ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠬᠤᠷᠠᠯ ᠬᠤᠷᠠᠯᠳᠤᠭᠤᠯᠵᠤ ᠡᠵᠡᠨ᠎ᠡ ᠬᠤᠰᠢᠭᠤᠨ ᠤ ᠪᠠᠯᠲᠤ ᠬᠡᠮᠬᠡ ᠶᠢᠨ ᠪᠣᠷᠣᠯᠠᠭᠤᠯᠭ᠎ᠠ ᠮᠠᠭᠤᠳᠠᠭᠰᠠᠨ ᠠᠰᠠᠭᠤᠳᠠᠯ ᠢ ᠲᠤᠰᠬᠠᠶ ᠰᠡᠳᠦᠪ ᠢᠶᠠᠷ ᠰᠤᠳᠤᠯᠪᠠ
ᠨᠡᠶᠢᠲᠡᠯᠡᠭᠰᠡᠨ ᠴᠠᠭ᠄
2022/9/21
    9 ᠰᠠᠷ᠎ᠠ ᠶᠢᠨ 18 ᠤ ᠦᠳᠡ ᠶᠢᠨ ᠡᠮᠦᠨ᠎ᠡ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ᠂ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠯᠢ ᠵᠥᠩ ᠽᠧᠩ ᠤᠨ ᠨᠠᠶᠢᠳᠠᠯᠭ᠎ᠠ ᠪᠠᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠶᠡᠷᠦᠩᠬᠡᠶᠢᠯᠡᠨ ᠵᠣᠬᠢᠴᠠᠭᠤᠯᠬᠤ ᠳᠤᠭᠤᠶᠢᠯᠠᠩ ᠤᠨ ᠳᠠᠷᠤᠭ᠎ᠠ ᠸᠧᠶ ᡁᠢ ᠭᠦᠸᠧ᠂ ᠠᠶᠢᠮᠠᠭ ᠤᠨ ᠳᠡᠳ᠋ ᠳᠠᠷᠤᠭ᠎ᠠ᠂ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ ᠤᠨ ᠳᠠᠷᠤᠭ᠎ᠠ ᠮᠥᠩᠬᠡ ᠬᠤᠷᠠᠯ ᠢ ᠡᠷᠭᠢᠯᠡᠨ ᠬᠤᠷᠠᠯᠳᠤᠭᠤᠯᠵᠤ᠂ ᠡᠵᠡᠨ᠎ᠡ ᠬᠤᠰᠢᠭᠤᠨ ᠤ ᠪᠠᠯᠲᠤ ᠬᠡᠮᠬᠡ ᠪᠣᠷᠣᠯᠠᠭᠤᠯᠬᠤ᠂ ᠭᠠᠳᠠᠭᠰᠢ ᠲᠡᠭᠡᠭᠡᠪᠦᠷᠢᠯᠡᠬᠦ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠲᠤᠰᠬᠠᠶ ᠰᠡᠳᠦᠪ ᠢᠶᠠᠷ ᠰᠤᠳᠤᠯᠤᠨ ᠰᠢᠢᠳᠪᠦᠷᠢᠯᠡᠵᠦ᠂ ᠬᠠᠮᠢᠶ᠎ᠠ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠳᠤ ᠪᠠᠯᠲᠤ ᠬᠡᠮᠬᠡ ᠶᠢᠨ ᠪᠣᠷᠣᠯᠠᠭᠤᠯᠭ᠎ᠠ ᠵᠣᠭᠰᠣᠩᠭᠢᠷᠠᠭᠰᠠᠨ ᠠᠰᠠᠭᠤᠳᠠᠯ ᠢ ᠰᠢᠢᠳᠪᠦᠷᠢᠯᠡᠬᠦ ᠲᠤᠬᠠᠶ ᠠᠶᠢᠮᠠᠭ ᠤᠨ ᠳᠠᠷᠤᠭ᠎ᠠ ᠯᠢ ᠵᠥᠩ ᠽᠧᠩ ᠤᠨ ᠵᠢᠭᠠᠪᠤᠷᠢ ᠱᠠᠭᠠᠷᠳᠠᠯᠭ᠎ᠠ ᠶᠢ ᠤᠯᠠᠮᠵᠢᠯᠠᠵᠤ᠂ ᠡᠵᠡᠨ᠎ᠡ ᠬᠤᠰᠢᠭᠤᠨ ᠤ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠨᠥᠬᠦᠳ ᠵᠢᠴᠢ ᠬᠤᠯᠪᠣᠭᠳᠠᠯ ᠪᠥᠬᠦᠶ ᠰᠤᠮᠤ ᠪᠠᠯᠭᠠᠰᠤᠨ ᠤ ᠬᠠᠷᠢᠭᠤᠴᠠᠯᠭᠠᠲᠠᠨ ᠪᠠᠯᠲᠤ ᠬᠡᠮᠬᠡ ᠶᠢᠨ ᠪᠣᠷᠣᠯᠠᠭᠤᠯᠭ᠎ᠠ ᠵᠣᠭᠰᠣᠩᠭᠢᠷᠠᠭᠰᠠᠨ᠂ ᠮᠠᠰᠢᠨ ᠲᠡᠷᠭᠡᠨ ᠤ ᠲᠡᠭᠡᠭᠡᠪᠦᠷᠢ᠂ ᠬᠥᠳᠡᠯᠮᠦᠷᠢ ᠬᠦᠴᠦᠨ ᠠᠵᠢᠯᠴᠢᠨ ᠬᠡᠷᠡᠭᠯᠡᠭᠰᠡᠨ ᠵᠡᠷᠭᠡ ᠬᠠᠮᠢᠶ᠎ᠠ ᠪᠥᠬᠦᠶ ᠪᠠᠶᠢᠳᠠᠯ ᠢ ᠬᠠᠷᠢᠭᠤ ᠮᠡᠳᠡᠭᠦᠯᠪᠡ᠃     ᠬᠤᠷᠠᠯ ᠠᠴᠠ᠂ ᠣᠳᠣᠬᠠᠨ ᠳᠤ ᠡᠵᠡᠨ᠎ᠡ ᠬᠤᠰᠢᠭᠤ ᠪᠠᠯᠲᠤ ᠬᠡᠮᠬᠡ ᠶᠢᠨ ᠨᠠᠮᠤᠷ ᠤᠨ ᠬᠤᠷᠢᠶᠠᠯᠲᠠ ᠶᠢᠨ ᠴᠠᠭ ᠦᠶ᠎ᠡ ᠳᠤ ᠣᠷᠣᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠨᠥᠯᠥᠭᠡ ᠠᠴᠠ ᠪᠣᠯᠵᠣ᠂ ᠭᠠᠳᠠᠭᠰᠢ ᠲᠡᠭᠡᠭᠡᠪᠦᠷᠢᠯᠡᠬᠦ ᠵᠠᠮ ᠰᠠᠭᠠᠳ ᠲᠤ ᠤᠴᠠᠷᠠᠵᠤ᠂ ᠪᠠᠯᠲᠤ ᠬᠡᠮᠬᠡ ᠶᠢᠨ ᠪᠣᠷᠣᠯᠠᠭᠤᠯᠭ᠎ᠠ ᠰᠠᠭᠠᠳ ᠲᠤ ᠤᠴᠠᠷᠠᠵᠤ᠂ ᠲᠠᠷᠢᠶᠠᠴᠢᠳ ᠤᠨ ᠣᠷᠣᠯᠭ᠎ᠠ ᠬᠤᠬᠢᠷᠠᠯ ᠳᠤ ᠤᠴᠠᠷᠠᠵᠤ ᠪᠠᠶᠢᠨ᠎ᠠ᠃ ᠡᠵᠡᠨ᠎ᠡ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠠᠯᠲᠤ ᠬᠡᠮᠬᠡ ᠶᠢᠨ ᠪᠣᠷᠣᠯᠠᠭᠤᠯᠭ᠎ᠠ ᠶᠢ ᠨᠢᠭᠡᠳᠦᠯᠲᠡᠶ ᠲᠥᠯᠥᠪᠵᠢᠭᠦᠯᠵᠦ᠂ ︽ᠬᠤᠰᠢᠭᠤᠨ ᠳᠤ ᠮᠡᠳᠡᠭᠦᠯᠬᠦ᠂ ᠲᠡᠷᠭᠡ ᠳᠠᠭᠠᠷᠠᠪᠠᠯ ᠵᠠᠪᠠᠯ ᠪᠠᠶᠢᠴᠠᠭᠠᠬᠤ᠂ ᠬᠥᠮᠦᠨ ᠳᠠᠭᠠᠷᠠᠪᠠᠯ ᠵᠠᠪᠠᠯ ᠪᠠᠶᠢᠴᠠᠭᠠᠬᠤ᠂ ᠲᠣᠭᠲᠠᠮᠠᠯ ᠬᠤᠭᠤᠴᠠᠭ᠎ᠠ ᠲᠠᠢ ᠪᠠᠷ ᠪᠥᠭᠡᠮ ᠬᠦᠴᠢᠯ ᠤᠨ ᠪᠠᠶᠢᠴᠠᠭᠠᠯᠳᠠ ᠬᠢᠬᠦ᠂ ᠪᠥᠬᠦ ᠶᠠᠪᠤᠴᠠ ᠳᠤ ᠪᠢᠲᠡᠭᠦᠮᠵᠢᠯᠡᠬᠦ︾ ᠬᠠᠮᠢᠶᠠᠷᠤᠯᠲᠠ ᠶᠢᠨ ᠵᠠᠷᠴᠢᠮ ᠶᠣᠰᠣᠭᠠᠷ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠪᠠᠯᠲᠤ ᠬᠡᠮᠬᠡ ᠶᠢ ᠲᠡᠭᠡᠭᠡᠪᠦᠷᠢᠯᠡᠨ ᠪᠣᠷᠣᠯᠠᠭᠤᠯᠬᠤ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠵᠠᠬ᠎ᠠ ᠳᠡᠯᠭᠡᠭᠦᠷ ᠤᠨ ᠪᠦᠲᠦᠮᠵᠢᠲᠡᠶ ᠬᠠᠩᠭᠠᠯᠭ᠎ᠠ ᠪᠠ ᠲᠠᠷᠢᠶᠠᠴᠢᠨ ᠤ ᠲᠣᠰ ᠪᠡᠶ᠎ᠡ ᠶᠢᠨ ᠠᠰᠢᠭ ᠲᠤᠰᠠ ᠶᠢ ᠬᠦᠴᠦᠯᠡᠨ ᠪᠠᠲᠤᠯᠠᠬᠤ ᠬᠡᠷᠡᠭᠲᠡᠶ ᠭᠡᠪᠡ᠃     ᠬᠤᠷᠠᠯ ᠠᠴᠠ᠂ ︽ᠪᠠᠯᠲᠤ ᠬᠡᠮᠬᠡ ᠶᠢᠨ ᠲᠡᠭᠡᠭᠡᠪᠦᠷᠢ ᠶᠢᠨ ᠪᠢᠲᠡᠭᠦᠮᠵᠢᠲᠦ ᠬᠠᠮᠢᠶᠠᠷᠤᠯᠲᠠ ᠶᠢᠨ ᠲᠥᠰᠦᠯ︾ ᠢ ᠨᠠᠷᠢᠨ ᠨᠢᠮᠪᠠᠶ ᠰᠤᠳᠤᠯᠤᠨ ᠲᠣᠭᠲᠠᠭᠠᠵᠤ᠂ ᠪᠠᠯᠲᠤ ᠬᠡᠮᠬᠡ ᠵᠥᠭᠡᠭᠡᠪᠦᠷᠢᠯᠡᠬᠦ ᠲᠡᠷᠭᠡ᠂ ᠬᠥᠮᠦᠨ ᠬᠠᠷ᠎ᠠ ᠶᠢᠨ ᠪᠢᠲᠡᠭᠦᠮᠵᠢᠲᠦ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠲᠣᠳᠣᠷᠬᠠᠶᠢᠯᠠᠵᠤ᠂ ᠲᠡᠷᠭᠡ ᠬᠥᠰᠬᠡ ᠶᠢ ᠬᠤᠰᠢᠭᠤᠨ ᠳᠤ ᠣᠷᠣᠭᠤᠯᠬᠤ᠂ ᠲᠡᠷᠭᠡᠨ ᠳᠤ ᠠᠴᠢᠶᠠᠯᠠᠬᠤ᠂ ᠬᠤᠰᠢᠭᠤᠨ ᠠᠴᠠ ᠰᠠᠯᠬᠤ ᠪᠥᠬᠦ ᠬᠡᠯᠬᠢᠶᠡᠨ ᠤ ᠪᠢᠲᠡᠭᠦᠮᠵᠢᠲᠦ ᠱᠤᠭᠤᠮ ᠪᠠ ᠲᠥᠪᠯᠡᠷᠡᠩᠭᠦᠶ ᠲᠡᠷᠭᠡᠨ ᠳᠤ ᠰᠠᠪᠠᠯᠠᠬᠤ ᠲᠣᠭᠤᠷᠢᠭ ᠢ ᠣᠨᠣᠪᠴᠢᠲᠠᠶ ᠵᠠᠭᠠᠭᠯᠠᠨ ᠲᠣᠭᠲᠠᠭᠠᠵᠤ᠂ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠨᠠᠷᠢᠯᠢᠬᠵᠢᠭᠤᠯᠵᠤ᠂ ᠪᠠᠯᠲᠤ ᠬᠡᠮᠬᠡ ᠶᠢ ᠦᠯᠡᠳᠡᠭᠡᠵᠦ ᠳᠡᠶᠢᠯᠬᠦ᠂ ᠲᠡᠭᠡᠭᠡᠵᠦ ᠳᠡᠶᠢᠯᠬᠦ᠂ ᠬᠠᠩᠭᠠᠵᠤ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠪᠠᠯᠲᠤ ᠬᠡᠮᠬᠡ ᠶᠢᠨ ᠦᠯᠡᠳᠡᠭᠡᠯ ᠰᠠᠭᠤᠷᠢ ᠲᠤᠭ᠎ᠠ ᠶᠢ ᠡᠷᠲᠡᠬᠡᠨ ᠲᠣᠳᠣᠷᠬᠠᠶ ᠣᠶᠢᠯᠠᠭᠠᠵᠤ᠂ ᠠᠵᠢᠯ ᠤᠨ ᠡᠬᠡ ᠲᠠᠩᠰᠠ ᠪᠠᠶᠢᠭᠤᠯᠤᠨ᠂ ᠪᠠᠯᠲᠤ ᠬᠡᠮᠬᠡ ᠶᠢ ᠭᠠᠳᠠᠭᠰᠢ ᠲᠡᠭᠡᠭᠡᠪᠦᠷᠢᠯᠡᠬᠦ ᠰᠠᠭᠠᠳ ᠥᠬᠡᠶ ᠨᠡᠪᠲᠡᠷᠡᠬᠦ ᠵᠠᠮ ᠢ ᠴᠠᠭ ᠲᠤᠬᠠᠶ ᠳᠤᠨᠢ ᠨᠡᠭᠡᠭᠡᠵᠦ᠂ ᠠᠴᠢᠵᠤ ᠪᠠᠭᠤᠯᠭᠠᠬᠤ ᠠᠵᠢᠯᠴᠢᠨ ᠵᠢᠴᠢ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠳᠣᠭᠢᠷᠠᠭᠤᠯᠤᠨ᠂ ᠪᠠᠯᠲᠤ ᠬᠡᠮᠬᠡ ᠶᠢ ᠤᠷᠤᠭᠰᠢᠲᠠᠶ ᠪᠣᠷᠣᠯᠠᠭᠤᠯᠵᠤ ᠭᠠᠳᠠᠭᠰᠢ ᠲᠡᠭᠡᠭᠡᠪᠦᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠤᠰᠢᠭᠤ ᠭᠠᠵᠠᠷ ᠤᠨ ᠲᠠᠰ ᠤᠨ ᠤᠳᠤᠷᠢᠳᠬᠤ ᠺᠠᠳ᠋ᠷ ᠳᠠᠭᠠᠭᠠᠴᠢᠯᠠᠨ ᠬᠠᠷᠢᠯᠴᠠᠬᠤ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠵᠤ᠂ ᠳᠠᠭᠠᠭᠠᠴᠢᠯᠠᠨ ᠬᠠᠷᠢᠯᠴᠠᠬᠤ ᠭᠠᠴᠠᠭᠠᠨ ᠤ ᠳᠣᠲᠣᠷᠠᠬᠢ ᠪᠠᠯᠲᠤ ᠬᠡᠮᠬᠡ ᠶᠢ ᠪᠣᠷᠣᠯᠠᠭᠤᠯᠬᠤ ᠪᠠ ᠵᠥᠭᠡᠭᠡᠪᠦᠷᠢᠯᠡᠬᠦ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠶ᠃ ᠪᠠᠯᠲᠤ ᠬᠡᠮᠬᠡ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ᠂ ᠠᠴᠢᠶᠠᠨ ᠤ ᠮᠠᠰᠢᠨ ᠤ ᠵᠢᠯᠣᠭᠤᠴᠢ᠂ ᠲᠡᠭᠡᠭᠡᠵᠦ ᠪᠠᠭᠤᠯᠭᠠᠬᠤ ᠠᠵᠢᠯᠴᠢᠨ ᠤ ᠬᠦᠰᠡᠯ ᠱᠠᠭᠠᠷᠳᠠᠯᠭ᠎ᠠ ᠶᠢ ᠰᠡᠳᠬᠢᠯ ᠲᠠᠯᠪᠢᠨ ᠰᠠᠶᠢᠲᠤᠷ ᠰᠢᠢᠳᠪᠦᠷᠢᠯᠡᠵᠦ᠂ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ᠲᠡᠳᠡᠨ ᠤ ᠰᠠᠨᠠᠭᠠᠰᠢᠷᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠢ᠃ ᠪᠣᠷᠣᠯᠠᠭᠤᠯᠭ᠎ᠠ ᠶᠢᠨ ᠵᠠᠬ᠎ᠠ ᠳᠡᠯᠭᠡᠭᠦᠷ ᠲᠠᠢ ᠢᠳᠡᠪᠬᠢᠲᠡᠢ ᠵᠣᠯᠭᠠᠭᠤᠯᠵᠤ᠂ ᠪᠣᠷᠣᠯᠠᠭᠤᠯᠭ᠎ᠠ ᠶᠢᠨ ᠠᠷᠭ᠎ᠠ ᠵᠠᠮ ᠢᠶᠠᠨ ᠥᠷᠭᠡᠳᠬᠡᠵᠦ᠂ ᠵᠠᠰᠠᠭ ᠤᠨ ᠣᠷᠳᠣᠨ ᠤ ᠬᠥᠮᠥᠷᠭᠡᠯᠡᠨ ᠬᠠᠳᠠᠭᠠᠯᠠᠬᠤ ᠡᠬᠢ ᠪᠠᠶᠠᠯᠢᠭ ᠢ ᠨᠡᠭᠡᠭᠡᠵᠦ᠂ ᠬᠢᠵᠢᠭ ᠤᠨ ᠪᠠᠶᠢᠳᠠᠯ ᠤᠨ ᠲᠠᠷᠢᠶᠠᠴᠢᠳ ᠲᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠬᠤ ᠬᠡᠷᠡᠭᠲᠡᠢ ᠬᠡᠵᠦ ᠴᠢᠬᠤᠯᠠᠴᠢᠯᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号