ᠠᠮᠵᠢᠯᠲᠠ ᠪᠦᠲᠦᠮᠵᠢ ᠶᠢᠨ ᠴᠠᠯᠢᠩ ᠤᠨ ᠤᠷᠮᠠᠰᠢᠭᠤᠯᠬᠤ ᠤᠳᠤᠷᠢᠳᠤᠮᠵᠢ ᠶᠢᠨ ᠦᠢᠯᠡᠳᠦᠯ ᠢ ᠤᠯᠠᠮ ᠨᠢᠭᠡ | ᠠᠯᠬᠤᠮ ᠪᠠᠳᠠᠷᠠᠭᠤᠯᠬᠤ ᠶᠢᠨ ᠲᠤᠰᠠᠳᠠ᠂ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠥᠷᠭᠡᠨ | ᠣᠯᠠᠨ ᠪᠠᠭᠰᠢ ᠠᠵᠢᠯᠲᠠᠨ ᠤ ᠠᠵᠢᠯ ᠤᠨ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠬᠦᠢᠴᠡᠳ ᠳᠠᠶᠢᠴᠢᠯᠠᠵᠦ᠂ | ᠪᠥᠬᠦ ᠠᠶᠢᠮᠠᠭ ᠤᠨ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠣᠨ᠂ ︽ | ᠠᠵᠢᠯ ᠦᠢᠯᠡᠰ ᠤᠨ ᠨᠢᠭᠡᠴᠡ ᠳᠤ ᠠᠮᠵᠢᠯᠲᠠ ᠪᠦᠲᠦᠮᠵᠢ ᠶᠢᠨ ᠴᠠᠯᠢᠩ ᠢ ᠬᠡᠷᠡᠭᠵᠢᠭᠦᠯᠬᠦ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ | ᠲᠠᠷᠬᠠᠭᠠᠭᠰᠠᠨ ﹇2011﹈ 125 ᠳ᠋ᠣᠭᠠᠷ ᠲᠣᠭᠠᠲᠤ︶ ᠢ ᠦᠨᠳᠦᠰᠦᠯᠡᠨ᠂ ︽ᠰᠢᠨ᠎ᠡ ᠴᠠᠭ ᠦᠶ᠎ᠡ ᠶᠢᠨ | ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠷᠠᠳ ᠤᠨ ᠵᠠᠰᠠᠭ ᠤᠨ ᠣᠷᠳᠣᠨ ᠤ | ᠬᠡᠷᠡᠭᠵᠢᠭᠦᠯᠬᠦ ᠰᠠᠨᠠᠯ︾ ︵ᠥᠪᠥᠷ ᠨᠠᠮ ᠲᠠᠷᠬᠠᠭᠠᠭᠰᠠᠨ ﹇2018﹈ 18 ᠳ᠋ᠤᠭᠠᠷ ᠲᠣᠭᠠᠲᠤ︶ ᠪᠠ ︽ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠠᠮᠢᠵᠢᠷᠠᠯ ᠤᠨ | ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠲᠤᠬᠠᠶ ᠬᠡᠷᠡᠭᠵᠢᠭᠦᠯᠬᠦ ᠰᠠᠨᠠᠯ︾ ︵ᠥᠪᠥᠷ ᠰᠤᠷᠭᠠᠨ ᠲᠠᠷᠬᠠᠭᠠᠭᠰᠠᠨ | ﹇2021﹈ 8 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠠᠶᠢᠮᠠᠭ ᠤᠨ ᠰᠤᠷᠭᠠᠨ | ᠬᠥᠮᠦᠵᠢᠯ ᠤᠨ ᠪᠣᠳᠠᠲᠠᠶ ᠲᠠᠢ ᠣᠶᠠᠯᠳᠣᠭᠤᠯᠣᠨ᠂ ᠣᠨᠴᠣᠭᠤᠶᠢᠯᠠᠨ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠨᠢᠭᠡ᠂ ᠦᠨᠳᠦᠰᠦᠨ ᠵᠠᠷᠴᠢᠮ | ︵ᠨᠢᠭᠡ︶ ︽ᠠᠮᠵᠢᠯᠲᠠ ᠪᠦᠲᠦᠮᠵᠢ ᠪᠠᠷ ᠴᠠᠯᠢᠩ ᠢ ᠲᠣᠭᠲᠠᠭᠠᠬᠤ᠂ ᠬᠠᠷᠢᠭᠤᠴᠠᠯᠭ᠎ᠠ ᠪᠠ ᠴᠠᠯᠢᠩ ᠢ | ᠨᠢᠭᠡᠳᠦᠯᠲᠡᠶ ᠪᠠᠶᠢᠯᠭᠠᠬᠤ᠂ ᠢᠯᠡᠭᠦᠦ ᠬᠥᠳᠡᠯᠮᠦᠷᠢᠯᠡᠪᠡᠯ ᠢᠯᠡᠭᠦᠦ ᠣᠯᠭᠤᠬᠤ᠂ ᠰᠢᠯᠢᠳᠡᠭ ᠠᠮᠵᠢᠯᠲᠠ ᠪᠦᠲᠦᠮᠵᠢ ᠲᠠᠢ | ᠪᠣᠯ ᠢᠯᠡᠭᠦᠦ ᠬᠥᠯᠥᠰᠥ ᠣᠯᠭᠤᠮᠵᠢ ᠣᠯᠭᠤᠬᠤ︾ ᠵᠠᠷᠴᠢᠮ ᠢ ᠪᠠᠷᠢᠮᠲᠠᠯᠠᠨ᠂ ᠠᠮᠵᠢᠯᠲᠠ ᠪᠦᠲᠦᠮᠵᠢ ᠶᠢᠨ ᠴᠠᠯᠢᠩ ᠢ | ᠨᠢᠭᠡᠳᠦᠭᠡᠷ ᠹᠷᠣᠨᠲ ᠤᠨ ᠪᠠᠭᠰᠢ᠂ ᠭᠤᠣᠯᠯᠠᠭᠴᠢ ᠪᠠᠭᠰᠢ ᠲᠡᠰᠢ ᠬᠡᠯᠪᠠᠶᠢᠯᠭᠡᠵᠦ᠂ ︽ᠢᠯᠡᠭᠦᠦ ᠬᠢᠬᠦ ᠳᠤᠲᠠᠭᠤ | ᠬᠢᠬᠦ᠂ ᠰᠠᠶᠢᠨ ᠬᠢᠬᠦ ᠮᠠᠭᠤ ᠬᠢᠬᠦ ᠨᠢᠭᠡ ᠯᠡ ᠶᠠᠩᠵᠤ ᠶᠢᠨ ᠪᠠᠶᠢᠬᠤ︾ ᠠᠰᠠᠭᠤᠳᠠᠯ ᠢ ᠰᠢᠢᠳᠪᠦᠷᠢᠯᠡᠨ᠎ᠡ᠃ | ︵ᠬᠤᠶᠠᠷ︶ ᠢᠯᠡ ᠲᠣᠳᠣ᠂ ᠡᠷᠬᠡ ᠲᠡᠭᠰᠢ᠂ ᠲᠥᠪ ᠭᠤᠤᠯᠴᠢ ᠪᠠᠶᠢᠬᠤ ᠵᠠᠷᠴᠢᠮ ᠢ ᠪᠠᠷᠢᠮᠲᠠᠯᠠᠨ᠂ ᠠᠵᠢᠯ ᠤᠨ | ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠤᠷᠮᠠᠰᠢᠭᠤᠯᠬᠤ ᠤᠳᠤᠷᠢᠳᠤᠮᠵᠢ ᠶᠢᠨ ᠦᠢᠯᠡᠳᠦᠯ ᠢ ᠬᠦᠢᠴᠡᠳ | ᠪᠠᠳᠠᠷᠠᠭᠤᠯᠵᠤ᠂ ᠪᠠᠭᠰᠢ ᠶᠢ ᠳᠠᠶᠢᠴᠢᠯᠠᠨ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠶᠢ ᠪᠠᠷᠢᠮᠲᠠᠯᠠᠨ᠂ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ | ᠰᠤᠷᠤᠭᠴᠢᠳ ᠤᠨ ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠥᠬᠦ | ᠲᠠᠯ᠎ᠠ ᠪᠠᠷ ᠬᠥᠭᠵᠢᠬᠦ᠂ ᠥᠪᠡᠷᠮᠢᠴᠡ ᠣᠨᠴᠠᠯᠢᠭ ᠲᠠᠢ ᠪᠠᠷ ᠦᠰᠦᠨ ᠪᠤᠶᠢᠵᠢᠬᠤ ᠶᠢ ᠨᠠᠩ ᠰᠠᠶᠢᠲᠤᠷ ᠠᠬᠢᠭᠤᠯᠤᠨ᠎ᠠ᠃ | ︵ᠭᠤᠷᠪᠠ︶ ᠠᠮᠵᠢᠯᠲᠠ ᠪᠦᠲᠦᠮᠵᠢ ᠶᠢᠨ ᠴᠠᠯᠢᠩ ᠤᠨ ᠥᠭᠡᠷᠡᠴᠢᠯᠡᠯᠲᠡ ᠶᠢ ᠬᠡᠷᠡᠭᠵᠢᠭᠦᠯᠬᠦ ᠶᠢ ᠣᠳᠣ | ᠦᠶ᠎ᠡ ᠶᠢᠨ ᠰᠤᠷᠭᠠᠭᠤᠯᠢ ᠶᠢᠨ ᠳᠦᠷᠢᠮ ᠤᠨ ᠪᠠᠶᠢᠭᠤᠯᠤᠯᠲᠠ ᠲᠠᠢ ᠤᠶᠠᠯᠳᠤᠭᠤᠯᠬᠤ ᠶᠢ ᠪᠠᠷᠢᠮᠲᠠᠯᠠᠨ᠂ ᠬᠢᠨᠠᠨ | ᠰᠢᠯᠭᠠᠵᠤ ᠬᠤᠪᠢᠶᠠᠷᠢᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠣᠷᠣᠯᠭ᠎ᠠ ᠶᠢᠨ ᠬᠤᠪᠢᠶᠠᠷᠢᠯᠠᠯᠲᠠ ᠶᠢᠨ | ᠵᠢᠷᠤᠮᠵᠢᠭᠤᠯᠤᠯᠲᠠ᠂ ᠰᠢᠨᠵᠢᠯᠡᠬᠦ ᠤᠬᠠᠭᠠᠨᠴᠢᠯᠠᠯᠲᠠ᠂ ᠳᠦᠷᠢᠮᠵᠢᠭᠦᠯᠦᠯᠲᠡ ᠶᠢ ᠪᠡᠶᠡᠯᠡᠭᠦᠯᠬᠦ ᠬᠡᠷᠡᠭᠲᠡᠶ᠃ | ᠬᠤᠶᠠᠷ᠂ ᠬᠡᠷᠡᠭᠵᠢᠭᠦᠯᠬᠦ ᠬᠡᠪᠴᠢᠶ᠎ᠡ | ᠪᠦᠬᠦ ᠠᠶᠢᠮᠠᠭ ᠤᠨ ᠡᠯ᠎ᠡ ᠠᠯᠪᠠᠨ ᠠᠴᠠ ᠡᠷᠬᠢᠯᠡᠭᠰᠡᠨ ᠳᠤᠮᠳᠠᠳᠤ ᠪᠠᠭ᠎ᠠ ᠰᠤᠷᠭᠠᠭᠤᠯᠢ᠂ ᠳᠤᠮᠳᠠ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠠᠵᠢᠯ ᠤᠨ ᠪᠠᠶᠢᠷᠢ ᠳᠤ ᠪᠠᠶᠢᠭ᠎ᠠ ᠳᠠᠩᠰᠠᠨ ᠳᠤ | ᠪᠠᠶᠢᠭ᠎ᠠ ᠪᠠᠭᠰᠢ ᠠᠵᠢᠯᠲᠠᠨ ᠠᠵᠢᠯᠴᠢᠨ᠃ | ᠭᠤᠷᠪᠠ᠂ ᠠᠮᠵᠢᠯᠲᠠ ᠪᠦᠲᠦᠮᠵᠢ ᠶᠢᠨ ᠴᠠᠯᠢᠩ ᠢ ᠬᠢᠨᠠᠨ ᠲᠣᠭᠲᠠᠭᠠᠬᠤ | ︵ᠨᠢᠭᠡ︶ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠶᠢ ᠬᠢᠨᠠᠨ ᠲᠣᠭᠲᠠᠭᠠᠨ᠎ᠠ | ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠨᠢ ᠰᠤᠷᠭᠠᠭᠤᠯᠢ ᠶᠢᠨ ᠠᠵᠢᠯᠲᠠᠨ ᠤ ᠳᠡᠭᠡᠷ᠎ᠡ ᠵᠢᠯ ᠤᠨ | 12 ᠳ᠋ᠣᠭᠠᠷ ᠰᠠᠷ᠎ᠠ ᠶᠢᠨ ᠦᠨᠳᠦᠰᠦᠨ ᠴᠠᠯᠢᠩ ︵ᠠᠵᠢᠯ ᠤᠨ ᠪᠠᠶᠢᠷᠢ ᠶᠢᠨ ᠴᠠᠯᠢᠩ ᠬᠢᠭᠡᠳ ᠲᠠᠰ ᠤᠨ ᠴᠠᠯᠢᠩ ᠤᠨ | ᠨᠡᠶᠢᠯᠡᠪᠦᠷᠢ︶ ᠤᠨ ᠲᠤᠭ᠎ᠠ ᠬᠡᠮᠵᠢᠶ᠎ᠡ ᠪᠣᠯᠤᠨ ᠵᠢᠷᠤᠮᠵᠢᠭᠤᠯᠤᠭᠰᠠᠨ ᠤ ᠳᠠᠷᠠᠭᠠᠬᠢ ᠨᠡᠮᠡᠭᠦᠷᠢ ᠨᠥᠬᠦᠪᠥᠷᠢ ᠶᠢᠨ ᠲᠤᠭ᠎ᠠ | ᠬᠡᠮᠵᠢᠶ᠎ᠡ ᠪᠠᠷ ᠪᠦᠷᠢᠯᠳᠦᠵᠦ᠂ ᠠᠮᠵᠢᠯᠲᠠ ᠪᠦᠲᠦᠮᠵᠢ ᠶᠢᠨ ᠴᠠᠯᠢᠩ ᠢ ᠰᠠᠭᠤᠷᠢ ᠴᠢᠨᠠᠷᠲᠠᠶ ᠠᠮᠵᠢᠯᠲᠠ ᠪᠦᠲᠦᠮᠵᠢ ᠶᠢᠨ | ᠴᠠᠯᠢᠩ ᠪᠣᠯᠤᠨ ᠱᠠᠩᠨᠠᠯ ᠤᠨ ᠴᠢᠨᠠᠷᠲᠠᠶ ᠠᠮᠵᠢᠯᠲᠠ ᠪᠦᠲᠦᠮᠵᠢ ᠶᠢᠨ ᠴᠠᠯᠢᠩ ᠭᠡᠵᠦ ᠬᠤᠪᠢᠶᠠᠨ᠎ᠠ᠃ | ︵ᠬᠤᠶᠠᠷ︶ ᠨᠢᠭᠡᠳᠦᠭᠡᠷ ᠹᠷᠣᠨᠲ ᠤᠨ ᠪᠠᠭᠰᠢ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ | ᠨᠡᠮᠡᠭᠳᠡᠯ ᠤᠨ ᠬᠡᠰᠡᠭ ᠢ ᠬᠠᠷᠭᠤᠭᠤᠯᠤᠨ ᠲᠣᠭᠲᠠᠭᠠᠨ᠎ᠠ | ᠠᠮᠵᠢᠯᠲᠠ ᠪᠦᠲᠦᠮᠵᠢ ᠶᠢᠨ ᠴᠠᠯᠢᠩ ᠤᠨ ᠨᠡᠮᠡᠭᠳᠡᠯ ᠤᠨ ᠬᠡᠰᠡᠭ ᠢ ᠠᠮᠵᠢᠯᠲᠠ ᠪᠦᠲᠦᠮᠵᠢ ᠶᠢᠨ ᠴᠠᠯᠢᠩ ᠤᠨ | ᠦᠨᠳᠦᠰᠦᠨ ᠪᠠᠷᠢᠮᠵᠢᠶᠠᠨ ᠤ ᠱᠤᠭᠤᠮ ᠳᠤ ᠬᠦᠷᠲᠡᠯ᠎ᠡ 1 . 3 ᠳᠠᠬᠢᠨ ᠠᠴᠠ 2 . 5 ᠳᠠᠬᠢᠨ ᠢᠶᠠᠷ ᠳᠡᠭᠡᠭᠰᠢᠯᠡᠭᠦᠯᠦᠨ | ᠬᠢᠨᠠᠨ ᠲᠣᠭᠲᠠᠭᠠᠵᠤ᠂ ᠪᠣᠳᠠᠲᠤ ᠪᠠᠶᠢᠳᠠᠯ ᠢᠶᠠᠨ ᠦᠨᠳᠦᠰᠦᠯᠡᠨ᠂ ᠲᠦᠷ 1 . 3 ᠳᠠᠬᠢᠨ ᠢᠶᠠᠷ ᠬᠢᠨᠠᠨ ᠲᠣᠭᠲᠠᠭᠠᠵᠤ᠂ | ᠨᠥᠬᠦᠴᠡᠯ ᠲᠠᠢ ᠬᠤᠰᠢᠭᠤ ᠣᠷᠣᠨ ᠨᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠯᠬᠤᠮ ᠠᠯᠬᠤᠮ ᠢᠶᠠᠷ | ᠳᠡᠭᠡᠭᠰᠢᠯᠡᠭᠦᠯᠵᠦ ᠪᠣᠯᠤᠨ᠎ᠠ᠂ ᠭᠡᠪᠡᠴᠦ ᠬᠠᠮᠤᠭ ᠤᠨ ᠥᠨᠳᠥᠷ ᠲᠡᠭᠡᠨ 2 . 5 ᠳᠠᠬᠢᠨ ᠠᠴᠠ ᠬᠡᠲᠦᠷᠡᠭᠦᠯᠵᠦ ᠪᠣᠯᠬᠤ | ᠦᠭᠡᠶ᠃ ᠪᠣᠳᠠᠲᠠᠶ ᠪᠠᠷ ᠡᠯ᠎ᠡ ᠱᠠᠲᠤᠨ ᠤ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠮᠵᠢᠯᠲᠠ | ᠪᠦᠲᠦᠮᠵᠢ ᠶᠢᠨ ᠴᠠᠯᠢᠩ ᠤᠨ ᠨᠡᠮᠡᠭᠳᠡᠬᠦ ᠬᠡᠰᠡᠭ ᠢ ᠬᠢᠨᠠᠨ ᠲᠣᠭᠲᠠᠭᠠᠨ᠎ᠠ᠃ | ︵ᠭᠤᠷᠪᠠ︶ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠰᠤᠷᠭᠠᠭᠤᠯᠢ ︵ᠴᠡᠴᠡᠷᠯᠢᠭ︶ ᠶᠢᠨ | ᠳᠠᠷᠤᠭ᠎ᠠ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠨᠡᠮᠡᠭᠳᠡᠯ ᠤᠨ ᠬᠡᠮᠵᠢᠶ᠎ᠡ ᠶᠢ ᠬᠠᠷᠭᠤᠭᠤᠯᠤᠨ | ᠲᠣᠭᠲᠠᠭᠠᠨ᠎ᠠ | ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠠ ᠰᠤᠷᠭᠠᠭᠤᠯᠢ ᠶᠢᠨ ᠵᠠᠬᠢᠷᠤᠯ ᠤᠨ ᠠᠵᠢᠯ ᠤᠨ | ᠠᠮᠵᠢᠯᠲᠠ ᠪᠦᠲᠦᠮᠵᠢ ᠶᠢᠨ ᠴᠠᠯᠢᠩ ᠤᠨ ᠨᠡᠮᠡᠭᠳᠡᠯ ᠤᠨ ᠬᠡᠰᠡᠭ ᠢ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ | ᠦᠨᠳᠦᠰᠦᠨ ᠪᠠᠷᠢᠮᠵᠢᠶ᠎ᠠ ᠶᠢᠨ ᠱᠤᠭᠤᠮ ᠤᠨ 1 . 5 ᠳᠠᠬᠢᠨ ᠠᠴᠠ 2 . 5 ᠳᠠᠬᠢᠨ ᠪᠣᠯᠲᠠᠯ᠎ᠠ ᠳᠡᠭᠡᠭᠰᠢᠯᠡᠭᠦᠯᠵᠦ᠂ | ᠮᠠᠨ ᠤ ᠠᠶᠢᠮᠠᠭ ᠤᠨ ᠪᠣᠳᠠᠲᠤ ᠪᠠᠶᠢᠳᠠᠯ ᠢ ᠦᠨᠳᠦᠰᠦᠯᠡᠨ᠂ ᠲᠦᠷ 1 . 5 ᠳᠠᠬᠢᠨ ᠢᠶᠠᠷ ᠬᠢᠨᠠᠨ ᠲᠣᠭᠲᠠᠭᠠᠵᠤ᠂ | ᠨᠥᠬᠦᠴᠡᠯ ᠲᠠᠢ ᠬᠤᠰᠢᠭᠤ ︵ᠣᠷᠣᠨ︶ ᠨᠢ ᠪᠣᠳᠠᠲᠠᠶ ᠲᠠᠢ ᠪᠠᠨ ᠤᠶᠠᠯᠳᠤᠭᠤᠯᠤᠨ ᠠᠯᠬᠤᠮ ᠠᠯᠬᠤᠮ ᠢᠶᠠᠷ | ᠳᠡᠭᠡᠭᠰᠢᠯᠡᠭᠦᠯᠵᠦ ᠪᠣᠯᠤᠨ᠎ᠠ᠂ ᠭᠡᠪᠡᠴᠦ ᠬᠠᠮᠤᠭ ᠤᠨ ᠥᠨᠳᠥᠷ ᠲᠡᠭᠡᠨ 2 . 5 ᠳᠠᠬᠢᠨ ᠠᠴᠠ ᠬᠡᠲᠦᠷᠡᠭᠦᠯᠵᠦ ᠪᠣᠯᠬᠤ | ᠥᠬᠡᠶ᠃ | ᠳᠥᠷᠪᠡ᠂ ᠠᠮᠵᠢᠯᠲᠠ ᠪᠦᠲᠦᠮᠵᠢ ᠶᠢᠨ ᠴᠠᠯᠢᠩ ᠣᠯᠭᠤᠬᠤ ᠠᠷᠭ᠎ᠠ | ︵ᠨᠢᠭᠡ︶ ᠦᠰᠬᠡᠬᠦ ᠠᠴᠠ ᠡᠮᠦᠨᠡᠬᠢ ᠠᠮᠵᠢᠯᠲᠠ ᠪᠦᠲᠦᠮᠵᠢ ᠶᠢᠨ ᠴᠠᠯᠢᠩ ᠣᠯᠭᠤᠬᠤ ᠠᠷᠭ᠎ᠠ | 1 . ᠰᠠᠭᠤᠷᠢ ᠴᠢᠨᠠᠷᠲᠠᠶ ᠠᠮᠵᠢᠯᠲᠠ ᠪᠦᠲᠦᠮᠵᠢ ᠶᠢᠨ ᠴᠠᠯᠢᠩ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠱᠠᠲᠤ ᠦᠶ᠎ᠡ ᠳᠠᠬᠢ ᠪᠠᠭᠰᠢ ᠠᠵᠢᠯᠲᠠᠨ ᠠᠵᠢᠯᠴᠢᠨ ᠤ ᠰᠠᠭᠤᠷᠢ ᠴᠢᠨᠠᠷᠲᠠᠶ ᠠᠵᠢᠯ ᠤᠨ ᠠᠮᠵᠢᠯᠲᠠ ᠪᠦᠲᠦᠮᠵᠢ ᠶᠢᠨ | ᠴᠠᠯᠢᠩ ᠨᠢ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠶᠢᠨ 70 % ᠶᠢ ᠡᠵᠡᠯᠡᠵᠦ᠂ | ᠠᠯᠪᠠᠨ ᠵᠢᠷᠤᠮ ᠤᠨ ᠪᠤᠰᠤ ᠰᠤᠷᠭᠠᠨ ᠬᠥᠮᠦᠵᠢᠯ ᠤᠨ ᠱᠠᠲᠤ ᠦᠶ᠎ᠡ ᠳᠠᠬᠢ ᠪᠠᠭᠰᠢ ᠠᠵᠢᠯᠲᠠᠨ ᠠᠵᠢᠯᠴᠢᠨ ᠤ ᠰᠠᠭᠤᠷᠢ | ᠴᠢᠨᠠᠷᠲᠠᠶ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠨᠢ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ | ᠶᠡᠷᠦᠩᠬᠡᠶ ᠬᠡᠮᠵᠢᠶ᠎ᠡ ᠶᠢᠨ 60 % ᠶᠢ ᠡᠵᠡᠯᠡᠨ᠂ ᠲᠣᠭᠲᠠᠭᠠᠭᠰᠠᠨ ᠪᠠᠷᠢᠮᠵᠢᠶ᠎ᠠ ᠶᠣᠰᠣᠭᠠᠷ ᠰᠠᠷ᠎ᠠ ᠳᠠᠷᠠᠭᠠᠯᠠᠨ | ᠣᠯᠭᠤᠨ᠎ᠠ᠃ | 2 . ᠱᠠᠩᠨᠠᠯ ᠤᠨ ᠴᠢᠨᠠᠷᠲᠠᠶ ᠠᠮᠵᠢᠯᠲᠠ ᠪᠦᠲᠦᠮᠵᠢ ᠶᠢᠨ ᠴᠠᠯᠢᠩ᠃ ᠰᠤᠷᠭᠠᠭᠤᠯᠢ ᠨᠢ ᠠᠵᠢᠯ ᠤᠨ ᠪᠣᠳᠠᠲᠠᠶ | ᠲᠠᠢ ᠪᠠᠨ ᠤᠶᠠᠯᠳᠤᠭᠤᠯᠤᠨ᠂ ᠵᠣᠬᠢᠬᠤ ᠰᠢᠯᠭᠠᠨ ᠬᠢᠨᠠᠬᠤ ᠬᠡᠷᠡᠭᠵᠢᠭᠦᠯᠬᠦ ᠨᠠᠷᠢᠨ ᠲᠦᠷᠢᠮ ᠢ ᠲᠣᠭᠲᠠᠭᠠᠵᠤ᠂ ᠪᠠᠭᠰᠢ | ᠠᠵᠢᠯᠲᠠᠨ ᠠᠵᠢᠯᠴᠢᠨ ᠤ ᠬᠠᠷᠠᠯᠲᠠᠲᠤ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ᠂ ᠰᠢᠯᠭᠠᠨ ᠬᠢᠨᠠᠭᠰᠠᠨ ᠦᠷ᠎ᠡ | ᠳ᠋ᠦᠩ ᠵ᠊ ᠡᠷᠭᠡ ᠪᠣᠳᠠᠲᠤ ᠪᠠᠶᠢᠳᠠᠯ ᠢ ᠦᠨᠳᠦᠰᠦᠯᠡᠨ᠂ ᠨᠡᠶᠢᠲᠡ ᠳᠤ ᠵᠠᠷᠯᠠᠭᠠᠳ ᠤᠨᠳᠤᠤ ᠰᠠᠨᠠᠯ ᠥᠬᠡᠶ ᠪᠠᠶᠢᠪᠠᠯ᠂ | ᠨᠢᠭᠡᠳᠦᠯᠲᠡᠶ ᠲᠥᠯᠥᠪᠯᠡᠨ ᠣᠯᠭᠤᠨ᠎ᠠ᠃ | ︵ᠬᠤᠶᠠᠷ︶ ᠨᠢᠭᠡᠳᠦᠭᠡᠷ ᠹᠷᠣᠨᠲ ᠤᠨ ᠪᠠᠭᠰᠢ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠢ | ᠳᠡᠭᠡᠭᠰᠢᠯᠡᠭᠦᠯᠦᠭᠰᠡᠨ ᠤ ᠳᠠᠷᠠᠭᠠᠬᠢ ᠨᠡᠮᠡᠭᠳᠡᠯ ᠤᠨ ᠬᠡᠮᠵᠢᠶ᠎ᠡ ᠳᠤ ᠣᠯᠭᠤᠬᠤ ᠠᠷᠭ᠎ᠠ | ᠠᠮᠵᠢᠯᠲᠠ ᠪᠦᠲᠦᠮᠵᠢ ᠶᠢᠨ ᠴᠠᠯᠢᠩ ᠢ ᠳᠡᠭᠡᠭᠰᠢᠯᠡᠭᠦᠯᠦᠭᠰᠡᠨ ᠤ ᠳᠠᠷᠠᠭᠠᠬᠢ ᠨᠡᠮᠡᠭᠳᠡᠭᠰᠡᠨ ᠬᠡᠰᠡᠭ ᠢ ᠲᠤᠰᠠᠭᠠᠷ | ᠬᠡᠰᠡᠭᠯᠡᠨ ᠬᠠᠮᠢᠶᠠᠷᠴᠤ᠂ ᠳᠠᠷᠠᠭ᠎ᠠ ᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠶᠢ ᠬᠢᠨᠠᠨ | ᠲᠣᠭᠲᠠᠭᠠᠬᠤ ᠳᠤ ᠣᠷᠣᠭᠤᠯᠬᠤ ᠥᠬᠡᠶ᠂ ᠪᠦᠬᠦᠨ ᠢ ᠨᠢᠭᠡᠳᠦᠭᠡᠷ ᠹᠷᠣᠨᠲ ᠤᠨ ᠪᠠᠭᠰᠢ ︵ᠲᠤᠬᠠᠶᠢᠯᠠᠪᠠᠯ ᠬᠢᠴᠢᠶᠡᠯᠯᠡᠵᠦ | ᠪᠠᠶᠢᠭ᠎ᠠ ᠪᠠᠭᠰᠢ︶ ᠶᠢᠨ ᠠᠮᠵᠢᠯᠲᠠ ᠪᠦᠲᠦᠮᠵᠢ ᠶᠢᠨ ᠱᠠᠩᠨᠠᠯ ᠳᠤ ᠬᠡᠷᠡᠭᠯᠡᠨ᠎ᠡ᠃ ᠡᠯ᠎ᠡ ᠰᠤᠷᠭᠠᠭᠤᠯᠢ ᠨᠢ ᠬᠢᠨᠠᠨ | ᠰᠢᠯᠭᠠᠬᠤ ᠬᠡᠷᠡᠭᠵᠢᠭᠦᠯᠬᠦ ᠨᠠᠷᠢᠨ ᠲᠦᠷᠢᠮ ᠲᠣᠭᠲᠠᠭᠠᠵᠤ᠂ ᠵᠢᠭᠠᠨ ᠰᠤᠷᠭᠠᠯᠲᠠ ᠶᠢᠨ ᠵᠤᠷᠰᠢᠯ ᠤᠨ ᠶᠠᠰᠤ ᠴᠢᠨᠠᠷ ᠢ | ᠳᠡᠭᠡᠭᠰᠢᠯᠡᠭᠦᠯᠦᠨ ᠱᠠᠩᠨᠠᠬᠤ᠂ ᠭᠤᠤᠯᠳᠠᠭᠤ ︽ᠪᠡᠯᠡᠳᠬᠡᠬᠦ᠂ ᠲᠠᠶᠢᠯᠪᠤᠷᠢᠯᠠᠬᠤ᠂ ᠵᠥᠪᠰᠢᠶᠡᠷᠡᠬᠦ᠂ ᠲᠤᠰᠠᠯᠠᠬᠤ᠂ | ᠰᠢᠯᠭᠠᠬᠤ᠂ ᠦᠨᠡᠯᠡᠬᠦ᠂ ᠰᠤᠳᠤᠯᠬᠤ︾ ᠵᠡᠷᠭᠡ ᠵᠢᠭᠠᠨ ᠰᠤᠷᠭᠠᠯᠲᠠ ᠶᠢᠨ ᠵᠤᠷᠰᠢᠯ ᠤᠨ ᠠᠵᠢᠯ ᠤᠨ ᠱᠠᠩᠨᠠᠯ ︵ | ᠡᠵᠡᠯᠡᠬᠦᠨ ᠨᠢ 35 %︶᠂ ᠠᠵᠢᠯ ᠤᠨ ᠬᠡᠮᠵᠢᠶ᠎ᠡ ᠠᠴᠠ ᠬᠡᠲᠦᠷᠡᠭᠦᠯᠦᠨ ᠱᠠᠩᠨᠠᠬᠤ ︵ᠡᠵᠡᠯᠡᠬᠦᠨ ᠨᠢ 25 %︶᠂ | ᠪᠢᠴᠢᠭ ᠵᠢᠭᠠᠵᠤ ᠬᠥᠮᠦᠨ ᠬᠥᠮᠦᠵᠢᠭᠦᠯᠬᠦ ᠲᠣᠪᠤᠶᠢᠮ᠎ᠠ ᠬᠤᠪᠢ ᠨᠡᠮᠡᠷᠢ ᠪᠠᠷ ᠱᠠᠩᠨᠠᠬᠤ ︵ᠡᠵᠡᠯᠡᠬᠦᠨ ᠨᠢ 40 %︶ | ᠵᠡᠷᠭᠡ ᠲᠠᠯ᠎ᠠ ᠪᠠᠷ ᠬᠡᠮᠵᠢᠶᠡᠵᠢᠭᠦᠯᠦᠨ ᠬᠢᠨᠠᠨ ᠰᠢᠯᠭᠠᠵᠤ ᠬᠤᠪᠢ ᠣᠯᠭᠤᠵᠤ᠂ ᠵᠠᠭᠤᠨ ᠬᠤᠪᠢ ᠶᠢᠨ ᠲᠦᠷᠢᠮ ᠢ | ᠬᠡᠷᠡᠭᠵᠢᠭᠦᠯᠦᠨ᠎ᠡ᠃ ᠨᠡᠮᠡᠭᠳᠡᠭᠰᠡᠨ ᠬᠡᠰᠡᠭ ᠤᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠣᠯᠭᠤᠬᠤ | ᠵᠣᠭᠤᠰ ᠤᠨ ᠲᠤᠭ᠎ᠠ ᠶᠢ ᠰᠢᠯᠭᠠᠨ ᠬᠢᠨᠠᠭᠰᠠᠨ ᠣᠯᠤᠭᠰᠠᠨ ᠬᠤᠪᠢ ᠪᠠᠷ ᠪᠣᠳᠣᠨ᠎ᠠ᠃ ᠬᠥᠳᠡᠯᠦᠩᠭᠦᠶ ᠬᠠᠮᠢᠶᠠᠷᠤᠯᠲᠠ ᠶᠢ | ᠬᠡᠷᠡᠭᠵᠢᠭᠦᠯᠵᠦ᠂ ᠣᠷᠣᠵᠤ ᠪᠣᠯᠬᠤ ᠮᠥᠷᠲᠡᠭᠡᠨ ᠪᠠᠭᠤᠵᠤ ᠪᠣᠯᠬᠤ᠂ ᠡᠯ᠎ᠡ ᠰᠤᠷᠭᠠᠭᠤᠯᠢ ᠰᠤᠷᠤᠯᠭ᠎ᠠ ᠶᠢᠨ | ᠬᠤᠭᠤᠴᠠᠭ᠎ᠠ ᠪᠦᠷᠢ ᠨᠢᠭᠡᠳᠦᠭᠡᠷ ᠹᠷᠣᠨᠲ ᠤᠨ ᠪᠠᠭᠰᠢ ᠳᠤ ᠨᠢᠭᠡ ᠤᠳᠠᠭᠠᠨ ᠤ ᠬᠢᠨᠠᠨ ᠰᠢᠯᠭᠠᠯᠲᠠ ᠬᠢᠵᠦ᠂ ᠵᠠᠷᠯᠠᠨ | ᠨᠡᠶᠢᠲᠡᠯᠡᠭᠡᠳ ᠤᠨᠳᠤᠤ ᠰᠠᠨᠠᠯ ᠥᠬᠡᠶ ᠪᠣᠯ ᠰᠤᠷᠤᠯᠭ᠎ᠠ ᠶᠢᠨ ᠬᠤᠭᠤᠴᠠᠭ᠎ᠠ ᠶᠣᠰᠣᠭᠠᠷ ᠣᠯᠭᠤᠨ᠎ᠠ᠃ ᠨᠢᠭᠡᠳᠦᠭᠡᠷ | ᠹᠷᠣᠨᠲ ᠤᠨ ᠪᠠᠭᠰᠢ ᠠᠵᠢᠯ ᠤᠨ ᠪᠠᠶᠢᠷᠢ ᠳᠤ ᠪᠠᠶᠢᠬᠤ ᠥᠬᠡᠶ ᠬᠤᠭᠤᠴᠠᠭᠠᠨ ᠳᠤ ᠬᠤᠯᠪᠣᠭᠳᠠᠯ ᠪᠥᠬᠦᠶ ᠬᠠᠷᠠᠭᠠᠯᠵᠠᠯ ᠢ | ᠭᠥᠷᠳᠡᠬᠦ ᠥᠬᠡᠶ ︵ᠰᠤᠷᠭᠠᠭᠤᠯᠢ ᠶᠢᠨ ᠠᠯᠪᠠᠨ ᠠᠴᠠ ᠲᠣᠮᠢᠯᠠᠭᠰᠠᠨ ᠣᠬᠤᠷ ᠬᠤᠭᠤᠴᠠᠭᠠᠨ ᠤ ᠪᠣᠯᠪᠠᠰᠤᠷᠠᠭᠤᠯᠤᠯ | ᠪᠠᠭᠲᠠᠬᠤ ᠥᠬᠡᠶ︶᠃ ᠬᠤᠪᠢ ᠬᠥᠮᠦᠨ ᠤ ᠨᠡᠮᠡᠭᠳᠡᠭᠰᠡᠨ ᠬᠡᠮᠵᠢᠶᠡᠨ ᠤ ᠠᠮᠵᠢᠯᠲᠠ ᠪᠦᠲᠦᠮᠵᠢ ᠶᠢᠨ ᠴᠠᠯᠢᠩ = | ᠬᠤᠪᠢ ᠬᠥᠮᠦᠨ ᠤ ᠰᠢᠯᠭᠠᠨ ᠬᠢᠨᠠᠭᠰᠠᠨ ᠣᠯᠤᠭᠰᠠᠨ ᠬᠤᠪᠢ × ︵ᠰᠢᠯᠭᠠᠨ ᠬᠢᠨᠠᠬᠤ ᠳᠤ ᠣᠷᠣᠯᠴᠠᠭᠰᠠᠨ ᠪᠠᠭᠰᠢ | ᠠᠵᠢᠯᠲᠠᠨ ᠠᠵᠢᠯᠴᠢᠨ ᠤ ᠨᠡᠮᠡᠭᠳᠡᠭᠰᠡᠨ ᠬᠡᠮᠵᠢᠶᠡᠨ ᠤ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠲᠤᠭ᠎ᠠ / | ᠰᠢᠯᠭᠠᠨ ᠬᠢᠨᠠᠬᠤ ᠳᠤ ᠣᠷᠣᠯᠴᠠᠭᠰᠠᠨ ᠪᠠᠭᠰᠢ ᠠᠵᠢᠯᠲᠠᠨ ᠠᠵᠢᠯᠴᠢᠨ ᠤ ᠶᠡᠷᠦᠩᠬᠡᠶ ᠬᠤᠪᠢ︶ ᠶᠢ ᠨᠡᠶᠢᠲᠡ ᠳᠤ | ᠵᠠᠷᠯᠠᠭᠠᠳ ᠤᠨᠳᠤᠤ ᠰᠠᠨᠠᠯ ᠥᠬᠡᠶ ᠪᠣᠯ ᠰᠤᠷᠤᠯᠭ᠎ᠠ ᠶᠢᠨ ᠬᠤᠭᠤᠴᠠᠭ᠎ᠠ ᠶᠣᠰᠣᠭᠠᠷ ᠣᠯᠭᠤᠨ᠎ᠠ᠃ ᠣᠯᠤᠭᠰᠠᠨ | ᠬᠤᠪᠢ ᠶᠢᠨ ᠳᠣᠲᠣᠷᠠᠬᠢ ᠬᠠᠮᠤᠭ ᠤᠨ ᠥᠨᠳᠥᠷ ᠬᠤᠪᠢ ᠨᠢ ᠬᠠᠮᠤᠭ ᠤᠨ ᠳᠤᠤᠷ᠎ᠠ ᠬᠤᠪᠢ ᠶᠢᠨ 2 ᠳᠠᠬᠢᠨ ᠠᠴᠠ | ᠳᠡᠭᠡᠭᠰᠢ ᠪᠠᠶᠢᠵᠤ᠂ ᠬᠤᠪᠢ ᠬᠥᠮᠦᠨ ᠤ ᠬᠢᠨᠠᠨ ᠰᠢᠯᠭᠠᠬᠤ ᠳᠤ ᠣᠯᠤᠭᠰᠠᠨ ᠬᠤᠪᠢ ᠳᠤᠨᠢ ᠬᠠᠮᠤᠭ ᠤᠨ ᠳᠤᠤᠷ᠎ᠠ | ᠬᠤᠪᠢ ᠶᠢᠨ ᠱᠤᠭᠤᠮ ᠲᠣᠬᠢᠷᠠᠭᠤᠯᠵᠤ᠂ ᠬᠢᠨᠠᠨ ᠰᠢᠯᠭᠠᠵᠤ ᠰᠢᠯᠭᠠᠨ ᠲᠣᠭᠲᠠᠭᠠᠭᠰᠠᠨ ᠬᠤᠪᠢ ᠨᠢ ᠬᠠᠮᠤᠭ ᠤᠨ | ᠳᠤᠤᠷ᠎ᠠ ᠬᠤᠪᠢ ᠶᠢᠨ ᠱᠤᠭᠤᠮ ᠠᠴᠠ ᠳᠤᠤᠷ᠎ᠠ ᠪᠠᠶᠢᠬᠤ ᠨᠢᠭᠡᠳᠦᠭᠡᠷ ᠹᠷᠣᠨᠲ ᠤᠨ ᠪᠠᠭᠰᠢ ᠳᠤ ᠠᠵᠢᠯ ᠤᠨ ᠠᠮᠵᠢᠯᠲᠠ | ᠪᠦᠲᠦᠮᠵᠢ ᠶᠢᠨ ᠴᠠᠯᠢᠩ ᠢ ᠨᠡᠮᠡᠭᠳᠡᠭᠦᠯᠵᠦ ᠪᠣᠯᠬᠤ ᠥᠬᠡᠶ᠂ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠢ | ᠨᠡᠮᠡᠭᠳᠡᠭᠦᠯᠬᠦ ᠤᠷᠮᠠᠰᠢᠭᠤᠯᠬᠤ ᠦᠢᠯᠡᠳᠦᠯ ᠢ ᠬᠦᠢᠴᠡᠳ ᠢᠯᠡᠷᠡᠭᠦᠯᠬᠦ ᠬᠡᠷᠡᠭᠲᠡᠶ᠃ | ︵ᠭᠤᠷᠪᠠ︶ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠰᠤᠷᠭᠠᠭᠤᠯᠢ ︵ᠴᠡᠴᠡᠷᠯᠢᠭ︶ ᠶᠢᠨ | ᠳᠠᠷᠤᠭ᠎ᠠ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠨᠡᠮᠡᠭᠳᠡᠯ ᠢ ᠣᠯᠭᠤᠬᠤ ᠠᠷᠭ᠎ᠠ | ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠶᠢᠨ | ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠨᠡᠮᠡᠭᠳᠡᠯ ᠤᠨ ᠬᠡᠰᠡᠭ ᠢ ᠬᠢᠨᠠᠨ ᠰᠢᠯᠭᠠᠵᠤ ᠣᠯᠭᠤᠬᠤ | ᠬᠡᠪᠴᠢᠶ᠎ᠡ ᠨᠢ ᠰᠤᠷᠭᠠᠭᠤᠯᠢ ᠶᠢᠨ ᠨᠠᠮ ᠵᠠᠰᠠᠭ ᠤᠨ ︽ᠨᠢᠭᠡᠳᠦᠭᠡᠷ ᠭᠠᠷ︾ ᠪᠣᠯᠤᠨ᠎ᠠ᠃ ᠠᠳᠠᠯᠢ ᠱᠠᠲᠤᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠶ᠎ᠠ ᠰᠤᠷᠭᠠᠭᠤᠯᠢ ᠶᠢᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠦᠵᠢ᠂ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠳᠤ ᠪᠣᠳᠠᠲᠤ ᠠᠮᠵᠢᠯᠲᠠ | ᠪᠦᠲᠦᠮᠵᠢ ᠶᠢᠨ ᠰᠢᠯᠭᠠᠨ ᠬᠢᠨᠠᠯᠲᠠ ᠬᠢᠵᠦ᠂ ︵ᠬᠤᠪᠢ ᠬᠥᠮᠦᠨ ᠤ ᠨᠡᠮᠡᠭᠳᠡᠭᠰᠡᠨ ᠠᠮᠵᠢᠯᠲᠠ ᠪᠦᠲᠦᠮᠵᠢ ᠶᠢᠨ ᠴᠠᠯᠢᠩ | = ᠬᠤᠪᠢ ᠬᠥᠮᠦᠨ ᠤ ᠰᠢᠯᠭᠠᠨ ᠬᠢᠨᠠᠯᠲᠠ ᠳᠤ ᠣᠯᠤᠭᠰᠠᠨ ᠬᠤᠪᠢ ᠱᠦᠵᠢ ᠪᠣᠯᠤᠨ ᠰᠤᠷᠭᠠᠭᠤᠯᠢ ᠶᠢᠨ ᠵᠠᠬᠢᠷᠤᠯ ᠤᠨ | ᠨᠡᠮᠡᠭᠳᠡᠭᠰᠡᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠲᠤᠭ᠎ᠠ / ᠱᠦᠵᠢ ᠪᠣᠯᠤᠨ ᠰᠤᠷᠭᠠᠭᠤᠯᠢ ᠶᠢᠨ | ᠵᠠᠬᠢᠷᠤᠯ ᠤᠨ ᠶᠡᠷᠦᠩᠬᠡᠶ ᠬᠤᠪᠢ︶᠂ ᠨᠡᠶᠢᠲᠡ ᠳᠤ ᠵᠠᠷᠯᠠᠭᠠᠳ ᠤᠨᠳᠤᠤ ᠰᠠᠨᠠᠯ ᠥᠬᠡᠶ ᠪᠣᠯ᠂ ᠣᠨ ᠢᠶᠠᠷ ᠣᠯᠭᠤᠨ᠎ᠠ᠃ | ᠣᠨ ᠤ ᠬᠤᠪᠢ ᠬᠥᠮᠦᠨ ᠤ ᠰᠢᠯᠭᠠᠨ ᠬᠢᠨᠠᠵᠤ ᠬᠡᠮᠵᠢᠨ ᠲᠣᠭᠲᠠᠭᠠᠭᠰᠠᠨ ᠬᠤᠪᠢ ᠨᠢ ᠬᠤᠪᠢ ᠬᠥᠮᠦᠨ ᠤ ᠰᠢᠯᠭᠠᠨ | ᠬᠢᠨᠠᠭᠰᠠᠨ ᠶᠡᠷᠦᠩᠬᠡᠶ ᠬᠤᠪᠢ ᠶᠢᠨ 60 % ᠠᠴᠠ ᠳᠤᠤᠷ᠎ᠠ ᠪᠠᠶᠢᠪᠠᠯ ᠠᠵᠢᠯ ᠤᠨ ᠠᠮᠵᠢᠯᠲᠠ ᠪᠦᠲᠦᠮᠵᠢ ᠶᠢᠨ | ᠴᠠᠯᠢᠩ ᠢ ᠨᠢ ᠣᠯᠭᠤᠵᠤ ᠪᠣᠯᠬᠤ ᠥᠬᠡᠶ᠂ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠢ ᠨᠡᠮᠡᠭᠳᠡᠭᠦᠯᠬᠦ ᠨᠢ | ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠶᠢ ᠤᠷᠮᠠᠰᠢᠭᠤᠯᠬᠤ | ᠦᠢᠯᠡᠳᠦᠯ ᠢ ᠬᠦᠢᠴᠡᠳ ᠢᠯᠡᠷᠡᠭᠦᠯᠦᠨ᠎ᠡ᠃ | ᠲᠠᠪᠤ᠂ ᠠᠮᠵᠢᠯᠲᠠ ᠪᠦᠲᠦᠮᠵᠢ ᠶᠢᠨ ᠴᠠᠯᠢᠩ ᠤᠨ ᠢᠷᠡᠯᠲᠡ | ᠠᠮᠵᠢᠯᠲᠠ ᠪᠦᠲᠦᠮᠵᠢ ᠶᠢᠨ ᠴᠠᠯᠢᠩ ᠵᠢᠴᠢ ᠳᠡᠭᠡᠭᠰᠢᠯᠡᠭᠦᠯᠦᠭᠰᠡᠨ ᠤ ᠳᠠᠷᠠᠭᠠᠬᠢ ᠨᠡᠮᠡᠭᠳᠡᠭᠰᠡᠨ ᠬᠡᠰᠡᠭ ᠢ | ᠠᠶᠢᠮᠠᠭ ᠤᠨ ᠰᠢᠭᠤᠳ ᠬᠠᠷᠢᠶ᠎ᠠ ᠰᠤᠷᠭᠠᠭᠤᠯᠢ ᠨᠢ ᠠᠶᠢᠮᠠᠭ ᠤᠨ ᠱᠠᠲᠤᠨ ᠤ ᠡᠳ᠋ ᠤᠨ ᠵᠠᠰᠠᠭ ᠠᠴᠠ ᠡᠭᠦᠷᠭᠡᠯᠡᠵᠦ᠂ | ᠬᠤᠰᠢᠭᠤ ᠣᠷᠣᠨ ᠤ ᠡᠯ᠎ᠡ ᠰᠤᠷᠭᠠᠭᠤᠯᠢ ᠶᠢ ᠬᠤᠰᠢᠭᠤ ᠣᠷᠣᠨ ᠤ ᠡᠳ᠋ ᠤᠨ ᠵᠠᠰᠠᠭ ᠠᠴᠠ ᠡᠭᠦᠷᠭᠡᠯᠡᠬᠦ ᠶᠢᠨ ᠬᠠᠮᠲᠤ | ᠡᠳ᠋ ᠤᠨ ᠵᠠᠰᠠᠭ ᠤᠨ ᠣᠨ ᠤ ᠲᠥᠰᠦᠪ ᠲᠡᠭᠡᠨ ᠣᠷᠣᠭᠤᠯᠬᠤ ᠬᠡᠷᠡᠭᠲᠡᠶ᠃ | ᠵᠢᠷᠭᠤᠭ᠎ᠠ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠬᠤᠰᠢᠭᠤ ︵ᠣᠷᠣᠨ | ︶᠂ ᠡᠯ᠎ᠡ ᠰᠤᠷᠭᠠᠭᠤᠯᠢ ᠨᠢ ᠠᠮᠵᠢᠯᠲᠠ ᠪᠦᠲᠦᠮᠵᠢ ᠶᠢᠨ ᠴᠠᠯᠢᠩ ᠢ ᠰᠢᠯᠭᠠᠨ ᠬᠢᠨᠠᠵᠤ ᠬᠤᠪᠢᠶᠠᠷᠢᠯᠠᠬᠤ ᠤᠳᠤᠷᠢᠳᠬᠤ | ᠳᠤᠭᠤᠶᠢᠯᠠᠩ ᠪᠠᠶᠢᠭᠤᠯᠵᠤ᠂ ᠬᠡᠷᠡᠭᠵᠢᠭᠦᠯᠬᠦ ᠲᠥᠰᠦᠯ ᠢ ᠦᠨᠳᠦᠰᠦᠯᠡᠨ ᠰᠢᠯᠭᠠᠨ ᠬᠢᠨᠠᠵᠤ ᠬᠤᠪᠢᠶᠠᠷᠢᠯᠠᠬᠤ ᠪᠣᠳᠠᠲᠠᠶ | ᠲᠥᠰᠦᠯ ᠪᠤᠶᠤ ᠨᠠᠷᠢᠨ ᠲᠦᠷᠢᠮ ᠢ ᠲᠣᠭᠲᠠᠭᠠᠨ᠎ᠠ᠃ ᠡᠯ᠎ᠡ ᠰᠤᠷᠭᠠᠭᠤᠯᠢ ᠶᠢᠨ ᠬᠢᠨᠠᠨ ᠰᠢᠯᠭᠠᠵᠤ ᠬᠤᠪᠢᠶᠠᠷᠢᠯᠠᠬᠤ | ᠲᠥᠰᠦᠯ ᠪᠤᠶᠤ ᠨᠠᠷᠢᠨ ᠲᠦᠷᠢᠮ ᠢ ᠡᠷᠬᠡᠪᠰᠢ ᠪᠠᠭᠰᠢ ᠠᠵᠢᠯᠳᠠᠨ ᠤ ᠲᠥᠯᠥᠭᠡᠯᠡᠭᠴᠢᠳ ᠤᠨ ᠶᠡᠭᠡ ᠬᠤᠷᠠᠯ ᠪᠤᠶᠤ | ᠪᠠᠭᠰᠢ ᠠᠵᠢᠯᠳᠠᠨ ᠤ ᠶᠡᠭᠡ ᠬᠤᠷᠠᠯ ᠢᠶᠠᠷ ᠪᠠᠲᠤᠯᠠᠵᠤ᠂ ᠠᠳᠠᠯᠢ ᠱᠠᠲᠤᠨ ᠤ ᠰᠤᠷᠭᠠᠨ ᠬᠥᠮᠦᠵᠢᠯ ᠪᠡᠶ᠎ᠡ ᠶᠢᠨ | ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠵᠥᠪᠰᠢᠶᠡᠷᠡᠭᠦᠯᠦᠭᠰᠡᠨ ᠤ ᠲᠠᠷᠠᠭ᠎ᠠ ᠰᠠᠶ᠋ᠢ | ᠬᠡᠷᠡᠭᠵᠢᠭᠦᠯᠵᠦ ᠪᠣᠯᠤᠨ᠎ᠠ︔ ᠰᠤᠷᠭᠠᠭᠤᠯᠢ ᠶᠢᠨ ᠠᠮᠵᠢᠯᠲᠠ ᠪᠦᠲᠦᠮᠵᠢ ᠶᠢ ᠬᠢᠨᠠᠨ ᠰᠢᠯᠭᠠᠭᠰᠠᠨ ᠦᠷ᠎ᠡ ᠳ᠋ᠦᠩ ᠢ | ᠡᠷᠬᠡᠪᠰᠢ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ ᠲᠣᠮᠢᠯᠠᠨ | ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ | ᠬᠠᠷᠭᠤᠭᠤᠯᠵᠤ ᠳᠠᠩᠰᠠᠯᠠᠭᠤᠯᠤᠨ᠂ ᠠᠳᠠᠯᠢ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ᠂ ᠡᠳ᠋ ᠤᠨ ᠵᠠᠰᠠᠭ ᠤᠨ ᠰᠠᠯᠠᠭ᠎ᠠ ᠮᠥᠴᠢᠷ ᠢᠶᠠᠷ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ | ᠬᠡᠮᠵᠢᠶ᠎ᠡ ᠶᠢ ᠬᠢᠨᠠᠨ ᠲᠣᠭᠲᠠᠭᠠᠯᠭᠠᠭᠰᠠᠨ ᠤ ᠳᠠᠷᠠᠭ᠎ᠠ ᠰᠠᠶ᠋ᠢ ᠣᠯᠭᠤᠵᠤ ᠪᠣᠯᠤᠨ᠎ᠠ᠃ | ︵ᠬᠤᠶᠠᠷ︶ ᠰᠢᠨᠵᠢᠯᠡᠬᠦ ᠤᠬᠠᠭᠠᠨᠴᠢ ᠢᠯᠡ ᠲᠣᠳᠣ ᠪᠠᠷ ᠬᠡᠷᠡᠭᠵᠢᠭᠦᠯᠦᠨ᠎ᠡ᠃ ᠠᠮᠵᠢᠯᠲᠠ ᠪᠦᠲᠦᠮᠵᠢ ᠶᠢᠨ | ᠴᠠᠯᠢᠩ ᠤᠨ ᠬᠢᠨᠠᠨ ᠰᠢᠯᠭᠠᠬᠤ᠂ ᠬᠤᠪᠢᠶᠠᠷᠢᠯᠠᠬᠤ ᠶᠠᠪᠤᠴᠠ ᠶᠢ ᠢᠯᠡ ᠪᠥᠭᠡᠳ ᠲᠣᠳᠣᠷᠬᠠᠶ ᠪᠠᠶᠢᠯᠭᠠᠵᠤ᠂ ᠪᠠᠭᠰᠢ | ᠠᠵᠢᠯᠲᠠᠨ ᠠᠵᠢᠯᠴᠢᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠲᠠᠯᠪᠢᠬᠤ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠶ᠃ ᠡᠯ᠎ᠡ ᠰᠤᠷᠭᠠᠭᠤᠯᠢ ᠨᠢ ᠠᠷᠠᠳᠴᠢᠯᠠᠯ ᠢ ᠭᠦᠢᠴᠡᠳ ᠪᠠᠳᠠᠷᠠᠭᠤᠯᠵᠤ᠂ | ᠪᠠᠭᠰᠢ ᠠᠵᠢᠯᠲᠠᠨ ᠠᠵᠢᠯᠴᠢᠨ ᠤ ᠪᠠᠶᠢᠳᠠᠯ ᠢ ᠮᠡᠳᠡᠬᠦ᠂ ᠣᠷᠣᠯᠴᠠᠬᠤ᠂ ᠢᠯᠡᠳᠬᠡᠬᠦ ᠪᠠ ᠬᠢᠨᠠᠯᠲᠠ ᠲᠠᠯᠪᠢᠬᠤ ᠡᠷᠬᠡ ᠶᠢ | ᠦᠨᠡᠨᠬᠦ ᠪᠠᠲᠤᠯᠠᠬᠤ ᠬᠡᠷᠡᠭᠲᠡᠶ᠃ ᠬᠢᠨᠠᠨ ᠰᠢᠯᠭᠠᠭᠰᠠᠨ ᠦᠷ᠎ᠡ ᠳ᠋ᠦᠩ ᠢ ᠵᠣᠬᠢᠬᠤ ᠬᠡᠪᠴᠢᠶᠡᠨ ᠳᠤ ᠨᠡᠶᠢᠲᠡᠯᠡᠬᠦ ᠶᠢᠨ | ᠬᠠᠮᠲᠤ ᠪᠠᠭᠰᠢ ᠠᠵᠢᠯᠲᠠᠨ ᠠᠵᠢᠯᠴᠢᠨ ᠤ ᠲᠤᠰ ᠬᠥᠮᠦᠨ ᠳᠤᠨᠢ ᠬᠠᠷᠢᠭᠤ ᠲᠤᠰᠬᠠᠬᠤ ᠬᠡᠷᠡᠭᠲᠡᠶ᠃ | ︵ᠭᠤᠷᠪᠠ︶ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠡᠯ᠎ᠡ ᠱᠠᠲᠤᠨ ᠤ ᠡᠳ᠋ ᠤᠨ | ᠵᠠᠰᠠᠭ ᠤᠨ ᠰᠠᠯᠠᠭ᠎ᠠ ᠮᠥᠴᠢᠷ ᠤᠳ ᠳᠤᠮᠳᠠᠳᠤ ᠪᠠᠭ᠎ᠠ ᠰᠤᠷᠭᠠᠭᠤᠯᠢ ᠶᠢᠨ ᠠᠮᠵᠢᠯᠲᠠ ᠪᠦᠲᠦᠮᠵᠢ ᠶᠢᠨ ᠴᠠᠯᠢᠩ ᠤᠨ | ᠲᠥᠰᠦᠪ ᠢ ᠭᠦᠢᠴᠡᠳ ᠲᠤᠭ᠎ᠠ ᠪᠠᠷ ᠲᠣᠬᠢᠷᠠᠭᠤᠯᠬᠤ ᠬᠡᠷᠡᠭᠲᠡᠶ᠃ ︽ᠬᠡᠨ ᠬᠡᠷᠡᠭᠯᠡᠭᠰᠡᠨ ᠪᠣᠯ ᠲᠡᠷᠡ ᠬᠠᠷᠢᠭᠤᠴᠠᠬᠤ︾ | ᠵᠠᠷᠴᠢᠮ ᠶᠣᠰᠣᠭᠠᠷ᠂ ᠳᠤᠮᠳᠠᠳᠤ ᠪᠠᠭ᠎ᠠ ᠰᠤᠷᠭᠠᠭᠤᠯᠢ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ | ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠠᠯᠠ ᠮᠥᠩᠭᠦ ᠶᠢ ᠪᠣᠳᠠᠲᠠᠶ ᠬᠡᠷᠡᠭᠯᠡᠬᠦ ᠰᠠᠯᠠᠭ᠎ᠠ ᠮᠥᠴᠢᠷ ᠪᠠ | ᠰᠤᠷᠭᠠᠭᠤᠯᠢ ᠳᠤ ᠨᠠᠶᠢᠳᠠᠪᠤᠷᠢᠵᠢᠭᠤᠯᠵᠤ᠂ ᠵᠣᠭᠤᠰ ᠬᠡᠷᠡᠭᠯᠡᠬᠦ ᠰᠤᠷᠭᠠᠭᠤᠯᠢ ᠠᠴᠠ ︽ᠵᠠᠷᠤᠯᠭ᠎ᠠ ᠶᠢᠨ ᠠᠵᠢᠯ ᠤᠨ | ᠠᠮᠵᠢᠯᠲᠠ ᠪᠦᠲᠦᠮᠵᠢ ᠶᠢ ᠥᠪᠡᠷ ᠢᠶᠠᠨ ᠦᠨᠡᠯᠡᠬᠦ ᠬᠦᠰᠦᠨᠦᠭᠲᠦ︾ ᠶᠢ ᠬᠠᠷᠢᠭᠤᠴᠠᠨ ᠲᠠᠭᠯᠠᠬᠤ ᠶᠢᠨ ᠬᠠᠮᠲᠤ | ᠥᠪᠡᠷ ᠢ ᠪᠠᠨ ᠦᠨᠡᠯᠡᠵᠦ᠂ ᠵᠣᠭᠤᠰ ᠬᠡᠷᠡᠭᠯᠡᠬᠦ ᠰᠤᠷᠭᠠᠭᠤᠯᠢ ᠶᠢᠨ ᠬᠠᠷᠢᠶ᠎ᠠ ᠪᠥᠬᠦᠶ ᠰᠤᠷᠭᠠᠨ ᠬᠥᠮᠦᠵᠢᠯ ᠪᠡᠶ᠎ᠡ ᠶᠢᠨ | ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠲᠤᠷᠠᠨ | ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠ ᠶᠢ ᠬᠢᠨᠠᠨ ᠬᠠᠷᠭᠤᠭᠤᠯᠬᠤ ᠶᠢ ᠬᠠᠷᠢᠭᠤᠴᠠᠨ᠎ᠠ᠃ ᠡᠯ᠎ᠡ ᠬᠤᠰᠢᠭᠤ ︵ | ᠣᠷᠣᠨ︶᠂ ᠡᠯ᠎ᠡ ᠰᠤᠷᠭᠠᠭᠤᠯᠢ ᠨᠢ ᠬᠢᠨᠠᠨ ᠲᠣᠭᠲᠠᠭᠠᠭᠰᠠᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ | ᠬᠡᠮᠵᠢᠶ᠎ᠡ ᠠᠴᠠ ᠭᠠᠳᠠᠨ᠎ᠠ ᠲᠣᠭᠲᠠᠭᠠᠯ ᠠᠴᠠ ᠵᠥᠷᠢᠴᠡᠨ ᠶᠠᠮᠠᠷᠪᠠ ᠨᠡᠮᠡᠭᠦᠷᠢ ᠨᠥᠬᠦᠪᠥᠷᠢ ᠣᠯᠭᠤᠵᠤ ᠪᠣᠯᠬᠤ ᠦᠭᠡᠶ᠂ | ᠲᠣᠭᠲᠠᠭᠠᠭᠰᠠᠨ ᠳᠡᠰ ᠳᠠᠷᠠᠭᠠᠯᠠᠯ ᠪᠣᠯᠤᠨ ᠠᠷᠭ᠎ᠠ ᠶᠢ ᠵᠥᠷᠢᠴᠡᠨ ᠬᠤᠪᠢᠶᠠᠷᠢᠯᠠᠵᠤ ᠪᠣᠯᠬᠤ ᠦᠭᠡᠶ᠃ | ︵ᠳᠥᠷᠪᠡ︶ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠶᠢ ᠴᠢᠩᠭᠠᠷᠠᠭᠤᠯᠤᠨ᠎ᠠ᠃ ᠡᠯ᠎ᠡ ᠱᠠᠲᠤᠨ ᠤ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠰᠤᠷᠭᠠᠨ ᠬᠥᠮᠦᠵᠢᠯ ᠤᠨ ᠴᠣᠭᠴᠠ᠂ | ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠨᠢᠭᠲᠠ ᠬᠠᠮᠵᠢᠯᠴᠠᠨ᠂ ᠠᠮᠵᠢᠯᠲᠠ ᠪᠦᠲᠦᠮᠵᠢ ᠶᠢᠨ ᠴᠠᠯᠢᠩ ᠢ ᠬᠢᠨᠠᠨ | ᠲᠣᠭᠲᠠᠭᠠᠬᠤ ᠪᠠ ᠣᠯᠭᠤᠬᠤ ᠳᠤ ᠬᠢᠨᠠᠯᠲᠠ ᠲᠠᠯᠪᠢᠬᠤ᠂ ᠦᠨᠡᠯᠡᠨ ᠵᠢᠱᠢᠬᠦ᠂ ᠪᠠᠶᠢᠴᠠᠭᠠᠬᠤ ᠬᠡᠷᠡᠭᠲᠡᠶ᠃ ᠡᠯ᠎ᠡ | ᠱᠠᠲᠤᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠰᠠᠯᠠᠭ᠎ᠠ ᠮᠥᠴᠢᠷ ᠤᠳ ᠠᠮᠵᠢᠯᠲᠠ ᠪᠦᠲᠦᠮᠵᠢ ᠶᠢᠨ | ᠴᠠᠯᠢᠩ ᠣᠯᠭᠤᠭᠰᠠᠨ ᠪᠠᠶᠢᠳᠠᠯ ᠢ ᠡᠯ᠎ᠡ ᠬᠤᠰᠢᠭᠤ ︵ᠣᠷᠣᠨ︶᠂ ᠡᠯ᠎ᠡ ᠰᠤᠷᠭᠠᠭᠤᠯᠢ ᠶᠢᠨ ᠰᠤᠷᠭᠠᠨ ᠬᠥᠮᠦᠵᠢᠯ ᠤᠨ | ᠬᠢᠨᠠᠨ ᠵᠢᠯᠣᠭᠤᠳᠴᠤ ᠦᠨᠡᠯᠡᠨ ᠵᠢᠱᠢᠬᠦ ᠬᠡᠪᠴᠢᠶᠡᠨ ᠳᠤ ᠣᠷᠣᠭᠤᠯᠵᠤ᠂ ᠬᠡᠷᠡᠭᠵᠢᠭᠦᠯᠦᠭᠰᠡᠨ ᠨᠢ ᠬᠦᠴᠦᠨ ᠥᠬᠡᠶ᠂ | ᠪᠠᠯᠠ ᠮᠥᠩᠭᠦ ᠶᠢ ᠨᠠᠶᠢᠳᠠᠪᠤᠷᠢᠵᠢᠭᠤᠯᠤᠭᠰᠠᠨ ᠨᠢ ᠪᠣᠳᠠᠲᠠᠶ ᠥᠬᠡᠶ᠂ ︽ᠮᠠᠩᠵᠠᠨ ᠲᠣᠭᠤᠭᠠᠨ ᠠᠴᠠ ᠪᠤᠳᠠᠭ᠎ᠠ ᠢᠳᠡᠬᠦ︾ | ᠂ ︽ᠲᠡᠭᠰᠢᠳᠬᠡᠬᠦ ᠦᠵᠡᠯ ᠶᠠᠪᠤᠭᠤᠯᠬᠤ︾ ᠵᠡᠷᠭᠡ ᠦᠵᠡᠭᠳᠡᠯ ᠣᠷᠣᠰᠢᠵᠤ ᠪᠠᠶᠢᠪᠠᠯ᠂ ᠬᠠᠮᠢᠶ᠎ᠠ ᠪᠥᠬᠦᠶ | ᠬᠠᠷᠢᠭᠤᠴᠠᠯᠭ᠎ᠠ ᠶᠢ ᠨᠡᠬᠡᠮᠵᠢᠯᠡᠬᠦ ᠶᠢᠨ ᠬᠠᠮᠲᠤ᠂ ᠲᠠᠷᠠᠭᠠᠴᠢ ᠶᠢᠨ ᠨᠢᠭᠡ ᠵᠢᠯ ᠤᠨ ᠪᠠᠯᠠ ᠮᠥᠩᠭᠦ ᠶᠢ ᠨᠢ ᠬᠢᠨᠠᠨ | ᠬᠠᠰᠤᠵᠤ᠂ ︽ᠰᠢᠨ᠎ᠡ ᠴᠠᠭ ᠦᠶ᠎ᠡ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠠᠵᠢᠯ ᠮᠡᠷᠭᠡᠵᠢᠯ ᠤᠨ | ᠦᠢᠯᠡ ᠠᠵᠢᠯᠯᠠᠭ᠎ᠠ ᠶᠢᠨ ᠠᠷᠪᠠᠨ ᠵᠦᠢᠯ ᠤᠨ ᠪᠠᠷᠢᠮᠵᠢᠶ᠎ᠠ︾᠂ ︽ᠰᠢᠨ᠎ᠡ ᠴᠠᠭ ᠦᠶ᠎ᠡ ᠶᠢᠨ ᠬᠡᠦᠬᠡᠳ ᠤᠨ | ᠴᠡᠴᠡᠷᠯᠢᠭ ᠤᠨ ᠪᠠᠭᠰᠢ ᠶᠢᠨ ᠠᠵᠢᠯ ᠮᠡᠷᠭᠡᠵᠢᠯ ᠤᠨ ᠦᠢᠯᠡ ᠠᠵᠢᠯᠯᠠᠭ᠎ᠠ ᠶᠢᠨ ᠠᠷᠪᠠᠨ ᠵᠦᠢᠯ ᠤᠨ ᠪᠠᠷᠢᠮᠵᠢᠶ᠎ᠠ︾ ᠠᠴᠠ | ᠵᠥᠷᠢᠴᠡᠭᠰᠡᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠰᠤᠷᠭᠠᠭᠤᠯᠢ ᠶᠢᠨ ᠵᠠᠬᠢᠷᠤᠯ ᠪᠠ ᠪᠠᠭᠰᠢ | ᠠᠵᠢᠯᠲᠠᠨ ᠳᠤ ᠱᠠᠩᠨᠠᠯ ᠤᠨ ᠴᠢᠨᠠᠷᠲᠠᠶ ᠠᠮᠵᠢᠯᠲᠠ ᠪᠦᠲᠦᠮᠵᠢ ᠶᠢᠨ ᠴᠠᠯᠢᠩ ᠪᠠ ᠨᠡᠮᠡᠭᠳᠡᠯ ᠤᠨ ᠠᠮᠵᠢᠯᠲᠠ | ᠪᠦᠲᠦᠮᠵᠢ ᠶᠢᠨ ᠴᠠᠯᠢᠩ ᠢ ᠬᠦᠷᠳᠡᠭᠡᠵᠦ ᠪᠣᠯᠬᠤ ᠦᠬᠡᠢ᠃ | ᠲᠣᠰ ᠲᠥᠰᠦᠯ ᠢ 2022 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | | | | ᠬᠠᠮᠢᠶ᠎ᠠ ᠪᠦᠬᠦᠢ ᠳᠦᠷᠦ ᠶᠢᠨ ᠪᠣᠳᠣᠯᠭ᠎ᠠ ᠶᠢᠨ ᠳᠠᠶᠢᠯᠣᠮᠵᠢ | |