ᠯᠢ ᠵᠥᠩ ᠽᠧᠩ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠣᠭᠤᠯᠪᠠ
ᠨᠡᠶᠢᠲᠡᠯᠡᠭᠰᠡᠨ ᠴᠠᠭ᠄
2022/9/29
    9 ᠰᠠᠷ᠎ᠠ ᠶᠢᠨ 27 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠯᠢ ᠵᠥᠩ ᠽᠧᠩ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠠᠵᠤ ᠠᠬᠤᠶ ᠶᠢᠨ ᠠᠵᠢᠯᠯᠠᠭᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠥᠪᠡᠷᠲᠡᠭᠡᠨ ᠪᠠᠶᠢᠭᠤᠯᠤᠭᠰᠠᠨ ᠬᠡᠷ ᠪᠠᠶᠢᠰᠢᠩ ᠤᠨ ᠠᠮᠤᠷ ᠲᠦᠪᠰᠢᠨ ᠢ ᠲᠤᠰᠬᠠᠶ ᠴᠡᠭᠴᠡᠯᠡᠨ ᠵᠠᠰᠠᠬᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ᠃     ᠬᠤᠷᠠᠯ ᠠᠴᠠ ᠶᠡᠷᠦᠩᠬᠡᠶ ᠰᠠᠶᠢᠳ ᠯᠢ ᠺᠧ ᠴᠢᠶᠠᠩ ᠤᠨ ᠬᠤᠯᠪᠣᠭᠳᠠᠯ ᠪᠥᠬᠦᠶ ᠠᠵᠤ ᠠᠬᠤᠶ ᠶᠢᠨ ᠠᠵᠢᠯ ᠤᠨ ᠲᠤᠬᠠᠶ ᠶᠠᠷᠢᠶᠠᠨ ᠤ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠶ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠵᠤ ᠠᠬᠤᠶ ᠶᠢᠨ ᠬᠥᠭᠵᠢᠯᠲᠡ ᠳᠤ ᠲᠤᠯᠭᠠᠷᠠᠵᠤ ᠪᠠᠶᠢᠭ᠎ᠠ ᠪᠠᠶᠢᠳᠠᠯ ᠪᠣᠯᠤᠨ ᠬᠦᠴᠢᠷᠳᠡᠯ ᠢ ᠬᠦᠢᠴᠡᠳ ᠪᠣᠳᠣᠯᠬᠢᠯᠠᠵᠤ᠂ ᠰᠢᠳᠦ ᠵᠠᠭᠤᠨ ᠴᠢᠷᠮᠠᠶᠢᠵᠦ᠂ ᠳᠠᠯᠳᠠ ᠬᠦᠴᠦᠨ ᠢ ᠠᠭᠤᠳᠠᠯᠤᠨ ᠦᠷ᠎ᠡ ᠠᠰᠢᠭ ᠢ ᠨᠡᠮᠡᠭᠳᠡᠭᠦᠯᠵᠦ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠤ ᠠᠬᠤᠶ ᠶᠢᠨ ᠠᠵᠢᠯᠯᠠᠭᠠᠨ ᠢ ᠲᠣᠭᠲᠠᠪᠤᠷᠢᠵᠢᠭᠤᠯᠵᠤ᠂ ᠪᠥᠬᠦ ᠵᠢᠯ ᠤᠨ ᠬᠠᠷᠠᠯᠲᠠ ᠪᠠᠨ ᠪᠡᠶᠡᠯᠡᠭᠦᠯᠬᠦ ᠬᠡᠷᠡᠭᠲᠡᠶ᠃ ᠪᠦᠬᠦᠯᠢ ᠴᠣᠭᠴᠠ ᠶᠢᠨ ᠦᠷ᠎ᠡ ᠠᠰᠢᠭ᠂ ᠶᠡᠷᠦᠩᠬᠡᠶᠢᠯᠡᠭᠰᠡᠨ ᠦᠷ᠎ᠡ ᠠᠰᠢᠭ ᠢ ᠴᠢᠬᠤᠯᠠᠴᠢᠯᠠᠵᠤ᠂ ᠠᠵᠤ ᠠᠬᠤᠢ ᠶᠢᠨ ᠵᠢᠮ᠎ᠡ ᠶᠣᠰᠣ ᠶᠢ ᠡᠵᠡᠮᠳᠡᠵᠦ᠂ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠠᠮᠵᠢᠵᠤ᠂ ᠵᠠᠩᠭᠢᠯᠠᠭ᠎ᠠ ᠶᠢᠨ ᠬᠡᠷᠡᠭᠴᠡᠭᠡ ᠶᠢ ᠲᠣᠳᠣᠷᠬᠠᠢ ᠣᠶᠢᠯᠠᠭᠠᠵᠤ᠂ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠦᠷᠢ ᠲᠥᠷᠬᠦ ᠶᠢᠨ ᠢᠨᠵᠧᠨᠧᠷᠢᠩ ᠂ ᠠᠵᠢᠯ ᠤᠨ ᠠᠮᠵᠢᠯᠲᠠ ᠶᠢᠨ ᠢᠨᠵᠧᠨᠧᠷᠢᠩ ᠢ ᠡᠷᠡᠰ ᠬᠢᠬᠦ ᠦᠭᠡᠢ ᠪᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠵᠤ ᠵᠢᠷᠤᠮᠵᠢᠭᠤᠯᠬᠤ ᠳᠥᠭᠦᠮᠴᠢᠯᠡᠬᠦ ᠪᠠᠶᠢᠭᠤᠯᠤᠯᠲᠠ ᠶᠢ ᠲᠦᠷᠬᠡᠨ ᠠᠬᠢᠭᠤᠯᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠬᠥᠳᠡᠯᠦᠩᠭᠦᠶ ᠪᠠᠷ ᠲᠣᠬᠢᠷᠠᠭᠤᠯᠵᠤ᠂ ᠵᠠᠰᠠᠭ ᠵᠠᠬᠢᠷᠭᠠᠨ ᠤ ᠵᠥᠪᠰᠢᠶᠡᠷᠡᠯ ᠪᠠ ᠵᠠᠭᠤᠴᠢ ᠦᠢᠯᠡᠴᠢᠯᠡᠬᠡᠨ ᠤ ᠵᠦᠢᠯᠡᠰ ᠢ ᠴᠡᠪᠡᠷᠯᠡᠨ ᠵᠢᠷᠤᠮᠵᠢᠭᠤᠯᠵᠤ᠂ ︽ᠲᠤᠰᠴᠤ ᠳᠡᠶᠢᠯᠬᠦ︾᠂ ︽ᠪᠣᠳᠠᠲᠠᠶ ᠲᠠᠯᠪᠢᠵᠤ ᠳᠡᠶᠢᠯᠬᠦ︾᠂ ︽ᠰᠠᠶᠢᠲᠤᠷ ᠬᠠᠮᠢᠶᠠᠷᠬᠤ︾ ᠶᠢ ᠪᠡᠶᠡᠯᠡᠭᠦᠯᠵᠦ᠂ ᠲᠡᠷᠢᠭᠦᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠬᠦᠴᠦᠯᠡᠨ ᠪᠣᠶ ᠪᠣᠯᠭᠠᠬᠤ ᠬᠡᠷᠡᠭᠲᠡᠶ ᠬᠡᠵᠦ ᠴᠢᠬᠤᠯᠠᠴᠢᠯᠠᠪᠠ᠃     ᠬᠤᠷᠠᠯ ᠠᠴᠠ᠂ ᠴᠢᠳᠠᠪᠤᠷᠢᠲᠠᠨ ᠪᠣᠯ ᠣᠷᠣᠨ ᠨᠤᠲᠤᠭ ᠤᠨ ᠬᠥᠭᠵᠢᠯᠲᠡ ᠶᠢᠨ ᠭᠤᠣᠯᠯᠠᠭᠴᠢ ᠦᠷᠢᠰᠦᠯᠳᠦᠬᠦ ᠬᠦᠴᠦᠨ ᠮᠥᠨ᠂ ᠠᠯᠠᠱᠠ ᠳᠤ ᠨᠡᠩ ᠴᠤ ᠳᠤᠲᠠᠭᠳᠠᠵᠤ ᠪᠠᠶᠢᠨ᠎ᠠ᠃ ᠨᠢᠭᠡ ᠯᠡ ᠬᠡᠪᠰᠢᠯ ᠳᠤ ᠪᠠᠷᠢᠭᠳᠠᠵᠤ ᠴᠢᠳᠠᠪᠤᠷᠢᠲᠠᠨ ᠢ ᠣᠷᠣᠭᠤᠯᠤᠨ ᠬᠥᠮᠦᠵᠢᠭᠦᠯᠵᠦ᠂ ᠣᠷᠣᠭᠤᠯᠬᠤ ᠶᠢ ᠵᠥᠪᠰᠢᠶᠡᠷᠡᠬᠦ ᠪᠠᠷᠢᠮᠵᠢᠶ᠎ᠠ ᠶᠢ ᠪᠠᠭᠤᠷᠠᠭᠤᠯᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠷᠭ᠎ᠠ ᠵᠠᠮ ᠢ ᠥᠷᠭᠡᠳᠬᠡᠵᠦ᠂ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠠᠷᠭ᠎ᠠ ᠬᠡᠮᠵᠢᠶ᠎ᠡ ᠶᠢ ᠭᠦᠢᠴᠡᠳ ᠪᠥᠭᠡᠳ ᠠᠮᠢᠳᠤᠯᠢᠭ ᠬᠡᠷᠡᠭᠯᠡᠵᠦ᠂ ᠴᠢᠳᠠᠪᠤᠷᠢᠲᠠᠨ ᠢ ᠦᠯᠡᠳᠡᠭᠡᠵᠦ ᠰᠠᠶᠢᠲᠤᠷ ᠬᠡᠷᠡᠭᠯᠡᠬᠦ ᠬᠡᠷᠡᠭᠲᠡᠢ ᠭᠡᠪᠡ᠃ᠬᠤᠷᠠᠯ ᠠᠴᠠ᠂ ᠥᠪᠡᠷ ᠢᠶᠠᠨ ᠪᠠᠷᠢᠭᠰᠠᠨ ᠭᠡᠷ ᠤᠨ ᠠᠮᠤᠷ ᠲᠦᠪᠰᠢᠨ ᠢ ᠲᠤᠰᠬᠠᠢ ᠴᠡᠭᠴᠡᠯᠡᠨ ᠵᠠᠰᠠᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠪᠠᠷ ᠢᠶᠠᠨ ᠪᠠᠶᠢᠷᠢᠯᠠᠭᠤᠯᠤᠨ ᠠᠬᠢᠭᠤᠯᠤᠭᠰᠠᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ᠃ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠨᠠᠮ ᠤᠨ ᠭᠡᠰᠢᠭᠦᠨ ᠺᠠᠳ᠋ᠷ ᠲᠦᠷᠦᠭᠦᠯᠡᠨ ᠴᠡᠭᠴᠡᠯᠡᠨ ᠰᠠᠶᠢᠵᠢᠷᠠᠭᠤᠯᠵᠦ᠂ ᠠᠰᠠᠭᠤᠳᠠᠯ ᠢ ᠬᠠᠷᠠᠵᠤ ᠪᠠᠶᠢᠭᠠᠳ ᠬᠠᠶᠢᠬᠤᠷᠬᠤ ᠦᠭᠡᠢ᠂ ᠪᠠᠶᠢᠴᠠᠭᠠᠭᠠᠳ ᠬᠠᠮᠢᠶᠠᠷᠬᠤ ᠦᠭᠡᠢ ᠪᠠᠶᠢᠵᠤ ᠶᠠᠭᠠᠬᠢᠭᠰᠠᠨ ᠴᠤ ᠪᠣᠯᠬᠤ ᠦᠭᠡᠢ᠃ ᠴᠡᠭᠴᠡᠯᠡᠨ ᠰᠠᠶᠢᠵᠢᠷᠠᠭᠤᠯᠬᠤ ᠶᠢ ᠲᠦᠷᠭᠡᠨ ᠣᠨᠣᠪᠴᠢᠲᠠᠢ ᠴᠢᠩᠭ᠎ᠠ ᠪᠣᠳᠠᠲᠠᠢ ᠠᠳᠬᠤᠵᠤ᠂ ᠬᠦᠴᠦ ᠪᠠᠨ ᠬᠠᠮᠲᠤᠳᠬᠠᠨ ᠠᠵᠢᠯᠯᠠᠵᠤ᠂ ᠡᠷᠲᠡᠬᠡᠨ ᠬᠥᠮᠥᠷᠭᠡ ᠪᠠᠨ ᠴᠡᠪᠡᠷᠯᠡᠬᠦ ᠪᠠᠷ ᠴᠢᠷᠮᠠᠶᠢᠬᠤ ᠬᠡᠷᠡᠭᠲᠡᠢ᠃ ︽ᠡᠷᠭᠢᠵᠦ ᠬᠠᠷᠠᠬᠤ ︾ ᠠᠵᠢᠯ ᠢ ᠴᠠᠭ ᠲᠤᠬᠠᠶ ᠳᠤᠨᠢ ᠥᠷᠨᠢᠭᠦᠯᠵᠦ᠂ ᠪᠥᠬᠦ ᠲᠠᠯ᠎ᠠ ᠪᠠᠷ ᠪᠠᠶᠢᠴᠠᠭᠠᠨ ᠦᠵᠡᠵᠦ᠂ ᠳᠠᠯᠳᠠ ᠬᠡᠮ ᠢ ᠠᠷᠢᠯᠭᠠᠨ ᠂ ︽ᠵᠠᠭᠤᠨ ᠡᠳᠦᠷ ᠤᠨ ᠠᠵᠢᠯᠯᠠᠭ᠎ᠠ︾ ᠨᠢ ᠴᠠᠭ ᠤᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠶ ᠬᠡᠵᠦ ᠴᠢᠬᠤᠯᠠᠴᠢᠯᠠᠪᠠ᠃     ᠬᠤᠷᠠᠯ ᠠᠴᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠦᠷ᠎ᠡ ᠪᠦᠲᠦᠭᠡᠯ ᠢ ᠬᠦᠨᠵᠡᠬᠡᠶᠢᠷᠡᠬᠦᠯᠵᠦ᠂ ᠵᠢᠷᠤᠮᠵᠢᠯ ᠲᠠᠢ ᠪᠠᠷ ᠪᠦᠳᠦᠭᠡᠨ ᠪᠠᠶᠢᠭᠤᠯᠬᠤ᠂ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ᠂ ᠪᠦᠬᠦ ᠬᠦᠴᠦ ᠪᠠᠷ ᠢᠶᠠᠨ ᠳᠡᠮᠵᠢᠬᠦ ᠶᠢ ᠪᠠᠷᠢᠮᠲᠠᠯᠠᠵᠤ᠂ ᠤᠳᠤ ᠦᠶ᠎ᠡ ᠶᠢᠨ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ ᠲᠦᠷᠢᠮ ᠪᠣᠯᠤᠨ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠣᠷᠣᠨ ᠨᠤᠲᠤᠭ ᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠬᠠᠪᠰᠤᠷᠤᠨ ᠳᠡᠮᠵᠢᠬᠦ ᠬᠡᠷᠡᠭᠲᠡᠢ᠃ ᠡᠯ᠎ᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠬᠠᠷᠠᠯᠲᠠ ᠪᠠᠨ ᠲᠣᠭᠲᠠᠭᠠᠨ ᠵᠣᠷᠢᠭᠲᠠᠢ ᠠᠵᠢᠯᠯᠠᠵᠤ᠂ ᠠᠷᠭ᠎ᠠ ᠪᠦᠬᠦᠨ ᠢ ᠰᠦᠪᠡᠭᠴᠢᠯᠡᠨ ᠲᠤᠬᠠᠶᠢᠯᠠᠭᠰᠠᠨ ᠠᠵᠢᠯ ᠢᠶᠠᠨ ᠥᠷᠭᠡᠳᠬᠡᠵᠦ᠂ ᠬᠠᠮᠲᠤᠷᠠᠯᠴᠠᠭ᠎ᠠ ᠬᠢᠵᠦ᠂ ᠬᠢᠷᠢ ᠬᠡᠮ ᠢᠶᠠᠨ ᠳᠡᠭᠡᠭᠰᠢᠯᠡᠭᠦᠯᠵᠦ᠂ ᠲᠦᠷᠦᠯ ᠵᠦᠢᠯ ᠬᠢᠵᠦ᠂ ᠬᠥᠭᠵᠢᠯᠲᠡ ᠶᠢ ᠠᠳᠬᠤᠵᠤ᠂ ᠦᠷ᠎ᠡ ᠠᠰᠢᠭ ᠢᠶᠠᠨ ᠨᠡᠮᠡᠭᠳᠡᠭᠦᠯᠵᠦ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠬᠡᠵᠦ ᠱᠠᠭᠠᠷᠳᠠᠪᠠ᠃     ᠬᠤᠷᠠᠯ ᠳᠤ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号