ᠡᠨᠡ ᠵᠢᠯ ᠮᠠᠨ ᠤ ᠣᠷᠣᠨ ᠡᠨᠧᠷᠭᠢ ᠶᠢᠨ ᠠᠮᠤᠷ ᠲᠦᠪᠰᠢᠨ ᠲᠣᠭᠲᠠᠭᠤᠨ ᠬᠠᠩᠭᠠᠯᠭ᠎ᠠ ᠶᠢ ᠦᠷᠭᠦᠯᠵᠢᠯᠡᠨ ᠪᠥᠬᠦ ᠬᠦᠴᠦᠨ ᠢᠶᠠᠷ ᠪᠠᠲᠤᠯᠠᠨ᠎ᠠ
ᠨᠡᠶᠢᠲᠡᠯᠡᠭᠰᠡᠨ ᠴᠠᠭ᠄
2023/1/29
   2023 ᠣᠨ ᠳᠤ᠂ ᠮᠠᠨ ᠤ ᠣᠷᠣᠨ ᠦᠷᠭᠦᠯᠵᠢᠯᠡᠨ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠡᠨᠧᠷᠭᠢ ᠶᠢᠨ ᠠᠮᠤᠷ ᠲᠦᠪᠰᠢᠨ ᠲᠣᠭᠲᠠᠭᠤᠨ ᠬᠠᠩᠭᠠᠯᠭ᠎ᠠ ᠶᠢ ᠪᠦᠬᠦ ᠬᠦᠴᠦᠨ ᠢᠶᠠᠷ ᠪᠠᠲᠤᠯᠠᠨ᠎ᠠ᠃ ᠬᠠᠷᠠᠯᠲᠠ ᠶᠢᠨ ᠶᠣᠰᠣᠭᠠᠷ᠂ ᠪᠦᠬᠦ ᠣᠷᠣᠨ ᠤ ᠨᠡᠭᠦᠷᠡᠰᠦᠨ ᠤ ᠭᠠᠷᠤᠯᠲᠠ ᠶᠢ 12.5 ᠳ᠋ᠦᠩᠰᠢᠭᠤᠷ ᠲᠣᠨ ᠳᠤ ᠬᠦᠷᠭᠡᠵᠦ᠂ ᠲᠦᠭᠦᠬᠡᠶ ᠲᠣᠰᠣᠨ ᠤ ᠭᠠᠷᠤᠯᠲᠠ ᠶᠢ 180 ᠲᠦᠮᠡᠨ ᠲᠣᠨ ᠠᠴᠠ ᠳᠡᠭᠡᠭᠰᠢ ᠳᠤ ᠬᠦᠷᠭᠡᠵᠦ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠭᠠᠷᠤᠯᠲᠠ ᠶᠢ 310 ᠳ᠋ᠦᠩᠰᠢᠭᠤᠷ ᠪᠣᠰᠤᠭ᠎ᠠ ᠳᠥᠷᠪᠡᠯᠵᠢᠨ ᠮᠧᠳ᠋ᠷ ᠠᠴᠠ ᠳᠡᠭᠡᠭᠰᠢ ᠳᠤ ᠬᠦᠷᠭᠡᠵᠦ᠂ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠶᠢ 2 ᠳ᠋ᠦᠩᠰᠢᠭᠤᠷ ᠺᠢᠯᠦᠸᠠᠲ ᠠᠴᠠ ᠳᠠᠪᠠᠭᠤᠯᠵᠤ᠂ ᠡᠭᠦᠨ ᠳᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ 9000 ᠲᠦᠮᠡᠨ ᠺᠢᠯᠦᠸᠠᠲ ᠲᠤ ᠬᠦᠷᠭᠡᠵᠤ᠂ ᠡᠵᠡᠯᠡᠬᠦ ᠬᠤᠪᠢ ᠶᠢᠨ ᠵᠢᠩ ᠢ 45% ᠠᠴᠠ ᠳᠡᠭᠡᠭᠰᠢ ᠪᠠᠶᠢᠯᠭᠠᠵᠤ᠂ ᠴᠠᠬᠢᠯᠭᠠᠨ ᠭᠠᠷᠭᠠᠬᠤ ᠬᠡᠮᠵᠢᠶ᠎ᠡ  ᠶᠢ 7100 ᠳ᠋ᠦᠩᠰᠢᠭᠤᠷ ᠺᠢᠯᠦᠸᠠᠲ ᠴᠠᠭ ᠲᠤ ᠬᠦᠷᠭᠡᠨ᠎ᠡ᠃ ᠡᠨᠧᠷᠭᠢ  ᠵᠢᠴᠢ ᠲᠣᠨᠣᠭᠯᠠᠯ ᠦᠢᠯᠡᠳᠬᠦ ᠴᠢᠬᠤᠯᠠ ᠶᠡᠭᠡ ᠲᠥᠷᠥᠯ ᠵᠦᠢᠯ  ᠤᠨ ᠣᠨ  ᠤ ᠲᠥᠯᠥᠪᠯᠡᠭᠰᠡᠨ ᠪᠠᠯᠠ ᠣᠷᠣᠭᠤᠯᠤᠯᠲᠠ 2900 ᠳ᠋ᠦᠩᠰᠢᠭᠤᠷ ᠲᠥᠭᠦᠷᠢᠭ  ᠢ ᠳᠠᠪᠠᠭᠤᠯᠤᠨ᠎ᠠ᠃    ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠡᠨᠡ ᠵᠢᠯ᠂ ᠮᠠᠨ ᠤ ᠣᠷᠣᠨ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ᠂ ᠰᠢᠨ᠎ᠡ ᠡᠨᠧᠷᠭᠢ ᠶᠢᠨ ᠬᠥᠭᠵᠢᠯᠲᠡ ᠶᠢ ᠲᠦᠷᠭᠡᠳᠭᠡᠬᠦ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠭᠡᠬᠦ᠂ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠭᠡᠬᠦ ᠵᠡᠷᠭᠡ ᠨᠠᠢᠮᠠᠨ ᠲᠠᠯ᠎ᠠ ᠪᠠᠷ ᠡᠨᠧᠷᠭᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠣᠯᠤᠨ᠎ᠠ᠃    ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠲᠠᠯ᠎ᠠ ᠪᠠᠷ᠂ ᠨᠡᠭᠦᠷᠡᠰᠦᠨ ᠤ ᠭᠠᠷᠤᠯᠲᠠ ᠶᠢ ᠨᠡᠮᠡᠭᠳᠡᠭᠦᠯᠵᠦ ᠬᠠᠩᠭᠠᠯᠭ᠎ᠠ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ ᠨᠡᠭᠦᠷᠡᠰᠦ ᠴᠠᠬᠢᠯᠭᠠᠨ ᠤ ᠲᠤᠯᠭᠠᠭᠤᠷᠢᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠢᠯᠠᠭᠤᠨ ᠲᠤᠰᠤ ᠪᠠᠶᠢᠭᠠᠯᠢ ᠶᠢᠨ ᠰᠢᠲᠠᠮᠠᠬᠠᠢ ᠬᠡᠢ ᠶᠢᠨ ᠨᠥᠭᠡᠴᠡ ᠶᠢ ᠨᠡᠮᠡᠭᠳᠡᠭᠦᠯᠵᠦ ᠭᠠᠷᠤᠯᠲᠠ ᠶᠢ ᠨᠡᠮᠡᠭᠳᠡᠭᠦᠯᠬᠦ ᠶᠢ ᠠᠬᠢᠭᠤᠯᠵᠤ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠤᠯᠤᠰ ᠤᠨ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃    ᠰᠢᠨ᠎ᠡ ᠡᠨᠧᠷᠭᠢ ᠶᠢᠨ ᠬᠥᠭᠵᠢᠯᠲᠡ ᠶᠢ ᠲᠦᠷᠭᠡᠳᠭᠡᠬᠦ ᠲᠠᠯ᠎ᠠ ᠪᠠᠷ᠂ ᠥᠪᠡᠷᠮᠢᠴᠡ ᠳᠠᠪᠠᠭᠤᠯᠢᠭ ᠲᠠᠢ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠰᠢᠨ᠎ᠡ ᠡᠨᠧᠷᠭᠢ ᠶᠢᠨ ᠬᠥᠭᠵᠢᠯᠲᠡ ᠶᠢᠨ ᠲᠡᠦᠬᠡᠨ ᠠᠵᠠ ᠲᠣᠬᠢᠶᠠᠯ ᠢ ᠠᠮᠵᠢᠵᠤ᠂ ᠰᠠᠭᠤᠷᠢᠨᠵᠢᠭᠤᠯᠤᠨ ᠭᠠᠳᠠᠭᠰᠢ ᠬᠦᠷᠭᠡᠬᠦ᠂ ᠵᠠᠬ᠎ᠠ ᠳᠡᠯᠭᠡᠭᠦᠷᠴᠢᠯᠡᠨ ᠰᠢᠩᠭᠡᠭᠡᠬᠦ᠂ ᠪᠠᠲᠤᠯᠠᠭ᠎ᠠ ᠶᠢᠨ ᠴᠢᠨᠠᠷᠲᠠᠶ ᠲᠤᠤᠷ ᠨᠡᠶᠢᠯᠡᠭᠦᠯᠦᠭᠰᠡᠨ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠭᠡᠵᠦ᠂ ᠰᠢᠨ᠎ᠡ ᠡᠨᠧᠷᠭᠢ ᠶᠢᠨ ᠪᠠᠯᠠ ᠣᠷᠣᠭᠤᠯᠤᠯᠲᠠ 1800 ᠳ᠋ᠦᠩᠰᠢᠭᠤᠷ ᠲᠥᠭᠦᠷᠢᠭ ᠢ ᠳᠠᠪᠠᠭᠤᠯᠵᠤ᠂ ᠰᠢᠨ᠎ᠡ ᠪᠠᠷ ᠨᠡᠮᠡᠭᠳᠡᠭᠰᠡᠨ ᠰᠢᠨ᠎ᠡ ᠡᠨᠧᠷᠭᠢ ᠶᠢᠨ ᠲᠤᠤᠷ ᠲᠤ ᠨᠡᠶᠢᠯᠡᠭᠦᠯᠦᠭᠰᠡᠨ ᠬᠡᠪᠴᠢᠶ᠎ᠡ 2500 ᠲᠦᠮᠡᠨ ᠺᠢᠯᠦᠸᠠᠲ ᠢ ᠳᠠᠪᠠᠭᠤᠯᠵᠤ᠂ ᠲᠥᠷᠥ ᠶᠢᠨ ᠪᠣᠳᠣᠯᠭ᠎ᠠ ᠶᠢ ᠦᠨᠡᠨ ᠬᠦ ᠠᠰᠢᠭᠲᠠᠶ ᠪᠠᠶᠢᠯᠭᠠᠬᠤ ᠶᠢ ᠰᠢᠨ᠎ᠡ ᠡᠨᠧᠷᠭᠢ ᠶᠢᠨ ᠬᠥᠭᠵᠢᠯᠲᠡ ᠶᠢᠨ ᠪᠣᠳᠠᠲᠠᠶ ᠨᠡᠮᠡᠭᠳᠡᠯ ᠬᠡᠮᠵᠢᠶ᠎ᠡ ᠪᠣᠯᠭᠠᠨ ᠬᠤᠪᠢᠷᠠᠭᠤᠯᠵᠤ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠳᠤ ᠲᠡᠶᠢᠰᠢ ᠬᠡᠯᠪᠡᠷᠢ  ᠪᠠᠨ ᠬᠤᠪᠢᠷᠠᠭᠤᠯᠬᠤ  ᠶᠢ ᠪᠥᠬᠦ ᠬᠦᠴᠦᠨ  ᠢᠶᠠᠷ ᠠᠬᠢᠭᠤᠯᠤᠨ᠎ᠠ᠃    ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠭᠡᠬᠦ ᠲᠠᠯ᠎ᠠ ᠪᠠᠷ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠬᠢᠯᠭᠠᠨ ᠲᠤᠤᠷ ᠢᠶᠠᠷ ᠲᠤᠷᠰᠢᠯᠲᠠ ᠶᠢᠨ ᠴᠡᠭ ᠪᠣᠯᠭᠠᠵᠤ᠂ ᠴᠠᠬᠢᠯᠭᠠᠨ ᠲᠤᠤᠷ ᠤᠨ ᠭᠤᠤᠯ ᠲᠤᠤᠷ ᠤᠨ ᠪᠦᠷᠢᠯᠳᠦᠴᠡ ᠶᠢ ᠬᠦᠴᠦᠯᠡᠨ ᠰᠢᠯᠢᠳᠡᠭᠵᠢᠭᠦᠯᠵᠦ᠂ ᠰᠢᠨ᠎ᠡ ᠡᠨᠧᠷᠭᠢ ᠶᠢ ᠥᠷᠭᠡᠨ ᠢᠶᠠᠷ ᠵᠠᠯᠭᠠᠨ ᠣᠷᠣᠭᠤᠯᠬᠤ ᠳᠤ ᠵᠣᠬᠢᠴᠠᠬᠤ᠂ ᠣᠯᠠᠨ ᠵᠦᠢᠯ ᠤᠨ ᠴᠠᠬᠢᠯᠭᠠᠨ ᠲᠤᠤᠷ ᠤᠨ ᠬᠡᠯᠪᠡᠷᠢ ᠪᠠᠶᠢᠳᠠᠯ ᠢ ᠬᠠᠷᠢᠯᠴᠠᠨ ᠠᠭᠤᠰᠤᠯᠴᠠᠭᠤᠯᠤᠨ ᠵᠡᠷᠭᠡ ᠪᠠᠷ ᠣᠷᠣᠰᠢᠬᠤ᠂ ᠴᠠᠬᠢᠯᠭᠠᠨ ᠡᠭᠦᠰᠬᠡᠭᠴᠢ ᠴᠠᠬᠢᠯᠭᠠᠨ ᠲᠤᠤᠷ ᠳᠠᠭᠠᠭᠠᠴᠠ ᠨᠥᠭᠡᠴᠡ ᠶᠢ ᠣᠶᠤᠨᠴᠢ ᠪᠠᠷ ᠬᠠᠷᠢᠯᠴᠠᠨ ᠠᠬᠢᠭᠤᠯᠬᠤ᠂ ᠵᠠᠬ᠎ᠠ ᠳᠡᠯᠭᠡᠭᠦᠷ ᠤᠨ ᠰᠢᠰᠲ᠋ᠧᠮ ᠢ ᠠᠮᠢᠳᠤᠯᠢᠭ ᠢᠶᠠᠷ ᠨᠡᠭᠡᠭᠡᠬᠦ᠂ ᠰᠢᠨ᠎ᠡ ᠡᠨᠧᠷᠭᠢ ᠪᠠᠷ ᠭᠤᠤᠯ ᠴᠣᠭᠴᠠ ᠪᠣᠯᠭᠠᠭᠰᠠᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠲᠦᠷᠭᠡᠳᠭᠡᠨ ᠪᠠᠶᠢᠭᠤᠯᠵᠤ᠂ ᠰᠢᠨ᠎ᠡ ᠡᠨᠧᠷᠭᠢ ᠶᠢ ᠰᠢᠩᠭᠡᠭᠡᠨ ᠠᠪᠬᠤ ᠴᠢᠳᠠᠪᠤᠷᠢ ᠶᠢ ᠪᠥᠬᠦ ᠬᠦᠴᠦᠨ ᠢᠶᠠᠷ ᠳᠡᠭᠡᠭᠰᠢᠯᠡᠭᠦᠯᠦᠨ᠎ᠡ᠃    ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠪᠠᠶᠢᠭᠤᠯᠤᠯᠲᠠ ᠶᠢ ᠲᠦᠷᠭᠡᠳᠭᠡᠬᠦ ᠲᠠᠯ᠎ᠠ ᠪᠠᠷ᠂ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ ᠬᠢᠭᠡᠳ ᠲᠣᠨᠤᠭ ᠲᠥᠬᠦᠭᠡᠷᠦᠮᠵᠢ ᠦᠢᠯᠡᠳᠬᠦ᠂ ᠠᠵᠢᠯᠯᠠᠭᠤᠯᠵᠤ ᠪᠠᠲᠤᠯᠠᠬᠤ ᠦᠢᠯᠡᠴᠢᠯᠡᠭᠡ ᠶᠢ ᠬᠠᠮᠵᠢᠯᠴᠠᠭᠤᠯᠤᠨ ᠬᠥᠭᠵᠢᠭᠦᠯᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠬᠦᠴᠦᠷᠬᠡᠭᠵᠢᠭᠦᠯᠬᠦ ᠶᠢ ᠶᠡᠭᠡ ᠪᠠᠷ ᠠᠬᠢᠭᠤᠯᠵᠤ᠂ 600 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠴᠢᠷᠮᠠᠶᠢᠨ ᠪᠡᠶᠡᠯᠡᠭᠦᠯᠵᠦ᠂ ᠣᠷᠣᠨ ᠤ ᠳᠣᠲᠣᠷᠠᠬᠢ᠂ ᠡᠷᠬᠢᠨ ᠲᠣᠭᠤᠷᠢᠨ ᠢ ᠬᠠᠩᠭᠠᠭᠰᠠᠨ᠂ ᠪᠥᠬᠦ ᠤᠯᠤᠰ ᠢ ᠨᠥᠯᠥᠭᠡᠯᠡᠭᠰᠡᠨ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠢᠵᠢ ᠪᠥᠷᠢᠳᠦᠭᠰᠡᠨ ᠬᠠᠩᠭᠠᠯᠭ᠎ᠠ ᠶᠢᠨ ᠴᠢᠳᠠᠪᠤᠷᠢ ᠶᠢ ᠪᠠᠶᠢᠭᠤᠯᠤᠨ᠎ᠠ᠃    ︽ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠡᠨᠧᠷᠭᠢ ᠶᠢᠨ ᠬᠤᠪᠢᠰᠬᠠᠯ ᠢ ᠭᠦᠨᠵᠡᠭᠡᠶ ᠠᠬᠢᠭᠤᠯᠵᠤ᠂ ︿ᠲᠠᠪᠤᠨ ᠶᠡᠭᠡ ᠡᠭᠦᠷᠭᠡ﹀ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠪᠠᠷ ᠭᠤᠤᠯ ᠰᠢᠵᠢᠮ ᠪᠣᠯᠭᠠᠵᠤ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠶᠢ ᠰᠠᠶᠢᠲᠤᠷ ᠬᠢᠭᠰᠡᠨ ᠤᠷᠢᠲᠠᠯ ᠳᠤᠤᠷ᠎ᠠ᠂ ᠰᠢᠨ᠎ᠡ ᠡᠨᠧᠷᠭᠢ ᠶᠢ ᠶᠡᠭᠡ ᠬᠡᠪᠴᠢᠶ᠎ᠡ ᠪᠠᠷ ᠨᠡᠭᠡᠭᠡᠨ ᠬᠥᠭᠵᠢᠭᠦᠯᠬᠦ᠂ ᠥᠨᠳᠥᠷ ᠬᠠᠷᠢᠴᠠᠯ ᠲᠠᠢ ᠬᠡᠷᠡᠭᠯᠡᠬᠦ ᠶᠢ ᠶᠡᠭᠡ ᠪᠠᠷ ᠠᠬᠢᠭᠤᠯᠵᠤ᠂ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠪᠠ ᠠᠵᠢᠯᠯᠠᠭᠤᠯᠵᠤ ᠪᠠᠲᠤᠯᠠᠬᠤ ᠦᠢᠯᠡᠴᠢᠯᠡᠭᠡ ᠶᠢ ᠬᠠᠮᠵᠢᠯᠴᠠᠭᠤᠯᠤᠨ ᠬᠥᠭᠵᠢᠭᠦᠯᠵᠦ᠂ ᠤᠯᠤᠰ ᠤᠨ ᠴᠢᠬᠤᠯᠠ ᠡᠨᠧᠷᠭᠢ ᠶᠢᠨ ᠰᠠᠭᠤᠷᠢᠨ ᠤ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠦ ᠲᠠᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶᠠᠨ ᠤ ᠳᠡᠳ᠋ ᠳᠠᠷᠤᠭ᠎ᠠ ᠴᠧᠨ ᠵᠧᠩ ᠬᠡᠯᠡᠪᠡ᠃    ᠲᠠᠨᠢᠯᠴᠠᠭᠤᠯᠤᠭᠰᠠᠨ ᠢᠶᠠᠷ᠂ ᠥᠩᠭᠡᠷᠡᠭᠰᠡᠨ ᠨᠢᠭᠡ ᠵᠢᠯ ᠳᠤ᠂ ᠪᠥᠬᠦ ᠣᠷᠣᠨ ᠤ ᠡᠨᠧᠷᠭᠢ ᠶᠢᠨ ᠰᠢᠰᠲ᠋ᠧᠮ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠪᠠ ᠪᠣᠬᠢᠷᠲᠤᠯ ᠥᠬᠡᠶ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠨᠢᠭᠡᠳᠦᠯᠲᠡᠶ ᠲᠥᠯᠥᠪᠵᠢᠭᠦᠯᠵᠦ᠂ ᠪᠥᠬᠦ ᠣᠷᠣᠨ ᠤ ᠨᠡᠭᠦᠷᠡᠰᠦᠨ ᠤ ᠪᠣᠳᠠᠲᠠᠶ ᠦᠢᠯᠡᠳᠪᠦᠷᠢᠯᠡᠯ ᠤᠨ ᠴᠢᠳᠠᠪᠤᠷᠢ 12.2 ᠳ᠋ᠦᠩᠰᠢᠭᠤᠷ ᠲᠣᠨ ᠳᠤ ᠬᠦᠷᠴᠦ᠂ ᠴᠠᠬᠢᠯᠭᠠᠨ ᠬᠦᠴᠦᠨ ᠤ ᠶᠡᠷᠦᠩᠬᠡᠶ ᠮᠠᠰᠢᠨ ᠴᠣᠭᠴᠠᠯᠠᠪᠤᠷᠢ 1.73 ᠳ᠋ᠦᠩᠰᠢᠭᠤᠷ ᠺᠢᠯᠦᠸᠠᠲ ᠲᠤ ᠬᠦᠷᠴᠦ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ 6500 ᠲᠦᠮᠡᠨ ᠺᠢᠯᠦᠸᠠᠲ ᠲᠤ ᠬᠦᠷᠴᠦ᠂ ᠭᠠᠳᠠᠭᠰᠢ ᠬᠦᠷᠭᠡᠭᠰᠡᠨ ᠨᠡᠭᠦᠷᠡᠰᠦ 7.2 ᠳ᠋ᠦᠩᠰᠢᠭᠤᠷ ᠲᠣᠨ ᠳᠤ ᠬᠦᠷᠴᠦ᠂ ᠭᠠᠳᠠᠭᠰᠢ ᠬᠦᠷᠭᠡᠭᠰᠡᠨ ᠴᠠᠬᠢᠯᠭᠠᠨ ᠤ ᠬᠡᠮᠵᠢᠶ᠎ᠡ 2640 ᠳ᠋ᠦᠩᠰᠢᠭᠤᠷ ᠺᠢᠯᠦᠸᠠᠲ ᠴᠠᠭ ᠲᠤ ᠬᠦᠷᠴᠦ᠂ ᠪᠥᠬᠦ ᠤᠯᠤᠰ ᠤᠨ ᠮᠤᠵᠢ ᠠᠯᠤᠰᠯᠠᠨ ᠭᠠᠳᠠᠭᠰᠢ ᠬᠦᠷᠭᠡᠭᠰᠡᠨ ᠨᠡᠭᠦᠷᠡᠰᠦᠨ ᠤ 1/3 ᠶᠢ ᠡᠵᠡᠯᠡᠵᠦ᠂ ᠭᠠᠳᠠᠭᠰᠢ ᠬᠦᠷᠭᠡᠭᠰᠡᠨ ᠴᠠᠬᠢᠯᠭᠠᠨ ᠤ ᠬᠡᠮᠵᠢᠶ᠎ᠡ ᠶᠢᠨ 1/6 ᠶᠢ ᠡᠵᠡᠯᠡᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠬᠥᠭᠵᠢᠯᠲᠡ ᠪᠠ ᠤᠯᠤᠰ ᠤᠨ ᠡᠨᠧᠷᠭᠢ ᠶᠢᠨ ᠠᠮᠤᠷ ᠲᠦᠪᠰᠢᠨ ᠳᠤ ᠴᠢᠬᠤᠯᠠ ᠬᠤᠪᠢ ᠨᠡᠮᠡᠷᠢ ᠦᠵᠡᠭᠦᠯᠪᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号