︽ᠠᠯᠠᠱᠠ ᠠᠶᠢᠮᠠᠭ ᠤᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠦᠯ ︵ᠲᠤᠷᠰᠢᠨ ᠬᠡᠷᠡᠭᠵᠢᠭᠦᠯᠬᠦ︶︾ ᠤᠨ ᠲᠠᠶᠢᠯᠤᠮᠵᠢ
ᠨᠡᠶᠢᠲᠡᠯᠡᠭᠰᠡᠨ ᠴᠠᠭ᠄
2022/9/14
    ᠨᠢᠭᠡ᠂ ︽ᠠᠯᠠᠱᠠ ᠠᠶᠢᠮᠠᠭ ᠤᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠦᠯ ︵ᠲᠤᠷᠰᠢᠨ ᠬᠡᠷᠡᠭᠵᠢᠭᠦᠯᠬᠦ︶︾ ᠢ ᠨᠡᠶᠢᠲᠡᠯᠡᠭᠰᠡᠨ ᠠᠬᠤᠶ ᠪᠠᠶᠢᠳᠠᠯ ᠪᠠ ᠠᠴᠢ ᠬᠤᠯᠪᠣᠭᠳᠠᠯ     ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ ᠠᠴᠠ ᠨᠠᠰᠢ᠂ ᠤᠯᠤᠰ᠂ ᠥᠪᠡᠷᠲᠡᠭᠡᠨ ᠵᠠᠰᠠᠬᠤ ᠣᠷᠣᠨ᠂ ᠠᠯᠠᠱᠠ ᠠᠶᠢᠮᠠᠭ ᠶᠠᠳᠠᠭᠤ ᠶᠢ ᠲᠡᠳᠬᠦᠬᠦ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠶᠡᠭᠡ ᠬᠡᠮᠵᠢᠶᠡᠨ ᠤ ᠶᠠᠳᠠᠭᠤ ᠶᠢ ᠲᠡᠳᠬᠦᠬᠦ ᠲᠥᠷᠥᠯ ᠵᠦᠢᠯ ᠢ ᠬᠡᠷᠡᠭᠵᠢᠭᠦᠯᠵᠦ᠂ ᠨᠡᠯᠢᠶᠡᠳ ᠶᠡᠭᠡ ᠬᠡᠪᠴᠢᠶᠡᠨ ᠤ ᠡᠳ᠋ ᠬᠥᠷᠥᠩᠭᠡ ᠶᠢ ᠪᠦᠷᠢᠯᠳᠦᠭᠦᠯᠵᠦ᠂ ᠮᠠᠨ ᠤ ᠠᠶᠢᠮᠠᠭ ᠤᠨ ᠶᠠᠳᠠᠭᠤ ᠬᠦᠴᠢᠷᠳᠡᠯᠲᠡᠶ ᠭᠠᠵᠠᠷ ᠣᠷᠣᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠶᠡᠭᠡ ᠪᠠᠷ ᠰᠠᠶᠢᠵᠢᠷᠠᠭᠤᠯᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠶᠠᠳᠠᠭᠤ ᠠᠴᠠ ᠠᠩᠭᠢᠵᠢᠷᠠᠨ ᠣᠷᠣᠯᠭ᠎ᠠ ᠪᠠᠨ ᠨᠡᠮᠡᠭᠳᠡᠭᠦᠯᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠴᠢᠬᠤᠯᠠ ᠰᠠᠭᠤᠷᠢ ᠶᠢ ᠲᠠᠯᠪᠢᠵᠤ ᠥᠭᠴᠡᠶ᠃2019 ᠣᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠪᠥᠬᠦ ᠤᠯᠤᠰ ᠲᠤ ᠬᠠᠮᠤᠭ ᠤᠨ ᠲᠡᠷᠢᠭᠦᠨ ᠳᠤ ᠶᠠᠳᠠᠭᠤ ᠶᠢ ᠲᠡᠳᠬᠦᠬᠦ ᠪᠠᠯᠠ ᠮᠥᠩᠭᠦ ᠶᠢ ᠡᠳ᠋ ᠬᠥᠷᠥᠩᠭᠡ ᠪᠣᠯᠭᠠᠨ ᠬᠠᠮᠢᠶᠠᠷᠬᠤ ᠠᠵᠢᠯ ᠢ ᠥᠷᠨᠢᠭᠦᠯᠵᠦ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠦᠢᠯᠡᠳᠦᠯ ᠢ ᠦᠷᠭᠦᠯᠵᠢᠯᠡᠨ ᠪᠠᠳᠠᠷᠠᠭᠤᠯᠪᠠ᠃ 2019 ᠣᠨ ᠤ 12 ᠳ᠋ᠤᠭᠠᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠠᠴᠠ ︽ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠢᠯᠣᠭᠤᠳᠬᠤ ᠰᠠᠨᠠᠯ ︵ᠲᠤᠷᠰᠢᠨ ᠬᠡᠷᠡᠭᠵᠢᠭᠦᠯᠬᠦ︶︾ ᠢ ᠨᠡᠶᠢᠲᠡᠯᠡᠵᠦ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢ ︽ᠬᠡᠨ ᠬᠠᠮᠢᠶᠠᠷᠬᠤ᠂ ᠬᠡᠷᠬᠢᠨ ᠬᠠᠮᠢᠶᠠᠷᠬᠤ᠂ ᠬᠡᠷᠬᠢᠨ ᠰᠠᠶᠢᠲᠤᠷ ᠬᠠᠮᠢᠶᠠᠷᠬᠤ︾ ᠶᠢ ᠲᠣᠳᠣᠷᠬᠠᠶᠢᠯᠠᠪᠠ᠃ 2019 ᠣᠨ ᠳᠤ᠂ 2020 ᠣᠨ ᠤ ᠪᠥᠬᠦ ᠤᠯᠤᠰ ᠤᠨ ᠶᠠᠳᠠᠭᠤ ᠶᠢ ᠲᠡᠳᠬᠦᠬᠦ ᠠᠯᠪᠠᠨ ᠬᠡᠷ ᠤᠨ ᠡᠷᠬᠢᠯᠡᠭᠴᠢᠳ ᠤᠨ ᠶᠠᠷᠢᠯᠴᠠᠬᠤ ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠤᠨ ᠲᠤᠷᠰᠢᠯᠭ᠎ᠠ ᠶᠢ ᠲᠠᠨᠢᠯᠴᠠᠭᠤᠯᠵᠤ᠂ ᠬᠠᠮᠢᠶ᠎ᠠ ᠪᠥᠬᠦᠶ ᠠᠵᠢᠯ ᠤᠨ ᠲᠤᠷᠰᠢᠯᠭ᠎ᠠ ᠶᠢ ᠲᠥᠷᠥ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ ᠠᠯᠪᠠᠨ ᠬᠡᠷ ᠤᠨ ︽ᠶᠠᠳᠠᠭᠤ ᠶᠢ ᠲᠡᠳᠬᠦᠬᠦ ᠮᠡᠳᠡᠭᠡ ᠵᠠᠩᠭᠢ︾ ︵2020 ᠣᠨ ᠤ 141 ᠬᠤᠭᠤᠴᠠᠭ᠎ᠠ︶ ᠳᠡᠭᠡᠷ᠎ᠡ ᠨᠡᠶᠢᠲᠡᠯᠡᠪᠡ᠃ ᠥᠮᠴᠢᠯᠡᠯ ᠤᠨ ᠡᠷᠬᠡ ᠶᠢᠨ ᠬᠠᠷᠢᠶᠠᠯᠠᠯ ᠶᠣᠰᠣᠭᠠᠷ᠂ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢ ᠱᠠᠲᠤ ᠬᠤᠪᠢᠶᠠᠨ ᠪᠣᠳᠠᠲᠠᠶᠢᠵᠢᠭᠤᠯᠵᠤ᠂ ᠪᠥᠬᠦ ᠠᠶᠢᠮᠠᠭ ᠤᠨ ᠡᠯ᠎ᠡ ᠭᠠᠵᠠᠷ ᠤᠨ ᠬᠢᠨ ᠨᠡᠶᠢᠲᠡ ᠶᠢᠨ ᠠᠰᠠᠷᠠᠮᠵᠢ ᠶᠢᠨ ᠲᠥᠷᠥᠯ᠂ ᠡᠵᠡᠩᠨᠡᠯᠲᠡ ᠶᠢᠨ ᠲᠥᠷᠥᠯ ᠪᠠ ᠡᠷᠦᠬᠡ ᠳᠤ ᠬᠥᠷᠬᠦ ᠲᠥᠷᠥᠯ ᠤᠨ ᠡᠳ᠋ ᠬᠥᠷᠥᠩᠭᠡ ᠶᠢᠨ ︽ᠭᠤᠷᠪᠠᠨ ᠲᠠᠩᠰᠠ︾ ᠶᠢ ᠪᠠᠶᠢᠭᠤᠯᠵᠤ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠪᠠ᠃     ᠣᠳᠣᠬᠠᠨ ᠪᠣᠯᠲᠠᠯ᠎ᠠ᠂ ᠪᠥᠬᠦ ᠠᠶᠢᠮᠠᠭ ᠨᠢ ᠨᠢᠭᠡᠨᠲᠡ 2012—2020 ᠣᠨ ᠤ ᠶᠠᠳᠠᠭᠤ ᠶᠢ ᠲᠡᠳᠬᠦᠬᠦ ᠲᠥᠷᠥᠯ ᠵᠦᠢᠯ ᠤᠨ ᠪᠠᠯᠠ ᠮᠥᠩᠭᠦ ᠶᠢᠨ ᠡᠳ᠋ ᠬᠥᠷᠥᠩᠭᠡ ᠶᠢ ᠲᠥᠷᠥᠯ ᠬᠤᠪᠢᠶᠠᠨ ᠳᠠᠩᠰᠠᠯᠠᠬᠤ ᠶᠢ ᠪᠡᠶᠡᠯᠡᠭᠦᠯᠵᠦ᠂ ᠨᠡᠶᠢᠲᠡ 59404 . 61 ᠲᠦᠮᠡᠨ ᠲᠥᠭᠦᠷᠢᠭ ᠤᠨ ᠡᠳ᠋ ᠬᠥᠷᠥᠩᠭᠡ ᠪᠦᠷᠢᠯᠳᠦᠭᠦᠯᠪᠡ᠃ ᠡᠭᠦᠨ ᠳᠤ᠂ ᠨᠡᠶᠢᠲᠡ ᠶᠢᠨ ᠠᠰᠠᠷᠠᠮᠵᠢ ᠶᠢᠨ ᠲᠥᠷᠥᠯ ᠤᠨ ᠡᠳ᠋ ᠬᠥᠷᠥᠩᠭᠡ 27413 . 28 ᠲᠦᠮᠡᠨ ᠲᠥᠭᠦᠷᠢᠭ᠂ ᠡᠵᠡᠩᠨᠡᠯᠲᠡ ᠶᠢᠨ ᠲᠥᠷᠥᠯ ᠤᠨ ᠡᠳ᠋ ᠬᠥᠷᠥᠩᠭᠡ 14649 . 60 ᠲᠦᠮᠡᠨ ᠲᠥᠭᠦᠷᠢᠭ᠂ ᠡᠷᠦᠬᠡ ᠳᠤ ᠬᠦᠷᠦᠭᠰᠡᠨ ᠲᠥᠷᠥᠯ ᠤᠨ ᠡᠳ᠋ ᠬᠥᠷᠥᠩᠭᠡ 17341 . 73 ᠲᠦᠮᠡᠨ ᠲᠥᠭᠦᠷᠢᠭ ᠪᠣᠶ᠃     ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠬᠤ ᠳᠤᠮᠳᠠ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶ ᠶᠢ ᠦᠨᠳᠦᠰᠦᠯᠡᠨ᠂ ᠠᠶᠢᠮᠠᠭ ᠤᠨ ᠨᠠᠮ ᠤᠨ ᠬᠤᠷᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠠᠯᠪᠠᠨ ᠬᠡᠷ᠂ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ︽ᠠᠯᠠᠱᠠ ᠠᠶᠢᠮᠠᠭ ᠤᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠦᠯ ︵ᠲᠤᠷᠰᠢᠨ ᠬᠡᠷᠡᠭᠵᠢᠭᠦᠯᠬᠦ︶︾ ᠢ ᠲᠣᠭᠲᠠᠭᠠᠵᠤ᠂ ᠵᠠᠬᠢᠷᠭ᠎ᠠ ᠠᠴᠠ ᠰᠤᠳᠤᠯᠤᠨ ᠵᠥᠪᠰᠢᠶᠡᠷᠡᠭᠡᠳ᠂ 2022 ᠣᠨ ᠤ 3 ᠳ᠋ᠤᠭᠠᠷ ᠰᠠᠷ᠎ᠠ ᠶᠢᠨ 2 ᠤᠨ ᠡᠳᠦᠷ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠠᠴᠠ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃ ᠲᠣᠰ ᠬᠡᠷᠡᠭᠵᠢᠭᠦᠯᠬᠦ ᠲᠥᠰᠦᠯ ᠢ ᠨᠡᠶᠢᠲᠡᠯᠡᠭᠰᠡᠨ ᠨᠢ᠂ ᠡᠯ᠎ᠡ ᠬᠤᠰᠢᠭᠤ ᠣᠷᠣᠨ ᠤ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠣᠷᠳᠣ ᠬᠤᠭᠤᠴᠠᠭᠠᠨ ᠤ ᠪᠦᠲᠦᠮᠵᠢᠲᠡᠶ ᠠᠵᠢᠯᠯᠠᠭᠠᠨ ᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠲᠣᠭᠲᠠᠭᠤᠨ ᠪᠥᠭᠡᠳ ᠰᠠᠶᠢᠨ ᠡᠷᠭᠢᠯᠲᠡ ᠲᠠᠢ᠂ ᠡᠵᠡᠩᠨᠡᠯᠲᠡ ᠶᠢᠨ ᠴᠢᠨᠠᠷᠲᠠᠶ ᠡᠳ᠋ ᠬᠥᠷᠥᠩᠭᠡ ᠶᠢᠨ ᠠᠯᠳᠠᠭᠳᠠᠬᠤ ᠥᠬᠡᠶ ᠪᠤᠶᠤ ᠡᠵᠡᠯᠡᠭᠳᠡᠬᠦ ᠥᠬᠡᠶ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠳ᠋ ᠬᠥᠷᠥᠩᠭᠡ ᠶᠢᠨ ᠦᠷᠭᠦᠯᠵᠢᠯᠡᠨ ᠦᠢᠯᠡᠳᠦᠯ ᠢᠶᠠᠨ ᠪᠠᠳᠠᠷᠠᠭᠤᠯᠬᠤ᠂ ᠡᠷᠦᠬᠡ ᠳᠤ ᠭᠦᠷᠦᠭᠰᠡᠨ ᠲᠥᠷᠥᠯ ᠤᠨ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠡᠶᠡᠯᠡᠭᠦᠯᠬᠦ ᠳᠤ ᠵᠢᠷᠤᠮᠯᠠᠯ ᠬᠠᠩᠭᠠᠭᠰᠠᠨ ᠪᠠᠶᠢᠨ᠎ᠠ᠃     ᠬᠤᠶᠠᠷ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠲᠣᠮᠢᠶᠠᠯᠠᠯ     ᠲᠣᠰ ᠬᠡᠷᠡᠭᠵᠢᠭᠦᠯᠬᠦ ᠲᠥᠰᠦᠯ ᠳᠤ ᠬᠡᠯᠡᠵᠦ ᠪᠠᠶᠢᠭ᠎ᠠ ︽ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ︾ ᠭᠡᠳᠡᠭ ᠨᠢ᠄ 2012 ᠣᠨ ᠠᠴᠠ ᠨᠠᠰᠢ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠪᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠬᠡᠷᠡᠭᠯᠡᠭᠰᠡᠨ ᠡᠯ᠎ᠡ ᠱᠠᠲᠤᠨ ᠤ ᠡᠯ᠎ᠡ ᠲᠥᠷᠥᠯ ᠤᠨ ᠡᠳ᠋ ᠤᠨ ᠵᠠᠰᠠᠭ ᠤᠨ ᠪᠠᠯᠠ ᠮᠥᠩᠭᠦ ︵ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ᠂ ᠡᠳ᠋ ᠤᠨ ᠵᠠᠰᠠᠭ ᠤᠨ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠭᠰᠠᠨ ᠪᠠᠯᠠ ᠮᠥᠩᠭᠦ᠂ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ᠂ ᠠᠵᠢᠯ ᠲᠥᠷᠥᠯ ᠤᠨ ᠶᠠᠳᠠᠭᠤ ᠶᠢ ᠲᠡᠳᠬᠦᠬᠦ ᠪᠠᠯᠠ ᠮᠥᠩᠭᠦ ᠵᠡᠷᠭᠡ︶᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠪᠠᠯᠠ ᠮᠥᠩᠭᠦ᠂ ᠬᠤᠤᠰᠯᠠᠯ ᠪᠣᠯᠵᠣ ᠬᠠᠪᠰᠤᠷᠤᠨ ᠲᠡᠳᠬᠦᠬᠦ ᠪᠠᠯᠠ ᠮᠥᠩᠭᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ︵ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠳᠡᠮᠵᠢᠬᠦ ᠳᠤ ᠬᠡᠷᠡᠭᠯᠡᠨ᠎ᠡ︶᠂ ᠤᠨᠳᠤᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠪᠠᠯᠠ ᠮᠥᠩᠭᠦ᠂ ᠴᠡᠭ ᠲᠣᠭᠲᠠᠭᠠᠨ ᠬᠠᠪᠰᠤᠷᠤᠨ ᠲᠡᠳᠬᠦᠬᠦ ᠪᠠᠯᠠ ᠮᠥᠩᠭᠦ ᠵᠢᠴᠢ ᠨᠡᠶᠢᠭᠡᠮ ᠤᠨ ᠬᠠᠨᠳᠢᠪᠯᠠᠯ ᠵᠡᠷᠭᠡ ᠣᠷᠣᠭᠤᠯᠤᠯᠲᠠ ᠪᠠᠷ ᠪᠣᠶ ᠪᠣᠯᠤᠭᠰᠠᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢ ᠵᠢᠭᠠᠵᠦ ᠪᠣᠢ᠃ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢ ᠡᠵᠡᠩᠨᠡᠯᠲᠡ ᠶᠢᠨ ᠴᠢᠨᠠᠷᠲᠠᠶ ᠡᠳ᠋ ᠬᠥᠷᠥᠩᠭᠡ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠳ᠋ ᠬᠥᠷᠥᠩᠭᠡ ᠪᠠ ᠡᠷᠦᠬᠡ ᠳᠤ ᠬᠦᠷᠦᠭᠰᠡᠨ ᠲᠥᠷᠥᠯ ᠤᠨ ᠡᠳ᠋ ᠬᠥᠷᠥᠩᠭᠡ ᠪᠠᠷ ᠬᠠᠮᠢᠶᠠᠷᠬᠤ ᠬᠡᠷᠡᠭᠲᠡᠶ᠃     ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠨᠢ ᠨᠢᠭᠡ ᠲᠥᠷᠥᠯ ᠤᠨ ᠣᠨᠴᠣᠭᠤᠶ ᠡᠳ᠋ ᠬᠥᠷᠥᠩᠭᠡ ᠪᠢᠰᠢ᠂ ᠲᠤᠰᠠᠭᠠᠷ ᠨᠢ ᠨᠢᠭᠡ ᠲᠥᠷᠥᠯ ᠤᠨ ᠡᠳ᠋ ᠬᠥᠷᠥᠩᠭᠡ ᠪᠣᠯᠭᠠᠨ ᠬᠠᠮᠢᠶᠠᠷᠬᠤ ᠥᠬᠡᠶ᠂ ᠬᠠᠤᠯᠢ ᠲᠣᠭᠲᠠᠭᠠᠯ ᠶᠣᠰᠣᠭᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠯᠦᠭᠡ ᠬᠠᠷᠢᠯᠴᠠᠨ ᠵᠣᠯᠭᠠᠭᠤᠯᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠪᠠ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠵᠢᠴᠢ ᠠᠵᠢᠯ ᠲᠥᠷᠥᠯ ᠤᠨ ᠬᠠᠮᠢᠶᠠᠷᠤᠯᠲᠠ ᠵᠡᠷᠭᠡ ᠬᠤᠯᠪᠣᠭᠳᠠᠯ ᠪᠥᠬᠦᠶ ᠲᠣᠭᠲᠠᠭᠠᠯ ᠢ ᠵᠢᠷᠤᠮᠯᠠᠨ᠎ᠠ᠃     ᠭᠤᠷᠪᠠ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠠᠵᠢᠯ ᠤᠨ ᠭᠤᠤᠯᠳᠠᠯᠭ᠎ᠠ     ᠨᠢᠭᠡ ᠳᠤ᠂ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠨ᠎ᠠ᠃ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢ ᠰᠠᠶᠢᠲᠤᠷ ᠬᠢᠬᠦ ᠶᠢᠨ ᠵᠠᠩᠭᠢᠯᠠᠭ᠎ᠠ ᠨᠢ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠬᠤᠰᠢᠭᠤ ᠣᠷᠣᠨ ᠢᠶᠠᠷ ᠨᠢᠬᠡᠴᠡ ᠪᠣᠯᠭᠠᠨ᠂ ᠡᠯ᠎ᠡ ᠱᠠᠲᠤᠨ ᠤ ᠡᠯ᠎ᠡ ᠲᠥᠷᠥᠯ ᠤᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠶᠠᠳᠠᠭᠤ ᠶᠢ ᠲᠡᠳᠬᠦᠬᠦ ᠲᠥᠷᠥᠯ ᠵᠦᠶ᠋ᠯ ᠤᠨ ᠡᠳ᠋ ᠬᠥᠷᠥᠩᠭᠡ ᠶᠢᠨ ᠡᠬᠡ ᠲᠠᠩᠰᠠ ᠶᠢ ᠱᠠᠲᠤ ᠲᠥᠷᠥᠯ ᠬᠤᠪᠢᠶᠠᠨ ᠪᠠᠶᠢᠭᠤᠯᠵᠤ᠂ ᠮᠡᠳᠡᠭᠡ ᠵᠠᠩᠭᠢᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠬᠦ ᠶᠠᠪᠤᠳᠠᠯ ᠪᠣᠯᠤᠨ᠎ᠠ᠃ ᠡᠯ᠎ᠡ ᠬᠤᠰᠢᠭᠤ ᠣᠷᠣᠨ ᠨᠢ ᠪᠥᠬᠦ ᠤᠯᠤᠰ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠮᠡᠳᠡᠭᠡ ᠵᠠᠩᠭᠢ ᠶᠢᠨ ᠰᠢᠰᠲ᠋ᠧᠮ ᠤᠨ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠡᠪ ᠵᠠᠭᠪᠤᠷ ᠲᠤ ᠲᠦᠰᠢᠭᠯᠡᠨ᠂ 2012 ᠣᠨ ᠠᠴᠠ ᠨᠠᠰᠢᠬᠢ ᠶᠠᠳᠠᠭᠤ ᠶᠢ ᠲᠡᠳᠬᠦᠬᠦ ᠪᠠᠯᠠ ᠮᠥᠩᠭᠦ ᠪᠣᠯᠭᠠᠨ ᠣᠷᠣᠭᠤᠯᠤᠯᠲᠠ ᠪᠠᠷ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠂ ᠪᠠᠯᠠ ᠮᠥᠩᠭᠦ ᠶᠢᠨ ᠣᠷᠣᠭᠤᠯᠤᠯᠲᠠ᠂ ᠥᠮᠴᠢᠯᠡᠬᠦ ᠡᠷᠬᠡ ᠶᠢᠨ ᠬᠠᠷᠢᠶᠠᠯᠠᠯ᠂ ᠠᠰᠢᠭ ᠣᠷᠣᠯᠭ᠎ᠠ ᠶᠢᠨ ᠪᠠᠶᠢᠳᠠᠯ᠂ ᠮᠡᠳᠡᠭᠡ ᠵᠠᠩᠭᠢ ᠶᠢᠨ ᠨᠠᠷᠢᠨ ᠲᠣᠳᠣᠷᠬᠠᠶ ᠣᠷᠣᠭᠤᠯᠬᠤ ᠰᠢᠰᠲ᠋ᠧᠮ ᠢ ᠪᠦᠷᠢᠯᠳᠦᠭᠦᠯᠵᠦ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ︽ᠭᠤᠷᠪᠠᠨ ᠲᠠᠩᠰᠠ︾ ᠶᠢᠨ ᠮᠡᠳᠡᠭᠡ ᠵᠠᠩᠭᠢᠵᠢᠯᠲᠠ ᠶᠢᠨ ᠰᠢᠰᠲ᠋ᠧᠮ ᠤᠨ ᠬᠠᠮᠢᠶᠠᠷᠤᠯᠲᠠ ᠶᠢ ᠪᠡᠶᠡᠯᠡᠭᠦᠯᠵᠦ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠳᠤ ᠰᠠᠭᠤᠷᠢ ᠲᠤᠭ᠎ᠠ ᠪᠠᠷᠢᠮᠲᠠ ᠶᠢᠨ ᠪᠠᠲᠤᠯᠠᠭ᠎ᠠ ᠬᠠᠩᠭᠠᠨ᠎ᠠ᠃     ᠬᠤᠶᠠᠷ ᠲᠤ᠂ ᠡᠷᠬᠡ ᠶᠢᠨ ᠬᠠᠷᠢᠶᠠᠯᠠᠯ ᠢ ᠵᠠᠭᠠᠭᠯᠠᠨ ᠲᠣᠭᠲᠠᠭᠠᠨ᠎ᠠ᠃ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠡᠷᠬᠡ ᠶᠢᠨ ᠬᠠᠷᠢᠶᠠᠯᠠᠯ ᠢ ᠵᠦᠶ ᠵᠣᠬᠢᠰᠲᠠᠶ ᠵᠠᠭᠠᠭᠯᠠᠨ ᠲᠣᠭᠲᠠᠭᠠᠵᠤ᠂ ᠡᠳ᠋ ᠬᠥᠷᠥᠩᠭᠡ ᠶᠢ ᠰᠢᠯᠵᠢᠭᠦᠯᠦᠨ ᠲᠤᠰᠢᠶᠠᠬᠤ ᠶᠢ ᠰᠠᠶᠢᠲᠤᠷ ᠬᠢᠬᠦ ᠶᠢᠨ ᠬᠠᠮᠲᠤ᠂ ᠬᠠᠮᠢᠶ᠎ᠠ ᠪᠥᠬᠦᠶ ᠬᠠᠮᠢᠶᠠᠷᠤᠯᠲᠠ ᠶᠢᠨ ᠰᠢᠰᠲ᠋ᠧᠮᠵᠢ ᠳᠤ ᠣᠷᠣᠭᠤᠯᠤᠨ᠎ᠠ᠃ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠠᠰᠢᠭ ᠭᠥᠷᠳᠡᠬᠦ ᠣᠯᠠᠨ ᠲᠦᠮᠡᠨ ᠤ ᠣᠨᠴᠣᠭᠤᠢ ᠴᠢᠨᠠᠷ ᠢ ᠬᠦᠢᠴᠡᠳ ᠪᠣᠳᠣᠯᠬᠢᠯᠠᠵᠤ᠂ ᠡᠳ᠋ ᠬᠥᠷᠥᠩᠭᠡ ᠶᠢᠨ ᠡᠷᠬᠡ  ᠶᠢᠨ ᠬᠠᠷᠢᠶᠠᠯᠠᠯ  ᠪᠠ ᠠᠰᠢᠭ ᠣᠷᠣᠯᠭ᠎ᠠ  ᠶᠢ ᠠᠯᠢ ᠴᠢᠳᠠᠬᠤ  ᠪᠠᠷ ᠳᠣᠷᠣᠭᠰᠢ ᠪᠠᠭᠤᠯᠭᠠᠨ᠎ᠠ᠃ ᠦᠯᠦ ᠬᠥᠳᠡᠯᠬᠦ ᠬᠦᠷᠦᠩᠭᠡ  ᠳᠤ ᠬᠠᠷᠢᠶᠠᠯᠠᠭᠳᠠᠪᠠᠯ᠂ ᠬᠠᠤᠯᠢ ᠶᠣᠰᠣᠭᠠᠷ ᠡᠷᠬᠡ  ᠶᠢ ᠨᠤᠲᠠᠯᠠᠨ ᠲᠣᠭᠲᠠᠭᠠᠵᠤ ᠳᠠᠩᠰᠠᠯᠠᠭᠤᠯᠤᠨ᠎ᠠ᠃     ᠭᠤᠷᠪᠠ ᠳᠤ᠂ ᠢᠯᠭᠠᠷᠠᠭᠤᠯᠤᠨ ᠪᠤᠳᠤᠵᠤ ᠬᠢᠨᠠᠨ ᠬᠠᠷᠭᠤᠭᠤᠯᠣᠨ᠎ᠠ᠃ ᠵᠢᠯ ᠪᠦᠷᠢ ᠶᠢᠨ 3 ᠰᠠᠷ᠎ᠠ ᠶᠢᠨ ᠰᠡᠭᠦᠯᠴᠢ ᠠᠴᠠ ᠡᠮᠦᠨ᠎ᠡ᠂ ᠬᠤᠰᠢᠭᠤ ᠣᠷᠣᠨ ᠠᠴᠠ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠬᠡᠷᠡᠭᠯᠡᠯᠲᠡ ᠶᠢᠨ ᠣᠳᠣᠬᠢ ᠪᠠᠶᠢᠳᠠᠯ᠂ ᠡᠳ᠋ ᠬᠥᠷᠥᠩᠭᠡ ᠶᠢᠨ ᠴᠡᠪᠡᠷ ᠥᠷᠲᠡᠭ ᠢ ᠢᠯᠭᠠᠷᠠᠭᠤᠯᠤᠨ ᠪᠣᠳᠣᠵᠤ ᠬᠢᠨᠠᠨ ᠬᠠᠷᠭᠤᠭᠤᠯᠬᠤ ᠠᠵᠢᠯ ᠢ ᠥᠷᠨᠢᠭᠦᠯᠦᠨ᠎ᠡ᠃ ᠰᠢᠨᠡᠳᠬᠡᠵᠦ ᠰᠣᠯᠢᠭᠰᠠᠨ ᠡᠳ᠋ ᠬᠥᠷᠥᠩᠭᠡ ᠳᠤ᠂ ᠡᠳ᠋ ᠬᠥᠷᠥᠩᠭᠡ ᠶᠢᠨ ᠤᠤᠯ ᠥᠷᠲᠡᠭ ᠢ ᠳᠠᠬᠢᠨ ᠳᠠᠩᠰᠠᠯᠠᠬᠤ ᠶᠢᠨ ᠬᠠᠮᠲᠤ ᠡᠯᠡᠭᠳᠡᠯ ᠤᠨ ᠵᠢᠯ ᠬᠤᠭᠤᠴᠠᠭ᠎ᠠ ᠶᠢ ᠳᠠᠬᠢᠨ ᠲᠣᠭᠲᠠᠭᠠᠨ᠎ᠠ᠃ ᠬᠡᠷᠡᠭᠯᠡᠬᠦ ᠶᠢᠨ ᠠᠷᠭ᠎ᠠ ᠥᠬᠡᠶ ᠪᠤᠶᠤ ᠬᠤᠭᠤᠴᠠᠭ᠎ᠠ ᠨᠢ ᠳᠣᠯᠣᠭᠰᠠᠨ ᠪᠥᠭᠡᠳ ᠡᠳ᠋ ᠬᠥᠷᠥᠩᠭᠡ  ᠶᠢ ᠰᠢᠢᠳᠪᠦᠷᠢᠯᠡᠬᠦ  ᠳᠤ ᠨᠡᠶᠢᠴᠡᠵᠦ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠡᠳ᠋ ᠬᠥᠷᠥᠩᠭᠡ  ᠶᠢ ᠨᠢ ᠰᠢᠢᠳᠪᠦᠷᠢᠯᠡᠨ᠎ᠡ᠃ ᠲᠤᠭ᠎ᠠ ᠪᠠᠷᠢᠮᠲᠠ  ᠶᠢᠨ ᠮᠡᠳᠡᠭᠡ ᠵᠠᠩᠭᠢ  ᠶᠢ ᠣᠨ  ᠢᠶᠠᠷ ᠴᠠᠭ ᠲᠤᠬᠠᠶ  ᠳᠤᠨᠢ ᠰᠢᠨᠡᠳᠭᠡᠨ᠎ᠡ᠃     ᠳᠥᠷᠪᠡ ᠳᠤ᠂ ᠬᠠᠮᠢᠶᠠᠷᠴᠤ ᠬᠠᠮᠠᠭᠠᠯᠠᠬᠤ ᠠᠵᠢᠯ ᠢ ᠴᠢᠩᠭᠠᠳᠬᠠᠨ᠎ᠠ᠃ ᠰᠠᠭᠤᠷᠢ ᠲᠤᠭ᠎ᠠ ᠨᠢ ᠲᠣᠳᠣᠷᠬᠠᠶ᠂ ᠡᠷᠬᠡ ᠶᠢᠨ ᠬᠠᠷᠢᠶᠠᠯᠠᠯ ᠨᠢ ᠲᠣᠳᠣᠷᠬᠠᠶ ᠪᠠᠶᠢᠬᠤ ᠰᠠᠭᠤᠷᠢᠨ ᠳᠡᠭᠡᠷ᠎ᠡ᠂ ᠥᠮᠴᠢᠯᠡᠬᠦ ᠡᠷᠬᠡ ᠬᠢᠭᠡᠳ ᠬᠢᠨᠠᠨ ᠬᠠᠮᠢᠶᠠᠷᠬᠤ ᠡᠷᠬᠡ ᠶᠢ ᠬᠠᠷᠢᠯᠴᠠᠨ ᠨᠢᠭᠡᠳᠬᠡᠬᠦ᠂ ᠠᠰᠢᠭ ᠭᠥᠷᠳᠡᠬᠦ ᠡᠷᠬᠡ ᠬᠢᠭᠡᠳ ᠬᠠᠮᠢᠶᠠᠷᠤᠨ ᠬᠠᠮᠠᠭᠠᠯᠠᠬᠤ ᠡᠷᠬᠡ ᠶᠢ ᠬᠠᠷᠢᠯᠴᠠᠨ ᠤᠶᠠᠯᠳᠤᠭᠤᠯᠬᠤ ᠵᠠᠷᠴᠢᠮ ᠶᠣᠰᠣᠭᠠᠷ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠨ ᠬᠠᠮᠠᠭᠠᠯᠠᠵᠤ ᠡᠵᠡᠩᠨᠡᠬᠦ ᠶᠢ ᠴᠢᠩᠭᠠᠳᠬᠠᠵᠤ᠂ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢ ᠲᠣᠳᠣᠷᠬᠠᠶᠢᠯᠠᠨ᠂ ᠬᠠᠮᠢᠶᠠᠷᠤᠨ ᠬᠠᠮᠠᠭᠠᠯᠠᠵᠤ ᠡᠵᠡᠩᠨᠡᠬᠦ ᠲᠥᠰᠦᠯ ᠢ ᠲᠣᠭᠲᠠᠭᠠᠵᠤ᠂ ᠡᠳ᠋ ᠬᠥᠷᠥᠩᠭᠡ ᠶᠢᠨ ᠦᠷ᠎ᠡ ᠠᠰᠢᠭ ᠢ ᠦᠷᠭᠦᠯᠵᠢᠯᠡᠨ ᠪᠠᠳᠠᠷᠠᠭᠤᠯᠬᠤ ᠶᠢ ᠦᠨᠡᠨᠬᠦ ᠪᠠᠲᠤᠯᠠᠨ᠎ᠠ᠃ ᠡᠵᠡᠩᠨᠡᠯᠲᠡ ᠶᠢᠨ ᠴᠢᠨᠠᠷᠲᠠᠶ ᠡᠳ᠋ ᠬᠥᠷᠥᠩᠭᠡ᠂ ᠥᠮᠴᠢᠯᠡᠬᠦ ᠡᠷᠬᠡ ᠲᠠᠢ ᠬᠥᠮᠦᠨ ᠲᠥᠷᠥᠯ ᠵᠦᠢᠯ ᠤᠨ ᠡᠳ᠋ ᠬᠥᠷᠥᠩᠭᠡ ᠶᠢ ᠰᠢᠭᠤᠳ ᠡᠵᠡᠩᠨᠡᠵᠦ ᠪᠠᠶᠢᠪᠠᠯ᠂ ᠥᠪᠡᠰᠦᠪᠡᠨ ᠡᠵᠡᠩᠨᠡᠵᠦ ᠬᠠᠮᠢᠶᠠᠷᠤᠨ᠎ᠠ᠃ ᠨᠠᠶᠢᠳᠠᠨ ᠬᠠᠮᠢᠶᠠᠷᠤᠭᠤᠯᠬᠤ᠂ ᠲᠦᠷᠢᠶᠡᠰᠦᠯᠡᠭᠦᠯᠬᠦ᠂ ᠬᠤᠷᠰᠢᠬᠤ ᠵᠡᠷᠭᠡ ᠠᠷᠭ᠎ᠠ ᠮᠠᠶ᠋ᠢᠭ ᠢ ᠬᠡᠷᠡᠭᠯᠡᠨ ᠡᠵᠡᠩᠨᠡᠵᠦ᠂ ᠬᠠᠤᠯᠢ ᠲᠣᠭᠲᠠᠭᠠᠯ ᠪᠠ ᠬᠠᠷᠢᠭᠤᠴᠠᠯᠭ᠎ᠠ ᠶᠣᠰᠣᠭᠠᠷ ᠡᠵᠡᠩᠨᠡᠯᠲᠡ ᠶᠢᠨ ᠭᠤᠤᠯ ᠴᠣᠭᠴᠠ ᠶᠢ ᠲᠣᠳᠣᠷᠬᠠᠶᠢᠯᠠᠨ᠎ᠠ᠃ ᠡᠳ᠋ ᠬᠥᠷᠥᠩᠭᠡ ᠶᠢᠨ ᠥᠮᠴᠢᠯᠡᠬᠦ ᠡᠷᠬᠡᠲᠦ ᠬᠥᠮᠦᠨ ᠨᠢ ᠡᠷᠬᠡᠪᠰᠢ ᠡᠵᠡᠩᠨᠡᠯᠲᠡ ᠶᠢᠨ ᠭᠤᠤᠯ ᠴᠣᠭᠴᠠ ᠯᠤᠭ᠎ᠠ ᠭᠡᠷ᠎ᠡ ᠲᠣᠭᠲᠠᠵᠤ᠂ ᠬᠤᠶᠠᠷ ᠲᠠᠯ᠎ᠠ ᠶᠢᠨ ᠡᠷᠬᠡ ᠠᠰᠢᠭ ᠪᠠ ᠡᠭᠦᠷᠭᠡ ᠶᠢ ᠲᠣᠳᠣᠷᠬᠠᠶᠢᠯᠠᠨ᠎ᠠ᠃ ᠡᠵᠡᠩᠨᠡᠯᠲᠡ ᠶᠢᠨ ᠭᠤᠤᠯ ᠴᠣᠭᠴᠠ ᠨᠢ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢ ᠵᠢᠷᠤᠭᠯᠠᠨ ᠲᠥᠯᠥᠪᠯᠡᠵᠦ ᠬᠡᠷᠡᠭᠯᠡᠬᠦ ᠴᠠᠭ ᠬᠤᠭᠤᠴᠠᠭ᠎ᠠ ᠳᠤ ᠬᠦᠷᠦᠭᠦᠯᠬᠦ ᠶᠢ ᠦᠨᠡᠨᠬᠦ ᠪᠠᠲᠤᠯᠠᠵᠤ᠂ ᠡᠳ᠋ ᠬᠥᠷᠥᠩᠭᠡ ᠶᠢᠨ ᠬᠡᠪ ᠤᠨ ᠴᠢᠳᠠᠮᠵᠢ ᠶᠢ ᠪᠠᠳᠠᠷᠠᠭᠤᠯᠬᠤ ᠶᠢ ᠪᠠᠲᠤᠯᠠᠨ᠎ᠠ᠃ ᠬᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡ ᠵᠡᠷᠭᠡ ᠲᠤᠰᠬᠠᠶ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠲᠥᠷᠥᠯ ᠵᠦᠢᠯ ᠤᠨ ᠡᠳ᠋ ᠬᠥᠷᠥᠩᠭᠡ ᠶᠢ ᠪᠣᠯ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠳᠤ ᠨᠠᠶᠢᠳᠠᠵᠤ ᠬᠠᠮᠢᠶᠠᠷᠤᠨ ᠬᠠᠮᠠᠭᠠᠯᠠᠵᠤ ᠠᠵᠢᠯᠯᠠᠭᠤᠯᠵᠤ ᠪᠣᠯᠤᠨ᠎ᠠ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠳ᠋ ᠬᠥᠷᠥᠩᠭᠡ ᠳᠤ᠂ ᠬᠠᠮᠢᠶᠠᠷᠴᠤ ᠬᠠᠮᠠᠭᠠᠯᠠᠬᠤ ᠨᠢᠭᠡᠴᠡ ᠪᠠ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠠᠵᠢᠯ ᠲᠥᠷᠥᠯ ᠤᠨ ᠪᠠᠷᠢᠮᠵᠢᠶ᠎ᠠ ᠪᠠ ᠵᠢᠷᠤᠮᠵᠢᠯ ᠶᠣᠰᠣᠭᠠᠷ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢ ᠬᠦᠢᠴᠡᠳᠭᠡᠨ᠎ᠡ᠃ ᠬᠤᠰᠢᠭᠤ ᠰᠢᠶᠠᠨ ᠤ ᠱᠠᠲᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠳ᠋ ᠬᠥᠷᠥᠩᠭᠡ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠮᠢᠶᠠᠷᠴᠤ ᠬᠠᠮᠠᠭᠠᠯᠠᠨ᠎ᠠ︔ ᠰᠤᠮᠤ ᠰᠢᠶᠠᠩ ᠪᠠᠯᠭᠠᠰᠤ ᠶᠢᠨ ᠱᠠᠲᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠳ᠋ ᠬᠥᠷᠥᠩᠭᠡ ᠶᠢ ᠰᠤᠮᠤ ᠰᠢᠶᠠᠩ ᠪᠠᠯᠭᠠᠰᠤ ᠠᠴᠠ ᠬᠠᠮᠢᠶᠠᠷᠴᠤ ᠬᠠᠮᠠᠭᠠᠯᠠᠨ᠎ᠠ︔ ᠭᠠᠴᠠᠭ᠎ᠠ ᠲᠣᠰᠬᠤᠨ ᠤ ᠱᠠᠲᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠳ᠋ ᠬᠥᠷᠥᠩᠭᠡ ᠶᠢ ᠭᠠᠴᠠᠭ᠎ᠠ ᠲᠣᠰᠬᠤᠨ ᠠᠴᠠ ᠬᠠᠮᠢᠶᠠᠷᠴᠤ ᠬᠠᠮᠠᠭᠠᠯᠠᠨ᠎ᠠ᠃ ᠭᠠᠴᠠᠭ᠎ᠠ ᠲᠣᠰᠬᠤᠨ ᠤ ᠬᠠᠮᠲᠤ ᠶᠢᠨ ᠬᠠᠮᠢᠶᠠᠷᠤᠨ ᠬᠠᠮᠠᠭᠠᠯᠠᠬᠤ ᠬᠦᠴᠦᠨ ᠬᠦᠷᠦᠯᠴᠡᠬᠦ ᠥᠬᠡᠶ ᠪᠠᠶᠢᠪᠠᠯ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠪᠠ ᠶᠠᠳᠠᠭᠤᠷᠠᠮᠠᠷ ᠪᠠᠶᠢᠭ᠎ᠠ ᠬᠥᠮᠦᠨ ᠠᠮᠠ ᠶᠢ ᠤᠷᠢᠳᠠᠪᠠᠷ ᠬᠠᠮᠢᠶᠠᠷᠤᠨ ᠬᠠᠮᠠᠭᠠᠯᠠᠬᠤ ᠳᠤ ᠣᠷᠣᠯᠴᠠᠭᠤᠯᠵᠤ᠂ ᠬᠠᠮᠢᠶᠠᠷᠤᠨ ᠬᠠᠮᠠᠭᠠᠯᠠᠬᠤ ᠵᠠᠷᠤᠳᠠᠯ ᠢ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠪᠠ ᠡᠵᠡᠩᠨᠡᠯᠲᠡ ᠶᠢᠨ ᠴᠢᠨᠠᠷᠲᠠᠶ ᠡᠳ᠋ ᠬᠥᠷᠥᠩᠭᠡ ᠶᠢᠨ ᠠᠰᠢᠭ ᠣᠯᠵᠠᠪᠤᠷᠢ ᠠᠴᠠ ᠰᠢᠢᠳᠪᠦᠷᠢᠯᠡᠵᠦ ᠪᠣᠯᠤᠨ᠎ᠠ᠃ ᠡᠷᠦᠬᠡ ᠳᠤ ᠬᠦᠷᠦᠭᠦᠯᠬᠦ ᠲᠥᠷᠥᠯ ᠤᠨ ᠡᠳ᠋ ᠬᠥᠷᠥᠩᠭᠡ ᠶᠢ ᠮᠠᠯᠵᠢᠬᠤ ᠲᠠᠷᠢᠶᠠᠯᠠᠬᠤ ᠡᠷᠦᠬᠡ ᠥᠪᠡᠷ ᠲᠡᠭᠡᠨ ᠬᠠᠮᠢᠶᠠᠷᠴᠤ᠂ ᠬᠠᠮᠢᠶ᠎ᠠ ᠪᠦᠬᠦᠢ ᠠᠵᠢᠯ ᠲᠥᠷᠥᠯ ᠤᠨ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ᠪᠣᠯᠤᠨ ᠭᠠᠴᠠᠭ᠎ᠠ ᠲᠣᠰᠬᠤᠨ ᠮᠡᠷᠭᠡᠵᠢᠯ ᠤᠨ ᠵᠢᠯᠣᠭᠤᠳᠤᠯᠭ᠎ᠠ᠂ ᠦᠢᠯᠡᠴᠢᠯᠡᠭᠡᠨ ᠤ ᠬᠢᠨᠠᠯᠲᠠ ᠲᠠᠯᠪᠢᠯᠲᠠ ᠪᠣᠯᠤᠨ ᠰᠢᠢᠳᠪᠦᠷᠢᠯᠡᠬᠦ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃     ᠳᠥᠷᠪᠡ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠠᠰᠢᠭ ᠣᠯᠵᠠᠪᠤᠷᠢ ᠶᠢ ᠬᠤᠪᠢᠶᠠᠷᠢᠯᠠᠨ ᠬᠡᠷᠡᠭᠯᠡᠬᠦ ᠠᠷᠭ᠎ᠠ ᠮᠠᠶ᠋ᠢᠭ     ᠡᠵᠡᠩᠨᠡᠯᠲᠡ ᠶᠢᠨ ᠴᠢᠨᠠᠷᠲᠠᠶ ᠡᠳ᠋ ᠬᠥᠷᠥᠩᠭᠡ ᠶᠢᠨ ᠣᠯᠵᠠᠪᠤᠷᠢ ᠶᠢᠨ ᠠᠰᠢᠭ ᠣᠷᠣᠯᠭ᠎ᠠ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠳᠤ ᠭᠤᠣᠯᠳᠠᠯᠭ᠎ᠠ ᠲᠠᠢ ᠬᠡᠷᠡᠭᠯᠡᠨ᠎ᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠴᠢ ᠲᠥᠷᠥᠯ ᠵᠦᠢᠯ ᠤᠨ ᠡᠳ᠋ ᠬᠥᠷᠥᠩᠭᠡ ᠶᠢᠨ ᠠᠵᠢᠯᠯᠠᠭᠠᠨ ᠢ ᠬᠠᠮᠢᠶᠠᠷᠴᠤ ᠬᠠᠮᠠᠭᠠᠯᠠᠬᠤ ᠵᠡᠷᠭᠡ ᠶᠢ ᠪᠥᠬᠦ ᠲᠠᠯ᠎ᠠ ᠪᠠᠷ ᠪᠡᠶᠡᠯᠡᠬᠦᠯᠵᠦ᠂ ᠶᠠᠳᠠᠭᠤ ᠠᠴᠠ ᠠᠩᠭᠢᠵᠢᠷᠠᠭᠰᠠᠨ ᠨᠢ ᠲᠣᠭᠲᠠᠭᠤᠨ ᠪᠤᠰᠤ ᠡᠷᠦᠬᠡ ᠳᠤ ᠤᠷᠢᠳᠠᠪᠠᠷ ᠭᠡᠷᠡᠭᠯᠡᠨ᠂ ᠠᠮᠠᠷᠬᠠᠨ ᠶᠠᠳᠠᠭᠤᠷᠠᠬᠤ ᠡᠷᠦᠬᠡ᠂ ᠭᠡᠨᠡᠳᠲᠡ ᠶᠢᠨ ᠪᠠᠶᠢᠳᠠᠯ ᠠᠴᠠ ᠪᠣᠯᠵᠦ ᠬᠦᠨᠳᠦ ᠨᠣᠴᠢᠲᠠᠶ ᠪᠠᠶᠢᠳᠠᠯ ᠳᠤ ᠳᠣᠯᠭᠠᠷᠠᠭᠰᠠᠨ ᠬᠦᠴᠢᠷᠳᠡᠯᠲᠡᠶ ᠡᠷᠦᠬᠡ ᠶᠢ ᠬᠠᠪᠰᠤᠷᠤᠨ ᠲᠡᠳᠬᠦᠬᠦ᠂ ᠪᠠᠰᠠ ᠬᠥᠷᠥᠩᠭᠡ ᠶᠢᠨ ᠠᠰᠢᠭ ᠣᠷᠣᠯᠭ᠎ᠠ ᠳᠤ ᠬᠡᠷᠡᠭᠯᠡᠵᠦ ᠪᠣᠯᠤᠨ᠎ᠠ᠃ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠨᠡᠭᠡᠭᠡᠬᠦ᠂ ᠣᠶᠤᠨ ᠵᠣᠷᠢᠭ ᠬᠤᠶᠠᠷ ᠢ ᠲᠡᠳᠬᠦᠬᠦ ᠱᠠᠩᠨᠠᠯ ᠤᠨ ᠨᠥᠬᠦᠪᠥᠷᠢ᠂ ᠭᠠᠴᠠᠭ᠎ᠠ ᠲᠣᠰᠬᠤᠨ ᠤ ᠳᠣᠲᠣᠷᠠᠬᠢ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠪᠣᠯᠤᠨ ᠬᠥᠭᠵᠢᠯᠲᠡ ᠵᠡᠷᠭᠡ ᠬᠥᠳᠡᠯᠮᠦᠷᠢ ᠳᠤ ᠤᠯᠠᠨ ᠲᠦᠮᠡᠨ ᠤ ᠣᠷᠣᠯᠴᠠᠬᠤ ᠶᠢ ᠵᠣᠷᠢᠭᠵᠢᠭᠤᠯᠵᠦ᠂ ︽ᠶᠠᠳᠠᠭᠤ ᠶᠢ ᠰᠡᠷᠭᠡᠶᠢᠯᠡᠬᠦ ᠳᠠᠭᠠᠳᠬᠠᠯ︾ ᠪᠠ ︽ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠳᠠᠭᠠᠳᠬᠠᠯ︾ ᠬᠤᠳᠠᠯᠳᠤᠨ ᠠᠪᠴᠦ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠬᠠᠮᠠᠭᠠᠯᠠᠯᠲᠠ᠂ ᠪᠠᠭ᠎ᠠ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠬᠤ ᠳᠤ ᠬᠡᠷᠡᠭᠯᠡᠵᠦ ᠪᠣᠯᠤᠨ᠎ᠠ᠃ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠬᠥᠭᠵᠢᠯᠲᠡ ᠪᠠ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠬᠦᠯᠵᠦ᠂ ᠪᠤᠰᠤᠳ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠤᠯᠪᠣᠭᠳᠠᠯ ᠪᠦᠬᠦᠢ ᠲᠥᠷᠥᠯ ᠵᠦᠢᠯ ᠳᠤ ᠬᠡᠷᠡᠭᠯᠡᠵᠦ ᠪᠣᠯᠣᠨ᠎ᠠ᠃ ᠬᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡ ᠶᠢᠨ ᠲᠥᠷᠥᠯ ᠵᠦᠢᠯ ᠤᠨ ᠠᠰᠢᠭ ᠣᠷᠣᠯᠭ᠎ᠠ ᠶᠢ ᠬᠤᠪᠢᠶᠠᠷᠢᠯᠠᠨ ᠬᠡᠷᠡᠭᠯᠡᠬᠦ ᠳᠤ᠂ ᠬᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡ ᠶᠢᠨ ᠲᠥᠷᠥᠯ ᠵᠦᠢᠯ ᠤᠨ ᠠᠰᠢᠭ ᠣᠷᠣᠯᠭ᠎ᠠ ᠶᠢ ᠬᠤᠪᠢᠶᠠᠷᠢᠯᠠᠨ ᠬᠡᠷᠡᠭᠯᠡᠬᠦ ᠬᠠᠮᠢᠶ᠎ᠠ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠳᠥᠭᠦᠮᠬᠡᠨ ᠢᠶᠠᠷ ᠵᠣᠭᠤᠰ ᠲᠠᠷᠬᠠᠭᠠᠵᠤ ᠡᠳ᠋ ᠪᠣᠳᠠᠰ ᠲᠦᠭᠡᠭᠡᠵᠦ᠂ ᠨᠢᠭᠡ ᠯᠡ ᠠᠳᠠᠯᠢ ᠪᠠᠷ ᠬᠤᠪᠢᠶᠠᠬᠤ ᠠᠷᠭ᠎ᠠ ᠪᠠᠷ ᠠᠰᠢᠭ ᠣᠷᠣᠯᠭ᠎ᠠ ᠶᠢ ᠬᠤᠪᠢᠶᠠᠷᠢᠯᠠᠬᠤ ᠶᠢ ᠴᠢᠩᠭ᠎ᠠ ᠴᠠᠭᠠᠵᠠᠯᠠᠨ᠎ᠠ᠃ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠠᠰᠢᠭ ᠣᠯᠵᠠᠪᠤᠷᠢ ᠶᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠭᠵᠢᠭᠡᠳᠦᠶ ᠭᠠᠵᠠᠷ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠯᠤᠭ᠎ᠠ ᠬᠤᠯᠪᠣᠭᠳᠠᠯ ᠥᠬᠡᠶ ᠵᠠᠷᠤᠯᠭ᠎ᠠ ᠳᠤ ᠬᠡᠷᠡᠭᠯᠡᠵᠦ ᠪᠣᠯᠬᠤ ᠥᠬᠡᠶ᠃ ᠡᠭᠦᠨ ᠳᠤ ᠨᠢᠭᠡᠴᠡ ᠶᠢᠨ ᠦᠨᠳᠦᠰᠦᠨ ᠵᠠᠷᠤᠯᠭ᠎ᠠ᠂ ᠵᠠᠮ ᠬᠠᠷᠢᠯᠴᠠᠭᠠᠨ ᠤ ᠪᠠᠭᠠᠵᠢ ᠵᠢᠴᠢ ᠴᠢᠮᠡᠭᠡ ᠬᠤᠯᠪᠣᠭ᠎ᠠ ᠶᠢᠨ ᠲᠥᠬᠦᠭᠡᠷᠦᠮᠵᠢ᠂ ᠠᠰᠠᠷ ᠲᠠᠭᠲᠤ ᠲᠠᠩᠬᠢᠮ ᠪᠠᠭᠤᠳᠠᠯ ᠪᠠᠶᠢᠭᠤᠯᠬᠤ᠂ ᠡᠯ᠎ᠡ ᠵᠦᠢᠯ ᠤᠨ ᠱᠠᠩᠨᠠᠯ ᠤᠨ ᠮᠥᠩᠭᠦ ᠨᠡᠮᠡᠭᠦᠷᠢ ᠮᠥᠩᠭᠦ ᠪᠠ ᠠᠰᠠᠷᠠᠮᠵᠢ ᠶᠢᠨ ᠨᠥᠬᠦᠪᠥᠷᠢ᠂ ᠥᠷᠢ ᠥᠭᠴᠡᠭᠡ ᠶᠢ ᠳᠥᠯᠥᠬᠦ᠂ ᠰᠠᠭᠤᠷᠢ ᠮᠥᠩᠭᠦ ᠪᠠᠶᠢᠭᠤᠯᠬᠤ ᠪᠠ ᠪᠠᠯᠠ ᠮᠥᠩᠭᠦ ᠣᠷᠣᠯᠠᠨ ᠥᠭᠬᠦ ᠵᠡᠷᠭᠡ ᠪᠠᠭᠲᠠᠨ᠎ᠠ᠃     ᠲᠠᠪᠤ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠬᠤᠪᠢᠶᠠᠷᠢᠯᠠᠯ     ᠶᠠᠳᠠᠭᠤ ᠶᠢ ᠲᠡᠳᠬᠦᠬᠦ ᠲᠥᠷᠥᠯ ᠵᠦᠢᠯ ᠤᠨ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠳᠤ ᠥᠪᠡᠷᠲᠡᠭᠡᠨ ᠵᠠᠰᠠᠬᠤ ᠣᠷᠣᠨ ᠶᠡᠷᠦᠩᠬᠡᠶ ᠬᠠᠷᠢᠭᠤᠴᠠᠯᠭ᠎ᠠ ᠶᠢ ᠬᠠᠷᠢᠭᠤᠴᠠᠵᠤ᠂ ᠠᠶᠢᠮᠠᠭ᠂ ᠬᠤᠰᠢᠭᠤ ︵ᠣᠷᠣᠨ︶ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ ᠲᠣᠭᠲᠠᠴᠠ ᠶᠢ ᠪᠠᠷᠢᠮᠲᠠᠯᠠᠨ᠎ᠠ᠃ᠥᠪᠡᠷᠲᠡᠭᠡᠨ ᠵᠠᠰᠠᠬᠤ ᠣᠷᠣᠨ ᠤ ᠱᠠᠳᠣᠨ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠠᠷᠢᠶᠠᠯᠠᠩ ᠮᠠᠯ ᠠᠵᠤ ᠠᠬᠤᠶ ᠵᠡᠷᠭᠡ ᠬᠠᠮᠢᠶ᠎ᠠ ᠪᠥᠬᠦᠶ ᠠᠵᠢᠯ ᠲᠥᠷᠥᠯ ᠤᠨ ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠣᠰᠣᠭᠠᠷ᠂ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠨ᠂ ᠨᠢᠭᠲᠠ ᠬᠠᠮᠵᠢᠯᠴᠠᠵᠤ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠠᠬᠢᠭᠤᠯᠤᠨ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠳᠤᠮᠳᠠᠬᠢ ᠪᠣᠳᠠᠲᠠᠶ ᠠᠰᠠᠭᠤᠳᠠᠯ ᠢ ᠵᠣᠬᠢᠶᠠᠨ ᠪᠠᠶᠢᠭᠤᠯᠤᠨ ᠰᠤᠳᠤᠯᠤᠨ ᠰᠢᠢᠳᠪᠦᠷᠢᠯᠡᠵᠦ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ᠢ ᠵᠢᠯᠣᠭᠤᠳᠤᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠤᠨ᠎ᠠ᠃ ᠠᠶᠢᠮᠠᠭ ᠬᠤᠲᠠ ᠶᠢᠨ ᠲᠠᠯ᠎ᠠ ᠠᠴᠠ᠂ ᠬᠤᠰᠢᠭᠤ ᠰᠢᠶᠠᠨ ᠢ ᠵᠢᠯᠣᠭᠤᠳᠤᠨ ᠰᠢᠮᠳᠠᠭᠤᠯᠵᠤ ᠪᠠᠶᠢᠭᠠᠳ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠲᠦᠷᠦᠭᠦᠯᠡᠬᠦ ᠰᠠᠯᠠᠭ᠎ᠠ ᠮᠥᠴᠢᠷ ᠢ ᠲᠣᠳᠣᠷᠬᠠᠶᠢᠯᠠᠨ᠂ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠂ ᠲᠤᠷᠰᠢᠯᠭ᠎ᠠ ᠪᠠᠨ ᠴᠠᠭ ᠲᠤᠬᠠᠶ ᠳᠤᠨᠢ ᠳ᠋ᠦᠩᠨᠡᠵᠦ᠂ ᠠᠰᠠᠭᠤᠳᠠᠯ ᠢ ᠢᠯᠡᠷᠡᠭᠦᠯᠬᠦ ᠪᠠ ᠰᠢᠢᠳᠪᠦᠷᠢᠯᠡᠨ᠎ᠡ᠃ ᠬᠤᠰᠢᠭᠤ ᠣᠷᠣᠨ ᠤ ᠱᠠᠳᠣᠨ ᠳᠤ᠂ ᠬᠤᠰᠢᠭᠤ ᠣᠷᠣᠨ ᠤ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠨᠢ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠠᠵᠢᠯ ᠳᠤ ᠶᠡᠷᠦᠩᠬᠡᠶ ᠬᠠᠷᠢᠭᠤᠴᠠᠯᠭ᠎ᠠ ᠡᠭᠦᠷᠭᠡᠯᠡᠵᠦ᠂ ᠭᠤᠤᠯ ᠤᠳᠤᠷᠢᠳᠬᠤ ᠨᠥᠬᠦᠳ ᠨᠢ ᠨᠢᠭᠡᠳᠦᠭᠡᠷ ᠬᠠᠷᠢᠭᠤᠴᠠᠯᠭᠠᠲᠠᠨ ᠪᠠᠶᠢᠵᠤ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠲᠦᠷᠢᠮ ᠤᠨ ᠪᠠᠶᠢᠭᠤᠯᠤᠯᠲᠠ᠂ ᠠᠵᠢᠯ ᠤᠨ ᠨᠠᠶᠢᠳᠠᠪᠤᠷᠢᠵᠢᠭᠤᠯᠤᠯᠲᠠ᠂ ᠴᠢᠬᠤᠯᠠ ᠶᠡᠭᠡ ᠠᠰᠠᠭᠤᠳᠠᠯ ᠤᠨ ᠰᠢᠢᠳᠪᠦᠷᠢᠳᠦ ᠪᠣᠳᠣᠯᠭ᠎ᠠ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠶᠢ ᠬᠠᠷᠢᠭᠤᠴᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠲᠣᠳᠣᠷᠬᠠᠶᠢᠯᠠᠨ᠂ ᠠᠵᠢᠯ ᠤᠨ ᠡᠩᠨᠡᠭᠡ ᠶᠢ ᠴᠢᠩᠭ᠎ᠠ ᠳᠣᠭᠢᠷᠠᠭᠤᠯᠵᠤ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢ ᠪᠦᠷᠢᠳᠬᠡᠨ ᠬᠠᠷᠭᠤᠭᠤᠯᠬᠤ᠂ ᠡᠷᠬᠡ ᠶᠢ ᠨᠤᠲᠠᠯᠠᠨ ᠰᠢᠯᠵᠢᠭᠦᠯᠦᠨ ᠲᠤᠰᠢᠶᠠᠬᠤ᠂ ᠡᠬᠡ ᠲᠠᠩᠰᠠ ᠪᠠᠶᠢᠭᠤᠯᠬᠤ᠂ ᠬᠠᠮᠢᠶᠠᠷᠤᠨ ᠬᠠᠮᠠᠭᠠᠯᠠᠵᠤ ᠡᠵᠡᠩᠨᠡᠬᠦ᠂ ᠠᠰᠢᠭ ᠣᠷᠣᠯᠭ᠎ᠠ ᠶᠢ ᠬᠤᠪᠢᠶᠠᠷᠢᠯᠠᠬᠤ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠡᠳ᠋ ᠬᠥᠷᠥᠩᠭᠡ ᠶᠢ ᠰᠢᠢᠳᠪᠦᠷᠢᠯᠡᠬᠦ ᠵᠡᠷᠭᠡ ᠵᠠᠯᠭᠠᠮᠵᠢ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠨᠢ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶ᠎ᠠ ᠪᠥᠬᠦᠶ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠤᠯᠤᠰ ᠤᠨ ᠥᠮᠴᠢᠯᠡᠯᠲᠦ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠠᠮᠢᠶ᠎ᠠ ᠪᠥᠬᠦᠶ ᠠᠵᠢᠯ ᠢ ᠬᠠᠷᠢᠭᠤᠴᠠᠨ ᠰᠠᠶᠢᠲᠤᠷ ᠬᠢᠨ᠎ᠠ︔ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠨᠢ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠡᠷᠬᠡ ᠶᠢ ᠨᠤᠲᠠᠯᠠᠨ ᠭᠠᠴᠠᠭ᠎ᠠ ᠲᠣᠰᠬᠤᠨ ᠳᠤ ᠬᠦᠷᠭᠡᠭᠰᠡᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢ ᠮᠠᠯᠵᠢᠬᠤ ᠲᠠᠷᠢᠶᠠᠯᠠᠬᠤ ᠣᠷᠣᠨ ᠤ ︽ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ︾ ᠤᠨ ᠬᠠᠮᠢᠶᠠᠷᠤᠯᠲᠠ ᠶᠢᠨ ᠰᠢᠰᠲ᠋ᠧᠮᠵᠢ ᠳᠤ ᠣᠷᠣᠭᠤᠯᠬᠤ ᠶᠢ ᠵᠢᠯᠣᠭᠤᠳᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠨ᠎ᠠ︔ ᠪᠤᠰᠤᠳ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠵᠢᠯ ᠲᠥᠷᠥᠯ ᠤᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ ᠲᠣᠰ ᠰᠠᠯᠠᠭ᠎ᠠ ᠮᠥᠴᠢᠷ ᠤᠨ ᠭᠤᠤᠯᠯᠠᠨ ᠬᠠᠮᠢᠶᠠᠷᠴᠤ ᠪᠠᠶᠢᠭ᠎ᠠ ᠬᠤᠰᠢᠭᠤᠨ ︵ᠣᠷᠣᠨ︶ ᠤ ᠱᠠᠲᠤᠨ ᠤ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠡᠵᠡᠩᠨᠡᠯᠲᠡ᠂ ᠬᠠᠮᠢᠶᠠᠷᠤᠯᠲᠠ ᠪᠠ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ︔ ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯ ᠰᠢᠶᠠᠩ ᠲᠣᠰᠬᠤᠨ ᠬᠤᠶᠠᠷ ᠱᠠᠲᠤᠨ ᠤ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠰᠢᠭᠤᠳ ᠭᠤᠤᠯ ᠴᠣᠭᠴᠠ ᠪᠠᠶᠢᠵᠤ᠂ ᠡᠷᠬᠡ ᠶᠢ ᠨᠢᠭᠡᠳᠦᠯᠲᠡᠶ ᠲᠥᠯᠥᠪᠯᠡᠵᠦ ᠨᠤᠲᠠᠯᠠᠨ ᠲᠣᠭᠲᠠᠭᠠᠬᠤ ᠳᠤ ᠲᠣᠰ ᠣᠷᠣᠨ ᠪᠦᠰᠡ ᠶᠢᠨ ᠢᠶᠠᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠨᠢ ᠲᠣᠰ ᠭᠠᠴᠠᠭ᠎ᠠ ᠲᠣᠰᠬᠤᠨ ᠤ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠬᠠᠮᠠᠭᠠᠯᠠᠯᠲᠠ ᠡᠵᠡᠩᠨᠡᠯᠲᠡ᠂ ᠠᠰᠢᠭ ᠣᠷᠣᠯᠭ᠎ᠠ ᠶᠢᠨ ᠬᠤᠪᠢᠶᠠᠷᠢᠯᠠᠯᠲᠠ᠂ ᠡᠳ᠋ ᠬᠥᠷᠥᠩᠭᠡ ᠶᠢᠨ ᠰᠢᠢᠳᠪᠦᠷᠢᠯᠡᠯᠳᠡ ᠵᠡᠷᠭᠡ ᠠᠵᠢᠯ ᠢ ᠬᠠᠷᠢᠭᠤᠴᠠᠨ᠎ᠠ᠃ ᠡᠷᠦᠬᠡ ᠳᠤ ᠬᠥᠷᠬᠦ ᠲᠥᠷᠥᠯ ᠤᠨ ᠡᠳ᠋ ᠬᠥᠷᠥᠩᠭᠡ ᠶᠢ ᠵᠢᠯᠣᠭᠤᠳᠬᠤ ᠦᠢᠯᠡᠴᠢᠯᠡᠬᠦ ᠬᠢᠨᠠᠯᠲᠠ ᠲᠠᠯᠪᠢᠬᠤ ᠠᠵᠢᠯ ᠢ ᠴᠢᠩᠭᠠᠳᠬᠠᠨ᠎ᠠ᠃     ᠵᠢᠷᠭᠤᠭ᠎ᠠ᠂ ︽ᠠᠯᠠᠱᠠ ᠠᠶᠢᠮᠠᠭ ᠤᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠦᠯ ︵ᠲᠤᠷᠰᠢᠨ ᠬᠡᠷᠡᠭᠵᠢᠭᠦᠯᠬᠦ︶︾ ᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ     ︽ᠠᠯᠠᠱᠠ ᠠᠶᠢᠮᠠᠭ ᠤᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠦᠯ ︵ᠲᠤᠷᠰᠢᠨ ᠬᠡᠷᠡᠭᠵᠢᠭᠦᠯᠬᠦ︶︾ ᠢ ᠬᠡᠷᠡᠭᠵᠢᠭᠦᠯᠬᠦ ᠪᠣᠯ ᠠᠯᠠᠱᠠ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠬᠦ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠨᠢᠭᠡᠨ ᠴᠢᠬᠤᠯᠠ ᠠᠵᠢᠯ ᠪᠠᠶᠢᠵᠤ᠂ ᠬᠤᠶᠢᠰᠢᠳᠠ ᠶᠢᠨ ᠠᠵᠢᠯ ᠢᠶᠠᠨ ᠥᠷᠨᠢᠭᠦᠯᠬᠦ ᠳᠤ ᠵᠢᠷᠤᠮᠯᠠᠯ ᠬᠠᠩᠭᠠᠭᠰᠠᠨ ᠤ ᠬᠠᠮᠲᠤ᠂ ᠪᠠᠰᠠ ᠰᠢᠨ᠎ᠡ ᠱᠠᠭᠠᠷᠳᠠᠯᠭ᠎ᠠ ᠳᠤᠷᠠᠳᠪᠠ᠃ ᠶᠡᠷᠦᠩᠬᠡᠢ ᠳᠤᠨᠢ ᠠᠪᠴᠤ ᠬᠡᠯᠡᠪᠡᠯ ᠳᠠᠷᠤᠢ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠬᠢᠨᠠᠨ ᠰᠢᠯᠭᠠᠬᠤ ᠪᠠᠨ ᠴᠢᠩᠭᠠᠳᠬᠠᠵᠤ᠂ ᠳ᠋ᠦᠩᠨᠡᠨ ᠳᠡᠯᠭᠡᠷᠡᠭᠦᠯᠬᠦ ᠶᠢ ᠴᠢᠬᠤᠯᠠᠴᠢᠯᠠᠬᠤ ᠬᠡᠷᠡᠭᠲᠡᠢ᠃ ᠬᠢᠨᠠᠯᠲᠠ ᠲᠠᠯᠪᠢᠬᠤ ᠶᠢ ᠴᠢᠩᠭᠠᠳᠬᠠᠬᠤ ᠪᠣᠯ ᠳᠠᠷᠤᠶ ᠶᠠᠳᠠᠭᠤ ᠶᠢ ᠲᠡᠳᠬᠦᠬᠦ ᠲᠥᠷᠥᠯ  ᠵᠦᠢᠯ ᠤᠨ ᠡᠳ᠋ ᠬᠥᠷᠥᠩᠭᠡ ᠶᠢᠨ ᠡᠵᠡᠩᠨᠡᠯᠲᠡ᠂ ᠠᠰᠢᠭ ᠣᠷᠣᠯᠭ᠎ᠠ ᠶᠢᠨ ᠬᠤᠪᠢᠶᠠᠷᠢᠯᠠᠯᠲᠠ᠂ ᠰᠢᠢᠳᠪᠦᠷᠢᠯᠡᠯᠳᠡ ᠵᠡᠷᠭᠡ ᠪᠠᠶᠢᠳᠠᠯ ᠢ ᠴᠠᠭ ᠲᠤᠬᠠᠶ ᠳᠤᠨᠢ ᠵᠠᠷᠯᠠᠨ ᠨᠡᠶᠢᠲᠡᠯᠡᠵᠦ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠪᠠᠶᠢᠳᠠᠯ ᠳᠤ ᠰᠠᠬᠢᠯᠭ᠎ᠠ ᠪᠠᠲᠤ ᠶᠢᠨ ᠬᠢᠨᠠᠯᠲᠠ ᠲᠠᠯᠪᠢᠬᠤ᠂ ᠬᠢᠨᠠᠨ ᠪᠤᠳᠤᠯᠲᠠ ᠶᠢᠨ ᠬᠢᠨᠠᠯᠲᠠ ᠲᠠᠯᠪᠢᠬᠤ᠂ ᠠᠵᠢᠯ ᠲᠥᠷᠥᠯ ᠤᠨ ᠬᠢᠨᠠᠯᠲᠠ ᠲᠠᠯᠪᠢᠬᠤ ᠪᠠ ᠨᠡᠶᠢᠭᠡᠮ ᠤᠨ ᠬᠢᠨᠠᠯᠲᠠ ᠲᠠᠯᠪᠢᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠶᠠᠪᠤᠳᠠᠯ ᠪᠣᠯᠤᠨ᠎ᠠ᠃ ᠰᠢᠯᠭᠠᠨ ᠬᠢᠨᠠᠬᠤ ᠶᠢ ᠴᠢᠩᠭᠠᠳᠬᠠᠬᠤ ᠭᠡᠳᠡᠭ ᠨᠢ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠶᠢᠨ ᠰᠢᠯᠭᠠᠨ ᠬᠢᠨᠠᠬᠤ ᠬᠦᠢᠴᠡᠳᠭᠡᠯ ᠲᠤᠭ᠎ᠠ ᠪᠠ ᠥᠪᠡᠷᠲᠡᠭᠡᠨ ᠵᠠᠰᠠᠬᠤ ᠣᠷᠣᠨ ᠤ ᠵᠣᠯᠭᠠᠭᠤᠯᠬᠤ ᠨᠥᠬᠦᠪᠥᠷᠢ ᠶᠢᠨ ᠪᠠᠯᠠ ᠮᠥᠩᠭᠦ ᠶᠢᠨ ᠠᠮᠵᠢᠯᠲᠠ ᠪᠦᠲᠦᠮᠵᠢ ᠶᠢ ᠦᠨᠡᠯᠡᠬᠦ ᠠᠭᠤᠯᠭ᠎ᠠ ᠳᠤ ᠣᠷᠣᠭᠤᠯᠵᠤ᠂ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠤᠨ᠎ᠠ᠃ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠳᠤᠮᠳᠠ ᠢᠯᠡᠷᠡᠭᠦᠯᠦᠭᠰᠡᠨ ᠬᠤᠳᠠᠯ ᠢᠶᠠᠷ ᠮᠡᠳᠡᠭᠦᠯᠵᠦ ᠬᠠᠭᠤᠷᠮᠠᠭᠯᠠᠨ ᠠᠪᠬᠤ᠂ ᠦᠯᠡᠳᠡᠭᠡᠨ ᠠᠪᠴᠤ ᠳᠣᠲᠣᠷ᠎ᠠ ᠵᠠᠭᠤᠷ᠎ᠠ ᠪᠠᠨ ᠬᠤᠪᠢᠶᠠᠯᠴᠠᠬᠤ᠂ ᠱᠠᠮᠰᠢᠵᠤ ᠨᠡᠭᠦᠯᠭᠡᠨ ᠬᠡᠷᠡᠭᠯᠡᠬᠦ᠂ ᠲᠣᠭᠲᠠᠭᠠᠯ ᠠᠴᠠ ᠵᠥᠷᠢᠴᠡᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠵᠢᠴᠢ ᠠᠰᠢᠭ ᠣᠷᠣᠯᠭ᠎ᠠ ᠶᠢ ᠰᠢᠢᠳᠪᠦᠷᠢᠯᠡᠬᠦ ᠵᠡᠷᠭᠡ ᠡᠯ᠎ᠡ ᠲᠥᠷᠥᠯ ᠤᠨ ᠲᠦᠷᠢᠮ ᠲᠣᠭᠲᠠᠭᠠᠯ ᠰᠠᠬᠢᠯᠭ᠎ᠠ ᠪᠠᠲᠤ ᠠᠴᠠ ᠵᠥᠷᠢᠴᠡᠭᠰᠡᠨ ᠦᠢᠯᠡ ᠠᠵᠢᠯᠯᠠᠭ᠎ᠠ ᠠᠴᠠ ᠬᠠᠤᠯᠢ ᠴᠠᠭᠠᠵᠠ ᠰᠠᠬᠢᠯᠭ᠎ᠠ ᠪᠠᠲᠤ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ ᠳ᠋ᠦᠩᠨᠡᠨ ᠳᠡᠯᠭᠡᠷᠡᠭᠦᠯᠬᠦ ᠶᠢ ᠴᠢᠬᠤᠯᠠᠴᠢᠯᠠᠬᠤ ᠪᠣᠯ ᠳᠠᠷᠤᠶ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠠᠷᠭ᠎ᠠ ᠶᠢ ᠢᠳᠡᠪᠬᠢᠲᠡᠶ ᠰᠦᠪᠡᠭᠴᠢᠯᠡᠬᠦ ᠶᠢᠨ ᠬᠠᠮᠲᠤ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠠᠮᠵᠢᠯᠲᠠ ᠲᠠᠢ ᠲᠤᠷᠰᠢᠯᠭ᠎ᠠ ᠠᠷᠭ᠎ᠠ ᠬᠢᠳᠡᠯ ᠢ ᠬᠤᠷᠠᠮᠳᠤᠭᠤᠯᠤᠨ ᠳᠡᠯᠭᠡᠷᠡᠭᠦᠯᠬᠦ ᠶᠠᠪᠤᠳᠠᠯ ᠪᠣᠯᠤᠨ᠎ᠠ᠃ ᠶᠡᠷᠦᠩᠬᠡᠶᠢᠯᠡᠪᠡᠯ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢ ᠰᠠᠶᠢᠲᠤᠷ ᠬᠢᠬᠦ ᠨᠢ ᠲᠦᠢᠯ ᠤᠨ ᠴᠢᠬᠤᠯᠠ ᠶᠤᠮ᠂ ᠪᠢᠳᠡ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠠᠵᠢᠯ ᠢ ᠬᠢᠨᠠᠮᠠᠭᠠᠶ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ᠃     ᠬᠠᠮᠢᠶ᠎ᠠ ᠪᠦᠬᠦᠢ ᠪᠢᠴᠢᠭ ᠮᠠᠲ᠋ᠧᠷᠢᠶᠠᠯ
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号