ᠯᠢ ᠵᠥᠩ ᠽᠧᠩ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠲᠤᠬᠠᠶ ᠶᠢᠨ ᠲᠠᠯᠠᠪᠠᠶ ᠶᠢᠨ ᠰᠢᠢᠳᠪᠦᠷᠢᠯᠡᠬᠦ ᠠᠵᠢᠯ ᠤᠨ ᠲᠤᠰᠬᠠᠶ ᠠᠩᠭᠢ ᠶᠢᠨ ᠲᠠᠪᠤᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/22
     9 ᠰᠠᠷ᠎ᠠ ᠶᠢᠨ 18 ᠤ ᠣᠷᠣᠶ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ᠂ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠴᠡᠭᠡ ᠪᠣᠭᠤᠮᠲᠠ ᠶᠢᠨ ᠲᠤᠬᠠᠶ ᠶᠢᠨ ᠲᠠᠯᠠᠪᠠᠶ ᠶᠢᠨ ᠰᠢᠢᠳᠪᠦᠷᠢᠯᠡᠬᠦ ᠲᠤᠰᠬᠠᠶ ᠠᠩᠭᠢ ᠶᠢᠨ ᠵᠢᠯᠣᠭᠤᠳᠬᠤ ᠳᠠᠷᠤᠭ᠎ᠠ ᠯᠢ ᠵᠥᠩ ᠽᠧᠩ ᠲᠠᠪᠤᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠴᠡᠭᠡ ᠪᠣᠭᠤᠮᠲᠠ ᠪᠣᠯᠤᠨ ᠲᠤᠰᠬᠠᠶ ᠠᠩᠭᠢ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ᠂ ᠠᠷᠢᠭᠤᠳᠬᠠᠯ᠂ ᠨᠡᠶᠢᠭᠡᠮ ᠤᠨ ᠬᠠᠮᠢᠶᠠᠷᠤᠯᠲᠠ ᠡᠵᠡᠮᠳᠡᠯ᠂ ᠳᠠᠩᠳᠠᠯᠳᠠ ᠮᠦᠷᠳᠡᠯᠳᠡ ᠵᠡᠷᠭᠡ ᠡᠯ᠎ᠡ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠡᠭᠡ ᠪᠣᠭᠤᠮᠲᠠ ᠶᠢᠨ ᠠᠶᠤᠯ ᠲᠦᠭᠰᠢᠭᠦᠷᠢ ᠶᠡᠬᠡᠲᠡᠶ ᠣᠷᠣᠨ ᠳᠤ ᠲᠣᠬᠢᠷᠠᠭᠤᠯᠤᠯᠲᠠ ᠬᠢᠬᠦ ᠵᠡᠷᠭᠡ ᠤᠴᠢᠷ ᠶᠠᠪᠤᠳᠠᠯ ᠢ ᠵᠠᠳᠠᠯᠤᠨ ᠰᠤᠳᠤᠯᠵᠤ ᠮᠠᠭᠠᠳᠯᠠᠨ᠂ ᠲᠦᠭᠵᠢᠷᠡᠯ ᠲᠠᠢ ᠠᠰᠠᠭᠤᠳᠠᠯ ᠬᠦᠴᠢᠷ ᠠᠰᠠᠭᠤᠳᠠᠯ ᠢ ᠤᠯᠠᠮ ᠨᠢᠭᠡ ᠠᠯᠬᠤᠮ ᠰᠤᠳᠤᠯᠤᠨ ᠰᠢᠢᠳᠪᠦᠷᠢᠯᠡᠵᠦ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
     ᠬᠤᠷᠠᠯ ᠠᠴᠠ᠂ ᠴᠡᠭᠡ ᠪᠣᠭᠤᠮᠲᠠ ᠵᠠᠯᠭᠠᠭ᠎ᠠ ᠪᠠᠷ 7 ᠡᠳᠦᠷ ᠨᠡᠶᠢᠭᠡᠮ ᠤᠨ ᠳᠠᠯ᠎ᠠ ᠳᠤ ᠬᠢᠵᠢᠭ ᠢᠯᠡᠷᠡᠭᠰᠡᠨ ᠥᠬᠡᠶ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠲᠠᠭᠠᠯ ᠪᠣᠯᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠮᠡᠷᠭᠡᠵᠢᠯᠲᠡᠨ ᠤ ᠵᠢᠯᠣᠭᠤᠳᠬᠤ ᠰᠠᠨᠠᠯ ᠢ ᠦᠨᠳᠦᠰᠦᠯᠡᠨ᠂ ᠠᠶᠤᠯ ᠲᠦᠭᠰᠢᠭᠦᠷᠢ ᠶᠡᠬᠡᠲᠡᠶ ᠣᠷᠣᠨ ᠪᠦᠰᠡ ᠶᠢᠨ ᠠᠶᠤᠯ ᠲᠦᠭᠰᠢᠭᠦᠷᠢ ᠶᠢ ᠪᠠᠭᠤᠷᠠᠭᠤᠯᠬᠤ ᠵᠡᠷᠭᠡ ᠳᠡᠰ ᠤᠨ ᠬᠠᠮᠢᠶ᠎ᠠ ᠪᠥᠬᠦᠶ ᠠᠵᠢᠯ ᠢ ᠡᠬᠢᠯᠡᠭᠦᠯᠪᠡ᠃ ᠦᠵᠡᠯ ᠰᠠᠨᠠᠭ᠎ᠠ ᠪᠠᠨ ᠰᠤᠯᠠᠷᠠᠭᠤᠯᠬᠤ ᠥᠬᠡᠶ᠂ ᠡᠷᠴᠢ ᠵᠣᠷᠢᠭ ᠢᠶᠠᠨ ᠰᠤᠯᠠᠷᠠᠭᠤᠯᠬᠤ ᠥᠬᠡᠶ ᠪᠠᠶᠢᠬᠤ ᠶᠢ ᠪᠠᠲᠤᠯᠠᠵᠤ᠂ ᠰᠡᠷᠭᠡᠶᠢᠯᠡᠨ ᠡᠵᠡᠮᠳᠡᠬᠦ ᠶᠢ ᠯᠠᠪᠳᠠᠭᠤᠨ ᠪᠠᠲᠤᠲᠠᠶ ᠠᠳᠬᠤᠵᠤ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠳᠤᠲᠠᠭᠤᠳᠠᠯ ᠢᠶᠠᠨ ᠪᠥᠬᠦ ᠬᠦᠴᠦᠨ ᠢᠶᠠᠷ ᠢᠶᠠᠨ ᠨᠥᠬᠦᠪᠥᠷᠢᠯᠡᠵᠦ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠵᠦ᠂ ᠪᠥᠬᠦ ᠲᠠᠯ᠎ᠠ ᠪᠠᠷ ᠰᠡᠭᠦᠯ ᠬᠤᠷᠢᠶᠠᠬᠤ᠂ ᠲᠦᠢᠯᠪᠤᠷᠢᠲᠠᠶ ᠠᠷᠢᠯᠭᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠨᠠᠷᠢᠯᠢᠭ ᠰᠠᠶᠢᠲᠤᠷ ᠬᠢᠬᠦ ᠬᠡᠷᠡᠭᠲᠡᠶ ᠬᠡᠪᠡ᠃
    ᠬᠤᠷᠠᠯ ᠠᠴᠠ᠂ ᠣᠳᠣᠬᠠᠨ ᠳᠤ ᠡᠵᠡᠨ᠎ᠡ ᠬᠤᠰᠢᠭᠤᠨ ᠤ ᠬᠢᠵᠢᠭ ᠤᠨ ᠪᠠᠶᠢᠳᠠᠯ ᠨᠢᠭᠡᠨᠲᠡ ᠨᠠᠷᠢᠯᠢᠭ ᠣᠨᠣᠪᠴᠢᠳᠠᠢ ᠪᠠᠷ ᠰᠡᠷᠭᠡᠶᠢᠯᠡᠨ ᠡᠵᠡᠮᠳᠡᠬᠦ᠂ ᠪᠣᠭᠤᠮᠲᠠ ᠰᠢᠪᠲᠤᠯᠤᠨ ᠪᠦᠬᠦᠨ ᠢ ᠠᠷᠢᠯᠭᠠᠬᠤ ᠵᠠᠩᠭᠢᠯᠠᠭ᠎ᠠ ᠶᠢᠨ ᠦᠶ᠎ᠡ ᠳᠤ ᠣᠷᠣᠪᠠ᠃ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠢᠮᠠᠭᠲᠠ ᠴᠢᠩᠭ᠎ᠠ ᠰᠡᠷᠭᠡᠶᠢᠯᠡᠨ ᠡᠵᠡᠮᠳᠡᠵᠦ᠂ ᠠᠷᠭ᠎ᠠ ᠪᠦᠬᠦᠨ ᠢ ᠰᠦᠪᠡᠭᠴᠢᠯᠡᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠠᠷᠢᠭᠤᠴᠠᠯᠭ᠎ᠠ ᠡᠭᠦᠷᠭᠡᠯᠡᠵᠦ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠪᠠᠲᠤ ᠴᠢᠩᠭ᠎ᠠ ᠰᠤᠷᠲᠠᠯ ᠢᠶᠠᠷ ᠳᠠᠶᠢᠴᠢᠨ ᠬᠦᠴᠦᠨ ᠪᠠ ᠬᠦᠢᠴᠡᠳᠭᠡᠬᠦ ᠬᠦᠴᠦᠨ ᠢ ᠨᠢᠭᠲᠠᠷᠠᠭᠤᠯᠬᠤ ᠬᠡᠷᠡᠭᠲᠡᠶ᠃ ᠴᠢᠩᠭᠡᠯᠢᠭ ᠡᠮᠨᠡᠯᠭᠡ ᠶᠢᠨ ᠬᠤᠷᠢᠶ᠎ᠠ᠂ ᠲᠤᠰᠠᠭᠠᠷᠯᠠᠬᠤ ᠲᠠᠯᠠᠪᠤᠷ ᠭᠠᠵᠠᠷ ᠤᠨ ᠵᠢᠷᠤᠮᠵᠢᠭᠰᠠᠨ ᠬᠠᠮᠢᠶᠠᠷᠤᠯᠲᠠ ᠶᠢ ᠲᠤᠪᠤᠶᠢᠯᠭᠠᠨ ᠴᠢᠩᠭᠠᠳᠬᠠᠵᠤ᠂ ᠲᠤᠰᠬᠠᠢ ᠮᠡᠷᠭᠡᠵᠢᠯᠲᠡᠨ ᠢ ᠤᠷᠢᠵᠤ ᠵᠢᠯᠤᠭᠤᠳᠤᠭᠤᠯᠤᠨ᠂ ᠠᠶᠤᠯ ᠲᠦᠭᠰᠢᠭᠦᠷᠢ ᠶᠢᠨ ᠬᠡᠮ ᠰᠣᠭᠤᠭ ᠢ ᠡᠷᠢᠵᠦ ᠭᠠᠷᠭᠠᠨ᠂ ᠪᠢᠲᠡᠭᠦᠦ ᠴᠠᠭᠠᠷᠢᠭ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ᠂ ᠲᠤᠰᠠᠭᠠᠷᠯᠠᠬᠤ ᠴᠡᠭ ᠤᠨ ᠬᠠᠯᠳᠠᠪᠤᠷᠢᠯᠠᠯ ᠡᠭᠦᠰᠬᠦ ᠶᠢ ᠡᠷᠡᠰ ᠰᠡᠷᠭᠡᠶᠢᠯᠡᠬᠦ ᠬᠡᠷᠡᠭᠲᠡᠢ᠃ ᠡᠯ᠎ᠡ ᠱᠠᠲᠤᠨ ᠤ ᠰᠠᠯᠠᠭ᠎ᠠ ᠮᠥᠴᠢᠷ ᠤᠨ ᠬᠢᠨ ᠲᠣᠰ ᠡᠭᠡᠯᠵᠢ ᠶᠢᠨ ᠬᠢᠵᠢᠭ ᠤᠨ ᠪᠠᠶᠢᠳᠠᠯ ᠢ ᠨᠠᠷᠢᠨ ᠬᠢᠨᠠᠮᠠᠭᠠᠶ ᠰᠡᠷᠭᠦᠭᠡᠵᠦ᠂ ᠲᠤᠷᠰᠢᠯᠭ᠎ᠠ ᠪᠠᠨ ᠳ᠋ᠦᠩᠨᠡᠨ ᠰᠤᠷᠭᠠᠮᠵᠢ ᠠᠪᠴᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠰᠠᠶᠢᠲᠤᠷ ᠠᠳᠬᠤᠨ᠂ ᠲᠦᠷᠢᠮ ᠲᠣᠭᠲᠠᠴᠠ ᠪᠠᠷ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠦᠬᠦᠯᠢ ᠴᠣᠭᠴᠠ ᠶᠢᠨ ᠴᠢᠳᠠᠪᠤᠷᠢ ᠶᠢᠨ ᠳᠡᠭᠡᠭᠰᠢᠯᠡᠯᠲᠡ ᠶᠢ ᠠᠬᠢᠭᠤᠯᠤᠨ᠂ ᠬᠢᠵᠢᠭ ᠤᠨ ᠪᠠᠶᠢᠳᠠᠯ ᠤᠨ ᠳᠠᠬᠢᠨ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠠᠴᠠ᠂ ᠪᠠᠯᠲᠤ ᠬᠡᠮᠬᠡ ᠶᠢᠨ ᠲᠡᠭᠡᠭᠡᠪᠦᠷᠢ ᠵᠡᠷᠭᠡ ᠪᠣᠳᠠᠲᠤ ᠠᠰᠠᠭᠤᠳᠠᠯ ᠢ ᠲᠦᠷᠭᠡᠨ ᠰᠢᠢᠳᠪᠦᠷᠢᠯᠡᠵᠦ᠂ ᠪᠢᠲᠡᠭᠦᠮᠵᠢᠯᠡᠭᠰᠡᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠰᠠᠭᠠᠳ ᠥᠬᠡᠶ ᠨᠡᠪᠲᠡᠷᠡᠬᠦ ᠵᠠᠮ ᠢ ᠪᠠᠶᠢᠭᠤᠯᠵᠤ᠂ ᠮᠠᠯᠴᠢᠨ ᠲᠠᠷᠢᠶᠠᠴᠢᠨ ᠤ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠵᠦ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠪᠠ ᠬᠤᠳᠠᠯᠳᠤᠭ᠎ᠠ ᠪᠠᠨ ᠰᠡᠷᠭᠦᠭᠡᠬᠦ ᠬᠠᠮᠢᠶ᠎ᠠ ᠪᠥᠬᠦᠶ ᠠᠵᠢᠯ ᠢ ᠯᠠᠪᠳᠠᠭᠤᠨ ᠡᠮᠬᠢ ᠵᠢᠷᠤᠮ ᠲᠠᠢ ᠠᠬᠢᠭᠤᠯᠵᠤ᠂ ᠪᠥᠬᠦ ᠬᠦᠴᠦᠨ ᠢᠶᠠᠷ ᠢᠶᠠᠨ ᠠᠵᠤ ᠠᠬᠤᠶ ᠶᠢ ᠲᠣᠭᠲᠠᠪᠤᠷᠢᠵᠢᠭᠤᠯᠵᠤ᠂ ᠨᠡᠮᠡᠭᠳᠡᠯ ᠢ ᠠᠬᠢᠭᠤᠯᠵᠤ᠂ ᠠᠷᠠᠳ ᠤᠨ ᠠᠮᠢᠳᠤᠷᠠᠯ ᠢ ᠪᠠᠲᠤᠯᠠᠵᠤ᠂ ᠪᠣᠳᠠᠲᠤ ᠦᠷ᠎ᠡ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠨᠢ ᠸᠢᠳᠢᠣ᠋ ᠬᠡᠯᠪᠡᠷᠢ ᠪᠠᠷ ᠶᠠᠪᠤᠭᠳᠠᠵᠤ᠂ ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠳᠡᠳ᠋ ᠡᠷᠬᠢᠯᠡᠭᠴᠢ ᠹᠠᠨ ᠮᠧᠩ ᠭᠤᠸᠠᠩ᠂ ᠠᠶᠢᠮᠠᠭ ᠤᠨ ᠤᠳᠤᠷᠢᠳᠤᠯᠭ᠎ᠠ ᠵᠠᠩ ᠶᠢᠨ ᠫᠢᠩ᠂ ᠯᠢᠦ ᠬᠠᠢ ᠲᠤᠤ᠂ ᠵᠠᠩ ᠪᠦᠦ ᠴᠧᠩ᠂ ᠬᠠᠨ ᠸᠧᠢ ᠰᠢᠨ᠂ ᠸᠧᠢ ᡁᠢ ᠭᠦᠸᠧ᠂ ᠮᠥᠩᠬᠡ᠂ ᠯᠢᠦ ᠳ᠋ᠧ᠂ ᠯᠢᠦ ᠭᠦᠸᠧ ᠮᠢᠩ᠂ ᠯᠸᠢ ᠬᠠᠢ᠂ ᠭᠦᠸᠧ ᠸᠧᠨ ᠰᠢᠦ ᠬᠤᠷᠠᠯ ᠳᠤ ᠣᠷᠣᠯᠴᠠᠵᠤ᠂ ᠴᠡᠭᠡ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠬᠠᠷᠢᠭᠤᠴᠠᠯᠭᠠᠲᠠᠨ ᠬᠤᠪᠢᠶᠠᠷᠢ ᠲᠠᠯᠠᠪᠠᠢ ᠳᠤ ᠬᠤᠷᠠᠯ ᠳᠤ ᠣᠷᠣᠯᠴᠠᠵᠠᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号