ᠯᠢ ᠵᠦᠩ ᠽᠧᠩ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ ᠴᠢᠩᠭᠡᠯᠢᠭ ᠡᠮᠨᠡᠯᠭᠡ ᠶᠢᠨ ᠬᠤᠷᠢᠶᠠᠨ ᠤ ᠪᠢᠳᠡᠬᠦᠮᠵᠢᠯᠡᠭᠰᠡᠨ ᠬᠠᠮᠢᠶᠠᠷᠤᠯᠲᠠ ᠶᠢᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/9/22
     9 ᠰᠠᠷ᠎ᠠ ᠶᠢᠨ 19 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ᠂ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠯᠢ ᠵᠥᠩ ᠽᠧᠩ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠲᠠᠭᠤ ᠳᠦᠷᠰᠦ ᠰᠢᠩᠭᠡᠭᠡᠯᠲᠡ ᠪᠠᠷ ᠳᠡᠮᠵᠢᠨ ᠥᠪᠡᠷᠲᠡᠭᠡᠨ ᠵᠠᠰᠠᠬᠤ ᠣᠷᠣᠨ ᠤ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠬᠤ ᠬᠦᠷᠢᠶᠡᠯᠡᠩ ᠤᠨ ᠬᠠᠯᠳᠠᠪᠤᠷᠢᠲᠤ ᠡᠪᠡᠳᠴᠢᠨ ᠤ ᠲᠤᠰᠬᠠᠶ ᠮᠡᠷᠭᠡᠵᠢᠯᠲᠡᠨ ᠪᠣᠯᠤᠨ ᠡᠵᠡᠨ᠎ᠡ ᠬᠤᠰᠢᠭᠤᠨ ᠤ ᠴᠢᠩᠭᠡᠯᠢᠭ ᠡᠮᠨᠡᠯᠭᠡ ᠶᠢᠨ ᠬᠤᠷᠢᠶᠠᠨ ᠤ ᠬᠠᠷᠢᠭᠤᠴᠠᠯᠭᠠᠲᠠᠨ ᠨᠥᠬᠦᠳ ᠲᠠᠢ ᠭᠤᠷᠪᠠᠨ ᠲᠠᠯ᠎ᠠ ᠪᠠᠷ ᠤᠲᠠᠰᠤ ᠪᠠᠷ ᠶᠠᠷᠢᠯᠴᠠᠵᠤ᠂ ᠴᠢᠩᠭᠡᠯᠢᠭ ᠡᠮᠨᠡᠯᠭᠡ ᠶᠢᠨ ᠬᠤᠷᠢᠶᠠᠨ ᠤ ᠪᠠᠷᠢᠮᠵᠢᠶᠠᠵᠢᠭᠤᠯᠤᠭᠰᠠᠨ ᠬᠠᠮᠢᠶᠠᠷᠤᠯᠲᠠ᠂ ᠡᠮᠴᠢ ᠰᠤᠪᠢᠯᠠᠭᠴᠢ ᠪᠣᠯᠤᠨ ᠭᠠᠳᠠᠭᠤᠷᠬᠢ ᠪᠠᠲᠤᠯᠠᠭ᠎ᠠ ᠶᠢᠨ ᠬᠥᠮᠦᠰ ᠤᠨ ᠪᠢᠲᠡᠭᠦᠮᠵᠢᠯᠡᠭᠰᠡᠨ ᠬᠠᠮᠢᠶᠠᠷᠤᠯᠲᠠ ᠵᠡᠷᠭᠡ ᠠᠵᠢᠯ ᠢ ᠭᠦᠨᠵᠡᠭᠡᠶ ᠵᠠᠳᠠᠯᠤᠨ ᠰᠤᠳᠤᠯᠵᠤ ᠮᠠᠭᠠᠳᠯᠠᠨ᠂ ᠭᠤᠭᠴᠤᠭ᠎ᠠ ᠳᠠᠷᠠᠭᠠᠯᠠᠨ ᠬᠡᠮ ᠰᠣᠭᠤᠭ ᠢ ᠪᠠᠶᠢᠴᠠᠭᠠᠵᠤ᠂ ᠳᠣᠳᠠᠭᠤᠳᠠᠯ ᠢᠶᠠᠨ ᠨᠥᠬᠦᠪᠥᠷᠢᠯᠡᠨ᠂ ᠵᠦᠢᠯ ᠳᠠᠷᠠᠭᠠᠯᠠᠨ ᠠᠷᠭ᠎ᠠ ᠬᠡᠮᠵᠢᠶ᠎ᠡ ᠲᠣᠭᠲᠠᠭᠠᠵᠤ᠂ ᠬᠠᠷᠢᠭᠤᠴᠠᠯᠭ᠎ᠠ ᠶᠢ ᠴᠢᠩᠳᠠᠯᠠᠵᠤ᠂ ᠴᠢᠩᠭᠡᠯᠢᠭ ᠡᠮᠨᠡᠯᠭᠡ ᠶᠢᠨ ᠬᠤᠷᠢᠶᠠᠨ ᠤ ᠠᠯᠳᠠᠰᠢ ᠭᠠᠷᠬᠤ ᠶᠢ ᠦᠨᠡᠨ ᠬᠦ ᠪᠠᠲᠤᠯᠠᠪᠠ᠃
     ᠬᠤᠷᠠᠯ ᠠᠴᠠ᠂ ᠴᠢᠩᠭᠡᠯᠢᠭ ᠡᠮᠨᠡᠯᠭᠡ ᠶᠢᠨ ᠬᠤᠷᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠢᠯᠠᠵᠤ ᠢᠯᠠᠭᠳᠠᠬᠤ ᠲᠠᠢ ᠬᠤᠯᠪᠣᠭᠳᠠᠨ᠎ᠠ᠂ ᠶᠠᠮᠠᠷᠪᠠ ᠠᠳᠡᠯ ᠭᠠᠷᠬᠤ ᠶᠢ ᠡᠷᠡᠰ ᠵᠥᠪᠰᠢᠶᠡᠷᠡᠬᠦ ᠦᠭᠡᠢ᠃ ᠲᠤᠰᠬᠠᠶ ᠠᠩᠭᠢ ᠶᠢᠨ ᠡᠯ᠎ᠡ ᠠᠵᠢᠯᠯᠠᠬᠤ ᠳᠤᠭᠤᠶᠢᠯᠠᠩ ᠪᠣᠯᠤᠨ ᠡᠵᠡᠨ᠎ᠡ ᠬᠤᠰᠢᠭᠤ ᠶᠢᠨ ᠬᠢᠨ ᠴᠢᠩᠭᠡᠯᠢᠭ ᠢ ᠬᠠᠮᠢᠶᠠᠷᠬᠤ ᠶᠢᠨ ᠴᠢᠬᠤᠯᠠ ᠴᠢᠨᠠᠷ᠂ ᠬᠦᠨᠳᠦ ᠨᠣᠴᠢᠲᠠᠶ ᠴᠢᠨᠠᠷ ᠪᠣᠯᠤᠨ ᠨᠠᠷᠢᠨ ᠪᠤᠳᠤᠯᠢᠶᠠᠨᠲᠠᠶ ᠴᠢᠨᠠᠷ ᠢ ᠭᠦᠨᠵᠡᠭᠡᠶ ᠲᠠᠨᠢᠵᠤ᠂ ᠱᠠᠲᠤ ᠱᠠᠲᠤ ᠪᠠᠷ ᠬᠠᠷᠢᠭᠤᠴᠠᠯᠭ᠎ᠠ ᠡᠭᠦᠷᠭᠡᠯᠡᠨ᠂ ᠭᠤᠭᠴᠤᠭ᠎ᠠ ᠪᠦᠬᠦᠨ ᠢ ᠴᠢᠩᠭ᠎ᠠ ᠠᠳᠬᠤᠵᠤ᠂ ᠠᠶᠤᠯ ᠲᠦᠭᠰᠢᠭᠦᠷᠢ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠪᠣᠯᠤᠨ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠵᠢᠷᠤᠮᠵᠢᠯ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠥᠬᠦ ᠬᠦᠴᠦᠨ ᠢᠶᠠᠷ ᠢᠶᠠᠨ ᠰᠠᠶᠢᠲᠤᠷ ᠪᠠᠳᠣᠯᠠᠬᠤ ᠬᠡᠷᠡᠭᠲᠡᠶ ᠭᠡᠪᠡ᠃
    ᠬᠤᠷᠠᠯ ᠠᠴᠠ᠂ ᠡᠵᠡᠨ᠎ᠡ ᠬᠤᠰᠢᠭᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠨᠠᠷᠢᠯᠢᠭ ᠨᠠᠶᠢᠳᠠᠪᠤᠷᠢᠵᠢᠭᠤᠯᠵᠤ ᠂ ᠲᠤᠰᠬᠠᠶ ᠠᠵᠢᠯ ᠤᠨ ᠳᠤᠭᠤᠶᠢᠯᠠᠩ ᠢ ᠵᠣᠬᠢᠶᠠᠨ ᠪᠠᠶᠢᠭᠤᠯᠵᠤ᠂ ᠲᠤᠰᠬᠠᠶ ᠬᠥᠮᠦᠨ ᠰᠣᠩᠭᠤᠨ ᠭᠠᠷᠭᠠᠵᠤ᠂ ᠪᠣᠳᠠᠲᠠᠶ ᠠᠷᠭ᠎ᠠ ᠭᠠᠷᠭᠠᠵᠤ᠂ ᠨᠢᠭᠡ ᠨᠢᠭᠡ ᠴᠡᠭ ᠢᠶᠠᠷ ᠰᠢᠭᠰᠢᠨ ᠪᠠᠶᠢᠴᠠᠭᠠᠵᠤ᠂ ᠠᠯᠬᠤᠮ ᠨᠢᠭᠡ ᠪᠦᠷᠢ ᠶᠢᠨ ᠶᠠᠪᠤᠴᠠ ᠪᠠᠷ ᠨᠠᠷᠢᠨ ᠵᠦᠢᠯᠡᠰ ᠢ ᠤᠬᠤᠴᠢᠯᠠᠵᠤ᠂ ᠴᠡᠭ ᠬᠠᠷᠠᠭᠠᠯᠵᠠᠭᠤᠯᠤᠨ ᠠᠵᠢᠯᠲᠠᠨ ᠤ ᠪᠣᠯᠪᠠᠰᠤᠷᠠᠯ ᠢ ᠴᠢᠩᠭᠠᠳᠬᠠᠵᠤ᠂ ᠨᠢᠭᠡᠳ ᠨᠢᠭᠡ ᠪᠠᠷ ᠠᠵᠢᠯ ᠢᠶᠠᠨ ᠵᠣᠯᠭᠠᠭᠤᠯᠵᠤ᠂ ᠴᠢᠩᠭᠡᠯᠢᠭ ᠡᠮᠨᠡᠯᠭᠡ ᠶᠢᠨ ᠬᠤᠷᠢᠶᠠᠨ ᠤ ᠪᠥᠬᠦ ᠶᠠᠪᠤᠴᠠ ᠶᠢᠨ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠴᠢᠩᠭᠡᠯᠢᠭ ᠡᠮᠨᠡᠯᠭᠡ ᠶᠢᠨ ᠬᠤᠷᠢᠶᠠᠨ ᠤ ᠪᠥᠬᠦ ᠲᠠᠯ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠰᠲ᠋ᠧᠮ ᠢ ᠴᠢᠩᠭᠠᠳᠬᠠᠵᠤ᠂ ᠴᠢᠩᠭᠡᠯᠢᠭ ᠤᠨ ᠠᠵᠢᠯᠯᠠᠭᠠᠨ ᠤ ᠲᠣᠭᠲᠠᠪᠤᠷᠢᠲᠤ ᠴᠢᠨᠠᠷ ᠪᠠ ᠠᠮᠤᠷ ᠲᠦᠪᠰᠢᠨ ᠴᠢᠨᠠᠷ ᠢ ᠦᠨᠡᠨ ᠬᠦ ᠴᠢᠩᠭᠠᠳᠬᠠᠬᠤ ᠬᠡᠷᠡᠭᠲᠡᠶ᠃ ᠠᠵᠢᠯ ᠤᠨ ᠳᠤᠮᠳᠠᠬᠢ ᠪᠠᠭᠤᠷᠠᠶ ᠭᠤᠭᠴᠤᠭ᠎ᠠ ᠪᠣᠯᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠪᠠᠶᠢᠩᠭᠤᠵᠢᠭᠤᠯᠤᠨ ᠡᠮᠬᠢᠯᠡᠵᠦ᠂ ᠠᠰᠠᠭᠤᠳᠠᠯ ᠤᠨ ᠡᠬᠡ ᠲᠠᠩᠰᠠ ᠶᠢ ᠰᠠᠶᠢᠲᠤᠷ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠰᠠᠶᠢᠲᠤᠷ ᠲᠣᠭᠲᠠᠭᠠᠵᠤ᠂ ︽ᠲᠦᠷᠭᠡᠨ︾ ᠭᠡᠬᠦ ᠥᠰᠥᠭ ᠢ ᠳᠣᠪᠤᠶᠢᠯᠭᠠᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠳᠤᠲᠠᠭᠤᠳᠠᠯ ᠭᠠᠷᠪᠠᠯ ᠳᠠᠷᠤᠶ ᠲᠦᠷᠭᠡᠨ ᠵᠠᠯᠠᠷᠠᠭᠤᠯᠵᠤ᠂ ᠳᠤᠲᠠᠭᠤᠳᠠᠯ ᠪᠠᠶᠢᠪᠠᠯ ᠴᠠᠭ ᠲᠤᠬᠠᠶ ᠳᠤᠨᠢ ᠨᠥᠬᠦᠪᠥᠷᠢᠯᠡᠵᠦ᠂ ᠲᠤᠤᠱᠲᠠᠶ ᠠᠩᠬᠠᠷᠴᠤ᠂ ᠲᠠᠩᠰᠠ ᠪᠠᠶᠢᠭᠤᠯᠣᠨ ᠳ᠋ᠤᠭᠠᠷ ᠢ ᠬᠠᠰᠣᠬᠤ ᠬᠡᠷᠡᠭᠲᠡᠶ᠃ ᠲᠤᠰᠬᠠᠶ ᠠᠩᠭᠢ ᠶᠢᠨ ᠡᠯ᠎ᠡ ᠠᠵᠢᠯᠯᠠᠬᠤ ᠳᠤᠭᠤᠶᠢᠯᠠᠩ ᠵᠢᠭᠠᠨ ᠵᠢᠯᠣᠭᠤᠳᠴᠤ ᠱᠠᠯᠠᠪᠳᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠤᠨ᠂ ᠴᠢᠩᠭᠡᠯᠢᠭ ᠢ ᠠᠵᠢᠯᠯᠠᠭᠤᠯᠬᠤ ᠶᠢ ᠪᠠᠲᠤᠯᠠᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠵᠦ᠂ ᠬᠢᠯᠪᠠᠷ ᠪᠤᠰᠤ ᠪᠠᠷ ᠢᠷᠡᠭᠰᠡᠨ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢ ᠡᠷᠡᠰ ᠬᠠᠮᠠᠭᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃     ᠠᠶᠢᠮᠠᠭ ᠤᠨ ᠤᠳᠤᠷᠢᠳᠤᠯᠭ᠎ᠠ ᠬᠠᠨ ᠸᠧᠶ ᠰᠢᠨ᠂ ᠸᠧᠶ ᡁᠢ ᠭᠦᠸᠧ᠂ ᠯᠢᠤ ᠳ᠋ᠧ᠂ ᠯᠸᠢ ᠬᠠᠶ ᠬᠤᠷᠠᠯ ᠳᠤ ᠣᠷᠣᠯᠴᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号