ᠠᠶᠢᠮᠠᠭ ᠤᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ ᠬᠤᠶᠠᠳᠤᠭᠠᠷ ᠤᠳᠠᠭ᠎ᠠ ᠶᠢᠨ ᠪᠦᠬᠦ ᠪᠦᠷᠢᠯᠳᠦᠬᠦᠨ ᠨᠢᠬᠡᠴᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/8/8
     8 ᠰᠠᠷ᠎ᠠ ᠶᠢᠨ 3 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ 2022 ᠣᠨ ᠤ ᠬᠤᠶᠠᠳᠤᠭᠠᠷ ᠤᠳᠠᠭ᠎ᠠ ᠶᠢᠨ ᠪᠦᠬᠦ ᠪᠦᠷᠢᠯᠳᠦᠬᠦᠨ ᠨᠢᠬᠡᠴᠡ ᠶᠢᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠠᠷᠠᠭᠠᠴᠢ ᠶᠢᠨ ᠠᠯᠬᠤᠮ ᠤᠨ ᠮᠠᠨ ᠤ ᠠᠶᠢᠮᠠᠭ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠠᠵᠢᠯ ᠢ ᠰᠤᠳᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠠᠩ ᠪᠦᠦ ᠴᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠠᠶᠢᠮᠠᠭ ᠤᠨ ᠳᠡᠳ᠋ ᠳᠠᠷᠤᠭ᠎ᠠ ᠯᠧᠢ ᠬᠠᠢ ᠬᠤᠷᠠᠯ ᠳᠤ ᠣᠷᠣᠯᠴᠠᠪᠠ᠃
     ᠬᠤᠷᠠᠯ ᠠᠴᠠ᠂ ᠡᠯ᠎ᠡ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠶᠡᠷᠦᠩᠬᠡᠢ ᠱᠦᠵᠢ ᠰᠢ ᠶᠢᠨ ᠫᠢᠩ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠳᠣᠣᠱᠯᠠᠭᠤᠯᠵᠦ᠂ ᠪᠦᠬᠦ ᠤᠯᠤᠰ᠂ ᠪᠦᠬᠦ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ᠂ ᠵᠠᠬ᠎ᠠ ᠳᠡᠯᠭᠡᠭᠦᠷ ᠲᠤ ᠬᠠᠨᠳᠤᠭᠤᠯᠬᠤ ᠂ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠬᠤ᠂ ᠬᠥᠭᠵᠢᠯᠲᠡ ᠳᠤ ᠦᠢᠯᠡᠴᠢᠯᠡᠬᠦ᠂ ᠠᠵᠢᠯ ᠣᠯᠭᠤᠯᠲᠠ ᠶᠢ ᠠᠬᠢᠭᠤᠯᠬᠤ ᠰᠤᠷᠭᠠᠭᠤᠯᠢ ᠡᠷᠬᠢᠯᠡᠬᠦ ᠴᠢᠭᠯᠡᠯ ᠢ ᠪᠠᠷᠢᠮᠲᠠᠯᠠᠵᠤ᠂ ᠶᠡᠭᠡ ᠬᠡᠮᠵᠢᠶᠡᠨ ᠤ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠪᠣᠯᠤᠨ ᠤᠷᠠᠨ ᠳᠠᠷᠬᠠᠨ ᠤ ᠵᠣᠷᠢᠭ ᠰᠠᠨᠠᠭ᠎ᠠ ᠲᠠᠢ ᠥᠨᠳᠥᠷ ᠬᠡᠪ ᠪᠣᠯᠪᠠᠰᠤᠷᠠᠯ ᠲᠠᠢ ᠤᠷ᠎ᠠ ᠴᠢᠳᠠᠪᠤᠷᠢ ᠲᠠᠢ ᠴᠢᠳᠠᠪᠤᠷᠢᠲᠠᠨ ᠪᠣᠯᠤᠨ ᠰᠢᠨ᠎ᠡ ᠶᠢ ᠡᠭᠦᠳᠬᠦ ᠴᠢᠳᠠᠪᠤᠷᠢᠲᠠᠨ ᠢ ᠲᠦᠷᠭᠡᠨ ᠬᠥᠮᠦᠵᠢᠭᠦᠯᠵᠦ᠂ ᠪᠦᠬᠦ ᠠᠶᠢᠮᠠᠭ ᠤᠨ ᠠᠵᠤ ᠠᠬᠤᠢ ᠶᠢᠨ ᠳᠤᠮᠳᠠ ᠳᠡᠭᠡᠳᠦ ᠬᠤᠷᠳᠤᠴᠠ ᠪᠠᠷ ᠨᠡᠮᠡᠭᠳᠡᠬᠦ᠂ ᠠᠵᠤ ᠦᠢᠯᠡᠰ ᠤᠨ ᠳᠤᠮᠳᠠ ᠳᠡᠭᠡᠳᠦ ᠲᠦᠪᠰᠢᠨ ᠲᠡᠰᠢ ᠤᠷᠤᠭᠰᠢᠯᠠᠬᠤ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ᠃ ᠲᠠᠪᠤᠨ ᠬᠥᠮᠦᠵᠢᠯ ᠢ ᠵᠡᠷᠭᠡ ᠪᠠᠷ ᠴᠢᠬᠤᠯᠠᠴᠢᠯᠠᠬᠤ ᠲᠠᠯ᠎ᠠ ᠪᠠᠷ ᠦᠷᠭᠦᠯᠵᠢᠯᠡᠨ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ ᠂ ᠥᠨᠳᠥᠷ ᠲᠦᠪᠰᠢᠨ ᠲᠠᠢ ᠴᠢᠳᠠᠪᠤᠷᠢᠲᠠᠨ ᠢ ᠬᠥᠮᠦᠵᠢᠭᠦᠯᠬᠦ ᠰᠢᠰᠲ᠋ᠧᠮ ᠢ ᠬᠦᠴᠦᠯᠡᠨ ᠪᠠᠶᠢᠭᠤᠯᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠴᠢᠷᠮᠠᠶᠢᠨ ᠬᠥᠮᠦᠵᠢᠭᠦᠯᠬᠦ ᠬᠡᠷᠡᠭᠲᠡᠢ᠃ ᠡᠩᠨᠡᠭᠡᠨ ᠤ ᠪᠠᠶᠢᠭᠤᠯᠤᠯᠲᠠ ᠶᠢᠨ ᠲᠠᠯ᠎ᠠ ᠪᠠᠷ ᠦᠷᠭᠦᠯᠵᠢᠯᠡᠨ ᠰᠢᠨ᠎ᠡ ᠠᠮᠵᠢᠯᠳᠠ ᠶᠢ ᠤᠯᠬᠤ ᠪᠠᠷ ᠴᠢᠷᠮᠠᠶᠢᠵᠤ᠂ ᠪᠠᠭᠰᠢ ᠶᠢᠨ ᠶᠣᠰᠣ ᠰᠤᠷᠲᠠᠬᠤᠨ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠪᠠᠭᠰᠢ ᠶᠢ ᠰᠢᠯᠢᠨ ᠳᠡᠪᠰᠢᠭᠦᠯᠵᠦ ᠤᠷᠢᠵᠤ ᠬᠡᠷᠡᠭᠯᠡᠬᠦ ᠶᠣᠰᠣ ᠰᠤᠷᠲᠠᠬᠤᠨ ᠤ ᠪᠣᠭᠤᠮᠲᠠ ᠶᠢ ᠴᠢᠩᠭ᠎ᠠ ᠰᠠᠬᠢᠵᠤ᠂ ᠪᠠᠭᠰᠢ ᠶᠢᠨ ᠪᠣᠯᠪᠠᠰᠤᠷᠠᠯ ᠬᠠᠮᠢᠶᠠᠷᠤᠯᠲᠠ ᠶᠢ ᠴᠢᠩᠭᠠᠳᠬᠠᠵᠤ᠂ ᠪᠠᠭᠰᠢ ᠶᠢ ᠤᠷᠮᠠᠰᠢᠭᠤᠯᠬᠤ ᠲᠣᠭᠲᠠᠴᠠ ᠶᠢ ᠪᠦᠷᠢᠨᠰᠢᠬᠦᠯᠬᠦ ᠬᠡᠷᠡᠭᠲᠡᠢ᠃ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠯ᠎ᠠ ᠪᠠᠷ ᠦᠷᠭᠦᠯᠵᠢᠯᠡᠨ ᠰᠢᠨ᠎ᠡ ᠠᠬᠢᠴᠠ ᠲᠠᠢ ᠪᠠᠶᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠢᠳᠡᠪᠬᠢᠲᠡᠶ ᠠᠬᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ ᠰᠠᠶᠢᠲᠤᠷ ᠬᠢᠵᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠠ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠶᠢ ᠯᠠᠪᠳᠠᠭᠤᠨ ᠢᠶᠠᠷ ᠠᠬᠢᠭᠤᠯᠵᠤ᠂ ︽ᠬᠤᠶᠠᠷ ᠢ ᠬᠦᠩᠭᠡᠷᠡᠬᠦᠯᠬᠦ︾ ᠠᠵᠢᠯ ᠤᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠬᠦ ᠬᠡᠷᠡᠭᠲᠡᠶ᠃ ᠡᠷᠬᠡ ᠲᠡᠭᠰᠢ ᠪᠠᠶᠢᠬᠤ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠰᠢᠨ᠎ᠡ ᠠᠷᠭ᠎ᠠ ᠬᠡᠮᠵᠢᠶ᠎ᠡ ᠠᠪᠴᠤ᠂ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠵᠦ᠂ ᠬᠦᠴᠢᠷᠳᠡᠯᠲᠡᠶ ᠬᠥᠮᠦᠰ ᠢ ᠣᠨᠣᠪᠴᠢᠳᠠᠢ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠪᠠᠭᠰᠢ᠂ ᠡᠬᠢ ᠪᠠᠶᠠᠯᠢᠭ ᠤᠨ ᠬᠢᠴᠢᠶᠡᠯ ᠤᠨ ᠬᠡᠷ᠂ ᠬᠠᠷᠰᠢ ᠰᠠᠭᠠᠳ ᠥᠬᠡᠶ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠵᠡᠷᠭᠡ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠰᠤᠷᠤᠭᠴᠢᠳ ᠢ ᠲᠤᠰᠠᠯᠠᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠡᠦᠬᠡᠳ ᠤᠳ ᠲᠤ ᠴᠢᠨᠠᠷ ᠰᠠᠶᠢᠲᠠᠶ ᠰᠤᠷᠭᠠᠨ ᠬᠥᠮᠦᠵᠢᠯ ᠢ ᠬᠠᠮᠲᠤ ᠪᠠᠷ ᠡᠳ᠋ᠯᠡᠭᠦᠯᠬᠦ ᠬᠡᠷᠡᠭᠲᠡᠶ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠲᠠᠯ᠎ᠠ ᠪᠠᠷ ᠦᠷᠭᠦᠯᠵᠢᠯᠡᠨ ᠰᠢᠨ᠎ᠡ ᠦᠷ᠎ᠡ ᠪᠦᠲᠦᠮᠵᠢ ᠤᠯᠬᠤ ᠪᠠᠷ ᠴᠢᠷᠮᠠᠶᠢᠵᠤ᠂ ᠰᠤᠷᠤᠭᠴᠢᠳ ᠤᠨ ᠰᠡᠳᠬᠢᠴᠡ ᠶᠢᠨ ᠠᠮᠤᠷ ᠲᠦᠪᠰᠢᠨ ᠤ ᠬᠥᠮᠦᠵᠢᠯ ᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠪᠣᠯᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠵᠦ ᠰᠤᠳᠤᠯᠤᠨ ᠮᠠᠭᠠᠳᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠮᠤᠷ ᠲᠦᠪᠰᠢᠨ ᠤ ᠪᠣᠭᠤᠮᠲᠠ ᠶᠢ ᠦᠨᠡᠨ ᠬᠦ ᠡᠮᠦᠨᠡᠰᠢᠯᠡᠭᠦᠯᠵᠦ᠂ ᠰᠤᠷᠭᠠᠭᠤᠯᠢ ᠶᠢᠨ ᠬᠦᠷᠢᠶᠡᠨ ᠳᠤ ᠠᠳᠡᠯ ᠭᠠᠷᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号