ᠠᠯᠠᠱᠠ ᠠᠶᠢᠮᠠᠭ ᠤᠨ ᠨᠡᠶᠢᠭᠡᠮ ᠤᠨ ᠠᠪᠤᠷᠠᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠥᠯᠲᠡ ᠲᠠᠢ ᠬᠤᠯᠪᠣᠭᠳᠠᠭᠤᠯᠵᠦ ᠬᠠᠮᠳᠣᠷᠠᠨ ᠬᠥᠳᠡᠯᠦᠯᠴᠡᠬᠦ ᠶᠢ ᠤᠯᠠᠮ ᠨᠢᠭᠡ ᠠᠯᠬᠤᠮ ᠪᠦᠷᠢᠨᠰᠢᠭᠦᠯᠬᠦ ᠲᠣᠭᠲᠠᠴᠠ
ᠨᠡᠶᠢᠲᠡᠯᠡᠭᠰᠡᠨ ᠴᠠᠭ᠄
2022/9/5
    ︽ᠨᠡᠶᠢᠭᠡᠮ ᠤᠨ ᠠᠪᠣᠷᠠᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭ᠎ᠠ ᠶᠢᠨ ᠦᠨ᠎ᠡ ᠶᠢᠨ ᠥᠰᠥᠯᠲᠡ ᠲᠠᠢ ᠬᠤᠯᠪᠣᠭᠳᠠᠭᠤᠯᠵᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 5 ᠳ᠋ᠤᠭᠠᠷ ᠲᠣᠭᠠᠲᠤ︶᠎ ᠤᠨ ᠱᠠᠭᠠᠷᠳᠠᠯᠭ᠎ᠠ ᠶᠢ ᠦᠨᠳᠦᠰᠦᠯᠡᠨ᠂ ᠪᠥᠬᠦ ᠠᠶᠢᠮᠠᠭ ᠤᠨ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠦᠨᠡᠨᠬᠦ ᠰᠠᠶᠢᠲᠤᠷ ᠬᠢᠬᠦ ᠶᠢᠨ ᠲᠤᠰᠠᠳᠠ᠂ ︽ᠠᠯᠠᠱᠨ ᠠᠶᠢᠮᠠᠭ ᠤᠨ ᠨᠡᠶᠢᠭᠡᠮ ᠤᠨ ᠠᠪᠣᠷᠠᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭ᠎ᠠ ᠶᠢᠨ ᠦᠨ᠎ᠡ ᠶᠢᠨ ᠥᠰᠥᠯᠲᠡ ᠲᠠᠢ ᠬᠤᠯᠪᠣᠭᠳᠠᠭᠤᠯᠵᠤ ᠬᠠᠮᠲᠤᠷᠠᠨ ᠬᠥᠳᠡᠯᠦᠯᠴᠡᠬᠦ ᠶᠢ ᠤᠯᠠᠮ ᠨᠢᠭᠡ ᠠᠯᠬᠤᠮ ᠪᠦᠷᠢᠨᠰᠢᠭᠦᠯᠬᠦ ᠲᠣᠭᠲᠠᠴᠠ︾᠎ ᠶᠢ ᠣᠨᠴᠣᠭᠤᠶᠢᠯᠠᠨ ᠲᠣᠭᠲᠠᠭᠠᠪᠠ᠃     ᠨᠢᠭᠡ᠂ ᠪᠠᠲᠤᠯᠠᠬᠤ ᠡᠲᠡᠭᠡᠳ     ᠦᠨ᠎ᠡ ᠬᠠᠩᠰᠢ ᠶᠢᠨ ᠨᠥᠬᠦᠪᠥᠷᠢ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢᠨ ᠪᠠᠲᠤᠯᠠᠭ᠎ᠠ ᠶᠢᠨ ᠡᠲᠡᠭᠡᠳ ᠪᠣᠯ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠣᠨᠴᠠ ᠬᠦᠴᠢᠷᠳᠡᠯᠲᠡᠶ ᠬᠥᠮᠦᠰ᠂ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠦᠰ᠂ ᠤᠯᠤᠰ ᠤᠨ ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ ᠨᠥᠬᠦᠪᠥᠷᠢ ᠭᠥᠷᠳᠡᠵᠦ ᠪᠠᠶᠢᠭ᠎ᠠ ᠠᠰᠠᠷᠠᠨ ᠬᠠᠷᠠᠭᠠᠯᠵᠠᠬᠤ ᠡᠲᠡᠭᠡᠳ᠂ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠦᠬᠡᠳ᠂ ᠠᠶᠢᠽ ᠡᠪᠡᠳᠴᠢᠨ ᠤ ᠸᠢᠷᠦ᠋ᠰ ᠲᠤ ᠬᠠᠯᠳᠠᠪᠤᠷᠢᠯᠠᠭᠳᠠᠭᠰᠠᠨ ᠬᠡᠦᠬᠡᠳ᠂ ᠶᠡᠭᠡ ᠳᠡᠭᠡᠳᠦ ᠰᠤᠷᠭᠠᠭᠤᠯᠢ ᠶᠢᠨ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠪᠣᠯᠤᠨ᠎ᠠ᠃     ᠬᠤᠶᠠᠷ᠂ ᠡᠬᠢᠯᠡᠭᠦᠯᠬᠦ ᠲᠠᠰ ᠳᠠᠪᠬᠤᠷᠭ᠎ᠠ     ᠦᠨ᠎ᠡ ᠬᠠᠩᠰᠢ ᠶᠢᠨ ᠨᠥᠬᠦᠪᠥᠷᠢ ᠶᠢᠨ ᠬᠠᠮᠳᠣᠷᠠᠨ ᠬᠥᠳᠡᠯᠦᠯᠴᠡᠬᠦ ᠲᠣᠭᠲᠠᠴᠠ ᠶᠢ ᠠᠶᠢᠮᠠᠭ ᠢᠶᠠᠷ ᠨᠢᠬᠡᠴᠡ ᠪᠣᠯᠭᠠᠨ ᠨᠢᠭᠡᠳᠦᠯᠲᠡᠶ ᠡᠬᠢᠯᠡᠬᠦᠯᠦᠨ᠎ᠡ᠃     ᠭᠤᠷᠪᠠ᠂ ᠡᠬᠢᠯᠡᠭᠦᠯᠬᠦ ᠨᠥᠬᠦᠴᠡᠯ     ᠳᠤᠤᠷᠠᠬᠢ ᠳᠤᠷ᠎ᠠ ᠶᠢᠨ ᠨᠢᠭᠡ ᠨᠥᠬᠦᠴᠡᠯ ᠢ ᠬᠠᠩᠭᠠᠪᠠᠯ ᠳᠠᠷᠤᠶ ᠦᠨ᠎ᠡ ᠬᠠᠩᠰᠢ ᠶᠢᠨ ᠨᠥᠬᠦᠪᠥᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠦᠨ᠎ᠡ᠄     ︵ᠨᠢᠭᠡ︶ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠵᠢᠭᠠᠯᠲᠠ ᠲᠤᠭ᠎ᠠ ︵CPI︶ ᠭᠠᠭᠴᠠ ᠰᠠᠷ᠎ᠠ ᠶᠢᠨ ᠠᠳᠠᠯᠢ ᠬᠤᠭᠤᠴᠠᠭᠠᠨ ᠤ ᠬᠢ ᠠᠴᠠ ᠥᠰᠦᠭᠰᠡᠨ ᠬᠡᠮᠵᠢᠶ᠎ᠡ ᠨᠢ       3 . 5 %᠎ ᠳᠤ ᠬᠦᠷᠦᠭᠰᠡᠨ᠃     ︵ᠬᠤᠶᠠᠷ︶ CPI᠎ ᠳᠠᠬᠢ ᠢᠳᠡᠭᠡᠨ ᠤ ᠵᠦᠢᠯ ᠤᠨ ᠦᠨ᠎ᠡ ᠬᠠᠩᠰᠢ ᠶᠢᠨ ᠵᠢᠭᠠᠯᠲᠠ ᠲᠤᠭ᠎ᠠ ᠶᠢᠨ ᠭᠠᠭᠴᠠ ᠰᠠᠷ᠎ᠠ ᠶᠢᠨ ᠠᠳᠠᠯᠢ ᠬᠤᠭᠤᠴᠠᠭᠠᠨ ᠤ ᠬᠢ ᠠᠴᠠ ᠥᠰᠦᠭᠰᠡᠨ ᠬᠡᠮᠵᠢᠶ᠎ᠡ ᠨᠢ 6 %᠎ ᠳᠤ ᠬᠦᠷᠦᠭᠰᠡᠨ᠃     ᠳᠥᠷᠪᠡ᠂ ᠬᠠᠮᠲᠤᠷᠠᠨ ᠬᠥᠳᠡᠯᠦᠯᠴᠡᠬᠦ ᠠᠷᠭ᠎ᠠ ᠮᠠᠶ᠋ᠢᠭ     ᠡᠬᠢᠯᠡᠭᠦᠯᠬᠦ ᠨᠥᠬᠦᠴᠡᠯ ᠳᠤ ᠬᠦᠷᠬᠦ ᠦᠶ᠎ᠡ ᠳᠤ᠂ ᠦᠨ᠎ᠡ ᠬᠠᠩᠰᠢ ᠶᠢᠨ ᠨᠥᠬᠦᠪᠥᠷᠢ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠵᠦ᠂ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠣᠯᠭᠤᠨ᠎ᠠ︔ ᠲᠣᠰ ᠰᠠᠷ᠎ᠠ ᠶᠢᠨ ᠠᠯᠢᠪᠠ ᠡᠬᠢᠯᠡᠭᠦᠯᠬᠦ ᠨᠥᠬᠦᠴᠡᠯ ᠢ ᠴᠥᠮ ᠬᠠᠩᠭᠠᠵᠤ ᠳᠡᠶᠢᠯᠬᠦ ᠥᠬᠡᠶ ᠪᠠᠶᠢᠪᠠᠯ᠂ ᠦᠨ᠎ᠡ ᠬᠠᠩᠰᠢ ᠶᠢᠨ ᠨᠥᠬᠦᠪᠥᠷᠢ ᠶᠢᠨ ᠬᠠᠮᠳᠣᠷᠠᠨ ᠬᠥᠳᠡᠯᠦᠯᠴᠡᠬᠦ ᠲᠣᠭᠲᠠᠴᠠ ᠶᠢ ᠵᠣᠭᠰᠣᠭᠠᠵᠤ᠂ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠣᠯᠭᠤᠬᠤ ᠶᠢ ᠵᠣᠭᠰᠣᠭᠠᠨ᠎ᠠ᠃ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢ ︽ᠰᠠᠷ᠎ᠠ ᠪᠠᠷ ᠲᠥᠰᠦᠭᠡᠯᠡᠨ ᠪᠤᠳᠤᠬᠤ᠂ ᠰᠠᠷ᠎ᠠ ᠪᠠᠷ ᠣᠯᠭᠤᠬᠤ︾᠎ ᠶᠢ ᠬᠡᠷᠡᠭᠵᠢᠭᠦᠯᠵᠦ᠂ ᠬᠠᠮᠢᠶ᠎ᠠ ᠪᠥᠬᠦᠶ ᠦᠨ᠎ᠡ ᠬᠠᠩᠰᠢ ᠶᠢᠨ  ᠬᠦᠢᠴᠡᠳᠬᠡᠯ ᠲᠤᠭ᠎ᠠ ᠶᠢ ᠨᠡᠶᠢᠲᠡᠯᠡᠭᠰᠡᠨ ᠲᠣᠰ ᠰᠠᠷ᠎ᠠ ᠳᠤ ᠬᠦᠴᠢᠷᠳᠡᠯᠲᠡᠶ ᠣᠯᠠᠨ ᠲᠦᠮᠡᠨ ᠳᠤ ᠬᠦᠢᠴᠡᠳ ᠲᠤᠭ᠎ᠠ ᠪᠠᠷ ᠣᠯᠭᠤᠨ᠎ᠠ᠃ ᠨᠡᠶᠢᠭᠡᠮ ᠤᠨ ᠠᠪᠤᠷᠠᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠶᠢᠩᠭᠤᠵᠢᠭᠤᠯᠤᠨ ᠲᠣᠬᠢᠷᠠᠭᠤᠯᠬᠤ ᠶᠢ ᠦᠨ᠎ᠡ ᠬᠠᠩᠰᠢ ᠶᠢᠨ ᠨᠥᠬᠦᠪᠥᠷᠢ ᠶᠢᠨ ᠬᠠᠮᠳᠣᠷᠠᠨ ᠬᠥᠳᠡᠯᠦᠯᠴᠡᠬᠦ ᠲᠣᠭᠲᠠᠴᠠ ᠯᠤᠭ᠎ᠠ ᠵᠣᠯᠭᠠᠭᠤᠯᠬᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠬᠡᠷᠡᠭᠲᠡᠶ᠃ ᠨᠡᠶᠢᠭᠡᠮ ᠤᠨ ᠠᠪᠣᠷᠠᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠬᠡᠪ ᠤᠨ ᠳᠡᠰ ᠳᠠᠷᠠᠭᠠᠯᠠᠯ ᠢᠶᠠᠷ ᠲᠣᠬᠢᠷᠠᠭᠤᠯᠬᠤ ᠳᠠᠭᠠᠨ᠂ ᠳᠡᠭᠡᠷ᠎ᠡ ᠨᠢᠭᠡ ᠵᠢᠯ ᠤᠨ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ ᠦᠨ᠎ᠡ ᠬᠠᠩᠰᠢ ᠶᠢᠨ ᠥᠰᠥᠯᠲᠡ ᠶᠢᠨ ᠪᠠᠶᠢᠳᠠᠯ᠂ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠣᠯᠭᠤᠭᠰᠠᠨ ᠪᠠᠶᠢᠳᠠᠯ ᠵᠢᠴᠢ ᠲᠥᠰᠦᠭᠡᠯᠡᠭᠰᠡᠨ ᠲᠤᠰ ᠵᠢᠯ ᠤᠨ ᠰᠠᠭᠤᠭᠠᠯᠢ ᠠᠷᠠᠳ ᠤᠨ ᠠᠮᠢᠳᠤᠷᠠᠯ ᠤᠨ ᠵᠠᠷᠤᠳᠠᠯ ᠤᠨ ᠦᠨ᠎ᠡ ᠬᠠᠩᠰᠢ ᠶᠢᠨ ᠥᠰᠥᠯᠲᠡ ᠶᠢᠨ ᠪᠠᠶᠢᠳᠠᠯ ᠵᠡᠷᠭᠡ ᠶᠢ ᠴᠢᠬᠤᠯᠠ ᠯᠠᠪᠯᠠᠯᠲᠠ ᠶᠢᠨ ᠬᠦᠴᠦᠨ ᠵᠦᠢᠯ ᠪᠣᠯᠭᠠᠬᠤ ᠬᠡᠷᠡᠭᠲᠡᠶ᠃     ᠲᠠᠪᠤ᠂ ᠨᠥᠬᠦᠪᠥᠷᠢ ᠥᠭᠬᠦ ᠪᠠᠷᠢᠮᠵᠢᠶ᠎ᠠ     ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢ ᠠᠶᠢᠮᠠᠭ ᠢᠶᠠᠷ ᠨᠢᠬᠡᠴᠡ ᠪᠣᠯᠭᠠᠨ ᠨᠢᠭᠡᠳᠦᠯᠲᠡᠶ ᠨᠥᠬᠦᠪᠥᠷᠢ ᠶᠢᠨ ᠪᠠᠷᠢᠮᠵᠢᠶ᠎ᠠ ᠶᠢ ᠬᠡᠷᠡᠭᠵᠢᠭᠦᠯᠵᠦ᠂ ᠠᠯᠠᠱᠠ ᠠᠶᠢᠮᠠᠭ ᠤᠨ ᠬᠤᠲᠠ ᠪᠠᠯᠭᠠᠰᠤ ᠶᠢᠨ ᠳᠤᠤᠷ᠎ᠠ ᠣᠷᠣᠯᠭ᠎ᠠ ᠲᠠᠢ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ ᠦᠨ᠎ᠡ ᠬᠠᠩᠰᠢ ᠶᠢᠨ ᠬᠦᠢᠴᠡᠳᠭᠡᠯ ᠲᠤᠭ᠎ᠠ ︵SCPI︶᠎ ᠶᠢ ᠬᠡᠷᠡᠭᠯᠡᠨ ᠲᠥᠰᠦᠭᠡᠯᠡᠨ ᠪᠣᠳᠣᠨ᠎ᠠ᠃ ᠲᠥᠰᠦᠭᠡᠯᠡᠨ ᠪᠤᠳᠤᠬᠤ ᠠᠷᠭ᠎ᠠ ᠨᠢ ᠳᠤᠤᠷᠠᠬᠢ ᠮᠡᠲᠦ᠄     ︵ᠨᠢᠭᠡ︶ ᠬᠤᠲᠠ ᠶᠢᠨ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢᠨ ᠪᠠᠷᠢᠮᠵᠢᠶ᠎ᠠ = ᠠᠯᠠᠱᠠ ᠠᠶᠢᠮᠠᠭ ᠤᠨ ᠬᠤᠲᠠ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠲᠤᠯᠠᠬᠤ ᠪᠠᠷᠢᠮᠵᠢᠶ᠎ᠠ × ᠠᠯᠠᠱᠠ ᠠᠶᠢᠮᠠᠭ ᠤᠨ ᠬᠤᠲᠠ ᠪᠠᠯᠭᠠᠰᠤ ᠶᠢᠨ ᠳᠤᠤᠷ᠎ᠠ ᠣᠷᠣᠯᠭ᠎ᠠ ᠲᠠᠢ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ ᠦᠨ᠎ᠡ ᠬᠠᠩᠰᠢ ᠶᠢᠨ ᠵᠢᠭᠠᠯᠲᠠ ᠲᠤᠭ᠎ᠠ ︵SCPI︶᠎ ᠶᠢᠨ ᠠᠳᠠᠯᠢ ᠬᠤᠭᠤᠴᠠᠭᠠᠨ ᠤ ᠬᠢ ᠠᠴᠠ ᠥᠰᠦᠭᠰᠡᠨ ᠬᠡᠮᠵᠢᠶ᠎ᠡ᠃     ︵ᠬᠤᠶᠠᠷ︶ ᠮᠠᠯᠵᠢᠬᠤ ᠲᠠᠷᠢᠶᠠᠯᠠᠬᠤ ᠣᠷᠣᠨ ᠤ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢᠨ ᠪᠠᠷᠢᠮᠵᠢᠶ᠎ᠠ = ᠠᠯᠠᠱᠠ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠲᠤᠯᠠᠬᠤ ᠪᠠᠷᠢᠮᠵᠢᠶ᠎ᠠ × ᠠᠯᠠᠱᠠ ᠠᠶᠢᠮᠠᠭ ᠤᠨ ᠬᠤᠲᠠ ᠪᠠᠯᠭᠠᠰᠤ ᠶᠢᠨ ᠳᠤᠤᠷ᠎ᠠ ᠣᠷᠣᠯᠭ᠎ᠠ ᠲᠠᠢ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ ᠦᠨ᠎ᠡ ᠬᠠᠩᠰᠢ ᠶᠢᠨ ᠵᠢᠭᠠᠯᠲᠠ ᠲᠤᠭ᠎ᠠ ︵SCPI︶᠎ ᠶᠢᠨ ᠠᠳᠠᠯᠢ ᠬᠤᠭᠤᠴᠠᠭᠠᠨ ᠤ ᠬᠢ ᠠᠴᠠ ᠥᠰᠦᠭᠰᠡᠨ ᠬᠡᠮᠵᠢᠶ᠎ᠡ᠃ ᠬᠤᠲᠠ ᠶᠢᠨ ᠬᠥᠮᠦᠨ ᠪᠦᠷᠢ ᠶᠢᠨ ᠰᠠᠷ᠎ᠠ ᠶᠢᠨ ᠨᠥᠬᠦᠪᠥᠷᠢ ᠨᠢ 30 ᠲᠥᠭᠦᠷᠢᠭ ᠲᠤ ᠬᠦᠷᠬᠦ ᠦᠭᠡᠶ ᠶᠢ ᠨᠢ 30 ᠲᠥᠭᠦᠷᠢᠭ ᠢᠶᠠᠷ ᠥᠭᠴᠦ᠂ 30 ᠲᠥᠭᠦᠷᠢᠭ ᠠᠴᠠ ᠳᠠᠪᠠᠭᠰᠠᠨ ᠢ ᠨᠢ ᠪᠣᠳᠠᠲᠤ ᠪᠠᠶᠢᠳᠠᠯ ᠢ ᠦᠨᠳᠦᠰᠦᠯᠡᠨ ᠥᠭᠬᠦ ᠬᠡᠷᠡᠭᠲᠡᠶ︔ ᠮᠠᠯᠵᠢᠬᠤ ᠲᠠᠷᠢᠶᠠᠯᠠᠬᠤ ᠣᠷᠣᠨ ᠤ ᠬᠥᠮᠦᠨ ᠪᠦᠷᠢ ᠶᠢᠨ ᠰᠠᠷ᠎ᠠ ᠶᠢᠨ ᠨᠥᠬᠦᠪᠥᠷᠢ ᠨᠢ 15 ᠲᠥᠭᠦᠷᠢᠭ ᠲᠤ ᠬᠦᠷᠬᠦ ᠦᠭᠡᠶ ᠶᠢ 15 ᠲᠥᠭᠦᠷᠢᠭ ᠢᠶᠠᠷ ᠣᠯᠭᠤᠵᠤ᠂ 15 ᠲᠥᠭᠦᠷᠢᠭ ᠠᠴᠠ ᠳᠠᠪᠠᠭᠰᠠᠨ ᠢ ᠪᠣᠳᠠᠲᠤ ᠪᠠᠶᠢᠳᠠᠯ ᠢ ᠦᠨᠳᠦᠰᠦᠯᠡᠨ ᠣᠯᠭᠤᠨ᠎ᠠ᠃ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠦᠰ᠂ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠦᠭᠡᠶ ᠬᠡᠦᠬᠡᠳ᠂ ᠠᠶᠢᠽ ᠡᠪᠡᠳᠴᠢᠨ ᠤ ᠸᠢᠷᠦ᠋ᠰ ᠲᠤ ᠬᠠᠯᠳᠠᠪᠤᠷᠢᠯᠠᠭᠳᠠᠭᠰᠠᠨ ᠬᠡᠦᠬᠡᠳ᠂ ᠳᠡᠭᠡᠳᠦ ᠰᠤᠷᠭᠠᠭᠤᠯᠢ ᠶᠢᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠲᠤ ᠨᠥᠬᠦᠪᠥᠷᠢ ᠥᠭᠬᠦ ᠪᠠᠷᠢᠮᠵᠢᠶ᠎ᠠ ᠶᠢ ᠬᠤᠲᠠ ᠶᠢᠨ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃     ᠵᠢᠷᠭᠤᠭ᠎ᠠ᠂ ᠪᠡᠯᠡ ᠮᠥᠩᠭᠦ ᠶᠢᠨ ᠪᠠᠲᠤᠯᠠᠭ᠎ᠠ     ᠤᠯᠤᠰ ᠤᠨ ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ ᠨᠥᠬᠦᠪᠥᠷᠢ ᠬᠦᠷᠲᠡᠵᠦ ᠪᠠᠶᠢᠭ᠎ᠠ ᠠᠰᠠᠷᠠᠨ ᠬᠠᠷᠠᠭᠠᠯᠵᠠᠬᠤ ᠡᠲᠡᠭᠡᠳ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠡᠲᠡᠭᠡᠳ᠂ ᠣᠨᠴᠠ ᠬᠦᠴᠢᠷᠳᠡᠯᠲᠡᠶ ᠬᠥᠮᠦᠰ᠂ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠦᠬᠡᠳ᠂ ᠠᠶᠢᠽ ᠡᠪᠡᠳᠴᠢᠨ ᠤ ᠸᠢᠷᠦ᠋ᠰ ᠲᠤ ᠬᠠᠯᠳᠠᠪᠤᠷᠢᠯᠠᠭᠳᠠᠭᠰᠠᠨ ᠬᠡᠦᠬᠡᠳ᠂ ᠳᠡᠭᠡᠳᠦ ᠰᠤᠷᠭᠠᠭᠤᠯᠢ ᠶᠢᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠤᠨ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢᠨ ᠪᠠᠯᠠ ᠮᠥᠩᠭᠦ ᠶᠢ ᠠᠳᠠᠯᠢ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠠᠴᠠ ᠭᠤᠤᠯᠳᠠᠭᠤ ᠱᠠᠩᠨᠠᠵᠤ ᠨᠥᠬᠦᠪᠥᠷᠢᠯᠡᠬᠦ ᠬᠡᠯᠪᠡᠷᠢ ᠪᠠᠷ ᠳᠠᠮᠵᠢᠭᠤᠯᠤᠨ ᠠᠶᠢᠮᠠᠭ ︵ᠬᠤᠲᠠ︶᠂ ᠬᠤᠰᠢᠭᠤ ︵ᠣᠷᠣᠨ︶᠎ ᠶᠢᠨ ᠬᠠᠮᠲᠤᠷᠠᠨ ᠬᠥᠳᠡᠯᠦᠯᠴᠡᠬᠦ ᠨᠥᠬᠦᠪᠥᠷᠢ ᠶᠢᠨ ᠪᠠᠯᠠ ᠮᠥᠩᠭᠦ ᠳᠤ ᠨᠥᠬᠦᠪᠥᠷᠢ ᠣᠯᠭᠤᠨ᠎ᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠭᠰᠡᠳ᠂ ᠣᠨᠴᠠ ᠬᠦᠴᠢᠷᠳᠡᠯᠲᠡᠶ ᠬᠥᠮᠦᠰ᠂ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠦᠬᠡᠳ᠂ ᠠᠶᠢᠽ ᠡᠪᠡᠳᠴᠢᠨ ᠤ ᠸᠢᠷᠦ᠋ᠰ ᠲᠤ ᠬᠠᠯᠳᠠᠪᠤᠷᠢᠯᠠᠭᠳᠠᠭᠰᠠᠨ ᠬᠡᠦᠬᠡᠳ ᠲᠤ ᠣᠯᠭᠤᠬᠤ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢ ᠠᠯᠠᠱᠠ ᠠᠶᠢᠮᠠᠭ ᠤᠨ ᠡᠯ᠎ᠡ ᠱᠠᠲᠤᠨ ᠤ ᠡᠳ᠋ ᠤᠨ ᠵᠠᠰᠠᠭ ᠤᠨ ᠲᠣᠬᠢᠷᠠᠭᠤᠯᠤᠭᠰᠠᠨ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠥᠷᠢ ᠪᠠᠯᠠ ᠮᠥᠩᠭᠦ ᠶᠢᠨ ᠳᠣᠲᠣᠷ᠎ᠠ ᠠᠴᠠ ᠭᠠᠷᠭᠠᠵᠤ ᠪᠣᠯᠤᠨ᠎ᠠ᠃ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠦᠰ ᠤᠨ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠪᠡᠯᠡ ᠮᠥᠩᠭᠦ ᠶᠢ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠳᠣᠲᠣᠷ᠎ᠠ ᠠᠴᠠ ᠭᠠᠷᠭᠠᠨ᠎ᠠ᠃     ᠳᠣᠯᠤᠭ᠎ᠠ᠂ ᠠᠵᠢᠯ ᠤᠨ ᠲᠣᠭᠲᠠᠴᠠ     ︵ᠨᠢᠭᠡ︶ ᠠᠶᠢᠮᠠᠭ ᠤᠨ ᠵᠠᠬᠢᠷᠭ᠎ᠠ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠬᠤ ᠠᠵᠢᠯ ᠤᠨ ᠬᠡᠷᠡᠭᠵᠢᠭᠦᠯᠬᠦ ᠲᠣᠭᠲᠠᠴᠠ ᠶᠢ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠲᠠ ᠬᠠᠮᠵᠢᠯᠴᠠᠵᠤ᠂ ᠠᠵᠢᠯ ᠤᠨ ᠳᠡᠰ ᠳᠠᠷᠠᠭᠠᠯᠠᠯ ᠢᠶᠠᠨ ᠰᠢᠯᠢᠳᠡᠭᠵᠢᠭᠦᠯᠦᠨ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠭᠦᠢᠴᠡᠳ ᠣᠯᠭᠤᠬᠤ ᠶᠢ ᠦᠨᠡᠨᠬᠦ ᠪᠠᠳᠣᠯᠠᠬᠤ ᠬᠡᠷᠡᠭᠳᠡᠢ᠃     ︵ᠬᠤᠶᠠᠷ︶ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠠᠯᠠᠱᠠ ᠶᠢᠨ ᠪᠠᠶᠢᠴᠠᠭᠠᠯᠲᠠ ᠶᠢᠨ ᠠᠩᠭᠢ ᠨᠢ ᠬᠠᠮᠢᠶ᠎ᠠ ᠪᠦᠬᠦᠢ ᠦᠨ᠎ᠡ ᠬᠠᠩᠰᠢ ᠶᠢᠨ ᠵᠢᠭᠠᠯᠲᠠ ᠲᠤᠭ᠎ᠠ ᠶᠢᠨ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠬᠠᠩᠭᠠᠬᠤ ᠬᠡᠷᠡᠭᠲᠡᠶ︔ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠪᠠᠷᠠᠭᠠᠨ ᠤ ᠦᠨ᠎ᠡ ᠶᠢᠨ ᠬᠤᠪᠢᠷᠠᠯᠲᠠ ᠶᠢ ᠨᠢᠮᠪᠠᠢ ᠠᠩᠬᠠᠷᠴᠤ᠂ ᠬᠠᠮᠳᠣᠷᠠᠨ ᠬᠥᠳᠡᠯᠦᠯᠴᠡᠬᠦ ᠲᠣᠭᠲᠠᠴᠠ ᠶᠢ ᠴᠠᠭ ᠲᠤᠬᠠᠶ ᠳᠤᠨᠢ ᠡᠬᠢᠯᠡᠭᠦᠯᠬᠦ ᠪᠤᠶᠤ ᠵᠣᠭᠰᠣᠭᠠᠵᠤ᠂ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢᠨ ᠪᠠᠷᠢᠮᠵᠢᠶ᠎ᠠ ᠶᠢ ᠣᠨᠣᠪᠴᠢᠲᠠᠶ ᠲᠥᠰᠦᠭᠡᠯᠡᠨ ᠪᠤᠳᠤᠵᠤ᠂ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢᠨ ᠪᠠᠷᠢᠮᠵᠢᠶ᠎ᠠ ᠶᠢᠨ ᠰᠠᠨᠠᠭᠤᠯᠭ᠎ᠠ ᠶᠢ ᠳᠤᠷᠠᠳᠴᠤ᠂ ᠲᠣᠭᠲᠠᠴᠠ ᠶᠢᠨ ᠬᠡᠷᠡᠭᠵᠢᠭᠦᠯᠦᠯᠲᠡ ᠶᠢᠨ ᠪᠠᠶᠢᠳᠠᠯ ᠢ ᠮᠥᠷᠳᠡᠬᠦ ᠪᠠ ᠰᠢᠮᠳᠠᠭᠤᠯᠤᠨ ᠵᠢᠯᠣᠭᠤᠳᠬᠤ ᠶᠢ ᠰᠠᠶᠢᠲᠤᠷ ᠠᠳᠬᠤᠬᠤ ᠬᠡᠷᠡᠭᠲᠡᠶ︔ ᠪᠦᠬᠦ ᠠᠶᠢᠮᠠᠭ ᠤᠨ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢᠨ ᠪᠡᠯᠡ ᠮᠥᠩᠭᠦ ᠶᠢ ᠢᠳᠡᠪᠬᠢᠲᠡᠶ ᠲᠣᠬᠢᠷᠠᠭᠤᠯᠬᠤ ᠬᠡᠷᠡᠭᠲᠡᠶ︔ ᠠᠶᠢᠮᠠᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠢᠴᠢ ᠠᠯᠠᠱᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠲᠣᠰ ᠰᠠᠯᠠᠭ᠎ᠠ ᠮᠥᠴᠢᠷ᠂ ᠲᠣᠰ ᠨᠢᠬᠡᠴᠡ ᠶᠢᠨ ᠪᠠᠲᠤᠯᠠᠭ᠎ᠠ ᠶᠢᠨ ᠡᠲᠡᠭᠡᠳ ᠤᠨ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠮᠥᠩᠭᠦ ᠣᠯᠭᠤᠬᠤ ᠠᠵᠢᠯ ᠢ ᠰᠠᠶᠢᠲᠤᠷ ᠵᠣᠬᠢᠶᠠᠨ ᠪᠠᠶᠢᠭᠤᠯᠬᠤ ᠬᠡᠷᠡᠭᠲᠡᠶ᠃     ᠨᠠᠢᠮᠠ᠂ ᠠᠵᠢᠯ ᠤᠨ ᠱᠠᠭᠠᠷᠳᠠᠯᠭ᠎ᠠ     ︵ᠨᠢᠭᠡ︶ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠦᠭᠰᠡᠨ ᠪᠤᠶᠤ ᠵᠣᠭᠰᠣᠭᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ ᠪᠠ ᠠᠶᠢᠮᠠᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠢᠴᠢ ᠠᠯᠠᠱᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠴᠠᠭ ᠲᠤᠬᠠᠶ ᠳᠤᠨᠢ ᠵᠠᠬᠢᠳᠠᠯ ᠢᠶᠠᠷ ᠮᠡᠳᠡᠭᠳᠡᠬᠦ ᠬᠡᠷᠡᠭᠲᠡᠶ᠃     ︵ᠬᠤᠶᠠᠷ︶ ᠠᠶᠢᠮᠠᠭ ᠬᠤᠰᠢᠭᠤ ︵ᠣᠷᠣᠨ︶᠎ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠢᠴᠢ ᠠᠯᠠᠱᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠠᠶᠢᠮᠠᠭ ᠤᠨ ᠱᠠᠲᠤ ᠵᠢᠴᠢ ᠬᠤᠰᠢᠭᠤ ︵ᠣᠷᠣᠨ︶᠎ ᠶᠢᠨ ᠪᠠᠲᠤᠯᠠᠬᠤ ᠡᠲᠡᠭᠡᠳ ᠤᠨ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠪᠠᠯᠠ ᠮᠥᠩᠭᠦ ᠣᠯᠭᠤᠬᠤ ᠶᠢ ᠪᠣᠳᠠᠲᠠᠶ ᠬᠠᠷᠢᠭᠤᠴᠠᠬᠤ ᠬᠡᠷᠡᠭᠳᠡᠢ᠃     ︵ᠭᠤᠷᠪᠠ︶ ᠡᠯ᠎ᠡ ᠬᠤᠰᠢᠭᠤ ︵ᠣᠷᠣᠨ︶᠂ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠣᠭᠲᠠᠭᠠᠭᠰᠠᠨ ᠦᠨ᠎ᠡ ᠬᠠᠩᠰᠢ᠂ ᠲᠦᠷ ᠴᠠᠭ ᠨᠥᠬᠦᠪᠥᠷᠢᠯᠡᠬᠦ ᠬᠡᠪᠴᠢᠶ᠎ᠡ ᠪᠠ ᠡᠲᠡᠭᠡᠳ ᠢ ᠴᠢᠩᠭ᠎ᠠ ᠵᠢᠷᠤᠮᠯᠠᠨ ᠨᠥᠬᠦᠪᠥᠷᠢ ᠣᠯᠭᠤᠵᠤ᠂ ᠪᠠᠲᠤᠯᠠᠬᠤ ᠡᠲᠡᠭᠡᠳ ᠤᠨ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠰᠢᠨᠡᠳᠬᠡᠵᠦ ᠂ ︽ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠵᠤ᠂ ᠨᠥᠬᠦᠪᠥᠷᠢᠯᠡᠪᠡᠰᠦ ᠵᠣᠬᠢᠬᠤ ᠶᠢ ᠨᠢ ᠪᠦᠬᠦᠨ ᠢ ᠨᠥᠬᠦᠪᠥᠷᠢᠯᠡᠬᠦ︾᠎ ᠶᠢ ᠪᠡᠶᠡᠯᠡᠭᠦᠯᠬᠦ ᠬᠡᠷᠡᠭᠲᠡᠶ᠃     ︵ᠳᠥᠷᠪᠡ︶ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠣᠯᠤᠨ ᠠᠶᠢᠮᠠᠭ ᠤᠨ ᠵᠠᠬᠢᠷᠭ᠎ᠠ ᠳᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠦᠭᠰᠡᠨ ᠪᠤᠶᠤ ᠵᠣᠭᠰᠣᠭᠠᠭᠰᠠᠨ᠂ ᠦᠨ᠎ᠡ ᠬᠠᠩᠰᠢ ᠶᠢᠨ ᠨᠥᠬᠦᠪᠥᠷᠢ ᠪᠡᠯᠡ ᠮᠥᠩᠭᠦ ᠣᠯᠭᠤᠭᠰᠠᠨ ᠪᠠᠶᠢᠳᠠᠯ ᠢᠶᠠᠨ ᠰᠠᠷ᠎ᠠ ᠰᠠᠷ᠎ᠠ ᠮᠡᠳᠡᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠯ᠎ᠡ ᠠᠶᠢᠮᠠᠭ ︵ᠬᠤᠲᠠ︶᠎ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢᠨ ᠠᠵᠢᠯ ᠳᠤ ᠬᠢᠨᠠᠯᠲᠠ ᠲᠠᠯᠪᠢᠵᠤ᠂ ᠮᠡᠳᠡᠭᠡ ᠵᠠᠩᠭᠢ ᠮᠡᠳᠡᠭᠦᠯᠦᠨ ᠬᠦᠷᠭᠡᠭᠰᠡᠨ ᠨᠢ ᠦᠨᠡᠨ ᠪᠣᠳᠠᠲᠠᠶ ᠪᠤᠰᠤ᠂ ᠨᠥᠬᠦᠪᠥᠷᠢ ᠣᠯᠭᠤᠭᠰᠠᠨ ᠨᠢ ᠴᠠᠭ ᠲᠤᠬᠠᠶ ᠳᠤᠨᠢ ᠪᠤᠰᠤ ᠠᠶᠢᠮᠠᠭ ︵ᠬᠤᠲᠠ︶᠎ ᠢ ᠵᠠᠷᠯᠠᠨ ᠮᠡᠳᠡᠭᠳᠡᠬᠦ ᠪᠣᠯᠤᠨ᠎ᠠ᠃     ︵ᠲᠠᠪᠤ︶ ︽︿ᠨᠡᠶᠢᠭᠡᠮ ᠤᠨ ᠠᠪᠤᠷᠠᠨ ᠲᠤᠰᠠᠯᠠᠬᠤ ᠲᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠶ ᠬᠡᠷᠡᠭᠵᠢᠭᠦᠯᠬᠦ ᠠᠷᠭ᠎ᠠ ᠬᠡᠮᠵᠢᠶ᠎ᠡ﹀᠎ ᠶᠢ ᠳᠠᠷᠤᠮᠠᠯᠯᠠᠨ ᠳᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠨᠠᠮ ᠠᠯᠪᠠᠨ ᠲᠠᠷᠬᠠᠭᠠᠭᠰᠠᠨ ﹇2021﹈ 5 ᠳ᠋ᠤᠭᠠᠷ ᠲᠣᠭᠠᠲᠤ︶᠎ ᠤᠨ ᠱᠠᠭᠠᠷᠳᠠᠯᠭ᠎ᠠ ᠶᠣᠰᠣᠭᠠᠷ᠂ ᠦᠨ᠎ᠡ ᠬᠠᠩᠰᠢ ᠶᠢᠨ ᠨᠥᠬᠦᠪᠥᠷᠢ ᠶᠢᠨ ᠬᠠᠮᠳᠣᠷᠠᠨ ᠬᠥᠳᠡᠯᠦᠯᠴᠡᠬᠦ ᠲᠣᠭᠲᠠᠴᠠ ᠶᠢ ᠬᠡᠷᠡᠭᠵᠢᠭᠦᠯᠦᠭᠰᠡᠨ ᠪᠠᠶᠢᠳᠠᠯ ᠢ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠳᠤ ᠣᠷᠣᠭᠤᠯᠤᠨ᠎ᠠ᠃     ︵ᠵᠢᠷᠭᠤᠭ᠎ᠠ︶ ᠡᠯ᠎ᠡ ᠬᠤᠰᠢᠭᠤ ︵ᠣᠷᠣᠨ︶᠂ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠥᠬᠦᠪᠥᠷᠢ ᠣᠯᠭᠤᠬᠤ ᠳᠠᠭᠠᠨ᠂ ᠬᠠᠮᠢᠶ᠎ᠠ ᠪᠦᠬᠦᠢ ᠪᠡᠯᠡ ᠮᠥᠩᠭᠦ ᠶᠢ ᠬᠤᠪᠢᠶᠠᠷᠢᠯᠠᠨ ᠰᠢᠯᠵᠢᠭᠦᠯᠦᠭᠰᠡᠨ ᠪᠠ ᠲᠡᠮᠳᠡᠭᠯᠡᠭᠰᠡᠨ ᠭᠡᠷᠡᠴᠢ ᠪᠠᠷᠢᠮᠲᠠ ᠳᠡᠭᠡᠷ᠎ᠡ ᠪᠠᠨ ᠣᠯᠭᠤᠭᠰᠠᠨ ᠨᠥᠬᠦᠪᠥᠷᠢ ᠪᠣᠯ ︽ᠲᠦᠷ ᠴᠠᠭ ᠤᠨ ᠦᠨ᠎ᠡ ᠶᠢᠨ ᠨᠥᠬᠦᠪᠥᠷᠢ︾ ᠭᠡᠬᠦ ᠵᠡᠷᠭᠡ ᠶᠢ ᠲᠣᠳᠣᠷᠬᠠᠶᠢᠯᠠᠵᠤ᠂ ᠬᠦᠴᠢᠷᠳᠡᠯᠲᠡᠶ ᠣᠯᠠᠨ ᠲᠦᠮᠡᠨ ᠳᠤ ᠨᠥᠬᠦᠪᠥᠷᠢ ᠶᠢᠨ ᠲᠥᠷᠥᠯ ᠵᠦᠢᠯ ᠪᠠ ᠤᠴᠢᠷ ᠰᠢᠯᠲᠠᠭᠠᠨ ᠢ ᠲᠣᠳᠣᠷᠬᠠᠶ ᠣᠶᠢᠯᠠᠭᠠᠭᠤᠯᠬᠤ ᠬᠡᠷᠡᠭᠲᠡᠶ᠃ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠡᠷᠴᠢᠮ ᠢᠶᠠᠨ ᠴᠢᠩᠭᠠᠷᠠᠭᠤᠯᠵᠤ᠂ ᠪᠥᠬᠦ ᠨᠡᠶᠢᠭᠡᠮ ᠢ ᠬᠥᠲᠥᠯᠥᠨ ᠵᠢᠯᠣᠭᠤᠳᠴᠤ ᠪᠠᠶᠢᠭᠠᠳ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢᠨ ︽ᠪᠠᠷᠠᠭᠠᠨ ᠤ ᠦᠨ᠎ᠡ ᠥᠰᠦᠭᠰᠡᠨ ᠬᠡᠰᠡᠭ︾᠎ ᠤᠨ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠳᠤ ᠦᠵᠡᠭᠦᠯᠬᠦ ᠨᠥᠯᠥᠭᠡ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠶ ᠣᠶᠢᠯᠠᠭᠠᠭᠤᠯᠵᠤ᠂ ᠨᠡᠶᠢᠭᠡᠮ ᠤᠨ ᠬᠢᠨ ᠤ ᠪᠤᠷᠤᠭᠤ ᠣᠶᠢᠯᠠᠭᠠᠯᠲᠠ ᠪᠠ ᠶᠠᠷᠢᠶ᠎ᠠ ᠬᠡᠯᠡᠯᠴᠡᠭᠡᠨ ᠤ ᠪᠤᠷᠤᠭᠤ ᠣᠶᠢᠯᠠᠭᠠᠯᠲᠠ ᠠᠴᠠ ᠵᠠᠶᠢᠯᠠᠰᠬᠢᠬᠦ ᠬᠡᠷᠡᠭᠲᠡᠶ᠃     ︵ᠳᠣᠯᠤᠭ᠎ᠠ︶ ᠲᠤᠰ ᠮᠡᠳᠡᠭᠳᠡᠯ ᠢ ᠳᠠᠷᠤᠮᠠᠯᠯᠠᠨ ᠳᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ︽︿ᠠᠯᠠᠱᠠ ᠠᠶᠢᠮᠠᠭ ᠤᠨ ᠨᠡᠶᠢᠭᠡᠮ ᠤᠨ ᠠᠪᠣᠷᠠᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠎ ᠶᠢᠨ ᠥᠰᠥᠯᠲᠡ ᠲᠠᠢ ᠬᠤᠯᠪᠣᠭᠳᠠᠭᠤᠯᠬᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠬᠡᠷᠡᠭᠵᠢᠭᠦᠯᠬᠦ ᠲᠥᠰᠦᠯ﹀᠎ ᠢ ᠳᠠᠷᠤᠮᠠᠯᠯᠠᠨ ᠳᠠᠷᠬᠠᠭᠠᠬᠤ ᠲᠤᠬᠠᠢ ᠠᠯᠠᠱᠠ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ᠮᠡᠳᠡᠭᠳᠡᠯ︾᠎ ᠢ ᠬᠠᠮᠲᠤ ᠎ ᠳᠤᠨᠢ ᠬᠦᠴᠦᠨ ᠦᠭᠡᠢ ᠪᠣᠯᠭᠠᠨ᠎ᠠ᠃     ᠬᠠᠮᠢᠶ᠎ᠠ ᠪᠦᠬᠦᠢ ᠳᠦᠷᠦ ᠶᠢᠨ ᠪᠣᠳᠣᠯᠭ᠎ᠠ ᠶᠢᠨ ᠳᠠᠶᠢᠯᠣᠮᠵᠢ
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号