4 ᠲᠠᠯ᠎ᠠ ᠶᠢᠨ 15 ᠵᠦᠢᠯ ᠤᠨ ᠪᠤᠳᠠᠳᠠᠢ ᠡᠭᠦᠷᠭᠡ ᠶᠢ ᠭᠤᠤᠯᠯᠠᠨ ᠠᠳᠬᠤᠵᠤ ᠮᠠᠠ ᠤ ᠤᠷᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/1/28
    1 ᠰᠠᠷ᠎ᠠ ᠶᠢᠨ 17 ᠤ ᠡᠳᠦᠷ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠰᠤᠳᠤᠯᠤᠨ ᠵᠥᠪᠰᠢᠶᠡᠷᠡᠵᠤ᠂ ᠨᠠᠮ ᠤᠨ ᠬᠤᠷᠢᠶᠠᠨ ᠤ ᠠᠯᠪᠠᠨ ᠲᠢᠩᠬᠢᠮ ᠪᠠ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠲᠠᠨᠢᠯᠴᠠᠭᠤᠯᠪᠠ᠃     ᠣᠶᠢᠯᠠᠭᠠᠭᠰᠠᠨ ᠢᠶᠠᠷ᠂ ᠰᠢᠨ᠎ᠡ ᠪᠠᠷ ᠳᠠᠷᠤᠮᠠᠯᠯᠠᠨ ᠲᠠᠷᠬᠠᠭᠠᠭᠰᠠᠨ ︽ᠰᠠᠨᠠᠯ︾ ᠳᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠳᠤᠮᠳᠠᠬᠢ ᠪᠠᠶᠢᠭᠤᠯᠤᠮᠵᠢ ᠶᠢᠨ ᠴᠢᠨᠠᠷᠲᠠᠶ ᠬᠠᠷᠰᠢ ᠰᠠᠭᠠᠳ᠂ ᠪᠦᠲᠦᠴᠡ ᠶᠢᠨ ᠴᠢᠨᠠᠷᠲᠠᠶ ᠵᠥᠷᠢᠴᠡᠯ ᠪᠠ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠰᠢᠢᠳᠪᠦᠷᠢᠯᠡᠬᠦ ᠪᠠᠷ ᠭᠤᠤᠯᠳᠠᠭᠤᠯᠵᠤ᠂ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠤ᠂ ᠥᠷᠭᠡᠨ ᠢᠶᠠᠷ ᠰᠠᠨᠠᠯ ᠬᠤᠷᠢᠶᠠᠭᠰᠠᠨ ᠤ ᠰᠠᠭᠤᠷᠢᠨ ᠳᠡᠭᠡᠷ᠎ᠡ᠂ ᠵᠠᠷᠢᠮ ᠰᠢᠨ᠎ᠡ ᠶᠢ ᠡᠭᠦᠳᠬᠦ ᠴᠢᠨᠠᠷᠲᠠᠶ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠶ᠂ ᠡᠭᠦᠨ ᠳᠤ ᠭᠤᠤᠯᠳᠠᠭᠤ᠄ ᠨᠢᠭᠡ ᠳᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠬᠤ ᠲᠠᠯ᠎ᠠ ᠪᠠᠷ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠢᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢᠨ ᠬᠢᠨᠠᠨ ᠰᠢᠯᠭᠠᠬᠤ ᠠᠭᠤᠯᠭ᠎ᠠ ᠳᠤ ᠣᠷᠣᠭᠤᠯᠬᠤ ᠶᠢ ᠠᠩᠬ᠎ᠠ ᠤᠳᠠᠭ᠎ᠠ ᠳᠤᠷᠠᠳᠪᠠ︔ ᠲᠤᠬᠠᠶᠢᠯᠠᠭᠰᠠᠨ ᠠᠵᠢᠯ ᠤᠨ ᠡᠷᠬᠢᠯᠡᠨ ᠬᠠᠮᠢᠶᠠᠷᠬᠤ ᠨᠢᠭᠡᠴᠢ ᠲᠠᠢ ᠪᠠᠶᠢᠪᠠᠯ ᠲᠤᠬᠠᠶᠢᠯᠠᠭᠰᠠᠨ ᠠᠵᠢᠯ ᠤᠨ ᠡᠷᠬᠢᠯᠡᠨ ᠬᠠᠮᠢᠶᠠᠷᠬᠤ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠠᠴᠠ ᠬᠠᠷᠢᠭᠤᠴᠠᠨ᠎ᠠ︔ ᠨᠡᠶᠢᠭᠡᠮ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠵᠡᠭᠡᠯᠢ ᠭᠤᠳᠤᠮᠵᠢ ᠰᠢᠶᠠᠩ ᠪᠠᠯᠭᠠᠰᠤ ᠪᠠ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠠᠴᠠ ᠦᠨᠳᠦᠰᠦᠨ ᠵᠦᠢᠯ ᠢ ᠪᠠᠲᠤᠯᠠᠬᠤ ᠬᠠᠮᠢᠶᠠᠷᠤᠯᠲᠠ ᠶᠢ ᠬᠡᠷᠡᠭᠵᠢᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠥᠬᠦ ᠲᠠᠯ᠎ᠠ ᠪᠠᠷ ᠰᠢᠯᠤᠭᠤᠳᠬᠠᠨ᠎ᠠ᠃ ᠬᠤᠶᠠᠷ ᠲᠤ᠂ ᠪᠤᠶᠢᠵᠢᠭᠤᠯᠤᠨ ᠲᠡᠳᠬᠦᠬᠦ ᠶᠢ ᠴᠢᠩᠭᠠᠳᠬᠠᠬᠤ ᠲᠠᠯ᠎ᠠ ᠪᠠᠷ᠂ ᠠᠨᠬᠬ᠎ᠠ ᠤᠳᠠᠭ᠎ᠠ ᠲᠤᠭ᠎ᠠ ᠬᠡᠮᠵᠢᠶ᠎ᠡ ᠨᠢ ᠶᠠᠰᠤ ᠴᠢᠨᠠᠷ ᠢ ᠳᠠᠭᠠᠬᠤ ᠵᠠᠷᠴᠢᠮ ᠢ ᠪᠠᠷᠢᠮᠲᠠᠯᠠᠵᠤ᠂ ᠪᠥᠬᠦ ᠣᠷᠣᠨ ᠤ ᠴᠢᠨᠠᠷᠯᠢᠭ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠬᠤ ᠶᠢᠨ ᠴᠢᠬᠤᠯᠠ ᠴᠢᠨᠠᠷ᠂ ᠡᠭᠦᠰᠭᠡᠨ ᠪᠠᠶᠢᠭᠤᠯᠤᠭᠴᠢ ᠶᠢᠨ ᠲᠥᠯᠥᠭᠡᠯᠡᠬᠦ ᠴᠢᠨᠠᠷ ᠪᠠ ᠭᠡᠰᠢᠭᠦᠨ ᠤ ᠥᠷᠭᠡᠨ ᠳᠡᠯᠭᠡᠷ ᠴᠢᠨᠠᠷ ᠤᠨ ᠲᠠᠯ᠎ᠠ ᠪᠠᠷ ᠴᠢᠩᠭ᠎ᠠ ᠬᠢᠨᠠᠨ ᠬᠠᠷᠭᠤᠭᠤᠯᠵᠤ᠂ ᠪᠦᠲᠦᠴᠡ ᠶᠢᠨ ᠪᠠᠶᠢᠷᠢᠰᠢᠭᠤᠯᠤᠯᠲᠠ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ᠎ᠡ︔ ᠡᠯ᠎ᠡ ᠱᠠᠲᠤᠨ ᠤ ᠵᠠᠰᠠᠭ ᠤᠨ ᠣᠷᠳᠣᠨ ᠤ ᠰᠢᠨ᠎ᠡ ᠪᠠᠷ ᠨᠡᠮᠡᠭᠳᠡᠭᠰᠡᠨ ᠣᠯᠠᠨ ᠨᠡᠶᠢᠲᠡ ᠶᠢᠨ ᠦᠢᠯᠡᠴᠢᠯᠡᠭᠡ ᠬᠤᠳᠠᠯᠳᠤᠨ ᠠᠪᠬᠤ ᠵᠠᠷᠤᠲᠠᠯ ᠤᠨ ᠬᠡᠰᠡᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠬᠤᠳᠠᠯᠳᠤᠨ ᠠᠪᠬᠤ ᠬᠠᠷᠢᠴᠠᠯ ᠢ ᠵᠠᠷᠴᠢᠮ ᠳᠡᠭᠡᠷ᠎ᠡ ᠪᠠᠨ 30% ᠠᠴᠠ ᠳᠤᠤᠷ᠎ᠠ ᠪᠠᠶᠢᠯᠭᠠᠬᠤ ᠥᠬᠡᠶ︔ ᠠᠯᠪᠠᠨ ᠲᠤᠰᠢᠶᠠᠯᠲᠠᠨ ᠢ ᠰᠢᠯᠢᠨ ᠰᠣᠩᠭᠤᠵᠤ ᠡᠯᠰᠡᠨ ᠬᠡᠷᠡᠭᠯᠡᠬᠦ ᠳᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠥᠩᠭᠡᠷᠡᠯᠲᠡ ᠶᠢ ᠦᠨᠳᠦᠰᠦᠨ ᠱᠠᠲᠤᠨ ᠤ ᠠᠵᠢᠯ ᠤᠨ ᠥᠩᠭᠡᠷᠡᠯᠲᠡ ᠪᠠᠷ ᠮᠠᠭᠠᠳᠯᠠᠨ ᠲᠣᠭᠲᠠᠭᠠᠬᠤ ᠪᠠ ᠨᠡᠶᠢᠭᠡᠮ ᠤᠨ ᠪᠠᠲᠤᠯᠠᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠱᠠᠭᠠᠷᠳᠠᠯᠭ᠎ᠠ ᠶᠢ ᠲᠤᠳᠤᠷᠬᠠᠢ ᠲᠤᠷᠠᠳᠤᠨ ᠭᠠᠷᠭᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠠᠲᠠᠬᠤ ᠬᠦᠴᠦᠨ ᠢ ᠴᠢᠩᠭᠠᠳᠬᠠᠨ᠎ᠠ᠃ ᠭᠤᠷᠪᠠ ᠳᠤ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠠᠯ᠎ᠠ ᠪᠠᠷ᠂ ᠡᠭᠦᠰᠭᠡᠨ ᠪᠠᠶᠢᠭᠤᠯᠤᠭᠴᠢ ᠶᠢᠨ ᠲᠠᠩᠰᠠ ᠡᠪᠬᠡᠮᠡᠯ ᠪᠣᠯᠤᠨ ᠪᠠᠯᠠ ᠮᠥᠩᠭᠦ ᠶᠢᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠵᠢᠴᠢ ᠬᠠᠮᠲᠤᠷᠠᠨ ᠬᠠᠤᠯᠢ ᠬᠡᠷᠡᠭᠵᠢᠭᠦᠯᠬᠦ ᠲᠣᠭᠲᠠᠴᠠ ᠶᠢ ᠪᠠᠶᠢᠭᠤᠯᠵᠤ᠂ ᠬᠠᠤᠯᠢ ᠪᠤᠰᠤ ᠬᠦᠴᠦᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠨᠡᠪᠴᠢᠬᠦ ᠶᠢ ᠰᠡᠷᠭᠡᠶᠢᠯᠡᠨ᠎ᠡ᠃ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠴᠢᠩᠭ᠎ᠠ ᠬᠡᠷᠡᠭᠯᠡᠭᠡᠨ ᠤ ᠰᠢᠰᠲ᠋ᠧᠮ ᠢ ᠨᠡᠭᠡᠭᠡᠨ ᠬᠥᠭᠵᠢᠭᠦᠯᠬᠦ ᠶᠢ ᠲᠦᠷᠭᠡᠳᠭᠡᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠦᠯᠵᠢᠶᠡᠨ ᠳᠡᠭᠡᠷ᠎ᠡ ᠬᠠᠮᠲᠤᠷᠠᠨ ᠬᠢᠨᠠᠨ ᠵᠥᠪᠰᠢᠶᠡᠷᠡᠬᠦ᠂ ᠬᠠᠮᠲᠤᠷᠠᠨ ᠬᠢᠨᠠᠨ ᠬᠠᠮᠢᠶᠠᠷᠬᠤ ᠶᠢ ᠠᠬᠢᠭᠤᠯᠤᠨ᠎ᠠ᠃ ᠳᠥᠷᠪᠡ ᠳᠤ᠂ ᠳᠠᠶᠢᠴᠢᠯᠠᠯᠲᠠ ᠬᠢᠵᠦ ᠬᠥᠲᠥᠯᠥᠨ ᠵᠢᠯᠣᠭᠤᠳᠬᠤ ᠶᠢ ᠴᠢᠩᠭᠠᠳᠬᠠᠬᠤ ᠲᠠᠯ᠎ᠠ ᠪᠠᠷ᠂ ᠡᠯ᠎ᠡ ᠱᠠᠲᠤᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠤᠯᠤᠰ ᠲᠥᠷᠥ ᠶᠢᠨ ᠵᠥᠪᠯᠡᠯᠭᠡᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢ ᠶᠢ ᠴᠢᠩᠭᠠᠳᠬᠠᠬᠤ ᠲᠤᠬᠠᠶ ᠬᠠᠶᠢᠨ ᠰᠦᠪᠡᠭᠴᠢᠯᠡᠨ᠎ᠡ᠃ ᠲᠠᠪᠤ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠲᠠᠯ᠎ᠠ ᠪᠠᠷ᠂ ᠡᠯ᠎ᠡ ᠲᠤᠬᠠᠶᠢᠯᠠᠭᠰᠠᠨ ᠠᠵᠢᠯ ᠤᠨ ᠭᠤᠤᠯᠴᠢᠯᠠᠨ ᠬᠠᠮᠢᠶᠠᠷᠬᠤ ᠨᠢᠭᠡᠴᠢ᠂ ᠠᠵᠢᠯ ᠲᠥᠷᠥᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠲᠤᠰᠬᠠᠶ ᠬᠥᠮᠦᠨ ᠢᠶᠠᠷ ᠬᠠᠷᠢᠭᠤᠴᠠᠭᠤᠯᠤᠨ᠂ ᠦᠢᠯᠡᠴᠢᠯᠡᠭᠡᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠲᠣᠭᠲᠠᠭᠠᠵᠤ᠂ ᠠᠵᠢᠯ ᠤᠨ ᠬᠠᠮᠳᠤᠷᠠᠯ ᠬᠦᠴᠦᠨ ᠢ ᠪᠣᠶ ᠪᠣᠯᠭᠠᠬᠤ ᠶᠢ ᠴᠢᠬᠤᠯᠠᠴᠢᠯᠠᠨ᠎ᠠ᠃     ᠰᠤᠨᠢᠨ ᠮᠡᠳᠡᠭᠡ ᠨᠡᠶᠢᠳᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ 2025 ᠣᠨ ᠪᠣᠯᠬᠤ ᠳᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠲᠣᠭᠲᠠᠴᠠ ᠶᠢ ᠨᠠᠩ ᠲᠡᠭᠦᠯᠳᠡᠷᠵᠢᠭᠦᠯᠵᠦ᠂ ᠵᠣᠬᠢᠶᠠᠨ ᠪᠠᠶᠢᠭᠤᠯᠤᠯᠲᠠ ᠶᠢᠨ ᠪᠠᠶᠢᠷᠢᠰᠢᠯ ᠢ ᠨᠡᠩ ᠵᠦᠢ ᠵᠣᠬᠢᠰᠲᠠᠶ ᠪᠣᠯᠭᠠᠵᠤ᠂ ᠲᠤᠰ ᠪᠡᠶ᠎ᠡ ᠶᠢᠨ ᠠᠮᠢᠵᠢᠷᠠᠯ ᠤᠨ ᠬᠦᠴᠦᠨ ᠢ ᠨᠡᠩ ᠲᠡᠭᠦᠯᠳᠡᠷ ᠪᠣᠯᠭᠠᠨ᠂ ᠦᠢᠯᠡᠳᠦᠯ ᠢ ᠨᠡᠩ ᠲᠣᠪᠤᠶᠢᠯᠭᠠᠨ ᠪᠠᠳᠠᠷᠠᠭᠤᠯᠵᠤ᠂ 3 A ︵ᠪᠠᠭᠲᠠᠨ᠎ᠠ︶ ᠠᠴᠠ ᠳᠡᠭᠡᠭᠰᠢᠬᠢ ᠳᠡᠰ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠰᠢᠯᠭᠠᠷᠠᠭᠤᠯᠤᠯᠲᠠ ᠳᠤ ᠣᠷᠣᠯᠴᠠᠭᠰᠠᠨ ᠶᠡᠷᠦᠩᠬᠡᠶ ᠲᠣᠭᠠᠨ ᠤ 80 % ᠠᠴᠠ ᠳᠡᠭᠡᠭᠰᠢ ᠡᠵᠡᠯᠡᠭᠦᠯᠵᠦ᠂ ᠬᠠᠤᠯᠢ ᠶᠢᠨ ᠡᠷᠬᠡᠲᠡᠨ ᠠᠴᠠ ᠵᠠᠰᠠᠬᠤ ᠪᠦᠲᠦᠴᠡ ᠶᠢ ᠪᠦᠷᠢᠨᠰᠢᠭᠦᠯᠵᠦ᠂ ᠢᠳᠡᠬᠡᠮᠵᠢᠳᠠᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ 90 % ᠠᠴᠠ ᠳᠡᠭᠡᠭᠰᠢ ᠬᠦᠷᠭᠡᠵᠦ᠂ 10 ᠲᠦᠮᠡᠨ ᠬᠥᠮᠦᠨ ᠠᠴᠠ ᠳᠡᠭᠡᠭᠰᠢᠬᠢ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠪᠠ ᠳᠠᠶᠢᠴᠢᠯᠠᠵᠤ᠂ ᠪᠦᠬᠦ ᠤᠯᠤᠰ ᠤᠨ ᠨᠥᠯᠥᠭᠡᠯᠡᠬᠦ ᠬᠦᠴᠦᠨ ᠲᠠᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ 50 ᠣᠷᠴᠢᠮ ᠬᠦᠷᠬᠡᠵᠦ᠂ ᠲᠥᠷᠥᠯ ᠲᠡᠮᠳᠡᠭ ᠤᠨ ᠦᠢᠯᠡᠴᠢᠯᠡᠭᠡᠨ ᠤ ᠲᠥᠷᠥᠯ ᠵᠦᠢᠯ ᠢ 100 ᠠᠴᠠ ᠳᠡᠭᠡᠭᠰᠢ ᠬᠦᠷᠬᠡᠬᠦ ᠪᠤᠯᠤᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号