ᠠᠯᠠᠱᠠ ᠠᠶᠢᠮᠠᠭ ᠤᠨ ᠨᠡᠶᠢᠭᠡᠮ ᠤᠨ ᠠᠪᠤᠷᠠᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠥᠯᠲᠡ ᠲᠠᠢ ᠬᠤᠯᠪᠣᠭᠳᠠᠭᠤᠯᠵᠦ ᠬᠠᠮᠳᠣᠷᠠᠨ ᠬᠥᠳᠡᠯᠦᠯᠴᠡᠬᠦ ᠶᠢ ᠤᠯᠠᠮ ᠨᠢᠭᠡ ᠠᠯᠬᠤᠮ ᠪᠦᠷᠢᠨᠰᠢᠭᠦᠯᠬᠦ ᠲᠣᠭᠲᠠᠴᠠ
ᠨᠡᠶᠢᠲᠡᠯᠡᠭᠰᠡᠨ ᠴᠠᠭ᠄
2022/9/5
    ︽ᠨᠡᠶᠢᠭᠡᠮ ᠤᠨ ᠠᠪᠣᠷᠠᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭ᠎ᠠ ᠶᠢᠨ ᠦᠨ᠎ᠡ ᠶᠢᠨ ᠥᠰᠥᠯᠲᠡ ᠲᠠᠢ ᠬᠤᠯᠪᠣᠭᠳᠠᠭᠤᠯᠵᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 5 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠪᠥᠬᠦ ᠠᠶᠢᠮᠠᠭ ᠤᠨ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠦᠨᠡᠨᠬᠦ ᠰᠠᠶᠢᠲᠤᠷ ᠬᠢᠬᠦ ᠶᠢᠨ ᠲᠤᠰᠠᠳᠠ᠂ ︽ᠠᠯᠠᠱᠨ ᠠᠶᠢᠮᠠᠭ ᠤᠨ ᠨᠡᠶᠢᠭᠡᠮ ᠤᠨ ᠠᠪᠣᠷᠠᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭ᠎ᠠ ᠶᠢᠨ ᠦᠨ᠎ᠡ ᠶᠢᠨ ᠥᠰᠥᠯᠲᠡ ᠲᠠᠢ ᠬᠤᠯᠪᠣᠭᠳᠠᠭᠤᠯᠵᠤ ᠬᠠᠮᠲᠤᠷᠠᠨ ᠬᠥᠳᠡᠯᠦᠯᠴᠡᠬᠦ ᠶᠢ ᠤᠯᠠᠮ ᠨᠢᠭᠡ ᠠᠯᠬᠤᠮ ᠪᠦᠷᠢᠨᠰᠢᠭᠦᠯᠬᠦ ᠲᠣᠭᠲᠠᠴᠠ︾ ᠶᠢ ᠣᠨᠴᠣᠭᠤᠶᠢᠯᠠᠨ ᠲᠣᠭᠲᠠᠭᠠᠪᠠ᠃     ᠨᠢᠭᠡ᠂ ᠪᠠᠲᠤᠯᠠᠬᠤ ᠡᠲᠡᠭᠡᠳ     ᠦᠨ᠎ᠡ ᠬᠠᠩᠰᠢ ᠶᠢᠨ ᠨᠥᠬᠦᠪᠥᠷᠢ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢᠨ ᠪᠠᠲᠤᠯᠠᠭ᠎ᠠ ᠶᠢᠨ ᠡᠲᠡᠭᠡᠳ ᠪᠣᠯ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠣᠨᠴᠠ ᠬᠦᠴᠢᠷᠳᠡᠯᠲᠡᠶ ᠬᠥᠮᠦᠰ᠂ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠦᠰ᠂ ᠤᠯᠤᠰ ᠤᠨ ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ ᠨᠥᠬᠦᠪᠥᠷᠢ ᠭᠥᠷᠳᠡᠵᠦ ᠪᠠᠶᠢᠭ᠎ᠠ ᠠᠰᠠᠷᠠᠨ ᠬᠠᠷᠠᠭᠠᠯᠵᠠᠬᠤ ᠡᠲᠡᠭᠡᠳ᠂ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠦᠬᠡᠳ᠂ ᠠᠶᠢᠽ ᠡᠪᠡᠳᠴᠢᠨ ᠤ ᠸᠢᠷᠦ᠋ᠰ ᠲᠤ ᠬᠠᠯᠳᠠᠪᠤᠷᠢᠯᠠᠭᠳᠠᠭᠰᠠᠨ ᠬᠡᠦᠬᠡᠳ᠂ ᠶᠡᠭᠡ ᠳᠡᠭᠡᠳᠦ ᠰᠤᠷᠭᠠᠭᠤᠯᠢ ᠶᠢᠨ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠪᠣᠯᠤᠨ᠎ᠠ᠃     ᠬᠤᠶᠠᠷ᠂ ᠡᠬᠢᠯᠡᠭᠦᠯᠬᠦ ᠲᠠᠰ ᠳᠠᠪᠬᠤᠷᠭ᠎ᠠ     ᠦᠨ᠎ᠡ ᠬᠠᠩᠰᠢ ᠶᠢᠨ ᠨᠥᠬᠦᠪᠥᠷᠢ ᠶᠢᠨ ᠬᠠᠮᠳᠣᠷᠠᠨ ᠬᠥᠳᠡᠯᠦᠯᠴᠡᠬᠦ ᠲᠣᠭᠲᠠᠴᠠ ᠶᠢ ᠠᠶᠢᠮᠠᠭ ᠢᠶᠠᠷ ᠨᠢᠬᠡᠴᠡ ᠪᠣᠯᠭᠠᠨ ᠨᠢᠭᠡᠳᠦᠯᠲᠡᠶ ᠡᠬᠢᠯᠡᠬᠦᠯᠦᠨ᠎ᠡ᠃     ᠭᠤᠷᠪᠠ᠂ ᠡᠬᠢᠯᠡᠭᠦᠯᠬᠦ ᠨᠥᠬᠦᠴᠡᠯ     ᠳᠤᠤᠷᠠᠬᠢ ᠳᠤᠷ᠎ᠠ ᠶᠢᠨ ᠨᠢᠭᠡ ᠨᠥᠬᠦᠴᠡᠯ ᠢ ᠬᠠᠩᠭᠠᠪᠠᠯ ᠳᠠᠷᠤᠶ ᠦᠨ᠎ᠡ ᠬᠠᠩᠰᠢ ᠶᠢᠨ ᠨᠥᠬᠦᠪᠥᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠦᠨ᠎ᠡ᠄     ︵ᠨᠢᠭᠡ︶ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠵᠢᠭᠠᠯᠲᠠ ᠲᠤᠭ᠎ᠠ ︵CPI︶ ᠭᠠᠭᠴᠠ ᠰᠠᠷ᠎ᠠ ᠶᠢᠨ ᠠᠳᠠᠯᠢ ᠬᠤᠭᠤᠴᠠᠭᠠᠨ ᠤ ᠬᠢ ᠠᠴᠠ ᠥᠰᠦᠭᠰᠡᠨ ᠬᠡᠮᠵᠢᠶ᠎ᠡ ᠨᠢ       3 . 5 % ᠳᠤ ᠬᠦᠷᠦᠭᠰᠡᠨ᠃     ︵ᠬᠤᠶᠠᠷ︶ CPI ᠳᠠᠬᠢ ᠢᠳᠡᠭᠡᠨ ᠤ ᠵᠦᠢᠯ ᠤᠨ ᠦᠨ᠎ᠡ ᠬᠠᠩᠰᠢ ᠶᠢᠨ ᠵᠢᠭᠠᠯᠲᠠ ᠲᠤᠭ᠎ᠠ ᠶᠢᠨ ᠭᠠᠭᠴᠠ ᠰᠠᠷ᠎ᠠ ᠶᠢᠨ ᠠᠳᠠᠯᠢ ᠬᠤᠭᠤᠴᠠᠭᠠᠨ ᠤ ᠬᠢ ᠠᠴᠠ ᠥᠰᠦᠭᠰᠡᠨ ᠬᠡᠮᠵᠢᠶ᠎ᠡ ᠨᠢ 6 % ᠳᠤ ᠬᠦᠷᠦᠭᠰᠡᠨ᠃     ᠳᠥᠷᠪᠡ᠂ ᠬᠠᠮᠲᠤᠷᠠᠨ ᠬᠥᠳᠡᠯᠦᠯᠴᠡᠬᠦ ᠠᠷᠭ᠎ᠠ ᠮᠠᠶ᠋ᠢᠭ     ᠡᠬᠢᠯᠡᠭᠦᠯᠬᠦ ᠨᠥᠬᠦᠴᠡᠯ ᠳᠤ ᠬᠦᠷᠬᠦ ᠦᠶ᠎ᠡ ᠳᠤ᠂ ᠦᠨ᠎ᠡ ᠬᠠᠩᠰᠢ ᠶᠢᠨ ᠨᠥᠬᠦᠪᠥᠷᠢ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠵᠦ᠂ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠣᠯᠭᠤᠨ᠎ᠠ︔ ᠲᠣᠰ ᠰᠠᠷ᠎ᠠ ᠶᠢᠨ ᠠᠯᠢᠪᠠ ᠡᠬᠢᠯᠡᠭᠦᠯᠬᠦ ᠨᠥᠬᠦᠴᠡᠯ ᠢ ᠴᠥᠮ ᠬᠠᠩᠭᠠᠵᠤ ᠳᠡᠶᠢᠯᠬᠦ ᠥᠬᠡᠶ ᠪᠠᠶᠢᠪᠠᠯ᠂ ᠦᠨ᠎ᠡ ᠬᠠᠩᠰᠢ ᠶᠢᠨ ᠨᠥᠬᠦᠪᠥᠷᠢ ᠶᠢᠨ ᠬᠠᠮᠳᠣᠷᠠᠨ ᠬᠥᠳᠡᠯᠦᠯᠴᠡᠬᠦ ᠲᠣᠭᠲᠠᠴᠠ ᠶᠢ ᠵᠣᠭᠰᠣᠭᠠᠵᠤ᠂ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠣᠯᠭᠤᠬᠤ ᠶᠢ ᠵᠣᠭᠰᠣᠭᠠᠨ᠎ᠠ᠃ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢ ︽ᠰᠠᠷ᠎ᠠ ᠪᠠᠷ ᠲᠥᠰᠦᠭᠡᠯᠡᠨ ᠪᠤᠳᠤᠬᠤ᠂ ᠰᠠᠷ᠎ᠠ ᠪᠠᠷ ᠣᠯᠭᠤᠬᠤ︾ ᠶᠢ ᠬᠡᠷᠡᠭᠵᠢᠭᠦᠯᠵᠦ᠂ ᠬᠠᠮᠢᠶ᠎ᠠ ᠪᠥᠬᠦᠶ ᠦᠨ᠎ᠡ ᠬᠠᠩᠰᠢ ᠶᠢᠨ  ᠬᠦᠢᠴᠡᠳᠬᠡᠯ ᠲᠤᠭ᠎ᠠ ᠶᠢ ᠨᠡᠶᠢᠲᠡᠯᠡᠭᠰᠡᠨ ᠲᠣᠰ ᠰᠠᠷ᠎ᠠ ᠳᠤ ᠬᠦᠴᠢᠷᠳᠡᠯᠲᠡᠶ ᠣᠯᠠᠨ ᠲᠦᠮᠡᠨ ᠳᠤ ᠬᠦᠢᠴᠡᠳ ᠲᠤᠭ᠎ᠠ ᠪᠠᠷ ᠣᠯᠭᠤᠨ᠎ᠠ᠃ ᠨᠡᠶᠢᠭᠡᠮ ᠤᠨ ᠠᠪᠤᠷᠠᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠶᠢᠩᠭᠤᠵᠢᠭᠤᠯᠤᠨ ᠲᠣᠬᠢᠷᠠᠭᠤᠯᠬᠤ ᠶᠢ ᠦᠨ᠎ᠡ ᠬᠠᠩᠰᠢ ᠶᠢᠨ ᠨᠥᠬᠦᠪᠥᠷᠢ ᠶᠢᠨ ᠬᠠᠮᠳᠣᠷᠠᠨ ᠬᠥᠳᠡᠯᠦᠯᠴᠡᠬᠦ ᠲᠣᠭᠲᠠᠴᠠ ᠯᠤᠭ᠎ᠠ ᠵᠣᠯᠭᠠᠭᠤᠯᠬᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠬᠡᠷᠡᠭᠲᠡᠶ᠃ ᠨᠡᠶᠢᠭᠡᠮ ᠤᠨ ᠠᠪᠣᠷᠠᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠬᠡᠪ ᠤᠨ ᠳᠡᠰ ᠳᠠᠷᠠᠭᠠᠯᠠᠯ ᠢᠶᠠᠷ ᠲᠣᠬᠢᠷᠠᠭᠤᠯᠬᠤ ᠳᠠᠭᠠᠨ᠂ ᠳᠡᠭᠡᠷ᠎ᠡ ᠨᠢᠭᠡ ᠵᠢᠯ ᠤᠨ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ ᠦᠨ᠎ᠡ ᠬᠠᠩᠰᠢ ᠶᠢᠨ ᠥᠰᠥᠯᠲᠡ ᠶᠢᠨ ᠪᠠᠶᠢᠳᠠᠯ᠂ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠣᠯᠭᠤᠭᠰᠠᠨ ᠪᠠᠶᠢᠳᠠᠯ ᠵᠢᠴᠢ ᠲᠥᠰᠦᠭᠡᠯᠡᠭᠰᠡᠨ ᠲᠤᠰ ᠵᠢᠯ ᠤᠨ ᠰᠠᠭᠤᠭᠠᠯᠢ ᠠᠷᠠᠳ ᠤᠨ ᠠᠮᠢᠳᠤᠷᠠᠯ ᠤᠨ ᠵᠠᠷᠤᠳᠠᠯ ᠤᠨ ᠦᠨ᠎ᠡ ᠬᠠᠩᠰᠢ ᠶᠢᠨ ᠥᠰᠥᠯᠲᠡ ᠶᠢᠨ ᠪᠠᠶᠢᠳᠠᠯ ᠵᠡᠷᠭᠡ ᠶᠢ ᠴᠢᠬᠤᠯᠠ ᠯᠠᠪᠯᠠᠯᠲᠠ ᠶᠢᠨ ᠬᠦᠴᠦᠨ ᠵᠦᠢᠯ ᠪᠣᠯᠭᠠᠬᠤ ᠬᠡᠷᠡᠭᠲᠡᠶ᠃     ᠲᠠᠪᠤ᠂ ᠨᠥᠬᠦᠪᠥᠷᠢ ᠥᠭᠬᠦ ᠪᠠᠷᠢᠮᠵᠢᠶ᠎ᠠ     ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢ ᠠᠶᠢᠮᠠᠭ ᠢᠶᠠᠷ ᠨᠢᠬᠡᠴᠡ ᠪᠣᠯᠭᠠᠨ ᠨᠢᠭᠡᠳᠦᠯᠲᠡᠶ ᠨᠥᠬᠦᠪᠥᠷᠢ ᠶᠢᠨ ᠪᠠᠷᠢᠮᠵᠢᠶ᠎ᠠ ᠶᠢ ᠬᠡᠷᠡᠭᠵᠢᠭᠦᠯᠵᠦ᠂ ᠠᠯᠠᠱᠠ ᠠᠶᠢᠮᠠᠭ ᠤᠨ ᠬᠤᠲᠠ ᠪᠠᠯᠭᠠᠰᠤ ᠶᠢᠨ ᠳᠤᠤᠷ᠎ᠠ ᠣᠷᠣᠯᠭ᠎ᠠ ᠲᠠᠢ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ ᠦᠨ᠎ᠡ ᠬᠠᠩᠰᠢ ᠶᠢᠨ ᠬᠦᠢᠴᠡᠳᠭᠡᠯ ᠲᠤᠭ᠎ᠠ ︵SCPI︶ ᠶᠢ ᠬᠡᠷᠡᠭᠯᠡᠨ ᠲᠥᠰᠦᠭᠡᠯᠡᠨ ᠪᠣᠳᠣᠨ᠎ᠠ᠃ ᠲᠥᠰᠦᠭᠡᠯᠡᠨ ᠪᠤᠳᠤᠬᠤ ᠠᠷᠭ᠎ᠠ ᠨᠢ ᠳᠤᠤᠷᠠᠬᠢ ᠮᠡᠲᠦ᠄     ︵ᠨᠢᠭᠡ︶ ᠬᠤᠲᠠ ᠶᠢᠨ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢᠨ ᠪᠠᠷᠢᠮᠵᠢᠶ᠎ᠠ = ᠠᠯᠠᠱᠠ ᠠᠶᠢᠮᠠᠭ ᠤᠨ ᠬᠤᠲᠠ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠲᠤᠯᠠᠬᠤ ᠪᠠᠷᠢᠮᠵᠢᠶ᠎ᠠ × ᠠᠯᠠᠱᠠ ᠠᠶᠢᠮᠠᠭ ᠤᠨ ᠬᠤᠲᠠ ᠪᠠᠯᠭᠠᠰᠤ ᠶᠢᠨ ᠳᠤᠤᠷ᠎ᠠ ᠣᠷᠣᠯᠭ᠎ᠠ ᠲᠠᠢ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ ᠦᠨ᠎ᠡ ᠬᠠᠩᠰᠢ ᠶᠢᠨ ᠵᠢᠭᠠᠯᠲᠠ ᠲᠤᠭ᠎ᠠ ︵SCPI︶ ᠶᠢᠨ ᠠᠳᠠᠯᠢ ᠬᠤᠭᠤᠴᠠᠭᠠᠨ ᠤ ᠬᠢ ᠠᠴᠠ ᠥᠰᠦᠭᠰᠡᠨ ᠬᠡᠮᠵᠢᠶ᠎ᠡ᠃     ︵ᠬᠤᠶᠠᠷ︶ ᠮᠠᠯᠵᠢᠬᠤ ᠲᠠᠷᠢᠶᠠᠯᠠᠬᠤ ᠣᠷᠣᠨ ᠤ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢᠨ ᠪᠠᠷᠢᠮᠵᠢᠶ᠎ᠠ = ᠠᠯᠠᠱᠠ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠲᠤᠯᠠᠬᠤ ᠪᠠᠷᠢᠮᠵᠢᠶ᠎ᠠ × ᠠᠯᠠᠱᠠ ᠠᠶᠢᠮᠠᠭ ᠤᠨ ᠬᠤᠲᠠ ᠪᠠᠯᠭᠠᠰᠤ ᠶᠢᠨ ᠳᠤᠤᠷ᠎ᠠ ᠣᠷᠣᠯᠭ᠎ᠠ ᠲᠠᠢ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ ᠦᠨ᠎ᠡ ᠬᠠᠩᠰᠢ ᠶᠢᠨ ᠵᠢᠭᠠᠯᠲᠠ ᠲᠤᠭ᠎ᠠ ︵SCPI︶ ᠶᠢᠨ ᠠᠳᠠᠯᠢ ᠬᠤᠭᠤᠴᠠᠭᠠᠨ ᠤ ᠬᠢ ᠠᠴᠠ ᠥᠰᠦᠭᠰᠡᠨ ᠬᠡᠮᠵᠢᠶ᠎ᠡ᠃ ᠬᠤᠲᠠ ᠶᠢᠨ ᠬᠥᠮᠦᠨ ᠪᠦᠷᠢ ᠶᠢᠨ ᠰᠠᠷ᠎ᠠ ᠶᠢᠨ ᠨᠥᠬᠦᠪᠥᠷᠢ ᠨᠢ 30 ᠲᠥᠭᠦᠷᠢᠭ ᠲᠤ ᠬᠦᠷᠬᠦ ᠦᠭᠡᠶ ᠶᠢ ᠨᠢ 30 ᠲᠥᠭᠦᠷᠢᠭ ᠢᠶᠠᠷ ᠥᠭᠴᠦ᠂ 30 ᠲᠥᠭᠦᠷᠢᠭ ᠠᠴᠠ ᠳᠠᠪᠠᠭᠰᠠᠨ ᠢ ᠨᠢ ᠪᠣᠳᠠᠲᠤ ᠪᠠᠶᠢᠳᠠᠯ ᠢ ᠦᠨᠳᠦᠰᠦᠯᠡᠨ ᠥᠭᠬᠦ ᠬᠡᠷᠡᠭᠲᠡᠶ︔ ᠮᠠᠯᠵᠢᠬᠤ ᠲᠠᠷᠢᠶᠠᠯᠠᠬᠤ ᠣᠷᠣᠨ ᠤ ᠬᠥᠮᠦᠨ ᠪᠦᠷᠢ ᠶᠢᠨ ᠰᠠᠷ᠎ᠠ ᠶᠢᠨ ᠨᠥᠬᠦᠪᠥᠷᠢ ᠨᠢ 15 ᠲᠥᠭᠦᠷᠢᠭ ᠲᠤ ᠬᠦᠷᠬᠦ ᠦᠭᠡᠶ ᠶᠢ 15 ᠲᠥᠭᠦᠷᠢᠭ ᠢᠶᠠᠷ ᠣᠯᠭᠤᠵᠤ᠂ 15 ᠲᠥᠭᠦᠷᠢᠭ ᠠᠴᠠ ᠳᠠᠪᠠᠭᠰᠠᠨ ᠢ ᠪᠣᠳᠠᠲᠤ ᠪᠠᠶᠢᠳᠠᠯ ᠢ ᠦᠨᠳᠦᠰᠦᠯᠡᠨ ᠣᠯᠭᠤᠨ᠎ᠠ᠃ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠦᠰ᠂ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠦᠭᠡᠶ ᠬᠡᠦᠬᠡᠳ᠂ ᠠᠶᠢᠽ ᠡᠪᠡᠳᠴᠢᠨ ᠤ ᠸᠢᠷᠦ᠋ᠰ ᠲᠤ ᠬᠠᠯᠳᠠᠪᠤᠷᠢᠯᠠᠭᠳᠠᠭᠰᠠᠨ ᠬᠡᠦᠬᠡᠳ᠂ ᠳᠡᠭᠡᠳᠦ ᠰᠤᠷᠭᠠᠭᠤᠯᠢ ᠶᠢᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠲᠤ ᠨᠥᠬᠦᠪᠥᠷᠢ ᠥᠭᠬᠦ ᠪᠠᠷᠢᠮᠵᠢᠶ᠎ᠠ ᠶᠢ ᠬᠤᠲᠠ ᠶᠢᠨ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃     ᠵᠢᠷᠭᠤᠭ᠎ᠠ᠂ ᠪᠡᠯᠡ ᠮᠥᠩᠭᠦ ᠶᠢᠨ ᠪᠠᠲᠤᠯᠠᠭ᠎ᠠ     ᠤᠯᠤᠰ ᠤᠨ ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ ᠨᠥᠬᠦᠪᠥᠷᠢ ᠬᠦᠷᠲᠡᠵᠦ ᠪᠠᠶᠢᠭ᠎ᠠ ᠠᠰᠠᠷᠠᠨ ᠬᠠᠷᠠᠭᠠᠯᠵᠠᠬᠤ ᠡᠲᠡᠭᠡᠳ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠡᠲᠡᠭᠡᠳ᠂ ᠣᠨᠴᠠ ᠬᠦᠴᠢᠷᠳᠡᠯᠲᠡᠶ ᠬᠥᠮᠦᠰ᠂ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠦᠬᠡᠳ᠂ ᠠᠶᠢᠽ ᠡᠪᠡᠳᠴᠢᠨ ᠤ ᠸᠢᠷᠦ᠋ᠰ ᠲᠤ ᠬᠠᠯᠳᠠᠪᠤᠷᠢᠯᠠᠭᠳᠠᠭᠰᠠᠨ ᠬᠡᠦᠬᠡᠳ᠂ ᠳᠡᠭᠡᠳᠦ ᠰᠤᠷᠭᠠᠭᠤᠯᠢ ᠶᠢᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠤᠨ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢᠨ ᠪᠠᠯᠠ ᠮᠥᠩᠭᠦ ᠶᠢ ᠠᠳᠠᠯᠢ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠠᠴᠠ ᠭᠤᠤᠯᠳᠠᠭᠤ ᠱᠠᠩᠨᠠᠵᠤ ᠨᠥᠬᠦᠪᠥᠷᠢᠯᠡᠬᠦ ᠬᠡᠯᠪᠡᠷᠢ ᠪᠠᠷ ᠳᠠᠮᠵᠢᠭᠤᠯᠤᠨ ᠠᠶᠢᠮᠠᠭ ︵ᠬᠤᠲᠠ︶᠂ ᠬᠤᠰᠢᠭᠤ ︵ᠣᠷᠣᠨ︶ ᠶᠢᠨ ᠬᠠᠮᠲᠤᠷᠠᠨ ᠬᠥᠳᠡᠯᠦᠯᠴᠡᠬᠦ ᠨᠥᠬᠦᠪᠥᠷᠢ ᠶᠢᠨ ᠪᠠᠯᠠ ᠮᠥᠩᠭᠦ ᠳᠤ ᠨᠥᠬᠦᠪᠥᠷᠢ ᠣᠯᠭᠤᠨ᠎ᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠭᠰᠡᠳ᠂ ᠣᠨᠴᠠ ᠬᠦᠴᠢᠷᠳᠡᠯᠲᠡᠶ ᠬᠥᠮᠦᠰ᠂ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠦᠬᠡᠳ᠂ ᠠᠶᠢᠽ ᠡᠪᠡᠳᠴᠢᠨ ᠤ ᠸᠢᠷᠦ᠋ᠰ ᠲᠤ ᠬᠠᠯᠳᠠᠪᠤᠷᠢᠯᠠᠭᠳᠠᠭᠰᠠᠨ ᠬᠡᠦᠬᠡᠳ ᠲᠤ ᠣᠯᠭᠤᠬᠤ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢ ᠠᠯᠠᠱᠠ ᠠᠶᠢᠮᠠᠭ ᠤᠨ ᠡᠯ᠎ᠡ ᠱᠠᠲᠤᠨ ᠤ ᠡᠳ᠋ ᠤᠨ ᠵᠠᠰᠠᠭ ᠤᠨ ᠲᠣᠬᠢᠷᠠᠭᠤᠯᠤᠭᠰᠠᠨ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠥᠷᠢ ᠪᠠᠯᠠ ᠮᠥᠩᠭᠦ ᠶᠢᠨ ᠳᠣᠲᠣᠷ᠎ᠠ ᠠᠴᠠ ᠭᠠᠷᠭᠠᠵᠤ ᠪᠣᠯᠤᠨ᠎ᠠ᠃ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠦᠰ ᠤᠨ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠪᠡᠯᠡ ᠮᠥᠩᠭᠦ ᠶᠢ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠳᠣᠲᠣᠷ᠎ᠠ ᠠᠴᠠ ᠭᠠᠷᠭᠠᠨ᠎ᠠ᠃     ᠳᠣᠯᠤᠭ᠎ᠠ᠂ ᠠᠵᠢᠯ ᠤᠨ ᠲᠣᠭᠲᠠᠴᠠ     ︵ᠨᠢᠭᠡ︶ ᠠᠶᠢᠮᠠᠭ ᠤᠨ ᠵᠠᠬᠢᠷᠭ᠎ᠠ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠬᠤ ᠠᠵᠢᠯ ᠤᠨ ᠬᠡᠷᠡᠭᠵᠢᠭᠦᠯᠬᠦ ᠲᠣᠭᠲᠠᠴᠠ ᠶᠢ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠲᠠ ᠬᠠᠮᠵᠢᠯᠴᠠᠵᠤ᠂ ᠠᠵᠢᠯ ᠤᠨ ᠳᠡᠰ ᠳᠠᠷᠠᠭᠠᠯᠠᠯ ᠢᠶᠠᠨ ᠰᠢᠯᠢᠳᠡᠭᠵᠢᠭᠦᠯᠦᠨ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠭᠦᠢᠴᠡᠳ ᠣᠯᠭᠤᠬᠤ ᠶᠢ ᠦᠨᠡᠨᠬᠦ ᠪᠠᠳᠣᠯᠠᠬᠤ ᠬᠡᠷᠡᠭᠳᠡᠢ᠃     ︵ᠬᠤᠶᠠᠷ︶ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠠᠯᠠᠱᠠ ᠶᠢᠨ ᠪᠠᠶᠢᠴᠠᠭᠠᠯᠲᠠ ᠶᠢᠨ ᠠᠩᠭᠢ ᠨᠢ ᠬᠠᠮᠢᠶ᠎ᠠ ᠪᠦᠬᠦᠢ ᠦᠨ᠎ᠡ ᠬᠠᠩᠰᠢ ᠶᠢᠨ ᠵᠢᠭᠠᠯᠲᠠ ᠲᠤᠭ᠎ᠠ ᠶᠢᠨ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠬᠠᠩᠭᠠᠬᠤ ᠬᠡᠷᠡᠭᠲᠡᠶ︔ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠪᠠᠷᠠᠭᠠᠨ ᠤ ᠦᠨ᠎ᠡ ᠶᠢᠨ ᠬᠤᠪᠢᠷᠠᠯᠲᠠ ᠶᠢ ᠨᠢᠮᠪᠠᠢ ᠠᠩᠬᠠᠷᠴᠤ᠂ ᠬᠠᠮᠳᠣᠷᠠᠨ ᠬᠥᠳᠡᠯᠦᠯᠴᠡᠬᠦ ᠲᠣᠭᠲᠠᠴᠠ ᠶᠢ ᠴᠠᠭ ᠲᠤᠬᠠᠶ ᠳᠤᠨᠢ ᠡᠬᠢᠯᠡᠭᠦᠯᠬᠦ ᠪᠤᠶᠤ ᠵᠣᠭᠰᠣᠭᠠᠵᠤ᠂ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢᠨ ᠪᠠᠷᠢᠮᠵᠢᠶ᠎ᠠ ᠶᠢ ᠣᠨᠣᠪᠴᠢᠲᠠᠶ ᠲᠥᠰᠦᠭᠡᠯᠡᠨ ᠪᠤᠳᠤᠵᠤ᠂ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢᠨ ᠪᠠᠷᠢᠮᠵᠢᠶ᠎ᠠ ᠶᠢᠨ ᠰᠠᠨᠠᠭᠤᠯᠭ᠎ᠠ ᠶᠢ ᠳᠤᠷᠠᠳᠴᠤ᠂ ᠲᠣᠭᠲᠠᠴᠠ ᠶᠢᠨ ᠬᠡᠷᠡᠭᠵᠢᠭᠦᠯᠦᠯᠲᠡ ᠶᠢᠨ ᠪᠠᠶᠢᠳᠠᠯ ᠢ ᠮᠥᠷᠳᠡᠬᠦ ᠪᠠ ᠰᠢᠮᠳᠠᠭᠤᠯᠤᠨ ᠵᠢᠯᠣᠭᠤᠳᠬᠤ ᠶᠢ ᠰᠠᠶᠢᠲᠤᠷ ᠠᠳᠬᠤᠬᠤ ᠬᠡᠷᠡᠭᠲᠡᠶ︔ ᠪᠦᠬᠦ ᠠᠶᠢᠮᠠᠭ ᠤᠨ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢᠨ ᠪᠡᠯᠡ ᠮᠥᠩᠭᠦ ᠶᠢ ᠢᠳᠡᠪᠬᠢᠲᠡᠶ ᠲᠣᠬᠢᠷᠠᠭᠤᠯᠬᠤ ᠬᠡᠷᠡᠭᠲᠡᠶ︔ ᠠᠶᠢᠮᠠᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠢᠴᠢ ᠠᠯᠠᠱᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠲᠣᠰ ᠰᠠᠯᠠᠭ᠎ᠠ ᠮᠥᠴᠢᠷ᠂ ᠲᠣᠰ ᠨᠢᠬᠡᠴᠡ ᠶᠢᠨ ᠪᠠᠲᠤᠯᠠᠭ᠎ᠠ ᠶᠢᠨ ᠡᠲᠡᠭᠡᠳ ᠤᠨ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠮᠥᠩᠭᠦ ᠣᠯᠭᠤᠬᠤ ᠠᠵᠢᠯ ᠢ ᠰᠠᠶᠢᠲᠤᠷ ᠵᠣᠬᠢᠶᠠᠨ ᠪᠠᠶᠢᠭᠤᠯᠬᠤ ᠬᠡᠷᠡᠭᠲᠡᠶ᠃     ᠨᠠᠢᠮᠠ᠂ ᠠᠵᠢᠯ ᠤᠨ ᠱᠠᠭᠠᠷᠳᠠᠯᠭ᠎ᠠ     ︵ᠨᠢᠭᠡ︶ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠦᠭᠰᠡᠨ ᠪᠤᠶᠤ ᠵᠣᠭᠰᠣᠭᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ ᠪᠠ ᠠᠶᠢᠮᠠᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠢᠴᠢ ᠠᠯᠠᠱᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠴᠠᠭ ᠲᠤᠬᠠᠶ ᠳᠤᠨᠢ ᠵᠠᠬᠢᠳᠠᠯ ᠢᠶᠠᠷ ᠮᠡᠳᠡᠭᠳᠡᠬᠦ ᠬᠡᠷᠡᠭᠲᠡᠶ᠃     ︵ᠬᠤᠶᠠᠷ︶ ᠠᠶᠢᠮᠠᠭ ᠬᠤᠰᠢᠭᠤ ︵ᠣᠷᠣᠨ︶ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠢᠴᠢ ᠠᠯᠠᠱᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠠᠶᠢᠮᠠᠭ ᠤᠨ ᠱᠠᠲᠤ ᠵᠢᠴᠢ ᠬᠤᠰᠢᠭᠤ ︵ᠣᠷᠣᠨ︶ ᠶᠢᠨ ᠪᠠᠲᠤᠯᠠᠬᠤ ᠡᠲᠡᠭᠡᠳ ᠤᠨ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠪᠠᠯᠠ ᠮᠥᠩᠭᠦ ᠣᠯᠭᠤᠬᠤ ᠶᠢ ᠪᠣᠳᠠᠲᠠᠶ ᠬᠠᠷᠢᠭᠤᠴᠠᠬᠤ ᠬᠡᠷᠡᠭᠳᠡᠢ᠃     ︵ᠭᠤᠷᠪᠠ︶ ᠡᠯ᠎ᠡ ᠬᠤᠰᠢᠭᠤ ︵ᠣᠷᠣᠨ︶᠂ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠣᠭᠲᠠᠭᠠᠭᠰᠠᠨ ᠦᠨ᠎ᠡ ᠬᠠᠩᠰᠢ᠂ ᠲᠦᠷ ᠴᠠᠭ ᠨᠥᠬᠦᠪᠥᠷᠢᠯᠡᠬᠦ ᠬᠡᠪᠴᠢᠶ᠎ᠡ ᠪᠠ ᠡᠲᠡᠭᠡᠳ ᠢ ᠴᠢᠩᠭ᠎ᠠ ᠵᠢᠷᠤᠮᠯᠠᠨ ᠨᠥᠬᠦᠪᠥᠷᠢ ᠣᠯᠭᠤᠵᠤ᠂ ᠪᠠᠲᠤᠯᠠᠬᠤ ᠡᠲᠡᠭᠡᠳ ᠤᠨ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠰᠢᠨᠡᠳᠬᠡᠵᠦ ᠂ ︽ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠵᠤ᠂ ᠨᠥᠬᠦᠪᠥᠷᠢᠯᠡᠪᠡᠰᠦ ᠵᠣᠬᠢᠬᠤ ᠶᠢ ᠨᠢ ᠪᠦᠬᠦᠨ ᠢ ᠨᠥᠬᠦᠪᠥᠷᠢᠯᠡᠬᠦ︾ ᠶᠢ ᠪᠡᠶᠡᠯᠡᠭᠦᠯᠬᠦ ᠬᠡᠷᠡᠭᠲᠡᠶ᠃     ︵ᠳᠥᠷᠪᠡ︶ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠣᠯᠤᠨ ᠠᠶᠢᠮᠠᠭ ᠤᠨ ᠵᠠᠬᠢᠷᠭ᠎ᠠ ᠳᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠦᠭᠰᠡᠨ ᠪᠤᠶᠤ ᠵᠣᠭᠰᠣᠭᠠᠭᠰᠠᠨ᠂ ᠦᠨ᠎ᠡ ᠬᠠᠩᠰᠢ ᠶᠢᠨ ᠨᠥᠬᠦᠪᠥᠷᠢ ᠪᠡᠯᠡ ᠮᠥᠩᠭᠦ ᠣᠯᠭᠤᠭᠰᠠᠨ ᠪᠠᠶᠢᠳᠠᠯ ᠢᠶᠠᠨ ᠰᠠᠷ᠎ᠠ ᠰᠠᠷ᠎ᠠ ᠮᠡᠳᠡᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠯ᠎ᠡ ᠠᠶᠢᠮᠠᠭ ︵ᠬᠤᠲᠠ︶ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢᠨ ᠠᠵᠢᠯ ᠳᠤ ᠬᠢᠨᠠᠯᠲᠠ ᠲᠠᠯᠪᠢᠵᠤ᠂ ᠮᠡᠳᠡᠭᠡ ᠵᠠᠩᠭᠢ ᠮᠡᠳᠡᠭᠦᠯᠦᠨ ᠬᠦᠷᠭᠡᠭᠰᠡᠨ ᠨᠢ ᠦᠨᠡᠨ ᠪᠣᠳᠠᠲᠠᠶ ᠪᠤᠰᠤ᠂ ᠨᠥᠬᠦᠪᠥᠷᠢ ᠣᠯᠭᠤᠭᠰᠠᠨ ᠨᠢ ᠴᠠᠭ ᠲᠤᠬᠠᠶ ᠳᠤᠨᠢ ᠪᠤᠰᠤ ᠠᠶᠢᠮᠠᠭ ︵ᠬᠤᠲᠠ︶ ᠢ ᠵᠠᠷᠯᠠᠨ ᠮᠡᠳᠡᠭᠳᠡᠬᠦ ᠪᠣᠯᠤᠨ᠎ᠠ᠃     ︵ᠲᠠᠪᠤ︶ ︽︿ᠨᠡᠶᠢᠭᠡᠮ ᠤᠨ ᠠᠪᠤᠷᠠᠨ ᠲᠤᠰᠠᠯᠠᠬᠤ ᠲᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠶ ᠬᠡᠷᠡᠭᠵᠢᠭᠦᠯᠬᠦ ᠠᠷᠭ᠎ᠠ ᠬᠡᠮᠵᠢᠶ᠎ᠡ﹀ ᠶᠢ ᠳᠠᠷᠤᠮᠠᠯᠯᠠᠨ ᠳᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠨᠠᠮ ᠠᠯᠪᠠᠨ ᠲᠠᠷᠬᠠᠭᠠᠭᠰᠠᠨ ﹇2021﹈ 5 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠦᠨ᠎ᠡ ᠬᠠᠩᠰᠢ ᠶᠢᠨ ᠨᠥᠬᠦᠪᠥᠷᠢ ᠶᠢᠨ ᠬᠠᠮᠳᠣᠷᠠᠨ ᠬᠥᠳᠡᠯᠦᠯᠴᠡᠬᠦ ᠲᠣᠭᠲᠠᠴᠠ ᠶᠢ ᠬᠡᠷᠡᠭᠵᠢᠭᠦᠯᠦᠭᠰᠡᠨ ᠪᠠᠶᠢᠳᠠᠯ ᠢ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠳᠤ ᠣᠷᠣᠭᠤᠯᠤᠨ᠎ᠠ᠃     ︵ᠵᠢᠷᠭᠤᠭ᠎ᠠ︶ ᠡᠯ᠎ᠡ ᠬᠤᠰᠢᠭᠤ ︵ᠣᠷᠣᠨ︶᠂ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠥᠬᠦᠪᠥᠷᠢ ᠣᠯᠭᠤᠬᠤ ᠳᠠᠭᠠᠨ᠂ ᠬᠠᠮᠢᠶ᠎ᠠ ᠪᠦᠬᠦᠢ ᠪᠡᠯᠡ ᠮᠥᠩᠭᠦ ᠶᠢ ᠬᠤᠪᠢᠶᠠᠷᠢᠯᠠᠨ ᠰᠢᠯᠵᠢᠭᠦᠯᠦᠭᠰᠡᠨ ᠪᠠ ᠲᠡᠮᠳᠡᠭᠯᠡᠭᠰᠡᠨ ᠭᠡᠷᠡᠴᠢ ᠪᠠᠷᠢᠮᠲᠠ ᠳᠡᠭᠡᠷ᠎ᠡ ᠪᠠᠨ ᠣᠯᠭᠤᠭᠰᠠᠨ ᠨᠥᠬᠦᠪᠥᠷᠢ ᠪᠣᠯ ︽ᠲᠦᠷ ᠴᠠᠭ ᠤᠨ ᠦᠨ᠎ᠡ ᠶᠢᠨ ᠨᠥᠬᠦᠪᠥᠷᠢ︾ ᠭᠡᠬᠦ ᠵᠡᠷᠭᠡ ᠶᠢ ᠲᠣᠳᠣᠷᠬᠠᠶᠢᠯᠠᠵᠤ᠂ ᠬᠦᠴᠢᠷᠳᠡᠯᠲᠡᠶ ᠣᠯᠠᠨ ᠲᠦᠮᠡᠨ ᠳᠤ ᠨᠥᠬᠦᠪᠥᠷᠢ ᠶᠢᠨ ᠲᠥᠷᠥᠯ ᠵᠦᠢᠯ ᠪᠠ ᠤᠴᠢᠷ ᠰᠢᠯᠲᠠᠭᠠᠨ ᠢ ᠲᠣᠳᠣᠷᠬᠠᠶ ᠣᠶᠢᠯᠠᠭᠠᠭᠤᠯᠬᠤ ᠬᠡᠷᠡᠭᠲᠡᠶ᠃ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠡᠷᠴᠢᠮ ᠢᠶᠠᠨ ᠴᠢᠩᠭᠠᠷᠠᠭᠤᠯᠵᠤ᠂ ᠪᠥᠬᠦ ᠨᠡᠶᠢᠭᠡᠮ ᠢ ᠬᠥᠲᠥᠯᠥᠨ ᠵᠢᠯᠣᠭᠤᠳᠴᠤ ᠪᠠᠶᠢᠭᠠᠳ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢᠨ ︽ᠪᠠᠷᠠᠭᠠᠨ ᠤ ᠦᠨ᠎ᠡ ᠥᠰᠦᠭᠰᠡᠨ ᠬᠡᠰᠡᠭ︾ ᠤᠨ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠳᠤ ᠦᠵᠡᠭᠦᠯᠬᠦ ᠨᠥᠯᠥᠭᠡ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠶ ᠣᠶᠢᠯᠠᠭᠠᠭᠤᠯᠵᠤ᠂ ᠨᠡᠶᠢᠭᠡᠮ ᠤᠨ ᠬᠢᠨ ᠤ ᠪᠤᠷᠤᠭᠤ ᠣᠶᠢᠯᠠᠭᠠᠯᠲᠠ ᠪᠠ ᠶᠠᠷᠢᠶ᠎ᠠ ᠬᠡᠯᠡᠯᠴᠡᠭᠡᠨ ᠤ ᠪᠤᠷᠤᠭᠤ ᠣᠶᠢᠯᠠᠭᠠᠯᠲᠠ ᠠᠴᠠ ᠵᠠᠶᠢᠯᠠᠰᠬᠢᠬᠦ ᠬᠡᠷᠡᠭᠲᠡᠶ᠃     ︵ᠳᠣᠯᠤᠭ᠎ᠠ︶ ᠲᠤᠰ ᠮᠡᠳᠡᠭᠳᠡᠯ ᠢ ᠳᠠᠷᠤᠮᠠᠯᠯᠠᠨ ᠳᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ︽︿ᠠᠯᠠᠱᠠ ᠠᠶᠢᠮᠠᠭ ᠤᠨ ᠨᠡᠶᠢᠭᠡᠮ ᠤᠨ ᠠᠪᠣᠷᠠᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ  ᠶᠢᠨ ᠥᠰᠥᠯᠲᠡ ᠲᠠᠢ ᠬᠤᠯᠪᠣᠭᠳᠠᠭᠤᠯᠬᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠳᠠᠷᠬᠠᠭᠠᠬᠤ ᠲᠤᠬᠠᠢ ᠠᠯᠠᠱᠠ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ᠮᠡᠳᠡᠭᠳᠡᠯ︾ ᠢ ᠬᠠᠮᠲᠤ  ᠳᠤᠨᠢ ᠬᠦᠴᠦᠨ ᠦᠭᠡᠢ ᠪᠣᠯᠭᠠᠨ᠎ᠠ᠃     ᠬᠠᠮᠢᠶ᠎ᠠ ᠪᠦᠬᠦᠢ ᠳᠦᠷᠦ ᠶᠢᠨ ᠪᠣᠳᠣᠯᠭ᠎ᠠ ᠶᠢᠨ ᠳᠠᠶᠢᠯᠣᠮᠵᠢ
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号