ᠣᠶᠢᠷ᠎ᠠ ᠳᠤ᠂ ᠠᠶᠢᠮᠠᠭ ᠤᠨ ᠵᠠᠬᠢᠷᠭ᠎ᠠ ︽ᠠᠯᠠᠱᠠ ᠠᠶᠢᠮᠠᠭ ᠤᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ | ᠴᠡᠴᠡᠷᠯᠢᠭ ᠤᠨ ᠪᠠᠭᠰᠢ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠬᠡᠷᠡᠭᠵᠢᠭᠦᠯᠬᠦ ᠲᠥᠰᠦᠯ︾ ︵ | ᠠᠯᠠᠱᠠ ᠵᠠᠬᠢᠷᠭ᠎ᠠ ᠲᠠᠷᠬᠠᠭᠠᠭᠰᠠᠨ ﹇2022﹈ 81 ᠳ᠋ᠣᠭᠡᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠳᠣᠷᠣᠭᠰᠢ | ︽ᠬᠡᠷᠡᠭᠵᠢᠭᠦᠯᠬᠦ ᠲᠥᠰᠦᠯ︾ ᠭᠡᠵᠦ ᠲᠣᠪᠴᠢᠯᠠᠨ᠎ᠠ᠂ ᠡᠳᠦᠭᠡ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ | ᠲᠤᠬᠠᠶ ᠳᠤᠤᠷᠠᠬᠢ ᠮᠡᠲᠦ ᠲᠠᠶᠢᠯᠤᠮᠵᠢ ᠬᠢᠶ᠎ᠡ᠃ | ᠨᠢᠭᠡ᠂ ᠨᠡᠶᠢᠲᠡᠯᠡᠭᠰᠡᠨ ᠠᠬᠤᠶ ᠪᠠᠶᠢᠳᠠᠯ | ᠠᠮᠵᠢᠯᠲᠠ ᠪᠦᠲᠦᠮᠵᠢ ᠶᠢᠨ ᠴᠠᠯᠢᠩ ᠤᠨ ᠤᠷᠮᠠᠰᠢᠭᠤᠯᠬᠤ ᠤᠳᠤᠷᠢᠳᠤᠮᠵᠢ ᠶᠢᠨ ᠦᠢᠯᠡᠳᠦᠯ ᠢ ᠤᠯᠠᠮ ᠨᠢᠭᠡ | ᠠᠯᠬᠤᠮ ᠪᠠᠳᠠᠷᠠᠭᠤᠯᠵᠤ᠂ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠥᠷᠭᠡᠨ ᠣᠯᠠᠨ ᠪᠠᠭᠰᠢ | ᠠᠵᠢᠯᠲᠠᠨ ᠠᠵᠢᠯᠴᠢᠨ ᠤ ᠠᠵᠢᠯ ᠤᠨ ᠢᠳᠡᠪᠬᠢᠵᠢᠯ ᠪᠣᠯᠤᠨ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠨ᠂ | ᠪᠦᠬᠦ ᠠᠶᠢᠮᠠᠭ ᠤᠨ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ | ᠲᠤᠰᠠᠳᠠ᠂ ︽ᠠᠵᠢᠯ ᠦᠢᠯᠡᠰ ᠤᠨ ᠨᠢᠭᠡᠴᠡ ᠶᠢᠨ ᠠᠮᠵᠢᠯᠲᠠ ᠪᠦᠲᠦᠮᠵᠢ ᠶᠢᠨ ᠴᠠᠯᠢᠩ ᠢ ᠬᠡᠷᠡᠭᠵᠢᠭᠦᠯᠬᠦ ᠲᠤᠬᠠᠶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ | ᠵᠠᠰᠠᠭ ᠲᠠᠷᠬᠠᠭᠠᠭᠰᠠᠨ ﹇2011﹈ 125 ᠳ᠋ᠣᠭᠠᠷ ᠲᠣᠭᠠᠲᠤ︶ ᠤᠨ ︽ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ | ᠬᠥᠭᠵᠢᠭᠡᠬᠦ ᠲᠤᠬᠠᠶ ᠬᠡᠷᠡᠭᠵᠢᠭᠦᠯᠬᠦ ᠰᠠᠨᠠᠯ︾ ︵ᠥᠪᠥᠷ ᠰᠤᠷᠭᠠᠨ ᠲᠠᠷᠬᠠᠭᠠᠭᠰᠠᠨ ﹇2021﹈ 8 ᠳ᠋ᠣᠭᠠᠷ ᠲᠣᠭᠠᠲᠤ | ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠠᠶᠢᠮᠠᠭ ᠤᠨ ᠰᠤᠷᠭᠠᠨ ᠬᠥᠮᠦᠵᠢᠯ ᠤᠨ ᠪᠣᠳᠠᠲᠤ ᠪᠠᠶᠢᠳᠠᠯ ᠲᠠᠢ | ᠤᠶᠠᠯᠳᠤᠭᠤᠯᠵᠤ᠂ ︽ᠬᠡᠷᠡᠭᠵᠢᠭᠦᠯᠬᠦ ᠲᠥᠰᠦᠯ︾ ᠢ ᠰᠤᠳᠤᠯᠤᠨ ᠲᠣᠭᠲᠠᠭᠠᠪᠠ᠃ | ᠬᠤᠶᠠᠷ᠂ ᠬᠡᠷᠡᠭᠵᠢᠭᠦᠯᠬᠦ ᠬᠡᠪᠴᠢᠶ᠎ᠡ | ᠪᠦᠬᠦ ᠠᠶᠢᠮᠠᠭ ᠤᠨ ᠡᠯ᠎ᠡ ᠠᠯᠪᠠᠨ ᠠᠴᠠ ᠡᠷᠬᠢᠯᠡᠭᠰᠡᠨ ᠳᠤᠮᠳᠠᠳᠤ ᠪᠠᠭ᠎ᠠ ᠰᠤᠷᠭᠠᠭᠤᠯᠢ᠂ ᠳᠣᠮᠳᠠᠳᠣ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠠᠵᠢᠯ ᠤᠨ ᠪᠠᠶᠢᠷᠢ ᠳᠤ ᠪᠠᠶᠢᠭ᠎ᠠ ᠳᠠᠩᠰᠠᠨ ᠳᠤ | ᠪᠠᠶᠢᠭ᠎ᠠ ᠪᠠᠭᠰᠢ ᠠᠵᠢᠯᠲᠠᠨ ᠠᠵᠢᠯᠴᠢᠨ᠃ | ᠭᠤᠷᠪᠠ᠂ ᠠᠮᠵᠢᠯᠲᠠ ᠪᠦᠲᠦᠮᠵᠢ ᠶᠢᠨ ᠴᠠᠯᠢᠩ ᠢ ᠬᠢᠨᠠᠨ ᠲᠣᠭᠲᠠᠭᠠᠬᠤ | ︵ᠨᠢᠭᠡ︶ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠶᠢ ᠬᠢᠨᠠᠨ ᠲᠣᠭᠲᠠᠭᠠᠨ᠎ᠠ᠃ ᠠᠮᠵᠢᠯᠲᠠ | ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠨᠢ ᠰᠤᠷᠭᠠᠭᠤᠯᠢ ᠶᠢᠨ ᠠᠵᠢᠯᠲᠠᠨ ᠤ ᠳᠡᠭᠡᠷ᠎ᠡ ᠵᠢᠯ ᠤᠨ 12 ᠳ᠋ᠣᠭᠠᠷ | ᠰᠠᠷ᠎ᠠ ᠶᠢᠨ ᠦᠨᠳᠦᠰᠦᠨ ᠴᠠᠯᠢᠩ ︵ᠠᠵᠢᠯ ᠤᠨ ᠪᠠᠶᠢᠷᠢ ᠶᠢᠨ ᠴᠠᠯᠢᠩ ᠬᠢᠭᠡᠳ ᠴᠠᠯᠢᠩ ᠤᠨ ᠲᠠᠰ ᠤᠨ ᠴᠠᠯᠢᠩ ᠤᠨ | ᠨᠡᠶᠢᠯᠡᠪᠦᠷᠢ︶ ᠤᠨ ᠲᠤᠭ᠎ᠠ ᠬᠡᠮᠵᠢᠶ᠎ᠡ ᠪᠣᠯᠤᠨ ᠵᠢᠷᠤᠮᠵᠢᠭᠤᠯᠤᠭᠰᠠᠨ ᠤ ᠳᠠᠷᠠᠭᠠᠬᠢ ᠨᠡᠮᠡᠭᠦᠷᠢ ᠨᠥᠬᠦᠪᠥᠷᠢ ᠶᠢᠨ ᠲᠤᠭ᠎ᠠ | ᠬᠡᠮᠵᠢᠶ᠎ᠡ ᠪᠠᠷ ᠪᠦᠷᠢᠯᠳᠦᠵᠦ᠂ ᠠᠮᠵᠢᠯᠲᠠ ᠪᠦᠲᠦᠮᠵᠢ ᠶᠢᠨ ᠴᠠᠯᠢᠩ ᠢ ᠰᠠᠭᠤᠷᠢ ᠴᠢᠨᠠᠷᠲᠠᠶ ᠠᠮᠵᠢᠯᠲᠠ ᠪᠦᠲᠦᠮᠵᠢ ᠶᠢᠨ | ᠴᠠᠯᠢᠩ ᠪᠣᠯᠤᠨ ᠱᠠᠩᠨᠠᠯ ᠤᠨ ᠴᠢᠨᠠᠷᠲᠠᠶ ᠠᠮᠵᠢᠯᠲᠠ ᠪᠦᠲᠦᠮᠵᠢ ᠶᠢᠨ ᠴᠠᠯᠢᠩ ᠭᠡᠵᠦ ᠬᠤᠪᠢᠶᠠᠨ᠎ᠠ᠃ | ︵ᠬᠤᠶᠠᠷ︶ ᠨᠢᠭᠡᠳᠦᠭᠡᠷ ᠹᠷᠣᠨᠲ ᠤᠨ ᠪᠠᠭᠰᠢ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ | ᠨᠡᠮᠡᠭᠳᠡᠯ ᠤᠨ ᠬᠡᠰᠡᠭ ᠢ ᠬᠠᠷᠭᠤᠭᠤᠯᠤᠨ ᠲᠣᠭᠲᠠᠭᠠᠨ᠎ᠠ᠃ ᠠᠮᠵᠢᠯᠲᠠ ᠪᠦᠲᠦᠮᠵᠢ ᠶᠢᠨ ᠴᠠᠯᠢᠩ ᠤᠨ ᠨᠡᠮᠡᠭᠳᠡᠯ ᠤᠨ | ᠬᠡᠰᠡᠭ ᠢ ᠠᠮᠵᠢᠯᠲᠠ ᠪᠦᠲᠦᠮᠵᠢ ᠶᠢᠨ ᠴᠠᠯᠢᠩ ᠤᠨ ᠦᠨᠳᠦᠰᠦᠨ ᠪᠠᠷᠢᠮᠵᠢᠶᠠᠨ ᠤ ᠱᠤᠭᠤᠮ ᠳᠤ ᠬᠦᠷᠲᠡᠯ᠎ᠡ 1 . 3 | ᠳᠠᠬᠢᠨ ᠠᠴᠠ 2 . 5 ᠳᠠᠬᠢᠨ ᠢᠶᠠᠷ ᠳᠡᠭᠡᠭᠰᠢᠯᠡᠭᠦᠯᠦᠨ ᠬᠢᠨᠠᠨ ᠲᠣᠭᠲᠠᠭᠠᠵᠤ᠂ ᠪᠣᠳᠠᠲᠤ ᠪᠠᠶᠢᠳᠠᠯ ᠢᠶᠠᠨ ᠦᠨᠳᠦᠰᠦᠯᠡᠨ | ᠂ ᠲᠦᠷ 1 . 3 ᠳᠠᠬᠢᠨ ᠢᠶᠠᠷ ᠬᠢᠨᠠᠨ ᠲᠣᠭᠲᠠᠭᠠᠵᠤ᠂ ᠨᠥᠬᠦᠴᠡᠯ ᠲᠠᠢ ᠬᠤᠰᠢᠭᠤ ᠣᠷᠣᠨ ᠨᠢ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠠᠯᠬᠤᠮ ᠠᠯᠬᠤᠮ ᠢᠶᠠᠷ ᠳᠡᠭᠡᠭᠰᠢᠯᠡᠭᠦᠯᠵᠦ ᠪᠣᠯᠤᠨ᠎ᠠ᠂ ᠭᠡᠪᠡᠴᠦ ᠬᠠᠮᠤᠭ ᠤᠨ | ᠥᠨᠳᠥᠷ ᠲᠡᠭᠡᠨ 2 . 5 ᠳᠠᠬᠢᠨ ᠠᠴᠠ ᠬᠡᠲᠦᠷᠡᠭᠦᠯᠵᠦ ᠪᠣᠯᠬᠤ ᠦᠭᠡᠶ᠃ ᠪᠣᠳᠠᠲᠠᠶ ᠪᠠᠷ ᠡᠯ᠎ᠡ ᠱᠠᠲᠤᠨ ᠤ ᠡᠳ᠋ ᠤᠨ | ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠠᠮᠵᠢᠯᠲᠠ ᠪᠦᠲᠦᠮᠵᠢ ᠶᠢᠨ ᠴᠠᠯᠢᠩ ᠤᠨ ᠨᠡᠮᠡᠭᠳᠡᠬᠦ ᠬᠡᠰᠡᠭ ᠢ ᠬᠢᠨᠠᠨ | ᠲᠣᠭᠲᠠᠭᠠᠨ᠎ᠠ᠃ | ︵ᠭᠤᠷᠪᠠ︶ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠰᠤᠷᠭᠠᠭᠤᠯᠢ ︵ᠴᠡᠴᠡᠷᠯᠢᠭ︶ ᠶᠢᠨ | ᠳᠠᠷᠤᠭ᠎ᠠ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠨᠡᠮᠡᠭᠳᠡᠯ ᠤᠨ ᠬᠡᠮᠵᠢᠶ᠎ᠡ ᠶᠢ ᠬᠠᠷᠭᠤᠭᠤᠯᠤᠨ | ᠲᠣᠭᠲᠠᠭᠠᠨ᠎ᠠ᠃ ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠠ ᠰᠤᠷᠭᠠᠭᠤᠯᠢ ᠶᠢᠨ | ᠵᠠᠬᠢᠷᠤᠯ ᠤᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠨᠡᠮᠡᠭᠳᠡᠯ ᠤᠨ ᠬᠡᠰᠡᠭ ᠢ ᠠᠵᠢᠯ ᠤᠨ ᠠᠮᠵᠢᠯᠲᠠ | ᠪᠦᠲᠦᠮᠵᠢ ᠶᠢᠨ ᠴᠠᠯᠢᠩ ᠤᠨ ᠦᠨᠳᠦᠰᠦᠨ ᠪᠠᠷᠢᠮᠵᠢᠶ᠎ᠠ ᠶᠢᠨ ᠱᠤᠭᠤᠮ ᠤᠨ 1 . 5 ᠳᠠᠬᠢᠨ ᠠᠴᠠ 2 . 5 ᠳᠠᠬᠢᠨ | ᠪᠣᠯᠲᠠᠯ᠎ᠠ ᠳᠡᠭᠡᠭᠰᠢᠯᠡᠭᠦᠯᠵᠦ᠂ ᠮᠠᠨ ᠤ ᠠᠶᠢᠮᠠᠭ ᠤᠨ ᠪᠣᠳᠠᠲᠤ ᠪᠠᠶᠢᠳᠠᠯ ᠢ ᠦᠨᠳᠦᠰᠦᠯᠡᠨ᠂ ᠲᠦᠷ 1 . 5 | ᠳᠠᠬᠢᠨ ᠢᠶᠠᠷ ᠬᠢᠨᠠᠨ ᠲᠣᠭᠲᠠᠭᠠᠵᠤ᠂ ᠨᠥᠬᠦᠴᠡᠯ ᠲᠠᠢ ᠬᠤᠰᠢᠭᠤ ︵ᠣᠷᠣᠨ︶ ᠨᠢ ᠪᠣᠳᠠᠲᠠᠶ ᠲᠠᠢ ᠪᠠᠨ | ᠤᠶᠠᠯᠳᠤᠭᠤᠯᠤᠨ ᠠᠯᠬᠤᠮ ᠠᠯᠬᠤᠮ ᠢᠶᠠᠷ ᠳᠡᠭᠡᠭᠰᠢᠯᠡᠭᠦᠯᠵᠦ ᠪᠣᠯᠤᠨ᠎ᠠ᠂ ᠭᠡᠪᠡᠴᠦ ᠬᠠᠮᠤᠭ ᠤᠨ ᠥᠨᠳᠥᠷ ᠲᠡᠭᠡᠨ 2 . | 5 ᠳᠠᠬᠢᠨ ᠠᠴᠠ ᠬᠡᠲᠦᠷᠡᠭᠦᠯᠵᠦ ᠪᠣᠯᠬᠤ ᠥᠬᠡᠶ᠃ | ᠳᠥᠷᠪᠡ᠂ ᠠᠮᠵᠢᠯᠲᠠ ᠪᠦᠲᠦᠮᠵᠢ ᠶᠢᠨ ᠴᠠᠯᠢᠩ ᠣᠯᠭᠤᠬᠤ ᠠᠷᠭ᠎ᠠ | ︵ᠨᠢᠭᠡ︶ ᠳᠡᠭᠡᠭᠰᠢ ᠭᠠᠷᠭᠠᠬᠤ ᠠᠴᠠ ᠡᠮᠦᠨᠡᠬᠢ ᠠᠮᠵᠢᠯᠲᠠ ᠪᠦᠲᠦᠮᠵᠢ ᠶᠢᠨ ᠴᠠᠯᠢᠩ ᠣᠯᠭᠤᠬᠤ ᠠᠷᠭ᠎ᠠ᠃ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠳᠠᠬᠢ ᠪᠠᠭᠰᠢ ᠠᠵᠢᠯᠲᠠᠨ ᠠᠵᠢᠯᠴᠢᠨ ᠤ ᠰᠠᠭᠤᠷᠢ ᠴᠢᠨᠠᠷᠲᠠᠶ | ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠨᠢ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ | ᠬᠡᠮᠵᠢᠶ᠎ᠡ ᠶᠢᠨ 70 % ᠶᠢ ᠡᠵᠡᠯᠡᠵᠦ᠂ ᠠᠯᠪᠠᠨ ᠵᠢᠷᠤᠮ ᠤᠨ ᠪᠤᠰᠤ ᠰᠤᠷᠭᠠᠨ ᠬᠥᠮᠦᠵᠢᠯ ᠤᠨ ᠱᠠᠲᠤ ᠳᠠᠬᠢ ᠪᠠᠭᠰᠢ | ᠠᠵᠢᠯᠲᠠᠨ ᠠᠵᠢᠯᠴᠢᠨ ᠤ ᠰᠠᠭᠤᠷᠢ ᠴᠢᠨᠠᠷᠲᠠᠶ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠨᠢ ᠠᠵᠢᠯ ᠤᠨ | ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠶᠢᠨ 60 % ᠶᠢ ᠡᠵᠡᠯᠡᠨ᠂ ᠲᠣᠭᠲᠠᠭᠠᠭᠰᠠᠨ | ᠪᠠᠷᠢᠮᠵᠢᠶ᠎ᠠ ᠶᠣᠰᠣᠭᠠᠷ ᠰᠠᠷ᠎ᠠ ᠳᠠᠷᠠᠭᠠᠯᠠᠨ ᠣᠯᠭᠤᠨ᠎ᠠ᠃ ᠱᠠᠩᠨᠠᠯ ᠤᠨ ᠴᠢᠨᠠᠷᠲᠠᠶ ᠠᠵᠢᠯ ᠤᠨ ᠠᠮᠵᠢᠯᠲᠠ ᠪᠦᠲᠦᠮᠵᠢ | ᠶᠢᠨ ᠴᠠᠯᠢᠩ ᠢ ᠰᠤᠷᠭᠠᠭᠤᠯᠢ ᠠᠴᠠ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠵᠣᠬᠢᠬᠤ ᠰᠢᠯᠭᠠᠨ ᠬᠢᠨᠠᠵᠤ | ᠬᠡᠷᠡᠭᠵᠢᠭᠦᠯᠬᠦ ᠨᠠᠷᠢᠨ ᠲᠦᠷᠢᠮ ᠢ ᠲᠣᠭᠲᠠᠭᠠᠵᠤ᠂ ᠪᠠᠭᠰᠢ ᠠᠵᠢᠯᠲᠠᠨ ᠠᠵᠢᠯᠴᠢᠨ ᠤ ᠬᠠᠷᠠᠯᠲᠠᠲᠤ ᠡᠭᠦᠷᠭᠡ ᠪᠠᠨ | ᠪᠡᠶᠡᠯᠡᠭᠦᠯᠦᠭᠰᠡᠨ ᠪᠠᠶᠢᠳᠠᠯ᠂ ᠰᠢᠯᠭᠠᠨ ᠬᠢᠨᠠᠭᠰᠠᠨ ᠦᠷ᠎ᠡ ᠳ᠋ᠦᠩ ᠵᠡᠷᠭᠡ ᠪᠣᠳᠠᠲᠤ ᠪᠠᠶᠢᠳᠠᠯ ᠢ ᠦᠨᠳᠦᠰᠦᠯᠡᠨ᠂ | ᠨᠡᠶᠢᠲᠡ ᠳᠤ ᠵᠠᠷᠯᠠᠭᠠᠳ ᠤᠨᠳᠤᠤ ᠰᠠᠨᠠᠯ ᠥᠬᠡᠶ ᠪᠣᠯ ᠨᠢᠭᠡᠳᠦᠯᠲᠡᠶ ᠲᠥᠯᠥᠪᠯᠡᠨ ᠣᠯᠭᠤᠨ᠎ᠠ᠃ | ︵ᠬᠤᠶᠠᠷ︶ ᠨᠢᠭᠡᠳᠦᠭᠡᠷ ᠹᠷᠣᠨᠲ ᠤᠨ ᠪᠠᠭᠰᠢ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠢ | ᠳᠡᠭᠡᠭᠰᠢᠯᠡᠭᠦᠯᠦᠭᠰᠡᠨ ᠤ ᠳᠠᠷᠠᠭᠠᠬᠢ ᠨᠡᠮᠡᠭᠳᠡᠯ ᠤᠨ ᠬᠡᠮᠵᠢᠶ᠎ᠡ ᠳᠤ ᠣᠯᠭᠤᠬᠤ ᠠᠷᠭ᠎ᠠ᠃ ᠠᠮᠵᠢᠯᠲᠠ ᠪᠦᠲᠦᠮᠵᠢ ᠶᠢᠨ | ᠴᠠᠯᠢᠩ ᠢ ᠳᠡᠭᠡᠭᠰᠢᠯᠡᠭᠦᠯᠦᠭᠰᠡᠨ ᠤ ᠳᠠᠷᠠᠭᠠᠬᠢ ᠨᠡᠮᠡᠭᠳᠡᠭᠰᠡᠨ ᠬᠡᠰᠡᠭ ᠢ ᠲᠤᠰᠠᠭᠠᠷ ᠬᠡᠰᠡᠭᠯᠡᠨ ᠬᠠᠮᠢᠶᠠᠷᠴᠤ᠂ ᠳᠠᠷᠠᠭ᠎ᠠ | ᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠶᠢ ᠬᠢᠨᠠᠨ ᠲᠣᠭᠲᠠᠭᠠᠬᠤ ᠳᠤ ᠣᠷᠣᠭᠤᠯᠬᠤ | ᠥᠬᠡᠶ᠂ ᠪᠦᠬᠦᠨ ᠢ ᠨᠢᠭᠡᠳᠦᠭᠡᠷ ᠹᠷᠣᠨᠲ ᠤᠨ ᠪᠠᠭᠰᠢ ᠶᠢᠨ ᠠᠮᠵᠢᠯᠲᠠ ᠪᠦᠲᠦᠮᠵᠢ ᠶᠢᠨ ᠱᠠᠩᠨᠠᠯ ᠳᠤ ᠬᠡᠷᠡᠭᠯᠡᠨ᠎ᠡ᠃ | ᠪᠣᠳᠠᠲᠠᠶ ᠳᠤ ᠡᠯ᠎ᠡ ᠰᠤᠷᠭᠠᠭᠤᠯᠢ ᠬᠢᠨᠠᠨ ᠰᠢᠯᠭᠠᠬᠤ ᠬᠡᠷᠡᠭᠵᠢᠭᠦᠯᠬᠦ ᠨᠠᠷᠢᠨ ᠲᠦᠷᠢᠮ ᠲᠣᠭᠲᠠᠭᠠᠵᠤ᠂ ᠵᠢᠭᠠᠨ ᠰᠤᠷᠭᠠᠬᠤ | ᠵᠤᠷᠰᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠱᠠᠩᠨᠠᠬᠤ᠂ ᠭᠤᠤᠯᠳᠠᠭᠤ ︽ᠪᠡᠯᠡᠳᠬᠡᠬᠦ᠂ ᠲᠠᠶᠢᠯᠪᠤᠷᠢᠯᠠᠬᠤ᠂ | ᠵᠥᠪᠰᠢᠶᠡᠷᠡᠬᠦ᠂ ᠲᠤᠰᠠᠯᠠᠬᠤ᠂ ᠰᠢᠯᠭᠠᠬᠤ᠂ ᠦᠨᠡᠯᠡᠬᠦ᠂ ᠰᠤᠳᠤᠯᠬᠤ︾ ᠵᠡᠷᠭᠡ ᠵᠢᠭᠠᠨ ᠰᠤᠷᠭᠠᠬᠤ ᠵᠤᠷᠰᠢᠯ ᠤᠨ | ᠠᠵᠢᠯ ᠤᠨ ᠱᠠᠩᠨᠠᠯ᠂ ᠠᠵᠢᠯ ᠤᠨ ᠬᠡᠮᠵᠢᠶ᠎ᠡ ᠪᠠᠨ ᠳᠠᠪᠠᠭᠤᠯᠣᠨ ᠪᠡᠶᠡᠯᠡᠬᠦᠯᠦᠭᠰᠡᠨ ᠢ ᠱᠠᠩᠨᠠᠬᠤ᠂ ᠪᠢᠴᠢᠭ ᠵᠢᠭᠠᠵᠤ | ᠬᠥᠮᠦᠨ ᠢ ᠬᠥᠮᠦᠵᠢᠭᠦᠯᠬᠦ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠢ ᠱᠠᠩᠨᠠᠬᠤ ᠵᠡᠷᠭᠡ ᠲᠠᠯ᠎ᠠ ᠪᠠᠷ | ᠬᠡᠮᠵᠢᠶᠡᠵᠢᠭᠦᠯᠦᠨ ᠬᠢᠨᠠᠨ ᠰᠢᠯᠭᠠᠵᠤ ᠬᠤᠪᠢ ᠣᠯᠭᠤᠬᠤ ᠶᠢ ᠳᠣᠪᠤᠶᠢᠯᠭᠠᠵᠤ᠂ ᠵᠠᠭᠤᠨ ᠬᠤᠪᠢ ᠶᠢᠨ ᠲᠦᠷᠢᠮ ᠢ | ᠬᠡᠷᠡᠭᠵᠢᠭᠦᠯᠦᠨ᠎ᠡ᠃ ᠨᠡᠮᠡᠭᠳᠡᠭᠰᠡᠨ ᠬᠡᠰᠡᠭ ᠤᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠣᠯᠭᠤᠬᠤ | ᠵᠣᠭᠤᠰ ᠤᠨ ᠲᠤᠭ᠎ᠠ ᠶᠢ ᠰᠢᠯᠭᠠᠨ ᠬᠢᠨᠠᠭᠰᠠᠨ ᠣᠯᠤᠭᠰᠠᠨ ᠬᠤᠪᠢ ᠪᠠᠷ ᠪᠣᠳᠣᠨ᠎ᠠ᠃ ᠬᠥᠳᠡᠯᠦᠩᠭᠦᠶ ᠬᠠᠮᠢᠶᠠᠷᠤᠯᠲᠠ ᠶᠢ | ᠬᠡᠷᠡᠭᠵᠢᠭᠦᠯᠵᠦ᠂ ᠣᠷᠣᠵᠤ ᠪᠣᠯᠬᠤ ᠮᠥᠷᠲᠡᠭᠡᠨ ᠪᠠᠭᠤᠵᠤ ᠪᠣᠯᠬᠤ᠂ ᠡᠯ᠎ᠡ ᠰᠤᠷᠭᠠᠭᠤᠯᠢ ᠰᠤᠷᠤᠯᠭ᠎ᠠ ᠶᠢᠨ | ᠬᠤᠭᠤᠴᠠᠭ᠎ᠠ ᠪᠦᠷᠢ ᠨᠢᠭᠡᠳᠦᠭᠡᠷ ᠹᠷᠣᠨᠲ ᠤᠨ ᠪᠠᠭᠰᠢ ᠳᠤ ᠨᠢᠭᠡ ᠤᠳᠠᠭᠠᠨ ᠤ ᠬᠢᠨᠠᠨ ᠰᠢᠯᠭᠠᠯᠲᠠ ᠬᠢᠵᠦ᠂ ᠵᠠᠷᠯᠠᠨ | ᠨᠡᠶᠢᠲᠡᠯᠡᠭᠡᠳ ᠤᠨᠳᠤᠤ ᠰᠠᠨᠠᠯ ᠥᠬᠡᠶ ᠪᠣᠯ ᠰᠤᠷᠤᠯᠭ᠎ᠠ ᠶᠢᠨ ᠬᠤᠭᠤᠴᠠᠭ᠎ᠠ ᠶᠣᠰᠣᠭᠠᠷ ᠣᠯᠭᠤᠨ᠎ᠠ᠃ ᠨᠢᠭᠡᠳᠦᠭᠡᠷ | ᠹᠷᠣᠨᠲ ᠤᠨ ᠪᠠᠭᠰᠢ ᠠᠵᠢᠯ ᠤᠨ ᠪᠠᠶᠢᠷᠢ ᠳᠤ ᠪᠠᠶᠢᠬᠤ ᠥᠬᠡᠶ ᠬᠤᠭᠤᠴᠠᠭᠠᠨ ᠳᠤ ᠬᠤᠯᠪᠣᠭᠳᠠᠯ ᠪᠥᠬᠦᠶ ᠬᠠᠷᠠᠭᠠᠯᠵᠠᠯ ᠢ | ᠭᠥᠷᠳᠡᠬᠦ ᠥᠬᠡᠶ ︵ᠰᠤᠷᠭᠠᠭᠤᠯᠢ ᠶᠢᠨ ᠠᠯᠪᠠᠨ ᠠᠴᠠ ᠲᠣᠮᠢᠯᠠᠭᠰᠠᠨ ᠣᠬᠤᠷ ᠬᠤᠭᠤᠴᠠᠭᠠᠨ ᠤ ᠪᠣᠯᠪᠠᠰᠤᠷᠠᠭᠤᠯᠤᠯ | ᠪᠠᠭᠲᠠᠬᠤ ᠥᠬᠡᠶ︶᠃ ᠬᠤᠪᠢ ᠬᠥᠮᠦᠨ ᠤ ᠨᠡᠮᠡᠭᠳᠡᠭᠰᠡᠨ ᠬᠡᠮᠵᠢᠶᠡᠨ ᠤ ᠠᠮᠵᠢᠯᠲᠠ ᠪᠦᠲᠦᠮᠵᠢ ᠶᠢᠨ ᠴᠠᠯᠢᠩ = | ᠬᠤᠪᠢ ᠬᠥᠮᠦᠨ ᠤ ᠰᠢᠯᠭᠠᠨ ᠬᠢᠨᠠᠭᠰᠠᠨ ᠣᠯᠤᠭᠰᠠᠨ ᠬᠤᠪᠢ × ︵ᠰᠢᠯᠭᠠᠨ ᠬᠢᠨᠠᠬᠤ ᠳᠤ ᠣᠷᠣᠯᠴᠠᠭᠰᠠᠨ ᠪᠠᠭᠰᠢ | ᠠᠵᠢᠯᠲᠠᠨ ᠠᠵᠢᠯᠴᠢᠨ ᠤ ᠨᠡᠮᠡᠭᠳᠡᠭᠰᠡᠨ ᠬᠡᠮᠵᠢᠶᠡᠨ ᠤ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠲᠤᠭ᠎ᠠ / | ᠰᠢᠯᠭᠠᠨ ᠬᠢᠨᠠᠬᠤ ᠳᠤ ᠣᠷᠣᠯᠴᠠᠭᠰᠠᠨ ᠪᠠᠭᠰᠢ ᠠᠵᠢᠯᠲᠠᠨ ᠠᠵᠢᠯᠴᠢᠨ ᠤ ᠶᠡᠷᠦᠩᠬᠡᠶ ᠬᠤᠪᠢ︶ ᠶᠢ ᠨᠡᠶᠢᠲᠡ ᠳᠤ | ᠵᠠᠷᠯᠠᠭᠠᠳ ᠤᠨᠳᠤᠤ ᠰᠠᠨᠠᠯ ᠥᠬᠡᠶ ᠪᠣᠯ ᠰᠤᠷᠤᠯᠭ᠎ᠠ ᠶᠢᠨ ᠬᠤᠭᠤᠴᠠᠭ᠎ᠠ ᠶᠣᠰᠣᠭᠠᠷ ᠣᠯᠭᠤᠨ᠎ᠠ᠃ ᠣᠯᠤᠭᠰᠠᠨ | ᠬᠤᠪᠢ ᠶᠢᠨ ᠳᠣᠲᠣᠷᠠᠬᠢ ᠬᠠᠮᠤᠭ ᠤᠨ ᠥᠨᠳᠥᠷ ᠬᠤᠪᠢ ᠨᠢ ᠬᠠᠮᠤᠭ ᠤᠨ ᠳᠤᠤᠷ᠎ᠠ ᠬᠤᠪᠢ ᠶᠢᠨ 2 ᠳᠠᠬᠢᠨ ᠠᠴᠠ | ᠳᠡᠭᠡᠭᠰᠢ ᠪᠠᠶᠢᠵᠤ᠂ ᠬᠤᠪᠢ ᠬᠥᠮᠦᠨ ᠤ ᠬᠢᠨᠠᠨ ᠰᠢᠯᠭᠠᠬᠤ ᠳᠤ ᠣᠯᠤᠭᠰᠠᠨ ᠬᠤᠪᠢ ᠳᠤᠨᠢ ᠬᠠᠮᠤᠭ ᠤᠨ ᠳᠤᠤᠷ᠎ᠠ | ᠬᠤᠪᠢ ᠶᠢᠨ ᠱᠤᠭᠤᠮ ᠲᠣᠬᠢᠷᠠᠭᠤᠯᠵᠤ᠂ ᠬᠢᠨᠠᠨ ᠰᠢᠯᠭᠠᠵᠤ ᠰᠢᠯᠭᠠᠨ ᠲᠣᠭᠲᠠᠭᠠᠭᠰᠠᠨ ᠬᠤᠪᠢ ᠨᠢ ᠬᠠᠮᠤᠭ ᠤᠨ | ᠳᠤᠤᠷ᠎ᠠ ᠬᠤᠪᠢ ᠶᠢᠨ ᠱᠤᠭᠤᠮ ᠠᠴᠠ ᠳᠤᠤᠷ᠎ᠠ ᠪᠠᠶᠢᠬᠤ ᠨᠢᠭᠡᠳᠦᠭᠡᠷ ᠹᠷᠣᠨᠲ ᠤᠨ ᠪᠠᠭᠰᠢ ᠳᠤ ᠠᠵᠢᠯ ᠤᠨ ᠠᠮᠵᠢᠯᠲᠠ | ᠪᠦᠲᠦᠮᠵᠢ ᠶᠢᠨ ᠴᠠᠯᠢᠩ ᠢ ᠨᠡᠮᠡᠭᠳᠡᠭᠦᠯᠵᠦ ᠪᠣᠯᠬᠤ ᠥᠬᠡᠶ᠂ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠢ | ᠨᠡᠮᠡᠭᠳᠡᠭᠦᠯᠬᠦ ᠶᠢᠨ ᠤᠷᠮᠠᠰᠢᠭᠤᠯᠬᠤ ᠦᠢᠯᠡᠳᠦᠯ ᠢ ᠭᠦᠢᠴᠡᠳ ᠢᠯᠡᠷᠡᠭᠦᠯᠬᠦ ᠬᠡᠷᠡᠭᠲᠡᠶ᠃ | ︵ᠭᠤᠷᠪᠠ︶ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠰᠤᠷᠭᠠᠭᠤᠯᠢ ︵ᠴᠡᠴᠡᠷᠯᠢᠭ︶ ᠶᠢᠨ | ᠳᠠᠷᠤᠭ᠎ᠠ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠨᠡᠮᠡᠭᠳᠡᠯ ᠢ ᠣᠯᠭᠤᠬᠤ ᠠᠷᠭ᠎ᠠ᠃ ᠨᠠᠮ ᠤᠨ | ᠵᠣᠬᠢᠶᠠᠨ ᠪᠠᠶᠢᠭᠤᠯᠤᠯᠲᠠ ᠶᠢᠨ ᠱᠦᠵᠢ᠂ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠶᠢᠨ ᠠᠵᠢᠯ ᠤᠨ ᠠᠮᠵᠢᠯᠲᠠ | ᠪᠦᠲᠦᠮᠵᠢ ᠶᠢᠨ ᠴᠠᠯᠢᠩ ᠤᠨ ᠨᠡᠮᠡᠭᠳᠡᠯ ᠤᠨ ᠬᠡᠰᠡᠭ ᠢ ᠬᠢᠨᠠᠨ ᠰᠢᠯᠭᠠᠵᠤ ᠣᠯᠭᠤᠬᠤ ᠬᠡᠪᠴᠢᠶ᠎ᠡ ᠨᠢ ᠰᠤᠷᠭᠠᠭᠤᠯᠢ ᠶᠢᠨ | ᠨᠠᠮ ᠵᠠᠰᠠᠭ ᠤᠨ ︽ᠨᠢᠭᠡᠳᠦᠭᠡᠷ ᠭᠠᠷ︾ ᠪᠣᠯᠤᠨ᠎ᠠ᠃ ᠠᠳᠠᠯᠢ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠬᠠᠷᠢᠶ᠎ᠠ ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠰᠤᠷᠭᠠᠭᠤᠯᠢ ︵ | ᠴᠡᠴᠡᠷᠯᠢᠭ︶ ᠶᠢᠨ ᠳᠠᠷᠤᠭ᠎ᠠ ᠳᠤ ᠪᠣᠳᠠᠲᠤ ᠠᠮᠵᠢᠯᠲᠠ ᠪᠦᠲᠦᠮᠵᠢ ᠶᠢᠨ ᠰᠢᠯᠭᠠᠨ ᠬᠢᠨᠠᠯᠲᠠ ᠬᠢᠵᠦ᠂ ︵ᠬᠤᠪᠢ | ᠬᠥᠮᠦᠨ ᠤ ᠨᠡᠮᠡᠭᠳᠡᠭᠰᠡᠨ ᠠᠮᠵᠢᠯᠲᠠ ᠪᠦᠲᠦᠮᠵᠢ ᠶᠢᠨ ᠴᠠᠯᠢᠩ = ᠬᠤᠪᠢ ᠬᠥᠮᠦᠨ ᠤ ᠰᠢᠯᠭᠠᠨ ᠬᠢᠨᠠᠯᠲᠠ ᠳᠤ | ᠣᠯᠤᠭᠰᠠᠨ ᠬᠤᠪᠢ᠂ ᠱᠦᠵᠢ ᠪᠣᠯᠤᠨ ᠰᠤᠷᠭᠠᠭᠤᠯᠢ ᠶᠢᠨ ᠵᠠᠬᠢᠷᠤᠯ ᠤᠨ ᠨᠡᠮᠡᠭᠳᠡᠭᠰᠡᠨ ᠠᠮᠵᠢᠯᠲᠠ ᠪᠦᠲᠦᠮᠵᠢ ᠶᠢᠨ | ᠴᠠᠯᠢᠩ ᠤᠨ ᠶᠡᠷᠦᠩᠬᠡᠶ ᠲᠤᠭ᠎ᠠ / ᠱᠦᠵᠢ ᠪᠣᠯᠤᠨ ᠰᠤᠷᠭᠠᠭᠤᠯᠢ ᠶᠢᠨ ᠵᠠᠬᠢᠷᠤᠯ ᠤᠨ ᠶᠡᠷᠦᠩᠬᠡᠶ ᠬᠤᠪᠢ︶᠂ | ᠨᠡᠶᠢᠲᠡ ᠳᠤ ᠵᠠᠷᠯᠠᠭᠠᠳ ᠤᠨᠳᠤᠤ ᠰᠠᠨᠠᠯ ᠥᠬᠡᠶ ᠪᠣᠯ᠂ ᠣᠨ ᠢᠶᠠᠷ ᠣᠯᠭᠤᠨ᠎ᠠ᠃ ᠣᠨ ᠤ ᠬᠤᠪᠢ ᠬᠥᠮᠦᠨ ᠤ | ᠰᠢᠯᠭᠠᠨ ᠬᠢᠨᠠᠵᠤ ᠬᠡᠮᠵᠢᠨ ᠲᠣᠭᠲᠠᠭᠠᠭᠰᠠᠨ ᠬᠤᠪᠢ ᠨᠢ ᠬᠤᠪᠢ ᠬᠥᠮᠦᠨ ᠤ ᠰᠢᠯᠭᠠᠨ ᠬᠢᠨᠠᠭᠰᠠᠨ ᠶᠡᠷᠦᠩᠬᠡᠶ | ᠬᠤᠪᠢ ᠶᠢᠨ 60 % ᠠᠴᠠ ᠳᠤᠤᠷ᠎ᠠ ᠪᠠᠶᠢᠪᠠᠯ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠢ ᠨᠢ ᠣᠯᠭᠤᠵᠤ | ᠪᠣᠯᠬᠤ ᠥᠬᠡᠶ᠂ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠢ ᠨᠡᠮᠡᠭᠳᠡᠭᠦᠯᠬᠦ ᠨᠢ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠦᠵᠢ᠂ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠶᠢ ᠤᠷᠮᠠᠰᠢᠭᠤᠯᠬᠤ ᠦᠢᠯᠡᠳᠦᠯ ᠢ | ᠬᠦᠢᠴᠡᠳ ᠢᠯᠡᠷᠡᠭᠦᠯᠦᠨ᠎ᠡ᠃ | ︽ᠬᠡᠷᠡᠭᠵᠢᠭᠦᠯᠬᠦ ᠲᠥᠰᠦᠯ︾ ᠳᠤ ︽ᠠᠮᠵᠢᠯᠲᠠ ᠪᠦᠲᠦᠮᠵᠢ ᠪᠠᠷ ᠴᠠᠯᠢᠩ ᠲᠣᠭᠲᠠᠭᠠᠬᠤ᠂ ᠬᠠᠷᠢᠭᠤᠴᠠᠯᠭ᠎ᠠ ᠪᠠ | ᠴᠠᠯᠢᠩ ᠬᠥᠯᠥᠰᠥ ᠶᠢ ᠨᠢᠭᠡᠳᠦᠯᠲᠡᠶ ᠪᠠᠶᠢᠯᠭᠠᠬᠤ᠂ ᠢᠯᠡᠭᠦᠦ ᠬᠥᠳᠡᠯᠮᠦᠷᠢᠯᠡᠪᠡᠯ ᠢᠯᠡᠭᠦᠦ ᠣᠯᠭᠤᠬᠤ᠂ ᠰᠢᠯᠢᠳᠡᠭ | ᠠᠮᠵᠢᠯᠲᠠ ᠪᠦᠲᠦᠮᠵᠢ ᠭᠠᠷᠭᠠᠪᠠᠯ ᠢᠯᠡᠭᠦᠦ ᠣᠯᠭᠤᠮᠵᠢ ᠣᠯᠭᠤᠬᠤ︾ ᠵᠠᠷᠴᠢᠮ ᠢ ᠪᠠᠷᠢᠮᠲᠠᠯᠠᠵᠤ᠂ ᠠᠵᠢᠯ ᠤᠨ | ᠠᠮᠵᠢᠯᠲᠠ ᠪᠦᠲᠦᠮᠵᠢ ᠶᠢᠨ ᠴᠠᠯᠢᠩ ᠢ ᠨᠢᠭᠡᠳᠦᠭᠡᠷ ᠹᠷᠣᠨᠲ ᠤᠨ ᠪᠠᠭᠰᠢ᠂ ᠭᠤᠤᠯᠯᠠᠭᠴᠢ ᠪᠠᠭᠰᠢ ᠳᠠᠰᠢ ᠬᠡᠯᠪᠠᠶᠢᠯᠭᠡᠵᠦ | ᠂ ︽ᠢᠯᠡᠭᠦᠦ ᠬᠢᠬᠦ ᠳᠤᠲᠠᠭᠤ ᠬᠢᠬᠦ᠂ ᠰᠠᠶᠢᠨ ᠬᠢᠬᠦ ᠮᠠᠭᠤ ᠬᠢᠬᠦ ᠨᠢᠭᠡ ᠯᠡ ᠶᠠᠩᠵᠤ ᠶᠢᠨ ᠪᠠᠶᠢᠬᠤ︾ ᠠᠰᠠᠭᠤᠳᠠᠯ ᠢ | ᠰᠢᠢᠳᠪᠦᠷᠢᠯᠡᠨ᠎ᠡ᠃ ︽ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠭᠰᠠᠨ ᠨᠢ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠬᠢᠨᠠᠬᠤ ᠶᠢᠨ ᠤᠷᠮᠠᠰᠢᠭᠤᠯᠬᠤ ᠤᠳᠤᠷᠢᠳᠤᠮᠵᠢ ᠶᠢᠨ ᠦᠢᠯᠡᠳᠦᠯ ᠢ ᠬᠦᠢᠴᠳ ᠪᠠᠳᠠᠷᠠᠭᠤᠯᠵᠤ᠂ | ᠢᠯᠡ ᠲᠣᠳᠣ᠂ ᠡᠷᠬᠡ ᠲᠡᠭᠰᠢ᠂ ᠲᠥᠪ ᠭᠤᠤᠯᠴᠢ ᠪᠠᠶᠢᠬᠤ ᠶᠢ ᠪᠡᠶᠡᠯᠡᠭᠦᠯᠦᠨ᠂ ᠠᠵᠢᠯ ᠤᠨ ᠠᠮᠵᠢᠯᠲᠠ | ᠪᠦᠲᠦᠮᠵᠢ ᠶᠢᠨ ᠴᠠᠯᠢᠩ ᠤᠨ ᠥᠭᠡᠷᠡᠴᠢᠯᠡᠯᠲᠡ ᠶᠢ ᠣᠲᠣ ᠦᠶ᠎ᠡ ᠶᠢᠨ ᠰᠤᠷᠭᠠᠭᠤᠯᠢ ᠶᠢᠨ ᠲᠦᠷᠢᠮ ᠤᠨ | ᠪᠠᠶᠢᠭᠤᠯᠤᠯᠲᠠ ᠯᠤᠭ᠎ᠠ ᠬᠠᠷᠢᠯᠴᠠᠨ ᠤᠶᠠᠯᠳᠤᠭᠤᠯᠬᠤ ᠶᠢ ᠪᠡᠶᠡᠯᠡᠭᠦᠯᠵᠦ᠂ ᠰᠢᠯᠭᠠᠨ ᠬᠢᠨᠠᠵᠤ ᠬᠤᠪᠢᠶᠠᠷᠢᠯᠠᠬᠤ | ᠲᠣᠭᠲᠠᠴᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠂ ᠪᠠᠭᠰᠢ ᠶᠢᠨ ᠣᠷᠣᠯᠭ᠎ᠠ ᠶᠢᠨ ᠬᠤᠪᠢᠶᠠᠷᠢᠯᠠᠯᠲᠠ ᠶᠢᠨ | ᠵᠢᠷᠤᠮᠵᠢᠭᠤᠯᠤᠯᠲᠠ᠂ ᠰᠢᠨᠵᠢᠯᠡᠬᠦ ᠤᠬᠠᠭᠠᠨᠴᠢᠯᠠᠯᠲᠠ᠂ ᠳᠦᠷᠢᠮᠵᠢᠭᠦᠯᠦᠯᠲᠡ ᠶᠢ ᠤᠯᠠᠮ ᠨᠢᠭᠡ ᠠᠯᠬᠤᠮ | ᠠᠬᠢᠭᠤᠯᠬᠤ ᠳᠤ ᠲᠤᠰᠠᠲᠠᠶ ᠶᠤᠮ᠃ | | | | | ᠬᠠᠮᠢᠶ᠎ᠠ ᠪᠦᠬᠦᠢ ᠪᠢᠴᠢᠭ ᠮᠠᠲ᠋ᠧᠷᠢᠶᠠᠯ | |