ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠪᠠ ᠬᠢᠨᠠᠯᠲᠠ | ᠲᠠᠯᠪᠢᠯᠲᠠ ᠶᠢ ᠵᠢᠷᠤᠮᠵᠢᠭᠤᠯᠤᠨ ᠴᠢᠩᠭᠠᠳᠬᠠᠵᠤ᠂ ᠥᠮᠴᠢᠯᠡᠬᠦ ᠡᠷᠬᠡ ᠨᠢ ᠲᠣᠳᠣᠷᠬᠠᠶ᠂ ᠡᠷᠬᠡ ᠬᠠᠷᠢᠭᠤᠴᠠᠯᠭ᠎ᠠ ᠨᠢ | ᠲᠣᠳᠣᠷᠬᠠᠶ᠂ ᠬᠠᠮᠢᠶᠠᠷᠤᠯᠲᠠ ᠨᠢ ᠰᠢᠨᠵᠢᠯᠡᠬᠦ ᠤᠬᠠᠭᠠᠨᠴᠢ᠂ ᠡᠵᠡᠩᠨᠡᠯᠲᠡ ᠨᠢ ᠥᠨᠳᠥᠷ ᠪᠦᠲᠦᠮᠵᠢᠲᠡᠶ᠂ | ᠬᠤᠪᠢᠶᠠᠷᠢᠯᠠᠯᠲᠠ ᠨᠢ ᠵᠦᠶ ᠵᠣᠬᠢᠰᠲᠠᠶ᠂ ᠰᠢᠢᠳᠪᠦᠷᠢᠯᠡᠯᠳᠡ ᠨᠢ ᠲᠣᠭᠲᠠᠭᠠᠯ ᠳᠤ ᠨᠡᠶᠢᠴᠡᠭᠰᠡᠨ᠂ ᠬᠢᠨᠠᠯᠲᠠ | ᠲᠠᠯᠪᠢᠯᠲᠠ ᠨᠢ ᠪᠣᠳᠠᠲᠠᠶᠢᠵᠢᠭᠰᠠᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ | ᠦᠷ᠎ᠡ ᠠᠰᠢᠭ ᠢ ᠬᠦᠢᠴᠡᠳ ᠪᠠᠳᠠᠷᠠᠭᠤᠯᠤᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ | ᠵᠣᠯᠭᠠᠭᠤᠯᠬᠤ ᠶᠢᠨ ᠲᠤᠰᠠᠳᠠ᠂ ︽ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠬᠤ | ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠢᠯᠣᠭᠤᠳᠬᠤ | ᠰᠠᠨᠠᠯ ︵ᠲᠤᠷᠰᠢᠨ ᠬᠡᠷᠡᠭᠵᠢᠭᠦᠯᠬᠦ︶︾ ︵ᠥᠪᠥᠷ ᠵᠠᠰᠠᠭ ᠲᠠᠷᠬᠠᠭᠠᠭᠰᠠᠨ ﹇2019﹈ 18 ᠳ᠋ᠤᠭᠠᠷ ᠲᠣᠭᠠᠲᠤ︶ | ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ | ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠥᠪᠥᠷ ᠵᠠᠰᠠᠭ ᠠᠯᠪᠠᠨ | ᠲᠠᠷᠬᠠᠭᠠᠭᠰᠠᠨ ﹇2021﹈ 64 ᠳ᠋ᠦᠭᠡᠷ ᠲᠣᠭᠠᠲᠤ︶ ᠶᠢ ᠦᠨᠳᠦᠰᠦᠯᠡᠨ᠂ ᠠᠯᠠᠱᠠ ᠠᠶᠢᠮᠠᠭ ᠤᠨ ᠪᠣᠳᠠᠲᠠᠶ ᠲᠠᠢ | ᠤᠶᠠᠯᠳᠤᠭᠤᠯᠵᠤ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ | ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ | ᠳᠣᠣᠱᠯᠠᠭᠤᠯᠵᠦ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ᠂ ᠲᠥᠪ | ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠠᠶᠢᠮᠠᠭ ᠤᠨ | ᠨᠠᠮ ᠤᠨ ᠬᠤᠷᠢᠶ᠎ᠠ᠂ ᠵᠠᠬᠢᠷᠭ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ | ᠪᠠ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠣᠷᠢᠵᠢᠭᠤᠯᠵᠦ᠂ | ᠣᠷᠣᠭᠤᠯᠤᠯᠲᠠ ᠬᠢᠭᠡᠳ ᠬᠢᠨᠠᠯᠲᠠ ᠬᠠᠮᠢᠶᠠᠷᠤᠯᠲᠠ ᠶᠢ ᠵᠡᠷᠭᠡᠪᠡᠷ ᠴᠢᠬᠤᠯᠠᠴᠢᠯᠠᠬᠤ᠂ ᠠᠰᠢᠭᠯᠠᠮᠵᠢ ᠪᠠ ᠦᠷ᠎ᠡ | ᠠᠰᠢᠭ ᠤᠨ ᠢᠵᠢᠯ ᠴᠢᠭᠯᠡᠯ ᠢ ᠪᠠᠷᠢᠮᠳᠠᠯᠠᠵᠦ᠂ ᠠᠷᠠᠳᠴᠢᠯᠠᠯ ᠢᠶᠠᠷ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠪᠠ ᠲᠥᠪ | ᠭᠤᠤᠯᠴᠢ ᠢᠯᠡ ᠲᠣᠳᠣ ᠪᠠᠶᠢᠬᠤ ᠶᠢ ᠣᠶᠠᠯᠳᠣᠭᠤᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ | ᠦᠷ᠎ᠡ ᠪᠦᠲᠦᠭᠡᠯ ᠢ ᠪᠠᠬᠢᠵᠢᠭᠦᠯᠬᠦ ᠶᠢ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ | ᠲᠦᠷᠢᠮ ᠤᠨ ᠥᠭᠡᠷᠡᠴᠢᠯᠡᠯᠲᠡ ᠯᠦᠭᠡ ᠬᠠᠷᠢᠯᠴᠠᠨ ᠵᠣᠯᠭᠠᠭᠤᠯᠵᠦ᠂ ᠤᠯᠤᠰ ᠤᠨ ᠥᠮᠴᠢᠯᠡᠯᠲᠦ ᠡᠳ᠋ ᠬᠥᠷᠥᠩᠭᠡ | ᠪᠣᠯᠤᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠵᠢᠴᠢ ᠠᠵᠢᠯ | ᠲᠥᠷᠥᠯ ᠤᠨ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠵᠢᠷᠣᠮᠯᠠᠵᠦ᠂ ᠶᠠᠳᠠᠭᠤ ᠶᠢ ᠲᠡᠳᠬᠦᠬᠦ | ᠲᠥᠷᠥᠯ ᠵᠦᠢᠯ ᠤᠨ ᠡᠳ᠋ ᠬᠥᠷᠥᠩᠭᠡ ᠶᠢ ᠳᠠᠩᠰᠠᠯᠠᠬᠤ᠂ ᠡᠷᠬᠡ ᠲᠣᠭᠲᠠᠭᠠᠬᠤ᠂ ᠬᠠᠮᠢᠶᠠᠷᠴᠤ ᠬᠠᠮᠠᠭᠠᠯᠠᠬᠤ᠂ | ᠠᠮᠢᠳᠤᠯᠢᠭ ᠪᠣᠯᠭᠠᠬᠤ᠂ ᠰᠢᠳᠬᠡᠬᠦ᠂ ᠠᠰᠢᠭ ᠣᠷᠣᠯᠭ᠎ᠠ ᠶᠢ ᠬᠤᠪᠢᠶᠠᠷᠢᠯᠠᠬᠤ ᠵᠡᠷᠭᠡ ᠬᠠᠮᠢᠶᠠᠷᠤᠯᠲᠠ ᠶᠢᠨ ᠳᠦᠷᠢᠮ ᠢ | ᠤᠯᠠᠮ ᠨᠢᠭᠡ ᠠᠯᠬᠤᠮ ᠪᠦᠷᠢᠨᠰᠢᠬᠦᠯᠦᠨ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠠᠮᠤᠷ | ᠲᠦᠪᠰᠢᠨ ᠢ ᠦᠨᠡᠨᠬᠦ ᠪᠠᠳᠣᠯᠠᠵᠦ᠂ ᠡᠳ᠋ ᠬᠥᠷᠥᠩᠭᠡ ᠶᠢᠨ ᠦᠷ᠎ᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ | ᠪᠠᠳᠠᠷᠠᠭᠤᠯᠵᠦ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠭᠤᠨ ᠬᠢᠨᠠᠨ | ᠬᠡᠮᠵᠢᠬᠦ ᠲᠣᠭᠲᠠᠴᠠ ᠶᠢ ᠪᠠᠶᠢᠭᠤᠯᠬᠤ ᠳᠤ ᠪᠣᠳᠠᠰ ᠤᠨ ᠰᠠᠭᠤᠷᠢ ᠬᠠᠩᠭᠠᠨ᠂ ᠶᠠᠳᠠᠭᠤ ᠠᠴᠠ ᠠᠩᠭᠢᠵᠢᠷᠠᠭᠤᠯᠬᠤ | ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠤᠨ ᠲᠣᠭᠲᠠᠪᠤᠷᠢᠲᠤ ᠴᠢᠨᠠᠷ ᠪᠠ ᠦᠷᠭᠦᠯᠵᠢᠯᠡᠬᠦ ᠴᠢᠨᠠᠷ ᠢ | ᠪᠠᠲᠤᠯᠠᠨ᠎ᠠ᠃ | ᠬᠤᠶᠠᠷ᠂ ᠠᠵᠢᠯ ᠤᠨ ᠬᠠᠷᠠᠯᠲᠠ | ᠪᠥᠬᠦ ᠠᠶᠢᠮᠠᠭ ᠤᠨ ᠬᠡᠪᠴᠢᠶᠡᠨ ᠳᠤ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢ | ᠪᠦᠷᠢᠳᠬᠡᠨ ᠬᠠᠷᠭᠤᠭᠤᠯᠬᠤ ᠪᠠ ᠮᠡᠳᠡᠭᠡ ᠵᠠᠩᠭᠢᠵᠢᠭᠤᠯᠬᠤ ᠬᠠᠮᠢᠶᠠᠷᠤᠯᠲᠠ ᠶᠢᠨ ᠠᠵᠢᠯ ᠢ ᠪᠥᠬᠦ ᠲᠠᠯ᠎ᠠ ᠪᠠᠷ | ᠥᠷᠨᠢᠭᠦᠯᠵᠦ᠂ ᠰᠢᠨᠵᠢᠯᠡᠬᠦ ᠤᠬᠠᠭᠠᠨᠴᠢ ᠵᠢᠷᠤᠮᠵᠢᠭᠰᠠᠨ ᠡᠳ᠋ ᠬᠥᠷᠥᠩᠭᠡ ᠶᠢᠨ ᠡᠵᠡᠩᠨᠡᠯᠲᠡ ᠬᠠᠮᠢᠶᠠᠷᠤᠯᠲᠠ ᠶᠢᠨ | ᠵᠠᠭᠪᠤᠷ ᠢ ᠰᠦᠪᠡᠭᠴᠢᠯᠡᠨ ᠪᠠᠶᠢᠭᠤᠯᠵᠤ᠂ ᠡᠳ᠋ ᠬᠥᠷᠥᠩᠭᠡ ᠶᠢᠨ ᠰᠠᠭᠤᠷᠢ ᠲᠤᠭ᠎ᠠ ᠨᠢ ᠲᠣᠳᠣᠷᠬᠠᠶ᠂ ᠥᠮᠴᠢᠯᠡᠬᠦ | ᠡᠷᠬᠡ ᠶᠢᠨ ᠬᠠᠷᠢᠶᠠᠯᠠᠯ ᠨᠢ ᠲᠣᠳᠣᠷᠬᠠᠶ᠂ ᠲᠥᠷᠥᠯ ᠬᠡᠯᠪᠡᠷᠢ ᠨᠢ ᠰᠢᠨᠵᠢᠯᠡᠬᠦ ᠤᠬᠠᠭᠠᠨᠴᠢ᠂ ᠭᠤᠤᠯ ᠴᠣᠭᠴᠠ ᠶᠢᠨ | ᠬᠠᠷᠢᠭᠤᠴᠠᠯᠭ᠎ᠠ ᠨᠢ ᠲᠣᠳᠣᠷᠬᠠᠶ᠂ ᠠᠵᠢᠯᠯᠠᠭᠠᠨ ᠤ ᠬᠠᠮᠢᠶᠠᠷᠤᠯᠲᠠ ᠨᠢ ᠵᠢᠷᠤᠮᠵᠢᠭᠰᠠᠨ ᠶᠠᠳᠠᠭᠤ ᠶᠢ ᠲᠡᠳᠬᠦᠬᠦ ᠲᠥᠷᠥᠯ | ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠂ ᠶᠠᠳᠠᠭᠤ ᠶᠢ ᠲᠡᠳᠬᠦᠬᠦ ᠡᠳ᠋ | ᠬᠥᠷᠥᠩᠭᠡ ᠶᠢ ᠰᠤᠯᠠ ᠪᠠᠶᠢᠯᠭᠠᠬᠤ᠂ ᠬᠤᠬᠢᠷᠠᠭᠤᠯᠬᠤ᠂ ᠪᠦᠷᠢᠯᠭᠡᠬᠦ ᠵᠡᠷᠭᠡ ᠲᠦᠭᠰᠢᠭᠦᠷᠢ ᠶᠢ ᠪᠦᠲᠦᠮᠵᠢᠲᠡᠶ | ᠰᠡᠷᠭᠡᠶᠢᠯᠡᠵᠦ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠡᠵᠡᠩᠨᠡᠬᠦ ᠡᠷᠬᠡ᠂ ᠠᠰᠢᠭ ᠭᠥᠷᠳᠡᠬᠦ ᠡᠷᠬᠡ᠂ ᠬᠢᠨᠠᠯᠲᠠ | ᠲᠠᠯᠪᠢᠬᠤ ᠡᠷᠬᠡ᠂ ᠰᠢᠢᠳᠪᠦᠷᠢᠯᠡᠬᠦ ᠡᠷᠬᠡ ᠶᠢᠨ ᠥᠭᠡᠷᠡᠴᠢᠯᠡᠯᠲᠡ ᠶᠢ ᠠᠬᠢᠭᠤᠯᠤᠨ᠂ ᠶᠠᠳᠠᠭᠤ ᠶᠢ ᠲᠡᠳᠬᠦᠬᠦ ᠲᠥᠷᠥᠯ | ᠵᠦᠢᠯ ᠤᠨ ᠡᠳ᠋ ᠬᠥᠷᠥᠩᠭᠡ ᠶᠢᠨ ᠠᠰᠢᠭ ᠣᠯᠵᠠᠪᠤᠷᠢ ᠶᠢ ᠳᠡᠭᠡᠭᠰᠢᠯᠡᠭᠦᠯᠵᠦ᠂ ᠡᠳ᠋ ᠬᠥᠷᠥᠩᠭᠡ ᠶᠢᠨ ᠥᠷᠲᠡᠭ ᠢ | ᠪᠠᠲᠤᠯᠠᠨ ᠥᠷᠲᠡᠭ ᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃ | ᠭᠤᠷᠪᠠ᠂ ᠦᠨᠳᠦᠰᠦᠨ ᠵᠠᠷᠴᠢᠮ | —— ᠬᠤᠰᠢᠭᠤ ᠣᠷᠣᠨ ᠢᠶᠠᠷ ᠭᠤᠤᠯᠯᠠᠭᠤᠯᠵᠤ᠂ ᠬᠦᠴᠦ ᠪᠠᠨ ᠬᠠᠮᠲᠤᠳᠬᠠᠨ ᠠᠬᠢᠭᠤᠯᠤᠨ᠎ᠠ᠃ ᠬᠤᠰᠢᠭᠤᠨ | ︵ᠣᠷᠣᠨ︶ ᠤ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠭᠤᠤᠯ ᠤᠳᠤᠷᠢᠳᠤᠮᠵᠢ ᠶᠢᠨ | ᠦᠢᠯᠡᠳᠦᠯ ᠢᠶᠠᠨ ᠢᠳᠡᠪᠬᠢᠲᠡᠶ ᠪᠠᠳᠠᠷᠠᠭᠤᠯᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ | ᠬᠠᠮᠢᠶ᠎ᠠ ᠪᠥᠬᠦᠶ ᠰᠠᠯᠠᠭ᠎ᠠ ᠮᠥᠴᠢᠷ ᠪᠠ ᠡᠯ᠎ᠡ ᠰᠤᠮᠤ ᠪᠠᠯᠭᠠᠰᠤ᠂ ᠭᠠᠴᠠᠭ᠎ᠠ ᠲᠣᠰᠬᠤᠨ ᠲᠣᠰ ᠲᠣᠰ ᠤᠨ ᠡᠭᠦᠷᠭᠡ | ᠲᠤᠰᠢᠶᠠᠯ ᠢᠶᠠᠨ ᠬᠦᠢᠴᠡᠳᠭᠡᠵᠦ᠂ ᠲᠣᠰ ᠲᠣᠰ ᠤᠨ ᠬᠠᠷᠢᠭᠤᠴᠠᠯᠭ᠎ᠠ ᠪᠠᠨ ᠡᠭᠦᠷᠭᠡᠯᠡᠨ᠂ ᠵᠡᠷᠭᠡ ᠪᠠᠷ ᠠᠳᠬᠤᠨ | ᠬᠠᠮᠲᠤ ᠪᠠᠷ ᠬᠠᠮᠢᠶᠠᠷᠴᠤ᠂ ᠬᠦᠴᠦ ᠪᠠᠨ ᠬᠠᠮᠲᠤᠳᠬᠠᠨ ᠠᠬᠢᠭᠤᠯᠵᠤ᠂ ᠬᠠᠮᠵᠢᠯᠴᠠᠨ ᠠᠬᠢᠭᠤᠯᠬᠤ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ | ᠬᠠᠮᠢᠶᠠᠷᠤᠯᠲᠠ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | —— ᠣᠯᠠᠨ ᠲᠦᠮᠡᠨ ᠣᠷᠣᠯᠴᠠᠵᠤ᠂ ᠡᠷᠬᠡ ᠠᠰᠢᠭ ᠢ ᠪᠠᠲᠤᠯᠠᠨ᠎ᠠ᠃ ᠶᠠᠳᠠᠭᠤ ᠠᠴᠠ ᠠᠩᠭᠢᠵᠢᠷᠠᠭᠤᠯᠬᠤ | ᠲᠣᠰᠬᠤᠨ ᠪᠠ ᠶᠠᠳᠠᠭᠤ ᠠᠴᠠ ᠠᠩᠭᠢᠵᠢᠷᠠᠭᠤᠯᠬᠤ ᠣᠯᠠᠨ ᠲᠦᠮᠡᠨ ᠤ ᠭᠤᠤᠯ ᠴᠣᠭᠴᠠ ᠶᠢᠨ ᠪᠠᠶᠢᠷᠢ ᠰᠠᠭᠤᠷᠢ ᠪᠠ | ᠦᠢᠯᠡᠳᠦᠯ ᠢ ᠬᠦᠢᠴᠡᠳ ᠪᠠᠳᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠣᠯᠠᠨ ᠲᠦᠮᠡᠨ ᠤ ᠬᠦᠰᠡᠯ ᠰᠠᠨᠠᠭ᠎ᠠ ᠶᠢ | ᠬᠦᠢᠴᠡᠳ ᠬᠦᠨᠳᠦᠳᠬᠡᠨ᠂ ᠶᠠᠳᠠᠭᠤ ᠠᠴᠠ ᠠᠩᠭᠢᠵᠢᠷᠠᠭᠤᠯᠬᠤ ᠣᠯᠠᠨ ᠲᠦᠮᠡᠨ ᠤ ᠶᠠᠳᠠᠭᠤ ᠶᠢ ᠲᠡᠳᠬᠦᠬᠦ ᠲᠥᠷᠥᠯ | ᠵᠦᠢᠯ ᠤᠨ ᠡᠳ᠋ ᠬᠥᠷᠥᠩᠭᠡ ᠶᠢᠨ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠢᠯᠡᠳᠬᠡᠬᠦ ᠡᠷᠬᠡ᠂ ᠬᠠᠮᠢᠶᠠᠷᠬᠤ | ᠡᠷᠬᠡ᠂ ᠬᠢᠨᠠᠯᠲᠠ ᠲᠠᠯᠪᠢᠬᠤ ᠡᠷᠬᠡ ᠶᠢ ᠦᠨᠡᠨ ᠬᠦ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠣᠯᠠᠨ ᠲᠦᠮᠡᠨ ᠢ | ᠦᠨᠡᠨ ᠬᠦ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠣᠷᠣᠯᠴᠠᠭᠴᠢ ᠪᠠ ᠠᠰᠢᠭ ᠬᠦᠷᠲᠡᠭᠴᠢ | ᠪᠣᠯᠭᠠᠨ᠎ᠠ᠃ | —— ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠡᠮᠬᠢ ᠵᠢᠷᠤᠮ ᠲᠠᠢ ᠪᠠᠷ ᠲᠦᠯᠬᠢᠨ | ᠠᠬᠢᠭᠤᠯᠤᠨ᠎ᠠ᠃ ︽ᠭᠤᠷᠪᠠ ᠶᠢ ᠪᠠᠲᠤᠯᠠᠬᠤ︾ ᠪᠠ ᠠᠶᠤᠯ ᠥᠬᠡᠶ ᠤᠤᠭᠤᠬᠤ ᠤᠰᠤᠨ ᠳᠤ ᠠᠩᠬᠠᠷᠤᠯ ᠢᠶᠠᠨ | ᠲᠥᠪᠯᠡᠷᠡᠭᠦᠯᠵᠦ᠂ ᠰᠠᠯᠠᠭ᠎ᠠ ᠮᠥᠴᠢᠷ ᠪᠠ ᠡᠯ᠎ᠡ ᠰᠤᠮᠤ ᠪᠠᠯᠭᠠᠰᠤ᠂ ᠭᠠᠴᠠᠭ᠎ᠠ ᠲᠣᠰᠬᠤᠨ ᠤ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠡᠬᠢ ᠪᠠᠶᠠᠯᠢᠭ ᠤᠨ ᠲᠥᠷᠥᠯᠬᠢ ᠵᠥᠷᠢᠶ᠎ᠡ ᠪᠠ ᠨᠢᠭᠡᠨᠲᠡ ᠪᠠᠶᠢᠭ᠎ᠠ ᠠᠵᠢᠯ ᠤᠨ ᠰᠠᠭᠤᠷᠢ ᠶᠢ | ᠬᠦᠢᠴᠡᠳ ᠪᠣᠳᠣᠯᠬᠢᠯᠠᠵᠤ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠢᠷᠡᠯᠲᠡ᠂ ᠲᠥᠷᠥᠯ | ᠬᠡᠯᠪᠡᠷᠢ᠂ ᠠᠰᠢᠭ ᠭᠥᠷᠳᠡᠬᠦ ᠬᠡᠪᠴᠢᠶ᠎ᠡ ᠶᠢ ᠦᠨᠳᠦᠰᠦᠯᠡᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ | ᠳᠣᠭᠢᠷᠠᠭᠤᠯᠤᠨ᠂ ᠲᠥᠷᠥᠯ ᠬᠤᠪᠢᠶᠠᠨ ᠡᠮᠬᠢ ᠵᠢᠷᠤᠮ ᠲᠠᠢ ᠠᠬᠢᠭᠤᠯᠵᠤ᠂ ᠶᠠᠳᠠᠭᠤ ᠶᠢ ᠲᠡᠳᠬᠦᠬᠦ ᠲᠥᠷᠥᠯ ᠵᠦᠢᠯ ᠤᠨ | ᠡᠳ᠋ ᠬᠥᠷᠥᠩᠭᠡ ᠶᠢᠨ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ | —— ᠰᠢᠨᠵᠢᠯᠡᠬᠦ ᠤᠬᠠᠭᠠᠨᠴᠢ ᠪᠠᠷ ᠬᠠᠮᠢᠶᠠᠷᠴᠤ ᠠᠶᠤᠯ ᠲᠦᠭᠰᠢᠭᠦᠷᠢ ᠶᠢ ᠰᠡᠷᠬᠡᠶᠢᠯᠡᠨ᠎ᠡ᠃ ᠶᠠᠳᠠᠭᠤ ᠶᠢ | ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢ ᠰᠢᠨᠵᠢᠯᠡᠬᠦ ᠤᠬᠠᠭᠠᠨᠴᠢ ᠪᠠᠷ ᠲᠥᠷᠥᠯ ᠬᠤᠪᠢᠶᠠᠬᠤ ᠪᠠ ᠡᠷᠬᠡ ᠶᠢ | ᠲᠣᠳᠣᠷᠬᠠᠶᠢᠯᠠᠭᠰᠠᠨ ᠰᠠᠭᠤᠷᠢᠨ ᠳᠡᠭᠡᠷ᠎ᠡ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ | ᠳᠡᠩᠰᠡᠯᠡᠨ ᠲᠡᠮᠳᠡᠭᠯᠡᠵᠦ ᠡᠷᠬᠡ ᠶᠢ ᠲᠣᠭᠲᠠᠭᠠᠬᠤ᠂ ᠠᠵᠢᠯᠯᠠᠭᠠᠨ ᠢ ᠬᠠᠮᠠᠭᠠᠯᠠᠬᠤ᠂ ᠠᠰᠢᠭ ᠣᠷᠣᠯᠭ᠎ᠠ ᠶᠢ | ᠬᠤᠪᠢᠶᠠᠷᠢᠯᠠᠬᠤ᠂ ᠡᠳ᠋ ᠬᠥᠷᠥᠩᠭᠡ ᠶᠢ ᠰᠢᠢᠳᠪᠦᠷᠢᠯᠡᠬᠦ ᠪᠠ ᠬᠢᠨᠠᠨ ᠬᠠᠮᠢᠶᠠᠷᠬᠤ ᠵᠡᠷᠭᠡ ᠠᠭᠤᠯᠭ᠎ᠠ ᠶᠢ ᠤᠯᠠᠮ ᠨᠢᠭᠡ | ᠠᠯᠬᠤᠮ ᠵᠢᠷᠤᠮᠵᠢᠭᠤᠯᠵᠤ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠠᠯᠳᠠᠭᠳᠠᠬᠤ᠂ ᠣᠯᠠᠨ | ᠲᠦᠮᠡᠨ ᠤ ᠠᠰᠢᠭ ᠲᠤᠰᠠ ᠬᠤᠬᠢᠷᠠᠯ ᠳᠤ ᠤᠴᠠᠷᠠᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠳᠣᠲᠣᠭᠠᠳᠤ ᠶᠢᠨ | ᠴᠥᠭᠡᠨ ᠲᠣᠭᠠᠨ ᠤ ᠬᠥᠮᠦᠰ ᠤᠨ ᠡᠵᠡᠮᠳᠡᠬᠦ ᠪᠠ ᠭᠠᠳᠠᠨᠠᠬᠢ ᠡᠳ᠋ ᠬᠥᠷᠥᠩᠭᠡ ᠶᠢ ᠡᠵᠡᠯᠡᠬᠦ ᠶᠢ ᠰᠡᠷᠭᠡᠶᠢᠯᠡᠨ᠎ᠡ᠃ | —— ᠡᠷᠬᠡ ᠬᠠᠷᠢᠭᠤᠴᠠᠯᠭ᠎ᠠ ᠲᠣᠳᠣᠷᠬᠠᠶ᠂ ᠢᠯᠡ ᠲᠣᠳᠣ ᠪᠠᠶᠢᠯᠭᠠᠨ᠎ᠠ᠃ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠶᠠᠳᠠᠭᠤ ᠶᠢ ᠲᠡᠳᠬᠦᠬᠦ | ᠲᠥᠷᠥᠯ ᠵᠦᠢᠯ ᠤᠨ ᠡᠳ᠋ ᠬᠥᠷᠥᠩᠭᠡ ᠶᠢᠨ ᠡᠷᠬᠡ ᠶᠢᠨ ᠬᠠᠷᠢᠶᠠᠯᠠᠯ᠂ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ᠂ | ᠠᠰᠢᠭ ᠣᠷᠣᠯᠭ᠎ᠠ ᠶᠢᠨ ᠬᠤᠪᠢᠶᠠᠷᠢᠯᠠᠯᠲᠠ᠂ ᠡᠳ᠋ ᠬᠥᠷᠥᠩᠭᠡ ᠶᠢᠨ ᠰᠢᠢᠳᠪᠦᠷᠢᠯᠡᠯᠳᠡ ᠵᠡᠷᠭᠡ ᠪᠠᠶᠢᠳᠠᠯ ᠢ ᠰᠦᠯᠵᠢᠶᠡᠨ | ᠥᠷᠲᠡᠭᠡ᠂ ᠸᠢᠴᠠᠲ ᠤᠨ ᠣᠯᠠᠨ ᠨᠡᠶᠢᠲᠡ ᠶᠢᠨ ᠳᠠᠪᠴᠠᠩ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠤᠯᠤᠩ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ ᠱᠠᠲᠤ ᠬᠤᠪᠢᠶᠠᠨ ᠨᠡᠶᠢᠲᠡ ᠳᠤ ᠵᠠᠷᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ | ᠣᠨ ᠤ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠡᠵᠡᠩᠨᠡᠯᠲᠡ ᠬᠠᠮᠢᠶᠠᠷᠤᠯᠲᠠ ᠶᠢᠨ | ᠪᠠᠶᠢᠳᠠᠯ ᠢ ᠨᠡᠶᠢᠭᠡᠮ ᠳᠤ ᠢᠯᠡ ᠪᠣᠯᠭᠠᠨ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠵᠦ᠂ ᠶᠠᠳᠠᠭᠤ ᠶᠢ | ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠢᠷᠤᠮᠵᠢᠯ ᠲᠠᠢ ᠪᠥᠭᠡᠳ ᠡᠮᠬᠢ | ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠨ᠎ᠠ᠃ | ᠳᠥᠷᠪᠡ᠂ ᠭᠤᠣᠯ ᠡᠭᠦᠷᠭᠡ | ︵ᠨᠢᠭᠡ︶ ᠬᠡᠪᠴᠢᠶ᠎ᠡ ᠶᠢ ᠳᠣᠭᠳᠠᠭᠠᠬᠤ᠃ 2012 ᠣᠨ ᠠᠴᠠ ᠨᠠᠰᠢ ᠡᠯ᠎ᠡ ᠱᠠᠲᠤᠨ ᠤ ᠡᠯ᠎ᠡ ᠲᠥᠷᠥᠯ ᠤᠨ | ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠥᠩᠭᠦ ︵ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ | ᠵᠦᠢᠯ ᠤᠨ ᠪᠡᠯᠡ ᠮᠥᠩᠭᠦ᠂ ᠡᠳ᠋ ᠤᠨ ᠵᠠᠰᠠᠭ ᠤᠨ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠪᠡᠯᠡ ᠮᠥᠩᠭᠦ᠂ | ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ᠂ ᠠᠵᠢᠯ ᠲᠥᠷᠥᠯ ᠤᠨ ᠶᠠᠳᠠᠭᠤ ᠶᠢ ᠲᠡᠳᠬᠦᠬᠦ | ᠪᠡᠯᠡ ᠮᠥᠩᠭᠦ ᠵᠡᠷᠭᠡ︶᠂ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠪᠡᠯᠡ | ᠮᠥᠩᠭᠦ ︵ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠳᠡᠮᠵᠢᠬᠦ ᠳᠤ ᠬᠡᠷᠡᠭᠯᠡᠨ᠎ᠡ︶᠂ ᠣᠨᠳᠣᠣ ᠭᠠᠵᠠᠷ | ᠨᠡᠭᠦᠯᠭᠡᠨ ᠶᠠᠳᠠᠭᠤ ᠶᠢ ᠲᠡᠳᠬᠦᠬᠦ ᠪᠡᠯᠡ ᠮᠥᠩᠭᠦ᠂ ᠬᠤᠣᠰᠯᠠᠯ ᠪᠣᠯᠵᠤ ᠬᠠᠪᠰᠤᠷᠤᠨ ᠲᠡᠳᠬᠦᠬᠦ ᠪᠡᠯᠡ ᠮᠥᠩᠭᠦ᠂ | ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠪᠡᠯᠡ ᠮᠥᠩᠭᠦ᠂ ᠴᠡᠭ ᠲᠣᠭᠲᠠᠭᠠᠨ ᠬᠠᠪᠰᠤᠷᠤᠨ ᠲᠡᠳᠬᠦᠬᠦ ᠪᠡᠯᠡ | ᠮᠥᠩᠭᠦ ᠵᠢᠴᠢ ᠨᠡᠶᠢᠭᠡᠮ ᠠᠴᠠ ᠲᠤᠰᠠᠯᠠᠨ ᠬᠦᠷᠭᠡᠭᠰᠡᠨ ᠪᠡᠯᠡ ᠮᠥᠩᠭᠦ ᠪᠠᠷ ᠶᠠᠳᠠᠭᠤ ᠶᠢ ᠲᠡᠳᠬᠦᠬᠦ ᠲᠥᠷᠥᠯ ᠵᠦᠢᠯ ᠢ | ᠬᠡᠷᠡᠭᠵᠢᠭᠦᠯᠬᠦ ᠳᠤ ᠣᠷᠣᠭᠤᠯᠤᠭᠠᠳ ᠪᠤᠶ ᠪᠣᠯᠤᠭᠰᠠᠨ ᠶᠠᠳᠠᠭᠤ ᠶᠢ ᠲᠡᠳᠬᠦᠬᠦ ᠡᠳ᠋ ᠬᠥᠷᠥᠩᠭᠡ ᠪᠣᠯᠤᠨ ᠪᠠᠶᠢᠭᠤᠯᠵᠤ | ᠪᠠᠶᠢᠭ᠎ᠠ ᠲᠥᠷᠥᠯ ᠵᠦᠢᠯ ᠳᠤ ᠡᠳ᠋ ᠬᠥᠷᠥᠩᠭᠡ ᠶᠢᠨ ᠪᠠᠶᠢᠳᠠᠯ ᠢ ᠨᠢ ᠮᠥᠷᠳᠡᠨ᠂ ᠡᠷᠬᠡ ᠶᠢᠨ ᠬᠠᠷᠢᠶ᠎ᠠ ᠶᠢᠨ | ᠬᠠᠷᠢᠴᠠᠭ᠎ᠠ ᠶᠢ ᠳᠣᠳᠣᠷᠬᠠᠶᠢᠯᠠᠨ᠎ᠠ᠃ | ︵ᠬᠤᠶᠠᠷ︶ ᠲᠥᠷᠥᠯ ᠬᠡᠯᠪᠡᠷᠢ ᠶᠢ ᠲᠣᠳᠣᠷᠬᠠᠶ ᠢᠯᠭᠠᠬᠤ᠃ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ | ᠬᠥᠷᠥᠩᠭᠡ ᠳᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠳ᠋ ᠬᠥᠷᠥᠩᠭᠡ᠂ ᠡᠵᠡᠩᠨᠡᠯᠲᠡ ᠶᠢᠨ ᠴᠢᠨᠠᠷᠲᠠᠶ ᠡᠳ᠋ | ᠬᠥᠷᠥᠩᠭᠡ ᠪᠠ ᠡᠷᠦᠬᠡ ᠳᠤ ᠬᠥᠷᠬᠦ ᠲᠥᠷᠥᠯ ᠤᠨ ᠡᠳ᠋ ᠬᠥᠷᠥᠩᠭᠡ ᠪᠠᠭᠲᠠᠨ᠎ᠠ᠃ | 1 . ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠳ᠋ ᠬᠥᠷᠥᠩᠭᠡ᠄ ᠵᠠᠮ ᠬᠠᠷᠢᠯᠴᠠᠭ᠎ᠠ᠂ ᠡᠯᠧᠺᠲᠷᠣᠨ | ᠬᠤᠳᠠᠯᠳᠤᠭᠠᠨ ᠤ ᠶᠠᠪᠤᠳᠠᠯ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ᠂ ᠠᠶᠤᠯ ᠥᠬᠡᠶ ᠤᠤᠭᠤᠬᠤ ᠤᠰᠤ᠂ | ᠴᠠᠬᠢᠯᠭᠠᠨ ᠬᠦᠴᠦᠨ ᠴᠢᠮᠡᠭᠡ ᠬᠤᠯᠪᠣᠭ᠎ᠠ᠂ ᠣᠷᠴᠢᠨ ᠲᠣᠭᠤᠷᠢᠨ ᠤ ᠵᠠᠰᠠᠯᠲᠠ᠂ ᠰᠤᠷᠭᠠᠨ ᠬᠥᠮᠦᠵᠢᠯ᠂ ᠰᠣᠶᠣᠯ᠂ | ᠡᠷᠡᠭᠦᠯ ᠬᠠᠮᠠᠭᠠᠯᠠᠯ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠲᠠᠯ᠎ᠠ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠰᠠᠭᠤᠷᠢ ᠪᠡᠯᠡᠳᠬᠡᠮᠵᠢ᠂ ᠣᠯᠠᠨ ᠨᠡᠶᠢᠲᠡ ᠶᠢᠨ ᠦᠢᠯᠡᠴᠢᠯᠡᠬᠡᠨ ᠤ ᠲᠥᠷᠥᠯ ᠤᠨ ᠡᠳ᠋ ᠬᠥᠷᠥᠩᠭᠡ ᠪᠠᠭᠲᠠᠨ᠎ᠠ᠃ | 2 . ᠡᠵᠡᠩᠨᠡᠯᠲᠡ ᠶᠢᠨ ᠴᠢᠨᠠᠷᠲᠠᠶ ᠡᠳ᠋ ᠬᠥᠷᠥᠩᠭᠡ᠄ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ | ᠠᠵᠤ ᠠᠬᠤᠶ ᠶᠢᠨ ᠠᠵᠤ ᠦᠢᠯᠡᠰ ᠤᠨ ᠰᠠᠭᠤᠷᠢᠨ ᠭᠠᠵᠠᠷ᠂ ᠦᠢᠯᠡᠳᠪᠦᠷᠢᠯᠡᠵᠦ ᠡᠳ᠋ᠰᠢᠭᠦᠯᠬᠦ ᠪᠡᠯᠡᠳᠬᠡᠮᠵᠢ | ᠲᠥᠬᠦᠭᠡᠷᠦᠮᠵᠢ᠂ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠬᠦᠢᠯᠬᠡᠬᠡᠨ ᠤ ᠪᠡᠯᠡᠳᠬᠡᠮᠵᠢ᠂ ᠬᠡᠷᠡᠯ ᠴᠡᠨᠡᠭ ᠢᠶᠠᠷ | ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡ᠂ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ᠂ | ᠵᠢᠭᠤᠯᠴᠢᠯᠠᠯ ᠤᠨ ᠦᠢᠯᠡᠴᠢᠯᠡᠬᠡᠨ ᠤ ᠪᠡᠯᠡᠳᠬᠡᠮᠵᠢ᠂ ᠦᠢᠯᠡᠳᠪᠦᠷᠢᠯᠡᠯ ᠡᠵᠡᠩᠨᠡᠯᠲᠡ ᠳᠤ ᠬᠡᠷᠡᠭᠯᠡᠬᠦ ᠬᠡᠷ ᠪᠠᠶᠢᠰᠢᠩ᠂ | ᠦᠢᠯᠡᠳᠪᠦᠷᠢ ᠶᠢᠨ ᠬᠡᠷ ᠪᠠᠶᠢᠰᠢᠩ᠂ ᠲᠥᠬᠦᠭᠡᠷᠦᠮᠵᠢ᠂ ᠪᠠᠭᠠᠵᠢ ᠬᠡᠷᠡᠭᠰᠡᠯ᠂ ᠠᠮᠢᠳᠤ ᠪᠣᠳᠠᠰ ᠤᠨ ᠴᠢᠨᠠᠷᠲᠠᠶ ᠡᠳ᠋ | ᠬᠥᠷᠥᠩᠭᠡ ᠵᠢᠴᠢ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ | ᠭᠤᠤᠯ ᠴᠣᠭᠴᠠ᠂ ᠠᠵᠤ ᠠᠬᠤᠶᠢᠯᠠᠯ ᠵᠡᠷᠭᠡ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ ᠶᠢᠨ ᠡᠳ᠋ | ᠬᠥᠷᠥᠩᠭᠡ ᠶᠢᠨ ᠠᠰᠢᠭ ᠣᠯᠵᠠᠪᠤᠷᠢ ᠪᠠᠷ ᠶᠠᠳᠠᠭᠤ ᠶᠢ ᠲᠡᠳᠬᠦᠬᠦ ᠶᠢ ᠬᠡᠷᠡᠭᠵᠢᠭᠦᠯᠦᠭᠡᠳ ᠪᠣᠶ ᠪᠣᠯᠤᠭᠰᠠᠨ ᠰᠲ᠋ᠣᠺ ᠤᠨ | ᠡᠷᠬᠡ᠂ ᠠᠪᠴᠠᠭᠠᠨ ᠤ ᠡᠷᠬᠡ ᠵᠡᠷᠭᠡ ᠡᠷᠬᠡ ᠠᠰᠢᠭ ᠤᠨ ᠴᠢᠨᠠᠷᠲᠠᠶ ᠡᠳ᠋ ᠬᠥᠷᠥᠩᠭᠡ ᠶᠢ ᠰᠢᠭᠤᠳ ᠣᠷᠣᠭᠤᠯᠤᠯᠲᠠ | ᠬᠢᠵᠦ ᠪᠤᠵᠠᠭᠠᠶᠢᠷᠠᠭᠤᠯᠤᠨ᠎ᠠ᠃ | 3 . ᠡᠷᠦᠬᠡ ᠳᠤ ᠬᠦᠷᠦᠭᠰᠡᠨ ᠲᠥᠷᠥᠯ ᠤᠨ ᠡᠳ᠋ ᠬᠥᠷᠥᠩᠭᠡ᠄ ᠡᠳ᠋ ᠤᠨ ᠵᠠᠰᠠᠭ ᠤᠨ ᠨᠥᠬᠦᠪᠥᠷᠢ ︵ᠨᠥᠬᠦᠪᠥᠷᠢ | ︶ ᠵᠡᠷᠭᠡ ᠬᠡᠯᠪᠡᠷᠢ ᠪᠠᠷ ᠳᠠᠮᠵᠢᠭᠤᠯᠤᠨ ᠶᠠᠳᠠᠭᠤ ᠬᠦᠴᠢᠷᠳᠡᠯᠲᠡᠶ ᠡᠷᠦᠬᠡ ᠶᠢ ᠬᠠᠪᠰᠤᠷᠤᠨ ᠬᠥᠭᠵᠢᠭᠦᠯᠵᠦ ᠪᠠᠶᠢᠭᠠᠳ | ᠪᠣᠶ ᠪᠣᠯᠭᠠᠭᠰᠠᠨ ᠠᠮᠢᠳᠤ ᠪᠣᠳᠠᠰ ᠤᠨ ᠴᠢᠨᠠᠷᠲᠠᠶ ᠡᠳ᠋ ᠬᠥᠷᠥᠩᠭᠡ ᠪᠤᠶᠤ ᠲᠣᠭᠲᠠᠮᠠᠯ ᠡᠳ᠋ ᠬᠥᠷᠥᠩᠭᠡ᠃ | ︵ᠭᠤᠷᠪᠠ︶ ᠡᠬᠡ ᠳᠠᠩᠰᠠ ᠪᠠᠶᠢᠭᠤᠯᠬᠤ᠃ ᠬᠤᠰᠢᠭᠤᠨ ︵ᠣᠷᠣᠨ︶ ᠤ ᠵᠠᠰᠠᠭ ᠤᠨ ᠣᠷᠳᠣᠨ ︵ | ᠬᠠᠮᠢᠶᠠᠷᠤᠯᠲᠠ ᠶᠢᠨ ᠵᠥᠪᠯᠡᠯ︶ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ 2012 ᠣᠨ ᠠᠴᠠ | ᠨᠠᠰᠢᠬᠢ ᠶᠠᠳᠠᠭᠤ ᠶᠢ ᠲᠡᠳᠬᠦᠬᠦ ᠪᠠᠯᠠ ᠮᠥᠩᠭᠦ ᠶᠢᠨ ᠶᠠᠳᠠᠭᠤ ᠶᠢ ᠲᠡᠳᠬᠦᠬᠦ ᠲᠥᠷᠥᠯ ᠵᠦᠢᠯ ᠳᠤ ᠣᠷᠣᠭᠤᠯᠤᠯᠲᠠ | ᠬᠢᠭᠡᠳ ᠪᠣᠶ ᠪᠣᠯᠤᠭᠰᠠᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢ ᠪᠠᠶᠢᠴᠠᠭᠠᠨ | ᠬᠠᠷᠭᠤᠭᠤᠯᠬᠤ ᠠᠵᠢᠯ ᠥᠷᠨᠢᠭᠦᠯᠵᠦ᠂ ᠰᠠᠭᠤᠷᠢ ᠲᠤᠭ᠎ᠠ ᠶᠢ ᠲᠣᠳᠣᠷᠬᠠᠶ ᠤᠶᠢᠯᠠᠭᠠᠨ᠂ ᠶᠠᠳᠠᠭᠤ ᠶᠢ ᠲᠡᠳᠬᠦᠬᠦ ᠪᠠᠯᠠ | ᠮᠥᠩᠭᠦ ᠶᠢᠨ ᠡᠬᠡ ᠲᠠᠩᠰᠠ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠡᠬᠡ ᠲᠠᠩᠰᠠ᠂ | ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠡᠬᠡ ᠲᠠᠩᠰᠠ ᠶᠢ ᠲᠥᠷᠥᠯ ᠬᠤᠪᠢᠶᠠᠨ ᠪᠠᠶᠢᠭᠤᠯᠵᠤ | ᠂ ︽ᠪᠥᠬᠦ ᠤᠯᠤᠰ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠮᠡᠳᠡᠭᠡ ᠵᠠᠩᠭᠢ ᠶᠢᠨ ᠰᠢᠰᠲ᠋ᠧᠮ︾ | ᠤᠨ ᠬᠤᠪᠢᠶᠠᠷᠢ ᠬᠡᠰᠡᠭ ᠤᠨ ︽ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ︾ | ᠳᠤ ᠡᠳ᠋ ᠬᠥᠷᠥᠩᠭᠡ ᠶᠢᠨ ᠮᠡᠳᠡᠭᠡ ᠵᠠᠩᠭᠢ ᠶᠢ ᠣᠷᠣᠭᠤᠯᠵᠤ᠂ ᠮᠡᠳᠡᠭᠡ ᠵᠠᠩᠭᠢᠵᠢᠭᠤᠯᠤᠭᠰᠠᠨ ᠬᠠᠮᠢᠶᠠᠷᠤᠯᠲᠠ ᠶᠢ | ᠬᠡᠷᠡᠭᠵᠢᠭᠦᠯᠦᠨ᠎ᠡ᠃ ᠲᠥᠰᠦᠪ ᠤᠨ ᠬᠦᠢᠴᠡᠳᠬᠡᠯ ᠢᠶᠠᠨ ᠬᠠᠷᠠᠬᠠᠨ ᠪᠡᠶᠡᠯᠡᠭᠦᠯᠦᠭᠡᠳᠦᠶ ᠲᠥᠷᠥᠯ ᠵᠦᠢᠯ ᠳᠤ | ᠲᠥᠰᠦᠪ ᠤᠨ ᠬᠦᠢᠴᠡᠳᠭᠡᠯ ᠬᠢᠭᠰᠡᠨ ᠤ ᠳᠠᠷᠠᠭ᠎ᠠ ᠡᠳ᠋ ᠬᠥᠷᠥᠩᠭᠡ ᠶᠢ ᠳᠠᠩᠰᠠᠯᠠᠬᠤ᠂ ᠡᠷᠬᠡ ᠶᠢᠨ ᠬᠠᠷᠢᠶᠠᠯᠠᠯ ᠢ | ᠵᠠᠭᠠᠭᠯᠠᠨ ᠲᠣᠭᠲᠠᠭᠠᠬᠤ᠂ ᠡᠳ᠋ ᠬᠥᠷᠥᠩᠭᠡ ᠶᠢ ᠰᠢᠯᠵᠢᠭᠦᠯᠦᠨ ᠲᠤᠰᠢᠶᠠᠬᠤ ᠵᠡᠷᠭᠡ ᠠᠵᠢᠯ ᠢ ᠴᠠᠭ ᠲᠤᠬᠠᠶ ᠳᠤᠨᠢ | ᠥᠷᠨᠢᠭᠦᠯᠬᠦ ᠶᠢᠨ ᠬᠠᠮᠲᠤ ᠡᠳ᠋ ᠬᠥᠷᠥᠩᠭᠡ ᠶᠢᠨ ᠮᠡᠳᠡᠭᠡ ᠵᠠᠩᠭᠢ ᠶᠢ ᠨᠢᠭᠡᠳᠦᠯᠲᠡᠶ ᠬᠠᠮᠢᠶᠠᠷᠬᠤ ᠳᠤ ᠴᠠᠭ ᠲᠤᠬᠠᠶ ᠳᠤᠨᠢ | ᠪᠢᠴᠢᠵᠦ ᠣᠷᠣᠭᠤᠯᠬᠤ ᠬᠡᠷᠡᠭᠲᠡᠶ᠃ | ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠣᠷᠣᠭᠤᠯᠤᠯᠲᠠ ᠶᠢᠨ ᠬᠠᠨᠳᠤᠰᠢ ᠪᠠ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠡᠬᠡ ᠳᠠᠩᠰᠠ ᠶᠢᠨ ᠠᠭᠤᠯᠭ᠎ᠠ ᠳᠤ ᠪᠠᠭᠲᠠᠬᠤ ᠪᠣᠯᠪᠠᠴᠤ ᠲᠥᠷᠥᠯ | ᠵᠦᠢᠯ ᠤᠨ ᠨᠡᠷᠡᠶᠢᠳᠦᠯ᠂ ᠭᠦᠢᠴᠡᠳᠬᠡᠬᠦ ᠲᠤᠭ᠎ᠠ ᠶᠢᠨ ᠪᠢᠴᠢᠭ ᠤᠨ ᠳ᠋ᠣᠭᠠᠷ᠂ ᠪᠡᠯᠡ ᠮᠥᠩᠭᠦ ᠶᠢᠨ ᠲᠥᠷᠥᠯ ᠬᠡᠯᠪᠡᠷᠢ᠂ | ᠪᠡᠯᠡ ᠣᠷᠣᠭᠤᠯᠤᠯᠲᠠ ᠶᠢᠨ ᠬᠡᠪᠴᠢᠶ᠎ᠡ᠂ ᠪᠦᠲᠦᠭᠡᠨ ᠪᠠᠶᠢᠭᠤᠯᠬᠤ ᠴᠠᠭ᠂ ᠪᠦᠲᠦᠭᠡᠨ ᠪᠠᠶᠢᠭᠤᠯᠬᠤ ᠭᠠᠵᠠᠷ᠂ | ᠪᠦᠲᠦᠭᠡᠨ ᠪᠠᠶᠢᠭᠤᠯᠬᠤ ᠠᠭᠤᠯᠭ᠎ᠠ᠂ ᠪᠠᠷᠢᠯᠭ᠎ᠠ ᠳᠠᠭᠤᠰᠤᠭᠰᠠᠨ ᠴᠠᠭ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ | ᠬᠡᠷᠡᠭᠵᠢᠭᠦᠯᠬᠦ ᠰᠠᠯᠠᠭ᠎ᠠ ᠮᠥᠴᠢᠷ ᠵᠡᠷᠭᠡ ᠮᠡᠳᠡᠭᠡ ᠵᠠᠩᠭᠢ ᠳᠤ ᠬᠢᠵᠠᠭᠠᠷᠯᠠᠭᠳᠠᠬᠤ ᠦᠭᠡᠶ᠃ ᠶᠠᠳᠠᠭᠤ ᠶᠢ ᠲᠡᠳᠬᠦᠬᠦ | ᠲᠥᠷᠥᠯ ᠵᠦᠢᠯ ᠤᠨ ᠡᠳ᠋ ᠬᠥᠷᠥᠩᠭᠡ ᠶᠢᠨ ᠡᠬᠡ ᠲᠠᠩᠰᠠ ᠶᠢᠨ ᠡᠳ᠋ ᠬᠥᠷᠥᠩᠭᠡ ᠶᠢ ᠳᠠᠩᠰᠠᠯᠠᠬᠤ ᠠᠭᠤᠯᠭ᠎ᠠ ᠳᠤ | ᠪᠠᠭᠲᠠᠬᠤ ᠪᠣᠯᠪᠠᠴᠤ ᠡᠳ᠋ ᠬᠥᠷᠥᠩᠭᠡ ᠶᠢᠨ ᠨᠡᠷᠡᠶᠢᠳᠦᠯ᠂ ᠡᠳ᠋ ᠬᠥᠷᠥᠩᠭᠡ ᠶᠢᠨ ᠲᠥᠷᠥᠯ ᠢᠯᠭᠠᠯ᠂ ᠬᠤᠳᠠᠯᠳᠤᠨ | ᠠᠪᠴᠤ ᠪᠠᠶᠢᠭᠤᠯᠤᠭᠰᠠᠨ ᠴᠠᠭ ᠬᠤᠭᠤᠴᠠᠭ᠎ᠠ ︵ᠪᠠᠷᠢᠯᠭ᠎ᠠ ᠳᠠᠭᠤᠰᠤᠭᠰᠠᠨ ᠴᠠᠭ ᠬᠤᠭᠤᠴᠠᠭ᠎ᠠ︶᠂ ᠬᠤᠳᠠᠯᠳᠤᠨ | ᠠᠪᠴᠤ ᠪᠠᠶᠢᠭᠤᠯᠤᠭᠰᠠᠨ ᠲᠤᠭ᠎ᠠ ᠬᠡᠮᠵᠢᠶ᠎ᠡ᠂ ᠬᠡᠮᠵᠢᠯᠲᠡ ᠶᠢᠨ ᠨᠢᠭᠡᠴᠡ᠂ ᠬᠡᠷᠡᠭᠯᠡᠭᠰᠡᠨ ᠵᠢᠯ ᠬᠤᠭᠤᠴᠠᠭ᠎ᠠ᠂ ᠡᠳ᠋ | ᠬᠥᠷᠥᠩᠭᠡ ᠶᠢᠨ ᠬᠡᠪᠴᠢᠶ᠎ᠡ ︵ᠠᠩᠬᠠᠨ ᠤ ᠥᠷᠲᠡᠭ︶᠂ ᠪᠠᠯᠠ ᠮᠥᠩᠭᠦ ᠶᠢᠨ ᠢᠷᠡᠯᠲᠡ᠂ ᠥᠮᠴᠢᠯᠡᠬᠦ ᠡᠷᠬᠡ ᠶᠢᠨ | ᠬᠠᠷᠢᠶᠠᠯᠠᠯ᠂ ᠬᠠᠮᠢᠶᠠᠷᠴᠤ ᠬᠠᠮᠠᠭᠠᠯᠠᠭᠰᠠᠨ ᠵᠠᠭᠪᠤᠷ᠂ ᠡᠳ᠋ ᠬᠥᠷᠥᠩᠭᠡ ᠶᠢᠨ ᠪᠠᠶᠢᠳᠠᠯ᠂ ᠡᠵᠡᠩᠨᠡᠯᠲᠡ ᠶᠢᠨ ᠭᠤᠤᠯ | ᠴᠣᠭᠴᠠ᠂ ᠥᠮᠴᠢᠯᠡᠬᠦ ᠡᠷᠬᠡᠲᠦ ᠬᠥᠮᠦᠨ᠂ ᠬᠡᠷᠡᠭᠯᠡᠬᠦ ᠡᠷᠬᠡᠲᠦ ᠬᠥᠮᠦᠨ᠂ ᠠᠰᠢᠭ ᠣᠯᠵᠠᠪᠤᠷᠢ ᠶᠢᠨ ᠡᠷᠬᠡᠲᠦ ᠬᠥᠮᠦᠨ | ᠂ ᠡᠵᠡᠩᠨᠡᠯᠲᠡ ᠶᠢᠨ ᠠᠷᠭ᠎ᠠ ᠮᠠᠶ᠋ᠢᠭ᠂ ᠠᠰᠢᠭ ᠣᠯᠵᠠᠪᠤᠷᠢ ᠶᠢᠨ ᠬᠤᠪᠢᠶᠠᠷᠢᠯᠠᠯᠲᠠ ᠵᠢᠴᠢ ᠡᠳ᠋ ᠬᠥᠷᠥᠩᠭᠡ ᠶᠢ | ᠰᠢᠢᠳᠪᠦᠷᠢᠯᠡᠭᠰᠡᠨ ᠵᠡᠷᠭᠡ ᠮᠡᠳᠡᠭᠡ ᠵᠠᠩᠭᠢ ᠳᠤ ᠬᠢᠵᠠᠭᠠᠷᠯᠠᠭᠳᠠᠬᠤ ᠥᠬᠡᠶ᠃ ᠪᠣᠶ ᠪᠣᠯᠤᠭᠰᠠᠨ ᠶᠠᠳᠠᠭᠤ ᠶᠢ ᠲᠡᠳᠬᠦᠬᠦ | ᠲᠥᠷᠥᠯ ᠵᠦᠢᠯ ᠤᠨ ᠡᠳ᠋ ᠬᠥᠷᠥᠩᠭᠡ ᠶᠢᠨ ᠠᠩᠬᠠᠨ ᠤ ᠥᠷᠲᠡᠭ ᠢ ᠵᠠᠷᠴᠢᠮ ᠳᠡᠭᠡᠷ᠎ᠡ ᠪᠠᠨ ᠲᠥᠷᠥᠯ ᠵᠦᠢᠯ ᠤᠨ | ᠪᠠᠷᠢᠯᠭ᠎ᠠ ᠳᠠᠭᠤᠰᠤᠭᠰᠠᠨ ᠲᠥᠰᠦᠪ ᠤᠨ ᠬᠦᠢᠴᠡᠳᠭᠡᠯ ᠢᠶᠠᠷ ᠳᠠᠩᠰᠠᠯᠠᠬᠤ ᠦᠨᠳᠦᠰᠦᠯᠡᠯ ᠪᠣᠯᠭᠠᠨ᠎ᠠ᠃ | ︵ᠳᠥᠷᠪᠡ︶ ᠡᠷᠬᠡ ᠶᠢ ᠳᠡᠩᠰᠡᠯᠡᠨ ᠳᠣᠲᠣᠯᠠᠬᠤ᠃ ᠡᠳ᠋ ᠬᠦᠷᠦᠩᠭᠡ ᠶᠢᠨ ᠡᠷᠬᠡ ᠶᠢᠨ ᠬᠠᠷᠢᠶᠠᠯᠠᠯ ᠢ | ᠲᠣᠭᠲᠠᠭᠠᠬᠤ ᠳᠤ ᠡᠳ᠋ ᠬᠦᠷᠦᠩᠭᠡ ᠶᠢᠨ ᠪᠦᠷᠢᠯᠳᠦᠬᠦ ᠶᠠᠪᠤᠴᠠ᠂ ᠪᠡᠯᠡ ᠮᠥᠩᠭᠦ ᠶᠢᠨ ᠪᠦᠷᠢᠯᠳᠦᠯ ᠪᠠ ᠬᠡᠷᠡᠭᠵᠢᠭᠦᠯᠬᠦ | ᠠᠷᠭ᠎ᠠ ᠮᠠᠶ᠋ᠢᠭ ᠢ ᠭᠦᠢᠴᠡᠳ ᠪᠣᠳᠣᠯᠬᠢᠯᠠᠵᠤ᠂ ᠦᠨᠡᠨ ᠠᠴᠠ ᠵᠥᠪ ᠢ ᠡᠷᠢᠬᠦ᠂ ᠬᠠᠤᠯᠢ ᠳᠤ ᠨᠡᠶᠢᠴᠡᠬᠦ ᠲᠣᠭᠲᠠᠭᠠᠯ ᠳᠤ | ᠨᠡᠶᠢᠴᠡᠬᠦ᠂ ᠣᠷᠢᠳᠡᠪᠡᠷ ᠠᠰᠢᠭ ᠬᠦᠷᠳᠡᠬᠦ᠂ ᠦᠷ᠎ᠡ ᠪᠦᠲᠦᠮᠵᠢ ᠶᠢ ᠬᠠᠮᠲᠤ ᠳᠤᠨᠢ ᠬᠠᠷᠠᠭᠠᠯᠵᠠᠬᠤ ᠵᠠᠷᠴᠢᠮ ᠶᠣᠰᠣᠭᠠᠷ | ᠵᠠᠭᠠᠭᠯᠠᠨ ᠲᠣᠭᠲᠠᠭᠠᠬᠤ ᠬᠡᠷᠡᠭᠲᠡᠢ᠃ ᠥᠮᠴᠢᠯᠡᠯ ᠤᠨ ᠡᠷᠬᠡ ᠶᠢ ᠵᠠᠭᠠᠭᠯᠠᠨ ᠲᠣᠭᠲᠠᠭᠠᠬᠤ ᠳᠤ ᠡᠳ᠋ ᠬᠥᠷᠥᠩᠭᠡ ᠶᠢᠨ | ᠠᠰᠢᠭ ᠭᠥᠷᠳᠡᠬᠦ ᠣᠯᠠᠨ ᠲᠦᠮᠡᠨ ᠤ ᠣᠨᠴᠠᠭᠠᠶ ᠴᠢᠨᠠᠷ ᠢ ᠬᠦᠢᠴᠡᠳ ᠪᠣᠳᠣᠯᠬᠢᠯᠠᠵᠤ᠂ ᠡᠳ᠋ ᠬᠥᠷᠥᠩᠭᠡ ᠶᠢᠨ | ᠡᠷᠬᠡ ᠶᠢᠨ ᠬᠠᠷᠢᠶᠠᠯᠠᠯ ᠪᠠ ᠠᠰᠢᠭ ᠣᠷᠣᠯᠭ᠎ᠠ ᠶᠢ ᠠᠯᠢ ᠴᠢᠳᠠᠬᠤ ᠪᠠᠷ ᠳᠣᠷᠣᠭᠰᠢ ᠪᠠᠭᠤᠯᠭᠠᠬᠤ ᠬᠡᠷᠡᠭᠲᠡᠶ᠃ ᠦᠯᠦ | ᠬᠥᠳᠡᠯᠬᠦ ᠬᠦᠷᠦᠩᠭᠡ ᠳᠤ ᠬᠠᠷᠢᠶᠠᠯᠠᠭᠳᠠᠪᠠᠯ᠂ ᠬᠠᠤᠯᠢ ᠶᠣᠰᠣᠭᠠᠷ ᠡᠷᠬᠡ ᠶᠢ ᠨᠤᠲᠠᠯᠠᠨ ᠲᠣᠭᠲᠠᠭᠠᠵᠤ | ᠳᠠᠩᠰᠠᠯᠠᠭᠤᠯᠤᠨ᠎ᠠ᠃ | 1 . ᠡᠷᠦᠬᠡ ᠳᠤ ᠭᠦᠷᠦᠭᠰᠡᠨ ᠲᠥᠷᠥᠯ ᠤᠨ ᠡᠳ᠋ ᠬᠥᠷᠥᠩᠭᠡ ᠶᠢᠨ ᠥᠮᠴᠢᠯᠡᠬᠦ ᠡᠷᠬᠡ ᠶᠢ ᠵᠠᠷᠴᠢᠮ ᠳᠡᠭᠡᠷ᠎ᠡ ᠪᠠᠨ | ᠲᠠᠷᠢᠶᠠᠴᠢᠨ ᠡᠷᠦᠬᠡ ᠳᠤ ᠥᠮᠴᠢᠯᠡᠭᠦᠯᠦᠨ᠎ᠡ᠃ | 2 . ᠭᠠᠴᠠᠭ᠎ᠠ ᠲᠣᠰᠬᠤᠨ ᠳᠤ ᠣᠷᠣᠵᠤ ᠪᠦᠷᠢᠯᠳᠦᠭᠰᠡᠨ ᠡᠳ᠋ ᠬᠥᠷᠥᠩᠭᠡ ᠶᠢᠨ ᠡᠷᠬᠡ ᠶᠢ ᠭᠠᠴᠠᠭ᠎ᠠ | ᠲᠣᠰᠬᠤᠨ ᠤ ᠬᠠᠮᠲᠤ ᠨᠡᠶᠢᠲᠡ ᠳᠤ ᠨᠤᠲᠠᠯᠠᠨ ᠲᠣᠭᠲᠠᠭᠠᠨ᠎ᠠ᠃ ᠲᠣᠰᠬᠤᠨ ᠤ ᠱᠠᠲᠤ ᠬᠠᠮᠲᠤᠷᠠᠨ ᠪᠠᠶᠢᠭᠤᠯᠤᠭᠠᠳ ᠪᠤᠶ | ᠪᠣᠯᠤᠭᠰᠠᠨ ᠡᠳ᠋ ᠬᠥᠷᠥᠩᠭᠡ ᠶᠢ ᠪᠡᠯᠡ ᠣᠷᠣᠭᠤᠯᠤᠭᠰᠠᠨ ᠬᠠᠷᠢᠴᠠᠯ ᠪᠤᠶᠤ ᠤᠷᠢᠳᠴᠢᠯᠠᠨ ᠪᠣᠯᠵᠣᠨ ᠲᠣᠭᠲᠠᠭᠰᠠᠨ | ᠬᠠᠷᠢᠴᠠᠯ ᠤᠨ ᠶᠣᠰᠣᠭᠠᠷ ᠡᠷᠬᠡ ᠶᠢ ᠨᠤᠲᠠᠯᠠᠨ ᠲᠣᠭᠲᠠᠭᠠᠭᠠᠳ ᠡᠯ᠎ᠡ ᠬᠠᠮᠲᠤᠷᠠᠨ ᠪᠠᠶᠢᠭᠤᠯᠤᠭᠰᠠᠨ ᠭᠠᠴᠠᠭ᠎ᠠ | ᠲᠣᠰᠬᠤᠨ ᠳᠤ ᠬᠦᠷᠭᠡᠵᠦ᠂ ᠰᠤᠮᠤ ᠪᠠᠯᠭᠠᠰᠤ ᠠᠴᠠ ᠭᠠᠴᠠᠭ᠎ᠠ ᠲᠣᠰᠬᠤᠨ ᠳᠤ ᠰᠢᠯᠵᠢᠭᠦᠯᠦᠨ ᠲᠤᠰᠢᠶᠠᠵᠤ᠂ ᠮᠠᠯᠵᠢᠬᠤ | ᠲᠠᠷᠢᠶᠠᠯᠠᠬᠤ ᠣᠷᠣᠨ ᠤ ︽ᠪᠡᠯᠡ ᠮᠥᠩᠭᠦ ᠡᠳ᠋ ᠬᠥᠷᠥᠩᠭᠡ ᠡᠬᠢ ᠪᠠᠶᠠᠯᠢᠭ︾ ᠤᠨ ᠬᠠᠮᠢᠶᠠᠷᠤᠯᠲᠠ ᠳᠤ ᠣᠷᠣᠭᠤᠯᠬᠤ | ᠬᠡᠷᠡᠭᠲᠡᠶ᠃ | 3 . ᠰᠤᠮᠤ ᠪᠠᠯᠭᠠᠰᠤ ᠠᠴᠠ ᠨᠢᠭᠡᠳᠦᠯᠲᠡᠶ ᠵᠣᠬᠢᠶᠠᠨ ᠪᠠᠶᠢᠭᠤᠯᠤᠨ ᠬᠡᠷᠡᠭᠵᠢᠭᠦᠯᠵᠦ ᠪᠣᠶ ᠪᠣᠯᠤᠭᠰᠠᠨ ᠡᠳ᠋ | ᠬᠥᠷᠥᠩᠭᠡ ᠶᠢ ᠵᠠᠷᠴᠢᠮ ᠳᠡᠭᠡᠷ᠎ᠡ ᠪᠠᠨ ᠡᠷᠬᠡ ᠶᠢ ᠨᠢ ᠨᠤᠲᠠᠯᠠᠨ ᠭᠠᠴᠠᠭ᠎ᠠ ᠲᠣᠰᠬᠤᠨ ᠳᠤ ᠬᠦᠷᠭᠡᠵᠦ᠂ ᠭᠠᠴᠠᠭ᠎ᠠ | ᠲᠣᠰᠬᠤᠨ ᠳᠤ ᠥᠮᠴᠢᠯᠡᠬᠦ ᠡᠷᠬᠡ ᠶᠢᠨ ᠬᠠᠷᠢᠶ᠎ᠠ ᠶᠢ ᠨᠢ ᠲᠣᠳᠣᠷᠬᠠᠶᠢᠯᠠᠬᠤ ᠳᠤ ᠪᠡᠷᠬᠡᠲᠡᠶ ᠰᠤᠮᠤ ᠪᠠᠯᠭᠠᠰᠤ ᠳᠤ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠶᠣᠰᠣᠭᠠᠷ ᠬᠠᠮᠢᠶᠠᠷᠴᠤ᠂ ᠡᠷᠬᠡ ᠶᠢ ᠨᠢ ᠴᠠᠭ ᠲᠤᠬᠠᠶ ᠳᠤᠨᠢ | ᠨᠤᠲᠠᠯᠠᠨ ᠲᠤᠰᠢᠶᠠᠵᠤ ᠥᠭᠬᠦ ᠬᠡᠷᠡᠭᠲᠡᠶ᠃ ᠰᠤᠮᠤ ᠪᠠᠯᠭᠠᠰᠤ᠂ ᠭᠠᠴᠠᠭ᠎ᠠ ᠲᠣᠰᠬᠤᠨ ᠠᠴᠠ ᠲᠤᠰᠠᠭᠠᠷ ᠲᠣᠰᠬᠤᠨ ᠳᠤ | ᠬᠦᠷᠬᠦ ᠡᠳ᠋ ᠬᠥᠷᠥᠩᠭᠡ ᠶᠢ ᠡᠳ᠋ ᠬᠥᠷᠥᠩᠭᠡ ᠶᠢᠨ ᠪᠠᠶᠢᠭ᠎ᠠ ᠭᠠᠵᠠᠷ ᠤᠨ ᠭᠠᠴᠠᠭ᠎ᠠ ᠲᠣᠰᠬᠤᠨ ᠤ ᠬᠠᠮᠲᠤ ᠳᠤ | ᠬᠦᠷᠲᠡᠯ᠎ᠡ ᠡᠷᠬᠡ ᠶᠢ ᠲᠣᠳᠣᠷᠬᠠᠶᠢᠯᠠᠨ᠎ᠠ᠃ | 4 . ᠬᠤᠰᠢᠭᠤ ︵ᠣᠷᠣᠨ︶᠂ ᠰᠤᠮᠤ ᠪᠠᠯᠭᠠᠰᠤ ᠬᠤᠶᠠᠷ ᠱᠠᠲᠤᠨ ᠤ ᠰᠤᠮᠤ᠂ ᠭᠠᠴᠠᠭ᠎ᠠ ᠲᠣᠰᠬᠤᠨ ᠢ | ᠠᠯᠤᠰᠯᠠᠨ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠡᠳ᠋ ᠬᠥᠷᠥᠩᠭᠡ ᠵᠢᠴᠢ ᠪᠤᠰᠤᠳ ᠣᠨᠴᠠᠭᠠᠶ ᠥᠮᠴᠢᠯᠡᠬᠦ | ᠡᠷᠬᠡ ᠨᠢ ᠲᠣᠳᠣᠷᠬᠠᠶ ᠥᠬᠡᠶ ᠡᠳ᠋ ᠬᠥᠷᠥᠩᠭᠡ ᠶᠢ ᠬᠤᠰᠢᠭᠤ ︵ᠣᠷᠣᠨ︶ ᠶᠢᠨ ᠵᠠᠰᠠᠭ ᠤᠨ ᠣᠷᠳᠣᠨ ︵ | ᠬᠠᠮᠢᠶᠠᠷᠤᠯᠲᠠ ᠶᠢᠨ ᠵᠥᠪᠯᠡᠯ︶ ᠠᠴᠠ ᠬᠠᠮᠢᠶ᠎ᠠ ᠪᠥᠬᠦᠶ ᠲᠣᠭᠲᠠᠭᠠᠯ ᠪᠠ ᠲᠥᠷᠥᠯ ᠵᠦᠢᠯ ᠤᠨ ᠪᠣᠳᠠᠲᠤ ᠪᠠᠶᠢᠳᠠᠯ ᠢ | ᠦᠨᠳᠦᠰᠦᠯᠡᠨ ᠥᠮᠴᠢᠯᠡᠬᠦ ᠡᠷᠬᠡ ᠶᠢᠨ ᠬᠠᠷᠢᠶᠠᠯᠠᠯ ᠢ ᠲᠣᠭᠲᠠᠭᠠᠵᠤ᠂ ᠵᠠᠷᠴᠢᠮ ᠳᠡᠭᠡᠷ᠎ᠡ ᠪᠠᠨ ᠡᠳ᠋ ᠬᠥᠷᠥᠩᠭᠡ ᠶᠢᠨ | ᠪᠠᠶᠢᠭ᠎ᠠ ᠭᠠᠴᠠᠭ᠎ᠠ ᠲᠣᠰᠬᠤᠨ ᠤ ᠬᠠᠮᠲᠤ ᠳᠤ ᠬᠠᠷᠢᠶᠠᠯᠠᠭᠤᠯᠤᠨ᠎ᠠ᠃ | 5 . ᠬᠤᠰᠢᠭᠤᠨ ︵ᠣᠷᠣᠨ︶ ᠠᠴᠠ ᠨᠢᠭᠡᠳᠦᠯᠲᠡᠶ ᠲᠥᠯᠥᠪᠯᠡᠨ ᠬᠡᠷᠡᠭᠵᠢᠭᠦᠯᠵᠦ ᠪᠤᠶ ᠪᠣᠯᠤᠭᠰᠠᠨ | ᠡᠵᠡᠩᠨᠡᠯᠲᠡ ᠶᠢᠨ ᠴᠢᠨᠠᠷᠲᠠᠶ ᠡᠳ᠋ ᠬᠥᠷᠥᠩᠭᠡ ᠶᠢᠨ ᠥᠮᠴᠢᠯᠡᠬᠦ ᠡᠷᠬᠡ ᠨᠢ ᠬᠤᠰᠢᠭᠤᠨ ︵ᠣᠷᠣᠨ︶ ᠤ ᠵᠠᠰᠠᠭ ᠤᠨ | ᠣᠷᠳᠣᠨ ︵ᠬᠠᠮᠢᠶᠠᠷᠤᠯᠲᠠ ᠶᠢᠨ ᠵᠥᠪᠯᠡᠯ︶ ᠳᠤ ᠬᠠᠷᠢᠶᠠᠯᠠᠭᠳᠠᠵᠤ᠂ ᠬᠤᠰᠢᠭᠤᠨ ︵ᠣᠷᠣᠨ︶ ᠤ ᠵᠠᠰᠠᠭ ᠤᠨ | ᠣᠷᠳᠣᠨ ︵ᠬᠠᠮᠢᠶᠠᠷᠤᠯᠲᠠ ᠶᠢᠨ ᠵᠥᠪᠯᠡᠯ︶ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠢᠭᠠᠨ ᠲᠣᠭᠲᠠᠭᠠᠵᠤ | ᠬᠠᠮᠢᠶᠠᠷᠤᠭᠤᠯᠤᠨ᠎ᠠ᠃ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ | ᠵᠡᠷᠭᠡ ᠠᠵᠢᠯ ᠲᠥᠷᠥᠯ ᠤᠨ ᠰᠠᠯᠠᠭ᠎ᠠ ᠮᠥᠴᠢᠷ ᠠᠴᠠ ᠰᠤᠮᠤ ᠪᠠᠯᠭᠠᠰᠤ᠂ ᠭᠠᠴᠠᠭ᠎ᠠ ᠲᠣᠰᠬᠤᠨ ᠢ ᠠᠯᠤᠰᠯᠠᠨ | ᠨᠢᠭᠡᠳᠦᠯᠲᠡᠶ ᠲᠥᠯᠥᠪᠯᠡᠨ ᠬᠡᠷᠡᠭᠵᠢᠭᠦᠯᠵᠦ ᠪᠣᠶ ᠪᠣᠯᠤᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠳ᠋ ᠬᠥᠷᠥᠩᠭᠡ᠂ | ᠥᠮᠴᠢᠯᠡᠬᠦ ᠡᠷᠬᠡ ᠨᠢ ᠬᠤᠰᠢᠭᠤᠨ ︵ᠣᠷᠣᠨ︶ ᠤ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠳᠤ | ᠬᠠᠷᠢᠶᠠᠯᠠᠭᠳᠠᠵᠤ᠂ ᠠᠵᠢᠯ ᠲᠥᠷᠥᠯ ᠤᠨ ᠰᠠᠯᠠᠭ᠎ᠠ ᠮᠥᠴᠢᠷ ᠢ ᠵᠢᠭᠠᠨ ᠲᠣᠭᠲᠠᠭᠠᠵᠤ ᠤᠯᠤᠰ ᠤᠨ ᠥᠮᠴᠢᠯᠡᠯᠲᠦ ᠡᠳ᠋ | ᠬᠥᠷᠥᠩᠭᠡ ᠪᠠ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ | ᠬᠠᠮᠢᠶᠠᠷᠤᠭᠤᠯᠬᠤ ᠬᠡᠷᠡᠭᠲᠡᠶ᠃ | ︵ᠲᠠᠪᠤ︶ ᠵᠠᠷᠯᠠᠨ ᠨᠡᠶᠢᠲᠡᠯᠡᠵᠦ ᠰᠢᠯᠵᠢᠭᠦᠯᠦᠨ ᠲᠤᠰᠢᠶᠠᠬᠤ᠃ ᠡᠳ᠋ ᠬᠥᠷᠥᠩᠭᠡ ᠶᠢ ᠳᠡᠩᠰᠡᠯᠡᠨ | ᠲᠡᠮᠳᠡᠭᠯᠡᠭᠦᠯᠦᠭᠰᠡᠨ ᠮᠡᠳᠡᠭᠡ ᠵᠠᠩᠭᠢ ᠶᠢ ᠡᠳ᠋ ᠬᠥᠷᠥᠩᠭᠡ ᠶᠢᠨ ᠪᠠᠶᠢᠭ᠎ᠠ ᠭᠠᠵᠠᠷ ᠤᠨ ᠬᠤᠰᠢᠭᠤ ︵ᠣᠷᠣᠨ︶᠂ ᠰᠤᠮᠤ | ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤᠨ ᠳᠤ ᠢᠯᠡ ᠨᠡᠶᠢᠲᠡᠯᠡᠵᠦ᠂ ᠢᠯᠡ ᠨᠡᠶᠢᠲᠡᠯᠡᠬᠦ ᠴᠠᠭ | ᠬᠤᠭᠤᠴᠠᠭ᠎ᠠ ᠶᠢ 10 ᠡᠳᠦᠷ ᠠᠴᠠ ᠳᠤᠲᠠᠭᠤ ᠪᠠᠶᠢᠯᠭᠠᠵᠤ ᠪᠣᠯᠬᠤ ᠥᠬᠡᠶ᠃ ᠡᠳ᠋ ᠬᠥᠷᠥᠩᠭᠡ ᠶᠢ ᠳᠡᠩᠰᠡᠯᠡᠨ | ᠲᠡᠮᠳᠡᠭᠯᠡᠭᠦᠯᠦᠭᠰᠡᠨ ᠮᠡᠳᠡᠭᠡ ᠵᠠᠩᠭᠢ ᠶᠢ ᠨᠡᠶᠢᠲᠡ ᠳᠤ ᠵᠠᠷᠯᠠᠭᠠᠳ ᠤᠨᠳᠤᠤ ᠰᠠᠨᠠᠯ ᠥᠬᠡᠶ ᠡᠳ᠋ ᠬᠥᠷᠥᠩᠭᠡ ᠳᠤ | ᠥᠮᠴᠢᠯᠡᠬᠦ ᠡᠷᠬᠡ ᠶᠢᠨ ᠳᠡᠩᠰᠡᠯᠡᠨ ᠲᠡᠮᠳᠡᠭᠯᠡᠬᠦ ᠭᠠᠷᠳᠠᠮ ᠢ ᠴᠠᠭ ᠲᠤᠬᠠᠶ ᠳᠤᠨᠢ ᠬᠦᠢᠴᠡᠳᠬᠡᠵᠦ᠂ ᠥᠯᠥ ᠬᠥᠳᠡᠯᠬᠦ | ᠬᠥᠷᠥᠩᠭᠡ ᠶᠢᠨ ᠳᠡᠩᠰᠡᠯᠡᠨ ᠲᠡᠮᠳᠡᠭᠯᠡᠬᠦ ᠡᠷᠬᠡ ᠶᠢᠨ ᠦᠨᠡᠮᠯᠡᠯ᠂ ᠡᠳ᠋ ᠬᠥᠷᠥᠩᠭᠡ ᠶᠢᠨ ᠳᠡᠩᠰᠡᠯᠡᠨ ᠲᠡᠮᠳᠡᠭᠯᠡᠬᠦ | ᠦᠨᠡᠮᠯᠡᠯ ᠣᠯᠭᠤᠬᠤ ᠬᠡᠷᠡᠭᠲᠡᠶ᠃ ᠳᠠᠩᠰᠠᠯᠠᠵᠤ ᠦᠨᠡᠮᠯᠡᠯ ᠬᠦᠢᠴᠡᠳᠭᠡᠬᠦ ᠶᠢᠨ ᠠᠷᠭ᠎ᠠ ᠥᠬᠡᠶ ᠪᠠᠶᠢᠪᠠᠯ᠂ ᠪᠢᠴᠢᠭ | ᠮᠠᠲ᠋ᠧᠷᠢᠶᠠᠯ ᠳᠠᠷᠤᠮᠠᠯᠯᠠᠨ ᠳᠠᠷᠬᠠᠭᠠᠬᠤ ᠬᠡᠯᠪᠡᠷᠢ ᠪᠠᠷ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ | ᠥᠮᠴᠢᠯᠡᠬᠦ ᠡᠷᠬᠡᠲᠦ ᠬᠥᠮᠦᠨ᠂ ᠠᠰᠢᠭ ᠣᠯᠵᠠᠪᠤᠷᠢ ᠶᠢᠨ ᠡᠷᠬᠡᠲᠦ ᠬᠥᠮᠦᠨ ᠪᠠ ᠬᠠᠮᠢᠶᠠᠷᠴᠤ ᠬᠠᠮᠠᠭᠠᠯᠠᠬᠤ | ᠬᠠᠷᠢᠭᠤᠴᠠᠯᠭᠠᠲᠠᠨ ᠵᠡᠷᠭᠡ ᠶᠢ ᠲᠣᠳᠣᠷᠬᠠᠶᠢᠯᠠᠬᠤ ᠬᠡᠷᠡᠭᠲᠡᠶ᠃ | ᠡᠳ᠋ ᠬᠥᠷᠥᠩᠭᠡ ᠶᠢᠨ ᠡᠷᠬᠡ ᠶᠢ ᠨᠤᠲᠠᠯᠠᠭᠰᠠᠨ ᠤ ᠳᠠᠷᠠᠭ᠎ᠠ ᠡᠳ᠋ ᠬᠥᠷᠥᠩᠭᠡ ᠶᠢ ᠰᠢᠯᠵᠢᠭᠦᠯᠦᠨ ᠲᠤᠰᠢᠶᠠᠬᠤ | ᠭᠠᠷᠳᠠᠮ ᠢ ᠴᠠᠭ ᠲᠤᠬᠠᠶ ᠳᠤᠨᠢ ᠬᠦᠢᠴᠡᠳᠬᠡᠵᠦ᠂ ᠡᠳ᠋ ᠬᠥᠷᠥᠩᠭᠡ ᠶᠢ ᠡᠳ᠋ ᠬᠥᠷᠥᠩᠭᠡ ᠶᠢᠨ ᠥᠮᠴᠢᠯᠡᠬᠦ ᠡᠷᠬᠡᠲᠦ | ᠬᠥᠮᠦᠨ᠂ ᠬᠡᠷᠡᠭᠯᠡᠬᠦ ᠡᠷᠬᠡᠲᠦ ᠬᠥᠮᠦᠨ᠂ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠲᠠᠢ ᠬᠥᠮᠦᠨ᠂ ᠠᠰᠢᠭ ᠤᠯᠬᠤ | ᠡᠷᠬᠡᠲᠦ ᠬᠥᠮᠦᠨ ᠳᠤ ᠰᠢᠯᠵᠢᠭᠦᠯᠦᠨ ᠲᠤᠰᠢᠶᠠᠬᠤ ᠶᠢᠨ ᠬᠠᠮᠲᠤ᠂ ᠲᠥᠷᠥᠯ ᠵᠦᠢᠯ ᠢ ᠬᠡᠷᠡᠭᠵᠢᠭᠦᠯᠵᠦ ᠪᠠᠶᠢᠭ᠎ᠠ | ᠨᠢᠭᠡᠴᠡ ᠠᠴᠠ ᠡᠳ᠋ ᠬᠥᠷᠥᠩᠭᠡ ᠶᠢᠨ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠵᠤ ᠬᠠᠷᠢᠴᠠᠭᠤᠯᠬᠤ ᠵᠡᠷᠭᠡ | ᠠᠵᠢᠯ ᠢ ᠥᠷᠨᠢᠭᠦᠯᠵᠦ᠂ ᠡᠳ᠋ ᠬᠥᠷᠥᠩᠭᠡ ᠶᠢᠨ ᠮᠡᠳᠡᠭᠡ ᠵᠠᠩᠭᠢ ᠶᠢ ᠬᠠᠷᠭᠤᠭᠤᠯᠤᠨ ᠳᠣᠲᠣᠯᠠᠭᠠᠳ ᠠᠯᠳᠠᠭ᠎ᠠ ᠪᠤᠷᠤᠭᠤ | ᠥᠬᠡᠶ ᠪᠣᠯᠤᠭᠰᠠᠨ ᠤ ᠳᠠᠷᠠᠭ᠎ᠠ᠂ ᠥᠮᠴᠢᠯᠡᠬᠦ ᠡᠷᠬᠡ ᠶᠢᠨ ᠬᠠᠷᠢᠶᠠᠯᠠᠯ ᠶᠣᠰᠣᠭᠠᠷ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠡᠬᠡ ᠲᠠᠩᠰᠠ ᠶᠢ ᠱᠠᠲᠤ ᠬᠤᠪᠢᠶᠠᠨ ᠪᠠᠶᠢᠭᠤᠯᠵᠤ᠂ ᠲᠠᠩᠰᠠ ᠪᠠ ᠬᠦᠰᠦᠨᠦᠭᠲᠦ ᠨᠢ ᠬᠠᠷᠢᠯᠴᠠᠨ | ᠨᠡᠶᠢᠴᠡᠬᠦ᠂ ᠲᠠᠩᠰᠠ ᠪᠠ ᠲᠠᠩᠰᠠ ᠨᠢ ᠬᠠᠷᠢᠯᠴᠠᠨ ᠨᠡᠶᠢᠴᠡᠬᠦ ᠶᠢ ᠪᠡᠶᠡᠯᠡᠭᠦᠯᠬᠦ ᠬᠡᠷᠡᠭᠲᠡᠶ᠃ | ︵ᠵᠢᠷᠭᠤᠭ᠎ᠠ︶ ᠢᠯᠭᠠᠷᠠᠭᠤᠯᠤᠨ ᠪᠣᠳᠣᠵᠤ ᠪᠡᠯᠡ ᠬᠠᠷᠭᠤᠭᠤᠯᠬᠤ᠃ ᠵᠢᠯ ᠪᠦᠷᠢ ᠶᠢᠨ 3 ᠰᠠᠷ᠎ᠠ ᠶᠢᠨ | ᠰᠡᠭᠦᠯᠴᠢ ᠠᠴᠠ ᠡᠮᠦᠨ᠎ᠡ᠂ ᠬᠤᠰᠢᠭᠤᠨ ︵ᠣᠷᠣᠨ︶ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠰᠠᠯᠠᠭ᠎ᠠ ᠮᠥᠴᠢᠷ ᠠᠴᠠ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠰᠤᠮᠤ ᠪᠠᠯᠭᠠᠰᠤ᠂ ᠭᠠᠴᠠᠭ᠎ᠠ ᠲᠣᠰᠬᠤᠨ ᠲᠠᠢ | ᠬᠠᠮᠲᠤᠷᠠᠨ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠬᠡᠷᠡᠭᠯᠡᠯᠲᠡ ᠶᠢᠨ ᠣᠳᠣᠬᠢ ᠪᠠᠶᠢᠳᠠᠯ᠂ | ᠡᠳ᠋ ᠬᠥᠷᠥᠩᠭᠡ ᠶᠢᠨ ᠴᠡᠪᠡᠷ ᠥᠷᠲᠡᠭ ᠢ ᠣᠨ ᠤ ᠲᠣᠭᠠᠴᠠᠭ᠎ᠠ ᠬᠢᠵᠦ ᠬᠢᠨᠠᠨ ᠬᠠᠷᠭᠤᠭᠤᠯᠤᠨ᠎ᠠ᠃ | ᠡᠳ᠋ ᠬᠥᠷᠥᠩᠭᠡ ᠶᠢ ᠢᠯᠭᠠᠷᠠᠭᠤᠯᠤᠨ ᠪᠤᠳᠤᠵᠤ ᠬᠢᠨᠠᠨ ᠬᠠᠷᠭᠤᠭᠤᠯᠵᠤ ᠳᠠᠭᠤᠰᠤᠭᠰᠠᠨ ᠤ ᠳᠠᠷᠠᠭ᠎ᠠ᠂ ᠡᠳ᠋ | ᠬᠥᠷᠥᠩᠭᠡ ᠶᠢᠨ ᠡᠷᠬᠡ ᠶᠢᠨ ᠬᠠᠷᠢᠶᠠᠯᠠᠯ ᠢ ᠦᠨᠳᠦᠰᠦᠯᠡᠨ᠂ ᠣᠲᠣ ᠶᠢᠨ ᠬᠡᠷᠡᠭᠵᠢᠭᠦᠯᠵᠦ ᠪᠠᠶᠢᠭ᠎ᠠ ᠨᠢᠭᠲᠠᠯᠠᠨ ᠪᠤᠳᠤᠬᠤ | ᠪᠠᠷᠢᠮᠵᠢᠶ᠎ᠠ ᠶᠢ ᠦᠨᠳᠦᠰᠦᠯᠡᠨ ᠡᠯᠡᠭᠳᠡᠯ ᠢ ᠪᠤᠳᠤᠵᠤ ᠭᠠᠷᠭᠠᠨ ᠠᠪᠴᠤ᠂ ᠴᠡᠪᠡᠷ ᠥᠷᠲᠡᠭ ᠢ ᠪᠤᠳᠤᠵᠤ ᠭᠠᠷᠭᠠᠨ᠎ᠠ᠂ | ᠵᠠᠷᠴᠢᠮ ᠳᠡᠭᠡᠷ᠎ᠡ ᠪᠠᠨ ᠡᠵᠡᠩᠨᠡᠯᠲᠡ ᠶᠢᠨ ᠴᠢᠨᠠᠷᠲᠠᠶ ᠡᠳ᠋ ᠬᠥᠷᠥᠩᠭᠡ ᠳᠠᠬᠢ ᠡᠷᠬᠡ ᠠᠰᠢᠭ ᠤᠨ ᠡᠳ᠋ ᠬᠥᠷᠥᠩᠭᠡ ᠪᠠ | ᠡᠷᠦᠬᠡ ᠳᠤ ᠭᠦᠷᠦᠭᠰᠡᠨ ᠲᠥᠷᠥᠯ ᠤᠨ ᠡᠳ᠋ ᠬᠥᠷᠥᠩᠭᠡ ᠠᠴᠠ ᠡᠯᠡᠭᠳᠡᠯ ᠢ ᠪᠤᠳᠤᠵᠤ ᠭᠠᠷᠭᠠᠨ ᠠᠪᠬᠤ ᠥᠬᠡᠶ᠃ | ᠰᠢᠨᠡᠳᠬᠡᠵᠦ ᠰᠣᠯᠢᠭᠰᠠᠨ ᠡᠳ᠋ ᠬᠥᠷᠥᠩᠭᠡ ᠳᠤ᠂ ᠡᠳ᠋ ᠬᠥᠷᠥᠩᠭᠡ ᠶᠢᠨ ᠤᠤᠯ ᠥᠷᠲᠡᠭ ᠢ ᠳᠠᠬᠢᠨ ᠳᠠᠩᠰᠠᠯᠠᠬᠤ ᠶᠢᠨ | ᠬᠠᠮᠲᠤ ᠡᠯᠡᠭᠳᠡᠯ ᠤᠨ ᠵᠢᠯ ᠬᠤᠭᠤᠴᠠᠭ᠎ᠠ ᠶᠢ ᠳᠠᠬᠢᠨ ᠲᠣᠭᠲᠠᠭᠠᠨ᠎ᠠ᠃ ᠬᠡᠷᠡᠭᠯᠡᠬᠦ ᠶᠢᠨ ᠠᠷᠭ᠎ᠠ ᠥᠬᠡᠶ ᠪᠤᠶᠤ ᠬᠡᠷᠡᠭᠯᠡᠬᠦ | ᠣᠨ ᠵᠢᠯ ᠳᠤ ᠬᠦᠷᠦᠭᠰᠡᠨ ᠪᠥᠭᠡᠳ ᠡᠳ᠋ ᠬᠥᠷᠥᠩᠭᠡ ᠶᠢ ᠰᠢᠢᠳᠪᠦᠷᠢᠯᠡᠬᠦ ᠳᠤ ᠨᠡᠶᠢᠴᠡᠵᠦ ᠪᠠᠶᠢᠪᠠᠯ᠂ ᠬᠠᠤᠯᠢ | ᠲᠣᠭᠲᠠᠭᠠᠯ ᠶᠣᠰᠣᠭᠠᠷ ᠡᠳ᠋ ᠬᠥᠷᠥᠩᠭᠡ ᠶᠢ ᠨᠢ ᠰᠢᠢᠳᠪᠦᠷᠢᠯᠡᠨ᠎ᠡ᠃ ︽ᠶᠠᠳᠠᠭᠤ ᠶᠢ ᠲᠡᠳᠬᠦᠬᠦ ᠲᠥᠷᠥᠯ ᠵᠦᠢᠯ ᠤᠨ | ᠡᠳ᠋ ᠬᠥᠷᠥᠩᠭᠡ ᠶᠢᠨ ᠬᠠᠮᠢᠶᠠᠷᠤᠯᠲᠠ︾ ᠶᠢᠨ ᠰᠢᠰᠲ᠋ᠧᠮ ᠤᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠣᠨ ᠤ | ᠶᠣᠰᠣᠭᠠᠷ ᠴᠠᠭ ᠲᠤᠬᠠᠶ ᠳᠤᠨᠢ ᠰᠢᠨᠡᠳᠬᠡᠬᠦ ᠬᠡᠷᠡᠭᠲᠡᠶ᠃ | ︵ᠳᠣᠯᠤᠭ᠎ᠠ︶ ᠬᠠᠮᠢᠶᠠᠷᠴᠤ ᠬᠠᠮᠠᠭᠠᠯᠠᠨ ᠠᠵᠢᠯᠯᠠᠬᠤ᠃ ᠬᠤᠰᠢᠭᠤᠨ ︵ᠣᠷᠣᠨ︶ ᠤ ᠵᠠᠰᠠᠭ ᠤᠨ ᠣᠷᠳᠣᠨ ︵ | ᠬᠠᠮᠢᠶᠠᠷᠤᠯᠲᠠ ᠶᠢᠨ ᠵᠥᠪᠯᠡᠯ︶ ᠨᠢ ᠬᠠᠷᠢᠶ᠎ᠠ ᠣᠷᠣᠨ ᠠᠴᠠ ᠬᠠᠮᠢᠶᠠᠷᠤᠨ ᠬᠠᠮᠠᠭᠠᠯᠠᠬᠤ ᠬᠢᠭᠡᠳ ᠬᠡᠨ ᠬᠡᠷᠡᠭᠯᠡᠪᠡᠯ ᠬᠡᠨ | ᠬᠠᠮᠢᠶᠠᠷᠤᠨ ᠬᠠᠮᠠᠭᠠᠯᠠᠬᠤ ᠶᠢ ᠬᠠᠷᠢᠯᠴᠠᠨ ᠤᠶᠠᠯᠳᠤᠭᠤᠯᠬᠤ᠂ ᠥᠮᠴᠢᠯᠡᠬᠦ ᠡᠷᠬᠡ ᠬᠢᠭᠡᠳ ᠬᠢᠨᠠᠨ ᠬᠠᠮᠢᠶᠠᠷᠬᠤ ᠡᠷᠬᠡ ᠶᠢ | ᠬᠠᠷᠢᠯᠴᠠᠨ ᠤᠶᠠᠯᠳᠤᠭᠤᠯᠬᠤ᠂ ᠠᠰᠢᠭ ᠭᠥᠷᠳᠡᠬᠦ ᠡᠷᠬᠡ ᠬᠢᠭᠡᠳ ᠬᠠᠮᠢᠶᠠᠷᠤᠨ ᠬᠠᠮᠠᠭᠠᠯᠠᠬᠤ ᠡᠷᠬᠡ ᠶᠢ ᠬᠠᠷᠢᠯᠴᠠᠨ | ᠤᠶᠠᠯᠳᠤᠭᠤᠯᠬᠤ ᠵᠠᠷᠴᠢᠮ ᠶᠣᠰᠣᠭᠠᠷ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢ ᠬᠠᠮᠢᠶᠠᠷᠤᠨ | ᠬᠠᠮᠠᠭᠠᠯᠠᠵᠤ ᠡᠵᠡᠩᠨᠡᠬᠦ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠠᠮᠢᠶᠠᠷᠤᠨ ᠬᠠᠮᠠᠭᠠᠯᠠᠵᠤ ᠡᠵᠡᠩᠨᠡᠬᠦ ᠲᠥᠰᠦᠯ ᠢ | ᠲᠣᠭᠲᠠᠭᠠᠨ᠂ ᠡᠳ᠋ ᠬᠥᠷᠥᠩᠭᠡ ᠶᠢᠨ ᠦᠷ᠎ᠡ ᠠᠰᠢᠭ ᠢ ᠦᠷᠭᠦᠯᠵᠢᠯᠡᠨ ᠪᠠᠳᠠᠷᠠᠭᠤᠯᠬᠤ ᠶᠢ ᠦᠨᠡᠨᠬᠦ ᠪᠠᠲᠤᠯᠠᠨ᠎ᠠ᠃ | 1 . ᠡᠷᠦᠬᠡ ᠳᠤ ᠬᠦᠷᠦᠭᠰᠡᠨ ᠲᠥᠷᠥᠯ ᠤᠨ ᠡᠳ᠋ ᠬᠥᠷᠥᠩᠭᠡ ᠶᠢ ᠲᠠᠷᠢᠶᠠᠴᠢᠨ ᠡᠷᠦᠬᠡ ᠥᠪᠡᠰᠦᠪᠡᠨ | ᠬᠠᠮᠢᠶᠠᠷᠤᠨ ᠬᠠᠮᠠᠭᠠᠯᠠᠵᠤ᠂ ᠬᠠᠮᠢᠶ᠎ᠠ ᠪᠦᠬᠦᠢ ᠠᠵᠢᠯ ᠲᠥᠷᠥᠯ ᠤᠨ ᠰᠠᠯᠠᠭ᠎ᠠ ᠮᠥᠴᠢᠷ᠂ ᠰᠤᠮᠤ ᠪᠠᠯᠭᠠᠰᠤ ᠪᠠ | ᠭᠠᠴᠠᠭ᠎ᠠ ᠲᠣᠰᠬᠤᠨ ᠮᠡᠷᠭᠡᠵᠢᠯ ᠤᠨ ᠵᠢᠯᠣᠭᠤᠳᠣᠯᠭ᠎ᠠ᠂ ᠦᠢᠯᠡᠴᠢᠯᠡᠬᠡᠨ ᠤ ᠬᠢᠨᠠᠯᠲᠠ ᠪᠠ ᠰᠢᠢᠳᠪᠦᠷᠢᠯᠡᠬᠦ | ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ | 2 . ᠡᠵᠡᠩᠨᠡᠯᠲᠡ ᠶᠢᠨ ᠴᠢᠨᠠᠷᠲᠠᠶ ᠡᠳ᠋ ᠬᠥᠷᠥᠩᠭᠡ ᠶᠢᠨ ᠥᠮᠴᠢᠯᠡᠬᠦ ᠡᠷᠬᠡᠲᠦ ᠬᠥᠮᠦᠨ ᠨᠢ ᠲᠥᠷᠥᠯ ᠵᠦᠢᠯ ᠤᠨ | ᠡᠳ᠋ ᠬᠥᠷᠥᠩᠭᠡ ᠶᠢ ᠰᠢᠭᠤᠳ ᠡᠵᠡᠩᠨᠡᠵᠦ ᠪᠠᠶᠢᠪᠠᠯ᠂ ᠥᠪᠡᠰᠦᠪᠡᠨ ᠡᠵᠡᠩᠨᠡᠵᠦ ᠬᠠᠮᠢᠶᠠᠷᠤᠨ ᠬᠠᠮᠠᠭᠠᠯᠠᠨ᠎ᠠ᠃ ᠨᠠᠶᠢᠳᠠᠨ | ᠬᠠᠮᠢᠶᠠᠷᠤᠭᠤᠯᠬᠤ᠂ ᠲᠦᠷᠢᠶᠡᠰᠦᠯᠡᠭᠦᠯᠬᠦ᠂ ᠬᠠᠮᠲᠤᠷᠠᠯᠴᠠᠬᠤ ᠵᠡᠷᠭᠡ ᠠᠷᠭ᠎ᠠ ᠮᠠᠶ᠋ᠢᠭ ᠢᠶᠠᠷ ᠡᠵᠡᠩᠨᠡᠭᠰᠡᠨ ᠪᠣᠯ᠂ | ᠡᠵᠡᠩᠨᠡᠯᠲᠡ ᠶᠢᠨ ᠭᠤᠤᠯ ᠴᠣᠭᠴᠠ ᠶᠢ ᠬᠠᠤᠯᠢ ᠲᠣᠭᠲᠠᠭᠠᠯ ᠶᠣᠰᠣᠭᠠᠷ ᠲᠣᠳᠣᠷᠬᠠᠶᠢᠯᠠᠵᠤ᠂ ᠡᠳ᠋ ᠬᠥᠷᠥᠩᠭᠡ ᠶᠢᠨ | ᠥᠮᠴᠢᠯᠡᠬᠦ ᠡᠷᠬᠡᠲᠦ ᠬᠥᠮᠦᠨ ᠨᠢ ᠡᠷᠬᠡᠪᠰᠢ ᠡᠵᠡᠩᠨᠡᠯᠲᠡ ᠶᠢᠨ ᠭᠤᠤᠯ ᠴᠣᠭᠴᠠ ᠯᠤᠭ᠎ᠠ ᠭᠡᠷ᠎ᠡ ᠲᠣᠭᠲᠠᠵᠤ᠂ ᠬᠤᠶᠠᠷ | ᠲᠠᠯ᠎ᠠ ᠶᠢᠨ ᠡᠷᠬᠡ ᠪᠠ ᠡᠭᠦᠷᠭᠡ ᠶᠢ ᠲᠣᠳᠣᠷᠬᠠᠶᠢᠯᠠᠵᠤ᠂ ᠠᠰᠢᠭ ᠣᠯᠵᠠᠪᠤᠷᠢ ᠶᠢᠨ ᠨᠣᠷᠮ᠎ᠠ᠂ ᠴᠠᠭ ᠬᠤᠭᠤᠴᠠᠭ᠎ᠠ᠂ | ᠲᠦᠭᠰᠢᠭᠦᠷᠢ ᠶᠢ ᠡᠭᠦᠷᠭᠡᠯᠡᠬᠦ᠂ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ᠂ ᠬᠠᠪᠰᠤᠷᠤᠨ ᠲᠡᠳᠬᠦᠬᠦ ᠬᠠᠷᠢᠭᠤᠴᠠᠯᠭ᠎ᠠ᠂ | ᠪᠤᠴᠠᠭᠠᠨ ᠭᠠᠷᠭᠠᠬᠤ ᠠᠷᠭ᠎ᠠ ᠳᠤ ᠲᠣᠳᠣᠷᠬᠠᠶ ᠲᠣᠭᠲᠠᠭᠠᠯ ᠭᠠᠷᠭᠠᠬᠤ ᠶᠢᠨ ᠬᠠᠮᠲᠤ᠂ ᠲᠣᠭᠲᠠᠭᠠᠯ ᠶᠣᠰᠣᠭᠠᠷ | ᠬᠡᠷᠡᠭᠵᠢᠭᠦᠯᠦᠨ᠎ᠡ᠃ ᠡᠵᠡᠩᠨᠡᠯᠲᠡ ᠶᠢᠨ ᠭᠤᠤᠯ ᠴᠣᠭᠴᠠ ᠨᠢ ᠡᠳ᠋ ᠬᠥᠷᠥᠩᠭᠡ ᠪᠠᠨ ᠵᠢᠷᠤᠭᠯᠠᠨ ᠲᠥᠯᠥᠪᠯᠡᠵᠦ ᠬᠡᠷᠡᠭᠯᠡᠬᠦ | ᠵᠢᠯ ᠬᠤᠭᠤᠴᠠᠭ᠎ᠠ ᠳᠤ ᠬᠦᠷᠦᠭᠦᠯᠵᠦ᠂ ᠭᠡᠷ᠎ᠡ ᠶᠢᠨ ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ᠂ ᠡᠳ᠋ | ᠬᠥᠷᠥᠩᠭᠡ ᠶᠢᠨ ᠬᠡᠪ ᠤᠨ ᠴᠢᠳᠠᠮᠵᠢ ᠶᠢ ᠨᠢ ᠪᠠᠳᠠᠷᠠᠭᠤᠯᠬᠤ ᠶᠢ ᠪᠠᠲᠤᠯᠠᠵᠤ᠂ ᠬᠠᠮᠢᠶᠠᠷᠴᠤ ᠬᠠᠮᠠᠭᠠᠯᠠᠨ ᠡᠵᠡᠩᠨᠡᠭᠰᠡᠨ ᠨᠢ | ᠵᠣᠬᠢᠰ ᠥᠬᠡᠶ ᠪᠤᠶᠤ ᠡᠳ᠋ ᠬᠥᠷᠥᠩᠭᠡ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠡᠵᠡᠩᠨᠡᠯᠲᠡ ᠶᠢᠨ ᠭᠤᠤᠯ | ᠴᠣᠭᠴᠠ ᠠᠴᠠ ᠬᠠᠮᠢᠶ᠎ᠠ ᠪᠥᠬᠦᠶ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ᠃ ᠡᠵᠡᠩᠨᠡᠯᠲᠡ ᠶᠢᠨ ᠭᠤᠣᠯ | ᠴᠣᠭᠴᠠ ᠨᠤᠭᠤᠳ ᠡᠳ᠋ ᠬᠥᠷᠥᠩᠭᠡ ᠪᠠᠨ ᠠᠰᠢᠭᠯᠠᠨ ᠪᠠᠷᠢᠴᠠᠭᠠᠯᠠᠬᠤ᠂ ᠳᠠᠭᠠᠭᠠᠯᠲᠠ ᠬᠢᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠪᠡᠯᠡ ᠲᠣᠬᠢᠷᠠᠭᠤᠯᠵᠤ ᠪᠣᠯᠬᠤ ᠦᠭᠡᠶ᠃ | 3 . ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠳ᠋ ᠬᠥᠷᠥᠩᠭᠡ ᠶᠢ ᠬᠠᠮᠢᠶᠠᠷᠴᠤ ᠬᠠᠮᠠᠭᠠᠯᠠᠬᠤ ᠳᠤ ᠬᠠᠮᠢᠶᠠᠷᠴᠤ | ᠬᠠᠮᠠᠭᠠᠯᠠᠬᠤ ᠨᠢᠭᠡᠴᠡ ᠪᠠ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠠᠵᠢᠯ ᠲᠥᠷᠥᠯ ᠤᠨ ᠪᠠᠷᠢᠮᠵᠢᠶ᠎ᠠ ᠪᠠ ᠵᠢᠷᠤᠮᠵᠢᠯ | ᠶᠣᠰᠣᠭᠠᠷ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢ ᠬᠦᠢᠴᠡᠳᠭᠡᠨ᠎ᠡ᠃ ᠬᠤᠰᠢᠭᠤ ︵ᠣᠷᠣᠨ︶᠂ ᠰᠤᠮᠤ | ᠪᠠᠯᠭᠠᠰᠤ᠂ ᠭᠠᠴᠠᠭ᠎ᠠ ᠲᠣᠰᠬᠤᠨ ᠳᠤ ᠬᠠᠷᠢᠶᠠᠯᠠᠭᠳᠠᠬᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠳ᠋ ᠬᠥᠷᠥᠩᠭᠡ ᠶᠢ | ᠬᠤᠰᠢᠭᠤᠨ ︵ᠣᠷᠣᠨ︶ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠰᠤᠮᠤ ᠪᠠᠯᠭᠠᠰᠤ᠂ ᠭᠠᠴᠠᠭ᠎ᠠ ᠲᠣᠰᠬᠤᠨ | ᠬᠠᠮᠢᠶᠠᠷᠴᠤ ᠬᠠᠮᠠᠭᠠᠯᠠᠨ᠎ᠠ᠃ | 4 . ᠡᠳ᠋ ᠬᠥᠷᠥᠩᠭᠡ ᠶᠢᠨ ᠥᠮᠴᠢᠯᠡᠬᠦ ᠡᠷᠬᠡ ᠨᠢ ᠭᠠᠴᠠᠭ᠎ᠠ ᠲᠣᠰᠬᠤᠨ ᠤ ᠬᠠᠮᠲᠤ ᠨᠡᠶᠢᠲᠡ ᠳᠤ | ᠬᠠᠷᠢᠶᠠᠯᠠᠭᠳᠠᠪᠠᠯ᠂ ᠭᠠᠴᠠᠭ᠎ᠠ ᠲᠣᠰᠬᠤᠨ ᠠᠴᠠ ᠬᠠᠮᠢᠶᠠᠷᠴᠤ ᠬᠠᠮᠠᠭᠠᠯᠠᠬᠤ ᠬᠠᠷᠢᠭᠤᠴᠠᠯᠭᠠᠲᠠᠨ ᠢ ᠲᠣᠳᠣᠷᠬᠠᠶᠢᠯᠠᠵᠤ | ᠲᠥᠷᠥᠯ ᠬᠤᠪᠢᠶᠠᠨ ᠬᠠᠮᠢᠶᠠᠷᠴᠤ ᠬᠠᠮᠠᠭᠠᠯᠠᠨ᠎ᠠ᠃ | ︵1︶ ᠡᠷᠬᠡ ᠶᠢᠨ ᠬᠠᠷᠢᠶ᠎ᠠ ᠲᠠᠢ ᠭᠠᠴᠠᠭ᠎ᠠ ᠲᠣᠰᠬᠤᠨ ᠤ ᠵᠠᠮ᠂ ᠵᠢᠵᠢᠭ ᠬᠡᠯᠪᠡᠷᠢ ᠶᠢᠨ ᠤᠰᠤᠨ | ᠠᠰᠢᠭᠯᠠᠯᠲᠠ ᠶᠢᠨ ᠪᠡᠯᠡᠳᠬᠡᠮᠵᠢ ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠳ᠋ ᠬᠥᠷᠥᠩᠭᠡ ᠶᠢ ᠭᠠᠴᠠᠭ᠎ᠠ | ᠲᠣᠰᠬᠤᠨ ᠤ ︽ᠬᠤᠶᠠᠷ ᠵᠥᠪᠯᠡᠯ︾ ᠠᠴᠠ ᠪᠣᠳᠠᠲᠠᠶ ᠬᠠᠮᠢᠶᠠᠷᠴᠤ ᠬᠠᠮᠠᠭᠠᠯᠠᠬᠤ ᠬᠠᠷᠢᠭᠤᠴᠠᠯᠭᠠᠲᠠᠨ ᠢ | ᠨᠠᠶᠢᠳᠠᠪᠤᠷᠢᠵᠢᠭᠤᠯᠵᠤ᠂ ᠭᠠᠴᠠᠭ᠎ᠠ ᠲᠣᠰᠬᠤᠨ ᠤ ᠬᠠᠮᠲᠤ ᠶᠢᠨ ᠬᠠᠮᠢᠶᠠᠷᠴᠤ ᠬᠠᠮᠠᠭᠠᠯᠠᠬᠤ ᠬᠦᠴᠦᠨ ᠬᠦᠷᠦᠯᠴᠡᠬᠦ | ᠥᠬᠡᠶ ᠪᠠᠶᠢᠪᠠᠯ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠵᠡᠷᠭᠡ ᠬᠡᠯᠪᠡᠷᠢ ᠪᠠᠷ | ᠳᠠᠮᠵᠢᠭᠤᠯᠤᠨ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠪᠠ ᠠᠮᠠᠷᠬᠠᠨ ᠶᠠᠳᠠᠭᠤᠷᠠᠬᠤ ᠬᠥᠮᠦᠨ ᠠᠮᠠ ᠶᠢ | ᠬᠠᠮᠢᠶᠠᠷᠴᠤ ᠬᠠᠮᠠᠭᠠᠯᠠᠬᠤ ᠳᠤ ᠣᠷᠣᠯᠴᠠᠭᠤᠯᠵᠤ᠂ ᠬᠠᠮᠢᠶᠠᠷᠴᠤ ᠬᠠᠮᠠᠭᠠᠯᠠᠬᠤ ᠵᠠᠷᠤᠳᠠᠯ ᠢ ᠭᠠᠴᠠᠭ᠎ᠠ ᠲᠣᠰᠬᠤᠨ ᠤ | ᠬᠠᠮᠲᠤ ᠶᠢᠨ ᠠᠵᠤ ᠠᠬᠤᠶ ᠪᠠ ᠡᠵᠡᠩᠨᠡᠯᠲᠡ ᠶᠢᠨ ᠴᠢᠨᠠᠷᠲᠠᠶ ᠡᠳ᠋ ᠬᠥᠷᠥᠩᠭᠡ ᠶᠢᠨ ᠠᠰᠢᠭ ᠣᠯᠵᠠᠪᠤᠷᠢ ᠶᠢᠨ | ᠳᠣᠲᠣᠷ᠎ᠠ ᠠᠴᠠ ᠰᠢᠢᠳᠪᠦᠷᠢᠯᠡᠵᠦ ᠪᠣᠯᠤᠨ᠎ᠠ᠃ | ︵2︶ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠠᠵᠤ ᠦᠢᠯᠡᠰ ᠤᠨ | ᠰᠠᠭᠤᠷᠢᠨ ᠭᠠᠵᠠᠷ᠂ ᠦᠢᠯᠡᠳᠪᠦᠷᠢᠯᠡᠵᠦ ᠡᠳ᠋ᠰᠢᠭᠦᠯᠬᠦ ᠪᠡᠯᠡᠳᠬᠡᠮᠵᠢ ᠵᠡᠷᠭᠡ ᠡᠵᠡᠩᠨᠡᠯᠲᠡ ᠶᠢᠨ ᠴᠢᠨᠠᠷᠲᠠᠶ ᠡᠳ᠋ | ᠬᠥᠷᠥᠩᠭᠡ ᠶᠢ᠂ ᠲᠣᠰᠬᠤᠨ ᠤ ︽ᠬᠤᠶᠠᠷ ᠵᠥᠪᠯᠡᠯ︾ ᠨᠢ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢ | ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠳᠤ ᠨᠠᠶᠢᠳᠠᠪᠤᠷᠢᠵᠢᠭᠤᠯᠵᠤ᠂ ᠪᠣᠳᠠᠲᠠᠶ | ᠬᠠᠮᠢᠶᠠᠷᠴᠤ ᠬᠠᠮᠠᠭᠠᠯᠠᠬᠤ ᠬᠠᠷᠢᠭᠤᠴᠠᠯᠭᠠᠲᠠᠨ᠂ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠬᠢᠭᠡᠳ ᠠᠰᠢᠭ | ᠣᠯᠵᠠᠪᠤᠷᠢ ᠶᠢ ᠬᠤᠯᠪᠣᠭᠳᠠᠭᠤᠯᠬᠤ ᠶᠢ ᠲᠣᠳᠣᠷᠬᠠᠶᠢᠯᠠᠨ᠎ᠠ᠃ | ︵3︶ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠬᠦᠭᠡᠷᠦᠮᠵᠢ᠂ ᠬᠥᠳᠡᠭᠡ ᠲᠣᠰᠬᠤᠨ ᠤ ᠤᠤᠭᠤᠬᠤ | ᠤᠰᠤᠨ ᠤ ᠢᠨᠵᠧᠨᠧᠷᠢᠩ ᠵᠢᠴᠢ ᠲᠤᠰᠬᠠᠶ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠡᠵᠡᠩᠨᠡᠯᠲᠡ ᠶᠢᠨ ᠴᠢᠨᠠᠷᠲᠠᠶ | ᠡᠳ᠋ ᠬᠥᠷᠥᠩᠭᠡ᠂ ᠵᠢᠱᠢᠶᠡᠯᠡᠪᠡᠯ ᠲᠣᠰᠬᠤᠨ ᠤ ︽ᠬᠤᠶᠠᠷ ᠵᠥᠪᠯᠡᠯ︾ ᠨᠢ ᠬᠠᠮᠢᠶᠠᠷᠴᠤ ᠬᠠᠮᠠᠭᠠᠯᠠᠬᠤ ᠨᠥᠬᠦᠴᠡᠯ ᠢ | ᠪᠦᠷᠢᠯᠳᠦᠭᠦᠯᠦᠭᠰᠡᠨ ᠥᠬᠡᠶ ᠪᠠᠶᠢᠪᠠᠯ᠂ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ | ᠭᠤᠷᠪᠠᠳᠠᠬᠢ ᠡᠲᠡᠭᠡᠳ ᠤᠨ ᠪᠠᠶᠢᠭᠤᠯᠤᠮᠵᠢ ᠳᠤ ᠨᠠᠶᠢᠳᠠᠵᠤ ᠬᠠᠮᠢᠶᠠᠷᠴᠤ ᠬᠠᠮᠠᠭᠠᠯᠠᠨ ᠠᠵᠢᠯᠯᠠᠭᠤᠯᠵᠤ ᠪᠣᠯᠤᠨ᠎ᠠ᠃ | ︵4︶ ᠪᠠᠯᠠ ᠣᠷᠣᠭᠤᠯᠤᠨ ᠬᠤᠪᠢ ᠣᠷᠣᠭᠤᠯᠵᠤ ᠡᠵᠡᠩᠨᠡᠬᠦ ᠭᠤᠤᠯ ᠴᠣᠭᠴᠠ ᠶᠢᠨ ᠪᠣᠶ ᠪᠣᠯᠭᠠᠭᠰᠠᠨ | ᠡᠵᠡᠩᠨᠡᠯᠲᠡ ᠶᠢᠨ ᠴᠢᠨᠠᠷᠲᠠᠶ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢ ᠵᠣᠬᠢᠬᠤ | ᠡᠵᠡᠩᠨᠡᠯᠲᠡ ᠶᠢᠨ ᠭᠤᠤᠯ ᠴᠣᠭᠴᠠ ᠠᠴᠠ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠶᠢ ᠬᠠᠷᠢᠭᠤᠴᠠᠨ᠎ᠠ᠃ ᠬᠥᠳᠡᠭᠡ | ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ︵ᠬᠥᠳᠡᠭᠡ ᠲᠣᠰᠬᠤᠨ ᠤ ᠬᠠᠮᠲᠤ ᠶᠢᠨ | ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠥᠬᠡᠶ ᠪᠣᠯ ᠲᠣᠰᠬᠤᠨ ᠤ ︽ᠬᠤᠶᠠᠷ ᠵᠥᠪᠯᠡᠯ︾︶ ᠨᠢ ᠲᠡᠭᠦᠨ ᠯᠦᠭᠡ | ᠬᠡᠯᠡᠯᠴᠡᠭᠡᠷ ᠲᠣᠭᠲᠠᠵᠤ᠂ ᠲᠣᠰ ᠲᠣᠰ ᠤᠨ ᠡᠷᠬᠡ ᠡᠭᠦᠷᠭᠡ ᠪᠠᠨ ᠲᠣᠳᠣᠷᠬᠠᠶᠢᠯᠠᠬᠤ ᠶᠢᠨ ᠬᠠᠮᠲᠤ᠂ ᠬᠠᠮᠢᠶ᠎ᠠ ᠪᠥᠬᠦᠶ | ᠬᠠᠷᠢᠭᠤᠴᠠᠯᠭᠠᠲᠠᠨ ᠨᠢ ᠠᠵᠢᠯᠯᠠᠭᠠᠨ ᠢ ᠬᠠᠮᠢᠶᠠᠷᠴᠤ ᠬᠠᠮᠠᠭᠠᠯᠠᠵᠤ ᠪᠠᠶᠢᠭ᠎ᠠ ᠪᠠᠶᠢᠳᠠᠯ ᠢ ᠮᠥᠷᠳᠡᠵᠦ ᠬᠢᠨᠠᠨ ᠰᠢᠨᠵᠢᠬᠦ | ᠬᠡᠷᠡᠭᠲᠡᠶ᠃ | ᠡᠳ᠋ ᠬᠥᠷᠥᠩᠭᠡ ᠶᠢ ᠬᠠᠮᠢᠶᠠᠷᠴᠤ ᠬᠠᠮᠠᠭᠠᠯᠠᠨ ᠡᠵᠡᠩᠨᠡᠬᠦ ᠳᠤ ︽ᠠᠷᠠᠳᠴᠢᠯᠠᠯ ᠢᠶᠠᠷ ᠰᠢᠢᠳᠪᠦᠷᠢᠳᠦ ᠪᠣᠳᠣᠯᠭ᠎ᠠ | ᠲᠣᠭᠲᠠᠭᠠᠬᠤ᠂ ᠢᠯᠡ ᠨᠡᠶᠢᠲᠡᠯᠡᠵᠦ ᠢᠯᠡ ᠪᠣᠯᠭᠠᠬᠤ᠂ ᠵᠥᠪᠯᠡᠯᠴᠡᠭᠡᠷ ᠢᠶᠠᠷ ᠬᠢᠵᠠᠭᠠᠷᠯᠠᠬᠤ︾ ᠵᠡᠷᠭᠡ ᠵᠠᠷᠴᠢᠮ ᠢ | ᠪᠠᠷᠢᠮᠲᠠᠯᠠᠵᠤ᠂ ᠣᠲᠣ ᠶᠢᠨ ᠬᠡᠷᠡᠭᠵᠢᠭᠦᠯᠵᠦ ᠪᠠᠶᠢᠭ᠎ᠠ ᠤᠯᠤᠰ ᠤᠨ ᠥᠮᠴᠢᠯᠡᠯᠲᠦ ᠡᠳ᠋ ᠬᠥᠷᠥᠩᠭᠡ᠂ ᠮᠠᠯᠵᠢᠬᠤ | ᠲᠠᠷᠢᠶᠠᠯᠠᠬᠤ ᠣᠷᠣᠨ ᠤ ᠬᠠᠮᠲᠤ ᠶᠢᠨ ᠡᠳ᠋ ᠬᠥᠷᠥᠩᠭᠡ ᠵᠢᠴᠢ ᠠᠵᠢᠯ ᠲᠥᠷᠥᠯ ᠤᠨ ᠬᠠᠮᠢᠶᠠᠷᠤᠯᠲᠠ ᠵᠡᠷᠭᠡ | ᠲᠣᠭᠲᠠᠭᠠᠯ ᠤᠨ ᠵᠢᠷᠤᠮᠵᠢᠭᠰᠠᠨ ᠲᠠᠰ ᠳᠠᠷᠠᠭᠠᠯᠠᠯ ᠢ ᠴᠢᠩᠭ᠎ᠠ ᠵᠢᠷᠤᠮᠯᠠᠬᠤ ᠬᠡᠷᠡᠭᠲᠡᠶ᠃ ᠡᠵᠡᠩᠨᠡᠯᠲᠡ ᠶᠢᠨ ᠴᠢᠨᠠᠷᠲᠠᠶ | ᠡᠳ᠋ ᠬᠥᠷᠥᠩᠭᠡ ᠶᠢ ︽ᠠᠮᠵᠢᠯᠲᠠ ᠪᠦᠲᠦᠮᠵᠢ ᠶᠢᠨ ᠬᠠᠷᠠᠯᠲᠠ ᠶᠢ ᠲᠣᠳᠣᠷᠬᠠᠶᠢᠯᠠᠬᠤ᠂ ᠡᠵᠡᠩᠨᠡᠯᠲᠡ ᠶᠢᠨ ᠳᠡᠰ | ᠳᠠᠷᠠᠭᠠᠯᠠᠯ ᠢ ᠵᠢᠷᠤᠮᠵᠢᠭᠤᠯᠬᠤ᠂ ᠠᠷᠠᠳᠴᠢᠯᠠᠯ ᠢᠶᠠᠷ ᠰᠢᠢᠳᠪᠦᠷᠢᠳᠦ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠬᠤ᠂ | ᠬᠢᠨᠠᠨ ᠵᠥᠪᠰᠢᠶᠡᠷᠡᠵᠦ ᠪᠦᠷᠢᠳᠬᠡᠨ ᠳᠠᠩᠰᠠᠯᠠᠬᠤ ᠶᠢ ᠨᠠᠶᠢᠳᠠᠪᠤᠷᠢᠵᠢᠭᠤᠯᠬᠤ᠂ ᠲᠦᠭᠰᠢᠭᠦᠷᠢ ᠶᠢ ᠪᠦᠲᠦᠮᠵᠢᠲᠡᠶ | ᠰᠡᠷᠭᠡᠶᠢᠯᠡᠬᠦ᠂ ᠦᠷ᠎ᠡ ᠠᠰᠢᠭ ᠢ ᠪᠠᠳᠠᠷᠠᠭᠤᠯᠬᠤ ᠶᠢ ᠦᠨᠡᠨᠬᠦ ᠪᠠᠲᠤᠯᠠᠬᠤ︾ ᠵᠠᠷᠴᠢᠮ ᠶᠣᠰᠣᠭᠠᠷ ᠡᠵᠡᠩᠨᠡᠵᠦ᠂ ᠡᠳ᠋ | ᠬᠥᠷᠥᠩᠭᠡ ᠶᠢᠨ ᠲᠥᠷᠥᠯ ᠢᠯᠭᠠᠯ ᠵᠢᠴᠢ ᠡᠵᠡᠩᠨᠡᠯᠲᠡ ᠶᠢᠨ ᠠᠷᠭ᠎ᠠ ᠮᠠᠶ᠋ᠢᠭ ᠢ ᠦᠨᠳᠦᠰᠦᠯᠡᠨ᠂ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠭᠯᠡᠭᠦᠯᠬᠦ ᠴᠢᠨᠠᠷᠲᠠᠶ ᠪᠠᠷ ᠲᠣᠭᠲᠠᠭᠠᠵᠤ᠂ ᠡᠵᠡᠩᠨᠡᠯᠲᠡ ᠶᠢᠨ ᠴᠢᠨᠠᠷᠲᠠᠶ | ᠡᠳ᠋ ᠬᠥᠷᠥᠩᠭᠡ ᠶᠢᠨ ᠡᠳᠦᠷ ᠲᠤᠲᠤᠮ ᠤᠨ ᠬᠢᠨᠠᠨ ᠡᠵᠡᠮᠳᠡᠬᠦ ᠡᠬᠡ ᠳᠠᠩᠰᠠ ᠶᠢ ᠪᠠᠶᠢᠭᠤᠯᠤᠨ᠂ ᠡᠳᠦᠷ ᠲᠤᠲᠤᠮ ᠤᠨ | ᠮᠥᠷᠳᠡᠨ ᠬᠢᠨᠠᠨ ᠰᠢᠨᠵᠢᠬᠦ ᠶᠢ ᠰᠠᠶᠢᠲᠤᠷ ᠬᠢᠵᠦ᠂ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ | ᠬᠡᠷᠡᠭᠲᠡᠶ᠃ ᠡᠵᠡᠩᠨᠡᠯᠲᠡ ᠶᠢᠨ ᠴᠢᠨᠠᠷᠲᠠᠶ ᠲᠦᠭᠰᠢᠭᠦᠷᠢ ᠪᠠᠷ ᠨᠡᠯᠢᠶᠡᠳ ᠥᠨᠳᠥᠷ ᠪᠠᠶᠢᠭ᠎ᠠ ᠲᠥᠷᠥᠯ ᠵᠦᠢᠯ ᠤᠨ ᠡᠳ᠋ | ᠬᠥᠷᠥᠩᠭᠡ ᠳᠤ ᠬᠤᠳᠠᠯᠳᠤᠭᠠᠨ ᠤ ᠳᠠᠭᠠᠳᠬᠠᠯ ᠬᠤᠳᠠᠯᠳᠤᠨ ᠠᠪᠬᠤ ᠪᠠ ᠳᠠᠭᠠᠭᠠᠯᠲᠠ ᠬᠢᠵᠦ ᠪᠠᠲᠤᠯᠠᠬᠤ᠂ ᠡᠳ᠋ | ᠬᠥᠷᠥᠩᠭᠡ ᠪᠠᠷ ᠪᠠᠷᠢᠴᠠᠭᠠᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠵᠡᠩᠨᠡᠯᠲᠡ ᠶᠢᠨ ᠲᠦᠭᠰᠢᠭᠦᠷᠢ ᠶᠢ | ᠵᠠᠳᠠᠷᠠᠭᠤᠯᠬᠤ ᠪᠠ ᠪᠠᠭᠤᠷᠠᠭᠤᠯᠵᠤ᠂ ᠭᠡᠷ᠎ᠡ ᠬᠦᠢᠴᠡᠳᠬᠡᠵᠦ ᠳᠥᠯᠥᠬᠦ ᠴᠢᠳᠠᠪᠤᠷᠢ ᠶᠢ ᠨᠢ ᠴᠢᠩᠭᠠᠷᠠᠭᠤᠯᠬᠤ ᠬᠡᠷᠡᠭᠲᠡᠶ᠃ | ᠬᠤᠰᠢᠭᠤ ︵ᠣᠷᠣᠨ︶ ᠰᠤᠮᠤ ᠪᠠᠯᠭᠠᠰᠤ ᠶᠢ ᠵᠢᠯᠣᠭᠤᠳᠤᠨ ᠡᠳ᠋ ᠬᠥᠷᠥᠩᠭᠡ ᠶᠢᠨ ᠠᠰᠢᠭ ᠣᠷᠣᠯᠭ᠎ᠠ ᠪᠠ | ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠬᠤ ᠵᠠᠷᠴᠢᠮ ᠶᠣᠰᠣᠭᠠᠷ᠂ ᠬᠠᠷᠢᠶᠠᠲᠤ | ᠣᠷᠣᠨ ᠤ ᠡᠵᠡᠩᠨᠡᠯᠲᠡ ᠶᠢᠨ ᠴᠢᠨᠠᠷᠲᠠᠶ ᠡᠳ᠋ ᠬᠥᠷᠥᠩᠭᠡ ᠶᠢ ᠨᠢᠭᠡᠳᠦᠯᠲᠡᠶ ᠲᠥᠯᠥᠪᠯᠡᠨ ᠲᠥᠪᠯᠡᠷᠡᠭᠦᠯᠦᠨ | ᠡᠵᠡᠩᠨᠡᠭᠦᠯᠦᠨ᠎ᠡ᠃ ᠡᠳ᠋ ᠬᠦᠷᠦᠩᠭᠡ ᠶᠢ ᠡᠳ᠋ ᠬᠦᠷᠦᠩᠭᠡ ᠶᠢᠨ ᠥᠮᠴᠢᠯᠡᠯ ᠤᠨ ᠡᠷᠬᠡᠲᠦ ᠬᠥᠮᠦᠨ ᠨᠢ ᠬᠠᠮᠢᠶᠠᠷᠤᠨ | ᠬᠠᠮᠠᠭᠠᠯᠠᠬᠤ ᠬᠠᠷᠢᠭᠤᠴᠠᠯᠭᠠᠲᠠᠨ᠂ ᠠᠰᠢᠭ ᠣᠷᠣᠯᠭ᠎ᠠ ᠶᠢᠨ ᠡᠷᠬᠡᠲᠦ ᠬᠥᠮᠦᠨ ᠳᠤ ᠨᠠᠶᠢᠳᠠᠵᠤ ᠡᠵᠡᠩᠨᠡᠭᠦᠯᠦᠭᠰᠡᠨ | ᠪᠠᠶᠢᠪᠠᠯ᠂ ᠡᠵᠡᠩᠨᠡᠯᠲᠡ ᠶᠢᠨ ᠲᠥᠰᠦᠯ ᠢᠶᠠᠨ ᠡᠷᠬᠡᠪᠰᠢ ᠡᠳ᠋ ᠬᠦᠷᠦᠩᠭᠡ ᠶᠢᠨ ᠥᠮᠴᠢᠯᠡᠯ ᠤᠨ ᠡᠷᠬᠡᠲᠦ ᠬᠥᠮᠦᠨ ᠳᠤ | ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠢ᠃ | ︵ᠨᠠᠢᠮᠠ︶ ᠵᠠᠷᠤᠳᠠᠯ᠃ ᠡᠳ᠋ ᠬᠥᠷᠥᠩᠭᠡ ᠶᠢ ᠬᠠᠮᠢᠶᠠᠷᠴᠤ ᠬᠠᠮᠠᠭᠠᠯᠠᠬᠤ ᠵᠠᠷᠤᠳᠠᠯ ᠢ ᠬᠠᠷᠢᠶ᠎ᠠ ᠭᠠᠵᠠᠷ ᠲᠤᠨᠢ | ᠬᠠᠮᠢᠶᠠᠷᠤᠭᠤᠯᠬᠤ ᠵᠠᠷᠴᠢᠮ ᠶᠣᠰᠣᠭᠠᠷ᠂ ᠡᠷᠦᠬᠡ ᠳᠤ ᠬᠦᠷᠦᠭᠰᠡᠨ ᠲᠥᠷᠥᠯ ᠤᠨ ᠡᠳ᠋ ᠬᠥᠷᠥᠩᠭᠡ ᠶᠢ ᠬᠠᠮᠢᠶᠠᠷᠴᠤ | ᠬᠠᠮᠠᠭᠠᠯᠠᠬᠤ ᠵᠠᠷᠤᠳᠠᠯ ᠢ ᠲᠠᠷᠢᠶᠠᠯᠠᠬᠤ ᠡᠷᠦᠬᠡ ᠥᠪᠡᠷ ᠲᠡᠭᠡᠨ ᠰᠢᠢᠳᠪᠦᠷᠢᠯᠡᠬᠦ ᠬᠡᠷᠡᠭᠲᠡᠶ᠃ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠡᠳ᠋ ᠬᠥᠷᠥᠩᠭᠡ ᠳᠠᠬᠢ ᠥᠮᠴᠢᠯᠡᠬᠦ ᠡᠷᠬᠡ ᠨᠢ ᠬᠤᠰᠢᠭᠤ ︵ᠣᠷᠣᠨ︶ ᠪᠤᠶᠤ ᠰᠤᠮᠤ | ᠪᠠᠯᠭᠠᠰᠤᠨ ᠳᠤ ᠬᠠᠷᠢᠶᠠᠯᠠᠭᠳᠠᠪᠠᠯ᠂ ᠬᠠᠮᠢᠶᠠᠷᠴᠤ ᠬᠠᠮᠠᠭᠠᠯᠠᠬᠤ ᠵᠠᠷᠤᠳᠠᠯ ᠢ ᠬᠤᠰᠢᠭᠤ ︵ᠣᠷᠣᠨ︶ ᠶᠢᠨ ᠡᠳ᠋ ᠤᠨ | ᠵᠠᠰᠠᠭ ᠠᠴᠠ ᠨᠢᠭᠡᠳᠦᠯᠲᠡᠶ ᠲᠥᠯᠥᠪᠯᠡᠨ ᠲᠣᠬᠢᠷᠠᠭᠤᠯᠤᠨ᠎ᠠ︔ ᠥᠮᠴᠢᠯᠡᠬᠦ ᠡᠷᠬᠡ ᠨᠢ ᠭᠠᠴᠠᠭ᠎ᠠ ᠲᠣᠰᠬᠤᠨ ᠤ ᠬᠠᠮᠲᠤ | ᠨᠡᠶᠢᠲᠡ ᠳᠤ ᠬᠠᠷᠢᠶᠠᠯᠠᠭᠳᠠᠪᠠᠯ᠂ ᠬᠠᠮᠢᠶᠠᠷᠴᠤ ᠬᠠᠮᠠᠭᠠᠯᠠᠬᠤ ᠵᠠᠷᠤᠳᠠᠯ ᠢ ᠭᠠᠴᠠᠭ᠎ᠠ ᠲᠣᠰᠬᠤᠨ ᠤ ᠬᠠᠮᠲᠤ ᠶᠢᠨ ᠠᠵᠤ | ᠠᠬᠤᠶ ᠶᠢᠨ ᠣᠷᠣᠯᠭ᠎ᠠ ᠵᠢᠴᠢ ᠬᠤᠰᠢᠭᠤᠨ ︵ᠣᠷᠣᠨ︶ ᠤ ᠡᠳ᠋ ᠤᠨ ᠵᠠᠰᠠᠭ ᠠᠴᠠ ᠵᠦᠶ ᠵᠣᠬᠢᠰᠲᠠᠶ | ᠬᠤᠪᠢᠶᠠᠷᠢᠯᠠᠨ ᠡᠭᠦᠷᠭᠡᠯᠡᠵᠦ ᠰᠢᠢᠳᠪᠦᠷᠢᠯᠡᠨ᠎ᠡ᠃ ᠡᠵᠡᠩᠨᠡᠯᠲᠡ ᠶᠢᠨ ᠴᠢᠨᠠᠷᠲᠠᠶ ᠡᠳ᠋ ᠬᠥᠷᠥᠩᠭᠡ ᠶᠢ ᠬᠠᠮᠢᠶᠠᠷᠴᠤ | ᠬᠠᠮᠠᠭᠠᠯᠠᠬᠤ ᠵᠠᠷᠤᠳᠠᠯ ᠢ ᠡᠵᠡᠩᠨᠡᠯᠲᠡ ᠶᠢᠨ ᠠᠰᠢᠭ ᠣᠷᠣᠯᠭ᠎ᠠ ᠶᠢᠨ ᠳᠣᠲᠣᠷ᠎ᠠ ᠠᠴᠠ ᠭᠠᠷᠭᠠᠨ᠎ᠠ᠂ ᠬᠤᠰᠢᠭᠤ ︵ | ᠣᠷᠣᠨ︶ ᠡᠳ᠋ ᠤᠨ ᠬᠦᠴᠦᠨ ᠤ ᠪᠠᠶᠢᠳᠠᠯ ᠢᠶᠠᠨ ᠦᠨᠳᠦᠰᠦᠯᠡᠨ ᠵᠣᠬᠢᠰᠲᠠᠶ ᠨᠥᠬᠦᠪᠥᠷᠢ ᠥᠭᠭᠦᠨ᠎ᠡ᠃ | ︵ᠶᠢᠰᠦ︶ ᠠᠰᠢᠭ ᠣᠷᠣᠯᠭ᠎ᠠ ᠶᠢᠨ ᠬᠤᠪᠢᠶᠠᠷᠢᠯᠠᠯᠲᠠ᠃ ᠵᠢᠯ ᠪᠦᠷᠢ ᠶᠢᠨ 3 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ᠂ ᠬᠤᠰᠢᠭᠤ ︵ᠣᠷᠣᠨ︶ ᠪᠤᠶᠤ ᠰᠤᠮᠤ ᠪᠠᠯᠭᠠᠰᠤ ᠶᠢᠨ ᠡᠵᠡᠩᠨᠡᠯᠲᠡ ᠶᠢᠨ ᠴᠢᠨᠠᠷᠲᠠᠶ ᠡᠳ᠋ | ᠬᠥᠷᠥᠩᠭᠡ ᠶᠢᠨ ᠠᠰᠢᠭ ᠣᠯᠵᠠᠪᠤᠷᠢ ᠶᠢᠨ ᠮᠥᠩᠭᠦ ᠶᠢ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ | ᠬᠥᠷᠥᠩᠭᠡ ᠶᠢᠨ ᠭᠤᠤᠯᠴᠢᠯᠠᠨ ᠬᠠᠮᠢᠶᠠᠷᠬᠤ ᠬᠠᠷᠢᠭᠤᠴᠠᠯᠭᠠᠲᠤ ᠨᠢᠭᠡᠴᠡ ᠠᠴᠠ ᠳ᠋ᠦᠩᠨᠡᠨ ᠪᠤᠳᠤᠵᠤ ᠬᠤᠷᠢᠶᠠᠨ ᠠᠪᠴᠤ | ᠂ ᠣᠯᠤᠭᠰᠠᠨ ᠠᠰᠢᠭ ᠣᠯᠵᠠᠪᠤᠷᠢ ᠶᠢ ᠴᠠᠭ ᠲᠤᠬᠠᠶ ᠳᠤᠨᠢ ᠬᠤᠰᠢᠭᠤᠨ ︵ ᠣᠷᠣᠨ︶ ᠤ ᠡᠳ᠋ ᠤᠨ ᠵᠠᠰᠠᠭ ᠲᠤ | ᠲᠤᠰᠢᠶᠠᠬᠤ ᠬᠡᠷᠡᠭᠲᠡᠶ᠃ ᠭᠠᠴᠠᠭ᠎ᠠ ᠲᠣᠰᠬᠤᠨ ᠤ ᠡᠵᠡᠩᠨᠡᠯᠲᠡ ᠶᠢᠨ ᠴᠢᠨᠠᠷᠲᠠᠶ ᠡᠳ᠋ ᠬᠥᠷᠥᠩᠭᠡ ᠶᠢᠨ ᠠᠰᠢᠭ | ᠣᠯᠵᠠᠪᠤᠷᠢ ᠶᠢ ᠭᠠᠴᠠᠭ᠎ᠠ ᠲᠣᠰᠬᠤᠨ ᠤ ᠵᠥᠪᠯᠡᠯ ᠠᠴᠠ ᠬᠠᠷᠢᠭᠤᠴᠠᠨ ᠬᠤᠷᠢᠶᠠᠨ ᠠᠪᠴᠤ᠂ ᠲᠣᠭᠲᠠᠭᠰᠠᠨ | ᠬᠤᠭᠤᠴᠠᠭᠠᠨ ᠳᠣᠲᠣᠷ᠎ᠠ ᠳᠡᠭᠡᠭᠰᠢ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ | ᠪᠠᠶᠢᠭᠤᠯᠤᠯᠲᠠ ᠶᠢᠨ ᠲᠠᠩᠰᠠᠨ ᠡᠷᠦᠬᠡ ᠪᠤᠶᠤ ᠰᠤᠮᠤ ᠪᠠᠯᠭᠠᠰᠤ ᠶᠢᠨ ᠡᠵᠡᠩᠨᠡᠯᠲᠡ ᠬᠠᠮᠢᠶᠠᠷᠤᠯᠲᠠ ᠶᠢᠨ ᠥᠷᠲᠡᠭᠡ ᠳᠤ | ᠲᠤᠰᠢᠶᠠᠵᠤ ᠨᠢᠭᠡᠳᠦᠯᠲᠡᠶ ᠬᠠᠮᠢᠶᠠᠷᠤᠭᠤᠯᠬᠤ ᠬᠡᠷᠡᠭᠲᠡᠶ᠃ | ᠡᠵᠡᠩᠨᠡᠯᠲᠡ ᠶᠢᠨ ᠴᠢᠨᠠᠷᠲᠠᠶ ᠡᠳ᠋ ᠬᠥᠷᠥᠩᠭᠡ ᠶᠢᠨ ᠣᠯᠵᠠᠪᠤᠷᠢ ᠶᠢᠨ ᠠᠰᠢᠭ ᠣᠷᠣᠯᠭ᠎ᠠ᠂ ᠶᠠᠳᠠᠭᠤ ᠠᠴᠠ | ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠳᠤ ᠭᠤᠣᠯᠳᠠᠯᠭ᠎ᠠ ᠲᠠᠢ ᠭᠡᠷᠡᠭᠯᠡᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠢᠴᠢ ᠲᠥᠷᠥᠯ ᠵᠦᠢᠯ ᠤᠨ ᠡᠳ᠋ ᠬᠥᠷᠥᠩᠭᠡ ᠶᠢᠨ ᠠᠵᠢᠯᠯᠠᠭᠠᠨ ᠢ ᠬᠠᠮᠢᠶᠠᠷᠴᠤ | ᠬᠠᠮᠠᠭᠠᠯᠠᠬᠤ ᠶᠢ ᠪᠥᠬᠦ ᠲᠠᠯ᠎ᠠ ᠪᠠᠷ ᠪᠡᠶᠡᠯᠡᠬᠦᠯᠦᠨ᠂ ᠶᠠᠳᠠᠭᠤ ᠠᠴᠠ ᠠᠩᠭᠢᠵᠢᠷᠠᠭᠰᠠᠨ ᠨᠢ ᠲᠣᠭᠲᠠᠭᠤᠨ ᠪᠤᠰᠤ | ᠡᠷᠦᠬᠡ ᠶᠢ ᠲᠡᠳᠬᠦᠬᠦ ᠳᠤ ᠤᠷᠢᠳᠠᠪᠠᠷ ᠬᠡᠷᠡᠭᠯᠡᠵᠦ᠂ ᠠᠮᠠᠷᠬᠠᠨ ᠶᠠᠳᠠᠭᠤᠷᠠᠬᠤ ᠡᠷᠦᠬᠡ ᠶᠢᠨ ᠣᠷᠣᠯᠭ᠎ᠠ ᠶᠢᠨ ᠨᠡᠮᠡᠭᠳᠡᠯ᠂ | ᠭᠡᠨᠡᠳᠲᠡ ᠬᠦᠨᠳᠦ ᠨᠣᠴᠢᠲᠠᠶ ᠪᠠᠶᠢᠳᠠᠯ ᠳᠤ ᠳᠣᠯᠭᠠᠷᠠᠭᠰᠠᠨ ᠬᠦᠴᠢᠷᠳᠡᠯᠲᠡᠶ ᠡᠷᠦᠬᠡ ᠶᠢ ᠬᠠᠪᠰᠤᠷᠤᠨ ᠲᠡᠳᠬᠦᠬᠦ᠂ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠳᠤ ᠬᠡᠷᠡᠭᠯᠡᠭᠰᠡᠨ ᠴᠦ | ᠪᠣᠯᠤᠨ᠎ᠠ᠃ ︽ᠣᠶᠤᠨ ᠤᠬᠠᠭᠠᠨ ᠵᠣᠷᠢᠭ ᠬᠤᠶᠠᠷ ᠢ ᠲᠡᠳᠬᠦᠬᠦ︾ ᠱᠠᠩᠨᠠᠯ ᠨᠥᠬᠦᠪᠥᠷᠢ᠂ ᠭᠠᠴᠠᠭ᠎ᠠ ᠲᠣᠰᠬᠤᠨ ᠤ | ᠳᠣᠲᠣᠷᠠᠬᠢ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠪᠣᠯᠤᠨ ᠬᠥᠭᠵᠢᠯᠲᠡ ᠵᠡᠷᠭᠡ ᠬᠥᠳᠡᠯᠮᠦᠷᠢ ᠳᠤ ᠤᠯᠠᠨ | ᠲᠦᠮᠡᠨ ᠤ ᠣᠷᠣᠯᠴᠠᠬᠤ ᠶᠢ ᠵᠣᠷᠢᠭᠵᠢᠭᠤᠯᠣᠨ᠂ ︽ᠶᠠᠳᠠᠭᠤ ᠶᠢ ᠰᠡᠷᠭᠡᠶᠢᠯᠡᠬᠦ ᠳᠠᠭᠠᠳᠬᠠᠯ︾ ᠪᠠ ︽ᠶᠠᠳᠠᠭᠤ ᠶᠢ | ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠳᠠᠭᠠᠳᠬᠠᠯ︾ ᠢ ᠬᠤᠳᠠᠯᠳᠤᠨ ᠠᠪᠴᠦ᠂ ᠶᠠᠳᠠᠭᠤ ᠶᠢ | ᠲᠡᠳᠬᠦᠬᠦ ᠲᠥᠷᠥᠯ ᠵᠦᠢᠯ ᠤᠨ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠬᠠᠮᠠᠭᠠᠯᠠᠯᠲᠠ᠂ ᠪᠠᠭ᠎ᠠ ᠬᠡᠯᠪᠡᠷᠢ ᠶᠢᠨ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠭᠠᠴᠠᠭ᠎ᠠ | ᠲᠣᠰᠬᠤᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠬᠤ ᠳᠤ ᠬᠡᠷᠡᠭᠯᠡᠵᠦ ᠪᠣᠯᠤᠨ᠎ᠠ᠃ ᠳᠠᠪᠠᠭᠤᠯᠢᠭ | ᠣᠨᠴᠠᠯᠢᠭᠲᠤ ᠠᠵᠤ ᠦᠢᠯᠡᠰ ᠤᠨ ᠬᠥᠭᠵᠢᠯᠲᠡ ᠪᠠ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠬᠦᠯᠵᠦ | ᠂ ᠪᠤᠰᠤᠳ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠤᠯᠪᠣᠭᠳᠠᠯ ᠪᠦᠬᠦᠢ | ᠲᠥᠷᠥᠯ ᠵᠦᠢᠯ ᠳᠤ ᠬᠡᠷᠡᠭᠯᠡᠨ᠎ᠡ᠃ | ᠤᠯᠤᠰ ᠤᠨ ᠥᠮᠴᠢᠯᠡᠯᠲᠦ ᠡᠵᠡᠩᠨᠡᠯᠲᠡ ᠶᠢᠨ ᠴᠢᠨᠠᠷᠲᠠᠶ ᠡᠳ᠋ ᠬᠥᠷᠥᠩᠭᠡ ᠶᠢ ᠪᠣᠯ ᠣᠨ ᠤ ᠠᠰᠢᠭ | ᠣᠯᠵᠠᠪᠤᠷᠢ ᠶᠢᠨ ᠶᠡᠷᠦᠩᠬᠡᠶ ᠲᠤᠭ᠎ᠠ ᠶᠢᠨ 1 % ᠠᠴᠠ ᠥᠨᠳᠥᠷ ᠪᠠᠶᠢᠯᠭᠠᠬᠤ ᠥᠬᠡᠶ ᠪᠠᠷ ᠡᠵᠡᠩᠨᠡᠯᠲᠡ | ᠬᠠᠮᠢᠶᠠᠷᠤᠯᠲᠠ ᠶᠢᠨ ᠵᠠᠷᠤᠳᠠᠯ ᠢ ᠭᠠᠷᠭᠠᠨ ᠠᠪᠴᠤ᠂ ᠪᠣᠳᠠᠲᠠᠶ ᠪᠠᠶᠢᠳᠠᠯ ᠢ ᠨᠢ ᠦᠨᠳᠦᠰᠦᠯᠡᠨ ᠠᠯᠪᠠᠯᠠᠬᠤ᠂ ᠠᠵᠢᠯᠲᠠᠨ | ᠂ ᠬᠠᠮᠢᠶᠠᠷᠤᠯᠲᠠ᠂ ᠦᠨᠡᠯᠡᠨ ᠵᠢᠱᠢᠬᠦ ᠵᠡᠷᠭᠡ ᠵᠠᠷᠤᠳᠠᠯ ᠳᠤ ᠵᠢᠭᠰᠠᠭᠠᠨ ᠵᠠᠷᠤᠴᠠᠭᠤᠯᠵᠤ ᠪᠣᠯᠤᠨ᠎ᠠ᠃ ᠬᠠᠮᠲᠤ ᠶᠢᠨ | ᠡᠵᠡᠩᠨᠡᠯᠲᠡ ᠶᠢᠨ ᠴᠢᠨᠠᠷᠲᠠᠶ ᠡᠳ᠋ ᠬᠥᠷᠥᠩᠭᠡ ᠶᠢᠨ ᠠᠰᠢᠭ ᠣᠷᠣᠯᠭ᠎ᠠ ᠠᠴᠠ ᠵᠢᠯ ᠪᠦᠷᠢ ᠵᠣᠬᠢᠬᠤ ᠬᠠᠷᠢᠴᠠᠯ ᠢᠶᠠᠷ | ᠨᠡᠶᠢᠲᠡ ᠶᠢᠨ ᠬᠤᠷᠠᠮᠳᠤᠭᠤᠯᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠭᠠᠷᠭᠠᠨ ᠠᠪᠴᠤ᠂ ᠭᠠᠴᠠᠭ᠎ᠠ | ᠲᠣᠰᠬᠤᠨ ᠤ ᠡᠳ᠋ ᠬᠥᠷᠥᠩᠭᠡ ᠶᠢᠨ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ᠂ ᠲᠣᠰᠬᠤᠨ ᠤ ᠱᠠᠲᠤᠨ ᠤ | ᠨᠡᠶᠢᠲᠡ ᠶᠢᠨ ᠠᠰᠠᠷᠠᠮᠵᠢ ᠶᠢᠨ ᠦᠢᠯᠡᠰ ᠵᠡᠷᠭᠡ ᠲᠠᠯ᠎ᠠ ᠶᠢᠨ ᠵᠠᠷᠤᠯᠭ᠎ᠠ ᠳᠤ ᠭᠤᠤᠯᠳᠠᠯᠭ᠎ᠠ ᠲᠠᠢ ᠬᠡᠷᠡᠭᠯᠡᠨ᠎ᠡ᠃ | ᠡᠳ᠋ ᠬᠥᠷᠥᠩᠭᠡ ᠶᠢᠨ ᠠᠰᠢᠭ ᠣᠷᠣᠯᠭ᠎ᠠ ᠶᠢ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ | ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠠᠢ ᠬᠤᠯᠪᠣᠭᠳᠠᠯ ᠥᠬᠡᠶ ᠵᠠᠷᠤᠯᠭ᠎ᠠ ᠳᠤ ᠬᠡᠷᠡᠭᠯᠡᠵᠦ ᠪᠣᠯᠬᠤ ᠥᠬᠡᠶ᠃ ᠵᠢᠱᠢᠶᠡᠯᠡᠪᠡᠯ᠄ ᠨᠢᠬᠡᠴᠡ ᠶᠢᠨ | ᠦᠨᠳᠦᠰᠦᠨ ᠵᠠᠷᠤᠯᠭ᠎ᠠ᠂ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠵᠢᠴᠢ ᠮᠡᠳᠡᠭᠡ ᠬᠤᠯᠪᠣᠭᠠᠨ ᠤ ᠲᠥᠬᠦᠭᠡᠷᠦᠮᠵᠢ᠂ | ᠡᠯ᠎ᠡ ᠲᠥᠷᠥᠯ ᠤᠨ ᠨᠡᠮᠡᠭᠦᠷᠢ ᠮᠥᠩᠭᠦ ᠨᠥᠬᠦᠪᠥᠷᠢ ᠮᠥᠩᠭᠦ᠂ ᠥᠷᠢ ᠥᠭᠴᠡᠭᠡ ᠳᠥᠯᠥᠬᠦ ᠵᠡᠷᠭᠡ ᠵᠠᠷᠤᠯᠭ᠎ᠠ ᠪᠠ | ᠰᠠᠭᠤᠷᠢ ᠮᠥᠩᠭᠦ ᠪᠠᠶᠢᠭᠤᠯᠬᠤ᠂ ᠪᠠᠯᠠ ᠮᠥᠩᠭᠦ ᠣᠷᠣᠯᠠᠨ ᠥᠭᠬᠦ᠃ | ᠡᠷᠬᠡ ᠶᠢ ᠬᠤᠰᠢᠭᠤ ︵ᠣᠷᠣᠨ︶ ᠳᠤ ᠨᠤᠲᠠᠯᠠᠨ ᠲᠣᠭᠲᠠᠭᠠᠭᠰᠠᠨ ᠡᠳ᠋ ᠬᠥᠷᠥᠩᠭᠡ ᠶᠢᠨ ᠠᠰᠢᠭ ᠣᠷᠣᠯᠭ᠎ᠠ ᠶᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠠᠴᠠ ᠬᠤᠪᠢᠶᠠᠷᠢᠯᠠᠬᠤ ᠲᠥᠰᠦᠯ ᠳᠤᠷᠠᠳᠴᠤ | ᠂ ᠬᠤᠰᠢᠭᠤ ︵ᠣᠷᠣᠨ︶ ᠶᠢᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠠᠴᠠ ᠬᠢᠨᠠᠨ ᠲᠣᠭᠲᠠᠭᠠᠨ᠎ᠠ᠃ | ᠡᠷᠬᠡ ᠶᠢ ᠨᠤᠲᠠᠯᠠᠨ ᠰᠤᠮᠤ ᠪᠠᠯᠭᠠᠰᠤᠨ ᠳᠤ ᠬᠦᠷᠭᠡᠬᠦ ᠡᠳ᠋ ᠬᠥᠷᠥᠩᠭᠡ ᠶᠢ ᠰᠤᠮᠤ ᠪᠠᠯᠭᠠᠰᠤ ᠠᠴᠠ ᠬᠤᠪᠢᠶᠠᠷᠢᠯᠠᠬᠤ | ᠲᠥᠰᠦᠯ ᠢ ᠲᠣᠭᠲᠠᠭᠠᠵᠤ᠂ ᠬᠤᠰᠢᠭᠤ ︵ ᠣᠷᠣᠨ︶ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠤᠨ᠎ᠠ᠃ ᠡᠷᠬᠡ ᠶᠢ ᠨᠤᠲᠠᠯᠠᠭᠠᠳ ᠭᠠᠴᠠᠭ᠎ᠠ ᠲᠣᠰᠬᠤᠨ ᠳᠤ | ᠬᠦᠷᠦᠭᠰᠡᠨ ᠡᠳ᠋ ᠬᠥᠷᠥᠩᠭᠡ ᠶᠢᠨ ᠠᠰᠢᠭ ᠣᠯᠵᠠᠪᠤᠷᠢ ᠶᠢ ᠬᠤᠪᠢᠶᠠᠷᠢᠯᠠᠬᠤ ᠲᠥᠰᠦᠯ ᠢ ᠭᠠᠴᠠᠭ᠎ᠠ ᠲᠣᠰᠬᠤᠨ ᠤ ︽ | ᠬᠤᠶᠠᠷ ᠵᠥᠪᠯᠡᠯ︾ ᠠᠴᠠ ᠰᠤᠳᠤᠯᠤᠨ ᠳᠤᠷᠠᠳᠴᠤ᠂ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠢᠶᠠᠷ ᠪᠠᠲᠤᠯᠠᠭᠰᠠᠨ ᠤ ᠳᠠᠷᠠᠭ᠎ᠠ᠂ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ | ᠳᠠᠩᠰᠠᠯᠠᠭᠤᠯᠬᠤ ᠬᠡᠷᠡᠭᠲᠡᠶ᠃ ᠡᠷᠦᠬᠡ ᠳᠤ ᠣᠯᠭᠤᠭᠰᠠᠨ ᠠᠰᠢᠭ ᠣᠯᠵᠠᠪᠤᠷᠢ ᠶᠢᠨ ᠮᠥᠩᠭᠦ ᠶᠢ ᠵᠠᠷᠯᠠᠨ | ᠨᠡᠶᠢᠲᠡᠯᠡᠭᠰᠡᠨ ᠤ ᠳᠠᠷᠠᠭ᠎ᠠ ᠠᠰᠢᠭ ᠬᠦᠷᠲᠡᠬᠦ ᠡᠷᠦᠬᠡ ᠳᠤ ᠮᠡᠳᠡᠭᠳᠡᠬᠦ ᠪᠢᠴᠢᠭ ᠣᠯᠭᠤᠨ᠎ᠠ᠃ ᠡᠳ᠋ ᠬᠥᠷᠥᠩᠭᠡ ᠶᠢᠨ | ᠠᠰᠢᠭ ᠣᠯᠵᠠᠪᠤᠷᠢ ᠶᠢᠨ ᠨᠣᠷᠮ᠎ᠠ ᠶᠢ ᠵᠠᠬ᠎ᠠ ᠳᠡᠯᠭᠡᠭᠦᠷ ᠤᠨ ᠪᠠᠶᠢᠳᠠᠯ ᠢ ᠦᠨᠳᠦᠰᠦᠯᠡᠨ ᠬᠤᠰᠢᠭᠤᠨ ︵ᠣᠷᠣᠨ︶ ᠤ | ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠠᠴᠠ ᠡᠵᠡᠨ ᠮᠡᠳᠡᠨ ᠲᠣᠭᠲᠠᠭᠠᠵᠤ ᠪᠣᠯᠤᠨ᠎ᠠ᠂ ᠭᠡᠬᠦ ᠳᠡᠭᠡᠨ | ᠠᠳᠠᠯᠢ ᠬᠤᠭᠤᠴᠠᠭᠠᠨ ᠤ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠶᠢᠨ | ᠨᠣᠷᠮ᠎ᠠ ᠠᠴᠠ ᠳᠣᠣᠷ᠎ᠠ ᠪᠠᠶᠢᠯᠭᠠᠵᠤ ᠪᠣᠯᠬᠤ ᠦᠭᠡᠶ᠃ ᠠᠰᠢᠭ ᠣᠷᠣᠯᠭ᠎ᠠ ᠶᠢ ᠬᠤᠪᠢᠶᠠᠷᠢᠯᠠᠬᠤ ᠳᠠᠭᠠᠨ | ᠳᠥᠭᠦᠮᠬᠡᠨ ᠢᠶᠠᠷ ᠵᠣᠭᠤᠰ ᠲᠠᠷᠬᠠᠭᠠᠵᠤ ᠡᠳ᠋ ᠪᠣᠳᠠᠰ ᠲᠦᠭᠡᠭᠡᠬᠦ᠂ ︽ᠬᠤᠪᠢᠶᠠᠭᠠᠳ ᠳᠠᠭᠤᠰᠬᠠᠬᠤ︾ ᠠᠷᠭ᠎ᠠ ᠶᠢ | ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ | ︵ᠠᠷᠪᠠ︶ ᠡᠳ᠋ ᠬᠥᠷᠥᠩᠭᠡ ᠶᠢ ᠰᠢᠢᠳᠪᠦᠷᠢᠯᠡᠬᠦ᠃ ᠡᠳ᠋ ᠬᠥᠷᠥᠩᠭᠡ ᠶᠢ ᠰᠢᠢᠳᠪᠦᠷᠢᠯᠡᠬᠦ ᠳᠤ ᠬᠠᠤᠯᠢ ᠴᠠᠭᠠᠵᠠ | ᠬᠠᠤᠯᠢ ᠲᠣᠭᠲᠠᠭᠠᠯ᠂ ᠲᠦᠷᠢᠮ ᠲᠣᠭᠲᠠᠭᠠᠯ ᠳᠤ ᠨᠡᠶᠢᠴᠡᠭᠦᠯᠬᠦ ᠶᠢ ᠪᠠᠷᠢᠮᠲᠠᠯᠠᠵᠤ᠂ ᠢᠯᠡ ᠲᠣᠳᠣ᠂ ᠡᠷᠬᠡ ᠲᠡᠭᠰᠢ᠂ | ᠲᠥᠪ ᠭᠤᠤᠯᠴᠢ ᠪᠠᠶᠢᠬᠤ ᠵᠠᠷᠴᠢᠮ ᠢ ᠪᠠᠷᠢᠮᠲᠠᠯᠠᠬᠤ ᠬᠡᠷᠡᠭᠲᠡᠶ᠃ | ᠡᠳ᠋ ᠬᠥᠷᠥᠩᠭᠡ ᠶᠢ ᠰᠢᠢᠳᠪᠦᠷᠢᠯᠡᠬᠦ ᠬᠡᠪᠴᠢᠶ᠎ᠡ᠄ | 1 . ᠰᠤᠯᠠ ᠪᠠᠶᠢᠭ᠎ᠠ ᠡᠳ᠋ ᠬᠥᠷᠥᠩᠭᠡ᠃ | 2 . ᠬᠡᠷᠡᠭᠴᠡᠭᠡ ᠠᠴᠠ ᠭᠠᠷᠭᠠᠭᠰᠠᠨ᠂ ᠬᠤᠬᠢᠷᠠᠯ ᠢᠶᠠᠨ ᠮᠡᠳᠡᠭᠦᠯᠦᠭᠰᠡᠨ ᠡᠳ᠋ ᠬᠦᠷᠦᠩᠭᠡ᠃ | 3 . ᠭᠡᠷ᠎ᠡ ︵ᠬᠡᠯᠡᠯᠴᠡᠭᠡᠷ︶ ᠶᠢᠨ ᠬᠤᠭᠤᠴᠠᠭ᠎ᠠ ᠲᠤᠯᠤᠭᠰᠠᠨ ᠡᠳ᠋ ᠬᠦᠷᠦᠩᠭᠡ᠃ | 4 . ᠥᠮᠴᠢᠯᠡᠬᠦ ᠡᠷᠬᠡ ᠪᠤᠶᠤ ᠬᠡᠷᠡᠭᠯᠡᠬᠦ ᠡᠷᠬᠡ ᠶᠢ ᠰᠢᠯᠵᠢᠭᠦᠯᠦᠨ ᠬᠤᠪᠢᠷᠠᠭᠤᠯᠤᠭᠰᠠᠨ ᠡᠳ᠋ ᠬᠥᠷᠥᠩᠭᠡ᠃ | 5 . ᠡᠵᠡᠩᠨᠡᠯᠲᠡ ᠶᠢᠨ ᠠᠯᠳᠠᠭᠳᠠᠯ᠂ ᠪᠦᠷᠢᠳᠬᠡᠯ ᠤᠨ ᠠᠯᠳᠠᠭᠳᠠᠯ᠂ ᠨᠠᠶᠢᠳᠠᠪᠤᠷᠢ ᠥᠬᠡᠶ ᠠᠪᠴᠠᠭ᠎ᠠ ᠵᠢᠴᠢ | ᠬᠡᠪ ᠤᠨ ᠪᠤᠰᠤ ᠬᠤᠬᠢᠷᠠᠯ ᠤᠨ ᠡᠳ᠋ ᠬᠥᠷᠥᠩᠭᠡ᠃ | 6 . ᠬᠡᠷᠡᠭᠯᠡᠬᠦ ᠬᠤᠭᠤᠴᠠᠭ᠎ᠠ ᠠᠴᠠ ᠨᠢᠭᠡᠨᠲᠡ ᠬᠡᠲᠦᠷᠡᠭᠡᠳ ᠬᠡᠷᠡᠭᠯᠡᠵᠦ ᠳᠡᠶᠢᠯᠬᠦ ᠥᠬᠡᠶ ᠪᠣᠯᠤᠭᠰᠠᠨ ᠡᠳ᠋ | ᠬᠥᠷᠥᠩᠭᠡ᠃ | 7 . ᠮᠡᠷᠭᠡᠵᠢᠯ ᠤᠨ ᠰᠢᠯᠲᠠᠭᠠᠨ ᠠᠴᠠ ᠪᠤᠯᠵᠤ ᠰᠢᠨᠵᠢᠯᠡᠬᠦ ᠤᠬᠠᠭᠠᠨᠴᠢ ᠨᠤᠲᠠᠯᠠᠯᠲᠠ ᠬᠢᠵᠦ᠂ ᠤᠯᠤᠰ ᠤᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠬᠦ ᠴᠢᠬᠤᠯᠠᠲᠠᠢ ᠪᠤᠰᠤᠳ ᠡᠳ᠋ ᠬᠦᠷᠦᠩᠭᠡ᠃ | ᠡᠳ᠋ ᠬᠥᠷᠥᠩᠭᠡ ᠶᠢ ᠰᠢᠢᠳᠪᠦᠷᠢᠯᠡᠬᠦ ᠶᠢ ᠳᠤᠤᠷᠠᠬᠢ ᠬᠡᠳᠦᠨ ᠲᠥᠷᠥᠯ ᠳᠤ ᠬᠤᠪᠢᠶᠠᠨ᠎ᠠ᠄ | 1. ᠥᠮᠴᠢᠯᠡᠯ ᠤᠨ ᠡᠷᠬᠡ ᠶᠢ ᠰᠢᠢᠳᠪᠦᠷᠢᠯᠡᠬᠦ᠃ ᠦᠨ᠎ᠡ ᠬᠠᠶᠠᠵᠤ ᠬᠤᠳᠠᠯᠳᠤᠬᠤ᠂ ᠰᠢᠯᠵᠢᠭᠦᠯᠦᠨ ᠥᠭᠬᠦ᠂ | ᠬᠤᠳᠠᠯᠳᠤᠬᠤ᠂ ᠰᠣᠯᠢᠬᠤ ᠵᠡᠷᠭᠡ ᠠᠷᠭ᠎ᠠ ᠮᠠᠶ᠋ᠢᠭ ᠢᠶᠠᠷ ᠰᠢᠢᠳᠪᠦᠷᠢᠯᠡᠨ᠎ᠡ᠃ | 2 . ᠡᠵᠡᠩᠨᠡᠬᠦ ᠡᠷᠬᠡ ᠶᠢ ᠰᠢᠢᠳᠪᠦᠷᠢᠯᠡᠬᠦ᠃ ᠨᠠᠶᠢᠳᠠᠨ ᠬᠠᠮᠢᠶᠠᠷᠤᠭᠤᠯᠬᠤ᠂ ᠲᠦᠷᠢᠶᠡᠰᠦᠯᠡᠭᠦᠯᠬᠦ᠂ ᠬᠤᠷᠰᠢᠬᠤ | ᠵᠢᠴᠢ ᠰᠤᠯᠠ ᠪᠠᠶᠢᠭ᠎ᠠ ᠡᠵᠡᠩᠨᠡᠯᠲᠡ ᠶᠢᠨ ᠴᠢᠨᠠᠷᠲᠠᠶ ᠡᠳ᠋ ᠬᠥᠷᠥᠩᠭᠡ ᠶᠢ ᠳᠠᠭᠢᠵᠤ ᠠᠮᠢᠳᠤᠯᠢᠭᠵᠢᠭᠤᠯᠤᠨ ᠬᠡᠷᠡᠭᠯᠡᠬᠦ | ᠵᠡᠷᠭᠡ ᠠᠷᠭ᠎ᠠ ᠮᠠᠶ᠋ᠢᠭ ᠢᠶᠠᠷ ᠰᠢᠢᠳᠪᠦᠷᠢᠯᠡᠨ᠎ᠡ᠃ | 3 . ᠬᠤᠬᠢᠷᠠᠯ ᠢᠶᠠᠨ ᠮᠡᠳᠡᠭᠦᠯᠵᠦ ᠰᠢᠢᠳᠪᠦᠷᠢᠯᠡᠬᠦ᠃ ᠡᠪᠳᠡᠷᠡᠵᠦ ᠰᠦᠢᠳᠦᠭᠰᠡᠨ ᠡᠳ᠋ ᠬᠥᠷᠥᠩᠭᠡ ᠶᠢ | ᠰᠢᠢᠳᠪᠦᠷᠢᠯᠡᠬᠦ᠃ ᠰᠡᠷᠭᠦᠭᠡᠵᠦ᠂ ᠥᠭᠡᠷᠡᠴᠢᠯᠡᠵᠦ ᠪᠣᠯᠬᠤ ᠶᠢ ᠨᠢ ᠵᠣᠬᠢᠴᠠᠩᠭᠤᠶ ᠠᠷᠭ᠎ᠠ ᠬᠡᠮᠵᠢᠶ᠎ᠡ ᠠᠪᠴᠤ ᠪᠠᠶᠢᠭᠠᠳ | ᠬᠡᠷᠡᠭᠯᠡᠬᠦ ᠴᠢᠳᠠᠮᠵᠢ ᠶᠢ ᠨᠢ ᠰᠡᠷᠭᠦᠭᠡᠬᠦ ᠬᠡᠷᠡᠭᠲᠡᠶ᠃ ᠦᠨᠡᠬᠡᠷ ᠵᠠᠰᠠᠨ ᠰᠡᠷᠭᠦᠭᠡᠵᠦ ᠥᠭᠡᠷᠡᠴᠢᠯᠡᠨ ᠠᠰᠢᠭᠯᠠᠬᠤ ᠶᠢᠨ | ᠠᠷᠭ᠎ᠠ ᠥᠬᠡᠶ ᠪᠠᠶᠢᠪᠠᠯ᠂ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠡᠳ᠋ ᠬᠥᠷᠥᠩᠭᠡ ᠶᠢ ᠨᠢ ᠬᠠᠷᠭᠤᠭᠤᠯᠵᠤ | ᠲᠠᠩᠰᠠᠨ ᠠᠴᠠ ᠲᠠᠶᠢᠯᠬᠤ ᠬᠡᠷᠡᠭᠲᠡᠶ᠃ | 4 . ᠬᠡᠷᠡᠭᠴᠡᠭᠡ ᠠᠴᠠ ᠭᠠᠷᠭᠠᠭᠰᠠᠨ ᠢ ᠰᠢᠢᠳᠪᠦᠷᠢᠯᠡᠬᠦ᠃ ᠬᠡᠪ ᠤᠨ ᠶᠣᠰᠣᠭᠠᠷ ᠬᠡᠷᠡᠭᠯᠡᠬᠦ ᠶᠢᠨ ᠠᠷᠭ᠎ᠠ ᠥᠬᠡᠶ | ᠪᠤᠶᠤ ᠬᠡᠷᠡᠭᠯᠡᠬᠦ ᠵᠢᠯ ᠬᠤᠭᠤᠴᠠᠭ᠎ᠠ ᠳᠤ ᠬᠦᠷᠦᠭᠰᠡᠨ ᠪᠠᠶᠢᠪᠠᠯ᠂ ᠮᠡᠷᠭᠡᠵᠢᠯ ᠤᠨ ᠬᠢᠨᠠᠨ ᠲᠣᠭᠲᠠᠭᠠᠯᠲᠠ ᠬᠢᠬᠦ ᠪᠤᠶᠤ | ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠥᠮᠴᠢᠯᠡᠬᠦ ᠡᠷᠬᠡ ᠶᠢ ᠨᠢ ᠬᠢᠨᠠᠨ ᠬᠠᠰᠤᠵᠤ ᠰᠢᠢᠳᠪᠦᠷᠢᠯᠡᠬᠦ ᠬᠡᠷᠡᠭᠲᠡᠶ᠃ | ᠡᠳ᠋ ᠬᠥᠷᠥᠩᠭᠡ ᠶᠢ ᠦᠨ᠎ᠡ ᠬᠠᠶᠠᠯᠴᠠᠨ ᠬᠤᠳᠠᠯᠳᠤᠬᠤ᠂ ᠰᠢᠯᠵᠢᠭᠦᠯᠦᠨ ᠥᠭᠬᠦ ᠳᠤ ᠬᠠᠤᠯᠢ ᠶᠣᠰᠣᠭᠠᠷ ᠡᠳ᠋ | ᠬᠥᠷᠥᠩᠭᠡ ᠶᠢ ᠦᠨᠡᠯᠡᠨ ᠵᠢᠱᠢᠵᠦ᠂ ᠦᠨᠡᠯᠡᠨ ᠵᠢᠱᠢᠭᠰᠡᠨ ᠦᠷ᠎ᠡ ᠳ᠋ᠦᠩ ᠢ ᠡᠷᠬᠡᠪᠰᠢ ᠬᠤᠰᠢᠭᠤᠨ ︵ᠣᠷᠣᠨ︶ ᠤ | ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠤ ᠫᠤᠷᠲ᠋ᠧᠯ ᠰᠦᠯᠵᠢᠶ᠎ᠡ᠂ ᠢᠯᠡ ᠨᠡᠶᠢᠲᠡᠯᠡᠬᠦ ᠪᠤᠯᠤᠩ | ᠵᠡᠷᠭᠡ ᠳᠤ ᠢᠯᠡ ᠪᠣᠯᠭᠠᠬᠤ ᠬᠡᠷᠡᠭᠲᠡᠶ᠃ | ︵ᠠᠷᠪᠠᠨ ᠨᠢᠭᠡ︶ ᠬᠢᠨᠠᠯᠲᠠ ᠬᠠᠮᠢᠶᠠᠷᠤᠯᠲᠠ᠃ ᠬᠤᠰᠢᠭᠤᠨ ︵ᠣᠷᠣᠨ︶ ᠤ ᠵᠠᠰᠠᠭ ᠤᠨ ᠣᠷᠳᠣᠨ ︵ | ᠬᠠᠮᠢᠶᠠᠷᠤᠯᠲᠠ ᠶᠢᠨ ᠵᠥᠪᠯᠡᠯ︶ ᠨᠢ ᠲᠣᠰ ᠬᠠᠷᠢᠶ᠎ᠠ ᠣᠷᠣᠨ ᠤ ᠪᠠᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ | ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠠᠵᠢᠯ ᠳᠤ ᠭᠤᠤᠯ ᠴᠣᠭᠴᠠ ᠶᠢᠨ ᠬᠠᠷᠢᠭᠤᠴᠠᠯᠭ᠎ᠠ ᠡᠭᠦᠷᠭᠡᠯᠡᠨ᠎ᠡ᠃ | ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢ ᠵᠠᠷᠴᠢᠮ ᠳᠡᠭᠡᠷ᠎ᠡ ᠪᠠᠨ ᠮᠡᠳᠡᠭᠡ ᠵᠠᠩᠭᠢᠵᠢᠯᠲᠠ ᠶᠢᠨ | ᠠᠷᠭ᠎ᠠ ᠮᠠᠶ᠋ᠢᠭ ᠢᠶᠠᠷ ᠬᠢᠨᠠᠨ ᠬᠠᠮᠢᠶᠠᠷᠴᠤ᠂ ᠬᠤᠰᠢᠭᠤᠨ ︵ᠣᠷᠣᠨ︶ ᠤ ᠵᠠᠰᠠᠭ ᠤᠨ ᠣᠷᠳᠣᠨ ︵ᠬᠠᠮᠢᠶᠠᠷᠤᠯᠲᠠ ᠶᠢᠨ | ᠵᠥᠪᠯᠡᠯ︶ ᠠᠴᠠ ᠨᠢᠭᠡᠳᠦᠯᠲᠡᠶ ᠲᠥᠯᠥᠪᠯᠡᠵᠦ᠂ ᠡᠳ᠋ ᠬᠥᠷᠥᠩᠭᠡ ᠶᠢᠨ ᠬᠥᠳᠡᠯᠦᠩᠭᠦᠶ ᠬᠢᠨᠠᠯᠲᠠ ᠬᠠᠮᠢᠶᠠᠷᠤᠯᠲᠠ ᠶᠢᠨ | ᠡᠬᠡ ᠲᠠᠩᠰᠠ ᠶᠢ ᠪᠥᠬᠦ ᠲᠠᠯ᠎ᠠ ᠪᠠᠷ ᠪᠠᠶᠢᠭᠤᠯᠤᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠶ᠂ | ᠬᠥᠭᠵᠢᠭᠦᠯᠦᠯᠲᠡ ᠥᠭᠡᠷᠡᠴᠢᠯᠡᠯᠲᠡ᠂ ᠣᠶ ᠰᠢᠭᠤᠶ ᠨᠤᠲᠤᠭ ᠪᠡᠯᠴᠢᠭᠡᠷ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ | ᠂ ᠰᠤᠷᠭᠠᠨ ᠬᠥᠮᠦᠵᠢᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠪᠠᠶᠢᠭᠠᠯᠢ ᠶᠢᠨ | ᠡᠬᠢ ᠪᠠᠶᠠᠯᠢᠭ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠡᠷᠡᠭᠦᠯ ᠬᠠᠮᠠᠭᠠᠯᠠᠯ᠂ ᠰᠣᠶᠣᠯ ᠵᠢᠭᠤᠯᠴᠢᠯᠠᠯ᠂ | ᠬᠤᠳᠠᠯᠳᠤᠭᠠᠨ ᠤ ᠶᠠᠪᠤᠳᠠᠯ᠂ ᠵᠣᠬᠢᠶᠠᠨ ᠪᠠᠶᠢᠭᠤᠯᠤᠯᠲᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ᠂ ᠪᠠᠴᠢᠮ ᠪᠠᠶᠢᠳᠠᠯ ᠢ ᠠᠷᠭᠠᠴᠠᠬᠤ ᠵᠡᠷᠭᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠳ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ᠂ ᠲᠥᠷᠥ ᠶᠢᠨ | ᠪᠣᠳᠣᠯᠭ᠎ᠠ ᠶᠢᠨ ᠳᠡᠮᠵᠢᠯᠭᠡ ᠪᠠᠨ ᠴᠢᠩᠭᠠᠳᠬᠠᠵᠤ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ | ᠬᠠᠮᠢᠶᠠᠷᠤᠯᠲᠠ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠠᠬᠢᠭᠤᠯᠤᠨ᠂ ᠶᠠᠳᠠᠭᠤ ᠶᠢ ᠲᠡᠳᠬᠦᠬᠦ ᠲᠥᠷᠥᠯ | ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠳᠠᠬᠢ ᠪᠣᠳᠠᠲᠠᠶ ᠠᠰᠠᠭᠤᠳᠠᠯ ᠢ ᠵᠣᠬᠢᠶᠠᠨ ᠪᠠᠶᠢᠭᠤᠯᠤᠨ ᠰᠤᠳᠤᠯᠤᠨ | ᠰᠢᠢᠳᠪᠦᠷᠢᠯᠡᠵᠦ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠳᠡᠩᠰᠡᠯᠡᠨ ᠲᠡᠮᠳᠡᠭᠯᠡᠵᠦ | ᠡᠷᠬᠡ ᠶᠢ ᠳᠣᠭᠳᠠᠭᠠᠨ᠎ᠠ᠃ | ᠬᠤᠰᠢᠭᠤᠨ ︵ᠣᠷᠣᠨ︶ ᠤ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠨᠢ ᠶᠠᠳᠠᠭᠤ ᠶᠢ | ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠬᠢᠭᠡᠳ ᠮᠠᠯᠵᠢᠬᠤ ᠲᠠᠷᠢᠶᠠᠯᠠᠬᠤ ᠣᠷᠣᠨ ᠤ | ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢᠨ ᠠᠵᠢᠯ ᠢ ᠪᠦᠲᠦᠮᠵᠢᠲᠡᠶ | ᠵᠣᠯᠭᠠᠭᠤᠯᠬᠤ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠬᠤᠰᠢᠭᠤᠨ ︵ᠣᠷᠣᠨ︶ ᠤ | ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠶᠠᠳᠠᠭᠤ ᠶᠢ ᠲᠡᠳᠬᠦᠬᠦ ᠲᠥᠷᠥᠯ ᠵᠦᠢᠯ ᠤᠨ | ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠥᠬᠦ ᠶᠠᠪᠤᠴᠠ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ | ᠬᠤᠰᠢᠭᠤᠨ ︵ᠣᠷᠣᠨ︶ ᠤ ᠬᠢᠨᠠᠨ ᠪᠤᠳᠤᠬᠤ ᠰᠠᠯᠠᠭ᠎ᠠ ᠮᠥᠴᠢᠷ ᠠᠴᠠ ᠰᠤᠮᠤ ᠪᠠᠯᠭᠠᠰᠤ᠂ ᠭᠠᠴᠠᠭ᠎ᠠ ᠲᠣᠰᠬᠤᠨ ᠤ | ᠤᠳᠤᠷᠢᠳᠬᠤ ᠺᠠᠳ᠋ᠷ ᠲᠤ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠲᠠ ᠬᠢᠬᠦ ᠳᠡᠭᠡᠨ᠂ ᠶᠠᠳᠠᠭᠤ ᠶᠢ | ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠢ ᠬᠢᠨᠠᠨ ᠪᠤᠳᠤᠯᠲᠠ ᠶᠢᠨ | ᠴᠢᠬᠤᠯᠠ ᠠᠭᠤᠯᠭ᠎ᠠ ᠪᠣᠯᠭᠠᠬᠤ ᠬᠡᠷᠡᠭᠲᠡᠶ᠃ | ᠡᠳ᠋ ᠬᠥᠷᠥᠩᠭᠡ ᠶᠢ ᠰᠢᠢᠳᠪᠦᠷᠢᠯᠡᠬᠦ ᠶᠠᠪᠤᠴᠠ ᠳᠤ᠂ ᠵᠥᠪᠰᠢᠶᠡᠷᠡᠭᠦᠯᠦᠭᠡᠳᠦᠶ ᠪᠠᠷ ᠳᠤᠷ᠎ᠠ ᠪᠠᠷ ᠢᠶᠠᠨ | ᠰᠢᠢᠳᠪᠦᠷᠢᠯᠡᠭᠰᠡᠨ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ᠂ ᠵᠣᠷᠢᠭᠤᠳᠠ ᠡᠳ᠋ ᠬᠥᠷᠥᠩᠭᠡ ᠶᠢ | ᠬᠤᠬᠢᠷᠠᠭᠤᠯᠤᠭᠰᠠᠨ᠂ ᠡᠳ᠋ ᠬᠥᠷᠥᠩᠭᠡ ᠶᠢ ᠰᠢᠢᠳᠪᠦᠷᠢᠯᠡᠬᠦ ᠵᠥᠪᠰᠢᠶᠡᠷᠡᠯ ᠣᠯᠤᠭᠰᠠᠨ ᠪᠠᠶᠢᠲᠠᠯ᠎ᠠ ᠰᠢᠢᠳᠪᠦᠷᠢᠯᠡᠬᠦ | ᠦᠭᠡᠶ᠂ ᠦᠷᠭᠦᠯᠵᠢᠯᠡᠨ ᠦᠯᠡᠳᠡᠭᠡᠵᠦ ᠬᠡᠷᠡᠭᠯᠡᠭᠰᠡᠨ᠂ ᠡᠳ᠋ ᠬᠥᠷᠥᠩᠭᠡ ᠶᠢ ᠨᠢᠭᠤᠵᠤ ᠳᠠᠷᠤᠭᠰᠠᠨ᠂ ᠳᠤᠮᠳᠠ ᠠᠴᠠ ᠨᠢ | ᠲᠠᠰᠤᠳᠠᠨ ᠦᠯᠡᠳᠡᠭᠡᠭᠰᠡᠨ᠂ ᠰᠢᠬᠠᠨ ᠡᠵᠡᠯᠡᠭᠰᠡᠨ᠂ ᠰᠢᠭᠤᠳ ᠵᠠᠷᠤᠭᠰᠠᠨ ᠪᠠ ᠡᠳ᠋ ᠬᠥᠷᠥᠩᠭᠡ ᠶᠢ ᠰᠢᠢᠳᠪᠦᠷᠢᠯᠡᠭᠰᠡᠨ | ᠣᠷᠣᠯᠭ᠎ᠠ ᠶᠢ ᠨᠡᠭᠦᠯᠭᠡᠨ ᠬᠡᠷᠡᠭᠯᠡᠭᠰᠡᠨ ᠵᠢᠴᠢ ᠬᠠᠤᠯᠢ ᠲᠣᠭᠲᠠᠭᠠᠯ ᠠᠴᠠ ᠵᠥᠷᠢᠴᠡᠨ ᠡᠳ᠋ ᠬᠥᠷᠥᠩᠭᠡ ᠶᠢ | ᠰᠢᠢᠳᠪᠦᠷᠢᠯᠡᠭᠰᠡᠨ ᠪᠤᠰᠤᠳ ᠦᠢᠯᠡ ᠠᠵᠢᠯᠯᠠᠭ᠎ᠠ ᠳᠤ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠦᠬᠦᠢ | ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠶ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠶᠠᠳᠠᠭᠤ ᠶᠢ ᠲᠡᠳᠬᠦᠬᠦ | ᠲᠥᠷᠥᠯ ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠶᠢᠨ ᠲᠥᠯᠥᠭᠡ᠂ ᠡᠯ᠎ᠡ | ᠬᠤᠰᠢᠭᠤ ︵ᠣᠷᠣᠨ︶ ᠬᠤᠰᠢᠭᠤ ᠶᠢᠨ ᠨᠠᠮ ᠤᠨ ᠬᠤᠷᠢᠶ᠎ᠠ ︵ᠨᠠᠮ ᠤᠨ ᠠᠵᠢᠯ ᠤᠨ ᠬᠤᠷᠢᠶ᠎ᠠ︶᠂ ᠵᠠᠰᠠᠭ ᠤᠨ | ᠣᠷᠳᠣᠨ ︵ᠬᠠᠮᠢᠶᠠᠷᠤᠯᠲᠠ ᠶᠢᠨ ᠵᠥᠪᠯᠡᠯ︶ ᠤ ᠨᠢᠭᠡᠳᠦᠯᠲᠡᠶ ᠤᠳᠤᠷᠢᠳᠤᠯᠭ᠎ᠠ ᠳᠤᠤᠷ᠎ᠠ᠂ ᠶᠠᠳᠠᠭᠤ ᠶᠢ ᠲᠡᠳᠬᠦᠬᠦ | ᠲᠥᠷᠥᠯ ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ | ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠵᠤ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠠᠬᠢᠭᠤᠯᠬᠤ ᠬᠡᠷᠡᠭᠲᠡᠶ᠃ ᠡᠯ᠎ᠡ ᠠᠵᠢᠯ ᠲᠥᠷᠥᠯ ᠤᠨ ᠰᠠᠯᠠᠭ᠎ᠠ ᠮᠥᠴᠢᠷ | ᠂ ᠰᠤᠮᠤ ᠪᠠᠯᠭᠠᠰᠤ᠂ ᠭᠠᠴᠠᠭ᠎ᠠ ᠲᠣᠰᠬᠤᠨ ᠨᠤᠭᠤᠳ ᠭᠤᠤᠯᠴᠢᠯᠠᠨ ᠬᠠᠮᠢᠶᠠᠷᠬᠤ ᠤᠳᠤᠷᠢᠳᠤᠯᠭ᠎ᠠ ᠪᠣᠯᠤᠨ ᠪᠣᠳᠠᠲᠠᠶ | ᠬᠠᠷᠢᠭᠤᠴᠠᠯᠭᠠᠲᠠᠨ ᠢᠶᠠᠨ ᠲᠣᠳᠣᠷᠬᠠᠶᠢᠯᠠᠵᠤ᠂ ᠲᠤᠬᠠᠶᠢᠯᠠᠭᠰᠠᠨ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠵᠤ | ᠪᠠᠶᠢᠴᠠᠭᠠᠬᠤ ᠡᠭᠦᠷᠭᠡ ᠬᠠᠷᠢᠭᠤᠴᠠᠯᠭ᠎ᠠ ᠪᠠᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠨᠠᠶᠢᠳᠠᠪᠤᠷᠢᠵᠢᠭᠤᠯᠵᠤ᠂ | ᠠᠵᠢᠯ ᠤᠨ ᠲᠣᠭᠲᠠᠴᠠ ᠪᠠᠨ ᠪᠦᠷᠢᠨᠰᠢᠭᠦᠯᠦᠨ᠂ ᠬᠠᠮᠢᠶᠠᠷᠤᠯᠲᠠ ᠶᠢᠨ ᠲᠦᠷᠢᠮ ᠪᠠᠶᠢᠭᠤᠯᠵᠤ᠂ ᠠᠵᠢᠯ ᠤᠨ ᠠᠷᠭ᠎ᠠ | ᠬᠡᠮᠵᠢᠶ᠎ᠡ ᠪᠠᠨ ᠨᠠᠷᠢᠯᠢᠭᠵᠢᠭᠤᠯᠤᠨ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ | ︵ᠬᠤᠶᠠᠷ︶ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠨᠠᠶᠢᠳᠠᠪᠤᠷᠢᠵᠢᠭᠤᠯᠤᠨ᠎ᠠ᠃ ᠬᠤᠰᠢᠭᠤ ︵ | ᠣᠷᠣᠨ︶ ᠶᠢᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠨᠢ ᠶᠠᠳᠠᠭᠤ ᠶᠢ ᠲᠡᠳᠬᠦᠬᠦ ᠲᠥᠷᠥᠯ | ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠠᠵᠢᠯ ᠳᠤ ᠶᠡᠷᠦᠩᠬᠡᠶ ᠬᠠᠷᠢᠭᠤᠴᠠᠯᠭ᠎ᠠ ᠡᠭᠦᠷᠭᠡᠯᠡᠵᠦ᠂ | ᠭᠤᠤᠯ ᠤᠳᠤᠷᠢᠳᠬᠤ ᠨᠥᠬᠦᠳ ᠨᠢ ᠨᠢᠭᠡᠳᠦᠭᠡᠷ ᠬᠠᠷᠢᠭᠤᠴᠠᠯᠭᠠᠲᠠᠨ ᠪᠠᠶᠢᠵᠤ᠂ ᠶᠠᠳᠠᠭᠤ ᠶᠢ ᠲᠡᠳᠬᠦᠬᠦ ᠲᠥᠷᠥᠯ | ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠲᠦᠷᠢᠮ ᠤᠨ ᠪᠠᠶᠢᠭᠤᠯᠤᠯᠲᠠ᠂ ᠠᠵᠢᠯ ᠤᠨ | ᠨᠠᠶᠢᠳᠠᠪᠤᠷᠢᠵᠢᠭᠤᠯᠤᠯᠲᠠ᠂ ᠴᠢᠬᠤᠯᠠ ᠶᠡᠭᠡ ᠠᠰᠠᠭᠤᠳᠠᠯ ᠤᠨ ᠰᠢᠢᠳᠪᠦᠷᠢᠳᠦ ᠪᠣᠳᠣᠯᠭ᠎ᠠ ᠶᠢ ᠨᠢᠭᠡᠳᠦᠯᠲᠡᠶ | ᠲᠥᠯᠥᠪᠵᠢᠭᠦᠯᠦᠨ ᠰᠠᠶᠢᠲᠤᠷ ᠬᠢᠬᠦ ᠶᠢ ᠬᠠᠷᠢᠭᠤᠴᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ᠂ ᠰᠤᠮᠤ ᠪᠠᠯᠭᠠᠰᠤᠨ ᠤ | ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠨᠠᠷᠢᠨ ᠲᠠᠩᠰᠠ᠂ ᠠᠵᠢᠯ ᠤᠨ ᠡᠩᠨᠡᠭᠡ ᠶᠢ ᠲᠣᠳᠣᠷᠬᠠᠶᠢᠯᠠᠵᠤ᠂ ᠶᠠᠳᠠᠭᠤ ᠶᠢ | ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢ ᠪᠦᠷᠢᠳᠬᠡᠨ ᠬᠠᠷᠭᠤᠭᠤᠯᠬᠤ᠂ ᠡᠷᠬᠡ ᠶᠢ ᠨᠤᠲᠠᠯᠠᠨ ᠰᠢᠯᠵᠢᠭᠦᠯᠦᠨ | ᠲᠤᠰᠢᠶᠠᠬᠤ᠂ ᠡᠬᠡ ᠲᠠᠩᠰᠠ ᠪᠠᠶᠢᠭᠤᠯᠬᠤ᠂ ᠬᠠᠮᠢᠶᠠᠷᠤᠨ ᠬᠠᠮᠠᠭᠠᠯᠠᠵᠤ ᠡᠵᠡᠩᠨᠡᠬᠦ᠂ ᠠᠰᠢᠭ ᠣᠷᠣᠯᠭ᠎ᠠ ᠶᠢ | ᠬᠤᠪᠢᠶᠠᠷᠢᠯᠠᠬᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠡᠳ᠋ ᠬᠥᠷᠥᠩᠭᠡ ᠶᠢ ᠰᠢᠢᠳᠪᠦᠷᠢᠯᠡᠬᠦ ᠵᠡᠷᠭᠡ | ᠵᠠᠯᠭᠠᠮᠵᠢ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠠ᠃ | ᠬᠤᠰᠢᠭᠤᠨ ︵ᠣᠷᠣᠨ︶ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ | ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢ ᠨᠢᠭᠡᠳᠦᠯᠲᠡᠶ | ᠲᠥᠯᠥᠪᠵᠢᠭᠦᠯᠦᠨ ᠵᠣᠬᠢᠴᠠᠭᠤᠯᠬᠤ ᠠᠵᠢᠯ ᠢ ᠬᠠᠷᠢᠭᠤᠴᠠᠵᠤ᠂ ᠬᠤᠰᠢᠭᠤᠨ ︵ᠣᠷᠣᠨ︶ ᠤ ᠨᠠᠮ ᠤᠨ ᠬᠤᠷᠢᠶ᠎ᠠ ︵ | ᠨᠠᠮ ᠤᠨ ᠠᠵᠢᠯ ᠤᠨ ᠬᠤᠷᠢᠶ᠎ᠠ︶ ᠪᠣᠯᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠳᠤ ᠰᠠᠨᠠᠯ | ᠰᠠᠨᠠᠭᠤᠯᠭ᠎ᠠ ᠬᠠᠩᠭᠠᠵᠤ᠂ ᠬᠤᠰᠢᠭᠤᠨ ︵ᠣᠷᠣᠨ︶ ᠤ ᠲᠠᠰ ᠤᠨ ᠠᠰᠢᠭ ᠣᠷᠣᠯᠭ᠎ᠠ ᠶᠢ ᠬᠤᠪᠢᠶᠠᠷᠢᠯᠠᠬᠤ ᠲᠥᠰᠦᠯ | ᠵᠡᠷᠭᠡ ᠶᠢ ᠳᠤᠷᠠᠳᠤᠨ᠎ᠠ᠃ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶ᠎ᠠ ᠪᠥᠬᠦᠶ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠤᠯᠤᠰ ᠤᠨ ᠥᠮᠴᠢᠯᠡᠯᠲᠦ ᠶᠠᠳᠠᠭᠤ ᠶᠢ ᠲᠡᠳᠬᠦᠬᠦ ᠲᠥᠷᠥᠯ ᠵᠦᠢᠯ ᠤᠨ | ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠠᠮᠢᠶ᠎ᠠ ᠪᠥᠬᠦᠶ ᠠᠵᠢᠯ ᠢ ᠬᠠᠷᠢᠭᠤᠴᠠᠨ ᠰᠠᠶᠢᠲᠤᠷ ᠬᠢᠵᠦ᠂ ᠤᠯᠤᠰ ᠤᠨ | ᠥᠮᠴᠢᠯᠡᠯᠲᠦ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠬᠡᠪᠴᠢᠶᠡᠨ ᠳᠤ ᠣᠷᠣᠭᠤᠯᠤᠨ ᠠᠵᠢᠯ ᠤᠨ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠬᠢᠨ᠎ᠠ᠃ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠨᠢ ᠰᠤᠮᠤ ᠪᠠᠯᠭᠠᠰᠤ᠂ ᠭᠠᠴᠠᠭ᠎ᠠ | ᠲᠣᠰᠬᠤᠨ ᠤ ᠡᠷᠬᠡ ᠶᠢ ᠨᠤᠲᠠᠯᠠᠨ ᠭᠠᠴᠠᠭ᠎ᠠ ᠲᠣᠰᠬᠤᠨ ᠳᠤ ᠬᠦᠷᠭᠡᠭᠰᠡᠨ ᠶᠠᠳᠠᠭᠤ ᠶᠢ ᠲᠡᠳᠬᠦᠬᠦ ᠲᠥᠷᠥᠯ ᠵᠦᠢᠯ ᠤᠨ | ᠡᠳ᠋ ᠬᠥᠷᠥᠩᠭᠡ ᠶᠢ ᠮᠠᠯᠵᠢᠬᠤ ᠲᠠᠷᠢᠶᠠᠯᠠᠬᠤ ᠣᠷᠣᠨ ᠤ ︽ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ︾ ᠤᠨ | ᠬᠠᠮᠢᠶᠠᠷᠤᠯᠲᠠ ᠶᠢᠨ ᠰᠢᠰᠲ᠋ᠧᠮᠵᠢ ᠳᠤ ᠣᠷᠣᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠬᠦ ᠶᠢ ᠵᠢᠯᠣᠭᠤᠳᠬᠤ ᠪᠠ ᠬᠢᠨᠠᠯᠲᠠ ᠲᠠᠯᠪᠢᠬᠤ ᠶᠢ | ᠬᠠᠷᠢᠭᠤᠴᠠᠨ᠎ᠠ᠃ ᠪᠤᠰᠤᠳ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠵᠢᠯ | ᠲᠥᠷᠥᠯ ᠤᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ ᠲᠣᠰ ᠰᠠᠯᠠᠭ᠎ᠠ ᠮᠥᠴᠢᠷ ᠤᠨ ᠭᠤᠤᠯᠴᠢᠯᠠᠨ ᠬᠠᠮᠢᠶᠠᠷᠴᠤ | ᠪᠠᠶᠢᠭ᠎ᠠ ᠬᠤᠰᠢᠭᠤᠨ ︵ᠣᠷᠣᠨ︶ ᠤ ᠱᠠᠲᠤᠨ ᠤ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ | ᠡᠵᠡᠩᠨᠡᠯᠲᠡ᠂ ᠬᠠᠮᠢᠶᠠᠷᠤᠯᠲᠠ ᠪᠠ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠬᠤ ᠶᠢᠨ ᠬᠠᠮᠲᠤ᠂ ᠲᠣᠰ ᠰᠠᠯᠠᠭ᠎ᠠ | ᠮᠥᠴᠢᠷ ᠤᠨ ᠭᠤᠤᠯᠴᠢᠯᠠᠨ ᠬᠠᠮᠢᠶᠠᠷᠴᠤ ᠪᠠᠶᠢᠭ᠎ᠠ ᠪᠤᠰᠤᠳ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ | ᠬᠥᠷᠥᠩᠭᠡ ᠳᠤ ᠬᠢᠨᠠᠯᠲᠠ ᠲᠠᠯᠪᠢᠵᠤ ᠵᠢᠯᠣᠭᠤᠳᠬᠤ ᠠᠵᠢᠯ ᠢ ᠡᠭᠦᠷᠭᠡᠯᠡᠨ᠎ᠡ᠃ | ᠰᠤᠮᠤ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯ ᠬᠥᠳᠡᠭᠡ ᠲᠣᠰᠬᠤᠨ ᠤ ᠬᠤᠶᠠᠷ | ᠱᠠᠲᠤᠨ ᠤ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ | ᠰᠢᠭᠤᠳ ᠭᠤᠤᠯ ᠴᠣᠭᠴᠠ ᠮᠥᠨ᠂ ᠭᠤᠤᠯ ᠤᠳᠤᠷᠢᠳᠤᠯᠭ᠎ᠠ ᠪᠣᠯ ᠰᠢᠭᠤᠳ ᠬᠠᠷᠢᠭᠤᠴᠠᠯᠭᠠᠲᠠᠨ ᠮᠥᠨ᠂ ᠡᠷᠬᠡ ᠶᠢ | ᠨᠤᠲᠠᠯᠠᠨ ᠲᠣᠭᠲᠠᠭᠠᠬᠤ ᠠᠴᠠ ᠲᠣᠰ ᠣᠷᠣᠨ ᠪᠦᠰᠡ ᠶᠢᠨ ᠳᠣᠲᠣᠷᠠᠬᠢ ᠶᠠᠳᠠᠭᠤ ᠶᠢ ᠲᠡᠳᠬᠦᠬᠦ ᠲᠥᠷᠥᠯ ᠵᠦᠢᠯ ᠤᠨ | ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠶ ᠲᠥᠯᠥᠪᠵᠢᠭᠦᠯᠦᠨ ᠬᠠᠷᠢᠭᠤᠴᠠᠨ᠎ᠠ᠂ | ᠡᠭᠦᠨ ᠳᠤ ᠡᠷᠬᠡ ᠶᠢ ᠨᠤᠲᠠᠯᠠᠨ ᠰᠢᠯᠵᠢᠭᠦᠯᠦᠨ ᠲᠤᠰᠢᠶᠠᠬᠤ᠂ ᠡᠬᠡ ᠲᠠᠩᠰᠠ ᠪᠠᠶᠢᠭᠤᠯᠬᠤ᠂ ᠬᠢᠨᠠᠯᠲᠠ ᠳᠡᠯᠪᠢᠨ | ᠡᠵᠡᠩᠨᠡᠬᠦ᠂ ᠡᠳ᠋ ᠬᠥᠷᠥᠩᠭᠡ ᠶᠢ ᠰᠢᠢᠳᠪᠦᠷᠢᠯᠡᠬᠦ ᠵᠡᠷᠭᠡ ᠠᠵᠢᠯ ᠢ ᠪᠠᠭᠲᠠᠭᠠᠨ᠎ᠠ᠃ | ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠨᠢ ᠲᠣᠰ ᠭᠠᠴᠠᠭ᠎ᠠ ᠲᠣᠰᠬᠤᠨ ᠤ ᠶᠠᠳᠠᠭᠤ ᠶᠢ ᠲᠡᠳᠬᠦᠬᠦ | ᠲᠥᠷᠥᠯ ᠵᠦᠢᠯ ᠤᠨ ᠡᠳ᠋ ᠬᠥᠷᠥᠩᠭᠡ ᠶᠢᠨ ᠵᠠᠯᠭᠠᠮᠵᠢ ᠬᠠᠮᠢᠶᠠᠷᠤᠯᠲᠠ ᠬᠠᠮᠠᠭᠠᠯᠠᠯᠲᠠ ᠡᠵᠡᠩᠨᠡᠯᠲᠡ᠂ ᠠᠰᠢᠭ | ᠣᠷᠣᠯᠭ᠎ᠠ ᠶᠢᠨ ᠬᠤᠪᠢᠶᠠᠷᠢᠯᠠᠯᠲᠠ᠂ ᠡᠳ᠋ ᠬᠥᠷᠥᠩᠭᠡ ᠶᠢᠨ ᠰᠢᠢᠳᠪᠦᠷᠢᠯᠡᠯᠳᠡ ᠵᠡᠷᠭᠡ ᠠᠵᠢᠯ ᠢ ᠬᠠᠷᠢᠭᠤᠴᠠᠨ᠎ᠠ᠃ | ᠡᠷᠦᠬᠡ ᠳᠤ ᠬᠥᠷᠬᠦ ᠲᠥᠷᠥᠯ ᠤᠨ ᠡᠳ᠋ ᠬᠥᠷᠥᠩᠭᠡ ᠶᠢ ᠵᠢᠯᠣᠭᠤᠳᠬᠤ ᠦᠢᠯᠡᠴᠢᠯᠡᠬᠦ ᠬᠢᠨᠠᠯᠲᠠ ᠲᠠᠯᠪᠢᠬᠤ ᠠᠵᠢᠯ ᠢ | ᠴᠢᠩᠭᠠᠳᠬᠠᠨ᠎ᠠ᠃ | ︵ᠭᠤᠷᠪᠠ︶ ᠳ᠋ᠦᠩᠨᠡᠨ ᠳᠡᠯᠭᠡᠷᠡᠭᠦᠯᠬᠦ ᠶᠢ ᠴᠢᠩᠭᠠᠳᠬᠠᠨ᠎ᠠ᠃ ᠡᠯ᠎ᠡ ᠬᠠᠮᠢᠶ᠎ᠠ ᠪᠦᠬᠦᠢ ᠨᠢᠭᠡᠴᠡ ᠨᠦᠭᠦᠳ | ᠠᠵᠢᠯ ᠢᠶᠠᠨ ᠥᠷᠨᠢᠭᠦᠯᠬᠦ ᠶᠢᠨ ᠬᠠᠮᠲᠤ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠲᠤᠷᠰᠢᠯᠭ᠎ᠠ ᠠᠷᠭ᠎ᠠ ᠪᠠᠷᠢᠯ ᠢ ᠴᠠᠭ ᠲᠤᠬᠠᠶ ᠳᠤᠨᠢ ᠳ᠋ᠦᠩᠨᠡᠨ ᠲᠡᠭᠦᠯᠳᠡᠷᠵᠢᠭᠦᠯᠵᠦ᠂ ᠶᠠᠳᠠᠭᠤ ᠶᠢ | ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠦᠨᠡᠨᠬᠦ ᠪᠦᠲᠦᠮᠵᠢᠲᠡᠶ ᠠᠷᠭ᠎ᠠ ᠮᠠᠶ᠋ᠢᠭ ᠢ | ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠵᠢᠱᠢᠶ᠎ᠡ ᠦᠵᠡᠭᠦᠯᠬᠦ ᠨᠡᠶᠢᠲᠡᠯᠢᠭ ᠵᠢᠱᠢᠶ᠎ᠡ ᠶᠢ ᠪᠤᠶᠢᠵᠢᠭᠤᠯᠬᠤ ᠪᠠ | ᠳᠡᠯᠭᠡᠷᠡᠭᠦᠯᠬᠦ ᠶᠢ ᠴᠢᠬᠤᠯᠠᠴᠢᠯᠠᠨ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠭᠦᠨᠵᠡᠭᠡᠶ ᠥᠷᠨᠢᠭᠦᠯᠵᠦ᠂ ᠲᠥᠷᠥ ᠶᠢᠨ | ᠪᠣᠳᠣᠯᠭ᠎ᠠ ᠶᠢ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠭᠤᠤᠯ ᠴᠣᠭᠴᠠ ᠶᠢᠨ ᠤᠬᠠᠮᠰᠠᠷ ᠪᠠ ᠢᠳᠡᠪᠬᠢᠲᠡᠢ | ᠴᠢᠨᠠᠷ ᠢ ᠴᠢᠩᠭᠠᠷᠠᠭᠤᠯᠵᠤ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ | ᠠᠵᠢᠯ ᠢ ᠥᠷᠨᠢᠭᠦᠯᠬᠦ ᠳᠤ ᠠᠰᠢᠭᠲᠠᠢ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ | ︵ᠳᠥᠷᠪᠡ︶ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢ ᠴᠢᠩᠭᠠᠷᠠᠭᠤᠯᠤᠨ᠎ᠠ᠃ ᠡᠯ᠎ᠡ ᠬᠤᠰᠢᠭᠤ ︵ | ᠣᠷᠣᠨ︶ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠣᠨ ᠤ ᠬᠢᠨᠠᠨ ᠰᠢᠯᠭᠠᠯᠲᠠ ᠪᠠ | ᠵᠣᠯᠭᠠᠭᠤᠯᠬᠤ ᠨᠥᠬᠦᠪᠥᠷᠢ ᠶᠢᠨ ᠪᠠᠯᠠ ᠮᠥᠩᠭᠦ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠴᠢᠬᠤᠯᠠ | ᠠᠭᠤᠯᠭ᠎ᠠ ᠳᠤ ᠣᠷᠣᠭᠤᠯᠵᠤ᠂ ᠬᠤᠰᠢᠭᠤ ︵ᠣᠷᠣᠨ︶ ᠶᠢᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ ᠬᠢᠨᠠᠯᠲᠠ | ᠪᠠᠶᠢᠴᠠᠭᠠᠯᠲᠠ ᠥᠷᠨᠢᠭᠦᠯᠵᠦ᠂ ᠡᠳ᠋ ᠬᠥᠷᠥᠩᠭᠡ ᠶᠢᠨ ᠡᠬᠡ ᠲᠠᠩᠰᠠ ᠶᠢᠨ ᠬᠠᠮᠢᠶᠠᠷᠤᠯᠲᠠ᠂ ᠡᠳ᠋ ᠬᠥᠷᠥᠩᠭᠡ ᠶᠢᠨ | ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ᠂ ᠡᠳ᠋ ᠬᠥᠷᠥᠩᠭᠡ ᠶᠢᠨ ᠡᠷᠬᠡ ᠠᠰᠢᠭ ᠤᠨ | ᠬᠤᠪᠢᠶᠠᠷᠢᠯᠠᠯᠲᠠ ᠬᠡᠷᠡᠭᠯᠡᠯᠲᠡ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠠᠶᠢᠭᠤᠯᠬᠤ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ | ᠠᠯᠪᠠᠨ ᠵᠠᠷ ᠢ ᠵᠠᠷᠯᠠᠨ ᠨᠡᠶᠢᠲᠡᠯᠡᠬᠦ᠂ ᠣᠯᠠᠨ ᠲᠦᠮᠡᠨ ᠤ ᠣᠷᠣᠯᠴᠠᠭᠰᠠᠨ ᠬᠡᠮᠵᠢᠶ᠎ᠡ ᠪᠠ ᠰᠡᠳᠬᠢᠯ ᠬᠠᠨᠤᠮᠵᠢᠲᠠᠶ ᠪᠠᠶᠢᠬᠤ | ᠬᠡᠮᠵᠢᠶ᠎ᠡ ᠵᠡᠷᠭᠡ ᠠᠭᠤᠯᠭ᠎ᠠ ᠶᠢ ᠭᠤᠤᠯᠳᠠᠯᠭ᠎ᠠ ᠲᠠᠢ ᠪᠠᠶᠢᠴᠠᠭᠠᠨ᠎ᠠ᠃ ᠠᠵᠢᠯ ᠤᠨ ᠳᠤᠮᠳᠠ ᠢᠯᠡᠷᠡᠭᠰᠡᠨ ᠰᠢᠨ᠎ᠡ ᠪᠠᠶᠢᠳᠠᠯ | ᠂ ᠰᠢᠨ᠎ᠡ ᠠᠰᠠᠭᠤᠳᠠᠯ ᠢ ᠴᠠᠭ ᠲᠤᠬᠠᠶ ᠳᠤᠨᠢ ᠣᠯᠵᠤ ᠮᠡᠳᠡᠨ ᠡᠵᠡᠮᠰᠢᠵᠦ᠂ ᠬᠠᠯᠠᠨ ᠰᠠᠶᠢᠵᠢᠷᠠᠭᠤᠯᠬᠤ | ᠰᠠᠨᠠᠭᠤᠯᠭ᠎ᠠ ᠪᠠᠨ ᠴᠢᠭᠯᠡᠭᠦᠯᠬᠦ ᠴᠢᠨᠠᠷᠲᠠᠶ ᠪᠠᠷ ᠳᠤᠷᠠᠳᠴᠤ᠂ ᠠᠵᠢᠯ ᠤᠨ ᠰᠠᠨᠠᠭᠠᠴᠢᠯᠠᠭᠠᠲᠤ ᠴᠢᠨᠠᠷ᠂ ᠤᠷᠢᠳᠴᠢᠯᠠᠨ | ᠮᠡᠳᠡᠬᠦ ᠴᠢᠨᠠᠷ ᠪᠣᠯᠤᠨ ᠪᠦᠲᠦᠭᠡᠯᠴᠢ ᠴᠢᠨᠠᠷ ᠢ ᠨᠡᠮᠡᠭᠳᠡᠭᠦᠯᠬᠦ ᠬᠡᠷᠡᠭᠲᠡᠶ᠃ | | | | | ᠬᠠᠮᠢᠶ᠎ᠠ ᠪᠦᠬᠦᠢ ᠳᠦᠷᠦ ᠶᠢᠨ ᠪᠣᠳᠣᠯᠭ᠎ᠠ ᠶᠢᠨ ᠳᠠᠶᠢᠯᠣᠮᠵᠢ | |