ᠯᠢ ᠵᠦᠩ ᠽᠧᠩ ᠱᠠᠩᠬᠠᠢ ᠬᠤᠳᠠ ᠳᠤ ᠰᠢᠨᠵᠢᠯᠡᠨ ᠪᠠᠶᠢᠴᠠᠭᠠᠵᠤ ᠰᠢᠨ᠎ᠡ ᠬᠡᠯᠪᠡᠷᠢ ᠶᠢᠨ ᠡᠨᠧᠷᠭᠢ ᠨᠥᠭᠡᠴᠡᠯᠡᠬᠦ ᠲᠦᠷᠦᠯ ᠵᠦᠢᠯ ᠢ ᠵᠣᠯᠭᠠᠭᠤᠯᠪᠠ
ᠨᠡᠶᠢᠲᠡᠯᠡᠭᠰᠡᠨ ᠴᠠᠭ᠄
2022/8/3
     7 ᠳ᠋ᠤᠭᠠᠷ ᠰᠠᠷ᠎ᠠ ᠶᠢᠨ 29 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠢ ᠵᠥᠩ ᠽᠧᠩ ᠨᠠᠷ ᠱᠠᠩᠬᠠᠶ ᠶᠢᠨ ᠵᠢᠤᠢ ᠷᠧᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ ᠰᠢᠨ᠎ᠡ ᠬᠡᠯᠪᠡᠷᠢ ᠶᠢᠨ ᠡᠨᠧᠷᠭᠢ ᠨᠥᠭᠡᠴᠡᠯᠡᠬᠦ ᠲᠥᠷᠥᠯ ᠵᠦᠢᠯ ᠢ ᠰᠢᠨᠵᠢᠯᠡᠨ ᠪᠠᠶᠢᠴᠠᠭᠠᠵᠤ ᠵᠣᠯᠭᠠᠭᠤᠯᠤᠭᠰᠠᠨ ᠪᠥᠭᠡᠳ ᠵᠢᠤᠢ ᠷᠧᠨ ᠡᠨᠧᠷᠭᠢ ᠶᠢᠨ ᠬᠡᠷᠡᠭ ᠮᠡᠳᠡᠭᠴᠢᠳ ᠤᠨ ᠳᠠᠷᠤᠭ᠎ᠠ ᠴᠧᠩ ᠴᠧᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃
     ᠯᠢ ᠵᠥᠩ ᠽᠧᠩ ᠠᠵᠤ ᠠᠬᠤᠶᠢᠯᠠᠯ ᠤᠨ ᠠᠯᠠᠱᠠ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠮᠠᠨ ᠤ ᠠᠶᠢᠮᠠᠭ ᠬᠦᠴᠦ ᠪᠠᠨ ᠲᠥᠪᠯᠡᠷᠡᠭᠦᠯᠦᠨ ᠪᠥᠬᠦ ᠤᠯᠤᠰ ᠤᠨ ᠴᠢᠬᠤᠯᠠ ᠪᠣᠯᠬᠤ ᠳ᠋ᠦᠩᠰᠢᠭᠤᠷ ᠺᠢᠯᠣᠸᠠᠲ ᠤᠨ ᠲᠠᠰ ᠤᠨ ᠴᠡᠪᠡᠷ ᠡᠨᠧᠷᠭᠢ ᠶᠢᠨ ᠲᠣᠮᠣ ᠰᠠᠭᠤᠷᠢᠨ ᠢ ᠪᠥᠲᠥᠭᠡᠨ ᠪᠠᠶᠢᠭᠤᠯᠬᠤ ᠳᠤ ᠳᠠᠪᠠᠭᠤᠯᠢᠭ ᠲᠠᠢ ᠪᠥᠭᠡᠳ ᠪᠠᠰᠠ ᠳᠤᠲᠠᠭᠤᠳᠠᠯ ᠲᠠᠢ ᠶᠤᠮ᠂ ᠠᠵᠤ ᠠᠬᠤᠶᠢᠯᠠᠯ ᠨᠢ ᠣᠯᠠᠨ ᠡᠨᠧᠷᠭᠢ ᠪᠠᠷ ᠬᠠᠷᠢᠯᠴᠠᠨ ᠨᠥᠬᠦᠪᠥᠷᠢᠯᠡᠬᠦ᠂ ᠰᠢᠨ᠎ᠡ ᠡᠨᠧᠷᠭᠢ ᠶᠢᠨ ᠪᠢᠴᠢᠯ ᠴᠠᠬᠢᠯᠭᠠᠨ ᠲᠤᠤᠷ᠂ ᠨᠡᠮᠡᠭᠳᠡᠯ ᠴᠠᠬᠢᠯᠭᠠᠨ ᠲᠦᠭᠡᠭᠡᠬᠦ ᠲᠤᠤᠷ ᠵᠡᠷᠭᠡ ᠶᠡᠷᠦᠩᠬᠡᠶᠢᠯᠡᠨ ᠨᠡᠭᠡᠭᠡᠨ ᠠᠰᠢᠭᠯᠠᠬᠤ ᠲᠠᠯ᠎ᠠ ᠪᠠᠷ ᠪᠠᠶᠠᠯᠢᠭ ᠲᠤᠷᠰᠢᠯᠭ᠎ᠠ ᠲᠠᠢ ᠶᠤᠮ᠃ ᠣᠷᠣᠨ ᠨᠤᠲᠤᠭ ᠪᠠ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠬᠦᠴᠦᠷᠬᠡᠭ ᠨᠢ ᠬᠦᠴᠦᠷᠬᠡᠭ ᠲᠠᠢ ᠪᠠᠨ ᠬᠤᠯᠪᠣᠭᠠᠯᠠᠵᠤ᠂ ᠰᠠᠶᠢᠨ ᠲᠠᠢ ᠲᠠᠯ᠎ᠠ ᠶᠢ ᠨᠢ ᠠᠪᠴᠤ ᠳᠤᠲᠠᠭᠳᠠᠯ ᠲᠠᠢ ᠲᠠᠯ᠎ᠠ ᠪᠠᠨ ᠨᠥᠬᠦᠪᠥᠷᠢᠯᠡᠵᠦ᠂ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠭᠤᠤᠯ ᠰᠢᠪᠲᠤᠯᠤᠯᠲᠠ ᠶᠢᠨ ᠴᠢᠭᠯᠡᠯ ᠢ ᠲᠣᠭᠲᠠᠭᠠᠵᠤ᠂ ᠡᠯ᠎ᠡ ᠲᠥᠷᠥᠯ ᠤᠨ ᠡᠨᠧᠷᠭᠢ ᠬᠠᠳᠠᠭᠠᠯᠠᠬᠤ ᠮᠡᠷᠭᠡᠵᠢᠯ ᠢ ᠠᠪᠴᠠᠯᠳᠤᠭᠤᠯᠵᠤ᠂ ᠶᠡᠷᠦᠩᠬᠡᠶᠢᠯᠡᠭᠰᠡᠨ ᠡᠨᠧᠷᠭᠢ ᠬᠠᠳᠠᠭᠠᠯᠠᠬᠤ ᠰᠠᠭᠤᠷᠢᠨ ᠢ ᠪᠠᠶᠢᠭᠤᠯᠵᠤ᠂ ᠴᠡᠪᠡᠷ ᠡᠨᠧᠷᠭᠢ ᠶᠢᠨ ᠡᠨᠧᠷᠭᠢ ᠬᠠᠳᠠᠭᠠᠯᠠᠬᠤ ᠣᠷᠭᠢᠯ ᠤᠨ ᠬᠤᠭᠤᠴᠠᠭ᠎ᠠ ᠶᠢ ᠲᠣᠬᠢᠷᠠᠭᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠮᠠᠨ ᠤ ᠠᠶᠢᠮᠠᠭ ᠢᠶᠠᠨ ᠴᠡᠪᠡᠷ ᠡᠨᠧᠷᠭᠢ ᠶᠢᠨ ᠮᠡᠷᠭᠡᠵᠢᠯ ᠤᠨ ᠲᠣᠮᠣ ᠤᠷᠤᠯᠳᠤᠭᠠᠨ ᠤ ᠲᠠᠪᠴᠠᠩ᠂ ᠲᠥᠷᠥᠯ ᠵᠦᠢᠯ ᠢ  ᠪᠣᠶᠢᠵᠢᠭᠤᠯᠬᠤ ᠪᠠ ᠠᠵᠤ ᠦᠢᠯᠡᠰ ᠤᠨ ᠭᠠᠳᠠᠭᠰᠢ ᠭᠠᠷᠭᠠᠬᠤ ᠪᠦᠰᠡ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ ᠭᠡᠪᠡ᠃
     ᠴᠧᠩ ᠴᠧᠨ᠂ ᠵᠢᠤᠢ ᠷᠧᠨ ᠪᠦᠯᠦᠭᠯᠡᠯ ᠪᠣᠯᠤᠨ ᠠᠯᠠᠱᠠ ᠶᠢᠨ ᠡᠬᠢ ᠰᠤᠷᠪᠤᠯᠵᠢ ᠭᠦᠨ᠂ ᠬᠠᠷᠠᠯᠲᠠ ᠨᠢᠭᠡᠳᠦᠯᠲᠡᠶ᠂ ᠳᠤᠷᠠᠲᠠᠶ᠎ᠠ ᠠᠯᠠᠱᠠ ᠲᠠᠢ ᠭᠠᠷ ᠬᠤᠯᠪᠣᠨ ᠬᠠᠮᠲᠤᠷᠠᠯᠴᠠᠵᠤ᠂ ᠰᠢᠨ᠎ᠡ ᠬᠡᠯᠪᠡᠷᠢ ᠶᠢᠨ ᠡᠨᠧᠷᠭᠢ ᠨᠥᠭᠡᠴᠡᠯᠡᠬᠦ ᠵᠢᠱᠢᠶ᠎ᠡ ᠦᠵᠡᠭᠦᠯᠬᠦ ᠲᠥᠷᠥᠯ ᠵᠦᠢᠯ ᠢ ᠨᠠᠶᠢᠳᠠᠪᠤᠷᠢᠵᠢᠭᠤᠯᠬᠤ ᠪᠠᠷ ᠠᠵᠠ ᠲᠣᠬᠢᠶᠠᠯ ᠪᠣᠯᠭᠠᠵᠤ᠂ ᠡᠨᠧᠷᠭᠢ ᠨᠥᠭᠡᠴᠡᠯᠡᠬᠦ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ ᠣᠯᠠᠷᠢᠭᠤᠯᠣᠨ ᠬᠡᠷᠡᠭᠯᠡᠬᠦ ᠶᠢ ᠤᠯᠠᠮ ᠴᠢᠨᠠᠭᠰᠢᠳᠠ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠴᠡᠪᠡᠷ ᠡᠨᠧᠷᠭᠢ ᠶᠢᠨ ᠠᠵᠤ ᠦᠶ᠋ᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ ᠭᠡᠪᠡ᠃
     ᠶᠠᠷᠢᠯᠴᠠᠬᠤ ᠬᠤᠷᠠᠯ ᠤᠨ ᠳᠠᠷᠠᠭ᠎ᠠ᠂ ᠠᠶᠢᠮᠠᠭ ᠤᠨ ᠵᠠᠬᠢᠷᠭ᠎ᠠ ᠪᠣᠯᠤᠨ ᠵᠢᠤᠢ ᠷᠧᠨ ᠡᠨᠧᠷᠭᠢ ᠬᠠᠮᠢᠶ᠎ᠠ ᠪᠦᠬᠦᠢ ᠲᠥᠷᠥᠯ ᠵᠦᠢᠯ ᠤᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠪᠠ᠃
      ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠯᠢ ᠵᠥᠩ ᠽᠧᠩ ᠨᠠᠷ ᠪᠠᠰᠠ ᠬᠤᠸᠠ ᠸᠧᠶ ᠱᠠᠩᠬᠠᠶ ᠶᠢᠨ ᠰᠤᠳᠤᠯᠭᠠᠨ ᠤ ᠭᠠᠵᠠᠷ ᠲᠤ ᠬᠦᠷᠴᠦ 5 G ᠮᠡᠷᠭᠡᠵᠢᠯ᠂ ᠮᠡᠳᠡᠭᠡ ᠵᠠᠩᠭᠢᠵᠢᠯᠲᠠ ᠶᠢᠨ ᠬᠡᠷᠡᠭᠯᠡᠭᠡ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃ ᠠᠶᠢᠮᠠᠭ ᠤᠨ ᠳᠡᠳ᠋ ᠳᠠᠷᠤᠭ᠎ᠠ ᠯᠸᠢ ᠬᠠᠶ᠂ ᠺᠦᠩ ᠳ᠋ᠧ ᠬᠦᠶ ᠬᠠᠮᠢᠶ᠎ᠠ ᠪᠥᠬᠦᠶ ᠠᠵᠢᠯᠯᠠᠭ᠎ᠠ ᠳᠤ ᠣᠷᠣᠯᠴᠠᠵᠠᠶ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号