ᠯᠢ ᠵᠦᠩ ᠽᠧᠩ ᠡᠵᠡᠨ᠎ᠡ ᠬᠤᠰᠢᠭᠤᠨ ᠳᠤ ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2022/9/26
     9 ᠰᠠᠷ᠎ᠠ ᠶᠢᠨ 20 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠢ ᠵᠥᠩ ᠽᠧᠩ ᠡᠵᠡᠨ᠎ᠡ ᠬᠤᠰᠢᠭᠤᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠨᠡᠶᠢᠭᠡᠮ ᠤᠨ ᠵᠠᠰᠠᠯᠲᠠ᠂ ᠠᠮᠢ ᠠᠬᠤᠶ ᠶᠢᠨ ᠬᠠᠮᠠᠭᠠᠯᠠᠯᠲᠠ᠂ ᠢᠯᠴᠢ ᠬᠠᠩᠭᠠᠯᠭ᠎ᠠ ᠶᠢᠨ ᠪᠠᠲᠤᠯᠠᠭ᠎ᠠ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠪᠠ᠃ ᠡᠵᠡᠨ᠎ᠡ ᠬᠤᠰᠢᠭᠤᠨ ᠤ ᠨᠡᠶᠢᠭᠡᠮ ᠤᠨ ᠵᠠᠰᠠᠯᠲᠠ ᠶᠢᠨ ᠬᠤᠯᠪᠣᠭᠠᠯᠠᠨ ᠬᠥᠳᠡᠯᠦᠯᠴᠡᠬᠦ ᠵᠢᠯᠣᠭᠤᠳᠬᠤ ᠲᠥᠪ ᠲᠤ᠂ ᠯᠢ ᠵᠥᠩ ᠽᠧᠩ ᠲᠠᠪᠴᠠᠩ ᠢ ᠨᠡᠭᠡᠭᠡᠨ ᠠᠵᠢᠯᠯᠠᠭᠤᠯᠵᠤ ᠪᠠᠶᠢᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠨᠡᠶᠢᠭᠡᠮ ᠲᠣᠭᠤᠷᠢᠭ ᠤᠨ ᠲᠤᠤᠷᠵᠢᠯ ᠤᠨ ᠠᠵᠢᠯᠲᠠᠨ ᠢ ᠲᠣᠬᠤᠨᠢᠭᠤᠯᠪᠠ᠃ ᠲᠡᠷᠡ᠂ ᠲᠣᠣᠷᠵᠢᠭᠤᠯᠬᠤ᠂ ᠮᠡᠳᠡᠭᠡ ᠵᠠᠩᠭᠢᠵᠢᠭᠤᠯᠬᠤ ᠪᠣᠯ ᠨᠡᠶᠢᠭᠡᠮ ᠤᠨ ᠵᠠᠰᠠᠯᠲᠠ ᠶᠢᠨ ᠴᠢᠳᠠᠪᠤᠷᠢ ᠪᠣᠯᠤᠨ ᠵᠠᠰᠠᠯᠲᠠ ᠶᠢᠨ ᠰᠢᠰᠲ᠋ᠧᠮ ᠤᠨ ᠣᠳᠣᠬᠢᠴᠢᠯᠠᠯᠲᠠ ᠶᠢᠨ ᠴᠢᠬᠤᠯᠠ ᠪᠡᠯᠭᠡ ᠲᠡᠮᠳᠡᠭ ᠮᠥᠨ᠃ ᠣᠷᠳᠣ ᠬᠤᠭᠤᠴᠠᠭ᠎ᠠ ᠪᠠᠷ ᠪᠥᠲᠥᠭᠡᠨ ᠪᠠᠶᠢᠭᠤᠯᠵᠤ᠂ ᠠᠯᠬᠤᠮ ᠳᠠᠷᠠᠭ᠎ᠠ ᠲᠠᠢ ᠪᠠᠷ ᠪᠠᠯᠠ ᠣᠷᠣᠭᠤᠯᠵᠤ᠂ ᠬᠤᠲᠠ ᠪᠠᠯᠭᠠᠰᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠠᠪᠴᠠᠩ ᠤᠨ ᠴᠢᠳᠠᠮᠵᠢ ᠶᠢ ᠥᠷᠭᠡᠳᠬᠡᠵᠦ᠂ ᠬᠠᠨᠳᠤᠯᠭᠠᠲᠤ ᠴᠢᠨᠠᠷᠲᠠᠶ ᠪᠠᠷ ᠳᠤᠲᠠᠭᠤᠳᠠᠯ ᠪᠠᠭᠤᠷᠠᠶ ᠲᠠᠯ᠎ᠠ ᠪᠠᠨ ᠨᠥᠬᠦᠪᠥᠷᠢᠯᠡᠵᠦ᠂ ᠲᠤᠭ᠎ᠠ ᠪᠠᠷᠢᠮᠲᠠ ᠶᠢ ᠴᠤᠭᠯᠠᠭᠤᠯᠤᠨ ᠬᠠᠳᠠᠭᠠᠯᠠᠬᠤ᠂ ᠪᠤᠳᠤᠵᠤ ᠬᠠᠮᠠᠭᠠᠯᠠᠬᠤ ᠪᠠ ᠦᠢᠯᠡᠳᠬᠦᠨ ᠤ ᠬᠡᠷᠡᠭᠯᠡᠭᠡ ᠶᠢ ᠴᠢᠩᠭᠠᠳᠬᠠᠵᠤ᠂ ︽ᠲᠣᠮᠣ ᠳ᠋ᠠᠶᠢᠲ᠋ᠠ +︾ ᠳᠤ ᠲᠦᠰᠢᠭᠯᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠨᠡᠶᠢᠭᠡᠮ ᠤᠨ ᠪᠠᠶᠢᠩᠭᠤ ᠶᠢᠨ ᠵᠠᠰᠠᠯᠲᠠ ᠳᠤ ᠤᠨᠤᠪᠴᠢᠲᠠᠢ ᠲᠤᠭ᠎ᠠ ᠪᠠᠷᠢᠮᠲᠠ ᠬᠠᠩᠭᠠᠬᠤ ᠬᠡᠷᠡᠭᠳᠡᠢ ᠭᠡᠪᠡ᠃
    ᠤᠨᠴᠠ ᠶᠢᠨ ᠭᠤᠣᠯ ᠤᠨ ᠤᠰᠤᠨ ᠬᠠᠭᠠᠯᠲᠠ ᠶᠢᠨ ᠬᠠᠮᠢᠶᠠᠷᠤᠯᠲᠠ ᠶᠢᠨ ᠭᠠᠵᠠᠷ ᠲᠤ ᠬᠦᠷᠬᠦ ᠳᠤ᠂ ᠯᠢ ᠵᠦᠩ ᠽᠧᠩ ᠤᠰᠤᠨ ᠠᠰᠢᠭᠯᠠᠯᠲᠠ ᠶᠢᠨ ᠲᠥᠬᠦᠭᠡᠷᠦᠮᠵᠢ ᠪᠣᠯᠤᠨ ᠬᠠᠷ᠎ᠠ ᠭᠤᠣᠯ ᠤᠨ ᠤᠰᠤᠨ ᠤ ᠬᠤᠪᠢᠶᠠᠷᠢᠯᠠᠯᠲᠠ ᠶᠢᠨ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠭᠰᠡᠨ ᠪᠥᠭᠡᠳ ᠤᠨᠴᠠ ᠶᠢᠨ ᠭᠤᠣᠯ ᠤᠨ ᠤᠷᠤᠰᠬᠠᠯ ᠳᠠᠭᠠᠤ ᠤᠢ ᠰᠢᠭᠤᠢ ᠭᠤᠤᠯ ᠮᠦᠷᠡᠨ ᠢᠶᠠᠷ ᠲᠤᠭᠤᠷᠢᠨ ᠪᠠᠶᠢᠴᠠᠭᠠᠵᠦ᠂ ᠡᠷᠭᠢ ᠳᠠᠭᠠᠤ ᠤᠯᠠᠭᠠᠨ ᠰᠤᠬᠠᠢ᠂ ᠲᠣᠣᠷᠠᠢ  ᠵᠡᠷᠭᠡ ᠶᠢᠨ ᠤᠷᠭᠤᠴᠠ ᠶᠢᠨ ᠪᠠᠶᠢᠳᠠᠯ ᠢ ᠨᠠᠷᠢᠨ ᠠᠵᠢᠭᠯᠠᠪᠠ᠃ ᠲᠡᠷᠡ᠂ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢ ᠬᠠᠶᠢᠷᠠᠯᠠᠨ ᠬᠠᠮᠠᠭᠠᠯᠠᠵᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠴᠢᠩᠭᠠᠳᠬᠠᠨ᠂ ᠬᠠᠷ᠎ᠠ ᠭᠤᠣᠯ ᠤᠨ ᠤᠰᠤ ᠶᠢ ᠰᠠᠶᠢᠲᠤᠷ ᠠᠰᠢᠭᠯᠠᠵᠤ᠂ ᠡᠵᠡᠨ᠎ᠡ ᠶᠢ ᠤᠮᠳᠠᠯᠠᠵᠤ᠂ ᠲᠣᠣᠷᠠᠢ ᠶᠢᠨ ᠤᠢ ᠶᠢ ᠬᠠᠮᠠᠭᠠᠯᠠᠨ᠂ ᠶᠡᠭᠡ ᠠᠮᠢ ᠠᠬᠤᠢ ᠶᠢ ᠰᠡᠷᠭᠦᠭᠡᠵᠦ᠂ ᠡᠵᠡᠨ᠎ᠡ ᠶᠢᠨ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠳᠤ ᠬᠦᠴᠦᠲᠡᠢ ᠤᠰᠤᠨ ᠤ ᠲᠤᠯᠭᠠᠭᠤᠷᠢᠯᠠᠯ ᠬᠠᠩᠭᠠᠬᠤ ᠬᠡᠷᠡᠭᠳᠡᠢ ᠭᠡᠪᠡ᠃
    ᠡᠵᠡᠨ᠎ᠡ ᠬᠤᠰᠢᠭᠤᠨ ᠤ ᠳᠤᠯᠠᠭᠠᠨ ᠢᠯᠴᠢ ᠶᠢᠨ ᠬᠦᠴᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ᠂ ᠯᠢ ᠵᠥᠩ ᠽᠧᠩ ᠢᠯᠴᠢ ᠡᠭᠦᠰᠭᠡᠭᠴᠢ ᠶᠢᠨ ᠥᠷᠭᠡᠳᠬᠡᠨ ᠪᠠᠶᠢᠭᠤᠯᠵᠤ ᠪᠠᠭᠲᠠᠭᠠᠮᠵᠢ ᠨᠡᠮᠡᠭᠳᠡᠭᠦᠯᠬᠦ ᠲᠥᠷᠥᠯ ᠵᠦᠢᠯ ᠤᠨ ᠠᠬᠢᠴᠠ ᠪᠠ ᠡᠪᠦᠯ ᠤᠨ ᠤᠯᠠᠷᠢᠯ ᠤᠨ ᠢᠯᠴᠢ ᠬᠠᠩᠭᠠᠬᠤ ᠪᠡᠯᠡᠳᠬᠡᠯ ᠤᠨ ᠪᠠᠶᠢᠳᠠᠯ ᠢ ᠨᠠᠷᠢᠨ ᠠᠰᠠᠭᠤᠪᠠ᠃ ᠲᠡᠷᠡ᠂ ᠢᠨᠵᠧᠨᠧᠷᠢᠩ ᠤᠨ ᠠᠬᠢᠴᠠ ᠶᠢ ᠲᠦᠷᠭᠡᠳᠬᠡᠵᠦ᠂ ᠪᠠᠷᠢᠯᠭ᠎ᠠ ᠶᠢᠨ ᠠᠮᠤᠷ ᠲᠦᠪᠰᠢᠨ ᠢ ᠠᠩᠬᠠᠷᠴᠦ᠂ ᠲᠣᠭᠲᠠᠭᠰᠠᠨ ᠬᠤᠭᠤᠴᠠᠭᠠᠨ ᠳᠤ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠶ᠃ ᠨᠡᠭᠦᠷᠡᠰᠦᠨ ᠤ ᠨᠥᠭᠡᠴᠡ ᠶᠢ ᠥᠷᠭᠡᠳᠬᠡᠵᠦ᠂ ᠠᠶᠤᠯ ᠲᠦᠭᠰᠢᠭᠦᠷᠢ ᠪᠣᠯᠤᠨ ᠬᠡᠮ ᠰᠣᠭᠤᠭ ᠢ ᠤᠷᠢᠳᠴᠢᠯᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠠᠷᠠᠳ ᠣᠯᠠᠨ ᠢ ᠳᠤᠯᠠᠭᠠᠬᠠᠨ ᠡᠪᠦᠯᠵᠢᠭᠦᠯᠬᠦ ᠬᠡᠷᠡᠭᠲᠡᠶ ᠭᠡᠪᠡ᠃ ᠠᠶᠢᠮᠠᠭ ᠤᠨ ᠳᠡᠳ᠋ ᠳᠠᠷᠤᠭ᠎ᠠ ᠮᠥᠩᠬᠡ ᠪᠠᠶᠢᠴᠠᠭᠠᠨ ᠰᠤᠳᠤᠯᠤᠯᠲᠠ ᠳᠤ ᠤᠷᠤᠯᠴᠠᠪᠠ᠃
   
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号