︽ᠠᠯᠠᠱᠠ ᠠᠶᠢᠮᠠᠭ ᠤᠨ ᠨᠡᠶᠢᠭᠡᠮ ᠤᠨ ᠠᠪᠤᠷᠠᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠥᠯᠲᠡ ᠲᠠᠢ ᠬᠤᠯᠪᠣᠭᠳᠠᠭᠤᠯᠬᠤ  ᠬᠠᠮᠳᠣᠷᠠᠨ ᠬᠥᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠬᠦ ᠮᠡᠳᠡᠭᠳᠡᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/9/6
    ᠨᠢᠭᠡ᠂ ︽ᠮᠡᠳᠡᠭᠳᠡᠯ︾ ᠢ ᠳᠠᠷᠤᠮᠠᠯᠯᠠᠨ ᠳᠠᠷᠬᠠᠭᠠᠭᠰᠠᠨ ᠠᠬᠤᠶ ᠪᠠᠶᠢᠳᠠᠯ     ︽ᠨᠡᠶᠢᠭᠡᠮ ᠤᠨ ᠠᠪᠣᠷᠠᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭ᠎ᠠ ᠶᠢᠨ ᠦᠨ᠎ᠡ ᠶᠢᠨ ᠥᠰᠥᠯᠲᠡ ᠲᠠᠢ ᠬᠤᠯᠪᠣᠭᠳᠠᠭᠤᠯᠵᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ   ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 5 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠠᠶᠢᠮᠠᠭ ᠤᠨ ᠪᠣᠳᠠᠲᠤ ᠪᠠᠢᠳᠠᠯ ᠲᠠᠢ ᠤᠶᠠᠯᠳᠤᠭᠤᠯᠵᠤ᠂ ᠠᠶᠢᠮᠠᠭ ᠤᠨ ᠵᠠᠬᠢᠷᠭ᠎ᠠ ᠠᠴᠠ ︽ᠠᠯᠠᠱᠠ ᠠᠶᠢᠮᠠᠭ ᠤᠨ ᠨᠡᠶᠢᠭᠡᠮ ᠤᠨ ᠠᠪᠣᠷᠠᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭ᠎ᠠ ᠶᠢᠨ ᠦᠨ᠎ᠡ ᠶᠢᠨ ᠥᠰᠥᠯᠲᠡ ᠲᠠᠢ ᠬᠤᠯᠪᠣᠭᠳᠠᠭᠤᠯᠵᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃ ︽ᠮᠡᠳᠡᠭᠳᠡᠯ︾ ᠳᠤ ᠬᠠᠮᠲᠤᠷᠠᠨ ᠬᠥᠳᠡᠯᠦᠯᠴᠡᠬᠦ ᠲᠣᠭᠲᠠᠴᠠ ᠶᠢᠨ ᠪᠠᠲᠤᠯᠠᠬᠤ ᠡᠲᠡᠭᠡᠳ᠂ ᠳᠡᠰ ᠳᠠᠪᠬᠤᠷᠭ᠎ᠠ ᠶᠢ ᠡᠬᠢᠯᠡᠭᠦᠯᠬᠦ᠂ ᠡᠬᠢᠯᠡᠭᠦᠯᠬᠦ ᠨᠥᠬᠦᠴᠡᠯ᠂ ᠬᠠᠮᠲᠤᠷᠠᠨ ᠬᠥᠳᠡᠯᠦᠯᠴᠡᠬᠦ ᠠᠷᠭ᠎ᠠ ᠮᠠᠶ᠋ᠢᠭ᠂ ᠨᠥᠬᠦᠪᠥᠷᠢ ᠶᠢᠨ ᠪᠠᠷᠢᠮᠵᠢᠶ᠎ᠠ᠂ ᠪᠠᠯᠠ ᠮᠥᠩᠭᠦ ᠶᠢᠨ ᠪᠠᠲᠤᠯᠠᠭ᠎ᠠ᠂ ᠠᠵᠢᠯ ᠤᠨ ᠲᠣᠭᠲᠠᠴᠠ᠂ ᠠᠵᠢᠯ ᠤᠨ ᠱᠠᠭᠠᠷᠳᠠᠯᠭ᠎ᠠ ᠵᠡᠷᠭᠡ ᠠᠭᠤᠯᠭ᠎ᠠ ᠶᠢ ᠤᠯᠠᠮ ᠨᠢᠭᠡ ᠠᠯᠬᠤᠮ ᠳᠣᠳᠣᠷᠬᠠᠶᠢᠯᠠᠪᠠ᠃     ᠬᠤᠶᠠᠷ᠂ ︽ᠮᠡᠳᠡᠭᠳᠡᠯ︾ ᠢ ᠳᠠᠷᠤᠮᠠᠯᠯᠠᠨ ᠳᠠᠷᠬᠠᠭᠠᠭᠰᠠᠨ ᠵᠣᠷᠢᠯᠭ᠎ᠠ     ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ᠬᠡᠷᠡᠭᠯᠡᠭᠡᠨ ᠤ ᠦᠨ᠎ᠡ ᠬᠠᠩᠰᠢ ᠶᠢᠨ ᠶᠡᠷᠦᠩᠬᠡᠶ ᠬᠢᠷᠢ ᠬᠡᠮᠵᠢᠶ᠎ᠡ ᠶᠢ ᠲᠣᠭᠲᠠᠪᠤᠷᠢᠵᠢᠭᠤᠯᠤᠨ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ  ᠨᠠᠶᠢᠳᠠᠪᠣᠷᠢᠵᠢᠭᠤᠯᠵᠦ᠂ ᠪᠦᠬᠦ ᠠᠶᠢᠮᠠᠭ ᠤᠨ ᠨᠡᠶᠢᠭᠡᠮ ᠤᠨ ᠠᠪᠤᠷᠠᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭ᠎ᠠ ᠶᠢᠨ ᠦᠨ᠎ᠡ ᠶᠢᠨ ᠥᠰᠥᠯᠲᠡ ᠯᠦᠭᠡ ᠬᠤᠯᠪᠣᠵᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠦᠨ᠎ᠡ ᠬᠠᠩᠰᠢ ᠶᠢᠨ ᠲᠦᠷ ᠴᠠᠭ ᠤᠨ ᠬᠥᠳᠡᠯᠦᠩᠭᠦᠶ ᠨᠥᠬᠦᠪᠥᠷᠢ ᠶᠢ ᠬᠡᠷᠡᠭᠵᠢᠭᠦᠯᠦᠨ᠂ ᠬᠦᠴᠢᠷᠳᠡᠯᠲᠡᠶ ᠣᠯᠠᠨ ᠲᠦᠮᠡᠨ ᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠦᠷᠲᠡᠬᠦ ᠶᠢ ᠪᠠᠲᠤᠯᠠᠵᠤ᠂ ᠦᠨ᠎ᠡ ᠬᠠᠩᠰᠢ ᠶᠢᠨ ᠥᠰᠥᠯᠲᠡ ᠠᠴᠠ ᠪᠣᠯᠵᠤ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠬᠢᠷᠢ ᠬᠡᠮᠵᠢᠶ᠎ᠡ ᠶᠢ ᠵᠣᠬᠢᠴᠠᠩᠭᠤᠶ ᠪᠠᠷ ᠪᠠᠭᠤᠷᠠᠭᠤᠯᠬᠤ ᠥᠬᠡᠶ ᠪᠠᠶᠢᠬᠤ ᠶᠢ ᠦᠨᠡᠨᠬᠦ ᠪᠠᠳᠣᠯᠠᠪᠠ᠃     ᠭᠤᠷᠪᠠ᠂ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠬᠦ ᠨᠥᠬᠦᠴᠡᠯ     ᠳᠤᠤᠷᠠᠬᠢ ᠳᠤᠷ᠎ᠠ ᠶᠢᠨ ᠨᠢᠭᠡ ᠨᠥᠬᠦᠴᠡᠯ ᠢ ᠬᠠᠩᠭᠠᠪᠠᠯ ᠳᠠᠷᠤᠶ ᠦᠨ᠎ᠡ ᠬᠠᠩᠰᠢ ᠶᠢᠨ ᠨᠥᠬᠦᠪᠥᠷᠢ ᠶᠢᠨ ᠬᠠᠮᠳᠣᠷᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠦᠨ᠎ᠡ᠄     ︵ᠨᠢᠭᠡ︶ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠢᠯᠡᠳᠬᠡᠭᠴᠢ ᠲᠤᠭ᠎ᠠ ︵CPI︶ ᠭᠠᠭᠴᠠ ᠰᠠᠷ᠎ᠠ ᠶᠢᠨ ᠠᠳᠠᠯᠢ ᠬᠤᠭᠤᠴᠠᠭᠠᠨ ᠤ ᠬᠢ ᠠᠴᠠ ᠥᠰᠦᠭᠰᠡᠨ ᠬᠡᠮᠵᠢᠶ᠎ᠡ ᠨᠢ 3 . 5 % ᠳᠤ ᠬᠦᠷᠦᠭᠰᠡᠨ᠃     ︵ᠬᠤᠶᠠᠷ︶ CPI ᠳᠠᠬᠢ ᠢᠳᠡᠭᠡᠨ ᠤ ᠵᠦᠢᠯ ᠤᠨ ᠦᠨ᠎ᠡ ᠬᠠᠩᠰᠢ ᠶᠢᠨ ᠵᠢᠭᠠᠯᠲᠠ ᠲᠤᠭ᠎ᠠ ᠶᠢᠨ ᠭᠠᠭᠴᠠ ᠰᠠᠷ᠎ᠠ ᠶᠢᠨ ᠠᠳᠠᠯᠢ ᠬᠤᠭᠤᠴᠠᠭᠠᠨ ᠤ ᠬᠢ ᠠᠴᠠ ᠥᠰᠦᠭᠰᠡᠨ ᠬᠡᠮᠵᠢᠶ᠎ᠡ 6 % ᠳᠤ ᠬᠦᠷᠦᠭᠰᠡᠨ᠃     ᠳᠥᠷᠪᠡ᠂ ᠪᠠᠲᠤᠯᠠᠬᠤ ᠡᠲᠡᠭᠡᠳ     ᠦᠨ᠎ᠡ ᠬᠠᠩᠰᠢ ᠶᠢᠨ ᠨᠥᠬᠦᠪᠥᠷᠢ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢᠨ ᠪᠠᠲᠤᠯᠠᠬᠤ ᠡᠲᠡᠭᠡᠳ ᠨᠢ᠄ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠣᠨᠴᠠ ᠬᠦᠴᠢᠷᠳᠡᠯᠲᠡᠶ ᠬᠥᠮᠦᠰ᠂ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠦᠰ᠂ ᠤᠯᠤᠰ ᠤᠨ ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ ᠨᠥᠬᠦᠪᠥᠷᠢ ᠭᠥᠷᠳᠡᠵᠦ ᠪᠠᠶᠢᠭ᠎ᠠ ᠠᠰᠠᠷᠠᠨ ᠬᠠᠷᠠᠭᠠᠯᠵᠠᠬᠤ ᠡᠲᠡᠭᠡᠳ᠂ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠦᠬᠡᠳ᠂ ᠠᠶᠢᠽ ᠡᠪᠡᠳᠴᠢᠨ ᠤ ᠸᠢᠷᠦ᠋ᠰ ᠲᠤ ᠬᠠᠯᠳᠠᠪᠤᠷᠢᠯᠠᠭᠳᠠᠭᠰᠠᠨ ᠬᠡᠦᠬᠡᠳ᠂ ᠶᠡᠭᠡ ᠳᠡᠭᠡᠳᠦ ᠰᠤᠷᠭᠠᠭᠤᠯᠢ ᠶᠢᠨ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠪᠣᠯᠤᠨ᠎ᠠ᠃     ᠲᠠᠪᠤ᠂ ᠨᠥᠬᠦᠪᠥᠷᠢ ᠥᠭᠬᠦ ᠪᠠᠷᠢᠮᠵᠢᠶ᠎ᠠ     ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢ ᠠᠶᠢᠮᠠᠭ ᠢᠶᠠᠷ ᠨᠢᠭᠡᠴᠡ ᠪᠣᠯᠭᠠᠨ ᠨᠢᠭᠡᠳᠦᠯᠲᠡᠶ ᠨᠥᠬᠦᠪᠥᠷᠢ ᠶᠢᠨ ᠪᠠᠷᠢᠮᠵᠢᠶ᠎ᠠ ᠶᠢ ᠬᠡᠷᠡᠭᠵᠢᠭᠦᠯᠵᠦ᠂ ᠠᠯᠠᠱᠠ ᠠᠶᠢᠮᠠᠭ ᠤᠨ ᠬᠤᠲᠠ ᠪᠠᠯᠭᠠᠰᠤ ᠶᠢᠨ ᠳᠤᠤᠷ᠎ᠠ ᠣᠷᠣᠯᠭ᠎ᠠ ᠲᠠᠢ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ ᠦᠨ᠎ᠡ ᠬᠠᠩᠰᠢ ᠶᠢᠨ ᠬᠦᠢᠴᠡᠳᠭᠡᠯ ᠲᠤᠭ᠎ᠠ ︵SCPI︶ ᠶᠢ ᠬᠡᠷᠡᠭᠯᠡᠨ ᠲᠥᠰᠦᠭᠡᠯᠡᠨ ᠪᠤᠳᠤᠵᠤ᠂ ᠲᠥᠰᠦᠭᠡᠯᠡᠨ ᠪᠤᠳᠤᠬᠤ ᠠᠷᠭ᠎ᠠ ᠨᠢ ᠳᠤᠤᠷᠠᠬᠢ ᠮᠡᠲᠦ᠄     ︵ᠨᠢᠭᠡ︶ ᠬᠤᠲᠠ ᠶᠢᠨ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢᠨ ᠪᠠᠷᠢᠮᠵᠢᠶ᠎ᠠ = ᠠᠯᠠᠱᠠ ᠠᠶᠢᠮᠠᠭ ᠤᠨ ᠬᠤᠲᠠ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ × ᠠᠯᠠᠱᠠ ᠠᠶᠢᠮᠠᠭ ᠤᠨ ᠬᠤᠲᠠ ᠪᠠᠯᠭᠠᠰᠤ ᠶᠢᠨ ᠳᠤᠤᠷ᠎ᠠ ᠣᠷᠣᠯᠭ᠎ᠠ ᠲᠠᠢ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ ᠦᠨ᠎ᠡ ᠬᠠᠩᠰᠢ ᠶᠢᠨ ᠵᠢᠭᠠᠯᠲᠠ ᠲᠤᠭ᠎ᠠ ︵SCPI︶ ᠶᠢᠨ ᠠᠳᠠᠯᠢ ᠬᠤᠭᠤᠴᠠᠭᠠᠨ ᠤ ᠬᠢ ᠠᠴᠠ ᠥᠰᠦᠭᠰᠡᠨ ᠬᠡᠮᠵᠢᠶ᠎ᠡ᠃     ︵ᠬᠤᠶᠠᠷ︶ ᠮᠠᠯᠵᠢᠬᠤ ᠲᠠᠷᠢᠶᠠᠯᠠᠬᠤ ᠣᠷᠣᠨ ᠤ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢᠨ ᠪᠠᠷᠢᠮᠵᠢᠶ᠎ᠠ = ᠠᠯᠠᠱᠠ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠲᠤᠯᠠᠬᠤ ᠪᠠᠷᠢᠮᠵᠢᠶ᠎ᠠ × ᠠᠯᠠᠱᠠ ᠠᠶᠢᠮᠠᠭ ᠤᠨ ᠬᠤᠲᠠ ᠪᠠᠯᠭᠠᠰᠤ ᠶᠢᠨ ᠳᠤᠤᠷ᠎ᠠ ᠣᠷᠣᠯᠭ᠎ᠠ ᠲᠠᠢ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ ᠦᠨ᠎ᠡ ᠬᠠᠩᠰᠢ ᠶᠢᠨ ᠢᠯᠡᠳᠬᠡᠭᠴᠢ ︵SCPI ︶ ᠶᠢᠨ ᠠᠳᠠᠯᠢ ᠬᠤᠭᠤᠴᠠᠭᠠᠨ ᠤ ᠬᠢ ᠠᠴᠠ ᠥᠰᠦᠭᠰᠡᠨ ᠬᠡᠮᠵᠢᠶ᠎ᠡ᠃     ᠬᠤᠲᠠ ᠶᠢᠨ ᠬᠥᠮᠦᠨ ᠪᠦᠷᠢ ᠶᠢᠨ ᠰᠠᠷ᠎ᠠ ᠪᠦᠷᠢ ᠶᠢᠨ ᠨᠥᠬᠦᠪᠥᠷᠢ ᠨᠢ 30 ᠲᠥᠭᠦᠷᠢᠭ ᠬᠦᠷᠬᠦ ᠦᠭᠡᠶ ᠶᠢ 30 ᠲᠥᠭᠦᠷᠢᠭ ᠢᠶᠠᠷ ᠥᠭᠴᠦ᠂ 30 ᠲᠥᠭᠦᠷᠢᠭ ᠠᠴᠠ ᠳᠠᠪᠠᠭᠰᠠᠨ ᠢ ᠪᠣᠳᠠᠲᠤ ᠪᠠᠶᠢᠳᠠᠯ ᠢ ᠦᠨᠳᠦᠰᠦᠯᠡᠨ ᠥᠭᠬᠦ ᠬᠡᠷᠡᠭᠲᠡᠶ︔ ᠮᠠᠯᠵᠢᠬᠤ ᠲᠠᠷᠢᠶᠠᠯᠠᠬᠤ ᠣᠷᠣᠨ ᠤ ᠬᠥᠮᠦᠨ ᠪᠦᠷᠢ ᠶᠢᠨ ᠰᠠᠷ᠎ᠠ ᠶᠢᠨ ᠨᠥᠬᠦᠪᠥᠷᠢ ᠨᠢ 15 ᠲᠥᠭᠦᠷᠢᠭ ᠲᠤ ᠬᠦᠷᠬᠦ ᠦᠭᠡᠶ ᠶᠢ 15 ᠲᠥᠭᠦᠷᠢᠭ ᠢᠶᠠᠷ ᠣᠯᠭᠤᠵᠤ᠂ 15 ᠲᠥᠭᠦᠷᠢᠭ ᠠᠴᠠ ᠳᠠᠪᠠᠭᠰᠠᠨ ᠢ ᠪᠣᠳᠠᠲᠤ ᠪᠠᠶᠢᠳᠠᠯ ᠢ ᠦᠨᠳᠦᠰᠦᠯᠡᠨ ᠣᠯᠭᠤᠨ᠎ᠠ᠃     ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠦᠰ᠂ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠦᠭᠡᠶ ᠬᠡᠦᠬᠡᠳ᠂ ᠠᠶᠢᠽ ᠡᠪᠡᠳᠴᠢᠨ ᠤ ᠸᠢᠷᠦ᠋ᠰ ᠲᠤ ᠬᠠᠯᠳᠠᠪᠤᠷᠢᠯᠠᠭᠳᠠᠭᠰᠠᠨ ᠬᠡᠦᠬᠡᠳ᠂ ᠳᠡᠭᠡᠳᠦ ᠰᠤᠷᠭᠠᠭᠤᠯᠢ ᠶᠢᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠲᠤ ᠨᠥᠬᠦᠪᠥᠷᠢ ᠥᠭᠬᠦ ᠪᠠᠷᠢᠮᠵᠢᠶ᠎ᠠ ᠶᠢ ᠬᠤᠲᠠ ᠶᠢᠨ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃     ᠵᠢᠷᠭᠤᠭ᠎ᠠ᠂ ᠨᠥᠬᠦᠪᠥᠷᠢ ᠥᠭᠬᠦ ᠠᠷᠭ᠎ᠠ ᠮᠠᠶ᠋ᠢᠭ ᠬᠢᠭᠡᠳ ᠣᠯᠭᠤᠬᠤ ᠴᠠᠭ ᠬᠤᠭᠤᠴᠠᠭᠠᠨ ᠤ ᠱᠠᠭᠠᠷᠳᠠᠯᠭ᠎ᠠ     ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢ ︽ᠰᠠᠷ᠎ᠠ ᠪᠠᠷ ᠲᠥᠰᠦᠭᠡᠯᠡᠨ ᠪᠤᠳᠤᠬᠤ᠂ ᠰᠠᠷ᠎ᠠ ᠪᠠᠷ ᠣᠯᠭᠤᠬᠤ︾ ᠶᠢ ᠬᠡᠷᠡᠭᠵᠢᠭᠦᠯᠵᠦ᠂ ᠬᠠᠮᠢᠶ᠎ᠠ ᠪᠥᠬᠦᠶ ᠦᠨ᠎ᠡ ᠬᠠᠩᠰᠢ ᠶᠢᠨ ᠬᠦᠢᠴᠡᠳᠭᠡᠯ ᠲᠤᠭ᠎ᠠ ᠶᠢ ᠨᠡᠶᠢᠲᠡᠯᠡᠭᠰᠡᠨ ᠲᠣᠰ ᠰᠠᠷ᠎ᠠ ᠳᠤ ᠬᠦᠴᠢᠷᠳᠡᠯᠲᠡᠶ ᠣᠯᠠᠨ ᠲᠦᠮᠡᠨ ᠳᠤ ᠬᠦᠢᠴᠡᠳ ᠲᠤᠭ᠎ᠠ ᠪᠠᠷ ᠣᠯᠭᠤᠨ᠎ᠠ᠃     ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠬᠤᠯᠪᠣᠭᠠᠰᠣ
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号