ᠨᠢᠭᠡ᠂ 2021 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ | ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ | 2021 ᠣᠨ ᠳᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠬᠠᠲᠠᠭᠤ ᠪᠡᠷᠬᠡ ᠨᠦᠰᠡᠷ ᠬᠦᠨᠳᠦ | ᠡᠭᠦᠷᠭᠡ ᠢᠯᠠᠩᠭᠤᠶ᠎ᠠ ᠬᠢᠵᠢᠭ ᠤᠨ ᠳᠠᠭᠠᠷᠢᠯᠳᠠ ᠶᠢᠨ ᠡᠮᠦᠨ᠎ᠡ᠂ ᠠᠶᠢᠮᠠᠭ ᠳᠠᠶᠠᠭᠠᠷ ᠢᠶᠠᠨ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ | ᠳᠣᠣᠱᠯᠠᠭᠤᠯᠵᠦ᠂ ᠠᠮᠢ ᠠᠬᠤᠢ ᠶᠢ ᠳᠡᠷᠢᠬᠦᠨ ᠳᠤ ᠳᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ | ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠬᠦᠴᠢᠷ ᠢ | ᠲᠤᠭᠤᠯᠤᠨ ᠪᠡᠷᠬᠡ ᠶᠢ ᠳᠠᠪᠠᠵᠤ᠂ ᠡᠷᠡᠮᠡᠬᠡᠶᠢᠯᠡᠨ ᠤᠷᠤᠭᠰᠢᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠰᠠᠶᠢᠨ ᠰᠠᠶᠢᠬᠠᠨ ᠡᠬᠢᠯᠡᠯᠲᠡ ᠶᠢ ᠪᠣᠢ ᠪᠣᠯᠭᠠᠪᠠ᠃ | 2021 ᠣᠨ ᠳᠤ ᠪᠦᠬᠦ ᠠᠶᠢᠮᠠᠭ ᠤᠨ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ 364 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4 . 4 % ᠪᠠᠷ ᠨᠡᠮᠡᠭᠳᠡᠪᠡ︔ | ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 33 . 5 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ | ᠠᠳᠠᠯᠢ ᠬᠤᠭᠤᠴᠠᠭᠠᠨ ᠤ ᠬᠢ ᠠᠴᠠ 8 % ᠪᠠᠷ ᠨᠡᠮᠡᠭᠳᠡᠪᠡ︔ ᠬᠤᠲᠠ ᠬᠥᠳᠡᠭᠡ ᠶᠢᠨ 500 ᠲᠦᠮᠡᠨ | ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ | 11 . 8 % ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ | ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 3 . 4 % ᠨᠡᠮᠡᠭᠳᠡᠪᠡ︔ ᠬᠤᠲᠠ ᠬᠥᠳᠡᠭᠡ ᠶᠢᠨ ᠪᠠᠶᠢᠩᠭᠤ | ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 47266 ᠲᠥᠭᠦᠷᠢᠭ | ᠪᠠ 25204 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 7 . 4 % ᠪᠠ 8 . 9 % ᠪᠠᠷ | ᠨᠡᠮᠡᠭᠳᠡᠪᠡ᠃ | ︵ᠨᠢᠭᠡ︶ ᠠᠵᠤ ᠠᠬᠤᠢ ᠶᠢᠨ ᠲᠣᠭᠲᠠᠭᠤᠨ ᠤ ᠳᠤᠮᠳᠠ ᠰᠠᠶᠢᠵᠢᠷᠠᠬᠤ ᠬᠥᠭᠵᠢᠯᠲᠡ ᠶᠢᠨ ᠬᠠᠨᠳᠤᠰᠢ ᠢᠯᠡᠳᠲᠡ | ᠴᠢᠩᠭᠠᠷᠠᠪᠠ | ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠠᠷᠠᠯᠵᠢᠶᠠᠴᠢᠨ | ᠤᠷᠢᠬᠤ ᠲᠥᠷᠦᠯ ᠵᠦᠢᠯ ᠢ ᠠᠬᠢᠭᠤᠯᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠨᠠᠷᠢᠯᠢᠭ ᠣᠨᠣᠪᠴᠢᠲᠠᠢ ᠪᠠᠷ | ᠠᠷᠠᠯᠵᠢᠶᠠᠴᠢᠨ ᠤᠷᠢᠬᠤ ᠪᠠ ᠬᠠᠨᠳᠤᠯᠭ᠎ᠠ ᠲᠠᠢ ᠪᠠᠷ ᠠᠷᠠᠯᠵᠢᠶᠠᠴᠢᠨ ᠤᠷᠢᠬᠤ ᠶᠢ ᠪᠦᠬᠦ ᠲᠠᠯ᠎ᠠ ᠪᠠᠷ ᠥᠷᠨᠢᠭᠦᠯᠵᠦ᠂ | ᠠᠷᠠᠯᠵᠢᠶᠠᠴᠢᠨ ᠤᠷᠢᠵᠤ ᠪᠡᠯᠡ ᠲᠠᠲᠠᠬᠤ ᠲᠥᠷᠦᠯ ᠵᠦᠢᠯ ᠨᠡᠶᠢᠲᠡ 80 ᠶᠢ ᠬᠡᠷᠡᠭᠵᠢᠭᠦᠯᠵᠦ᠂ 87 ᠳ᠋ᠦᠩᠰᠢᠭᠤᠷ | ᠲᠥᠭᠦᠷᠢᠭ ᠤᠨ ᠪᠡᠯᠡ ᠮᠥᠩᠭᠦ ᠶᠢ ᠲᠡᠳᠡᠨ ᠣᠷᠣᠭᠤᠯᠵᠤ᠂ ᠠᠳᠠᠯᠢ ᠬᠤᠭᠤᠴᠠᠭᠠᠨ ᠤ ᠬᠢ ᠠᠴᠠ 11 % ᠪᠠᠷ | ᠨᠡᠮᠡᠭᠳᠡᠪᠡ᠃ ᠪᠦᠬᠦ ᠵᠢᠯ ᠳᠤ ᠰᠢᠨ᠎ᠡ ᠪᠠᠷ 42 ᠠᠷᠠᠯᠵᠢᠶᠠᠴᠢᠨ ᠤᠷᠢᠵᠤ ᠪᠡᠯᠡ ᠲᠠᠲᠠᠬᠤ ᠲᠥᠷᠥᠯ ᠵᠦᠢᠯ ᠰᠢᠨ᠎ᠡ ᠪᠠᠷ | ᠭᠡᠷ᠎ᠡ ᠲᠣᠭᠲᠠᠵᠤ᠂ ᠬᠡᠯᠡᠯᠴᠡᠭᠡᠷ ᠢᠶᠠᠷ ᠪᠡᠯᠡ ᠲᠠᠲᠠᠬᠤ ᠬᠡᠮᠵᠢᠶ᠎ᠡ 346 ᠳ᠋ᠦᠩᠰᠢᠭᠤᠷ ᠲᠥᠭᠦᠷᠢᠭ ᠲᠤ ᠬᠦᠷᠪᠡ᠃ | ᠭᠤᠣᠯᠳᠠᠯᠭ᠎ᠠ ᠲᠠᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠤᠨ ᠬᠥᠮᠥᠷᠭᠡ ᠳᠤ ᠬᠥᠳᠡᠯᠦᠩᠭᠦᠶ | ᠲᠣᠬᠢᠷᠠᠭᠤᠯᠤᠯᠲᠠ ᠬᠢᠵᠦ᠂ ᠭᠤᠣᠯᠳᠠᠯᠭ᠎ᠠ ᠲᠠᠢ ᠠᠷᠠᠯᠵᠢᠶᠠᠴᠢᠨ ᠤᠷᠢᠬᠤ ᠲᠥᠷᠥᠯ ᠵᠦᠢᠯ ᠢ ᠨᠡᠶᠢᠲᠡ 167 | ᠨᠡᠶᠢᠲᠡᠯᠡᠪᠡ᠃ | ᠭᠤᠣᠯᠳᠠᠯᠭ᠎ᠠ ᠲᠠᠢ ᠲᠥᠷᠥᠯ ᠵᠦᠢᠯ ᠢ ᠲᠦᠷᠬᠡᠨ ᠠᠬᠢᠭᠤᠯᠪᠠ᠃ ᠠᠶᠢᠮᠠᠭ ᠤᠨ ᠲᠡᠰ ᠤᠨ 100 | ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ 97 ᠶᠢ ᠠᠵᠢᠯ ᠡᠬᠢᠯᠡᠭᠦᠯᠦᠨ ᠰᠡᠷᠭᠦᠭᠡᠵᠦ᠂ | 158 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠲᠥᠷᠥᠯ ᠵᠦᠢᠯ ᠤᠨ ᠭᠠᠷᠳᠠᠮ | ᠭᠦᠢᠴᠡᠳᠬᠡᠬᠦ ᠨᠣᠷᠮ᠎ᠠ ᠶᠡᠬᠡᠪᠡᠷ ᠳᠡᠭᠡᠭᠰᠢᠯᠡᠪᠡ᠃ ᠪᠠᠯᠠ ᠣᠷᠣᠭᠤᠯᠤᠯᠲᠠ ᠶᠢᠨ ᠪᠦᠲᠦᠴᠡ ᠲᠠᠰᠤᠷᠠᠯᠲᠠ ᠥᠬᠡᠶ | ᠰᠢᠯᠢᠳᠡᠭᠵᠢᠵᠦ᠂ ᠰᠠᠭᠤᠷᠢ ᠪᠡᠯᠡᠳᠬᠡᠮᠵᠢ᠂ ᠠᠵᠤ ᠦᠢᠯᠡᠰ ᠤᠨ ᠲᠥᠷᠥᠯ ᠵᠦᠢᠯ ᠨᠢ ᠪᠥᠬᠦ ᠪᠠᠯᠠ | ᠣᠷᠣᠭᠤᠯᠤᠯᠲᠠ ᠶᠢᠨ 15 . 7 % ᠪᠠ 68 . 5 % ᠶᠢ ᠡᠵᠡᠯᠡᠪᠡ᠂ ᠡᠭᠦᠨ ᠳᠤ ᠦᠢᠯᠡᠳᠬᠦ ᠦᠢᠯᠡᠰ ᠤᠨ ᠪᠠᠯᠠ | ᠣᠷᠣᠭᠤᠯᠤᠯᠲᠠ 27 . 1 % ᠪᠠᠷ ᠨᠡᠮᠡᠭᠳᠡᠵᠦ᠂ ᠴᠡᠪᠡᠷ ᠡᠨᠧᠷᠭᠢ ᠶᠢᠨ ᠪᠠᠯᠠ ᠣᠷᠣᠭᠤᠯᠤᠯᠲᠠ 49 . 6 % ᠪᠠᠷ | ᠨᠡᠮᠡᠭᠳᠡᠪᠡ᠃ | ᠮᠥᠩᠭᠦᠨ ᠭᠦᠢᠯᠭᠡᠭᠡᠨ ᠤ ᠬᠠᠩᠭᠠᠯᠭ᠎ᠠ ᠦᠷᠭᠦᠯᠵᠢᠯᠡᠨ ᠲᠣᠭᠲᠠᠭᠤᠨ ᠪᠣᠯᠪᠠ᠃ ᠪᠥᠬᠦ ᠠᠶᠢᠮᠠᠭ ᠤᠨ ᠮᠥᠩᠭᠦᠨ | ᠬᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ 388 | ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 5 . 6 % ᠪᠠᠷ ᠨᠡᠮᠡᠭᠳᠡᠪᠡ᠃ | ᠠᠶᠢᠮᠠᠭ ᠤᠨ ᠲᠣᠰ ᠱᠠᠲᠤᠨ ᠤ ᠫᠠᠶᠢᠰᠠ ᠡᠯᠭᠦᠬᠦ ᠰᠦᠢᠳᠬᠡᠯ ᠤᠨ ᠱᠠᠩᠨᠠᠯ ᠨᠥᠬᠦᠪᠥᠷᠢ ᠶᠢᠨ ᠪᠠᠯᠠ ᠮᠥᠩᠭᠦ 100 | ᠲᠦᠮᠡᠨ ᠲᠥᠭᠦᠷᠢᠭ ᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠰᠢᠨ᠎ᠡ ᠭᠤᠷᠪᠠᠳᠤᠭᠠᠷ | ᠳᠠᠪᠴᠠᠩ ᠳᠤ ᠫᠠᠶᠢᠰᠠ ᠡᠯᠬᠦᠬᠦ ᠪᠠᠯᠠ ᠲᠣᠬᠢᠷᠠᠭᠤᠯᠭ᠎ᠠ ᠶᠢᠨ ᠨᠥᠬᠦᠪᠥᠷᠢ ᠶᠢ 60 ᠲᠦᠮᠡᠨ ᠲᠥᠭᠦᠷᠢᠭ ᠠᠩᠬ᠎ᠠ | ᠲᠠᠷᠬᠠᠭᠠᠪᠠ᠃ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ᠂ ᠵᠢᠭᠡᠯᠡᠯᠭᠡ ᠶᠢᠨ ᠲᠡᠮᠳᠡᠭᠲᠦ | ᠲᠠᠷᠬᠠᠭᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠪᠠᠯᠠ ᠲᠣᠬᠢᠷᠠᠭᠤᠯᠭ᠎ᠠ ᠬᠢᠬᠦ ᠶᠢ ᠳᠠᠮᠵᠢᠵᠤ | ᠂ 16 . 1 ᠳ᠋ᠦᠩᠰᠢᠭᠤᠷ ᠲᠥᠭᠦᠷᠢᠭ ᠤᠨ ᠰᠢᠭᠤᠳ ᠪᠠᠯᠠ ᠲᠣᠬᠢᠷᠠᠭᠤᠯᠭ᠎ᠠ ᠶᠢ ᠪᠡᠶᠡᠯᠡᠭᠦᠯᠪᠡ᠃ | ᠨᠡᠶᠢᠭᠡᠮ ᠤᠨ ᠬᠡᠷᠡᠭᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠳᠡᠰ ᠳᠡᠪᠰᠢᠬᠦᠯᠪᠡ᠃ ᠠᠷᠠᠳ ᠲᠤ ᠠᠰᠢᠭ | ᠬᠦᠷᠲᠡᠭᠡᠬᠦ ᠲᠡᠷᠭᠡᠨ ᠤ ᠦᠵᠡᠭᠦᠯᠦᠯᠭᠡ᠂ ᠬᠥᠳᠡᠭᠡ ᠲᠣᠰᠬᠤᠨ ᠤ ᠠᠮᠲᠠᠲᠤ ᠢᠳᠡᠭᠡᠨ ᠤ ᠨᠠᠶᠢᠷ ᠵᠡᠷᠭᠡ ᠣᠨᠴᠠᠯᠢᠭᠲᠤ | ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠪᠠ᠃ ᠠᠶᠢᠮᠠᠭ ᠤᠨ ᠳᠣᠲᠣᠷᠠᠬᠢ ᠬᠦᠢᠲᠡᠨ ᠬᠡᠯᠬᠢᠶᠡᠲᠦ | ᠪᠠᠷᠠᠭ᠎ᠠ ᠶᠢᠨ ᠭᠦᠢᠯᠭᠡᠭᠡᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠳᠠᠮᠵᠢᠵᠤ᠂ | ᠦᠢᠯᠡᠳᠪᠦᠷᠢᠯᠡᠯ ᠪᠣᠷᠣᠯᠠᠭᠤᠯᠭ᠎ᠠ ᠶᠢ ᠨᠢᠭᠡ ᠴᠣᠭᠴᠠᠵᠢᠭᠤᠯᠤᠭᠰᠠᠨ ᠲᠠᠷᠢᠶᠠᠯᠠᠩ ᠤᠨ ᠪᠦᠲᠦᠭᠡᠭᠳᠡᠬᠦᠨ ᠤ | ᠬᠠᠩᠭᠠᠯᠭ᠎ᠠ ᠶᠢᠨ ᠬᠡᠯᠬᠢᠶ᠎ᠡ 2 ᠵᠤᠷᠪᠤᠰ ︵ᠱᠦᠨ ᠹᠧᠩ᠂ ᠰᠢᠦᠳᠠᠨ︶ ᠢ ᠪᠦᠷᠢᠯᠳᠦᠭᠦᠯᠵᠦ᠂ ᠪᠦᠬᠦ ᠠᠶᠢᠮᠠᠭ ᠤᠨ | ᠬᠦᠢᠲᠡᠨ ᠬᠡᠯᠬᠢᠶᠡᠲᠦ ᠪᠠᠷᠠᠭ᠎ᠠ ᠶᠢᠨ ᠭᠦᠢᠯᠭᠡᠭᠡᠨ ᠤ ᠲᠤᠬᠢᠷᠠᠭᠤᠯᠤᠨ ᠬᠦᠷᠭᠡᠬᠦ ᠬᠠᠩᠭᠠᠯᠭ᠎ᠠ ᠶᠢᠨ ᠬᠡᠯᠬᠢᠶᠡᠲᠦ | ᠵᠠᠩᠭᠢᠯᠠᠭ᠎ᠠ ᠴᠡᠭ ᠢ ᠠᠩᠬ᠎ᠠ ᠠᠯᠬᠤᠮ ᠪᠠᠶᠢᠭᠤᠯᠪᠠ᠃ ᠡᠵᠡᠨ᠎ᠡ ᠬᠤᠰᠢᠭᠤ ︽ᠡᠯᠧᠺᠲᠷᠣᠨ ᠬᠤᠳᠠᠯᠳᠤᠭᠠᠨ ᠤ | ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ︾ ᠢ ᠢᠷᠠᠭᠤ | ᠠᠯᠳᠠᠷᠲᠠᠶ ᠪᠠᠷ ᠭᠥᠷᠳᠡᠪᠡ᠃ ᠲᠠᠷᠢᠶᠠᠯᠠᠩ ᠬᠤᠳᠠᠯᠳᠤᠭᠠᠨ ᠤ ᠬᠠᠷᠢᠯᠴᠠᠨ ᠬᠤᠯᠪᠣᠭᠠᠯᠠᠬᠤ᠂ ᠲᠠᠷᠢᠶᠠᠯᠠᠩ ᠤᠨ | ᠪᠣᠷᠣᠯᠠᠭᠤᠯᠭ᠎ᠠ ᠶᠢ ᠵᠣᠯᠭᠠᠭᠤᠯᠬᠤ ᠶᠢ ᠠᠬᠢᠭᠤᠯᠵᠤ᠂ ᠮᠠᠯᠵᠢᠬᠤ ᠣᠷᠣᠨ ᠤ ᠦᠬᠡᠷ ᠬᠤᠨᠢᠨ ᠮᠢᠬ᠎ᠠ ᠰᠢᠭᠤᠳ | ᠪᠣᠷᠣᠯᠠᠭᠤᠯᠬᠤ ᠲᠤᠰᠬᠠᠢ ᠳᠠᠪᠴᠠᠩ ᠢ ᠪᠠᠶᠢᠭᠤᠯᠪᠠ᠃ ︽ᠬᠡᠷ ᠲᠡᠭᠡᠨ ᠰᠠᠭᠤᠵᠤ ᠬᠤᠳᠠᠯᠳᠤᠨ ᠠᠪᠬᠤ᠂ ᠰᠦᠯᠵᠢᠶᠡᠨ | ᠳᠡᠭᠡᠷ᠎ᠡ ᠰᠢᠨᠡᠯᠡᠬᠦ︾ ᠰᠦᠯᠵᠢᠶᠡᠨ ᠳᠡᠭᠡᠷᠡᠬᠢ ᠴᠠᠭᠠᠨ ᠰᠠᠷ᠎ᠠ ᠶᠢᠨ ᠪᠠᠷᠠᠭᠠᠨ ᠤ ᠴᠣᠭᠯᠠᠭᠠᠨ ᠵᠡᠷᠭᠡ ᠠᠵᠢᠯᠯᠠᠭ᠎ᠠ ᠶᠢ | ᠥᠷᠨᠢᠭᠦᠯᠵᠦ᠂ ᠮᠢᠩᠭᠠᠨ ᠲᠦᠮᠡᠨ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠪᠠ᠃ ᠠᠳᠠᠯ ᠦᠢᠯᠡᠰ | ᠴᠣᠭᠴᠠᠯᠠᠭᠴᠢ ᠶᠢᠨ ᠰᠢᠨᠵᠢᠯᠡᠬᠦ ᠤᠬᠠᠭᠠᠨ ᠮᠡᠷᠭᠡᠵᠢᠯ᠂ ᠪᠥᠸᠧ ᠴᠤᠸᠠᠩ ᠰᠢᠨᠵᠢᠯᠡᠬᠦ ᠤᠬᠠᠭᠠᠨ ᠮᠡᠷᠭᠡᠵᠢᠯ ᠵᠡᠷᠭᠡ | ᠠᠵᠤ ᠠᠬᠤᠶᠢᠯᠠᠯ ᠤᠨ ︽ᠰᠢᠭᠤᠳ ᠨᠡᠪᠲᠡᠷᠡᠭᠦᠯᠭᠡ ᠪᠠᠷ ᠪᠠᠷᠠᠭ᠎ᠠ ᠪᠣᠷᠣᠯᠠᠭᠤᠯᠬᠤ︾ ᠠᠵᠢᠯᠯᠠᠭ᠎ᠠ ᠥᠷᠨᠢᠭᠦᠯᠬᠦ ᠶᠢ | ᠬᠥᠲᠥᠯᠥᠨ ᠵᠢᠯᠣᠭᠤᠳᠴᠤ᠂ ︽ᠭᠡᠭᠡᠵᠦ ᠣᠷᠬᠢᠭᠳᠠᠭᠰᠠᠨ ᠬᠤᠳᠠᠯᠳᠤᠭᠠᠨ ᠤ ᠬᠤᠲᠠ ᠶᠢ ᠬᠠᠶᠢᠷᠠᠯᠠᠬᠤ︾ ︽ | ᠠᠯᠠᠱᠨ ᠳᠤ ᠠᠰᠢᠭ ᠬᠦᠷᠲᠡᠭᠡᠬᠦ︾ ᠶᠢ ᠵᠣᠷᠢᠭᠵᠢᠭᠤᠯᠵᠤ᠂ ᠪᠦᠯᠬᠦᠮ ᠨᠡᠶᠢᠯᠡᠭᠦᠯᠦᠨ ᠪᠣᠷᠣᠯᠠᠭᠤᠯᠭ᠎ᠠ ᠠᠬᠢᠭᠤᠯᠬᠤ | ᠠᠵᠢᠯᠯᠠᠭ᠎ᠠ ᠶᠢ ᠪᠠᠶᠢᠩᠭᠤ ᠶᠢᠨ ᠴᠢᠨᠠᠷᠲᠠᠶ ᠦᠷᠨᠢᠬᠦᠯᠪᠡ᠃ | ᠭᠠᠳᠠᠭᠠᠳᠤ ᠰᠣᠯᠢᠯᠴᠠᠭ᠎ᠠ ᠦᠷᠭᠦᠯᠵᠢᠯᠡᠨ ᠭᠦᠨᠵᠡᠭᠡᠶᠢᠷᠡᠪᠡ᠃ ᠪᠣᠭᠤᠮᠲᠠ ᠶᠢᠨ ᠠᠵᠤ ᠠᠬᠤᠢ ᠶᠢᠨ ᠴᠢᠨᠠᠷ | ᠴᠢᠨᠰᠠᠭ᠎ᠠ ᠶᠢ ᠳᠡᠭᠡᠭᠰᠢᠯᠡᠭᠦᠯᠵᠦ᠂ ᠴᠡᠭᠡ ᠪᠠᠯᠭᠠᠰᠤ ᠶᠢ ᠵᠥᠪᠰᠢᠶᠡᠷᠡᠯ ᠢᠶᠠᠷ ᠪᠠᠶᠢᠭᠤᠯᠵᠤ᠂ ᠡᠵᠡᠨ᠎ᠡ ᠳᠤᠮᠳᠠᠳᠤ | ᠮᠣᠩᠭᠤᠯ ᠤᠨ ᠤᠯᠠᠨ ᠤᠯᠤᠰ ᠤᠨ ᠲᠠᠸᠠᠷ ᠤᠨ ᠦᠵᠡᠰᠬᠦᠯᠡᠩ ᠢ ᠤᠯᠤᠰ ᠤᠨ ᠲᠡᠰ ᠤᠨ ᠦᠵᠡᠰᠬᠦᠯᠡᠩ ᠪᠣᠯᠭᠠᠨ ᠲᠡᠰ | ᠳᠡᠪᠰᠢᠭᠦᠯᠪᠡ᠃ ᠮᠣᠩᠭᠤᠯ ᠤᠯᠤᠰ ᠤᠨ ᠪᠣᠭᠤᠮᠲᠠ᠂ ᠪᠣᠭᠤᠮᠲᠠ ᠶᠢᠨ ᠵᠥᠪᠯᠡᠯ᠂ ᠳᠤᠮᠳᠠᠳᠤ ᠤᠯᠤᠰ ᠲᠤ ᠰᠠᠭᠤᠭ᠎ᠠ | ᠡᠯᠴᠢᠨ ᠰᠠᠶᠢᠳ ᠤᠨ ᠶᠠᠮᠤᠨ ᠪᠠ ᠺᠤᠨᠰᠦ᠋ᠯ ᠤᠨ ᠭᠠᠵᠠᠷ ᠲᠠᠢ ᠨᠡᠪᠲᠡᠷᠡᠯᠴᠡᠨ ᠵᠣᠬᠢᠴᠠᠭᠤᠯᠬᠤ ᠡᠷᠴᠢᠮ ᠢᠶᠠᠨ | ᠴᠢᠩᠭᠠᠷᠠᠭᠤᠯᠵᠤ᠂ ︽ᠲᠤᠰᠠᠯᠠᠨ ᠪᠠᠶᠢᠭᠤᠯᠬᠤ ᠲᠥᠷᠥᠯ ᠵᠦᠢᠯ ᠢ ᠬᠡᠷᠡᠭᠵᠢᠭᠦᠯᠬᠦ᠂ ᠬᠢᠨᠠᠯᠲᠠ ᠲᠠᠯᠪᠢᠬᠤ ᠪᠠ ᠵᠣᠬᠢᠶᠠᠨ | ᠪᠠᠶᠢᠭᠤᠯᠬᠤ ᠵᠥᠪᠯᠡᠯᠴᠡᠭᠡᠷ︾ ᠲᠤ ᠭᠠᠷ ᠤᠨ ᠥᠰᠥᠭ ᠵᠢᠷᠤᠵᠤ᠂ ᠥᠯᠵᠡᠶ ᠪᠣᠭᠤᠮᠲᠠ ᠳᠤ ᠡᠳ᠋ ᠪᠣᠳᠠᠰ ᠢ ᠲᠦᠷ | ᠴᠠᠭ ᠪᠣᠭᠤᠮᠲᠠ ᠪᠠᠷ ᠥᠩᠭᠡᠷᠡᠭᠦᠯᠬᠦ ᠶᠢ ᠪᠡᠶᠡᠯᠡᠭᠦᠯᠪᠡ᠃ 2021 ᠣᠨ ᠤ ᠭᠠᠳᠠᠭᠠᠳᠤ ᠶᠢᠨ ᠬᠠᠷᠠᠭᠠᠯᠵᠠᠯᠲᠤ | ᠵᠢᠭᠡᠯᠡᠯᠭᠡ ᠶᠢᠨ ᠨᠥᠭᠡᠴᠡ ᠲᠥᠷᠥᠯ ᠵᠦᠢᠯ 3 ᠶᠢ ᠢᠳᠡᠪᠬᠢᠲᠡᠶ ᠭᠤᠶᠤᠴᠢᠯᠠᠨ ᠮᠡᠳᠡᠭᠦᠯᠵᠦ᠂ ᠬᠠᠷᠠᠭᠠᠯᠵᠠᠯᠲᠤ | ᠵᠢᠭᠡᠯᠡᠯᠭᠡ ᠶᠢ 2 . 2 ᠳ᠋ᠦᠩᠰᠢᠭᠤᠷ ᠳ᠋ᠣᠯᠯᠠᠷ ᠤᠯᠬᠤ ᠪᠠᠷ ᠲᠥᠯᠥᠪᠯᠡᠵᠦ ᠪᠣᠶ᠃ | ᠣᠷᠣᠨ ᠪᠦᠰᠡ ᠶᠢᠨ ᠬᠠᠮᠲᠤᠷᠠᠯᠴᠠᠭ᠎ᠠ ᠲᠠᠰᠤᠷᠠᠯᠲᠠ ᠦᠭᠡᠢ ᠭᠦᠨᠵᠡᠭᠡᠶᠢᠷᠡᠪᠡ᠃ ︽ᠪᠠᠷᠠᠭᠤᠨ ᠣᠷᠣᠨ ᠢ | ᠶᠡᠬᠡᠪᠡᠷ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠬᠤ ᠲᠥᠷᠥᠯ ᠤᠨ ᠠᠵᠤ ᠦᠢᠯᠡᠰ ᠤᠨ ᠲᠥᠷᠥᠯ ᠵᠦᠢᠯ ᠢ ᠬᠢᠨᠠᠨ | ᠵᠥᠪᠰᠢᠶᠡᠷᠡᠬᠦ ᠪᠠ ᠮᠠᠭᠠᠳᠯᠠᠨ ᠲᠣᠭᠲᠠᠭᠠᠬᠤ ᠲᠤᠬᠠᠶ ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠨ ᠨᠡᠶᠢᠲᠡᠯᠡᠵᠦ᠂ | ᠤᠯᠤᠰ ᠤᠨ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠡᠮᠦᠨᠡᠬᠢ ᠬᠤᠭᠤᠴᠠᠭᠠᠨ ᠤ ᠠᠵᠢᠯ ᠤᠨ | ᠨᠥᠬᠦᠪᠥᠷᠢ ᠶᠢ 300 ᠲᠦᠮᠡᠨ ᠲᠥᠭᠦᠷᠢᠭ ᠤᠯᠬᠤ ᠪᠠᠷ ᠴᠢᠷᠮᠠᠶᠢᠪᠠ᠃ ᠭᠠᠨᠰᠦ᠂ ᠳᠡᠷᠡᠰᠦᠨ ᠬᠤᠲᠠ ᠶᠢᠨ | ᠪᠣᠭᠤᠮᠲᠠ ᠶᠢᠨ ᠬᠠᠮᠢᠶᠠᠷᠤᠯᠲᠠ ᠶᠢᠨ ᠠᠯᠪᠠᠨ ᠭᠡᠷ ᠪᠣᠯᠤᠨ ᠵᠢᠶᠠ ᠢᠦᠶ ᠭᠤᠸᠠᠨ ᠬᠤᠲᠠ ᠶᠢᠨ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ ᠲᠠᠢ ᠲᠤᠰ ᠲᠤᠰ ︽︿ᠪᠠᠷᠠᠭᠤᠨ ᠬᠡᠰᠡᠭ ᠤᠨ ᠡᠬᠡ ᠬᠠᠭᠤᠷᠠᠶ ᠳᠠᠯᠠᠶ ᠶᠢᠨ ᠰᠢᠨ᠎ᠡ | ᠨᠡᠪᠲᠡᠷᠡᠬᠦ ᠵᠠᠮ﹀ ᠢ ᠬᠠᠮᠲᠤ ᠪᠠᠷ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠣᠷᠣ ᠲᠥᠯᠥᠪ ᠤᠨ | ᠵᠥᠪᠯᠡᠯᠴᠡᠭᠡᠷ︾᠂ ︽︿ᠲᠣᠷᠭᠠᠨ ᠵᠠᠮ ᠤᠨ ᠠᠵᠤ ᠠᠬᠤᠶ ᠶᠢᠨ ᠪᠦᠰᠡ﹀ ᠶᠢ ᠬᠠᠮᠲᠤ ᠪᠠᠷ ᠪᠠᠶᠢᠭᠤᠯᠬᠤ ᠪᠠᠶᠢᠯᠳᠤᠬᠤ | ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ︾ ᠲᠣᠭᠲᠠᠵᠤ᠂ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ | ᠨᠡᠪᠲᠡᠷᠡᠯᠴᠡᠬᠦ ᠶᠢ ᠲᠦᠷᠭᠡᠳᠬᠡᠬᠦ ᠵᠡᠷᠭᠡ ᠲᠠᠯ᠎ᠠ ᠪᠠᠷ ᠬᠠᠮᠲᠤᠷᠠᠯᠴᠠᠭᠠᠨ ᠤ ᠰᠠᠨᠠᠮᠵᠢ ᠲᠣᠭᠲᠠᠪᠠ᠃ | ︵ᠬᠤᠶᠠᠷ︶ ᠰᠢᠨ᠎ᠡ ᠶᠢ ᠡᠭᠦᠳᠦᠨ ᠪᠣᠭᠤᠮᠲᠠ ᠰᠢᠪᠲᠤᠯᠵᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ | ᠳᠡᠰ ᠳᠡᠪᠰᠢᠭᠦᠯᠬᠦ ᠶᠢ ᠳᠦᠷᠭᠡᠳᠭᠡᠪᠡ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢ ᠲᠦᠷᠭᠡᠪᠴᠢᠯᠡᠨ ᠠᠬᠢᠭᠤᠯᠪᠠ᠃ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ 239 ᠪᠣᠯᠵᠣ᠂ ᠤᠯᠤᠰ ᠤᠨ ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ 35 ᠪᠣᠯᠵᠣ᠂ ᠲᠤᠰᠬᠠᠶ ᠮᠡᠷᠭᠡᠵᠢᠯᠲᠡᠨ ᠤ ᠵᠥᠪᠯᠡᠭᠴᠢ ᠶᠢᠨ ᠪᠦᠯᠬᠦᠮ 29 | ᠬᠥᠮᠦᠨ ᠰᠢᠨ᠎ᠡ ᠪᠠᠷ ᠨᠡᠮᠡᠭᠳᠡᠵᠦ᠂ 213 ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ | ᠠᠪᠴᠢᠷᠠᠵᠠᠶ᠃ ᠠᠶᠢᠮᠠᠭ ᠤᠨ ᠳᠣᠲᠣᠭᠠᠳᠤ ᠶᠢᠨ ᠰᠢᠨ᠎ᠡ ᠶᠢ ᠡᠭᠦᠳᠬᠦ ᠭᠤᠤᠯ ᠴᠣᠭᠴᠠ ᠬᠢᠭᠡᠳ ︽4 + 8 + N | ︾ ᠬᠠᠮᠲᠤᠷᠠᠯᠴᠠᠭᠠᠨ ᠤ ᠭᠤᠤᠯ ᠴᠣᠭᠴᠠ ᠶᠢᠨ ᠪᠣᠳᠠᠲᠠᠶ ᠶᠢ ᠡᠷᠬᠢᠮᠯᠡᠬᠦ ᠬᠠᠮᠲᠤᠷᠠᠯᠴᠠᠭ᠎ᠠ ᠥᠷᠨᠢᠭᠦᠯᠬᠦ ᠶᠢ ᠬᠥᠲᠥᠯᠥᠨ | ᠵᠢᠯᠣᠭᠤᠳᠴᠤ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠪᠠ᠃ | ᠰᠢᠨ᠎ᠡ ᠶᠢ ᠡᠭᠦᠳᠬᠦ ᠪᠡᠶᠡᠴᠢ ᠴᠣᠭᠴᠠ ᠶᠢᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ | ᠨᠠᠨᠵᠢᠩ ᠤᠨ ᠪᠠᠶᠢᠭᠠᠯᠢ ᠲᠧᠭᠨᠢᠭ ᠤᠨ ᠤᠬᠠᠭᠠᠨ ᠤ ᠶᠡᠭᠡ ᠰᠤᠷᠭᠠᠭᠤᠯᠢ ᠵᠡᠷᠭᠡ 33 ᠣᠷᠣᠨ ᠤ ᠳᠣᠲᠣᠨ᠎ᠠ ᠭᠠᠳᠠᠨᠠᠬᠢ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ ᠲᠠᠢ | ᠬᠠᠮᠲᠤᠷᠠᠨ ᠠᠵᠢᠯᠯᠠᠬᠤ 31 ᠵᠦᠢᠯᠡᠰ ᠢ ᠥᠷᠨᠢᠭᠦᠯᠬᠦ ᠶᠢ ᠳᠡᠮᠵᠢᠵᠦ᠂ ᠡᠭᠦᠨ ᠤ ᠳᠣᠲᠣᠷ᠎ᠠ 17 ᠵᠦᠢᠯ ᠢ ᠨᠢ | ᠲᠥᠪᠯᠡᠷᠡᠭᠦᠯᠦᠨ ᠭᠠᠷ ᠤᠨ ᠦᠰᠦᠭ ᠵᠢᠷᠤᠪᠠ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ | ᠮᠠᠨᠳᠤᠭᠤᠯᠬᠤ︾ ᠬᠠᠮᠲᠤᠷᠠᠯᠴᠠᠭᠠᠨ ᠤ 43 ᠲᠥᠷᠥᠯ ᠵᠦᠢᠯ ᠤᠨ ᠬᠡᠷᠡᠭᠵᠢᠭᠦᠯᠦᠯᠲᠡ ᠶᠢ ᠯᠠᠪᠳᠠᠭᠤᠨ ᠪᠠᠲᠤᠲᠠᠶ | ᠠᠬᠢᠭᠤᠯᠵᠤ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢᠨ | ᠭᠡᠷ᠎ᠡ ᠲᠣᠭᠲᠠᠭᠰᠠᠨ ᠲᠥᠷᠥᠯ ᠵᠦᠢᠯ ᠵᠢᠴᠢ ᠳᠠᠪᠠᠭᠤᠯᠢᠭ ᠣᠨᠴᠠᠯᠢᠭᠲᠤ ᠠᠵᠤ ᠦᠢᠯᠡᠰ᠂ ᠪᠠᠶᠢᠯᠳᠤᠬᠤ | ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠮᠠᠨᠳᠤᠭᠰᠠᠨ ᠠᠵᠤ ᠦᠢᠯᠡᠰ ᠵᠡᠷᠭᠡ ᠬᠦᠷᠢᠶᠡᠨ ᠤ ᠮᠡᠷᠭᠡᠵᠢᠯ ᠤᠨ ᠪᠣᠭᠤᠮᠲᠠ | ᠰᠢᠪᠲᠤᠯᠬᠤ ᠪᠠ ᠦᠷ᠎ᠡ ᠪᠦᠲᠦᠭᠡᠯ ᠢ ᠣᠯᠠᠷᠢᠭᠤᠯᠬᠤ 20 ᠲᠥᠷᠥᠯ ᠵᠦᠶ᠋ᠯ ᠢ ᠳᠡᠮᠵᠢᠪᠡ᠃ ︽ᠠᠯᠠᠱᠠ ᠠᠶᠢᠮᠠᠭ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ | ᠰᠢᠰᠲ᠋ᠧᠮ︾ ᠢ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠤᠨ | ᠬᠠᠮᠢᠶᠠᠷᠤᠯᠲᠠ ᠦᠢᠯᠡᠴᠢᠯᠡᠬᠡᠨ ᠤ ᠦᠷ᠎ᠡ ᠪᠦᠲᠦᠮᠵᠢ ᠶᠢ ᠳᠡᠭᠡᠭᠰᠢᠯᠡᠬᠦᠯᠪᠡ᠃ | ᠤᠯᠠᠮᠵᠢᠯᠠᠯᠲᠤ ᠠᠵᠤ ᠦᠢᠯᠡᠰ ᠠᠮᠢᠵᠢᠷᠠᠯ ᠤᠨ ᠬᠦᠴᠦᠨ ᠲᠠᠢ ᠪᠣᠯᠪᠠ᠃ ᠱᠠᠩᠬᠠᠢ ᠥᠪᠥᠷ ᠮᠣᠩᠭᠤᠯ ᠤᠨ | ᠰᠢᠨ᠎ᠡ ᠡᠨᠧᠷᠭᠢ ᠶᠢᠨ ᠨᠢᠭᠡᠳᠦᠭᠡᠷ ᠬᠤᠭᠤᠴᠠᠭᠠᠨ ᠤ ᠬᠡᠦᠷᠰᠢᠭᠦᠯᠬᠦ ᠲᠥᠷᠥᠯ ᠵᠦᠢᠯ ᠢ ᠪᠦᠬᠦ ᠲᠠᠯ᠎ᠠ ᠪᠠᠷ ᠠᠵᠢᠯ | ᠡᠬᠢᠯᠡᠭᠦᠯᠦᠨ ᠪᠦᠲᠦᠭᠡᠨ ᠪᠠᠶᠢᠭᠤᠯᠪᠠ᠃ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠣᠭᠤᠳᠬᠤ᠂ ᠮᠡᠷᠭᠡᠵᠢᠯ ᠤᠨ | ᠥᠭᠡᠷᠡᠴᠢᠯᠡᠯᠲᠡ ᠬᠢᠵᠦ ᠳᠡᠰ ᠳᠡᠪᠰᠢᠭᠦᠯᠬᠦ᠂ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠵᠡᠷᠭᠡ ᠠᠷᠭ᠎ᠠ | ᠬᠡᠮᠵᠢᠶ᠎ᠡ ᠪᠠᠷ ᠳᠠᠮᠵᠢᠭᠤᠯᠤᠨ ᠤᠯᠠᠮᠵᠢᠯᠠᠯᠲᠤ ᠠᠵᠤ ᠦᠢᠯᠡᠰ ᠤᠨ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ | ᠪᠠ ᠬᠦᠴᠦᠯᠡᠴᠡ ᠶᠢ ᠦᠷᠭᠦᠯᠵᠢᠯᠡᠨ ᠪᠠᠭᠤᠷᠠᠭᠤᠯᠵᠤ᠂ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠮᠡᠷᠭᠡᠵᠢᠯ ᠤᠨ | ᠥᠭᠡᠷᠡᠴᠢᠯᠡᠯᠲᠡ ᠶᠢᠨ ᠲᠥᠷᠥᠯ ᠵᠦᠢᠯ ᠢ ᠪᠦᠬᠦ ᠲᠠᠯ᠎ᠠ ᠪᠠᠷ ᠡᠮᠬᠢᠯᠡᠨ ᠲᠢᠭᠯᠡᠵᠦ᠂ ᠪᠦᠬᠦ ᠠᠶᠢᠮᠠᠭ ᠤᠨ ᠡᠨᠧᠷᠭᠢ | ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠡᠮᠬᠢ | ᠵᠢᠷᠤᠮ ᠲᠠᠢ ᠪᠠᠷ ᠲᠦᠯᠬᠢᠨ ᠠᠬᠢᠭᠤᠯᠪᠠ᠃ ᠲᠡᠮᠦᠷ ᠤᠨ ᠬᠠᠶᠢᠯᠤᠰᠢ᠂ ᠴᠠᠬᠢᠯᠠᠭᠤᠷ ᠴᠢᠯᠠᠭᠤ᠂ ᠬᠡᠦᠷᠡᠰᠦ | ᠦᠢᠯᠡᠳᠪᠦᠷᠢᠯᠡᠬᠦ ᠴᠢᠳᠠᠪᠤᠷᠢ ᠶᠢ ᠬᠠᠰᠤᠭᠳᠠᠭᠤᠯᠬᠤ ᠲᠥᠯᠥᠪᠯᠡᠭᠡ ᠶᠢ ᠡᠮᠬᠢ ᠵᠢᠷᠤᠮ ᠲᠠᠢ ᠪᠠᠷ ᠲᠦᠯᠬᠢᠨ | ᠠᠬᠢᠭᠤᠯᠪᠠ᠃ | ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠶᠢᠵᠢᠭᠤᠯᠤᠨ ᠪᠣᠵᠠᠭᠠᠶᠢᠷᠠᠭᠤᠯᠪᠠ᠃ ︽ᠬᠤᠶᠠᠷ ᠲᠣᠭᠤᠷᠢᠭ | ᠭᠤᠷᠪᠠᠨ ᠬᠦᠷᠢᠶᠡᠯᠡᠩ︾ ᠤᠨ ᠪᠠᠶᠢᠷᠢᠰᠢᠭᠤᠯᠤᠯᠲᠠ ᠪᠦᠷᠢᠯᠳᠦᠵᠦ᠂ ᠠᠯᠠᠱᠠ ᠳᠡᠭᠡᠳᠦ ᠰᠢᠨ᠎ᠡ ᠮᠡᠷᠭᠡᠵᠢᠯ ᠤᠨ | ᠣᠷᠣᠨ ᠢ ᠲᠠᠰ ᠳᠡᠪᠰᠢᠬᠦᠯᠦᠨ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠪᠣᠯᠭᠠᠬᠤ ᠨᠢ ᠨᠢᠭᠡᠨᠲᠡ | ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠰᠢᠨᠵᠢᠯᠡᠨ ᠪᠠᠶᠢᠴᠠᠭᠠᠬᠤ ᠨᠡᠷᠡᠰ ᠲᠤ ᠣᠷᠣᠵᠤ᠂ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠦᠢᠯᠡᠳᠬᠦᠨ ᠤ ᠥᠷᠲᠡᠭ ᠤᠨ ᠬᠤᠪᠢ ᠶᠢᠨ ᠵᠢᠩ ᠨᠢ 30 % ᠣᠷᠴᠢᠮ ᠳᠤ | ᠬᠥᠷᠪᠡ᠃ ᠤᠯᠤᠰ ᠤᠨ ᠲᠡᠰ ᠤᠨ ᠴᠢᠬᠤᠯᠠ ᠴᠡᠪᠡᠷ ᠡᠨᠧᠷᠭᠢ ᠶᠢᠨ ᠲᠣᠮᠣ ᠰᠠᠭᠤᠷᠢᠨ ᠭᠠᠵᠠᠷ ᠢ ᠲᠥᠰᠦᠪᠯᠡᠨ | ᠠᠬᠢᠭᠤᠯᠵᠤ᠂ 43 ᠰᠢᠨ᠎ᠡ ᠡᠨᠧᠷᠭᠢ ᠶᠢᠨ ᠲᠥᠷᠦᠯ ᠵᠦᠢᠯ ᠢ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ | 186 ᠲᠦᠮᠡᠨ ᠺᠢᠯᠣᠸᠠᠲ ᠤᠨ ᠮᠠᠰᠢᠨ ᠣᠭᠰᠠᠷᠠᠪᠠ᠃ | ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠯᠠᠪᠳᠠᠭᠤᠨ ᠢᠶᠠᠷ ᠠᠬᠢᠪᠠ᠃ ᠲᠠᠷᠢᠮᠠᠯ ᠤᠨ ᠶᠡᠷᠦᠩᠬᠡᠶ | ᠳᠠᠷᠢᠬᠤ ᠲᠠᠯᠠᠪᠠᠶ ᠶᠢ 48 . 7 ᠲᠦᠮᠡᠨ ᠮᠥ ᠳᠤ ᠲᠣᠭᠲᠠᠪᠤᠷᠢᠵᠢᠭᠤᠯᠵᠤ᠂ ᠮᠠᠯ ᠤᠨ ᠲᠤᠭ᠎ᠠ 127 ᠲᠦᠮᠡ ᠳᠤ | ᠬᠦᠷᠴᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠬᠤᠪᠢᠷᠠᠭᠤᠯᠤᠭᠰᠠᠨ ᠨᠣᠷᠮ᠎ᠠ | 76 . 5 % ᠳᠤ ᠬᠦᠷᠴᠦ᠂ ᠬᠡᠪᠴᠢᠶᠡᠵᠢᠯ ᠠᠴᠠ ᠳᠡᠭᠡᠭᠰᠢᠬᠢ ᠲᠠᠷᠢᠶᠠᠯᠠᠩ ᠮᠠᠯ ᠠᠵᠤ ᠠᠬᠤᠶ ᠶᠢᠨ ᠠᠵᠤ | ᠠᠬᠤᠶᠢᠯᠠᠯ ᠤᠨ ᠪᠣᠷᠣᠯᠠᠭᠤᠯᠤᠯᠲᠠ ᠶᠢᠨ ᠣᠷᠣᠯᠭ᠎ᠠ 9 . 9 % ᠨᠡᠮᠡᠭᠳᠡᠵᠦ᠂ ᠤᠨᠴᠠᠯᠢᠭᠳᠤ ᠠᠵᠤ ᠦᠢᠯᠡᠰ ᠤᠨ | ᠡᠵᠡᠯᠡᠬᠦ ᠬᠠᠷᠢᠴᠠᠯ 70 % ᠳᠤ ᠬᠥᠷᠪᠡ᠃ ︽ᠠᠯᠠᠱᠠ ᠶᠢᠨ ᠤᠯᠠᠭᠠᠨ ᠭᠤᠶᠣᠣ︾ ᠥᠪᠥᠷ ᠮᠣᠩᠭᠤᠯ ᠤᠨ | ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠤᠷᠪᠠᠳᠤᠭᠠᠷ ᠪᠦᠯᠦᠭ ᠤᠨ | ᠳᠠᠪᠠᠭᠤᠯᠢᠭ ᠣᠷᠣᠨ ᠢ ᠠᠮᠵᠢᠯᠲᠠ ᠲᠠᠢ ᠭᠤᠶᠤᠴᠢᠯᠠᠨ ᠮᠡᠳᠡᠭᠦᠯᠵᠦ᠂ ︽ᠠᠯᠠᠱᠠ ᠶᠢᠨ ᠴᠠᠭᠠᠨ ᠭᠤᠶᠣᠣ︾ ᠶᠢ | ᠨᠢᠭᠡᠳᠦᠭᠡᠷ ᠪᠦᠯᠦᠭ ᠤᠨ ᠤᠯᠤᠰ ᠤᠨ ᠭᠠᠵᠠᠷ ᠵᠦᠶ ᠶᠢᠨ ᠲᠡᠮᠳᠡᠭ ᠬᠡᠷᠡᠭᠯᠡᠬᠦ ᠶᠢ ᠠᠬᠢᠭᠤᠯᠬᠤ ᠭᠤᠤᠯᠳᠠᠯᠭ᠎ᠠ ᠲᠠᠢ | ᠬᠠᠷᠢᠯᠴᠠᠬᠤ ᠵᠢᠯᠣᠭᠤᠳᠬᠤ ᠨᠡᠷᠡᠰ ᠤᠨ ᠵᠢᠭᠰᠠᠭᠠᠯᠲᠠ ᠳᠤ ᠣᠷᠣᠭᠤᠯᠵᠦ᠂ ᠭᠤᠷᠪᠠᠳᠤᠭᠠᠷ ᠬᠤᠭᠤᠴᠠᠭᠠᠨ ᠤ ᠴᠠᠭᠠᠨ | ᠭᠤᠶᠣᠣ ᠶᠢᠨ ᠰᠣᠶᠣᠯ ᠤᠨ ᠨᠠᠶᠢᠷ ᠵᠢᠴᠢ ᠠᠯᠠᠱᠠ ᠶᠢᠨ ᠴᠠᠭᠠᠨ ᠭᠤᠶᠣᠣ ᠶᠢᠨ ᠰᠢᠯᠭᠠᠷᠠᠭᠤᠯᠤᠯᠲᠠ ᠶᠢᠨ | ᠤᠷᠤᠯᠳᠤᠭᠠᠨ ᠢ ᠵᠣᠬᠢᠶᠠᠨ ᠪᠠᠶᠢᠭᠤᠯᠤᠨ ᠡᠷᠭᠢᠯᠡᠵᠦ᠂ ᠵᠠᠭ ᠮᠣᠳᠣᠨ ᠤ ᠬᠥᠮᠦᠨ ᠤ ᠬᠦᠴᠦ ᠪᠠᠷ ᠳᠠᠷᠢᠬᠤ ᠲᠠᠯᠠᠪᠠᠶ | 62 . 1 ᠲᠦᠮᠡᠨ ᠮᠥ᠂ ᠴᠠᠭᠠᠨ ᠭᠤᠶᠣᠣ ᠳᠠᠷᠢᠬᠤ ᠲᠠᠯᠠᠪᠠᠶ 12 . 6 ᠲᠦᠮᠡᠨ ᠮᠥ᠂ ᠤᠯᠠᠭᠠᠨ ᠭᠤᠶᠣᠣ ᠳᠠᠷᠢᠬᠤ | ᠲᠠᠯᠠᠪᠠᠶ 2 . 4 ᠲᠦᠮᠡᠨ ᠮᠥ ᠨᠡᠮᠡᠭᠳᠡᠪᠡ᠃ | ᠦᠢᠯᠡᠴᠢᠯᠡᠭᠡᠨ ᠤ ᠦᠢᠯᠡᠰ ᠤᠨ ᠬᠥᠭᠵᠢᠯᠲᠡ ᠯᠠᠪᠳᠠᠭᠤᠨ ᠪᠥᠭᠡᠳ ᠬᠦᠴᠦᠲᠡᠢ ᠪᠠᠶᠢᠨ᠎ᠠ᠃ ᠰᠣᠶᠣᠯ | ᠵᠢᠭᠤᠯᠴᠢᠯᠠᠯ ᠤᠨ ᠦᠢᠯᠡᠰ ᠲᠠᠰ ᠳᠡᠪᠰᠢᠵᠦ᠂ ᠡᠵᠡᠨ᠎ᠡ ᠬᠤᠰᠢᠭᠤ ᠨᠢ ᠬᠠᠮᠤᠭ ᠤᠨ ᠦᠵᠡᠰᠭᠦᠯᠡᠩᠲᠣ ᠳᠤᠮᠳᠠᠳᠤ | ᠤᠯᠤᠰ ᠤᠨ ᠵᠢᠭᠤᠯᠴᠢᠯᠠᠯ ᠤᠨ ᠬᠤᠲᠠ ᠪᠣᠯᠵᠣ᠂ ᠬᠡᠭᠡᠷᠡᠯᠡᠬᠦ e ᠠᠩᠬᠢ ᠶᠢᠨ ᠠᠯᠠᠱᠠ ᠶᠢᠨ ᠬᠦᠰᠡᠯᠡᠩᠲᠦ ᠡᠯᠡᠰᠦᠨ | ᠴᠥᠯ ᠤᠨ ᠮᠠᠰᠢᠨ ᠳᠡᠷᠭᠡ ᠠᠭᠠᠷ ᠠᠶᠠᠯᠠᠯ ᠤᠨ ᠴᠡᠩᠭᠡᠯ ᠤᠨ ᠬᠦᠷᠢᠶᠡᠯᠡᠩ ᠤᠨ ᠦᠵᠡᠮᠵᠢ ᠶᠢᠨ ᠣᠷᠣᠨ ᠨᠢ | ᠤᠯᠤᠰ ᠤᠨ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ ᠦᠨᠡᠯᠡᠭᠳᠡᠪᠡ᠃ | ᠵᠢᠭᠤᠯᠴᠢᠯᠠᠯ ᠤᠨ ᠠᠵᠤ ᠦᠢᠯᠡᠰ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠵᠢᠭᠤᠯᠴᠢᠯᠠᠯ ᠤᠨ ᠬᠥᠮᠦᠨ ᠤ ᠲᠤᠭ᠎ᠠ | ᠪᠠ ᠵᠢᠭᠤᠯᠴᠢᠯᠠᠯ ᠤᠨ ᠣᠷᠣᠯᠭ᠎ᠠ ᠲᠣᠰ ᠲᠣᠰ 504 . 2 ᠲᠦᠮᠡᠨ ᠬᠥᠮᠦᠨ ᠤᠳᠠᠭ᠎ᠠ ᠪᠠ 61 . 4 ᠳ᠋ᠦᠩᠰᠢᠭᠤᠷ | ᠲᠥᠭᠦᠷᠢᠭ ᠲᠤ ᠬᠥᠷᠪᠡ᠃ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠬᠡᠨ ᠤ ᠦᠢᠯᠡᠰ ᠤᠨ ᠶᠢᠰᠦᠨ ᠶᠡᠭᠡ ᠠᠵᠢᠯ | ᠲᠥᠷᠥᠯ ᠤᠨ ︽ᠳᠣᠯᠤᠭ᠎ᠠ ᠶᠢ ᠳᠡᠭᠡᠭᠰᠢᠯᠡᠭᠦᠯᠵᠦ ᠬᠤᠶᠠᠷ ᠢ ᠪᠠᠭᠤᠷᠠᠭᠤᠯᠬᠤ︾᠂ ᠲᠣᠭᠲᠠᠪᠤᠷᠢᠵᠢᠬᠤ ᠪᠠ ᠰᠠᠶᠢᠵᠢᠷᠠᠬᠤ | ᠬᠠᠨᠳᠤᠰᠢ ᠦᠷᠭᠦᠯᠵᠢᠯᠡᠨ ᠲᠣᠭᠲᠠᠪᠤᠷᠢᠵᠢᠪᠠ᠃ | ︵ᠭᠤᠷᠪᠠ︶ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢ ᠠᠬᠢᠭᠤᠯᠪᠠ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢᠯᠡᠳᠲᠡ ᠦᠷ᠎ᠡ ᠪᠦᠲᠦᠮᠵᠢ | ᠤᠯᠪᠠ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ | ᠪᠠᠶᠢᠴᠠᠭᠠᠵᠤ ᠬᠠᠷᠢᠭᠤ ᠲᠤᠰᠬᠠᠭᠰᠠᠨ 29 ᠪᠣᠳᠠᠲᠠᠶ ᠠᠰᠠᠭᠤᠳᠠᠯ ᠤᠨ 24 ᠶᠢ ᠨᠢ ᠴᠡᠭᠴᠡᠯᠡᠨ ᠰᠠᠶᠢᠵᠢᠷᠠᠭᠤᠯᠵᠤ᠂ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ 120 ᠲᠥᠷᠥᠯ ᠵᠦᠢᠯ ᠢ ᠪᠡᠶᠡᠯᠡᠭᠦᠯᠪᠡ | ᠃ ᠠᠶᠢᠮᠠᠭ ᠤᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠪᠠᠶᠠᠨᠬᠤᠲᠠ ᠪᠠᠯᠭᠠᠰᠤᠨ ᠤ ᠠᠭᠠᠷ ᠤᠨ ᠴᠢᠨᠠᠷ ᠰᠠᠶᠢᠲᠠᠶ | ᠡᠳᠦᠷ ᠤᠨ ᠲᠤᠭ᠎ᠠ ᠶᠢᠨ ᠬᠠᠷᠢᠴᠠᠯ 85 . 7 % ᠪᠠᠶᠢᠵᠤ᠂ ᠵᠢᠵᠢᠭ ᠮᠥᠬᠦᠯᠢᠭᠲᠦ ᠪᠣᠳᠠᠰ ︵PM 2 . 5︶ ᠤᠨ | ᠳᠤᠮᠳᠠᠴᠢ ᠥᠳᠬᠡᠴᠡ ᠠᠳᠠᠯᠢ ᠬᠤᠭᠤᠴᠠᠭᠠᠨ ᠤ ᠬᠢ ᠠᠴᠠ 13 % ᠪᠠᠷ ᠪᠠᠭᠤᠷᠠᠪᠠ᠃ ᠲᠤᠰᠬᠠᠶ ᠣᠷᠣᠨ ᠤ | ᠲᠠᠰ ᠠᠴᠠ ᠳᠡᠭᠡᠭᠰᠢᠬᠢ ᠬᠤᠲᠠ ᠶᠢᠨ ᠲᠥᠪᠯᠡᠷᠡᠭᠰᠡᠨ ᠬᠡᠯᠪᠡᠷᠢ ᠶᠢᠨ ᠤᠤᠭᠤᠬᠤ ᠤᠰᠤᠨ ᠤ ᠡᠬᠢ ᠰᠤᠷᠪᠤᠯᠵᠢ ᠶᠢᠨ | ᠤᠰᠤᠨ ᠤ ᠴᠢᠨᠠᠷ ᠤᠨ ᠰᠢᠯᠢᠳᠡᠭ ᠰᠠᠶᠢᠨ ᠬᠠᠷᠢᠴᠠᠯ ᠨᠢ 100 % ᠪᠠᠶᠢᠵᠤ᠂ ᠴᠢᠨᠠᠷ ᠮᠠᠭᠤᠲᠠᠶ V ᠲᠥᠷᠥᠯ ᠤᠨ | ᠤᠰᠤᠨ ᠴᠣᠭᠴᠠ ᠪᠠᠶᠢᠬᠤ ᠥᠬᠡᠶ᠂ ᠬᠤᠲᠠ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠭᠰᠡᠨ | ᠨᠣᠷᠮ᠎ᠠ ᠨᠢ 94 . 6 % ᠳᠤ ᠬᠦᠷᠴᠡᠶ᠃ ᠲᠠᠷᠢᠶᠠᠯᠠᠩ ᠤᠨ ᠪᠤᠷᠳᠤᠭᠤᠷ ᠢ ᠬᠢᠵᠠᠭᠠᠷᠯᠠᠨ ᠲᠠᠷᠢᠶᠠᠨ ᠡᠮ ᠢ | ᠪᠠᠭᠠᠰᠬᠠᠵᠤ ᠬᠥᠨᠥᠭᠡᠯ ᠢ ᠪᠠᠭᠠᠰᠬᠠᠬᠤ ᠠᠵᠢᠯᠯᠠᠭ᠎ᠠ ᠶᠢ ᠭᠦᠨᠵᠡᠭᠡᠢ ᠲᠦᠯᠬᠢᠨ ᠠᠬᠢᠭᠤᠯᠵᠤ᠂ ᠬᠢᠮᠢ ᠶᠢᠨ ᠪᠤᠷᠳᠤᠭᠤᠷ᠂ | ᠲᠠᠷᠢᠶᠠᠨ ᠡᠮ ᠬᠡᠷᠡᠭᠯᠡᠬᠦ ᠬᠡᠮᠵᠢᠶ᠎ᠡ ᠰᠥᠭᠡᠷᠭᠦ ᠨᠡᠮᠡᠭᠳᠡᠯ ᠲᠠᠢ ᠪᠣᠯᠪᠠ᠃ ᠠᠮᠢᠳᠤᠷᠠᠯ ᠤᠨ ᠬᠤᠭ ᠨᠣᠪᠰᠢ ᠶᠢ ᠬᠤᠷᠢᠶᠠᠨ | ᠴᠤᠭᠯᠠᠭᠤᠯᠵᠤ ᠰᠢᠢᠳᠪᠦᠷᠢᠯᠡᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠬᠤᠲᠠ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠬᠤᠣᠷ ᠦᠭᠡᠶᠢᠵᠢᠬᠦᠯᠦᠨ ᠰᠢᠢᠳᠪᠦᠷᠢᠯᠡᠬᠦ ᠨᠣᠷᠮ᠎ᠠ ᠶᠢ 98 | . 8 % ᠳᠤ ᠬᠦᠷᠭᠡᠪᠡ᠃ | ᠠᠮᠢ ᠠᠬᠤᠶ ᠶᠢ ᠵᠠᠰᠠᠨ ᠰᠡᠷᠭᠦᠭᠡᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠡ᠃ 100 ᠲᠦᠮᠡᠨ ᠮᠥ | ᠣᠶᠢᠵᠢᠭᠤᠯᠵᠤ᠂ 1003 ᠲᠦᠮᠡᠨ ᠮᠥ ᠨᠤᠲᠤᠭ ᠪᠡᠯᠴᠢᠭᠡᠷ ᠤᠨ ᠪᠥᠲᠥᠭᠡᠨ ᠪᠠᠶᠢᠭᠤᠯᠤᠯᠲᠠ ᠪᠠ ᠬᠠᠮᠠᠭᠠᠯᠠᠯᠲᠠ᠂ | ᠤᠯᠤᠰ ᠤᠨ ᠡᠯᠡᠰᠦᠷᠬᠡᠭᠵᠢᠭᠰᠡᠨ ᠭᠠᠵᠠᠷ ᠰᠢᠷᠣᠶ ᠶᠢ ᠪᠢᠲᠡᠭᠦᠮᠵᠢᠯᠡᠨ ᠴᠠᠭᠠᠵᠠᠯᠠᠭᠰᠠᠨ 4 ᠬᠠᠮᠠᠭᠠᠯᠠᠯᠲᠠ ᠶᠢᠨ ᠣᠷᠣᠨ ᠤ | ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ 60 ᠲᠦᠮᠡᠨ ᠮᠥ ᠪᠡᠶᠡᠯᠡᠭᠦᠯᠵᠦ᠂ ᠪᠥᠬᠦ ᠠᠷᠠᠳ 85 . 6 ᠲᠦᠮᠡᠨ | ᠰᠠᠭᠤᠷᠢ ᠠᠯᠪᠠᠨ ᠵᠢᠷᠤᠮ ᠤᠨ ᠮᠣᠳᠣ ᠳᠠᠷᠢᠪᠠ᠃ ᠠᠯᠠᠱᠠ ᠠᠭᠤᠯᠠ ᠶᠢᠨ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠵᠠᠰᠠᠯᠲᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ 15 ᠵᠠᠰᠠᠯᠲᠠ ᠶᠢᠨ | ᠲᠦᠷᠦᠯ ᠵᠦᠢᠯ ᠢ ᠰᠢᠯᠭᠠᠨ ᠬᠤᠷᠢᠶᠠᠵᠤ ᠳᠠᠭᠤᠰᠬᠠᠪᠠ᠃ | ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠠᠵᠢᠯ ᠢ ᠢᠳᠡᠪᠬᠢᠲᠡᠢ ᠠᠬᠢᠭᠤᠯᠪᠠ᠃ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠡᠨᠧᠷᠭᠢ ᠠᠷᠪᠢᠯᠠᠬᠤ ᠶᠢ ᠦᠨᠡᠯᠡᠨ ᠵᠢᠱᠢᠬᠦ ᠪᠠ | ᠬᠢᠨᠠᠨ ᠪᠠᠶᠢᠴᠠᠭᠠᠬᠤ ᠠᠷᠭ᠎ᠠ ᠶᠢ ᠴᠢᠩᠭ᠎ᠠ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠭᠤᠯᠭ᠎ᠠ ᠶᠡᠬᠡᠲᠡᠶ᠂ | ᠪᠣᠬᠢᠷᠲᠤᠭᠤᠯᠤᠯ ᠶᠡᠬᠡᠲᠡᠶ ᠨᠡᠭᠦᠷᠡᠰᠦ ᠴᠠᠬᠢᠯᠭᠠᠨ ᠤ ᠲᠥᠷᠥᠯ ᠵᠦᠢᠯ ᠢ ᠳᠠᠩᠰᠠᠯᠠᠭᠤᠯᠬᠤ ᠪᠠ ᠬᠢᠨᠠᠨ ᠵᠥᠪᠰᠢᠶᠡᠷᠡᠬᠦ ᠶᠢ | ᠬᠢᠵᠠᠭᠠᠷᠯᠠᠪᠠ᠃ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ | ᠲᠥᠯᠥᠪᠯᠡᠭᠡ ᠶᠢ ᠲᠣᠭᠲᠠᠭᠠᠵᠤ᠂ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ 6 ᠲᠥᠷᠥᠯ ᠵᠦᠢᠯ ᠢ | ᠬᠡᠷᠡᠭᠵᠢᠬᠦᠯᠪᠡ᠃ ︽ᠬᠤᠶᠠᠷ ᠦᠨᠳᠦᠷ︾ ᠲᠦᠷᠢᠮ ᠠᠴᠠ ᠵᠥᠷᠢᠴᠡᠭᠰᠡᠨ ᠲᠥᠷᠥᠯ ᠵᠦᠢᠯ ᠢ ᠪᠥᠬᠦ ᠲᠠᠯ᠎ᠠ ᠪᠠᠷ | ᠡᠮᠬᠢᠯᠡᠵᠦ᠂ 53 ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠠᠵᠤ ᠠᠬᠤᠶᠢᠯᠠᠯ ᠤᠨ ᠡᠨᠧᠷᠭᠢ ᠶᠢᠨ ᠬᠤᠷᠣᠭᠳᠠᠯ ᠤᠨ | ᠲᠤᠭ᠎ᠠ ᠪᠠᠷᠢᠮᠲᠠ ᠶᠢ ᠰᠦᠯᠵᠢᠶᠡᠨ ᠳᠡᠭᠡᠷᠡᠬᠢ ᠬᠢᠨᠠᠨ ᠬᠡᠮᠵᠢᠬᠦ ᠰᠢᠰᠲ᠋ᠧᠮ ᠤᠨ ᠲᠠᠪᠴᠠᠩ ᠳᠤ ᠵᠠᠯᠭᠠᠨ ᠣᠷᠣᠭᠤᠯᠬᠤ ᠶᠢ | ᠰᠢᠮᠳᠠᠭᠤᠯᠪᠠ᠃ ᠪᠥᠬᠦ ᠠᠶᠢᠮᠠᠭ ᠤᠨ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ ︵ᠲᠡᠩᠴᠡᠭᠦᠦ ᠥᠷᠲᠡᠭ︶ ᠠᠳᠠᠯᠢ | ᠬᠤᠭᠤᠴᠠᠭᠠᠨ ᠤ ᠬᠢ ᠠᠴᠠ 3 . 6 % ᠪᠠᠷ ᠪᠠᠭᠤᠷᠠᠵᠤ᠂ ᠨᠢᠭᠡᠴᠢ GDP ᠶᠢᠨ ᠡᠨᠧᠷᠭᠢ ᠶᠢᠨ ᠬᠤᠷᠣᠭᠳᠠᠯ 7 . | 7 % ᠪᠠᠷ ᠪᠠᠭᠤᠷᠠᠵᠤ᠂ ᠣᠨ ᠤ ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠤᠨ ᠬᠠᠷᠠᠯᠲᠠ ᠡᠭᠦᠷᠭᠡ ᠪᠠᠨ | ᠳᠠᠪᠠᠭᠤᠯᠤᠨ ᠪᠡᠶᠡᠯᠡᠭᠦᠯᠪᠡ᠃ | ᠳᠦᠷᠢᠮ ᠤᠨ ᠰᠢᠰᠲ᠋ᠧᠮ ᠠᠯᠬᠤᠮ ᠠᠯᠬᠤᠮ ᠢᠶᠠᠷ ᠲᠡᠭᠦᠯᠳᠡᠷᠵᠢᠪᠡ᠃ ︽ᠭᠤᠷᠪᠠᠨ ᠣᠷᠣᠨ ᠭᠤᠷᠪᠠᠨ ᠱᠤᠭᠤᠮ | ︾ ᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠨ ᠲᠣᠭᠲᠠᠭᠠᠵᠤ᠂ ᠠᠯᠠᠱᠠ ᠠᠶᠢᠮᠠᠭ ᠤᠨ ︽ᠭᠤᠷᠪᠠᠨ ᠱᠤᠭᠤᠮ ᠨᠢᠭᠡ | ᠬᠠᠭᠤᠳᠠᠰᠤ︾ ᠶᠢᠨ ᠠᠮᠢ ᠠᠬᠤᠶ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠰᠢᠰᠲ᠋ᠧᠮᠵᠢ ᠶᠢ | ᠪᠠᠶᠢᠭᠤᠯᠵᠤ᠂ 55 . 9 % ᠶᠢᠨ ᠤᠯᠤᠰ ᠤᠨ ᠨᠤᠲᠤᠭ ᠳᠡᠪᠢᠰᠬᠡᠷ ᠢ ᠠᠮᠢ ᠠᠬᠤᠶ ᠶᠢᠨ ᠬᠠᠮᠠᠭᠠᠯᠠᠯᠲᠠ ᠶᠢᠨ | ᠤᠯᠠᠭᠠᠨ ᠱᠤᠭᠤᠮ ᠳᠤ ᠬᠤᠪᠢᠶᠠᠷᠢᠯᠠᠨ ᠣᠷᠣᠭᠤᠯᠪᠠ᠃ ᠣᠶ ᠶᠢᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ | ᠬᠡᠷᠡᠭᠵᠢᠭᠦᠯᠵᠦ᠂ ᠤᠯᠤᠰ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠣᠶ ᠰᠢᠭᠤᠶ ᠶᠢᠨ ᠠᠮᠢ ᠠᠬᠤᠶ ᠶᠢᠨ ᠦᠷ᠎ᠡ | ᠠᠰᠢᠭ ᠤᠨ ᠨᠥᠬᠦᠪᠥᠷᠢ ᠶᠢᠨ ᠰᠠᠭᠤᠷᠢ ᠮᠥᠩᠭᠦ ᠶᠢᠨ ᠲᠦᠷᠢᠮ ᠢ ᠨᠠᠶᠢᠳᠠᠪᠤᠷᠢᠵᠢᠭᠤᠯᠤᠨ᠂ ᠪᠠᠶᠢᠭᠠᠯᠢ ᠶᠢᠨ | ᠬᠠᠮᠠᠭᠠᠯᠠᠯᠲᠠ ᠶᠢᠨ ᠭᠠᠵᠠᠷ ᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠬᠦ ᠠᠵᠢᠯ ᠱᠠᠲᠤ ᠦᠶ᠎ᠡ ᠶᠢᠨ ᠴᠢᠨᠠᠷᠲᠠᠶ ᠦᠷ᠎ᠡ | ᠪᠦᠲᠦᠭᠡᠯ ᠣᠯᠪᠠ᠃ ᠡᠯ᠎ᠡ ᠱᠠᠲᠤᠨ ᠤ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠬᠠᠷᠢᠭᠤᠴᠠᠯᠭ᠎ᠠ ᠶᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠡᠮᠬᠢ ᠵᠠᠮᠪᠠᠷᠠᠭ᠎ᠠ | ᠦᠬᠡᠢ ᠪᠠᠶᠢᠳᠠᠯ ᠢ ᠠᠷᠢᠯᠭᠠᠬᠤ︾ ᠶᠢ ᠪᠠᠶᠢᠩᠭᠤᠵᠢᠭᠤᠯᠵᠤ᠂ ᠵᠢᠷᠤᠮᠵᠢᠭᠤᠯᠵᠤ᠂ ᠳᠦᠷᠢᠮᠵᠢᠭᠦᠯᠬᠦ ᠶᠢ ᠪᠡᠶᠡᠯᠡᠭᠦᠯᠦᠨ᠎ᠡ᠃ | ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠠᠬᠢᠭᠤᠯᠵᠤ᠂ ᠬᠠᠲᠤᠨ ᠭᠤᠤᠯ ᠤᠨ ᠲᠠᠩ ᠤᠨ ᠣᠷᠣᠨ ᠤ ︽ᠭᠤᠷᠪᠠᠨ ᠣᠷᠣᠨ ᠬᠤᠶᠠᠷ | ᠱᠤᠭᠤᠮ︾ ᠤᠨ ᠬᠤᠪᠢᠶᠠᠷᠢᠯᠠᠨ ᠲᠣᠭᠲᠠᠭᠠᠬᠤ ᠶᠢ ᠦᠷᠨᠢᠬᠦᠯᠪᠡ᠃ | ︵ᠲᠦᠷᠪᠡ︶ ᠬᠤᠳᠠ ᠬᠥᠳᠡᠭᠡ ᠶᠢᠨ ᠬᠥᠭᠵᠢᠯᠲᠡ ᠶᠢᠨ ᠪᠠᠶᠢᠷᠢᠰᠢᠯ ᠢ ᠰᠢᠯᠢᠳᠡᠭᠵᠢᠭᠦᠯᠵᠦ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠪᠠ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠦᠷᠭᠦᠯᠵᠢᠯᠡᠨ ᠪᠠᠬᠢᠵᠢᠪᠡ᠃ | ︽ᠳᠥᠷᠪᠡ ᠶᠢ ᠥᠯᠥ ᠬᠠᠶᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠯᠵᠢᠯᠲᠡ ᠶᠢᠨ | ᠬᠤᠭᠤᠴᠠᠭᠠᠨ ᠳᠠᠬᠢ ᠲᠥᠷᠥ ᠶᠢᠨ ᠪᠣᠳᠣᠯᠭ᠎ᠠ ᠶᠢᠨ ᠲᠣᠭᠲᠠᠭᠤᠨ ᠪᠠᠶᠢᠬᠤ ᠶᠢ ᠪᠠᠳᠣᠯᠠᠪᠠ︔ ᠲᠠᠬᠢᠨ ᠶᠠᠳᠠᠭᠤᠷᠠᠬᠤ ᠶᠢ | ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠠᠬᠢᠭᠤᠯᠪᠠ︔ | ᠵᠣᠯᠭᠠᠭᠤᠯᠬᠤ ᠪᠠᠯᠠ ᠮᠥᠩᠭᠦ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠡᠯ᠎ᠡ ᠱᠠᠲᠤᠨ ᠤ ᠡᠳ᠋ ᠤᠨ ᠵᠠᠰᠠᠭ ᠤᠨ | ᠵᠣᠯᠭᠠᠭᠤᠯᠬᠤ ᠪᠠᠯᠠ ᠮᠥᠩᠭᠦ ᠶᠢ 1 . 7 ᠳ᠋ᠦᠩᠰᠢᠭᠤᠷ ᠲᠥᠭᠦᠷᠢᠭ ᠪᠠᠭᠤᠯᠭᠠᠵᠤ᠂ 2020 ᠣᠨ ᠤ ᠬᠢ ᠠᠴᠠ 56 | . 7 % ᠪᠠᠷ ᠨᠡᠮᠡᠭᠳᠡᠪᠡ︔ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠵᠢᠯ ᠤᠨ ᠳᠣᠲᠣᠷ᠎ᠠ | ᠬᠥᠮᠥᠷᠭᠡ ᠳᠤ ᠣᠷᠣᠭᠤᠯᠵᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ | ᠪᠡᠯᠡᠳᠬᠡᠯ ᠲᠥᠷᠥᠯ ᠵᠦᠢᠯ 353᠂ ᠣᠨ ᠤ ᠬᠡᠷᠡᠭᠵᠢᠭᠦᠯᠬᠦ ᠲᠥᠯᠥᠪᠯᠡᠭᠡ ᠳᠤ ᠣᠷᠣᠭᠤᠯᠤᠭᠰᠠᠨ 181 ᠲᠥᠷᠥᠯ | ᠵᠦᠢᠯ ᠢ ᠪᠦᠬᠦᠨ ᠢ ᠬᠡᠷᠡᠭᠵᠢᠭᠦᠯᠵᠦ ︵ᠡᠭᠦᠨ ᠳᠤ ᠠᠵᠤ ᠦᠢᠯᠡᠰ ᠤᠨ ᠲᠥᠷᠥᠯ ᠵᠦᠢᠯ 84︶᠂ ᠶᠠᠳᠠᠭᠤ ᠠᠴᠠ | ᠠᠩᠭᠢᠵᠢᠷᠠᠭᠤᠯᠬᠤ ᠠᠵᠤ ᠦᠶ᠋ᠯᠡᠰ ᠤᠨ ᠬᠥᠭᠵᠢᠯᠲᠡ ᠪᠠ ᠠᠵᠤ ᠦᠢᠯᠡᠰ ᠤᠨ ᠰᠠᠭᠤᠷᠢ ᠪᠡᠯᠡᠳᠬᠡᠮᠵᠢ ᠶᠢᠨ | ᠳᠤᠲᠠᠭᠤᠳᠠᠯ ᠢ ᠨᠦᠬᠦᠪᠦᠷᠢᠯᠡᠪᠡ︔ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠶᠢ ᠴᠢᠩᠭᠠᠳᠬᠠᠵᠤ᠂ | ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠵᠢᠯ ᠣᠯᠵᠤ ᠦᠢᠯᠡᠰ ᠪᠤᠰᠬᠠᠵᠤ ᠣᠷᠣᠯᠭ᠎ᠠ ᠪᠠᠨ | ᠨᠡᠮᠡᠭᠳᠡᠭᠦᠯᠬᠦ ᠶᠢ ᠠᠬᠢᠭᠤᠯᠪᠠ︔ ᠰᠢᠯᠵᠢᠯᠲᠡ ᠶᠢᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠰᠠᠨ ᠬᠥᠮᠦᠨ | ᠠᠮᠠ ᠶᠢᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠠᠵᠢᠯ ᠢ ᠰᠠᠶᠢᠲᠤᠷ ᠬᠢᠪᠡ︔ ᠲᠣᠰᠬᠤᠨ ᠳᠤ ᠰᠠᠭᠤᠵᠤ | ᠬᠠᠪᠰᠤᠷᠤᠨ ᠲᠡᠳᠬᠦᠬᠦ ᠠᠵᠢᠯ ᠢ ᠥᠷᠨᠢᠭᠦᠯᠵᠦ᠂ ᠪᠦᠬᠦ ᠠᠶᠢᠮᠠᠭ ᠤᠨ ᠭᠤᠣᠯᠳᠠᠯᠭ᠎ᠠ ᠲᠠᠢ ᠭᠠᠴᠠᠭ᠎ᠠ ᠲᠣᠰᠬᠤᠨ᠂ | ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠳᠤ 48 ᠠᠵᠢᠯᠯᠠᠬᠤ ᠠᠩᠭᠢ ᠶᠢᠨ 117 ᠬᠥᠮᠦᠨ ᠢ ᠰᠣᠩᠭᠤᠨ | ᠲᠣᠮᠢᠯᠠᠪᠠ︔ ᠠᠯᠠᠱᠠ ᠵᠡᠭᠦᠨ ᠬᠤᠰᠢᠭᠤᠨ ᠤ ᠠᠮᠢ ᠠᠬᠤᠶ ᠪᠠᠷ ᠶᠠᠳᠠᠭᠤ ᠶᠢ ᠲᠡᠳᠬᠦᠬᠦ ᠪᠠ ᠠᠯᠠᠱᠠ ᠪᠠᠷᠠᠭᠤᠨ | ᠬᠤᠰᠢᠭᠤᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠬᠤᠶᠠᠳᠤᠭᠠᠷ ᠬᠤᠭᠤᠴᠠᠭᠠᠨ ᠤ ︽ᠪᠥᠬᠦ | ᠪᠥᠮᠪᠥᠷᠴᠡᠭ ᠤᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠠᠭᠠᠰᠬᠠᠭᠰᠠᠨ ᠵᠢᠱᠢᠶ᠎ᠡ︾ ᠳᠤ ᠠᠮᠵᠢᠯᠲᠠ ᠲᠠᠢ | ᠰᠣᠩᠭᠤᠭᠳᠠᠪᠠ᠃ | ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠯᠠᠪᠳᠠᠭᠤᠨ ᠢᠶᠠᠷ ᠬᠥᠭᠵᠢᠪᠡ᠃ ᠬᠤᠲᠠ ᠶᠢᠨ ᠶᠠᠪᠤᠳᠠᠯ ᠤᠨ | ᠲᠥᠬᠦᠭᠡᠷᠦᠮᠵᠢ᠂ ᠪᠠᠲᠤᠯᠠᠭ᠎ᠠ ᠶᠢᠨ ᠴᠢᠨᠠᠷᠲᠠᠢ ᠬᠢᠮᠳᠠ ᠣᠷᠣᠨ ᠰᠠᠭᠤᠴᠠ ᠵᠡᠷᠭᠡ 10 ᠲᠥᠷᠥᠯ ᠵᠦᠢᠯ ᠢ | ᠬᠡᠷᠡᠭᠵᠢᠭᠦᠯᠵᠦ᠂ 21 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠵᠦ᠂ ᠳᠥᠭᠦᠮ ᠪᠦᠲᠦᠴᠡᠲᠦ | ᠣᠷᠣᠨ ᠰᠠᠭᠤᠴᠠ ᠶᠢᠨ ᠲᠣᠭᠤᠷᠢᠭ ᠤᠨ ᠢᠵᠢ ᠪᠦᠷᠢᠨ ᠪᠤᠰᠤ ᠣᠷᠣᠨ ᠰᠠᠭᠤᠴᠠ 560 ᠢᠵᠢ᠂ ᠭᠤᠣᠯᠳᠠᠯᠭ᠎ᠠ ᠲᠠᠢ | ᠣᠷᠣᠨ ᠤ ᠨᠣᠭᠤᠭᠠᠷᠠᠭᠤᠯᠤᠯᠲᠠ 3 ᠲᠦᠮᠡᠨ ᠮᠦ ᠳᠤ ᠬᠦᠷᠴᠦ᠂ ᠬᠤᠲᠠ ᠪᠠᠯᠭᠠᠰᠤᠨ ᠤ ᠰᠠᠭᠤᠷᠢ ᠲᠥᠬᠦᠭᠡᠷᠦᠮᠵᠢ | ᠨᠠᠩ ᠲᠡᠭᠦᠯᠳᠡᠷᠵᠢᠪᠡ᠃ ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠬᠦᠷᠢᠶ᠎ᠡ ᠶᠢᠨ ᠰᠢᠶᠠᠨ ᠤ ᠬᠤᠲᠠ ᠪᠠᠷ ᠭᠤᠤᠯ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ | ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠲᠤᠬᠠᠶ ᠶᠢᠨ ᠭᠠᠵᠠᠷ ᠤᠨ ᠬᠤᠷᠠᠯ ᠢ ᠳᠠᠭᠠᠭᠠᠨ | ᠡᠷᠬᠢᠯᠡᠪᠡ᠃ ᠪᠥᠬᠦ ᠠᠶᠢᠮᠠᠭ ᠤᠨ ᠬᠤᠲᠠ ᠪᠠᠯᠭᠠᠰᠤᠨ ᠤ ᠣᠯᠠᠨ ᠨᠡᠶᠢᠲᠡ ᠶᠢᠨ ᠰᠦᠢᠳᠬᠡᠯ ᠬᠤᠷᠢᠶᠠᠬᠤ ᠲᠡᠷᠭᠡᠨ | ᠵᠣᠭᠰᠣᠭᠠᠯ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠦᠷᠢᠶᠡᠨ ᠳᠠᠬᠢ ᠢᠯᠵᠠᠷᠠᠯ ᠪᠠ ᠰᠤᠷᠲᠠᠯ ᠤᠨ | ᠠᠰᠠᠭᠤᠳᠠᠯ ᠤᠨ ᠲᠤᠰᠬᠠᠶ ᠴᠡᠭᠴᠡᠯᠡᠨ ᠵᠠᠰᠠᠯᠲᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠠᠰᠠᠭᠤᠳᠠᠯ ᠢ | ᠢᠯᠡᠷᠡᠬᠦᠯᠦᠨ ᠨᠢᠭᠡᠨᠲᠡ ᠪᠦᠬᠦᠨ ᠢ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠳ᠋ᠤᠭᠠᠷ ᠢ ᠨᠢ ᠬᠠᠰᠤᠪᠠ᠃ | ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠦᠢᠯᠡᠴᠢᠯᠡᠬᠡᠨ ᠤ ᠲᠠᠪᠴᠠᠩ ᠲᠤᠷᠰᠢᠨ ᠠᠵᠢᠯᠯᠠᠭᠰᠠᠨ ᠪᠥᠭᠡᠳ | ᠰᠢᠰᠲ᠋ᠧᠮ ᠤᠨ ᠰᠢᠯᠭᠠᠨ ᠠᠪᠬᠤ ᠶᠢ ᠥᠩᠭᠡᠷᠡᠭᠡᠪᠡ᠃ ᠣᠶᠤᠨᠴᠢ ᠲᠣᠭᠤᠷᠢᠭ 4᠂ ᠠᠳᠠᠯ ᠠᠬᠤᠢ ᠶᠢᠨ | ᠬᠠᠮᠢᠶᠠᠷᠤᠯᠲᠠ ᠶᠢᠨ ᠵᠢᠱᠢᠶᠡᠴᠢ ᠲᠣᠭᠤᠷᠢᠭ 9 ᠶᠢ ᠪᠠᠶᠢᠭᠤᠯᠪᠠ᠃ | ︵ᠲᠠᠪᠤ︶ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠠᠮᠢᠵᠢᠷᠠᠯ ᠤᠨ ᠬᠦᠴᠦᠨ ᠢ ᠬᠦᠭᠵᠢᠬᠡᠪᠡ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ ᠳᠡᠭᠡᠭᠰᠢᠯᠡᠬᠦᠯᠪᠡ᠃ ᠵᠠᠰᠠᠭ ᠤᠨ | ᠶᠠᠪᠤᠳᠠᠯ ᠤᠨ ᠦᠢᠯᠡᠴᠢᠯᠡᠬᠡᠨ ᠤ ᠵᠦᠢᠯᠡᠰ ᠢ ᠬᠠᠮᠤᠭ ᠤᠨ ᠣᠯᠠᠨ ᠳᠠᠭᠠᠨ ᠨᠢᠭᠡ ᠤᠳᠠᠭ᠎ᠠ ᠭᠦᠶᠦᠬᠦ ᠬᠠᠷᠢᠴᠠᠯ ᠤᠨ | ᠨᠣᠷᠮ᠎ᠠ 99 . 7 % ᠳᠤ ᠬᠦᠷᠴᠦ᠂ ᠪᠥᠬᠦ ᠶᠠᠪᠤᠴᠠ ᠳᠤ ᠰᠦᠯᠵᠢᠶ᠎ᠡ ᠪᠠᠷ ᠬᠦᠢᠴᠡᠳᠭᠡᠬᠦ ᠬᠠᠷᠢᠴᠠᠯ ᠤᠨ ᠨᠣᠷᠮ᠎ᠠ | 82 % ᠳᠤ ᠬᠦᠷᠴᠦ᠂ ᠠᠮᠠᠯᠠᠯᠲᠠ ᠶᠢᠨ ᠴᠠᠭ ᠤᠨ ᠬᠢᠵᠠᠭᠠᠷ ᠢ ᠪᠠᠭᠠᠰᠬᠠᠭᠰᠠᠨ ᠬᠠᠷᠢᠴᠠᠯ 86 . 1 % ᠳᠤ | ᠬᠦᠷᠴᠦ᠂ ᠮᠤᠵᠢ ᠠᠯᠤᠰᠯᠠᠨ 91 ᠵᠦᠢᠯ ᠢ ᠨᠡᠶᠢᠳᠡᠮ ᠬᠦᠢᠴᠡᠳᠭᠡᠵᠦ᠂ 256 ᠵᠦᠢᠯ ᠢ ᠠᠶᠢᠮᠠᠭ ᠤᠨ | ᠬᠡᠪᠴᠢᠶᠡᠨ ᠳᠤ ᠨᠡᠶᠢᠳᠡᠮ ᠬᠦᠢᠴᠡᠳᠭᠡᠪᠡ᠃ ᠲᠦᠮᠡᠨ ᠬᠥᠮᠦᠨ ᠪᠦᠷᠢ ᠳᠤ 1393 ᠵᠠᠬ᠎ᠠ ᠳᠡᠯᠭᠡᠭᠦᠷ ᠤᠨ ᠭᠤᠤᠯ | ᠴᠣᠭᠴᠠ ᠲᠠᠢ ᠪᠠᠶᠢᠵᠤ᠂ ᠪᠥᠬᠦ ᠤᠯᠤᠰ ᠪᠥᠬᠦ ᠣᠷᠣᠨ ᠤ ᠳᠤᠮᠳᠠᠴᠢ ᠬᠢᠷᠢ ᠲᠦᠪᠰᠢᠨ ᠠᠴᠠ ᠥᠨᠳᠥᠷ ᠪᠠᠶᠢᠨ᠎ᠠ᠃ ︽ | 12345︾ ᠤᠲᠠᠰᠤᠨ ᠤ ᠦᠢᠯᠡᠴᠢᠯᠡᠬᠡᠨ ᠤ ᠶᠠᠰᠤ ᠴᠢᠨᠠᠷ ᠪᠥᠬᠦ ᠤᠯᠤᠰ ᠤᠨ 335 ᠥᠯᠢᠭᠡᠷ ᠳᠠᠭᠤᠷᠢᠶᠠᠯ | ᠬᠤᠲᠠ ᠶᠢᠨ ᠳᠣᠲᠣᠷ᠎ᠠ 75 ᠳ᠋ᠤᠭᠠᠷ ᠲᠤ ᠵᠢᠭᠰᠠᠭᠠᠭᠳᠠᠪᠠ᠃ ︽ᠥᠪᠥᠷ ᠮᠣᠩᠭᠤᠯ ᠠᠵᠤ ᠠᠬᠤᠶᠢᠯᠠᠯ ᠳᠤ ᠨᠡᠪᠲᠡᠷᠡᠬᠦ | ︾ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠦᠢᠯᠡᠴᠢᠯᠡᠬᠡᠨ ᠤ ᠲᠠᠪᠴᠠᠩ ᠢ | ᠰᠦᠯᠵᠢᠶᠡᠨ ᠳᠤ ᠣᠷᠣᠭᠤᠯᠤᠨ ᠠᠵᠢᠯᠯᠠᠭᠤᠯᠪᠠ᠃ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ | ᠬᠠᠮᠲᠤᠪᠠᠷ ᠭᠥᠷᠳᠡᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠷᠠᠭᠤᠯᠵᠤ᠂ ᠬᠤᠯᠪᠣᠭᠠᠯᠠᠨ ᠱᠠᠩᠨᠠᠵᠤ ᠲᠣᠷᠭᠠᠬᠤ᠂ | ᠱᠠᠲᠤ ᠲᠥᠷᠥᠯ ᠬᠤᠪᠢᠶᠠᠨ ᠬᠢᠨᠠᠨ ᠬᠠᠮᠢᠶᠠᠷᠬᠤ᠂ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢ ᠰᠣᠩᠭᠤᠨ ᠪᠣᠶ | ᠪᠣᠯᠭᠠᠬᠤ ᠪᠠ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ ᠠᠵᠢᠯ ᠢ ᠲᠠᠰᠤᠷᠠᠯᠲᠠ ᠥᠬᠡᠶ ᠳᠡᠭᠦᠯᠳᠡᠷᠵᠢᠬᠦᠯᠪᠡ᠃ | ᠭᠤᠣᠯᠳᠠᠯᠭ᠎ᠠ ᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠪᠠ᠃ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠲᠣᠭᠲᠠᠭᠤᠨ ᠢᠶᠠᠷ ᠠᠬᠢᠭᠤᠯᠵᠤ᠂ ᠣᠨ ᠤ | ᠥᠭᠡᠷᠡᠴᠢᠯᠡᠯᠲᠡ ᠶᠢᠨ ᠡᠭᠦᠷᠭᠡ ᠪᠠᠨ ᠪᠡᠶᠡᠯᠡᠭᠦᠯᠦᠨ᠂ 23 ᠡᠷᠦᠬᠡ ᠠᠷᠠᠳ ᠤᠨ ᠥᠮᠴᠢᠯᠡᠯᠲᠦ ᠠᠵᠤ ᠠᠬᠤᠶᠢᠯᠠᠯ ᠨᠢ | ᠺᠣᠮᠫᠠᠨᠢ ᠶᠢᠨ ᠳᠦᠷᠢᠮᠲᠦ ᠥᠭᠡᠷᠡᠴᠢᠯᠡᠯᠲᠡ ᠶᠢ ᠪᠦᠬᠦᠨ ᠢ ᠪᠡᠶᠡᠯᠡᠭᠦᠯᠪᠡ᠃ ᠵᠠᠬ᠎ᠠ ᠳᠡᠯᠭᠡᠭᠦᠷ ᠲᠤ ᠣᠷᠣᠬᠤ ᠶᠢ | ᠵᠥᠪᠰᠢᠶᠡᠷᠡᠬᠦ ᠨᠠᠵᠠᠭᠠᠶ ᠲᠠᠯ᠎ᠠ ᠶᠢᠨ ᠨᠠᠷᠢᠨ ᠲᠠᠩᠰᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ︽ | ᠴᠠᠭᠠᠵᠠᠯᠠᠭᠰᠠᠨ ᠥᠬᠡᠶ ᠯᠡ ᠪᠣᠯ ᠣᠷᠣᠭᠤᠯᠬᠤ︾ ᠶᠢ ᠨᠡᠶᠢᠳᠡᠮ ᠨᠠᠶᠢᠳᠠᠪᠤᠷᠢᠵᠢᠭᠤᠯᠬᠤ ᠶᠢ ᠠᠬᠢᠭᠤᠯᠪᠠ᠃ ᠵᠠᠬ᠎ᠠ | ᠳᠡᠯᠭᠡᠭᠦᠷ ᠤᠨ ᠰᠢᠰᠲ᠋ᠧᠮ ᠤᠨ ᠰᠠᠭᠤᠷᠢ ᠲᠦᠷᠢᠮ ᠢ ᠲᠡᠭᠦᠯᠳᠡᠷᠵᠢᠭᠦᠯᠵᠦ᠂ ᠡᠷᠬᠡ ᠲᠡᠭᠰᠢ ᠪᠠᠷ ᠵᠥᠪᠰᠢᠶᠡᠷᠡᠨ | ᠣᠷᠣᠭᠤᠯᠬᠤ᠂ ᠲᠥᠪ ᠭᠤᠣᠯᠴᠢ ᠪᠠᠷ ᠬᠢᠨᠠᠨ ᠬᠠᠮᠢᠶᠠᠷᠬᠤ᠂ ᠡᠮᠬᠢ ᠵᠢᠷᠤᠮ ᠲᠠᠢ ᠨᠡᠭᠡᠭᠡᠯᠲᠡ ᠬᠢᠬᠦ᠂ ᠦᠨᠡᠨᠴᠢ | ᠢᠲᠡᠭᠡᠮᠵᠢᠲᠡᠢ ᠪᠠᠷ ᠬᠠᠤᠯᠢ ᠶᠢ ᠰᠠᠬᠢᠬᠤ ᠶᠢ ᠪᠠᠷᠢᠮᠲᠠᠯᠠᠵᠤ᠂ ᠥᠨᠳᠥᠷ ᠪᠦᠲᠦᠮᠵᠢᠲᠡᠢ ᠪᠥᠭᠡᠳ ᠵᠢᠷᠤᠮᠵᠢᠭᠤᠨ᠂ ᠲᠥᠪ | ᠭᠤᠣᠯᠴᠢ ᠪᠠᠷ ᠦᠷᠢᠰᠦᠯᠳᠦᠬᠦ ᠨᠢᠭᠡᠳᠦᠯᠲᠡᠢ ᠵᠠᠬ᠎ᠠ ᠳᠡᠯᠭᠡᠭᠦᠷ ᠢ ᠪᠤᠢ ᠪᠣᠯᠭᠠᠪᠠ᠃ ︽ᠭᠡᠷᠡᠴᠢ ᠦᠨᠡᠮᠯᠡᠯ ᠢ ᠰᠠᠯᠭᠠᠬᠤ︾ | ᠠᠵᠢᠯ ᠢ ᠦᠷᠭᠦᠯᠵᠢᠯᠡᠨ ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ | ᠤᠯᠠᠮ ᠴᠢᠨᠠᠭᠰᠢᠳᠠ ᠬᠥᠭᠵᠢᠭᠡᠪᠡ᠃ ︽ᠠᠯᠠᠱᠠ ᠠᠶᠢᠮᠠᠭ ᠤᠨ ᠠᠷᠠᠯᠵᠢᠶᠠᠨ ᠤ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠠᠵᠤ ᠠᠬᠤᠶᠢᠯᠠᠯ ᠤᠨ ᠠᠵᠤ ᠠᠬᠤᠢ | ᠠᠷᠠᠯᠵᠢᠶᠠᠨ ᠤ ᠬᠠᠮᠲᠤᠷᠠᠯᠴᠠᠭ᠎ᠠ ᠪᠠᠨ ᠥᠷᠭᠡᠳᠬᠡᠬᠦ ᠶᠢ ᠵᠣᠷᠢᠭᠵᠢᠭᠤᠯᠪᠠ᠃ ᠠᠯᠠᠱᠠ ᠠᠶᠢᠮᠠᠭ ᠤᠨ ᠵᠠᠬ᠎ᠠ | ᠳᠡᠯᠭᠡᠭᠦᠷ ᠤᠨ ᠭᠤᠤᠯ ᠴᠣᠭᠴᠠ ᠶᠢᠨ ᠤᠬᠤᠷᠢᠨ ᠭᠠᠷᠬᠤ ᠶᠢ ᠰᠢᠯᠤᠭᠤᠳᠬᠠᠬᠤ ᠪᠠ ︽ᠦᠬᠦᠰᠢᠷᠡᠮᠡᠯ ᠠᠵᠤ | ᠠᠬᠤᠶᠢᠯᠠᠯ︾ ᠢ ᠰᠢᠢᠳᠪᠦᠷᠢᠯᠡᠬᠦ ᠠᠵᠢᠯ ᠢ ᠢᠳᠡᠪᠬᠢᠲᠡᠶ ᠯᠠᠪᠳᠠᠭᠤᠨ ᠢᠶᠠᠷ ᠭᠦᠨᠵᠡᠭᠡᠶᠢᠷᠡᠭᠦᠯᠬᠦ ᠬᠠᠮᠲᠤᠷᠠᠭᠰᠠᠨ | ᠬᠤᠷᠠᠯ ᠤᠨ ᠲᠦᠷᠢᠮ ᠢ ᠪᠠᠶᠢᠭᠤᠯᠵᠤ᠂ ︽ᠦᠬᠦᠰᠢᠷᠡᠮᠡᠯ ᠠᠵᠤ ᠠᠬᠤᠶᠢᠯᠠᠯ︾ ᠤᠨ ᠨᠡᠷᠡᠰ ᠲᠤ ᠨᠡᠶᠢᠲᠡ 16 ᠶᠢ | ᠵᠢᠭᠰᠠᠭᠠᠨ ᠣᠷᠣᠭᠤᠯᠵᠤ᠂ 15 ᠶᠢ ᠨᠢ ᠰᠢᠢᠳᠪᠦᠷᠢᠯᠡᠵᠦ ᠳᠠᠭᠤᠰᠬᠠᠪᠠ᠃ ᠭᠤᠤᠯᠴᠢ ᠥᠷᠢᠰᠥᠯᠳᠦᠭᠡᠨ ᠤ ᠬᠢᠨᠠᠨ | ᠪᠠᠶᠢᠴᠠᠭᠠᠯᠲᠠ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠬᠦ ᠬᠠᠷᠢᠭᠤ ᠥᠭᠬᠦ | ᠲᠣᠭᠲᠠᠴᠠ ᠶᠢ ᠪᠠᠶᠢᠭᠤᠯᠵᠤ᠂ ︽ᠠᠯᠠᠱᠠ ᠠᠶᠢᠮᠠᠭ ᠤᠨ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢᠨ | ᠭᠤᠷᠪᠠᠳᠠᠬᠢ ᠡᠲᠡᠭᠡᠳ ᠤᠨ ᠦᠨᠡᠯᠡᠨ ᠵᠢᠱᠢᠬᠦ ᠠᠵᠢᠯ ᠤᠨ ᠠᠷᠭ᠎ᠠ︾ ᠶᠢ ᠨᠡᠶᠢᠲᠡᠯᠡᠪᠡ᠃ | ︵ᠵᠢᠷᠭᠤᠭ᠎ᠠ︶ ᠬᠤᠷᠢᠭ᠎ᠠ ᠱᠤᠭᠤᠮ ᠤᠨ ᠰᠡᠳᠬᠢᠬᠦᠶ ᠶᠢ ᠪᠠᠲᠤ ᠪᠣᠶ ᠪᠣᠯᠭᠠᠵᠤ ᠬᠦᠨᠳᠦ ᠶᠡᠭᠡ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠪᠠ | ᠭᠤᠤᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠬᠦᠴᠦᠲᠡᠶ ᠰᠡᠷᠭᠡᠶᠢᠯᠡᠪᠡ᠃ ᠵᠠᠰᠠᠭ ᠤᠨ | ᠣᠷᠳᠣᠨ ᠤ ᠳᠠᠯᠳᠠ ᠥᠷᠢ ᠥᠭᠴᠡᠭᠡ ᠶᠢ ᠡᠮᠬᠢ ᠵᠢᠷᠤᠮ ᠲᠠᠢ ᠪᠠᠷ ᠠᠷᠢᠯᠭᠠᠵᠤ᠂ ᠡᠩ ᠤᠨ ᠣᠯᠠᠨ ᠨᠡᠶᠢᠲᠡ ᠶᠢᠨ | ᠲᠥᠰᠦᠪ ᠤᠨ ᠣᠷᠣᠯᠭ᠎ᠠ ᠳᠠᠬᠢ ᠭᠠᠶᠢᠯᠢ ᠲᠠᠲᠠᠪᠤᠷᠢ ᠬᠢᠭᠡᠳ ᠭᠠᠶᠢᠯᠢ ᠶᠢᠨ ᠪᠤᠰᠤ ᠣᠷᠣᠯᠭ᠎ᠠ ᠶᠢᠨ ᠪᠦᠲᠦᠴᠡ ᠶᠢᠨ | ᠲᠣᠬᠢᠷᠠᠭᠤᠯᠤᠯᠲᠠ 70 . 529 . 5 ᠪᠣᠯᠵᠣ᠂ ᠵᠦᠶ ᠪᠤᠰᠤ ᠵᠢᠭᠡᠯᠡᠯᠭᠡ ᠶᠢᠨ ᠨᠣᠷᠮ᠎ᠠ ᠶᠢ 3 . 6 % ᠪᠣᠯᠲᠠᠯ᠎ᠠ | ᠪᠠᠭᠤᠷᠠᠭᠤᠯᠪᠠ᠃ 16381 ᠢᠵᠢ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠲᠠᠢ ᠲᠠᠸᠠᠷ ᠤᠨ ᠬᠡᠷ | ᠪᠠᠶᠢᠰᠢᠩ ᠢ ᠨᠢᠭᠡᠨᠲᠡ 16288 ᠶᠢ ᠨᠢ ᠰᠢᠢᠳᠪᠦᠷᠢᠯᠡᠵᠦ᠂ ᠰᠢᠢᠳᠪᠦᠷᠢᠯᠡᠭᠰᠡᠨ ᠨᠣᠷᠮ᠎ᠠ ᠨᠢ 99 . 4 % ᠳᠤ | ᠬᠦᠷᠴᠡᠶ᠃ | ᠠᠮᠤ ᠪᠤᠳᠠᠭ᠎ᠠ ᠡᠨᠧᠷᠭᠢ ᠶᠢᠨ ᠰᠤᠷᠪᠤᠯᠵᠢ ᠶᠢᠨ ᠠᠮᠤᠷ ᠲᠦᠪᠰᠢᠨ ᠢ ᠦᠷᠭᠦᠯᠵᠢᠯᠡᠨ ᠪᠠᠲᠤᠯᠠᠪᠠ᠃ | ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠵᠦᠢ ᠵᠣᠬᠢᠰᠲᠠᠢ ᠲᠣᠭᠲᠠᠭᠠᠵᠤ᠂ 40 . 5 ᠲᠦᠮᠡᠨ ᠮᠦ | ᠡᠭᠦᠷᠢᠳᠡ ᠶᠢᠨ ᠦᠨᠳᠦᠰᠦᠨ ᠳᠠᠷᠢᠶᠠᠨ ᠭᠠᠵᠠᠷ ᠤᠨ ᠪᠦᠲᠦᠮᠵᠢᠲᠡᠢ ᠬᠠᠮᠠᠭᠠᠯᠠᠯᠲᠠ ᠶᠢ ᠦᠨᠡᠨ ᠬᠦ ᠪᠠᠳᠣᠯᠠᠪᠠ᠃ ᠠᠮᠤ | ᠪᠤᠳᠠᠭ᠎ᠠ ᠶᠢᠨ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ | ᠨᠠᠶᠢᠳᠠᠪᠤᠷᠢᠵᠢᠭᠤᠯᠵᠤ᠂ ᠠᠮᠤ ᠪᠤᠳᠠᠭ᠎ᠠ ᠶᠢᠨ ᠠᠮᠤᠷ ᠲᠦᠪᠰᠢᠨ ᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ | ᠠᠬᠢᠭᠤᠯᠤᠨ᠂ ᠠᠮᠤ ᠪᠤᠳᠠᠭ᠎ᠠ ᠨᠥᠭᠡᠴᠡᠯᠡᠬᠦ᠂ ᠠᠮᠤ ᠪᠤᠳᠠᠭ᠎ᠠ ᠶᠢᠨ ᠬᠦᠢᠯᠭᠡᠭᠡᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠵᠢᠴᠢ ᠴᠢᠨᠠᠷ ᠰᠠᠶᠢᠲᠠᠶ ᠠᠮᠤ ᠪᠤᠳᠠᠭ᠎ᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ | ᠰᠠᠶᠢᠲᠤᠷ ᠠᠳᠬᠤᠵᠤ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠬᠦᠷᠢᠶᠡᠨ ᠳᠠᠬᠢ ᠢᠯᠵᠠᠷᠠᠯ ᠤᠨ | ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠦᠷᠨᠢᠬᠦᠯᠪᠡ᠃ ᠬᠠᠶᠢᠨ ᠰᠢᠨᠵᠢᠯᠡᠵᠦ | ᠲᠥᠰᠦᠭᠡᠯᠡᠭᠰᠡᠨ ᠴᠢᠯᠠᠭᠤᠨ ᠲᠣᠰᠣᠨ ᠤ ᠭᠠᠵᠠᠷ ᠰᠢᠨᠵᠢᠯᠡᠭᠡᠨ ᠤ ᠬᠠᠳᠠᠭᠠᠯᠠᠭᠳᠠᠴᠠ 1 . 6 ᠳ᠋ᠦᠩᠰᠢᠭᠤᠷ ᠲᠣᠨ᠂ | ᠪᠠᠶᠢᠭᠠᠯᠢ ᠶᠢᠨ ᠰᠢᠲᠠᠮᠠᠬᠠᠶ ᠬᠡᠢ ᠶᠢᠨ ᠭᠠᠵᠠᠷ ᠰᠢᠨᠵᠢᠯᠡᠭᠡᠨ ᠤ ᠬᠠᠳᠠᠭᠠᠯᠠᠭᠳᠠᠴᠠ 131 ᠳ᠋ᠦᠩᠰᠢᠭᠤᠷ ᠪᠣᠰᠤᠭ᠎ᠠ | ᠳᠥᠷᠪᠡᠯᠵᠢᠨ ᠮᠧᠲᠷ ᠪᠠᠶᠢᠵᠤ᠂ ᠨᠡᠶᠢᠲᠡ 299 ᠬᠤᠳᠳᠤᠭ ︵ᠡᠭᠦᠨ ᠳᠤ ᠦᠢᠯᠡᠳᠪᠦᠷᠢᠯᠡᠯ ᠳᠤ ᠵᠣᠷᠢᠭᠤᠯᠣᠭᠰᠠᠨ | 108 ᠬᠤᠳᠳᠤᠭ︶ ᠥᠷᠥᠮᠳᠡᠵᠦ᠂ ᠵᠢᠷᠠᠨᠳᠠᠢ ᠴᠢᠯᠠᠭᠤᠨ ᠲᠣᠰᠣᠨ ᠤ ᠠᠭᠤᠷᠬᠠᠶ ᠶᠢ ᠬᠠᠶᠢᠨ ᠰᠢᠨᠵᠢᠵᠦ ᠨᠡᠭᠡᠭᠡᠨ | ᠬᠥᠭᠵᠢᠭᠦᠯᠵᠦ ᠪᠦᠲᠦᠭᠡᠨ ᠪᠠᠶᠢᠭᠤᠯᠬᠤ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠤᠨ 30 ᠲᠦᠮᠡᠨ ᠲᠣᠨ ᠤ | ᠲᠦᠭᠦᠬᠡᠶ ᠲᠣᠰᠣ ᠦᠢᠯᠡᠳᠪᠦᠷᠢᠯᠡᠬᠦ ᠴᠢᠳᠠᠪᠤᠷᠢ ᠶᠢᠨ ᠬᠠᠮᠲᠤᠷᠠᠭᠰᠠᠨ ᠥᠷᠲᠡᠭᠡ ᠶᠢᠨ ᠦᠨᠳᠦᠰᠦᠨ ᠪᠦᠲᠦᠭᠡᠨ | ᠪᠠᠶᠢᠭᠤᠯᠤᠯᠲᠠ ᠶᠢ ᠪᠡᠶᠡᠯᠡᠭᠦᠯᠵᠦ᠂ 26 ᠲᠦᠮᠡᠨ ᠲᠣᠨ ᠲᠦᠭᠦᠬᠡᠶ ᠲᠣᠰᠣ ᠦᠢᠯᠡᠳᠪᠦᠷᠢᠯᠡᠪᠡ᠃ ᠪᠠᠶᠢᠭᠠᠯᠢ ᠶᠢᠨ | ᠰᠢᠲᠠᠮᠠᠬᠠᠢ ᠬᠡᠢ ᠦᠢᠯᠡᠳᠪᠦᠷᠢᠯᠡᠬᠦ ᠬᠠᠩᠭᠠᠬᠤ ᠪᠣᠷᠣᠯᠠᠭᠤᠯᠬᠤ ᠰᠢᠰᠲ᠋ᠧᠮ ᠤᠨ ᠪᠠᠶᠢᠭᠤᠯᠤᠯᠲᠠ ᠶᠢ ᠦᠨᠳᠦᠰᠦᠨ ᠳᠡᠭᠡᠨ | ᠪᠡᠶᠡᠯᠡᠭᠦᠯᠵᠦ᠂ ᠪᠦᠬᠦ ᠠᠶᠢᠮᠠᠭ ᠤᠨ ᠪᠠᠶᠢᠭᠠᠯᠢ ᠶᠢᠨ ᠰᠢᠲᠠᠮᠠᠬᠠᠢ ᠬᠡᠢ ᠬᠠᠳᠠᠭᠠᠯᠠᠬᠤ ᠴᠢᠳᠠᠪᠤᠷᠢ 657 ᠲᠦᠮᠡᠨ | ᠪᠣᠰᠤᠭ᠎ᠠ ᠳᠥᠷᠪᠡᠯᠵᠢᠨ ᠮᠧᠲᠷ ᠲᠤ ᠬᠦᠷᠪᠡ᠃ 45 ᠲᠦᠮᠡᠨ ᠲᠣᠨ ᠨᠡᠭᠦᠷᠡᠰᠦᠨ ᠠᠭᠤᠷᠬᠠᠶ ᠶᠢᠨ ᠦᠢᠯᠡᠳᠪᠦᠷᠢᠯᠡᠬᠦ | ᠴᠢᠳᠠᠪᠤᠷᠢ ᠶᠢ ᠤᠬᠤᠷᠢᠭᠤᠯᠤᠨ ᠭᠠᠷᠭᠠᠬᠤ ᠶᠢ ᠡᠮᠬᠢ ᠵᠢᠷᠤᠮ ᠲᠠᠢ ᠪᠠᠷ ᠬᠥᠲᠥᠯᠥᠨ ᠵᠢᠯᠣᠭᠤᠳᠪᠠ᠃ | ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠲᠣᠭᠲᠠᠭᠤᠨ ᠢᠶᠠᠷ ᠳᠡᠭᠡᠭᠰᠢᠯᠡᠪᠡ᠃ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠢ | ᠥᠷᠨᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠬᠤ ᠳᠠᠶᠢᠯᠠᠯᠳᠤᠭᠠᠨ ᠤ ᠢᠯᠠᠯᠲᠠ ᠶᠢ | ᠤᠯᠪᠠ᠃ ᠠᠶᠣᠯᠬᠦᠢ ᠦᠢᠯᠡᠳᠪᠦᠷᠢᠯᠡᠯ ᠤᠨ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠭᠤᠷᠪᠠᠨ ᠵᠢᠯ ᠤᠨ | ᠠᠵᠢᠯᠯᠠᠭ᠎ᠠ᠂ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢ | ᠯᠠᠪᠳᠠᠭᠤᠨ ᠪᠠᠲᠤᠲᠠᠶ ᠥᠷᠨᠢᠭᠦᠯᠵᠦ᠂ ᠠᠳᠡᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ᠂ ᠲᠤᠰᠬᠠᠶ | ᠵᠦᠢᠯ ᠢᠶᠠᠷ ᠴᠡᠭᠴᠡᠯᠡᠨ ᠵᠠᠰᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠪᠠᠴᠢᠮ ᠪᠠᠶᠢᠳᠠᠯ ᠢ ᠠᠷᠭᠠᠴᠠᠨ ᠠᠪᠤᠷᠠᠨ | ᠲᠤᠰᠠᠯᠠᠬᠤ᠂ ᠤᠬᠠᠭᠤᠯᠭ᠎ᠠ ᠬᠥᠮᠦᠵᠢᠯ ᠬᠢᠬᠦ ᠵᠡᠷᠭᠡ ᠲᠠᠪᠤᠨ ᠵᠦᠢᠯ ᠤᠨ ᠬᠡᠪᠰᠢᠭᠰᠡᠨ ᠠᠵᠢᠯ ᠢ ᠦᠷᠭᠦᠯᠵᠢᠯᠡᠨ | ᠭᠦᠨᠵᠡᠭᠡᠶ ᠲᠦᠯᠬᠢᠨ ᠠᠬᠢᠭᠤᠯᠵᠤ᠂ ᠠᠶᠣᠯᠬᠦᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ | ᠪᠠᠶᠢᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠪᠠ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠨᠥᠭᠡᠴᠡᠯᠡᠯᠲᠡ ᠶᠢ | ᠴᠢᠩᠭᠠᠳᠬᠠᠵᠤ᠂ ᠡᠳ᠋ ᠪᠣᠳᠠᠰ ᠢ ᠰᠢᠯᠵᠢᠭᠦᠯᠦᠨ ᠥᠭᠬᠦ ︽ᠪᠠᠴᠢᠮ ᠶᠠᠪᠤᠳᠠᠯ ᠢ ᠲᠦᠷᠭᠡᠨ ᠰᠢᠢᠳᠪᠦᠷᠢᠯᠡᠬᠦ︾ ᠰᠠᠭᠠᠳ | ᠦᠭᠡᠢ ᠨᠡᠪᠲᠡᠷᠡᠬᠦ ᠵᠠᠮ ᠢ ᠨᠡᠪᠳᠡᠷᠡᠭᠦᠯᠪᠡ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠲᠣᠭᠲᠠᠴᠠ ᠪᠠ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠠᠶᠢᠭᠤᠯᠵᠤ᠂ ᠲᠦᠭᠰᠢᠭᠦᠷᠢ ᠶᠢ | ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠤᠨ᠂ ᠭᠠᠳᠠᠭᠠᠳᠤ ᠠᠴᠠ ᠣᠷᠣᠭᠤᠯᠤᠭᠰᠠᠨ ᠬᠦᠢᠳᠡᠨ ᠬᠡᠯᠬᠢᠶᠡᠲᠦ ᠢᠳᠡᠭᠡᠨ ᠤ | ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠭᠦᠨᠵᠡᠭᠡᠶᠢᠷᠡᠭᠦᠯᠵᠦ᠂ ᠪᠦᠬᠦ ᠤᠯᠤᠰ ᠤᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ | ᠠᠬᠢᠭᠤᠯᠪᠠ᠃ ᠠᠶᠢᠮᠠᠭ ᠤᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠢ | ᠠᠬᠢᠭᠤᠯᠵᠤ᠂ ᠨᠡᠶᠢᠭᠡᠮ ᠤᠨ ᠵᠠᠰᠠᠯᠲᠠ ᠶᠢᠨ ᠭᠤᠣᠯᠳᠠᠯᠭ᠎ᠠ ᠶᠢ ᠦᠨᠳᠦᠰᠦᠨ ᠱᠠᠳᠤ ᠲᠡᠰᠢ ᠰᠢᠯᠵᠢᠭᠦᠯᠵᠦ᠂ | ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠤᠯᠠᠨ ᠡᠰᠢᠴᠢᠯᠡᠨ ᠰᠢᠢᠳᠪᠦᠷᠢᠯᠡᠬᠦ ᠲᠣᠭᠲᠠᠴᠠ ᠶᠢ ᠠᠯᠬᠤᠮ | ᠠᠯᠬᠤᠮ ᠢᠶᠠᠷ ᠲᠡᠭᠦᠯᠳᠡᠷᠵᠢᠭᠦᠯᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠱᠠᠯᠢᠭ ᠵᠠᠪᠬᠠᠶ ᠵᠦᠢᠯ᠂ | ᠵᠣᠭᠤᠰ ᠮᠥᠷᠦ᠋ᠢᠴᠡᠬᠦ᠂ ᠬᠤᠤᠷᠲᠤ ᠡᠳ᠋ ᠫᠠᠨᠽᠠᠯᠠᠬᠤ᠂ ᠬᠤᠯᠠᠭᠠᠶᠢᠯᠠᠬᠤ ᠪᠤᠯᠢᠶᠠᠬᠤ ᠮᠡᠬᠡᠯᠡᠬᠦ᠂ ᠢᠳᠡᠭᠡᠨ ᠪᠠ ᠡᠮ ᠤᠨ | ᠵᠦᠢᠯᠡᠰ ᠤᠨ ᠭᠤᠭᠴᠤᠭ᠎ᠠ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠵᠡᠷᠭᠡ ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠪᠡ᠃ ᠰᠢᠨ᠎ᠡ ᠴᠠᠭ ᠦᠶ᠎ᠡ ᠶᠢᠨ ᠨᠠᠮ ᠵᠠᠰᠠᠭ ᠴᠡᠷᠢᠭ ᠴᠠᠭᠳᠠᠭ᠎ᠠ | ᠠᠷᠠᠳ ᠬᠦᠴᠦ ᠪᠠᠨ ᠬᠠᠮᠲᠤᠳᠬᠠᠨ ᠬᠢᠯᠢ ᠶᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠶᠢ | ᠦᠷᠭᠦᠯᠵᠢᠯᠡᠨ ᠴᠢᠩᠭᠠᠳᠬᠠᠵᠤ᠂ ᠡᠬᠡ ᠤᠯᠤᠰ ᠤᠨ ᠬᠢᠯᠢ ᠶᠢᠨ ᠰᠡᠷᠭᠡᠶᠢᠯᠡᠯᠲᠡ ᠶᠢᠨ ᠱᠤᠭᠤᠮ ᠢ ᠪᠦᠬᠦ | ᠬᠦᠴᠦᠨ ᠢᠶᠠᠷ ᠢᠶᠠᠨ ᠰᠠᠶᠢᠲᠤᠷ ᠰᠠᠬᠢᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠠᠳᠣᠯᠠᠪᠠ᠃ | ︵ᠳᠣᠯᠤᠭ᠎ᠠ︶ ᠠᠷᠠᠳ ᠤᠨ ᠠᠮᠢᠳᠤᠷᠠᠯ ᠢ ᠦᠷᠭᠦᠯᠵᠢᠯᠡᠨ ᠪᠠᠲᠤᠯᠠᠨ ᠰᠠᠶᠢᠵᠢᠷᠠᠭᠤᠯᠵᠤ ᠣᠯᠠᠨ ᠲᠦᠮᠡᠨ ᠤ | ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠬᠦᠯᠪᠡ | ᠠᠵᠢᠯ ᠣᠯᠭᠤᠯᠲᠠ ᠶᠢᠨ ᠪᠠᠶᠢᠳᠠᠯ ᠲᠣᠭᠲᠠᠭᠤᠨ ᠢᠶᠠᠷ ᠰᠠᠶᠢᠵᠢᠷᠠᠪᠠ᠃ ︽ᠤᠷᠢᠬᠠᠨ ᠬᠠᠪᠣᠷ ᠤᠨ ᠠᠵᠢᠯᠯᠠᠭ᠎ᠠ︾ | ᠂ ︽ᠠᠵᠢᠯ ᠣᠯᠭᠤᠯᠲᠠ ᠦᠢᠯᠡᠰ ᠪᠣᠰᠬᠠᠯᠲᠠ ᠶᠢ ᠠᠬᠢᠭᠤᠯᠬᠤ ᠬᠤᠷᠠᠯ ᠵᠢᠴᠢ ᠬᠠᠪᠤᠷ ᠤᠨ ᠤᠯᠠᠷᠢᠯ ᠤᠨ ᠠᠵᠢᠯᠲᠠᠨ | ᠡᠯᠰᠡᠬᠦ ᠬᠤᠷᠠᠯ︾ ᠵᠡᠷᠭᠡ ᠰᠦᠯᠵᠢᠶᠡᠨ ᠳᠡᠭᠡᠷᠡᠬᠢ᠂ ᠰᠦᠯᠵᠢᠶᠡᠨ ᠭᠠᠳᠠᠨᠠᠬᠢ ᠲᠤᠰᠬᠠᠶ ᠲᠥᠷᠥᠯ ᠤᠨ ᠠᠵᠢᠯᠲᠠᠨ | ᠡᠯᠰᠡᠬᠦ ᠠᠵᠢᠯᠯᠠᠭ᠎ᠠ ᠶᠢ 116 ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠬᠤᠲᠠ ᠪᠠᠯᠭᠠᠰᠤᠨ ᠤ 5666 | ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ | ᠨᠣᠷᠮ᠎ᠠ ᠶᠢ 3 . 6 % ᠶᠢᠨ ᠨᠡᠯᠢᠶᠡᠳ ᠳᠤᠤᠷ᠎ᠠ ᠲᠦᠪᠰᠢᠨ ᠳᠤ ᠬᠢᠵᠠᠭᠠᠷᠯᠠᠪᠠ᠃ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠡᠯ᠎ᠡ ᠲᠥᠷᠥᠯ ᠤᠨ ᠨᠥᠬᠦᠪᠥᠷᠢ ᠶᠢᠨ | ᠴᠢᠨᠠᠷᠲᠠᠶ ᠠᠵᠢᠯ ᠮᠡᠷᠭᠡᠵᠢᠯ ᠤᠨ ᠪᠣᠯᠪᠠᠰᠤᠷᠠᠯ ᠢ 3724 ᠬᠥᠮᠦᠨ ᠵᠣᠬᠢᠶᠠᠨ ᠪᠠᠶᠢᠭᠤᠯᠤᠨ ᠥᠷᠨᠢᠭᠦᠯᠵᠦ᠂ 2767 | ᠬᠥᠮᠦᠨ ᠳᠤ ᠠᠵᠢᠯ ᠣᠯᠭᠤᠬᠤ ᠪᠠᠷ ᠪᠣᠯᠪᠠᠰᠤᠷᠠᠯ ᠢ ᠣᠷᠣᠯᠠᠭᠤᠯᠵᠤ᠂ 1296 . 9 ᠲᠦᠮᠡᠨ ᠲᠥᠭᠦᠷᠢᠭ ᠤᠨ | ᠪᠣᠯᠪᠠᠰᠤᠷᠠᠯ ᠤᠨ ᠨᠥᠬᠦᠪᠥᠷᠢ ᠣᠯᠭᠤᠪᠠ᠃ ᠠᠳᠠᠯ ᠦᠢᠯᠡᠰ ᠴᠣᠭᠴᠠᠯᠠᠬᠤ ᠬᠦᠷᠢᠶᠡᠯᠡᠩ ᠵᠢᠴᠢ ᠪᠣᠶᠢᠵᠢᠭᠤᠯᠬᠤ | ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠤᠯᠤᠰ ᠤᠨ ᠲᠠᠰ ᠤᠨ ᠠᠳᠠᠯ | ᠦᠢᠯᠡᠰ ᠴᠣᠭᠴᠠᠯᠠᠬᠤ ᠬᠦᠷᠢᠶᠡᠯᠡᠩ ︵ᠪᠣᠶᠢᠵᠢᠭᠤᠯᠬᠤ ᠰᠠᠭᠤᠷᠢᠨ ᠭᠠᠵᠠᠷ︶ 1᠂ ᠥᠪᠡᠷᠲᠡᠭᠡᠨ ᠵᠠᠰᠠᠬᠤ ᠣᠷᠣᠨ ᠤ | ᠲᠠᠰ ᠤᠨ ᠵᠢᠱᠢᠶ᠎ᠡ ᠦᠵᠡᠭᠦᠯᠬᠦ ᠴᠢᠨᠠᠷᠲᠠᠶ ᠠᠳᠠᠯ ᠦᠢᠯᠡᠰ ᠴᠣᠭᠴᠠᠯᠠᠬᠤ ᠬᠦᠷᠢᠶᠡᠯᠡᠩ ︵ᠪᠣᠶᠢᠵᠢᠭᠤᠯᠬᠤ ᠰᠠᠭᠤᠷᠢᠨ | ᠭᠠᠵᠠᠷ︶ 4᠂ ᠠᠶᠢᠮᠠᠭ ᠬᠤᠲᠠ ᠶᠢᠨ ᠲᠠᠰ ᠤᠨ ᠵᠢᠱᠢᠶ᠎ᠡ ᠦᠵᠡᠭᠦᠯᠬᠦ ᠴᠢᠨᠠᠷᠲᠠᠶ ᠠᠳᠠᠯ ᠦᠢᠯᠡᠰ ᠴᠣᠭᠴᠠᠯᠠᠬᠤ | ᠬᠦᠷᠢᠶᠡᠯᠡᠩ ︵ᠪᠣᠶᠢᠵᠢᠭᠤᠯᠬᠤ ᠰᠠᠭᠤᠷᠢᠨ ᠭᠠᠵᠠᠷ︶ 8 ᠶᠢ ᠪᠠᠶᠢᠭᠤᠯᠵᠤ᠂ ᠠᠯᠠᠱᠠ ᠠᠶᠢᠮᠠᠭ ᠤᠨ ︽ᠨᠠᠷᠠᠲᠤ | ᠪᠠᠭᠰᠢ ᠶᠢᠨ ᠱᠠᠪᠢ ᠳᠠᠭᠠᠭᠤᠯᠬᠤ ᠠᠵᠢᠯ ᠤᠨ ᠲᠠᠰᠤᠭ︾ 34 ᠢ ᠦᠨᠡᠯᠡᠨ ᠲᠣᠭᠲᠠᠭᠠᠵᠤ᠂ ᠠᠳᠠᠯ ᠦᠢᠯᠡᠰ | ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠶᠢ 7993 ᠲᠦᠮᠡᠨ ᠲᠥᠭᠦᠷᠢᠭ ᠲᠠᠷᠬᠠᠭᠠᠪᠠ᠃ | ᠠᠷᠠᠳ ᠤᠨ ᠠᠮᠢᠳᠤᠷᠠᠯ ᠤᠨ ᠪᠤᠶᠠᠨ ᠬᠡᠰᠢᠭ ᠦᠷᠭᠦᠯᠵᠢᠯᠡᠨ ᠨᠡᠮᠡᠭᠳᠡᠪᠡ᠃ ᠭᠤᠷᠪᠠᠨ ᠲᠥᠷᠥᠯ ᠤᠨ ᠨᠢᠭᠡᠳᠦᠯᠲᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦᠨ ᠢ ᠳᠡᠯᠭᠡᠷᠡᠭᠦᠯᠦᠨ᠂ ︽ᠢᠯᠡ ᠪᠠᠷ ᠰᠤᠷᠤᠭᠴᠢ ᠡᠯᠰᠡᠬᠦ︾᠂ ︽ | ᠢᠯᠡ ᠪᠠᠷ ᠠᠩᠭᠢ ᠬᠤᠪᠢᠶᠠᠬᠤ︾ ᠲᠥᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠰᠤᠷᠤᠯᠭ᠎ᠠ ᠪᠠᠨ ᠳᠣᠷᠭᠤᠨ | ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ | ᠥᠷᠭᠡᠳᠬᠡᠵᠦ᠂ ᠪᠦᠬᠦ ᠠᠶᠢᠮᠠᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠣᠷᠮ᠎ᠠ 100 | % ᠳᠤ ᠬᠦᠷᠪᠡ᠃ ︽ᠬᠤᠶᠠᠷ ᠢ ᠬᠦᠩᠭᠡᠷᠡᠭᠦᠯᠬᠦ︾ ᠶᠢ ᠨᠠᠶᠢᠳᠠᠪᠤᠷᠢᠵᠢᠭᠤᠯᠬᠤ ᠲᠠᠯ᠎ᠠ ᠪᠠᠷ ᠦᠷᠭᠦᠯᠵᠢᠯᠡᠨ | ᠬᠦᠴᠦᠯᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠳᠠᠰᠬᠠᠯ ᠬᠢᠬᠦ ᠶᠢ | ᠬᠢᠵᠠᠭᠠᠷᠯᠠᠵᠤ ᠪᠠᠷᠢᠮᠵᠢᠶ᠎ᠠ ᠳᠤ ᠬᠦᠷᠭᠡᠬᠦ ᠪᠠ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢᠨ ︽5 + 2︾ ᠢ | ᠪᠦᠬᠦᠨ ᠢ ᠪᠥᠷᠬᠦᠭᠦᠯᠬᠦ ᠶᠢ 100 % ᠪᠠᠷ ᠠᠬᠢᠭᠤᠯᠵᠤ᠂ ᠰᠤᠷᠭᠠᠭᠤᠯᠢ ᠶᠢᠨ ᠭᠠᠳᠠᠨᠠᠬᠢ ᠰᠢᠨᠵᠢᠯᠡᠭᠡᠨ ᠤ | ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠪᠦᠬᠦᠨ ᠢ ᠦᠭᠡᠶᠢᠰᠬᠡᠪᠡ᠃ ᠠᠶᠢᠮᠠᠭ ᠤᠨ ᠨᠢᠭᠡᠳᠦᠭᠡᠷ | ᠳᠤᠮᠳᠠᠳᠤ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠢ ᠠᠰᠢᠭᠯᠠᠯᠲᠠ ᠳᠤ ᠣᠷᠣᠭᠤᠯᠵᠤ᠂ ᠰᠢᠨ᠎ᠡ ᠪᠠᠷ | ᠪᠠᠶᠢᠭᠤᠯᠤᠭᠰᠠᠨ ᠪᠠ ᠦᠷᠭᠦᠯᠵᠢᠯᠡᠨ ᠪᠠᠶᠢᠭᠤᠯᠤᠭᠰᠠᠨ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ 7 ᠪᠣᠶ᠃ | ᠡᠯ᠎ᠡ ᠱᠠᠲᠤᠨ ᠤ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠢ 77 ᠤᠳᠠᠭ᠎ᠠ ᠡᠷᠭᠢᠯᠡᠵᠦ᠂ 10 | ᠲᠦᠮᠡ ᠰᠢᠬᠠᠮ ᠬᠥᠮᠦᠨ ᠤᠳᠠᠭ᠎ᠠ ᠣᠷᠣᠯᠴᠠᠪᠠ᠃ ᠠᠯᠠᠱᠠ ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ ᠰᠢᠨ᠎ᠡ | ᠲᠠᠯᠠᠪᠠᠶ ᠣᠷᠳᠣᠨ ᠢ ᠠᠰᠢᠭᠯᠠᠯᠲᠠ ᠳᠤ ᠣᠷᠣᠭᠤᠯᠵᠤ᠂ ᠭᠤᠷᠪᠠᠨ ᠬᠤᠰᠢᠭᠤᠨ ᠤ ᠤᠯᠠᠭᠠᠨᠮᠥ᠋ᠴᠢᠷ ᠴᠥᠮ ᠨᠢᠭᠡᠳᠦᠭᠡᠷ | ᠲᠥᠷᠥᠯ ᠤᠨ ᠰᠢᠯᠢᠳᠡᠭ ᠤᠯᠠᠭᠠᠨᠮᠥ᠋ᠴᠢᠷ ᠢᠶᠠᠷ ᠦᠨᠡᠯᠡᠭᠳᠡᠪᠡ᠃ ᠪᠦᠬᠦ ᠠᠶᠢᠮᠠᠭ ᠲᠤ ᠰᠣᠶᠣᠯ ᠤᠨ ᠣᠷᠳᠣᠨ ᠤ | ᠬᠤᠪᠢᠶᠠᠷᠢ ᠣᠷᠳᠣᠨ ᠢ ᠨᠡᠶᠢᠲᠡ 31 ᠪᠠᠶᠢᠭᠤᠯᠵᠤ᠂ ᠨᠣᠮ ᠤᠨ ᠰᠠᠩ ᠤᠨ ᠬᠤᠪᠢᠶᠠᠷᠢ ᠣᠷᠳᠣᠨ ᠢ 44 ᠪᠠᠶᠢᠭᠤᠯᠵᠤ | ᠂ ᠦᠨᠳᠦᠰᠦᠨ ᠱᠠᠲᠤᠨ ᠤ ᠦᠢᠯᠡᠴᠢᠯᠡᠭᠡᠨ ᠤ ᠴᠢᠳᠠᠪᠤᠷᠢ ᠶᠢ ᠢᠯᠡᠳᠲᠡ ᠴᠢᠩᠭᠠᠷᠠᠭᠤᠯᠪᠠ᠃ ︽ᠵᠠᠭᠤᠨ ᠪᠦᠯᠬᠦᠮ | ᠮᠢᠩᠭᠠᠨ ᠲᠠᠯᠠᠪᠤᠷ︾ ᠢ ᠦᠨᠳᠦᠰᠦᠨ ᠱᠠᠲᠤᠨ ᠳᠤ ᠪᠠᠭᠤᠯᠭᠠᠬᠤ᠂ ᠪᠥᠬᠦ ᠣᠷᠣᠨ ᠤ ᠤᠯᠠᠭᠠᠨᠮᠥ᠋ᠴᠢᠷ ᠤᠨ ᠰᠠᠷ᠎ᠠ | ᠵᠡᠷᠭᠡ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 438 ᠤᠳᠠᠭ᠎ᠠ ᠥᠷᠨᠢᠭᠦᠯᠵᠦ᠂ ᠣᠯᠠᠨ ᠲᠦᠮᠡᠨ ᠳᠤ 10 . | 4 ᠲᠦᠮᠡᠨ ᠬᠥᠮᠦᠨ ᠤᠳᠠᠭ᠎ᠠ ᠠᠰᠢᠭ ᠬᠦᠷᠲᠡᠭᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ | ᠡᠮ ᠡᠮᠨᠡᠯᠭᠡ ᠶᠢᠨ ᠳᠠᠭᠠᠳᠬᠠᠯ ᠤᠨ ᠬᠥᠮᠦᠨ ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠶᠢ | ᠯᠠᠪᠳᠠᠭᠤᠨ ᠢᠶᠠᠷ ᠳᠡᠭᠡᠭᠰᠢᠯᠡᠭᠦᠯᠵᠦ᠂ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠢ ᠠᠶᠢᠮᠠᠭ ᠤᠨ | ᠱᠠᠲᠤᠨ ᠳᠤ ᠨᠢᠭᠡᠳᠦᠯᠲᠡᠶ ᠲᠥᠯᠥᠪᠯᠡᠬᠦ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠤᠯᠤᠰ ᠤᠨ ᠪᠠᠲᠤᠯᠠᠭ᠎ᠠ ᠶᠢᠨ | ᠮᠡᠳᠡᠭᠡ ᠵᠠᠩᠭᠢ ᠶᠢᠨ ᠲᠠᠪᠴᠠᠩ ᠢ ᠰᠦᠯᠵᠢᠶᠡᠨ ᠳᠡᠭᠡᠷ᠎ᠡ ᠠᠵᠢᠯᠯᠠᠭᠤᠯᠬᠤ ᠶᠢ ᠠᠬᠢᠭᠤᠯᠵᠤ᠂ ᠮᠤᠵᠢ ᠠᠯᠤᠰᠯᠠᠭᠰᠠᠨ | ᠡᠭᠦᠳᠡᠨ ᠡᠮᠨᠡᠯᠭᠡ ᠳᠤ ᠡᠮᠨᠡᠭᠦᠯᠦᠭᠰᠡᠨ ᠵᠠᠷᠤᠳᠠᠯ ᠢ ᠰᠢᠭᠤᠳ ᠲᠡᠰᠦᠯᠦᠨ ᠪᠤᠳᠤᠬᠤ ᠶᠢ ᠪᠡᠶᠡᠯᠡᠬᠦᠯᠪᠡ᠃ ︽ᠡᠷᠡᠭᠦᠯ | ᠡᠩᠬᠡ ᠠᠯᠠᠱᠠ︾ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ | ᠬᠤᠲᠠ 2᠂ ᠤᠯᠤᠰ ᠤᠨ ᠡᠷᠡᠭᠦᠯ ᠬᠠᠮᠠᠭᠠᠯᠠᠯ ᠤᠨ ᠰᠤᠮᠤ ᠪᠠᠯᠭᠠᠰᠤ 1 ᠶᠢ ᠪᠠᠶᠢᠭᠤᠯᠵᠤ᠂ ᠦᠨᠳᠦᠰᠦᠨ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠲᠣᠭᠲᠠᠭᠤᠨ ᠢᠶᠠᠷ ᠳᠡᠭᠡᠭᠰᠢᠯᠡᠭᠦᠯᠦᠨ᠂ | ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠲᠩᠷᠢ | ᠨᠡᠭᠡᠭᠡᠯᠲᠡ ᠶᠢᠨ ᠣᠷᠣᠨ ᠤ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠡᠵᠡᠨ᠎ᠡ ᠬᠤᠰᠢᠭᠤᠨ ᠤ ᠠᠷᠠᠳ ᠤᠨ | ᠡᠮᠨᠡᠯᠭᠡ ᠶᠢᠨ ᠬᠤᠷᠢᠶᠠᠨ ᠤ ᠲᠥᠷᠥᠯ ᠵᠦᠢᠯ ᠢ ᠲᠦᠷᠬᠡᠨ ᠬᠡᠷᠡᠭᠵᠢᠭᠦᠯᠪᠡ᠃ | ᠥᠩᠭᠡᠷᠡᠭᠰᠡᠨ ᠨᠢᠭᠡ ᠵᠢᠯ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ | ᠲᠠᠭᠠᠷᠢᠯᠲᠠ ᠪᠠ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠠᠵᠤ ᠠᠬᠤᠶ ᠶᠢᠨ ᠪᠠᠶᠢᠳᠠᠯ ᠤᠨ ᠡᠮᠦᠨ᠎ᠡ᠂ ᠠᠶᠢᠮᠠᠭ ᠤᠨ | ᠨᠠᠮ ᠤᠨ ᠬᠤᠷᠢᠶ᠎ᠠ᠂ ᠵᠠᠬᠢᠷᠭ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠪᠥᠬᠦ ᠠᠶᠢᠮᠠᠭ ᠤᠨ ᠤᠯᠤᠰ | ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ | ᠶᠡᠷᠦᠩᠬᠡᠶ ᠳᠡᠭᠡᠨ ᠰᠠᠶᠢᠨ ᠪᠠᠶᠢᠨ᠎ᠠ᠃ ᠠᠮᠵᠢᠯᠲᠠ ᠪᠠᠨ ᠨᠤᠲᠠᠯᠠᠬᠤ ᠶᠢᠨ ᠬᠠᠮᠲᠤ ᠪᠢᠳᠡ ᠪᠠᠰᠠ ᠠᠵᠢᠯ ᠤᠨ ᠳᠤᠮᠳᠠ | ᠪᠠᠰᠠ ᠵᠠᠷᠢᠮ ᠠᠰᠠᠭᠤᠳᠠᠯ ᠪᠠ ᠪᠠᠭᠤᠷᠠᠢ ᠭᠤᠭᠴᠤᠭ᠎ᠠ ᠣᠷᠣᠰᠢᠵᠤ ᠪᠠᠶᠢᠬᠤ ᠶᠢ ᠰᠡᠷᠭᠡᠭ ᠢᠶᠠᠷ ᠲᠠᠨᠢᠵᠤ ᠤᠯᠪᠠ᠃ | ᠭᠤᠣᠯ ᠢᠯᠡᠷᠡᠯ ᠨᠢ᠄ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠡᠭᠡ ᠪᠢᠰᠢ᠂ ᠠᠵᠤ ᠦᠢᠯᠡᠰ ᠤᠨ ᠦᠷᠢᠰᠦᠯᠳᠦᠬᠦ | ᠬᠦᠴᠦᠨ ᠪᠠ ᠰᠢᠨ᠎ᠡ ᠶᠢ ᠡᠭᠦᠳᠬᠦ ᠴᠢᠳᠠᠪᠤᠷᠢ ᠴᠢᠩᠭ᠎ᠠ ᠪᠢᠰᠢ᠂ ᠴᠢᠬᠤᠯᠠ ᠶᠡᠭᠡ ᠠᠵᠤ ᠦᠢᠯᠡᠰ ᠤᠨ ᠵᠦᠢᠯᠡᠰ ᠪᠠᠰᠠ | ᠲᠡᠶᠢᠮᠦ ᠤᠯᠠᠨ ᠪᠢᠰᠢ᠂ ᠰᠢᠯᠢᠳᠡᠭ ᠪᠢᠰᠢ︔ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠡᠭᠦᠷᠭᠡ | ᠬᠠᠲᠠᠭᠤ ᠪᠡᠷᠬᠡ ᠪᠠᠶᠢᠵᠤ᠂ ᠭᠤᠷᠪᠠᠳᠤᠭᠠᠷ ᠠᠵᠤ ᠦᠢᠯᠡᠰ ᠤᠨ ᠠᠵᠤ ᠠᠬᠤᠶ ᠳᠤ ᠦᠵᠡᠭᠦᠯᠬᠦ ᠬᠤᠪᠢ ᠨᠡᠮᠡᠷᠢ ᠶᠢᠨ | ᠨᠣᠷᠮ᠎ᠠ ᠨᠡᠯᠢᠶᠡᠳ ᠳᠣᠣᠷ᠎ᠠ ᠪᠠᠶᠢᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ | ᠬᠦᠴᠢᠷᠳᠡᠯ ᠨᠡᠯᠢᠶᠡᠳ ᠶᠡᠭᠡ ᠪᠠᠶᠢᠨ᠎ᠠ︔ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ | ᠦᠢᠯᠡᠰ ᠤᠨ ᠬᠥᠭᠵᠢᠯᠲᠡ ᠶᠢᠨ ᠬᠥᠳᠡᠯᠭᠡᠬᠦ ᠬᠦᠴᠦᠨ ᠬᠦᠷᠦᠯᠴᠡᠬᠦ ᠦᠭᠡᠢ᠂ ᠪᠦᠯᠦᠭᠯᠡᠯ ᠤᠨ ᠳᠠᠪᠠᠭᠤᠯᠢᠭ᠂ | ᠣᠨᠴᠠᠯᠢᠭᠲᠤ ᠠᠮᠢ ᠠᠬᠤᠢ ᠶᠢᠨ ᠠᠵᠤ ᠦᠢᠯᠡᠰ᠂ ᠪᠠᠯ ᠴᠢᠯᠠᠭᠤ᠂ ᠴᠡᠷᠢᠭ ᠠᠷᠠᠳ ᠤᠨ ᠬᠡᠷᠡᠭᠯᠡᠭᠡ ᠶᠢ | ᠠᠭᠤᠰᠤᠯᠴᠠᠭᠤᠯᠬᠤ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠶᠡᠷᠦᠩᠬᠡᠢ ᠬᠡᠮᠵᠢᠶ᠎ᠡ ᠨᠡᠯᠢᠶᠡᠳ ᠪᠠᠭ᠎ᠠ | ᠪᠠᠶᠢᠵᠤ᠂ ᠣᠬᠤᠷᠬᠠᠨ ᠬᠤᠭᠤᠴᠠᠭᠠᠨ ᠳᠤ ᠮᠠᠨ ᠤ ᠠᠶᠢᠮᠠᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠲᠤᠯᠭᠠᠭᠤᠷᠢᠯᠠᠬᠤ ᠳᠤ ᠬᠦᠴᠢᠷ ᠪᠠᠶᠢᠨ᠎ᠠ︔ ᠠᠮᠢ ᠠᠬᠤᠶ ᠶᠢᠨ ᠣᠷᠴᠢᠨ ᠲᠣᠭᠤᠷᠢᠨ ᠮᠥᠨ ᠬᠦ ᠲᠦᠢᠯ ᠤᠨ ᠬᠡᠪᠡᠷᠡᠭ | ᠪᠠᠶᠢᠵᠤ᠂ ᠭᠤᠣᠯ ᠬᠤᠲᠠ ᠪᠠᠯᠭᠠᠰᠤ ᠶᠢᠨ ᠳᠠᠶᠢᠴᠢᠯᠠᠬᠤ ᠴᠢᠳᠠᠪᠤᠷᠢ ᠴᠢᠩᠭ᠎ᠠ ᠪᠤᠰᠤ᠂ ᠰᠠᠭᠤᠷᠢ ᠪᠡᠯᠡᠳᠬᠡᠮᠵᠢ ᠶᠢᠨ | ᠵᠡᠷᠭᠡ ᠳᠡᠰ ᠨᠡᠯᠢᠶᠡᠳ ᠳᠣᠣᠷ᠎ᠠ᠂ ᠬᠥᠭᠵᠢᠯᠲᠡ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠴᠢᠬᠤᠯᠠᠳᠠᠢ ᠪᠠᠶᠢᠨ᠎ᠠ︔ | ᠠᠷᠠᠳ ᠤᠨ ᠠᠮᠢᠳᠤᠷᠠᠯ ᠤᠨ ᠠᠵᠢᠯ ᠤᠯᠠᠨ ᠲᠦᠮᠡᠨ ᠤ ᠰᠢᠨ᠎ᠡ ᠬᠦᠰᠡᠯ ᠡᠷᠡᠮᠡᠯᠵᠡᠯ ᠠᠴᠠ ᠪᠠᠰᠠ ᠵᠦᠷᠢᠶ᠎ᠡ ᠲᠠᠢ | ᠪᠠᠶᠢᠵᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠬᠦᠷᠦᠯᠴᠡᠬᠦ ᠦᠭᠡᠢ᠂ | ᠰᠤᠷᠭᠠᠨ ᠬᠥᠮᠦᠵᠢᠯ᠂ ᠡᠮ ᠡᠮᠨᠡᠯᠭᠡ᠂ ᠭᠦᠢᠯᠭᠡᠭᠡ᠂ ᠮᠡᠳᠡᠭᠡ ᠵᠠᠩᠭᠢᠵᠢᠯᠲᠠ ᠵᠡᠷᠭᠡ ᠬᠦᠷᠢᠶᠡᠨ ᠳᠠᠬᠢ ᠳᠤᠲᠠᠭᠤᠳᠠᠯ | ᠨᠡᠯᠢᠶᠡᠳ ᠤᠯᠠᠨ ᠪᠠᠶᠢᠨ᠎ᠠ᠃ | ᠬᠤᠶᠠᠷ᠂ 2022 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ | ᠲᠥᠯᠥᠪᠯᠡᠭᠡ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ | ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠣᠷᠢᠵᠢᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠣᠷᠢᠵᠢᠭᠤᠯᠵᠦ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ | ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠪᠦᠬᠦ ᠣᠷᠣᠨ ᠤ ᠠᠵᠤ | ᠠᠬᠤᠶ ᠶᠢᠨ ᠠᠵᠢᠯ ᠤᠨ ᠬᠤᠷᠠᠯ᠂ ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠤᠨ ᠵᠣᠷᠢᠭ | ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠣᠷᠢᠵᠢᠭᠤᠯᠵᠦ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ | ︾᠂ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠨᠠᠶᠢᠳᠠᠪᠤᠷᠢᠵᠢᠭᠤᠯᠬᠤ | ᠳᠤᠮᠳᠠᠬᠢ ᠴᠢᠬᠤᠯᠠ ᠬᠠᠷᠢᠭᠤᠴᠠᠯᠭ᠎ᠠ ᠶᠢ ᠡᠷᠡᠰ ᠡᠬᠦᠷᠭᠡᠯᠡᠨ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ | ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ | ᠵᠠᠮᠨᠠᠬᠤ ᠶᠢ ᠭᠤᠶᠢᠪᠢᠰᠢ ᠦᠭᠡᠢ ᠪᠠᠷᠢᠮᠳᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ | ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠳᠦᠯᠦᠪᠵᠢᠬᠦᠯᠵᠦ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ | ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ᠂ ᠬᠥᠭᠵᠢᠯᠲᠡ ᠶᠢᠨ ᠰᠠᠭᠤᠷᠢ ᠶᠢ ᠪᠠᠬᠢᠵᠢᠬᠦᠯᠦᠨ᠂ | ᠬᠥᠭᠵᠢᠯᠲᠡ ᠶᠢᠨ ᠳᠠᠪᠠᠭᠤᠯᠢᠭ ᠢᠶᠠᠨ ᠶᠡᠬᠡᠰᠭᠡᠵᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠦ᠂ ᠠᠮᠢ | ᠠᠬᠤᠢ ᠣᠷᠴᠢᠨ ᠲᠣᠭᠤᠷᠢᠨ ᠤ ᠵᠠᠰᠠᠯᠲᠠ ᠬᠠᠮᠠᠭᠠᠯᠠᠯᠲᠠ ᠶᠢ ᠴᠢᠩᠭᠠᠳᠬᠠᠨ᠂ ᠠᠵᠤ ᠠᠬᠤᠢ ᠶᠢᠨ ᠠᠵᠢᠯᠯᠠᠭᠠᠨ ᠢ ᠵᠦᠢ | ᠵᠣᠬᠢᠰᠲᠠᠢ ᠣᠷᠣᠨ ᠪᠠᠶᠢᠷᠢ ᠳᠤ ᠪᠠᠶᠢᠯᠭᠠᠵᠦ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠢ ᠦᠨᠡᠨ ᠬᠦ | ᠪᠠᠳᠣᠯᠠᠵᠦ᠂ ᠴᠡᠪᠡᠷ ᠡᠨᠧᠷᠭᠢ ᠶᠢᠨ ᠠᠵᠤ ᠦᠢᠯᠡᠰ ᠤᠨ ᠶᠡᠭᠡ ᠬᠥᠭᠵᠢᠯᠲᠡ ᠶᠢ ᠪᠦᠬᠦ ᠬᠦᠴᠦᠨ ᠢᠶᠠᠷ ᠲᠦᠯᠬᠢᠨ | ᠠᠬᠢᠭᠤᠯᠵᠦ᠂ ᠤᠯᠤᠰ ᠤᠨ ᠡᠨᠧᠷᠭᠢ ᠶᠢᠨ ᠠᠮᠤᠷ ᠲᠦᠪᠰᠢᠨ ᠪᠠ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠣᠯᠳᠠ ᠶᠢ ᠤᠷᠬᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠴᠢᠬᠤᠯᠠ ᠶᠡᠭᠡ | ᠪᠠᠶᠢᠯᠳᠤᠬᠤ ᠪᠤᠳᠤᠯᠭ᠎ᠠ ᠶᠢ ᠪᠠᠲᠤᠯᠠᠬᠤ ᠳᠤ ᠦᠢᠯᠡᠴᠢᠯᠡᠨ᠂ ᠰᠢᠯᠢᠳᠡᠭ ᠬᠢᠷᠢ ᠪᠦᠲᠦᠮᠵᠢ ᠪᠠᠷ ᠨᠠᠮ ᠤᠨ ᠬᠤᠷᠢᠳᠤᠭᠠᠷ | ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠣᠭᠳᠣᠨ᠎ᠠ᠃ | 2022 ᠣᠨ ᠤ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ | ᠬᠠᠷᠠᠯᠲᠠ ᠪᠣᠯ᠄ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 7 % ᠠᠴᠠ ᠳᠡᠭᠡᠭᠰᠢ | ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 18 % ᠠᠴᠠ ᠳᠡᠭᠡᠭᠰᠢ ᠨᠡᠮᠡᠭᠳᠡᠭᠦᠯᠦᠨ᠂ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 5 % ᠨᠡᠮᠡᠭᠳᠡᠭᠦᠯᠵᠦ᠂ | ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 7 % ᠠᠴᠠ ᠳᠡᠭᠡᠭᠰᠢ ᠨᠡᠮᠡᠭᠳᠡᠭᠦᠯᠦᠨ᠂ ᠰᠠᠭᠤᠭᠠᠯᠢ | ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠠᠴᠠ ᠳᠤᠤᠷ᠎ᠠ ᠪᠠᠶᠢᠯᠭᠠᠬᠤ | ᠥᠬᠡᠶ ᠪᠠᠶᠢᠵᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠡᠨᠧᠷᠭᠢ ᠠᠷᠪᠢᠯᠠᠨ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠᠲᠤ ᠡᠭᠦᠷᠭᠡ ᠶᠢ ᠪᠡᠶᠡᠯᠡᠭᠦᠯᠦᠨ᠎ᠡ᠃ | ︵ᠨᠢᠭᠡ︶ ︽ᠪᠣᠬᠢᠷᠲᠤᠯ ᠥᠬᠡᠶ︾ ᠪᠠᠶᠢᠬᠤ ᠶᠢ ᠪᠠᠷᠢᠮᠲᠠᠯᠠᠵᠤ᠂ ᠪᠣᠬᠢᠷᠲᠤᠯ ᠥᠬᠡᠶ ᠬᠥᠭᠵᠢᠯᠲᠡ ᠶᠢᠨ | ᠣᠶᠢᠯᠠᠭᠠᠭᠳᠠᠬᠤᠨ ᠢ ᠳᠣᠣᠱᠯᠠᠭᠤᠯᠣᠨ᠎ᠠ | ᠠᠮᠢ ᠠᠬᠤᠢ ᠶᠢᠨ ᠬᠠᠮᠠᠭᠠᠯᠠᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠤᠯᠤᠰ ᠤᠨ ᠭᠠᠵᠠᠷ ᠰᠢᠷᠣᠶ ᠶᠢᠨ | ᠣᠷᠣᠨ ᠵᠠᠶ ᠶᠢᠨ ᠲᠥᠯᠥᠪᠵᠢᠭᠦᠯᠭᠡ ᠪᠠ ᠬᠡᠷᠡᠭᠴᠡᠭᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ︽ᠭᠤᠷᠪᠠᠨ | ᠣᠷᠣᠨ ᠭᠤᠷᠪᠠᠨ ᠱᠤᠭᠤᠮ︾ ᠢ ᠴᠢᠩᠭ᠎ᠠ ᠬᠡᠷᠡᠭᠵᠢᠭᠦᠯᠵᠦ᠂ ︽ᠭᠤᠷᠪᠠᠨ ᠱᠤᠭᠤᠮ ᠨᠢᠭᠡ ᠬᠠᠭᠤᠳᠠᠰᠤ︾ ᠶᠢᠨ | ᠦᠷ᠎ᠡ ᠪᠦᠲᠦᠭᠡᠯ ᠤᠨ ᠬᠡᠷᠡᠭᠯᠡᠯᠲᠡ ᠶᠢ ᠪᠠᠳᠠᠷᠠᠭᠤᠯᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ | ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠬᠠᠲᠤᠨ ᠭᠤᠤᠯ ᠤᠨ | ᠰᠠᠪᠠ ᠭᠠᠵᠠᠷ ᠤᠨ ᠠᠮᠢ ᠠᠬᠤᠶ ᠪᠠ ᠠᠯᠠᠱᠠ ᠠᠭᠤᠯᠠ ᠶᠢ ᠨᠢᠭᠡ ᠴᠤᠭᠴᠠᠵᠢᠭᠤᠯᠤᠨ ᠬᠠᠮᠠᠭᠠᠯᠠᠵᠤ ᠵᠠᠰᠠᠬᠤ ᠶᠢ | ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠠᠯᠠᠱᠠ ᠠᠭᠤᠯᠠ ᠶᠢᠨ ᠠᠭᠤᠷᠬᠠᠶ ᠶᠢᠨ ᠠᠮᠢ ᠠᠬᠤᠶ ᠣᠷᠴᠢᠨ | ᠲᠣᠭᠤᠷᠢᠨ ᠢ ᠲᠤᠰᠬᠠᠶ ᠴᠡᠭᠴᠡᠯᠡᠨ ᠵᠠᠰᠠᠬᠤ ᠡᠭᠦᠷᠭᠡ ᠶᠢ ᠡᠷᠡᠰ ᠪᠡᠶᠡᠯᠡᠭᠦᠯᠵᠦ᠂ ︽ᠬᠠᠲᠤᠨ ᠭᠤᠤᠯ ᠤᠨ ᠵᠡᠭᠦᠨ | ᠡᠷᠭᠢ ᠶᠢᠨ ᠡᠯᠡᠰᠦ ᠮᠠᠩᠬ᠎ᠠ ᠲᠥᠪᠯᠡᠷᠡᠭᠰᠡᠨ ᠪᠦᠰᠡ ᠳᠤ ᠬᠥᠷᠥᠰᠥ ᠰᠢᠷᠣᠶ ᠶᠢ ᠬᠠᠮᠠᠭᠠᠯᠠᠬᠤ ᠪᠠ ᠰᠠᠯᠬᠢ ᠶᠢ | ᠰᠡᠷᠭᠡᠶᠢᠯᠡᠵᠦ ᠡᠯᠡᠰᠦ ᠶᠢ ᠵᠠᠰᠠᠬᠤ︾ ᠲᠥᠷᠥᠯ ᠵᠦᠢᠯ ᠢ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠳᠤ | ᠣᠷᠣᠭᠤᠯᠬᠤ ᠪᠠᠷ ᠴᠢᠷᠮᠠᠶᠢᠨ᠎ᠠ᠃ ᠠᠯᠠᠱᠠ ᠠᠭᠤᠯᠠ ᠶᠢᠨ ᠠᠮᠢ ᠠᠬᠤᠶ ᠶᠢᠨ ᠬᠤᠩᠭᠢᠯ᠂ ᠠᠯᠠᠱᠠ ᠠᠭᠤᠯᠠ ᠶᠢᠨ | ᠤᠯᠤᠰ ᠤᠨ ᠴᠡᠴᠡᠷᠯᠢᠭ ᠢ ᠡᠷᠲᠡᠬᠡᠨ ᠪᠥᠲᠥᠭᠡᠨ ᠪᠠᠶᠢᠭᠤᠯᠬᠤ ᠶᠢ ᠠᠬᠢᠭᠤᠯᠤᠨ᠎ᠠ᠃ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠤ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠣᠶ ᠶᠢᠨ ᠳᠠᠷᠤᠭ᠎ᠠ ᠶᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠶᠢ ᠠᠬᠢᠭᠤᠯᠤᠨ᠎ᠠ᠃ 100 ᠲᠦᠮᠡᠨ ᠮᠥ ᠣᠶᠢᠵᠢᠭᠤᠯᠬᠤ | ᠡᠭᠦᠷᠭᠡ ᠪᠠ 1000 ᠲᠦᠮᠡᠨ ᠮᠥ ᠨᠤᠲᠤᠭ ᠪᠡᠯᠴᠢᠭᠡᠷ ᠤᠨ ᠬᠠᠮᠠᠭᠠᠯᠠᠯᠲᠠ ᠵᠢᠴᠢ ᠪᠥᠲᠥᠭᠡᠨ ᠪᠠᠶᠢᠭᠤᠯᠤᠯᠲᠠ ᠶᠢᠨ | ᠡᠭᠦᠷᠭᠡ ᠶᠢ ᠴᠢᠨᠠᠷ ᠰᠠᠶᠢᠲᠠᠶ ᠪᠡᠶᠡᠯᠡᠬᠦᠯᠦᠨ᠎ᠡ᠃ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠡᠮᠬᠢ ᠵᠠᠮᠪᠠᠷᠠᠭ᠎ᠠ ᠦᠬᠡᠢ | ᠪᠠᠶᠢᠳᠠᠯ ᠢ ᠠᠷᠢᠯᠭᠠᠬᠤ︾ ᠶᠢ ᠪᠠᠶᠢᠩᠭᠤᠵᠢᠭᠤᠯᠤᠨ ᠥᠷᠨᠢᠭᠦᠯᠵᠦ᠂ ᠬᠠᠷ᠎ᠠ ᠭᠤᠤᠯ ᠤᠨ ᠰᠠᠪᠠ ᠭᠠᠵᠠᠷ ᠤᠨ | ᠶᠡᠷᠦᠩᠬᠡᠶᠢᠯᠡᠭᠰᠡᠨ ᠲᠥᠯᠥᠪᠵᠢᠭᠦᠯᠭᠡ ᠶᠢ ᠰᠡᠳᠦᠪ ᠲᠣᠭᠲᠠᠭᠠᠨ ᠬᠡᠷᠡᠭᠵᠢᠭᠦᠯᠬᠦ ᠶᠢ ᠠᠬᠢᠭᠤᠯᠵᠤ᠂ ᠬᠠᠷ᠎ᠠ ᠭᠤᠤᠯ ᠤᠨ | ᠳᠤᠤᠷᠠᠳᠤ ᠤᠷᠤᠰᠬᠠᠯ ᠤᠨ ᠠᠮᠢ ᠠᠬᠤᠶ ᠶᠢᠨ ᠤᠰᠤ ᠲᠣᠬᠢᠷᠠᠭᠤᠯᠬᠤ ᠡᠷᠴᠢᠮ ᠢ ᠴᠢᠩᠭᠠᠷᠠᠭᠤᠯᠵᠤ᠂ ᠵᠢᠷᠠᠨᠲᠠᠶ ᠶᠢᠨ | ᠳᠠᠪᠤᠰᠤᠨ ᠨᠠᠭᠤᠷ᠂ ᠪᠠᠳᠠᠶ ᠶᠢᠨ ᠵᠢᠷᠠᠨ ᠤ ᠨᠠᠭᠤᠷ ᠤᠳ ᠢ ᠬᠠᠮᠠᠭᠠᠯᠠᠬᠤ ᠠᠵᠢᠯᠯᠠᠭ᠎ᠠ ᠶᠢ ᠡᠬᠢᠯᠡᠭᠦᠯᠦᠨ᠎ᠡ᠃ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ ︽ᠬᠥᠬᠡ | ᠣᠭᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ︾ ᠭᠤᠷᠪᠠᠨ ᠶᠡᠭᠡ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ | ᠠᠮᠢ ᠠᠬᠤᠶ ᠶᠢᠨ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠡᠷᠴᠢᠮ ᠢ | ᠴᠢᠩᠭᠠᠷᠠᠭᠤᠯᠤᠨ᠂ ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ | ᠶᠡᠷᠦᠩᠬᠡᠶᠢᠯᠡᠨ ᠵᠠᠰᠠᠬᠤ ᠪᠠ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠭᠦᠨᠵᠡᠭᠡᠶᠢᠷᠡᠭᠦᠯᠵᠦ᠂ | ᠬᠡᠤᠷᠰᠢᠭᠦᠯᠬᠦ ᠠᠵᠢᠯ ᠲᠥᠷᠥᠯ ᠤᠨ ᠬᠡᠲᠦ ᠳᠤᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ | ᠠᠬᠢᠭᠤᠯᠤᠨ᠂ ᠰᠢᠲᠠᠭᠠᠯᠭ᠎ᠠ ᠶᠢᠨ ᠨᠡᠭᠦᠷᠡᠰᠦᠨ ᠤ ᠪᠣᠬᠢᠷᠲᠤᠯ᠂ ᠳᠡᠭᠳᠡᠮᠡᠬᠡᠶ ᠴᠢᠨᠠᠷ ᠲᠠᠢ ᠣᠷᠭᠠᠨᠢᠭ ᠪᠣᠳᠠᠰ ᠢ | ᠶᠡᠷᠦᠩᠬᠡᠶᠢᠯᠡᠨ ᠵᠠᠰᠠᠬᠤ ᠶᠢ ᠭᠦᠨᠵᠡᠭᠡᠶ ᠠᠬᠢᠭᠤᠯᠵᠤ᠂ ᠲᠣᠭᠤᠰᠣ ᠶᠢ ᠶᠡᠷᠦᠩᠬᠡᠶᠢᠯᠡᠨ ᠬᠠᠮᠢᠶᠠᠷᠤᠨ ᠡᠵᠡᠮᠳᠡᠬᠦ ᠶᠢ | ᠴᠢᠩᠭᠠᠳᠬᠠᠨ᠎ᠠ︔ ᠭᠤᠤᠯᠳᠠᠯᠭ᠎ᠠ ᠲᠠᠢ ᠰᠠᠪᠠ ᠭᠠᠵᠠᠷ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠵᠢᠴᠢ | ᠤᠰᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠷᠠᠭᠤᠯᠵᠤ᠂ ᠠᠵᠤ ᠦᠢᠯᠡᠳᠪᠦᠷᠢ ᠶᠢᠨ | ᠬᠠᠶᠠᠭᠳᠠᠮᠠᠯ ᠤᠰᠤ᠂ ᠠᠮᠢᠳᠤᠷᠠᠯ ᠤᠨ ᠪᠣᠬᠢᠷ ᠤᠰᠤ ᠵᠢᠴᠢ ᠡᠮᠴᠢᠯᠡᠭᠡᠨ ᠤ ᠬᠠᠶᠠᠭᠳᠠᠮᠠᠯ ᠤᠰᠤ ᠶᠢ ᠰᠢᠢᠳᠪᠦᠷᠢᠯᠡᠬᠦ ᠶᠢ | ᠴᠢᠩᠭᠠᠳᠬᠠᠨ᠂ ᠰᠢᠶᠠᠨ ᠤ ᠱᠠᠲᠤᠨ ᠤ ᠬᠤᠲᠠ ᠶᠢᠨ ᠪᠠᠶᠢᠭᠤᠯᠤᠭᠰᠠᠨ ᠲᠣᠭᠤᠷᠢᠭ ᠤᠨ ᠪᠣᠬᠢᠷ ᠦᠮᠡᠬᠡᠶ ᠤᠰᠤᠨ | ᠴᠣᠭᠴᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠥᠷᠨᠢᠭᠦᠯᠵᠦ᠂ ᠤᠤᠭᠤᠬᠤ ᠤᠰᠤᠨ ᠤ ᠤᠰᠤᠨ | ᠰᠤᠷᠪᠤᠯᠵᠢ ᠶᠢᠨ ᠭᠠᠵᠠᠷ ᠤᠨ ᠵᠢᠷᠤᠮᠵᠢᠭᠰᠠᠨ ᠪᠠᠶᠢᠭᠤᠯᠤᠯᠲᠠ ᠶᠢ ᠠᠬᠢᠭᠤᠯᠤᠨ᠎ᠠ︔ ᠬᠥᠷᠥᠰᠥ ᠰᠢᠷᠣᠶ ᠶᠢᠨ | ᠪᠣᠬᠢᠷᠲᠤᠯ ᠤᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠲᠠᠷᠢᠶᠠᠯᠠᠩ ᠤᠨ ᠣᠯᠠᠨ | ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠨ᠂ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ | ᠦᠷᠭᠦᠯᠵᠢᠯᠡᠨ ᠳᠡᠭᠡᠭᠰᠢᠯᠡᠭᠦᠯᠦᠨ᠎ᠡ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ | ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠡᠶᠡᠯᠡᠭᠦᠯᠦᠨ᠎ᠡ᠃ | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠤᠨ᠎ᠠ᠃ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ | ᠵᠦᠢᠯ ᠤᠨ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠵᠤ ᠬᠡᠷᠡᠭᠵᠢᠭᠦᠯᠬᠦ ᠠᠷᠭ᠎ᠠ︾ ᠵᠢᠴᠢ ᠬᠠᠮᠢᠶ᠎ᠠ ᠪᠦᠬᠦᠢ ᠡᠨᠧᠷᠭᠢ | ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠢᠴᠢᠭ ᠮᠠᠲ᠋ᠧᠷᠢᠶᠠᠯ ᠤᠨ ᠲᠣᠭᠲᠠᠭᠠᠯ ᠢ ᠴᠢᠩᠭ᠎ᠠ | ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠯ ᠶᠡᠬᠡᠲᠡᠶ ᠪᠠ ᠦᠢᠯᠡᠳᠪᠦᠷᠢᠯᠡᠬᠦ ᠴᠢᠳᠠᠪᠤᠷᠢ ᠦᠯᠡᠭᠦᠳᠡᠵᠦ ᠪᠠᠶᠢᠭ᠎ᠠ ᠠᠵᠢᠯ | ᠲᠥᠷᠥᠯ ᠤᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ ᠴᠢᠩᠭ᠎ᠠ ᠬᠢᠵᠠᠭᠠᠷᠯᠠᠨ᠎ᠠ᠃ ᠡᠨᠧᠷᠭᠢ ᠶᠢᠨ ᠰᠤᠷᠪᠤᠯᠵᠢ᠂ | ᠤᠰᠤᠨ ᠤ ᠡᠬᠢ ᠪᠠᠶᠠᠯᠢᠭ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠵᠡᠷᠭᠡ ᠬᠢᠵᠠᠭᠠᠷᠯᠠᠬᠤ ᠴᠢᠨᠠᠷᠲᠠᠢ | ᠳᠦᠷᠢᠮ ᠢ ᠲᠡᠭᠦᠯᠳᠡᠷᠵᠢᠭᠦᠯᠵᠦ᠂ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠴᠡᠪᠡᠷ ᠡᠨᠧᠷᠭᠢ ᠶᠢ ᠬᠤᠪᠢᠷᠠᠭᠤᠯᠤᠨ ᠬᠡᠷᠡᠭᠯᠡᠬᠦ ᠵᠢᠱᠢᠶ᠎ᠡ ᠦᠵᠡᠭᠦᠯᠬᠦ ᠣᠷᠣᠨ ᠪᠠ ᠣᠷᠣᠨ | ᠪᠦᠰᠡ ᠶᠢᠨ ᠴᠡᠪᠡᠷ ᠡᠨᠧᠷᠭᠢ ᠶᠢᠨ ᠬᠠᠮᠲᠤᠷᠠᠯᠴᠠᠭᠠᠨ ᠤ ᠵᠢᠱᠢᠶ᠎ᠡ ᠦᠵᠡᠭᠦᠯᠬᠦ ᠣᠷᠣᠨ ᠢ ᠲᠦᠷᠭᠡᠪᠴᠢᠯᠡᠨ ᠪᠠᠶᠢᠭᠤᠯᠵᠤ᠂ | ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠪᠣᠯᠭᠠᠬᠤ᠂ ᠣᠷᠴᠢᠯᠵᠢᠭᠤᠯᠬᠤ | ᠥᠭᠡᠷᠡᠴᠢᠯᠡᠯᠲᠡ ᠶᠢ ᠬᠡᠷᠡᠭᠵᠢᠭᠦᠯᠵᠦ᠂ ᠡᠯ᠎ᠡ ᠬᠦᠷᠢᠶᠡᠨ ᠳᠠᠬᠢ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠬᠡᠯᠪᠡᠷᠢ ᠶᠢᠨ ᠬᠤᠪᠢᠷᠠᠭᠤᠯᠤᠯᠲᠠ ᠶᠢ ᠲᠦᠯᠬᠢᠨ ᠠᠬᠢᠭᠤᠯᠤᠨ᠎ᠠ᠃ ᠪᠦᠬᠦ ᠠᠶᠢᠮᠠᠭ ᠤᠨ | ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠡᠨᠧᠷᠭᠢ ᠶᠢᠨ ᠬᠤᠷᠣᠭᠳᠠᠯ ᠢ ᠰᠦᠯᠵᠢᠶᠡᠨ ᠳᠡᠭᠡᠷ᠎ᠡ ᠬᠢᠨᠠᠨ | ᠬᠡᠮᠵᠢᠵᠦ ᠰᠢᠯᠭᠠᠨ ᠠᠪᠬᠤ ᠪᠠ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠠᠵᠤ ᠠᠬᠤᠶᠢᠯᠠᠯ ᠤᠨ ᠡᠨᠧᠷᠭᠢ ᠶᠢ ᠬᠢᠨᠠᠨ | ᠪᠣᠳᠣᠬᠤ ᠠᠵᠢᠯ ᠢ ᠥᠷᠨᠢᠭᠦᠯᠦᠨ᠎ᠡ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠠᠮᠢᠳᠤᠷᠠᠯ ᠢ ᠶᠡᠭᠡ ᠪᠠᠷ ᠰᠠᠨᠠᠭᠠᠴᠢᠯᠠᠵᠤ᠂ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠬᠥᠮᠦᠰ | ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠤᠨ᠎ᠠ᠃ | ︵ᠬᠤᠶᠠᠷ︶ ︽ᠲᠣᠭᠲᠠᠭᠤᠨ ᠪᠠᠶᠢᠯᠭᠠᠬᠤ︾ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠴᠢᠬᠤᠯᠠ ᠶᠡᠭᠡ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ | ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠨ᠎ᠠ᠃ ᠠᠯᠠᠱᠠ | ᠱᠠᠩᠬᠤ ᠶᠢᠨ ᠰᠦᠮ᠎ᠡ ᠶᠢᠨ 160 ᠲᠦᠮᠡᠨ ᠺᠢᠯᠣᠸᠠᠲ ᠤᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠰᠠᠭᠤᠷᠢᠨ | ᠭᠠᠵᠠᠷ᠂ ᠪᠥᠸᠧ ᠶᠤᠸᠠᠨ ᠪᠠᠶᠢᠭᠠᠯᠢ ᠶᠢᠨ ᠬᠤᠵᠢᠷ᠂ ᠱᠠᠩᠬᠠᠢ ᠥᠪᠥᠷ ᠮᠣᠩᠭᠤᠯ ᠤᠨ ᠰᠢᠨ᠎ᠡ ᠮᠠᠲ᠋ᠧᠷᠢᠶᠠᠯ ᠤᠨ ᠠᠵᠤ | ᠦᠢᠯᠡᠰ ᠤᠨ ᠰᠠᠭᠤᠷᠢᠨ ᠭᠠᠵᠠᠷ᠂ 185 ᠲᠦᠮᠡᠨ ᠺᠢᠯᠣᠸᠠᠲ ᠤᠨ ᠪᠠᠲᠤᠯᠠᠭ᠎ᠠ ᠶᠢᠨ ᠴᠢᠨᠠᠷᠲᠠᠢ ᠲᠥᠪᠯᠡᠷᠡᠩᠭᠦᠢ | ᠬᠡᠯᠪᠡᠷᠢ ᠶᠢᠨ ᠰᠢᠨ᠎ᠡ ᠡᠨᠧᠷᠭᠢ ᠶᠢᠨ ᠲᠥᠷᠥᠯ ᠵᠦᠢᠯ ᠤᠨ ᠳᠥᠷᠪᠡᠨ ᠪᠡᠯᠡ ᠣᠷᠣᠭᠤᠯᠤᠯᠲᠠ ᠨᠢ ᠵᠠᠭᠤᠨ ᠳ᠋ᠦᠩᠰᠢᠭᠤᠷ | ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ | ᠠᠬᠢᠭᠤᠯᠵᠤ᠂ ᠠᠯᠢ ᠲᠦᠷᠭᠡᠨ ᠢᠶᠠᠷ ᠪᠠᠶᠢᠭᠤᠯᠤᠨ ᠪᠦᠲᠦᠭᠡᠵᠦ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ | ᠠᠵᠤ ᠦᠢᠯᠡᠰ ᠤᠨ ᠬᠡᠯᠬᠢᠶ᠎ᠡ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ | ᠬᠦᠷᠢᠶ᠎ᠡ ᠵᠡᠷᠭᠡ ᠪᠠᠭᠤᠷᠠᠶ ᠲᠠᠯ᠎ᠠ ᠶᠢᠨ ᠳᠤᠲᠠᠭᠤᠳᠠᠯ ᠢ ᠨᠥᠬᠦᠪᠥᠷᠢᠯᠡᠬᠦ ᠲᠥᠷᠥᠯ ᠵᠦᠢᠯ ᠢ ᠲᠦᠷᠬᠡᠨ ᠬᠡᠷᠡᠭᠵᠢᠭᠦᠯᠦᠨ᠎ᠡ᠃ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠨ᠂ ᠠᠶᠢᠮᠠᠭ ᠤᠨ ᠲᠡᠰ ᠤᠨ | 112 ᠭᠤᠣᠯᠳᠠᠯᠭ᠎ᠠ ᠲᠠᠢ ᠲᠥᠷᠥᠯ ᠵᠦᠢᠯ ᠢ ᠰᠠᠶᠢᠲᠤᠷ ᠠᠳᠬᠤᠨ᠎ᠠ᠃ | ᠭᠤᠤᠯᠳᠠᠯᠭ᠎ᠠ ᠶᠢ ᠳᠣᠪᠤᠶᠢᠯᠭᠠᠨ ᠨᠠᠷᠢᠯᠢᠭ ᠣᠨᠣᠪᠴᠢᠲᠠᠶ ᠪᠠᠷ ᠠᠷᠠᠯᠵᠢᠶᠠᠴᠢᠨ ᠤᠷᠢᠨ᠎ᠠ᠃ ᠬᠠᠲᠤᠨ ᠭᠤᠤᠯ ᠤᠨ | ᠰᠠᠪᠠ ᠭᠠᠵᠠᠷ ᠳᠠᠭᠠᠤ ᠶᠢᠨ ᠭᠠᠵᠠᠷ ᠣᠷᠣᠨ᠂ ᠬᠠᠷ᠎ᠠ ᠭᠤᠤᠯ ᠤᠨ ᠠᠵᠤ ᠠᠬᠤᠶ ᠶᠢᠨ ᠣᠷᠣᠨ᠂ ᠬᠥᠬᠡᠬᠤᠲᠠ | ᠪᠤᠭᠤᠲᠤ ᠣᠷᠳᠣᠰ ᠤᠯᠠᠭᠠᠨᠴᠠᠪ ᠤᠨ ᠠᠵᠤ ᠠᠬᠤᠶ ᠶᠢᠨ ᠲᠣᠭᠤᠷᠢᠭ ᠤᠨ ᠬᠠᠮᠲᠤᠷᠠᠯᠴᠠᠭ᠎ᠠ ᠶᠢ ᠭᠦᠨᠵᠡᠭᠡᠶ ᠠᠬᠢᠭᠤᠯᠵᠤ | ᠂ ᠠᠯᠠᠱᠠ ᠠᠶᠢᠮᠠᠭ ᠬᠢᠭᠡᠳ ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠨᠢᠭᠡ ᠴᠣᠭᠴᠠᠵᠢᠨ ᠬᠥᠭᠵᠢᠬᠦ ᠶᠢ | ᠠᠬᠢᠭᠤᠯᠤᠨ᠎ᠠ᠃ ᠨᠠᠷᠢᠯᠢᠭ ᠣᠨᠣᠪᠴᠢᠳᠠᠢ ᠪᠠᠷ ᠠᠷᠠᠯᠵᠢᠶᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ | ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ ᠶᠢ ᠰᠠᠶᠢᠲᠤᠷ ᠠᠳᠬᠤᠵᠤ᠂ ᠵᠠᠰᠠᠭ ᠤᠨ | ᠣᠷᠳᠣᠨ ᠤ ᠪᠡᠯᠡ ᠣᠷᠣᠭᠤᠯᠤᠯᠲᠠ ᠶᠢᠨ ᠬᠥᠰᠢᠭᠦᠷᠭᠡ ᠪᠠ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ | ᠰᠠᠶᠢᠲᠤᠷ ᠪᠠᠳᠠᠷᠠᠭᠤᠯᠵᠤ᠂ ᠠᠷᠠᠳ ᠤᠨ ᠪᠡᠯᠡ ᠣᠷᠣᠭᠤᠯᠤᠯᠲᠠ ᠶᠢ ᠴᠢᠷᠮᠠᠶᠢᠨ ᠥᠷᠭᠡᠳᠬᠡᠵᠦ᠂ ᠭᠠᠳᠠᠭᠠᠳᠤ ᠪᠡᠯᠡ | ᠣᠷᠣᠭᠤᠯᠤᠯᠲᠠ ᠶᠢ ᠰᠠᠶᠢᠲᠤᠷ ᠬᠡᠷᠡᠭᠯᠡᠵᠦ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢ ᠥᠷᠭᠡᠳᠬᠡᠵᠦ᠂ ᠨᠡᠩ | ᠤᠯᠠᠨ ᠵᠦᠢᠯᠡᠰ ᠢ ᠤᠯᠤᠰ᠂ ᠥᠪᠡᠷᠲᠡᠭᠡᠨ ᠵᠠᠰᠠᠬᠤ ᠣᠷᠣᠨ ᠤ ᠶᠡᠭᠡ ᠬᠡᠪᠴᠢᠶᠡᠨ ᠳᠤ ᠣᠷᠣᠭᠤᠯᠬᠤ ᠪᠠᠷ ᠴᠢᠷᠮᠠᠶᠢᠵᠤ᠂ | ︽ᠨᠢᠭᠡ ᠪᠦᠯᠦᠭ ᠢ ᠨᠥᠭᠡᠴᠡᠯᠡᠬᠦ᠂ ᠨᠢᠭᠡ ᠪᠦᠯᠦᠭ ᠢ ᠣᠷᠣᠭᠤᠯᠤᠨ ᠠᠪᠴᠢᠷᠠᠬᠤ᠂ ᠨᠢᠭᠡ ᠪᠦᠯᠦᠭ ᠢ ᠪᠦᠳᠦᠭᠡᠨ | ᠪᠠᠶᠢᠭᠤᠯᠬᠤ᠂ ᠨᠢᠭᠡ ᠪᠦᠯᠦᠭ ᠢ ᠠᠰᠢᠭᠯᠠᠯᠲᠠ ᠳᠤ ᠣᠷᠣᠭᠤᠯᠬᠤ︾ ᠰᠠᠶᠢᠨ ᠣᠷᠴᠢᠯ ᠢ ᠪᠤᠢ ᠪᠣᠯᠭᠠᠨ᠎ᠠ᠃ | ᠲᠥᠷᠥᠯ ᠵᠦᠢᠯ ᠤᠨ ᠦᠢᠯᠡᠴᠢᠯᠡᠭᠡ ᠶᠢ ᠬᠦᠴᠦᠯᠡᠨ ᠰᠢᠯᠢᠳᠡᠭᠵᠢᠭᠦᠯᠦᠨ᠎ᠡ᠃ ᠨᠠᠷᠢᠨ ᠲᠠᠩᠰᠠ ᠶᠢᠨ ᠬᠡᠯᠪᠡᠷᠢ ᠶᠢᠨ | ᠬᠠᠮᠢᠶᠠᠷᠤᠯᠲᠠ᠂ ᠬᠠᠷᠢᠭᠤᠴᠠᠯᠭ᠎ᠠ ᠶᠢᠨ ᠲᠦᠷᠢᠮ ᠤᠨ ᠦᠢᠯᠡᠴᠢᠯᠡᠭᠡ ᠶᠢ ᠴᠢᠩᠭᠠᠳᠬᠠᠵᠤ᠂ ᠳᠠᠭᠠᠭᠠᠴᠢᠯᠠᠨ | ᠬᠠᠷᠢᠯᠴᠠᠬᠤ ᠲᠣᠭᠲᠠᠴᠠ ᠶᠢ ᠭᠦᠶ᠋ᠴᠡᠳ ᠰᠠᠶᠢᠲᠤᠷ ᠬᠡᠷᠡᠭᠯᠡᠵᠦ᠂ ︽ᠨᠢᠭᠡ ᠲᠥᠷᠥᠯ ᠵᠦᠢᠯ᠂ ᠨᠢᠭᠡ ᠪᠠᠭ᠂ ᠨᠢᠭᠡ | ᠢᠵᠢ ᠲᠥᠰᠦᠯ︾ ᠢ ᠪᠡᠶᠡᠯᠡᠭᠦᠯᠵᠦ᠂ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠴᠢᠬᠤᠯᠠ ᠡᠯᠧᠮᠧᠨ᠋ᠲ ᠤᠨ | ᠪᠠᠲᠤᠯᠠᠭ᠎ᠠ᠂ ᠮᠥᠷᠳᠡᠨ ᠦᠢᠯᠡᠴᠢᠯᠡᠬᠦ ︽ᠭᠤᠷᠪᠠ ᠶᠢ ᠪᠣᠳᠠᠲᠠᠶᠢᠵᠢᠭᠤᠯᠬᠤ︾ ᠶᠢ ᠦᠨᠡᠨ ᠬᠦ ᠪᠠᠲᠤᠯᠠᠨ᠎ᠠ᠃ | ᠠᠮᠠᠯᠳᠠᠭᠰᠠᠨ ᠢᠶᠠᠨ ᠵᠠᠪᠠᠯ ᠪᠡᠶᠡᠯᠡᠭᠦᠯᠬᠦ᠂ ᠤᠴᠢᠷ ᠲᠠᠢ ᠦᠢᠯᠡᠴᠢᠯᠡᠬᠦ᠂ ᠤᠴᠢᠷ ᠦᠭᠡᠢ ᠪᠣᠯ ᠬᠠᠷᠰᠢᠯᠠᠬᠤ ᠦᠭᠡᠢ | ᠪᠠᠶᠢᠬᠤ ᠶᠢ ᠡᠷᠡᠰ ᠪᠡᠶᠡᠯᠡᠭᠦᠯᠵᠦ᠂ ︽ᠳᠣᠲᠣᠨᠣ︾᠂ ︽ᠴᠢᠬᠡᠴᠢ︾ ᠰᠢᠨ᠎ᠡ ᠬᠡᠯᠪᠡᠷᠢ ᠶᠢᠨ ᠵᠠᠰᠠᠭ ᠠᠷᠠᠯᠵᠢᠶᠠᠴᠢᠨ ᠤ | ᠬᠠᠷᠢᠴᠠᠭ᠎ᠠ ᠶᠢ ᠪᠠᠶᠢᠭᠤᠯᠤᠨ᠎ᠠ᠃ | ︵ᠭᠤᠷᠪᠠ︶ ︽ᠬᠤᠪᠢᠷᠠᠭᠤᠯᠬᠤ︾ ᠡᠷᠡᠰ ᠵᠣᠷᠢᠭ ᠢᠶᠠᠨ ᠪᠠᠲᠤᠳᠬᠠᠵᠤ᠂ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠨ᠎ᠡ | ᠬᠤᠶᠠᠷ ᠳᠣᠭᠤᠷᠢᠭ ᠭᠤᠷᠪᠠᠨ ᠬᠦᠷᠢᠶᠡᠯᠡᠩ ᠬᠠᠮᠵᠢᠯᠴᠠᠨ ᠬᠥᠭᠵᠢᠬᠦ ᠶᠢ ᠠᠬᠢᠭᠤᠯᠤᠨ᠎ᠠ᠃ ︽ᠬᠤᠶᠠᠷ | ᠲᠣᠭᠤᠷᠢᠭ ᠭᠤᠷᠪᠠᠨ ᠬᠦᠷᠢᠶᠡᠯᠡᠩ︾ ᠢ ᠨᠡᠶᠢᠳᠬᠡᠬᠦ ᠥᠭᠡᠷᠡᠴᠢᠯᠡᠯᠲᠡ ᠪᠣᠯᠤᠨ ᠶᠡᠷᠦᠩᠬᠡᠢ ᠲᠥᠯᠥᠪᠵᠢᠭᠦᠯᠭᠡ ᠶᠢ | ᠲᠦᠷᠭᠡᠳᠬᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠤ ︽ᠳᠡᠭᠡᠭᠰᠢᠯᠡᠭᠦᠯᠬᠦ ᠪᠠᠷ ᠪᠠᠶᠢᠭᠤᠯᠬᠤ ᠶᠢ | ᠠᠬᠢᠭᠤᠯᠬᠤ︾ ᠰᠢᠨᠵᠢᠯᠡᠨ ᠪᠠᠶᠢᠴᠠᠭᠠᠬᠤ ᠪᠠᠶᠢᠴᠠᠭᠠᠨ ᠰᠤᠳᠤᠯᠬᠤ ᠡᠯ᠎ᠡ ᠵᠦᠢᠯ ᠤᠨ ᠪᠡᠯᠡᠳᠬᠡᠯ ᠠᠵᠢᠯ ᠢ ᠨᠠᠷᠢᠯᠢᠭ | ᠨᠠᠶᠢᠳᠠᠪᠤᠷᠢᠵᠢᠭᠤᠯᠵᠤ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠢ ᠪᠦᠬᠦ ᠬᠦᠴᠦᠨ ᠢᠶᠠᠷ ᠢᠶᠠᠨ ᠤᠯᠤᠰ ᠤᠨ | ᠲᠡᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠪᠣᠯᠭᠠᠨ ᠲᠡᠰ ᠳᠡᠪᠰᠢᠭᠦᠯᠦᠨ᠎ᠡ᠃ ᠡᠯ᠎ᠡ ᠬᠦᠷᠢᠶᠡᠯᠡᠩ | ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ | ᠪᠦᠬᠦ ᠠᠶᠢᠮᠠᠭ ᠤᠨ ᠡᠯ᠎ᠡ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠴᠢᠭᠯᠡᠯ᠂ ᠠᠵᠤ ᠦᠢᠯᠡᠰ ᠤᠨ | ᠭᠤᠣᠯᠳᠠᠯᠭ᠎ᠠ ᠶᠢ ᠵᠣᠬᠢᠰᠲᠠᠢ ᠪᠠᠶᠢᠷᠢᠰᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ᠂ | ᠲᠩᠷᠢ ᠠᠵᠦ ᠠᠬᠤᠢ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠪᠣᠯᠤᠨ ᠣᠯᠠᠨᠪᠤᠯᠠᠭ ᠠᠵᠤ ᠦᠢᠯᠡᠰ ᠤᠨ | ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠬᠠᠷᠢᠯᠴᠠᠨ ᠬᠥᠳᠡᠯᠦᠯᠴᠡᠬᠦ ᠶᠢ ᠠᠬᠢᠭᠤᠯᠵᠤ᠂ ᠲᠣᠰ ᠲᠣᠰ ᠤᠨ | ᠭᠤᠣᠯᠳᠠᠯᠭ᠎ᠠ ᠲᠠᠢ᠂ ᠨᠢᠭᠡ ᠴᠣᠭᠴᠠᠵᠢᠭᠰᠠᠨ ᠬᠥᠭᠵᠢᠯᠲᠡ ᠶᠢ ᠠᠬᠢᠭᠤᠯᠤᠨ᠎ᠠ︔ ᠡᠯ᠎ᠡ ᠬᠤᠰᠢᠭᠤ ᠣᠷᠣᠨ ᠤ | ᠬᠠᠷᠢᠯᠴᠠᠨ ᠬᠠᠮᠲᠤᠷᠠᠯᠴᠠᠬᠤ ᠶᠢ ᠵᠣᠷᠢᠭᠵᠢᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠬᠢᠭᠡᠳ | ᠪᠣᠭᠤᠮᠲᠠ ᠵᠢᠴᠢ ᠬᠥᠷᠰᠢ ᠵᠡᠷᠭᠡᠯᠡᠳᠡᠭᠡ ᠣᠷᠣᠨ ᠪᠦᠰᠡ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠡᠨᠧᠷᠭᠢ ᠪᠠᠨ | ᠬᠠᠷᠢᠯᠴᠠᠨ ᠨᠥᠬᠦᠪᠥᠷᠢᠯᠡᠬᠦ᠂ ᠬᠠᠮᠲᠤᠪᠠᠷ ᠬᠥᠭᠵᠢᠬᠦ᠂ ᠬᠠᠮᠲᠤᠷᠠᠯᠴᠠᠵᠤ ᠪᠠᠶᠢᠭᠠᠳ ︽ᠣᠷᠣᠨ ᠪᠦᠰᠡ ᠶᠢ | ᠬᠤᠯᠪᠣᠭᠰᠠᠨ ᠬᠦᠷᠢᠶᠡᠯᠡᠩ ᠲᠣᠭᠤᠷᠢᠭ︾ ᠢ ᠬᠠᠮᠲᠤᠪᠠᠷ ᠪᠠᠶᠢᠭᠤᠯᠬᠤ ᠶᠢ ᠠᠬᠢᠭᠤᠯᠤᠨ᠎ᠠ᠃ | ᠠᠵᠤ ᠠᠬᠤᠶ ᠶᠢᠨ ᠰᠢᠨ᠎ᠡ ᠨᠡᠮᠡᠭᠳᠡᠯ ᠤᠨ ᠲᠦᠢᠯ ᠢ ᠶᠡᠬᠡᠪᠡᠷ ᠪᠤᠶᠢᠵᠢᠭᠤᠯᠤᠨ᠎ᠠ᠃ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠪᠣᠯᠤᠨ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠢ ᠢᠳᠡᠪᠬᠢᠲᠡᠶ ᠪᠠᠷ | ᠪᠤᠶᠢᠵᠢᠭᠤᠯᠤᠨ ᠣᠷᠣᠭᠤᠯᠵᠤ ᠢᠷᠡᠨ᠂ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠪᠠᠷ ᠥᠨᠳᠥᠷ ᠳᠠᠭᠠᠭᠤᠯᠤᠭᠴᠢ ᠠᠵᠤ | ᠠᠬᠤᠶᠢᠯᠠᠯ᠂ ︽ᠲᠤᠰᠬᠠᠶ ᠨᠠᠷᠢᠯᠢᠭ ᠣᠨᠴᠠ ᠰᠢᠨ᠎ᠡ︾ ᠠᠵᠤ ᠠᠬᠤᠶᠢᠯᠠᠯ᠂ ᠠᠵᠤ ᠦᠢᠯᠡᠰ ᠤᠨ ᠬᠡᠯᠬᠢᠶ᠎ᠡ ᠳᠠᠬᠢ | ᠵᠠᠩᠭᠢᠯᠠᠭ᠎ᠠ ᠶᠢᠨ ᠠᠵᠤ ᠠᠬᠤᠶᠢᠯᠠᠯ ᠳᠤ ᠵᠦᠷᠢᠶᠡᠴᠢᠯᠡᠭᠰᠡᠨ᠂ ᠥᠪᠡᠷᠮᠢᠴᠡᠵᠢᠭᠦᠯᠦᠭᠰᠡᠨ ᠲᠡᠳᠬᠦᠮᠵᠢ ᠦᠵᠡᠭᠦᠯᠬᠦ ᠶᠢ | ᠬᠡᠷᠡᠭᠵᠢᠭᠦᠯᠦᠨ᠎ᠡ᠃ ︽ᠬᠡᠯᠬᠢᠶ᠎ᠡ ᠶᠢ ᠣᠷᠳᠣ ᠪᠠᠶᠢᠯᠭᠠᠬᠤ︾ ᠲᠦᠷᠢᠮ ᠢ ᠪᠠᠶᠢᠭᠤᠯᠤᠨ ᠬᠡᠷᠡᠭᠵᠢᠭᠦᠯᠵᠦ᠂ ᠠᠵᠤ | ᠦᠢᠯᠡᠰ ᠤᠨ ᠪᠠᠶᠢᠷᠢᠰᠢᠭᠤᠯᠤᠯ ᠢ ᠲᠥᠰᠦᠪᠯᠡᠬᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ᠂ | ᠠᠵᠤ ᠠᠬᠤᠶᠢᠯᠠᠯ ᠤᠨ ᠠᠵᠢᠯᠯᠠᠭᠠᠨ ᠡᠵᠡᠩᠨᠡᠯᠲᠡ ᠶᠢ ᠪᠥᠬᠦ ᠴᠤᠪᠤᠷᠠᠯ ᠳᠤ ᠮᠥᠷᠳᠡᠨ ᠦᠢᠯᠡᠴᠢᠯᠡᠬᠦ᠂ ᠶᠡᠷᠦᠩᠬᠡᠶᠢᠯᠡᠨ | ᠪᠠᠲᠤᠯᠠᠬᠤ ᠶᠢ ᠬᠡᠷᠡᠭᠵᠢᠭᠦᠯᠦᠨ᠎ᠡ᠃ ᠮᠢᠩᠭᠠᠨ ᠲᠦᠮᠡᠨ ᠺᠢᠯᠣᠸᠠᠲ ᠤᠨ ᠲᠠᠰ ᠤᠨ ᠰᠢᠨ᠎ᠡ ᠡᠨᠧᠷᠭᠢ ᠶᠢᠨ ᠰᠠᠭᠤᠷᠢᠨ | ᠭᠠᠵᠠᠷ ᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠣᠨ᠎ᠠ᠃ ᠡᠨᠧᠷᠭᠢ ᠶᠢᠨ ᠰᠤᠷᠪᠤᠯᠵᠢ ᠡᠬᠢ ᠪᠠᠶᠠᠯᠢᠭ ᠤᠨ | ᠠᠮᠤᠷ ᠲᠦᠪᠰᠢᠨ ᠢ ᠡᠷᠡᠰ ᠪᠠᠲᠤᠯᠠᠵᠤ᠂ ᠰᠢᠨ᠎ᠡ ᠡᠨᠧᠷᠭᠢ ᠶᠢᠨ ᠰᠤᠷᠪᠤᠯᠵᠢ ᠶᠢ ᠨᠡᠭᠡᠭᠡᠨ ᠬᠥᠭᠵᠢᠭᠦᠯᠬᠦ | ᠪᠠᠶᠢᠷᠢᠯᠠᠭᠤᠯᠤᠯᠲᠠ᠂ ᠵᠠᠬ᠎ᠠ ᠳᠡᠯᠭᠡᠭᠦᠷ ᠢ ᠰᠢᠩᠭᠡᠭᠡᠬᠦ᠂ ᠳᠠᠮᠵᠢᠭᠤᠯᠬᠤ ᠵᠠᠮ᠂ ᠢᠵᠢ ᠪᠦᠷᠢᠳᠦᠬᠦᠯᠬᠦ ᠡᠨᠧᠷᠭᠢ | ᠬᠠᠳᠠᠭᠠᠯᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠶᠡᠷᠦᠩᠬᠡᠢ ᠮᠠᠰᠢᠨ ᠴᠣᠭᠴᠠᠯᠠᠪᠤᠷᠢ ᠶᠢᠨ | ᠪᠠᠭᠲᠠᠭᠠᠮᠵᠢ ᠨᠢ 376 ᠲᠦᠮᠡᠨ ᠺᠢᠯᠣᠸᠠᠲ ᠪᠣᠯᠬᠤ 24 ᠰᠢᠨ᠎ᠡ ᠡᠨᠧᠷᠭᠢ ᠶᠢᠨ ᠰᠤᠷᠪᠤᠯᠵᠢ ᠶᠢᠨ ᠵᠦᠢᠯᠡᠰ ᠤᠨ | ᠪᠦᠳᠦᠭᠡᠨ ᠪᠠᠶᠢᠭᠤᠯᠤᠯᠲᠠ ᠶᠢ ᠶᠡᠭᠡ ᠪᠠᠷ ᠲᠦᠯᠬᠢᠨ ᠠᠬᠢᠭᠤᠯᠣᠨ᠎ᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠨ᠂ ᠨᠣᠶᠠᠨ ᠣᠷᠭᠢᠯ ᠤᠨ ᠪᠣᠭᠤᠮᠢ ᠶᠢ ᠲᠣᠬᠢᠷᠠᠭᠤᠯᠵᠤ᠂ ᠴᠠᠬᠢᠯᠭᠠᠨ ᠲᠤᠤᠷ ᠤᠨ ᠲᠤᠯᠭᠠᠭᠤᠷᠢᠯᠠᠯ ᠢ | ᠴᠢᠩᠭᠠᠷᠠᠭᠤᠯᠤᠨ᠂ ᠰᠢᠩᠭᠡᠭᠡᠬᠦ ᠵᠠᠮ ᠢ ᠨᠡᠪᠲᠡᠷᠡᠭᠦᠯᠵᠦ᠂ ᠡᠷᠴᠢᠮᠵᠢᠭᠦᠯᠦᠨ ᠬᠤᠷᠠᠭᠤᠯᠬᠤ ᠶᠢ ᠠᠬᠢᠭᠤᠯᠤᠨ᠂ ᠪᠥᠬᠦ | ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠦᠨ᠎ᠡ᠃ ᠴᠡᠪᠡᠷ ᠡᠨᠧᠷᠭᠢ ᠪᠠᠷ | ᠣᠷᠣᠯᠠᠭᠤᠯᠵᠤ ᠣᠯᠠᠷᠢᠭᠤᠯᠬᠤ ᠬᠡᠷᠡᠭᠯᠡᠭᠡᠨ ᠤ ᠵᠢᠱᠢᠶ᠎ᠡ ᠦᠵᠡᠭᠦᠯᠬᠦ ᠣᠷᠣᠨ ᠢ ᠲᠦᠷᠬᠡᠨ ᠪᠠᠶᠢᠭᠤᠯᠵᠤ᠂ ᠨᠢᠭᠡᠨᠲᠡ | ᠪᠠᠶᠢᠭ᠎ᠠ ᠳᠠᠭᠠᠭᠠᠴᠠ ᠲᠠᠢ ᠴᠡᠪᠡᠷ ᠡᠨᠧᠷᠭᠢ ᠪᠠᠷ ᠣᠷᠣᠯᠠᠭᠤᠯᠬᠤ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ | ᠰᠢᠨ᠎ᠡ ᠪᠠᠷ ᠨᠡᠮᠡᠭᠳᠡᠭᠰᠡᠨ ᠳᠠᠭᠠᠭᠠᠴᠠ ᠳᠤ ᠰᠢᠨ᠎ᠡ ᠡᠨᠧᠷᠭᠢ ᠶᠢ ᠭᠦᠢᠴᠡᠳ ᠬᠡᠷᠡᠭᠯᠡᠵᠦ᠂ ᠰᠢᠩᠭᠡᠭᠡᠨ ᠠᠪᠬᠤ | ᠬᠠᠷᠢᠴᠠᠯ ᠢ ᠯᠠᠪᠳᠠᠭᠤᠨ ᠢᠶᠠᠷ ᠥᠷᠭᠡᠳᠬᠡᠨ᠂ ᠴᠡᠪᠡᠷ ᠡᠨᠧᠷᠭᠢ ᠶᠢᠨ ᠬᠠᠩᠭᠠᠯᠭ᠎ᠠ ᠶᠢᠨ ᠬᠠᠷᠢᠴᠠᠯ ᠢ ᠤᠷᠢᠳᠠᠪᠠᠷ 50 | % ᠳᠤ ᠬᠦᠷᠦᠭᠦᠯᠬᠦ ᠶᠢ ᠲᠦᠯᠬᠢᠨ ᠠᠬᠢᠭᠤᠯᠵᠤ᠂ ︽ᠳᠡᠭ ᠲᠤ ᠣᠶᠢᠷᠠᠳᠣᠭᠰᠠᠨ︾ ᠭᠠᠳᠠᠭᠰᠢᠯᠠᠭᠤᠯᠤᠯᠲᠠ ᠶᠢ | ᠢᠳᠡᠪᠬᠢᠲᠡᠶ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠣᠷᠣᠨ ᠪᠦᠰᠡ ᠶᠢᠨ ᠪᠣᠬᠢᠷᠲᠤᠯ ᠥᠬᠡᠶ ᠡᠨᠧᠷᠭᠢ ᠶᠢᠨ | ᠬᠠᠮᠲᠤᠷᠠᠯᠴᠠᠭᠠᠨ ᠤ ᠵᠢᠱᠢᠶ᠎ᠡ ᠦᠵᠡᠭᠦᠯᠬᠦ ᠣᠷᠣᠨ ᠢ ᠲᠦᠷᠬᠡᠨ ᠪᠠᠶᠢᠭᠤᠯᠵᠤ᠂ ᠰᠠᠨᠠᠭᠠᠴᠢᠯᠠᠭ᠎ᠠ ᠠᠴᠠ ᠪᠠᠨ ᠠᠬ᠎ᠠ | ᠳᠡᠭᠦᠦ ᠠᠶᠢᠮᠠᠭ ᠬᠤᠲᠠ᠂ ᠡᠷᠬᠢᠨ ᠲᠣᠭᠤᠷᠢᠨ ᠤ ᠮᠤᠵᠢ ᠣᠷᠣᠨ ᠯᠤᠭ᠎ᠠ ᠴᠡᠪᠡᠷ ᠡᠨᠧᠷᠭᠢ ᠶᠢᠨ ᠬᠠᠮᠲᠤᠷᠠᠯᠴᠠᠭ᠎ᠠ | ᠥᠷᠨᠢᠭᠦᠯᠵᠦ᠂ ︽ᠬᠡᠷᠡᠮ ᠠᠯᠤᠰᠯᠠᠨ ᠴᠠᠬᠢᠯᠭᠠᠨ ᠬᠦᠷᠭᠡᠬᠦ︾ ᠵᠡᠷᠭᠡ ᠰᠢᠨ᠎ᠡ ᠵᠠᠭᠪᠤᠷ ᠢ ᠰᠦᠪᠡᠭᠴᠢᠯᠡᠵᠦ᠂ | ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠮᠲᠤ ᠪᠠᠷ ᠬᠥᠭᠵᠢᠬᠦ᠂ ᠬᠠᠮᠲᠤᠷᠠᠯᠴᠠᠵᠤ ᠬᠠᠮᠲᠤ ᠪᠠᠷ ᠠᠰᠢᠭ | ᠭᠥᠷᠳᠡᠬᠦ ᠰᠢᠨ᠎ᠡ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠤᠨ᠎ᠠ᠃ ᠴᠡᠷᠢᠭ ᠠᠷᠠᠳ ᠤᠨ ᠬᠡᠷᠡᠭᠯᠡᠭᠡ ᠶᠢ | ᠠᠭᠤᠰᠤᠯᠴᠠᠭᠤᠯᠤᠨ ᠬᠥᠭᠵᠢᠭᠦᠯᠬᠦ ᠠᠵᠤ ᠦᠢᠯᠡᠰ ᠤᠨ ᠬᠥᠭᠵᠢᠯᠲᠡ ᠶᠢ ᠢᠳᠡᠪᠬᠢᠲᠡᠢ ᠠᠬᠢᠭᠤᠯᠤᠨ᠎ᠠ᠃ ᠠᠵᠤ | ᠦᠢᠯᠡᠰ ᠤᠨ ᠳᠠᠪᠠᠭᠤᠯᠢᠭ ᠲᠠᠭᠠᠨ ᠲᠦᠰᠢᠭᠯᠡᠨ᠂ ᠳᠡᠭᠡᠳᠦ ᠰᠢᠨ᠎ᠡ ᠮᠠᠲ᠋ᠧᠷᠢᠶᠠᠯ᠂ ᠴᠢᠯᠠᠭᠤᠨ ᠲᠣᠰᠣ ᠬᠢᠮᠢ ᠶᠢᠨ ᠠᠵᠤ | ᠦᠢᠯᠡᠳᠪᠦᠷᠢ᠂ ᠴᠡᠷᠢᠭ ᠤᠨ ᠠᠵᠤ ᠦᠢᠯᠡᠳᠪᠦᠷᠢ ᠶᠢᠨ ᠮᠡᠷᠭᠡᠵᠢᠯ᠂ ᠠᠭᠠᠷ ᠠᠶᠠᠯᠠᠯ ᠰᠠᠨᠰᠠᠷ ᠠᠶᠠᠯᠠᠯ ᠤᠨ ᠣᠷᠭᠠᠨᠢᠭ | ᠠᠭᠤᠰᠤᠯᠴᠠᠯ ᠢ ᠠᠬᠢᠭᠤᠯᠵᠤ᠂ ᠴᠡᠷᠢᠭ ᠤᠨ ᠬᠡᠷᠡᠭᠯᠡᠭᠡᠨ ᠠᠴᠠ ᠠᠷᠠᠳ ᠤᠨ ᠬᠡᠷᠡᠭᠯᠡᠭᠡᠨ ᠪᠣᠯᠬᠤ᠂ ᠠᠷᠠᠳ ᠤᠨ | ᠬᠡᠷᠡᠭᠯᠡᠭᠡᠨ ᠠᠴᠠ ᠴᠡᠷᠢᠭ ᠤᠨ ᠭᠡᠷᠡᠭᠯᠡᠭᠡᠨ ᠪᠣᠯᠬᠤ ᠣᠨᠴᠠᠯᠢᠭᠲᠤ ᠠᠵᠤ ᠦᠢᠯᠡᠰ ᠢ ᠬᠥᠭᠵᠢᠭᠦᠯᠦᠨ᠎ᠡ᠃ ᠰᠣᠶᠣᠯ | ᠵᠢᠭᠤᠯᠴᠢᠯᠠᠯ᠂ ᠠᠷᠤ ᠲᠠᠯ᠎ᠠ ᠶᠢᠨ ᠪᠠᠲᠤᠯᠠᠭ᠎ᠠ᠂ ᠨᠡᠶᠢᠭᠡᠮ ᠤᠨ ᠦᠢᠯᠡᠴᠢᠯᠡᠭᠡ ᠵᠡᠷᠭᠡ ᠲᠠᠯ᠎ᠠ ᠶᠢᠨ ᠭᠦᠨᠵᠡᠭᠡᠢ | ᠬᠠᠮᠲᠤᠷᠠᠯᠴᠠᠭ᠎ᠠ ᠶᠢ ᠰᠦᠪᠡᠭᠴᠢᠯᠡᠵᠦ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠲᠥᠷᠥᠯ ᠵᠦᠢᠯ ᠢ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠭᠰᠠᠨ ᠬᠤᠰᠢᠭᠤᠴᠢ | ᠣᠷᠣᠨ᠂ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠠᠶᠢᠭᠤᠯᠤᠨ᠎ᠠ᠃ ᠥᠷᠭᠡᠨ ᠬᠡᠪᠴᠢᠶᠡᠨ ᠤ ᠪᠣᠭᠤᠮᠲᠠ ᠶᠢᠨ ᠠᠵᠤ | ᠠᠬᠤᠶ ᠶᠢ ᠶᠡᠬᠡᠪᠡᠷ ᠬᠥᠭᠵᠢᠭᠦᠯᠦᠨ᠎ᠡ᠃ ︽ᠪᠣᠭᠤᠮᠲᠠ + ᠠᠵᠤ ᠦᠢᠯᠡᠰ︾ ᠢ ᠰᠦᠪᠡᠭᠴᠢᠯᠡᠨ᠂ ᠪᠣᠭᠤᠮᠲᠠ ᠶᠢᠨ ︽ | ᠨᠡᠪᠲᠡᠷᠡᠬᠦ ᠠᠵᠤ ᠠᠬᠤᠢ︾ ᠶᠢ ︽ᠰᠠᠭᠤᠷᠢᠰᠢᠭ᠎ᠠ ᠠᠵᠤ ᠠᠬᠤᠢ︾ ᠲᠡᠰᠢ ᠬᠡᠯᠪᠡᠷᠢ ᠪᠠᠨ ᠬᠤᠪᠢᠷᠠᠭᠤᠯᠤᠨ ᠳᠡᠰ | ᠳᠡᠪᠰᠢᠭᠦᠯᠬᠦ ᠶᠢ ᠴᠢᠷᠮᠠᠶᠢᠨ ᠪᠡᠶᠡᠯᠡᠭᠦᠯᠵᠦ᠂ ᠴᠡᠭᠡ ᠪᠣᠭᠤᠮᠲᠠ ᠶᠢᠨ ᠬᠢᠯᠢ ᠠᠯᠤᠰᠯᠠᠭᠰᠠᠨ ᠲᠡᠮᠦᠷ ᠵᠠᠮ᠂ ᠮᠢᠬᠠᠨ ᠤ | ᠵᠦᠢᠯᠡᠰ ᠢ ᠨᠠᠷᠢᠯᠢᠭ ᠡᠳ᠋ᠰᠢᠭᠦᠯᠬᠦ᠂ ᠵᠢᠯᠣᠭᠤᠴᠢ ᠦᠭᠡᠢ ᠪᠠᠷ ᠪᠣᠭᠤᠮᠲᠠ ᠥᠩᠭᠡᠷᠡᠬᠦ ᠵᠡᠷᠭᠡ ᠲᠥᠷᠥᠯ ᠵᠦᠢᠯ ᠢ | ᠲᠦᠷᠬᠡᠨ ᠠᠬᠢᠭᠤᠯᠵᠤ᠂ ᠳᠤᠮᠳᠠᠳᠤ ᠤᠯᠤᠰ ︵ᠡᠵᠡᠨ᠎ᠡ︶ ᠤᠨ ᠪᠣᠭᠤᠮᠲᠠ ᠶᠢᠨ ᠣᠯᠠᠨ ᠤᠯᠤᠰ ᠤᠨ ᠲᠠᠸᠠᠷ ᠤᠨ | ᠦᠵᠡᠰᠬᠦᠯᠡᠩ ᠤᠨ ᠴᠤᠭᠯᠠᠭᠠᠨ ᠡᠷᠬᠢᠯᠡᠬᠦ ᠬᠢᠷᠢ ᠲᠦᠪᠰᠢᠨ ᠢ ᠳᠡᠭᠡᠭᠰᠢᠯᠡᠭᠦᠯᠦᠨ᠂ ᠥᠯᠵᠡᠶ ᠪᠣᠭᠤᠮᠲᠠ ᠶᠢᠨ ᠡᠳ᠋ | ᠪᠣᠳᠠᠰ ᠤᠨ ᠪᠣᠭᠤᠮᠲᠠ ᠥᠩᠭᠡᠷᠡᠬᠦ ᠶᠢ ᠦᠷᠭᠦᠯᠵᠢᠯᠡᠨ ᠰᠠᠶᠢᠲᠤᠷ ᠬᠢᠵᠦ᠂ ᠴᠠᠭᠠᠨ ᠳᠡᠯ ᠠᠭᠤᠯᠠ ᠪᠣᠭᠤᠮᠲᠠ ᠶᠢᠨ | ᠬᠡᠰᠡᠭ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠤᠰᠠᠯᠠᠨ ᠪᠠᠶᠢᠭᠤᠯᠬᠤ | ᠠᠵᠢᠯ ᠢ ᠪᠣᠳᠠᠲᠤ ᠠᠬᠢᠴᠠ ᠲᠠᠢ ᠪᠣᠯᠭᠠᠨ᠎ᠠ᠃ | ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠨ᠎ᠡ᠃ | ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠢ ᠬᠠᠪᠰᠤᠷᠤᠨ ᠦᠢᠯᠡᠳᠪᠦᠷᠢᠯᠡᠯ ᠢ ᠲᠣᠭᠲᠠᠪᠤᠷᠢᠵᠢᠭᠤᠯᠵᠤ᠂ | ᠡᠵᠡᠩᠨᠡᠯᠲᠡ ᠶᠢ ᠲᠣᠭᠲᠠᠪᠤᠷᠢᠵᠢᠭᠤᠯᠵᠤ᠂ ᠵᠠᠬᠢᠶᠠᠯᠠᠭ᠎ᠠ ᠶᠢ ᠲᠣᠭᠲᠠᠪᠤᠷᠢᠵᠢᠭᠤᠯᠵᠤ᠂ ᠵᠠᠬ᠎ᠠ ᠳᠡᠯᠭᠡᠭᠦᠷ ᠢ | ᠲᠣᠭᠲᠠᠪᠤᠷᠢᠵᠢᠭᠤᠯᠵᠤ᠂ ᠠᠵᠤ ᠠᠬᠤᠶᠢᠯᠠᠯ ᠤᠨ ᠬᠡᠯᠬᠢᠶ᠎ᠡ ᠶᠢ ᠤᠷᠲᠤᠳᠬᠠᠵᠤ ᠬᠡᠯᠬᠢᠶ᠎ᠡ ᠶᠢ ᠨᠥᠬᠦᠪᠥᠷᠢᠯᠡᠵᠦ | ᠬᠡᠯᠬᠢᠶ᠎ᠡ ᠶᠢ ᠬᠦᠴᠦᠷᠬᠡᠭᠵᠢᠭᠦᠯᠬᠦ ᠲᠥᠷᠥᠯ ᠵᠦᠢᠯ ᠢ ᠲᠦᠷᠬᠡᠨ ᠬᠡᠷᠡᠭᠵᠢᠭᠦᠯᠬᠦ ᠶᠢ ᠳᠡᠮᠵᠢᠨ᠎ᠡ᠃ ᠤᠯᠠᠮᠵᠢᠯᠠᠯᠲᠤ ᠠᠵᠤ | ᠦᠢᠯᠡᠰ ᠤᠨ ᠳᠡᠰ ᠳᠡᠪᠰᠢᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠠᠵᠤ ᠦᠢᠯᠡᠰ ᠤᠨ ᠳᠡᠭᠡᠳᠦ ᠲᠤᠤᠷᠠᠳᠤ | ᠬᠡᠯᠬᠢᠶ᠎ᠡ ᠶᠢ ᠵᠣᠯᠭᠠᠯᠳᠤᠭᠤᠯᠬᠤ᠂ ᠵᠡᠭᠦᠨ ᠪᠠᠷᠠᠭᠤᠨ ᠱᠤᠭᠤᠮ ᠢ ᠠᠪᠴᠠᠯᠳᠤᠭᠤᠯᠬᠤ᠂ ᠪᠦᠬᠦ ᠠᠵᠤ ᠦᠢᠯᠡᠰ ᠤᠨ | ᠬᠡᠯᠬᠢᠶ᠎ᠡ ᠶᠢ ᠣᠷᠴᠢᠯᠳᠤᠭᠤᠯᠤᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠠᠬᠢᠭᠤᠯᠤᠨ᠎ᠠ᠃ | ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠨᠢ ᠠᠯᠺᠧᠨ᠂ ᠬᠡᠤᠳᠡᠰᠦ ᠶᠢ ᠨᠠᠷᠢᠯᠢᠭ ᠡᠳ᠋ᠰᠢᠭᠦᠯᠬᠦ | ᠵᠡᠷᠭᠡ ᠠᠵᠤ ᠦᠢᠯᠡᠰ ᠤᠨ ᠬᠡᠯᠬᠢᠶ᠎ᠡ ᠶᠢ ᠲᠦᠷᠬᠡᠨ ᠤᠷᠲᠤᠳᠬᠠᠵᠤ᠂ ᠳᠠᠪᠣᠰᠣ ᠬᠢᠮᠢ ᠶᠢᠨ ᠠᠵᠤ ᠦᠢᠯᠡᠳᠪᠦᠷᠢ ᠨᠢ ︽ | ᠾᠯᠣᠷ᠂ ᠤᠰᠤᠲᠥ᠋ᠷᠥᠭᠴᠢ᠂ ᠬᠤᠵᠢᠷ︾ ᠭᠤᠷᠪᠠᠨ ᠶᠡᠭᠡ ᠦᠢᠯᠡᠳᠬᠦᠨ ᠤ ᠰᠢᠰᠲ᠋ᠧᠮᠵᠢ ᠶᠢ ᠶᠡᠬᠡᠪᠡᠷ ᠥᠷᠭᠡᠳᠬᠡᠨ᠂ | ᠨᠠᠷᠢᠯᠢᠭ ᠬᠢᠮᠢ ᠶᠢᠨ ᠠᠵᠤ ᠦᠢᠯᠡᠳᠪᠦᠷᠢ ᠨᠢ ᠳᠡᠭᠡᠳᠦ ᠲᠠᠰ ᠤᠨ ᠲᠠᠷᠢᠶᠠᠨ ᠡᠮ᠂ ᠰᠢᠨ᠎ᠡ ᠡᠮ ᠡᠮᠨᠡᠯᠭᠡ ᠶᠢᠨ ᠠᠵᠤ | ᠦᠢᠯᠡᠰ ᠢ ᠭᠤᠤᠯᠳᠠᠯᠭ᠎ᠠ ᠲᠠᠢ ᠥᠷᠭᠡᠳᠬᠡᠨ ᠬᠥᠭᠵᠢᠭᠦᠯᠵᠦ᠂ ᠲᠡᠮᠦᠷᠯᠢᠭ ᠨᠠᠲᠷᠢ᠂ ᠣᠨᠴᠠ ᠲᠥᠷᠥᠯ ᠤᠨ PVC | ᠵᠡᠷᠭᠡ ᠠᠵᠤ ᠦᠢᠯᠡᠰ ᠤᠨ ᠰᠦᠷᠦᠭᠵᠢᠯ ᠢ ᠰᠢᠯᠢᠳᠡᠭᠵᠢᠭᠦᠯᠦᠨ ᠬᠦᠴᠦᠷᠬᠡᠭᠵᠢᠭᠦᠯᠦᠨ᠎ᠡ᠃ ︽ᠬᠤᠶᠠᠷ ᠰᠢᠨ᠎ᠡ︾ | ᠠᠵᠤ ᠦᠢᠯᠡᠰ ᠤᠨ ᠬᠡᠯᠬᠢᠶ᠎ᠡ ᠶᠢ ᠲᠦᠷᠬᠡᠨ ᠪᠤᠶᠢᠵᠢᠭᠤᠯᠤᠨ ᠤᠷᠲᠤᠳᠬᠠᠵᠤ᠂ ᠵᠥᠩ ᠱᠧᠩ᠂ ᠯᠠᠨ ᠲᠠᠢ ᠵᠡᠷᠭᠡ ᠠᠵᠤ | ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠳᠠᠪᠠᠭᠤᠯᠢᠭ ᠲᠤ ᠲᠦᠰᠢᠭᠯᠡᠨ᠂ ᠰᠤᠳᠤᠯᠤᠨ ᠨᠡᠭᠡᠭᠡᠭᠰᠡᠨ | ᠦᠷ᠎ᠡ ᠪᠦᠲᠦᠭᠡᠯ ᠢᠶᠠᠨ ᠪᠣᠳᠠᠲᠠᠶᠢᠵᠢᠭᠤᠯᠤᠨ ᠤᠯᠠᠷᠢᠭᠤᠯᠬᠤ ᠶᠢ ᠵᠣᠷᠢᠭᠵᠢᠭᠤᠯᠤᠨ ᠳᠡᠮᠵᠢᠵᠦ᠂ ᠣᠨᠴᠠ ᠲᠥᠷᠥᠯ ᠤᠨ | ᠬᠠᠶᠢᠯᠤᠰᠢ᠂ ᠳᠡᠭᠡᠳᠦ ᠮᠣᠯᠧᠺᠦ᠋ᠯᠳᠣ ᠳᠠᠪᠠᠷᠬᠠᠶ᠂ ᠡᠨᠧᠷᠭᠢ ᠬᠠᠳᠠᠭᠠᠯᠠᠬᠤ ᠴᠠᠬᠢᠯᠭᠠᠨ ᠴᠡᠨᠡᠭ ᠵᠡᠷᠭᠡ ᠰᠢᠨ᠎ᠡ | ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠬᠦ ᠶᠢ ᠲᠦᠷᠭᠡᠳᠬᠡᠨ ᠠᠬᠢᠭᠤᠯᠵᠤ᠂ ᠠᠵᠤ | ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠥᠬᠦ | ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ᠃ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠡᠷᠡᠰ | ᠪᠤᠴᠠᠭᠠᠨ ᠭᠠᠷᠭᠠᠵᠤ᠂ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠶᠡᠬᠡᠪᠡᠷ ᠲᠦᠯᠬᠢᠨ ᠠᠬᠢᠭᠤᠯᠵᠤ᠂ | ᠴᠡᠪᠡᠷ ᠡᠨᠧᠷᠭᠢ ᠪᠠᠷ ᠣᠷᠣᠯᠠᠭᠤᠯᠬᠤ ᠬᠠᠷᠢᠴᠠᠯ ᠢ ᠲᠣᠭᠲᠠᠭᠤᠨ ᠢᠶᠠᠷ ᠳᠡᠭᠡᠭᠰᠢᠯᠡᠭᠦᠯᠦᠨ᠂ ᠡᠨᠧᠷᠭᠢ ᠶᠢᠨ | ᠬᠤᠷᠣᠭᠳᠠᠭᠤᠯᠭ᠎ᠠ ᠶᠢᠨ ᠡᠷᠴᠢᠮ ᠢ ᠪᠠᠭᠤᠷᠠᠭᠤᠯᠵᠤ᠂ ᠡᠨᠧᠷᠭᠢ ᠬᠡᠷᠡᠭᠯᠡᠬᠦ ᠣᠷᠣᠨ ᠵᠠᠶ ᠶᠢ ᠰᠤᠯᠠᠯᠠᠨ᠎ᠠ᠃ | ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠡᠵᠡᠨ᠎ᠡ | ᠬᠤᠰᠢᠭᠤᠨ ᠤ ᠤᠯᠤᠰ ᠤᠨ ᠲᠠᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ | ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ | ᠠᠬᠢᠴᠠ ᠶᠢ ᠲᠦᠷᠭᠡᠳᠬᠡᠨ ᠠᠬᠢᠭᠤᠯᠤᠨ᠎ᠠ᠃ ᠠᠶᠢᠮᠠᠭ ᠤᠨ ᠳᠣᠲᠣᠷᠠᠬᠢ ᠡᠯᠧᠺᠲᠷᠣᠨ ᠬᠤᠳᠠᠯᠳᠤᠭᠠᠨ ᠤ ᠠᠵᠤ | ᠠᠬᠤᠶᠢᠯᠠᠯ ᠢ ᠦᠷᠭᠦᠯᠵᠢᠯᠡᠨ ᠳᠠᠮᠵᠢᠵᠤ᠂ ︽ᠠᠯᠠᠱᠠ ᠠᠶᠢᠮᠠᠭ ᠤᠨ ᠱᠧᠩ ᠱᠢ ᠡᠯᠧᠺᠲᠷᠣᠨ ᠬᠤᠳᠠᠯᠳᠤᠭᠠᠨ ᠤ | ᠰᠢᠭᠤᠳ ᠨᠡᠪᠲᠡᠷᠡᠭᠦᠯᠭᠡ ᠶᠢᠨ ᠰᠠᠭᠤᠷᠢᠨ ᠭᠠᠵᠠᠷ︾ ᠢ ᠲᠡᠭᠦᠯᠳᠡᠷᠵᠢᠭᠦᠯᠵᠦ᠂ ᠣᠷᠣᠵᠤ ᠰᠠᠭᠤᠬᠤ | ᠬᠤᠳᠠᠯᠳᠤᠭᠠᠴᠢᠨ ᠤ ᠬᠡᠪᠴᠢᠶ᠎ᠡ ᠶᠢ ᠪᠤᠵᠠᠭᠠᠶᠢᠷᠠᠭᠤᠯᠤᠨ᠂ ᠨᠥᠯᠥᠭᠡᠯᠡᠬᠦ ᠬᠦᠴᠦᠨ ᠢ ᠨᠢ ᠳᠡᠭᠡᠭᠰᠢᠯᠡᠭᠦᠯᠦᠨ᠎ᠡ᠃ ᠮᠠᠨ ᠤ | ᠠᠶᠢᠮᠠᠭ ᠤᠨ ᠬᠠᠩᠭᠠᠯᠭ᠎ᠠ ᠶᠢᠨ ᠬᠡᠯᠬᠢᠶᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠲᠥᠷᠦ ᠶᠢᠨ ᠪᠣᠳᠣᠯᠭ᠎ᠠ ᠶᠢᠨ | ᠳᠡᠮᠵᠢᠬᠦ ᠬᠦᠴᠦᠯᠡᠴᠡ ᠶᠢ ᠨᠡᠮᠡᠭᠳᠡᠭᠦᠯᠵᠦ᠂ ᠠᠶᠢᠮᠠᠭ ᠤᠨ ᠳᠣᠲᠣᠷᠠᠬᠢ ᠬᠦᠢᠲᠡᠨ ᠬᠡᠯᠬᠢᠶᠡᠲᠦ ᠪᠠᠷᠠᠭ᠎ᠠ ᠶᠢᠨ ᠭᠦᠢᠯᠭᠡᠭᠡ | ᠵᠡᠷᠭᠡ ᠬᠤᠯᠪᠣᠭᠳᠠᠯ ᠪᠦᠬᠦᠢ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠮᠠᠨ ᠤ ᠠᠶᠢᠮᠠᠭ ᠤᠨ ᠡᠯᠧᠺᠲᠷᠣᠨ | ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢ ᠪᠦᠲᠦᠮᠵᠢᠲᠡᠢ ᠵᠣᠯᠭᠠᠭᠤᠯᠤᠨ᠎ᠠ᠃ ᠡᠯ᠎ᠡ ᠬᠤᠰᠢᠭᠤ ᠣᠷᠣᠨ ᠤ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠲᠠᠷᠢᠶᠠᠯᠠᠩ ᠳᠤ ᠲᠤᠰᠠᠯᠠᠬᠤ ᠠᠵᠤ ᠠᠬᠤᠶ᠂ ᠢᠳᠡᠭᠡᠨ ᠤᠮᠳᠠᠭᠠᠨ᠂ ᠠᠷᠠᠳ ᠤᠨ ᠵᠠᠩ ᠦᠢᠯᠡ | ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠣᠯᠠᠨ ᠡᠰᠢᠵᠢᠭᠰᠡᠨ ᠬᠥᠳᠡᠭᠡ ᠲᠣᠰᠬᠤᠨ ᠤ ᠬᠡᠷᠡᠭᠯᠡᠭᠡ ᠶᠢ | ᠬᠥᠭᠵᠢᠭᠦᠯᠬᠦ ᠶᠢ ᠬᠥᠲᠥᠯᠥᠨ ᠵᠢᠯᠣᠭᠤᠳᠴᠤ ᠳᠠᠮᠵᠢᠨ᠂ ᠲᠠᠷᠢᠬᠤ᠂ ᠲᠡᠵᠢᠭᠡᠨ ᠦᠷᠡᠵᠢᠭᠦᠯᠬᠦ ᠦᠢᠯᠡᠰ ᠬᠢᠭᠡᠳ | ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠲᠠᠷᠢᠶᠠᠯᠠᠩ ᠤᠨ ᠪᠣᠷᠣᠯᠠᠭᠤᠯᠭ᠎ᠠ ᠶᠢ ᠵᠣᠯᠭᠠᠭᠤᠯᠬᠤ ᠶᠢ | ᠪᠡᠶᠡᠯᠡᠭᠦᠯᠵᠦ᠂ ᠲᠤᠰ ᠭᠠᠵᠠᠷ ᠤᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠰᠢᠭᠤᠳ ᠪᠣᠷᠣᠯᠠᠭᠤᠯᠬᠤ ᠬᠡᠪᠴᠢᠶ᠎ᠡ ᠪᠠ ᠮᠠᠨ ᠤ ᠠᠶᠢᠮᠠᠭ ᠤᠨ ᠡᠯᠧᠺᠲᠷᠣᠨ ᠬᠤᠳᠠᠯᠳᠤᠭ᠎ᠠ ᠶᠢ ᠬᠥᠳᠡᠭᠡ | ᠲᠣᠰᠬᠤᠨ ᠳᠤ ᠣᠷᠣᠭᠤᠯᠬᠤ ᠪᠦᠷᠬᠦᠴᠡ ᠶᠢ ᠥᠷᠭᠡᠳᠬᠡᠨ᠎ᠡ᠃ | ᠰᠣᠶᠣᠯ ᠵᠢᠭᠤᠯᠴᠢᠯᠠᠯ ᠤᠨ ᠠᠵᠤ ᠦᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠦᠨ᠎ᠡ᠃ ᠪᠥᠬᠦ ᠣᠷᠣᠨ ᠪᠦᠰᠡ᠂ | ᠪᠥᠬᠦ ᠤᠯᠠᠷᠢᠯ᠂ ᠵᠦᠷᠢᠶᠡᠵᠢᠯᠲᠡ᠂ ᠳᠡᠭᠡᠳᠦ ᠳᠡᠰᠵᠢᠯᠳᠡ ᠶᠢ ᠪᠠᠷᠢᠮᠲᠠᠯᠠᠨ᠂ ︽ᠵᠢᠭᠤᠯᠴᠢᠯᠠᠯ +︾ ᠶᠢᠨ | ᠠᠭᠤᠰᠤᠯᠴᠠᠨ ᠬᠥᠭᠵᠢᠬᠦ ᠶᠢ ᠭᠦᠨᠵᠡᠭᠡᠶᠢᠷᠡᠭᠦᠯᠵᠦ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠶᠠᠰᠤ ᠴᠢᠨᠠᠷ ᠢ | ᠬᠦᠴᠦᠯᠡᠨ ᠳᠡᠭᠡᠭᠰᠢᠯᠡᠭᠦᠯᠵᠦ᠂ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠶᠠᠯᠢᠭᠵᠢᠭᠤᠯᠤᠨ᠂ | ᠡᠯᠡᠰᠦ ᠮᠠᠩᠬ᠎ᠠ᠂ ᠲᠤᠤᠷᠠᠶ᠂ ᠰᠠᠨᠰᠠᠷ ᠠᠶᠠᠯᠠᠯ ᠵᠡᠷᠭᠡ ᠥᠪᠡᠷᠮᠢᠴᠡ ᠳᠠᠪᠠᠭᠤᠯᠢᠭ ᠢ ᠬᠦᠢᠴᠡᠳ ᠪᠠᠳᠠᠷᠠᠭᠤᠯᠤᠨ᠂ | ᠰᠣᠶᠣᠯ ᠵᠢᠭᠤᠯᠴᠢᠯᠠᠯ ᠤᠨ ᠦᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠦᠨ᠎ᠡ᠃ ︽ᠬᠠᠨ ᠲᠩᠷᠢ ᠠᠯᠠᠱᠠ︾ ᠶᠢᠨ | ᠨᠡᠷ᠎ᠡ ᠠᠯᠳᠠᠷᠰᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠯᠠᠨ ᠤᠯᠤᠰ ᠤᠨ ᠨᠠᠷᠠᠲᠤ ᠵᠢᠭᠤᠯᠴᠢᠯᠠᠯ ᠤᠨ | ᠵᠣᠷᠢᠭᠰᠠᠨ ᠭᠠᠵᠠᠷ᠂ ᠳᠤᠮᠳᠠᠳᠤ ᠤᠯᠤᠰ ᠤᠨ ᠬᠥᠮᠦᠨ ᠤ ᠵᠢᠭᠤᠯᠴᠢᠯᠠᠯ ᠤᠨ ᠵᠠᠪᠠᠯ ᠢᠷᠡᠬᠦ ᠭᠠᠵᠠᠷ᠂ ᠳᠡᠯᠡᠬᠡᠶ ᠶᠢᠨ | ᠲᠠᠰ ᠤᠨ ᠵᠢᠭᠤᠯᠴᠢᠯᠠᠯ ᠤᠨ ᠰᠡᠭᠦᠳᠡᠷᠯᠡᠬᠦ ᠰᠠᠭᠤᠷᠢᠨ ᠭᠠᠵᠠᠷ᠂ ᠳᠡᠭᠡᠳᠦ ᠲᠠᠰ ᠤᠨ ᠰᠣᠶᠣᠯ ᠵᠢᠭᠤᠯᠴᠢᠯᠠᠯ ᠤᠨ | ᠠᠵᠢᠯᠯᠠᠭ᠎ᠠ ᠡᠷᠭᠢᠯᠡᠬᠦ ᠭᠠᠵᠠᠷ᠂ ᠤᠨᠴᠠᠯᠢᠬᠳᠤ ᠠᠷᠠᠳ ᠤᠨ ᠪᠠᠶᠢᠷᠢ ᠶᠢᠨ ᠵᠣᠷᠢᠭᠰᠠᠨ ᠭᠠᠵᠠᠷ ᠢ ᠴᠣᠭᠴᠠᠯᠠᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠵᠢᠭᠤᠯᠴᠢᠯᠠᠯ ᠤᠨ IP ᠶᠢ ᠡᠳ᠋ ᠬᠥᠷᠥᠩᠭᠡ ᠪᠣᠯᠭᠠᠨ ᠬᠤᠪᠢᠷᠠᠭᠤᠯᠬᠤ ᠶᠢ | ᠠᠬᠢᠭᠤᠯᠤᠨ᠎ᠠ᠃ ᠰᠣᠳᠣᠨ ᠵᠢᠭᠤᠯᠴᠢᠯᠠᠯ ᠤᠨ ᠱᠤᠭᠤᠮ᠂ ᠳᠡᠭᠡᠳᠦ ᠲᠡᠰ ᠤᠨ ᠵᠢᠭᠤᠯᠴᠢᠯᠠᠯ ᠤᠨ ᠪᠦᠲᠦᠭᠡᠭᠳᠡᠬᠦᠨ ᠢ | ᠶᠡᠬᠡᠪᠡᠷ ᠨᠡᠭᠡᠭᠡᠨ ᠬᠥᠭᠵᠢᠭᠦᠯᠵᠦ᠂ ᠡᠯ᠎ᠡ ᠲᠥᠷᠥᠯ ᠤᠨ ᠪᠠᠶᠠᠷ ᠳᠤᠷᠠᠰᠬᠠᠯ ᠤᠨ ᠠᠵᠢᠯᠯᠠᠭ᠎ᠠ ᠪᠠ ᠤᠷᠤᠯᠳᠤᠭᠠᠨ ᠢ | ᠨᠢᠮᠪᠠᠢ ᠵᠣᠬᠢᠶᠠᠨ ᠪᠠᠶᠢᠭᠤᠯᠵᠤ᠂ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ | ᠠᠵᠢᠯᠯᠠᠭ᠎ᠠ ᠪᠠ ᠰᠣᠶᠣᠯ ᠵᠢᠭᠤᠯᠴᠢᠯᠠᠯ ᠤᠨ ᠲᠣᠭᠠᠴᠢᠯᠠᠭᠰᠠᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ | ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠨᠠᠭᠠᠳᠬᠤ ᠠᠷᠭ᠎ᠠ᠂ ᠰᠢᠨ᠎ᠡ ᠬᠤᠳᠠᠯᠳᠤᠭᠠᠨ ᠤ | ᠵᠠᠭᠪᠤᠷ ᠢ ᠪᠣᠢ ᠪᠣᠯᠭᠠᠵᠤ᠂ ᠡᠯ᠎ᠡ ᠠᠵᠢᠯ ᠲᠥᠷᠥᠯ ᠯᠦᠭᠡ ᠨᠢᠭᠲᠠ ᠵᠣᠯᠭᠠᠭᠤᠯᠤᠨ᠂ ᠠᠭᠤᠰᠤᠯᠴᠠᠨ ᠬᠥᠭᠵᠢᠵᠦ᠂ | ᠠᠷᠠᠳ ᠢᠶᠠᠨ ᠨᠠᠩ ᠪᠠᠶᠠᠵᠢᠭᠤᠯᠤᠨ᠂ 3 . 0 ᠤᠨ ᠴᠠᠭ ᠦᠶ᠎ᠡ ᠳᠤ ᠲᠦᠷᠭᠡᠨ ᠠᠯᠬᠤᠨ ᠣᠷᠣᠨ᠎ᠠ᠃ | ᠪᠣᠬᠢᠷᠲᠤᠯ ᠦᠭᠡᠢ ᠲᠠᠷᠢᠶᠠᠯᠠᠩ ᠮᠠᠯ ᠠᠵᠤ ᠠᠬᠤᠢ ᠶᠢᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ | ᠲᠡᠮᠡᠭᠡᠨ ᠤ ᠠᠵᠤ ᠦᠢᠯᠡᠰ᠂ ᠡᠯᠡᠰᠦᠨ ᠤᠷᠭᠤᠮᠠᠯ ᠢ ᠨᠠᠷᠢᠯᠢᠭ ᠡᠳ᠋ᠰᠢᠭᠦᠯᠬᠦ ᠵᠡᠷᠭᠡ ᠣᠨᠴᠠᠯᠢᠭᠲᠤ ᠠᠵᠤ ᠦᠢᠯᠡᠰ ᠢ | ᠨᠠᠷᠢᠯᠢᠭᠵᠢᠭᠤᠯᠤᠨ ᠰᠢᠯᠢᠳᠡᠭᠵᠢᠭᠦᠯᠵᠦ᠂ ᠰᠢᠯᠢᠳᠡᠭ ᠡᠭᠦᠯᠳᠡᠷ ᠢ ᠬᠦᠴᠦᠯᠡᠨ ᠪᠤᠶᠢᠵᠢᠭᠤᠯᠵᠤ᠂ ᠶᠠᠰᠤ ᠴᠢᠨᠠᠷ ᠢ | ᠳᠡᠭᠡᠭᠰᠢᠯᠡᠭᠦᠯᠦᠨ᠂ ᠨᠠᠷᠠᠲᠤ ᠲᠡᠮᠳᠡᠭᠲᠦ ᠶᠢ ᠡᠭᠦᠳᠴᠦ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ | ᠥᠨᠳᠥᠷ ᠦᠷ᠎ᠡ ᠪᠦᠲᠦᠮᠵᠢᠲᠡᠶ ᠬᠥᠭᠵᠢᠯᠲᠡ ᠶᠢ ᠠᠬᠢᠭᠤᠯᠤᠨ᠎ᠠ᠃ ᠠᠮᠤ ᠪᠤᠳᠠᠭ᠎ᠠ ᠶᠢᠨ ᠠᠮᠤᠷ ᠲᠦᠪᠰᠢᠨ ᠤ ᠠᠶᠢᠮᠠᠭ | ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠣᠷᠢᠵᠢᠭᠤᠯᠵᠦ᠂ ︽ᠤᠰᠤ ᠪᠠᠷ | ᠲᠠᠷᠢᠶ᠎ᠠ ᠶᠢ ᠲᠣᠭᠲᠠᠭᠠᠬᠤ᠂ ᠤᠰᠤ ᠪᠠᠷ ᠤᠨᠠᠯᠲᠠ ᠶᠢ ᠲᠣᠭᠲᠠᠭᠠᠬᠤ︾ ᠶᠢ ᠪᠠᠷᠢᠮᠲᠠᠯᠠᠨ᠂ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠲᠠᠯᠠᠪᠠᠢ ᠶᠢ ᠥᠷᠭᠡᠳᠬᠡᠵᠦ᠂ ᠭᠠᠵᠠᠷ ᠰᠢᠷᠣᠢ ᠶᠢᠨ ᠮᠦ ᠪᠦᠷᠢ ᠶᠢᠨ ᠳᠤᠮᠳᠠᠴᠢ ᠦᠷ᠎ᠡ ᠠᠰᠢᠭ ᠢ | ᠳᠡᠭᠡᠭᠰᠢᠯᠡᠭᠦᠯᠦᠨ᠂ ᠲᠠᠷᠢᠶᠠᠯᠠᠩ ᠤᠨ ᠨᠠᠶᠢᠳᠠᠨ ᠬᠠᠮᠢᠶᠠᠷᠤᠭᠤᠯᠬᠤ ᠰᠢᠨ᠎ᠡ ᠵᠠᠭᠪᠤᠷ ᠢ ᠰᠦᠪᠡᠭᠴᠢᠯᠡᠵᠦ᠂ | ᠲᠠᠷᠢᠶᠠᠯᠠᠩ ᠤᠨ ᠪᠠᠷᠢᠮᠵᠢᠶᠠᠵᠢᠭᠰᠠᠨ ᠦᠢᠯᠡᠳᠪᠦᠷᠢᠯᠡᠯ ᠢ ᠶᠡᠬᠡᠪᠡᠷ ᠠᠬᠢᠭᠤᠯᠤᠨ᠎ᠠ︔ ᠰᠢᠨ᠎ᠡ ᠲᠥᠷᠥᠯ ᠵᠦᠢᠯ ᠢ | ᠣᠷᠣᠭᠤᠯᠤᠨ ᠠᠪᠴᠢᠷᠠᠬᠤ ᠪᠠ ᠲᠠᠷᠢᠶᠠᠯᠠᠩ ᠤᠨ ᠪᠦᠲᠦᠭᠡᠭᠳᠡᠬᠦᠨ ᠢ ᠪᠣᠭᠤᠳᠠᠯᠯᠠᠬᠤ ᠡᠵᠡᠩᠨᠡᠨ ᠪᠣᠷᠣᠯᠠᠭᠤᠯᠬᠤ | ᠡᠷᠴᠢᠮ ᠢᠶᠠᠨ ᠴᠢᠩᠭᠠᠷᠠᠭᠤᠯᠵᠤ᠂ ᠵᠢᠤᠢ ᠶᠠᠨ ᠠᠮᠳᠠᠳᠣ ᠬᠡᠮᠬᠡ᠂ ᠵᠢᠮᠢᠰ ᠤᠨ ᠠᠮᠳᠠ ᠲᠠᠢ ᠡᠷᠳᠡᠨᠢ ᠰᠢᠰᠢ ᠵᠡᠷᠭᠡ | ᠣᠨᠴᠠᠯᠢᠭᠲᠤ ᠪᠦᠲᠦᠭᠡᠭᠳᠡᠬᠦᠨ ᠢ ᠪᠤᠢ ᠪᠣᠯᠭᠠᠵᠤ᠂ ᠥᠨᠳᠥᠷ ᠨᠡᠮᠡᠯᠲᠡ ᠥᠷᠲᠡᠭ ᠪᠦᠬᠦᠢ ᠰᠣᠳᠣᠨ ᠲᠠᠷᠢᠶᠠᠯᠠᠩ ᠢ | ᠬᠥᠭᠵᠢᠭᠦᠯᠦᠨ᠎ᠡ᠃ ᠠᠯᠠᠱᠠ ᠶᠢᠨ ᠴᠠᠭᠠᠨ ᠨᠣᠯᠤᠤᠷ ᠤᠨ ᠢᠮᠠᠭ᠎ᠠ᠂ ᠠᠯᠠᠱᠠ ᠶᠢᠨ ᠬᠤᠤᠰ ᠪᠥᠬᠦᠲᠦ ᠲᠡᠮᠡᠭᠡ᠂ | ᠠᠯᠠᠱᠠ ᠶᠢᠨ ᠲᠤᠭᠤᠯ ᠵᠡᠷᠭᠡ ᠴᠢᠨᠠᠷ ᠰᠠᠶᠢᠲᠠᠶ ᠮᠠᠯ ᠤᠨ ᠡᠭᠦᠯᠳᠡᠷ ᠤᠨ ᠡᠬᠢ ᠪᠠᠶᠠᠯᠢᠭ ᠲᠤ ᠲᠦᠰᠢᠭᠯᠡᠨ᠂ ᠨᠢᠭᠡ | ᠪᠦᠯᠦᠭ ︽ᠣᠲᠣ ᠦᠶ᠎ᠡ ᠶᠢᠨ ᠮᠠᠯᠵᠢᠯ ᠤᠨ ᠲᠠᠯᠠᠪᠠᠶ︾ ᠶᠢ ᠪᠥᠲᠥᠭᠡᠨ ᠪᠠᠶᠢᠭᠤᠯᠵᠤ᠂ ᠰᠦ ᠮᠢᠬ᠎ᠠ ᠨᠣᠯᠤᠤᠷ ᠤᠨ | ᠠᠵᠤ ᠦᠢᠯᠡᠰᠵᠢᠯᠳᠡ᠂ ᠨᠠᠷᠢᠯᠢᠭ ᠭᠦᠨᠵᠡᠭᠡᠶ᠂ ᠳᠡᠭᠡᠳᠦ ᠲᠠᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ᠃ | ᠴᠠᠭᠠᠨ ᠭᠤᠶᠣᠣ᠂ ᠤᠯᠠᠭᠠᠨ ᠭᠤᠶᠣᠣ ᠵᠡᠷᠭᠡ ᠣᠨᠴᠠᠯᠢᠭᠲᠤ ᠡᠯᠡᠰᠦᠨ ᠤ ᠠᠮᠢᠳᠤ ᠪᠣᠳᠠᠰ ᠤᠨ ᠡᠬᠢ ᠪᠠᠶᠠᠯᠢᠭ ᠤᠨ | ᠲᠣᠭᠤᠷᠢᠨ ᠳᠤ᠂ ᠠᠮᠢ ᠠᠬᠤᠢ ᠶᠢᠨ ᠠᠵᠤ ᠦᠢᠯᠡᠰ ᠤᠨ ᠣᠨᠴᠠᠯᠢᠭᠲᠤ ᠬᠥᠭᠵᠢᠯᠲᠡ ᠶᠢ ᠬᠦᠴᠦᠲᠡᠢ ᠠᠬᠢᠭᠤᠯᠤᠨ᠎ᠠ᠃ | ︽ᠬᠤᠶᠠᠳᠣᠭᠠᠷ ᠭᠤᠷᠪᠠᠳᠣᠭᠠᠷ ᠠᠵᠦ ᠦᠢᠯᠡᠰ ᠢ ᠵᠣᠯᠭᠠᠭᠤᠯᠬᠤ︾ ᠠᠵᠢᠯ ᠢ ᠰᠠᠶᠢᠲᠤᠷ ᠬᠢᠵᠦ᠂ ᠠᠯᠠᠱᠠ ᠶᠢᠨ | ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠢ ᠡᠬᠦᠳᠦᠨ᠎ᠡ᠃ | ︵ᠳᠦᠷᠪᠡ︶ ᠰᠢᠨᠵᠢᠯᠡᠬᠦ ᠤᠬᠠᠭᠠᠨ ᠮᠡᠷᠭᠡᠵᠢᠯ ᠤᠨ ︽ᠰᠢᠨ᠎ᠡ︾ ᠲᠤᠯᠭᠠᠭᠤᠷᠢᠯᠠᠯ ᠢ ᠴᠢᠩᠭᠠᠷᠠᠭᠤᠯᠵᠤ᠂ | ᠬᠥᠭᠵᠢᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠦᠨ᠎ᠡ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠴᠢᠩᠭᠠᠳᠬᠠᠨ᠎ᠠ᠃ | ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠶᠡᠬᠡᠪᠡᠷ | ᠬᠡᠷᠡᠭᠵᠢᠭᠦᠯᠵᠦ᠂ ᠲᠡᠮᠡᠭᠡᠨ ᠤ ᠠᠵᠤ ᠦᠢᠯᠡᠰ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ᠂ ᠠᠮᠢᠳᠤ | ᠪᠣᠳᠠᠰ ᠤᠨ ᠡᠮ ᠡᠮᠨᠡᠯᠭᠡ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠲᠦᠷᠬᠡᠨ ᠬᠥᠭᠵᠢᠭᠦᠯᠵᠦ᠂ ᠠᠵᠤ | ᠦᠢᠯᠡᠰ ᠤᠨ ᠬᠡᠯᠬᠢᠶᠡᠵᠢᠯ᠂ ᠰᠢᠨ᠎ᠡ ᠶᠢ ᠡᠭᠦᠳᠬᠦ ᠬᠡᠯᠬᠢᠶᠡᠵᠢᠯ᠂ ᠬᠠᠩᠭᠠᠯᠭ᠎ᠠ ᠶᠢᠨ ᠬᠡᠯᠬᠢᠶᠡᠵᠢᠯ᠂ ᠡᠯᠧᠮᠧᠨ᠋ᠲ ᠤᠨ | ᠬᠡᠯᠬᠢᠶᠡᠵᠢᠯ ᠢ ᠭᠦᠨᠵᠡᠭᠡᠢ ᠠᠪᠴᠠᠯᠳᠤᠭᠤᠯᠬᠤ ᠶᠢ ᠠᠬᠢᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ | ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ᠂ ᠬᠥᠮᠦᠨ | ᠬᠡᠷᠡᠭᠯᠡᠬᠦ ᠬᠡᠷᠡᠭᠴᠡᠭᠡ ᠱᠠᠭᠠᠷᠳᠠᠯᠭ᠎ᠠ᠂ ᠦᠷ᠎ᠡ ᠪᠦᠲᠦᠭᠡᠯ ᠢ ᠤᠯᠠᠷᠢᠭᠤᠯᠬᠤ ᠭᠤᠣᠯ ᠴᠣᠭᠴᠠ ᠶᠢᠨ ᠪᠠᠶᠢᠷᠢ ᠰᠠᠭᠤᠷᠢ ᠶᠢ | ᠴᠢᠩᠭᠠᠳᠬᠠᠵᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠳᠠᠮᠵᠢᠵᠤ᠂ | ᠦᠢᠯᠡᠳᠪᠦᠷᠢᠯᠡᠬᠦ ᠵᠢᠭᠠᠬᠤ ᠰᠤᠳᠤᠯᠬᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠨᠢᠭᠡ ᠪᠦᠯᠦᠭ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠠᠭᠠᠭᠤᠯᠤᠭᠴᠢ ᠠᠵᠤ ᠠᠬᠤᠶᠢᠯᠠᠯ ᠢ ᠪᠤᠶᠢᠵᠢᠭᠤᠯᠵᠤ᠂ ᠮᠠᠨ ᠤ | ᠠᠶᠢᠮᠠᠭ ᠤᠨ ᠠᠵᠤ ᠦᠢᠯᠡᠰ ᠤᠨ ᠳᠡᠰ ᠳᠠᠪᠬᠤᠷᠭ᠎ᠠ ᠳᠣᠣᠷ᠎ᠠ᠂ ᠦᠢᠯᠡᠳᠬᠦᠨ ᠤ ᠮᠡᠷᠭᠡᠵᠢᠯ ᠤᠨ ᠠᠭᠤᠯᠣᠭᠳᠠᠴᠠ | ᠳᠣᠣᠷ᠎ᠠ᠂ ᠨᠡᠮᠡᠯᠳᠡ ᠦᠷᠳᠡᠭ ᠳᠣᠣᠷ᠎ᠠ ᠪᠠᠶᠢᠬᠤ ᠠᠰᠠᠭᠤᠳᠠᠯ ᠢ ᠦᠨᠨᠡᠬᠦ ᠰᠢᠢᠳᠪᠦᠷᠢᠯᠡᠨ᠎ᠡ᠃ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ | ᠠᠬᠤᠶᠢᠯᠠᠯ ᠢ ᠪᠤᠶᠢᠵᠢᠭᠤᠯᠵᠤ᠂ ︽ᠬᠤᠣᠰ ᠳᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ ᠲᠦᠷᠬᠡᠨ ᠬᠡᠷᠡᠭᠵᠢᠭᠦᠯᠵᠦ᠂ | ᠳᠠᠷᠠᠭ᠎ᠠ ᠨᠢ ᠲᠤᠰᠠᠯᠠᠬᠤ᠂ ᠨᠡᠮᠡᠨ ᠪᠣᠳᠣᠵᠤ ᠰᠠᠭᠤᠯᠭᠠᠨ ᠠᠪᠬᠤ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠰᠠᠶᠢᠲᠤᠷ ᠬᠡᠷᠡᠭᠯᠡᠵᠦ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠰᠤᠳᠤᠯᠤᠨ ᠨᠡᠭᠡᠭᠡᠬᠦ | ᠣᠷᠣᠭᠤᠯᠤᠯᠲᠠ ᠶᠢᠨ ᠡᠷᠴᠢᠮ ᠢ ᠨᠢ ᠴᠢᠩᠭᠠᠷᠠᠭᠤᠯᠤᠨ᠎ᠠ᠃ ᠬᠠᠮᠲᠤᠷᠠᠯᠴᠠᠭᠠᠨ ᠤ ᠲᠣᠭᠲᠠᠴᠠ ᠶᠢ ᠭᠦᠨᠵᠡᠭᠡᠶᠢᠷᠡᠭᠦᠯᠵᠦ᠂ | ᠠᠵᠤ ᠦᠢᠯᠡᠰ ᠤᠨ ᠬᠡᠯᠬᠢᠶ᠎ᠡ ᠪᠠ ᠰᠢᠨ᠎ᠡ ᠶᠢ ᠡᠭᠦᠳᠬᠦ ᠬᠡᠯᠬᠢᠶ᠎ᠡ ᠶᠢ ᠬᠠᠷᠢᠯᠴᠠᠨ ᠬᠤᠯᠪᠣᠯᠳᠤᠭᠤᠯᠵᠤ ᠨᠢᠭᠲᠠ | ᠵᠣᠯᠭᠠᠭᠤᠯᠬᠤ ᠶᠢ ᠠᠬᠢᠭᠤᠯᠵᠤ᠂ ᠲᠢᠩᠬᠢᠮ ᠠᠶᠢᠮᠠᠭ ᠬᠠᠮᠲᠤᠷᠠᠨ ᠵᠥᠪᠳᠡᠯᠴᠡᠬᠦ᠂ ᠬᠦᠷᠢᠶᠡᠯᠡᠩ ᠣᠷᠣᠨ ᠨᠤᠲᠤᠭ | ᠬᠠᠮᠲᠤᠷᠠᠨ ᠠᠵᠢᠯᠯᠠᠬᠤ᠂ ᠰᠤᠷᠭᠠᠭᠤᠯᠢ ᠠᠵᠤ ᠠᠬᠤᠶᠢᠯᠠᠯ ᠬᠠᠮᠲᠤᠷᠠᠨ ᠠᠵᠢᠯᠯᠠᠬᠤ᠂ ᠣᠶᠤᠨ ᠤ ᠬᠥᠮᠥᠷᠭᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ ᠦᠢᠯᠡᠳᠦᠯ | ᠢ ᠪᠠᠳᠠᠷᠠᠭᠤᠯᠵᠤ᠂ ᠨᠢᠭᠡ ᠪᠦᠯᠦᠭ ᠲᠠᠪᠴᠠᠩ ᠤᠨ ᠠᠴᠢᠶᠠᠯᠠᠪᠤᠷᠢ ᠶᠢ ᠲᠦᠷᠬᠡᠨ ᠪᠠᠶᠢᠭᠤᠯᠵᠤ᠂ ᠨᠢᠭᠡ ᠪᠦᠯᠦᠭ | ᠵᠠᠩᠭᠢᠯᠠᠭ᠎ᠠ ᠶᠢᠨ ᠮᠡᠷᠭᠡᠵᠢᠯ ᠢ ᠰᠢᠪᠲᠤᠯᠵᠤ᠂ ᠨᠢᠭᠡ ᠪᠦᠯᠦᠭ ᠭᠤᠤᠯᠯᠠᠬᠤ ᠨᠠᠷᠠᠲᠤ ᠲᠥᠷᠥᠯ ᠲᠡᠮᠳᠡᠭᠲᠦ ᠶᠢ ᠪᠣᠶ | ᠪᠣᠯᠭᠠᠵᠤ᠂ ᠪᠣᠳᠠᠲᠤ ᠴᠣᠭᠴᠠ ᠶᠢᠨ ᠠᠵᠤ ᠠᠬᠤᠶ ᠶᠢᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠦ᠂ ᠰᠢᠨ᠎ᠡ ᠶᠢ | ᠡᠭᠦᠳᠬᠦ ᠪᠠᠷ ᠬᠥᠭᠵᠢᠯᠲᠡ ᠶᠢ ᠬᠥᠲᠥᠯᠥᠨ ᠳᠠᠭᠠᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ︽ᠳᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ︽ᠲᠣᠭᠠᠴᠢᠯᠠᠭᠰᠠᠨ ᠵᠠᠰᠠᠭ ᠤᠨ | ᠣᠷᠳᠣᠨ︾ ᠢ ᠯᠠᠪᠳᠠᠭᠤᠨ ᠪᠠᠲᠤᠲᠠᠶ ᠪᠠᠶᠢᠭᠤᠯᠤᠨ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢ | ᠬᠠᠷᠢᠴᠠᠩᠭᠤᠶ ᠪᠠᠷ ᠲᠥᠪᠯᠡᠷᠡᠭᠦᠯᠬᠦ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ︽ᠮᠥᠩᠬᠡ ᠰᠤᠪᠠᠭ︾᠂ | ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠭᠡᠬᠦ᠂ ᠨᠢᠭᠡ ᠦᠨᠡᠮᠯᠡᠯ ᠢᠶᠠᠷ ᠨᠡᠶᠢᠳᠡᠮ ᠬᠦᠢᠴᠡᠳᠬᠡᠬᠦ᠂ ᠨᠢᠭᠡ | ᠦᠨᠡᠮᠯᠡᠯ ᠢᠶᠠᠷ ᠨᠡᠶᠢᠳᠡᠮ ᠬᠦᠢᠴᠡᠳᠭᠡᠬᠦ᠂ ᠠᠶᠢᠮᠠᠭ ᠲᠤ ᠨᠡᠶᠢᠳᠡᠮ ᠬᠦᠢᠴᠡᠳᠭᠡᠬᠦ᠂ ᠣᠷᠣᠨ ᠪᠦᠰᠡ ᠪᠠᠷ ᠬᠤᠯᠪᠣᠭᠠᠯᠠᠨ | ᠬᠦᠢᠴᠡᠳᠭᠡᠬᠦ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠨᠠᠵᠠᠭᠠᠶ | ᠲᠠᠯ᠎ᠠ ᠶᠢᠨ ᠨᠠᠷᠢᠨ ᠲᠠᠩᠰᠠ ᠶᠢ ᠬᠡᠷᠡᠭᠵᠢᠭᠦᠯᠵᠦ᠂ ︽ᠨᠢᠭᠡ ᠲᠠᠩᠰᠠ ᠶᠢ ᠪᠦᠬᠦᠨ ᠢ ᠵᠢᠭᠰᠠᠭᠠᠬᠤ︾᠂ ︽ | ᠬᠠᠭᠤᠳᠠᠰᠤ ᠠᠴᠠ ᠭᠠᠳᠠᠨ᠎ᠠ ᠬᠠᠭᠤᠳᠠᠰᠤ ᠥᠬᠡᠶ ᠪᠠᠶᠢᠯᠭᠠᠬᠤ︾ ᠶᠢ ᠪᠡᠶᠡᠯᠡᠭᠦᠯᠦᠨ᠎ᠡ᠃ ᠮᠥᠩᠭᠦᠨ ᠬᠦᠢᠯᠭᠡᠭᠡ᠂ | ᠡᠨᠧᠷᠭᠢ᠂ ᠵᠠᠮ ᠬᠠᠷᠢᠯᠴᠠᠭ᠎ᠠ ᠵᠡᠷᠭᠡ ᠠᠵᠢᠯ ᠲᠥᠷᠥᠯ ᠤᠨ ᠠᠵᠤ ᠠᠬᠤᠶᠢᠯᠠᠯ ᠳᠤ ᠬᠤᠯᠪᠣᠭᠳᠠᠭᠰᠠᠨ | ᠦᠢᠯᠡᠴᠢᠯᠡᠭᠡ ᠪᠠᠨ ᠰᠢᠯᠢᠳᠡᠭᠵᠢᠭᠦᠯᠬᠦ ᠶᠢ ᠠᠬᠢᠭᠤᠯᠵᠤ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ᠂ | ᠮᠥᠩᠭᠦᠨ ᠬᠦᠢᠯᠬᠡᠬᠡ ᠪᠠᠷ ᠲᠡᠳᠬᠦᠨ ᠳᠡᠮᠵᠢᠬᠦ ᠵᠡᠷᠭᠡ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠠᠵᠤ ᠠᠬᠤᠶᠢᠯᠠᠯ ᠢ ᠲᠦᠢᠯ ᠤᠨ ᠣᠨᠣᠪᠴᠢᠲᠠᠶ ᠪᠠᠷ ᠬᠠᠪᠰᠤᠷᠤᠨ ᠪᠣᠳᠠᠲᠠᠶ ᠬᠦᠴᠢᠷᠳᠡᠯ ᠢ ᠨᠢ ᠰᠢᠢᠳᠪᠦᠷᠢᠯᠡᠵᠦ | ᠥᠭᠭᠦᠨ᠎ᠡ᠃ ︽ᠥᠪᠥᠷ ᠮᠣᠩᠭᠤᠯ ᠤᠨ ᠠᠵᠤ ᠠᠬᠤᠶᠢᠯᠠᠯ ᠢ ᠨᠡᠪᠲᠡᠷᠡᠭᠦᠯᠬᠦ︾ ᠲᠠᠪᠴᠠᠩ ᠤᠨ ᠦᠢᠯᠡᠴᠢᠯᠡᠬᠡᠨ ᠤ | ᠴᠢᠳᠠᠮᠵᠢ ᠶᠢ ᠲᠡᠭᠦᠯᠳᠡᠷᠵᠢᠭᠦᠯᠵᠦ᠂ ᠲᠠᠪᠴᠠᠩ ᠤᠨ ᠠᠵᠢᠯᠯᠠᠭᠠᠨ ᠤ ᠦᠷ᠎ᠡ ᠪᠦᠲᠦᠮᠵᠢ ᠶᠢ ᠲᠠᠰᠤᠷᠠᠯᠲᠠ ᠥᠬᠡᠶ | ᠳᠡᠭᠡᠭᠰᠢᠯᠡᠭᠦᠯᠦᠨ᠎ᠡ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ᠂ | ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠨᠡᠶᠢᠯᠡᠭᠦᠯᠵᠦ ᠬᠠᠮᠲᠤ ᠳᠠᠭᠠᠨ ᠭᠥᠷᠳᠡᠬᠦ ᠪᠠ ᠬᠤᠯᠪᠣᠭᠠᠯᠠᠨ | ᠱᠠᠩᠨᠠᠵᠤ ᠲᠣᠷᠭᠠᠬᠤ ᠶᠢ ᠴᠢᠩᠭᠠᠳᠬᠠᠵᠤ᠂ ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ | ᠪᠦᠲᠦᠮᠵᠢᠲᠡᠶ ᠳᠡᠭᠡᠭᠰᠢᠯᠡᠭᠦᠯᠦᠨ᠎ᠡ᠃ | ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠲᠡᠳᠬᠦᠨ᠎ᠡ᠃ ᠭᠠᠶᠢᠯᠢ ᠬᠥᠩᠭᠡᠯᠡᠵᠦ | ᠰᠦᠢᠳᠬᠡᠯ ᠪᠠᠭᠤᠷᠠᠭᠤᠯᠬᠤ ᠵᠡᠷᠭᠡ ᠠᠵᠤ ᠠᠬᠤᠶᠢᠯᠠᠯ ᠢ ᠲᠤᠰᠠᠯᠠᠵᠤ ᠬᠦᠴᠢᠷᠳᠡᠯ ᠢ ᠨᠢ ᠰᠢᠢᠳᠪᠦᠷᠢᠯᠡᠬᠦ ᠲᠦᠷᠦ ᠶᠢᠨ | ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠦᠷᠦ ᠶᠢᠨ ᠪᠤᠳᠤᠯᠭ᠎ᠠ ᠶᠢ ᠪᠡᠶᠡᠯᠡᠭᠦᠯᠬᠦ ᠨᠤᠷᠮ᠎ᠠ ᠶᠢ | ᠳᠡᠭᠡᠭᠰᠢᠯᠡᠭᠦᠯᠦᠨ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ ᠲᠥᠪ ᠭᠤᠣᠯᠴᠢ ᠲᠦᠭᠡᠮᠡᠯ ᠠᠰᠢᠭ ᠬᠦᠷᠲᠡᠭᠡᠬᠦ᠂ | ᠰᠢᠭᠤᠳ ᠬᠦᠷᠭᠡᠵᠦ ᠲᠦᠷᠭᠡᠨ ᠡᠳ᠋ᠯᠡᠬᠦ ᠶᠢ ᠦᠨᠡᠨ ᠬᠦ ᠪᠠᠲᠤᠯᠠᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ | ᠬᠦᠯᠢᠶᠡᠰᠦ ᠶᠢ ᠠᠯᠳᠠᠷᠠᠭᠠᠵᠤ ᠳᠠᠷᠤᠭᠠᠰᠤ ᠶᠢ ᠨᠢ ᠬᠥᠩᠭᠡᠷᠡᠭᠦᠯᠦᠨ᠎ᠡ᠃ ᠮᠥᠩᠭᠦᠨ ᠬᠦᠢᠯᠬᠡᠬᠡᠨ ᠤ ᠪᠠᠶᠢᠭᠤᠯᠤᠮᠵᠢ ᠶᠢ | ᠬᠥᠲᠥᠯᠥᠨ ᠵᠢᠯᠣᠭᠤᠳᠴᠤ ᠪᠠᠶᠢᠭᠠᠳ ᠲᠦᠭᠡᠮᠡᠯ ᠬᠠᠷᠠᠭᠠᠯᠵᠠᠯᠲᠤ ᠮᠥᠩᠭᠦᠨ ᠬᠦᠢᠯᠭᠡᠭᠡᠨ ᠤ ᠲᠥᠷᠥ ᠶᠢᠨ | ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠢᠲᠡᠭᠡᠮᠵᠢᠲᠦ ᠵᠢᠭᠡᠯᠡᠯᠭᠡ ᠪᠠᠷ ᠳᠡᠮᠵᠢᠬᠦ ᠪᠠᠭᠠᠵᠢ ᠶᠢ ᠰᠠᠶᠢᠲᠤᠷ | ᠬᠡᠷᠡᠭᠯᠡᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠬᠡᠮᠵᠢᠶ᠎ᠡ ᠶᠢ ᠨᠡᠮᠡᠭᠳᠡᠭᠦᠯᠬᠦ᠂ | ᠬᠡᠪᠴᠢᠶ᠎ᠡ ᠶᠢ ᠥᠷᠭᠡᠳᠬᠡᠬᠦ᠂ ᠦᠨ᠎ᠡ ᠶᠢ ᠪᠠᠭᠤᠷᠠᠭᠤᠯᠬᠤ ᠶᠢ ᠠᠬᠢᠭᠤᠯᠵᠤ᠂ ᠪᠠᠯᠠ ᠲᠣᠬᠢᠷᠠᠭᠤᠯᠭ᠎ᠠ ᠶᠢᠨ ᠠᠰᠢᠭ | ᠬᠦᠷᠲᠡᠬᠦ ᠴᠢᠨᠠᠷ ᠪᠠ ᠳᠥᠭᠦᠮ ᠳᠥᠲᠡ ᠴᠢᠨᠠᠷ ᠢ ᠳᠡᠭᠡᠭᠰᠢᠯᠡᠭᠦᠯᠦᠨ᠎ᠡ᠃ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠳᠡᠮᠵᠢᠵᠦ᠂ ᠲᠦᠷᠢᠶᠡᠰᠦᠨ ᠮᠥᠩᠭᠦ᠂ ᠭᠠᠶᠢᠯᠢ ᠰᠦᠢᠳᠬᠡᠯ᠂ ᠪᠠᠯᠠ | ᠲᠣᠬᠢᠷᠠᠭᠤᠯᠭ᠎ᠠ ᠵᠡᠷᠭᠡ ᠠᠰᠠᠭᠤᠳᠠᠯ ᠤᠨ ᠲᠣᠭᠤᠷᠢᠨ ᠳᠤ᠂ ᠨᠠᠩ ᠰᠢᠭᠤᠳ᠂ ᠨᠠᠩ ᠪᠦᠲᠦᠮᠵᠢᠲᠡᠶ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠪᠠᠷ ᠬᠠᠪᠰᠤᠷᠤᠨ ᠲᠡᠳᠬᠦᠵᠦ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠬᠡ ᠶᠢᠨ ᠵᠠᠬ᠎ᠠ ᠳᠡᠯᠭᠡᠭᠦᠷ ᠢ ᠬᠥᠭᠵᠢᠶᠡᠨᠲᠡᠶ ᠪᠣᠯᠭᠠᠬᠤ᠂ ᠠᠵᠢᠯ ᠣᠯᠭᠤᠯᠲᠠ ᠶᠢ ᠨᠡᠮᠡᠭᠳᠡᠭᠦᠯᠬᠦ᠂ ᠬᠡᠷᠡᠭᠯᠡᠭᠡ ᠶᠢ | ᠠᠬᠢᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ | ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠤᠯᠤᠰ ᠤᠨ ᠥᠮᠴᠢᠯᠡᠯᠲᠦ | ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠪᠥᠬᠦ ᠲᠠᠯ᠎ᠠ ᠪᠠᠷ ᠪᠡᠶᠡᠯᠡᠭᠦᠯᠵᠦ᠂ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠳ᠋ ᠬᠥᠷᠥᠩᠭᠡ ᠶᠢ ᠲᠣᠭᠠᠯᠠᠨ ᠪᠦᠷᠢᠳᠬᠡᠬᠦ᠂ ᠡᠮᠬᠢᠯᠡᠨ | ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ᠂ ᠡᠵᠡᠩᠨᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ | ᠲᠦᠷᠭᠡᠳᠬᠡᠨ ᠠᠬᠢᠭᠤᠯᠤᠨ᠎ᠠ᠃ ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠶᠢ ᠨᠢᠭᠡ ᠴᠣᠭᠴᠠᠵᠢᠭᠤᠯᠬᠤ ᠶᠢ | ᠬᠡᠷᠡᠭᠵᠢᠭᠦᠯᠵᠦ᠂ ᠡᠳ᠋ ᠤᠨ ᠵᠠᠰᠠᠭ ᠤᠨ ᠵᠠᠷᠤᠯᠭ᠎ᠠ ᠶᠢᠨ ᠪᠠᠷᠢᠮᠵᠢᠶᠠᠵᠢᠯ ᠢ ᠠᠬᠢᠭᠤᠯᠤᠨ᠎ᠠ᠃ ᠤᠷᠢᠳᠴᠢᠯᠠᠨ | ᠰᠡᠷᠡᠮᠵᠢᠯᠡᠭᠦᠯᠵᠦ ᠰᠡᠷᠭᠡᠶᠢᠯᠡᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠂ ᠦᠨ᠎ᠡ ᠬᠠᠩᠰᠢ ᠶᠢᠨ | ᠮᠣᠨᠣᠫᠣᠯᠢᠴᠢᠯᠠᠯ ᠢ ᠡᠰᠡᠷᠭᠦᠴᠡᠬᠦ᠂ ᠰᠠᠯᠠᠭ᠎ᠠ ᠮᠥᠴᠢᠷ ᠬᠠᠮᠵᠢᠯᠴᠠᠬᠤ ᠦᠨ᠎ᠡ ᠬᠠᠩᠰᠢ ᠶᠢᠨ ᠬᠢᠨᠠᠯᠲᠠ | ᠬᠠᠮᠢᠶᠠᠷᠤᠯᠲᠠ ᠶᠢᠨ ᠲᠦᠷᠢᠮ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ | ᠬᠥᠭᠵᠢᠯᠲᠡ ᠶᠢᠨ ᠰᠠᠭᠤᠷᠢ ᠳᠤᠲᠠᠭᠤᠳᠠᠯ ᠢ ᠨᠥᠬᠦᠪᠥᠷᠢᠯᠡᠨ᠎ᠡ᠃ ᠪᠠᠶᠠᠠᠬᠤᠳᠠ ᠠᠴᠠ ᠢᠷᠭᠠᠢ ᠬᠦᠷᠬᠦ ᠲᠦᠷᠭᠡᠨ | ᠤ ᠲᠡᠮᠦᠷ ᠵᠠᠮ᠂ ᠪᠠᠶᠠᠠᠬᠤᠳᠳᠤᠭ ᠠᠴᠠ ᠪᠠᠶᠠᠨᠬᠤᠲᠠ ᠬᠦᠷᠬᠦ ᠲᠦᠷᠭᠡᠨ ᠤ ᠵᠠᠮ᠂ ᠠᠯᠠᠱᠠ ᠵᠡᠭᠦᠨ ᠬᠤᠰᠢᠭᠤᠨ ᠤ | ᠠᠵᠢᠯ ᠤᠨ ᠭᠡᠷᠡᠭᠯᠡᠭᠡᠨ ᠤ ᠨᠢᠰᠬᠡᠯ ᠤᠨ ᠪᠠᠭᠤᠳᠠᠯ ᠢ ᠲᠠᠰ ᠳᠡᠪᠰᠢᠭᠰᠡᠨ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ | ᠪᠣᠯᠭᠠᠬᠤ᠂ ᠬᠤᠤ ᠶᠠ ᠶᠢᠨ 500 ᠺᠢᠯᠣᠸᠠᠲ ᠤᠨ ᠴᠠᠬᠢᠯᠭᠠᠨ ᠬᠦᠷᠭᠡᠬᠦ ᠬᠤᠪᠢᠰᠬᠠᠬᠤ ᠵᠡᠷᠭᠡ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠡᠵᠡᠨ᠎ᠡ ᠪᠠᠷᠠᠭᠤᠨ ᠬᠤᠰᠢᠭᠤᠨ ᠤ ᠨᠢᠰᠬᠡᠯ ᠤᠨ | ᠪᠠᠭᠤᠳᠠᠯ ᠢ ᠳᠡᠰ ᠳᠡᠪᠰᠢᠬᠦᠯᠦᠨ ᠰᠠᠯᠪᠤᠷᠢ ᠱᠣᠭᠤᠮ ᠤᠨ ᠨᠢᠰᠬᠡᠯ ᠤᠨ ᠪᠠᠭᠤᠳᠠᠯ ᠪᠣᠯᠭᠠᠨ ᠥᠭᠡᠷᠡᠴᠢᠯᠡᠬᠦ᠂ | ᠵᠢᠣᠴᠢᠣᠸᠠᠨ ᠲᠡᠮᠦᠷ ᠵᠠᠮ ᠤᠨ ᠳ᠋ᠦᠩ ᠹᠧᠩ ᠰᠠᠨᠰᠠᠷ ᠤᠨ ᠬᠤᠳᠠ ᠶᠢᠨ ᠡᠮᠦᠨ᠎ᠡ ᠠᠴᠠ ᠳᠠᠯᠠᠶᠢᠬᠦ᠋ᠪ ᠬᠦᠷᠬᠦ ᠬᠡᠰᠡᠭ᠂ | ᠬᠠᠳᠤᠨ ᠭᠤᠣᠯ ᠤᠨ ᠥᠪᠥᠷ ᠮᠣᠩᠭᠤᠯ ᠤᠨ ᠬᠡᠰᠡᠭ ᠤᠨ ᠪᠠᠴᠢᠮ ᠪᠠᠶᠢᠳᠠᠯ ᠢ ᠠᠷᠭᠠᠴᠠᠭᠠᠬᠤ ᠰᠦᠩ ᠬᠠᠯᠢᠶ᠎ᠠ ︵ | ᠦᠶᠡᠷ︶ ᠢ ᠰᠠᠯᠭᠠᠬᠤ ᠢᠨᠵᠧᠨᠧᠷᠢᠩ ᠵᠡᠷᠭᠡ ᠰᠢᠨ᠎ᠡ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠡᠷᠲᠡᠬᠡᠨ ᠨᠠᠶᠢᠳᠠᠪᠤᠷᠢᠵᠢᠭᠤᠯᠬᠤ ᠶᠢ ᠲᠥᠯᠥᠪᠵᠢᠭᠦᠯᠦᠨ ᠠᠬᠢᠭᠤᠯᠤᠨ᠎ᠠ᠃ ᠮᠡᠳᠡᠭᠡ ᠵᠠᠩᠭᠢᠵᠢᠯᠲᠠ᠂ | ᠤᠶᠤᠨᠴᠢᠯᠠᠯᠳᠠ ᠶᠢᠨ ᠪᠠᠶᠢᠭᠤᠯᠤᠯᠲᠠ ᠶᠢ ᠲᠦᠷᠭᠡᠳᠬᠡᠵᠦ᠂ 5 G ᠰᠦᠯᠵᠢᠶ᠎ᠡ᠂ ᠳ᠋ᠠᠶᠢᠲ᠋ᠠ ᠶᠢᠨ ᠲᠥᠪ ᠵᠡᠷᠭᠡ ᠰᠢᠨ᠎ᠡ | ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠦᠴᠦᠯᠡᠨ ᠠᠬᠢᠭᠤᠯᠵᠤ᠂ ᠠᠵᠤ | ᠠᠬᠤᠶᠢᠯᠠᠯ ᠤᠨ ᠡᠭᠦᠯᠡᠨ ᠲᠠᠪᠴᠠᠩ ᠳᠤ ᠭᠠᠷᠬᠤ ᠶᠢ ᠠᠬᠢᠭᠤᠯᠵᠤ᠂ ᠳᠠᠪᠠᠭᠤᠯᠢᠭ ᠠᠵᠤ ᠦᠢᠯᠡᠰ᠂ ᠰᠢᠨ᠎ᠡ ᠪᠠᠷ | ᠮᠠᠨᠳᠤᠭᠰᠠᠨ ᠠᠵᠤ ᠦᠢᠯᠡᠰ ᠪᠣᠯᠤᠨ ᠲᠤᠮᠤ ᠳ᠋ᠠᠶᠢᠲ᠋ᠠ᠂ ᠡᠭᠦᠯᠡᠨ ᠪᠤᠳᠤᠯᠳᠠ ᠵᠡᠷᠭᠡ ᠶᠢᠨ ᠣᠷᠭᠠᠨᠢᠭ ᠠᠭᠤᠰᠤᠯᠴᠠᠯ ᠢ | ᠠᠬᠢᠭᠤᠯᠵᠤ᠂ ᠲᠣᠭᠠᠴᠢᠯᠠᠭᠰᠠᠨ ᠠᠵᠤ ᠠᠬᠤᠢ ᠶᠢ ᠪᠤᠶᠢᠵᠢᠭᠤᠯᠤᠨ ᠬᠥᠭᠵᠢᠭᠦᠯᠦᠨ᠎ᠡ᠃ ᠬᠤᠲᠠ ᠶᠢᠨ ᠠᠵᠢᠯᠯᠠᠭᠠᠨ ᠤ | ᠬᠠᠮᠢᠶᠠᠷᠤᠯᠲᠠ ᠦᠢᠯᠡᠴᠢᠯᠡᠭᠡᠨ ᠤ ᠲᠠᠪᠴᠠᠩ ᠢ ᠪᠦᠬᠦ ᠲᠠᠯ᠎ᠠ ᠪᠠᠷ ᠲᠦᠷᠬᠡᠨ ᠪᠠᠶᠢᠭᠤᠯᠵᠤ᠂ ᠬᠤᠲᠠ ᠶᠢᠨ | ᠠᠵᠢᠯᠯᠠᠭᠠᠨ ᠤ ᠬᠠᠮᠢᠶᠠᠷᠤᠯᠲᠠ ᠶᠢᠨ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾ ᠶᠢ ᠠᠬᠢᠭᠤᠯᠵᠤ᠂ ᠪᠦᠬᠦ | ᠠᠶᠢᠮᠠᠭ ᠤᠨ ᠨᠢᠭᠡ ᠴᠣᠭᠴᠠᠵᠢᠭᠰᠠᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢ | ᠲᠦᠷᠭᠡᠳᠬᠡᠨ᠎ᠡ᠃ | ︵ᠲᠠᠪᠤ︶ ︽ᠴᠢᠨᠠᠷ ᠴᠢᠨᠰᠠᠭ᠎ᠠ︾ ᠶᠢᠨ ᠪᠠᠲᠤᠯᠠᠭ᠎ᠠ ᠶᠢ ᠳᠣᠪᠤᠶᠢᠯᠭᠠᠵᠤ᠂ ᠣᠯᠠᠨ ᠨᠡᠶᠢᠲᠡ ᠶᠢᠨ | ᠦᠢᠯᠡᠴᠢᠯᠡᠬᠡᠨ ᠤ ᠲᠡᠩᠴᠡᠭᠦᠷᠢᠵᠢᠯᠲᠡ ᠶᠢ ᠠᠬᠢᠭᠤᠯᠤᠨ᠎ᠠ | ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠨᠠᠰᠤᠲᠠᠨ ᠭᠡᠣᠬᠡᠳ | ᠪᠠᠭᠠᠴᠣᠳ︾ ᠬᠥᠮᠦᠨ ᠠᠮᠠ ᠶᠢᠨ ᠦᠢᠯᠡᠴᠢᠯᠡᠬᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ | ᠠᠬᠢᠭᠤᠯᠵᠤ᠂ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠪᠠ ᠨᠠᠰᠤᠲᠠᠶᠢᠴᠤᠳ ᠤᠨ ᠡᠷᠡᠭᠦᠯ ᠮᠡᠨᠳᠦ ᠶᠢᠨ | ᠦᠢᠯᠡᠴᠢᠯᠡᠭᠡ ᠶᠢ ᠰᠠᠶᠢᠲᠤᠷ ᠬᠢᠵᠦ᠂ ᠰᠤᠮᠤ ᠪᠠᠯᠭᠠᠰᠤ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠨᠠᠰᠤᠵᠢᠯ ᠤᠨ | ᠦᠢᠯᠡᠴᠢᠯᠡᠬᠡᠨ ᠤ ᠲᠥᠪ ︵ᠥᠷᠲᠡᠭᠡ︶ ᠤᠨ ᠪᠠᠶᠢᠭᠤᠯᠤᠯᠲᠠ ᠶᠢ ᠠᠬᠢᠭᠤᠯᠤᠨ᠎ᠠ᠃ ᠬᠤᠳᠠ ᠬᠥᠳᠡᠭᠡ ᠶᠢᠨ | ᠨᠠᠰᠤᠵᠢᠯ ᠤᠨ ᠠᠰᠠᠷᠠᠮᠵᠢ᠂ ᠡᠮ ᠡᠮᠨᠡᠯᠭᠡ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠵᠡᠷᠭᠡ ᠨᠡᠶᠢᠭᠡᠮ ᠤᠨ | ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠬᠦᠯᠵᠤ᠂ ᠨᠡᠶᠢᠭᠡᠮ ᠤᠨ ᠪᠠᠲᠤᠯᠠᠭ᠎ᠠ ᠶᠢᠨ ᠪᠠᠷᠢᠮᠵᠢᠶ᠎ᠠ ᠪᠠ ᠲᠦᠪᠰᠢᠨ ᠢ | ᠲᠣᠭᠲᠠᠭᠤᠨ ᠢᠶᠠᠷ ᠳᠡᠭᠡᠭᠰᠢᠯᠡᠭᠦᠯᠵᠦ᠂ ᠲᠡᠰ ᠳᠠᠪᠬᠤᠷᠭ᠎ᠠ ᠲᠦᠷᠦᠯ ᠬᠤᠪᠢᠶᠠᠨ ᠨᠡᠶᠢᠭᠡᠮ ᠤᠨ ᠠᠪᠤᠷᠠᠨ ᠲᠤᠰᠠᠯᠠᠬᠤ | ᠰᠢᠰᠲ᠋ᠧᠮ ᠤᠨ ᠪᠣᠳᠠᠲᠤ ᠦᠷ᠎ᠡ ᠪᠦᠲᠦᠮᠵᠢ ᠪᠠᠳᠠᠷᠠᠭᠤᠯᠬᠤ ᠶᠢ ᠠᠬᠢᠭᠤᠯᠤᠨ᠎ᠠ᠃ ᠡᠮᠡᠭᠲᠡᠶᠢᠴᠦᠳ ᠬᠡᠦᠬᠡᠳ ᠤᠨ | ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠵᠡᠮᠳᠡᠭᠴᠦᠳ᠂ ᠥᠨᠥᠴᠢᠨ ᠬᠡᠦᠬᠡᠳ ᠵᠡᠷᠭᠡ ᠨᠡᠶᠢᠭᠡᠮ ᠤᠨ | ᠠᠰᠠᠷᠠᠮᠵᠢ ᠶᠢᠨ ᠲᠦᠷᠢᠮ ᠢ ᠲᠡᠭᠦᠯᠳᠡᠷᠵᠢᠭᠦᠯᠦᠨ᠎ᠡ᠃ | ᠠᠵᠢᠯ ᠣᠯᠭᠤᠯᠲᠠ ᠦᠢᠯᠡᠰ ᠪᠣᠰᠬᠠᠯᠲᠠ ᠪᠠᠷ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ᠃ ᠠᠵᠢᠯ | ᠣᠯᠭᠤᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠨᠠᠩ ᠪᠦᠲᠦᠮᠵᠢᠲᠡᠶ | ᠪᠣᠯᠪᠠᠰᠤᠷᠠᠭᠤᠯᠤᠯ ᠢ ᠥᠷᠨᠢᠭᠦᠯᠦᠨ᠂ ᠳᠡᠭᠡᠳᠦ ᠰᠤᠷᠭᠠᠭᠤᠯᠢ ᠲᠡᠭᠦᠰᠦᠭᠰᠡᠳ᠂ ᠬᠤᠲᠠ ᠳᠤ ᠣᠷᠣᠭᠰᠠᠨ ᠮᠠᠯᠴᠢᠨ | ᠲᠠᠷᠢᠶᠠᠴᠢᠨ᠂ ᠴᠡᠷᠢᠭ ᠤᠨ ᠠᠯᠪᠠ ᠠᠴᠠ ᠬᠠᠯᠠᠭᠳᠠᠭᠰᠠᠳ ᠵᠡᠷᠭᠡ ᠬᠥᠮᠦᠰ ᠤᠨ ᠠᠵᠢᠯ ᠣᠯᠵᠤ ᠠᠳᠠᠯ ᠦᠢᠯᠡᠰ | ᠴᠣᠭᠴᠠᠯᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠠᠮᠢᠳᠤᠯᠢᠭ ᠢᠶᠠᠷ ᠠᠵᠢᠯ ᠣᠯᠭᠤᠬᠤ ᠪᠠ ᠰᠢᠨ᠎ᠡ ᠠᠵᠢᠯ | ᠣᠯᠭᠤᠬᠤ ᠬᠡᠯᠪᠡᠷᠢ ᠪᠠᠶᠢᠳᠠᠯ ᠤᠨ ᠬᠥᠭᠵᠢᠯᠲᠡ ᠶᠢ ᠳᠡᠮᠵᠢᠨ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ | ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠶᠢ ᠰᠠᠶᠢᠲᠤᠷ ᠬᠢᠨ᠎ᠠ᠃ ᠬᠤᠳᠠ ᠬᠥᠳᠡᠭᠡ ᠶᠢᠨ | ᠰᠠᠭᠤᠭᠠᠯᠢ ᠠᠷᠠᠳ ᠤᠨ ᠣᠷᠣᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠡᠯ᠎ᠡ ᠲᠦᠷᠦᠯ ᠤᠨ ᠡᠯᠧᠮᠧᠨ᠋ᠲ ᠤᠨ | ᠬᠥᠯᠥᠰᠥ ᠣᠯᠭᠤᠮᠵᠢ ᠶᠢ ᠵᠠᠬ᠎ᠠ ᠳᠡᠯᠭᠡᠭᠦᠷ ᠢᠶᠠᠷ ᠲᠣᠭᠲᠠᠭᠠᠬᠤ ᠲᠣᠭᠲᠠᠴᠠ᠂ ᠴᠠᠯᠢᠩ ᠤᠨ ᠵᠦᠢ ᠵᠣᠬᠢᠰᠲᠠᠢ | ᠨᠡᠮᠡᠭᠳᠡᠯ ᠤᠨ ᠲᠣᠭᠲᠠᠴᠠ᠂ ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢ ᠲᠤᠬᠢᠷᠠᠭᠤᠯᠬᠤ ᠲᠣᠭᠲᠠᠴᠠ ᠪᠠ | ᠴᠠᠯᠢᠩ ᠥᠭᠬᠦ ᠶᠢ ᠪᠠᠲᠤᠯᠠᠬᠤ ᠲᠣᠭᠲᠠᠴᠠ ᠶᠢ ᠨᠠᠶᠢᠳᠠᠪᠤᠷᠢᠵᠢᠭᠤᠯᠵᠤ᠂ ᠣᠷᠣᠯᠭ᠎ᠠ ᠪᠠᠭᠠᠲᠠᠢ ᠨᠡᠩ ᠤᠯᠠᠨ | ᠬᠥᠮᠦᠰ ᠤᠨ ᠳᠤᠮᠳᠠ ᠵᠡᠷᠭᠡ ᠶᠢᠨ ᠣᠷᠣᠯᠭ᠎ᠠ ᠶᠢᠨ ᠡᠩᠨᠡᠭᠡᠨ ᠳᠤ ᠣᠷᠣᠬᠤ ᠶᠢ ᠲᠦᠯᠬᠢᠨ ᠠᠬᠢᠭᠤᠯᠤᠨ᠎ᠠ᠃ | ᠰᠤᠷᠭᠠᠨ ᠬᠥᠮᠦᠵᠢᠯ ᠤᠨ ᠲᠦᠷᠭᠡᠨ ᠬᠥᠭᠵᠢᠯᠲᠡ ᠶᠢ ᠠᠬᠢᠭᠤᠯᠤᠨ᠎ᠠ᠃ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠢ ᠲᠦᠷᠬᠡᠨ ᠬᠥᠭᠵᠢᠭᠦᠯᠵᠦ᠂ ᠦᠢᠯᠡᠳᠪᠦᠷᠢᠯᠡᠯ ᠵᠢᠭᠠᠨ ᠰᠤᠷᠭᠠᠯᠲᠠ ᠶᠢᠨ ᠠᠭᠤᠰᠤᠯᠴᠠᠯ᠂ ᠰᠤᠷᠭᠠᠭᠤᠯᠢ | ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠥᠨᠳᠥᠷ ᠬᠡᠪ ᠪᠣᠯᠪᠠᠰᠤᠷᠠᠯ ᠲᠠᠢ ᠮᠡᠷᠭᠡᠵᠢᠯ ᠤᠷ᠎ᠠ | ᠴᠢᠳᠠᠪᠤᠷᠢ ᠲᠠᠢ ᠴᠢᠳᠠᠪᠤᠷᠢᠲᠠᠨ ᠢ ᠶᠡᠬᠡᠪᠡᠷ ᠬᠥᠮᠦᠵᠢᠭᠦᠯᠦᠨ᠎ᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ | ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ ᠨᠢᠭᠡᠳᠦᠯᠲᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠶᠢ ᠰᠠᠶᠢᠲᠤᠷ ᠬᠢᠵᠦ᠂ ︽ᠬᠤᠶᠠᠷ ᠢ | ᠬᠦᠩᠬᠡᠷᠡᠭᠦᠯᠬᠦ︾ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠵᠢᠭᠠᠨ ᠰᠤᠷᠭᠠᠯᠲᠠ ᠶᠢᠨ | ᠠᠮᠵᠢᠯᠲᠠ ᠪᠦᠲᠦᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠢᠭᠡᠳᠦᠭᠡᠷ ᠹᠷᠣᠨᠲ ᠤᠨ ᠪᠠᠭᠰᠢ ᠪᠠ | ᠰᠢᠯᠢᠳᠡᠭ ᠪᠠᠭᠰᠢ ᠶᠢᠨ ᠣᠯᠭᠤᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠪᠠᠭᠰᠢ ᠶᠢᠨ | ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠳᠡᠭᠡᠭᠰᠢᠯᠡᠯᠲᠡ ᠶᠢ ᠣᠯᠭᠤᠮᠵᠢ ᠶᠢᠨ ᠨᠡᠮᠡᠭᠳᠡᠯ ᠲᠠᠢ ᠬᠤᠯᠪᠣᠭᠳᠠᠭᠤᠯᠬᠤ | ᠲᠣᠭᠲᠠᠴᠠ᠂ ᠳᠡᠪᠰᠢᠵᠦ ᠪᠣᠯᠬᠤ ᠪᠠᠭᠤᠵᠤ ᠪᠣᠯᠬᠤ ᠮᠡᠷᠭᠡᠵᠢᠯ ᠤᠨ ᠴᠣᠯᠠ ᠶᠢᠨ ᠬᠥᠳᠡᠯᠦᠩᠭᠦᠶ ᠲᠣᠬᠢᠷᠠᠭᠤᠯᠤᠯᠲᠠ ᠶᠢᠨ | ᠲᠣᠭᠲᠠᠴᠠ ᠵᠡᠷᠭᠡ ᠠᠷᠭ᠎ᠠ ᠬᠡᠮᠵᠢᠶ᠎ᠡ ᠶᠢ ᠰᠦᠪᠡᠭᠴᠢᠯᠡᠨ ᠪᠠᠶᠢᠭᠤᠯᠵᠤ᠂ ᠣᠯᠭᠤᠮᠵᠢ ᠶᠢᠨ ᠬᠢᠵᠠᠭᠠᠷᠯᠠᠯ ᠢ ᠴᠢᠷᠮᠠᠶᠢᠨ | ᠡᠪᠳᠡᠨ᠎ᠡ᠃ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠴᠢᠩᠭᠠᠳᠬᠠᠵᠤ᠂ ᠡᠯ᠎ᠡ ᠰᠢᠨᠵᠢᠯᠡᠭᠡᠨ ᠤ | ᠳᠠᠭᠠᠭᠤᠯᠤᠭᠴᠢ ᠴᠢᠳᠠᠪᠤᠷᠢᠲᠠᠨ ᠢ ᠢᠳᠡᠪᠬᠢᠲᠡᠢ ᠣᠷᠣᠭᠤᠯᠤᠨ ᠠᠪᠴᠢᠷᠠᠵᠤ᠂ ᠵᠠᠯᠠᠭᠤ ᠪᠠᠭᠰᠢ ᠶᠢ ᠬᠥᠮᠦᠵᠢᠭᠦᠯᠬᠦ | ᠡᠷᠴᠢᠮ ᠢᠶᠠᠨ ᠴᠢᠩᠭᠠᠷᠠᠭᠤᠯᠵᠤ᠂ ᠥᠨᠳᠥᠷ ᠰᠤᠷᠤᠯᠭ᠎ᠠ ᠶᠢᠨ ᠨᠠᠮᠲᠠᠷ ᠲᠠᠢ᠂ ᠳᠡᠭᠡᠳᠦ ᠲᠡᠰ ᠤᠨ ᠪᠠᠭᠰᠢ ᠶᠢ | ᠠᠯᠠᠱᠠ ᠶᠢᠨ ᠰᠤᠷᠭᠠᠨ ᠬᠥᠮᠦᠵᠢᠯ ᠤᠨ ᠦᠢᠯᠡᠰ ᠲᠤ ᠲᠡᠳᠡᠨ ᠣᠷᠣᠯᠴᠠᠭᠤᠯᠤᠨ᠎ᠠ᠃ ᠨᠡᠶᠢᠭᠡᠮ ᠤᠨ ᠬᠢᠨ ᠤ ᠰᠤᠷᠭᠠᠨ | ᠬᠥᠮᠦᠵᠢᠯ ᠤᠨ ᠬᠥᠭᠵᠢᠯᠲᠡ ᠶᠢᠨ ᠰᠠᠭᠤᠷᠢ ᠮᠥᠩᠭᠦ ᠶᠢᠨ ᠱᠠᠩᠨᠠᠯ ᠵᠢᠭᠠᠨ ᠰᠤᠷᠭᠠᠯᠲᠠ ᠪᠠ ᠰᠤᠷᠤᠯᠭ᠎ᠠ ᠶᠢᠨ ᠱᠠᠩᠨᠠᠯ | ᠪᠠᠶᠢᠭᠤᠯᠬᠤ ᠶᠢ ᠵᠣᠷᠢᠭᠵᠢᠭᠤᠯᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠢᠶᠠᠷ | ᠲᠤᠷᠰᠢᠯᠲᠠ ᠶᠢᠨ ᠴᠡᠭ ᠪᠣᠯᠭᠠᠨ ᠲᠡᠷᠢᠭᠦᠨ ᠤ ᠭᠠᠵᠠᠷ ᠣᠷᠣᠨ ᠤ ᠨᠡᠷᠡᠲᠦ ᠰᠤᠷᠭᠠᠭᠤᠯᠢ ᠯᠤᠭ᠎ᠠ ︽ᠵᠣᠯᠭᠠᠭᠤᠯᠬᠤ︾᠂ | ᠰᠤᠷᠭᠠᠨ ᠬᠥᠮᠦᠵᠢᠯ ᠤᠨ ᠪᠦᠯᠦᠭᠯᠡᠯ ᠠᠴᠠ ᠨᠠᠶᠢᠳᠠᠨ ᠬᠠᠮᠢᠶᠠᠷᠤᠭᠤᠯᠬᠤ᠂ ᠴᠢᠨᠠᠷ ᠰᠠᠶᠢᠲᠠᠶ ᠠᠷᠠᠳ ᠠᠴᠠ ᠡᠷᠬᠢᠯᠡᠭᠰᠡᠨ | ᠰᠤᠷᠭᠠᠨ ᠬᠥᠮᠦᠵᠢᠯ ᠢ ᠣᠷᠣᠭᠤᠯᠬᠤ ᠵᠡᠷᠭᠡ ᠵᠠᠭᠪᠤᠷ ᠢ ᠰᠦᠪᠡᠭᠴᠢᠯᠡᠨ ᠬᠡᠷᠡᠭᠵᠢᠭᠦᠯᠵᠦ᠂ ᠡᠬᠢ ᠪᠠᠶᠠᠯᠢᠭ ᠤᠨ | ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠡᠮᠬᠢ ᠵᠢᠷᠤᠮ ᠲᠠᠢ | ᠥᠷᠢᠰᠦᠯᠳᠦᠬᠦ᠂ ᠰᠠᠶᠢᠨ ᠰᠠᠶᠢᠬᠠᠨ ᠬᠠᠷᠢᠯᠴᠠᠨ ᠬᠥᠳᠡᠯᠦᠯᠴᠡᠬᠦ ᠶᠢ ᠠᠬᠢᠭᠤᠯᠤᠨ᠎ᠠ᠃ | ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠶᠠᠨ ᠤ ᠱᠠᠲᠤᠨ ᠤ ᠡᠮᠨᠡᠯᠭᠡ ᠶᠢᠨ | ᠬᠤᠷᠢᠶᠠᠨ ᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠠᠶᠢᠮᠠᠭ ᠬᠤᠰᠢᠭᠤᠨ ᠤ | ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ ᠬᠤᠷᠢᠶ᠎ᠠ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ ᠲᠥᠪ ᠵᠡᠷᠭᠡ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠡᠮᠴᠢᠯᠡᠭᠡᠨ ᠤ ᠦᠢᠯᠡᠴᠢᠯᠡᠭᠡᠨ ᠤ ᠴᠢᠨᠠᠷ | ᠴᠢᠨᠰᠠᠭ᠎ᠠ ᠪᠠ ᠬᠢᠷᠢ ᠲᠦᠪᠰᠢᠨ ᠢ ᠳᠡᠭᠡᠭᠰᠢᠯᠡᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ | ᠬᠡᠷᠡᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠡᠷᠡᠭᠦᠯ ᠮᠡᠨᠳᠦ ᠶᠢᠨ ᠬᠠᠮᠢᠶᠠᠷᠤᠯᠲᠠ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ᠂ | ᠡᠮᠴᠢᠯᠡᠭᠡᠨ ᠤ ᠠᠪᠤᠷᠠᠨ ᠵᠠᠰᠠᠬᠤ ᠵᠡᠷᠭᠡ ᠰᠠᠭᠤᠷᠢ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠯᠠᠱᠠ ᠠᠶᠢᠮᠠᠭ ᠤᠨ ᠳᠦᠪ | ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠴᠢᠨᠠᠷᠲᠠᠶ ᠡᠪᠡᠳᠴᠢᠨ ᠤ ᠰᠠᠯᠠᠭᠠᠨ ᠤ ᠶᠡᠷᠦᠩᠬᠡᠶᠢᠯᠡᠭᠰᠡᠨ ᠠᠰᠠᠷ ᠢ ᠡᠬᠢᠯᠡᠨ | ᠪᠠᠶᠢᠭᠤᠯᠵᠤ᠂ ᠠᠶᠢᠮᠠᠭ ᠬᠤᠰᠢᠭᠤ ᠬᠤᠶᠠᠷ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ | ᠡᠷᠡᠭᠦᠯ ᠮᠡᠨᠳᠦ ᠶᠢᠨ ᠬᠢᠨᠠᠨ ᠬᠡᠮᠵᠢᠬᠦ ᠲᠥᠪ ᠪᠠ ᠪᠠᠴᠢᠮ ᠪᠠᠶᠢᠳᠠᠯ ᠢ ᠠᠷᠭᠠᠴᠠᠭᠠᠬᠤ ᠬᠢᠵᠢᠭ ᠢ ᠰᠡᠷᠭᠡᠶᠢᠯᠡᠬᠦ | ᠲᠠᠯᠠᠪᠤᠷ ᠤᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠵᠦ᠂ ᠬᠢᠯᠢ ᠶᠢᠨ ᠪᠣᠭᠤᠮᠲᠠ ᠬᠢᠯᠢ ᠬᠢᠵᠠᠭᠠᠷ | ᠣᠷᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠶᠡᠷᠦᠩᠬᠡᠶᠢᠯᠡᠭᠰᠡᠨ ᠲᠦᠪᠰᠢᠨ ᠢ ᠳᠡᠭᠡᠭᠰᠢᠯᠡᠭᠦᠯᠵᠦ | ᠂ ᠰᠠᠭᠤᠷᠢ ᠲᠥᠬᠦᠭᠡᠷᠦᠮᠵᠢ ᠲᠣᠨᠤᠭ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠨ᠎ᠡ᠃ ᠲᠤᠰᠬᠠᠶ | ᠮᠡᠷᠭᠡᠵᠢᠯ ᠤᠨ ᠴᠢᠳᠠᠪᠤᠷᠢᠲᠠᠨ ᠢ ᠣᠷᠣᠭᠤᠯᠵᠤ ᠢᠷᠡᠬᠦ ᠪᠠ ᠬᠥᠮᠦᠵᠢᠭᠦᠯᠬᠦ ᠡᠷᠴᠢᠮ ᠢᠶᠠᠨ ᠨᠡᠮᠡᠭᠳᠡᠭᠦᠯᠵᠦ᠂ ᠡᠮ ᠡᠮᠨᠡᠯᠭᠡ | ᠡᠷᠡᠭᠦᠯ ᠬᠠᠮᠠᠭᠠᠯᠠᠯ ᠤᠨ ᠡᠩᠨᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠬᠦᠯᠦᠨ᠎ᠡ᠃ ᠣᠨᠴᠠ ᠲᠥᠷᠥᠯ ᠤᠨ ᠡᠮ᠂ ᠪᠠᠴᠢᠮ | ᠬᠡᠷᠡᠭᠰᠡᠬᠦ ᠡᠮ᠂ ᠪᠠᠶᠢᠩᠭᠤ ᠬᠡᠷᠡᠭᠯᠡᠬᠦ ᠡᠮ ᠤᠨ ᠬᠠᠩᠭᠠᠯᠭ᠎ᠠ ᠶᠢ ᠪᠠᠲᠤᠯᠠᠵᠤ᠂ ᠣᠯᠠᠨ ᠲᠦᠮᠡᠨ ᠢ ︽ᠡᠮ ᠬᠡᠷᠡᠭᠯᠡᠬᠦ ᠳᠤ | ᠠᠮᠤᠷ ᠲᠦᠪᠰᠢᠨ︾ ᠪᠠᠶᠢᠯᠭᠠᠨ᠎ᠠ᠃ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠬᠡᠯᠪᠡᠷᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠢᠯᠳᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠡᠭᠦᠳᠡᠨ ᠡᠮᠨᠡᠯᠭᠡ ᠳᠤ ᠬᠠᠷᠢᠯᠴᠠᠨ ᠲᠤᠰᠠᠯᠠᠯᠴᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠤ᠂ | ᠮᠤᠵᠢ ᠠᠯᠤᠰᠯᠠᠨ ᠣᠨᠳᠣᠣ ᠭᠠᠵᠠᠷ ᠲᠤ ᠡᠮᠨᠡᠭᠦᠯᠬᠦ ᠠᠵᠢᠯ ᠢ ᠦᠷᠭᠦᠯᠵᠢᠯᠡᠨ ᠠᠬᠢᠭᠤᠯᠤᠨ᠎ᠠ᠃ | ᠰᠣᠶᠣᠯ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠳᠬᠠᠨ᠎ᠠ᠃ ᠰᠣᠶᠣᠯ ᠢᠶᠠᠷ | ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠤᠯᠠᠭᠠᠨᠮᠥ᠋ᠴᠢᠷ ᠤᠨ ᠦᠢᠯᠡᠰ ᠢ | ᠬᠥᠭᠵᠢᠭᠦᠯᠦᠨ ᠪᠤᠵᠠᠭᠠᠶᠢᠷᠠᠭᠤᠯᠤᠨ᠎ᠠ᠃ ᠬᠤᠳᠠ ᠬᠥᠳᠡᠭᠡ ᠶᠢᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ | ᠨᠢᠭᠡ ᠴᠤᠬᠴᠠᠵᠢᠭᠤᠯᠬᠤ ᠶᠢ ᠠᠬᠢᠭᠤᠯᠵᠤ᠂ ᠣᠷᠣᠨ ᠨᠤᠲᠤᠭ ᠤᠨ ᠰᠣᠶᠣᠯ ᠤᠨ ᠴᠢᠳᠠᠪᠤᠷᠢᠲᠠᠨ ᠢ ᠬᠥᠮᠦᠵᠢᠭᠦᠯᠵᠦ᠂ | ᠰᠣᠳᠣᠨ ᠪᠦᠲᠦᠭᠡᠯ ᠢ ᠵᠣᠬᠢᠶᠠᠨ ᠪᠦᠲᠦᠭᠡᠵᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠪᠠ | ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠶᠢ ᠴᠢᠩᠭᠠᠳᠬᠠᠨ᠎ᠠ᠃ ᠣᠯᠠᠨ ᠨᠡᠶᠢᠲᠡ ᠶᠢᠨ | ᠰᠣᠶᠣᠯ ᠪᠡᠶ᠎ᠡ ᠶᠢᠨ ᠲᠠᠮᠢᠷ ᠤᠨ ᠰᠠᠭᠤᠷᠢ ᠪᠦᠲᠦᠭᠡᠨ ᠪᠠᠶᠢᠭᠤᠯᠤᠯᠲᠠ ᠶᠢ ᠪᠠᠬᠢᠵᠢᠭᠦᠯᠵᠦ᠂ ᠨᠣᠮ ᠤᠨ ᠰᠠᠩ᠂ ᠮᠦᠽᠧᠶ | ᠂ ᠰᠣᠶᠣᠯ ᠤᠨ ᠣᠷᠳᠣᠨ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ ᠪᠡᠶ᠎ᠡ ᠶᠢᠨ ᠲᠠᠮᠢᠷ ᠤᠨ ᠣᠷᠳᠣᠨ ᠤ | ᠦᠢᠯᠡᠴᠢᠯᠡᠭᠡᠨ ᠤ ᠴᠢᠳᠠᠮᠵᠢ ᠪᠣᠯᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠣᠯᠠᠨ ᠲᠦᠮᠡᠨ ᠤ ᠰᠣᠶᠣᠯ ᠪᠡᠶ᠎ᠡ ᠶᠢᠨ | ᠲᠠᠮᠢᠷ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ᠃ ᠨᠡᠶᠢᠭᠡᠮ ᠤᠨ ᠰᠢᠨᠵᠢᠯᠡᠬᠦ ᠤᠬᠠᠭᠠᠨ ᠤ ᠣᠨᠣᠯ ᠤᠨ | ᠰᠤᠳᠤᠯᠭᠠᠨ ᠪᠠ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠢ ᠴᠢᠩᠭᠠᠳᠬᠠᠵᠤ᠂ ᠠᠷᠠᠳ | ᠢᠷᠭᠡᠳ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠪᠠ ᠶᠣᠰᠣ ᠮᠣᠷᠠᠯ ᠰᠣᠶᠣᠯ ᠤᠨ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠬᠤᠲᠠ ᠬᠥᠳᠡᠭᠡ ᠶᠢᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃ ᠣᠷᠣᠨ | ᠰᠠᠭᠤᠴᠠ ᠶᠢᠨ ᠬᠠᠩᠭᠠᠯᠭ᠎ᠠ ᠪᠠ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠬᠤᠲᠠ ᠶᠢᠨ ᠪᠠᠶᠢᠳᠠᠯ ᠳᠤᠨᠢ | ᠲᠣᠬᠢᠷᠠᠭᠤᠯᠤᠨ ᠠᠷᠭ᠎ᠠ ᠪᠣᠳᠣᠯᠭ᠎ᠠ ᠭᠡᠷᠡᠭᠵᠢᠬᠦᠯᠵᠦ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ | ᠴᠢᠬᠤᠯᠠᠴᠢᠯᠠᠨ᠂ ᠬᠠᠩᠭᠠᠯᠭ᠎ᠠ ᠬᠡᠷᠡᠭᠴᠡᠭᠡ ᠶᠢ ᠵᠣᠬᠢᠴᠠᠭᠤᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠣᠷᠣᠨ ᠰᠠᠭᠤᠴᠠ ᠶᠢᠨ ᠨᠥᠬᠦᠴᠡᠯ ᠢ ᠲᠠᠰᠤᠷᠠᠯᠲᠠ ᠥᠬᠡᠶ ᠰᠠᠶᠢᠵᠢᠷᠠᠭᠤᠯᠤᠨ᠎ᠠ᠃ ᠬᠤᠳᠠ ᠶᠢ ᠰᠢᠨᠡᠳᠬᠡᠬᠦ | ᠠᠵᠢᠯᠯᠠᠭ᠎ᠠ ᠶᠢ ᠬᠡᠷᠡᠭᠵᠢᠭᠦᠯᠵᠦ᠂ ᠭᠠᠵᠠᠷ ᠳᠣᠣᠷᠠᠬᠢ ᠬᠤᠭᠤᠯᠠᠢ ᠲᠣᠣᠷ ᠤᠨ ᠥᠭᠡᠷᠡᠴᠢᠯᠡᠯᠲᠡ ᠶᠢ ᠲᠦᠷᠭᠡᠳᠬᠡᠵᠦ᠂ | ︽ᠮᠤᠬᠤᠷ ᠵᠠᠮ︾ ᠢ ᠨᠡᠪᠲᠡᠷᠡᠭᠦᠯᠵᠦ᠂ ︽ᠤᠰᠤ ᠬᠤᠷᠠᠭᠰᠠᠨ ᠵᠠᠮ︾ ᠢ ᠨᠡᠪᠲᠡᠷᠡᠭᠦᠯᠵᠦ᠂ 25 ᠬᠤᠳᠠ ᠶᠢᠨ | ᠶᠠᠪᠤᠳᠠᠯ ᠤᠨ ᠰᠠᠭᠤᠷᠢ ᠲᠥᠬᠦᠭᠡᠷᠦᠮᠵᠢ᠂ 14 ᠬᠤᠳᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ᠂ 550 | ᠢᠵᠢ ᠬᠤᠳᠠ ᠪᠠᠯᠭᠠᠰᠤᠨ ᠤ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ ᠢᠵᠢ ᠪᠦᠷᠢᠨ ᠪᠤᠰᠤ | ᠣᠷᠣᠨ ᠰᠠᠭᠤᠴᠠ ᠶᠢ ᠥᠭᠡᠷᠡᠴᠢᠯᠡᠬᠦ ᠵᠦᠢᠯᠡᠰ ᠢ ᠬᠡᠷᠡᠭᠵᠢᠭᠦᠯᠵᠦ᠂ ᠭᠤᠶᠤᠵᠢᠭᠤᠯᠤᠨ ᠨᠣᠭᠤᠭᠠᠷᠠᠭᠤᠯᠬᠤ ᠠᠵᠢᠯ ᠢ | ᠵᠣᠬᠢᠰᠲᠠᠢ ᠥᠷᠨᠢᠭᠦᠯᠵᠦ᠂ ᠵᠢᠵᠢᠭ ᠮᠥᠷᠲᠡᠭᠡᠨ ᠨᠠᠷᠢᠯᠢᠭ᠂ ᠨᠠᠷᠢᠯᠢᠭ ᠰᠠᠶᠢᠬᠠᠨ ᠬᠤᠳᠠ ᠶᠢ ᠪᠠᠶᠢᠭᠤᠯᠤᠨ᠎ᠠ᠃ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠬᠦᠴᠦᠯᠡᠨ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ | ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠳᠡᠭᠡᠭᠰᠢᠯᠡᠯᠲᠡ ᠶᠢ ᠦᠷᠭᠦᠯᠵᠢᠯᠡᠨ ᠠᠬᠢᠭᠤᠯᠵᠤ᠂ ᠤᠰᠤ | ᠴᠠᠬᠢᠯᠭᠠᠨ ᠵᠠᠮ ᠴᠢᠮᠡᠭᠡ ᠬᠤᠯᠪᠣᠭ᠎ᠠ ᠶᠢᠨ ᠰᠠᠭᠤᠷᠢ ᠲᠥᠬᠦᠭᠡᠷᠦᠮᠵᠢ ᠶᠢᠨ ᠳᠡᠰ ᠳᠡᠪᠰᠢᠬᠦ ᠶᠢ ᠲᠦᠷᠭᠡᠳᠬᠡᠨ | ᠠᠬᠢᠭᠤᠯᠵᠤ᠂ ᠭᠡᠷ ᠪᠠᠶᠢᠰᠢᠩ ᠤᠨ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠬᠤ ᠪᠠ ᠵᠣᠷᠯᠣᠩ ᠤᠨ ᠦᠭᠡᠷᠡᠴᠢᠯᠡᠯᠳᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠨ᠎ᠠ᠃ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠳᠠᠬᠢᠨ | ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠲᠣᠭᠲᠠᠴᠠ ᠶᠢ ᠨᠠᠶᠢᠳᠠᠪᠤᠷᠢᠵᠢᠭᠤᠯᠵᠤ᠂ | ᠬᠡᠪᠴᠢᠶᠡᠲᠦ ᠴᠢᠨᠠᠷᠲᠠᠶ ᠳᠠᠬᠢᠨ ᠶᠠᠳᠠᠭᠤᠷᠠᠬᠤ ᠥᠬᠡᠶ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ | ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ | ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠤᠨ | ᠬᠥᠮᠥᠷᠭᠡ ᠶᠢ ᠲᠡᠭᠦᠯᠳᠡᠷᠵᠢᠭᠦᠯᠵᠦ᠂ ᠡᠳ᠋ ᠤᠨ ᠵᠠᠰᠠᠭ ᠢ ᠵᠣᠯᠭᠠᠭᠤᠯᠬᠤ ᠪᠡᠯᠡ ᠮᠥᠩᠭᠦ ᠶᠢᠨ ᠠᠵᠤ ᠦᠢᠯᠡᠰ ᠤᠨ | ᠬᠥᠭᠵᠢᠯᠲᠡ ᠳᠤ ᠬᠡᠷᠡᠭᠯᠡᠬᠦ ᠬᠤᠪᠢ ᠶᠢᠨ ᠵᠢᠩ ᠢ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠭᠠᠵᠠᠷ | ᠣᠷᠣᠨ ᠤ ᠣᠨᠴᠠᠯᠢᠭᠲᠤ ᠳᠠᠪᠠᠭᠤᠯᠢᠭ ᠠᠵᠤ ᠦᠢᠯᠡᠰ ᠢ ᠲᠠᠰᠤᠷᠠᠯᠲᠠ ᠦᠭᠡᠢ ᠪᠤᠵᠠᠭᠠᠶᠢᠷᠠᠭᠤᠯᠤᠨ᠎ᠠ᠃ ᠨᠡᠶᠢᠭᠡᠮ ᠤᠨ | ᠬᠦᠴᠦᠨ ᠤ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠵᠦ᠂ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ | ᠬᠥᠭᠵᠢᠭᠦᠯᠬᠦ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠦᠨ᠎ᠡ᠃ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠶᠢ | ᠴᠢᠩᠭᠠᠳᠬᠠᠵᠤ᠂ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ | ᠲᠣᠰᠬᠤᠨ ᠳᠤ ᠰᠠᠭᠤᠬᠤ ᠠᠵᠢᠯᠯᠠᠬᠤ ᠠᠩᠭᠢ ᠶᠢᠨ ᠭᠡᠰᠢᠭᠦᠳ ᠤᠨ ᠪᠣᠯᠪᠠᠰᠤᠷᠠᠯ ᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠃ | ︵ᠵᠢᠷᠭᠤᠭ᠎ᠠ︶ ︽ᠠᠮᠤᠷ ᠲᠦᠪᠰᠢᠨ︾ ᠤ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠵᠦ᠂ ᠨᠡᠶᠢᠭᠡᠮ ᠤᠨ | ᠲᠣᠭᠲᠠᠭᠤᠨ ᠢ ᠪᠦᠬᠦ ᠬᠦᠴᠦᠨ ᠢᠶᠠᠷ ᠬᠠᠮᠠᠭᠠᠯᠠᠨ᠎ᠠ | ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ | ᠪᠠᠷᠢᠮᠲᠠᠯᠠᠵᠤ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠪᠦᠬᠦ ᠤᠯᠤᠰ ᠤᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠴᠢᠷᠮᠠᠶᠢᠨ ᠪᠠᠶᠢᠭᠤᠯᠤᠨ᠎ᠠ᠃ ᠬᠤᠶᠠᠷ ᠢ ᠬᠦᠷᠢᠶᠡᠯᠡᠵᠦ | ᠬᠠᠮᠲᠤ ᠪᠠᠷ ᠪᠠᠶᠢᠭᠤᠯᠬᠤ ᠶᠢ ᠭᠦᠨᠵᠡᠭᠡᠶᠢᠷᠡᠭᠦᠯᠵᠦ᠂ ᠴᠡᠷᠢᠭ ᠠᠷᠠᠳ ᠤᠨ ᠭᠦᠨᠵᠡᠭᠡᠶ ᠠᠭᠤᠰᠤᠯᠴᠠᠨ ᠬᠥᠭᠵᠢᠬᠦ ᠶᠢ | ᠠᠬᠢᠭᠤᠯᠤᠨ᠎ᠠ᠃ ᠬᠢᠯᠢ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠨᠠᠮ ᠵᠠᠰᠠᠭ ᠴᠡᠷᠢᠭ | ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠶᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠶᠢ | ᠴᠢᠩᠭᠠᠳᠬᠠᠨ᠎ᠠ᠃ ᠠᠶᠢᠮᠠᠭ ᠤᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠯᠠᠪᠳᠠᠭᠤᠨ | ᠪᠠᠲᠤᠲᠠᠢ ᠠᠬᠢᠭᠤᠯᠵᠤ᠂ ︽ᠢᠯᠡ ᠳᠣᠳᠣ ᠢᠨᠵᠧᠨᠧᠷᠢᠩ︾ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠢ ᠲᠦᠯᠬᠢᠨ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠵᠥᠷᠢᠴᠡᠯ ᠵᠢᠭᠤᠷᠠᠯᠳᠤᠭᠠᠨ ᠢ ᠤᠯᠠᠨ | ᠡᠰᠢᠴᠢᠯᠡᠨ ᠰᠡᠷᠭᠡᠶᠢᠯᠡᠨ ᠰᠢᠢᠳᠪᠦᠷᠢᠯᠡᠬᠦ ᠲᠣᠭᠲᠠᠴᠠ ᠶᠢ ᠪᠦᠷᠢᠨᠰᠢᠬᠦᠯᠵᠤ᠂ ᠵᠠᠬᠢᠳᠠᠯ ᠰᠤᠷᠪᠤᠯᠵᠢᠯᠠᠭ᠎ᠠ ᠶᠢᠨ | ᠳᠠᠷᠤᠭᠳᠠᠮᠠᠯ ᠬᠡᠷᠡᠭ ᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠠᠮᠤᠷ ᠲᠦᠪᠰᠢᠨ ᠤ | ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠵᠦᠢ ᠪᠤᠰᠤ ᠵᠢᠭᠡᠯᠡᠯᠭᠡ ᠶᠢ ᠬᠥᠳᠡᠯᠦᠩᠭᠦᠶ ᠪᠠᠷ | ᠠᠷᠢᠯᠭᠠᠬᠤ ᠶᠢ ᠴᠢᠩᠭᠠᠳᠬᠠᠵᠤ᠂ ᠮᠥᠩᠭᠦᠨ ᠬᠦᠢᠯᠬᠡᠬᠡᠨ ᠤ ᠲᠦᠭᠰᠢᠭᠦᠷᠢ ᠶᠢ ᠪᠦᠲᠦᠮᠵᠢᠲᠡᠶ ᠪᠠᠭᠤᠷᠠᠭᠤᠯᠵᠤ᠂ | ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠠᠷᠢᠯᠭᠠᠵᠤ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠲᠠᠩᠰᠠᠨ ᠳᠠᠬᠢ ᠵᠣᠭᠤᠰ ᠢ ᠳᠥᠯᠥᠵᠦ ᠳᠠᠭᠤᠰᠬᠠᠨ᠎ᠠ᠃ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ | ᠂ ᠬᠠᠩᠭᠠᠯᠭ᠎ᠠ ᠶᠢ ᠬᠦᠴᠦᠯᠡᠨ ᠪᠠᠲᠤᠯᠠᠵᠤ᠂ ᠪᠠᠷᠠᠭᠠᠨ ᠤ ᠦᠨ᠎ᠡ ᠶᠢ ᠳᠣᠭᠳᠠᠪᠣᠷᠢᠵᠢᠭᠤᠯᠣᠨ᠎ᠠ᠃ | ᠠᠶᠤᠯᠭᠦᠢ ᠦᠢᠯᠡᠳᠪᠦᠷᠢᠯᠡᠯ ᠤᠨ ᠠᠵᠢᠯ ᠢ ᠳᠣᠪᠣᠶᠢᠮ᠎ᠠ ᠰᠠᠶᠢᠲᠤᠷ ᠠᠳᠬᠤᠨ᠎ᠠ᠃ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠣᠷᠢᠵᠢᠭᠤᠯᠵᠦ᠂ ᠪᠦᠬᠦ ᠠᠶᠢᠮᠠᠭ ᠤᠨ | ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠪᠠ ᠠᠶᠤᠯᠭᠦᠢ ᠦᠢᠯᠡᠳᠪᠦᠷᠢᠯᠡᠯ ᠤᠨ ᠲᠤᠰᠬᠠᠢ ᠲᠥᠷᠥᠯ ᠤᠨ | ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠪᠠᠬᠢᠵᠢᠭᠦᠯᠦᠨ ᠳᠡᠭᠡᠭᠰᠢᠯᠡᠭᠦᠯᠬᠦ ᠵᠡᠷᠭᠡ ᠠᠵᠢᠯ ᠢ ᠭᠦᠨᠵᠡᠭᠡᠢ | ᠥᠷᠨᠢᠭᠦᠯᠵᠦ᠂ ᠠᠶᠤᠯᠲᠠᠢ ᠬᠢᠮᠢ ᠶᠢᠨ ᠪᠣᠳᠠᠰ᠂ ᠪᠠᠷᠢᠯᠭ᠎ᠠ᠂ ᠠᠭᠤᠷᠬᠠᠢ᠂ ᠲᠡᠮᠦᠷᠯᠢᠭ ᠪᠣᠯᠪᠠᠰᠤᠷᠠᠭᠤᠯᠬᠤ ᠠᠵᠤ | ᠦᠢᠯᠡᠳᠪᠦᠷᠢ ᠠᠷᠠᠯᠵᠢᠶ᠎ᠠ᠂ ᠰᠢᠲᠠᠮᠠᠬᠠᠢ ᠬᠡᠢ ᠵᠡᠷᠭᠡ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠤ ᠲᠤᠰᠬᠠᠢ | ᠲᠥᠷᠥᠯ ᠤᠨ ᠴᠡᠭᠴᠡᠯᠡᠨ ᠵᠠᠰᠠᠯᠲᠠ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠨᠡᠯᠢᠶᠡᠳ ᠶᠡᠭᠡ ᠠᠳᠠᠯ ᠢ | ᠪᠦᠲᠦᠮᠵᠢᠲᠡᠢ ᠬᠤᠷᠢᠭᠯᠠᠵᠤ᠂ ᠣᠨᠴᠠ ᠶᠡᠭᠡ ᠠᠳᠠᠯ ᠢ ᠡᠷᠡᠰ ᠰᠡᠷᠭᠡᠶᠢᠯᠡᠨ᠎ᠡ᠃ ᠪᠠᠴᠢᠮ ᠪᠠᠶᠢᠳᠠᠯ ᠢ ᠠᠷᠭᠠᠴᠠᠬᠤ ᠡᠳ᠋ | ᠪᠣᠳᠠᠰ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ | ᠪᠠᠲᠤᠯᠠᠭ᠎ᠠ ᠶᠢᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ | ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠵᠦ᠂ ᠭᠠᠮᠰᠢᠭ ᠢ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠬᠢᠷᠢ ᠲᠦᠪᠰᠢᠨ ᠪᠠ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠨ ᠲᠤᠰᠠᠯᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠨ᠎ᠡ᠃ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠷᠭ᠎ᠠ ᠬᠡᠮᠵᠢᠶ᠎ᠡ ᠶᠢ | ᠴᠢᠩᠭ᠎ᠠ ᠣᠨᠣᠪᠴᠢᠲᠠᠶ ᠨᠠᠶᠢᠳᠠᠪᠤᠷᠢᠵᠢᠭᠤᠯᠵᠤ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ | ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ︾ ᠶᠡᠷᠦᠩᠬᠡᠶ ᠠᠷᠭ᠎ᠠ ᠪᠣᠳᠣᠯᠭ᠎ᠠ ᠶᠢ ᠪᠠᠷᠢᠮᠲᠠᠯᠠᠵᠤ᠂ ︽ | ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠴᠢᠩᠳᠠᠯᠠᠨ᠂ ︽ᠳᠥᠷᠪᠡᠨ ᠡᠷᠲᠡ︾ ᠶᠢᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠪᠣᠭᠤᠮᠲᠠ᠂ ᠲᠡᠷᠭᠡᠨ ᠥᠷᠲᠡᠭᠡ᠂ ᠨᠢᠰᠬᠡᠯ ᠤᠨ ᠪᠠᠭᠤᠳᠠᠯ ᠵᠡᠷᠭᠡ ᠬᠢᠵᠢᠭ ᠤᠨ ᠪᠠᠶᠢᠳᠠᠯ ᠤᠨ | ᠬᠠᠯᠳᠠᠪᠤᠷᠢᠯᠠᠨ ᠣᠷᠣᠵᠤ ᠢᠷᠡᠬᠦ ᠲᠦᠭᠰᠢᠭᠦᠷᠢ ᠶᠢᠨ ᠴᠡᠭ ᠢ ᠳᠣᠪᠤᠶᠢᠯᠭᠠᠨ᠂ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠵᠦ᠂ ᠪᠢᠲᠡᠭᠦᠮᠵᠢᠯᠡᠭᠰᠡᠨ ᠬᠠᠮᠢᠶᠠᠷᠤᠯᠲᠠ᠂ ᠴᠤᠪᠤᠷᠠᠯ ᠢ ᠵᠢᠭᠰᠠᠭᠠᠨ ᠪᠠᠶᠢᠴᠠᠭᠠᠬᠤ᠂ ᠠᠯᠤᠰ ᠠᠴᠠ | ᠰᠡᠷᠭᠡᠶᠢᠯᠡᠨ ᠡᠵᠡᠮᠳᠡᠬᠦ ᠠᠵᠢᠯ ᠢᠮᠠᠭᠲᠠ ᠢᠳᠡᠪᠬᠢᠵᠢᠭᠰᠡᠨ ᠪᠠᠶᠢᠳᠠᠯ ᠳᠤ ᠪᠠᠶᠢᠬᠤ ᠶᠢ ᠦᠨᠡᠨ ᠬᠦ ᠪᠠᠲᠤᠯᠠᠨ᠎ᠠ᠃ | ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠵᠦ ᠲᠥᠪᠯᠡᠷᠡᠭᠦᠯᠦᠨ ᠠᠯᠪᠠᠯᠠᠬᠤ᠂ ᠪᠣᠳᠠᠲᠤ ᠴᠣᠭᠴᠠᠵᠢᠭᠤᠯᠤᠨ | ᠠᠵᠢᠯᠯᠠᠭᠤᠯᠬᠤ ᠶᠢ ᠠᠬᠢᠭᠤᠯᠵᠤ᠂ ︽ᠠᠯᠠᠱᠠ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠤᠨ ᠡᠩ ᠤᠨ ᠪᠠᠶᠢᠳᠠᠯ ᠪᠠᠴᠢᠮ ᠪᠠᠶᠢᠳᠠᠯ ᠢ ᠨᠢᠭᠡ ᠴᠣᠭᠴᠠᠵᠢᠭᠤᠯᠬᠤ ᠠᠵᠢᠯ ᠤᠨ ᠲᠥᠰᠦᠯ ︵ᠬᠤᠶᠠᠳᠤᠭᠠᠷ | ᠬᠡᠪᠯᠡᠯ︶︾ ᠢ ᠴᠢᠩᠭ᠎ᠠ ᠨᠠᠶᠢᠳᠠᠪᠤᠷᠢᠵᠢᠭᠤᠯᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ | ᠨᠠᠶᠢᠳᠠᠪᠤᠷᠢᠵᠢᠭᠤᠯᠤᠯᠲᠠ ᠶᠢ ᠨᠢᠭᠡᠳ ᠨᠢᠭᠡ ᠪᠠᠷ ᠰᠠᠶᠢᠲᠤᠷ ᠠᠳᠬᠤᠨ᠎ᠠ᠃ ᠬᠢᠯᠢ ᠶᠢᠨ ᠪᠣᠭᠤᠮᠲᠠ ᠶᠢᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠵᠢᠷᠤᠮᠵᠢᠭᠤᠯᠤᠨ ᠰᠠᠶᠢᠲᠤᠷ ᠬᠢᠵᠦ᠂ ᠪᠣᠭᠤᠮᠲᠠ ᠪᠠᠷ ᠥᠩᠭᠡᠷᠡᠬᠦ | ᠵᠠᠭᠪᠤᠷ ᠢ ᠲᠦᠷᠬᠡᠨ ᠰᠠᠶᠢᠵᠢᠷᠠᠭᠤᠯᠵᠤ᠂ ︽ᠭᠤᠷᠪᠠᠨ ᠴᠠᠭᠠᠷᠢᠭ︾ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ | ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠬᠠᠯᠳᠠᠪᠤᠷᠢᠯᠠᠨ ᠣᠷᠣᠵᠤ ᠢᠷᠡᠬᠦ ᠪᠠ ᠳᠠᠷᠬᠠᠨ ᠳᠡᠯᠭᠡᠷᠡᠬᠦ ᠠᠶᠤᠯ | ᠲᠦᠭᠰᠢᠭᠦᠷᠢ ᠶᠢ ᠬᠠᠮᠤᠭ ᠤᠨ ᠪᠠᠭ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠤᠨ᠎ᠠ᠃ ᠴᠢᠩᠭᠡᠯᠢᠭ ᠡᠮᠨᠡᠯᠭᠡ ᠶᠢᠨ | ᠬᠤᠷᠢᠶ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠠᠭᠠᠷᠯᠠᠬᠤ ᠴᠡᠭ ᠤᠨ ᠪᠦᠳᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠪᠥᠭᠡᠮ ᠬᠦᠴᠢᠯ ᠤᠨ ᠰᠢᠯᠭᠠᠨ ᠪᠠᠶᠢᠴᠠᠭᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠣᠶᠤᠨᠴᠢ ᠪᠠᠷ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ︽ᠠᠯᠠᠱᠠ ᠶᠢᠨ ᠡᠷᠡᠭᠦᠯ ᠮᠡᠨᠳᠦ ᠶᠢᠨ ᠳᠠᠪᠴᠠᠩ︾ ᠢ | ᠪᠦᠬᠦ ᠲᠠᠯ᠎ᠠ ᠪᠠᠷ ᠬᠡᠷᠡᠭᠵᠢᠭᠦᠯᠵᠦ᠂ ᠠᠶᠢᠮᠠᠭ ᠲᠤ ᠣᠷᠣᠬᠤ ᠵᠠᠮ᠂ ᠨᠡᠶᠢᠭᠡᠮ ᠲᠣᠭᠤᠷᠢᠭ ᠤᠨ ᠲᠣᠣᠷᠵᠢᠯ᠂ | ᠭᠤᠣᠯᠳᠠᠯᠭ᠎ᠠ ᠲᠠᠢ ᠲᠠᠯᠠᠪᠤᠷ ᠭᠠᠵᠠᠷ ᠵᠡᠷᠭᠡ ᠵᠠᠩᠭᠢᠯᠠᠭ᠎ᠠ ᠶᠢᠨ ᠬᠡᠰᠡᠭ ᠤᠨ ᠮᠡᠳᠡᠭᠡ ᠵᠠᠩᠬᠢᠴᠢᠯᠠᠬᠰᠠᠨ ᠬᠠᠮᠢᠶᠠᠷᠤᠯᠲᠠ | ᠡᠵᠡᠮᠳᠡᠯ ᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠭᠡ ᠵᠠᠩᠬᠢᠴᠢᠯᠠᠬᠰᠠᠨ ᠵᠢᠯᠣᠭᠤᠳᠬᠤ | ᠲᠠᠪᠴᠠᠩ ᠢ ᠪᠠᠶᠢᠭᠤᠯᠵᠤ᠂ ᠡᠯ᠎ᠡ ᠱᠠᠲᠤᠨ ᠤ ᠰᠡᠷᠭᠡᠶᠢᠯᠡᠨ ᠡᠵᠡᠮᠳᠡᠬᠦ ᠬᠦᠴᠦᠨ ᠢ ᠮᠡᠳᠡᠭᠡ ᠵᠠᠩᠬᠢᠴᠢᠯᠠᠬᠰᠠᠨ | ᠬᠠᠮᠢᠶᠠᠷᠤᠯᠲᠠ ᠶᠢᠨ ᠰᠢᠰᠲ᠋ᠧᠮ ᠳᠤ ᠣᠷᠣᠭᠤᠯᠵᠤ᠂ ᠴᠠᠭ ᠲᠤᠬᠠᠢ ᠳᠤᠨᠢ᠂ ᠥᠨᠳᠥᠷ ᠪᠦᠲᠦᠮᠵᠢᠲᠡᠢ ᠪᠠᠷ | ᠬᠠᠮᠵᠢᠯᠴᠠᠬᠤ ᠶᠢ ᠦᠨᠡᠨ ᠬᠦ ᠪᠠᠲᠤᠯᠠᠨ᠎ᠠ᠃ | |