ᠠᠯᠠᠱᠠ ᠠᠶᠢᠮᠠᠭ ᠤᠨ ᠠᠵᠤ ᠠᠬᠤᠶ ᠶᠢᠨ ᠦᠷᠭᠦᠯᠵᠢᠯᠡᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ | ᠠᠬᠢᠭᠤᠯᠵᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠦᠨ᠂ | ᠬᠡᠷᠡᠭᠯᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠠᠬᠢᠭᠤᠯᠬᠤ ᠶᠢᠨ ᠲᠤᠰᠠᠳᠠ᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠡ ᠶᠢᠨ 2022 ᠣᠨ ᠤ ᠠᠵᠢᠯᠯᠠᠭᠠᠨ ᠤ ᠲᠥᠰᠦᠯ︾ | ᠢ ᠦᠨᠳᠦᠰᠦᠯᠡᠨ᠂ ᠠᠯᠠᠱᠠ ᠠᠶᠢᠮᠠᠭ ᠤᠨ ᠪᠣᠳᠠᠲᠠᠶ ᠲᠠᠢ ᠤᠶᠠᠯᠳᠤᠭᠤᠯᠤᠨ ᠲᠣᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ ᠬᠢᠭᠡᠳ ᠬᠠᠷᠠᠯᠲᠠ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ | ᠬᠡᠷᠡᠭᠯᠡᠭᠡ ᠶᠢ ᠠᠬᠢᠭᠤᠯᠬᠤ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠦ᠂ ᠬᠡᠷᠡᠭᠯᠡᠭᠡ ᠶᠢᠨ ᠰᠠᠶᠢᠵᠢᠷᠠᠬᠤ | ᠬᠠᠨᠳᠤᠰᠢ ᠶᠢ ᠲᠣᠭᠲᠠᠪᠤᠷᠢᠵᠢᠭᠤᠯᠬᠤ᠂ ᠬᠡᠷᠡᠭᠯᠡᠭᠡ ᠶᠢᠨ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ | ᠬᠥᠭᠵᠢᠯᠲᠡ ᠳᠤ ᠦᠵᠡᠭᠦᠯᠬᠦ ᠲᠤᠯᠭᠠᠭᠤᠷᠢᠯᠠᠬᠤ ᠦᠢᠯᠡᠳᠦᠯ ᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ︽ | ᠵᠠᠰᠠᠭ ᠤᠨ ᠣᠷᠳᠣᠨ ᠲᠠᠪᠴᠠᠩ ᠪᠠᠶᠢᠭᠤᠯᠬᠤ᠂ ᠠᠵᠤ ᠠᠬᠤᠶᠢᠯᠠᠯ ᠣᠷᠣᠯᠴᠠᠬᠤ᠂ ᠠᠷᠠᠳ ᠤᠨ ᠠᠮᠢᠳᠤᠷᠠᠯ ᠢᠶᠠᠷ | ᠤᠳᠤᠷᠢᠳᠤᠮᠵᠢ ᠪᠣᠯᠭᠠᠬᠤ᠂ ᠠᠵᠤ ᠠᠬᠤᠶᠢᠯᠠᠯ ᠳᠤ ᠠᠰᠢᠭ ᠬᠦᠷᠲᠡᠭᠡᠨ ᠠᠷᠠᠳ ᠲᠤ ᠠᠰᠢᠭ ᠬᠦᠷᠲᠡᠭᠡᠬᠦ᠂ ᠳᠡᠭᠡᠳᠦ | ᠳᠤᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ᠂ ᠬᠤᠲᠠ ᠬᠥᠳᠡᠭᠡ ᠶᠢ ᠬᠠᠮᠲᠤ ᠳᠤᠨᠢ ᠬᠠᠷᠠᠭᠠᠯᠵᠠᠬᠤ︾ ᠵᠠᠷᠴᠢᠮ ᠢ | ᠪᠠᠷᠢᠮᠲᠠᠯᠠᠵᠤ᠂ ᠤᠯᠠᠮᠵᠢᠯᠠᠯᠲᠤ ᠬᠡᠷᠡᠭᠯᠡᠭᠡ ᠶᠢ ᠦᠷᠭᠦᠯᠵᠢᠯᠡᠨ ᠥᠷᠭᠡᠳᠬᠡᠵᠦ᠂ ᠰᠢᠨ᠎ᠡ ᠬᠡᠯᠪᠡᠷᠢ ᠶᠢᠨ ᠬᠡᠷᠡᠭᠯᠡᠭᠡ ᠶᠢ | ᠢᠳᠡᠪᠬᠢᠲᠡᠶ ᠬᠥᠭᠵᠢᠭᠦᠯᠵᠦ᠂ ᠪᠣᠬᠢᠷᠲᠤᠯ ᠥᠬᠡᠶ ᠬᠡᠷᠡᠭᠯᠡᠭᠡ ᠪᠠ ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠶᠡᠭᠡ ᠪᠠᠷ | ᠠᠬᠢᠭᠤᠯᠵᠤ᠂ ᠬᠤᠲᠠ ᠬᠥᠳᠡᠭᠡ ᠶᠢᠨ ᠬᠡᠷᠡᠭᠯᠡᠭᠡ ᠶᠢᠨ ᠲᠦᠪᠰᠢᠨ ᠢ ᠳᠡᠭᠡᠭᠰᠢᠯᠡᠬᠦᠯᠦᠨ᠎ᠡ᠃ ᠬᠡᠷᠡᠭᠯᠡᠭᠡᠨ ᠤ ᠲᠠᠪᠴᠠᠩ ᠢ | ᠢᠳᠡᠪᠬᠢᠲᠡᠶ ᠪᠠᠶᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠤᠵᠠᠭᠠᠶᠢᠷᠠᠭᠤᠯᠤᠨ᠂ ᠣᠯᠠᠨ ᠬᠦᠷᠢᠶ᠎ᠡ᠂ | ᠣᠯᠠᠨ ᠲᠠᠰ ᠳᠠᠪᠬᠤᠷᠭ᠎ᠠ᠂ ᠣᠯᠠᠨ ᠡᠰᠢᠵᠢᠭᠰᠡᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ | ᠬᠡᠷᠡᠭᠯᠡᠭᠡᠨ ᠤ ᠬᠥᠳᠡᠯᠭᠡᠬᠦ ᠡᠨᠧᠷᠭᠢ ᠶᠢ ᠤᠯᠠᠮ ᠨᠢᠭᠡ ᠠᠯᠬᠤᠮ ᠬᠥᠭᠵᠢᠭᠡᠨ᠎ᠡ᠃ 2022 ᠣᠨ ᠳᠤ᠂ ᠪᠦᠬᠦ ᠠᠶᠢᠮᠠᠭ | ᠡᠯ᠎ᠡ ᠲᠥᠷᠥᠯ ᠤᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ 27 ᠲᠠᠯᠠᠪᠤᠷ ᠠᠴᠠ ᠳᠡᠭᠡᠭᠰᠢ ᠵᠣᠬᠢᠶᠠᠨ ᠪᠠᠶᠢᠭᠤᠯᠵᠤ | ᠡᠷᠬᠢᠯᠡᠬᠦ ᠪᠠᠷ ᠲᠥᠯᠥᠪᠯᠡᠵᠦ᠂ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ | ᠨᠣᠷᠮ᠎ᠠ ᠶᠢᠨ ᠨᠡᠮᠡᠭᠳᠡᠯ ᠤᠨ ᠬᠤᠷᠳᠤᠴᠠ ᠶᠢ ᠳᠡᠭᠡᠷ᠎ᠡ ᠵᠢᠯ ᠤᠨ ᠲᠡᠭᠰᠢᠳᠬᠡᠭᠰᠡᠨ ᠲᠦᠪᠰᠢᠨ ᠠᠴᠠ ᠥᠨᠳᠥᠷ | ᠪᠠᠶᠢᠯᠭᠠᠬᠤ ᠪᠠᠷ ᠴᠢᠷᠮᠠᠶᠢᠨ᠎ᠠ᠃ | ᠬᠤᠶᠠᠷ᠂ ᠭᠤᠣᠯᠳᠠᠯᠭ᠎ᠠ ᠲᠠᠢ ᠡᠭᠦᠷᠭᠡ | ︵ᠨᠢᠭᠡ︶ ᠤᠯᠠᠮᠵᠢᠯᠠᠯᠲᠤ ᠬᠡᠷᠡᠭᠯᠡᠭᠡ ᠶᠢ ᠥᠷᠭᠡᠳᠬᠡᠨ᠎ᠡ | 1 . ᠢᠳᠡᠭᠡᠨ ᠤᠮᠳᠠᠭᠠᠨ ᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠤᠨ᠎ᠠ᠃ ︽ | ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ᠂ ᠡᠵᠡᠮᠳᠡᠯ ᠢ ᠡᠮᠬᠢ ᠵᠢᠷᠤᠮ ᠲᠠᠢ ᠪᠠᠶᠢᠯᠭᠠᠬᠤ᠂ ᠬᠠᠷᠢᠭᠤᠴᠠᠯᠭ᠎ᠠ ᠶᠢ ᠴᠠᠭ | ᠲᠤᠬᠠᠶ ᠳᠤᠨᠢ ᠨᠠᠶᠢᠳᠠᠪᠤᠷᠢᠵᠢᠭᠤᠯᠬᠤ︾ ᠵᠠᠷᠴᠢᠮ ᠶᠣᠰᠣᠭᠠᠷ᠂ ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠵᠢᠯᠣᠭᠤᠳᠣᠯᠭ᠎ᠠ ᠳᠤᠤᠷ᠎ᠠ ᠲᠣᠮᠣ ᠬᠡᠯᠪᠡᠷᠢ ᠶᠢᠨ ᠳᠠᠶᠢᠯᠠᠯᠭ᠎ᠠ | ᠴᠤᠭᠯᠠᠭᠠᠨ ᠵᠡᠷᠭᠡ ᠬᠤᠭᠤᠯᠠᠯᠠᠬᠤ ᠬᠡᠷᠡᠭᠯᠡᠭᠡᠨ ᠤ ᠠᠷᠭ᠎ᠠ ᠮᠠᠶ᠋ᠢᠭ ᠢ ᠡᠮᠬᠢ ᠵᠢᠷᠤᠮ ᠲᠠᠢ ᠪᠠᠷ ᠰᠡᠷᠭᠦᠭᠡᠨ᠎ᠡ᠃ ᠢᠳᠡᠭᠡᠨ | ᠤᠮᠳᠠᠭᠠᠨ ᠤ ᠠᠵᠤ ᠠᠬᠤᠶᠢᠯᠠᠯ ᠤᠨ ᠠᠯᠠᠱᠠ ᠠᠶᠢᠮᠠᠭ ᠤᠨ ᠤᠯᠠᠮᠵᠢᠯᠠᠯᠲᠤ ᠢᠳᠡᠭᠡᠨ ᠤᠮᠳᠠᠭᠠᠨ ᠤ ᠰᠣᠶᠣᠯ ᠢ | ᠠᠭᠤᠳᠠᠯᠬᠤ ᠶᠢ ᠵᠣᠷᠢᠭᠵᠢᠭᠤᠯᠤᠨ ᠳᠡᠮᠵᠢᠵᠦ᠂ ᠤᠷᠢᠳᠴᠢᠯᠠᠨ ᠬᠢᠭᠰᠡᠨ ᠢᠳᠡᠰᠢᠨ ᠨᠣᠭᠤᠭ᠎ᠠ ᠶᠢ ᠰᠤᠳᠤᠯᠤᠨ | ᠨᠡᠭᠡᠭᠡᠵᠦ᠂ ᠢᠳᠡᠰᠢᠨ ᠨᠣᠭᠤᠭ᠎ᠠ ᠶᠢᠨ ᠬᠠᠩᠭᠠᠯᠭ᠎ᠠ ᠶᠢ ᠪᠠᠶᠠᠯᠢᠭᠵᠢᠭᠤᠯᠤᠨ᠂ ᠥᠪᠡᠷᠮᠢᠴᠡ᠂ ᠴᠢᠨᠠᠷᠵᠢᠭᠤᠨ᠂ ᠣᠯᠠᠨ | ᠡᠰᠢᠵᠢᠭᠰᠡᠨ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ︽ᠢᠨᠲ᠋ᠧᠷ ᠰᠦᠯᠵᠢᠶ᠎ᠡ + ᠢᠳᠡᠭᠡᠨ | ᠤᠮᠳᠠᠭᠠᠨ︾ ᠤ ᠬᠥᠭᠵᠢᠯᠲᠡ ᠶᠢ ᠠᠬᠢᠭᠤᠯᠵᠤ᠂ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠦᠢᠯᠡᠴᠢᠯᠡᠭᠡᠨ ᠤ | ᠠᠷᠭ᠎ᠠ ᠮᠠᠶ᠋ᠢᠭ ᠲᠤ ᠰᠢᠨ᠎ᠡ ᠶᠢ ᠡᠭᠦᠳᠬᠦ ᠶᠢ ᠵᠣᠷᠢᠭᠵᠢᠭᠤᠯᠤᠨ ᠳᠠᠮᠵᠢᠵᠤ᠂ ᠨᠡᠶᠢᠲᠡ ᠶᠢᠨ ᠬᠤᠭᠤᠯᠠ᠂ ᠢᠵᠢ | ᠬᠤᠭᠤᠯᠠ᠂ ᠪᠡᠶ᠎ᠡ ᠪᠠᠨ ᠳᠠᠭᠠᠭᠠᠵᠤ ᠬᠤᠭᠤᠯᠠ ᠲᠣᠬᠢᠷᠠᠭᠤᠯᠬᠤ᠂ ᠪᠠᠶᠠᠷ ᠳᠤᠷᠠᠰᠬᠠᠯ ᠤᠨ ᠬᠤᠭᠤᠯᠠ᠂ ᠪᠢᠲᠡᠭᠦᠨ ᠤ | ᠬᠤᠭᠤᠯᠠ ᠵᠡᠷᠭᠡ ᠣᠨᠴᠠᠯᠢᠭᠲᠤ ᠦᠢᠯᠡᠴᠢᠯᠡᠭᠡ ᠶᠢ ᠬᠠᠩᠭᠠᠨ᠎ᠠ᠃ ᠢᠳᠡᠭᠡᠨ ᠤᠮᠳᠠᠭᠠᠨ ᠤ ᠪᠠᠷᠢᠮᠵᠢᠶ᠎ᠠ ᠶᠢ | ᠲᠡᠭᠦᠯᠳᠡᠷᠵᠢᠭᠦᠯᠬᠦ ᠶᠢ ᠠᠬᠢᠭᠤᠯᠵᠤ᠂ ᠣᠨᠴᠠᠯᠢᠭ ᠲᠠᠢ ᠬᠤᠭᠤᠯᠠᠯᠠᠬᠤ ᠳᠦᠷᠢᠮ ᠢ ᠬᠡᠷᠡᠭᠵᠢᠭᠦᠯᠬᠦ ᠶᠢ ᠬᠥᠲᠥᠯᠥᠨ | ᠵᠢᠯᠣᠭᠤᠳᠴᠤ᠂ ᠨᠡᠶᠢᠲᠡ ᠶᠢᠨ ᠰᠠᠪᠬ᠎ᠠ ᠨᠡᠶᠢᠲᠡ ᠶᠢᠨ ᠰᠢᠨᠠᠭ᠎ᠠ ᠬᠡᠷᠡᠭᠯᠡᠬᠦ ᠶᠢ ᠳᠡᠯᠭᠡᠷᠡᠭᠦᠯᠵᠦ᠂ ᠪᠠᠭ᠎ᠠ ᠬᠤᠪᠢ | ᠨᠣᠭᠤᠭ᠎ᠠ᠂ ᠬᠠᠭᠠᠰ ᠬᠤᠪᠢ ᠨᠣᠭᠤᠭ᠎ᠠ ᠬᠠᠩᠭᠠᠵᠤ᠂ ︽ᠬᠤᠭᠤᠰᠣᠯᠠᠬᠤ ᠠᠵᠢᠯᠯᠠᠭ᠎ᠠ︾ ᠥᠷᠨᠢᠭᠦᠯᠵᠦ᠂ | ᠪᠣᠯᠪᠠᠰᠤᠨ ᠢᠶᠠᠷ ᠬᠤᠭᠤᠯᠠᠯᠠᠬᠤ ᠰᠢᠨ᠎ᠡ ᠬᠡᠪ ᠰᠤᠷᠲᠠᠯ ᠢ ᠰᠠᠨᠠᠭᠠᠴᠢᠯᠠᠨ᠎ᠠ᠃ ︵ᠬᠠᠷᠢᠭᠤᠴᠠᠯᠭᠠᠲᠤ ᠨᠢᠭᠡᠴᠡ᠄ | ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠨᠢᠭᠡᠳᠦᠭᠡᠷ ᠲᠤ ᠵᠢᠭᠰᠠᠭᠠᠭᠳᠠᠭᠰᠠᠨ ᠨᠢ ᠲᠦᠷᠦᠭᠦᠯᠡᠨ ᠬᠢᠬᠦ ᠰᠠᠯᠠᠭ᠎ᠠ ᠮᠥᠴᠢᠷ ᠪᠣᠯᠤᠨ᠎ᠠ᠂ ᠪᠤᠰᠤᠳ | ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ᠂ ᠳᠣᠷᠣᠭᠰᠢ ᠠᠳᠠᠯᠢ︶ | 2 . ᠢᠨᠲ᠋ᠧᠷ ᠰᠦᠯᠵᠢᠶᠡᠨ ᠤ ᠠᠵᠤ ᠠᠬᠤᠶᠢᠯᠠᠯ ᠤᠨ ᠪᠣᠳᠠᠲᠤ ᠴᠣᠭᠴᠠᠲᠤ ᠳᠡᠯᠭᠡᠭᠦᠷ ᠯᠦᠭᠡ ᠶᠢᠨ | ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠵᠣᠷᠢᠭᠵᠢᠭᠤᠯᠤᠨ᠎ᠠ᠃ ᠰᠦᠯᠵᠢᠶᠡᠨ ᠳᠡᠭᠡᠷ᠎ᠡ ᠰᠣᠯᠢᠯᠴᠠᠭ᠎ᠠ ᠬᠢᠵᠦ | ᠬᠠᠷᠢᠯᠴᠠᠨ ᠬᠥᠳᠡᠯᠦᠯᠴᠡᠬᠦ᠂ ᠠᠶᠠᠨᠴᠢᠳ ᠢ ᠲᠡᠳᠡᠨ ᠴᠤᠭᠯᠠᠷᠠᠭᠤᠯᠬᠤ᠂ ᠲᠦᠢᠯ ᠤᠨ ᠣᠨᠣᠪᠴᠢᠲᠠᠶ ᠪᠠᠷ ᠡᠵᠡᠩᠨᠡᠨ | ᠪᠣᠷᠣᠯᠠᠭᠤᠯᠬᠤ ᠵᠡᠷᠭᠡ ᠳᠠᠪᠠᠭᠤᠯᠢᠭ ᠪᠠ ᠰᠦᠯᠵᠢᠶᠡᠨ ᠭᠠᠳᠠᠭᠤᠷᠬᠢ ᠦᠨᠡᠨ ᠪᠣᠳᠠᠲᠠᠶ ᠣᠶᠢᠯᠠᠭᠠᠯᠲᠠ᠂ ᠨᠠᠷᠠᠲᠤ | ᠲᠥᠷᠥᠯ ᠲᠡᠮᠳᠡᠭᠲᠦ ᠶᠢᠨ ᠢᠲᠡᠭᠡᠮᠵᠢ᠂ ᠪᠠᠷᠠᠭᠠᠨ ᠤ ᠬᠦᠢᠯᠬᠡᠬᠡ ᠶᠢᠨ ᠳᠣᠭᠢᠷᠠᠭᠤᠯᠤᠨ ᠬᠦᠷᠭᠡᠬᠦ ᠵᠡᠷᠭᠡ ᠳᠠᠪᠠᠭᠤᠯᠢᠭ ᠢ | ᠬᠠᠷᠢᠯᠴᠠᠨ ᠠᠭᠤᠰᠤᠯᠴᠠᠭᠤᠯᠬᠤ ᠶᠢ ᠠᠬᠢᠭᠤᠯᠵᠤ᠂ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢ | ᠬᠠᠪᠲᠠᠭᠠᠶᠢᠷᠠᠭᠤᠯᠬᠤ᠂ ᠪᠡᠯᠡᠳᠬᠡᠮᠵᠢ ᠲᠥᠬᠦᠭᠡᠷᠦᠮᠵᠢ ᠶᠢ ᠤᠶᠤᠨᠵᠢᠭᠤᠯᠬᠤ᠂ ᠬᠤᠳᠠᠯᠳᠤᠭᠠᠨ ᠤ ᠭᠤᠤᠯ ᠴᠣᠭᠴᠠ ᠶᠢ | ᠰᠦᠯᠵᠢᠶᠡᠵᠢᠭᠦᠯᠬᠦ᠂ ᠬᠤᠳᠠᠯᠳᠤᠭᠠᠨ ᠤ ᠪᠤᠰᠤᠳᠴᠢ ᠴᠣᠭᠴᠠ ᠶᠢ ᠳ᠋ᠠᠶᠢᠲ᠋ᠠᠵᠢᠭᠤᠯᠬᠤ ᠪᠠ ᠦᠢᠯᠡᠴᠢᠯᠡᠬᠡᠨ ᠤ ᠠᠵᠢᠯ ᠢ | ᠪᠠᠷᠢᠮᠵᠢᠶᠠᠵᠢᠭᠤᠯᠬᠤ ᠶᠢ ᠠᠬᠢᠭᠤᠯᠤᠨ᠎ᠠ᠃ ᠠᠵᠢᠯᠯᠠᠭ᠎ᠠ ᠥᠷᠨᠢᠭᠦᠯᠬᠦ ᠪᠣᠳᠠᠲᠠᠶ ᠦᠷ᠎ᠡ ᠪᠦᠲᠦᠮᠵᠢ ᠶᠢ ᠦᠨᠳᠦᠰᠦᠯᠡᠨ᠂ | ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ᠂ ᠲᠥᠷᠥᠯ ᠵᠦᠢᠯ᠂ ᠪᠡᠯᠡ ᠮᠥᠩᠭᠦ ᠶᠢᠨ ᠳᠡᠮᠵᠢᠯᠭᠡ ᠶᠢ | ᠣᠯᠬᠤ ᠪᠠᠷ ᠴᠢᠷᠮᠠᠶᠢᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶ | 3 . ᠭᠠᠷ ᠳᠠᠮᠵᠢᠭᠰᠠᠨ ᠮᠠᠰᠢᠨ ᠲᠡᠷᠭᠡᠨ ᠤ ᠠᠷᠠᠯᠵᠢᠶ᠎ᠠ ᠶᠢᠨ ᠳᠥᠭᠦᠮᠴᠢᠯᠡᠯᠲᠡ ᠶᠢ ᠠᠬᠢᠭᠤᠯᠤᠨ᠎ᠠ᠃ ᠡᠯ᠎ᠡ | ᠬᠤᠰᠢᠭᠤ ᠣᠷᠣᠨ ᠤ ᠭᠠᠷ ᠳᠠᠮᠵᠢᠭᠰᠠᠨ ᠮᠠᠰᠢᠨ ᠲᠡᠷᠭᠡᠨ ᠤ ᠠᠷᠠᠯᠵᠢᠶᠠᠨ ᠤ ᠵᠠᠬ᠎ᠠ ᠳᠡᠯᠭᠡᠭᠦᠷ ᠢ ᠲᠠᠰ ᠳᠡᠪᠰᠢᠭᠦᠯᠦᠨ | ᠥᠭᠡᠷᠡᠴᠢᠯᠡᠬᠦ ᠶᠢ ᠳᠡᠮᠵᠢᠵᠦ᠂ ᠦᠢᠯᠡᠴᠢᠯᠡᠬᠡᠨ ᠤ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠦᠨ᠂ ᠭᠠᠷ | ᠳᠠᠮᠵᠢᠭᠰᠠᠨ ᠮᠠᠰᠢᠨ ᠲᠡᠷᠭᠡ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠣᠷᠣᠵᠤ | ᠰᠠᠭᠤᠭᠠᠳ ᠲᠤᠬᠠᠶᠢᠯᠠᠭᠰᠠᠨ ᠠᠵᠢᠯ ᠥᠷᠨᠢᠭᠦᠯᠬᠦ ᠶᠢ ᠬᠥᠲᠥᠯᠦᠨ ᠵᠢᠯᠣᠭᠤᠳᠴᠤ᠂ ᠤᠴᠢᠷ ᠶᠠᠪᠤᠳᠠᠯ ᠤᠨ ᠳᠤᠮᠳᠠᠬᠢ | ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠡᠵᠡᠩᠨᠡᠯᠲᠡ ᠶᠢᠨ ᠡᠮᠬᠢ ᠵᠢᠷᠤᠮ ᠢ | ᠤᠯᠠᠮ ᠨᠢᠭᠡ ᠠᠯᠬᠤᠮ ᠵᠢᠷᠤᠮᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ︶ | 4 . ᠭᠡᠷ ᠠᠬᠤᠶ ᠶᠢᠨ ᠦᠢᠯᠡᠴᠢᠯᠡᠭᠡᠨ ᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠭᠡᠷ ᠤᠨ | ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ | ᠠᠬᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ | ᠳᠠᠮᠵᠢᠵᠤ᠂ ᠠᠵᠤ ᠠᠬᠤᠶᠢᠯᠠᠯ ᠤᠨ ᠬᠡᠯᠬᠢᠶᠡᠵᠢᠭᠰᠡᠨ ᠡᠵᠡᠩᠨᠡᠯᠲᠡ᠂ ︽ᠢᠨᠲ᠋ᠧᠷ ᠰᠦᠯᠵᠢᠶ᠎ᠡ + ᠭᠡᠷ ᠤᠨ ᠶᠠᠪᠤᠳᠠᠯ︾ | ᠢᠶᠠᠷ ᠳᠠᠮᠵᠢᠨ ᠬᠥᠳᠡᠭᠡ ᠪᠠᠭᠤᠯᠭᠠᠬᠤ ᠦᠢᠯᠡᠴᠢᠯᠡᠭᠡ ᠶᠢ ᠵᠣᠷᠢᠭᠵᠢᠭᠤᠯᠤᠨ᠎ᠠ᠃ ᠠᠳᠠᠯ ᠦᠢᠯᠡᠰ ᠴᠣᠭᠴᠠᠯᠠᠵᠤ ᠠᠵᠢᠯ | ᠣᠯᠭᠤᠬᠤ ︽ᠱᠠᠩᠨᠠᠬᠤ ᠪᠠᠷ ᠨᠥᠬᠦᠪᠥᠷᠢᠯᠡᠬᠦ ᠶᠢ ᠣᠷᠣᠯᠠᠭᠤᠯᠬᠤ︾ ᠪᠠᠯᠠ ᠮᠥᠩᠭᠦ ᠪᠠᠷ ᠳᠠᠮᠵᠢᠭᠤᠯᠤᠨ᠂ ᠬᠡᠷ | ᠠᠬᠤᠶ ᠶᠢᠨ ᠪᠣᠯᠪᠠᠰᠤᠷᠠᠭᠤᠯᠤᠯ ᠥᠷᠨᠢᠭᠦᠯᠵᠦ᠂ ᠬᠡᠷ ᠠᠬᠤᠶ ᠶᠢᠨ ᠠᠳᠠᠯ ᠦᠢᠯᠡᠰ ᠴᠣᠭᠴᠠᠯᠠᠬᠤ ᠦᠢᠯᠡᠴᠢᠯᠡᠭᠡ | ᠬᠠᠩᠭᠠᠭᠰᠠᠨ ᠠᠯᠠᠱᠠ ᠠᠶᠢᠮᠠᠭ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ︵ᠪᠣᠶᠢᠵᠢᠭᠤᠯᠬᠤ ᠰᠠᠭᠤᠷᠢᠨ ᠭᠠᠵᠠᠷ | ︶ ᠪᠣᠯᠤᠨ ᠠᠵᠢᠯ ᠮᠡᠷᠭᠡᠵᠢᠯ ᠤᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠲᠤ ᠪᠠᠯᠠ ᠮᠥᠩᠭᠦ ᠶᠢᠨ | ᠳᠡᠮᠵᠢᠯᠭᠡ ᠦᠵᠡᠭᠦᠯᠦᠨ᠎ᠡ᠃ ᠬᠡᠷ ᠤᠨ ᠶᠠᠪᠤᠳᠠᠯ ᠤᠨ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ | ᠬᠡᠷᠡᠭᠵᠢᠭᠦᠯᠦᠯᠲᠡ ᠳᠤ ᠬᠦᠴᠦᠨ ᠨᠡᠮᠡᠷᠢᠯᠡᠵᠦ᠂ ᠶᠠᠳᠠᠭᠤ ᠠᠴᠠ ᠠᠩᠭᠢᠵᠢᠷᠠᠭᠰᠠᠨ ᠨᠢ ᠲᠣᠭᠲᠠᠭᠤᠨ ᠪᠤᠰᠤ ᠡᠷᠦᠬᠡ ᠪᠠ | ᠬᠤᠶᠠᠷ ᠤᠨ ᠬᠤᠭᠤᠷᠣᠨᠳᠣ ᠪᠠᠶᠢᠭ᠎ᠠ ᠠᠮᠠᠷᠬᠠᠨ ᠶᠠᠳᠠᠭᠤᠷᠠᠬᠤ ᠡᠷᠦᠬᠡ᠂ ᠭᠡᠨᠡᠳᠲᠡ ᠶᠢᠨ ᠪᠠᠶᠢᠳᠠᠯ ᠠᠴᠠ ᠪᠣᠯᠵᠦ | ᠬᠦᠨᠳᠦ ᠨᠣᠴᠢᠲᠠᠶ ᠪᠠᠶᠢᠳᠠᠯ ᠳᠤ ᠳᠣᠯᠭᠠᠷᠠᠭᠰᠠᠨ ᠬᠦᠴᠢᠷᠳᠡᠯᠲᠡᠶ ᠡᠷᠦᠬᠡ ᠶᠢ ᠭᠤᠤᠯᠳᠠᠯᠭ᠎ᠠ ᠲᠠᠢ ᠠᠩᠬᠠᠷᠤᠨ᠎ᠠ᠃ ︵ | ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠥᠮᠦᠨ ᠤ ᠬᠦᠴᠦᠨ ᠤ | ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠡᠳ᠋ ᠤᠨ ᠵᠠᠰᠠᠭ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ | ︵ᠬᠤᠶᠠᠷ︶ ᠰᠢᠨ᠎ᠡ ᠬᠡᠯᠪᠡᠷᠢ ᠶᠢᠨ ᠬᠡᠷᠡᠭᠯᠡᠭᠡ ᠶᠢ ᠬᠥᠭᠵᠢᠭᠦᠯᠦᠨ᠎ᠡ | 5 . ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠢᠰᠲ᠋ᠧᠮᠵᠢ ᠶᠢ ᠪᠤᠶᠢᠵᠢᠭᠤᠯᠤᠨ᠎ᠠ᠃ | ᠰᠤᠯᠠ ᠲᠠᠯᠪᠢᠵᠤ ᠪᠠᠶᠢᠭ᠎ᠠ ᠡᠳ᠋ ᠬᠥᠷᠥᠩᠭᠡ ᠶᠢ ᠴᠢᠯᠥᠭᠡᠲᠡᠶ ᠬᠦᠢᠯᠭᠡᠭᠡᠯᠡᠬᠦ ᠪᠠᠷ ᠰᠠᠭᠤᠷᠢ ᠪᠣᠯᠭᠠᠨ᠂ ᠤᠯᠤᠰ ᠤᠨ ᠳᠡᠰ | ᠂ ᠥᠪᠡᠷᠲᠡᠭᠡᠨ ᠵᠠᠰᠠᠬᠤ ᠣᠷᠣᠨ ᠤ ᠲᠠᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠢ ᠪᠤᠶᠢᠵᠢᠭᠤᠯᠤᠨ ᠪᠤᠵᠠᠭᠠᠶᠢᠷᠠᠭᠤᠯᠬᠤ ᠶᠢᠨ ᠬᠠᠮᠲᠤ ᠵᠣᠬᠢᠬᠤ ᠱᠠᠩᠨᠠᠯ ᠣᠯᠭᠤᠨ᠎ᠠ᠃ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠠᠴᠢᠶᠠᠯᠠᠪᠤᠷᠢ ᠶᠢᠨ ᠴᠢᠳᠠᠮᠵᠢ ᠶᠢ | ᠳᠡᠭᠡᠭᠰᠢᠯᠡᠭᠦᠯᠵᠦ᠂ ᠤᠯᠠᠮᠵᠢᠯᠠᠯᠲᠤ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠬᠤ ᠳᠤ ᠬᠦᠴᠦᠨ ᠨᠡᠮᠡᠷᠢᠯᠡᠵᠦ᠂ | ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠤᠨ᠂ ᠰᠢᠨ᠎ᠡ ᠶᠢ ᠡᠭᠦᠳᠦᠨ | ᠬᠥᠭᠵᠢᠭᠦᠯᠬᠦ ᠶᠢ ᠪᠡᠶᠡᠯᠡᠭᠦᠯᠵᠦ᠂ ᠠᠳᠠᠯ ᠦᠢᠯᠡᠰ ᠴᠣᠭᠴᠠᠯᠠᠨ ᠠᠵᠢᠯ ᠣᠯᠭᠤᠬᠤ ᠶᠢ ᠳᠠᠶᠢᠴᠢᠯᠠᠨ᠂ ᠠᠯᠠᠱᠠ ᠶᠢᠨ | ᠣᠨᠴᠠᠯᠢᠭᠲᠤ ᠲᠠᠸᠠᠷ ᠤᠨ ᠡᠯᠧᠺᠲᠷᠣᠨ ᠬᠤᠳᠠᠯᠳᠤᠭᠠᠴᠢᠯᠠᠭᠰᠠᠨ ᠬᠥᠭᠵᠢᠯᠲᠡ ᠪᠠ ᠪᠣᠷᠣᠯᠠᠭᠤᠯᠭ᠎ᠠ ᠶᠢ ᠠᠬᠢᠭᠤᠯᠤᠨ᠎ᠠ᠃ | ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ︶ | 6 . ᠰᠦᠯᠵᠢᠶᠡᠨ ᠤ ᠬᠡᠷᠡᠭᠯᠡᠭᠡ ᠶᠢ ᠪᠤᠶᠢᠵᠢᠭᠤᠯᠤᠨ ᠥᠷᠭᠡᠳᠬᠡᠨ᠎ᠡ᠃ ᠡᠯᠧᠺᠲᠷᠣᠨ ᠬᠤᠳᠠᠯᠳᠤᠭᠠᠨ ᠤ ᠠᠵᠤ | ᠠᠬᠤᠶᠢᠯᠠᠯ ᠤᠨ ᠲᠤᠬᠠᠶ ᠶᠢᠨ ᠭᠠᠵᠠᠷ ᠤᠨ ᠳᠠᠪᠠᠭᠤᠯᠢᠭ ᠠᠵᠤ ᠦᠢᠯᠡᠰ᠂ ᠦᠢᠯᠡᠳᠬᠦᠨ ᠳᠤ ᠡᠯᠧᠺᠲᠷᠣᠨ | ᠬᠤᠳᠠᠯᠳᠤᠭ᠎ᠠ ᠶᠢ ᠠᠭᠤᠰᠣᠯᠴᠠᠭᠤᠯᠥᠨ ᠥᠭᠡᠷᠡᠴᠢᠯᠡᠬᠦ ᠶᠢ ᠵᠣᠷᠢᠭᠵᠢᠭᠤᠯᠵᠤ᠂ ᠠᠶᠢᠮᠠᠭ ᠤᠨ ᠳᠣᠲᠣᠭᠠᠳᠤ ᠶᠢᠨ ᠠᠵᠤ | ᠠᠬᠤᠶᠢᠯᠠᠯ ᠤᠨ ᠡᠯ᠎ᠡ ᠲᠥᠷᠥᠯ ᠤᠨ ᠨᠠᠷᠠᠲᠤ ᠢᠨᠲ᠋ᠧᠷ ᠰᠦᠯᠵᠢᠶᠡᠨ ᠤ ᠡᠬᠢ ᠪᠠᠶᠠᠯᠢᠭ ᠲᠠᠢ ᠵᠠᠯᠭᠠᠯᠳᠤᠭᠤᠯᠬᠤ ᠶᠢ | ᠵᠣᠷᠢᠭᠵᠢᠭᠤᠯᠤᠨ᠂ ᠬᠠᠮᠲᠤᠷᠠᠨ ᠡᠵᠡᠩᠨᠡᠨ ᠪᠣᠷᠣᠯᠠᠭᠤᠯᠬᠤ᠂ ᠨᠠᠷᠠᠲᠤ ᠲᠥᠷᠥᠯ ᠲᠡᠮᠳᠡᠭᠲᠦ ᠶᠢ ᠳᠡᠯᠭᠡᠷᠡᠭᠦᠯᠬᠦ | ᠠᠵᠢᠯᠯᠠᠭ᠎ᠠ ᠶᠢ ᠥᠷᠨᠢᠭᠦᠯᠦᠨ᠎ᠡ᠃ ᠠᠵᠢᠯᠯᠠᠭ᠎ᠠ ᠶᠢᠨ ᠦᠷ᠎ᠡ ᠪᠦᠲᠦᠮᠵᠢ ᠶᠢ ᠦᠨᠳᠦᠰᠦᠯᠡᠨ᠂ ᠥᠪᠡᠷᠲᠡᠭᠡᠨ ᠵᠠᠰᠠᠬᠤ | ᠣᠷᠣᠨ ᠤ ᠲᠤᠰᠬᠠᠶ ᠪᠠᠯᠠ ᠮᠥᠩᠭᠦ ᠶᠢᠨ ᠳᠡᠮᠵᠢᠯᠭᠡ ᠶᠢ ᠭᠤᠶᠤᠴᠢᠯᠠᠨ᠎ᠠ᠃ ︵ᠬᠠᠷᠢᠭᠤᠴᠠᠯᠭᠠᠲᠤ ᠨᠢᠭᠡᠴᠡ᠄ | ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ | 7 . ᠲᠣᠭᠠᠴᠢᠯᠠᠭᠰᠠᠨ ︽ᠡᠭᠦᠯᠡᠨ︾ ᠬᠡᠷᠡᠭᠯᠡᠭᠡ ᠶᠢ ᠬᠥᠲᠥᠯᠥᠨ ᠵᠢᠯᠣᠭᠤᠳᠤᠨ᠎ᠠ᠃ ᠠᠶᠢᠮᠠᠭ ᠤᠨ ᠳᠣᠲᠣᠷᠠᠬᠢ | ᠡᠯ᠎ᠡ ᠬᠤᠰᠢᠭᠤ ᠣᠷᠣᠨ ᠤ 5 G ᠰᠦᠯᠵᠢᠶ᠎ᠡ ᠵᠡᠷᠭᠡ ᠰᠢᠨ᠎ᠡ ᠰᠠᠭᠤᠷᠢ ᠪᠦᠲᠦᠭᠡᠨ ᠪᠠᠶᠢᠭᠤᠯᠣᠯᠳᠠ ᠶᠢ | ᠠᠬᠢᠭᠤᠯᠬᠤ ᠶᠢ ᠵᠣᠷᠢᠭᠵᠢᠭᠤᠯᠤᠨ ᠵᠢᠯᠣᠭᠤᠳᠴᠤ᠂ ᠬᠡᠷᠡᠭᠯᠡᠭᠡᠨ ᠤ ᠰᠢᠨ᠎ᠡ ᠪᠠᠶᠢᠳᠠᠯ ᠢ ᠪᠠᠶᠠᠯᠢᠭᠵᠢᠭᠤᠯᠵᠤ᠂ ᠢᠨᠲ᠋ᠧᠷ | ᠰᠦᠯᠵᠢᠶ᠎ᠡ᠂ ᠲᠣᠮᠣ ᠳ᠋ᠠᠶᠢᠲ᠋ᠠ ᠵᠡᠷᠭᠡ ᠲᠣᠭᠠᠴᠢᠯᠠᠭᠰᠠᠨ ᠮᠡᠷᠭᠡᠵᠢᠯ ᠤᠨ ᠠᠶᠢᠮᠠᠭ ᠤᠨ ᠳᠣᠲᠣᠷᠠᠬᠢ ᠤᠯᠠᠮᠵᠢᠯᠠᠯᠲᠤ ᠠᠵᠤ | ᠦᠢᠯᠡᠰ ᠲᠤ ᠦᠵᠡᠭᠦᠯᠬᠦ ᠦᠢᠯᠡᠳᠦᠯ ᠢ ᠪᠠᠳᠠᠷᠠᠭᠤᠯᠤᠨ᠎ᠠ᠃ ︽ᠤᠶᠤᠨᠲᠤ ᠳᠡᠯᠭᠡᠭᠦᠷ︾᠂ ︽ᠲᠣᠭᠠᠴᠢᠯᠠᠭᠰᠠᠨ | ᠳᠡᠯᠭᠡᠭᠦᠷ︾ ᠪᠠ ᠥᠪᠡᠷᠮᠢᠴᠡ ᠣᠨᠴᠠᠯᠢᠭ ᠲᠠᠢ ᠵᠠᠬᠢᠶᠠᠯᠠᠭ᠎ᠠ ᠶᠢᠨ ᠬᠡᠷᠡᠭᠯᠡᠭᠡ ᠬᠠᠩᠭᠠᠯᠭ᠎ᠠ ᠶᠢ ᠨᠡᠮᠡᠭᠳᠡᠭᠦᠯᠵᠦ᠂ ︽ | ᠡᠭᠦᠯᠡᠨ ᠬᠡᠷᠡᠭᠯᠡᠭᠡ︾ ᠵᠡᠷᠭᠡ ᠰᠢᠨ᠎ᠡ ᠬᠡᠯᠪᠡᠷᠢ ᠶᠢᠨ ᠬᠡᠷᠡᠭᠯᠡᠭᠡ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ | ᠬᠥᠭᠵᠢᠯᠲᠡ ᠶᠢ ᠠᠬᠢᠭᠤᠯᠵᠤ᠂ ᠬᠡᠷᠡᠭᠯᠡᠭᠡ ᠶᠢᠨ ᠲᠣᠭᠠᠴᠢᠯᠠᠯᠲᠠ ᠶᠢ ᠢᠳᠡᠬᠦ᠂ ᠡᠮᠦᠰᠬᠦ᠂ ᠬᠡᠷᠡᠭᠯᠡᠬᠦ ᠵᠡᠷᠭᠡ ᠪᠣᠳᠠᠲᠤ | ᠪᠣᠳᠠᠰ ᠤᠨ ᠬᠡᠷᠡᠭᠯᠡᠭᠡᠨ ᠤ ᠬᠦᠷᠢᠶ᠎ᠡ ᠠᠴᠠ ᠡᠮᠴᠢᠯᠡᠭᠡ᠂ ᠰᠤᠷᠭᠠᠨ ᠬᠥᠮᠦᠵᠢᠯ᠂ ᠰᠣᠶᠣᠯ ᠤᠷᠠᠯᠢᠭ ᠵᠡᠷᠭᠡ ᠨᠡᠶᠢᠭᠡᠮ ᠤᠨ | ᠦᠢᠯᠡᠴᠢᠯᠡᠬᠡᠨ ᠤ ᠬᠦᠷᠢᠶ᠎ᠡ ᠳᠠᠰᠢ ᠬᠡᠯᠪᠡᠷᠢ ᠪᠠᠨ ᠬᠤᠪᠢᠷᠠᠭᠤᠯᠤᠨ ᠥᠷᠭᠡᠳᠬᠡᠬᠦ ᠶᠢ ᠠᠬᠢᠭᠤᠯᠤᠨ᠎ᠠ᠃ ︵ | ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠲᠣᠮᠣ ᠳ᠋ᠠᠶᠢᠲ᠋ᠠ ᠶᠢᠨ ᠲᠥᠪ︶ | 8 . ᠰᠥᠨᠢ ᠶᠢᠨ ᠬᠡᠷᠡᠭᠯᠡᠭᠡ ᠶᠢ ᠬᠥᠭᠵᠢᠭᠡᠨ᠎ᠡ᠃ ᠠᠶᠢᠮᠠᠭ ᠤᠨ ᠳᠣᠲᠣᠷᠠᠬᠢ ᠣᠳᠣ ᠶᠢᠨ ᠪᠠᠶᠢᠭ᠎ᠠ ᠰᠠᠭᠤᠭᠠᠯᠢ | ᠠᠷᠠᠳ ᠤᠨ ᠬᠤᠳᠠᠯᠳᠤᠭᠠᠨ ᠤ ᠲᠣᠭᠤᠷᠢᠭ᠂ ᠬᠤᠳᠠᠯᠳᠤᠭᠠᠨ ᠤ ᠲᠥᠪ ᠲᠣᠭᠤᠷᠢᠭ᠂ ᠶᠠᠪᠠᠭᠠᠨ ᠵᠡᠭᠡᠯᠢ᠂ ᠪᠦᠷᠢᠨ | ᠪᠠᠷᠠᠭᠠᠲᠤ ᠳᠡᠯᠭᠡᠭᠦᠷ ︵ᠪᠠᠷᠠᠭ᠎ᠠ ᠬᠤᠳᠠᠯᠳᠤᠨ ᠠᠪᠬᠤ ᠲᠥᠪ︶᠂ ᠪᠡᠶ᠎ᠡ ᠶᠢᠨ ᠲᠠᠮᠢᠷ ᠤᠨ ᠣᠷᠳᠣᠨ ᠵᠡᠷᠭᠡ ᠰᠣᠶᠣᠯ | ᠪᠡᠶ᠎ᠡ ᠶᠢᠨ ᠲᠠᠮᠢᠷ ᠵᠤᠭ᠎ᠠ ᠴᠡᠩᠭᠡᠯ ᠤᠨ ᠠᠴᠢᠶᠠᠯᠠᠪᠤᠷᠢ ᠳᠤ ᠲᠦᠰᠢᠭᠯᠡᠨ᠂ ᠡᠵᠡᠩᠨᠡᠯᠲᠡ ᠶᠢᠨ ᠴᠠᠭ ᠢ ᠤᠷᠲᠤᠳᠬᠠᠬᠤ᠂ | ᠣᠶᠤᠨᠴᠢ ᠬᠡᠷᠡᠭᠯᠡᠭᠡ ᠶᠢ ᠨᠡᠮᠡᠭᠳᠡᠭᠦᠯᠬᠦ᠂ ᠦᠢᠯᠡᠴᠢᠯᠡᠭᠡᠨ ᠤ ᠡᠵᠡᠩᠨᠡᠯᠲᠡ ᠶᠢᠨ ᠬᠡᠯᠪᠡᠷᠢ ᠶᠢ ᠨᠡᠮᠡᠭᠳᠡᠭᠦᠯᠬᠦ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠰᠥᠨᠢ ᠶᠢᠨ ᠬᠡᠷᠡᠭᠯᠡᠭᠡ ᠲᠥᠪᠯᠡᠷᠡᠭᠰᠡᠨ ᠣᠷᠣᠨ ᠤ ᠬᠥᠭᠵᠢᠯᠲᠡ ᠶᠢ ᠠᠬᠢᠭᠤᠯᠤᠨ᠎ᠠ᠃ | ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠲᠥᠪᠯᠡᠷᠡᠯ ᠤᠨ ᠣᠷᠣᠨ ᠢ ᠠᠮᠵᠢᠯᠲᠠ ᠲᠠᠢ ᠡᠭᠦᠳᠦᠨ | ᠪᠠᠶᠢᠭᠤᠯᠤᠭᠰᠠᠨ ᠭᠤᠣᠯ ᠴᠣᠭᠴᠠ ᠳᠤ ᠵᠣᠬᠢᠬᠤ ᠱᠠᠩᠨᠠᠯ ᠣᠯᠭᠤᠵᠤ᠂ ᠡᠯ᠎ᠡ ᠬᠤᠰᠢᠭᠤ ᠣᠷᠣᠨ ᠤ ᠭᠤᠣᠯ | ᠵᠠᠭᠤᠴᠢᠯᠠᠭᠤᠷ᠂ ᠰᠦᠯᠵᠢᠶᠡᠨ ᠤ ᠰᠢᠨ᠎ᠡ ᠵᠠᠭᠤᠴᠢᠯᠠᠭᠤᠷ᠂ ᠭᠡᠷ ᠤᠨ ᠭᠠᠳᠠᠨᠠᠬᠢ ᠵᠠᠷ ᠮᠡᠳᠡᠭᠡ ᠵᠡᠷᠭᠡ ᠶᠢ | ᠠᠰᠢᠭᠯᠠᠬᠤ ᠶᠢ ᠵᠣᠷᠢᠭᠵᠢᠭᠤᠯᠤᠨ ᠳᠠᠮᠵᠢᠵᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ᠪᠡᠯᠡᠳᠬᠡᠯ | ᠬᠠᠶᠢᠷᠴᠠᠭ ᠢ ᠳᠡᠯᠭᠡᠨ ᠬᠤᠳᠠᠯᠳᠤᠬᠤ᠂ ᠭᠠᠵᠠᠷ ᠬᠤᠳᠠᠯᠳᠤᠬᠤ᠂ ᠰᠥᠨᠢ ᠪᠠᠷ ᠬᠤᠳᠠᠯᠳᠤᠨ ᠠᠪᠬᠤ᠂ ᠰᠥᠨᠢ ᠶᠢᠨ | ᠢᠳᠡᠭᠡᠨ ᠢᠳᠡᠬᠦ᠂ ᠰᠥᠨᠢ ᠶᠢᠨ ᠦᠵᠡᠰᠬᠦᠯᠡᠩ᠂ ᠰᠥᠨᠢ ᠶᠢᠨ ᠡᠷᠡᠭᠦᠯᠵᠢᠯ᠂ ᠰᠥᠨᠢ ᠶᠢᠨ ᠤᠩᠰᠢᠯᠭ᠎ᠠ ᠵᠡᠷᠭᠡ | ᠠᠮᠢᠳᠤᠯᠢᠭ ᠣᠯᠠᠨ ᠶᠠᠩᠵᠤ ᠶᠢᠨ ᠰᠡᠯᠡᠭᠦᠴᠡᠯ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ︵ | ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠂ ᠣᠷᠣᠨ ᠰᠠᠭᠤᠴᠠ | ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ︶ | 9 . ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠵᠢᠵᠢᠭᠯᠡᠨ ᠬᠤᠳᠠᠯᠳᠤᠬᠤ ᠳᠤ ᠭᠠᠳᠠᠭᠠᠳᠤ ᠠᠴᠠ | ᠣᠷᠣᠭᠤᠯᠬᠤ ᠶᠢ ᠳᠡᠮᠵᠢᠨ᠎ᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠠᠪᠴᠠᠩ ᠪᠠ ᠳᠠᠪᠠᠭᠤᠯᠢᠭ | ᠣᠨᠴᠠᠯᠢᠭᠲᠤ ᠠᠵᠤ ᠠᠬᠤᠶᠢᠯᠠᠯ ᠢ ᠪᠤᠶᠢᠵᠢᠭᠤᠯᠤᠨ ᠲᠡᠳᠬᠦᠵᠦ᠂ ᠭᠤᠣᠯᠳᠠᠯᠭ᠎ᠠ ᠲᠠᠢ ᠤᠯᠤᠰ ᠤᠨ ᠢᠯᠭᠠᠯ ᠪᠤᠶᠤ | ᠨᠡᠷᠡᠲᠦ ᠲᠠᠸᠠᠷ ᠲᠤ ᠴᠢᠭᠯᠡᠭᠦᠯᠦᠨ᠂ ᠠᠶᠢᠮᠠᠭ ᠤᠨ ᠳᠣᠲᠣᠭᠠᠳᠤ ᠶᠢᠨ ᠳᠡᠯᠭᠡᠨ ᠦᠵᠡᠭᠦᠯᠵᠦ ᠵᠥᠪᠳᠡᠯᠴᠡᠬᠦ | ᠠᠵᠢᠯᠯᠠᠭ᠎ᠠ ᠳᠤ ᠲᠦᠰᠢᠭᠯᠡᠨ᠂ ᠰᠦᠯᠵᠢᠶᠡᠨ ᠳᠡᠭᠡᠷᠡᠬᠢ ᠬᠢᠯᠢ ᠠᠯᠤᠰᠯᠠᠭᠰᠠᠨ ᠴᠠᠭ ᠦᠶ᠎ᠡ ᠶᠢᠨ ᠪᠠᠷᠠᠭ᠎ᠠ ᠬᠤᠳᠠᠯᠳᠤᠨ | ᠠᠪᠬᠤ ᠪᠠᠶᠠᠷ᠂ ᠭᠠᠳᠠᠭᠠᠳᠤ ᠠᠴᠠ ᠣᠷᠣᠭᠤᠯᠤᠭᠰᠠᠨ ᠣᠨᠴᠠᠯᠢᠭᠲᠤ ᠲᠠᠸᠠᠷ ᠤᠨ ᠳᠡᠯᠭᠡᠨ ᠦᠵᠡᠭᠦᠯᠦᠯᠭᠡ ᠵᠡᠷᠭᠡ | ᠭᠠᠳᠠᠭᠠᠳᠤ ᠠᠴᠠ ᠣᠷᠣᠭᠤᠯᠬᠤ ᠲᠠᠸᠠᠷ ᠤᠨ ᠳᠡᠯᠭᠡᠨ ᠪᠣᠷᠣᠯᠠᠭᠤᠯᠬᠤ ᠲᠤᠰᠬᠠᠢ ᠠᠵᠢᠯᠯᠠᠭ᠎ᠠ ᠶᠢ ᠡᠷᠬᠢᠯᠡᠵᠦ᠂ ᠳᠡᠯᠭᠡᠨ | ᠦᠵᠡᠭᠦᠯᠵᠦ ᠵᠥᠪᠳᠡᠯᠴᠡᠬᠦ ᠬᠡᠷᠡᠭᠯᠡᠭᠡ ᠶᠢᠨ ᠵᠦᠢᠯᠡᠰ ᠤᠨ ᠲᠥᠷᠥᠯ ᠵᠦᠢᠯ ᠢ ᠪᠠᠶᠠᠯᠢᠭᠵᠢᠭᠤᠯᠤᠨ᠂ ᠠᠶᠢᠮᠠᠭ ᠤᠨ | ᠳᠣᠲᠣᠭᠠᠳᠤ ᠶᠢᠨ ᠣᠨᠴᠠᠯᠢᠭᠲᠤ ᠬᠡᠷᠡᠭᠯᠡᠭᠡ ᠶᠢ ᠳᠠᠶᠢᠴᠢᠯᠠᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ | ︵ᠭᠤᠷᠪᠠ︶ ᠪᠣᠬᠢᠷᠲᠤᠯ ᠥᠬᠡᠶ ᠬᠡᠷᠡᠭᠯᠡᠭᠡ ᠶᠢ ᠠᠬᠢᠭᠤᠯᠤᠨ᠎ᠠ | 10 . ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠭᠡ ᠶᠢ ᠠᠬᠢᠭᠤᠯᠤᠨ᠎ᠠ᠃ ᠨᠠᠮ ᠵᠠᠰᠠᠭ ᠤᠨ ᠪᠠᠶᠢᠭᠤᠯᠭ᠎ᠠ | ᠵᠢᠴᠢ ᠠᠯᠪᠠᠨ ᠶᠠᠪᠤᠳᠠᠯ ᠤᠨ ᠪᠠᠶᠢᠭᠤᠯᠤᠮᠵᠢ᠂ ᠲᠦᠷᠭᠡᠨ ᠢᠯᠡᠭᠡᠯᠲᠡ ᠶᠢᠨ ᠪᠠᠷᠠᠭᠠᠨ ᠤ ᠬᠦᠢᠯᠬᠡᠬᠡ ᠶᠢᠨ | ᠲᠣᠬᠢᠷᠠᠭᠤᠯᠤᠨ ᠬᠦᠷᠭᠡᠬᠦ᠂ ᠲᠦᠷᠢᠶᠡᠰᠦᠨ ᠮᠠᠰᠢᠨ ᠲᠡᠷᠭᠡ ᠵᠡᠷᠭᠡ ᠠᠵᠢᠯ ᠲᠥᠷᠥᠯ ᠤᠨ ᠬᠢᠨ ᠤ ᠰᠢᠨ᠎ᠡ ᠡᠨᠧᠷᠭᠢ ᠶᠢᠨ | ᠮᠠᠰᠢᠨ ᠲᠡᠷᠭᠡ ᠬᠤᠳᠠᠯᠳᠤᠨ ᠠᠪᠠᠨ᠋ᠥ ᠲᠤᠬᠠᠶ ᠥᠪᠡᠷᠲᠡᠭᠡᠨ ᠵᠠᠰᠠᠬᠤ ᠣᠷᠣᠨ ᠤ ᠰᠢᠨ᠎ᠡ ᠪᠠᠷ ᠨᠡᠮᠡᠭᠳᠡᠭᠦᠯᠬᠦ ᠪᠠ | ᠰᠢᠨᠡᠳᠬᠡᠨ ᠳᠣᠭᠢᠷᠠᠭᠤᠯᠬᠤ ᠬᠠᠷᠢᠴᠠᠯ ᠢ 30 % ᠠᠴᠠ ᠳᠤᠤᠷ᠎ᠠ ᠪᠠᠶᠢᠯᠭᠠᠬᠤ ᠥᠬᠡᠶ ᠬᠠᠷᠠᠯᠲᠠ ᠶᠢᠨ | ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠡᠳ᠋ ᠤᠨ ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠥᠪ᠂ | ᠰᠢᠤᠳᠠᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ︶ | 11 . ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠦᠨ᠎ᠡ᠃ ᠰᠢᠨ᠎ᠡ ᠡᠨᠧᠷᠭᠢ ᠶᠢᠨ ᠮᠠᠰᠢᠨ | ᠲᠡᠷᠭᠡᠨ ᠤ ᠴᠠᠬᠢᠯᠭᠠᠨ ᠴᠡᠨᠡᠭᠯᠡᠬᠦ ᠥᠷᠲᠡᠭᠡ ︵ᠪᠠᠭᠠᠨ᠎ᠠ︶ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠡᠯ᠎ᠡ | ᠬᠤᠰᠢᠭᠤ ᠣᠷᠣᠨ ᠤ ᠶᠡᠭᠡ ᠴᠢᠳᠠᠮᠵᠢ ᠲᠠᠢ ᠴᠠᠬᠢᠯᠭᠠᠨ ᠴᠡᠨᠡᠭᠯᠡᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠳᠤ | ᠨᠥᠬᠦᠪᠥᠷᠢ ᠥᠭᠬᠦ ᠶᠢ ᠵᠣᠷᠢᠭᠵᠢᠭᠤᠯᠤᠨ᠎ᠠ᠃ ᠦᠢᠯᠡᠴᠢᠯᠡᠬᠡᠨ ᠤ ᠶᠠᠰᠤ ᠴᠢᠨᠠᠷ ᠯᠤᠭ᠎ᠠ ᠬᠤᠯᠪᠣᠭᠳᠠᠭᠤᠯᠤᠭᠰᠠᠨ | ᠴᠠᠬᠢᠯᠭᠠᠨ ᠴᠡᠨᠡᠭᠯᠡᠬᠦ ᠪᠡᠯᠡᠳᠬᠡᠮᠵᠢ ᠶᠢᠨ ᠡᠵᠡᠩᠨᠡᠯᠲᠡ ᠶᠢᠨ ᠨᠥᠬᠦᠪᠥᠷᠢ ᠶᠢᠨ ᠪᠠᠷᠢᠮᠵᠢᠶ᠎ᠠ ᠶᠢ ᠪᠠᠶᠢᠭᠤᠯᠬᠤ ᠶᠢᠨ ᠬᠠᠮᠲᠤ᠂ | ᠴᠢᠨᠠᠷ ᠰᠠᠶᠢᠲᠠᠶ ᠲᠠᠯᠠᠪᠤᠷ ᠥᠷᠲᠡᠭᠡ ᠳᠠᠰᠢ ᠤᠯᠠᠮ ᠨᠢᠭᠡ ᠠᠯᠬᠤᠮ ᠬᠡᠯᠪᠠᠶᠢᠯᠭᠡᠬᠦ ᠶᠢ ᠵᠣᠷᠢᠭᠵᠢᠭᠤᠯᠤᠨ᠎ᠠ᠃ ︵ | ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ | ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ︶ | 12 . ᠭᠡᠷ ᠤᠨ ᠴᠠᠬᠢᠯᠭᠠᠨ ᠬᠡᠷᠡᠭᠰᠡᠯ ᠭᠡᠷ ᠤᠨ ᠬᠡᠷᠡᠭᠰᠡᠯ ᠤᠨ ᠦᠢᠯᠡᠳᠬᠦᠨ ᠤ ᠬᠡᠷᠡᠭᠯᠡᠭᠡ ᠶᠢ ᠠᠬᠢᠭᠤᠯᠤᠨ᠎ᠠ᠃ | ᠡᠯ᠎ᠡ ᠬᠤᠰᠢᠭᠤ ᠣᠷᠣᠨ ᠨᠢ ᠭᠡᠷ ᠤᠨ ᠴᠠᠬᠢᠯᠭᠠᠨ ᠬᠡᠷᠡᠭᠰᠡᠯ ᠤᠨ ᠬᠡᠯᠬᠢᠶ᠎ᠡ ᠠᠵᠤ ᠠᠬᠤᠶᠢᠯᠠᠯ ᠪᠤᠶᠤ ᠲᠤᠰ ᠭᠠᠵᠠᠷ ᠤᠨ | ᠭᠡᠷ ᠤᠨ ᠴᠠᠬᠢᠯᠭᠠᠨ ᠬᠡᠷᠡᠭᠰᠡᠯ ᠡᠵᠡᠩᠨᠡᠨ ᠪᠣᠷᠣᠯᠠᠭᠤᠯᠬᠤ ᠳᠠᠭᠠᠭᠤᠯᠤᠭᠴᠢ ᠠᠵᠤ ᠠᠬᠤᠶᠢᠯᠠᠯ ᠢ ᠵᠣᠬᠢᠶᠠᠨ ᠪᠠᠶᠢᠭᠤᠯᠵᠤ | ᠭᠡᠷ ᠤᠨ ᠴᠠᠬᠢᠯᠭᠠᠨ ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠣᠯᠢᠬᠤ᠂ ︽ᠪᠣᠬᠢᠷᠲᠤᠯ ᠦᠭᠡᠶ ᠤᠶᠤᠨᠲᠤ ᠭᠡᠷ ᠤᠨ | ᠴᠠᠬᠢᠯᠭᠠᠨ ᠬᠡᠷᠡᠭᠰᠡᠯ ᠢ ᠬᠥᠳᠡᠭᠡ ᠪᠠᠭᠤᠯᠭᠠᠬᠤ︾ ᠠᠵᠢᠯᠯᠠᠭ᠎ᠠ ᠥᠷᠨᠢᠭᠦᠯᠬᠦ ᠶᠢ ᠳᠡᠮᠵᠢᠬᠦ ᠬᠡᠷᠡᠭᠲᠡᠶ᠃ ᠨᠥᠬᠦᠴᠡᠯ ᠲᠠᠢ | ᠬᠤᠰᠢᠭᠤ ᠣᠷᠣᠨ ᠨᠢ ᠭᠡᠷ ᠤᠨ ᠬᠡᠷᠡᠭᠰᠡᠯ ᠦᠢᠯᠡᠳᠬᠦᠨ ᠢ ᠬᠠᠭᠤᠴᠢᠨ ᠢᠶᠠᠷ ᠰᠢᠨ᠎ᠡ ᠶᠢ ᠰᠣᠯᠢᠬᠤ᠂ ᠣᠷᠴᠢᠨ | ᠲᠣᠭᠤᠷᠢᠨ ᠢ ᠬᠠᠮᠠᠭᠠᠯᠠᠬᠤ ᠭᠡᠷ ᠤᠨ ᠬᠡᠷᠡᠭᠰᠡᠯ ᠬᠤᠳᠠᠯᠳᠤᠨ ᠠᠪᠬᠤ ᠳᠤ ᠵᠣᠬᠢᠬᠤ ᠨᠥᠬᠦᠪᠥᠷᠢ ᠥᠭᠬᠦ ᠶᠢ | ᠵᠣᠷᠢᠭᠵᠢᠭᠤᠯᠬᠤ ᠬᠡᠷᠡᠭᠲᠡᠶ᠃ ᠪᠣᠷᠣᠯᠠᠭᠤᠯᠤᠭᠰᠠᠨ ᠲᠤᠭ᠎ᠠ ᠨᠢ 500 ᠲᠦᠮᠡᠨ ᠲᠥᠭᠦᠷᠢᠭ ᠠᠴᠠ ᠳᠡᠭᠡᠭᠰᠢᠬᠢ ᠭᠡᠷ ᠤᠨ | ᠴᠠᠬᠢᠯᠭᠠᠨ ᠬᠡᠷᠡᠭᠰᠡᠯ ᠵᠡᠷᠭᠡ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠳᠤ ᠠᠵᠢᠯᠯᠠᠭ᠎ᠠ ᠶᠢᠨ ᠵᠣᠬᠢᠶᠠᠨ ᠪᠠᠶᠢᠭᠤᠯᠬᠤ | ᠂ ᠤᠬᠠᠭᠤᠯᠬᠤ ᠵᠡᠷᠭᠡ ᠲᠠᠯ᠎ᠠ ᠶᠢᠨ ᠱᠠᠩᠨᠠᠯ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶ | 13 . ᠪᠣᠬᠢᠷᠲᠤᠯ ᠥᠬᠡᠶ ᠬᠤᠳᠠᠯᠳᠤᠭᠠᠨ ᠤ ᠳᠡᠯᠭᠡᠭᠦᠷ ᠢ ᠡᠭᠦᠳᠦᠨ ᠪᠠᠶᠢᠭᠤᠯᠬᠤ ᠶᠢ ᠠᠬᠢᠭᠤᠯᠤᠨ᠎ᠠ᠃ | ᠪᠣᠬᠢᠷᠲᠤᠯ ᠥᠬᠡᠶ ᠬᠤᠳᠠᠯᠳᠤᠭᠠᠨ ᠤ ᠲᠠᠯᠠᠪᠤᠷ ᠢ ᠡᠭᠦᠳᠦᠨ ᠪᠠᠶᠢᠭᠤᠯᠬᠤ ᠶᠢ ᠳᠡᠮᠵᠢᠵᠦ᠂ ᠥᠪᠡᠷᠲᠡᠭᠡᠨ ᠵᠠᠰᠠᠬᠤ | ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠬᠢᠨᠠᠨ ᠬᠠᠷᠭᠤᠭᠤᠯᠵᠤ ᠲᠣᠭᠲᠠᠭᠠᠭᠰᠠᠨ ᠪᠣᠬᠢᠷᠲᠤᠯ ᠥᠬᠡᠶ | ᠬᠤᠳᠠᠯᠳᠤᠭᠠᠨ ᠤ ᠲᠠᠯᠠᠪᠤᠷ ᠢ ᠡᠭᠦᠳᠦᠨ ᠪᠠᠶᠢᠭᠤᠯᠬᠤ ᠠᠵᠤ ᠠᠬᠤᠶᠢᠯᠠᠯ ᠳᠤ ᠵᠣᠬᠢᠬᠤ ᠲᠥᠷᠥ ᠶᠢᠨ ᠪᠣᠳᠣᠯᠭ᠎ᠠ᠂ | ᠲᠥᠷᠥᠯ ᠵᠦᠢᠯ᠂ ᠪᠠᠯᠠ ᠮᠥᠩᠭᠦ ᠶᠢᠨ ᠳᠡᠮᠵᠢᠯᠭᠡ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶ | 14 . ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠰᠢᠰᠲ᠋ᠧᠮᠵᠢ ᠶᠢ ᠳᠡᠭᠦᠯᠳᠡᠷᠵᠢᠬᠦᠯᠦᠨ᠎ᠡ᠃ 2022 | ᠣᠨ ᠤ 8 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠬᠡᠷᠡᠭᠯᠡᠭᠡᠨ ᠠᠴᠠ ᠭᠠᠷᠭᠠᠭᠰᠠᠨ ᠮᠠᠰᠢᠨᠲᠤ ᠲᠡᠷᠭᠡ ᠶᠢ | ᠡᠭᠡᠭᠦᠯᠦᠨ ᠬᠤᠷᠢᠶᠠᠵᠤ ᠵᠠᠳᠠᠯᠵᠤ ᠲᠠᠰ ᠳᠡᠪᠰᠢᠭᠦᠯᠦᠨ ᠥᠭᠡᠷᠡᠴᠢᠯᠡᠬᠦ ᠶᠢᠨ ᠬᠠᠮᠲᠤ ᠭᠡᠷᠡᠴᠢᠯᠡᠯ ᠣᠯᠤᠭᠰᠠᠨ ᠠᠵᠤ | ᠠᠬᠤᠶᠢᠯᠠᠯ ᠳᠤ ᠥᠪᠡᠷᠲᠡᠭᠡᠨ ᠵᠠᠰᠠᠬᠤ ᠣᠷᠣᠨ ᠤ ᠲᠤᠰᠬᠠᠶ ᠪᠠᠯᠠ ᠮᠥᠩᠭᠦ ᠭᠤᠶᠤᠴᠢᠯᠠᠬᠤ ᠶᠢ ᠳᠡᠮᠵᠢᠨ᠎ᠡ᠃ ︵ | ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ︶ | ︵ᠳᠥᠷᠪᠡ︶ ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠴᠢᠩᠭᠠᠳᠬᠠᠨ᠎ᠠ | 15 . ᠰᠣᠶᠣᠯ ᠵᠢᠭᠤᠯᠴᠢᠯᠠᠯ ᠤᠨ ᠬᠡᠷᠡᠭᠯᠡᠭᠡ ᠶᠢᠨ ᠠᠴᠢᠶᠠᠯᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠭᠤᠤᠯᠳᠠᠯᠭ᠎ᠠ ᠲᠠᠢ ᠵᠢᠭᠤᠯᠴᠢᠯᠠᠯ ᠰᠡᠯᠡᠭᠦᠴᠡᠯ ᠤᠨ ᠬᠤᠰᠢᠭᠤ ᠣᠷᠣᠨ ᠢ ᠶᠡᠬᠡᠪᠡᠷ ᠳᠠᠮᠵᠢᠵᠤ᠂ 5 A ᠲᠡᠰ ᠤᠨ | ᠵᠢᠭᠤᠯᠴᠢᠯᠠᠯ ᠤᠨ ᠦᠵᠡᠮᠵᠢ ᠶᠢᠨ ᠣᠷᠣᠨ ᠢ ᠳᠠᠮᠵᠢᠵᠤ᠂ ᠤᠯᠤᠰ ᠤᠨ ᠵᠢᠭᠤᠯᠴᠢᠯᠠᠯ ᠰᠡᠯᠡᠭᠦᠴᠡᠯ ᠤᠨ ᠣᠷᠣᠨ᠂ | ᠤᠯᠤᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ᠂ ᠤᠯᠤᠰ ᠤᠨ ᠲᠡᠰ ᠤᠨ | ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠵᠡᠷᠭᠡ ᠨᠡᠷᠡᠲᠦ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ | ᠠᠵᠢᠯ ᠢ ᠣᠯᠬᠤ ᠪᠠᠷ ᠴᠢᠷᠮᠠᠶᠢᠵᠤ᠂ ᠲᠤᠰ ᠵᠢᠯ ᠳᠤ ᠳᠡᠭᠡᠷᠡᠬᠢ ᠲᠥᠷᠥᠯ ᠵᠦᠢᠯ ᠢ ᠠᠮᠵᠢᠯᠲᠠ ᠲᠠᠢ ᠡᠭᠦᠳᠦᠨ | ᠪᠠᠶᠢᠭᠤᠯᠤᠭᠰᠠᠨ ᠨᠢᠭᠡᠴᠡ ᠳᠤ ᠨᠢᠭᠡ ᠤᠳᠠᠭ᠎ᠠ ᠶᠢᠨ ᠴᠢᠨᠠᠷᠲᠠᠶ ᠱᠠᠩᠨᠠᠯ ᠣᠯᠭᠤᠨ᠎ᠠ᠃ ︵ᠬᠠᠷᠢᠭᠤᠴᠠᠯᠭᠠᠲᠤ ᠨᠢᠭᠡᠴᠡ | ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠣᠶᠣᠯ ᠵᠢᠭᠤᠯᠴᠢᠯᠠᠯ ᠷᠠᠳᠢᠣ᠋ ᠲᠧᠯᠸᠢᠰ | ᠲᠣᠪᠴᠢᠶ᠎ᠠ︶ | ︵ᠲᠠᠪᠤ︶ ᠬᠤᠲᠠ ᠬᠥᠳᠡᠭᠡ ᠶᠢᠨ ᠬᠡᠷᠡᠭᠯᠡᠭᠡ ᠶᠢ ᠳᠡᠭᠡᠭᠰᠢᠯᠡᠭᠦᠯᠦᠨ᠎ᠡ | 16 . ᠪᠣᠬᠢᠷᠲᠤᠯ ᠥᠬᠡᠶ ᠶᠠᠪᠠᠭᠠᠨ ᠵᠡᠭᠡᠯᠢ ᠪᠠᠷ ᠮᠡᠳᠡᠭᠦᠯᠬᠦ ᠶᠢ ᠵᠣᠷᠢᠭᠵᠢᠭᠤᠯᠤᠨ᠎ᠠ᠃ ᠬᠤᠰᠢᠭᠤ ᠣᠷᠣᠨ ᠢ | ᠵᠣᠷᠢᠭᠵᠢᠭᠤᠯᠵᠤ ᠪᠠᠶᠢᠭᠠᠳ ᠥᠪᠡᠷᠲᠡᠭᠡᠨ ᠵᠠᠰᠠᠬᠤ ᠣᠷᠣᠨ ᠤ ᠲᠠᠰ ᠤᠨ ᠶᠠᠪᠠᠭᠠᠨ ᠵᠡᠭᠡᠯᠢ ᠶᠢ ᠥᠭᠡᠷᠡᠴᠢᠯᠡᠨ | ᠳᠡᠭᠡᠭᠰᠢᠯᠡᠭᠦᠯᠬᠦ ᠬᠤᠶᠠᠳᠤᠭᠠᠷ ᠪᠦᠯᠦᠭ ᠤᠨ ᠲᠤᠷᠰᠢᠯᠲᠠ ᠶᠢᠨ ᠴᠡᠭ ᠵᠢᠴᠢ ᠤᠯᠤᠰ ᠤᠨ ᠲᠠᠰ ᠤᠨ ᠶᠠᠪᠠᠭᠠᠨ ᠵᠡᠭᠡᠯᠢ ᠶᠢ | ᠡᠭᠦᠳᠦᠨ ᠪᠠᠶᠢᠭᠤᠯᠬᠤ ᠪᠠᠷ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠶᠠᠪᠠᠭᠠᠨ ᠵᠡᠭᠡᠯᠢ ᠶᠢ | ᠥᠭᠡᠷᠡᠴᠢᠯᠡᠨ ᠵᠠᠰᠠᠬᠤ ᠲᠤᠷᠰᠢᠯᠲᠠ ᠶᠢᠨ ᠴᠡᠭ ᠲᠤ ᠵᠢᠭᠰᠠᠭᠠᠭᠳᠠᠭᠰᠠᠨ ᠬᠤᠰᠢᠭᠤᠨ ︵ᠣᠷᠣᠨ︶ ᠤ ᠭᠤᠤᠯ | ᠴᠣᠭᠴᠠ ᠶᠢᠨ ᠡᠵᠡᠩᠨᠡᠯᠲᠡ ᠶᠢᠨ ᠠᠵᠤ ᠠᠬᠤᠶᠢᠯᠠᠯ ᠳᠤ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ ᠤᠨ ᠲᠤᠰᠬᠠᠶ ᠪᠠᠯᠠ ᠮᠥᠩᠭᠦ ᠭᠤᠶᠤᠴᠢᠯᠠᠵᠤ ᠨᠥᠬᠦᠪᠥᠷᠢ ᠣᠯᠭᠤᠨ᠎ᠠ᠃ ︵ᠬᠠᠷᠢᠭᠤᠴᠠᠯᠭᠠᠲᠤ | ᠨᠢᠭᠡᠴᠡ᠄ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶ | 17 . ᠠᠷᠠᠳ ᠲᠤ ᠳᠥᠭᠦᠮ ᠦᠵᠡᠭᠦᠯᠬᠦ ᠠᠮᠢᠳᠤᠷᠠᠯ ᠤᠨ ᠬᠦᠷᠢᠶᠡᠨ ᠤ ᠪᠦᠲᠦᠭᠡᠨ ᠪᠠᠶᠢᠭᠤᠯᠤᠯᠲᠠ ᠶᠢ | ᠲᠦᠯᠬᠢᠨ ᠠᠬᠢᠭᠤᠯᠤᠨ᠎ᠠ᠃ ᠨᠡᠶᠢᠭᠡᠮ ᠲᠣᠭᠤᠷᠢᠭ ᠤᠨ ᠠᠮᠢᠳᠤᠷᠠᠯ ᠤᠨ ᠦᠢᠯᠡᠴᠢᠯᠡᠭᠡᠨ ᠤ ᠦᠢᠯᠡᠰ ᠤᠨ ᠠᠷᠠᠳ ᠲᠤ | ᠳᠥᠭᠦᠮ ᠦᠵᠡᠭᠦᠯᠬᠦ ᠬᠥᠭᠵᠢᠯᠲᠡ ᠶᠢ ᠠᠬᠢᠭᠤᠯᠵᠤ᠂ ᠳᠥᠭᠦᠮ ᠦᠵᠡᠭᠦᠯᠬᠦ ᠳᠡᠯᠭᠡᠭᠦᠷ᠂ ᠨᠡᠶᠢᠭᠡᠮ ᠲᠣᠭᠤᠷᠢᠭ ᠤᠨ | ᠨᠣᠭᠤᠭ᠎ᠠ ᠶᠢᠨ ᠳᠡᠯᠭᠡᠭᠦᠷ᠂ ᠠᠷᠠᠳ ᠲᠤ ᠳᠥᠭᠦᠮ ᠦᠵᠡᠭᠦᠯᠬᠦ ᠥᠷᠯᠥᠭᠡ ︵ᠣᠷᠣᠢ︶ ᠶᠢᠨ ᠵᠠᠬ᠎ᠠ ᠵᠡᠷᠭᠡ ᠨᠡᠶᠢᠭᠡᠮ | ᠲᠣᠭᠤᠷᠢᠭ ᠤᠨ ᠬᠤᠳᠠᠯᠳᠤᠭᠠᠨ ᠤ ᠵᠠᠭᠪᠤᠷ ᠢ ᠶᠡᠬᠡᠪᠡᠷ ᠬᠥᠭᠵᠢᠭᠦᠯᠵᠦ᠂ ᠠᠷᠠᠳ ᠲᠤ ᠳᠥᠭᠦᠮ ᠦᠵᠡᠭᠦᠯᠬᠦ | ᠠᠮᠢᠳᠤᠷᠠᠯ ᠤᠨ ᠬᠦᠷᠢᠶ᠎ᠡ ᠶᠢᠨ ᠳᠥᠭᠦᠮ ᠦᠵᠡᠭᠦᠯᠬᠦ᠂ ᠪᠠᠷᠢᠮᠵᠢᠶᠠᠵᠢᠭᠤᠯᠬᠤ᠂ ᠤᠶᠤᠨᠴᠢᠯᠠᠬᠤ᠂ ᠴᠢᠨᠠᠷᠵᠢᠭᠤᠯᠬᠤ | ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠡᠶᠢᠭᠡᠮ ᠲᠣᠭᠤᠷᠢᠭ ᠤᠨ ᠬᠤᠳᠠᠯᠳᠤᠭᠠᠨ ᠤ ᠪᠡᠯᠡᠳᠬᠡᠮᠵᠢ ᠶᠢᠨ | ᠳᠤᠲᠠᠭᠤᠳᠠᠯ ᠢ ᠨᠥᠬᠦᠪᠥᠷᠢᠯᠡᠵᠦ᠂ ᠬᠤᠳᠠᠯᠳᠤᠭᠠᠨ ᠤ ᠡᠵᠡᠩᠨᠡᠯᠲᠡ ᠶᠢᠨ ᠪᠠᠶᠢᠳᠠᠯ ᠢ ᠪᠠᠶᠠᠯᠢᠭᠵᠢᠭᠤᠯᠤᠨ᠂ ᠨᠡᠶᠢᠭᠡᠮ | ᠲᠣᠭᠤᠷᠢᠭ ᠤᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠴᠢᠯᠦᠬᠡᠳᠦ ᠳᠡᠯᠭᠡᠭᠦᠷ᠂ ᠨᠠᠷᠠᠲᠤ ᠲᠥᠷᠥᠯ | ᠲᠡᠮᠳᠡᠭᠲᠦ ᠶᠢᠨ ᠭᠡᠯᠬᠢᠶᠡᠵᠢᠭᠰᠡᠨ ᠲᠥᠬᠦᠮ ᠳᠡᠯᠭᠡᠭᠦᠷ᠂ ᠨᠣᠭᠤᠭ᠎ᠠ ᠶᠢᠨ ᠵᠠᠬ᠎ᠠ ᠳᠡᠯᠭᠡᠭᠦᠷ ᠵᠡᠷᠭᠡ ᠲᠥᠷᠥᠯ ᠵᠦᠢᠯ ᠢ | ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠳᠡᠭᠡᠭᠰᠢᠯᠡᠭᠦᠯᠬᠦ ᠳᠤ ᠠᠵᠤ ᠠᠬᠤᠶᠢᠯᠠᠯ ︵ᠨᠢᠭᠡᠴᠡ︶ ᠤᠨ ᠪᠣᠳᠠᠲᠠᠶ | ᠵᠠᠷᠤᠯᠭ᠎ᠠ ᠶᠣᠰᠣᠭᠠᠷ ᠵᠣᠬᠢᠬᠤ ᠳᠡᠮᠵᠢᠯᠭᠡ ᠦᠵᠡᠭᠦᠯᠦᠨ᠎ᠡ᠃ 2 ᠮᠥᠴᠡ ᠶᠢᠨ ᠠᠷᠠᠳ ᠲᠤ ᠳᠥᠭᠦᠮ ᠦᠵᠡᠭᠦᠯᠬᠦ | ᠠᠮᠢᠳᠤᠷᠠᠯ ᠤᠨ ᠬᠦᠷᠢᠶ᠎ᠡ ᠶᠢᠨ ᠪᠦᠲᠦᠭᠡᠨ ᠪᠠᠶᠢᠭᠤᠯᠤᠯᠲᠠ ᠶᠢ ᠳᠠᠮᠵᠢᠵᠤ᠂ ᠥᠪᠡᠷᠲᠡᠭᠡᠨ ᠵᠠᠰᠠᠬᠤ ᠣᠷᠣᠨ ᠤ ᠪᠡᠯᠡ | ᠮᠥᠩᠭᠦ ᠶᠢᠨ ᠲᠡᠳᠬᠦᠮᠵᠢ ᠶᠢ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ︶ | 18 . ᠬᠤᠰᠢᠭᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠬᠤᠰᠢᠭᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ | ᠵᠢᠱᠢᠶ᠎ᠡ ᠦᠵᠡᠭᠦᠯᠬᠦ ᠰᠢᠶᠠᠨ ᠢᠶᠠᠷ ᠬᠥᠲᠥᠯᠥᠨ ᠵᠢᠯᠣᠭᠤᠳᠣᠭᠤᠯᠵᠤ᠂ ᠬᠤᠰᠢᠭᠤ ᠰᠢᠶᠠᠨ ᠤ ᠬᠡᠪᠴᠢᠶᠡᠨ ᠳᠤ | ᠨᠢᠭᠡᠳᠦᠯᠲᠡᠶ ᠲᠥᠯᠥᠪᠯᠡᠬᠦ᠂ ᠬᠤᠰᠢᠭᠤ ᠣᠷᠣᠨ ᠢᠶᠠᠷ ᠭᠤᠤᠯ ᠪᠣᠯᠭᠠᠬᠤ᠂ ᠰᠤᠮᠤ ᠪᠠᠯᠭᠠᠰᠤ ᠪᠠᠷ ᠭᠤᠤᠯᠳᠠᠯᠭ᠎ᠠ | ᠪᠣᠯᠭᠠᠬᠤ᠂ ᠭᠠᠴᠠᠭ᠎ᠠ ᠲᠣᠰᠬᠤᠨ ᠢᠶᠠᠷ ᠰᠠᠭᠤᠷᠢ ᠪᠣᠯᠭᠠᠭᠰᠠᠨ ᠮᠠᠯᠵᠢᠬᠤ ᠲᠠᠷᠢᠶᠠᠯᠠᠬᠤ ᠣᠷᠣᠨ ᠤ ᠬᠤᠳᠠᠯᠳᠤᠭᠠᠨ ᠤ | ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠬᠦ ᠶᠢ ᠲᠦᠯᠬᠢᠨ ᠠᠬᠢᠭᠤᠯᠵᠤ᠂ ᠠᠵᠤ ᠦᠢᠯᠡᠳᠪᠦᠷᠢ ᠶᠢᠨ | ᠦᠢᠯᠡᠳᠬᠦᠨ ᠢ ᠬᠥᠳᠡᠭᠡ ᠪᠠᠭᠤᠯᠭᠠᠬᠤ ᠪᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠬᠤᠲᠠ ᠳᠤ | ᠣᠷᠣᠭᠤᠯᠬᠤ ᠬᠤᠤᠰ ᠴᠢᠭᠯᠡᠯ ᠢᠶᠠᠷ ᠬᠦᠢᠯᠭᠡᠭᠡᠯᠡᠬᠦ ᠠᠷᠭ᠎ᠠ ᠵᠠᠮ ᠢ ᠰᠠᠭᠠᠳ ᠦᠭᠡᠶ ᠨᠡᠪᠲᠡᠷᠡᠭᠦᠯᠵᠦ᠂ ᠮᠠᠯᠴᠢᠨ | ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠪᠡᠶᠡᠯᠡᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡᠨ ᠤ | ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠶ᠃ ᠬᠤᠳᠠᠯᠳᠤᠭᠠᠨ ᠤ | ᠰᠢᠰᠲ᠋ᠧᠮᠵᠢ ᠶᠢᠨ ᠵᠢᠱᠢᠶ᠎ᠡ ᠦᠵᠡᠭᠦᠯᠬᠦ ᠬᠤᠰᠢᠭᠤ ᠶᠢ ᠪᠤᠶᠢᠵᠢᠭᠤᠯᠤᠨ᠂ ᠤᠯᠤᠰ ᠤᠨ ᠲᠠᠰ ᠤᠨ ᠵᠢᠱᠢᠶ᠎ᠡ ᠦᠵᠡᠭᠦᠯᠬᠦ | ᠰᠢᠶᠠᠨ ︵ᠬᠤᠰᠢᠭᠤ︶ ᠤ ᠴᠣᠯᠠ ᠣᠯᠤᠭᠰᠠᠨ ᠵᠢᠱᠢᠶ᠎ᠡ ᠦᠵᠡᠭᠦᠯᠬᠦ ᠭᠠᠵᠠᠷ ᠣᠷᠣᠨ ᠳᠤ ᠲᠤᠰᠬᠠᠶ ᠪᠡᠯᠡ ᠮᠥᠩᠭᠦ ᠶᠢᠨ | ᠲᠠᠯ᠎ᠠ ᠪᠠᠷ ᠵᠣᠬᠢᠬᠤ ᠳᠡᠮᠵᠢᠯᠭᠡ ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ︶ | 19 . ︽ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ︾ ᠢᠨᠵᠧᠨᠧᠷᠢᠩ ᠢ ᠬᠡᠷᠡᠭᠵᠢᠭᠦᠯᠦᠨ᠎ᠡ᠃ | ᠮᠠᠯᠵᠢᠬᠤ ᠲᠠᠷᠢᠶᠠᠯᠠᠬᠤ ᠣᠷᠣᠨ ᠤ ᠪᠠᠷᠠᠭᠠᠨ ᠤ ᠬᠦᠢᠯᠬᠡᠬᠡᠨ ᠤ ᠲᠦᠷᠭᠡᠨ ᠬᠦᠷᠭᠡᠬᠦ ᠲᠤᠤᠷ ᠴᠡᠭ ᠤᠨ | ᠪᠠᠶᠢᠷᠢᠰᠢᠭᠤᠯᠤᠯ ᠢ ᠲᠦᠷᠭᠡᠳᠬᠡᠵᠦ᠂ ᠰᠢᠤᠳᠠᠨ ᠤ ᠠᠵᠤ ᠠᠬᠤᠶᠢᠯᠠᠯ ᠬᠢᠭᠡᠳ ᠲᠦᠷᠭᠡᠨ ᠬᠦᠷᠭᠡᠬᠦ ᠠᠵᠤ | ᠠᠬᠤᠶᠢᠯᠠᠯ ᠤᠨ ᠲᠡᠭᠦᠰᠬᠡᠯ ᠦᠵᠦᠭᠦᠷ ᠤᠨ ᠬᠦᠷᠭᠡᠬᠦ ᠡᠬᠢ ᠪᠠᠶᠠᠯᠢᠭ ᠢᠶᠠᠨ ᠡᠮᠬᠢᠯᠡᠨ ᠨᠡᠶᠢᠯᠡᠭᠦᠯᠬᠦ ᠶᠢ ᠵᠣᠷᠢᠭᠵᠢᠭᠤᠯᠤᠨ | ᠂ ︽ᠣᠯᠠᠨ ᠥᠷᠲᠡᠭᠡ ᠶᠢ ᠨᠡᠶᠢᠯᠡᠭᠦᠯᠦᠨ ᠨᠢᠭᠡ ᠪᠣᠯᠭᠠᠵᠤ᠂ ᠡᠬᠢ ᠪᠠᠶᠠᠯᠢᠭ ᠢ ᠬᠠᠮᠲᠤᠪᠠᠷ ᠭᠥᠷᠳᠡᠬᠦ︾ ᠵᠠᠭᠪᠤᠷ | ᠶᠣᠰᠣᠭᠠᠷ᠂ ᠣᠯᠠᠨ ᠨᠠᠷᠠᠲᠤ ᠲᠥᠷᠥᠯ ᠲᠡᠮᠳᠡᠭᠲᠦ ᠶᠢ ᠭᠠᠴᠠᠭ᠎ᠠ ᠲᠣᠰᠬᠤᠨ ᠳᠤ ᠣᠷᠣᠭᠤᠯᠬᠤ ᠠᠷᠭ᠎ᠠ ᠵᠠᠮ ᠢ | ᠥᠷᠭᠡᠳᠬᠡᠨ᠎ᠡ᠃ ᠪᠣᠳᠠᠲᠠᠶ ᠡᠭᠦᠰᠦᠭᠰᠡᠨ ᠲᠦᠷᠭᠡᠨ ᠬᠦᠷᠭᠡᠯᠲᠡ ᠶᠢ ᠭᠠᠴᠠᠭ᠎ᠠ ᠲᠣᠰᠬᠤᠨ ᠳᠤ ᠣᠷᠣᠭᠤᠯᠬᠤ | ᠲᠤᠬᠠᠶᠢᠯᠠᠭᠰᠠᠨ ᠠᠵᠢᠯ ᠤᠨ ᠦᠢᠯᠡᠴᠢᠯᠡᠭᠡ ᠳᠤ᠂ ᠬᠠᠭᠤᠳᠠᠰᠤ ᠶᠣᠰᠣᠭᠠᠷ ᠵᠣᠬᠢᠬᠤ ᠨᠥᠬᠦᠪᠥᠷᠢ ᠣᠯᠭᠤᠨ᠎ᠠ᠃ ︵ | ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶ | 20 . ᠬᠠᠭᠤᠴᠢᠨ ᠨᠠᠷᠠᠲᠤ ᠲᠡᠮᠳᠡᠭ ᠢᠶᠠᠨ ᠬᠥᠭᠵᠢᠭᠦᠯᠦᠨ ᠮᠠᠨᠳᠤᠭᠤᠯᠬᠤ ᠶᠢ ᠵᠣᠷᠢᠭᠵᠢᠭᠤᠯᠤᠨ᠎ᠠ᠃ ︽ | ᠳᠤᠮᠳᠠᠳᠤ ᠶᠢᠨ ᠬᠠᠭᠤᠴᠢᠨ ᠨᠡᠷᠡᠲᠦ︾ ᠪᠠ ︽ᠥᠪᠥᠷ ᠮᠣᠩᠭᠤᠯ ᠤᠨ ᠬᠠᠭᠤᠴᠢᠨ ᠨᠡᠷᠡᠲᠦ︾ ᠶᠢ ᠰᠢᠨ᠎ᠡ ᠪᠠᠷ | ᠣᠯᠤᠭᠰᠠᠨ ᠠᠵᠤ ᠠᠬᠤᠶᠢᠯᠠᠯ ᠳᠤ ᠵᠣᠬᠢᠬᠤ ᠱᠠᠩᠨᠠᠯ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠡᠳ᠋ ᠤᠨ ᠵᠠᠰᠠᠭ ᠤᠨ ᠲᠣᠪᠴᠢᠶ᠎ᠠ︶ | ︵ᠵᠢᠷᠭᠤᠭ᠎ᠠ︶ ᠬᠡᠷᠡᠭᠯᠡᠭᠡᠨ ᠤ ᠲᠠᠪᠴᠠᠩ ᠢ ᠪᠠᠶᠢᠭᠤᠯᠤᠨ᠎ᠠ | 21 . ᠲᠤᠰᠬᠠᠶ ᠪᠡᠯᠡ ᠮᠥᠩᠭᠦ ᠳᠣᠬᠢᠷᠠᠭᠤᠯᠣᠨ᠎ᠠ᠃ ᠡᠯ᠎ᠡ ᠱᠠᠲᠤᠨ ᠤ ᠡᠳ᠋ ᠤᠨ ᠵᠠᠰᠠᠭ 500 ᠲᠦᠮᠡᠨ | ᠲᠥᠭᠦᠷᠢᠭ ᠤᠨ ᠲᠤᠰᠬᠠᠶ ᠪᠡᠯᠡ ᠮᠥᠩᠭᠦ ᠲᠣᠬᠢᠷᠠᠭᠤᠯᠤᠨ ᠬᠡᠷᠡᠭᠯᠡᠭᠡᠨ ᠤ ᠲᠡᠮᠳᠡᠭᠲᠦ ᠶᠢᠨ ᠪᠣᠷᠣᠯᠠᠭᠤᠯᠭ᠎ᠠ ᠶᠢ | ᠠᠬᠢᠭᠤᠯᠬᠤ ᠠᠵᠢᠯᠯᠠᠭ᠎ᠠ ᠳᠤ ᠬᠡᠷᠡᠭᠯᠡᠵᠦ᠂ ᠬᠤᠨᠤᠭ ᠪᠠᠭᠤᠳᠠᠯ᠂ ᠢᠳᠡᠭᠡᠨ ᠤᠮᠳᠠᠭᠠᠨ᠂ ᠪᠦᠷᠢᠨ ᠪᠠᠷᠠᠭ᠎ᠠ᠂ ᠭᠡᠷ ᠤᠨ | ᠴᠠᠬᠢᠯᠭᠠᠨ ᠬᠡᠷᠡᠭᠰᠡᠯ ᠵᠡᠷᠭᠡ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠤᠳᠠᠯᠳᠤᠭᠠᠨ ᠤ ᠬᠡᠷᠡᠭᠯᠡᠭᠡᠨ ᠤ | ᠠᠵᠢᠯᠯᠠᠭ᠎ᠠ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ | 22 . ᠨᠠᠷᠠᠲᠤ ᠲᠥᠷᠥᠯ ᠲᠡᠮᠳᠡᠭᠲᠦ ᠶᠢᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠪᠣᠢ ᠪᠣᠯᠭᠠᠨ᠎ᠠ᠃ | ᠪᠠᠶᠠᠷ ᠤᠨ ᠡᠳᠦᠷ ᠤᠨ ᠬᠡᠷᠡᠭᠯᠡᠭᠡ ᠶᠢᠨ ᠣᠨᠴᠠᠯᠢᠭ ᠪᠠ ᠬᠡᠷᠡᠭᠯᠡᠭᠡ ᠶᠢᠨ ᠪᠦᠲᠦᠴᠡ ᠶᠢᠨ ᠲᠠᠰ ᠳᠡᠪᠰᠢᠬᠦ ᠴᠢᠭᠯᠡᠯ ᠤᠨ | ᠲᠣᠭᠤᠷᠢᠨ ᠳᠤ᠂ ︽ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠬᠡᠷᠡᠭᠯᠡᠭᠡ ᠶᠢᠨ ᠠᠵᠢᠯᠯᠠᠭ᠎ᠠ︾᠂ ︽ᠠᠯᠲᠠᠨ | ᠨᠠᠮᠤᠷ ᠤᠨ ᠵᠢᠭᠤᠯᠴᠢᠯᠠᠯ ᠤᠨ ᠬᠡᠷᠡᠭᠯᠡᠭᠡ ᠶᠢᠨ ᠠᠵᠢᠯᠯᠠᠭ᠎ᠠ︾᠂ ︽ᠠᠯᠠᠱᠠ ᠶᠢᠨ ᠠᠮᠲᠠᠲᠤ ᠢᠳᠡᠭᠡᠨ ᠤ ᠴᠤᠭᠯᠠᠭᠠᠨ︾ | ᠵᠡᠷᠭᠡ ᠬᠡᠷᠡᠭᠯᠡᠭᠡ ᠶᠢ ᠠᠬᠢᠭᠤᠯᠬᠤ ᠰᠢᠷᠢᠰ ᠠᠵᠢᠯᠯᠠᠭ᠎ᠠ ᠥᠷᠨᠢᠭᠦᠯᠬᠦ ᠶᠢ ᠳᠡᠮᠵᠢᠵᠦ᠂ ᠵᠠᠬ᠎ᠠ ᠳᠡᠯᠭᠡᠭᠦᠷ ᠤᠨ | ᠠᠮᠢᠵᠢᠷᠠᠯ ᠤᠨ ᠬᠦᠴᠦᠨ ᠢ ᠬᠥᠭᠵᠢᠭᠡᠨ᠂ ᠬᠡᠷᠡᠭᠯᠡᠭᠡ ᠶᠢᠨ ᠬᠡᠪᠴᠢᠶ᠎ᠡ ᠶᠢ ᠥᠷᠭᠡᠳᠬᠡᠨ᠎ᠡ᠃ ᠨᠥᠬᠦᠴᠡᠯ ᠲᠠᠢ ᠬᠤᠰᠢᠭᠤ | ᠣᠷᠣᠨ ᠨᠢ ᠪᠠᠩᠬᠢ᠂ ᠪᠠᠩᠬᠢ ᠶᠢᠨ ᠬᠤᠯᠪᠣᠭ᠎ᠠ ᠵᠡᠷᠭᠡ ᠮᠥᠩᠭᠦᠨ ᠬᠦᠢᠯᠬᠡᠬᠡᠨ ᠤ ᠪᠠᠶᠢᠭᠤᠯᠤᠮᠵᠢ ᠶᠢᠨ ᠡᠬᠢ | ᠪᠠᠶᠠᠯᠢᠭ ᠢ ᠪᠦᠲᠦᠮᠵᠢᠲᠡᠶ ᠡᠮᠬᠢᠯᠡᠨ ᠨᠡᠶᠢᠯᠡᠭᠦᠯᠵᠦ᠂ ᠪᠠᠩᠬᠢ ᠶᠢᠨ ᠬᠤᠯᠪᠣᠭᠠᠨ ᠤ ᠲᠦᠷᠭᠡᠨ ᠥᠭᠬᠦ᠂ ᠴᠠᠬᠢᠯᠭᠠᠨ | ᠬᠤᠯᠪᠣᠭ᠎ᠠ ᠪᠠᠷ ᠲᠣᠭᠠᠴᠠᠭ᠎ᠠ ᠬᠢᠬᠦ ᠵᠡᠷᠭᠡ ᠲᠠᠪᠴᠠᠩ ᠳᠤ ᠲᠦᠰᠢᠭᠯᠡᠨ ᠬᠠᠷᠢᠶᠠᠲᠤ ᠣᠷᠣᠨ ᠤ ᠰᠠᠭᠤᠭᠠᠯᠢ ᠠᠷᠠᠳ ᠲᠤ | ᠬᠡᠷᠡᠭᠯᠡᠭᠡᠨ ᠤ ᠲᠡᠮᠳᠡᠭᠲᠦ ᠲᠠᠷᠬᠠᠭᠠᠵᠤ᠂ ᠪᠠᠷᠠᠭ᠎ᠠ ᠬᠤᠳᠠᠯᠳᠤᠨ ᠠᠪᠬᠤ᠂ ᠠᠷᠠᠯᠵᠢᠶ᠎ᠠ ᠬᠤᠳᠠᠯᠳᠤᠭ᠎ᠠ ᠶᠢᠨ ᠬᠦᠢᠯᠬᠡᠬᠡ᠂ | ᠢᠳᠡᠭᠡᠨ ᠤᠮᠳᠠᠭᠠᠨ᠂ ᠰᠣᠶᠣᠯ᠂ ᠵᠢᠭᠤᠯᠴᠢᠯᠠᠯ ᠵᠡᠷᠭᠡ ᠬᠦᠷᠢᠶ᠎ᠡ ᠶᠢᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ | ᠥᠷᠨᠢᠭᠦᠯᠬᠦ ᠶᠢ ᠭᠤᠤᠯᠳᠠᠯᠭ᠎ᠠ ᠲᠠᠢ ᠳᠡᠮᠵᠢᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠂ ᠰᠢᠤᠳᠠᠨ ᠤ ᠶᠠᠪᠤᠳᠠᠯ ᠤᠨ | ᠬᠠᠮᠢᠶᠠᠷᠤᠯᠲᠠ ᠶᠢᠨ ᠲᠣᠪᠴᠢᠶ᠎ᠠ᠂ ᠳᠣᠮᠳᠠᠳᠣ ᠣᠯᠣᠰ ᠤᠨ ᠠᠷᠠᠳ ᠤᠨ ᠪᠠᠩᠭᠢ︶ | 23 . ᠳᠡᠯᠭᠡᠨ ᠪᠣᠷᠣᠯᠠᠭᠤᠯᠬᠤ ᠳᠤ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠨ᠎ᠠ᠃ ︽ᠥᠪᠥᠷ | ᠮᠣᠩᠭᠤᠯ ᠤᠨ ᠦᠨᠦᠷ ᠠᠮᠲᠠ︾᠂ ᠳᠤᠮᠳᠠᠳᠤ ᠮᠣᠩᠭᠤᠯ ᠤᠨ ᠦᠵᠡᠰᠬᠦᠯᠡᠩ᠂ ᠥᠪᠥᠷ ᠮᠣᠩᠭᠤᠯ ᠤᠨ ᠪᠣᠬᠢᠷᠲᠤᠯ | ᠥᠬᠡᠶ ᠲᠠᠷᠢᠶᠠᠯᠠᠩ ᠤᠨ ᠪᠦᠲᠦᠭᠡᠭᠳᠡᠬᠦᠨ ᠤ ᠦᠵᠡᠰᠬᠦᠯᠡᠩ᠂ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ᠂ | ᠬᠡᠷᠡᠭᠯᠡᠭᠡᠨ ᠤ ᠵᠦᠢᠯ ᠤᠨ ᠦᠵᠡᠰᠬᠦᠯᠡᠩ ᠵᠡᠷᠭᠡ ᠣᠷᠣᠨ ᠤ ᠳᠣᠲᠣᠷ᠎ᠠ ᠭᠠᠳᠠᠨᠠᠬᠢ ᠭᠤᠤᠯᠳᠠᠯᠭ᠎ᠠ ᠲᠠᠢ ᠦᠵᠡᠰᠬᠦᠯᠡᠩ ᠢ | ᠬᠦᠢᠴᠡᠳ ᠠᠰᠢᠭᠯᠠᠨ᠂ ᠬᠠᠮᠢᠶ᠎ᠠ ᠪᠥᠬᠦᠶ ᠠᠵᠤ ᠠᠬᠤᠶᠢᠯᠠᠯ ᠤᠨ ᠦᠢᠯᠡᠳᠪᠦᠷᠢᠯᠡᠬᠦ᠂ ᠪᠣᠷᠣᠯᠠᠭᠤᠯᠬᠤ᠂ ᠬᠤᠳᠠᠯᠳᠤᠨ | ᠠᠪᠬᠤ ᠳᠤ ᠵᠣᠯᠭᠠᠭᠤᠯᠤᠭᠰᠠᠨ ᠲᠠᠪᠴᠠᠩ ᠪᠠᠶᠢᠭᠤᠯᠵᠤ ᠥᠭᠭᠦᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ | ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ︶ | 24 . ᠬᠤᠷᠠᠯ ᠦᠵᠡᠰᠬᠦᠯᠡᠩ ᠤᠨ ᠦᠢᠯᠡᠰ ᠤᠨ ᠬᠥᠭᠵᠢᠨ ᠪᠤᠵᠠᠭᠠᠶᠢᠷᠬᠠᠤ ᠶᠢ ᠠᠬᠢᠭᠤᠯᠤᠨ᠎ᠠ᠃ ᠡᠯ᠎ᠡ | ᠬᠤᠰᠢᠭᠤ ᠣᠷᠣᠨ ᠤ ᠡᠯ᠎ᠡ ᠲᠥᠷᠥᠯ ᠤᠨ ᠳᠡᠯᠭᠡᠨ ᠦᠵᠡᠭᠦᠯᠬᠦ ᠳᠡᠯᠭᠡᠨ ᠪᠣᠷᠣᠯᠠᠭᠤᠯᠬᠤ ᠠᠵᠢᠯᠯᠠᠭ᠎ᠠ ᠡᠷᠭᠢᠯᠡᠬᠦ ᠶᠢ | ᠳᠡᠮᠵᠢᠵᠦ᠂ ᠳᠡᠯᠭᠡᠨ ᠦᠵᠡᠭᠦᠯᠬᠦ ᠴᠠᠭ᠂ ᠭᠠᠵᠠᠷ ᠵᠢᠴᠢ ᠦᠶᠡᠯᠡᠯ ᠤᠨ ᠬᠤᠭᠤᠴᠠᠭ᠎ᠠ ᠨᠢ ᠬᠠᠷᠢᠴᠠᠩᠭᠤᠶ ᠲᠣᠭᠲᠠᠮᠠᠯ | ᠳᠡᠯᠭᠡᠨ ᠦᠵᠡᠭᠦᠯᠬᠦ ᠴᠤᠭᠯᠠᠭᠠᠨ ᠡᠷᠭᠢᠯᠡᠬᠦ ᠶᠢ ᠳᠡᠮᠵᠢᠵᠦ᠂ ᠠᠯᠠᠱᠠ ᠠᠶᠢᠮᠠᠭ ᠤᠨ ᠭᠤᠤᠯᠯᠠᠬᠤ ᠠᠵᠤ ᠦᠢᠯᠡᠰ ᠤᠨ | ᠬᠡᠯᠬᠢᠶ᠎ᠡ ᠯᠦᠭᠡ ᠨᠢᠭᠲᠠ ᠬᠤᠯᠪᠣᠭ᠎ᠠ ᠲᠠᠢ ᠮᠥᠷᠲᠡᠭᠡᠨ ᠬᠡᠪᠴᠢᠶ᠎ᠡ ᠪᠠᠷ ᠨᠡᠯᠢᠶᠡᠳ ᠶᠡᠭᠡ᠂ ᠨᠥᠯᠥᠭᠡᠯᠡᠨ ᠳᠠᠶᠢᠴᠢᠯᠠᠬᠤ | ᠬᠦᠴᠦᠨ ᠢᠶᠠᠷ ᠴᠢᠩᠭ᠎ᠠ ᠵᠠᠬ᠎ᠠ ᠳᠡᠯᠭᠡᠭᠦᠷᠴᠢᠯᠡᠭᠰᠡᠨ᠂ ᠬᠤᠳᠠᠯᠳᠤᠭᠠᠴᠢᠯᠠᠭᠰᠠᠨ ᠲᠤᠰᠬᠠᠶ ᠮᠡᠷᠭᠡᠵᠢᠯ ᠤᠨ ᠳᠡᠯᠭᠡᠨ | ᠦᠵᠡᠭᠦᠯᠬᠦ ᠴᠤᠭᠯᠠᠭᠠᠨ ᠳᠤ ᠵᠣᠬᠢᠬᠤ ᠳᠡᠮᠵᠢᠯᠭᠡ ᠦᠵᠡᠭᠦᠯᠦᠨ᠎ᠡ᠃ ᠲᠣᠰ ᠭᠠᠵᠠᠷ ᠣᠷᠣᠨ ᠤ ᠨᠠᠷᠠᠲᠤ ᠲᠥᠷᠥᠯ | ᠲᠡᠮᠳᠡᠭᠲᠦ ᠶᠢᠨ ᠦᠵᠡᠰᠬᠦᠯᠡᠩ ᠴᠤᠭᠯᠠᠭᠠᠨ ᠢ ᠭᠤᠤᠯᠳᠠᠯᠭ᠎ᠠ ᠲᠠᠢ ᠪᠤᠶᠢᠵᠢᠭᠤᠯᠵᠤ᠂ ᠲᠣᠮᠣ ᠬᠡᠯᠪᠡᠷᠢ ᠶᠢᠨ | ᠦᠵᠡᠰᠬᠦᠯᠡᠩ ᠴᠤᠭᠯᠠᠭᠠᠨ ᠢ ᠣᠷᠣᠭᠤᠯᠤᠨ ᠠᠪᠴᠢᠷᠠᠵᠤ᠂ ᠬᠤᠷᠠᠯ ᠦᠵᠡᠰᠬᠦᠯᠡᠩ ᠤᠨ ᠲᠠᠪᠴᠠᠩ ᠤᠨ ᠲᠥᠪᠯᠡᠷᠡᠭᠦᠯᠬᠦ | ᠦᠢᠯᠡᠳᠦᠯ ᠢ ᠪᠠᠳᠠᠷᠠᠭᠤᠯᠤᠨ᠂ ᠢᠳᠡᠵᠦ ᠤᠤᠭᠤᠬᠤ ᠬᠤᠨᠣᠵᠤ ᠬᠡᠪᠲᠡᠬᠦ ᠵᠤᠭᠠᠴᠠᠵᠤ ᠲᠣᠭᠤᠷᠢᠬᠤ ᠬᠤᠳᠠᠯᠳᠤᠨ | ᠠᠪᠬᠤ ᠵᠤᠭ᠎ᠠ ᠴᠡᠩᠭᠡᠯ ᠵᠡᠷᠭᠡ ᠬᠦᠴᠦᠨ ᠵᠦᠢᠯ ᠤᠨ ᠬᠡᠷᠡᠭᠯᠡᠭᠡ ᠶᠢ ᠳᠠᠶᠢᠴᠢᠯᠠᠨ᠎ᠠ᠃ ︵ᠬᠠᠷᠢᠭᠤᠴᠠᠯᠭᠠᠲᠤ ᠨᠢᠭᠡᠴᠡ᠄ | ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ | ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ᠂ ᠠᠷᠠᠯᠵᠢᠶ᠎ᠠ ᠶᠢ ᠠᠬᠢᠭᠤᠯᠬᠤ ᠵᠦᠪᠯᠡᠯ︶ | ︵ᠳᠣᠯᠤᠭ᠎ᠠ︶ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠤᠵᠠᠭᠠᠶᠢᠷᠠᠭᠤᠯᠤᠨ᠎ᠠ | 25 . ᠲᠣᠮᠣ ᠬᠡᠯᠪᠡᠷᠢ ᠶᠢᠨ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ ᠣᠷᠣᠭᠤᠯᠤᠨ ᠠᠪᠴᠢᠷᠠᠨ᠎ᠠ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠨᠡᠮᠡᠭᠳᠡᠭᠦᠯᠵᠦ᠂ ᠳᠡᠯᠡᠬᠡᠶ ᠶᠢᠨ ᠪᠠ ᠤᠯᠤᠰ ᠤᠨ | ᠳᠣᠲᠣᠭᠠᠳᠤ ᠶᠢᠨ ᠨᠡᠷᠡᠲᠦ ᠲᠦᠷᠦᠯ ᠲᠡᠮᠳᠡᠭ ᠪᠦᠬᠦᠢ ᠬᠤᠳᠠᠯᠳᠤᠭ᠎ᠠ ᠠᠷᠠᠯᠵᠢᠶᠠᠨ ᠤ ᠠᠵᠤ ᠠᠬᠤᠶᠢᠯᠠᠯ ᠢ ᠰᠢᠨ᠎ᠡ ᠪᠠᠷ | ᠣᠷᠣᠭᠤᠯᠵᠤ ᠢᠷᠡᠨ᠂ ᠲᠣᠮᠣ ᠬᠡᠯᠪᠡᠷᠢ ᠶᠢᠨ ᠬᠤᠳᠠᠯᠳᠤᠭ᠎ᠠ ᠠᠷᠠᠯᠵᠢᠶᠠᠨ ᠤ ᠶᠡᠷᠦᠩᠬᠡᠶᠢᠯᠡᠭᠰᠡᠨ ᠴᠣᠭᠴᠠ ᠶᠢ ᠪᠣᠶ | ᠪᠣᠯᠭᠠᠬᠤ ᠳᠤ᠂ ︽ᠣᠨᠴᠣᠭᠤᠶ ᠤᠴᠢᠷ ᠢ ᠣᠨᠴᠣᠭᠤᠶ ᠰᠢᠢᠳᠪᠦᠷᠢᠯᠡᠬᠦ᠂ ᠨᠢᠭᠡ ᠨᠢᠭᠡ ᠤᠴᠢᠷ ᠶᠠᠪᠤᠳᠠᠯ ᠢᠶᠠᠷ | ᠵᠥᠪᠯᠡᠬᠦ︾ ᠠᠷᠭ᠎ᠠ ᠮᠠᠶ᠋ᠢᠭ ᠢ ᠠᠪᠴᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ ᠬᠡᠷᠡᠭᠲᠡᠶ᠃ ︽ | ᠠᠩᠬᠠᠨ ᠤ ᠳᠡᠯᠭᠡᠭᠦᠷ᠂ ᠠᠩᠬᠠᠨ ᠤ ᠠᠵᠤ ᠠᠬᠤᠶ︾ ᠶᠢ ᠬᠥᠭᠵᠢᠭᠦᠯᠬᠦ ᠶᠢ ᠳᠡᠮᠵᠢᠵᠦ᠂ ᠠᠶᠢᠮᠠᠭ ᠤᠨ ᠳᠣᠲᠣᠷ᠎ᠠ | ᠳᠤᠮᠳᠠᠳᠤ ᠤᠯᠤᠰ ︵ᠳᠣᠲᠣᠷ᠎ᠠ ᠭᠠᠵᠠᠷ︶ ᠤᠨ ᠠᠩᠬᠠᠨ ᠤ ᠳᠡᠯᠭᠡᠭᠦᠷ᠂ ᠥᠪᠥᠷ ᠮᠣᠩᠭᠤᠯ ᠤᠨ ᠠᠩᠬᠠᠨ ᠤ ᠳᠡᠯᠭᠡᠭᠦᠷ | ᠂ ᠠᠯᠠᠱᠠ ᠶᠢᠨ ᠠᠩᠬᠠᠨ ᠤ ᠳᠡᠯᠭᠡᠭᠦᠷ᠂ ᠬᠤᠰᠢᠭᠤᠴᠢ ᠳᠡᠯᠭᠡᠭᠦᠷ ᠪᠠᠶᠢᠭᠤᠯᠤᠭᠰᠠᠨ ᠤ ᠬᠠᠮᠲᠤ 2 ᠵᠢᠯ ᠠᠴᠠ ᠳᠡᠭᠡᠭᠰᠢ | ᠣᠷᠣᠰᠢᠨ ᠰᠠᠭᠤᠬᠤ ᠬᠡᠯᠡᠯᠴᠡᠭᠡᠷ ᠲᠣᠭᠲᠠᠭᠰᠠᠨ ᠪᠠᠶᠢᠪᠠᠯ᠂ ᠡᠷᠦᠬᠡ ᠠᠮᠠ ᠣᠷᠣᠭᠤᠯᠵᠤ ᠱᠠᠩᠨᠠᠨ᠎ᠠ᠃ 500 ᠲᠦᠮᠡᠨ | ᠲᠥᠭᠦᠷᠢᠭ ᠠᠴᠠ ᠳᠡᠭᠡᠭᠰᠢ ᠪᠡᠯᠡ ᠮᠥᠩᠭᠦ ᠣᠷᠣᠭᠤᠯᠵᠤ ᠶᠡᠷᠦᠩᠬᠡᠶᠢᠯᠡᠭᠰᠡᠨ ᠬᠤᠳᠠᠯᠳᠤᠭᠠᠨ ᠤ ᠲᠥᠷᠥᠯ ᠤᠨ | ᠲᠦᠷᠦᠭᠦᠦ ᠳᠡᠯᠭᠡᠭᠦᠷ ᠨᠡᠭᠡᠭᠡᠭᠰᠡᠨ ᠪᠠ 300 ᠲᠦᠮᠡᠨ ᠲᠥᠭᠦᠷᠢᠭ ᠠᠴᠠ ᠳᠡᠭᠡᠭᠰᠢ ᠪᠡᠯᠡ ᠣᠷᠣᠭᠤᠯᠵᠤ ᠨᠡᠷᠡᠲᠦ | ᠲᠡᠮᠳᠡᠭᠲᠦ ᠶᠢᠨ ᠳᠡᠯᠭᠡᠭᠦᠷ ᠨᠡᠭᠡᠭᠡᠭᠰᠡᠨ ᠪᠣᠯ᠂ ᠲᠦᠷᠢᠶᠡᠰᠦᠨ ᠮᠥᠩᠭᠦ᠂ ᠵᠠᠰᠠᠵᠤ ᠴᠢᠮᠡᠭᠯᠡᠬᠦ ᠵᠠᠷᠤᠳᠠᠯ ᠤᠨ ᠲᠠᠯ᠎ᠠ ᠪᠠᠷ | ᠵᠣᠬᠢᠬᠤ ᠳᠡᠮᠵᠢᠯᠭᠡ ᠦᠵᠡᠭᠦᠯᠬᠦ ᠬᠡᠷᠡᠭᠲᠡᠶ᠃ ᠠᠯᠠᠱᠠ ᠠᠶᠢᠮᠠᠭ ᠤᠨ ᠨᠡᠷᠡᠲᠦ ᠲᠦᠷᠦᠯ ᠲᠡᠮᠳᠡᠭ ᠢ ᠵᠠᠬ᠎ᠠ ᠳᠡᠯᠭᠡᠭᠦᠷ ᠲᠤ | ᠠᠩᠬ᠎ᠠ ᠲᠠᠷᠬᠠᠭᠠᠬᠤ ᠪᠤᠶᠤ ᠵᠡᠷᠭᠡᠪᠡᠷ ᠵᠠᠬ᠎ᠠ ᠳᠡᠯᠭᠡᠭᠦᠷ ᠲᠤ ᠭᠠᠷᠭᠠᠵᠤ᠂ ᠳᠤᠮᠳᠠ ᠳᠡᠭᠡᠳᠦ ᠲᠠᠰ ᠤᠨ ᠬᠡᠷᠡᠭᠯᠡᠭᠡᠨ ᠤ | ᠬᠡᠷᠡᠭᠴᠡᠭᠡ ᠶᠢ ᠬᠠᠩᠭᠠᠬᠤ ᠶᠢ ᠵᠣᠷᠢᠭᠵᠢᠭᠤᠯᠤᠨ᠎ᠠ᠃ ᠤᠯᠤᠰ ᠤᠨ ᠳᠣᠲᠣᠭᠠᠳᠤ ᠶᠢᠨ ᠠᠵᠢᠯ ᠲᠥᠷᠥᠯ ᠤᠨ ᠨᠡᠷᠡᠰ ᠤᠨ | ᠵᠢᠭᠰᠠᠭᠠᠯᠲᠠ ᠨᠢ ᠡᠮᠦᠨᠡᠭᠦᠷ ᠪᠠᠶᠢᠭ᠎ᠠ ᠲᠣᠮᠣ ᠬᠡᠯᠪᠡᠷᠢ ᠶᠢᠨ ᠪᠣᠳᠠᠲᠤ ᠴᠣᠭᠴᠠ ᠶᠢᠨ ᠵᠢᠵᠢᠭᠯᠡᠨ ᠬᠤᠳᠠᠯᠳᠤᠬᠤ ᠪᠤᠶᠤ | ᠰᠦᠯᠵᠢᠶ᠎ᠡ ᠪᠠᠷ ᠵᠢᠵᠢᠭᠯᠡᠨ ᠬᠤᠳᠠᠯᠳᠤᠬᠤ ᠬᠥᠲᠥᠴᠢ ᠠᠵᠤ ᠠᠬᠤᠶᠢᠯᠠᠯ ᠤᠨ ᠠᠶᠢᠮᠠᠭ ᠤᠨ ᠳᠣᠲᠣᠷ᠎ᠠ ᠬᠠᠤᠯᠢ ᠶᠢᠨ | ᠡᠷᠬᠡᠲᠡᠨ ᠤ ᠺᠣᠮᠫᠠᠨᠢ ᠪᠤᠶᠤ ᠳ᠋ᠦᠩᠨᠡᠨ ᠪᠤᠳᠤᠬᠤ ᠲᠥᠪ ᠪᠠᠶᠢᠭᠤᠯᠬᠤ ᠶᠢ ᠳᠡᠮᠵᠢᠬᠦ ᠶᠢᠨ ᠬᠠᠮᠲᠤ᠂ ᠪᠠᠶᠢᠳᠠᠯ ᠢ ᠨᠢ | ᠦᠨᠳᠦᠰᠦᠯᠡᠨ ᠵᠣᠬᠢᠬᠤ ᠨᠥᠬᠦᠪᠥᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠪᠠᠯᠠ ᠣᠷᠣᠭᠤᠯᠤᠯᠲᠠ ᠶᠢ ᠠᠬᠢᠭᠤᠯᠬᠤ ᠲᠥᠪ︶ | 26 . ᠪᠥᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ ᠠᠵᠤ ᠦᠢᠯᠡᠰ ᠤᠨ ᠠᠵᠢᠯᠯᠠᠭ᠎ᠠ ᠶᠢᠨ | ᠨᠢᠭᠡᠴᠡ ᠶᠢᠨ ᠨᠢᠭᠡᠳᠦᠯᠲᠡᠶ ᠨᠢᠭᠲᠠᠯᠠᠨ ᠪᠣᠳᠣᠯᠲᠠ ᠶᠢᠨ ᠲᠥᠰᠦᠪ ᠤᠨ ᠭᠦᠢᠴᠡᠳᠬᠡᠯ ᠪᠠᠶᠢᠭᠤᠯᠬᠤ ᠶᠢᠨ ᠬᠠᠮᠲᠤ | ᠬᠠᠤᠯᠢ ᠶᠢᠨ ᠡᠷᠬᠡᠲᠡᠨ ᠤ ᠠᠵᠤ ᠠᠬᠤᠶᠢᠯᠠᠯ ᠢ ᠳᠠᠬᠢᠵᠤ ᠳᠠᠩᠰᠠᠯᠠᠭᠤᠯᠬᠤ ᠶᠢ ᠳᠡᠮᠵᠢᠨ᠎ᠡ᠃ ᠬᠢᠵᠠᠭᠠᠷᠯᠠᠭᠰᠠᠨ | ᠲᠤᠭ᠎ᠠ ᠠᠴᠠ ᠳᠡᠭᠡᠭᠰᠢᠬᠢ ᠠᠷᠠᠯᠵᠢᠶᠠᠨ ᠳᠤ ᠣᠷᠣᠭᠤᠯᠤᠭᠰᠠᠨ ᠮᠥᠷᠲᠡᠭᠡᠨ ᠵᠢᠯ ᠤᠨ ᠵᠢᠵᠢᠭᠯᠡᠨ ᠬᠤᠳᠠᠯᠳᠤᠬᠤ | ᠲᠤᠭ᠎ᠠ ᠨᠢ 1000 ᠲᠦᠮᠡᠨ ᠲᠥᠭᠦᠷᠢᠭ ᠠᠴᠠ ᠳᠡᠭᠡᠭᠰᠢ ᠳᠤ ᠬᠦᠷᠴᠦ᠂ ᠵᠢᠵᠢᠭᠯᠡᠨ ᠬᠤᠳᠠᠯᠳᠤᠬᠤ ᠲᠤᠭ᠎ᠠ ᠨᠢ | ᠬᠤᠶᠠᠷ ᠵᠢᠯ ᠳᠠᠷᠠᠭᠠᠯᠠᠨ ᠵᠢᠯ ᠪᠦᠷᠢ 100 ᠲᠦᠮᠡᠨ ᠲᠥᠭᠦᠷᠢᠭ ᠨᠡᠮᠡᠭᠳᠡᠭᠰᠡᠨ ᠪᠣᠯ ᠥᠪᠡᠷᠲᠡᠭᠡᠨ ᠵᠠᠰᠠᠬᠤ ᠣᠷᠣᠨ ᠤ | ᠱᠠᠩᠨᠠᠯ ᠤᠨ ᠪᠡᠯᠡ ᠮᠥᠩᠭᠦ ᠶᠢ 5 ᠲᠦᠮᠡᠨ ᠲᠥᠭᠦᠷᠢᠭ ᠭᠤᠶᠤᠴᠢᠯᠠᠨ᠎ᠠ︔ ᠪᠥᠭᠡᠮ ᠢᠶᠠᠷ ᠬᠤᠳᠠᠯᠳᠤᠬᠤ ᠪᠠ ᠵᠢᠵᠢᠭᠯᠡᠨ | ᠬᠤᠳᠠᠯᠳᠤᠬᠤ᠂ ᠬᠤᠨᠣᠭᠯᠠᠬᠤ ᠪᠠ ᠢᠳᠡᠭᠡᠨ ᠤᠮᠳᠠᠭᠠᠨ ᠤ ᠠᠵᠤ ᠦᠢᠯᠡᠰ ᠤᠨ ᠠᠵᠢᠯᠯᠠᠭᠠᠨ ᠤ ᠨᠢᠭᠡᠴᠡ ᠶᠢᠨ | ᠨᠢᠭᠡᠳᠦᠯᠲᠡᠶ ᠨᠢᠭᠲᠠᠯᠠᠨ ᠪᠤᠳᠤᠬᠤ ᠲᠥᠰᠦᠪ ᠤᠨ ᠬᠦᠢᠴᠡᠳᠬᠡᠯ ᠢ ᠪᠠᠶᠢᠭᠤᠯᠬᠤ ᠶᠢᠨ ᠬᠠᠮᠲᠤ ᠠᠯᠠᠱᠠ ᠠᠶᠢᠮᠠᠭ ᠲᠤ | ᠳᠠᠬᠢᠨ ᠰᠢᠨ᠎ᠡ ᠪᠠᠷ ᠬᠠᠤᠯᠢ ᠶᠢᠨ ᠡᠷᠬᠡᠲᠡᠨ ᠤ ᠠᠵᠤ ᠠᠬᠤᠶᠢᠯᠠᠯ ᠪᠠᠶᠢᠭᠤᠯᠬᠤ ᠶᠢ ᠳᠡᠮᠵᠢᠵᠦ᠂ ᠬᠢᠵᠠᠭᠠᠷᠯᠠᠭᠰᠠᠨ | ᠲᠤᠭ᠎ᠠ ᠠᠴᠠ ᠳᠡᠭᠡᠭᠰᠢᠬᠢ ᠠᠷᠠᠯᠵᠢᠶᠠᠨ ᠤ ᠪᠦᠷᠢᠳᠬᠡᠯ ᠳᠤ ᠣᠷᠣᠭᠤᠯᠤᠭᠰᠠᠨ ᠪᠥᠭᠡᠳ ᠵᠢᠯ ᠤᠨ ᠡᠵᠡᠩᠨᠡᠯᠲᠡ ᠶᠢᠨ | ᠲᠤᠭ᠎ᠠ ᠨᠢ 500 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢ ᠳᠤ ᠬᠦᠷᠴᠦ᠂ ᠡᠵᠡᠩᠨᠡᠯᠲᠡ ᠶᠢᠨ ᠲᠤᠭ᠎ᠠ ᠨᠢ | ᠬᠤᠶᠠᠷ ᠵᠢᠯ ᠳᠠᠷᠠᠭᠠᠯᠠᠨ ᠵᠢᠯ ᠪᠦᠷᠢ 100 ᠲᠦᠮᠡᠨ ᠲᠥᠭᠦᠷᠢᠭ ᠨᠡᠮᠡᠭᠳᠡᠭᠰᠡᠨ ᠪᠠᠶᠢᠪᠠᠯ᠂ ᠥᠪᠡᠷᠲᠡᠭᠡᠨ ᠵᠠᠰᠠᠬᠤ | ᠣᠷᠣᠨ ᠤ ᠱᠠᠩᠨᠠᠯ ᠤᠨ ᠪᠠᠯᠠ ᠮᠥᠩᠭᠦ ᠶᠢ 5 ᠲᠦᠮᠡᠨ ᠲᠥᠭᠦᠷᠢᠭ ᠭᠤᠶᠤᠴᠢᠯᠠᠨ᠎ᠠ᠃ ︵ᠬᠠᠷᠢᠭᠤᠴᠠᠯᠭᠠᠲᠤ ᠨᠢᠭᠡᠴᠡ | ᠄ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ︶ | 27 . ᠪᠡᠯᠡ ᠮᠥᠩᠭᠦᠨ ᠤ ᠳᠡᠮᠵᠢᠯᠭᠡ ᠦᠵᠡᠭᠦᠯᠦᠨ᠎ᠡ᠃ ᠰᠢᠨ᠎ᠡ ᠪᠠᠷ ᠠᠵᠢᠯ ᠡᠬᠢᠯᠡᠭᠦᠯᠦᠭᠰᠡᠨ ᠪᠤᠶᠤ | ᠬᠢᠵᠠᠭᠠᠷᠯᠠᠭᠰᠠᠨ ᠲᠤᠭ᠎ᠠ ᠠᠴᠠ ᠳᠣᠷᠣᠭᠰᠢ ᠥᠰᠴᠦ ᠪᠤᠶᠢᠵᠢᠭᠠᠳ ᠬᠢᠵᠠᠭᠠᠷᠯᠠᠭᠰᠠᠨ ᠲᠤᠭ᠎ᠠ ᠠᠴᠠ ᠳᠡᠭᠡᠭᠰᠢ | ᠪᠣᠯᠤᠭᠰᠠᠨ ᠮᠥᠷᠲᠡᠭᠡᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠷᠠᠯᠵᠢᠶᠠᠨ ᠤ ᠪᠦᠷᠢᠳᠬᠡᠯ ᠳᠤ ᠣᠷᠣᠭᠤᠯᠤᠭᠰᠠᠨ | ᠪᠥᠭᠡᠳ ᠨᠡᠷᠡᠰ ᠤᠨ ᠬᠥᠮᠥᠷᠭᠡ ᠳᠤ 18 ᠰᠠᠷ᠎ᠠ ᠠᠴᠠ ᠳᠡᠭᠡᠭᠰᠢ ᠪᠠᠲᠤᠯᠠᠭᠰᠠᠨ ᠠᠵᠤ ᠠᠬᠤᠶᠢᠯᠠᠯ ᠳᠤ ᠨᠢᠭᠡ | ᠤᠳᠠᠭ᠎ᠠ ᠶᠢᠨ ᠴᠢᠨᠠᠷᠲᠠᠶ ᠱᠠᠩᠨᠠᠯ ᠤᠨ ᠪᠠᠯᠠ ᠮᠥᠩᠭᠦ 10 ᠲᠦᠮᠡᠨ ᠲᠥᠭᠦᠷᠢᠭ ᠣᠯᠭᠤᠨ᠎ᠠ᠃ ︵ᠬᠠᠷᠢᠭᠤᠴᠠᠯᠭᠠᠲᠤ | ᠨᠢᠭᠡᠴᠡ᠄ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ | ᠡᠳ᠋ ᠤᠨ ᠵᠠᠰᠠᠭ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ︶ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠯ᠎ᠡ ᠬᠤᠯᠪᠣᠭᠳᠠᠯ ᠪᠥᠬᠦᠶ | ᠰᠠᠯᠠᠭ᠎ᠠ ᠮᠥᠴᠢᠷ ᠨᠢ ᠬᠡᠷᠡᠭᠯᠡᠭᠡ ᠶᠢᠨ ᠪᠠᠭᠲᠠᠭᠠᠮᠵᠢ ᠶᠢ ᠥᠷᠭᠡᠳᠬᠡᠨ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠵᠤ᠂ | ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ | ᠣᠷᠣᠭᠤᠯᠬᠤ ᠶᠢ ᠠᠬᠢᠭᠤᠯᠤᠨ᠂ ᠪᠣᠳᠠᠲᠠᠶ ᠲᠠᠢ ᠪᠠᠨ ᠤᠶᠠᠯᠳᠤᠭᠤᠯᠤᠨ ᠠᠵᠢᠯ ᠤᠨ ᠠᠷᠭ᠎ᠠ ᠬᠡᠮᠵᠢᠶ᠎ᠡ ᠪᠠᠨ | ᠨᠠᠷᠢᠯᠢᠬᠵᠢᠭᠤᠯᠵᠤ᠂ ᠬᠡᠷᠡᠭᠯᠡᠭᠡ ᠶᠢ ᠠᠬᠢᠭᠤᠯᠬᠤ ᠠᠵᠢᠯ ᠤᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠡᠷᠴᠢᠮ ᠢ | ᠴᠢᠩᠭᠠᠷᠠᠭᠤᠯᠤᠨ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠨᠠᠶᠢᠳᠠᠪᠤᠷᠢᠵᠢᠭᠤᠯᠤᠯᠲᠠ ᠶᠢ | ᠰᠠᠶᠢᠲᠤᠷ ᠠᠳᠬᠤᠬᠤ ᠬᠡᠷᠡᠭᠲᠡᠶ᠃ | ︵ᠬᠤᠶᠠᠷ︶ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠶ ᠦᠨᠡᠯᠡᠨ ᠵᠢᠱᠢᠨ᠎ᠡ᠃ ᠡᠯ᠎ᠡ ᠬᠤᠰᠢᠭᠤ ᠣᠷᠣᠨ | ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠮᠠᠨ ᠤ ᠠᠶᠢᠮᠠᠭ ᠤᠨ ᠡᠯ᠎ᠡ ᠵᠦᠢᠯ ᠤᠨ ᠬᠡᠷᠡᠭᠯᠡᠭᠡᠨ ᠤ ᠨᠡᠮᠡᠭᠳᠡᠯ ᠢ | ᠠᠬᠢᠭᠤᠯᠬᠤ ᠲᠥᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠦ᠂ ᠬᠡᠷᠡᠭᠵᠢᠭᠦᠯᠵᠦ | ᠪᠠᠶᠢᠭ᠎ᠠ ᠪᠠᠶᠢᠳᠠᠯ ᠢ ᠨᠢᠭᠲᠠ ᠮᠥᠷᠳᠡᠨ᠂ ᠬᠠᠮᠢᠶ᠎ᠠ ᠪᠦᠬᠦᠢ ᠲᠥᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠬᠡᠷᠡᠭᠵᠢᠭᠦᠯᠦᠭᠰᠡᠨ ᠦᠷ᠎ᠡ ᠪᠦᠲᠦᠮᠵᠢ ᠳᠤ ᠰᠢᠨᠵᠢᠯᠡᠬᠦ ᠤᠬᠠᠭᠠᠨᠴᠢ ᠦᠨᠡᠯᠡᠯᠲᠡ ᠬᠢᠵᠦ᠂ ᠴᠠᠭ ᠲᠤᠬᠠᠢ ᠳᠤᠨᠢ | ᠲᠤᠬᠢᠷᠠᠭᠤᠯᠤᠨ ᠲᠡᠭᠦᠯᠳᠡᠷᠵᠢᠭᠦᠯᠬᠦ ᠬᠡᠷᠡᠭᠲᠡᠢ᠃ | ︵ᠭᠤᠷᠪᠠ︶ ᠰᠢᠯᠭᠠᠨ ᠬᠢᠨᠠᠵᠤ ᠤᠷᠮᠠᠰᠢᠭᠤᠯᠬᠤ ᠶᠢ ᠴᠢᠩᠭᠠᠷᠠᠭᠤᠯᠤᠨ᠎ᠠ᠃ ᠣᠨ ᠤ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠪᠣᠯᠤᠨ ᠰᠢᠨ᠎ᠡ ᠪᠠᠷ ᠨᠡᠮᠡᠭᠳᠡᠭᠰᠡᠨ ᠬᠢᠵᠠᠭᠠᠷᠯᠠᠭᠰᠠᠨ | ᠲᠤᠭ᠎ᠠ ᠠᠴᠠ ᠳᠡᠭᠡᠭᠰᠢᠬᠢ ᠠᠷᠠᠯᠵᠢᠶ᠎ᠠ ᠬᠤᠳᠠᠯᠳᠤᠭᠠᠨ ᠤ ᠬᠦᠢᠯᠬᠡᠬᠡᠨ ᠤ ᠠᠵᠤ ᠠᠬᠤᠶᠢᠯᠠᠯ ᠤᠨ ᠶᠠᠰᠤ ᠴᠢᠨᠠᠷ ᠦᠷ᠎ᠡ | ᠠᠰᠢᠭ ᠵᠡᠷᠭᠡ ᠶᠡᠷᠦᠩᠬᠡᠶᠢᠯᠡᠭᠰᠡᠨ ᠦᠨᠡᠯᠡᠯᠲᠡ ᠶᠢᠨ ᠦᠷ᠎ᠡ ᠳ᠋ᠦᠩ ᠢ ᠦᠨᠳᠦᠰᠦᠯᠡᠨ᠂ ᠪᠥᠬᠦ ᠠᠶᠢᠮᠠᠭ ᠤᠨ | ᠬᠡᠷᠡᠭᠯᠡᠭᠡ ᠶᠢ ᠳᠠᠶᠢᠴᠢᠯᠠᠨ ᠨᠡᠮᠡᠭᠳᠡᠭᠦᠯᠬᠦ ᠦᠢᠯᠡᠳᠦᠯ ᠢᠶᠠᠷ ᠢᠯᠡᠷᠬᠡᠶ ᠬᠤᠰᠢᠭᠤ ᠣᠷᠣᠨ ᠳᠤ ᠵᠣᠬᠢᠬᠤ ᠬᠡᠮᠵᠢᠶᠡᠨ ᠤ | ᠪᠠᠯᠠ ᠮᠥᠩᠭᠦ ᠶᠢᠨ ᠱᠠᠩᠨᠠᠯ ᠣᠯᠭᠤᠨ᠎ᠠ᠃ ᠡᠯ᠎ᠡ ᠬᠤᠰᠢᠭᠤ ᠣᠷᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠳ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ 2022 ᠣᠨ ᠤ 12 ᠳ᠋ᠤᠭᠠᠷ ᠰᠠᠷ᠎ᠠ ᠶᠢᠨ 20 ᠤ | ᠡᠳᠦᠷ ᠠᠴᠠ ᠡᠮᠦᠨ᠎ᠡ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠳᠤ ᠮᠡᠳᠡᠭᠦᠯᠦᠨ ᠬᠦᠷᠭᠡᠬᠦ ᠬᠡᠷᠡᠭᠲᠡᠶ᠃ | |