ᠠᠶᠢᠮᠠᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠣᠭᠤᠶᠢᠯᠠᠩ 2022 ᠣᠨ ᠤ ᠠᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠬᠢᠪᠡ
ᠨᠡᠶᠢᠲᠡᠯᠡᠭᠰᠡᠨ ᠴᠠᠭ᠄
2022/8/4
     8 ᠰᠠᠷ᠎ᠠ ᠶᠢᠨ 2 ᠤᠨ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2022 ᠣᠨ ᠤ ᠠᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠦ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠮᠠᠷᠺᠰ ᠤᠨ ᠦᠵᠡᠯ ᠤᠨ ᠰᠤᠳᠤᠯᠭᠠᠨ ᠤ ᠬᠦᠷᠢᠶᠡᠯᠡᠩ ᠤᠨ ᠨᠠᠮ ᠤᠨ ᠬᠤᠷᠢᠶᠠᠨ ᠤ ᠱᠦᠵᠢ᠂ ᠰᠤᠳᠤᠯᠤᠭᠴᠢ᠂ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ᠂ ᠬᠠᠤᠯᠢ ᠶᠢᠨ ᠤᠬᠠᠭᠠᠨ ᠤ ᠳ᠋ᠣᠺᠲ᠋ᠣᠷ ᠰᠢᠨ ᠰᠢᠶᠠᠩ ᠶᠠᠩ ᠢ ᠤᠷᠢᠵᠤ ︽ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠰᠢᠨ᠎ᠡ ᠦᠰᠦᠷᠦᠯᠲᠡ ᠶᠢᠨ ᠠᠮᠢᠳᠤᠯᠢᠭ ᠵᠢᠭᠠᠬᠤ ᠮᠠᠲ᠋ᠧᠷᠢᠶᠠᠯ ︿ᠰᠢ ᠶᠢᠨ ᠫᠢᠩ ᠲᠥᠷᠥ ᠶᠢ ᠵᠠᠰᠠᠵᠤ ᠵᠠᠰᠠᠭ ᠢ ᠡᠷᠭᠢᠯᠡᠬᠦ ᠲᠤᠬᠠᠶ ᠶᠠᠷᠢᠭᠰᠠᠨ ᠨᠢ﹀ ︵ᠳᠦᠷᠪᠡᠳᠦᠭᠡᠷ ᠪᠣᠳᠢ︶︾ ᠭᠡᠬᠦ ᠲᠤᠰᠬᠠᠶ ᠰᠡᠳᠦᠪᠲᠦ ᠲᠠᠶᠢᠯᠤᠮᠵᠢ ᠬᠢᠯᠭᠡᠪᠡ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠳᠠᠶᠢᠴᠢᠨ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠢ ᠵᠥᠩ ᠽᠧᠩ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠦ ᠯᠢ ᠮᠢᠩ ᠬᠤᠷᠠᠯ ᠳᠤ ᠣᠷᠣᠯᠴᠠᠵᠤ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠠᠩ ᠪᠦᠦ ᠴᠧᠩ ᠬᠤᠷᠠᠯ ᠢ ᠡᠷᠭᠢᠯᠡᠵᠦ᠂ ᠠᠶᠢᠮᠠᠭ ᠤᠨ ᠳᠥᠷᠪᠡᠨ ᠶᠡᠭᠡ ᠤᠳᠤᠷᠢᠳᠬᠤ ᠪᠠᠭ ᠤᠨ ᠪᠤᠰᠤᠳ ᠪᠦᠷᠢᠯᠳᠦᠬᠦᠨ ᠰᠤᠷᠤᠯᠴᠠᠯᠭ᠎ᠠ ᠶᠢᠨ ᠬᠤᠷᠠᠯ ᠳᠤ ᠣᠷᠣᠯᠴᠠᠵᠠᠶ᠃
     ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠰᠢᠨ ᠰᠢᠶᠠᠩ ᠶᠠᠩ ᠮᠠᠷᠺᠰ ᠤᠨ ᠦᠵᠡᠯ ᠶᠠᠭᠠᠬᠢᠭᠠᠳ ᠪᠣᠯᠬᠤ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠰᠢᠨ᠎ᠡ ᠦᠰᠦᠷᠦᠯᠲᠡ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠷᠢᠮᠲᠠᠯᠠᠵᠤ᠂ ᠢᠮᠠᠭᠲᠠ ᠮᠠᠷᠺᠰ ᠤᠨ ᠦᠵᠡᠯ ᠤᠨ ᠦᠨᠳᠦᠰᠦᠨ ᠤᠭ ᠶᠣᠰᠣ ᠶᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠵᠤ᠂ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠠᠪᠤᠨ ᠲᠠᠯ᠎ᠠ ᠪᠠᠷ ᠭᠦᠨᠵᠡᠭᠡᠢ ᠰᠢᠰᠲ᠋ᠧᠮ ᠲᠠᠢ ᠬᠠᠪᠰᠤᠷᠤᠨ ᠵᠢᠯᠣᠭᠤᠳᠪᠠ᠃ ᠬᠤᠷᠠᠯ ᠳᠤ ᠣᠷᠣᠯᠴᠠᠭᠰᠠᠨ ᠺᠠᠳ᠋ᠷᠴᠤᠳ ᠲᠠᠶᠢᠯᠤᠮᠵᠢ ᠪᠠᠷ ᠲᠠᠮᠵᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠲᠡᠦᠬᠡᠨ ᠪᠠᠶᠢᠷᠢ ᠲᠣᠭᠲᠠᠭᠠᠯᠲᠠ᠂ ᠪᠠᠶᠠᠯᠢᠭ ᠠᠭᠤᠯᠤᠭᠳᠠᠬᠤᠨ᠂ ᠵᠣᠷᠢᠭ ᠰᠠᠨᠠᠭᠠᠨ ᠤ ᠮᠥᠨ ᠴᠢᠨᠠᠷ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠨᠡᠩ ᠭᠦᠨᠵᠡᠭᠡᠢ ᠣᠶᠢᠯᠠᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠳᠣᠣᠱᠯᠠᠭᠤᠯᠬᠤ᠂ ᠦᠵᠡᠯ ᠰᠠᠨᠠᠭ᠎ᠠ ᠪᠠᠨ ᠨᠢᠭᠡᠳᠬᠡᠬᠦ᠂ ᠵᠣᠷᠢᠭ ᠰᠠᠨᠠᠭ᠎ᠠ ᠪᠠᠨ ᠨᠢᠭᠡᠳᠬᠡᠬᠦ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠤᠨ ᠦᠷ᠎ᠡ ᠪᠦᠲᠦᠭᠡᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠤᠭᠤᠳᠤᠭᠤᠯᠬᠤ᠂ ᠠᠵᠢᠯ ᠢᠶᠠᠨ ᠠᠬᠢᠭᠤᠯᠬᠤ ᠳᠤ ᠲᠦᠢᠯ ᠤᠨ ᠴᠢᠬᠤᠯᠠ ᠪᠣᠳᠠᠲᠤ ᠵᠢᠯᠣᠭᠤᠳᠬᠤ ᠠᠴᠢ ᠬᠤᠯᠪᠣᠭᠳᠠᠯ ᠲᠠᠢ ᠶᠤᠮ ᠭᠡᠵᠦ ᠢᠯᠡᠳᠬᠡᠵᠡᠭᠡᠪᠡ᠃
      ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ  ᠳᠣᠣᠱᠯᠠᠭᠤᠯᠣᠨ ᠨᠠᠶᠢᠳᠠᠪᠤᠷᠢᠵᠢᠭᠤᠯᠬᠤ ᠪᠣᠯ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠺᠠᠳ᠋ᠷ ᠤᠨ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠪᠠ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠮᠥᠨ᠂ ᠪᠥᠬᠦ ᠠᠶᠢᠮᠠᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠡᠷᠡ ᠬᠡᠪ ᠢᠶᠠᠷ ᠨᠢ ᠰᠤᠷᠤᠯᠴᠠᠬᠤ᠂ ᠠᠭᠤᠰᠤᠯᠴᠠᠭᠤᠯᠤᠨ ᠨᠡᠪᠲᠡᠷᠡᠲᠡᠯ᠎ᠡ ᠰᠤᠷᠤᠯᠴᠠᠬᠤ᠂ ᠴᠠᠭ ᠲᠤᠬᠠᠶ ᠳᠤᠨᠢ ᠲᠠᠭᠠᠨ ᠰᠤᠷᠤᠯᠴᠠᠬᠤ᠂ ᠪᠣᠳᠠᠲᠠᠶ ᠲᠠᠢ ᠤᠶᠠᠯᠳᠤᠭᠤᠯᠤᠨ ᠰᠤᠷᠤᠯᠴᠠᠬᠤ ᠶᠢ ᠪᠠᠷᠢᠮᠲᠠᠯᠠᠵᠤ᠂ ᠪᠠᠶᠢᠩᠭᠤ ᠰᠤᠷᠤᠯᠴᠠᠨ ᠪᠠᠶᠢᠩᠭᠤ ᠰᠢᠨᠡᠳᠬᠡᠬᠦ᠂ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠳᠡᠭᠡᠷ᠎ᠡ ᠬᠦᠴᠦ ᠣᠷᠣᠭᠤᠯᠤᠨ ᠪᠣᠳᠠᠲᠤ ᠦᠷ᠎ᠡ ᠪᠦᠲᠦᠮᠵᠢ ᠣᠯᠵᠤ᠂ ︽ᠤᠯᠤᠰ ᠤᠨ ᠶᠡᠭᠡ ᠲᠠᠯ᠎ᠠ︾ ᠶᠢ ᠪᠠᠲᠤ ᠴᠡᠭᠡᠵᠢᠯᠡᠵᠦ᠂ ︽ᠳᠥᠷᠪᠡᠨ ᠤᠬᠠᠮᠰᠠᠷ︾ ᠢ ᠪᠠᠲᠤ ᠪᠣᠶ ᠪᠣᠯᠭᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠬᠦ ᠬᠡᠷᠡᠭᠳᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠳᠤᠭᠤᠶᠢᠯᠠᠩ︶ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠬᠦᠢᠴᠡᠳ ᠪᠠᠳᠠᠷᠠᠭᠤᠯᠵᠤ᠂ ᠤᠬᠠᠭᠤᠯᠬᠤ ᠶᠢ ᠥᠷᠭᠡᠨ ᠢᠶᠠᠷ ᠥᠷᠨᠢᠭᠦᠯᠦᠨ᠂ ᠬᠠᠮᠲᠤ ᠶᠢᠨ ᠲᠠᠨᠢᠯᠲᠠ ᠪᠠᠨ ᠨᠡᠮᠡᠭᠳᠡᠭᠦᠯᠬᠦ᠂ ᠬᠦᠴᠦᠨ ᠴᠢᠳᠠᠯ ᠢᠶᠠᠨ ᠨᠢᠭᠲᠠᠷᠠᠭᠤᠯᠬᠤ ᠳᠡᠭᠡᠷ᠎ᠡ ᠬᠦᠴᠦ ᠳᠡᠯᠪᠢᠨ ᠪᠣᠳᠠᠲᠤ ᠦᠷ᠎ᠡ ᠪᠦᠲᠦᠮᠵᠢ ᠣᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠤᠬᠠᠭᠤᠯᠵᠤ ᠳᠣᠣᠱᠯᠠᠭᠤᠯᠬᠤ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠬᠦ ᠬᠡᠷᠡᠭᠲᠡᠶ᠃ ᠠᠵᠢᠯᠯᠠᠭᠠᠨ ᠤ ᠤᠬᠠᠮᠰᠠᠷ ᠢᠶᠠᠨ ᠴᠢᠩᠭᠠᠳᠬᠠᠵᠤ᠂ ᠰᠤᠷᠤᠯᠴᠠᠬᠤ ᠪᠠ ᠬᠡᠷᠡᠭᠯᠡᠬᠦ ᠶᠢ ᠤᠶᠠᠯᠳᠤᠭᠤᠯᠬᠤ᠂ ᠦᠷ᠎ᠡ ᠪᠦᠲᠦᠭᠡᠯ ᠢ ᠣᠯᠠᠷᠢᠭᠤᠯᠬᠤ ᠳᠡᠭᠡᠷ᠎ᠡ ᠬᠦᠴᠦ ᠣᠷᠣᠭᠤᠯᠤᠨ ᠪᠣᠳᠠᠲᠤ ᠦᠷ᠎ᠡ ᠪᠦᠲᠦᠮᠵᠢ ᠣᠯᠵᠤ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠤᠨ ᠦᠷ᠎ᠡ ᠪᠦᠲᠦᠭᠡᠯ ᠢ ᠰᠤᠷᠤᠯᠴᠠᠨ ᠤᠬᠠᠭᠤᠯᠵᠤ ᠳᠣᠣᠱᠯᠠᠭᠤᠯᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠬᠤ ᠲᠠᠢ ᠦᠨᠡᠨ ᠬᠦ ᠤᠶᠠᠯᠳᠤᠭᠤᠯᠵᠤ᠂ ᠠᠯᠠᠱᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠬᠡᠵᠦ ᠴᠢᠬᠤᠯᠠᠴᠢᠯᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号