ᠠᠶᠢᠮᠠᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠣᠭᠤᠶᠢᠯᠠᠩ ᠶᠡᠷᠦᠩᠬᠡᠶ ᠱᠦᠵᠢ ᠰᠢ ᠶᠢᠨ ᠫᠢᠩ ᠤᠨ ᠮᠣᠵᠢ ᠶᠠᠮᠤᠨ ᠤ ᠲᠡᠰ ᠤᠨ ᠭᠤᠤᠯ ᠤᠳᠤᠷᠢᠳᠬᠤ ᠺᠠᠳ᠋ᠷ ᠤᠨ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠬᠤ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ
ᠨᠡᠶᠢᠲᠡᠯᠡᠭᠰᠡᠨ ᠴᠠᠭ᠄
2022/9/21
    9 ᠰᠠᠷ᠎ᠠ ᠶᠢᠨ 16 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2022 ᠣᠨ ᠤ ᠠᠷᠪᠠᠨ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠢᠵᠦ᠂ ᠶᠡᠷᠦᠩᠬᠡᠶ ᠱᠦᠵᠢ ᠰᠢ ᠶᠢᠨ ᠫᠢᠩ ᠤᠨ ᠮᠤᠵᠢ ᠶᠠᠮᠤᠨ ᠤ ᠲᠠᠰ ᠤᠨ ᠭᠤᠤᠯ ᠤᠳᠤᠷᠢᠳᠬᠤ ᠺᠠᠳ᠋ᠷ ᠤᠨ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠬᠤ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠳᠠᠶᠢᠴᠢᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠵᠠᠩ ᠰᠢᠶᠣᠤ ᠹᠧᠩ ᠂ ᠵᠠᠩ ᠪᠦᠦ ᠴᠧᠩ᠂ ᠠᠭᠤᠯᠠ᠂ ᠭᠧ ᠮᠢᠩ ᠭᠤᠤᠯᠳᠠᠯᠭ᠎ᠠ ᠲᠠᠢ ᠰᠠᠨᠠᠯ ᠢᠶᠠᠨ ᠰᠣᠯᠢᠯᠴᠠᠬᠤ ᠦᠭᠡ ᠬᠡᠯᠡᠪᠡ᠃     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷ ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ ᠳᠤ ᠲᠠᠯᠪᠢᠭᠰᠠᠨ ᠴᠢᠬᠤᠯᠠ ᠶᠠᠷᠢᠶ᠎ᠠ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠴᠢᠬᠤᠯᠠ ᠤᠯᠤᠰ ᠲᠦᠷᠦ ᠶᠢᠨ ᠰᠠᠭᠤᠷᠢ᠂ ᠦᠵᠡᠯ ᠰᠠᠨᠠᠭᠠᠨ ᠤ ᠰᠠᠭᠤᠷᠢ ᠪᠣᠯᠤᠨ ᠤᠨᠤᠯ ᠤᠨ ᠰᠠᠭᠤᠷᠢ ᠶᠢ ᠲᠠᠯᠪᠢᠵᠤ ᠥᠭᠴᠡᠢ᠃ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠳᠣᠣᠱᠯᠠᠭᠤᠯᠵᠦ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠥᠯᠡᠭᠴᠢ ᠴᠢᠨᠠᠷᠲᠠᠶ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠭᠤᠤᠯᠯᠠᠭᠴᠢ᠂ ᠪᠥᠬᠦ ᠨᠠᠮ ᠤᠨ ᠭᠤᠤᠯᠯᠠᠭᠴᠢ ᠪᠣᠯᠬᠤ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠦᠵᠡᠯ ᠰᠠᠨᠠᠭ᠎ᠠ ᠤᠯᠤᠰ ᠲᠥᠷᠥ  ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠵᠤ᠂ ᠶᠡᠷᠦᠩᠬᠡᠶ ᠱᠦᠵᠢ ᠰᠢ ᠶᠢᠨ ᠫᠢᠩ ᠤᠨ ᠵᠢᠭᠠᠭᠰᠠᠨ ᠵᠠᠮ ᠢᠶᠠᠷ ᠡᠷᠡᠰ ᠭᠤᠶᠢᠪᠢᠰᠢ ᠥᠬᠡᠶ ᠡᠷᠡᠯᠬᠡᠭᠯᠡᠨ ᠤᠷᠤᠭᠰᠢᠯᠠᠬᠤ ᠬᠡᠷᠡᠭᠲᠡᠶ ᠭᠡᠪᠡ᠃     ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠤᠢᠢᠯᠠᠭᠠᠨ ᠪᠣᠳᠠᠲᠠᠶᠢᠵᠢᠭᠤᠯᠬᠤ ᠳᠡᠭᠡᠷ᠎ᠡ ᠬᠦᠴᠦ ᠲᠠᠯᠪᠢᠵᠤ᠂ ᠡᠭᠦᠨ ᠳᠤ ᠳᠣᠣᠱᠯᠠᠭᠳᠠᠵᠦ ᠪᠠᠶᠢᠭ᠎ᠠ ᠮᠠᠷᠺᠰ ᠤᠨ ᠦᠵᠡᠯ ᠤᠨ ᠵᠣᠭᠰᠣᠯᠲᠠ ᠦᠵᠡᠯᠲᠡ ᠠᠷᠭ᠎ᠠ ᠶᠢ ᠰᠠᠶᠢᠲᠤᠷ ᠡᠵᠡᠮᠰᠢᠨ ᠰᠠᠶᠢᠲᠤᠷ ᠬᠡᠷᠡᠭᠯᠡᠵᠦ᠂ ᠤᠬᠠᠮᠰᠠᠷ ᠠᠴᠠ ᠪᠠᠨ ᠨᠠᠮ ᠤᠨ ᠰᠢᠨ᠎ᠡ ᠶᠢ ᠡᠭᠦᠳᠦᠭᠰᠡᠨ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠥ᠂ ᠠᠵᠢᠯ ᠢᠶᠠᠨ ᠠᠬᠢᠭᠤᠯᠬᠤ ᠬᠡᠷᠡᠭᠲᠡᠢ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠠᠶᠠᠯᠢᠭ ᠠᠭᠤᠯᠤᠭᠳᠠᠬᠤᠨ ᠪᠠ  ᠦᠢᠯᠡᠳᠦᠯᠬᠡ ᠶᠢᠨ ᠱᠠᠭᠠᠷᠳᠠᠯᠭ᠎ᠠ ᠶᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠡᠵᠡᠮᠳᠡᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠬᠦᠴᠦ ᠪᠠᠨ ᠲᠥᠪᠯᠡᠷᠡᠭᠦᠯᠦᠨ ᠰᠠᠶᠢᠲᠤᠷ ᠨᠠᠶᠢᠳᠠᠪᠤᠷᠢᠵᠢᠭᠤᠯᠵᠤ᠂ ᠠᠮᠢ ᠠᠬᠤᠶ ᠶᠢ ᠳᠡᠷᠢᠬᠦᠨ ᠳᠤ ᠳᠠᠯᠪᠢᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠰᠠᠶᠢᠲᠤᠷ ᠵᠠᠮᠨᠠᠬᠤ ᠬᠡᠷᠡᠭᠲᠡᠶ᠃ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠷᠴᠢᠮ ᠢᠶᠠᠨ ᠲᠠᠰᠤᠷᠠᠯᠳᠠ ᠦᠭᠡᠢ ᠴᠢᠩᠭᠠᠷᠠᠭᠤᠯᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ ᠵᠡᠷᠭᠡ ᠡᠯ᠎ᠡ ᠵᠦᠢᠯ ᠤᠨ ᠠᠷᠠᠳ ᠤᠨ ᠠᠮᠢᠳᠤᠷᠠᠯ ᠤᠨ ᠦᠢᠯᠡᠰ ᠤᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠩ ᠲᠡᠭᠦᠯᠳᠡᠷ᠂ ᠨᠡᠩ ᠪᠠᠲᠤᠯᠠᠭ᠎ᠠ ᠲᠠᠢ᠂ ᠨᠡᠩ ᠦᠷᠭᠦᠯᠵᠢᠯᠡᠬᠦ ᠪᠣᠯᠭᠠᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠠᠵᠢᠯ ᠬᠢᠵᠦ ᠦᠢᠯᠡᠰ ᠪᠤᠰᠬᠠᠬᠤ ᠣᠷᠴᠢᠨ ᠢ ᠶᠡᠭᠡ ᠪᠠᠷ ᠪᠤᠢ ᠪᠣᠯᠭᠠᠵᠤ᠂ ᠺᠠᠳ᠋ᠷ ᠤᠨ ᠠᠵᠢᠯ ᠬᠢᠵᠦ ᠦᠢᠯᠡᠰ ᠪᠤᠰᠬᠠᠬᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠬᠡᠵᠦ ᠴᠢᠬᠤᠯᠠᠴᠢᠯᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号