ᠳᠠᠶᠢᠴᠢᠨ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠳ ᠤᠨ ᠬᠤᠷᠠᠯ ᠢ ᠡᠷᠭᠢᠯᠡᠨ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠲᠥᠪ ᠥᠪᠡᠷᠲᠡᠭᠡᠨ ᠵᠠᠰᠠᠬᠤ ᠣᠷᠣᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠮᠠᠨ ᠤ ᠠᠶᠢᠮᠠᠭ ᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/8/4
     8 ᠰᠠᠷ᠎ᠠ ᠶᠢᠨ 3 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠳᠠᠶᠢᠴᠢᠨ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠳ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠲᠥᠪ ᠥᠪᠡᠷᠲᠡᠭᠡᠨ ᠵᠠᠰᠠᠬᠤ ᠣᠷᠣᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠠᠶᠢᠮᠠᠭ ᠤᠨ ᠳᠣᠣᠱᠯᠠᠭᠤᠯᠣᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃      ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠢ ᠵᠥᠩ ᠽᠧᠩ ᠬᠤᠷᠠᠯ ᠳᠤ ᠣᠷᠣᠯᠴᠠᠵᠤ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠦ ᠯᠢ ᠮᠢᠩ ᠬᠤᠷᠠᠯ ᠳᠤ ᠰᠤᠯᠠ ᠣᠷᠣᠯᠴᠠᠵᠠᠶ᠃      ᠬᠤᠷᠠᠯ ᠳᠤ ᠶᠡᠷᠦᠩᠬᠡᠶ ᠱᠦᠵᠢ ᠰᠢ ᠶᠢᠨ ᠫᠢᠩ ᠤᠨ ᠮᠤᠵᠢ ᠶᠠᠮᠤᠨ ᠤ ᠲᠠᠰ ᠤᠨ ᠭᠤᠤᠯ ᠤᠳᠤᠷᠢᠳᠬᠤ ᠺᠠᠳ᠋ᠷ ᠤᠨ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠪᠦᠬᠦ ᠠᠶᠢᠮᠠᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠺᠠᠳ᠋ᠷ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠦ᠂ ᠥᠩᠭᠡᠷᠡᠭᠰᠡᠨ ᠠᠷᠪᠠᠨ ᠵᠢᠯ ᠳᠤ ᠣᠯᠤᠭᠰᠠᠨ ᠠᠭᠤᠤ ᠶᠡᠭᠡ ᠬᠤᠪᠢᠰᠤᠯᠲᠠ ᠪᠠ ᠭᠡᠷᠡᠯ ᠰᠠᠴᠤᠷᠠᠩᠭᠤᠶ ᠠᠮᠵᠢᠯᠲᠠ ᠪᠦᠲᠦᠮᠵᠢ ᠶᠢ ᠭᠦᠨᠵᠡᠭᠡᠶ ᠳᠠᠨᠢᠵᠦ᠂ ᠨᠠᠮ ᠤᠨ ᠲᠥᠪ ᠬᠤᠷᠢᠶᠠᠨ ᠤ ᠢᠷᠡᠭᠡᠳᠦᠶ ᠶᠢᠨ ᠨᠢᠭᠡ ᠬᠤᠭᠤᠴᠠᠭᠠᠨ ᠳᠠᠬᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠣᠶᠢᠯᠠᠭᠠᠵᠦ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ︽ᠳᠥᠷᠪᠡᠨ ᠤᠬᠠᠮᠰᠠᠷ︾ ᠢ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠵᠦ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢ᠊ ᠡᠶ᠎ᠡ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠨᠠᠮ ᠤᠨ ᠲᠥᠪ ᠬᠤᠷᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠤ ᠠᠬᠤᠢ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ ᠶᠡᠷᠦᠩᠬᠡᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠢ ᠪᠠᠷ ᠪᠦᠬᠦ ᠲᠠᠯ᠎ᠠ ᠪᠠᠷ ᠳᠣᠣᠱᠯᠠᠭᠤᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠵᠦ᠂ ᠪᠦᠬᠦ ᠠᠶᠢᠮᠠᠭ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠪᠣᠳᠠᠲᠠᠢ ᠠᠳᠬᠤᠨ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠳᠤ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠨᠠᠷᠢᠨ ᠣᠶᠢᠯᠠᠭᠠᠵᠤ᠂ ᠰᠢᠨ᠎ᠡ ᠴᠠᠭ ᠦᠶ᠎ᠡ ᠶᠢᠨ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠤᠨ ᠲᠡᠦᠬᠡᠨ ᠣᠷᠣᠨ ᠪᠠᠶᠢᠷᠢ ᠪᠣᠯᠤᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠨᠢᠭᠡᠳᠦᠮᠡᠯ ᠹᠷᠣᠨᠲ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠬᠦᠴᠦᠯᠡᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠪᠥᠬᠦ ᠠᠶᠢᠮᠠᠭ ᠤᠨ ᠨᠢᠭᠡᠳᠦᠮᠡᠯ ᠹᠷᠣᠨᠲ ᠤᠨ ᠠᠵᠢᠯ ᠤᠨ ᠶᠠᠰᠤ ᠴᠢᠨᠠᠷ ᠪᠣᠯᠤᠨ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠬᠥᠮᠦᠰ ᠤᠨ ᠰᠡᠳᠬᠢᠯ ᠪᠣᠯᠤᠨ ᠬᠦᠴᠦᠨ ᠴᠢᠳᠠᠯ ᠢ ᠠᠵᠤ ᠠᠬᠤᠶ ᠶᠢᠨ ᠲᠣᠭᠲᠠᠭᠤᠨ ᠡᠷᠭᠢᠯᠲᠡ ᠶᠢ ᠠᠬᠢᠭᠤᠯᠬᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ᠂ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠨᠥᠬᠦᠴᠡᠯ ᠢ ᠪᠣᠶ ᠪᠣᠯᠭᠠᠬᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠡᠭᠡᠷ᠎ᠡ ᠬᠠᠮᠤᠭ ᠤᠨ ᠶᠡᠭᠡ ᠬᠡᠮᠵᠢᠶ᠎ᠡ ᠪᠠᠷ ᠨᠢᠭᠲᠠᠷᠠᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠥᠬᠦ ᠠᠶᠢᠮᠠᠭ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠳᠤ ᠪᠦᠬᠦ ᠣᠷᠣᠨ ᠤ ᠤᠬᠠᠭᠤᠯᠬᠤ ᠬᠡᠯᠲᠡᠰ ᠤᠨ ᠳᠠᠷᠤᠭ᠎ᠠ ᠶᠢᠨ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠬᠤ ᠡᠨᠡ ᠬᠦ ᠭᠤᠣᠯ ᠱᠤᠭᠤᠮ ᠤᠨ ᠲᠣᠭᠤᠷᠢᠨ ᠳᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠠᠵᠢᠯ ᠢ ᠭᠦᠨᠵᠡᠭᠡᠶᠢᠷᠡᠭᠦᠯᠵᠦ᠂ ᠤᠬᠠᠭᠤᠯᠤᠨ ᠮᠡᠳᠡᠭᠡᠯᠡᠬᠦ ᠭᠤᠣᠯᠳᠠᠯᠭ᠎ᠠ ᠶᠢ ᠣᠨᠣᠪᠴᠢᠲᠠᠢ ᠡᠵᠡᠮᠳᠡᠵᠦ᠂ ᠡᠯ᠎ᠡ ᠵᠦᠢᠯ ᠤᠨ ᠤᠬᠠᠭᠤᠯᠬᠤ ᠬᠡᠯᠪᠡᠷᠢ ᠪᠠ ᠠᠷᠭ᠎ᠠ ᠪᠠᠷᠢᠯ ᠢ ᠭᠦᠢᠴᠡᠳ ᠠᠰᠢᠭᠯᠠᠵᠤ᠂ ᠰᠣᠨᠢᠨ ᠮᠡᠳᠡᠭᠡ ᠶᠢᠨ ᠤᠬᠠᠭᠤᠯᠭ᠎ᠠ᠂ ᠨᠡᠶᠢᠭᠡᠮ ᠤᠨ ᠤᠬᠠᠭᠤᠯᠭ᠎ᠠ᠂ ᠤᠳᠬ᠎ᠠ ᠤᠷᠠᠯᠢᠭ ᠤᠨ ᠤᠬᠠᠭᠤᠯᠭ᠎ᠠ ᠵᠡᠷᠭᠡ ᠠᠵᠢᠯ ᠢ ᠰᠡᠳᠬᠢᠯ ᠲᠠᠯᠪᠢᠨ ᠰᠡᠳᠬᠢᠯᠭᠡ ᠲᠠᠢ ᠪᠠᠷ ᠬᠦᠴᠦ ᠣᠷᠣᠭᠤᠯᠤᠨ ᠰᠠᠶᠢᠲᠤᠷ ᠬᠢᠵᠦ᠂ ᠪᠦᠬᠦ ᠠᠶᠢᠮᠠᠭ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠡᠷᠴᠢ ᠵᠣᠷᠢᠭ ᠢᠶᠠᠨ ᠬᠥᠪᠴᠢᠯᠡᠨ᠂ ᠠᠴᠢ ᠬᠠᠷᠢᠭᠤᠯᠵᠤ ᠡᠷᠡᠮᠡᠬᠡᠶᠢᠯᠡᠨ ᠤᠷᠤᠭᠰᠢᠯᠠᠬᠤ ᠵᠣᠷᠢᠭ ᠰᠠᠨᠠᠭ᠎ᠠ ᠶᠢ ᠦᠨᠡᠨ ᠬᠦ ᠨᠢᠭᠲᠠᠷᠠᠭᠤᠯᠵᠤ᠂ ᠡᠷᠴᠢ ᠵᠣᠷᠢᠭ ᠢᠶᠠᠨ ᠬᠥᠪᠴᠢᠯᠡᠵᠦ᠂ ᠪᠦᠬᠦ ᠨᠡᠶᠢᠭᠡᠮ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠪᠠᠶᠠᠷᠯᠠᠨ ᠤᠭᠲᠤᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠳᠤ ᠳᠡᠭᠡᠷ᠎ᠡ ᠬᠠᠭᠠᠰ ᠵᠢᠯ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠣᠣᠷ᠎ᠠ ᠬᠠᠭᠠᠰ ᠵᠢᠯ ᠤᠨ ᠠᠵᠢᠯ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ᠂ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠬᠤ᠂ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠦᠢᠯᠡᠳᠦᠯᠭᠡᠵᠢᠭᠦᠯᠬᠦ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠡᠷᠡᠯ ᠢ ᠡᠰᠡᠷᠭᠦᠴᠡᠬᠦ ᠰᠦᠷ ᠬᠦᠴᠦᠲᠦ ᠪᠠᠶᠢᠳᠠᠯ ᠢ ᠪᠠᠲᠤᠯᠠᠬᠤ ᠪᠠ ᠨᠠᠮ ᠤᠨ ᠡᠯ᠎ᠡ ᠲᠠᠯ᠎ᠠ ᠶᠢᠨ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠨᠠᠮ ᠤᠨ ᠭᠡᠰᠢᠭᠦᠨ ᠺᠠᠳ᠋ᠷ ᠢ ᠬᠦᠳᠦᠯᠥᠨ ᠳᠠᠭᠠᠭᠤᠯᠵᠤ ᠪᠠᠶᠢᠭᠠᠳ ᠭᠤᠣᠯᠳᠠᠯᠭ᠎ᠠ ᠲᠠᠢ ᠬᠦᠷᠢᠶᠡᠨ ᠳᠠᠬᠢ ᠴᠢᠬᠤᠯᠠ ᠶᠡᠭᠡ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠮᠦᠨ᠎ᠡ ᠹᠷᠣᠨᠲ ᠲᠤ ᠭᠠᠪᠰᠢᠭᠠᠶᠢᠯᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠤᠯᠤᠰ ᠲᠦᠷᠦ ᠶᠢᠨ ᠣᠷᠴᠢᠨ ᠢ ᠬᠦᠴᠦᠯᠡᠨ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号