9 ᠰᠠᠷ᠎ᠠ ᠶᠢᠨ 26 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ᠂ ᠠᠶᠢᠮᠠᠭ ᠤᠨ ᠳᠠᠷᠤᠭ᠎ᠠ | ᠳᠠᠶᠢᠴᠢᠨ 2022 ᠣᠨ ᠤ ᠪᠥᠬᠦ ᠠᠶᠢᠮᠠᠭ ᠤᠨ ᠣᠶ ᠶᠢᠨ ᠳᠠᠷᠤᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ | 2022 ᠣᠨ ᠤ ᠥᠪᠡᠷᠲᠡᠭᠡᠨ ᠵᠠᠰᠠᠬᠤ ᠣᠷᠣᠨ ᠤ ᠶᠡᠷᠦᠩᠬᠡᠶ ᠣᠶ ᠶᠢᠨ ᠳᠠᠷᠤᠭ᠎ᠠ ᠶᠢᠨ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠠᠶᠢᠮᠠᠭ ᠤᠨ ᠣᠶ ᠶᠢᠨ ᠳᠠᠷᠤᠭ᠎ᠠ ᠶᠢᠨ ᠲᠦᠷᠢᠮ ᠤᠨ ᠠᠵᠢᠯ ᠤᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ | ᠪᠠᠶᠢᠷᠢᠯᠠᠭᠤᠯᠪᠠ᠃ ᠠᠶᠢᠮᠠᠭ ᠤᠨ ᠳᠡᠳ᠋ ᠤᠢ ᠶᠢᠨ ᠳᠠᠷᠤᠭ᠎ᠠ ᠵᠠᠩ ᠰᠢᠶᠣᠤ ᠹᠧᠩ᠂ ᠯᠢᠦ ᠳ᠋ᠧ ᠬᠤᠷᠠᠯ ᠳᠤ | ᠣᠷᠣᠯᠴᠠᠪᠠ᠃ | ᠬᠤᠷᠠᠯ ᠠᠴᠠ᠂ ᠤᠢ ᠶᠢᠨ ᠳᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠪᠣᠯ ᠨᠠᠮ ᠤᠨ ᠲᠥᠪ | ᠬᠤᠷᠢᠶᠠᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠶᠡᠭᠡ ᠪᠠᠶᠢᠯᠳᠤᠬᠤ | ᠰᠢᠢᠳᠪᠦᠷᠢᠲᠦ ᠪᠤᠳᠤᠯᠭ᠎ᠠ ᠪᠠ ᠴᠢᠬᠤᠯᠠ ᠲᠦᠷᠢᠮ ᠤᠨ ᠰᠢᠨ᠎ᠡ ᠡᠭᠦᠳᠦᠯᠲᠡ ᠮᠥᠨ᠂ ᠮᠠᠨ ᠤ ᠤᠯᠤᠰ ᠤᠨ | ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠦᠴᠦᠲᠡᠢ | ᠭᠠᠷᠳᠠᠴᠠ ᠮᠥᠨ᠃ ᠪᠥᠬᠦ ᠠᠶᠢᠮᠠᠭ ᠤᠨ ᠳᠡᠭᠡᠳᠦ ᠳᠤᠤᠷᠠᠳᠤ ᠱᠠᠲᠤ ᠪᠠᠷ ᠢᠶᠠᠨ ︽ᠬᠤᠶᠠᠷ ᠢ ᠲᠣᠭᠲᠠᠭᠠᠬᠤ︾ ᠶᠢ | ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠤᠯᠤᠰ ᠲᠥᠷᠥ ᠶᠢᠨ ᠦᠨᠳᠦᠷᠴᠡ ᠠᠴᠠ | ᠣᠶ ᠶᠢᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠲᠥᠪ ᠤᠨ ᠪᠠ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ | ᠬᠦᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠣᠶ ᠶᠢᠨ ᠳᠠᠷᠤᠭ᠎ᠠ ᠶᠢᠨ ᠲᠦᠷᠢᠮ ᠤᠨ ᠡᠯ᠎ᠡ ᠵᠦᠢᠯ ᠤᠨ | ᠬᠠᠷᠠᠯᠲᠠ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠵᠦ᠂ ᠮᠠᠨ ᠤ ᠠᠶᠢᠮᠠᠭ ᠤᠨ ᠣᠶ ᠶᠢᠨ ᠳᠠᠷᠤᠭ᠎ᠠ ᠶᠢᠨ ᠲᠦᠷᠢᠮ ᠢ ︽ | ᠪᠥᠬᠦ ᠲᠠᠯ᠎ᠠ ᠪᠠᠷ ᠪᠠᠶᠢᠭᠤᠯᠵᠤ︾ ᠪᠠᠶᠢᠭᠰᠠᠨ ᠠᠴᠠ ︽ᠪᠥᠬᠦ ᠲᠠᠯ᠎ᠠ ᠪᠠᠷ ᠦᠷ᠎ᠡ ᠪᠦᠲᠦᠮᠵᠢ ᠤᠯᠬᠤ︾ ᠲᠡᠶᠢᠰᠢ | ᠬᠤᠪᠢᠷᠠᠭᠤᠯᠬᠤ ᠶᠢ ᠠᠬᠢᠭᠤᠯᠬᠤ ᠬᠡᠷᠡᠭᠲᠡᠶ ᠭᠡᠪᠡ᠃ | ᠬᠤᠷᠠᠯ ᠠᠴᠠ᠂ ᠠᠮᠢ ᠠᠬᠤᠢ ᠶᠢᠨ ᠬᠠᠮᠠᠭᠠᠯᠠᠯᠲᠠ ᠰᠡᠷᠭᠦᠭᠡᠯᠲᠡ ᠶᠢ ᠭᠤᠣᠯᠳᠠᠯᠭ᠎ᠠ ᠲᠠᠢ ᠥᠷᠨᠢᠭᠦᠯᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠬᠤ᠂ ᠦᠨᠡᠨ ᠠᠴᠠ ᠵᠥᠪ ᠢ | ᠡᠷᠢᠬᠦ ᠶᠢ ᠪᠠᠷᠢᠮᠲᠠᠯᠠᠵᠤ᠂ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠴᠢᠬᠤᠯᠠ ᠶᠡᠭᠡ | ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ᠂ ᠰᠡᠯᠭᠦᠨ | ᠮᠠᠯᠵᠢᠬᠤ ᠪᠠ ᠨᠤᠲᠤᠭ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠢ | ᠰᠢᠭᠤᠢ ᠨᠤᠲᠤᠭ ᠪᠡᠯᠴᠢᠭᠡᠷ ᠤᠨ ᠭᠠᠮᠰᠢᠭ ᠢ ᠰᠡᠷᠭᠡᠶᠢᠯᠡᠨ ᠡᠵᠡᠮᠳᠡᠬᠦ ᠪᠠ ᠭᠠᠯ ᠤᠨ ᠭᠠᠮᠰᠢᠭ ᠢ ᠰᠡᠷᠭᠡᠶᠢᠯᠡᠨ | ᠡᠵᠡᠮᠳᠡᠬᠦ ᠶᠢ ᠴᠢᠩᠭᠠᠳᠬᠠᠵᠤ᠂ ᠪᠠᠶᠢᠭᠠᠯᠢ ᠶᠢᠨ ᠠᠮᠢ ᠠᠬᠤᠢ ᠶᠢᠨ ᠰᠢᠰᠲ᠋ᠧᠮ ᠤᠨ ᠶᠠᠰᠤ ᠴᠢᠨᠠᠷ ᠪᠠ ᠲᠣᠭᠲᠠᠪᠤᠷᠢᠲᠤ | ᠴᠢᠨᠠᠷ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠣᠶ ᠰᠢᠭᠤᠶ ᠡᠪᠡᠰᠦ ᠪᠡᠯᠴᠢᠭᠡᠷ ᠤᠨ ᠠᠵᠤ ᠦᠢᠯᠡᠰ ᠤᠨ ᠴᠢᠨᠠᠷ | ᠰᠠᠶᠢᠲᠠᠶ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠠᠮᠲᠤ ᠶᠢᠨ ᠣᠶ | ᠰᠢᠭᠤᠶ ᠶᠢᠨ ᠡᠷᠬᠡ ᠶᠢᠨ ᠲᠦᠷᠢᠮ ᠪᠣᠯᠤᠨ ᠤᠯᠤᠰ ᠤᠨ ᠥᠮᠴᠢᠯᠡᠯ ᠤᠨ ᠣᠶ ᠰᠢᠭᠤᠶ ᠶᠢᠨ ᠲᠠᠯᠠᠪᠠᠶ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠶ ᠰᠢᠭᠤᠶ ᠡᠪᠡᠰᠦ ᠪᠡᠯᠴᠢᠭᠡᠷ ᠤᠨ ᠨᠤᠭᠤ ᠭᠠᠵᠠᠷ ᠤᠨ | ᠨᠡᠭᠦᠷᠡᠰᠦᠲᠥ᠋ᠷᠥᠭᠴᠢ ᠶᠢ ᠰᠢᠩᠭᠡᠭᠡᠬᠦ ᠠᠵᠢᠯ ᠢ ᠡᠮᠬᠢ ᠵᠢᠷᠤᠮ ᠲᠠᠢ ᠠᠬᠢᠭᠤᠯᠵᠤ᠂ ᠣᠶ ᠰᠢᠭᠤᠶ ᠡᠪᠡᠰᠦ ᠪᠡᠯᠴᠢᠭᠡᠷ ᠤᠨ | ᠠᠵᠤ ᠦᠢᠯᠡᠰ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠶ᠃ ᠠᠮᠢ ᠠᠬᠤᠶ ᠶᠢᠨ ᠠᠵᠤ | ᠦᠢᠯᠡᠰᠵᠢᠯᠲᠡ ᠪᠠ ᠠᠵᠤ ᠦᠢᠯᠡᠰ ᠤᠨ ᠠᠮᠢ ᠠᠬᠤᠶᠢᠵᠢᠯᠲᠠ ᠶᠢ ᠬᠦᠴᠦᠯᠡᠨ ᠠᠬᠢᠭᠤᠯᠵᠤ᠂ ᠣᠶ ᠶᠢᠨ ᠠᠵᠤ ᠠᠬᠤᠶ | ᠂ ᠬᠢᠲᠠᠳ ᠡᠪᠡᠰᠦᠨ ᠡᠮ ᠤᠨ ᠮᠠᠲ᠋ᠧᠷᠢᠶᠠᠯ᠂ ᠣᠶ ᠰᠢᠭᠤᠶ ᠡᠪᠡᠰᠦᠨ ᠤ ᠦᠷ᠎ᠡ ᠴᠢᠬᠢ ᠵᠡᠷᠭᠡ ᠠᠵᠤ ᠦᠢᠯᠡᠰ ᠢ | ᠢᠳᠡᠪᠬᠢᠲᠡᠶ ᠬᠥᠭᠵᠢᠭᠦᠯᠵᠦ᠂ ᠴᠢᠨᠠᠷ ᠰᠠᠶᠢᠲᠠᠶ ᠲᠡᠵᠢᠭᠡᠯ ᠡᠪᠡᠰᠦ ᠳᠠᠷᠢᠬᠤ ᠶᠢ ᠪᠤᠶᠢᠵᠢᠭᠤᠯᠤᠨ ᠳᠡᠯᠭᠡᠷᠡᠭᠦᠯᠵᠦ᠂ ᠠᠮᠢ | ᠠᠬᠤᠶ ᠶᠢᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠨᠠᠩ ᠰᠠᠶᠢᠲᠤᠷ ᠬᠤᠪᠢᠷᠠᠭᠤᠯᠬᠤ ᠬᠡᠷᠡᠭᠲᠡᠶ᠃ | ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ | ᠴᠢᠩᠭᠠᠳᠬᠠᠵᠤ᠂ ᠨᠠᠮ ᠤᠨ ᠬᠤᠷᠢᠶ᠎ᠠ ᠤᠳᠤᠷᠢᠳᠬᠤ᠂ ᠨᠠᠮ ᠵᠠᠰᠠᠭ ᠬᠠᠮᠲᠤ ᠪᠠᠷ ᠬᠠᠷᠢᠭᠤᠴᠠᠬᠤ᠂ ᠬᠠᠷᠢᠶ᠎ᠠ ᠣᠷᠣᠨ | ᠬᠠᠷᠢᠭᠤᠴᠠᠬᠤ᠂ ᠰᠠᠯᠠᠭ᠎ᠠ ᠮᠥᠴᠢᠷ ᠬᠠᠮᠵᠢᠯᠴᠠᠬᠤ᠂ ᠡᠬᠢ ᠡᠭᠦᠰᠦᠯ ᠠᠴᠠ ᠨᠢ ᠵᠠᠰᠠᠬᠤ᠂ ᠪᠦᠬᠦ ᠣᠷᠣᠨ ᠪᠦᠰᠡ ᠶᠢ | ᠬᠠᠮᠤᠷᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠠᠬᠢᠭᠤᠯᠤᠨ ᠪᠦᠷᠢᠯᠳᠦᠭᠦᠯᠵᠦ᠂ ᠠᠯᠠᠱᠠ ᠶᠢᠨ | ᠤᠢ ᠰᠢᠭᠤᠢ ᠡᠪᠡᠰᠦ ᠤᠷᠭᠤᠮᠠᠯ ᠢ ᠰᠠᠶᠢᠲᠤᠷ ᠬᠠᠮᠠᠭᠠᠯᠠᠬᠤ ᠬᠡᠷᠡᠭᠲᠡᠢ ᠭᠡᠰᠡᠨ ᠪᠠᠶᠢᠨ᠎ᠠ᠃ |