ᠯᠢ ᠵᠥᠩ ᠽᠧᠩ ᠪᠦᠯᠬᠦᠮ ᠳᠠᠭᠠᠭᠤᠯᠤᠨ ᠳᠤᠮᠳᠠᠳᠤ ᠤᠯᠤᠰ ᠤᠨ ᠬᠤᠳᠠᠯᠳᠤᠭᠠᠨ ᠤ ᠬᠡᠷᠡᠭᠯᠡᠭᠡᠨ ᠤ ᠨᠢᠰᠬᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2022/8/3
     8 ᠰᠠᠷ᠎ᠠ ᠶᠢᠨ 1 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠢ ᠵᠥᠩ ᠽᠧᠩ ᠳᠤᠮᠳᠠᠳᠤ ᠤᠯᠤᠰ ᠤᠨ ᠬᠤᠳᠠᠯᠳᠤᠭᠠᠨ ᠤ ᠬᠡᠷᠡᠭᠯᠡᠭᠡᠨ ᠤ ᠨᠢᠰᠬᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ ᠲᠣᠭᠤᠷᠢᠨ ᠪᠠᠶᠢᠴᠠᠭᠠᠵᠤ᠂ ᠳᠤᠮᠳᠠᠳᠤ ᠤᠯᠤᠰ ᠤᠨ ᠬᠤᠳᠠᠯᠳᠤᠭᠠᠨ ᠤ ᠬᠡᠷᠡᠭᠯᠡᠭᠡᠨ ᠤ ᠨᠢᠰᠬᠡᠯ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠶᠡᠷᠦᠩᠬᠡᠶ ᠳᠠᠭᠠᠭᠠᠮᠠᠯ᠂ ᠶᠡᠷᠦᠩᠬᠡᠶ ᠨᠢᠭᠲᠠᠯᠠᠨ ᠪᠤᠳᠤᠭᠴᠢ ᠦ᠋ ᠶᠦᠩ ᠯᠢᠶᠠᠩ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠤᠶᠠᠷ ᠲᠠᠯ᠎ᠠ ᠪᠠᠷ ᠢᠶᠠᠨ ᠬᠠᠮᠲᠤ ᠪᠠᠷ ᠠᠩᠬᠠᠷᠴᠤ ᠪᠠᠶᠢᠭ᠎ᠠ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃
     ᠯᠢ ᠵᠥᠩ ᠽᠧᠩ᠂ ᠮᠠᠨ ᠤ ᠤᠯᠤᠰ ᠤᠨ ᠠᠭᠠᠷ ᠤᠨ ᠠᠶᠠᠯᠠᠯ ᠤᠨ ᠦᠢᠯᠡᠰ ᠲᠦᠷᠭᠡᠨ ᠢᠶᠠᠷ ᠬᠥᠭᠵᠢᠵᠦ᠂ ᠨᠢᠰᠬᠡᠯ ᠢ ᠰᠡᠯᠪᠢᠨ ᠵᠠᠰᠠᠬᠤ ᠪᠠ ᠵᠠᠳᠠᠯᠬᠤ ᠬᠡᠷᠡᠭᠴᠡᠭᠡ ᠨᠡᠮᠡᠭᠳᠡᠵᠦ᠂ ᠢᠷᠡᠭᠡᠳᠦᠶ ᠶᠢᠨ ᠵᠠᠬ᠎ᠠ ᠳᠡᠯᠭᠡᠭᠦᠷ ᠤᠨ ᠨᠡᠮᠡᠭᠳᠡᠯ ᠤᠨ ᠬᠡᠮᠵᠢᠶ᠎ᠡ ᠪᠠ ᠦᠷ᠎ᠡ ᠠᠰᠢᠭ ᠨᠡᠯᠢᠶᠡᠳ ᠰᠠᠶᠢᠨ ᠪᠠᠶᠢᠨ᠎ᠠ᠃ ᠮᠠᠨ ᠤ ᠠᠶᠢᠮᠠᠭ ᠤᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠡᠭᠡ᠂ ᠴᠡᠪᠡᠷ ᠠᠭᠠᠷ ᠤᠨ ᠨᠥᠬᠦᠴᠡᠯ ᠰᠠᠶᠢᠨ᠂ ᠭᠤᠷᠪᠠᠨ ᠬᠤᠰᠢᠭᠤᠨ ᠳᠤ ᠨᠢᠰᠬᠡᠯ ᠨᠡᠪᠲᠡᠷᠡᠵᠦ᠂ ᠬᠤᠶᠠᠷ ᠪᠣᠭᠤᠮᠲᠠ ᠲᠠᠢ᠂ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠰᠦᠯᠵᠢᠶᠡᠨ ᠤ ᠨᠡᠪᠲᠡᠷᠡᠬᠦ ᠴᠢᠳᠠᠪᠤᠷᠢ ᠦᠷᠭᠦᠯᠵᠢᠯᠡᠨ ᠳᠡᠭᠡᠭᠰᠢᠯᠡᠵᠦ᠂ ᠨᠢᠰᠬᠡᠯ ᠢ ᠰᠡᠯᠪᠢᠨ ᠵᠠᠰᠠᠵᠤ ᠵᠠᠳᠠᠯᠬᠤ ᠬᠠᠮᠢᠶ᠎ᠠ ᠪᠥᠬᠦᠶ ᠠᠵᠤ  ᠦᠢᠯᠡᠰ ᠢ ᠬᠥᠭᠵᠢᠭᠦᠯᠬᠦ ᠰᠠᠭᠤᠷᠢ ᠨᠥᠬᠦᠴᠡᠯ ᠲᠠᠢ ᠪᠣᠯᠪᠠ᠃ ᠳᠤᠮᠳᠠᠳᠤ ᠤᠯᠤᠰ ᠤᠨ ᠬᠤᠳᠠᠯᠳᠤᠭᠠᠨ ᠤ ᠨᠢᠰᠬᠡᠯ ᠲᠠᠢ ᠭᠠᠷ ᠬᠤᠯᠪᠣᠨ ᠤᠷᠢᠳᠴᠢᠯᠠᠨ ᠲᠥᠯᠥᠪᠵᠢᠭᠦᠯᠦᠨ ᠪᠠᠶᠢᠷᠢᠰᠢᠭᠤᠯᠵᠤ᠂ ᠳᠡᠭᠡᠳᠦ ᠳᠡᠰ ᠤᠨ ᠲᠥᠯᠥᠪᠯᠡᠭᠡ ᠶᠢ ᠴᠢᠩᠭᠠᠳᠬᠠᠵᠤ᠂ ᠬᠠᠮᠲᠤᠷᠠᠯᠴᠠᠭᠠᠨ ᠤ ᠣᠷᠣᠨ ᠵᠠᠢ ᠶᠢ ᠥᠷᠭᠡᠳᠬᠡᠵᠦ᠂ ᠨᠢᠰᠬᠡᠯ ᠢ ᠰᠡᠯᠪᠢᠨ ᠵᠠᠰᠠᠵᠤ ᠵᠠᠳᠠᠯᠬᠤ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠰᠣᠶᠣᠯ ᠵᠢᠭᠤᠯᠴᠢᠯᠠᠯ ᠵᠡᠷᠭᠡ ᠬᠤᠯᠪᠣᠭᠳᠠᠯ ᠪᠦᠬᠦᠢ ᠠᠵᠤ ᠦᠢᠯᠡᠰ ᠤᠨ ᠠᠭᠤᠰᠤᠯᠴᠠᠨ ᠬᠥᠳᠡᠯᠦᠯᠴᠡᠬᠦ᠂ ᠠᠭᠤᠰᠤᠯᠴᠠᠨ ᠬᠥᠭᠵᠢᠬᠦ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃
     ᠡᠤ ᠶᠦᠩ ᠯᠢᠶᠠᠩ᠂ ᠠᠯᠠᠱᠠ ᠠᠶᠢᠮᠠᠭ ᠠᠷᠠᠳ ᠤᠨ ᠨᠢᠰᠬᠡᠯ ᠤᠨ ᠠᠵᠤ ᠦᠢᠯᠡᠰ ᠤᠨ ᠬᠥᠭᠵᠢᠯᠲᠡ ᠶᠢᠨ ᠡᠯᠪᠡᠭ ᠪᠠᠶᠠᠯᠢᠭ ᠡᠬᠢ ᠪᠠᠶᠠᠯᠢᠭ ᠲᠠᠢ᠂ ᠬᠠᠮᠢᠶ᠎ᠠ ᠪᠥᠬᠦᠶ ᠲᠥᠷᠥᠯ ᠵᠦᠢᠯ ᠢ ᠤᠬᠠᠭᠠᠯᠠᠨ ᠲᠥᠰᠦᠪᠯᠡᠬᠦ ᠨᠢ ᠤᠷᠢᠳᠠᠴᠢ ᠴᠢᠨᠠᠷᠲᠠᠶ ᠶᠤᠮ᠂ ᠳᠤᠷᠠᠲᠠᠶ᠎ᠠ ᠳᠤᠮᠳᠠᠳᠤ ᠤᠯᠤᠰ ᠤᠨ ᠬᠤᠳᠠᠯᠳᠤᠭᠠᠨ ᠤ ᠨᠢᠰᠬᠡᠯ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠤᠨ ᠪᠣᠷᠣ ᠲᠥᠯᠥᠪ ᠤᠨ ᠳᠤᠤᠷ᠎ᠠ᠂ ᠳᠤᠮᠳᠠᠳᠤ ᠤᠯᠤᠰ ᠤᠨ ᠬᠤᠳᠠᠯᠳᠤᠭᠠᠨ ᠤ ᠨᠢᠰᠬᠡᠯ ᠤᠨ ᠬᠥᠭᠵᠢᠯᠲᠡ ᠶᠢᠨ ᠲᠥᠯᠥᠪᠵᠢᠭᠦᠯᠭᠡ ᠲᠠᠢ ᠤᠶᠠᠯᠳᠤᠭᠤᠯᠤᠨ᠂ ᠴᠢᠳᠠᠯ ᠤᠨ ᠬᠢᠷᠢ ᠪᠠᠷ ᠢᠶᠠᠨ ᠲᠤᠰᠬᠠᠶ ᠮᠡᠷᠭᠡᠵᠢᠯ ᠤᠨ ᠯᠠᠪᠯᠠᠯᠭ᠎ᠠ ᠬᠠᠩᠭᠠᠬᠤ ᠵᠡᠷᠭᠡ ᠳᠡᠮᠵᠢᠯᠭᠡ  ᠦᠵᠡᠬᠦᠯᠵᠦ᠂ ᠬᠤᠶᠠᠷ ᠲᠠᠯ᠎ᠠ ᠶᠢᠨ ᠣᠯᠠᠨ ᠬᠦᠷᠢᠶᠡᠨ ᠤ ᠬᠠᠮᠲᠤᠷᠠᠯᠴᠠᠭ᠎ᠠ ᠶᠢ ᠥᠷᠭᠡᠳᠬᠡᠨ᠂ ᠮᠠᠨ ᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ ᠭᠡᠪᠡ᠃
     ᠠᠶᠢᠮᠠᠭ ᠤᠨ ᠳᠡᠳ᠋ ᠳᠠᠷᠤᠭ᠎ᠠ ᠯᠸᠢ ᠬᠠᠶ᠂ ᠺᠦᠩ ᠳ᠋ᠧ ᠬᠦᠶ ᠠᠵᠢᠯᠯᠠᠭ᠎ᠠ ᠳᠤ ᠣᠷᠣᠯᠴᠠᠵᠠᠶ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号