ᠳᠠᠶᠢᠴᠢᠨ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠳ ᠤᠨ ᠬᠤᠷᠠᠯ ᠢ ᠡᠷᠭᠢᠯᠡᠨ ᠬᠤᠷᠠᠯᠳᠤᠭᠤᠯᠵᠤ ᠲᠥᠪ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠬᠤᠷᠠᠯ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠮᠠᠨ ᠤ ᠠᠶᠢᠮᠠᠭ ᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/9/29
    9 ᠰᠠᠷ᠎ᠠ ᠶᠢᠨ 28 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠳᠠᠶᠢᠴᠢᠨ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠳ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠵᠢᠴᠢ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠠᠶᠢᠮᠠᠭ ᠤᠨ ᠳᠣᠣᠱᠯᠠᠭᠤᠯᠣᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠢ ᠵᠥᠩ ᠽᠧᠩ ᠬᠤᠷᠠᠯ ᠳᠤ ᠣᠷᠣᠯᠴᠠᠵᠠᠶ᠃     ᠬᠤᠷᠠᠯ ᠠᠴᠠ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ 10 ᠨᠡᠶᠢᠲᠡᠯᠢᠭ ᠠᠰᠠᠭᠤᠳᠠᠯ ᠢ ᠢᠯᠡ ᠪᠠᠷ ᠵᠠᠷᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠠᠴᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠳᠣᠣᠱᠯᠠᠭᠤᠯᠬᠤ ᠲᠤᠬᠠᠶ ᠰᠢᠨ᠎ᠡ ᠪᠠᠶᠢᠷᠢᠯᠠᠭᠤᠯᠤᠯᠲᠠ ᠬᠢᠵᠦ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠲᠠᠯ ᠤᠨ ᠪᠠᠶᠢᠭᠤᠯᠤᠯᠲᠠ ᠶᠢ ᠴᠥᠬᠦᠷᠡᠰᠢ ᠥᠬᠡᠶ ᠠᠬᠢᠭᠤᠯᠬᠤ ᠡᠷᠡᠰ ᠵᠣᠷᠢᠭ ᠪᠠ ᠢᠯᠡ ᠲᠣᠳᠣ ᠣᠪᠣᠷ ᠢ ᠬᠦᠢᠴᠡᠳ ᠢᠯᠡᠷᠡᠭᠦᠯᠪᠡ᠃ ᠠᠶᠢᠮᠠᠭ ᠳᠠᠶᠠᠭᠠᠷ ᠢᠶᠠᠨ ᠰᠢᠨ᠎ᠡ ᠪᠠᠶᠢᠳᠠᠯ ᠳᠤᠤᠷ᠎ᠠ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠦᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠳᠣᠣᠱᠯᠠᠭᠤᠯᠣᠨ ᠨᠠᠶᠢᠳᠠᠪᠤᠷᠢᠵᠢᠭᠤᠯᠬᠤ ᠶᠢ ︽ᠬᠤᠶᠠᠷ ᠢ ᠲᠣᠭᠲᠠᠭᠠᠬᠤ︾ ᠶᠢ ᠬᠠᠮᠠᠭᠠᠯᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠶᠢᠨ ᠤᠯᠤᠰ ᠲᠥᠷᠥ ᠶᠢᠨ ᠰᠢᠯᠭᠠᠯᠲᠠ ᠪᠣᠯᠭᠠᠵᠤ᠂ ᠵᠥᠪ ᠣᠨᠣᠪᠴᠢᠲᠠᠶ ᠠᠵᠢᠯ ᠤᠨ ᠠᠮᠵᠢᠯᠲᠠ ᠶᠢᠨ ᠦᠵᠡᠯᠲᠡ ᠶᠢ ᠪᠠᠲᠤ ᠪᠣᠶ ᠪᠣᠯᠭᠠᠨ  ᠦᠢᠯᠡᠳᠦᠯᠬᠡᠵᠢᠬᠦᠯᠵᠦ᠂ ᠪᠥᠬᠦ ᠰᠡᠳᠬᠢᠯ ᠰᠠᠨᠠᠭ᠎ᠠ ᠪᠣᠯᠤᠨ ᠣᠶᠤᠨ ᠴᠢᠳᠠᠯ ᠢᠶᠠᠨ ᠠᠵᠢᠯ ᠬᠢᠵᠦ ᠦᠢᠯᠡᠰ ᠪᠤᠰᠬᠠᠬᠤ ᠳᠡᠭᠡᠷ᠎ᠡ ᠲᠠᠯᠪᠢᠵᠤ᠂ ᠰᠤᠷᠲᠠᠯ ᠤᠨ ᠪᠠᠶᠢᠭᠤᠯᠤᠯᠲᠠ ᠶᠢᠨ ᠤᠳᠠᠭᠠᠨ ᠳᠠᠭᠠᠭᠠᠮᠠᠭᠠᠶ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠬᠤ ᠬᠡᠷᠡᠭᠲᠡᠶ ᠬᠡᠪᠡ᠃     ᠬᠤᠷᠠᠯ ᠠᠴᠠ᠂ ᠰᠤᠷᠲᠠᠯ ᠤᠨ ᠪᠠᠶᠢᠭᠤᠯᠤᠯᠲᠠ ᠶᠢᠨ ᠤᠷᠳᠤ ᠬᠤᠭᠤᠴᠠᠭᠠᠲᠤ ᠴᠢᠨᠠᠷ᠂ ᠪᠡᠷᠬᠡ ᠬᠠᠲᠠᠭᠤᠵᠢᠯᠲᠤ ᠴᠢᠨᠠᠷ᠂ ᠨᠠᠷᠢᠨ ᠪᠤᠳᠤᠯᠢᠶᠠᠨᠲᠤ ᠴᠢᠨᠠᠷ ᠢ ᠭᠦᠢᠴᠡᠳ ᠲᠠᠨᠢᠵᠤ᠂ ᠰᠤᠷᠲᠠᠯ ᠤᠨ ᠪᠠᠶᠢᠭᠤᠯᠤᠯᠲᠠ ᠶᠢ ᠡᠳᠦᠷ ᠲᠤᠳᠤᠮ ᠤᠨ ᠠᠵᠢᠯ ᠳᠠᠭᠠᠨ ᠠᠭᠤᠰᠬᠠᠵᠤ᠂ ᠦᠷᠭᠦᠯᠵᠢ ᠠᠳᠬᠤᠵᠤ᠂ ︽ᠲᠦᠷᠪᠡᠨ ᠰᠤᠷᠲᠠᠯ︾ ᠢ ᠵᠠᠯᠠᠷᠠᠭᠤᠯᠬᠤ᠂ ᠤᠯᠠᠨ ᠲᠦᠮᠡᠨ ᠤ ᠳᠡᠷᠭᠡᠳᠡᠬᠢ ᠢᠯᠵᠡᠷᠡᠯ ᠪᠣᠯᠤᠨ ᠲᠥᠪ ᠪᠤᠰᠤ ᠰᠤᠷᠲᠠᠯ ᠢ ᠴᠡᠭᠴᠡᠯᠡᠨ ᠵᠠᠰᠠᠬᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠤᠷᠲᠠᠯ ᠤᠨ ᠲᠠᠯ᠎ᠠ ᠪᠠᠷ ᠬᠢ ᠠᠷᠬᠠᠭ ᠭᠡᠮ ᠢ ᠡᠷᠡᠰ ᠠᠷᠢᠯᠭᠠᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷ ᠪᠡᠶ᠎ᠡ ᠪᠠᠷ ᠢᠶᠠᠨ ᠬᠡᠷᠡᠭᠵᠢᠭᠦᠯᠵᠦ᠂ ᠳᠡᠭᠡᠷ᠎ᠡ ᠱᠠᠲᠤ ᠨᠢ ᠳᠤᠤᠷ᠎ᠠ ᠱᠠᠲᠤ ᠪᠠᠨ ᠳᠠᠭᠠᠭᠤᠯᠵᠤ᠂ ᠠᠰᠠᠭᠤᠳᠠᠯ ᠢ ᠢᠯᠡᠭᠦᠬᠡᠨ ᠪᠣᠳᠣᠯᠬᠢᠯᠠᠵᠤ᠂ ᠢᠯᠡᠭᠦᠬᠡᠨ ᠰᠤᠳᠤᠯᠵᠤ᠂ ᠪᠣᠳᠠᠲᠠᠶ ᠠᠵᠢᠯ ᠢ ᠢᠯᠡᠭᠦᠬᠡᠨ ᠬᠢᠵᠦ᠂ ᠮᠢᠨᠦ ᠬᠤᠷᠠᠯᠳᠤᠭᠤᠯᠤᠭᠰᠠᠨ ᠬᠤᠷᠠᠯ ᠢ ᠪᠢ ᠲᠤᠤᠱᠯᠠᠭᠤᠯᠵᠤ᠂ ᠮᠢᠨᠦ ᠬᠢᠭᠰᠡᠨ ᠴᠣᠬᠤᠯᠠᠪᠤᠷᠢ ᠶᠢ ᠪᠢ ᠨᠠᠶᠢᠳᠠᠪᠤᠷᠢᠵᠢᠭᠤᠯᠵᠤ᠂ ᠮᠢᠨᠦ ᠲᠣᠭᠲᠠᠭᠠᠭᠰᠠᠨ ᠲᠥᠷᠥ ᠶᠢᠨ ᠪᠣᠳᠣᠯᠭ᠎ᠠ ᠶᠢ ᠪᠢ ᠪᠡᠶᠡᠯᠡᠭᠦᠯᠵᠦ᠂ ᠪᠥᠬᠦ ᠠᠶᠢᠮᠠᠭ ᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠬᠥᠲᠥᠯᠥᠨ ᠳᠠᠭᠠᠭᠤᠯᠵᠤ ᠳᠠᠶᠢᠴᠢᠯᠠᠬᠤ ᠬᠡᠷᠡᠭᠲᠡᠶ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠴᠢᠩᠭ᠎ᠠ ᠭᠤᠣᠯ ᠬᠦᠭ ᠠᠶᠠᠰ ᠢ ᠢᠮᠠᠭᠲᠠ ᠭᠤᠶᠢᠪᠢᠰᠢ ᠦᠭᠡᠢ ᠪᠠᠷᠢᠮᠲᠠᠯᠠᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠬᠴᠠᠵᠢᠭᠤᠯᠤᠨ ᠠᠬᠢᠭᠤᠯᠵᠤ᠂ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠰᠤᠷᠲᠠᠯ ᠤᠨ ᠪᠠᠶᠢᠭᠤᠯᠤᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠬᠦᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠳᠣᠣᠱᠯᠠᠭᠤᠯᠵᠦ᠂ ᠶᠡᠭᠡ ᠪᠦᠯᠬᠦᠮᠳᠡᠯ ᠶᠡᠭᠡ ᠬᠤᠯᠪᠣᠭᠠᠯᠠᠯ ᠤᠨ ᠭᠤᠤᠯ ᠰᠡᠳᠦᠪ ᠢ ᠪᠠᠲᠤ ᠡᠵᠡᠮᠳᠡᠵᠦ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠣᠯᠠᠨ ᠲᠠᠯ᠎ᠠ ᠪᠠᠷ ᠬᠠᠮᠲᠤᠷᠠᠯ ᠬᠦᠴᠦᠨ ᠢ ᠨᠢᠭᠲᠠᠷᠠᠭᠤᠯᠵᠤ᠂ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠢᠳᠡᠪᠬᠢᠲᠡᠶ ᠪᠠᠶᠢᠭᠤᠯᠵᠤ᠂ ᠨᠢᠭᠡᠳᠦᠮᠡᠯ ᠹᠷᠣᠨᠲ ᠤᠨ ᠠᠵᠢᠯ ᠤᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠪᠥᠬᠦ ᠠᠶᠢᠮᠠᠭ ᠤᠨ ᠨᠢᠭᠡᠳᠦᠮᠡᠯ ᠹᠷᠣᠨᠲ ᠤᠨ ᠠᠵᠢᠯ ᠤᠨ ᠲᠠᠰᠤᠷᠠᠯᠲᠠ ᠥᠬᠡᠶ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠳᠤ ᠪᠠᠰᠠ ᠪᠤᠰᠤᠳ ᠵᠦᠢᠯ ᠢ ᠰᠤᠳᠤᠯᠵᠤ ᠬᠢᠨᠠᠨ ᠵᠥᠪᠯᠡᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号