9 ᠰᠠᠷ᠎ᠠ ᠶᠢᠨ 20 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠳᠠᠶᠢᠴᠢᠨ ᠬᠤᠳᠠᠯᠳᠤᠭᠠᠴᠢᠨ | ᠤᠷᠢᠬᠤ ᠪᠠᠩᠬᠢ ᠶᠢᠨ ᠬᠥᠬᠡᠬᠤᠲᠠ ᠶᠢᠨ ᠬᠤᠪᠢᠶᠠᠷᠢ ᠪᠠᠩᠬᠢ ᠶᠢᠨ ᠨᠠᠮ ᠤᠨ ᠬᠤᠷᠢᠶᠠᠨ ᠤ ᠱᠦᠵᠢ᠂ ᠪᠠᠩᠬᠢ ᠶᠢᠨ | ᠳᠠᠷᠤᠭ᠎ᠠ ᠯᠢᠦ ᠯᠸᠢ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠮᠥᠩᠭᠦᠨ ᠭᠦᠢᠯᠭᠡᠭᠡᠨ ᠤ ᠬᠦᠷᠢᠶᠡᠨ ᠳᠠᠬᠢ | ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠶᠠᠷᠢᠯᠴᠠᠵᠤ ᠰᠠᠨᠠᠯ ᠢᠶᠠᠨ ᠰᠣᠯᠢᠯᠴᠠᠪᠠ᠃ | | | | | | | | | | ᠳᠠᠶᠢᠴᠢᠨ᠂ ᠯᠢᠦ ᠯᠸᠢ ᠨᠠᠷ ᠤᠨ ᠠᠯᠠᠱᠠ ᠳᠤ ᠢᠷᠡᠵᠦ ᠬᠠᠮᠲᠤᠷᠠᠯᠴᠠᠭ᠎ᠠ ᠶᠢᠨ ᠲᠤᠬᠠᠶ ᠵᠥᠪᠳᠡᠯᠴᠡᠭᠰᠡᠨ ᠳᠤ | ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠠᠵᠤ ᠠᠬᠤᠢ ᠪᠣᠯ ᠪᠡᠶ᠎ᠠ ᠴᠣᠭᠴᠠ᠂ ᠮᠥᠩᠭᠦᠨ | ᠭᠦᠢᠯᠭᠡᠭᠡ ᠪᠣᠯ ᠠᠮᠢᠨ ᠰᠤᠳᠠᠰᠤ ᠮᠥᠨ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠨᠢ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠦᠴᠦᠲᠡᠢ ᠳᠡᠮᠵᠢᠯᠭᠡ ᠪᠠ ᠢᠳᠡᠪᠬᠢᠲᠡᠢ ᠤᠷᠤᠯᠴᠠᠯᠭ᠎ᠠ ᠠᠴᠠ ᠰᠠᠯᠵᠤ | ᠴᠢᠳᠠᠬᠤ ᠦᠭᠡᠢ ᠶᠤᠮ᠃ ᠣᠳᠣᠬᠠᠨ ᠳᠤ ᠠᠯᠠᠱᠠ ᠶᠠᠭ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠵᠠᠩᠭᠢᠯᠠᠭ᠎ᠠ ᠶᠢᠨ | ᠬᠤᠭᠤᠴᠠᠭᠠᠨ ᠳᠤ ᠣᠷᠣᠰᠢᠵᠤ᠂ ᠪᠡᠯᠡ ᠣᠷᠣᠭᠤᠯᠤᠯᠲᠠ ᠶᠢᠨ ᠬᠦᠷᠢᠶ᠎ᠠ ᠬᠡᠪᠴᠢᠶ᠎ᠠ ᠤᠯᠠᠨ᠂ ᠬᠥᠭᠵᠢᠯᠲᠡ ᠶᠢᠨ | ᠣᠷᠣᠨ ᠵᠠᠢ ᠶᠡᠭᠡ᠂ ᠬᠥᠭᠵᠢᠯᠲᠡ ᠶᠢᠨ ᠲᠠᠯᠳᠠ ᠬᠦᠴᠦᠨ ᠭᠦᠢᠴᠡᠳ ᠪᠠᠶᠢᠵᠤ᠂ ᠶᠠᠭ ᠪᠡᠯᠡ ᠣᠷᠣᠭᠤᠯᠤᠯᠲᠠ ᠶᠢ | ᠥᠷᠭᠡᠳᠬᠡᠬᠦ ᠴᠠᠭ ᠬᠤᠭᠤᠴᠠᠭᠠᠨ ᠳᠤ ᠪᠤᠢ᠃ ᠬᠤᠳᠠᠯᠳᠤᠭᠠᠴᠢᠨ ᠤᠷᠢᠬᠤ ᠪᠠᠩᠬᠢ ᠶᠢᠨ ᠮᠥᠩᠭᠦᠨ ᠭᠦᠢᠯᠭᠡᠭᠡᠨ ᠤ | ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠠᠯᠠᠱᠠ ᠶᠢᠨ ᠭᠤᠤᠯᠳᠠᠯᠭ᠎ᠠ ᠲᠠᠢ ᠲᠥᠷᠥᠯ ᠵᠦᠢᠯ ᠢ ᠳᠡᠮᠵᠢᠬᠦ | ᠡᠷᠴᠢᠮ ᠢᠶᠠᠨ ᠴᠢᠩᠭᠠᠷᠠᠭᠤᠯᠵᠤ᠂ ᠢᠯᠠᠩᠭᠤᠶ᠎ᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ᠂ ᠤᠯᠠᠮᠵᠢᠯᠠᠯᠲᠤ | ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠴᠡᠪᠡᠷ ᠡᠨᠧᠷᠭᠢ ᠶᠢᠨ ᠠᠵᠤ ᠦᠢᠯᠡᠰ ᠤᠨ | ᠬᠥᠭᠵᠢᠯᠲᠡ ᠵᠡᠷᠭᠡ ᠲᠠᠯ᠎ᠠ ᠪᠠᠷ ᠨᠠᠩ ᠣᠯᠠᠨ ᠮᠥᠩᠭᠦᠨ ᠭᠦᠢᠯᠭᠡᠭᠡᠨ ᠤ ᠳᠡᠮᠵᠢᠯᠭᠡ ᠪᠠ ᠪᠠᠲᠤᠯᠠᠭ᠎ᠠ ᠬᠠᠩᠭᠠᠵᠤ᠂ | ᠠᠯᠠᠱᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠶᠢ ᠬᠦᠰᠡᠵᠦ | ᠪᠠᠶᠢᠨ᠎ᠠ ᠬᠡᠪᠡ᠃ | ᠯᠢᠦ ᠯᠸᠢ᠂ ᠠᠷᠠᠯᠵᠢᠶᠠᠴᠢᠨ ᠤᠷᠢᠬᠤ ᠪᠠᠩᠬᠢ ᠶᠢᠨ ᠬᠥᠬᠡᠬᠤᠲᠠ ᠳᠠᠬᠢ ᠬᠤᠪᠢᠶᠠᠷᠢ ᠪᠠᠩᠬᠢ ᠮᠥᠩᠭᠦᠨ | ᠭᠦᠢᠯᠭᠡᠭᠡᠨ ᠤ ᠦᠢᠯᠡᠴᠢᠯᠡᠭᠡᠨ ᠤ ᠡᠭᠦᠷᠭᠡ ᠴᠢᠳᠠᠪᠬᠢ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠵᠤ᠂ | ᠠᠯᠠᠱᠠ ᠶᠢᠨ ᠬᠡᠯᠪᠡᠷᠢ ᠪᠠᠨ ᠬᠤᠪᠢᠷᠠᠭᠤᠯᠤᠨ ᠴᠢᠨᠠᠷ ᠰᠠᠶᠢᠲᠠᠶ ᠬᠥᠭᠵᠢᠬᠦ ᠠᠵᠠ ᠲᠣᠬᠢᠶᠠᠯ ᠢ ᠠᠮᠵᠢᠵᠤ᠂ ᠮᠥᠩᠭᠦᠨ | ᠭᠦᠢᠯᠭᠡᠭᠡᠨ ᠤ ᠦᠢᠯᠡᠴᠢᠯᠡᠭᠡᠨ ᠤ ᠰᠢᠨ᠎ᠡ ᠶᠢ ᠡᠭᠦᠳᠴᠦ᠂ ᠮᠥᠩᠭᠦᠨ ᠭᠦᠢᠯᠭᠡᠭᠡᠨ ᠤ ᠪᠦᠲᠦᠭᠡᠭᠳᠡᠭᠦᠨ ᠢ | ᠪᠠᠶᠠᠯᠢᠭᠵᠢᠭᠤᠯᠵᠤ᠂ ᠠᠯᠠᠱᠠ ᠶᠢᠨ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠳᠤ ᠣᠨᠣᠪᠴᠢᠲᠠᠶ | ᠥᠨᠳᠥᠷ ᠪᠦᠲᠦᠮᠵᠢᠲᠡᠶ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠨ᠎ᠠ ᠭᠡᠵᠦ ᠢᠯᠡᠳᠬᠡᠪᠡ᠃ | ᠠᠶᠢᠮᠠᠭ ᠤᠨ ᠳᠡᠳ᠋ ᠳᠠᠷᠤᠭ᠎ᠠ ᠺᠦᠩ ᠳ᠋ᠧ ᠬᠦᠢ ᠠᠭᠤᠯᠵᠠᠯᠲᠠ ᠳᠤ ᠣᠷᠣᠯᠴᠠᠵᠠᠢ᠃ |