ᠠᠯᠠᠱᠠ ᠠᠶᠢᠮᠠᠭ ᠤᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2022/9/26
    ᠣᠯᠠᠨ ᠳᠡᠰ ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠢ ᠬᠥᠭᠵᠢᠭᠦᠯᠬᠦ ᠲᠤᠬᠠᠶ ᠲᠥᠪ ᠪᠠ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠵᠤ᠂ ︽ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠷᠥ ᠲᠠᠷᠬᠠᠭᠠᠭᠰᠠᠨ ﹇2020﹈ 14 ᠳ᠋ᠣᠭᠡᠷ ᠲᠣᠭᠠᠲᠤ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠫᠠᠶᠢᠰᠠ ᠡᠯᠭᠦᠨ ᠱᠠᠩᠨᠠᠵᠤ ᠨᠥᠬᠦᠪᠥᠷᠢ ᠥᠭᠬᠦ ᠶᠢ ᠵᠣᠷᠢᠭᠵᠢᠭᠤᠯᠬᠤ ᠠᠷᠭ᠎ᠠ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 38 ᠳ᠋ᠤᠭᠠᠷ ᠲᠣᠭᠠᠲᠤ︶᠎ ᠶᠢ ᠨᠠᠶᠢᠳᠠᠪᠤᠷᠢᠵᠢᠭᠤᠯᠬᠤ ᠶᠢᠨ ᠲᠤᠰᠠᠳᠠ᠂ ᠮᠠᠨ ᠤ ᠠᠶᠢᠮᠠᠭ ᠤᠨ ᠪᠣᠳᠠᠲᠠᠶ ᠲᠠᠢ ᠤᠶᠠᠯᠳᠤᠭᠤᠯᠤᠨ᠂ ᠳᠤᠤᠷᠠᠬᠢ ᠮᠡᠲᠦ ᠬᠡᠷᠡᠭᠵᠢᠭᠦᠯᠬᠦ ᠰᠠᠨᠠᠯ ᠢ ᠲᠣᠭᠲᠠᠭᠠᠪᠠ᠃     ᠨᠢᠭᠡ᠂ ᠵᠢᠯᠣᠭᠤᠳᠬᠤ ᠦᠵᠡᠯ ᠰᠠᠨᠠᠭ᠎ᠠ     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠥᠬᠦ ᠲᠠᠯ᠎ᠠ ᠪᠠᠷ ᠳᠣᠣᠱᠯᠠᠭᠤᠯᠣᠨ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠳᠤ ᠦᠵᠡᠭᠦᠯᠬᠦ ᠣᠯᠠᠨ ᠲᠠᠰ ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠴᠢᠬᠤᠯᠠ ᠦᠢᠯᠡᠳᠦᠯ ᠢ ᠬᠦᠢᠴᠡᠳ ᠪᠠᠳᠠᠷᠠᠭᠤᠯᠵᠤ᠂ ︽ᠵᠠᠰᠠᠭ ᠤᠨ ᠣᠷᠳᠣᠨ ᠠᠴᠠ ᠳᠡᠮᠵᠢᠬᠦ᠂ ᠠᠵᠤ ᠠᠬᠤᠶᠢᠯᠠᠯ ᠢᠶᠠᠷ ᠭᠤᠤᠯᠯᠠᠭᠤᠯᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ︾ ᠵᠠᠷᠴᠢᠮ ᠢ ᠪᠠᠷᠢᠮᠲᠠᠯᠠᠨ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠠᠵᠢᠯ ᠢ ᠶᠡᠭᠡ ᠪᠠᠷ ᠠᠬᠢᠭᠤᠯᠵᠤ᠂ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠭᠤᠤᠯ ᠴᠣᠭᠴᠠ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠳᠤ ᠦᠵᠡᠭᠦᠯᠬᠦ ᠨᠥᠯᠥᠭᠡᠯᠡᠬᠦ ᠬᠦᠴᠦᠨ ᠪᠠ ᠳᠠᠶᠢᠴᠢᠯᠠᠬᠤ ᠴᠢᠨᠠᠷ ᠢ ᠲᠠᠰᠤᠷᠠᠯᠲᠠ ᠥᠬᠡᠶ ᠴᠢᠩᠭᠠᠳᠬᠠᠨ᠂ ᠮᠠᠨ ᠤ ᠠᠶᠢᠮᠠᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃     ᠬᠤᠶᠠᠷ᠂ ᠠᠵᠢᠯ ᠤᠨ ᠬᠠᠷᠠᠯᠲᠠ     ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠳᠤ᠂ ᠮᠠᠨ ᠤ ᠠᠶᠢᠮᠠᠭ ᠤᠨ ᠳᠣᠲᠣᠷ᠎ᠠ ᠭᠠᠳᠠᠨᠠᠬᠢ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠢ 13 ᠨᠡᠮᠡᠭᠳᠡᠭᠦᠯᠵᠦ᠂ ᠰᠢᠨ᠎ᠡ ᠭᠤᠷᠪᠠᠳᠤᠭᠠᠷ ᠳᠠᠪᠴᠠᠩ ᠳᠤ ᠫᠠᠶᠢᠰᠠ ᠡᠯᠭᠦᠬᠦ ᠠᠵᠤ ᠠᠬᠤᠶᠢᠯᠠᠯ ᠢ 13 ᠨᠡᠮᠡᠭᠳᠡᠭᠦᠯᠵᠦ᠂ ᠥᠪᠥᠷ ᠮᠣᠩᠭᠤᠯ ᠤᠨ ᠣᠷᠣᠨ ᠪᠦᠰᠡ ᠶᠢᠨ ᠰᠲ᠋ᠣᠺ ᠤᠨ ᠡᠷᠬᠡ ᠶᠢᠨ ᠠᠷᠠᠯᠵᠢᠶ᠎ᠠ ᠶᠢᠨ ᠵᠠᠬ᠎ᠠ ᠳᠡᠯᠭᠡᠭᠦᠷ ᠤᠨ ᠫᠠᠶᠢᠰᠠ ᠡᠯᠭᠦᠬᠦ ᠠᠵᠤ ᠠᠬᠤᠶᠢᠯᠠᠯ ᠢ 10 ᠨᠡᠮᠡᠭᠳᠡᠭᠦᠯᠬᠦ ᠪᠠᠷ ᠴᠢᠷᠮᠠᠶᠢᠨ᠎ᠠ᠃    ᠭᠤᠷᠪᠠ᠂ ᠠᠵᠢᠯ ᠤᠨ ᠠᠷᠭ᠎ᠠ ᠬᠡᠮᠵᠢᠶ᠎ᠡ    ︵ᠨᠢᠭᠡ︶ ᠵᠠᠬ᠎ᠠ ᠳᠡᠯᠭᠡᠭᠦᠷ ᠲᠤ ᠭᠠᠷᠬᠤ ᠪᠡᠯᠡᠳᠬᠡᠯ ᠠᠵᠤ ᠠᠬᠤᠶᠢᠯᠠᠯ ᠢ ᠢᠳᠡᠪᠬᠢᠲᠡᠶ ᠪᠤᠶᠢᠵᠢᠭᠤᠯᠤᠨ᠎ᠠ᠃ ᠠᠶᠢᠮᠠᠭ ᠬᠤᠰᠢᠭᠤ ᠬᠤᠶᠠᠷ ᠱᠠᠲᠤᠨ ᠤ ᠪᠡᠯᠡᠳᠬᠡᠯ ᠠᠵᠤ ᠠᠬᠤᠶᠢᠯᠠᠯ ᠤᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠵᠤ᠂ ᠡᠯ᠎ᠡ ᠬᠤᠰᠢᠭᠤ ᠣᠷᠣᠨ ᠨᠢ ᠪᠥᠬᠦ ᠠᠶᠢᠮᠠᠭ ᠤᠨ ᠭᠤᠤᠯᠯᠠᠬᠤ ᠠᠵᠤ ᠦᠢᠯᠡᠰ᠂ ᠪᠣᠬᠢᠷᠲᠤᠯ ᠥᠬᠡᠶ ᠠᠵᠤ  ᠦᠢᠯᠡᠰ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠲᠣᠭᠤᠷᠢᠨ ᠳᠤ ᠬᠤᠰᠢᠭᠤ ᠣᠷᠣᠨ ᠤ ᠲᠠᠰ ᠤᠨ ᠵᠠᠬ᠎ᠠ ᠳᠡᠯᠭᠡᠭᠦᠷ ᠲᠤ ᠫᠠᠶᠢᠰᠠ ᠡᠯᠭᠦᠭᠰᠡᠨ ᠠᠵᠤ ᠠᠬᠤᠶᠢᠯᠠᠯ ᠤᠨ ᠪᠡᠯᠡᠳᠬᠡᠯ ᠬᠥᠮᠥᠷᠭᠡ ᠶᠢ ᠪᠠᠶᠢᠭᠤᠯᠵᠤ᠂ ᠰᠢᠯᠢᠳᠡᠭ ᠠᠵᠤ ᠠᠬᠤᠶᠢᠯᠠᠯ ᠢ ᠰᠢᠯᠢᠨ ᠰᠣᠩᠭᠤᠵᠤ ᠠᠶᠢᠮᠠᠭ ᠤᠨ ᠲᠠᠰ ᠤᠨ ᠵᠠᠬ᠎ᠠ ᠳᠡᠯᠭᠡᠭᠦᠷ ᠲᠤ ᠫᠠᠶᠢᠰᠠ ᠡᠯᠭᠦᠭᠰᠡᠨ ᠠᠵᠤ ᠠᠬᠤᠶᠢᠯᠠᠯ ᠤᠨ ᠪᠡᠯᠡᠳᠬᠡᠯ ᠬᠥᠮᠥᠷᠭᠡ ᠳᠤ ᠣᠷᠣᠭᠤᠯᠬᠤ ᠬᠡᠷᠡᠭᠲᠡᠶ᠃ ᠠᠶᠢᠮᠠᠭ ᠬᠤᠰᠢᠭᠤᠨ ᠤ ᠪᠡᠯᠡᠳᠬᠡᠯ ᠬᠥᠮᠥᠷᠭᠡ ᠳᠤ ᠣᠷᠣᠭᠤᠯᠤᠭᠰᠠᠨ ᠠᠵᠤ ᠠᠬᠤᠶᠢᠯᠠᠯ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠲᠤ ᠭᠠᠷᠤᠭᠰᠠᠨ ᠪᠡᠯᠡᠳᠬᠡᠯ ᠠᠵᠤ ᠠᠬᠤᠶᠢᠯᠠᠯ ᠤᠨ ᠬᠥᠮᠥᠷᠭᠡ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠦᠯ︾ ᠶᠣᠰᠣᠭᠠᠷ᠂ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠢ ᠥᠪᠡᠷᠲᠡᠭᠡᠨ ᠵᠠᠰᠠᠬᠤ ᠣᠷᠣᠨ ᠤ ᠪᠡᠯᠡᠳᠬᠡᠯ ᠠᠵᠤ ᠠᠬᠤᠶᠢᠯᠠᠯ ᠤᠨ ᠬᠥᠮᠥᠷᠭᠡ ᠳᠤ ᠲᠠᠨᠢᠯᠴᠠᠭᠤᠯᠤᠨ ᠣᠷᠣᠭᠤᠯᠵᠤ᠂ ᠪᠤᠶᠢᠵᠢᠭᠤᠯᠤᠨ᠎ᠡ᠃    ︵ᠬᠤᠶᠠᠷ︶ ᠠᠵᠤ ᠠᠬᠤᠶᠢᠯᠠᠯ ᠤᠨ ᠬᠤᠪᠢ ᠣᠷᠣᠭᠤᠯᠬᠤ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠪᠡᠯᠡᠳᠬᠡᠯ ᠬᠥᠮᠥᠷᠭᠡ ᠶᠢᠨ ᠠᠵᠤ ᠠᠬᠤᠶᠢᠯᠠᠯ ᠤᠨ ᠬᠤᠪᠢ ᠣᠷᠣᠭᠤᠯᠬᠤ ᠳᠦᠷᠢᠮ ᠤᠨ ᠥᠭᠡᠷᠡᠴᠢᠯᠡᠯᠲᠡ ᠥᠷᠨᠢᠭᠦᠯᠬᠦ ᠶᠢ ᠬᠥᠲᠥᠯᠥᠨ ᠵᠢᠯᠣᠭᠤᠳᠴᠤ᠂ ᠬᠤᠪᠢ ᠣᠷᠣᠭᠤᠯᠬᠤ ᠳᠦᠷᠢᠮ ᠤᠨ ᠥᠭᠡᠷᠡᠴᠢᠯᠡᠯᠲᠡ ᠬᠢᠬᠦ ᠠᠵᠤ ᠠᠬᠤᠶᠢᠯᠠᠯ ᠤᠨ ᠨᠠᠷᠢᠨ ᠬᠠᠭᠤᠳᠠᠰᠤ ᠶᠢ ᠪᠤᠢ ᠪᠣᠯᠭᠠᠵᠤ᠂ ᠲᠤᠰᠬᠠᠶ ᠵᠠᠭᠤᠴᠢ ᠪᠠᠶᠢᠭᠤᠯᠤᠮᠵᠢ ᠠᠴᠠ ᠠᠵᠤ ᠠᠬᠤᠶᠢᠯᠠᠯ ᠢ ᠵᠢᠯᠣᠭᠤᠳᠴᠤ ᠪᠠᠶᠢᠭᠠᠳ ᠬᠤᠪᠢ ᠣᠷᠣᠭᠤᠯᠬᠤ ᠳᠦᠷᠢᠮ ᠤᠨ ᠥᠭᠡᠷᠡᠴᠢᠯᠡᠯᠲᠡ ᠶᠢᠨ ᠲᠥᠰᠦᠯ ᠢ ᠲᠣᠭᠲᠠᠭᠠᠵᠤ᠂ ︽ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠲᠣᠭᠲᠠᠭᠠᠬᠤ︾᠂ ︽ᠨᠢᠭᠡ ᠤᠴᠢᠷ ᠢ ᠨᠢᠭᠡ ᠵᠥᠪᠯᠡᠬᠦ︾ ᠮᠠᠶ᠋ᠢᠭ ᠤᠨ ᠦᠢᠯᠡᠴᠢᠯᠡᠭᠡ ᠥᠷᠨᠢᠭᠦᠯᠦᠨ᠎ᠡ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠵᠤ ᠠᠬᠤᠶᠢᠯᠠᠯ ᠢ ᠬᠠᠪᠰᠤᠷᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃ ᠠᠵᠤ ᠠᠬᠤᠶᠢᠯᠠᠯ ᠢ ᠳᠡᠮᠵᠢᠵᠦ ᠪᠠᠶᠢᠭᠠᠳ ᠡᠯ᠎ᠡ ᠲᠥᠷᠥᠯ ᠤᠨ ᠪᠠᠶᠢᠯᠳᠤᠬᠤ ᠪᠣᠳᠣᠯᠭ᠎ᠠ ᠶᠢᠨ ᠪᠡᠯᠡ ᠣᠷᠣᠭᠤᠯᠤᠭᠴᠢ ᠶᠢ ᠣᠷᠣᠭᠤᠯᠵᠤ ᠢᠷᠡᠨ ᠬᠤᠪᠢ ᠣᠷᠣᠭᠤᠯᠬᠤ ᠳᠦᠷᠢᠮ ᠤᠨ ᠥᠭᠡᠷᠡᠴᠢᠯᠡᠯᠲᠡ ᠳᠤ ᠣᠷᠣᠯᠴᠠᠭᠤᠯᠬᠤ ᠶᠢᠨ ᠬᠠᠮᠲᠤ ᠪᠡᠯᠡ ᠨᠡᠮᠡᠭᠳᠡᠭᠦᠯᠦᠨ ᠬᠤᠪᠢ ᠣᠷᠣᠭᠤᠯᠬᠤ ᠶᠢ ᠥᠷᠭᠡᠳᠬᠡᠵᠦ᠂ ᠬᠠᠤᠯᠢ ᠶᠢᠨ ᠡᠷᠬᠡᠲᠡᠨ ᠠᠴᠠ ᠵᠠᠰᠠᠬᠤ ᠪᠦᠲᠦᠴᠡ ᠶᠢ ᠲᠡᠭᠦᠯᠳᠡᠷᠵᠢᠭᠦᠯᠦᠨ᠂ ᠣᠳᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠪᠠᠶᠢᠭᠤᠯᠵᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠰᠠᠭᠤᠷᠢ ᠶᠢ ᠪᠠᠲᠤᠳᠬᠠᠬᠤ ᠬᠡᠷᠡᠭᠲᠡᠶ᠃    ︵ᠭᠤᠷᠪᠠ︶ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠨ ᠬᠠᠪᠰᠤᠷᠤᠨ ᠵᠢᠯᠣᠭᠤᠳᠬᠤ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠤᠨ᠎ᠠ᠃ ᠠᠶᠢᠮᠠᠭ ᠤᠨ ᠱᠠᠲᠤ᠂ ᠡᠯ᠎ᠡ ᠬᠤᠰᠢᠭᠤ ᠣᠷᠣᠨ ᠤ ᠮᠥᠩᠭᠦᠨ ᠭᠦᠢᠯᠭᠡᠭᠡᠨ ᠤ ᠠᠵᠢᠯ ᠤᠨ ᠰᠠᠯᠠᠭ᠎ᠠ ᠮᠥᠴᠢᠷ ᠤᠳ ᠪᠡᠯᠡᠳᠬᠡᠯ ᠬᠥᠮᠥᠷᠭᠡ ᠶᠢᠨ ᠠᠵᠤ ᠠᠬᠤᠶᠢᠯᠠᠯ ᠤᠨ ᠬᠡᠪᠰᠢᠭᠰᠡᠨ ᠪᠣᠯᠪᠠᠰᠤᠷᠠᠭᠤᠯᠤᠯ ᠤᠨ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠳᠤ ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠭᠦᠨᠵᠡᠭᠡᠶ ᠣᠶᠢᠯᠠᠭᠠᠭᠤᠯᠤᠨ᠂ ᠠᠵᠤ ᠠᠬᠤᠶᠢᠯᠠᠯ ᠤᠨ ᠬᠥᠷᠥᠩᠭᠡ ᠶᠢᠨ ᠵᠠᠬ᠎ᠠ ᠳᠡᠯᠭᠡᠭᠦᠷ ᠢ ᠲᠠᠨᠢᠨ ᠮᠡᠳᠡᠬᠦ ᠬᠡᠮᠵᠢᠶ᠎ᠡ ᠶᠢ ᠨᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠤᠭᠰᠠᠨ ᠰᠢᠯᠢᠳᠡᠭ ᠠᠵᠢᠯ ᠤᠨ ᠲᠤᠷᠰᠢᠯᠭ᠎ᠠ ᠶᠢ ᠳᠡᠯᠭᠡᠷᠡᠭᠦᠯᠬᠦ ᠬᠡᠷᠡᠭᠲᠡᠶ᠃ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠱᠠᠩᠬᠠᠶ᠂ ᠱᠧᠨ᠋ᠵᠧᠨ᠂ ᠪᠡᠭᠡᠵᠢᠩ ᠤᠨ ᠲᠡᠮᠳᠡᠭᠲᠦ ᠶᠢᠨ ᠠᠷᠠᠯᠵᠢᠶᠠᠨ ᠤ ᠭᠠᠵᠠᠷ ᠪᠣᠯᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠳᠤ ᠣᠴᠢᠭᠤᠯᠤᠨ ᠲᠣᠭᠤᠷᠢᠨ ᠦᠵᠡᠭᠦᠯᠵᠦ ᠰᠤᠷᠤᠯᠴᠠᠭᠤᠯᠬᠤ᠂ ᠠᠷᠠᠯᠵᠢᠶᠠᠨ ᠤ ᠭᠠᠵᠠᠷ ᠤᠨ ᠦᠵᠡᠭᠦᠯᠦᠯᠭᠡ ᠪᠣᠯᠤᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ ᠲᠠᠨᠢᠯᠴᠠᠭᠤᠯᠬᠤ ᠵᠡᠷᠭᠡ ᠠᠵᠢᠯᠯᠠᠭ᠎ᠠ ᠳᠤ ᠣᠷᠣᠯᠴᠠᠭᠤᠯᠵᠤ᠂ ᠵᠠᠬ᠎ᠠ ᠳᠡᠯᠭᠡᠭᠦᠷ ᠲᠤ ᠭᠠᠷᠬᠤ ᠠᠬᠢᠴᠠ ᠶᠢ ᠤᠯᠠᠮ ᠨᠢᠭᠡ ᠠᠯᠬᠤᠮ ᠲᠦᠷᠭᠡᠳᠬᠡᠬᠦ ᠬᠡᠷᠡᠭᠲᠡᠶ᠃ ᠲᠡᠮᠳᠡᠭᠲᠦ ᠶᠢᠨ ᠦᠢᠯᠡᠴᠢᠯᠡᠬᠡᠨ ᠤ ᠪᠠᠶᠢᠭᠤᠯᠤᠮᠵᠢ ᠶᠢᠨ ᠲᠤᠰᠬᠠᠶ ᠮᠡᠷᠭᠡᠵᠢᠯᠲᠡᠨ ᠢᠶᠠᠷ ᠪᠦᠷᠢᠯᠳᠦᠭᠰᠡᠨ  ᠦᠢᠯᠡᠴᠢᠯᠡᠬᠡᠨ ᠤ ᠪᠦᠯᠬᠦᠮ ᠢ ᠵᠣᠬᠢᠶᠠᠨ ᠪᠠᠶᠢᠭᠤᠯᠵᠤ᠂ ᠠᠵᠤ ᠠᠬᠤᠶᠢᠯᠠᠯ ᠳᠤ ᠵᠠᠬ᠎ᠠ ᠳᠡᠯᠭᠡᠭᠦᠷ ᠲᠤ ᠭᠠᠷᠬᠤ ᠪᠦᠬᠦ ᠶᠠᠪᠤᠴᠠ ᠶᠢᠨ ᠬᠠᠪᠰᠤᠷᠤᠨ ᠵᠢᠯᠣᠭᠤᠳᠣᠯᠭ᠎ᠠ ᠬᠠᠩᠭᠠᠵᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠠᠵᠢᠯ ᠤᠨ ᠲᠤᠰᠬᠠᠶᠢᠵᠢᠭᠰᠠᠨ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃    ︵ᠳᠥᠷᠪᠡ︶ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠮᠥᠩᠭᠦᠨ ᠬᠦᠢᠯᠬᠡᠬᠡᠨ ᠤ ᠦᠢᠯᠡᠴᠢᠯᠡᠭᠡ ᠶᠢ ᠴᠢᠩᠭᠠᠳᠬᠠᠨ᠎ᠠ᠃ ᠮᠥᠩᠭᠦᠨ ᠬᠦᠢᠯᠬᠡᠬᠡᠨ ᠤ ᠪᠠᠶᠢᠭᠤᠯᠤᠮᠵᠢ ᠶᠢᠨ ᠲᠤᠰ ᠪᠡᠶ᠎ᠡ ᠶᠢᠨ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠵᠤ᠂ ᠵᠠᠬ᠎ᠠ ᠳᠡᠯᠭᠡᠭᠦᠷ ᠲᠤ ᠭᠠᠷᠬᠤ ᠪᠡᠯᠡᠳᠬᠡᠯ ᠠᠵᠤ ᠠᠬᠤᠶᠢᠯᠠᠯ ᠳᠤ ᠮᠥᠩᠭᠦᠨ  ᠬᠦᠢᠯᠬᠡᠬᠡᠨ ᠤ ᠦᠢᠯᠡᠴᠢᠯᠡᠭᠡ ᠶᠢ ᠰᠠᠶᠢᠲᠤᠷ ᠬᠢᠵᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠮᠥᠩᠭᠦᠨ ᠬᠦᠢᠯᠬᠡᠬᠡᠨ ᠤ ᠬᠡᠷᠡᠭᠴᠡᠭᠡ ᠱᠠᠭᠠᠷᠳᠠᠯᠭ᠎ᠠ ᠳᠤ ᠳᠣᠶᠢᠯ ᠤᠨ ᠣᠨᠣᠪᠴᠢᠲᠠᠶ ᠪᠠᠷ ᠠᠩᠬᠠᠷᠤᠯ ᠢᠶᠠᠨ ᠲᠥᠪᠯᠡᠷᠡᠭᠦᠯᠵᠦ᠂ ᠵᠦᠷᠢᠶᠡᠴᠢᠯᠡᠭᠰᠡᠨ ᠮᠥᠩᠭᠦᠨ ᠬᠦᠢᠯᠬᠡᠬᠡᠨ ᠤ ᠦᠢᠯᠡᠴᠢᠯᠡᠭᠡ ᠬᠠᠩᠭᠠᠵᠤ᠂ ᠢᠲᠡᠭᠡᠮᠵᠢᠲᠦ ᠵᠢᠭᠡᠯᠡᠯᠭᠡ ᠶᠢᠨ ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠦᠨ᠂ ᠡᠯ᠎ᠡ ᠲᠥᠷᠥᠯ ᠤᠨ ᠮᠥᠩᠭᠦᠨ ᠬᠦᠢᠯᠬᠡᠬᠡᠨ ᠤ ᠡᠬᠢ ᠪᠠᠶᠠᠯᠢᠭ ᠢ ᠴᠤᠭᠯᠠᠭᠤᠯᠵᠤ᠂ ᠣᠯᠠᠨ ᠵᠦᠢᠯ ᠤᠨ ᠮᠥᠩᠭᠦᠨ ᠬᠦᠢᠯᠭᠡᠭᠡᠨ ᠤ ᠪᠠᠭᠠᠵᠢ ᠶᠢ ᠬᠡᠷᠡᠭᠯᠡᠨ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠪᠥᠬᠦ ᠬᠦᠴᠦᠨ ᠢᠶᠠᠷ ᠪᠠᠲᠤᠯᠠᠨ᠎ᠠ᠃ ᠤᠯᠤᠰ ᠤᠨ ᠥᠮᠴᠢᠯᠡᠯᠲᠦ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠬᠠᠤᠯᠢ ᠲᠣᠭᠲᠠᠭᠠᠯ ᠶᠣᠰᠣᠭᠠᠷ ᠠᠳᠠᠯᠢ ᠨᠥᠬᠦᠴᠡᠯ ᠳᠤᠤᠷ᠎ᠠ ᠤᠷᠢᠳᠠᠪᠠᠷ ᠲᠥᠷᠥ ᠶᠢᠨ ᠪᠣᠳᠣᠯᠭ᠎ᠠ ᠶᠢᠨ ᠴᠢᠨᠠᠷᠲᠠᠶ ᠳᠠᠭᠠᠭᠠᠯᠲᠠ ᠬᠢᠬᠦ ᠶᠢ ᠨᠢ ᠲᠡᠳᠬᠦᠨ ᠳᠡᠮᠵᠢᠨ᠎ᠡ᠃    ︵ᠲᠠᠪᠤ︶ ᠵᠠᠬ᠎ᠠ ᠳᠡᠯᠭᠡᠭᠦᠷ ᠲᠤ ᠫᠠᠶᠢᠰᠠ ᠡᠯᠭᠦᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠵᠠᠬ᠎ᠠ ᠳᠡᠯᠭᠡᠭᠦᠷ ᠲᠤ ᠭᠠᠷᠬᠤ ᠪᠡᠯᠡᠳᠬᠡᠯ ᠠᠵᠤ ᠠᠬᠤᠶᠢᠯᠠᠯ ᠤᠨ ᠡᠯ᠎ᠡ ᠵᠦᠢᠯ ᠤᠨ ᠦᠢᠯᠡᠴᠢᠯᠡᠭᠡ ᠶᠢ ᠰᠢᠯᠢᠳᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ︽ᠲᠢᠶᠠᠨ ᠵᠢᠶᠦ᠋ᠨ ᠦᠢᠯᠡᠴᠢᠯᠡᠭᠡ︾᠎ ᠶᠢᠨ ᠲᠥᠯᠥᠪᠯᠡᠭᠡ ᠶᠢ ᠬᠡᠷᠡᠭᠵᠢᠭᠦᠯᠬᠦ ᠶᠢ ᠠᠬᠢᠭᠤᠯᠵᠤ᠂ ᠠᠶᠢᠮᠠᠭ ᠤᠨ ᠰᠢᠭᠤᠳ ᠬᠠᠷᠢᠶ᠎ᠠ᠂ ᠬᠤᠰᠢᠭᠤ ︵ᠣᠷᠣᠨ︶᠎ ᠶᠢᠨ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠨᠢ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠠᠬᠢᠴᠠ ᠶᠢ ᠴᠠᠭ ᠲᠤᠬᠠᠶ ᠳᠤᠨᠢ ᠳᠠᠭᠠᠵᠤ᠂ ︽ᠵᠠᠬ᠎ᠠ ᠳᠡᠯᠭᠡᠭᠦᠷ ᠲᠤ ᠭᠠᠷᠬᠤ ᠦᠢᠯᠡᠴᠢᠯᠡᠬᠡᠨ ᠤ ᠰᠠᠭᠠᠳ ᠥᠬᠡᠶ ᠨᠡᠪᠲᠡᠷᠡᠬᠦ ᠵᠠᠮ︾᠎ ᠢ ᠨᠡᠭᠡᠭᠡᠵᠦ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠨ᠂ ᠠᠵᠢᠯ ᠶᠠᠪᠤᠳᠠᠯ ᠬᠦᠢᠴᠡᠳᠭᠡᠬᠦ ᠴᠤᠪᠤᠷᠠᠯ ᠢ ᠳᠥᠭᠦᠮᠴᠢᠯᠡᠵᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠶᠠᠪᠤᠴᠠ ᠳᠤ ᠬᠤᠯᠪᠣᠭᠳᠠᠭᠰᠠᠨ ᠭᠠᠵᠠᠷ ᠰᠢᠷᠣᠶ ᠬᠡᠷ ᠬᠥᠷᠥᠩᠭᠡ ᠶᠢᠨ ᠡᠷᠬᠡ ᠶᠢ ᠨᠤᠲᠠᠯᠠᠨ ᠲᠣᠭᠲᠠᠭᠠᠬᠤ᠂ ᠭᠠᠶᠢᠯᠢ ᠰᠦᠢᠳᠬᠡᠯ ᠲᠤᠰᠢᠶᠠᠬᠤ᠂ ᠭᠡᠷᠡᠴᠢ ᠦᠨᠡᠮᠯᠡᠯ ᠬᠦᠢᠴᠡᠳᠭᠡᠬᠦ᠂ ᠲᠣᠭᠲᠠᠭᠠᠯ ᠳᠤ ᠨᠡᠶᠢᠴᠡᠭᠰᠡᠨ ᠭᠡᠷᠡᠴᠢ ᠪᠠᠷᠢᠮᠲᠠ ᠬᠢᠵᠦ ᠥᠭᠬᠦ ᠵᠡᠷᠭᠡ ᠠᠰᠠᠭᠤᠳᠠᠯ ᠢ ᠴᠠᠭ ᠲᠤᠬᠠᠶ ᠳᠤᠨᠢ ᠬᠠᠤᠯᠢ ᠲᠣᠭᠲᠠᠭᠠᠯ ᠶᠣᠰᠣᠭᠠᠷ ᠤᠷᠢᠳᠠᠪᠠᠷ ᠬᠦᠢᠴᠡᠳᠭᠡᠨ᠎ᠡ᠃    ︵ᠵᠢᠷᠭᠤᠭ᠎ᠠ︶ ᠠᠵᠤ ᠠᠬᠤᠶᠢᠯᠠᠯ ᠤᠨ ᠫᠠᠶᠢᠰᠠ ᠡᠯᠭᠦᠨ ᠵᠠᠬ᠎ᠠ ᠳᠡᠯᠭᠡᠭᠦᠷ ᠲᠤ ᠭᠠᠷᠪᠠᠯ ᠱᠠᠩᠨᠠᠵᠤ ᠨᠥᠬᠦᠪᠥᠷᠢ ᠥᠭᠬᠦ ᠶᠢ ᠬᠡᠷᠡᠭᠵᠢᠭᠦᠯᠦᠨ᠎ᠡ    1 . ᠠᠶᠢᠮᠠᠭ ᠤᠨ ᠳᠣᠲᠣᠷᠠᠬᠢ ᠠᠵᠤ ᠠᠬᠤᠶᠢᠯᠠᠯ ᠤᠨ ᠬᠢᠯᠢ ᠶᠢᠨ ᠳᠣᠲᠣᠷ᠎ᠠ ᠵᠠᠬ᠎ᠠ ᠳᠡᠯᠭᠡᠭᠦᠷ ᠲᠤ ᠭᠠᠷᠬᠤ ᠶᠢ ᠳᠡᠮᠵᠢᠨ᠎ᠡ᠃ ᠱᠠᠩᠬᠠᠢ᠂ ᠱᠧᠨ᠋ᠵᠧᠨ᠂ ᠪᠡᠭᠡᠵᠢᠩ ᠤᠨ ᠲᠡᠮᠳᠡᠭᠲᠦ ᠠᠷᠠᠯᠵᠢᠶᠠᠯᠠᠬᠤ ᠭᠠᠵᠠᠷ ᠤᠨ ᠠᠩᠬ᠎ᠠ ᠲᠠᠷᠬᠠᠭᠠᠵᠤ ᠵᠠᠬ᠎ᠠ ᠳᠡᠯᠭᠡᠭᠦᠷ ᠲᠤ ᠭᠠᠷᠭᠠᠭᠰᠠᠨ ᠠᠶᠢᠮᠠᠭ ᠤᠨ ᠳᠣᠲᠣᠷᠠᠬᠢ ᠠᠵᠤ ᠠᠬᠤᠶᠢᠯᠠᠯ ᠳᠤ ᠠᠶᠢᠮᠠᠭ ᠤᠨ ᠱᠠᠳᠤ ᠬᠤᠪᠢᠶᠠᠨ ᠶᠡᠷᠦᠩᠬᠡᠢ ᠲᠤᠭ᠎ᠠ ᠨᠢ 600 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃ ᠡᠭᠦᠨ ᠳᠤ᠂ ᠥᠪᠥᠷ ᠮᠣᠩᠭᠤᠯ ᠤᠨ ᠦᠨᠡᠲᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠵᠠᠬ᠎ᠠ ᠳᠡᠯᠭᠡᠭᠦᠷ ᠲᠤ ᠭᠠᠷᠬᠤ ᠶᠢ ᠬᠠᠪᠰᠤᠷᠤᠨ ᠵᠢᠯᠣᠭᠤᠳᠴᠤ ᠳᠠᠩᠰᠠᠯᠠᠭᠤᠯᠬᠤ ᠶᠢ ᠬᠦᠢᠴᠡᠳᠭᠡᠭᠰᠡᠨ ᠠᠵᠤ ᠠᠬᠤᠶᠢᠯᠠᠯ ᠳᠤ ᠠᠶᠢᠮᠠᠭ ᠤᠨ ᠱᠠᠲᠤᠨ ᠠᠴᠠ 100 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ︔ ᠳᠤᠮᠳᠠᠳᠤ ᠤᠯᠤᠰ ᠤᠨ ᠦᠨᠡᠲᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠱᠠᠩᠬᠠᠶ᠂ ᠱᠧᠨ᠋ᠵᠧᠨ᠂ ᠪᠡᠭᠡᠵᠢᠩ ᠤᠨ ᠦᠨᠡᠲᠦ ᠲᠡᠮᠳᠡᠭᠲᠦ ᠠᠷᠠᠯᠵᠢᠶᠠᠯᠠᠬᠤ ᠭᠠᠵᠠᠷ ᠲᠤ ᠵᠠᠬ᠎ᠠ ᠳᠡᠯᠭᠡᠭᠦᠷ ᠲᠤ ᠭᠠᠷᠭᠠᠬᠤ ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠭᠰᠠᠨ ᠪᠥᠭᠡᠳ ᠬᠦᠯᠢᠶᠡᠨ ᠠᠪᠴᠤ ᠰᠢᠢᠳᠪᠦᠷᠢᠯᠡᠭᠰᠡᠨ ᠠᠵᠤ ᠠᠬᠤᠶᠢᠯᠠᠯ ᠳᠤ ᠠᠶᠢᠮᠠᠭ ᠤᠨ ᠱᠠᠲᠤᠨ ᠠᠴᠠ 200 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ︔ ᠱᠠᠩᠬᠠᠢ᠂ ᠱᠧᠨ᠋ᠵᠧᠨ᠂ ᠪᠡᠭᠡᠵᠢᠩ ᠤᠨ ᠲᠡᠮᠳᠡᠭᠲᠦ ᠠᠷᠠᠯᠵᠢᠶᠠᠯᠠᠬᠤ ᠭᠠᠵᠠᠷ ᠤᠨ ᠠᠩᠬ᠎ᠠ ᠲᠠᠷᠬᠠᠭᠠᠵᠤ ᠵᠠᠬ᠎ᠠ ᠳᠡᠯᠭᠡᠭᠦᠷ ᠲᠤ ᠭᠠᠷᠭᠠᠭᠰᠠᠨ ᠠᠵᠤ ᠠᠬᠤᠶᠢᠯᠠᠯ ᠲᠤ ᠠᠶᠢᠮᠠᠭ ᠤᠨ ᠱᠠᠳᠣᠨ ᠎ ᠠᠴᠠ 300 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃    2 . ᠠᠶᠢᠮᠠᠭ ᠤᠨ ᠳᠣᠲᠣᠷᠠᠬᠢ ᠠᠵᠤ ᠠᠬᠤᠶᠢᠯᠠᠯ ᠤᠨ ᠬᠢᠯᠢ ᠶᠢᠨ ᠭᠠᠳᠠᠨ᠎ᠠ ᠵᠠᠬ᠎ᠠ ᠳᠡᠯᠭᠡᠭᠦᠷ ᠲᠤ ᠭᠠᠷᠬᠤ ᠶᠢ ᠳᠡᠮᠵᠢᠨ᠎ᠡ᠃ ᠤᠯᠤᠰ ᠤᠨ ᠬᠠᠮᠢᠶ᠎ᠠ ᠪᠥᠬᠦᠶ ᠬᠢᠯᠢ ᠶᠢᠨ ᠭᠠᠳᠠᠨᠠᠬᠢ ᠵᠠᠬ᠎ᠠ ᠳᠡᠯᠭᠡᠭᠦᠷ ᠲᠤ ᠭᠠᠷᠬᠤ ᠱᠠᠭᠠᠷᠳᠠᠯᠭ᠎ᠠ ᠳᠤ ᠨᠡᠶᠢᠴᠡᠬᠦ ᠪᠥᠭᠡᠳ ᠬᠢᠯᠢ ᠶᠢᠨ ᠭᠠᠳᠠᠨᠠᠬᠢ ᠭᠤᠤᠯ ᠪᠣᠯᠬᠤ ᠦᠨᠡᠲᠦ ᠲᠡᠮᠳᠡᠭᠲᠦ ᠠᠷᠠᠯᠵᠢᠶᠠᠯᠠᠬᠤ ᠭᠠᠵᠠᠷ ︵ᠰᠢᠶᠠᠩᠭᠠᠩ ᠤᠨ ᠬᠠᠮᠲᠤᠷᠠᠭᠰᠠᠨ ᠠᠷᠠᠯᠵᠢᠶᠠᠯᠠᠬᠤ ᠭᠠᠵᠠᠷ᠂ ᠨᠢᠦ᠋ ᠶᠣᠷᠺ ᠤᠨ ᠦᠨᠡᠲᠦ ᠲᠡᠮᠳᠡᠭᠲᠦ ᠠᠷᠠᠯᠵᠢᠶᠠᠯᠠᠬᠤ ᠭᠠᠵᠠᠷ᠂ ᠨᠠᠰᠳᠠᠺ ᠦᠨᠡᠲᠦ ᠲᠡᠮᠳᠡᠭᠲᠦ ᠠᠷᠠᠯᠵᠢᠶᠠᠯᠠᠬᠤ ᠭᠠᠵᠠᠷ︶᠎ ᠤᠨ ᠵᠠᠬ᠎ᠠ ᠳᠡᠯᠭᠡᠭᠦᠷ ᠲᠤ ᠭᠠᠷᠤᠭᠰᠠᠨ ᠠᠶᠢᠮᠠᠭ ᠤᠨ ᠳᠣᠲᠣᠭᠠᠳᠤ ᠶᠢᠨ ᠠᠵᠤ ᠠᠬᠤᠶᠢᠯᠠᠯ ᠳᠤ ᠠᠶᠢᠮᠠᠭ ᠤᠨ ᠱᠠᠲᠤ ᠠᠴᠠ ᠨᠢᠭᠡ ᠤᠳᠠᠭ᠎ᠠ ᠶᠢᠨ ᠴᠢᠨᠠᠷᠲᠠᠶ 400 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃    3 . ᠳᠠᠩᠰᠠᠯᠠᠭᠤᠯᠤᠭᠰᠠᠨ ᠭᠠᠵᠠᠷ ᠢᠶᠠᠨ ᠮᠠᠨ ᠤ ᠠᠶᠢᠮᠠᠭ ᠲᠤ ᠨᠡᠭᠦᠯᠭᠡᠨ ᠣᠷᠣᠭᠤᠯᠤᠭᠰᠠᠨ ᠠᠶᠢᠮᠠᠭ ᠤᠨ ᠭᠠᠳᠠᠨᠠᠬᠢ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠬᠡᠪ ᠤᠨ ᠶᠣᠰᠣᠭᠠᠷ ᠡᠵᠡᠩᠨᠡᠭᠰᠡᠨ ᠪᠥᠭᠡᠳ ᠬᠠᠤᠯᠢ ᠶᠣᠰᠣᠭᠠᠷ ᠠᠯᠠᠱᠠ ᠠᠶᠢᠮᠠᠭ ᠲᠤ ᠭᠠᠶᠢᠯᠢ ᠲᠤᠰᠢᠶᠠᠭᠰᠠᠨ ᠪᠣᠯ᠂ ᠨᠢᠭᠡ ᠤᠳᠠᠭ᠎ᠠ ᠶᠢᠨ ᠴᠢᠨᠠᠷᠲᠠᠶ 500 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃    4 . ᠠᠶᠢᠮᠠᠭ ᠤᠨ ᠳᠣᠲᠣᠷᠠᠬᠢ ᠠᠵᠤ ᠠᠬᠤᠶᠢᠯᠠᠯ ᠤᠨ ᠰᠢᠨ᠎ᠡ ᠭᠤᠷᠪᠠᠳᠤᠭᠠᠷ ᠳᠠᠪᠴᠠᠩ ᠳᠤ ᠫᠠᠶᠢᠰᠠ ᠡᠯᠭᠦᠬᠦ ᠶᠢ ᠳᠠᠮᠵᠢᠨ᠎ᠠ᠃ ᠰᠢᠨ᠎ᠡ ᠭᠤᠷᠪᠠᠳᠤᠭᠠᠷ ᠳᠠᠪᠴᠠᠩ ᠳᠤ ᠠᠮᠵᠢᠯᠲᠠ ᠲᠠᠢ ᠪᠠᠷ ᠫᠠᠶᠢᠰᠠ ᠡᠯᠭᠦᠭᠰᠡᠨ ᠠᠵᠤ ᠠᠬᠤᠶᠢᠯᠠᠯ ᠳᠤ ᠠᠶᠢᠮᠠᠭ ᠤᠨ ᠱᠠᠲᠤᠨ ᠠᠴᠠ 100 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃ ᠰᠢᠨ᠎ᠡ ᠭᠤᠷᠪᠠᠳᠤᠭᠠᠷ ᠳᠠᠪᠴᠠᠩ ᠤᠨ ᠰᠢᠨ᠎ᠡ ᠶᠢ ᠡᠭᠦᠳᠬᠦ ᠳᠠᠪᠬᠤᠷᠭ᠎ᠠ ᠳᠤ ᠤᠷᠤᠭᠰᠠᠨ ᠠᠵᠤ ᠠᠬᠤᠶᠢᠯᠠᠯ ᠳᠤ ᠳᠠᠬᠢᠭᠠᠳ 100 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ ︵ᠰᠢᠨ᠎ᠡ ᠭᠤᠷᠪᠠᠳᠤᠭᠠᠷ ᠳᠠᠪᠴᠠᠩ ᠤᠨ ᠰᠢᠨ᠎ᠡ ᠶᠢ ᠡᠭᠦᠳᠬᠦ ᠳᠠᠪᠬᠤᠷᠭ᠎ᠠ ᠳᠤ ᠰᠢᠭᠤᠳ ᠤᠷᠤᠭᠰᠠᠨ ᠰᠢᠨ᠎ᠡ ᠶᠢ ᠡᠭᠦᠳᠬᠦ ᠠᠵᠤ ᠠᠬᠤᠶᠢᠯᠠᠯ ᠳᠤ ᠨᠢᠭᠡ ᠯᠡ ᠤᠳᠠᠭ᠎ᠠ ᠳᠤ 200 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ︶᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠭᠠᠬᠤ ᠪᠠᠷ ᠳᠠᠮᠵᠢᠭᠤᠯᠤᠨ ᠱᠠᠩᠬᠠᠶ᠂ ᠱᠧᠨ᠋ᠵᠧᠨ᠂ ᠪᠡᠭᠡᠵᠢᠩ ᠤᠨ ᠦᠨᠡᠲᠦ ᠲᠡᠮᠳᠡᠭᠲᠦ ᠠᠷᠠᠯᠵᠢᠶᠠᠯᠠᠬᠤ ᠭᠠᠵᠠᠷ ᠲᠤ ᠬᠦᠷᠴᠦ ᠵᠠᠬ᠎ᠠ ᠳᠡᠯᠭᠡᠭᠦᠷ ᠲᠤ ᠭᠠᠷᠤᠭᠰᠠᠨ ᠪᠠᠶᠢᠪᠠᠯ᠂ ᠠᠶᠢᠮᠠᠭ ᠤᠨ ᠱᠠᠲᠤᠨ ᠠᠴᠠ ᠨᠢᠭᠡ ᠯᠡ ᠤᠳᠠᠭ᠎ᠠ ᠳᠤ 400 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃    5 . ᠠᠵᠤ ᠠᠬᠤᠶᠢᠯᠠᠯ ᠤᠨ ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠲᠤ ᠫᠠᠶᠢᠰᠠ ᠡᠯᠭᠦᠨ ᠪᠤᠶᠢᠵᠢᠭᠤᠯᠬᠤ ᠶᠢ ᠵᠣᠷᠢᠭᠵᠢᠭᠤᠯᠤᠨ᠎ᠠ᠃ ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠲᠤ ︽ᠲᠢᠶᠠᠨ ᠵᠢᠶᠦ᠋ᠨ ᠳᠠᠪᠴᠠᠩ︾᠎ ᠳᠤ ᠠᠮᠵᠢᠯᠲᠠ ᠲᠠᠢ ᠫᠠᠶᠢᠰᠠ ᠡᠯᠭᠦᠭᠰᠡᠨ ᠠᠵᠤ ᠠᠬᠤᠶᠢᠯᠠᠯ ᠳᠤ ᠠᠶᠢᠮᠠᠭ ᠤᠨ ᠱᠠᠲᠤ ᠠᠴᠠ 10 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃    ᠳᠥᠷᠪᠡ᠂ ᠪᠠᠲᠤᠯᠠᠭ᠎ᠠ ᠶᠢᠨ ᠲᠣᠭᠲᠠᠴᠠ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠠᠶᠢᠮᠠᠭ ᠤᠨ ᠠᠵᠤ ᠠᠬᠤᠶᠢᠯᠠᠯ ᠤᠨ ᠫᠠᠶᠢᠰᠠ ᠡᠯᠭᠦᠨ ᠵᠠᠬ᠎ᠠ ᠳᠡᠯᠭᠡᠭᠦᠷ ᠲᠤ ᠭᠠᠷᠬᠤ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠦᠢᠯᠡᠳᠦᠯ ᠢ ᠬᠦᠢᠴᠡᠳ ᠪᠠᠳᠠᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠠᠪᠤᠴᠠ ᠳᠠᠬᠢ ᠬᠦᠴᠢᠷ ᠲᠦᠪᠡᠭᠲᠡᠶ ᠠᠰᠠᠭᠤᠳᠠᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ  ᠰᠢᠢᠳᠪᠦᠷᠢᠯᠡᠨ᠎ᠡ᠃ ᠵᠠᠰᠠᠭ ᠵᠠᠬᠢᠷᠭᠠᠨ ᠤ ᠣᠷᠣᠨ ᠠᠯᠤᠰᠯᠠᠭᠰᠠᠨ ᠠᠰᠠᠭᠤᠳᠠᠯ ᠳᠤ ᠬᠤᠯᠪᠣᠭᠳᠠᠭᠰᠠᠨ ᠪᠣᠯ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠰᠠᠨᠠᠯ ᠳᠤᠷᠠᠳᠴᠤ᠂ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠵᠥᠪᠳᠡᠯᠴᠡᠭᠰᠡᠨ ᠤ ᠳᠠᠷᠠᠭ᠎ᠠ ᠳᠡᠭᠡᠭᠰᠢ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ ᠠᠬᠢᠭᠤᠯᠬᠤ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠳᠤ ᠮᠡᠳᠡᠭᠦᠯᠵᠦ ᠵᠣᠬᠢᠴᠠᠭᠤᠯᠤᠨ ᠰᠢᠢᠳᠪᠦᠷᠢᠯᠡᠨ᠎ᠡ᠃    ︵ᠬᠤᠶᠠᠷ︶ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠣᠨ᠎ᠠ᠃ ᠡᠯ᠎ᠡ ᠬᠤᠰᠢᠭᠤ ︵ᠣᠷᠣᠨ︶᠎ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠎ ᠨᠢ ᠲᠣᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠵᠤ ᠠᠬᠤᠶᠢᠯᠠᠯ ᠤᠨ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠬᠤ ᠠᠵᠢᠯ ᠢ ᠭᠤᠤᠯᠳᠠᠯᠭ᠎ᠠ ᠲᠠᠢ ᠳᠣᠭᠢᠷᠠᠭᠤᠯᠤᠨ ᠪᠠᠶᠢᠷᠢᠯᠠᠭᠤᠯᠵᠤ᠂ ᠲᠣᠳᠣᠷᠬᠠᠶ ᠳᠡᠮᠵᠢᠯᠭᠡ ᠶᠢᠨ ᠲᠥᠷᠥ ᠶᠢᠨ ᠪᠣᠳᠣᠯᠭ᠎ᠠ ᠪᠠ ᠰᠠᠨᠠᠯ ᠠᠷᠭ᠎ᠠ ᠬᠡᠮᠵᠢᠶ᠎ᠡ ᠶᠢ ᠨᠡᠶᠢᠲᠡᠯᠡᠬᠦ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠂ ᠠᠵᠤ ᠠᠬᠤᠶᠢᠯᠠᠯ ᠤᠨ ᠪᠣᠳᠠᠲᠠᠶ ᠬᠦᠴᠢᠷᠳᠡᠯ ᠢ ᠬᠦᠴᠦᠯᠡᠨ ᠰᠢᠢᠳᠪᠦᠷᠢᠯᠡᠵᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ ᠤᠷᠤᠭᠰᠢᠲᠠᠶ ᠠᠬᠢᠭᠤᠯᠬᠤ ᠶᠢ ᠪᠠᠲᠤᠯᠠᠬᠤ ᠬᠡᠷᠡᠭᠲᠡᠶ᠃    ︵ᠭᠤᠷᠪᠠ︶ ᠤᠬᠠᠭᠤᠯᠤᠨ ᠳᠠᠶᠢᠴᠢᠯᠠᠬᠤ ᠶᠢ ᠴᠢᠩᠭᠠᠳᠬᠠᠨ᠎ᠠ᠃ ᠡᠯ᠎ᠡ ᠬᠤᠰᠢᠭᠤ ︵ᠣᠷᠣᠨ︶᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠠᠵᠤ ᠠᠬᠤᠶᠢᠯᠠᠯ ᠳᠤ ᠭᠦᠨᠵᠡᠭᠡᠶᠢᠷᠡᠨ᠂ ᠣᠯᠠᠨ ᠵᠦᠢᠯ ᠤᠨ ᠬᠡᠯᠪᠡᠷᠢ ᠪᠠᠷ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ ᠳᠡᠮᠵᠢᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ᠂  ᠦᠢᠯᠡᠴᠢᠯᠡᠬᠡᠨ ᠤ ᠠᠷᠭ᠎ᠠ ᠬᠡᠮᠵᠢᠶ᠎ᠡ ᠶᠢ ᠥᠷᠭᠡᠨ ᠢᠶᠠᠷ ᠤᠬᠠᠭᠤᠯᠵᠤ᠂ ᠣᠯᠠᠨ ᠠᠷᠭ᠎ᠠ ᠵᠠᠮ ᠢᠶᠠᠷ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠥᠳᠬᠡᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠂ ᠮᠠᠨ ᠤ ᠠᠶᠢᠮᠠᠭ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ᠃    ᠲᠣᠰ ︽ᠬᠡᠷᠡᠭᠵᠢᠭᠦᠯᠬᠦ ᠰᠠᠨᠠᠯ︾᠎ ᠤᠨ ᠬᠦᠴᠦᠨ ᠲᠠᠢ ᠬᠤᠭᠤᠴᠠᠭ᠎ᠠ ᠨᠢ 2025 ᠣᠨ ᠤ 12 ᠳ᠋ᠤᠭᠠᠷ ᠰᠠᠷ᠎ᠠ ᠶᠢᠨ 31᠎ ᠤ ᠡᠳᠦᠷ ᠪᠣᠯᠲᠠᠯ᠎ᠠ᠂ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽︿ᠠᠯᠠᠱᠠ ᠠᠶᠢᠮᠠᠭ ᠤᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠶᠢ ᠠᠬᠢᠭᠤᠯᠬᠤ ᠭᠤᠷᠪᠠᠨ ᠵᠢᠯ ᠤᠨ ᠬᠡᠷᠡᠭᠵᠢᠭᠦᠯᠬᠦ ᠲᠥᠯᠥᠪᠯᠡᠭᠡ ︵2018—2020 ᠣᠨ︶﹀᠎ ᠶᠢ ᠳᠠᠷᠤᠮᠠᠯᠯᠠᠨ ᠳᠠᠷᠬᠠᠭᠠᠬᠤ ᠲᠤᠬᠠᠶ ᠠᠯᠠᠱᠠ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠮᠡᠳᠡᠭᠳᠡᠯ︾ ︵ᠠᠯᠠᠱᠠ ᠵᠠᠬᠢᠷᠭ᠎ᠠ ᠠᠯᠪᠠᠨ ᠲᠠᠷᠬᠠᠭᠠᠭᠰᠠᠨ ﹇2018﹈ 54 ᠳ᠋ᠣᠭᠡᠷ ᠲᠣᠭᠠᠲᠤ︶᠎ ᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃    ︽ᠠᠯᠠᠱᠠ ᠠᠶᠢᠮᠠᠭ ᠤᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠶᠢ ᠠᠬᠢᠭᠤᠯᠬᠤ ᠭᠤᠷᠪᠠᠨ ᠵᠢᠯ ᠤᠨ ᠬᠡᠷᠡᠭᠵᠢᠭᠦᠯᠬᠦ ᠲᠥᠯᠥᠪᠯᠡᠭᠡ ︵2018—2020 ᠣᠨ︶︾᠎ ᠶᠢ ᠬᠡᠷᠡᠭᠵᠢᠭᠦᠯᠬᠦ ᠬᠤᠭᠤᠴᠠᠭ᠎ᠠ ᠠᠴᠠ ᠲᠣᠰ ᠠᠷᠭ᠎ᠠ ᠶᠢ ᠬᠡᠷᠡᠭᠵᠢᠭᠦᠯᠬᠦ ᠪᠣᠯᠲᠠᠯ᠎ᠠ᠂ ᠰᠢᠨ᠎ᠡ ᠭᠤᠷᠪᠠᠳᠤᠭᠠᠷ ᠳᠠᠪᠴᠠᠩ ᠳᠤ ᠫᠠᠶᠢᠰᠠ ᠡᠯᠭᠦᠬᠦ᠂  ᠳᠠᠪᠬᠤᠷᠭ᠎ᠠ ᠳᠤ ᠣᠷᠣᠬᠤ ᠵᠢᠴᠢ ᠠᠩᠬ᠎ᠠ ᠤᠳᠠᠭ᠎ᠠ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠳᠤ ᠲᠣᠰ ᠠᠷᠭ᠎ᠠ ᠶᠢᠨ ᠪᠠᠷᠢᠮᠵᠢᠶ᠎ᠠ ᠶᠣᠰᠣᠭᠠᠷ ᠱᠠᠩᠨᠠᠯ ᠨᠥᠬᠦᠪᠥᠷᠢ ᠣᠯᠭᠤᠨ᠎ᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号