰᠡᠭ ᠤᠤᠭᠤᠬᠤ ᠤᠰᠤᠨ ᠤ ᠡᠬᠢ ᠰᠤᠷᠪᠤᠯᠵᠢ ᠶᠢᠨ ᠵᠢᠷᠤᠮᠵᠢᠭᠰᠠᠨ | ᠪᠠᠶᠢᠭᠤᠯᠤᠯᠲᠠ ᠳᠤ ᠳᠤᠲᠠᠭᠤᠳᠠᠯ ᠣᠷᠣᠰᠢᠵᠤ ᠪᠠᠶᠢᠨ᠎ᠠ︔ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ | ᠤᠰᠤᠨ ᠤ ᠢᠷᠡᠯᠲᠡ ᠶᠢ ᠬᠠᠮᠢᠶᠠᠷᠤᠨ ᠡᠵᠡᠮᠳᠡᠬᠦ ᠲᠠᠯ᠎ᠠ ᠪᠠᠷ ᠬᠦᠷᠦᠯᠴᠡᠬᠦ ᠥᠬᠡᠶ᠂ ᠪᠣᠷᠣᠭᠠᠨ ᠤ ᠤᠰᠤ ᠪᠣᠬᠢᠷ | ᠪᠣᠳᠠᠰ ᠢ ᠬᠤᠯᠢᠯᠳᠤᠭᠤᠯᠤᠨ ᠭᠠᠳᠠᠭᠰᠢᠯᠠᠭᠤᠯᠬᠤ ᠠᠷᠬᠠᠭ ᠬᠡᠮ ᠲᠣᠪᠤᠶᠢᠮ᠎ᠠ᠂ ᠤᠰᠤᠨ ᠤ ᠴᠢᠨᠠᠷ ᠤᠨ ᠬᠡᠯᠪᠡᠯᠵᠡᠯᠲᠡ | ᠨᠡᠯᠢᠶᠡᠳ ᠶᠡᠭᠡ᠂ ᠬᠤᠭᠤᠯᠠᠶ ᠲᠤᠤᠷ ᠤᠨ ᠢᠵᠢ ᠪᠥᠷᠢᠳᠦᠭᠦᠯᠦᠯᠲᠡ ᠬᠦᠷᠦᠯᠴᠡᠬᠦ ᠥᠬᠡᠶ᠂ ᠳᠤᠮᠳᠠ ᠤᠰᠤ ᠶᠢ | ᠪᠤᠴᠠᠭᠠᠨ ᠬᠡᠷᠡᠭᠯᠡᠬᠦ ᠨᠣᠷᠮ᠎ᠠ ᠳᠤᠤᠷ᠎ᠠ ᠪᠠᠶᠢᠨ᠎ᠠ︔ ᠭᠤᠣᠯ ᠪᠣᠯᠬᠤ ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠲᠥᠷᠥᠯ ᠵᠦᠢᠯ ᠨᠡᠯᠢᠶᠡᠳ ᠴᠥᠭᠡᠨ ᠪᠠᠶᠢᠵᠤ᠂ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠣᠷᠣᠨ | ᠵᠠᠶ ᠢᠯᠡᠷᠬᠡᠶ ᠪᠠᠭᠠᠰᠴᠠᠶ︔ ᠭᠠᠵᠠᠷ ᠳᠣᠣᠷᠠᠬᠢ ᠤᠰᠤᠨ ᠤ ᠠᠮᠢ ᠠᠬᠤᠢ ᠶᠢᠨ ᠬᠠᠮᠠᠭᠠᠯᠠᠯᠲᠠ ᠶᠢᠨ ᠪᠠᠶᠢᠳᠠᠯ ᠬᠦᠨᠳᠦ | ᠬᠡᠴᠡᠭᠦᠦ᠂ ᠤᠰᠤᠨ ᠤ ᠠᠮᠢ ᠠᠬᠤᠢ ᠮᠠᠭᠤᠳᠠᠭᠰᠠᠨ ᠠᠰᠠᠭᠤᠳᠠᠯ ᠲᠤᠪᠤᠶᠢᠮ᠎ᠠ ᠪᠠᠶᠢᠵᠤ᠂ ᠭᠠᠵᠠᠷ ᠣᠷᠣᠨ ᠤ | ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠬᠤᠷᠴᠠᠳᠴᠤ ᠪᠠᠶᠢᠨ᠎ᠠ᠃ ᠬᠥᠷᠥᠰᠥ ᠰᠢᠷᠣᠶ ᠶᠢᠨ ᠠᠮᠢ ᠠᠬᠤᠶ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠪᠠᠷ᠂ ᠬᠥᠷᠥᠰᠥ ᠰᠢᠷᠣᠶ ᠶᠢᠨ ᠪᠣᠬᠢᠷᠲᠤᠯ ᠤᠨ ᠰᠠᠭᠤᠷᠢ ᠲᠤᠭ᠎ᠠ | ᠲᠣᠳᠣᠷᠬᠠᠶ ᠥᠬᠡᠶ᠂ ᠬᠥᠷᠥᠰᠥ ᠰᠢᠷᠣᠶ ᠶᠢ ᠬᠢᠨᠠᠨ ᠬᠡᠮᠵᠢᠵᠦ ᠪᠠᠶᠢᠴᠠᠭᠠᠭᠰᠠᠨ ᠦᠷ᠎ᠡ ᠳ᠋ᠦᠩ ᠨᠢ ᠮᠥᠨ ᠬᠦ ᠪᠥᠬᠦ | ᠠᠶᠢᠮᠠᠭ ᠤᠨ ᠬᠥᠷᠥᠰᠥ ᠰᠢᠷᠣᠶ ᠶᠢᠨ ᠪᠣᠬᠢᠷᠲᠤᠯ ᠤᠨ ᠪᠠᠶᠢᠳᠠᠯ ᠢ ᠪᠥᠬᠦ ᠲᠠᠯ᠎ᠠ ᠪᠠᠷ ᠪᠦᠲᠦᠮᠵᠢᠲᠡᠶ ᠲᠤᠰᠬᠠᠵᠤ ᠴᠢᠳᠠᠬᠤ | ᠥᠬᠡᠶ ᠪᠠᠶᠢᠨ᠎ᠠ︔ ᠡᠩ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ | ᠠᠰᠢᠭᠯᠠᠬᠤ ᠨᠣᠷᠮ᠎ᠠ ᠨᠡᠯᠢᠶᠡᠳ ᠳᠤᠤᠷ᠎ᠠ ᠪᠠᠶᠢᠵᠤ᠂ ᠡᠮᠴᠢᠯᠡᠭᠡᠨ ᠤ ᠬᠠᠶᠠᠭᠳᠠᠮᠠᠯ ᠪᠣᠳᠠᠰ᠂ ᠠᠶᠤᠯᠲᠠᠶ ᠬᠠᠶᠠᠭᠳᠠᠮᠠᠯ | ᠪᠣᠳᠠᠰ ᠢ ᠴᠤᠭᠯᠠᠭᠤᠯᠤᠨ ᠰᠢᠢᠳᠪᠦᠷᠢᠯᠡᠬᠦ ᠲᠠᠯ᠎ᠠ ᠪᠠᠷ ᠳᠤᠲᠠᠭᠤᠳᠠᠯ ᠣᠷᠣᠰᠢᠵᠤ᠂ ᠠᠶᠤᠯᠲᠠᠶ ᠬᠠᠶᠠᠭᠳᠠᠮᠠᠯ ᠪᠣᠳᠠᠰ ᠢ | ᠪᠣᠶ ᠪᠣᠯᠭᠠᠬᠤ᠂ ᠠᠰᠢᠭᠯᠠᠨ ᠰᠢᠢᠳᠪᠦᠷᠢᠯᠡᠬᠦ ᠴᠢᠳᠠᠪᠤᠷᠢ ᠪᠠ ᠪᠡᠯᠡᠳᠬᠡᠮᠵᠢ ᠶᠢᠨ ᠠᠵᠢᠯᠯᠠᠭᠠᠨ ᠤ ᠪᠠᠶᠢᠳᠠᠯ ᠢ ᠦᠨᠡᠯᠡᠨ | ᠵᠢᠱᠢᠬᠦ ᠰᠢᠰᠲ᠋ᠧᠮᠵᠢ ᠪᠦᠷᠢᠨ ᠪᠤᠰᠤ᠂ ᠭᠠᠳᠠᠭᠰᠢ ᠳᠠᠮᠵᠢᠭᠤᠯᠬᠤ ᠣᠷᠴᠢᠨ ᠲᠣᠭᠤᠷᠢᠨ ᠤ ᠲᠦᠭᠰᠢᠭᠦᠷᠢ ᠶᠢᠨ ᠳᠠᠯᠳᠠ | ᠬᠡᠮ ᠨᠡᠯᠢᠶᠡᠳ ᠶᠡᠭᠡ ᠪᠠᠶᠢᠨ᠎ᠠ︔ ᠮᠠᠯᠵᠢᠬᠤ ᠲᠠᠷᠢᠶᠠᠯᠠᠬᠤ ᠣᠷᠣᠨ ᠤ ᠠᠮᠢ ᠠᠬᠤᠶ ᠶᠢᠨ ᠵᠠᠰᠠᠯᠲᠠ ᠮᠥᠨ ᠬᠦ | ᠬᠦᠷᠦᠯᠴᠡᠬᠦ ᠥᠬᠡᠶ ᠪᠠᠶᠢᠵᠤ᠂ ᠮᠠᠯ ᠠᠵᠤ ᠠᠬᠤᠶ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠵᠠᠰᠠᠬᠤ ᠲᠠᠯ᠎ᠠ ᠪᠠᠷ | ᠲᠡᠦᠬᠡᠨ ᠥᠷᠢᠲᠦᠯ ᠣᠯᠠᠨ ᠪᠠᠶᠢᠨ᠎ᠠ᠃ | ᠳᠥᠷᠪᠡ ᠳᠤ ᠠᠮᠢ ᠠᠬᠤᠶ ᠣᠷᠴᠢᠨ ᠲᠣᠭᠤᠷᠢᠨ ᠤ ᠵᠠᠰᠠᠯᠲᠠ ᠶᠢᠨ ᠴᠢᠳᠠᠪᠤᠷᠢ ᠶᠢ ᠴᠢᠩᠭᠠᠳᠬᠠᠬᠤ | ᠴᠢᠬᠤᠯᠠᠲᠠᠶ ᠪᠠᠶᠢᠨ᠎ᠠ᠃ ᠪᠦᠬᠦ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠬᠠᠷᠢᠭᠤᠴᠠᠯᠭ᠎ᠠ ᠶᠢᠨ ᠰᠢᠰᠲ᠋ᠧᠮ᠂ | ᠳᠦᠷᠢᠮ ᠤᠨ ᠰᠢᠰᠲ᠋ᠧᠮ᠂ ᠵᠠᠰᠠᠯᠲᠠ ᠶᠢᠨ ᠴᠢᠳᠠᠪᠤᠷᠢ ᠶᠢᠨ ᠰᠢᠰᠲ᠋ᠧᠮ ᠵᠡᠷᠭᠡ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠵᠠᠷᠢᠮ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠬᠤ | ᠂ ᠬᠠᠤᠯᠢ ᠪᠠᠷ ᠵᠠᠰᠠᠬᠤ ᠤᠬᠠᠮᠰᠠᠷ ᠳᠤᠲᠠᠮᠠᠭ ᠪᠠᠶᠢᠵᠤ᠂ ᠠᠮᠢ ᠠᠬᠤᠢ ᠣᠷᠴᠢᠨ ᠲᠣᠭᠤᠷᠢᠨ ᠢ ᠬᠠᠤᠯᠢ ᠶᠣᠰᠣᠭᠠᠷ | ᠬᠠᠮᠠᠭᠠᠯᠠᠨ ᠵᠠᠰᠠᠬᠤ ᠤᠬᠠᠮᠰᠠᠷᠲᠤ ᠴᠢᠨᠠᠷ ᠢᠶᠠᠨ ᠴᠢᠩᠭᠠᠳᠬᠠᠬᠤ ᠴᠢᠬᠤᠯᠠᠲᠠᠢ ᠪᠠᠶᠢᠨ᠎ᠠ᠃ ᠠᠮᠢ ᠠᠬᠤᠶ ᠣᠷᠴᠢᠨ | ᠲᠣᠭᠤᠷᠢᠨ ᠢ ᠬᠢᠨᠠᠨ ᠰᠢᠨᠵᠢᠬᠦ ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ ᠬᠦᠷᠦᠯᠴᠡᠬᠦ ᠥᠬᠡᠶ᠂ ᠠᠮᠢ ᠠᠬᠤᠶ | ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠣᠷᠣᠨ ᠪᠦᠰᠡ ᠶᠢᠨ ᠲᠠᠯᠠᠪᠠᠶ ᠶᠡᠭᠡ ᠬᠢᠭᠡᠳ ᠠᠵᠢᠯᠲᠠᠨ ᠳᠤᠲᠠᠭᠳᠠᠵᠤ | ᠪᠠᠶᠢᠭ᠎ᠠ ᠵᠥᠷᠢᠴᠡᠯ ᠲᠣᠪᠤᠶᠢᠮ᠎ᠠ ᠪᠠᠶᠢᠵᠤ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠳᠤᠲᠠᠭᠳᠠᠵᠤ᠂ ᠰᠢᠨᠵᠢᠯᠡᠬᠦ | ᠤᠬᠠᠭᠠᠨ ᠤ ᠰᠤᠳᠤᠯᠤᠯ ᠤᠨ ᠰᠠᠭᠤᠷᠢ ᠪᠠᠭᠤᠷᠠᠶ ᠪᠠᠶᠢᠵᠤ᠂ ᠠᠮᠢ ᠠᠬᠤᠶ ᠣᠷᠴᠢᠨ ᠲᠣᠭᠤᠷᠢᠨ ᠤ ᠬᠢᠨᠠᠯᠲᠠ | ᠬᠠᠮᠢᠶᠠᠷᠤᠯᠲᠠ ᠶᠢᠨ ᠨᠠᠷᠢᠯᠢᠬᠵᠢᠭᠤᠯᠬᠤ᠂ ᠮᠡᠳᠡᠭᠡ ᠵᠠᠩᠭᠢᠵᠢᠭᠤᠯᠬᠤ ᠬᠠᠮᠢᠶᠠᠷᠤᠯᠲᠠ ᠶᠢᠨ ᠴᠢᠳᠠᠪᠤᠷᠢ ᠶᠢ | ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ | ᠬᠤᠶᠠᠳᠤᠭᠠᠷ ᠪᠦᠯᠦᠭ ᠵᠢᠯᠣᠭᠤᠳᠬᠤ ᠦᠵᠡᠯ ᠰᠠᠨᠠᠭ᠎ᠠ᠂ ᠵᠠᠷᠴᠢᠮ ᠪᠣᠯᠤᠨ ᠬᠠᠷᠠᠯᠲᠠ | ᠨᠢᠭᠡᠳᠦᠭᠡᠷ ᠬᠡᠰᠡᠭ ᠵᠢᠯᠣᠭᠤᠳᠬᠤ ᠦᠵᠡᠯ ᠰᠠᠨᠠᠭ᠎ᠠ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ | ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ | ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠳᠣᠣᠱᠯᠠᠭᠤᠯᠵᠦ᠂ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠣᠨ᠎ᠠ᠃ ᠪᠥᠬᠦ ᠤᠯᠤᠰ ᠪᠥᠬᠦ ᠣᠷᠣᠨ ᠤ | ᠬᠥᠭᠵᠢᠯᠲᠡ ᠶᠢᠨ ᠶᠡᠭᠡ ᠲᠠᠯ᠎ᠠ ᠳᠤ ᠰᠠᠭᠤᠷᠢᠯᠠᠨ᠂ ᠠᠮᠢ ᠠᠬᠤᠶ ᠶᠢ ᠳᠡᠷᠢᠬᠦᠨ ᠳᠤ ᠳᠠᠯᠪᠢᠬᠤ᠂ ᠪᠣᠬᠢᠷᠲᠤᠯ ᠥᠬᠡᠶ | ᠬᠥᠭᠵᠢᠭᠦᠯᠬᠦ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠵᠤ᠂ ᠪᠠᠶᠢᠭᠠᠯᠢ ᠶᠢᠨ ᠠᠮᠢ ᠠᠬᠤᠶ ᠶᠢᠨ ᠰᠢᠰᠲ᠋ᠧᠮ ᠤᠨ | ᠤᠤᠭᠠᠯ ᠴᠢᠨᠠᠷ᠂ ᠪᠦᠷᠢᠨ ᠪᠦᠲᠦᠨ ᠴᠢᠨᠠᠷ᠂ ᠰᠢᠰᠲ᠋ᠧᠮᠲᠦ ᠴᠢᠨᠠᠷ ᠢ ᠬᠠᠮᠠᠭᠠᠯᠠᠬᠤ ᠶᠢ ᠲᠠᠰᠤᠷᠠᠯᠲᠠ ᠥᠬᠡᠶ | ᠴᠢᠩᠭᠠᠳᠬᠠᠨ᠂ ᠭᠠᠵᠠᠷ ᠰᠢᠷᠣᠶ ᠶᠢᠨ ᠡᠯᠡᠰᠦᠷᠬᠡᠭᠵᠢᠯ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠠᠵᠢᠯ ᠢ | ᠴᠢᠩᠭᠠᠳᠬᠠᠵᠤ᠂ ᠣᠶ ᠰᠢᠭᠤᠶ ᠨᠤᠲᠤᠭ ᠪᠡᠯᠴᠢᠭᠡᠷ ᠤᠨ ᠬᠠᠮᠠᠭᠠᠯᠠᠯᠲᠠ ᠶᠢ ᠴᠢᠩᠭᠠᠳᠬᠠᠨ᠂ ᠠᠭᠤᠯᠠ ᠤᠰᠤ ᠣᠶ | ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ | ᠨᠢᠭᠡᠳᠦᠯᠲᠡᠶ ᠲᠥᠯᠥᠪᠵᠢᠭᠦᠯᠵᠦ᠂ ᠴᠢᠬᠤᠯᠠ ᠶᠡᠭᠡ ᠠᠮᠢ ᠠᠬᠤᠶ ᠶᠢ ᠵᠠᠰᠠᠨ ᠰᠡᠷᠭᠦᠭᠡᠬᠦ ᠢᠨᠵᠧᠨᠧᠷᠢᠩ ᠢ ᠰᠠᠶᠢᠲᠤᠷ | ᠠᠳᠬᠤᠨ᠂ ᠠᠮᠢ ᠠᠬᠤᠶ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠪᠥᠲᠥᠭᠡᠨ ᠪᠠᠶᠢᠭᠤᠯᠤᠯᠲᠠ ᠶᠢ ᠭᠦᠨᠵᠡᠭᠡᠶ | ᠠᠬᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠳᠤ ᠲᠦᠮᠡᠨ ᠭᠠᠵᠠᠷ ᠤᠨ ᠨᠣᠮᠢᠨ ᠨᠣᠭᠤᠭᠠᠨ ᠣᠷᠳᠣ ᠴᠠᠭᠠᠨ | ᠬᠡᠷᠡᠮ ᠢ ᠴᠣᠭᠴᠠᠯᠠᠨ᠎ᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠬᠠᠷᠠᠯᠲᠠ | ᠡᠭᠦᠷᠭᠡ ᠶᠢᠨ ᠲᠣᠭᠤᠷᠢᠨ ᠳᠤ᠂ ᠴᠢᠭᠯᠡᠯ ᠢ ᠬᠤᠪᠢᠷᠠᠭᠤᠯᠬᠤ ᠥᠬᠡᠶ᠂ ᠡᠷᠴᠢᠮ ᠢ ᠰᠤᠯᠠᠷᠠᠭᠤᠯᠬᠤ ᠥᠬᠡᠶ ᠪᠠᠶᠢᠬᠤ ᠶᠢ | ᠪᠠᠷᠢᠮᠲᠠᠯᠠᠵᠤ᠂ ᠪᠣᠬᠢᠷᠲᠤᠯ ᠢ ᠨᠠᠷᠢᠯᠢᠭ ᠣᠨᠣᠪᠴᠢᠲᠠᠶ ᠵᠠᠰᠠᠬᠤ᠂ ᠰᠢᠨᠵᠢᠯᠡᠬᠦ ᠤᠬᠠᠭᠠᠨᠴᠢ ᠪᠠᠷ ᠵᠠᠰᠠᠬᠤ᠂ ᠬᠠᠤᠯᠢ | ᠶᠣᠰᠣᠭᠠᠷ ᠵᠠᠰᠠᠬᠤ ᠶᠢ ᠳᠣᠪᠤᠶᠢᠯᠭᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠭᠦᠨᠵᠡᠭᠡᠶ ᠰᠠᠶᠢᠲᠤᠷ ᠬᠢᠵᠦ᠂ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ | ᠬᠠᠮᠵᠢᠯᠴᠠᠨ ᠵᠠᠰᠠᠬᠤ ᠶᠢ ᠠᠬᠢᠭᠤᠯᠤᠨ᠎ᠠ᠃ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠬᠥᠭᠵᠢᠯᠲᠡ ᠶᠢ ᠲᠦᠷᠬᠡᠨ ᠪᠡᠶᠡᠯᠡᠭᠦᠯᠵᠦ᠂ ᠠᠮᠢ ᠠᠬᠤᠶ ᠶᠢᠨ ᠰᠢᠰᠲ᠋ᠧᠮ ᠤᠨ ᠲᠣᠭᠲᠠᠪᠤᠷᠢᠲᠤ ᠴᠢᠨᠠᠷ ᠪᠠ | ᠦᠷᠭᠦᠯᠵᠢᠯᠡᠬᠦ ᠴᠢᠨᠠᠷ ᠢ ᠳᠡᠭᠡᠭᠰᠢᠯᠡᠭᠦᠯᠦᠨ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠶ ᠪᠠᠷ ᠬᠠᠮᠲᠤ | ᠣᠷᠣᠰᠢᠬᠤ ᠶᠢ ᠠᠬᠢᠭᠤᠯᠵᠤ᠂ ᠦᠵᠡᠰᠬᠦᠯᠡᠩᠲᠦ ᠰᠠᠶᠢᠬᠠᠨ ᠠᠯᠠᠱᠠ ᠶᠢ ᠪᠥᠲᠥᠭᠡᠨ ᠪᠠᠶᠢᠭᠤᠯᠬᠤ᠂ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠪᠠᠲᠤ ᠪᠠᠬᠢ ᠠᠮᠢ ᠠᠬᠤᠶ ᠣᠷᠴᠢᠨ ᠲᠣᠭᠤᠷᠢᠨ ᠤ | ᠰᠠᠭᠤᠷᠢ ᠶᠢ ᠲᠠᠯᠪᠢᠨ᠎ᠠ᠃ | ᠬᠤᠶᠠᠳᠤᠭᠠᠷ ᠬᠡᠰᠡᠭ ᠦᠨᠳᠦᠰᠦᠨ ᠵᠠᠷᠴᠢᠮ | ᠨᠢᠭᠡ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠭᠦᠯᠬᠦ ᠶᠢ ᠪᠠᠷᠢᠮᠲᠠᠯᠠᠨ᠎ᠠ | ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ | ᠬᠥᠭᠵᠢᠯᠲᠡ ᠶᠢᠨ ᠣᠶᠢᠯᠠᠭᠠᠭᠳᠠᠬᠤᠨ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠶᠢᠭᠠᠯᠢ ᠶᠢ ᠬᠦᠨᠳᠦᠳᠬᠡᠬᠦ᠂ | ᠪᠠᠶᠢᠭᠠᠯᠢ ᠲᠠᠢ ᠵᠣᠬᠢᠴᠠᠬᠤ᠂ ᠪᠠᠶᠢᠭᠠᠯᠢ ᠶᠢ ᠬᠠᠮᠠᠭᠠᠯᠠᠬᠤ ᠶᠢ ᠪᠠᠷᠢᠮᠲᠠᠯᠠᠵᠤ᠂ ᠠᠮᠢ ᠠᠬᠤᠶ ᠶᠢ ᠳᠡᠷᠢᠬᠦᠨ ᠳᠤ ᠳᠠᠯᠪᠢᠬᠤ | ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠤ ᠠᠬᠤᠶ ᠶᠢᠨ ᠴᠢᠨᠠᠷ | ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠵᠤ᠂ ᠡᠬᠢ ᠪᠠᠶᠠᠯᠢᠭ ᠣᠷᠴᠢᠨ ᠲᠣᠭᠤᠷᠢᠨ ᠤ ᠳᠠᠭᠠᠭᠠᠴᠠ ᠶᠢᠨ | ᠴᠢᠳᠠᠪᠤᠷᠢ ᠶᠢᠨ ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠤᠯᠠᠮᠵᠢᠯᠠᠯᠲᠤ ᠠᠵᠢᠯ ᠲᠥᠷᠥᠯ ᠤᠨ ᠠᠮᠢ ᠠᠬᠤᠶ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠵᠦ᠂ ᠪᠠᠶᠢᠯᠳᠤᠬᠤ | ᠪᠣᠳᠣᠯᠭ᠎ᠠ ᠶᠢᠨ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠠᠵᠤ ᠦᠢᠯᠡᠰ | ᠤᠨ ᠬᠥᠭᠵᠢᠯᠲᠡ ᠬᠢᠭᠡᠳ ᠡᠬᠢ ᠪᠠᠶᠠᠯᠢᠭ ᠣᠷᠴᠢᠨ ᠲᠣᠭᠤᠷᠢᠨ ᠤ ᠳᠠᠭᠠᠭᠠᠴᠠ ᠶᠢᠨ ᠴᠢᠳᠠᠪᠤᠷᠢ ᠶᠢᠨ ᠬᠠᠷᠢᠯᠴᠠᠨ | ᠵᠣᠬᠢᠴᠠᠯᠳᠤᠬᠤ ᠶᠢ ᠲᠦᠷᠬᠡᠨ ᠪᠡᠶᠡᠯᠡᠭᠦᠯᠦᠨ᠎ᠡ᠃ | ᠬᠤᠶᠠᠷ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠨ᠎ᠠ | ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠲᠣᠭᠤᠷᠢᠨ ᠤ ᠶᠠᠰᠤ ᠴᠢᠨᠠᠷ ᠤᠨ | ᠬᠤᠷᠢᠭ᠎ᠠ ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ ᠳᠡᠭᠡᠳᠦ ᠱᠤᠭᠤᠮ ᠪᠠ ᠠᠮᠢ ᠠᠬᠤᠶ ᠣᠷᠴᠢᠨ | ᠲᠣᠭᠤᠷᠢᠨ ᠤ ᠵᠥᠪᠰᠢᠶᠡᠷᠡᠯ ᠤᠨ ᠨᠠᠷᠢᠨ ᠲᠠᠩᠰᠠ ᠶᠢᠨ ᠬᠠᠲᠠᠭᠤ ᠬᠢᠵᠠᠭᠠᠷᠯᠠᠯ ᠢ ᠨᠠᠶᠢᠳᠠᠪᠤᠷᠢᠵᠢᠭᠤᠯᠤᠨ᠎ᠠ᠃ ᠠᠮᠢ | ᠠᠬᠤᠶ ᠶᠢᠨ ᠠᠮᠤᠷ ᠲᠦᠪᠰᠢᠨ ᠢ ᠬᠠᠮᠠᠭᠠᠯᠠᠬᠤ᠂ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ | ᠰᠠᠶᠢᠵᠢᠷᠠᠭᠤᠯᠬᠤ ᠪᠠᠷ ᠭᠤᠤᠯ ᠪᠣᠯᠭᠠᠵᠤ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ | ᠰᠢᠢᠳᠪᠦᠷᠢᠯᠡᠬᠦ ᠪᠠᠷ ᠭᠤᠤᠯᠳᠠᠯᠭ᠎ᠠ ᠪᠣᠯᠭᠠᠵᠤ᠂ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ᠂ ᠠᠮᠢ ᠠᠬᠤᠶ ᠶᠢᠨ | ᠪᠥᠲᠥᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠪᠤᠰᠤᠳ ᠠᠰᠠᠭᠤᠳᠠᠯ ᠢ ᠪᠥᠬᠦ ᠲᠠᠯ᠎ᠠ ᠪᠠᠷ ᠪᠠᠶᠢᠴᠠᠭᠠᠨ ᠡᠷᠢᠵᠦ᠂ | ᠳᠤᠲᠠᠭᠤᠳᠠᠯ ᠢᠶᠠᠨ ᠳᠠᠷᠤᠶ ᠲᠦᠷᠭᠡᠨ ᠨᠥᠬᠦᠪᠥᠷᠢᠯᠡᠬᠦ ᠬᠡᠷᠡᠭᠲᠡᠶ᠃ ᠪᠦᠬᠦ ᠠᠶᠢᠮᠠᠭ ᠤᠨ ᠨᠡᠭᠡᠭᠡᠨ ᠬᠥᠭᠵᠢᠭᠦᠯᠦᠯᠲᠡ ᠪᠠ | ᠬᠠᠮᠠᠭᠠᠯᠠᠯᠲᠠ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ | ᠬᠠᠮᠠᠭᠠᠯᠠᠯᠲᠠ ᠬᠢᠭᠡᠳ ᠴᠢᠨᠠᠷ ᠰᠠᠶᠢᠲᠠᠶ ᠬᠥᠭᠵᠢᠯᠲᠡ ᠶᠢ ᠬᠠᠮᠵᠢᠯᠴᠠᠨ ᠠᠬᠢᠭᠤᠯᠤᠨ᠎ᠠ᠃ | ᠭᠤᠷᠪᠠ᠂ ᠰᠢᠰᠲ᠋ᠧᠮ ᠲᠠᠢ ᠵᠠᠰᠠᠬᠤ᠂ ᠣᠷᠣᠨ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ | ᠪᠠᠷᠢᠮᠲᠠᠯᠠᠨ᠎ᠠ | ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ᠂ ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ᠂ | ᠬᠠᠮᠵᠢᠯᠴᠠᠨ ᠬᠠᠮᠲᠤ ᠪᠠᠷ ᠵᠠᠰᠠᠬᠤ᠂ ᠰᠢᠰᠲ᠋ᠧᠮ ᠲᠠᠢ ᠵᠠᠰᠠᠬᠤ᠂ ᠦᠨᠡᠨ ᠠᠴᠠ ᠵᠥᠪ ᠢ ᠡᠷᠢᠬᠦ᠂ ᠯᠠᠪᠳᠠᠭᠤᠨ ᠢᠶᠠᠷ | ᠠᠬᠢᠭᠤᠯᠬᠤ᠂ ᠣᠨᠣᠪᠴᠢᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠵᠠᠷᠴᠢᠮ ᠢ ᠵᠢᠷᠤᠮᠯᠠᠵᠤ᠂ ᠳᠡᠭᠡᠳᠦ ᠳᠤᠤᠷᠠᠳᠤ | ᠤᠷᠤᠰᠬᠠᠯ ᠤᠨ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠶ ᠭᠤᠷᠪᠠᠨ ᠶᠡᠭᠡ ᠣᠷᠣᠨ ᠵᠠᠶ ᠶᠢ ᠨᠢᠭᠡᠳᠦᠯᠲᠡᠶ | ᠲᠥᠯᠥᠪᠵᠢᠭᠦᠯᠵᠦ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ | ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠠᠬᠢᠭᠤᠯᠤᠨ᠎ᠠ᠃ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ | ᠵᠠᠰᠠᠬᠤ᠂ ᠬᠤᠯᠠ ᠣᠶᠢᠷ᠎ᠠ ᠶᠢ ᠤᠶᠠᠯᠳᠤᠭᠤᠯᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠣᠷᠣᠨ | ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠰᠢᠰᠲ᠋ᠧᠮ ᠨᠢ ᠪᠦᠷᠢᠨ ᠪᠦᠲᠦᠨ᠂ ᠬᠠᠷᠢᠭᠤᠴᠠᠯᠭ᠎ᠠ | ᠡᠷᠬᠡ ᠨᠢ ᠲᠣᠳᠣᠷᠬᠠᠶ᠂ ᠬᠢᠨᠠᠯᠲᠠ ᠬᠠᠮᠢᠶᠠᠷᠤᠯᠲᠠ ᠨᠢ ᠪᠦᠲᠦᠮᠵᠢᠲᠡᠶ ᠬᠠᠮᠢᠶᠠᠷᠤᠯᠲᠠ ᠶᠢᠨ ᠪᠠᠶᠢᠷᠢᠰᠢᠯ ᠢ ᠪᠠᠶᠢᠭᠤᠯᠵᠤ᠂ | ᠵᠦᠷᠢᠶᠡᠴᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠦ᠂ ᠣᠷᠣᠨ ᠬᠤᠪᠢᠶᠠᠨ ᠲᠥᠷᠥᠯ ᠬᠤᠪᠢᠶᠠᠨ ᠬᠠᠮᠢᠶᠠᠷᠤᠨ | ᠡᠵᠡᠮᠳᠡᠵᠦ᠂ ᠱᠠᠲᠤ ᠬᠤᠪᠢᠶᠠᠨ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠠᠷᠢᠯᠢᠬᠵᠢᠭᠤᠯᠤᠭᠰᠠᠨ | ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ | ᠳᠥᠷᠪᠡ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠨᠢᠭᠡᠳᠦᠯᠲᠡᠶ ᠲᠥᠯᠥᠪᠯᠡᠨ | ᠨᠡᠶᠢᠲᠡ ᠳᠤᠨᠢ ᠬᠠᠷᠠᠭᠠᠯᠵᠠᠨ᠎ᠠ | ᠨᠢᠭᠡᠳᠦᠯᠲᠡᠶ ᠲᠥᠯᠥᠪᠵᠢᠭᠦᠯᠦᠨ ᠨᠡᠶᠢᠲᠡ ᠳᠤᠨᠢ ᠬᠠᠷᠠᠭᠠᠯᠵᠠᠵᠤ᠂ ᠰᠢᠰᠲ᠋ᠧᠮ ᠲᠠᠢ ᠲᠥᠯᠥᠪᠵᠢᠭᠦᠯᠦᠨ᠂ | ᠵᠣᠬᠢᠴᠠᠭᠤᠯᠬᠤ ᠪᠠᠨ ᠴᠢᠩᠭᠠᠳᠬᠠᠵᠤ᠂ ᠬᠦᠴᠦᠨ ᠢᠶᠠᠨ ᠨᠡᠶᠢᠳᠬᠡᠵᠦ᠂ ᠠᠮᠢ ᠠᠬᠤᠶ ᠣᠷᠴᠢᠨ ᠲᠣᠭᠤᠷᠢᠨ ᠤ | ᠵᠠᠰᠠᠯᠲᠠ ᠶᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ ᠪᠣᠯᠤᠨ ᠬᠠᠮᠵᠢᠯᠴᠠᠬᠤ ᠴᠢᠨᠠᠷ ᠢ ᠳᠡᠭᠡᠭᠰᠢᠯᠡᠭᠦᠯᠦᠨ᠎ᠡ᠃ | ᠠᠮᠢ ᠠᠬᠤᠢ ᠶᠢ ᠬᠠᠮᠠᠭᠠᠯᠠᠨ ᠰᠡᠷᠭᠦᠭᠡᠬᠦ ᠪᠠ ᠪᠣᠬᠢᠷᠲᠤᠯ ᠢ ᠰᠡᠷᠭᠡᠶᠢᠯᠡᠨ ᠵᠠᠰᠠᠬᠤ ᠨᠢᠭᠡᠳᠦᠯᠲᠡᠢ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡᠨ ᠤ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠪᠡᠶ᠎ᠡ ᠪᠠᠨ ᠳᠠᠭᠠᠭᠠᠭᠰᠠᠨ ᠡᠷᠬᠡ ᠰᠦᠷᠲᠦ ᠥᠨᠳᠥᠷ ᠪᠦᠲᠦᠮᠵᠢᠲᠡᠢ ᠠᠮᠢ | ᠠᠬᠤᠢ ᠶᠢᠨ ᠣᠷᠴᠢᠨ ᠨᠥᠬᠦᠴᠡᠯ ᠢ ᠬᠢᠨᠠᠨ ᠬᠡᠮᠵᠢᠬᠦ ᠰᠢᠰᠲ᠋ᠧᠮ ᠢ ᠪᠠᠶᠢᠭᠤᠯᠤᠨ᠎ᠠ᠃ ᠥᠮᠴᠢᠯᠡᠬᠦ ᠡᠷᠬᠡ ᠨᠢ ᠲᠣᠳᠣᠷᠬᠠᠢ | ᠂ ᠤᠷᠮᠠᠰᠢᠭᠤᠯᠬᠤ ᠪᠠ ᠬᠢᠵᠠᠭᠠᠷᠯᠠᠬᠤ ᠶᠢ ᠵᠡᠷᠭᠡ ᠪᠠᠷ ᠴᠢᠬᠤᠯᠠᠴᠢᠯᠠᠭᠰᠠᠨ᠂ ᠰᠢᠰᠲ᠋ᠧᠮ ᠨᠢ ᠪᠦᠷᠢᠨ ᠪᠦᠲᠦᠨ ᠠᠮᠢ | ᠠᠬᠤᠢ ᠶᠢᠨ ᠪᠣᠯᠪᠠᠰᠤᠨ ᠤ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠦᠨ ᠪᠦᠷᠢᠯᠳᠦᠭᠦᠯᠦᠨ᠎ᠡ᠃ | ᠲᠠᠪᠤ᠂ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠶᠢ | ᠪᠠᠷᠢᠮᠲᠠᠯᠠᠨ᠎ᠠ | ᠵᠠᠰᠠᠭ ᠤᠨ ᠣᠷᠳᠣᠨ ᠤ ︽ᠢᠯᠡ ᠭᠠᠷ︾᠂ ᠵᠠᠬ᠎ᠠ ᠳᠡᠯᠭᠡᠭᠦᠷ ᠤᠨ ︽ᠢᠯᠡ ᠪᠤᠰᠤ ᠭᠠᠷ︾ ᠪᠠ | ᠨᠡᠶᠢᠭᠡᠮ ᠤᠨ ︽ᠥᠪᠡᠷᠲᠡᠭᠡᠨ ᠵᠠᠰᠠᠬᠤ ᠭᠠᠷ︾ ᠢ ᠶᠡᠷᠦᠩᠬᠡᠶᠢᠯᠡᠨ ᠬᠡᠷᠡᠭᠯᠡᠵᠦ᠂ ᠨᠢᠭᠲᠠ ᠬᠤᠯᠪᠣᠭ᠎ᠠ ᠲᠠᠢ | ᠲᠦᠷᠢᠮ ᠤᠨ ᠪᠣᠷᠣ ᠲᠥᠯᠥᠪ ᠢ ᠪᠠᠶᠢᠭᠤᠯᠤᠨ ᠪᠦᠷᠢᠨᠰᠢᠭᠦᠯᠵᠦ᠂ ᠵᠠᠰᠠᠭ ᠤᠨ ᠣᠷᠳᠣᠨ᠂ ᠠᠵᠤ ᠠᠬᠤᠶᠢᠯᠠᠯ ᠪᠠ | ᠨᠡᠶᠢᠭᠡᠮ ᠤᠨ ᠠᠮᠢ ᠠᠬᠤᠶ ᠶᠢᠨ ᠣᠷᠴᠢᠨ ᠲᠣᠭᠤᠷᠢᠨ ᠤ ᠠᠵᠢᠯᠯᠠᠭ᠎ᠠ ᠶᠢ ᠪᠦᠲᠦᠮᠵᠢᠲᠡᠶ ᠵᠢᠷᠤᠮᠵᠢᠭᠤᠯᠬᠤ᠂ ᠬᠥᠲᠥᠯᠥᠨ | ᠵᠢᠯᠣᠭᠤᠳᠬᠤ ᠪᠠ ᠬᠢᠨᠠᠯᠲᠠ ᠲᠠᠯᠪᠢᠬᠤ ᠶᠢ ᠴᠢᠩᠭᠠᠷᠠᠭᠤᠯᠤᠨ᠂ ᠣᠯᠠᠨ ᠠᠷᠭ᠎ᠠ ᠵᠠᠮ ᠢᠶᠠᠷ ᠨᠡᠶᠢᠲᠡ ᠣᠯᠠᠨ ᠢᠶᠠᠷ ᠢᠶᠠᠨ | ᠣᠷᠣᠯᠴᠠᠬᠤ ᠲᠣᠭᠲᠠᠴᠠ ᠶᠢ ᠪᠠᠶᠢᠭᠤᠯᠵᠤ᠂ ᠵᠠᠰᠠᠭ ᠤᠨ ᠣᠷᠳᠣᠨ᠂ ᠠᠵᠤ ᠠᠬᠤᠶᠢᠯᠠᠯ ᠪᠠ ᠨᠡᠶᠢᠭᠡᠮ ᠤᠨ ᠣᠯᠠᠨ | ᠡᠰᠢᠲᠦ ᠭᠤᠤᠯ ᠴᠣᠭᠴᠠ ᠶᠢᠨ ᠣᠷᠣᠯᠴᠠᠭᠰᠠᠨ ᠵᠢᠴᠢ ᠣᠯᠠᠨ ᠲᠠᠯ᠎ᠠ ᠶᠢᠨ ᠬᠠᠷᠢᠯᠴᠠᠨ ᠬᠥᠳᠡᠯᠦᠯᠴᠡᠭᠰᠡᠨ ︽ | ᠬᠠᠮᠲᠤᠪᠠᠷ ᠵᠠᠰᠠᠵᠤ ᠬᠠᠮᠲᠤᠪᠠᠷ ᠭᠥᠷᠳᠡᠬᠦ︾ ᠠᠮᠢ ᠠᠬᠤᠶ ᠣᠷᠴᠢᠨ ᠲᠣᠭᠤᠷᠢᠨ ᠤ ᠵᠠᠰᠠᠯᠲᠠ ᠶᠢᠨ ᠵᠠᠭᠪᠤᠷ ᠢ | ᠪᠦᠷᠢᠯᠳᠦᠭᠦᠯᠦᠨ᠎ᠡ᠃ | ᠭᠤᠷᠪᠠᠳᠤᠭᠠᠷ ᠬᠡᠰᠡᠭ ᠭᠤᠣᠯ ᠬᠠᠷᠠᠯᠲᠠ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠲᠤᠬᠠᠶ ᠨᠠᠮ ᠤᠨ ᠲᠥᠪ ᠬᠤᠷᠢᠶᠠᠨ ᠤ | ᠪᠠᠶᠢᠯᠳᠤᠬᠤ ᠪᠣᠳᠣᠯᠭ᠎ᠠ ᠶᠢᠨ ᠲᠣᠬᠢᠷᠠᠭᠤᠯᠤᠯᠲᠠ ᠪᠠ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ | ᠪᠡᠶᠡᠯᠡᠭᠦᠯᠬᠦ ᠠᠯᠤᠰ ᠤᠨ ᠬᠠᠷᠠᠯᠲᠠ ᠶᠣᠰᠣᠭᠠᠷ᠂ 2035 ᠣᠨ ᠪᠣᠯᠬᠤ ᠳᠤ᠂ ᠪᠣᠬᠢᠷᠲᠤᠯ ᠥᠬᠡᠶ ᠦᠢᠯᠡᠳᠪᠦᠷᠢᠯᠡᠯ | ᠠᠮᠢᠳᠤᠷᠠᠯ ᠤᠨ ᠠᠷᠭ᠎ᠠ ᠮᠠᠶ᠋ᠢᠭ ᠢ ᠥᠷᠭᠡᠨ ᠢᠶᠠᠷ ᠪᠣᠶ ᠪᠣᠯᠭᠠᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ | ᠣᠷᠭᠢᠯ ᠳᠤ ᠬᠦᠷᠦᠭᠰᠡᠨ ᠤ ᠳᠠᠷᠠᠭ᠎ᠠ ᠲᠣᠭᠲᠠᠭᠤᠨ ᠪᠠᠶᠢᠯᠭᠠᠬᠤ ᠶᠢᠨ ᠵᠡᠷᠭᠡ ᠳᠤ ᠪᠠᠭᠤᠷᠠᠭᠤᠯᠵᠤ᠂ ᠠᠮᠢ ᠠᠬᠤᠶ | ᠣᠷᠴᠢᠨ ᠨᠥᠬᠦᠴᠡᠯ ᠢ ᠦᠨᠳᠦᠰᠦᠨ ᠠᠴᠠ ᠨᠢ ᠰᠠᠶᠢᠵᠢᠷᠠᠭᠤᠯᠤᠨ᠂ ᠦᠵᠡᠰᠬᠦᠯᠡᠩᠲᠦ ᠰᠠᠶᠢᠬᠠᠨ ᠠᠯᠠᠱᠠ ᠶᠢ ᠪᠥᠲᠥᠭᠡᠨ | ᠪᠠᠶᠢᠭᠤᠯᠬᠤ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ᠡᠬᠢ ᠪᠠᠶᠠᠯᠢᠭ ᠢ ᠠᠷᠪᠢᠯᠠᠬᠤ ᠪᠠ ᠣᠷᠴᠢᠨ | ᠠᠬᠤᠢ ᠶᠢ ᠬᠠᠮᠠᠭᠠᠯᠠᠬᠤ ᠣᠷᠣᠨ ᠵᠠᠢ ᠶᠢᠨ ᠪᠠᠶᠢᠷᠢᠰᠢᠯ᠂ ᠠᠵᠤ ᠦᠢᠯᠡᠰ ᠤᠨ ᠪᠦᠲᠦᠴᠡ᠂ ᠦᠢᠯᠡᠳᠪᠦᠷᠢᠯᠡᠯ ᠤᠨ | ᠠᠷᠭ᠎ᠠ ᠮᠠᠶ᠋ᠢᠭ᠂ ᠠᠮᠢᠳᠤᠷᠠᠯ ᠤᠨ ᠠᠷᠭ᠎ᠠ ᠮᠠᠶ᠋ᠢᠭ ᠶᠡᠷᠦᠩᠬᠡᠢ ᠳᠡᠭᠡᠨ ᠪᠦᠷᠢᠯᠳᠦᠵᠦ᠂ ᠠᠭᠤᠷ ᠠᠮᠢᠰᠬᠤᠯ ᠤᠨ | ᠬᠤᠪᠢᠷᠠᠯᠲᠠ ᠶᠢ ᠠᠷᠭᠠᠴᠠᠬᠤ ᠴᠢᠳᠠᠪᠤᠷᠢ ᠢᠯᠡᠳᠲᠡ ᠴᠢᠩᠭᠠᠷᠠᠪᠠ︔ ᠣᠷᠴᠢᠨ ᠠᠬᠤᠢ ᠠᠭᠠᠷ ᠤᠨ ᠴᠢᠨᠠᠷ | ᠴᠢᠨᠰᠠᠭ᠎ᠠ ᠶᠢ ᠦᠨᠳᠦᠰᠦᠨ ᠠᠴᠠ ᠨᠢ ᠰᠠᠶᠢᠵᠢᠷᠠᠭᠤᠯᠵᠤ᠂ ᠤᠰᠤᠨ ᠤ ᠠᠮᠢ ᠠᠬᠤᠢ ᠣᠷᠴᠢᠨ ᠠᠬᠤᠢ ᠶᠢᠨ ᠴᠢᠨᠠᠷ | ᠴᠢᠨᠰᠠᠭ᠎ᠠ ᠶᠢ ᠪᠦᠬᠦ ᠲᠠᠯ᠎ᠠ ᠪᠠᠷ ᠰᠠᠶᠢᠵᠢᠷᠠᠭᠤᠯᠤᠨ᠂ ᠬᠥᠷᠥᠰᠥ ᠰᠢᠷᠣᠢ ᠶᠢᠨ ᠠᠮᠢ ᠠᠬᠤᠢ ᠣᠷᠴᠢᠨ ᠠᠬᠤᠢ ᠶᠢᠨ | ᠠᠮᠤᠷ ᠲᠦᠪᠰᠢᠨ ᠢ ᠪᠦᠲᠦᠮᠵᠢᠲᠡᠢ ᠪᠠᠲᠤᠯᠠᠨ᠎ᠠ︔ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠪᠦᠬᠦ ᠲᠠᠯ᠎ᠠ ᠪᠠᠷ | ᠬᠠᠮᠢᠶᠠᠷᠤᠨ ᠡᠵᠡᠮᠳᠡᠪᠡ︔ ᠬᠤᠲᠠ ᠬᠥᠳᠡᠭᠡ ᠶᠢᠨ ᠣᠷᠴᠢᠨ ᠲᠣᠭᠤᠷᠢᠨ ᠭᠤᠶᠣ ᠰᠠᠶᠢᠬᠠᠨ ᠡᠶ᠎ᠡ ᠵᠣᠬᠢᠴᠠᠯ ᠲᠠᠢ | ᠣᠷᠣᠰᠢᠨ ᠰᠠᠭᠤᠬᠤ ᠳᠤ ᠲᠣᠬᠢᠷᠠᠮᠵᠢᠲᠠᠶ ᠪᠠᠶᠢᠵᠤ᠂ ᠠᠷᠠᠳ ᠣᠯᠠᠨ ᠤ ᠭᠤᠶᠣ ᠰᠠᠶᠢᠬᠠᠨ ᠠᠮᠢ ᠠᠬᠤᠶ ᠶᠢᠨ ᠣᠷᠴᠢᠨ | ᠲᠣᠭᠤᠷᠢᠨ ᠤ ᠬᠡᠷᠡᠭᠴᠡᠭᠡ ᠶᠢ ᠦᠨᠳᠦᠰᠦᠨ ᠳᠡᠭᠡᠨ ᠬᠠᠩᠭᠠᠨ᠎ᠠ︔ ᠠᠭᠤᠯᠠ ᠤᠰᠤ ᠤᠢ ᠮᠣᠳᠣ ᠭᠠᠵᠠᠷ ᠲᠠᠷᠢᠶ᠎ᠠ | ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦᠨ ᠤ ᠠᠮᠢ ᠠᠬᠤᠢ ᠶᠢᠨ ᠰᠢᠰᠲ᠋ᠧᠮ ᠤᠨ ᠦᠢᠯᠡᠴᠢᠯᠡᠭᠡᠨ ᠤ ᠴᠢᠳᠠᠮᠵᠢ ᠶᠢ | ᠲᠣᠭᠲᠠᠭᠤᠨ ᠢᠶᠠᠷ ᠰᠡᠷᠭᠦᠭᠡᠵᠦ᠂ ᠡᠭᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠠᠶᠢᠭᠤᠯᠬᠤ ᠦᠢᠯᠡᠳᠦᠯ ᠨᠡᠩ ᠲᠤᠪᠤᠶᠢᠮ᠎ᠠ ᠪᠣᠯᠪᠠ︔ ᠠᠮᠢ ᠠᠬᠤᠶ ᠶᠢᠨ ᠪᠣᠯᠪᠠᠰᠤᠨ ᠤ ᠲᠦᠷᠢᠮ ᠤᠨ | ᠰᠢᠰᠲ᠋ᠧᠮ ᠲᠡᠭᠦᠯᠳᠡᠷᠵᠢᠵᠦ᠂ ᠠᠮᠢ ᠠᠬᠤᠶ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠪᠡ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠠᠯᠠᠱᠠ ᠠᠶᠢᠮᠠᠭ ᠤᠨ ᠠᠮᠢ | ᠠᠬᠤᠶ ᠶᠢᠨ ᠪᠣᠯᠪᠠᠰᠤᠨ ᠤ ᠪᠠᠶᠢᠭᠤᠯᠤᠯᠲᠠ ᠰᠢᠨ᠎ᠡ ᠳᠠᠪᠰᠢᠯᠲᠠ ᠲᠠᠢ ᠪᠣᠯᠵᠣ᠂ 2025 ᠣᠨ ᠪᠣᠯᠬᠤ ᠳᠤ᠂ ᠠᠮᠢ | ᠠᠬᠤᠶ ᠶᠢᠨ ᠪᠣᠯᠪᠠᠰᠤᠨ ᠤ ᠲᠦᠪᠰᠢᠨ ᠢ ᠴᠢᠨᠡᠭᠡᠯᠢᠭ ᠨᠡᠶᠢᠭᠡᠮ ᠲᠠᠢ ᠵᠣᠬᠢᠴᠠᠭᠤᠯᠵᠤ᠂ ᠠᠷᠠᠳ ᠣᠯᠠᠨ ᠤ ᠰᠢᠯᠢᠳᠡᠭ | ᠠᠮᠢ ᠠᠬᠤᠶ ᠣᠷᠴᠢᠨ ᠲᠣᠭᠤᠷᠢᠨ ᠤ ᠲᠤᠬᠠᠶ ᠬᠦᠷᠲᠡᠮᠵᠢ ᠶᠢᠨ ᠲᠥᠷᠥᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠦᠨ᠎ᠡ᠃ | ᠭᠤᠣᠯ ᠬᠠᠷᠠᠯᠲᠠ᠄ | ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠣᠨ᠎ᠠ᠃ ᠣᠷᠴᠢᠨ | ᠠᠬᠤᠢ ᠶᠢᠨ ᠠᠭᠠᠷ ᠤᠨ ᠶᠠᠰᠤ ᠴᠢᠨᠠᠷ ᠰᠠᠶᠢᠨ ᠪᠠᠶᠢᠬᠤ ᠶᠢᠨ ᠵᠡᠷᠭᠡ ᠳᠤ ᠰᠢᠯᠢᠳᠡᠭᠵᠢᠵᠦ᠂ ᠤᠰᠤᠨ ᠤ ᠣᠷᠴᠢᠨ | ᠠᠬᠤᠢ ᠶᠢᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠵᠦ᠂ ᠬᠥᠷᠥᠰᠥ ᠰᠢᠷᠣᠢ ᠶᠢᠨ ᠠᠮᠢ ᠠᠬᠤᠢ ᠶᠢᠨ ᠣᠷᠴᠢᠨ | ᠨᠥᠬᠦᠴᠡᠯ ᠤᠨ ᠶᠠᠰᠤ ᠴᠢᠨᠠᠷ ᠲᠣᠭᠲᠠᠭᠤᠨ ᠢᠶᠠᠷ ᠰᠠᠶᠢᠵᠢᠷᠠᠵᠤ᠂ ᠬᠤᠳᠠ ᠬᠥᠳᠡᠭᠡ ᠶᠢᠨ ᠣᠷᠣᠰᠢᠨ ᠰᠠᠭᠤᠬᠤ | ᠣᠷᠴᠢᠨ ᠨᠥᠬᠦᠴᠡᠯ ᠢᠯᠡᠳᠲᠡ ᠰᠠᠶᠢᠵᠢᠷᠠᠵᠤ᠂ ᠭᠤᠣᠯ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ | ᠶᠢ ᠦᠷᠭᠦᠯᠵᠢᠯᠡᠨ ᠪᠠᠭᠠᠰᠬᠠᠨ᠎ᠠ᠃ | ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠨ᠎ᠠ᠃ ᠦᠢᠯᠡᠳᠪᠦᠷᠢᠯᠡᠯ ᠠᠮᠢᠳᠤᠷᠠᠯ ᠤᠨ ᠠᠷᠭ᠎ᠠ | ᠮᠠᠶ᠋ᠢᠭ ᠤᠨ ᠪᠣᠬᠢᠷᠲᠤᠯ ᠦᠭᠡᠢ ᠬᠡᠯᠪᠡᠷᠢ ᠶᠢᠨ ᠬᠤᠪᠢᠷᠠᠭᠤᠯᠤᠯᠲᠠ ᠶᠢᠨ ᠦᠷ᠎ᠡ ᠪᠦᠲᠦᠮᠵᠢ ᠢᠯᠡᠷᠬᠡᠢ ᠪᠠᠶᠢᠵᠤ᠂ | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠲᠦᠷᠭᠡᠯᠡᠨ ᠠᠬᠢᠭᠤᠯᠵᠤ᠂ | ᠡᠨᠧᠷᠭᠢ ᠶᠢᠨ ᠰᠤᠷᠪᠤᠯᠵᠢ ᠡᠬᠢ ᠪᠠᠶᠠᠯᠢᠭ ᠤᠨ ᠠᠰᠢᠭᠯᠠᠮᠵᠢ ᠶᠡᠭᠡ ᠪᠠᠷ ᠳᠡᠭᠡᠭᠰᠢᠯᠡᠵᠦ᠂ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ ᠬᠦᠴᠦᠯᠡᠴᠡ ᠶᠢ ᠡᠳᠦᠢ ᠲᠡᠳᠦᠢ ᠪᠠᠭᠤᠷᠠᠭᠤᠯᠣᠨ᠎ᠠ᠃ | ᠠᠮᠢ ᠠᠬᠤᠶ ᠶᠢᠨ ᠰᠢᠰᠲ᠋ᠧᠮ ᠤᠨ ᠶᠠᠰᠤ ᠴᠢᠨᠠᠷ ᠪᠠ ᠲᠣᠭᠲᠠᠪᠤᠷᠢᠲᠤ ᠴᠢᠨᠠᠷ ᠢ ᠲᠣᠭᠲᠠᠭᠤᠨ ᠢᠶᠠᠷ | ᠳᠡᠭᠡᠭᠰᠢᠯᠡᠬᠦᠯᠦᠨ᠎ᠡ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ | ᠪᠠᠶᠢᠷᠢᠰᠢᠯ ᠢ ᠰᠢᠯᠢᠳᠡᠭᠵᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢ ᠬᠢᠨᠠᠨ ᠬᠠᠮᠢᠶᠠᠷᠬᠤ ᠴᠢᠳᠠᠪᠤᠷᠢ ᠶᠢ | ᠲᠠᠰᠤᠷᠠᠯᠳᠠ ᠦᠭᠡᠢ ᠴᠢᠩᠭᠠᠳᠬᠠᠨ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠪᠦᠲᠦᠮᠵᠢᠲᠡᠢ ᠬᠠᠮᠠᠭᠠᠯᠠᠵᠤ᠂ | ᠠᠮᠢ ᠠᠬᠤᠢ ᠶᠢᠨ ᠰᠢᠰᠲ᠋ᠧᠮ ᠤᠨ ᠦᠢᠯᠡᠴᠢᠯᠡᠭᠡᠨ ᠤ ᠴᠢᠳᠠᠮᠵᠢ ᠶᠢ ᠴᠢᠩᠭᠠᠷᠠᠭᠤᠯᠤᠨ᠂ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠨᠡᠩ ᠪᠠᠲᠤ ᠪᠠᠬᠢ ᠪᠣᠯᠭᠠᠨ᠎ᠠ᠃ | ᠣᠷᠴᠢᠨ ᠠᠬᠤᠢ ᠶᠢᠨ ᠠᠶᠤᠯ ᠲᠦᠭᠰᠢᠭᠦᠷᠢ ᠶᠢ ᠪᠦᠲᠦᠮᠵᠢᠲᠡᠢ ᠪᠠᠷ ᠬᠢᠵᠠᠭᠠᠷᠯᠠᠨ᠎ᠠ᠃ ᠬᠠᠲᠠᠭᠤ ᠪᠡᠶᠡᠲᠦ | ᠬᠠᠶᠠᠭᠳᠠᠮᠠᠯ ᠪᠣᠳᠠᠰ ᠪᠣᠯᠤᠨ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠰᠡᠷᠭᠡᠶᠢᠯᠡᠨ | ᠡᠵᠡᠮᠳᠡᠬᠦ ᠴᠢᠳᠠᠪᠤᠷᠢ ᠶᠢ ᠢᠯᠡᠳᠲᠡ ᠴᠢᠩᠭᠠᠷᠠᠭᠤᠯᠵᠤ᠂ ᠠᠶᠤᠯᠲᠠᠶ ᠬᠠᠶᠠᠭᠳᠠᠮᠠᠯ ᠪᠣᠳᠠᠰ᠂ ᠬᠦᠨᠳᠦ ᠲᠡᠮᠦᠷᠯᠢᠭ ᠤᠨ | ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠪᠦᠲᠦᠮᠵᠢᠲᠡᠶ ᠬᠢᠵᠠᠭᠠᠷᠯᠠᠵᠤ᠂ ᠬᠠᠲᠠᠭᠤ ᠪᠡᠶᠡᠲᠦ ᠬᠠᠶᠠᠭᠳᠠᠮᠠᠯ | ᠪᠣᠳᠠᠰ ᠢ ᠠᠰᠢᠭᠯᠠᠬᠤ ᠨᠣᠷᠮ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠰᠠᠴᠤᠷᠠᠭ ᠤᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠣᠷᠴᠢᠨ ᠲᠣᠭᠤᠷᠢᠨ ᠤ ᠠᠮᠤᠷ ᠲᠦᠪᠰᠢᠨ ᠢ | ᠪᠦᠲᠦᠮᠵᠢᠲᠡᠶ ᠪᠠᠲᠤᠯᠠᠨ᠎ᠠ᠃ | ᠣᠷᠴᠢᠨ ᠠᠬᠤᠢ ᠶᠢᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ | ᠤᠯᠠᠮ ᠨᠢᠭᠡ ᠠᠯᠬᠤᠮ ᠪᠦᠷᠢᠨᠰᠢᠬᠦᠯᠦᠨ᠎ᠡ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠤ ᠬᠢᠨᠠᠯᠲᠠ | ᠬᠠᠮᠢᠶᠠᠷᠤᠯᠲᠠ ᠶᠢᠨ ᠲᠦᠷᠢᠮ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠠᠮᠢ ᠠᠬᠤᠶ ᠣᠷᠴᠢᠨ ᠲᠣᠭᠤᠷᠢᠨ ᠤ | ᠵᠠᠰᠠᠯᠲᠠ ᠶᠢᠨ ᠴᠢᠳᠠᠪᠤᠷᠢ ᠶᠢᠨ ᠲᠣᠪᠤᠶᠢᠮ᠎ᠠ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠠᠮᠢ ᠠᠬᠤᠶ ᠣᠷᠴᠢᠨ | ᠲᠣᠭᠤᠷᠢᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠣᠲᠣ ᠦᠶ᠎ᠡ ᠶᠢᠨ ᠣᠷᠴᠢᠨ ᠲᠣᠭᠤᠷᠢᠨ ᠤ | ᠵᠠᠰᠠᠯᠲᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠬᠦᠯᠦᠨ᠎ᠡ᠃ | ᠭᠤᠷᠪᠠᠳᠤᠭᠠᠷ ᠪᠦᠯᠦᠭ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠪᠣᠬᠢᠷᠲᠤᠯ | ᠥᠬᠡᠶ ᠬᠥᠭᠵᠢᠯᠲᠡ ᠶᠢ ᠠᠬᠢᠭᠤᠯᠤᠨ᠎ᠠ | ᠠᠮᠢ ᠠᠬᠤᠢ ᠶᠢᠨ ᠣᠷᠣᠨ ᠵᠠᠢ ᠶᠢᠨ ᠬᠠᠮᠢᠶᠠᠷᠤᠯᠲᠠ ᠡᠵᠡᠮᠳᠡᠯ ᠢᠶᠠᠷ ᠪᠣᠬᠢᠷᠲᠤᠯ ᠦᠭᠡᠢ ᠬᠥᠭᠵᠢᠯᠲᠡ ᠶᠢᠨ | ᠪᠠᠶᠢᠷᠢᠰᠢᠯ ᠢ ᠪᠠᠶᠢᠭᠤᠯᠬᠤ ᠶᠢ ᠬᠦᠳᠦᠯᠦᠨ ᠵᠢᠯᠣᠭᠤᠳᠴᠤ᠂ ᠪᠣᠬᠢᠷᠲᠤᠯ ᠦᠭᠡᠢ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠡᠭᠦᠳᠦᠯᠲᠡ ᠪᠠᠷ ᠠᠮᠢ ᠠᠬᠤᠢ ᠶᠢᠨ ᠣᠷᠴᠢᠨ ᠨᠥᠬᠦᠴᠡᠯ ᠤᠨ ᠵᠠᠰᠠᠯᠲᠠ ᠶᠢ ᠬᠦᠳᠦᠯᠦᠨ ᠳᠠᠭᠠᠭᠤᠯᠵᠤ᠂ | ᠭᠤᠣᠯᠳᠠᠯᠭ᠎ᠠ ᠲᠠᠢ ᠣᠷᠣᠨ ᠪᠦᠰᠡ ᠶᠢᠨ ᠪᠣᠬᠢᠷᠲᠤᠯ ᠦᠭᠡᠢ᠂ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠡᠬᠢ | ᠪᠠᠶᠠᠯᠢᠭ ᠢ ᠠᠷᠪᠢᠯᠠᠬᠤ ᠪᠠ ᠣᠷᠴᠢᠨ ᠠᠬᠤᠢ ᠶᠢ ᠬᠠᠮᠠᠭᠠᠯᠠᠬᠤ ᠣᠷᠣᠨ ᠵᠠᠢ ᠶᠢᠨ ᠪᠠᠶᠢᠷᠢᠰᠢᠯ᠂ ᠠᠵᠤ ᠦᠢᠯᠡᠰ ᠤᠨ | ᠪᠦᠲᠦᠴᠡ ᠪᠠ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠲᠦᠷᠭᠡᠯᠡᠨ ᠪᠤᠢ ᠪᠣᠯᠭᠠᠵᠤ᠂ ᠠᠮᠢ ᠠᠬᠤᠢ | ᠣᠷᠴᠢᠨ ᠨᠥᠬᠦᠴᠡᠯ ᠤᠨ ᠬᠠᠮᠢᠶᠠᠷᠤᠯᠲᠠ ᠡᠵᠡᠮᠳᠡᠯ ᠢ ᠡᠬᠢ ᠡᠭᠦᠰᠦᠯ ᠠᠴᠠ ᠨᠢ ᠴᠢᠩᠭᠠᠳᠬᠠᠨ᠎ᠠ᠃ | ᠨᠢᠭᠡᠳᠦᠭᠡᠷ ᠬᠡᠰᠡᠭ ᠣᠷᠣᠨ ᠵᠠᠢ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠠᠵᠤ ᠦᠢᠯᠡᠰ ᠤᠨ | ᠪᠦᠲᠦᠴᠡ ᠶᠢ ᠰᠢᠯᠢᠳᠡᠭᠵᠢᠭᠦᠯᠦᠨ᠎ᠡ | ᠨᠢᠭᠡ᠂ ᠣᠷᠣᠨ ᠵᠠᠶ ᠶᠢᠨ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ︽ᠭᠤᠷᠪᠠᠨ ᠱᠤᠭᠤᠮ ᠨᠢᠭᠡ | ᠬᠠᠭᠤᠳᠠᠰᠤ︾ ᠶᠢ ᠨᠠᠶᠢᠳᠠᠪᠤᠷᠢᠵᠢᠭᠤᠯᠤᠨ᠎ᠠ | ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠬᠡᠷᠡᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ | ᠬᠤᠷᠢᠭ᠎ᠠ ᠱᠤᠭᠤᠮ ᠤᠨ ᠰᠡᠳᠬᠢᠬᠦᠶ ᠶᠢ ᠪᠠᠷᠢᠮᠲᠠᠯᠠᠵᠤ᠂ ᠬᠤᠲᠠ ᠪᠠᠯᠭᠠᠰᠤ᠂ ᠬᠥᠳᠡᠭᠡ ᠠᠵᠤ ᠠᠬᠤᠶ᠂ ᠠᠮᠢ | ᠠᠬᠤᠶ ᠶᠢᠨ ᠣᠷᠣᠨ ᠵᠠᠶ ᠪᠠ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠡᠭᠦᠷᠢᠳᠡ ᠶᠢᠨ | ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ᠂ ᠬᠤᠲᠠ ᠪᠠᠯᠭᠠᠰᠤ ᠶᠢ ᠨᠡᠭᠡᠭᠡᠨ | ᠬᠥᠭᠵᠢᠭᠦᠯᠬᠦ ᠵᠠᠭᠠᠭ ᠬᠢᠵᠠᠭᠠᠷ ᠢ ᠠᠵᠤ ᠠᠬᠤᠶ ᠶᠢᠨ ᠪᠦᠲᠦᠴᠡ ᠳᠤ ᠲᠣᠬᠢᠷᠠᠭᠤᠯᠤᠯᠲᠠ ᠬᠢᠬᠦ᠂ ᠠᠵᠤ ᠦᠢᠯᠡᠰ ᠤᠨ | ᠬᠥᠭᠵᠢᠯᠲᠡ ᠶᠢ ᠲᠥᠯᠥᠪᠵᠢᠭᠦᠯᠬᠦ᠂ ᠬᠤᠲᠠ ᠪᠠᠯᠭᠠᠰᠤᠵᠢᠯᠲᠠ ᠶᠢ ᠠᠬᠢᠭᠤᠯᠬᠤ ᠶᠢᠨ ᠳᠠᠪᠠᠵᠤ ᠪᠣᠯᠤᠰᠢ ᠥᠬᠡᠶ | ᠤᠯᠠᠭᠠᠨ ᠱᠤᠭᠤᠮ ᠪᠣᠯᠭᠠᠵᠤ᠂ ᠭᠤᠤᠯ ᠴᠣᠭᠴᠠ ᠶᠢᠨ ᠴᠢᠳᠠᠮᠵᠢ ᠨᠢ ᠢᠯᠡᠷᠬᠡᠶ᠂ ᠳᠠᠪᠠᠭᠤᠯᠢᠭ ᠢᠶᠠᠨ ᠬᠠᠷᠢᠯᠴᠠᠨ | ᠨᠥᠬᠦᠪᠥᠷᠢᠯᠡᠭᠰᠡᠨ᠂ ᠴᠢᠨᠠᠷ ᠰᠠᠶᠢᠲᠠᠶ ᠬᠥᠭᠵᠢᠯᠲᠡ ᠶᠢᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ ᠨᠡᠭᠡᠭᠡᠨ | ᠬᠥᠭᠵᠢᠭᠦᠯᠵᠦ ᠬᠠᠮᠠᠭᠠᠯᠠᠬᠤ ᠰᠢᠨ᠎ᠡ ᠪᠠᠶᠢᠷᠢᠰᠢᠯ ᠢ ᠲᠦᠷᠬᠡᠨ ᠪᠦᠷᠢᠯᠳᠦᠭᠦᠯᠦᠨ᠎ᠡ᠃ ᠠᠮᠢ ᠠᠬᠤᠶ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ ᠤᠨ ᠲᠠᠯᠠᠪᠠᠶ ᠶᠢ ᠴᠢᠩᠭ᠎ᠠ ᠬᠠᠮᠢᠶᠠᠷᠤᠨ ᠡᠵᠡᠮᠳᠡᠵᠦ᠂ ᠬᠠᠤᠯᠢ | ᠲᠣᠭᠲᠠᠭᠠᠯ ᠠᠴᠠ ᠵᠥᠷᠢᠴᠡᠨ ᠠᠮᠢ ᠠᠬᠤᠶ ᠶᠢᠨ ᠣᠷᠣᠨ ᠵᠠᠶ ᠶᠢ ᠡᠵᠡᠯᠡᠬᠦ ᠠᠵᠢᠯᠯᠠᠭ᠎ᠠ ᠶᠢᠨ ᠤᠬᠤᠷᠢᠨ ᠭᠠᠷᠬᠤ ᠪᠠ | ᠵᠠᠰᠠᠨ ᠰᠡᠷᠭᠦᠭᠡᠬᠦ ᠶᠢ ᠤᠯᠠᠮ ᠨᠢᠭᠡ ᠠᠯᠬᠤᠮ ᠠᠬᠢᠭᠤᠯᠤᠨ᠎ᠠ︔ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ︽ | ᠲᠠᠷᠢᠶᠠᠯᠠᠩ ᠤᠨ ᠪᠤᠰᠤ ᠪᠣᠯᠭᠠᠬᠤ︾ ᠶᠢ ᠡᠷᠡᠰ ᠰᠡᠷᠭᠡᠶᠢᠯᠡᠵᠦ᠂ ᠰᠤᠯᠠ ᠲᠠᠯᠪᠢᠵᠤ᠂ ᠠᠲᠠᠷᠰᠢᠭᠤᠯᠵᠤ ᠪᠣᠯᠬᠤ ᠦᠭᠡᠶ︔ | ᠬᠤᠲᠠ ᠪᠠᠯᠭᠠᠰᠤ ᠶᠢᠨ ᠨᠡᠭᠡᠭᠡᠯᠲᠡ ᠬᠢᠬᠦ ᠵᠠᠭᠠᠭ ᠤᠨ ᠲᠥᠪᠯᠡᠷᠡᠭᠦᠯᠦᠨ ᠪᠦᠲᠦᠭᠡᠨ ᠪᠠᠶᠢᠭᠤᠯᠬᠤ ᠣᠷᠣᠨ ᠨᠤᠭᠤᠳ | ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ ᠴᠢᠩᠭ᠎ᠠ ᠵᠢᠷᠤᠮᠯᠠᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶ᠎ᠡ ᠶᠢ ᠬᠢᠵᠠᠭᠠᠷᠯᠠᠵᠤ᠂ ᠬᠤᠲᠠ ᠪᠠᠯᠭᠠᠰᠤ ᠶᠢᠨ ᠠᠮᠢ ᠠᠬᠤᠶ ᠶᠢᠨ | ᠰᠢᠰᠲ᠋ᠧᠮ ᠢ ᠬᠠᠮᠠᠭᠠᠯᠠᠨ ᠰᠡᠷᠭᠦᠭᠡᠬᠦ ᠡᠷᠴᠢᠮ ᠢᠶᠠᠨ ᠨᠡᠮᠡᠭᠳᠡᠭᠦᠯᠵᠦ᠂ ᠪᠠᠶᠢᠭᠤᠯᠤᠭᠰᠠᠨ ᠲᠣᠭᠤᠷᠢᠭ ᠤᠨ ᠨᠣᠭᠤᠭᠠᠨ | ᠬᠥᠷᠥᠰᠥ ᠶᠢᠨ ᠪᠠᠶᠢᠷᠢᠰᠢᠯ ᠢ ᠰᠢᠯᠢᠳᠡᠭᠵᠢᠭᠦᠯᠦᠨ᠂ ᠨᠣᠭᠤᠭᠠᠨ ᠬᠥᠷᠥᠰᠥ ᠶᠢᠨ ᠠᠮᠢ ᠠᠬᠤᠶ ᠶᠢᠨ ᠴᠢᠳᠠᠮᠵᠢ ᠶᠢ | ᠨᠡᠮᠡᠭᠳᠡᠭᠦᠯᠬᠦ ᠬᠡᠷᠡᠭᠲᠡᠶ᠃ ︽ᠭᠤᠷᠪᠠᠨ ᠱᠤᠭᠤᠮ ᠨᠢᠭᠡ ᠬᠠᠭᠤᠳᠠᠰᠤ︾ ︵ᠠᠮᠢ ᠠᠬᠤᠢ ᠶᠢᠨ ᠬᠠᠮᠠᠭᠠᠯᠠᠯᠲᠠ ᠶᠢᠨ | ᠤᠯᠠᠭᠠᠨ ᠱᠤᠭᠤᠮ᠂ ᠣᠷᠴᠢᠨ ᠠᠬᠤᠢ ᠶᠢᠨ ᠶᠠᠰᠤ ᠴᠢᠨᠠᠷ ᠤᠨ ᠬᠢᠵᠠᠭᠠᠷ ᠱᠤᠭᠤᠮ᠂ ᠡᠬᠢ ᠪᠠᠶᠠᠯᠢᠭ ᠤᠨ | ᠠᠰᠢᠭᠯᠠᠯᠲᠠ ᠶᠢᠨ ᠳᠡᠭᠡᠳᠦ ᠱᠤᠭᠤᠮ᠂ ᠠᠮᠢ ᠠᠬᠤᠢ ᠣᠷᠴᠢᠨ ᠨᠥᠬᠦᠴᠡᠯ ᠤᠨ ᠣᠷᠣᠬᠤ ᠵᠥᠪᠰᠢᠶᠡᠷᠡᠯ ᠤᠨ | ᠲᠣᠳᠣᠷᠬᠠᠢ ᠬᠠᠭᠤᠳᠠᠰᠤ︶ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠷᠴᠢᠨ ᠠᠬᠤᠢ ᠶᠢᠨ ᠬᠠᠮᠠᠭᠠᠯᠠᠯᠲᠠ ᠶᠢᠨ | ᠣᠷᠣᠬᠤ ᠵᠥᠪᠰᠢᠶᠡᠷᠡᠯ ᠢᠶᠠᠷ ᠠᠵᠤ ᠠᠬᠤᠢ ᠶᠢᠨ ᠬᠡᠯᠪᠡᠷᠢ ᠶᠢᠨ ᠬᠤᠪᠢᠷᠠᠭᠤᠯᠤᠯᠲᠠ᠂ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠤᠨ᠎ᠠ᠃ ᠣᠷᠣᠨ ᠪᠦᠰᠡ ᠶᠢᠨ ᠣᠷᠣᠨ ᠵᠠᠢ ᠶᠢᠨ | ᠠᠮᠢ ᠠᠬᠤᠢ ᠶᠢᠨ ᠣᠷᠴᠢᠨ ᠲᠣᠭᠤᠷᠢᠨ ᠢ ᠦᠨᠡᠯᠡᠬᠦ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ | ᠲᠥᠯᠥᠪᠵᠢᠭᠦᠯᠭᠡ ᠶᠢ ᠣᠷᠭᠠᠨᠢᠭ ᠢᠶᠠᠷ ᠬᠠᠮᠵᠢᠯᠴᠠᠨ᠂ ᠪᠦᠬᠦ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠢ | ᠣᠷᠣᠨ ᠬᠤᠪᠢᠶᠠᠨ ᠬᠠᠮᠢᠶᠠᠷᠤᠨ ᠡᠵᠡᠮᠳᠡᠬᠦ ᠨᠠᠷᠢᠯᠢᠭᠵᠢᠭᠤᠯᠤᠭᠰᠠᠨ ᠰᠢᠰᠲ᠋ᠧᠮᠵᠢ ᠶᠢ ᠪᠠᠶᠢᠭᠤᠯᠵᠤ᠂ ᠢᠯᠭᠠᠨ | ᠲᠣᠭᠲᠠᠭᠠᠭᠰᠠᠨ ᠤᠷᠢᠳᠠᠪᠠᠷ ᠬᠠᠮᠠᠭᠠᠯᠠᠬᠤ ᠣᠷᠣᠨ᠂ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠣᠷᠣᠨ᠂ ᠡᠩ ᠤᠨ | ᠬᠠᠮᠢᠶᠠᠷᠤᠨ ᠡᠵᠡᠮᠳᠡᠬᠦ ᠣᠷᠣᠨ ᠳᠤ ᠣᠷᠣᠨ ᠬᠤᠪᠢᠶᠠᠨ ᠠᠷᠭ᠎ᠠ ᠪᠣᠳᠣᠯᠭ᠎ᠠ ᠶᠢ ᠬᠡᠷᠡᠭᠵᠢᠭᠦᠯᠦᠨ᠎ᠡ᠃ | ᠬᠤᠶᠠᠷ᠂ ᠠᠵᠤ ᠦᠢᠯᠡᠰ ᠤᠨ ᠳᠡᠰ ᠳᠡᠪᠰᠢᠬᠦ ᠶᠢ ᠲᠦᠯᠬᠢᠨ ᠠᠬᠢᠭᠤᠯᠵᠤ᠂ ᠪᠦᠲᠦᠴᠡ ᠶᠢᠨ | ᠲᠣᠬᠢᠷᠠᠭᠤᠯᠤᠯᠲᠠ ᠶᠢ ᠲᠦᠷᠭᠡᠳᠬᠡᠨ᠎ᠡ | ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠪᠠ ᠬᠡᠯᠪᠡᠷᠢ ᠪᠠᠨ ᠬᠤᠪᠢᠷᠠᠭᠤᠯᠤᠨ ᠳᠡᠰ | ᠳᠡᠪᠰᠢᠭᠦᠯᠬᠦ ᠶᠢ ᠲᠦᠷᠭᠡᠳᠬᠡᠵᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠣᠷᠭᠢᠯ ᠳᠤ ᠬᠦᠷᠭᠡᠬᠦ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ ᠪᠣᠯᠤᠨ ᠡᠨᠧᠷᠭᠢ ᠠᠷᠪᠢᠯᠠᠵᠤ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢᠨ ᠱᠠᠭᠠᠷᠳᠠᠯᠭ᠎ᠠ ᠪᠠᠷ ᠪᠠᠷᠢᠮᠵᠢᠶ᠎ᠠ ᠪᠣᠯᠭᠠᠵᠤ᠂ ᠪᠦᠬᠦ | ᠠᠶᠢᠮᠠᠭ ᠲᠤ ᠣᠳᠣ ᠶᠢᠨ ᠪᠠᠶᠢᠭ᠎ᠠ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠠᠴᠠ ᠭᠠᠳᠠᠨᠠᠬᠢ | ᠰᠢᠨ᠎ᠡ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠪᠠᠶᠢᠷᠢᠰᠢᠭᠤᠯᠬᠤ ᠶᠢ ᠴᠠᠭᠠᠵᠠᠯᠠᠨ᠎ᠠ᠃ ︽ | ᠬᠤᠶᠠᠷ ᠶᠡᠬᠡᠲᠡᠶ︾ ᠠᠵᠢᠯ ᠲᠥᠷᠥᠯ ᠤᠨ ᠦᠢᠯᠡᠳᠪᠦᠷᠢᠯᠡᠬᠦ ᠴᠢᠳᠠᠪᠤᠷᠢ ᠶᠢ ᠴᠢᠩᠭ᠎ᠠ ᠬᠢᠵᠠᠭᠠᠷᠯᠠᠵᠤ᠂ ᠰᠢᠨ᠎ᠡ ᠪᠠᠷ | ᠪᠠᠶᠢᠭᠤᠯᠬᠤ ᠬᠦᠨᠳᠦ ᠠᠵᠤ ᠦᠢᠯᠡᠳᠪᠦᠷᠢ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠢ ᠡᠷᠬᠡᠪᠰᠢ | ᠬᠦᠷᠢᠶᠡᠯᠡᠩ ᠳᠤ ᠣᠷᠣᠭᠤᠯᠵᠤ᠂ ᠬᠦᠷᠢᠶᠡᠯᠡᠩ ᠲᠣᠭᠤᠷᠢᠭ ᠤᠨ ᠭᠠᠳᠠᠨ᠎ᠠ ᠪᠠᠶᠢᠷᠢᠯᠠᠭᠤᠯᠤᠭᠰᠠᠨ ᠣᠳᠣ ᠪᠠᠶᠢᠭ᠎ᠠ | ᠬᠦᠨᠳᠦ ᠠᠵᠤ ᠦᠢᠯᠡᠳᠪᠦᠷᠢ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠬᠦ | ᠴᠢᠳᠠᠪᠤᠷᠢ ᠶᠢ ᠰᠢᠨ᠎ᠡ ᠪᠠᠷ ᠨᠡᠮᠡᠭᠳᠡᠭᠦᠯᠬᠦ ᠲᠥᠷᠥᠯ ᠵᠦᠢᠯ ᠢ ᠤᠤᠯ ᠭᠠᠵᠠᠷ ᠲᠤᠨᠢ ᠬᠢᠨᠠᠨ ᠵᠥᠪᠰᠢᠶᠡᠷᠡᠬᠦ ᠶᠢ ᠴᠢᠩᠭ᠎ᠠ | ᠴᠠᠭᠠᠵᠠᠯᠠᠨ᠎ᠠ᠃ ᠤᠯᠤᠰ ᠤᠨ ᠲᠥᠯᠥᠪᠵᠢᠭᠦᠯᠦᠨ ᠪᠠᠶᠢᠷᠢᠰᠢᠭᠤᠯᠤᠭᠰᠠᠨ ᠪᠠ ᠥᠪᠡᠷᠲᠡᠭᠡᠨ ᠵᠠᠰᠠᠬᠤ ᠣᠷᠣᠨ ᠤ | ᠬᠡᠯᠬᠢᠶ᠎ᠡ ᠶᠢ ᠤᠷᠲᠤᠳᠬᠠᠵᠤ ᠬᠡᠯᠬᠢᠶ᠎ᠡ ᠶᠢ ᠨᠥᠬᠦᠪᠥᠷᠢᠯᠡᠭᠰᠡᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠶᠢᠨ ᠲᠥᠷᠥᠯ ᠵᠦᠢᠯ ᠠᠴᠠ ᠭᠠᠳᠠᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠬᠤᠭᠤᠴᠠᠭᠠᠨ ᠳᠤ ᠵᠠᠷᠴᠢᠮ ᠳᠡᠭᠡᠷ᠎ᠡ ᠪᠠᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ | ᠲᠥᠷᠥᠯ ᠵᠦᠢᠯ ᠢ ᠳᠠᠭᠢᠵᠤ ᠬᠢᠨᠠᠨ ᠵᠥᠪᠰᠢᠶᠡᠷᠡᠬᠦ ᠥᠬᠡᠶ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠤ ᠬᠠᠲᠤᠨ ᠭᠤᠤᠯ ᠳᠠᠭᠠᠤ ᠭᠠᠵᠠᠷ ᠣᠷᠣᠨ ᠤ ᠪᠠᠶᠢᠭᠤᠯᠬᠤ ᠪᠠᠷ ᠪᠠᠶᠢᠭ᠎ᠠ | ᠠᠵᠤ ᠦᠢᠯᠡᠳᠪᠦᠷᠢ ᠶᠢᠨ ᠲᠥᠷᠥᠯ ᠵᠦᠢᠯ ᠢ ᠴᠥᠮ ᠱᠠᠭᠠᠷᠳᠠᠯᠭ᠎ᠠ ᠶᠣᠰᠣᠭᠠᠷ ᠲᠣᠭᠲᠠᠭᠠᠯ ᠳᠤ ᠨᠡᠶᠢᠴᠡᠭᠰᠡᠨ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠣᠷᠣᠭᠤᠯᠤᠨ᠎ᠠ︔ ᠨᠥᠬᠦᠴᠡᠯ ᠪᠦᠬᠦᠢ ᠨᠢᠭᠡᠨᠲᠡ ᠪᠠᠶᠢᠭᠤᠯᠤᠭᠰᠠᠨ | ᠠᠵᠤ ᠦᠢᠯᠡᠳᠪᠦᠷᠢ ᠶᠢᠨ ᠲᠥᠷᠥᠯ ᠵᠦᠢᠯ ᠤᠨ ᠨᠡᠭᠦᠵᠦ ᠬᠦᠷᠢᠶᠡᠯᠡᠩ ᠳᠤ ᠣᠷᠣᠬᠤ ᠶᠢ ᠵᠣᠷᠢᠭᠵᠢᠭᠤᠯᠤᠨ᠎ᠠ᠃ | ᠰᠢᠨ᠎ᠡ ᠪᠠᠷ ᠪᠤᠢ ᠪᠣᠯᠤᠭᠰᠠᠨ ᠠᠵᠤ ᠦᠢᠯᠡᠰ ᠪᠣᠯᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ | ᠡᠵᠡᠯᠡᠬᠦ ᠬᠠᠷᠢᠴᠠᠯ ᠲᠠᠰᠤᠷᠠᠯᠲᠠ ᠦᠭᠡᠢ ᠳᠡᠭᠡᠭᠰᠢᠯᠡᠵᠦ᠂ ᠠᠵᠤ ᠦᠢᠯᠡᠰ ᠤᠨ ᠲᠥᠪᠯᠡᠷᠡᠨ ᠬᠥᠭᠵᠢᠬᠦ ᠬᠢᠷᠢ | ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠬᠦᠯᠦᠨ᠎ᠡ᠃ ᠡᠨᠧᠷᠭᠢ᠂ ᠬᠡᠤᠷᠰᠢᠭᠦᠯᠬᠦ᠂ ᠬᠢᠮᠢ ᠶᠢᠨ ᠠᠵᠤ | ᠦᠢᠯᠡᠳᠪᠦᠷᠢ ᠵᠡᠷᠭᠡ ᠠᠵᠢᠯ ᠲᠥᠷᠥᠯ ᠢᠶᠠᠷ ᠭᠤᠤᠯᠳᠠᠯᠭ᠎ᠠ ᠪᠣᠯᠭᠠᠵᠤ᠂ ᠤᠯᠠᠮᠵᠢᠯᠠᠯᠲᠤ ᠠᠵᠤ ᠦᠢᠯᠡᠰ ᠤᠨ ᠠᠵᠢᠯ | ᠲᠥᠷᠥᠯ ᠢ ᠭᠦᠨᠵᠡᠭᠡᠶ ᠵᠠᠰᠠᠬᠤ ᠪᠠ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠪᠣᠯᠭᠠᠬᠤ ᠲᠠᠰ ᠳᠡᠪᠰᠢᠭᠦᠯᠬᠦ | ᠥᠭᠡᠷᠡᠴᠢᠯᠡᠯᠲᠡ ᠶᠢ ᠠᠬᠢᠭᠤᠯᠤᠨ᠎ᠠ᠃ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠳᠠᠪᠣᠰᠣ ᠬᠢᠮᠢ ᠶᠢᠨ ᠠᠵᠤ | ᠦᠢᠯᠡᠳᠪᠦᠷᠢ ᠪᠣᠯᠤᠨ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠰᠢᠯᠢᠳᠡᠭᠵᠢᠭᠦᠯᠦᠨ | ᠨᠠᠷᠢᠯᠢᠭᠵᠢᠭᠤᠯᠵᠤ᠂ ᠤᠯᠠᠮᠵᠢᠯᠠᠯᠲᠤ ᠬᠢᠮᠢ ᠶᠢᠨ ᠠᠵᠤ ᠦᠢᠯᠡᠳᠪᠦᠷᠢ ᠶᠢ ᠣᠲᠣ ᠦᠶ᠎ᠡ ᠶᠢᠨ ᠪᠣᠬᠢᠷᠲᠤᠯ ᠥᠬᠡᠶ | ᠬᠢᠮᠢ ᠶᠢᠨ ᠠᠵᠤ ᠦᠢᠯᠡᠳᠪᠦᠷᠢ ᠳᠠᠰᠢ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠤᠨ᠎ᠠ᠃ ᠦᠬᠠᠶ | ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠭᠤᠤᠯᠳᠠᠯᠭ᠎ᠠ ᠲᠠᠢ ᠠᠵᠢᠯ ᠲᠥᠷᠥᠯ ᠤᠨ ᠰᠢᠨ᠎ᠡ ᠪᠠᠷ ᠨᠡᠮᠡᠭᠳᠡᠬᠦ | ᠦᠢᠯᠡᠳᠪᠦᠷᠢᠯᠡᠬᠦ ᠴᠢᠳᠠᠪᠤᠷᠢ ᠶᠢᠨ ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢᠨ ᠣᠷᠣᠨ ᠪᠦᠰᠡ ᠶᠢᠨ ᠳᠣᠲᠣᠷ᠎ᠠ | ᠬᠡᠮᠵᠢᠶ᠎ᠡ ᠶᠢ ᠨᠢ ᠪᠠᠭᠠᠰᠬᠠᠨ ᠰᠣᠯᠢᠬᠤ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠳᠡᠭᠡᠳᠦ ᠰᠢᠨ᠎ᠡ ᠮᠡᠷᠭᠡᠵᠢᠯ ᠤᠨ | ᠣᠷᠣᠨ ᠤ ᠠᠵᠤ ᠦᠢᠯᠡᠰ ᠤᠨ ᠬᠡᠯᠬᠢᠶ᠎ᠡ ᠶᠢᠨ ᠲᠤᠤᠷ ᠢ ᠬᠦᠴᠦᠯᠡᠨ ᠰᠢᠯᠢᠳᠡᠭᠵᠢᠭᠦᠯᠵᠦ᠂ ᠣᠷᠴᠢᠯ ᠠᠵᠤ ᠠᠬᠤᠶ ᠶᠢ | ᠶᠡᠬᠡᠪᠡᠷ ᠬᠥᠭᠵᠢᠭᠦᠯᠦᠨ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ | ᠠᠰᠢᠭᠯᠠᠬᠤ ᠨᠣᠷᠮ᠎ᠠ᠂ ᠳᠠᠬᠢᠯᠲᠠ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠨᠣᠷᠮ᠎ᠠ᠂ ᠠᠵᠤ | ᠦᠢᠯᠡᠳᠪᠦᠷᠢ ᠶᠢᠨ ᠬᠡᠷᠡᠭᠯᠡᠬᠦ ᠤᠰᠤ ᠶᠢ ᠳᠠᠬᠢᠨ ᠳᠠᠪᠲᠠᠨ ᠠᠰᠢᠭᠯᠠᠬᠤ ᠨᠣᠷᠮ᠎ᠠ᠂ ᠳᠠᠬᠢᠯᠲᠠ ᠡᠬᠢ ᠪᠠᠶᠠᠯᠢᠭ ᠢ | ᠬᠡᠷᠡᠭᠯᠡᠬᠦ ᠬᠠᠷᠢᠴᠠᠯ ᠵᠡᠷᠭᠡ ᠵᠠᠩᠭᠢᠯᠠᠭ᠎ᠠ ᠶᠢᠨ ᠬᠦᠢᠴᠡᠳᠭᠡᠬᠦ ᠲᠤᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠠᠵᠤ ᠠᠬᠤᠶᠢᠯᠠᠯ ᠤᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠰᠢᠨ᠎ᠡ | ᠤᠷᠠᠨ ᠳᠠᠷᠬ᠎ᠠ ᠮᠡᠷᠭᠡᠵᠢᠯ ᠤᠨ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠵᠤ᠂ ᠡᠬᠢ ᠡᠭᠦᠰᠦᠯ ᠤᠨ ᠪᠣᠬᠢᠷ | ᠪᠣᠳᠠᠰ ᠦᠢᠯᠡᠳᠪᠦᠷᠢᠯᠡᠬᠦ ᠪᠠ ᠭᠠᠳᠠᠭᠰᠢᠯᠠᠭᠤᠯᠬᠤ ᠶᠢ ᠪᠠᠭᠠᠰᠬᠠᠵᠤ᠂ ᠪᠦᠬᠦ ᠶᠠᠪᠤᠴᠠ ᠶᠢᠨ ᠪᠣᠬᠢᠷᠲᠤᠯ ᠢ ᠰᠡᠷᠭᠡᠶᠢᠯᠡᠨ | ᠵᠠᠰᠠᠬᠤ ᠪᠠ ᠬᠢᠨᠠᠨ ᠡᠵᠡᠮᠳᠡᠬᠦ ᠰᠢᠰᠲ᠋ᠧᠮᠵᠢ ᠶᠢ ᠪᠠᠶᠢᠭᠤᠯᠤᠨ᠎ᠠ᠃ | ᠬᠤᠶᠠᠳᠤᠭᠠᠷ ᠬᠡᠰᠡᠭ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢ ᠠᠬᠢᠭᠤᠯᠵᠤ᠂ ᠪᠣᠬᠢᠷᠲᠤᠯ | ᠦᠭᠡᠢ ᠬᠥᠭᠵᠢᠯᠲᠡ ᠶᠢ ᠬᠦᠲᠦᠯᠦᠨ ᠳᠠᠭᠠᠭᠤᠯᠤᠨ᠎ᠠ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠦ᠂ | ᠥᠪᠡᠷᠲᠡᠭᠡᠨ ᠵᠠᠰᠠᠬᠤ ᠣᠷᠣᠨ ᠤ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ | ᠮᠠᠨᠳᠤᠭᠤᠯᠬᠤ︾ ᠠᠵᠢᠯᠯᠠᠭᠠᠨ ᠤ ᠲᠥᠯᠥᠪᠯᠡᠭᠡ ᠶᠢ ᠢᠳᠡᠪᠬᠢᠲᠡᠶ ᠵᠣᠯᠭᠠᠭᠤᠯᠬᠤ ᠪᠠ ᠨᠠᠶᠢᠳᠠᠪᠤᠷᠢᠵᠢᠭᠤᠯᠵᠤ᠂ ᠠᠮᠢ | ᠠᠬᠤᠶ ᠣᠷᠴᠢᠨ ᠲᠣᠭᠤᠷᠢᠨ ᠤ ᠬᠦᠷᠢᠶᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠲᠠᠪᠴᠠᠩ ᠢ ᠪᠤᠶᠢᠵᠢᠭᠤᠯᠵᠤ᠂ ᠮᠡᠷᠭᠡᠵᠢᠯ ᠢ ᠰᠤᠳᠤᠯᠤᠨ ᠨᠡᠭᠡᠭᠡᠵᠦ ᠳᠡᠯᠭᠡᠷᠡᠭᠦᠯᠬᠦ ᠶᠢ ᠴᠢᠩᠭᠠᠳᠬᠠᠨ᠎ᠠ᠃ ᠲᠡᠷᠢᠭᠦᠨ ᠤ | ᠮᠡᠷᠭᠡᠵᠢᠯ ᠲᠠᠢ ᠠᠵᠤ ᠠᠬᠤᠶᠢᠯᠠᠯ ᠤᠨ ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠤ ᠪᠣᠬᠢᠷᠲᠤᠯ ᠥᠬᠡᠶ ᠮᠡᠷᠭᠡᠵᠢᠯ ᠤᠨ | ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠲᠦᠷᠦᠭᠦᠯᠡᠨ ᠪᠠᠶᠢᠭᠤᠯᠬᠤ ᠶᠢ ᠵᠣᠷᠢᠭᠵᠢᠭᠤᠯᠤᠨ᠎ᠠ᠃ ᠠᠯᠠᠱᠠ | ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠣᠨᠴᠠᠯᠢᠭ ᠲᠠᠢ ᠤᠶᠠᠯᠳᠤᠭᠤᠯᠤᠨ᠂ | ᠴᠦᠯᠯᠡᠷᠭᠡᠭᠵᠢᠯ ᠢ ᠰᠡᠷᠭᠡᠶᠢᠯᠡᠨ ᠵᠠᠰᠠᠬᠤ᠂ ᠨᠤᠲᠤᠭ ᠪᠡᠯᠴᠢᠭᠡᠷ ᠣᠶ ᠰᠢᠭᠤᠶ ᠶᠢᠨ ᠠᠮᠢ ᠠᠬᠤᠶ ᠶᠢ ᠬᠠᠮᠠᠭᠠᠯᠠᠬᠤ | ᠬᠢᠭᠡᠳ ᠰᠡᠷᠭᠦᠭᠡᠬᠦ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ᠂ ᠭᠤᠤᠯᠳᠠᠯᠭ᠎ᠠ ᠲᠠᠢ ᠰᠠᠪᠠ | ᠭᠠᠵᠠᠷ ᠤᠨ ᠤᠰᠤᠨ ᠤ ᠠᠮᠢ ᠠᠬᠤᠶ ᠶᠢ ᠬᠠᠮᠠᠭᠠᠯᠠᠬᠤ ᠬᠢᠭᠡᠳ ᠰᠡᠷᠭᠦᠭᠡᠬᠦ ᠵᠡᠷᠭᠡ ᠮᠡᠷᠭᠡᠵᠢᠯ ᠤᠨ ᠰᠤᠳᠤᠯᠭᠠᠨ ᠢ | ᠢᠳᠡᠪᠬᠢᠲᠡᠶ ᠥᠷᠨᠢᠭᠦᠯᠵᠦ᠂ ᠠᠮᠢ ᠠᠬᠤᠶ ᠶᠢᠨ ᠡᠯᠡᠰᠦᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠂ | ᠪᠣᠬᠢᠷᠲᠤᠯ ᠥᠬᠡᠶ ᠡᠷᠬᠢᠯᠳᠡᠳᠦ ᠨᠡᠭᠦᠷᠡᠰᠦᠲᠥ᠋ᠷᠥᠭᠴᠢ ᠪᠠᠭᠠᠲᠠᠶ ᠮᠡᠷᠭᠡᠵᠢᠯ᠂ ᠤᠰᠤᠨ ᠤ ᠡᠬᠢ ᠪᠠᠶᠠᠯᠢᠭ ᠢ | ᠦᠷᠭᠦᠯᠵᠢᠯᠡᠨ ᠠᠰᠢᠭᠯᠠᠬᠤ ᠬᠢᠭᠡᠳ ᠤᠰᠤ ᠠᠷᠪᠢᠯᠠᠬᠤ᠂ ᠬᠠᠲᠠᠭᠤ ᠪᠡᠶᠡᠲᠦ ᠬᠠᠶᠠᠭᠳᠠᠮᠠᠯ ᠡᠬᠢ ᠪᠠᠶᠠᠯᠢᠭ ᠢ | ᠶᠡᠷᠦᠩᠬᠡᠶᠢᠯᠡᠨ ᠠᠰᠢᠭᠯᠠᠬᠤ ᠮᠡᠷᠭᠡᠵᠢᠯ ᠤᠨ ᠰᠤᠳᠤᠯᠭᠠᠨ ᠢ ᠥᠷᠨᠢᠭᠦᠯᠦᠨ᠎ᠡ᠃ ᠭᠤᠤᠯᠳᠠᠯᠭ᠎ᠠ ᠲᠠᠢ ᠪᠣᠬᠢᠷᠲᠤᠯ ᠥᠬᠡᠶ | ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠳᠡᠮᠵᠢᠵᠦ᠂ ᠡᠨᠧᠷᠭᠢ | ᠠᠷᠪᠢᠯᠠᠨ ᠣᠷᠴᠢᠨ ᠲᠣᠭᠤᠷᠢᠨ ᠢ ᠬᠠᠮᠠᠭᠠᠯᠠᠬᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠠᠭᠠᠰᠬᠠᠬᠤ᠂ ᠴᠡᠪᠡᠷ | ᠦᠢᠯᠡᠳᠪᠦᠷᠢᠯᠡᠯ᠂ ᠴᠡᠪᠡᠷ ᠡᠨᠧᠷᠭᠢ᠂ ᠠᠮᠢ ᠠᠬᠤᠶ ᠶᠢᠨ ᠬᠠᠮᠠᠭᠠᠯᠠᠯᠲᠠ ᠬᠢᠭᠡᠳ ᠰᠡᠷᠭᠦᠭᠡᠨ ᠵᠠᠰᠠᠬᠤ ᠵᠡᠷᠭᠡ | ᠭᠤᠤᠯᠳᠠᠯᠭ᠎ᠠ ᠲᠠᠢ ᠬᠦᠷᠢᠶ᠎ᠡ ᠶᠢᠨ ᠪᠣᠬᠢᠷᠲᠤᠯ ᠥᠬᠡᠶ ᠮᠡᠷᠭᠡᠵᠢᠯ ᠢ ᠰᠤᠳᠤᠯᠤᠨ ᠨᠡᠭᠡᠭᠡᠬᠦ ᠪᠠ ᠵᠢᠱᠢᠶ᠎ᠡ ᠦᠵᠡᠭᠦᠯᠬᠦ ᠶᠢ | ᠥᠷᠨᠢᠭᠦᠯᠦᠨ᠎ᠡ᠃ | ᠭᠤᠷᠪᠠᠳᠤᠭᠠᠷ ᠬᠡᠰᠡᠭ ᠡᠨᠧᠷᠭᠢ ᠶᠢᠨ ᠰᠤᠷᠪᠤᠯᠵᠢ ᠶᠢᠨ ᠪᠦᠲᠦᠴᠡ ᠶᠢ ᠰᠢᠯᠢᠳᠡᠭᠵᠢᠭᠦᠯᠵᠦ᠂ ᠴᠡᠪᠡᠷ | ᠡᠨᠧᠷᠭᠢ ᠶᠢᠨ ᠰᠤᠷᠪᠤᠯᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ | ᠠᠵᠤ ᠦᠢᠯᠡᠳᠪᠦᠷᠢ ᠶᠢᠨ ᠡᠨᠧᠷᠭᠢ ᠶᠢᠨ ᠬᠤᠷᠣᠭᠳᠠᠯ ᠤᠨ ᠶᠡᠷᠦᠩᠬᠡᠶ ᠬᠡᠮᠵᠢᠶ᠎ᠡ ᠪᠠ ᠬᠦᠴᠦᠯᠡᠴᠡ ᠶᠢᠨ ︽ | ᠬᠤᠶᠠᠷ ᠢ ᠬᠢᠵᠠᠭᠠᠷᠯᠠᠬᠤ︾ ᠲᠦᠷᠢᠮ ᠢ ᠭᠦᠨᠵᠡᠭᠡᠶ ᠬᠡᠷᠡᠭᠵᠢᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ᠂ ᠠᠮᠤᠷ | ᠲᠦᠪᠰᠢᠨ᠂ ᠡᠨᠧᠷᠭᠢ ᠶᠢᠨ ᠬᠤᠷᠣᠭᠳᠠᠯ᠂ ᠶᠠᠰᠤ ᠴᠢᠨᠠᠷ᠂ ᠡᠬᠢ ᠪᠠᠶᠠᠯᠢᠭ ᠤᠨ ᠦᠨ᠎ᠡ ᠬᠠᠩᠰᠢ ᠵᠡᠷᠭᠡ ᠪᠠᠷᠢᠮᠵᠢᠶᠠᠲᠤ | ᠵᠢᠷᠤᠮᠵᠢᠯ ᠪᠠ ᠲᠥᠷᠥ ᠶᠢᠨ ᠪᠣᠳᠣᠯᠭ᠎ᠠ ᠶᠢᠨ ᠠᠷᠭ᠎ᠠ ᠪᠠᠷᠢᠯ ᠢ ᠶᠡᠷᠦᠩᠬᠡᠶᠢᠯᠡᠨ ᠠᠰᠢᠭᠯᠠᠵᠤ᠂ ᠨᠢᠭᠡ ᠪᠦᠯᠦᠭ | ᠡᠨᠧᠷᠭᠢ ᠶᠢᠨ ᠬᠤᠷᠣᠭᠳᠠᠯ ᠢᠶᠠᠷ ᠬᠤᠴᠣᠷᠤᠩᠭᠤᠶ ᠠᠵᠤ ᠠᠬᠤᠶᠢᠯᠠᠯ ᠪᠠ ᠦᠢᠯᠡᠳᠪᠦᠷᠢᠯᠡᠬᠦ ᠴᠢᠳᠠᠪᠤᠷᠢ ᠶᠢ ᠭᠡᠳᠡᠷᠭᠦ | ᠰᠢᠬᠠᠮᠳᠠᠭᠤᠯᠵᠤ ᠪᠠᠶᠢᠭᠠᠳ ᠰᠢᠭᠰᠢᠭᠳᠡᠭᠦᠯᠵᠦ᠂ ᠨᠢᠭᠡ ᠪᠦᠯᠦᠭ ᠦᠯᠡᠭᠦᠳᠡᠭᠰᠡᠨ ᠦᠢᠯᠡᠳᠪᠦᠷᠢᠯᠡᠬᠦ ᠴᠢᠳᠠᠪᠤᠷᠢ ᠶᠢ | ᠪᠠᠭᠠᠰᠬᠠᠨ᠎ᠠ︔ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠭᠤᠣᠯᠳᠠᠯᠭ᠎ᠠ ᠲᠠᠢ | ᠠᠵᠢᠯ ᠲᠥᠷᠥᠯ ᠤᠨ ᠲᠣᠭᠤᠷᠢᠨ ᠳᠤ᠂ ᠡᠨᠧᠷᠭᠢ ᠠᠷᠪᠢᠯᠠᠬᠤ ᠲᠡᠷᠢᠭᠦᠨ ᠤ ᠪᠡᠯᠡᠳᠬᠡᠮᠵᠢ ᠲᠥᠬᠦᠭᠡᠷᠦᠮᠵᠢ ᠪᠣᠯᠤᠨ | ᠮᠡᠷᠭᠡᠵᠢᠯ ᠢ ᠶᠡᠬᠡᠪᠡᠷ ᠳᠡᠯᠭᠡᠷᠡᠭᠦᠯᠦᠨ ᠬᠡᠷᠡᠭᠯᠡᠵᠦ᠂ ᠡᠨᠧᠷᠭᠢ ᠶᠢᠨ ᠦᠷ᠎ᠡ ᠠᠰᠢᠭ ᠤᠨ ᠬᠢᠷᠢ ᠬᠡᠮᠵᠢᠶ᠎ᠡ ᠶᠢ ᠨᠢ | ᠳᠡᠭᠡᠭᠰᠢᠯᠡᠭᠦᠯᠦᠨ᠂ ᠨᠡᠭᠦᠷᠡᠰᠦ ᠬᠡᠷᠡᠭᠯᠡᠬᠦ ᠨᠢᠭᠡ ᠪᠦᠯᠦᠭ ᠬᠤᠴᠣᠷᠤᠩᠭᠤᠶ ᠲᠥᠬᠦᠭᠡᠷᠦᠮᠵᠢ ᠶᠢ ᠰᠢᠭᠰᠢᠭᠳᠡᠭᠦᠯᠦᠨ᠎ᠡ︔ | ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠪᠠᠶᠢᠭᠠᠯᠢ ᠶᠢᠨ ᠰᠢᠲᠠᠮᠠᠬᠠᠶ ᠬᠡᠶ ᠵᠡᠷᠭᠡ ᠴᠡᠪᠡᠷ ᠡᠨᠧᠷᠭᠢ ᠪᠠᠷ ᠨᠡᠭᠦᠷᠡᠰᠦ ᠶᠢ ᠣᠷᠣᠯᠠᠭᠤᠯᠬᠤ ᠶᠢ | ᠵᠣᠷᠢᠭᠵᠢᠭᠤᠯᠵᠤ᠂ ᠭᠠᠷ ᠤᠷᠠᠯᠠᠯ ᠤᠨ ᠨᠡᠭᠦᠷᠡᠰᠦ ᠬᠡᠷᠡᠭᠯᠡᠬᠦ ᠶᠢ ᠪᠠᠭᠠᠰᠬᠠᠨ᠎ᠠ᠃ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ | ᠡᠨᠧᠷᠭᠢ ᠶᠢᠨ ᠬᠤᠷᠣᠭᠳᠠᠭᠤᠯᠭ᠎ᠠ ᠶᠢ ᠲᠡᠩᠴᠡᠭᠦᠦ ᠬᠡᠮᠵᠢᠶ᠎ᠡ ᠪᠤᠶᠤ ᠬᠡᠮᠵᠢᠶ᠎ᠡ ᠶᠢ ᠪᠠᠭᠠᠰᠬᠠᠨ ᠰᠣᠯᠢᠬᠤ ᠶᠢ | ᠢᠳᠡᠪᠬᠢᠲᠡᠶ ᠪᠠᠷ ᠲᠦᠯᠬᠢᠨ ᠠᠬᠢᠭᠤᠯᠵᠤ᠂ ᠡᠨᠧᠷᠭᠢ ᠶᠢᠨ ᠬᠤᠷᠣᠭᠳᠠᠭᠤᠯᠭ᠎ᠠ ᠶᠢᠨ ᠬᠡᠳᠦ ᠲᠦᠷᠭᠡᠨ ᠨᠡᠮᠡᠭᠳᠡᠬᠦ ᠶᠢ | ᠴᠢᠩᠭ᠎ᠠ ᠬᠢᠵᠠᠭᠠᠷᠯᠠᠨ᠎ᠠ᠃ ᠨᠡᠷᠡᠨ ᠡᠨᠧᠷᠭᠢ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠶᠢ ᠢᠳᠡᠪᠬᠢᠲᠡᠢ | ᠬᠥᠭᠵᠢᠭᠦᠯᠵᠦ᠂ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠢ ᠪᠠᠶᠢᠷᠢᠰᠢᠭᠤᠯᠤᠨ᠂ | 2025 ᠣᠨ ᠪᠣᠯᠬᠤ ᠳᠤ ᠪᠦᠬᠦ ᠠᠶᠢᠮᠠᠭ ᠤᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ | 1000 ᠲᠦᠮᠡᠨ ᠺᠢᠯᠣᠸᠠᠲ ᠲᠤ ᠬᠦᠷᠭᠡᠬᠦ ᠪᠠᠷ ᠴᠢᠷᠮᠠᠶᠢᠨ᠎ᠠ᠂ ᠡᠭᠦᠨ ᠳᠤ ᠰᠠᠯᠬᠢᠨ ᠬᠦᠴᠦᠨ ᠤ ᠴᠠᠬᠢᠯᠭᠠᠨ ᠤ ᠮᠠᠰᠢᠨ | ᠴᠣᠭᠴᠠᠯᠠᠪᠤᠷᠢ ᠶᠢᠨ ᠬᠡᠪᠴᠢᠶ᠎ᠡ ᠶᠢ 700—800 ᠲᠦᠮᠡᠨ ᠺᠢᠯᠣᠸᠠᠲ ᠲᠤ ᠬᠦᠷᠦᠭᠦᠯᠵᠦ᠂ ᠭᠡᠷᠡᠯ ᠴᠠᠬᠢᠯᠭᠠᠨ ᠤ | ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ 200—300 ᠲᠦᠮᠡᠨ ᠺᠢᠯᠣᠸᠠᠲ ᠲᠤ ᠬᠦᠷᠦᠭᠦᠯᠦᠨ᠎ᠡ᠃ | ᠳᠥᠷᠪᠡᠳᠦᠭᠡᠷ ᠬᠡᠰᠡᠭ ᠲᠡᠭᠡᠭᠡᠪᠦᠷᠢ ᠶᠢᠨ ᠪᠦᠲᠦᠴᠡ ᠶᠢ ᠲᠤᠬᠢᠷᠠᠭᠤᠯᠵᠤ᠂ ᠪᠣᠬᠢᠷᠲᠤᠯ ᠦᠭᠡᠢ ᠵᠠᠮ | ᠬᠠᠷᠢᠯᠴᠠᠭᠠᠨ ᠤ ᠰᠢᠰᠲ᠋ᠧᠮ ᠢ ᠪᠠᠶᠢᠭᠤᠯᠤᠨ᠎ᠠ | ᠲᠡᠮᠦᠷ ᠵᠠᠮ ᠤᠨ ᠪᠠᠷᠠᠭ᠎ᠠ ᠲᠡᠭᠡᠭᠡᠪᠦᠷᠢᠯᠡᠬᠦ ᠬᠠᠷᠢᠴᠠᠯ ᠢ ᠳᠡᠭᠡᠭᠰᠢᠯᠡᠭᠦᠯᠵᠦ᠂ ᠬᠡᠦᠷᠰᠢᠭᠦᠯᠬᠦ᠂ ᠴᠠᠬᠢᠯᠭᠠᠨ | ᠬᠦᠴᠦᠨ ᠵᠡᠷᠭᠡ ᠭᠤᠣᠯᠳᠠᠯᠭ᠎ᠠ ᠲᠠᠢ ᠠᠵᠤ ᠠᠬᠤᠶᠢᠯᠠᠯ ᠤᠨ ᠲᠡᠮᠦᠷ ᠵᠠᠮ ᠤᠨ ᠲᠤᠰᠬᠠᠶ ᠬᠡᠷᠡᠭᠯᠡᠬᠦ ᠱᠤᠭᠤᠮ ᠤᠨ | ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠰᠢᠨ᠎ᠡ ᠡᠨᠧᠷᠭᠢ ᠶᠢᠨ ᠮᠠᠰᠢᠨ ᠲᠡᠷᠭᠡ ᠬᠡᠷᠡᠭᠯᠡᠬᠦ ᠶᠢ | ᠳᠡᠯᠭᠡᠷᠡᠭᠦᠯᠦᠨ᠂ ᠰᠢᠲᠠᠮᠠᠬᠠᠶ ᠬᠡᠶ ᠨᠡᠮᠡᠬᠦ ᠥᠷᠲᠡᠭᠡ᠂ ᠴᠠᠬᠢᠯᠭᠠᠨ ᠴᠡᠨᠡᠭᠯᠡᠬᠦ ᠳᠦᠭᠦᠭᠡᠷᠦᠮᠵᠢ ᠵᠡᠷᠭᠡ ᠢᠵᠢ | ᠪᠦᠷᠢᠳᠦᠭᠦᠯᠬᠦ ᠰᠠᠭᠤᠷᠢ ᠪᠡᠯᠡᠳᠬᠡᠮᠵᠢ ᠶᠢᠨ ᠲᠥᠯᠥᠪᠵᠢᠭᠦᠯᠭᠡ ᠬᠢᠭᠡᠳ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ | ᠲᠡᠭᠦᠯᠳᠡᠷᠵᠢᠭᠦᠯᠵᠦ᠂ 2025 ᠣᠨ ᠪᠣᠯᠬᠤ ᠳᠤ᠂ ᠪᠥᠬᠦ ᠠᠶᠢᠮᠠᠭ ᠤᠨ ᠳᠡᠯᠭᠡᠷᠡᠭᠦᠯᠦᠨ ᠬᠡᠷᠡᠭᠯᠡᠬᠦ ᠰᠢᠨ᠎ᠡ | ᠡᠨᠧᠷᠭᠢ ᠶᠢᠨ ᠮᠠᠰᠢᠨ ᠲᠡᠷᠭᠡᠨ ᠤ ᠡᠵᠡᠯᠡᠬᠦ ᠬᠠᠷᠢᠴᠠᠯ ᠢ 20 % ᠳᠤ ᠬᠦᠷᠦᠭᠦᠯᠵᠦ᠂ ᠣᠯᠠᠨ ᠨᠡᠶᠢᠲᠡ ᠶᠢᠨ ᠲᠡᠷᠭᠡᠨ | ᠵᠣᠭᠰᠣᠭᠠᠯ᠂ ᠰᠠᠭᠤᠭᠠᠯᠢ ᠠᠷᠠᠳ ᠤᠨ ᠲᠣᠭᠤᠷᠢᠭ ᠵᠡᠷᠭᠡ ᠡᠯ᠎ᠡ ᠲᠥᠷᠥᠯ ᠤᠨ ᠰᠢᠨ᠎ᠡ ᠪᠠᠷ ᠪᠠᠶᠢᠭᠤᠯᠬᠤ ᠣᠯᠠᠨ | ᠨᠡᠶᠢᠲᠡ ᠶᠢᠨ ᠴᠠᠬᠢᠯᠭᠠᠨ ᠴᠡᠨᠡᠭᠯᠡᠬᠦ ᠳᠦᠭᠦᠭᠡᠷᠦᠮᠵᠢ ᠶᠢᠨ ᠲᠤᠭ᠎ᠠ ᠬᠡᠮᠵᠢᠶ᠎ᠡ ᠶᠢ ᠰᠢᠨ᠎ᠡ ᠡᠨᠧᠷᠭᠢ ᠶᠢᠨ ᠮᠠᠰᠢᠨ | ᠲᠡᠷᠭᠡᠨ ᠤ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠶ᠃ ᠬᠥᠩᠭᠡᠨ ᠬᠡᠯᠪᠡᠷᠢ ᠶᠢᠨ ᠲᠡᠷᠭᠡ | ᠪᠣᠯᠤᠨ ᠬᠦᠨᠳᠦ ᠬᠡᠯᠪᠡᠷᠢ ᠶᠢᠨ ᠲᠡᠷᠭᠡ ᠶᠢ ᠤᠯᠤᠰ ᠤᠨ ᠵᠢᠷᠭᠤᠳᠤᠭᠠᠷ ᠲᠤ ᠭᠠᠳᠠᠭᠰᠢᠯᠠᠭᠤᠯᠬᠤ ᠪᠠᠷᠢᠮᠵᠢᠶ᠎ᠠ ᠶᠢ ᠪᠦᠬᠦ | ᠲᠠᠯ᠎ᠠ ᠪᠠᠷ ᠬᠡᠷᠡᠭᠵᠢᠭᠦᠯᠵᠦ᠂ ᠵᠠᠮ ᠬᠠᠷᠢᠯᠴᠠᠭᠠᠨ ᠤ ᠪᠤᠰᠤ ᠰᠢᠯᠵᠢᠮᠡᠯ ᠴᠠᠶᠢᠶ᠋ᠢᠣ ᠲᠣᠰᠣᠨ ᠤ ᠮᠠᠰᠢᠨ ᠤ ᠳᠥᠷᠪᠡᠳᠦᠭᠡᠷ | ᠱᠠᠲᠤ ᠦᠶ᠎ᠡ ᠶᠢᠨ ᠭᠠᠳᠠᠭᠰᠢᠯᠠᠭᠤᠯᠬᠤ ᠪᠠᠷᠢᠮᠵᠢᠶ᠎ᠠ ᠶᠢ ᠬᠡᠷᠡᠭᠵᠢᠭᠦᠯᠦᠨ᠎ᠡ᠃ ᠠᠵᠤ ᠠᠬᠤᠶ ᠶᠢᠨ ᠨᠥᠬᠦᠪᠥᠷᠢ ᠥᠭᠬᠦ᠂ | ᠬᠡᠷᠡᠭᠯᠡᠬᠦ ᠶᠢ ᠬᠢᠵᠠᠭᠠᠷᠯᠠᠬᠤ᠂ ᠪᠠᠷᠢᠮᠵᠢᠶ᠎ᠠ ᠠᠴᠠ ᠬᠡᠲᠦᠷᠡᠭᠦᠯᠦᠨ ᠭᠠᠳᠠᠭᠰᠢᠯᠠᠭᠤᠯᠬᠤ ᠶᠢ ᠬᠢᠨᠠᠨ ᠬᠠᠮᠢᠶᠠᠷᠬᠤ ᠵᠡᠷᠭᠡ | ᠠᠷᠭ᠎ᠠ ᠮᠠᠶ᠋ᠢᠭ ᠢ ᠠᠪᠴᠤ᠂ ᠬᠠᠭᠤᠴᠢᠨ ᠲᠡᠷᠭᠡ ᠬᠥᠰᠬᠡ ᠶᠢ ᠤᠷᠢᠳᠴᠢᠯᠠᠨ ᠰᠢᠭᠰᠢᠭᠳᠡᠭᠦᠯᠦᠨ ᠰᠢᠨᠡᠳᠬᠡᠬᠦ ᠶᠢ ᠶᠡᠬᠡᠪᠡᠷ | ᠲᠦᠯᠬᠢᠨ ᠠᠬᠢᠭᠤᠯᠤᠨ᠎ᠠ᠃ 2025 ᠣᠨ ᠪᠣᠯᠬᠤ ᠳᠤ᠂ ᠪᠥᠬᠦ ᠠᠶᠢᠮᠠᠭ ᠲᠤ ᠤᠯᠤᠰ ᠤᠨ ᠭᠤᠷᠪᠠᠳᠤᠭᠠᠷ ᠵᠢᠴᠢ | ᠲᠡᠭᠦᠨ ᠠᠴᠠ ᠳᠣᠷᠣᠭᠰᠢᠬᠢ ᠴᠠᠶᠢᠶ᠋ᠢᠦ ᠲᠣᠰᠣᠨ ᠤ ᠠᠴᠢᠶᠠᠨ ᠤ ᠲᠡᠷᠭᠡ ᠶᠢ ᠦᠨᠳᠦᠰᠦᠨ ᠳᠡᠭᠡᠨ ᠰᠢᠭᠰᠢᠭᠳᠡᠭᠦᠯᠵᠦ᠂ | ᠭᠤᠤᠯᠳᠠᠯᠭ᠎ᠠ ᠲᠠᠢ ᠣᠷᠣᠨ ᠪᠦᠰᠡ ᠳᠤ ᠤᠯᠤᠰ ᠤᠨ ᠳᠥᠷᠪᠡᠳᠦᠭᠡᠷ ᠵᠢᠴᠢ ᠲᠡᠭᠦᠨ ᠠᠴᠠ ᠳᠣᠷᠣᠭᠰᠢᠬᠢ ᠴᠠᠶᠢᠶ᠋ᠢᠦ | ᠲᠣᠰᠣᠨ ᠤ ᠡᠵᠡᠩᠨᠡᠯᠲᠡ ᠶᠢᠨ ᠬᠦᠨᠳᠦ ᠬᠡᠯᠪᠡᠷᠢ ᠶᠢᠨ ᠠᠴᠢᠶᠠᠨ ᠤ ᠲᠡᠷᠭᠡ ᠶᠢ ᠲᠦᠷᠬᠡᠨ ᠰᠢᠭᠰᠢᠭᠳᠡᠭᠦᠯᠦᠨ᠎ᠡ᠃ | ᠲᠠᠪᠤᠳᠤᠭᠠᠷ ᠬᠡᠰᠡᠭ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠪᠣᠬᠢᠷᠲᠤᠯ ᠦᠭᠡᠢ | ᠠᠮᠢᠳᠤᠷᠠᠯ ᠤᠨ ᠰᠢᠰᠲ᠋ᠧᠮ ᠢ ᠡᠭᠦᠳᠦᠨ ᠪᠠᠶᠢᠭᠤᠯᠤᠨ᠎ᠠ | ᠪᠣᠬᠢᠷᠲᠤᠯ ᠥᠬᠡᠶ ᠬᠠᠩᠭᠠᠯᠭ᠎ᠠ ᠶᠢ ᠨᠡᠮᠡᠭᠳᠡᠭᠦᠯᠦᠨ ᠪᠣᠬᠢᠷᠲᠤᠯ ᠥᠬᠡᠶ ᠬᠡᠷᠡᠭᠯᠡᠭᠡ ᠶᠢ ᠠᠬᠢᠭᠤᠯᠵᠤ᠂ ᠡᠮᠦᠰᠬᠦ᠂ | ᠢᠳᠡᠬᠦ᠂ ᠰᠠᠭᠤᠬᠤ᠂ ᠶᠠᠪᠤᠬᠤ᠂ ᠬᠡᠷᠡᠭᠯᠡᠬᠦ᠂ ᠵᠤᠭᠠᠴᠠᠬᠤ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠪᠣᠬᠢᠷᠲᠤᠯ | ᠥᠬᠡᠶ ᠦᠢᠯᠡᠳᠬᠦᠨ ᠪᠠ ᠦᠢᠯᠡᠴᠢᠯᠡᠬᠡᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠪᠣᠬᠢᠷᠲᠤᠯ ᠦᠭᠡᠶ ᠪᠠᠷᠢᠯᠭ᠎ᠠ ᠶᠢᠨ | ᠬᠥᠭᠵᠢᠯᠲᠡ ᠶᠢ ᠲᠦᠯᠬᠢᠨ ᠠᠬᠢᠭᠤᠯᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠳᠣ | ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ | ᠪᠣᠬᠢᠷᠲᠤᠯ ᠥᠬᠡᠶ ᠶᠠᠪᠤᠵᠤ ᠰᠠᠭᠤᠬᠤ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠣᠯᠠᠨ | ᠨᠡᠶᠢᠲᠡ ᠶᠢᠨ ᠬᠤᠪᠢ ᠶᠢᠨ ᠲᠡᠷᠭᠡ ᠬᠡᠷᠡᠭᠯᠡᠬᠦ ᠶᠢ ᠵᠣᠷᠢᠭᠵᠢᠭᠤᠯᠤᠨ᠎ᠠ᠃ ᠪᠣᠬᠢᠷᠲᠤᠯ ᠥᠬᠡᠶ ᠵᠢᠭᠤᠯᠴᠢᠯᠠᠯ ᠢ | ᠠᠬᠢᠭᠤᠯᠵᠤ᠂ ᠪᠣᠬᠢᠷᠲᠤᠯ ᠥᠬᠡᠶ ᠵᠢᠭᠤᠯᠴᠢᠯᠠᠯ ᠤᠨ ᠬᠡᠷᠡᠭᠯᠡᠭᠡᠨ ᠤ ᠨᠡᠶᠢᠲᠡ ᠶᠢᠨ ᠭᠡᠷ᠎ᠡ ᠪᠠ ᠬᠡᠷᠡᠭᠯᠡᠭᠡᠨ ᠤ | ᠵᠦᠭᠯᠡᠭᠦᠷ ᠢ ᠲᠣᠭᠲᠠᠭᠠᠨ ᠨᠡᠶᠢᠲᠡᠯᠡᠵᠦ᠂ ᠬᠤᠭᠤᠯᠠᠨ ᠬᠡᠷ᠂ ᠦᠵᠡᠮᠵᠢ ᠶᠢᠨ ᠣᠷᠣᠨ ᠵᠡᠷᠭᠡ ᠶᠢᠨ ᠪᠣᠬᠢᠷᠲᠤᠯ ᠥᠬᠡᠶ | ᠵᠢᠭᠤᠯᠴᠢᠯᠠᠯ ᠤᠨ ᠬᠡᠷᠡᠭᠯᠡᠭᠡᠨ ᠤ ᠱᠠᠩᠨᠠᠯ ᠤᠨ ᠠᠷᠭ᠎ᠠ ᠬᠡᠮᠵᠢᠶ᠎ᠡ ᠭᠠᠷᠭᠠᠬᠤ ᠶᠢ ᠵᠣᠷᠢᠭᠵᠢᠭᠤᠯᠤᠨ᠎ᠠ᠃ ᠠᠷᠪᠢᠲᠠᠶ | ᠪᠥᠭᠡᠳ ᠲᠣᠬᠢᠷᠠᠮᠵᠢᠲᠠᠶ᠂ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠠᠮᠢᠳᠤᠷᠠᠯ ᠤᠨ ᠠᠷᠭ᠎ᠠ ᠮᠠᠶ᠋ᠢᠭ ᠢ | ᠰᠠᠨᠠᠭᠠᠴᠢᠯᠠᠵᠤ᠂ ᠠᠷᠪᠢᠯᠠᠨ ᠭᠠᠮᠨᠠᠬᠤ ᠳᠠᠳᠬᠠᠯ ᠢ ᠦᠨᠡᠨᠬᠦ ᠬᠥᠮᠦᠵᠢᠭᠦᠯᠦᠨ᠂ ᠢᠳᠡᠭᠡᠨ ᠤᠮᠳᠠᠭᠠᠨ ᠢ ᠪᠦᠷᠢᠯᠭᠡᠨ | ᠰᠦᠢᠳᠬᠡᠬᠦ ᠠᠵᠢᠯᠯᠠᠭ᠎ᠠ ᠶᠢ ᠡᠷᠡᠰ ᠬᠤᠷᠢᠭᠯᠠᠵᠤ᠂ ᠵᠠᠰᠠᠭ ᠤᠨ ᠣᠷᠳᠣᠨ ᠤ ᠪᠣᠬᠢᠷᠲᠤᠯ ᠥᠬᠡᠶ ᠬᠤᠳᠠᠯᠳᠤᠨ ᠠᠪᠬᠤ | ᠡᠷᠴᠢᠮ ᠢ ᠴᠢᠩᠭᠠᠷᠠᠭᠤᠯᠤᠨ᠂ ᠪᠣᠬᠢᠷᠲᠤᠯ ᠥᠬᠡᠶ ᠦᠢᠯᠡᠳᠬᠦᠨ ᠪᠠ ᠦᠢᠯᠡᠴᠢᠯᠡᠭᠡ ᠶᠢ ᠲᠦᠷᠦᠭᠦᠯᠡᠨ ᠬᠤᠳᠠᠯᠳᠤᠨ | ᠠᠪᠤᠨ᠎ᠠ᠃ ᠬᠤᠲᠠ ᠬᠥᠳᠡᠭᠡ ᠶᠢᠨ ᠭᠡᠷ ᠪᠦᠯᠢ ᠶᠢᠨ ᠬᠢᠨ ᠤ ᠡᠨᠧᠷᠭᠢ ᠠᠷᠪᠢᠯᠠᠬᠤ ᠴᠠᠬᠢᠯᠭᠠᠨ ᠬᠡᠷᠡᠭᠰᠡᠯ᠂ ᠤᠰᠤ | ᠠᠷᠪᠢᠯᠠᠬᠤ ᠪᠠᠭᠠᠵᠢ ᠬᠡᠷᠡᠭᠰᠡᠯ ᠵᠡᠷᠭᠡ ᠪᠣᠬᠢᠷᠲᠤᠯ ᠦᠭᠡᠶ ᠦᠢᠯᠡᠳᠬᠦᠨ ᠢ ᠡᠩ ᠲᠡᠷᠢᠭᠦᠨ ᠳᠤ ᠬᠤᠳᠠᠯᠳᠤᠨ ᠠᠪᠴᠤ | ᠬᠡᠷᠡᠭᠯᠡᠬᠦ ᠶᠢ ᠵᠣᠷᠢᠭᠵᠢᠭᠤᠯᠤᠨ᠂ ᠭᠡᠷ ᠪᠦᠯᠢ ᠶᠢᠨ ᠨᠢᠭᠡ ᠤᠳᠠᠭ᠎ᠠ ᠶᠢᠨ ᠴᠢᠨᠠᠷᠲᠠᠶ ᠰᠦᠯᠢᠶᠣᠣ ᠦᠢᠯᠡᠳᠬᠦᠨ | ᠬᠡᠷᠡᠭᠯᠡᠬᠦ ᠶᠢ ᠪᠠᠭᠠᠰᠬᠠᠵᠤ᠂ ᠠᠮᠢᠳᠤᠷᠠᠯ ᠤᠨ ᠬᠤᠭ ᠨᠣᠪᠰᠢ ᠶᠢ ᠪᠠᠭᠠᠰᠬᠠᠨ ᠲᠥᠷᠥᠯ ᠬᠤᠪᠢᠶᠠᠬᠤ ᠶᠢ ᠬᠡᠷᠡᠭᠵᠢᠭᠦᠯᠦᠨ᠎ᠡ᠃ | ᠪᠣᠬᠢᠷᠲᠤᠯ ᠥᠬᠡᠶ ᠰᠤᠷᠭᠠᠭᠤᠯᠢ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠶᠡᠭᠡ ᠳᠤᠮᠳᠠᠳᠤ ᠪᠠᠭ᠎ᠠ | ᠰᠤᠷᠭᠠᠭᠤᠯᠢ ᠶᠢᠨ ᠠᠮᠢ ᠠᠬᠤᠶ ᠶᠢᠨ ᠪᠣᠯᠪᠠᠰᠤᠨ ᠤ ᠬᠥᠮᠦᠵᠢᠯ ᠢ ᠴᠢᠩᠭᠠᠷᠠᠭᠤᠯᠤᠨ᠂ ᠡᠨᠧᠷᠭᠢ ᠠᠷᠪᠢᠯᠠᠵᠤ ᠣᠷᠴᠢᠨ | ᠲᠣᠭᠤᠷᠢᠨ ᠢ ᠬᠠᠮᠠᠭᠠᠯᠠᠬᠤ ᠪᠣᠬᠢᠷᠲᠤᠯ ᠥᠬᠡᠶ ᠰᠤᠷᠭᠠᠭᠤᠯᠢ ᠶᠢᠨ ᠬᠦᠷᠢᠶ᠎ᠡ ᠶᠢ ᠪᠣᠶ ᠪᠣᠯᠭᠠᠨ᠎ᠠ᠃ ᠪᠣᠬᠢᠷᠲᠤᠯ ᠥᠬᠡᠶ | ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠬᠤᠲᠠ ᠶᠢᠨ ᠨᠡᠶᠢᠭᠡᠮ ᠲᠣᠭᠤᠷᠢᠭ ᠤᠨ | ᠰᠠᠭᠤᠷᠢ ᠪᠡᠯᠡᠳᠬᠡᠮᠵᠢ ᠶᠢᠨ ᠪᠣᠬᠢᠷᠲᠤᠯ ᠥᠬᠡᠶ ᠪᠠᠶᠢᠬᠤ ᠶᠢ ᠠᠬᠢᠭᠤᠯᠤᠨ᠎ᠠ᠃ 2025 ᠣᠨ ᠪᠣᠯᠬᠤ ᠳᠤ᠂ | ᠪᠣᠬᠢᠷᠲᠤᠯ ᠥᠬᠡᠶ ᠠᠮᠢᠳᠤᠷᠠᠯ ᠢ ᠡᠭᠦᠳᠦᠨ ᠪᠠᠶᠢᠭᠤᠯᠬᠤ ᠠᠵᠢᠯᠯᠠᠭ᠎ᠠ ᠢᠯᠡᠳᠲᠡ ᠦᠷ᠎ᠡ ᠪᠦᠲᠦᠮᠵᠢ ᠣᠯᠵᠤ᠂ ᠠᠮᠢ | ᠠᠬᠤᠶ ᠶᠢᠨ ᠪᠣᠯᠪᠠᠰᠤᠨ ᠤ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠨᠠᠩ ᠭᠦᠨ ᠬᠠᠳᠠᠩᠰᠢᠭᠤᠯᠵᠤ᠂ | ᠪᠣᠬᠢᠷᠲᠤᠯ ᠥᠬᠡᠶ ᠠᠮᠢᠳᠤᠷᠠᠯ ᠤᠨ ᠠᠷᠭ᠎ᠠ ᠮᠠᠶ᠋ᠢᠭ ᠢ ᠨᠡᠶᠢᠳᠡᠮ ᠳᠡᠯᠭᠡᠷᠡᠭᠦᠯᠵᠦ᠂ ᠪᠣᠬᠢᠷᠲᠤᠯ ᠥᠬᠡᠶ ᠠᠮᠢᠳᠤᠷᠠᠯ ᠢ | ᠡᠷᠬᠢᠮᠯᠡᠬᠦ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠨ᠎ᠠ᠃ | ᠳᠥᠷᠪᠡᠳᠦᠭᠡᠷ ᠪᠦᠯᠦᠭ ᠠᠮᠢ ᠠᠬᠤᠢ ᠶᠢᠨ ᠬᠠᠮᠠᠭᠠᠯᠠᠯᠲᠠ ᠬᠢᠭᠡᠳ ᠰᠡᠷᠭᠦᠭᠡᠯᠲᠡ ᠶᠢ ᠲᠦᠯᠬᠢᠨ ᠠᠬᠢᠭᠤᠯᠵᠤ᠂ | ᠠᠮᠢ ᠠᠬᠤᠢ ᠶᠢᠨ ᠠᠮᠤᠷ ᠲᠦᠪᠰᠢᠨ ᠤ ᠰᠢᠰᠲ᠋ᠧᠮ ᠢ ᠲᠡᠭᠦᠯᠳᠡᠷᠵᠢᠭᠦᠯᠦᠨ᠎ᠡ | ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠭᠡᠬᠦ ᠪᠠᠷ ᠭᠤᠣᠯ ᠪᠣᠯᠭᠠᠬᠤ ᠵᠠᠷᠴᠢᠮ ᠢ | ᠪᠠᠷᠢᠮᠲᠠᠯᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ | ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ ᠠᠮᠢ ᠠᠬᠤᠢ ᠶᠢᠨ ᠬᠢᠨᠠᠨ | ᠬᠠᠮᠢᠶᠠᠷᠤᠯᠲᠠ ᠶᠢ ᠴᠢᠩᠭᠠᠳᠬᠠᠵᠤ᠂ ᠪᠦᠬᠦ ᠠᠶᠢᠮᠠᠭ ᠤᠨ ᠴᠢᠬᠤᠯᠠ ᠠᠮᠢ ᠠᠬᠤᠢ ᠶᠢᠨ ᠰᠢᠰᠲ᠋ᠧᠮ ᠤᠨ ᠶᠠᠰᠤ ᠴᠢᠨᠠᠷ | ᠪᠠ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠦᠨ᠎ᠡ᠃ ᠠᠯᠠᠱᠠ ᠠᠶᠢᠮᠠᠭ ᠤᠨ ᠣᠨᠴᠠᠯᠢᠭᠲᠤ ᠣᠷᠣᠨ ᠪᠦᠰᠡ ᠶᠢᠨ ᠡᠬᠢ | ᠪᠠᠶᠠᠯᠢᠭ ᠪᠠ ᠪᠠᠶᠢᠭᠠᠯᠢ ᠶᠢᠨ ᠣᠷᠴᠢᠨ ᠲᠣᠭᠤᠷᠢᠨ ᠢᠶᠠᠷ ᠣᠨᠴᠠᠯᠢᠭ ᠪᠣᠯᠭᠠᠵᠤ᠂ ᠪᠥᠬᠦ ᠠᠶᠢᠮᠠᠭ ᠤᠨ ᠡᠬᠡ | ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ | ᠲᠤᠯᠭᠠᠭᠤᠷᠢᠯᠠᠯ ᠢ ᠳᠣᠪᠤᠶᠢᠯᠭᠠᠨ᠎ᠠ᠃ | ᠨᠢᠭᠡᠳᠦᠭᠡᠷ ᠬᠡᠰᠡᠭ ᠠᠮᠢ ᠠᠬᠤᠢ ᠣᠷᠴᠢᠨ ᠠᠬᠤᠢ ᠶᠢᠨ ᠰᠢᠰᠲ᠋ᠧᠮ ᠤᠨ ᠶᠠᠰᠤ ᠴᠢᠨᠠᠷ ᠪᠠ ᠲᠣᠭᠲᠠᠪᠤᠷᠢᠲᠤ | ᠴᠢᠨᠠᠷ ᠢ ᠳᠡᠭᠡᠭᠰᠢᠯᠡᠭᠦᠯᠦᠨ᠎ᠡ | ᠨᠢᠭᠡ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ | ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠶ ᠲᠥᠯᠥᠪᠵᠢᠭᠦᠯᠦᠨ᠎ᠡ | ᠮᠠᠨ ᠤ ᠤᠯᠤᠰ ᠤᠨ ᠤᠮᠠᠷᠠᠲᠤ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ᠪᠥᠲᠥᠭᠡᠨ | ᠪᠠᠶᠢᠭᠤᠯᠤᠯᠲᠠ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠬᠢᠭᠡᠳ ᠴᠢᠨᠠᠷ ᠰᠠᠶᠢᠲᠠᠶ | ᠬᠥᠭᠵᠢᠯᠲᠡ᠂ ︽ᠤᠯᠠᠭᠠᠨᠪᠤᠬ᠎ᠠ ᠶᠢᠨ ᠡᠯᠡᠰᠦ︾ ︵ᠤᠯᠠᠭᠠᠨᠪᠤᠬ᠎ᠠ ᠶᠢᠨ ᠡᠯᠡᠰᠦ᠂ ᠠᠯᠠᠱᠠ ᠠᠭᠤᠯᠠ ᠶᠢᠨ ᠯᠠᠩᠱᠠᠨ | ᠠᠭᠤᠯᠠᠨ ᠤ ᠡᠷᠬᠢᠨ ᠲᠣᠭᠤᠷᠢᠨ᠂ ᠣᠷᠳᠣᠰ ᠤᠨ ᠥᠨᠳᠦᠷᠯᠢᠭ︶ ᠤᠨ ᠠᠮᠢ ᠠᠬᠤᠶ ᠶᠢᠨ ᠠᠮᠤᠷ ᠲᠦᠪᠰᠢᠨ ᠤ | ᠬᠠᠯᠬᠠᠪᠴᠢ ᠶᠢᠨ ᠢᠨᠵᠧᠨᠧᠷᠢᠩ ᠵᠡᠷᠭᠡ ᠴᠢᠬᠤᠯᠠ ᠶᠡᠭᠡ ᠪᠠᠶᠢᠯᠳᠤᠬᠤ ᠪᠣᠳᠣᠯᠭ᠎ᠠ ᠲᠠᠢ ᠤᠶᠠᠯᠳᠤᠭᠤᠯᠤᠨ᠂ | ᠣᠶᠢᠵᠢᠭᠤᠯᠬᠤ ᠳᠤ ᠲᠣᠬᠢᠷᠠᠮᠵᠢᠲᠠᠶ ᠪᠣᠯ ᠣᠶᠢᠵᠢᠭᠤᠯᠵᠤ᠂ ᠤᠰᠤᠯᠠᠬᠤ ᠳᠤ ᠲᠣᠬᠢᠷᠠᠮᠵᠢᠲᠠᠶ ᠪᠣᠯ ᠤᠰᠤᠯᠠᠵᠤ᠂ | ᠡᠪᠡᠰᠦ ᠳᠠᠷᠢᠬᠤ ᠳᠤ ᠲᠣᠬᠢᠷᠠᠮᠵᠢᠲᠠᠶ ᠪᠣᠯ ᠡᠪᠡᠰᠦ ᠳᠠᠷᠢᠵᠤ᠂ ᠠᠲᠠᠷ ᠬᠠᠭᠠᠯᠪᠤᠷᠢᠯᠠᠬᠤ ᠳᠤ ᠲᠣᠬᠢᠷᠠᠮᠵᠢᠲᠠᠶ ᠪᠣᠯ ᠠᠳᠠᠷ | ᠬᠠᠭᠠᠯᠪᠣᠷᠢᠯᠠᠵᠦ᠂ ᠪᠥᠬᠦ ᠣᠷᠣᠨ ᠪᠦᠰᠡ ᠶᠢᠨ ᠴᠦᠯᠯᠡᠷᠭᠡᠭ ᠭᠠᠵᠠᠷ᠂ ᠣᠶ ᠰᠢᠭᠤᠶ᠂ ᠨᠤᠲᠤᠭ ᠪᠡᠯᠴᠢᠭᠡᠷ᠂ ᠭᠤᠤᠯ | ᠮᠥᠷᠡᠨ ᠨᠤᠭᠤ ᠭᠠᠵᠠᠷ ᠵᠡᠷᠭᠡ ᠠᠮᠢ ᠠᠬᠤᠶ ᠶᠢᠨ ᠰᠢᠰᠲ᠋ᠧᠮ ᠤᠨ ᠪᠥᠲᠥᠭᠡᠨ ᠪᠠᠶᠢᠭᠤᠯᠤᠯᠲᠠ ᠬᠢᠭᠡᠳ | ᠬᠠᠮᠠᠭᠠᠯᠠᠯᠲᠠ ᠶᠢ ᠨᠢᠭᠡᠳᠦᠯᠲᠡᠶ ᠲᠥᠯᠥᠪᠯᠡᠵᠦ᠂ ᠤᠮᠠᠷᠠᠲᠤ ᠶᠢᠨ ᠠᠮᠢ ᠠᠬᠤᠢ ᠶᠢᠨ ᠠᠮᠣᠷ ᠳᠦᠪᠰᠢᠨ ᠤ ᠬᠠᠯᠬᠠᠪᠴᠢ | ᠶᠢ ᠪᠣᠢ ᠪᠣᠯᠭᠠᠨ᠎ᠠ᠃ | ᠬᠤᠶᠠᠷ᠂ ᠴᠦᠯᠯᠡᠷᠬᠡᠭᠵᠢᠭᠰᠡᠨ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠶᠢ | ᠴᠢᠩᠭᠠᠳᠬᠠᠨ᠎ᠠ | ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠭᠤᠷᠪᠠᠨ ᠶᠡᠭᠡ ᠡᠯᠡᠰᠦᠨ ᠴᠦᠯ ᠤᠨ ᠵᠠᠰᠠᠯᠲᠠ ᠶᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠴᠦᠯᠯᠡᠷᠭᠡᠭᠵᠢᠭᠰᠡᠨ ᠠᠮᠢ ᠠᠬᠤᠢ ᠶᠢᠨ ᠰᠢᠰᠲ᠋ᠧᠮ ᠤᠨ | ᠲᠣᠭᠲᠠᠪᠤᠷᠢᠲᠤ ᠴᠢᠨᠠᠷ ᠢ ᠬᠠᠮᠠᠭᠠᠯᠠᠵᠤ᠂ ᠵᠣᠷᠢᠭᠤᠳᠠ ᠶᠢᠨ ᠬᠦᠴᠦᠨ ᠵᠦᠢᠯ ᠤᠨ ᠬᠠᠷᠰᠢᠯᠠᠯ ᠢ ᠪᠠᠭᠠᠰᠬᠠᠨ᠎ᠠ᠃ | ᠠᠶᠠᠨᠳᠠᠭᠠᠨ ᠰᠡᠷᠭᠦᠭᠡᠬᠦ ᠪᠠᠷ ᠭᠤᠣᠯ ᠪᠣᠯᠭᠠᠬᠤ᠂ ᠬᠥᠮᠦᠨ ᠤ ᠬᠦᠴᠦ ᠪᠠᠷ ᠵᠠᠰᠠᠬᠤ ᠪᠠᠷ ᠬᠠᠪᠰᠤᠷᠤᠮᠵᠢ ᠪᠣᠯᠭᠠᠬᠤ ᠶᠢ | ᠪᠠᠷᠢᠮᠲᠠᠯᠠᠨ᠂ ᠬᠥᠮᠦᠨ ᠤ ᠬᠦᠴᠦ ᠪᠠᠷ ᠡᠯᠡᠰᠦᠨ ᠬᠠᠯᠬᠠᠪᠴᠢ ᠪᠣᠯᠭᠠᠬᠤ᠂ ᠬᠥᠮᠦᠨ ᠤ ᠬᠦᠴᠦ ᠪᠠᠷ ᠣᠶᠢᠵᠢᠭᠤᠯᠬᠤ᠂ | ᠨᠢᠰᠬᠡᠯ ᠢᠶᠠᠷ ᠲᠠᠷᠢᠵᠤ ᠣᠶᠢᠵᠢᠭᠤᠯᠬᠤ᠂ ᠪᠢᠲᠡᠭᠦᠮᠵᠢᠯᠡᠨ ᠪᠡᠯᠴᠢᠭᠡᠷᠯᠡᠭᠦᠯᠬᠦ ᠶᠢ ᠴᠠᠭᠠᠵᠠᠯᠠᠬᠤ᠂ ᠡᠯᠡᠰᠦ ᠮᠠᠩᠬ᠎ᠠ ᠶᠢ | ᠪᠢᠲᠡᠭᠦᠮᠵᠢᠯᠡᠬᠦ ᠬᠠᠮᠠᠭᠠᠯᠠᠯᠲᠠ ᠶᠢᠨ ᠪᠦᠰᠡ ᠶᠢᠨ ᠰᠢᠰᠲ᠋ᠧᠮᠵᠢ ᠶᠢ ᠪᠦᠲᠦᠭᠡᠨ ᠪᠠᠶᠢᠭᠤᠯᠬᠤ ᠪᠠᠷ ᠳᠠᠮᠵᠢᠭᠤᠯᠤᠨ᠂ | ᠡᠯᠡᠰᠦᠷᠬᠡᠭᠵᠢᠭᠰᠡᠨ ᠭᠠᠵᠠᠷ ᠰᠢᠷᠣᠶ ᠶᠢᠨ ᠪᠢᠲᠡᠭᠦᠮᠵᠢᠯᠡᠨ ᠴᠠᠭᠠᠵᠠᠯᠠᠵᠤ ᠬᠠᠮᠠᠭᠠᠯᠠᠬᠤ ᠣᠷᠣᠨ ᠤ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠡᠯᠡᠰᠦᠵᠢᠯᠲᠡ ᠶᠢᠨ ᠥᠷᠭᠡᠳᠬᠦ ᠶᠢ ᠠᠯᠬᠤᠮ ᠠᠯᠬᠤᠮ ᠢᠶᠠᠷ ᠬᠤᠷᠢᠭᠯᠠᠬᠤ | ᠬᠡᠷᠡᠭᠲᠡᠶ᠃ ᠤᠯᠠᠭᠠᠨᠪᠤᠬ᠎ᠠ᠂ ᠲᠩᠷᠢ ᠡᠯᠡᠰᠦᠨ ᠤ ᠵᠡᠭᠦᠨ ᠡᠮᠦᠨ᠎ᠡ ᠵᠠᠬ᠎ᠠ᠂ ᠬᠠᠷ᠎ᠠ ᠭᠤᠤᠯ ᠤᠨ ᠳᠣᠤᠷᠠᠳᠤ | ᠤᠷᠤᠰᠬᠠᠯ ᠤᠨ ᠡᠵᠡᠨ᠎ᠡ ᠶᠢᠨ ᠨᠣᠭᠤᠭᠠᠨ ᠪᠦᠷᠢᠳᠦ ᠶᠢ ᠶᠡᠷᠦᠩᠬᠡᠶᠢᠯᠡᠨ ᠵᠠᠰᠠᠬᠤ ᠶᠢ ᠭᠤᠤᠯᠳᠠᠯᠭ᠎ᠠ ᠲᠠᠢ ᠬᠡᠷᠡᠭᠵᠢᠭᠦᠯᠵᠦ | ᠂ ᠠᠯᠠᠱᠠ ᠵᠡᠭᠦᠨ ᠬᠤᠰᠢᠭᠤᠨ ᠤ ᠵᠢᠷᠠᠨᠲᠠᠶ ᠶᠢ ᠲᠣᠭᠤᠷᠢᠭᠰᠠᠨ ᠳᠠᠪᠤᠰᠤᠨ ᠨᠠᠭᠤᠷ ᠤᠨ ᠠᠮᠢ ᠠᠬᠤᠶ ᠶᠢ ᠵᠠᠰᠠᠨ | ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠦᠨ᠂ ᠶᠠᠪᠠᠷᠠᠢ ᠠᠭᠤᠯᠠ ᠶᠢᠨ ᠬᠡᠰᠡᠭ ᠤᠨ ᠠᠮᠢ ᠠᠬᠤᠶ ᠶᠢ ᠶᠡᠷᠦᠩᠬᠡᠶᠢᠯᠡᠨ | ᠵᠠᠰᠠᠬᠤ ᠠᠵᠢᠯ ᠢ ᠥᠷᠨᠢᠭᠦᠯᠵᠦ᠂ ᠡᠯᠡᠰᠦᠷᠬᠡᠭ ᠭᠠᠵᠠᠷ ᠤᠨ ᠣᠶ ᠮᠣᠳᠣ ᠡᠪᠡᠰᠦ ᠤᠷᠭᠤᠮᠠᠯ ᠤᠨ ᠬᠤᠴᠢᠯᠭ᠎ᠠ ᠶᠢ | ᠠᠯᠬᠤᠮ ᠠᠯᠬᠤᠮ ᠢᠶᠠᠷ ᠰᠡᠷᠭᠦᠭᠡᠨ᠂ ᠪᠠᠳᠠᠶ ᠶᠢᠨ ᠵᠢᠷᠠᠨ ᠤ ᠡᠯᠡᠰᠦ ᠪᠠ ᠲᠩᠷᠢ ᠡᠯᠡᠰᠦᠨ ᠴᠥᠯ ᠬᠤᠶᠠᠷ ᠶᠡᠭᠡ | ᠡᠯᠡᠰᠦᠨ ᠴᠥᠯ ᠤᠨ ᠶᠡᠭᠡ ᠲᠠᠯᠠᠪᠠᠶ ᠪᠠᠷ ᠨᠡᠶᠢᠯᠡᠬᠦ ᠶᠢ ᠬᠤᠷᠢᠭᠯᠠᠨ᠎ᠠ᠃ ᠮᠠᠯᠵᠢᠬᠤ ᠶᠢ ᠴᠠᠭᠠᠵᠠᠯᠠᠬᠤ᠂ ᠡᠯᠡᠰᠦᠨ | ᠬᠠᠯᠬᠠᠪᠴᠢ᠂ ᠨᠥᠬᠦᠵᠦ ᠲᠠᠷᠢᠬᠤ ᠵᠡᠷᠭᠡ ᠮᠡᠷᠭᠡᠵᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ ᠪᠢᠲᠡᠭᠦᠮᠵᠢᠯᠡᠨ | ᠴᠠᠭᠠᠵᠠᠯᠠᠵᠤ᠂ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠠᠮᠢ ᠠᠬᠤᠶ ᠶᠢᠨ ᠴᠢᠳᠠᠮᠵᠢ ᠶᠢ ᠰᠡᠷᠭᠦᠭᠡᠬᠦ ᠬᠡᠷᠡᠭᠲᠡᠶ᠃ | ᠡᠯᠡᠰᠦᠨ ᠤ ᠠᠵᠤ ᠦᠢᠯᠡᠰ ᠤᠨ ᠬᠥᠭᠵᠢᠯᠲᠡ ᠶᠢ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠵᠦ᠂ ᠡᠯᠡᠰᠦᠨ ᠤ | ᠠᠵᠤ ᠦᠢᠯᠡᠰ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠲᠦᠯᠬᠢᠨ ᠠᠬᠢᠭᠤᠯᠤᠨ᠎ᠠ᠃ | ᠭᠤᠷᠪᠠ᠂ ᠣᠶ ᠰᠢᠭᠤᠶ ᠶᠢᠨ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠶᠢ | ᠴᠢᠩᠭᠠᠳᠬᠠᠨ᠎ᠠ | ᠪᠠᠶᠢᠭᠠᠯᠢ ᠶᠢᠨ ᠣᠶ ᠶᠢᠨ ᠬᠠᠮᠠᠭᠠᠯᠠᠯᠲᠠ᠂ ︽ᠤᠮᠠᠷᠠᠲᠤ ᠶᠢᠨ ᠭᠤᠷᠪᠠᠨ ᠣᠷᠣᠨ︾ ᠤ ᠬᠠᠯᠬᠠᠪᠴᠢ ᠣᠶ ᠶᠢᠨ | ᠪᠥᠲᠥᠭᠡᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠣᠶ ᠰᠢᠭᠤᠶ ᠶᠢᠨ ᠠᠮᠢ | ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠠᠯᠠᠪᠠᠶ ᠶᠢ 445 . 5 ᠲᠦᠮᠡᠨ ᠮᠥ ᠪᠡᠶᠡᠯᠡᠬᠦᠯᠦᠨ᠎ᠡ᠃ ᠬᠥᠮᠦᠨ ᠤ | ᠬᠦᠴᠦ ᠪᠠᠷ ᠵᠠᠰᠠᠬᠤ ᠬᠢᠭᠡᠳ ᠠᠮᠢ ᠠᠬᠤᠶ ᠶᠢ ᠰᠡᠷᠭᠦᠭᠡᠬᠦ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ | ᠪᠠᠷᠢᠮᠲᠠᠯᠠᠨ᠂ ᠬᠥᠮᠦᠨ ᠤ ᠬᠦᠴᠦ ᠪᠠᠷ ᠡᠯᠡᠰᠦ ᠮᠠᠩᠬ᠎ᠠ ᠶᠢ ᠨᠣᠭᠤᠭᠠᠷᠠᠭᠤᠯᠬᠤ᠂ ᠬᠥᠮᠦᠨ ᠤ ᠬᠦᠴᠦ ᠪᠠᠷ | ᠣᠶᠢᠵᠢᠭᠤᠯᠬᠤ᠂ ᠨᠢᠰᠬᠡᠯ ᠢᠶᠠᠷ ᠣᠶ ᠰᠢᠭᠤᠶ ᠡᠪᠡᠰᠦ ᠳᠠᠷᠢᠬᠤ᠂ ᠪᠢᠲᠡᠭᠦᠮᠵᠢᠯᠡᠨ ᠪᠡᠯᠴᠢᠭᠡᠷᠯᠡᠭᠦᠯᠬᠦ ᠶᠢ | ᠴᠠᠭᠠᠵᠠᠯᠠᠬᠤ ᠶᠢ ᠬᠡᠷᠡᠭᠵᠢᠭᠦᠯᠬᠦ ᠪᠠ ᠡᠯᠡᠰᠦᠨ ᠴᠥᠯ ᠤᠨ ᠬᠥᠪᠡᠭᠡ ᠵᠠᠬ᠎ᠠ ᠶᠢ ᠪᠢᠲᠡᠭᠦᠮᠵᠢᠯᠡᠬᠦ ᠬᠠᠮᠠᠭᠠᠯᠠᠯᠲᠠ ᠶᠢᠨ | ᠪᠦᠰᠡ ᠶᠢᠨ ᠰᠢᠰᠲ᠋ᠧᠮᠵᠢ ᠶᠢ ᠪᠥᠲᠥᠭᠡᠨ ᠪᠠᠶᠢᠭᠤᠯᠤᠨ᠎ᠠ᠃ ᠲᠣᠣᠷᠠᠢ ᠶᠢᠨ ᠣᠢ ᠶᠢᠨ ᠣᠷᠣᠨ ᠳᠤ ᠬᠠᠰᠢᠶᠠᠯᠠᠨ | ᠲᠡᠵᠢᠭᠡᠵᠦ᠂ ᠪᠡᠯᠴᠢᠭᠡᠷᠯᠡᠭᠦᠯᠬᠦ ᠶᠢ ᠪᠦᠬᠦ ᠲᠠᠯ᠎ᠠ ᠪᠠᠷ ᠴᠠᠭᠠᠵᠠᠯᠠᠨ᠎ᠠ︔ ᠬᠠᠷ᠎ᠠ ᠭᠤᠣᠯ ᠤᠨ ᠰᠠᠪᠠ ᠭᠠᠵᠠᠷ ᠲᠤ ᠲᠣᠣᠷᠠᠢ | ᠂ ᠰᠤᠬᠠᠶ ᠪᠤᠷᠭᠠᠰᠤ᠂ ᠰᠢᠬᠢᠷ ᠡᠪᠡᠰᠦ᠂ ᠬᠤᠯᠤᠰᠤ ᠵᠡᠷᠭᠡ ᠣᠶ ᠰᠢᠭᠤᠶ ᠡᠪᠡᠰᠦᠨ ᠤ ᠤᠷᠭᠤᠮᠠᠯ ᠤᠨ ᠬᠤᠴᠢᠯᠭ᠎ᠠ ᠶᠢ | ᠰᠢᠨᠡᠳᠬᠡᠬᠦ ᠶᠢ ᠬᠡᠷᠡᠭᠵᠢᠭᠦᠯᠦᠨ᠎ᠡ᠃ ᠲᠤᠷᠤᠭ ᠮᠣᠳᠣ᠂ ᠪᠤᠲᠠ ᠮᠣᠳᠣ ᠪᠠ ᠡᠪᠡᠰᠦᠯᠢᠭ ᠤᠷᠭᠤᠮᠠᠯ ᠢ ᠣᠭᠲᠣᠯᠬᠤ ᠶᠢ | ᠴᠢᠩᠭ᠎ᠠ ᠴᠠᠭᠠᠵᠠᠯᠠᠵᠤ᠂ ᠠᠯᠠᠱᠠ ᠠᠭᠤᠯᠠ ᠵᠢᠴᠢ ᠡᠷᠭᠢᠨ ᠲᠣᠭᠤᠷᠢᠨ ᠤ ᠭᠠᠵᠠᠷ ᠣᠷᠣᠨ ᠤ ᠤᠰᠤᠨ ᠤ ᠡᠬᠢ | ᠰᠤᠷᠪᠤᠯᠵᠢ ᠶᠢ ᠬᠠᠳᠠᠭᠠᠯᠠᠬᠤ ᠪᠠ ᠰᠠᠯᠬᠢ ᠡᠯᠡᠰᠦ ᠶᠢ ᠬᠤᠷᠢᠭᠯᠠᠬᠤ ᠠᠮᠢ ᠠᠬᠤᠶ ᠶᠢᠨ ᠬᠠᠯᠬᠠᠪᠴᠢ ᠶᠢᠨ ᠦᠢᠯᠡᠳᠦᠯ ᠢ | ᠭᠦᠢᠴᠡᠳ ᠪᠠᠳᠠᠷᠠᠭᠤᠯᠤᠨ᠎ᠠ᠃ ᠬᠤᠰᠢᠭᠤ ᠣᠷᠣᠨ ᠤ ᠭᠤᠣᠯ ᠪᠣᠯᠬᠤ ᠵᠠᠮ ᠬᠠᠷᠢᠯᠴᠠᠭᠠᠨ ᠤ ᠭᠠᠷᠬᠤ ᠡᠭᠦᠳᠡ ᠵᠢᠴᠢ | ᠠᠷᠠᠴᠢᠯᠠᠨ ᠬᠠᠮᠠᠭᠠᠯᠠᠬᠤ ᠥᠷᠲᠡᠭᠡ᠂ ᠬᠥᠳᠡᠭᠡ ᠲᠣᠰᠬᠤᠨ᠂ ᠦᠢᠯᠡᠳᠪᠦᠷᠢ ᠠᠭᠤᠷᠬᠠᠢ ᠶᠢᠨ ᠬᠦᠷᠢᠶᠡᠯᠡᠩ ᠲᠣᠭᠤᠷᠢᠭ | ᠂ ᠬᠤᠲᠠ ᠪᠠᠯᠭᠠᠰᠤᠨ ᠤ ᠡᠷᠭᠢᠨ ᠲᠣᠭᠤᠷᠢᠨ᠂ ᠬᠠᠳᠤᠨ ᠭᠤᠣᠯ ᠤᠨ ᠪᠠᠷᠠᠭᠤᠨ ᠡᠷᠭᠢ ᠵᠡᠷᠭᠡ ᠭᠤᠣᠯᠳᠠᠯᠭ᠎ᠠ ᠲᠠᠢ | ᠣᠷᠣᠨ ᠪᠦᠰᠡ ᠶᠢᠨ ᠨᠣᠭᠤᠭᠠᠷᠠᠭᠤᠯᠤᠯᠲᠠ ᠶᠢ ᠴᠢᠩᠭᠠᠳᠬᠠᠨ᠎ᠠ᠃ | ᠳᠥᠷᠪᠡ᠂ ᠨᠤᠲᠤᠭ ᠪᠡᠯᠴᠢᠭᠡᠷ ᠤᠨ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠶᠢ | ᠴᠢᠩᠭᠠᠳᠬᠠᠨ᠎ᠠ | ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ | ᠪᠡᠯᠴᠢᠭᠡᠷᠯᠡᠭᠦᠯᠬᠦ ᠶᠢ ᠴᠠᠭᠠᠵᠠᠯᠠᠬᠤ ᠪᠡᠯᠴᠢᠭᠡᠷ ᠰᠡᠷᠭᠦᠭᠡᠬᠦ ᠰᠡᠯᠭᠦᠨ ᠮᠠᠯᠵᠢᠬᠤ ᠳᠦᠷᠢᠮ ᠢ ᠴᠢᠩᠭ᠎ᠠ ᠬᠡᠷᠡᠭᠵᠢᠭᠦᠯᠬᠦ | ᠬᠡᠷᠡᠭᠲᠡᠶ᠃ ᠨᠤᠲᠤᠭ ᠪᠡᠯᠴᠢᠭᠡᠷ ᠢ ᠬᠢᠨᠠᠨ ᠰᠢᠨᠵᠢᠬᠦ᠂ ᠬᠠᠮᠢᠶᠠᠷᠴᠤ ᠬᠠᠮᠠᠭᠠᠯᠠᠬᠤ ᠰᠢᠰᠲ᠋ᠧᠮᠵᠢ ᠪᠠ ᠪᠡᠯᠴᠢᠭᠡᠷᠯᠡᠭᠦᠯᠬᠦ ᠶᠢ | ᠴᠠᠭᠠᠵᠠᠯᠠᠬᠤ ᠨᠤᠲᠤᠭ ᠪᠡᠯᠴᠢᠭᠡᠷ ᠤᠨ ᠵᠠᠯᠭᠠᠮᠵᠢ ᠠᠵᠤ ᠦᠢᠯᠡᠰ ᠢ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ | ᠪᠦᠷᠢᠨᠰᠢᠭᠦᠯᠦᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ | ᠬᠥᠮᠦᠨ ᠤ ᠬᠦᠴᠦ ᠪᠠᠷ ᠡᠪᠡᠰᠦ ᠳᠠᠷᠢᠬᠤ᠂ ᠪᠢᠲᠡᠭᠦᠮᠵᠢᠯᠡᠨ ᠪᠤᠶᠢᠵᠢᠭᠤᠯᠵᠤ ᠬᠠᠮᠠᠭᠠᠯᠠᠬᠤ᠂ ᠨᠢᠰᠬᠡᠯ ᠢᠶᠠᠷ ᠡᠪᠡᠰᠦ | ᠳᠠᠷᠢᠬᠤ᠂ ᠬᠤᠤᠷᠲᠤ ᠡᠪᠡᠰᠦ ᠶᠢ ᠠᠷᠢᠯᠭᠠᠬᠤ᠂ ᠲᠠᠴᠢᠷᠳᠠᠭᠰᠠᠨ ᠨᠤᠲᠤᠭ ᠪᠡᠯᠴᠢᠭᠡᠷ ᠢ ᠰᠠᠶᠢᠵᠢᠷᠠᠭᠤᠯᠬᠤ᠂ | ᠲᠠᠷᠢᠶᠠᠯᠠᠬᠤ ᠶᠢ ᠵᠣᠭᠰᠣᠭᠠᠵᠤ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠵᠡᠷᠭᠡ ᠠᠷᠭ᠎ᠠ | ᠬᠡᠮᠵᠢᠶ᠎ᠡ ᠪᠠᠷ ᠳᠠᠮᠵᠢᠭᠤᠯᠤᠨ ᠨᠤᠲᠤᠭ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ | 1048 . 6 ᠲᠦᠮᠡᠨ ᠮᠥ ᠪᠡᠶᠡᠯᠡᠭᠦᠯᠵᠦ᠂ ᠬᠥᠮᠦᠨ ᠤ ᠬᠦᠴᠦ ᠪᠠᠷ 2 ᠲᠦᠮᠡᠨ ᠮᠥ ᠭᠠᠵᠠᠷ ᠲᠤ ᠡᠪᠡᠰᠦ ᠳᠠᠷᠢᠨ᠎ᠠ᠃ | ᠨᠤᠲᠤᠭ ᠪᠡᠯᠴᠢᠭᠡᠷ ᠢ ᠬᠠᠤᠯᠢ ᠪᠤᠰᠤ ᠪᠠᠷ ᠲᠠᠲᠠᠪᠤᠷᠢᠯᠠᠨ ᠡᠵᠡᠯᠡᠬᠦ᠂ ᠨᠤᠲᠤᠭ ᠪᠡᠯᠴᠢᠭᠡᠷ ᠢ ᠬᠠᠭᠠᠯᠪᠤᠷᠢᠯᠠᠬᠤ᠂ | ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠳᠤᠷ᠎ᠠ ᠪᠠᠷ ᠢᠶᠠᠨ ᠮᠠᠯᠲᠠᠬᠤ ᠵᠡᠷᠭᠡ ᠨᠤᠲᠤᠭ ᠪᠡᠯᠴᠢᠭᠡᠷ ᠢ | ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ | ᠲᠠᠪᠤ᠂ ᠭᠤᠤᠯ ᠮᠥᠷᠡᠨ ᠨᠠᠭᠤᠷ ᠴᠥᠭᠦᠷᠥᠮ ᠨᠤᠭᠤ ᠭᠠᠵᠠᠷ ᠤᠨ ᠠᠮᠢ ᠠᠬᠤᠶ ᠶᠢᠨ ᠰᠢᠰᠲ᠋ᠧᠮ ᠤᠨ | ᠬᠠᠮᠠᠭᠠᠯᠠᠯᠲᠠ ᠶᠢ ᠴᠢᠩᠭᠠᠳᠬᠠᠨ᠎ᠠ | ᠬᠠᠲᠤᠨ ᠭᠤᠤᠯ ᠤᠨ ᠰᠠᠪᠠ ᠭᠠᠵᠠᠷ ᠤᠨ ᠬᠥᠷᠥᠰᠥ ᠰᠢᠷᠣᠶ ᠶᠢᠨ ᠬᠠᠮᠠᠭᠠᠯᠠᠯᠲᠠ ᠶᠢ ᠴᠢᠩᠭᠠᠳᠬᠠᠵᠤ᠂ | ᠤᠷᠭᠤᠮᠠᠯ ᠤᠨ ᠬᠤᠴᠢᠯᠭ᠎ᠠ ᠶᠢᠨ ᠪᠦᠷᠬᠦᠴᠡ᠂ ᠡᠯᠡᠰᠦᠷᠬᠡᠭᠵᠢᠭᠰᠡᠨ ᠭᠠᠵᠠᠷ ᠰᠢᠷᠣᠶ᠂ ᠬᠠᠳᠤᠯᠠᠩ ᠪᠡᠯᠴᠢᠭᠡᠷ ᠤᠨ ᠠᠮᠢ | ᠠᠬᠤᠶ ᠶᠢ ᠰᠡᠷᠭᠦᠭᠡᠨ ᠵᠠᠰᠠᠬᠤ ᠶᠢ ᠳᠡᠭᠡᠭᠰᠢᠯᠡᠭᠦᠯᠦᠨ᠎ᠡ︔ ᠬᠠᠷ᠎ᠠ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ | ᠬᠠᠮᠠᠭᠠᠯᠠᠯᠲᠠ ᠨᠢ ᠤᠰᠤᠨ ᠤ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ ᠶᠢ ᠨᠡᠭᠡᠭᠡᠨ ᠮᠠᠯᠲᠠᠬᠤ ᠶᠢ ᠬᠢᠵᠠᠭᠠᠷᠯᠠᠬᠤ ᠶᠢ | ᠭᠤᠤᠯᠳᠠᠯᠭ᠎ᠠ ᠲᠠᠢ ᠴᠢᠩᠭᠠᠳᠬᠠᠵᠤ᠂ ᠭᠤᠤᠯ ᠮᠥᠷᠡᠨ ᠤ ᠤᠰᠤᠨ ᠰᠢᠰᠲ᠋ᠧᠮ ᠤᠨ ᠤᠷᠤᠰᠬᠠᠯ ᠤᠨ ᠲᠣᠭᠲᠠᠭᠤᠨ ᠢ | ᠬᠠᠮᠠᠭᠠᠯᠠᠨ᠂ ᠤᠰᠤᠨ ᠤ ᠴᠢᠨᠠᠷ ᠢ ᠬᠢᠨᠠᠨ ᠬᠡᠮᠵᠢᠬᠦ ᠪᠠ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ | ᠴᠢᠩᠭᠠᠳᠬᠠᠵᠤ᠂ ᠳᠣᠤᠷᠠᠳᠤ ᠤᠷᠤᠰᠬᠠᠯ ᠤᠨ ᠲᠤᠤᠷᠠᠶ ᠶᠢᠨ ᠣᠶ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ | ᠪᠣᠯᠤᠨ ᠰᠤᠪᠨᠠᠭᠤᠷ ᠤᠨ ᠤᠰᠤᠨ ᠤ ᠴᠢᠨᠠᠷ᠂ ᠤᠰᠤᠨ ᠤ ᠬᠡᠮᠵᠢᠶ᠎ᠡ ᠶᠢ ᠲᠣᠭᠲᠠᠭᠤᠨ ᠪᠠᠶᠢᠯᠭᠠᠬᠤ ᠵᠢᠴᠢ ᠬᠤᠲᠠ | ᠪᠠᠯᠭᠠᠰᠤ ᠶᠢᠨ ᠤᠰᠤ ᠬᠡᠷᠡᠭᠯᠡᠬᠦ ᠠᠮᠤᠷ ᠲᠦᠪᠰᠢᠨ ᠢ ᠦᠨᠡᠨᠬᠦ ᠪᠠᠲᠤᠯᠠᠨ᠎ᠠ᠃ ᠨᠤᠭᠤ ᠭᠠᠵᠠᠷ ᠤᠨ ᠤᠰᠤᠨ ᠤ ᠡᠬᠢ | ᠪᠠᠶᠠᠯᠢᠭ᠂ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠬᠠᠮᠠᠭᠠᠯᠠᠬᠤ ᠪᠠ ᠵᠦᠶ ᠵᠣᠬᠢᠰᠲᠠᠶ ᠠᠰᠢᠭᠯᠠᠬᠤ ᠶᠢ | ᠴᠢᠩᠭᠠᠳᠬᠠᠵᠤ᠂ ᠪᠠᠶᠢᠭᠠᠯᠢ ᠶᠢᠨ ᠨᠤᠭᠤ ᠭᠠᠵᠠᠷ ᠢ ᠠᠯᠳᠠᠭᠰᠠᠨ ᠪᠠ ᠨᠤᠭᠤ ᠭᠠᠵᠠᠷ ᠤᠨ ᠠᠮᠢ ᠠᠬᠤᠶ ᠶᠢᠨ | ᠰᠢᠰᠲ᠋ᠧᠮ ᠤᠨ ᠴᠢᠳᠠᠮᠵᠢ ᠶᠢᠨ ᠬᠤᠪᠢᠷᠠᠯᠲᠠ ᠶᠢᠨ ᠪᠠᠶᠢᠳᠠᠯ ᠢ ᠪᠥᠬᠦ ᠲᠠᠯ᠎ᠠ ᠪᠠᠷ ᠬᠢᠨᠠᠨ ᠰᠢᠨᠵᠢᠵᠦ ᠦᠨᠡᠯᠡᠨ ᠵᠢᠱᠢᠬᠦ | ᠬᠡᠷᠡᠭᠲᠡᠶ᠃ ᠰᠤᠪᠨᠠᠭᠤᠷ ᠨᠤᠭᠤ ᠭᠠᠵᠠᠷ ᠤᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ | ᠭᠤᠶᠤᠴᠢᠯᠠᠨ ᠮᠡᠳᠡᠭᠦᠯᠵᠦ ᠪᠥᠲᠥᠭᠡᠨ ᠪᠠᠶᠢᠭᠤᠯᠤᠨ᠂ ᠨᠤᠭᠤ ᠭᠠᠵᠠᠷ ᠤᠨ ᠴᠡᠴᠡᠷᠯᠢᠭ᠂ ᠨᠤᠭᠤ ᠭᠠᠵᠠᠷ ᠢ ᠬᠠᠮᠠᠭᠠᠯᠠᠬᠤ | ᠪᠠ ᠰᠡᠷᠭᠦᠭᠡᠬᠦ ᠨᠥᠬᠦᠪᠥᠷᠢ ᠶᠢᠨ ᠪᠠᠯᠠ ᠮᠥᠩᠭᠦ ᠶᠢᠨ ᠲᠥᠷᠥᠯ ᠵᠦᠢᠯ ᠵᠢᠴᠢ ᠦᠷᠭᠦᠯᠵᠢᠯᠡᠨ ᠠᠰᠢᠭᠯᠠᠬᠤ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠤᠨ ᠲᠥᠷᠥᠯ ᠵᠦᠢᠯ ᠢ ᠥᠷᠨᠢᠭᠦᠯᠵᠦ᠂ ᠨᠤᠭᠤ ᠭᠠᠵᠠᠷ ᠢ ᠠᠮᠢ ᠠᠬᠤᠶ ᠶᠢᠨ ᠦᠷ᠎ᠡ | ᠠᠰᠢᠭ ᠤᠨ ᠨᠥᠬᠦᠪᠥᠷᠢ ᠶᠢᠨ ᠬᠡᠪᠴᠢᠶᠡᠨ ᠳᠤ ᠣᠷᠣᠭᠤᠯᠬᠤ ᠪᠠᠷ ᠴᠢᠷᠮᠠᠶᠢᠨ᠎ᠠ᠃ | ᠵᠢᠷᠭᠤᠭ᠎ᠠ᠂ ᠠᠭᠤᠷᠬᠠᠶ ᠶᠢᠨ ᠠᠮᠢ ᠠᠬᠤᠶ ᠣᠷᠴᠢᠨ ᠲᠣᠭᠤᠷᠢᠨ ᠢ ᠰᠡᠷᠭᠦᠭᠡᠬᠦ ᠪᠠ ᠵᠠᠰᠠᠬᠤ ᠶᠢ | ᠴᠢᠩᠭᠠᠳᠬᠠᠨ᠎ᠠ | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠣᠷᠴᠢᠨ ᠲᠣᠭᠤᠷᠢᠨ ᠤ | ᠨᠥᠯᠥᠭᠡᠯᠡᠯ ᠳᠤ ᠦᠨᠡᠯᠡᠯᠲᠡ ᠬᠢᠬᠦ ᠶᠢ ᠴᠢᠩᠭ᠎ᠠ ᠬᠡᠷᠡᠭᠵᠢᠭᠦᠯᠵᠦ᠂ ᠪᠣᠬᠢᠷᠲᠤᠯ ᠦᠭᠡᠶ ᠠᠭᠤᠷᠬᠠᠶ ᠶᠢ ᠪᠦᠲᠦᠭᠡᠨ | ᠪᠠᠶᠢᠭᠤᠯᠵᠤ᠂ ᠠᠭᠤᠷᠬᠠᠶ ᠶᠢᠨ ᠨᠡᠭᠡᠭᠡᠨ ᠠᠰᠢᠭᠯᠠᠬᠤ ᠬᠢᠭᠡᠳ ᠵᠠᠰᠠᠬᠤ ᠶᠢ ᠵᠡᠷᠭᠡ ᠳᠤᠨᠢ ᠲᠦᠯᠬᠢᠨ ᠠᠬᠢᠭᠤᠯᠤᠨ᠎ᠠ᠃ | ᠰᠢᠨ᠎ᠡ ᠪᠠᠷ ᠪᠠᠶᠢᠭᠤᠯᠬᠤ ᠠᠭᠤᠷᠬᠠᠶ ᠳᠤ ᠪᠣᠬᠢᠷᠲᠤᠯ ᠦᠭᠡᠶ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠶᠢᠨ | ᠪᠠᠷᠢᠮᠵᠢᠶ᠎ᠠ ᠶᠢ ᠴᠢᠩᠭ᠎ᠠ ᠵᠢᠷᠤᠮᠯᠠᠨ ᠪᠦᠲᠦᠭᠡᠨ ᠪᠠᠶᠢᠭᠤᠯᠵᠤ᠂ ᠦᠢᠯᠡᠳᠪᠦᠷᠢᠯᠡᠬᠦ ᠠᠭᠤᠷᠬᠠᠶ ᠶᠢ ᠪᠣᠬᠢᠷᠲᠤᠯ ᠦᠭᠡᠶ | ᠠᠭᠤᠷᠬᠠᠶ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ ᠲᠦᠷᠬᠡᠨ ᠥᠭᠡᠷᠡᠴᠢᠯᠡᠵᠦ ᠳᠡᠰ ᠳᠡᠪᠰᠢᠭᠦᠯᠦᠨ | ᠂ 2025 ᠣᠨ ᠪᠣᠯᠬᠤ ᠳᠤ᠂ ᠲᠣᠮᠣ ᠳᠤᠮᠳᠠ ᠬᠡᠯᠪᠡᠷᠢ ᠶᠢᠨ ᠠᠭᠤᠷᠬᠠᠶ ᠶᠢ ᠡᠮᠬᠢᠯᠡᠨ ᠨᠡᠶᠢᠯᠡᠭᠦᠯᠬᠦ ᠬᠠᠷᠢᠴᠠᠯ ᠢ 60 | % ᠠᠴᠠ ᠳᠡᠭᠡᠭᠰᠢ ᠳᠤ ᠬᠦᠷᠦᠭᠦᠯᠵᠦ᠂ ᠠᠭᠤᠷᠬᠠᠶ ᠶᠢᠨ ᠠᠵᠤ ᠠᠬᠤᠶᠢᠯᠠᠯ ᠢ ᠪᠦᠬᠦᠨ ᠢ ᠪᠣᠬᠢᠷᠲᠤᠯ ᠦᠭᠡᠶ | ᠠᠭᠤᠷᠬᠠᠶ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠵᠦ᠂ ᠪᠣᠬᠢᠷᠲᠤᠯ ᠦᠭᠡᠶ ᠠᠭᠤᠷᠬᠠᠶ ᠶᠢᠨ | ᠪᠠᠷᠢᠮᠵᠢᠶ᠎ᠠ ᠳᠤ ᠨᠡᠶᠢᠴᠡᠬᠦ ᠦᠭᠡᠶ ᠠᠭᠤᠷᠬᠠᠶ ᠶᠢᠨ ᠠᠵᠤ ᠠᠬᠤᠶᠢᠯᠠᠯ ᠢ ᠠᠯᠬᠤᠮ ᠠᠯᠬᠤᠮ ᠢᠶᠠᠷ ᠵᠠᠬ᠎ᠠ ᠳᠡᠯᠭᠡᠭᠦᠷ ᠠᠴᠠ | ᠭᠠᠷᠭᠠᠨ᠎ᠠ᠃ ᠠᠭᠤᠷᠬᠠᠢ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠪᠠ ᠭᠠᠵᠠᠷ ᠤᠨ ᠣᠷᠴᠢᠨ ᠠᠬᠤᠢ ᠶᠢ | ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢᠨ ᠠᠮᠢ | ᠠᠬᠤᠢ ᠶᠢ ᠵᠠᠰᠠᠨ ᠰᠡᠷᠭᠦᠭᠡᠬᠦ ᠶᠢ ᠴᠢᠩᠭᠠᠳᠬᠠᠨ᠎ᠠ᠃ ᠲᠡᠦᠬᠡᠨ ᠠᠴᠠ ᠦᠯᠡᠳᠡᠭᠳᠡᠵᠦ ᠢᠷᠡᠭᠰᠡᠨ ᠦᠯᠡᠳᠡᠭᠳᠡᠯ | ᠬᠦᠳᠡᠷ ᠤᠨ ᠬᠥᠮᠥᠷᠭᠡ ᠶᠢ ᠪᠦᠬᠦ ᠲᠠᠯ᠎ᠠ ᠪᠠᠷ ᠴᠡᠭᠴᠡᠯᠡᠨ ᠵᠠᠰᠠᠵᠤ᠂ ᠪᠦᠷᠬᠦᠪᠴᠢ ᠪᠦᠷᠬᠦᠬᠦ᠂ ᠰᠢᠷᠣᠶ ᠳᠠᠷᠤᠬᠤ᠂ | ᠦᠶᠡᠷ ᠵᠠᠯᠠᠬᠤ᠂ ᠬᠠᠰᠢᠯᠭ᠎ᠠ ᠳᠠᠯᠠᠩ ᠢ ᠪᠠᠬᠢᠵᠢᠭᠦᠯᠬᠦ ᠵᠡᠷᠭᠡ ᠳᠠᠯᠳᠠ ᠭᠡᠮ ᠢ ᠵᠠᠰᠠᠬᠤ ᠪᠠ ᠬᠥᠮᠥᠷᠭᠡ ᠬᠠᠭᠠᠬᠤ ᠠᠷᠭ᠎ᠠ | ᠬᠡᠮᠵᠢᠶ᠎ᠡ ᠶᠢ ᠲᠡᠭᠦᠯᠳᠡᠷᠵᠢᠭᠦᠯᠦᠨ᠎ᠡ᠃ ᠠᠭᠤᠷᠬᠠᠶ ᠶᠢᠨ ᠬᠠᠶᠠᠭᠳᠠᠮᠠᠯ ᠡᠬᠢ ᠪᠠᠶᠠᠯᠢᠭ ᠢ ᠠᠵᠤ ᠦᠢᠯᠡᠰᠴᠢᠯᠡᠨ | ᠠᠰᠢᠭᠯᠠᠬᠤ ᠬᠢᠷᠢ ᠬᠡᠮᠵᠢᠶ᠎ᠡ ᠶᠢ ᠣᠯᠠᠨ ᠠᠷᠭ᠎ᠠ ᠵᠠᠮ ᠢᠶᠠᠷ ᠳᠡᠭᠡᠭᠰᠢᠯᠡᠭᠦᠯᠵᠦ᠂ ᠬᠠᠲᠠᠭᠤ ᠪᠡᠶᠡᠲᠦ ᠬᠠᠶᠠᠭᠳᠠᠯ ᠢ | ᠶᠡᠷᠦᠩᠬᠡᠶᠢᠯᠡᠨ ᠠᠰᠢᠭᠯᠠᠬᠤ ᠶᠢ ᠴᠢᠩᠭᠠᠳᠬᠠᠨ᠎ᠠ᠃ ᠪᠣᠬᠢᠷᠲᠤᠯ ᠥᠬᠡᠶ ᠠᠭᠤᠷᠬᠠᠶ ᠶᠢᠨ ᠦᠢᠯᠡᠰ ᠤᠨ ᠬᠥᠭᠵᠢᠯᠲᠡ ᠶᠢᠨ | ᠵᠢᠱᠢᠶ᠎ᠡ ᠦᠵᠡᠭᠦᠯᠬᠦ ᠣᠷᠣᠨ ᠢ ᠢᠳᠡᠪᠬᠢᠲᠡᠶ ᠡᠭᠦᠳᠦᠨ ᠪᠠᠶᠢᠭᠤᠯᠵᠤ᠂ ᠪᠣᠬᠢᠷᠲᠤᠯ ᠥᠬᠡᠶ ᠠᠭᠤᠷᠬᠠᠶ ᠳᠤ ᠪᠣᠬᠢᠷᠲᠤᠯ | ᠥᠬᠡᠶ ᠨᠠᠷᠢᠯᠢᠭ ᠠᠭᠤᠷᠬᠠᠶ ᠶᠢᠨ ᠦᠢᠯᠡᠳᠬᠦᠨ ᠬᠠᠩᠭᠠᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠨᠠᠷᠢᠯᠢᠭ ᠡᠳ᠋ᠰᠢᠭᠦᠯᠬᠦ ᠪᠣᠬᠢᠷᠲᠤᠯ ᠥᠬᠡᠶ ᠠᠵᠤ ᠦᠢᠯᠡᠰ ᠤᠨ ᠬᠡᠯᠬᠢᠶ᠎ᠡ ᠶᠢ ᠲᠤᠯᠭᠠᠭᠤᠷᠢᠯᠠᠨ᠎ᠠ᠃ | ᠬᠤᠶᠠᠳᠤᠭᠠᠷ ᠬᠡᠰᠡᠭ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢ ᠴᠢᠩᠭᠠᠳᠬᠠᠨ᠎ᠠ | ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠪᠠᠶᠢᠴᠠᠭᠠᠯᠲᠠ ᠦᠨᠡᠯᠡᠯᠲᠡ ᠶᠢ ᠥᠷᠨᠢᠭᠦᠯᠵᠦ᠂ | ︽ᠠᠯᠠᠱᠠ ᠠᠶᠢᠮᠠᠭ ᠤᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠪᠠᠶᠢᠴᠠᠭᠠᠨ ᠦᠨᠡᠯᠡᠭᠰᠡᠨ ᠮᠡᠳᠡᠭᠦᠯᠦᠯᠲᠡ︾ | ᠶᠢ ᠪᠡᠶᠡᠯᠡᠭᠦᠯᠵᠦ᠂ ᠠᠯᠠᠱᠠ ᠠᠶᠢᠮᠠᠭ ᠤᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠪᠠᠶᠢᠳᠠᠯ ᠢ | ᠦᠨᠳᠦᠰᠦᠨ ᠳᠡᠭᠡᠨ ᠲᠣᠳᠣᠷᠬᠠᠶ ᠣᠶᠢᠯᠠᠭᠠᠨ᠎ᠠ᠃ ᠣᠨᠴᠠ ᠪᠠᠶᠢᠬᠤ ᠶᠢ ᠴᠢᠩᠭᠠᠳᠬᠠᠨ᠂ ᠠᠮᠢᠳᠤ ᠪᠣᠳᠠᠰ ᠤᠨ | ᠳᠦᠷᠰᠦ ᠶᠢᠨ ᠬᠠᠮᠠᠭᠠᠯᠠᠯᠲᠠ ᠶᠢ ᠨᠠᠨᠳᠢᠩᠨᠠᠵᠤ᠂ ᠵᠠᠭ ᠮᠣᠳᠣ᠂ ᠬᠠᠷᠭᠠᠨ᠎ᠠ᠂ ᠬᠠᠳᠠᠭᠤ ᠬᠠᠷ᠎ᠠ᠂ ᠴᠠᠭᠠᠨ ᠭᠤᠶᠣᠣ᠂ | ᠨᠣᠴᠣᠭᠠᠨ᠎ᠠ᠂ ᠲᠤᠤᠷᠠᠶ᠂ ᠹᠷᠠᠨᠺᠧᠨ ᠵᠡᠷᠭᠡ ᠡᠯᠡᠰᠦᠨ ᠴᠥᠯ ᠤᠨ ᠴᠢᠬᠤᠯᠠ ᠬᠤᠪᠣᠷ ᠴᠤᠬᠠᠭ ᠲᠦᠭᠰᠢᠭᠦᠷᠢᠳᠡᠭᠰᠡᠨ᠂ | ᠣᠨᠴᠠ ᠪᠠᠶᠢᠳᠠᠭ ᠠᠮᠢᠳᠤ ᠪᠣᠳᠠᠰ ᠤᠨ ᠲᠥᠷᠥᠯ ᠵᠢᠴᠢ ᠣᠷᠣᠰᠢᠨ ᠠᠮᠢᠳᠤᠷᠠᠬᠤ ᠭᠠᠵᠠᠷ ᠢ ᠡᠩ ᠲᠡᠷᠢᠭᠦᠨ ᠳᠤ | ᠬᠠᠮᠠᠭᠠᠯᠠᠬᠤ ᠬᠡᠷᠡᠭᠲᠡᠶ᠃ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠰᠤᠳᠤᠯᠤᠯ ᠪᠣᠯᠤᠨ ᠬᠢᠨᠠᠨ ᠬᠡᠮᠵᠢᠬᠦ | ᠪᠠᠶᠢᠭᠤᠯᠤᠮᠵᠢ ᠶᠢ ᠪᠠᠶᠢᠭᠤᠯᠵᠤ᠂ ᠲᠤᠰᠬᠠᠶ ᠵᠦᠢᠯ ᠪᠣᠯᠤᠨ ᠶᠡᠷᠦᠩᠬᠡᠶᠢᠯᠡᠭᠰᠡᠨ ᠪᠠᠶᠢᠴᠠᠭᠠᠯᠲᠠ ᠬᠢᠭᠡᠳ ᠰᠤᠳᠤᠯᠤᠯ ᠤᠨ | ᠠᠵᠢᠯ ᠢ ᠴᠢᠩᠭᠠᠳᠬᠠᠨ᠎ᠠ᠃ ᠠᠯᠠᠱᠠ ᠠᠭᠤᠯᠠ᠂ ᠡᠵᠡᠨ᠎ᠡ ᠶᠢᠨ ᠬᠠᠷ᠎ᠠ ᠭᠤᠤᠯ ᠤᠨ ᠰᠠᠪᠠ ᠭᠠᠵᠠᠷ ᠪᠣᠯᠤᠨ ᠶᠠᠪᠠᠷᠠᠢ | ᠠᠭᠤᠯᠠ ᠵᠡᠷᠭᠡ ᠣᠨᠴᠠ ᠲᠣᠭᠲᠠᠭᠰᠠᠨ ᠣᠷᠣᠨ ᠪᠦᠰᠡ ᠳᠤ ᠠᠵᠢᠭᠯᠠᠨ ᠬᠡᠮᠵᠢᠬᠦ ᠥᠷᠲᠡᠭᠡ ᠪᠠᠶᠢᠭᠤᠯᠵᠤ᠂ ᠵᠢᠭᠠᠨ | ᠲᠣᠭᠲᠠᠭᠠᠭᠰᠠᠨ ᠪᠤᠶᠤ ᠣᠨᠴᠠ ᠲᠣᠭᠲᠠᠭᠰᠠᠨ ᠳᠦᠷᠰᠦ ᠳᠤ ᠣᠷᠳᠣ ᠬᠤᠭᠤᠴᠠᠭ᠎ᠠ ᠪᠠᠷ ᠬᠥᠳᠡᠯᠦᠩᠭᠦᠶ ᠠᠵᠢᠭᠯᠠᠯᠲᠠ | ᠬᠢᠨ᠎ᠠ᠃ ᠠᠮᠢᠳᠤ ᠪᠣᠳᠠᠰ ᠤᠨ ᠠᠶᠤᠯ ᠦᠭᠡᠶ ᠶᠢᠨ ᠬᠠᠮᠢᠶᠠᠷᠤᠯᠲᠠ ᠶᠢ ᠴᠢᠩᠭᠠᠷᠠᠭᠤᠯᠤᠨ᠂ ᠡᠯᠡᠰᠦᠨ ᠤ ᠠᠵᠤ | ᠦᠢᠯᠡᠰ ᠤᠨ ᠬᠥᠭᠵᠢᠯᠲᠡ᠂ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ᠂ ᠬᠤᠲᠠ ᠶᠢᠨ ᠨᠣᠭᠤᠭᠠᠷᠠᠭᠤᠯᠤᠯᠲᠠ | ᠵᠢᠴᠢ ᠠᠮᠢ ᠠᠬᠤᠶ ᠶᠢᠨ ᠢᠨᠵᠧᠨᠧᠷᠢᠩ ᠢ ᠬᠡᠷᠡᠭᠵᠢᠭᠦᠯᠬᠦ ᠶᠠᠪᠤᠴᠠ ᠳᠤ ᠭᠠᠳᠠᠨ᠎ᠠ ᠠᠴᠠ ᠣᠷᠣᠵᠤ ᠢᠷᠡᠭᠰᠡᠨ | ᠳᠦᠷᠰᠦ ᠶᠢ ᠢᠯᠭᠠᠨ ᠲᠠᠨᠢᠬᠤ ᠶᠠᠪᠤᠳᠠᠯ ᠢ ᠴᠢᠩᠭᠠᠳᠬᠠᠨ᠂ ᠰᠡᠷᠭᠡᠶᠢᠯᠡᠨ ᠵᠠᠰᠠᠬᠤ ᠮᠡᠷᠭᠡᠵᠢᠯ᠂ ᠲᠦᠭᠰᠢᠭᠦᠷᠢ ᠶᠢ | ᠦᠨᠡᠯᠡᠨ ᠵᠢᠱᠢᠬᠦ ᠮᠡᠷᠭᠡᠵᠢᠯ ᠢ ᠳᠡᠭᠡᠭᠰᠢᠯᠡᠭᠦᠯᠵᠦ᠂ ᠲᠦᠭᠰᠢᠭᠦᠷᠢ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ | ᠭᠤᠷᠪᠠᠳᠤᠭᠠᠷ ᠬᠡᠰᠡᠭ ᠠᠮᠢ ᠠᠬᠤᠢ ᠶᠢᠨ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ | ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠲᠡᠷᠢᠭᠦᠨ ᠪᠠᠶᠢᠷᠢ ᠰᠠᠭᠤᠷᠢ ᠶᠢ ᠲᠣᠭᠲᠠᠭᠠᠵᠤ᠂ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠬᠦ ᠳᠤ ᠦᠵᠡᠭᠦᠯᠬᠦ ᠠᠮᠢ ᠠᠬᠤᠢ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ ᠤᠨ ᠬᠢᠵᠠᠭᠠᠷ ᠱᠤᠭᠤᠮ ᠤᠨ ᠦᠢᠯᠡᠳᠦᠯ ᠢ ᠪᠠᠳᠠᠷᠠᠭᠤᠯᠵᠤ᠂ ᠠᠮᠢ ᠠᠬᠤᠢ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ ᠤᠨ ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠲᠠᠯᠠᠪᠠᠢ ᠶᠢ ᠪᠠᠭᠠᠰᠬᠠᠬᠤ | ᠦᠭᠡᠢ᠂ ᠶᠠᠰᠤ ᠴᠢᠨᠠᠷ ᠢ ᠪᠠᠭᠤᠷᠠᠭᠤᠯᠬᠤ ᠦᠭᠡᠢ᠂ ᠴᠢᠳᠠᠮᠵᠢ ᠶᠢ ᠳᠡᠭᠡᠭᠰᠢᠯᠡᠭᠦᠯᠬᠦ ᠶᠢ ᠪᠡᠶᠡᠯᠡᠭᠦᠯᠦᠨ᠎ᠡ᠃ ᠭᠤᠣᠯ | ᠴᠣᠭᠴᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠳᠤ ᠦᠯᠦ ᠨᠡᠶᠢᠴᠡᠬᠦ ᠡᠯ᠎ᠡ ᠲᠥᠷᠥᠯ ᠤᠨ ᠨᠡᠭᠡᠭᠡᠨ ᠬᠥᠭᠵᠢᠭᠦᠯᠬᠦ | ᠠᠵᠢᠯᠯᠠᠭ᠎ᠠ ᠶᠢ ᠴᠢᠩᠭ᠎ᠠ ᠴᠠᠭᠠᠵᠠᠯᠠᠵᠤ᠂ ᠬᠡᠷᠡᠭᠴᠡᠭᠡ ᠶᠢ ᠳᠤᠷ᠎ᠠ ᠪᠠᠷ ᠢᠶᠠᠨ ᠬᠤᠪᠢᠷᠠᠭᠤᠯᠬᠤ ᠶᠢ ᠴᠢᠩᠭ᠎ᠠ ᠴᠠᠭᠠᠵᠠᠯᠠᠨ᠎ᠠ᠃ | ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠬᠠᠶᠢᠨ ᠪᠠᠶᠢᠴᠠᠭᠠᠵᠤ ᠵᠠᠭᠠᠭᠯᠠᠨ ᠲᠣᠭᠲᠠᠭᠠᠬᠤ ᠪᠠ | ᠣᠳᠣᠬᠢ ᠪᠠᠶᠢᠳᠠᠯ ᠢ ᠪᠠᠶᠢᠴᠠᠭᠠᠬᠤ ᠠᠵᠢᠯ ᠢ ᠥᠷᠨᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠬᠠᠷᠢᠴᠠᠩᠭᠤᠢ | ᠲᠣᠭᠲᠠᠮᠠᠯ ᠤᠯᠠᠭᠠᠨ ᠱᠤᠭᠤᠮ ᠢ ᠬᠢᠨᠠᠨ ᠬᠡᠮᠵᠢᠬᠦ ᠴᠡᠭ ᠢ ᠪᠠᠶᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ | ᠤᠯᠠᠭᠠᠨ ᠱᠤᠭᠤᠮ ᠤᠨ ᠠᠮᠢ ᠠᠬᠤᠢ ᠶᠢᠨ ᠴᠢᠳᠠᠮᠵᠢ ᠶᠢᠨ ᠪᠠᠶᠢᠳᠠᠯ ᠵᠢᠴᠢ ᠬᠥᠳᠡᠯᠦᠩᠭᠦᠢ ᠬᠤᠪᠢᠷᠠᠯᠲᠠ ᠶᠢ ᠴᠠᠭ | ᠲᠤᠬᠠᠢ ᠳᠤᠨᠢ ᠡᠵᠡᠮᠰᠢᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠪᠠ ᠦᠨᠡᠯᠡᠨ ᠵᠢᠱᠢᠵᠦ ᠬᠢᠨᠠᠨ ᠰᠢᠯᠭᠠᠬᠤ ᠠᠵᠢᠯ ᠢ ᠥᠷᠨᠢᠭᠦᠯᠦᠨ᠎ᠡ᠃ | ᠤᠯᠤᠰ ᠤᠨ ᠴᠡᠴᠡᠷᠯᠢᠭ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠪᠠᠶᠢᠭᠠᠯᠢ ᠶᠢᠨ ᠴᠡᠴᠡᠷᠯᠢᠭ ᠵᠡᠷᠭᠡ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠤᠰᠬᠠᠶ ᠱᠠᠯᠠᠪᠳᠠᠭᠤᠯᠤᠨ ᠪᠠᠶᠢᠴᠠᠭᠠᠯᠲᠠ ᠶᠢ ᠴᠢᠩᠭᠠᠳᠬᠠᠵᠤ᠂ ︽ | ᠨᠣᠭᠤᠭᠠᠨ ᠪᠠᠮᠪᠠᠶ︾ ᠶᠢᠨ ᠬᠢᠨᠠᠯᠲᠠ ᠲᠠᠯᠪᠢᠬᠤ ᠠᠵᠢᠯ ᠢ ᠦᠷᠭᠦᠯᠵᠢᠯᠡᠨ ᠠᠬᠢᠭᠤᠯᠵᠤ᠂ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠤ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠤᠨ ᠡᠬᠡ ᠲᠠᠩᠰᠠ ᠶᠢᠨ | ᠬᠠᠮᠢᠶᠠᠷᠤᠯᠲᠠ᠂ ᠮᠥᠷᠳᠡᠨ ᠬᠢᠨᠠᠯᠲᠠ ᠲᠠᠯᠪᠢᠬᠤ᠂ ᠴᠡᠭᠴᠡᠯᠡᠨ ᠰᠠᠶᠢᠵᠢᠷᠠᠭᠤᠯᠵᠤ ᠳ᠋ᠤᠭᠠᠷ ᠬᠠᠰᠤᠬᠤ ᠲᠦᠷᠢᠮ ᠢ | ᠴᠢᠩᠭ᠎ᠠ ᠨᠠᠶᠢᠳᠠᠪᠤᠷᠢᠵᠢᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠠᠵᠢᠯᠯᠠᠭ᠎ᠠ ᠶᠢᠨ ᠠᠮᠢ | ᠠᠬᠤᠶ ᠶᠢᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡᠯᠡᠯ ᠤᠨ ᠬᠠᠮᠢᠶᠠᠷᠤᠯᠲᠠ ᠶᠢ ᠴᠢᠩᠭᠠᠳᠬᠠᠵᠤ᠂ ᠣᠷᠴᠢᠨ | ᠲᠣᠭᠤᠷᠢᠨ ᠳᠤ ᠦᠵᠡᠭᠦᠯᠬᠦ ᠨᠥᠯᠥᠭᠡᠯᠡᠯ ᠢ ᠦᠨᠡᠯᠡᠬᠦ ᠵᠢᠴᠢ ︽ᠭᠤᠷᠪᠠ ᠶᠢ ᠵᠡᠷᠭᠡ ᠳᠤᠨᠢ ᠬᠢᠬᠦ︾ ᠳᠦᠷᠢᠮ ᠢ ᠴᠢᠩᠭ᠎ᠠ | ᠬᠡᠷᠡᠭᠵᠢᠭᠦᠯᠵᠦ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠨᠢ ᠪᠦᠳᠦᠭᠦᠯᠢᠭ᠂ ᠠᠮᠢ | ᠠᠬᠤᠶ ᠶᠢᠨ ᠣᠷᠴᠢᠨ ᠲᠣᠭᠤᠷᠢᠨ ᠳᠤ ᠬᠦᠨᠳᠦ ᠨᠣᠴᠢᠲᠠᠶ ᠡᠪᠳᠡᠯᠡᠯᠭᠡ ᠤᠴᠠᠷᠠᠭᠤᠯᠬᠤ ᠠᠰᠠᠭᠤᠳᠠᠯ ᠢ ᠴᠢᠩᠭ᠎ᠠ | ᠰᠡᠷᠭᠡᠶᠢᠯᠡᠨ᠎ᠡ᠃ ᠣᠷᠣᠨ ᠨᠤᠲᠤᠭ ᠤᠨ ᠬᠢᠨ ᠤ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ᠂ ᠠᠮᠢ ᠠᠬᠤᠢ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ ᠵᠡᠷᠭᠡ ᠴᠢᠬᠤᠯᠠ ᠠᠮᠢ ᠠᠬᠤᠢ ᠶᠢᠨ ᠣᠷᠣᠨ ᠪᠦᠰᠡ ᠪᠣᠯᠤᠨ ᠠᠮᠢ ᠠᠬᠤᠢ ᠶᠢ | ᠬᠦᠨᠳᠦ ᠶᠡᠭᠡ ᠡᠪᠳᠡᠬᠦ ᠠᠵᠢᠯᠯᠠᠭ᠎ᠠ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠳᠤ ᠬᠢᠨᠠᠯᠲᠠ | ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠶᠢ ᠭᠤᠣᠯᠳᠠᠯᠭ᠎ᠠ ᠲᠠᠢ ᠴᠢᠩᠭᠠᠳᠬᠠᠨ᠎ᠠ᠃ | ᠳᠥᠷᠪᠡᠳᠦᠭᠡᠷ ᠬᠡᠰᠡᠭ ᠠᠮᠢ ᠠᠬᠤᠢ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠤᠯᠲᠠ ᠶᠢ | ᠥᠷᠨᠢᠭᠦᠯᠦᠨ᠎ᠡ | ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠ ᠠᠮᠢ ᠠᠬᠤᠶ ᠶᠢᠨ ᠬᠠᠮᠠᠭᠠᠯᠠᠯᠲᠠ ᠶᠢᠨ | ᠱᠠᠭᠠᠷᠳᠠᠯᠭ᠎ᠠ ᠶᠢ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠠᠮᠢ ᠠᠬᠤᠶ ᠶᠢ ᠳᠡᠷᠢᠬᠦᠨ ᠳᠤ ᠳᠠᠯᠪᠢᠬᠤ᠂ ᠪᠣᠬᠢᠷᠲᠤᠯ | ᠥᠬᠡᠶ ᠬᠥᠭᠵᠢᠭᠦᠯᠬᠦ ᠪᠠᠷ ᠵᠢᠯᠣᠭᠤᠳᠣᠯᠭ᠎ᠠ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ | ᠵᠠᠮᠨᠠᠬᠤ ᠶᠢ ᠪᠠᠷᠢᠮᠲᠠᠯᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠡᠭᠦᠳᠦᠨ | ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠡᠭᠦᠳᠦᠨ ᠪᠠᠶᠢᠭᠤᠯᠬᠤ ᠪᠠᠷ ᠠᠬᠢᠭᠤᠯᠵᠤ᠂ ᠪᠥᠬᠦ ᠠᠶᠢᠮᠠᠭ ᠤᠨ ᠠᠮᠢ | ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠡᠵᠡᠨ᠎ᠡ | ᠬᠤᠰᠢᠭᠤᠨ ᠤ ᠠᠮᠢ ᠠᠬᠤᠶ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ | ᠠᠬᠢᠭᠤᠯᠤᠨ᠎ᠠ᠃ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ︾ ᠶᠢ | ᠦᠢᠯᠡᠳᠦᠯᠬᠡᠵᠢᠬᠦᠯᠦᠨ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ | ᠠᠮᠢ ᠠᠬᠤᠶ ᠶᠢᠨ ᠦᠷ᠎ᠡ ᠠᠰᠢᠭ᠂ ᠠᠵᠤ ᠠᠬᠤᠶ ᠶᠢᠨ ᠦᠷ᠎ᠡ ᠠᠰᠢᠭ ᠢᠶᠠᠷ ᠬᠤᠤᠰ ᠰᠠᠶᠢᠨ ᠣᠷᠣᠨ ᠪᠦᠰᠡ ᠶᠢ | ᠰᠣᠩᠭᠤᠨ ︽ᠬᠤᠶᠠᠷ ᠠᠭᠤᠯᠠ︾ ᠶᠢᠨ ᠦᠢᠯᠡᠳᠦᠯᠬᠡ ᠶᠢᠨ ᠰᠠᠭᠤᠷᠢᠨ ᠭᠠᠵᠠᠷ ᠢ ᠥᠷᠨᠢᠭᠦᠯᠵᠦ᠂ ᠡᠵᠡᠨ᠎ᠡ | ᠬᠤᠰᠢᠭᠤᠨ ᠤ ᠲᠤᠤᠷᠠᠶ ᠶᠢᠨ ᠣᠶ ᠶᠢᠨ ᠬᠠᠮᠠᠭᠠᠯᠠᠯᠲᠠ ᠶᠢᠨ ᠣᠷᠣᠨ᠂ ᠠᠯᠠᠱᠠ ᠵᠡᠭᠦᠨ ᠬᠤᠰᠢᠭᠤᠨ ᠤ | ᠪᠠᠶᠠᠨᠬᠤᠲᠠ ᠶᠢᠨ ︽ᠬᠤᠶᠠᠷ ᠠᠭᠤᠯᠠ︾ ᠶᠢᠨ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠠᠵᠢᠯ ᠢ | ᠭᠤᠤᠯᠳᠠᠯᠭ᠎ᠠ ᠲᠠᠢ ᠠᠬᠢᠭᠤᠯᠤᠨ᠎ᠠ᠃ ᠠᠮᠢ ᠠᠬᠤᠶ ᠶᠢᠨ ᠪᠣᠯᠪᠠᠰᠤᠨ ᠤ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ | ᠠᠵᠢᠯ ᠢᠶᠠᠷ ᠭᠠᠷᠳᠠᠴᠠ ᠪᠣᠯᠭᠠᠵᠤ᠂ ᠠᠮᠢ ᠠᠬᠤᠶ ᠶᠢᠨ ᠠᠵᠤ ᠦᠢᠯᠡᠰ ᠢ ᠶᠡᠬᠡᠪᠡᠷ ᠬᠥᠭᠵᠢᠭᠦᠯᠦᠨ᠂ ᠣᠷᠣᠨ | ᠨᠤᠲᠤᠭ ᠤᠨ ᠣᠨᠴᠠᠯᠢᠭ ᠢ ᠭᠦᠨᠵᠡᠭᠡᠶ ᠪᠣᠯᠪᠠᠰᠤᠷᠠᠭᠤᠯᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ | ᠵᠢᠱᠢᠶ᠎ᠡ ᠦᠵᠡᠭᠦᠯᠬᠦ ᠣᠷᠣᠨ᠂ ︽ᠬᠤᠶᠠᠷ ᠠᠭᠤᠯᠠ︾ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ | ᠨᠡᠶᠢᠲᠡᠯᠢᠭ ᠵᠢᠱᠢᠶ᠎ᠡ ᠶᠢᠨ ᠬᠥᠲᠥᠯᠦᠨ ᠳᠠᠭᠠᠭᠤᠯᠬᠤ ᠦᠢᠯᠡᠳᠦᠯ ᠢ ᠬᠦᠢᠴᠡᠳ ᠪᠠᠳᠠᠷᠠᠭᠤᠯᠤᠨ᠂ ᠠᠮᠢ ᠠᠬᠤᠶ ᠶᠢᠨ | ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠪᠠ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠲᠠᠪᠤᠳᠤᠭᠠᠷ ᠪᠦᠯᠦᠭ ᠳᠣᠣᠷ᠎ᠠ ᠨᠡᠭᠦᠷᠡᠰᠦᠲᠥ᠋ᠷᠥᠭᠴᠢᠲᠦ ᠭᠠᠳᠠᠭᠰᠢᠯᠠᠭᠤᠯᠤᠯᠲᠠ ᠶᠢ ᠪᠠᠭᠠᠰᠬᠠᠬᠤ ᠶᠢ | ᠴᠢᠩᠭᠠᠳᠬᠠᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠳᠤ ᠬᠦᠷᠬᠦ ᠠᠬᠢᠴᠠ ᠶᠢ ᠲᠦᠯᠬᠢᠨ | ᠠᠬᠢᠭᠤᠯᠤᠨ᠎ᠠ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠤᠷᠬᠢᠯ ᠳᠤ ᠬᠦᠷᠭᠡᠬᠦ ᠬᠠᠷᠠᠯᠲᠠ | ᠬᠢᠭᠡᠳ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ ᠠᠯᠤᠰ ᠤᠨ ᠲᠥᠰᠦᠪ ᠲᠠᠢ | ᠤᠶᠠᠯᠳᠤᠭᠤᠯᠤᠨ᠂ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠡᠬᠢ ᠡᠭᠦᠰᠦᠯ ᠠᠴᠠ ᠨᠢ ᠵᠠᠰᠠᠬᠤ ︽ᠵᠠᠩᠭᠢᠯᠠᠭ᠎ᠠ︾ | ᠪᠣᠯᠭᠠᠵᠤ᠂ ᠬᠦᠯᠡᠮᠵᠢ ᠶᠢᠨ ᠬᠡᠢ ᠪᠡᠶᠡᠲᠦ ᠬᠢᠭᠡᠳ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠬᠠᠮᠵᠢᠯᠴᠠᠨ | ᠬᠢᠵᠠᠭᠠᠷᠯᠠᠨ᠎ᠠ᠃ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠰ᠂ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠵᠠᠮ ᠬᠠᠷᠢᠯᠴᠠᠭ᠎ᠠ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠠᠷᠢᠯᠭ᠎ᠠ ᠶᠢ ᠢᠳᠡᠪᠬᠢᠲᠡᠢ | ᠬᠥᠭᠵᠢᠭᠦᠯᠵᠦ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠢ ᠰᠠᠨᠠᠭᠠᠴᠢᠯᠠᠵᠤ᠂ ᠠᠭᠤᠷ | ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠲᠦᠷᠦ ᠶᠢᠨ ᠪᠤᠳᠤᠯᠭ᠎ᠠ ᠬᠢᠭᠡᠳ ᠬᠤᠯᠪᠣᠭᠳᠠᠯ ᠪᠦᠬᠦᠢ ᠮᠡᠷᠭᠡᠵᠢᠯ ᠤᠨ | ᠲᠦᠷᠦ ᠶᠢᠨ ᠪᠤᠳᠤᠯᠭ᠎ᠠ ᠶᠢᠨ ᠬᠠᠮᠵᠢᠯᠴᠠᠨ ᠥᠨᠳᠥᠷ ᠪᠦᠲᠦᠮᠵᠢᠲᠡᠢ ᠠᠬᠢᠬᠤ ᠶᠢ ᠠᠬᠢᠭᠤᠯᠵᠤ᠂ ᠬᠦᠯᠡᠮᠵᠢ ᠶᠢᠨ ᠬᠡᠢ | ᠪᠡᠶᠡᠲᠦ ᠶᠢᠨ ᠭᠠᠳᠠᠭᠰᠢᠯᠠᠭᠤᠯᠤᠯᠲᠠ ᠶᠢ ᠪᠦᠲᠦᠮᠵᠢᠲᠡᠢ ᠬᠢᠵᠠᠭᠠᠷᠯᠠᠵᠤ᠂ ᠬᠦᠴᠦᠲᠡᠢ ᠠᠷᠭ᠎ᠠ ᠬᠡᠮᠵᠢᠶ᠎ᠡ ᠠᠪᠴᠤ | ᠪᠠᠶᠢᠭᠠᠳ ᠨᠢᠭᠡᠴᠢ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠬᠦ ᠦᠷᠲᠡᠭ ᠤᠨ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢᠨ ᠦᠷᠭᠦᠯᠵᠢᠯᠡᠨ ᠪᠠᠭᠤᠷᠠᠬᠤ ᠶᠢ ᠦᠨᠡᠨ | ᠬᠦ ᠪᠠᠲᠤᠯᠠᠨ᠎ᠠ᠃ | ᠨᠢᠭᠡᠳᠦᠭᠡᠷ ᠬᠡᠰᠡᠭ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠤᠷᠬᠢᠯ ᠳᠤ ᠬᠦᠷᠭᠡᠬᠦ ᠠᠵᠢᠯᠯᠠᠭ᠎ᠠ ᠶᠢ | ᠨᠠᠶᠢᠳᠠᠪᠤᠷᠢᠵᠢᠭᠤᠯᠤᠨ᠎ᠠ | ᠤᠯᠤᠰ᠂ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ᠂ | ᠠᠯᠠᠱᠠ ᠠᠶᠢᠮᠠᠭ ᠤᠨ 2030 ᠣᠨ ᠠᠴᠠ ᠡᠮᠦᠨᠡᠬᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠣᠷᠭᠢᠯ ᠤᠨ | ᠦᠶ᠎ᠡ ᠳᠤ ᠬᠥᠷᠬᠦ ᠠᠵᠢᠯᠯᠠᠭᠠᠨ ᠤ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ ᠰᠠᠭᠤᠷᠢ᠂ ᠢᠯᠭᠠᠨ ᠲᠠᠨᠢᠬᠤ ᠵᠠᠩᠭᠢᠯᠠᠭ᠎ᠠ ᠶᠢᠨ ᠭᠠᠳᠠᠭᠰᠢᠯᠠᠭᠤᠯᠤᠯᠲᠠ ᠶᠢᠨ ᠬᠦᠷᠢᠶ᠎ᠡ ᠶᠢ | ᠲᠣᠳᠣᠷᠬᠠᠶ ᠣᠶᠢᠯᠠᠭᠠᠵᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠠᠨᠳᠤᠰᠢ ᠶᠢ ᠰᠤᠳᠤᠯᠤᠨ ᠮᠠᠭᠠᠳᠯᠠᠵᠤ᠂ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠣᠷᠭᠢᠯ ᠤᠨ ᠦᠶ᠎ᠡ ᠳᠤ ᠬᠥᠷᠬᠦ ᠬᠠᠷᠠᠯᠲᠠ᠂ ᠵᠠᠮ ᠱᠤᠭᠤᠮ ᠤᠨ ᠵᠢᠷᠤᠭ᠂ | ᠭᠤᠤᠯᠳᠠᠯᠭ᠎ᠠ ᠲᠠᠢ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠎ᠠ᠃ ᠭᠤᠣᠯᠳᠠᠯᠭ᠎ᠠ ᠲᠠᠢ ᠡᠨᠧᠷᠭᠢ ᠶᠢᠨ | ᠬᠤᠷᠣᠭᠳᠠᠭᠤᠯᠭ᠎ᠠ ᠶᠡᠬᠡᠲᠡᠶ ᠠᠵᠢᠯ ᠲᠥᠷᠥᠯ ᠤᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ | ᠠᠯᠬᠤᠴᠠ ᠶᠢ ᠲᠦᠷᠭᠡᠳᠬᠡᠨ᠂ ᠬᠢᠮᠢ ᠶᠢᠨ ᠠᠵᠢᠯ ᠲᠥᠷᠥᠯ ᠤᠨ ᠤᠷᠠᠨ ᠳᠠᠷᠬ᠎ᠠ ᠶᠢᠨ ᠮᠡᠷᠭᠡᠵᠢᠯ ᠢ ᠳᠡᠰ ᠳᠡᠪᠰᠢᠭᠦᠯᠵᠦ | ᠂ ᠠᠵᠤ ᠦᠢᠯᠡᠳᠪᠦᠷᠢ ᠶᠢᠨ ᠶᠠᠪᠤᠴᠠ ᠳᠠᠬᠢ ᠬᠦᠯᠡᠮᠵᠢ ᠶᠢᠨ ᠬᠡᠢ ᠪᠡᠶᠡᠲᠦ ᠭᠠᠳᠠᠭᠰᠢᠯᠠᠭᠤᠯᠬᠤ ᠶᠢ ᠬᠢᠵᠠᠭᠠᠷᠯᠠᠨ᠎ᠠ᠃ | ᠭᠤᠤᠯᠳᠠᠯᠭ᠎ᠠ ᠲᠠᠢ ᠠᠵᠢᠯ ᠲᠥᠷᠥᠯ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ | ᠭᠠᠳᠠᠭᠰᠢᠯᠠᠭᠤᠯᠤᠯᠲᠠ ᠶᠢᠨ ᠣᠷᠭᠢᠯ ᠳᠤ ᠬᠦᠷᠭᠡᠬᠦ ᠠᠵᠢᠯᠯᠠᠭ᠎ᠠ ᠶᠢ ᠠᠬᠢᠭᠤᠯᠵᠤ᠂ ᠡᠨᠧᠷᠭᠢ ᠶᠢᠨ ᠬᠤᠷᠣᠭᠳᠠᠯ ᠶᠡᠬᠡᠲᠡᠶ | ᠠᠵᠤ ᠦᠢᠯᠡᠰ ᠲᠤ ᠴᠢᠭᠯᠡᠭᠦᠯᠦᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠪᠣᠳᠠᠲᠠᠶ | ᠠᠵᠢᠯᠯᠠᠭᠠᠨ ᠤ ᠲᠥᠰᠦᠯ ᠢ ᠰᠤᠳᠤᠯᠵᠤ᠂ ᠨᠡᠭᠦᠷᠡᠰᠦ ᠴᠠᠬᠢᠯᠭᠠᠨ᠂ ᠤᠯᠠᠮᠵᠢᠯᠠᠯᠲᠤ ᠬᠢᠮᠢ ᠶᠢᠨ ᠠᠵᠤ ᠦᠢᠯᠡᠳᠪᠦᠷᠢ | ᠵᠡᠷᠭᠡ ᠭᠤᠤᠯᠳᠠᠯᠭ᠎ᠠ ᠲᠠᠢ ᠡᠨᠧᠷᠭᠢ ᠬᠤᠷᠣᠭᠳᠠᠭᠤᠯᠬᠤ ᠠᠵᠢᠯ ᠲᠥᠷᠥᠯ ᠢ ᠤᠯᠤᠰ ᠪᠠ ᠥᠪᠡᠷᠲᠡᠭᠡᠨ ᠵᠠᠰᠠᠬᠤ | ᠣᠷᠣᠨ ᠤ ᠱᠠᠭᠠᠷᠳᠠᠯᠭ᠎ᠠ ᠶᠣᠰᠣᠭᠠᠷ ᠡᠷᠲᠡᠬᠡᠨ ᠣᠷᠭᠢᠯ ᠳᠤ ᠬᠦᠷᠦᠭᠦᠯᠬᠦ ᠶᠢ ᠪᠡᠶᠡᠯᠡᠭᠦᠯᠦᠨ᠎ᠡ᠃ ᠲᠤᠮᠤ ᠬᠡᠯᠪᠡᠷᠢ ᠶᠢᠨ | ᠠᠵᠤ ᠠᠬᠤᠶᠢᠯᠠᠯ᠂ ᠢᠯᠠᠩᠭᠤᠶ᠎ᠠ ᠲᠤᠮᠤ ᠬᠡᠯᠪᠡᠷᠢ ᠶᠢᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠣᠯᠳᠠ ᠤᠷᠬᠢᠯ ᠳᠠᠭᠠᠨ ᠬᠦᠷᠬᠦ ᠠᠵᠢᠯᠯᠠᠭᠠᠨ ᠤ | ᠲᠥᠰᠦᠯ ᠲᠣᠭᠲᠠᠭᠠᠬᠤ ᠶᠢ ᠵᠣᠷᠢᠭᠵᠢᠭᠤᠯᠵᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ | ᠵᠢᠱᠢᠶ᠎ᠡ ᠦᠵᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠵᠠᠮ ᠬᠠᠷᠢᠯᠴᠠᠭᠠᠨ ᠤ ᠬᠦᠷᠢᠶᠡᠨ ᠳᠠᠬᠢ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠬᠢᠵᠠᠭᠠᠷᠯᠠᠨ᠎ᠠ᠃ ᠳᠤᠤᠷ᠎ᠠ | ᠨᠡᠭᠦᠷᠡᠰᠦᠲᠥ᠋ᠷᠥᠭᠴᠢᠲᠦ ᠵᠠᠮ ᠬᠠᠷᠢᠯᠴᠠᠭ᠎ᠠ ᠶᠢ ᠶᠡᠬᠡᠪᠡᠷ ᠬᠥᠭᠵᠢᠭᠦᠯᠵᠦ᠂ ᠪᠣᠬᠢᠷᠲᠤᠯ ᠥᠬᠡᠶ ᠶᠠᠪᠤᠵᠤ ᠰᠠᠭᠤᠬᠤ ᠶᠢ | ᠵᠣᠷᠢᠭᠵᠢᠭᠤᠯᠤᠨ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠶᠠᠪᠤᠵᠤ ᠰᠠᠭᠤᠬᠤ ᠶᠢᠨ ᠬᠤᠪᠢᠶᠠᠨ ᠡᠭᠦᠷᠭᠡᠯᠡᠬᠦ | ᠨᠣᠷᠮ᠎ᠠ ᠶᠢ ᠳᠡᠭᠡᠭᠰᠢᠯᠡᠭᠦᠯᠵᠦ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠪᠠᠶᠢᠭᠠᠯᠢ ᠶᠢᠨ | ᠰᠢᠲᠠᠮᠠᠬᠠᠶ ᠬᠡᠶ ᠪᠠ ᠰᠢᠨ᠎ᠡ ᠡᠨᠧᠷᠭᠢ ᠶᠢᠨ ᠲᠡᠭᠡᠭᠡᠪᠦᠷᠢ ᠶᠢᠨ ᠪᠠᠭᠠᠵᠢ ᠬᠡᠷᠡᠭᠯᠡᠬᠦ ᠶᠢ ᠳᠡᠯᠭᠡᠷᠡᠭᠦᠯᠦᠨ᠂ ᠡᠵᠡᠩᠨᠡᠯᠲᠡ ᠶᠢᠨ | ᠲᠡᠷᠭᠡ ᠬᠥᠰᠬᠡ ᠶᠢᠨ ᠳᠤᠤᠷ᠎ᠠ ᠨᠡᠭᠦᠷᠡᠰᠦᠲᠥ᠋ᠷᠥᠭᠴᠢᠲᠦ ᠬᠠᠷᠢᠴᠠᠯ ᠢ ᠲᠣᠭᠲᠠᠭᠠᠵᠤ᠂ 2025 ᠣᠨ ᠪᠣᠯᠬᠤ ᠳᠤ᠂ | ᠡᠵᠡᠩᠨᠡᠯᠲᠡ ᠶᠢᠨ ᠲᠡᠷᠭᠡ ᠬᠥᠰᠬᠡ ᠶᠢᠨ ᠲᠡᠭᠡᠭᠡᠪᠦᠷᠢ ᠶᠢᠨ ᠡᠷᠭᠢᠯᠲᠡ ᠶᠢᠨ ᠬᠡᠮᠵᠢᠶ᠎ᠡ ᠶᠢᠨ ᠨᠡᠭᠦᠷᠡᠰᠦᠲᠥ᠋ᠷᠥᠭᠴᠢ ᠶᠢᠨ | ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 2020 ᠣᠨ ᠤ ᠬᠢ ᠠᠴᠠ 6 % ᠪᠠᠭᠤᠷᠠᠭᠤᠯᠤᠨ᠎ᠠ᠃ | ᠪᠠᠷᠢᠯᠭ᠎ᠠ ᠶᠢᠨ ᠬᠦᠷᠢᠶᠡᠨ ᠳᠠᠬᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ | ᠬᠢᠵᠠᠭᠠᠷᠯᠠᠨ᠎ᠠ᠃ ᠲᠥᠷᠥ ᠶᠢᠨ ᠪᠠᠶᠢᠭᠤᠯᠤᠯᠭ᠎ᠠ ᠶᠢᠨ ᠠᠯᠪᠠᠨ ᠪᠠᠷᠢᠯᠭ᠎ᠠ᠂ ᠲᠣᠮᠣ ᠬᠡᠯᠪᠡᠷᠢ ᠶᠢᠨ ᠣᠯᠠᠨ ᠨᠡᠶᠢᠲᠡ ᠶᠢᠨ | ᠪᠠᠷᠢᠯᠭ᠎ᠠ ᠶᠢᠨ ᠡᠨᠧᠷᠭᠢ ᠠᠷᠪᠢᠯᠠᠬᠤ ᠬᠠᠮᠢᠶᠠᠷᠤᠯᠲᠠ ᠵᠢᠴᠢ ᠡᠨᠧᠷᠭᠢ ᠶᠢᠨ ᠬᠤᠷᠣᠭᠳᠠᠭᠤᠯᠭ᠎ᠠ ᠶᠢ ᠪᠦᠷᠢᠳᠬᠡᠬᠦ᠂ | ᠡᠨᠧᠷᠭᠢ ᠶᠢ ᠬᠢᠨᠠᠨ ᠪᠣᠳᠣᠬᠤ᠂ ᠡᠨᠧᠷᠭᠢ ᠶᠢᠨ ᠬᠤᠷᠣᠭᠳᠠᠭᠤᠯᠭ᠎ᠠ ᠶᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠠᠵᠢᠯ ᠢ | ᠴᠢᠩᠭᠠᠳᠬᠠᠨ᠂ ᠭᠡᠷᠡᠯᠲᠦᠭᠦᠯᠭᠡ᠂ ᠬᠥᠯᠳᠡᠭᠡᠬᠦ ᠪᠠ ᠢᠯᠴᠢ ᠦᠢᠯᠡᠳᠬᠦ ᠰᠢᠰᠲ᠋ᠧᠮ ᠤᠨ ᠡᠨᠧᠷᠭᠢ ᠠᠷᠪᠢᠯᠠᠬᠤ | ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠴᠡᠪᠡᠷ ᠡᠨᠧᠷᠭᠢ ᠬᠡᠷᠡᠭᠯᠡᠬᠦ ᠦᠢᠯᠡᠴᠢᠯᠡᠭᠡᠨ ᠤ ᠡᠷᠴᠢᠮ ᠢ | ᠨᠡᠮᠡᠭᠳᠡᠭᠦᠯᠦᠨ᠎ᠡ᠃ ᠨᠢᠭᠡᠨᠲᠡ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠶᠢᠨ ᠪᠣᠬᠢᠷᠲᠤᠯ ᠥᠬᠡᠶ ᠡᠨᠧᠷᠭᠢ ᠠᠷᠪᠢᠯᠠᠬᠤ | ᠥᠭᠡᠷᠡᠴᠢᠯᠡᠯᠲᠡ ᠶᠢ ᠠᠬᠢᠭᠤᠯᠤᠨ᠎ᠠ᠃ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠪᠠᠷᠢᠯᠭ᠎ᠠ ᠶᠢ | ᠳᠡᠯᠭᠡᠷᠡᠭᠦᠯᠵᠦ᠂ ᠪᠣᠬᠢᠷᠲᠤᠯ ᠥᠬᠡᠶ ᠠᠮᠢ ᠠᠬᠤᠶ ᠶᠢᠨ ᠰᠠᠭᠤᠭᠠᠯᠢ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ | ᠠᠬᠢᠭᠤᠯᠤᠨ᠂ 2025 ᠣᠨ ᠪᠣᠯᠬᠤ ᠳᠤ᠂ ᠬᠤᠲᠠ ᠪᠠᠯᠭᠠᠰᠤ ᠶᠢᠨ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠳᠠᠬᠢ | ᠪᠣᠬᠢᠷᠲᠤᠯ ᠥᠬᠡᠶ ᠪᠠᠷᠢᠯᠭ᠎ᠠ ᠶᠢᠨ ᠲᠠᠯᠠᠪᠠᠶ ᠶᠢᠨ ᠡᠵᠡᠯᠡᠬᠦ ᠬᠠᠷᠢᠴᠠᠯ ᠢ 80 % ᠳᠤ ᠬᠦᠷᠦᠭᠦᠯᠦᠨ᠎ᠡ᠃ | ᠬᠤᠶᠠᠳᠤᠭᠠᠷ ᠬᠡᠰᠡᠭ ᠬᠦᠯᠡᠮᠵᠢ ᠶᠢᠨ ᠬᠡᠢ ᠪᠡᠶᠡᠲᠦ ᠶᠢᠨ ᠬᠠᠮᠵᠢᠯᠴᠠᠨ ᠬᠢᠵᠠᠭᠠᠷᠯᠠᠬᠤ ᠶᠢ ᠴᠢᠩᠭᠠᠳᠬᠠᠨ᠎ᠠ | ᠠᠭᠠᠷ ᠮᠠᠨᠳᠠᠯ ᠤᠨ ᠪᠣᠬᠢᠷᠲᠤᠯ ᠢ ᠵᠠᠰᠠᠬᠤ ᠲᠠᠢ ᠵᠣᠯᠭᠠᠭᠤᠯᠵᠤ᠂ ᠠᠭᠠᠷ ᠮᠠᠨᠳᠠᠯ ᠤᠨ ᠪᠣᠬᠢᠷᠲᠤᠯ ᠪᠣᠳᠠᠰ | ᠪᠣᠯᠤᠨ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠳᠤ ᠠᠳᠠᠯᠢ ᠡᠬᠢᠲᠦ ᠢᠵᠢᠯᠢ ᠠᠯᠬᠤᠮᠳᠤ ᠴᠢᠨᠠᠷ ᠲᠠᠢ | ᠪᠠᠶᠢᠵᠤ᠂ ᠡᠮᠦᠨᠡᠬᠢ ᠬᠡᠰᠡᠭ ᠤᠨ ᠡᠨᠧᠷᠭᠢ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠪᠠ ᠶᠠᠪᠤᠴᠠ ᠶᠢᠨ ᠴᠡᠪᠡᠷ | ᠦᠢᠯᠡᠳᠪᠦᠷᠢᠯᠡᠯ ᠢ ᠴᠢᠩᠭᠠᠳᠬᠠᠵᠤ᠂ ᠠᠭᠠᠷ ᠮᠠᠨᠳᠠᠯ ᠤᠨ ᠪᠣᠬᠢᠷᠲᠤᠯ ᠪᠣᠳᠠᠰ ᠪᠣᠯᠤᠨ ᠬᠦᠯᠡᠮᠵᠢ ᠶᠢᠨ ᠬᠡᠢ | ᠪᠡᠶᠡᠲᠦ ᠶᠢᠨ ᠭᠠᠳᠠᠭᠰᠢᠯᠠᠭᠤᠯᠤᠯᠲᠠ ᠶᠢ ᠬᠠᠮᠵᠢᠯᠴᠠᠨ ᠬᠢᠵᠠᠭᠠᠷᠯᠠᠬᠤ ᠶᠢ ᠲᠦᠯᠬᠢᠨ ᠠᠬᠢᠭᠤᠯᠤᠨ᠎ᠠ᠃ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠤᠷᠬᠢᠯ ᠳᠠᠭᠠᠨ ᠲᠤᠯᠬᠤ ᠪᠠ ᠠᠭᠠᠷ ᠤᠨ ᠶᠠᠰᠤ ᠴᠢᠨᠠᠷ ᠢ ᠪᠠᠷᠢᠮᠵᠢᠶ᠎ᠠ ᠳᠤ | ᠬᠦᠷᠭᠡᠬᠦ ︽ᠬᠤᠶᠠᠷ ᠢ ᠬᠦᠷᠭᠡᠬᠦ︾ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠢ ᠰᠠᠶᠢᠲᠤᠷ ᠬᠢᠨ᠎ᠠ᠃ ᠠᠭᠠᠷ | ᠮᠠᠨᠳᠠᠯ ᠤᠨ ᠪᠣᠬᠢᠷᠲᠤᠯ ᠪᠣᠳᠠᠰ ᠬᠢᠭᠡᠳ ᠬᠦᠯᠡᠮᠵᠢ ᠶᠢᠨ ᠬᠡᠢ ᠪᠡᠶᠡᠲᠦ ᠶᠢᠨ ᠬᠠᠮᠵᠢᠯᠴᠠᠬᠤ ᠦᠢᠯᠡᠳᠦᠯ ᠤᠨ | ᠲᠣᠭᠲᠠᠴᠠ ᠶᠢᠨ ᠰᠤᠳᠤᠯᠭᠠᠨ ᠢ ᠴᠢᠩᠭᠠᠳᠬᠠᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠬᠢᠭᠡᠳ | ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ᠂ | ᠲᠥᠯᠥᠪᠵᠢᠭᠦᠯᠭᠡ᠂ ᠪᠠᠷᠢᠮᠵᠢᠶ᠎ᠠ ᠶᠢ ᠠᠭᠤᠰᠤᠯᠳᠤᠭᠤᠯᠬᠤ ᠶᠢ ᠠᠬᠢᠭᠤᠯᠵᠤ᠂ ᠠᠭᠠᠷ ᠮᠠᠨᠳᠠᠯ ᠤᠨ ᠪᠣᠬᠢᠷᠲᠤᠯ ᠢ | ᠰᠡᠷᠭᠡᠶᠢᠯᠡᠨ ᠵᠠᠰᠠᠬᠤ ᠬᠢᠭᠡᠳ ᠬᠦᠯᠡᠮᠵᠢ ᠶᠢᠨ ᠬᠡᠢ ᠪᠡᠶᠡᠲᠦ ᠶᠢᠨ ᠬᠠᠮᠵᠢᠯᠴᠠᠨ ᠬᠢᠵᠠᠭᠠᠷᠯᠠᠬᠤ ᠤᠷᠲᠤ ᠬᠤᠭᠤᠴᠠᠭᠠᠨ ᠤ | ᠪᠦᠲᠦᠮᠵᠢᠲᠡᠢ ᠲᠣᠭᠲᠠᠴᠠ ᠶᠢ ᠪᠠᠶᠢᠭᠤᠯᠤᠨ᠎ᠠ᠃ ᠮᠧᠲ᠋ᠠᠨ᠂ ᠠᠽᠣᠲ ᠤᠨ ᠳᠤᠲᠠᠭᠤ ᠢᠰᠦᠯ᠂ ᠤᠰᠤᠲᠥ᠋ᠷᠥᠭᠴᠢ | ᠹᠯᠣᠷ ᠨᠡᠭᠦᠷᠡᠰᠦᠲᠥ᠋ᠷᠥᠭᠴᠢ ᠶᠢᠨ ᠨᠢᠭᠡᠳᠪᠦᠷᠢ᠂ ᠪᠦᠷᠢᠨ ᠹᠯᠣᠷᠲᠤ ᠨᠡᠭᠦᠷᠡᠰᠦᠲᠥ᠋ᠷᠥᠭᠴᠢ᠂ ᠵᠢᠷᠭᠤᠭᠠᠨ ᠹᠯᠣᠷᠲᠤ | ᠬᠦᠬᠦᠷ᠂ ᠭᠤᠷᠪᠠᠨ ᠹᠯᠣᠷᠲᠤ ᠠᠽᠣᠲ ᠵᠡᠷᠭᠡ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠪᠤᠰᠤ ᠬᠦᠯᠡᠮᠵᠢ ᠶᠢᠨ | ᠬᠡᠢ ᠪᠡᠶᠡᠲᠦ ᠶᠢ ᠭᠠᠳᠠᠭᠰᠢᠯᠠᠭᠤᠯᠬᠤ ᠣᠨᠴᠠᠯᠢᠭ ᠢ ᠰᠦᠪᠡᠭᠴᠢᠯᠡᠨ ᠰᠣᠳᠣᠯᠣᠨ᠎ᠠ᠃ | ᠭᠤᠷᠪᠠᠳᠤᠭᠠᠷ ᠬᠡᠰᠡᠭ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠬᠠᠮᠢᠶᠠᠷᠤᠯᠲᠠ ᠶᠢ | ᠴᠢᠩᠭᠠᠳᠬᠠᠨ᠎ᠠ | ᠨᠢᠭᠡ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠠᠷᠠᠯᠵᠢᠶ᠎ᠠ ᠶᠢ ᠢᠳᠡᠪᠬᠢᠲᠡᠢ ᠪᠠᠷ ᠲᠦᠯᠬᠢᠨ ᠠᠬᠢᠭᠤᠯᠤᠨ᠎ᠠ | ᠤᠯᠤᠰ ᠪᠠ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ | ᠠᠷᠠᠯᠵᠢᠶ᠎ᠠ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ ᠪᠠ ᠠᠷᠭ᠎ᠠ ᠲᠠᠢ ᠤᠶᠠᠯᠳᠤᠭᠤᠯᠤᠨ᠂ ᠠᠵᠤ | ᠠᠬᠤᠶᠢᠯᠠᠯ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠠᠮᠢᠶᠠᠷᠤᠯᠲᠠ ᠪᠠᠨ ᠲᠡᠭᠦᠯᠳᠡᠷᠵᠢᠭᠦᠯᠬᠦ ᠶᠢ ᠠᠬᠢᠭᠤᠯᠵᠤ᠂ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ᠂ ᠨᠡᠭᠦᠷᠡᠰᠦᠲᠥ᠋ᠷᠥᠭᠴᠢ ᠠᠷᠠᠯᠵᠢᠶᠠᠯᠠᠬᠤ ᠵᠢᠴᠢ ᠨᠡᠭᠦᠷᠡᠰᠦᠲᠥ᠋ᠷᠥᠭᠴᠢ ᠡᠳ᠋ | ᠬᠥᠷᠥᠩᠭᠡ ᠶᠢᠨ ᠬᠠᠮᠢᠶᠠᠷᠤᠯᠲᠠ ᠵᠡᠷᠭᠡ ᠬᠠᠮᠢᠶ᠎ᠠ ᠪᠥᠬᠦᠶ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠨ᠂ ᠠᠵᠤ | ᠠᠬᠤᠶᠢᠯᠠᠯ ᠤᠨ ᠰᠠᠨᠠᠭᠠᠴᠢᠯᠠᠭ᠎ᠠ ᠠᠴᠠ ᠪᠠᠨ ᠵᠣᠬᠢᠴᠠᠯᠳᠤᠬᠤ ᠶᠢ ᠠᠬᠢᠭᠤᠯᠵᠤ᠂ ᠪᠥᠬᠦ ᠤᠯᠤᠰ ᠤᠨ | ᠨᠡᠭᠦᠷᠡᠰᠦᠲᠥ᠋ᠷᠥᠭᠴᠢ ᠠᠷᠠᠯᠵᠢᠶᠠᠯᠠᠬᠤ ᠳᠤ ᠢᠳᠡᠪᠬᠢᠲᠡᠶ ᠣᠷᠣᠯᠴᠠᠨ᠂ ᠠᠵᠤ ᠠᠬᠤᠶᠢᠯᠠᠯ ᠤᠨ ᠪᠣᠬᠢᠷᠲᠤᠯ ᠥᠬᠡᠶ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠪᠣᠬᠢᠷᠲᠤᠯ | ᠭᠠᠳᠠᠭᠰᠢᠯᠠᠭᠤᠯᠬᠤ ᠶᠢ ᠭᠤᠤᠯᠳᠠᠯᠭ᠎ᠠ ᠲᠠᠢ ᠡᠵᠡᠮᠳᠡᠬᠦ ᠠᠵᠤ ᠠᠬᠤᠶᠢᠯᠠᠯ ᠤᠨ ᠭᠠᠳᠠᠭᠰᠢᠯᠠᠭᠤᠯᠬᠤ ᠲᠤᠭ᠎ᠠ | ᠪᠠᠷᠢᠮᠲᠠ ᠳᠤ ᠲᠣᠭᠠᠴᠠᠭ᠎ᠠ ᠬᠢᠬᠦ ᠪᠠ ᠬᠠᠷᠭᠤᠭᠤᠯᠤᠨ ᠪᠠᠶᠢᠴᠠᠭᠠᠬᠤ ᠶᠢ ᠰᠠᠶᠢᠲᠤᠷ ᠬᠢᠨ᠎ᠠ᠃ ᠠᠵᠤ ᠠᠬᠤᠶᠢᠯᠠᠯ ᠤᠨ | ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢᠨ ᠮᠡᠳᠡᠭᠡ ᠵᠠᠩᠭᠢ ᠪᠠ ᠭᠠᠳᠠᠭᠰᠢᠯᠠᠭᠤᠯᠤᠯᠲᠠ ᠶᠢ | ᠬᠢᠵᠠᠭᠠᠷᠯᠠᠬᠤ ᠠᠵᠢᠯᠯᠠᠭ᠎ᠠ ᠪᠠᠨ ᠰᠠᠨᠠᠭᠠᠴᠢᠯᠠᠭ᠎ᠠ ᠠᠴᠠ ᠪᠠᠨ ᠨᠡᠶᠢᠲᠡᠯᠡᠬᠦ ᠶᠢ ᠵᠣᠷᠢᠭᠵᠢᠭᠤᠯᠤᠨ᠎ᠠ᠃ | ᠬᠤᠶᠠᠷ᠂ ᠠᠭᠤᠷ ᠠᠮᠢᠰᠬᠤᠯ ᠤᠨ ᠬᠤᠪᠢᠷᠠᠯᠲᠠ ᠳᠤ ᠵᠣᠬᠢᠴᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ | ᠠᠭᠤᠷ ᠠᠮᠢᠰᠬᠤᠯ ᠤᠨ ᠬᠤᠪᠢᠷᠠᠯᠲᠠ ᠳᠤ ᠵᠣᠬᠢᠴᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠬᠤᠲᠠ | ᠬᠥᠳᠡᠭᠡ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠡᠨᠧᠷᠭᠢ ᠶᠢᠨ ᠰᠠᠭᠤᠷᠢ ᠪᠡᠯᠡᠳᠬᠡᠮᠵᠢ ᠵᠢᠴᠢ | ᠵᠠᠮ ᠬᠠᠷᠢᠯᠴᠠᠭᠠᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠶᠢ ᠠᠭᠤᠷ ᠠᠮᠢᠰᠬᠤᠯ ᠤᠨ | ᠬᠤᠪᠢᠷᠠᠯᠲᠠ ᠳᠤ ᠵᠣᠬᠢᠴᠠᠬᠤ ᠴᠢᠭᠯᠡᠯ ᠲᠡᠰᠢ ᠬᠤᠪᠢᠷᠠᠭᠤᠯᠬᠤ ᠶᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃ | ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠵᠢᠴᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠲᠠᠷᠢᠶᠠᠯᠠᠩ᠂ ᠣᠶ ᠰᠢᠭᠤᠶ ᠵᠢᠴᠢ ᠠᠮᠢ ᠠᠬᠤᠶ ᠬᠡᠪᠡᠷᠡᠭ ᠣᠷᠣᠨ ᠤ ᠵᠣᠬᠢᠴᠠᠬᠤ ᠴᠢᠳᠠᠪᠤᠷᠢ ᠶᠢ | ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠵᠤ᠂ ᠠᠭᠤᠷ ᠠᠮᠢᠰᠬᠤᠯ ᠤᠨ ᠬᠤᠪᠢᠷᠠᠯᠲᠠ ᠳᠤ ᠢᠳᠡᠪᠬᠢᠲᠡᠢ ᠪᠥᠭᠡᠳ | ᠰᠠᠨᠠᠭᠠᠴᠢᠯᠠᠭ᠎ᠠ ᠠᠴᠠ ᠪᠠᠨ ᠵᠣᠬᠢᠴᠠᠨ᠎ᠠ᠃ ᠠᠭᠤᠷ ᠠᠮᠢᠰᠬᠤᠯ ᠤᠨ ᠬᠤᠪᠢᠷᠠᠯᠲᠠ ᠯᠤᠭ᠎ᠠ ᠨᠢᠭᠲᠠ ᠬᠤᠯᠪᠣᠭ᠎ᠠ ᠲᠠᠢ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ᠂ ᠠᠪᠤᠷᠠᠨ | ᠲᠤᠰᠠᠯᠠᠬᠤ ᠲᠣᠭᠲᠠᠴᠠ ᠶᠢ ᠲᠣᠭᠲᠠᠭᠠᠵᠤ᠂ ᠬᠥᠮᠦᠰ ᠤᠨ ᠡᠷᠡᠭᠦᠯ ᠮᠡᠨᠳᠦ ᠶᠢᠨ ᠬᠦᠷᠢᠶᠡᠨ ᠳᠠᠬᠢ ᠵᠣᠬᠢᠴᠠᠬᠤ | ᠴᠢᠳᠠᠪᠤᠷᠢ ᠶᠢ ᠲᠠᠰᠤᠷᠠᠯᠲᠠ ᠤᠢᠭᠡᠢ ᠳᠡᠭᠡᠭᠰᠢᠯᠡᠭᠦᠯᠬᠦ ᠬᠡᠷᠡᠭᠲᠡᠶ᠃ | ᠭᠤᠷᠪᠠ᠂ ᠠᠮᠢ ᠠᠬᠤᠶ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠬᠤᠷᠠᠭᠤᠯᠬᠤ ᠬᠠᠳᠠᠭᠠᠯᠠᠭᠳᠠᠴᠠ ᠶᠢ | ᠨᠡᠮᠡᠭᠳᠡᠭᠦᠯᠦᠨ᠎ᠡ | ᠪᠠᠶᠢᠭᠠᠯᠢ ᠶᠢᠨ ᠠᠮᠢ ᠠᠬᠤᠢ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠴᠢᠳᠠᠪᠤᠷᠢ ᠶᠢ | ᠳᠡᠭᠡᠭᠰᠢᠯᠡᠭᠦᠯᠵᠦ᠂ ᠪᠠᠶᠢᠭᠠᠯᠢ ᠶᠢᠨ ᠠᠮᠢ ᠠᠬᠤᠢ ᠶᠢᠨ ᠰᠢᠰᠲ᠋ᠧᠮ ᠤᠨ ᠶᠠᠰᠤ ᠴᠢᠨᠠᠷ ᠪᠣᠯᠤᠨ ᠴᠢᠳᠠᠮᠵᠢ ᠶᠢ | ᠳᠡᠭᠡᠭᠰᠢᠯᠡᠭᠦᠯᠬᠦ ᠶᠢ ᠪᠠᠷᠢᠮᠲᠠᠯᠠᠵᠤ᠂ ᠬᠤᠯᠪᠣᠭᠳᠠᠯ ᠪᠦᠬᠦᠢ ᠭᠤᠣᠯᠳᠠᠯᠭ᠎ᠠ ᠲᠠᠢ ᠠᠮᠢ ᠠᠬᠤᠢ ᠶᠢ ᠬᠠᠮᠠᠭᠠᠯᠠᠬᠤ ᠪᠠ | ᠵᠠᠰᠠᠨ ᠰᠡᠷᠭᠦᠭᠡᠬᠦ ᠢᠨᠵᠧᠨᠧᠷᠢᠩ ᠢ ᠠᠬᠢᠭᠤᠯᠤᠨ᠎ᠠ᠃ ᠣᠶ ᠰᠢᠭᠤᠶ ᠶᠢᠨ ᠨᠡᠭᠦᠷᠡᠰᠦᠲᠥ᠋ᠷᠥᠭᠴᠢ ᠶᠢ ᠰᠢᠩᠭᠡᠭᠡᠨ | ᠠᠪᠬᠤ ᠶᠢ ᠨᠡᠮᠡᠭᠳᠡᠭᠦᠯᠵᠦ᠂ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢ ᠰᠢᠨ᠎ᠡ ᠶᠢ | ᠡᠭᠦᠳᠦᠨ ᠠᠬᠢᠭᠤᠯᠵᠤ᠂ ᠰᠢᠨ᠎ᠡ ᠨᠢᠭᠡᠨ ᠡᠭᠡᠯᠵᠢ ᠶᠢᠨ ᠲᠠᠷᠢᠶᠠᠯᠠᠬᠤ ᠶᠢ ᠵᠣᠭᠰᠣᠭᠠᠵᠤ ᠣᠶ ᠮᠣᠳᠣ ᠶᠢ ᠰᠡᠷᠭᠦᠭᠡᠬᠦ᠂ | ᠰᠠᠯᠬᠢ ᠡᠯᠡᠰᠦᠨ ᠤ ᠡᠬᠢ ᠶᠢ ᠵᠠᠰᠠᠬᠤ᠂ ᠤᠮᠠᠷᠠᠲᠤ ᠶᠢᠨ ᠭᠤᠷᠪᠠᠨ ᠣᠷᠣᠨ ᠤ ᠬᠠᠯᠬᠠᠪᠴᠢ ᠣᠶ ᠶᠢᠨ ᠰᠢᠰᠲ᠋ᠧᠮᠵᠢ ᠶᠢᠨ | ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠵᠡᠷᠭᠡ ᠭᠤᠤᠯᠳᠠᠯᠭ᠎ᠠ ᠲᠠᠢ ᠠᠮᠢ ᠠᠬᠤᠶ ᠶᠢ ᠵᠠᠰᠠᠨ ᠰᠡᠷᠭᠦᠭᠡᠬᠦ | ᠢᠨᠵᠧᠨᠧᠷᠢᠩ ᠢ ᠦᠷᠭᠦᠯᠵᠢᠯᠡᠨ ᠠᠬᠢᠭᠤᠯᠤᠨ᠎ᠠ︔ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢᠨ ᠳᠠᠪᠬᠤᠷ | ᠢᠰᠦᠯ ᠢ ᠨᠡᠮᠡᠭᠳᠡᠭᠦᠯᠦᠨ᠂ ᠨᠤᠲᠤᠭ ᠪᠡᠯᠴᠢᠭᠡᠷ ᠤᠨ ᠬᠠᠮᠠᠭᠠᠯᠠᠯᠲᠠ ᠶᠢ ᠴᠢᠩᠭᠠᠳᠬᠠᠵᠤ᠂ ᠮᠠᠯᠵᠢᠬᠤ ᠶᠢ ᠵᠣᠭᠰᠣᠭᠠᠵᠤ | ᠲᠠᠷᠢᠶᠠᠯᠠᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠵᠡᠷᠭᠡ ᠨᠤᠲᠤᠭ ᠪᠡᠯᠴᠢᠭᠡᠷ ᠤᠨ ᠠᠮᠢ ᠠᠬᠤᠢ ᠶᠢᠨ | ᠬᠠᠮᠠᠭᠠᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠦᠨ᠎ᠡ︔ ᠨᠤᠭᠤ | ᠭᠠᠵᠠᠷ ᠢ ᠬᠠᠮᠠᠭᠠᠯᠠᠬᠤ ᠪᠠ ᠰᠡᠷᠭᠦᠭᠡᠬᠦ ᠶᠢ ᠴᠢᠩᠭᠠᠳᠬᠠᠵᠤ᠂ ᠨᠤᠭᠤ ᠭᠠᠵᠠᠷ ᠤᠨ ᠨᠡᠭᠦᠷᠡᠰᠦᠲᠥ᠋ᠷᠥᠭᠴᠢ ᠶᠢ ᠰᠢᠩᠭᠡᠭᠡᠨ | ᠠᠪᠬᠤ ᠴᠢᠳᠠᠪᠤᠷᠢ ᠶᠢ ᠴᠢᠩᠭᠠᠷᠠᠭᠤᠯᠬᠤ ᠬᠡᠷᠡᠭᠲᠡᠶ︔ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠪᠠ | ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠣᠷᠭᠠᠨᠢᠭ ᠪᠣᠷᠳᠣᠭᠤᠷ ᠨᠡᠮᠡᠵᠦ ᠣᠷᠣᠭᠤᠯᠬᠤ᠂ ᠬᠠᠭᠠᠯᠪᠤᠷᠢᠯᠠᠬᠤ | ᠦᠭᠡᠶ ᠪᠠᠷ ᠲᠠᠷᠢᠵᠤ ᠪᠤᠶᠢᠵᠢᠭᠤᠯᠬᠤ ᠵᠡᠷᠭᠡ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ ᠠᠷᠭ᠎ᠠ ᠬᠡᠮᠵᠢᠶ᠎ᠡ ᠶᠢ | ᠳᠡᠯᠭᠡᠷᠡᠭᠦᠯᠵᠦ᠂ ᠲᠠᠷᠢᠶᠠᠨ ᠭᠠᠵᠠᠷ ᠤᠨ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠶᠢ ᠨᠡᠮᠡᠭᠳᠡᠭᠦᠯᠦᠨ᠎ᠡ︔ | ᠡᠯᠡᠰᠦᠨ ᠴᠦᠯ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠨᠡᠮᠡᠭᠳᠡᠭᠦᠯᠬᠦ ᠶᠢ ᠢᠳᠡᠪᠬᠢᠲᠡᠶ ᠲᠤᠷᠰᠢᠨ | ᠰᠦᠪᠡᠭᠴᠢᠯᠡᠨ᠎ᠡ᠃ | ᠵᠢᠷᠭᠤᠳᠤᠭᠠᠷ ᠪᠦᠯᠦᠭ ᠬᠠᠮᠵᠢᠯᠴᠠᠨ ᠵᠠᠰᠠᠬᠤ ᠶᠢ ᠠᠬᠢᠭᠤᠯᠵᠤ᠂ ᠠᠭᠠᠷ ᠮᠠᠨᠳᠠᠯ ᠤᠨ ᠣᠷᠴᠢᠨ ᠠᠬᠤᠢ ᠶᠢᠨ | ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠤᠨ᠎ᠠ | ᠨᠠᠷᠢᠯᠢᠭ ᠣᠨᠣᠪᠴᠢᠳᠠᠢ ᠪᠠᠷ ᠪᠣᠬᠢᠷᠲᠤᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ ᠵᠠᠰᠠᠬᠤ᠂ | ᠬᠠᠤᠯᠢ ᠶᠣᠰᠣᠭᠠᠷ ᠪᠣᠬᠢᠷᠲᠤᠯ ᠢ ᠵᠠᠰᠠᠬᠤ ᠶᠢ ᠲᠣᠪᠤᠶᠢᠯᠭᠠᠨ᠂ ᠡᠬᠢ ᠡᠭᠦᠰᠦᠯ ᠠᠴᠠ ᠨᠢ ᠬᠢᠵᠠᠭᠠᠷᠯᠠᠬᠤ ᠪᠠ ᠣᠷᠣᠨ | ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠣᠯᠠᠨ ᠪᠣᠬᠢᠷᠲᠤᠯ ᠪᠣᠳᠠᠰ ᠢ ᠬᠠᠮᠵᠢᠯᠴᠠᠨ | ᠬᠢᠵᠠᠭᠠᠷᠯᠠᠬᠤ ᠪᠠ ᠣᠷᠣᠨ ᠪᠦᠰᠡ ᠬᠠᠮᠵᠢᠯᠴᠠᠨ ᠵᠠᠰᠠᠬᠤ ᠶᠢ ᠴᠢᠩᠭᠠᠳᠬᠠᠨ᠂ ᠠᠭᠠᠷ ᠮᠠᠨᠳᠠᠯ ᠤᠨ ᠪᠣᠬᠢᠷᠲᠤᠯ ᠢ | ᠵᠠᠰᠠᠬᠤ ᠠᠵᠢᠯ ᠢ ᠭᠦᠨᠵᠡᠭᠡᠶᠢᠷᠡᠭᠦᠯᠵᠦ᠂ ᠠᠭᠠᠷ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ | ᠨᠢᠭᠡᠳᠦᠭᠡᠷ ᠬᠡᠰᠡᠭ ᠣᠷᠣᠨ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠬᠦ ᠶᠢ ᠴᠢᠩᠭᠠᠳᠬᠠᠵᠤ᠂ ᠬᠠᠮᠵᠢᠯᠴᠠᠨ | ᠡᠵᠡᠮᠳᠡᠬᠦ ᠶᠢ ᠲᠤᠪᠤᠶᠢᠯᠭᠠᠨ᠎ᠠ | ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠦᠬᠠᠶ ᠬᠤᠲᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ | ᠵᠠᠰᠠᠬᠤ ᠲᠦᠷᠢᠮ︾ ᠪᠠ ︽ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠮᠢ ᠠᠬᠤᠶ ᠶᠢᠨ ᠣᠷᠴᠢᠨ | ᠲᠣᠭᠤᠷᠢᠨ ᠢ ᠶᠡᠷᠦᠩᠬᠡᠶᠢᠯᠡᠨ ᠵᠠᠰᠠᠬᠤ ᠶᠢᠨ ᠬᠡᠷᠡᠭᠵᠢᠭᠦᠯᠬᠦ ᠲᠥᠰᠦᠯ︾ ︵ᠥᠪᠥᠷ ᠵᠠᠰᠠᠭ ᠲᠠᠷᠬᠠᠭᠠᠭᠰᠠᠨ ﹇2020﹈ | 26 ᠳ᠋ᠤᠭᠠᠷ ᠲᠣᠭᠠᠲᠤ︶ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠢᠭᠡᠳᠦᠯᠲᠡᠶ ᠲᠥᠯᠥᠪᠵᠢᠭᠦᠯᠦᠨ᠂ | ᠶᠡᠷᠦᠩᠬᠡᠶᠢᠯᠡᠨ ᠵᠠᠰᠠᠵᠤ᠂ ᠲᠤᠰᠠᠭᠠᠷ ᠰᠢᠯᠭᠠᠨ ᠬᠢᠨᠠᠵᠤ᠂ ᠴᠢᠩᠭ᠎ᠠ ᠬᠠᠮᠢᠶᠠᠷᠤᠨ ᠡᠵᠡᠮᠳᠡᠵᠦ᠂ ᠣᠷᠴᠢᠨ ᠲᠣᠭᠤᠷᠢᠨ ᠢ | ᠶᠡᠷᠦᠩᠬᠡᠶᠢᠯᠡᠨ ᠵᠠᠰᠠᠬᠤ ᠶᠢ ᠦᠷᠭᠦᠯᠵᠢᠯᠡᠨ ᠠᠬᠢᠭᠤᠯᠤᠨ᠎ᠠ︔ ᠠᠭᠠᠷ ᠮᠠᠨᠳᠠᠯ ᠤᠨ ᠪᠣᠬᠢᠷᠲᠤᠯ ᠪᠣᠳᠠᠰ ᠤᠨ ᠶᠡᠷᠦᠩᠬᠡᠢ | ᠬᠡᠮᠵᠢᠶ᠎ᠡ ᠶᠢ ᠪᠠᠭᠠᠰᠬᠠᠨ ᠬᠢᠵᠠᠭᠠᠷᠯᠠᠬᠤ ᠲᠦᠷᠢᠮ ᠢ ᠬᠡᠷᠡᠭᠵᠢᠭᠦᠯᠵᠦ᠂ ᠤᠯᠤᠰ ᠤᠨ ᠭᠠᠳᠠᠭᠰᠢᠯᠠᠭᠤᠯᠬᠤ ᠪᠠᠷᠢᠮᠵᠢᠶ᠎ᠠ ᠳᠤ | ᠨᠢᠭᠡᠨᠲᠡ ᠠᠭᠠᠷ ᠮᠠᠨᠳᠠᠯ ᠤᠨ ᠪᠣᠬᠢᠷᠲᠤᠯ ᠪᠣᠳᠠᠰ ᠤᠨ ᠣᠨᠴᠠᠭᠠᠢ ᠭᠠᠳᠠᠭᠰᠢᠯᠠᠭᠤᠯᠬᠤ ᠬᠢᠵᠠᠭᠠᠷ ᠬᠡᠮᠵᠢᠭᠳᠡᠯ ᠢ | ᠲᠣᠭᠲᠠᠭᠠᠭᠰᠠᠨ ᠠᠵᠢᠯ ᠲᠦᠷᠦᠯ ᠳᠤ ᠣᠨᠴᠠᠭᠠᠢ ᠭᠠᠳᠠᠭᠰᠢᠯᠠᠭᠤᠯᠬᠤ ᠬᠢᠵᠠᠭᠠᠷ ᠬᠡᠮᠵᠢᠭᠳᠡᠯ ᠤᠨ ᠥᠭᠡᠷᠡᠴᠢᠯᠡᠯᠲᠡ ᠶᠢ | ᠪᠦᠬᠦ ᠲᠠᠯ᠎ᠠ ᠪᠠᠷ ᠥᠷᠨᠢᠭᠦᠯᠵᠦ᠂ 2023 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ ᠪᠦᠬᠦ ᠲᠠᠯ᠎ᠠ ᠪᠠᠷ | ᠠᠭᠠᠷ ᠮᠠᠨᠳᠠᠯ ᠤᠨ ᠪᠣᠬᠢᠷᠲᠤᠯ ᠪᠣᠳᠠᠰ ᠤᠨ ᠣᠨᠴᠠᠭᠠᠢ ᠭᠠᠳᠠᠭᠰᠢᠯᠠᠭᠤᠯᠬᠤ ᠬᠢᠵᠠᠭᠠᠷ ᠬᠡᠮᠵᠢᠭᠳᠡᠯ ᠢ ᠬᠡᠷᠡᠭᠵᠢᠭᠦᠯᠦᠨ᠎ᠡ︔ | ᠬᠡᠦᠷᠰᠢᠭᠦᠯᠬᠦ ᠠᠵᠤ ᠦᠢᠯᠡᠰ ᠤᠨ ᠳᠠᠬᠢᠨ ᠵᠣᠬᠢᠶᠠᠨ ᠪᠠᠶᠢᠭᠤᠯᠵᠤ ᠳᠡᠰ ᠳᠡᠪᠰᠢᠬᠦ ᠶᠢ ᠠᠬᠢᠭᠤᠯᠵᠤ᠂ 2023 | ᠣᠨ ᠤ ᠵᠢᠯ ᠤᠨ ᠰᠡᠭᠦᠯᠴᠢ ᠠᠴᠠ ᠡᠮᠦᠨ᠎ᠡ᠂ ᠬᠡᠦᠷᠰᠢᠭᠦᠯᠬᠦ ᠲᠠᠰᠤᠭ ᠤᠨ ᠥᠨᠳᠥᠷ ᠤᠨ ᠬᠡᠮᠵᠢᠶ᠎ᠡ 4 . 3 ᠮᠧᠲᠷ ᠤᠨ | ᠬᠡᠦᠷᠰᠢᠭᠦᠯᠬᠦ ᠵᠤᠤᠬ᠎ᠠ ᠶᠢ ᠪᠦᠬᠦᠨ ᠢ ᠰᠢᠭᠰᠢᠭᠳᠡᠭᠦᠯᠵᠦ᠂ ᠬᠡᠦᠷᠰᠢᠭᠦᠯᠬᠦ ᠲᠠᠰᠤᠭ ᠤᠨ ᠥᠨᠳᠥᠷ ᠤᠨ ᠬᠡᠮᠵᠢᠶ᠎ᠡ 5 . 5 | ᠮᠧᠲᠷ ᠤᠨ ᠬᠡᠦᠷᠰᠢᠭᠦᠯᠬᠦ ᠵᠤᠤᠬ᠎ᠠ ᠶᠢ ᠪᠦᠬᠦᠨ ᠢ ᠬᠠᠭᠤᠷᠠᠢ ᠪᠠᠷ ᠤᠨᠲᠠᠷᠠᠭᠠᠨ ᠬᠡᠦᠷᠰᠢᠭᠦᠯᠬᠦ ᠪᠠ ᠬᠡᠲᠦ ᠳᠣᠣᠷ᠎ᠠ | ᠭᠠᠳᠠᠭᠰᠢᠯᠠᠭᠤᠯᠬᠤ ᠥᠭᠡᠷᠡᠴᠢᠯᠡᠯᠲᠡ ᠶᠢ ᠪᠡᠶᠡᠯᠡᠭᠦᠯᠦᠨ᠎ᠡ︔ ᠰᠢᠨ᠎ᠡ ᠪᠠᠷ ᠪᠠᠶᠢᠭᠤᠯᠬᠤ ︵ᠥᠭᠡᠷᠡᠴᠢᠯᠡᠨ ᠥᠷᠭᠡᠳᠬᠡᠬᠦ︶ | ᠬᠡᠦᠷᠡᠰᠦ ᠬᠠᠲᠠᠭᠤᠷᠠᠭᠤᠯᠬᠤ ᠵᠤᠤᠬ᠎ᠠ ᠶᠢᠨ ᠨᠡᠭᠦᠷᠡᠰᠦᠵᠢᠭᠦᠯᠬᠦ ᠭᠡᠷ ᠤᠨ ᠥᠨᠳᠥᠷ ᠢ 6 . 25 ᠮᠧᠲᠷ ᠵᠢᠴᠢ | ᠲᠡᠭᠦᠨ ᠠᠴᠠ ᠳᠡᠭᠡᠭᠰᠢ ᠳᠤ ᠬᠦᠷᠦᠭᠦᠯᠬᠦ ᠳᠤ᠂ ᠡᠷᠬᠡᠪᠰᠢ ᠳᠣᠤᠷᠠᠳᠤ ᠰᠠᠪᠠ ᠶᠢᠨ ᠦᠢᠯᠡᠳᠪᠦᠷᠢᠯᠡᠬᠦ ᠬᠡᠯᠬᠢᠶ᠎ᠡ᠂ | ᠦᠯᠡᠳᠡᠪᠦᠷᠢ ᠢᠯᠴᠢ ᠦᠯᠡᠳᠡᠪᠦᠷᠢ ᠬᠡᠢ ᠶᠢ ᠡᠭᠡᠭᠦᠯᠦᠨ ᠬᠤᠷᠢᠶᠠᠵᠤ ᠠᠰᠢᠭᠯᠠᠬᠤ ᠲᠥᠷᠥᠯ ᠵᠦᠢᠯ ᠢ ᠵᠡᠷᠭᠡ ᠳᠤᠨᠢ | ᠢᠵᠢ ᠪᠦᠷᠢᠳᠦᠭᠦᠯᠬᠦ ᠬᠡᠷᠡᠭᠲᠡᠶ︔ ᠬᠡᠦᠷᠰᠢᠭᠦᠯᠬᠦ ᠲᠥᠷᠥᠯ ᠵᠦᠢᠯ ᠢ ᠰᠢᠨ᠎ᠡ ᠪᠠᠷ ᠪᠠᠶᠢᠭᠤᠯᠬᠤ ᠳᠤ ᠡᠷᠬᠡᠪᠰᠢ | ᠬᠠᠭᠤᠷᠠᠶ ᠪᠠᠷ ᠤᠨᠲᠠᠷᠠᠭᠠᠬᠤ ᠲᠣᠨᠤᠭ ᠲᠥᠬᠦᠭᠡᠷᠦᠮᠵᠢ ᠶᠢ ᠲᠥᠬᠦᠷᠵᠢᠭᠦᠯᠬᠦ ᠶᠢᠨ ᠬᠠᠮᠲᠤ ᠪᠣᠯᠣᠳ ᠲᠡᠮᠦᠷ ᠤᠨ ᠠᠵᠤ | ᠠᠬᠤᠶᠢᠯᠠᠯ ᠳᠠᠬᠢ ᠬᠡᠦᠷᠰᠢᠭᠦᠯᠬᠦ ᠬᠢᠮᠢ ᠶᠢᠨ ᠠᠵᠤ ᠦᠢᠯᠡᠳᠪᠦᠷᠢ ᠶᠢᠨ ᠪᠣᠬᠢᠷ ᠪᠣᠳᠠᠰ ᠬᠡᠳᠦ ᠳᠣᠣᠷ᠎ᠠ | ᠭᠠᠳᠠᠭᠰᠢᠯᠠᠭᠤᠯᠬᠤ ᠱᠠᠭᠠᠷᠳᠠᠯᠭ᠎ᠠ ᠶᠢ ᠬᠡᠷᠡᠭᠵᠢᠭᠦᠯᠬᠦ ᠬᠡᠷᠡᠭᠲᠡᠶ᠃ ᠵᠢᠵᠢᠭ ᠮᠥᠬᠦᠯᠢᠭᠲᠦ ᠪᠣᠳᠠᠰ ᠪᠣᠯᠤᠨ ᠣᠽᠣᠨ ᠤ | ᠪᠣᠬᠢᠷᠲᠤᠯ ᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠳᠡᠭᠳᠡᠮᠡᠬᠡᠶ ᠴᠢᠨᠠᠷᠲᠠᠶ | ᠣᠷᠭᠠᠨᠢᠭ ᠪᠣᠳᠠᠰ ᠪᠣᠯᠤᠨ ᠠᠽᠣᠲ ᠤᠨ ᠢᠰᠦᠯ ᠢ ᠬᠠᠮᠵᠢᠯᠴᠠᠭᠤᠯᠤᠨ ᠬᠢᠵᠠᠭᠠᠷᠯᠠᠬᠤ ᠶᠢ ᠭᠤᠤᠯᠳᠠᠯᠭ᠎ᠠ ᠲᠠᠢ | ᠰᠠᠶᠢᠲᠤᠷ ᠠᠳᠬᠤᠵᠤ᠂ ᠣᠽᠣᠨ ᠤ ᠥᠳᠬᠡᠴᠡ ᠶᠢ ᠪᠦᠲᠦᠮᠵᠢᠲᠡᠶ ᠪᠠᠷ ᠪᠠᠭᠤᠷᠠᠭᠤᠯᠵᠤ᠂ ᠬᠦᠷᠢᠶᠡᠯᠡᠩ | ᠲᠣᠭᠤᠷᠢᠭ ᠤᠨ ᠾᠯᠣᠷ᠂ ᠰᠢᠪᠲᠦᠷ᠂ ᠪᠧᠨᠽᠧᠨ ᠰᠢᠰᠲ᠋ᠧᠮ ᠤᠨ ᠪᠣᠳᠠᠰ᠂ ᠣᠷᠭᠠᠨᠢᠭ ᠬᠦᠬᠦᠷᠲᠦ ᠨᠢᠭᠡᠳᠪᠦᠷᠢ᠂ | ᠲᠠᠷᠢᠶᠠᠯᠠᠩ ᠤᠨ ᠡᠮ ᠡᠮᠨᠡᠯᠭᠡ ᠶᠢᠨ ᠵᠠᠪᠰᠠᠷ ᠤᠨ ᠴᠣᠭᠴᠠ ᠶᠢᠨ ᠦᠢᠯᠡᠳᠬᠦᠨ ᠪᠣᠯᠤᠨ ᠳᠡᠭᠳᠡᠮᠡᠬᠡᠶ ᠴᠢᠨᠠᠷᠲᠠᠶ | ᠣᠷᠭᠠᠨᠢᠭ ᠪᠣᠳᠠᠰ ᠵᠡᠷᠭᠡ ᠰᠣᠨᠢᠨ ᠦᠨᠦᠷ ᠤᠨ ᠪᠣᠬᠢᠷᠲᠤᠯ ᠢ ᠬᠠᠮᠵᠢᠯᠴᠠᠭᠤᠯᠤᠨ ᠰᠡᠷᠭᠡᠶᠢᠯᠡᠨ ᠵᠠᠰᠠᠬᠤ ᠶᠢ ᠲᠦᠯᠬᠢᠨ | ᠠᠬᠢᠭᠤᠯᠵᠤ᠂ ᠰᠣᠨᠢᠨ ᠦᠨᠦᠷ ᠤᠨ ᠪᠣᠬᠢᠷᠲᠤᠯ ᠢ ᠰᠡᠷᠭᠡᠶᠢᠯᠡᠨ ᠵᠠᠰᠠᠬᠤ ᠤᠷᠲᠤ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠢᠳᠡᠪᠬᠢᠲᠡᠶ ᠪᠠᠷ ᠪᠠᠶᠢᠭᠤᠯᠬᠤ ᠬᠡᠷᠡᠭᠲᠡᠶ᠃ ᠠᠯᠠᠱᠠ ᠵᠡᠭᠦᠨ ᠬᠤᠰᠢᠭᠤᠨ ᠤ ᠬᠤᠲᠠ ᠪᠠᠯᠭᠠᠰᠤᠨ ᠳᠤ | ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ᠂ ᠴᠡᠪᠡᠷ ᠳᠤᠯᠠᠭᠠᠯᠠᠭ᠎ᠠ ᠬᠠᠩᠭᠠᠬᠤ ᠥᠭᠡᠷᠡᠴᠢᠯᠡᠯᠲᠡ ᠶᠢ ᠲᠦᠷᠭᠡᠳᠬᠡᠵᠦ᠂ | ᠬᠤᠲᠠ ᠶᠢᠨ ᠲᠣᠭᠤᠷᠢᠭ ᠤᠨ ᠰᠤᠯᠠ ᠨᠡᠭᠦᠷᠡᠰᠦ ᠰᠢᠲᠠᠭᠠᠬᠤ᠂ ᠠᠮᠢᠳᠤᠷᠠᠯ ᠤᠨ ᠡᠬᠢ ᠰᠤᠷᠪᠤᠯᠵᠢ ᠶᠢᠨ VOCs ᠢ | ᠵᠠᠰᠠᠬᠤ ᠪᠠ ᠬᠤᠲᠠ ᠶᠢᠨ ᠲᠣᠭᠤᠷᠢᠭ ᠤᠨ ᠲᠣᠭᠤᠰᠣ ᠰᠢᠷᠣᠶ ᠶᠢᠨ ᠪᠣᠬᠢᠷᠲᠤᠯ ᠤᠨ ᠠᠰᠠᠭᠤᠳᠠᠯ ᠢ ᠭᠤᠤᠯᠳᠠᠯᠭ᠎ᠠ ᠲᠠᠢ | ᠰᠢᠢᠳᠪᠦᠷᠢᠯᠡᠨ᠎ᠡ᠃ | ᠬᠤᠶᠠᠳᠤᠭᠠᠷ ᠬᠡᠰᠡᠭ ᠭᠤᠣᠯᠳᠠᠯᠭ᠎ᠠ ᠲᠠᠢ ᠪᠣᠬᠢᠷᠲᠤᠯ ᠤᠨ ᠡᠬᠢ ᠶᠢ ᠵᠠᠰᠠᠬᠤ ᠠᠵᠢᠯ ᠢ ᠦᠷᠭᠦᠯᠵᠢᠯᠡᠨ | ᠲᠦᠯᠬᠢᠨ ᠠᠬᠢᠭᠤᠯᠤᠨ᠎ᠠ | ᠨᠢᠭᠡ᠂ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠪᠠ ᠨᠡᠭᠦᠷᠡᠰᠦ ᠰᠢᠲᠠᠭᠠᠬᠤ ᠵᠣᠤᠬ᠎ᠠ ᠶᠢᠨ ᠪᠣᠬᠢᠷᠲᠤᠯ ᠢ | ᠶᠡᠷᠦᠩᠬᠡᠶᠢᠯᠡᠨ ᠴᠡᠭᠴᠡᠯᠡᠨ ᠵᠠᠰᠠᠬᠤ ᠶᠢ ᠠᠬᠢᠭᠤᠯᠤᠨ᠎ᠠ | ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠤᠨ᠎ᠠ᠃ ᠪᠠᠷᠢᠯᠭ᠎ᠠ ᠶᠢᠨ ᠡᠨᠧᠷᠭᠢ | ᠠᠷᠪᠢᠯᠠᠬᠤ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠪᠣᠬᠢᠷᠲᠤᠯ ᠦᠭᠡᠶ ᠪᠠᠷᠢᠯᠭ᠎ᠠ᠂ ᠡᠨᠧᠷᠭᠢ ᠶᠢᠨ | ᠬᠤᠷᠣᠭᠳᠠᠭᠤᠯᠭ᠎ᠠ ᠪᠠᠷ ᠬᠡᠳᠦ ᠳᠣᠣᠷ᠎ᠠ ᠪᠠᠷᠢᠯᠭ᠎ᠠ ᠪᠣᠯᠤᠨ ᠳᠠᠬᠢᠨ ᠡᠭᠦᠰᠴᠦ ᠪᠣᠯᠬᠤ ᠡᠨᠧᠷᠭᠢ ᠶᠢᠨ ᠪᠠᠷᠢᠯᠭ᠎ᠠ ᠶᠢ | ᠳᠡᠯᠭᠡᠷᠡᠭᠦᠯᠦᠨ ᠬᠡᠷᠡᠭᠯᠡᠨ᠎ᠡ᠃ ︽ᠴᠠᠬᠢᠯᠭᠠᠨ ᠬᠡᠷᠡᠭᠯᠡᠬᠦ ᠳᠤ ᠳᠣᠭᠢᠷᠠᠪᠠᠯ ᠴᠠᠬᠢᠯᠭᠠᠨ ᠬᠡᠷᠡᠭᠯᠡᠵᠦ᠂ ᠬᠡᠶ ᠬᠡᠷᠡᠭᠯᠡᠬᠦ ᠳᠤ | ᠳᠣᠭᠢᠷᠠᠪᠠᠯ ᠬᠡᠶ ᠬᠡᠷᠡᠭᠯᠡᠵᠦ᠂ ᠢᠯᠴᠢ ᠬᠡᠷᠡᠭᠯᠡᠬᠦ ᠳᠤ ᠳᠣᠭᠢᠷᠠᠪᠠᠯ ᠢᠯᠴᠢ ᠬᠡᠷᠡᠭᠯᠡᠵᠦ᠂ ᠨᠡᠭᠦᠷᠡᠰᠦ ᠬᠡᠷᠡᠭᠯᠡᠬᠦ ᠳᠤ | ᠳᠣᠭᠢᠷᠠᠪᠠᠯ ᠨᠡᠭᠦᠷᠡᠰᠦ ᠬᠡᠷᠡᠭᠯᠡᠬᠦ︾ ᠵᠠᠷᠴᠢᠮ ᠶᠣᠰᠣᠭᠠᠷ᠂ ᠨᠥᠬᠦᠴᠡᠯ ᠲᠠᠢ ᠭᠠᠵᠠᠷ ᠣᠷᠣᠨ ᠨᠢ ᠴᠡᠪᠡᠷ ᠳᠤᠯᠠᠭᠠᠯᠠᠬᠤ | ᠥᠭᠡᠷᠡᠴᠢᠯᠡᠯᠲᠡ ᠶᠢ ᠶᠡᠬᠡᠪᠡᠷ ᠠᠬᠢᠭᠤᠯᠵᠤ᠂ ᠴᠡᠪᠡᠷ ᠳᠤᠯᠠᠭᠠᠯᠠᠬᠤ ᠨᠣᠷᠮ᠎ᠠ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ᠃ | ᠨᠡᠭᠦᠷᠡᠰᠦ ᠰᠢᠲᠠᠭᠠᠬᠤ ᠵᠣᠤᠬ᠎ᠠ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠥᠷᠨᠢᠭᠦᠯᠦᠨ᠎ᠡ᠃ ᠪᠠᠶᠠᠨᠬᠤᠲᠠ | ᠪᠠᠯᠭᠠᠰᠤᠨ ᠤ 65 ᠲᠣᠨ ᠠᠭᠤᠷ / ᠴᠠᠭ ᠵᠢᠴᠢ ᠲᠡᠭᠦᠨ ᠠᠴᠠ ᠳᠡᠭᠡᠭᠰᠢᠬᠢ ᠨᠡᠭᠦᠷᠡᠰᠦ ᠰᠢᠲᠠᠭᠠᠬᠤ ᠵᠣᠤᠬ᠎ᠠ ᠶᠢᠨ | ᠬᠡᠲᠦ ᠳᠤᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠬᠡᠷᠡᠭᠵᠢᠭᠦᠯᠵᠦ᠂ ᠨᠡᠭᠦᠷᠡᠰᠦ ᠰᠢᠲᠠᠭᠠᠬᠤ | ᠴᠠᠬᠢᠯᠭᠠᠨ ᠤ ᠦᠢᠯᠡᠳᠪᠦᠷᠢ ᠶᠢᠨ ᠬᠡᠲᠦ ᠳᠤᠤᠷ᠎ᠠ ᠭᠠᠳᠠᠭᠰᠢᠯᠠᠭᠤᠯᠤᠯᠲᠠ ᠶᠢᠨ ᠬᠢᠷᠢ ᠲᠦᠪᠰᠢᠨ ᠳᠤ ᠬᠦᠷᠭᠡᠨ᠎ᠡ᠃ | ᠪᠦᠬᠦ ᠠᠶᠢᠮᠠᠭ ᠤᠨ ᠰᠢᠲᠠᠮᠠᠬᠠᠶ ᠬᠡᠢ ᠶᠢᠨ ᠵᠣᠤᠬ᠎ᠠ ᠶᠢᠨ ᠳᠣᠣᠷ᠎ᠠ ᠠᠽᠣᠲ ᠤᠨ ᠰᠢᠲᠠᠭᠠᠯᠭ᠎ᠠ ᠶᠢᠨ ᠥᠭᠡᠷᠡᠴᠢᠯᠡᠯᠲᠡ ᠶᠢ | ᠲᠦᠷᠭᠡᠳᠬᠡᠨ ᠠᠬᠢᠭᠤᠯᠵᠤ᠂ ᠥᠭᠡᠷᠡᠴᠢᠯᠡᠭᠰᠡᠨ ᠤ ᠳᠠᠷᠠᠭᠠᠬᠢ ᠠᠽᠣᠲ ᠤᠨ ᠢᠰᠦᠯ ᠭᠠᠳᠠᠭᠰᠢᠯᠠᠭᠤᠯᠬᠤ | ᠥᠳᠬᠡᠴᠡ ᠶᠢ ᠵᠠᠷᠴᠢᠮ ᠳᠡᠭᠡᠷ᠎ᠡ ᠪᠠᠨ 150 ᠮᠢᠯᠢᠭᠷᠡᠮ / ᠪᠣᠰᠤᠭ᠎ᠠ ᠳᠥᠷᠪᠡᠯᠵᠢᠨ ᠮᠧᠲᠷ ᠠᠴᠠ ᠥᠨᠳᠥᠷ | ᠪᠠᠶᠢᠯᠭᠠᠵᠤ ᠪᠣᠯᠬᠤ ᠦᠭᠡᠶ᠃ | ᠬᠤᠶᠠᠷ᠂ ᠠᠵᠤ ᠦᠢᠯᠡᠳᠪᠦᠷᠢ ᠶᠢᠨ ᠵᠤᠤᠬ᠎ᠠ ᠶᠢᠨ ᠪᠣᠬᠢᠷᠲᠤᠯ ᠢ ᠭᠦᠨᠵᠡᠭᠡᠶ ᠵᠠᠰᠠᠬᠤ ᠶᠢ ᠬᠡᠷᠡᠭᠵᠢᠭᠦᠯᠦᠨ᠎ᠡ | ︽ᠨᠢᠭᠡ ᠪᠦᠯᠦᠭ ᠢ ᠰᠢᠭᠰᠢᠭᠳᠡᠭᠦᠯᠬᠦ᠂ ᠨᠢᠭᠡ ᠪᠦᠯᠦᠭ ᠢ ᠣᠷᠣᠯᠠᠭᠤᠯᠬᠤ᠂ ᠨᠢᠭᠡ ᠪᠦᠯᠦᠭ ᠢ ᠵᠠᠰᠠᠬᠤ︾ | ᠵᠠᠷᠴᠢᠮ ᠶᠣᠰᠣᠭᠠᠷ᠂ ᠲᠥᠷᠥᠯ ᠬᠤᠪᠢᠶᠠᠨ ᠵᠠᠰᠠᠬᠤ ᠶᠢ ᠬᠡᠷᠡᠭᠵᠢᠭᠦᠯᠵᠦ᠂ ᠠᠵᠤ ᠦᠢᠯᠡᠳᠪᠦᠷᠢ ᠶᠢᠨ ᠵᠤᠤᠬ᠎ᠠ ᠶᠢᠨ | ᠪᠣᠬᠢᠷᠲᠤᠯ ᠪᠣᠳᠠᠰ ᠢ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ ᠶᠢ ᠪᠥᠬᠦ ᠲᠠᠯ᠎ᠠ ᠪᠠᠷ ᠪᠡᠶᠡᠯᠡᠭᠦᠯᠬᠦ ᠶᠢ | ᠠᠬᠢᠭᠤᠯᠤᠨ᠎ᠠ᠃ ᠵᠠᠰᠠᠬᠤ ᠪᠠᠷ ᠳᠠᠮᠵᠢᠭᠠᠳ ᠮᠥᠨ ᠯᠡ ᠪᠠᠷᠢᠮᠵᠢᠶ᠎ᠠ ᠳᠤ ᠬᠦᠷᠭᠡᠵᠦ ᠭᠠᠳᠠᠭᠰᠢᠯᠠᠭᠤᠯᠬᠤ ᠶᠢᠨ ᠠᠷᠭ᠎ᠠ | ᠥᠬᠡᠶ ᠪᠠᠶᠢᠬᠤ ᠶᠢ ᠬᠠᠭᠠᠵᠤ ᠵᠣᠭᠰᠣᠭᠠᠬᠤ ᠪᠠ ᠬᠦᠴᠦᠨ ᠥᠬᠡᠶ ᠪᠣᠯᠭᠠᠵᠤ᠂ ᠢᠯᠴᠢ ᠬᠠᠩᠭᠠᠬᠤ ᠬᠠᠮᠢᠶᠠᠷᠤᠯᠲᠠ ᠶᠢᠨ | ᠪᠦᠷᠬᠦᠴᠡ ᠶᠢᠨ ᠬᠡᠪᠴᠢᠶᠡᠨ ᠳᠠᠬᠢ ᠨᠡᠭᠦᠷᠡᠰᠦ ᠲᠦᠯᠡᠵᠦ ᠬᠠᠯᠠᠭᠠᠬᠤ᠂ ᠬᠠᠳᠠᠭᠠᠬᠤ ᠵᠤᠤᠬ᠎ᠠ ᠶᠢ ᠲᠦᠷᠬᠡᠨ | ᠰᠢᠭᠰᠢᠭᠳᠡᠭᠦᠯᠬᠦ ᠶᠢ ᠠᠬᠢᠭᠤᠯᠵᠤ᠂ ᠨᠥᠬᠦᠴᠡᠯ ᠲᠠᠢ ᠠᠵᠤ ᠠᠬᠤᠶᠢᠯᠠᠯ ᠳᠤ ᠲᠦᠯᠡᠰᠢ ᠶᠢ ᠴᠡᠪᠡᠷᠰᠢᠭᠦᠯᠦᠨ | ᠣᠷᠣᠯᠠᠭᠤᠯᠬᠤ ᠶᠢ ᠠᠬᠢᠭᠤᠯᠤᠨ᠎ᠠ᠃ ᠠᠵᠤ ᠦᠢᠯᠡᠳᠪᠦᠷᠢ ᠳᠤ ᠵᠣᠬᠢᠶᠠᠨ ᠪᠠᠶᠢᠭᠤᠯᠤᠯᠲᠠ ᠥᠬᠡᠶ ᠪᠠᠷ | ᠭᠠᠳᠠᠭᠰᠢᠯᠠᠭᠤᠯᠬᠤ ᠶᠢ ᠵᠠᠰᠠᠬᠤ ᠶᠢ ᠴᠢᠩᠭᠠᠳᠬᠠᠵᠤ᠂ ᠡᠳ᠋ ᠮᠠᠲ᠋ᠧᠷᠢᠶᠠᠯ ᠬᠠᠳᠠᠭᠠᠯᠠᠬᠤ᠂ ᠰᠢᠯᠵᠢᠭᠦᠯᠬᠦ ᠪᠠ | ᠳᠠᠮᠵᠢᠭᠤᠯᠬᠤ᠂ ᠲᠥᠬᠦᠭᠡᠷᠦᠮᠵᠢ ᠬᠢᠭᠡᠳ ᠬᠤᠭᠤᠯᠠᠶ ᠤᠲᠠᠰᠤ ᠶᠢᠨ ᠲᠣᠨᠣᠭᠯᠠᠭᠠᠰᠤ ᠨᠢ ᠯᠡᠪᠡᠷᠡᠬᠦ᠂ ᠰᠢᠩᠭᠡᠨ ᠤ | ᠭᠠᠳᠠᠷᠭᠤ ᠨᠢ ᠰᠤᠯᠠ ᠵᠠᠳᠠᠭᠠᠶ ᠪᠠᠶᠢᠬᠤ ᠵᠡᠷᠭᠡ ᠲᠠᠯ᠎ᠠ ᠪᠠᠷ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠬᠡᠢ | ᠭᠠᠳᠠᠭᠰᠢᠯᠠᠭᠤᠯᠬᠤ ᠳᠤ ᠬᠤᠯᠪᠣᠭᠳᠠᠬᠤ ᠭᠤᠤᠯᠳᠠᠯᠭ᠎ᠠ ᠲᠠᠢ ᠠᠵᠤ ᠠᠬᠤᠶᠢᠯᠠᠯ ᠤᠳ ᠤᠲᠤᠭ᠎ᠠ ᠤᠨᠢᠶᠠᠷ ᠵᠡᠷᠭᠡᠯᠡᠳᠡᠭ | ᠵᠠᠮ ᠢ ᠠᠯᠬᠤᠮ ᠠᠯᠬᠤᠮ ᠢᠶᠠᠷ ᠦᠭᠡᠶᠢᠰᠬᠡᠵᠦ᠂ ᠠᠶᠤᠯ ᠦᠭᠡᠶ ᠦᠢᠯᠡᠳᠪᠦᠷᠢᠯᠡᠬᠦ ᠠᠴᠠ ᠪᠣᠯᠣᠭᠠᠳ | ᠦᠭᠡᠶᠢᠰᠬᠡᠬᠦ ᠶᠢᠨ ᠠᠷᠭ᠎ᠠ ᠦᠭᠡᠶ ᠪᠣᠯ ᠪᠣᠬᠢᠷᠲᠤᠯ ᠤᠨ ᠢᠷᠡᠯᠲᠡ ᠶᠢ ᠰᠦᠯᠵᠢᠶᠡᠨ ᠳᠡᠭᠡᠷ᠎ᠡ ᠬᠢᠨᠠᠨ ᠡᠵᠡᠮᠳᠡᠬᠦ | ᠰᠢᠰᠲ᠋ᠧᠮ ᠤᠭᠰᠠᠷᠠᠬᠤ ᠬᠡᠷᠡᠭᠲᠡᠶ᠃ | ᠭᠤᠷᠪᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠣᠬᠢᠷᠲᠤᠯ ᠤᠨ ᠵᠠᠰᠠᠯᠲᠠ ᠶᠢ ᠠᠬᠢᠭᠤᠯᠤᠨ᠎ᠠ | ᠲᠡᠷᠭᠡ ᠵᠠᠮ ᠢ ᠬᠠᠮᠲᠤᠷᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠮᠠᠰᠢᠨᠲᠤ ᠲᠡᠷᠭᠡᠨ ᠤ ᠤᠯᠤᠰ ᠤᠨ | ᠭᠠᠳᠠᠭᠰᠢᠯᠠᠭᠤᠯᠬᠤ ᠪᠠᠷᠢᠮᠵᠢᠶ᠎ᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠭᠠᠳᠠᠭᠰᠢᠯᠠᠭᠤᠯᠵᠤ ᠪᠠᠶᠢᠭ᠎ᠠ ᠬᠢᠷᠢ | ᠲᠡᠩᠴᠡᠬᠦ ᠦᠭᠡᠶ ᠮᠠᠰᠢᠨᠲᠤ ᠲᠡᠷᠭᠡ ᠶᠢ ᠪᠣᠷᠣᠯᠠᠭᠤᠯᠤᠨ ᠬᠤᠳᠠᠯᠳᠤᠬᠤ ᠪᠠ ᠮᠡᠳᠡᠭᠡ ᠵᠠᠩᠭᠢ ᠶᠢ ᠢᠯᠡ ᠪᠠᠶᠢᠯᠭᠠᠬᠤ | ᠱᠠᠭᠠᠷᠳᠠᠯᠭ᠎ᠠ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠮᠠᠰᠢᠨᠲᠤ ᠲᠡᠷᠭᠡᠨ ᠤ | ᠭᠠᠳᠠᠭᠰᠢᠯᠠᠭᠤᠯᠤᠯᠲᠠ ᠶᠢᠨ ᠰᠢᠯᠭᠠᠨ ᠪᠠᠶᠢᠴᠠᠭᠠᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠮᠠᠰᠢᠨᠲᠤ | ᠲᠡᠷᠭᠡᠨ ᠤ ᠭᠠᠳᠠᠭᠰᠢᠯᠠᠭᠤᠯᠤᠯᠲᠠ ᠶᠢᠨ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠎ᠠ᠃ ᠤᠯᠤᠰ ᠤᠨ ᠭᠤᠷᠪᠠᠳᠤᠭᠠᠷ ᠵᠢᠴᠢ ᠲᠡᠭᠦᠨ ᠠᠴᠠ ᠳᠣᠷᠣᠭᠰᠢᠬᠢ ᠭᠠᠳᠠᠭᠰᠢᠯᠠᠭᠤᠯᠬᠤ | ᠪᠠᠷᠢᠮᠵᠢᠶ᠎ᠠ ᠶᠢᠨ ᠡᠵᠡᠩᠨᠡᠯᠲᠡ ᠶᠢᠨ ᠬᠦᠨᠳᠦ ᠬᠡᠯᠪᠡᠷᠢ ᠶᠢᠨ ᠴᠢᠷᠭᠡᠦᠯ ᠲᠡᠷᠭᠡ᠂ ᠠᠶᠤᠯ ᠲᠠᠢ ᠬᠢᠮᠢ ᠶᠢᠨ ᠵᠦᠢᠯ ᠤᠨ | ᠲᠡᠭᠡᠭᠡᠪᠦᠷᠢ ᠶᠢᠨ ᠲᠡᠷᠭᠡ᠂ ᠪᠤᠰᠤᠳ ᠤᠯᠤᠰ ᠤᠨ ᠭᠤᠷᠪᠠᠳᠤᠭᠠᠷ ᠵᠢᠴᠢ ᠲᠡᠭᠦᠨ ᠠᠴᠠ ᠳᠣᠷᠣᠭᠰᠢᠬᠢ ᠲᠡᠭᠡᠭᠡᠪᠦᠷᠢ | ᠡᠵᠡᠩᠨᠡᠵᠦ ᠪᠠᠶᠢᠭ᠎ᠠ ᠴᠠᠶᠢᠶ᠋ᠢᠣ ᠲᠣᠰᠣᠨ ᠤ ᠲᠡᠷᠭᠡ ᠵᠢᠴᠢ ᠬᠤᠪᠣᠷ ᠴᠤᠬᠠᠭ ᠰᠢᠲᠠᠭᠠᠬᠤ ᠮᠡᠷᠭᠡᠵᠢᠯ ᠪᠣᠯᠤᠨ ︽ | ᠲᠣᠰᠣ ᠶᠢ ᠬᠡᠢ ᠪᠣᠯᠭᠠᠨ ᠥᠭᠡᠷᠡᠴᠢᠯᠡᠬᠦ︾ ᠬᠠᠭᠤᠴᠢᠨ ᠲᠡᠭᠡᠭᠡᠪᠦᠷᠢ ᠶᠢᠨ ᠲᠡᠷᠭᠡ ᠬᠥᠰᠬᠡ ᠶᠢ ᠰᠢᠭᠰᠢᠭᠳᠡᠭᠦᠯᠬᠦ ᠶᠢ | ᠶᠡᠬᠡᠪᠡᠷ ᠲᠦᠯᠬᠢᠨ ᠠᠬᠢᠭᠤᠯᠤᠨ᠎ᠠ᠃ ᠴᠠᠶᠢᠶ᠋ᠢᠦ ᠲᠣᠰᠣᠨ ᠤ ᠬᠦᠨᠳᠦ ᠬᠡᠯᠪᠡᠷᠢ ᠶᠢᠨ ᠲᠡᠷᠭᠡ ᠶᠢ ᠰᠦᠯᠵᠢᠶᠡᠨ ᠳᠡᠭᠡᠷ᠎ᠡ | ᠬᠢᠨᠠᠨ ᠡᠵᠡᠮᠳᠡᠵᠦ ᠤᠭᠰᠠᠷᠠᠬᠤ ᠠᠵᠢᠯ ᠢ ᠠᠬᠢᠭᠤᠯᠤᠨ᠎ᠠ᠃ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠡᠬᠡᠲᠡᠶ ᠲᠡᠷᠭᠡ | ᠬᠥᠰᠬᠡ ᠳᠤ ᠬᠢᠨᠠᠯᠲᠠ ᠲᠠᠯᠪᠢᠵᠤ ᠰᠣᠭᠤᠴᠢᠨ ᠬᠡᠮᠵᠢᠬᠦ ᠳᠠᠪᠲᠠᠮᠵᠢ ᠤᠳᠠᠭ᠎ᠠ ᠶᠢ ᠨᠡᠮᠡᠭᠳᠡᠭᠦᠯᠦᠨ᠂ ᠡᠷᠦᠬᠡ ᠳᠤ | ᠬᠦᠷᠴᠦ ᠬᠢᠨᠠᠯᠲᠠ ᠲᠠᠯᠪᠢᠵᠤ ᠰᠣᠭᠤᠴᠢᠨ ᠬᠡᠮᠵᠢᠬᠦ ᠶᠢ ᠴᠢᠩᠭᠠᠷᠠᠭᠤᠯᠵᠤ᠂ ᠵᠢᠯ ᠪᠦᠷᠢ ᠶᠢᠨ ᠨᠠᠮᠤᠷ ᠡᠪᠦᠯ ᠤᠨ | ᠤᠯᠠᠷᠢᠯ ᠤᠨ ᠬᠤᠭᠤᠴᠠᠭᠠᠨ ᠳᠤ ᠰᠣᠭᠤᠴᠢᠨ ᠬᠡᠮᠵᠢᠵᠦ ᠰᠣᠭᠤᠴᠢᠨ ᠬᠡᠮᠵᠢᠬᠦ ᠴᠠᠶᠢᠶ᠋ᠢᠣ ᠲᠣᠰᠣᠨ ᠤ ᠲᠡᠷᠭᠡ ᠶᠢᠨ | ᠲᠤᠭ᠎ᠠ ᠬᠡᠮᠵᠢᠶ᠎ᠡ ᠶᠢ ᠴᠠᠶᠢᠶ᠋ᠢᠤ ᠲᠣᠰᠣᠨ ᠤ ᠲᠡᠷᠭᠡ ᠶᠢᠨ ᠪᠠᠶᠢᠬᠤ ᠬᠡᠮᠵᠢᠶ᠎ᠡ ᠶᠢᠨ 50 % ᠠᠴᠠ ᠳᠣᠣᠷ᠎ᠠ ᠪᠠᠶᠢᠯᠭᠠᠵᠤ | ᠪᠣᠯᠬᠤ ᠦᠭᠡᠶ᠃ ᠮᠠᠰᠢᠨᠲᠤ ᠲᠡᠷᠭᠡ ᠶᠢᠨ ᠠᠯᠤᠰ ᠰᠡᠷᠡᠯ ᠤᠨ ᠬᠢᠨᠠᠨ ᠰᠢᠨᠵᠢᠬᠦ ᠴᠢᠳᠠᠪᠤᠷᠢ ᠶᠢᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠮᠠᠰᠢᠨᠲᠤ ᠲᠡᠷᠭᠡ ᠶᠢᠨ ᠭᠠᠳᠠᠭᠰᠢᠯᠠᠭᠤᠯᠤᠯᠲᠠ ᠶᠢ ᠪᠠᠶᠢᠴᠠᠭᠠᠨ ᠰᠢᠨᠵᠢᠬᠦ ᠪᠠ | ᠠᠯᠪᠠᠳᠠᠯᠭ᠎ᠠ ᠪᠠᠷ ᠬᠠᠮᠠᠭᠠᠯᠠᠬᠤ ᠳᠦᠷᠢᠮ ︵I / M ᠳᠦᠷᠢᠮ︶ ᠢ ᠲᠡᠭᠦᠯᠳᠡᠷᠵᠢᠭᠦᠯᠦᠨ᠎ᠡ᠃ ᠲᠣᠰᠣ ᠬᠡᠶ ᠶᠢ | ᠡᠭᠡᠭᠦᠯᠦᠨ ᠬᠤᠷᠢᠶᠠᠵᠤ ᠵᠠᠰᠠᠬᠤ ᠡᠷᠴᠢᠮ ᠢᠶᠠᠨ ᠴᠢᠩᠭᠠᠷᠠᠭᠤᠯᠵᠤ᠂ 2025 ᠣᠨ ᠤ ᠵᠢᠯ ᠤᠨ ᠰᠡᠭᠦᠯᠴᠢ ᠠᠴᠠ | ᠡᠮᠦᠨ᠎ᠡ᠂ ᠵᠢᠯ ᠳᠤ 5000 ᠲᠣᠨ ᠠᠴᠠ ᠢᠯᠡᠭᠦᠦ ᠲᠣᠰᠣ ᠪᠣᠷᠣᠯᠠᠭᠤᠯᠵᠤ ᠪᠠᠶᠢᠭ᠎ᠠ ᠲᠣᠰᠣ ᠨᠡᠮᠡᠬᠦ ᠥᠷᠲᠡᠭᠡ᠂ | ᠲᠣᠰᠣ ᠬᠠᠳᠠᠭᠠᠯᠠᠬᠤ ᠬᠥᠮᠥᠷᠭᠡ ᠳᠤ ᠲᠣᠰᠣ ᠬᠡᠶ ᠶᠢ ᠡᠭᠡᠭᠦᠯᠦᠨ ᠬᠤᠷᠢᠶᠠᠬᠤ ᠠᠦ᠋ᠲ᠋ᠣ᠋ ᠬᠢᠨᠠᠨ ᠡᠵᠡᠮᠳᠡᠬᠦ | ᠲᠥᠬᠦᠭᠡᠷᠦᠮᠵᠢ ᠶᠢ ᠪᠥᠬᠦ ᠲᠠᠯ᠎ᠠ ᠪᠠᠷ ᠤᠭᠰᠠᠷᠠᠬᠤ ᠶᠢᠨ ᠬᠠᠮᠲᠤ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ | ᠮᠥᠴᠢᠷ ᠯᠦᠭᠡ ᠰᠦᠯᠵᠢᠶ᠎ᠡ ᠬᠤᠯᠪᠣᠵᠤ᠂ ᠬᠠᠷ᠎ᠠ ᠲᠣᠰᠣ ᠨᠡᠮᠡᠬᠦ ᠥᠷᠲᠡᠭᠡ ᠳᠤ ᠴᠢᠩᠭ᠎ᠠ ᠴᠣᠬᠢᠯᠲᠠ ᠥᠭᠭᠦᠨ᠎ᠡ᠃ ᠵᠠᠮ | ᠬᠠᠷᠢᠯᠴᠠᠭᠠᠨ ᠤ ᠪᠤᠰᠤ ᠰᠢᠯᠵᠢᠮᠡᠯ ᠮᠧᠬᠠᠨᠢᠭ ᠤᠨ ᠬᠡᠶ ᠭᠠᠳᠠᠭᠰᠢᠯᠠᠭᠤᠯᠬᠤ ᠶᠢ ᠬᠢᠨᠠᠨ ᠬᠡᠮᠵᠢᠵᠦ ᠬᠠᠤᠯᠢ ᠬᠡᠷᠡᠭᠵᠢᠭᠦᠯᠬᠦ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠷᠠᠭᠤᠯᠵᠤ᠂ ᠪᠠᠷᠢᠯᠭ᠎ᠠ ᠶᠢᠨ ᠭᠠᠵᠠᠷ᠂ ᠨᠢᠰᠬᠡᠯ ᠤᠨ ᠪᠠᠭᠤᠳᠠᠯ᠂ ᠪᠠᠷᠠᠭᠠᠨ ᠤ | ᠬᠦᠢᠯᠬᠡᠬᠡᠨ ᠤ ᠬᠦᠷᠢᠶᠡᠯᠡᠩ ᠲᠣᠭᠤᠷᠢᠭ᠂ ᠭᠠᠳᠠᠭᠰᠢᠯᠠᠭᠤᠯᠤᠯᠲᠠ ᠶᠡᠬᠡᠲᠡᠶ ᠡᠵᠡᠮᠳᠡᠬᠦ ᠲᠣᠭᠤᠷᠢᠭ ᠵᠡᠷᠭᠡ ᠪᠠᠷ | ᠭᠤᠤᠯᠳᠠᠯᠭ᠎ᠠ ᠪᠣᠯᠭᠠᠨ᠂ ᠵᠠᠮ ᠬᠠᠷᠢᠯᠴᠠᠭᠠᠨ ᠤ ᠪᠤᠰᠤ ᠰᠢᠯᠵᠢᠮᠡᠯ ᠮᠧᠬᠠᠨᠢᠭ ᠤᠨ ᠺᠣᠳ᠋ ᠢ ᠳᠡᠩᠰᠡᠯᠡᠨ ᠪᠠᠶᠢᠴᠠᠭᠠᠬᠤ ᠪᠠ | ᠪᠠᠶᠢᠴᠠᠭᠠᠨ ᠰᠢᠨᠵᠢᠬᠦ ᠶᠢ ᠥᠷᠨᠢᠭᠦᠯᠦᠨ᠎ᠡ᠃ | ᠳᠥᠷᠪᠡ᠂ ᠲᠣᠭᠤᠰᠣ ᠳᠡᠭᠳᠡᠬᠦ ᠣᠯᠠᠨ ᠡᠬᠢᠲᠦ ᠪᠣᠬᠢᠷᠲᠤᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ | ᠠᠬᠢᠭᠤᠯᠤᠨ᠎ᠠ | ᠬᠤᠲᠠ ᠶᠢᠨ ᠢᠯᠡ ᠭᠠᠵᠠᠷ᠂ ᠣᠪᠣᠭᠠᠯᠠᠬᠤ ᠲᠠᠯᠠᠪᠠᠶ᠂ ᠮᠠᠲ᠋ᠧᠷᠢᠶᠠᠯ ᠤᠨ ᠲᠠᠯᠠᠪᠠᠶ ᠶᠢ ᠵᠢᠷᠤᠮᠵᠢᠭᠤᠯᠤᠨ | ᠴᠡᠭᠴᠡᠯᠡᠨ ᠵᠠᠰᠠᠬᠤ ᠶᠢ ᠴᠢᠩᠭᠠᠳᠬᠠᠵᠤ᠂ ᠳᠡᠭᠳᠡᠮᠡᠯ ᠲᠣᠭᠤᠰᠣᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠷᠭ᠎ᠠ | ᠬᠡᠮᠵᠢᠶ᠎ᠡ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃ ᠲᠣᠭᠤᠰᠣ ᠳᠡᠭᠳᠡᠬᠦ ᠶᠢ ᠨᠠᠷᠢᠯᠢᠭᠵᠢᠭᠤᠯᠤᠨ ᠬᠠᠮᠢᠶᠠᠷᠤᠨ | ᠡᠵᠡᠮᠳᠡᠬᠦ ᠶᠢ ᠠᠬᠢᠭᠤᠯᠵᠤ᠂ ᠪᠠᠷᠢᠯᠭ᠎ᠠ ᠶᠢᠨ ᠭᠠᠵᠠᠷ ᠤᠨ ᠬᠥᠳᠡᠯᠦᠩᠭᠦᠶ ᠬᠠᠮᠢᠶᠠᠷᠤᠯᠲᠠ ᠶᠢᠨ ᠨᠠᠷᠢᠨ ᠬᠠᠭᠤᠳᠠᠰᠤ ᠶᠢ | ᠪᠠᠶᠢᠭᠤᠯᠤᠨ᠂ ᠪᠠᠷᠢᠯᠭ᠎ᠠ ᠶᠢᠨ ᠭᠠᠵᠠᠷ ᠤᠨ ︽ᠵᠢᠷᠭᠤᠭᠠᠨ ᠵᠠᠭᠤᠨ ᠤ ᠵᠠᠭᠤ︾ ︵ᠪᠠᠷᠢᠯᠭ᠎ᠠ ᠶᠢᠨ ᠭᠠᠵᠠᠷ ᠤᠨ | ᠪᠢᠲᠡᠭᠦᠮᠵᠢᠯᠡᠨ ᠬᠠᠮᠢᠶᠠᠷᠬᠤ ᠨᠢ 100 %᠂ ᠪᠠᠷᠢᠯᠭ᠎ᠠ ᠶᠢᠨ ᠭᠠᠵᠠᠷ ᠤᠨ ᠰᠢᠭᠠᠷᠤ ᠰᠢᠷᠣᠶ ᠶᠢᠨ ᠮᠠᠲ᠋ᠧᠷᠢᠶᠠᠯ ᠢ 100 | % ᠪᠠᠷ ᠪᠦᠷᠬᠦᠬᠦ᠂ ᠪᠠᠷᠢᠯᠭ᠎ᠠ ᠶᠢᠨ ᠭᠠᠵᠠᠷ ᠤᠨ ᠭᠠᠳᠠᠷᠭᠤ ᠶᠢ 100 % ᠪᠠᠷ ᠬᠠᠲᠠᠭᠤᠷᠠᠭᠤᠯᠬᠤ᠂ ᠣᠷᠣᠵᠤ | ᠭᠠᠷᠬᠤ ᠲᠡᠷᠭᠡ ᠬᠥᠰᠬᠡ ᠶᠢ 100 % ᠪᠠᠷ ᠤᠬᠢᠶᠠᠬᠤ᠂ ᠪᠠᠷᠢᠯᠭ᠎ᠠ ᠶᠢᠨ ᠭᠠᠵᠠᠷ ᠤᠨ ᠤᠰᠤ ᠰᠦᠷᠴᠢᠨ | ᠴᠡᠪᠡᠷᠯᠡᠬᠦ ᠨᠢ 100 % ᠪᠠ ᠡᠳ᠋ ᠪᠣᠳᠠᠰ ᠢ ᠪᠢᠲᠡᠭᠦᠮᠵᠢᠯᠡᠨ ᠲᠡᠭᠡᠭᠡᠪᠦᠷᠢᠯᠡᠬᠦ ᠨᠢ 100 %︶ ᠶᠢ ᠴᠢᠩᠭ᠎ᠠ | ᠨᠠᠶᠢᠳᠠᠪᠤᠷᠢᠵᠢᠭᠤᠯᠤᠨ᠎ᠠ᠃ ᠨᠡᠭᠦᠷᠡᠰᠦ ᠵᠢᠴᠢ ᠲᠠᠸᠠᠷ ᠤᠨ ᠪᠧᠲ᠋ᠤᠨ᠂ ᠨᠤᠨᠲᠠᠭ ᠨᠡᠭᠦᠷᠡᠰᠦᠨ ᠤ ᠦᠨᠡᠰᠦ ᠵᠡᠷᠭᠡ | ᠨᠤᠨᠲᠠᠭ ᠮᠠᠲ᠋ᠧᠷᠢᠶᠠᠯ ᠢ ᠠᠶᠤᠯ ᠥᠬᠡᠶ ᠤᠷᠢᠲᠠᠯ ᠳᠤᠤᠷ᠎ᠠ ᠪᠢᠲᠡᠭᠦᠮᠵᠢᠯᠡᠬᠦ ᠠᠷᠭ᠎ᠠ ᠮᠠᠶ᠋ᠢᠭ ᠢᠶᠠᠷ ᠣᠪᠣᠭᠠᠯᠠᠨ | ᠬᠠᠳᠠᠭᠠᠯᠠᠬᠤ ᠬᠡᠷᠡᠭᠲᠡᠶ︔ ᠨᠢᠭᠲᠠ ᠪᠢᠲᠡᠭᠦᠮᠵᠢᠯᠡᠭᠰᠡᠨ ᠳᠠᠮᠵᠢᠭᠤᠯᠬᠤ ᠲᠥᠬᠦᠭᠡᠷᠦᠮᠵᠢ ᠶᠢ ᠬᠡᠷᠡᠭᠯᠡᠨ ᠠᠵᠢᠯᠯᠠᠵᠤ | ᠪᠠᠶᠢᠪᠠᠯ᠂ ᠠᠴᠢᠶᠠᠯᠠᠵᠤ ᠪᠠᠭᠤᠯᠭᠠᠬᠤ ᠭᠠᠵᠠᠷ ᠲᠤ ᠲᠣᠭᠤᠰᠣ ᠳᠡᠭᠳᠡᠬᠦ ᠶᠢ ᠬᠤᠷᠢᠭᠯᠠᠬᠤ ᠲᠥᠬᠦᠭᠡᠷᠦᠮᠵᠢ | ᠲᠤᠬᠢᠷᠠᠭᠤᠯᠬᠤ ᠬᠡᠷᠡᠭᠲᠡᠢ᠃ ᠵᠠᠮ ᠤᠨ ᠳᠡᠭᠳᠡᠮᠡᠯ ᠲᠣᠭᠤᠰᠣᠨ ᠤ ᠪᠣᠬᠢᠷᠲᠤᠯ ᠢ ᠬᠢᠵᠠᠭᠠᠷᠯᠠᠬᠤ ᠶᠢ ᠴᠢᠩᠭᠠᠳᠬᠠᠨ᠂ | ᠮᠠᠰᠢᠨᠴᠢᠯᠠᠯᠲᠠ ᠪᠠᠷ ᠱᠦᠭᠦᠷᠳᠡᠬᠦ ᠬᠡᠪᠴᠢᠶ᠎ᠡ ᠶᠢ ᠥᠷᠭᠡᠳᠬᠡᠵᠦ᠂ ᠮᠠᠰᠢᠨᠴᠢᠯᠠᠯᠲᠠ ᠪᠠᠷ ᠱᠦᠭᠦᠷᠳᠡᠬᠦ | ᠲᠥᠬᠦᠭᠡᠷᠦᠮᠵᠢ ᠶᠢ ᠨᠡᠮᠡᠭᠳᠡᠭᠦᠯᠦᠨ᠂ ᠮᠠᠰᠢᠨᠴᠢᠯᠠᠯᠲᠠ ᠪᠠᠷ ᠱᠦᠭᠦᠷᠳᠡᠬᠦ ᠡᠷᠴᠢᠮ ᠢ ᠨᠡᠮᠡᠭᠳᠡᠭᠦᠯᠵᠦ᠂ ᠱᠦᠭᠦᠷᠳᠡᠬᠦ | ᠳᠠᠪᠲᠠᠮᠵᠢ ᠤᠳᠠᠭ᠎ᠠ ᠶᠢ ᠳᠡᠭᠡᠭᠰᠢᠯᠡᠭᠦᠯᠬᠦ ᠬᠡᠷᠡᠭᠲᠡᠢ︔ 2025 ᠣᠨ ᠤ ᠡᠴᠦᠰ ᠪᠣᠯᠬᠤ ᠳᠤ᠂ ᠠᠶᠢᠮᠠᠭ ᠤᠨ | ᠵᠠᠰᠠᠭ ᠤᠨ ᠣᠷᠳᠣᠨ ᠤ ᠪᠠᠶᠢᠭ᠎ᠠ ᠭᠠᠵᠠᠷ ᠪᠠᠶᠠᠨᠬᠤᠲᠠ ᠪᠠᠯᠭᠠᠰᠤ ᠶᠢᠨ ᠪᠠᠶᠢᠭᠤᠯᠤᠭᠰᠠᠨ ᠲᠣᠭᠤᠷᠢᠭ ᠤᠨ ᠵᠠᠮ ᠢ | ᠮᠠᠰᠢᠨᠴᠢᠯᠠᠨ ᠴᠡᠪᠡᠷᠯᠡᠬᠦ ᠨᠣᠷᠮ᠎ᠠ ᠶᠢ 75 % ᠠᠴᠠ ᠳᠡᠭᠡᠭᠰᠢ ᠳᠤ ᠬᠦᠷᠦᠭᠦᠯᠵᠦ᠂ ᠪᠠᠳᠠᠶ ᠶᠢᠨ ᠵᠢᠷᠠᠨ ᠪᠠᠯᠭᠠᠰᠤ᠂ | ᠳᠠᠯᠠᠶᠢᠬᠦ᠋ᠪ ᠪᠠᠯᠭᠠᠰᠤ ᠶᠢᠨ ᠪᠠᠶᠢᠭᠤᠯᠤᠭᠰᠠᠨ ᠲᠣᠭᠤᠷᠢᠭ ᠤᠨ ᠵᠠᠮ ᠢ ᠮᠠᠰᠢᠨᠴᠢᠯᠠᠨ ᠴᠡᠪᠡᠷᠯᠡᠬᠦ ᠨᠣᠷᠮ᠎ᠠ ᠶᠢ 65 | % ᠠᠴᠠ ᠳᠡᠭᠡᠭᠰᠢ ᠳᠤ ᠬᠦᠷᠦᠭᠦᠯᠦᠨ᠎ᠡ᠃ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠵᠠᠳᠠᠭᠠᠶ ᠠᠭᠤᠷᠬᠠᠶ ᠶᠢᠨ ᠶᠡᠷᠦᠩᠬᠡᠶᠢᠯᠡᠨ ᠴᠡᠭᠴᠡᠯᠡᠨ ᠵᠠᠰᠠᠬᠤ ᠡᠷᠴᠢᠮ ᠢ | ᠴᠢᠩᠭᠠᠷᠠᠭᠤᠯᠤᠨ᠂ ᠠᠭᠤᠷᠬᠠᠶ ᠶᠢᠨ ᠭᠠᠷᠤᠯᠲᠠ ᠶᠢ ᠨᠡᠭᠡᠭᠡᠨ ᠮᠠᠯᠲᠠᠬᠤ᠂ ᠬᠠᠳᠠᠭᠠᠯᠠᠬᠤ᠂ ᠠᠴᠢᠶᠠᠯᠠᠵᠤ ᠪᠠᠭᠤᠯᠭᠠᠬᠤ᠂ | ᠲᠡᠭᠡᠭᠡᠪᠦᠷᠢᠯᠡᠬᠦ ᠶᠠᠪᠤᠴᠠ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠪᠠ ᠲᠣᠭᠤᠰᠣ ᠶᠢ ᠪᠠᠭᠠᠰᠬᠠᠨ ᠲᠣᠭᠤᠰᠣ ᠶᠢ | ᠳᠠᠷᠤᠬᠤ ᠶᠢ ᠴᠢᠩᠭᠠᠷᠠᠭᠤᠯᠤᠨ᠎ᠠ᠃ ᠡᠰᠢ ᠰᠦᠷᠡᠯ ᠢ ᠰᠢᠲᠠᠭᠠᠬᠤ ᠶᠢ ᠡᠬᠢ ᠡᠭᠦᠰᠦᠯ ᠠᠴᠠ ᠨᠢ ᠬᠢᠵᠠᠭᠠᠷᠯᠠᠵᠦ 2025 | ᠣᠨ ᠤ ᠡᠴᠦᠰ ᠪᠣᠯᠲᠠᠯ᠎ᠠ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 90 % ᠳᠤ ᠪᠠᠶᠢᠯᠭᠠᠨ᠎ᠠ᠃ | ᠭᠤᠷᠪᠠᠳᠤᠭᠠᠷ ᠬᠡᠰᠡᠭ ᠤᠯᠠᠨ ᠪᠣᠬᠢᠷᠲᠤᠯ ᠪᠣᠳᠠᠰ ᠢ ᠬᠠᠮᠵᠢᠯᠴᠠᠨ ᠬᠢᠵᠠᠭᠠᠷᠯᠠᠬᠤ ᠠᠵᠢᠯ ᠢ ᠥᠷᠨᠢᠭᠦᠯᠦᠨ᠎ᠡ | ᠨᠢᠭᠡ᠂ PM 2 . 5 ᠪᠣᠯᠤᠨ O 3 ᠶᠢ ᠬᠠᠮᠵᠢᠯᠴᠠᠨ ᠡᠵᠡᠮᠳᠡᠬᠦ ᠶᠢ ᠶᠡᠬᠡᠪᠡᠷ ᠬᠡᠷᠡᠭᠵᠢᠭᠦᠯᠦᠨ᠎ᠡ | ᠳᠡᠭᠡᠳᠦ ᠰᠢᠨ᠎ᠡ ᠮᠡᠷᠭᠡᠵᠢᠯ ᠤᠨ ᠣᠷᠣᠨ ᠢᠶᠠᠷ ᠭᠤᠣᠯᠳᠠᠯᠭ᠎ᠠ ᠪᠣᠯᠭᠠᠵᠤ᠂ ᠬᠢᠮᠢ ᠶᠢᠨ ᠠᠵᠤ ᠦᠢᠯᠡᠳᠪᠦᠷᠢ᠂ | ᠣᠷᠭᠠᠨᠢᠭ ᠬᠢᠮᠢ ᠶᠢᠨ ᠲᠦᠭᠦᠬᠡᠶ ᠮᠠᠲ᠋ᠧᠷᠢᠶᠠᠯ ᠦᠢᠯᠡᠳᠬᠦ᠂ ᠠᠵᠤ ᠦᠢᠯᠡᠳᠪᠦᠷᠢ ᠶᠢᠨ ᠲᠦᠷᠬᠢᠨ ᠲᠣᠨᠣᠭᠯᠠᠬᠤ ᠵᠡᠷᠭᠡ | ᠭᠤᠣᠯᠳᠠᠯᠭ᠎ᠠ ᠲᠠᠢ ᠠᠵᠢᠯ ᠲᠥᠷᠥᠯ ᠵᠢᠴᠢ ᠲᠣᠰᠣ ᠨᠡᠮᠡᠬᠦ ᠥᠷᠲᠡᠭᠡ ᠵᠡᠷᠭᠡ ᠭᠤᠣᠯᠳᠠᠯᠭ᠎ᠠ ᠲᠠᠢ ᠲᠠᠯᠠᠪᠤᠷ ᠭᠠᠵᠠᠷ ᠲᠤ | ᠴᠢᠭᠯᠡᠭᠦᠯᠦᠨ᠂ VOCs ᠤᠨ ᠭᠤᠣᠯᠳᠠᠯᠭ᠎ᠠ ᠲᠠᠢ ᠠᠵᠢᠯ ᠲᠥᠷᠥᠯ ᠢ ᠡᠵᠡᠮᠳᠡᠬᠦ ᠪᠠ ᠪᠣᠬᠢᠷᠲᠤᠯ ᠭᠠᠳᠠᠭᠰᠢᠯᠠᠭᠤᠯᠬᠤ | ᠠᠵᠤ ᠠᠬᠤᠶᠢᠯᠠᠯ ᠢ ᠣᠨᠣᠪᠴᠢᠲᠠᠶ ᠲᠣᠭᠲᠠᠭᠠᠵᠤ᠂ VOCs᠂ NOx ᠬᠠᠮᠵᠢᠯᠴᠠᠨ ᠪᠣᠬᠢᠷᠲᠤᠯ | ᠭᠠᠳᠠᠭᠰᠢᠯᠠᠭᠤᠯᠬᠤ ᠶᠢ ᠪᠠᠭᠠᠰᠬᠠᠬᠤ ᠶᠢ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠦᠨ᠎ᠡ᠃ 03 ᠢᠷᠡᠯᠳᠡ ᠶᠢᠨ | ᠵᠠᠳᠠᠯᠤᠯᠲᠠ ᠶᠢ ᠥᠷᠨᠢᠭᠦᠯᠵᠦ᠂ ᠤᠯᠠᠷᠢᠯ ᠤᠨ ᠴᠢᠨᠠᠷᠲᠠᠢ ᠪᠣᠬᠢᠷᠲᠤᠯ ᠢ ᠬᠢᠵᠠᠭᠠᠷᠯᠠᠵᠤ᠂ O 3 ᠶᠢᠨ ᠥᠳᠬᠡᠴᠡ | ᠶᠢ ᠪᠦᠲᠦᠮᠵᠢᠲᠡᠢ ᠪᠠᠭᠤᠷᠠᠭᠤᠯᠤᠨ᠎ᠠ᠃ PM 2 . 5 ᠪᠠ O 3 ᠶᠢᠨ ᠪᠣᠬᠢᠷᠲᠤᠯ ᠤᠨ ᠣᠷᠣᠨ ᠪᠦᠰᠡ ᠶᠢᠨ | ᠳᠠᠮᠵᠢᠭᠤᠯᠬᠤ ᠵᠢᠮ᠎ᠡ ᠶᠣᠰᠣ ᠪᠠ ᠤᠯᠠᠷᠢᠯ ᠤᠨ ᠴᠢᠨᠠᠷᠲᠠᠶ ᠣᠨᠴᠠᠯᠢᠭ ᠰᠢᠨᠵᠢ ᠶᠢ ᠨᠢᠭᠡᠳᠦᠯᠲᠡᠶ ᠲᠥᠯᠥᠪᠯᠡᠨ | ᠪᠣᠳᠣᠯᠬᠢᠯᠠᠵᠤ᠂ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠴᠠᠭ ᠬᠤᠭᠤᠴᠠᠭ᠎ᠠ᠂ ᠭᠤᠤᠯᠳᠠᠯᠭ᠎ᠠ | ᠲᠠᠢ ᠬᠦᠷᠢᠶ᠎ᠡ᠂ ᠭᠤᠤᠯᠳᠠᠯᠭ᠎ᠠ ᠲᠠᠢ ᠠᠵᠢᠯ ᠲᠥᠷᠥᠯ ᠤᠨ ᠵᠠᠰᠠᠯᠲᠠ ᠶᠢ ᠴᠢᠩᠭᠠᠳᠬᠠᠨ᠂ ᠣᠷᠣᠨ ᠬᠤᠪᠢᠶᠠᠬᠤ ᠴᠠᠭ | ᠬᠤᠪᠢᠶᠠᠬᠤ ᠲᠥᠷᠥᠯ ᠬᠤᠪᠢᠶᠠᠬᠤ ᠵᠦᠷᠢᠶᠡᠴᠢᠯᠡᠭᠰᠡᠨ᠂ ᠨᠠᠷᠢᠯᠢᠬᠵᠢᠭᠤᠯᠤᠨ ᠬᠠᠮᠵᠢᠯᠴᠠᠭᠤᠯᠤᠨ ᠬᠠᠮᠢᠶᠠᠷᠤᠨ | ᠡᠵᠡᠮᠳᠡᠬᠦ ᠶᠢ ᠴᠢᠩᠭᠠᠷᠠᠭᠤᠯᠵᠤ᠂ O 3 ᠶᠢᠨ ᠥᠳᠬᠡᠴᠡ ᠶᠢᠨ ᠨᠡᠮᠡᠭᠳᠡᠬᠦ ᠬᠠᠨᠳᠤᠰᠢ ᠶᠢ ᠪᠦᠲᠦᠮᠵᠢᠲᠡᠶ | ᠬᠤᠷᠢᠭᠯᠠᠨ᠎ᠠ᠃ | ᠬᠤᠶᠠᠷ᠂ ᠳᠡᠭᠳᠡᠮᠡᠬᠡᠶ ᠴᠢᠨᠠᠷ ᠲᠠᠢ ᠣᠷᠭᠠᠨᠢᠭ ᠪᠣᠳᠠᠰ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ | ᠠᠬᠢᠭᠤᠯᠤᠨ᠎ᠠ | ᠰᠢᠨ᠎ᠡ ᠪᠠᠷ ᠨᠡᠮᠡᠭᠳᠡᠬᠦ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠴᠢᠩᠭ᠎ᠠ ᠬᠢᠵᠠᠭᠠᠷᠯᠠᠨ᠎ᠠ᠃ | ᠰᠢᠨ᠎ᠡ ᠪᠠᠷ ᠪᠠᠶᠢᠭᠤᠯᠤᠭᠰᠠᠨ VOCs ᠭᠠᠳᠠᠭᠰᠢᠯᠠᠭᠤᠯᠬᠤ ᠳᠤ ᠬᠤᠯᠪᠣᠭᠳᠠᠬᠤ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠳ ᠬᠦᠷᠢᠶᠡᠯᠡᠩ ᠲᠣᠭᠤᠷᠢᠭ ᠲᠤ ᠣᠷᠣᠬᠤ ᠬᠡᠷᠡᠭᠲᠡᠶ᠃ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ︵ | VOCs︶ ᠢ ᠶᠡᠷᠦᠩᠬᠡᠶᠢᠯᠡᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠵᠤ᠂ VOCs ᠢ ᠭᠠᠳᠠᠭᠰᠢᠯᠠᠭᠤᠯᠬᠤ | ᠶᠡᠷᠦᠩᠬᠡᠶ ᠬᠡᠮᠵᠢᠶ᠎ᠡ ᠶᠢ ᠡᠵᠡᠮᠳᠡᠬᠦ ᠶᠢ ᠬᠡᠷᠡᠭᠵᠢᠭᠦᠯᠦᠨ᠂ ᠡᠬᠢ ᠡᠭᠦᠰᠦᠯ᠂ ᠶᠠᠪᠤᠴᠠ᠂ ᠲᠡᠭᠦᠰᠬᠡᠯ ᠤᠨ ᠪᠦᠬᠦ | ᠶᠠᠪᠤᠴᠠ ᠶᠢᠨ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠵᠤ᠂ ᠬᠠᠶᠠᠭᠳᠠᠮᠠᠯ ᠬᠡᠢ ᠶᠢ ᠴᠤᠭᠯᠠᠭᠤᠯᠬᠤ ᠨᠣᠷᠮ᠎ᠠ᠂ ᠵᠠᠰᠠᠬᠤ | ᠪᠡᠯᠡᠳᠬᠡᠮᠵᠢ ᠶᠢᠨ ᠵᠡᠷᠭᠡ ᠳᠤᠨᠢ ᠠᠵᠢᠯᠯᠠᠭᠤᠯᠬᠤ ᠨᠣᠷᠮ᠎ᠠ ᠪᠠ ᠠᠷᠢᠯᠭᠠᠬᠤ ᠨᠣᠷᠮ᠎ᠠ ᠶᠢ ᠳᠡᠭᠡᠭᠰᠢᠯᠡᠭᠦᠯᠦᠨ᠂ ᠳᠡᠭᠳᠡᠮᠡᠬᠡᠶ | ᠴᠢᠨᠠᠷᠲᠠᠶ ᠣᠷᠭᠠᠨᠢᠭ ᠪᠣᠳᠠᠰ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠮᠢᠶᠠᠷᠤᠯᠲᠠ ᠶᠢᠨ ᠰᠢᠰᠲ᠋ᠧᠮᠵᠢ ᠶᠢ | ᠪᠠᠶᠢᠭᠤᠯᠤᠨ ᠪᠦᠷᠢᠨᠰᠢᠭᠦᠯᠦᠨ᠎ᠡ᠃ ᠭᠤᠣᠯᠳᠠᠯᠭ᠎ᠠ ᠲᠠᠢ ᠠᠵᠢᠯ ᠲᠦᠷᠦᠯ ᠤᠨ VOCs ᠢ ᠵᠠᠰᠠᠬᠤ ᠡᠷᠴᠢᠮ ᠢ | ᠴᠢᠩᠭᠠᠷᠠᠭᠤᠯᠵᠤ᠂ ᠭᠤᠣᠯᠳᠠᠯᠭ᠎ᠠ ᠲᠠᠢ ᠠᠵᠤ ᠠᠬᠤᠶᠢᠯᠠᠯ ᠲᠦᠭᠦᠬᠡᠢ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠢ | ᠣᠷᠣᠯᠠᠭᠤᠯᠬᠤ᠂ ᠤᠷ᠎ᠠ ᠮᠡᠷᠭᠡᠵᠢᠯ ᠢ ᠰᠠᠶᠢᠵᠢᠷᠠᠭᠤᠯᠬᠤ᠂ ᠭᠠᠳᠠᠭᠰᠢᠯᠠᠭᠤᠯᠤᠯᠲᠠ ᠶᠢ ᠬᠠᠮᠢᠶᠠᠷᠤᠨ ᠡᠵᠡᠮᠳᠡᠬᠦ᠂ | ᠬᠠᠶᠠᠭᠳᠠᠮᠠᠯ ᠬᠡᠢ ᠴᠤᠭᠯᠠᠭᠤᠯᠬᠤ᠂ ᠪᠣᠬᠢᠷᠲᠤᠯ ᠢ ᠵᠠᠰᠠᠬᠤ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ | ᠲᠥᠰᠦᠯ ᠢ ᠲᠣᠭᠲᠠᠭᠠᠵᠤ᠂ ︽ᠨᠢᠭᠡ ᠦᠢᠯᠡᠳᠪᠦᠷᠢ ᠳᠤ ᠨᠢᠭᠡ ᠠᠷᠭ᠎ᠠ ᠪᠤᠳᠤᠯᠭ᠎ᠠ︾ ᠶᠢᠨ ᠪᠣᠬᠢᠷᠲᠤᠯ ᠢ ᠵᠠᠰᠠᠬᠤ | ᠠᠵᠢᠯ ᠢ ᠥᠷᠨᠢᠭᠦᠯᠵᠦ᠂ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠡᠬᠢ ᠡᠭᠦᠰᠦᠯ ᠠᠴᠠ ᠨᠢ | ᠣᠷᠣᠯᠠᠭᠤᠯᠬᠤ ᠡᠷᠴᠢᠮ ᠢᠶᠠᠨ ᠨᠡᠮᠡᠭᠳᠡᠭᠦᠯᠵᠦ᠂ ᠳᠣᠣᠷ᠎ᠠ VOCs ᠠᠭᠤᠯᠤᠭᠳᠠᠴᠠ ᠲᠠᠢ ᠲᠦᠭᠦᠬᠡᠶ ᠮᠠᠲ᠋ᠧᠷᠢᠶᠠᠯ | ᠲᠤᠰᠠᠯᠠᠬᠤ ᠮᠠᠲ᠋ᠧᠷᠢᠶᠠᠯ ᠢ ᠶᠡᠬᠡᠪᠡᠷ ᠳᠡᠯᠭᠡᠷᠡᠭᠦᠯᠦᠨ ᠬᠡᠷᠡᠭᠯᠡᠬᠦ ᠬᠡᠷᠡᠭᠲᠡᠶ᠃ VOCS ᠠᠭᠤᠯᠤᠭᠰᠠᠨ ᠪᠣᠳᠠᠰ ᠤᠨ | ᠮᠠᠲ᠋ᠧᠷᠢᠶᠠᠯ ᠢ ᠬᠠᠳᠠᠭᠠᠯᠠᠬᠤ᠂ ᠰᠢᠯᠵᠢᠭᠦᠯᠬᠦ ᠪᠠ ᠬᠦᠷᠭᠡᠬᠦ᠂ ᠲᠥᠬᠦᠭᠡᠷᠦᠮᠵᠢ ᠬᠢᠭᠡᠳ ᠬᠤᠭᠤᠯᠠᠶ ᠤᠲᠠᠰᠤ ᠶᠢᠨ | ᠲᠣᠨᠣᠭᠯᠠᠭᠠᠰᠤ ᠶᠢ ᠵᠠᠳᠠᠷᠠᠭᠤᠯᠬᠤ᠂ ᠰᠢᠩᠭᠡᠨ ᠤ ᠭᠠᠳᠠᠷᠭᠤ ᠶᠢ ᠳᠡᠯᠭᠡᠭᠡᠳ ᠰᠠᠷᠨᠢᠭᠤᠯᠬᠤ ᠵᠢᠴᠢ ᠭᠠᠷ ᠤᠷᠠᠯᠠᠯ ᠤᠨ | ᠶᠠᠪᠤᠴᠠ ᠵᠡᠷᠭᠡ ᠲᠠᠪᠤᠨ ᠲᠥᠷᠥᠯ ᠤᠨ ᠭᠠᠳᠠᠭᠰᠢᠯᠠᠭᠤᠯᠬᠤ ᠡᠬᠢ ᠰᠤᠷᠪᠤᠯᠵᠢ ᠶᠢᠨ VOCs ᠢ ᠬᠠᠮᠢᠶᠠᠷᠤᠨ | ᠡᠵᠡᠮᠳᠡᠬᠦ ᠶᠢ ᠪᠥᠬᠦ ᠲᠠᠯ᠎ᠠ ᠪᠠᠷ ᠴᠢᠩᠭᠠᠳᠬᠠᠨ᠎ᠠ᠃ ᠲᠣᠬᠢᠷᠠᠮᠵᠢᠲᠠᠶ ᠪᠥᠭᠡᠳ ᠥᠨᠳᠥᠷ ᠪᠦᠲᠦᠮᠵᠢᠲᠡᠶ ᠵᠠᠰᠠᠬᠤ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠣᠯᠠᠨ ᠵᠦᠢᠯ ᠤᠨ | ᠮᠡᠷᠭᠡᠵᠢᠯ ᠤᠨ ᠨᠡᠶᠢᠯᠡᠮᠡᠯ ᠤᠷᠠᠨ ᠳᠠᠷᠬ᠎ᠠ ᠬᠡᠷᠡᠭᠯᠡᠬᠦ ᠶᠢ ᠵᠣᠷᠢᠭᠵᠢᠭᠤᠯᠵᠤ᠂ VOCs ᠵᠠᠰᠠᠬᠤ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠬᠡᠷᠡᠭᠲᠡᠶ᠃ VOCs ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ | ᠴᠢᠩᠭᠠᠷᠠᠭᠤᠯᠵᠤ᠂ ᠭᠤᠤᠯᠳᠠᠯᠭ᠎ᠠ ᠲᠠᠢ ᠭᠠᠳᠠᠭᠰᠢᠯᠠᠭᠤᠯᠬᠤ ᠢᠷᠡᠯᠲᠡ ᠳᠤ ᠠᠦ᠋ᠲ᠋ᠣ᠋ ᠬᠢᠨᠠᠨ ᠡᠵᠡᠮᠳᠡᠬᠦ ᠪᠡᠯᠡᠳᠬᠡᠮᠵᠢ | ᠤᠭᠰᠠᠷᠠᠬᠤ ᠶᠢᠨ ᠬᠠᠮᠲᠤ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠥᠴᠢᠷ ᠯᠦᠭᠡ ᠰᠦᠯᠵᠢᠶ᠎ᠡ ᠬᠤᠯᠪᠣᠨ᠎ᠠ᠃ | ᠬᠤᠲᠠ ᠶᠢᠨ ᠪᠠᠶᠢᠭᠤᠯᠤᠭᠰᠠᠨ ᠲᠣᠭᠤᠷᠢᠭ ᠤᠨ ᠢᠳᠡᠭᠡᠨ ᠤᠮᠳᠠᠭᠠᠨ ᠤ ᠠᠵᠤ ᠠᠬᠤᠶᠢᠯᠠᠯ ᠤᠳ ᠲᠣᠰᠣ ᠤᠲᠤᠭ᠎ᠠ ᠶᠢ | ᠴᠡᠪᠡᠷᠰᠢᠭᠦᠯᠬᠦ ᠥᠨᠳᠥᠷ ᠦᠷ᠎ᠡ ᠪᠦᠲᠦᠮᠵᠢᠲᠡᠶ ᠪᠡᠯᠡᠳᠬᠡᠮᠵᠢ ᠤᠭᠰᠠᠷᠠᠬᠤ ᠶᠢᠨ ᠬᠠᠮᠲᠤ ᠬᠡᠪ ᠤᠨ ᠪᠠᠶᠢᠳᠠᠯ ᠢᠶᠠᠷ | ᠬᠡᠷᠡᠭᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃ | ᠳᠥᠷᠪᠡᠳᠦᠭᠡᠷ ᠬᠡᠰᠡᠭ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠠ | ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠨ᠎ᠠ | ᠬᠦᠨᠳᠦ ᠪᠣᠬᠢᠷᠲᠤᠯ ᠲᠠᠢ ᠴᠠᠭ ᠠᠭᠤᠷ ᠤᠨ ᠣᠷᠣᠨ ᠪᠦᠰᠡ ᠶᠢᠨ ᠬᠠᠮᠲᠤᠷᠠᠨ ᠰᠡᠷᠡᠮᠵᠢᠯᠡᠭᠦᠯᠬᠦ ᠲᠣᠭᠲᠠᠴᠠ ᠶᠢ | ᠲᠡᠭᠦᠯᠳᠡᠷᠵᠢᠭᠦᠯᠵᠦ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠴᠢᠩᠭᠠᠳᠬᠠᠨ᠂ ᠦᠬᠠᠶ᠂ ᠢᠷᠭᠠᠶ᠂ ᠳᠡᠷᠡᠰᠦᠨ᠂ | ᠱᠢ ᠽᠦᠶ ᠱᠠᠨ᠂ ᠳ᠋ᠠ ᠡᠣ ᠺᠸᠦ ᠵᠡᠷᠭᠡ ᠭᠠᠵᠠᠷ ᠣᠷᠣᠨ ᠯᠤᠭ᠎ᠠ ᠶᠢᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ | ᠵᠠᠰᠠᠬᠤ ᠬᠠᠮᠵᠢᠯᠴᠠᠭᠠᠨ ᠤ ᠲᠣᠭᠲᠠᠴᠠ ᠪᠠᠶᠢᠭᠤᠯᠬᠤ ᠶᠢ ᠢᠳᠡᠪᠬᠢᠲᠡᠶ ᠠᠬᠢᠭᠤᠯᠵᠤ᠂ ᠵᠠᠰᠠᠭ ᠵᠠᠬᠢᠷᠭᠠᠨ ᠤ ᠣᠷᠣᠨ | ᠪᠦᠰᠡ ᠠᠯᠤᠰᠯᠠᠨ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠶᠢ ᠠᠬᠢᠭᠤᠯᠤᠨ᠂ ᠵᠥᠪᠯᠡᠬᠦ ᠬᠤᠷᠠᠯ ᠢ ᠲᠣᠭᠲᠠᠮᠠᠯ | ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠣᠷᠣᠨ ᠪᠦᠰᠡ ᠶᠢᠨ ᠳᠣᠲᠣᠷᠠᠬᠢ ᠴᠢᠬᠤᠯᠠ ᠶᠡᠭᠡ ᠣᠷᠴᠢᠨ | ᠲᠣᠭᠤᠷᠢᠨ ᠤ ᠠᠰᠠᠭᠤᠳᠠᠯ ᠢ ᠰᠤᠳᠤᠯᠤᠨ ᠰᠢᠢᠳᠪᠦᠷᠢᠯᠡᠨ᠎ᠡ᠃ ᠬᠦᠨᠳᠦ ᠪᠣᠬᠢᠷᠲᠤᠯ ᠲᠠᠢ ᠴᠠᠭ ᠠᠭᠤᠷ ᠤᠨ ᠣᠷᠣᠨ | ᠪᠦᠰᠡ ᠶᠢᠨ ᠨᠢᠭᠡᠳᠦᠯᠲᠡᠶ ᠬᠠᠮᠢᠶᠠᠷᠤᠯᠲᠠ ᠶᠢ ᠬᠡᠷᠡᠭᠵᠢᠭᠦᠯᠵᠦ᠂ ᠦᠬᠠᠶ ᠵᠢᠴᠢ ᠡᠷᠭᠢᠨ ᠲᠣᠭᠤᠷᠢᠨ ᠤ ᠭᠠᠵᠠᠷ | ᠣᠷᠣᠨ ᠤ ᠬᠦᠨᠳᠦ ᠪᠣᠬᠢᠷᠲᠤᠯ ᠲᠠᠢ ᠴᠠᠭ ᠠᠭᠤᠷ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢᠨ | ᠪᠠᠶᠢᠭᠤᠯᠤᠯᠲᠠ ᠶᠢ ᠴᠢᠩᠭᠠᠳᠬᠠᠨ᠂ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ ᠤᠨ ᠬᠡᠷᠡᠭᠵᠢᠭᠦᠯᠦᠯᠲᠡ ᠶᠢ ᠴᠢᠩᠭᠠᠷᠠᠭᠤᠯᠵᠤ᠂ ᠬᠦᠨᠳᠦ ᠪᠣᠬᠢᠷᠲᠤᠯ ᠲᠠᠢ ᠴᠠᠭ ᠠᠭᠤᠷ ᠢ | ᠠᠷᠭᠠᠴᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠦᠯ ᠢ ᠴᠠᠭ ᠲᠤᠬᠠᠶ ᠳᠤᠨᠢ ᠵᠠᠰᠠᠨ ᠨᠠᠶᠢᠷᠠᠭᠤᠯᠵᠤ᠂ ᠬᠦᠨᠳᠦ ᠪᠣᠬᠢᠷᠲᠤᠯ ᠲᠠᠢ ᠴᠠᠭ | ᠠᠭᠤᠷ ᠤᠨ ᠪᠤᠶ ᠪᠣᠯᠤᠭᠰᠠᠨ ᠰᠢᠯᠲᠠᠭᠠᠨ ᠢ ᠵᠠᠳᠠᠯᠬᠤ ᠪᠠ ᠪᠣᠬᠢᠷ ᠪᠣᠳᠠᠰ ᠤᠨ ᠢᠷᠡᠯᠲᠡ ᠶᠢ ᠵᠠᠳᠠᠯᠬᠤ ᠠᠵᠢᠯ ᠢ | ᠥᠷᠨᠢᠭᠦᠯᠦᠨ᠂ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠴᠢᠭᠯᠡᠭᠦᠯᠬᠦ ᠴᠢᠨᠠᠷᠲᠠᠶ ᠠᠷᠭ᠎ᠠ ᠬᠡᠮᠵᠢᠶ᠎ᠡ ᠶᠢ | ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠪᠠᠴᠢᠮ ᠪᠠᠶᠢᠳᠠᠯ ᠢ | ᠠᠷᠭᠠᠴᠠᠬᠤ ᠠᠷᠭ᠎ᠠ ᠬᠡᠮᠵᠢᠶ᠎ᠡ ᠶᠢᠨ ᠲᠥᠷᠥᠯ ᠵᠦᠢᠯ ᠤᠨ ᠨᠠᠷᠢᠨ ᠬᠠᠭᠤᠳᠠᠰᠤ ᠶᠢ ᠵᠢᠯ ᠪᠦᠷᠢ ᠰᠢᠨᠡᠳᠬᠡᠬᠦ ᠬᠡᠷᠡᠭᠲᠡᠶ᠃ | ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠲᠦᠢᠯ ᠤᠨ ᠣᠨᠣᠪᠴᠢᠲᠠᠶ ᠪᠠᠭᠠᠰᠬᠠᠬᠤ ᠶᠢ ᠳᠣᠪᠤᠶᠢᠯᠭᠠᠵᠤ᠂ ᠪᠠᠴᠢᠮ | ᠪᠠᠶᠢᠳᠠᠯ ᠢ ᠠᠷᠭᠠᠴᠠᠬᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠥᠷᠥᠯ ᠵᠦᠢᠯ ᠤᠨ ᠨᠠᠷᠢᠨ | ᠬᠠᠭᠤᠳᠠᠰᠤ ᠳᠤ ᠣᠷᠣᠭᠤᠯᠤᠭᠰᠠᠨ ᠬᠡᠶ ᠠᠭᠠᠷ ᠲᠠᠢ ᠬᠤᠯᠪᠣᠭᠳᠠᠭᠰᠠᠨ ᠠᠵᠤ ᠠᠬᠤᠶᠢᠯᠠᠯ ︵ᠢᠨᠵᠧᠨᠧᠷᠢᠩ︶ ᠨᠢ ︽ | ᠨᠢᠭᠡ ᠦᠢᠯᠡᠳᠪᠦᠷᠢ ᠳᠤ ᠨᠢᠭᠡ ᠲᠥᠷᠥ ᠶᠢᠨ ᠪᠣᠳᠣᠯᠭ᠎ᠠ ᠲᠠᠢ ᠪᠠᠶᠢᠬᠤ︾ ᠪᠠᠴᠢᠮ ᠪᠠᠶᠢᠳᠠᠯ ᠢ ᠠᠷᠭᠠᠴᠠᠬᠤ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢᠨ ᠬᠡᠷᠡᠭᠵᠢᠭᠦᠯᠬᠦ ᠲᠥᠰᠦᠯ ᠢ ᠨᠢᠭᠡᠳ ᠨᠢᠭᠡ ᠪᠠᠷ ᠲᠣᠭᠲᠠᠭᠠᠨ᠎ᠠ᠃ | ᠬᠢᠨᠠᠨ ᠬᠠᠮᠢᠶᠠᠷᠬᠤ ᠪᠠ ᠬᠢᠨᠠᠨ ᠪᠠᠶᠢᠴᠠᠭᠠᠬᠤ ᠪᠠᠨ ᠴᠢᠩᠭᠠᠳᠬᠠᠵᠤ᠂ ᠴᠠᠭ ᠲᠤᠬᠠᠶ ᠳᠤᠨᠢ ᠠᠷᠭᠠᠴᠠᠭᠰᠠᠨ ᠦᠭᠡᠶ᠂ | ᠠᠷᠭ᠎ᠠ ᠬᠡᠮᠵᠢᠶ᠎ᠡ ᠨᠢ ᠬᠦᠴᠦᠨ ᠦᠭᠡᠶ ᠬᠤᠰᠢᠭᠤ ᠣᠷᠣᠨ ᠤ ᠵᠠᠰᠠᠭ ᠤᠨ ᠣᠷᠳᠣᠨ ᠢ ᠪᠠᠶᠢᠳᠠᠯ ᠢ ᠨᠢ ᠦᠵᠡᠵᠦ | ᠪᠠᠶᠢᠭᠠᠳ ᠪᠣᠯᠵᠣᠨ ᠶᠠᠷᠢᠯᠴᠠᠬᠤ᠂ ᠵᠠᠷᠯᠠᠨ ᠮᠡᠳᠡᠭᠳᠡᠬᠦ᠂ ᠫᠠᠶᠢᠰᠠ ᠡᠯᠭᠦᠨ ᠰᠢᠮᠳᠠᠭᠤᠯᠤᠨ ᠰᠢᠢᠳᠪᠦᠷᠢᠯᠡᠬᠦᠯᠬᠦ ᠬᠡᠷᠡᠭᠲᠡᠶ | ᠃ | ᠲᠠᠪᠤᠳᠤᠭᠠᠷ ᠬᠡᠰᠡᠭ ᠳᠠᠭᠤᠨ ᠤ ᠣᠷᠴᠢᠨ ᠠᠬᠤᠢ ᠶᠢᠨ ᠬᠠᠮᠢᠶᠠᠷᠤᠯᠲᠠ ᠶᠢ ᠲᠠᠰᠤᠷᠠᠯᠲᠠ ᠦᠭᠡᠢ | ᠴᠢᠩᠭᠠᠳᠬᠠᠨ᠎ᠠ | ᠭᠤᠣᠯᠳᠠᠯᠭ᠎ᠠ ᠲᠠᠢ ᠡᠬᠢ ᠰᠤᠷᠪᠤᠯᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠤ | ᠦᠢᠯᠡᠳᠪᠦᠷᠢ ᠶᠢᠨ ᠦᠢᠯᠡᠳᠪᠦᠷᠢᠯᠡᠯ᠂ ᠪᠠᠷᠢᠯᠭ᠎ᠠ ᠶᠢᠨ ᠠᠵᠢᠯ᠂ ᠵᠠᠮ ᠲᠡᠭᠡᠭᠡᠪᠦᠷᠢ ᠪᠣᠯᠤᠨ ᠨᠡᠶᠢᠭᠡᠮ ᠤᠨ ᠠᠮᠢᠳᠤᠷᠠᠯ | ᠵᠡᠷᠭᠡ ᠬᠦᠷᠢᠶᠡᠨ ᠳᠠᠬᠢ ᠭᠤᠣᠯᠳᠠᠯᠭ᠎ᠠ ᠲᠠᠢ ᠱᠤᠤᠭᠢᠶᠠᠨ ᠤ ᠡᠬᠢ ᠰᠤᠷᠪᠤᠯᠵᠢ ᠶᠢᠨ ᠨᠢᠭᠡᠴᠡ ᠶᠢ ᠲᠣᠭᠲᠠᠭᠠᠵᠤ᠂ | ᠪᠣᠬᠢᠷᠲᠤᠯ ᠤᠨ ᠡᠬᠢ ᠰᠤᠷᠪᠤᠯᠵᠢ ᠶᠢᠨ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠦᠨ᠎ᠡ᠃ ᠪᠠᠷᠢᠯᠭ᠎ᠠ ᠶᠢᠨ | ᠠᠵᠢᠯ ᠤᠨ ᠱᠤᠤᠭᠢᠶᠠᠨ ᠤ ᠬᠠᠮᠢᠶᠠᠷᠤᠯᠲᠠ ᠶᠢ ᠴᠢᠩᠭᠠᠳᠬᠠᠵᠤ᠂ ᠪᠠᠶᠢᠭᠤᠯᠤᠭᠰᠠᠨ ᠲᠣᠭᠤᠷᠢᠭ ᠤᠨ ᠪᠠᠷᠢᠯᠭ᠎ᠠ ᠶᠢᠨ | ᠠᠵᠢᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠯᠪᠠᠨ ᠵᠠᠷᠯᠠᠯ ᠤᠨ ᠳᠦᠷᠢᠮ ᠢ ᠬᠡᠷᠡᠭᠵᠢᠭᠦᠯᠵᠦ᠂ | ᠱᠤᠤᠭᠢᠶᠠᠨ ᠤ ᠠᠦ᠋ᠲ᠋ᠣ᠋ ᠬᠢᠨᠠᠨ ᠰᠢᠨᠵᠢᠬᠦ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠠ᠃ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠱᠤᠤᠬᠢᠶᠠᠨ ᠤ ᠭᠠᠳᠠᠭᠰᠢᠯᠠᠭᠤᠯᠤᠯᠲᠠ ᠪᠠᠷᠢᠮᠵᠢᠶ᠎ᠠ ᠠᠴᠠ ᠬᠡᠲᠦᠷᠡᠵᠦ | ᠠᠷᠠᠳ ᠢ ᠦᠢᠮᠡᠬᠦᠯᠬᠦ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠱᠤᠤᠬᠢᠶᠠᠨ ᠤ | ᠪᠣᠬᠢᠷᠲᠤᠯ ᠤᠨ ᠵᠠᠬᠢᠳᠠᠯ ᠰᠤᠷᠪᠤᠯᠵᠢᠯᠠᠯ ᠤᠨ ᠵᠠᠭᠠᠯᠳᠤᠯᠭ᠎ᠠ ᠶᠢ ᠰᠢᠢᠳᠪᠦᠷᠢᠯᠡᠬᠦ ᠴᠢᠳᠠᠪᠤᠷᠢ ᠶᠢ ᠴᠢᠩᠭᠠᠳᠬᠠᠵᠤ᠂ | ᠣᠯᠠᠨ ᠰᠠᠯᠠᠭ᠎ᠠ ᠮᠥᠴᠢᠷ ᠤᠨ ᠱᠤᠤᠬᠢᠶᠠᠨ ᠤ ᠪᠣᠬᠢᠷᠲᠤᠯ ᠤᠨ ᠵᠠᠭᠠᠯᠳᠤᠯᠭ᠎ᠠ ᠶᠢᠨ ᠮᠡᠳᠡᠭᠡ ᠵᠠᠩᠭᠢ ᠶᠢ ᠬᠠᠮᠲᠤᠪᠠᠷ | ᠬᠦᠷᠲᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ 2025 ᠣᠨ ᠪᠣᠯᠬᠤ ᠳᠤ᠂ ᠣᠷᠴᠢᠨ ᠲᠣᠭᠤᠷᠢᠨ ᠤ | ᠱᠤᠤᠬᠢᠶᠠᠨ ᠤ ᠪᠣᠬᠢᠷᠲᠤᠯ ᠢ ᠰᠡᠷᠭᠡᠶᠢᠯᠡᠨ ᠵᠠᠰᠠᠬᠤ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠵᠤ᠂ | ᠭᠤᠤᠯᠳᠠᠯᠭ᠎ᠠ ᠲᠠᠢ ᠢᠷᠡᠯᠲᠡ ᠶᠢᠨ ᠱᠤᠤᠬᠢᠶᠠᠨ ᠤ ᠪᠣᠬᠢᠷᠲᠤᠯ ᠤᠨ ᠭᠠᠳᠠᠭᠰᠢᠯᠠᠭᠤᠯᠤᠯᠲᠠ ᠶᠢ ᠬᠠᠮᠢᠶ᠎ᠠ ᠪᠥᠬᠦᠶ | ᠬᠠᠷᠠᠯᠲᠠ ᠶᠢᠨ ᠱᠠᠭᠠᠷᠳᠠᠯᠭ᠎ᠠ ᠳᠤ ᠬᠦᠷᠦᠭᠦᠯᠵᠦ᠂ ᠬᠤᠲᠠ ᠶᠢᠨ ᠣᠷᠣᠨ ᠪᠦᠰᠡ ᠶᠢᠨ ᠣᠷᠴᠢᠨ ᠲᠣᠭᠤᠷᠢᠨ ᠪᠠ ᠵᠠᠮ | ᠬᠠᠷᠢᠯᠴᠠᠭᠠᠨ ᠤ ᠱᠤᠤᠬᠢᠶᠠᠨ ᠢ ᠴᠢᠳᠠᠮᠵᠢᠲᠤ ᠣᠷᠣᠨ ᠤ ᠪᠠᠷᠢᠮᠵᠢᠶ᠎ᠠ ᠶᠢᠨ ᠱᠠᠭᠠᠷᠳᠠᠯᠭ᠎ᠠ ᠳᠤ ᠬᠦᠷᠦᠭᠦᠯᠵᠦ᠂ | ᠲᠠᠭᠤᠨ ᠤ ᠣᠷᠴᠢᠨ ᠲᠣᠭᠤᠷᠢᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠲᠠᠰᠤᠷᠠᠯᠲᠠ ᠥᠬᠡᠶ | ᠲᠡᠭᠦᠯᠳᠡᠷᠵᠢᠭᠦᠯᠦᠨ᠎ᠡ᠃ | ᠳᠣᠯᠣᠳᠤᠭᠠᠷ ᠪᠦᠯᠦᠭ ᠰᠢᠰᠲ᠋ᠧᠮ ᠲᠠᠢ ᠵᠠᠰᠠᠬᠤ ᠶᠢ ᠭᠦᠨᠵᠡᠭᠡᠶᠢᠷᠡᠭᠦᠯᠵᠦ᠂ ᠤᠰᠤᠨ ᠤ ᠠᠮᠢ ᠠᠬᠤᠢ ᠶᠢᠨ | ᠣᠷᠴᠢᠨ ᠨᠥᠬᠦᠴᠡᠯ ᠤᠨ ᠶᠠᠰᠤ ᠴᠢᠨᠠᠷ ᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ | ᠤᠰᠤᠨ ᠤ ᠡᠬᠢ ᠪᠠᠶᠠᠯᠢᠭ ᠢ ᠠᠰᠢᠭᠯᠠᠬᠤ᠂ ᠤᠰᠤᠨ ᠤ ᠠᠮᠢ ᠠᠬᠤᠶ ᠶᠢ ᠬᠠᠮᠠᠭᠠᠯᠠᠬᠤ ᠪᠠ ᠤᠰᠤᠨ ᠤ | ᠣᠷᠴᠢᠨ ᠲᠣᠭᠤᠷᠢᠨ ᠢ ᠵᠠᠰᠠᠬᠤ ᠶᠢ ᠨᠢᠭᠡᠳᠦᠯᠲᠡᠶ ᠲᠥᠯᠥᠪᠯᠡᠵᠦ᠂ ᠬᠠᠲᠤᠨ ᠭᠤᠣᠯ᠂ ᠡᠵᠡᠨ᠎ᠡ ᠭᠤᠣᠯ᠂ | ᠰᠤᠪᠨᠠᠭᠤᠷ ᠤᠨ ᠤᠰᠤᠨ ᠤ ᠪᠣᠬᠢᠷᠲᠤᠯ ᠢ ᠵᠠᠰᠠᠬᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠪᠣᠯᠤᠨ | ᠤᠰᠤᠨ ᠤ ᠠᠮᠢ ᠠᠬᠤᠶ ᠶᠢ ᠵᠠᠰᠠᠨ ᠰᠡᠷᠭᠦᠭᠡᠬᠦ ᠶᠢ ᠭᠤᠣᠯᠳᠠᠯᠭ᠎ᠠ ᠲᠠᠢ ᠥᠷᠨᠢᠭᠦᠯᠦᠨ᠎ᠡ᠃ ᠪᠣᠬᠢᠷᠲᠤᠯ ᠢ ᠪᠠᠭᠠᠰᠬᠠᠬᠤ | ᠪᠠ ᠠᠮᠢ ᠠᠬᠤᠢ ᠶᠢ ᠥᠷᠭᠡᠳᠬᠡᠬᠦ ᠬᠤᠶᠠᠷ ᠲᠠᠯ᠎ᠠ ᠪᠠᠷ ᠬᠦᠴᠦᠯᠡᠵᠦ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ | ᠪᠣᠭᠤᠮᠲᠠ ᠰᠢᠪᠲᠤᠯᠬᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠤᠨ᠎ᠠ᠃ | ᠨᠢᠭᠡᠳᠦᠭᠡᠷ ᠬᠡᠰᠡᠭ ︽ᠭᠤᠷᠪᠠᠨ ᠤᠰᠤ︾ ᠶᠢ ᠨᠢᠭᠡᠳᠦᠯᠲᠡᠢ ᠲᠥᠯᠥᠪᠯᠡᠬᠦ ᠬᠠᠮᠢᠶᠠᠷᠤᠯᠲᠠ ᠶᠢ ᠴᠢᠩᠭᠠᠳᠬᠠᠨ᠎ᠠ | ᠨᠢᠭᠡ᠂ ᠤᠰᠤᠨ ᠤ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ᠶᠢᠨ ᠪᠠᠲᠤᠯᠠᠭ᠎ᠠ ᠶᠢ ᠴᠢᠩᠭᠠᠳᠬᠠᠨ᠎ᠠ | ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠵᠢᠴᠢ ᠲᠥᠷᠥ ᠶᠢᠨ | ᠶᠠᠪᠤᠳᠠᠯ ᠤᠨ ᠬᠤᠷᠢᠶᠠᠨ ᠤ ᠴᠤᠬᠤᠯᠠᠪᠤᠷᠢᠯᠠᠭᠰᠠᠨ ᠬᠠᠷ᠎ᠠ ᠭᠤᠤᠯ ᠤᠨ ᠤᠰᠤᠨ ᠤ ᠬᠡᠮᠵᠢᠶ᠎ᠡ ᠶᠢ ᠬᠤᠪᠢᠶᠠᠷᠢᠯᠠᠬᠤ | ᠲᠥᠰᠦᠯ ᠢ ᠴᠢᠩᠭ᠎ᠠ ᠨᠠᠶᠢᠳᠠᠪᠤᠷᠢᠵᠢᠭᠤᠯᠵᠤ᠂ ᠣᠷᠣᠨ ᠪᠦᠰᠡ ᠶᠢᠨ ᠤᠰᠤ ᠲᠠᠲᠠᠵᠤ ᠬᠡᠷᠡᠭᠯᠡᠬᠦ ᠶᠡᠷᠦᠩᠬᠡᠶ ᠬᠡᠮᠵᠢᠶ᠎ᠡ ᠶᠢ | ᠴᠢᠩᠭ᠎ᠠ ᠬᠢᠵᠠᠭᠠᠷᠯᠠᠨ᠂ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠴᠢᠭᠯᠡᠯᠲᠡ ᠶᠢ ᠨᠠᠶᠢᠳᠠᠪᠤᠷᠢᠵᠢᠭᠤᠯᠵᠤ᠂ | ᠤᠰᠤᠨ ᠤ ᠡᠬᠢ ᠪᠠᠶᠠᠯᠢᠭ ᠤᠨ ᠳᠠᠭᠠᠭᠠᠴᠠ ᠶᠢᠨ ᠴᠢᠳᠠᠪᠤᠷᠢ ᠶᠢᠨ ᠪᠦᠬᠦ ᠠᠶᠢᠮᠠᠭ ᠤᠨ ᠬᠥᠭᠵᠢᠯᠲᠡ᠂ ᠬᠤᠲᠠ | ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ ᠪᠠᠶᠢᠷᠢᠰᠢᠭᠤᠯᠤᠯᠲᠠ ᠵᠡᠷᠭᠡ ᠲᠠᠯ᠎ᠠ ᠪᠠᠷ ᠬᠢ | ᠬᠠᠲᠠᠭᠤ ᠬᠢᠵᠠᠭᠠᠷᠯᠠᠯ ᠢ ᠴᠢᠩᠭᠠᠷᠠᠭᠤᠯᠤᠨ᠂ ᠠᠵᠤ ᠠᠬᠤᠶ ᠨᠡᠶᠢᠭᠡᠮ ᠤᠨ ᠬᠥᠭᠵᠢᠯᠲᠡ ᠬᠢᠭᠡᠳ ᠤᠰᠤᠨ ᠤ ᠡᠬᠢ | ᠪᠠᠶᠠᠯᠢᠭ᠂ ᠤᠰᠤᠨ ᠤ ᠠᠮᠢ ᠠᠬᠤᠶ᠂ ᠤᠰᠤᠨ ᠤ ᠣᠷᠴᠢᠨ ᠲᠣᠭᠤᠷᠢᠨ ᠤ ᠳᠠᠭᠠᠭᠠᠴᠠ ᠶᠢᠨ ᠴᠢᠳᠠᠪᠤᠷᠢ ᠶᠢᠨ | ᠬᠠᠷᠢᠯᠴᠠᠨ ᠵᠣᠬᠢᠴᠠᠬᠤ ᠶᠢ ᠠᠬᠢᠭᠤᠯᠵᠤ᠂ ᠠᠯᠠᠱᠠ ᠶᠢᠨ ᠠᠮᠢ ᠠᠬᠤᠶ ᠶᠢᠨ ᠤᠰᠤ ᠬᠡᠷᠡᠭᠰᠡᠬᠦ ᠬᠡᠮᠵᠢᠶ᠎ᠡ ᠶᠢ ᠪᠠᠲᠤᠯᠠᠨ᠎ᠠ᠃ | | ᠬᠤᠶᠠᠷ᠂ ᠤᠰᠤᠨ ᠤ ᠠᠮᠢ ᠠᠬᠤᠶ ᠶᠢ ᠬᠠᠮᠠᠭᠠᠯᠠᠨ ᠰᠡᠷᠭᠦᠭᠡᠬᠦ ᠶᠢ ᠥᠷᠨᠢᠭᠦᠯᠦᠨ᠎ᠡ | ᠪᠠᠶᠢᠭᠠᠯᠢ ᠶᠢᠨ ᠨᠤᠭᠤ ᠭᠠᠵᠠᠷ ᠢ ᠬᠠᠮᠠᠭᠠᠯᠠᠨ ᠰᠡᠷᠭᠦᠭᠡᠬᠦ ᠶᠢ ᠦᠷᠭᠦᠯᠵᠢᠯᠡᠨ ᠥᠷᠨᠢᠭᠦᠯᠵᠦ᠂ ᠬᠠᠲᠤᠨ ᠭᠤᠤᠯ᠂ | ᠡᠵᠡᠨ᠎ᠡ ᠭᠤᠤᠯ ᠪᠠ ᠰᠤᠪᠨᠠᠭᠤᠷ ᠵᠡᠷᠭᠡ ᠭᠤᠤᠯᠳᠠᠯᠭ᠎ᠠ ᠲᠠᠢ ᠨᠠᠭᠤᠷ ᠴᠥᠭᠦᠷᠥᠮ ᠤᠨ ᠡᠷᠬᠢᠨ ᠲᠣᠭᠤᠷᠢᠨ ᠳᠤ ᠠᠮᠢ | ᠠᠬᠤᠶ ᠶᠢᠨ ᠵᠠᠪᠰᠠᠷ ᠤᠨ ᠪᠦᠰᠡ ᠶᠢ ᠬᠤᠪᠢᠶᠠᠷᠢᠯᠠᠨ ᠲᠣᠭᠲᠠᠭᠠᠵᠤ᠂ ᠡᠷᠭᠢ ᠱᠤᠭᠤᠮ ᠤᠨ ᠬᠡᠷᠡᠭᠴᠡᠭᠡ ᠶᠢᠨ | ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ᠤᠰᠤᠨ ᠣᠷᠣᠨ ᠤ ᠡᠷᠭᠢ ᠶᠢᠨ | ᠱᠤᠭᠤᠮ ᠢ ᠡᠵᠡᠯᠡᠨ ᠠᠪᠬᠤ ᠵᠡᠷᠭᠡ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ | ᠥᠭᠴᠦ᠂ ᠭᠤᠣᠯ ᠮᠥᠷᠡᠨ ᠨᠠᠭᠤᠷ ᠴᠥᠭᠦᠷᠥᠮ ᠤᠨ ︽ᠲᠦᠷᠪᠡᠨ ᠡᠮᠬᠢ ᠵᠠᠮᠪᠠᠷᠠᠭ᠎ᠠ ᠦᠬᠡᠢ ᠪᠠᠶᠢᠳᠠᠯ ᠢ ᠠᠷᠢᠯᠭᠠᠬᠤ︾ | ᠶᠢ ᠳᠦᠷᠢᠮᠵᠢᠭᠦᠯᠬᠦ᠂ ᠪᠠᠶᠢᠩᠭᠤᠵᠢᠭᠤᠯᠬᠤ ᠶᠢ ᠠᠬᠢᠭᠤᠯᠵᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠣᠷᠣᠨ | ᠂ ᠤᠰᠤᠨ ᠣᠷᠣᠨ ᠤ ᠡᠷᠭᠢ ᠶᠢᠨ ᠱᠤᠭᠤᠮ᠂ ᠭᠤᠣᠯ ᠮᠥᠷᠡᠨ ᠨᠠᠭᠤᠷ ᠴᠥᠭᠦᠷᠥᠮ ᠤᠨ ᠵᠠᠪᠰᠠᠷ ᠤᠨ ᠪᠦᠰᠡ ᠵᠡᠷᠭᠡ | ᠬᠠᠮᠠᠭᠠᠯᠠᠯᠲᠠ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠬᠥᠮᠦᠨ ᠲᠥᠷᠥᠯᠬᠢᠲᠡᠨ ᠤ ᠠᠵᠢᠯᠯᠠᠭ᠎ᠠ ᠶᠢ ᠴᠡᠭᠴᠡᠯᠡᠨ | ᠵᠠᠰᠠᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ᠤᠰᠤᠨ ᠤ ᠠᠮᠢᠳᠤ ᠪᠣᠳᠠᠰ ᠤᠨ ᠡᠬᠢ ᠪᠠᠶᠠᠯᠢᠭ ᠤᠨ | ᠬᠠᠮᠠᠭᠠᠯᠠᠯᠲᠠ ᠶᠢ ᠴᠢᠩᠭᠠᠳᠬᠠᠵᠤ᠂ ᠵᠢᠭᠠᠰᠤᠨ ᠠᠵᠤ ᠠᠬᠤᠶ ᠳᠤ ᠬᠤᠯᠪᠣᠭᠳᠠᠬᠤ ᠢᠨᠵᠧᠨᠧᠷᠢᠩ ᠤᠨ ᠲᠥᠷᠥᠯ | ᠵᠦᠢᠯ ᠢ ᠬᠢᠨᠠᠨ ᠵᠥᠪᠰᠢᠶᠡᠷᠡᠬᠦ ᠶᠢ ᠴᠢᠩᠳᠠᠯᠠᠵᠤ᠂ ᠤᠰᠤᠨ ᠤ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ | ᠬᠠᠮᠠᠭᠠᠯᠠᠨ᠎ᠠ᠃ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ | ᠨᠡᠶᠢᠭᠡᠮ ᠤᠨ ᠬᠥᠷᠥᠩᠭᠡ ᠶᠢᠨ ᠣᠷᠣᠭᠤᠯᠤᠯᠲᠠ ᠶᠢ ᠵᠣᠷᠢᠭᠵᠢᠭᠤᠯᠤᠨ ᠬᠥᠲᠥᠯᠥᠨ ᠵᠢᠯᠣᠭᠤᠳᠴᠤ᠂ ᠪᠥᠬᠦ | ᠨᠡᠶᠢᠭᠡᠮ ᠤᠨ ᠬᠦᠴᠦᠨ ᠢ ᠪᠦᠲᠦᠮᠵᠢᠲᠡᠶ ᠳᠠᠶᠢᠴᠢᠯᠠᠨ ᠭᠤᠤᠯ ᠮᠥᠷᠡᠨ ᠨᠠᠭᠤᠷ ᠴᠥᠭᠦᠷᠥᠮ ᠤᠨ ᠠᠮᠢ ᠠᠬᠤᠶ ᠶᠢᠨ | ᠬᠠᠮᠠᠭᠠᠯᠠᠯᠲᠠ ᠪᠠ ᠰᠡᠷᠭᠦᠭᠡᠯᠲᠡ ᠳᠤ ᠣᠷᠣᠯᠴᠠᠭᠤᠯᠤᠨ᠎ᠠ᠃ | ᠭᠤᠷᠪᠠ᠂ ᠤᠰᠤᠨ ᠤ ᠣᠷᠴᠢᠨ ᠲᠣᠭᠤᠷᠢᠨ ᠤ ᠬᠠᠷᠠᠯᠲᠠᠲᠤ ᠬᠠᠮᠢᠶᠠᠷᠤᠯᠲᠠ ᠶᠢ ᠨᠠᠶᠢᠳᠠᠪᠣᠷᠢᠵᠢᠭᠤᠯᠣᠨ᠎ᠠ | ᠣᠭᠲᠣᠯᠤᠭᠠᠰᠤ ᠶᠢᠨ ᠤᠰᠤᠨ ᠤ ᠴᠢᠨᠠᠷ ᠢ ᠪᠠᠷᠢᠮᠵᠢᠶ᠎ᠠ ᠳᠤ ᠬᠦᠷᠭᠡᠬᠦ ᠵᠠᠰᠠᠯᠲᠠ ᠶᠢ ᠴᠢᠩᠭᠠᠳᠬᠠᠵᠤ᠂ | ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠲᠦᠷᠢᠮ ᠢ ᠬᠡᠷᠡᠭᠵᠢᠭᠦᠯᠬᠦ ᠪᠠᠷ ᠭᠠᠷᠳᠠᠴᠠ ᠪᠣᠯᠭᠠᠨ᠂ ︽ᠤᠰᠤᠨ ᠤ | ᠣᠭᠲᠣᠯᠤᠭᠠᠰᠤ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠪᠣᠬᠢᠷᠲᠤᠯ ᠭᠠᠳᠠᠭᠰᠢᠯᠠᠭᠤᠯᠬᠤ ᠬᠤᠭᠤᠯᠠᠶ | ᠱᠤᠭᠤᠮ ᠪᠣᠬᠢᠷᠲᠤᠯ ᠤᠨ ᠡᠬᠢ︾ ᠶᠢᠨ ᠪᠥᠬᠦ ᠬᠡᠯᠬᠢᠶᠡᠨ ᠤ ᠬᠠᠮᠢᠶᠠᠷᠤᠯᠲᠠ ᠶᠢ ᠠᠬᠢᠭᠤᠯᠤᠨ᠎ᠠ᠃ ᠪᠣᠬᠢᠷᠲᠤᠯ ᠢ ᠵᠠᠰᠠᠬᠤ | ᠂ ᠡᠷᠭᠢᠯᠳᠦᠭᠦᠯᠦᠨ ᠠᠰᠢᠭᠯᠠᠬᠤ᠂ ᠠᠮᠢ ᠠᠬᠤᠶ ᠶᠢ ᠬᠠᠮᠠᠭᠠᠯᠠᠬᠤ ᠶᠢ ᠣᠷᠭᠠᠨᠢᠭ ᠢᠶᠠᠷ ᠤᠶᠠᠯᠳᠤᠭᠤᠯᠤᠭᠰᠠᠨ ᠤᠰᠤᠨ ᠤ | ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠰᠢᠰᠲ᠋ᠧᠮᠵᠢ ᠶᠢ ᠪᠠᠶᠢᠭᠤᠯᠬᠤ ᠶᠢ ᠠᠬᠢᠭᠤᠯᠵᠤ᠂ ᠰᠢᠢᠳᠪᠦᠷᠢᠯᠡᠵᠦ | ᠪᠠᠷᠢᠮᠵᠢᠶ᠎ᠠ ᠳᠤ ᠬᠦᠷᠦᠭᠰᠡᠨ ᠦᠯᠡᠳᠡᠭᠳᠡᠯ ᠤᠰᠤ ᠶᠢ ᠤᠯᠠᠮ ᠨᠢᠭᠡ ᠠᠯᠬᠤᠮ ᠴᠡᠪᠡᠷᠰᠢᠭᠦᠯᠦᠨ ᠰᠠᠶᠢᠵᠢᠷᠠᠭᠤᠯᠤᠭᠰᠠᠨ ᠤ | ᠳᠠᠷᠠᠭ᠎ᠠ᠂ ᠳᠠᠬᠢᠯᠲᠠ ᠤᠰᠤ ᠶᠢ ᠡᠷᠭᠢᠯᠳᠦᠭᠦᠯᠦᠨ ᠠᠰᠢᠭᠯᠠᠬᠤ ᠪᠣᠯᠭᠠᠵᠤ᠂ ᠤᠰᠤᠨ ᠤ ᠡᠬᠢ ᠪᠠᠶᠠᠯᠢᠭ ᠢ | ᠲᠣᠬᠢᠷᠠᠭᠤᠯᠤᠨ ᠬᠠᠮᠢᠶᠠᠷᠬᠤ ᠰᠢᠰᠲ᠋ᠧᠮᠵᠢ ᠳᠤ ᠣᠷᠣᠭᠤᠯᠤᠨ᠎ᠠ᠃ | ᠬᠤᠶᠠᠳᠤᠭᠠᠷ ᠬᠡᠰᠡᠭ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠨᠥᠬᠦᠴᠡᠯ ᠤᠨ | ᠬᠠᠮᠠᠭᠠᠯᠠᠯᠲᠠ ᠶᠢ ᠴᠢᠩᠭᠠᠳᠬᠠᠨ᠎ᠠ | ᠬᠠᠲᠤᠨ ᠭᠤᠤᠯ ᠳᠠᠭᠠᠤ ᠶᠢᠨ ᠣᠷᠣᠨ ᠪᠦᠰᠡ ᠶᠢᠨ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ | ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢᠨ ᠠᠮᠢ ᠠᠬᠤᠶ ᠶᠢᠨ ᠣᠷᠣᠨ ᠵᠠᠶ ᠶᠢ ᠨᠢᠭᠡ ᠴᠣᠭᠴᠠᠵᠢᠭᠤᠯᠤᠨ | ᠬᠠᠮᠠᠭᠠᠯᠠᠬᠤ ᠪᠠ ᠣᠷᠴᠢᠨ ᠲᠣᠭᠤᠷᠢᠨ ᠤ ᠪᠣᠬᠢᠷᠲᠤᠯ ᠢ ᠬᠠᠮᠵᠢᠯᠴᠠᠨ ᠵᠠᠰᠠᠬᠤ ᠶᠢ ᠠᠬᠢᠭᠤᠯᠵᠤ᠂ ᠤᠰᠤᠨ ᠤ ᠠᠮᠢ | ᠠᠬᠤᠶ᠂ ᠤᠰᠤᠨ ᠤ ᠡᠬᠢ ᠪᠠᠶᠠᠯᠢᠭ᠂ ᠤᠰᠤᠨ ᠤ ᠣᠷᠴᠢᠨ ᠲᠣᠭᠤᠷᠢᠨ᠂ ᠤᠰᠤᠨ ᠤ ᠭᠠᠮᠰᠢᠭ ᠵᠡᠷᠭᠡ ︽ᠳᠥᠷᠪᠡᠨ | ᠤᠰᠤ ᠶᠢ ᠬᠠᠮᠲᠤ ᠪᠠᠷ ᠵᠠᠰᠠᠬᠤ︾ ᠶᠢ ᠬᠡᠷᠡᠭᠵᠢᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ | ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠠᠲᠤᠨ ᠭᠤᠤᠯ ᠤᠨ ᠰᠠᠪᠠ ᠭᠠᠵᠠᠷ ᠤᠨ ᠠᠮᠢ | ᠠᠬᠤᠶ ᠣᠷᠴᠢᠨ ᠲᠣᠭᠤᠷᠢᠨ ᠢ ᠪᠥᠬᠦ ᠲᠠᠯ᠎ᠠ ᠪᠠᠷ ᠰᠠᠶᠢᠵᠢᠷᠠᠭᠤᠯᠤᠨ᠎ᠠ᠃ 2025 ᠣᠨ ᠪᠣᠯᠬᠤ ᠳᠤ᠂ ᠬᠠᠲᠤᠨ | ᠭᠤᠤᠯ ᠤᠨ ᠰᠠᠪᠠ ᠭᠠᠵᠠᠷ ᠤᠨ ᠰᠢᠯᠭᠠᠨ ᠬᠢᠨᠠᠬᠤ ᠣᠭᠲᠣᠯᠤᠭᠠᠰᠤ ᠶᠢᠨ ᠤᠰᠤᠨ ᠤ ᠴᠢᠨᠠᠷ ᠢ ᠲᠣᠭᠲᠠᠭᠤᠨ | ᠪᠠᠶᠢᠯᠭᠠᠵᠤ᠂ ᠥᠪᠡᠷᠲᠡᠭᠡᠨ ᠵᠠᠰᠠᠬᠤ ᠣᠷᠣᠨ ᠤ ᠰᠢᠯᠭᠠᠨ ᠬᠢᠨᠠᠬᠤ ᠬᠠᠷᠠᠯᠲᠠ ᠶᠢᠨ ᠱᠠᠭᠠᠷᠳᠠᠯᠭ᠎ᠠ ᠳᠤ ᠬᠦᠷᠦᠭᠦᠯᠦᠨ᠎ᠡ᠃ | | ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠨᠡᠶᠢᠳᠡᠮ ᠪᠠᠶᠢᠴᠠᠭᠠᠯᠲᠠ ᠶᠢ | ᠥᠷᠨᠢᠭᠦᠯᠵᠦ᠂ ᠡᠯ᠎ᠡ ᠲᠥᠷᠥᠯ ᠤᠨ ᠠᠮᠢ ᠠᠬᠤᠶ ᠶᠢᠨ ᠳᠠᠯᠳᠠ ᠬᠡᠮ ᠪᠣᠯᠤᠨ ᠣᠷᠴᠢᠨ ᠲᠣᠭᠤᠷᠢᠨ ᠤ ᠠᠶᠤᠯ | ᠲᠦᠭᠰᠢᠭᠦᠷᠢ ᠶᠢ ᠰᠢᠰᠲ᠋ᠧᠮ ᠲᠠᠢ ᠡᠮᠬᠢᠯᠡᠨ ᠡᠵᠡᠮᠰᠢᠵᠦ᠂ ᠡᠬᠢ ᠪᠠᠶᠠᠯᠢᠭ ᠣᠷᠴᠢᠨ ᠲᠣᠭᠤᠷᠢᠨ ᠤ ᠳᠠᠭᠠᠭᠠᠴᠠ ᠶᠢᠨ | ᠴᠢᠳᠠᠪᠤᠷᠢ ᠶᠢᠨ ᠦᠨᠡᠯᠡᠯᠲᠡ ᠶᠢ ᠰᠠᠶᠢᠲᠤᠷ ᠬᠢᠨ᠎ᠠ᠃ ᠬᠠᠲᠤᠨ ᠭᠤᠤᠯ ᠤᠨ ᠰᠠᠪᠠ ᠭᠠᠵᠠᠷ ᠤᠨ ᠭᠤᠤᠯ | ᠤᠷᠤᠰᠬᠠᠯ ᠤᠨ ᠡᠷᠭᠢ ᠳᠠᠭᠠᠤ ᠴᠢᠯᠠᠭᠤᠨ ᠲᠣᠰᠣ ᠪᠣᠯᠪᠠᠰᠤᠷᠠᠭᠤᠯᠬᠤ᠂ ᠬᠢᠮᠢ ᠶᠢᠨ ᠲᠦᠭᠦᠬᠡᠶ ᠮᠠᠲ᠋ᠧᠷᠢᠶᠠᠯ ᠪᠠ | ᠬᠢᠮᠢ ᠶᠢᠨ ᠦᠢᠯᠡᠳᠬᠦᠨ ᠦᠢᠯᠡᠳᠬᠦ᠂ ᠡᠮ ᠦᠢᠯᠡᠳᠬᠦ᠂ ᠬᠢᠮᠢ ᠶᠢᠨ ᠰᠢᠷᠬᠡᠭᠯᠢᠭ ᠦᠢᠯᠡᠳᠬᠦ ᠵᠡᠷᠭᠡ ᠲᠥᠷᠥᠯ | ᠵᠦᠢᠯ ᠤᠨ ᠣᠷᠴᠢᠨ ᠲᠣᠭᠤᠷᠢᠨ ᠤ ᠲᠦᠭᠰᠢᠭᠦᠷᠢ ᠶᠢ ᠴᠢᠩᠭ᠎ᠠ ᠡᠵᠡᠮᠳᠡᠵᠦ᠂ ᠦᠢᠯᠡᠳᠪᠦᠷᠢᠯᠡᠯ ᠤᠨ ᠲᠣᠨᠣᠭᠯᠠᠯ ᠵᠢᠴᠢ | ᠠᠶᠤᠯᠲᠠᠶ ᠬᠢᠮᠢ ᠶᠢᠨ ᠪᠣᠳᠠᠰ ᠢ ᠬᠥᠮᠥᠷᠭᠡᠯᠡᠨ ᠬᠠᠳᠠᠭᠠᠯᠠᠬᠤ ᠵᠡᠷᠭᠡ ᠪᠡᠯᠡᠳᠬᠡᠮᠵᠢ ᠶᠢ ᠵᠦᠶ ᠵᠣᠬᠢᠰᠲᠠᠶ | ᠪᠠᠶᠢᠷᠢᠰᠢᠭᠤᠯᠤᠨ᠎ᠠ︔ ᠲᠦᠭᠰᠢᠭᠦᠷᠢ ᠶᠡᠬᠡᠲᠡᠢ ᠬᠢᠮᠢ ᠶᠢᠨ ᠵᠦᠢᠯ ᠢ ᠦᠢᠯᠡᠳᠪᠦᠷᠢᠯᠡᠬᠦ᠂ ᠬᠡᠷᠡᠭᠯᠡᠬᠦ ᠶᠢ ᠴᠢᠩᠭ᠎ᠠ | ᠬᠢᠵᠠᠭᠠᠷᠯᠠᠬᠤ ᠶᠢᠨ ᠬᠠᠮᠲᠤ ᠣᠷᠣᠯᠠᠭᠤᠯᠬᠤ ᠶᠢ ᠠᠯᠬᠤᠮ ᠠᠯᠬᠤᠮ ᠢᠶᠠᠷ ᠰᠢᠭᠰᠢᠭᠳᠡᠭᠦᠯᠦᠨ᠎ᠡ︔ ᠬᠠᠲᠤᠨ ᠭᠤᠤᠯ ᠤᠨ | ᠰᠠᠪᠠ ᠭᠠᠵᠠᠷ ᠤᠨ ᠭᠤᠤᠯ ᠤᠷᠤᠰᠬᠠᠯ ᠪᠣᠯᠤᠨ ᠭᠤᠤᠯ ᠪᠣᠯᠬᠤ ᠰᠠᠯᠪᠤᠷᠢ ᠤᠷᠤᠰᠬᠠᠯ ᠤᠨ ᠡᠷᠭᠢ ᠳᠠᠭᠠᠤ 3 | ᠺᠢᠯᠣᠮᠧᠲᠷ ᠤᠨ ᠬᠡᠪᠴᠢᠶᠡᠨ ᠤ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ᠂ ᠦᠯᠡᠳᠡᠭᠳᠡᠯ ᠬᠦᠳᠡᠷ ᠤᠨ | ᠬᠥᠮᠥᠷᠭᠡ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠲᠠᠯᠠᠪᠠᠶ ᠵᠡᠷᠭᠡ ᠪᠣᠬᠢᠷᠲᠤᠯ ᠤᠨ ᠡᠬᠢ ᠰᠤᠷᠪᠤᠯᠵᠢ ᠶᠢ | ᠶᠡᠷᠦᠩᠬᠡᠶᠢᠯᠡᠨ ᠵᠠᠰᠠᠬᠤ ᠶᠢ ᠶᠡᠬᠡᠪᠡᠷ ᠥᠷᠨᠢᠭᠦᠯᠦᠨ᠎ᠡ᠃ ᠬᠠᠲᠤᠨ ᠭᠤᠤᠯ ᠳᠤ ᠤᠷᠤᠰᠤᠨ ᠣᠷᠣᠬᠤ ᠤᠯᠠᠷᠢᠯ ᠤᠨ | ᠴᠢᠨᠠᠷᠲᠠᠶ ᠤᠰᠤᠨ ᠰᠢᠰᠲ᠋ᠧᠮ ᠢ ᠶᠡᠷᠦᠩᠬᠡᠶᠢᠯᠡᠨ ᠵᠠᠰᠠᠬᠤ ᠶᠢ ᠠᠬᠢᠭᠤᠯᠤᠨ᠎ᠠ᠃ ᠤᠰᠤᠨ ᠤ ᠬᠡᠮᠵᠢᠶ᠎ᠡ ᠪᠠᠷ ᠲᠣᠭᠲᠠᠭᠠᠵᠤ | ᠂ ᠤᠰᠤᠨ ᠤ ᠬᠡᠮᠵᠢᠶ᠎ᠡ ᠪᠠᠷ ᠬᠥᠭᠵᠢᠭᠦᠯᠬᠦ ᠶᠢ ᠪᠠᠷᠢᠮᠲᠠᠯᠠᠨ᠂ ᠬᠠᠲᠤᠨ ᠭᠤᠤᠯ ᠤᠨ ᠰᠠᠪᠠ ᠭᠠᠵᠠᠷ ᠤᠨ ᠤᠰᠤ ᠬᠡᠷᠡᠭᠯᠡᠬᠦ | ᠶᠡᠷᠦᠩᠬᠡᠶ ᠬᠡᠮᠵᠢᠶ᠎ᠡ ᠶᠢ ᠡᠵᠡᠮᠳᠡᠬᠦ ᠶᠢ ᠴᠢᠩᠭᠠᠷᠠᠭᠤᠯᠵᠤ᠂ ᠬᠠᠲᠤᠨ ᠭᠤᠤᠯ ᠤᠨ ᠤᠰᠤᠨ ᠤ ᠡᠬᠢ ᠪᠠᠶᠠᠯᠢᠭ ᠢ | ᠶᠡᠷᠦᠩᠬᠡᠶ ᠳᠤᠨᠢ ᠲᠣᠬᠢᠷᠠᠭᠤᠯᠬᠤ ᠶᠣᠰᠣᠭᠠᠷ᠂ ᠬᠦᠢᠴᠡᠳᠭᠡᠬᠦ ᠲᠤᠭ᠎ᠠ ᠠᠴᠠ ᠬᠡᠲᠦᠷᠡᠭᠦᠯᠦᠨ ᠤᠰᠤ ᠬᠡᠷᠡᠭᠯᠡᠬᠦ ᠶᠢ | ᠴᠢᠩᠭ᠎ᠠ ᠬᠢᠵᠠᠭᠠᠷᠯᠠᠵᠤ᠂ ᠤᠰᠤ ᠬᠡᠷᠡᠭᠯᠡᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠣᠷᠣᠨ ᠪᠦᠰᠡ ᠶᠢᠨ | ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠶᠢ ᠠᠬᠢᠭᠤᠯᠵᠤ᠂ ᠤᠰᠤ ᠠᠷᠪᠢᠯᠠᠬᠤ ᠠᠵᠤ ᠦᠢᠯᠡᠰ | ᠪᠠ ᠮᠡᠷᠭᠡᠵᠢᠯ ᠢ ᠶᠡᠬᠡᠪᠡᠷ ᠬᠥᠭᠵᠢᠭᠦᠯᠦᠨ᠂ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠵᠤ᠂ ᠤᠰᠤ | ᠬᠡᠷᠡᠭᠯᠡᠬᠦ ᠠᠷᠭ᠎ᠠ ᠮᠠᠶ᠋ᠢᠭ ᠢ ᠦᠨᠳᠦᠰᠦᠨ ᠠᠴᠠ ᠨᠢ ᠬᠤᠪᠢᠷᠠᠭᠤᠯᠬᠤ ᠶᠢ ᠪᠡᠶᠡᠯᠡᠭᠦᠯᠦᠨ᠎ᠡ᠃ ᠤᠰᠤᠨ ᠠᠰᠢᠭᠯᠠᠯᠲᠠ ᠶᠢᠨ | ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠦᠨ᠂ ᠠᠮᠢ ᠠᠬᠤᠶ ᠶᠢᠨ ᠬᠡᠷᠡᠭᠯᠡᠬᠦ ᠤᠰᠤ ᠶᠢ ᠪᠠᠲᠤᠯᠠᠵᠤ᠂ ᠠᠵᠤ | ᠦᠢᠯᠡᠳᠪᠦᠷᠢ ᠶᠢᠨ ᠴᠢᠬᠤᠯᠠ ᠶᠡᠭᠡ ᠬᠡᠯᠪᠡᠷᠢ ᠪᠠᠨ ᠬᠤᠪᠢᠷᠠᠭᠤᠯᠬᠤ ᠲᠥᠷᠥᠯ ᠵᠦᠢᠯ ᠤᠨ ᠬᠡᠷᠡᠭᠯᠡᠬᠦ ᠤᠰᠤ ᠪᠠ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠬᠡᠷᠡᠭᠯᠡᠬᠦ ᠤᠰᠤ ᠶᠢ ᠬᠠᠮᠲᠤ ᠳᠤᠨᠢ ᠬᠠᠷᠠᠭᠠᠯᠵᠠᠨ᠂ ᠤᠰᠤᠨ ᠤ | ᠡᠬᠢ ᠪᠠᠶᠠᠯᠢᠭ ᠢ ᠠᠰᠢᠭᠯᠠᠬᠤ ᠦᠷ᠎ᠡ ᠠᠰᠢᠭ ᠢ ᠲᠠᠰᠤᠷᠠᠯᠲᠠ ᠤᠢᠭᠡᠢ ᠳᠡᠭᠡᠭᠰᠢᠯᠡᠭᠦᠯᠦᠨ᠎ᠡ᠃ | ᠳᠡᠭᠡᠳᠦ ᠳᠤᠤᠷᠠᠳᠤ ᠤᠷᠤᠰᠬᠠᠯ ᠤᠨ ᠬᠠᠮᠵᠢᠯᠴᠠᠨ ᠬᠠᠮᠢᠶᠠᠷᠬᠤ ᠶᠢ ᠨᠢᠭᠡᠳᠦᠯᠲᠡᠶ ᠲᠥᠯᠥᠪᠯᠡᠵᠦ᠂ ᠰᠠᠪᠠ | ᠭᠠᠵᠠᠷ ᠤᠨ ᠳᠡᠭᠡᠳᠦ ᠳᠤᠤᠷᠠᠳᠤ ᠤᠷᠤᠰᠬᠠᠯ ᠤᠨ ᠮᠤᠵᠢ ᠣᠷᠣᠨ᠂ ᠠᠶᠢᠮᠠᠭ ᠬᠤᠲᠠ ᠯᠤᠭ᠎ᠠ ᠬᠤᠯᠪᠣᠭᠠᠯᠠᠨ | ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠥᠷᠨᠢᠭᠦᠯᠵᠦ᠂ ᠨᠢᠭᠡᠳᠦᠯᠲᠡᠶ ᠵᠣᠬᠢᠴᠠᠭᠤᠯᠬᠤ᠂ ᠨᠢᠭᠡᠳᠦᠯᠲᠡᠶ ᠬᠢᠨᠠᠨ | ᠬᠠᠮᠢᠶᠠᠷᠬᠤ᠂ ᠨᠢᠭᠡᠳᠦᠯᠲᠡᠶ ᠬᠢᠨᠠᠨ ᠰᠢᠨᠵᠢᠬᠦ ᠵᠢᠴᠢ ᠡᠷᠭᠢ ᠶᠢᠨ ᠱᠤᠭᠤᠮ ᠢ ᠱᠠᠲᠤ ᠬᠤᠪᠢᠶᠠᠨ ᠬᠠᠮᠢᠶᠠᠷᠤᠨ ᠡᠵᠡᠮᠳᠡᠬᠦ | ᠬᠠᠮᠢᠶᠠᠷᠤᠯᠲᠠ ᠶᠢᠨ ᠪᠠᠶᠢᠭᠤᠯᠤᠯ ᠢ ᠪᠠᠶᠢᠭᠤᠯᠤᠨ᠎ᠠ᠃ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ | ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ | ᠠᠮᠠ ᠶᠢ ᠲᠣᠬᠢᠷᠠᠭᠤᠯᠵᠤ ᠬᠢᠨᠠᠨ ᠬᠠᠷᠭᠤᠭᠤᠯᠬᠤ ᠶᠢ ᠵᠢᠷᠤᠮᠵᠢᠭᠤᠯᠤᠨ᠂ 2022 ᠣᠨ ᠤ ᠵᠢᠯ ᠤᠨ ᠰᠡᠭᠦᠯᠴᠢ ᠠᠴᠠ | ᠡᠮᠦᠨ᠎ᠡ ᠬᠠᠲᠤᠨ ᠭᠤᠤᠯ ᠤᠨ ᠪᠣᠬᠢᠷᠲᠤᠯ ᠭᠠᠳᠠᠭᠰᠢᠯᠠᠭᠤᠯᠬᠤ ᠠᠮᠠ ᠶᠢ ᠵᠢᠭᠰᠠᠭᠠᠨ ᠪᠠᠶᠢᠴᠠᠭᠠᠬᠤ ᠶᠢᠨ ᠬᠠᠮᠲᠤ | ᠴᠡᠭᠴᠡᠯᠡᠨ ᠵᠠᠰᠠᠬᠤ ᠲᠥᠰᠦᠯ ᠢ ᠲᠣᠭᠲᠠᠭᠠᠨ᠎ᠠ᠃ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠤᠨ ᠵᠠᠰᠠᠯᠲᠠ ᠶᠢ | ᠴᠢᠩᠭᠠᠳᠬᠠᠵᠤ᠂ ᠪᠣᠷᠳᠣᠭᠤᠷ ᠢ ᠬᠢᠵᠠᠭᠠᠷᠯᠠᠨ ᠦᠷ᠎ᠡ ᠠᠰᠢᠭ ᠢ ᠨᠡᠮᠡᠭᠳᠡᠭᠦᠯᠬᠦ᠂ ᠡᠮ ᠢ ᠬᠢᠵᠠᠭᠠᠷᠯᠠᠨ ᠬᠥᠨᠥᠭᠡᠯ ᠢ | ᠪᠠᠭᠠᠰᠬᠠᠬᠤ ᠶᠢ ᠭᠦᠨᠵᠡᠭᠡᠶ ᠲᠦᠯᠬᠢᠨ ᠠᠬᠢᠭᠤᠯᠵᠤ᠂ ᠮᠠᠯ ᠵᠢᠭᠦᠷᠲᠡᠨ ᠤ ᠢᠯᠭᠠᠳᠠᠰᠣ ᠶᠢ ᠡᠬᠢ ᠪᠠᠶᠠᠯᠢᠭᠵᠢᠭᠤᠯᠤᠨ | ᠠᠰᠢᠭᠯᠠᠬᠤ ᠶᠢ ᠲᠦᠷᠬᠡᠨ ᠬᠡᠷᠡᠭᠵᠢᠭᠦᠯᠦᠨ᠎ᠡ᠃ | ᠭᠤᠷᠪᠠᠳᠤᠭᠠᠷ ᠬᠡᠰᠡᠭ ᠬᠠᠷ᠎ᠠ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠨᠥᠬᠦᠴᠡᠯ ᠤᠨ | ᠬᠠᠮᠠᠭᠠᠯᠠᠯᠲᠠ ᠶᠢ ᠲᠦᠯᠬᠢᠨ ᠠᠬᠢᠭᠤᠯᠤᠨ᠎ᠠ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠡᠵᠡᠨ᠎ᠡ ᠭᠤᠤᠯ ᠪᠣᠯᠤᠨ ᠰᠤᠪᠨᠠᠭᠤᠷ ᠨᠢ | ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ᠂ ᠤᠰᠤᠨ ᠤ ᠡᠬᠢ ᠪᠠᠶᠠᠯᠢᠭ ᠢ ᠪᠠᠲᠤᠯᠠᠬᠤ ᠪᠠ | ᠤᠰᠤᠨ ᠤ ᠠᠮᠢ ᠠᠬᠤᠶ ᠶᠢ ᠰᠡᠷᠭᠦᠭᠡᠬᠦ ᠪᠠᠷ ᠬᠠᠷᠠᠯᠲᠠ ᠪᠣᠯᠭᠠᠵᠤ᠂ ᠤᠰᠤᠨ ᠤ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠪᠠ ᠵᠠᠰᠠᠯᠲᠠ ᠶᠢ ᠦᠷᠭᠦᠯᠵᠢᠯᠡᠨ ᠠᠬᠢᠭᠤᠯᠣᠨ᠎ᠠ᠃ | ᠨᠢᠭᠡ᠂ ᠡᠵᠡᠨ᠎ᠡ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢ ᠨᠢᠭᠡᠳᠦᠯᠲᠡᠶ | ᠲᠥᠯᠥᠪᠯᠡᠨ ᠠᠬᠢᠭᠤᠯᠤᠨ᠎ᠠ | ᠡᠵᠡᠨ᠎ᠡ ᠭᠤᠤᠯ ᠪᠣᠬᠢᠷᠲᠤᠯ ᠢ ᠰᠡᠷᠭᠡᠶᠢᠯᠡᠨ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠠᠵᠢᠯ ᠢ | ᠦᠷᠭᠦᠯᠵᠢᠯᠡᠨ ᠠᠬᠢᠭᠤᠯᠵᠤ᠂ ᠭᠤᠤᠯ ᠳᠠᠭᠠᠤ ᠶᠢᠨ ᠪᠣᠬᠢᠷᠲᠤᠯ ᠭᠠᠳᠠᠭᠰᠢᠯᠠᠭᠤᠯᠬᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠂ ᠭᠤᠤᠯ ᠳᠠᠭᠠᠤ ᠶᠢᠨ ᠪᠣᠬᠢᠷᠲᠤᠯ ᠭᠠᠳᠠᠭᠰᠢᠯᠠᠭᠤᠯᠬᠤ ᠠᠮᠠ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ | ᠴᠠᠭᠠᠵᠠᠯᠠᠵᠤ᠂ ᠳᠠᠯᠠᠶᠢᠬᠦ᠋ᠪ ᠪᠠᠯᠭᠠᠰᠤ ᠶᠢ ᠭᠠᠷᠭᠠᠪᠠᠯ᠂ ᠪᠤᠰᠤᠳ ᠰᠢᠶᠠᠩ ᠪᠠᠯᠭᠠᠰᠤ ᠨᠢ ᠬᠥᠮᠦᠨ ᠠᠮᠠ ᠶᠢᠨ ᠲᠤᠭ᠎ᠠ | ᠬᠡᠮᠵᠢᠶ᠎ᠡ ᠪᠠ ᠲᠠᠷᠬᠠᠯᠲᠠ ᠶᠢᠨ ᠣᠨᠴᠠᠯᠢᠭ ᠢᠶᠠᠨ ᠦᠨᠳᠦᠰᠦᠯᠡᠨ᠂ ᠠᠮᠢᠳᠤᠷᠠᠯ ᠤᠨ ᠪᠣᠬᠢᠷ ᠤᠰᠤ ᠶᠢ ᠬᠤᠷᠢᠶᠠᠨ | ᠴᠤᠭᠯᠠᠭᠤᠯᠬᠤ ᠪᠠ ᠰᠢᠢᠳᠪᠦᠷᠢᠯᠡᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠥᠷᠥᠯ ᠬᠤᠪᠢᠶᠠᠨ | ᠥᠷᠨᠢᠭᠦᠯᠦᠨ᠎ᠡ᠃ ᠭᠤᠤᠯ ᠤᠨ ᠰᠣᠳᠠᠯ ᠤᠨ ᠴᠡᠪᠡᠷ ᠢ ᠪᠠᠳᠣᠯᠠᠬᠤ ᠣᠷᠳᠣ ᠬᠤᠭᠤᠴᠠᠭᠠᠨ ᠤ ᠪᠦᠲᠦᠮᠵᠢᠲᠡᠶ | ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠭᠤᠤᠯ ᠤᠨ ᠰᠣᠳᠠᠯ ᠵᠢᠴᠢ ᠬᠤᠶᠠᠷ ᠬᠥᠪᠡᠭᠡᠨ ᠤ | ᠬᠤᠭ ᠨᠣᠪᠰᠢ ᠶᠢ ᠴᠠᠭ ᠲᠤᠬᠠᠶ ᠳᠤᠨᠢ ᠴᠡᠪᠡᠷᠯᠡᠨ ᠠᠷᠢᠯᠭᠠᠵᠤ᠂ 2025 ᠣᠨ ᠪᠣᠯᠬᠤ ᠳᠤ᠂ ᠡᠵᠡᠨ᠎ᠡ ᠭᠤᠤᠯ ᠤᠨ | ᠤᠰᠤᠨ ᠤ ᠴᠢᠨᠠᠷ ᠢ ᠲᠣᠭᠲᠠᠭᠤᠨ ᠪᠠᠶᠢᠯᠭᠠᠵᠤ᠂ ᠥᠪᠡᠷᠲᠡᠭᠡᠨ ᠵᠠᠰᠠᠬᠤ ᠣᠷᠣᠨ ᠤ ᠰᠢᠯᠭᠠᠨ ᠬᠢᠨᠠᠬᠤ ᠬᠠᠷᠠᠯᠲᠠ ᠶᠢᠨ | ᠱᠠᠭᠠᠷᠳᠠᠯᠭ᠎ᠠ ᠳᠤ ᠬᠦᠷᠦᠭᠦᠯᠦᠨ᠎ᠡ᠃ ᠭᠤᠤᠯ ᠤᠨ ᠰᠣᠳᠠᠯ ᠤᠨ ᠬᠠᠮᠢᠶᠠᠷᠤᠯᠲᠠ ᠶᠢ ᠴᠢᠩᠭᠠᠳᠬᠠᠵᠤ᠂ ᠠᠮᠢ ᠠᠬᠤᠶ ᠶᠢᠨ | ᠤᠰᠤ ᠳᠠᠮᠵᠢᠭᠤᠯᠬᠤ ᠢᠨᠵᠧᠨᠧᠷᠢᠩ ᠤᠨ ᠬᠡᠪ ᠤᠨ ᠠᠵᠢᠯᠯᠠᠭᠠᠨ ᠢ ᠪᠠᠲᠤᠯᠠᠨ᠎ᠠ᠃ ᠤᠰᠤᠨ ᠤ ᠬᠡᠮᠵᠢᠶ᠎ᠡ ᠶᠢ | ᠲᠣᠬᠢᠷᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠰᠤᠪᠨᠠᠭᠤᠷ ᠤᠨ ᠤᠰᠤᠨ ᠣᠷᠣᠨ ᠤ ᠲᠠᠯᠠᠪᠠᠶ ᠶᠢ | ᠲᠣᠬᠢᠷᠠᠮᠵᠢᠲᠠᠶ ᠬᠡᠮᠵᠢᠶᠡᠨ ᠳᠤ ᠬᠦᠷᠦᠭᠦᠯᠬᠦ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠡᠵᠡᠨ᠎ᠡ ᠶᠢᠨ ᠨᠣᠭᠤᠭᠠᠨ | ᠪᠦᠷᠢᠳᠦ ᠳᠤ ᠠᠮᠢ ᠠᠬᠤᠶ ᠶᠢᠨ ᠤᠰᠤ ᠳᠠᠮᠵᠢᠭᠤᠯᠬᠤ ᠡᠷᠴᠢᠮ ᠢ ᠨᠡᠮᠡᠭᠳᠡᠭᠦᠯᠦᠨ᠂ ᠡᠵᠡᠨ᠎ᠡ ᠶᠢᠨ ᠨᠣᠭᠤᠭᠠᠨ | ᠪᠦᠷᠢᠳᠦ ᠶᠢᠨ ᠠᠮᠢ ᠠᠬᠤᠶ ᠶᠢᠨ ᠰᠡᠯᠭᠦᠨ ᠰᠡᠷᠭᠦᠬᠦ ᠶᠢ ᠴᠢᠩᠭᠠᠳᠬᠠᠵᠤ᠂ ᠡᠵᠡᠨ᠎ᠡ ᠶᠢᠨ ᠨᠣᠭᠤᠭᠠᠨ ᠪᠦᠷᠢᠳᠦ ᠶᠢᠨ | ᠲᠠᠯᠠᠪᠠᠶ ᠶᠢ ᠥᠷᠭᠡᠳᠬᠡᠨ᠂ ᠤᠰᠤ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠦᠨ᠎ᠡ᠃ ᠤᠰᠤᠨ ᠤ ᠠᠮᠢ ᠠᠬᠤᠶ ᠶᠢ | ᠰᠡᠷᠭᠦᠭᠡᠬᠦ ᠡᠮᠦᠨᠡᠬᠢ ᠬᠤᠭᠤᠴᠠᠭᠠᠨ ᠤ ᠰᠤᠳᠤᠯᠤᠯ ᠤᠨ ᠠᠵᠢᠯ ᠢ ᠥᠷᠨᠢᠭᠦᠯᠵᠦ᠂ ᠵᠠᠰᠠᠬᠤ ᠠᠷᠭ᠎ᠠ ᠬᠡᠮᠵᠢᠶ᠎ᠡ ᠶᠢᠨ | ᠰᠢᠨᠵᠢᠯᠡᠬᠦ ᠤᠬᠠᠭᠠᠨᠴᠢ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠮᠤᠵᠢ ᠠᠯᠤᠰᠯᠠᠭᠰᠠᠨ ᠰᠠᠪᠠ ᠭᠠᠵᠠᠷ ᠤᠨ | ᠬᠠᠮᠢᠶᠠᠷᠤᠯᠲᠠ ᠶᠢᠨ ᠠᠵᠢᠯ ᠤᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠦ᠂ ᠲᠥᠷᠥ ᠶᠢᠨ ᠶᠠᠪᠤᠳᠠᠯ ᠤᠨ | ᠬᠤᠷᠢᠶᠠᠨ ᠤ ᠴᠤᠬᠤᠯᠠᠪᠤᠷᠢᠯᠠᠭᠰᠠᠨ ᠬᠠᠷ᠎ᠠ ᠭᠤᠤᠯ ᠤᠨ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠦᠯ ᠤᠨ | ᠨᠠᠶᠢᠳᠠᠪᠤᠷᠢᠵᠢᠭᠤᠯᠤᠯᠲᠠ ᠶᠢ ᠦᠨᠡᠨᠬᠦ ᠪᠠᠲᠤᠯᠠᠵᠤ᠂ ᠰᠠᠪᠠ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠤ | ᠴᠢᠳᠠᠮᠵᠢ ᠶᠢ ᠪᠠᠲᠤᠯᠠᠬᠤ ᠠᠮᠢ ᠠᠬᠤᠶ ᠶᠢᠨ ᠤᠰᠤ ᠬᠡᠷᠡᠭᠰᠡᠬᠦ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠨᠤᠲᠠᠯᠠᠵᠤ᠂ | ᠳᠠᠷᠠᠭᠠᠴᠢ ᠶᠢᠨ ᠠᠯᠬᠤᠮ ᠳᠤ ᠰᠠᠪᠠ ᠭᠠᠵᠠᠷ ᠤᠨ ᠵᠠᠰᠠᠯᠲᠠ ᠶᠢ ᠢᠳᠡᠪᠬᠢᠲᠡᠶ ᠲᠡᠮᠡᠴᠡᠨ ᠣᠯᠬᠤ ᠳᠤ ᠰᠠᠭᠤᠷᠢ | ᠬᠠᠩᠭᠠᠬᠤ ᠬᠡᠷᠡᠭᠲᠡᠶ᠃ | ᠬᠤᠶᠠᠷ᠂ ᠰᠤᠪᠨᠠᠭᠤᠷ ᠤᠨ ᠠᠮᠢ ᠠᠬᠤᠢ ᠶᠢᠨ ᠬᠠᠮᠠᠭᠠᠯᠠᠯᠲᠠ ᠶᠢ ᠬᠦᠴᠦᠯᠡᠨ ᠴᠢᠩᠭᠠᠳᠬᠠᠨ᠎ᠠ | ᠰᠤᠪᠨᠠᠭᠤᠷ ᠤᠨ ᠡᠷᠬᠢᠨ ᠲᠣᠭᠤᠷᠢᠨ ᠤ ᠤᠰᠤᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ | ᠴᠢᠩᠭᠠᠳᠬᠠᠵᠤ᠂ ᠰᠤᠪᠨᠠᠭᠤᠷ ᠤᠨ ᠤᠰᠤᠨ ᠤ ᠴᠢᠳᠠᠮᠵᠢ ᠶᠢᠨ ᠣᠷᠣᠨ ᠤ ᠪᠣᠬᠢᠷ ᠪᠣᠳᠠᠰ ᠣᠷᠣᠭᠤᠯᠬᠤ ᠶᠢ | ᠬᠢᠵᠠᠭᠠᠷᠯᠠᠬᠤ ᠤᠯᠠᠭᠠᠨ ᠱᠤᠭᠤᠮ ᠢ ᠴᠢᠩᠭ᠎ᠠ ᠰᠠᠬᠢᠵᠤ᠂ ᠨᠠᠭᠤᠷ ᠳᠠᠭᠠᠤ ᠪᠣᠬᠢᠷ ᠪᠣᠳᠠᠰ ᠭᠠᠳᠠᠭᠰᠢᠯᠠᠭᠤᠯᠬᠤ ᠭᠠᠵᠠᠷ | ᠥᠬᠡᠶ᠂ ᠨᠠᠭᠤᠷ ᠤᠨ ᠭᠠᠳᠠᠷᠭᠤ ᠶᠢᠨ ᠬᠤᠭ ᠨᠣᠪᠰᠢ ᠶᠢ ᠲᠤᠰᠬᠠᠶ ᠬᠥᠮᠦᠨ ᠢᠶᠠᠷ ᠴᠡᠪᠡᠷᠯᠡᠭᠦᠯᠬᠦ ᠶᠢ ᠦᠨᠡᠨ ᠬᠦ | ᠪᠠᠲᠤᠯᠠᠵᠤ᠂ ᠨᠠᠭᠤᠷ ᠤᠨ ᠭᠠᠳᠠᠷᠭᠤ ᠳᠤ ᠶᠡᠭᠡ ᠬᠡᠪᠴᠢᠶᠡᠨ ᠤ ᠬᠥᠪᠦᠮᠡᠯ ᠪᠣᠳᠠᠰ ᠥᠬᠡᠶ᠂ ᠨᠠᠭᠤᠷ ᠳᠠᠭᠠᠤ ᠬᠤᠭ | ᠨᠣᠪᠰᠢ ᠥᠬᠡᠶ ᠪᠠᠶᠢᠬᠤ ᠶᠢ ᠪᠡᠶᠡᠯᠡᠭᠦᠯᠦᠨ᠎ᠡ᠃ ᠨᠠᠭᠤᠷ ᠳᠠᠭᠠᠤ ᠬᠥᠳᠡᠭᠡ ᠲᠣᠰᠬᠤᠨ ᠢ ᠶᠡᠷᠦᠩᠬᠡᠶᠢᠯᠡᠨ ᠵᠠᠰᠠᠬᠤ | ᠠᠵᠢᠯ ᠢ ᠥᠷᠨᠢᠭᠦᠯᠵᠦ᠂ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ᠂ ᠮᠠᠯ ᠵᠢᠭᠦᠷᠲᠡᠨ ᠢ ᠲᠡᠵᠢᠭᠡᠨ | ᠦᠷᠡᠵᠢᠭᠦᠯᠬᠦ ᠢᠯᠭᠠᠳᠠᠰᠤ ᠶᠢᠨ ᠪᠣᠬᠢᠷᠲᠤᠯ ᠪᠠ ᠬᠥᠳᠡᠭᠡ ᠲᠣᠰᠬᠤᠨ ᠤ ᠬᠤᠭ ᠨᠣᠪᠰᠢ ᠵᠡᠷᠭᠡ ᠠᠰᠠᠭᠤᠳᠠᠯ ᠢ ᠪᠦᠬᠦ | ᠲᠠᠯ᠎ᠠ ᠪᠠᠷ ᠴᠡᠭᠴᠡᠯᠡᠨ ᠵᠠᠰᠠᠨ᠎ᠠ︔ ᠨᠠᠭᠤᠷ ᠳᠣᠲᠣᠷᠠᠬᠢ ᠬᠤᠷᠠᠭᠰᠠᠨ ᠡᠳ᠋ ᠢ ᠠᠷᠢᠯᠭᠠᠬᠤ ᠠᠵᠢᠯ ᠢ ᠥᠷᠨᠢᠭᠦᠯᠵᠦ᠂ | ᠳᠣᠲᠣᠭᠠᠳᠤ ᠢᠷᠡᠯᠲᠡ ᠶᠢᠨ ᠪᠣᠬᠢᠷᠲᠤᠯ ᠤᠨ ᠠᠰᠠᠭᠤᠳᠠᠯ ᠢ ᠰᠢᠢᠳᠪᠦᠷᠢᠯᠡᠬᠦ ᠬᠡᠷᠡᠭᠲᠡᠶ᠃ ᠤᠰᠤᠨ ᠤ ᠡᠬᠢ | ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠦᠷᠭᠦᠯᠵᠢᠯᠡᠨ ᠨᠠᠶᠢᠳᠠᠪᠣᠷᠢᠵᠢᠭᠤᠯᠬᠤ᠂ | ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠬᠢᠵᠠᠭᠠᠷᠯᠠᠬᠤ᠂ ᠤᠰᠤ ᠬᠡᠷᠡᠭᠯᠡᠬᠦ ᠦᠷ᠎ᠡ ᠪᠦᠲᠦᠮᠵᠢ ᠶᠢ | ᠬᠢᠵᠠᠭᠠᠷᠯᠠᠬᠤ᠂ ᠤᠰᠤᠨ ᠤ ᠴᠢᠳᠠᠮᠵᠢᠲᠤ ᠣᠷᠣᠨ ᠳᠤ ᠪᠣᠬᠢᠷᠲᠤᠯ ᠢ ᠬᠢᠵᠠᠭᠠᠷᠯᠠᠬᠤ ᠭᠤᠷᠪᠠᠨ ᠤᠯᠠᠭᠠᠨ ᠱᠤᠭᠤᠮ ᠢ | ᠴᠢᠩᠭ᠎ᠠ ᠰᠠᠬᠢᠨ᠎ᠠ᠃ ᠬᠠᠷ᠎ᠠ ᠭᠤᠤᠯ ᠤᠨ ᠤᠰᠤᠨ ᠤ ᠬᠡᠮᠵᠢᠶ᠎ᠡ ᠶᠢ ᠨᠢᠭᠡᠳᠦᠯᠲᠡᠶ ᠲᠣᠬᠢᠷᠠᠭᠤᠯᠬᠤ ᠠᠵᠢᠯ ᠢ | ᠦᠷᠭᠦᠯᠵᠢᠯᠡᠨ ᠬᠠᠮᠵᠢᠯᠴᠠᠨ ᠰᠠᠶᠢᠲᠤᠷ ᠬᠢᠵᠦ᠂ ᠰᠤᠪᠨᠠᠭᠤᠷ ᠤᠨ ᠤᠰᠤᠨ ᠣᠷᠣᠨ ᠤ ᠲᠠᠯᠠᠪᠠᠶ ᠶᠢ 33 . 8 ᠲᠡᠭᠰᠢ | ᠳᠥᠷᠪᠡᠯᠵᠢᠨ ᠺᠢᠯᠣᠮᠧᠲᠷ ᠠᠴᠠ ᠳᠤᠤᠷ᠎ᠠ ᠪᠠᠶᠢᠯᠭᠠᠬᠤ ᠥᠬᠡᠶ ᠪᠠᠶᠢᠬᠤ ᠶᠢ ᠪᠠᠲᠤᠯᠠᠵᠤ᠂ ᠣᠷᠣᠨ ᠪᠦᠰᠡ ᠶᠢᠨ | ᠤᠰᠤᠨ ᠤ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠠᠮᠢᠳᠤ | ᠪᠣᠳᠠᠰ ᠤᠨ ᠣᠯᠠᠨ ᠶᠠᠩᠵᠤᠲᠤ ᠴᠢᠨᠠᠷ ᠢ ᠨᠡᠮᠡᠭᠳᠡᠭᠦᠯᠦᠨ᠎ᠡ᠃ ᠠᠮᠢ ᠠᠬᠤᠢ ᠶᠢ ᠵᠠᠰᠠᠨ ᠰᠡᠷᠭᠦᠭᠡᠬᠦ ᠠᠵᠢᠯ ᠢ | ᠥᠷᠨᠢᠭᠦᠯᠵᠦ᠂ ᠰᠤᠪᠨᠠᠭᠤᠷ ᠤᠨ ᠠᠮᠢ ᠠᠬᠤᠢ ᠶᠢ ᠵᠠᠰᠠᠨ ᠰᠡᠷᠭᠦᠭᠡᠭᠰᠡᠨ ᠠᠮᠢ ᠠᠬᠤᠢ ᠶᠢᠨ ᠤᠰᠤᠨ ᠲᠦᠪᠰᠢᠨ᠂ | ᠲᠠᠯᠠᠪᠠᠢ ᠵᠡᠷᠭᠡ ᠴᠢᠬᠤᠯᠠ ᠭᠦᠢᠴᠡᠳᠬᠡᠯ ᠲᠤᠭ᠎ᠠ ᠪᠠ ᠠᠮᠢ ᠠᠬᠤᠢ ᠶᠢ ᠵᠠᠰᠠᠨ ᠰᠡᠷᠭᠦᠭᠡᠬᠦ ᠠᠷᠭ᠎ᠠ ᠬᠡᠮᠵᠢᠶ᠎ᠡ ᠶᠢ | ᠰᠤᠳᠤᠯᠤᠨ ᠲᠣᠭᠲᠠᠭᠠᠵᠤ᠂ ᠰᠤᠪᠨᠠᠭᠤᠷ ᠤᠨ ᠤᠰᠤᠨ ᠤ ᠠᠮᠢ ᠠᠬᠤᠢ ᠶᠢᠨ ᠴᠢᠳᠠᠮᠵᠢ ᠶᠢ ᠰᠡᠷᠭᠦᠭᠡᠬᠦ ᠠᠵᠢᠯ ᠳᠤ | ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠨ᠎ᠠ︔ ᠤᠰᠤᠨ ᠤ ᠠᠮᠢᠳᠤ ᠪᠣᠳᠠᠰ ᠤᠨ ᠡᠬᠢ ᠪᠠᠶᠠᠯᠢᠭ ᠤᠨ | ᠪᠠᠶᠢᠴᠠᠭᠠᠯᠲᠠ᠂ ᠣᠷᠣᠰᠢᠨ ᠠᠮᠢᠳᠤᠷᠠᠬᠤ ᠣᠷᠴᠢᠨ ᠲᠣᠭᠤᠷᠢᠨ ᠤ ᠪᠠᠶᠢᠴᠠᠭᠠᠯᠲᠠ ᠶᠢ ᠥᠷᠨᠢᠭᠦᠯᠬᠦ ᠶᠢᠨ ᠬᠠᠮᠲᠤ | ᠤᠰᠤᠨ ᠤ ᠠᠮᠢᠳᠤ ᠪᠣᠳᠠᠰ ᠤᠨ ᠡᠬᠢ ᠪᠠᠶᠠᠯᠢᠭ ᠢ ᠦᠷᠡᠵᠢᠭᠦᠯᠦᠨ ᠭᠠᠷᠭᠠᠬᠤ ᠶᠢ ᠰᠢᠨᠵᠢᠯᠡᠬᠦ ᠤᠬᠠᠭᠠᠨᠴᠢ ᠪᠠᠷ | ᠥᠷᠨᠢᠭᠦᠯᠵᠦ᠂ ᠤᠰᠤᠨ ᠤ ᠠᠮᠢᠳᠤ ᠪᠣᠳᠠᠰ ᠤᠨ ᠡᠬᠢ ᠪᠠᠶᠠᠯᠢᠭ ᠢ ᠠᠷᠠᠴᠢᠯᠠᠨ ᠬᠠᠮᠠᠭᠠᠯᠠᠵᠤ᠂ ᠤᠰᠤᠨ ᠣᠷᠣᠨ ᠤ | ᠠᠮᠢ ᠠᠬᠤᠶ ᠣᠷᠴᠢᠨ ᠲᠣᠭᠤᠷᠢᠨ ᠢ ᠰᠠᠶᠢᠵᠢᠷᠠᠭᠤᠯᠤᠨ᠂ ᠤᠰᠤᠨ ᠤ ᠠᠮᠢᠳᠤ ᠪᠣᠳᠠᠰ ᠤᠨ ᠣᠯᠠᠨ ᠶᠠᠩᠵᠤᠲᠤ | ᠴᠢᠨᠠᠷ ᠢ ᠬᠠᠮᠠᠭᠠᠯᠠᠬᠤ ᠬᠡᠷᠡᠭᠲᠡᠶ᠃ | ᠳᠥᠷᠪᠡᠳᠦᠭᠡᠷ ᠬᠡᠰᠡᠭ ᠤᠰᠤᠨ ᠤ ᠰᠤᠷᠪᠤᠯᠵᠢ ᠭᠠᠵᠠᠷ ᠤᠨ ᠬᠠᠮᠠᠭᠠᠯᠠᠯᠲᠠ ᠶᠢ ᠬᠦᠴᠦᠯᠡᠨ ᠴᠢᠩᠭᠠᠳᠬᠠᠨ᠎ᠠ | ᠬᠠᠩᠭᠠᠬᠤ ᠤᠰᠤᠨ ᠤ ᠴᠢᠨᠠᠷ ᠤᠰᠤᠨ ᠤ ᠬᠡᠮᠵᠢᠶ᠎ᠡ ᠶᠢ ᠪᠠᠳᠣᠯᠠᠨ᠎ᠠ᠃ ᠤᠤᠭᠤᠬᠤ ᠤᠰᠤᠨ ᠤ ᠤᠰᠤᠨ | ᠰᠤᠷᠪᠤᠯᠵᠢ ᠶᠢᠨ ᠭᠠᠵᠠᠷ ᠢ ᠵᠢᠷᠤᠮᠵᠢᠭᠤᠯᠬᠤ ᠪᠠ ᠠᠮᠤᠷ ᠲᠦᠪᠰᠢᠨ ᠤ ᠪᠠᠲᠤᠯᠠᠭ᠎ᠠ ᠶᠢ ᠪᠠᠷᠢᠮᠵᠢᠶ᠎ᠠ ᠳᠤ ᠬᠦᠷᠦᠭᠦᠯᠬᠦ | ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠤᠰᠤᠨ ᠰᠤᠷᠪᠤᠯᠵᠢ ᠶᠢᠨ | ᠭᠠᠵᠠᠷ ᠤᠨ ᠪᠠᠶᠢᠭᠠᠯᠢ ᠶᠢᠨ ᠠᠬᠤᠶ ᠪᠠᠶᠢᠳᠠᠯ ᠤᠨ ᠥᠷᠲᠡᠭ ᠥᠨᠳᠥᠷ ᠠᠴᠠ ᠪᠣᠯᠵᠤ ᠪᠠᠷᠢᠮᠵᠢᠶ᠎ᠠ ᠠᠴᠠ ᠬᠡᠲᠦᠷᠡᠭᠰᠡᠨ | ᠠᠰᠠᠭᠤᠳᠠᠯ ᠳᠤ ᠪᠣᠯ ᠤᠰᠤ ᠬᠠᠩᠭᠠᠬᠤ ᠦᠢᠯᠡᠳᠪᠦᠷᠢ ᠳᠤ ᠵᠣᠬᠢᠴᠠᠩᠭᠤᠶ ᠪᠦᠬᠦᠢ ᠤᠰᠤ ᠴᠡᠪᠡᠷᠰᠢᠭᠦᠯᠬᠦ | ᠪᠡᠯᠡᠳᠬᠡᠮᠵᠢ ᠶᠢ ᠢᠵᠢ ᠪᠦᠷᠢᠳᠦᠭᠦᠯᠬᠦ ᠬᠡᠷᠡᠭᠲᠡᠶ᠃ ᠳᠠᠩ ᠭᠠᠭᠴᠠ ᠤᠰᠤ ᠬᠠᠩᠭᠠᠵᠤ ᠪᠠᠶᠢᠭ᠎ᠠ ᠭᠠᠵᠠᠷ | ᠣᠷᠣᠨ ᠨᠤᠭᠤᠳ ᠪᠡᠯᠡᠳᠬᠡᠯ ᠤᠰᠤᠨ ᠰᠤᠷᠪᠤᠯᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠡᠯᠡᠳᠬᠡᠯ | ᠤᠰᠤᠨ ᠰᠤᠷᠪᠤᠯᠵᠢ ᠪᠤᠶᠤ ᠪᠠᠴᠢᠮ ᠪᠠᠶᠢᠳᠠᠯ ᠢ ᠠᠷᠭᠠᠴᠠᠬᠤ ᠤᠰᠤᠨ ᠰᠤᠷᠪᠤᠯᠵᠢ ᠶᠢᠨ ᠪᠦᠲᠦᠭᠡᠨ ᠪᠠᠶᠢᠭᠤᠯᠤᠯᠲᠠ ᠶᠢ | ᠪᠡᠶᠡᠯᠡᠭᠦᠯᠬᠦ ᠬᠡᠷᠡᠭᠲᠡᠶ᠃ 2025 ᠣᠨ ᠪᠣᠯᠬᠤ ᠳᠤ᠂ ᠪᠥᠬᠦ ᠠᠶᠢᠮᠠᠭ ᠤᠨ 5 ᠲᠤᠰᠬᠠᠶ ᠣᠷᠣᠨ ᠬᠤᠲᠠ ᠶᠢᠨ | ᠲᠠᠰ ᠤᠨ ᠲᠥᠪᠯᠡᠷᠡᠭᠰᠡᠨ ᠬᠡᠯᠪᠡᠷᠢ ᠶᠢᠨ ᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠠᠷ ︵ᠬᠠᠷ᠎ᠠ ᠭᠤᠣ | ᠤᠰᠤᠨ ᠰᠤᠷᠪᠤᠯᠵᠢ ᠶᠢᠨ ᠭᠠᠵᠠᠷ᠂ ᠱᠦᠶ ᠮᠦᠸᠧ ᠭᠸᠤ ᠶᠢᠨ ᠤᠰᠤᠨ ᠰᠤᠷᠪᠤᠯᠵᠢ ᠶᠢᠨ ᠭᠠᠵᠠᠷ᠂ ᠰᠢᠨ᠎ᠡ | ᠬᠤᠳᠳᠤᠭ ᠤᠨ ᠤᠰᠤᠨ ᠰᠤᠷᠪᠤᠯᠵᠢ ᠶᠢᠨ ᠭᠠᠵᠠᠷ᠂ ᠰᠢ ᠲᠠᠨ ᠬᠤᠶᠠᠳᠤᠭᠠᠷ ᠤᠰᠤᠨ ᠤ ᠰᠤᠷᠪᠤᠯᠵᠢ ᠶᠢᠨ ᠭᠠᠵᠠᠷ᠂ | ᠪᠠᠶᠠᠨᠬᠤᠲᠠ ᠵᠢᠴᠢ ᠵᠠᠮ ᠳᠠᠭᠠᠤ ᠰᠤᠮᠤ ᠪᠠᠯᠭᠠᠰᠤᠨ ᠤ ᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠠᠷ︶ | ᠤᠨ ᠤᠰᠤᠨ ᠤ ᠴᠢᠨᠠᠷ ᠢ ᠥᠪᠡᠷᠲᠡᠭᠡᠨ ᠵᠠᠰᠠᠬᠤ ᠣᠷᠣᠨ ᠤ ᠰᠢᠯᠭᠠᠨ ᠬᠢᠨᠠᠬᠤ ᠱᠠᠭᠠᠷᠳᠠᠯᠭ᠎ᠠ ᠳᠤ ᠬᠦᠷᠦᠭᠦᠯᠦᠨ᠎ᠡ︔ | 2 ᠬᠤᠰᠢᠭᠤ ᠰᠢᠶᠠᠨ ᠤ ᠱᠠᠲᠤᠨ ᠤ ᠲᠥᠪᠯᠡᠷᠡᠭᠰᠡᠨ ᠬᠡᠯᠪᠡᠷᠢ ᠶᠢᠨ ᠤᠤᠭᠤᠬᠤ ᠤᠰᠤᠨ ᠤ ᠰᠤᠷᠪᠤᠯᠵᠢ ᠶᠢᠨ ᠭᠠᠵᠠᠷ ︵ | ᠠᠯᠠᠱᠠ ᠪᠠᠷᠠᠭᠤᠨ ᠬᠤᠰᠢᠭᠤᠨ ᠤ ᠪᠠᠳᠠᠢ ᠶᠢᠨ ᠵᠢᠷᠠᠨ ᠪᠠᠯᠭᠠᠰᠤ ᠶᠢᠨ ᠤᠤᠭᠤᠬᠤ ᠤᠰᠤᠨ ᠤ ᠰᠤᠷᠪᠤᠯᠵᠢ ᠶᠢᠨ ᠭᠠᠵᠠᠷ | ᠂ ᠡᠵᠡᠨ᠎ᠡ ᠬᠤᠰᠢᠭᠤᠨ ᠤ ᠲᠠᠯᠠᠶᠢᠬᠦᠪ ᠪᠠᠯᠭᠠᠰᠤ ᠶᠢᠨ ᠬᠤᠶᠠᠳᠤᠭᠠᠷ ᠠᠭᠤᠯᠠ ᠶᠢᠨ ᠤᠤᠭᠤᠬᠤ ᠤᠰᠤᠨ ᠤ | ᠰᠤᠷᠪᠤᠯᠵᠢ ᠶᠢᠨ ᠭᠠᠵᠠᠷ︶ ᠤᠨ ᠤᠰᠤᠨ ᠤ ᠴᠢᠨᠠᠷ ᠢ ᠲᠣᠭᠲᠠᠭᠤᠨ ᠪᠠᠶᠢᠯᠭᠠᠬᠤ ᠶᠢ ᠪᠠᠲᠤᠯᠠᠨ᠎ᠠ᠃ | ᠤᠤᠭᠤᠬᠤ ᠤᠰᠤᠨ ᠤ ᠡᠬᠢ ᠰᠤᠷᠪᠤᠯᠵᠢ ᠶᠢᠨ ᠵᠢᠷᠤᠮᠵᠢᠭᠰᠠᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠤᠨ᠎ᠠ᠃ ︽ᠲᠦᠮᠡᠨ ᠬᠥᠮᠦᠨ ᠮᠢᠩᠭᠠᠨ ᠲᠣᠨ︾ ᠤᠤᠭᠤᠬᠤ ᠤᠰᠤᠨ ᠤ ᠰᠤᠷᠪᠤᠯᠵᠢ ᠶᠢᠨ ᠭᠠᠵᠠᠷ ᠤᠨ | ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠢᠯᠭᠠᠷᠠᠭᠤᠯᠤᠨ ᠴᠡᠭᠴᠡᠯᠡᠬᠦ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠵᠦ᠂ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠬᠠᠤᠯᠢ ᠲᠣᠭᠲᠠᠭᠠᠯ ᠠᠴᠠ | ᠵᠥᠷᠢᠴᠡᠭᠰᠡᠨ ᠠᠰᠠᠭᠤᠳᠠᠯ ᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠤᠰᠤᠨ | ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠤᠰᠤᠨ ᠰᠤᠷᠪᠤᠯᠵᠢ ᠶᠢᠨ ᠭᠠᠵᠠᠷ ᠤᠨ ᠬᠢᠨᠠᠨ ᠡᠵᠡᠮᠳᠡᠬᠦ ᠰᠢᠰᠲ᠋ᠧᠮᠵᠢ ᠶᠢ | ᠲᠡᠭᠦᠯᠳᠡᠷᠵᠢᠭᠦᠯᠦᠨ᠂ ᠤᠤᠭᠤᠬᠤ ᠤᠰᠤᠨ ᠤ ᠰᠤᠷᠪᠤᠯᠵᠢ ᠶᠢᠨ ᠭᠠᠵᠠᠷ ᠤᠨ ᠬᠢᠨᠠᠨ ᠬᠡᠮᠵᠢᠵᠦ ᠬᠢᠨᠠᠨ ᠡᠵᠡᠮᠳᠡᠵᠦ | ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠲᠠᠪᠤᠳᠤᠭᠠᠷ ᠬᠡᠰᠡᠭ ︽ᠭᠤᠷᠪᠠᠨ ᠰᠤᠷᠪᠤᠯᠵᠢ︾ ᠶᠢ ᠬᠠᠮᠲᠤ ᠪᠠᠷ ᠵᠠᠰᠠᠬᠤ ᠶᠢ ᠦᠷᠭᠦᠯᠵᠢᠯᠡᠨ | ᠭᠦᠨᠵᠡᠭᠡᠶᠢᠷᠡᠭᠦᠯᠦᠨ᠎ᠡ | ᠨᠢᠭᠡ᠂ ᠪᠣᠬᠢᠷ ᠤᠰᠤ ᠰᠢᠢᠳᠪᠦᠷᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ | ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠬᠤᠭᠤᠯᠠᠶ ᠲᠤᠤᠷ ᠤᠨ ᠪᠦᠷᠬᠦᠴᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠬᠤᠲᠠ ᠶᠢᠨ ᠳᠤᠮᠳᠠᠬᠢ ᠲᠣᠰᠬᠤᠨ᠂ | ᠬᠠᠭᠤᠴᠢᠨ ᠬᠤᠲᠠ ᠲᠣᠭᠤᠷᠢᠭ ᠪᠠ ᠬᠤᠲᠠ ᠬᠥᠳᠡᠭᠡ ᠶᠢᠨ ᠠᠭᠤᠯᠵᠠᠷ ᠬᠡᠰᠡᠭ ᠤᠨ ᠪᠣᠬᠢᠷ ᠤᠰᠤ ᠶᠢ ᠬᠤᠷᠢᠶᠠᠨ | ᠴᠤᠭᠯᠠᠭᠤᠯᠵᠤ᠂ 2025 ᠣᠨ ᠪᠣᠯᠬᠤ ᠳᠤ᠂ ᠪᠥᠬᠦ ᠠᠶᠢᠮᠠᠭ ᠤᠨ ᠬᠤᠲᠠ ᠪᠠᠯᠭᠠᠰᠤᠨ ᠤ ᠠᠮᠢᠳᠤᠷᠠᠯ ᠤᠨ ᠪᠣᠬᠢᠷ | ᠤᠰᠤ ᠶᠢ ᠰᠢᠢᠳᠪᠦᠷᠢᠯᠡᠭᠰᠡᠨ ᠨᠣᠷᠮ᠎ᠠ ᠶᠢ 96 % ᠳᠤ ᠬᠦᠷᠭᠡᠨ᠎ᠡ᠃ ᠪᠣᠷᠣᠭᠠᠨ ᠤ ᠤᠰᠤ ᠪᠠ ᠪᠣᠬᠢᠷ ᠤᠰᠤ ᠶᠢ | ᠰᠠᠯᠭᠠᠬᠤ ᠥᠭᠡᠷᠡᠴᠢᠯᠡᠯᠲᠡ ᠶᠢ ᠲᠦᠷᠭᠡᠳᠬᠡᠨ ᠬᠡᠷᠡᠭᠵᠢᠭᠦᠯᠵᠦ᠂ ᠬᠤᠲᠠ ᠪᠠᠯᠭᠠᠰᠤᠨ ᠤ ᠰᠢᠨ᠎ᠡ ᠲᠣᠭᠤᠷᠢᠭ ᠤᠨ | ᠪᠦᠲᠦᠭᠡᠨ ᠪᠠᠶᠢᠭᠤᠯᠤᠯᠲᠠ ᠳᠤ ᠴᠥᠮ ᠪᠣᠷᠣᠭᠠᠨ ᠤ ᠤᠰᠤ ᠪᠠ ᠪᠣᠬᠢᠷ ᠤᠰᠤ ᠶᠢ ᠰᠠᠯᠭᠠᠬᠤ ᠶᠢ ᠬᠡᠷᠡᠭᠵᠢᠭᠦᠯᠦᠨ᠎ᠡ᠃ | ᠬᠤᠲᠠ ᠪᠠᠯᠭᠠᠰᠤ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠳᠤ ᠬᠦᠷᠦᠭᠦᠯᠦᠨ | ᠭᠠᠳᠠᠭᠰᠢᠯᠠᠭᠤᠯᠬᠤ ᠶᠢ ᠦᠷᠭᠦᠯᠵᠢᠯᠡᠨ ᠰᠠᠶᠢᠲᠤᠷ ᠬᠢᠵᠦ᠂ ᠪᠠᠷᠢᠮᠵᠢᠶ᠎ᠠ ᠳᠤ ᠬᠦᠷᠦᠭᠦᠯᠦᠨ ᠬᠢᠨᠠᠨ ᠬᠠᠮᠢᠶᠠᠷᠬᠤ ᠶᠢ | ᠴᠢᠩᠭᠠᠷᠠᠭᠤᠯᠤᠨ᠎ᠠ᠃ ᠳᠠᠬᠢᠯᠲᠠ ᠤᠰᠤ ᠶᠢ ᠡᠭᠡᠭᠦᠯᠦᠨ ᠬᠡᠷᠡᠭᠯᠡᠬᠦ ᠬᠤᠭᠤᠯᠠᠶ ᠲᠤᠤᠷ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠵᠤ᠂ ᠳᠤᠮᠳᠠᠬᠢ ᠤᠰᠤ ᠪᠠ ᠳᠠᠬᠢᠯᠲᠠ ᠤᠰᠤ ᠶᠢ ᠡᠭᠡᠭᠦᠯᠦᠨ ᠬᠡᠷᠡᠭᠯᠡᠬᠦ ᠨᠣᠷᠮ᠎ᠠ ᠶᠢ | ᠳᠡᠭᠡᠭᠰᠢᠯᠡᠭᠦᠯᠦᠨ᠂ ᠠᠵᠤ ᠦᠢᠯᠡᠳᠪᠦᠷᠢ ᠶᠢᠨ ᠦᠢᠯᠡᠳᠪᠦᠷᠢᠯᠡᠯ᠂ ᠬᠤᠲᠠ ᠶᠢᠨ ᠵᠠᠮ ᠢ ᠴᠡᠪᠡᠷᠯᠡᠬᠦ᠂ ᠲᠡᠷᠭᠡ | ᠬᠥᠰᠬᠡ ᠶᠢ ᠤᠬᠢᠶᠠᠬᠤ᠂ ᠪᠠᠷᠢᠯᠭ᠎ᠠ ᠶᠢᠨ ᠠᠵᠢᠯ ᠬᠢᠬᠦ ᠵᠢᠴᠢ ᠠᠮᠢ ᠠᠬᠤᠶ ᠶᠢᠨ ᠦᠵᠡᠮᠵᠢ ᠳᠤ ᠬᠡᠷᠡᠭᠯᠡᠬᠦ ᠤᠰᠤ | ᠵᠡᠷᠭᠡ ᠳᠤ ᠤᠷᠢᠳᠠᠪᠠᠷ ᠳᠠᠬᠢᠯᠲᠠ ᠤᠰᠤ ᠶᠢ ᠬᠡᠷᠡᠭᠯᠡᠵᠦ᠂ 2025 ᠣᠨ ᠪᠣᠯᠬᠤ ᠳᠤ᠂ ᠳᠠᠬᠢᠯᠲᠠ ᠤᠰᠤ ᠶᠢ | ᠠᠰᠢᠭᠯᠠᠬᠤ ᠨᠣᠷᠮ᠎ᠠ ᠶᠢ 25 % ᠠᠴᠠ ᠳᠡᠭᠡᠭᠰᠢ ᠳᠤ ᠬᠦᠷᠦᠭᠦᠯᠦᠨ᠎ᠡ᠃ | ᠬᠤᠶᠠᠷ᠂ ᠠᠵᠤ ᠦᠢᠯᠡᠳᠪᠦᠷᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠶᠢᠷᠡᠭᠦᠯᠦᠨ᠎ᠡ | ᠠᠵᠤ ᠠᠬᠤᠶᠢᠯᠠᠯ ᠤᠨ ᠴᠡᠪᠡᠷ ᠦᠢᠯᠡᠳᠪᠦᠷᠢᠯᠡᠯ ᠢ ᠴᠢᠩᠭᠠᠷᠠᠭᠤᠯᠵᠤ᠂ ᠠᠵᠢᠯ ᠲᠥᠷᠥᠯ ᠤᠨ ᠤᠰᠤ ᠠᠷᠪᠢᠯᠠᠬᠤ | ᠠᠷᠭ᠎ᠠ ᠬᠡᠮᠵᠢᠶ᠎ᠡ ᠶᠢ ᠠᠬᠢᠭᠤᠯᠤᠨ᠂ ᠰᠢᠨ᠎ᠡ ᠪᠠᠷ ᠪᠠᠶᠢᠭᠤᠯᠬᠤ᠂ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ | ᠵᠦᠢᠯ ᠳᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠳᠠᠬᠢᠯᠲᠠ ᠤᠰᠤ ᠶᠢ ᠤᠷᠢᠳᠠᠪᠠᠷ ᠠᠰᠢᠭᠯᠠᠬᠤ ᠶᠢ | ᠵᠣᠷᠢᠭᠵᠢᠭᠤᠯᠤᠨ᠎ᠠ᠃ ᠬᠠᠲᠤᠨ ᠭᠤᠣᠯ᠂ ᠡᠵᠡᠨ᠎ᠡ ᠭᠤᠣᠯ ᠤᠨ ᠰᠠᠪᠠ ᠭᠠᠵᠠᠷ ᠢᠶᠠᠷ ᠭᠤᠣᠯᠳᠠᠯᠭ᠎ᠠ ᠪᠣᠯᠭᠠᠨ᠂ ᠠᠵᠤ | ᠦᠢᠯᠡᠳᠪᠦᠷᠢ ᠶᠢᠨ ᠪᠣᠬᠢᠷᠲᠤᠯ ᠤᠨ ᠡᠬᠢ ᠶᠢᠨ ᠪᠠᠷᠢᠮᠵᠢᠶ᠎ᠠ ᠳᠤ ᠬᠦᠷᠦᠭᠰᠡᠨ ᠪᠠᠶᠢᠳᠠᠯ ᠢ ᠵᠢᠭᠰᠠᠭᠠᠨ ᠪᠠᠶᠢᠴᠠᠭᠠᠬᠤ ᠶᠢ | ᠪᠦᠬᠦ ᠲᠠᠯ᠎ᠠ ᠪᠠᠷ ᠥᠷᠨᠢᠭᠦᠯᠵᠦ᠂ ᠪᠠᠷᠢᠮᠵᠢᠶ᠎ᠠ ᠳᠤ ᠬᠦᠷᠦᠭᠡᠳᠦᠶ ᠠᠵᠤ ᠠᠬᠤᠶᠢᠯᠠᠯ ᠢ ᠬᠤᠭᠤᠴᠠᠭ᠎ᠠ ᠬᠢᠵᠠᠭᠠᠷᠯᠠᠨ | ᠵᠠᠰᠠᠵᠤ᠂ ᠬᠤᠭᠤᠴᠠᠭ᠎ᠠ ᠬᠢᠵᠠᠭᠠᠷᠯᠠᠨ ᠵᠠᠰᠠᠭᠰᠠᠨ ᠤ ᠳᠠᠷᠠᠭ᠎ᠠ ᠮᠥᠨ ᠬᠦ ᠪᠠᠷᠢᠮᠵᠢᠶ᠎ᠠ ᠳᠤ ᠬᠦᠷᠦᠭᠡᠳᠦᠶ ᠶᠢ ᠨᠢ ᠬᠠᠤᠯᠢ | ᠶᠣᠰᠣᠭᠠᠷ ᠬᠠᠭᠠᠵᠤ ᠵᠣᠭᠰᠣᠭᠠᠬᠤ ᠬᠡᠷᠡᠭᠲᠡᠶ᠃ ᠠᠵᠤ ᠦᠢᠯᠡᠳᠪᠦᠷᠢ ᠲᠥᠪᠯᠡᠷᠡᠭᠰᠡᠨ ᠣᠷᠣᠨ ᠤ ᠪᠣᠬᠢᠷᠲᠤᠯ ᠢ ᠵᠠᠰᠠᠬᠤ | ᠶᠠᠪᠤᠳᠠᠯ ᠢ ᠴᠢᠩᠭᠠᠷᠠᠭᠤᠯᠤᠨ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ | ᠠᠵᠤ ᠦᠢᠯᠡᠰ ᠤᠨ ᠬᠦᠷᠢᠶᠡᠯᠡᠩ ᠲᠣᠭᠤᠷᠢᠭ ᠲᠡᠰᠢ ᠲᠥᠪᠯᠡᠷᠡᠭᠦᠯᠵᠦ᠂ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ᠂ ᠲᠥᠪᠯᠡᠷᠡᠭᠰᠡᠨ ᠣᠷᠣᠨ ᠨᠤᠭᠤᠳ ᠡᠷᠬᠡᠪᠰᠢ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ | ᠪᠡᠯᠡᠳᠬᠡᠮᠵᠢ ᠪᠠᠶᠢᠭᠤᠯᠬᠤ ᠶᠢᠨ ᠬᠠᠮᠲᠤ ᠲᠣᠭᠲᠠᠭᠤᠨ ᠢᠶᠠᠷ ᠠᠵᠢᠯᠯᠠᠭᠤᠯᠬᠤ ᠬᠡᠷᠡᠭᠲᠡᠶ᠃ ᠨᠢᠭᠡᠨᠲᠡ ᠪᠠᠶᠢᠭᠤᠯᠤᠭᠰᠠᠨ | ᠬᠦᠷᠢᠶᠡᠯᠡᠩ ᠲᠣᠭᠤᠷᠢᠭ ᠤᠨ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠪᠡᠯᠡᠳᠬᠡᠮᠵᠢ ᠶᠢᠨ ᠪᠠᠷᠢᠮᠵᠢᠶ᠎ᠠ ᠳᠤ | ᠬᠦᠷᠦᠭᠦᠯᠦᠨ ᠠᠵᠢᠯᠯᠠᠭᠤᠯᠬᠤ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠪᠣᠬᠢᠷ ᠤᠰᠤ ᠬᠤᠷᠢᠶᠠᠨ | ᠴᠤᠭᠯᠠᠭᠤᠯᠬᠤ ᠬᠤᠭᠤᠯᠠᠶ ᠲᠣᠣᠷ ᠤᠨ ᠪᠦᠷᠬᠦᠴᠡ ᠶᠢᠨ ᠨᠣᠷᠮ᠎ᠠ ᠵᠢᠴᠢ ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ | ᠨᠣᠷᠮ᠎ᠠ ᠶᠢ ᠳᠡᠭᠡᠭᠰᠢᠯᠡᠭᠦᠯᠦᠨ᠂ ᠬᠦᠷᠢᠶᠡᠯᠡᠩ ᠲᠣᠭᠤᠷᠢᠭ ᠲᠠᠬᠢ ᠠᠵᠤ ᠠᠬᠤᠶᠢᠯᠠᠯ ᠤᠨ ᠪᠣᠬᠢᠷ ᠤᠰᠤ ᠶᠢ ᠪᠦᠬᠦᠨ ᠢ | ᠬᠤᠷᠢᠶᠠᠨ ᠴᠤᠭᠯᠠᠭᠤᠯᠵᠤ᠂ ᠪᠦᠬᠦᠨ ᠢ ᠰᠢᠢᠳᠪᠦᠷᠢᠯᠡᠬᠦ ᠶᠢ ᠪᠡᠶᠡᠯᠡᠭᠦᠯᠦᠨ᠎ᠡ᠃ | ᠥᠳᠬᠡᠨ ᠳᠠᠪᠤᠰᠤ ᠲᠠᠢ ᠤᠰᠤ ᠶᠢ ᠰᠢᠢᠳᠪᠦᠷᠢᠯᠡᠬᠦ ᠠᠵᠢᠯ ᠢ ᠠᠬᠢᠭᠤᠯᠵᠤ᠂ ᠮᠡᠷᠭᠡᠵᠢᠯ ᠤᠨ | ᠥᠭᠡᠷᠡᠴᠢᠯᠡᠯᠲᠡ ᠶᠢᠨ ᠠᠵᠢᠯ ᠢ ᠲᠦᠷᠭᠡᠳᠬᠡᠨ᠂ ᠥᠳᠬᠡᠨ ᠳᠠᠪᠤᠰᠤ ᠲᠠᠢ ᠤᠰᠤ ᠶᠢ ᠭᠠᠳᠠᠭᠰᠢᠯᠠᠭᠤᠯᠬᠤ ᠬᠡᠮᠵᠢᠶ᠎ᠡ ᠶᠢ | ᠪᠠᠭᠤᠷᠠᠭᠤᠯᠵᠤ᠂ ᠥᠳᠬᠡᠨ ᠳᠠᠪᠤᠰᠤ ᠲᠠᠢ ᠤᠰᠤ ᠶᠢ ᠭᠠᠳᠠᠭᠰᠢᠯᠠᠭᠤᠯᠬᠤ ᠴᠢᠳᠠᠪᠤᠷᠢ ᠲᠠᠢ᠂ ᠮᠡᠷᠭᠡᠵᠢᠯ ᠲᠠᠢ᠂ | ᠲᠤᠷᠰᠢᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠡ ᠶᠢ ᠣᠷᠣᠭᠤᠯᠤᠨ ᠠᠪᠴᠢᠷᠠᠵᠤ | ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠰᠠᠭᠤᠷᠢᠰᠢᠭᠤᠯᠵᠤ᠂ ᠬᠦᠷᠢᠶᠡᠯᠡᠩ ᠲᠣᠭᠤᠷᠢᠭ ᠤᠨ ᠥᠳᠬᠡᠨ | ᠳᠠᠪᠤᠰᠤ ᠲᠠᠢ ᠤᠰᠤ ᠶᠢ ᠰᠢᠢᠳᠪᠦᠷᠢᠯᠡᠬᠦ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠭᠤᠷᠪᠠ᠂ ᠲᠠᠷᠢᠶᠠᠯᠠᠩ ᠠᠴᠠ ᠢᠷᠡᠯᠲᠡ ᠲᠠᠢ ᠪᠣᠬᠢᠷᠲᠤᠯ ᠢ ᠵᠠᠰᠠᠬᠤ ᠶᠢ ᠠᠬᠢᠭᠤᠯᠤᠨ᠎ᠠ | ᠲᠠᠷᠢᠶᠠᠯᠠᠩ ᠬᠥᠳᠡᠭᠡ ᠲᠣᠰᠬᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠲᠡᠭᠦᠯᠳᠡᠷᠵᠢᠭᠦᠯᠵᠦ᠂ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠶᠢ | ᠴᠢᠩᠭᠠᠳᠬᠠᠨ᠂ ᠬᠢᠮᠢ ᠶᠢᠨ ᠪᠣᠷᠲᠣᠭᠤᠷ ᠲᠠᠷᠢᠶᠠᠨ ᠡᠮ ᠬᠡᠷᠡᠭᠯᠡᠬᠦ ᠶᠢ ᠪᠠᠭᠠᠰᠬᠠᠬᠤ ᠡᠷᠴᠢᠮ ᠢ ᠴᠢᠩᠭᠠᠷᠠᠭᠤᠯᠵᠤ᠂ | ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠢ ᠥᠭᠡᠷᠡᠴᠢᠯᠡᠬᠦ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ | ᠪᠠ ᠪᠣᠬᠢᠷ ᠤᠰᠤ ᠶᠢ ᠵᠠᠰᠠᠬᠤ ᠶᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠠᠬᠢᠭᠤᠯᠵᠤ᠂ | ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃ | ᠨᠠᠢᠮᠠᠳᠣᠭᠠᠷ ᠪᠦᠯᠦᠭ ᠲᠥᠷᠥᠯ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠬᠥᠷᠥᠰᠥ ᠰᠢᠷᠣᠶ | ᠬᠢᠭᠡᠳ ᠭᠠᠵᠠᠷ ᠳᠤᠤᠷᠠᠬᠢ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠯᠠᠪᠳᠠᠭᠤᠨ ᠪᠠᠲᠤᠲᠠᠶ ᠠᠬᠢᠭᠤᠯᠤᠨ᠎ᠠ | ᠰᠡᠷᠭᠡᠶᠢᠯᠡᠬᠦ ᠪᠠᠷ ᠭᠤᠣᠯ ᠪᠣᠯᠭᠠᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠤᠯ ᠲᠦᠭᠰᠢᠭᠦᠷᠢ ᠶᠢ | ᠬᠠᠮᠢᠶᠠᠷᠤᠨ ᠡᠵᠡᠮᠳᠡᠬᠦ ᠶᠢ ᠪᠠᠷᠢᠮᠲᠠᠯᠠᠵᠤ᠂ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ | ᠰᠢᠪᠲᠤᠯᠬᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠬᠥᠷᠥᠰᠥ ᠰᠢᠷᠣᠢ ᠪᠠ ᠭᠠᠵᠠᠷ ᠳᠣᠣᠷᠠᠬᠢ ᠤᠰᠤᠨ ᠤ | ᠪᠣᠬᠢᠷᠲᠤᠯ ᠤᠨ ᠠᠶᠤᠯ ᠲᠦᠭᠰᠢᠭᠦᠷᠢ ᠶᠢ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠪᠠ ᠵᠠᠰᠠᠵᠤ ᠰᠡᠷᠭᠦᠭᠡᠬᠦ ᠶᠢ | ᠴᠢᠩᠭᠠᠳᠬᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ | ᠭᠦᠨᠵᠡᠭᠡᠶ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠪᠥᠬᠦ | ᠲᠠᠯ᠎ᠠ ᠪᠠᠷ ᠰᠠᠶᠢᠵᠢᠷᠠᠭᠤᠯᠵᠤ᠂ ᠠᠮᠢ ᠠᠬᠤᠶ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠤᠨ᠎ᠠ᠃ | ᠨᠢᠭᠡᠳᠦᠭᠡᠷ ᠬᠡᠰᠡᠭ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠰᠢᠰᠲ᠋ᠧᠮ ᠢ | ᠲᠡᠭᠦᠯᠳᠡᠷᠵᠢᠭᠦᠯᠦᠨ᠎ᠡ | ᠨᠢᠭᠡ᠂ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ | ᠭᠠᠵᠠᠷ ᠰᠢᠷᠣᠶ ᠶᠢᠨ ᠬᠡᠷᠡᠭᠴᠡᠭᠡ ᠶᠢ ᠵᠦᠢ ᠵᠣᠬᠢᠰᠲᠠᠶ ᠲᠥᠯᠥᠪᠵᠢᠭᠦᠯᠵᠦ᠂ ᠤᠯᠤᠰ ᠤᠨ ᠭᠠᠵᠠᠷ ᠰᠢᠷᠣᠶ ᠶᠢᠨ | ᠣᠷᠣᠨ ᠵᠠᠶ ᠶᠢᠨ ᠲᠥᠯᠥᠪᠵᠢᠭᠦᠯᠭᠡ ᠵᠡᠷᠭᠡ ᠬᠠᠮᠢᠶ᠎ᠠ ᠪᠦᠬᠦᠢ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠠᠭᠠᠨ | ᠬᠥᠷᠥᠰᠥ ᠰᠢᠷᠣᠶ ᠶᠢᠨ ᠣᠷᠴᠢᠨ ᠲᠣᠭᠤᠷᠢᠨ ᠢ ᠪᠣᠬᠢᠷᠲᠤᠭᠤᠯᠬᠤ ᠲᠦᠭᠰᠢᠭᠦᠷᠢ ᠶᠢ ᠭᠦᠢᠴᠡᠳ ᠠᠩᠬᠠᠷᠴᠤ᠂ ᠭᠠᠵᠠᠷ | ᠰᠢᠷᠣᠶ ᠶᠢᠨ ᠬᠡᠷᠡᠭᠴᠡᠭᠡ ᠶᠢ ᠵᠦᠢ ᠵᠣᠬᠢᠰᠲᠠᠶ ᠲᠣᠭᠲᠠᠭᠠᠬᠤ ᠬᠡᠷᠡᠭᠲᠡᠶ᠃ ᠬᠥᠷᠥᠰᠥ ᠰᠢᠷᠣᠶ ᠶᠢᠨ ᠠᠮᠢ ᠠᠬᠤᠶ ᠶᠢᠨ | ᠣᠷᠴᠢᠨ ᠲᠣᠭᠤᠷᠢᠨ ᠤ ᠲᠦᠭᠰᠢᠭᠦᠷᠢ ᠶᠢ ᠣᠷᠣᠨ ᠬᠤᠪᠢᠶᠠᠨ ᠬᠠᠮᠢᠶᠠᠷᠬᠤ ᠶᠢ ᠴᠢᠩᠭᠠᠳᠬᠠᠵᠤ᠂ ᠭᠤᠤᠯᠳᠠᠯᠭ᠎ᠠ ᠲᠠᠢ | ᠬᠠᠮᠢᠶᠠᠷᠤᠨ ᠡᠵᠡᠮᠳᠡᠬᠦ ᠣᠷᠣᠨ ᠢᠶᠠᠷ ᠬᠤᠪᠢᠶᠠᠭᠰᠠᠨ ᠲᠠᠷᠢᠶᠠᠯᠠᠩ ᠳᠤ ᠬᠡᠷᠡᠭᠯᠡᠬᠦ ᠭᠠᠵᠠᠷ ᠢ ᠴᠢᠩᠭ᠎ᠠ ᠬᠠᠮᠢᠶᠠᠷᠤᠨ | ᠡᠵᠡᠮᠳᠡᠬᠦ ᠲᠥᠷᠥᠯ ᠪᠠ ᠠᠮᠤᠷ ᠲᠦᠪᠰᠢᠨ ᠢᠶᠠᠷ ᠠᠰᠢᠭᠯᠠᠬᠤ ᠲᠥᠷᠥᠯ ᠤᠨ ᠣᠷᠣᠨ ᠪᠦᠰᠡ ᠵᠢᠴᠢ ᠪᠣᠬᠢᠷᠲᠤᠭᠰᠠᠨ | ᠰᠡᠵᠢᠭᠯᠡᠯᠲᠡᠶ ᠭᠠᠵᠠᠷ ᠰᠢᠷᠣᠶ ᠶᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠢᠶᠠᠷ ᠣᠪᠣᠭᠠᠯᠠᠨ ᠪᠤᠯᠠᠵᠤ ᠲᠠᠯᠪᠢᠭᠰᠠᠨ | ᠭᠠᠵᠠᠷ ᠰᠢᠷᠣᠶ ᠳᠤ ᠬᠡᠷᠡᠭᠯᠡᠵᠦ᠂ ᠲᠦᠭᠰᠢᠭᠦᠷᠢ ᠶᠢ ᠰᠢᠭᠰᠢᠨ ᠪᠠᠶᠢᠴᠠᠭᠠᠵᠤ ᠲᠣᠭᠲᠠᠭᠠᠭᠰᠠᠨ ᠠᠵᠤ ᠠᠬᠤᠶᠢᠯᠠᠯ ᠤᠨ | ᠭᠠᠵᠠᠷ ᠰᠢᠷᠣᠶ ᠳᠤ ᠪᠠᠶᠢᠴᠠᠭᠠᠯᠲᠠ ᠦᠨᠡᠯᠡᠯᠲᠡ ᠬᠢᠬᠦ ᠶᠢ ᠳᠡᠭᠡᠳᠦ ᠬᠡᠮᠵᠢᠶ᠎ᠡ ᠪᠠᠷ ᠠᠩᠬᠠᠷᠬᠤ ᠶᠢᠨ ᠬᠠᠮᠲᠤ᠂ | ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠰᠡᠷᠭᠦᠭᠡᠭᠰᠡᠨ ᠦᠷ᠎ᠡ ᠪᠦᠲᠦᠮᠵᠢ ᠶᠢ ᠦᠨᠡᠯᠡᠨ ᠵᠢᠱᠢᠨ᠎ᠡ᠃ ᠡᠩ | ᠲᠡᠷᠢᠭᠦᠨ ᠳᠤ ᠬᠠᠮᠠᠭᠠᠯᠠᠯᠲᠠ ᠶᠢᠨ ᠣᠷᠣᠨ ᠳᠤ ᠣᠷᠣᠭᠤᠯᠤᠭᠰᠠᠨ ᠲᠠᠷᠢᠶᠠᠯᠠᠩ ᠳᠤ ᠬᠡᠷᠡᠭᠯᠡᠬᠦ ᠭᠠᠵᠠᠷ ᠢ ᠴᠢᠩᠭ᠎ᠠ | ᠬᠠᠮᠠᠭᠠᠯᠠᠨ᠎ᠠ᠃ ᠡᠩ ᠤᠨ ᠬᠠᠮᠢᠶᠠᠷᠤᠨ ᠡᠵᠡᠮᠳᠡᠬᠦ ᠣᠷᠣᠨ ᠢᠶᠠᠷ ᠬᠤᠪᠢᠶᠠᠭᠰᠠᠨ ᠪᠤᠰᠤᠳ ᠣᠷᠣᠨ ᠪᠦᠰᠡ ᠳᠤ ᠣᠷᠣᠨ | ᠪᠦᠰᠡ ᠶᠢᠨ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠦᠨᠳᠦᠰᠦᠨ ᠱᠠᠭᠠᠷᠳᠠᠯᠭ᠎ᠠ ᠶᠢ | ᠬᠡᠷᠡᠭᠵᠢᠭᠦᠯᠦᠨ᠎ᠡ᠃ ᠪᠣᠬᠢᠷᠲᠤᠯ ᠤᠨ ᠡᠬᠢ ᠡᠭᠦᠰᠦᠯ ᠢ ᠡᠵᠡᠮᠳᠡᠬᠦ ᠪᠠᠨ ᠴᠢᠩᠭᠠᠳᠬᠠᠵᠤ᠂ ᠬᠥᠷᠥᠰᠥ ᠰᠢᠷᠣᠶ ᠶᠢᠨ | ᠪᠣᠬᠢᠷᠲᠤᠯ ᠤᠨ ᠭᠤᠤᠯᠳᠠᠯᠭ᠎ᠠ ᠲᠠᠢ ᠬᠢᠨᠠᠨ ᠬᠠᠮᠢᠶᠠᠷᠬᠤ ᠨᠢᠭᠡᠴᠡ ᠶᠢᠨ ᠨᠡᠷᠡᠰ ᠤᠨ ᠵᠢᠭᠰᠠᠭᠠᠯᠲᠠ ᠶᠢ | ᠲᠡᠭᠦᠯᠳᠡᠷᠵᠢᠭᠦᠯᠦᠨ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠬᠡᠷᠡᠭᠯᠡᠬᠦ ᠭᠠᠵᠠᠷ ᠰᠢᠷᠣᠶ ᠵᠢᠴᠢ ᠭᠠᠵᠠᠷ | ᠳᠤᠤᠷᠠᠬᠢ ᠤᠰᠤᠨ ᠤ ᠣᠷᠴᠢᠨ ᠲᠣᠭᠤᠷᠢᠨ ᠢ ᠥᠪᠡᠰᠦᠪᠡᠨ ᠬᠢᠨᠠᠨ ᠰᠢᠨᠵᠢᠵᠦ ᠬᠢᠨᠠᠨ ᠡᠵᠡᠮᠳᠡᠬᠦ ᠶᠢ ᠲᠣᠭᠲᠠᠮᠠᠯ | ᠬᠤᠭᠤᠴᠠᠭ᠎ᠠ ᠲᠠᠢ ᠪᠠᠷ ᠥᠷᠨᠢᠭᠦᠯᠦᠨ᠎ᠡ᠃ | ᠬᠤᠶᠠᠷ᠂ ᠠᠮᠤᠷ ᠲᠦᠪᠰᠢᠨ ᠠᠰᠢᠭᠯᠠᠬᠤ ᠶᠢ ᠠᠬᠢᠭᠤᠯᠤᠨ᠎ᠠ | ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠡᠩ ᠲᠡᠷᠢᠭᠦᠨ ᠳᠤ ᠬᠠᠮᠠᠭᠠᠯᠠᠬᠤ ᠲᠥᠷᠥᠯ ᠤᠨ | ᠲᠠᠷᠢᠶᠠᠨ ᠭᠠᠵᠠᠷ ᠤᠨ ᠪᠣᠬᠢᠷᠲᠤᠯ ᠢ ᠴᠢᠩᠭ᠎ᠠ ᠰᠡᠷᠭᠡᠶᠢᠯᠡᠵᠦ᠂ ᠬᠥᠩᠭᠡᠨ ᠳᠤᠮᠳᠠ ᠪᠣᠬᠢᠷᠲᠤᠯ ᠲᠠᠢ ᠲᠠᠷᠢᠶᠠᠨ ᠭᠠᠵᠠᠷ ᠢ | ᠠᠮᠤᠷ ᠲᠦᠪᠰᠢᠨ ᠢᠶᠠᠷ ᠠᠰᠢᠭᠯᠠᠬᠤ ᠶᠢ ᠠᠬᠢᠭᠤᠯᠤᠨ᠎ᠠ᠃ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠶᠢ ᠠᠬᠢᠭᠤᠯᠵᠤ᠂ ᠪᠥᠲᠥᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠪᠠᠶᠢᠴᠠᠭᠠᠬᠤ ᠪᠠ ᠦᠨᠡᠯᠡᠨ ᠵᠢᠱᠢᠬᠦ ᠰᠢᠰᠲ᠋ᠧᠮᠵᠢ ᠶᠢ ᠠᠯᠬᠤᠮ ᠠᠯᠬᠤᠮ ᠢᠶᠠᠷ | ᠪᠠᠶᠢᠭᠤᠯᠤᠨ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠵᠥᠪᠰᠢᠶᠡᠷᠡᠨ ᠣᠷᠣᠭᠤᠯᠬᠤ ᠶᠢ ᠴᠢᠩᠳᠠᠯᠠᠵᠤ᠂ | ᠣᠷᠣᠨ ᠪᠦᠰᠡ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠣᠷᠣᠨ ᠵᠠᠶ ᠶᠢᠨ ᠪᠠᠶᠢᠷᠢᠰᠢᠭᠤᠯᠤᠯ ᠢ ᠵᠦᠶ | ᠵᠣᠬᠢᠰᠲᠠᠶ ᠲᠣᠭᠲᠠᠭᠠᠨ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠥᠪᠯᠡᠷᠡᠨ ᠬᠥᠭᠵᠢᠬᠦ ᠶᠢ | ᠵᠣᠷᠢᠭᠵᠢᠭᠤᠯᠵᠤ᠂ ᠭᠠᠵᠠᠷ ᠰᠢᠷᠣᠶ ᠶᠢ ᠬᠠᠮᠠᠭᠠᠯᠠᠬᠤ ᠪᠠ ᠡᠷᠴᠢᠮᠵᠢᠭᠦᠯᠦᠨ ᠠᠰᠢᠭᠯᠠᠬᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠂ ᠣᠷᠴᠢᠨ ᠲᠣᠭᠤᠷᠢᠨ ᠤ ᠪᠣᠬᠢᠷᠲᠤᠯ ᠢ ᠪᠠᠭᠠᠰᠬᠠᠨ᠎ᠠ᠃ ᠲᠠᠷᠢᠶᠠᠯᠠᠩ ᠳᠤ ᠬᠡᠷᠡᠭᠯᠡᠬᠦ ᠭᠠᠵᠠᠷ ᠢ | ᠲᠥᠷᠥᠯ ᠬᠤᠪᠢᠶᠠᠨ ᠬᠠᠮᠢᠶᠠᠷᠬᠤ ᠶᠢ ᠠᠬᠢᠭᠤᠯᠵᠤ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠲᠥᠷᠥᠯ ᠬᠤᠪᠢᠶᠠᠨ | ᠬᠠᠮᠢᠶᠠᠷᠬᠤ ᠰᠢᠰᠲ᠋ᠧᠮᠵᠢ ᠶᠢ ᠪᠠᠶᠢᠭᠤᠯᠤᠨ᠂ ᠲᠠᠷᠢᠶᠠᠨ ᠡᠮ ᠪᠠ ᠬᠢᠮᠢ ᠶᠢᠨ ᠪᠣᠷᠲᠣᠭᠤᠷ ᠬᠡᠷᠡᠭᠯᠡᠬᠦ ᠶᠢ ᠴᠢᠩᠭ᠎ᠠ | ᠬᠢᠵᠠᠭᠠᠷᠯᠠᠵᠤ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠨ᠂ | ︽ᠳᠠᠷᠢᠵᠤ ᠲᠡᠵᠢᠭᠡᠬᠦ ᠶᠢ ᠤᠶᠠᠯᠳᠤᠭᠤᠯᠬᠤ︾ ᠠᠮᠢ ᠠᠬᠤᠶ ᠶᠢᠨ ᠲᠠᠷᠢᠶᠠᠯᠠᠩ ᠤᠨ ᠰᠢᠨ᠎ᠡ ᠵᠠᠭᠪᠤᠷ ᠢ ᠳᠡᠯᠭᠡᠷᠡᠭᠦᠯᠦᠨ᠎ᠡ | ᠃ ᠵᠠᠰᠠᠬᠤ ᠪᠠ ᠰᠡᠷᠭᠦᠭᠡᠬᠦ ᠶᠢ ᠬᠡᠷᠡᠭᠵᠢᠭᠦᠯᠬᠦ ᠴᠢᠬᠤᠯᠠᠲᠠᠶ ᠪᠣᠬᠢᠷᠲᠤᠭᠰᠠᠨ ᠭᠠᠵᠠᠷ ᠲᠤ ᠪᠣᠬᠢᠷᠲᠤᠯ ᠥᠬᠡᠶ ᠰᠡᠷᠭᠦᠭᠡᠬᠦ | ᠣᠨᠣᠯᠵᠢᠬᠤᠨ ᠢ ᠳᠡᠯᠭᠡᠷᠡᠭᠦᠯᠦᠨ᠎ᠡ᠃ | ᠭᠤᠷᠪᠠ᠂ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠳᠬᠠᠨ᠎ᠠ | ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠦᠨ ᠬᠢᠨᠠᠨ ᠬᠠᠮᠢᠶᠠᠷᠬᠤ ᠶᠢ | ᠴᠢᠩᠭᠠᠳᠬᠠᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠭᠤᠣᠯᠳᠠᠯᠭ᠎ᠠ ᠲᠠᠢ ᠠᠵᠢᠯ ᠲᠥᠷᠥᠯ ᠤᠨ | ᠠᠵᠤ ᠠᠬᠤᠶᠢᠯᠠᠯ᠂ ᠠᠭᠤᠷᠬᠠᠢ ᠶᠢᠨ ᠲᠣᠭᠤᠷᠢᠭ ᠤᠨ ᠡᠷᠭᠢᠨ ᠲᠣᠭᠤᠷᠢᠨ ᠤ ᠬᠥᠷᠥᠰᠥ ᠰᠢᠷᠣᠢ ᠶᠢᠨ ᠣᠷᠴᠢᠨ | ᠲᠣᠭᠤᠷᠢᠨ ᠤ ᠬᠢᠨᠠᠨ ᠬᠠᠮᠢᠶᠠᠷᠤᠯᠲᠠ ᠶᠢ ᠭᠤᠣᠯᠳᠠᠯᠭ᠎ᠠ ᠲᠠᠢ ᠴᠢᠩᠭᠠᠳᠬᠠᠵᠤ᠂ ᠪᠦᠬᠦ ᠠᠶᠢᠮᠠᠭ ᠤᠨ ᠪᠣᠬᠢᠷᠲᠤᠯ ᠤᠨ | ᠲᠠᠯᠠᠪᠤᠷ ᠤᠨ ᠲᠤᠭ᠎ᠠ ᠬᠡᠮᠵᠢᠶ᠎ᠡ᠂ ᠲᠠᠷᠬᠠᠯᠲᠠ᠂ ᠲᠥᠷᠥᠯ ᠬᠡᠯᠪᠡᠷᠢ ᠪᠠ ᠪᠣᠬᠢᠷᠲᠤᠯ ᠤᠨ ᠬᠡᠮᠵᠢᠶ᠎ᠡ ᠶᠢ ᠪᠦᠬᠦ ᠲᠠᠯ᠎ᠠ ᠪᠠᠷ | ᠡᠵᠡᠮᠰᠢᠨ᠎ᠡ᠃ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠬᠦ ᠲᠤᠤᠷ ᠰᠦᠯᠵᠢᠶ᠎ᠡ ᠶᠢ | ᠪᠠᠶᠢᠭᠤᠯᠵᠤ᠂ ᠬᠢᠮᠢ ᠶᠢᠨ ᠠᠵᠤ ᠦᠢᠯᠡᠳᠪᠦᠷᠢ᠂ ᠨᠡᠭᠦᠷᠡᠰᠦᠨ ᠠᠭᠤᠷᠬᠠᠶ᠂ ᠲᠡᠮᠦᠷᠯᠢᠭ ᠪᠣᠯᠪᠠᠰᠤᠷᠠᠭᠤᠯᠬᠤ ᠵᠡᠷᠭᠡ | ᠨᠡᠭᠡᠭᠡᠨ ᠬᠥᠭᠵᠢᠭᠦᠯᠬᠦ ᠠᠵᠢᠯᠯᠠᠭ᠎ᠠ ᠲᠥᠪᠯᠡᠷᠡᠭᠰᠡᠨ ᠬᠤᠰᠢᠭᠤ ᠣᠷᠣᠨ ᠳᠤ ᠭᠤᠤᠯᠳᠠᠯᠭ᠎ᠠ ᠲᠠᠢ ᠰᠡᠷᠭᠡᠶᠢᠯᠡᠨ | ᠡᠵᠡᠮᠳᠡᠨ᠎ᠡ᠃ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ | ᠪᠠᠶᠢᠴᠠᠭᠠᠨ ᠰᠢᠢᠳᠪᠦᠷᠢᠯᠡᠵᠦ᠂ ᠡᠯᠡᠰᠦ ᠮᠠᠩᠬ᠎ᠠ᠂ ᠪᠡᠯᠴᠢᠭᠡᠷ᠂ ᠬᠤᠵᠢᠷᠯᠢᠭ ᠭᠠᠵᠠᠷ᠂ ᠨᠠᠮᠤᠭ ᠭᠠᠵᠠᠷ ᠵᠡᠷᠭᠡ ᠬᠠᠤᠯᠢ | ᠪᠤᠰᠤ ᠪᠠᠷ ᠪᠣᠬᠢᠷᠲᠤᠯ ᠭᠠᠳᠠᠭᠰᠢᠯᠠᠭᠤᠯᠤᠭᠰᠠᠨ᠂ ᠬᠤᠤᠷ ᠬᠥᠨᠥᠭᠡᠯ ᠲᠠᠢ ᠪᠣᠳᠠᠰ ᠴᠢᠳᠬᠤᠭᠰᠠᠨ ᠣᠷᠴᠢᠨ | ᠲᠣᠭᠤᠷᠢᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠬᠤ ᠬᠡᠷᠡᠭᠲᠡᠶ᠃ | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠳᠤ ᠬᠥᠷᠥᠰᠥ ᠰᠢᠷᠣᠶ ᠶᠢ | ᠪᠣᠬᠢᠷᠲᠤᠭᠤᠯᠬᠤ ᠶᠢ ᠴᠢᠩᠭ᠎ᠠ ᠰᠡᠷᠭᠡᠶᠢᠯᠡᠨ ᠬᠤᠷᠢᠭᠯᠠᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ | ᠮᠠᠯᠲᠠᠬᠤ ᠠᠵᠢᠯᠯᠠᠭ᠎ᠠ ᠳᠤ ᠨᠥᠯᠥᠭᠡᠯᠡᠭᠳᠡᠭᠰᠡᠨ ᠣᠷᠣᠨ ᠤ ᠳᠣᠲᠣᠷᠠᠬᠢ ᠠᠰᠢᠭᠯᠠᠭᠠᠳᠤᠶ ᠭᠠᠵᠠᠷ ᠤᠨ ᠣᠷᠴᠢᠨ | ᠲᠣᠭᠤᠷᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠲᠡᠦᠬᠡ ᠶᠢᠨ ᠦᠯᠡᠳᠡᠭᠳᠡᠯ ᠬᠦᠳᠡᠷ ᠤᠨ ᠬᠥᠮᠥᠷᠭᠡ ᠶᠢ | ᠲᠦᠢᠯᠪᠤᠷᠢᠲᠠᠶ ᠴᠡᠭᠴᠡᠯᠡᠵᠦ᠂ ᠪᠦᠷᠬᠦᠪᠴᠢ ᠪᠦᠷᠬᠦᠬᠦ᠂ ᠰᠢᠷᠣᠶ ᠳᠠᠷᠤᠬᠤ᠂ ᠦᠶᠡᠷ ᠵᠠᠯᠠᠬᠤ᠂ ᠬᠠᠰᠢᠯᠭ᠎ᠠ ᠳᠠᠯᠠᠩ ᠢ | ᠪᠠᠬᠢᠵᠢᠭᠦᠯᠬᠦ ᠵᠡᠷᠭᠡ ᠳᠠᠯᠳᠠ ᠭᠡᠮ ᠢ ᠵᠠᠰᠠᠬᠤ ᠪᠠ ᠬᠥᠮᠥᠷᠭᠡ ᠬᠠᠭᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ | ᠣᠷᠴᠢᠨ ᠲᠣᠭᠤᠷᠢᠨ ᠤ ᠲᠦᠭᠰᠢᠭᠦᠷᠢ ᠳᠤ ᠦᠨᠡᠯᠡᠨ ᠵᠢᠱᠢᠯᠲᠡ ᠬᠢᠬᠦ ᠶᠢ ᠲᠣᠭᠲᠠᠮᠠᠯ ᠬᠤᠭᠤᠴᠠᠭ᠎ᠠ ᠲᠠᠢ ᠪᠠᠷ | ᠥᠷᠨᠢᠭᠦᠯᠵᠦ᠂ ᠬᠠᠲᠤᠨ ᠭᠤᠣᠯ ᠵᠡᠷᠭᠡ ᠭᠤᠣᠯᠳᠠᠯᠭ᠎ᠠ ᠲᠠᠢ ᠭᠤᠣᠯ ᠮᠥᠷᠡᠨ ᠤ ᠣᠷᠴᠢᠨ ᠲᠣᠭᠤᠷᠢᠨ ᠤ | ᠲᠦᠭᠰᠢᠭᠦᠷᠢ ᠶᠢᠨ ᠳᠠᠯᠳᠠ ᠭᠡᠮ ᠢ ᠠᠷᠢᠯᠭᠠᠬᠤ ᠬᠡᠷᠡᠭᠲᠡᠶ᠃ | ᠬᠤᠶᠠᠳᠤᠭᠠᠷ ᠬᠡᠰᠡᠭ ᠭᠠᠵᠠᠷ ᠳᠣᠣᠷᠠᠬᠢ ᠤᠰᠤᠨ ᠤ ᠪᠣᠬᠢᠷᠲᠤᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ | ᠲᠦᠯᠬᠢᠨ ᠠᠬᠢᠭᠤᠯᠤᠨ᠎ᠠ | ᠭᠠᠵᠠᠷ ᠳᠣᠣᠷᠠᠬᠢ ᠤᠰᠤᠨ ᠤ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ | ᠠᠬᠢᠭᠤᠯᠤᠨ᠎ᠠ᠃ ᠤᠤᠭᠤᠬᠤ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠪᠠᠷ ᠭᠤᠣᠯ ᠪᠣᠯᠭᠠᠨ᠂ ᠭᠠᠵᠠᠷ | ᠳᠣᠣᠷᠠᠬᠢ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠭᠤᠣᠯᠳᠠᠯᠭ᠎ᠠ ᠲᠠᠢ ᠣᠷᠣᠨ ᠪᠦᠰᠡ ᠶᠢ ᠰᠢᠨᠵᠢᠯᠡᠬᠦ | ᠤᠬᠠᠭᠠᠨᠴᠢ ᠪᠠᠷ ᠬᠤᠪᠢᠶᠠᠷᠢᠯᠠᠨ ᠲᠣᠭᠲᠠᠭᠠᠵᠤ᠂ ᠭᠠᠵᠠᠷ ᠳᠣᠣᠷᠠᠬᠢ ᠤᠰᠤᠨ ᠤ ᠬᠡᠯᠪᠡᠷᠢ ᠶᠢᠨ ᠤᠤᠭᠤᠬᠤ ᠤᠰᠤᠨ ᠤ | ᠡᠬᠢ ᠰᠤᠷᠪᠤᠯᠵᠢ ᠶᠢ ᠨᠥᠬᠦᠪᠥᠷᠢᠯᠡᠬᠦ ᠣᠷᠣᠨ ᠤ ᠬᠠᠮᠠᠭᠠᠯᠠᠯᠲᠠ ᠶᠢ ᠴᠢᠩᠭᠠᠳᠬᠠᠨ᠎ᠠ᠃ | ᠭᠠᠵᠠᠷ ᠳᠤᠤᠷᠠᠬᠢ ᠤᠰᠤᠨ ᠤ ᠣᠷᠴᠢᠨ ᠲᠣᠭᠤᠷᠢᠨ ᠤ ᠪᠠᠶᠢᠴᠠᠭᠠᠯᠲᠠ ᠦᠨᠡᠯᠡᠨ ᠵᠢᠱᠢᠯᠲᠡ ᠶᠢ ᠥᠷᠨᠢᠭᠦᠯᠦᠨ᠎ᠡ | ᠃ ᠲᠥᠪᠯᠡᠷᠡᠭᠰᠡᠨ ᠮᠠᠶ᠋ᠢᠭ ᠤᠨ ᠭᠠᠵᠠᠷ ᠳᠤᠤᠷᠠᠬᠢ ᠤᠰᠤᠨ ᠤ ᠤᠤᠭᠤᠬᠤ ᠤᠰᠤᠨ ᠤ ᠡᠬᠢ ᠰᠤᠷᠪᠤᠯᠵᠢ ᠶᠢᠨ | ᠨᠥᠬᠦᠪᠥᠷᠢᠯᠡᠬᠦ ᠣᠷᠣᠨ ᠵᠡᠷᠭᠡ ᠣᠷᠣᠨ ᠪᠦᠰᠡ ᠶᠢᠨ ᠣᠷᠴᠢᠨ ᠲᠣᠭᠤᠷᠢᠨ ᠤ ᠪᠠᠶᠢᠳᠠᠯ ᠢ ᠲᠣᠭᠲᠠᠮᠠᠯ | ᠬᠤᠭᠤᠴᠠᠭ᠎ᠠ ᠲᠠᠢ ᠪᠠᠷ ᠪᠠᠶᠢᠴᠠᠭᠠᠵᠤ ᠦᠨᠡᠯᠡᠨ ᠵᠢᠱᠢᠨ᠎ᠡ᠃ ︽ᠮᠢᠩᠭᠠᠨ ᠲᠣᠨ ᠲᠦᠮᠡᠨ ᠬᠥᠮᠦᠨ︾ ᠭᠠᠵᠠᠷ | ᠳᠣᠣᠷᠠᠬᠢ ᠤᠰᠤᠨ ᠤ ᠤᠤᠭᠤᠬᠤ ᠤᠰᠤᠨ ᠰᠤᠷᠪᠤᠯᠵᠢ ᠶᠢ ᠪᠠᠶᠢᠴᠠᠭᠠᠵᠤ ᠦᠨᠡᠯᠡᠨ ᠵᠢᠱᠢᠬᠦ ᠪᠠ ᠤᠰᠤᠨ ᠤ ᠴᠢᠨᠠᠷ ᠢ | ᠬᠢᠨᠠᠨ ᠬᠡᠮᠵᠢᠬᠦ ᠶᠢ ᠲᠣᠭᠲᠠᠮᠠᠯ ᠬᠤᠭᠤᠴᠠᠭ᠎ᠠ ᠲᠠᠢ ᠥᠷᠨᠢᠭᠦᠯᠦᠨ᠂ ᠤᠤᠭᠤᠬᠤ ᠤᠰᠤᠨ ᠤ ᠰᠤᠷᠪᠤᠯᠵᠢ ᠶᠢᠨ ᠣᠷᠴᠢᠨ | ᠲᠣᠭᠤᠷᠢᠨ ᠤ ᠠᠶᠤᠯ ᠦᠭᠡᠢ ᠶᠢ ᠨᠥᠯᠥᠭᠡᠯᠡᠵᠦ ᠮᠡᠳᠡᠬᠦ ᠲᠦᠭᠰᠢᠭᠦᠷᠢ ᠶᠢᠨ ᠰᠤᠷᠪᠤᠯᠵᠢ ᠶᠢ ᠵᠢᠭᠰᠠᠭᠠᠨ ᠪᠠᠶᠢᠴᠠᠭᠠᠨ᠎ᠠ᠃ | ᠤᠰᠤᠨ ᠤ ᠴᠢᠨᠠᠷ ᠨᠢ ᠪᠠᠷᠢᠮᠵᠢᠶ᠎ᠠ ᠳᠤ ᠬᠦᠷᠬᠦ ᠦᠭᠡᠶ ᠤᠰᠤᠨ ᠤ ᠰᠤᠷᠪᠤᠯᠵᠢ ᠳᠤ ᠤᠰᠤᠨ ᠤ ᠰᠤᠷᠪᠤᠯᠵᠢ ᠶᠢ | ᠰᠣᠯᠢᠬᠤ᠂ ᠲᠥᠪᠯᠡᠷᠡᠭᠦᠯᠦᠨ ᠤᠰᠤ ᠬᠠᠩᠭᠠᠬᠤ᠂ ᠪᠣᠬᠢᠷᠲᠤᠯ ᠢ ᠵᠠᠰᠠᠬᠤ ᠵᠡᠷᠭᠡ ᠠᠷᠭ᠎ᠠ ᠬᠡᠮᠵᠢᠶ᠎ᠡ ᠠᠪᠴᠤ᠂ ᠬᠥᠳᠡᠭᠡ | ᠲᠣᠰᠬᠤᠨ ᠤ ᠤᠤᠭᠤᠬᠤ ᠤᠰᠤᠨ ᠤ ᠠᠶᠤᠯ ᠦᠭᠡᠶ ᠶᠢ ᠦᠨᠡᠨᠬᠦ ᠪᠠᠲᠤᠯᠠᠬᠤ ᠬᠡᠷᠡᠭᠲᠡᠶ᠃ ᠭᠠᠵᠠᠷ ᠳᠤᠤᠷᠠᠬᠢ | ᠤᠰᠤᠨ ᠤ ᠠᠮᠢ ᠠᠬᠤᠶ ᠣᠷᠴᠢᠨ ᠲᠣᠭᠤᠷᠢᠨ ᠢ ᠬᠢᠨᠠᠨ ᠰᠢᠨᠵᠢᠬᠦ ᠲᠤᠤᠷ ᠢ ᠲᠡᠭᠦᠯᠳᠡᠷᠵᠢᠭᠦᠯᠵᠦ᠂ 2025 ᠣᠨ | ᠪᠣᠯᠬᠤ ᠳᠤ᠂ ᠭᠠᠵᠠᠷ ᠳᠤᠤᠷᠠᠬᠢ ᠤᠰᠤᠨ ᠤ ᠠᠮᠢ ᠠᠬᠤᠶ ᠶᠢᠨ ᠣᠷᠴᠢᠨ ᠲᠣᠭᠤᠷᠢᠨ ᠢ ᠬᠢᠨᠠᠨ ᠰᠢᠨᠵᠢᠬᠦ ᠲᠤᠤᠷ ᠢ | ᠦᠨᠳᠦᠰᠦᠨ ᠳᠡᠭᠡᠨ ᠪᠠᠶᠢᠭᠤᠯᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠭᠠᠵᠠᠷ ᠳᠤᠤᠷᠠᠬᠢ ᠤᠰᠤᠨ ᠤ ᠣᠷᠴᠢᠨ | ᠲᠣᠭᠤᠷᠢᠨ ᠤ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠣᠭᠲᠠᠴᠠ ᠶᠢ ᠪᠠᠶᠢᠭᠤᠯᠤᠨ᠎ᠠ᠃ | ᠬᠥᠷᠥᠰᠥ ᠰᠢᠷᠣᠶ ᠪᠠ ᠭᠠᠵᠠᠷ ᠳᠤᠤᠷᠠᠬᠢ ᠤᠰᠤᠨ ᠤ ᠪᠣᠬᠢᠷᠲᠤᠯ ᠢ ᠬᠠᠮᠵᠢᠯᠴᠠᠨ ᠰᠡᠷᠭᠡᠶᠢᠯᠡᠨ ᠵᠠᠰᠠᠬᠤ ᠶᠢ | ᠴᠢᠩᠭᠠᠷᠠᠭᠤᠯᠤᠨ᠎ᠠ᠃ ᠭᠠᠵᠠᠷ ᠳᠤᠤᠷᠠᠬᠢ ᠤᠰᠤᠨ ᠤ ᠪᠣᠬᠢᠷᠲᠤᠯ ᠢ ᠨᠥᠯᠥᠭᠡᠯᠡᠵᠦ ᠮᠡᠳᠡᠬᠦ ᠪᠥᠲᠥᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠰᠡᠭ ᠲᠤ ᠪᠣᠬᠢᠷᠲᠤᠯ ᠢ ᠰᠡᠷᠭᠡᠶᠢᠯᠡᠨ ᠵᠠᠰᠠᠬᠤ ᠲᠥᠰᠦᠯ᠂ ᠪᠣᠬᠢᠷᠲᠤᠯ ᠤᠨ | ᠪᠠᠶᠢᠳᠠᠯ ᠤᠨ ᠪᠠᠶᠢᠴᠠᠭᠠᠯᠲᠠ᠂ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ᠂ ᠵᠠᠰᠠᠵᠤ ᠰᠡᠷᠭᠦᠭᠡᠬᠦ | ᠲᠥᠰᠦᠯ ᠲᠣᠭᠲᠠᠭᠠᠵᠤ᠂ ᠬᠠᠮᠵᠢᠯᠴᠠᠨ ᠰᠡᠷᠭᠡᠶᠢᠯᠡᠨ ᠵᠠᠰᠠᠬᠤ ᠶᠢ ᠳᠣᠪᠤᠶᠢᠯᠭᠠᠨ᠎ᠠ᠃ ᠭᠠᠵᠠᠷ ᠳᠤᠤᠷᠠᠬᠢ ᠤᠰᠤᠨ ᠤ | ᠪᠣᠬᠢᠷᠲᠤᠯ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠷᠠᠭᠤᠯᠵᠤ᠂ ᠲᠦᠭᠰᠢᠭᠦᠷᠢ ᠶᠡᠬᠡᠲᠡᠶ ᠬᠢᠮᠢ ᠶᠢᠨ | ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠠᠵᠤ ᠠᠬᠤᠶᠢᠯᠠᠯ ᠵᠢᠴᠢ ᠠᠵᠤ ᠦᠢᠯᠡᠳᠪᠦᠷᠢ ᠲᠥᠪᠯᠡᠷᠡᠭᠰᠡᠨ | ᠣᠷᠣᠨ᠂ ᠭᠤᠤᠯᠳᠠᠯᠭ᠎ᠠ ᠲᠠᠢ ᠦᠯᠡᠳᠡᠭᠳᠡᠯ ᠬᠦᠳᠡᠷ ᠤᠨ ᠬᠥᠮᠥᠷᠭᠡ᠂ ᠠᠶᠤᠯᠲᠠᠶ ᠬᠠᠶᠠᠭᠳᠠᠮᠠᠯ ᠡᠳ᠋ ᠢ ᠰᠢᠢᠳᠪᠦᠷᠢᠯᠡᠬᠦ | ᠲᠠᠯᠠᠪᠠᠶ᠂ ᠬᠤᠭ ᠨᠣᠪᠰᠢ ᠪᠤᠯᠠᠬᠤ ᠲᠠᠯᠠᠪᠠᠶ ᠵᠡᠷᠭᠡ ᠣᠷᠣᠨ ᠪᠦᠰᠡ ᠳᠤ ᠴᠢᠬᠤᠯᠠ ᠪᠥᠬᠦᠶ ᠨᠡᠪᠴᠢᠬᠦ ᠶᠢ ᠰᠡᠷᠭᠡᠶᠢᠯᠡᠨ | ᠰᠢᠢᠳᠪᠦᠷᠢᠯᠡᠬᠦ ᠶᠢ ᠥᠷᠨᠢᠭᠦᠯᠵᠦ᠂ ᠭᠠᠵᠠᠷ ᠳᠤᠤᠷᠠᠬᠢ ᠤᠰᠤ ᠶᠢ ᠦᠷᠭᠦᠯᠵᠢᠯᠡᠨ ᠪᠣᠬᠢᠷᠲᠤᠭᠤᠯᠬᠤ ᠶᠢ ᠰᠡᠷᠭᠡᠶᠢᠯᠡᠨ᠎ᠡ᠃ | ᠬᠠᠶᠠᠭᠳᠠᠮᠠᠯ ᠠᠭᠤᠷᠬᠠᠶ ᠶᠢᠨ ᠬᠤᠳᠳᠤᠭ᠂ ᠬᠤᠳᠳᠤᠭ ᠥᠷᠥᠮᠳᠡᠬᠦ᠂ ᠤᠰᠤ ᠠᠪᠬᠤ ᠬᠤᠳᠳᠤᠭ ᠢ ᠡᠭᠡᠭᠦᠯᠦᠨ | ᠪᠥᠭᠯᠡᠬᠦ ᠶᠢ ᠦᠷᠭᠦᠯᠵᠢᠯᠡᠨ ᠬᠡᠷᠡᠭᠵᠢᠭᠦᠯᠵᠦ᠂ ᠵᠢᠱᠢᠶ᠎ᠡ ᠦᠵᠡᠭᠦᠯᠦᠨ ᠦᠨᠡᠯᠡᠨ ᠵᠢᠱᠢᠬᠦ ᠶᠢ ᠴᠢᠩᠭᠠᠷᠠᠭᠤᠯᠬᠤ ᠬᠡᠷᠡᠭᠲᠡᠶ᠃ | ᠤᠰᠤᠨ ᠤ ᠡᠬᠢ ᠪᠠᠶᠠᠯᠢᠭ ᠢ ᠬᠠᠮᠠᠭᠠᠯᠠᠬᠤ ᠡᠷᠴᠢᠮ ᠢᠶᠠᠨ ᠨᠡᠮᠡᠭᠳᠡᠭᠦᠯᠵᠦ᠂ ᠠᠵᠤ ᠠᠬᠤᠶᠢᠯᠠᠯ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠤᠰᠤᠨ ᠤ ᠡᠬᠢ ᠪᠠᠶᠠᠯᠢᠭ ᠢ ᠨᠤᠲᠠᠯᠠᠭᠰᠠᠨ᠂ ᠤᠰᠤ ᠠᠪᠬᠤ | ᠵᠥᠪᠰᠢᠶᠡᠷᠡᠯ ᠤᠨ ᠦᠨᠡᠮᠯᠡᠯ ᠭᠦᠢᠴᠡᠳᠬᠡᠭᠰᠡᠨ ᠵᠢᠴᠢ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠨᠠᠶᠢᠷᠠᠭᠤᠯᠤᠨ | ᠵᠣᠬᠢᠶᠠᠭᠰᠠᠨ ᠵᠡᠷᠭᠡ ᠪᠠᠶᠢᠳᠠᠯ ᠢ ᠦᠷᠭᠦᠯᠵᠢᠯᠡᠨ ᠵᠢᠭᠰᠠᠭᠠᠨ ᠪᠠᠶᠢᠴᠠᠭᠠᠬᠤ ᠬᠡᠷᠡᠭᠲᠡᠶ᠃ ᠭᠠᠵᠠᠷ ᠳᠤᠤᠷᠠᠬᠢ ᠤᠰᠤᠨ ᠤ | ᠬᠠᠮᠠᠭᠠᠯᠠᠯᠲᠠ ᠶᠢ ᠴᠢᠩᠭᠠᠳᠬᠠᠵᠤ᠂ ᠬᠤᠰᠢᠭᠤ ᠣᠷᠣᠨ ᠢᠶᠠᠷ ᠨᠢᠬᠡᠴᠡ ᠪᠣᠯᠭᠠᠨ᠂ ᠬᠥᠳᠡᠭᠡ ᠲᠣᠰᠬᠤᠨ ᠤ ᠪᠣᠬᠢᠷ | ᠤᠰᠤ ᠶᠢ ᠰᠢᠢᠳᠪᠦᠷᠢᠯᠡᠬᠦ ᠨᠢᠭᠡᠳᠦᠯᠲᠡᠶ ᠲᠥᠯᠥᠪᠵᠢᠭᠦᠯᠭᠡ᠂ ᠨᠢᠭᠡᠳᠦᠯᠲᠡᠶ ᠪᠥᠲᠥᠭᠡᠨ ᠪᠠᠶᠢᠭᠤᠯᠤᠯᠲᠠ᠂ ᠨᠢᠭᠡᠳᠦᠯᠲᠡᠶ | ᠬᠠᠮᠢᠶᠠᠷᠤᠯᠲᠠ ᠶᠢ ᠬᠡᠷᠡᠭᠵᠢᠭᠦᠯᠵᠦ᠂ ᠬᠤᠲᠠ ᠪᠠᠯᠭᠠᠰᠤᠨ ᠤ ᠪᠣᠬᠢᠷ ᠤᠰᠤ ᠬᠤᠭ ᠨᠣᠪᠰᠢ ᠶᠢ ᠰᠢᠢᠳᠪᠦᠷᠢᠯᠡᠬᠦ | ᠲᠥᠬᠦᠭᠡᠷᠦᠮᠵᠢ ᠪᠠ ᠦᠢᠯᠡᠴᠢᠯᠡᠭᠡ ᠶᠢ ᠬᠥᠳᠡᠭᠡ ᠲᠣᠰᠬᠤᠨ ᠳᠠᠰᠢ ᠤᠷᠲᠤᠳᠬᠠᠬᠤ ᠶᠢ ᠢᠳᠡᠪᠬᠢᠲᠡᠶ ᠠᠬᠢᠭᠤᠯᠤᠨ᠎ᠠ᠃ | ᠨᠥᠬᠦᠴᠡᠯ ᠲᠠᠢ ᠵᠢᠵᠢᠭ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠪᠠᠶᠢᠭᠤᠯᠬᠤ ᠶᠢ ᠡᠩ | ᠲᠡᠷᠢᠭᠦᠨ ᠳᠤ ᠪᠣᠳᠣᠯᠬᠢᠯᠠᠬᠤ ᠶᠢᠨ ᠬᠠᠮᠲᠤ ᠥᠪᠡᠷ ᠤᠨ ᠥᠷᠲᠡᠭ ᠢᠶᠠᠷ ᠳᠤᠤᠷ᠎ᠠ᠂ ᠬᠠᠮᠢᠶᠠᠷᠬᠤ ᠳᠤ ᠬᠢᠯᠪᠠᠷ ᠠᠷᠭ᠎ᠠ | ᠮᠠᠶ᠋ᠢᠭ ᠢ ᠵᠢᠷᠤᠮᠯᠠᠨ ᠲᠠᠷᠠᠬᠠᠶ ᠪᠤᠲᠠᠷᠬᠠᠶ ᠰᠢᠢᠳᠪᠦᠷᠢᠯᠡᠬᠦ ᠬᠡᠷᠡᠭᠲᠡᠶ᠃ | ᠭᠤᠷᠪᠠᠳᠤᠭᠠᠷ ᠬᠡᠰᠡᠭ ᠮᠠᠯᠵᠢᠬᠤ ᠲᠠᠷᠢᠶᠠᠯᠠᠬᠤ ᠣᠷᠣᠨ ᠤ ᠠᠮᠢ ᠠᠬᠤᠢ ᠶᠢᠨ ᠣᠷᠴᠢᠨ ᠨᠥᠬᠦᠴᠡᠯ ᠢ | ᠰᠠᠶᠢᠵᠢᠷᠠᠭᠤᠯᠤᠨ᠎ᠠ | ᠨᠢᠭᠡ᠂ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠤᠨ ᠵᠠᠰᠠᠯᠲᠠ ᠶᠢ ᠠᠬᠢᠭᠤᠯᠤᠨ᠎ᠠ | ᠲᠠᠷᠢᠮᠠᠯ ᠤᠨ ᠦᠢᠯᠡᠰ ᠤᠨ ᠪᠦᠲᠦᠴᠡ ᠬᠢᠭᠡᠳ ᠪᠠᠶᠢᠷᠢᠰᠢᠭᠤᠯᠤᠯ ᠢ ᠲᠦᠷᠬᠡᠨ ᠲᠣᠬᠢᠷᠠᠭᠤᠯᠵᠤ᠂ | ᠲᠠᠷᠢᠶᠠᠯᠠᠩ ᠤᠨ ᠲᠠᠷᠢᠮᠠᠯ ᠤᠨ ᠦᠢᠯᠡᠰ ᠤᠨ ᠬᠥᠭᠵᠢᠯᠲᠡ ᠶᠢᠨ ᠪᠠᠶᠢᠷᠢᠰᠢᠭᠤᠯᠤᠯ᠂ ᠪᠦᠲᠦᠴᠡ ᠪᠣᠯᠤᠨ ᠬᠡᠪᠴᠢᠶ᠎ᠡ ᠶᠢ | ᠵᠦᠢ ᠵᠣᠬᠢᠰᠲᠠᠶ ᠲᠣᠭᠲᠠᠭᠠᠨ᠂ ᠤᠰᠤ ᠪᠠᠷ ᠭᠠᠵᠠᠷ ᠢ ᠲᠣᠭᠲᠠᠭᠠᠵᠤ᠂ ᠤᠰᠤ ᠪᠠᠷ ᠤᠨᠠᠯᠲᠠ ᠶᠢ ᠲᠣᠭᠲᠠᠭᠠᠬᠤ | ᠬᠡᠷᠡᠭᠲᠡᠶ᠃ ᠬᠢᠮᠢ ᠶᠢᠨ ᠪᠤᠷᠳᠤᠭᠤᠷ᠂ ᠲᠠᠷᠢᠶᠠᠨ ᠡᠮ ᠤᠨ ᠰᠥᠭᠡᠷᠭᠦ ᠨᠡᠮᠡᠭᠳᠡᠯ ᠤᠨ ᠠᠵᠢᠯᠯᠠᠭ᠎ᠠ ᠶᠢ ᠭᠦᠨᠵᠡᠭᠡᠢ | ᠲᠦᠯᠬᠢᠨ ᠠᠬᠢᠭᠤᠯᠤᠨ᠎ᠠ᠃ ᠡᠮ ᠢ ᠬᠢᠵᠠᠭᠠᠷᠯᠠᠨ ᠬᠤᠤᠷ ᠬᠥᠨᠥᠭᠡᠯ ᠢ ᠪᠠᠭᠠᠰᠬᠠᠵᠤ᠂ ᠠᠮᠢᠳᠤ ᠪᠣᠳᠠᠰ ᠤᠨ ᠲᠠᠷᠢᠶᠠᠨ | ᠡᠮ ᠪᠠ ᠥᠨᠳᠥᠷ ᠪᠦᠲᠦᠮᠵᠢᠲᠡᠶ᠂ ᠬᠤᠤᠷ ᠪᠠᠭᠠᠲᠠᠶ᠂ ᠦᠯᠡᠳᠡᠭᠳᠡᠯ ᠪᠠᠭᠠᠲᠠᠶ ᠲᠠᠷᠢᠶᠠᠨ ᠡᠮ ᠢ ᠡᠩ ᠲᠡᠷᠢᠭᠦᠨ ᠳᠤ | ᠰᠣᠩᠭᠤᠨ ᠬᠡᠷᠡᠭᠯᠡᠵᠦ᠂ 2025 ᠣᠨ ᠪᠣᠯᠬᠤ ᠳᠤ᠂ ᠭᠤᠤᠯ ᠪᠣᠯᠬᠤ ᠲᠠᠷᠢᠮᠠᠯ ᠤᠨ ᠲᠠᠷᠢᠶᠠᠨ ᠡᠮ ᠤᠨ ᠮᠥ | ᠪᠦᠷᠢ ᠶᠢᠨ ᠬᠡᠷᠡᠭᠯᠡᠬᠦ ᠬᠡᠮᠵᠢᠶ᠎ᠡ ᠶᠢᠨ ᠰᠥᠭᠡᠷᠭᠦ ᠨᠡᠮᠡᠭᠳᠡᠯ ᠢ ᠪᠠᠲᠤᠯᠠᠨ᠎ᠠ᠃ ᠤᠰᠤᠯᠠᠯᠲᠠ ᠶᠢᠨ ᠣᠯᠠᠨ ᠡᠬᠢᠲᠦ | ᠪᠣᠬᠢᠷᠲᠤᠯ ᠢ ᠬᠢᠵᠠᠭᠠᠷᠯᠠᠵᠤ᠂ ᠠᠮᠢ ᠠᠬᠤᠢ ᠶᠢᠨ ᠭᠤᠤ ᠰᠤᠪᠠᠭ᠂ ᠪᠣᠬᠢᠷ ᠤᠰᠤ ᠶᠢ ᠴᠡᠪᠡᠷᠰᠢᠭᠦᠯᠬᠦ ᠴᠥᠭᠦᠷᠥᠮ᠂ | ᠭᠠᠵᠠᠷ ᠳᠡᠭᠡᠷᠡᠬᠢ ᠤᠷᠤᠰᠬᠠᠯ ᠤᠨ ᠬᠤᠷᠠᠭᠤᠯᠬᠤ ᠴᠥᠭᠦᠷᠥᠮ ᠵᠡᠷᠭᠡ ᠪᠡᠯᠡᠳᠬᠡᠮᠵᠢ ᠶᠢ ᠪᠦᠲᠦᠭᠡᠨ ᠪᠠᠶᠢᠭᠤᠯᠵᠤ᠂ | ᠲᠠᠷᠢᠶᠠᠨ ᠭᠠᠵᠠᠷ ᠤᠨ ᠤᠰᠤ ᠭᠠᠳᠠᠭᠰᠢᠯᠠᠭᠤᠯᠬᠤ ᠵᠢᠴᠢ ᠭᠠᠵᠠᠷ ᠳᠡᠭᠡᠷᠡᠬᠢ ᠤᠷᠤᠰᠬᠠᠯ ᠢ ᠴᠡᠪᠡᠷᠰᠢᠭᠦᠯᠬᠦ ᠬᠡᠷᠡᠭᠲᠡᠶ᠃ | 2025 ᠣᠨ ᠪᠣᠯᠬᠤ ᠳᠤ᠂ ᠮᠠᠯ ᠵᠢᠭᠦᠷᠲᠡᠨ ᠤ ᠢᠯᠭᠠᠳᠠᠰᠤ᠂ ᠲᠠᠷᠢᠮᠠᠯ ᠤᠨ ᠡᠰᠢ ᠰᠦᠷᠡᠯ᠂ ᠲᠠᠷᠢᠶᠠᠯᠠᠩ ᠤᠨ | ᠰᠦᠯᠢᠶᠣᠣ ᠪᠦᠷᠬᠦᠪᠴᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠦᠨᠳᠦᠰᠦᠨ ᠳᠡᠭᠡᠨ ᠪᠡᠶᠡᠯᠡᠭᠦᠯᠵᠦ᠂ ᠮᠠᠯ | ᠵᠢᠭᠦᠷᠲᠡᠨ ᠢ ᠲᠡᠵᠢᠭᠡᠨ ᠦᠷᠡᠵᠢᠭᠦᠯᠬᠦ ᠢᠯᠭᠠᠳᠠᠰᠤ ᠶᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 90 % ᠠᠴᠠ | ᠳᠡᠭᠡᠭᠰᠢ ᠳᠤ ᠬᠦᠷᠦᠭᠦᠯᠵᠦ᠂ ᠲᠠᠷᠢᠮᠠᠯ ᠤᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 90 % ᠳᠤ | ᠲᠣᠭᠲᠠᠭᠤᠨ ᠪᠠᠶᠢᠯᠭᠠᠵᠤ᠂ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠪᠤᠴᠠᠭᠠᠨ ᠬᠤᠷᠢᠶᠠᠬᠤ ᠨᠣᠷᠮ᠎ᠠ ᠶᠢ 85 | % ᠠᠴᠠ ᠳᠡᠭᠡᠭᠰᠢ ᠳᠤ ᠬᠦᠷᠦᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠣᠯᠠᠨ ᠡᠬᠢᠲᠦ ᠪᠣᠬᠢᠷᠲᠤᠯ ᠪᠣᠯᠤᠨ | ᠣᠷᠴᠢᠨ ᠲᠣᠭᠤᠷᠢᠨ ᠤ ᠳᠣᠪᠤᠶᠢᠮ᠎ᠠ ᠠᠰᠠᠭᠤᠳᠠᠯ ᠢ ᠵᠠᠰᠠᠬᠤ ᠠᠵᠢᠯ ᠤᠨ ᠭᠤᠣᠯᠳᠠᠯᠭ᠎ᠠ ᠲᠠᠢ ᠰᠢᠪᠲᠤᠯᠤᠯᠲᠠ ᠶᠢ | ᠪᠡᠶᠡᠯᠡᠭᠦᠯᠵᠦ᠂ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠶ ᠵᠣᠬᠢᠴᠠᠩᠭᠤᠶ ᠪᠦᠬᠦᠢ ᠣᠳᠣ ᠦᠶ᠎ᠡ ᠶᠢᠨ ᠲᠠᠷᠢᠶᠠᠯᠠᠩ | ᠮᠠᠯ ᠠᠵᠤ ᠠᠬᠤᠶ ᠶᠢᠨ ᠬᠥᠭᠵᠢᠯᠲᠡ ᠶᠢᠨ ᠪᠠᠶᠢᠷᠢᠰᠢᠯ ᠢ ᠠᠩᠬ᠎ᠠ ᠠᠯᠬᠤᠮ ᠪᠤᠶ ᠪᠣᠯᠭᠠᠨ᠎ᠠ᠃ | ᠬᠤᠶᠠᠷ᠂ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ | ᠴᠢᠩᠭᠠᠳᠬᠠᠨ᠎ᠠ | ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠮᠠᠯᠵᠢᠬᠤ | ᠲᠠᠷᠢᠶᠠᠯᠠᠬᠤ ᠣᠷᠣᠨ ᠤ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠬᠠᠮᠠᠭᠠᠯᠠᠯᠲᠠ᠂ ᠮᠠᠯᠵᠢᠬᠤ | ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠪᠣᠯᠤᠨ ᠬᠤᠭ ᠨᠣᠪᠰᠢ ᠶᠢ ᠰᠢᠢᠳᠪᠦᠷᠢᠯᠡᠬᠦ᠂ ᠮᠠᠯ ᠵᠢᠭᠦᠷᠲᠡᠨ | ᠲᠡᠵᠢᠭᠡᠨ ᠦᠷᠡᠵᠢᠭᠦᠯᠬᠦ ᠳᠤ ᠪᠣᠢ ᠪᠣᠯᠭᠰᠠᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠪᠠ | ᠪᠣᠬᠢᠷᠲᠤᠯ ᠢ ᠰᠡᠷᠭᠡᠶᠢᠯᠡᠨ ᠵᠠᠰᠠᠬᠤ ᠶᠠᠪᠤᠳᠠᠯ ᠢ ᠴᠢᠩᠭᠠᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠯᠠᠨ | ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠳᠤ ᠬᠦᠨᠳᠦ ᠨᠣᠴᠢᠲᠠᠶ ᠬᠥᠨᠥᠭᠡᠯ ᠪᠣᠯᠵᠤ ᠪᠠᠶᠢᠭ᠎ᠠ ᠣᠷᠴᠢᠨ | ᠲᠣᠭᠤᠷᠢᠨ ᠤ ᠳᠣᠪᠤᠶᠢᠮ᠎ᠠ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠶ᠃ ᠬᠤᠰᠢᠭᠤ ᠰᠢᠶᠠᠨ ᠤ ᠱᠠᠲᠤᠨ ᠠᠴᠠ | ᠳᠣᠷᠣᠭᠰᠢᠬᠢ ᠤᠤᠭᠤᠬᠤ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠠᠵᠢᠯ ᠤᠨ ᠳᠤᠮᠳᠠ ᠣᠷᠣᠰᠢᠵᠤ ᠪᠠᠶᠢᠭ᠎ᠠ | ᠠᠮᠢ ᠠᠬᠤᠶ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ︽ᠲᠦᠮᠡᠨ ᠬᠥᠮᠦᠨ | ᠮᠢᠩᠭᠠᠨ ᠲᠣᠨ︾ ᠤᠤᠭᠤᠬᠤ ᠤᠰᠤᠨ ᠤ ᠡᠬᠢ ᠰᠤᠷᠪᠤᠯᠵᠢ ᠶᠢᠨ ᠰᠠᠭᠤᠷᠢ ᠪᠠᠶᠢᠴᠠᠭᠠᠨ ᠦᠨᠡᠯᠡᠬᠦ ᠪᠠ | ᠬᠠᠮᠠᠭᠠᠯᠠᠯᠲᠠ ᠶᠢᠨ ᠣᠷᠣᠨ ᠤ ᠬᠤᠪᠢᠶᠠᠷᠢᠯᠠᠨ ᠲᠣᠭᠲᠠᠭᠠᠬᠤ ᠶᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ | ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠠᠮᠤᠷ ᠲᠦᠪᠰᠢᠨ ᠢ ᠨᠥᠯᠥᠭᠡᠯᠡᠬᠦ ᠠᠵᠤ ᠦᠢᠯᠡᠳᠪᠦᠷᠢ | ᠶᠢᠨ ᠠᠵᠤ ᠠᠬᠤᠶᠢᠯᠠᠯ᠂ ᠳᠠᠷᠢᠵᠤ ᠲᠡᠵᠢᠭᠡᠬᠦ ᠲᠣᠮᠣ ᠡᠷᠦᠬᠡ᠂ ᠬᠤᠭ ᠨᠣᠪᠰᠢ ᠣᠪᠣᠭᠠᠯᠠᠬᠤ ᠵᠡᠷᠭᠡ ᠣᠷᠴᠢᠨ | ᠲᠣᠭᠤᠷᠢᠨ ᠤ ᠲᠦᠭᠰᠢᠭᠦᠷᠢ ᠶᠢᠨ ᠡᠬᠢ ᠰᠤᠷᠪᠤᠯᠵᠢ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠵᠢᠷᠤᠮᠵᠢᠭᠤᠯᠤᠨ | ᠴᠡᠭᠴᠡᠯᠡᠨ ᠵᠠᠰᠠᠬᠤ ᠶᠢ ᠥᠷᠨᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠠᠮᠤᠷ ᠲᠦᠪᠰᠢᠨ ᠢ | ᠦᠨᠡᠨᠬᠦ ᠪᠠᠲᠤᠯᠠᠨ᠎ᠠ᠃ 2025 ᠣᠨ ᠪᠣᠯᠬᠤ ᠳᠤ᠂ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ | ᠰᠤᠭᠤᠴᠢᠨ ᠪᠠᠶᠢᠴᠠᠭᠠᠯᠲᠠ ᠶᠢᠨ ᠠᠷᠢᠭᠤᠨ ᠴᠡᠪᠡᠷ ᠤᠨ ᠬᠢᠷᠢ ᠲᠡᠩᠴᠡᠭᠰᠡᠨ ᠨᠣᠷᠮ᠎ᠠ ᠶᠢ 90 % ᠠᠴᠠ ᠳᠡᠭᠡᠭᠰᠢ ᠳᠤ | ᠬᠦᠷᠦᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠪᠣᠬᠢᠷ ᠤᠰᠤ ᠶᠢ ᠵᠠᠰᠠᠬᠤ ᠶᠢ ᠨᠢᠭᠡᠳᠦᠯᠲᠡᠶ ᠲᠥᠯᠥᠪᠯᠡᠨ | ᠠᠬᠢᠭᠤᠯᠬᠤ ᠬᠢᠭᠡᠳ ᠵᠣᠷᠯᠣᠩ ᠢ ᠥᠭᠡᠷᠡᠴᠢᠯᠡᠬᠦ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ | ᠬᠠᠷᠢᠯᠴᠠᠨ ᠤᠶᠠᠯᠳᠤᠭᠤᠯᠵᠤ᠂ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ᠂ ᠵᠢᠭᠤᠯᠴᠢᠯᠠᠯ ᠤᠨ | ᠦᠵᠡᠮᠵᠢ ᠶᠢᠨ ᠣᠷᠣᠨ᠂ ᠪᠣᠬᠢᠷ ᠦᠮᠡᠬᠡᠶ ᠤᠰᠤ ᠲᠥᠪᠯᠡᠷᠡᠭᠰᠡᠨ ᠣᠷᠣᠨ᠂ ᠰᠢᠶᠠᠩ ᠪᠠᠯᠭᠠᠰᠤ ᠶᠢᠨ ᠵᠠᠰᠠᠭ ᠤᠨ | ᠣᠷᠳᠣᠨ ᠤ ᠪᠠᠶᠢᠭ᠎ᠠ ᠭᠠᠵᠠᠷ᠂ ᠲᠥᠪ ᠲᠣᠰᠬᠤᠨ᠂ ᠬᠤᠲᠠ ᠬᠥᠳᠡᠭᠡ ᠶᠢᠨ ᠠᠭᠤᠯᠵᠠᠷ ᠭᠠᠵᠠᠷ ᠵᠡᠷᠭᠡ ᠣᠷᠣᠨ | ᠪᠦᠰᠡ ᠶᠢ ᠤᠷᠢᠳᠠᠪᠠᠷ ᠵᠠᠰᠠᠵᠤ᠂ ᠪᠣᠬᠢᠷ ᠤᠰᠤ ᠶᠢ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ | ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠥᠷᠨᠢᠭᠦᠯᠦᠨ᠎ᠡ᠃ 2025 ᠣᠨ ᠤ ᠡᠴᠦᠰ | ᠪᠣᠯᠬᠤ ᠳᠤ᠂ ᠪᠥᠬᠦ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ | ᠨᠣᠷᠮ᠎ᠠ ᠶᠢ 25 % ᠠᠴᠠ ᠳᠡᠭᠡᠭᠰᠢ ᠳᠤ ᠬᠦᠷᠦᠭᠦᠯᠵᠦ᠂ ᠨᠢᠭᠡᠨᠲᠡ ᠪᠠᠶᠢᠭᠤᠯᠤᠭᠰᠠᠨ ᠪᠡᠯᠡᠳᠬᠡᠮᠵᠢ ᠶᠢᠨ ᠬᠡᠪ ᠤᠨ | ᠠᠵᠢᠯᠯᠠᠭᠠᠨ ᠤ ᠨᠣᠷᠮ᠎ᠠ ᠶᠢ 85 % ᠠᠴᠠ ᠳᠡᠭᠡᠭᠰᠢ ᠳᠤ ᠬᠦᠷᠦᠭᠦᠯᠦᠨ᠎ᠡ᠃ ᠲᠤᠬᠠᠶ ᠶᠢᠨ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠤᠨ ︽ᠲᠣᠰᠬᠤᠨ ︵ᠭᠠᠴᠠᠭ᠎ᠠ︶ ᠴᠤᠭᠯᠠᠭᠤᠯᠬᠤ᠂ ᠪᠠᠯᠭᠠᠰᠤ ︵ᠰᠢᠶᠠᠩ᠂ ᠰᠤᠮᠤ︶ | ᠰᠢᠯᠵᠢᠭᠦᠯᠦᠨ ᠲᠡᠭᠡᠭᠡᠪᠦᠷᠢᠯᠡᠬᠦ᠂ ᠲᠥᠪᠯᠡᠷᠡᠭᠦᠯᠦᠨ ᠰᠢᠢᠳᠪᠦᠷᠢᠯᠡᠬᠦ︾ ᠵᠠᠭᠪᠤᠷ ᠢ ᠪᠠᠶᠢᠭᠤᠯᠵᠤ᠂ ᠮᠠᠯᠵᠢᠬᠤ | ᠲᠠᠷᠢᠶᠠᠯᠠᠬᠤ ᠣᠷᠣᠨ ᠤ ᠦᠢᠯᠡᠳᠪᠦᠷᠢᠯᠡᠯ ᠠᠮᠢᠳᠤᠷᠠᠯ ᠤᠨ ᠬᠤᠭ ᠨᠣᠪᠰᠢ᠂ ᠪᠠᠷᠢᠯᠭ᠎ᠠ ᠶᠢᠨ ᠬᠤᠭ ᠨᠣᠪᠰᠢ᠂ ᠬᠥᠳᠡᠭᠡ | ᠲᠣᠰᠬᠤᠨ ᠤ ᠠᠵᠤ ᠦᠢᠯᠡᠳᠪᠦᠷᠢ ᠶᠢᠨ ᠬᠤᠭ ᠨᠣᠪᠰᠢ ᠵᠡᠷᠭᠡ ᠶᠢ ᠪᠦᠲᠦᠮᠵᠢᠲᠡᠶ ᠵᠠᠰᠠᠵᠤ᠂ 2025 ᠣᠨ ᠤ | ᠡᠴᠦᠰ ᠲᠤ᠂ ᠪᠥᠬᠦ ᠠᠶᠢᠮᠠᠭ ᠤᠨ 60 % ᠶᠢᠨ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠳᠤ ᠠᠮᠢᠳᠤᠷᠠᠯ ᠤᠨ | ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠬᠤ ᠪᠠᠷ | ᠴᠢᠷᠮᠠᠶᠢᠵᠤ᠂ ᠪᠦᠷᠢᠨ ᠬᠦᠢᠴᠡᠳ ᠪᠡᠯᠡᠳᠬᠡᠮᠵᠢ ᠲᠥᠬᠦᠭᠡᠷᠦᠮᠵᠢ ᠲᠠᠢ᠂ ᠪᠣᠯᠪᠠᠰᠤᠷᠠᠩᠭᠤᠶ ᠵᠠᠰᠠᠬᠤ ᠮᠡᠷᠭᠡᠵᠢᠯ ᠲᠠᠢ᠂ | ᠲᠣᠭᠲᠠᠭᠤᠨ ᠠᠷᠢᠭᠤᠨ ᠴᠡᠪᠡᠷ ᠪᠠᠶᠢᠯᠭᠠᠬᠤ ᠡᠩᠨᠡᠭᠡ ᠲᠠᠢ᠂ ᠣᠷᠳᠣ ᠬᠤᠭᠤᠴᠠᠭᠠᠨ ᠤ ᠪᠦᠲᠦᠮᠵᠢᠲᠡᠶ ᠪᠠᠯᠠ | ᠮᠥᠩᠭᠦ ᠶᠢᠨ ᠪᠠᠲᠤᠯᠠᠭ᠎ᠠ ᠲᠠᠢ᠂ ᠪᠦᠷᠢᠨ ᠲᠡᠭᠦᠯᠳᠡᠷ ᠬᠢᠨᠠᠯᠲᠠ ᠬᠠᠮᠢᠶᠠᠷᠤᠯᠲᠠ ᠶᠢᠨ ᠲᠦᠷᠢᠮ ᠲᠠᠢ ᠪᠣᠯᠭᠠᠨ᠎ᠠ᠃ | ᠶᠢᠰᠦᠳᠦᠭᠡᠷ ᠪᠦᠯᠦᠭ ᠵᠠᠰᠠᠯᠲᠠ ᠶᠢᠨ ᠳᠤᠲᠠᠭᠤᠳᠠᠯ ᠢ ᠨᠥᠬᠦᠪᠥᠷᠢᠯᠡᠨ ᠴᠢᠩᠭᠠᠳᠬᠠᠵᠤ᠂ ᠬᠠᠲᠠᠭᠤ ᠪᠡᠶᠡᠲᠦ | ᠬᠠᠶᠠᠭᠳᠠᠮᠠᠯ ᠪᠣᠳᠠᠰ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠦᠨ᠎ᠡ | ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮᠵᠢ ᠶᠢ | ᠬᠦᠴᠦᠯᠡᠨ ᠪᠠᠶᠢᠭᠤᠯᠵᠤ᠂ ᠡᠩ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠠᠶᠤᠯᠲᠠᠶ | ᠬᠠᠶᠠᠭᠳᠠᠮᠠᠯ ᠪᠣᠳᠠᠰ᠂ ᠡᠮᠴᠢᠯᠡᠭᠡᠨ ᠤ ᠬᠠᠶᠠᠭᠳᠠᠮᠠᠯ ᠪᠣᠳᠠᠰ᠂ ᠠᠮᠢᠳᠤᠷᠠᠯ ᠤᠨ ᠬᠤᠭ ᠨᠣᠪᠰᠢ ᠶᠢᠨ ᠪᠣᠬᠢᠷᠲᠤᠯ ᠢ | ᠰᠡᠷᠭᠡᠶᠢᠯᠡᠨ ᠵᠠᠰᠠᠬᠤ ᠶᠢ ᠴᠢᠩᠭᠠᠳᠬᠠᠨ᠂ ᠡᠬᠢ ᠡᠭᠦᠰᠦᠯ ᠠᠴᠠ ᠨᠢ ᠶᠡᠭᠡ ᠬᠡᠮᠵᠢᠶ᠎ᠡ ᠪᠠᠷ ᠪᠠᠭᠠᠰᠬᠠᠬᠤ᠂ ᠡᠬᠢ | ᠪᠠᠶᠠᠯᠢᠭᠵᠢᠭᠤᠯᠤᠨ ᠬᠦᠢᠴᠡᠳ ᠠᠰᠢᠭᠯᠠᠬᠤ ᠪᠠ ᠠᠮᠤᠷ ᠲᠦᠪᠰᠢᠨ ᠢᠶᠠᠷ ᠰᠢᠢᠳᠪᠦᠷᠢᠯᠡᠬᠦ ᠶᠢ ᠪᠡᠶᠡᠯᠡᠭᠦᠯᠦᠨ᠎ᠡ᠃ | ᠨᠢᠭᠡᠳᠦᠭᠡᠷ ᠬᠡᠰᠡᠭ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ | ᠠᠵᠢᠯ ᠢ ᠴᠢᠩᠭᠠᠳᠬᠠᠨ᠎ᠠ | ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠪᠠ | ᠰᠢᠢᠳᠪᠦᠷᠢᠯᠡᠬᠦ ᠮᠡᠷᠭᠡᠵᠢᠯ ᠤᠨ ᠨᠡᠭᠡᠭᠡᠯᠲᠡ ᠶᠢ ᠲᠦᠯᠬᠢᠨ ᠠᠬᠢᠭᠤᠯᠤᠨ᠎ᠠ᠃ ᠠᠵᠤ ᠦᠢᠯᠡᠰ ᠤᠨ ᠬᠥᠭᠵᠢᠯᠲᠡ ᠶᠢᠨ | ᠴᠢᠭᠯᠡᠯ ᠵᠢᠴᠢ ᠪᠦᠲᠦᠴᠡ ᠶᠢᠨ ᠲᠣᠬᠢᠷᠠᠭᠤᠯᠤᠯᠲᠠ ᠪᠠᠷ ᠳᠠᠮᠵᠢᠭᠤᠯᠤᠨ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ | ᠬᠠᠶᠠᠭᠳᠠᠮᠠᠯ ᠪᠣᠳᠠᠰ ᠭᠠᠷᠬᠤ ᠡᠷᠴᠢᠮ ᠢ ᠠᠯᠬᠤᠮ ᠠᠯᠬᠤᠮ ᠢᠶᠠᠷ ᠪᠠᠭᠤᠷᠠᠭᠤᠯᠵᠤ᠂ ᠠᠵᠤ ᠦᠢᠯᠡᠳᠪᠦᠷᠢ ᠶᠢᠨ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠦᠨ᠂ ᠠᠵᠤ | ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠠᠵᠤ | ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠯ ᠤᠨ | ᠲᠡᠦᠬᠡᠨ ᠠᠴᠠ ᠦᠯᠡᠳᠡᠭᠳᠡᠵᠦ ᠢᠷᠡᠭᠰᠡᠨ ᠬᠠᠳᠠᠭᠠᠯᠠᠴᠠ ᠶᠡᠭᠡ ᠪᠠᠶᠢᠭ᠎ᠠ ᠣᠳᠣᠬᠢ ᠪᠠᠶᠢᠳᠠᠯ ᠢ ᠭᠤᠣᠯᠳᠠᠯᠭ᠎ᠠ ᠲᠠᠢ | ᠰᠢᠢᠳᠪᠦᠷᠢᠯᠡᠵᠦ᠂ ᠦᠨᠡᠰᠦ᠂ ᠵᠤᠤᠬᠠᠨ ᠰᠢᠭᠠᠷᠤ᠂ ᠬᠦᠬᠦᠷ ᠥᠬᠡᠶᠢᠳᠡᠭᠦᠯᠦᠭᠰᠡᠨ ᠵᠤᠭᠠᠩ᠂ ᠦᠯᠡᠳᠡᠭᠳᠡᠯ ᠬᠦᠳᠡᠷ | ᠵᠡᠷᠭᠡ ᠪᠠᠷ ᠲᠦᠭᠦᠬᠡᠶ ᠮᠠᠲ᠋ᠧᠷᠢᠶᠠᠯ ᠪᠣᠯᠭᠠᠭᠰᠠᠨ ᠰᠢᠨ᠎ᠡ ᠮᠠᠶ᠋ᠢᠭ ᠤᠨ ᠪᠠᠷᠢᠯᠭ᠎ᠠ ᠶᠢᠨ ᠮᠠᠲ᠋ᠧᠷᠢᠶᠠᠯ ᠤᠨ ᠠᠵᠤ | ᠦᠢᠯᠡᠳᠪᠦᠷᠢ ᠶᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠥᠭᠵᠢᠭᠦᠯᠵᠦ᠂ ᠨᠢᠭᠡ ᠪᠦᠯᠦᠭ | ᠵᠣᠬᠢᠬᠤ ᠬᠡᠪᠴᠢᠶ᠎ᠡ ᠲᠠᠢ ᠳᠤᠮᠳᠠ ᠲᠣᠮᠣ ᠬᠡᠯᠪᠡᠷᠢ ᠶᠢᠨ ᠠᠵᠤ ᠠᠬᠤᠶᠢᠯᠠᠯ ᠢ ᠪᠤᠶᠢᠵᠢᠭᠤᠯᠬᠤ ᠪᠠ ᠲᠡᠳᠬᠦᠵᠦ | ᠪᠠᠶᠢᠭᠠᠳ ᠲᠤᠷᠰᠢᠯᠲᠠ ᠶᠢᠨ ᠴᠡᠭ ᠤᠨ ᠢᠨᠵᠧᠨᠧᠷᠢᠩ ᠪᠣᠯᠭᠠᠵᠤ᠂ ᠡᠯ᠎ᠡ ᠲᠥᠷᠥᠯ ᠤᠨ ᠬᠠᠶᠠᠭᠳᠠᠮᠠᠯ ᠡᠳ᠋ ᠢ ᠡᠬᠢ | ᠪᠠᠶᠠᠯᠢᠭᠵᠢᠭᠤᠯᠤᠨ ᠠᠰᠢᠭᠯᠠᠬᠤ ᠠᠷᠭ᠎ᠠ ᠵᠠᠮ ᠢ ᠥᠷᠭᠡᠵᠢᠭᠦᠯᠦᠨ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ | ᠬᠠᠶᠠᠭᠳᠠᠯ ᠢ ᠡᠬᠢ ᠪᠠᠶᠠᠯᠢᠭᠵᠢᠭᠤᠯᠤᠨ ᠠᠰᠢᠭᠯᠠᠬᠤ ᠨᠡᠮᠡᠯᠲᠡ ᠥᠷᠲᠡᠭ ᠪᠣᠯᠤᠨ ᠬᠤᠣᠷ ᠥᠬᠡᠶᠢᠳᠡᠭᠦᠯᠬᠦ ᠬᠢᠷᠢ | ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ ᠦᠯᠡᠳᠡᠭᠳᠡᠯ ᠬᠦᠳᠡᠷ ᠢ ᠶᠡᠷᠦᠩᠬᠡᠶᠢᠯᠡᠨ ᠠᠰᠢᠭᠯᠠᠬᠤ ᠶᠢ ᠶᠡᠬᠡᠪᠡᠷ | ᠲᠦᠯᠬᠢᠨ ᠠᠬᠢᠭᠤᠯᠵᠤ᠂ ᠦᠯᠡᠳᠡᠭᠳᠡᠯ ᠬᠦᠳᠡᠷ᠂ ᠦᠨᠡᠰᠦ ᠵᠡᠷᠭᠡ ᠶᠢ ᠡᠩ ᠲᠡᠷᠢᠭᠦᠨ ᠳᠤ ᠰᠣᠩᠭᠤᠨ ᠬᠡᠷᠡᠭᠯᠡᠵᠦ | ᠲᠦᠭᠦᠬᠡᠶ ᠮᠠᠲ᠋ᠧᠷᠢᠶᠠᠯ ᠪᠣᠯᠭᠠᠨ ᠲᠡᠮᠦᠷ ᠵᠠᠮ᠂ ᠵᠠᠰᠠᠮᠠᠯ ᠵᠠᠮ ᠢ ᠰᠢᠨ᠎ᠡ ᠪᠠᠷ ᠪᠠᠶᠢᠭᠤᠯᠬᠤ ᠬᠡᠷᠡᠭᠲᠡᠶ᠃ ᠠᠵᠤ | ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠯ ᠢ ᠶᠡᠷᠦᠩᠬᠡᠶᠢᠯᠡᠨ ᠠᠰᠢᠭᠯᠠᠬᠤ ᠮᠡᠷᠭᠡᠵᠢᠯ ᠤᠨ ᠰᠤᠳᠤᠯᠤᠨ ᠨᠡᠭᠡᠭᠡᠵᠦ | ᠬᠡᠷᠡᠭᠯᠡᠬᠦ ᠶᠢ ᠴᠢᠩᠭᠠᠳᠬᠠᠨ᠂ ᠦᠢᠯᠡᠳᠪᠦᠷᠢᠯᠡᠬᠦ ᠵᠢᠭᠠᠬᠤ ᠰᠤᠳᠤᠯᠬᠤ ᠮᠡᠷᠭᠡᠵᠢᠯ ᠤᠨ ᠰᠢᠨ᠎ᠡ ᠶᠢ ᠡᠭᠦᠳᠬᠦ | ᠬᠤᠯᠪᠣᠭ᠎ᠠ ᠶᠢ ᠪᠠᠶᠢᠭᠤᠯᠤᠨ᠂ ᠨᠢᠭᠡ ᠪᠦᠯᠦᠭ ᠲᠡᠷᠢᠭᠦᠨ ᠤ ᠬᠡᠷᠡᠭᠯᠡᠭᠡᠨ ᠤ ᠮᠡᠷᠭᠡᠵᠢᠯ ᠤᠨ ᠲᠣᠨᠣᠭᠯᠠᠯ ᠢ | ᠳᠡᠯᠭᠡᠷᠡᠭᠦᠯᠦᠨ᠎ᠡ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠴᠢᠳᠠᠪᠤᠷᠢ ᠶᠢᠨ ᠲᠣᠬᠢᠷᠠᠭᠤᠯᠤᠯᠲᠠ ᠶᠢ | ᠰᠢᠯᠢᠳᠡᠭᠵᠢᠭᠦᠯᠵᠦ᠂ ᠲᠥᠪᠯᠡᠷᠡᠭᠦᠯᠦᠨ ᠰᠢᠢᠳᠪᠦᠷᠢᠯᠡᠬᠦ ᠪᠡᠯᠡᠳᠬᠡᠮᠵᠢ ᠶᠢ ᠵᠦᠶ ᠵᠣᠬᠢᠰᠲᠠᠶ ᠪᠠᠶᠢᠷᠢᠰᠢᠭᠤᠯᠤᠨ᠂ ᠬᠠᠲᠠᠭᠤ | ᠪᠡᠶᠡᠲᠦ ᠬᠠᠶᠠᠭᠳᠠᠮᠠᠯ ᠪᠣᠳᠠᠰ ᠢ ᠲᠥᠪᠯᠡᠷᠡᠭᠦᠯᠦᠨ ᠰᠢᠢᠳᠪᠦᠷᠢᠯᠡᠬᠦ ᠪᠡᠯᠡᠳᠬᠡᠮᠵᠢ ᠶᠢ ᠣᠯᠠᠨ ᠨᠡᠶᠢᠲᠡ ᠶᠢᠨ ᠰᠠᠭᠤᠷᠢ | ᠪᠡᠯᠡᠳᠬᠡᠮᠵᠢ ᠶᠢᠨ ᠨᠢᠭᠡᠳᠦᠯᠲᠡᠶ ᠲᠥᠯᠥᠪᠯᠡᠨ ᠪᠥᠲᠥᠭᠡᠨ ᠪᠠᠶᠢᠭᠤᠯᠬᠤ ᠳᠤ ᠣᠷᠣᠭᠤᠯᠤᠨ᠎ᠠ᠃ | ᠬᠤᠶᠠᠳᠤᠭᠠᠷ ᠬᠡᠰᠡᠭ ᠠᠶᠤᠯᠲᠠᠢ ᠬᠠᠶᠠᠭᠳᠠᠮᠠᠯ ᠪᠣᠳᠠᠰ ᠤᠨ ᠪᠣᠬᠢᠷᠲᠤᠯ ᠢ ᠰᠡᠷᠭᠡᠶᠢᠯᠡᠨ ᠵᠠᠰᠠᠬᠤ ᠴᠢᠳᠠᠪᠤᠷᠢ ᠶᠢ | ᠴᠢᠩᠭᠠᠷᠠᠭᠤᠯᠤᠨ᠎ᠠ | ᠠᠶᠤᠯᠲᠠᠶ ᠬᠠᠶᠠᠭᠳᠠᠮᠠᠯ ᠡᠳ᠋ ᠤᠨ ᠵᠢᠷᠤᠮᠵᠢᠭᠰᠠᠨ ᠣᠷᠴᠢᠨ ᠲᠣᠭᠤᠷᠢᠨ ᠤ ᠬᠠᠮᠢᠶᠠᠷᠤᠯᠲᠠ ᠶᠢ ᠬᠦᠴᠦᠯᠡᠨ | ᠠᠬᠢᠭᠤᠯᠵᠤ᠂ ᠠᠶᠤᠯᠲᠠᠶ ᠬᠠᠶᠠᠭᠳᠠᠮᠠᠯ ᠡᠳ᠋ ᠢ ᠬᠤᠷᠢᠶᠠᠵᠤ ᠰᠢᠢᠳᠪᠦᠷᠢᠯᠡᠬᠦ ᠪᠡᠯᠡᠳᠬᠡᠮᠵᠢ ᠶᠢᠨ ᠲᠠᠯ᠎ᠠ ᠪᠠᠷ ᠬᠢ | ᠳᠤᠲᠠᠭᠤᠳᠠᠯ ᠢ ᠲᠦᠷᠬᠡᠨ ᠨᠥᠬᠦᠪᠥᠷᠢᠯᠡᠵᠦ᠂ ᠠᠶᠤᠯᠲᠠᠶ ᠬᠠᠶᠠᠭᠳᠠᠮᠠᠯ ᠡᠳ᠋ ᠢ ᠪᠣᠶ ᠪᠣᠯᠭᠠᠬᠤ᠂ ᠠᠰᠢᠭᠯᠠᠵᠤ | ᠰᠢᠢᠳᠪᠦᠷᠢᠯᠡᠬᠦ ᠴᠢᠳᠠᠪᠤᠷᠢ ᠪᠣᠯᠤᠨ ᠪᠡᠯᠡᠳᠬᠡᠮᠵᠢ ᠶᠢᠨ ᠠᠵᠢᠯᠯᠠᠭᠠᠨ ᠤ ᠪᠠᠶᠢᠳᠠᠯ ᠳᠤ ᠦᠨᠡᠯᠡᠨ ᠵᠢᠱᠢᠯᠲᠡ ᠬᠢᠵᠦ᠂ | ᠣᠷᠣᠨ ᠪᠦᠰᠡ ᠶᠢᠨ ᠴᠢᠨᠠᠷᠲᠠᠶ ᠠᠶᠤᠯᠲᠠᠶ ᠬᠠᠶᠠᠭᠳᠠᠮᠠᠯ ᠡᠳ᠋ ᠢ ᠬᠤᠷᠢᠶᠠᠵᠤ ᠴᠤᠭᠯᠠᠭᠤᠯᠬᠤ ᠲᠤᠤᠷ ᠴᠡᠭ ᠪᠣᠯᠤᠨ | ᠬᠠᠳᠠᠭᠠᠯᠠᠬᠤ ᠪᠡᠯᠡᠳᠬᠡᠮᠵᠢ ᠪᠠᠶᠢᠭᠤᠯᠬᠤ ᠶᠢ ᠵᠣᠷᠢᠭᠵᠢᠭᠤᠯᠤᠨ᠂ ᠠᠵᠤ ᠠᠬᠤᠶᠢᠯᠠᠯ᠂ ᠬᠦᠷᠢᠶᠡᠯᠡᠩ ᠲᠣᠭᠤᠷᠢᠭ ᠤᠨ | ᠠᠶᠤᠯᠲᠠᠶ ᠬᠠᠶᠠᠭᠳᠠᠮᠠᠯ ᠡᠳ᠋ ᠢ ᠥᠪᠡᠰᠦᠪᠡᠨ ᠠᠰᠢᠭᠯᠠᠵᠤ ᠰᠢᠢᠳᠪᠦᠷᠢᠯᠡᠬᠦ ᠪᠡᠯᠡᠳᠬᠡᠮᠵᠢ ᠶᠢᠨ ᠵᠢᠷᠤᠮᠵᠢᠭᠰᠠᠨ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ 2022 ᠣᠨ ᠤ ᠡᠴᠦᠰ ᠪᠣᠯᠬᠤ ᠳᠤ᠂ ᠪᠥᠬᠦ ᠠᠶᠢᠮᠠᠭ ᠤᠨ ᠠᠶᠤᠯᠲᠠᠶ | ᠬᠠᠶᠠᠭᠳᠠᠮᠠᠯ ᠡᠳ᠋ ᠢ ᠰᠢᠢᠳᠪᠦᠷᠢᠯᠡᠬᠦ ᠴᠢᠳᠠᠪᠤᠷᠢ ᠶᠢ ᠦᠢᠯᠡᠳᠪᠦᠷᠢᠯᠡᠯ ᠤᠨ ᠬᠠᠶᠠᠭᠳᠠᠮᠠᠯ ᠤᠨ ᠪᠠᠶᠢᠳᠠᠯ ᠲᠠᠢ | ᠶᠡᠷᠦᠩᠬᠡᠶ ᠳᠡᠭᠡᠨ ᠲᠣᠬᠢᠷᠠᠯᠴᠠᠭᠤᠯᠤᠨ᠎ᠠ᠃ ᠠᠶᠤᠯᠲᠠᠶ ᠬᠠᠶᠠᠭᠳᠠᠮᠠᠯ ᠡᠳ᠋ ᠭᠠᠷᠭᠠᠬᠤ᠂ ᠠᠰᠢᠭᠯᠠᠬᠤ᠂ ᠰᠢᠢᠳᠪᠦᠷᠢᠯᠡᠬᠦ᠂ | ᠬᠠᠳᠠᠭᠠᠯᠠᠬᠤ ᠵᠡᠷᠭᠡ ᠠᠵᠤ ᠠᠬᠤᠶᠢᠯᠠᠯ ᠳᠤ ᠲᠣᠳᠣᠷᠬᠠᠶ ᠡᠬᠡ ᠲᠠᠩᠰᠠ ᠶᠢᠨ ᠬᠠᠮᠢᠶᠠᠷᠤᠯᠲᠠ ᠶᠢᠨ ᠲᠦᠷᠢᠮ ᠪᠠ | ᠣᠷᠴᠢᠨ ᠲᠣᠭᠤᠷᠢᠨ ᠤ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠠᠪᠴᠠᠩ ᠢ ᠪᠠᠶᠢᠭᠤᠯᠤᠨ᠎ᠠ᠃ ᠠᠶᠤᠯᠲᠠᠶ | ᠬᠠᠶᠠᠭᠳᠠᠮᠠᠯ ᠡᠳ᠋ ᠤᠨ ᠵᠥᠪᠰᠢᠶᠡᠷᠡᠯ ᠤᠨ ᠦᠨᠡᠮᠯᠡᠯ ᠢ ᠬᠢᠨᠠᠨ ᠵᠥᠪᠰᠢᠶᠡᠷᠡᠬᠦ ᠬᠢᠭᠡᠳ ᠣᠷᠴᠢᠨ ᠲᠣᠭᠤᠷᠢᠨ ᠳᠤ | ᠦᠵᠡᠭᠦᠯᠬᠦ ᠨᠥᠯᠥᠭᠡ ᠶᠢ ᠦᠨᠡᠯᠡᠭᠰᠡᠨ ᠪᠢᠴᠢᠭ ᠮᠠᠲ᠋ᠧᠷᠢᠶᠠᠯ ᠢ ᠬᠢᠨᠠᠨ ᠵᠥᠪᠰᠢᠶᠡᠷᠡᠬᠦ ᠶᠢ ᠪᠦᠲᠦᠮᠵᠢᠲᠡᠶ | ᠵᠣᠯᠭᠠᠭᠤᠯᠬᠤ ᠶᠢ ᠲᠦᠯᠬᠢᠨ ᠠᠬᠢᠭᠤᠯᠵᠤ᠂ ᠠᠶᠤᠯᠲᠠᠶ ᠬᠠᠶᠠᠭᠳᠠᠮᠠᠯ ᠡᠳ᠋ ᠲᠤ ᠬᠤᠯᠪᠣᠭᠳᠠᠬᠤ ᠭᠤᠤᠯᠳᠠᠯᠭ᠎ᠠ ᠲᠠᠢ | ᠠᠵᠢᠯ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠣᠷᠴᠢᠨ ᠲᠣᠭᠤᠷᠢᠨ ᠳᠤ ᠦᠵᠡᠭᠦᠯᠬᠦ | ᠨᠥᠯᠥᠭᠡ ᠶᠢ ᠦᠨᠡᠯᠡᠭᠰᠡᠨ ᠪᠢᠴᠢᠭ ᠮᠠᠲ᠋ᠧᠷᠢᠶᠠᠯ ᠢ ᠳᠠᠬᠢᠨ ᠬᠢᠨᠠᠬᠤ ᠶᠢᠨ ᠠᠩᠬᠠᠷᠬᠤ ᠭᠤᠤᠯᠳᠠᠯᠭ᠎ᠠ ᠪᠣᠯᠭᠠᠨ᠎ᠠ᠃ | ᠠᠶᠤᠯᠲᠠᠶ ᠬᠠᠶᠠᠭᠳᠠᠮᠠᠯ ᠡᠳ᠋ ᠤᠨ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠶᠢ ᠥᠷᠨᠢᠭᠦᠯᠵᠦ᠂ ᠠᠶᠤᠯᠲᠠᠶ | ᠬᠠᠶᠠᠭᠳᠠᠮᠠᠯ ᠡᠳ᠋ ᠤᠨ ᠴᠤᠭᠯᠠᠭᠤᠯᠬᠤ᠂ ᠬᠠᠳᠠᠭᠠᠯᠠᠬᠤ᠂ ᠲᠡᠭᠡᠭᠡᠪᠦᠷᠢᠯᠡᠬᠦ ᠪᠠ ᠰᠢᠢᠳᠪᠦᠷᠢᠯᠡᠬᠦ ᠶᠠᠪᠤᠴᠠ ᠳᠠᠬᠢ | ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠵᠤ᠂ ᠬᠠᠶᠠᠭᠳᠠᠮᠠᠯ ᠬᠠᠷ᠎ᠠ ᠲᠤᠭᠤᠯᠭ᠎ᠠ ᠶᠢᠨ ᠬᠡᠯᠬᠢᠶ᠎ᠡ | ᠴᠠᠬᠢᠯᠭᠠᠨ ᠴᠡᠨᠡᠭ ᠵᠡᠷᠭᠡ ᠬᠠᠲᠠᠭᠤ ᠪᠡᠶᠡᠲᠦ ᠬᠠᠶᠠᠭᠳᠠᠮᠠᠯ ᠡᠳ᠋ ᠢ ᠬᠠᠤᠯᠢ ᠪᠤᠰᠤ ᠪᠠᠷ ᠬᠤᠷᠢᠶᠠᠨ ᠴᠤᠭᠯᠠᠭᠤᠯᠵᠤ | ᠰᠢᠢᠳᠪᠦᠷᠢᠯᠡᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠶᠠᠭᠳᠠᠮᠠᠯ ᠬᠠᠷ᠎ᠠ ᠲᠤᠭᠤᠯᠭ᠎ᠠ ᠶᠢᠨ | ᠬᠡᠯᠬᠢᠶ᠎ᠡ ᠴᠠᠬᠢᠯᠭᠠᠨ ᠴᠡᠨᠡᠭ᠂ ᠬᠠᠶᠠᠭᠳᠠᠮᠠᠯ ᠡᠷᠦᠳᠡᠰᠦ ᠶᠢᠨ ᠲᠣᠰᠣ ᠵᠡᠷᠭᠡ ᠨᠡᠶᠢᠭᠡᠮ ᠤᠨ ᠢᠷᠡᠯᠲᠡ ᠶᠢᠨ ᠠᠶᠤᠯᠲᠠᠶ | ᠬᠠᠶᠠᠭᠳᠠᠮᠠᠯ ᠡᠳ᠋ ᠢ ᠬᠤᠷᠢᠶᠠᠨ ᠴᠤᠭᠯᠠᠭᠤᠯᠵᠤ ᠬᠠᠳᠠᠭᠠᠯᠠᠬᠤ ᠲᠤᠷᠰᠢᠯᠲᠠ ᠶᠢᠨ ᠴᠡᠭ ᠢ ᠪᠠᠶᠢᠭᠤᠯᠬᠤ ᠬᠡᠷᠡᠭᠲᠡᠶ᠃ | 2025 ᠣᠨ ᠪᠣᠯᠬᠤ ᠳᠤ᠂ ᠠᠶᠤᠯᠲᠠᠶ ᠬᠠᠶᠠᠭᠳᠠᠮᠠᠯ ᠡᠳ᠋ ᠢ ᠰᠢᠢᠳᠪᠦᠷᠢᠯᠡᠨ ᠠᠰᠢᠭᠯᠠᠬᠤ ᠨᠣᠷᠮ᠎ᠠ ᠶᠢ 100 | % ᠳᠤ ᠬᠦᠷᠦᠭᠦᠯᠦᠨ᠎ᠡ᠃ | ᠭᠤᠷᠪᠠᠳᠤᠭᠠᠷ ᠬᠡᠰᠡᠭ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠳᠤᠲᠠᠭᠤᠳᠠᠯ ᠢ ᠨᠥᠬᠦᠪᠥᠷᠢᠯᠡᠨ᠎ᠡ | | ᠪᠦᠬᠦ ᠠᠶᠢᠮᠠᠭ ᠤᠨ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠥᠬᠦᠭᠡᠷᠦᠮᠵᠢ ᠶᠢ ᠲᠦᠷᠬᠡᠨ | ᠪᠠᠶᠢᠭᠤᠯᠵᠤ᠂ ᠬᠤᠰᠢᠭᠤ ᠣᠷᠣᠨ ᠤ ᠡᠮᠴᠢᠯᠡᠭᠡᠨ ᠤ ᠬᠠᠶᠠᠭᠳᠠᠮᠠᠯ ᠪᠣᠳᠠᠰ ᠢ ᠬᠤᠷᠢᠶᠠᠨ ᠴᠤᠭᠯᠠᠭᠤᠯᠵᠤ ᠰᠢᠯᠵᠢᠭᠦᠯᠦᠨ | ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮ ᠢ ᠪᠦᠷᠢᠨ ᠪᠣᠯᠭᠠᠨ᠎ᠠ᠃ ᠡᠮᠴᠢᠯᠡᠭᠡᠨ ᠤ ᠬᠠᠶᠠᠭᠳᠠᠮᠠᠯ ᠡᠳ᠋ ᠤᠨ ᠪᠥᠬᠦ | ᠶᠠᠪᠤᠴᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠣᠯᠠᠨ ᠰᠠᠯᠠᠭ᠎ᠠ ᠮᠥᠴᠢᠷ ᠬᠠᠮᠲᠤᠪᠠᠷ ᠣᠷᠣᠯᠴᠠᠭᠰᠠᠨ ᠬᠠᠮᠲᠤᠷᠠᠨ | ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢ ᠪᠦᠷᠢᠯᠳᠦᠭᠦᠯᠦᠨ᠂ ᠡᠮᠴᠢᠯᠡᠭᠡᠨ ᠤ ᠬᠠᠶᠠᠭᠳᠠᠮᠠᠯ ᠡᠳ᠋ ᠤᠨ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠳᠠᠭᠠᠬᠤ ᠲᠣᠭᠲᠠᠴᠠ ᠶᠢ ᠪᠦᠷᠢᠨᠰᠢᠬᠦᠯᠵᠦ᠂ ᠰᠢᠢᠳᠪᠦᠷᠢᠯᠡᠬᠦ ᠡᠳ᠋ ᠪᠣᠳᠠᠰ ᠢ | ᠨᠥᠭᠡᠴᠡᠯᠡᠬᠦ ᠰᠢᠰᠲ᠋ᠧᠮᠵᠢ ᠶᠢ ᠲᠡᠭᠦᠯᠳᠡᠷᠵᠢᠭᠦᠯᠦᠨ᠂ ᠬᠠᠮᠵᠢᠯᠴᠠᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠪᠡᠯᠡᠳᠬᠡᠮᠵᠢ ᠶᠢᠨ ᠨᠠᠷᠢᠨ ᠬᠠᠭᠤᠳᠠᠰᠤ ᠶᠢ ᠪᠠᠶᠢᠭᠤᠯᠵᠤ᠂ ᠭᠡᠨᠡᠳᠲᠡ ᠶᠢᠨ ᠬᠢᠵᠢᠭ ᠤᠨ ᠪᠠᠶᠢᠳᠠᠯ ᠤᠨ ᠡᠮᠴᠢᠯᠡᠭᠡᠨ ᠤ | ᠬᠠᠶᠠᠭᠳᠠᠮᠠᠯ ᠡᠳ᠋ ᠤᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠪᠠ ᠪᠡᠯᠡᠳᠬᠡᠮᠵᠢ ᠶᠢ ᠨᠥᠭᠡᠴᠡᠯᠡᠬᠦ ᠪᠠ ᠪᠥᠲᠥᠭᠡᠨ | ᠪᠠᠶᠢᠭᠤᠯᠬᠤ ᠠᠵᠢᠯ ᠢ ᠰᠠᠶᠢᠲᠤᠷ ᠬᠢᠨ᠎ᠠ᠃ 2022 ᠣᠨ ᠤ ᠰᠡᠭᠦᠯᠴᠢ ᠪᠣᠯᠬᠤ ᠳᠤ᠂ ᠡᠮᠴᠢᠯᠡᠭᠡᠨ ᠤ ᠬᠠᠶᠠᠭᠳᠠᠮᠠᠯ | ᠪᠣᠳᠠᠰ ᠢ ᠬᠤᠷᠢᠶᠠᠨ ᠴᠤᠭᠯᠠᠭᠤᠯᠵᠤ ᠰᠢᠯᠵᠢᠭᠦᠯᠦᠨ ᠲᠡᠭᠡᠭᠡᠪᠦᠷᠢᠯᠡᠵᠦ ᠰᠢᠶ᠋ᠳᠪᠦᠷᠢᠯᠡᠬᠦ ᠰᠢᠰᠲ᠋ᠧᠮ ᠤᠨ ᠬᠤᠰᠢᠭᠤ | ᠣᠷᠣᠨ ᠳᠤ ᠪᠦᠬᠦᠨ ᠢ ᠪᠦᠷᠬᠦᠭᠦᠯᠬᠦ ᠶᠢ ᠪᠡᠶᠡᠯᠡᠭᠦᠯᠦᠨ᠎ᠡ︔ 2025 ᠣᠨ ᠪᠣᠯᠬᠤ ᠳᠤ᠂ ᠡᠮᠴᠢᠯᠡᠭᠡᠨ ᠤ ᠬᠠᠶᠠᠭᠳᠠᠮᠠᠯ | ᠪᠣᠳᠠᠰ ᠢ ᠬᠤᠷᠢᠶᠠᠨ ᠴᠤᠭᠯᠠᠭᠤᠯᠵᠤ ᠰᠢᠯᠵᠢᠭᠦᠯᠦᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮᠵᠢ ᠶᠢ ᠮᠠᠯᠵᠢᠬᠤ | ᠲᠠᠷᠢᠶᠠᠯᠠᠬᠤ ᠣᠷᠣᠨ ᠤ ᠭᠠᠵᠠᠷ ᠣᠷᠣᠨ ᠳᠤ ᠪᠦᠷᠬᠦᠭᠦᠯᠬᠦ ᠶᠢ ᠪᠡᠶᠡᠯᠡᠭᠦᠯᠵᠦ᠂ ᠪᠥᠬᠦ ᠠᠶᠢᠮᠠᠭ ᠤᠨ ᠡᠮᠴᠢᠯᠡᠭᠡᠨ ᠤ | ᠬᠠᠶᠠᠭᠳᠠᠮᠠᠯ ᠪᠣᠳᠠᠰ ᠢ ᠬᠤᠤᠷ ᠥᠬᠡᠶᠢᠳᠡᠭᠦᠯᠦᠨ ᠰᠢᠢᠳᠪᠦᠷᠢᠯᠡᠬᠦ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ | ᠳᠥᠷᠪᠡᠳᠦᠭᠡᠷ ᠬᠡᠰᠡᠭ ᠬᠤᠳᠠ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢᠨ ᠪᠣᠬᠢᠷᠲᠤᠯ ᠢ | ᠬᠢᠵᠠᠭᠠᠷᠯᠠᠬᠤ ᠶᠢ ᠴᠢᠩᠭᠠᠳᠬᠠᠨ᠎ᠠ | ᠪᠦᠬᠦ ᠠᠶᠢᠮᠠᠭ ᠤᠨ ᠬᠤᠲᠠ ᠪᠠᠯᠭᠠᠰᠤ ᠶᠢᠨ ᠠᠮᠢᠳᠤᠷᠠᠯ ᠤᠨ ᠬᠤᠭ ᠨᠣᠪᠰᠢ ᠰᠢᠢᠳᠪᠦᠷᠢᠯᠡᠬᠦ ᠬᠡᠮᠵᠢᠶ᠎ᠡ ᠶᠢ | ᠪᠠᠭᠠᠰᠬᠠᠬᠤ᠂ ᠡᠬᠢ ᠪᠠᠶᠠᠯᠢᠭᠵᠢᠭᠤᠯᠬᠤ ᠪᠠ ᠬᠤᠣᠷ ᠥᠬᠡᠶᠢᠳᠡᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠤᠲᠠ | ᠪᠠᠯᠭᠠᠰᠤ ᠶᠢᠨ ᠬᠤᠭ ᠨᠣᠪᠰᠢ ᠰᠢᠢᠳᠪᠦᠷᠢᠯᠡᠬᠦ ᠪᠡᠯᠡᠳᠬᠡᠮᠵᠢ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ | ᠨᠡᠶᠢᠭᠡᠮ ᠤᠨ ᠤᠬᠠᠭᠤᠯᠭ᠎ᠠ ᠶᠢ ᠴᠢᠩᠭᠠᠳᠬᠠᠨ᠂ ︽ᠬᠠᠶᠠᠭᠳᠠᠮᠠᠯ ᠪᠣᠳᠠᠰ ᠦᠭᠡᠶ ᠰᠣᠶᠣᠯ︾ ᠢ ᠪᠤᠶᠢᠵᠢᠭᠤᠯᠵᠤ᠂ | ᠨᠡᠶᠢᠲᠡ ᠣᠯᠠᠨ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ︽ᠬᠠᠶᠠᠭᠳᠠᠮᠠᠯ ᠪᠣᠳᠠᠰ ᠦᠭᠡᠶ ᠬᠤᠲᠠ︾ | ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠬᠤ ᠬᠡᠷᠡᠭᠲᠡᠶ᠃ ᠴᠠᠭᠠᠨ ᠥᠩᠭᠡᠲᠦ ᠪᠣᠬᠢᠷᠲᠤᠯ ᠢ ᠵᠠᠰᠠᠬᠤ ᠶᠢ | ᠴᠢᠩᠭᠠᠳᠬᠠᠵᠤ᠂ ︽ᠰᠦᠯᠢᠶᠣᠣ ᠪᠠᠭᠠᠰᠬᠠᠬᠤ︾ ᠠᠵᠢᠯᠯᠠᠭ᠎ᠠ ᠶᠢ ᠬᠡᠷᠡᠭᠵᠢᠭᠦᠯᠵᠦ᠂ ᠪᠦᠬᠦ ᠠᠶᠢᠮᠠᠭ ᠤᠨ | ᠰᠦᠯᠢᠶᠣᠣ ᠶᠢᠨ ᠪᠣᠬᠢᠷᠲᠤᠯ ᠢ ᠵᠠᠰᠠᠬᠤ ᠶᠢ ᠴᠢᠩᠭᠠᠳᠬᠠᠵᠤ᠂ ᠬᠠᠶᠠᠭᠳᠠᠮᠠᠯ ᠰᠦᠯᠢᠶᠣᠣ ᠶᠢ ᠬᠤᠷᠢᠶᠠᠨ ᠠᠪᠬᠤ᠂ | ᠠᠰᠢᠭᠯᠠᠬᠤ᠂ ᠰᠢᠢᠳᠪᠦᠷᠢᠯᠡᠬᠦ ᠵᠡᠷᠭᠡ ᠭᠤᠭᠴᠤᠭ᠎ᠠ ᠶᠢᠨ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠰᠦᠯᠢᠶᠣᠣ ᠪᠦᠲᠦᠭᠡᠭᠳᠡᠬᠦᠨ ᠤ ᠤᠷᠲᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ︔ ᠲᠦᠷᠭᠡᠨ ᠬᠦᠷᠭᠡᠯᠲᠡ ᠶᠢᠨ ᠪᠣᠭᠤᠳᠠᠯ ᠪᠠᠭᠯᠠᠭ᠎ᠠ ᠶᠢᠨ | ᠪᠣᠬᠢᠷᠲᠤᠯ ᠦᠭᠡᠢ ᠵᠠᠰᠠᠯᠲᠠ ᠶᠢ ᠴᠢᠩᠭᠠᠳᠬᠠᠵᠤ᠂ ᠲᠤᠮᠤ ᠬᠡᠯᠪᠡᠷᠢ ᠶᠢᠨ ᠡᠯᠧᠺᠲᠷᠣᠨ ᠬᠤᠳᠠᠯᠳᠤᠭ᠎ᠠ ᠪᠠ ᠢᠯᠡᠭᠡᠨ | ᠬᠦᠷᠭᠡᠬᠦ ᠠᠵᠤ ᠠᠬᠤᠶᠢᠯᠠᠯ ᠨᠢ ᠪᠣᠭᠤᠳᠠᠯ ᠪᠠᠭᠯᠠᠭ᠎ᠠ ᠶᠢ ᠬᠤᠷᠢᠶᠠᠨ ᠠᠪᠴᠤ ᠡᠷᠭᠢᠯᠳᠦᠭᠦᠯᠦᠨ ᠠᠰᠢᠭᠯᠠᠵᠤ | ᠬᠠᠮᠲᠤ ᠪᠠᠷ ᠡᠳ᠋ᠯᠡᠬᠦ ᠶᠢ ᠠᠬᠢᠭᠤᠯᠵᠤ᠂ ᠳᠠᠬᠢᠯᠲᠠ ᠡᠬᠢ ᠪᠠᠶᠠᠯᠢᠭ ᠢ ᠬᠤᠷᠢᠶᠠᠨ ᠠᠪᠬᠤ ᠲᠣᠣᠷ ᠢ ᠪᠦᠷᠢᠨᠰᠢᠬᠦᠯᠵᠦ᠂ | ᠡᠬᠢ ᠡᠭᠦᠰᠦᠯ ᠠᠴᠠ ᠨᠢ ᠬᠡᠮᠵᠢᠶ᠎ᠡ ᠶᠢ ᠪᠠᠭᠠᠰᠬᠠᠬᠤ ᠶᠢ ᠠᠬᠢᠭᠤᠯᠬᠤ ᠬᠡᠷᠡᠭᠲᠡᠢ᠃ ᠬᠠᠶᠠᠭᠳᠠᠮᠠᠯ ᠴᠠᠬᠢᠯᠭᠠᠨ ᠬᠡᠷᠡᠭᠰᠡᠯ | ᠡᠯᠧᠺᠲᠷᠣᠨ ᠦᠢᠯᠡᠳᠬᠦᠨ ᠢ ᠰᠢᠢᠳᠪᠦᠷᠢᠯᠡᠬᠦ ᠣᠷᠴᠢᠨ ᠲᠣᠭᠤᠷᠢᠨ ᠤ ᠬᠠᠮᠢᠶᠠᠷᠤᠯᠲᠠ ᠶᠢ ᠴᠢᠩᠭᠠᠷᠠᠭᠤᠯᠵᠤ᠂ | ᠬᠠᠶᠠᠭᠳᠠᠮᠠᠯ ᠴᠠᠬᠢᠯᠭᠠᠨ ᠬᠡᠷᠡᠭᠰᠡᠯ ᠡᠯᠧᠺᠲᠷᠣᠨ ᠦᠢᠯᠡᠳᠬᠦᠨ ᠢ ᠰᠠᠯᠭᠠᠨ ᠰᠢᠢᠳᠪᠦᠷᠢᠯᠡᠭᠰᠡᠨ ᠪᠠᠶᠢᠳᠠᠯ ᠢ ᠬᠢᠨᠠᠨ | ᠬᠠᠷᠭᠤᠭᠤᠯᠬᠤ ᠠᠵᠢᠯ ᠢ ᠴᠠᠭ ᠲᠤᠬᠠᠶ ᠳᠤᠨᠢ ᠥᠷᠨᠢᠭᠦᠯᠵᠦ᠂ ᠬᠠᠶᠠᠭᠳᠠᠮᠠᠯ ᠬᠠᠭᠤᠴᠢᠨ ᠡᠯᠧᠺᠲᠷᠣᠨ ᠴᠠᠬᠢᠯᠭᠠᠨ | ᠬᠡᠷᠡᠭᠰᠡᠯ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ | ᠬᠠᠶᠠᠭᠳᠠᠮᠠᠯ ᠬᠠᠭᠤᠴᠢᠨ ᠲᠠᠸᠠᠷ ᠢ ᠡᠭᠡᠭᠦᠯᠦᠨ ᠬᠤᠷᠢᠶᠠᠵᠤ ᠠᠰᠢᠭᠯᠠᠬᠤ ᠪᠠ ᠰᠢᠢᠳᠪᠦᠷᠢᠯᠡᠬᠦ ᠰᠢᠰᠲ᠋ᠧᠮᠵᠢ ᠶᠢ | ᠪᠠᠶᠢᠭᠤᠯᠤᠨ ᠲᠡᠭᠦᠯᠳᠡᠷᠵᠢᠭᠦᠯᠵᠦ᠂ ᠤᠯᠠᠨ ᠲᠦᠮᠡᠨ ᠢ ᠵᠣᠷᠢᠭᠵᠢᠭᠤᠯᠤᠨ ᠠᠮᠢᠳᠤᠷᠠᠯ ᠤᠨ ᠬᠤᠭ ᠨᠣᠪᠰᠢ ᠳᠤ ᠲᠥᠷᠥᠯ | ᠬᠤᠪᠢᠶᠠᠬᠤ ᠶᠢ ᠬᠡᠷᠡᠭᠵᠢᠭᠦᠯᠵᠦ᠂ ᠬᠤᠳᠠ ᠬᠥᠳᠡᠭᠡ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ | ᠴᠤᠭᠯᠠᠭᠤᠯᠬᠤ ᠪᠠ ᠰᠢᠢᠳᠪᠦᠷᠢᠯᠡᠬᠦ ᠲᠤᠷᠰᠢᠯᠲᠠ ᠶᠢᠨ ᠠᠵᠢᠯ ᠢ ᠦᠷᠭᠦᠯᠵᠢᠯᠡᠨ ᠥᠷᠨᠢᠭᠦᠯᠦᠨ᠎ᠡ᠃ ᠬᠤᠭ ᠨᠣᠪᠰᠢ ᠶᠢ | ᠲᠥᠷᠥᠯ ᠬᠤᠪᠢᠶᠠᠨ ᠬᠤᠷᠢᠶᠠᠨ ᠲᠡᠭᠡᠭᠡᠪᠦᠷᠢᠯᠡᠬᠦ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠤᠭ | ᠨᠣᠪᠰᠢ ᠶᠢ ᠲᠥᠪᠯᠡᠷᠡᠭᠦᠯᠦᠨ ᠰᠢᠢᠳᠪᠦᠷᠢᠯᠡᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠬᠤᠭ | ᠨᠣᠪᠰᠢ ᠶᠢᠨ ᠨᠡᠪᠴᠢᠵᠦ ᠰᠢᠭᠦᠷᠡᠭᠰᠡᠨ ᠰᠢᠩᠭᠡᠨ ᠢ ᠰᠢᠢᠳᠪᠦᠷᠢᠯᠡᠬᠦ ᠶᠢ ᠴᠢᠩᠭᠠᠳᠬᠠᠵᠤ᠂ ᠬᠤᠭᠤᠯᠠᠨ ᠲᠢᠩᠬᠢᠮ | ᠲᠣᠭᠤᠭᠠᠨ ᠬᠡᠷ ᠤᠨ ᠬᠤᠭ ᠨᠣᠪᠰᠢ ᠶᠢ ᠲᠥᠪᠯᠡᠷᠡᠭᠦᠯᠦᠨ ᠰᠢᠢᠳᠪᠦᠷᠢᠯᠡᠬᠦ ᠶᠢ ᠬᠡᠷᠡᠭᠵᠢᠭᠦᠯᠦᠨ᠎ᠡ᠃ 2025 ᠣᠨ | ᠪᠣᠯᠬᠤ ᠳᠤ᠂ ᠪᠥᠬᠦ ᠠᠶᠢᠮᠠᠭ ᠤᠨ ᠬᠤᠲᠠ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠭᠰᠡᠨ | ᠨᠣᠷᠮ᠎ᠠ ᠶᠢ 99 . 5 % ᠳᠤ ᠬᠦᠷᠦᠭᠦᠯᠦᠨ᠎ᠡ᠃ | ᠠᠷᠪᠠᠳᠤᠭᠠᠷ ᠪᠦᠯᠦᠭ ᠣᠷᠴᠢᠨ ᠠᠬᠤᠢ ᠶᠢᠨ ᠠᠶᠤᠯᠭᠦᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠣᠷᠴᠢᠨ | ᠠᠬᠤᠢ ᠶᠢᠨ ᠠᠶᠤᠯ ᠲᠦᠭᠰᠢᠭᠦᠷᠢ ᠶᠢ ᠪᠦᠲᠦᠮᠵᠢᠲᠡᠢ ᠪᠠᠷ ᠰᠡᠷᠭᠡᠶᠢᠯᠡᠨ᠎ᠡ | ︽ᠰᠡᠷᠭᠡᠶᠢᠯᠡᠬᠦ︾᠂ ︽ᠡᠵᠡᠮᠳᠡᠬᠦ︾ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠴᠥᠮ᠎ᠡ ᠬᠢᠭᠡᠳ | ᠰᠠᠴᠤᠷᠠᠭ᠂ ᠠᠶᠤᠯᠲᠠᠶ ᠬᠢᠮᠢ ᠶᠢᠨ ᠪᠣᠳᠠᠰ᠂ ᠬᠦᠨᠳᠦ ᠲᠡᠮᠦᠷᠯᠢᠭ ᠵᠢᠴᠢ ᠦᠯᠡᠳᠡᠭᠳᠡᠯ ᠬᠦᠳᠡᠷ ᠤᠨ ᠬᠥᠮᠥᠷᠭᠡ ᠵᠡᠷᠭᠡ | ᠭᠤᠤᠯᠳᠠᠯᠭ᠎ᠠ ᠲᠠᠢ ᠬᠦᠷᠢᠶᠡᠨ ᠳᠠᠬᠢ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ | ᠠᠮᠤᠷ ᠲᠦᠪᠰᠢᠨ ᠤ ᠬᠠᠮᠢᠶᠠᠷᠤᠯᠲᠠ ᠶᠢ ᠨᠠᠷᠢᠯᠢᠬᠵᠢᠭᠤᠯᠵᠤ᠂ ᠣᠷᠴᠢᠨ ᠲᠣᠭᠤᠷᠢᠨ ᠤ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢ ᠠᠬᠢᠭᠤᠯᠵᠤ᠂ ᠣᠷᠴᠢᠨ ᠲᠣᠭᠤᠷᠢᠨ ᠤ ᠠᠮᠤᠷ ᠲᠦᠪᠰᠢᠨ ᠤ ᠬᠤᠷᠢᠭ᠎ᠠ ᠱᠤᠭᠤᠮ ᠢ | ᠪᠠᠲᠤ ᠰᠠᠬᠢᠵᠤ᠂ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠰᠡᠷᠭᠡᠶᠢᠯᠡᠨ᠎ᠡ᠃ | ᠨᠢᠭᠡᠳᠦᠭᠡᠷ ᠬᠡᠰᠡᠭ ᠴᠥᠮ᠎ᠡ ᠪᠠ ᠰᠠᠴᠤᠷᠠᠯᠲᠠ ᠶᠢᠨ ᠣᠷᠴᠢᠨ ᠠᠬᠤᠢ ᠶᠢᠨ ᠠᠮᠤᠷ ᠲᠦᠪᠰᠢᠨ ᠢ ᠪᠠᠲᠤᠯᠠᠨ᠎ᠠ | ᠴᠥᠮ᠎ᠡ ᠪᠣᠯᠤᠨ ᠰᠠᠴᠤᠷᠠᠭ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | ᠰᠠᠴᠤᠷᠠᠭ ᠡᠭᠦᠰᠭᠡᠭᠴᠢ ᠶᠢ ᠦᠢᠯᠡᠳᠪᠦᠷᠢᠯᠡᠬᠦ᠂ ᠦᠢᠯᠡᠳᠪᠦᠷᠢ ᠠᠴᠠ ᠭᠠᠷᠭᠠᠬᠤ᠂ ᠬᠡᠷᠡᠭᠯᠡᠬᠦ᠂ ᠰᠢᠯᠵᠢᠭᠦᠯᠬᠦ᠂ | ᠰᠢᠯᠵᠢᠭᠦᠯᠦᠨ ᠥᠭᠬᠦ᠂ ᠴᠡᠷᠢᠭ ᠤᠨ ᠠᠯᠪᠠ ᠠᠴᠠ ᠪᠠᠭᠤᠬᠤ ᠪᠥᠬᠦ ᠶᠠᠪᠤᠴᠠ ᠶᠢᠨ ᠮᠡᠳᠡᠭᠡ ᠵᠠᠩᠭᠢᠵᠢᠯᠲᠠ ᠶᠢᠨ | ᠬᠠᠮᠢᠶᠠᠷᠤᠯᠲᠠ ᠶᠢ ᠴᠢᠩᠭᠠᠳᠬᠠᠵᠤ᠂ ᠨᠡᠭᠦᠳᠡᠯ ᠰᠠᠴᠤᠷᠠᠭ ᠡᠭᠦᠰᠭᠡᠭᠴᠢ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠎ᠠ᠃ ᠴᠥᠮ᠎ᠡ ᠬᠢᠭᠡᠳ ᠰᠠᠴᠤᠷᠠᠭ ᠤᠨ ᠠᠮᠤᠷ ᠲᠦᠪᠰᠢᠨ ᠤ ᠵᠥᠪᠰᠢᠶᠡᠷᠡᠯ ᠤᠨ ᠳᠦᠷᠢᠮ ᠢ | ᠵᠢᠷᠤᠮᠵᠢᠭᠤᠯᠵᠤ᠂ ᠵᠥᠪᠰᠢᠶᠡᠷᠡᠯ ᠤᠨ ᠦᠨᠡᠮᠯᠡᠯ ᠣᠯᠭᠤᠬᠤ ᠨᠣᠷᠮ᠎ᠠ ᠶᠢ 100 % ᠳᠤ ᠬᠦᠷᠦᠭᠦᠯᠦᠨ᠎ᠡ᠃ ᠴᠥᠮ᠎ᠡ | ᠬᠢᠭᠡᠳ ᠰᠠᠴᠤᠷᠠᠭ ᠤᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠬᠠᠶᠠᠭᠳᠠᠮᠠᠯ ᠬᠠᠭᠤᠴᠢᠨ | ᠰᠠᠴᠤᠷᠠᠭ ᠡᠭᠦᠰᠭᠡᠭᠴᠢ ᠶᠢᠨ ᠠᠶᠤᠯ ᠦᠭᠡᠶ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠬᠠᠶᠠᠭᠳᠠᠮᠠᠯ ᠬᠠᠭᠤᠴᠢᠨ | ᠰᠠᠴᠤᠷᠠᠭ ᠡᠭᠦᠰᠭᠡᠭᠴᠢ ᠶᠢ ᠡᠭᠡᠭᠦᠯᠦᠨ ᠬᠤᠷᠢᠶᠠᠵᠤ ᠳᠠᠬᠢᠨ ᠠᠰᠢᠭᠯᠠᠬᠤ ᠶᠢ ᠲᠦᠯᠬᠢᠨ ᠠᠬᠢᠭᠤᠯᠤᠨ᠎ᠠ᠃ | ᠴᠠᠬᠢᠯᠭᠠᠨ ᠰᠣᠷᠢᠨᠵᠢᠨ ᠰᠠᠴᠤᠷᠠᠯᠲᠠ ᠶᠢᠨ ᠪᠣᠬᠢᠷᠲᠤᠯ ᠢ ᠪᠦᠲᠦᠮᠵᠢᠲᠡᠶ ᠬᠢᠵᠠᠭᠠᠷᠯᠠᠨ᠎ᠠ᠃ ᠴᠠᠬᠢᠯᠭᠠᠨ | ᠰᠣᠷᠢᠨᠵᠢᠨ ᠤ ᠰᠠᠴᠤᠷᠠᠭ ᠤᠨ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠴᠢᠩᠭᠠᠷᠠᠭᠤᠯᠵᠤ | ᠣᠷᠴᠢᠨ ᠲᠣᠭᠤᠷᠢᠨ ᠤ ᠬᠠᠮᠠᠭᠠᠯᠠᠯᠲᠠ ᠶᠢᠨ ︽ᠭᠤᠷᠪᠠ ᠶᠢ ᠵᠡᠷᠭᠡ ᠳᠤᠨᠢ ᠬᠢᠬᠦ︾ ᠲᠦᠷᠢᠮ ᠢ ᠴᠢᠩᠭ᠎ᠠ ᠬᠦᠢᠴᠡᠳᠭᠡᠬᠦ | ᠬᠡᠷᠡᠭᠲᠡᠶ᠃ ᠴᠠᠬᠢᠯᠭᠠᠨ ᠰᠣᠷᠢᠨᠵᠢᠨ ᠤ ᠰᠠᠴᠤᠷᠠᠭ ᠤᠨ ᠲᠥᠬᠦᠭᠡᠷᠦᠮᠵᠢ ︵ᠪᠡᠯᠡᠳᠬᠡᠮᠵᠢ︶ ᠶᠢ ᠭᠤᠶᠤᠴᠢᠯᠠᠨ | ᠮᠡᠳᠡᠭᠦᠯᠵᠦ ᠲᠡᠮᠳᠡᠭᠯᠡᠬᠦ ᠠᠵᠢᠯ ᠢ ᠥᠷᠨᠢᠭᠦᠯᠦᠨ᠂ ᠴᠠᠬᠢᠯᠭᠠᠨ ᠰᠣᠷᠢᠨᠵᠢᠨ ᠤ ᠰᠠᠴᠤᠷᠠᠭ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠵᠢᠷᠤᠮᠵᠢᠭᠰᠠᠨ ᠬᠠᠮᠢᠶᠠᠷᠤᠯᠲᠠ ᠶᠢ ᠲᠦᠯᠬᠢᠨ ᠠᠬᠢᠭᠤᠯᠵᠤ᠂ ︽ᠪᠣᠬᠢᠷᠲᠤᠯ | ᠦᠭᠡᠶ ᠰᠠᠭᠤᠷᠢ ᠥᠷᠲᠡᠭᠡ︾᠂ ︽ᠪᠣᠬᠢᠷᠲᠤᠯ ᠦᠭᠡᠶ ᠬᠦᠴᠦᠳᠡᠯ ᠥᠭᠡᠷᠡᠴᠢᠯᠡᠬᠦ ᠥᠷᠲᠡᠭᠡ︾ ᠶᠢᠨ ᠪᠦᠲᠦᠭᠡᠨ | ᠪᠠᠶᠢᠭᠤᠯᠤᠯᠲᠠ ᠶᠢ ᠠᠯᠬᠤᠮ ᠠᠯᠬᠤᠮ ᠢᠶᠠᠷ ᠳᠡᠯᠭᠡᠷᠡᠭᠦᠯᠦᠨ᠂ ᠬᠥᠮᠦᠨ ᠠᠮᠠ ᠨᠢᠭᠲᠠᠷᠬᠠᠰᠠᠨ ᠣᠷᠣᠨ ᠤ | ᠭᠤᠣᠯᠳᠠᠯᠭ᠎ᠠ ᠲᠠᠢ ᠴᠠᠬᠢᠯᠭᠠᠨ ᠰᠣᠷᠢᠨᠵᠢᠨ ᠤ ᠪᠡᠯᠡᠳᠬᠡᠮᠵᠢ ᠳᠤ ᠲᠣᠭᠲᠠᠮᠠᠯ ᠬᠤᠭᠤᠴᠠᠭ᠎ᠠ ᠲᠠᠢ ᠪᠠᠷ ᠴᠠᠭ ᠲᠤᠨᠢ | ᠲᠣᠬᠢᠷᠠᠭᠤᠯᠤᠨ ᠬᠢᠨᠠᠯᠲᠠ ᠲᠠᠯᠪᠢᠨ ᠬᠢᠨᠠᠨ ᠰᠢᠨᠵᠢᠵᠦ᠂ ᠣᠷᠴᠢᠨ ᠲᠣᠭᠤᠷᠢᠨ ᠤ ᠶᠠᠰᠤ ᠴᠢᠨᠠᠷ ᠤᠨ ᠮᠡᠳᠡᠭᠡ ᠵᠠᠩᠭᠢ ᠶᠢ | ᠴᠠᠭ ᠲᠤᠬᠠᠶ ᠳᠤᠨᠢ ᠨᠡᠶᠢᠲᠡᠯᠡᠨ᠂ ᠨᠡᠶᠢᠲᠡ ᠣᠯᠠᠨ ᠤ ᠡᠷᠡᠭᠡᠯᠵᠡᠯ ᠢ ᠠᠷᠢᠯᠭᠠᠨ᠎ᠠ᠃ | ᠰᠠᠴᠤᠷᠠᠭ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠴᠢᠳᠠᠪᠤᠷᠢ ᠶᠢ ᠪᠦᠬᠦ | ᠲᠠᠯ᠎ᠠ ᠪᠠᠷ ᠳᠡᠭᠡᠭᠰᠢᠯᠡᠭᠦᠯᠦᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠰᠢᠰᠲ᠋ᠧᠮ ᠢ | ᠲᠠᠰᠤᠷᠠᠯᠲᠠ ᠥᠬᠡᠶ ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ | ᠱᠠᠲᠤ ᠱᠠᠲᠤ ᠪᠠᠷ ᠪᠠᠬᠢᠵᠢᠭᠦᠯᠬᠦ ᠬᠡᠷᠡᠭᠲᠡᠶ᠃ ᠰᠠᠴᠤᠷᠠᠭ ᠤᠨ ᠡᠬᠢ ᠰᠤᠷᠪᠤᠯᠵᠢ ᠶᠢ ᠲᠤᠰᠬᠠᠶ ᠵᠦᠢᠯ ᠢᠶᠠᠷ ᠪᠠᠶᠢᠴᠠᠭᠠᠬᠤ | ᠠᠵᠢᠯᠯᠠᠭ᠎ᠠ ᠪᠣᠯᠤᠨ ᠴᠥᠮ᠎ᠡ ᠶᠢᠨ ᠮᠡᠷᠭᠡᠵᠢᠯ ᠢ ᠠᠰᠢᠭᠯᠠᠬᠤ ᠨᠢᠭᠡᠴᠡ ᠶᠢᠨ ᠰᠠᠴᠤᠷᠠᠭ ᠤᠨ ᠠᠮᠤᠷ ᠲᠦᠪᠰᠢᠨ ᠤ | ᠬᠠᠮᠢᠶᠠᠷᠤᠯᠲᠠ ᠶᠢ ᠪᠠᠷᠢᠮᠵᠢᠶᠠᠵᠢᠭᠤᠯᠬᠤ ᠪᠠᠶᠢᠭᠤᠯᠤᠯᠲᠠ ᠵᠡᠷᠭᠡ ᠠᠵᠢᠯ ᠳᠤ ᠲᠦᠰᠢᠭᠯᠡᠨ᠂ ᠴᠥᠮ᠎ᠡ ᠶᠢᠨ ᠮᠡᠷᠭᠡᠵᠢᠯ ᠢ | ᠠᠰᠢᠭᠯᠠᠬᠤ ᠨᠢᠭᠡᠴᠡ ᠶᠢ ᠨᠢᠭᠡᠳ ᠨᠢᠭᠡ ᠪᠠᠷ ᠰᠢᠮᠳᠠᠭᠤᠯᠵᠤ᠂ ᠲᠤᠰ ᠪᠡᠶ᠎ᠡ ᠶᠢᠨ ᠰᠠᠴᠤᠷᠠᠭ ᠤᠨ ᠠᠳᠡᠯ ᠤᠨ ᠪᠠᠴᠢᠮ | ᠪᠠᠶᠢᠳᠠᠯ ᠢ ᠠᠷᠭᠠᠴᠠᠬᠤ ᠲᠥᠰᠦᠯ ᠢᠶᠠᠨ ᠲᠠᠰᠤᠷᠠᠯᠲᠠ ᠤᠢᠭᠡᠢ ᠪᠦᠷᠢᠨᠰᠢᠭᠦᠯᠵᠦ᠂ ᠠᠵᠤ ᠠᠬᠤᠶᠢᠯᠠᠯ ᠤᠨ ᠪᠠᠴᠢᠮ | ᠪᠠᠶᠢᠳᠠᠯ ᠢ ᠠᠷᠭᠠᠴᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ | ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠷᠠᠭᠤᠯᠵᠤ᠂ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠥᠨᠳᠥᠷ | ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠤᠨ᠎ᠠ᠃ | ᠬᠤᠶᠠᠳᠤᠭᠠᠷ ᠬᠡᠰᠡᠭ ᠬᠢᠮᠢ ᠶᠢᠨ ᠪᠣᠳᠠᠰ ᠤᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠶᠡᠭᠡ ᠪᠠᠷ | ᠲᠦᠯᠬᠢᠨ ᠠᠬᠢᠭᠤᠯᠤᠨ᠎ᠠ | ᠠᠶᠤᠯᠲᠠᠶ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠪᠠᠶᠢᠳᠠᠯ ᠤᠨ | ᠪᠠᠶᠢᠴᠠᠭᠠᠯᠲᠠ ᠶᠢ ᠥᠷᠨᠢᠭᠦᠯᠦᠨ᠎ᠡ᠃ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠬᠢᠮᠢ ᠶᠢᠨ | ᠠᠵᠤ ᠦᠢᠯᠡᠳᠪᠦᠷᠢ ᠶᠢᠨ ᠠᠵᠤ ᠠᠬᠤᠶᠢᠯᠠᠯ ᠲᠥᠪᠯᠡᠷᠡᠭᠰᠡᠨ ᠲᠣᠭᠤᠷᠢᠭ᠂ ᠠᠶᠤᠯᠲᠠᠶ ᠬᠢᠮᠢ ᠶᠢᠨ ᠡᠳ᠋ | ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠲᠠᠢ ᠪᠤᠶ ᠪᠦᠬᠦᠢ ᠠᠵᠤ ᠠᠬᠤᠶᠢᠯᠠᠯ ᠤᠨ ᠣᠷᠴᠢᠨ ᠲᠣᠭᠤᠷᠢᠨ ᠳᠤ | ᠦᠵᠡᠭᠦᠯᠬᠦ ᠨᠥᠯᠥᠭᠡ ᠶᠢᠨ ᠦᠨᠡᠯᠡᠯᠲᠡ ᠵᠢᠴᠢ ︽ᠭᠤᠷᠪᠠ ᠶᠢ ᠵᠡᠷᠭᠡ ᠳᠤᠨᠢ ᠬᠢᠬᠦ︾ ᠬᠠᠮᠢᠶᠠᠷᠤᠯᠲᠠ ᠶᠢᠨ | ᠳᠦᠷᠢᠮ ᠤᠨ ᠬᠡᠷᠡᠭᠵᠢᠭᠦᠯᠦᠯᠲᠡ ᠶᠢ ᠴᠢᠩᠳᠠᠯᠠᠵᠤ᠂ ᠪᠣᠬᠢᠷᠲᠤᠯ ᠢ ᠵᠠᠰᠠᠬᠤ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠡᠵᠡᠩᠨᠡᠯᠲᠡ᠂ ᠣᠨᠴᠠᠯᠢᠭᠳᠣ ᠪᠣᠬᠢᠷ ᠪᠣᠳᠠᠰ ᠭᠠᠳᠠᠭᠰᠢᠯᠠᠭᠤᠯᠬᠤ ᠶᠢ ᠪᠠᠷᠢᠮᠵᠢᠶ᠎ᠠ ᠳᠤ ᠬᠦᠷᠦᠭᠦᠯᠬᠦ᠂ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠬᠡᠷᠡᠭᠵᠢᠭᠦᠯᠬᠦ ᠵᠢᠴᠢ ᠪᠠᠴᠢᠮ ᠪᠠᠶᠢᠳᠠᠯ ᠢ ᠠᠷᠭᠠᠴᠠᠵᠤ | ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠴᠢᠩᠭᠠᠷᠠᠭᠤᠯᠤᠨ᠎ᠠ᠃ ᠬᠢᠮᠢ ᠶᠢᠨ | ᠪᠣᠳᠠᠰ ᠤᠨ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠣᠷᠴᠢᠨ ᠲᠣᠭᠤᠷᠢᠨ ᠤ | ᠬᠤᠷᠮᠣᠨ ᠤ ᠲᠥᠷᠥᠯ᠂ ᠣᠷᠴᠢᠨ ᠲᠣᠭᠤᠷᠢᠨ ᠤ ᠬᠤᠤᠷ ᠬᠥᠨᠥᠭᠡᠯ ᠶᠡᠬᠡᠲᠡᠶ᠂ ᠡᠷᠡᠭᠦᠯ ᠮᠡᠨᠳᠦ ᠶᠢᠨ ᠠᠶᠤᠯ | ᠲᠦᠭᠰᠢᠭᠦᠷᠢ ᠶᠡᠬᠡᠲᠡᠶ ᠬᠢᠮᠢ ᠶᠢᠨ ᠪᠣᠳᠠᠰ ᠤᠨ ᠪᠣᠬᠢᠷᠲᠤᠯ ᠢ ᠴᠢᠩᠭ᠎ᠠ ᠬᠢᠵᠠᠭᠠᠷᠯᠠᠵᠤ᠂ ᠬᠤᠤᠷ ᠬᠥᠨᠥᠭᠡᠯ ᠶᠡᠬᠡᠲᠡᠶ | ᠠᠶᠤᠯ ᠲᠦᠭᠰᠢᠭᠦᠷᠢ ᠶᠡᠬᠡᠲᠡᠶ ᠬᠢᠮᠢ ᠶᠢᠨ ᠪᠣᠳᠠᠰ ᠢ ᠰᠢᠭᠰᠢᠭᠳᠡᠭᠦᠯᠬᠦ᠂ ᠬᠢᠵᠠᠭᠠᠷᠯᠠᠬᠤ᠂ ᠣᠷᠣᠯᠠᠭᠤᠯᠬᠤ ᠵᠡᠷᠭᠡ ᠠᠷᠭ᠎ᠠ | ᠬᠡᠮᠵᠢᠶ᠎ᠡ ᠶᠢ ᠬᠡᠷᠡᠭᠵᠢᠭᠦᠯᠵᠦ᠂ ᠬᠢᠮᠢ ᠶᠢᠨ ᠪᠣᠳᠠᠰ᠂ ᠳᠠᠭᠠᠭᠠᠮᠠᠭᠠᠶ ᠴᠢᠨᠠᠷᠲᠠᠶ ᠣᠷᠭᠠᠨᠢᠭ ᠪᠣᠬᠢᠷᠲᠤᠯ ᠪᠣᠳᠠᠰ ᠤᠨ | ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠪᠠᠶᠢᠭᠤᠯᠤᠯ ᠢ ᠪᠠᠶᠢᠭᠤᠯᠤᠨ ᠪᠦᠷᠢᠨᠰᠢᠭᠦᠯᠦᠨ᠎ᠡ᠃ | ᠭᠤᠷᠪᠠᠳᠤᠭᠠᠷ ᠬᠡᠰᠡᠭ ᠬᠦᠨᠳᠦ ᠲᠡᠮᠦᠷᠯᠢᠭ ᠵᠢᠴᠢ ᠦᠯᠡᠳᠡᠭᠳᠡᠯ ᠬᠦᠳᠡᠷ ᠤᠨ ᠬᠥᠮᠥᠷᠭᠡ ᠶᠢᠨ ᠪᠣᠬᠢᠷᠲᠤᠯ ᠢ | ᠰᠡᠷᠭᠡᠶᠢᠯᠡᠨ ᠵᠠᠰᠠᠬᠤ ᠠᠵᠢᠯ ᠢ ᠦᠷᠭᠦᠯᠵᠢᠯᠡᠨ ᠲᠦᠯᠬᠢᠨ ᠠᠬᠢᠭᠤᠯᠤᠨ᠎ᠠ | ᠬᠦᠨᠳᠦ ᠲᠡᠮᠦᠷᠯᠢᠭ ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠎ᠡ᠃ | ᠬᠦᠨᠳᠦ ᠲᠡᠮᠦᠷᠯᠢᠭ ᠲᠠᠢ ᠬᠤᠯᠪᠣᠭᠳᠠᠭᠰᠠᠨ ᠭᠤᠣᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ ᠨᠠᠷᠢᠨ | ᠳᠠᠩᠰᠠ ᠶᠢ ᠲᠡᠭᠦᠯᠳᠡᠷᠵᠢᠭᠦᠯᠵᠦ᠂ ᠪᠦᠬᠦ ᠠᠶᠢᠮᠠᠭ ᠤᠨ ᠬᠦᠨᠳᠦ ᠲᠡᠮᠦᠷᠯᠢᠭ ᠲᠠᠢ ᠬᠤᠯᠪᠣᠭᠳᠠᠭᠰᠠᠨ ᠪᠣᠬᠢᠷᠲᠤᠯ | ᠭᠠᠳᠠᠭᠰᠢᠯᠠᠭᠤᠯᠬᠤ ᠠᠵᠤ ᠠᠬᠤᠶᠢᠯᠠᠯ ᠳᠤ ︽ᠨᠢᠭᠡ ᠠᠵᠤ ᠠᠬᠤᠶᠢᠯᠠᠯ ᠳᠤ ᠨᠢᠭᠡ ᠳᠡᠰ ᠲᠠᠢ ᠪᠠᠶᠢᠯᠭᠠᠬᠤ︾ ᠴᠢᠩᠭ᠎ᠠ | ᠬᠠᠮᠢᠶᠠᠷᠤᠯᠲᠠ ᠶᠢ ᠬᠡᠷᠡᠭᠵᠢᠭᠦᠯᠵᠦ᠂ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠭᠦᠷᠭᠡ ᠶᠢ ᠨᠢᠭᠡᠳ | ᠨᠢᠭᠡ ᠪᠠᠷ ᠨᠠᠶᠢᠳᠠᠪᠤᠷᠢᠵᠢᠭᠤᠯᠤᠨ᠂ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠥᠰᠦᠯ | ᠲᠣᠭᠲᠠᠭᠠᠬᠤ ᠶᠢ ᠰᠢᠮᠳᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠲᠣᠬᠢᠷᠠᠭᠤᠯᠵᠤ᠂ ᠬᠦᠨᠳᠦ | ᠲᠡᠮᠦᠷᠯᠢᠭ ᠤᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠭᠦᠷᠭᠡ ᠶᠢ ᠲᠡᠭᠦᠰ ᠠᠮᠵᠢᠯᠲᠠ ᠲᠠᠢ | ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠡᠭᠦᠨ ᠤ ᠬᠠᠮᠲᠤ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ | ᠴᠢᠩᠭᠠᠳᠬᠠᠵᠤ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠣᠷᠴᠢᠨ ᠲᠣᠭᠤᠷᠢᠨ ᠤ ᠵᠥᠪᠰᠢᠶᠡᠷᠡᠨ | ᠣᠷᠣᠭᠤᠯᠬᠤ ᠶᠢ ᠴᠢᠩᠳᠠᠯᠠᠵᠤ᠂ ᠬᠦᠨᠳᠦ ᠲᠡᠮᠦᠷᠯᠢᠭ ᠤᠨ ᠪᠣᠬᠢᠷᠲᠤᠯ ᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ | ᠬᠢᠵᠠᠭᠠᠷᠯᠠᠨ᠎ᠠ᠃ ᠴᠠᠬᠢᠯᠠᠭᠤᠷ ᠴᠢᠯᠠᠭᠤᠨ ᠤ ᠪᠥᠭᠡᠭᠡᠨᠡᠪᠦᠷᠢ ᠾᠯᠣᠷᠲᠤ ᠡᠲ᠋ᠧᠨ ᠤ ᠠᠵᠤ ᠠᠬᠤᠶᠢᠯᠠᠯ ᠨᠢ ᠮᠡᠷᠭᠡᠵᠢᠯ ᠤᠨ | ᠥᠭᠡᠷᠡᠴᠢᠯᠡᠯᠲᠡ ᠪᠠ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠨᠢᠭᠡᠴᠢ ᠪᠦᠲᠦᠭᠡᠭᠳᠡᠬᠦᠨ ᠤ ᠮᠥᠩᠭᠦᠨ ᠤᠰᠤ | ᠬᠡᠷᠡᠭᠯᠡᠬᠦ ᠬᠡᠮᠵᠢᠶ᠎ᠡ ᠶᠢ ᠦᠷᠭᠦᠯᠵᠢᠯᠡᠨ ᠬᠠᠭᠠᠰ ᠢᠶᠠᠷ ᠪᠠᠭᠠᠰᠬᠠᠬᠤ ᠬᠠᠷᠠᠯᠲᠠ ᠳᠤ ᠬᠦᠷᠴᠦ᠂ ᠴᠠᠬᠢᠯᠠᠭᠤᠷ ᠴᠢᠯᠠᠭᠤᠨ ᠤ | ᠪᠥᠭᠡᠭᠡᠨᠡᠪᠦᠷᠢ ᠾᠯᠣᠷᠲᠤ ᠡᠲ᠋ᠧᠨ ᠤ ᠠᠵᠤ ᠠᠬᠤᠶᠢᠯᠠᠯ ᠤᠨ ᠮᠥᠩᠭᠦᠨ ᠤᠰᠤ ᠥᠬᠡᠶ ᠵᠠᠭᠤᠴᠢᠯᠠᠭᠤᠷ ᠤᠨ ᠵᠢᠱᠢᠶ᠎ᠡ | ᠦᠵᠡᠭᠦᠯᠬᠦ ᠲᠥᠷᠥᠯ ᠵᠦᠢᠯ ᠥᠷᠨᠢᠭᠦᠯᠬᠦ ᠶᠢ ᠠᠬᠢᠭᠤᠯᠤᠨ᠎ᠠ᠃ | ᠦᠯᠡᠳᠡᠭᠳᠡᠯ ᠬᠦᠳᠡᠷ ᠤᠨ ᠬᠥᠮᠥᠷᠭᠡ ᠵᠡᠷᠭᠡ ᠣᠷᠴᠢᠨ ᠠᠬᠤᠢ ᠶᠢᠨ ᠪᠣᠬᠢᠷᠲᠤᠯ ᠢ ᠵᠠᠰᠠᠬᠤ ᠠᠵᠢᠯ ᠢ ᠡᠮᠬᠢ | ᠵᠢᠷᠤᠮ ᠲᠠᠢ ᠪᠠᠷ ᠥᠷᠨᠢᠭᠦᠯᠦᠨ᠎ᠡ᠃ ᠦᠯᠡᠳᠡᠭᠳᠡᠯ ᠬᠦᠳᠡᠷ ᠤᠨ ᠬᠥᠮᠥᠷᠭᠡ᠂ ᠠᠭᠤᠷᠬᠠᠢ ᠮᠠᠯᠲᠠᠬᠤ ᠬᠠᠶᠠᠭᠳᠠᠮᠠᠯ | ᠴᠢᠯᠠᠭᠤ ᠣᠪᠣᠭᠠᠯᠠᠬᠤ ᠲᠠᠯᠠᠪᠠᠢ᠂ ᠬᠦᠳᠡᠷ ᠤᠨ ᠰᠢᠭᠠᠷᠤ ᠣᠪᠣᠭᠠᠯᠠᠬᠤ ᠲᠠᠯᠠᠪᠠᠢ ᠵᠡᠷᠭᠡ ᠣᠷᠴᠢᠨ ᠲᠣᠭᠤᠷᠢᠨ ᠤ | ᠲᠦᠭᠰᠢᠭᠦᠷᠢ ᠶᠢᠨ ᠲᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠥᠷᠨᠢᠭᠦᠯᠵᠦ᠂ ︽ᠨᠢᠭᠡ ᠬᠥᠮᠥᠷᠭᠡ ︵ᠲᠠᠯᠠᠪᠠᠢ︶ | ᠳᠤ ᠨᠢᠭᠡ ᠲᠥᠷᠥ ᠶᠢᠨ ᠪᠤᠳᠤᠯᠭ᠎ᠠ ᠬᠡᠷᠡᠭᠵᠢᠭᠦᠯᠬᠦ︾ ᠶᠢ ᠲᠥᠷᠥᠯ ᠬᠤᠪᠢᠶᠠᠨ ᠱᠠᠳᠤ ᠬᠤᠪᠢᠶᠠᠨ ᠴᠡᠭᠴᠡᠯᠡᠨ | ᠵᠠᠰᠠᠬᠤ ᠶᠢ ᠬᠡᠷᠡᠭᠵᠢᠭᠦᠯᠦᠨ᠎ᠡ᠃ ᠦᠯᠡᠳᠡᠭᠳᠡᠯ ᠬᠦᠳᠡᠷ ᠤᠨ ᠬᠥᠮᠥᠷᠭᠡ ᠪᠣᠯᠤᠨ ᠡᠯ᠎ᠡ ᠲᠥᠷᠥᠯ ᠤᠨ ᠰᠢᠭᠠᠷᠤ ᠶᠢᠨ | ᠲᠠᠯᠠᠪᠤᠷ ᠤᠨ ᠣᠷᠴᠢᠨ ᠲᠣᠭᠤᠷᠢᠨ ᠤ ᠵᠥᠪᠰᠢᠶᠡᠷᠡᠨ ᠣᠷᠣᠭᠤᠯᠬᠤ ᠶᠢ ᠰᠢᠨ᠎ᠡ ᠪᠠᠷ ᠪᠠᠶᠢᠭᠤᠯᠬᠤ ︵ᠥᠭᠡᠷᠡᠴᠢᠯᠡᠬᠦ᠂ | ᠥᠷᠭᠡᠳᠬᠡᠬᠦ︶ ᠶᠢ ᠴᠢᠩᠳᠠᠯᠠᠵᠤ᠂ ᠰᠢᠨ᠎ᠡ ᠪᠠᠷ ᠨᠡᠮᠡᠭᠳᠡᠬᠦ ᠣᠷᠴᠢᠨ ᠲᠣᠭᠤᠷᠢᠨ ᠤ ᠪᠣᠬᠢᠷᠲᠤᠯ ᠤᠨ ᠲᠦᠭᠰᠢᠭᠦᠷᠢ ᠶᠢ | ᠴᠢᠩᠭ᠎ᠠ ᠡᠵᠡᠮᠳᠡᠨ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ | ᠲᠡᠦᠬᠡᠨ ᠠᠴᠠ ᠦᠯᠡᠳᠡᠭᠳᠡᠵᠦ ᠢᠷᠡᠭᠰᠡᠨ ᠦᠯᠡᠳᠡᠭᠳᠡᠯ ᠬᠦᠳᠡᠷ ᠤᠨ ᠬᠥᠮᠥᠷᠭᠡ ᠳᠠᠬᠢ ᠣᠷᠴᠢᠨ ᠲᠣᠭᠤᠷᠢᠨ ᠤ | ᠵᠠᠰᠠᠯᠲᠠ ᠶᠢ ᠴᠢᠩᠭᠠᠳᠬᠠᠨ᠂ ᠦᠢᠯᠡᠳᠪᠦᠷᠢᠯᠡᠵᠦ ᠡᠵᠡᠩᠨᠡᠬᠦ ᠭᠤᠤᠯ ᠴᠣᠭᠴᠠ ᠥᠬᠡᠶ ᠪᠠ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ᠂ ᠠᠯᠳᠠᠷᠲᠤ ᠦᠵᠡᠮᠵᠢ ᠶᠢᠨ ᠣᠷᠣᠨ᠂ ᠤᠤᠭᠤᠬᠤ ᠤᠰᠤᠨ ᠤ ᠡᠬᠢ ᠰᠤᠷᠪᠤᠯᠵᠢ ᠶᠢᠨ | ᠬᠠᠮᠠᠭᠠᠯᠠᠯᠲᠠ ᠶᠢᠨ ᠣᠷᠣᠨ᠂ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠣᠷᠣᠨ ᠤ ᠳᠣᠲᠣᠷᠠᠬᠢ | ᠦᠯᠡᠳᠡᠭᠳᠡᠯ ᠬᠦᠳᠡᠷ ᠤᠨ ᠬᠥᠮᠥᠷᠭᠡ ᠳᠤ ᠪᠢᠲᠡᠭᠦᠮᠵᠢᠯᠡᠨ ᠵᠠᠰᠠᠬᠤ ᠶᠢ ᠲᠦᠷᠭᠡᠳᠬᠡᠨ᠎ᠡ᠃ ᠬᠠᠲᠤᠨ ᠭᠤᠤᠯ ᠤᠨ ᠰᠠᠪᠠ | ᠭᠠᠵᠠᠷ ᠤᠨ ᠦᠯᠡᠳᠡᠭᠳᠡᠯ ᠬᠦᠳᠡᠷ ᠤᠨ ᠬᠥᠮᠥᠷᠭᠡ ᠶᠢᠨ ᠪᠣᠬᠢᠷᠲᠤᠯ ᠢ ᠵᠠᠰᠠᠬᠤ ᠪᠠᠨ ᠭᠤᠤᠯᠳᠠᠯᠭ᠎ᠠ ᠲᠠᠢ ᠴᠢᠩᠭᠠᠳᠬᠠᠵᠤ | ᠂ ᠣᠷᠴᠢᠨ ᠲᠣᠭᠤᠷᠢᠨ ᠤ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ | ᠠᠬᠢᠭᠤᠯᠤᠨ᠎ᠠ᠃ | ᠳᠥᠷᠪᠡᠳᠦᠭᠡᠷ ᠬᠡᠰᠡᠭ ᠰᠢᠨ᠎ᠡ ᠪᠣᠬᠢᠷᠲᠤᠯ ᠪᠣᠳᠠᠰ ᠤᠨ ᠰᠠᠭᠤᠷᠢ ᠪᠠᠶᠢᠴᠠᠭᠠᠯᠲᠠ ᠵᠢᠴᠢ | ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠶᠢ ᠴᠢᠩᠭᠠᠳᠬᠠᠨ᠎ᠠ | ᠰᠢᠨ᠎ᠡ ᠪᠣᠬᠢᠷᠲᠤᠯ ᠪᠣᠳᠠᠰ ᠢ ᠪᠠᠶᠢᠴᠠᠭᠠᠨ ᠦᠨᠡᠯᠡᠬᠦ ᠠᠵᠢᠯ ᠢ ᠥᠷᠨᠢᠭᠦᠯᠦᠨ᠎ᠡ᠃ ᠪᠥᠬᠦ ᠠᠶᠢᠮᠠᠭ ᠤᠨ | ᠬᠢᠮᠢ ᠶᠢᠨ ᠪᠣᠳᠠᠰ ᠤᠨ ᠰᠠᠭᠤᠷᠢ ᠮᠡᠳᠡᠭᠡ ᠵᠠᠩᠭᠢ ᠶᠢ ᠪᠠᠶᠢᠴᠠᠭᠠᠨ ᠰᠢᠨᠡᠳᠬᠡᠬᠦ ᠠᠵᠢᠯ ᠢ ᠭᠦᠨᠵᠡᠭᠡᠶ ᠥᠷᠨᠢᠭᠦᠯᠵᠦ᠂ | ᠭᠤᠤᠯᠳᠠᠯᠭ᠎ᠠ ᠲᠠᠢ ᠠᠵᠢᠯ ᠲᠥᠷᠥᠯ ᠤᠨ ᠭᠤᠤᠯᠳᠠᠯᠭ᠎ᠠ ᠲᠠᠢ ᠬᠢᠮᠢ ᠶᠢᠨ ᠪᠣᠳᠠᠰ ᠤᠨ ᠦᠢᠯᠡᠳᠪᠦᠷᠢᠯᠡᠯ ᠬᠡᠷᠡᠭᠯᠡᠭᠡᠨ ᠤ | ᠮᠡᠳᠡᠭᠡ ᠵᠠᠩᠭᠢ ᠶᠢᠨ ᠪᠠᠶᠢᠴᠠᠭᠠᠯᠲᠠ ᠪᠠ ᠣᠷᠴᠢᠨ ᠲᠣᠭᠤᠷᠢᠨ ᠤ ᠬᠤᠤᠷ ᠬᠥᠨᠥᠭᠡᠯ ᠢ ᠦᠨᠡᠯᠡᠨ ᠵᠢᠱᠢᠵᠦ᠂ ᠬᠤᠤᠷ | ᠬᠥᠨᠥᠭᠡᠯ ᠲᠠᠢ ᠬᠢᠮᠢ ᠶᠢᠨ ᠪᠣᠳᠠᠰ ᠢ ᠢᠯᠭᠠᠨ ᠲᠠᠨᠢᠨ᠎ᠠ᠃ ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠤ | ᠦᠶ᠋ᠯᠡᠰ ᠤᠨ ᠨᠡᠭᠡᠭᠡᠯᠲᠡ ᠶᠢᠨ ᠣᠷᠣᠨ᠂ ᠬᠤᠶᠠᠷᠬᠤᠳᠳᠤᠭ ᠤᠨ ᠬᠦᠳᠡᠭᠡ ᠠᠮᠢ ᠠᠬᠤᠶ ᠨᠡᠭᠦᠳᠡᠯ ᠠᠷᠠᠳ ᠤᠨ | ᠵᠢᠱᠢᠶ᠎ᠡ ᠦᠵᠡᠭᠦᠯᠬᠦ ᠣᠷᠣᠨ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ ᠣᠷᠴᠢᠨ ᠲᠣᠭᠤᠷᠢᠨ ᠤ | ᠲᠦᠭᠰᠢᠭᠦᠷᠢ ᠳᠤ ᠦᠨᠡᠯᠡᠨ ᠵᠢᠱᠢᠯᠲᠡ ᠬᠢᠵᠦ᠂ ᠬᠤᠤᠷ ᠬᠥᠨᠥᠭᠡᠯ ᠲᠠᠢ ᠬᠢᠮᠢ ᠶᠢᠨ ᠪᠣᠳᠠᠰ ᠤᠨ ᠣᠷᠴᠢᠨ ᠲᠣᠭᠤᠷᠢᠨ | ᠬᠢᠭᠡᠳ ᠡᠷᠡᠭᠦᠯ ᠮᠡᠨᠳᠦ ᠶᠢᠨ ᠲᠦᠭᠰᠢᠭᠦᠷᠢ ᠶᠢ ᠦᠨᠡᠯᠡᠨ ᠵᠢᠱᠢᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ | ᠬᠡᠷᠡᠭᠲᠡᠶ᠃ | ᠰᠢᠨ᠎ᠡ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠶᠢ ᠴᠢᠩᠭᠠᠳᠬᠠᠨ᠎ᠠ᠃ ᠬᠤᠣᠷ ᠲᠠᠢ | ᠬᠥᠨᠥᠭᠡᠯ ᠲᠠᠢ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢᠨ ᠬᠠᠮᠢᠶᠠᠷᠤᠯᠲᠠ ᠶᠢᠨ ᠮᠡᠳᠡᠭᠡ | ᠵᠠᠩᠭᠢ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠰᠢᠨ᠎ᠡ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠮᠡᠳᠡᠭᠡ | ᠵᠠᠩᠭᠢᠵᠢᠯᠲᠠ ᠶᠢᠨ ᠬᠠᠮᠢᠶᠠᠷᠤᠯᠲᠠ ᠶᠢ ᠠᠬᠢᠭᠤᠯᠵᠤ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠰᠢᠨ᠎ᠡ ᠬᠢᠮᠢ ᠶᠢᠨ | ᠪᠣᠳᠠᠰ ᠤᠨ ᠬᠠᠮᠢᠶᠠᠷᠤᠯᠲᠠ ᠶᠢᠨ ᠳᠠᠩᠰᠠᠯᠠᠨ ᠲᠡᠮᠳᠡᠭᠯᠡᠬᠦ ᠬᠠᠷᠢᠭᠤᠴᠠᠯᠭ᠎ᠠ ᠪᠠ ᠣᠷᠴᠢᠨ ᠲᠣᠭᠤᠷᠢᠨ ᠤ | ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠪᠥᠬᠦ ᠠᠶᠢᠮᠠᠭ ᠤᠨ | ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠬᠢᠨᠠᠨ ᠬᠡᠮᠵᠢᠯᠲᠡ᠂ ᠪᠠᠶᠢᠴᠠᠭᠠᠨ ᠬᠡᠮᠵᠢᠯᠲᠡ ᠵᠢᠴᠢ ᠬᠢᠨᠠᠨ | ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠬᠤᠤᠷ ᠬᠥᠨᠥᠭᠡᠯ ᠲᠠᠢ ᠬᠢᠮᠢ ᠶᠢᠨ ᠪᠣᠳᠠᠰ ᠢ ᠬᠡᠷᠡᠭᠯᠡᠭᠰᠡᠨ | ᠪᠤᠶᠤ ᠦᠢᠯᠡᠳᠪᠦᠷᠢᠯᠡᠬᠦ ᠶᠠᠪᠤᠴᠠ ᠳᠤ ᠰᠢᠨ᠎ᠡ ᠪᠣᠬᠢᠷᠲᠤᠯ ᠪᠣᠳᠠᠰ ᠢ ᠭᠠᠳᠠᠭᠰᠢᠯᠠᠭᠤᠯᠤᠭᠰᠠᠨ ᠠᠵᠤ ᠠᠬᠤᠶᠢᠯᠠᠯ ᠳᠤ | ᠠᠯᠪᠠᠳᠠᠯᠭ᠎ᠠ ᠶᠢᠨ ᠴᠢᠨᠠᠷᠲᠠᠶ ᠴᠡᠪᠡᠷ ᠦᠢᠯᠡᠳᠪᠦᠷᠢᠯᠡᠯ ᠤᠨ ᠬᠢᠨᠠᠨ ᠬᠠᠷᠭᠤᠭᠤᠯᠤᠯᠲᠠ ᠶᠢ ᠪᠥᠬᠦ ᠲᠠᠯ᠎ᠠ ᠪᠠᠷ | ᠬᠡᠷᠡᠭᠵᠢᠭᠦᠯᠦᠨ᠎ᠡ᠃ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ᠂ ᠰᠢᠷ ᠪᠤᠳᠤᠭ᠂ ᠡᠮ ᠡᠮᠨᠡᠯᠭᠡ ᠵᠡᠷᠭᠡ | ᠠᠵᠢᠯ ᠲᠥᠷᠥᠯ ᠤᠨ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠬᠠᠮᠢᠶᠠᠷᠤᠨ | ᠡᠵᠡᠮᠳᠡᠬᠦ ᠶᠢ ᠴᠢᠩᠭᠠᠳᠬᠠᠨ᠎ᠠ᠃ ︽ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠵᠢᠯᠣᠭᠤᠳᠬᠤ | ᠭᠠᠷᠴᠠᠭ︾ ᠢ ᠴᠢᠩᠭ᠎ᠠ ᠨᠠᠢᠳᠠᠪᠤᠷᠢᠵᠢᠭᠤᠯᠬᠤ᠂ ᠪᠣᠬᠢᠷᠲᠤᠯ ᠦᠭᠡᠢ ᠣᠷᠣᠯᠠᠬᠤ ᠪᠦᠲᠦᠭᠡᠭᠳᠡᠬᠦᠨ ᠪᠠ ᠣᠷᠣᠯᠠᠬᠤ | ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠷᠠᠭᠤᠯᠤᠨ᠎ᠠ᠃ ᠤᠯᠠᠨ ᠤᠯᠤᠰ ᠤᠨ ᠣᠷᠴᠢᠨ ᠠᠬᠤᠢ ᠶᠢᠨ | ᠨᠡᠶᠢᠲᠡ ᠶᠢᠨ ᠭᠡᠷ᠎ᠡ ᠶᠢᠨ ᠬᠠᠮᠢᠶᠠᠷᠤᠨ ᠡᠵᠡᠮᠳᠡᠬᠦ ᠬᠢᠮᠢ ᠶᠢᠨ ᠵᠦᠢᠯ ᠢ ᠲᠦᠷᠭᠡᠪᠴᠢᠯᠡᠨ ᠭᠡᠭᠡᠭᠳᠡᠭᠦᠯᠵᠦ ᠬᠢᠵᠠᠭᠠᠷᠯᠠᠨ | ᠪᠠᠭᠠᠰᠬᠠᠨ᠎ᠠ᠃ ᠬᠢᠵᠠᠭᠠᠷᠯᠠᠭᠰᠠᠨ ᠪᠤᠶᠤ ᠴᠠᠭᠠᠵᠠᠯᠠᠭᠰᠠᠨ ᠳᠠᠭᠠᠭᠠᠮᠠᠭᠠᠶ ᠴᠢᠨᠠᠷᠲᠠᠶ ᠣᠷᠭᠠᠨᠢᠭ ᠪᠣᠬᠢᠷᠲᠤᠯ ᠪᠣᠳᠠᠰ ᠤᠨ | ᠣᠷᠣᠯᠠᠮᠠᠯ ᠪᠣᠳᠠᠰ ᠪᠠ ᠣᠷᠣᠯᠠᠮᠠᠯ ᠮᠡᠷᠭᠡᠵᠢᠯ ᠢ ᠰᠤᠳᠤᠯᠤᠨ ᠨᠡᠭᠡᠭᠡᠬᠦ ᠪᠠ ᠬᠡᠷᠡᠭᠯᠡᠬᠦ ᠶᠢ ᠵᠣᠷᠢᠭᠵᠢᠭᠤᠯᠤᠨ᠎ᠠ᠃ | ᠳᠠᠭᠠᠭᠠᠮᠠᠭᠠᠶ ᠴᠢᠨᠠᠷᠲᠠᠶ ᠣᠷᠭᠠᠨᠢᠭ ᠪᠣᠬᠢᠷ ᠪᠣᠳᠠᠰ ᠢ ᠬᠠᠤᠯᠢ ᠪᠤᠰᠤ ᠪᠠᠷ ᠦᠢᠯᠡᠳᠪᠦᠷᠢᠯᠡᠬᠦ ᠪᠠ ᠬᠡᠷᠡᠭᠯᠡᠬᠦ᠂ ᠮᠥᠩᠭᠦᠨ | ᠤᠰᠤᠨ ᠤ ᠪᠦᠲᠦᠭᠡᠭᠳᠡᠬᠦᠨ ᠨᠡᠮᠡᠬᠦ ᠶᠢ ᠬᠠᠤᠯᠢ ᠪᠤᠰᠤ ᠪᠠᠷ ᠦᠢᠯᠡᠳᠪᠦᠷᠢᠯᠡᠬᠦ ᠵᠡᠷᠭᠡ ᠬᠠᠤᠯᠢ ᠠᠴᠠ ᠵᠥᠷᠢᠴᠡᠭᠰᠡᠨ | ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ | ᠲᠠᠪᠤᠳᠤᠭᠠᠷ ᠬᠡᠰᠡᠭ ᠣᠷᠴᠢᠨ ᠠᠬᠤᠢ ᠶᠢᠨ ᠠᠶᠤᠯ ᠲᠦᠭᠰᠢᠭᠦᠷᠢ ᠶᠢᠨ ᠪᠠᠴᠢᠮ ᠪᠠᠶᠢᠳᠠᠯ ᠢ ᠠᠷᠭᠠᠴᠠᠬᠤ | ᠰᠢᠰᠲ᠋ᠧᠮ ᠢ ᠲᠡᠭᠦᠯᠳᠡᠷᠵᠢᠭᠦᠯᠦᠨ᠎ᠡ | ᠣᠷᠴᠢᠨ ᠲᠣᠭᠤᠷᠢᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠢᠰᠲ᠋ᠧᠮᠵᠢ ᠶᠢ | ᠲᠡᠭᠦᠯᠳᠡᠷᠵᠢᠭᠦᠯᠦᠨ᠂ ᠣᠷᠴᠢᠨ ᠲᠣᠭᠤᠷᠢᠨ ᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠰᠠᠭᠤᠷᠢ | ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠣᠷᠴᠢᠨ ᠲᠣᠭᠤᠷᠢᠨ ᠤ ᠲᠦᠭᠰᠢᠭᠦᠷᠢ ᠶᠢᠨ ᠪᠠᠴᠢᠮ | ᠪᠠᠶᠢᠳᠠᠯ ᠢ ᠠᠷᠭᠠᠴᠠᠵᠤ ᠬᠢᠨᠠᠨ ᠬᠡᠮᠵᠢᠬᠦ ᠰᠢᠰᠲ᠋ᠧᠮᠵᠢ ᠶᠢ ᠪᠠᠶᠢᠭᠤᠯᠤᠨ᠂ ᠰᠢᠨᠵᠢᠯᠡᠬᠦ ᠤᠬᠠᠭᠠᠨᠴᠢ ᠪᠠᠷ ᠰᠡᠷᠡᠮᠵᠢᠯᠡᠭᠦᠯᠵᠦ | ᠂ ᠪᠠᠴᠢᠮ ᠪᠠᠶᠢᠳᠠᠯ ᠢ ᠠᠷᠭᠠᠴᠠᠵᠤ ᠬᠢᠨᠠᠨ ᠬᠡᠮᠵᠢᠬᠦ ᠴᠢᠳᠠᠪᠤᠷᠢ ᠪᠠᠨ ᠴᠢᠩᠭᠠᠳᠬᠠᠨ᠂ ᠣᠷᠴᠢᠨ ᠲᠣᠭᠤᠷᠢᠨ ᠤ | ᠭᠡᠨᠡᠳᠲᠡ ᠶᠢᠨ ᠬᠡᠷᠡᠭ ᠢ ᠴᠠᠭ ᠲᠤᠬᠠᠶ ᠳᠤᠨᠢ ᠣᠯᠵᠤ ᠮᠡᠳᠡᠬᠦ ᠪᠠ ᠲᠣᠬᠢᠲᠠᠶ ᠰᠢᠢᠳᠪᠦᠷᠢᠯᠡᠨ᠎ᠡ᠃ ᠬᠦᠨᠳᠦ ᠶᠡᠭᠡ | ᠣᠷᠴᠢᠨ ᠲᠣᠭᠤᠷᠢᠨ ᠤ ᠲᠦᠭᠰᠢᠭᠦᠷᠢ ᠶᠢᠨ ᠡᠬᠢ ᠰᠤᠷᠪᠤᠯᠵᠢ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ | ᠴᠢᠩᠭᠠᠳᠬᠠᠵᠤ᠂ ᠣᠷᠣᠨ ᠪᠦᠰᠡ ᠶᠢᠨ ᠣᠷᠴᠢᠨ ᠲᠣᠭᠤᠷᠢᠨ ᠤ ᠲᠦᠭᠰᠢᠭᠦᠷᠢ ᠶᠢ ᠬᠠᠮᠲᠤᠷᠠᠨ ᠰᠡᠷᠭᠡᠶᠢᠯᠡᠵᠦ | ᠬᠠᠮᠲᠤᠷᠠᠨ ᠡᠵᠡᠮᠳᠡᠬᠦ ᠲᠣᠭᠲᠠᠴᠠ ᠶᠢ ᠪᠠᠶᠢᠭᠤᠯᠤᠨ᠂ ᠣᠷᠴᠢᠨ ᠲᠣᠭᠤᠷᠢᠨ ᠤ ᠭᠡᠨᠡᠳᠲᠡ ᠶᠢᠨ ᠠᠳᠡᠯ ᠤᠨ ᠪᠠᠶᠢᠳᠠᠯ | ᠳᠤᠤᠷᠠᠬᠢ ᠪᠠᠴᠢᠮ ᠪᠠᠶᠢᠳᠠᠯ ᠢ ᠠᠷᠭᠠᠴᠠᠵᠤ ᠬᠢᠨᠠᠨ ᠰᠢᠨᠵᠢᠬᠦ ᠬᠢᠭᠡᠳ ᠠᠵᠢᠯᠲᠠᠨ ᠢ ᠲᠠᠷᠬᠠᠭᠠᠨ ᠶᠠᠪᠤᠭᠤᠯᠬᠤ | ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠬᠤ ᠬᠡᠷᠡᠭᠲᠡᠶ᠃ ᠣᠷᠴᠢᠨ ᠲᠣᠭᠤᠷᠢᠨ ᠤ ᠪᠠᠴᠢᠮ ᠪᠠᠶᠢᠳᠠᠯ ᠢ | ᠠᠷᠭᠠᠴᠠᠬᠤ ᠡᠳ᠋ ᠪᠠᠷᠠᠭ᠎ᠠ ᠨᠥᠭᠡᠴᠡᠯᠡᠬᠦ ᠬᠥᠮᠥᠷᠭᠡ ᠶᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ | ᠲᠤᠰᠬᠠᠶᠢᠵᠢᠭᠰᠠᠨ ᠡᠩᠨᠡᠭᠡᠨ ᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠶᠢ | ᠵᠢᠯᠣᠭᠤᠳᠬᠤ ᠰᠢᠢᠳᠪᠦᠷᠢᠳᠦ ᠪᠣᠳᠣᠯᠭ᠎ᠠ ᠲᠣᠭᠲᠠᠭᠠᠬᠤ ᠰᠢᠰᠲ᠋ᠧᠮ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ | ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠲᠣᠭᠲᠠᠮᠠᠯ | ᠬᠤᠭᠤᠴᠠᠭ᠎ᠠ ᠲᠠᠢ ᠪᠠᠷ ᠥᠷᠨᠢᠭᠦᠯᠵᠦ᠂ ᠣᠷᠴᠢᠨ ᠲᠣᠭᠤᠷᠢᠨ ᠤ ᠪᠠᠴᠢᠮ ᠪᠠᠶᠢᠳᠠᠯ ᠢ ᠠᠷᠭᠠᠴᠠᠬᠤ ᠶᠢ ᠨᠢᠭᠡᠳᠦᠯᠲᠡᠶ | ᠵᠢᠯᠣᠭᠤᠳᠤᠨ ᠵᠣᠬᠢᠴᠠᠭᠤᠯᠬᠤ᠂ ᠡᠬᠢ ᠪᠠᠶᠠᠯᠢᠭ ᠢ ᠨᠢᠭᠡᠳᠦᠯᠲᠡᠶ ᠲᠣᠬᠢᠷᠠᠭᠤᠯᠬᠤ᠂ ᠲᠤᠭ᠎ᠠ ᠪᠠᠷᠢᠮᠲᠠ ᠶᠢᠨ | ᠬᠠᠮᠢᠶᠠᠷᠤᠯᠲᠠ ᠶᠢ ᠨᠢᠭᠡᠳᠦᠯᠲᠡᠶ ᠪᠣᠯᠭᠠᠬᠤ ᠶᠢ ᠪᠡᠶᠡᠯᠡᠭᠦᠯᠵᠦ᠂ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠪᠠᠴᠢᠮ | ᠪᠠᠶᠢᠳᠠᠯ ᠢ ᠠᠷᠭᠠᠴᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠳᠤ | ᠲᠦᠷᠭᠡᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ | ᠠᠵᠤ ᠠᠬᠤᠶᠢᠯᠠᠯ ᠤᠨ ᠣᠷᠴᠢᠨ ᠲᠣᠭᠤᠷᠢᠨ ᠤ ᠲᠦᠭᠰᠢᠭᠦᠷᠢ ᠶᠢᠨ ᠬᠠᠮᠢᠶᠠᠷᠤᠯᠲᠠ ᠶᠢ ᠴᠢᠩᠭᠠᠳᠬᠠᠨ᠂ ᠠᠵᠤ | ᠠᠬᠤᠶᠢᠯᠠᠯ ᠤᠨ ᠣᠷᠴᠢᠨ ᠲᠣᠭᠤᠷᠢᠨ ᠤ ᠲᠦᠭᠰᠢᠭᠦᠷᠢ ᠶᠢ ᠪᠠᠶᠢᠴᠠᠭᠠᠨ ᠦᠨᠡᠯᠡᠬᠦ ᠠᠵᠢᠯ ᠢ ᠦᠷᠭᠦᠯᠵᠢᠯᠡᠨ ᠭᠦᠨᠵᠡᠭᠡᠶ | ᠥᠷᠨᠢᠭᠦᠯᠵᠦ᠂ ᠳᠡᠰ ᠲᠥᠷᠥᠯ ᠬᠤᠪᠢᠶᠠᠨ ᠬᠠᠮᠢᠶᠠᠷᠬᠤ ᠶᠢ ᠠᠬᠢᠭᠤᠯᠤᠨ᠂ ᠲᠦᠭᠰᠢᠭᠦᠷᠢ ᠶᠡᠬᠡᠲᠡᠶ ᠠᠵᠤ | ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ ᠴᠢᠩᠳᠠᠯᠠᠨ᠎ᠠ᠃ ᠤᠰᠤᠨ ᠰᠤᠷᠪᠤᠯᠵᠢ ᠶᠢᠨ ᠭᠠᠵᠠᠷ᠂ ᠲᠠᠷᠢᠶᠠᠯᠠᠩ ᠤᠨ | ᠪᠦᠲᠦᠭᠡᠭᠳᠡᠬᠦᠨ ᠲᠠᠷᠢᠬᠤ ᠣᠷᠣᠨ ᠵᠢᠴᠢ ᠤᠰᠤᠨ ᠭᠠᠷᠤᠯᠲᠠ ᠶᠢ ᠲᠥᠪᠯᠡᠷᠡᠭᠦᠯᠦᠨ ᠲᠡᠵᠢᠭᠡᠨ ᠦᠷᠡᠵᠢᠭᠦᠯᠬᠦ ᠣᠷᠣᠨ ᠤ | ᠲᠦᠭᠰᠢᠭᠦᠷᠢ ᠶᠢ ᠬᠢᠨᠠᠨ ᠡᠵᠡᠮᠳᠡᠵᠦ ᠦᠨᠡᠯᠡᠨ ᠵᠢᠱᠢᠵᠦ᠂ ᠭᠤᠣᠯᠳᠠᠯᠭ᠎ᠠ ᠲᠠᠢ ᠲᠦᠭᠰᠢᠭᠦᠷᠢ ᠶᠢᠨ ᠡᠬᠢ᠂ ᠬᠥᠮᠦᠨ | ᠠᠮᠠ ᠨᠢᠭᠲᠠᠷᠬᠠᠰᠠᠨ ᠣᠷᠣᠨ ᠪᠣᠯᠤᠨ ᠣᠷᠴᠢᠨ ᠲᠣᠭᠤᠷᠢᠨ ᠬᠡᠪᠡᠷᠡᠭ ᠣᠷᠣᠨ ᠳᠤ ᠲᠣᠭᠲᠠᠮᠠᠯ ᠬᠤᠭᠤᠴᠠᠭ᠎ᠠ ᠲᠠᠢ ᠪᠠᠷ | ᠲᠤᠰᠬᠠᠶ ᠵᠦᠢᠯ ᠤᠨ ᠪᠠᠶᠢᠴᠠᠭᠠᠯᠲᠠ ᠬᠢᠵᠦ᠂ ᠣᠷᠴᠢᠨ ᠲᠣᠭᠤᠷᠢᠨ ᠤ ᠱᠠᠭᠠᠷᠳᠠᠯᠭ᠎ᠠ ᠳᠤ ᠨᠡᠶᠢᠴᠡᠬᠦ ᠦᠭᠡᠶ ᠠᠵᠤ | ᠠᠬᠤᠶᠢᠯᠠᠯ ᠢ ᠡᠷᠡᠰ ᠬᠠᠭᠠᠵᠤ ᠵᠣᠭᠰᠣᠭᠠᠬᠤ ᠶᠢᠨ ᠬᠠᠮᠲᠤ ᠰᠢᠯᠵᠢᠭᠦᠯᠦᠨ᠎ᠡ᠃ | ᠠᠷᠪᠠᠨ ᠨᠢᠭᠡᠳᠦᠭᠡᠷ ᠪᠦᠯᠦᠭ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠦᠷᠭᠦᠯᠵᠢᠯᠡᠨ | ᠠᠬᠢᠭᠤᠯᠤᠨ᠎ᠠ | ᠨᠢᠭᠡᠳᠦᠭᠡᠷ ᠬᠡᠰᠡᠭ ᠠᠮᠢ ᠠᠬᠤᠢ ᠣᠷᠴᠢᠨ ᠨᠥᠬᠦᠴᠡᠯ ᠤᠨ ᠬᠠᠮᠢᠶᠠᠷᠤᠯᠲᠠ ᠶᠢᠨ ᠰᠢᠰᠲ᠋ᠧᠮ ᠢ | ᠪᠦᠷᠢᠨᠰᠢᠭᠦᠯᠦᠨ᠎ᠡ | ᠨᠢᠭᠡ᠂ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠦᠷᠢᠨᠰᠢᠬᠦᠯᠦᠨ᠎ᠡ | ᠠᠯᠠᠱᠠ ᠠᠶᠢᠮᠠᠭ ᠪᠣᠯᠤᠨ ᠡᠯ᠎ᠡ ᠬᠤᠰᠢᠭᠤ ︵ᠣᠷᠣᠨ︶ ᠶᠢᠨ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠵᠥᠪᠯᠡᠯ ᠤᠨ ᠡᠭᠦᠷᠭᠡ ᠴᠢᠳᠠᠪᠬᠢ ᠶᠢ ᠬᠦᠢᠴᠡᠳ ᠪᠠᠳᠠᠷᠠᠭᠤᠯᠵᠤ᠂ ᠲᠥᠪ ᠪᠠ ᠥᠪᠡᠷᠲᠡᠭᠡᠨ | ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠬᠤᠯᠠ ᠰᠢᠢᠳᠪᠦᠷᠢᠳᠦ ᠪᠣᠳᠣᠯᠭ᠎ᠠ | ᠪᠠᠶᠢᠷᠢᠯᠠᠭᠤᠯᠤᠯᠲᠠ ᠶᠢ ᠰᠤᠳᠤᠯᠤᠨ ᠨᠠᠶᠢᠳᠠᠪᠤᠷᠢᠵᠢᠭᠤᠯᠵᠤ᠂ ᠨᠢᠭᠡᠳᠦᠯᠲᠡᠶ ᠲᠥᠯᠥᠪᠵᠢᠭᠦᠯᠦᠨ᠂ ᠵᠣᠬᠢᠴᠠᠭᠤᠯᠤᠨ | ᠠᠬᠢᠭᠤᠯᠵᠤ᠂ ᠪᠥᠬᠦ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠢᠮᠳᠠᠭᠤᠯᠤᠨ | ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠤ ᠵᠠᠰᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ | ᠲᠦᠷᠢᠮ ᠤᠨ ᠪᠠᠶᠢᠭᠤᠯᠤᠯᠲᠠ ᠶᠢ ᠪᠦᠷᠢᠨᠰᠢᠬᠦᠯᠵᠦ᠂ ᠰᠢᠯᠭᠠᠨ ᠬᠢᠨᠠᠵᠤ ᠬᠠᠷᠢᠭᠤᠴᠠᠯᠭ᠎ᠠ ᠨᠡᠬᠡᠮᠵᠢᠯᠡᠬᠦ ᠶᠢ | ᠴᠢᠩᠭᠠᠳᠬᠠᠨ᠎ᠠ᠃ ᠠᠮᠢ ᠠᠬᠤᠶ ᠶᠢᠨ ᠪᠣᠯᠪᠠᠰᠤᠨ᠂ ᠪᠣᠬᠢᠷᠲᠤᠯ ᠥᠬᠡᠶ ᠬᠥᠭᠵᠢᠯᠲᠡ ᠶᠢ ᠬᠤᠰᠢᠭᠤ ᠣᠷᠣᠨ᠂ | ᠠᠶᠢᠮᠠᠭ ᠤᠨ ᠰᠢᠭᠤᠳ ᠬᠠᠷᠢᠶ᠎ᠠ ᠭᠠᠵᠠᠷ ᠤᠨ ᠲᠠᠰ ᠤᠨ ᠤᠳᠤᠷᠢᠳᠬᠤ ᠺᠠᠳ᠋ᠷ ᠤᠨ ᠬᠢᠨᠠᠨ ᠰᠢᠯᠭᠠᠯᠲᠠ ᠳᠤ | ᠣᠷᠣᠭᠤᠯᠤᠨ᠎ᠠ᠃ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠤᠰ | ᠬᠠᠷᠢᠭᠤᠴᠠᠯᠭ᠎ᠠ ᠡᠭᠦᠷᠭᠡᠯᠡᠬᠦ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ︾ ᠠᠵᠢᠯ ᠤᠨ ᠪᠠᠶᠢᠷᠢᠰᠢᠯ ᠢ ᠪᠥᠬᠦ | ᠲᠠᠯ᠎ᠠ ᠪᠠᠷ ᠪᠠᠶᠢᠭᠤᠯᠤᠨ᠎ᠠ᠃ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠪᠠᠷ | ᠤᠳᠤᠷᠢᠳᠤᠮᠵᠢ ᠪᠣᠯᠭᠠᠭᠰᠠᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠢᠨᠠᠨ ᠰᠢᠯᠭᠠᠵᠤ ᠦᠨᠡᠯᠡᠬᠦ ᠰᠢᠰᠲ᠋ᠧᠮ ᠢ | ᠰᠦᠪᠡᠭᠴᠢᠯᠡᠨ ᠪᠠᠶᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠥᠷᠨᠢᠭᠦᠯᠬᠦ ᠶᠢ | ᠪᠦᠲᠦᠮᠵᠢᠲᠡᠢ ᠠᠬᠢᠭᠤᠯᠤᠨ᠎ᠠ᠃ | ᠬᠤᠶᠠᠷ᠂ ᠠᠵᠤ ᠠᠬᠤᠶᠢᠯᠠᠯ ᠤᠨ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠦᠷᠢᠨᠰᠢᠬᠦᠯᠦᠨ᠎ᠡ | ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠵᠤ | ᠠᠬᠤᠶᠢᠯᠠᠯ ᠤᠨ ᠣᠷᠴᠢᠨ ᠲᠣᠭᠤᠷᠢᠨ ᠢ ᠵᠠᠰᠠᠬᠤ ᠬᠠᠷᠢᠭᠤᠴᠠᠯᠭ᠎ᠠ ᠶᠢᠨ ᠲᠦᠷᠢᠮ ᠤᠨ ᠪᠠᠶᠢᠭᠤᠯᠤᠯᠲᠠ ᠶᠢ | ᠴᠢᠩᠭᠠᠳᠬᠠᠨ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ | ᠬᠡᠷᠡᠭᠵᠢᠭᠦᠯᠵᠦ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠨ᠎ᠡ᠃ ᠣᠷᠴᠢᠨ ᠲᠣᠭᠤᠷᠢᠨ ᠢ ᠵᠠᠰᠠᠬᠤ ᠮᠡᠳᠡᠭᠡ | ᠵᠠᠩᠭᠢ ᠶᠢ ᠢᠯᠡ ᠪᠣᠯᠭᠠᠵᠤ᠂ ᠪᠣᠬᠢᠷᠲᠤᠯ ᠭᠠᠳᠠᠭᠰᠢᠯᠠᠭᠤᠯᠬᠤ ᠠᠵᠤ ᠠᠬᠤᠶᠢᠯᠠᠯ ᠨᠢ ᠠᠵᠤ ᠠᠬᠤᠶᠢᠯᠠᠯ ᠤᠨ | ᠰᠦᠯᠵᠢᠶᠡᠨ ᠥᠷᠲᠡᠭᠡ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠣᠷᠴᠢᠨ ᠲᠣᠭᠤᠷᠢᠨ ᠤ ᠮᠡᠳᠡᠭᠡ ᠵᠠᠩᠭᠢ ᠶᠢ ᠬᠠᠤᠯᠢ | ᠶᠣᠰᠣᠭᠠᠷ ᠢᠯᠡ ᠪᠣᠯᠭᠠᠬᠤ ᠶᠢᠨ ᠬᠠᠮᠲᠤ᠂ ᠦᠨᠡᠨ ᠪᠣᠳᠠᠲᠤ ᠴᠢᠨᠠᠷ ᠢ ᠬᠠᠷᠢᠭᠤᠴᠠᠨ᠎ᠠ᠃ ᠭᠤᠤᠯᠳᠠᠯᠭ᠎ᠠ ᠲᠠᠢ | ᠪᠣᠬᠢᠷᠲᠤᠯ ᠭᠠᠳᠠᠭᠰᠢᠯᠠᠭᠤᠯᠬᠤ ᠨᠢᠭᠡᠴᠡ ᠳᠤ ᠠᠦ᠋ᠲ᠋ᠣ᠋ ᠬᠢᠨᠠᠨ ᠰᠢᠨᠵᠢᠬᠦ ᠲᠥᠬᠦᠭᠡᠷᠦᠮᠵᠢ ᠶᠢ ᠤᠭᠰᠠᠷᠠᠭᠤᠯᠤᠨ | ᠬᠡᠷᠡᠭᠯᠡᠬᠦ ᠶᠢᠨ ᠬᠠᠮᠲᠤ ᠬᠡᠪ ᠤᠨ ᠠᠵᠢᠯᠯᠠᠭᠠᠨ ᠢ ᠨᠢ ᠦᠨᠡᠨᠬᠦ ᠪᠠᠲᠤᠯᠠᠨ᠎ᠠ᠃ ᠦᠢᠯᠡᠳᠪᠦᠷᠢᠯᠡᠯ ᠤᠨ ᠦᠢᠯᠡᠴᠢᠯᠡᠭᠡ ᠶᠢ | ᠪᠣᠬᠢᠷᠲᠤᠯ ᠦᠭᠡᠢ ᠪᠣᠯᠭᠠᠬᠤ ᠶᠢ ᠠᠬᠢᠭᠤᠯᠵᠤ᠂ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ ᠵᠡᠷᠭᠡ | ᠭᠤᠣᠯᠳᠠᠯᠭ᠎ᠠ ᠲᠠᠢ ᠬᠦᠷᠢᠶᠡᠨ ᠤ ᠴᠡᠪᠡᠷ ᠦᠢᠯᠡᠳᠪᠦᠷᠢᠯᠡᠯ ᠤᠨ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ | ᠠᠵᠤ ᠠᠬᠤᠶᠢᠯᠠᠯ ᠤᠨ ᠴᠡᠪᠡᠷ ᠦᠢᠯᠡᠳᠪᠦᠷᠢᠯᠡᠯ ᠢ ᠠᠬᠢᠭᠤᠯᠵᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ | ᠨᠣᠷᠮ᠎ᠠ ᠪᠠ ᠦᠢᠯᠡᠳᠬᠦᠨ ᠢ ᠨᠠᠷᠢᠯᠢᠭ ᠭᠦᠨ ᠪᠣᠯᠪᠠᠰᠤᠷᠠᠭᠤᠯᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠦᠢᠯᠡᠳᠪᠦᠷᠢᠯᠡᠭᠴᠢ ᠶᠢᠨ ᠬᠠᠷᠢᠭᠤᠴᠠᠯᠭ᠎ᠠ ᠶᠢ ᠤᠷᠲᠤᠳᠬᠠᠬᠤ ᠳᠦᠷᠢᠮ ᠢ ᠨᠠᠶᠢᠳᠠᠪᠤᠷᠢᠵᠢᠭᠤᠯᠤᠨ᠎ᠠ᠃ | ᠭᠤᠷᠪᠠ᠂ ᠪᠥᠬᠦ ᠠᠷᠠᠳ ᠤᠨ ᠠᠵᠢᠯᠯᠠᠭᠠᠨ ᠤ ᠰᠢᠰᠲ᠋ᠧᠮᠵᠢ ᠶᠢ ᠪᠦᠷᠢᠨᠰᠢᠭᠦᠯᠦᠨ᠎ᠡ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠯᠲᠠ ᠲᠠᠯᠪᠢᠬᠤ ᠵᠠᠮ ᠮᠥᠷ ᠢ ᠰᠢᠯᠤᠭᠤᠳᠬᠠᠵᠤ᠂ ᠣᠯᠠᠨ | ᠨᠡᠶᠢᠲᠡ ᠶᠢᠨ ᠬᠢᠨᠠᠯᠲᠠ ᠲᠠᠯᠪᠢᠬᠤ ᠪᠠ ᠢᠯᠡᠴᠢᠯᠡᠨ ᠮᠡᠳᠡᠭᠦᠯᠵᠦ ᠬᠠᠷᠢᠭᠤ ᠲᠤᠰᠬᠠᠬᠤ ᠲᠣᠭᠲᠠᠴᠠ ᠶᠢ | ᠲᠡᠭᠦᠯᠳᠡᠷᠵᠢᠭᠦᠯᠦᠨ᠂ ︽12369︾ ᠣᠷᠴᠢᠨ ᠲᠣᠭᠤᠷᠢᠨ ᠤ ᠬᠠᠮᠠᠭᠠᠯᠠᠯᠲᠠ ᠶᠢᠨ ᠢᠯᠡᠴᠢᠯᠡᠨ ᠮᠡᠳᠡᠭᠦᠯᠬᠦ | ᠤᠲᠠᠰᠤᠨ ᠤ ᠦᠢᠯᠡᠳᠦᠯ ᠢ ᠬᠦᠢᠴᠡᠳ ᠪᠠᠳᠠᠷᠠᠭᠤᠯᠤᠨ᠎ᠠ᠃ ᠰᠣᠨᠢᠨ ᠮᠡᠳᠡᠭᠡ ᠨᠡᠶᠢᠲᠡᠯᠡᠬᠦ ᠲᠦᠷᠢᠮ ᠢ | ᠲᠡᠭᠦᠯᠳᠡᠷᠵᠢᠭᠦᠯᠵᠦ᠂ ᠠᠮᠢ ᠠᠬᠤᠢ ᠣᠷᠴᠢᠨ ᠨᠥᠬᠦᠴᠡᠯ ᠢ ᠡᠪᠳᠡᠭᠰᠡᠨ ᠠᠰᠠᠭᠤᠳᠠᠯ᠂ ᠣᠷᠴᠢᠨ ᠠᠬᠤᠢ ᠶᠢᠨ | ᠭᠡᠨᠡᠳᠲᠡ ᠶᠢᠨ ᠬᠡᠷᠡᠭ᠂ ᠣᠷᠴᠢᠨ ᠠᠬᠤᠢ ᠶᠢᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠭᠰᠡᠨ | ᠵᠡᠷᠭᠡ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ᠎ᠡ᠃ ᠡᠯ᠎ᠡ ᠲᠥᠷᠥᠯ ᠤᠨ ᠨᠡᠶᠢᠭᠡᠮ ᠤᠨ ᠪᠦᠯᠬᠦᠮ ᠤᠨ | ᠦᠢᠯᠡᠳᠦᠯ ᠢ ᠪᠠᠳᠠᠷᠠᠭᠤᠯᠵᠤ᠂ ᠠᠵᠢᠯ ᠲᠥᠷᠥᠯ ᠤᠨ ᠨᠡᠶᠢᠭᠡᠮᠯᠢᠭ᠂ ᠬᠤᠳᠠᠯᠳᠤᠭᠠᠴᠢᠳ ᠤᠨ ᠡᠪᠯᠡᠯ ᠤᠨ ᠬᠥᠭᠦᠷᠭᠡ | ᠬᠤᠯᠪᠣᠭᠠᠰᠤ ᠶᠢᠨ ᠦᠢᠯᠡᠳᠦᠯ ᠢᠶᠠᠨ ᠪᠠᠳᠠᠷᠠᠭᠤᠯᠬᠤ ᠶᠢ ᠠᠬᠢᠭᠤᠯᠵᠤ᠂ ᠠᠵᠢᠯ ᠲᠥᠷᠥᠯ ᠤᠨ ᠥᠪᠡᠷ ᠢ ᠪᠠᠨ | ᠱᠠᠭᠠᠷᠳᠠᠬᠤ ᠶᠢ ᠠᠬᠢᠭᠤᠯᠤᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠪᠠ | ᠵᠢᠯᠤᠭᠤᠳᠤᠯᠭ᠎ᠠ ᠶᠢ ᠴᠢᠩᠭᠠᠳᠬᠠᠵᠤ᠂ ᠴᠢᠳᠠᠪᠤᠷᠢ ᠶᠢᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠣᠷᠴᠢᠨ | ᠠᠬᠤᠢ ᠶᠢ ᠬᠠᠮᠠᠭᠠᠯᠠᠬᠤ ᠰᠠᠶᠢᠨ ᠳᠤᠷ᠎ᠠ ᠶᠢᠨ ᠠᠵᠢᠯᠯᠠᠭᠴᠢ ᠶᠢᠨ ᠦᠢᠯᠡᠳᠦᠯ ᠢ ᠶᠡᠭᠡ ᠪᠠᠷ ᠪᠠᠳᠠᠷᠠᠭᠤᠯᠤᠨ᠎ᠠ᠃ ᠠᠷᠠᠳ | ᠢᠷᠭᠡᠳ ᠢ ᠬᠥᠲᠥᠯᠥᠨ ᠵᠢᠯᠣᠭᠤᠳᠴᠤ ᠪᠠᠶᠢᠭᠠᠳ ᠣᠷᠴᠢᠨ ᠲᠣᠭᠤᠷᠢᠨ ᠢ ᠬᠠᠮᠠᠭᠠᠯᠠᠬᠤ ᠬᠠᠷᠢᠭᠤᠴᠠᠯᠭ᠎ᠠ ᠶᠢ | ᠤᠬᠠᠮᠰᠠᠷ ᠠᠴᠠ ᠪᠠᠨ ᠬᠦᠢᠴᠡᠳᠭᠡᠵᠦ᠂ ᠬᠤᠭ ᠨᠣᠪᠰᠢ ᠶᠢ ᠲᠥᠷᠥᠯ ᠬᠤᠪᠢᠶᠠᠬᠤ ᠶᠢ ᠢᠳᠡᠪᠬᠢᠲᠡᠶ ᠥᠷᠨᠢᠭᠦᠯᠦᠨ᠂ | ᠪᠣᠬᠢᠷᠲᠤᠯ ᠥᠬᠡᠶ ᠠᠮᠢᠳᠤᠷᠠᠯ ᠤᠨ ᠠᠷᠭ᠎ᠠ ᠮᠠᠶ᠋ᠢᠭ ᠢ ᠦᠢᠯᠡᠳᠦᠯᠬᠡᠵᠢᠬᠦᠯᠵᠦ᠂ ᠪᠣᠬᠢᠷᠲᠤᠯ ᠥᠬᠡᠶ ᠶᠠᠪᠤᠵᠤ ᠰᠠᠭᠤᠬᠤ᠂ | ᠪᠣᠬᠢᠷᠲᠤᠯ ᠥᠬᠡᠶ ᠬᠡᠷᠡᠭᠯᠡᠭᠡ ᠶᠢ ᠰᠠᠨᠠᠭᠠᠴᠢᠯᠠᠨ᠎ᠠ᠃ | ᠳᠥᠷᠪᠡ᠂ ᠣᠷᠴᠢᠨ ᠲᠣᠭᠤᠷᠢᠨ ᠤ ᠵᠠᠰᠠᠯᠲᠠ ᠶᠢᠨ ᠵᠠᠬ᠎ᠠ ᠳᠡᠯᠭᠡᠭᠦᠷ ᠤᠨ ᠰᠢᠰᠲ᠋ᠧᠮᠵᠢ ᠶᠢ ᠪᠦᠷᠢᠨᠰᠢᠭᠦᠯᠦᠨ᠎ᠡ | ᠡᠯ᠎ᠡ ᠲᠥᠷᠥᠯ ᠤᠨ ᠬᠥᠷᠥᠩᠭᠡ ᠶᠢ ᠬᠥᠲᠥᠯᠦᠨ ᠵᠢᠯᠣᠭᠤᠳᠴᠤ ᠪᠠᠶᠢᠭᠠᠳ ᠠᠮᠢ ᠠᠬᠤᠶ ᠣᠷᠴᠢᠨ ᠲᠣᠭᠤᠷᠢᠨ ᠢ | ᠵᠠᠰᠠᠬᠤ ᠪᠠᠯᠠ ᠣᠷᠣᠭᠤᠯᠤᠯᠲᠠ᠂ ᠪᠥᠲᠥᠭᠡᠨ ᠪᠠᠶᠢᠭᠤᠯᠤᠯᠲᠠ᠂ ᠠᠵᠢᠯᠯᠠᠭᠠᠨ ᠳᠤ ᠣᠷᠣᠯᠴᠠᠭᠤᠯᠵᠤ᠂ ᠵᠢᠷᠤᠮᠵᠢᠭᠰᠠᠨ | ᠡᠮᠬᠢ ᠵᠢᠷᠤᠮ ᠲᠠᠢ ᠣᠷᠴᠢᠨ ᠲᠣᠭᠤᠷᠢᠨ ᠤ ᠵᠠᠰᠠᠯᠲᠠ ᠶᠢᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ | ᠪᠠᠶᠢᠭᠤᠯᠤᠨ᠎ᠠ᠃ ᠲᠥᠷᠥ ᠶᠢᠨ ᠪᠣᠳᠣᠯᠭ᠎ᠠ ᠶᠢᠨ ᠲᠣᠭᠲᠠᠴᠠ ᠪᠣᠯᠤᠨ ᠬᠡᠷᠡᠭᠵᠢᠭᠦᠯᠬᠦ ᠵᠠᠭᠪᠤᠷ ᠤᠨ ᠰᠢᠨ᠎ᠡ ᠶᠢ | ᠡᠭᠦᠳᠬᠦ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠵᠠᠰᠠᠭ ᠤᠨ ᠣᠷᠳᠣᠨ ᠬᠢᠭᠡᠳ ᠨᠡᠶᠢᠭᠡᠮ ᠤᠨ | ᠬᠥᠷᠥᠩᠭᠡ ᠶᠢᠨ ᠬᠠᠮᠲᠤᠷᠠᠯᠴᠠᠭ᠎ᠠ ᠶᠢ ᠶᠡᠬᠡᠪᠡᠷ ᠲᠦᠯᠬᠢᠨ ᠠᠬᠢᠭᠤᠯᠵᠤ᠂ ᠣᠷᠴᠢᠨ ᠲᠣᠭᠤᠷᠢᠨ ᠤ ᠨᠡᠶᠢᠲᠡ ᠶᠢᠨ | ᠬᠡᠷᠡᠭᠯᠡᠭᠡᠨ ᠤ ᠪᠡᠯᠡᠳᠬᠡᠮᠵᠢ ᠶᠢᠨ ᠬᠠᠮᠢᠶᠠᠷᠤᠯᠲᠠ ᠶᠢ ᠠᠵᠤ ᠠᠬᠤᠶᠢᠴᠢᠯᠠᠬᠤ ᠵᠠᠭᠪᠤᠷ ᠲᠡᠰᠢ ᠬᠤᠪᠢᠷᠠᠭᠤᠯᠬᠤ ᠶᠢ | ᠰᠦᠪᠡᠭᠴᠢᠯᠡᠨ ᠠᠬᠢᠭᠤᠯᠵᠤ᠂ ᠬᠤᠲᠠ ᠶᠢᠨ ᠪᠣᠬᠢᠷ ᠤᠰᠤ᠂ ᠬᠤᠭ ᠨᠣᠪᠰᠢ ᠰᠢᠢᠳᠪᠦᠷᠢᠯᠡᠬᠦ ᠪᠡᠯᠡᠳᠬᠡᠮᠵᠢ ᠳᠤ ᠪᠡᠯᠡ | ᠣᠷᠣᠭᠤᠯᠬᠤ᠂ ᠪᠦᠲᠦᠭᠡᠨ ᠪᠠᠶᠢᠭᠤᠯᠬᠤ᠂ ᠡᠵᠡᠩᠨᠡᠬᠦ ᠪᠠ ᠬᠢᠨᠠᠨ ᠬᠠᠮᠢᠶᠠᠷᠬᠤ ᠶᠢ ᠰᠠᠯᠭᠠᠬᠤ ᠶᠢ ᠬᠡᠷᠡᠭᠵᠢᠭᠦᠯᠵᠦ᠂ | ᠡᠷᠬᠡ ᠬᠠᠷᠢᠭᠤᠴᠠᠯᠭ᠎ᠠ ᠨᠢ ᠲᠣᠳᠣᠷᠬᠠᠶ᠂ ᠬᠢᠵᠠᠭᠠᠷᠯᠠᠯ ᠨᠢ ᠪᠦᠲᠦᠮᠵᠢᠲᠡᠶ᠂ ᠬᠠᠮᠢᠶᠠᠷᠤᠯᠲᠠ ᠨᠢ ᠲᠤᠰᠬᠠᠶ ᠮᠡᠷᠭᠡᠵᠢᠯ ᠤᠨ | ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠤ ᠲᠣᠭᠲᠠᠴᠠ ᠶᠢ ᠪᠤᠶ ᠪᠣᠯᠭᠠᠨ᠎ᠠ᠃ ᠭᠤᠤᠯᠳᠠᠯᠭ᠎ᠠ ᠲᠠᠢ ᠬᠦᠷᠢᠶ᠎ᠡ ᠶᠢᠨ | ᠭᠤᠷᠪᠠᠳᠠᠬᠢ ᠡᠲᠡᠭᠡᠳ ᠤᠨ ᠪᠣᠬᠢᠷᠲᠤᠯ ᠢ ᠵᠠᠰᠠᠬᠤ ᠶᠢ ᠠᠬᠢᠭᠤᠯᠵᠤ᠂ ᠣᠷᠴᠢᠨ ᠲᠣᠭᠤᠷᠢᠨ ᠤ ᠶᠡᠷᠦᠩᠬᠡᠶᠢᠯᠡᠨ | ᠵᠠᠰᠠᠬᠤ ᠶᠢ ᠨᠠᠶᠢᠳᠠᠨ ᠬᠠᠮᠢᠶᠠᠷᠤᠭᠤᠯᠬᠤ ᠦᠢᠯᠡᠴᠢᠯᠡᠬᠡᠨ ᠤ ᠵᠠᠭᠪᠤᠷ ᠢ ᠬᠡᠷᠡᠭᠵᠢᠭᠦᠯᠬᠦ ᠶᠢ ᠵᠣᠷᠢᠭᠵᠢᠭᠤᠯᠤᠨ᠂ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠢᠯᠡᠴᠢᠯᠡᠬᠡᠨ ᠤ ᠶᠡᠷᠦᠩᠬᠡᠶ ᠳᠠᠭᠠᠭᠠᠴᠢᠯᠠᠯᠲᠠ ᠪᠠ ᠣᠷᠴᠢᠨ | ᠲᠣᠭᠤᠷᠢᠨ ᠤ ᠵᠠᠰᠠᠯᠲᠠ ᠶᠢᠨ ᠣᠨᠴᠠ ᠵᠥᠪᠰᠢᠶᠡᠷᠡᠭᠰᠡᠨ ᠡᠵᠡᠩᠨᠡᠯᠲᠡ ᠶᠢᠨ ᠵᠠᠭᠪᠤᠷ ᠢ ᠬᠥᠭᠵᠢᠭᠦᠯᠦᠨ᠎ᠡ᠃ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ ᠤ ᠪᠣᠬᠢᠷᠲᠤᠯ ᠢ ᠭᠤᠷᠪᠠᠳᠠᠬᠢ ᠡᠲᠡᠭᠡᠳ ᠠᠴᠠ | ᠵᠠᠰᠠᠬᠤ ᠪᠠ ᠵᠢᠵᠢᠭ ᠬᠤᠲᠠ ᠪᠠᠯᠭᠠᠰᠤ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠵᠤ ᠨᠠᠶᠢᠳᠠᠨ | ᠬᠠᠮᠢᠶᠠᠷᠤᠭᠤᠯᠬᠤ ᠦᠢᠯᠡᠴᠢᠯᠡᠭᠡ ᠥᠷᠨᠢᠭᠦᠯᠬᠦ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠪᠣᠬᠢᠷᠲᠤᠭᠰᠠᠨ | ᠭᠠᠵᠠᠷ ᠢ ᠠᠰᠢᠭᠯᠠᠬᠤ ᠪᠠ ᠠᠮᠤᠷ ᠲᠦᠪᠰᠢᠨ ᠢ ᠬᠠᠮᠢᠶᠠᠷᠤᠨ ᠡᠵᠡᠮᠳᠡᠬᠦ ᠳᠦᠷᠢᠮ ᠢ ᠲᠣᠭᠲᠠᠭᠠᠨ ᠴᠢᠩᠭᠠᠳᠬᠠᠵᠤ᠂ ︽ | ᠣᠷᠴᠢᠨ ᠲᠣᠭᠤᠷᠢᠨ ᠢ ᠰᠡᠷᠭᠦᠭᠡᠬᠦ + ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ︾ ᠵᠠᠭᠪᠤᠷ ᠢ ᠬᠡᠷᠡᠭᠯᠡᠬᠦ ᠶᠢ | ᠵᠣᠷᠢᠭᠵᠢᠭᠤᠯᠤᠨ᠎ᠠ᠃ | ᠲᠠᠪᠤ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠢᠲᠡᠭᠡᠮᠵᠢ ᠶᠢᠨ ᠬᠠᠮᠢᠶᠠᠷᠤᠯᠲᠠ ᠶᠢᠨ | ᠰᠢᠰᠲ᠋ᠧᠮᠵᠢ ᠶᠢ ᠪᠦᠷᠢᠨᠰᠢᠭᠦᠯᠦᠨ᠎ᠡ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠢᠲᠡᠭᠡᠮᠵᠢ ᠶᠢ ᠦᠨᠡᠯᠡᠬᠦ ᠠᠵᠢᠯ ᠢ ᠭᠦᠨᠵᠡᠭᠡᠶ ᠥᠷᠨᠢᠭᠦᠯᠵᠦ᠂ | ᠠᠵᠢᠯ ᠬᠡᠷᠡᠭ ᠤᠨ ᠡᠮᠦᠨᠡᠬᠢ ᠢᠲᠡᠭᠡᠮᠵᠢ ᠶᠢᠨ ᠠᠮᠠᠯᠠᠯᠲᠠ᠂ ᠠᠵᠢᠯ ᠬᠡᠷᠡᠭ ᠤᠨ ᠳᠤᠮᠳᠠᠬᠢ ᠢᠲᠡᠭᠡᠮᠵᠢ ᠶᠢ ᠳᠡᠰ | ᠲᠥᠷᠥᠯ ᠬᠤᠪᠢᠶᠠᠨ ᠬᠢᠨᠠᠨ ᠬᠠᠮᠢᠶᠠᠷᠬᠤ᠂ ᠠᠵᠢᠯ ᠬᠡᠷᠡᠭ ᠤᠨ ᠳᠠᠷᠠᠭ᠎ᠠ ᠬᠠᠮᠲᠤᠷᠠᠨ ᠱᠠᠩᠨᠠᠵᠤ ᠲᠣᠷᠭᠠᠬᠤ ᠪᠠ | ᠢᠲᠡᠭᠡᠮᠵᠢ ᠶᠢ ᠰᠡᠷᠭᠦᠭᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ ᠦᠨᠡᠨᠴᠢ ᠢᠲᠡᠭᠡᠮᠵᠢ ᠶᠢᠨ | ᠳᠠᠩᠰᠠ ᠡᠪᠬᠡᠮᠡᠯ ᠢ ᠪᠠᠶᠢᠭᠤᠯᠵᠤ᠂ ᠪᠦᠬᠦ ᠠᠶᠢᠮᠠᠭ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠠ ᠠᠮᠢ | ᠠᠬᠤᠢ ᠣᠷᠴᠢᠨ ᠲᠣᠭᠤᠷᠢᠨ ᠢ ᠬᠠᠮᠠᠭᠠᠯᠠᠬᠤ ᠠᠵᠢᠯ ᠲᠥᠷᠥᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠮᠢ | ᠠᠬᠤᠢ ᠣᠷᠴᠢᠨ ᠲᠣᠭᠤᠷᠢᠨ ᠢ ᠬᠠᠮᠠᠭᠠᠯᠠᠬᠤ ᠠᠵᠢᠯ ᠳᠠᠬᠢ ᠢᠲᠡᠭᠡᠯ ᠠᠯᠳᠠᠵᠤ ᠬᠠᠤᠯᠢ ᠠᠴᠠ ᠵᠥᠷᠢᠴᠡᠭᠰᠡᠨ ᠮᠡᠳᠡᠭᠡ | ᠵᠠᠩᠭᠢ ᠶᠢ ᠴᠠᠭ ᠲᠤᠬᠠᠢ ᠳᠤᠨᠢ ᠴᠤᠭᠯᠠᠭᠤᠯᠤᠨ᠎ᠠ᠃ ᠠᠵᠤ ᠠᠬᠤᠶᠢᠯᠠᠯ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠢᠲᠡᠭᠡᠮᠵᠢ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠠᠵᠤ ᠠᠬᠤᠶᠢᠯᠠᠯ ᠤᠨ ︽ | ᠭᠤᠷᠪᠠ ᠶᠢ ᠵᠡᠷᠭᠡ ᠳᠤᠨᠢ ᠬᠢᠬᠦ︾᠂ ᠥᠪᠡᠰᠦᠪᠡᠨ ᠬᠢᠨᠠᠨ ᠰᠢᠨᠵᠢᠬᠦ᠂ ᠬᠠᠤᠯᠢ ᠠᠴᠠ ᠵᠥᠷᠢᠴᠡᠵᠦ ᠰᠢᠳᠬᠡᠨ ᠲᠣᠷᠭᠠᠬᠤ | ᠵᠡᠷᠭᠡ ᠣᠷᠴᠢᠨ ᠲᠣᠭᠤᠷᠢᠨ ᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠴᠤᠭᠯᠠᠭᠤᠯᠬᠤ᠂ | ᠡᠮᠬᠢᠯᠡᠬᠦ ᠪᠠ ᠲᠡᠭᠦᠯᠳᠡᠷᠵᠢᠭᠦᠯᠬᠦ ᠬᠡᠷᠡᠭᠲᠡᠶ᠃ ᠣᠷᠴᠢᠨ ᠲᠣᠭᠤᠷᠢᠨ ᠤ ᠦᠨᠡᠯᠡᠯᠲᠡ᠂ ᠪᠠᠶᠢᠴᠠᠭᠠᠨ ᠰᠢᠯᠭᠠᠵᠤ | ᠪᠠᠶᠢᠴᠠᠭᠠᠨ ᠰᠢᠨᠵᠢᠬᠦ᠂ ᠠᠵᠢᠯᠯᠠᠭᠠᠨ ᠢ ᠬᠠᠮᠠᠭᠠᠯᠠᠬᠤ ᠵᠡᠷᠭᠡ ᠦᠢᠯᠡᠴᠢᠯᠡᠭᠡᠨ ᠤ ᠯᠠᠪᠯᠠᠯᠭ᠎ᠠ ᠶᠢᠨ ᠪᠠᠶᠢᠭᠤᠯᠤᠮᠵᠢ ᠵᠢᠴᠢ | ᠠᠵᠢᠯ ᠡᠷᠬᠢᠯᠡᠭᠰᠡᠳ᠂ ᠲᠤᠰᠬᠠᠶ ᠮᠡᠷᠭᠡᠵᠢᠯᠲᠡᠨ ᠤ ᠦᠨᠡᠨᠴᠢ ᠢᠲᠡᠭᠡᠮᠵᠢ ᠶᠢᠨ ᠳᠠᠩᠰᠠ ᠡᠪᠬᠡᠮᠡᠯ ᠤᠨ ᠳ᠋ᠠᠶᠢᠲ᠋ᠠ | ᠬᠥᠮᠥᠷᠭᠡ ᠶᠢ ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ ᠤᠨ ᠣᠷᠴᠢᠨ ᠲᠣᠭᠤᠷᠢᠨ ᠤ ᠦᠢᠯᠡ ᠠᠵᠢᠯᠯᠠᠭ᠎ᠠ ᠶᠢᠨ | ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠲᠣᠭᠲᠠᠴᠠ ᠶᠢ ᠪᠠᠶᠢᠭᠤᠯᠵᠤ᠂ ᠬᠥᠭᠵᠢᠭᠦᠯᠦᠯᠲᠡ | ᠥᠭᠡᠷᠡᠴᠢᠯᠡᠯᠲᠡ᠂ ᠪᠠᠩᠬᠢ᠂ ᠬᠤᠳᠠᠯᠳᠤᠭᠠᠨ ᠤ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠵᠡᠷᠭᠡ ᠰᠠᠯᠠᠭ᠎ᠠ ᠮᠥᠴᠢᠷ ᠯᠦᠭᠡ ᠬᠠᠮᠲᠤᠷᠠᠨ ᠬᠥᠳᠡᠯᠦᠯᠴᠡᠬᠦ ᠶᠢ | ᠴᠢᠩᠭᠠᠳᠬᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠢᠲᠡᠭᠡᠮᠵᠢ ᠲᠠᠢ ᠪᠠᠶᠢᠬᠤ ᠶᠢ ᠬᠠᠮᠲᠤᠷᠠᠨ | ᠤᠷᠮᠠᠰᠢᠭᠤᠯᠬᠤ ᠪᠠ ᠢᠲᠡᠭᠡᠮᠵᠢ ᠠᠯᠳᠠᠭᠰᠠᠨ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠳᠠᠷᠠᠭᠤᠯᠤᠨ᠎ᠠ᠃ | | ᠬᠤᠶᠠᠳᠤᠭᠠᠷ ᠬᠡᠰᠡᠭ ᠠᠮᠢ ᠠᠬᠤᠢ ᠣᠷᠴᠢᠨ ᠨᠥᠬᠦᠴᠡᠯ ᠤᠨ ᠲᠦᠷᠢᠮ ᠤᠨ ᠪᠠᠶᠢᠭᠤᠯᠤᠯᠲᠠ ᠶᠢ | ᠲᠡᠭᠦᠯᠳᠡᠷᠵᠢᠭᠦᠯᠦᠨ᠎ᠡ | ᠨᠢᠭᠡ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢ ᠭᠦᠨᠵᠡᠭᠡᠶ | ᠨᠠᠶᠢᠳᠠᠪᠤᠷᠢᠵᠢᠭᠤᠯᠤᠨ᠎ᠠ | ᠲᠥᠪ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ | ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠳᠤ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ᠂ | ᠠᠰᠠᠭᠤᠳᠠᠯ ᠳᠠᠬᠢᠨ ᠡᠭᠦᠰᠬᠦ ᠶᠢ ᠬᠤᠷᠢᠭᠯᠠᠨ᠎ᠠ᠃ ᠪᠠᠶᠢᠩᠭᠤᠵᠢᠭᠰᠠᠨ ᠠᠶᠢᠮᠠᠭ ᠬᠤᠰᠢᠭᠤ ︵ᠣᠷᠣᠨ︶ ᠬᠤᠶᠠᠷ | ᠱᠠᠲᠤᠨ ᠤ ᠠᠮᠢ ᠠᠬᠤᠢ ᠣᠷᠴᠢᠨ ᠲᠣᠭᠤᠷᠢᠨ ᠢ ᠴᠡᠭᠴᠡᠯᠡᠨ ᠵᠠᠰᠠᠵᠤ ᠴᠡᠭᠴᠡᠯᠡᠨ ᠰᠠᠶᠢᠵᠢᠷᠠᠭᠤᠯᠬᠤ ᠲᠣᠭᠲᠠᠴᠠ ᠶᠢ | ᠲᠡᠭᠦᠯᠳᠡᠷᠵᠢᠭᠦᠯᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ᠂ ᠦᠬᠠᠢ ᠵᠢᠴᠢ | ᠡᠷᠭᠢᠨ ᠲᠣᠭᠤᠷᠢᠨ ᠤ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠵᠡᠷᠭᠡ | ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠣᠷᠣᠨ ᠪᠦᠰᠡ ᠳᠤ ᠴᠢᠭᠯᠡᠭᠦᠯᠦᠨ ᠲᠤᠰᠬᠠᠢ ᠴᠡᠭᠴᠡᠯᠡᠨ ᠵᠠᠰᠠᠯᠲᠠ | ᠬᠢᠵᠦ᠂ ᠪᠦᠬᠦ ᠠᠶᠢᠮᠠᠭ ᠤᠨ ᠣᠷᠣᠨ ᠪᠦᠰᠡ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠲᠣᠭᠲᠠᠭᠤᠨ ᠢᠶᠠᠷ | ᠳᠡᠭᠡᠭᠰᠢᠯᠡᠭᠦᠯᠬᠦ ᠶᠢ ᠪᠦᠲᠦᠮᠵᠢᠲᠡᠢ ᠠᠬᠢᠭᠤᠯᠤᠨ᠎ᠠ᠃ | ᠬᠤᠶᠠᠷ᠂ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠳᠦᠷᠢᠮ ᠢ ᠴᠢᠩᠭ᠎ᠠ ᠨᠠᠶᠢᠳᠠᠪᠣᠷᠢᠵᠢᠭᠤᠯᠣᠨ᠎ᠠ | ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠬᠠᠮᠢᠶᠠᠷᠤᠯᠲᠠ ᠶᠢᠨ ᠳᠦᠷᠢᠮ ᠢ ᠪᠦᠬᠦ ᠲᠠᠯ᠎ᠠ ᠪᠠᠷ | ᠬᠡᠷᠡᠭᠵᠢᠭᠦᠯᠵᠦ᠂ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠬᠠᠮᠢᠶᠠᠷᠤᠯᠲᠠ ᠶᠢᠨ ᠳᠦᠷᠢᠮ ᠢ | ᠨᠠᠶᠢᠳᠠᠪᠤᠷᠢᠵᠢᠭᠤᠯᠤᠨ᠂ ᠲᠣᠭᠲᠠᠮᠠᠯ ᠪᠣᠬᠢᠷᠲᠤᠯ ᠤᠨ ᠡᠬᠢ ᠶᠢᠨ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ | ᠦᠨᠡᠮᠯᠡᠯ ᠢ ᠪᠦᠷᠢᠨ ᠪᠥᠷᠬᠦᠭᠦᠯᠬᠦ ᠪᠠ ᠪᠦᠬᠦ ᠶᠠᠪᠤᠴᠠ ᠳᠤ ᠬᠢᠨᠠᠨ ᠬᠠᠮᠢᠶᠠᠷᠬᠤ ᠶᠢ ᠠᠬᠢᠭᠤᠯᠤᠨ᠎ᠠ᠃ ᠪᠣᠬᠢᠷᠲᠤᠯ | ᠭᠠᠳᠠᠭᠰᠢᠯᠠᠭᠤᠯᠬᠤ ᠵᠥᠪᠰᠢᠶᠡᠷᠡᠯ ᠢᠶᠠᠷ ᠭᠤᠤᠯ ᠪᠣᠯᠭᠠᠭᠰᠠᠨ ᠲᠣᠭᠲᠠᠮᠠᠯ ᠪᠣᠬᠢᠷᠲᠤᠯ ᠤᠨ ᠡᠬᠢ ᠶᠢᠨ ᠣᠷᠴᠢᠨ | ᠲᠣᠭᠤᠷᠢᠨ ᠤ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮᠵᠢ ᠶᠢ ᠲᠦᠷᠬᠡᠨ ᠪᠠᠶᠢᠭᠤᠯᠵᠤ᠂ ᠪᠣᠬᠢᠷᠲᠤᠯ | ᠭᠠᠳᠠᠭᠰᠢᠯᠠᠭᠤᠯᠬᠤ ᠵᠥᠪᠰᠢᠶᠡᠷᠡᠯ ᠤᠨ ︽ᠨᠢᠭᠡ ᠦᠨᠡᠮᠯᠡᠯ ᠤᠨ ᠮᠠᠶ᠋ᠢᠭ︾ ᠤᠨ ᠬᠠᠮᠢᠶᠠᠷᠤᠯᠲᠠ ᠶᠢ ᠤᠯᠠᠮ ᠨᠢᠭᠡ | ᠠᠯᠬᠤᠮ ᠴᠢᠩᠭᠠᠷᠠᠭᠤᠯᠤᠨ᠎ᠠ᠃ ᠠᠵᠤ ᠠᠬᠤᠶᠢᠯᠠᠯ ᠤᠨ ᠪᠣᠬᠢᠷᠲᠤᠯ ᠭᠠᠳᠠᠭᠰᠢᠯᠠᠭᠤᠯᠬᠤ ᠦᠢᠯᠡ ᠠᠵᠢᠯᠯᠠᠭ᠎ᠠ ᠳᠤ | ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠂ ᠠᠵᠤ ᠠᠬᠤᠶᠢᠯᠠᠯ ᠤᠨ ᠬᠠᠤᠯᠢ ᠶᠣᠰᠣᠭᠠᠷ ᠪᠣᠬᠢᠷᠲᠤᠯ | ᠭᠠᠳᠠᠭᠰᠢᠯᠠᠭᠤᠯᠬᠤ ᠬᠠᠷᠢᠭᠤᠴᠠᠯᠭ᠎ᠠ ᠪᠠᠨ ᠭᠦᠢᠴᠡᠳᠬᠡᠬᠦ ᠶᠢ ᠰᠢᠮᠳᠠᠭᠤᠯᠵᠤ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠦᠴᠦᠨ ᠴᠢᠳᠠᠪᠤᠷᠢ ᠶᠢ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ᠃ | ᠭᠤᠷᠪᠠ᠂ ᠪᠣᠬᠢᠷᠲᠤᠯ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠯᠠᠬᠤ ᠳᠦᠷᠢᠮ ᠢ ᠭᠦᠨᠵᠡᠭᠡᠶᠢᠷᠡᠭᠦᠯᠦᠨ᠎ᠡ | ᠪᠣᠬᠢᠷᠲᠤᠯ ᠭᠠᠳᠠᠭᠰᠢᠯᠠᠭᠤᠯᠬᠤ ᠡᠷᠬᠡ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠢ ᠰᠦᠪᠡᠭᠴᠢᠯᠡᠨ | ᠪᠠᠶᠢᠭᠤᠯᠵᠤ᠂ ᠪᠣᠬᠢᠷᠲᠤᠯ ᠭᠠᠳᠠᠭᠰᠢᠯᠠᠭᠤᠯᠬᠤ ᠡᠷᠬᠡ ᠶᠢ ᠲᠥᠯᠥᠪᠦᠷᠢ ᠲᠠᠢ ᠬᠡᠷᠡᠭᠯᠡᠬᠦ ᠪᠠ ᠠᠷᠠᠯᠵᠢᠶᠠᠯᠠᠬᠤ ᠠᠵᠢᠯ ᠢ | ᠠᠯᠬᠤᠮ ᠠᠯᠬᠤᠮ ᠢᠶᠠᠷ ᠠᠬᠢᠭᠤᠯᠤᠨ᠂ ᠲᠤᠷᠰᠢᠯᠲᠠ ᠶᠢᠨ ᠠᠵᠢᠯ ᠢ ᠵᠠᠰᠠᠭ ᠤᠨ ᠣᠷᠳᠣᠨ ᠤ ᠪᠣᠬᠢᠷᠲᠤᠯ | ᠭᠠᠳᠠᠭᠰᠢᠯᠠᠭᠤᠯᠬᠤ ᠡᠷᠬᠡ ᠶᠢ ᠲᠥᠯᠥᠪᠦᠷᠢ ᠲᠠᠢ ᠰᠢᠯᠵᠢᠭᠦᠯᠦᠨ ᠬᠤᠳᠠᠯᠳᠤᠬᠤ ᠠᠴᠠ ᠠᠪᠤᠭᠠᠳ ᠠᠵᠤ ᠠᠬᠤᠶᠢᠯᠠᠯ | ᠬᠢᠭᠡᠳ ᠠᠵᠤ ᠠᠬᠤᠶᠢᠯᠠᠯ ᠤᠨ ᠬᠤᠭᠤᠷᠣᠨᠳᠣᠬᠢ ᠪᠣᠬᠢᠷᠲᠤᠯ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠯᠠᠭ᠎ᠠ ᠶᠢ | ᠵᠣᠷᠢᠭᠵᠢᠭᠤᠯᠬᠤ ᠬᠦᠷᠲᠡᠯ᠎ᠡ ᠬᠤᠪᠢᠷᠠᠭᠤᠯᠵᠤ᠂ ᠠᠵᠤ ᠠᠬᠤᠶᠢᠯᠠᠯ ᠤᠨ ᠪᠣᠬᠢᠷᠲᠤᠯ ᠭᠠᠳᠠᠭᠰᠢᠯᠠᠭᠤᠯᠬᠤ ᠡᠷᠬᠡ ᠶᠢᠨ | ᠬᠦᠢᠴᠡᠳᠭᠡᠯ ᠲᠤᠭ᠎ᠠ ᠶᠢᠨ ᠡᠬᠢ ᠪᠠᠶᠠᠯᠢᠭᠵᠢᠭᠤᠯᠬᠤ ᠶᠢ ᠠᠬᠢᠭᠤᠯᠤᠨ᠂ ᠠᠵᠤ ᠠᠬᠤᠶᠢᠯᠠᠯ ᠤᠨ ᠪᠣᠬᠢᠷᠲᠤᠯ | ᠭᠠᠳᠠᠭᠰᠢᠯᠠᠭᠤᠯᠬᠤ ᠪᠠᠨ ᠪᠠᠭᠠᠰᠬᠠᠬᠤ ᠢᠳᠡᠪᠬᠢᠵᠢᠯ ᠢ ᠳᠡᠭᠡᠭᠰᠢᠯᠡᠭᠦᠯᠦᠨ᠎ᠡ᠃ | ᠳᠥᠷᠪᠡ᠂ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ᠂ ᠣᠷᠴᠢᠨ ᠲᠣᠭᠤᠷᠢᠨ ᠤ ᠬᠤᠬᠢᠷᠠᠯ ᠤᠨ | ᠲᠥᠯᠥᠪᠦᠷᠢ ᠶᠢᠨ ᠲᠦᠷᠢᠮ ᠢ ᠪᠦᠷᠢᠨᠰᠢᠭᠦᠯᠦᠨ᠎ᠡ | ᠲᠥᠪ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠪᠣᠬᠢᠷᠲᠤᠯ ᠢ ᠰᠡᠷᠭᠡᠶᠢᠯᠡᠨ ᠵᠠᠰᠠᠬᠤ᠂ | ᠠᠮᠢ ᠠᠬᠤᠶ ᠶᠢ ᠰᠡᠷᠭᠦᠭᠡᠬᠦ ᠪᠠ ᠨᠥᠬᠦᠪᠥᠷᠢᠯᠡᠬᠦ᠂ ᠠᠮᠢ ᠠᠬᠤᠶ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠶᠢ ᠡᠭᠦᠳᠦᠨ | ᠪᠠᠶᠢᠭᠤᠯᠬᠤ᠂ ᠬᠦᠯᠡᠮᠵᠢ ᠶᠢᠨ ᠬᠡᠢ ᠪᠡᠶᠡᠲᠦ ᠭᠠᠳᠠᠭᠰᠢᠯᠠᠭᠤᠯᠬᠤ ᠶᠢ ᠬᠢᠵᠠᠭᠠᠷᠯᠠᠬᠤ ᠵᠡᠷᠭᠡ ᠡᠳ᠋ ᠤᠨ ᠵᠠᠰᠠᠭ ᠤᠨ | ᠰᠢᠯᠵᠢᠭᠦᠯᠦᠨ ᠥᠭᠬᠦ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ᠃ ᠵᠠᠰᠠᠭ ᠤᠨ ᠣᠷᠳᠣᠨ ᠬᠢᠭᠡᠳ ᠨᠡᠶᠢᠭᠡᠮ ᠤᠨ | ᠬᠥᠷᠥᠩᠭᠡ ᠬᠠᠮᠲᠤᠷᠠᠨ ᠠᠮᠢ ᠠᠬᠤᠶ ᠶᠢᠨ ᠨᠥᠬᠦᠪᠥᠷᠢ ᠶᠢᠨ ᠵᠠᠭᠪᠤᠷ ᠪᠠᠶᠢᠭᠤᠯᠬᠤ ᠶᠢ ᠰᠦᠪᠡᠭᠴᠢᠯᠡᠨ᠂ ᠭᠠᠵᠠᠷ ᠣᠷᠣᠨ | ᠠᠯᠤᠰᠯᠠᠭᠰᠠᠨ᠂ ᠰᠠᠪᠠ ᠭᠠᠵᠠᠷ ᠠᠯᠤᠰᠯᠠᠭᠰᠠᠨ ᠨᠥᠬᠦᠪᠥᠷᠢ ᠶᠢᠨ ᠲᠤᠷᠰᠢᠯᠲᠠ ᠶᠢ ᠭᠦᠨᠵᠡᠭᠡᠶ ᠠᠬᠢᠭᠤᠯᠵᠤ᠂ ᠣᠯᠠᠨ | ᠡᠰᠢᠵᠢᠭᠰᠡᠨ ᠨᠥᠬᠦᠪᠥᠷᠢ ᠶᠢᠨ ᠲᠣᠭᠲᠠᠴᠠ ᠶᠢ ᠠᠩᠬ᠎ᠠ ᠠᠯᠬᠤᠮ ᠪᠠᠶᠢᠭᠤᠯᠤᠨ᠎ᠠ᠃ ᠠᠮᠢ ᠠᠬᠤᠶ ᠣᠷᠴᠢᠨ | ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠲᠦᠷᠢᠮ ᠬᠢᠭᠡᠳ ᠪᠠᠶᠢᠴᠠᠭᠠᠬᠤ | ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠠᠵᠢᠯ ᠢ ᠵᠣᠯᠭᠠᠭᠤᠯᠬᠤ ᠶᠢ ᠴᠢᠩᠭᠠᠳᠬᠠᠵᠤ᠂ ᠡᠪᠳᠡᠵᠦ | ᠬᠤᠬᠢᠷᠠᠭᠤᠯᠤᠭᠰᠠᠨ ᠦᠷ᠎ᠡ ᠳ᠋ᠦᠩ ᠢ ᠮᠠᠭᠠᠳᠯᠠᠨ ᠲᠣᠭᠲᠠᠭᠠᠬᠤ᠂ ᠵᠠᠰᠠᠨ ᠰᠡᠷᠭᠦᠭᠡᠬᠦ ᠬᠠᠷᠢᠭᠤᠴᠠᠯᠭ᠎ᠠ ᠶᠢ ᠬᠠᠤᠯᠢ ᠪᠠᠷ | ᠲᠣᠭᠲᠠᠭᠠᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠳᠠᠭᠠᠬᠤ ᠪᠠᠷ ᠳᠠᠮᠵᠢᠭᠤᠯᠤᠨ᠂ ᠠᠮᠢ ᠠᠬᠤᠶ | ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠠᠵᠢᠯᠯᠠᠭ᠎ᠠ ᠨᠢ ᠠᠵᠤ | ᠠᠬᠤᠶᠢᠯᠠᠯ ᠤᠨ ᠬᠠᠤᠯᠢ ᠶᠢ ᠴᠢᠩᠭ᠎ᠠ ᠰᠠᠬᠢᠬᠤ ᠶᠢ ᠭᠡᠳᠡᠷᠭᠦ ᠰᠢᠬᠠᠮᠳᠠᠭᠤᠯᠬᠤ ᠬᠠᠮᠢᠶᠠᠷᠤᠯᠲᠠ ᠶᠢᠨ ᠵᠠᠭᠪᠤᠷ ᠢ | ᠪᠠᠶᠢᠭᠤᠯᠤᠨ᠎ᠠ᠃ ᠠᠭᠠᠷ ᠮᠠᠨᠳᠠᠯ᠂ ᠤᠰᠤ᠂ ᠬᠥᠷᠥᠰᠥ ᠰᠢᠷᠣᠢ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠵᠡᠷᠭᠡ | ᠭᠤᠣᠯᠳᠠᠯᠭ᠎ᠠ ᠲᠠᠢ ᠬᠦᠷᠢᠶᠡᠨ ᠳᠠᠬᠢ ᠣᠷᠴᠢᠨ ᠠᠬᠤᠢ ᠶᠢᠨ ᠪᠣᠬᠢᠷᠲᠤᠯ ᠤᠨ ᠬᠡᠷᠡᠭ ᠤᠨ ᠰᠢᠭᠦᠨ ᠲᠠᠰᠤᠯᠤᠯᠲᠠ ᠶᠢ | ᠴᠢᠩᠭᠠᠳᠬᠠᠨ᠎ᠠ᠃ ᠳᠣᠲᠣᠭᠠᠳᠤ ᠶᠢ ᠬᠠᠮᠠᠭᠠᠯᠠᠬᠤ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ᠂ ᠣᠷᠴᠢᠨ | ᠲᠣᠭᠤᠷᠢᠨ ᠡᠬᠢ ᠪᠠᠶᠠᠯᠢᠭ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠪᠠᠶᠢᠭᠤᠯᠤᠭᠰᠠᠨ ᠬᠠᠮᠲᠤᠷᠠᠭᠰᠠᠨ | ᠬᠤᠷᠠᠯ ᠤᠨ ᠲᠦᠷᠢᠮ ᠢ ᠰᠦᠪᠡᠭᠴᠢᠯᠡᠨ ᠪᠠᠶᠢᠭᠤᠯᠤᠨ᠎ᠠ᠃ | ᠲᠠᠪᠤ᠂ ᠠᠮᠢ ᠠᠬᠤᠶ ᠣᠷᠴᠢᠨ ᠲᠣᠭᠤᠷᠢᠨ ᠢ ᠬᠤᠬᠢᠷᠠᠭᠤᠯᠤᠭᠰᠠᠨ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ | ᠨᠠᠶᠢᠳᠠᠪᠤᠷᠢᠵᠢᠭᠤᠯᠤᠨ᠎ᠠ | ᠭᠠᠵᠠᠷ ᠰᠢᠷᠣᠶ᠂ ᠣᠶ ᠮᠣᠳᠣ᠂ ᠨᠤᠲᠤᠭ ᠪᠡᠯᠴᠢᠭᠡᠷ᠂ ᠤᠰᠤ ᠪᠠ ᠠᠭᠤᠷᠬᠠᠶ ᠶᠢᠨ ᠡᠬᠢ ᠪᠠᠶᠠᠯᠢᠭ ᠵᠡᠷᠭᠡ | ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠷᠢ ᠥᠭᠴᠡᠭᠡ ᠶᠢᠨ ᠬᠦᠰᠦᠨᠦᠭᠲᠦ ᠶᠢ ᠨᠠᠶᠢᠷᠠᠭᠤᠯᠤᠨ | ᠵᠣᠬᠢᠶᠠᠬᠤ ᠠᠵᠢᠯ ᠢ ᠦᠷᠭᠦᠯᠵᠢᠯᠡᠨ ᠠᠬᠢᠭᠤᠯᠤᠨ᠎ᠠ᠃ ᠤᠳᠤᠷᠢᠳᠬᠤ ᠺᠠᠳ᠋ᠷ ᠤᠨ ᠲᠤᠰᠢᠶᠠᠯ ᠠᠴᠠ ᠪᠠᠨ ᠰᠠᠯᠬᠤ ︵ | ᠲᠤᠰᠢᠶᠠᠯ ᠤᠨ ᠳᠤᠮᠳᠠᠬᠢ︶ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠬᠢᠨᠠᠨ ᠪᠤᠳᠤᠬᠤ ᠲᠦᠷᠢᠮ ᠢ | ᠲᠡᠭᠦᠯᠳᠡᠷᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠲᠤᠰᠢᠶᠠᠯ ᠠᠴᠠ ᠪᠠᠨ ᠰᠠᠯᠬᠤ ︵ | ᠲᠤᠰᠢᠶᠠᠯ ᠤᠨ ᠳᠤᠮᠳᠠᠬᠢ︶ ᠶᠢ ᠬᠢᠨᠠᠨ ᠪᠤᠳᠤᠭᠰᠠᠨ ᠦᠷ᠎ᠡ ᠳ᠋ᠦᠩ ᠢ ᠤᠳᠤᠷᠢᠳᠬᠤ ᠺᠠᠳ᠋ᠷ ᠢ ᠰᠢᠯᠭᠠᠨ ᠬᠢᠨᠠᠬᠤ᠂ | ᠲᠣᠮᠢᠯᠠᠬᠤ ᠪᠠᠭᠤᠯᠭᠠᠬᠤ᠂ ᠱᠠᠩᠨᠠᠵᠤ ᠲᠣᠷᠭᠠᠬᠤ ᠶᠢᠨ ᠴᠢᠬᠤᠯᠠ ᠦᠨᠳᠦᠰᠦᠯᠡᠯ ᠪᠣᠯᠭᠠᠨ᠎ᠠ᠃ ᠠᠮᠢ ᠠᠬᠤᠢ ᠣᠷᠴᠢᠨ | ᠲᠣᠭᠤᠷᠢᠨ ᠤ ᠬᠤᠬᠢᠷᠠᠯ ᠤᠨ ᠬᠠᠷᠢᠭᠤᠴᠠᠯᠭ᠎ᠠ ᠶᠢ ᠨᠠᠰᠤᠨ ᠲᠤᠷᠰᠢᠳᠠ ᠨᠡᠬᠡᠮᠵᠢᠯᠡᠬᠦ ᠳᠦᠷᠢᠮ ᠢ ᠪᠠᠶᠢᠭᠤᠯᠵᠤ᠂ ᠠᠮᠢ | ᠠᠬᠤᠢ ᠣᠷᠴᠢᠨ ᠲᠣᠭᠤᠷᠢᠨ ᠤ ᠬᠦᠨᠳᠦ ᠶᠡᠭᠡ ᠬᠤᠬᠢᠷᠠᠯ ᠭᠠᠷᠪᠠᠯ ᠨᠠᠰᠤᠨ ᠲᠤᠷᠰᠢᠳᠠ ᠬᠠᠷᠢᠭᠤᠴᠠᠯᠭ᠎ᠠ | ᠨᠡᠬᠡᠮᠵᠢᠯᠡᠬᠦ ᠶᠢ ᠬᠡᠷᠡᠭᠵᠢᠭᠦᠯᠦᠨ᠎ᠡ᠃ | ᠭᠤᠷᠪᠠᠳᠤᠭᠠᠷ ᠬᠡᠰᠡᠭ ᠠᠮᠢ ᠠᠬᠤᠢ ᠣᠷᠴᠢᠨ ᠨᠥᠬᠦᠴᠡᠯ ᠢ ᠬᠢᠨᠠᠨ ᠬᠠᠮᠢᠶᠠᠷᠬᠤ ᠴᠢᠳᠠᠪᠤᠷᠢ ᠪᠠᠨ | ᠳᠡᠭᠡᠭᠰᠢᠯᠡᠭᠦᠯᠦᠨ᠎ᠡ | ᠨᠢᠭᠡ᠂ ᠠᠮᠢ ᠠᠬᠤᠶ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠳᠬᠠᠨ᠎ᠠ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠥᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠵᠤ᠂ ᠪᠦᠬᠦ ᠠᠶᠢᠮᠠᠭ ᠤᠨ ᠠᠮᠢ ᠠᠬᠤᠢ ᠣᠷᠴᠢᠨ | ᠲᠣᠭᠤᠷᠢᠨ ᠤ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ︽ᠬᠤᠶᠠᠷ ᠢ | ᠰᠤᠭᠤᠴᠢᠵᠤ᠂ ᠨᠢᠭᠡ ᠶᠢ ᠢᠯᠡ ᠪᠣᠯᠭᠠᠬᠤ︾ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠪᠠᠶᠢᠩᠭᠤᠵᠢᠭᠤᠯᠵᠤ᠂ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ ᠳᠦᠷᠢᠮ᠂ ᠬᠠᠤᠯᠢ ᠬᠡᠷᠡᠭᠵᠢᠭᠦᠯᠬᠦ ᠪᠦᠬᠦ | ᠶᠠᠪᠤᠴᠠ ᠶᠢ ᠲᠡᠮᠳᠡᠭᠯᠡᠬᠦ ᠳᠦᠷᠢᠮ᠂ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠤᠨ ᠬᠠᠤᠯᠢ ᠳᠦᠷᠢᠮ ᠤᠨ | ᠬᠢᠨᠠᠨ ᠬᠠᠷᠭᠤᠭᠤᠯᠬᠤ ᠳᠦᠷᠢᠮ ᠢ ᠪᠦᠬᠦ ᠲᠠᠯ᠎ᠠ ᠪᠠᠷ ᠠᠬᠢᠭᠤᠯᠤᠨ᠎ᠠ᠃ ᠠᠮᠢ ᠠᠬᠤᠢ ᠣᠷᠴᠢᠨ ᠲᠣᠭᠤᠷᠢᠨ ᠤ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ | ᠬᠠᠤᠯᠢ ᠬᠡᠷᠡᠭᠵᠢᠭᠦᠯᠬᠦ ᠠᠵᠢᠯᠲᠠᠨ ᠤ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠦᠨ᠎ᠡ᠃ ᠬᠠᠤᠯᠢ ᠬᠡᠷᠡᠭᠵᠢᠭᠦᠯᠬᠦ ᠦᠷ᠎ᠡ | ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠤᠬᠠᠶ ᠶᠢᠨ ᠲᠠᠯᠠᠪᠠᠶ ᠶᠢᠨ ᠪᠤᠰᠤ ᠬᠠᠤᠯᠢ ᠬᠡᠷᠡᠭᠵᠢᠭᠦᠯᠬᠦ | ᠠᠷᠭ᠎ᠠ ᠮᠠᠶ᠋ᠢᠭ ᠢ ᠶᠡᠬᠡᠪᠡᠷ ᠠᠬᠢᠭᠤᠯᠤᠨ᠂ ᠰᠢᠨ᠎ᠡ ᠬᠡᠯᠪᠡᠷᠢ ᠶᠢᠨ ᠲᠦᠷᠭᠡᠨ ᠪᠥᠭᠡᠳ ᠲᠦᠢᠯ ᠤᠨ ᠣᠨᠣᠪᠴᠢᠲᠠᠶ ᠪᠠᠷ | ᠭᠡᠷᠡᠴᠢ ᠠᠪᠴᠤ ᠬᠠᠤᠯᠢ ᠬᠡᠷᠡᠭᠵᠢᠭᠦᠯᠬᠦ ᠲᠣᠨᠤᠭ ᠲᠥᠬᠦᠭᠡᠷᠦᠮᠵᠢ ᠶᠢ ᠨᠡᠮᠡᠵᠦ ᠳᠣᠭᠢᠷᠠᠭᠤᠯᠤᠨ᠂ ᠡᠮᠦᠨ᠎ᠡ | ᠦᠵᠦᠭᠦᠷ ᠤᠨ ᠣᠶᠤᠨᠴᠢ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠪᠠᠶᠢᠭᠤᠯᠵᠤ᠂ ᠰᠢᠯᠵᠢᠭᠡ ᠬᠠᠤᠯᠢ | ᠬᠡᠷᠡᠭᠵᠢᠭᠦᠯᠦᠯᠲᠡ ᠵᠡᠷᠭᠡ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠬᠡᠷᠡᠭᠯᠡᠨ ᠬᠠᠤᠯᠢ ᠬᠡᠷᠡᠭᠵᠢᠭᠦᠯᠵᠦ᠂ ᠬᠠᠤᠯᠢ | ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠣᠬᠢᠷᠲᠤᠯ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ ᠶᠢ | ᠴᠢᠩᠭᠠᠳᠬᠠᠵᠤ᠂ ᠭᠤᠣᠯᠳᠠᠯᠭ᠎ᠠ ᠲᠠᠢ ᠪᠣᠬᠢᠷᠲᠤᠯ ᠤᠨ ᠡᠬᠢ ᠰᠤᠷᠪᠤᠯᠵᠢ ᠶᠢ ᠰᠦᠯᠵᠢᠶᠡᠨ ᠳᠡᠭᠡᠷ᠎ᠡ ᠬᠢᠨᠠᠨ ᠡᠵᠡᠮᠳᠡᠬᠦ | ᠰᠢᠰᠲ᠋ᠧᠮ ᠢ ᠲᠡᠭᠦᠯᠳᠡᠷᠵᠢᠭᠦᠯᠦᠨ᠎ᠡ᠃ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠶᠢ ᠬᠠᠮᠲᠤ ᠪᠠᠷ ᠪᠠᠶᠢᠭᠤᠯᠵᠤ | ᠬᠠᠮᠲᠤ ᠪᠠᠷ ᠡᠳ᠋ᠯᠡᠬᠦ ᠶᠢ ᠠᠬᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠠᠤᠯᠢ | ᠬᠡᠷᠡᠭᠵᠢᠭᠦᠯᠬᠦ ᠲᠣᠭᠲᠠᠴᠠ ᠶᠢ ᠪᠠᠶᠢᠭᠤᠯᠵᠤ᠂ ᠬᠠᠤᠯᠢ ᠬᠡᠷᠡᠭᠵᠢᠭᠦᠯᠬᠦ ᠨᠡᠶᠢᠯᠡᠮᠡᠯ ᠬᠦᠴᠦᠨ ᠢ ᠪᠤᠢ ᠪᠣᠯᠭᠠᠨ᠎ᠠ᠃ ᠬᠠᠤᠯᠢ | ᠬᠡᠷᠡᠭᠵᠢᠭᠦᠯᠬᠦ ᠲᠡᠷᠭᠡ ᠬᠥᠰᠬᠡ ᠵᠡᠷᠭᠡ ᠬᠠᠤᠯᠢ ᠬᠡᠷᠡᠭᠵᠢᠭᠦᠯᠬᠦ ᠲᠥᠬᠦᠭᠡᠷᠦᠮᠵᠢ ᠶᠢᠨ ᠬᠠᠲᠠᠭᠤ ᠲᠣᠨᠤᠭ ᠤᠨ | ᠪᠠᠶᠢᠭᠤᠯᠤᠯᠲᠠ ᠶᠢ ᠴᠢᠩᠭᠠᠳᠬᠠᠨ᠎ᠠ᠃ | ᠬᠤᠶᠠᠷ᠂ ᠠᠮᠢ ᠠᠬᠤᠶ ᠣᠷᠴᠢᠨ ᠲᠣᠭᠤᠷᠢᠨ ᠢ ᠬᠢᠨᠠᠨ ᠰᠢᠨᠵᠢᠬᠦ ᠰᠢᠰᠲ᠋ᠧᠮᠵᠢ ᠶᠢ ᠲᠡᠭᠦᠯᠳᠡᠷᠵᠢᠭᠦᠯᠦᠨ᠎ᠡ | ᠠᠦ᠋ᠲ᠋ᠣ᠋ ᠪᠠᠷ ᠬᠢᠨᠠᠨ ᠰᠢᠨᠵᠢᠬᠦ ᠪᠠᠷ ᠭᠤᠤᠯ ᠪᠣᠯᠭᠠᠭᠰᠠᠨ ᠠᠭᠠᠷ ᠮᠠᠨᠳᠠᠯ᠂ ᠤᠰᠤᠨ ᠤ ᠴᠢᠨᠠᠷ ᠢ ᠬᠢᠨᠠᠨ ᠰᠢᠨᠵᠢᠬᠦ | ᠶᠡᠷᠦᠩᠬᠡᠶᠢᠯᠡᠭᠰᠡᠨ ᠬᠢᠨᠠᠨ ᠰᠢᠨᠵᠢᠬᠦ ᠰᠢᠰᠲ᠋ᠧᠮᠵᠢ ᠶᠢ ᠪᠠᠶᠢᠭᠤᠯᠵᠤ᠂ ᠠᠭᠠᠷ᠂ ᠤᠰᠤᠨ ᠤ ᠣᠷᠴᠢᠨ ᠲᠣᠭᠤᠷᠢᠨ ᠢ | ᠬᠢᠨᠠᠨ ᠰᠢᠨᠵᠢᠬᠦ ᠶᠠᠰᠤ ᠴᠢᠨᠠᠷ ᠢ ᠬᠢᠨᠠᠨ ᠰᠢᠨᠵᠢᠬᠦ ᠠᠴᠠ ᠶᠣᠰᠣ ᠵᠦᠢ ᠶᠢᠨ ᠪᠣᠶ ᠪᠣᠯᠤᠭᠰᠠᠨ ᠰᠢᠯᠲᠠᠭᠠᠨ ᠢ ᠬᠢᠨᠠᠨ | ᠰᠢᠨᠵᠢᠬᠦ ᠲᠡᠰᠢ ᠭᠦᠨᠵᠡᠭᠡᠶᠢᠷᠡᠭᠦᠯᠬᠦ ᠶᠢ ᠠᠬᠢᠭᠤᠯᠵᠤ᠂ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ | ᠠᠵᠢᠯ ᠲᠥᠷᠥᠯ᠂ ᠭᠤᠤᠯᠳᠠᠯᠭ᠎ᠠ ᠲᠠᠢ ᠬᠦᠴᠦᠨ ᠵᠦᠢᠯ ᠢ ᠪᠦᠷᠢᠨ ᠪᠥᠷᠬᠦᠭᠦᠯᠬᠦ ᠶᠢ ᠪᠡᠶᠡᠯᠡᠭᠦᠯᠦᠨ᠎ᠡ᠃ ᠣᠷᠴᠢᠨ | ᠲᠣᠭᠤᠷᠢᠨ ᠤ ᠠᠭᠠᠷ ᠤᠨ ᠶᠠᠰᠤ ᠴᠢᠨᠠᠷ ᠢ ᠬᠢᠨᠠᠨ ᠬᠡᠮᠵᠢᠬᠦ ᠲᠠᠯ᠎ᠠ ᠪᠠᠷ᠂ ᠭᠤᠤᠯᠳᠠᠯᠭ᠎ᠠ ᠲᠠᠢ ᠣᠷᠣᠨ ᠪᠦᠰᠡ ᠶᠢᠨ | ᠣᠷᠴᠢᠨ ᠲᠣᠭᠤᠷᠢᠨ ᠤ ᠠᠭᠠᠷ ᠤᠨ ᠠᠦ᠋ᠲ᠋ᠣ᠋ ᠥᠷᠲᠡᠭᠡ ᠶᠢᠨ ᠪᠦᠲᠦᠭᠡᠨ ᠪᠠᠶᠢᠭᠤᠯᠤᠯᠲᠠ ᠪᠣᠯᠤᠨ ᠲᠤᠤᠷᠵᠢᠭᠤᠯᠬᠤ | ᠠᠵᠢᠯ ᠢ ᠲᠦᠷᠭᠡᠳᠬᠡᠬᠦ ᠬᠡᠷᠡᠭᠲᠡᠶ︔ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠠᠵᠤ ᠠᠬᠤᠶᠢᠯᠠᠯ ᠤᠨ | ᠣᠷᠴᠢᠨ ᠲᠣᠭᠤᠷᠢᠨ ᠤ ᠠᠭᠠᠷ ᠤᠨ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠢ ᠬᠢᠨᠠᠨ ᠰᠢᠨᠵᠢᠬᠦ ᠠᠦ᠋ᠲ᠋ᠣ᠋ ᠥᠷᠲᠡᠭᠡ | ᠴᠡᠭ ᠤᠨ ᠪᠠᠶᠢᠷᠢᠯᠠᠭᠤᠯᠤᠯᠲᠠ ᠶᠢ ᠲᠦᠷᠭᠡᠳᠬᠡᠵᠦ᠂ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠲᠤ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠢ ᠲᠣᠭᠤᠷᠢᠨ ᠰᠢᠨᠵᠢᠬᠦ ᠪᠤᠶᠤ ᠠᠶᠠᠯᠠᠬᠤ ᠮᠠᠶ᠋ᠢᠭ ᠢᠶᠠᠷ ᠬᠢᠨᠠᠨ | ᠰᠢᠨᠵᠢᠬᠦ ᠶᠢ ᠥᠷᠨᠢᠭᠦᠯᠦᠨ᠎ᠡ︔ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠤᠷᠢᠳᠴᠢᠯᠠᠨ ᠰᠡᠷᠡᠮᠵᠢᠯᠡᠭᠦᠯᠵᠦ | ᠤᠷᠢᠳᠴᠢᠯᠠᠨ ᠮᠡᠳᠡᠭᠡᠯᠡᠬᠦ ᠣᠨᠣᠪᠴᠢᠲᠤ ᠴᠢᠨᠠᠷ ᠵᠢᠴᠢ ᠮᠡᠷᠭᠡᠵᠢᠯ ᠤᠨ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠬᠡᠷᠡᠭᠲᠡᠶ᠃ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠬᠦ ᠲᠠᠯ᠎ᠠ ᠪᠠᠷ᠂ | ᠭᠤᠤᠯᠳᠠᠯᠭ᠎ᠠ ᠲᠠᠢ ᠰᠠᠪᠠ ᠭᠠᠵᠠᠷ ᠵᠢᠴᠢ ᠭᠤᠤᠯ ︵ᠨᠠᠭᠤᠷ︶ ᠤᠨ ᠣᠭᠲᠣᠯᠤᠭᠠᠰᠤ ᠶᠢᠨ ᠭᠠᠷ ᠢᠶᠠᠷ ᠬᠢᠨᠠᠨ ᠬᠡᠮᠵᠢᠬᠦ | ᠪᠠ ᠤᠰᠤᠨ ᠤ ᠴᠢᠨᠠᠷ ᠤᠨ ᠠᠦ᠋ᠲ᠋ᠣ᠋ ᠥᠷᠲᠡᠭᠡ ᠶᠢᠨ ᠠᠵᠢᠯᠯᠠᠭᠠᠨ ᠢ ᠦᠷᠭᠦᠯᠵᠢᠯᠡᠨ ᠰᠠᠶᠢᠲᠤᠷ ᠬᠢᠵᠦ᠂ ᠤᠰᠤᠨ ᠤ | ᠴᠢᠳᠠᠮᠵᠢᠲᠦ ᠣᠷᠣᠨ ᠤ ᠣᠷᠣᠨ ᠪᠠᠶᠢᠷᠢ ᠶᠢᠨ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ︔ | ᠭᠠᠵᠠᠷ ᠳᠣᠣᠷᠠᠬᠢ ᠤᠰᠤᠨ ᠤ ᠴᠢᠨᠠᠷ ᠢ ᠪᠠᠶᠢᠴᠠᠭᠠᠨ ᠬᠢᠨᠠᠨ ᠬᠡᠮᠵᠢᠬᠦ ᠠᠵᠢᠯ ᠢ ᠥᠷᠨᠢᠭᠦᠯᠵᠦ᠂ ᠭᠤᠣᠯᠳᠠᠯᠭ᠎ᠠ ᠲᠠᠢ | ᠰᠢᠶᠠᠩ ᠪᠠᠯᠭᠠᠰᠤ ᠶᠢ ᠬᠠᠮᠤᠷᠤᠨ᠎ᠠ᠃ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ | ᠰᠢᠨᠵᠢᠬᠦ ᠲᠠᠯ᠎ᠠ ᠪᠠᠷ᠂ ︽ᠠᠷᠪᠠᠨ ᠭᠤᠷᠪᠠᠳᠣᠭᠠᠷ ᠳᠠᠪᠣᠨ ᠵᠢᠯ︾ ᠤᠨ ᠬᠥᠷᠥᠰᠥ ᠰᠢᠷᠣᠶ ᠶᠢᠨ ᠣᠷᠴᠢᠨ | ᠲᠣᠭᠤᠷᠢᠨ ᠤ ᠶᠠᠰᠤ ᠴᠢᠨᠠᠷ ᠢ ᠬᠢᠨᠠᠨ ᠰᠢᠨᠵᠢᠬᠦ ᠴᠡᠭ ᠤᠨ ᠰᠠᠭᠤᠷᠢᠨ ᠳᠡᠭᠡᠷ᠎ᠡ᠂ ᠬᠥᠷᠥᠰᠥ ᠰᠢᠷᠣᠶ ᠶᠢᠨ ᠣᠷᠴᠢᠨ | ᠲᠣᠭᠤᠷᠢᠨ ᠤ ᠶᠠᠰᠤ ᠴᠢᠨᠠᠷ ᠢ ᠪᠠᠶᠢᠴᠠᠭᠠᠨ ᠰᠢᠨᠵᠢᠬᠦ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠭᠤᠤᠯᠳᠠᠯᠭ᠎ᠠ ᠲᠠᠢ | ᠬᠤᠲᠠ ᠪᠠᠯᠭᠠᠰᠤ᠂ ᠭᠤᠤᠯᠳᠠᠯᠭ᠎ᠠ ᠲᠠᠢ ᠳᠠᠷᠢᠬᠤ ᠰᠠᠭᠤᠷᠢᠨ ᠭᠠᠵᠠᠷ᠂ ᠡᠵᠡᠨ᠎ᠡ ᠭᠤᠤᠯ ᠤᠨ ᠬᠡᠰᠡᠭ᠂ | ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠵᠣᠬᠢᠬᠤ ᠲᠤᠭ᠎ᠠ ᠬᠡᠮᠵᠢᠶᠡᠨ ᠤ ᠴᠡᠭ ᠤᠨ | ᠪᠠᠶᠢᠷᠢ ᠶᠢ ᠪᠠᠶᠢᠷᠢᠯᠠᠭᠤᠯᠤᠨ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠪᠠᠶᠢᠳᠠᠯ ᠢ | ᠪᠠᠶᠢᠴᠠᠭᠠᠨ᠎ᠠ᠃ ᠳᠠᠭᠤᠨ ᠤ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠰᠢᠨᠵᠢᠬᠦ ᠲᠠᠯ᠎ᠠ ᠪᠠᠷ᠂ ᠳᠠᠭᠤᠨ ᠤ | ᠴᠢᠳᠠᠮᠵᠢ ᠶᠢᠨ ᠣᠷᠣᠨ ᠤ ᠬᠤᠪᠢᠶᠠᠷᠢᠯᠠᠯ ᠤᠨ ᠦᠷ᠎ᠡ ᠪᠦᠲᠦᠭᠡᠯ ᠢ ᠰᠠᠶᠢᠲᠤᠷ ᠨᠠᠶᠢᠳᠠᠪᠤᠷᠢᠵᠢᠭᠤᠯᠵᠤ᠂ ᠳᠠᠭᠤᠨ ᠤ | ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠰᠢᠨᠵᠢᠬᠦ ᠠᠦ᠋ᠲ᠋ᠣ᠋ ᠥᠷᠲᠡᠭᠡ ᠶᠢ ᠪᠠᠶᠢᠭᠤᠯᠵᠤ᠂ ᠳᠠᠭᠤᠨ ᠤ ᠣᠷᠴᠢᠨ | ᠲᠣᠭᠤᠷᠢᠨ ᠤ ᠶᠠᠰᠤ ᠴᠢᠨᠠᠷ ᠢ ᠬᠢᠨᠠᠨ ᠰᠢᠨᠵᠢᠬᠦ ᠶᠢᠨ ᠠᠦ᠋ᠲ᠋ᠣᠴᠢᠯᠠᠯᠲᠠ ᠵᠢᠴᠢ ᠪᠠᠶᠢᠩᠭᠤᠵᠢᠭᠤᠯᠤᠯᠲᠠ ᠶᠢ ᠠᠯᠬᠤᠮ | ᠠᠯᠬᠤᠮ ᠢᠶᠠᠷ ᠠᠬᠢᠭᠤᠯᠤᠨ᠎ᠠ᠃ ᠠᠮᠢ ᠠᠬᠤᠶ ᠣᠷᠴᠢᠨ ᠲᠣᠭᠤᠷᠢᠨ ᠢ ᠬᠢᠨᠠᠨ ᠬᠡᠮᠵᠢᠬᠦ ᠲᠠᠯ᠎ᠠ ᠪᠠᠷ᠂ ᠬᠢᠨᠠᠨ ᠬᠡᠮᠵᠢᠬᠦ | ᠠᠭᠤᠯᠭ᠎ᠠ ᠶᠢ ᠨᠡᠩ ᠪᠦᠬᠦ ᠲᠠᠯ᠎ᠠ ᠪᠠᠷ ᠨᠠᠷᠢᠯᠢᠭᠵᠢᠭᠤᠯᠵᠤ᠂ ᠠᠮᠢᠲᠠᠨ ᠤᠷᠭᠤᠮᠠᠯ ᠤᠨ ᠣᠯᠠᠨ ᠶᠠᠩᠵᠤᠲᠤ ᠴᠢᠨᠠᠷ ᠤᠨ | ᠪᠠᠶᠢᠴᠠᠭᠠᠯᠲᠠ ᠶᠢ ᠰᠠᠭᠤᠷᠢ ᠪᠠᠶᠢᠴᠠᠭᠠᠯᠲᠠ ᠶᠢᠨ ᠬᠢᠷᠢ ᠬᠡᠮᠵᠢᠶ᠎ᠡ ᠶᠢᠨ ᠲᠠᠯ᠎ᠠ ᠪᠠᠷ ᠲᠤᠬᠠᠶ ᠶᠢᠨ ᠭᠠᠵᠠᠷ ᠲᠤᠨᠢ ᠬᠠᠶᠢᠨ | ᠪᠠᠶᠢᠴᠠᠭᠠᠬᠤ ᠬᠢᠷᠢ ᠬᠡᠮᠵᠢᠶ᠎ᠡ ᠶᠢᠨ ᠲᠠᠯ᠎ᠠ ᠪᠠᠷ ᠬᠥᠭᠵᠢᠭᠦᠯᠦᠨ᠎ᠡ︔ ᠠᠮᠢ ᠠᠬᠤᠶ ᠶᠢᠨ ᠰᠢᠰᠲ᠋ᠧᠮ ᠤᠨ ᠶᠠᠰᠤ ᠴᠢᠨᠠᠷ | ᠬᠢᠭᠡᠳ ᠪᠦᠲᠦᠴᠡ ᠶᠢᠨ ᠴᠢᠳᠠᠮᠵᠢ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠯᠲᠠ | ᠬᠠᠮᠢᠶᠠᠷᠤᠯᠲᠠ ᠶᠢᠨ ᠬᠢᠨᠠᠨ ᠰᠢᠨᠵᠢᠬᠦ ᠪᠠ ᠦᠨᠡᠯᠡᠨ ᠵᠢᠱᠢᠬᠦ ᠶᠢ ᠥᠷᠨᠢᠭᠦᠯᠦᠨ᠎ᠡ︔ ᠤᠰᠤᠨ ᠤ ᠠᠮᠢ ᠠᠬᠤᠶ ᠣᠷᠴᠢᠨ | ᠲᠣᠭᠤᠷᠢᠨ ᠤ ᠬᠢᠨᠠᠨ ᠬᠡᠮᠵᠢᠯᠲᠡ᠂ ᠢᠯᠠᠩᠭᠤᠶ᠎ᠠ ᠰᠤᠪᠨᠠᠭᠤᠷ ᠤᠨ ᠤᠰᠤᠨ ᠤ ᠠᠮᠢ ᠠᠬᠤᠶ ᠣᠷᠴᠢᠨ ᠲᠣᠭᠤᠷᠢᠨ ᠤ | ᠬᠢᠨᠠᠨ ᠬᠡᠮᠵᠢᠯᠲᠡ ᠶᠢ ᠬᠠᠶᠢᠨ ᠰᠦᠪᠡᠭᠴᠢᠯᠡᠨ᠎ᠡ︔ ᠬᠤᠰᠢᠭᠤ ᠣᠷᠣᠨ ᠪᠠ ᠭᠤᠤᠯᠳᠠᠯᠭ᠎ᠠ ᠲᠠᠢ ᠰᠢᠶᠠᠩ ᠪᠠᠯᠭᠠᠰᠤᠨ ᠤ | ᠠᠮᠢ ᠠᠬᠤᠶ ᠶᠢᠨ ᠶᠠᠰᠤ ᠴᠢᠨᠠᠷ ᠤᠨ ᠨᠡᠷᠡᠰ ᠤᠨ ᠵᠢᠭᠰᠠᠭᠠᠯᠲᠠ ᠶᠢ ᠰᠦᠪᠡᠭᠴᠢᠯᠡᠨ᠎ᠡ᠃ | ᠠᠮᠢ ᠠᠬᠤᠶ ᠣᠷᠴᠢᠨ ᠲᠣᠭᠤᠷᠢᠨ ᠢ ᠬᠢᠨᠠᠨ ᠰᠢᠨᠵᠢᠬᠦ ᠶᠡᠷᠦᠩᠬᠡᠶᠢᠯᠡᠭᠰᠡᠨ ᠦᠨᠡᠯᠡᠯᠲᠡ ᠬᠢᠭᠡᠳ ᠲᠤᠭ᠎ᠠ | ᠪᠠᠷᠢᠮᠲᠠ ᠶᠢᠨ ᠬᠡᠷᠡᠭᠯᠡᠭᠡᠨ ᠢ ᠭᠦᠨᠵᠡᠭᠡᠶᠢᠷᠡᠭᠦᠯᠵᠦ᠂ ᠠᠮᠢ ᠠᠬᠤᠶ ᠣᠷᠴᠢᠨ ᠲᠣᠭᠤᠷᠢᠨ ᠢ ᠬᠢᠨᠠᠨ ᠰᠢᠨᠵᠢᠬᠦ ᠵᠢᠴᠢ | ᠬᠠᠮᠢᠶ᠎ᠠ ᠪᠥᠬᠦᠶ ᠲᠤᠭ᠎ᠠ ᠪᠠᠷᠢᠮᠲᠠ ᠶᠢ ᠠᠶᠢᠮᠠᠭ ᠤᠨ ᠳᠣᠲᠣᠭᠠᠳᠤ ᠳᠤ ᠭᠠᠵᠠᠷ ᠣᠷᠣᠨ ᠠᠯᠤᠰᠯᠠᠨ᠂ ᠲᠠᠰ ᠱᠠᠲᠤ | ᠠᠯᠤᠰᠯᠠᠨ᠂ ᠰᠢᠰᠲ᠋ᠧᠮ ᠠᠯᠤᠰᠯᠠᠨ᠂ ᠰᠠᠯᠠᠭ᠎ᠠ ᠮᠥᠴᠢᠷ ᠠᠯᠤᠰᠯᠠᠨ᠂ ᠲᠤᠬᠠᠶᠢᠯᠠᠭᠰᠠᠨ ᠠᠵᠢᠯ ᠠᠯᠤᠰᠯᠠᠨ ᠬᠠᠷᠢᠯᠴᠠᠨ | ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠠ ᠬᠠᠮᠵᠢᠯᠴᠠᠨ ᠬᠠᠮᠲᠤᠪᠠᠷ ᠭᠥᠷᠳᠡᠬᠦ ᠶᠢ ᠠᠯᠬᠤᠮ ᠠᠯᠬᠤᠮ ᠢᠶᠠᠷ | ᠪᠡᠶᠡᠯᠡᠭᠦᠯᠵᠦ᠂ ᠠᠮᠤᠷ ᠲᠦᠪᠰᠢᠨ ᠢ ᠨᠢ ᠡᠵᠡᠮᠳᠡᠵᠦ ᠳᠡᠶᠢᠯᠬᠦ ᠰᠠᠭᠤᠷᠢᠨ ᠳᠡᠭᠡᠷ᠎ᠡ ᠬᠢᠨᠠᠨ ᠰᠢᠨᠵᠢᠭᠰᠡᠨ ᠲᠤᠭ᠎ᠠ | ᠪᠠᠷᠢᠮᠲᠠ ᠶᠢ ᠭᠦᠨᠵᠡᠭᠡᠶ ᠠᠰᠢᠭᠯᠠᠬᠤ ᠶᠢ ᠪᠡᠶᠡᠯᠡᠭᠦᠯᠦᠨ᠎ᠡ︔ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠲᠤ | ᠶᠡᠷᠦᠩᠬᠡᠶᠢᠯᠡᠭᠰᠡᠨ ᠵᠠᠳᠠᠯᠤᠯᠲᠠ ᠦᠨᠡᠯᠡᠯᠲᠡ ᠬᠢᠬᠦ ᠶᠢ ᠭᠦᠨᠵᠡᠭᠡᠶᠢᠷᠡᠭᠦᠯᠵᠦ᠂ ᠪᠥᠬᠦ ᠠᠶᠢᠮᠠᠭ ᠤᠨ ᠣᠷᠴᠢᠨ | ᠲᠣᠭᠤᠷᠢᠨ ᠤ ᠠᠭᠠᠷ᠂ ᠭᠠᠵᠠᠷ ᠳᠡᠭᠡᠷᠡᠬᠢ ᠤᠰᠤ᠂ ᠤᠤᠭᠤᠬᠤ ᠤᠰᠤ᠂ ᠮᠠᠯᠵᠢᠬᠤ ᠲᠠᠷᠢᠶᠠᠯᠠᠬᠤ ᠣᠷᠣᠨ ᠤ ᠣᠷᠴᠢᠨ | ᠲᠣᠭᠤᠷᠢᠨ᠂ ᠠᠮᠢ ᠠᠬᠤᠶ ᠶᠢᠨ ᠣᠷᠴᠢᠨ ᠲᠣᠭᠤᠷᠢᠨ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠵᠡᠷᠭᠡ ᠡᠯ᠎ᠡ | ᠬᠦᠴᠦᠨ ᠵᠦᠢᠯ ᠤᠨ ᠣᠷᠴᠢᠨ ᠲᠣᠭᠤᠷᠢᠨ ᠤ ᠶᠠᠰᠤ ᠴᠢᠨᠠᠷ ᠲᠤ ᠪᠥᠬᠦ ᠲᠠᠯ᠎ᠠ ᠶᠢᠨ ᠵᠠᠳᠠᠯᠤᠯᠲᠠ ᠦᠨᠡᠯᠡᠯᠲᠡ ᠬᠢᠵᠦ᠂ | ᠠᠳᠠᠯᠢ ᠪᠤᠰᠤ ᠬᠦᠴᠦᠨ ᠵᠦᠢᠯ ᠤᠨ ᠣᠷᠴᠢᠨ ᠲᠣᠭᠤᠷᠢᠨ ᠤ ᠶᠠᠰᠤ ᠴᠢᠨᠠᠷ ᠢ ᠨᠡᠯᠢᠶᠡᠳ ᠰᠠᠶᠢᠨ ᠲᠤᠰᠬᠠᠵᠤ ᠳᠡᠶᠢᠯᠬᠦ | ᠦᠨᠡᠯᠡᠯᠲᠡ ᠶᠢᠨ ᠵᠠᠭᠪᠤᠷ ᠢ ᠰᠦᠪᠡᠭᠴᠢᠯᠡᠨ ᠪᠠᠶᠢᠭᠤᠯᠵᠤ᠂ ᠶᠡᠷᠦᠩᠬᠡᠶᠢᠯᠡᠭᠰᠡᠨ ᠨᠡᠶᠢᠭᠡᠮ ᠤᠨ ᠠᠵᠤ ᠠᠬᠤᠶ ᠶᠢᠨ | ᠬᠥᠭᠵᠢᠯᠲᠡ᠂ ᠠᠵᠤ ᠦᠢᠯᠡᠰ ᠤᠨ ᠪᠦᠲᠦᠴᠡ᠂ ᠪᠣᠬᠢᠷᠲᠤᠯ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ᠂ ᠡᠬᠢ ᠪᠠᠶᠠᠯᠢᠭ | ᠣᠷᠴᠢᠨ ᠲᠣᠭᠤᠷᠢᠨ ᠤ ᠪᠠᠭᠲᠠᠭᠠᠮᠵᠢ᠂ ᠬᠥᠮᠦᠰ ᠤᠨ ᠡᠷᠡᠭᠦᠯ ᠮᠡᠨᠳᠦ ᠶᠢᠨ ᠪᠠᠶᠢᠳᠠᠯ ᠵᠡᠷᠭᠡ ᠬᠦᠴᠦᠨ ᠵᠦᠢᠯ ᠢ | ᠶᠡᠷᠦᠩᠬᠡᠶᠢᠯᠡᠨ ᠦᠨᠡᠯᠡᠬᠦ ᠰᠢᠰᠲ᠋ᠧᠮᠵᠢ ᠶᠢ ᠪᠠᠶᠢᠭᠤᠯᠵᠤ᠂ ᠠᠮᠢ ᠠᠬᠤᠶ ᠣᠷᠴᠢᠨ ᠲᠣᠭᠤᠷᠢᠨ ᠢ ᠬᠢᠨᠠᠨ ᠰᠢᠨᠵᠢᠭᠰᠡᠨ | ᠲᠤᠭ᠎ᠠ ᠪᠠᠷᠢᠮᠲᠠ ᠶᠢᠨ ᠣᠷᠴᠢᠨ ᠲᠣᠭᠤᠷᠢᠨ ᠤ ᠬᠠᠮᠢᠶᠠᠷᠤᠯᠲᠠ ᠳᠤ ᠲᠤᠯᠭᠠᠭᠤᠷᠢᠯᠠᠬᠤ ᠦᠢᠯᠡᠳᠦᠯ ᠢ ᠬᠦᠢᠴᠡᠳ | ᠪᠠᠳᠠᠷᠠᠭᠤᠯᠤᠨ᠎ᠠ᠃ | ᠭᠤᠷᠪᠠ᠂ ᠠᠮᠢ ᠠᠬᠤᠶ ᠣᠷᠴᠢᠨ ᠲᠣᠭᠤᠷᠢᠨ ᠢ ᠣᠶᠤᠨᠴᠢ ᠪᠠᠷ ᠬᠢᠨᠠᠨ ᠬᠠᠮᠢᠶᠠᠷᠬᠤ ᠴᠢᠳᠠᠪᠤᠷᠢ ᠶᠢ | ᠴᠢᠩᠭᠠᠷᠠᠭᠤᠯᠤᠨ᠎ᠠ | ᠪᠣᠳᠠᠰᠯᠢᠭ ᠬᠤᠯᠪᠣᠭᠠᠲᠤ ᠰᠦᠯᠵᠢᠶ᠎ᠡ᠂ ᠡᠭᠦᠯᠡᠨ ᠪᠤᠳᠤᠯᠲᠠ᠂ ᠲᠣᠮᠣ ᠳ᠋ᠠᠶᠢᠲ᠋ᠠ ᠶᠢᠨ ᠮᠡᠷᠭᠡᠵᠢᠯ ᠢ ᠠᠰᠢᠭᠯᠠᠨ᠂ | ᠠᠮᠢ ᠠᠬᠤᠶ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠣᠶᠤᠨᠴᠢ ᠲᠠᠪᠴᠠᠩ ᠤᠨ ᠪᠠᠶᠢᠭᠤᠯᠤᠯᠲᠠ ᠶᠢ | ᠠᠯᠬᠤᠮ ᠠᠯᠬᠤᠮ ᠢᠶᠠᠷ ᠥᠷᠨᠢᠭᠦᠯᠵᠦ᠂ ᠳ᠋ᠠᠶᠢᠲ᠋ᠠ ᠶᠢᠨ ᠡᠬᠢ ᠪᠠᠶᠠᠯᠢᠭ ᠢ ᠬᠠᠮᠲᠤᠪᠠᠷ ᠭᠥᠷᠳᠡᠬᠦ ᠶᠢ ᠴᠢᠩᠭᠠᠳᠬᠠᠨ᠂ | ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠰᠢᠨᠵᠢᠭᠰᠡᠨ ᠲᠤᠭ᠎ᠠ ᠪᠠᠷᠢᠮᠲᠠ᠂ ᠭᠤᠤᠯᠳᠠᠯᠭ᠎ᠠ ᠲᠠᠢ | ᠪᠣᠬᠢᠷᠲᠤᠯ ᠤᠨ ᠢᠷᠡᠯᠲᠡ ᠶᠢ ᠠᠦ᠋ᠲ᠋ᠣ᠋ ᠪᠠᠷ ᠬᠢᠨᠠᠨ ᠡᠵᠡᠮᠳᠡᠭᠰᠡᠨ ᠲᠤᠭ᠎ᠠ ᠪᠠᠷᠢᠮᠲᠠ ᠵᠢᠴᠢ ᠰᠡᠷᠡᠮᠵᠢᠯᠡᠭᠦᠯᠬᠦ ᠮᠡᠳᠡᠭᠡ | ᠵᠠᠩᠭᠢ ᠶᠢᠨ ᠲᠤᠭ᠎ᠠ ᠪᠠᠷᠢᠮᠲᠠ ᠶᠢᠨ ᠬᠠᠷᠢᠯᠴᠠᠨ ᠬᠤᠯᠪᠣᠭᠠᠯᠠᠭᠰᠠᠨ ᠲᠣᠮᠣ ᠳ᠋ᠠᠶᠢᠲ᠋ᠠ ᠶᠢᠨ ᠲᠤᠤᠷ ᠰᠦᠯᠵᠢᠶ᠎ᠡ ᠶᠢ | ᠪᠦᠷᠢᠯᠳᠦᠭᠦᠯᠵᠦ᠂ ᠲᠤᠭ᠎ᠠ ᠪᠠᠷᠢᠮᠲᠠ ᠶᠢ ᠴᠤᠭᠯᠠᠭᠤᠯᠤᠨ ᠬᠠᠷᠢᠯᠴᠠᠨ ᠨᠡᠪᠲᠡᠷᠡᠭᠦᠯᠬᠦ᠂ ᠡᠮᠬᠢᠯᠡᠨ ᠨᠡᠶᠢᠯᠡᠭᠦᠯᠵᠦ | ᠨᠡᠭᠡᠭᠡᠯᠲᠡ ᠬᠢᠬᠦ᠂ ᠬᠠᠮᠲᠤᠪᠠᠷ ᠭᠥᠷᠳᠡᠵᠦ ᠬᠠᠮᠲᠤᠪᠠᠷ ᠬᠡᠷᠡᠭᠯᠡᠬᠦ ᠶᠢ ᠴᠢᠩᠭᠠᠷᠠᠭᠤᠯᠤᠨ᠂ ᠲᠤᠭ᠎ᠠ ᠪᠠᠷᠢᠮᠲᠠ ᠶᠢ ᠣᠷᠴᠢᠨ | ᠲᠣᠭᠤᠷᠢᠨ ᠤ ᠬᠠᠮᠢᠶᠠᠷᠤᠯᠲᠠ ᠶᠢᠨ ᠬᠦᠴᠦᠨ ᠵᠦᠢᠯ ᠯᠦᠭᠡ ᠣᠷᠭᠠᠨᠢᠭ ᠢᠶᠠᠷ ᠤᠶᠠᠯᠳᠤᠭᠤᠯᠵᠤ᠂ ︽ᠨᠢᠭᠡ ᠬᠠᠭᠤᠳᠠᠰᠤ | ᠵᠢᠷᠤᠭ︾ ᠵᠡᠷᠭᠡ ᠬᠡᠯᠪᠡᠷᠢ ᠪᠠᠷ ᠰᠢᠨᠵᠢᠯᠡᠬᠦ ᠤᠬᠠᠭᠠᠨᠴᠢ ᠪᠠᠷ ᠰᠢᠢᠳᠪᠦᠷᠢᠳᠦ ᠪᠣᠳᠣᠯᠭ᠎ᠠ ᠲᠣᠭᠲᠠᠭᠠᠬᠤ᠂ ᠰᠢᠨᠵᠢᠯᠡᠬᠦ | ᠤᠬᠠᠭᠠᠨᠴᠢ ᠪᠠᠷ ᠬᠠᠮᠢᠶᠠᠷᠬᠤ ᠶᠢ ᠠᠬᠢᠭᠤᠯᠤᠨ᠎ᠠ᠃ ᠠᠮᠢ ᠠᠬᠤᠶ ᠣᠷᠴᠢᠨ ᠲᠣᠭᠤᠷᠢᠨ ᠤ ᠲᠣᠮᠣ ᠳ᠋ᠠᠶᠢᠲ᠋ᠠ ᠶᠢᠨ | ᠰᠢᠨ᠎ᠡ ᠶᠢ ᠡᠭᠦᠳᠦᠨ ᠬᠡᠷᠡᠭᠯᠡᠬᠦ ᠶᠢ ᠭᠦᠨᠵᠡᠭᠡᠶ ᠥᠷᠨᠢᠭᠦᠯᠵᠦ᠂ ᠠᠮᠢ ᠠᠬᠤᠶ ᠣᠷᠴᠢᠨ ᠲᠣᠭᠤᠷᠢᠨ ᠢ ᠬᠢᠨᠠᠨ ᠬᠠᠮᠢᠶᠠᠷᠬᠤ | ᠂ ᠬᠢᠨᠠᠨ ᠰᠢᠨᠵᠢᠬᠦ᠂ ᠬᠠᠤᠯᠢ ᠬᠡᠷᠡᠭᠵᠢᠭᠦᠯᠬᠦ ᠵᠡᠷᠭᠡ ᠲᠠᠯ᠎ᠠ ᠪᠠᠷ ᠵᠠᠳᠠᠯᠤᠯᠲᠠ ᠬᠢᠬᠦ ᠪᠠ ᠬᠡᠷᠡᠭᠯᠡᠬᠦ ᠶᠢ ᠥᠷᠨᠢᠭᠦᠯᠦᠨ᠎ᠡ᠃ | ︽ᠢᠨᠲ᠋ᠧᠷ ᠰᠦᠯᠵᠢᠶ᠎ᠡ +︾ ᠶᠢᠨ ᠬᠥᠭᠵᠢᠯᠲᠡ ᠪᠠᠷ ᠲᠣᠮᠣ ᠳ᠋ᠠᠶᠢᠲ᠋ᠠ ᠶᠢᠨ ᠬᠥᠭᠵᠢᠯᠲᠡ ᠶᠢ ᠰᠢᠨ᠎ᠡ ᠶᠢ ᠡᠭᠦᠳᠦᠨ | ᠬᠥᠲᠥᠯᠥᠨ ᠳᠠᠭᠠᠭᠤᠯᠬᠤ ᠪᠠᠷ ᠭᠤᠤᠯ ᠵᠣᠷᠢᠯᠲᠠ ᠪᠣᠯᠭᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ | ᠭᠠᠳᠠᠭᠤᠷᠬᠢ ᠶᠢᠨ ᠠᠭᠤᠰᠤᠯᠴᠠᠨ ᠬᠠᠷᠢᠯᠴᠠᠨ ᠨᠡᠪᠲᠡᠷᠡᠯᠴᠡᠬᠦ ᠶᠢ ᠴᠢᠩᠭᠠᠳᠬᠠᠨ᠂ ᠰᠦᠯᠵᠢᠶᠡᠨ ᠳᠡᠭᠡᠷ᠎ᠡ ᠬᠢᠨᠠᠨ | ᠵᠥᠪᠰᠢᠶᠡᠷᠡᠵᠦ ᠠᠵᠢᠯ ᠶᠠᠪᠤᠳᠠᠯ ᠬᠦᠢᠴᠡᠳᠭᠡᠬᠦ ᠠᠷᠭ᠎ᠠ ᠵᠠᠮ ᠢ ᠥᠷᠭᠡᠳᠬᠡᠵᠦ᠂ ᠦᠢᠯᠡᠴᠢᠯᠡᠬᠡᠨ ᠤ ᠲᠣᠭᠲᠠᠴᠠ ᠶᠢ | ᠲᠠᠰᠤᠷᠠᠯᠲᠠ ᠥᠬᠡᠶ ᠪᠦᠷᠢᠨᠰᠢᠭᠦᠯᠦᠨ᠂ ᠣᠷᠣᠯᠠᠨ ᠬᠦᠢᠴᠡᠳᠭᠡᠬᠦ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠴᠢᠨᠠᠷ | ᠰᠠᠶᠢᠲᠠᠶ ᠥᠨᠳᠥᠷ ᠦᠷ᠎ᠡ ᠪᠦᠲᠦᠮᠵᠢᠲᠡᠶ ᠨᠡᠶᠢᠭᠡᠮᠴᠢᠯᠡᠭᠰᠡᠨ ᠦᠢᠯᠡᠴᠢᠯᠡᠭᠡ ᠶᠢ ᠨᠠᠩ ᠰᠠᠶᠢᠨ ᠬᠠᠩᠭᠠᠨ᠎ᠠ᠃ | ᠲᠦᠷᠪᠡ᠂ ᠣᠳᠣᠬᠢᠴᠢᠯᠠᠭᠰᠠᠨ᠂ ᠰᠢᠨᠵᠢᠯᠡᠬᠦ ᠤᠬᠠᠭᠠᠨᠴᠢᠯᠠᠭᠰᠠᠨ᠂ ᠮᠡᠳᠡᠭᠡ ᠵᠠᠩᠭᠢᠴᠢᠯᠠᠭᠰᠠᠨ ᠠᠮᠢ ᠠᠬᠤᠢ | ᠣᠷᠴᠢᠨ ᠨᠥᠬᠦᠴᠡᠯ ᠤᠨ ︽ᠮᠡᠷᠭᠡᠵᠢᠯ ᠤᠨ ᠡᠵᠡᠮᠳᠡᠯ︾ ᠤᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ᠎ᠠ | ᠪᠦᠬᠦ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠢ ᠬᠢᠨᠠᠨ ᠡᠵᠡᠮᠳᠡᠬᠦ ᠲᠣᠣᠷ ᠰᠦᠯᠵᠢᠶ᠎ᠡ ᠶᠢ | ᠪᠠᠶᠢᠭᠤᠯᠤᠨ ᠲᠡᠭᠦᠯᠳᠡᠷᠵᠢᠭᠦᠯᠵᠦ᠂ ᠣᠳᠣᠬᠢᠴᠢᠯᠠᠭᠰᠠᠨ᠂ ᠰᠢᠨᠵᠢᠯᠡᠬᠦ ᠤᠬᠠᠭᠠᠨᠴᠢᠯᠠᠭᠰᠠᠨ᠂ ᠮᠡᠳᠡᠭᠡ | ᠵᠠᠩᠭᠢᠵᠢᠭᠤᠯᠤᠭᠰᠠᠨ ᠠᠷᠭ᠎ᠠ ᠪᠠᠷᠢᠯ ᠢ ᠭᠦᠢᠴᠡᠳ ᠠᠰᠢᠭᠯᠠᠨ᠂ ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ ᠵᠠᠰᠠᠬᠤ᠂ | ᠨᠠᠷᠢᠯᠢᠭ ᠣᠨᠣᠪᠴᠢᠲᠠᠢ ᠪᠠᠷ ᠵᠠᠰᠠᠬᠤ ᠳᠤ ᠬᠦᠴᠦᠨ ᠨᠡᠮᠡᠷᠢᠯᠡᠵᠦ᠂ ᠣᠷᠴᠢᠨ ᠲᠣᠭᠤᠷᠢᠨ ᠢ ᠬᠢᠨᠠᠨ ᠬᠡᠮᠵᠢᠵᠦ ᠬᠢᠨᠠᠨ | ᠡᠵᠡᠮᠳᠡᠬᠦ ᠪᠠ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠶᠢᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ | ᠠᠮᠢ ᠠᠬᠤᠢ ᠣᠷᠴᠢᠨ ᠲᠣᠭᠤᠷᠢᠨ ᠢ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠵᠠᠭᠪᠤᠷ ᠲᠤ ᠰᠢᠨ᠎ᠡ ᠶᠢ ᠡᠭᠦᠳᠴᠦ᠂ | ᠲᠤᠬᠠᠢ ᠶᠢᠨ ᠲᠠᠯᠠᠪᠤᠷ ᠤᠨ ᠪᠤᠰᠤ ᠬᠠᠤᠯᠢ ᠬᠡᠷᠡᠭᠵᠢᠭᠦᠯᠦᠯᠲᠡ ᠶᠢᠨ ᠠᠵᠢᠯ ᠤᠨ ᠳᠤᠮᠳᠠᠬᠢ ᠬᠡᠷᠡᠭᠯᠡᠯᠲᠡ ᠶᠢ ᠲᠦᠯᠬᠢᠨ | ᠠᠬᠢᠭᠤᠯᠵᠤ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢᠨ ᠬᠠᠤᠯᠢ ᠪᠠᠷ ᠵᠠᠰᠠᠬᠤ ᠬᠢᠷᠢ ᠬᠡᠮᠵᠢᠶ᠎ᠡ ᠶᠢ | ᠳᠡᠭᠡᠭᠰᠢᠯᠡᠭᠦᠯᠵᠦ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠠᠵᠢᠯ ᠤᠨ ᠪᠣᠳᠠᠲᠠᠢ ᠲᠠᠢ ᠤᠶᠠᠯᠳᠤᠭᠤᠯᠤᠨ᠂ | ᠠᠯᠠᠱᠠ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠢ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠵᠦ ᠬᠢᠨᠠᠨ | ᠬᠡᠮᠵᠢᠬᠦ ︽ᠮᠡᠷᠭᠡᠵᠢᠯ ᠢᠶᠠᠷ ᠡᠵᠡᠮᠳᠡᠬᠦ ᠲᠠᠪᠴᠠᠩ︾ ᠤᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠨ᠎ᠡ | ᠃ | ᠠᠯᠠᠱᠠ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠬᠠᠤᠯᠢ | ᠬᠡᠷᠡᠭᠵᠢᠭᠦᠯᠵᠦ ᠬᠢᠨᠠᠨ ᠬᠡᠮᠵᠢᠬᠦ ︽ᠮᠡᠷᠭᠡᠵᠢᠯ ᠢᠶᠠᠷ ᠡᠵᠡᠮᠳᠡᠬᠦ ᠲᠠᠪᠴᠠᠩ︾ ᠢᠶᠠᠷ ᠭᠤᠤᠯ ᠴᠣᠭᠴᠠ ᠪᠣᠯᠭᠠᠨ᠂ ᠲᠣᠰ | ᠲᠣᠰ ᠪᠥᠬᠦ ᠠᠶᠢᠮᠠᠭ ᠤᠨ ᠬᠤᠲᠠ ᠶᠢᠨ ᠣᠷᠴᠢᠨ ᠲᠣᠭᠤᠷᠢᠨ ᠤ ᠥᠨᠳᠥᠷ ᠣᠭᠲᠠᠷᠭᠤᠶ ᠶᠢᠨ ᠰᠡᠭᠦᠳᠡᠷᠯᠡᠬᠦ ᠮᠠᠰᠢᠨ᠂ | ᠪᠣᠬᠢᠷᠲᠤᠯ ᠤᠨ ᠡᠬᠢ ᠶᠢᠨ ᠠᠦ᠋ᠲ᠋ᠣ᠋ ᠬᠢᠨᠠᠨ ᠡᠵᠡᠮᠰᠢᠯ ᠤᠨ ᠲᠤᠭ᠎ᠠ ᠪᠠᠷᠢᠮᠲᠠ᠂ ᠠᠵᠤ ᠠᠬᠤᠶᠢᠯᠠᠯ ᠤᠨ ᠪᠣᠬᠢᠷᠲᠤᠯ ᠢ | ᠵᠠᠰᠠᠬᠤ ᠲᠥᠬᠦᠭᠡᠷᠦᠮᠵᠢ ᠶᠢᠨ ᠴᠠᠬᠢᠯᠭᠠᠨ ᠬᠡᠷᠡᠭᠯᠡᠯᠲᠡ ᠶᠢ ᠬᠢᠨᠠᠨ ᠡᠵᠡᠮᠳᠡᠬᠦ ᠲᠤᠭ᠎ᠠ ᠪᠠᠷᠢᠮᠲᠠ᠂ ᠠᠵᠤ ᠠᠬᠤᠶᠢᠯᠠᠯ ᠤᠨ | ᠠᠵᠢᠯ ᠤᠨ ᠪᠠᠶᠢᠳᠠᠯ ᠢ ᠬᠢᠨᠠᠨ ᠡᠵᠡᠮᠳᠡᠬᠦ ᠺᠠᠮᠧᠷᠠ᠂ ᠣᠷᠴᠢᠨ ᠲᠣᠭᠤᠷᠢᠨ ᠤ ᠠᠭᠠᠷ ᠤᠨ ᠴᠢᠨᠠᠷ ᠤᠨ ᠳ᠋ᠠᠶᠢᠲ᠋ᠠ᠂ | ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ ᠵᠡᠷᠭᠡ ᠣᠯᠠᠨ ᠬᠡᠷᠡᠭᠯᠡᠭᠡᠨ ᠤ ᠫᠷᠤᠭ᠍ᠷᠠᠮ ᠢ ᠠᠯᠬᠤᠮ | ᠠᠯᠬᠤᠮ ᠢᠶᠠᠷ ︽ᠮᠡᠷᠭᠡᠵᠢᠯ ᠢᠶᠠᠷ ᠡᠵᠡᠮᠳᠡᠬᠦ︾ ᠲᠠᠪᠴᠠᠩ ᠲᠠᠢ ᠬᠤᠯᠪᠣᠨ᠂ ᠣᠷᠴᠢᠨ ᠲᠣᠭᠤᠷᠢᠨ ᠤ ᠴᠢᠨᠠᠷ | ᠴᠢᠨᠰᠠᠭ᠎ᠠ ᠶᠢ ᠪᠡᠶᠡᠯᠡᠭᠦᠯᠬᠦ᠂ ᠭᠤᠣᠯᠳᠠᠯᠭ᠎ᠠ ᠲᠠᠢ ᠪᠣᠬᠢᠷᠲᠤᠯ ᠤᠨ ᠡᠬᠢ᠂ ᠠᠮᠢ ᠠᠬᠤᠶ ᠶᠢᠨ ᠪᠠᠶᠢᠳᠠᠯ᠂ ᠠᠵᠤ | ᠠᠬᠤᠶᠢᠯᠠᠯ ᠤᠨ ᠪᠣᠬᠢᠷᠲᠤᠯ ᠭᠠᠳᠠᠭᠰᠢᠯᠠᠭᠤᠯᠤᠭᠰᠠᠨ ᠪᠠᠶᠢᠳᠠᠯ ᠵᠡᠷᠭᠡ ᠠᠭᠤᠯᠭ᠎ᠠ ᠶᠢ ᠪᠦᠬᠦᠨ ᠢ ᠬᠠᠮᠣᠷᠣᠭᠤᠯᠣᠨ᠂ | ᠠᠶᠢᠮᠠᠭ᠂ ᠬᠤᠰᠢᠭᠤᠨ ︵ᠲᠣᠭᠤᠷᠢᠭ︶ ᠬᠤᠶᠠᠷ ᠱᠠᠲᠤᠨ ᠤ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠥᠴᠢᠷ | ᠤᠰᠤ᠂ ᠠᠭᠠᠷ ᠮᠠᠨᠳᠠᠯ᠂ ᠬᠥᠷᠥᠰᠥ ᠰᠢᠷᠣᠶ ᠵᠡᠷᠭᠡ ᠲᠤᠭ᠎ᠠ ᠪᠠᠷᠢᠮᠲᠠ ᠶᠢᠨ ᠰᠢᠰᠲ᠋ᠧᠮ ᠤᠨ ᠬᠠᠷᠢᠯᠴᠠᠨ ᠬᠤᠯᠪᠣᠭᠠᠯᠠᠵᠤ | ᠬᠠᠮᠲᠤ ᠪᠠᠷ ᠡᠳ᠋ᠯᠡᠬᠦ ᠶᠢ ᠪᠡᠶᠡᠯᠡᠬᠦᠯᠵᠦ᠂ ᠣᠷᠴᠢᠨ ᠲᠣᠭᠤᠷᠢᠨ ᠢ ᠬᠢᠨᠠᠨ ᠰᠢᠨᠵᠢᠬᠦ ᠪᠠ ᠬᠠᠤᠯᠢ ᠬᠡᠷᠡᠭᠵᠢᠭᠦᠯᠵᠦ ᠬᠢᠨᠠᠨ | ᠬᠠᠮᠢᠶᠠᠷᠬᠤ ᠶᠢᠨ ᠬᠠᠮᠵᠢᠯᠴᠠᠨ ᠬᠤᠯᠪᠣᠭᠠᠯᠠᠨ ᠬᠥᠳᠡᠯᠦᠯᠴᠡᠬᠦ ᠶᠢ ᠪᠦᠷᠢᠨᠰᠢᠬᠦᠯᠦᠨ᠂ ᠰᠠᠯᠠᠭ᠎ᠠ ᠮᠥᠴᠢᠷ ᠤᠨ | ᠵᠥᠪᠳᠡᠯᠴᠡᠬᠦ ᠠᠵᠢᠯ ᠤᠨ ᠲᠣᠭᠲᠠᠴᠠ ᠶᠢ ᠪᠣᠢ ᠪᠣᠯᠭᠠᠨ᠎ᠠ᠃ | ᠠᠷᠪᠠᠨ ᠬᠤᠶᠠᠳᠤᠭᠠᠷ ᠪᠦᠯᠦᠭ ᠪᠠᠲᠤᠯᠠᠭ᠎ᠠ ᠶᠢᠨ ᠠᠷᠭ᠎ᠠ ᠬᠡᠮᠵᠢᠶ᠎ᠡ | ᠨᠢᠭᠡᠳᠦᠭᠡᠷ ᠬᠡᠰᠡᠭ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠴᠢᠩᠭᠠᠳᠬᠠᠬᠤ ᠶᠢᠨ ᠴᠢᠬᠤᠯᠠ ᠴᠢᠨᠠᠷ᠂ ᠲᠤᠯᠭᠠᠮ᠎ᠠ | ᠴᠢᠨᠠᠷ ᠪᠣᠯᠤᠨ ᠬᠠᠲᠠᠭᠤ ᠪᠡᠷᠬᠡ ᠴᠢᠨᠠᠷ ᠢ ᠭᠦᠢᠴᠡᠳ ᠲᠠᠨᠢᠵᠤ᠂ ︽ᠲᠥᠯᠥᠪᠵᠢᠭᠦᠯᠭᠡ︾ ᠶᠢ ᠬᠡᠷᠡᠭᠵᠢᠭᠦᠯᠬᠦ | ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠨ᠂ ᠬᠦᠴᠦᠲᠡᠶ ᠠᠷᠭ᠎ᠠ | ᠬᠡᠮᠵᠢᠶ᠎ᠡ ᠠᠪᠴᠤ᠂ ᠣᠳᠣᠬᠠᠨ ᠤ ᠣᠷᠴᠢᠨ ᠲᠣᠭᠤᠷᠢᠨ ᠤ ᠳᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠠᠴᠠ ᠭᠠᠷᠳᠠᠨ | ᠂ ᠲᠤᠰ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢ ᠶᠡᠬᠡᠪᠡᠷ ᠲᠦᠯᠬᠢᠨ ᠠᠬᠢᠭᠤᠯᠬᠤ ᠬᠡᠷᠡᠭᠲᠡᠶ᠃ ᠡᠯ᠎ᠡ ᠬᠤᠰᠢᠭᠤ | ᠣᠷᠣᠨ᠂ ᠡᠯ᠎ᠡ ᠰᠠᠯᠠᠭ᠎ᠠ ᠮᠥᠴᠢᠷ ᠤᠨ ᠬᠤᠭᠤᠷᠣᠨᠳᠣᠬᠢ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ | ᠲᠣᠭᠲᠠᠮᠠᠯ ᠬᠤᠭᠤᠴᠠᠭ᠎ᠠ ᠲᠠᠢ ᠪᠠᠷ ᠵᠣᠬᠢᠴᠠᠭᠤᠯᠬᠤ ᠬᠤᠷᠠᠯ ᠬᠤᠷᠠᠯᠳᠤᠭᠤᠯᠵᠤ᠂ ︽ᠲᠥᠯᠥᠪᠵᠢᠭᠦᠯᠭᠡ︾ ᠶᠢ | ᠬᠡᠷᠡᠭᠵᠢᠭᠦᠯᠬᠦ ᠶᠠᠪᠤᠴᠠ ᠳᠤ ᠲᠤᠯᠭᠠᠷᠠᠭᠰᠠᠨ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠬᠡᠷᠡᠭᠲᠡᠶ᠃ | ᠬᠤᠶᠠᠳᠤᠭᠠᠷ ᠬᠡᠰᠡᠭ ᠬᠠᠷᠠᠯᠲᠠᠲᠤ ᠬᠢᠨᠠᠨ ᠰᠢᠯᠭᠠᠯᠲᠠ ᠶᠢ ᠭᠦᠨᠵᠡᠭᠡᠶᠢᠷᠡᠭᠦᠯᠦᠨ᠎ᠡ | ︽ᠲᠥᠯᠥᠪᠵᠢᠭᠦᠯᠭᠡ︾ ᠶᠢ ᠬᠡᠷᠡᠭᠵᠢᠭᠦᠯᠦᠭᠰᠡᠨ ᠪᠠᠶᠢᠳᠠᠯ ᠤᠨ ᠣᠨ ᠤ ᠲᠣᠬᠢᠷᠠᠭᠤᠯᠤᠯᠲᠠ ᠶᠢᠨ ᠲᠣᠭᠲᠠᠴᠠ ᠶᠢ | ᠪᠠᠶᠢᠭᠤᠯᠵᠤ᠂ ︽ᠲᠥᠯᠥᠪᠵᠢᠭᠦᠯᠭᠡ︾ ᠶᠢ ᠬᠡᠷᠡᠭᠵᠢᠭᠦᠯᠦᠭᠰᠡᠨ ᠢ ᠬᠢᠨᠠᠨ ᠰᠢᠯᠭᠠᠵᠤ ᠦᠨᠡᠯᠡᠨ ᠵᠢᠱᠢᠬᠦ ᠲᠣᠭᠲᠠᠴᠠ ᠶᠢ | ᠨᠠᠷᠢᠯᠢᠬᠵᠢᠭᠤᠯᠬᠤ ᠬᠡᠷᠡᠭᠲᠡᠶ᠃ ᠲᠥᠯᠥᠪᠵᠢᠭᠦᠯᠭᠡ ᠶᠢᠨ ᠬᠠᠷᠠᠯᠲᠠ ᠪᠠ ᠭᠤᠤᠯ ᠡᠭᠦᠷᠭᠡ ᠶᠢ ᠡᠯ᠎ᠡ ᠬᠤᠰᠢᠭᠤ ᠣᠷᠣᠨ᠂ | ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠠᠵᠢᠯ ᠤᠨ ᠪᠦᠲᠦᠮᠵᠢ ᠶᠢ ᠬᠢᠨᠠᠨ ᠰᠢᠯᠭᠠᠬᠤ ᠪᠠ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠬᠢᠨᠠᠨ ᠰᠢᠯᠭᠠᠬᠤ ᠠᠭᠤᠯᠭ᠎ᠠ ᠳᠤ ᠣᠷᠣᠭᠤᠯᠤᠨ᠎ᠠ᠃ 2023 | ᠣᠨ ᠪᠠ 2025 ᠣᠨ ᠤ ᠡᠴᠦᠰ ᠲᠤ ᠭᠤᠷᠪᠠᠳᠠᠬᠢ ᠡᠲᠡᠭᠡᠳ ᠤᠨ ᠦᠨᠡᠯᠡᠨ ᠵᠢᠱᠢᠬᠦ ᠪᠠᠶᠢᠭᠤᠯᠤᠮᠵᠢ ᠶᠢ ᠵᠣᠬᠢᠶᠠᠨ | ᠪᠠᠶᠢᠭᠤᠯᠵᠤ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢᠨ ᠣᠨ ᠤ ᠬᠢᠨᠠᠨ ᠬᠡᠮᠵᠢᠯᠲᠡ᠂ ᠳᠤᠮᠳᠠ ᠬᠤᠭᠤᠴᠠᠭᠠᠨ ᠤ | ᠦᠨᠡᠯᠡᠨ ᠵᠢᠱᠢᠯᠲᠡ ᠪᠠ ᠡᠴᠦᠰ ᠤᠨ ᠬᠤᠭᠤᠴᠠᠭᠠᠨ ᠤ ᠳ᠋ᠦᠩᠨᠡᠯᠲᠡ ᠶᠢ ᠥᠷᠨᠢᠭᠦᠯᠵᠦ᠂ ᠲᠥᠯᠥᠪᠵᠢᠭᠦᠯᠭᠡ ᠶᠢᠨ | ᠬᠡᠷᠡᠭᠵᠢᠭᠦᠯᠦᠯᠲᠡ ᠶᠢᠨ ᠪᠠᠶᠢᠳᠠᠯ ᠢ ᠦᠨᠳᠦᠰᠦᠯᠡᠨ᠂ ᠲᠥᠯᠥᠪᠵᠢᠭᠦᠯᠭᠡ ᠳᠤ ᠲᠣᠬᠢᠷᠠᠭᠤᠯᠤᠯᠲᠠ ᠬᠢᠬᠦ ᠠᠵᠢᠯ ᠢ ᠴᠠᠭ | ᠲᠤᠬᠠᠶ ᠳᠤᠨᠢ ᠰᠠᠶᠢᠲᠤᠷ ᠬᠢᠬᠦ ᠶᠢ ᠰᠠᠨᠠᠭᠤᠯᠵᠤ᠂ ᠡᠭᠦᠨ ᠳᠤ᠂ ᠳᠤᠮᠳᠠ ᠬᠤᠭᠤᠴᠠᠭᠠᠨ ᠤ ᠦᠨᠡᠯᠡᠨ ᠵᠢᠱᠢᠭᠰᠡᠨ ᠦᠷ᠎ᠡ | ᠳ᠋ᠦᠩ ᠢ ᠦᠨᠳᠦᠰᠦᠯᠡᠨ ᠲᠥᠯᠥᠪᠵᠢᠭᠦᠯᠭᠡ ᠶᠢᠨ ᠬᠠᠷᠠᠯᠲᠠᠲᠤ ᠡᠭᠦᠷᠭᠡ ᠳᠤ ᠰᠢᠨᠵᠢᠯᠡᠬᠦ ᠤᠬᠠᠭᠠᠨᠴᠢ ᠲᠣᠬᠢᠷᠠᠭᠤᠯᠤᠯᠲᠠ | ᠬᠢᠵᠦ᠂ ᠦᠨᠡᠯᠡᠨ ᠵᠢᠱᠢᠭᠰᠡᠨ ᠦᠷ᠎ᠡ ᠳ᠋ᠦᠩ ᠢᠶᠠᠷ ᠬᠢᠨᠠᠨ ᠰᠢᠯᠭᠠᠬᠤ ᠦᠨᠳᠦᠰᠦᠯᠡᠯ ᠪᠣᠯᠭᠠᠬᠤ ᠶᠢᠨ ᠬᠠᠮᠲᠤ | ᠨᠡᠶᠢᠭᠡᠮ ᠳᠤ ᠴᠠᠭ ᠲᠤᠬᠠᠶ ᠳᠤᠨᠢ ᠨᠡᠶᠢᠲᠡᠯᠡᠬᠦ ᠬᠡᠷᠡᠭᠲᠡᠶ᠃ ᠦᠨᠡᠯᠡᠨ ᠵᠢᠱᠢᠵᠦ ᠰᠢᠯᠭᠠᠨ ᠬᠢᠨᠠᠭᠰᠠᠨ ᠦᠷ᠎ᠡ ᠳ᠋ᠦᠩ ᠢ | ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠪᠠ ᠠᠯᠠᠱᠠ ᠠᠶᠢᠮᠠᠭ ᠤᠨ | ᠵᠠᠬᠢᠷᠭ᠎ᠠ ᠳᠤ ᠮᠡᠳᠡᠭᠦᠯᠬᠦ ᠶᠢᠨ ᠬᠠᠮᠲᠤ᠂ ᠤᠳᠤᠷᠢᠳᠬᠤ ᠪᠠᠭ ᠪᠠ ᠤᠳᠤᠷᠢᠳᠬᠤ ᠺᠠᠳ᠋ᠷ ᠢ ᠶᠡᠷᠦᠩᠬᠡᠶᠢᠯᠡᠨ ᠰᠢᠯᠭᠠᠨ | ᠬᠢᠨᠠᠵᠤ ᠦᠨᠡᠯᠡᠬᠦ ᠶᠢᠨ ᠴᠢᠬᠤᠯᠠ ᠦᠨᠳᠦᠰᠦᠯᠡᠯ ᠪᠣᠯᠭᠠᠨ᠎ᠠ᠃ ᠤᠳᠤᠷᠢᠳᠬᠤ ᠺᠠᠳ᠋ᠷ ᠤᠨ ᠲᠤᠰᠢᠶᠠᠯ ᠠᠴᠠ ᠪᠠᠨ ᠰᠠᠯᠬᠤ | ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠢᠨᠠᠨ ᠪᠤᠳᠤᠯᠲᠠ ᠶᠢ ᠴᠢᠩᠭᠠᠳᠬᠠᠵᠤ᠂ ᠠᠮᠢ ᠠᠬᠤᠶ | ᠣᠷᠴᠢᠨ ᠲᠣᠭᠤᠷᠢᠨ ᠢ ᠬᠤᠬᠢᠷᠠᠭᠤᠯᠤᠭᠰᠠᠨ ᠬᠠᠷᠢᠭᠤᠴᠠᠯᠭ᠎ᠠ ᠶᠢ ᠨᠠᠰᠤᠨ ᠲᠤᠷᠰᠢᠳᠠ ᠨᠡᠬᠡᠮᠵᠢᠯᠡᠬᠦ ᠲᠦᠷᠢᠮ ᠢ | ᠬᠡᠷᠡᠭᠵᠢᠭᠦᠯᠵᠦ᠂ ᠠᠮᠢ ᠠᠬᠤᠶ ᠶᠢᠨ ᠲᠦᠷᠢᠮ ᠤᠨ ᠵᠢᠷᠤᠮᠵᠢᠯ ᠢ ᠴᠢᠩᠳᠠᠯᠠᠵᠤ᠂ ᠰᠢᠨᠵᠢᠯᠡᠬᠦ ᠤᠬᠠᠭᠠᠨᠴᠢ ᠪᠠᠷ | ᠰᠢᠢᠳᠪᠦᠷᠢᠳᠦ ᠪᠣᠳᠣᠯᠭ᠎ᠠ ᠲᠣᠭᠲᠠᠭᠠᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠬᠢᠨᠠᠨ ᠰᠢᠯᠭᠠᠵᠤ ᠬᠢᠨᠠᠨ | ᠪᠤᠳᠤᠬᠤ᠂ ᠣᠯᠠᠨ ᠨᠡᠶᠢᠲᠡ ᠪᠠᠷ ᠢᠶᠠᠨ ᠣᠷᠣᠯᠴᠠᠬᠤ ᠶᠢ ᠪᠠᠭᠲᠠᠭᠠᠭᠰᠠᠨ ᠠᠮᠢ ᠠᠬᠤᠶ ᠶᠢᠨ ᠪᠣᠯᠪᠠᠰᠤᠨ ᠤ | ᠲᠦᠷᠢᠮ ᠤᠨ ᠰᠢᠰᠲ᠋ᠧᠮᠵᠢ ᠶᠢ ᠤᠯᠠᠮ ᠨᠢᠭᠡ ᠠᠯᠬᠤᠮ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ᠃ | ᠭᠤᠷᠪᠠᠳᠤᠭᠠᠷ ᠬᠡᠰᠡᠭ ᠪᠡᠯᠡ ᠮᠥᠩᠭᠦ ᠶᠢᠨ ᠣᠷᠣᠭᠤᠯᠤᠯᠲᠠ ᠶᠢ ᠨᠡᠮᠡᠭᠳᠡᠭᠦᠯᠦᠨ᠎ᠡ | ᠨᠢᠭᠡ ᠳᠤ᠂ ᠡᠳ᠋ ᠤᠨ ᠵᠠᠰᠠᠭ ᠤᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠶ | ᠣᠷᠴᠢᠨ ᠲᠣᠭᠤᠷᠢᠨ ᠤ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠣᠨ ᠤ ᠡᠳ᠋ ᠤᠨ | ᠵᠠᠰᠠᠭ ᠤᠨ ᠲᠥᠰᠦᠪ ᠲᠤ ᠣᠷᠣᠭᠤᠯᠵᠤ᠂ ᠠᠳᠠᠯᠢ ᠪᠤᠶᠤ ᠵᠢᠯ ᠳᠠᠷᠠᠭᠠᠯᠠᠨ ᠨᠡᠮᠡᠭᠳᠡᠬᠦ ᠶᠢ ᠪᠠᠲᠤᠯᠠᠬᠤ ᠬᠡᠷᠡᠭᠲᠡᠶ︔ | ᠬᠤᠶᠠᠷ ᠲᠤ᠂ ᠤᠯᠠᠨ ᠡᠰᠢᠵᠢᠭᠰᠡᠨ ᠪᠡᠯᠡ ᠬᠤᠷᠠᠮᠳᠤᠭᠤᠯᠬᠤ ᠠᠷᠭ᠎ᠠ ᠵᠠᠮ ᠢ ᠪᠠᠶᠢᠭᠤᠯᠵᠤ᠂ ᠵᠠᠬ᠎ᠠ ᠳᠡᠯᠭᠡᠭᠦᠷ ᠤᠨ | ᠲᠣᠭᠲᠠᠴᠠ ᠶᠢᠨ ᠡᠬᠢ ᠪᠠᠶᠠᠯᠢᠭ ᠢ ᠲᠤᠬᠢᠷᠠᠭᠤᠯᠬᠤ ᠰᠠᠭᠤᠷᠢ ᠴᠢᠨᠠᠷᠲᠠᠢ ᠦᠢᠯᠡᠳᠦᠯ ᠢ ᠪᠠᠳᠠᠷᠠᠭᠤᠯᠵᠤ᠂ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠷᠦᠯ ᠵᠦᠢᠯ ᠤᠨ ᠲᠤᠨᠤᠭ ᠲᠥᠬᠦᠭᠡᠷᠦᠮᠵᠢ ᠶᠢᠨ ᠪᠡᠯᠡ | ᠬᠤᠷᠠᠮᠳᠤᠭᠤᠯᠬᠤ᠂ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠵᠡᠷᠭᠡ ᠶᠢ ᠳᠡᠮᠵᠢᠬᠦ ᠬᠡᠷᠡᠭᠲᠡᠢ︔ | ᠭᠤᠷᠪᠠ ᠳᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠵᠠᠬ᠎ᠠ ᠳᠡᠯᠭᠡᠭᠦᠷᠴᠢᠯᠡᠭᠰᠡᠨ᠂ ᠠᠵᠤ ᠦᠢᠯᠡᠰᠵᠢᠭᠰᠡᠨ ᠠᠬᠢᠴᠠ ᠶᠢ ᠠᠬᠢᠭᠤᠯᠵᠤ᠂ ᠵᠠᠬ᠎ᠠ ᠳᠡᠯᠭᠡᠭᠦᠷ ᠤᠨ | ᠲᠣᠭᠲᠠᠴᠠ ᠶᠢᠨ ᠠᠮᠢ ᠠᠬᠤᠶ ᠶᠢᠨ ᠬᠠᠮᠠᠭᠠᠯᠠᠯᠲᠠ ᠶᠢᠨ ᠲᠣᠬᠢᠷᠠᠭᠤᠯᠤᠯᠲᠠ ᠳᠤᠮᠳᠠᠬᠢ ᠦᠢᠯᠡᠳᠦᠯ ᠢ ᠬᠦᠢᠴᠡᠳ | ᠪᠠᠳᠠᠷᠠᠭᠤᠯᠬᠤ ᠬᠡᠷᠡᠭᠲᠡᠶ᠃ ᠳᠥᠷᠪᠡ ᠳᠤ᠂ ᠪᠣᠬᠢᠷᠲᠤᠯ ᠢ ᠰᠡᠷᠭᠡᠶᠢᠯᠡᠨ ᠵᠠᠰᠠᠬᠤ᠂ ᠠᠮᠢ ᠠᠬᠤᠶ ᠶᠢᠨ ᠨᠥᠬᠦᠪᠥᠷᠢ ᠥᠭᠬᠦ | ᠵᠡᠷᠭᠡ ᠲᠥᠪ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠲᠤᠰᠬᠠᠶ ᠪᠠᠯᠠ ᠮᠥᠩᠭᠦ ᠪᠣᠯᠤᠨ ᠰᠢᠯᠵᠢᠭᠦᠯᠦᠨ ᠥᠭᠬᠦ ᠶᠢ | ᠢᠳᠡᠪᠬᠢᠲᠡᠶ ᠲᠡᠮᠡᠴᠡᠨ ᠣᠯᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠰᠠᠭᠤᠷᠢ | ᠴᠢᠳᠠᠪᠤᠷᠢ ᠶᠢᠨ ᠳᠡᠭᠡᠭᠰᠢᠯᠡᠯᠲᠡ ᠶᠢ ᠬᠦᠴᠦᠲᠡᠶ ᠠᠬᠢᠭᠤᠯᠬᠤ ᠬᠡᠷᠡᠭᠲᠡᠶ᠃ | ᠳᠥᠷᠪᠡᠳᠦᠭᠡᠷ ᠬᠡᠰᠡᠭ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠦᠨ᠎ᠡ | ᠬᠢᠨᠠᠯᠲᠠ ᠲᠠᠯᠪᠢᠬᠤ ᠠᠷᠭ᠎ᠠ ᠵᠠᠮ ᠢ ᠰᠢᠯᠤᠭᠤᠳᠬᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ | ᠵᠣᠬᠢᠶᠠᠨ ᠪᠠᠶᠢᠭᠤᠯᠬᠤ ᠪᠠ ᠠᠵᠢᠯᠲᠠᠨ ᠤ ᠶᠠᠪᠤᠳᠠᠯ᠂ ᠲᠤᠭ᠎ᠠ ᠪᠦᠷᠢᠳᠬᠡᠯ ᠤᠨ ᠬᠢᠨᠠᠨ ᠪᠣᠳᠣᠯᠲᠠ ᠵᠡᠷᠭᠡ ᠰᠠᠯᠠᠭ᠎ᠠ | ᠮᠥᠴᠢᠷ ᠤᠨ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠵᠤ᠂ ᠵᠠᠰᠠᠭ ᠤᠨ ᠣᠷᠳᠣᠨ ᠠᠴᠠ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠳᠤ ᠮᠡᠳᠡᠭᠦᠯᠬᠦ ᠪᠠ ᠨᠡᠪᠲᠡᠷᠡᠯᠴᠡᠬᠦ | ᠲᠣᠭᠲᠠᠴᠠ ᠶᠢ ᠲᠡᠭᠦᠯᠳᠡᠷᠵᠢᠭᠦᠯᠦᠨ᠎ᠡ᠃ ᠨᠡᠶᠢᠭᠡᠮ ᠤᠨ ᠡᠯ᠎ᠡ ᠡᠲᠡᠭᠡᠳ ᠤᠨ ᠬᠢᠨ ᠤ ᠲᠥᠯᠥᠪᠵᠢᠭᠦᠯᠭᠡ ᠶᠢ | ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠵᠤ᠂ ᠤᠯᠠᠨ ᠨᠡᠶᠢᠲᠡ ᠶᠢᠨ | ᠦᠨᠡᠯᠡᠯᠲᠡ ᠶᠢ ᠢᠳᠡᠪᠬᠢᠲᠡᠢ ᠥᠷᠨᠢᠭᠦᠯᠦᠨ᠎ᠡ᠃ ᠣᠷᠴᠢᠨ ᠲᠣᠭᠤᠷᠢᠨ ᠤ ᠪᠠᠶᠢᠳᠠᠯ᠂ ᠴᠢᠬᠤᠯᠠ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ᠂ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠪᠣᠯᠤᠨ ᠠᠵᠤ ᠠᠬᠤᠶᠢᠯᠠᠯ ᠤᠨ | ᠣᠷᠴᠢᠨ ᠲᠣᠭᠤᠷᠢᠨ ᠤ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠮᠡᠳᠡᠭᠳᠡᠵᠦ᠂ ᠨᠡᠶᠢᠲᠡ | ᠣᠯᠠᠨ ᠤ ᠣᠷᠴᠢᠨ ᠲᠣᠭᠤᠷᠢᠨ ᠤ ᠪᠠᠶᠢᠳᠠᠯ ᠢ ᠮᠡᠳᠡᠬᠦ ᠡᠷᠬᠡ ᠶᠢ ᠪᠠᠲᠤᠯᠠᠬᠤ ᠬᠡᠷᠡᠭᠲᠡᠶ︔ ᠤᠯᠠᠨ ᠨᠡᠶᠢᠲᠡ ᠪᠠᠷ ᠢᠶᠠᠨ | ᠣᠷᠣᠯᠴᠠᠬᠤ ᠪᠦᠲᠦᠮᠵᠢᠲᠡᠢ ᠠᠷᠭ᠎ᠠ ᠵᠠᠮ ᠢ ᠪᠠᠶᠢᠭᠤᠯᠵᠤ᠂ ᠣᠷᠴᠢᠨ ᠠᠬᠤᠢ ᠶᠢᠨ ᠬᠠᠮᠠᠭᠠᠯᠠᠯᠲᠠ ᠶᠢᠨ 12369 | ᠤᠲᠠᠰᠤ᠂ ᠰᠣᠨᠢᠨ᠂ ᠷᠠᠳᠢᠣ᠋ ᠨᠡᠪᠲᠡᠷᠡᠭᠦᠯᠭᠡ᠂ ᠲᠧᠯᠸᠢᠰ ᠵᠡᠷᠭᠡ ᠤᠯᠠᠮᠵᠢᠯᠠᠯᠲᠤ ᠵᠠᠭᠤᠴᠢᠯᠠᠭᠤᠷ ᠪᠠ ᠰᠦᠯᠵᠢᠶᠡᠨ ᠤ | ᠮᠡᠳᠡᠭᠡ ᠵᠠᠩᠭᠢᠵᠢᠯᠲᠠ ᠶᠢᠨ ᠲᠠᠪᠴᠠᠩ ᠵᠡᠷᠭᠡ ᠰᠢᠨ᠎ᠡ ᠪᠠᠷ ᠬᠥᠭᠵᠢᠭᠰᠡᠨ ᠵᠠᠭᠤᠴᠢᠯᠠᠭᠤᠷ ᠢ ᠠᠰᠢᠭᠯᠠᠨ᠂ ᠤᠯᠠᠨ | ᠨᠡᠶᠢᠲᠡ ᠶᠢᠨ ᠣᠷᠴᠢᠨ ᠠᠬᠤᠢ ᠶᠢᠨ ᠣᠷᠣᠯᠴᠠᠬᠤ ᠡᠷᠬᠡ ᠶᠢ ᠥᠷᠭᠡᠳᠬᠡᠵᠦ᠂ ᠤᠯᠠᠨ ᠨᠡᠶᠢᠲᠡ ᠶᠢᠨ ᠣᠷᠴᠢᠨ | ᠠᠬᠤᠢ ᠳᠤ ᠬᠢᠨᠠᠯᠲᠠ ᠲᠠᠯᠪᠢᠬᠤ ᠡᠷᠬᠡ ᠶᠢ ᠴᠢᠩᠭᠠᠳᠬᠠᠨ᠎ᠠ᠃ ᠣᠯᠠᠨ ᠨᠡᠶᠢᠲᠡ ᠶᠢᠨ ᠲᠣᠭᠲᠠᠴᠠ ᠶᠢ | ᠲᠡᠭᠦᠯᠳᠡᠷᠵᠢᠭᠦᠯᠵᠦ᠂ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠂ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠ ᠣᠯᠠᠨ ᠲᠦᠮᠡᠨ ᠤ ᠬᠢᠨᠠᠯᠲᠠ ᠲᠠᠯᠪᠢᠬᠤ | ᠨᠡᠶᠢᠭᠡᠮ ᠤᠨ ᠬᠠᠮᠲᠤ ᠪᠠᠷ ᠵᠠᠰᠠᠬᠤ ᠰᠢᠰᠲ᠋ᠧᠮᠵᠢ ᠶᠢ ᠪᠣᠶ ᠪᠣᠯᠭᠠᠬᠤ ᠬᠡᠷᠡᠭᠲᠡᠶ᠃ | ᠲᠠᠪᠤᠳᠤᠭᠠᠷ ᠬᠡᠰᠡᠭ ᠤᠯᠠᠨ ᠨᠡᠶᠢᠲᠡ ᠶᠢᠨ ᠤᠬᠠᠭᠤᠯᠭ᠎ᠠ ᠶᠢ ᠴᠢᠩᠭᠠᠳᠬᠠᠨ᠎ᠠ | ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠤᠬᠠᠭᠤᠯᠵᠤ᠂ ᠠᠮᠢ ᠠᠬᠤᠶ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠤᠬᠠᠭᠤᠯᠭ᠎ᠠ ᠵᠢᠯᠣᠭᠤᠳᠣᠯᠭ᠎ᠠ ᠶᠢ ᠴᠢᠩᠭᠠᠳᠬᠠᠨ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠤᠬᠠᠭᠤᠯᠭ᠎ᠠ ᠬᠥᠮᠦᠵᠢᠯ ᠢ ᠰᠤᠷᠭᠠᠭᠤᠯᠢ ᠳᠤ ᠣᠷᠣᠭᠤᠯᠬᠤ᠂ ᠬᠡᠷ ᠪᠦᠯᠢ ᠳᠤ ᠣᠷᠣᠭᠤᠯᠬᠤ᠂ | ᠨᠡᠶᠢᠭᠡᠮ ᠲᠣᠭᠤᠷᠢᠭ ᠲᠤ ᠣᠷᠣᠭᠤᠯᠬᠤ᠂ ᠦᠢᠯᠡᠳᠪᠦᠷᠢ ᠳᠤ ᠣᠷᠣᠭᠤᠯᠬᠤ᠂ ᠪᠠᠶᠢᠭᠤᠯᠭ᠎ᠠ ᠳᠤ ᠣᠷᠣᠭᠤᠯᠬᠤ ᠶᠢ | ᠠᠬᠢᠭᠤᠯᠤᠨ᠎ᠠ᠃ ᠰᠣᠨᠢᠨ ᠮᠡᠳᠡᠭᠡ ᠨᠡᠶᠢᠲᠡᠯᠡᠬᠦ ᠵᠤᠷᠰᠢᠯ ᠳᠦᠷᠢᠮ ᠢ ᠲᠠᠰᠤᠷᠠᠯᠲᠠ ᠤᠢᠭᠡᠢ ᠪᠦᠷᠢᠨᠰᠢᠭᠦᠯᠬᠦ ᠬᠡᠷᠡᠭᠲᠡᠶ᠃ | ᠵᠢᠷᠭᠤᠳᠤᠭᠠᠷ ᠲᠠᠪᠤᠨ ᠵᠢᠯ ᠤᠨ ᠣᠷᠴᠢᠨ ᠠᠬᠤᠢ ᠶᠢᠨ ᠡᠳᠦᠷ᠂ ᠪᠦᠬᠦ ᠤᠯᠤᠰ ᠤᠨ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠡᠳᠦᠷ᠂ ᠤᠯᠠᠨ ᠤᠯᠤᠰ ᠤᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠡᠳᠦᠷ ᠵᠡᠷᠭᠡ | ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠵᠤ᠂ ︽ᠦᠵᠡᠰᠬᠦᠯᠡᠩᠲᠦ | ᠰᠠᠶᠢᠬᠠᠨ ᠳᠤᠮᠳᠠᠳᠤ ᠤᠯᠤᠰ᠂ ᠪᠢ ᠪᠣᠯ ᠠᠵᠢᠯᠯᠠᠭᠴᠢ ᠮᠥᠨ︾ ᠭᠡᠬᠦ ᠭᠤᠣᠯ ᠰᠡᠳᠦᠪᠲᠦ ᠦᠢᠯᠡᠳᠦᠯᠭᠡ ᠶᠢᠨ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠤᠯᠠᠨ ᠨᠡᠶᠢᠲᠡ ᠶᠢᠨ ᠬᠠᠮᠲᠤ ᠪᠠᠷ ᠣᠷᠣᠯᠴᠠᠬᠤ ᠶᠢ ᠠᠬᠢᠭᠤᠯᠤᠨ᠎ᠠ᠃ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠡᠯᠡᠳᠬᠡᠮᠵᠢ ᠶᠢ ᠣᠯᠠᠨ ᠨᠡᠶᠢᠲᠡ ᠳᠤ ᠴᠢᠯᠥᠭᠡᠲᠡᠶ ᠨᠡᠭᠡᠭᠡᠬᠦ ᠶᠢ | ᠦᠷᠭᠦᠯᠵᠢᠯᠡᠨ ᠠᠬᠢᠭᠤᠯᠤᠨ᠎ᠠ᠃ ᠪᠣᠬᠢᠷᠲᠤᠯ ᠥᠬᠡᠶ ᠬᠡᠷ ᠪᠦᠯᠢ᠂ ᠪᠠᠶᠢᠭᠠᠯᠢ ᠶᠢᠨ ᠰᠤᠷᠭᠠᠭᠤᠯᠢ ᠵᠡᠷᠭᠡ ᠶᠢ ᠡᠭᠦᠳᠦᠨ | ᠪᠠᠶᠢᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠣᠷᠴᠢᠨ ᠲᠣᠭᠤᠷᠢᠨ ᠤ ᠨᠡᠶᠢᠲᠡ ᠶᠢᠨ ᠠᠰᠠᠷᠠᠮᠵᠢ ᠶᠢᠨ ᠵᠠᠷ | ᠮᠡᠳᠡᠭᠡ ᠶᠢᠨ ᠤᠬᠠᠭᠤᠯᠭ᠎ᠠ ᠶᠢᠨ ᠡᠷᠴᠢᠮ ᠢ ᠨᠡᠮᠡᠭᠳᠡᠭᠦᠯᠵᠦ᠂ ᠣᠷᠴᠢᠨ ᠲᠣᠭᠤᠷᠢᠨ ᠤ ᠰᠣᠶᠣᠯ ᠤᠨ ᠪᠦᠲᠦᠭᠡᠭᠳᠡᠬᠦᠨ ᠢ | ᠳᠡᠯᠭᠡᠷᠡᠭᠦᠯᠵᠦ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠨᠡᠶᠢᠭᠡᠮ ᠤᠨ ᠨᠥᠯᠥᠭᠡᠯᠡᠬᠦ ᠬᠦᠴᠦᠨ ᠢ | ᠲᠠᠰᠤᠷᠠᠯᠲᠠ ᠤᠢᠭᠡᠢ ᠥᠷᠭᠡᠳᠬᠡᠬᠦ ᠬᠡᠷᠡᠭᠲᠡᠶ᠃ ᠪᠦᠬᠦ ᠨᠡᠶᠢᠭᠡᠮ ᠢ ᠳᠠᠶᠢᠴᠢᠯᠠᠨ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠳᠤ ᠢᠳᠡᠪᠬᠢᠲᠡᠢ ᠣᠷᠣᠯᠴᠠᠭᠤᠯᠵᠤ᠂ ᠪᠣᠬᠢᠷᠲᠤᠯ ᠦᠭᠡᠢ ᠦᠢᠯᠡᠳᠪᠦᠷᠢᠯᠡᠯ ᠠᠮᠢᠳᠤᠷᠠᠯ ᠢ | ᠤᠬᠠᠮᠰᠠᠷ ᠠᠴᠠ ᠪᠠᠨ ᠦᠢᠯᠡᠳᠦᠯᠭᠡᠵᠢᠭᠦᠯᠦᠨ᠎ᠡ᠃ |