ᠢᠳᠡᠭᠡᠨ ᠪᠠ ᠡᠮ ᠤᠨ ᠵᠦᠢᠯ ᠤᠨ ᠠᠮᠣᠷ ᠳᠦᠪᠰᠢᠨ ᠢ ᠴᠢᠩᠭᠠᠳᠬᠠᠬᠤ ᠲᠤᠬᠠᠶ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭᠠᠨ ᠤ ᠢᠳᠡᠭᠡᠨ | ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠣᠷᠢᠵᠢᠭᠤᠯᠵᠦ᠂ ᠤᠯᠤᠰ ᠤᠨ ᠢᠳᠡᠭᠡᠨ ᠤ ᠠᠶᠤᠯᠭᠦᠢ ᠶᠢᠨ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠲᠡ ᠶᠢ | ᠲᠦᠯᠬᠢᠨ ᠠᠬᠢᠭᠤᠯᠵᠦ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠠᠰᠠᠯᠲᠠ ᠶᠢᠨ ᠰᠢᠰᠲ᠋ᠧᠮᠵᠢ ᠶᠢ | ᠲᠦᠷᠬᠡᠨ ᠳᠡᠬᠦᠯᠳᠡᠷᠵᠢᠬᠦᠯᠵᠦ᠂ ᠡᠯ᠎ᠡ ᠬᠤᠰᠢᠭᠤᠨ ᠤ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠪᠠ | ᠠᠶᠢᠮᠠᠭ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ︵ᠳᠣᠷᠣᠭᠰᠢ ᠠᠶᠢᠮᠠᠭ ᠤᠨ ᠢᠳᠡᠭᠡᠨ | ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠭᠡᠵᠦ ᠲᠣᠪᠴᠢᠯᠠᠨ᠎ᠠ︶ ᠤᠨ ᠡᠯ᠎ᠡ ᠪᠦᠷᠢᠯᠳᠦᠬᠦᠨ | ᠨᠢᠭᠡᠴᠡ ᠶᠢᠨ ᠵᠣᠬᠢᠶᠠᠨ ᠪᠠᠶᠢᠭᠤᠯᠵᠤ ᠤᠳᠤᠷᠢᠳᠬᠤ ᠪᠠ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭᠠᠳᠬᠠᠨ᠂ | ᠢᠳᠡᠭᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠬᠦᠯᠵᠦ᠂ ᠣᠯᠠᠨ | ᠨᠡᠶᠢᠲᠡ ᠶᠢᠨ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠠᠳᠣᠯᠠᠨ᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮ ᠤᠨ ᠵᠦᠢᠯ ᠤᠨ ᠬᠠᠮᠢᠶᠠᠷᠤᠯᠲᠠ ᠶᠢᠨ ᠬᠠᠤᠯᠢ︾ ︽ᠢᠳᠡᠭᠡᠨ ᠤ | ᠠᠮᠤᠷ ᠲᠦᠪᠰᠢᠨ ᠤ ᠠᠵᠢᠯ ᠢ ᠦᠨᠡᠯᠡᠵᠦ ᠰᠢᠯᠭᠠᠨ ᠬᠢᠨᠠᠬᠤ ᠠᠷᠭ᠎ᠠ ᠶᠢ ᠳᠠᠷᠤᠮᠠᠯᠯᠠᠨ ᠳᠠᠷᠬᠠᠭᠠᠬᠤ ᠲᠤᠬᠠᠶ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠢ ᠦᠨᠡᠯᠡᠵᠦ ᠰᠢᠯᠭᠠᠨ ᠬᠢᠨᠠᠬᠤ | ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠲᠤᠰ ᠠᠷᠭ᠎ᠠ ᠶᠢ ᠲᠣᠭᠲᠠᠭᠠᠪᠠ᠃ | ᠨᠢᠭᠡᠳᠦᠭᠡᠷ ᠵᠦᠢᠯ ᠲᠣᠰ ᠠᠷᠭ᠎ᠠ ᠨᠢ ᠠᠶᠢᠮᠠᠭ ᠤᠨ ᠵᠠᠬᠢᠷᠭ᠎ᠠ ᠠᠴᠠ ᠡᠯ᠎ᠡ ᠬᠤᠰᠢᠭᠤ ︵ᠣᠷᠣᠨ︶ ᠶᠢᠨ | ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠂ ᠠᠶᠢᠮᠠᠭ ᠤᠨ ᠢᠳᠡᠭᠡᠨ ᠪᠠ ᠡᠮ ᠤᠨ ᠵᠦᠢᠯ ᠤᠨ ᠠᠮᠤᠷ | ᠲᠦᠪᠰᠢᠨ ᠤ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠶᠢᠨ ᠢᠳᠡᠭᠡᠨ ᠪᠠ ᠡᠮ ᠤᠨ ᠵᠦᠢᠯ ︵ᠭᠤᠶᠣᠯᠠᠯ ᠤᠨ ᠡᠳ᠋᠂ | ᠡᠮᠴᠢᠯᠡᠭᠡᠨ ᠤ ᠪᠠᠭᠠᠵᠢ ᠬᠡᠷᠡᠭᠰᠡᠯ ᠪᠠᠭᠲᠠᠨ᠎ᠠ᠂ ᠳᠣᠷᠣᠭᠰᠢ ᠠᠳᠠᠯᠢ︶ ᠤᠨ ᠠᠮᠤᠷ ᠲᠦᠪᠰᠢᠨ ᠤ ᠠᠵᠢᠯ ᠢ | ᠦᠨᠡᠯᠡᠵᠦ ᠰᠢᠯᠭᠠᠨ ᠬᠢᠨᠠᠬᠤ ᠳᠤ ᠬᠡᠷᠡᠭᠯᠡᠭᠳᠡᠨ᠎ᠡ᠃ | ᠠᠶᠢᠮᠠᠭ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠡᠯ᠎ᠡ ᠪᠦᠷᠢᠯᠳᠦᠬᠦᠨ | ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ᠂ ᠡᠯ᠎ᠡ ᠬᠤᠰᠢᠭᠤ ︵ᠣᠷᠣᠨ | ︶ ᠶᠢᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠤ ᠢᠳᠡᠭᠡᠨ ᠪᠠ ᠡᠮ ᠤᠨ ᠵᠦᠢᠯ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ | ᠲᠠᠯᠪᠢᠵᠤ ᠪᠠᠶᠢᠴᠠᠭᠠᠨ᠎ᠠ᠃ | ᠬᠤᠶᠠᠳᠤᠭᠠᠷ ᠵᠦᠢᠯ ᠦᠨᠡᠯᠡᠵᠦ ᠰᠢᠯᠭᠠᠨ ᠬᠢᠨᠠᠬᠤ ᠠᠵᠢᠯ ᠢ ᠠᠶᠢᠮᠠᠭ ᠤᠨ ᠵᠠᠬᠢᠷᠭ᠎ᠠ ᠶᠢᠨ ᠤᠳᠤᠷᠢᠳᠤᠯᠭ᠎ᠠ | ᠳᠤᠤᠷ᠎ᠠ᠂ ᠠᠶᠢᠮᠠᠭ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠠᠴᠠ ᠨᠢᠭᠡᠳᠦᠯᠲᠡᠶ | ᠲᠥᠯᠥᠪᠯᠡᠨ ᠵᠣᠬᠢᠴᠠᠭᠤᠯᠵᠤ᠂ ᠠᠶᠢᠮᠠᠭ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ | ᠠᠯᠪᠠᠨ ᠬᠡᠷ ︵ᠳᠣᠷᠣᠭᠰᠢ ᠠᠶᠢᠮᠠᠭ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠯᠪᠠᠨ ᠬᠡᠷ ᠭᠡᠵᠦ | ᠲᠣᠪᠴᠢᠯᠠᠨ᠎ᠠ︶ ᠤᠨ ᠠᠶᠢᠮᠠᠭ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠬᠠᠮᠢᠶ᠎ᠠ | ᠪᠥᠬᠦᠶ ᠪᠦᠷᠢᠯᠳᠦᠬᠦᠨ ᠨᠢᠭᠡᠴᠡ ᠠᠴᠠ ᠪᠣᠳᠠᠲᠠᠶ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠠᠶᠢᠮᠠᠭ ᠤᠨ ᠢᠳᠡᠭᠡᠨ ᠪᠠ ᠡᠮ ᠤᠨ ᠵᠦᠢᠯ ᠤᠨ ᠠᠮᠣᠷ ᠳᠦᠪᠰᠢᠨ ᠤ ᠠᠯᠪᠠᠨ ᠭᠡᠷ ᠨᠢ ᠵᠢᠯ ᠪᠦᠷᠢ | ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠣᠷ ᠳᠦᠪᠰᠢᠨ ᠤ ᠵᠥᠪᠯᠡᠯ ᠤᠨ ᠢᠳᠡᠭᠡᠨ | ᠪᠠ ᠡᠮ ᠤᠨ ᠵᠦᠢᠯ ᠤᠨ ᠠᠮᠣᠷ ᠳᠦᠪᠰᠢᠨ ᠢ ᠬᠢᠨᠠᠨ ᠰᠢᠯᠭᠠᠬᠤ ᠠᠭᠤᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ | ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠳᠣᠪᠴᠢᠶ᠎ᠠ ᠶᠢᠨ ᠡᠮ ᠤᠨ ᠵᠦᠢᠯ ᠤᠨ ᠠᠮᠣᠷ ᠳᠦᠪᠰᠢᠨ ᠢ ᠬᠢᠨᠠᠨ | ᠰᠢᠯᠭᠠᠬᠤ ᠠᠭᠤᠯᠭ᠎ᠠ ᠶᠢ ᠦᠨᠳᠦᠰᠦᠯᠡᠨ᠂ ᠣᠨ ᠤ ᠢᠳᠡᠭᠡᠨ ᠪᠠ ᠡᠮ ᠤᠨ ᠵᠦᠢᠯ ᠤᠨ ᠠᠮᠣᠷ ᠳᠦᠪᠰᠢᠨ ᠤ | ᠭᠤᠣᠯᠳᠠᠯᠭ᠎ᠠ ᠲᠠᠢ ᠠᠵᠢᠯ ᠲᠠᠢ ᠤᠶᠠᠯᠳᠤᠭᠤᠯᠤᠨ᠂ ᠬᠠᠮᠢᠶ᠎ᠠ ᠪᠥᠬᠦᠢ ᠰᠠᠯᠠᠭ᠎ᠠ ᠮᠥᠴᠢᠷ ᠢ ᠴᠠᠭ ᠲᠤᠬᠠᠢ ᠳᠤᠨᠢ | ᠵᠣᠬᠢᠶᠠᠨ ᠪᠠᠶᠢᠭᠤᠯᠤᠨ ᠲᠤᠰ ᠣᠨ ᠤ ᠦᠨᠡᠯᠡᠵᠦ ᠬᠢᠨᠠᠨ ᠰᠢᠯᠭᠠᠬᠤ ᠲᠥᠰᠦᠯ ᠬᠢᠭᠡᠳ ᠬᠡᠷᠡᠭᠵᠢᠭᠦᠯᠬᠦ ᠨᠠᠷᠢᠨ | ᠲᠥᠷᠢᠮ ᠢ ᠲᠣᠭᠲᠠᠭᠠᠵᠤ᠂ ᠣᠨ ᠤ ᠦᠨᠡᠯᠡᠵᠦ ᠬᠢᠨᠠᠨ ᠰᠢᠯᠭᠠᠬᠤ ᠭᠤᠣᠯᠳᠠᠯᠭ᠎ᠠ ᠪᠠᠨ ᠲᠣᠳᠣᠷᠬᠠᠶᠢᠯᠠᠬᠤ ᠬᠡᠷᠡᠭᠲᠡᠢ᠃ | ᠭᠤᠷᠪᠠᠳᠤᠭᠠᠷ ᠵᠦᠢᠯ ᠦᠨᠡᠯᠡᠵᠤ ᠬᠢᠨᠠᠨ ᠰᠢᠯᠭᠠᠬᠤ ᠠᠵᠢᠯ ᠨᠢ ᠬᠠᠷᠠᠯᠲᠠ ᠪᠠᠷ ᠤᠳᠤᠷᠢᠳᠤᠮᠵᠢ ᠪᠣᠯᠭᠠᠬᠤ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ | ᠪᠤᠰᠤᠳᠴᠢ ᠪᠥᠭᠡᠳ ᠲᠥᠪ ᠭᠤᠣᠯᠴᠢ᠂ ᠭᠤᠣᠯᠳᠠᠯᠭ᠎ᠠ ᠪᠠᠨ ᠲᠣᠪᠤᠶᠢᠯᠭᠠᠬᠤ᠂ ᠱᠠᠩᠨᠠᠬᠤ ᠰᠢᠳᠬᠡᠬᠦ ᠶᠢ ᠲᠣᠳᠣᠷᠬᠠᠶ | ᠪᠠᠶᠢᠯᠭᠠᠬᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠵᠠᠷᠴᠢᠮ ᠢ ᠵᠢᠷᠤᠮᠯᠠᠬᠤ ᠬᠡᠷᠡᠭᠲᠡᠶ᠃ | ᠳᠥᠷᠪᠡᠳᠦᠭᠡᠷ ᠵᠦᠢᠯ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠢ ᠬᠤᠰᠢᠭᠤᠨ ︵ᠣᠷᠣᠨ | ︶ ᠤ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠤ ᠣᠨ ᠤ ᠪᠣᠳᠠᠲᠤ ᠠᠮᠵᠢᠯᠲᠠ ᠶᠢᠨ ᠰᠢᠯᠭᠠᠨ ᠬᠢᠨᠠᠬᠤ | ᠰᠢᠰᠲ᠋ᠧᠮᠵᠢ ᠳᠤ ᠣᠷᠣᠭᠤᠯᠵᠤ᠂ ᠰᠢᠯᠭᠠᠨ ᠬᠢᠨᠠᠬᠤ ᠠᠭᠤᠯᠭ᠎ᠠ ᠶᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠤᠨ᠂ | ᠴᠢᠬᠤᠯᠠ ᠡᠷᠬᠡ ᠬᠤᠪᠢ ᠶᠢᠨ ᠬᠡᠮᠵᠢᠭᠳᠡᠯ ᠢ ᠬᠥᠳᠡᠯᠦᠩᠭᠦᠶ ᠪᠠᠷ ᠳᠣᠭᠢᠷᠠᠭᠤᠯᠤᠨ᠎ᠠ᠃ | ᠲᠠᠪᠤᠳᠤᠭᠠᠷ ᠵᠦᠢᠯ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠢ ᠦᠨᠡᠯᠡᠵᠦ ᠰᠢᠯᠭᠠᠨ | ᠬᠢᠨᠠᠬᠤ ᠭᠤᠤᠯ ᠠᠭᠤᠯᠭ᠎ᠠ ᠨᠢ᠄ | ︵ᠨᠢᠭᠡ︶ ᠡᠯ᠎ᠡ ᠬᠤᠰᠢᠭᠤᠨ ᠤ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠢ ᠦᠨᠡᠯᠡᠵᠦ | ᠰᠢᠯᠭᠠᠨ ᠬᠢᠨᠠᠬᠤ ᠳᠤ ᠭᠤᠤᠯᠳᠠᠭᠤ᠄ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠤᠨ ᠲᠤᠬᠠᠶ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠳᠦ ᠪᠣᠳᠣᠯᠭ᠎ᠠ | ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ | ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠬᠠᠮᠢᠶ᠎ᠠ ᠪᠥᠬᠦᠶ ᠠᠵᠢᠯ ᠤᠨ ᠱᠠᠭᠠᠷᠳᠠᠯᠭ᠎ᠠ ᠶᠢ | ᠨᠠᠶᠢᠳᠠᠪᠣᠷᠢᠵᠢᠭᠤᠯᠣᠭᠰᠠᠨ ᠪᠠᠶᠢᠳᠠᠯ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠤᠨ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠣᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ | ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢ ᠪᠡᠶᠡᠯᠡᠭᠦᠯᠦᠭᠰᠡᠨ ᠪᠠᠶᠢᠳᠠᠯ ᠪᠠ ᠢᠳᠡᠭᠡᠨ ᠪᠠ ᠡᠮ ᠤᠨ | ᠵᠦᠢᠯ ᠤᠨ ᠠᠮᠤᠷ ᠲᠦᠪᠰᠢᠨ ᠤ ᠪᠠᠶᠢᠳᠠᠯ ᠵᠡᠷᠭᠡ ᠪᠠᠭᠲᠠᠨ᠎ᠠ᠃ ᠢᠳᠡᠭᠡᠨ ᠪᠠ ᠡᠮ ᠤᠨ ᠵᠦᠢᠯ ᠤᠨ ᠠᠮᠤᠷ | ᠲᠦᠪᠰᠢᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠬᠢᠨᠠᠯᠲᠠ ᠬᠠᠮᠢᠶᠠᠷᠤᠯᠲᠠ᠂ ᠴᠢᠳᠠᠪᠤᠷᠢ ᠶᠢᠨ | ᠪᠠᠶᠢᠭᠤᠯᠤᠯᠲᠠ᠂ ᠪᠠᠲᠤᠯᠠᠭ᠎ᠠ ᠶᠢᠨ ᠬᠢᠷᠢ ᠬᠡᠮᠵᠢᠶ᠎ᠡ ᠵᠡᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ | ᠭᠤᠣᠯᠳᠠᠯᠭ᠎ᠠ ᠲᠠᠢ ᠦᠨᠡᠯᠡᠵᠦ ᠰᠢᠯᠭᠠᠨ ᠬᠢᠨᠠᠬᠤ ᠬᠡᠷᠡᠭᠲᠡᠶ᠃ | ︵ᠬᠤᠶᠠᠷ︶ ᠠᠶᠢᠮᠠᠭ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠡᠯ᠎ᠡ | ᠪᠦᠷᠢᠯᠳᠦᠬᠦᠨ ᠨᠢᠭᠡᠴᠡ ᠶᠢ ᠦᠨᠡᠯᠡᠵᠦ ᠰᠢᠯᠭᠠᠨ ᠬᠢᠨᠠᠬᠤ ᠳᠤ ᠭᠤᠤᠯᠳᠠᠭᠤ᠄ ᠢᠳᠡᠭᠡᠨ ᠪᠠ ᠡᠮ ᠤᠨ ᠵᠦᠢᠯ ᠤᠨ ᠠᠮᠤᠷ | ᠲᠦᠪᠰᠢᠨ ᠤ ᠠᠵᠢᠯ ᠤᠨ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠴᠢᠬᠤᠯᠠ | ᠶᠡᠭᠡ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠪᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠬᠠᠮᠢᠶ᠎ᠠ ᠪᠥᠬᠦᠶ ᠠᠵᠢᠯ ᠤᠨ | ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ᠂ ᠢᠳᠡᠭᠡᠨ ᠪᠠ ᠡᠮ ᠤᠨ ᠵᠦᠢᠯ ᠤᠨ ᠠᠮᠤᠷ | ᠲᠦᠪᠰᠢᠨ ᠤ ᠬᠠᠮᠢᠶ᠎ᠠ ᠪᠥᠬᠦᠶ ᠠᠵᠢᠯ ᠢ ᠵᠣᠬᠢᠴᠠᠭᠤᠯᠤᠨ ᠬᠠᠮᠲᠤᠷᠠᠨ ᠥᠷᠨᠢᠭᠦᠯᠵᠦ᠂ ᠢᠳᠡᠭᠡᠨ ᠪᠠ ᠡᠮ ᠤᠨ | ᠵᠦᠢᠯ ᠤᠨ ᠠᠮᠤᠷ ᠲᠦᠪᠰᠢᠨ ᠢ ᠬᠠᠮᠲᠤᠪᠠᠷ ᠵᠠᠰᠠᠭᠰᠠᠨ ᠮᠡᠳᠡᠭᠡ ᠵᠠᠩᠭᠢ ᠶᠢ ᠬᠠᠮᠲᠤᠪᠠᠷ ᠭᠥᠷᠳᠡᠵᠦ᠂ ᠡᠯ᠎ᠡ ᠬᠤᠰᠢᠭᠤ | ︵ᠣᠷᠣᠨ︶ ᠶᠢᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠢ ᠵᠣᠬᠢᠶᠠᠨ ᠪᠠᠶᠢᠭᠤᠯᠤᠨ ᠵᠢᠯᠣᠭᠤᠳᠴᠤ | ᠪᠠᠶᠢᠭᠠᠳ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠪᠠᠭᠲᠠᠨ᠎ᠠ᠃ | ᠪᠣᠳᠠᠲᠠᠶ ᠰᠢᠯᠭᠠᠨ ᠬᠢᠨᠠᠬᠤ ᠬᠦᠢᠴᠡᠳᠭᠡᠯ ᠲᠤᠭ᠎ᠠ ᠪᠠ ᠬᠤᠪᠢ ᠶᠢᠨ ᠥᠷᠲᠡᠭ ᠢ ᠣᠨ ᠤ ᠢᠳᠡᠭᠡᠨ᠂ ᠡᠮ ᠤᠨ | ᠵᠦᠢᠯ ᠤᠨ ᠠᠮᠤᠷ ᠲᠦᠪᠰᠢᠨ ᠤ ᠠᠵᠢᠯ ᠢ ᠦᠨᠡᠯᠡᠵᠦ ᠰᠢᠯᠭᠠᠨ ᠬᠢᠨᠠᠬᠤ ᠲᠥᠰᠦᠯ ᠵᠢᠴᠢ ᠨᠠᠷᠢᠨ ᠲᠦᠷᠢᠮ ᠳᠤ | ᠢᠯᠡᠷᠡᠭᠦᠯᠬᠦ ᠶᠢᠨ ᠬᠠᠮᠲᠤ᠂ ᠣᠨ ᠤ ᠢᠳᠡᠭᠡᠨ᠂ ᠡᠮ ᠤᠨ ᠵᠦᠢᠯ ᠤᠨ ᠠᠮᠤᠷ ᠲᠦᠪᠰᠢᠨ ᠤ ᠭᠤᠤᠯᠳᠠᠯᠭ᠎ᠠ ᠲᠠᠢ | ᠠᠵᠢᠯ ᠢ ᠦᠨᠳᠦᠰᠦᠯᠡᠨ ᠲᠣᠬᠢᠷᠠᠭᠤᠯᠤᠯᠲᠠ ᠬᠢᠨ᠎ᠠ᠃ | ᠵᠢᠷᠭᠤᠳᠤᠭᠠᠷ ᠵᠦᠢᠯ ᠦᠨᠡᠯᠡᠵᠦ ᠰᠢᠯᠭᠠᠨ ᠬᠢᠨᠠᠬᠤ ᠶᠢ ᠡᠩ ᠤᠨ ᠦᠶ᠎ᠡ ᠶᠢᠨ ᠬᠢᠨᠠᠨ ᠡᠵᠡᠮᠳᠡᠬᠦ ᠪᠠ ᠵᠢᠯ ᠤᠨ | ᠡᠴᠦᠰ ᠤᠨ ᠰᠢᠯᠭᠠᠨ ᠬᠢᠨᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠬᠤ ᠶᠢᠨ ᠬᠠᠮᠲᠤ᠂ | ᠳᠤᠤᠷᠠᠬᠢ ᠲᠠᠰ ᠳᠠᠷᠠᠭᠠᠯᠠᠯ ᠢᠶᠠᠷ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠄ | ︵ᠨᠢᠭᠡ︶ ᠲᠥᠰᠦᠯ ᠲᠣᠭᠲᠠᠭᠠᠬᠤ᠃ ᠠᠶᠢᠮᠠᠭ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ | ᠠᠯᠪᠠᠨ ᠬᠡᠷ ᠵᠢᠯ ᠪᠦᠷᠢ ᠣᠨ ᠤ ᠦᠨᠡᠯᠡᠵᠦ ᠰᠢᠯᠭᠠᠨ ᠬᠢᠨᠠᠬᠤ ᠲᠥᠰᠦᠯ᠂ ᠨᠠᠷᠢᠨ ᠲᠦᠷᠢᠮ ᠢ ᠵᠣᠬᠢᠶᠠᠨ ᠪᠠᠶᠢᠭᠤᠯᠤᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠬᠤᠶᠠᠷ︶ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠦᠨᠡᠯᠡᠬᠦ᠃ ᠡᠯ᠎ᠡ ᠬᠤᠰᠢᠭᠤ ︵ᠣᠷᠣᠨ︶ ᠶᠢᠨ | ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠵᠢᠴᠢ ᠠᠶᠢᠮᠠᠭ ᠤᠨ ᠢᠳᠡᠭᠡᠨ ᠪᠠ ᠡᠮ ᠤᠨ ᠵᠦᠢᠯ ᠤᠨ | ᠠᠮᠤᠷ ᠲᠦᠪᠰᠢᠨ ᠤ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠨᠢ ᠵᠢᠯ ᠪᠦᠷᠢ ᠶᠢᠨ 12 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ᠂ ᠠᠶᠢᠮᠠᠭ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠯᠪᠠᠨ ᠬᠡᠷ ᠤᠨ | ᠵᠣᠬᠢᠶᠠᠨ ᠪᠠᠶᠢᠭᠤᠯᠵᠤ ᠲᠣᠭᠲᠠᠭᠠᠭᠰᠠᠨ ᠣᠨ ᠤ ᠦᠨᠡᠯᠡᠵᠦ ᠰᠢᠯᠭᠠᠨ ᠬᠢᠨᠠᠬᠤ ᠲᠥᠰᠦᠯ ᠶᠣᠰᠣᠭᠠᠷ ᠥᠪᠡᠰᠦᠪᠡᠨ | ᠪᠠᠶᠢᠴᠠᠭᠠᠵᠤ ᠥᠪᠡᠰᠦᠪᠡᠨ ᠦᠨᠡᠯᠡᠵᠦ᠂ ᠲᠣᠰ ᠵᠢᠯ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ | ᠠᠵᠢᠯ ᠤᠨ ᠪᠠᠶᠢᠳᠠᠯ ᠢ ᠪᠥᠬᠦ ᠲᠠᠯ᠎ᠠ ᠪᠠᠷ ᠳ᠋ᠦᠩᠨᠡᠵᠦ᠂ ᠥᠪᠡᠰᠦᠪᠡᠨ ᠪᠠᠶᠢᠴᠠᠭᠠᠭᠰᠠᠨ ᠮᠡᠳᠡᠭᠦᠯᠦᠯᠲᠡ ᠵᠢᠴᠢ ᠦᠨᠡᠯᠡᠵᠦ | ᠰᠢᠯᠭᠠᠨ ᠬᠢᠨᠠᠬᠤ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ ᠢ ᠲᠤᠰᠢᠶᠠᠬᠤ ᠬᠡᠷᠡᠭᠲᠡᠶ᠃ | ︵ᠭᠤᠷᠪᠠ︶ ᠲᠤᠬᠠᠶ ᠶᠢᠨ ᠭᠠᠵᠠᠷ ᠲᠤᠨᠢ ᠪᠠᠶᠢᠴᠠᠭᠠᠬᠤ᠃ ᠠᠶᠢᠮᠠᠭ ᠤᠨ ᠢᠳᠡᠭᠡᠨ ᠪᠠ ᠡᠮ ᠤᠨ ᠵᠦᠢᠯ ᠤᠨ | ᠠᠮᠤᠷ ᠲᠦᠪᠰᠢᠨ ᠤ ᠠᠯᠪᠠᠨ ᠬᠡᠷ ᠨᠢ ᠪᠣᠳᠠᠲᠤ ᠪᠠᠶᠢᠳᠠᠯ ᠢᠶᠠᠨ ᠦᠨᠳᠦᠰᠦᠯᠡᠨ᠂ ᠬᠠᠮᠢᠶ᠎ᠠ ᠪᠥᠬᠦᠶ ᠰᠠᠯᠠᠭ᠎ᠠ | ᠮᠥᠴᠢᠷ ᠲᠠᠢ ᠬᠠᠮᠲᠤᠷᠠᠨ ᠰᠢᠯᠭᠠᠨ ᠬᠢᠨᠠᠬᠤ ᠠᠵᠢᠯ ᠤᠨ ᠳᠤᠭᠤᠶᠢᠯᠠᠩ ᠪᠦᠷᠢᠯᠳᠦᠭᠦᠯᠵᠦ᠂ ᠦᠨᠡᠯᠡᠵᠤ ᠰᠢᠯᠭᠠᠨ | ᠬᠢᠨᠠᠬᠤ ᠲᠥᠰᠦᠯ ᠵᠢᠴᠢ ᠨᠠᠷᠢᠨ ᠲᠦᠷᠢᠮ ᠢ ᠦᠨᠳᠦᠰᠦᠯᠡᠨ᠂ ᠡᠯ᠎ᠡ ᠬᠤᠰᠢᠭᠤᠨ ︵ᠣᠷᠣᠨ︶ ᠤ ᠵᠠᠰᠠᠭ ᠤᠨ | ᠣᠷᠳᠣᠨ ︵ᠬᠠᠮᠢᠶᠠᠷᠤᠯᠲᠠ ᠶᠢᠨ ᠵᠥᠪᠯᠡᠯ︶ ᠤ ᠣᠨ ᠤ ᠢᠳᠡᠭᠡᠨ᠂ ᠡᠮ ᠤᠨ ᠵᠦᠢᠯ ᠤᠨ ᠠᠮᠤᠷ ᠲᠦᠪᠰᠢᠨ ᠤ | ᠠᠵᠢᠯ ᠢ ᠥᠷᠨᠢᠭᠦᠯᠦᠭᠰᠡᠨ ᠪᠠᠶᠢᠳᠠᠯ ᠳᠤ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ᠂ ᠮᠠᠲ᠋ᠧᠷᠢᠶᠠᠯ ᠢ ᠬᠠᠷᠭᠤᠭᠤᠯᠤᠨ | ᠪᠠᠶᠢᠴᠠᠭᠠᠭᠰᠠᠨ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠭᠰᠠᠨ ᠵᠡᠷᠭᠡ ᠠᠷᠭ᠎ᠠ ᠮᠠᠶ᠋ᠢᠭ ᠢ ᠠᠪᠴᠤ | ᠪᠠᠶᠢᠭᠠᠳ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠵᠦ᠂ ᠲᠤᠬᠠᠶ ᠶᠢᠨ ᠭᠠᠵᠠᠷ ᠲᠤᠨᠢ ᠪᠠᠶᠢᠴᠠᠭᠠᠭᠰᠠᠨ | ᠮᠡᠳᠡᠭᠦᠯᠦᠯᠲᠡ ᠪᠣᠯᠭᠠᠨ᠎ᠠ᠃ | ︵ᠳᠥᠷᠪᠡ︶ ᠰᠠᠯᠠᠭ᠎ᠠ ᠮᠥᠴᠢᠷ ᠠᠴᠠ ᠬᠢᠨᠠᠨ ᠲᠣᠭᠲᠠᠭᠠᠬᠤ᠃ ᠠᠶᠢᠮᠠᠭ ᠤᠨ ᠢᠳᠡᠭᠡᠨ ᠪᠠ ᠡᠮ ᠤᠨ | ᠵᠦᠢᠯ ᠤᠨ ᠠᠮᠤᠷ ᠲᠦᠪᠰᠢᠨ ᠤ ᠵᠥᠪᠯᠡᠯ ᠤᠨ ᠪᠦᠷᠢᠯᠳᠦᠬᠦᠨ ᠨᠢᠭᠡᠴᠡ ᠨᠦᠭᠦᠳ ᠣᠨ ᠤ ᠦᠨᠡᠯᠡᠵᠦ ᠰᠢᠯᠭᠠᠨ ᠬᠢᠨᠠᠬᠤ | ᠲᠥᠰᠦᠯ ᠵᠢᠴᠢ ᠨᠠᠷᠢᠨ ᠲᠦᠷᠢᠮ ᠶᠣᠰᠣᠭᠠᠷ᠂ ᠡᠳᠦᠷ ᠲᠤᠲᠤᠮ ᠤᠨ ᠬᠢᠨᠠᠯᠲᠠ ᠲᠠᠯᠪᠢᠵᠤ ᠪᠠᠶᠢᠴᠠᠭᠠᠭᠰᠠᠨ | ᠪᠠᠶᠢᠳᠠᠯ ᠲᠠᠢ ᠤᠶᠠᠯᠳᠤᠭᠤᠯᠤᠨ᠂ ᠥᠪᠡᠰᠦᠪᠡᠨ ᠦᠨᠡᠯᠡᠭᠰᠡᠨ ᠮᠡᠳᠡᠭᠦᠯᠦᠯᠲᠡ ᠳᠠᠬᠢ ᠬᠠᠮᠢᠶ᠎ᠠ ᠪᠥᠬᠦᠶ ᠠᠭᠤᠯᠭ᠎ᠠ ᠶᠢ | ᠰᠢᠯᠭᠠᠨ ᠬᠢᠨᠠᠵᠤ ᠦᠨᠡᠯᠡᠨ᠂ ᠰᠢᠯᠭᠠᠨ ᠬᠢᠨᠠᠭᠰᠠᠨ ᠰᠠᠨᠠᠯ ᠢ ᠪᠣᠶ ᠪᠣᠯᠭᠠᠵᠤ᠂ ᠠᠶᠢᠮᠠᠭ ᠤᠨ ᠢᠳᠡᠭᠡᠨ ᠪᠠ ᠡᠮ ᠤᠨ | ᠵᠦᠢᠯ ᠤᠨ ᠠᠮᠤᠷ ᠲᠦᠪᠰᠢᠨ ᠤ ᠠᠯᠪᠠᠨ ᠬᠡᠷ ᠲᠤ ᠮᠡᠳᠡᠭᠦᠯᠦᠨ᠎ᠡ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ | ᠭᠦᠢᠴᠡᠳᠬᠡᠬᠦ ᠲᠤᠭ᠎ᠠ ᠶᠢ ᠬᠢᠨᠠᠨ ᠲᠣᠭᠲᠠᠭᠠᠭᠰᠠᠨ ᠦᠷ᠎ᠡ ᠳ᠋ᠦᠩ ᠤᠨ ᠭᠤᠣᠯᠴᠢ ᠴᠢᠨᠠᠷ᠂ ᠣᠨᠣᠪᠴᠢᠲᠤ ᠴᠢᠨᠠᠷ ᠲᠤ | ᠬᠠᠷᠢᠭᠤᠴᠠᠬᠤ ᠬᠡᠷᠡᠭᠲᠡᠶ᠃ | ᠠᠶᠢᠮᠠᠭ ᠤᠨ ᠢᠳᠡᠭᠡᠨ ᠪᠠ ᠡᠮ ᠤᠨ ᠵᠦᠢᠯ ᠤᠨ ᠠᠮᠣᠷ ᠳᠦᠪᠰᠢᠨ ᠤ ᠠᠵᠢᠯ ᠤᠨ ᠠᠯᠪᠠᠨ ᠭᠡᠷ ᠨᠢ | ᠠᠶᠢᠮᠠᠭ ᠤᠨ ᠢᠳᠡᠭᠡᠨ ᠪᠠ ᠡᠮ ᠤᠨ ᠵᠦᠢᠯ ᠤᠨ ᠠᠮᠣᠷ ᠳᠦᠪᠰᠢᠨ ᠤ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠶᠢ | ᠦᠨᠡᠯᠡᠵᠦ ᠬᠢᠨᠠᠨ ᠰᠢᠯᠭᠠᠵᠤ ᠭᠡᠷᠡᠴᠢᠯᠡᠬᠦ ᠮᠠᠲ᠋ᠧᠷᠢᠶᠠᠯ ᠢ ᠵᠦᠢᠯ ᠳᠠᠷᠠᠭᠠᠯᠠᠨ ᠶᠡᠷᠦᠩᠬᠡᠶᠢᠯᠡᠨ ᠬᠢᠨᠠᠨ ᠦᠨᠡᠯᠡᠵᠦ᠂ | ᠬᠠᠮᠤᠭ ᠤᠨ ᠡᠴᠦᠰ ᠤᠨ ᠬᠤᠪᠢ ᠣᠯᠭᠤᠵᠦ᠂ ᠠᠶᠢᠮᠠᠭ ᠤᠨ ᠢᠳᠡᠭᠡᠨ ᠪᠠ ᠡᠮ ᠤᠨ ᠵᠦᠢᠯ ᠤᠨ ᠠᠮᠣᠷ | ᠳᠦᠪᠰᠢᠨ ᠤ ᠵᠥᠪᠯᠡᠯ ᠢᠶᠠᠷ ᠬᠢᠨᠠᠨ ᠲᠣᠭᠲᠠᠭᠠᠯᠭᠠᠭᠰᠠᠨ ᠤ ᠲᠠᠷᠠᠭ᠎ᠠ ᠡᠯ᠎ᠡ ᠪᠦᠷᠢᠯᠳᠦᠬᠦᠨ ᠨᠢᠭᠡᠴᠡ ᠳᠤ ᠵᠠᠷᠯᠠᠨ | ᠮᠡᠳᠡᠭᠳᠡᠬᠦ ᠬᠡᠷᠡᠭᠲᠡᠢ᠃ | ︵ᠲᠠᠪᠤ︶ ᠶᠡᠷᠦᠩᠬᠡᠶᠢᠯᠡᠨ ᠦᠨᠡᠯᠡᠬᠦ᠃ ᠠᠶᠢᠮᠠᠭ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ | ᠠᠯᠪᠠᠨ ᠬᠡᠷ ᠨᠢ ᠠᠶᠢᠮᠠᠭ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠡᠯ᠎ᠡ | ᠪᠦᠷᠢᠯᠳᠦᠬᠦᠨ ᠨᠢᠭᠡᠴᠡ ᠶᠢᠨ ᠬᠢᠨᠠᠨ ᠲᠣᠭᠲᠠᠭᠠᠭᠰᠠᠨ ᠰᠠᠨᠠᠯ ᠵᠢᠴᠢ ᠪᠣᠳᠠᠲᠠᠶ ᠭᠠᠵᠠᠷ ᠲᠤᠨᠢ ᠪᠠᠶᠢᠴᠠᠭᠠᠯᠲᠠ ᠬᠢᠭᠰᠡᠨ | ᠪᠠᠶᠢᠳᠠᠯ ᠵᠡᠷᠭᠡ ᠶᠢ ᠬᠤᠷᠢᠶᠠᠩᠭᠤᠶᠢᠯᠠᠵᠤ ᠶᠡᠷᠦᠩᠬᠡᠶᠢᠯᠡᠨ ᠦᠨᠡᠯᠡᠵᠦ᠂ ᠦᠨᠡᠯᠡᠵᠦ ᠰᠢᠯᠭᠠᠨ ᠬᠢᠨᠠᠭᠰᠠᠨ ᠮᠡᠳᠡᠭᠦᠯᠦᠯᠲᠡ | ᠪᠣᠯᠭᠠᠵᠤ᠂ ᠠᠶᠢᠮᠠᠭ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠢᠶᠠᠷ ᠬᠢᠨᠠᠨ | ᠲᠣᠭᠲᠠᠭᠠᠯᠭᠠᠭᠰᠠᠨ ᠤ ᠳᠠᠷᠠᠭ᠎ᠠ ᠡᠯ᠎ᠡ ᠬᠤᠰᠢᠭᠤ ︵ᠣᠷᠣᠨ︶ ᠶᠢᠨ ᠵᠠᠰᠠᠭ ᠤᠨ ᠣᠷᠳᠣᠨ ︵ᠬᠠᠮᠢᠶᠠᠷᠤᠯᠲᠠ ᠶᠢᠨ | ᠵᠥᠪᠯᠡᠯ︶ ᠳᠤ ᠵᠠᠷᠯᠠᠨ ᠮᠡᠳᠡᠭᠳᠡᠨ᠎ᠡ᠃ | ᠳᠣᠯᠣᠳᠤᠭᠠᠷ ᠵᠦᠢᠯ ᠦᠨᠡᠯᠡᠵᠤ ᠬᠢᠨᠠᠨ ᠰᠢᠯᠭᠠᠬᠤ ᠳᠤ ᠬᠤᠪᠢ ᠲᠣᠭᠲᠠᠭᠠᠬᠤ ᠠᠷᠭ᠎ᠠ ᠶᠢ ᠠᠪᠴᠤ᠂ ᠦᠨᠳᠦᠰᠦᠨ | ᠪᠠᠷᠢᠮᠵᠢᠶ᠎ᠠ ᠶᠢ 100 ᠬᠤᠪᠢ ᠬᠤᠪᠢᠶᠠᠨ᠎ᠠ᠃ ᠦᠨᠡᠯᠡᠵᠤ ᠬᠢᠨᠠᠨ ᠰᠢᠯᠭᠠᠭᠰᠠᠨ ᠦᠷ᠎ᠡ ᠳ᠋ᠦᠩ ᠢ A᠂ B᠂ C | ᠭᠤᠷᠪᠠᠨ ᠳᠡᠰ ᠬᠤᠪᠢᠶᠠᠨ᠎ᠠ᠃ A ᠳᠡᠰ ᠨᠢ ᠠᠳᠠᠯᠢ ᠲᠥᠷᠥᠯ ᠤᠨ ᠦᠨᠡᠯᠡᠨ ᠰᠢᠯᠭᠠᠭᠳᠠᠬᠤ ᠬᠤᠰᠢᠭᠤ ︵ ᠣᠷᠣᠨ︶ | ᠂ ᠨᠢᠭᠡᠴᠡ ᠶᠢᠨ ᠳᠣᠲᠣᠷ᠎ᠠ 1 / 2 ᠠᠴᠠ ᠬᠡᠲᠦᠷᠡᠭᠦᠯᠵᠦ ᠪᠣᠯᠬᠤ ᠦᠭᠡᠶ᠂ ᠪᠤᠰᠤᠳ ᠬᠤᠰᠢᠭᠤ ︵ᠲᠣᠭᠤᠷᠢᠭ︶᠂ | ᠨᠢᠭᠡᠴᠡ ᠨᠢ B ᠳᠡᠰ ᠪᠤᠶᠤ C ᠳᠡᠰ ᠪᠣᠯᠤᠨ᠎ᠠ᠃ | ᠳᠤᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠣᠨ ᠤ ᠦᠨᠡᠯᠡᠵᠦ ᠰᠢᠯᠭᠠᠨ ᠬᠢᠨᠠᠬᠤ ᠲᠠᠰ ᠨᠢ C ᠲᠠᠰ | ᠪᠣᠯᠤᠨ᠎ᠠ᠄ | ︵ᠨᠢᠭᠡ︶ ᠬᠤᠰᠢᠭᠤᠨ ︵ᠣᠷᠣᠨ︶ ᠤ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠤ ᠢᠳᠡᠭᠡᠨ | ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠤᠨ ᠣᠨ ᠤ ᠦᠨᠡᠯᠡᠵᠦ ᠰᠢᠯᠭᠠᠨ ᠬᠢᠨᠠᠬᠤ ᠲᠠᠰ ᠨᠢ C ᠲᠠᠰ | ᠪᠣᠯᠬᠤ ᠪᠠᠶᠢᠳᠠᠯ᠄ | 1 . ᠲᠤᠰ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ | ᠬᠦᠨᠳᠦ ᠶᠡᠭᠡ ᠠᠳᠡᠯ ᠭᠠᠷᠤᠭᠰᠠᠨ ᠪᠤᠶᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠨᠡᠯᠢᠶᠡᠳ ᠶᠡᠭᠡ | ᠠᠳᠡᠯ ᠦᠷᠭᠦᠯᠵᠢᠯᠡᠨ ᠭᠠᠷᠤᠭᠰᠠᠨ᠃ | 2 . ᠲᠣᠰ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠡᠭᠦᠰᠦᠭᠰᠡᠨ ᠢᠳᠡᠭᠡᠨ ᠪᠠ ᠡᠮ ᠤᠨ ᠵᠦᠢᠯ ᠤᠨ ᠠᠮᠤᠷ | ᠲᠦᠪᠰᠢᠨ ᠤ ᠠᠳᠠᠯ ᠬᠡᠷᠡᠭ ᠢ ᠴᠠᠭ ᠲᠤᠬᠠᠶ ᠳᠤᠨᠢ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ | ᠵᠣᠬᠢᠴᠠᠭᠤᠯᠵᠤ ᠪᠦᠲᠦᠮᠵᠢᠲᠡᠶ ᠰᠢᠢᠳᠪᠦᠷᠢᠯᠡᠭᠰᠡᠨ ᠥᠬᠡᠶ᠂ ᠬᠦᠨᠳᠦ ᠨᠣᠴᠢᠲᠠᠶ ᠮᠠᠭᠤ ᠨᠥᠯᠥᠭᠡ ᠪᠤᠶᠤ ᠬᠦᠨᠳᠦ ᠶᠡᠭᠡ | ᠬᠤᠬᠢᠷᠠᠯ ᠤᠴᠠᠷᠠᠭᠤᠯᠤᠭᠰᠠᠨ᠃ | 3 . ᠲᠤᠰ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠡᠭᠦᠰᠦᠭᠰᠡᠨ ᠢᠳᠡᠭᠡᠨ᠂ ᠡᠮ ᠤᠨ ᠵᠦᠢᠯ ᠤᠨ ᠠᠮᠣᠷ | ᠳᠦᠪᠰᠢᠨ ᠤ ᠬᠡᠷᠡᠭ ᠤᠨ ᠳᠣᠬᠠᠢ ᠶᠠᠷᠢᠶ᠎ᠠ ᠬᠡᠯᠡᠯᠴᠡᠭᠡᠨ ᠤ ᠪᠠᠶᠢᠳᠠᠯ ᠢ ᠪᠦᠲᠦᠮᠵᠢᠲᠡᠶ ᠠᠷᠭᠠᠴᠠᠵᠤ ᠳᠡᠶᠢᠯᠦᠭᠰᠡᠨ ᠦᠭᠡᠶ | ᠂ ᠬᠦᠨᠳᠦ ᠨᠣᠴᠢᠲᠠᠶ ᠮᠠᠭᠤ ᠨᠥᠯᠥᠭᠡ ᠭᠠᠷᠭᠠᠭᠰᠠᠨ᠃ | 4 . ᠲᠣᠰ ᠵᠠᠰᠠᠭ ᠵᠠᠬᠢᠷᠭᠠᠨ ᠤ ᠣᠷᠣᠨ ᠪᠦᠰᠡ ᠶᠢᠨ ᠳᠣᠲᠣᠷᠠᠬᠢ ᠣᠯᠠᠨ ᠲᠠᠯ᠎ᠠ ᠳᠤ ᠬᠤᠯᠪᠣᠭᠳᠠᠭᠰᠠᠨ | ᠣᠷᠣᠨ ᠪᠦᠰᠡ ᠶᠢᠨ ᠴᠢᠨᠠᠷᠲᠠᠶ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠰᠠᠭᠤᠳᠠᠯ ᠢ ᠴᠠᠭ | ᠲᠤᠬᠠᠶ ᠳᠤᠨᠢ ᠵᠣᠬᠢᠶᠠᠨ ᠪᠠᠶᠢᠭᠤᠯᠵᠤ ᠴᠡᠭᠴᠡᠯᠡᠨ ᠵᠠᠰᠠᠭᠰᠠᠨ ᠥᠬᠡᠶ᠂ ᠬᠦᠨᠳᠦ ᠨᠣᠴᠢᠲᠠᠶ ᠮᠠᠭᠤ ᠨᠥᠯᠥᠭᠡ ᠪᠤᠶᠤ | ᠬᠦᠨᠳᠦ ᠶᠡᠭᠡ ᠬᠤᠬᠢᠷᠠᠯ ᠤᠴᠠᠷᠠᠭᠤᠯᠤᠭᠰᠠᠨ᠃ | 5 . ᠡᠯ᠎ᠡ ᠬᠤᠰᠢᠭᠤ ︵ᠣᠷᠣᠨ︶ ᠶᠢᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠪᠤᠶᠤ | ᠲᠡᠭᠦᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠳᠠᠯ ᠢ | ᠨᠢᠭᠤᠨ ᠳᠠᠯᠳᠠᠯᠠᠭᠰᠠᠨ᠂ ᠬᠤᠳᠠᠯ ᠢᠶᠠᠷ ᠮᠡᠳᠡᠭᠦᠯᠦᠭᠰᠡᠨ᠂ ᠤᠳᠠᠭᠠᠰᠢᠷᠠᠭᠤᠯᠤᠨ ᠮᠡᠳᠡᠭᠦᠯᠦᠭᠰᠡᠨ᠃ | ︵ᠬᠤᠶᠠᠷ︶ ᠠᠶᠢᠮᠠᠭ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠡᠯ᠎ᠡ | ᠪᠦᠷᠢᠯᠳᠦᠬᠦᠨ ᠨᠢᠭᠡᠴᠡ ᠶᠢᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠤᠨ ᠣᠨ ᠤ ᠦᠨᠡᠯᠡᠵᠦ | ᠰᠢᠯᠭᠠᠨ ᠬᠢᠨᠠᠬᠤ ᠲᠠᠰ ᠨᠢ C ᠲᠠᠰ ᠪᠣᠯᠬᠤ ᠪᠠᠶᠢᠳᠠᠯ᠄ | 1 . ᠢᠳᠡᠭᠡᠨ ᠤ ᠵᠦᠢᠯ ᠡᠮ ᠤᠨ ᠵᠦᠢᠯ ᠤᠨ ᠠᠮᠣᠷ ᠳᠦᠪᠰᠢᠨ ᠤ ᠠᠳᠡᠯ ᠤᠨ ᠮᠡᠳᠡᠭᠦᠯᠦᠯᠲᠡ ᠶᠢ | ᠣᠯᠤᠭᠰᠠᠨ ᠤ ᠳᠠᠷᠠᠭ᠎ᠠ ᠴᠠᠭ ᠲᠤᠬᠠᠢ ᠳᠤᠨᠢ ᠰᠢᠢᠳᠪᠦᠷᠢᠯᠡᠭᠰᠡᠨ ᠦᠭᠡᠢ ᠠᠴᠠ ᠪᠣᠯᠵᠤ ᠠᠳᠡᠯ ᠢ ᠥᠷᠭᠡᠳᠬᠡᠭᠰᠡᠨ | ᠪᠤᠶᠤ ᠳᠡᠯᠭᠡᠷᠡᠭᠦᠯᠦᠭᠰᠡᠨ᠃ | 2 . ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠪᠤᠶᠤ | ᠦᠯᠢᠭᠡᠷ ᠠᠪᠴᠤ ᠬᠢᠨᠠᠨ ᠰᠢᠯᠭᠠᠭᠠᠳ ᠢᠳᠡᠭᠡᠨ᠂ ᠢᠳᠡᠭᠡᠨ ᠤ ᠨᠡᠮᠡᠯᠲᠡ ᠡᠳ᠋᠂ ᠢᠳᠡᠭᠡᠨ ᠯᠦᠭᠡ ᠬᠤᠯᠪᠣᠭᠳᠠᠬᠤ | ᠦᠢᠯᠡᠳᠬᠦᠨ ᠪᠣᠯᠤᠨ ᠡᠮ ᠤᠨ ᠵᠦᠢᠯ᠂ ᠵᠠᠰᠠᠯ ᠴᠢᠮᠡᠭ ᠤᠨ ᠡᠳ᠋᠂ ᠡᠮᠴᠢᠯᠡᠭᠡᠨ ᠤ ᠮᠠᠰᠢᠨ ᠪᠠᠭᠠᠵᠢ ᠶᠢᠨ ᠳ᠋ᠦᠩᠨᠡᠯᠲᠡ | ᠭᠠᠷᠤᠭᠰᠠᠨ ᠤ ᠳᠠᠷᠠᠭ᠎ᠠ᠂ ᠴᠠᠭ ᠲᠤᠬᠠᠶ ᠳᠤᠨᠢ ᠵᠣᠬᠢᠴᠠᠩᠭᠤᠶ ᠠᠷᠭ᠎ᠠ ᠬᠡᠮᠵᠢᠶ᠎ᠡ ᠠᠪᠤᠭᠰᠠᠨ ᠦᠭᠡᠶ ᠠᠴᠠ ᠪᠣᠯᠵᠤ | ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠳᠡᠯ ᠭᠠᠷᠭᠠᠭᠰᠠᠨ ᠪᠤᠶᠤ ᠨᠡᠶᠢᠭᠡᠮ ᠳᠤ ᠬᠦᠨᠳᠦ ᠨᠣᠴᠢᠲᠠᠶ | ᠮᠠᠭᠤ ᠨᠥᠯᠥᠭᠡ ᠭᠠᠷᠭᠠᠭᠰᠠᠨ᠃ | 3 . ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠤᠨ ᠪᠤᠰᠤᠳ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠶ ᠠᠴᠠ ᠪᠣᠯᠵᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ | ᠬᠦᠨᠳᠦ ᠶᠡᠭᠡ ᠠᠳᠡᠯ ᠭᠠᠷᠭᠠᠭᠰᠠᠨ᠃ | ᠨᠠᠢᠮᠠᠳᠣᠭᠠᠷ ᠵᠦᠢᠯ ᠦᠨᠡᠯᠡᠵᠦ ᠰᠢᠯᠭᠠᠨ ᠬᠢᠨᠠᠭᠰᠠᠨ ᠦᠷ᠎ᠡ ᠳ᠋ᠦᠩ ᠢ ᠬᠤᠰᠢᠭᠤᠨ ︵ᠣᠷᠣᠨ︶ ᠤ ᠵᠠᠰᠠᠭ ᠤᠨ | ᠣᠷᠳᠣᠨ ︵ᠬᠠᠮᠢᠶᠠᠷᠤᠯᠲᠠ ᠶᠢᠨ ᠵᠥᠪᠯᠡᠯ︶᠂ ᠰᠠᠯᠠᠭ᠎ᠠ ᠮᠥᠴᠢᠷ ᠤᠨ ᠤᠳᠤᠷᠢᠳᠬᠤ ᠪᠠᠭ ᠪᠣᠯᠤᠨ ᠤᠳᠤᠷᠢᠳᠬᠤ | ᠺᠠᠳ᠋ᠷ ᠢ ᠶᠡᠷᠦᠩᠬᠡᠶᠢᠯᠡᠨ ᠰᠢᠯᠭᠠᠨ ᠬᠢᠨᠠᠵᠤ ᠦᠨᠡᠯᠡᠬᠦ ᠪᠠ ᠱᠠᠩᠨᠠᠵᠤ ᠲᠣᠷᠭᠠᠬᠤ ᠶᠢᠨ ᠴᠢᠬᠤᠯᠠ ᠯᠠᠪᠯᠠᠯᠲᠠ ᠪᠣᠯᠭᠠᠨ᠎ᠠ︔ | ᠦᠨᠡᠯᠡᠵᠤ ᠬᠢᠨᠠᠨ ᠰᠢᠯᠭᠠᠬᠤ ᠳᠤᠮᠳᠠ ᠬᠠᠷᠢᠭᠤᠴᠠᠯᠭ᠎ᠠ ᠨᠡᠬᠡᠮᠵᠢᠯᠡᠬᠦ ᠴᠢᠬᠤᠯᠠᠲᠠᠢ ᠪᠠᠶᠢᠪᠡᠯ᠂ ᠺᠠᠳ᠋ᠷ ᠤᠨ | ᠬᠠᠮᠢᠶᠠᠷᠤᠯᠲᠠ ᠶᠢᠨ ᠡᠷᠬᠡ ᠶᠢᠨ ᠬᠡᠪᠴᠢᠶ᠎ᠡ ᠶᠣᠰᠣᠭᠠᠷ ᠬᠠᠷᠢᠭᠤᠴᠠᠯᠭ᠎ᠠ ᠨᠡᠬᠡᠮᠵᠢᠯᠡᠵᠦ᠂ ᠰᠠᠬᠢᠯᠭ᠎ᠠ ᠪᠠᠲᠤ ᠶᠢ | ᠵᠥᠷᠢᠴᠡᠭᠰᠡᠨ᠂ ᠡᠷᠬᠡ ᠲᠤᠰᠢᠶᠠᠯ ᠢᠶᠠᠨ ᠠᠰᠢᠭᠯᠠᠨ ᠬᠠᠤᠯᠢ ᠶᠢ ᠵᠥᠷᠢᠴᠡᠭᠰᠡᠨ ᠲᠠᠢ ᠬᠤᠯᠪᠣᠭᠳᠠᠭᠰᠠᠨ ᠠᠰᠠᠭᠤᠳᠠᠯ ᠤᠨ | ᠰᠦᠪᠡᠭᠴᠢ ᠶᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠨ᠎ᠠ᠃ | ᠦᠨᠡᠯᠡᠵᠤ ᠰᠢᠯᠭᠠᠨ ᠬᠢᠨᠠᠭᠰᠠᠨ ᠦᠷ᠎ᠡ ᠳ᠋ᠦᠩ ᠨᠢ A ᠲᠠᠰ ᠤᠨ ᠬᠤᠰᠢᠭᠤᠨ ︵ᠣᠷᠣᠨ︶ ᠤ ᠵᠠᠰᠠᠭ ᠤᠨ | ᠣᠷᠳᠣᠨ ︵ᠬᠠᠮᠢᠶᠠᠷᠤᠯᠲᠠ ᠶᠢᠨ ᠵᠥᠪᠯᠡᠯ︶ ᠵᠢᠴᠢ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ | ᠮᠥᠴᠢᠷ ᠢ ᠰᠠᠶᠢᠰᠢᠶᠠᠨ᠎ᠠ︔ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠳᠤ ᠳᠣᠪᠣᠶᠢᠮ᠎ᠠ ᠬᠤᠪᠢ | ᠨᠡᠮᠡᠷᠢ ᠦᠵᠡᠭᠦᠯᠦᠭᠰᠡᠨ ᠨᠢᠭᠡᠴᠡ ᠪᠠ ᠬᠤᠪᠢ ᠬᠥᠮᠦᠨ ᠢ ᠤᠯᠤᠰ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠠᠶᠢᠰᠢᠶᠠᠨ ᠬᠥᠬᠢᠭᠦᠯᠵᠦ ᠱᠠᠩᠨᠠᠨ᠎ᠠ᠃ | ᠦᠨᠡᠯᠡᠨ ᠶᠠᠷᠢᠯᠴᠠᠵᠤ ᠰᠢᠯᠭᠠᠨ ᠬᠢᠨᠠᠭᠰᠠᠨ ᠦᠷ᠎ᠡ ᠳ᠋ᠦᠩ ᠨᠢ C ᠲᠠᠰ ᠤᠨ ᠬᠤᠰᠢᠭᠤᠨ ︵ᠣᠷᠣᠨ︶ ᠤ | ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠪᠠ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠥᠬᠦᠶ | ᠰᠠᠯᠠᠭ᠎ᠠ ᠮᠥᠴᠢᠷ ᠢ ᠠᠶᠢᠮᠠᠭ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠠᠴᠠ | ᠠᠶᠢᠮᠠᠭ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠯᠪᠠᠨ ᠬᠡᠷ ᠲᠤ ᠨᠠᠶᠢᠳᠠᠵᠤ᠂ ᠬᠠᠮᠢᠶ᠎ᠠ ᠪᠥᠬᠦᠶ | ᠰᠠᠯᠠᠭ᠎ᠠ ᠮᠥᠴᠢᠷ ᠲᠠᠢ ᠬᠠᠮᠲᠤᠷᠠᠨ ᠲᠣᠰ ᠬᠤᠰᠢᠭᠤᠨ ︵ᠣᠷᠣᠨ︶ ᠤ ᠵᠠᠰᠠᠭ ᠤᠨ ᠣᠷᠳᠣᠨ ︵ᠬᠠᠮᠢᠶᠠᠷᠤᠯᠲᠠ ᠶᠢᠨ | ᠵᠥᠪᠯᠡᠯ︶ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠨ᠎ᠠ᠂ ᠴᠢᠬᠤᠯᠠᠲᠠᠶ ᠦᠶ᠎ᠡ ᠳᠤ | ᠠᠶᠢᠮᠠᠭ ᠤᠨ ᠵᠠᠬᠢᠷᠭ᠎ᠠ ᠶᠢᠨ ᠤᠳᠤᠷᠢᠳᠬᠤ ᠨᠥᠬᠦᠳ ᠠᠴᠠ ᠲᠣᠰ ᠬᠤᠰᠢᠭᠤᠨ ︵ᠣᠷᠣᠨ︶ ᠤ ᠵᠠᠰᠠᠭ ᠤᠨ ᠣᠷᠳᠣᠨ | ︵ᠬᠠᠮᠢᠶᠠᠷᠤᠯᠲᠠ ᠶᠢᠨ ᠵᠥᠪᠯᠡᠯ︶ ᠵᠢᠴᠢ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ | ᠭᠤᠤᠯ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠵᠤ᠂ ᠲᠣᠰ ᠬᠤᠰᠢᠭᠤᠨ ︵ᠣᠷᠣᠨ︶ ᠤ ᠵᠠᠰᠠᠭ ᠤᠨ ᠣᠷᠳᠣᠨ ︵ | ᠬᠠᠮᠢᠶᠠᠷᠤᠯᠲᠠ ᠶᠢᠨ ᠵᠥᠪᠯᠡᠯ︶᠂ ᠰᠠᠯᠠᠭ᠎ᠠ ᠮᠥᠴᠢᠷ ᠤᠨ ᠬᠤᠯᠪᠣᠭᠳᠠᠯ ᠪᠥᠬᠦᠶ ᠤᠳᠤᠷᠢᠳᠬᠤ ᠺᠠᠳ᠋ᠷ ᠲᠤ ᠣᠨ ᠤ | ᠦᠨᠡᠯᠡᠨ ᠰᠠᠶᠢᠰᠢᠶᠠᠯ᠂ ᠢᠷᠠᠭᠤ ᠠᠯᠳᠠᠷ ᠢ ᠬᠦᠷᠳᠡᠭᠡᠬᠦ ᠦᠬᠡᠢ᠃ | ᠡᠯ᠎ᠡ ᠬᠤᠰᠢᠭᠤ ︵ᠣᠷᠣᠨ︶ ᠶᠢᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠨᠢ ᠬᠢᠨᠠᠨ | ᠰᠢᠯᠭᠠᠭᠰᠠᠨ ᠦᠷ᠎ᠡ ᠳ᠋ᠦᠩ ᠢ ᠵᠠᠷᠯᠠᠨ ᠮᠡᠳᠡᠭᠳᠡᠭᠰᠡᠨ ᠤ ᠳᠠᠷᠠᠭᠠᠬᠢ ᠨᠢᠭᠡ ᠰᠠᠷ᠎ᠠ ᠶᠢᠨ ᠳᠣᠲᠣᠷ᠎ᠠ᠂ ᠠᠶᠢᠮᠠᠭ ᠤᠨ | ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠳᠤ ᠪᠢᠴᠢᠭ ᠤᠨ ᠮᠡᠳᠡᠭᠦᠯᠦᠯᠲᠡ ᠬᠢᠵᠦ᠂ ᠵᠠᠷᠯᠠᠨ | ᠮᠡᠳᠡᠭᠳᠡᠭᠰᠡᠨ ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠ ᠴᠠᠭ ᠤᠨ ᠬᠢᠵᠠᠭᠠᠷ | ᠳᠤᠷᠠᠳᠬᠤ ᠶᠢᠨ ᠬᠠᠮᠲᠤ ᠠᠶᠢᠮᠠᠭ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠯᠪᠠᠨ ᠬᠡᠷ ᠲᠤ | ᠬᠠᠭᠤᠯᠤᠨ ᠢᠯᠡᠭᠡᠬᠦ ᠬᠡᠷᠡᠭᠲᠡᠶ᠃ | ᠶᠢᠰᠦᠳᠦᠭᠡᠷ ᠵᠦᠢᠯ ᠠᠶᠢᠮᠠᠭ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠨᠢ | ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠤᠨ ᠣᠨ ᠤ ᠦᠨᠡᠯᠡᠵᠦ ᠰᠢᠯᠭᠠᠨ ᠬᠢᠨᠠᠬᠤ ᠳᠤᠮᠳᠠ | ᠬᠤᠳᠠᠯ ᠬᠠᠭᠤᠷᠮᠠᠭ ᠵᠣᠬᠢᠶᠠᠭᠰᠠᠨ ᠬᠤᠰᠢᠭᠤᠨ ︵ᠣᠷᠣᠨ︶ ᠤ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ | ︶᠂ ᠰᠠᠯᠠᠭ᠎ᠠ ᠮᠥᠴᠢᠷ ᠢ ᠰᠢᠭᠦᠮᠵᠢᠯᠡᠨ᠎ᠡ︔ ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ ᠬᠤᠯᠪᠣᠭᠳᠠᠯ ᠪᠦᠬᠦᠢ | ᠬᠥᠮᠦᠰ ᠤᠨ ᠬᠠᠷᠢᠭᠤᠴᠠᠯᠭ᠎ᠠ ᠶᠢ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠨᠡᠬᠡᠮᠵᠢᠯᠡᠨ᠎ᠡ᠃ | ᠠᠷᠪᠠᠳᠤᠭᠠᠷ ᠵᠦᠢᠯ ᠲᠤᠰ ᠠᠷᠭ᠎ᠠ ᠶᠢ ᠳᠠᠷᠤᠮᠠᠯᠯᠠᠨ ᠳᠠᠷᠬᠠᠭᠠᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | ᠤᠤᠯ ᠤᠨ ︽ᠠᠯᠠᠱᠠ ᠠᠶᠢᠮᠠᠭ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠢ ᠦᠨᠡᠯᠡᠵᠦ | ᠰᠢᠯᠭᠠᠨ ᠬᠢᠨᠠᠬᠤ ᠠᠷᠭ᠎ᠠ ᠶᠢ ᠳᠠᠷᠤᠮᠠᠯᠯᠠᠨ ᠳᠠᠷᠬᠠᠭᠠᠬᠤ ᠲᠤᠬᠠᠶ ᠠᠯᠠᠱᠠ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ | ᠮᠡᠳᠡᠭᠳᠡᠯ︾ ︵ᠠᠯᠠᠱᠠ ᠵᠠᠬᠢᠷᠭ᠎ᠠ ᠠᠯᠪᠠᠨ ᠲᠠᠷᠬᠠᠭᠠᠭᠰᠠᠨ ﹇2016﹈ 173 ᠳ᠋ᠤᠭᠠᠷ ᠲᠣᠭᠠᠲᠤ︶ ᠢ | ᠬᠠᠮᠲᠤ ᠳᠤᠨᠢ ᠬᠦᠴᠦᠨ ᠥᠬᠡᠶ ᠪᠣᠯᠭᠠᠨ᠎ᠠ᠃ |