ᠠᠯᠠᠱᠠ ᠠᠶᠢᠮᠠᠭ ᠤᠨ 2021 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2022 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ︵ᠲᠥᠰᠦᠯ︶
ᠨᠡᠶᠢᠲᠡᠯᠡᠭᠰᠡᠨ ᠴᠠᠭ᠄
2022/9/21
    ᠨᠢᠭᠡ᠂ 2021 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ     2021 ᠣᠨ ᠳᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠬᠠᠲᠠᠭᠤ ᠪᠡᠷᠬᠡ ᠨᠦᠰᠡᠷ ᠬᠦᠨᠳᠦ ᠡᠭᠦᠷᠭᠡ ᠢᠯᠠᠩᠭᠤᠶ᠎ᠠ ᠬᠢᠵᠢᠭ ᠤᠨ ᠳᠠᠭᠠᠷᠢᠯᠳᠠ ᠶᠢᠨ ᠡᠮᠦᠨ᠎ᠡ᠂ ᠠᠶᠢᠮᠠᠭ ᠳᠠᠶᠠᠭᠠᠷ ᠢᠶᠠᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠳᠣᠣᠱᠯᠠᠭᠤᠯᠵᠦ᠂ ᠠᠮᠢ ᠠᠬᠤᠢ ᠶᠢ ᠳᠡᠷᠢᠬᠦᠨ ᠳᠤ ᠳᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠷᠡᠮᠡᠬᠡᠶᠢᠯᠡᠨ ᠤᠷᠤᠭᠰᠢᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ  ᠪᠣᠢ ᠪᠣᠯᠭᠠᠪᠠ᠃2021 ᠣᠨ ᠳᠤ ᠪᠦᠬᠦ ᠠᠶᠢᠮᠠᠭ ᠤᠨ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ 364 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4 . 4 % ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 33 . 5 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8 % ᠪᠠᠷ ᠨᠡᠮᠡᠭᠳᠡᠪᠡ︔ ᠬᠤᠲᠠ ᠬᠥᠳᠡᠭᠡ ᠶᠢᠨ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 11 . 8 % ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 3 . 4 % ᠨᠡᠮᠡᠭᠳᠡᠪᠡ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 47266 ᠲᠥᠭᠦᠷᠢᠭ ᠪᠠ 25204 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 7 . 4 % ᠪᠠ 8 . 9 % ᠪᠠᠷ ᠨᠡᠮᠡᠭᠳᠡᠪᠡ᠃     ︵ᠨᠢᠭᠡ︶ ᠠᠵᠤ ᠠᠬᠤᠢ ᠶᠢᠨ ᠲᠣᠭᠲᠠᠭᠤᠨ ᠤ ᠳᠤᠮᠳᠠ ᠰᠠᠶᠢᠵᠢᠷᠠᠬᠤ ᠬᠥᠭᠵᠢᠯᠲᠡ ᠶᠢᠨ ᠬᠠᠨᠳᠤᠰᠢ ᠢᠯᠡᠳᠲᠡ ᠴᠢᠩᠭᠠᠷᠠᠪᠠ     ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠠᠷᠠᠯᠵᠢᠶᠠᠴᠢᠨ ᠤᠷᠢᠬᠤ ᠲᠥᠷᠦᠯ ᠵᠦᠢᠯ ᠢ ᠠᠬᠢᠭᠤᠯᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠨᠠᠷᠢᠯᠢᠭ ᠣᠨᠣᠪᠴᠢᠲᠠᠢ ᠪᠠᠷ ᠠᠷᠠᠯᠵᠢᠶᠠᠴᠢᠨ ᠤᠷᠢᠬᠤ ᠪᠠ ᠬᠠᠨᠳᠤᠯᠭ᠎ᠠ ᠲᠠᠢ ᠪᠠᠷ ᠠᠷᠠᠯᠵᠢᠶᠠᠴᠢᠨ ᠤᠷᠢᠬᠤ ᠶᠢ ᠪᠦᠬᠦ ᠲᠠᠯ᠎ᠠ ᠪᠠᠷ ᠥᠷᠨᠢᠭᠦᠯᠵᠦ᠂ ᠠᠷᠠᠯᠵᠢᠶᠠᠴᠢᠨ ᠤᠷᠢᠵᠤ ᠪᠡᠯᠡ ᠲᠠᠲᠠᠬᠤ ᠲᠥᠷᠦᠯ ᠵᠦᠢᠯ ᠨᠡᠶᠢᠲᠡ 80 ᠶᠢ ᠬᠡᠷᠡᠭᠵᠢᠭᠦᠯᠵᠦ᠂ 87 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠲᠡᠳᠡᠨ ᠣᠷᠣᠭᠤᠯᠵᠤ᠂ ᠠᠳᠠᠯᠢ ᠬᠤᠭᠤᠴᠠᠭᠠᠨ ᠤ ᠬᠢ ᠠᠴᠠ 11 % ᠪᠠᠷ ᠨᠡᠮᠡᠭᠳᠡᠪᠡ᠃ ᠪᠦᠬᠦ ᠵᠢᠯ ᠳᠤ ᠰᠢᠨ᠎ᠡ ᠪᠠᠷ 42 ᠠᠷᠠᠯᠵᠢᠶᠠᠴᠢᠨ ᠤᠷᠢᠵᠤ ᠪᠡᠯᠡ ᠲᠠᠲᠠᠬᠤ ᠲᠥᠷᠥᠯ ᠵᠦᠢᠯ ᠰᠢᠨ᠎ᠡ ᠪᠠᠷ ᠭᠡᠷ᠎ᠡ ᠲᠣᠭᠲᠠᠵᠤ᠂ ᠬᠡᠯᠡᠯᠴᠡᠭᠡᠷ ᠢᠶᠠᠷ ᠪᠡᠯᠡ ᠲᠠᠲᠠᠬᠤ ᠬᠡᠮᠵᠢᠶ᠎ᠡ 346 ᠳ᠋ᠦᠩᠰᠢᠭᠤᠷ ᠲᠥᠭᠦᠷᠢᠭ ᠲᠤ ᠬᠦᠷᠪᠡ᠃ ᠭᠤᠣᠯᠳᠠᠯᠭ᠎ᠠ ᠲᠠᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠤᠨ ᠬᠥᠮᠥᠷᠭᠡ ᠳᠤ ᠬᠥᠳᠡᠯᠦᠩᠭᠦᠶ ᠲᠣᠬᠢᠷᠠᠭᠤᠯᠤᠯᠲᠠ ᠬᠢᠵᠦ᠂ ᠭᠤᠣᠯᠳᠠᠯᠭ᠎ᠠ ᠲᠠᠢ ᠠᠷᠠᠯᠵᠢᠶᠠᠴᠢᠨ ᠤᠷᠢᠬᠤ ᠲᠥᠷᠥᠯ ᠵᠦᠢᠯ ᠢ ᠨᠡᠶᠢᠲᠡ 167 ᠨᠡᠶᠢᠲᠡᠯᠡᠪᠡ᠃     ᠭᠤᠣᠯᠳᠠᠯᠭ᠎ᠠ ᠲᠠᠢ ᠲᠥᠷᠥᠯ ᠵᠦᠢᠯ ᠢ ᠲᠦᠷᠬᠡᠨ ᠠᠬᠢᠭᠤᠯᠪᠠ᠃ ᠠᠶᠢᠮᠠᠭ ᠤᠨ ᠲᠡᠰ ᠤᠨ 100 ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ 97 ᠶᠢ ᠠᠵᠢᠯ ᠡᠬᠢᠯᠡᠭᠦᠯᠦᠨ ᠰᠡᠷᠭᠦᠭᠡᠵᠦ᠂ 158 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠲᠥᠷᠥᠯ ᠵᠦᠢᠯ ᠤᠨ ᠭᠠᠷᠳᠠᠮ ᠭᠦᠢᠴᠡᠳᠬᠡᠬᠦ ᠨᠣᠷᠮ᠎ᠠ ᠶᠡᠬᠡᠪᠡᠷ ᠳᠡᠭᠡᠭᠰᠢᠯᠡᠪᠡ᠃ ᠪᠠᠯᠠ ᠣᠷᠣᠭᠤᠯᠤᠯᠲᠠ ᠶᠢᠨ ᠪᠦᠲᠦᠴᠡ ᠲᠠᠰᠤᠷᠠᠯᠲᠠ ᠥᠬᠡᠶ ᠰᠢᠯᠢᠳᠡᠭᠵᠢᠵᠦ᠂ ᠰᠠᠭᠤᠷᠢ ᠪᠡᠯᠡᠳᠬᠡᠮᠵᠢ᠂ ᠠᠵᠤ ᠦᠢᠯᠡᠰ ᠤᠨ ᠲᠥᠷᠥᠯ ᠵᠦᠢᠯ ᠨᠢ ᠪᠥᠬᠦ ᠪᠠᠯᠠ ᠣᠷᠣᠭᠤᠯᠤᠯᠲᠠ ᠶᠢᠨ 15 . 7 % ᠪᠠ 68 . 5 % ᠶᠢ ᠡᠵᠡᠯᠡᠪᠡ᠂ ᠡᠭᠦᠨ ᠳᠤ ᠦᠢᠯᠡᠳᠬᠦ ᠦᠢᠯᠡᠰ ᠤᠨ ᠪᠠᠯᠠ ᠣᠷᠣᠭᠤᠯᠤᠯᠲᠠ 27 . 1 % ᠪᠠᠷ ᠨᠡᠮᠡᠭᠳᠡᠵᠦ᠂ ᠴᠡᠪᠡᠷ ᠡᠨᠧᠷᠭᠢ ᠶᠢᠨ ᠪᠠᠯᠠ ᠣᠷᠣᠭᠤᠯᠤᠯᠲᠠ 49 . 6 % ᠪᠠᠷ ᠨᠡᠮᠡᠭᠳᠡᠪᠡ᠃     ᠮᠥᠩᠭᠦᠨ ᠭᠦᠢᠯᠭᠡᠭᠡᠨ ᠤ ᠬᠠᠩᠭᠠᠯᠭ᠎ᠠ ᠦᠷᠭᠦᠯᠵᠢᠯᠡᠨ ᠲᠣᠭᠲᠠᠭᠤᠨ ᠪᠣᠯᠪᠠ᠃ ᠪᠥᠬᠦ ᠠᠶᠢᠮᠠᠭ ᠤᠨ ᠮᠥᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ 388 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 5 . 6 % ᠪᠠᠷ ᠨᠡᠮᠡᠭᠳᠡᠪᠡ᠃ ᠠᠶᠢᠮᠠᠭ ᠤᠨ ᠲᠣᠰ ᠱᠠᠲᠤᠨ ᠤ ᠫᠠᠶᠢᠰᠠ ᠡᠯᠭᠦᠬᠦ ᠰᠦᠢᠳᠬᠡᠯ ᠤᠨ ᠱᠠᠩᠨᠠᠯ ᠨᠥᠬᠦᠪᠥᠷᠢ ᠶᠢᠨ ᠪᠠᠯᠠ ᠮᠥᠩᠭᠦ 100 ᠲᠦᠮᠡᠨ ᠲᠥᠭᠦᠷᠢᠭ ᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠰᠢᠨ᠎ᠡ ᠭᠤᠷᠪᠠᠳᠤᠭᠠᠷ ᠳᠠᠪᠴᠠᠩ ᠳᠤ ᠫᠠᠶᠢᠰᠠ ᠡᠯᠬᠦᠬᠦ ᠪᠠᠯᠠ ᠲᠣᠬᠢᠷᠠᠭᠤᠯᠭ᠎ᠠ ᠶᠢᠨ ᠨᠥᠬᠦᠪᠥᠷᠢ ᠶᠢ 60 ᠲᠦᠮᠡᠨ ᠲᠥᠭᠦᠷᠢᠭ ᠠᠩᠬ᠎ᠠ ᠲᠠᠷᠬᠠᠭᠠᠪᠠ᠃ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ᠂ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠪᠠᠯᠠ ᠲᠣᠬᠢᠷᠠᠭᠤᠯᠭ᠎ᠠ ᠬᠢᠬᠦ ᠶᠢ ᠳᠠᠮᠵᠢᠵᠤ ᠂ 16 . 1 ᠳ᠋ᠦᠩᠰᠢᠭᠤᠷ ᠲᠥᠭᠦᠷᠢᠭ ᠤᠨ ᠰᠢᠭᠤᠳ ᠪᠠᠯᠠ ᠲᠣᠬᠢᠷᠠᠭᠤᠯᠭ᠎ᠠ ᠶᠢ ᠪᠡᠶᠡᠯᠡᠭᠦᠯᠪᠡ᠃     ᠨᠡᠶᠢᠭᠡᠮ ᠤᠨ ᠬᠡᠷᠡᠭᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠳᠡᠰ ᠳᠡᠪᠰᠢᠬᠦᠯᠪᠡ᠃ ᠠᠷᠠᠳ ᠲᠤ ᠠᠰᠢᠭ ᠬᠦᠷᠲᠡᠭᠡᠬᠦ ᠲᠡᠷᠭᠡᠨ ᠤ ᠦᠵᠡᠭᠦᠯᠦᠯᠭᠡ᠂ ᠬᠥᠳᠡᠭᠡ ᠲᠣᠰᠬᠤᠨ ᠤ ᠠᠮᠲᠠᠲᠤ ᠢᠳᠡᠭᠡᠨ ᠤ ᠨᠠᠶᠢᠷ ᠵᠡᠷᠭᠡ ᠣᠨᠴᠠᠯᠢᠭᠲᠤ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠪᠠ᠃ ᠠᠶᠢᠮᠠᠭ ᠤᠨ ᠳᠣᠲᠣᠷᠠᠬᠢ ᠬᠦᠢᠲᠡᠨ ᠬᠡᠯᠬᠢᠶᠡᠲᠦ ᠪᠠᠷᠠᠭ᠎ᠠ ᠶᠢᠨ ᠭᠦᠢᠯᠭᠡᠭᠡᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠳᠠᠮᠵᠢᠵᠤ᠂ ᠦᠢᠯᠡᠳᠪᠦᠷᠢᠯᠡᠯ ᠪᠣᠷᠣᠯᠠᠭᠤᠯᠭ᠎ᠠ ᠶᠢ ᠨᠢᠭᠡ ᠴᠣᠭᠴᠠᠵᠢᠭᠤᠯᠤᠭᠰᠠᠨ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠬᠡᠯᠬᠢᠶ᠎ᠡ 2 ᠵᠤᠷᠪᠤᠰ ︵ᠱᠦᠨ ᠹᠧᠩ᠂ ᠰᠢᠦᠳᠠᠨ︶ ᠢ ᠪᠦᠷᠢᠯᠳᠦᠭᠦᠯᠵᠦ᠂ ᠪᠦᠬᠦ ᠠᠶᠢᠮᠠᠭ ᠤᠨ ᠬᠦᠢᠲᠡᠨ ᠬᠡᠯᠬᠢᠶᠡᠲᠦ ᠪᠠᠷᠠᠭ᠎ᠠ ᠶᠢᠨ ᠭᠦᠢᠯᠭᠡᠭᠡᠨ ᠤ ᠲᠤᠬᠢᠷᠠᠭᠤᠯᠤᠨ ᠬᠦᠷᠭᠡᠬᠦ ᠬᠠᠩᠭᠠᠯᠭ᠎ᠠ ᠶᠢᠨ ᠬᠡᠯᠬᠢᠶᠡᠲᠦ ᠵᠠᠩᠭᠢᠯᠠᠭ᠎ᠠ ᠴᠡᠭ ᠢ ᠠᠩᠬ᠎ᠠ ᠠᠯᠬᠤᠮ ᠪᠠᠶᠢᠭᠤᠯᠪᠠ᠃ ᠡᠵᠡᠨ᠎ᠡ ᠬᠤᠰᠢᠭᠤ ︽ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ︾ ᠢ ᠢᠷᠠᠭᠤ ᠠᠯᠳᠠᠷᠲᠠᠶ ᠪᠠᠷ ᠭᠥᠷᠳᠡᠪᠡ᠃ ᠲᠠᠷᠢᠶᠠᠯᠠᠩ ᠬᠤᠳᠠᠯᠳᠤᠭᠠᠨ ᠤ ᠬᠠᠷᠢᠯᠴᠠᠨ ᠬᠤᠯᠪᠣᠭᠠᠯᠠᠬᠤ᠂ ᠲᠠᠷᠢᠶᠠᠯᠠᠩ ᠤᠨ ᠪᠣᠷᠣᠯᠠᠭᠤᠯᠭ᠎ᠠ ᠶᠢ ᠵᠣᠯᠭᠠᠭᠤᠯᠬᠤ ᠶᠢ ᠠᠬᠢᠭᠤᠯᠵᠤ᠂ ᠮᠠᠯᠵᠢᠬᠤ ᠣᠷᠣᠨ ᠤ ᠦᠬᠡᠷ ᠬᠤᠨᠢᠨ ᠮᠢᠬ᠎ᠠ ᠰᠢᠭᠤᠳ ᠪᠣᠷᠣᠯᠠᠭᠤᠯᠬᠤ ᠲᠤᠰᠬᠠᠢ ᠳᠠᠪᠴᠠᠩ ᠢ ᠪᠠᠶᠢᠭᠤᠯᠪᠠ᠃ ︽ᠬᠡᠷ ᠲᠡᠭᠡᠨ ᠰᠠᠭᠤᠵᠤ ᠬᠤᠳᠠᠯᠳᠤᠨ ᠠᠪᠬᠤ᠂ ᠰᠦᠯᠵᠢᠶᠡᠨ ᠳᠡᠭᠡᠷ᠎ᠡ ᠰᠢᠨᠡᠯᠡᠬᠦ︾ ᠰᠦᠯᠵᠢᠶᠡᠨ ᠳᠡᠭᠡᠷᠡᠬᠢ ᠴᠠᠭᠠᠨ ᠰᠠᠷ᠎ᠠ ᠶᠢᠨ ᠪᠠᠷᠠᠭᠠᠨ ᠤ ᠴᠣᠭᠯᠠᠭᠠᠨ ᠵᠡᠷᠭᠡ ᠠᠵᠢᠯᠯᠠᠭ᠎ᠠ ᠶᠢ ᠥᠷᠨᠢᠭᠦᠯᠵᠦ᠂ ᠮᠢᠩᠭᠠᠨ ᠲᠦᠮᠡᠨ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠪᠠ᠃ ᠠᠳᠠᠯ ᠦᠢᠯᠡᠰ ᠴᠣᠭᠴᠠᠯᠠᠭᠴᠢ ᠶᠢᠨ ᠰᠢᠨᠵᠢᠯᠡᠬᠦ ᠤᠬᠠᠭᠠᠨ ᠮᠡᠷᠭᠡᠵᠢᠯ᠂ ᠪᠥᠸᠧ ᠴᠤᠸᠠᠩ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠠᠵᠤ ᠠᠬᠤᠶᠢᠯᠠᠯ ᠤᠨ ︽ᠰᠢᠭᠤᠳ ᠨᠡᠪᠲᠡᠷᠡᠭᠦᠯᠭᠡ ᠪᠠᠷ ᠪᠠᠷᠠᠭ᠎ᠠ  ᠪᠣᠷᠣᠯᠠᠭᠤᠯᠬᠤ︾ ᠠᠵᠢᠯᠯᠠᠭ᠎ᠠ ᠥᠷᠨᠢᠭᠦᠯᠬᠦ ᠶᠢ ᠬᠥᠲᠥᠯᠥᠨ ᠵᠢᠯᠣᠭᠤᠳᠴᠤ᠂ ︽ᠭᠡᠭᠡᠵᠦ ᠣᠷᠬᠢᠭᠳᠠᠭᠰᠠᠨ ᠬᠤᠳᠠᠯᠳᠤᠭᠠᠨ ᠤ ᠬᠤᠲᠠ ᠶᠢ ᠬᠠᠶᠢᠷᠠᠯᠠᠬᠤ︾ ︽ᠠᠯᠠᠱᠨ ᠳᠤ ᠠᠰᠢᠭ ᠬᠦᠷᠲᠡᠭᠡᠬᠦ︾ ᠶᠢ ᠵᠣᠷᠢᠭᠵᠢᠭᠤᠯᠵᠤ᠂ ᠪᠦᠯᠬᠦᠮ ᠨᠡᠶᠢᠯᠡᠭᠦᠯᠦᠨ ᠪᠣᠷᠣᠯᠠᠭᠤᠯᠭ᠎ᠠ ᠠᠬᠢᠭᠤᠯᠬᠤ ᠠᠵᠢᠯᠯᠠᠭ᠎ᠠ ᠶᠢ ᠪᠠᠶᠢᠩᠭᠤ ᠶᠢᠨ ᠴᠢᠨᠠᠷᠲᠠᠶ ᠦᠷᠨᠢᠬᠦᠯᠪᠡ᠃     ᠭᠠᠳᠠᠭᠠᠳᠤ ᠰᠣᠯᠢᠯᠴᠠᠭ᠎ᠠ ᠦᠷᠭᠦᠯᠵᠢᠯᠡᠨ ᠭᠦᠨᠵᠡᠭᠡᠶᠢᠷᠡᠪᠡ᠃ ᠪᠣᠭᠤᠮᠲᠠ ᠶᠢᠨ ᠠᠵᠤ ᠠᠬᠤᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠴᠡᠭᠡ ᠪᠠᠯᠭᠠᠰᠤ ᠶᠢ ᠵᠥᠪᠰᠢᠶᠡᠷᠡᠯ ᠢᠶᠠᠷ ᠪᠠᠶᠢᠭᠤᠯᠵᠤ᠂ ᠡᠵᠡᠨ᠎ᠡ ᠳᠤᠮᠳᠠᠳᠤ ᠮᠣᠩᠭᠤᠯ ᠤᠨ ᠤᠯᠠᠨ ᠤᠯᠤᠰ ᠤᠨ ᠲᠠᠸᠠᠷ ᠤᠨ ᠦᠵᠡᠰᠬᠦᠯᠡᠩ ᠢ ᠤᠯᠤᠰ ᠤᠨ ᠲᠡᠰ ᠤᠨ ᠦᠵᠡᠰᠬᠦᠯᠡᠩ ᠪᠣᠯᠭᠠᠨ ᠲᠡᠰ ᠳᠡᠪᠰᠢᠭᠦᠯᠪᠡ᠃ ᠮᠣᠩᠭᠤᠯ ᠤᠯᠤᠰ ᠤᠨ ᠪᠣᠭᠤᠮᠲᠠ᠂ ᠪᠣᠭᠤᠮᠲᠠ ᠶᠢᠨ ᠵᠥᠪᠯᠡᠯ᠂ ᠳᠤᠮᠳᠠᠳᠤ ᠤᠯᠤᠰ ᠲᠤ ᠰᠠᠭᠤᠭ᠎ᠠ ᠡᠯᠴᠢᠨ ᠰᠠᠶᠢᠳ ᠤᠨ ᠶᠠᠮᠤᠨ ᠪᠠ ᠺᠤᠨᠰᠦ᠋ᠯ ᠤᠨ ᠭᠠᠵᠠᠷ ᠲᠠᠢ ᠨᠡᠪᠲᠡᠷᠡᠯᠴᠡᠨ ᠵᠣᠬᠢᠴᠠᠭᠤᠯᠬᠤ ᠡᠷᠴᠢᠮ ᠢᠶᠠᠨ ᠴᠢᠩᠭᠠᠷᠠᠭᠤᠯᠵᠤ᠂ ︽ᠲᠤᠰᠠᠯᠠᠨ ᠪᠠᠶᠢᠭᠤᠯᠬᠤ ᠲᠥᠷᠥᠯ ᠵᠦᠢᠯ ᠢ ᠬᠡᠷᠡᠭᠵᠢᠭᠦᠯᠬᠦ᠂ ᠬᠢᠨᠠᠯᠲᠠ ᠲᠠᠯᠪᠢᠬᠤ ᠪᠠ ᠵᠣᠬᠢᠶᠠᠨ ᠪᠠᠶᠢᠭᠤᠯᠬᠤ ᠵᠥᠪᠯᠡᠯᠴᠡᠭᠡᠷ︾ ᠲᠤ ᠭᠠᠷ ᠤᠨ ᠥᠰᠥᠭ ᠵᠢᠷᠤᠵᠤ᠂ ᠥᠯᠵᠡᠶ ᠪᠣᠭᠤᠮᠲᠠ ᠳᠤ ᠡᠳ᠋ ᠪᠣᠳᠠᠰ ᠢ ᠲᠦᠷ ᠴᠠᠭ ᠪᠣᠭᠤᠮᠲᠠ ᠪᠠᠷ ᠥᠩᠭᠡᠷᠡᠭᠦᠯᠬᠦ ᠶᠢ ᠪᠡᠶᠡᠯᠡᠭᠦᠯᠪᠡ᠃ 2021 ᠣᠨ ᠤ ᠭᠠᠳᠠᠭᠠᠳᠤ ᠶᠢᠨ ᠬᠠᠷᠠᠭᠠᠯᠵᠠᠯᠲᠤ ᠵᠢᠭᠡᠯᠡᠯᠭᠡ ᠶᠢᠨ ᠨᠥᠭᠡᠴᠡ ᠲᠥᠷᠥᠯ ᠵᠦᠢᠯ 3 ᠶᠢ ᠢᠳᠡᠪᠬᠢᠲᠡᠶ ᠭᠤᠶᠤᠴᠢᠯᠠᠨ ᠮᠡᠳᠡᠭᠦᠯᠵᠦ᠂ ᠬᠠᠷᠠᠭᠠᠯᠵᠠᠯᠲᠤ ᠵᠢᠭᠡᠯᠡᠯᠭᠡ ᠶᠢ 2 . 2 ᠳ᠋ᠦᠩᠰᠢᠭᠤᠷ ᠳ᠋ᠣᠯᠯᠠᠷ ᠤᠯᠬᠤ ᠪᠠᠷ ᠲᠥᠯᠥᠪᠯᠡᠵᠦ ᠪᠣᠶ᠃     ᠣᠷᠣᠨ ᠪᠦᠰᠡ ᠶᠢᠨ ᠬᠠᠮᠲᠤᠷᠠᠯᠴᠠᠭ᠎ᠠ ᠲᠠᠰᠤᠷᠠᠯᠲᠠ ᠦᠭᠡᠢ ᠭᠦᠨᠵᠡᠭᠡᠶᠢᠷᠡᠪᠡ᠃ ︽ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠬᠤ ᠲᠥᠷᠥᠯ ᠤᠨ ᠠᠵᠤ ᠦᠢᠯᠡᠰ ᠤᠨ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠ ᠮᠠᠭᠠᠳᠯᠠᠨ ᠲᠣᠭᠲᠠᠭᠠᠬᠤ ᠲᠤᠬᠠᠶ ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠨ ᠨᠡᠶᠢᠲᠡᠯᠡᠵᠦ᠂ ᠤᠯᠤᠰ ᠤᠨ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠡᠮᠦᠨᠡᠬᠢ ᠬᠤᠭᠤᠴᠠᠭᠠᠨ ᠤ ᠠᠵᠢᠯ ᠤᠨ ᠨᠥᠬᠦᠪᠥᠷᠢ ᠶᠢ 300 ᠲᠦᠮᠡᠨ ᠲᠥᠭᠦᠷᠢᠭ ᠤᠯᠬᠤ ᠪᠠᠷ ᠴᠢᠷᠮᠠᠶᠢᠪᠠ᠃ ᠭᠠᠨᠰᠦ᠂ ᠳᠡᠷᠡᠰᠦᠨ ᠬᠤᠲᠠ ᠶᠢᠨ ᠪᠣᠭᠤᠮᠲᠠ ᠶᠢᠨ ᠬᠠᠮᠢᠶᠠᠷᠤᠯᠲᠠ ᠶᠢᠨ ᠠᠯᠪᠠᠨ ᠭᠡᠷ ᠪᠣᠯᠤᠨ ᠵᠢᠶᠠ ᠢᠦᠶ ᠭᠤᠸᠠᠨ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠲᠠᠢ ᠲᠤᠰ ᠲᠤᠰ ︽︿ᠪᠠᠷᠠᠭᠤᠨ ᠬᠡᠰᠡᠭ ᠤᠨ ᠡᠬᠡ ᠬᠠᠭᠤᠷᠠᠶ ᠳᠠᠯᠠᠶ ᠶᠢᠨ ᠰᠢᠨ᠎ᠡ ᠨᠡᠪᠲᠡᠷᠡᠬᠦ ᠵᠠᠮ﹀ ᠢ ᠬᠠᠮᠲᠤ ᠪᠠᠷ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠣᠷᠣ ᠲᠥᠯᠥᠪ ᠤᠨ ᠵᠥᠪᠯᠡᠯᠴᠡᠭᠡᠷ︾᠂ ︽︿ᠲᠣᠷᠭᠠᠨ ᠵᠠᠮ ᠤᠨ ᠠᠵᠤ ᠠᠬᠤᠶ ᠶᠢᠨ ᠪᠦᠰᠡ﹀ ᠶᠢ ᠬᠠᠮᠲᠤ ᠪᠠᠷ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ︾ ᠲᠣᠭᠲᠠᠵᠤ᠂ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠶᠢ ᠲᠦᠷᠭᠡᠳᠬᠡᠬᠦ ᠵᠡᠷᠭᠡ ᠲᠠᠯ᠎ᠠ ᠪᠠᠷ ᠬᠠᠮᠲᠤᠷᠠᠯᠴᠠᠭᠠᠨ ᠤ ᠰᠠᠨᠠᠮᠵᠢ ᠲᠣᠭᠲᠠᠪᠠ᠃     ︵ᠬᠤᠶᠠᠷ︶ ᠰᠢᠨ᠎ᠡ ᠶᠢ ᠡᠭᠦᠳᠦᠨ ᠪᠣᠭᠤᠮᠲᠠ ᠰᠢᠪᠲᠤᠯᠵᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠳᠦᠷᠭᠡᠳᠭᠡᠪᠡ     ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢ ᠲᠦᠷᠭᠡᠪᠴᠢᠯᠡᠨ ᠠᠬᠢᠭᠤᠯᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ 239 ᠪᠣᠯᠵᠣ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 35 ᠪᠣᠯᠵᠣ᠂ ᠲᠤᠰᠬᠠᠶ ᠮᠡᠷᠭᠡᠵᠢᠯᠲᠡᠨ ᠤ ᠵᠥᠪᠯᠡᠭᠴᠢ ᠶᠢᠨ ᠪᠦᠯᠬᠦᠮ 29 ᠬᠥᠮᠦᠨ ᠰᠢᠨ᠎ᠡ ᠪᠠᠷ ᠨᠡᠮᠡᠭᠳᠡᠵᠦ᠂ 213 ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠠᠶ᠃ ᠠᠶᠢᠮᠠᠭ ᠤᠨ ᠳᠣᠲᠣᠭᠠᠳᠤ ᠶᠢᠨ ᠰᠢᠨ᠎ᠡ ᠶᠢ ᠡᠭᠦᠳᠬᠦ ᠭᠤᠤᠯ ᠴᠣᠭᠴᠠ ᠬᠢᠭᠡᠳ ︽4 + 8 + N ︾ ᠬᠠᠮᠲᠤᠷᠠᠯᠴᠠᠭᠠᠨ ᠤ ᠭᠤᠤᠯ ᠴᠣᠭᠴᠠ ᠶᠢᠨ ᠪᠣᠳᠠᠲᠠᠶ ᠶᠢ ᠡᠷᠬᠢᠮᠯᠡᠬᠦ ᠬᠠᠮᠲᠤᠷᠠᠯᠴᠠᠭ᠎ᠠ ᠥᠷᠨᠢᠭᠦᠯᠬᠦ ᠶᠢ ᠬᠥᠲᠥᠯᠥᠨ ᠵᠢᠯᠣᠭᠤᠳᠴᠤ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠪᠠ᠃ ᠰᠢᠨ᠎ᠡ ᠶᠢ ᠡᠭᠦᠳᠬᠦ ᠪᠡᠶᠡᠴᠢ ᠴᠣᠭᠴᠠ ᠶᠢᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠨᠠᠨᠵᠢᠩ ᠤᠨ ᠪᠠᠶᠢᠭᠠᠯᠢ ᠲᠧᠭᠨᠢᠭ ᠤᠨ ᠤᠬᠠᠭᠠᠨ ᠤ ᠶᠡᠭᠡ ᠰᠤᠷᠭᠠᠭᠤᠯᠢ ᠵᠡᠷᠭᠡ 33 ᠣᠷᠣᠨ ᠤ ᠳᠣᠲᠣᠨ᠎ᠠ ᠭᠠᠳᠠᠨᠠᠬᠢ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ ᠲᠠᠢ ᠬᠠᠮᠲᠤᠷᠠᠨ ᠠᠵᠢᠯᠯᠠᠬᠤ 31 ᠵᠦᠢᠯᠡᠰ ᠢ ᠥᠷᠨᠢᠭᠦᠯᠬᠦ ᠶᠢ ᠳᠡᠮᠵᠢᠵᠦ᠂ ᠡᠭᠦᠨ ᠤ ᠳᠣᠲᠣᠷ᠎ᠠ 17 ᠵᠦᠢᠯ ᠢ ᠨᠢ ᠲᠥᠪᠯᠡᠷᠡᠭᠦᠯᠦᠨ ᠭᠠᠷ ᠤᠨ ᠦᠰᠦᠭ ᠵᠢᠷᠤᠪᠠ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠬᠠᠮᠲᠤᠷᠠᠯᠴᠠᠭᠠᠨ ᠤ 43 ᠲᠥᠷᠥᠯ ᠵᠦᠢᠯ ᠤᠨ ᠬᠡᠷᠡᠭᠵᠢᠭᠦᠯᠦᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢᠨ ᠭᠡᠷ᠎ᠡ ᠲᠣᠭᠲᠠᠭᠰᠠᠨ ᠲᠥᠷᠥᠯ ᠵᠦᠢᠯ ᠵᠢᠴᠢ ᠳᠠᠪᠠᠭᠤᠯᠢᠭ ᠣᠨᠴᠠᠯᠢᠭᠲᠤ ᠠᠵᠤ ᠦᠢᠯᠡᠰ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠮᠠᠨᠳᠤᠭᠰᠠᠨ ᠠᠵᠤ ᠦᠢᠯᠡᠰ ᠵᠡᠷᠭᠡ ᠬᠦᠷᠢᠶᠡᠨ ᠤ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ ᠣᠯᠠᠷᠢᠭᠤᠯᠬᠤ 20 ᠲᠥᠷᠥᠯ ᠵᠦᠶ᠋ᠯ ᠢ ᠳᠡᠮᠵᠢᠪᠡ᠃ ︽ᠠᠯᠠᠱᠠ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ︾ ᠢ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠤᠨ ᠬᠠᠮᠢᠶᠠᠷᠤᠯᠲᠠ ᠦᠢᠯᠡᠴᠢᠯᠡᠬᠡᠨ ᠤ ᠦᠷ᠎ᠡ ᠪᠦᠲᠦᠮᠵᠢ ᠶᠢ ᠳᠡᠭᠡᠭᠰᠢᠯᠡᠬᠦᠯᠪᠡ᠃     ᠤᠯᠠᠮᠵᠢᠯᠠᠯᠲᠤ ᠠᠵᠤ ᠦᠢᠯᠡᠰ ᠠᠮᠢᠵᠢᠷᠠᠯ ᠤᠨ ᠬᠦᠴᠦᠨ ᠲᠠᠢ ᠪᠣᠯᠪᠠ᠃ ᠱᠠᠩᠬᠠᠢ ᠥᠪᠥᠷ ᠮᠣᠩᠭᠤᠯ ᠤᠨ ᠰᠢᠨ᠎ᠡ ᠡᠨᠧᠷᠭᠢ ᠶᠢᠨ ᠨᠢᠭᠡᠳᠦᠭᠡᠷ ᠬᠤᠭᠤᠴᠠᠭᠠᠨ ᠤ ᠬᠡᠦᠷᠰᠢᠭᠦᠯᠬᠦ ᠲᠥᠷᠥᠯ ᠵᠦᠢᠯ ᠢ ᠪᠦᠬᠦ ᠲᠠᠯ᠎ᠠ ᠪᠠᠷ ᠠᠵᠢᠯ ᠡᠬᠢᠯᠡᠭᠦᠯᠦᠨ ᠪᠦᠲᠦᠭᠡᠨ ᠪᠠᠶᠢᠭᠤᠯᠪᠠ᠃ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠣᠭᠤᠳᠬᠤ᠂ ᠮᠡᠷᠭᠡᠵᠢᠯ ᠤᠨ ᠥᠭᠡᠷᠡᠴᠢᠯᠡᠯᠲᠡ ᠬᠢᠵᠦ ᠳᠡᠰ ᠳᠡᠪᠰᠢᠭᠦᠯᠬᠦ᠂ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠤᠯᠠᠮᠵᠢᠯᠠᠯᠲᠤ ᠠᠵᠤ ᠦᠢᠯᠡᠰ ᠤᠨ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠪᠠ ᠬᠦᠴᠦᠯᠡᠴᠡ ᠶᠢ ᠦᠷᠭᠦᠯᠵᠢᠯᠡᠨ ᠪᠠᠭᠤᠷᠠᠭᠤᠯᠵᠤ᠂ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠪᠦᠬᠦ ᠲᠠᠯ᠎ᠠ  ᠪᠠᠷ ᠡᠮᠬᠢᠯᠡᠨ ᠲᠢᠭᠯᠡᠵᠦ᠂ ᠪᠦᠬᠦ ᠠᠶᠢᠮᠠᠭ  ᠤᠨ ᠡᠨᠧᠷᠭᠢ ᠠᠷᠪᠢᠯᠠᠬᠤ ᠮᠡᠷᠭᠡᠵᠢᠯ  ᠤᠨ ᠥᠭᠡᠷᠡᠴᠢᠯᠡᠯᠲᠡ  ᠶᠢᠨ ᠭᠤᠷᠪᠠᠨ ᠵᠢᠯ  ᠤᠨ ᠠᠵᠢᠯᠯᠠᠭᠠᠨ  ᠤ ᠲᠥᠯᠥᠪᠯᠡᠭᠡ  ᠶᠢ ᠡᠮᠬᠢ ᠵᠢᠷᠤᠮ  ᠲᠠᠢ  ᠪᠠᠷ ᠲᠦᠯᠬᠢᠨ ᠠᠬᠢᠭᠤᠯᠪᠠ᠃ ᠲᠡᠮᠦᠷ ᠤᠨ ᠬᠠᠶᠢᠯᠤᠰᠢ᠂ ᠴᠠᠬᠢᠯᠠᠭᠤᠷ ᠴᠢᠯᠠᠭᠤ᠂ ᠬᠡᠦᠷᠡᠰᠦ ᠦᠢᠯᠡᠳᠪᠦᠷᠢᠯᠡᠬᠦ ᠴᠢᠳᠠᠪᠤᠷᠢ  ᠶᠢ ᠬᠠᠰᠤᠭᠳᠠᠭᠤᠯᠬᠤ ᠲᠥᠯᠥᠪᠯᠡᠭᠡ  ᠶᠢ ᠡᠮᠬᠢ ᠵᠢᠷᠤᠮ  ᠲᠠᠢ  ᠪᠠᠷ ᠲᠦᠯᠬᠢᠨ ᠠᠬᠢᠭᠤᠯᠪᠠ᠃     ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠶᠢᠵᠢᠭᠤᠯᠤᠨ ᠪᠣᠵᠠᠭᠠᠶᠢᠷᠠᠭᠤᠯᠪᠠ᠃ ︽ᠬᠤᠶᠠᠷ ᠲᠣᠭᠤᠷᠢᠭ ᠭᠤᠷᠪᠠᠨ ᠬᠦᠷᠢᠶᠡᠯᠡᠩ︾ ᠤᠨ ᠪᠠᠶᠢᠷᠢᠰᠢᠭᠤᠯᠤᠯᠲᠠ ᠪᠦᠷᠢᠯᠳᠦᠵᠦ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠢ ᠲᠠᠰ ᠳᠡᠪᠰᠢᠬᠦᠯᠦᠨ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠪᠣᠯᠭᠠᠬᠤ ᠨᠢ ᠨᠢᠭᠡᠨᠲᠡ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠰᠢᠨᠵᠢᠯᠡᠨ ᠪᠠᠶᠢᠴᠠᠭᠠᠬᠤ ᠨᠡᠷᠡᠰ ᠲᠤ ᠣᠷᠣᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠦᠢᠯᠡᠳᠬᠦᠨ ᠤ ᠥᠷᠲᠡᠭ ᠤᠨ ᠬᠤᠪᠢ ᠶᠢᠨ ᠵᠢᠩ ᠨᠢ 30 % ᠣᠷᠴᠢᠮ ᠳᠤ ᠬᠥᠷᠪᠡ᠃ ᠤᠯᠤᠰ ᠤᠨ ᠲᠡᠰ ᠤᠨ ᠴᠢᠬᠤᠯᠠ ᠴᠡᠪᠡᠷ ᠡᠨᠧᠷᠭᠢ ᠶᠢᠨ ᠲᠣᠮᠣ ᠰᠠᠭᠤᠷᠢᠨ ᠭᠠᠵᠠᠷ ᠢ ᠲᠥᠰᠦᠪᠯᠡᠨ ᠠᠬᠢᠭᠤᠯᠵᠤ᠂ 43 ᠰᠢᠨ᠎ᠡ ᠡᠨᠧᠷᠭᠢ ᠶᠢᠨ ᠲᠥᠷᠦᠯ ᠵᠦᠢᠯ ᠢ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ 186 ᠲᠦᠮᠡᠨ ᠺᠢᠯᠣᠸᠠᠲ ᠤᠨ ᠮᠠᠰᠢᠨ ᠣᠭᠰᠠᠷᠠᠪᠠ᠃     ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠯᠠᠪᠳᠠᠭᠤᠨ ᠢᠶᠠᠷ ᠠᠬᠢᠪᠠ᠃ ᠲᠠᠷᠢᠮᠠᠯ ᠤᠨ ᠶᠡᠷᠦᠩᠬᠡᠶ ᠳᠠᠷᠢᠬᠤ ᠲᠠᠯᠠᠪᠠᠶ ᠶᠢ 48 . 7 ᠲᠦᠮᠡᠨ ᠮᠥ ᠳᠤ ᠲᠣᠭᠲᠠᠪᠤᠷᠢᠵᠢᠭᠤᠯᠵᠤ᠂ ᠮᠠᠯ ᠤᠨ ᠲᠤᠭ᠎ᠠ 127 ᠲᠦᠮᠡ ᠳᠤ ᠬᠦᠷᠴᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠬᠤᠪᠢᠷᠠᠭᠤᠯᠤᠭᠰᠠᠨ ᠨᠣᠷᠮ᠎ᠠ 76 . 5 % ᠳᠤ ᠬᠦᠷᠴᠦ᠂ ᠬᠡᠪᠴᠢᠶᠡᠵᠢᠯ ᠠᠴᠠ ᠳᠡᠭᠡᠭᠰᠢᠬᠢ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠤᠨ ᠪᠣᠷᠣᠯᠠᠭᠤᠯᠤᠯᠲᠠ ᠶᠢᠨ ᠣᠷᠣᠯᠭ᠎ᠠ 9 . 9 % ᠨᠡᠮᠡᠭᠳᠡᠵᠦ᠂ ᠤᠨᠴᠠᠯᠢᠭᠳᠤ ᠠᠵᠤ ᠦᠢᠯᠡᠰ ᠤᠨ ᠡᠵᠡᠯᠡᠬᠦ ᠬᠠᠷᠢᠴᠠᠯ 70 % ᠳᠤ ᠬᠥᠷᠪᠡ᠃ ︽ᠠᠯᠠᠱᠠ ᠶᠢᠨ ᠤᠯᠠᠭᠠᠨ ᠭᠤᠶᠣᠣ︾ ᠥᠪᠥᠷ ᠮᠣᠩᠭᠤᠯ ᠤᠨ ᠣᠨᠴᠠᠯᠢᠭᠲᠤ  ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠤᠷᠪᠠᠳᠤᠭᠠᠷ ᠪᠦᠯᠦᠭ ᠤᠨ ᠳᠠᠪᠠᠭᠤᠯᠢᠭ ᠣᠷᠣᠨ ᠢ ᠠᠮᠵᠢᠯᠲᠠ ᠲᠠᠢ ᠭᠤᠶᠤᠴᠢᠯᠠᠨ ᠮᠡᠳᠡᠭᠦᠯᠵᠦ᠂ ︽ᠠᠯᠠᠱᠠ ᠶᠢᠨ ᠴᠠᠭᠠᠨ ᠭᠤᠶᠣᠣ︾ ᠶᠢ ᠨᠢᠭᠡᠳᠦᠭᠡᠷ ᠪᠦᠯᠦᠭ ᠤᠨ ᠤᠯᠤᠰ ᠤᠨ ᠭᠠᠵᠠᠷ ᠵᠦᠶ ᠶᠢᠨ ᠲᠡᠮᠳᠡᠭ ᠬᠡᠷᠡᠭᠯᠡᠬᠦ ᠶᠢ ᠠᠬᠢᠭᠤᠯᠬᠤ ᠭᠤᠤᠯᠳᠠᠯᠭ᠎ᠠ ᠲᠠᠢ ᠬᠠᠷᠢᠯᠴᠠᠬᠤ ᠵᠢᠯᠣᠭᠤᠳᠬᠤ ᠨᠡᠷᠡᠰ ᠤᠨ ᠵᠢᠭᠰᠠᠭᠠᠯᠲᠠ ᠳᠤ ᠣᠷᠣᠭᠤᠯᠵᠦ᠂ ᠭᠤᠷᠪᠠᠳᠤᠭᠠᠷ ᠬᠤᠭᠤᠴᠠᠭᠠᠨ ᠤ ᠴᠠᠭᠠᠨ ᠭᠤᠶᠣᠣ ᠶᠢᠨ ᠰᠣᠶᠣᠯ ᠤᠨ ᠨᠠᠶᠢᠷ ᠵᠢᠴᠢ ᠠᠯᠠᠱᠠ ᠶᠢᠨ ᠴᠠᠭᠠᠨ ᠭᠤᠶᠣᠣ ᠶᠢᠨ ᠰᠢᠯᠭᠠᠷᠠᠭᠤᠯᠤᠯᠲᠠ ᠶᠢᠨ ᠤᠷᠤᠯᠳᠤᠭᠠᠨ ᠢ ᠵᠣᠬᠢᠶᠠᠨ ᠪᠠᠶᠢᠭᠤᠯᠤᠨ ᠡᠷᠭᠢᠯᠡᠵᠦ᠂ ᠵᠠᠭ ᠮᠣᠳᠣᠨ ᠤ ᠬᠥᠮᠦᠨ ᠤ ᠬᠦᠴᠦ ᠪᠠᠷ ᠳᠠᠷᠢᠬᠤ ᠲᠠᠯᠠᠪᠠᠶ 62 . 1 ᠲᠦᠮᠡᠨ ᠮᠥ᠂ ᠴᠠᠭᠠᠨ ᠭᠤᠶᠣᠣ ᠳᠠᠷᠢᠬᠤ ᠲᠠᠯᠠᠪᠠᠶ 12 . 6 ᠲᠦᠮᠡᠨ ᠮᠥ᠂ ᠤᠯᠠᠭᠠᠨ ᠭᠤᠶᠣᠣ ᠳᠠᠷᠢᠬᠤ ᠲᠠᠯᠠᠪᠠᠶ 2 . 4 ᠲᠦᠮᠡᠨ ᠮᠥ ᠨᠡᠮᠡᠭᠳᠡᠪᠡ᠃     ᠦᠢᠯᠡᠴᠢᠯᠡᠭᠡᠨ ᠤ ᠦᠢᠯᠡᠰ ᠤᠨ ᠬᠥᠭᠵᠢᠯᠲᠡ ᠯᠠᠪᠳᠠᠭᠤᠨ ᠪᠥᠭᠡᠳ ᠬᠦᠴᠦᠲᠡᠢ ᠪᠠᠶᠢᠨ᠎ᠠ᠃ ᠰᠣᠶᠣᠯ ᠵᠢᠭᠤᠯᠴᠢᠯᠠᠯ ᠤᠨ ᠦᠢᠯᠡᠰ ᠲᠠᠰ ᠳᠡᠪᠰᠢᠵᠦ᠂ ᠡᠵᠡᠨ᠎ᠡ ᠬᠤᠰᠢᠭᠤ ᠨᠢ ᠬᠠᠮᠤᠭ ᠤᠨ ᠦᠵᠡᠰᠭᠦᠯᠡᠩᠲᠣ ᠳᠤᠮᠳᠠᠳᠤ ᠤᠯᠤᠰ ᠤᠨ ᠵᠢᠭᠤᠯᠴᠢᠯᠠᠯ ᠤᠨ ᠬᠤᠲᠠ ᠪᠣᠯᠵᠣ᠂ ᠬᠡᠭᠡᠷᠡᠯᠡᠬᠦ e ᠠᠩᠬᠢ ᠶᠢᠨ ᠠᠯᠠᠱᠠ ᠶᠢᠨ ᠬᠦᠰᠡᠯᠡᠩᠲᠦ ᠡᠯᠡᠰᠦᠨ ᠴᠥᠯ ᠤᠨ ᠮᠠᠰᠢᠨ  ᠳᠡᠷᠭᠡ ᠠᠭᠠᠷ ᠠᠶᠠᠯᠠᠯ ᠤᠨ ᠴᠡᠩᠭᠡᠯ ᠤᠨ ᠬᠦᠷᠢᠶᠡᠯᠡᠩ ᠤᠨ ᠦᠵᠡᠮᠵᠢ ᠶᠢᠨ ᠣᠷᠣᠨ ᠨᠢ ᠤᠯᠤᠰ ᠤᠨ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ ᠦᠨᠡᠯᠡᠭᠳᠡᠪᠡ᠃ ᠵᠢᠭᠤᠯᠴᠢᠯᠠᠯ ᠤᠨ ᠠᠵᠤ ᠦᠢᠯᠡᠰ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠵᠢᠭᠤᠯᠴᠢᠯᠠᠯ ᠤᠨ ᠬᠥᠮᠦᠨ ᠤ ᠲᠤᠭ᠎ᠠ ᠪᠠ ᠵᠢᠭᠤᠯᠴᠢᠯᠠᠯ ᠤᠨ ᠣᠷᠣᠯᠭ᠎ᠠ ᠲᠣᠰ ᠲᠣᠰ 504 . 2 ᠲᠦᠮᠡᠨ ᠬᠥᠮᠦᠨ ᠤᠳᠠᠭ᠎ᠠ ᠪᠠ 61 . 4 ᠳ᠋ᠦᠩᠰᠢᠭᠤᠷ ᠲᠥᠭᠦᠷᠢᠭ ᠲᠤ ᠬᠥᠷᠪᠡ᠃ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠬᠡᠨ ᠤ  ᠦᠢᠯᠡᠰ ᠤᠨ ᠶᠢᠰᠦᠨ ᠶᠡᠭᠡ ᠠᠵᠢᠯ ᠲᠥᠷᠥᠯ ᠤᠨ ︽ᠳᠣᠯᠤᠭ᠎ᠠ ᠶᠢ ᠳᠡᠭᠡᠭᠰᠢᠯᠡᠭᠦᠯᠵᠦ ᠬᠤᠶᠠᠷ ᠢ ᠪᠠᠭᠤᠷᠠᠭᠤᠯᠬᠤ︾᠂ ᠲᠣᠭᠲᠠᠪᠤᠷᠢᠵᠢᠬᠤ ᠪᠠ ᠰᠠᠶᠢᠵᠢᠷᠠᠬᠤ ᠬᠠᠨᠳᠤᠰᠢ ᠦᠷᠭᠦᠯᠵᠢᠯᠡᠨ ᠲᠣᠭᠲᠠᠪᠤᠷᠢᠵᠢᠪᠠ᠃     ︵ᠭᠤᠷᠪᠠ︶ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠪᠠ     ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢᠯᠡᠳᠲᠡ ᠦᠷ᠎ᠡ ᠪᠦᠲᠦᠮᠵᠢ ᠤᠯᠪᠠ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ 29 ᠪᠣᠳᠠᠲᠠᠶ ᠠᠰᠠᠭᠤᠳᠠᠯ ᠤᠨ 24 ᠶᠢ ᠨᠢ ᠴᠡᠭᠴᠡᠯᠡᠨ ᠰᠠᠶᠢᠵᠢᠷᠠᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ 120 ᠲᠥᠷᠥᠯ ᠵᠦᠢᠯ ᠢ ᠪᠡᠶᠡᠯᠡᠭᠦᠯᠪᠡ ᠃ ᠠᠶᠢᠮᠠᠭ ᠤᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠪᠠᠶᠠᠨᠬᠤᠲᠠ ᠪᠠᠯᠭᠠᠰᠤᠨ ᠤ ᠠᠭᠠᠷ ᠤᠨ ᠴᠢᠨᠠᠷ ᠰᠠᠶᠢᠲᠠᠶ ᠡᠳᠦᠷ ᠤᠨ ᠲᠤᠭ᠎ᠠ ᠶᠢᠨ ᠬᠠᠷᠢᠴᠠᠯ 85 . 7 % ᠪᠠᠶᠢᠵᠤ᠂ ᠵᠢᠵᠢᠭ ᠮᠥᠬᠦᠯᠢᠭᠲᠦ ᠪᠣᠳᠠᠰ ︵PM 2 . 5︶ ᠤᠨ ᠳᠤᠮᠳᠠᠴᠢ ᠥᠳᠬᠡᠴᠡ ᠠᠳᠠᠯᠢ ᠬᠤᠭᠤᠴᠠᠭᠠᠨ ᠤ ᠬᠢ ᠠᠴᠠ 13 % ᠪᠠᠷ ᠪᠠᠭᠤᠷᠠᠪᠠ᠃ ᠲᠤᠰᠬᠠᠶ ᠣᠷᠣᠨ ᠤ ᠲᠠᠰ ᠠᠴᠠ ᠳᠡᠭᠡᠭᠰᠢᠬᠢ ᠬᠤᠲᠠ ᠶᠢᠨ ᠲᠥᠪᠯᠡᠷᠡᠭᠰᠡᠨ ᠬᠡᠯᠪᠡᠷᠢ ᠶᠢᠨ ᠤᠤᠭᠤᠬᠤ ᠤᠰᠤᠨ ᠤ ᠡᠬᠢ ᠰᠤᠷᠪᠤᠯᠵᠢ ᠶᠢᠨ ᠤᠰᠤᠨ ᠤ ᠴᠢᠨᠠᠷ ᠤᠨ ᠰᠢᠯᠢᠳᠡᠭ ᠰᠠᠶᠢᠨ ᠬᠠᠷᠢᠴᠠᠯ ᠨᠢ 100 % ᠪᠠᠶᠢᠵᠤ᠂ ᠴᠢᠨᠠᠷ ᠮᠠᠭᠤᠲᠠᠶ V ᠲᠥᠷᠥᠯ ᠤᠨ ᠤᠰᠤᠨ ᠴᠣᠭᠴᠠ ᠪᠠᠶᠢᠬᠤ ᠥᠬᠡᠶ᠂ ᠬᠤᠲᠠ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠭᠰᠡᠨ ᠨᠣᠷᠮ᠎ᠠ ᠨᠢ 94 . 6 % ᠳᠤ ᠬᠦᠷᠴᠡᠶ᠃ ᠲᠠᠷᠢᠶᠠᠯᠠᠩ ᠤᠨ ᠪᠤᠷᠳᠤᠭᠤᠷ ᠢ ᠬᠢᠵᠠᠭᠠᠷᠯᠠᠨ ᠲᠠᠷᠢᠶᠠᠨ ᠡᠮ ᠢ ᠪᠠᠭᠠᠰᠬᠠᠵᠤ ᠬᠥᠨᠥᠭᠡᠯ ᠢ ᠪᠠᠭᠠᠰᠬᠠᠬᠤ ᠠᠵᠢᠯᠯᠠᠭ᠎ᠠ ᠶᠢ ᠭᠦᠨᠵᠡᠭᠡᠢ ᠲᠦᠯᠬᠢᠨ ᠠᠬᠢᠭᠤᠯᠵᠤ᠂ ᠬᠢᠮᠢ ᠶᠢᠨ ᠪᠤᠷᠳᠤᠭᠤᠷ᠂ ᠲᠠᠷᠢᠶᠠᠨ ᠡᠮ ᠬᠡᠷᠡᠭᠯᠡᠬᠦ ᠬᠡᠮᠵᠢᠶ᠎ᠡ ᠰᠥᠭᠡᠷᠭᠦ ᠨᠡᠮᠡᠭᠳᠡᠯ ᠲᠠᠢ ᠪᠣᠯᠪᠠ᠃ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠲᠠ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠬᠤᠣᠷ ᠦᠭᠡᠶᠢᠵᠢᠬᠦᠯᠦᠨ ᠰᠢᠢᠳᠪᠦᠷᠢᠯᠡᠬᠦ ᠨᠣᠷᠮ᠎ᠠ ᠶᠢ 98 . 8 % ᠳᠤ  ᠬᠦᠷᠭᠡᠪᠡ᠃     ᠠᠮᠢ ᠠᠬᠤᠶ ᠶᠢ ᠵᠠᠰᠠᠨ ᠰᠡᠷᠭᠦᠭᠡᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠡ᠃ 100 ᠲᠦᠮᠡᠨ ᠮᠥ ᠣᠶᠢᠵᠢᠭᠤᠯᠵᠤ᠂ 1003 ᠲᠦᠮᠡᠨ ᠮᠥ ᠨᠤᠲᠤᠭ ᠪᠡᠯᠴᠢᠭᠡᠷ ᠤᠨ ᠪᠥᠲᠥᠭᠡᠨ ᠪᠠᠶᠢᠭᠤᠯᠤᠯᠲᠠ ᠪᠠ ᠬᠠᠮᠠᠭᠠᠯᠠᠯᠲᠠ᠂ ᠤᠯᠤᠰ ᠤᠨ ᠡᠯᠡᠰᠦᠷᠬᠡᠭᠵᠢᠭᠰᠡᠨ ᠭᠠᠵᠠᠷ ᠰᠢᠷᠣᠶ ᠶᠢ ᠪᠢᠲᠡᠭᠦᠮᠵᠢᠯᠡᠨ ᠴᠠᠭᠠᠵᠠᠯᠠᠭᠰᠠᠨ 4 ᠬᠠᠮᠠᠭᠠᠯᠠᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ 60 ᠲᠦᠮᠡᠨ ᠮᠥ ᠪᠡᠶᠡᠯᠡᠭᠦᠯᠵᠦ᠂ ᠪᠥᠬᠦ ᠠᠷᠠᠳ 85 . 6 ᠲᠦᠮᠡᠨ ᠰᠠᠭᠤᠷᠢ ᠠᠯᠪᠠᠨ ᠵᠢᠷᠤᠮ ᠤᠨ ᠮᠣᠳᠣ ᠳᠠᠷᠢᠪᠠ᠃ ᠠᠯᠠᠱᠠ ᠠᠭᠤᠯᠠ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ 15 ᠵᠠᠰᠠᠯᠲᠠ ᠶᠢᠨ ᠲᠦᠷᠦᠯ ᠵᠦᠢᠯ ᠢ ᠰᠢᠯᠭᠠᠨ ᠬᠤᠷᠢᠶᠠᠵᠤ ᠳᠠᠭᠤᠰᠬᠠᠪᠠ᠃     ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠠᠵᠢᠯ ᠢ ᠢᠳᠡᠪᠬᠢᠲᠡᠢ ᠠᠬᠢᠭᠤᠯᠪᠠ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠡᠨᠧᠷᠭᠢ ᠠᠷᠪᠢᠯᠠᠬᠤ ᠶᠢ ᠦᠨᠡᠯᠡᠨ ᠵᠢᠱᠢᠬᠦ ᠪᠠ ᠬᠢᠨᠠᠨ ᠪᠠᠶᠢᠴᠠᠭᠠᠬᠤ ᠠᠷᠭ᠎ᠠ ᠶᠢ ᠴᠢᠩᠭ᠎ᠠ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠭᠤᠯᠭ᠎ᠠ ᠶᠡᠬᠡᠲᠡᠶ᠂ ᠪᠣᠬᠢᠷᠲᠤᠭᠤᠯᠤᠯ ᠶᠡᠬᠡᠲᠡᠶ ᠨᠡᠭᠦᠷᠡᠰᠦ ᠴᠠᠬᠢᠯᠭᠠᠨ ᠤ ᠲᠥᠷᠥᠯ ᠵᠦᠢᠯ ᠢ ᠳᠠᠩᠰᠠᠯᠠᠭᠤᠯᠬᠤ ᠪᠠ ᠬᠢᠨᠠᠨ ᠵᠥᠪᠰᠢᠶᠡᠷᠡᠬᠦ ᠶᠢ ᠬᠢᠵᠠᠭᠠᠷᠯᠠᠪᠠ᠃ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢ ᠲᠣᠭᠲᠠᠭᠠᠵᠤ᠂ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ 6 ᠲᠥᠷᠥᠯ ᠵᠦᠢᠯ ᠢ ᠬᠡᠷᠡᠭᠵᠢᠬᠦᠯᠪᠡ᠃ ︽ᠬᠤᠶᠠᠷ ᠦᠨᠳᠦᠷ︾ ᠲᠦᠷᠢᠮ ᠠᠴᠠ ᠵᠥᠷᠢᠴᠡᠭᠰᠡᠨ ᠲᠥᠷᠥᠯ ᠵᠦᠢᠯ ᠢ ᠪᠥᠬᠦ ᠲᠠᠯ᠎ᠠ ᠪᠠᠷ ᠡᠮᠬᠢᠯᠡᠵᠦ᠂ 53 ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠠᠵᠤ ᠠᠬᠤᠶᠢᠯᠠᠯ ᠤᠨ ᠡᠨᠧᠷᠭᠢ ᠶᠢᠨ ᠬᠤᠷᠣᠭᠳᠠᠯ ᠤᠨ ᠲᠤᠭ᠎ᠠ ᠪᠠᠷᠢᠮᠲᠠ ᠶᠢ ᠰᠦᠯᠵᠢᠶᠡᠨ ᠳᠡᠭᠡᠷᠡᠬᠢ ᠬᠢᠨᠠᠨ ᠬᠡᠮᠵᠢᠬᠦ ᠰᠢᠰᠲ᠋ᠧᠮ ᠤᠨ ᠲᠠᠪᠴᠠᠩ ᠳᠤ ᠵᠠᠯᠭᠠᠨ ᠣᠷᠣᠭᠤᠯᠬᠤ ᠶᠢ ᠰᠢᠮᠳᠠᠭᠤᠯᠪᠠ᠃ ᠪᠥᠬᠦ ᠠᠶᠢᠮᠠᠭ ᠤᠨ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ ︵ᠲᠡᠩᠴᠡᠭᠦᠦ ᠥᠷᠲᠡᠭ︶ ᠠᠳᠠᠯᠢ ᠬᠤᠭᠤᠴᠠᠭᠠᠨ ᠤ ᠬᠢ ᠠᠴᠠ 3 . 6 % ᠪᠠᠷ ᠪᠠᠭᠤᠷᠠᠵᠤ᠂ ᠨᠢᠭᠡᠴᠢ GDP ᠶᠢᠨ ᠡᠨᠧᠷᠭᠢ ᠶᠢᠨ ᠬᠤᠷᠣᠭᠳᠠᠯ 7 . 7 % ᠪᠠᠷ ᠪᠠᠭᠤᠷᠠᠵᠤ᠂ ᠣᠨ ᠤ ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠤᠨ ᠬᠠᠷᠠᠯᠲᠠ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃     ᠳᠦᠷᠢᠮ ᠤᠨ ᠰᠢᠰᠲ᠋ᠧᠮ ᠠᠯᠬᠤᠮ ᠠᠯᠬᠤᠮ ᠢᠶᠠᠷ ᠲᠡᠭᠦᠯᠳᠡᠷᠵᠢᠪᠡ᠃ ︽ᠭᠤᠷᠪᠠᠨ ᠣᠷᠣᠨ ᠭᠤᠷᠪᠠᠨ ᠱᠤᠭᠤᠮ ︾ ᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠨ ᠲᠣᠭᠲᠠᠭᠠᠵᠤ᠂ ᠠᠯᠠᠱᠠ ᠠᠶᠢᠮᠠᠭ ᠤᠨ ︽ᠭᠤᠷᠪᠠᠨ ᠱᠤᠭᠤᠮ ᠨᠢᠭᠡ ᠬᠠᠭᠤᠳᠠᠰᠤ︾ ᠶᠢᠨ ᠠᠮᠢ ᠠᠬᠤᠶ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠰᠢᠰᠲ᠋ᠧᠮᠵᠢ ᠶᠢ ᠪᠠᠶᠢᠭᠤᠯᠵᠤ᠂ 55 . 9 % ᠶᠢᠨ ᠤᠯᠤᠰ ᠤᠨ ᠨᠤᠲᠤᠭ ᠳᠡᠪᠢᠰᠬᠡᠷ ᠢ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠳᠤ ᠬᠤᠪᠢᠶᠠᠷᠢᠯᠠᠨ ᠣᠷᠣᠭᠤᠯᠪᠠ᠃ ᠣᠶ ᠶᠢᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠤᠯᠤᠰ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠣᠶ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠶᠢᠨ ᠰᠠᠭᠤᠷᠢ ᠮᠥᠩᠭᠦ ᠶᠢᠨ ᠲᠦᠷᠢᠮ ᠢ ᠨᠠᠶᠢᠳᠠᠪᠤᠷᠢᠵᠢᠭᠤᠯᠤᠨ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠬᠦ ᠠᠵᠢᠯ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠣᠯᠪᠠ᠃ ᠡᠯ᠎ᠡ ᠱᠠᠲᠤᠨ ᠤ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠡᠮᠬᠢ ᠵᠠᠮᠪᠠᠷᠠᠭ᠎ᠠ ᠦᠬᠡᠢ ᠪᠠᠶᠢᠳᠠᠯ ᠢ ᠠᠷᠢᠯᠭᠠᠬᠤ︾ ᠶᠢ ᠪᠠᠶᠢᠩᠭᠤᠵᠢᠭᠤᠯᠵᠤ᠂ ᠵᠢᠷᠤᠮᠵᠢᠭᠤᠯᠵᠤ᠂ ᠳᠦᠷᠢᠮᠵᠢᠭᠦᠯᠬᠦ ᠶᠢ ᠪᠡᠶᠡᠯᠡᠭᠦᠯᠦᠨ᠎ᠡ᠃ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠬᠠᠲᠤᠨ ᠭᠤᠤᠯ ᠤᠨ ᠲᠠᠩ ᠤᠨ ᠣᠷᠣᠨ ᠤ ︽ᠭᠤᠷᠪᠠᠨ ᠣᠷᠣᠨ ᠬᠤᠶᠠᠷ ᠱᠤᠭᠤᠮ︾ ᠤᠨ ᠬᠤᠪᠢᠶᠠᠷᠢᠯᠠᠨ ᠲᠣᠭᠲᠠᠭᠠᠬᠤ ᠶᠢ  ᠦᠷᠨᠢᠬᠦᠯᠪᠡ᠃     ︵ᠲᠦᠷᠪᠡ︶ ᠬᠤᠳᠠ ᠬᠥᠳᠡᠭᠡ ᠶᠢᠨ ᠬᠥᠭᠵᠢᠯᠲᠡ ᠶᠢᠨ ᠪᠠᠶᠢᠷᠢᠰᠢᠯ ᠢ ᠰᠢᠯᠢᠳᠡᠭᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠪᠠ     ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠦᠷᠭᠦᠯᠵᠢᠯᠡᠨ ᠪᠠᠬᠢᠵᠢᠪᠡ᠃ ︽ᠳᠥᠷᠪᠡ ᠶᠢ ᠥᠯᠥ ᠬᠠᠶᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠯᠵᠢᠯᠲᠡ ᠶᠢᠨ ᠬᠤᠭᠤᠴᠠᠭᠠᠨ ᠳᠠᠬᠢ ᠲᠥᠷᠥ ᠶᠢᠨ ᠪᠣᠳᠣᠯᠭ᠎ᠠ ᠶᠢᠨ ᠲᠣᠭᠲᠠᠭᠤᠨ ᠪᠠᠶᠢᠬᠤ ᠶᠢ ᠪᠠᠳᠣᠯᠠᠪᠠ︔ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠠᠬᠢᠭᠤᠯᠪᠠ︔ ᠵᠣᠯᠭᠠᠭᠤᠯᠬᠤ ᠪᠠᠯᠠ ᠮᠥᠩᠭᠦ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠡᠯ᠎ᠡ ᠱᠠᠲᠤᠨ ᠤ ᠡᠳ᠋ ᠤᠨ ᠵᠠᠰᠠᠭ ᠤᠨ ᠵᠣᠯᠭᠠᠭᠤᠯᠬᠤ ᠪᠠᠯᠠ ᠮᠥᠩᠭᠦ ᠶᠢ 1 . 7 ᠳ᠋ᠦᠩᠰᠢᠭᠤᠷ ᠲᠥᠭᠦᠷᠢᠭ ᠪᠠᠭᠤᠯᠭᠠᠵᠤ᠂ 2020 ᠣᠨ ᠤ ᠬᠢ ᠠᠴᠠ 56 . 7 % ᠪᠠᠷ ᠨᠡᠮᠡᠭᠳᠡᠪᠡ︔ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠵᠢᠯ ᠤᠨ ᠳᠣᠲᠣᠷ᠎ᠠ ᠬᠥᠮᠥᠷᠭᠡ ᠳᠤ ᠣᠷᠣᠭᠤᠯᠵᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠪᠡᠯᠡᠳᠬᠡᠯ ᠲᠥᠷᠥᠯ ᠵᠦᠢᠯ 353᠂ ᠣᠨ ᠤ ᠬᠡᠷᠡᠭᠵᠢᠭᠦᠯᠬᠦ ᠲᠥᠯᠥᠪᠯᠡᠭᠡ ᠳᠤ ᠣᠷᠣᠭᠤᠯᠤᠭᠰᠠᠨ 181 ᠲᠥᠷᠥᠯ ᠵᠦᠢᠯ ᠢ ᠪᠦᠬᠦᠨ ᠢ ᠬᠡᠷᠡᠭᠵᠢᠭᠦᠯᠵᠦ ︵ᠡᠭᠦᠨ ᠳᠤ ᠠᠵᠤ ᠦᠢᠯᠡᠰ ᠤᠨ ᠲᠥᠷᠥᠯ ᠵᠦᠢᠯ 84︶᠂ ᠶᠠᠳᠠᠭᠤ ᠠᠴᠠ ᠠᠩᠭᠢᠵᠢᠷᠠᠭᠤᠯᠬᠤ ᠠᠵᠤ ᠦᠶ᠋ᠯᠡᠰ ᠤᠨ ᠬᠥᠭᠵᠢᠯᠲᠡ ᠪᠠ ᠠᠵᠤ  ᠦᠢᠯᠡᠰ ᠤᠨ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠨᠦᠬᠦᠪᠦᠷᠢᠯᠡᠪᠡ︔ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠵᠢᠯ ᠣᠯᠵᠤ ᠦᠢᠯᠡᠰ ᠪᠤᠰᠬᠠᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠪᠠ︔ ᠰᠢᠯᠵᠢᠯᠲᠡ ᠶᠢᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠠᠵᠢᠯ ᠢ ᠰᠠᠶᠢᠲᠤᠷ ᠬᠢᠪᠡ︔ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠢ ᠥᠷᠨᠢᠭᠦᠯᠵᠦ᠂ ᠪᠦᠬᠦ ᠠᠶᠢᠮᠠᠭ ᠤᠨ ᠭᠤᠣᠯᠳᠠᠯᠭ᠎ᠠ ᠲᠠᠢ ᠭᠠᠴᠠᠭ᠎ᠠ ᠲᠣᠰᠬᠤᠨ᠂ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠳᠤ 48 ᠠᠵᠢᠯᠯᠠᠬᠤ ᠠᠩᠭᠢ ᠶᠢᠨ 117 ᠬᠥᠮᠦᠨ ᠢ ᠰᠣᠩᠭᠤᠨ ᠲᠣᠮᠢᠯᠠᠪᠠ︔ ᠠᠯᠠᠱᠠ ᠵᠡᠭᠦᠨ ᠬᠤᠰᠢᠭᠤᠨ ᠤ ᠠᠮᠢ ᠠᠬᠤᠶ ᠪᠠᠷ ᠶᠠᠳᠠᠭᠤ ᠶᠢ ᠲᠡᠳᠬᠦᠬᠦ ᠪᠠ ᠠᠯᠠᠱᠠ ᠪᠠᠷᠠᠭᠤᠨ ᠬᠤᠰᠢᠭᠤᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠬᠤᠶᠠᠳᠤᠭᠠᠷ ᠬᠤᠭᠤᠴᠠᠭᠠᠨ ᠤ ︽ᠪᠥᠬᠦ ᠪᠥᠮᠪᠥᠷᠴᠡᠭ ᠤᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠠᠭᠠᠰᠬᠠᠭᠰᠠᠨ ᠵᠢᠱᠢᠶ᠎ᠡ︾ ᠳᠤ ᠠᠮᠵᠢᠯᠲᠠ ᠲᠠᠢ ᠰᠣᠩᠭᠤᠭᠳᠠᠪᠠ᠃     ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠯᠠᠪᠳᠠᠭᠤᠨ ᠢᠶᠠᠷ ᠬᠥᠭᠵᠢᠪᠡ᠃ ᠬᠤᠲᠠ ᠶᠢᠨ ᠶᠠᠪᠤᠳᠠᠯ ᠤᠨ ᠲᠥᠬᠦᠭᠡᠷᠦᠮᠵᠢ᠂ ᠪᠠᠲᠤᠯᠠᠭ᠎ᠠ ᠶᠢᠨ ᠴᠢᠨᠠᠷᠲᠠᠢ ᠬᠢᠮᠳᠠ ᠣᠷᠣᠨ ᠰᠠᠭᠤᠴᠠ ᠵᠡᠷᠭᠡ 10 ᠲᠥᠷᠥᠯ ᠵᠦᠢᠯ ᠢ ᠬᠡᠷᠡᠭᠵᠢᠭᠦᠯᠵᠦ᠂ 21 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠵᠦ᠂ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠢᠵᠢ ᠪᠦᠷᠢᠨ ᠪᠤᠰᠤ ᠣᠷᠣᠨ ᠰᠠᠭᠤᠴᠠ 560 ᠢᠵᠢ᠂ ᠭᠤᠣᠯᠳᠠᠯᠭ᠎ᠠ ᠲᠠᠢ ᠣᠷᠣᠨ ᠤ ᠨᠣᠭᠤᠭᠠᠷᠠᠭᠤᠯᠤᠯᠲᠠ 3 ᠲᠦᠮᠡᠨ ᠮᠦ ᠳᠤ ᠬᠦᠷᠴᠦ᠂ ᠬᠤᠲᠠ ᠪᠠᠯᠭᠠᠰᠤᠨ ᠤ ᠰᠠᠭᠤᠷᠢ ᠲᠥᠬᠦᠭᠡᠷᠦᠮᠵᠢ ᠨᠠᠩ ᠲᠡᠭᠦᠯᠳᠡᠷᠵᠢᠪᠡ᠃ ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶ᠎ᠡ ᠶᠢᠨ ᠰᠢᠶᠠᠨ ᠤ ᠬᠤᠲᠠ ᠪᠠᠷ ᠭᠤᠤᠯ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠲᠤᠬᠠᠶ ᠶᠢᠨ ᠭᠠᠵᠠᠷ ᠤᠨ ᠬᠤᠷᠠᠯ ᠢ ᠳᠠᠭᠠᠭᠠᠨ ᠡᠷᠬᠢᠯᠡᠪᠡ᠃ ᠪᠥᠬᠦ ᠠᠶᠢᠮᠠᠭ ᠤᠨ ᠬᠤᠲᠠ ᠪᠠᠯᠭᠠᠰᠤᠨ ᠤ ᠣᠯᠠᠨ ᠨᠡᠶᠢᠲᠡ ᠶᠢᠨ ᠰᠦᠢᠳᠬᠡᠯ ᠬᠤᠷᠢᠶᠠᠬᠤ ᠲᠡᠷᠭᠡᠨ ᠵᠣᠭᠰᠣᠭᠠᠯ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠦᠷᠢᠶᠡᠨ ᠳᠠᠬᠢ ᠢᠯᠵᠠᠷᠠᠯ ᠪᠠ ᠰᠤᠷᠲᠠᠯ ᠤᠨ ᠠᠰᠠᠭᠤᠳᠠᠯ ᠤᠨ ᠲᠤᠰᠬᠠᠶ ᠴᠡᠭᠴᠡᠯᠡᠨ ᠵᠠᠰᠠᠯᠲᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠠᠰᠠᠭᠤᠳᠠᠯ ᠢ ᠢᠯᠡᠷᠡᠬᠦᠯᠦᠨ ᠨᠢᠭᠡᠨᠲᠡ ᠪᠦᠬᠦᠨ ᠢ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠳ᠋ᠤᠭᠠᠷ ᠢ ᠨᠢ ᠬᠠᠰᠤᠪᠠ᠃ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ  ᠦᠢᠯᠡᠴᠢᠯᠡᠬᠡᠨ ᠤ ᠲᠠᠪᠴᠠᠩ ᠲᠤᠷᠰᠢᠨ ᠠᠵᠢᠯᠯᠠᠭᠰᠠᠨ ᠪᠥᠭᠡᠳ ᠰᠢᠰᠲ᠋ᠧᠮ ᠤᠨ ᠰᠢᠯᠭᠠᠨ ᠠᠪᠬᠤ ᠶᠢ ᠥᠩᠭᠡᠷᠡᠭᠡᠪᠡ᠃ ᠣᠶᠤᠨᠴᠢ ᠲᠣᠭᠤᠷᠢᠭ 4᠂ ᠠᠳᠠᠯ ᠠᠬᠤᠢ ᠶᠢᠨ ᠬᠠᠮᠢᠶᠠᠷᠤᠯᠲᠠ ᠶᠢᠨ ᠵᠢᠱᠢᠶᠡᠴᠢ ᠲᠣᠭᠤᠷᠢᠭ 9 ᠶᠢ ᠪᠠᠶᠢᠭᠤᠯᠪᠠ᠃     ︵ᠲᠠᠪᠤ︶ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠦᠭᠵᠢᠬᠡᠪᠡ     ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ ᠳᠡᠭᠡᠭᠰᠢᠯᠡᠬᠦᠯᠪᠡ᠃ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠵᠦᠢᠯᠡᠰ ᠢ ᠬᠠᠮᠤᠭ ᠤᠨ ᠣᠯᠠᠨ ᠳᠠᠭᠠᠨ ᠨᠢᠭᠡ ᠤᠳᠠᠭ᠎ᠠ ᠭᠦᠶᠦᠬᠦ ᠬᠠᠷᠢᠴᠠᠯ ᠤᠨ ᠨᠣᠷᠮ᠎ᠠ 99 . 7 % ᠳᠤ ᠬᠦᠷᠴᠦ᠂ ᠪᠥᠬᠦ ᠶᠠᠪᠤᠴᠠ ᠳᠤ ᠰᠦᠯᠵᠢᠶ᠎ᠡ ᠪᠠᠷ ᠬᠦᠢᠴᠡᠳᠭᠡᠬᠦ ᠬᠠᠷᠢᠴᠠᠯ ᠤᠨ ᠨᠣᠷᠮ᠎ᠠ 82 % ᠳᠤ ᠬᠦᠷᠴᠦ᠂ ᠠᠮᠠᠯᠠᠯᠲᠠ ᠶᠢᠨ ᠴᠠᠭ ᠤᠨ ᠬᠢᠵᠠᠭᠠᠷ ᠢ ᠪᠠᠭᠠᠰᠬᠠᠭᠰᠠᠨ ᠬᠠᠷᠢᠴᠠᠯ 86 . 1 % ᠳᠤ ᠬᠦᠷᠴᠦ᠂ ᠮᠤᠵᠢ ᠠᠯᠤᠰᠯᠠᠨ 91 ᠵᠦᠢᠯ ᠢ ᠨᠡᠶᠢᠳᠡᠮ  ᠬᠦᠢᠴᠡᠳᠭᠡᠵᠦ᠂ 256 ᠵᠦᠢᠯ ᠢ ᠠᠶᠢᠮᠠᠭ ᠤᠨ ᠬᠡᠪᠴᠢᠶᠡᠨ ᠳᠤ ᠨᠡᠶᠢᠳᠡᠮ ᠬᠦᠢᠴᠡᠳᠭᠡᠪᠡ᠃ ᠲᠦᠮᠡᠨ ᠬᠥᠮᠦᠨ ᠪᠦᠷᠢ ᠳᠤ 1393 ᠵᠠᠬ᠎ᠠ ᠳᠡᠯᠭᠡᠭᠦᠷ ᠤᠨ ᠭᠤᠤᠯ ᠴᠣᠭᠴᠠ ᠲᠠᠢ ᠪᠠᠶᠢᠵᠤ᠂ ᠪᠥᠬᠦ ᠤᠯᠤᠰ ᠪᠥᠬᠦ ᠣᠷᠣᠨ ᠤ ᠳᠤᠮᠳᠠᠴᠢ ᠬᠢᠷᠢ ᠲᠦᠪᠰᠢᠨ ᠠᠴᠠ ᠥᠨᠳᠥᠷ ᠪᠠᠶᠢᠨ᠎ᠠ᠃ ︽12345︾ ᠤᠲᠠᠰᠤᠨ ᠤ ᠦᠢᠯᠡᠴᠢᠯᠡᠬᠡᠨ ᠤ ᠶᠠᠰᠤ ᠴᠢᠨᠠᠷ ᠪᠥᠬᠦ ᠤᠯᠤᠰ ᠤᠨ 335 ᠥᠯᠢᠭᠡᠷ ᠳᠠᠭᠤᠷᠢᠶᠠᠯ ᠬᠤᠲᠠ ᠶᠢᠨ ᠳᠣᠲᠣᠷ᠎ᠠ 75 ᠳ᠋ᠤᠭᠠᠷ ᠲᠤ ᠵᠢᠭᠰᠠᠭᠠᠭᠳᠠᠪᠠ᠃ ︽ᠥᠪᠥᠷ ᠮᠣᠩᠭᠤᠯ ᠠᠵᠤ ᠠᠬᠤᠶᠢᠯᠠᠯ ᠳᠤ ᠨᠡᠪᠲᠡᠷᠡᠬᠦ ︾ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠦᠢᠯᠡᠴᠢᠯᠡᠬᠡᠨ ᠤ ᠲᠠᠪᠴᠠᠩ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠪᠠ᠃ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠷᠠᠭᠤᠯᠵᠤ᠂ ᠬᠤᠯᠪᠣᠭᠠᠯᠠᠨ ᠱᠠᠩᠨᠠᠵᠤ ᠲᠣᠷᠭᠠᠬᠤ᠂ ᠱᠠᠲᠤ ᠲᠥᠷᠥᠯ ᠬᠤᠪᠢᠶᠠᠨ ᠬᠢᠨᠠᠨ ᠬᠠᠮᠢᠶᠠᠷᠬᠤ᠂ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢ ᠰᠣᠩᠭᠤᠨ ᠪᠣᠶ ᠪᠣᠯᠭᠠᠬᠤ ᠪᠠ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ ᠠᠵᠢᠯ ᠢ ᠲᠠᠰᠤᠷᠠᠯᠲᠠ ᠥᠬᠡᠶ ᠳᠡᠭᠦᠯᠳᠡᠷᠵᠢᠬᠦᠯᠪᠡ᠃     ᠭᠤᠣᠯᠳᠠᠯᠭ᠎ᠠ ᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠪᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠲᠣᠭᠲᠠᠭᠤᠨ ᠢᠶᠠᠷ ᠠᠬᠢᠭᠤᠯᠵᠤ᠂ ᠣᠨ ᠤ ᠥᠭᠡᠷᠡᠴᠢᠯᠡᠯᠲᠡ ᠶᠢᠨ ᠡᠭᠦᠷᠭᠡ ᠪᠠᠨ ᠪᠡᠶᠡᠯᠡᠭᠦᠯᠦᠨ᠂ 23 ᠡᠷᠦᠬᠡ ᠠᠷᠠᠳ ᠤᠨ ᠥᠮᠴᠢᠯᠡᠯᠲᠦ ᠠᠵᠤ ᠠᠬᠤᠶᠢᠯᠠᠯ ᠨᠢ ᠺᠣᠮᠫᠠᠨᠢ ᠶᠢᠨ ᠳᠦᠷᠢᠮᠲᠦ ᠥᠭᠡᠷᠡᠴᠢᠯᠡᠯᠲᠡ ᠶᠢ ᠪᠦᠬᠦᠨ ᠢ ᠪᠡᠶᠡᠯᠡᠭᠦᠯᠪᠡ᠃ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠨᠠᠵᠠᠭᠠᠶ ᠲᠠᠯ᠎ᠠ ᠶᠢᠨ ᠨᠠᠷᠢᠨ ᠲᠠᠩᠰᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ︽ᠴᠠᠭᠠᠵᠠᠯᠠᠭᠰᠠᠨ ᠥᠬᠡᠶ ᠯᠡ ᠪᠣᠯ ᠣᠷᠣᠭᠤᠯᠬᠤ︾ ᠶᠢ ᠨᠡᠶᠢᠳᠡᠮ ᠨᠠᠶᠢᠳᠠᠪᠤᠷᠢᠵᠢᠭᠤᠯᠬᠤ ᠶᠢ ᠠᠬᠢᠭᠤᠯᠪᠠ᠃ ᠵᠠᠬ᠎ᠠ ᠳᠡᠯᠭᠡᠭᠦᠷ ᠤᠨ ᠰᠢᠰᠲ᠋ᠧᠮ ᠤᠨ ᠰᠠᠭᠤᠷᠢ ᠲᠦᠷᠢᠮ ᠢ ᠲᠡᠭᠦᠯᠳᠡᠷᠵᠢᠭᠦᠯᠵᠦ᠂ ᠡᠷᠬᠡ ᠲᠡᠭᠰᠢ ᠪᠠᠷ ᠵᠥᠪᠰᠢᠶᠡᠷᠡᠨ ᠣᠷᠣᠭᠤᠯᠬᠤ᠂ ᠲᠥᠪ ᠭᠤᠣᠯᠴᠢ ᠪᠠᠷ ᠬᠢᠨᠠᠨ ᠬᠠᠮᠢᠶᠠᠷᠬᠤ᠂ ᠡᠮᠬᠢ ᠵᠢᠷᠤᠮ ᠲᠠᠢ ᠨᠡᠭᠡᠭᠡᠯᠲᠡ ᠬᠢᠬᠦ᠂ ᠦᠨᠡᠨᠴᠢ ᠢᠲᠡᠭᠡᠮᠵᠢᠲᠡᠢ ᠪᠠᠷ ᠬᠠᠤᠯᠢ ᠶᠢ ᠰᠠᠬᠢᠬᠤ ᠶᠢ ᠪᠠᠷᠢᠮᠲᠠᠯᠠᠵᠤ᠂ ᠥᠨᠳᠥᠷ ᠪᠦᠲᠦᠮᠵᠢᠲᠡᠢ ᠪᠥᠭᠡᠳ ᠵᠢᠷᠤᠮᠵᠢᠭᠤᠨ᠂ ᠲᠥᠪ ᠭᠤᠣᠯᠴᠢ ᠪᠠᠷ ᠦᠷᠢᠰᠦᠯᠳᠦᠬᠦ ᠨᠢᠭᠡᠳᠦᠯᠲᠡᠢ ᠵᠠᠬ᠎ᠠ ᠳᠡᠯᠭᠡᠭᠦᠷ ᠢ ᠪᠤᠢ ᠪᠣᠯᠭᠠᠪᠠ᠃ ︽ᠭᠡᠷᠡᠴᠢ ᠦᠨᠡᠮᠯᠡᠯ ᠢ ᠰᠠᠯᠭᠠᠬᠤ︾ ᠠᠵᠢᠯ ᠢ ᠦᠷᠭᠦᠯᠵᠢᠯᠡᠨ ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠤᠯᠠᠮ ᠴᠢᠨᠠᠭᠰᠢᠳᠠ ᠬᠥᠭᠵᠢᠭᠡᠪᠡ᠃ ︽ᠠᠯᠠᠱᠠ ᠠᠶᠢᠮᠠᠭ ᠤᠨ ᠠᠷᠠᠯᠵᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠠᠵᠤ ᠠᠬᠤᠶᠢᠯᠠᠯ ᠤᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠪᠠᠨ ᠥᠷᠭᠡᠳᠬᠡᠬᠦ ᠶᠢ ᠵᠣᠷᠢᠭᠵᠢᠭᠤᠯᠪᠠ᠃ ᠠᠯᠠᠱᠠ ᠠᠶᠢᠮᠠᠭ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠤᠬᠤᠷᠢᠨ ᠭᠠᠷᠬᠤ ᠶᠢ ᠰᠢᠯᠤᠭᠤᠳᠬᠠᠬᠤ ᠪᠠ ︽ᠦᠬᠦᠰᠢᠷᠡᠮᠡᠯ ᠠᠵᠤ ᠠᠬᠤᠶᠢᠯᠠᠯ︾ ᠢ ᠰᠢᠢᠳᠪᠦᠷᠢᠯᠡᠬᠦ ᠠᠵᠢᠯ ᠢ ᠢᠳᠡᠪᠬᠢᠲᠡᠶ ᠯᠠᠪᠳᠠᠭᠤᠨ ᠢᠶᠠᠷ ᠭᠦᠨᠵᠡᠭᠡᠶᠢᠷᠡᠭᠦᠯᠬᠦ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠵᠤ᠂ ︽ᠦᠬᠦᠰᠢᠷᠡᠮᠡᠯ ᠠᠵᠤ ᠠᠬᠤᠶᠢᠯᠠᠯ︾ ᠤᠨ ᠨᠡᠷᠡᠰ ᠲᠤ ᠨᠡᠶᠢᠲᠡ 16 ᠶᠢ ᠵᠢᠭᠰᠠᠭᠠᠨ ᠣᠷᠣᠭᠤᠯᠵᠤ᠂ 15 ᠶᠢ ᠨᠢ ᠰᠢᠢᠳᠪᠦᠷᠢᠯᠡᠵᠦ ᠳᠠᠭᠤᠰᠬᠠᠪᠠ᠃ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ  ᠰᠢᠢᠳᠪᠦᠷᠢᠯᠡᠬᠦ ᠬᠠᠷᠢᠭᠤ ᠥᠭᠬᠦ ᠲᠣᠭᠲᠠᠴᠠ ᠶᠢ ᠪᠠᠶᠢᠭᠤᠯᠵᠤ᠂ ︽ᠠᠯᠠᠱᠠ ᠠᠶᠢᠮᠠᠭ ᠤᠨ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢᠨ ᠭᠤᠷᠪᠠᠳᠠᠬᠢ ᠡᠲᠡᠭᠡᠳ ᠤᠨ ᠦᠨᠡᠯᠡᠨ ᠵᠢᠱᠢᠬᠦ ᠠᠵᠢᠯ ᠤᠨ ᠠᠷᠭ᠎ᠠ︾ ᠶᠢ ᠨᠡᠶᠢᠲᠡᠯᠡᠪᠡ᠃     ︵ᠵᠢᠷᠭᠤᠭ᠎ᠠ︶ ᠬᠤᠷᠢᠭ᠎ᠠ ᠱᠤᠭᠤᠮ ᠤᠨ ᠰᠡᠳᠬᠢᠬᠦᠶ ᠶᠢ ᠪᠠᠲᠤ ᠪᠣᠶ ᠪᠣᠯᠭᠠᠵᠤ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠪᠠ     ᠭᠤᠤᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠬᠦᠴᠦᠲᠡᠶ ᠰᠡᠷᠭᠡᠶᠢᠯᠡᠪᠡ᠃ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠡᠮᠬᠢ ᠵᠢᠷᠤᠮ ᠲᠠᠢ ᠪᠠᠷ ᠠᠷᠢᠯᠭᠠᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠳᠠᠬᠢ ᠭᠠᠶᠢᠯᠢ ᠲᠠᠲᠠᠪᠤᠷᠢ ᠬᠢᠭᠡᠳ ᠭᠠᠶᠢᠯᠢ ᠶᠢᠨ ᠪᠤᠰᠤ ᠣᠷᠣᠯᠭ᠎ᠠ ᠶᠢᠨ ᠪᠦᠲᠦᠴᠡ ᠶᠢᠨ ᠲᠣᠬᠢᠷᠠᠭᠤᠯᠤᠯᠲᠠ 70 . 529 . 5 ᠪᠣᠯᠵᠣ᠂ ᠵᠦᠶ ᠪᠤᠰᠤ ᠵᠢᠭᠡᠯᠡᠯᠭᠡ ᠶᠢᠨ ᠨᠣᠷᠮ᠎ᠠ ᠶᠢ 3 . 6 % ᠪᠣᠯᠲᠠᠯ᠎ᠠ ᠪᠠᠭᠤᠷᠠᠭᠤᠯᠪᠠ᠃ 16381 ᠢᠵᠢ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠲᠠᠢ ᠲᠠᠸᠠᠷ ᠤᠨ ᠬᠡᠷ ᠪᠠᠶᠢᠰᠢᠩ ᠢ ᠨᠢᠭᠡᠨᠲᠡ 16288 ᠶᠢ ᠨᠢ ᠰᠢᠢᠳᠪᠦᠷᠢᠯᠡᠵᠦ᠂ ᠰᠢᠢᠳᠪᠦᠷᠢᠯᠡᠭᠰᠡᠨ ᠨᠣᠷᠮ᠎ᠠ ᠨᠢ 99 . 4 % ᠳᠤ ᠬᠦᠷᠴᠡᠶ᠃     ᠠᠮᠤ ᠪᠤᠳᠠᠭ᠎ᠠ ᠡᠨᠧᠷᠭᠢ ᠶᠢᠨ ᠰᠤᠷᠪᠤᠯᠵᠢ ᠶᠢᠨ ᠠᠮᠤᠷ ᠲᠦᠪᠰᠢᠨ ᠢ ᠦᠷᠭᠦᠯᠵᠢᠯᠡᠨ ᠪᠠᠲᠤᠯᠠᠪᠠ᠃ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠵᠦᠢ ᠵᠣᠬᠢᠰᠲᠠᠢ ᠲᠣᠭᠲᠠᠭᠠᠵᠤ᠂ 40 . 5 ᠲᠦᠮᠡᠨ ᠮᠦ ᠡᠭᠦᠷᠢᠳᠡ ᠶᠢᠨ ᠦᠨᠳᠦᠰᠦᠨ ᠳᠠᠷᠢᠶᠠᠨ ᠭᠠᠵᠠᠷ ᠤᠨ ᠪᠦᠲᠦᠮᠵᠢᠲᠡᠢ ᠬᠠᠮᠠᠭᠠᠯᠠᠯᠲᠠ ᠶᠢ ᠦᠨᠡᠨ ᠬᠦ ᠪᠠᠳᠣᠯᠠᠪᠠ᠃ ᠠᠮᠤ ᠪᠤᠳᠠᠭ᠎ᠠ ᠶᠢᠨ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠠᠮᠤ ᠪᠤᠳᠠᠭ᠎ᠠ ᠶᠢᠨ ᠠᠮᠤᠷ ᠲᠦᠪᠰᠢᠨ ᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠤᠨ᠂ ᠠᠮᠤ ᠪᠤᠳᠠᠭ᠎ᠠ ᠨᠥᠭᠡᠴᠡᠯᠡᠬᠦ᠂ ᠠᠮᠤ ᠪᠤᠳᠠᠭ᠎ᠠ ᠶᠢᠨ ᠬᠦᠢᠯᠭᠡᠭᠡᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠢᠴᠢ ᠴᠢᠨᠠᠷ ᠰᠠᠶᠢᠲᠠᠶ ᠠᠮᠤ ᠪᠤᠳᠠᠭ᠎ᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠦᠷᠨᠢᠬᠦᠯᠪᠡ᠃ ᠬᠠᠶᠢᠨ ᠰᠢᠨᠵᠢᠯᠡᠵᠦ ᠲᠥᠰᠦᠭᠡᠯᠡᠭᠰᠡᠨ ᠴᠢᠯᠠᠭᠤᠨ ᠲᠣᠰᠣᠨ ᠤ ᠭᠠᠵᠠᠷ ᠰᠢᠨᠵᠢᠯᠡᠭᠡᠨ ᠤ ᠬᠠᠳᠠᠭᠠᠯᠠᠭᠳᠠᠴᠠ 1 . 6 ᠳ᠋ᠦᠩᠰᠢᠭᠤᠷ ᠲᠣᠨ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠭᠠᠵᠠᠷ ᠰᠢᠨᠵᠢᠯᠡᠭᠡᠨ ᠤ ᠬᠠᠳᠠᠭᠠᠯᠠᠭᠳᠠᠴᠠ 131 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠨᠡᠶᠢᠲᠡ 299 ᠬᠤᠳᠳᠤᠭ ︵ᠡᠭᠦᠨ ᠳᠤ ᠦᠢᠯᠡᠳᠪᠦᠷᠢᠯᠡᠯ ᠳᠤ ᠵᠣᠷᠢᠭᠤᠯᠣᠭᠰᠠᠨ 108 ᠬᠤᠳᠳᠤᠭ︶ ᠥᠷᠥᠮᠳᠡᠵᠦ᠂  ᠵᠢᠷᠠᠨᠳᠠᠢ ᠴᠢᠯᠠᠭᠤᠨ ᠲᠣᠰᠣᠨ ᠤ ᠠᠭᠤᠷᠬᠠᠶ ᠶᠢ ᠬᠠᠶᠢᠨ ᠰᠢᠨᠵᠢᠵᠦ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠤᠨ 30 ᠲᠦᠮᠡᠨ ᠲᠣᠨ ᠤ ᠲᠦᠭᠦᠬᠡᠶ ᠲᠣᠰᠣ ᠦᠢᠯᠡᠳᠪᠦᠷᠢᠯᠡᠬᠦ ᠴᠢᠳᠠᠪᠤᠷᠢ ᠶᠢᠨ ᠬᠠᠮᠲᠤᠷᠠᠭᠰᠠᠨ ᠥᠷᠲᠡᠭᠡ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ 26 ᠲᠦᠮᠡᠨ ᠲᠣᠨ ᠲᠦᠭᠦᠬᠡᠶ ᠲᠣᠰᠣ ᠦᠢᠯᠡᠳᠪᠦᠷᠢᠯᠡᠪᠡ᠃ ᠪᠠᠶᠢᠭᠠᠯᠢ ᠶᠢᠨ ᠰᠢᠲᠠᠮᠠᠬᠠᠢ ᠬᠡᠢ ᠦᠢᠯᠡᠳᠪᠦᠷᠢᠯᠡᠬᠦ ᠬᠠᠩᠭᠠᠬᠤ ᠪᠣᠷᠣᠯᠠᠭᠤᠯᠬᠤ ᠰᠢᠰᠲ᠋ᠧᠮ ᠤᠨ ᠪᠠᠶᠢᠭᠤᠯᠤᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠪᠦᠬᠦ ᠠᠶᠢᠮᠠᠭ ᠤᠨ ᠪᠠᠶᠢᠭᠠᠯᠢ ᠶᠢᠨ ᠰᠢᠲᠠᠮᠠᠬᠠᠢ ᠬᠡᠢ ᠬᠠᠳᠠᠭᠠᠯᠠᠬᠤ ᠴᠢᠳᠠᠪᠤᠷᠢ 657 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠪᠡ᠃ 45 ᠲᠦᠮᠡᠨ ᠲᠣᠨ ᠨᠡᠭᠦᠷᠡᠰᠦᠨ ᠠᠭᠤᠷᠬᠠᠶ ᠶᠢᠨ ᠦᠢᠯᠡᠳᠪᠦᠷᠢᠯᠡᠬᠦ ᠴᠢᠳᠠᠪᠤᠷᠢ ᠶᠢ ᠤᠬᠤᠷᠢᠭᠤᠯᠤᠨ ᠭᠠᠷᠭᠠᠬᠤ ᠶᠢ ᠡᠮᠬᠢ ᠵᠢᠷᠤᠮ ᠲᠠᠢ ᠪᠠᠷ ᠬᠥᠲᠥᠯᠥᠨ ᠵᠢᠯᠣᠭᠤᠳᠪᠠ᠃     ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠲᠣᠭᠲᠠᠭᠤᠨ ᠢᠶᠠᠷ ᠳᠡᠭᠡᠭᠰᠢᠯᠡᠪᠡ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠢ ᠥᠷᠨᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠬᠤ ᠳᠠᠶᠢᠯᠠᠯᠳᠤᠭᠠᠨ ᠤ ᠢᠯᠠᠯᠲᠠ ᠶᠢ ᠤᠯᠪᠠ᠃ ᠠᠶᠣᠯᠬᠦᠢ ᠦᠢᠯᠡᠳᠪᠦᠷᠢᠯᠡᠯ ᠤᠨ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ᠂ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠠᠳᠡᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ᠂ ᠲᠤᠰᠬᠠᠶ ᠵᠦᠢᠯ ᠢᠶᠠᠷ ᠴᠡᠭᠴᠡᠯᠡᠨ ᠵᠠᠰᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ᠂ ᠤᠬᠠᠭᠤᠯᠭ᠎ᠠ ᠬᠥᠮᠦᠵᠢᠯ ᠬᠢᠬᠦ ᠵᠡᠷᠭᠡ ᠲᠠᠪᠤᠨ ᠵᠦᠢᠯ ᠤᠨ ᠬᠡᠪᠰᠢᠭᠰᠡᠨ ᠠᠵᠢᠯ ᠢ ᠦᠷᠭᠦᠯᠵᠢᠯᠡᠨ ᠭᠦᠨᠵᠡᠭᠡᠶ ᠲᠦᠯᠬᠢᠨ ᠠᠬᠢᠭᠤᠯᠵᠤ᠂  ᠠᠶᠣᠯᠬᠦᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠪᠠ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠵᠤ᠂ ᠡᠳ᠋ ᠪᠣᠳᠠᠰ ᠢ ᠰᠢᠯᠵᠢᠭᠦᠯᠦᠨ ᠥᠭᠬᠦ ︽ᠪᠠᠴᠢᠮ ᠶᠠᠪᠤᠳᠠᠯ ᠢ ᠲᠦᠷᠭᠡᠨ ᠰᠢᠢᠳᠪᠦᠷᠢᠯᠡᠬᠦ︾ ᠰᠠᠭᠠᠳ ᠦᠭᠡᠢ ᠨᠡᠪᠲᠡᠷᠡᠬᠦ ᠵᠠᠮ ᠢ  ᠨᠡᠪᠳᠡᠷᠡᠭᠦᠯᠪᠡ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠪᠠ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠠᠶᠢᠭᠤᠯᠵᠤ᠂ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠤᠨ᠂ ᠭᠠᠳᠠᠭᠠᠳᠤ ᠠᠴᠠ ᠣᠷᠣᠭᠤᠯᠤᠭᠰᠠᠨ ᠬᠦᠢᠳᠡᠨ ᠬᠡᠯᠬᠢᠶᠡᠲᠦ ᠢᠳᠡᠭᠡᠨ ᠤ ᠬᠢᠨᠠᠯᠲᠠ ᠬᠠᠮᠢᠶᠠᠷᠤᠯᠲᠠ ᠶᠢ  ᠴᠢᠩᠭᠠᠳᠬᠠᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠭᠦᠨᠵᠡᠭᠡᠶᠢᠷᠡᠭᠦᠯᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠠᠬᠢᠭᠤᠯᠪᠠ᠃ ᠠᠶᠢᠮᠠᠭ ᠤᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠨᠡᠶᠢᠭᠡᠮ ᠤᠨ ᠵᠠᠰᠠᠯᠲᠠ ᠶᠢᠨ ᠭᠤᠣᠯᠳᠠᠯᠭ᠎ᠠ ᠶᠢ ᠦᠨᠳᠦᠰᠦᠨ ᠱᠠᠳᠤ ᠲᠡᠰᠢ ᠰᠢᠯᠵᠢᠭᠦᠯᠵᠦ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠤᠯᠠᠨ ᠡᠰᠢᠴᠢᠯᠡᠨ ᠰᠢᠢᠳᠪᠦᠷᠢᠯᠡᠬᠦ ᠲᠣᠭᠲᠠᠴᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠱᠠᠯᠢᠭ ᠵᠠᠪᠬᠠᠶ ᠵᠦᠢᠯ᠂ ᠵᠣᠭᠤᠰ ᠮᠥᠷᠦ᠋ᠢᠴᠡᠬᠦ᠂ ᠬᠤᠤᠷᠲᠤ ᠡᠳ᠋ ᠫᠠᠨᠽᠠᠯᠠᠬᠤ᠂ ᠬᠤᠯᠠᠭᠠᠶᠢᠯᠠᠬᠤ ᠪᠤᠯᠢᠶᠠᠬᠤ ᠮᠡᠬᠡᠯᠡᠬᠦ᠂ ᠢᠳᠡᠭᠡᠨ ᠪᠠ ᠡᠮ ᠤᠨ  ᠵᠦᠢᠯᠡᠰ ᠤᠨ ᠭᠤᠭᠴᠤᠭ᠎ᠠ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠪᠡ᠃ ᠰᠢᠨ᠎ᠡ ᠴᠠᠭ ᠦᠶ᠎ᠡ ᠶᠢᠨ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠶᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠶᠢ ᠦᠷᠭᠦᠯᠵᠢᠯᠡᠨ ᠴᠢᠩᠭᠠᠳᠬᠠᠵᠤ᠂ ᠡᠬᠡ ᠤᠯᠤᠰ ᠤᠨ ᠬᠢᠯᠢ ᠶᠢᠨ ᠰᠡᠷᠭᠡᠶᠢᠯᠡᠯᠲᠡ ᠶᠢᠨ ᠱᠤᠭᠤᠮ ᠢ ᠪᠦᠬᠦ ᠬᠦᠴᠦᠨ ᠢᠶᠠᠷ ᠢᠶᠠᠨ ᠰᠠᠶᠢᠲᠤᠷ ᠰᠠᠬᠢᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ   ᠢ ᠪᠠᠳᠣᠯᠠᠪᠠ᠃     ︵ᠳᠣᠯᠤᠭ᠎ᠠ︶ ᠠᠷᠠᠳ ᠤᠨ ᠠᠮᠢᠳᠤᠷᠠᠯ ᠢ ᠦᠷᠭᠦᠯᠵᠢᠯᠡᠨ ᠪᠠᠲᠤᠯᠠᠨ ᠰᠠᠶᠢᠵᠢᠷᠠᠭᠤᠯᠵᠤ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠬᠦᠯᠪᠡ     ᠠᠵᠢᠯ ᠣᠯᠭᠤᠯᠲᠠ ᠶᠢᠨ ᠪᠠᠶᠢᠳᠠᠯ ᠲᠣᠭᠲᠠᠭᠤᠨ ᠢᠶᠠᠷ ᠰᠠᠶᠢᠵᠢᠷᠠᠪᠠ᠃ ︽ᠤᠷᠢᠬᠠᠨ ᠬᠠᠪᠣᠷ ᠤᠨ ᠠᠵᠢᠯᠯᠠᠭ᠎ᠠ︾ ᠂ ︽ᠠᠵᠢᠯ ᠣᠯᠭᠤᠯᠲᠠ ᠦᠢᠯᠡᠰ ᠪᠣᠰᠬᠠᠯᠲᠠ ᠶᠢ ᠠᠬᠢᠭᠤᠯᠬᠤ ᠬᠤᠷᠠᠯ ᠵᠢᠴᠢ ᠬᠠᠪᠤᠷ ᠤᠨ ᠤᠯᠠᠷᠢᠯ ᠤᠨ ᠠᠵᠢᠯᠲᠠᠨ ᠡᠯᠰᠡᠬᠦ ᠬᠤᠷᠠᠯ︾ ᠵᠡᠷᠭᠡ ᠰᠦᠯᠵᠢᠶᠡᠨ ᠳᠡᠭᠡᠷᠡᠬᠢ᠂ ᠰᠦᠯᠵᠢᠶᠡᠨ ᠭᠠᠳᠠᠨᠠᠬᠢ ᠲᠤᠰᠬᠠᠶ ᠲᠥᠷᠥᠯ ᠤᠨ ᠠᠵᠢᠯᠲᠠᠨ ᠡᠯᠰᠡᠬᠦ ᠠᠵᠢᠯᠯᠠᠭ᠎ᠠ ᠶᠢ 116 ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠬᠤᠲᠠ ᠪᠠᠯᠭᠠᠰᠤᠨ ᠤ 5666 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3 . 6 % ᠶᠢᠨ ᠨᠡᠯᠢᠶᠡᠳ ᠳᠤᠤᠷ᠎ᠠ ᠲᠦᠪᠰᠢᠨ ᠳᠤ ᠬᠢᠵᠠᠭᠠᠷᠯᠠᠪᠠ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠡᠯ᠎ᠡ ᠲᠥᠷᠥᠯ ᠤᠨ ᠨᠥᠬᠦᠪᠥᠷᠢ ᠶᠢᠨ ᠴᠢᠨᠠᠷᠲᠠᠶ ᠠᠵᠢᠯ ᠮᠡᠷᠭᠡᠵᠢᠯ ᠤᠨ ᠪᠣᠯᠪᠠᠰᠤᠷᠠᠯ ᠢ 3724 ᠬᠥᠮᠦᠨ ᠵᠣᠬᠢᠶᠠᠨ ᠪᠠᠶᠢᠭᠤᠯᠤᠨ ᠥᠷᠨᠢᠭᠦᠯᠵᠦ᠂ 2767 ᠬᠥᠮᠦᠨ ᠳᠤ ᠠᠵᠢᠯ ᠣᠯᠭᠤᠬᠤ ᠪᠠᠷ ᠪᠣᠯᠪᠠᠰᠤᠷᠠᠯ ᠢ ᠣᠷᠣᠯᠠᠭᠤᠯᠵᠤ᠂ 1296 . 9 ᠲᠦᠮᠡᠨ ᠲᠥᠭᠦᠷᠢᠭ ᠤᠨ ᠪᠣᠯᠪᠠᠰᠤᠷᠠᠯ ᠤᠨ ᠨᠥᠬᠦᠪᠥᠷᠢ ᠣᠯᠭᠤᠪᠠ᠃ ᠠᠳᠠᠯ ᠦᠢᠯᠡᠰ ᠴᠣᠭᠴᠠᠯᠠᠬᠤ ᠬᠦᠷᠢᠶᠡᠯᠡᠩ ᠵᠢᠴᠢ ᠪᠣᠶᠢᠵᠢᠭᠤᠯᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠤᠯᠤᠰ ᠤᠨ ᠲᠠᠰ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ︵ᠪᠣᠶᠢᠵᠢᠭᠤᠯᠬᠤ ᠰᠠᠭᠤᠷᠢᠨ ᠭᠠᠵᠠᠷ︶ 1᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠴᠢᠨᠠᠷᠲᠠᠶ ᠠᠳᠠᠯ ᠦᠢᠯᠡᠰ ᠴᠣᠭᠴᠠᠯᠠᠬᠤ ᠬᠦᠷᠢᠶᠡᠯᠡᠩ ︵ᠪᠣᠶᠢᠵᠢᠭᠤᠯᠬᠤ ᠰᠠᠭᠤᠷᠢᠨ ᠭᠠᠵᠠᠷ︶ 4᠂ ᠠᠶᠢᠮᠠᠭ ᠬᠤᠲᠠ ᠶᠢᠨ ᠲᠠᠰ ᠤᠨ ᠵᠢᠱᠢᠶ᠎ᠡ ᠦᠵᠡᠭᠦᠯᠬᠦ ᠴᠢᠨᠠᠷᠲᠠᠶ ᠠᠳᠠᠯ  ᠦᠢᠯᠡᠰ ᠴᠣᠭᠴᠠᠯᠠᠬᠤ ᠬᠦᠷᠢᠶᠡᠯᠡᠩ ︵ᠪᠣᠶᠢᠵᠢᠭᠤᠯᠬᠤ ᠰᠠᠭᠤᠷᠢᠨ ᠭᠠᠵᠠᠷ︶ 8 ᠶᠢ ᠪᠠᠶᠢᠭᠤᠯᠵᠤ᠂ ᠠᠯᠠᠱᠠ ᠠᠶᠢᠮᠠᠭ ᠤᠨ ︽ᠨᠠᠷᠠᠲᠤ ᠪᠠᠭᠰᠢ ᠶᠢᠨ ᠱᠠᠪᠢ ᠳᠠᠭᠠᠭᠤᠯᠬᠤ ᠠᠵᠢᠯ ᠤᠨ ᠲᠠᠰᠤᠭ︾ 34 ᠢ ᠦᠨᠡᠯᠡᠨ ᠲᠣᠭᠲᠠᠭᠠᠵᠤ᠂ ᠠᠳᠠᠯ ᠦᠢᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠶᠢ 7993 ᠲᠦᠮᠡᠨ ᠲᠥᠭᠦᠷᠢᠭ ᠲᠠᠷᠬᠠᠭᠠᠪᠠ᠃     ᠠᠷᠠᠳ ᠤᠨ ᠠᠮᠢᠳᠤᠷᠠᠯ ᠤᠨ ᠪᠤᠶᠠᠨ ᠬᠡᠰᠢᠭ ᠦᠷᠭᠦᠯᠵᠢᠯᠡᠨ ᠨᠡᠮᠡᠭᠳᠡᠪᠡ᠃ ᠭᠤᠷᠪᠠᠨ ᠲᠥᠷᠥᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦᠨ ᠢ ᠳᠡᠯᠭᠡᠷᠡᠭᠦᠯᠦᠨ᠂ ︽ᠢᠯᠡ ᠪᠠᠷ ᠰᠤᠷᠤᠭᠴᠢ ᠡᠯᠰᠡᠬᠦ︾᠂ ︽ᠢᠯᠡ ᠪᠠᠷ ᠠᠩᠭᠢ ᠬᠤᠪᠢᠶᠠᠬᠤ︾ ᠲᠥᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠪᠦᠬᠦ ᠠᠶᠢᠮᠠᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠣᠷᠮ᠎ᠠ 100 % ᠳᠤ ᠬᠦᠷᠪᠡ᠃ ︽ᠬᠤᠶᠠᠷ ᠢ ᠬᠦᠩᠭᠡᠷᠡᠭᠦᠯᠬᠦ︾ ᠶᠢ ᠨᠠᠶᠢᠳᠠᠪᠤᠷᠢᠵᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠳᠠᠰᠬᠠᠯ ᠬᠢᠬᠦ ᠶᠢ ᠬᠢᠵᠠᠭᠠᠷᠯᠠᠵᠤ ᠪᠠᠷᠢᠮᠵᠢᠶ᠎ᠠ ᠳᠤ ᠬᠦᠷᠭᠡᠬᠦ ᠪᠠ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢᠨ ︽5 + 2︾ ᠢ ᠪᠦᠬᠦᠨ ᠢ ᠪᠥᠷᠬᠦᠭᠦᠯᠬᠦ ᠶᠢ 100 % ᠪᠠᠷ ᠠᠬᠢᠭᠤᠯᠵᠤ᠂ ᠰᠤᠷᠭᠠᠭᠤᠯᠢ ᠶᠢᠨ ᠭᠠᠳᠠᠨᠠᠬᠢ ᠰᠢᠨᠵᠢᠯᠡᠭᠡᠨ ᠤ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠪᠦᠬᠦᠨ ᠢ ᠦᠭᠡᠶᠢᠰᠬᠡᠪᠡ᠃ ᠠᠶᠢᠮᠠᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠢ ᠠᠰᠢᠭᠯᠠᠯᠲᠠ ᠳᠤ ᠣᠷᠣᠭᠤᠯᠵᠤ᠂ ᠰᠢᠨ᠎ᠡ ᠪᠠᠷ ᠪᠠᠶᠢᠭᠤᠯᠤᠭᠰᠠᠨ ᠪᠠ ᠦᠷᠭᠦᠯᠵᠢᠯᠡᠨ ᠪᠠᠶᠢᠭᠤᠯᠤᠭᠰᠠᠨ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ 7 ᠪᠣᠶ᠃ ᠡᠯ᠎ᠡ ᠱᠠᠲᠤᠨ ᠤ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠢ 77 ᠤᠳᠠᠭ᠎ᠠ ᠡᠷᠭᠢᠯᠡᠵᠦ᠂ 10 ᠲᠦᠮᠡ ᠰᠢᠬᠠᠮ ᠬᠥᠮᠦᠨ ᠤᠳᠠᠭ᠎ᠠ ᠣᠷᠣᠯᠴᠠᠪᠠ᠃ ᠠᠯᠠᠱᠠ ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ ᠰᠢᠨ᠎ᠡ ᠲᠠᠯᠠᠪᠠᠶ ᠣᠷᠳᠣᠨ ᠢ ᠠᠰᠢᠭᠯᠠᠯᠲᠠ ᠳᠤ ᠣᠷᠣᠭᠤᠯᠵᠤ᠂ ᠭᠤᠷᠪᠠᠨ ᠬᠤᠰᠢᠭᠤᠨ ᠤ ᠤᠯᠠᠭᠠᠨᠮᠥ᠋ᠴᠢᠷ ᠴᠥᠮ ᠨᠢᠭᠡᠳᠦᠭᠡᠷ ᠲᠥᠷᠥᠯ ᠤᠨ ᠰᠢᠯᠢᠳᠡᠭ ᠤᠯᠠᠭᠠᠨᠮᠥ᠋ᠴᠢᠷ ᠢᠶᠠᠷ ᠦᠨᠡᠯᠡᠭᠳᠡᠪᠡ᠃ ᠪᠦᠬᠦ ᠠᠶᠢᠮᠠᠭ ᠲᠤ ᠰᠣᠶᠣᠯ ᠤᠨ ᠣᠷᠳᠣᠨ ᠤ ᠬᠤᠪᠢᠶᠠᠷᠢ ᠣᠷᠳᠣᠨ ᠢ ᠨᠡᠶᠢᠲᠡ 31 ᠪᠠᠶᠢᠭᠤᠯᠵᠤ᠂ ᠨᠣᠮ ᠤᠨ ᠰᠠᠩ ᠤᠨ ᠬᠤᠪᠢᠶᠠᠷᠢ ᠣᠷᠳᠣᠨ ᠢ 44 ᠪᠠᠶᠢᠭᠤᠯᠵᠤ ᠂ ᠦᠨᠳᠦᠰᠦᠨ ᠱᠠᠲᠤᠨ ᠤ ᠦᠢᠯᠡᠴᠢᠯᠡᠭᠡᠨ ᠤ ᠴᠢᠳᠠᠪᠤᠷᠢ ᠶᠢ ᠢᠯᠡᠳᠲᠡ ᠴᠢᠩᠭᠠᠷᠠᠭᠤᠯᠪᠠ᠃ ︽ᠵᠠᠭᠤᠨ ᠪᠦᠯᠬᠦᠮ ᠮᠢᠩᠭᠠᠨ ᠲᠠᠯᠠᠪᠤᠷ︾ ᠢ ᠦᠨᠳᠦᠰᠦᠨ ᠱᠠᠲᠤᠨ ᠳᠤ ᠪᠠᠭᠤᠯᠭᠠᠬᠤ᠂ ᠪᠥᠬᠦ ᠣᠷᠣᠨ ᠤ ᠤᠯᠠᠭᠠᠨᠮᠥ᠋ᠴᠢᠷ ᠤᠨ ᠰᠠᠷ᠎ᠠ ᠵᠡᠷᠭᠡ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 438 ᠤᠳᠠᠭ᠎ᠠ ᠥᠷᠨᠢᠭᠦᠯᠵᠦ᠂ ᠣᠯᠠᠨ ᠲᠦᠮᠡᠨ ᠳᠤ 10 . 4 ᠲᠦᠮᠡᠨ ᠬᠥᠮᠦᠨ ᠤᠳᠠᠭ᠎ᠠ ᠠᠰᠢᠭ ᠬᠦᠷᠲᠡᠭᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠥᠮᠦᠨ ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠵᠦ᠂ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠢ ᠠᠶᠢᠮᠠᠭ ᠤᠨ ᠱᠠᠲᠤᠨ ᠳᠤ ᠨᠢᠭᠡᠳᠦᠯᠲᠡᠶ ᠲᠥᠯᠥᠪᠯᠡᠬᠦ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠤᠯᠤᠰ ᠤᠨ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠢ ᠰᠦᠯᠵᠢᠶᠡᠨ ᠳᠡᠭᠡᠷ᠎ᠡ ᠠᠵᠢᠯᠯᠠᠭᠤᠯᠬᠤ ᠶᠢ ᠠᠬᠢᠭᠤᠯᠵᠤ᠂ ᠮᠤᠵᠢ ᠠᠯᠤᠰᠯᠠᠭᠰᠠᠨ ᠡᠭᠦᠳᠡᠨ ᠡᠮᠨᠡᠯᠭᠡ ᠳᠤ ᠡᠮᠨᠡᠭᠦᠯᠦᠭᠰᠡᠨ ᠵᠠᠷᠤᠳᠠᠯ ᠢ ᠰᠢᠭᠤᠳ ᠲᠡᠰᠦᠯᠦᠨ ᠪᠤᠳᠤᠬᠤ ᠶᠢ ᠪᠡᠶᠡᠯᠡᠬᠦᠯᠪᠡ᠃ ︽ᠡᠷᠡᠭᠦᠯ ᠡᠩᠬᠡ ᠠᠯᠠᠱᠠ︾ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ 2᠂ ᠤᠯᠤᠰ ᠤᠨ ᠡᠷᠡᠭᠦᠯ ᠬᠠᠮᠠᠭᠠᠯᠠᠯ ᠤᠨ ᠰᠤᠮᠤ ᠪᠠᠯᠭᠠᠰᠤ 1 ᠶᠢ ᠪᠠᠶᠢᠭᠤᠯᠵᠤ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠲᠣᠭᠲᠠᠭᠤᠨ ᠢᠶᠠᠷ ᠳᠡᠭᠡᠭᠰᠢᠯᠡᠭᠦᠯᠦᠨ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠲᠩᠷᠢ ᠨᠡᠭᠡᠭᠡᠯᠲᠡ ᠶᠢᠨ ᠣᠷᠣᠨ ᠤ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠡᠵᠡᠨ᠎ᠡ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠲᠥᠷᠥᠯ ᠵᠦᠢᠯ ᠢ ᠲᠦᠷᠬᠡᠨ ᠬᠡᠷᠡᠭᠵᠢᠭᠦᠯᠪᠡ᠃     ᠥᠩᠭᠡᠷᠡᠭᠰᠡᠨ ᠨᠢᠭᠡ ᠵᠢᠯ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠲᠠᠭᠠᠷᠢᠯᠲᠠ ᠪᠠ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠠᠵᠤ ᠠᠬᠤᠶ ᠶᠢᠨ ᠪᠠᠶᠢᠳᠠᠯ ᠤᠨ ᠡᠮᠦᠨ᠎ᠡ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠪᠥᠬᠦ ᠠᠶᠢᠮᠠᠭ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠶᠡᠷᠦᠩᠬᠡᠶ ᠳᠡᠭᠡᠨ ᠰᠠᠶᠢᠨ ᠪᠠᠶᠢᠨ᠎ᠠ᠃ ᠠᠮᠵᠢᠯᠲᠠ ᠪᠠᠨ ᠨᠤᠲᠠᠯᠠᠬᠤ ᠶᠢᠨ ᠬᠠᠮᠲᠤ ᠪᠢᠳᠡ ᠪᠠᠰᠠ ᠠᠵᠢᠯ ᠤᠨ ᠳᠤᠮᠳᠠ ᠪᠠᠰᠠ ᠵᠠᠷᠢᠮ ᠠᠰᠠᠭᠤᠳᠠᠯ ᠪᠠ ᠪᠠᠭᠤᠷᠠᠢ ᠭᠤᠭᠴᠤᠭ᠎ᠠ ᠣᠷᠣᠰᠢᠵᠤ ᠪᠠᠶᠢᠬᠤ ᠶᠢ ᠰᠡᠷᠭᠡᠭ ᠢᠶᠠᠷ ᠲᠠᠨᠢᠵᠤ ᠤᠯᠪᠠ᠃ ᠭᠤᠣᠯ ᠢᠯᠡᠷᠡᠯ ᠨᠢ᠄ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠡᠭᠡ ᠪᠢᠰᠢ᠂ ᠠᠵᠤ ᠦᠢᠯᠡᠰ ᠤᠨ ᠦᠷᠢᠰᠦᠯᠳᠦᠬᠦ ᠬᠦᠴᠦᠨ ᠪᠠ ᠰᠢᠨ᠎ᠡ ᠶᠢ ᠡᠭᠦᠳᠬᠦ ᠴᠢᠳᠠᠪᠤᠷᠢ ᠴᠢᠩᠭ᠎ᠠ ᠪᠢᠰᠢ᠂ ᠴᠢᠬᠤᠯᠠ ᠶᠡᠭᠡ ᠠᠵᠤ ᠦᠢᠯᠡᠰ ᠤᠨ ᠵᠦᠢᠯᠡᠰ ᠪᠠᠰᠠ ᠲᠡᠶᠢᠮᠦ ᠤᠯᠠᠨ ᠪᠢᠰᠢ᠂ ᠰᠢᠯᠢᠳᠡᠭ ᠪᠢᠰᠢ︔ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠡᠭᠦᠷᠭᠡ ᠬᠠᠲᠠᠭᠤ ᠪᠡᠷᠬᠡ ᠪᠠᠶᠢᠵᠤ᠂ ᠭᠤᠷᠪᠠᠳᠤᠭᠠᠷ ᠠᠵᠤ ᠦᠢᠯᠡᠰ ᠤᠨ ᠠᠵᠤ ᠠᠬᠤᠶ ᠳᠤ ᠦᠵᠡᠭᠦᠯᠬᠦ ᠬᠤᠪᠢ ᠨᠡᠮᠡᠷᠢ ᠶᠢᠨ ᠨᠣᠷᠮ᠎ᠠ ᠨᠡᠯᠢᠶᠡᠳ ᠳᠣᠣᠷ᠎ᠠ ᠪᠠᠶᠢᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠬᠦᠴᠢᠷᠳᠡᠯ ᠨᠡᠯᠢᠶᠡᠳ ᠶᠡᠭᠡ ᠪᠠᠶᠢᠨ᠎ᠠ︔ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠥᠭᠵᠢᠯᠲᠡ ᠶᠢᠨ ᠬᠥᠳᠡᠯᠭᠡᠬᠦ ᠬᠦᠴᠦᠨ ᠬᠦᠷᠦᠯᠴᠡᠬᠦ ᠦᠭᠡᠢ᠂ ᠪᠦᠯᠦᠭᠯᠡᠯ ᠤᠨ ᠳᠠᠪᠠᠭᠤᠯᠢᠭ᠂ ᠣᠨᠴᠠᠯᠢᠭᠲᠤ ᠠᠮᠢ ᠠᠬᠤᠢ ᠶᠢᠨ ᠠᠵᠤ ᠦᠢᠯᠡᠰ᠂ ᠪᠠᠯ ᠴᠢᠯᠠᠭᠤ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠶᠡᠷᠦᠩᠬᠡᠢ ᠬᠡᠮᠵᠢᠶ᠎ᠡ ᠨᠡᠯᠢᠶᠡᠳ ᠪᠠᠭ᠎ᠠ ᠪᠠᠶᠢᠵᠤ᠂ ᠣᠬᠤᠷᠬᠠᠨ ᠬᠤᠭᠤᠴᠠᠭᠠᠨ ᠳᠤ ᠮᠠᠨ ᠤ ᠠᠶᠢᠮᠠᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠳᠤ ᠬᠦᠴᠢᠷ ᠪᠠᠶᠢᠨ᠎ᠠ︔ ᠠᠮᠢ ᠠᠬᠤᠶ ᠶᠢᠨ ᠣᠷᠴᠢᠨ ᠲᠣᠭᠤᠷᠢᠨ ᠮᠥᠨ ᠬᠦ ᠲᠦᠢᠯ ᠤᠨ ᠬᠡᠪᠡᠷᠡᠭ ᠪᠠᠶᠢᠵᠤ᠂ ᠭᠤᠣᠯ ᠬᠤᠲᠠ ᠪᠠᠯᠭᠠᠰᠤ ᠶᠢᠨ ᠳᠠᠶᠢᠴᠢᠯᠠᠬᠤ ᠴᠢᠳᠠᠪᠤᠷᠢ ᠴᠢᠩᠭ᠎ᠠ ᠪᠤᠰᠤ᠂ ᠰᠠᠭᠤᠷᠢ ᠪᠡᠯᠡᠳᠬᠡᠮᠵᠢ ᠶᠢᠨ ᠵᠡᠷᠭᠡ ᠳᠡᠰ ᠨᠡᠯᠢᠶᠡᠳ ᠳᠣᠣᠷ᠎ᠠ᠂ ᠬᠥᠭᠵᠢᠯᠲᠡ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠴᠢᠬᠤᠯᠠᠳᠠᠢ ᠪᠠᠶᠢᠨ᠎ᠠ︔ ᠠᠷᠠᠳ ᠤᠨ ᠠᠮᠢᠳᠤᠷᠠᠯ ᠤᠨ ᠠᠵᠢᠯ ᠤᠯᠠᠨ ᠲᠦᠮᠡᠨ ᠤ ᠰᠢᠨ᠎ᠡ ᠬᠦᠰᠡᠯ ᠡᠷᠡᠮᠡᠯᠵᠡᠯ ᠠᠴᠠ ᠪᠠᠰᠠ ᠵᠦᠷᠢᠶ᠎ᠡ ᠲᠠᠢ ᠪᠠᠶᠢᠵᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠬᠦᠷᠦᠯᠴᠡᠬᠦ ᠦᠭᠡᠢ᠂ ᠰᠤᠷᠭᠠᠨ ᠬᠥᠮᠦᠵᠢᠯ᠂ ᠡᠮ ᠡᠮᠨᠡᠯᠭᠡ᠂ ᠭᠦᠢᠯᠭᠡᠭᠡ᠂ ᠮᠡᠳᠡᠭᠡ ᠵᠠᠩᠭᠢᠵᠢᠯᠲᠠ ᠵᠡᠷᠭᠡ ᠬᠦᠷᠢᠶᠡᠨ ᠳᠠᠬᠢ ᠳᠤᠲᠠᠭᠤᠳᠠᠯ ᠨᠡᠯᠢᠶᠡᠳ ᠤᠯᠠᠨ ᠪᠠᠶᠢᠨ᠎ᠠ᠃     ᠬᠤᠶᠠᠷ᠂ 2022 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠣᠷᠢᠵᠢᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠣᠷᠢᠵᠢᠭᠤᠯᠵᠦ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠪᠦᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ᠂ ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠣᠷᠢᠵᠢᠭᠤᠯᠵᠦ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ ︾᠂ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠨᠠᠶᠢᠳᠠᠪᠤᠷᠢᠵᠢᠭᠤᠯᠬᠤ ᠳᠤᠮᠳᠠᠬᠢ ᠴᠢᠬᠤᠯᠠ ᠬᠠᠷᠢᠭᠤᠴᠠᠯᠭ᠎ᠠ ᠶᠢ ᠡᠷᠡᠰ ᠡᠬᠦᠷᠭᠡᠯᠡᠨ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠭᠤᠶᠢᠪᠢᠰᠢ ᠦᠭᠡᠢ  ᠪᠠᠷᠢᠮᠳᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠳᠦᠯᠦᠪᠵᠢᠬᠦᠯᠵᠦ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ᠂ ᠬᠥᠭᠵᠢᠯᠲᠡ ᠶᠢᠨ ᠰᠠᠭᠤᠷᠢ ᠶᠢ ᠪᠠᠬᠢᠵᠢᠬᠦᠯᠦᠨ᠂ ᠬᠥᠭᠵᠢᠯᠲᠡ ᠶᠢᠨ ᠳᠠᠪᠠᠭᠤᠯᠢᠭ ᠢᠶᠠᠨ ᠶᠡᠬᠡᠰᠭᠡᠵᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠦ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠬᠠᠮᠠᠭᠠᠯᠠᠯᠲᠠ ᠶᠢ ᠴᠢᠩᠭᠠᠳᠬᠠᠨ᠂ ᠠᠵᠤ ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠣᠷᠣᠨ ᠪᠠᠶᠢᠷᠢ ᠳᠤ ᠪᠠᠶᠢᠯᠭᠠᠵᠦ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠢ ᠦᠨᠡᠨ ᠬᠦ ᠪᠠᠳᠣᠯᠠᠵᠦ᠂ ᠴᠡᠪᠡᠷ ᠡᠨᠧᠷᠭᠢ ᠶᠢᠨ ᠠᠵᠤ ᠦᠢᠯᠡᠰ ᠤᠨ ᠶᠡᠭᠡ ᠬᠥᠭᠵᠢᠯᠲᠡ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠦ᠂ ᠤᠯᠤᠰ ᠤᠨ ᠡᠨᠧᠷᠭᠢ ᠶᠢᠨ ᠠᠮᠤᠷ ᠲᠦᠪᠰᠢᠨ ᠪᠠ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠣᠯᠳᠠ ᠶᠢ ᠤᠷᠬᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢ ᠪᠠᠲᠤᠯᠠᠬᠤ ᠳᠤ ᠦᠢᠯᠡᠴᠢᠯᠡᠨ᠂ ᠰᠢᠯᠢᠳᠡᠭ ᠬᠢᠷᠢ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠣᠭᠳᠣᠨ᠎ᠠ᠃     2022 ᠣᠨ ᠤ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 7 % ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 18 % ᠠᠴᠠ ᠳᠡᠭᠡᠭᠰᠢ ᠨᠡᠮᠡᠭᠳᠡᠭᠦᠯᠦᠨ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 5 % ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 7 % ᠠᠴᠠ ᠳᠡᠭᠡᠭᠰᠢ ᠨᠡᠮᠡᠭᠳᠡᠭᠦᠯᠦᠨ᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠠᠴᠠ ᠳᠤᠤᠷ᠎ᠠ ᠪᠠᠶᠢᠯᠭᠠᠬᠤ ᠥᠬᠡᠶ ᠪᠠᠶᠢᠵᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠᠲᠤ ᠡᠭᠦᠷᠭᠡ ᠶᠢ ᠪᠡᠶᠡᠯᠡᠭᠦᠯᠦᠨ᠎ᠡ᠃     ︵ᠨᠢᠭᠡ︶ ︽ᠪᠣᠬᠢᠷᠲᠤᠯ ᠥᠬᠡᠶ︾ ᠪᠠᠶᠢᠬᠤ ᠶᠢ ᠪᠠᠷᠢᠮᠲᠠᠯᠠᠵᠤ᠂ ᠪᠣᠬᠢᠷᠲᠤᠯ ᠥᠬᠡᠶ ᠬᠥᠭᠵᠢᠯᠲᠡ ᠶᠢᠨ ᠣᠶᠢᠯᠠᠭᠠᠭᠳᠠᠬᠤᠨ ᠢ ᠳᠣᠣᠱᠯᠠᠭᠤᠯᠣᠨ᠎ᠠ     ᠠᠮᠢ ᠠᠬᠤᠢ ᠶᠢᠨ ᠬᠠᠮᠠᠭᠠᠯᠠᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠪᠠ ᠬᠡᠷᠡᠭᠴᠡᠭᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ︽ᠭᠤᠷᠪᠠᠨ ᠣᠷᠣᠨ ᠭᠤᠷᠪᠠᠨ ᠱᠤᠭᠤᠮ︾ ᠢ ᠴᠢᠩᠭ᠎ᠠ ᠬᠡᠷᠡᠭᠵᠢᠭᠦᠯᠵᠦ᠂ ︽ᠭᠤᠷᠪᠠᠨ ᠱᠤᠭᠤᠮ ᠨᠢᠭᠡ ᠬᠠᠭᠤᠳᠠᠰᠤ︾ ᠶᠢᠨ ᠦᠷ᠎ᠡ ᠪᠦᠲᠦᠭᠡᠯ ᠤᠨ ᠬᠡᠷᠡᠭᠯᠡᠯᠲᠡ ᠶᠢ ᠪᠠᠳᠠᠷᠠᠭᠤᠯᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠪᠠ ᠠᠯᠠᠱᠠ ᠠᠭᠤᠯᠠ ᠶᠢ ᠨᠢᠭᠡ ᠴᠤᠭᠴᠠᠵᠢᠭᠤᠯᠤᠨ ᠬᠠᠮᠠᠭᠠᠯᠠᠵᠤ ᠵᠠᠰᠠᠬᠤ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠠᠯᠠᠱᠠ ᠠᠭᠤᠯᠠ ᠶᠢᠨ ᠠᠭᠤᠷᠬᠠᠶ ᠶᠢᠨ ᠠᠮᠢ ᠠᠬᠤᠶ ᠣᠷᠴᠢᠨ ᠲᠣᠭᠤᠷᠢᠨ ᠢ ᠲᠤᠰᠬᠠᠶ ᠴᠡᠭᠴᠡᠯᠡᠨ ᠵᠠᠰᠠᠬᠤ ᠡᠭᠦᠷᠭᠡ ᠶᠢ ᠡᠷᠡᠰ ᠪᠡᠶᠡᠯᠡᠭᠦᠯᠵᠦ᠂ ︽ᠬᠠᠲᠤᠨ ᠭᠤᠤᠯ ᠤᠨ ᠵᠡᠭᠦᠨ ᠡᠷᠭᠢ ᠶᠢᠨ ᠡᠯᠡᠰᠦ ᠮᠠᠩᠬ᠎ᠠ ᠲᠥᠪᠯᠡᠷᠡᠭᠰᠡᠨ ᠪᠦᠰᠡ ᠳᠤ ᠬᠥᠷᠥᠰᠥ ᠰᠢᠷᠣᠶ ᠶᠢ ᠬᠠᠮᠠᠭᠠᠯᠠᠬᠤ ᠪᠠ ᠰᠠᠯᠬᠢ ᠶᠢ ᠰᠡᠷᠭᠡᠶᠢᠯᠡᠵᠦ ᠡᠯᠡᠰᠦ ᠶᠢ ᠵᠠᠰᠠᠬᠤ︾ ᠲᠥᠷᠥᠯ  ᠵᠦᠢᠯ ᠢ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠳᠤ ᠣᠷᠣᠭᠤᠯᠬᠤ ᠪᠠᠷ ᠴᠢᠷᠮᠠᠶᠢᠨ᠎ᠠ᠃ ᠠᠯᠠᠱᠠ ᠠᠭᠤᠯᠠ ᠶᠢᠨ ᠠᠮᠢ ᠠᠬᠤᠶ ᠶᠢᠨ ᠬᠤᠩᠭᠢᠯ᠂ ᠠᠯᠠᠱᠠ ᠠᠭᠤᠯᠠ ᠶᠢᠨ ᠤᠯᠤᠰ ᠤᠨ ᠴᠡᠴᠡᠷᠯᠢᠭ ᠢ ᠡᠷᠲᠡᠬᠡᠨ ᠪᠥᠲᠥᠭᠡᠨ ᠪᠠᠶᠢᠭᠤᠯᠬᠤ ᠶᠢ ᠠᠬᠢᠭᠤᠯᠤᠨ᠎ᠠ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠣᠶ ᠶᠢᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠶᠢ ᠠᠬᠢᠭᠤᠯᠤᠨ᠎ᠠ᠃ 100 ᠲᠦᠮᠡᠨ ᠮᠥ ᠣᠶᠢᠵᠢᠭᠤᠯᠬᠤ ᠡᠭᠦᠷᠭᠡ ᠪᠠ 1000 ᠲᠦᠮᠡᠨ ᠮᠥ ᠨᠤᠲᠤᠭ ᠪᠡᠯᠴᠢᠭᠡᠷ ᠤᠨ ᠬᠠᠮᠠᠭᠠᠯᠠᠯᠲᠠ ᠵᠢᠴᠢ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠴᠢᠨᠠᠷ ᠰᠠᠶᠢᠲᠠᠶ ᠪᠡᠶᠡᠯᠡᠬᠦᠯᠦᠨ᠎ᠡ᠃ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠡᠮᠬᠢ ᠵᠠᠮᠪᠠᠷᠠᠭ᠎ᠠ ᠦᠬᠡᠢ ᠪᠠᠶᠢᠳᠠᠯ ᠢ ᠠᠷᠢᠯᠭᠠᠬᠤ︾ ᠶᠢ ᠪᠠᠶᠢᠩᠭᠤᠵᠢᠭᠤᠯᠤᠨ ᠥᠷᠨᠢᠭᠦᠯᠵᠦ᠂ ᠬᠠᠷ᠎ᠠ ᠭᠤᠤᠯ ᠤᠨ ᠰᠠᠪᠠ ᠭᠠᠵᠠᠷ ᠤᠨ ᠶᠡᠷᠦᠩᠬᠡᠶᠢᠯᠡᠭᠰᠡᠨ ᠲᠥᠯᠥᠪᠵᠢᠭᠦᠯᠭᠡ ᠶᠢ ᠰᠡᠳᠦᠪ ᠲᠣᠭᠲᠠᠭᠠᠨ ᠬᠡᠷᠡᠭᠵᠢᠭᠦᠯᠬᠦ ᠶᠢ ᠠᠬᠢᠭᠤᠯᠵᠤ᠂ ᠬᠠᠷ᠎ᠠ ᠭᠤᠤᠯ ᠤᠨ ᠳᠤᠤᠷᠠᠳᠤ ᠤᠷᠤᠰᠬᠠᠯ ᠤᠨ ᠠᠮᠢ ᠠᠬᠤᠶ ᠶᠢᠨ ᠤᠰᠤ ᠲᠣᠬᠢᠷᠠᠭᠤᠯᠬᠤ ᠡᠷᠴᠢᠮ ᠢ ᠴᠢᠩᠭᠠᠷᠠᠭᠤᠯᠵᠤ᠂ ᠵᠢᠷᠠᠨᠲᠠᠶ ᠶᠢᠨ ᠳᠠᠪᠤᠰᠤᠨ ᠨᠠᠭᠤᠷ᠂ ᠪᠠᠳᠠᠶ ᠶᠢᠨ ᠵᠢᠷᠠᠨ ᠤ ᠨᠠᠭᠤᠷ ᠤᠳ ᠢ ᠬᠠᠮᠠᠭᠠᠯᠠᠬᠤ ᠠᠵᠢᠯᠯᠠᠭ᠎ᠠ ᠶᠢ ᠡᠬᠢᠯᠡᠭᠦᠯᠦᠨ᠎ᠡ᠃     ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ ︽ᠬᠥᠬᠡ ᠣᠭᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ︾ ᠭᠤᠷᠪᠠᠨ ᠶᠡᠭᠡ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠂ ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠪᠠ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠭᠦᠨᠵᠡᠭᠡᠶᠢᠷᠡᠭᠦᠯᠵᠦ᠂ ᠬᠡᠤᠷᠰᠢᠭᠦᠯᠬᠦ ᠠᠵᠢᠯ ᠲᠥᠷᠥᠯ ᠤᠨ ᠬᠡᠲᠦ ᠳᠤᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠤᠨ᠂ ᠰᠢᠲᠠᠭᠠᠯᠭ᠎ᠠ ᠶᠢᠨ ᠨᠡᠭᠦᠷᠡᠰᠦᠨ ᠤ ᠪᠣᠬᠢᠷᠲᠤᠯ᠂ ᠳᠡᠭᠳᠡᠮᠡᠬᠡᠶ ᠴᠢᠨᠠᠷ ᠲᠠᠢ ᠣᠷᠭᠠᠨᠢᠭ ᠪᠣᠳᠠᠰ ᠢ ᠶᠡᠷᠦᠩᠬᠡᠶᠢᠯᠡᠨ ᠵᠠᠰᠠᠬᠤ ᠶᠢ ᠭᠦᠨᠵᠡᠭᠡᠶ ᠠᠬᠢᠭᠤᠯᠵᠤ᠂ ᠲᠣᠭᠤᠰᠣ ᠶᠢ ᠶᠡᠷᠦᠩᠬᠡᠶᠢᠯᠡᠨ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ︔ ᠭᠤᠤᠯᠳᠠᠯᠭ᠎ᠠ ᠲᠠᠢ ᠰᠠᠪᠠ ᠭᠠᠵᠠᠷ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠵᠢᠴᠢ ᠤᠰᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠷᠠᠭᠤᠯᠵᠤ᠂ ᠠᠵᠤ ᠦᠢᠯᠡᠳᠪᠦᠷᠢ ᠶᠢᠨ ᠬᠠᠶᠠᠭᠳᠠᠮᠠᠯ ᠤᠰᠤ᠂ ᠠᠮᠢᠳᠤᠷᠠᠯ ᠤᠨ ᠪᠣᠬᠢᠷ ᠤᠰᠤ ᠵᠢᠴᠢ ᠡᠮᠴᠢᠯᠡᠭᠡᠨ ᠤ ᠬᠠᠶᠠᠭᠳᠠᠮᠠᠯ ᠤᠰᠤ ᠶᠢ ᠰᠢᠢᠳᠪᠦᠷᠢᠯᠡᠬᠦ ᠶᠢ ᠴᠢᠩᠭᠠᠳᠬᠠᠨ᠂ ᠰᠢᠶᠠᠨ ᠤ ᠱᠠᠲᠤᠨ ᠤ ᠬᠤᠲᠠ ᠶᠢᠨ ᠪᠠᠶᠢᠭᠤᠯᠤᠭᠰᠠᠨ ᠲᠣᠭᠤᠷᠢᠭ ᠤᠨ ᠪᠣᠬᠢᠷ ᠦᠮᠡᠬᠡᠶ ᠤᠰᠤᠨ ᠴᠣᠭᠴᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠥᠷᠨᠢᠭᠦᠯᠵᠦ᠂ ᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠠᠷ ᠤᠨ ᠵᠢᠷᠤᠮᠵᠢᠭᠰᠠᠨ ᠪᠠᠶᠢᠭᠤᠯᠤᠯᠲᠠ ᠶᠢ ᠠᠬᠢᠭᠤᠯᠤᠨ᠎ᠠ︔ ᠬᠥᠷᠥᠰᠥ ᠰᠢᠷᠣᠶ ᠶᠢᠨ ᠪᠣᠬᠢᠷᠲᠤᠯ ᠤᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠨ᠂ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠡᠶᠡᠯᠡᠭᠦᠯᠦᠨ᠎ᠡ᠃     ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠤᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠵᠤ ᠬᠡᠷᠡᠭᠵᠢᠭᠦᠯᠬᠦ ᠠᠷᠭ᠎ᠠ︾ ᠵᠢᠴᠢ ᠬᠠᠮᠢᠶ᠎ᠠ ᠪᠦᠬᠦᠢ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠢᠴᠢᠭ ᠮᠠᠲ᠋ᠧᠷᠢᠶᠠᠯ ᠤᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠯ ᠶᠡᠬᠡᠲᠡᠶ ᠪᠠ ᠦᠢᠯᠡᠳᠪᠦᠷᠢᠯᠡᠬᠦ ᠴᠢᠳᠠᠪᠤᠷᠢ ᠦᠯᠡᠭᠦᠳᠡᠵᠦ ᠪᠠᠶᠢᠭ᠎ᠠ ᠠᠵᠢᠯ ᠲᠥᠷᠥᠯ ᠤᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ ᠴᠢᠩᠭ᠎ᠠ ᠬᠢᠵᠠᠭᠠᠷᠯᠠᠨ᠎ᠠ᠃ ᠡᠨᠧᠷᠭᠢ ᠶᠢᠨ ᠰᠤᠷᠪᠤᠯᠵᠢ᠂ ᠤᠰᠤᠨ ᠤ ᠡᠬᠢ ᠪᠠᠶᠠᠯᠢᠭ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠵᠡᠷᠭᠡ ᠬᠢᠵᠠᠭᠠᠷᠯᠠᠬᠤ ᠴᠢᠨᠠᠷᠲᠠᠢ ᠳᠦᠷᠢᠮ ᠢ ᠲᠡᠭᠦᠯᠳᠡᠷᠵᠢᠭᠦᠯᠵᠦ᠂ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃  ᠴᠡᠪᠡᠷ ᠡᠨᠧᠷᠭᠢ ᠶᠢ ᠬᠤᠪᠢᠷᠠᠭᠤᠯᠤᠨ ᠬᠡᠷᠡᠭᠯᠡᠬᠦ ᠵᠢᠱᠢᠶ᠎ᠡ ᠦᠵᠡᠭᠦᠯᠬᠦ ᠣᠷᠣᠨ ᠪᠠ ᠣᠷᠣᠨ ᠪᠦᠰᠡ ᠶᠢᠨ ᠴᠡᠪᠡᠷ ᠡᠨᠧᠷᠭᠢ ᠶᠢᠨ ᠬᠠᠮᠲᠤᠷᠠᠯᠴᠠᠭᠠᠨ ᠤ ᠵᠢᠱᠢᠶ᠎ᠡ ᠦᠵᠡᠭᠦᠯᠬᠦ ᠣᠷᠣᠨ ᠢ ᠲᠦᠷᠭᠡᠪᠴᠢᠯᠡᠨ ᠪᠠᠶᠢᠭᠤᠯᠵᠤ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠪᠣᠯᠭᠠᠬᠤ᠂ ᠣᠷᠴᠢᠯᠵᠢᠭᠤᠯᠬᠤ ᠥᠭᠡᠷᠡᠴᠢᠯᠡᠯᠲᠡ ᠶᠢ ᠬᠡᠷᠡᠭᠵᠢᠭᠦᠯᠵᠦ᠂ ᠡᠯ᠎ᠡ ᠬᠦᠷᠢᠶᠡᠨ ᠳᠠᠬᠢ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢᠨ ᠬᠤᠪᠢᠷᠠᠭᠤᠯᠤᠯᠲᠠ ᠶᠢ ᠲᠦᠯᠬᠢᠨ ᠠᠬᠢᠭᠤᠯᠤᠨ᠎ᠠ᠃ ᠪᠦᠬᠦ ᠠᠶᠢᠮᠠᠭ ᠤᠨ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠡᠨᠧᠷᠭᠢ ᠶᠢᠨ ᠬᠤᠷᠣᠭᠳᠠᠯ ᠢ ᠰᠦᠯᠵᠢᠶᠡᠨ ᠳᠡᠭᠡᠷ᠎ᠡ ᠬᠢᠨᠠᠨ ᠬᠡᠮᠵᠢᠵᠦ ᠰᠢᠯᠭᠠᠨ ᠠᠪᠬᠤ ᠪᠠ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠠᠵᠤ ᠠᠬᠤᠶᠢᠯᠠᠯ ᠤᠨ ᠡᠨᠧᠷᠭᠢ ᠶᠢ ᠬᠢᠨᠠᠨ ᠪᠣᠳᠣᠬᠤ ᠠᠵᠢᠯ ᠢ ᠥᠷᠨᠢᠭᠦᠯᠦᠨ᠎ᠡ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ  ᠢ ᠶᠡᠭᠡ  ᠪᠠᠷ ᠰᠠᠨᠠᠭᠠᠴᠢᠯᠠᠵᠤ᠂ ᠪᠣᠬᠢᠷᠲᠤᠯ ᠦᠭᠡᠢ ᠬᠥᠭᠵᠢᠯᠲᠡ  ᠶᠢᠨ ᠣᠶᠢᠯᠠᠭᠠᠭᠳᠠᠬᠤᠨ  ᠢ ᠬᠥᠮᠦᠰ   ᠤᠨ ᠰᠡᠳᠬᠢᠯ  ᠳᠤ ᠬᠠᠳᠠᠩᠰᠢᠭᠤᠯᠬᠤ  ᠶᠢ ᠠᠬᠢᠭᠤᠯᠤᠨ᠎ᠠ᠃     ︵ᠬᠤᠶᠠᠷ︶ ︽ᠲᠣᠭᠲᠠᠭᠤᠨ ᠪᠠᠶᠢᠯᠭᠠᠬᠤ︾ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ     ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠨ᠎ᠠ᠃ ᠠᠯᠠᠱᠠ ᠱᠠᠩᠬᠤ ᠶᠢᠨ ᠰᠦᠮ᠎ᠡ ᠶᠢᠨ 160 ᠲᠦᠮᠡᠨ ᠺᠢᠯᠣᠸᠠᠲ ᠤᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠰᠠᠭᠤᠷᠢᠨ ᠭᠠᠵᠠᠷ᠂ ᠪᠥᠸᠧ ᠶᠤᠸᠠᠨ ᠪᠠᠶᠢᠭᠠᠯᠢ ᠶᠢᠨ ᠬᠤᠵᠢᠷ᠂ ᠱᠠᠩᠬᠠᠢ ᠥᠪᠥᠷ ᠮᠣᠩᠭᠤᠯ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠭᠠᠵᠠᠷ᠂ 185 ᠲᠦᠮᠡᠨ ᠺᠢᠯᠣᠸᠠᠲ ᠤᠨ ᠪᠠᠲᠤᠯᠠᠭ᠎ᠠ ᠶᠢᠨ ᠴᠢᠨᠠᠷᠲᠠᠢ ᠲᠥᠪᠯᠡᠷᠡᠩᠭᠦᠢ ᠬᠡᠯᠪᠡᠷᠢ ᠶᠢᠨ ᠰᠢᠨ᠎ᠡ ᠡᠨᠧᠷᠭᠢ ᠶᠢᠨ ᠲᠥᠷᠥᠯ ᠵᠦᠢᠯ ᠤᠨ ᠳᠥᠷᠪᠡᠨ ᠪᠡᠯᠡ ᠣᠷᠣᠭᠤᠯᠤᠯᠲᠠ ᠨᠢ ᠵᠠᠭᠤᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠯᠢ ᠲᠦᠷᠭᠡᠨ ᠢᠶᠠᠷ ᠪᠠᠶᠢᠭᠤᠯᠤᠨ ᠪᠦᠲᠦᠭᠡᠵᠦ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ ᠠᠵᠤ ᠦᠢᠯᠡᠰ ᠤᠨ ᠬᠡᠯᠬᠢᠶ᠎ᠡ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠬᠦᠷᠢᠶ᠎ᠡ ᠵᠡᠷᠭᠡ ᠪᠠᠭᠤᠷᠠᠶ ᠲᠠᠯ᠎ᠠ ᠶᠢᠨ ᠳᠤᠲᠠᠭᠤᠳᠠᠯ ᠢ ᠨᠥᠬᠦᠪᠥᠷᠢᠯᠡᠬᠦ ᠲᠥᠷᠥᠯ ᠵᠦᠢᠯ ᠢ ᠲᠦᠷᠬᠡᠨ ᠬᠡᠷᠡᠭᠵᠢᠭᠦᠯᠦᠨ᠎ᠡ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠨ᠂ ᠠᠶᠢᠮᠠᠭ ᠤᠨ ᠲᠡᠰ ᠤᠨ 112 ᠭᠤᠣᠯᠳᠠᠯᠭ᠎ᠠ ᠲᠠᠢ ᠲᠥᠷᠥᠯ ᠵᠦᠢᠯ ᠢ ᠰᠠᠶᠢᠲᠤᠷ ᠠᠳᠬᠤᠨ᠎ᠠ᠃     ᠭᠤᠤᠯᠳᠠᠯᠭ᠎ᠠ ᠶᠢ ᠳᠣᠪᠤᠶᠢᠯᠭᠠᠨ ᠨᠠᠷᠢᠯᠢᠭ ᠣᠨᠣᠪᠴᠢᠲᠠᠶ ᠪᠠᠷ ᠠᠷᠠᠯᠵᠢᠶᠠᠴᠢᠨ ᠤᠷᠢᠨ᠎ᠠ᠃ ᠬᠠᠲᠤᠨ ᠭᠤᠤᠯ ᠤᠨ ᠰᠠᠪᠠ ᠭᠠᠵᠠᠷ ᠳᠠᠭᠠᠤ ᠶᠢᠨ ᠭᠠᠵᠠᠷ ᠣᠷᠣᠨ᠂ ᠬᠠᠷ᠎ᠠ ᠭᠤᠤᠯ ᠤᠨ ᠠᠵᠤ ᠠᠬᠤᠶ ᠶᠢᠨ ᠣᠷᠣᠨ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠠᠵᠤ ᠠᠬᠤᠶ ᠶᠢᠨ ᠲᠣᠭᠤᠷᠢᠭ ᠤᠨ ᠬᠠᠮᠲᠤᠷᠠᠯᠴᠠᠭ᠎ᠠ ᠶᠢ ᠭᠦᠨᠵᠡᠭᠡᠶ ᠠᠬᠢᠭᠤᠯᠵᠤ ᠂ ᠠᠯᠠᠱᠠ ᠠᠶᠢᠮᠠᠭ ᠬᠢᠭᠡᠳ ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠨᠢᠭᠡ ᠴᠣᠭᠴᠠᠵᠢᠨ ᠬᠥᠭᠵᠢᠬᠦ ᠶᠢ ᠠᠬᠢᠭᠤᠯᠤᠨ᠎ᠠ᠃ ᠨᠠᠷᠢᠯᠢᠭ ᠣᠨᠣᠪᠴᠢᠳᠠᠢ ᠪᠠᠷ ᠠᠷᠠᠯᠵᠢᠶᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ ᠶᠢ ᠰᠠᠶᠢᠲᠤᠷ ᠠᠳᠬᠤᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠬᠥᠰᠢᠭᠦᠷᠭᠡ ᠪᠠ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠠᠷᠠᠳ ᠤᠨ ᠪᠡᠯᠡ ᠣᠷᠣᠭᠤᠯᠤᠯᠲᠠ ᠶᠢ ᠴᠢᠷᠮᠠᠶᠢᠨ ᠥᠷᠭᠡᠳᠬᠡᠵᠦ᠂ ᠭᠠᠳᠠᠭᠠᠳᠤ ᠪᠡᠯᠡ ᠣᠷᠣᠭᠤᠯᠤᠯᠲᠠ ᠶᠢ ᠰᠠᠶᠢᠲᠤᠷ ᠬᠡᠷᠡᠭᠯᠡᠵᠦ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢ ᠥᠷᠭᠡᠳᠬᠡᠵᠦ᠂ ᠨᠡᠩ ᠤᠯᠠᠨ ᠵᠦᠢᠯᠡᠰ ᠢ ᠤᠯᠤᠰ᠂ ᠥᠪᠡᠷᠲᠡᠭᠡᠨ ᠵᠠᠰᠠᠬᠤ ᠣᠷᠣᠨ ᠤ ᠶᠡᠭᠡ ᠬᠡᠪᠴᠢᠶᠡᠨ ᠳᠤ ᠣᠷᠣᠭᠤᠯᠬᠤ ᠪᠠᠷ ᠴᠢᠷᠮᠠᠶᠢᠵᠤ᠂ ︽ᠨᠢᠭᠡ ᠪᠦᠯᠦᠭ ᠢ ᠨᠥᠭᠡᠴᠡᠯᠡᠬᠦ᠂ ᠨᠢᠭᠡ ᠪᠦᠯᠦᠭ ᠢ ᠣᠷᠣᠭᠤᠯᠤᠨ ᠠᠪᠴᠢᠷᠠᠬᠤ᠂ ᠨᠢᠭᠡ ᠪᠦᠯᠦᠭ ᠢ ᠪᠦᠳᠦᠭᠡᠨ ᠪᠠᠶᠢᠭᠤᠯᠬᠤ᠂ ᠨᠢᠭᠡ ᠪᠦᠯᠦᠭ ᠢ ᠠᠰᠢᠭᠯᠠᠯᠲᠠ ᠳᠤ ᠣᠷᠣᠭᠤᠯᠬᠤ︾ ᠰᠠᠶᠢᠨ ᠣᠷᠴᠢᠯ ᠢ ᠪᠤᠢ ᠪᠣᠯᠭᠠᠨ᠎ᠠ᠃     ᠲᠥᠷᠥᠯ ᠵᠦᠢᠯ ᠤᠨ ᠦᠢᠯᠡᠴᠢᠯᠡᠭᠡ ᠶᠢ ᠬᠦᠴᠦᠯᠡᠨ ᠰᠢᠯᠢᠳᠡᠭᠵᠢᠭᠦᠯᠦᠨ᠎ᠡ᠃ ᠨᠠᠷᠢᠨ ᠲᠠᠩᠰᠠ ᠶᠢᠨ ᠬᠡᠯᠪᠡᠷᠢ ᠶᠢᠨ ᠬᠠᠮᠢᠶᠠᠷᠤᠯᠲᠠ᠂ ᠬᠠᠷᠢᠭᠤᠴᠠᠯᠭ᠎ᠠ ᠶᠢᠨ ᠲᠦᠷᠢᠮ ᠤᠨ  ᠦᠢᠯᠡᠴᠢᠯᠡᠭᠡ ᠶᠢ ᠴᠢᠩᠭᠠᠳᠬᠠᠵᠤ᠂ ᠳᠠᠭᠠᠭᠠᠴᠢᠯᠠᠨ ᠬᠠᠷᠢᠯᠴᠠᠬᠤ ᠲᠣᠭᠲᠠᠴᠠ ᠶᠢ ᠭᠦᠶ᠋ᠴᠡᠳ ᠰᠠᠶᠢᠲᠤᠷ ᠬᠡᠷᠡᠭᠯᠡᠵᠦ᠂ ︽ᠨᠢᠭᠡ ᠲᠥᠷᠥᠯ ᠵᠦᠢᠯ᠂ ᠨᠢᠭᠡ ᠪᠠᠭ᠂ ᠨᠢᠭᠡ ᠢᠵᠢ ᠲᠥᠰᠦᠯ︾ ᠢ ᠪᠡᠶᠡᠯᠡᠭᠦᠯᠵᠦ᠂ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠴᠢᠬᠤᠯᠠ ᠡᠯᠧᠮᠧᠨ᠋ᠲ ᠤᠨ ᠪᠠᠲᠤᠯᠠᠭ᠎ᠠ᠂ ᠮᠥᠷᠳᠡᠨ ᠦᠢᠯᠡᠴᠢᠯᠡᠬᠦ ︽ᠭᠤᠷᠪᠠ ᠶᠢ ᠪᠣᠳᠠᠲᠠᠶᠢᠵᠢᠭᠤᠯᠬᠤ︾ ᠶᠢ ᠦᠨᠡᠨ ᠬᠦ ᠪᠠᠲᠤᠯᠠᠨ᠎ᠠ᠃ ᠠᠮᠠᠯᠳᠠᠭᠰᠠᠨ ᠢᠶᠠᠨ ᠵᠠᠪᠠᠯ ᠪᠡᠶᠡᠯᠡᠭᠦᠯᠬᠦ᠂ ᠤᠴᠢᠷ ᠲᠠᠢ ᠦᠢᠯᠡᠴᠢᠯᠡᠬᠦ᠂ ᠤᠴᠢᠷ ᠦᠭᠡᠢ ᠪᠣᠯ ᠬᠠᠷᠰᠢᠯᠠᠬᠤ ᠦᠭᠡᠢ ᠪᠠᠶᠢᠬᠤ ᠶᠢ ᠡᠷᠡᠰ ᠪᠡᠶᠡᠯᠡᠭᠦᠯᠵᠦ᠂ ︽ᠳᠣᠲᠣᠨᠣ︾᠂ ︽ᠴᠢᠬᠡᠴᠢ︾ ᠰᠢᠨ᠎ᠡ ᠬᠡᠯᠪᠡᠷᠢ ᠶᠢᠨ ᠵᠠᠰᠠᠭ ᠠᠷᠠᠯᠵᠢᠶᠠᠴᠢᠨ ᠤ ᠬᠠᠷᠢᠴᠠᠭ᠎ᠠ ᠶᠢ ᠪᠠᠶᠢᠭᠤᠯᠤᠨ᠎ᠠ᠃     ︵ᠭᠤᠷᠪᠠ︶ ︽ᠬᠤᠪᠢᠷᠠᠭᠤᠯᠬᠤ︾ ᠡᠷᠡᠰ ᠵᠣᠷᠢᠭ ᠢᠶᠠᠨ ᠪᠠᠲᠤᠳᠬᠠᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠨ᠎ᠡ     ᠬᠤᠶᠠᠷ ᠳᠣᠭᠤᠷᠢᠭ ᠭᠤᠷᠪᠠᠨ ᠬᠦᠷᠢᠶᠡᠯᠡᠩ ᠬᠠᠮᠵᠢᠯᠴᠠᠨ ᠬᠥᠭᠵᠢᠬᠦ ᠶᠢ ᠠᠬᠢᠭᠤᠯᠤᠨ᠎ᠠ᠃ ︽ᠬᠤᠶᠠᠷ ᠲᠣᠭᠤᠷᠢᠭ ᠭᠤᠷᠪᠠᠨ ᠬᠦᠷᠢᠶᠡᠯᠡᠩ︾ ᠢ ᠨᠡᠶᠢᠳᠬᠡᠬᠦ ᠥᠭᠡᠷᠡᠴᠢᠯᠡᠯᠲᠡ ᠪᠣᠯᠤᠨ ᠶᠡᠷᠦᠩᠬᠡᠢ ᠲᠥᠯᠥᠪᠵᠢᠭᠦᠯᠭᠡ ᠶᠢ ᠲᠦᠷᠭᠡᠳᠬᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠤ ︽ᠳᠡᠭᠡᠭᠰᠢᠯᠡᠭᠦᠯᠬᠦ ᠪᠠᠷ ᠪᠠᠶᠢᠭᠤᠯᠬᠤ ᠶᠢ ᠠᠬᠢᠭᠤᠯᠬᠤ︾ ᠰᠢᠨᠵᠢᠯᠡᠨ ᠪᠠᠶᠢᠴᠠᠭᠠᠬᠤ ᠪᠠᠶᠢᠴᠠᠭᠠᠨ ᠰᠤᠳᠤᠯᠬᠤ ᠡᠯ᠎ᠡ ᠵᠦᠢᠯ ᠤᠨ ᠪᠡᠯᠡᠳᠬᠡᠯ ᠠᠵᠢᠯ ᠢ ᠨᠠᠷᠢᠯᠢᠭ ᠨᠠᠶᠢᠳᠠᠪᠤᠷᠢᠵᠢᠭᠤᠯᠵᠤ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠢ ᠪᠦᠬᠦ ᠬᠦᠴᠦᠨ ᠢᠶᠠᠷ ᠢᠶᠠᠨ ᠤᠯᠤᠰ ᠤᠨ ᠲᠡᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠪᠣᠯᠭᠠᠨ ᠲᠡᠰ ᠳᠡᠪᠰᠢᠭᠦᠯᠦᠨ᠎ᠡ᠃ ᠡᠯ᠎ᠡ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠦᠬᠦ ᠠᠶᠢᠮᠠᠭ ᠤᠨ ᠡᠯ᠎ᠡ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠴᠢᠭᠯᠡᠯ᠂ ᠠᠵᠤ ᠦᠢᠯᠡᠰ ᠤᠨ ᠭᠤᠣᠯᠳᠠᠯᠭ᠎ᠠ ᠶᠢ ᠵᠣᠬᠢᠰᠲᠠᠢ ᠪᠠᠶᠢᠷᠢᠰᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ᠂ ᠲᠩᠷᠢ ᠠᠵᠦ ᠠᠬᠤᠢ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠪᠣᠯᠤᠨ ᠣᠯᠠᠨᠪᠤᠯᠠᠭ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠬᠠᠷᠢᠯᠴᠠᠨ ᠬᠥᠳᠡᠯᠦᠯᠴᠡᠬᠦ ᠶᠢ ᠠᠬᠢᠭᠤᠯᠵᠤ᠂ ᠲᠣᠰ ᠲᠣᠰ ᠤᠨ ᠭᠤᠣᠯᠳᠠᠯᠭ᠎ᠠ ᠲᠠᠢ᠂ ᠨᠢᠭᠡ ᠴᠣᠭᠴᠠᠵᠢᠭᠰᠠᠨ ᠬᠥᠭᠵᠢᠯᠲᠡ ᠶᠢ ᠠᠬᠢᠭᠤᠯᠤᠨ᠎ᠠ︔ ᠡᠯ᠎ᠡ ᠬᠤᠰᠢᠭᠤ ᠣᠷᠣᠨ ᠤ ᠬᠠᠷᠢᠯᠴᠠᠨ ᠬᠠᠮᠲᠤᠷᠠᠯᠴᠠᠬᠤ ᠶᠢ ᠵᠣᠷᠢᠭᠵᠢᠭᠤᠯᠵᠤ᠂ ᠠᠵᠤ  ᠦᠢᠯᠡᠳᠪᠦᠷᠢ ᠶᠢᠨ ᠬᠦᠷᠢᠶᠡᠯᠡᠩ ᠲᠣᠭᠤᠷᠢᠭ ᠬᠢᠭᠡᠳ ᠪᠣᠭᠤᠮᠲᠠ ᠵᠢᠴᠢ ᠬᠥᠷᠰᠢ ᠵᠡᠷᠭᠡᠯᠡᠳᠡᠭᠡ ᠣᠷᠣᠨ ᠪᠦᠰᠡ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠡᠨᠧᠷᠭᠢ ᠪᠠᠨ ᠬᠠᠷᠢᠯᠴᠠᠨ ᠨᠥᠬᠦᠪᠥᠷᠢᠯᠡᠬᠦ᠂ ᠬᠠᠮᠲᠤᠪᠠᠷ ᠬᠥᠭᠵᠢᠬᠦ᠂ ᠬᠠᠮᠲᠤᠷᠠᠯᠴᠠᠵᠤ ᠪᠠᠶᠢᠭᠠᠳ ︽ᠣᠷᠣᠨ ᠪᠦᠰᠡ ᠶᠢ ᠬᠤᠯᠪᠣᠭᠰᠠᠨ ᠬᠦᠷᠢᠶᠡᠯᠡᠩ ᠲᠣᠭᠤᠷᠢᠭ︾ ᠢ ᠬᠠᠮᠲᠤᠪᠠᠷ ᠪᠠᠶᠢᠭᠤᠯᠬᠤ ᠶᠢ ᠠᠬᠢᠭᠤᠯᠤᠨ᠎ᠠ᠃      ᠠᠵᠤ ᠠᠬᠤᠶ ᠶᠢᠨ ᠰᠢᠨ᠎ᠡ ᠨᠡᠮᠡᠭᠳᠡᠯ ᠤᠨ ᠲᠦᠢᠯ ᠢ ᠶᠡᠬᠡᠪᠡᠷ ᠪᠤᠶᠢᠵᠢᠭᠤᠯᠤᠨ᠎ᠠ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠣᠯᠤᠨ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠢ ᠢᠳᠡᠪᠬᠢᠲᠡᠶ ᠪᠠᠷ ᠪᠤᠶᠢᠵᠢᠭᠤᠯᠤᠨ ᠣᠷᠣᠭᠤᠯᠵᠤ ᠢᠷᠡᠨ᠂ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠪᠠᠷ ᠥᠨᠳᠥᠷ ᠳᠠᠭᠠᠭᠤᠯᠤᠭᠴᠢ ᠠᠵᠤ ᠠᠬᠤᠶᠢᠯᠠᠯ᠂ ︽ᠲᠤᠰᠬᠠᠶ ᠨᠠᠷᠢᠯᠢᠭ ᠣᠨᠴᠠ ᠰᠢᠨ᠎ᠡ︾ ᠠᠵᠤ ᠠᠬᠤᠶᠢᠯᠠᠯ᠂ ᠠᠵᠤ ᠦᠢᠯᠡᠰ ᠤᠨ ᠬᠡᠯᠬᠢᠶ᠎ᠡ ᠳᠠᠬᠢ ᠵᠠᠩᠭᠢᠯᠠᠭ᠎ᠠ ᠶᠢᠨ ᠠᠵᠤ ᠠᠬᠤᠶᠢᠯᠠᠯ ᠳᠤ ᠵᠦᠷᠢᠶᠡᠴᠢᠯᠡᠭᠰᠡᠨ᠂ ᠥᠪᠡᠷᠮᠢᠴᠡᠵᠢᠭᠦᠯᠦᠭᠰᠡᠨ ᠲᠡᠳᠬᠦᠮᠵᠢ ᠦᠵᠡᠭᠦᠯᠬᠦ ᠶᠢ ᠬᠡᠷᠡᠭᠵᠢᠭᠦᠯᠦᠨ᠎ᠡ᠃ ︽ᠬᠡᠯᠬᠢᠶ᠎ᠡ ᠶᠢ ᠣᠷᠳᠣ ᠪᠠᠶᠢᠯᠭᠠᠬᠤ︾ ᠲᠦᠷᠢᠮ ᠢ ᠪᠠᠶᠢᠭᠤᠯᠤᠨ ᠬᠡᠷᠡᠭᠵᠢᠭᠦᠯᠵᠦ᠂ ᠠᠵᠤ ᠦᠢᠯᠡᠰ ᠤᠨ ᠪᠠᠶᠢᠷᠢᠰᠢᠭᠤᠯᠤᠯ ᠢ ᠲᠥᠰᠦᠪᠯᠡᠬᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ᠂ ᠠᠵᠤ ᠠᠬᠤᠶᠢᠯᠠᠯ ᠤᠨ ᠠᠵᠢᠯᠯᠠᠭᠠᠨ ᠡᠵᠡᠩᠨᠡᠯᠲᠡ ᠶᠢ ᠪᠥᠬᠦ ᠴᠤᠪᠤᠷᠠᠯ ᠳᠤ ᠮᠥᠷᠳᠡᠨ ᠦᠢᠯᠡᠴᠢᠯᠡᠬᠦ᠂ ᠶᠡᠷᠦᠩᠬᠡᠶᠢᠯᠡᠨ ᠪᠠᠲᠤᠯᠠᠬᠤ ᠶᠢ ᠬᠡᠷᠡᠭᠵᠢᠭᠦᠯᠦᠨ᠎ᠡ᠃ ᠮᠢᠩᠭᠠᠨ ᠲᠦᠮᠡᠨ ᠺᠢᠯᠣᠸᠠᠲ ᠤᠨ ᠲᠠᠰ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠣᠨ᠎ᠠ᠃ ᠡᠨᠧᠷᠭᠢ ᠶᠢᠨ ᠰᠤᠷᠪᠤᠯᠵᠢ ᠡᠬᠢ ᠪᠠᠶᠠᠯᠢᠭ ᠤᠨ ᠠᠮᠤᠷ ᠲᠦᠪᠰᠢᠨ ᠢ ᠡᠷᠡᠰ ᠪᠠᠲᠤᠯᠠᠵᠤ᠂ ᠰᠢᠨ᠎ᠡ ᠡᠨᠧᠷᠭᠢ ᠶᠢᠨ ᠰᠤᠷᠪᠤᠯᠵᠢ ᠶᠢ ᠨᠡᠭᠡᠭᠡᠨ ᠬᠥᠭᠵᠢᠭᠦᠯᠬᠦ ᠪᠠᠶᠢᠷᠢᠯᠠᠭᠤᠯᠤᠯᠲᠠ᠂ ᠵᠠᠬ᠎ᠠ ᠳᠡᠯᠭᠡᠭᠦᠷ ᠢ ᠰᠢᠩᠭᠡᠭᠡᠬᠦ᠂ ᠳᠠᠮᠵᠢᠭᠤᠯᠬᠤ ᠵᠠᠮ᠂ ᠢᠵᠢ ᠪᠦᠷᠢᠳᠦᠬᠦᠯᠬᠦ ᠡᠨᠧᠷᠭᠢ ᠬᠠᠳᠠᠭᠠᠯᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 376 ᠲᠦᠮᠡᠨ ᠺᠢᠯᠣᠸᠠᠲ ᠪᠣᠯᠬᠤ 24 ᠰᠢᠨ᠎ᠡ ᠡᠨᠧᠷᠭᠢ ᠶᠢᠨ ᠰᠤᠷᠪᠤᠯᠵᠢ ᠶᠢᠨ ᠵᠦᠢᠯᠡᠰ ᠤᠨ ᠪᠦᠳᠦᠭᠡᠨ ᠪᠠᠶᠢᠭᠤᠯᠤᠯᠲᠠ ᠶᠢ ᠶᠡᠭᠡ ᠪᠠᠷ ᠲᠦᠯᠬᠢᠨ ᠠᠬᠢᠭᠤᠯᠣᠨ᠎ᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠨᠣᠶᠠᠨ ᠣᠷᠭᠢᠯ ᠤᠨ ᠪᠣᠭᠤᠮᠢ ᠶᠢ ᠲᠣᠬᠢᠷᠠᠭᠤᠯᠵᠤ᠂ ᠴᠠᠬᠢᠯᠭᠠᠨ ᠲᠤᠤᠷ ᠤᠨ ᠲᠤᠯᠭᠠᠭᠤᠷᠢᠯᠠᠯ ᠢ ᠴᠢᠩᠭᠠᠷᠠᠭᠤᠯᠤᠨ᠂ ᠰᠢᠩᠭᠡᠭᠡᠬᠦ ᠵᠠᠮ ᠢ ᠨᠡᠪᠲᠡᠷᠡᠭᠦᠯᠵᠦ᠂ ᠡᠷᠴᠢᠮᠵᠢᠭᠦᠯᠦᠨ ᠬᠤᠷᠠᠭᠤᠯᠬᠤ ᠶᠢ ᠠᠬᠢᠭᠤᠯᠤᠨ᠂ ᠪᠥᠬᠦ ᠠᠵᠤ  ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠦᠨ᠎ᠡ᠃  ᠴᠡᠪᠡᠷ ᠡᠨᠧᠷᠭᠢ ᠪᠠᠷ ᠣᠷᠣᠯᠠᠭᠤᠯᠵᠤ ᠣᠯᠠᠷᠢᠭᠤᠯᠬᠤ ᠬᠡᠷᠡᠭᠯᠡᠭᠡᠨ ᠤ ᠵᠢᠱᠢᠶ᠎ᠡ ᠦᠵᠡᠭᠦᠯᠬᠦ ᠣᠷᠣᠨ ᠢ ᠲᠦᠷᠬᠡᠨ ᠪᠠᠶᠢᠭᠤᠯᠵᠤ᠂ ᠨᠢᠭᠡᠨᠲᠡ ᠪᠠᠶᠢᠭ᠎ᠠ ᠳᠠᠭᠠᠭᠠᠴᠠ ᠲᠠᠢ ᠴᠡᠪᠡᠷ ᠡᠨᠧᠷᠭᠢ ᠪᠠᠷ ᠣᠷᠣᠯᠠᠭᠤᠯᠬᠤ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠰᠢᠨ᠎ᠡ ᠪᠠᠷ ᠨᠡᠮᠡᠭᠳᠡᠭᠰᠡᠨ ᠳᠠᠭᠠᠭᠠᠴᠠ ᠳᠤ ᠰᠢᠨ᠎ᠡ ᠡᠨᠧᠷᠭᠢ ᠶᠢ ᠭᠦᠢᠴᠡᠳ ᠬᠡᠷᠡᠭᠯᠡᠵᠦ᠂ ᠰᠢᠩᠭᠡᠭᠡᠨ ᠠᠪᠬᠤ ᠬᠠᠷᠢᠴᠠᠯ ᠢ ᠯᠠᠪᠳᠠᠭᠤᠨ ᠢᠶᠠᠷ ᠥᠷᠭᠡᠳᠬᠡᠨ᠂ ᠴᠡᠪᠡᠷ ᠡᠨᠧᠷᠭᠢ ᠶᠢᠨ ᠬᠠᠩᠭᠠᠯᠭ᠎ᠠ ᠶᠢᠨ ᠬᠠᠷᠢᠴᠠᠯ ᠢ ᠤᠷᠢᠳᠠᠪᠠᠷ 50 % ᠳᠤ ᠬᠦᠷᠦᠭᠦᠯᠬᠦ ᠶᠢ ᠲᠦᠯᠬᠢᠨ ᠠᠬᠢᠭᠤᠯᠵᠤ᠂ ︽ᠳᠡᠭ ᠲᠤ ᠣᠶᠢᠷᠠᠳᠣᠭᠰᠠᠨ︾ ᠭᠠᠳᠠᠭᠰᠢᠯᠠᠭᠤᠯᠤᠯᠲᠠ ᠶᠢ ᠢᠳᠡᠪᠬᠢᠲᠡᠶ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠣᠷᠣᠨ ᠪᠦᠰᠡ ᠶᠢᠨ ᠪᠣᠬᠢᠷᠲᠤᠯ ᠥᠬᠡᠶ ᠡᠨᠧᠷᠭᠢ ᠶᠢᠨ ᠬᠠᠮᠲᠤᠷᠠᠯᠴᠠᠭᠠᠨ ᠤ ᠵᠢᠱᠢᠶ᠎ᠡ ᠦᠵᠡᠭᠦᠯᠬᠦ ᠣᠷᠣᠨ ᠢ ᠲᠦᠷᠬᠡᠨ ᠪᠠᠶᠢᠭᠤᠯᠵᠤ᠂ ᠰᠠᠨᠠᠭᠠᠴᠢᠯᠠᠭ᠎ᠠ ᠠᠴᠠ ᠪᠠᠨ ᠠᠬ᠎ᠠ ᠳᠡᠭᠦᠦ ᠠᠶᠢᠮᠠᠭ ᠬᠤᠲᠠ᠂ ᠡᠷᠬᠢᠨ ᠲᠣᠭᠤᠷᠢᠨ ᠤ ᠮᠤᠵᠢ ᠣᠷᠣᠨ ᠯᠤᠭ᠎ᠠ ᠴᠡᠪᠡᠷ ᠡᠨᠧᠷᠭᠢ ᠶᠢᠨ ᠬᠠᠮᠲᠤᠷᠠᠯᠴᠠᠭ᠎ᠠ ᠥᠷᠨᠢᠭᠦᠯᠵᠦ᠂ ︽ᠬᠡᠷᠡᠮ ᠠᠯᠤᠰᠯᠠᠨ ᠴᠠᠬᠢᠯᠭᠠᠨ ᠬᠦᠷᠭᠡᠬᠦ︾ ᠵᠡᠷᠭᠡ ᠰᠢᠨ᠎ᠡ ᠵᠠᠭᠪᠤᠷ ᠢ ᠰᠦᠪᠡᠭᠴᠢᠯᠡᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠮᠲᠤ ᠪᠠᠷ ᠬᠥᠭᠵᠢᠬᠦ᠂ ᠬᠠᠮᠲᠤᠷᠠᠯᠴᠠᠵᠤ ᠬᠠᠮᠲᠤ ᠪᠠᠷ ᠠᠰᠢᠭ ᠭᠥᠷᠳᠡᠬᠦ ᠰᠢᠨ᠎ᠡ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠤᠨ᠎ᠠ᠃ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠠᠵᠤ ᠦᠢᠯᠡᠰ ᠤᠨ ᠬᠥᠭᠵᠢᠯᠲᠡ ᠶᠢ ᠢᠳᠡᠪᠬᠢᠲᠡᠢ ᠠᠬᠢᠭᠤᠯᠤᠨ᠎ᠠ᠃ ᠠᠵᠤ ᠦᠢᠯᠡᠰ ᠤᠨ ᠳᠠᠪᠠᠭᠤᠯᠢᠭ ᠲᠠᠭᠠᠨ ᠲᠦᠰᠢᠭᠯᠡᠨ᠂ ᠳᠡᠭᠡᠳᠦ ᠰᠢᠨ᠎ᠡ ᠮᠠᠲ᠋ᠧᠷᠢᠶᠠᠯ᠂ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ᠂ ᠴᠡᠷᠢᠭ ᠤᠨ ᠠᠵᠤ ᠦᠢᠯᠡᠳᠪᠦᠷᠢ ᠶᠢᠨ ᠮᠡᠷᠭᠡᠵᠢᠯ᠂ ᠠᠭᠠᠷ ᠠᠶᠠᠯᠠᠯ ᠰᠠᠨᠰᠠᠷ ᠠᠶᠠᠯᠠᠯ ᠤᠨ ᠣᠷᠭᠠᠨᠢᠭ ᠠᠭᠤᠰᠤᠯᠴᠠᠯ ᠢ ᠠᠬᠢᠭᠤᠯᠵᠤ᠂ ᠴᠡᠷᠢᠭ ᠤᠨ ᠬᠡᠷᠡᠭᠯᠡᠭᠡᠨ ᠠᠴᠠ ᠠᠷᠠᠳ ᠤᠨ ᠬᠡᠷᠡᠭᠯᠡᠭᠡᠨ ᠪᠣᠯᠬᠤ᠂ ᠠᠷᠠᠳ ᠤᠨ ᠬᠡᠷᠡᠭᠯᠡᠭᠡᠨ ᠠᠴᠠ ᠴᠡᠷᠢᠭ ᠤᠨ ᠭᠡᠷᠡᠭᠯᠡᠭᠡᠨ ᠪᠣᠯᠬᠤ ᠣᠨᠴᠠᠯᠢᠭᠲᠤ ᠠᠵᠤ ᠦᠢᠯᠡᠰ ᠢ ᠬᠥᠭᠵᠢᠭᠦᠯᠦᠨ᠎ᠡ᠃ ᠰᠣᠶᠣᠯ ᠵᠢᠭᠤᠯᠴᠢᠯᠠᠯ᠂ ᠠᠷᠤ ᠲᠠᠯ᠎ᠠ ᠶᠢᠨ ᠪᠠᠲᠤᠯᠠᠭ᠎ᠠ᠂ ᠨᠡᠶᠢᠭᠡᠮ ᠤᠨ ᠦᠢᠯᠡᠴᠢᠯᠡᠭᠡ ᠵᠡᠷᠭᠡ ᠲᠠᠯ᠎ᠠ ᠶᠢᠨ ᠭᠦᠨᠵᠡᠭᠡᠢ ᠬᠠᠮᠲᠤᠷᠠᠯᠴᠠᠭ᠎ᠠ ᠶᠢ ᠰᠦᠪᠡᠭᠴᠢᠯᠡᠵᠦ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠭᠰᠠᠨ ᠬᠤᠰᠢᠭᠤᠴᠢ ᠣᠷᠣᠨ᠂ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠠᠶᠢᠭᠤᠯᠤᠨ᠎ᠠ᠃ ᠥᠷᠭᠡᠨ ᠬᠡᠪᠴᠢᠶᠡᠨ ᠤ ᠪᠣᠭᠤᠮᠲᠠ ᠶᠢᠨ ᠠᠵᠤ ᠠᠬᠤᠶ ᠶᠢ ᠶᠡᠬᠡᠪᠡᠷ ᠬᠥᠭᠵᠢᠭᠦᠯᠦᠨ᠎ᠡ᠃ ︽ᠪᠣᠭᠤᠮᠲᠠ + ᠠᠵᠤ ᠦᠢᠯᠡᠰ︾ ᠢ ᠰᠦᠪᠡᠭᠴᠢᠯᠡᠨ᠂ ᠪᠣᠭᠤᠮᠲᠠ ᠶᠢᠨ ︽ᠨᠡᠪᠲᠡᠷᠡᠬᠦ ᠠᠵᠤ ᠠᠬᠤᠢ︾ ᠶᠢ ︽ᠰᠠᠭᠤᠷᠢᠰᠢᠭ᠎ᠠ ᠠᠵᠤ ᠠᠬᠤᠢ︾ ᠲᠡᠰᠢ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠴᠢᠷᠮᠠᠶᠢᠨ ᠪᠡᠶᠡᠯᠡᠭᠦᠯᠵᠦ᠂ ᠴᠡᠭᠡ ᠪᠣᠭᠤᠮᠲᠠ ᠶᠢᠨ ᠬᠢᠯᠢ ᠠᠯᠤᠰᠯᠠᠭᠰᠠᠨ ᠲᠡᠮᠦᠷ ᠵᠠᠮ᠂ ᠮᠢᠬᠠᠨ ᠤ ᠵᠦᠢᠯᠡᠰ ᠢ ᠨᠠᠷᠢᠯᠢᠭ ᠡᠳ᠋ᠰᠢᠭᠦᠯᠬᠦ᠂ ᠵᠢᠯᠣᠭᠤᠴᠢ ᠦᠭᠡᠢ ᠪᠠᠷ ᠪᠣᠭᠤᠮᠲᠠ ᠥᠩᠭᠡᠷᠡᠬᠦ ᠵᠡᠷᠭᠡ ᠲᠥᠷᠥᠯ ᠵᠦᠢᠯ ᠢ ᠲᠦᠷᠬᠡᠨ ᠠᠬᠢᠭᠤᠯᠵᠤ᠂ ᠳᠤᠮᠳᠠᠳᠤ ᠤᠯᠤᠰ ︵ᠡᠵᠡᠨ᠎ᠡ︶ ᠤᠨ ᠪᠣᠭᠤᠮᠲᠠ ᠶᠢᠨ ᠣᠯᠠᠨ ᠤᠯᠤᠰ ᠤᠨ ᠲᠠᠸᠠᠷ ᠤᠨ ᠦᠵᠡᠰᠬᠦᠯᠡᠩ ᠤᠨ ᠴᠤᠭᠯᠠᠭᠠᠨ ᠡᠷᠬᠢᠯᠡᠬᠦ ᠬᠢᠷᠢ ᠲᠦᠪᠰᠢᠨ ᠢ ᠳᠡᠭᠡᠭᠰᠢᠯᠡᠭᠦᠯᠦᠨ᠂ ᠥᠯᠵᠡᠶ ᠪᠣᠭᠤᠮᠲᠠ ᠶᠢᠨ ᠡᠳ᠋ ᠪᠣᠳᠠᠰ ᠤᠨ ᠪᠣᠭᠤᠮᠲᠠ ᠥᠩᠭᠡᠷᠡᠬᠦ ᠶᠢ ᠦᠷᠭᠦᠯᠵᠢᠯᠡᠨ ᠰᠠᠶᠢᠲᠤᠷ ᠬᠢᠵᠦ᠂ ᠴᠠᠭᠠᠨ ᠳᠡᠯ ᠠᠭᠤᠯᠠ ᠪᠣᠭᠤᠮᠲᠠ ᠶᠢᠨ ᠬᠡᠰᠡᠭ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠤᠰᠠᠯᠠᠨ ᠪᠠᠶᠢᠭᠤᠯᠬᠤ ᠠᠵᠢᠯ ᠢ ᠪᠣᠳᠠᠲᠤ ᠠᠬᠢᠴᠠ ᠲᠠᠢ ᠪᠣᠯᠭᠠᠨ᠎ᠠ᠃     ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠨ᠎ᠡ᠃ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠢ ᠬᠠᠪᠰᠤᠷᠤᠨ ᠦᠢᠯᠡᠳᠪᠦᠷᠢᠯᠡᠯ ᠢ ᠲᠣᠭᠲᠠᠪᠤᠷᠢᠵᠢᠭᠤᠯᠵᠤ᠂ ᠡᠵᠡᠩᠨᠡᠯᠲᠡ ᠶᠢ ᠲᠣᠭᠲᠠᠪᠤᠷᠢᠵᠢᠭᠤᠯᠵᠤ᠂ ᠵᠠᠬᠢᠶᠠᠯᠠᠭ᠎ᠠ ᠶᠢ ᠲᠣᠭᠲᠠᠪᠤᠷᠢᠵᠢᠭᠤᠯᠵᠤ᠂ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠵᠤ᠂ ᠠᠵᠤ ᠠᠬᠤᠶᠢᠯᠠᠯ ᠤᠨ ᠬᠡᠯᠬᠢᠶ᠎ᠡ ᠶᠢ ᠤᠷᠲᠤᠳᠬᠠᠵᠤ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠬᠦᠴᠦᠷᠬᠡᠭᠵᠢᠭᠦᠯᠬᠦ ᠲᠥᠷᠥᠯ ᠵᠦᠢᠯ ᠢ ᠲᠦᠷᠬᠡᠨ ᠬᠡᠷᠡᠭᠵᠢᠭᠦᠯᠬᠦ ᠶᠢ ᠳᠡᠮᠵᠢᠨ᠎ᠡ᠃ ᠤᠯᠠᠮᠵᠢᠯᠠᠯᠲᠤ ᠠᠵᠤ ᠦᠢᠯᠡᠰ ᠤᠨ ᠳᠡᠰ ᠳᠡᠪᠰᠢᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠠᠵᠤ ᠦᠢᠯᠡᠰ ᠤᠨ ᠳᠡᠭᠡᠳᠦ ᠲᠤᠤᠷᠠᠳᠤ ᠬᠡᠯᠬᠢᠶ᠎ᠡ ᠶᠢ ᠵᠣᠯᠭᠠᠯᠳᠤᠭᠤᠯᠬᠤ᠂ ᠵᠡᠭᠦᠨ ᠪᠠᠷᠠᠭᠤᠨ ᠱᠤᠭᠤᠮ ᠢ ᠠᠪᠴᠠᠯᠳᠤᠭᠤᠯᠬᠤ᠂ ᠪᠦᠬᠦ ᠠᠵᠤ ᠦᠢᠯᠡᠰ ᠤᠨ ᠬᠡᠯᠬᠢᠶ᠎ᠡ ᠶᠢ ᠣᠷᠴᠢᠯᠳᠤᠭᠤᠯᠤᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠠᠬᠢᠭᠤᠯᠤᠨ᠎ᠠ᠃ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠨᠢ ᠠᠯᠺᠧᠨ᠂ ᠬᠡᠤᠳᠡᠰᠦ ᠶᠢ ᠨᠠᠷᠢᠯᠢᠭ ᠡᠳ᠋ᠰᠢᠭᠦᠯᠬᠦ ᠵᠡᠷᠭᠡ ᠠᠵᠤ ᠦᠢᠯᠡᠰ ᠤᠨ ᠬᠡᠯᠬᠢᠶ᠎ᠡ ᠶᠢ ᠲᠦᠷᠬᠡᠨ ᠤᠷᠲᠤᠳᠬᠠᠵᠤ᠂ ᠳᠠᠪᠣᠰᠣ ᠬᠢᠮᠢ ᠶᠢᠨ ᠠᠵᠤ ᠦᠢᠯᠡᠳᠪᠦᠷᠢ ᠨᠢ ︽ᠾᠯᠣᠷ᠂ ᠤᠰᠤᠲᠥ᠋ᠷᠥᠭᠴᠢ᠂ ᠬᠤᠵᠢᠷ︾ ᠭᠤᠷᠪᠠᠨ ᠶᠡᠭᠡ  ᠦᠢᠯᠡᠳᠬᠦᠨ ᠤ ᠰᠢᠰᠲ᠋ᠧᠮᠵᠢ ᠶᠢ ᠶᠡᠬᠡᠪᠡᠷ ᠥᠷᠭᠡᠳᠬᠡᠨ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠨᠢ ᠳᠡᠭᠡᠳᠦ ᠲᠠᠰ ᠤᠨ ᠲᠠᠷᠢᠶᠠᠨ ᠡᠮ᠂ ᠰᠢᠨ᠎ᠡ ᠡᠮ ᠡᠮᠨᠡᠯᠭᠡ ᠶᠢᠨ ᠠᠵᠤ  ᠦᠢᠯᠡᠰ ᠢ ᠭᠤᠤᠯᠳᠠᠯᠭ᠎ᠠ ᠲᠠᠢ ᠥᠷᠭᠡᠳᠬᠡᠨ ᠬᠥᠭᠵᠢᠭᠦᠯᠵᠦ᠂ ᠲᠡᠮᠦᠷᠯᠢᠭ ᠨᠠᠲᠷᠢ᠂ ᠣᠨᠴᠠ ᠲᠥᠷᠥᠯ ᠤᠨ PVC ᠵᠡᠷᠭᠡ ᠠᠵᠤ ᠦᠢᠯᠡᠰ ᠤᠨ ᠰᠦᠷᠦᠭᠵᠢᠯ ᠢ ᠰᠢᠯᠢᠳᠡᠭᠵᠢᠭᠦᠯᠦᠨ ᠬᠦᠴᠦᠷᠬᠡᠭᠵᠢᠭᠦᠯᠦᠨ᠎ᠡ᠃ ︽ᠬᠤᠶᠠᠷ ᠰᠢᠨ᠎ᠡ︾ ᠠᠵᠤ ᠦᠢᠯᠡᠰ ᠤᠨ ᠬᠡᠯᠬᠢᠶ᠎ᠡ ᠶᠢ ᠲᠦᠷᠬᠡᠨ ᠪᠤᠶᠢᠵᠢᠭᠤᠯᠤᠨ ᠤᠷᠲᠤᠳᠬᠠᠵᠤ᠂ ᠵᠥᠩ ᠱᠧᠩ᠂ ᠯᠠᠨ ᠲᠠᠢ ᠵᠡᠷᠭᠡ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠳᠠᠪᠠᠭᠤᠯᠢᠭ ᠲᠤ ᠲᠦᠰᠢᠭᠯᠡᠨ᠂ ᠰᠤᠳᠤᠯᠤᠨ ᠨᠡᠭᠡᠭᠡᠭᠰᠡᠨ ᠦᠷ᠎ᠡ ᠪᠦᠲᠦᠭᠡᠯ ᠢᠶᠠᠨ ᠪᠣᠳᠠᠲᠠᠶᠢᠵᠢᠭᠤᠯᠤᠨ ᠤᠯᠠᠷᠢᠭᠤᠯᠬᠤ ᠶᠢ ᠵᠣᠷᠢᠭᠵᠢᠭᠤᠯᠤᠨ ᠳᠡᠮᠵᠢᠵᠦ᠂ ᠣᠨᠴᠠ ᠲᠥᠷᠥᠯ ᠤᠨ ᠬᠠᠶᠢᠯᠤᠰᠢ᠂ ᠳᠡᠭᠡᠳᠦ ᠮᠣᠯᠧᠺᠦ᠋ᠯᠳᠣ ᠳᠠᠪᠠᠷᠬᠠᠶ᠂ ᠡᠨᠧᠷᠭᠢ ᠬᠠᠳᠠᠭᠠᠯᠠᠬᠤ ᠴᠠᠬᠢᠯᠭᠠᠨ ᠴᠡᠨᠡᠭ ᠵᠡᠷᠭᠡ ᠰᠢᠨ᠎ᠡ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠬᠦ ᠶᠢ ᠲᠦᠷᠭᠡᠳᠬᠡᠨ ᠠᠬᠢᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ᠃ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠡᠷᠡᠰ ᠪᠤᠴᠠᠭᠠᠨ ᠭᠠᠷᠭᠠᠵᠤ᠂ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠶᠡᠬᠡᠪᠡᠷ ᠲᠦᠯᠬᠢᠨ ᠠᠬᠢᠭᠤᠯᠵᠤ᠂ ᠴᠡᠪᠡᠷ ᠡᠨᠧᠷᠭᠢ ᠪᠠᠷ ᠣᠷᠣᠯᠠᠭᠤᠯᠬᠤ ᠬᠠᠷᠢᠴᠠᠯ ᠢ ᠲᠣᠭᠲᠠᠭᠤᠨ ᠢᠶᠠᠷ ᠳᠡᠭᠡᠭᠰᠢᠯᠡᠭᠦᠯᠦᠨ᠂ ᠡᠨᠧᠷᠭᠢ ᠶᠢᠨ ᠬᠤᠷᠣᠭᠳᠠᠭᠤᠯᠭ᠎ᠠ ᠶᠢᠨ ᠡᠷᠴᠢᠮ ᠢ ᠪᠠᠭᠤᠷᠠᠭᠤᠯᠵᠤ᠂ ᠡᠨᠧᠷᠭᠢ ᠬᠡᠷᠡᠭᠯᠡᠬᠦ ᠣᠷᠣᠨ ᠵᠠᠶ ᠶᠢ ᠰᠤᠯᠠᠯᠠᠨ᠎ᠠ᠃     ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠡᠵᠡᠨ᠎ᠡ ᠬᠤᠰᠢᠭᠤᠨ ᠤ ᠤᠯᠤᠰ ᠤᠨ ᠲᠠᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠤᠨ᠎ᠠ᠃ ᠠᠶᠢᠮᠠᠭ ᠤᠨ ᠳᠣᠲᠣᠷᠠᠬᠢ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠢ ᠦᠷᠭᠦᠯᠵᠢᠯᠡᠨ ᠳᠠᠮᠵᠢᠵᠤ᠂ ︽ᠠᠯᠠᠱᠠ ᠠᠶᠢᠮᠠᠭ ᠤᠨ ᠱᠧᠩ ᠱᠢ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠰᠠᠭᠤᠷᠢᠨ ᠭᠠᠵᠠᠷ︾ ᠢ ᠲᠡᠭᠦᠯᠳᠡᠷᠵᠢᠭᠦᠯᠵᠦ᠂ ᠣᠷᠣᠵᠤ ᠰᠠᠭᠤᠬᠤ ᠬᠤᠳᠠᠯᠳᠤᠭᠠᠴᠢᠨ ᠤ ᠬᠡᠪᠴᠢᠶ᠎ᠡ ᠶᠢ ᠪᠤᠵᠠᠭᠠᠶᠢᠷᠠᠭᠤᠯᠤᠨ᠂ ᠨᠥᠯᠥᠭᠡᠯᠡᠬᠦ ᠬᠦᠴᠦᠨ ᠢ ᠨᠢ ᠳᠡᠭᠡᠭᠰᠢᠯᠡᠭᠦᠯᠦᠨ᠎ᠡ᠃ ᠮᠠᠨ ᠤ ᠠᠶᠢᠮᠠᠭ ᠤᠨ ᠬᠠᠩᠭᠠᠯᠭ᠎ᠠ ᠶᠢᠨ ᠬᠡᠯᠬᠢᠶᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠲᠥᠷᠦ ᠶᠢᠨ ᠪᠣᠳᠣᠯᠭ᠎ᠠ ᠶᠢᠨ ᠳᠡᠮᠵᠢᠬᠦ ᠬᠦᠴᠦᠯᠡᠴᠡ ᠶᠢ ᠨᠡᠮᠡᠭᠳᠡᠭᠦᠯᠵᠦ᠂ ᠠᠶᠢᠮᠠᠭ ᠤᠨ ᠳᠣᠲᠣᠷᠠᠬᠢ ᠬᠦᠢᠲᠡᠨ ᠬᠡᠯᠬᠢᠶᠡᠲᠦ ᠪᠠᠷᠠᠭ᠎ᠠ ᠶᠢᠨ ᠭᠦᠢᠯᠭᠡᠭᠡ ᠵᠡᠷᠭᠡ ᠬᠤᠯᠪᠣᠭᠳᠠᠯ ᠪᠦᠬᠦᠢ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠮᠠᠨ ᠤ ᠠᠶᠢᠮᠠᠭ ᠤᠨ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠲᠦᠮᠵᠢᠲᠡᠢ ᠵᠣᠯᠭᠠᠭᠤᠯᠤᠨ᠎ᠠ᠃ ᠡᠯ᠎ᠡ ᠬᠤᠰᠢᠭᠤ ᠣᠷᠣᠨ ᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠲᠠᠷᠢᠶᠠᠯᠠᠩ ᠳᠤ ᠲᠤᠰᠠᠯᠠᠬᠤ ᠠᠵᠤ ᠠᠬᠤᠶ᠂ ᠢᠳᠡᠭᠡᠨ ᠤᠮᠳᠠᠭᠠᠨ᠂ ᠠᠷᠠᠳ ᠤᠨ ᠵᠠᠩ ᠦᠢᠯᠡ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠣᠯᠠᠨ ᠡᠰᠢᠵᠢᠭᠰᠡᠨ ᠬᠥᠳᠡᠭᠡ ᠲᠣᠰᠬᠤᠨ ᠤ ᠬᠡᠷᠡᠭᠯᠡᠭᠡ ᠶᠢ ᠬᠥᠭᠵᠢᠭᠦᠯᠬᠦ ᠶᠢ ᠬᠥᠲᠥᠯᠥᠨ ᠵᠢᠯᠣᠭᠤᠳᠴᠤ ᠳᠠᠮᠵᠢᠨ᠂ ᠲᠠᠷᠢᠬᠤ᠂ ᠲᠡᠵᠢᠭᠡᠨ ᠦᠷᠡᠵᠢᠭᠦᠯᠬᠦ ᠦᠢᠯᠡᠰ ᠬᠢᠭᠡᠳ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠲᠠᠷᠢᠶᠠᠯᠠᠩ ᠤᠨ ᠪᠣᠷᠣᠯᠠᠭᠤᠯᠭ᠎ᠠ ᠶᠢ ᠵᠣᠯᠭᠠᠭᠤᠯᠬᠤ ᠶᠢ ᠪᠡᠶᠡᠯᠡᠭᠦᠯᠵᠦ᠂ ᠲᠤᠰ ᠭᠠᠵᠠᠷ ᠤᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠰᠢᠭᠤᠳ ᠪᠣᠷᠣᠯᠠᠭᠤᠯᠬᠤ ᠬᠡᠪᠴᠢᠶ᠎ᠡ ᠪᠠ ᠮᠠᠨ ᠤ ᠠᠶᠢᠮᠠᠭ ᠤᠨ ᠡᠯᠧᠺᠲᠷᠣᠨ ᠬᠤᠳᠠᠯᠳᠤᠭ᠎ᠠ ᠶᠢ ᠬᠥᠳᠡᠭᠡ ᠲᠣᠰᠬᠤᠨ ᠳᠤ ᠣᠷᠣᠭᠤᠯᠬᠤ ᠪᠦᠷᠬᠦᠴᠡ ᠶᠢ ᠥᠷᠭᠡᠳᠬᠡᠨ᠎ᠡ᠃ᠰᠣᠶᠣᠯ ᠵᠢᠭᠤᠯᠴᠢᠯᠠᠯ ᠤᠨ ᠠᠵᠤ ᠦᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠦᠨ᠎ᠡ᠃ ᠪᠥᠬᠦ ᠣᠷᠣᠨ ᠪᠦᠰᠡ᠂ ᠪᠥᠬᠦ ᠤᠯᠠᠷᠢᠯ᠂ ᠵᠦᠷᠢᠶᠡᠵᠢᠯᠲᠡ᠂ ᠳᠡᠭᠡᠳᠦ  ᠳᠡᠰᠵᠢᠯᠳᠡ ᠶᠢ ᠪᠠᠷᠢᠮᠲᠠᠯᠠᠨ᠂ ︽ᠵᠢᠭᠤᠯᠴᠢᠯᠠᠯ +︾ ᠶᠢᠨ ᠠᠭᠤᠰᠤᠯᠴᠠᠨ ᠬᠥᠭᠵᠢᠬᠦ ᠶᠢ ᠭᠦᠨᠵᠡᠭᠡᠶᠢᠷᠡᠭᠦᠯᠵᠦ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠶᠠᠯᠢᠭᠵᠢᠭᠤᠯᠤᠨ᠂ ᠡᠯᠡᠰᠦ ᠮᠠᠩᠬ᠎ᠠ᠂ ᠲᠤᠤᠷᠠᠶ᠂ ᠰᠠᠨᠰᠠᠷ ᠠᠶᠠᠯᠠᠯ ᠵᠡᠷᠭᠡ ᠥᠪᠡᠷᠮᠢᠴᠡ ᠳᠠᠪᠠᠭᠤᠯᠢᠭ ᠢ ᠬᠦᠢᠴᠡᠳ ᠪᠠᠳᠠᠷᠠᠭᠤᠯᠤᠨ᠂ ᠰᠣᠶᠣᠯ ᠵᠢᠭᠤᠯᠴᠢᠯᠠᠯ ᠤᠨ ᠦᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠦᠨ᠎ᠡ᠃ ︽ᠬᠠᠨ ᠲᠩᠷᠢ ᠠᠯᠠᠱᠠ︾ ᠶᠢᠨ ᠨᠡᠷ᠎ᠡ ᠠᠯᠳᠠᠷᠰᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠯᠠᠨ ᠤᠯᠤᠰ ᠤᠨ ᠨᠠᠷᠠᠲᠤ ᠵᠢᠭᠤᠯᠴᠢᠯᠠᠯ ᠤᠨ ᠵᠣᠷᠢᠭᠰᠠᠨ ᠭᠠᠵᠠᠷ᠂ ᠳᠤᠮᠳᠠᠳᠤ ᠤᠯᠤᠰ ᠤᠨ ᠬᠥᠮᠦᠨ ᠤ ᠵᠢᠭᠤᠯᠴᠢᠯᠠᠯ ᠤᠨ ᠵᠠᠪᠠᠯ ᠢᠷᠡᠬᠦ ᠭᠠᠵᠠᠷ᠂ ᠳᠡᠯᠡᠬᠡᠶ ᠶᠢᠨ ᠲᠠᠰ ᠤᠨ ᠵᠢᠭᠤᠯᠴᠢᠯᠠᠯ ᠤᠨ ᠰᠡᠭᠦᠳᠡᠷᠯᠡᠬᠦ ᠰᠠᠭᠤᠷᠢᠨ ᠭᠠᠵᠠᠷ᠂ ᠳᠡᠭᠡᠳᠦ ᠲᠠᠰ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠡᠷᠭᠢᠯᠡᠬᠦ ᠭᠠᠵᠠᠷ᠂ ᠤᠨᠴᠠᠯᠢᠬᠳᠤ ᠠᠷᠠᠳ ᠤᠨ ᠪᠠᠶᠢᠷᠢ ᠶᠢᠨ ᠵᠣᠷᠢᠭᠰᠠᠨ ᠭᠠᠵᠠᠷ ᠢ ᠴᠣᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠭᠤᠯᠴᠢᠯᠠᠯ ᠤᠨ IP ᠶᠢ ᠡᠳ᠋ ᠬᠥᠷᠥᠩᠭᠡ ᠪᠣᠯᠭᠠᠨ ᠬᠤᠪᠢᠷᠠᠭᠤᠯᠬᠤ ᠶᠢ ᠠᠬᠢᠭᠤᠯᠤᠨ᠎ᠠ᠃ ᠰᠣᠳᠣᠨ ᠵᠢᠭᠤᠯᠴᠢᠯᠠᠯ ᠤᠨ ᠱᠤᠭᠤᠮ᠂ ᠳᠡᠭᠡᠳᠦ ᠲᠡᠰ ᠤᠨ ᠵᠢᠭᠤᠯᠴᠢᠯᠠᠯ ᠤᠨ ᠪᠦᠲᠦᠭᠡᠭᠳᠡᠬᠦᠨ ᠢ ᠶᠡᠬᠡᠪᠡᠷ ᠨᠡᠭᠡᠭᠡᠨ ᠬᠥᠭᠵᠢᠭᠦᠯᠵᠦ᠂ ᠡᠯ᠎ᠡ ᠲᠥᠷᠥᠯ ᠤᠨ ᠪᠠᠶᠠᠷ ᠳᠤᠷᠠᠰᠬᠠᠯ ᠤᠨ ᠠᠵᠢᠯᠯᠠᠭ᠎ᠠ ᠪᠠ ᠤᠷᠤᠯᠳᠤᠭᠠᠨ ᠢ ᠨᠢᠮᠪᠠᠢ ᠵᠣᠬᠢᠶᠠᠨ ᠪᠠᠶᠢᠭᠤᠯᠵᠤ᠂ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠠᠵᠢᠯᠯᠠᠭ᠎ᠠ ᠪᠠ ᠰᠣᠶᠣᠯ ᠵᠢᠭᠤᠯᠴᠢᠯᠠᠯ ᠤᠨ ᠲᠣᠭᠠᠴᠢᠯᠠᠭᠰᠠᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠨᠠᠭᠠᠳᠬᠤ ᠠᠷᠭ᠎ᠠ᠂ ᠰᠢᠨ᠎ᠡ ᠬᠤᠳᠠᠯᠳᠤᠭᠠᠨ ᠤ ᠵᠠᠭᠪᠤᠷ ᠢ ᠪᠣᠢ ᠪᠣᠯᠭᠠᠵᠤ᠂ ᠡᠯ᠎ᠡ ᠠᠵᠢᠯ ᠲᠥᠷᠥᠯ ᠯᠦᠭᠡ ᠨᠢᠭᠲᠠ ᠵᠣᠯᠭᠠᠭᠤᠯᠤᠨ᠂ ᠠᠭᠤᠰᠤᠯᠴᠠᠨ ᠬᠥᠭᠵᠢᠵᠦ᠂ ᠠᠷᠠᠳ ᠢᠶᠠᠨ ᠨᠠᠩ ᠪᠠᠶᠠᠵᠢᠭᠤᠯᠤᠨ᠂ 3 . 0 ᠤᠨ ᠴᠠᠭ ᠦᠶ᠎ᠡ ᠳᠤ ᠲᠦᠷᠭᠡᠨ ᠠᠯᠬᠤᠨ ᠣᠷᠣᠨ᠎ᠠ᠃      ᠪᠣᠬᠢᠷᠲᠤᠯ ᠦᠭᠡᠢ ᠲᠠᠷᠢᠶᠠᠯᠠᠩ ᠮᠠᠯ ᠠᠵᠤ ᠠᠬᠤᠢ ᠶᠢᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠲᠡᠮᠡᠭᠡᠨ ᠤ ᠠᠵᠤ ᠦᠢᠯᠡᠰ᠂ ᠡᠯᠡᠰᠦᠨ ᠤᠷᠭᠤᠮᠠᠯ ᠢ ᠨᠠᠷᠢᠯᠢᠭ ᠡᠳ᠋ᠰᠢᠭᠦᠯᠬᠦ ᠵᠡᠷᠭᠡ ᠣᠨᠴᠠᠯᠢᠭᠲᠤ ᠠᠵᠤ ᠦᠢᠯᠡᠰ ᠢ ᠨᠠᠷᠢᠯᠢᠭᠵᠢᠭᠤᠯᠤᠨ ᠰᠢᠯᠢᠳᠡᠭᠵᠢᠭᠦᠯᠵᠦ᠂ ᠰᠢᠯᠢᠳᠡᠭ ᠡᠭᠦᠯᠳᠡᠷ ᠢ ᠬᠦᠴᠦᠯᠡᠨ ᠪᠤᠶᠢᠵᠢᠭᠤᠯᠵᠤ᠂ ᠶᠠᠰᠤ ᠴᠢᠨᠠᠷ ᠢ ᠳᠡᠭᠡᠭᠰᠢᠯᠡᠭᠦᠯᠦᠨ᠂ ᠨᠠᠷᠠᠲᠤ ᠲᠡᠮᠳᠡᠭᠲᠦ ᠶᠢ ᠡᠭᠦᠳᠴᠦ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠬᠥᠭᠵᠢᠯᠲᠡ ᠶᠢ ᠠᠬᠢᠭᠤᠯᠤᠨ᠎ᠠ᠃ ᠠᠮᠤ ᠪᠤᠳᠠᠭ᠎ᠠ ᠶᠢᠨ ᠠᠮᠤᠷ ᠲᠦᠪᠰᠢᠨ ᠤ ᠠᠶᠢᠮᠠᠭ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠣᠷᠢᠵᠢᠭᠤᠯᠵᠦ᠂ ︽ᠤᠰᠤ ᠪᠠᠷ ᠲᠠᠷᠢᠶ᠎ᠠ ᠶᠢ ᠲᠣᠭᠲᠠᠭᠠᠬᠤ᠂ ᠤᠰᠤ ᠪᠠᠷ ᠤᠨᠠᠯᠲᠠ ᠶᠢ ᠲᠣᠭᠲᠠᠭᠠᠬᠤ︾ ᠶᠢ ᠪᠠᠷᠢᠮᠲᠠᠯᠠᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠠᠯᠠᠪᠠᠢ ᠶᠢ ᠥᠷᠭᠡᠳᠬᠡᠵᠦ᠂ ᠭᠠᠵᠠᠷ ᠰᠢᠷᠣᠢ ᠶᠢᠨ ᠮᠦ ᠪᠦᠷᠢ ᠶᠢᠨ ᠳᠤᠮᠳᠠᠴᠢ ᠦᠷ᠎ᠡ ᠠᠰᠢᠭ ᠢ ᠳᠡᠭᠡᠭᠰᠢᠯᠡᠭᠦᠯᠦᠨ᠂ ᠲᠠᠷᠢᠶᠠᠯᠠᠩ ᠤᠨ ᠨᠠᠶᠢᠳᠠᠨ ᠬᠠᠮᠢᠶᠠᠷᠤᠭᠤᠯᠬᠤ ᠰᠢᠨ᠎ᠡ ᠵᠠᠭᠪᠤᠷ ᠢ ᠰᠦᠪᠡᠭᠴᠢᠯᠡᠵᠦ᠂ ᠲᠠᠷᠢᠶᠠᠯᠠᠩ ᠤᠨ ᠪᠠᠷᠢᠮᠵᠢᠶᠠᠵᠢᠭᠰᠠᠨ ᠦᠢᠯᠡᠳᠪᠦᠷᠢᠯᠡᠯ ᠢ ᠶᠡᠬᠡᠪᠡᠷ ᠠᠬᠢᠭᠤᠯᠤᠨ᠎ᠠ︔ ᠰᠢᠨ᠎ᠡ ᠲᠥᠷᠥᠯ ᠵᠦᠢᠯ ᠢ ᠣᠷᠣᠭᠤᠯᠤᠨ ᠠᠪᠴᠢᠷᠠᠬᠤ ᠪᠠ ᠲᠠᠷᠢᠶᠠᠯᠠᠩ ᠤᠨ ᠪᠦᠲᠦᠭᠡᠭᠳᠡᠬᠦᠨ ᠢ ᠪᠣᠭᠤᠳᠠᠯᠯᠠᠬᠤ ᠡᠵᠡᠩᠨᠡᠨ ᠪᠣᠷᠣᠯᠠᠭᠤᠯᠬᠤ ᠡᠷᠴᠢᠮ ᠢᠶᠠᠨ ᠴᠢᠩᠭᠠᠷᠠᠭᠤᠯᠵᠤ᠂ ᠵᠢᠤᠢ ᠶᠠᠨ ᠠᠮᠳᠠᠳᠣ ᠬᠡᠮᠬᠡ᠂ ᠵᠢᠮᠢᠰ ᠤᠨ ᠠᠮᠳᠠ ᠲᠠᠢ ᠡᠷᠳᠡᠨᠢ ᠰᠢᠰᠢ ᠵᠡᠷᠭᠡ ᠣᠨᠴᠠᠯᠢᠭᠲᠤ ᠪᠦᠲᠦᠭᠡᠭᠳᠡᠬᠦᠨ ᠢ ᠪᠤᠢ ᠪᠣᠯᠭᠠᠵᠤ᠂ ᠥᠨᠳᠥᠷ ᠨᠡᠮᠡᠯᠲᠡ ᠥᠷᠲᠡᠭ ᠪᠦᠬᠦᠢ ᠰᠣᠳᠣᠨ ᠲᠠᠷᠢᠶᠠᠯᠠᠩ ᠢ ᠬᠥᠭᠵᠢᠭᠦᠯᠦᠨ᠎ᠡ᠃ ᠠᠯᠠᠱᠠ ᠶᠢᠨ ᠴᠠᠭᠠᠨ ᠨᠣᠯᠤᠤᠷ ᠤᠨ ᠢᠮᠠᠭ᠎ᠠ᠂ ᠠᠯᠠᠱᠠ ᠶᠢᠨ ᠬᠤᠤᠰ ᠪᠥᠬᠦᠲᠦ ᠲᠡᠮᠡᠭᠡ᠂ ᠠᠯᠠᠱᠠ ᠶᠢᠨ ᠲᠤᠭᠤᠯ ᠵᠡᠷᠭᠡ ᠴᠢᠨᠠᠷ ᠰᠠᠶᠢᠲᠠᠶ ᠮᠠᠯ ᠤᠨ ᠡᠭᠦᠯᠳᠡᠷ ᠤᠨ ᠡᠬᠢ ᠪᠠᠶᠠᠯᠢᠭ ᠲᠤ ᠲᠦᠰᠢᠭᠯᠡᠨ᠂ ᠨᠢᠭᠡ ᠪᠦᠯᠦᠭ ︽ᠣᠲᠣ ᠦᠶ᠎ᠡ ᠶᠢᠨ ᠮᠠᠯᠵᠢᠯ ᠤᠨ ᠲᠠᠯᠠᠪᠠᠶ︾ ᠶᠢ ᠪᠥᠲᠥᠭᠡᠨ ᠪᠠᠶᠢᠭᠤᠯᠵᠤ᠂ ᠰᠦ ᠮᠢᠬ᠎ᠠ ᠨᠣᠯᠤᠤᠷ ᠤᠨ ᠠᠵᠤ ᠦᠢᠯᠡᠰᠵᠢᠯᠳᠡ᠂ ᠨᠠᠷᠢᠯᠢᠭ ᠭᠦᠨᠵᠡᠭᠡᠶ᠂ ᠳᠡᠭᠡᠳᠦ ᠲᠠᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ᠃ ᠴᠠᠭᠠᠨ ᠭᠤᠶᠣᠣ᠂ ᠤᠯᠠᠭᠠᠨ ᠭᠤᠶᠣᠣ ᠵᠡᠷᠭᠡ ᠣᠨᠴᠠᠯᠢᠭᠲᠤ ᠡᠯᠡᠰᠦᠨ ᠤ ᠠᠮᠢᠳᠤ ᠪᠣᠳᠠᠰ ᠤᠨ ᠡᠬᠢ ᠪᠠᠶᠠᠯᠢᠭ ᠤᠨ ᠲᠣᠭᠤᠷᠢᠨ ᠳᠤ᠂ ᠠᠮᠢ ᠠᠬᠤᠢ ᠶᠢᠨ ᠠᠵᠤ ᠦᠢᠯᠡᠰ ᠤᠨ ᠣᠨᠴᠠᠯᠢᠭᠲᠤ ᠬᠥᠭᠵᠢᠯᠲᠡ ᠶᠢ ᠬᠦᠴᠦᠲᠡᠢ ᠠᠬᠢᠭᠤᠯᠤᠨ᠎ᠠ᠃ ︽ᠬᠤᠶᠠᠳᠣᠭᠠᠷ ᠭᠤᠷᠪᠠᠳᠣᠭᠠᠷ ᠠᠵᠦ ᠦᠢᠯᠡᠰ ᠢ ᠵᠣᠯᠭᠠᠭᠤᠯᠬᠤ︾ ᠠᠵᠢᠯ ᠢ ᠰᠠᠶᠢᠲᠤᠷ ᠬᠢᠵᠦ᠂ ᠠᠯᠠᠱᠠ  ᠶᠢᠨ ᠣᠷᠣᠨ ᠪᠦᠰᠡ  ᠶᠢᠨ ᠨᠡᠶᠢᠲᠡ  ᠶᠢᠨ ᠬᠡᠷᠡᠭᠯᠡᠭᠡᠨ  ᠤ ᠲᠦᠷᠦᠯ ᠲᠡᠮᠳᠡᠭ  ᠢ ᠡᠬᠦᠳᠦᠨ᠎ᠡ᠃     ︵ᠳᠦᠷᠪᠡ︶ ᠰᠢᠨᠵᠢᠯᠡᠬᠦ ᠤᠬᠠᠭᠠᠨ ᠮᠡᠷᠭᠡᠵᠢᠯ ᠤᠨ ︽ᠰᠢᠨ᠎ᠡ︾ ᠲᠤᠯᠭᠠᠭᠤᠷᠢᠯᠠᠯ ᠢ ᠴᠢᠩᠭᠠᠷᠠᠭᠤᠯᠵᠤ᠂ ᠬᠥᠭᠵᠢᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠦᠨ᠎ᠡ     ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠴᠢᠩᠭᠠᠳᠬᠠᠨ᠎ᠠ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠲᠡᠮᠡᠭᠡᠨ ᠤ ᠠᠵᠤ ᠦᠢᠯᠡᠰ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠲᠦᠷᠬᠡᠨ ᠬᠥᠭᠵᠢᠭᠦᠯᠵᠦ᠂ ᠠᠵᠤ ᠦᠢᠯᠡᠰ ᠤᠨ ᠬᠡᠯᠬᠢᠶᠡᠵᠢᠯ᠂ ᠰᠢᠨ᠎ᠡ ᠶᠢ ᠡᠭᠦᠳᠬᠦ ᠬᠡᠯᠬᠢᠶᠡᠵᠢᠯ᠂ ᠬᠠᠩᠭᠠᠯᠭ᠎ᠠ ᠶᠢᠨ ᠬᠡᠯᠬᠢᠶᠡᠵᠢᠯ᠂ ᠡᠯᠧᠮᠧᠨ᠋ᠲ ᠤᠨ ᠬᠡᠯᠬᠢᠶᠡᠵᠢᠯ ᠢ ᠭᠦᠨᠵᠡᠭᠡᠢ ᠠᠪᠴᠠᠯᠳᠤᠭᠤᠯᠬᠤ ᠶᠢ ᠠᠬᠢᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ᠂ ᠬᠥᠮᠦᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ᠂ ᠦᠷ᠎ᠡ ᠪᠦᠲᠦᠭᠡᠯ ᠢ ᠤᠯᠠᠷᠢᠭᠤᠯᠬᠤ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠳᠠᠮᠵᠢᠵᠤ᠂ ᠦᠢᠯᠡᠳᠪᠦᠷᠢᠯᠡᠬᠦ ᠵᠢᠭᠠᠬᠤ ᠰᠤᠳᠤᠯᠬᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠠᠭᠠᠭᠤᠯᠤᠭᠴᠢ ᠠᠵᠤ ᠠᠬᠤᠶᠢᠯᠠᠯ ᠢ ᠪᠤᠶᠢᠵᠢᠭᠤᠯᠵᠤ᠂ ᠮᠠᠨ ᠤ ᠠᠶᠢᠮᠠᠭ ᠤᠨ ᠠᠵᠤ ᠦᠢᠯᠡᠰ ᠤᠨ ᠳᠡᠰ ᠳᠠᠪᠬᠤᠷᠭ᠎ᠠ ᠳᠣᠣᠷ᠎ᠠ᠂ ᠦᠢᠯᠡᠳᠬᠦᠨ ᠤ ᠮᠡᠷᠭᠡᠵᠢᠯ ᠤᠨ ᠠᠭᠤᠯᠣᠭᠳᠠᠴᠠ ᠳᠣᠣᠷ᠎ᠠ᠂ ᠨᠡᠮᠡᠯᠳᠡ ᠦᠷᠳᠡᠭ ᠳᠣᠣᠷ᠎ᠠ ᠪᠠᠶᠢᠬᠤ ᠠᠰᠠᠭᠤᠳᠠᠯ ᠢ ᠦᠨᠨᠡᠬᠦ ᠰᠢᠢᠳᠪᠦᠷᠢᠯᠡᠨ᠎ᠡ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠪᠤᠶᠢᠵᠢᠭᠤᠯᠵᠤ᠂ ︽ᠬᠤᠣᠰ ᠳᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ ᠲᠦᠷᠬᠡᠨ ᠬᠡᠷᠡᠭᠵᠢᠭᠦᠯᠵᠦ᠂ ᠳᠠᠷᠠᠭ᠎ᠠ ᠨᠢ ᠲᠤᠰᠠᠯᠠᠬᠤ᠂ ᠨᠡᠮᠡᠨ ᠪᠣᠳᠣᠵᠤ ᠰᠠᠭᠤᠯᠭᠠᠨ ᠠᠪᠬᠤ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠡᠷᠴᠢᠮ ᠢ ᠨᠢ ᠴᠢᠩᠭᠠᠷᠠᠭᠤᠯᠤᠨ᠎ᠠ᠃ ᠬᠠᠮᠲᠤᠷᠠᠯᠴᠠᠭᠠᠨ ᠤ ᠲᠣᠭᠲᠠᠴᠠ ᠶᠢ ᠭᠦᠨᠵᠡᠭᠡᠶᠢᠷᠡᠭᠦᠯᠵᠦ᠂ ᠠᠵᠤ ᠦᠢᠯᠡᠰ ᠤᠨ ᠬᠡᠯᠬᠢᠶ᠎ᠡ ᠪᠠ ᠰᠢᠨ᠎ᠡ ᠶᠢ ᠡᠭᠦᠳᠬᠦ ᠬᠡᠯᠬᠢᠶ᠎ᠡ ᠶᠢ ᠬᠠᠷᠢᠯᠴᠠᠨ ᠬᠤᠯᠪᠣᠯᠳᠤᠭᠤᠯᠵᠤ ᠨᠢᠭᠲᠠ ᠵᠣᠯᠭᠠᠭᠤᠯᠬᠤ ᠶᠢ ᠠᠬᠢᠭᠤᠯᠵᠤ᠂ ᠲᠢᠩᠬᠢᠮ ᠠᠶᠢᠮᠠᠭ ᠬᠠᠮᠲᠤᠷᠠᠨ ᠵᠥᠪᠳᠡᠯᠴᠡᠬᠦ᠂ ᠬᠦᠷᠢᠶᠡᠯᠡᠩ ᠣᠷᠣᠨ ᠨᠤᠲᠤᠭ ᠬᠠᠮᠲᠤᠷᠠᠨ ᠠᠵᠢᠯᠯᠠᠬᠤ᠂ ᠰᠤᠷᠭᠠᠭᠤᠯᠢ ᠠᠵᠤ ᠠᠬᠤᠶᠢᠯᠠᠯ ᠬᠠᠮᠲᠤᠷᠠᠨ ᠠᠵᠢᠯᠯᠠᠬᠤ᠂ ᠣᠶᠤᠨ ᠤ ᠬᠥᠮᠥᠷᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ ᠦᠢᠯᠡᠳᠦᠯ  ᠢ ᠪᠠᠳᠠᠷᠠᠭᠤᠯᠵᠤ᠂ ᠨᠢᠭᠡ ᠪᠦᠯᠦᠭ ᠲᠠᠪᠴᠠᠩ ᠤᠨ ᠠᠴᠢᠶᠠᠯᠠᠪᠤᠷᠢ ᠶᠢ ᠲᠦᠷᠬᠡᠨ ᠪᠠᠶᠢᠭᠤᠯᠵᠤ᠂ ᠨᠢᠭᠡ ᠪᠦᠯᠦᠭ ᠵᠠᠩᠭᠢᠯᠠᠭ᠎ᠠ ᠶᠢᠨ ᠮᠡᠷᠭᠡᠵᠢᠯ ᠢ ᠰᠢᠪᠲᠤᠯᠵᠤ᠂ ᠨᠢᠭᠡ ᠪᠦᠯᠦᠭ ᠭᠤᠤᠯᠯᠠᠬᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠪᠣᠳᠠᠲᠤ ᠴᠣᠭᠴᠠ ᠶᠢᠨ ᠠᠵᠤ ᠠᠬᠤᠶ ᠶᠢᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠦ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢ ᠬᠥᠲᠥᠯᠥᠨ ᠳᠠᠭᠠᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃     ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ︽ᠳᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ︽ᠲᠣᠭᠠᠴᠢᠯᠠᠭᠰᠠᠨ ᠵᠠᠰᠠᠭ ᠤᠨ ᠣᠷᠳᠣᠨ︾ ᠢ ᠯᠠᠪᠳᠠᠭᠤᠨ ᠪᠠᠲᠤᠲᠠᠶ ᠪᠠᠶᠢᠭᠤᠯᠤᠨ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢ ᠬᠠᠷᠢᠴᠠᠩᠭᠤᠶ ᠪᠠᠷ ᠲᠥᠪᠯᠡᠷᠡᠭᠦᠯᠬᠦ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ︽ᠮᠥᠩᠬᠡ ᠰᠤᠪᠠᠭ︾᠂ ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠭᠡᠬᠦ᠂ ᠨᠢᠭᠡ ᠦᠨᠡᠮᠯᠡᠯ ᠢᠶᠠᠷ ᠨᠡᠶᠢᠳᠡᠮ  ᠬᠦᠢᠴᠡᠳᠬᠡᠬᠦ᠂ ᠨᠢᠭᠡ ᠦᠨᠡᠮᠯᠡᠯ ᠢᠶᠠᠷ ᠨᠡᠶᠢᠳᠡᠮ ᠬᠦᠢᠴᠡᠳᠭᠡᠬᠦ᠂ ᠠᠶᠢᠮᠠᠭ ᠲᠤ ᠨᠡᠶᠢᠳᠡᠮ ᠬᠦᠢᠴᠡᠳᠭᠡᠬᠦ᠂ ᠣᠷᠣᠨ ᠪᠦᠰᠡ ᠪᠠᠷ ᠬᠤᠯᠪᠣᠭᠠᠯᠠᠨ ᠬᠦᠢᠴᠡᠳᠭᠡᠬᠦ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠨᠠᠵᠠᠭᠠᠶ ᠲᠠᠯ᠎ᠠ ᠶᠢᠨ ᠨᠠᠷᠢᠨ ᠲᠠᠩᠰᠠ ᠶᠢ ᠬᠡᠷᠡᠭᠵᠢᠭᠦᠯᠵᠦ᠂ ︽ᠨᠢᠭᠡ ᠲᠠᠩᠰᠠ ᠶᠢ ᠪᠦᠬᠦᠨ ᠢ ᠵᠢᠭᠰᠠᠭᠠᠬᠤ︾᠂ ︽ᠬᠠᠭᠤᠳᠠᠰᠤ ᠠᠴᠠ ᠭᠠᠳᠠᠨ᠎ᠠ ᠬᠠᠭᠤᠳᠠᠰᠤ ᠥᠬᠡᠶ ᠪᠠᠶᠢᠯᠭᠠᠬᠤ︾ ᠶᠢ ᠪᠡᠶᠡᠯᠡᠭᠦᠯᠦᠨ᠎ᠡ᠃ ᠮᠥᠩᠭᠦᠨ ᠬᠦᠢᠯᠭᠡᠭᠡ᠂ ᠡᠨᠧᠷᠭᠢ᠂ ᠵᠠᠮ ᠬᠠᠷᠢᠯᠴᠠᠭ᠎ᠠ ᠵᠡᠷᠭᠡ ᠠᠵᠢᠯ ᠲᠥᠷᠥᠯ ᠤᠨ ᠠᠵᠤ ᠠᠬᠤᠶᠢᠯᠠᠯ ᠳᠤ ᠬᠤᠯᠪᠣᠭᠳᠠᠭᠰᠠᠨ ᠦᠢᠯᠡᠴᠢᠯᠡᠭᠡ ᠪᠠᠨ ᠰᠢᠯᠢᠳᠡᠭᠵᠢᠭᠦᠯᠬᠦ ᠶᠢ ᠠᠬᠢᠭᠤᠯᠵᠤ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ᠂ ᠮᠥᠩᠭᠦᠨ  ᠬᠦᠢᠯᠬᠡᠬᠡ ᠪᠠᠷ ᠲᠡᠳᠬᠦᠨ ᠳᠡᠮᠵᠢᠬᠦ ᠵᠡᠷᠭᠡ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠲᠦᠢᠯ ᠤᠨ ᠣᠨᠣᠪᠴᠢᠲᠠᠶ ᠪᠠᠷ ᠬᠠᠪᠰᠤᠷᠤᠨ ᠪᠣᠳᠠᠲᠠᠶ ᠬᠦᠴᠢᠷᠳᠡᠯ ᠢ ᠨᠢ ᠰᠢᠢᠳᠪᠦᠷᠢᠯᠡᠵᠦ ᠥᠭᠭᠦᠨ᠎ᠡ᠃ ︽ᠥᠪᠥᠷ ᠮᠣᠩᠭᠤᠯ ᠤᠨ ᠠᠵᠤ ᠠᠬᠤᠶᠢᠯᠠᠯ ᠢ ᠨᠡᠪᠲᠡᠷᠡᠭᠦᠯᠬᠦ︾ ᠲᠠᠪᠴᠠᠩ ᠤᠨ ᠦᠢᠯᠡᠴᠢᠯᠡᠬᠡᠨ ᠤ ᠴᠢᠳᠠᠮᠵᠢ ᠶᠢ ᠲᠡᠭᠦᠯᠳᠡᠷᠵᠢᠭᠦᠯᠵᠦ᠂ ᠲᠠᠪᠴᠠᠩ ᠤᠨ ᠠᠵᠢᠯᠯᠠᠭᠠᠨ ᠤ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ᠂ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠨᠡᠶᠢᠯᠡᠭᠦᠯᠵᠦ ᠬᠠᠮᠲᠤ ᠳᠠᠭᠠᠨ ᠭᠥᠷᠳᠡᠬᠦ ᠪᠠ ᠬᠤᠯᠪᠣᠭᠠᠯᠠᠨ ᠱᠠᠩᠨᠠᠵᠤ ᠲᠣᠷᠭᠠᠬᠤ ᠶᠢ ᠴᠢᠩᠭᠠᠳᠬᠠᠵᠤ᠂ ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠪᠦᠲᠦᠮᠵᠢᠲᠡᠶ ᠳᠡᠭᠡᠭᠰᠢᠯᠡᠭᠦᠯᠦᠨ᠎ᠡ᠃     ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠲᠡᠳᠬᠦᠨ᠎ᠡ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠵᠡᠷᠭᠡ ᠠᠵᠤ ᠠᠬᠤᠶᠢᠯᠠᠯ ᠢ ᠲᠤᠰᠠᠯᠠᠵᠤ ᠬᠦᠴᠢᠷᠳᠡᠯ ᠢ ᠨᠢ ᠰᠢᠢᠳᠪᠦᠷᠢᠯᠡᠬᠦ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠦᠷᠦ ᠶᠢᠨ ᠪᠤᠳᠤᠯᠭ᠎ᠠ ᠶᠢ ᠪᠡᠶᠡᠯᠡᠭᠦᠯᠬᠦ ᠨᠤᠷᠮ᠎ᠠ ᠶᠢ ᠳᠡᠭᠡᠭᠰᠢᠯᠡᠭᠦᠯᠦᠨ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ ᠲᠥᠪ ᠭᠤᠣᠯᠴᠢ ᠲᠦᠭᠡᠮᠡᠯ ᠠᠰᠢᠭ ᠬᠦᠷᠲᠡᠭᠡᠬᠦ᠂ ᠰᠢᠭᠤᠳ ᠬᠦᠷᠭᠡᠵᠦ ᠲᠦᠷᠭᠡᠨ ᠡᠳ᠋ᠯᠡᠬᠦ ᠶᠢ ᠦᠨᠡᠨ ᠬᠦ ᠪᠠᠲᠤᠯᠠᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠦᠯᠢᠶᠡᠰᠦ ᠶᠢ ᠠᠯᠳᠠᠷᠠᠭᠠᠵᠤ ᠳᠠᠷᠤᠭᠠᠰᠤ ᠶᠢ ᠨᠢ ᠬᠥᠩᠭᠡᠷᠡᠭᠦᠯᠦᠨ᠎ᠡ᠃ ᠮᠥᠩᠭᠦᠨ ᠬᠦᠢᠯᠬᠡᠬᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠲᠦᠭᠡᠮᠡᠯ ᠬᠠᠷᠠᠭᠠᠯᠵᠠᠯᠲᠤ ᠮᠥᠩᠭᠦᠨ ᠬᠦᠢᠯᠭᠡᠭᠡᠨ ᠤ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠢᠲᠡᠭᠡᠮᠵᠢᠲᠦ ᠵᠢᠭᠡᠯᠡᠯᠭᠡ ᠪᠠᠷ ᠳᠡᠮᠵᠢᠬᠦ ᠪᠠᠭᠠᠵᠢ ᠶᠢ ᠰᠠᠶᠢᠲᠤᠷ ᠬᠡᠷᠡᠭᠯᠡᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠬᠡᠮᠵᠢᠶ᠎ᠡ ᠶᠢ ᠨᠡᠮᠡᠭᠳᠡᠭᠦᠯᠬᠦ᠂ ᠬᠡᠪᠴᠢᠶ᠎ᠡ ᠶᠢ ᠥᠷᠭᠡᠳᠬᠡᠬᠦ᠂ ᠦᠨ᠎ᠡ ᠶᠢ ᠪᠠᠭᠤᠷᠠᠭᠤᠯᠬᠤ ᠶᠢ ᠠᠬᠢᠭᠤᠯᠵᠤ᠂ ᠪᠠᠯᠠ ᠲᠣᠬᠢᠷᠠᠭᠤᠯᠭ᠎ᠠ ᠶᠢᠨ ᠠᠰᠢᠭ ᠬᠦᠷᠲᠡᠬᠦ ᠴᠢᠨᠠᠷ ᠪᠠ ᠳᠥᠭᠦᠮ ᠳᠥᠲᠡ ᠴᠢᠨᠠᠷ ᠢ ᠳᠡᠭᠡᠭᠰᠢᠯᠡᠭᠦᠯᠦᠨ᠎ᠡ᠃ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠳᠡᠮᠵᠢᠵᠦ᠂ ᠲᠦᠷᠢᠶᠡᠰᠦᠨ ᠮᠥᠩᠭᠦ᠂ ᠭᠠᠶᠢᠯᠢ ᠰᠦᠢᠳᠬᠡᠯ᠂ ᠪᠠᠯᠠ ᠲᠣᠬᠢᠷᠠᠭᠤᠯᠭ᠎ᠠ ᠵᠡᠷᠭᠡ ᠠᠰᠠᠭᠤᠳᠠᠯ ᠤᠨ ᠲᠣᠭᠤᠷᠢᠨ ᠳᠤ᠂ ᠨᠠᠩ ᠰᠢᠭᠤᠳ᠂ ᠨᠠᠩ ᠪᠦᠲᠦᠮᠵᠢᠲᠡᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠᠷ ᠬᠠᠪᠰᠤᠷᠤᠨ ᠲᠡᠳᠬᠦᠵᠦ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠵᠠᠬ᠎ᠠ ᠳᠡᠯᠭᠡᠭᠦᠷ ᠢ ᠬᠥᠭᠵᠢᠶᠡᠨᠲᠡᠶ ᠪᠣᠯᠭᠠᠬᠤ᠂ ᠠᠵᠢᠯ ᠣᠯᠭᠤᠯᠲᠠ ᠶᠢ ᠨᠡᠮᠡᠭᠳᠡᠭᠦᠯᠬᠦ᠂ ᠬᠡᠷᠡᠭᠯᠡᠭᠡ ᠶᠢ ᠠᠬᠢᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃     ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠪᠥᠬᠦ ᠲᠠᠯ᠎ᠠ ᠪᠠᠷ ᠪᠡᠶᠡᠯᠡᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠳ᠋ ᠬᠥᠷᠥᠩᠭᠡ ᠶᠢ ᠲᠣᠭᠠᠯᠠᠨ ᠪᠦᠷᠢᠳᠬᠡᠬᠦ᠂ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ᠂ ᠡᠵᠡᠩᠨᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠲᠦᠷᠭᠡᠳᠬᠡᠨ ᠠᠬᠢᠭᠤᠯᠤᠨ᠎ᠠ᠃ ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠶᠢ ᠨᠢᠭᠡ ᠴᠣᠭᠴᠠᠵᠢᠭᠤᠯᠬᠤ ᠶᠢ ᠬᠡᠷᠡᠭᠵᠢᠭᠦᠯᠵᠦ᠂ ᠡᠳ᠋ ᠤᠨ ᠵᠠᠰᠠᠭ ᠤᠨ ᠵᠠᠷᠤᠯᠭ᠎ᠠ ᠶᠢᠨ ᠪᠠᠷᠢᠮᠵᠢᠶᠠᠵᠢᠯ ᠢ ᠠᠬᠢᠭᠤᠯᠤᠨ᠎ᠠ᠃ ᠤᠷᠢᠳᠴᠢᠯᠠᠨ ᠰᠡᠷᠡᠮᠵᠢᠯᠡᠭᠦᠯᠵᠦ ᠰᠡᠷᠭᠡᠶᠢᠯᠡᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠂ ᠦᠨ᠎ᠡ ᠬᠠᠩᠰᠢ ᠶᠢᠨ ᠮᠣᠨᠣᠫᠣᠯᠢᠴᠢᠯᠠᠯ ᠢ ᠡᠰᠡᠷᠭᠦᠴᠡᠬᠦ᠂ ᠰᠠᠯᠠᠭ᠎ᠠ ᠮᠥᠴᠢᠷ ᠬᠠᠮᠵᠢᠯᠴᠠᠬᠤ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃     ᠬᠥᠭᠵᠢᠯᠲᠡ ᠶᠢᠨ ᠰᠠᠭᠤᠷᠢ ᠳᠤᠲᠠᠭᠤᠳᠠᠯ ᠢ ᠨᠥᠬᠦᠪᠥᠷᠢᠯᠡᠨ᠎ᠡ᠃ ᠪᠠᠶᠠᠠᠬᠤᠳᠠ ᠠᠴᠠ ᠢᠷᠭᠠᠢ ᠬᠦᠷᠬᠦ ᠲᠦᠷᠭᠡᠨ  ᠤ ᠲᠡᠮᠦᠷ ᠵᠠᠮ᠂ ᠪᠠᠶᠠᠠᠬᠤᠳᠳᠤᠭ ᠠᠴᠠ ᠪᠠᠶᠠᠨᠬᠤᠲᠠ ᠬᠦᠷᠬᠦ ᠲᠦᠷᠭᠡᠨ ᠤ ᠵᠠᠮ᠂ ᠠᠯᠠᠱᠠ ᠵᠡᠭᠦᠨ ᠬᠤᠰᠢᠭᠤᠨ ᠤ ᠠᠵᠢᠯ ᠤᠨ ᠭᠡᠷᠡᠭᠯᠡᠭᠡᠨ ᠤ ᠨᠢᠰᠬᠡᠯ ᠤᠨ ᠪᠠᠭᠤᠳᠠᠯ ᠢ ᠲᠠᠰ ᠳᠡᠪᠰᠢᠭᠰᠡᠨ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠪᠣᠯᠭᠠᠬᠤ᠂ ᠬᠤᠤ ᠶᠠ ᠶᠢᠨ 500 ᠺᠢᠯᠣᠸᠠᠲ ᠤᠨ ᠴᠠᠬᠢᠯᠭᠠᠨ ᠬᠦᠷᠭᠡᠬᠦ ᠬᠤᠪᠢᠰᠬᠠᠬᠤ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠡᠵᠡᠨ᠎ᠡ ᠪᠠᠷᠠᠭᠤᠨ ᠬᠤᠰᠢᠭᠤᠨ ᠤ ᠨᠢᠰᠬᠡᠯ ᠤᠨ ᠪᠠᠭᠤᠳᠠᠯ ᠢ ᠳᠡᠰ ᠳᠡᠪᠰᠢᠬᠦᠯᠦᠨ ᠰᠠᠯᠪᠤᠷᠢ ᠱᠣᠭᠤᠮ ᠤᠨ ᠨᠢᠰᠬᠡᠯ ᠤᠨ ᠪᠠᠭᠤᠳᠠᠯ ᠪᠣᠯᠭᠠᠨ ᠥᠭᠡᠷᠡᠴᠢᠯᠡᠬᠦ᠂ ᠵᠢᠣᠴᠢᠣᠸᠠᠨ ᠲᠡᠮᠦᠷ ᠵᠠᠮ ᠤᠨ ᠳ᠋ᠦᠩ ᠹᠧᠩ ᠰᠠᠨᠰᠠᠷ ᠤᠨ ᠬᠤᠳᠠ ᠶᠢᠨ ᠡᠮᠦᠨ᠎ᠡ ᠠᠴᠠ ᠳᠠᠯᠠᠶᠢᠬᠦ᠋ᠪ ᠬᠦᠷᠬᠦ ᠬᠡᠰᠡᠭ᠂ ᠬᠠᠳᠤᠨ ᠭᠤᠣᠯ ᠤᠨ ᠥᠪᠥᠷ ᠮᠣᠩᠭᠤᠯ ᠤᠨ ᠬᠡᠰᠡᠭ ᠤᠨ ᠪᠠᠴᠢᠮ ᠪᠠᠶᠢᠳᠠᠯ ᠢ ᠠᠷᠭᠠᠴᠠᠭᠠᠬᠤ ᠰᠦᠩ ᠬᠠᠯᠢᠶ᠎ᠠ ︵ᠦᠶᠡᠷ︶ ᠢ ᠰᠠᠯᠭᠠᠬᠤ ᠢᠨᠵᠧᠨᠧᠷᠢᠩ ᠵᠡᠷᠭᠡ ᠰᠢᠨ᠎ᠡ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠬᠤ ᠶᠢ ᠲᠥᠯᠥᠪᠵᠢᠭᠦᠯᠦᠨ ᠠᠬᠢᠭᠤᠯᠤᠨ᠎ᠠ᠃ ᠮᠡᠳᠡᠭᠡ ᠵᠠᠩᠭᠢᠵᠢᠯᠲᠠ᠂ ᠤᠶᠤᠨᠴᠢᠯᠠᠯᠳᠠ ᠶᠢᠨ ᠪᠠᠶᠢᠭᠤᠯᠤᠯᠲᠠ ᠶᠢ ᠲᠦᠷᠭᠡᠳᠬᠡᠵᠦ᠂ 5 G ᠰᠦᠯᠵᠢᠶ᠎ᠡ᠂ ᠳ᠋ᠠᠶᠢᠲ᠋ᠠ ᠶᠢᠨ ᠲᠥᠪ ᠵᠡᠷᠭᠡ ᠰᠢᠨ᠎ᠡ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠦᠴᠦᠯᠡᠨ ᠠᠬᠢᠭᠤᠯᠵᠤ᠂ ᠠᠵᠤ ᠠᠬᠤᠶᠢᠯᠠᠯ ᠤᠨ ᠡᠭᠦᠯᠡᠨ ᠲᠠᠪᠴᠠᠩ ᠳᠤ ᠭᠠᠷᠬᠤ ᠶᠢ ᠠᠬᠢᠭᠤᠯᠵᠤ᠂ ᠳᠠᠪᠠᠭᠤᠯᠢᠭ ᠠᠵᠤ ᠦᠢᠯᠡᠰ᠂ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠤᠨ ᠲᠤᠮᠤ ᠳ᠋ᠠᠶᠢᠲ᠋ᠠ᠂ ᠡᠭᠦᠯᠡᠨ ᠪᠤᠳᠤᠯᠳᠠ ᠵᠡᠷᠭᠡ ᠶᠢᠨ ᠣᠷᠭᠠᠨᠢᠭ ᠠᠭᠤᠰᠤᠯᠴᠠᠯ ᠢ ᠠᠬᠢᠭᠤᠯᠵᠤ᠂ ᠲᠣᠭᠠᠴᠢᠯᠠᠭᠰᠠᠨ ᠠᠵᠤ ᠠᠬᠤᠢ ᠶᠢ ᠪᠤᠶᠢᠵᠢᠭᠤᠯᠤᠨ ᠬᠥᠭᠵᠢᠭᠦᠯᠦᠨ᠎ᠡ᠃ ᠬᠤᠲᠠ ᠶᠢᠨ ᠠᠵᠢᠯᠯᠠᠭᠠᠨ ᠤ ᠬᠠᠮᠢᠶᠠᠷᠤᠯᠲᠠ ᠦᠢᠯᠡᠴᠢᠯᠡᠭᠡᠨ ᠤ ᠲᠠᠪᠴᠠᠩ ᠢ ᠪᠦᠬᠦ ᠲᠠᠯ᠎ᠠ ᠪᠠᠷ ᠲᠦᠷᠬᠡᠨ ᠪᠠᠶᠢᠭᠤᠯᠵᠤ᠂ ᠬᠤᠲᠠ ᠶᠢᠨ ᠠᠵᠢᠯᠯᠠᠭᠠᠨ ᠤ ᠬᠠᠮᠢᠶᠠᠷᠤᠯᠲᠠ ᠶᠢᠨ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾ ᠶᠢ ᠠᠬᠢᠭᠤᠯᠵᠤ᠂ ᠪᠦᠬᠦ ᠠᠶᠢᠮᠠᠭ ᠤᠨ ᠨᠢᠭᠡ ᠴᠣᠭᠴᠠᠵᠢᠭᠰᠠᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ᠎ᠡ᠃     ︵ᠲᠠᠪᠤ︶ ︽ᠴᠢᠨᠠᠷ ᠴᠢᠨᠰᠠᠭ᠎ᠠ︾ ᠶᠢᠨ ᠪᠠᠲᠤᠯᠠᠭ᠎ᠠ ᠶᠢ ᠳᠣᠪᠤᠶᠢᠯᠭᠠᠵᠤ᠂ ᠣᠯᠠᠨ ᠨᠡᠶᠢᠲᠡ ᠶᠢᠨ ᠦᠢᠯᠡᠴᠢᠯᠡᠬᠡᠨ ᠤ ᠲᠡᠩᠴᠡᠭᠦᠷᠢᠵᠢᠯᠲᠡ ᠶᠢ ᠠᠬᠢᠭᠤᠯᠤᠨ᠎ᠠ     ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠨᠠᠰᠤᠲᠠᠨ ᠭᠡᠣᠬᠡᠳ ᠪᠠᠭᠠᠴᠣᠳ︾ ᠬᠥᠮᠦᠨ ᠠᠮᠠ ᠶᠢᠨ ᠦᠢᠯᠡᠴᠢᠯᠡᠬᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠨᠢᠯᠬ᠎ᠠ ᠬᠡᠦᠬᠡᠳ ᠢ ᠰᠠᠭᠠᠲᠠᠭᠤᠯᠤᠨ ᠠᠰᠠᠷᠠᠬᠤ ᠪᠠ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡ ᠶᠢ ᠰᠠᠶᠢᠲᠤᠷ ᠬᠢᠵᠦ᠂ ᠰᠤᠮᠤ ᠪᠠᠯᠭᠠᠰᠤ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠬᠡᠨ ᠤ ᠲᠥᠪ ︵ᠥᠷᠲᠡᠭᠡ︶ ᠤᠨ ᠪᠠᠶᠢᠭᠤᠯᠤᠯᠲᠠ ᠶᠢ ᠠᠬᠢᠭᠤᠯᠤᠨ᠎ᠠ᠃ ᠬᠤᠳᠠ ᠬᠥᠳᠡᠭᠡ ᠶᠢᠨ ᠨᠠᠰᠤᠵᠢᠯ ᠤᠨ ᠠᠰᠠᠷᠠᠮᠵᠢ᠂ ᠡᠮ ᠡᠮᠨᠡᠯᠭᠡ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠵᠡᠷᠭᠡ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠬᠦᠯᠵᠤ᠂ ᠨᠡᠶᠢᠭᠡᠮ ᠤᠨ ᠪᠠᠲᠤᠯᠠᠭ᠎ᠠ ᠶᠢᠨ ᠪᠠᠷᠢᠮᠵᠢᠶ᠎ᠠ ᠪᠠ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠲᠡᠰ ᠳᠠᠪᠬᠤᠷᠭ᠎ᠠ ᠲᠦᠷᠦᠯ ᠬᠤᠪᠢᠶᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠤᠨ ᠪᠣᠳᠠᠲᠤ ᠦᠷ᠎ᠡ ᠪᠦᠲᠦᠮᠵᠢ ᠪᠠᠳᠠᠷᠠᠭᠤᠯᠬᠤ ᠶᠢ ᠠᠬᠢᠭᠤᠯᠤᠨ᠎ᠠ᠃ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠵᠡᠮᠳᠡᠭᠴᠦᠳ᠂ ᠥᠨᠥᠴᠢᠨ ᠬᠡᠦᠬᠡᠳ ᠵᠡᠷᠭᠡ ᠨᠡᠶᠢᠭᠡᠮ ᠤᠨ ᠠᠰᠠᠷᠠᠮᠵᠢ ᠶᠢᠨ ᠲᠦᠷᠢᠮ ᠢ ᠲᠡᠭᠦᠯᠳᠡᠷᠵᠢᠭᠦᠯᠦᠨ᠎ᠡ᠃     ᠠᠵᠢᠯ ᠣᠯᠭᠤᠯᠲᠠ ᠦᠢᠯᠡᠰ ᠪᠣᠰᠬᠠᠯᠲᠠ ᠪᠠᠷ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ᠃ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠨᠠᠩ ᠪᠦᠲᠦᠮᠵᠢᠲᠡᠶ ᠪᠣᠯᠪᠠᠰᠤᠷᠠᠭᠤᠯᠤᠯ ᠢ ᠥᠷᠨᠢᠭᠦᠯᠦᠨ᠂ ᠳᠡᠭᠡᠳᠦ ᠰᠤᠷᠭᠠᠭᠤᠯᠢ ᠲᠡᠭᠦᠰᠦᠭᠰᠡᠳ᠂ ᠬᠤᠲᠠ ᠳᠤ ᠣᠷᠣᠭᠰᠠᠨ ᠮᠠᠯᠴᠢᠨ ᠲᠠᠷᠢᠶᠠᠴᠢᠨ᠂ ᠴᠡᠷᠢᠭ ᠤᠨ ᠠᠯᠪᠠ ᠠᠴᠠ ᠬᠠᠯᠠᠭᠳᠠᠭᠰᠠᠳ ᠵᠡᠷᠭᠡ ᠬᠥᠮᠦᠰ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠠᠮᠢᠳᠤᠯᠢᠭ ᠢᠶᠠᠷ ᠠᠵᠢᠯ ᠣᠯᠭᠤᠬᠤ ᠪᠠ ᠰᠢᠨ᠎ᠡ ᠠᠵᠢᠯ ᠣᠯᠭᠤᠬᠤ ᠬᠡᠯᠪᠡᠷᠢ ᠪᠠᠶᠢᠳᠠᠯ ᠤᠨ ᠬᠥᠭᠵᠢᠯᠲᠡ ᠶᠢ ᠳᠡᠮᠵᠢᠨ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠶᠢ ᠰᠠᠶᠢᠲᠤᠷ ᠬᠢᠨ᠎ᠠ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠡᠯ᠎ᠡ ᠲᠦᠷᠦᠯ ᠤᠨ ᠡᠯᠧᠮᠧᠨ᠋ᠲ ᠤᠨ ᠬᠥᠯᠥᠰᠥ ᠣᠯᠭᠤᠮᠵᠢ ᠶᠢ ᠵᠠᠬ᠎ᠠ ᠳᠡᠯᠭᠡᠭᠦᠷ ᠢᠶᠠᠷ ᠲᠣᠭᠲᠠᠭᠠᠬᠤ ᠲᠣᠭᠲᠠᠴᠠ᠂ ᠴᠠᠯᠢᠩ ᠤᠨ ᠵᠦᠢ ᠵᠣᠬᠢᠰᠲᠠᠢ ᠨᠡᠮᠡᠭᠳᠡᠯ ᠤᠨ ᠲᠣᠭᠲᠠᠴᠠ᠂ ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢ ᠲᠤᠬᠢᠷᠠᠭᠤᠯᠬᠤ ᠲᠣᠭᠲᠠᠴᠠ ᠪᠠ ᠴᠠᠯᠢᠩ ᠥᠭᠬᠦ ᠶᠢ ᠪᠠᠲᠤᠯᠠᠬᠤ ᠲᠣᠭᠲᠠᠴᠠ ᠶᠢ ᠨᠠᠶᠢᠳᠠᠪᠤᠷᠢᠵᠢᠭᠤᠯᠵᠤ᠂ ᠣᠷᠣᠯᠭ᠎ᠠ ᠪᠠᠭᠠᠲᠠᠢ ᠨᠡᠩ ᠤᠯᠠᠨ ᠬᠥᠮᠦᠰ ᠤᠨ ᠳᠤᠮᠳᠠ ᠵᠡᠷᠭᠡ ᠶᠢᠨ ᠣᠷᠣᠯᠭ᠎ᠠ ᠶᠢᠨ ᠡᠩᠨᠡᠭᠡᠨ ᠳᠤ ᠣᠷᠣᠬᠤ ᠶᠢ ᠲᠦᠯᠬᠢᠨ ᠠᠬᠢᠭᠤᠯᠤᠨ᠎ᠠ᠃     ᠰᠤᠷᠭᠠᠨ ᠬᠥᠮᠦᠵᠢᠯ ᠤᠨ ᠲᠦᠷᠭᠡᠨ ᠬᠥᠭᠵᠢᠯᠲᠡ ᠶᠢ ᠠᠬᠢᠭᠤᠯᠤᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠲᠦᠷᠬᠡᠨ ᠬᠥᠭᠵᠢᠭᠦᠯᠵᠦ᠂ ᠦᠢᠯᠡᠳᠪᠦᠷᠢᠯᠡᠯ ᠵᠢᠭᠠᠨ ᠰᠤᠷᠭᠠᠯᠲᠠ ᠶᠢᠨ ᠠᠭᠤᠰᠤᠯᠴᠠᠯ᠂ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠥᠨᠳᠥᠷ ᠬᠡᠪ ᠪᠣᠯᠪᠠᠰᠤᠷᠠᠯ ᠲᠠᠢ ᠮᠡᠷᠭᠡᠵᠢᠯ ᠤᠷ᠎ᠠ ᠴᠢᠳᠠᠪᠤᠷᠢ ᠲᠠᠢ ᠴᠢᠳᠠᠪᠤᠷᠢᠲᠠᠨ ᠢ ᠶᠡᠬᠡᠪᠡᠷ ᠬᠥᠮᠦᠵᠢᠭᠦᠯᠦᠨ᠎ᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠶᠢ ᠰᠠᠶᠢᠲᠤᠷ ᠬᠢᠵᠦ᠂ ︽ᠬᠤᠶᠠᠷ ᠢ ᠬᠦᠩᠬᠡᠷᠡᠭᠦᠯᠬᠦ︾ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠵᠢᠭᠠᠨ ᠰᠤᠷᠭᠠᠯᠲᠠ ᠶᠢᠨ ᠠᠮᠵᠢᠯᠲᠠ ᠪᠦᠲᠦᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠢᠭᠡᠳᠦᠭᠡᠷ ᠹᠷᠣᠨᠲ ᠤᠨ ᠪᠠᠭᠰᠢ ᠪᠠ ᠰᠢᠯᠢᠳᠡᠭ ᠪᠠᠭᠰᠢ ᠶᠢᠨ ᠣᠯᠭᠤᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠪᠠᠭᠰᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠳᠡᠭᠡᠭᠰᠢᠯᠡᠯᠲᠡ ᠶᠢ ᠣᠯᠭᠤᠮᠵᠢ ᠶᠢᠨ ᠨᠡᠮᠡᠭᠳᠡᠯ ᠲᠠᠢ ᠬᠤᠯᠪᠣᠭᠳᠠᠭᠤᠯᠬᠤ ᠲᠣᠭᠲᠠᠴᠠ᠂ ᠳᠡᠪᠰᠢᠵᠦ ᠪᠣᠯᠬᠤ ᠪᠠᠭᠤᠵᠤ ᠪᠣᠯᠬᠤ ᠮᠡᠷᠭᠡᠵᠢᠯ ᠤᠨ ᠴᠣᠯᠠ ᠶᠢᠨ ᠬᠥᠳᠡᠯᠦᠩᠭᠦᠶ ᠲᠣᠬᠢᠷᠠᠭᠤᠯᠤᠯᠲᠠ ᠶᠢᠨ ᠲᠣᠭᠲᠠᠴᠠ ᠵᠡᠷᠭᠡ ᠠᠷᠭ᠎ᠠ ᠬᠡᠮᠵᠢᠶ᠎ᠡ ᠶᠢ ᠰᠦᠪᠡᠭᠴᠢᠯᠡᠨ ᠪᠠᠶᠢᠭᠤᠯᠵᠤ᠂ ᠣᠯᠭᠤᠮᠵᠢ ᠶᠢᠨ ᠬᠢᠵᠠᠭᠠᠷᠯᠠᠯ ᠢ ᠴᠢᠷᠮᠠᠶᠢᠨ ᠡᠪᠳᠡᠨ᠎ᠡ᠃ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠴᠢᠩᠭᠠᠳᠬᠠᠵᠤ᠂ ᠡᠯ᠎ᠡ ᠰᠢᠨᠵᠢᠯᠡᠭᠡᠨ ᠤ ᠳᠠᠭᠠᠭᠤᠯᠤᠭᠴᠢ ᠴᠢᠳᠠᠪᠤᠷᠢᠲᠠᠨ ᠢ ᠢᠳᠡᠪᠬᠢᠲᠡᠢ ᠣᠷᠣᠭᠤᠯᠤᠨ ᠠᠪᠴᠢᠷᠠᠵᠤ᠂ ᠵᠠᠯᠠᠭᠤ ᠪᠠᠭᠰᠢ ᠶᠢ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠥᠨᠳᠥᠷ ᠰᠤᠷᠤᠯᠭ᠎ᠠ ᠶᠢᠨ ᠨᠠᠮᠲᠠᠷ ᠲᠠᠢ᠂ ᠳᠡᠭᠡᠳᠦ ᠲᠡᠰ ᠤᠨ ᠪᠠᠭᠰᠢ ᠶᠢ ᠠᠯᠠᠱᠠ ᠶᠢᠨ ᠰᠤᠷᠭᠠᠨ ᠬᠥᠮᠦᠵᠢᠯ ᠤᠨ ᠦᠢᠯᠡᠰ ᠲᠤ ᠲᠡᠳᠡᠨ ᠣᠷᠣᠯᠴᠠᠭᠤᠯᠤᠨ᠎ᠠ᠃ ᠨᠡᠶᠢᠭᠡᠮ ᠤᠨ ᠬᠢᠨ ᠤ ᠰᠤᠷᠭᠠᠨ ᠬᠥᠮᠦᠵᠢᠯ ᠤᠨ ᠬᠥᠭᠵᠢᠯᠲᠡ ᠶᠢᠨ ᠰᠠᠭᠤᠷᠢ ᠮᠥᠩᠭᠦ ᠶᠢᠨ ᠱᠠᠩᠨᠠᠯ ᠵᠢᠭᠠᠨ ᠰᠤᠷᠭᠠᠯᠲᠠ ᠪᠠ ᠰᠤᠷᠤᠯᠭ᠎ᠠ ᠶᠢᠨ ᠱᠠᠩᠨᠠᠯ ᠪᠠᠶᠢᠭᠤᠯᠬᠤ ᠶᠢ ᠵᠣᠷᠢᠭᠵᠢᠭᠤᠯᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠢᠶᠠᠷ ᠲᠤᠷᠰᠢᠯᠲᠠ ᠶᠢᠨ ᠴᠡᠭ ᠪᠣᠯᠭᠠᠨ ᠲᠡᠷᠢᠭᠦᠨ ᠤ ᠭᠠᠵᠠᠷ ᠣᠷᠣᠨ ᠤ ᠨᠡᠷᠡᠲᠦ ᠰᠤᠷᠭᠠᠭᠤᠯᠢ ᠯᠤᠭ᠎ᠠ ︽ᠵᠣᠯᠭᠠᠭᠤᠯᠬᠤ︾᠂ ᠰᠤᠷᠭᠠᠨ ᠬᠥᠮᠦᠵᠢᠯ ᠤᠨ ᠪᠦᠯᠦᠭᠯᠡᠯ ᠠᠴᠠ ᠨᠠᠶᠢᠳᠠᠨ ᠬᠠᠮᠢᠶᠠᠷᠤᠭᠤᠯᠬᠤ᠂ ᠴᠢᠨᠠᠷ ᠰᠠᠶᠢᠲᠠᠶ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠣᠷᠣᠭᠤᠯᠬᠤ ᠵᠡᠷᠭᠡ ᠵᠠᠭᠪᠤᠷ ᠢ ᠰᠦᠪᠡᠭᠴᠢᠯᠡᠨ ᠬᠡᠷᠡᠭᠵᠢᠭᠦᠯᠵᠦ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠡᠮᠬᠢ ᠵᠢᠷᠤᠮ ᠲᠠᠢ ᠥᠷᠢᠰᠦᠯᠳᠦᠬᠦ᠂ ᠰᠠᠶᠢᠨ ᠰᠠᠶᠢᠬᠠᠨ ᠬᠠᠷᠢᠯᠴᠠᠨ ᠬᠥᠳᠡᠯᠦᠯᠴᠡᠬᠦ ᠶᠢ ᠠᠬᠢᠭᠤᠯᠤᠨ᠎ᠠ᠃     ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠶᠠᠨ ᠤ ᠱᠠᠲᠤᠨ ᠤ ᠡᠮᠨᠡᠯᠭᠡ ᠶᠢᠨ ᠬᠤᠷᠢᠶᠠᠨ ᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠠᠶᠢᠮᠠᠭ ᠬᠤᠰᠢᠭᠤᠨ ᠤ ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ ᠬᠤᠷᠢᠶ᠎ᠠ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ ᠲᠥᠪ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠡᠮᠴᠢᠯᠡᠭᠡᠨ ᠤ ᠦᠢᠯᠡᠴᠢᠯᠡᠭᠡᠨ ᠤ ᠴᠢᠨᠠᠷ ᠴᠢᠨᠰᠠᠭ᠎ᠠ ᠪᠠ ᠬᠢᠷᠢ ᠲᠦᠪᠰᠢᠨ ᠢ ᠳᠡᠭᠡᠭᠰᠢᠯᠡᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠷᠡᠭᠦᠯ ᠮᠡᠨᠳᠦ ᠶᠢᠨ ᠬᠠᠮᠢᠶᠠᠷᠤᠯᠲᠠ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ᠂ ᠡᠮᠴᠢᠯᠡᠭᠡᠨ ᠤ ᠠᠪᠤᠷᠠᠨ ᠵᠠᠰᠠᠬᠤ ᠵᠡᠷᠭᠡ ᠰᠠᠭᠤᠷᠢ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠯᠠᠱᠠ ᠠᠶᠢᠮᠠᠭ ᠤᠨ ᠳᠦᠪ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠴᠢᠨᠠᠷᠲᠠᠶ ᠡᠪᠡᠳᠴᠢᠨ ᠤ ᠰᠠᠯᠠᠭᠠᠨ ᠤ ᠶᠡᠷᠦᠩᠬᠡᠶᠢᠯᠡᠭᠰᠡᠨ ᠠᠰᠠᠷ ᠢ ᠡᠬᠢᠯᠡᠨ ᠪᠠᠶᠢᠭᠤᠯᠵᠤ᠂ ᠠᠶᠢᠮᠠᠭ ᠬᠤᠰᠢᠭᠤ ᠬᠤᠶᠠᠷ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠡᠷᠡᠭᠦᠯ ᠮᠡᠨᠳᠦ ᠶᠢᠨ ᠬᠢᠨᠠᠨ ᠬᠡᠮᠵᠢᠬᠦ ᠲᠥᠪ ᠪᠠ ᠪᠠᠴᠢᠮ ᠪᠠᠶᠢᠳᠠᠯ ᠢ ᠠᠷᠭᠠᠴᠠᠭᠠᠬᠤ ᠬᠢᠵᠢᠭ ᠢ ᠰᠡᠷᠭᠡᠶᠢᠯᠡᠬᠦ ᠲᠠᠯᠠᠪᠤᠷ ᠤᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠵᠦ᠂ ᠬᠢᠯᠢ ᠶᠢᠨ ᠪᠣᠭᠤᠮᠲᠠ ᠬᠢᠯᠢ ᠬᠢᠵᠠᠭᠠᠷ ᠣᠷᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠶᠡᠷᠦᠩᠬᠡᠶᠢᠯᠡᠭᠰᠡᠨ ᠲᠦᠪᠰᠢᠨ ᠢ ᠳᠡᠭᠡᠭᠰᠢᠯᠡᠭᠦᠯᠵᠦ ᠂ ᠰᠠᠭᠤᠷᠢ ᠲᠥᠬᠦᠭᠡᠷᠦᠮᠵᠢ ᠲᠣᠨᠤᠭ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠨ᠎ᠡ᠃ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠵᠤ ᠢᠷᠡᠬᠦ ᠪᠠ ᠬᠥᠮᠦᠵᠢᠭᠦᠯᠬᠦ ᠡᠷᠴᠢᠮ ᠢᠶᠠᠨ ᠨᠡᠮᠡᠭᠳᠡᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠡᠩᠨᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠬᠦᠯᠦᠨ᠎ᠡ᠃ ᠣᠨᠴᠠ ᠲᠥᠷᠥᠯ ᠤᠨ ᠡᠮ᠂ ᠪᠠᠴᠢᠮ ᠬᠡᠷᠡᠭᠰᠡᠬᠦ ᠡᠮ᠂ ᠪᠠᠶᠢᠩᠭᠤ ᠬᠡᠷᠡᠭᠯᠡᠬᠦ ᠡᠮ ᠤᠨ ᠬᠠᠩᠭᠠᠯᠭ᠎ᠠ ᠶᠢ ᠪᠠᠲᠤᠯᠠᠵᠤ᠂ ᠣᠯᠠᠨ ᠲᠦᠮᠡᠨ ᠢ ︽ᠡᠮ ᠬᠡᠷᠡᠭᠯᠡᠬᠦ ᠳᠤ ᠠᠮᠤᠷ ᠲᠦᠪᠰᠢᠨ︾ ᠪᠠᠶᠢᠯᠭᠠᠨ᠎ᠠ᠃ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠬᠡᠯᠪᠡᠷᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠢᠯᠳᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠳᠤ ᠬᠠᠷᠢᠯᠴᠠᠨ ᠲᠤᠰᠠᠯᠠᠯᠴᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠤ᠂ ᠮᠤᠵᠢ ᠠᠯᠤᠰᠯᠠᠨ ᠣᠨᠳᠣᠣ ᠭᠠᠵᠠᠷ ᠲᠤ ᠡᠮᠨᠡᠭᠦᠯᠬᠦ ᠠᠵᠢᠯ ᠢ ᠦᠷᠭᠦᠯᠵᠢᠯᠡᠨ ᠠᠬᠢᠭᠤᠯᠤᠨ᠎ᠠ᠃     ᠰᠣᠶᠣᠯ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠳᠬᠠᠨ᠎ᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠤᠯᠠᠭᠠᠨᠮᠥ᠋ᠴᠢᠷ ᠤᠨ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠤᠨ᠎ᠠ᠃ ᠬᠤᠳᠠ ᠬᠥᠳᠡᠭᠡ ᠶᠢᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠨᠢᠭᠡ ᠴᠤᠬᠴᠠᠵᠢᠭᠤᠯᠬᠤ ᠶᠢ ᠠᠬᠢᠭᠤᠯᠵᠤ᠂ ᠣᠷᠣᠨ ᠨᠤᠲᠤᠭ ᠤᠨ ᠰᠣᠶᠣᠯ ᠤᠨ ᠴᠢᠳᠠᠪᠤᠷᠢᠲᠠᠨ ᠢ ᠬᠥᠮᠦᠵᠢᠭᠦᠯᠵᠦ᠂ ᠰᠣᠳᠣᠨ ᠪᠦᠲᠦᠭᠡᠯ ᠢ ᠵᠣᠬᠢᠶᠠᠨ ᠪᠦᠲᠦᠭᠡᠵᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠪᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠶᠢ ᠴᠢᠩᠭᠠᠳᠬᠠᠨ᠎ᠠ᠃ ᠣᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠰᠠᠭᠤᠷᠢ ᠪᠦᠲᠦᠭᠡᠨ ᠪᠠᠶᠢᠭᠤᠯᠤᠯᠲᠠ ᠶᠢ ᠪᠠᠬᠢᠵᠢᠭᠦᠯᠵᠦ᠂ ᠨᠣᠮ ᠤᠨ ᠰᠠᠩ᠂ ᠮᠦᠽᠧᠶ ᠂ ᠰᠣᠶᠣᠯ ᠤᠨ ᠣᠷᠳᠣᠨ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ ᠪᠡᠶ᠎ᠡ ᠶᠢᠨ ᠲᠠᠮᠢᠷ ᠤᠨ ᠣᠷᠳᠣᠨ ᠤ ᠦᠢᠯᠡᠴᠢᠯᠡᠭᠡᠨ ᠤ ᠴᠢᠳᠠᠮᠵᠢ ᠪᠣᠯᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠣᠯᠠᠨ ᠲᠦᠮᠡᠨ ᠤ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ᠃ ᠨᠡᠶᠢᠭᠡᠮ ᠤᠨ ᠰᠢᠨᠵᠢᠯᠡᠬᠦ ᠤᠬᠠᠭᠠᠨ ᠤ ᠣᠨᠣᠯ ᠤᠨ ᠰᠤᠳᠤᠯᠭᠠᠨ ᠪᠠ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠢ ᠴᠢᠩᠭᠠᠳᠬᠠᠵᠤ᠂ ᠠᠷᠠᠳ ᠢᠷᠭᠡᠳ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠪᠠ ᠶᠣᠰᠣ ᠮᠣᠷᠠᠯ ᠰᠣᠶᠣᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃     ᠬᠤᠲᠠ ᠬᠥᠳᠡᠭᠡ ᠶᠢᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃ ᠣᠷᠣᠨ ᠰᠠᠭᠤᠴᠠ ᠶᠢᠨ ᠬᠠᠩᠭᠠᠯᠭ᠎ᠠ ᠪᠠ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠬᠤᠲᠠ ᠶᠢᠨ ᠪᠠᠶᠢᠳᠠᠯ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠭᠡᠷᠡᠭᠵᠢᠬᠦᠯᠵᠦ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠨ᠂ ᠬᠠᠩᠭᠠᠯᠭ᠎ᠠ ᠬᠡᠷᠡᠭᠴᠡᠭᠡ ᠶᠢ ᠵᠣᠬᠢᠴᠠᠭᠤᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠨᠥᠬᠦᠴᠡᠯ ᠢ ᠲᠠᠰᠤᠷᠠᠯᠲᠠ ᠥᠬᠡᠶ ᠰᠠᠶᠢᠵᠢᠷᠠᠭᠤᠯᠤᠨ᠎ᠠ᠃ ᠬᠤᠳᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠵᠦ᠂ ᠭᠠᠵᠠᠷ ᠳᠣᠣᠷᠠᠬᠢ ᠬᠤᠭᠤᠯᠠᠢ ᠲᠣᠣᠷ ᠤᠨ ᠥᠭᠡᠷᠡᠴᠢᠯᠡᠯᠲᠡ ᠶᠢ ᠲᠦᠷᠭᠡᠳᠬᠡᠵᠦ᠂ ︽ᠮᠤᠬᠤᠷ ᠵᠠᠮ︾ ᠢ ᠨᠡᠪᠲᠡᠷᠡᠭᠦᠯᠵᠦ᠂ ︽ᠤᠰᠤ ᠬᠤᠷᠠᠭᠰᠠᠨ ᠵᠠᠮ︾ ᠢ ᠨᠡᠪᠲᠡᠷᠡᠭᠦᠯᠵᠦ᠂ 25 ᠬᠤᠳᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ᠂ 14 ᠬᠤᠳᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ᠂ 550 ᠢᠵᠢ ᠬᠤᠳᠠ ᠪᠠᠯᠭᠠᠰᠤᠨ ᠤ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ ᠢᠵᠢ ᠪᠦᠷᠢᠨ ᠪᠤᠰᠤ ᠣᠷᠣᠨ ᠰᠠᠭᠤᠴᠠ ᠶᠢ ᠥᠭᠡᠷᠡᠴᠢᠯᠡᠬᠦ ᠵᠦᠢᠯᠡᠰ ᠢ ᠬᠡᠷᠡᠭᠵᠢᠭᠦᠯᠵᠦ᠂ ᠭᠤᠶᠤᠵᠢᠭᠤᠯᠤᠨ ᠨᠣᠭᠤᠭᠠᠷᠠᠭᠤᠯᠬᠤ ᠠᠵᠢᠯ ᠢ ᠵᠣᠬᠢᠰᠲᠠᠢ ᠥᠷᠨᠢᠭᠦᠯᠵᠦ᠂ ᠵᠢᠵᠢᠭ ᠮᠥᠷᠲᠡᠭᠡᠨ ᠨᠠᠷᠢᠯᠢᠭ᠂ ᠨᠠᠷᠢᠯᠢᠭ ᠰᠠᠶᠢᠬᠠᠨ ᠬᠤᠳᠠ ᠶᠢ ᠪᠠᠶᠢᠭᠤᠯᠤᠨ᠎ᠠ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠬᠦᠴᠦᠯᠡᠨ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠳᠡᠭᠡᠭᠰᠢᠯᠡᠯᠲᠡ ᠶᠢ ᠦᠷᠭᠦᠯᠵᠢᠯᠡᠨ ᠠᠬᠢᠭᠤᠯᠵᠤ᠂ ᠤᠰᠤ ᠴᠠᠬᠢᠯᠭᠠᠨ ᠵᠠᠮ ᠴᠢᠮᠡᠭᠡ ᠬᠤᠯᠪᠣᠭ᠎ᠠ ᠶᠢᠨ ᠰᠠᠭᠤᠷᠢ ᠲᠥᠬᠦᠭᠡᠷᠦᠮᠵᠢ ᠶᠢᠨ ᠳᠡᠰ ᠳᠡᠪᠰᠢᠬᠦ ᠶᠢ ᠲᠦᠷᠭᠡᠳᠬᠡᠨ ᠠᠬᠢᠭᠤᠯᠵᠤ᠂ ᠭᠡᠷ ᠪᠠᠶᠢᠰᠢᠩ ᠤᠨ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠ ᠵᠣᠷᠯᠣᠩ ᠤᠨ ᠦᠭᠡᠷᠡᠴᠢᠯᠡᠯᠳᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠨ᠎ᠠ᠃     ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠬᠡᠪᠴᠢᠶᠡᠲᠦ ᠴᠢᠨᠠᠷᠲᠠᠶ ᠳᠠᠬᠢᠨ ᠶᠠᠳᠠᠭᠤᠷᠠᠬᠤ ᠥᠬᠡᠶ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠤᠨ ᠬᠥᠮᠥᠷᠭᠡ ᠶᠢ ᠲᠡᠭᠦᠯᠳᠡᠷᠵᠢᠭᠦᠯᠵᠦ᠂ ᠡᠳ᠋ ᠤᠨ ᠵᠠᠰᠠᠭ ᠢ ᠵᠣᠯᠭᠠᠭᠤᠯᠬᠤ ᠪᠡᠯᠡ ᠮᠥᠩᠭᠦ ᠶᠢᠨ ᠠᠵᠤ ᠦᠢᠯᠡᠰ ᠤᠨ ᠬᠥᠭᠵᠢᠯᠲᠡ ᠳᠤ ᠬᠡᠷᠡᠭᠯᠡᠬᠦ ᠬᠤᠪᠢ ᠶᠢᠨ ᠵᠢᠩ ᠢ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠣᠨᠴᠠᠯᠢᠭᠲᠤ ᠳᠠᠪᠠᠭᠤᠯᠢᠭ ᠠᠵᠤ ᠦᠢᠯᠡᠰ ᠢ ᠲᠠᠰᠤᠷᠠᠯᠲᠠ ᠦᠭᠡᠢ ᠪᠤᠵᠠᠭᠠᠶᠢᠷᠠᠭᠤᠯᠤᠨ᠎ᠠ᠃ ᠨᠡᠶᠢᠭᠡᠮ ᠤᠨ ᠬᠦᠴᠦᠨ ᠤ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠵᠦ᠂ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠬᠥᠭᠵᠢᠭᠦᠯᠬᠦ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠦᠨ᠎ᠡ᠃ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠲᠣᠰᠬᠤᠨ ᠳᠤ ᠰᠠᠭᠤᠬᠤ ᠠᠵᠢᠯᠯᠠᠬᠤ ᠠᠩᠭᠢ ᠶᠢᠨ ᠭᠡᠰᠢᠭᠦᠳ ᠤᠨ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃     ︵ᠵᠢᠷᠭᠤᠭ᠎ᠠ︶ ︽ᠠᠮᠤᠷ ᠲᠦᠪᠰᠢᠨ︾ ᠤ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠵᠦ᠂ ᠨᠡᠶᠢᠭᠡᠮ ᠤᠨ ᠲᠣᠭᠲᠠᠭᠤᠨ ᠢ ᠪᠦᠬᠦ ᠬᠦᠴᠦᠨ ᠢᠶᠠᠷ ᠬᠠᠮᠠᠭᠠᠯᠠᠨ᠎ᠠ     ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠴᠢᠷᠮᠠᠶᠢᠨ ᠪᠠᠶᠢᠭᠤᠯᠤᠨ᠎ᠠ᠃ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠶᠢ ᠭᠦᠨᠵᠡᠭᠡᠶᠢᠷᠡᠭᠦᠯᠵᠦ᠂ ᠴᠡᠷᠢᠭ ᠠᠷᠠᠳ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠬᠢᠯᠢ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠶᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠶᠢ ᠴᠢᠩᠭᠠᠳᠬᠠᠨ᠎ᠠ᠃ ᠠᠶᠢᠮᠠᠭ ᠤᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ︽ᠢᠯᠡ ᠳᠣᠳᠣ ᠢᠨᠵᠧᠨᠧᠷᠢᠩ︾ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠢ ᠲᠦᠯᠬᠢᠨ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠵᠥᠷᠢᠴᠡᠯ ᠵᠢᠭᠤᠷᠠᠯᠳᠤᠭᠠᠨ ᠢ ᠤᠯᠠᠨ ᠡᠰᠢᠴᠢᠯᠡᠨ ᠰᠡᠷᠭᠡᠶᠢᠯᠡᠨ ᠰᠢᠢᠳᠪᠦᠷᠢᠯᠡᠬᠦ ᠲᠣᠭᠲᠠᠴᠠ ᠶᠢ ᠪᠦᠷᠢᠨᠰᠢᠬᠦᠯᠵᠤ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠵᠦᠢ ᠪᠤᠰᠤ ᠵᠢᠭᠡᠯᠡᠯᠭᠡ ᠶᠢ ᠬᠥᠳᠡᠯᠦᠩᠭᠦᠶ ᠪᠠᠷ ᠠᠷᠢᠯᠭᠠᠬᠤ ᠶᠢ ᠴᠢᠩᠭᠠᠳᠬᠠᠵᠤ᠂ ᠮᠥᠩᠭᠦᠨ ᠬᠦᠢᠯᠬᠡᠬᠡᠨ ᠤ ᠲᠦᠭᠰᠢᠭᠦᠷᠢ ᠶᠢ ᠪᠦᠲᠦᠮᠵᠢᠲᠡᠶ ᠪᠠᠭᠤᠷᠠᠭᠤᠯᠵᠤ᠂ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠠᠷᠢᠯᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠠᠩᠰᠠᠨ ᠳᠠᠬᠢ ᠵᠣᠭᠤᠰ ᠢ ᠳᠥᠯᠥᠵᠦ ᠳᠠᠭᠤᠰᠬᠠᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠂ ᠬᠠᠩᠭᠠᠯᠭ᠎ᠠ ᠶᠢ ᠬᠦᠴᠦᠯᠡᠨ ᠪᠠᠲᠤᠯᠠᠵᠤ᠂ ᠪᠠᠷᠠᠭᠠᠨ ᠤ ᠦᠨ᠎ᠡ ᠶᠢ ᠳᠣᠭᠳᠠᠪᠣᠷᠢᠵᠢᠭᠤᠯᠣᠨ᠎ᠠ᠃     ᠠᠶᠤᠯᠭᠦᠢ ᠦᠢᠯᠡᠳᠪᠦᠷᠢᠯᠡᠯ ᠤᠨ ᠠᠵᠢᠯ ᠢ ᠳᠣᠪᠣᠶᠢᠮ᠎ᠠ ᠰᠠᠶᠢᠲᠤᠷ ᠠᠳᠬᠤᠨ᠎ᠠ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ  ᠨᠠᠶᠢᠳᠠᠪᠣᠷᠢᠵᠢᠭᠤᠯᠵᠦ᠂ ᠪᠦᠬᠦ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠪᠠ ᠠᠶᠤᠯᠭᠦᠢ ᠦᠢᠯᠡᠳᠪᠦᠷᠢᠯᠡᠯ ᠤᠨ ᠲᠤᠰᠬᠠᠢ ᠲᠥᠷᠥᠯ ᠤᠨ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠪᠠᠬᠢᠵᠢᠭᠦᠯᠦᠨ ᠳᠡᠭᠡᠭᠰᠢᠯᠡᠭᠦᠯᠬᠦ ᠵᠡᠷᠭᠡ ᠠᠵᠢᠯ ᠢ ᠭᠦᠨᠵᠡᠭᠡᠢ ᠥᠷᠨᠢᠭᠦᠯᠵᠦ᠂ ᠠᠶᠤᠯᠲᠠᠢ ᠬᠢᠮᠢ ᠶᠢᠨ ᠪᠣᠳᠠᠰ᠂ ᠪᠠᠷᠢᠯᠭ᠎ᠠ᠂ ᠠᠭᠤᠷᠬᠠᠢ᠂ ᠲᠡᠮᠦᠷᠯᠢᠭ ᠪᠣᠯᠪᠠᠰᠤᠷᠠᠭᠤᠯᠬᠤ ᠠᠵᠤ ᠦᠢᠯᠡᠳᠪᠦᠷᠢ ᠠᠷᠠᠯᠵᠢᠶ᠎ᠠ᠂ ᠰᠢᠲᠠᠮᠠᠬᠠᠢ ᠬᠡᠢ ᠵᠡᠷᠭᠡ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠤ ᠲᠤᠰᠬᠠᠢ ᠲᠥᠷᠥᠯ ᠤᠨ ᠴᠡᠭᠴᠡᠯᠡᠨ ᠵᠠᠰᠠᠯᠲᠠ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠨᠡᠯᠢᠶᠡᠳ ᠶᠡᠭᠡ ᠠᠳᠠᠯ ᠢ ᠪᠦᠲᠦᠮᠵᠢᠲᠡᠢ ᠬᠤᠷᠢᠭᠯᠠᠵᠤ᠂ ᠣᠨᠴᠠ ᠶᠡᠭᠡ ᠠᠳᠠᠯ ᠢ ᠡᠷᠡᠰ ᠰᠡᠷᠭᠡᠶᠢᠯᠡᠨ᠎ᠡ᠃ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠪᠠᠲᠤᠯᠠᠭ᠎ᠠ ᠶᠢᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠵᠦ᠂ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠬᠢᠷᠢ ᠲᠦᠪᠰᠢᠨ ᠪᠠ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃     ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠷᠭ᠎ᠠ ᠬᠡᠮᠵᠢᠶ᠎ᠡ ᠶᠢ ᠴᠢᠩᠭ᠎ᠠ ᠣᠨᠣᠪᠴᠢᠲᠠᠶ ᠨᠠᠶᠢᠳᠠᠪᠤᠷᠢᠵᠢᠭᠤᠯᠵᠤ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ︾ ᠶᠡᠷᠦᠩᠬᠡᠶ ᠠᠷᠭ᠎ᠠ ᠪᠣᠳᠣᠯᠭ᠎ᠠ ᠶᠢ ᠪᠠᠷᠢᠮᠲᠠᠯᠠᠵᠤ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠴᠢᠩᠳᠠᠯᠠᠨ᠂ ︽ᠳᠥᠷᠪᠡᠨ ᠡᠷᠲᠡ︾ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠪᠣᠭᠤᠮᠲᠠ᠂ ᠲᠡᠷᠭᠡᠨ ᠥᠷᠲᠡᠭᠡ᠂ ᠨᠢᠰᠬᠡᠯ ᠤᠨ ᠪᠠᠭᠤᠳᠠᠯ ᠵᠡᠷᠭᠡ ᠬᠢᠵᠢᠭ ᠤᠨ ᠪᠠᠶᠢᠳᠠᠯ ᠤᠨ ᠬᠠᠯᠳᠠᠪᠤᠷᠢᠯᠠᠨ ᠣᠷᠣᠵᠤ ᠢᠷᠡᠬᠦ ᠲᠦᠭᠰᠢᠭᠦᠷᠢ ᠶᠢᠨ ᠴᠡᠭ ᠢ ᠳᠣᠪᠤᠶᠢᠯᠭᠠᠨ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠵᠦ᠂ ᠪᠢᠲᠡᠭᠦᠮᠵᠢᠯᠡᠭᠰᠡᠨ ᠬᠠᠮᠢᠶᠠᠷᠤᠯᠲᠠ᠂ ᠴᠤᠪᠤᠷᠠᠯ ᠢ ᠵᠢᠭᠰᠠᠭᠠᠨ ᠪᠠᠶᠢᠴᠠᠭᠠᠬᠤ᠂ ᠠᠯᠤᠰ ᠠᠴᠠ ᠰᠡᠷᠭᠡᠶᠢᠯᠡᠨ ᠡᠵᠡᠮᠳᠡᠬᠦ ᠠᠵᠢᠯ ᠢᠮᠠᠭᠲᠠ ᠢᠳᠡᠪᠬᠢᠵᠢᠭᠰᠡᠨ ᠪᠠᠶᠢᠳᠠᠯ ᠳᠤ ᠪᠠᠶᠢᠬᠤ ᠶᠢ ᠦᠨᠡᠨ ᠬᠦ ᠪᠠᠲᠤᠯᠠᠨ᠎ᠠ᠃ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠵᠦ ᠲᠥᠪᠯᠡᠷᠡᠭᠦᠯᠦᠨ ᠠᠯᠪᠠᠯᠠᠬᠤ᠂ ᠪᠣᠳᠠᠲᠤ ᠴᠣᠭᠴᠠᠵᠢᠭᠤᠯᠤᠨ ᠠᠵᠢᠯᠯᠠᠭᠤᠯᠬᠤ ᠶᠢ ᠠᠬᠢᠭᠤᠯᠵᠤ᠂ ︽ᠠᠯᠠᠱᠠ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠡᠩ ᠤᠨ ᠪᠠᠶᠢᠳᠠᠯ ᠪᠠᠴᠢᠮ ᠪᠠᠶᠢᠳᠠᠯ ᠢ ᠨᠢᠭᠡ ᠴᠣᠭᠴᠠᠵᠢᠭᠤᠯᠬᠤ ᠠᠵᠢᠯ ᠤᠨ ᠲᠥᠰᠦᠯ ︵ᠬᠤᠶᠠᠳᠤᠭᠠᠷ ᠬᠡᠪᠯᠡᠯ︶︾ ᠢ ᠴᠢᠩᠭ᠎ᠠ ᠨᠠᠶᠢᠳᠠᠪᠤᠷᠢᠵᠢᠭᠤᠯᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠨᠢᠭᠡᠳ ᠨᠢᠭᠡ ᠪᠠᠷ ᠰᠠᠶᠢᠲᠤᠷ ᠠᠳᠬᠤᠨ᠎ᠠ᠃ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠵᠢᠷᠤᠮᠵᠢᠭᠤᠯᠤᠨ ᠰᠠᠶᠢᠲᠤᠷ ᠬᠢᠵᠦ᠂ ᠪᠣᠭᠤᠮᠲᠠ ᠪᠠᠷ ᠥᠩᠭᠡᠷᠡᠬᠦ ᠵᠠᠭᠪᠤᠷ ᠢ ᠲᠦᠷᠬᠡᠨ ᠰᠠᠶᠢᠵᠢᠷᠠᠭᠤᠯᠵᠤ᠂ ︽ᠭᠤᠷᠪᠠᠨ ᠴᠠᠭᠠᠷᠢᠭ︾ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠬᠠᠯᠳᠠᠪᠤᠷᠢᠯᠠᠨ ᠣᠷᠣᠵᠤ ᠢᠷᠡᠬᠦ ᠪᠠ ᠳᠠᠷᠬᠠᠨ ᠳᠡᠯᠭᠡᠷᠡᠬᠦ ᠠᠶᠤᠯ ᠲᠦᠭᠰᠢᠭᠦᠷᠢ ᠶᠢ ᠬᠠᠮᠤᠭ ᠤᠨ ᠪᠠᠭ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠤᠨ᠎ᠠ᠃ ᠴᠢᠩᠭᠡᠯᠢᠭ ᠡᠮᠨᠡᠯᠭᠡ ᠶᠢᠨ ᠬᠤᠷᠢᠶ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠠᠭᠠᠷᠯᠠᠬᠤ ᠴᠡᠭ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠥᠭᠡᠮ ᠬᠦᠴᠢᠯ ᠤᠨ ᠰᠢᠯᠭᠠᠨ ᠪᠠᠶᠢᠴᠠᠭᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠣᠶᠤᠨᠴᠢ ᠪᠠᠷ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ︽ᠠᠯᠠᠱᠠ ᠶᠢᠨ ᠡᠷᠡᠭᠦᠯ ᠮᠡᠨᠳᠦ ᠶᠢᠨ ᠳᠠᠪᠴᠠᠩ︾ ᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠶᠢᠮᠠᠭ ᠲᠤ ᠣᠷᠣᠬᠤ ᠵᠠᠮ᠂ ᠨᠡᠶᠢᠭᠡᠮ ᠲᠣᠭᠤᠷᠢᠭ ᠤᠨ ᠲᠣᠣᠷᠵᠢᠯ᠂ ᠭᠤᠣᠯᠳᠠᠯᠭ᠎ᠠ ᠲᠠᠢ ᠲᠠᠯᠠᠪᠤᠷ ᠭᠠᠵᠠᠷ ᠵᠡᠷᠭᠡ ᠵᠠᠩᠭᠢᠯᠠᠭ᠎ᠠ ᠶᠢᠨ ᠬᠡᠰᠡᠭ ᠤᠨ ᠮᠡᠳᠡᠭᠡ ᠵᠠᠩᠬᠢᠴᠢᠯᠠᠬᠰᠠᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠭᠡ ᠵᠠᠩᠬᠢᠴᠢᠯᠠᠬᠰᠠᠨ ᠵᠢᠯᠣᠭᠤᠳᠬᠤ ᠲᠠᠪᠴᠠᠩ ᠢ ᠪᠠᠶᠢᠭᠤᠯᠵᠤ᠂ ᠡᠯ᠎ᠡ ᠱᠠᠲᠤᠨ ᠤ ᠰᠡᠷᠭᠡᠶᠢᠯᠡᠨ ᠡᠵᠡᠮᠳᠡᠬᠦ ᠬᠦᠴᠦᠨ ᠢ ᠮᠡᠳᠡᠭᠡ ᠵᠠᠩᠬᠢᠴᠢᠯᠠᠬᠰᠠᠨ ᠬᠠᠮᠢᠶᠠᠷᠤᠯᠲᠠ ᠶᠢᠨ ᠰᠢᠰᠲ᠋ᠧᠮ ᠳᠤ ᠣᠷᠣᠭᠤᠯᠵᠤ᠂ ᠴᠠᠭ ᠲᠤᠬᠠᠢ ᠳᠤᠨᠢ᠂ ᠥᠨᠳᠥᠷ ᠪᠦᠲᠦᠮᠵᠢᠲᠡᠢ ᠪᠠᠷ ᠬᠠᠮᠵᠢᠯᠴᠠᠬᠤ ᠶᠢ ᠦᠨᠡᠨ ᠬᠦ ᠪᠠᠲᠤᠯᠠᠨ᠎ᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号