ᠨᠢᠭᠡ᠂ ᠶᠡᠷᠦᠩᠬᠡᠶ ᠱᠠᠭᠠᠷᠳᠠᠯᠭ᠎ᠠ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠠᠵᠢᠯ ᠤᠨ | ᠱᠠᠭᠠᠷᠳᠠᠯᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠣᠷᠢᠵᠢᠭᠤᠯᠵᠦ᠂ ᠵᠠᠰᠠᠭ ᠤᠨ ᠶᠠᠪᠤᠳᠠᠯ ᠤᠨ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠬᠠᠤᠯᠢ ᠶᠣᠰᠣᠭᠠᠷ | ᠵᠠᠰᠠᠭ ᠶᠠᠪᠤᠭᠤᠯᠬᠤ᠂ ᠢᠯᠡ ᠪᠠᠷ ᠵᠠᠰᠠᠭ ᠶᠠᠪᠤᠭᠤᠯᠬᠤ ᠶᠢ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢ ᠠᠬᠢᠭᠤᠯᠬᠤ ᠴᠢᠬᠤᠯᠠ ᠠᠷᠭ᠎ᠠ ᠪᠠᠷᠢᠯ ᠪᠣᠯᠭᠠᠵᠤ᠂ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ | ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠵᠠᠰᠠᠭ ᠤᠨ ᠣᠷᠳᠣᠨ ᠤ ᠢᠲᠡᠭᠡᠭᠦᠯᠬᠦ ᠬᠦᠴᠦᠨ ᠢ | ᠳᠡᠭᠡᠭᠰᠢᠯᠡᠭᠦᠯᠦᠨ᠎ᠡ︔ ᠵᠠᠰᠠᠭ ᠤᠨ ᠶᠠᠪᠤᠳᠠᠯ ᠤᠨ ᠬᠦᠷᠢᠶ᠎ᠡ ᠶᠢᠨ ᠢᠲᠡᠭᠡᠮᠵᠢ ᠠᠯᠳᠠᠭᠰᠠᠨ ᠲᠡᠮᠳᠡᠭᠯᠡᠯ ᠢ ᠪᠠᠶᠢᠭᠤᠯᠬᠤ ᠪᠠ | ᠢᠲᠡᠭᠡᠮᠵᠢ ᠠᠯᠳᠠᠭᠰᠠᠨ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠢ ᠵᠠᠰᠠᠭ ᠤᠨ ᠶᠠᠪᠤᠳᠠᠯ ᠤᠨ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ᠡᠳᠦᠷ ᠲᠤᠲᠤᠮ ᠤᠨ | ᠬᠢᠨᠠᠯᠲᠠ ᠬᠠᠮᠢᠶᠠᠷᠤᠯᠲᠠ ᠪᠠ ᠰᠢᠮᠳᠠᠭᠤᠯᠤᠨ ᠵᠢᠯᠣᠭᠤᠳᠴᠤ ᠰᠢᠯᠭᠠᠨ ᠦᠨᠡᠯᠡᠬᠦ ᠶᠢ ᠴᠢᠩᠭᠠᠷᠠᠭᠤᠯᠤᠨ᠂ ᠵᠠᠰᠠᠭ ᠤᠨ | ᠣᠷᠳᠣᠨ ᠤ ᠦᠨᠡᠨᠴᠢ ᠢᠲᠡᠭᠡᠮᠵᠢᠲᠡᠶ ᠪᠠᠷ ᠵᠠᠰᠠᠭ ᠶᠠᠪᠤᠭᠤᠯᠬᠤ ᠬᠢᠷᠢ ᠬᠡᠮᠵᠢᠶ᠎ᠡ ᠪᠠ ᠠᠯᠪᠠᠲᠠᠨ ᠤ ᠡᠩᠨᠡᠭᠡ ᠶᠢᠨ | ᠦᠨᠡᠨᠴᠢ ᠢᠲᠡᠭᠡᠮᠵᠢᠲᠡᠶ ᠪᠠᠷ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠤᠬᠠᠮᠰᠠᠷ ᠢ ᠲᠠᠰᠤᠷᠠᠯᠲᠠ ᠥᠬᠡᠶ | ᠳᠡᠭᠡᠭᠰᠢᠯᠡᠭᠦᠯᠦᠨ᠎ᠡ︔ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ᠂ ᠵᠠᠬ᠎ᠠ ᠳᠡᠯᠭᠡᠭᠦᠷ ᠤᠨ ᠡᠷᠬᠡ | ᠲᠡᠭᠰᠢ ᠶᠢ ᠬᠤᠬᠢᠷᠠᠭᠤᠯᠤᠭᠰᠠᠨ ᠵᠡᠷᠭᠡ ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠠᠵᠢᠯᠯᠠᠭ᠎ᠠ ᠶᠢ ᠵᠠᠰᠠᠨ | ᠴᠡᠭᠴᠡᠯᠡᠬᠦ ᠭᠤᠣᠯᠳᠠᠯᠭ᠎ᠠ ᠪᠣᠯᠭᠠᠵᠤ᠂ ᠮᠠᠨ ᠤ ᠠᠶᠢᠮᠠᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠷᠠᠳ | ᠣᠯᠠᠨ ᠤ ᠦᠢᠯᠡᠳᠪᠦᠷᠢᠯᠡᠯ ᠠᠮᠢᠳᠤᠷᠠᠯ ᠤᠨ ᠱᠠᠭᠠᠷᠳᠠᠯᠭ᠎ᠠ ᠶᠢ ᠬᠠᠩᠭᠠᠬᠤ ᠵᠠᠰᠠᠭ ᠤᠨ ᠶᠠᠪᠤᠳᠠᠯ ᠤᠨ ᠢᠲᠡᠭᠡᠮᠵᠢ ᠶᠢᠨ | ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ | ᠬᠤᠶᠠᠷ᠂ ᠠᠵᠢᠯ ᠤᠨ ᠡᠭᠦᠷᠭᠡ | ︵ᠨᠢᠭᠡ︶ ᠵᠠᠰᠠᠭ ᠤᠨ ᠶᠠᠪᠤᠳᠠᠯ ᠤᠨ ᠭᠤᠤᠯ ᠴᠣᠭᠴᠠ ᠶᠢᠨ ᠢᠲᠡᠭᠡᠮᠵᠢ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ | 1 . ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ ᠡᠷᠬᠡ ᠶᠢᠨ ᠨᠠᠷᠢᠨ ᠬᠠᠭᠤᠳᠠᠰᠤ᠂ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠵᠠᠭᠤᠴᠢ ᠦᠢᠯᠡᠴᠢᠯᠡᠬᠡᠨ ᠤ ᠵᠦᠢᠯᠡᠰ ᠤᠨ ᠨᠠᠷᠢᠨ ᠬᠠᠭᠤᠳᠠᠰᠤ᠂ | ᠵᠠᠭᠤᠴᠢ ᠦᠢᠯᠡᠴᠢᠯᠡᠬᠡᠨ ᠤ ᠰᠦᠢᠳᠬᠡᠯ ᠬᠤᠷᠢᠶᠠᠬᠤ ᠭᠠᠷᠴᠠᠭ ᠤᠨ ᠨᠠᠷᠢᠨ ᠬᠠᠭᠤᠳᠠᠰᠤ᠂ ᠣᠯᠠᠨ ᠨᠡᠶᠢᠲᠡ ᠶᠢᠨ | ᠦᠢᠯᠡᠴᠢᠯᠡᠬᠡᠨ ᠤ ᠵᠦᠢᠯᠡᠰ ᠤᠨ ᠨᠠᠷᠢᠨ ᠬᠠᠭᠤᠳᠠᠰᠤ᠂ ᠭᠡᠷᠡᠴᠢᠯᠡᠬᠦ ᠵᠦᠢᠯᠡᠰ ᠤᠨ ᠨᠠᠷᠢᠨ ᠬᠠᠭᠤᠳᠠᠰᠤ᠂ ᠲᠠᠰᠢᠷᠠᠮ | ᠳᠠᠭᠠᠤ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ᠂ ᠵᠠᠰᠠᠭ ᠵᠠᠬᠢᠷᠭᠠᠨ ᠠᠵᠢᠯ ᠦᠢᠯᠡᠰ ᠤᠨ | ᠴᠢᠨᠠᠷᠲᠠᠶ ᠰᠦᠢᠳᠬᠡᠯ ᠬᠤᠷᠢᠶᠠᠬᠤ ᠭᠠᠷᠴᠠᠭ ᠤᠨ ᠨᠠᠷᠢᠨ ᠬᠠᠭᠤᠳᠠᠰᠤ ᠵᠡᠷᠭᠡ ︽ᠨᠠᠢᠮᠠᠨ ᠨᠠᠷᠢᠨ ᠬᠠᠭᠤᠳᠠᠰᠤ︾ ᠶᠢ | ᠲᠡᠭᠦᠯᠳᠡᠷᠵᠢᠭᠦᠯᠦᠨ ᠰᠠᠶᠢᠲᠤᠷ ᠨᠠᠶᠢᠳᠠᠪᠣᠷᠢᠵᠢᠭᠤᠯᠵᠦ᠂ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ | ᠬᠡᠷᠡᠭᠵᠢᠭᠦᠯᠦᠨ᠂ ᠡᠷᠬᠡ ᠶᠢᠨ ᠠᠵᠢᠯᠯᠠᠭᠠᠨ ᠢ ᠵᠢᠷᠤᠮᠵᠢᠭᠤᠯᠤᠨ᠎ᠠ᠃ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠦᠷᠢᠳᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ ᠴᠢᠩᠭ᠎ᠠ ᠨᠠᠶᠢᠳᠠᠪᠤᠷᠢᠵᠢᠭᠤᠯᠵᠤ᠂ ᠣᠯᠠᠨ ᠨᠡᠶᠢᠲᠡ ᠶᠢ | ᠣᠷᠣᠯᠴᠠᠭᠤᠯᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ | ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠬᠠᠮᠲᠤ ᠪᠠᠷ ᠶᠠᠷᠢᠯᠴᠠᠨ ᠲᠣᠭᠲᠠᠭᠠᠬᠤ ᠶᠠᠪᠤᠳᠠᠯ ᠢ ᠴᠢᠬᠤᠯᠠ ᠶᠡᠭᠡ | ᠰᠢᠢᠳᠪᠦᠷᠢᠳᠦ ᠪᠣᠳᠣᠯᠭ᠎ᠠ ᠲᠣᠭᠲᠠᠭᠠᠬᠤ ᠶᠢᠨ ᠵᠠᠪᠠᠯ ᠥᠩᠭᠡᠷᠡᠭᠡᠬᠦ ᠳᠡᠰ ᠳᠠᠷᠠᠭᠠᠯᠠᠯ ᠪᠣᠯᠭᠠᠵᠤ᠂ ᠬᠢᠨᠠᠮᠠᠭᠠᠶ | ᠬᠡᠷᠡᠭᠵᠢᠭᠦᠯᠦᠨ᠂ ᠴᠢᠬᠤᠯᠠ ᠶᠡᠭᠡ ᠠᠰᠢᠭ ᠲᠤᠰᠠ ᠶᠢᠨ ᠲᠣᠬᠢᠷᠠᠭᠤᠯᠤᠯᠲᠠ ᠳᠤ ᠬᠤᠯᠪᠣᠭᠳᠠᠬᠤ ᠵᠢᠴᠢ ᠪᠠᠶᠢᠭᠠᠯᠢ | ᠬᠥᠮᠦᠨ᠂ ᠬᠠᠤᠯᠢ ᠶᠢᠨ ᠡᠷᠬᠡᠲᠡᠨ ᠪᠣᠯᠤᠨ ᠬᠠᠤᠯᠢ ᠶᠢᠨ ᠡᠷᠬᠡᠲᠡᠨ ᠪᠤᠰᠤ ᠵᠣᠬᠢᠶᠠᠨ ᠪᠠᠶᠢᠭᠤᠯᠤᠯᠲᠠ ᠶᠢᠨ ᠡᠷᠬᠡ | ᠡᠭᠦᠷᠭᠡ ᠳᠤ ᠨᠡᠯᠢᠶᠡᠳ ᠶᠡᠭᠡ ᠨᠥᠯᠥᠭᠡ ᠲᠠᠢ ᠵᠠᠰᠠᠭ ᠵᠠᠬᠢᠷᠭᠠᠨ ᠤ ᠰᠢᠢᠳᠪᠦᠷᠢᠳᠦ ᠪᠣᠳᠣᠯᠭ᠎ᠠ ᠲᠣᠭᠲᠠᠭᠠᠬᠤ ᠠᠴᠠ | ᠡᠮᠦᠨ᠎ᠡ᠂ ᠭᠡᠷᠡᠴᠢᠯᠡᠭᠡ ᠰᠣᠨᠣᠰᠬᠤ ᠬᠤᠷᠠᠯ ᠬᠢᠬᠦ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ | ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶ | 2 . ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠲᠦᠯᠬᠢᠨ ᠠᠬᠢᠭᠤᠯᠤᠨ᠎ᠠ᠃ ᠵᠠᠰᠠᠭ ᠵᠠᠬᠢᠷᠭᠠᠨ ᠤ | ᠰᠢᠢᠳᠪᠦᠷᠢᠳᠦ ᠪᠣᠳᠣᠯᠭ᠎ᠠ ᠲᠣᠭᠲᠠᠭᠠᠬᠤ᠂ ᠬᠡᠷᠡᠭᠵᠢᠭᠦᠯᠬᠦ᠂ ᠬᠠᠮᠢᠶᠠᠷᠬᠤ᠂ ᠦᠢᠯᠡᠴᠢᠯᠡᠬᠦ ᠪᠠ ᠦᠷ᠎ᠡ ᠳ᠋ᠦᠩ ᠵᠡᠷᠭᠡ | ᠲᠠᠯ᠎ᠠ ᠪᠠᠷ ᠬᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ ᠢ ᠬᠠᠤᠯᠢ ᠲᠣᠭᠲᠠᠭᠠᠯ | ᠶᠣᠰᠣᠭᠠᠷ ᠨᠠᠶᠢᠳᠠᠪᠤᠷᠢᠵᠢᠭᠤᠯᠵᠤ᠂ ᠠᠷᠠᠳ ᠣᠯᠠᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠢᠯᠡᠳᠬᠡᠬᠦ | ᠡᠷᠬᠡ᠂ ᠬᠢᠨᠠᠯᠲᠠ ᠲᠠᠯᠪᠢᠬᠤ ᠡᠷᠬᠡ ᠶᠢ ᠪᠠᠲᠤᠯᠠᠨ᠎ᠠ᠃ ᠠᠷᠠᠳ ᠣᠯᠠᠨ ᠤ ᠲᠤᠰ ᠪᠡᠶ᠎ᠡ ᠶᠢᠨ ᠠᠰᠢᠭ ᠲᠤᠰᠠ ᠯᠤᠭ᠎ᠠ | ᠨᠢᠭᠲᠠ ᠬᠤᠯᠪᠣᠭᠳᠠᠬᠤ ᠵᠢᠴᠢ ᠬᠢᠯᠪᠠᠷᠬᠠᠨ ᠢᠯᠵᠠᠷᠠᠯ ᠡᠭᠦᠰᠬᠦ ᠭᠤᠣᠯᠳᠠᠯᠭ᠎ᠠ ᠲᠠᠢ ᠬᠦᠷᠢᠶ᠎ᠡ᠂ ᠴᠢᠬᠤᠯᠠ ᠠᠵᠢᠯ ᠤᠨ | ᠪᠠᠶᠢᠷᠢ ᠪᠣᠯᠤᠨ ᠵᠠᠩᠭᠢᠯᠠᠭ᠎ᠠ ᠶᠢᠨ ᠲᠠᠯ᠎ᠠ ᠶᠢᠨ ᠡᠷᠬᠡ ᠶᠢᠨ ᠠᠵᠢᠯᠯᠠᠭᠠᠨ ᠤ ᠪᠠᠶᠢᠳᠠᠯ ᠢ ᠴᠠᠭ ᠳᠣᠬᠠᠢ ᠳᠤᠨᠢ | ᠲᠣᠬᠢᠷᠠᠭᠤᠯᠤᠨ ᠢᠯᠡ ᠪᠣᠯᠭᠠᠵᠤ᠂ ᠪᠦᠬᠦ ᠶᠠᠪᠤᠴᠠ ᠳᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ | ᠨᠡᠶᠢᠭᠡᠮ ᠤᠨ ᠬᠢᠨ ᠤ ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ | ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠡᠯ᠎ᠡ ᠬᠤᠰᠢᠭᠤ | ᠣᠷᠣᠨ᠂ ᠠᠶᠢᠮᠠᠭ ᠤᠨ ᠰᠢᠭᠤᠳ ᠬᠠᠷᠢᠶ᠎ᠠ ᠪᠤᠰᠤᠳ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ︶ | 3 . ᠲᠥᠪ ᠭᠤᠤᠯᠴᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ︽ᠬᠤᠶᠠᠷ ᠢ ᠰᠤᠭᠤᠴᠢᠵᠤ᠂ ᠨᠢᠭᠡ ᠶᠢ | ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠲᠦᠷᠢᠮ ᠪᠠ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ︽ᠬᠤᠶᠠᠷ ᠢ ᠰᠤᠭᠤᠴᠢᠵᠤ᠂ ᠨᠢᠭᠡ ᠶᠢ | ᠢᠯᠡ ᠪᠣᠯᠭᠠᠬᠤ︾ ᠶᠢ ᠪᠦᠷᠢᠨ ᠪᠥᠷᠬᠦᠭᠦᠯᠬᠦ ᠶᠢ ᠠᠬᠢᠭᠤᠯᠤᠨ᠎ᠠ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠪᠥᠬᠦ | ᠦᠶᠡᠯᠡᠯ ᠤᠨ ᠬᠤᠭᠤᠴᠠᠭ᠎ᠠ ᠶᠢ ᠲᠤᠤᠱᠯᠠᠭᠤᠯᠵᠤ᠂ ᠬᠡᠷᠡᠭ ᠤᠨ ᠡᠮᠦᠨ᠎ᠡ᠂ ᠬᠡᠷᠡᠭ ᠤᠨ ᠳᠤᠮᠳᠠ᠂ ᠬᠡᠷᠡᠭ ᠤᠨ | ᠳᠠᠷᠠᠭᠠᠬᠢ ᠪᠥᠬᠦ ᠬᠢᠨᠠᠯᠲᠠ ᠬᠠᠮᠢᠶᠠᠷᠤᠯᠲᠠ ᠶᠢᠨ ᠭᠤᠭᠴᠤᠭ᠎ᠠ ᠶᠢ ᠵᠣᠯᠭᠠᠭᠤᠯᠬᠤ ᠰᠢᠨ᠎ᠡ ᠬᠡᠯᠪᠡᠷᠢ ᠶᠢᠨ ᠬᠢᠨᠠᠯᠲᠠ | ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠲᠥᠪ ᠭᠤᠤᠯᠴᠢ ᠪᠠᠷ ᠬᠢᠨᠠᠨ ᠬᠠᠮᠢᠶᠠᠷᠬᠤ | ᠴᠢᠳᠠᠪᠤᠷᠢ ᠪᠠ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ | ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ ᠣᠷᠣᠨ᠂ | ᠠᠶᠢᠮᠠᠭ ᠤᠨ ᠰᠢᠭᠤᠳ ᠬᠠᠷᠢᠶ᠎ᠠ ᠪᠤᠰᠤᠳ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ︶ | 4 . ᠦᠢᠯᠡᠴᠢᠯᠡᠬᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠳᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢᠨ ᠶᠡᠷᠦᠩᠬᠡᠶ ᠱᠠᠭᠠᠷᠳᠠᠯᠭ᠎ᠠ ᠶᠣᠰᠣᠭᠠᠷ᠂ ᠵᠠᠰᠠᠭ ᠵᠠᠬᠢᠷᠭᠠᠨ ᠤ ᠴᠤᠪᠤᠷᠠᠯ ᠢ ᠤᠯᠠᠮ ᠨᠢᠭᠡ ᠠᠯᠬᠤᠮ | ᠰᠢᠯᠢᠳᠡᠭᠵᠢᠭᠦᠯᠦᠨ ᠴᠣᠮᠬᠠᠳᠬᠠᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠦᠷᠭᠦᠯᠵᠢᠯᠡᠨ | ᠢᠯᠭᠠᠷᠠᠭᠤᠯᠵᠤ᠂ ᠬᠦᠴᠦᠨ ᠥᠬᠡᠶ ᠪᠣᠯᠭᠠᠬᠤ ᠪᠠ ᠳᠣᠭᠢᠷᠠᠭᠤᠯᠵᠤ᠂ ᠡᠷᠬᠡ ᠶᠢ ᠳᠣᠷᠣᠭᠰᠢ ᠪᠠᠭᠤᠯᠭᠠᠬᠤ ᠶᠢᠨ | ᠬᠠᠮᠵᠢᠯᠴᠠᠬᠤ ᠴᠢᠨᠠᠷ᠂ ᠬᠠᠮᠲᠤᠷᠠᠨ ᠬᠥᠳᠡᠯᠦᠯᠴᠡᠬᠦ ᠴᠢᠨᠠᠷ ᠢ ᠳᠡᠭᠡᠭᠰᠢᠯᠡᠭᠦᠯᠦᠨ᠎ᠡ᠃ ᠰᠦᠯᠵᠢᠶᠡᠨ ᠳᠡᠭᠡᠷ᠎ᠡ | ᠦᠢᠯᠡᠴᠢᠯᠡᠬᠦ᠂ ᠬᠠᠮᠳᠣᠷᠠᠨ ᠦᠢᠯᠡᠴᠢᠯᠡᠬᠦ ᠪᠠ ᠦᠢᠯᠡᠴᠢᠯᠡᠬᠡᠨ ᠤ ᠶᠠᠰᠤ ᠴᠢᠨᠠᠷ ᠢ ᠢᠯᠡ ᠪᠠᠷ ᠠᠮᠠᠯᠳᠠᠬᠤ ᠵᠡᠷᠭᠡ ᠠᠷᠭ᠎ᠠ | ᠬᠡᠮᠵᠢᠶ᠎ᠡ ᠶᠢ ᠬᠡᠷᠡᠭᠵᠢᠭᠦᠯᠵᠦ᠂ ᠵᠠᠰᠠᠭ ᠵᠠᠬᠢᠷᠭᠠᠨ ᠤ ᠦᠷ᠎ᠡ ᠪᠦᠲᠦᠮᠵᠢ ᠪᠠ ᠬᠢᠷᠢ ᠬᠡᠮᠵᠢᠶ᠎ᠡ ᠶᠢ ᠲᠠᠰᠤᠷᠠᠯᠲᠠ ᠥᠬᠡᠶ | ᠳᠡᠭᠡᠭᠰᠢᠯᠡᠭᠦᠯᠬᠦ ᠬᠡᠷᠡᠭᠲᠡᠶ᠃ ︵ᠬᠠᠷᠢᠭᠤᠴᠠᠯᠭᠠᠲᠤ ᠨᠢᠬᠡᠴᠡ᠄ ᠠᠶᠢᠮᠠᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠲᠣᠪᠴᠢᠶ᠎ᠠ᠂ ᠡᠯ᠎ᠡ ᠬᠤᠰᠢᠭᠤ ᠣᠷᠣᠨ᠂ ᠠᠶᠢᠮᠠᠭ ᠤᠨ ᠰᠢᠭᠤᠳ ᠬᠠᠷᠢᠶ᠎ᠠ ᠪᠤᠰᠤᠳ ᠬᠠᠮᠢᠶ᠎ᠠ | ᠪᠥᠬᠦᠶ ᠰᠠᠯᠠᠭ᠎ᠠ ᠮᠥᠴᠢᠷ︶ ᠠᠯᠠᠱᠠ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ︽ᠨᠢᠭᠡ ᠰᠦᠯᠵᠢᠶ᠎ᠡ | ︾ ᠶᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠶᠢ ᠦᠷᠭᠦᠯᠵᠢᠯᠡᠨ | ᠠᠬᠢᠭᠤᠯᠵᠤ᠂ ᠰᠦᠯᠵᠢᠶᠡᠨ ᠳᠡᠭᠡᠷ᠎ᠡ ᠦᠢᠯᠡᠴᠢᠯᠡᠬᠦ᠂ ᠨᠡᠶᠢᠯᠡᠭᠦᠯᠦᠨ ᠬᠤᠯᠪᠣᠭᠠᠯᠠᠬᠤ ᠦᠢᠯᠴᠢᠯᠡᠭᠡ ᠪᠠ | ᠦᠢᠯᠡᠴᠢᠯᠡᠬᠡᠨ ᠤ ᠶᠠᠰᠤ ᠴᠢᠨᠠᠷ ᠢ ᠢᠯᠡ ᠪᠣᠯᠭᠠᠬᠤ ᠠᠮᠠᠯᠠᠯᠲᠠ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ | ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ ᠤᠨ ︽ᠨᠢᠭᠡ ᠥᠷᠲᠡᠭᠡ ᠮᠠᠶ᠋ᠢᠭ︾ ᠤᠨ ᠦᠢᠯᠡᠴᠢᠯᠡᠬᠡᠨ ᠤ | ᠴᠢᠳᠠᠮᠵᠢ ᠶᠢ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠵᠦᠢᠯᠡᠰ ᠢ ︽ᠣᠷᠣᠭᠤᠯᠪᠠᠰᠤ | ᠵᠣᠬᠢᠬᠤ ᠶᠢ ᠨᠢ ᠵᠠᠪᠠᠯ ᠣᠷᠣᠭᠤᠯᠬᠤ︾ ᠶᠢ ᠠᠬᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ | ᠬᠢᠭᠡᠳ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠤᠤᠷ ᠰᠦᠯᠵᠢᠶ᠎ᠡ᠂ ᠲᠠᠪᠴᠠᠩ ᠢ ᠪᠥᠬᠦ ᠲᠠᠯ᠎ᠠ ᠪᠠᠷ | ᠵᠣᠯᠭᠠᠭᠤᠯᠤᠨ ᠠᠭᠤᠰᠤᠯᠴᠠᠭᠤᠯᠬᠤ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠬᠡᠴᠡ᠄ ᠠᠶᠢᠮᠠᠭ ᠤᠨ ᠵᠠᠰᠠᠭ ᠤᠨ | ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ᠂ ᠲᠣᠮᠣ ᠳ᠋ᠠᠶᠢᠲ᠋ᠠ ᠶᠢᠨ ᠲᠥᠪ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ︶ ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠢ ᠪᠥᠬᠦ ᠲᠠᠯ᠎ᠠ ᠪᠠᠷ | ᠳᠡᠯᠭᠡᠷᠡᠭᠦᠯᠵᠦ᠂ ᠮᠡᠳᠡᠭᠳᠡᠬᠦ ᠠᠮᠠᠯᠠᠯᠲᠠ ᠶᠢᠨ ᠮᠡᠳᠡᠭᠡ ᠵᠠᠩᠭᠢ ᠶᠢ ᠴᠤᠭᠯᠠᠭᠤᠯᠬᠤ ᠪᠠ ᠬᠦᠷᠭᠡᠬᠦ ᠠᠵᠢᠯ ᠤᠨ | ᠲᠣᠭᠲᠠᠴᠠ ᠶᠢ ᠬᠠᠤᠯᠢ ᠲᠣᠭᠲᠠᠭᠠᠯ ᠶᠣᠰᠣᠭᠠᠷ ᠪᠠᠶᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠷ᠎ᠡ | ᠪᠦᠲᠦᠮᠵᠢ ᠪᠠ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ | ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ︶ | 5 . ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ | ᠵᠢᠷᠣᠮᠵᠢᠭᠤᠯᠣᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠤᠨ ᠬᠠᠮᠢᠶᠠᠷᠤᠯᠲᠠ ᠦᠢᠯᠡᠴᠢᠯᠡᠬᠡᠨ ᠤ ᠬᠡᠷᠡᠭᠵᠢᠭᠦᠯᠬᠦ ᠨᠠᠷᠢᠨ ᠲᠦᠷᠢᠮ︾ ᠢ | ᠦᠨᠳᠦᠰᠦᠯᠡᠨ᠂ ᠲᠦᠷᠢᠮ ᠲᠣᠭᠲᠠᠭᠠᠯ ᠪᠠ ᠦᠢᠯᠡᠴᠢᠯᠡᠬᠡᠨ ᠤ ᠪᠠᠷᠢᠮᠵᠢᠶ᠎ᠠ ᠶᠢ ᠨᠢᠭᠡᠳᠬᠡᠵᠦ᠂ ᠠᠷᠠᠯᠵᠢᠶ᠎ᠠ ᠶᠢᠨ | ᠲᠣᠭᠲᠠᠴᠠ ᠶᠢ ᠲᠡᠭᠦᠯᠳᠡᠷᠵᠢᠭᠦᠯᠦᠨ᠂ ᠠᠷᠠᠯᠵᠢᠶ᠎ᠠ ᠶᠢᠨ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠢᠲᠡᠭᠡᠮᠵᠢ ᠶᠢᠨ | ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠣᠯᠠᠨ ᠨᠡᠶᠢᠲᠡ ᠶᠢᠨ | ᠡᠬᠢ ᠪᠠᠶᠠᠯᠢᠭ ᠤᠨ ᠠᠷᠠᠯᠵᠢᠶᠠᠨ ᠤ ᠲᠥᠪ︶ | ︵ᠬᠤᠶᠠᠷ︶ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ | ᠪᠦᠷᠢᠨᠰᠢᠭᠦᠯᠦᠨ᠎ᠡ | 1 . ᠦᠨᠡᠨᠴᠢ ᠢᠲᠡᠭᠡᠮᠵᠢ ᠶᠢᠨ ᠬᠥᠮᠦᠵᠢᠯ ᠢ ᠴᠢᠩᠭᠠᠳᠬᠠᠨ᠎ᠠ᠃ ᠢᠲᠡᠭᠡᠮᠵᠢ ᠶᠢᠨ ᠪᠠᠶᠢᠭᠤᠯᠤᠯᠲᠠ ᠶᠢ ᠠᠯᠪᠠᠨ | ᠠᠵᠢᠯᠲᠠᠨ ᠤ ᠪᠣᠯᠪᠠᠰᠤᠷᠠᠭᠤᠯᠤᠯ ᠪᠠ ᠳᠠᠪᠲᠠᠨ ᠪᠣᠯᠪᠠᠰᠤᠷᠠᠭᠤᠯᠬᠤ ᠬᠢᠴᠢᠶᠡᠯ ᠳᠤ ᠣᠷᠣᠭᠤᠯᠵᠤ᠂ ᠠᠯᠪᠠᠨ | ᠠᠵᠢᠯᠲᠠᠨ ᠤ ᠢᠲᠡᠭᠡᠮᠵᠢ ᠶᠢᠨ ᠮᠡᠳᠡᠯᠭᠡ ᠶᠢᠨ ᠰᠤᠷᠤᠯᠴᠠᠯᠭ᠎ᠠ ᠶᠢ ᠴᠢᠩᠭᠠᠳᠬᠠᠨ᠂ ᠠᠯᠪᠠᠨ ᠠᠵᠢᠯᠲᠠᠨ ᠤ | ᠢᠲᠡᠭᠡᠮᠵᠢ ᠶᠢᠨ ᠤᠬᠠᠮᠰᠠᠷ ᠢ ᠳᠡᠭᠡᠭᠰᠢᠯᠡᠭᠦᠯᠦᠨ᠎ᠡ᠃ ᠠᠯᠪᠠᠨ ᠲᠤᠰᠢᠶᠠᠯᠲᠠᠨ ᠤ ᠦᠨᠡᠨᠴᠢ ᠢᠲᠡᠭᠡᠮᠵᠢ ᠶᠢᠨ ᠭᠠᠷ | ᠳᠡᠪᠲᠡᠷ ᠢ ᠨᠠᠶᠢᠷᠠᠭᠤᠯᠤᠨ ᠵᠣᠬᠢᠶᠠᠵᠤ ᠳᠠᠷᠤᠮᠠᠯᠯᠠᠨ ᠲᠠᠷᠬᠠᠭᠠᠵᠤ᠂ ᠠᠯᠪᠠᠨ ᠲᠤᠰᠢᠶᠠᠯᠲᠠᠨ ᠤ ᠦᠨᠡᠨᠴᠢ ᠢᠲᠡᠭᠡᠮᠵᠢ᠂ | ᠬᠠᠤᠯᠢ ᠶᠢ ᠰᠠᠬᠢᠬᠤ ᠪᠠ ᠶᠣᠰᠣ ᠮᠣᠷᠠᠯ ᠤᠨ ᠬᠥᠮᠦᠵᠢᠯ ᠢ ᠭᠦᠨᠵᠡᠭᠡᠢ ᠥᠷᠨᠢᠭᠦᠯᠦᠨ᠎ᠡ᠃ ︵ᠬᠠᠷᠢᠭᠤᠴᠠᠯᠭᠠᠲᠤ | ᠨᠢᠭᠡᠴᠡ᠄ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠠᠶᠢᠮᠠᠭ ᠤᠨ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶ | 2 . ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ ᠲᠡᠮᠳᠡᠭᠯᠡᠯ ᠢ ᠪᠠᠶᠢᠭᠤᠯᠤᠨ ᠪᠦᠷᠢᠨᠰᠢᠭᠦᠯᠦᠨ᠎ᠡ᠃ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ ᠤᠨ ᠠᠯᠪᠠᠨ ᠲᠤᠰᠢᠶᠠᠯᠲᠠᠨ ᠤ | ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠶᠠᠪᠤᠴᠠ ᠳᠤ᠂ ᠬᠠᠤᠯᠢ ᠲᠣᠭᠲᠠᠭᠠᠯ ᠠᠴᠠ ᠵᠥᠷᠢᠴᠡᠭᠰᠡᠨ᠂ ᠢᠲᠡᠭᠡᠯ | ᠠᠯᠳᠠᠵᠤ ᠪᠣᠯᠵᠤᠭ᠎ᠠ ᠵᠥᠷᠢᠴᠡᠭᠰᠡᠨ ᠠᠴᠠ ᠪᠣᠯᠵᠣ ᠬᠠᠤᠯᠢ ᠴᠠᠭᠠᠵᠠ ᠶᠢᠨ ᠰᠢᠭᠦᠨ ᠲᠠᠰᠤᠯᠤᠯᠲᠠ᠂ ᠵᠠᠰᠠᠭ | ᠵᠠᠬᠢᠷᠭᠠᠨ ᠤ ᠰᠢᠳᠬᠡᠯ ᠲᠣᠷᠭᠠᠭᠤᠯᠢ᠂ ᠰᠠᠬᠢᠯᠭ᠎ᠠ ᠪᠠᠲᠤ ᠶᠢᠨ ᠰᠢᠳᠬᠡᠯ᠂ ᠬᠠᠷᠢᠭᠤᠴᠠᠯᠭ᠎ᠠ ᠨᠡᠬᠡᠮᠵᠢᠯᠡᠵᠦ | ᠰᠢᠢᠳᠪᠦᠷᠢᠯᠡᠭᠰᠡᠨ ᠵᠡᠷᠭᠡ ᠮᠡᠳᠡᠭᠡ ᠵᠠᠩᠭᠢ ᠶᠢ ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠲᠡᠮᠳᠡᠭᠯᠡᠯ ᠳᠤ | ᠣᠷᠣᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ | ᠬᠡᠯᠲᠡᠰ᠂ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶ | ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ ᠯᠤᠭ᠎ᠠ ᠬᠠᠮᠵᠢᠯᠴᠠᠨ ᠵᠠᠰᠠᠭ | ᠵᠠᠬᠢᠷᠭᠠᠨ ᠠᠵᠢᠯ ᠦᠢᠯᠡᠰ ᠤᠨ ᠨᠢᠭᠡᠴᠡ ᠵᠢᠴᠢ ᠠᠯᠪᠠᠨ ᠲᠤᠰᠢᠶᠠᠯᠲᠠᠨ ᠤ ᠢᠲᠡᠭᠡᠮᠵᠢ ᠶᠢᠨ ᠮᠡᠳᠡᠭᠡ ᠵᠠᠩᠭᠢ ᠳᠤ | ᠣᠨᠳᠣᠣ ᠰᠠᠨᠠᠯ ᠳᠤᠷᠠᠳᠬᠤ᠂ ᠵᠠᠭᠠᠯᠳᠤᠬᠤ ᠪᠠ ᠠᠯᠳᠠᠭ᠎ᠠ ᠪᠤᠷᠤᠭᠤ ᠶᠢ ᠵᠠᠯᠠᠷᠠᠭᠤᠯᠬᠤ᠂ ᠰᠡᠷᠭᠦᠭᠡᠬᠦ ᠲᠣᠭᠲᠠᠴᠠ ᠶᠢ | ᠲᠡᠭᠦᠯᠳᠡᠷᠵᠢᠭᠦᠯᠵᠦ᠂ ᠠᠯᠪᠠᠨ ᠲᠤᠰᠢᠶᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ︵ | ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠯ᠎ᠡ ᠬᠤᠰᠢᠭᠤ | ᠣᠷᠣᠨ᠂ ᠠᠶᠢᠮᠠᠭ ᠤᠨ ᠰᠢᠭᠤᠳ ᠬᠠᠷᠢᠶ᠎ᠠ ᠪᠤᠰᠤᠳ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ︶ | 3 . ︽ᠬᠤᠶᠠᠷ ᠢ ᠵᠠᠷᠯᠠᠨ ᠨᠡᠶᠢᠲᠡᠯᠡᠬᠦ︾ ᠶᠢᠨ ᠴᠤᠭᠯᠠᠭᠤᠯᠬᠤ ᠠᠵᠢᠯ ᠢ ᠴᠢᠩᠳᠠᠯᠠᠨ᠎ᠠ᠃ ᠤᠯᠤᠰ ᠤᠨ ︽ | ᠬᠤᠶᠠᠷ ᠢ ᠵᠠᠷᠯᠠᠨ ᠨᠡᠶᠢᠲᠡᠯᠡᠬᠦ︾ ᠳ᠋ᠠᠶᠢᠲ᠋ᠠ ᠶᠢᠨ ᠪᠠᠷᠢᠮᠵᠢᠶ᠎ᠠ ᠶᠢ ᠴᠢᠩᠭ᠎ᠠ ᠵᠢᠷᠤᠮᠯᠠᠨ ᠵᠠᠰᠠᠭ ᠵᠠᠬᠢᠷᠭᠠᠨ ᠤ ᠵᠥᠪᠰᠢᠶᠡᠷᠡᠯ | ᠪᠠ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠵᠡᠷᠭᠡ ᠢᠲᠡᠭᠡᠮᠵᠢ ᠶᠢᠨ ᠮᠡᠳᠡᠭᠡ ᠵᠠᠩᠭᠢ ᠶᠢ ᠲᠠᠭᠯᠠᠨ ᠮᠡᠳᠡᠭᠦᠯᠵᠦ᠂ | ᠡᠯ᠎ᠡ ᠬᠤᠰᠢᠭᠤ ᠣᠷᠣᠨ᠂ ᠡᠯ᠎ᠡ ᠰᠠᠯᠠᠭ᠎ᠠ ᠮᠥᠴᠢᠷ ᠤᠨ ᠪᠠᠶᠢᠭᠠᠯᠢ ᠬᠥᠮᠦᠨ ᠪᠠ ᠪᠤᠰᠤᠳ ᠭᠤᠤᠯ ᠴᠣᠭᠴᠠ ᠶᠢᠨ | ᠵᠠᠰᠠᠭ ᠵᠠᠬᠢᠷᠭᠠᠨ ᠤ ᠵᠥᠪᠰᠢᠶᠡᠷᠡᠯ ᠪᠠ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠮᠡᠳᠡᠭᠡ ᠵᠠᠩᠭᠢ ᠶᠢ ᠠᠯᠠᠱᠠ | ᠠᠶᠢᠮᠠᠭ ᠤᠨ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠲᠠᠪᠴᠠᠩ ᠤᠨ ︽ | ᠬᠤᠶᠠᠷ ᠢ ᠵᠠᠷᠯᠠᠨ ᠨᠡᠶᠢᠲᠡᠯᠡᠬᠦ︾ ᠰᠢᠰᠲ᠋ᠧᠮ ᠢᠶᠠᠷ ᠳᠡᠮᠵᠢᠨ ᠳ᠋ᠠᠶᠢᠲ᠋ᠠ ᠳᠤ ᠨᠢᠭᠡᠳᠦᠯᠲᠡᠶ ᠣᠷᠣᠭᠤᠯᠤᠨ᠎ᠠ︔ ᠠᠵᠤ | ᠠᠬᠤᠶᠢᠯᠠᠯ ᠳᠤ ᠬᠤᠯᠪᠣᠭᠳᠠᠬᠤ ︽ᠬᠤᠤᠰ ᠨᠡᠶᠢᠲᠡ ᠳᠤ ᠵᠠᠷᠯᠠᠬᠤ︾ ᠮᠡᠳᠡᠭᠡ ᠵᠠᠩᠭᠢ ᠶᠢ ᠡᠯ᠎ᠡ ᠱᠠᠲᠤ ᠡᠯ᠎ᠡ ᠰᠠᠯᠠᠭ᠎ᠠ | ᠮᠥᠴᠢᠷ ᠠᠴᠠ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠨᠡᠶᠢᠲᠡ ᠳᠤ ᠵᠠᠷᠯᠠᠬᠤ | ᠰᠢᠰᠲ᠋ᠧᠮ ︵ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠥᠪᠥᠷ ᠮᠣᠩᠭᠤᠯ︶ ᠢᠶᠠᠷ | ᠳᠠᠮᠵᠢᠭᠤᠯᠤᠨ ᠴᠤᠭᠯᠠᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ | ᠣᠷᠣᠨ᠂ ᠠᠶᠢᠮᠠᠭ ᠤᠨ ᠰᠢᠭᠤᠳ ᠬᠠᠷᠢᠶ᠎ᠠ ᠪᠤᠰᠤᠳ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ︶ | 4 . ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ ᠲᠡᠮᠳᠡᠭᠯᠡᠯ ᠢ ᠮᠡᠳᠡᠭᠦᠯᠦᠨ ᠬᠦᠷᠭᠡᠬᠦ ᠲᠣᠭᠲᠠᠴᠠ ᠶᠢ | ᠪᠠᠶᠢᠭᠤᠯᠤᠨ᠎ᠠ᠃ ᠡᠯ᠎ᠡ ᠱᠠᠲᠤᠨ ᠤ ᠬᠢᠨᠠᠨ ᠪᠠᠶᠢᠴᠠᠭᠠᠬᠤ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ | ᠬᠤᠷᠢᠶ᠎ᠠ᠂ ᠵᠣᠬᠢᠶᠠᠨ ᠪᠠᠶᠢᠭᠤᠯᠬᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ | ᠰᠠᠯᠠᠭ᠎ᠠ ᠮᠥᠴᠢᠷ ᠨᠢ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠪᠠ ᠨᠥᠬᠦᠴᠡᠯ ᠳᠤ ᠨᠡᠶᠢᠴᠡᠭᠰᠡᠨ ᠦᠶ᠎ᠡ ᠳᠤ᠂ | ᠱᠠᠭᠠᠷᠳᠠᠯᠭ᠎ᠠ ᠶᠣᠰᠣᠭᠠᠷ ᠲᠣᠰ ᠱᠠᠲᠤᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠤ ᠲᠣᠰ | ᠨᠢᠭᠡᠴᠡ ᠶᠢᠨ ᠡᠵᠡᠮᠰᠢᠭᠰᠡᠨ ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ ᠮᠡᠳᠡᠭᠡ ᠵᠠᠩᠭᠢ ᠪᠠᠨ ᠮᠡᠳᠡᠭᠦᠯᠦᠨ | ᠬᠦᠷᠭᠡᠵᠦ᠂ ᠮᠡᠳᠡᠭᠡ ᠵᠠᠩᠭᠢ ᠶᠢ ᠰᠠᠯᠠᠭ᠎ᠠ ᠮᠥᠴᠢᠷ ᠠᠯᠤᠰᠯᠠᠨ ᠬᠠᠮᠲᠤ ᠳᠠᠭᠠᠨ ᠭᠥᠷᠳᠡᠵᠦ ᠬᠡᠷᠡᠭᠯᠡᠬᠦ ᠳᠤ ᠨᠥᠬᠦᠴᠡᠯ | ᠪᠦᠷᠢᠯᠳᠦᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ᠂ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠠᠶᠢᠮᠠᠭ ᠤᠨ | ᠠᠷᠠᠳ ᠤᠨ ᠳᠣᠮᠳᠠᠳᠣ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠪᠢᠶᠠᠷᠢ ᠬᠤᠷᠢᠶ᠎ᠠ᠂ ᠠᠶᠢᠮᠠᠭ ᠤᠨ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶ | 5 . ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠨᠡᠶᠢᠯᠡᠭᠦᠯᠬᠦ ᠠᠵᠢᠯ ᠢ | ᠰᠠᠶᠢᠲᠤᠷ ᠬᠢᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ | ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠦᠷᠢᠮ︾ ᠤᠨ ᠲᠣᠭᠲᠠᠭᠠᠯ ᠢ ᠨᠠᠶᠢᠳᠠᠪᠤᠷᠢᠵᠢᠭᠤᠯᠵᠤ᠂ | ᠠᠯᠠᠱᠠ ᠠᠶᠢᠮᠠᠭ ᠤᠨ ᠡᠯ᠎ᠡ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠵᠢᠴᠢ ᠠᠯᠪᠠᠨ | ᠲᠤᠰᠢᠶᠠᠯᠲᠠᠨ ᠤ ᠰᠠᠭᠤᠷᠢ ᠮᠡᠳᠡᠭᠡ ᠵᠠᠩᠭᠢ᠂ ᠢᠲᠡᠭᠡᠮᠵᠢ ᠨᠡᠮᠡᠭᠳᠡᠭᠦᠯᠬᠦ ᠮᠡᠳᠡᠭᠡ ᠵᠠᠩᠭᠢ᠂ ᠡᠩ ᠤᠨ ᠢᠲᠡᠭᠡᠮᠵᠢ | ᠠᠯᠳᠠᠭᠰᠠᠨ ᠮᠡᠳᠡᠭᠡ ᠵᠠᠩᠭᠢ᠂ ᠬᠦᠨᠳᠦ ᠨᠣᠴᠢᠲᠠᠶ ᠢᠲᠡᠭᠡᠮᠵᠢ ᠠᠯᠳᠠᠭᠰᠠᠨ ᠮᠡᠳᠡᠭᠡ ᠵᠠᠩᠭᠢ᠂ ᠲᠦᠭᠰᠢᠭᠦᠷᠢ ᠶᠢᠨ | ᠰᠠᠨᠠᠭᠤᠯᠤᠮᠵᠢ ᠶᠢᠨ ᠮᠡᠳᠡᠭᠡ ᠵᠠᠩᠭᠢ ᠵᠡᠷᠭᠡ ᠲᠠᠪᠤᠨ ᠲᠥᠷᠥᠯ ᠤᠨ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ | ᠵᠠᠩᠭᠢ ᠶᠢ ᠪᠥᠬᠦ ᠲᠠᠯ᠎ᠠ ᠪᠠᠷ ᠴᠤᠭᠯᠠᠭᠤᠯᠤᠨ᠎ᠠ᠃ ︵ᠬᠠᠷᠢᠭᠤᠴᠠᠯᠭᠠᠲᠤ ᠨᠢᠬᠡᠴᠡ᠄ ᠠᠶᠢᠮᠠᠭ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠲᠣᠮᠣ ᠳ᠋ᠠᠶᠢᠲ᠋ᠠ ᠶᠢᠨ ᠲᠥᠪ︶ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ | ᠮᠡᠳᠡᠭᠡ ᠵᠠᠩᠭᠢ ᠶᠢ ᠡᠮᠬᠢᠯᠡᠨ ᠴᠤᠭᠯᠠᠭᠤᠯᠬᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ ᠠᠵᠢᠯᠯᠠᠭ᠎ᠠ ᠶᠢ ᠮᠠᠭᠠᠳᠯᠠᠨ ᠲᠣᠭᠲᠠᠭᠠᠬᠤ ᠨᠠᠷᠢᠨ ᠬᠠᠭᠤᠳᠠᠰᠤ ᠪᠠ | ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠬᠠᠤᠯᠢ ᠲᠣᠭᠲᠠᠭᠠᠯ ᠶᠣᠰᠣᠭᠠᠷ ᠮᠡᠳᠡᠭᠡ ᠵᠠᠩᠭᠢ ᠶᠢ | ᠬᠠᠮᠲᠤ ᠳᠠᠭᠠᠨ ᠭᠥᠷᠳᠡᠬᠦ ᠶᠢ ᠥᠷᠨᠢᠭᠦᠯᠦᠨ᠂ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠶᠢ ᠠᠬᠢᠭᠤᠯᠤᠨ᠎ᠠ᠃ | ︵ᠬᠠᠷᠢᠭᠤᠴᠠᠯᠭᠠᠲᠤ ᠨᠢᠬᠡᠴᠡ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠶᠢᠮᠠᠭ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠠᠶᠢᠮᠠᠭ ᠤᠨ ᠠᠷᠠᠳ ᠤᠨ ᠳᠣᠮᠳᠠᠳᠣ | ᠵᠡᠷᠭᠡ ᠶᠢᠨ ᠰᠢᠭᠦᠬᠦ ᠬᠤᠷᠢᠶ᠎ᠠ᠂ ᠠᠶᠢᠮᠠᠭ ᠤᠨ ᠬᠢᠨᠠᠨ ᠪᠤᠳᠤᠬᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ | ᠲᠣᠮᠣ ᠳ᠋ᠠᠶᠢᠲ᠋ᠠ ᠶᠢᠨ ᠲᠥᠪ︶ ᠡᠯ᠎ᠡ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠬᠡᠴᠡ ᠨᠢ ᠲᠣᠰ ᠰᠠᠯᠠᠭ᠎ᠠ | ᠮᠥᠴᠢᠷ ᠵᠢᠴᠢ ᠲᠡᠭᠦᠨ ᠤ ᠠᠯᠪᠠᠨ ᠲᠤᠰᠢᠶᠠᠯᠲᠠᠨ ᠤ ᠢᠲᠡᠭᠡᠮᠵᠢ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ | ᠮᠡᠳᠡᠭᠦᠯᠦᠨ ᠬᠦᠷᠭᠡᠬᠦ ᠳᠤ ᠬᠠᠮᠵᠢᠯᠴᠠᠵᠤ᠂ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ | ᠪᠠᠭᠲᠠᠭᠠᠭᠰᠠᠨ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠪᠥᠬᠦ ᠵᠦᠢᠯ ᠢ ᠴᠤᠭᠯᠠᠭᠤᠯᠬᠤ ᠪᠠ ᠡᠬᠢ | ᠪᠠᠶᠠᠯᠢᠭ ᠢ ᠬᠠᠮᠲᠤ ᠪᠠᠷ ᠭᠥᠷᠳᠡᠬᠦ ᠶᠢ ᠪᠡᠶᠡᠯᠡᠭᠦᠯᠦᠨ᠎ᠡ︔ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠬᠠᠤᠯᠢ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ | ᠨᠠᠶᠢᠳᠠᠪᠤᠷᠢᠵᠢᠭᠤᠯᠵᠤ᠂ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠪᠠ ᠬᠡᠷᠡᠭᠯᠡᠬᠦ ᠳᠤ ᠠᠮᠤᠷ ᠲᠦᠪᠰᠢᠨ | ᠪᠠᠶᠢᠯᠭᠠᠬᠤ ᠶᠢ ᠦᠨᠡᠨᠬᠦ ᠪᠠᠲᠤᠯᠠᠨ᠎ᠠ᠃ ︵ᠬᠠᠷᠢᠭᠤᠴᠠᠯᠭᠠᠲᠤ ᠨᠢᠬᠡᠴᠡ᠄ ᠡᠯ᠎ᠡ ᠬᠤᠰᠢᠭᠤ ᠣᠷᠣᠨ᠂ ᠠᠶᠢᠮᠠᠭ ᠤᠨ | ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ︶ | 6 . ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠲᠣᠭᠲᠠᠴᠠ ᠶᠢ ᠴᠢᠩᠭᠠᠳᠬᠠᠨ᠎ᠠ᠃ ᠠᠯᠪᠠᠨ | ᠲᠤᠰᠢᠶᠠᠯᠲᠠᠨ ᠢ ᠰᠢᠯᠭᠠᠵᠤ ᠡᠯᠰᠡᠨ ᠬᠡᠷᠡᠭᠯᠡᠬᠦ᠂ ᠰᠢᠯᠵᠢᠭᠦᠯᠦᠨ ᠲᠣᠮᠢᠯᠠᠵᠤ ᠰᠣᠩᠭᠤᠨ ᠲᠣᠮᠢᠯᠠᠬᠤ᠂ ᠰᠢᠯᠢᠳᠡᠭ ᠪᠠ | ᠲᠡᠷᠢᠭᠦᠨ ᠤ ᠬᠢ ᠶᠢ ᠰᠢᠯᠭᠠᠷᠠᠭᠤᠯᠬᠤ᠂ ᠠᠵᠢᠯ ᠤᠨ ᠪᠠᠶᠢᠷᠢ ᠳᠤ ᠳᠡᠪᠰᠢᠭᠦᠯᠬᠦ ᠵᠢᠴᠢ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠬᠢᠷᠢ | ᠬᠡᠮ ᠢ ᠬᠢᠨᠠᠨ ᠲᠣᠭᠲᠠᠭᠠᠬᠤ ᠵᠡᠷᠭᠡ ᠠᠵᠢᠯ ᠤᠨ ᠳᠤᠮᠳᠠ ᠢᠲᠡᠭᠡᠮᠵᠢ ᠶᠢ ᠬᠢᠨᠠᠨ ᠪᠠᠶᠢᠴᠠᠭᠠᠬᠤ ᠲᠦᠷᠢᠮ ᠢ ᠪᠠᠶᠢᠭᠤᠯᠵᠤ | ᠂ ᠬᠦᠨᠳᠦ ᠨᠣᠴᠢᠲᠠᠶ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠣᠷᠣᠰᠢᠵᠤ ᠪᠠᠶᠢᠭ᠎ᠠ ᠰᠠᠯᠠᠭ᠎ᠠ ᠮᠥᠴᠢᠷ ᠵᠢᠴᠢ | ᠠᠯᠪᠠᠨ ᠲᠤᠰᠢᠶᠠᠯᠲᠠᠨ ᠳᠤ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠶᠢ ᠨᠢ ᠦᠨᠳᠦᠰᠦᠯᠡᠨ ᠬᠠᠤᠯᠢ ᠲᠣᠭᠲᠠᠭᠠᠯ | ᠶᠣᠰᠣᠭᠠᠷ ᠵᠣᠬᠢᠴᠠᠭᠰᠠᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠶ᠃ ︵ᠬᠠᠷᠢᠭᠤᠴᠠᠯᠭᠠᠲᠤ | ᠨᠢᠭᠡᠴᠡ᠄ ᠠᠶᠢᠮᠠᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠠᠶᠢᠮᠠᠭ ᠤᠨ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶ ᠵᠠᠰᠠᠭ ᠤᠨ ᠣᠷᠳᠣᠨ ᠤ ᠬᠤᠳᠠᠯᠳᠤᠨ | ᠠᠪᠬᠤ᠂ ᠳᠠᠭᠠᠭᠠᠴᠢᠯᠠᠯᠲᠠ ᠵᠠᠷᠯᠠᠨ ᠳᠠᠭᠠᠭᠠᠴᠢᠯᠠᠯᠲᠠ ᠬᠦᠯᠢᠶᠡᠬᠦ᠂ ᠵᠠᠰᠠᠭ ᠵᠠᠬᠢᠷᠭᠠᠨ ᠤ ︵ᠬᠢᠨᠠᠨ ᠵᠥᠪᠰᠢᠶᠡᠷᠡᠬᠦ︶ | ᠵᠥᠪᠰᠢᠶᠡᠷᠡᠯ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ᠂ ᠬᠢᠷᠢ ᠴᠢᠳᠠᠮᠵᠢ ᠶᠢ ᠬᠢᠨᠠᠨ ᠪᠠᠶᠢᠴᠠᠭᠠᠬᠤ᠂ | ᠲᠡᠮᠳᠡᠭᠲᠦ ᠲᠠᠷᠬᠠᠭᠠᠬᠤ᠂ ᠪᠠᠯᠠ ᠮᠥᠩᠭᠦ ᠪᠠᠷ ᠲᠡᠳᠬᠦᠨ ᠳᠡᠮᠵᠢᠬᠦ ᠵᠢᠴᠢ ᠪᠤᠰᠤᠳ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠰᠢᠢᠳᠪᠦᠷᠢᠳᠦ ᠪᠣᠳᠣᠯᠭ᠎ᠠ ᠲᠣᠭᠲᠠᠭᠠᠬᠤ ᠠᠴᠠ ᠡᠮᠦᠨ᠎ᠡ᠂ ᠠᠯᠠᠱᠠ ᠠᠶᠢᠮᠠᠭ ᠤᠨ ᠨᠡᠶᠢᠭᠡᠮ ᠤᠨ | ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠪᠤᠶᠤ ︽ᠢᠲᠡᠭᠡᠮᠵᠢᠲᠦ ᠳᠤᠮᠳᠠᠳᠤ ᠤᠯᠤᠰ ︵ᠥᠪᠥᠷ ᠮᠣᠩᠭᠤᠯ | ᠠᠯᠠᠱᠠ︶︾ ᠰᠦᠯᠵᠢᠶ᠎ᠡ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠡᠯ᠎ᠡ ᠱᠠᠲᠤᠨ ᠤ ᠵᠠᠰᠠᠭ ᠵᠠᠬᠢᠷᠭᠠᠨ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠢᠲᠡᠭᠡᠮᠵᠢ ᠶᠢᠨ ᠲᠡᠮᠳᠡᠭᠯᠡᠯ ᠢ ᠪᠠᠶᠢᠴᠠᠭᠠᠨ ᠯᠠᠪᠯᠠᠬᠤ ᠶᠢᠨ ᠬᠠᠮᠲᠤ᠂ | ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ ᠬᠦᠨᠳᠦ ᠨᠣᠴᠢᠲᠠᠶ ᠢᠲᠡᠭᠡᠯ ᠠᠯᠳᠠᠭᠰᠠᠨ ᠦᠢᠯᠡ ᠠᠵᠢᠯᠯᠠᠭ᠎ᠠ ᠲᠠᠢ | ᠨᠢᠭᠡᠴᠡ ᠳᠤ ᠬᠢᠵᠠᠭᠠᠷᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃ ︵ᠬᠠᠷᠢᠭᠤᠴᠠᠯᠭᠠᠲᠤ ᠨᠢᠬᠡᠴᠡ᠄ ᠡᠯ᠎ᠡ ᠬᠤᠰᠢᠭᠤ | ᠣᠷᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ︶ | 7 . ᠢᠲᠡᠭᠡᠯ ᠢᠶᠠᠨ ᠠᠯᠳᠠᠭᠰᠠᠨ ᠢ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ | ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠣᠷᠣᠰᠢᠵᠤ ᠪᠠᠶᠢᠭ᠎ᠠ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠠ | ᠠᠯᠪᠠᠲᠠᠨ ᠳᠤ᠂ ᠢᠲᠡᠭᠡᠮᠵᠢ ᠠᠯᠳᠠᠭᠰᠠᠨ ᠪᠠᠶᠢᠳᠠᠯ ᠢ ᠨᠢ ᠦᠵᠡᠵᠦ ᠪᠠᠶᠢᠭᠠᠳ᠂ ᠡᠯ᠎ᠡ ᠲᠥᠷᠥᠯ ᠤᠨ ᠢᠷᠠᠭᠤ | ᠠᠯᠳᠠᠷ ᠤᠨ ᠰᠢᠯᠭᠠᠷᠠᠭᠤᠯᠤᠯᠲᠠ ᠳᠤ ᠣᠷᠣᠯᠴᠠᠬᠤ ᠬᠢᠷᠢ ᠬᠡᠮ ᠢ ᠨᠢ ᠲᠣᠭᠲᠠᠭᠠᠯ ᠶᠣᠰᠣᠭᠠᠷ ᠬᠦᠴᠦᠨ ᠥᠬᠡᠶ | ᠪᠣᠯᠭᠠᠬᠤ ᠶᠢᠨ ᠬᠠᠮᠲᠤ ᠢᠯᠡ ᠪᠠᠷ ᠮᠡᠳᠡᠭᠡᠯᠡᠨ ᠰᠢᠭᠦᠮᠵᠢᠯᠡᠵᠦ᠂ ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ | ᠦᠶ᠋ᠯᠡ ᠠᠵᠢᠯᠯᠠᠭ᠎ᠠ ᠶᠢᠨ ᠭᠤᠤᠯ ᠬᠠᠷᠢᠭᠤᠴᠠᠯᠭᠠᠲᠠᠨ ᠪᠠ ᠬᠠᠮᠢᠶ᠎ᠠ ᠪᠥᠬᠦᠶ ᠬᠠᠷᠢᠭᠤᠴᠠᠯᠭᠠᠲᠠᠨ ᠠᠴᠠ ᠬᠠᠤᠯᠢ | ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠨᠠᠮ ᠤᠨ | ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠡᠯ᠎ᠡ ᠬᠤᠰᠢᠭᠤ ᠣᠷᠣᠨ︶ | 8 . ᠡᠯ᠎ᠡ ᠬᠤᠰᠢᠭᠤ ᠣᠷᠣᠨ᠂ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠦᠨᠡᠨᠴᠢ | ᠢᠲᠡᠭᠡᠮᠵᠢ ᠶᠢᠨ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠶᠢ ᠵᠣᠷᠢᠭᠵᠢᠭᠤᠯᠤᠨ᠎ᠠ᠃ ᠨᠥᠬᠦᠴᠡᠯ | ᠪᠦᠷᠢᠯᠳᠦᠭᠦᠯᠦᠭᠰᠡᠨ ᠰᠠᠯᠠᠭ᠎ᠠ ᠮᠥᠴᠢᠷ᠂ ᠬᠤᠰᠢᠭᠤ ᠣᠷᠣᠨ ᠤ ᠵᠠᠰᠠᠭ ᠤᠨ ᠶᠠᠪᠤᠳᠠᠯ ᠤᠨ ᠢᠲᠡᠭᠡᠮᠵᠢ ᠶᠢᠨ | ᠪᠠᠶᠢᠭᠤᠯᠤᠯᠲᠠ ᠶᠢᠨ ᠲᠠᠯ᠎ᠠ ᠪᠠᠷ ᠬᠢ ᠵᠢᠱᠢᠶ᠎ᠡ ᠦᠵᠡᠭᠦᠯᠵᠦ ᠰᠢᠨ᠎ᠡ ᠶᠢ ᠡᠭᠦᠳᠬᠦ ᠲᠤᠷᠰᠢᠯᠲᠠ ᠶᠢᠨ ᠴᠡᠭ ᠢ | ᠢᠳᠡᠪᠬᠢᠲᠡᠢ ᠭᠤᠶᠤᠴᠢᠯᠠᠬᠤ ᠶᠢ ᠳᠠᠮᠵᠢᠵᠤ᠂ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ ᠠᠵᠢᠯ ᠢ | ᠢᠳᠡᠪᠬᠢᠲᠡᠢ ᠥᠷᠨᠢᠭᠦᠯᠦᠨ᠂ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢᠨ ᠰᠢᠨ᠎ᠡ ᠲᠤᠷᠰᠢᠯᠭ᠎ᠠ᠂ | ᠰᠢᠨ᠎ᠡ ᠠᠷᠭ᠎ᠠ ᠵᠠᠮ ᠢ ᠰᠦᠪᠡᠭᠴᠢᠯᠡᠵᠦ᠂ ᠪᠦᠬᠦ ᠠᠶᠢᠮᠠᠭ ᠤᠨ ᠬᠡᠪᠴᠢᠶᠡᠨ ᠳᠤ ᠳᠡᠯᠭᠡᠷᠡᠭᠦᠯᠦᠨ ᠬᠡᠷᠡᠭᠵᠢᠭᠦᠯᠦᠨ᠎ᠡ᠃ | ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠡᠷᠢᠭᠦᠨ ᠤ ᠨᠡᠶᠢᠲᠡᠯᠢᠭ ᠵᠢᠱᠢᠶ᠎ᠡ ᠶᠢᠨ | ᠰᠠᠯᠠᠭ᠎ᠠ ᠮᠥᠴᠢᠷ ᠪᠣᠯᠤᠨ ᠬᠥᠮᠦᠰ ᠢ ᠶᠡᠬᠡᠪᠡᠷ ᠪᠤᠶᠢᠵᠢᠭᠤᠯᠤᠨ ᠤᠬᠠᠭᠤᠯᠵᠤ᠂ ᠲᠡᠷᠢᠭᠦᠨ ᠤ ᠲᠤᠷᠰᠢᠯᠭ᠎ᠠ ᠶᠢ ᠳ᠋ᠦᠩᠨᠡᠨ | ᠳᠡᠯᠭᠡᠷᠡᠭᠦᠯᠵᠦ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃ ᠡᠯ᠎ᠡ ᠠᠵᠢᠯ ᠲᠥᠷᠥᠯ ᠡᠯ᠎ᠡ | ᠬᠦᠷᠢᠶᠡᠨ ᠤ ︽ᠢᠲᠡᠭᠡᠮᠵᠢᠲᠦ ᠲᠥᠬᠦᠮ ᠵᠢᠭᠡᠯᠡᠯᠭᠡ᠂ ᠢᠲᠡᠭᠡᠮᠵᠢᠲᠦ ᠲᠥᠬᠦᠮ ᠵᠢᠭᠤᠯᠴᠢᠯᠠᠯ᠂ ᠢᠲᠡᠭᠡᠮᠵᠢᠲᠦ | ᠲᠥᠬᠦᠮ ᠬᠤᠳᠠᠯᠳᠤᠭ᠎ᠠ᠂ ᠢᠲᠡᠭᠡᠮᠵᠢᠲᠦ ᠲᠥᠬᠦᠮ ᠲᠦᠷᠢᠶᠡᠰᠦ︾ ᠵᠡᠷᠭᠡ ︽ᠢᠲᠡᠭᠡᠮᠵᠢᠲᠦ ᠲᠥᠬᠦᠮ ᠬᠤᠳᠠᠯᠳᠤᠭ᠎ᠠ︾ | ᠶᠢᠨ ᠦᠢᠯᠡᠴᠢᠯᠡᠭᠡ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ | ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ︶ | ︵ᠭᠤᠷᠪᠠ︶ ᠭᠤᠤᠯᠳᠠᠯᠭ᠎ᠠ ᠲᠠᠢ ᠬᠦᠷᠢᠶᠡᠨ ᠳᠠᠬᠢ ᠵᠠᠰᠠᠭ ᠤᠨ ᠶᠠᠪᠤᠳᠠᠯ ᠤᠨ ᠢᠲᠡᠭᠡᠮᠵᠢ ᠶᠢᠨ | ᠪᠠᠶᠢᠭᠤᠯᠤᠯᠲᠠ ᠶᠢ ᠠᠬᠢᠭᠤᠯᠤᠨ᠎ᠠ | ᠵᠠᠰᠠᠭ ᠤᠨ ᠣᠷᠳᠣᠨ ᠬᠤᠳᠠᠯᠳᠤᠨ ᠠᠪᠬᠤ᠂ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ | ᠬᠠᠮᠲᠤᠷᠠᠯᠴᠠᠬᠤ ︵PPP︶᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠬᠤᠳᠠᠯᠳᠤᠭᠠᠴᠢᠨ | ᠤᠷᠢᠵᠤ ᠪᠠᠯᠠ ᠣᠷᠣᠭᠤᠯᠬᠤ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠯᠤᠭ᠎ᠠ ᠬᠤᠯᠪᠣᠭᠳᠠᠬᠤ ᠵᠠᠰᠠᠭ | ᠵᠠᠬᠢᠷᠭᠠᠨ ᠤ ᠰᠢᠢᠳᠪᠦᠷᠢᠳᠦ ᠪᠣᠳᠣᠯᠭ᠎ᠠ ᠶᠢ ᠭᠠᠷᠭᠠᠬᠤ ᠠᠴᠠ ᠡᠮᠦᠨ᠎ᠡ᠂ ᠬᠡᠷᠡᠭᠴᠡᠭᠡ ᠱᠠᠭᠠᠷᠳᠠᠯᠭ᠎ᠠ ᠶᠢ ᠵᠦᠶ | ᠵᠣᠬᠢᠰᠲᠠᠶ ᠲᠣᠭᠲᠠᠭᠠᠵᠤ᠂ ᠬᠡᠪᠴᠢᠶ᠎ᠡ ᠶᠢ ᠵᠣᠬᠢᠰᠲᠠᠶ ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ︔ ᠳᠦᠷᠢᠮ | ᠲᠣᠭᠲᠠᠭᠠᠯ᠂ ᠴᠤᠪᠤᠷᠠᠯ ᠪᠠ ᠬᠤᠯᠪᠣᠭᠳᠠᠯ ᠪᠦᠬᠦᠢ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠡᠯ᠎ᠡ | ᠲᠠᠯ᠎ᠠ ᠶᠢᠨ ᠬᠢᠨ ᠤ ᠬᠠᠷᠢᠭᠤᠴᠠᠯᠭ᠎ᠠ ᠡᠭᠦᠷᠭᠡ ᠶᠢ ᠲᠣᠳᠣᠷᠬᠠᠶᠢᠯᠠᠨ᠂ ᠭᠡᠷ᠎ᠡ ᠠᠴᠠ ᠵᠥᠷᠢᠴᠡᠭᠰᠡᠨ ᠵᠢᠭᠤᠷᠠᠯᠳᠤᠭᠠᠨ ᠠᠴᠠ | ᠵᠠᠶᠢᠯᠠᠰᠬᠢᠨ᠎ᠡ︔ ᠬᠡᠷᠡᠭ ᠤᠨ ᠡᠮᠦᠨᠡᠬᠢ ᠢᠲᠡᠭᠡᠮᠵᠢ ᠶᠢ ᠦᠨᠡᠯᠡᠬᠦ ᠰᠢᠰᠲ᠋ᠧᠮᠵᠢ ᠵᠢᠴᠢ ᠢᠲᠡᠭᠡᠮᠵᠢ ᠶᠢ ᠬᠠᠷᠭᠤᠭᠤᠯᠤᠨ | ᠪᠠᠶᠢᠴᠠᠭᠠᠬᠤ ᠠᠵᠢᠯ ᠢ ᠴᠢᠩᠭ᠎ᠠ ᠨᠠᠶᠢᠳᠠᠪᠤᠷᠢᠵᠢᠭᠤᠯᠵᠤ᠂ ᠲᠣᠰ ᠲᠣᠰ ᠤᠨ ᠬᠦᠷᠢᠶᠡᠨ ᠤ ᠦᠨᠡᠨᠴᠢ ᠢᠲᠡᠭᠡᠮᠵᠢ ᠶᠢᠨ | ᠲᠠᠩᠰᠠ ᠡᠪᠬᠡᠮᠡᠯ ᠪᠠ ᠱᠠᠩᠨᠠᠵᠤ ᠲᠣᠷᠭᠠᠬᠤ ᠲᠣᠭᠲᠠᠴᠠ ᠶᠢ ᠪᠠᠶᠢᠭᠤᠯᠵᠤ᠂ ︽ᠢᠲᠡᠭᠡᠮᠵᠢᠲᠦ ᠠᠯᠠᠱᠠ︾ ᠰᠦᠯᠵᠢᠶᠡᠨ | ᠥᠷᠲᠡᠭᠡ ᠪᠠᠷ ᠬᠠᠮᠢᠶ᠎ᠠ ᠪᠥᠬᠦᠶ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠶᠢᠨ ᠬᠠᠮᠲᠤ ᠬᠠᠤᠯᠢ ᠲᠣᠭᠲᠠᠭᠠᠯ | ᠶᠣᠰᠣᠭᠠᠷ ᠵᠠᠬ᠎ᠠ ᠳᠡᠯᠭᠡᠭᠦᠷ ᠤᠨ ᠭᠤᠤᠯ ᠴᠣᠭᠴᠠ ᠪᠠ ᠨᠡᠶᠢᠭᠡᠮ ᠨᠡᠶᠢᠲᠡ ᠳᠤ ᠢᠯᠡ ᠪᠣᠯᠭᠠᠬᠤ ᠬᠡᠷᠡᠭᠲᠡᠶ᠃ ︵ | ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶᠠᠨ ᠤ ᠲᠥᠪ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠪᠠᠯᠠ ᠣᠷᠣᠭᠤᠯᠤᠯᠲᠠ ᠶᠢ | ᠠᠬᠢᠭᠤᠯᠬᠤ ᠲᠥᠪ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠶᠢᠮᠠᠭ ᠤᠨ ᠰᠢᠭᠤᠳ ᠬᠠᠷᠢᠶ᠎ᠠ ᠪᠤᠰᠤᠳ | ᠬᠠᠮᠢᠶ᠎ᠠ ᠪᠥᠬᠦᠶ ᠰᠠᠯᠠᠭ᠎ᠠ ᠮᠥᠴᠢᠷ︶ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠲᠦᠷᠢᠮ ᠢ | ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠠᠵᠢᠯ ᠢ ᠯᠠᠪᠳᠠᠭᠤᠨ ᠪᠠᠲᠤᠲᠠᠶ | ᠥᠷᠨᠢᠭᠦᠯᠦᠨ᠎ᠡ︔ ᠡᠯ᠎ᠡ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠬᠡᠴᠡ ᠶᠢᠨ ᠡᠳ᠋ ᠤᠨ ᠶᠠᠪᠤᠳᠠᠯ ᠤᠨ | ᠲᠥᠰᠦᠪ ᠤᠨ ᠬᠢᠵᠠᠭᠠᠷᠯᠠᠯ ᠢ ᠴᠢᠩᠭᠠᠳᠬᠠᠵᠤ᠂ ᠡᠳ᠋ ᠤᠨ ᠶᠠᠪᠤᠳᠠᠯ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ | ᠲᠡᠭᠦᠯᠳᠡᠷᠵᠢᠭᠦᠯᠵᠦ᠂ ᠡᠳ᠋ ᠤᠨ ᠶᠠᠪᠤᠳᠠᠯ ᠤᠨ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠤᠷᠢᠳᠴᠢᠯᠠᠨ | ᠰᠡᠷᠡᠮᠵᠢᠯᠡᠭᠦᠯᠬᠦ ᠲᠣᠭᠲᠠᠴᠠ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ᠎ᠠ᠃ ︵ | ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ︶ ᠤᠯᠤᠰ ᠤᠨ ᠠᠰᠢᠭ ᠲᠤᠰᠠ᠂ ᠣᠯᠠᠨ ᠨᠡᠶᠢᠲᠡ ᠶᠢᠨ ᠠᠰᠢᠭ ᠲᠤᠰᠠ ᠪᠤᠶᠤ | ᠪᠤᠰᠤᠳ ᠬᠠᠤᠯᠢ ᠪᠠᠷ ᠲᠣᠭᠲᠠᠭᠠᠭᠰᠠᠨ ᠤᠴᠢᠷ ᠰᠢᠯᠲᠠᠭᠠᠨ ᠠᠴᠠ ᠪᠣᠯᠵᠣ ᠵᠠᠰᠠᠭ ᠤᠨ ᠣᠷᠳᠣᠨ ᠤ ᠠᠮᠠᠯᠠᠯᠲᠠ ᠪᠠ | ᠭᠡᠷ᠎ᠡ ᠶᠢᠨ ᠪᠣᠯᠵᠤᠭ᠎ᠠ ᠶᠢ ᠬᠤᠪᠢᠷᠠᠭᠤᠯᠬᠤ ᠴᠢᠬᠤᠯᠠᠲᠠᠶ ᠪᠠᠶᠢᠪᠠᠯ᠂ ᠬᠠᠤᠯᠢ ᠪᠠᠷ ᠲᠣᠭᠲᠠᠭᠠᠭᠰᠠᠨ ᠡᠷᠬᠡ ᠮᠡᠳᠡᠯ ᠪᠠ | ᠲᠠᠰ ᠳᠠᠷᠠᠭᠠᠯᠠᠯ ᠢ ᠴᠢᠩᠭ᠎ᠠ ᠵᠢᠷᠤᠮᠯᠠᠨ ᠶᠠᠪᠤᠭᠳᠠᠭᠤᠯᠬᠤ ᠶᠢᠨ ᠬᠠᠮᠲᠤ᠂ ᠠᠵᠤ ᠠᠬᠤᠶᠢᠯᠠᠯ ᠪᠠ ᠪᠠᠯᠠ | ᠣᠷᠣᠭᠤᠯᠤᠭᠴᠢ ᠶᠢᠨ ᠡᠭᠦᠨ ᠠᠴᠠ ᠪᠣᠯᠤᠭᠰᠠᠨ ᠬᠤᠬᠢᠷᠠᠯ ᠢ ᠬᠠᠤᠯᠢ ᠶᠣᠰᠣᠭᠠᠷ ᠳᠥᠯᠥᠨ᠎ᠡ᠃ ︵ᠬᠠᠷᠢᠭᠤᠴᠠᠯᠭᠠᠲᠤ | ᠨᠢᠭᠡᠴᠡ᠄ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ︶ ᠵᠠᠰᠠᠭ ᠵᠠᠬᠢᠷᠭ᠎ᠠ ᠠᠵᠢᠯ | ᠦᠢᠯᠡᠰ ᠤᠨ ᠨᠢᠭᠡᠴᠡ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ ᠵᠣᠭᠤᠰ ᠢ ᠪᠥᠬᠦ ᠲᠠᠯ᠎ᠠ ᠪᠠᠷ | ᠢᠯᠭᠠᠷᠠᠭᠤᠯᠵᠤ᠂ ᠮᠠᠭᠤ ᠰᠠᠨᠠᠭ᠎ᠠ ᠲᠠᠢ ᠪᠠᠷ ᠥᠷᠢᠲᠦᠵᠦ ᠪᠠᠶᠢᠭ᠎ᠠ᠂ ᠤᠳᠠᠭᠠᠰᠢᠷᠠᠭᠤᠯᠤᠭᠠᠳ ᠪᠤᠴᠠᠭᠠᠬᠤ ᠥᠬᠡᠶ᠂ | ᠴᠣᠬᠢᠯᠲᠠ ᠥᠭᠴᠦ ᠥᠰᠢᠶ᠎ᠡ ᠠᠪᠤᠭᠰᠠᠨ ᠵᠡᠷᠭᠡ ᠨᠡᠶᠢᠲᠡᠯᠢᠭ ᠬᠡᠷᠡᠭ ᠢ ᠴᠢᠩᠭ᠎ᠠ ᠰᠢᠢᠳᠪᠦᠷᠢᠯᠡᠬᠦ ᠶᠢᠨ ᠬᠠᠮᠲᠤ ᠢᠯᠡ | ᠨᠡᠶᠢᠲᠡᠯᠡᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶ ᠢᠲᠡᠭᠡᠮᠵᠢ ᠠᠯᠳᠠᠭᠰᠠᠨ ᠬᠦᠢᠴᠡᠳᠭᠡᠭᠳᠡᠭᠴᠢ ᠳᠤ ᠵᠢᠭᠰᠠᠭᠠᠨ | ᠣᠷᠣᠭᠤᠯᠤᠭᠰᠠᠨ ᠡᠯ᠎ᠡ ᠱᠠᠲᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠵᠢᠴᠢ ᠠᠯᠪᠠᠨ ᠲᠤᠰᠢᠶᠠᠯᠲᠠᠨ ᠳᠤ | ᠂ ᠢᠲᠡᠭᠡᠮᠵᠢ ᠶᠢᠨ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢᠨ ᠬᠠᠮᠵᠢᠯᠴᠠᠬᠤ ᠠᠵᠢᠯ ᠤᠨ ᠲᠣᠭᠲᠠᠴᠠ ᠶᠢ | ᠪᠠᠶᠢᠭᠤᠯᠵᠤ᠂ ᠬᠠᠮᠢᠶ᠎ᠠ ᠪᠥᠬᠦᠶ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠬᠠᠤᠯᠢ ᠲᠣᠭᠲᠠᠭᠠᠯ ᠶᠣᠰᠣᠭᠠᠷ | ᠨᠠᠶᠢᠳᠠᠪᠤᠷᠢᠵᠢᠭᠤᠯᠬᠤ ᠶᠢᠨ ᠬᠠᠮᠲᠤ᠂ ᠲᠡᠳᠡᠨ ᠤ ᠬᠠᠤᠯᠢ ᠴᠠᠭᠠᠵᠠ ᠶᠢᠨ ᠡᠭᠦᠷᠭᠡ ᠪᠠᠨ ᠬᠦᠢᠴᠡᠳᠭᠡᠬᠦ ᠶᠢ | ᠰᠢᠮᠳᠠᠭᠤᠯᠵᠤ᠂ ᠬᠡᠷᠡᠭ ᠢ ᠪᠦᠲᠦᠮᠵᠢᠲᠡᠶ ᠨᠠᠮᠳᠠᠭᠤᠯᠬᠤ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ | ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ︶ ᠵᠠᠰᠠᠭ ᠤᠨ ᠣᠷᠳᠣᠨ ᠤ ᠢᠲᠡᠭᠡᠮᠵᠢ | ᠠᠯᠳᠠᠭᠰᠠᠨ ᠦᠢᠯᠡ ᠠᠵᠢᠯᠯᠠᠭ᠎ᠠ ᠠᠴᠠ ᠪᠣᠯᠵᠣ ᠨᠡᠶᠢᠭᠡᠮ ᠤᠨ ᠭᠤᠤᠯ ᠴᠣᠭᠴᠠ ᠳᠤ ᠬᠤᠬᠢᠷᠠᠯ ᠤᠴᠠᠷᠠᠭᠤᠯᠤᠭᠰᠠᠨ | ᠬᠡᠷᠡᠭ ︵ᠶᠠᠪᠤᠳᠠᠯ︶ ᠢ ᠬᠠᠤᠯᠢ ᠶᠣᠰᠣᠭᠠᠷ ᠲᠥᠪ ᠭᠤᠤᠯᠴᠢ ᠪᠠᠷ ᠰᠢᠢᠳᠪᠦᠷᠢᠯᠡᠵᠦ᠂ ᠨᠡᠶᠢᠭᠡᠮ ᠤᠨ ᠭᠤᠤᠯ | ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠨ᠎ᠠ᠃ ᠵᠠᠰᠠᠭ ᠤᠨ ᠣᠷᠳᠣᠨ ᠤ ᠢᠲᠡᠭᠡᠮᠵᠢ | ᠠᠯᠳᠠᠭᠰᠠᠨ ᠦᠢᠯᠡ ᠠᠵᠢᠯᠯᠠᠭ᠎ᠠ ᠠᠴᠠ ᠪᠣᠯᠵᠣ ᠨᠡᠶᠢᠭᠡᠮ ᠤᠨ ᠭᠤᠤᠯ ᠴᠣᠭᠴᠠ ᠳᠤ ᠬᠤᠬᠢᠷᠠᠯ ᠤᠴᠠᠷᠠᠭᠤᠯᠤᠭᠰᠠᠨ | ᠵᠠᠬᠢᠳᠠᠯ ᠰᠤᠷᠪᠤᠯᠵᠢᠯᠠᠯ ᠤᠨ ᠵᠦᠢᠯᠡᠰ ᠢ ᠰᠢᠯᠵᠢᠭᠦᠯᠦᠨ ᠲᠤᠰᠢᠶᠠᠬᠤ ᠪᠠ ᠵᠣᠬᠢᠴᠠᠭᠤᠯᠤᠨ ᠰᠢᠮᠳᠠᠭᠤᠯᠬᠤ ᠠᠵᠢᠯ ᠢ | ᠰᠠᠶᠢᠲᠤᠷ ᠬᠢᠨ᠎ᠠ᠃ ︵ᠬᠠᠷᠢᠭᠤᠴᠠᠯᠭᠠᠲᠤ ᠨᠢᠬᠡᠴᠡ᠄ ᠠᠶᠢᠮᠠᠭ ᠤᠨ ᠠᠷᠠᠳ ᠤᠨ ᠳᠣᠮᠳᠠᠳᠣ ᠵᠡᠷᠭᠡ ᠶᠢᠨ ᠰᠢᠭᠦᠬᠦ | ᠬᠤᠷᠢᠶ᠎ᠠ᠂ ᠠᠶᠢᠮᠠᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ︶ | ︵ᠳᠥᠷᠪᠡ︶ ᠰᠢᠯᠭᠠᠨ ᠦᠨᠡᠯᠡᠬᠦ ᠲᠣᠭᠲᠠᠴᠠ ᠪᠠ ᠬᠢᠨᠠᠯᠲᠠ ᠲᠠᠯᠪᠢᠬᠤ ᠰᠢᠰᠲ᠋ᠧᠮᠵᠢ ᠶᠢ ᠪᠠᠶᠢᠭᠤᠯᠤᠨ᠎ᠠ | 1 . ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠲᠤᠰᠬᠠᠶ ᠬᠢᠨᠠᠨ ᠵᠢᠯᠣᠭᠤᠳᠬᠤ ᠲᠣᠭᠲᠠᠴᠠ ᠶᠢ ᠪᠠᠶᠢᠭᠤᠯᠤᠨ᠎ᠠ᠃ | ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠪᠣᠯᠤᠨ | ᠠᠶᠢᠮᠠᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠲᠤ ᠲᠣᠭᠲᠠᠮᠠᠯ ᠬᠤᠭᠤᠴᠠᠭ᠎ᠠ ᠲᠠᠢ ᠪᠠᠷ ᠵᠠᠰᠠᠭ ᠤᠨ | ᠶᠠᠪᠤᠳᠠᠯ ᠤᠨ ᠢᠲᠡᠭᠡᠮᠵᠢ ᠶᠢᠨ ᠬᠢᠨᠠᠯᠲᠠ ᠪᠠᠶᠢᠴᠠᠭᠠᠯᠲᠠ ᠬᠢᠵᠦ᠂ ᠵᠠᠰᠠᠭ ᠤᠨ ᠶᠠᠪᠤᠳᠠᠯ ᠤᠨ ᠢᠲᠡᠭᠡᠮᠵᠢ ᠶᠢᠨ | ᠰᠢᠯᠭᠠᠨ ᠦᠨᠡᠯᠡᠯᠲᠡ ᠬᠢᠵᠦ᠂ ᠰᠢᠯᠭᠠᠨ ᠦᠨᠡᠯᠡᠭᠰᠡᠨ ᠦᠷ᠎ᠡ ᠳ᠋ᠦᠩ ᠢᠶᠠᠷ ᠠᠮᠵᠢᠯᠲᠠ ᠪᠦᠲᠦᠮᠵᠢ ᠶᠢ ᠰᠢᠯᠭᠠᠨ | ᠬᠢᠨᠠᠬᠤ ᠶᠢᠨ ᠴᠢᠬᠤᠯᠠ ᠯᠠᠪᠯᠠᠯᠲᠠ ᠪᠣᠯᠭᠠᠨ᠎ᠠ᠃ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠭᠤᠤᠯᠳᠠᠯᠭ᠎ᠠ ᠲᠠᠢ᠂ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ | ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠢ ᠱᠠᠯᠠᠪᠳᠠᠭᠤᠯᠤᠨ ᠱᠠᠭᠠᠷᠳᠠᠵᠤ ᠪᠠᠶᠢᠭᠠᠳ ᠢᠳᠡᠪᠬᠢᠲᠡᠶ ᠴᠡᠭᠴᠡᠯᠡᠨ | ᠰᠠᠶᠢᠵᠢᠷᠠᠭᠤᠯᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠲᠦᠪᠰᠢᠨ ᠢ ᠲᠠᠰᠤᠷᠠᠯᠲᠠ ᠥᠬᠡᠶ | ᠳᠡᠭᠡᠭᠰᠢᠯᠡᠭᠦᠯᠬᠦ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ | ᠪᠠᠶᠢᠭᠤᠯᠬᠤ ᠬᠡᠯᠲᠡᠰ᠂ ᠠᠶᠢᠮᠠᠭ ᠤᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ | ᠤᠳᠤᠷᠢᠳᠬᠤ ᠳᠤᠭᠤᠶᠢᠯᠠᠩ ᠤᠨ ᠠᠯᠪᠠᠨ ᠬᠡᠷ︶ | 2 . ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠬᠥᠨᠳᠡᠯᠡᠨ ᠢᠶᠠᠷ ᠬᠢᠨᠠᠯᠲᠠ ᠲᠠᠯᠪᠢᠬᠤ ᠲᠣᠭᠲᠠᠴᠠ ᠶᠢ | ᠪᠠᠶᠢᠭᠤᠯᠤᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ ᠨᠢ ᠠᠳᠠᠯᠢ | ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ | ᠬᠢᠨᠠᠯᠲᠠ ᠲᠠᠯᠪᠢᠯᠲᠠ ᠶᠢ ᠬᠠᠤᠯᠢ ᠶᠣᠰᠣᠭᠠᠷ ᠬᠦᠯᠢᠶᠡᠬᠦ ᠶᠢᠨ ᠬᠠᠮᠲᠤ᠂ ᠠᠳᠠᠯᠢ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ | ᠵᠥᠪᠯᠡᠯᠭᠡᠨ ᠳᠤ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠢ | ᠲᠣᠭᠲᠠᠮᠠᠯ ᠬᠤᠭᠤᠴᠠᠭ᠎ᠠ ᠲᠠᠢ ᠪᠠᠷ ᠮᠡᠳᠡᠬᠦᠯᠦᠨ᠎ᠡ᠃ ︵ᠬᠠᠷᠢᠭᠤᠴᠠᠯᠭᠠᠲᠤ ᠨᠢᠬᠡᠴᠡ᠄ ᠠᠶᠢᠮᠠᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠠᠯᠪᠠᠨ ᠬᠡᠷ᠂ ᠠᠶᠢᠮᠠᠭ ᠤᠨ ᠤᠯᠤᠰ ᠲᠥᠷᠥ ᠶᠢᠨ | ᠵᠥᠪᠯᠡᠯᠭᠡᠨ ᠤ ᠠᠯᠪᠠᠨ ᠬᠡᠷ᠂ ᠡᠯ᠎ᠡ ᠬᠤᠰᠢᠭᠤ ᠣᠷᠣᠨ︶ | 3 . ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠨᠡᠶᠢᠭᠡᠮ ᠤᠨ ᠬᠢᠨᠠᠯᠲᠠ ᠲᠠᠯᠪᠢᠬᠤ ᠲᠣᠭᠲᠠᠴᠠ ᠶᠢ | ᠪᠠᠶᠢᠭᠤᠯᠤᠨ᠎ᠠ᠃ ︽12345︾ ︽12388︾ ᠵᠡᠷᠭᠡ ᠵᠠᠰᠠᠭ ᠵᠠᠬᠢᠷᠭᠠᠨ ᠤ ᠵᠠᠭᠠᠯᠳᠤᠯᠭ᠎ᠠ ᠶᠢᠨ ᠤᠲᠠᠰᠤ ᠵᠢᠴᠢ | ᠰᠦᠯᠵᠢᠶᠡᠨ ᠥᠷᠲᠡᠭᠡ᠂ ᠣᠯᠠᠨ ᠨᠡᠶᠢᠲᠡ ᠶᠢᠨ ᠳᠠᠪᠴᠠᠩ᠂ APP ᠵᠡᠷᠭᠡ ᠣᠲᠣ ᠶᠢᠨ ᠪᠠᠶᠢᠭ᠎ᠠ ᠵᠠᠭᠠᠯᠳᠤᠯᠭ᠎ᠠ | ᠬᠢᠵᠦ ᠢᠯᠡᠴᠢᠯᠡᠨ ᠮᠡᠳᠡᠭᠦᠯᠬᠦ ᠲᠠᠪᠴᠠᠩ ᠤᠨ ᠦᠢᠯᠡᠳᠦᠯ ᠢ ᠬᠦᠢᠴᠡᠳ ᠪᠠᠳᠠᠷᠠᠭᠤᠯᠵᠤ᠂ ᠵᠠᠰᠠᠭ ᠤᠨ ᠶᠠᠪᠤᠳᠠᠯ ᠤᠨ | ᠢᠲᠡᠭᠡᠮᠵᠢ ᠠᠯᠳᠠᠭᠰᠠᠨ ᠠᠰᠠᠭᠤᠳᠠᠯ ᠤᠨ ᠰᠦᠪᠡᠭᠴᠢ ᠶᠢ ᠤᠯᠬᠤ ᠠᠷᠭ᠎ᠠ ᠵᠠᠮ ᠢ ᠤᠯᠠᠮ ᠨᠢᠭᠡ ᠠᠯᠬᠤᠮ | ᠥᠷᠭᠡᠳᠬᠡᠵᠦ᠂ ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ ᠠᠵᠢᠯᠯᠠᠭ᠎ᠠ ᠳᠤ ᠬᠢᠨᠠᠯᠲᠠ ᠲᠠᠯᠪᠢᠵᠤ ᠵᠠᠰᠠᠬᠤ | ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠡᠯ᠎ᠡ ᠬᠤᠰᠢᠭᠤ ᠣᠷᠣᠨ᠂ ᠠᠶᠢᠮᠠᠭ ᠤᠨ | ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ︶ ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ | ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ᠰᠡᠷᠡᠮᠵᠢᠯᠡᠭᠦᠯᠬᠦ | ᠬᠥᠮᠦᠵᠢᠯ ᠤᠨ ᠦᠢᠯᠡᠳᠦᠯ ᠢ ᠪᠠᠳᠠᠷᠠᠭᠤᠯᠤᠨ᠎ᠠ᠃ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ︽ᠰᠢᠨ᠎ᠡ ᠨᠣᠶᠠᠨ ᠬᠠᠭᠤᠴᠢᠨ ᠳᠠᠩᠰᠠ ᠶᠢ ᠬᠠᠮᠢᠶᠠᠷᠬᠤ ᠦᠭᠡᠶ︾᠂ ᠭᠡᠷ᠎ᠡ ᠠᠴᠠ ᠵᠥᠷᠢᠴᠡᠬᠦ | ᠂ ᠮᠠᠭᠤ ᠰᠠᠨᠠᠭ᠎ᠠ ᠲᠠᠢ ᠪᠠᠷ ᠥᠷᠢᠰᠥᠯᠳᠦᠬᠦ᠂ ᠬᠤᠳᠠᠯᠳᠤᠭᠠᠴᠢᠨ ᠢ ᠮᠡᠬᠡᠯᠡᠨ ᠠᠵᠤ ᠠᠬᠤᠶᠢᠯᠠᠯ ᠢ ᠮᠡᠬᠡᠯᠡᠬᠦ᠂ | ᠲᠦᠷᠢᠶᠡᠰᠦ ᠭᠠᠷᠭᠠᠨ ᠠᠰᠢᠭ ᠡᠷᠢᠬᠦ᠂ ᠰᠣᠬᠤᠷ ᠪᠠᠯᠠᠶ ᠪᠠᠷ ᠬᠤᠳᠠᠯᠳᠤᠭᠠᠴᠢᠨ ᠤᠷᠢᠬᠤ᠂ ᠲᠣᠭᠲᠠᠭᠠᠯ ᠠᠴᠠ | ᠵᠥᠷᠢᠴᠡᠨ ᠥᠷᠢ ᠲᠠᠯᠪᠢᠬᠤ᠂ ᠬᠢᠨᠠᠨ ᠪᠣᠳᠣᠬᠤ ᠶᠢ ᠬᠤᠶᠢᠰᠢᠯᠠᠭᠤᠯᠬᠤ᠂ ᠪᠠᠷᠢᠯᠭ᠎ᠠ ᠶᠢᠨ ᠵᠣᠭᠤᠰ ᠪᠣᠯᠤᠨ ᠬᠦᠴᠦ | ᠶᠠᠪᠤᠭᠰᠠᠳ ᠤᠨ ᠴᠠᠯᠢᠩ ᠢ ᠮᠠᠭᠤ ᠰᠠᠨᠠᠭ᠎ᠠ ᠲᠠᠢ ᠪᠠᠷ ᠥᠷᠢᠲᠦᠬᠦ ᠵᠡᠷᠭᠡ ᠢᠲᠡᠭᠡᠯ ᠢᠶᠠᠨ ᠠᠯᠳᠠᠭᠰᠠᠨ ᠦᠢᠯᠡ | ᠠᠵᠢᠯᠯᠠᠭ᠎ᠠ ᠵᠢᠴᠢ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠢᠶᠠᠷ ᠬᠦᠷᠦᠯᠴᠡᠬᠦ ᠦᠭᠡᠶ᠂ | ᠰᠢᠢᠳᠪᠦᠷᠢᠳᠦ ᠪᠣᠳᠣᠯᠭ᠎ᠠ ᠲᠣᠭᠲᠠᠭᠠᠬᠤ ᠳᠤ ᠠᠯᠳᠠᠰᠢ ᠭᠠᠷᠭᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ | ᠬᠡᠷᠡᠭᠯᠡᠭᠰᠡᠨ᠂ ᠵᠠᠷᠯᠢᠭ ᠪᠠᠶᠢᠪᠠᠴᠤ ᠬᠡᠷᠡᠭᠵᠢᠭᠦᠯᠬᠦ ᠦᠭᠡᠶ᠂ ᠴᠠᠭᠠᠵᠠᠯᠠᠵᠤ ᠪᠠᠶᠢᠲᠠᠯ᠎ᠠ ᠵᠣᠭᠰᠣᠭᠠᠬᠤ ᠦᠭᠡᠶ ᠬᠦᠨᠳᠦ | ᠶᠡᠭᠡ ᠬᠤᠬᠢᠷᠠᠯ᠂ ᠮᠠᠭᠤ ᠨᠥᠯᠥᠭᠡ ᠭᠠᠷᠭᠠᠭᠰᠠᠨ ᠪᠣᠯ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠦᠬᠦᠢ | ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ︵ᠬᠠᠷᠢᠭᠤᠴᠠᠯᠭᠠᠲᠤ ᠨᠢᠬᠡᠴᠡ᠄ ᠠᠶᠢᠮᠠᠭ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠠᠶᠢᠮᠠᠭ ᠤᠨ ᠠᠷᠠᠳ ᠤᠨ ᠳᠣᠮᠳᠠᠳᠣ | ᠵᠡᠷᠭᠡ ᠶᠢᠨ ᠰᠢᠭᠦᠬᠦ ᠬᠤᠷᠢᠶ᠎ᠠ︶ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠦᠢᠯᠡᠳᠦᠯ ᠢ ᠭᠦᠢᠴᠡᠳ | ᠪᠠᠳᠠᠷᠠᠭᠤᠯᠵᠤ᠂ ᠠᠷᠠᠳ ᠤᠨ ᠠᠮᠢᠳᠤᠷᠠᠯ ᠢ ᠬᠠᠯᠠᠮᠵᠢᠯᠠᠬᠤ ᠤᠲᠠᠰᠤ᠂ ᠠᠷᠠᠳ ᠤᠨ ᠰᠡᠳᠬᠢᠯ ᠢ ᠢᠯᠡᠳᠬᠡᠬᠦ ᠰᠦᠯᠵᠢᠶ᠎ᠡ | ᠵᠡᠷᠭᠡ ᠠᠷᠠᠳ ᠤᠨ ᠬᠦᠰᠡᠯ ᠱᠠᠭᠠᠷᠳᠠᠯᠭ᠎ᠠ ᠶᠢᠨ ᠠᠷᠭ᠎ᠠ ᠵᠠᠮ ᠢ ᠰᠢᠯᠤᠭᠤᠳᠬᠠᠵᠤ᠂ ᠡᠯ᠎ᠡ ᠰᠠᠯᠠᠭ᠎ᠠ ᠮᠥᠴᠢᠷ | ᠢᠯᠡᠴᠢᠯᠡᠨ ᠵᠠᠭᠠᠯᠳᠤᠬᠤ ᠲᠦᠷᠢᠮ ᠢ ᠪᠠᠶᠢᠭᠤᠯᠤᠨ ᠪᠦᠷᠢᠨᠰᠢᠬᠦᠯᠬᠦ ᠬᠡᠷᠡᠭᠲᠡᠢ︔ ᠰᠣᠨᠢᠨ᠂ ᠲᠧᠯᠸᠢᠰ᠂ ᠷᠠᠳᠢᠣ᠋ | ᠨᠡᠪᠲᠡᠷᠡᠭᠦᠯᠭᠡ᠂ ᠰᠦᠯᠵᠢᠶ᠎ᠡ ᠵᠡᠷᠭᠡ ᠵᠠᠭᠤᠴᠢᠯᠠᠭᠤᠷ ᠤᠳ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠪᠠ | ᠢᠲᠡᠭᠡᠯ ᠢᠶᠠᠨ ᠠᠯᠳᠠᠭᠰᠠᠨ ᠠᠵᠢᠯᠯᠠᠭ᠎ᠠ ᠶᠢ ᠮᠡᠳᠡᠭᠡᠯᠡᠬᠦ ᠪᠠᠨ ᠴᠢᠩᠭᠠᠳᠬᠠᠵᠤ᠂ ᠬᠦᠴᠦᠷᠬᠡᠭ ᠶᠡᠭᠡ ᠨᠡᠶᠢᠭᠡᠮ ᠤᠨ | ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠯᠲᠠ ᠶᠢ ᠪᠣᠶ ᠪᠣᠯᠭᠠᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ | ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ︶ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ ᠬᠤᠰᠢᠭᠤ ᠣᠷᠣᠨ᠂ ᠡᠯ᠎ᠡ | ᠰᠠᠯᠠᠭ᠎ᠠ ᠮᠥᠴᠢᠷ ᠨᠢ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠰᠠᠭᠤᠷᠢ ᠴᠢᠨᠠᠷᠲᠠᠶ | ᠪᠠᠲᠤᠯᠠᠭ᠎ᠠ ᠶᠢ ᠴᠢᠩᠭᠠᠳᠬᠠᠵᠤ᠂ ᠬᠥᠮᠦᠨ ᠤ ᠬᠦᠴᠦᠨ᠂ ᠪᠣᠳᠠᠰ ᠤᠨ ᠬᠦᠴᠦᠨ᠂ ᠡᠳ᠋ ᠤᠨ ᠬᠦᠴᠦᠨ ᠢ ᠨᠢᠭᠡᠳᠦᠯᠲᠡᠶ | ᠲᠥᠯᠥᠪᠵᠢᠭᠦᠯᠦᠨ ᠰᠠᠶᠢᠲᠤᠷ ᠲᠣᠬᠢᠷᠠᠭᠤᠯᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠠᠵᠢᠯ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ | ᠬᠠᠷᠢᠭᠤᠴᠠᠯᠭᠠᠲᠤ ᠨᠢᠬᠡᠴᠡ ᠶᠢ ᠲᠣᠳᠣᠷᠬᠠᠶᠢᠯᠠᠨ᠂ ᠠᠵᠢᠯ ᠤᠨ ᠡᠭᠦᠷᠭᠡ ᠶᠢ ᠪᠣᠳᠠᠲᠠᠶᠢᠵᠢᠭᠤᠯᠵᠤ᠂ ᠡᠳ᠋ ᠤᠨ | ᠵᠠᠰᠠᠭ ᠤᠨ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠦᠨ᠂ ᠠᠵᠢᠯ ᠢᠶᠠᠨ ᠯᠠᠪᠳᠠᠭᠤᠨ ᠪᠠᠲᠤᠲᠠᠶ ᠪᠦᠲᠦᠮᠵᠢᠲᠡᠶ | ᠠᠬᠢᠭᠤᠯᠬᠤ ᠬᠡᠷᠡᠭᠲᠡᠶ᠃ | ︵ᠬᠤᠶᠠᠷ︶ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠷᠠᠭᠤᠯᠤᠨ᠎ᠠ᠃ ᠠᠶᠢᠮᠠᠭ ᠤᠨ ᠵᠠᠬᠢᠷᠭ᠎ᠠ ᠨᠢ | ᠪᠥᠬᠦ ᠠᠶᠢᠮᠠᠭ ᠤᠨ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠳᠤᠮᠳᠠᠬᠢ ᠴᠢᠬᠤᠯᠠ | ᠶᠡᠭᠡ ᠠᠰᠠᠭᠤᠳᠠᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠠᠶᠢᠮᠠᠭ ᠤᠨ ᠨᠡᠶᠢᠭᠡᠮ ᠤᠨ ᠢᠲᠡᠭᠡᠮᠵᠢ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ ᠵᠠᠰᠠᠭ ᠤᠨ ᠶᠠᠪᠤᠳᠠᠯ ᠤᠨ | ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠨᠡᠶᠢᠯᠡᠭᠦᠯᠬᠦ ᠪᠠ ᠬᠠᠮᠲᠤᠪᠠᠷ ᠭᠥᠷᠳᠡᠬᠦ ᠶᠢ ᠬᠠᠷᠢᠭᠤᠴᠠᠨ᠎ᠠ᠃ | ᠡᠯ᠎ᠡ ᠬᠤᠰᠢᠭᠤ ᠣᠷᠣᠨ᠂ ᠡᠯ᠎ᠡ ᠰᠠᠯᠠᠭ᠎ᠠ ᠮᠥᠴᠢᠷ ᠤᠳ ᠵᠠᠰᠠᠭ ᠤᠨ ᠶᠠᠪᠤᠳᠠᠯ ᠤᠨ ᠢᠲᠡᠭᠡᠮᠵᠢ ᠶᠢᠨ | ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠦᠨᠡᠨ ᠬᠦ ᠴᠢᠩᠭᠠᠳᠬᠠᠵᠤ᠂ ᠲᠣᠰ | ᠲᠣᠰ ᠤᠨ ᠡᠭᠦᠷᠭᠡ ᠴᠢᠳᠠᠪᠤᠷᠢ ᠪᠠ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠲᠠᠢ ᠪᠠᠨ ᠤᠶᠠᠯᠳᠤᠭᠤᠯᠤᠨ᠂ | ᠪᠣᠳᠠᠲᠠᠶ ᠬᠡᠷᠡᠭᠵᠢᠭᠦᠯᠬᠦ ᠨᠠᠷᠢᠨ ᠲᠦᠷᠢᠮ ᠢ ᠰᠤᠳᠤᠯᠤᠨ ᠲᠣᠭᠲᠠᠭᠠᠵᠤ᠂ ᠠᠵᠢᠯ ᠢ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ | ︵ᠭᠤᠷᠪᠠ︶ ᠤᠬᠠᠭᠤᠯᠵᠤ ᠬᠥᠲᠥᠯᠥᠨ ᠵᠢᠯᠣᠭᠤᠳᠬᠤ ᠡᠷᠴᠢᠮ ᠢ ᠴᠢᠩᠭᠠᠷᠠᠭᠤᠯᠤᠨ᠎ᠠ᠃ ᠡᠯ᠎ᠡ ᠬᠤᠰᠢᠭᠤ | ᠣᠷᠣᠨ᠂ ᠡᠯ᠎ᠡ ᠰᠠᠯᠠᠭ᠎ᠠ ᠮᠥᠴᠢᠷ ᠤᠳ ᠢᠳᠡᠪᠬᠢᠲᠡᠢ ᠠᠷᠭ᠎ᠠ ᠬᠡᠮᠵᠢᠶ᠎ᠡ ᠠᠪᠴᠤ᠂ ᠷᠠᠳᠢᠣ᠋᠂ ᠲᠧᠯᠸᠢᠰ᠂ ᠰᠣᠨᠢᠨ | ᠰᠡᠳᠬᠦᠯ᠂ ᠰᠦᠯᠵᠢᠶ᠎ᠡ ᠵᠡᠷᠭᠡ ᠵᠠᠭᠤᠴᠢᠯᠠᠭᠤᠷ ᠢ ᠠᠰᠢᠭᠯᠠ᠂ ᠵᠠᠰᠠᠭ ᠤᠨ ᠶᠠᠪᠤᠳᠠᠯ ᠤᠨ ᠢᠲᠡᠭᠡᠮᠵᠢ ᠶᠢᠨ | ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠶᠡᠬᠡᠪᠡᠷ ᠤᠬᠠᠭᠤᠯᠵᠤ᠂ ᠴᠠᠭ ᠲᠤᠬᠠᠢ ᠳᠤᠨᠢ ᠮᠡᠳᠡᠭᠡᠯᠡᠵᠦ | ᠂ ᠰᠠᠶᠢᠨ ᠠᠷᠭ᠎ᠠ ᠪᠠᠷᠢᠯ᠂ ᠰᠠᠶᠢᠨ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠵᠠᠰᠠᠭ ᠤᠨ ᠶᠠᠪᠤᠳᠠᠯ ᠤᠨ | ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠪᠥᠬᠦ ᠨᠡᠶᠢᠭᠡᠮ ᠢᠶᠠᠷ ᠢᠶᠠᠨ ᠬᠠᠯᠠᠮᠵᠢᠯᠠᠬᠤ᠂ ᠳᠡᠮᠵᠢᠬᠦ | ᠂ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ | ᠲᠣᠰ ᠵᠠᠰᠠᠪᠤᠷᠢ ᠣᠷᠣᠭᠤᠯᠬᠤ ᠲᠥᠰᠦᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ | ᠬᠡᠷᠡᠭᠵᠢᠭᠦᠯᠦᠨ᠎ᠡ᠂ ︽ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠬᠤᠪᠢᠶᠠᠷᠢᠯᠠᠯ ᠢ | ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠠᠯᠠᠱᠠ ᠠᠶᠢᠮᠠᠭ ᠤᠨ ᠵᠠᠬᠢᠷᠭ᠎ᠠ ᠶᠢᠨ ᠲᠥᠰᠦᠯ︾ ︵ᠵᠠᠬᠢᠷᠭ᠎ᠠ | ᠠᠯᠪᠠᠨ ᠲᠠᠷᠬᠠᠭᠠᠭᠰᠠᠨ ﹇2021﹈ 35 ᠳ᠋ᠤᠭᠠᠷ ᠲᠣᠭᠠᠲᠤ︶ ᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃ |