8 ᠳ᠋ᠤᠭᠠᠷ ᠰᠠᠷ᠎ᠠ ᠶᠢᠨ 5 ᠤ ᠡᠳᠦᠷ᠂ ᠪᠥᠬᠦ ᠠᠶᠢᠮᠠᠭ ᠤᠨ ︽ᠰᠤᠷᠲᠠᠯ ᠢ ᠴᠢᠩᠭᠠᠳᠬᠠᠵᠤ ᠦᠷ᠎ᠡ | ᠪᠦᠲᠦᠮᠵᠢ ᠶᠢ ᠳᠡᠭᠡᠭᠰᠢᠯᠡᠭᠦᠯᠦᠨ ᠳᠦᠷᠢ ᠲᠥᠷᠬᠦ ᠶᠢ ᠪᠣᠶ ᠪᠣᠯᠭᠠᠬᠤ︾ ᠲᠤᠰᠬᠠᠶ ᠠᠵᠢᠯᠯᠠᠭ᠎ᠠ ᠶᠢ ᠬᠢᠨᠠᠨ | ᠵᠢᠯᠣᠭᠤᠳᠴᠤ ᠦᠨᠡᠯᠡᠬᠦ ᠠᠵᠢᠯ ᠤᠨ ᠬᠤᠷᠠᠯ ᠬᠤᠷᠠᠯᠳᠤᠪᠠ᠃ ᠬᠤᠷᠠᠯ ᠠᠴᠠ ᠲᠤᠰᠬᠠᠢ ᠠᠵᠢᠯᠯᠠᠭ᠎ᠠ ᠶᠢ ᠬᠢᠨᠠᠨ | ᠵᠢᠯᠣᠭᠤᠳᠴᠤ ᠦᠨᠡᠯᠡᠬᠦ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠬᠢᠨᠠᠨ ᠵᠢᠯᠣᠭᠤᠳᠴᠤ ᠦᠨᠡᠯᠡᠬᠦ | ᠭᠤᠣᠯᠳᠠᠯᠭ᠎ᠠ ᠲᠠᠢ ᠡᠭᠦᠷᠭᠡ᠂ ᠠᠵᠢᠯ ᠤᠨ ᠲᠡᠰ ᠳᠠᠷᠠᠭᠠᠯᠠᠯ ᠪᠣᠯᠤᠨ ᠪᠣᠳᠠᠲᠠᠢ ᠱᠠᠭᠠᠷᠳᠠᠯᠭ᠎ᠠ ᠶᠢ ᠲᠣᠳᠣᠷᠬᠠᠶᠢᠯᠠᠵᠤ᠂ | 6 ᠬᠢᠨᠠᠨ ᠵᠢᠯᠣᠭᠤᠳᠬᠤ ᠳᠤᠭᠤᠶᠢᠯᠠᠩ ᠪᠠᠶᠢᠭᠤᠯᠵᠤ ᠡᠯ᠎ᠡ ᠬᠤᠰᠢᠭᠤ ᠣᠷᠣᠨ᠂ ᠠᠶᠢᠮᠠᠭ ᠤᠨ ᠰᠢᠭᠤᠳ ᠬᠠᠷᠢᠶ᠎ᠠ | ᠰᠠᠯᠠᠭ᠎ᠠ ᠮᠥᠴᠢᠷ ᠨᠢᠬᠡᠴᠡ ᠶᠢ ᠬᠢᠨᠠᠨ ᠵᠢᠯᠣᠭᠤᠳᠬᠤ ᠲᠤᠰᠬᠠᠢ ᠠᠵᠢᠯᠯᠠᠭ᠎ᠠ ᠶᠢᠨ ᠡᠭᠦᠷᠭᠡ ᠶᠢ ᠨᠠᠶᠢᠳᠠᠪᠤᠷᠢᠵᠢᠭᠤᠯᠪᠠ᠃ | ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠪᠥᠬᠦ | ᠠᠶᠢᠮᠠᠭ ᠤᠨ ︽ᠰᠤᠷᠲᠠᠯ ᠢ ᠴᠢᠩᠭᠠᠳᠬᠠᠵᠤ ᠦᠷ᠎ᠡ ᠪᠦᠲᠦᠮᠵᠢ ᠶᠢ ᠳᠡᠭᠡᠭᠰᠢᠯᠡᠭᠦᠯᠦᠨ ᠳᠦᠷᠢ ᠲᠥᠷᠬᠦ ᠶᠢ ᠪᠣᠶ | ᠪᠣᠯᠭᠠᠬᠤ︾ ᠲᠤᠰᠬᠠᠶ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠤᠨ ᠪᠠᠶᠢᠩᠭᠤ ᠶᠢᠨ ᠳᠡᠳ᠋ ᠳᠠᠷᠤᠭ᠎ᠠ ᠬᠠᠨ ᠸᠧᠶ | ᠰᠢᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ | | | | | | | | | | ᠬᠤᠷᠠᠯ ᠠᠴᠠ᠂ ︽ᠰᠤᠷᠲᠠᠯ ᠢ ᠴᠢᠩᠭᠠᠳᠬᠠᠵᠤ ᠦᠷ᠎ᠡ ᠪᠦᠲᠦᠮᠵᠢ ᠶᠢ ᠳᠡᠭᠡᠭᠰᠢᠯᠡᠭᠦᠯᠦᠨ ᠳᠦᠷᠢ ᠲᠥᠷᠬᠦ ᠶᠢ | ᠪᠣᠶ ᠪᠣᠯᠭᠠᠬᠤ︾ ᠲᠤᠰᠬᠠᠶ ᠠᠵᠢᠯᠯᠠᠭ᠎ᠠ ᠥᠷᠨᠢᠭᠦᠯᠬᠦ ᠪᠣᠯ ᠪᠥᠬᠦ ᠠᠶᠢᠮᠠᠭ ᠤᠨ ᠨᠠᠮ ᠤᠨ ᠭᠡᠰᠢᠭᠦᠨ ᠺᠠᠳ᠋ᠷᠴᠤᠳ ᠤᠨ | ᠰᠤᠷᠲᠠᠯ ᠤᠨ ᠦᠷ᠎ᠡ ᠪᠦᠲᠦᠮᠵᠢ ᠶᠢ ᠨᠢᠭᠡ ᠤᠳᠠᠭ᠎ᠠ ᠪᠠᠶᠢᠴᠠᠭᠠᠨ ᠦᠵᠡᠵᠦ ᠵᠢᠭᠰᠠᠭᠠᠨ ᠪᠠᠶᠢᠴᠠᠭᠠᠬᠤ ᠶᠠᠪᠤᠳᠠᠯ | ᠪᠣᠯᠤᠨ᠎ᠠ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠨ᠂ | ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠨᠠᠮ ᠤᠨ ᠭᠡᠰᠢᠭᠦᠨ ᠺᠠᠳ᠋ᠷᠴᠤᠳ ᠤᠨ ᠬᠥᠭᠵᠢᠯᠲᠡ ᠶᠢ ᠡᠷᠢᠯᠬᠢᠯᠡᠬᠦ᠂ | ᠬᠥᠭᠵᠢᠯᠲᠡ ᠶᠢ ᠠᠬᠢᠭᠤᠯᠬᠤ ᠪᠠᠷ ᠭᠤᠤᠯ ᠬᠠᠷᠢᠭᠤᠴᠠᠯᠭ᠎ᠠ ᠭᠤᠤᠯ ᠠᠵᠢᠯ ᠢᠶᠠᠨ ᠪᠣᠯᠭᠠᠬᠤ ᠶᠢ ᠠᠬᠢᠭᠤᠯᠵᠤ᠂ | ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠬᠤ᠂ ᠦᠨᠡᠨᠴᠢ ᠢᠲᠡᠭᠡᠮᠵᠢᠲᠡᠶ ᠪᠠᠶᠢᠬᠤ᠂ ᠰᠠᠶᠢᠨ ᠰᠠᠶᠢᠬᠠᠨ ᠢ ᠬᠥᠭᠡᠭᠡᠴᠡᠯᠳᠦᠬᠦ᠂ ᠪᠤᠰᠢᠭᠤ | ᠱᠠᠯᠠᠮᠠᠭᠠᠶ ᠪᠠᠶᠢᠬᠤ᠂ ᠶᠣᠰᠣ ᠲᠦᠷᠢᠮ ᠢᠶᠠᠷ ᠠᠵᠢᠯ ᠶᠠᠪᠤᠳᠠᠯ ᠬᠢᠬᠦ ᠳᠦᠷᠢ ᠲᠥᠷᠬᠦ ᠶᠢ ᠦᠨᠡᠨ ᠬᠦ ᠪᠣᠶ ᠪᠣᠯᠭᠠᠬᠤ | ᠬᠡᠷᠡᠭᠲᠡᠶ ᠭᠡᠪᠡ᠃ | | | | | | | | | | ᠬᠤᠷᠠᠯ ᠠᠴᠠ᠂ ᠲᠤᠰᠬᠠᠢ ᠠᠵᠢᠯᠯᠠᠭ᠎ᠠ ᠶᠢ ᠬᠢᠨᠠᠨ ᠵᠢᠯᠣᠭᠤᠳᠴᠤ ᠦᠨᠡᠯᠡᠬᠦ ᠳᠤᠭᠤᠶᠢᠯᠠᠩ ᠨᠢ ᠡᠯ᠎ᠡ ᠬᠤᠰᠢᠭᠤ | ᠣᠷᠣᠨ᠂ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠨᠢᠬᠡᠴᠡ ᠶᠢᠨ ᠲᠤᠰᠬᠠᠢ ᠠᠵᠢᠯᠯᠠᠭ᠎ᠠ ᠶᠢᠨ ᠡᠯ᠎ᠡ | ᠵᠦᠢᠯ ᠤᠨ ᠡᠭᠦᠷᠭᠡ ᠶᠢ ᠬᠢᠨᠠᠨ ᠵᠢᠯᠣᠭᠤᠳᠬᠤ ᠴᠢᠬᠤᠯᠠ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠨ᠎ᠠ᠂ | ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠰᠠᠭᠤᠳᠠᠯ ᠢ ᠠᠩᠬᠠᠷᠬᠤ ᠶᠢ ᠪᠠᠷᠢᠮᠲᠠᠯᠠᠵᠤ᠂ | ᠠᠰᠠᠭᠤᠳᠠᠯ ᠢ ᠮᠥᠷᠳᠡᠨ ᠪᠠᠶᠢᠴᠠᠭᠠᠵᠤ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ᠠᠵᠢᠯ ᠤᠨ ᠵᠣᠷᠢᠭ | ᠰᠠᠨᠠᠭ᠎ᠠ ᠶᠢ ᠤᠯᠠᠮᠵᠢᠯᠠᠬᠤ᠂ ᠪᠣᠳᠠᠲᠠᠢ ᠪᠠᠶᠢᠳᠠᠯ ᠢ ᠣᠶᠢᠯᠠᠭᠠᠬᠤ ᠬᠥᠭᠦᠷᠭᠡ ᠬᠤᠯᠪᠣᠭᠠᠰᠤ ᠪᠣᠯᠬᠤ ᠪᠠᠷ ᠴᠢᠷᠮᠠᠶᠢᠬᠤ | ᠬᠡᠷᠡᠭᠲᠡᠢ᠃ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ | ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠨᠢᠭᠡᠳᠦᠯᠲᠡᠢ ᠪᠠᠶᠢᠯᠭᠠᠬᠤ ᠶᠢ ᠪᠠᠷᠢᠮᠲᠠᠯᠠᠵᠤ᠂ ᠪᠣᠳᠠᠲᠠᠢ ᠲᠠᠢ | ᠤᠶᠠᠯᠳᠤᠭᠤᠯᠤᠨ ᠲᠦᠷᠦᠯ ᠬᠤᠪᠢᠶᠠᠨ ᠵᠢᠯᠣᠭᠤᠳᠴᠤ᠂ ᠬᠢᠨᠠᠨ ᠵᠢᠯᠣᠭᠤᠳᠬᠤ ᠠᠵᠢᠯ ᠤᠨ ᠴᠢᠭᠯᠡᠯᠳᠦ ᠴᠢᠨᠠᠷ ᠪᠣᠯᠤᠨ | ᠪᠣᠳᠠᠲᠤ ᠦᠷ᠎ᠡ ᠪᠦᠳᠦᠮᠵᠢᠳᠦ ᠴᠢᠨᠠᠷ ᠢ ᠴᠢᠩᠭᠠᠳᠬᠠᠬᠤ ᠬᠡᠷᠡᠭᠲᠡᠢ᠃ ᠶᠡᠷᠦᠩᠬᠡᠶᠢᠯᠡᠨ ᠦᠨᠡᠯᠡᠨ ᠶᠠᠷᠢᠯᠴᠠᠬᠤ | ᠲᠣᠭᠲᠠᠴᠠ ᠶᠢ ᠪᠠᠶᠢᠭᠤᠯᠵᠤ᠂ ᠨᠢᠬᠡᠴᠡ ᠶᠢᠨ ᠥᠪᠡᠷ ᠢ ᠪᠠᠨ ᠦᠨᠡᠯᠡᠬᠦ᠂ ᠤᠯᠠᠨ ᠲᠦᠮᠡᠨ ᠦᠨᠡᠯᠡᠯᠲᠡ ᠳᠤ | ᠣᠷᠣᠯᠴᠠᠬᠤ᠂ ᠤᠳᠤᠷᠢᠳᠤᠯᠭ᠎ᠠ ᠦᠨᠡᠯᠡᠯᠲᠡ ᠬᠢᠬᠦ ᠵᠡᠷᠭᠡ ᠤᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠤᠯᠠᠨ ᠲᠦᠮᠡᠨ ᠪᠠ ᠦᠢᠯᠡᠴᠢᠯᠡᠬᠦ ᠡᠲᠡᠭᠡᠳ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠦᠨᠡᠨ ᠬᠦ | ᠣᠷᠣᠯᠴᠠᠭᠤᠯᠵᠤ᠂ ᠲᠤᠰᠬᠠᠢ ᠠᠵᠢᠯᠯᠠᠭ᠎ᠠ ᠶᠢᠨ ᠪᠣᠳᠠᠲᠠᠢ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ | ᠬᠡᠷᠡᠭᠲᠡᠢ ᠭᠡᠪᠡ᠃ | ᠬᠤᠷᠠᠯ ᠤᠨ ᠳᠠᠷᠠᠭ᠎ᠠ᠂ ᠲᠤᠰᠬᠠᠶ ᠠᠵᠢᠯᠯᠠᠭ᠎ᠠ ᠶᠢ ᠬᠢᠨᠠᠨ ᠵᠢᠯᠣᠭᠤᠳᠴᠤ ᠦᠨᠡᠯᠡᠬᠦ ᠳᠤᠭᠤᠶᠢᠯᠠᠩ ᠤᠨ ᠲᠤᠰᠬᠠᠶ | ᠠᠩᠭᠢ ᠶᠢᠨ ᠪᠦᠷᠢᠯᠳᠦᠬᠦᠨ ᠵᠢᠴᠢ ᠡᠯ᠎ᠡ ᠬᠢᠨᠠᠨ ᠵᠢᠯᠣᠭᠤᠳᠬᠤ ᠳᠤᠭᠤᠶᠢᠯᠠᠩ ᠤᠨ ᠪᠦᠷᠢᠯᠳᠦᠬᠦᠨ ᠲᠤᠰᠬᠠᠶ ᠰᠡᠳᠦᠪᠲᠦ | ᠪᠣᠯᠪᠠᠰᠤᠷᠠᠯ ᠳᠤ ᠣᠷᠣᠯᠴᠠᠪᠠ᠃ | | |