ᠪᠥᠬᠦ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠤᠲᠠᠰᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/9/27
     9 ᠰᠠᠷ᠎ᠠ ᠶᠢᠨ 23 ᠤ ᠡᠳᠦᠷ᠂ ᠪᠦᠬᠦ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠤᠲᠠᠰᠤ ᠬᠤᠷᠠᠯ ᠬᠤᠷᠠᠯᠳᠤᠵᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠭᠦᠨᠵᠡᠭᠡᠢ  ᠳᠣᠣᠱᠯᠠᠭᠤᠯᠣᠨ ᠨᠠᠶᠢᠳᠠᠪᠤᠷᠢᠵᠢᠭᠤᠯᠵᠤ᠂ ᠣᠳᠣᠬᠠᠨ ᠤ ᠠᠵᠢᠯ ᠤᠨ ᠭᠤᠣᠯᠳᠠᠯᠭ᠎ᠠ ᠶᠢ ᠵᠠᠳᠠᠯᠤᠨ ᠡᠮᠬᠢᠯᠡᠵᠦ᠂ ᠤᠯᠤᠰ ᠤᠨ ᠪᠠᠶᠠᠷ ᠤᠨ ᠠᠮᠠᠷᠠᠯᠲᠠ ᠵᠢᠴᠢ ᠡᠮᠦᠨ᠎ᠡ ᠬᠤᠶᠢᠨᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ᠂ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠯᠢ ᠵᠥᠩ ᠽᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠠᠶᠢᠮᠠᠭ ᠤᠨ ᠳᠡᠳ᠋ ᠳᠠᠷᠤᠭ᠎ᠠ ᠮᠥᠩᠬᠡ᠂ ᠯᠢᠦ ᠳ᠋ᠧ᠂ ᠯᠸᠢ ᠬᠠᠶ ᠬᠤᠷᠠᠯ ᠳᠤ ᠣᠷᠣᠯᠴᠠᠪᠠ᠃
     ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠳᠠᠯ ᠦᠭᠡᠢ ᠬᠤᠷᠠᠯᠳᠤᠬᠤ ᠭᠡᠵᠦ ᠪᠠᠶᠢᠨ᠎ᠠ᠂ ᠠᠮᠤᠷ ᠲᠦᠪᠰᠢᠨ ᠲᠣᠭᠲᠠᠭᠤᠨ ᠪᠠᠶᠢᠬᠤ ᠪᠣᠯ ᠲᠡᠷᠢᠭᠦᠨ ᠴᠢᠬᠤᠯᠠ ᠶᠡᠭᠡ ᠶᠠᠪᠤᠳᠠᠯ ᠮᠥᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠨᠢ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠤᠯᠤᠰ ᠲᠦᠷᠦ ᠶᠢᠨ ᠪᠠᠶᠢᠷᠢ ᠰᠠᠭᠤᠷᠢ ᠶᠢ ᠲᠣᠳᠣᠷᠬᠠᠢ ᠣᠶᠢᠯᠠᠭᠠᠵᠤ᠂ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠨᠳᠦ ᠨᠣᠴᠢᠲᠠᠢ ᠪᠠᠶᠢᠳᠠᠯ ᠢ ᠭᠦᠨᠵᠡᠭᠡᠢ ᠲᠠᠨᠢᠵᠤ᠂ ᠴᠢᠩᠭ᠎ᠠ ᠬᠠᠮᠢᠶᠠᠷᠤᠨ ᠴᠢᠩᠭ᠎ᠠ ᠡᠵᠡᠮᠳᠡᠵᠦ᠂ ᠴᠢᠩᠭ᠎ᠠ ᠰᠡᠷᠭᠡᠶᠢᠯᠡᠨ ᠦᠬᠦᠨ ᠰᠠᠬᠢᠵᠤ᠂ ᠶᠠᠭᠠᠬᠢᠭᠰᠠᠨ ᠴᠤ ᠠᠯᠳᠠᠰᠢ ᠭᠠᠷᠭᠠᠵᠤ᠂ ᠬᠡᠷᠡᠭ ᠭᠠᠷᠭᠠᠵᠤ ᠪᠣᠯᠬᠤ ᠦᠭᠡᠢ ᠭᠡᠪᠡ᠃
     ᠬᠤᠷᠠᠯ ᠠᠴᠠ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠡᠭᠦᠰᠬᠦ ᠶᠢ ᠰᠡᠷᠭᠡᠶᠢᠯᠡᠬᠦ ᠶᠡᠷᠦᠩᠬᠡᠶ ᠠᠷᠭ᠎ᠠ ᠪᠣᠳᠣᠯᠭ᠎ᠠ ᠪᠠ ᠬᠢᠵᠢᠭ ᠢ ᠨᠠᠮᠳᠠᠭᠤᠯᠬᠤ ᠶᠡᠷᠦᠩᠬᠡᠶ ᠴᠢᠭᠯᠡᠯᠲᠡ ᠶᠢ ᠪᠠᠷᠢᠮᠲᠠᠯᠠᠵᠤ᠂ ᠬᠢᠵᠢᠭ ᠲᠤ ᠬᠤᠯᠪᠣᠭᠳᠠᠭᠰᠠᠨ ᠭᠠᠵᠠᠷ ᠣᠷᠣᠨ ᠢ ᠴᠢᠩᠭ᠎ᠠ ᠠᠩᠬᠠᠷᠴᠤ᠂ ᠠᠵᠢᠯ ᠤᠨ ᠭᠤᠤᠯᠳᠠᠯᠭ᠎ᠠ ᠪᠠᠨ ᠳᠣᠪᠤᠶᠢᠯᠭᠠᠨ᠂ ︽ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠬᠦ︾ ᠶᠢ ᠴᠢᠩᠭ᠎ᠠ ᠨᠠᠶᠢᠳᠠᠪᠤᠷᠢᠵᠢᠭᠤᠯᠵᠤ᠂ ᠪᠥᠭᠡᠮ ᠬᠦᠴᠢᠯ ᠤᠨ ᠥᠯᠢᠭᠡᠷ ᠠᠪᠴᠤ ᠰᠢᠯᠭᠠᠨ ᠪᠠᠶᠢᠴᠠᠭᠠᠬᠤ ᠶᠠᠰᠤ ᠴᠢᠨᠠᠷ ᠢ ᠳᠡᠭᠡᠭᠰᠢᠯᠡᠭᠦᠯᠦᠨ᠂ ᠭᠤᠤᠯᠳᠠᠯᠭ᠎ᠠ ᠲᠠᠢ ᠠᠶᠤᠯ ᠲᠦᠭᠰᠢᠭᠦᠷᠢ ᠲᠠᠢ ᠬᠥᠮᠦᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠪᠣᠭᠤᠮᠲᠠ᠂ ᠵᠠᠮ ᠬᠠᠷᠢᠯᠴᠠᠭᠠᠨ ᠤ ᠬᠤᠷᠢᠭ᠎ᠠ ᠴᠡᠭ᠂ ᠬᠢᠯᠢ ᠬᠢᠵᠠᠭᠠᠷ ᠤᠨ ᠰᠤᠮᠤ ᠪᠠᠯᠭᠠᠰᠤ᠂ ᠰᠤᠷᠭᠠᠭᠤᠯᠢ ᠵᠡᠷᠭᠡ ᠭᠤᠤᠯᠳᠠᠯᠭ᠎ᠠ ᠲᠠᠢ ᠣᠷᠣᠨ ᠪᠠᠶᠢᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠂ ᠬᠢᠯᠢ ᠶᠢᠨ ᠭᠠᠳᠠᠨᠠᠬᠢ ᠰᠡᠷᠭᠡᠶᠢᠯᠡᠯᠲᠡ ᠶᠢᠨ ᠱᠤᠭᠤᠮ᠂ ᠮᠤᠵᠢ ᠶᠢᠨ ᠬᠡᠪᠴᠢᠶᠡᠨ ᠤ ᠰᠡᠷᠭᠡᠶᠢᠯᠡᠯᠲᠡ ᠶᠢᠨ ᠱᠤᠭᠤᠮ ᠪᠠ ᠠᠶᠢᠮᠠᠭ ᠤᠨ ᠬᠡᠪᠴᠢᠶᠡᠨ ᠤ ᠰᠡᠷᠭᠡᠶᠢᠯᠡᠯᠲᠡ ᠶᠢᠨ ᠱᠤᠭᠤᠮ ᠢ ᠴᠢᠩᠭ᠎ᠠ ᠰᠠᠶᠢᠲᠤᠷ ᠰᠠᠬᠢᠬᠤ ᠬᠡᠷᠡᠭᠲᠡᠶ ᠭᠡᠵᠦ ᠴᠢᠬᠤᠯᠠᠴᠢᠯᠠᠪᠠ᠃
     ᠬᠤᠷᠠᠯ ᠠᠴᠠ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠵᠢᠯᠣᠭᠤᠳᠬᠤ ᠰᠢᠰᠲ᠋ᠧᠮ ᠢ ᠪᠦᠬᠦ ᠲᠠᠯ᠎ᠠ ᠪᠠᠷ ᠠᠮᠢᠯᠠᠭᠤᠯᠵᠤ᠂ ᠭᠡᠪᠴᠢᠶ᠎ᠡ ᠲᠠᠢ ᠬᠢᠵᠢᠭ ᠤᠨ ᠪᠠᠶᠢᠳᠠᠯ ᠢ ᠠᠷᠭᠠᠴᠠᠭᠠᠬᠤ ᠂ ᠤᠯᠠᠨ ᠴᠡᠭ ᠲᠤ ᠠᠵᠢᠯᠯᠠᠬᠤ ᠪᠡᠯᠡᠳᠬᠡᠯ ᠢ ᠴᠠᠭ ᠢᠮᠠᠭᠲᠠ ᠰᠠᠶᠢᠲᠤᠷ ᠬᠢᠬᠦ ᠬᠡᠷᠡᠭᠲᠡᠢ᠃ ᠤᠬᠠᠭᠤᠯᠵᠤ ᠬᠥᠲᠥᠯᠥᠨ ᠵᠢᠯᠣᠭᠤᠳᠬᠤ᠂ ᠠᠵᠢᠯ ᠲᠥᠷᠥᠯ ᠢ ᠬᠢᠨᠠᠨ ᠬᠠᠮᠢᠶᠠᠷᠬᠤ᠂ ᠬᠢᠨᠠᠨ ᠵᠢᠯᠣᠭᠤᠳᠴᠤ ᠪᠠᠶᠢᠴᠠᠭᠠᠬᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠱᠠᠯᠠᠪᠳᠠᠭᠤᠯᠤᠨ ᠱᠠᠭᠠᠷᠳᠠᠵᠤ᠂ ᠰᠠᠭᠤᠭᠠᠯᠢ ᠠᠷᠠᠳ ᠤᠨ ᠴᠢᠬᠤᠯᠠ ᠪᠤᠰᠤ ᠴᠤᠭᠯᠠᠷᠠᠯ ᠪᠠ ᠰᠢᠯᠵᠢᠯᠲᠡ ᠶᠢ ᠪᠠᠭᠠᠰᠬᠠᠬᠤ ᠶᠢ ᠰᠠᠨᠠᠭᠠᠴᠢᠯᠠᠵᠤ᠂ ᠬᠢᠵᠢᠭ ᠤᠨ ᠪᠠᠶᠢᠳᠠᠯ ᠤᠨ ᠠᠶᠤᠯ ᠲᠦᠭᠰᠢᠭᠦᠷᠢ ᠶᠢ ᠠᠯᠢ ᠴᠢᠳᠠᠬᠤ ᠪᠠᠷ ᠪᠠᠭᠤᠷᠠᠭᠤᠯᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠢᠢᠳᠪᠦᠷᠢᠯᠡᠭᠰᠡᠨ ᠲᠤᠷᠰᠢᠯᠭ᠎ᠠ ᠪᠠᠨ ᠨᠠᠷᠢᠨ ᠬᠢᠨᠠᠮᠠᠭᠠᠢ ᠳ᠋ᠦᠩᠨᠡᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠴᠢᠳᠠᠪᠤᠷᠢ ᠪᠠᠨ ᠳᠡᠭᠡᠭᠰᠢᠯᠡᠭᠦᠯᠵᠦ᠂ ᠪᠣᠳᠠᠲᠤ ᠬᠦᠴᠦᠨ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ᠂ ᠬᠥᠭᠵᠢᠯᠲᠡ ᠶᠢ ᠲᠣᠭᠲᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号