ᠳᠠᠶᠢᠴᠢᠨ ᠠᠶᠢᠮᠠᠭ ᠤᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠠᠷᠪᠠᠨ ᠭᠤᠷᠪᠠᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/9
     8 ᠰᠠᠷ᠎ᠠ ᠶᠢᠨ 4 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ᠂ ᠠᠶᠢᠮᠠᠭ ᠤᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠡᠷᠬᠢᠯᠡᠭᠴᠢ ᠳᠠᠶᠢᠴᠢᠨ ᠠᠶᠢᠮᠠᠭ ᠤᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠠᠷᠪᠠᠨ ᠭᠤᠷᠪᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠣᠭᠤᠯᠵᠦ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠢᠨ ᠵᠢᠷᠭᠤᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠵᠦ᠂ ︽ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠤᠨ ᠠᠵᠢᠯ ᠤᠨ ᠬᠤᠷᠢᠶ᠎ᠠ  ᠠᠴᠠ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ︿ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠪᠣᠯᠤᠨ ᠤᠯᠠᠭᠠᠨᠪᠤᠬ᠎ᠠ ᠠᠮᠢ ᠠᠬᠤᠶ ᠡᠯᠡᠰᠦᠨ ᠤ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠤ ᠨᠢᠭᠡ ᠴᠤᠭᠴᠠᠵᠢᠭᠰᠠᠨ ᠬᠥᠭᠵᠢᠯᠲᠡ ᠶᠢ ᠠᠬᠢᠭᠤᠯᠬᠤ ᠲᠤᠬᠠᠶ ᠰᠠᠨᠠᠯ﹀ ᠢ ᠨᠠᠶᠢᠳᠠᠪᠤᠷᠢᠵᠢᠭᠤᠯᠬᠤ ᠲᠤᠬᠠᠶ ᠠᠷᠭ᠎ᠠ ᠬᠡᠮᠵᠢᠶ᠎ᠡ ᠨᠦᠭᠦᠳ︾᠂ ︽ᠠᠶᠢᠮᠠᠭ᠂ ᠠᠯᠠᠱᠠ ᠵᠡᠭᠦᠨ ᠬᠤᠰᠢᠭᠤᠨ ᠤ ᠱᠠᠲᠤ ᠠᠯᠣᠰᠯᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ︿ᠨᠢᠭᠡ ᠴᠣᠩᠬᠤᠪᠴᠢ ᠮᠠᠶ᠋ᠢᠭ﹀ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠤᠨ ᠲᠥᠰᠦᠯ︾ ᠵᠡᠷᠭᠡ ᠥᠭᠡᠷᠡᠴᠢᠯᠡᠯᠲᠡ ᠶᠢᠨ ᠪᠢᠴᠢᠭ ᠮᠠᠲ᠋ᠧᠷᠢᠶᠠᠯ ᠢ ᠰᠣᠳᠣᠯᠣᠨ ᠬᠢᠨᠠᠨ ᠵᠦᠪᠯᠡᠪᠡ᠃      ᠠᠶᠢᠮᠠᠭ ᠤᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠳᠡᠳ᠋ ᠡᠷᠬᠢᠯᠡᠭᠴᠢ ᠯᠢ ᠵᠦᠩ ᠽᠧᠩ᠂ ᠵᠠᠩ ᠶᠢᠨ ᠫᠢᠩ ᠬᠤᠷᠠᠯ ᠳᠤ ᠣᠷᠣᠯᠴᠠᠪᠠ᠃      ᠬᠤᠷᠠᠯ ᠠᠴᠠ᠂ ᠲᠥᠪ ᠪᠠ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠳᠣᠣᠱᠯᠠᠭᠤᠯᠵᠦ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠬᠢᠭᠡᠳ ᠤᠯᠠᠭᠠᠨᠪᠤᠬ᠎ᠠ ᠵᠢᠱᠢᠶ᠎ᠡ ᠦᠵᠡᠭᠦᠯᠬᠦ ᠣᠷᠣᠨ ᠤ ᠨᠢᠭᠡ ᠴᠣᠭᠴᠠᠵᠢᠭᠰᠠᠨ ᠬᠥᠭᠵᠢᠯᠲᠡ ᠶᠢ ᠠᠬᠢᠭᠤᠯᠬᠤ ᠲᠤᠬᠠᠶ ᠰᠠᠨᠠᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠮᠢᠶᠠᠷᠤᠯᠲᠠ ᠶᠢᠨ ᠠᠵᠢᠯᠯᠠᠭᠠᠨ ᠤ ᠪᠠᠶᠢᠭᠤᠯᠤᠮᠵᠢ ᠪᠠ ᠺᠠᠳ᠋ᠷ ᠠᠵᠢᠯᠲᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ ᠢᠳᠡᠪᠬᠢᠲᠡᠶ ᠯᠠᠪᠳᠠᠭᠤᠨ ᠢᠶᠠᠷ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠺᠠᠳ᠋ᠷ ᠠᠵᠢᠯᠲᠠᠨ ᠤ ᠦᠵᠡᠯ ᠰᠠᠨᠠᠭ᠎ᠠ ᠶᠢ ᠬᠥᠲᠥᠯᠥᠨ ᠵᠢᠯᠣᠭᠤᠳᠬᠤ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠥᠨᠳᠥᠷ ᠪᠦᠲᠦᠮᠵᠢᠲᠡᠶ ᠠᠵᠢᠯᠯᠠᠭᠠᠨ ᠪᠠ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠢ ᠠᠯᠢ ᠲᠦᠷᠭᠡᠨ ᠢᠶᠠᠷ ᠪᠥᠲᠥᠭᠡᠨ ᠪᠠᠶᠢᠭᠤᠯᠬᠤ ᠬᠡᠷᠡᠭᠲᠡᠶ ᠭᠡᠪᠠ᠃      ᠬᠤᠷᠠᠯ ᠠᠴᠠ᠂ ︽ᠨᠢᠭᠡ ᠴᠣᠩᠬᠤᠪᠴᠢ ᠮᠠᠶ᠋ᠢᠭ︾ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠪᠠᠷᠢᠮᠵᠢᠶᠠᠵᠢᠯᠲᠠ ᠵᠢᠷᠤᠮᠵᠢᠯᠲᠠ ᠳᠥᠭᠦᠮᠴᠢᠯᠡᠯᠲᠡ ᠶᠢ ᠠᠬᠢᠭᠤᠯᠬᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠴᠢᠬᠤᠯᠠ ᠭᠠᠷᠳᠠᠴᠠ ᠪᠣᠯᠭᠠᠵᠤ᠂ ︽ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ︾ ᠦᠨᠳᠦᠰᠦᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠨᠢᠭᠡ ᠴᠣᠩᠬᠤᠪᠴᠢ ᠮᠠᠶ᠋ᠢᠭ ᠢᠶᠠᠷ ᠭᠥᠯᠢᠶᠡᠨ ᠠᠪᠴᠤ  ᠰᠢᠢᠳᠪᠦᠷᠢᠯᠡᠬᠦ᠂ ᠨᠢᠭᠡ ᠥᠷᠲᠡᠭᠡ ᠮᠠᠶ᠋ᠢᠭ ᠢᠶᠠᠷ ᠦᠢᠯᠡᠴᠢᠯᠡᠬᠦ︾ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠲᠤᠭ᠎ᠠ ᠪᠠᠷᠢᠮᠲᠠ ᠶᠢ ᠬᠠᠮᠲᠤ ᠪᠠᠷ ᠭᠥᠷᠳᠡᠬᠦ᠂ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠪᠠ ᠠᠶᠢᠮᠠᠭ᠂ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠡᠬᠢ ᠪᠠᠶᠠᠯᠢᠭ ᠢ ᠰᠢᠯᠢᠳᠡᠭᠵᠢᠭᠦᠯᠦᠨ ᠡᠮᠬᠢᠯᠡᠨ ᠨᠡᠶᠢᠯᠡᠭᠦᠯᠬᠦ ᠶᠢ ᠬᠦᠴᠦᠯᠡᠨ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ︽ᠡᠴᠦᠰ ᠤᠨ ᠨᠢᠭᠡ ᠺᠢᠯᠣᠮᠧᠲᠷ︾ ᠢ ᠦᠨᠡᠨ ᠬᠦ ᠨᠡᠪᠲᠡᠷᠡᠭᠦᠯᠵᠦ᠂ ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ ᠬᠦᠢᠴᠡᠳᠭᠡᠬᠦ ᠶᠢ ᠵᠥᠪᠬᠡᠨ ᠨᠢᠭᠡ ᠴᠣᠩᠬᠤᠪᠴᠢ ᠪᠠᠷ ᠪᠡᠶᠡᠯᠡᠬᠦᠯᠵᠦ᠂ ᠠᠵᠦ ᠠᠬᠤᠶᠢᠯᠠᠯ ᠣᠯᠠᠨ ᠳᠦᠮᠡᠨ ᠤ ᠬᠦᠷᠳᠡᠮᠵᠢ ᠶᠢᠨ ᠳᠦᠷᠦᠭᠳᠡᠯ᠂ ᠬᠠᠨᠣᠮᠵᠢ ᠶᠢᠨ ᠬᠡᠮᠵᠢᠶ᠎ᠡ ᠶᠢ ᠪᠦᠬᠦ ᠳᠠᠯ᠎ᠠ ᠪᠠᠷ ᠳᠡᠭᠡᠭᠰᠢᠯᠡᠬᠦᠯᠬᠦ ᠬᠡᠷᠡᠭᠳᠡᠢ ᠬᠡᠪᠡ᠃      ᠬᠤᠷᠠᠯ ᠠᠴᠠ᠂ ᠲᠥᠪ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠣᠷᠢᠵᠢᠭᠤᠯᠵᠦ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠭᠤᠣᠯ ᠠᠵᠢᠯ ᠤᠨ ᠲᠣᠭᠤᠷᠢᠨ ᠳᠤ᠂ ᠳᠡᠭᠡᠳᠦ ᠱᠠᠲᠤ ᠲᠠᠢ ᠪᠠᠨ ᠬᠠᠷᠢᠯᠴᠠᠬᠤ᠂ ᠳᠣᠣᠷᠠᠳᠤ ᠱᠠᠲᠤ ᠪᠠᠨ ᠱᠠᠯᠠᠪᠳᠠᠭᠤᠯᠤᠨ ᠵᠢᠯᠣᠭᠤᠳᠬᠤ᠂ ᠬᠥᠨᠳᠡᠯᠡᠨ ᠢᠶᠠᠷ ᠬᠠᠮᠵᠢᠯᠴᠠᠨ ᠵᠣᠯᠭᠠᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠥᠭᠡᠷᠡᠴᠢᠯᠡᠯᠲᠡ ᠶᠢᠨ ᠰᠠᠨᠠᠭᠠᠴᠢᠯᠠᠭᠠᠲᠤ ᠴᠢᠨᠠᠷ᠂ ᠬᠠᠨᠳᠤᠯᠭᠠᠲᠤ ᠴᠢᠨᠠᠷ ᠪᠠ ᠣᠨᠣᠪᠴᠢᠲᠤ ᠴᠢᠨᠠᠷ ᠳᠡᠭᠡᠷ᠎ᠡ ᠬᠦᠴᠦ ᠲᠠᠯᠪᠢᠵᠤ᠂ ᠥᠭᠡᠷᠡᠴᠢᠯᠡᠯᠲᠡ ᠶᠢᠨ ᠶᠠᠰᠤ ᠴᠢᠨᠠᠷ ᠪᠠ ᠦᠷ᠎ᠡ ᠪᠦᠲᠦᠮᠵᠢ ᠶᠢ ᠴᠢᠷᠮᠠᠶᠢᠨ ᠳᠡᠭᠡᠭᠰᠢᠯᠡᠭᠦᠯᠵᠦ᠂ ᠵᠢᠯ ᠤᠨ ᠡᠬᠢᠨ ᠳᠤ ᠲᠣᠭᠲᠠᠭᠠᠭᠰᠠᠨ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠦ ᠦᠷ᠎ᠡ ᠪᠦᠲᠦᠮᠵᠢ ᠣᠯᠬᠤ ᠶᠢ ᠲᠦᠷᠬᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠠᠶᠢᠮᠠᠭ ᠤᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠤ᠂ ᠬᠤᠯᠪᠣᠭᠳᠠᠯ ᠪᠦᠬᠦᠢ ᠬᠤᠰᠢᠭᠤ ᠣᠷᠣᠨ ᠪᠠ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号