ᠠᠯᠠᠱᠠ ᠠᠶᠢᠮᠠᠭ ᠤᠨ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠲᠦᠷᠭᠡᠨ ᠴᠣᠭᠴᠠᠯᠠᠵᠤ᠂ ᠠᠵᠤ | ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠥᠷᠢᠯᠡᠬᠦ᠂ ᠬᠡᠯᠬᠢᠶ᠎ᠡ ᠶᠢ ᠬᠦᠴᠦᠷᠬᠡᠭᠵᠢᠭᠦᠯᠬᠦ ᠠᠵᠢᠯ ᠢ | ᠪᠦᠲᠦᠮᠵᠢᠲᠡᠶ ᠠᠬᠢᠭᠤᠯᠵᠤ᠂ ᠭᠤᠤᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠲᠦᠪᠰᠢᠨ ᠪᠠ | ᠥᠷᠢᠰᠥᠯᠳᠦᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠠᠶᠢᠮᠠᠭ ᠤᠨ ᠠᠵᠤ ᠠᠬᠤᠶ ᠶᠢᠨ ᠴᠢᠨᠠᠷ | ᠰᠠᠶᠢᠲᠠᠶ᠂ ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠲᠣᠰ ᠲᠥᠰᠦᠯ ᠢ | ᠣᠨᠴᠣᠭᠤᠶᠢᠯᠠᠨ ᠲᠣᠭᠲᠠᠭᠠᠪᠠ᠃ | ᠨᠢᠭᠡ᠂ ᠶᠡᠷᠦᠩᠬᠡᠶ ᠰᠡᠳᠬᠢᠴᠡ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ | ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ | ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠶ ᠳᠣᠣᠱᠯᠠᠭᠤᠯᠣᠨ᠂ ᠠᠵᠤ ᠦᠢᠯᠡᠰ ᠢᠶᠠᠷ ᠠᠶᠢᠮᠠᠭ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ | ᠭᠤᠶᠢᠪᠢᠰᠢ ᠦᠭᠡᠶ ᠪᠠᠷᠢᠮᠳᠠᠯᠠᠨ᠂ ︽ᠳᠠᠭᠠᠭᠤᠯᠤᠭᠴᠢ ᠶᠢ ᠪᠤᠶᠢᠵᠢᠭᠤᠯᠬᠤ᠂ ᠬᠡᠯᠬᠢᠶ᠎ᠡ ᠶᠢ ᠪᠣᠶᠢᠵᠢᠭᠤᠯᠬᠤ᠂ ᠲᠠᠪᠴᠠᠩ | ᠪᠠᠶᠢᠭᠤᠯᠬᠤ᠂ ᠡᠯᠧᠮᠧᠨ᠋ᠲ ᠢ ᠪᠠᠳᠣᠯᠠᠬᠤ᠂ ᠴᠤᠭᠯᠠᠷᠠᠯ ᠢ ᠬᠦᠴᠦᠷᠬᠡᠭᠵᠢᠭᠦᠯᠬᠦ︾ ᠠᠵᠢᠯ ᠤᠨ ᠠᠷᠭ᠎ᠠ ᠵᠠᠮ ᠶᠣᠰᠣᠭᠠᠷ᠂ | ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ︽ᠬᠡᠯᠬᠢᠶ᠎ᠡ ᠶᠢᠨ ᠳᠠᠷᠤᠭ᠎ᠠ︾ ᠶᠢᠨ ᠳᠦᠷᠢᠮ ᠢ ᠭᠡᠷᠡᠭᠵᠢᠬᠦᠯᠦᠨ | ᠂ ᠬᠡᠯᠬᠢᠶ᠎ᠡ ᠶᠢ ᠪᠠᠶᠢᠭᠤᠯᠬᠤ᠂ ᠬᠡᠯᠬᠢᠶ᠎ᠡ ᠶᠢ ᠨᠦᠬᠦᠪᠦᠷᠢᠯᠡᠬᠦ᠂ ᠬᠡᠯᠬᠢᠶ᠎ᠡ ᠶᠢ ᠣᠷᠳᠣᠳᠬᠠᠬᠤ᠂ ᠬᠡᠯᠬᠢᠶ᠎ᠡ ᠶᠢ | ᠬᠦᠴᠦᠷᠭᠡᠭᠵᠢᠬᠦᠯᠬᠦ ᠢᠨᠵᠧᠨᠧᠷᠢᠩ ᠢ ᠭᠡᠷᠡᠭᠵᠢᠬᠦᠯᠦᠨ᠂ ᠤᠯᠤᠰ ᠤᠨ ᠳᠣᠲᠣᠭᠠᠳᠤ ᠳᠤ ᠵᠣᠬᠢᠬᠤ ᠨᠥᠯᠥᠭᠡᠯᠡᠬᠦ | ᠬᠦᠴᠦᠨ ᠲᠠᠢ ᠨᠢᠭᠡ ᠪᠦᠯᠦᠭ ᠠᠵᠤ ᠦᠢᠯᠡᠰ ᠤᠨ ᠪᠥᠭᠡᠮᠨᠡᠷᠡᠯ ᠣᠷᠣᠨ ᠢ ᠪᠤᠶᠢᠵᠢᠭᠤᠯᠤᠨ ᠪᠦᠷᠢᠯᠳᠦᠬᠦᠯᠵᠦ᠂ | ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠶᠢᠨ ᠲᠦᠪᠰᠢᠨ ᠢ ᠴᠢᠷᠮᠠᠶᠢᠨ ᠳᠡᠭᠡᠭᠰᠢᠯᠡᠭᠦᠯᠦᠨ᠎ᠡ᠃ | ᠬᠤᠶᠠᠷ᠂ ᠠᠵᠢᠯ ᠤᠨ ᠬᠠᠷᠠᠯᠲᠠ | ᠪᠦᠯᠦᠭᠯᠡᠯ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠣᠳᠣᠬᠢᠴᠢᠯᠠᠭᠰᠠᠨ ᠠᠵᠤ ᠦᠢᠯᠡᠳᠪᠦᠷᠢ᠂ | ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠪᠣᠯᠤᠨ ᠰᠣᠶᠣᠯ ᠵᠢᠭᠤᠯᠴᠢᠯᠠᠯ ᠢ ᠪᠦᠬᠦ ᠤᠯᠤᠰ ᠤᠨ ᠨᠥᠯᠥᠭᠡᠯᠡᠬᠦ | ᠬᠦᠴᠦᠨ ᠲᠠᠢ ᠠᠵᠤ ᠦᠢᠯᠡᠰ ᠤᠨ ᠪᠦᠯᠦᠭᠵᠢᠯ ᠪᠣᠯᠭᠠᠨ ᠴᠣᠭᠴᠠᠯᠠᠨ᠎ᠠ︔ ᠡᠯᠡᠰᠦᠨ ᠤ ᠠᠵᠤ ᠦᠢᠯᠡᠰ᠂ ᠪᠣᠬᠢᠷᠲᠤᠯ | ᠦᠭᠡᠶ ᠢᠳᠡᠭᠡᠨ ᠢ ᠪᠦᠬᠦ ᠣᠷᠣᠨ ᠤ ᠣᠨᠴᠠᠯᠢᠭᠲᠤ ᠠᠵᠤ ᠦᠢᠯᠡᠰ ᠤᠨ ᠪᠦᠯᠦᠭᠯᠡᠯ ᠪᠣᠯᠭᠠᠨ ᠪᠠᠶᠢᠭᠤᠯᠤᠨ᠎ᠠ︔ | ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ᠂ ᠲᠣᠭᠠᠴᠢᠯᠠᠭᠰᠠᠨ ᠠᠵᠤ ᠠᠬᠤᠶ ᠶᠢ ᠢᠳᠡᠪᠬᠢᠲᠡᠶ ᠪᠤᠶᠢᠵᠢᠭᠤᠯᠤᠨ | ᠬᠥᠭᠵᠢᠭᠦᠯᠵᠦ᠂ ᠨᠤᠤᠰᠤ ᠨᠣᠯᠤᠤᠷ ᠤᠨ ᠠᠵᠤ ᠦᠢᠯᠡᠰ᠂ ᠠᠷᠠᠯᠵᠢᠶ᠎ᠠ ᠬᠤᠳᠠᠯᠳᠤᠭᠠᠨ ᠤ ᠬᠦᠢᠯᠬᠡᠬᠡ ᠵᠡᠷᠭᠡ ᠠᠵᠤ | ᠦᠢᠯᠡᠰ ᠤᠨ ᠲᠠᠰ ᠳᠡᠪᠰᠢᠬᠦ ᠶᠢ ᠠᠬᠢᠭᠤᠯᠤᠨ᠂ ᠪᠥᠬᠦ ᠲᠠᠯ᠎ᠠ ᠪᠠᠷ ᠬᠥᠭᠵᠢᠭᠦᠯᠵᠦ᠂ ᠴᠢᠨᠠᠷ ᠰᠠᠶᠢᠲᠠᠶ ᠠᠵᠤ | ᠦᠢᠯᠡᠰ ᠤᠨ ᠰᠢᠰᠲ᠋ᠧᠮᠵᠢ ᠶᠢ ᠪᠠᠶᠢᠭᠤᠯᠤᠨ᠎ᠠ᠃ | ᠭᠤᠷᠪᠠ᠂ ᠠᠵᠢᠯ ᠤᠨ ᠬᠠᠷᠢᠭᠤᠴᠠᠯᠭ᠎ᠠ | ︵ᠨᠢᠭᠡ︶ ︽ᠬᠡᠯᠬᠢᠶ᠎ᠡ ᠶᠢᠨ ᠳᠠᠷᠤᠭ᠎ᠠ︾ ᠶᠢᠨ ᠠᠵᠢᠯ ᠤᠨ ᠡᠭᠦᠷᠭᠡ ᠬᠠᠷᠢᠭᠤᠴᠠᠯᠭ᠎ᠠ | 1 . ᠬᠤᠪᠢᠳᠠᠨ ᠬᠠᠮᠢᠶᠠᠷᠴᠤ ᠪᠦᠬᠦᠢ ᠬᠦᠷᠢᠶᠡᠨ ᠤ ᠪᠠᠨ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ | ᠵᠢᠯᠣᠭᠤᠳᠤᠨ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠴᠢᠭᠯᠡᠯ᠂ ᠬᠥᠭᠵᠢᠯᠲᠡ ᠶᠢᠨ | ᠭᠤᠣᠯᠳᠠᠯᠭ᠎ᠠ ᠪᠣᠯᠤᠨ ︽ᠬᠡᠯᠬᠢᠶ᠎ᠡ ᠶᠢᠨ ᠭᠤᠣᠯ ᠠᠵᠤ ᠠᠬᠤᠶᠢᠯᠠᠯ︾ ᠢ ᠰᠤᠳᠤᠯᠤᠨ ᠲᠣᠭᠲᠠᠭᠠᠵᠤ᠂ ᠠᠵᠤ | ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠲᠣᠭᠲᠠᠭᠠᠨ ᠨᠡᠶᠢᠲᠡᠯᠡᠨ᠎ᠡ᠃ | 2 . ᠠᠵᠤ ᠦᠢᠯᠡᠰ ᠤᠨ ᠬᠡᠯᠬᠢᠶ᠎ᠡ ᠶᠢᠨ ᠣᠨ ᠤ ᠠᠵᠢᠯ ᠤᠨ ᠲᠥᠯᠥᠪᠯᠡᠭᠡ ᠶᠢ ᠳᠤᠷᠠᠳᠴᠤ᠂ ᠠᠵᠤ | ᠠᠬᠤᠶᠢᠯᠠᠯ ᠤᠨ ᠬᠥᠭᠵᠢᠯᠲᠡ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ᠂ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠴᠢᠬᠤᠯᠠ ᠶᠡᠭᠡ ᠵᠦᠢᠯᠡᠰ ᠢ ᠨᠢᠭᠡᠳᠦᠯᠲᠡᠶ ᠲᠥᠯᠥᠪᠯᠡᠨ | ᠠᠬᠢᠭᠤᠯᠤᠨ᠎ᠠ᠃ | 3 . ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠲᠤᠰᠬᠠᠶ ᠬᠤᠷᠠᠯ ᠢ ᠲᠣᠭᠲᠠᠮᠠᠯ | ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠠᠵᠤ ᠦᠢᠯᠡᠰ ᠤᠨ ᠲᠥᠯᠥᠪᠵᠢᠭᠦᠯᠭᠡ᠂ ᠬᠦᠷᠢᠶᠡᠯᠡᠩ ᠲᠣᠭᠤᠷᠢᠭ ᠤᠨ | ᠪᠠᠶᠢᠷᠢᠰᠢᠭᠤᠯᠤᠯᠲᠠ᠂ ᠲᠥᠷᠥᠯ ᠵᠦᠢᠯ ᠣᠷᠣᠭᠤᠯᠵᠤ ᠢᠷᠡᠬᠦ᠂ ᠲᠠᠪᠴᠠᠩ ᠤᠨ ᠪᠦᠲᠦᠭᠡᠨ ᠪᠠᠶᠢᠭᠤᠯᠤᠯᠲᠠ᠂ ᠪᠡᠯᠡ | ᠮᠥᠩᠭᠦ ᠪᠠᠷ ᠲᠡᠳᠬᠦᠬᠦ ᠵᠡᠷᠭᠡ ᠲᠣᠭᠤᠷᠢᠨ ᠳᠤ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠵᠤ᠂ | ᠬᠡᠯᠬᠢᠶ᠎ᠡ ᠶᠢᠨ ᠲᠠᠯ᠎ᠠ ᠪᠠᠷ ᠬᠢ ᠠᠵᠤ ᠠᠬᠤᠶᠢᠯᠠᠯ ᠤᠨ ᠬᠥᠭᠵᠢᠯᠲᠡ ᠳᠤᠮᠳᠠ ᠢᠯᠡᠷᠡᠭᠰᠡᠨ ᠠᠰᠠᠭᠤᠳᠠᠯ ᠢ | ᠵᠣᠬᠢᠴᠠᠭᠤᠯᠤᠨ ᠰᠢᠢᠳᠪᠦᠷᠢᠯᠡᠨ᠎ᠡ᠃ | ︵ᠬᠤᠶᠠᠷ︶ ᠠᠶᠢᠮᠠᠭ ᠤᠨ ᠰᠢᠭᠤᠳ ᠬᠠᠷᠢᠶ᠎ᠠ ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ ᠤᠨ ᠠᠵᠢᠯ ᠤᠨ | ᠡᠭᠦᠷᠭᠡ ᠬᠠᠷᠢᠭᠤᠴᠠᠯᠭ᠎ᠠ | 1 . ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠵᠣᠬᠢᠶᠠᠨ ᠪᠠᠶᠢᠭᠤᠯᠤᠨ ᠵᠣᠬᠢᠴᠠᠭᠤᠯᠬᠤ ᠠᠵᠢᠯ ᠢ | ᠬᠠᠷᠢᠭᠤᠴᠠᠵᠤ᠂ ︽ᠬᠡᠯᠬᠢᠶ᠎ᠡ ᠶᠢᠨ ᠳᠠᠷᠤᠭ᠎ᠠ︾ ᠶᠢᠨ ᠠᠵᠢᠯ ᠤᠨ ᠱᠠᠭᠠᠷᠳᠠᠯᠭ᠎ᠠ ᠶᠢ ᠵᠣᠯᠭᠠᠭᠤᠯᠤᠨ | ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ | ᠵᠣᠬᠢᠴᠠᠭᠤᠯᠤᠨ ᠠᠬᠢᠭᠤᠯᠤᠨ᠎ᠠ᠃ | 2 . ᠠᠵᠤ ᠦᠢᠯᠡᠰ ᠤᠨ ᠬᠡᠯᠬᠢᠶ᠎ᠡ ᠶᠢᠨ ᠣᠳᠣᠬᠢ ᠪᠠᠶᠢᠳᠠᠯ ᠢ ᠪᠠᠶᠢᠴᠠᠭᠠᠨ ᠰᠤᠳᠤᠯᠵᠤ ᠡᠮᠬᠢᠯᠡᠨ᠂ ᠠᠵᠤ | ᠦᠢᠯᠡᠰ ᠤᠨ ᠬᠡᠯᠬᠢᠶ᠎ᠡ ᠶᠢᠨ ᠭᠤᠤᠯᠳᠠᠯᠭ᠎ᠠ ᠲᠠᠢ ᠠᠵᠤ ᠠᠬᠤᠶᠢᠯᠠᠯ᠂ ᠭᠤᠤᠯᠳᠠᠯᠭ᠎ᠠ ᠲᠠᠢ ᠲᠥᠷᠥᠯ ᠵᠦᠢᠯ᠂ | ᠭᠤᠤᠯᠳᠠᠯᠭ᠎ᠠ ᠲᠠᠢ ᠲᠠᠪᠴᠠᠩ᠂ ᠵᠠᠩᠭᠢᠯᠠᠭ᠎ᠠ ᠶᠢᠨ ᠨᠡᠶᠢᠲᠡᠯᠢᠭ ᠴᠢᠨᠠᠷᠲᠠᠶ ᠮᠡᠷᠭᠡᠵᠢᠯ᠂ ᠬᠢᠵᠠᠭᠠᠷᠯᠠᠬᠤ ᠪᠣᠭᠤᠮᠢ ᠵᠡᠷᠭᠡ | ᠪᠠᠶᠢᠳᠠᠯ ᠢ ᠪᠥᠬᠦ ᠲᠠᠯ᠎ᠠ ᠪᠠᠷ ᠡᠵᠡᠮᠰᠢᠵᠦ᠂ ᠠᠵᠤ ᠦᠢᠯᠡᠰ ᠤᠨ ᠬᠡᠯᠬᠢᠶ᠎ᠡ ᠶᠢᠨ ᠪᠥᠬᠦ ᠦᠵᠡᠮᠵᠢ ᠶᠢᠨ ᠵᠢᠷᠤᠭ᠂ ᠠᠵᠤ | ᠦᠢᠯᠡᠰ ᠤᠨ ᠬᠤᠳᠠᠯᠳᠤᠭᠠᠴᠢᠨ ᠤᠷᠢᠬᠤ ᠠᠯᠤᠰ ᠤᠨ ᠵᠢᠷᠤᠭ ᠢ ᠲᠣᠭᠲᠠᠭᠠᠨ᠂ ᠠᠵᠤ ᠦᠢᠯᠡᠰ ᠤᠨ ᠬᠡᠯᠬᠢᠶ᠎ᠡ ᠶᠢᠨ | ᠬᠤᠳᠠᠯᠳᠤᠭᠠᠴᠢᠨ ᠤᠷᠢᠬᠤ ᠬᠥᠮᠥᠷᠭᠡ᠂ ᠬᠤᠳᠠᠯᠳᠤᠭᠠᠴᠢᠨ ᠤᠷᠢᠬᠤ ᠲᠥᠷᠥᠯ ᠵᠦᠢᠯ ᠤᠨ ᠬᠥᠮᠥᠷᠭᠡ ᠶᠢ | ᠪᠠᠶᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠵᠠᠳᠠᠯᠤᠯᠲᠠ ᠶᠢᠨ ᠮᠡᠳᠡᠭᠦᠯᠦᠯᠲᠡ᠂ ᠠᠵᠤ ᠦᠢᠯᠡᠰ ᠤᠨ | ᠬᠡᠯᠬᠢᠶ᠎ᠡ ᠶᠢᠨ ᠬᠤᠳᠠᠯᠳᠤᠭᠠᠴᠢᠨ ᠤᠷᠢᠬᠤ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠨ᠎ᠠ᠃ | 3 . ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠰᠤᠳᠤᠯᠤᠨ ᠲᠣᠭᠲᠠᠭᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ | ᠳᠡᠮᠵᠢᠯᠭᠡ ᠶᠢ ᠢᠳᠡᠪᠬᠢᠯᠡᠨ ᠣᠯᠵᠤ᠂ ᠬᠠᠮᠢᠶ᠎ᠠ ᠪᠦᠬᠦᠢ ᠲᠤᠰᠬᠠᠶ ᠪᠡᠯᠡ ᠮᠥᠩᠭᠦ ᠶᠢᠨ ᠬᠡᠷᠡᠭᠯᠡᠯᠲᠡ ᠪᠠ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠦᠴᠦᠨ ᠵᠦᠢᠯ ᠤᠨ ᠬᠤᠪᠢᠶᠠᠷᠢᠯᠠᠯᠲᠠ ᠶᠢᠨ ᠰᠠᠨᠠᠭᠤᠯᠭ᠎ᠠ ᠶᠢ | ᠳᠤᠷᠠᠳᠤᠨ᠎ᠠ᠃ | 4 . ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠢᠮᠳᠠᠭᠤᠯᠤᠨ ᠲᠣᠬᠢᠷᠠᠭᠤᠯᠵᠤ᠂ ᠠᠵᠤ | ᠦᠢᠯᠡᠰ ᠤᠨ ᠬᠡᠯᠬᠢᠶ᠎ᠡ ᠶᠢᠨ ᠠᠵᠢᠯ ᠤᠨ ᠪᠠᠶᠢᠳᠠᠯ ᠢ ᠰᠠᠷ᠎ᠠ ᠪᠠᠷ ᠲᠣᠬᠢᠷᠠᠭᠤᠯᠤᠨ ᠮᠡᠳᠡᠭᠳᠡᠵᠦ᠂ ᠣᠨ ᠤ ᠠᠵᠢᠯ ᠤᠨ | ᠳ᠋ᠦᠩᠨᠡᠯᠲᠡ ᠶᠢ ᠰᠠᠶᠢᠲᠤᠷ ᠬᠢᠬᠦ ᠬᠡᠷᠡᠭᠲᠡᠶ᠃ ᠤᠬᠠᠭᠤᠯᠤᠨ ᠮᠡᠳᠡᠭᠡᠯᠡᠬᠦ ᠪᠠ ᠮᠡᠳᠡᠭᠡ ᠵᠠᠩᠭᠢ ᠨᠡᠶᠢᠲᠡᠯᠡᠬᠦ ᠶᠢ | ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠶ | ᠪᠣᠯᠭᠠᠨ᠎ᠠ᠃ | 5 . ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠰᠤᠳᠤᠯᠤᠨ ᠮᠠᠭᠠᠳᠯᠠᠵᠤ᠂ ᠠᠵᠤ ᠦᠢᠯᠡᠰ ᠤᠨ | ᠬᠡᠯᠬᠢᠶ᠎ᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠢ ᠲᠣᠳᠣᠷᠬᠠᠶ ᠣᠶᠢᠯᠠᠭᠠᠵᠤ᠂ ᠠᠵᠤ ᠦᠢᠯᠡᠰ ᠤᠨ | ᠬᠡᠯᠬᠢᠶ᠎ᠡ ᠶᠢᠨ ᠳᠡᠭᠡᠳᠦ ᠳᠤᠤᠷᠠᠳᠤ ᠬᠡᠯᠬᠢᠶ᠎ᠡ ᠶᠢᠨ ᠬᠠᠷᠢᠴᠠᠭ᠎ᠠ ᠶᠢ ᠰᠢᠯᠤᠭᠤᠳᠬᠠᠵᠤ᠂ ᠠᠵᠤ ᠦᠢᠯᠡᠰ ᠤᠨ | ᠬᠡᠯᠬᠢᠶ᠎ᠡ ᠶᠢᠨ ᠬᠤᠳᠠᠯᠳᠤᠭᠠᠴᠢᠨ ᠤᠷᠢᠬᠤ ᠴᠢᠭᠯᠡᠯ᠂ ᠬᠤᠳᠠᠯᠳᠤᠭᠠᠴᠢᠨ ᠤᠷᠢᠬᠤ ᠠᠷᠭ᠎ᠠ ᠵᠠᠮ᠂ ᠬᠤᠳᠠᠯᠳᠤᠭᠠᠴᠢᠨ | ᠤᠷᠢᠬᠤ ᠬᠠᠷᠠᠯᠲᠠᠲᠤ ᠠᠵᠤ ᠠᠬᠤᠶᠢᠯᠠᠯ ᠢ ᠲᠣᠭᠲᠠᠭᠠᠵᠤ᠂ ᠠᠵᠤ ᠦᠢᠯᠡᠰ ᠤᠨ ᠬᠡᠯᠬᠢᠶ᠎ᠡ ᠶᠢᠨ ᠬᠠᠮᠢᠶ᠎ᠠ ᠪᠥᠬᠦᠶ ᠡᠯ᠎ᠡ | ᠵᠦᠢᠯ ᠤᠨ ᠴᠢᠬᠤᠯᠠ ᠶᠡᠭᠡ ᠬᠤᠳᠠᠯᠳᠤᠭᠠᠴᠢᠨ ᠤᠷᠢᠵᠤ ᠲᠠᠨᠢᠯᠴᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠃ | ︵ᠭᠤᠷᠪᠠ︶ ᠬᠤᠯᠪᠣᠭᠳᠠᠯ ᠪᠦᠬᠦᠢ ᠬᠠᠮᠵᠢᠯᠴᠠᠬᠤ ᠰᠠᠯᠠᠭ᠎ᠠ ᠮᠥᠴᠢᠷ ᠤᠨ ᠠᠵᠢᠯ ᠤᠨ ᠡᠭᠦᠷᠭᠡ ᠬᠠᠷᠢᠭᠤᠴᠠᠯᠭ᠎ᠠ | 1 . ᠲᠦᠷᠦᠭᠦᠯᠡᠬᠦ ᠰᠠᠯᠠᠭ᠎ᠠ ᠮᠥᠴᠢᠷ ᠲᠠᠢ ᠬᠠᠮᠵᠢᠯᠴᠠᠨ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ | ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠤᠯᠤᠰ᠂ ᠥᠪᠡᠷᠲᠡᠭᠡᠨ | ᠵᠠᠰᠠᠬᠤ ᠣᠷᠣᠨ ᠤ ᠡᠯ᠎ᠡ ᠵᠦᠢᠯ ᠤᠨ ᠴᠢᠳᠠᠪᠤᠷᠢᠲᠠᠨ᠂ ᠰᠢᠨ᠎ᠡ ᠶᠢ ᠡᠭᠦᠳᠬᠦ᠂ ᠡᠳ᠋ ᠤᠨ ᠵᠠᠰᠠᠭ ᠭᠠᠶᠢᠯᠢ ᠲᠠᠲᠠᠪᠤᠷᠢ | ᠂ ᠭᠠᠵᠠᠷ ᠰᠢᠷᠣᠶ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠴᠢᠬᠤᠯᠠ ᠶᠡᠭᠡ ᠲᠥᠷᠥᠯ ᠵᠦᠢᠯ ᠢ | ᠪᠣᠳᠠᠲᠠᠶᠢᠵᠢᠭᠤᠯᠬᠤ ᠶᠢ ᠠᠬᠢᠭᠤᠯᠤᠨ᠎ᠠ᠃ | 2 . ᠲᠦᠷᠦᠭᠦᠯᠡᠬᠦ ᠰᠠᠯᠠᠭ᠎ᠠ ᠮᠥᠴᠢᠷ ᠲᠠᠢ ᠬᠠᠮᠵᠢᠯᠴᠠᠨ ᠠᠵᠤ ᠦᠢᠯᠡᠰ ᠤᠨ ᠬᠡᠯᠬᠢᠶ᠎ᠡ ᠶᠢᠨ ᠣᠨ ᠤ ᠠᠵᠢᠯ ᠤᠨ | ᠲᠥᠰᠦᠯ ᠢ ᠲᠣᠭᠲᠠᠭᠠᠵᠤ᠂ ᠠᠵᠤ ᠦᠢᠯᠡᠰ ᠤᠨ ᠬᠡᠯᠬᠢᠶ᠎ᠡ ᠶᠢᠨ ︽ᠬᠤᠶᠠᠷ ᠵᠢᠷᠤᠭ︾ ︽ᠬᠤᠶᠠᠷ ᠬᠥᠮᠥᠷᠭᠡ︾ ︽ | ᠬᠤᠶᠠᠷ ᠮᠡᠳᠡᠭᠦᠯᠦᠯᠲᠡ︾ ᠶᠢ ᠲᠣᠭᠲᠠᠭᠠᠨ ᠲᠡᠭᠦᠯᠳᠡᠷᠵᠢᠭᠦᠯᠦᠨ᠎ᠡ᠃ | 3 . ᠠᠵᠤ ᠦᠢᠯᠡᠰ ᠤᠨ ᠬᠡᠯᠬᠢᠶ᠎ᠡ ᠶᠢᠨ ᠪᠠᠶᠢᠭᠤᠯᠤᠯᠲᠠ ᠳᠤ ᠢᠳᠡᠪᠬᠢᠲᠡᠶ ᠪᠠᠷ ᠦᠢᠯᠡᠴᠢᠯᠡᠵᠦ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠦᠢᠯᠡᠰ ᠤᠨ ᠬᠤᠳᠠᠯᠳᠤᠭᠠᠴᠢᠨ ᠤᠷᠢᠬᠤ᠂ ᠠᠵᠢᠯᠴᠢᠨ | ᠤᠷᠢᠵᠤ ᠬᠡᠷᠡᠭᠯᠡᠬᠦ᠂ ᠬᠠᠤᠯᠢ ᠴᠠᠭᠠᠵᠠ ᠶᠢᠨ ᠦᠢᠯᠡᠴᠢᠯᠡᠭᠡ᠂ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠬᠦᠴᠦᠨ | ᠵᠦᠢᠯ ᠤᠨ ᠪᠠᠲᠤᠯᠠᠭ᠎ᠠ ᠵᠡᠷᠭᠡ ᠲᠠᠯ᠎ᠠ ᠪᠠᠷ ᠬᠢ ᠭᠤᠤᠯᠳᠠᠯᠭ᠎ᠠ ᠲᠠᠢ ᠠᠵᠤ ᠠᠬᠤᠶᠢᠯᠠᠯ ᠪᠠ ᠴᠢᠬᠤᠯᠠ ᠶᠡᠭᠡ ᠲᠥᠷᠥᠯ | ᠵᠦᠢᠯ ᠢ ᠲᠦᠢᠯ ᠤᠨ ᠣᠨᠣᠪᠴᠢᠲᠠᠶ ᠪᠠᠷ ᠵᠣᠯᠭᠠᠯᠳᠤᠭᠤᠯᠵᠤ᠂ ᠴᠢᠨᠠᠷ ᠰᠠᠶᠢᠲᠠᠶ ᠦᠢᠯᠡᠴᠢᠯᠡᠭᠡ ᠪᠠ ᠪᠠᠲᠤᠯᠠᠭ᠎ᠠ | ᠬᠠᠩᠭᠠᠨ᠎ᠠ᠃ | 4 . ︽ᠬᠡᠯᠬᠢᠶ᠎ᠡ ᠶᠢᠨ ᠳᠠᠷᠤᠭ᠎ᠠ︾ ᠪᠠᠷ ᠵᠣᠬᠢᠴᠠᠭᠤᠯᠤᠨ ᠰᠢᠢᠳᠪᠦᠷᠢᠯᠡᠬᠦ ᠴᠢᠬᠤᠯᠠᠲᠠᠶ ᠠᠰᠠᠭᠤᠳᠠᠯ ᠤᠨ ᠨᠠᠷᠢᠨ | ᠬᠠᠭᠤᠳᠠᠰᠤ ᠶᠢ ᠳᠤᠷᠠᠳᠴᠤ᠂ ᠴᠢᠬᠤᠯᠠ ᠶᠡᠭᠡ ᠲᠥᠷᠥᠯ ᠵᠦᠢᠯ ᠤᠨ ᠠᠬᠢᠭᠤᠯᠤᠭᠰᠠᠨ ᠪᠠᠶᠢᠳᠠᠯ ᠢ ᠲᠣᠭᠲᠠᠮᠠᠯ | ᠬᠤᠭᠤᠴᠠᠭ᠎ᠠ ᠲᠠᠢ ᠪᠠᠷ ᠳᠡᠭᠡᠭᠰᠢ ᠮᠡᠳᠡᠭᠦᠯᠦᠨ᠎ᠡ᠃ | ︵ᠳᠥᠷᠪᠡ︶ ᠬᠤᠰᠢᠭᠤᠨ ︵ᠣᠷᠣᠨ︶ ᠤ ᠭᠤᠤᠯ ᠠᠵᠢᠯ ᠤᠨ ᠡᠭᠦᠷᠭᠡ ᠬᠠᠷᠢᠭᠤᠴᠠᠯᠭ᠎ᠠ | 1 . ᠡᠬᠢ ᠪᠠᠶᠠᠯᠢᠭ ᠤᠨ ᠤᠭ ᠰᠤᠷᠪᠤᠯᠵᠢ ᠪᠣᠯᠤᠨ ᠠᠵᠤ ᠦᠢᠯᠡᠰ ᠤᠨ ᠬᠥᠭᠵᠢᠯᠲᠡ ᠶᠢᠨ ᠪᠣᠳᠠᠲᠤ ᠪᠠᠶᠢᠳᠠᠯ ᠳᠤ | ᠰᠠᠭᠤᠷᠢᠯᠠᠨ᠂ ᠲᠤᠰ ᠭᠠᠵᠠᠷ ᠣᠷᠣᠨ ᠤ ᠭᠤᠣᠯᠳᠠᠯᠭ᠎ᠠ ᠲᠠᠢ ᠬᠥᠭᠵᠢᠭᠦᠯᠬᠦ ᠠᠵᠤ ᠦᠢᠯᠡᠰ ᠤᠨ ᠬᠡᠯᠬᠢᠶ᠎ᠡ ᠶᠢ ᠡᠮᠬᠢᠯᠡᠨ | ᠲᠣᠭᠲᠠᠭᠠᠵᠤ᠂ ᠲᠤᠰ ᠭᠠᠵᠠᠷ ᠣᠷᠣᠨ ᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠨᠥᠬᠦᠪᠥᠷᠢᠯᠡᠬᠦ᠂ | ᠴᠢᠩᠭᠠᠷᠠᠭᠤᠯᠬᠤ ᠠᠵᠢᠯ ᠤᠨ ᠲᠥᠯᠥᠪᠯᠡᠭᠡ ᠶᠢ ᠰᠤᠳᠤᠯᠤᠨ ᠲᠣᠭᠲᠠᠭᠠᠨ᠎ᠠ᠃ | 2 . ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠨᠳᠦᠰᠦᠨ ᠬᠦᠴᠦᠨ ᠵᠦᠢᠯ ᠢ ᠨᠢᠭᠡᠳᠦᠯᠲᠡᠶ | ᠲᠥᠯᠥᠪᠯᠡᠨ ᠲᠣᠬᠢᠷᠠᠭᠤᠯᠵᠤ᠂ ︽ᠬᠡᠯᠬᠢᠶ᠎ᠡ ᠶᠢᠨ ᠭᠤᠤᠯ ᠠᠵᠤ ᠠᠬᠤᠶᠢᠯᠠᠯ︾ ᠤᠨ ᠴᠢᠬᠤᠯᠠ ᠶᠡᠭᠡ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠭᠤᠤᠯᠳᠠᠯᠭ᠎ᠠ ᠲᠠᠢ ᠪᠠᠲᠤᠯᠠᠵᠤ᠂ ᠠᠵᠤ | ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠲᠦᠯᠬᠢᠨ ᠠᠬᠢᠭᠤᠯᠬᠤ ᠯᠤᠭ᠎ᠠ ᠬᠤᠯᠪᠣᠭᠳᠠᠬᠤ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠴᠢᠳᠠᠪᠤᠷᠢᠲᠠᠨ ᠣᠷᠣᠭᠤᠯᠵᠤ | ᠢᠷᠡᠬᠦ ᠪᠠ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠪᠣᠳᠠᠲᠠᠶ ᠵᠦᠢᠯ ᠤᠳ ᠢ ᠠᠬᠢᠭᠤᠯᠣᠨ᠎ᠠ᠃ | 3 . ︽ᠬᠡᠯᠬᠢᠶ᠎ᠡ ᠶᠢᠨ ᠳᠠᠷᠤᠭ᠎ᠠ︾ ᠪᠠᠷ ᠵᠣᠬᠢᠴᠠᠭᠤᠯᠤᠨ ᠰᠢᠢᠳᠪᠦᠷᠢᠯᠡᠬᠦ ᠴᠢᠬᠤᠯᠠᠲᠠᠶ ᠠᠰᠠᠭᠤᠳᠠᠯ ᠤᠨ ᠨᠠᠷᠢᠨ | ᠬᠠᠭᠤᠳᠠᠰᠤ ᠶᠢ ᠳᠤᠷᠠᠳᠴᠤ᠂ ᠲᠣᠰ ᠭᠠᠵᠠᠷ ᠣᠷᠣᠨ ᠤ ᠠᠵᠤ ᠦᠢᠯᠡᠰ ᠤᠨ ᠬᠡᠯᠬᠢᠶ᠎ᠡ ᠶᠢᠨ ᠠᠵᠢᠯ ᠤᠨ ᠪᠠᠶᠢᠳᠠᠯ ᠪᠠ | ᠴᠢᠬᠤᠯᠠ ᠶᠡᠭᠡ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠳᠡᠭᠡᠭᠰᠢ | ᠮᠡᠳᠡᠭᠦᠯᠦᠨ᠎ᠡ᠃ | ᠳᠥᠷᠪᠡ᠂ ᠠᠵᠢᠯ ᠤᠨ ᠠᠷᠭ᠎ᠠ ᠬᠡᠮᠵᠢᠶ᠎ᠡ | ︵ᠨᠢᠭᠡ︶ ᠲᠥᠯᠥᠪᠵᠢᠭᠦᠯᠭᠡ ᠪᠠᠷ ︽ᠬᠡᠯᠬᠢᠶ᠎ᠡ ᠪᠠᠶᠢᠭᠤᠯᠬᠤ︾ ᠶᠢ ᠬᠥᠲᠥᠯᠥᠨ ᠳᠠᠭᠠᠭᠤᠯᠤᠨ᠎ᠠ᠃ ᠨᠢᠭᠡᠳᠦᠯᠲᠡᠶ | ᠲᠥᠯᠥᠪᠵᠢᠭᠦᠯᠦᠨ᠂ ᠠᠵᠤ ᠦᠢᠯᠡᠰ ᠤᠨ ᠬᠥᠭᠵᠢᠯᠲᠡ ᠶᠢᠨ ᠬᠠᠷᠠᠯᠲᠠ᠂ ᠰᠡᠳᠬᠢᠴᠡ᠂ ᠡᠭᠦᠷᠭᠡ ᠶᠢ ᠲᠣᠭᠲᠠᠭᠠᠵᠤ᠂ | ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠠᠷᠭ᠎ᠠ ᠵᠠᠮ ᠢ ᠲᠣᠳᠣᠷᠬᠠᠶᠢᠯᠠᠨ᠎ᠠ᠃ ᠠᠵᠤ ᠦᠢᠯᠡᠰ ᠤᠨ | ᠬᠡᠯᠬᠢᠶ᠎ᠡ ᠶᠢᠨ ᠵᠢᠷᠤᠭ᠂ ᠠᠵᠤ ᠦᠢᠯᠡᠰ ᠤᠨ ᠬᠤᠳᠠᠯᠳᠤᠭᠠᠴᠢᠨ ᠤᠷᠢᠬᠤ ᠵᠢᠷᠤᠭ ᠢ ᠲᠣᠭᠲᠠᠭᠠᠵᠤ᠂ ᠲᠤᠰᠬᠠᠶ | ᠵᠦᠢᠯ ᠢᠶᠠᠷ ᠲᠡᠳᠬᠦᠬᠦ ᠲᠥᠷᠥ ᠶᠢᠨ ᠪᠣᠳᠣᠯᠭ᠎ᠠ ᠶᠢ ᠲᠣᠭᠲᠠᠭᠠᠨ᠂ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ | ᠲᠦᠷᠭᠡᠳᠬᠡᠨ ᠠᠬᠢᠭᠤᠯᠤᠨ᠎ᠠ᠃ | ︵ᠬᠤᠶᠠᠷ︶ ᠲᠥᠷᠥᠯ ᠵᠦᠢᠯ ᠢᠶᠠᠷ ︽ᠬᠡᠯᠬᠢᠶ᠎ᠡ ᠶᠢ ᠨᠥᠬᠦᠪᠥᠷᠢᠯᠡᠬᠦ︾ ᠳᠤ ᠬᠦᠴᠦᠯᠡᠨ᠎ᠠ᠃ ᠣᠳᠣ ᠶᠢᠨ | ᠪᠠᠶᠢᠭ᠎ᠠ ᠠᠵᠤ ᠦᠢᠯᠡᠰ ᠤᠨ ᠬᠡᠯᠬᠢᠶ᠎ᠡ ᠳᠠᠬᠢ ᠭᠤᠣᠯᠳᠠᠯᠭ᠎ᠠ ᠲᠠᠢ ᠲᠥᠷᠥᠯ ᠵᠦᠢᠯ ᠢ ᠪᠦᠬᠦ ᠲᠠᠯ᠎ᠠ ᠪᠠᠷ ᠡᠮᠬᠢᠯᠡᠵᠦ᠂ | ᠳᠤᠲᠠᠭᠳᠠᠵᠤ ᠪᠠᠶᠢᠭ᠎ᠠ ᠥᠨᠳᠥᠷ ᠨᠡᠮᠡᠯᠲᠡ ᠥᠷᠲᠡᠭ ᠤᠨ ᠭᠤᠭᠴᠤᠭ᠎ᠠ ᠶᠢ ᠬᠠᠶᠢᠨ ᠰᠦᠪᠡᠭᠴᠢᠯᠡᠵᠦ᠂ ᠠᠵᠤ | ᠦᠢᠯᠡᠰ ᠤᠨ ᠬᠡᠯᠬᠢᠶ᠎ᠡ ᠶᠢ ᠨᠥᠬᠦᠪᠥᠷᠢᠯᠡᠨ᠎ᠡ᠃ ︽ᠨᠢᠭᠡ ᠪᠦᠯᠦᠭ ᠢ ᠤᠬᠠᠭᠠᠯᠠᠨ ᠲᠥᠯᠥᠪᠯᠡᠬᠦ᠂ ᠨᠢᠭᠡ ᠪᠦᠯᠦᠭ ᠢ | ᠣᠷᠣᠭᠤᠯᠤᠨ ᠠᠪᠴᠢᠷᠠᠬᠤ᠂ ᠨᠢᠭᠡ ᠪᠦᠯᠦᠭ ᠢ ᠪᠥᠲᠥᠭᠡᠨ ᠪᠠᠶᠢᠭᠤᠯᠬᠤ᠂ ᠨᠢᠭᠡ ᠪᠦᠯᠦᠭ ᠢ ᠠᠰᠢᠭᠯᠠᠯᠲᠠ ᠳᠤ | ᠣᠷᠣᠭᠤᠯᠬᠤ︾ ᠰᠡᠳᠬᠢᠮᠵᠢ ᠶᠣᠰᠣᠭᠠᠷ᠂ ᠭᠤᠤᠯᠳᠠᠯᠭ᠎ᠠ ᠲᠠᠢ ᠲᠥᠷᠥᠯ ᠵᠦᠢᠯ ᠢ ᠣᠷᠣᠭᠤᠯᠤᠨ ᠠᠪᠴᠢᠷᠠᠬᠤ᠂ | ᠪᠥᠲᠥᠭᠡᠨ ᠪᠠᠶᠢᠭᠤᠯᠬᠤ᠂ ᠠᠰᠢᠭᠯᠠᠯᠲᠠ ᠳᠤ ᠣᠷᠣᠭᠤᠯᠬᠤ᠂ ᠠᠵᠢᠯᠯᠠᠭᠤᠯᠬᠤ ᠲᠣᠬᠢᠷᠠᠭᠤᠯᠤᠯᠲᠠ ᠪᠠ | ᠦᠢᠯᠡᠴᠢᠯᠡᠭᠡ ᠶᠢ ᠴᠢᠩᠭᠠᠳᠬᠠᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ | ᠴᠢᠩᠭᠠᠳᠬᠠᠨ᠂ ᠲᠥᠷᠥᠯ ᠵᠦᠢᠯ ᠢ ᠮᠡᠳᠡᠭᠦᠯᠦᠨ ᠵᠥᠪᠰᠢᠶᠡᠷᠡᠭᠦᠯᠬᠦ ᠭᠠᠷᠳᠠᠮ ᠢ ᠲᠡᠭᠦᠯᠳᠡᠷᠵᠢᠭᠦᠯᠵᠦ᠂ ᠲᠥᠷᠥᠯ | ᠵᠦᠢᠯ ᠢ ᠲᠦᠷᠬᠡᠨ ᠨᠠᠶᠢᠳᠠᠪᠣᠷᠢᠵᠢᠭᠤᠯᠬᠤ᠂ ᠪᠥᠲᠥᠭᠡᠨ ᠪᠠᠶᠢᠭᠤᠯᠬᠤ᠂ ᠦᠢᠯᠡᠳᠪᠦᠷᠢᠯᠡᠬᠦ ᠪᠠ ᠦᠷ᠎ᠡ ᠪᠦᠲᠦᠮᠵᠢ | ᠤᠯᠬᠤ ᠶᠢ ᠠᠬᠢᠭᠤᠯᠤᠨ᠎ᠠ᠃ | ︵ᠭᠤᠷᠪᠠ︶ ᠲᠦᠢᠯ ᠤᠨ ᠣᠨᠣᠪᠴᠢᠲᠠᠶ ᠪᠠᠷ ᠬᠤᠳᠠᠯᠳᠤᠭᠠᠴᠢᠨ ᠤᠷᠢᠬᠤ ᠪᠠᠷ ︽ᠬᠡᠯᠬᠢᠶ᠎ᠡ ᠶᠢ ᠣᠷᠳᠣᠳᠬᠠᠨ᠎ᠠ | ︾᠃ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠲᠤᠤᠷᠠᠳᠦ ᠤᠷᠤᠰᠬᠠᠯ ᠤᠨ ᠣᠷᠣᠨ ᠢ ᠪᠠᠶᠢᠭᠤᠯᠬᠤ ᠴᠢᠬᠤᠯᠠ | ᠭᠤᠭᠴᠤᠭ᠎ᠠ ᠶᠢᠨ ᠲᠣᠭᠤᠷᠢᠨ ᠳᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠲᠠᠭᠠᠭᠤᠯᠤᠬᠴᠢ ᠠᠵᠤ | ᠠᠬᠤᠶᠢᠯᠠᠯ ᠳᠤ ᠴᠢᠭᠯᠡᠭᠦᠯᠦᠨ ᠣᠨᠣᠪᠴᠢᠳᠠᠢ ᠪᠠᠷ ᠬᠤᠳᠠᠯᠳᠣᠭᠠᠴᠢᠨ ᠤᠷᠢᠬᠤ ᠶᠢ ᠬᠡᠷᠡᠭᠵᠢᠭᠦᠯᠵᠦ᠂ ᠠᠵᠤ | ᠦᠢᠯᠡᠰ ᠤᠨ ᠬᠡᠯᠬᠢᠶ᠎ᠡ ᠶᠢᠨ ᠳᠡᠭᠡᠳᠦ ᠤᠷᠤᠰᠬᠠᠯ ᠤᠨ ︽ᠤᠭ ᠦᠨᠳᠦᠰᠦ ᠶᠢ ᠨᠢ ᠡᠷᠢᠵᠦ︾᠂ ᠳᠤᠮᠳᠠ | ᠤᠷᠤᠰᠬᠠᠯ ᠤᠨ ︽ᠶᠠᠰᠤ ᠰᠢᠷᠪᠥᠰᠥ ᠶᠢ ᠴᠢᠭᠢᠷᠠᠭᠵᠢᠭᠤᠯᠵᠤ︾᠂ ᠲᠤᠤᠷᠠᠳᠤ ᠤᠷᠤᠰᠬᠠᠯ ᠤᠨ ︽ᠰᠦᠪᠡᠭᠴᠢ ᠪᠠᠷ ᠨᠢ | ᠮᠥᠷᠳᠡᠵᠦ︾᠂ ᠬᠠᠨᠳᠤᠯᠭ᠎ᠠ ᠲᠠᠢ ᠪᠠᠷ ᠬᠤᠳᠠᠯᠳᠣᠭᠠᠴᠢᠨ ᠤᠷᠢᠬᠤ᠂ ᠴᠡᠭ ᠬᠠᠷᠠᠭᠠᠯᠵᠠᠭᠤᠯᠤᠨ ᠬᠤᠳᠠᠯᠳᠣᠭᠠᠴᠢᠨ | ᠤᠷᠢᠬᠤ ᠪᠠ ᠬᠤᠳᠠᠯᠳᠣᠭᠠᠴᠢᠨ ᠢᠶᠠᠷ ᠬᠤᠳᠠᠯᠳᠣᠭᠠᠴᠢᠨ ᠤᠷᠢᠬᠤ ᠶᠢ ᠢᠳᠡᠪᠬᠢᠲᠡᠢ ᠥᠷᠨᠢᠭᠦᠯᠵᠦ᠂ ᠬᠦᠴᠦᠨ ᠢᠶᠠᠨ | ᠲᠥᠪᠯᠡᠷᠡᠭᠦᠯᠵᠦ ᠪᠠᠶᠢᠭᠠᠳ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠬᠤ ᠳᠤ ᠵᠠᠩᠭᠢᠯᠠᠭ᠎ᠠ ᠶᠢᠨ ᠦᠢᠯᠡᠳᠦᠯ | ᠦᠵᠡᠭᠦᠯᠬᠦ ᠨᠢᠭᠡ ᠪᠦᠯᠦᠭ ᠠᠵᠤ ᠠᠬᠤᠶᠢᠯᠠᠯ ᠪᠣᠯᠤᠨ ᠴᠢᠬᠤᠯᠠ ᠶᠡᠭᠡ ᠲᠦᠷᠦᠯ ᠵᠦᠢᠯ ᠢ ᠣᠷᠣᠭᠤᠯᠤᠨ ᠠᠪᠴᠢᠷᠠᠬᠤ | ᠬᠡᠷᠡᠭᠲᠡᠢ᠃ ᠣᠳᠣ ᠪᠠᠶᠢᠭ᠎ᠠ ᠭᠤᠣᠯᠳᠠᠯᠭ᠎ᠠ ᠲᠠᠢ ᠠᠵᠤ ᠠᠬᠤᠶᠢᠯᠠᠯ ᠤᠨ ᠲᠣᠭᠤᠷᠢᠨ ᠳᠤ ᠡᠬᠢᠨ ᠤ ᠪᠠ ᠡᠴᠦᠰ ᠤᠨ | ᠢᠵᠢ ᠪᠦᠷᠢᠳᠦᠭᠦᠯᠬᠦ ᠦᠢᠯᠡᠳᠬᠦᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠬᠥᠮᠥᠷᠭᠡ ᠪᠣᠯᠤᠨ ᠬᠠᠷᠠᠯᠲᠠᠲᠤ | ᠬᠤᠳᠠᠯᠳᠤᠭᠠᠴᠢᠨ ᠤᠷᠢᠬᠤ ᠠᠵᠤ ᠠᠬᠤᠶᠢᠯᠠᠯ ᠤᠨ ᠬᠥᠮᠥᠷᠭᠡ ᠪᠠᠶᠢᠭᠤᠯᠵᠤ᠂ ᠨᠢᠭᠡ ᠪᠦᠯᠦᠭ ᠠᠵᠤ ᠦᠢᠯᠡᠰ ᠤᠨ | ᠬᠡᠯᠬᠢᠶ᠎ᠡ ᠶᠢᠨ ᠢᠵᠢ ᠪᠦᠷᠢᠳᠦᠭᠦᠯᠬᠦ ᠠᠵᠤ ᠠᠬᠤᠶᠢᠯᠠᠯ ᠢ ᠣᠷᠣᠭᠤᠯᠵᠤ ᠢᠷᠡᠨ᠎ᠡ᠃ | ︵ᠳᠥᠷᠪᠡ︶ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠᠷ ︽ᠬᠡᠯᠬᠢᠶ᠎ᠡ ᠶᠢ ᠠᠭᠤᠰᠣᠭᠤᠯᠣᠨᠠ︾᠃ | ᠰᠢᠨ᠎ᠡ ᠨᠢᠭᠡ ᠦᠶ᠎ᠡ ᠶᠢᠨ ᠲᠣᠭᠠᠴᠢᠯᠠᠭᠰᠠᠨ ᠮᠡᠳᠡᠭᠡ ᠵᠠᠩᠭᠢ ᠶᠢᠨ ᠮᠡᠷᠭᠡᠵᠢᠯ ᠪᠣᠯᠤᠨ ᠠᠵᠤ ᠦᠢᠯᠡᠰ ᠤᠨ ᠬᠡᠯᠬᠢᠶ᠎ᠡ ᠶᠢᠨ | ᠭᠦᠨᠵᠡᠭᠡᠢ ᠠᠭᠤᠰᠤᠯᠴᠠᠯ ᠢ ᠠᠬᠢᠭᠤᠯᠵᠤ᠂ ᠤᠶᠤᠨᠴᠢᠯᠠᠭᠰᠠᠠ ᠥᠭᠡᠷᠡᠴᠢᠯᠡᠯᠲᠡ ᠪᠠᠷ ᠭᠤᠣᠯ ᠰᠢᠪᠲᠤᠯᠬᠤ ᠴᠢᠭᠯᠡᠯ ᠢ | ᠪᠠᠷᠢᠮᠲᠠᠯᠠᠵᠤ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠲᠦᠪᠰᠢᠨ᠂ ᠤᠶᠤᠨᠴᠢᠯᠠᠭᠰᠠᠠ᠂ ᠪᠣᠬᠢᠷᠲᠤᠯ ᠦᠬᠡᠢ | ᠲᠡᠰᠢ ᠬᠥᠭᠵᠢᠬᠦ ᠶᠢ ᠠᠬᠢᠭᠤᠯᠤᠨ᠎ᠠ᠃ ᠴᠡᠷᠢᠭ ᠤᠨ ᠬᠡᠷᠡᠭᠯᠡᠭᠡ ᠪᠠ ᠠᠷᠠᠳ ᠤᠨ ᠬᠡᠷᠡᠭᠯᠡᠭᠡ ᠶᠢᠨ ᠠᠭᠤᠰᠤᠯᠳᠤᠯ᠂ | ᠦᠢᠯᠡᠳᠬᠦ ᠦᠢᠯᠡᠰ ᠪᠠ ᠦᠢᠯᠡᠴᠢᠯᠡᠭᠡᠨ ᠤ ᠦᠢᠯᠡᠰ ᠤᠨ ᠠᠭᠤᠰᠤᠯᠳᠤᠯ ᠢ ᠢᠳᠡᠪᠬᠢᠲᠡᠢ ᠠᠬᠢᠭᠤᠯᠤᠨ | ᠭᠦᠨᠵᠡᠭᠡᠶᠢᠷᠡᠭᠦᠯᠵᠦ᠂ ᠡᠯ᠎ᠡ ᠲᠦᠷᠦᠯ ᠤᠨ ᠪᠡᠶᠡᠴᠢ ᠴᠣᠭᠴᠠ ᠶᠢᠨ ᠠᠭᠤᠰᠤᠯᠳᠤᠨ ᠬᠥᠭᠵᠢᠬᠦ ᠲᠠᠯᠳᠠ ᠬᠦᠴᠦᠨ ᠢ | ᠪᠠᠳᠠᠷᠠᠭᠤᠯᠤᠨ᠎ᠠ᠃ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠰᠤᠳᠤᠯᠤᠨ ᠨᠡᠭᠡᠭᠡᠬᠦ | ᠣᠷᠣᠭᠤᠯᠤᠯᠲᠠ ᠶᠢ ᠨᠢ ᠨᠡᠮᠡᠭᠳᠡᠭᠦᠯᠵᠦ᠂ ᠮᠡᠷᠭᠡᠵᠢᠯ ᠤᠨ ᠲᠥᠪ᠂ ᠰᠤᠳᠤᠯᠤᠨ ᠨᠡᠭᠡᠭᠡᠬᠦ ᠲᠥᠪ ᠵᠡᠷᠭᠡ | ᠪᠠᠶᠢᠭᠤᠯᠤᠮᠵᠢ ᠶᠢ ᠡᠵᠡᠨ ᠮᠡᠳᠡᠬᠦ ᠪᠤᠶᠤ ᠬᠠᠮᠲᠤᠷᠠᠨ ᠪᠠᠶᠢᠭᠤᠯᠤᠨ᠎ᠠ᠃ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ | ᠲᠥᠪ᠂ ᠠᠵᠤ ᠦᠢᠯᠡᠰ ᠤᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠵᠡᠷᠭᠡ ᠴᠢᠬᠤᠯᠠ ᠶᠡᠭᠡ ᠰᠢᠨ᠎ᠡ ᠶᠢ ᠡᠭᠦᠳᠬᠦ | ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠰᠢᠨ᠎ᠡ ᠶᠢ ᠡᠭᠦᠳᠬᠦ ᠶᠡᠷᠦᠩᠬᠡᠶᠢᠯᠡᠭᠰᠡᠨ ᠴᠣᠭᠴᠠ ᠵᠡᠷᠭᠡ ᠣᠯᠠᠨ | ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠨᠢᠭᠡ ᠪᠦᠯᠦᠭ ᠠᠵᠤ ᠦᠢᠯᠡᠰ ᠤᠨ ᠬᠡᠯᠬᠢᠶ᠎ᠡ ᠶᠢᠨ | ᠬᠥᠭᠵᠢᠯᠲᠡ ᠶᠢᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠳᠤ ᠰᠢᠪᠲᠤᠯᠤᠯᠲᠠ ᠬᠢᠨ᠎ᠡ᠃ | ︵ᠲᠠᠪᠤ︶ ᠲᠥᠪᠯᠡᠷᠡᠭᠦᠯᠦᠨ ᠬᠥᠭᠵᠢᠭᠦᠯᠬᠦ ᠪᠠᠷ ︽ᠬᠡᠯᠬᠢᠶ᠎ᠡ ᠶᠢ ᠬᠦᠴᠦᠷᠭᠡᠭᠵᠢᠬᠦᠯᠦᠨ᠎ᠡ︾᠃ ᠠᠵᠤ | ᠦᠢᠯᠡᠰ ᠤᠨ ᠬᠡᠯᠬᠢᠶ᠎ᠡ ᠶᠢᠨ ᠬᠥᠲᠥᠴᠢ ᠠᠵᠤ ᠠᠬᠤᠶᠢᠯᠠᠯ ᠤᠨ ᠬᠥᠲᠥᠯᠥᠨ ᠳᠠᠭᠠᠭᠤᠯᠬᠤ ᠦᠢᠯᠡᠳᠦᠯ ᠢ | ᠴᠢᠩᠭᠠᠷᠠᠭᠤᠯᠵᠤ᠂ ᠬᠥᠲᠥᠴᠢ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ᠂ ᠴᠢᠬᠤᠯᠠ ᠶᠡᠭᠡ | ᠮᠡᠷᠭᠡᠵᠢᠯ ᠤᠨ ᠥᠭᠡᠷᠡᠴᠢᠯᠡᠯᠲᠡ ᠪᠠ ᠨᠡᠶᠢᠯᠡᠭᠦᠯᠵᠦ ᠳᠠᠬᠢᠨ ᠪᠠᠶᠢᠭᠤᠯᠬᠤ ᠶᠢ ᠳᠡᠮᠵᠢᠵᠦ᠂ ᠭᠤᠣᠯᠯᠠᠬᠤ ᠥᠷᠢᠰᠥᠯᠳᠦᠬᠦ | ᠬᠦᠴᠦᠨ ᠢ ᠴᠢᠩᠭᠠᠷᠠᠭᠤᠯᠤᠨ᠎ᠠ᠃ ᠮᠡᠷᠭᠡᠵᠢᠯ ᠤᠨ ᠰᠤᠳᠤᠯᠤᠨ ᠨᠡᠭᠡᠭᠡᠬᠦ᠂ ᠮᠡᠳᠡᠭᠡ ᠵᠠᠩᠭᠢ ᠶᠢᠨ ᠦᠢᠯᠡᠴᠢᠯᠡᠭᠡᠨ᠂ | ᠶᠠᠰᠤ ᠴᠢᠨᠠᠷ ᠢ ᠪᠠᠶᠢᠴᠠᠭᠠᠨ ᠬᠡᠮᠵᠢᠬᠦ᠂ ᠲᠦᠭᠦᠬᠡᠶ ᠮᠠᠲ᠋ᠧᠷᠢᠶᠠᠯ ᠬᠠᠩᠭᠠᠬᠤ ᠪᠠ ᠪᠠᠷᠠᠭ᠎ᠠ ᠶᠢᠨ ᠭᠦᠢᠯᠭᠡᠭᠡᠨ ᠤ | ᠲᠣᠬᠢᠷᠠᠭᠤᠯᠤᠨ ᠬᠦᠷᠭᠡᠬᠦ ᠵᠡᠷᠭᠡ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ᠂ ᠠᠵᠤ ᠦᠢᠯᠡᠰ ᠤᠨ ᠲᠥᠪᠯᠡᠷᠡᠨ | ᠬᠥᠭᠵᠢᠬᠦ ᠳᠤ ᠲᠤᠯᠭᠠᠭᠤᠷᠢᠯᠠᠯ ᠬᠠᠩᠭᠠᠨ᠎ᠠ᠃ ᠨᠢᠭᠡᠳᠦᠭᠡᠷ ᠠᠵᠤ ᠦᠢᠯᠡᠰ ᠢ ᠬᠥᠭᠵᠢᠭᠦᠯᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠠᠵᠤ ᠦᠢᠯᠡᠰ ᠤᠨ ᠬᠡᠯᠬᠢᠶ᠎ᠡ ᠶᠢᠨ ᠬᠤᠯᠪᠣᠭ᠎ᠠ ᠶᠢ ᠵᠣᠬᠢᠶᠠᠨ ᠪᠠᠶᠢᠭᠤᠯᠵᠤ᠂ ᠠᠵᠤ ᠦᠢᠯᠡᠰ ᠤᠨ | ᠪᠦᠯᠦᠭᠵᠢᠯ ᠡᠨᠧᠷᠭᠢ ᠶᠢᠨ ᠲᠡᠰ ᠳᠡᠪᠰᠢᠬᠦ ᠶᠢ ᠠᠬᠢᠭᠤᠯᠵᠤ᠂ ᠨᠢᠭᠡ ᠪᠦᠯᠦᠭ ᠳᠠᠪᠠᠭᠤᠯᠢᠭ ᠲᠠᠢ᠂ ᠦᠷᠢᠰᠦᠯᠳᠦᠬᠦ | ᠬᠦᠴᠦᠨ ᠲᠠᠢ ᠤᠨᠴᠠᠯᠢᠬᠳᠤ ᠠᠵᠤ ᠦᠢᠯᠡᠰ ᠤᠨ ᠪᠦᠯᠦᠭᠵᠢᠯ ᠢ ᠴᠣᠭᠴᠠᠯᠠᠨ᠎ᠠ᠃ | ᠲᠠᠪᠤ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠷᠠᠭᠤᠯᠤᠨ᠎ᠠ᠃ ᠠᠵᠤ ᠦᠢᠯᠡᠰ ᠤᠨ | ᠬᠡᠯᠬᠢᠶ᠎ᠡ ᠬᠤᠪᠢᠶᠠᠨ ᠠᠵᠤ ᠦᠢᠯᠡᠰ ᠤᠨ ᠬᠡᠯᠬᠢᠶ᠎ᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠢᠯᠠᠩ ᠢ | ᠪᠠᠶᠢᠭᠤᠯᠵᠤ᠂ ᠠᠶᠢᠮᠠᠭ ᠤᠨ ᠱᠠᠲᠤᠨ ᠤ ᠤᠳᠤᠷᠢᠳᠤᠯᠭ᠎ᠠ ᠠᠴᠠ ᠠᠵᠤ ᠦᠢᠯᠡᠰ ᠤᠨ ᠬᠡᠯᠬᠢᠶ᠎ᠡ ᠶᠢᠨ ᠳᠠᠷᠤᠭ᠎ᠠ ᠶᠢᠨ | ᠲᠤᠰᠢᠶᠠᠯ ᠢ ᠡᠭᠦᠷᠭᠡᠯᠡᠵᠦ᠂ ᠠᠵᠤ ᠦᠢᠯᠡᠰ ᠤᠨ ᠬᠡᠯᠬᠢᠶ᠎ᠡ ᠶᠢᠨ ︽ᠬᠡᠯᠬᠢᠶ᠎ᠡ ᠶᠢᠨ ᠳᠠᠷᠤᠭ᠎ᠠ︾ ᠬᠠᠷᠢᠭᠤᠴᠠᠬᠤ | ᠳᠦᠷᠢᠮ ᠢ ᠬᠡᠷᠡᠭᠵᠢᠭᠦᠯᠬᠦ ᠶᠢᠨ ᠬᠠᠮᠲᠤ ᠲᠦᠷᠦᠭᠦᠯᠡᠨ ᠬᠢᠬᠦ ᠰᠠᠯᠠᠭ᠎ᠠ ᠮᠥᠴᠢᠷ ᠠᠴᠠ ᠬᠠᠷᠢᠭᠤᠴᠠᠨ ᠠᠵᠢᠯ ᠤᠨ | ᠲᠤᠰᠬᠠᠢ ᠠᠩᠭᠢ ᠶᠢ ᠵᠣᠬᠢᠶᠠᠨ ᠪᠠᠶᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠠᠵᠢᠯ ᠤᠨ | ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠳᠤᠮᠳᠠ ᠣᠷᠣᠰᠢᠵᠤ | ᠪᠠᠢᠭ᠎ᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ | ᠠᠵᠢᠯ ᠤᠨ ᠬᠠᠷᠢᠭᠤᠴᠠᠯᠭ᠎ᠠ ᠪᠠᠨ ᠦᠨᠡᠨᠬᠦ ᠨᠠᠶᠢᠳᠠᠪᠤᠷᠢᠵᠢᠭᠤᠯᠵᠤ᠂ ᠠᠵᠢᠯ ᠤᠨ ᠬᠤᠯᠪᠣᠭᠠᠯᠠᠨ ᠬᠥᠳᠡᠯᠦᠯᠴᠡᠬᠦ ᠶᠢ | ᠴᠢᠩᠭᠠᠷᠠᠭᠤᠯᠤᠨ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠡᠯ᠎ᠡ ᠵᠦᠢᠯ ᠤᠨ ᠠᠵᠢᠯ ᠢ | ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠬᠤᠰᠢᠭᠤ ᠣᠷᠣᠨ ᠵᠣᠬᠢᠴᠠᠩᠭᠤᠶ ᠠᠵᠢᠯ ᠤᠨ | ᠰᠢᠰᠲ᠋ᠧᠮ ᠪᠠ ᠠᠵᠢᠯ ᠤᠨ ᠲᠣᠭᠲᠠᠴᠠ ᠶᠢ ᠪᠠᠶᠢᠭᠤᠯᠬᠤ ᠪᠠᠷ ᠯᠠᠪᠯᠠᠯᠲᠠ ᠪᠣᠯᠭᠠᠨ᠎ᠠ᠃ | ︵ᠬᠤᠶᠠᠷ︶ ᠠᠶᠢᠮᠠᠭ ᠬᠤᠰᠢᠭᠤ ᠬᠤᠯᠪᠣᠭᠠᠯᠠᠨ ᠠᠬᠢᠭᠤᠯᠬᠤ ᠶᠢ ᠴᠢᠩᠭᠠᠷᠠᠭᠤᠯᠤᠨ᠎ᠠ᠃ ᠠᠶᠢᠮᠠᠭ᠂ ᠬᠤᠰᠢᠭᠤ ︵ | ᠣᠷᠣᠨ︶ ᠬᠤᠶᠠᠷ ᠱᠠᠲᠤᠨ ᠤ ᠬᠠᠷᠢᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠠᠵᠤ ᠦᠢᠯᠡᠰ ᠤᠨ | ᠲᠥᠯᠥᠪᠵᠢᠭᠦᠯᠭᠡ ᠶᠢᠨ ᠪᠠᠶᠢᠷᠢᠯᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ᠂ ᠠᠵᠤ ᠦᠢᠯᠡᠰ ᠤᠨ | ᠬᠥᠭᠵᠢᠯᠲᠡ ᠶᠢᠨ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠠᠷᠠᠯᠵᠢᠶᠠᠴᠢᠨ | ᠤᠷᠢᠵᠤ ᠪᠡᠯᠡ ᠲᠠᠲᠠᠬᠤ᠂ ᠭᠤᠣᠯᠳᠠᠯᠭ᠎ᠠ ᠲᠠᠢ ᠠᠵᠤ ᠦᠢᠯᠡᠰ ᠤᠨ ᠰᠦᠷᠦᠭᠵᠢᠯ ᠵᠢᠴᠢ ᠠᠵᠤ ᠦᠢᠯᠡᠰ ᠤᠨ | ᠬᠡᠯᠬᠢᠶᠡᠵᠢᠯ ᠤᠨ ᠬᠥᠭᠵᠢᠯᠲᠡ ᠶᠢᠨ ᠠᠵᠢᠯ ᠢ ᠬᠠᠮᠲᠤᠪᠠᠷ ᠠᠬᠢᠭᠤᠯᠤᠨ᠎ᠠ᠃ | ︵ᠭᠤᠷᠪᠠ︶ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠬᠦᠴᠦᠨ ᠵᠦᠢᠯ ᠤᠨ ᠡᠬᠢ | ᠪᠠᠶᠠᠯᠢᠭ ᠢ ᠴᠤᠭᠯᠠᠭᠤᠯᠬᠤ ᠶᠢ ᠬᠥᠲᠥᠯᠥᠨ ᠵᠢᠯᠣᠭᠤᠳᠴᠤ᠂ ᠠᠵᠤ ᠦᠢᠯᠡᠰ ᠤᠨ ᠬᠡᠯᠬᠢᠶ᠎ᠡ ᠶᠢᠨ ᠭᠤᠣᠯᠳᠠᠯᠭ᠎ᠠ ᠲᠠᠢ | ᠠᠵᠤ ᠠᠬᠤᠶᠢᠯᠠᠯ ᠪᠣᠯᠤᠨ ᠭᠤᠣᠯᠳᠠᠯᠭ᠎ᠠ ᠲᠠᠢ ᠲᠥᠷᠥᠯ ᠵᠦᠢᠯ ᠤᠨ ᠬᠦᠴᠦᠨ ᠵᠦᠢᠯ ᠤᠨ ᠬᠡᠷᠡᠭᠴᠡᠭᠡ | ᠱᠠᠭᠠᠷᠳᠠᠯᠭ᠎ᠠ ᠶᠢ ᠡᠩ ᠲᠡᠷᠢᠭᠦᠨ ᠳᠤ ᠪᠠᠲᠤᠯᠠᠵᠤ᠂ ᠪᠡᠯᠡ ᠮᠥᠩᠭᠦ᠂ ᠡᠨᠧᠷᠭᠢ᠂ ᠭᠠᠵᠠᠷ ᠰᠢᠷᠣᠶ᠂ ᠠᠵᠢᠯᠴᠢᠨ | ᠬᠡᠷᠡᠭᠯᠡᠬᠦ᠂ ᠮᠡᠷᠭᠡᠵᠢᠯ᠂ ᠲᠡᠭᠡᠭᠡᠪᠦᠷᠢ᠂ ᠲᠦᠭᠦᠬᠡᠶ ᠮᠠᠲ᠋ᠧᠷᠢᠶᠠᠯ ᠵᠡᠷᠭᠡ ᠡᠯ᠎ᠡ ᠲᠠᠯ᠎ᠠ ᠶᠢᠨ ᠬᠦᠴᠢᠷᠳᠡᠯ ᠲᠠᠢ | ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ | ︵ᠳᠥᠷᠪᠡ︶ ᠰᠢᠮᠳᠠᠭᠤᠯᠤᠨ ᠪᠠᠶᠢᠴᠠᠭᠠᠵᠤ ᠲᠣᠬᠢᠷᠠᠭᠤᠯᠬᠤ ᠶᠢ ᠴᠢᠩᠭᠠᠷᠠᠭᠤᠯᠤᠨ᠎ᠠ᠃ ᠠᠶᠢᠮᠠᠭ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠨ᠂ ᠬᠠᠷᠢᠯᠴᠠᠵᠤ ᠵᠥᠪᠳᠡᠯᠴᠡᠬᠦ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠬᠠᠮᠲᠤᠷᠠᠭᠰᠠᠨ ᠬᠤᠷᠠᠯ ᠬᠤᠷᠠᠯᠳᠤᠭᠤᠯᠵᠤ᠂ | ᠪᠥᠬᠦ ᠠᠶᠢᠮᠠᠭ ᠤᠨ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠬᠤᠯᠪᠣᠭᠳᠠᠯ ᠪᠥᠬᠦᠶ | ᠠᠵᠢᠯ ᠢ ᠵᠣᠬᠢᠴᠠᠭᠤᠯᠤᠨ ᠨᠠᠶᠢᠳᠠᠪᠤᠷᠢᠵᠢᠭᠤᠯᠵᠤ᠂ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠠ | ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠡᠯ᠎ᠡ ᠲᠠᠯ᠎ᠠ ᠶᠢᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ | ᠵᠣᠬᠢᠴᠠᠭᠤᠯᠵᠤ ᠪᠠᠶᠢᠭᠠᠳ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠳᠡᠮᠵᠢᠨ᠎ᠡ᠃ ᠡᠳᠦᠷ ᠲᠤᠲᠤᠮ ᠤᠨ | ᠰᠢᠮᠳᠠᠭᠤᠯᠤᠨ ᠵᠢᠯᠣᠭᠤᠳᠬᠤ ᠶᠢ ᠴᠢᠩᠭᠠᠷᠠᠭᠤᠯᠵᠤ᠂ ᠠᠵᠢᠯ ᠤᠨ ᠡᠬᠡ ᠲᠠᠩᠰᠠ ᠶᠢ ᠲᠣᠭᠲᠠᠭᠠᠨ᠂ ︽ᠰᠠᠷ᠎ᠠ ᠳᠤ | ᠳᠣᠭᠢᠷᠠᠭᠤᠯᠬᠤ᠂ ᠤᠯᠠᠷᠢᠯ ᠳᠤ ᠮᠡᠳᠡᠭᠡᠯᠡᠬᠦ᠂ ᠣᠨ ᠳᠤ ᠳ᠋ᠦᠩᠨᠡᠬᠦ︾ ᠠᠵᠢᠯ ᠤᠨ ᠲᠦᠷᠢᠮ ᠢ ᠪᠠᠶᠢᠭᠤᠯᠵᠤ᠂ ᠰᠠᠷ᠎ᠠ | ᠪᠦᠷᠢ ᠡᠯ᠎ᠡ ᠠᠵᠤ ᠦᠢᠯᠡᠰ ᠤᠨ ᠬᠡᠯᠬᠢᠶ᠎ᠡ ᠶᠢᠨ ᠠᠵᠢᠯ ᠤᠨ ᠠᠬᠢᠴᠠ ᠶᠢᠨ ᠪᠠᠶᠢᠳᠠᠯ ᠢ ᠳᠣᠭᠢᠷᠠᠭᠤᠯᠤᠨ᠂ ᠤᠯᠠᠷᠢᠯ | ᠪᠦᠷᠢ ᠨᠢᠭᠡ ᠤᠳᠠᠭ᠎ᠠ ᠠᠵᠢᠯ ᠤᠨ ᠮᠡᠳᠡᠭᠡᠯᠡᠯ ᠬᠢᠵᠦ᠂ ᠠᠵᠤ ᠦᠢᠯᠡᠰ ᠤᠨ ᠬᠡᠯᠬᠢᠶ᠎ᠡ ᠶᠢᠨ ᠠᠵᠢᠯ ᠢ ᠠᠬᠢᠭᠤᠯᠬᠤ | ᠬᠤᠷᠠᠯ ᠢ ᠬᠠᠭᠠᠰ ᠵᠢᠯ ᠳᠤ ᠨᠢᠭᠡ ᠤᠳᠠᠭ᠎ᠠ ᠬᠤᠷᠠᠯᠳᠤᠭᠤᠯᠤᠨ᠂ ᠠᠵᠢᠯ ᠤᠨ ᠲᠤᠷᠰᠢᠯᠭ᠎ᠠ ᠶᠢ ᠳ᠋ᠦᠩᠨᠡᠨ | ᠳᠡᠯᠭᠡᠷᠡᠭᠦᠯᠵᠦ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠰᠤᠳᠤᠯᠤᠨ ᠰᠦᠪᠡᠭᠴᠢᠯᠡᠨ᠎ᠡ᠃ ᠡᠯ᠎ᠡ | ᠲᠦᠷᠦᠭᠦᠯᠡᠬᠦ ᠰᠠᠯᠠᠭ᠎ᠠ ᠮᠥᠴᠢᠷ 2022 ᠣᠨ ᠤ 8 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠦᠷᠦᠭᠦᠯᠡᠨ | ᠬᠠᠷᠢᠭᠤᠴᠠᠬᠤ ᠠᠵᠤ ᠦᠢᠯᠡᠰ ᠤᠨ ᠬᠡᠯᠬᠢᠶ᠎ᠡ ᠶᠢᠨ ︽ᠬᠤᠶᠠᠷ ᠵᠢᠷᠤᠭ︾ ︽ᠬᠤᠶᠠᠷ ᠬᠥᠮᠥᠷᠭᠡ︾ ︽ᠬᠤᠶᠠᠷ | ᠮᠡᠳᠡᠭᠦᠯᠦᠯᠲᠡ︾ ᠪᠠᠨ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠬᠦ ᠬᠡᠷᠡᠭᠲᠡᠶ᠃ | ︵ᠲᠠᠪᠤ︶ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠨ᠎ᠠ᠃ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠪᠥᠬᠦ | ᠬᠦᠴᠦᠨ ᠢᠶᠠᠷ ᠢᠶᠠᠨ ᠦᠢᠯᠡᠴᠢᠯᠡᠵᠦ᠂ ᠠᠵᠤ ᠠᠬᠤᠶᠢᠯᠠᠯ ᠤᠨ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠨ | ᠥᠷᠭᠡᠳᠬᠡᠬᠦ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠤᠨ᠎ᠠ᠃ ᠶᠠᠷᠢᠶ᠎ᠠ ᠬᠡᠯᠡᠯᠴᠡᠭᠡᠨ ᠤ ᠬᠥᠲᠥᠯᠥᠨ | ᠵᠢᠯᠣᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠳᠠᠪᠠᠭᠤᠯᠢᠭ ᠣᠨᠴᠠᠯᠢᠭᠲᠤ ᠠᠵᠤ ᠦᠢᠯᠡᠰ ᠤᠨ | ᠬᠡᠯᠬᠢᠶ᠎ᠡ ᠶᠢᠨ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠵᠡᠷᠭᠡ ᠲᠠᠯ᠎ᠠ ᠶᠢᠨ ᠤᠬᠠᠭᠤᠯᠭ᠎ᠠ ᠲᠠᠨᠢᠯᠴᠠᠭᠤᠯᠭ᠎ᠠ ᠶᠢ | ᠴᠢᠩᠭᠠᠳᠬᠠᠨ᠂ ᠪᠦᠬᠦ ᠨᠡᠶᠢᠭᠡᠮ ᠢᠶᠠᠷ ᠢᠶᠠᠨ ᠳᠠᠪᠠᠭᠤᠯᠢᠭ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ | ᠬᠠᠯᠠᠮᠵᠢᠯᠠᠨ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠤᠶ ᠪᠣᠯᠭᠠᠨ᠎ᠠ᠃ | |