ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠮᠠᠷᠺᠰ ᠤᠨ ᠦᠵᠡᠯ ᠤᠨ ᠰᠤᠳᠤᠯᠭᠠᠨ ᠤ ᠬᠦᠷᠢᠶᠡᠯᠡᠩ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠠᠶᠢᠮᠠᠭ ᠲᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/8/8
     8 ᠰᠠᠷ᠎ᠠ ᠶᠢᠨ 1 ᠤ ᠡᠳᠦᠷ ᠠᠴᠠ 3 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠮᠠᠷᠺᠰ ᠤᠨ ᠦᠵᠡᠯ ᠤᠨ ᠰᠤᠳᠤᠯᠭᠠᠨ ᠤ ᠬᠦᠷᠢᠶᠡᠯᠡᠩ ᠤᠨ ᠨᠠᠮ ᠤᠨ ᠬᠤᠷᠢᠶᠠᠨ ᠤ ᠱᠦᠵᠢ᠂ ᠰᠤᠳᠤᠯᠤᠭᠴᠢ ᠰᠢᠨ ᠰᠢᠶᠠᠩ ᠶᠠᠩ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠮᠠᠨ ᠤ ᠠᠶᠢᠮᠠᠭ ᠲᠤ ᠢᠷᠡᠵᠦ᠂ ᠠᠮᠢ ᠠᠬᠤᠶ ᠶᠢᠨ ᠵᠠᠰᠠᠯᠲᠠ ᠶᠢᠨ ᠠᠵᠢᠯ ᠤᠨ ᠲᠤᠬᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠦᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠡᠳ᠋ ᠳᠠᠷᠤᠭ᠎ᠠ ᠤᠶᠤᠨᠭᠡᠷᠡᠯ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠠᠩ ᠪᠦᠦ ᠴᠧᠩ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠥᠪᠥᠷ ᠮᠣᠩᠭᠤᠯ ᠤᠨ ᠸᠧ ᠱᠢ ᠶᠢᠨ ᠠᠮᠢ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ︽ᠡᠯᠡᠰᠦ ᠶᠢ ᠬᠥᠷᠥᠰᠥᠵᠢᠭᠦᠯᠬᠦ︾ ᠠᠮᠢ ᠠᠬᠤᠶ ᠶᠢ ᠰᠡᠷᠭᠦᠭᠡᠬᠦ ᠲᠥᠪ ᠤᠨ ᠲᠤᠷᠰᠢᠯᠲᠠ ᠶᠢᠨ ᠲᠥᠷᠥᠯ ᠵᠦᠢᠯ ᠤᠨ ᠲᠤᠬᠠᠶ ᠶᠢᠨ ᠲᠠᠯᠠᠪᠠᠶ᠂ ᠬᠠᠲᠤᠨ ᠭᠤᠤᠯ ᠤᠨ ᠳᠡᠭᠡᠳᠦ ᠳᠤᠮᠳᠠᠳᠤ ᠤᠷᠤᠰᠬᠠᠯ ᠤᠨ ᠠᠯᠠᠱᠠ ᠠᠶᠢᠮᠠᠭ ᠤᠨ ᠤᠯᠠᠭᠠᠨᠪᠤᠬ᠎ᠠ ᠬᠡᠰᠡᠭ ᠤᠨ ᠡᠯᠡᠰᠦ ᠶᠢ ᠬᠤᠷᠢᠭᠯᠠᠵᠤ ᠭᠤᠤᠯ ᠳᠤ ᠣᠷᠣᠭᠤᠯᠬᠤ ᠠᠮᠢ ᠠᠬᠤᠶ ᠶᠢ ᠵᠠᠰᠠᠨ ᠰᠡᠷᠭᠦᠭᠡᠬᠦ ᠢᠨᠵᠧᠨᠧᠷᠢᠩ ᠤᠨ ᠲᠥᠷᠥᠯ ᠵᠦᠢᠯ ᠤᠨ ᠠᠬᠤᠶ ᠲᠠᠯᠠᠪᠠᠶ᠂ ᠥᠪᠥᠷ ᠮᠣᠩᠭᠤᠯ ᠤᠨ ᠶᠢᠨ ᠱᠠ ᠶᠤᠸᠠᠨ ᠠᠮᠢ ᠠᠬᠤᠶ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠠᠮᠢ ᠠᠬᠤᠶ ᠶᠢᠨ ᠵᠠᠰᠠᠯᠲᠠ ᠶᠢᠨ ᠲᠥᠷᠥᠯ ᠵᠦᠢᠯ ᠤᠨ ᠲᠤᠬᠠᠶ ᠶᠢᠨ ᠲᠠᠯᠠᠪᠠᠢ᠂ ᠥᠪᠥᠷ ᠮᠣᠩᠭᠤᠯ ᠤᠨ ᠯᠢᠩ ᠱᠧᠩ ᠲᠠᠷᠢᠮᠠᠯ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠰᠢᠨ ᠮᠧᠩ ᠰᠢ ᠣᠷᠴᠢᠨ ᠲᠣᠭᠤᠷᠢᠨ ᠤ ᠡᠬᠢ ᠪᠠᠶᠠᠯᠢᠭ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠠᠯᠠᠱᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠲᠩᠷᠢ ᠡᠯᠡᠰᠦᠨ ᠤ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ ᠵᠡᠷᠭᠡ ᠭᠠᠵᠠᠷ ᠲᠤ ᠬᠦᠷᠴᠦ᠂ ᠮᠠᠨ ᠤ ᠠᠶᠢᠮᠠᠭ ᠤᠨ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭᠠᠨ ᠤ ᠠᠵᠢᠯ ᠤᠨ ᠠᠷᠭ᠎ᠠ ᠬᠡᠮᠵᠢᠶ᠎ᠡ ᠶᠢ ᠲᠤᠤᠱᠯᠠᠭᠤᠯᠤᠨ  ᠨᠠᠶᠢᠳᠠᠪᠣᠷᠢᠵᠢᠭᠤᠯᠣᠭᠰᠠᠨ ᠲᠤᠬᠠᠶ᠂ ᠣᠨᠴᠠᠯᠢᠭ᠂ ᠠᠮᠵᠢᠯᠳᠠ ᠪᠦᠳᠦᠮᠵᠢ ᠵᠡᠷᠭᠡ ᠳᠤ ᠲᠤᠬᠠᠶ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠬᠢᠪᠡ᠃
     8 ᠰᠠᠷ᠎ᠠ ᠶᠢᠨ 3 ᠤ ᠡᠳᠦᠷ᠂ ᠪᠠᠶᠢᠴᠠᠭᠠᠨ ᠰᠤᠳᠤᠯᠬᠤ ᠳᠤᠭᠤᠶᠢᠯᠠᠩ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠤᠢ ᠰᠢᠭᠤᠢ ᠨᠤᠲᠤᠭ ᠪᠡᠯᠴᠢᠭᠡᠷ᠂ ᠠᠮᠢ ᠠᠬᠤᠢ ᠣᠷᠴᠢᠨ ᠲᠣᠭᠤᠷᠢᠨ᠂ ᠤᠰᠤᠨ ᠤ ᠶᠠᠪᠤᠳᠠᠯ᠂ ᠰᠣᠶᠣᠯ ᠵᠢᠭᠤᠯᠴᠢᠯᠠᠯ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠮᠠᠨ ᠤ ᠠᠶᠢᠮᠠᠭ ᠤᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠳᠣᠣᠱᠯᠠᠭᠤᠯᠣᠨ ᠨᠠᠶᠢᠳᠠᠪᠤᠷᠢᠵᠢᠭᠤᠯᠬᠤ᠂ ᠪᠦᠬᠦ ᠠᠶᠢᠮᠠᠭ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠬᠤ ᠲᠤᠬᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠪᠠᠶᠢᠴᠠᠭᠠᠨ ᠰᠤᠳᠤᠯᠬᠤ ᠳᠤᠭᠤᠶᠢᠯᠠᠩ᠂ ᠤᠢᠢᠷ᠎ᠠ ᠶᠢᠨ ᠵᠢᠯ ᠠᠴᠠ ᠠᠯᠠᠱᠠ ᠠᠶᠢᠮᠠᠭ ᠤᠨ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠠᠯᠠᠱᠠ ᠶᠢᠨ ᠡᠬᠡ ᠭᠠᠵᠠᠷ ᠲᠤ ᠬᠥᠮᠦᠰ ᠤᠨ ᠰᠡᠳᠬᠢᠯ ᠳᠤ ᠭᠦᠨ ᠰᠠᠭᠤᠭᠳᠠᠵᠤ᠂ ᠦᠷ᠎ᠡ ᠪᠦᠲᠦᠮᠵᠢ ᠣᠯᠵᠤ ᠂ ᠴᠢᠬᠤᠯᠠ ᠦᠢᠯᠡᠳᠦᠯᠭᠡ ᠶᠢᠨ ᠦᠷ᠎ᠡ ᠪᠦᠲᠦᠮᠵᠢ ᠤᠯᠪᠠ ᠭᠡᠪᠡ᠃ ᠪᠠᠶᠢᠴᠠᠭᠠᠨ ᠰᠤᠳᠤᠯᠬᠤ ᠳᠤᠭᠤᠶᠢᠯᠠᠩ᠂ ᠠᠯᠠᠱᠠ ᠪᠣᠯ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠷᠢᠯᠳᠦᠬᠦᠨ ᠬᠡᠰᠡᠭ ᠮᠥᠨ᠂ ᠠᠮᠢ ᠠᠬᠤᠶ ᠶᠢᠨ ᠵᠠᠰᠠᠯᠲᠠ ᠶᠢᠨ ᠲᠠᠯᠠᠪᠠᠶ ᠶᠡᠭᠡ᠂ ᠬᠦᠴᠢᠷᠳᠡᠯ ᠶᠡᠭᠡ᠂ ᠵᠠᠰᠠᠯᠲᠠ ᠶᠢᠨ ᠠᠵᠢᠯ ᠨᠠᠷᠢᠨ ᠪᠤᠳᠤᠯᠢᠶᠠᠨᠲᠠᠶ ᠶᠤᠮ᠂ ᠠᠯᠠᠱᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠨᠢ ᠠᠮᠢ ᠠᠬᠤᠶ ᠶᠢ ᠳᠡᠷᠢᠬᠦᠨ ᠳᠤ ᠳᠠᠯᠪᠢᠵᠦ᠂ ᠪᠣᠬᠢᠷᠲᠤᠯ ᠥᠬᠡᠶ ᠬᠥᠭᠵᠢᠭᠦᠯᠬᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ ᠶᠢ ᠢᠮᠠᠭᠲᠠ ᠪᠠᠷᠢᠮᠲᠠᠯᠠᠵᠤ᠂ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠶ ᠶᠢᠨ ᠣᠷᠣᠨ ᠵᠠᠶ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠵᠤ᠂ ᠠᠮᠢ ᠠᠬᠤᠶ ᠶᠢᠨ ᠨᠥᠬᠦᠪᠥᠷᠢ ᠶᠢᠨ ᠪᠠᠷᠢᠮᠵᠢᠶ᠎ᠠ ᠶᠢ ᠵᠦᠶ ᠵᠣᠬᠢᠰᠲᠠᠶ ᠲᠣᠭᠲᠠᠭᠠᠵᠤ᠂ ᠪᠠᠶᠢᠭᠠᠯᠢ ᠶᠢᠨ ᠵᠢᠮ᠎ᠡ ᠶᠣᠰᠣᠨ ᠳᠤ ᠨᠡᠶᠢᠴᠡᠭᠰᠡᠨ᠂ ᠠᠶᠢᠮᠠᠭ ᠤᠨ ᠪᠠᠶᠢᠳᠠᠯ ᠭᠠᠵᠠᠷ ᠣᠷᠣᠨ ᠤ ᠪᠠᠶᠢᠳᠠᠯ ᠳᠤ ᠨᠡᠶᠢᠴᠡᠭᠰᠡᠨ ᠠᠮᠢ ᠠᠬᠤᠶ ᠶᠢᠨ ᠪᠠᠶᠢᠭᠤᠯᠤᠯᠲᠠ ᠶᠢᠨ ᠵᠠᠮ ᠢ ᠰᠦᠪᠡᠭᠴᠢᠯᠡᠨ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠪᠡ ᠭᠡᠪᠡ᠃
      ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠰᠢᠨ ᠰᠢᠶᠠᠩ ᠶᠠᠩ ᠪᠠᠰᠠ ᠮᠠᠨ ᠤ ᠠᠶᠢᠮᠠᠭ ᠤᠨ ᠥᠷᠭᠡᠨ ᠤᠯᠠᠨ ᠺᠠᠳ᠋ᠷ ᠲᠤ ︽ᠮᠠᠷᠺᠰ ᠤᠨ ᠦᠵᠡᠯ ᠤᠨ ᠳᠤᠮᠳᠠᠳᠤ ᠤᠯᠤᠰᠴᠢᠯᠠᠬᠤ ᠰᠢᠨ᠎ᠡ ᠦᠰᠦᠷᠦᠯᠲᠡ ᠶᠢ ᠢᠯᠡᠷᠡᠭᠦᠯᠬᠦ ᠠᠮᠢᠳᠤᠯᠢᠭ ᠵᠢᠭᠠᠬᠤ ᠮᠠᠲ᠋ᠧᠷᠢᠶᠠᠯ︾ ᠭᠡᠬᠦ ᠲᠤᠰᠬᠠᠢ ᠰᠡᠳᠦᠪᠲᠦ ᠲᠠᠶᠢᠯᠤᠮᠵᠢ ᠬᠢᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号