︽ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ | ᠭᠦᠨᠵᠡᠭᠡᠶᠢᠷᠡᠭᠦᠯᠵᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠦᠯ ᠢ ᠳᠠᠷᠤᠮᠠᠯᠯᠠᠨ | ᠳᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2022﹈ 21 ᠳ᠋ᠣᠭᠡᠷ ᠲᠣᠭᠠᠲᠤ︶ ᠤᠨ ᠵᠣᠷᠢᠭ ᠰᠠᠨᠠᠭ᠎ᠠ ᠶᠢ | ᠳᠣᠣᠱᠯᠠᠭᠤᠯᠣᠨ ᠨᠠᠶᠢᠳᠠᠪᠤᠷᠢᠵᠢᠭᠤᠯᠵᠤ᠂ ᠡᠯ᠎ᠡ ᠠᠵᠢᠯ ᠤᠨ ᠡᠭᠦᠷᠭᠡ ᠶᠢ ᠪᠣᠳᠠᠲᠠᠶᠢᠵᠢᠭᠤᠯᠤᠨ | ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠬᠤ ᠶᠢᠨ ᠲᠤᠰᠠᠳᠠ᠂ ᠪᠥᠬᠦ ᠠᠶᠢᠮᠠᠭ ᠤᠨ ᠪᠣᠳᠠᠲᠠᠶ ᠲᠠᠢ | ᠤᠶᠠᠯᠳᠤᠭᠤᠯᠤᠨ᠂ ᠳᠤᠤᠷᠠᠬᠢ ᠮᠡᠲᠦ ᠠᠵᠢᠯ ᠤᠨ ᠲᠥᠰᠦᠯ ᠢ ᠲᠣᠭᠲᠠᠭᠠᠪᠠ᠃ | ᠨᠢᠭᠡ᠂ ᠠᠵᠢᠯ ᠤᠨ ᠬᠠᠷᠠᠯᠲᠠ | ᠲᠠᠷᠢᠶᠠᠨ ᠭᠠᠵᠠᠷ ᠤᠨ ᠡᠬᠢ ᠪᠠᠶᠠᠯᠢᠭ ᠤᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢ ᠥᠷᠨᠢᠭᠦᠯᠵᠦ᠂ ᠪᠥᠬᠦ | ᠠᠶᠢᠮᠠᠭ ᠤᠨ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠤᠨ ᠪᠡᠯᠡᠳᠬᠡᠯ ᠡᠬᠢ ᠪᠠᠶᠠᠯᠢᠭ ᠢ ᠪᠦᠲᠦᠮᠵᠢᠲᠡᠶ ᠠᠰᠢᠭᠯᠠᠬᠤ᠂ | ᠲᠠᠷᠢᠶᠠᠨ ᠭᠠᠵᠠᠷ ᠢ ᠳᠠᠬᠢᠨ ᠬᠠᠭᠠᠯᠪᠤᠷᠢᠯᠠᠵᠤ ᠨᠡᠭᠡᠭᠡᠨ ᠠᠰᠢᠭᠯᠠᠬᠤ ᠶᠢ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠬᠦ᠂ | ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠶᠢ ᠪᠡᠶᠡᠯᠡᠭᠦᠯᠬᠦ ᠳᠤ ᠰᠠᠶᠢᠲᠤᠷ | ᠰᠠᠭᠤᠷᠢ ᠲᠠᠯᠪᠢᠵᠤ ᠥᠭᠭᠦᠨ᠎ᠡ︔ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠪᠠᠶᠢᠳᠠᠯ ᠢ ᠣᠶᠢᠯᠠᠭᠠᠬᠤ | ᠪᠠᠶᠢᠴᠠᠭᠠᠯᠲᠠ ᠶᠢ ᠥᠷᠨᠢᠭᠦᠯᠵᠦ᠂ ᠦᠯᠡᠳᠡᠭᠡᠯ ᠡᠬᠢ ᠪᠠᠶᠠᠯᠢᠭ ᠢ ᠠᠮᠢᠳᠤᠯᠢᠭᠵᠢᠭᠤᠯᠤᠨ᠂ ᠦᠷ᠎ᠡ ᠪᠦᠲᠦᠮᠵᠢ ᠪᠠᠷ ᠠᠨᠠᠶ | ᠬᠡᠷᠡᠭᠯᠡᠬᠦ ᠭᠠᠵᠠᠷ ᠢ ᠰᠢᠩᠭᠡᠭᠡᠨ ᠰᠢᠢᠳᠪᠦᠷᠢᠯᠡᠬᠦ ᠳᠤ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠨ᠎ᠡ︔ | ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ︽ᠭᠤᠷᠪᠠᠨ ᠱᠠᠲᠤ ᠭᠤᠷᠪᠠᠨ ᠲᠥᠷᠥᠯ︾ ᠤᠨ | ᠲᠥᠯᠥᠪᠵᠢᠭᠦᠯᠭᠡ ᠶᠢᠨ ᠰᠢᠰᠲ᠋ᠧᠮ ᠢ ᠪᠠᠶᠢᠭᠤᠯᠵᠤ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠬᠡᠷᠡᠭᠴᠡᠭᠡ ᠶᠢᠨ ᠬᠠᠮᠢᠶᠠᠷᠤᠯᠲᠠ ᠶᠢ ᠨᠢᠭᠡᠳᠬᠡᠬᠦ᠂ ᠲᠥᠯᠥᠪᠵᠢᠭᠦᠯᠭᠡ ᠶᠢ ᠬᠡᠷᠡᠭᠵᠢᠭᠦᠯᠵᠦ ᠬᠢᠨᠠᠯᠲᠠ ᠲᠠᠯᠪᠢᠬᠤ ᠶᠢ | ᠴᠢᠩᠭᠠᠳᠬᠠᠬᠤ ᠳᠤ ᠦᠨᠳᠦᠰᠦᠯᠡᠯ ᠪᠠ ᠲᠤᠯᠭᠠᠭᠤᠷᠢᠯᠠᠯ ᠬᠠᠩᠭᠠᠨ᠎ᠠ︔ ᠭᠠᠵᠠᠷ ᠰᠢᠷᠣᠶ ᠨᠥᠭᠡᠴᠡᠯᠡᠬᠦ ᠠᠵᠢᠯ ᠢ | ᠰᠦᠪᠡᠭᠴᠢᠯᠡᠨ ᠥᠷᠨᠢᠭᠦᠯᠵᠦ᠂ ᠭᠠᠵᠠᠷ ᠰᠢᠷᠣᠶ ᠶᠢᠨ ᠵᠠᠬ᠎ᠠ ᠳᠡᠯᠭᠡᠭᠦᠷ ᠲᠠᠬᠢ ᠵᠠᠰᠠᠭ ᠤᠨ ᠣᠷᠳᠣᠨ ᠤ ᠬᠤᠷᠸ᠎ᠠ | ᠲᠣᠬᠢᠷᠠᠭᠤᠯᠭ᠎ᠠ ᠡᠵᠡᠮᠰᠢᠯ ᠤᠨ ᠦᠢᠯᠡᠳᠦᠯ ᠢ ᠴᠢᠩᠭᠠᠳᠬᠠᠨ᠂ ᠭᠠᠵᠠᠷ ᠰᠢᠷᠣᠶ ᠠᠰᠢᠭᠯᠠᠬᠤ ᠦᠷ᠎ᠡ ᠪᠦᠲᠦᠮᠵᠢ ᠶᠢ | ᠳᠡᠭᠡᠭᠰᠢᠯᠡᠬᠦᠯᠦᠨ᠎ᠡ︔ ᠭᠠᠵᠠᠷ ᠰᠢᠷᠣᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠡᠯ᠎ᠡ ᠭᠤᠤᠯᠳᠠᠯᠭ᠎ᠠ ᠲᠠᠢ ᠠᠵᠢᠯ ᠢ | ᠠᠬᠢᠭᠤᠯᠵᠤ᠂ ᠪᠥᠬᠦ ᠠᠶᠢᠮᠠᠭ ᠤᠨ ᠭᠠᠵᠠᠷ ᠰᠢᠷᠣᠶ ᠶᠢᠨ ᠡᠬᠢ ᠪᠠᠶᠠᠯᠢᠭ ᠤᠨ ᠥᠷᠲᠡᠭ ᠢ ᠳᠡᠭᠡᠭᠰᠢᠯᠡᠭᠦᠯᠦᠨ᠂ ᠡᠬᠢ | ᠪᠠᠶᠠᠯᠢᠭ ᠤᠨ ᠡᠯᠧᠮᠧᠨ᠋ᠲ ᠤᠨ ᠢᠳᠡᠪᠬᠢ ᠴᠢᠨᠠᠷ ᠢ ᠦᠷᠭᠦᠯᠵᠢᠯᠡᠨ ᠨᠡᠮᠡᠭᠳᠡᠭᠦᠯᠵᠦ᠂ ᠠᠵᠤ ᠠᠬᠤᠶ ᠨᠡᠶᠢᠭᠡᠮ ᠤᠨ ᠴᠢᠨᠠᠷ | ᠰᠠᠶᠢᠲᠠᠶ ᠬᠥᠭᠵᠢᠯᠲᠡ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠬᠤᠶᠠᠷ᠂ ᠴᠡᠭᠴᠡᠯᠡᠨ ᠵᠠᠰᠠᠬᠤ ᠠᠭᠤᠯᠭ᠎ᠠ | ︵ᠨᠢᠭᠡ︶ ᠪᠠᠶᠢᠴᠠᠭᠠᠯᠲᠠ ᠬᠢᠵᠦ ᠪᠠᠶᠢᠳᠠᠯ ᠢ ᠣᠶᠢᠯᠠᠭᠠᠵᠤ᠂ ᠰᠠᠭᠤᠷᠢ ᠳᠤᠭ᠎ᠠ ᠶᠢ ᠡᠵᠡᠮᠰᠢᠨ᠎ᠡ | 1 . ᠪᠦᠬᠦ ᠠᠶᠢᠮᠠᠭ ᠤᠨ ᠲᠠᠷᠢᠶᠠᠨ ᠭᠠᠵᠠᠷ ᠤᠨ ᠪᠡᠯᠡᠳᠬᠡᠯ ᠡᠬᠢ ᠪᠠᠶᠠᠯᠢᠭ ᠤᠨ ᠳᠠᠯᠳᠠ ᠬᠦᠴᠦᠨ ᠪᠠ | ᠠᠰᠢᠭᠯᠠᠭᠠᠳᠤᠶ ᠭᠠᠵᠠᠷ ᠰᠢᠷᠣᠶ ᠵᠡᠷᠭᠡ ᠪᠠᠶᠢᠳᠠᠯ ᠢ ᠲᠣᠳᠣᠷᠬᠠᠶ ᠣᠶᠢᠯᠠᠭᠠᠬᠤ ᠬᠡᠷᠡᠭᠲᠡᠶ᠃ ᠨᠢᠭᠡᠨᠲᠡ ᠪᠠᠶᠢᠭᠤᠯᠤᠭᠰᠠᠨ᠂ | ᠪᠠᠶᠢᠭᠤᠯᠵᠤ ᠪᠠᠶᠢᠭ᠎ᠠ ᠪᠤᠶᠤ ᠲᠥᠯᠥᠪᠵᠢᠭᠦᠯᠦᠨ ᠪᠠᠶᠢᠭᠤᠯᠵᠤ ᠪᠠᠶᠢᠭ᠎ᠠ ᠤᠰᠤᠨ ᠠᠰᠢᠭᠯᠠᠯᠲᠠ ᠶᠢᠨ ᠪᠠᠷᠢᠯᠭ᠎ᠠ ᠲᠠᠢ | ᠤᠶᠠᠯᠳᠤᠭᠤᠯᠤᠨ᠂ ᠪᠦᠬᠦ ᠠᠶᠢᠮᠠᠭ ᠤᠨ ᠤᠰᠤᠨ ᠤ ᠡᠬᠢ ᠪᠠᠶᠠᠯᠢᠭ ᠤᠨ ᠪᠠᠲᠤᠯᠠᠭ᠎ᠠ ᠶᠢᠨ ᠴᠢᠳᠠᠪᠤᠷᠢ ᠪᠠᠷ ᠨᠡᠯᠢᠶᠡᠳ | ᠴᠢᠩᠭ᠎ᠠ᠂ ᠨᠡᠭᠡᠭᠡᠨ ᠠᠰᠢᠭᠯᠠᠵᠤ ᠪᠣᠯᠬᠤ ᠲᠠᠷᠢᠶᠠᠨ ᠭᠠᠵᠠᠷ ᠤᠨ ᠨᠥᠭᠡᠴᠡ ᠡᠬᠢ ᠪᠠᠶᠠᠯᠢᠭ ᠪᠣᠯᠤᠨ ᠠᠰᠢᠭᠯᠠᠭᠠᠳᠤᠶ | ᠭᠠᠵᠠᠷ ᠤᠨ ᠶᠡᠷᠦᠩᠬᠡᠶ ᠬᠡᠮᠵᠢᠶ᠎ᠡ᠂ ᠲᠠᠷᠬᠠᠯᠲᠠ ᠵᠡᠷᠭᠡ ᠪᠠᠶᠢᠳᠠᠯ ᠢ ᠲᠣᠳᠣᠷᠬᠠᠶ ᠣᠶᠢᠯᠠᠭᠠᠬᠤ ᠬᠡᠷᠡᠭᠲᠡᠶ᠃ | 2 . ᠬᠥᠳᠡᠭᠡ ᠲᠣᠰᠬᠤᠨ ᠤ ᠦᠷ᠎ᠡ ᠠᠰᠢᠭ ᠢᠶᠠᠷ ᠳᠣᠣᠷ᠎ᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ | ᠰᠤᠯᠠ ᠲᠠᠯᠪᠢᠵᠤ ᠪᠠᠶᠢᠭ᠎ᠠ ᠣᠷᠣᠨ ᠰᠠᠭᠤᠴᠠ ᠶᠢᠨ ᠭᠠᠵᠠᠷ ᠵᠡᠷᠭᠡ ᠪᠠᠶᠢᠳᠠᠯ ᠢ ᠲᠣᠳᠣᠷᠬᠠᠶ ᠣᠶᠢᠯᠠᠭᠠᠬᠤ ᠬᠡᠷᠡᠭᠲᠡᠶ᠃ | ᠨᠢᠭᠡ ᠳᠤ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠢ | ᠬᠡᠷᠡᠭᠯᠡᠨ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠷᠥᠯ ᠤᠨ ᠵᠢᠷᠤᠭ ᠤᠨ | ᠲᠣᠯᠪᠤ ᠶᠢᠨ ᠣᠷᠣᠨ ᠪᠠᠶᠢᠷᠢ᠂ ᠲᠠᠯᠠᠪᠠᠶ᠂ ᠬᠡᠪᠴᠢᠶ᠎ᠡ ᠵᠡᠷᠭᠡ ᠪᠠᠶᠢᠳᠠᠯ ᠢ ᠲᠣᠳᠣᠷᠬᠠᠶ ᠣᠶᠢᠯᠠᠭᠠᠬᠤ ᠬᠡᠷᠡᠭᠲᠡᠶ᠃ | ᠬᠤᠶᠠᠷ ᠲᠤ ᠬᠥᠳᠡᠭᠡ ᠲᠣᠰᠬᠤᠨ ᠤ ᠠᠶᠢᠯ ᠲᠣᠰᠬᠤᠨ ᠢ ᠲᠥᠷᠥᠯ ᠬᠤᠪᠢᠶᠠᠬᠤ ᠵᠢᠴᠢ ᠠᠶᠢᠯ ᠲᠣᠰᠬᠤᠨ ᠤ | ᠲᠥᠯᠥᠪᠵᠢᠭᠦᠯᠭᠡ ᠵᠡᠷᠭᠡ ᠲᠤᠰᠬᠠᠶ ᠠᠵᠢᠯ ᠲᠠᠢ ᠤᠶᠠᠯᠳᠤᠭᠤᠯᠤᠨ᠂ ᠬᠥᠳᠡᠭᠡ ᠲᠣᠰᠬᠤᠨ ᠤ ᠪᠥᠲᠥᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠣᠷᠣᠨ ᠵᠠᠶ ᠶᠢᠨ ᠪᠠᠶᠢᠷᠢᠰᠢᠯ ᠪᠠ ᠰᠢᠯᠢᠳᠡᠭᠵᠢᠭᠦᠯᠬᠦ ᠳᠠᠯᠳᠠ ᠬᠦᠴᠦᠨ | ᠵᠡᠷᠭᠡ ᠪᠠᠶᠢᠳᠠᠯ ᠢ ᠲᠣᠳᠣᠷᠬᠠᠶ ᠣᠶᠢᠯᠠᠭᠠᠨ᠎ᠠ᠃ | 3 . ᠬᠤᠲᠠ ᠪᠠᠯᠭᠠᠰᠤ ᠶᠢᠨ ᠵᠥᠪᠰᠢᠶᠡᠷᠡᠭᠰᠡᠨ ᠪᠠᠶᠢᠲᠠᠯ᠎ᠠ ᠬᠠᠩᠭᠠᠭᠰᠠᠨ ᠦᠭᠡᠶ᠂ ᠬᠠᠩᠭᠠᠭᠰᠠᠨ ᠪᠠᠶᠢᠲᠠᠯ᠎ᠠ | ᠬᠡᠷᠡᠭᠯᠡᠭᠰᠡᠨ ᠦᠭᠡᠶ᠂ ᠰᠤᠯᠠ ᠲᠠᠯᠪᠢᠵᠤ ᠪᠠᠶᠢᠭ᠎ᠠ ᠭᠠᠵᠠᠷ ᠰᠢᠷᠣᠶ ᠵᠢᠴᠢ ᠨᠡᠭᠡᠭᠡᠯᠲᠡ ᠶᠢᠨ ᠣᠷᠣᠨ ᠤ ᠦᠷ᠎ᠡ | ᠪᠦᠲᠦᠮᠵᠢ ᠪᠠᠷ ᠳᠣᠣᠷ᠎ᠠ ᠭᠠᠵᠠᠷ ᠬᠡᠷᠡᠭᠯᠡᠵᠦ ᠪᠠᠶᠢᠭ᠎ᠠ ᠵᠡᠷᠭᠡ ᠪᠠᠶᠢᠳᠠᠯ ᠢ ᠲᠣᠳᠣᠷᠬᠠᠶ ᠣᠶᠢᠯᠠᠭᠠᠬᠤ ᠬᠡᠷᠡᠭᠲᠡᠶ᠃ | ᠨᠢᠭᠡ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠥᠪᠰᠢᠶᠡᠷᠡᠭᠰᠡᠨ ᠪᠠᠶᠢᠲᠠᠯ᠎ᠠ ᠬᠠᠩᠭᠠᠭᠰᠠᠨ | ᠥᠬᠡᠶ᠂ ᠰᠤᠯᠠ ᠪᠠᠶᠢᠭ᠎ᠠ ᠭᠠᠵᠠᠷ ᠰᠢᠷᠣᠶ ᠶᠢ ᠶᠡᠭᠡ ᠬᠡᠮᠵᠢᠶ᠎ᠡ ᠪᠠᠷ ᠪᠣᠶ ᠪᠣᠯᠭᠠᠬᠤ ᠠᠵᠢᠯ ᠤᠨ ᠱᠠᠭᠠᠷᠳᠠᠯᠭ᠎ᠠ ᠶᠣᠰᠣᠭᠠᠷ | ᠂ ᠵᠥᠪᠰᠢᠶᠡᠷᠡᠭᠰᠡᠨ ᠪᠠᠶᠢᠲᠠᠯ᠎ᠠ ᠬᠠᠩᠭᠠᠭᠰᠠᠨ ᠥᠬᠡᠶ ᠪᠠ ᠰᠤᠯᠠ ᠪᠠᠶᠢᠭ᠎ᠠ ᠭᠠᠵᠠᠷ ᠰᠢᠷᠣᠶ ᠶᠢᠨ ᠪᠠᠶᠢᠷᠢᠯᠠᠯ᠂ ᠲᠠᠯᠠᠪᠠᠶ᠂ | ᠡᠷᠬᠡ ᠶᠢᠨ ᠬᠠᠷᠢᠶᠠᠯᠠᠯ᠂ ᠲᠥᠯᠥᠪᠵᠢᠭᠦᠯᠭᠡ ᠶᠢᠨ ᠬᠡᠷᠡᠭᠴᠡᠭᠡ ᠵᠡᠷᠭᠡ ᠦᠨᠳᠦᠰᠦᠨ ᠪᠠᠶᠢᠳᠠᠯ ᠢ ᠪᠥᠬᠦ ᠲᠠᠯ᠎ᠠ ᠪᠠᠷ | ᠡᠵᠡᠮᠰᠢᠬᠦ ᠬᠡᠷᠡᠭᠲᠡᠶ᠃ ᠬᠤᠶᠠᠷ ᠲᠤ ᠨᠡᠭᠡᠭᠡᠯᠲᠡ ᠶᠢᠨ ᠣᠷᠣᠨ ᠤ ᠰᠤᠯᠠ ᠲᠠᠯᠪᠢᠭᠳᠠᠵᠤ ᠪᠠᠶᠢᠭ᠎ᠠ ᠡᠬᠢ ᠪᠠᠶᠠᠯᠢᠭ ᠤᠨ | ᠬᠦᠴᠦᠨ ᠵᠦᠢᠯ ᠢ ᠠᠰᠢᠭᠯᠠᠨ ᠡᠴᠦᠰ ᠲᠤᠨᠢ ᠳᠣᠯᠳᠠᠯ᠎ᠠ ᠬᠢᠬᠦ ᠠᠵᠢᠯ ᠢ ᠬᠢᠵᠦ᠂ ᠨᠡᠭᠡᠭᠡᠯᠲᠡ ᠶᠢᠨ ᠣᠷᠣᠨ ᠤ | ᠬᠠᠩᠭᠠᠭᠰᠠᠨ ᠪᠣᠯᠪᠠᠴᠤ ᠬᠡᠷᠡᠭᠯᠡᠭᠰᠡᠨ ᠦᠭᠡᠶ᠂ ᠣᠷᠣᠭᠤᠯᠤᠯᠲᠠ ᠣᠷᠣᠭᠤᠯᠤᠭᠠᠳ ᠦᠢᠯᠡᠳᠪᠦᠷᠢᠯᠡᠵᠦ ᠭᠠᠷᠭᠠᠭᠰᠠᠨ ᠨᠢ | ᠦᠷ᠎ᠡ ᠠᠰᠢᠭ ᠢᠶᠠᠷ ᠳᠣᠣᠷ᠎ᠠ ᠵᠡᠷᠭᠡ ᠭᠠᠵᠠᠷ ᠰᠢᠷᠣᠶ ᠶᠢᠨ ᠠᠰᠢᠭᠯᠠᠯᠲᠠ ᠶᠢᠨ ᠪᠠᠶᠢᠳᠠᠯ ᠳᠤ ᠣᠨ ᠤ ᠪᠠᠶᠢᠴᠠᠭᠠᠯᠲᠠ | ᠬᠢᠬᠦ ᠬᠡᠷᠡᠭᠲᠡᠶ᠃ | 4 . ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠶ ᠶᠢ ᠬᠠᠷᠭᠤᠭᠤᠯᠤᠨ ᠪᠠᠶᠢᠴᠠᠭᠠᠬᠤ ᠠᠵᠢᠯ ᠲᠠᠢ | ᠤᠶᠠᠯᠳᠤᠭᠤᠯᠤᠨ᠂ ᠪᠥᠬᠦ ᠠᠶᠢᠮᠠᠭ ᠤᠨ ᠠᠭᠤᠷᠬᠠᠶ ᠳᠤ ᠬᠡᠷᠡᠭᠯᠡᠬᠦ ᠭᠠᠵᠠᠷ ᠵᠢᠴᠢ ᠳᠠᠬᠢᠨ ᠬᠠᠭᠠᠯᠪᠤᠷᠢᠯᠠᠭᠰᠠᠨ | ᠪᠠᠶᠢᠳᠠᠯ ᠢ ᠲᠣᠳᠣᠷᠬᠠᠶ ᠣᠶᠢᠯᠠᠭᠠᠨ᠎ᠠ᠃ | ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | ᠬᠠᠮᠵᠢᠯᠴᠠᠬᠤ ᠨᠢᠭᠡᠴᠡ᠄ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠬᠦᠳᠭᠡ ᠳᠣᠰᠬᠤᠨ | ᠮᠠᠯᠵᠢᠬᠤ ᠣᠷᠣᠨ ᠤ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ | ᠤᠨ ᠲᠣᠪᠴᠢᠶ᠎ᠠ᠂ ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ | ᠵᠥᠪᠯᠡᠯ︶ | ︵ᠬᠤᠶᠠᠷ︶ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠶᠢᠨ ᠰᠢᠰᠲ᠋ᠧᠮ ᠢ | ᠪᠠᠶᠢᠭᠤᠯᠵᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠴᠡᠭᠡ ᠶᠢᠨ ᠬᠠᠮᠢᠶᠠᠷᠤᠯᠲᠠ ᠶᠢ | ᠴᠢᠩᠭᠠᠳᠬᠠᠨ᠎ᠠ | 1 . ᠠᠯᠠᠱᠠ ᠠᠶᠢᠮᠠᠭ ᠤᠨ ︽ᠭᠤᠷᠪᠠᠨ ᠳᠡᠰ ᠭᠤᠷᠪᠠᠨ ᠲᠥᠷᠥᠯ︾ ᠤᠨ ᠤᠯᠤᠰ ᠤᠨ ᠭᠠᠵᠠᠷ ᠰᠢᠷᠣᠶ ᠶᠢᠨ | ᠣᠷᠣᠨ ᠵᠠᠶ ᠶᠢᠨ ᠲᠥᠯᠥᠪᠵᠢᠭᠦᠯᠭᠡ ᠶᠢᠨ ᠰᠢᠰᠲ᠋ᠧᠮᠵᠢ ᠶᠢ ᠪᠠᠶᠢᠭᠤᠯᠤᠨ᠎ᠠ᠃ ᠠᠶᠢᠮᠠᠭ᠂ ᠬᠤᠰᠢᠭᠤ᠂ ᠰᠤᠮᠤ | ᠪᠠᠯᠭᠠᠰᠤᠨ ᠤ ︽ᠭᠤᠷᠪᠠᠨ ᠳᠡᠰ︾᠂ ᠶᠡᠷᠦᠩᠬᠡᠢ ᠳᠦᠯᠦᠪᠵᠢᠬᠦᠯᠬᠡ᠂ ᠲᠤᠰᠬᠠᠢ ᠲᠥᠷᠥᠯ ᠤᠨ ᠳᠦᠯᠦᠪᠵᠢᠬᠦᠯᠬᠡ᠂ | ︽ᠭᠤᠷᠪᠠᠨ ᠲᠥᠷᠥᠯ ᠤᠨ︾ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠶᠢᠨ | ᠰᠢᠰᠲ᠋ᠧᠮ ᠢ ᠪᠠᠶᠢᠭᠤᠯᠬᠤ ᠮᠥᠷᠲᠡᠭᠡᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠶᠢᠨ ︽ | ᠨᠢᠭᠡ ᠵᠢᠷᠤᠭ︾ ᠤᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠮᠡᠳᠡᠭᠡ ᠵᠠᠩᠭᠢ ᠶᠢᠨ ᠰᠢᠰᠲ᠋ᠧᠮ ᠢ ᠵᠡᠷᠭᠡᠪᠡᠷ | ᠪᠠᠶᠢᠭᠤᠯᠤᠨ᠎ᠠ᠃ ᠠᠶᠢᠮᠠᠭ᠂ ᠬᠤᠰᠢᠭᠤ᠂ ᠰᠤᠮᠤ ᠪᠠᠯᠭᠠᠰᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ | ᠶᠡᠷᠦᠩᠬᠡᠢ ᠲᠥᠯᠥᠪᠵᠢᠭᠦᠯᠭᠡ ᠶᠢ ᠨᠠᠶᠢᠷᠠᠭᠤᠯᠤᠨ ᠳᠠᠭᠤᠰᠬᠠᠵᠤ᠂ ︽ᠭᠤᠷᠪᠠᠨ ᠣᠷᠣᠨ ᠭᠤᠷᠪᠠᠨ ᠱᠤᠭᠤᠮ︾ ᠢ | ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠨ ᠲᠣᠭᠲᠠᠭᠠᠬᠤ ᠶᠢᠨ ᠬᠠᠮᠲᠤ ᠴᠢᠩᠭ᠎ᠠ ᠬᠠᠮᠢᠶᠠᠷᠤᠨ ᠡᠵᠡᠮᠳᠡᠵᠦ᠂ ᠬᠤᠲᠠ | ᠪᠠᠯᠭᠠᠰᠤᠨ ᠤ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠣᠷᠣᠨ ᠵᠠᠢ ᠶᠢ ᠲᠣᠭᠲᠠᠭᠠᠨ᠂ ᠬᠤᠲᠠ ᠪᠠᠯᠭᠠᠰᠤᠨ ᠤ | ᠡᠮᠬᠢ ᠵᠠᠮᠪᠠᠷᠠᠭ᠎ᠠ ᠦᠭᠡᠢ ᠥᠷᠭᠡᠵᠢᠬᠦ ᠶᠢ ᠬᠢᠵᠠᠭᠠᠷᠯᠠᠨ᠎ᠠ᠃ ᠨᠠᠷᠢᠨ ᠨᠢᠭᠲᠠ ᠲᠥᠯᠥᠪᠵᠢᠭᠦᠯᠭᠡ ᠪᠠᠷ | ᠲᠥᠯᠥᠪᠵᠢᠭᠦᠯᠭᠡ ᠶᠢ ᠵᠥᠪᠰᠢᠶᠡᠷᠡᠬᠦ ᠪᠠ ᠬᠡᠷᠡᠭᠵᠢᠭᠦᠯᠬᠦ ᠬᠠᠮᠢᠶᠠᠷᠤᠯᠲᠠ ᠶᠢᠨ ᠦᠨᠳᠦᠰᠦᠯᠡᠯ ᠪᠣᠯᠭᠠᠵᠤ᠂ ᠬᠤᠲᠠ | ᠪᠠᠯᠭᠠᠰᠤ ᠶᠢᠨ ᠨᠡᠭᠡᠭᠡᠯᠲᠡ ᠶᠢᠨ ᠵᠠᠭᠠᠭ ᠤᠨ ᠳᠣᠲᠣᠷᠠᠬᠢ ᠣᠷᠣᠨ ᠪᠦᠰᠡ᠂ ᠵᠡᠭᠡᠯᠢ ᠲᠣᠭᠤᠷᠢᠭ᠂ ᠲᠠᠰᠤᠭ ᠵᠡᠷᠭᠡ ᠳᠤ | ᠨᠠᠷᠢᠨ ᠲᠣᠳᠣᠷᠬᠠᠶ ᠲᠥᠯᠥᠪᠵᠢᠭᠦᠯᠭᠡ ᠨᠠᠶᠢᠷᠠᠭᠤᠯᠤᠨ ᠵᠣᠬᠢᠶᠠᠬᠤ ᠴᠢᠬᠤᠯᠠᠳᠠᠢ ᠪᠣᠯ ᠨᠠᠶᠢᠷᠠᠭᠤᠯᠤᠨ ᠵᠣᠬᠢᠶᠠᠬᠤ | ᠠᠵᠢᠯ ᠢ ᠳᠠᠷᠦ᠋ᠢᠬᠠᠨ ᠡᠬᠢᠯᠡᠭᠦᠯᠬᠦ ᠬᠡᠷᠡᠭᠲᠡᠶ᠃ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠠᠴᠠ | ᠭᠠᠳᠠᠨᠠᠬᠢ ᠮᠠᠯᠵᠢᠬᠤ ᠲᠠᠷᠢᠶᠠᠯᠠᠬᠤ ᠣᠷᠣᠨ ᠨᠢ ︽ᠣᠯᠠᠨ ᠲᠥᠯᠥᠪᠵᠢᠭᠦᠯᠭᠡ ᠶᠢ ᠨᠢᠭᠡᠳᠬᠡᠭᠰᠡᠨ︾ ᠠᠶᠢᠯ | ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠭᠠᠵᠠᠷ ᠰᠢᠷᠣᠶ ᠶᠢ ᠶᠡᠷᠦᠩᠬᠡᠶᠢᠯᠡᠨ ᠴᠡᠭᠴᠡᠯᠡᠨ | ᠵᠠᠰᠠᠬᠤ ᠶᠢ ᠵᠢᠯᠣᠭᠤᠳᠴᠤ᠂ ᠭᠠᠵᠠᠷ ᠰᠢᠷᠣᠶ ᠶᠢ ᠥᠨᠳᠥᠷ ᠦᠷ᠎ᠡ ᠪᠦᠲᠦᠮᠵᠢᠲᠡᠶ ᠪᠠᠷ ᠠᠰᠢᠭᠯᠠᠬᠤ ᠶᠢ ᠠᠬᠢᠭᠤᠯᠤᠨ᠎ᠠ᠃ | ᠣᠷᠣᠨ ᠵᠠᠶ ᠶᠢ ᠠᠰᠢᠭᠯᠠᠬᠤ ᠳᠤ ᠬᠤᠯᠪᠣᠭᠳᠠᠬᠤ ᠵᠠᠮ ᠬᠠᠷᠢᠯᠴᠠᠭ᠎ᠠ᠂ ᠡᠨᠧᠷᠭᠢ᠂ ᠤᠰᠤᠨ ᠠᠰᠢᠭᠯᠠᠯᠲᠠ᠂ | ᠬᠤᠲᠠ ᠶᠢᠨ ᠶᠠᠪᠤᠳᠠᠯ᠂ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠰᠠᠭᠤᠷᠢ ᠪᠡᠯᠡᠳᠬᠡᠮᠵᠢ ᠪᠣᠯᠤᠨ ᠰᠤᠷᠭᠠᠨ | ᠬᠥᠮᠦᠵᠢᠯ᠂ ᠡᠮᠴᠢᠯᠡᠭᠡ᠂ ᠰᠣᠶᠣᠯ᠂ ᠨᠠᠰᠤᠵᠢᠯ ᠵᠡᠷᠭᠡ ᠣᠯᠠᠨ ᠨᠡᠶᠢᠲᠡ ᠶᠢᠨ ᠦᠢᠯᠡᠴᠢᠯᠡᠬᠡᠨ ᠤ ᠪᠡᠯᠡᠳᠬᠡᠮᠵᠢ ᠵᠢᠴᠢ | ᠠᠮᠢ ᠠᠬᠤᠶ ᠣᠷᠴᠢᠨ ᠲᠣᠭᠤᠷᠢᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠵᠡᠷᠭᠡ ᠲᠤᠰᠬᠠᠶ | ᠲᠥᠯᠥᠪᠵᠢᠭᠦᠯᠭᠡ ᠶᠢ ᠬᠠᠮᠢᠶ᠎ᠠ ᠪᠥᠬᠦᠶ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠤᠨ | ᠨᠠᠶᠢᠷᠠᠭᠤᠯᠤᠨ ᠵᠣᠬᠢᠶᠠᠨ᠎ᠠ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ᠂ | ᠨᠠᠷᠢᠨ ᠲᠥᠯᠥᠪᠵᠢᠭᠦᠯᠭᠡ᠂ ︽ᠭᠤᠷᠪᠠᠨ ᠣᠷᠣᠨ ᠭᠤᠷᠪᠠᠨ ᠱᠤᠭᠤᠮ︾ ᠵᠢᠴᠢ ᠡᠯ᠎ᠡ ᠲᠥᠷᠥᠯ ᠤᠨ ᠲᠤᠰᠬᠠᠶ | ᠲᠥᠯᠥᠪᠵᠢᠭᠦᠯᠭᠡ ᠶᠢ ᠨᠢᠭᠡᠳᠦᠯᠲᠡᠶ ᠲᠥᠯᠥᠪᠵᠢᠭᠦᠯᠦᠭᠰᠡᠨ ᠤ ᠳᠠᠷᠠᠭ᠎ᠠ ᠵᠢᠷᠤᠭ ᠲᠤ ᠣᠷᠣᠭᠤᠯᠤᠨ ᠬᠥᠮᠥᠷᠭᠡ ᠳᠤ | ᠣᠷᠣᠭᠤᠯᠵᠤ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠬᠡᠷᠡᠭᠴᠡᠭᠡ ᠶᠢᠨ ᠬᠠᠮᠢᠶᠠᠷᠤᠯᠲᠠ ᠶᠢ ᠨᠢᠭᠡᠳᠬᠡᠬᠦ᠂ | ᠲᠥᠯᠥᠪᠵᠢᠭᠦᠯᠭᠡ ᠶᠢ ᠬᠡᠷᠡᠭᠵᠢᠭᠦᠯᠵᠦ ᠬᠢᠨᠠᠯᠲᠠ ᠲᠠᠯᠪᠢᠬᠤ ᠶᠢ ᠴᠢᠩᠭᠠᠳᠬᠠᠬᠤ ᠳᠤ ᠦᠨᠳᠦᠰᠦᠯᠡᠯ ᠪᠠ ᠲᠤᠯᠭᠠᠭᠤᠷᠢᠯᠠᠯ | ᠬᠠᠩᠭᠠᠨ᠎ᠠ᠃ | ᠬᠠᠷᠢᠭᠤᠴᠠᠯᠭᠠᠲᠤ ᠨᠢᠭᠡᠴᠡ᠄ ᠠᠯᠠᠱᠠ ᠠᠶᠢᠮᠠᠭ ᠤᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠲᠥᠯᠥᠪᠵᠢᠭᠦᠯᠭᠡ ᠶᠢᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ | ᠪᠡᠶᠡᠯᠡᠭᠦᠯᠬᠦ ᠴᠠᠭ ᠤᠨ ᠬᠢᠵᠠᠭᠠᠷ᠄ 2022 ᠣᠨ ᠤ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ | 2 . ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ ᠢ ᠲᠤᠰᠬᠠᠶᠢᠯᠠᠨ ᠢᠯᠭᠠᠷᠠᠭᠤᠯᠵᠤ ᠴᠡᠭᠴᠡᠯᠡᠨ ᠵᠠᠰᠠᠬᠤ ︽ | ᠡᠷᠭᠢᠨ ᠬᠠᠷᠠᠬᠤ︾ ᠵᠢᠴᠢ ᠰᠤᠯᠠ ᠲᠠᠯᠪᠢᠵᠤ ᠪᠠᠶᠢᠭ᠎ᠠ ᠭᠠᠵᠠᠷ ᠰᠢᠷᠣᠶ ᠶᠢ ᠦᠨᠳᠦᠰᠦᠨ ᠠᠴᠠ ᠨᠢ ᠰᠢᠢᠳᠪᠦᠷᠢᠯᠡᠬᠦ ᠪᠠ | ᠲᠥᠪᠯᠡᠷᠡᠭᠦᠯᠦᠨ ᠰᠢᠢᠳᠪᠦᠷᠢᠯᠡᠵᠦ ᠪᠣᠭᠤᠮᠲᠠ ᠰᠢᠪᠲᠤᠯᠬᠤ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠪᠦᠬᠦ | ᠠᠶᠢᠮᠠᠭ ᠤᠨ ᠣᠶᠢᠷ᠎ᠠ ᠶᠢᠨ 5 ᠵᠢᠯ ᠳᠤ ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ ᠪᠠ ᠵᠤᠷᠰᠢᠯ ᠶᠣᠰᠣᠭᠠᠷ | ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠤᠭᠰᠠᠨ ᠦᠭᠡᠶ ᠠᠰᠠᠭᠤᠳᠠᠯ ᠢ | ᠲᠤᠰᠬᠠᠶ ᠴᠡᠭᠴᠡᠯᠡᠨ ᠵᠠᠰᠠᠬᠤ ᠬᠦᠷᠢᠶ᠎ᠡ ᠬᠡᠪᠴᠢᠶ᠎ᠡ ᠳᠤ ᠪᠦᠬᠦ ᠲᠠᠯ᠎ᠠ ᠪᠠᠷ ᠣᠷᠣᠭᠤᠯᠵᠤ᠂ ᠠᠰᠠᠭᠤᠳᠠᠯ ᠤᠨ ᠡᠬᠡ | ᠳᠠᠩᠰᠠ ᠶᠢ ᠨᠥᠬᠦᠪᠥᠷᠢᠯᠡᠨ ᠲᠡᠭᠦᠯᠳᠡᠷᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠣᠭᠲᠠᠴᠠ ᠶᠢ | ᠴᠢᠩᠭᠠᠳᠬᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠴᠢᠩᠭᠠᠳᠬᠠᠨ | ᠪᠣᠳᠠᠲᠠᠶᠢᠵᠢᠭᠤᠯᠵᠤ᠂ ︽ᠥᠴᠦᠬᠡᠨ ᠴᠦ ᠠᠭᠤᠴᠢᠯᠠᠬᠤ ᠦᠭᠡᠶ︾ ᠣᠪᠣᠷ ᠢᠶᠠᠷ ᠬᠠᠤᠯᠢ ᠠᠴᠠ ᠵᠥᠷᠢᠴᠡᠨ ᠭᠠᠵᠠᠷ | ᠬᠡᠷᠡᠭᠯᠡᠭᠰᠡᠨ ᠰᠢᠨ᠎ᠡ ᠪᠠᠷ ᠨᠡᠮᠡᠭᠳᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠤᠯᠢ ᠠᠴᠠ | ᠵᠥᠷᠢᠴᠡᠨ ᠭᠠᠵᠠᠷ ᠬᠡᠷᠡᠭᠯᠡᠭᠰᠡᠨ ᠦᠯᠡᠳᠡᠭᠡᠯ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃ | ᠬᠠᠷᠢᠭᠤᠴᠠᠯᠭᠠᠲᠤ ᠨᠢᠭᠡᠴᠡ᠄ ᠪᠥᠬᠦ ᠠᠶᠢᠮᠠᠭ ᠤᠨ ᠬᠠᠤᠯᠢ ᠵᠥᠷᠢᠴᠡᠵᠦ ᠭᠠᠵᠠᠷ ᠬᠡᠷᠡᠭᠯᠡᠭᠰᠡᠨ ᠢ ᠲᠤᠰᠬᠠᠶ | ᠴᠡᠪᠡᠷᠯᠡᠨ ᠴᠡᠭᠴᠡᠯᠡᠬᠦ ︽ᠡᠷᠬᠢᠨ ᠬᠠᠷᠠᠬᠤ︾ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ᠂ | ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ | ᠪᠡᠶᠡᠯᠡᠭᠦᠯᠬᠦ ᠴᠠᠭ ᠤᠨ ᠬᠢᠵᠠᠭᠠᠷ᠄ 2022 ᠣᠨ ᠤ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ | ︵ᠭᠤᠷᠪᠠ︶ ᠲᠥᠷᠥ ᠶᠢᠨ ᠪᠣᠳᠣᠯᠭ᠎ᠠ ᠶᠢ ᠲᠥᠷᠥᠯ ᠬᠤᠪᠢᠶᠠᠨ ᠣᠨᠣᠪᠴᠢᠲᠠᠶ ᠬᠡᠷᠡᠭᠵᠢᠭᠦᠯᠵᠦ᠂ | ᠭᠤᠤᠯᠳᠠᠯᠭ᠎ᠠ ᠲᠠᠢ ᠠᠵᠢᠯ ᠢ ᠠᠬᠢᠭᠤᠯᠤᠨ᠎ᠠ | 1 . ᠬᠥᠳᠡᠭᠡ ᠲᠣᠰᠬᠤᠨ ᠤ ᠭᠠᠵᠠᠷ ᠰᠢᠷᠣᠶ ᠶᠢ ᠴᠡᠭᠴᠡᠯᠡᠨ ᠵᠠᠰᠠᠬᠤ ᠶᠢ ᠢᠳᠡᠪᠬᠢᠲᠡᠶ ᠪᠠᠷ ᠲᠦᠯᠬᠢᠨ | ᠠᠬᠢᠭᠤᠯᠤᠨ᠎ᠠ᠃ ᠬᠤᠲᠠ ᠬᠥᠳᠡᠭᠡ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠥᠷᠨᠢᠭᠦᠯᠵᠦ᠂ ᠪᠥᠬᠦ ᠠᠶᠢᠮᠠᠭ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠬᠤᠭᠤᠴᠠᠭᠠᠨ ᠤ 577 ᠮᠥ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠪᠥᠲᠥᠭᠡᠨ ᠪᠠᠶᠢᠭᠤᠯᠤᠯᠲᠠ ᠶᠢᠨ | ᠡᠭᠦᠷᠭᠡ ᠶᠢ ᠣᠨ ᠢᠶᠠᠷ ᠡᠯ᠎ᠡ ᠬᠤᠰᠢᠭᠤ ︵ᠣᠷᠣᠨ︶ ᠳᠤ ᠬᠤᠪᠢᠶᠠᠷᠢᠯᠠᠨ ᠪᠠᠭᠤᠯᠭᠠᠨ᠎ᠠ᠃ ᠠᠯᠠᠱᠠ ᠵᠡᠭᠦᠨ | ᠬᠤᠰᠢᠭᠤᠨ ᠤ 2021 ᠣᠨ ᠤ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠨᠡᠮᠡᠭᠳᠡᠯ ᠬᠠᠰᠤᠭᠳᠠᠯ ᠢ ᠵᠡᠬᠦᠨ ᠪᠡᠯ ᠪᠠᠯᠭᠠᠰᠤᠨ ᠳᠤ ᠬᠤᠯᠪᠣᠭᠳᠠᠭᠤᠯᠣᠨ ᠲᠥᠷᠥᠯ ᠵᠦᠢᠯ ᠤᠨ ᠬᠡᠷᠡᠭᠵᠢᠭᠦᠯᠦᠯᠲᠡ ᠶᠢ | ᠲᠦᠷᠭᠡᠳᠬᠡᠨ ᠠᠬᠢᠭᠤᠯᠤᠨ᠎ᠠ᠃ | ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠯ᠎ᠡ ᠬᠤᠰᠢᠭᠤ | ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ | ᠬᠠᠮᠵᠢᠯᠴᠠᠬᠤ ᠨᠢᠭᠡᠴᠡ᠄ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ | ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ | ᠪᠡᠶᠡᠯᠡᠭᠦᠯᠬᠦ ᠴᠠᠭ ᠤᠨ ᠬᠢᠵᠠᠭᠠᠷ᠄ ᠤᠷᠲᠤ ᠬᠤᠭᠤᠴᠠᠭ᠎ᠠ ᠪᠠᠷ ᠪᠠᠷᠢᠮᠲᠠᠯᠠᠨ᠎ᠠ | 2 . ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠦᠯᠡᠳᠡᠭᠡᠯ ᠭᠠᠵᠠᠷ ᠢ ᠠᠮᠢᠳᠣᠯᠢᠭᠵᠢᠭᠤᠯᠣᠨ᠎ᠠ᠃ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠦᠯᠡᠳᠡᠭᠡᠯ ᠭᠠᠵᠠᠷ ᠤᠨ ᠡᠬᠢ ᠪᠠᠶᠠᠯᠢᠭ ᠢ ᠰᠤᠯᠠᠯᠠᠨ ᠭᠠᠷᠭᠠᠵᠤ᠂ ᠭᠠᠵᠠᠷ ᠬᠡᠷᠡᠭᠯᠡᠬᠦ | ᠪᠦᠲᠦᠴᠡ ᠶᠢ ᠰᠢᠯᠢᠳᠡᠭᠵᠢᠭᠦᠯᠦᠨ᠂ ᠭᠠᠵᠠᠷ ᠰᠢᠷᠣᠶ ᠶᠢᠨ ᠬᠠᠩᠭᠠᠯᠭ᠎ᠠ ᠶᠢ ᠪᠠᠲᠤᠯᠠᠵᠤ᠂ ᠭᠠᠵᠠᠷ ᠰᠢᠷᠣᠶ ᠠᠰᠢᠭᠯᠠᠬᠤ | ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠰᠤᠯᠠ ᠪᠠᠶᠢᠬᠤ ᠪᠠ ᠵᠥᠪᠰᠢᠶᠡᠷᠡᠭᠡᠳ ᠬᠠᠩᠭᠠᠭᠰᠠᠨ ᠦᠭᠡᠶ ᠭᠠᠵᠠᠷ | ᠰᠢᠷᠣᠶ ᠶᠢᠨ ᠪᠤᠶ ᠪᠣᠯᠤᠭᠰᠠᠨ ᠰᠢᠯᠲᠠᠭᠠᠨ ᠢ ᠭᠦᠢᠴᠡᠳ ᠪᠣᠳᠣᠯᠬᠢᠯᠠᠵᠤ᠂ ︽ᠬᠡᠷᠡᠭᠯᠡᠬᠦ ᠶᠢ ᠲᠡᠷᠢᠭᠦᠨ ᠳᠤ ᠲᠠᠯᠪᠢᠬᠤ︾ | ᠵᠠᠷᠴᠢᠮ ᠤᠨ ᠶᠣᠰᠣᠭᠠᠷ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠢᠯᠭᠠᠭ᠎ᠠ ᠲᠠᠢ ᠬᠠᠨᠳᠤᠵᠤ᠂ | ᠦᠨᠡᠨᠬᠦ ᠶᠠᠪᠤᠭᠳᠠᠭᠤᠰᠢᠲᠠᠶ ᠰᠢᠢᠳᠪᠦᠷᠢᠯᠡᠬᠦ ᠲᠥᠰᠦᠯ ᠲᠣᠭᠲᠠᠭᠠᠬᠤ ᠶᠢᠨ ᠬᠠᠮᠲᠤ ᠬᠠᠤᠯᠢ ᠲᠣᠭᠲᠠᠭᠠᠯ ᠶᠣᠰᠣᠭᠠᠷ | ᠰᠢᠢᠳᠪᠦᠷᠢᠯᠡᠬᠦ ᠬᠡᠷᠡᠭᠲᠡᠶ᠃ ᠵᠠᠰᠠᠭ ᠤᠨ ᠣᠷᠳᠣᠨ ᠤ ᠦᠢᠯᠡ ᠠᠵᠢᠯᠯᠠᠭ᠎ᠠ ᠪᠤᠶᠤ ᠲᠥᠷᠥ ᠶᠢᠨ ᠪᠣᠳᠣᠯᠭ᠎ᠠ ᠶᠢᠨ | ᠰᠢᠯᠲᠠᠭᠠᠨ ᠠᠴᠠ ᠪᠣᠯᠵᠤ ᠭᠠᠵᠠᠷ ᠰᠢᠷᠣᠶ ᠶᠢ ᠰᠤᠯᠠ ᠲᠠᠯᠪᠢᠭᠰᠠᠨ ᠠᠰᠠᠭᠤᠳᠠᠯ ᠢ ᠠᠵᠢᠯ ᠡᠬᠢᠯᠡᠭᠦᠯᠦᠨ ᠨᠡᠭᠡᠭᠡᠯᠲᠡ | ᠬᠢᠬᠦ ᠴᠠᠭ ᠬᠤᠭᠤᠴᠠᠭ᠎ᠠ ᠶᠢ ᠤᠷᠲᠤᠳᠬᠠᠬᠤ᠂ ᠬᠡᠷᠡᠭᠯᠡᠮᠵᠢ ᠪᠤᠶᠤ ᠲᠥᠯᠥᠪᠵᠢᠭᠦᠯᠭᠡ ᠶᠢᠨ ᠨᠥᠬᠦᠴᠡᠯ ᠢ | ᠬᠤᠪᠢᠷᠠᠭᠤᠯᠬᠤ᠂ ᠲᠦᠷ ᠴᠠᠭ ᠬᠡᠷᠡᠭᠯᠡᠬᠦ ᠪᠠᠷ ᠲᠣᠬᠢᠷᠠᠭᠤᠯᠬᠤ᠂ ᠲᠡᠩᠴᠡᠭᠦᠦ ᠥᠷᠲᠡᠭ ᠢᠶᠠᠷ ᠰᠣᠯᠢᠬᠤ᠂ | ᠵᠥᠪᠯᠡᠯᠴᠡᠭᠡᠷ ᠢ ᠲᠥᠯᠥᠪᠦᠷᠢ ᠲᠠᠢ ᠪᠠᠷ ᠡᠭᠡᠭᠦᠯᠦᠨ ᠬᠤᠷᠢᠶᠠᠬᠤ ᠵᠡᠷᠭᠡ ᠠᠷᠭ᠎ᠠ ᠵᠠᠮ ᠢᠶᠠᠷ ᠳᠠᠮᠵᠢᠭᠤᠯᠤᠨ | ᠰᠢᠢᠳᠪᠦᠷᠢᠯᠡᠵᠦ ᠪᠣᠯᠤᠨ᠎ᠠ᠃ ᠭᠠᠵᠠᠷ ᠰᠢᠷᠣᠶ ᠬᠡᠷᠡᠭᠯᠡᠭᠴᠢ ᠶᠢᠨ ᠲᠤᠰ ᠪᠡᠶ᠎ᠡ ᠶᠢᠨ ᠰᠢᠯᠲᠠᠭᠠᠨ ᠠᠴᠠ ᠪᠣᠯᠵᠤ ᠭᠠᠵᠠᠷ | ᠰᠢᠷᠣᠶ ᠶᠢ ᠰᠤᠯᠠ ᠲᠠᠯᠪᠢᠵᠤ᠂ ᠪᠣᠯᠵᠣᠨ ᠲᠣᠭᠲᠠᠭᠰᠠᠨ ᠴᠠᠭ ᠬᠤᠭᠤᠴᠠᠭ᠎ᠠ ᠠᠴᠠ ᠬᠡᠲᠦᠷᠡᠲᠡᠯ᠎ᠡ ᠠᠵᠢᠯ ᠡᠬᠢᠯᠡᠭᠦᠯᠦᠨ | ᠨᠡᠭᠡᠭᠡᠯᠲᠡ ᠬᠢᠭᠡᠳ ᠪᠦᠬᠦᠯᠢ 1 ᠵᠢᠯ ᠪᠣᠯᠤᠭᠰᠠᠨ ᠪᠣᠯ᠂ ᠭᠠᠵᠠᠷ ᠰᠢᠷᠣᠶ ᠶᠢ ᠬᠢᠮᠳᠠ ᠪᠠᠷ ᠬᠤᠳᠠᠯᠳᠤᠭᠰᠠᠨ | ᠦᠨ᠎ᠡ ᠶᠢᠨ ᠵᠣᠭᠤᠰ ᠪᠤᠶᠤ ᠬᠤᠪᠢᠶᠠᠷᠢᠯᠠᠨ ᠰᠠᠯᠭᠠᠵᠤ ᠥᠭᠭᠦᠭᠰᠡᠨ ᠦᠨ᠎ᠡ ᠶᠢᠨ ᠵᠣᠭᠤᠰ ᠤᠨ 20 % ᠪᠠᠷ ᠭᠠᠵᠠᠷ | ᠰᠢᠷᠣᠶ ᠶᠢ ᠰᠤᠯᠠ ᠲᠠᠯᠪᠢᠭᠰᠠᠨ ᠰᠦᠢᠳᠬᠡᠯ ᠲᠠᠲᠠᠪᠤᠷᠢᠯᠠᠨ ᠲᠤᠰᠢᠶᠠᠯᠭᠠᠬᠤ ᠬᠡᠷᠡᠭᠲᠡᠶ︔ ᠠᠵᠢᠯ ᠡᠬᠢᠯᠡᠭᠦᠯᠦᠨ | ᠨᠡᠭᠡᠭᠡᠯᠲᠡ ᠬᠢᠭᠰᠡᠨ ᠦᠭᠡᠶ ᠨᠢ ᠪᠦᠬᠦᠯᠢ 2 ᠵᠢᠯ ᠪᠣᠯᠤᠭᠰᠠᠨ ᠪᠣᠯ ᠬᠠᠮᠢᠶ᠎ᠠ ᠪᠦᠬᠦᠢ ᠲᠣᠭᠲᠠᠭᠠᠯ ᠶᠣᠰᠣᠭᠠᠷ ᠭᠠᠵᠠᠷ | ᠰᠢᠷᠣᠶ ᠶᠢᠨ ᠬᠡᠷᠡᠭᠯᠡᠬᠦ ᠡᠷᠬᠡ ᠶᠢ ᠨᠢ ᠬᠠᠤᠯᠢ ᠶᠣᠰᠣᠭᠠᠷ ᠡᠷᠡᠰ ᠪᠤᠴᠠᠭᠠᠨ ᠠᠪᠬᠤ ᠬᠡᠷᠡᠭᠲᠡᠶ᠃ ᠵᠥᠪᠰᠢᠶᠡᠷᠡᠭᠰᠡᠨ | ᠪᠠᠶᠢᠲᠠᠯ᠎ᠠ ᠬᠠᠩᠭᠠᠭᠠᠳᠤᠶ ᠭᠠᠵᠠᠷ ᠰᠢᠷᠣᠶ ᠳᠤ ᠭᠠᠵᠠᠷ ᠰᠢᠷᠣᠶ ᠬᠠᠩᠭᠠᠬᠤ ᠠᠷᠭ᠎ᠠ ᠬᠡᠮᠵᠢᠶ᠎ᠡ ᠶᠢ ᠵᠣᠬᠢᠬᠤ ᠬᠡᠮᠵᠢᠶ᠎ᠡ ᠪᠠᠷ | ᠳᠤᠷᠠᠳᠴᠤ᠂ ᠭᠠᠵᠠᠷ ᠬᠠᠩᠭᠠᠬᠤ ︽ᠬᠠᠷᠰᠢ ᠰᠠᠭᠠᠳ︾ ᠢ ᠬᠤᠭᠤᠴᠠᠭ᠎ᠠ ᠬᠢᠵᠠᠭᠠᠷᠯᠠᠨ ᠠᠷᠢᠯᠭᠠᠵᠤ᠂ ᠭᠠᠵᠠᠷ | ᠬᠠᠩᠭᠠᠬᠤ ᠬᠦᠴᠦᠲᠡᠶ ᠨᠥᠬᠦᠴᠡᠯ ᠢ ᠪᠣᠶ ᠪᠣᠯᠭᠠᠵᠤ᠂ ᠭᠠᠵᠠᠷ ᠰᠢᠷᠣᠶ ᠬᠠᠩᠭᠠᠬᠤ ᠡᠭᠦᠷᠭᠡ ᠶᠢ ᠳᠠᠷᠦ᠋ᠢᠬᠠᠨ | ᠪᠡᠶᠡᠯᠡᠭᠦᠯᠬᠦ ᠬᠡᠷᠡᠭᠲᠡᠶ᠃ ᠦᠨᠡᠨᠬᠦ ᠬᠠᠩᠭᠠᠬᠤ ᠶᠢᠨ ᠠᠷᠭ᠎ᠠ ᠦᠭᠡᠶ ᠪᠣᠯ ᠲᠣᠬᠢᠷᠠᠭᠤᠯᠤᠯᠲᠠ ᠬᠢᠵᠦ ᠬᠢᠨᠠᠨ ᠬᠠᠰᠤᠬᠤ ᠶᠢ | ᠵᠥᠪᠰᠢᠶᠡᠷᠡᠭᠰᠡᠨ ᠪᠢᠴᠢᠭ ᠤᠨ ᠠᠷᠭ᠎ᠠ ᠮᠠᠶ᠋ᠢᠭ ᠢ ᠠᠪᠴᠤ ᠭᠠᠵᠠᠷ ᠰᠢᠷᠣᠶ ᠬᠠᠩᠭᠠᠵᠤ ᠪᠣᠯᠤᠨ᠎ᠠ᠃ 2022 ᠣᠨ ᠳᠤ | ᠵᠥᠪᠰᠢᠶᠡᠷᠡᠭᠰᠡᠨ ᠪᠣᠯᠪᠠᠴᠤ ᠬᠠᠩᠭᠠᠭᠠᠳᠤᠢ ᠭᠠᠵᠠᠷ ᠰᠢᠷᠣᠢ ᠶᠢ 0 . 27 ᠲᠦᠮᠡᠨ ᠮᠦ᠂ ᠰᠤᠯᠠ ᠪᠠᠶᠢᠭ᠎ᠠ ᠭᠠᠵᠠᠷ | ᠰᠢᠷᠣᠢ ᠶᠢ 0 . 5 ᠲᠦᠮᠡᠨ ᠮᠦ ᠰᠢᠢᠳᠪᠦᠷᠢᠯᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠬᠤᠭᠤᠴᠠᠭᠠᠨ ᠳᠤ ᠵᠥᠪᠰᠢᠶᠡᠷᠡᠭᠰᠡᠨ ᠪᠣᠯᠪᠠᠴᠤ ᠬᠠᠩᠭᠠᠭᠠᠳᠤᠢ ᠭᠠᠵᠠᠷ ᠰᠢᠷᠣᠢ ᠶᠢ 1 . 49 ᠲᠦᠮᠡᠨ ᠮᠦ᠂ ᠰᠤᠯᠠ | ᠪᠠᠶᠢᠭ᠎ᠠ ᠭᠠᠵᠠᠷ ᠰᠢᠷᠣᠢ ᠶᠢ 2 . 52 ᠲᠦᠮᠡᠨ ᠮᠦ ᠰᠢᠢᠳᠪᠦᠷᠢᠯᠡᠨ᠎ᠡ᠃ | ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠯ᠎ᠡ ᠬᠤᠰᠢᠭᠤ ︵ | ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ | ᠬᠠᠮᠵᠢᠯᠴᠠᠬᠤ ᠨᠢᠭᠡᠴᠡ᠄ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ | ᠪᠡᠶᠡᠯᠡᠭᠦᠯᠬᠦ ᠴᠠᠭ ᠤᠨ ᠬᠢᠵᠠᠭᠠᠷ᠄ ᠣᠷᠳᠣ ᠬᠤᠭᠤᠴᠠᠭ᠎ᠠ ᠪᠠᠷ ᠪᠠᠷᠢᠮᠲᠠᠯᠠᠵᠤ᠂ 2022 ᠣᠨ ᠤ ᠡᠴᠦᠰ ᠲᠤ | ᠱᠠᠲᠤᠴᠢ ᠴᠢᠨᠠᠷᠲᠠᠶ ᠦᠷ᠎ᠡ ᠪᠦᠲᠦᠭᠡᠯ ᠣᠯᠤᠨ᠎ᠠ | 3 . ᠭᠠᠵᠠᠷ ᠰᠢᠷᠣᠶ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠢ ᠲᠦᠷᠬᠡᠨ ᠪᠠᠶᠢᠭᠤᠯᠤᠨ᠎ᠠ᠃ ᠪᠦᠳᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ᠂ | ᠪᠠᠷᠢᠴᠠᠭᠠᠯᠠᠬᠤ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠠᠵᠢᠯᠯᠠᠭ᠎ᠠ ᠶᠢ ᠵᠢᠷᠤᠮᠵᠢᠭᠤᠯᠵᠤ᠂ ᠦᠢᠯᠡᠴᠢᠯᠡᠭᠡ ᠪᠠ | ᠬᠢᠨᠠᠨ ᠬᠠᠮᠢᠶᠠᠷᠬᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ | ᠶᠡᠭᠡ ᠲᠢᠩᠬᠢᠮ ᠳᠤ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠠᠷᠠᠯᠵᠢᠶ᠎ᠠ ᠶᠢᠨ ᠴᠣᠩᠬᠤᠪᠴᠢ ᠶᠢᠨ | ᠲᠤᠷᠰᠢᠯᠲᠠ ᠶᠢᠨ ᠠᠵᠢᠯ ᠢ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ᠂ ᠠᠷᠠᠯᠵᠢᠶᠠᠨ ᠤ ᠲᠠᠯᠠᠪᠤᠷ ᠭᠠᠵᠠᠷ | ᠪᠠᠶᠢᠷᠢᠯᠠᠭᠤᠯᠬᠤ᠂ ᠠᠷᠠᠯᠵᠢᠶ᠎ᠠ ᠶᠢᠨ ᠶᠠᠪᠤᠳᠠᠯ ᠢ ᠬᠦᠢᠴᠡᠳᠭᠡᠬᠦ᠂ ᠭᠠᠵᠠᠷ ᠰᠢᠷᠣᠶ ᠶᠢᠨ ᠬᠤᠶᠠᠳᠤᠭᠠᠷ ᠳᠡᠰ ᠤᠨ ᠵᠠᠬ᠎ᠠ | ᠳᠡᠯᠭᠡᠭᠦᠷ ᠤᠨ ᠮᠡᠳᠡᠭᠡ ᠵᠠᠩᠭᠢ ᠨᠡᠶᠢᠲᠡᠯᠡᠬᠦ᠂ ᠠᠷᠠᠯᠵᠢᠶᠠᠯᠠᠬᠤ᠂ ᠠᠷᠠᠯᠵᠢᠶ᠎ᠠ ᠪᠦᠲᠦᠭᠰᠡᠨ ᠢ ᠨᠤᠲᠠᠯᠠᠬᠤ᠂ ᠭᠡᠷ᠎ᠡ | ᠲᠣᠭᠲᠠᠬᠤ᠂ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠵᠡᠷᠭᠡ ᠨᠢᠭᠡ ᠯᠡ ᠥᠷᠲᠡᠭᠡ ᠮᠠᠶ᠋ᠢᠭ ᠤᠨ | ᠦᠢᠯᠡᠴᠢᠯᠡᠭᠡ ᠶᠢ ᠬᠠᠩᠭᠠᠵᠤ᠂ ᠭᠠᠵᠠᠷ ᠰᠢᠷᠣᠶ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠠᠷᠠᠯᠵᠢᠶ᠎ᠠ ᠶᠢᠨ | ᠵᠢᠷᠤᠮᠵᠢᠯ ᠲᠠᠢ᠂ ᠰᠠᠭᠠᠳ ᠥᠬᠡᠶ᠂ ᠳᠥᠭᠦᠮ ᠳᠥᠲᠡ᠂ ᠢᠯᠡ ᠲᠣᠳᠣ ᠪᠠᠶᠢᠬᠤ ᠶᠢ ᠠᠬᠢᠭᠤᠯᠤᠨ᠂ ᠳᠤᠤᠷ᠎ᠠ ᠦᠷ᠎ᠡ | ᠪᠦᠲᠦᠮᠵᠢᠲᠡᠶ ᠪᠠᠷ ᠭᠠᠵᠠᠷ ᠰᠢᠷᠣᠶ ᠶᠢ ᠳᠠᠬᠢᠨ ᠠᠰᠢᠭᠯᠠᠬᠤ ᠶᠢ ᠠᠬᠢᠭᠤᠯᠤᠨ᠎ᠠ᠃ | ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠯ᠎ᠡ ᠬᠤᠰᠢᠭᠤ ︵ | ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ | ᠬᠠᠮᠵᠢᠯᠴᠠᠬᠤ ᠨᠢᠭᠡᠴᠡ᠄ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ᠂ ᠭᠠᠶᠢᠯᠢ ᠶᠢᠨ | ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ | ᠪᠡᠶᠡᠯᠡᠭᠦᠯᠬᠦ ᠴᠠᠭ ᠤᠨ ᠬᠢᠵᠠᠭᠠᠷ᠄ 2022 ᠣᠨ ᠤ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ | 4 . ᠨᠡᠭᠡᠭᠡᠯᠲᠡ ᠶᠢᠨ ᠣᠷᠣᠨ᠂ ᠬᠦᠷᠢᠶᠡᠯᠡᠩ ᠲᠣᠭᠤᠷᠢᠭ ᠤᠨ ᠭᠠᠵᠠᠷ ᠬᠡᠷᠡᠭᠯᠡᠬᠦ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ ᠪᠥᠬᠦ ᠣᠷᠣᠨ ᠤ ᠨᠡᠭᠡᠭᠡᠯᠲᠡ ᠶᠢᠨ ᠣᠷᠣᠨ ᠤ ᠰᠤᠯᠠ ᠬᠠᠶᠠᠭᠳᠠᠵᠤ ᠪᠠᠶᠢᠭ᠎ᠠ ᠡᠬᠢ | ᠪᠠᠶᠠᠯᠢᠭ ᠤᠨ ᠬᠦᠴᠦᠨ ᠵᠦᠢᠯ ᠤᠨ ᠡᠴᠦᠰ ᠲᠤᠨᠢ ᠳᠣᠯᠳᠠᠯ᠎ᠠ ᠬᠢᠬᠦ ᠠᠵᠢᠯ ᠪᠠ ︽ᠰᠢᠨ᠎ᠡ ᠪᠠᠷ ᠨᠡᠮᠡᠭᠳᠡᠭᠰᠡᠨ ᠠᠵᠤ | ᠦᠢᠯᠡᠳᠪᠦᠷᠢ ᠳᠤ ᠬᠡᠷᠡᠭᠯᠡᠬᠦ ᠭᠠᠵᠠᠷ ᠤᠨ ︿ᠪᠠᠷᠢᠮᠵᠢᠶᠠᠲᠤ ᠭᠠᠵᠠᠷ﹀ ᠤᠨ ᠥᠭᠡᠷᠡᠴᠢᠯᠡᠯᠲᠡ ᠶᠢ ᠠᠬᠢᠭᠤᠯᠬᠤ ᠲᠤᠬᠠᠶ | ᠠᠯᠠᠱᠠ ᠠᠶᠢᠮᠠᠭ ᠤᠨ ᠵᠠᠬᠢᠷᠭ᠎ᠠ ᠶᠢᠨ ᠬᠡᠷᠡᠭᠵᠢᠭᠦᠯᠬᠦ ᠰᠠᠨᠠᠯ︾ ᠲᠠᠢ ᠤᠶᠠᠯᠳᠤᠭᠤᠯᠤᠨ᠂ ᠣᠷᠣᠨ ᠪᠦᠰᠡ ᠶᠢᠨ ᠦᠨᠡᠯᠡᠨ | ᠵᠢᠱᠢᠭᠰᠡᠨ ᠦᠷ᠎ᠡ ᠪᠦᠲᠦᠭᠡᠯ ᠢ ᠬᠠᠮᠲᠤᠪᠠᠷ ᠬᠦᠷᠲᠡᠨ ᠬᠡᠷᠡᠭᠯᠡᠬᠦ ᠶᠢ ᠦᠷᠭᠦᠯᠵᠢᠯᠡᠨ ᠠᠬᠢᠭᠤᠯᠵᠤ᠂ ᠬᠢᠵᠠᠭᠠᠷᠯᠠᠬᠤ | ᠴᠢᠨᠠᠷᠲᠠᠶ ᠬᠦᠢᠴᠡᠳᠬᠡᠯ ᠲᠤᠭ᠎ᠠ ᠶᠢᠨ ᠰᠢᠰᠲ᠋ᠧᠮᠵᠢ ᠪᠠ ᠭᠠᠷᠤᠯᠲᠠ ᠳᠤ ᠬᠦᠷᠦᠭᠦᠯᠵᠦ ᠰᠢᠯᠭᠠᠨ ᠠᠪᠬᠤ ᠠᠷᠭ᠎ᠠ ᠶᠢ | ᠴᠠᠭ ᠲᠤᠬᠠᠶ ᠳᠤᠨᠢ ᠲᠣᠭᠲᠠᠭᠠᠬᠤ ᠶᠢᠨ ᠬᠠᠮᠲᠤ᠂ ᠡᠯ᠎ᠡ ᠨᠡᠭᠡᠭᠡᠯᠲᠡ ᠶᠢᠨ ᠣᠷᠣᠨ ᠤ ᠭᠤᠤᠯᠯᠠᠬᠤ ᠠᠵᠤ ᠦᠢᠯᠡᠰ ᠤᠨ | ᠲᠥᠷᠥᠯ ᠬᠡᠯᠪᠡᠷᠢ ᠯᠦᠭᠡ ᠤᠶᠠᠯᠳᠤᠭᠤᠯᠤᠨ ︽3 + X︾ ᠬᠦᠢᠴᠡᠳᠬᠡᠯ ᠲᠤᠭ᠎ᠠ ᠶᠢᠨ ᠰᠢᠰᠲ᠋ᠧᠮᠵᠢ ᠶᠢ | ᠪᠠᠶᠢᠭᠤᠯᠤᠨ᠎ᠠ᠃ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ 2022 ᠣᠨ ᠤ 11 ᠰᠠᠷ᠎ᠠ ᠶᠢᠨ | ᠰᠡᠭᠦᠯᠴᠢ ᠠᠴᠠ ᠡᠮᠦᠨ᠎ᠡ ︽ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ ᠶᠢᠨ ᠡᠭᠦᠷᠭᠡ ᠪᠠᠨ ᠪᠡᠶᠡᠯᠡᠭᠦᠯᠬᠦ ᠶᠢ | ᠪᠠᠲᠤᠯᠠᠵᠤ᠂ ᠡᠯ᠎ᠡ ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ ᠠᠴᠠ | ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠢ ᠰᠢᠯᠵᠢᠭᠦᠯᠦᠨ ᠥᠭᠬᠦ ᠳᠤᠮᠳᠠᠬᠢ ︽ | ᠪᠠᠷᠢᠮᠵᠢᠶᠠᠲᠤ ᠭᠠᠵᠠᠷ︾ ᠤᠨ ᠡᠵᠡᠯᠡᠬᠦ ᠬᠠᠷᠢᠴᠠᠯ ᠢ ᠠᠯᠬᠤᠮ ᠠᠯᠬᠤᠮ ᠢᠶᠠᠷ ᠳᠡᠯᠭᠡᠷᠡᠭᠦᠯᠦᠨ ᠥᠷᠭᠡᠳᠬᠡᠨ᠎ᠡ᠃ ᠪᠡᠯᠡ | ᠣᠷᠣᠭᠤᠯᠤᠯᠲᠠ ᠶᠢ ᠨᠡᠮᠡᠭᠳᠡᠭᠦᠯᠬᠦ ᠪᠠᠷ ᠳᠠᠮᠵᠢᠭᠤᠯᠤᠨ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ | ᠳᠡᠪᠰᠢᠬᠦ ᠶᠢ ᠲᠦᠯᠬᠢᠨ ᠠᠬᠢᠭᠤᠯᠬᠤ ᠪᠠᠷ ᠳᠠᠮᠵᠢᠭᠤᠯᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠦᠯᠡᠳᠡᠭᠡᠯ | ᠭᠠᠵᠠᠷ ᠢ ᠡᠷᠴᠢᠮᠵᠢᠭᠦᠯᠦᠨ ᠠᠰᠢᠭᠯᠠᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠨᠡᠭᠡᠭᠡᠯᠲᠡ ᠶᠢᠨ ᠣᠷᠣᠨ ᠤ | ᠦᠢᠯᠡᠳᠪᠦᠷᠢᠯᠡᠯ ᠢᠶᠠᠨ ᠵᠣᠭᠰᠣᠭᠠᠭᠰᠠᠨ ᠠᠵᠤ ᠠᠬᠤᠶᠢᠯᠠᠯ᠂ ᠪᠦᠲᠦᠭᠡᠨ ᠪᠠᠶᠢᠭᠤᠯᠬᠤ ᠶᠢ ᠵᠣᠭᠰᠣᠭᠠᠭᠰᠠᠨ ᠲᠥᠷᠥᠯ | ᠵᠦᠢᠯ ᠢ ᠪᠦᠬᠦ ᠲᠠᠯ᠎ᠠ ᠪᠠᠷ ᠠᠮᠢᠯᠠᠭᠤᠯᠵᠤ᠂ ᠡᠬᠡ ᠳᠠᠩᠰᠠ ᠪᠠᠶᠢᠭᠤᠯᠬᠤ ᠪᠠᠷ ᠳᠠᠮᠵᠢᠭᠤᠯᠤᠨ᠂ ᠴᠠᠭ ᠤᠨ ᠬᠢᠵᠠᠭᠠᠷ ᠢ | ᠠᠮᠢᠯᠠᠭᠤᠯᠤᠨ᠂ ᠠᠵᠢᠯ ᠢᠶᠠᠨ ᠠᠮᠢᠯᠠᠭᠤᠯᠬᠤ ᠶᠢ ᠲᠦᠯᠬᠢᠨ ᠠᠬᠢᠭᠤᠯᠤᠨ᠎ᠠ᠃ | ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ | ᠣᠷᠳᠣᠨ ︵ᠬᠠᠮᠢᠶᠠᠷᠤᠯᠲᠠ ᠶᠢᠨ ᠵᠥᠪᠯᠡᠯ︶ | ᠬᠠᠮᠵᠢᠯᠴᠠᠬᠤ ᠨᠢᠭᠡᠴᠡ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠶ | ᠣᠷᠴᠢᠨ ᠲᠣᠭᠤᠷᠢᠨ ᠤ ᠲᠣᠪᠴᠢᠶ᠎ᠠ | ᠪᠡᠶᠡᠯᠡᠭᠦᠯᠬᠦ ᠴᠠᠭ ᠤᠨ ᠬᠢᠵᠠᠭᠠᠷ᠄ ᠣᠷᠳᠣ ᠬᠤᠭᠤᠴᠠᠭ᠎ᠠ ᠪᠠᠷ ᠪᠠᠷᠢᠮᠲᠠᠯᠠᠵᠤ᠂ 2022 ᠣᠨ ᠤ ᠡᠴᠦᠰ ᠲᠤ | ᠱᠠᠲᠤᠴᠢ ᠴᠢᠨᠠᠷᠲᠠᠶ ᠦᠷ᠎ᠡ ᠪᠦᠲᠦᠭᠡᠯ ᠣᠯᠤᠨ᠎ᠠ | 5 . ᠠᠵᠤ ᠦᠢᠯᠡᠰ ᠤᠨ ᠭᠠᠵᠠᠷ ᠬᠡᠷᠡᠭᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠰᠠᠯᠬᠢᠨ | ᠬᠦᠴᠦᠨ ᠢᠶᠠᠷ ᠴᠠᠬᠢᠯᠭᠠᠨ ᠭᠠᠷᠭᠠᠬᠤ ᠭᠡᠷᠡᠯ ᠸᠣᠯᠲ ᠢᠶᠠᠷ ᠴᠠᠬᠢᠯᠭᠠᠨ ᠭᠠᠷᠭᠠᠬᠤ ᠵᠡᠷᠭᠡ ᠰᠢᠨ᠎ᠡ ᠡᠨᠧᠷᠭᠢ ᠶᠢᠨ ᠲᠥᠷᠥᠯ | ᠵᠦᠢᠯ ᠤᠨ ᠬᠡᠷᠡᠭᠯᠡᠬᠦ ᠭᠠᠵᠠᠷ᠂ ᠨᠡᠭᠦᠷᠡᠰᠦ ᠪᠠ ᠲᠣᠰᠣ ᠬᠡᠢ ᠵᠡᠷᠭᠡ ᠡᠨᠧᠷᠭᠢ ᠶᠢᠨ ᠲᠥᠷᠥᠯ ᠵᠦᠢᠯ ᠤᠨ ᠬᠡᠷᠡᠭᠯᠡᠬᠦ | ᠭᠠᠵᠠᠷ ᠵᠢᠴᠢ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠪᠠᠷᠢᠯᠭ᠎ᠠ ᠶᠢᠨ ᠲᠥᠷᠥᠯ ᠵᠦᠢᠯ ᠤᠨ ᠬᠡᠷᠡᠭᠯᠡᠬᠦ | ᠭᠠᠵᠠᠷ ᠲᠤ ᠲᠥᠯᠥᠪᠦᠷᠢ ᠲᠠᠢ ᠪᠠᠶᠢᠬᠤ ᠠᠷᠭ᠎ᠠ ᠮᠠᠶ᠋ᠢᠭ ᠢ ᠪᠦᠬᠦ ᠲᠠᠯ᠎ᠠ ᠪᠠᠷ ᠬᠡᠷᠡᠭᠵᠢᠭᠦᠯᠵᠦ ᠤᠯᠤᠰ ᠤᠨ ᠥᠮᠴᠢᠯᠡᠯᠲᠦ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠬᠠᠩᠭᠠᠨ᠎ᠠ᠃ ᠬᠡᠷᠡᠯ ᠴᠡᠨᠡᠭ᠂ ᠰᠠᠯᠬᠢᠨ ᠤ | ᠬᠦᠴᠦᠨ ᠢᠶᠠᠷ ᠴᠠᠬᠢᠯᠭᠠᠨ ᠭᠠᠷᠭᠠᠬᠤ ᠵᠡᠷᠭᠡ ᠲᠥᠷᠥᠯ ᠵᠦᠢᠯ ᠳᠤ ᠭᠤᠪᠢ᠂ ᠴᠥᠯᠡᠷᠬᠡᠭ ᠭᠠᠵᠠᠷ᠂ ᠡᠵᠡᠭᠦᠶ ᠪᠡᠯᠴᠢᠭᠡᠷ | ᠵᠡᠷᠭᠡ ᠠᠰᠢᠭᠯᠠᠭᠠᠳᠤᠶ ᠭᠠᠵᠠᠷ ᠰᠢᠷᠣᠶ ᠶᠢ ᠬᠡᠷᠡᠭᠯᠡᠭᠰᠡᠨ ᠪᠠᠶᠢᠪᠠᠯ᠂ ᠭᠠᠵᠠᠷ ᠰᠢᠷᠣᠶ ᠶᠢ ᠡᠵᠡᠯᠡᠬᠦ ᠥᠬᠡᠶ᠂ ᠭᠠᠵᠠᠷ ᠤᠨ | ᠭᠠᠳᠠᠷᠭᠤ ᠶᠢᠨ ᠬᠡᠯᠪᠡᠷᠢ ᠶᠢ ᠬᠤᠪᠢᠷᠠᠭᠤᠯᠬᠤ ᠥᠬᠡᠶ ᠪᠠᠶᠢᠬᠤ ᠭᠠᠵᠠᠷ ᠰᠢᠷᠣᠶ ᠶᠢᠨ ᠬᠡᠰᠡᠭ ᠲᠤ ᠤᠤᠯ ᠤᠨ ᠭᠠᠵᠠᠷ ᠤᠨ | ᠲᠥᠷᠥᠯ ᠢᠶᠠᠷ ᠮᠠᠭᠠᠳᠯᠠᠨ ᠲᠣᠭᠲᠠᠭᠠᠵᠤ᠂ ᠭᠠᠵᠠᠷ ᠰᠢᠷᠣᠶ ᠶᠢᠨ ᠬᠡᠷᠡᠭᠴᠡᠭᠡ ᠶᠢ ᠬᠤᠪᠢᠷᠠᠭᠤᠯᠬᠤ ᠥᠬᠡᠶ ᠪᠠᠶᠢᠵᠤ᠂ | ᠣᠨ ᠤ ᠭᠠᠵᠠᠷ ᠰᠢᠷᠣᠶ ᠶᠢᠨ ᠬᠤᠪᠢᠷᠠᠯᠲᠠ ᠶᠢᠨ ᠪᠠᠶᠢᠴᠠᠭᠠᠯᠲᠠ ᠳᠤ ᠲᠣᠳᠣᠷᠬᠠᠶᠢᠯᠠᠯᠲᠠ ᠬᠢᠵᠦ᠂ ᠭᠠᠵᠠᠷ | ᠬᠡᠷᠡᠭᠯᠡᠬᠦ ᠶᠢ ᠨᠢ ᠲᠦᠷᠢᠶᠡᠰᠦᠯᠡᠬᠦ ᠵᠡᠷᠭᠡ ᠠᠷᠭ᠎ᠠ ᠮᠠᠶ᠋ᠢᠭ ᠢᠶᠠᠷ ᠤᠯᠬᠤ ᠶᠢ ᠵᠥᠪᠰᠢᠶᠡᠷᠡᠨ᠎ᠡ᠃ ᠪᠠᠯᠠ ᠣᠷᠣᠭᠤᠯᠤᠯᠲᠠ | ᠪᠠᠯᠠ ᠲᠣᠬᠢᠷᠠᠭᠤᠯᠭ᠎ᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠦᠨᠳᠦᠰᠦᠯᠡᠨ᠂ ᠡᠨᠧᠷᠭᠢ᠂ | ᠣᠷᠴᠢᠨ ᠲᠣᠭᠤᠷᠢᠨ ᠤ ᠬᠠᠮᠠᠭᠠᠯᠠᠯᠲᠠ᠂ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ᠂ | ᠨᠠᠰᠤᠵᠢᠯ ᠤᠨ ᠠᠰᠠᠷᠠᠮᠵᠢ᠂ ᠰᠤᠷᠭᠠᠨ ᠬᠥᠮᠦᠵᠢᠯ᠂ ᠰᠣᠶᠣᠯ᠂ ᠪᠡᠶ᠎ᠡ ᠶᠢᠨ ᠲᠠᠮᠢᠷ ᠵᠢᠴᠢ ᠤᠰᠤ ᠬᠠᠩᠭᠠᠬᠤ᠂ | ᠰᠢᠲᠠᠮᠠᠬᠠᠶ ᠬᠡᠶ ᠬᠠᠩᠭᠠᠬᠤ᠂ ᠢᠯᠴᠢ ᠬᠠᠩᠭᠠᠬᠤ ᠪᠡᠯᠡᠳᠬᠡᠮᠵᠢ ᠵᠡᠷᠭᠡ ᠰᠠᠯᠭᠠᠨ ᠥᠭᠭᠦᠭᠰᠡᠨ ᠭᠠᠵᠠᠷ ᠰᠢᠷᠣᠶ ᠶᠢ | ᠬᠡᠷᠡᠭᠯᠡᠵᠦ ᠪᠣᠯᠬᠤ ᠲᠥᠷᠥᠯ ᠵᠦᠢᠯ ᠳᠤ᠂ ᠰᠠᠯᠭᠠᠨ ᠥᠭᠬᠦ ᠠᠷᠭ᠎ᠠ ᠮᠠᠶ᠋ᠢᠭ ᠢᠶᠠᠷ ᠭᠠᠵᠠᠷ ᠰᠢᠷᠣᠶ ᠬᠠᠩᠭᠠᠬᠤ ᠠᠴᠠ | ᠭᠠᠳᠠᠨ᠎ᠠ᠂ ᠰᠢᠯᠵᠢᠭᠦᠯᠦᠨ ᠬᠤᠳᠠᠯᠳᠤᠬᠤ᠂ ᠲᠦᠷᠢᠶᠡᠰᠦᠯᠡᠬᠦ ᠠᠷᠭ᠎ᠠ ᠮᠠᠶ᠋ᠢᠭ ᠢᠶᠠᠷ ᠭᠠᠵᠠᠷ ᠰᠢᠷᠣᠶ ᠬᠠᠩᠭᠠᠬᠤ ᠶᠢ | ᠵᠣᠷᠢᠭᠵᠢᠭᠤᠯᠵᠤ᠂ ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠤᠯᠤᠰ ᠤᠨ ᠪᠥᠲᠥᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢᠨ ᠬᠡᠷᠡᠭᠯᠡᠬᠦ ᠡᠷᠬᠡ ᠪᠠᠷ ᠦᠨ᠎ᠡ ᠲᠣᠭᠲᠠᠭᠠᠨ ᠪᠠᠯᠠ ᠭᠠᠷᠭᠠᠬᠤ ᠪᠤᠶᠤ | ᠬᠤᠪᠢ ᠣᠷᠣᠭᠤᠯᠬᠤ ᠠᠷᠭ᠎ᠠ ᠮᠠᠶ᠋ᠢᠭ ᠢᠶᠠᠷ ᠭᠠᠵᠠᠷ ᠰᠢᠷᠣᠶ ᠬᠠᠩᠭᠠᠵᠤ᠂ ᠨᠡᠶᠢᠭᠡᠮ ᠤᠨ ᠬᠥᠷᠥᠩᠭᠡ ᠲᠠᠢ ᠬᠠᠮᠲᠤ ᠪᠠᠷ | ᠪᠠᠯᠠ ᠣᠷᠣᠭᠤᠯᠤᠨ ᠪᠥᠲᠥᠭᠡᠨ ᠪᠠᠶᠢᠭᠤᠯᠬᠤ ᠶᠢ ᠳᠡᠮᠵᠢᠨ᠎ᠡ᠃ ᠡᠯ᠎ᠡ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠠᠵᠤ ᠦᠢᠯᠡᠰ ᠤᠨ ᠭᠠᠵᠠᠷ ᠬᠡᠷᠡᠭᠯᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠳᠡᠮᠵᠢᠵᠦ᠂ ᠰᠢᠨ᠎ᠡ | ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠭᠠᠵᠠᠷ ᠬᠡᠷᠡᠭᠯᠡᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠎ᠠ᠃ | ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠯ᠎ᠡ ᠬᠤᠰᠢᠭᠤ ︵ | ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ | ᠬᠠᠮᠵᠢᠯᠴᠠᠬᠤ ᠨᠢᠭᠡᠴᠡ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠶ᠋ᠯᠡᠳᠪᠦᠷᠢ | ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ | ᠪᠡᠶᠡᠯᠡᠭᠦᠯᠬᠦ ᠴᠠᠭ ᠤᠨ ᠬᠢᠵᠠᠭᠠᠷ᠄ ᠤᠷᠲᠤ ᠬᠤᠭᠤᠴᠠᠭ᠎ᠠ ᠪᠠᠷ ᠪᠠᠷᠢᠮᠲᠠᠯᠠᠨ᠎ᠠ | 6 . ᠳᠤᠤᠷ᠎ᠠ ᠦᠷ᠎ᠡ ᠠᠰᠢᠭᠲᠤ ᠭᠠᠵᠠᠷ ᠰᠢᠷᠣᠶ ᠬᠡᠷᠡᠭᠯᠡᠬᠦ ᠦᠨ᠎ᠡ ᠥᠷᠲᠡᠭ ᠢ ᠳᠡᠭᠡᠭᠰᠢᠯᠡᠭᠦᠯᠦᠨ᠎ᠡ᠃ ᠰᠠᠯᠬᠢᠨ | ᠬᠦᠴᠦᠨ ᠢᠶᠠᠷ ᠴᠠᠬᠢᠯᠭᠠᠨ ᠭᠠᠷᠭᠠᠬᠤ ᠲᠣᠮᠣ ᠬᠡᠯᠪᠡᠷᠢ ᠶᠢᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ | ᠵᠦᠢᠯ ᠳᠤ ᠡᠯᠡᠰᠦ ᠮᠠᠩᠬ᠎ᠠ᠂ ᠭᠤᠪᠢ ᠴᠥᠯ ᠵᠡᠷᠭᠡ ᠠᠰᠢᠭᠯᠠᠭᠠᠳᠤᠶ ᠭᠠᠵᠠᠷ ᠢ ᠬᠡᠷᠡᠭᠯᠡᠬᠦ ᠶᠢ ᠵᠣᠷᠢᠭᠵᠢᠭᠤᠯᠵᠤ᠂ ︽ | ᠰᠠᠯᠬᠢ ᠭᠡᠷᠡᠯ︾ ᠵᠡᠷᠭᠡ ᠰᠢᠨ᠎ᠡ ᠡᠨᠧᠷᠭᠢ ᠶᠢᠨ ᠲᠥᠷᠥᠯ ᠵᠦᠢᠯ ᠤᠨ ᠨᠡᠶᠢᠯᠡᠮᠡᠯ ᠬᠡᠷᠡᠭᠯᠡᠬᠦ ᠭᠠᠵᠠᠷ ᠢ ᠠᠬᠢᠭᠤᠯᠵᠤ᠂ | ᠭᠠᠵᠠᠷ ᠰᠢᠷᠣᠶ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︽ᠨᠡᠶᠢᠭᠡᠮ ᠤᠨ ᠬᠥᠷᠥᠩᠭᠡ ᠶᠢᠨ ᠠᠮᠢ | ᠠᠬᠤᠶ ᠶᠢ ᠬᠠᠮᠠᠭᠠᠯᠠᠨ ᠰᠡᠷᠭᠦᠭᠡᠬᠦ ᠳᠤ ᠣᠷᠣᠯᠴᠠᠬᠤ ᠶᠢ ᠵᠣᠷᠢᠭᠵᠢᠭᠤᠯᠤᠨ ᠳᠡᠮᠵᠢᠬᠦ ᠲᠤᠬᠠᠶ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2021﹈ 40 ᠳ᠋ᠣᠭᠡᠷ | ᠲᠣᠭᠠᠲᠤ︶ ᠤᠨ ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠥᠮᠴᠢᠯᠡᠬᠦ ᠡᠷᠬᠡ ᠲᠠᠢ ᠬᠤᠯᠪᠣᠭᠳᠠᠬᠤ | ᠡᠷᠬᠡ ᠠᠰᠢᠭ ᠢ ᠪᠠᠳᠠᠷᠠᠭᠤᠯᠤᠨ᠂ ᠦᠢᠯᠡᠳᠪᠦᠷᠢ ᠠᠭᠤᠷᠬᠠᠶ ᠶᠢᠨ ᠬᠡᠷᠡᠭᠯᠡᠬᠦ ᠭᠠᠵᠠᠷ ᠢ ᠥᠨᠳᠥᠷ ᠦᠷ᠎ᠡ | ᠪᠦᠲᠦᠮᠵᠢᠲᠡᠶ ᠪᠠᠷ ᠠᠰᠢᠭᠯᠠᠬᠤ ᠶᠢ ᠠᠬᠢᠭᠤᠯᠤᠨ᠎ᠠ᠃ | ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠯ᠎ᠡ | ᠬᠤᠰᠢᠭᠤᠨ ᠤ ᠠᠷᠠᠳ ᠤᠨ ᠵᠠᠰᠠᠭ ᠤᠨ ᠣᠷᠳᠣᠨ | ᠬᠠᠮᠵᠢᠯᠴᠠᠬᠤ ᠨᠢᠭᠡᠴᠡ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ | ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ | ᠪᠡᠶᠡᠯᠡᠭᠦᠯᠬᠦ ᠴᠠᠭ ᠤᠨ ᠬᠢᠵᠠᠭᠠᠷ᠄ ᠤᠷᠲᠤ ᠬᠤᠭᠤᠴᠠᠭ᠎ᠠ ᠪᠠᠷ ᠪᠠᠷᠢᠮᠲᠠᠯᠠᠨ᠎ᠠ | 7 . ᠭᠠᠵᠠᠷ ᠤᠨ ᠦᠨ᠎ᠡ ᠶᠢᠨ ᠬᠥᠰᠢᠭᠦᠷᠭᠡ ᠶᠢᠨ ᠦᠢᠯᠡᠳᠦᠯ ᠢ ᠪᠠᠳᠠᠷᠠᠭᠤᠯᠤᠨ᠎ᠠ᠃ ᠡᠯ᠎ᠡ ᠬᠤᠰᠢᠭᠤ ︵ᠣᠷᠣᠨ | ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠨᠢ ᠲᠤᠬᠠᠶ ᠶᠢᠨ ᠭᠠᠵᠠᠷ ᠤᠨ ᠠᠵᠤ | ᠠᠬᠤᠶ ᠶᠢᠨ ᠬᠥᠭᠵᠢᠯᠲᠡ ᠶᠢᠨ ᠬᠠᠨᠳᠤᠰᠢ ᠶᠢ ᠦᠨᠳᠦᠰᠦᠯᠡᠨ᠂ ᠭᠠᠵᠠᠷ ᠰᠢᠷᠣᠶ ᠶᠢᠨ ᠵᠠᠬ᠎ᠠ ᠳᠡᠯᠭᠡᠭᠦᠷ ᠤᠨ | ᠪᠤᠶᠢᠵᠢᠯᠲᠠ ᠶᠢᠨ ᠬᠡᠮᠵᠢᠶ᠎ᠡ᠂ ᠭᠠᠵᠠᠷ ᠰᠢᠷᠣᠶ ᠶᠢᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ᠂ ᠭᠠᠵᠠᠷ ᠰᠢᠷᠣᠶ ᠶᠢᠨ | ᠣᠯᠤᠭᠰᠠᠨ ᠥᠪᠡᠷ ᠤᠨ ᠥᠷᠲᠡᠭ ᠵᠡᠷᠭᠡ ᠣᠯᠠᠨ ᠵᠦᠢᠯ ᠤᠨ ᠬᠦᠴᠦᠨ ᠵᠦᠢᠯ ᠢ ᠶᠡᠷᠦᠩᠬᠡᠶᠢᠯᠡᠨ ᠮᠠᠭᠠᠳᠯᠠᠭᠰᠠᠨ | ᠰᠠᠭᠤᠷᠢᠨ ᠳᠡᠭᠡᠷ᠎ᠡ᠂ 2 ᠵᠢᠯ ᠠᠴᠠ 3 ᠵᠢᠯ ᠪᠣᠯᠬᠤ ᠪᠦᠷᠢ ᠨᠢᠭᠡ ᠤᠳᠠᠭ᠎ᠠ ᠦᠨᠳᠦᠰᠦᠨ ᠪᠠᠷᠢᠮᠵᠢᠶᠠᠲᠤ ᠭᠠᠵᠠᠷ ᠤᠨ | ᠦᠨ᠎ᠡ ᠶᠢ ᠳᠣᠭᠢᠷᠠᠭᠤᠯᠤᠨ ᠰᠢᠨᠡᠳᠬᠡᠵᠦ᠂ ᠭᠠᠵᠠᠷ ᠤᠨ ᠦᠨ᠎ᠡ ᠶᠢᠨ ᠵᠦᠶ ᠵᠣᠬᠢᠰᠲᠠᠶ ᠴᠢᠨᠠᠷ ᠢ ᠪᠠᠲᠤᠯᠠᠬᠤ ᠬᠡᠷᠡᠭᠲᠡᠶ᠃ | ᠥᠪᠡᠷᠲᠡᠭᠡᠨ ᠵᠠᠰᠠᠬᠤ ᠣᠷᠣᠨ ᠤ ︽ᠤᠷᠢᠳᠠᠪᠠᠷ ᠬᠥᠭᠵᠢᠭᠦᠯᠬᠦ ᠲᠥᠷᠥᠯ ᠤᠨ ᠠᠵᠤ ᠦᠢᠯᠡᠰ ᠤᠨ ᠭᠠᠷᠴᠠᠭ︾ ᠲᠤ | ᠵᠢᠭᠰᠠᠭᠠᠨ ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ᠂ ᠤᠢ᠂ ᠮᠠᠯ᠂ | ᠵᠢᠭᠠᠰᠤᠨ ᠠᠵᠤ ᠠᠬᠤᠶ ᠶᠢᠨ ᠦᠢᠯᠡᠳᠬᠦᠨ ᠤ ᠰᠢᠭᠤᠳ ᠠᠩᠬ᠎ᠠ ᠤᠳᠠᠭᠠᠨ ᠤ ᠪᠣᠯᠪᠠᠰᠣᠷᠠᠭᠤᠯᠬᠤ ᠠᠵᠤ | ᠦᠢᠯᠡᠳᠪᠦᠷᠢ ᠶᠢᠨ ᠲᠥᠷᠥᠯ ᠵᠦᠢᠯ ᠤᠨ ᠭᠠᠷᠴᠠᠭ ᠵᠢᠴᠢ ᠭᠠᠷᠴᠠᠭ ᠲᠤ ᠣᠷᠣᠭᠤᠯᠤᠭᠰᠠᠨ ᠦᠭᠡᠶ ᠭᠠᠳᠠᠭᠠᠳᠤ | ᠠᠷᠠᠯᠵᠢᠶᠠᠨ ᠤ ᠪᠣᠯᠪᠠᠰᠣᠷᠠᠭᠤᠯᠬᠤ ᠠᠷᠠᠯᠵᠢᠶᠠᠨ ᠤ ᠠᠵᠤ ᠦᠢᠯᠡᠰ᠂ ᠠᠮᠤ ᠪᠤᠳᠠᠭᠠᠨ ᠤ ᠭᠦᠢᠯᠭᠡᠭᠡᠨ ᠤ ᠠᠵᠤ ᠦᠢᠯᠡᠰ | ᠪᠠ ᠤᠯᠤᠰ᠂ ᠥᠪᠡᠷᠲᠡᠭᠡᠨ ᠵᠠᠰᠠᠬᠤ ᠣᠷᠣᠨ ᠤ ᠪᠢᠴᠢᠭ ᠮᠠᠲ᠋ᠧᠷᠢᠶᠠᠯ ︾ ᠳᠤ ᠠᠵᠤ ᠦᠢᠯᠡᠳᠪᠦᠷᠢ ᠶᠢᠨ ᠬᠡᠷᠡᠭᠯᠡᠬᠦ | ᠭᠠᠵᠠᠷ ᠢ ᠬᠢᠮᠳᠠ ᠪᠠᠷ ᠬᠤᠳᠠᠯᠳᠤᠬᠤ ᠰᠢᠨ᠎ᠡ ᠠᠵᠤ ᠦᠢᠯᠡᠰ ᠢᠶᠠᠷ ᠯᠠᠪᠯᠠᠯᠲᠠ ᠪᠣᠯᠭᠠᠵᠤ ᠪᠣᠯᠤᠨ᠎ᠠ ᠭᠡᠵᠦ | ᠲᠣᠳᠣᠷᠬᠠᠶᠢᠯᠠᠪᠠ᠃ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠲᠧᠭᠨᠢᠭ ᠮᠡᠷᠭᠡᠵᠢᠯ ᠤᠨ ᠥᠭᠡᠷᠡᠴᠢᠯᠡᠯᠲᠡ ᠵᠡᠷᠭᠡ | ᠪᠦᠳᠦᠭᠡᠠ ᠪᠠᠶᠢᠭᠤᠯᠤᠯᠲᠠ ᠶᠢᠨ ᠵᠦᠢᠯᠡᠰ ᠲᠤ ᠬᠡᠷᠡᠭᠯᠡᠬᠦ ᠭᠠᠵᠠᠷ᠂ ᠭᠠᠵᠠᠷ ᠰᠢᠷᠣᠶ ᠶᠢ ᠬᠢᠮᠳᠠ ᠪᠠᠷ ᠬᠤᠳᠠᠯᠳᠤᠬᠤ | ᠬᠠᠮᠤᠭ ᠤᠨ ᠳᠣᠣᠷ᠎ᠠ ᠦᠨ᠎ᠡ ᠶᠢ ᠲᠣᠭᠲᠠᠭᠠᠬᠤ ᠳᠠᠭᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠶ ᠶᠢ ᠬᠢᠮᠳᠠ ᠪᠠᠷ ᠬᠤᠳᠠᠯᠳᠤᠬᠤ ᠬᠠᠮᠤᠭ ᠤᠨ ᠳᠣᠣᠷ᠎ᠠ ᠦᠨ᠎ᠡ ᠶᠢᠨ | ᠪᠠᠷᠢᠮᠵᠢᠶ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠤᠯᠤᠰ ᠭᠠᠵᠠᠷ ᠪᠠᠶᠠᠯᠢᠭ ᠲᠠᠷᠬᠠᠭᠠᠭᠰᠠᠨ ﹇ | 2009﹈ 165 ᠳ᠋ᠣᠭᠠᠷ ᠲᠣᠭᠠᠲᠤ︶ ᠤᠨ ᠬᠡᠷᠡᠭᠵᠢᠭᠦᠯᠬᠦ ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠭᠦᠯᠵᠦ | ᠪᠣᠯᠤᠨ᠎ᠠ᠃ | ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠯ᠎ᠡ ᠬᠤᠰᠢᠭᠤ ︵ | ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ | ᠬᠠᠮᠵᠢᠯᠴᠠᠬᠤ ᠨᠢᠭᠡᠴᠡ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ | ᠲᠣᠪᠴᠢᠶ᠎ᠠ | ᠪᠡᠶᠡᠯᠡᠭᠦᠯᠬᠦ ᠴᠠᠭ ᠤᠨ ᠬᠢᠵᠠᠭᠠᠷ᠄ ᠤᠷᠲᠤ ᠬᠤᠭᠤᠴᠠᠭ᠎ᠠ ᠪᠠᠷ ᠪᠠᠷᠢᠮᠲᠠᠯᠠᠨ᠎ᠠ | 8 . ᠭᠠᠵᠠᠷ ᠰᠢᠷᠣᠶ ᠨᠥᠭᠡᠴᠡᠯᠡᠬᠦ ᠠᠵᠢᠯ ᠢ ᠴᠢᠩᠭᠠᠷᠠᠭᠤᠯᠣᠨ᠎ᠠ᠃ ᠡᠵᠡᠯᠡᠬᠦ ᠪᠠ ᠨᠥᠬᠦᠪᠥᠷᠢᠯᠡᠬᠦ ᠶᠢ | ᠲᠡᠩᠴᠡᠭᠦᠷᠢᠰᠢᠭᠦᠯᠬᠦ ᠬᠦᠢᠴᠡᠳᠭᠡᠯ ᠲᠤᠭ᠎ᠠ᠂ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠬᠦᠢᠴᠡᠳᠬᠡᠯ ᠲᠤᠭ᠎ᠠ ᠶᠢ | ᠮᠡᠳᠡᠭᠡ ᠵᠠᠩᠭᠢ ᠶᠢᠨ ᠨᠥᠭᠡᠴᠡᠯᠡᠬᠦ ᠲᠠᠪᠴᠠᠩ ᠳᠤ ᠣᠷᠣᠭᠤᠯᠤᠨ᠎ᠠ᠃ ᠡᠯ᠎ᠡ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠭᠠᠵᠠᠷ ᠰᠢᠷᠣᠶ ᠶᠢᠨ ᠨᠥᠭᠡᠴᠡᠯᠡᠯ ᠤᠨ ᠪᠡᠯᠡ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠵᠦ᠂ ᠭᠠᠵᠠᠷ | ᠰᠢᠷᠣᠶ ᠶᠢᠨ ᠨᠥᠭᠡᠴᠡᠯᠡᠯ ᠤᠨ ᠬᠡᠪᠴᠢᠶ᠎ᠡ ᠪᠠᠨ ᠥᠷᠭᠡᠳᠬᠡᠨ᠂ ᠭᠠᠵᠠᠷ ᠰᠢᠷᠣᠶ ᠶᠢᠨ ᠵᠠᠬ᠎ᠠ ᠳᠡᠯᠭᠡᠭᠦᠷ ᠤᠨ ᠡᠬᠢ | ᠪᠠᠶᠠᠯᠢᠭ ᠢ ᠬᠤᠷᠠᠮᠳᠤᠭᠤᠯᠬᠤ ᠶᠢ ᠢᠳᠡᠪᠬᠢᠲᠡᠶ ᠪᠠᠷ ᠲᠣᠬᠢᠷᠠᠭᠤᠯᠤᠨ ᠡᠵᠡᠮᠳᠡᠵᠦ᠂ ᠪᠦᠬᠦ ᠠᠶᠢᠮᠠᠭ ᠤᠨ ᠭᠠᠵᠠᠷ | ᠰᠢᠷᠣᠶ ᠶᠢᠨ ᠵᠠᠬ᠎ᠠ ᠳᠡᠯᠭᠡᠭᠦᠷ ᠤᠨ ᠡᠷᠡᠭᠦᠯ ᠪᠥᠭᠡᠳ ᠡᠮᠬᠢ ᠵᠢᠷᠤᠮ ᠲᠠᠢ ᠪᠠᠷ ᠬᠥᠭᠵᠢᠬᠦ ᠶᠢ ᠦᠨᠡᠨᠬᠦ ᠪᠠᠲᠤᠯᠠᠬᠤ | ᠬᠡᠷᠡᠭᠲᠡᠶ᠃ ᠡᠯ᠎ᠡ ᠬᠤᠰᠢᠭᠤᠨ ᠤ ᠭᠠᠵᠠᠷ ᠰᠢᠷᠣᠶ ᠬᠤᠳᠠᠯᠳᠤᠨ ᠠᠪᠴᠤ ᠨᠥᠭᠡᠴᠡᠯᠡᠬᠦ ᠪᠠᠶᠢᠭᠤᠯᠤᠮᠵᠢ ᠶᠢᠨ | ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ ᠶᠢ ᠴᠢᠩᠭᠠᠳᠬᠠᠵᠤ᠂ ᠤᠯᠤᠰ ᠠᠷᠠᠳ ᠤᠨ ᠠᠵᠤ ᠠᠬᠤᠶ ᠪᠠ | ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠲᠥᠯᠥᠪᠵᠢᠭᠦᠯᠭᠡ ᠵᠡᠷᠭᠡ ᠶᠢ ᠦᠨᠳᠦᠰᠦᠯᠡᠨ᠂ ︽ᠭᠠᠵᠠᠷ ᠰᠢᠷᠣᠶ ᠨᠥᠭᠡᠴᠡᠯᠡᠬᠦ ᠭᠤᠷᠪᠠᠨ ᠵᠢᠯ ᠤᠨ ᠦᠷᠭᠦᠯᠵᠢᠯᠡᠭᠰᠡᠨ | ᠲᠥᠯᠥᠪᠯᠡᠭᠡ︾ ᠶᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠨᠠᠶᠢᠷᠠᠭᠤᠯᠤᠨ ᠵᠣᠬᠢᠶᠠᠬᠤ ᠶᠢᠨ ᠬᠠᠮᠲᠤ ᠭᠠᠵᠠᠷ | ᠰᠢᠷᠣᠶ ᠬᠤᠳᠠᠯᠳᠤᠨ ᠠᠪᠴᠤ ᠨᠥᠭᠡᠴᠡᠯᠡᠬᠦ᠂ ᠡᠮᠦᠨᠡᠬᠢ ᠬᠤᠭᠤᠴᠠᠭᠠᠨ ᠤ ᠨᠡᠭᠡᠭᠡᠯᠲᠡ ᠬᠢᠬᠦ᠂ ᠬᠠᠮᠢᠶᠠᠷᠴᠤ ᠬᠠᠮᠠᠭᠠᠯᠠᠬᠤ | ᠪᠠ ᠬᠠᠩᠭᠠᠬᠤ ᠵᠡᠷᠭᠡ ᠠᠵᠢᠯ ᠢ ᠲᠥᠯᠥᠪᠯᠡᠭᠡ ᠶᠣᠰᠣᠭᠠᠷ ᠥᠷᠨᠢᠭᠦᠯᠦᠨ᠎ᠡ᠃ | ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠯ᠎ᠡ | ᠬᠤᠰᠢᠭᠤᠨ ᠤ ᠠᠷᠠᠳ ᠤᠨ ᠵᠠᠰᠠᠭ ᠤᠨ ᠣᠷᠳᠣᠨ | ᠬᠠᠮᠵᠢᠯᠴᠠᠬᠤ ᠨᠢᠭᠡᠴᠡ᠄ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ | ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ | ᠪᠡᠶᠡᠯᠡᠭᠦᠯᠬᠦ ᠴᠠᠭ ᠤᠨ ᠬᠢᠵᠠᠭᠠᠷ᠄ ᠤᠷᠲᠤ ᠬᠤᠭᠤᠴᠠᠭ᠎ᠠ ᠪᠠᠷ ᠪᠠᠷᠢᠮᠲᠠᠯᠠᠨ᠎ᠠ | ᠭᠤᠷᠪᠠ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ | ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠠᠯᠠᠱᠠ ᠠᠶᠢᠮᠠᠭ ᠤᠨ ᠭᠠᠵᠠᠷ ᠰᠢᠷᠣᠶ ᠶᠢ ᠶᠡᠷᠦᠩᠬᠡᠶᠢᠯᠡᠨ ᠴᠡᠭᠴᠡᠯᠡᠨ | ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠨᠢ ᠡᠯ᠎ᠡ ᠬᠤᠰᠢᠭᠤ ︵ᠣᠷᠣᠨ︶ ᠶᠢᠨ ᠭᠠᠵᠠᠷ ᠰᠢᠷᠣᠶ ᠶᠢ | ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢᠶᠠᠨ ᠭᠦᠨᠵᠡᠭᠡᠶᠢᠷᠡᠭᠦᠯᠬᠦ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ | ᠰᠢᠮᠳᠠᠭᠤᠯᠤᠨ ᠵᠢᠯᠣᠭᠤᠳᠤᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠬᠢᠨᠠᠮᠠᠭᠠᠶ ᠰᠢᠮᠳᠠᠭᠤᠯᠤᠨ | ᠨᠠᠶᠢᠳᠠᠪᠤᠷᠢᠵᠢᠭᠤᠯᠵᠤ᠂ ᠠᠵᠢᠯ ᠤᠨ ᠠᠬᠢᠴᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ | ᠬᠡᠷᠡᠭᠲᠡᠶ᠃ ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ | ᠂ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠭᠠᠵᠠᠷ ᠰᠢᠷᠣᠶ ᠶᠢ ᠶᠡᠷᠦᠩᠬᠡᠶᠢᠯᠡᠨ | ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠬᠦ ᠡᠯ᠎ᠡ ᠵᠦᠢᠯ ᠤᠨ ᠠᠵᠢᠯ ᠤᠨ ᠴᠢᠬᠤᠯᠠ ᠴᠢᠨᠠᠷ ᠢ ᠬᠦᠢᠴᠡᠳ ᠲᠠᠨᠢᠵᠤ᠂ | ᠬᠠᠮᠢᠶ᠎ᠠ ᠪᠥᠬᠦᠶ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠠᠵᠢᠯ ᠤᠨ ᠲᠥᠯᠥᠪᠯᠡᠭᠡ ᠲᠣᠭᠲᠠᠭᠠᠵᠤ᠂ ᠠᠵᠢᠯ ᠤᠨ | ᠲᠤᠰᠬᠠᠶ ᠠᠩᠭᠢ ᠪᠠᠶᠢᠭᠤᠯᠤᠨ᠂ ᠠᠵᠢᠯ ᠤᠨ ᠬᠠᠷᠢᠭᠤᠴᠠᠯᠭ᠎ᠠ ᠪᠠ ᠠᠬᠢᠭᠤᠯᠬᠤ ᠴᠠᠭ ᠤᠨ ᠬᠢᠵᠠᠭᠠᠷ ᠢ | ᠲᠣᠳᠣᠷᠬᠠᠶᠢᠯᠠᠵᠤ᠂ ᠡᠮᠬᠢ ᠵᠢᠷᠤᠮ ᠲᠠᠢ ᠠᠬᠢᠭᠤᠯᠬᠤ ᠶᠢ ᠦᠨᠡᠨᠬᠦ ᠪᠠᠲᠤᠯᠠᠨ᠂ ᠡᠯ᠎ᠡ ᠵᠦᠢᠯ ᠤᠨ ᠠᠵᠢᠯ ᠤᠨ | ᠡᠭᠦᠷᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠬᠦ ᠬᠡᠷᠡᠭᠲᠡᠶ᠃ | ︵ᠬᠤᠶᠠᠷ︶ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠷᠠᠭᠤᠯᠵᠤ᠂ ᠲᠤᠰᠬᠠᠶ ᠠᠵᠢᠯ ᠢ ᠳᠡᠮᠵᠢᠨ᠎ᠡ᠃ ᠡᠯ᠎ᠡ | ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠨᠢ ᠠᠵᠢᠯ ᠤᠨ | ᠵᠠᠷᠤᠳᠠᠯ ᠢ ᠨᠠᠶᠢᠳᠠᠪᠤᠷᠢᠵᠢᠭᠤᠯᠵᠤ᠂ ᠬᠠᠮᠢᠶ᠎ᠠ ᠪᠥᠬᠦᠶ ᠲᠥᠬᠦᠷ ᠠᠷᠭ᠎ᠠ ᠬᠡᠮᠵᠢᠶ᠎ᠡ ᠶᠢ ᠲᠣᠭᠲᠠᠭᠠᠨ᠂ ᠡᠯ᠎ᠡ ᠵᠦᠢᠯ ᠤᠨ | ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ᠃ | ︵ᠭᠤᠷᠪᠠ︶ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠶᠢ ᠴᠢᠩᠭᠠᠷᠠᠭᠤᠯᠵᠤ᠂ ᠠᠵᠢᠯ ᠤᠨ ᠨᠡᠶᠢᠯᠡᠮᠡᠯ | ᠬᠦᠴᠦᠨ ᠢ ᠪᠣᠶ ᠪᠣᠯᠭᠠᠨ᠎ᠠ᠃ ᠡᠯ᠎ᠡ ᠬᠤᠰᠢᠭᠤ ︵ ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ | ᠬᠠᠮᠢᠶᠠᠷᠤᠯᠲᠠ ᠶᠢᠨ ᠵᠥᠪᠯᠡᠯ︶᠂ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠳ | ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠲᠣᠰ ᠪᠡᠶ᠎ᠡ ᠶᠢᠨ ᠡᠭᠦᠷᠭᠡ ᠬᠠᠷᠢᠭᠤᠴᠠᠯᠭ᠎ᠠ ᠶᠣᠰᠣᠭᠠᠷ | ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠤᠳᠤᠷᠢᠳᠤᠯᠭ᠎ᠠ᠂ ᠬᠠᠷᠢᠭᠤᠴᠠᠯᠭ᠎ᠠ᠂ ᠠᠵᠢᠯ ᠢ | ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠡᠯ᠎ᠡ ᠵᠦᠢᠯ ᠤᠨ ᠠᠵᠢᠯ ᠤᠨ ᠡᠮᠬᠢ ᠵᠢᠷᠤᠮ ᠲᠠᠢ ᠥᠷᠨᠢᠬᠦ ᠶᠢ | ᠠᠬᠢᠭᠤᠯᠬᠤ ᠬᠡᠷᠡᠭᠲᠡᠢ᠃ | ︵ᠳᠥᠷᠪᠡ︶ ᠰᠢᠮᠳᠠᠭᠤᠯᠤᠨ ᠪᠠᠶᠢᠴᠠᠭᠠᠬᠤ ᠶᠢ ᠴᠢᠩᠭᠠᠷᠠᠭᠤᠯᠵᠤ᠂ ᠬᠠᠷᠢᠭᠤᠴᠠᠯᠭ᠎ᠠ ᠨᠡᠬᠡᠮᠵᠢᠯᠡᠬᠦ ᠪᠠ ᠦᠷ᠎ᠡ | ᠪᠦᠲᠦᠮᠵᠢ ᠶᠢ ᠴᠢᠩᠭ᠎ᠠ ᠪᠡᠶᠡᠯᠡᠬᠦᠯᠦᠨ᠎ᠡ᠃ ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ | ᠬᠠᠮᠢᠶᠠᠷᠤᠯᠲᠠ ᠶᠢᠨ ᠵᠥᠪᠯᠡᠯ︶ ᠨᠢ ᠰᠢᠮᠳᠠᠭᠤᠯᠣᠨ ᠪᠠᠶᠢᠴᠠᠭᠠᠵᠤ ᠰᠢᠯᠭᠠᠨ ᠦᠨᠡᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ | ᠲᠣᠭᠲᠠᠴᠠ ᠶᠢ ᠪᠠᠶᠢᠭᠤᠯᠵᠤ᠂ ᠭᠠᠵᠠᠷ ᠰᠢᠷᠣᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠬᠦ ᠡᠯ᠎ᠡ | ᠵᠦᠢᠯ ᠤᠨ ᠠᠵᠢᠯ ᠢ ᠰᠠᠯᠠᠭ᠎ᠠ ᠮᠥᠴᠢᠷ ᠤᠨ ᠰᠢᠯᠭᠠᠨ ᠬᠢᠨᠠᠬᠤ ᠬᠠᠷᠠᠯᠲᠠ ᠳᠤ ᠣᠷᠣᠭᠤᠯᠵᠤ᠂ ᠰᠢᠯᠭᠠᠨ ᠬᠢᠨᠠᠬᠤ | ᠨᠠᠷᠢᠨ ᠲᠦᠷᠢᠮ ᠢ ᠨᠠᠷᠢᠯᠢᠬᠵᠢᠭᠤᠯᠤᠨ ᠬᠡᠮᠵᠢᠶᠡᠵᠢᠭᠦᠯᠬᠦ ᠬᠡᠷᠡᠭᠲᠡᠶ᠃ ᠠᠵᠢᠯ ᠢᠶᠠᠨ ᠠᠬᠢᠭᠤᠯᠤᠭᠰᠠᠨ ᠨᠢ ᠰᠤᠯᠠ᠂ | ᠠᠵᠢᠯ ᠦᠯᠦ ᠬᠢᠬᠦ ᠨᠢ ᠤᠳᠠᠭᠠᠨ ᠵᠡᠷᠭᠡ ᠠᠵᠢᠯ ᠬᠢᠬᠦ ᠶᠢ ᠨᠥᠯᠥᠭᠡᠯᠡᠬᠦ ᠨᠢᠭᠡᠴᠡ ᠪᠠ ᠬᠤᠪᠢ ᠬᠥᠮᠦᠨ ᠲᠠᠢ ᠪᠣᠯᠵᠣᠨ | ᠶᠠᠷᠢᠯᠴᠠᠬᠤ ᠶᠢᠨ ᠬᠠᠮᠲᠤ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ | | | | | ᠬᠠᠮᠢᠶ᠎ᠠ ᠪᠦᠬᠦᠢ ᠳᠦᠷᠦ ᠶᠢᠨ ᠪᠣᠳᠣᠯᠭ᠎ᠠ ᠶᠢᠨ ᠳᠠᠶᠢᠯᠣᠮᠵᠢ | |